ᠬᠤᠷᠴᠢᠨ ᠵᠡᠭᠦᠨ ᠭᠠᠷᠤᠨ ᠲᠤᠮᠲᠠᠲᠤ ᠬᠤᠰᠢᠭᠤ《 ᠭᠤᠷᠪᠠᠨ ᠠᠵᠢᠯ》 ᠢ ᠢᠯᠡ ᠪᠤᠯᠭᠠᠬᠤ ᠳᠤ ᠠᠩᠬᠠᠷᠤᠯ ᠢᠶᠠᠨ ᠬᠠᠨᠲᠤᠭᠤᠯᠤᠨ ᠤᠯᠠᠨ ᠲᠥᠮᠡᠨ ᠤ ᠰᠡᠳᠬᠢᠯ ᠬᠠᠨᠤᠮᠵᠢ ᠶᠢ ᠬᠥᠴᠥᠯᠡᠨ ᠲᠡᠭᠡᠭᠰᠢᠯᠡᠬᠦᠯᠵᠥ ᠪᠠᠶᠢᠨ᠎ᠠ
ᠨᠡᠶᠢᠲᠡᠯᠡᠭᠰᠡᠨ ᠴᠠᠭ᠄
2018/11/7
     ᠰᠤᠷᠪᠤᠯᠵᠢᠯᠠᠭᠰᠠᠨ ᠴᠠᠭ᠄ 2018-10-30   09᠄ 33      ᠰᠤᠷᠪᠤᠯᠵᠢᠯᠠᠭ᠎ᠠ ᠬᠥᠯᠢᠶᠡᠭᠴᠢ᠄ ᠬᠤᠷᠴᠢᠨ ᠵᠡᠭᠦᠨ ᠭᠠᠷᠤᠨ ᠲᠤᠮᠲᠠᠲᠤ ᠬᠤᠰᠢᠭᠤ ᠶᠢᠨ ᠨᠠᠮ ᠤᠨ ᠬᠤᠷᠢᠶ᠎ᠠ ᠶᠢᠨ ᠱᠥᠵᠢ ᠯᠢᠤ ᠪᠠᠢ ᠲᠢᠶᠠᠨ᠂ ᠬᠤᠷᠴᠢᠨ ᠵᠡᠭᠦᠨ ᠭᠠᠷᠤᠨ ᠲᠤᠮᠲᠠᠲᠤ ᠬᠤᠰᠢᠭᠤ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠥᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠴᠢ ᡁᠢ ᠵᠢᠶᠦ᠋ᠨ      ᠰᠤᠷᠪᠤᠯᠵᠢᠯᠠᠭᠰᠠᠨ ᠪᠠᠶᠢᠲᠠᠯ᠄ ᠰᠤᠷᠪᠤᠯᠵᠢᠯᠡᠯ ᠲᠡᠭᠦᠰᠪᠡ      ᠭᠤᠤᠯ ᠠᠭᠤᠯᠭ᠎ᠠ᠄ ᠥᠨᠲᠤᠰᠤᠨ ᠱᠠᠲᠤᠨ ᠤ ᠤᠯᠤᠰ ᠲᠥᠷᠤ ᠶᠢᠨ ᠤᠷᠴᠢᠨ ᠤ ᠪᠠᠶᠢᠭᠤᠯᠤᠯᠲᠠ ᠪᠤᠯ ᠨᠠᠮ ᠤᠨ ᠪᠠᠶᠢᠭᠤᠯᠤᠯᠲᠠ ᠶᠢᠨ ᠰᠠᠭᠤᠷᠢ ᠠᠵᠢᠯ ᠪᠤᠯᠤᠨ᠎ᠠ᠂ ᠨᠠᠮ ᠤᠨ ᠠᠷᠪᠠᠨ ᠨᠠᠢᠮᠠᠳᠤᠭᠠᠷ ᠤᠲᠠᠭ᠎ᠠ ᠶᠢᠨ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠭᠤᠶᠢᠪᠠᠰᠢ ᠥᠭᠡᠢ ᠡᠷᠴᠢ ᠵᠤᠷᠢᠭ ᠪᠠ ᠠᠶᠤᠩᠭ᠎ᠠ ᠮᠡᠲᠤ ᠠᠷᠭ᠎ᠠ ᠪᠠᠷᠢᠯ ᠢᠶᠠᠷ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠥᠨᠲᠤᠰᠤᠨ ᠱᠠᠲᠤ ᠲᠡᠰᠢ ᠲᠠᠰᠤᠷᠠᠯᠲᠠ ᠥᠭᠡᠢ ᠠᠬᠢᠭᠤᠯᠵᠤ᠂ ᠥᠨᠲᠤᠰᠤᠨ ᠱᠠᠲᠤᠨ ᠤ ᠤᠯᠤᠰ ᠲᠥᠷᠤ ᠶᠢᠨ ᠤᠷᠴᠢᠨ ᠢ ᠶᠡᠭᠡᠪᠡᠷ ᠠᠷᠢᠭᠤᠳᠬᠠᠭᠰᠠ ᠪᠠᠶᠢᠨ᠎ᠠ᠃ ᠬᠤᠷᠴᠢᠨ ᠵᠡᠬᠦᠨ ᠭᠠᠷᠤᠨ ᠲᠤᠮᠲᠠᠲᠤ ᠬᠤᠰᠢᠭᠤ ᠴᠥᠬᠡᠨ ᠲᠤᠭᠠᠲᠤ ᠥᠨᠲᠤᠰᠤᠲᠡᠨ ᠤ ᠬᠥᠮᠥᠨ ᠠᠮᠠ ᠤᠯᠠᠨ ᠬᠤᠰᠢᠭᠤ ᠪᠤᠯᠤᠭᠰᠠᠨ ᠤ ᠬᠤᠪᠢ ᠳᠤ᠂ ᠠᠷᠠᠳ ᠲᠥᠮᠡᠨ ᠢᠶᠠᠷ ᠭᠤᠤᠯ ᠪᠤᠯᠭᠠᠭᠰᠠᠨ ᠬᠥᠭᠵᠢᠬᠦᠯᠥᠯᠲᠡ ᠶᠢᠨ ᠥᠵᠡᠯ ᠰᠠᠨᠠᠭ᠎ᠠ ᠶᠢ  ᠢᠮᠠᠭᠲᠠ ᠪᠠᠷᠢᠮᠲᠠᠯᠠᠵᠤ᠂《 ᠭᠤᠷᠪᠠᠨ ᠠᠵᠢᠯ》 ᠢ ᠢᠯᠡ ᠪᠤᠯᠭᠠᠬᠤ ᠳᠤ ᠠᠩᠬᠠᠷᠤᠯ ᠬᠠᠨᠲᠤᠭᠤᠯᠤᠨ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠲᠠᠯ ᠢ ᠴᠢᠩᠭ᠎ᠠ ᠪᠠᠶᠢᠴᠠᠭᠠᠵᠤ᠂ ᠥᠨᠲᠤᠰᠤᠨ ᠱᠠᠲᠤᠨ ᠤ ᠵᠥᠷᠢᠴᠡᠯ ᠵᠢᠭᠤᠷᠠᠯᠲᠤᠭᠠᠨ ᠵᠡᠷᠭᠡ ᠶᠢ ᠡᠶᠡᠷᠡᠬᠦᠯᠵᠥ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠨᠠᠶᠢᠲᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠯᠠᠨ ᠲᠥᠮᠡᠨ ᠤ ᠤᠯᠤᠯᠲᠠ ᠶᠢᠨ ᠲᠥᠷᠥᠭᠲᠡᠯ ᠢ ᠥᠨᠡᠨᠬᠦ ᠨᠡᠮᠡᠭᠲᠡᠬᠦᠯᠵᠥ᠂ ᠤᠯᠠᠨ ᠲᠥᠮᠡᠨ ᠤ  ᠰᠡᠳᠬᠢᠯ ᠤᠨ ᠬᠠᠨᠤᠮᠵᠢ ᠶᠢ ᠲᠠᠰᠤᠷᠠᠯᠲᠠ ᠥᠭᠡᠢ ᠲᠡᠭᠡᠭᠰᠢᠯᠬᠦᠯᠥᠭᠰᠡᠨ ᠪᠠᠶᠢᠨ᠎ᠠ᠃      ︵ᠬᠥᠲᠥᠯᠥᠭᠴᠢ︶ ᠰᠥᠯᠵᠢᠶ᠎ᠠ ᠶᠢᠨ ᠨᠠᠶᠢᠵᠠ ᠨᠠᠷ ᠡ᠂ ᠲᠠ‌ᠨᠠᠷ ᠰᠠᠶᠢᠨ ᠪᠠᠶᠢᠨᠠᠤ᠂ ᠲᠤᠰ ᠬᠤᠭᠤᠴᠠᠭᠠᠨ ᠤ ᠰᠥᠯᠵᠢᠶ᠎ᠠ ᠶᠢᠨ ᠰᠤᠷᠪᠤᠯᠵᠢᠯᠠᠭ᠎ᠠ ᠶᠢ ᠬᠥᠯᠢᠶᠠᠨ ᠥᠵᠡᠬᠦ ᠶᠢ ᠪᠠᠶᠠᠷᠠᠯᠠᠨ ᠤᠭᠲᠤᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠳᠤ ᠪᠢᠲᠠ ᠬᠤᠷᠴᠢᠨ ᠵᠡᠭᠦᠨ ᠭᠠᠷᠤᠨ ᠲᠤᠮᠲᠠᠲᠤ ᠬᠤᠰᠢᠭᠤ ᠶᠢᠨ ᠨᠠᠮ ᠤᠨ ᠬᠤᠷᠢᠶ᠎ᠠ ᠶᠢᠨ ᠱᠥᠵᠢ ᠯᠢᠤ ᠪᠠᠢ ᠲᠢᠶᠠᠨ ᠨᠥᠬᠦᠷ ᠪᠠ ᠬᠤᠰᠢᠭᠤ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠥᠵᠢ᠂ ᠬᠢᠨᠡᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠴᠢ ᡁᠢ ᠵᠢᠶᠦ᠋ᠨ ᠨᠥᠬᠦᠷ ᠢ ᠤᠷᠢᠯ᠎ᠠ᠂ ᠪᠢᠲᠠ ᠥᠨᠲᠤᠰᠤᠨ ᠱᠠᠲᠤᠨ ᠤ ᠤᠯᠤᠰ ᠲᠥᠷᠤ ᠶᠢᠨ ᠤᠷᠴᠢᠨ ᠢ ᠠᠷᠢᠭᠤᠳᠬᠠᠬᠤ ᠭᠤᠤᠯ ᠰᠡᠲᠤᠪ ᠤᠨ ᠲᠤᠭᠤᠷᠢᠨ ᠳᠤ ᠲᠠ ᠨᠠᠷ ᠲᠠᠢ ᠰᠠᠨᠠᠯ ᠰᠤᠯᠢᠯᠴᠠᠬᠤ ᠪᠠᠷ ᠪᠠᠶᠢᠨ᠎ᠠ᠃ ᠯᠢᠤ ᠱᠥᠵᠢ᠂ ᠴᠢ ᠱᠥᠵᠢ ᠡ᠂  ᠲᠠᠨ ᠢ ᠪᠠᠶᠠᠷᠯᠠᠨ ᠤᠭᠲᠤᠵᠤ ᠪᠠᠶᠢᠨ᠎ᠠ︕      ︵ᠯᠢᠤ ᠱᠥᠵᠢ︶ ᠬᠥᠲᠤᠯᠥᠭᠴᠢ ᠰᠠᠶᠢᠨ ᠪᠠᠶᠢᠨᠠᠤ᠂ ᠰᠥᠯᠵᠢᠶ᠎ᠠ ᠶᠢᠨ ᠨᠠᠶᠢᠵᠠ ᠨᠠᠷ  ᠂ ᠲᠠ ᠪᠥᠬᠦᠨ ᠰᠠᠶᠢᠨ ᠪᠠᠶᠢᠨᠠᠤ︕      ︵ᠴᠢ ᠡᠷᠬᠢᠯᠡᠭᠴᠢ︶ ᠬᠥᠲᠤᠯᠥᠭᠴᠢ ᠰᠠᠶᠢᠨ ᠪᠠᠶᠢᠨᠠᠤ᠂ ᠰᠥᠯᠵᠢᠶ᠎ᠠ ᠶᠢᠨ ᠨᠠᠶᠢᠵᠠ ᠨᠠᠷ᠂ ᠲᠠ ᠪᠥᠬᠦᠨ ᠰᠠᠶᠢᠨ ᠪᠠᠶᠢᠨᠠᠤ︕      ︵ᠬᠥᠲᠤᠯᠥᠭᠴᠢ︶ ᠯᠢᠤ ᠱᠥᠵᠢ ᠡ᠂ ᠪᠢᠲᠠ ᠲᠠᠨ ᠤ ᠥᠨᠲᠤᠰᠤᠨ ᠱᠠᠲᠤᠨ ᠤ ᠤᠯᠤᠰ ᠲᠥᠷᠤ ᠶᠢᠨ ᠤᠷᠴᠢᠨ ᠢ ᠠᠷᠢᠭᠤᠳᠬᠠᠨ᠂《ᠬᠠᠮ ᠠᠷᠭ᠎ᠠ ᠠᠪᠴᠢᠯ》 ᠢ ᠰᠠᠶᠢᠨ ᠬᠡᠷᠡᠭᠯᠡᠬᠦ ᠲᠤᠬᠠᠢ ᠥᠢᠯᠭᠠᠯᠲᠠ ᠵᠢᠴᠢ ᠬᠤᠷᠴᠢᠨ ᠵᠡᠭᠦᠨ ᠭᠠᠷᠤᠨ ᠲᠤᠮᠲᠠᠲᠤ ᠬᠤᠰᠢᠭᠤ ᠡᠨᠡ ᠵᠢᠯ ᠶᠠᠮᠠᠷ ᠪᠤᠲᠠᠲᠠᠢ ᠠᠵᠢᠯ ᠥᠷᠨᠢᠬᠦᠯᠥᠭᠰᠡᠨ ᠲᠤᠬᠠᠢ ᠲᠠᠨ ᠤ ᠶᠠᠷᠢᠶ᠎ᠠ ᠶᠢ ᠤᠷᠢᠲᠠᠪᠠᠷ ᠰᠤᠨᠤᠰᠤᠶ᠎ᠠ ᠭᠡᠵᠤ ᠪᠤᠲᠤᠵᠤ ᠪᠠᠶᠢᠨ᠎ᠠ᠃      ︵ᠯᠢᠤ ᠱᠥᠵᠢ︶ ᠬᠤᠷᠴᠢᠨ ᠵᠡᠬᠦᠨ ᠭᠠᠷᠤᠨ ᠲᠤᠮᠲᠠᠲᠤ ᠬᠤᠰᠢᠭᠤ ᠥᠪᠡᠷᠲᠡᠭᠡᠨ ᠵᠠᠰᠠᠬᠤ ᠤᠷᠤᠨ ᠤ ᠵᠡᠭᠦᠨ ᠡᠮᠥᠨᠡᠲᠤ ᠭᠡᠰᠡᠭ ᠲᠤ ᠪᠠᠶᠢᠷᠢᠰᠢᠨ᠂ ᠲᠥᠩᠯᠢᠶᠤᠤ ᠬᠤᠲᠠ ᠳᠤ ᠬᠠᠷᠢᠶᠠᠯᠠᠭᠲᠠᠵᠤ᠂ ᠪᠥᠬᠦ ᠬᠤᠰᠢᠭᠤ 20 ᠰᠤᠮᠤ ᠰᠢᠶᠠᠩ ᠪᠠᠯᠭᠠᠰᠤ᠂ 488 ᠭᠠᠴᠠᠭ᠎ᠠ ᠲᠤᠰᠬᠤᠨ ᠲᠠᠢ᠂ ᠪᠥᠬᠦ ᠬᠤᠰᠢᠭᠤ ᠨᠡᠶᠢᠲᠠ 54 ᠲᠥᠮᠠᠨ ᠬᠥᠮᠤᠨ ᠲᠠᠢ᠂ ᠡᠭᠦᠨ ᠳᠤ ᠮᠣᠩᠭᠤᠯ ᠥᠨᠲᠤᠰᠤᠲᠡᠨ 40 ᠲᠥᠮᠡ ᠪᠠᠶᠢᠨ᠎ᠠ᠃ ᠤᠷᠴᠢᠮ ᠤᠨ ᠵᠢᠯ ᠳᠤ᠂ ᠬᠤᠷᠴᠢᠨ ᠵᠡᠭᠦᠨ ᠭᠠᠷᠤᠨ ᠲᠤᠮᠲᠠᠲᠤ ᠬᠤᠰᠢᠭᠤ《 ᠭᠤᠷᠪᠠᠨ ᠠᠵᠢᠯ》 ᠢ ᠢᠯᠠ ᠪᠤᠯᠭᠠᠬᠤ ᠳᠤ ᠠᠩᠬᠠᠷᠤᠯ ᠢᠶᠠᠨ ᠬᠠᠨᠲᠤᠭᠤᠯᠤᠨ᠂ ᠰᠠᠬᠢᠯᠭ᠎ᠠ ᠪᠠᠲᠤ ᠬᠠᠤᠯᠢ ᠴᠠᠭᠠᠵᠠ ᠵᠥᠷᠢᠴᠡᠭᠰᠡᠨ ᠠᠰᠠᠭᠤᠲᠠᠯ ᠢ ᠴᠢᠩᠭ᠎ᠠ ᠪᠠᠶᠢᠴᠠᠭᠠᠬᠤ ᠪᠠ ᠥᠨᠲᠤᠰᠤᠨ ᠱᠠᠲᠤᠨ ᠤ ᠵᠥᠷᠢᠴᠡᠯ ᠵᠢᠭᠤᠷᠠᠯᠲᠤᠭᠠᠨ ᠵᠡᠷᠭᠡ ᠵᠥᠢᠯ ᠶᠢ ᠡᠶᠡᠷᠡᠬᠦᠯᠵᠥ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠨᠠᠶᠢᠲᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠤᠯᠠᠨ ᠲᠥᠮᠡᠨ ᠤ ᠰᠡᠳᠬᠢᠯ ᠬᠠᠨᠤᠮᠵᠢ ᠶᠢ ᠬᠥᠴᠥᠯᠡᠨ ᠲᠡᠭᠡᠭᠰᠢᠯᠡᠭᠦᠯᠪᠡ᠃ ᠪᠤᠲᠠᠲᠠᠢ ᠠᠵᠢᠯ ᠤᠨ ᠲᠤᠮᠲᠠ᠂ ᠪᠢᠲᠠ《ᠲᠥᠷᠪᠠᠨ ᠴᠢᠩᠭᠠᠳᠬᠠᠯᠲᠠ》 ᠶᠢ ᠴᠢᠬᠤᠯᠠᠴᠢᠯᠠᠨ ᠬᠢᠪᠡ᠃ ᠨᠢᠭᠡ ᠳᠤ ᠵᠤᠬᠢᠶᠠᠨ ᠪᠠᠶᠢᠭᠤᠯᠤᠯᠲᠠ ᠶᠢᠨ ᠤᠲᠤᠷᠢᠲᠤᠯᠭ᠎ᠠ ᠶᠢ ᠴᠢᠩᠭᠠᠳᠬᠠᠪᠠ᠃ ᠨᠠᠮ ᠤᠨ ᠬᠤᠷᠢᠶ᠎ᠠ ᠶᠢᠨ ᠱᠥᠵᠢ ᠭᠤᠤᠯᠯᠠᠨ ᠠᠳᠬᠤᠵᠤ᠂ ᠰᠠᠯᠠᠭ᠎ᠠ ᠮᠥᠴᠢᠷ ᠪᠤᠲᠠᠲᠠᠢ ᠬᠠᠷᠢᠭᠤᠴᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠯᠲᠠ ᠲᠠᠯᠪᠢᠨ ᠱᠠᠯᠠᠪᠲᠠᠨ ᠪᠠᠶᠢᠴᠠᠭᠠᠵᠤ᠂ ᠤᠯᠠᠨ ᠲᠥᠮᠡᠨ ᠥᠷᠭᠡᠨ ᠬᠡᠪᠴᠢᠶ᠎ᠠ ᠪᠠᠷ ᠤᠷᠤᠯᠴᠠᠭᠰᠠ ᠠᠵᠢᠯ ᠤᠨ ᠪᠠᠶᠢᠲᠠᠯ ᠢ ᠪᠥᠷᠢᠯᠲᠤᠬᠦᠯᠪᠡ᠃ ᠬᠤᠶᠠᠷ ᠲᠤ ᠲᠠᠪᠴᠠᠩ ᠤᠨ ᠪᠠᠶᠢᠭᠤᠯᠤᠯᠲᠠ ᠶᠢ  ᠴᠢᠩᠭᠠᠳᠬᠠᠪᠠ᠃ ᠰᠢᠨ᠎ᠡ ᠵᠠᠭᠤᠴᠢ ᠪᠠᠷ ᠭᠤᠤᠯ ᠪᠤᠯᠭᠠᠭᠰᠠᠨ ᠰᠥᠯᠵᠢᠶ᠎ᠠ ᠶᠢᠨ ᠲᠡᠭᠡᠷᠡᠬᠢ ᠬᠡᠯᠪᠡᠷᠢ ᠮᠠᠶ᠋ᠢᠭ ᠢᠶᠠᠷ ᠴᠢᠮᠡᠭᠡ ᠵᠠᠩᠬᠢ ᠶᠢ ᠢᠯᠠ ᠪᠤᠯᠭᠠᠬᠤ᠂ ᠠᠷᠠᠳ ᠤᠨ ᠠᠮᠢᠲᠤᠷᠠᠯ ᠳᠤ ᠥᠢᠯᠡᠴᠢᠯᠡᠬᠦ ᠶᠢ ᠢᠲᠡᠭᠪᠬᠢᠲᠡᠢ ᠰᠥᠪᠡᠭᠴᠢᠯᠡᠵᠥ᠂ ᠬᠤᠷᠴᠢᠨ ᠵᠡᠭᠦᠨ ᠭᠠᠷᠤᠨ ᠲᠤᠮᠲᠠᠲᠤ ᠬᠤᠰᠢᠭᠤ ᠶᠢᠨ《 ᠭᠤᠷᠪᠠᠨ ᠠᠵᠢᠯ》 ᠢ ᠢᠯᠡ ᠪᠤᠯᠭᠠᠬᠤ ᠠᠷᠠᠳ ᠤᠨ ᠠᠮᠢᠲᠤᠷᠠᠯ ᠳᠤ ᠲᠥᠬᠦᠮ ᠥᠵᠡᠭᠦᠯᠭᠦ ᠥᠢᠯᠡᠴᠢᠯᠡᠭᠡ ᠶᠢᠨ ᠲᠠᠪᠴᠠᠩ ᠢ ᠨᠡᠪᠲᠡᠷᠡᠬᠦᠯᠪᠡ᠃ ᠭᠤᠷᠪᠠ ᠳᠤ ᠢᠯᠡ ᠪᠤᠯᠭᠠᠬᠤ ᠬᠠᠮᠢᠶᠠᠷᠤᠯᠲᠠ ᠶᠢ ᠴᠢᠩᠭᠠᠳᠬᠠᠪᠠ᠃ ᠰᠤᠮᠤ ᠰᠢᠶᠠᠩ ᠪᠠᠯᠭᠠᠰᠤ ᠲᠠᠯᠠᠪᠠᠢ᠂ ᠬᠤᠰᠢᠭᠤ ᠶᠢᠨ ᠬᠠᠷᠢᠶ᠎ᠠ ᠰᠠᠯᠠᠭ᠎ᠠ ᠮᠥᠴᠢᠷ᠂ ᠭᠠᠴᠠᠭ᠎ᠠ ᠲᠤᠰᠬᠤᠨ 3 ᠲᠠᠪᠬᠤᠷᠭ᠎ᠠ ᠳᠤ ᠴᠢᠭᠯᠡᠬᠦᠯᠥᠨ᠂《 ᠭᠤᠷᠪᠠᠨ ᠠᠵᠢᠯ》 ᠢ ᠢᠯᠡ ᠪᠤᠯᠭᠠᠬᠤ ᠠᠭᠤᠯᠭ᠎ᠠ ᠶᠢ ᠲᠤᠰᠪᠤᠷᠢ ᠲᠤᠭᠲᠠᠭᠠᠪᠠ᠃ ᠲᠥᠷᠪᠡ ᠳᠤ ᠰᠠᠬᠢᠯᠭ᠎ᠠ ᠪᠠᠲᠤ ᠬᠡᠷᠡᠭᠵᠢᠬᠦᠯᠬᠦ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠪᠠ᠃《 ᠭᠤᠷᠪᠠᠨ ᠠᠵᠢᠯ》 ᠢ ᠢᠯᠡ ᠪᠤᠯᠭᠠᠬᠤ ᠠᠵᠢᠯ ᠢ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ  ᠶᠢᠨ《 ᠬᠤᠶᠠᠷ ᠬᠠᠷᠢᠭᠤᠴᠠᠯᠭ᠎ᠠ》 ᠶᠢᠨ ᠨᠠᠶᠢᠲᠠᠪᠤᠷᠢᠵᠢᠭᠤᠯᠤᠯᠲᠠ᠂ ᠺᠠᠳ᠋ᠷ ᠤᠨ ᠪᠤᠲᠠᠲᠤ ᠪᠥᠲᠤᠮᠵᠢ ᠶᠢᠨ ᠰᠢᠯᠭᠠᠨ ᠬᠢᠨᠠᠯᠲᠠ ᠶᠢ ᠲᠤᠭᠲᠠᠭᠠᠬᠤ ᠴᠢᠬᠤᠯᠠ ᠠᠭᠤᠯᠭ᠎ᠠ ᠳᠤ ᠤᠷᠤᠭᠤᠯᠪᠠ᠃      ︵ᠬᠥᠲᠥᠯᠥᠭᠴᠢ︶ ᠴᠢ ᠡᠷᠬᠢᠯᠡᠭᠴᠢ ᠡ᠂ ᠲᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠡᠭᠦᠷᠭᠡ ᠲᠤᠰᠢᠶᠠᠯ  ᠯᠤᠭ᠎ᠠ ᠤᠶᠠᠯᠲᠤᠭᠤᠯᠵᠤ ᠪᠠᠶᠢᠭᠠᠳ ᠬᠤᠷᠴᠢᠨ ᠵᠡᠬᠦᠨ ᠭᠠᠷᠤᠨ ᠲᠤᠮᠲᠠᠲᠤ ᠬᠤᠰᠢᠭᠤ  ᠶᠢᠨ《  ᠭᠤᠷᠪᠠᠨ ᠠᠵᠢᠯ 》 ᠢ ᠢᠯᠡ ᠪᠤᠯᠭᠠᠬᠤ ᠠᠵᠢᠯ ᠳᠤ ᠬᠡᠷᠬᠢᠨ ᠬᠢᠨᠠᠯᠲᠠ ᠲᠠᠯᠪᠢᠨ ᠠᠬᠢᠭᠤᠯᠤᠭᠰᠠ ᠲᠤᠬᠠᠢ ᠶᠠᠷᠢᠭᠠᠳ ᠥᠭᠬᠦᠨ᠎ᠡ ᠤᠤ︖      ︵ᠴᠢ ᠡᠷᠬᠢᠯᠡᠭᠴᠢ︶ ᠨᠢᠭᠡ ᠲᠠᠯ᠎ᠠ ᠪᠠᠷ᠂ ᠤᠨᠤᠭ᠎ᠠ ᠬᠢᠨᠠᠯᠲᠠ ᠲᠠᠯᠪᠢᠬᠤ ᠶᠢ ᠪᠠᠷᠢᠮᠲᠠᠯᠠᠵᠤ᠂《 ᠠᠰᠠᠭᠤᠲᠠᠯ ᠳᠤ ᠴᠢᠭᠯᠡᠬᠦᠯᠥᠨ ᠠᠷᠭ᠎ᠠ ᠬᠡᠷᠡᠭᠯᠡᠬᠦ》 ᠶᠢ ᠴᠢᠩᠭᠠᠳᠬᠠᠪᠠ᠃ ᠪᠢᠲᠠ ᠥᠨᠲᠤᠰᠤᠨ ᠱᠠᠲᠤᠨ ᠤ《 ᠭᠤᠷᠪᠠᠨ ᠠᠵᠢᠯ》 ᠢ ᠢᠯᠡ ᠪᠤᠯᠭᠠᠬᠤ ᠶᠢ《 ᠬᠤᠶᠠᠷ ᠬᠠᠷᠢᠭᠤᠴᠠᠯᠭ᠎ᠠ》 ᠶᠢᠨ ᠬᠢᠨᠡᠨ ᠵᠢᠯᠤᠭᠤᠳᠬᠤ ᠪᠠ ᠲᠤᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠭᠤᠤᠯ ᠠᠭᠤᠯᠭ᠎ᠠ ᠳᠤ  ᠤᠷᠤᠭᠤᠯᠵᠤ᠂  ᠢᠯᠡᠷᠡᠬᠦᠯᠥᠨ ᠠᠰᠠᠭᠤᠲᠠᠯ ᠳᠤ ᠬᠠᠨᠲᠤᠭᠤᠯᠤᠨ᠂ ᠨᠠᠮ ᠤᠨ ᠬᠤᠷᠢᠶ᠎ᠠ ᠵᠠᠰᠠᠭ ᠤᠨ ᠤᠷᠲᠤᠨ ᠪᠠ ᠬᠠᠮᠢᠶ᠎ᠠ ᠪᠥᠬᠦᠢ ᠡᠭᠦᠷᠭᠡ ᠲᠤᠰᠢᠶᠠᠯ ᠲᠠᠢ ᠰᠠᠯᠠᠭ᠎ᠠ ᠮᠥᠴᠢᠷ ᠢ ᠬᠤᠭᠤᠴᠠᠭ᠎ᠠ ᠪᠤᠯᠵᠤᠨ ᠴᠡᠭᠴᠡᠯᠡᠵᠥ ᠂ ᠢᠯᠡ  ᠪᠤᠯᠭᠠᠯᠭᠠᠬᠤ ᠪᠠᠷ ᠱᠠᠯᠠᠪᠲᠠᠪᠠ᠃ ᠨᠥᠬᠦᠭᠡ ᠨᠢᠭᠡ ᠲᠠᠯ᠎ᠠ ᠪᠠᠷ᠂ ᠴᠢᠩᠭ᠎ᠠ ᠶᠢ ᠪᠠᠷᠢᠮᠲᠠᠯᠠᠨ᠂ ᠬᠢᠨᠡᠯᠲᠡ ᠲᠠᠯᠪᠢᠨ ᠰᠠᠬᠢᠯᠭ᠎ᠠ ᠪᠠᠲᠤ ᠬᠡᠷᠡᠭᠵᠢᠭᠦᠯᠭᠦ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠪᠠ᠃ ᠵᠢᠯ ᠤᠨ ᠡᠬᠢᠨ ᠠᠴᠠ ᠨᠠᠰᠢ᠂ ᠪᠢᠲᠠ《 ᠭᠤᠷᠪᠠᠨ ᠠᠵᠢᠯ》 ᠢ ᠢᠯᠡ ᠪᠤᠯᠭᠠᠬᠤ ᠠᠰᠠᠭᠤᠲᠠᠯ ᠤᠨ ᠰᠥᠪᠡᠭᠴᠢ ᠶᠢ ᠪᠥᠬᠦᠲᠡ 36 ᠰᠢᠢᠳᠪᠤᠷᠢᠯᠡᠵᠤ᠂ 3 ᠬᠡᠷᠡᠭ ᠢ ᠲᠠᠩᠰᠠᠯᠠᠵᠤ᠂ 3 ᠬᠥᠮᠤᠨ ᠳᠤ ᠨᠠᠮ ᠤᠨ ᠰᠠᠬᠢᠯᠭ᠎ᠠ  ᠵᠠᠰᠠᠭ ᠤᠨ ᠰᠠᠬᠢᠯᠭ᠎ᠠ ᠶᠢᠨ ᠰᠢᠢᠳᠭᠡᠯ ᠥᠭᠴᠦ᠂ 22  ᠬᠥᠮᠥᠨ ᠢ ᠵᠤᠬᠢᠶᠠᠨ ᠪᠠᠶᠢᠭᠤᠯᠤᠯᠲᠠ ᠶᠢᠨ ᠰᠢᠢᠳᠭᠡᠯ ᠥᠭᠪᠡ᠃      ︵ᠬᠥᠲᠥᠯᠥᠭᠴᠢ︶ ᠯᠢᠤ ᠱᠥᠵᠢ᠂ ᠲᠠᠨ ᠤ ᠰᠠᠶ᠋ᠢ ᠲᠤᠷᠠᠲᠤᠭᠰᠠᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠲᠠᠯ ᠢ ᠴᠢᠩᠭ᠎ᠠ ᠪᠠᠶᠢᠴᠠᠭᠠᠭᠰᠠ ᠲᠤᠬᠠᠢ ᠬᠤᠷᠴᠢᠨ ᠵᠡᠭᠦᠨ ᠭᠠᠷᠤᠨ ᠲᠤᠮᠲᠠᠲᠤ ᠬᠤᠰᠢᠭᠤ  ᠶᠠᠮᠠᠷ ᠰᠢᠨ᠎ᠡ ᠠᠷᠭ᠎ᠠ ᠪᠠᠷᠢᠯ ᠠᠪᠴᠤ᠂ ᠶᠠᠮᠠᠷ ᠰᠢᠨ᠎ᠡ ᠪᠥᠲᠥᠮᠵᠢ ᠤᠯᠤᠭᠰᠠ ᠪᠤᠢ︖      ︵ᠯᠢᠤ ᠱᠥᠵᠢ︶ ᠨᠢᠭᠡ ᠳᠤ ᠶᠠᠲᠠᠭᠤ ᠶᠢ ᠲᠡᠳᠬᠦᠬᠦ ᠵᠥᠢᠯ ᠪᠠ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠲᠠᠯ᠎ᠠ ᠶᠢᠨ ᠠᠯᠪᠠᠲᠠᠨ ᠡᠵᠡᠯᠡᠵᠥ ᠰᠢᠯᠵᠢᠭᠦᠯᠥᠨ ᠬᠡᠷᠡᠭᠯᠡᠬᠦ᠂ ᠬᠠᠭᠤᠷᠮᠠᠭ ᠮᠡᠲᠡᠬᠦᠯᠵᠤ ᠤᠷᠤᠯᠠᠨ ᠠᠪᠬᠤ᠂ ᠬᠠᠷᠬᠢᠰᠯᠠᠨ ᠡᠵᠡᠯᠡᠵᠦ ᠪᠤᠯᠢᠶᠠᠬᠤ ᠵᠡᠷᠭᠡ ᠠᠰᠠᠭᠤᠲᠠᠯ ᠢ ᠴᠢᠩᠭ᠎ᠠ ᠪᠠᠶᠢᠴᠠᠭᠠᠨ ᠰᠢᠢᠳᠪᠥᠷᠢᠯᠡᠪᠡ᠃ ᠤᠲᠤᠬᠠᠨ᠎ᠠ᠂ ᠪᠥᠬᠦ ᠬᠤᠰᠢᠭᠤ ᠶᠠᠲᠠᠭᠤ ᠶᠢ ᠲᠡᠳᠬᠦᠬᠦ ᠬᠥᠷᠢᠶ᠎ᠠ ᠬᠡᠪᠴᠢᠶᠠᠨ ᠳᠠᠬᠢ ᠠᠰᠠᠭᠤᠲᠠᠯ ᠤᠨ ᠰᠥᠪᠡᠭᠴᠢ ᠪᠥᠬᠦᠲᠡ 69 ᠬᠥᠯᠢᠶᠠᠨ ᠰᠢᠢᠳᠪᠤᠷᠢᠯᠡᠵᠤ᠂ 34 ᠭᠡᠷᠡᠭ ᠢ ᠲᠠᠩᠰᠠᠯᠠᠨ ᠪᠠᠶᠢᠴᠠᠭᠠᠨ ᠰᠢᠢᠳᠪᠤᠷᠢᠯᠡᠵᠤ᠂ 20 ᠬᠡᠷᠡᠭ ᠢ ᠰᠢᠢᠳᠪᠤᠷᠢᠯᠡᠨ ᠲᠠᠭᠤᠰᠬᠠᠵᠤ᠂ 20 ᠬᠥᠮᠤᠨ ᠳᠤ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠶᠢᠨ ᠰᠢᠢᠳᠭᠡᠯ ᠥᠭᠴᠦ᠂ 14 ᠬᠥᠮᠤᠨ ᠳᠤ ᠵᠤᠬᠢᠶᠠᠨ ᠪᠠᠶᠢᠭᠤᠯᠤᠯᠲᠠ ᠶᠢᠨ ᠰᠢᠢᠳᠭᠡᠯ ᠥᠭᠪᠡ᠃ ᠬᠤᠶᠠᠷ ᠲᠤ ᠤᠯᠠᠨ ᠲᠥᠮᠠᠨ ᠤ ᠲᠡᠭᠡᠲᠤ ᠬᠡᠮᠵᠢᠶ᠎ᠠ ᠪᠠᠷ ᠠᠩᠬᠠᠷᠴᠤ ᠪᠠᠶᠢᠭ᠎ᠠ《ᠥᠩᠭᠡᠷᠡᠬᠦ ᠭᠠᠯᠠᠬᠤ ᠶᠢᠨ ᠥᠲᠤ ᠶᠢ ᠰᠤᠭᠤᠯᠬᠤ》ᠥᠢᠯᠡ ᠠᠵᠢᠯᠯᠠᠭ᠎ᠠ ᠶᠢ ᠴᠢᠩᠭ᠎ᠠ ᠶᠠᠯᠠᠯᠠᠨ ᠰᠢᠢᠳᠭᠡᠪᠠ᠃ ᠵᠢᠯ ᠤᠨ ᠡᠬᠢᠨ ᠠᠴᠠ ᠨᠠᠰᠢ᠂ ᠪᠥᠬᠦ ᠬᠤᠰᠢᠭᠤ《ᠥᠩᠭᠡᠷᠡᠬᠦ ᠭᠠᠯᠠᠬᠤ ᠶᠢᠨ ᠥᠲᠤ ᠶᠢ ᠰᠤᠭᠤᠯᠬᠤ》ᠬᠡᠯᠪᠡᠷᠢ ᠶᠢᠨ ᠢᠯᠵᠠᠷᠠᠯ ᠠᠰᠠᠭᠤᠲᠠᠯ ᠤᠨ ᠰᠥᠪᠡᠭᠴᠢ ᠪᠥᠬᠦᠲᠠ 231 ᠬᠥᠯᠢᠶᠡᠨ ᠠᠪᠤᠨ ᠰᠢᠢᠳᠪᠤᠷᠢᠯᠡᠵᠤ᠂ 39 ᠬᠥᠮᠤᠨ ᠢ ᠲᠠᠩᠰᠠᠯᠠᠵᠤ ᠪᠠᠶᠢᠴᠠᠭᠠᠨ ᠰᠢᠢᠳᠪᠤᠷᠢᠯᠡᠵᠤ᠂ 21 ᠬᠡᠷᠡᠭ ᠢ ᠰᠢᠢᠳᠪᠤᠷᠢᠯᠡᠨ ᠲᠠᠭᠤᠰᠬᠠᠵᠤ᠂ 21 ᠬᠥᠮᠤᠨ ᠳᠤ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠶᠢᠨ ᠰᠢᠢᠳᠭᠡᠯ ᠥᠭᠴᠦ᠂ 5 ᠬᠥᠮᠤᠨ ᠳᠤ ᠵᠤᠬᠢᠶᠠᠨ ᠪᠠᠶᠢᠭᠤᠯᠤᠯᠲᠠ ᠶᠢᠨ ᠰᠢᠢᠳᠭᠡᠯ ᠥᠭᠪᠡ᠃ ᠭᠤᠷᠪᠠ ᠳᠤ ᠬᠠᠷ᠎ᠠ ᠪᠥᠯᠥᠭᠲᠡᠨ ᠬᠠᠷᠬᠢᠰ ᠬᠥᠴᠤᠨ ᠤ ᠶᠠᠯ᠎ᠠ ᠬᠢᠬᠦ ᠳᠤ ᠴᠤᠬᠢᠯᠲᠠ ᠥᠭᠬᠦ ᠪᠠ ᠢᠯᠵᠠᠷᠠᠯ ᠢ ᠡᠰᠡᠷᠬᠦᠴᠡᠭᠦ ᠠᠬᠢᠭᠤᠯᠤᠯᠲᠠ ᠲᠠᠢ ᠤᠶᠠᠯᠲᠤᠭᠤᠯᠬᠤ ᠶᠢ ᠪᠠᠷᠢᠮᠲᠠᠯᠠᠵᠤ᠂ ᠬᠠᠷ᠎ᠠ ᠪᠥᠯᠥᠭᠲᠡᠨ ᠪᠠᠶᠢᠪᠠᠯ ᠬᠠᠷ᠎ᠠ ᠪᠥᠯᠥᠭᠲᠡᠨ ᠢ ᠴᠡᠪᠡᠷᠯᠡᠵᠤ᠂ ᠬᠠᠷ᠎ᠠ ᠪᠥᠯᠥᠭᠲᠡᠨ ᠥᠭᠡᠢ ᠪᠤᠯ ᠬᠠᠷᠬᠢᠰ ᠬᠥᠴᠤᠨ ᠢ ᠠᠷᠢᠯᠭᠠᠵᠤ᠂ ᠬᠠᠷᠬᠢᠰ ᠬᠥᠴᠤᠨ ᠥᠭᠡᠢ ᠪᠤᠯ ᠰᠠᠮᠠᠭᠤᠨ ᠢ ᠵᠠᠰᠠᠵᠤ᠂ ᠮᠠᠭᠤ ᠬᠡᠷᠡᠭ ᠬᠠᠷᠬᠢᠰ ᠬᠥᠴᠤᠨ ᠢ ᠲᠥᠢᠯᠪᠤᠷᠢᠲᠡᠢ ᠠᠷᠢᠯᠭᠠᠨ᠎ᠠ᠃ ᠤᠲᠤᠬᠠᠨ᠎ᠠ᠂ ᠪᠥᠬᠦ ᠬᠤᠰᠢᠭᠤ ᠬᠠᠷ᠎ᠠ ᠪᠥᠯᠥᠭᠲᠡᠨ ᠬᠠᠷᠬᠢᠰ ᠬᠥᠴᠤᠨ ᠯᠤᠭ᠎ᠠ ᠬᠤᠯᠪᠤᠭᠲᠠᠭᠰᠠᠨ 21 ᠬᠡᠷᠡᠭ᠂ 29 ᠬᠥᠮᠤᠨ ᠳᠤ ᠴᠤᠬᠢᠯᠲᠠ ᠥᠭᠬᠦᠨ ᠰᠢᠢᠳᠪᠤᠷᠢᠯᠡᠪᠡ᠃      ︵ ᠬᠥᠲᠥᠯᠥᠭᠴᠢ︶ ᠴᠢ ᠡᠷᠭᠢᠯᠡᠭᠴᠢ ᠡ᠂ ᠡᠨᠡ ᠵᠢᠯ ᠬᠤᠷᠴᠢᠨ ᠵᠡᠬᠦᠨ ᠭᠠᠷᠤᠨ ᠲᠤᠮᠲᠠᠲᠤ ᠬᠤᠰᠢᠭᠤ ᠰᠠᠬᠢᠯᠭ᠎ᠠ ᠪᠠᠲᠤ ᠬᠠᠤᠯᠢ ᠴᠠᠭᠠᠵᠠ ᠶᠢ  ᠵᠥᠷᠢᠴᠡᠭᠰᠡᠨ ᠠᠰᠠᠭᠤᠲᠠᠯ ᠢ ᠴᠢᠩᠭ᠎ᠠ ᠪᠠᠶᠢᠴᠠᠭᠠᠭᠰᠠ ᠲᠠᠯ᠎ᠠ ᠪᠠᠷ ᠶᠠᠮᠠᠷ ᠪᠤᠲᠠᠲᠠᠢ ᠠᠵᠢᠯ ᠥᠷᠨᠢᠬᠦᠯᠥᠭᠰᠡᠨ ᠢ ᠶᠠᠷᠢᠭᠠᠳ ᠥᠭᠬᠦᠨ᠎ᠡ ᠤᠤ︖      ︵ᠴᠢ ᠡᠷᠬᠢᠯᠡᠭᠴᠢ︶ ᠨᠢᠭᠡ ᠲᠠᠯ᠎ᠠ ᠪᠠᠷ᠂ ᠵᠠᠬᠢᠲᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠲᠡᠬᠦᠯᠬᠦ ᠵᠠᠮ ᠰᠤᠪᠠᠭ ᠢ ᠨᠡᠪᠲᠡᠷᠡᠬᠦᠯᠪᠡ᠃ ᠵᠠᠬᠢᠲᠠᠯ ᠰᠤᠷᠪᠤᠯᠵᠢᠯᠠᠭ᠎ᠠ ᠶᠢᠨ ᠠᠵᠢᠯ ᠲᠤᠮᠲᠠ ᠪᠢᠲᠠ ᠰᠤᠷᠪᠤᠯᠵᠢᠯᠠᠭ᠎ᠠ ᠬᠥᠯᠢᠶᠠᠬᠦ ᠪᠥᠷᠢ ᠪᠥᠷ ᠮᠤᠩᠭᠤᠯ ᠢᠶᠠᠷ ᠰᠤᠯᠢᠯᠴᠠᠵᠤ ᠴᠢᠲᠠᠬᠤ ᠴᠥᠭᠡᠨ ᠲᠤᠭᠠᠲᠤ ᠥᠨᠲᠤᠰᠤᠲᠡᠨ ᠤ ᠺᠠᠳ᠋ᠷ ᠤᠷᠤᠯᠴᠠᠬᠤ ᠶᠢ ᠪᠠᠲᠤᠯᠠᠵᠤ᠂ ᠰᠤᠷᠪᠤᠯᠵᠢᠯᠠᠭ᠎ᠠ ᠬᠢᠬᠦ ᠤᠯᠠᠨ ᠲᠥᠮᠡᠨ ᠯᠤᠭ᠎ᠠ ᠰᠠᠨᠠᠯ ᠰᠤᠯᠢᠯᠴᠠᠬᠤ ᠳᠤ ᠲᠥᠬᠦᠮ ᠥᠵᠡᠬᠦᠯᠪᠡ᠃ ᠬᠠᠮᠲᠤ ᠳᠤᠨᠢ᠂ ᠪᠢᠲᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠲᠤᠷᠢᠲᠤᠯᠭ᠎ᠠ ᠶᠢᠨ ᠪᠠᠭ ᠤᠨ ᠬᠡᠰᠢᠬᠦᠨ ᠭᠠᠵᠠᠷ ᠲᠤᠭᠲᠠᠭᠠᠨ ᠰᠤᠷᠪᠤᠯᠵᠢᠯᠠᠭ᠎ᠠ ᠬᠥᠯᠢᠶᠠᠬᠦ᠂ ᠭᠡᠷᠡᠭ ᠰᠢᠢᠳᠪᠤᠷᠢᠯᠡᠬᠦ  ᠪᠠᠷ ᠥᠨᠲᠤᠰᠤᠨ ᠱᠠᠲᠤᠨ ᠳᠤ ᠰᠤᠷᠪᠤᠯᠵᠢᠯᠠᠭ᠎ᠠ ᠬᠢᠬᠦ᠂ ᠡᠷᠥᠭᠡ ᠪᠠᠷ ᠰᠤᠷᠪᠤᠯᠵᠢᠯᠠᠬᠤ᠂ ᠤᠲᠤᠷᠢᠲᠤᠯᠭ᠎ᠠ ᠭᠡᠷᠡᠭ ᠲᠠᠭᠠᠭᠠᠨ ᠰᠢᠢᠳᠪᠤᠷᠢᠯᠡᠬᠦ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠥᠨᠲᠤᠰᠤᠨ ᠱᠠᠲᠤᠨ ᠳᠤ ᠪᠠᠭᠤᠵᠤ ᠪᠠᠶᠢᠴᠠᠭᠠᠨ ᠰᠤᠲᠤᠯᠵᠤ ᠰᠤᠷᠪᠤᠯᠵᠢᠯᠠᠬᠤ ᠵᠡᠷᠭᠡ ᠠᠷᠭ᠎ᠠ ᠠᠪᠴᠤ᠂《 ᠰᠠᠨᠠᠭᠠᠴᠢᠯᠠᠭ᠎ᠠ ᠥᠭᠡᠢ ᠰᠤᠷᠪᠤᠯᠵᠢᠯᠠᠭ᠎ᠠ ᠬᠥᠯᠢᠶᠠᠬᠦ 》 ᠶᠢ《 ᠰᠠᠨᠠᠭᠠᠴᠢᠯᠠᠭ᠎ᠠ ᠲᠠᠢ ᠰᠤᠷᠪᠤᠯᠵᠢᠯᠠᠭ᠎ᠠ ᠬᠢᠬᠦ 》ᠪᠤᠯᠭᠠᠨ ᠬᠤᠪᠢᠷᠠᠭᠠᠪᠠ᠃ ᠨᠥᠭᠦᠭᠡ ᠲᠠᠯ᠎ᠠ ᠪᠠᠷ᠂ ᠪᠠᠶᠢᠴᠠᠭᠠᠨ ᠰᠢᠢᠳᠪᠤᠷᠢᠯᠡᠬᠦ ᠡᠷᠴᠢᠮ ᠢᠶᠠᠨ ᠲᠠᠰᠤᠷᠠᠯᠲᠠ ᠥᠭᠡᠢ ᠴᠢᠩᠭᠠᠳᠬᠠᠪᠠ᠃ ᠲᠤᠰᠬᠠᠢ ᠬᠥᠮᠥᠨ ᠲᠤᠭᠲᠠᠭᠠᠨ ᠤᠷᠴᠢᠮ ᠤᠨ ᠵᠢᠯ ᠤᠨ ᠬᠥᠯᠢᠶᠠᠨ ᠰᠢᠢᠳᠪᠤᠷᠢᠯᠡᠭᠰᠡᠨ ᠵᠠᠬᠢᠲᠠᠯ ᠰᠤᠷᠪᠤᠯᠵᠢᠯᠠᠭ᠎ᠠ ᠢᠯᠡᠴᠢᠯᠡᠨ ᠮᠡᠲᠡᠭᠦᠯᠥᠯᠲᠡ᠂ ᠲᠤᠭᠤᠷᠢᠨ ᠪᠠᠶᠢᠴᠠᠭᠠᠨ ᠴᠠᠭᠲᠠᠨ ᠪᠠᠶᠢᠴᠠᠭᠠᠨ ᠰᠢᠯᠵᠢᠬᠦᠯᠤᠨ ᠲᠤᠰᠢᠶᠠᠭᠰᠠ᠂ ᠬᠢᠨᠠᠯᠲᠠ ᠲᠠᠯᠪᠢᠨ ᠪᠠᠶᠢᠴᠠᠭᠠᠭᠰᠠᠨ᠂ ᠵᠠᠭᠤᠴᠢ ᠤᠨ ᠯᠡᠪᠯᠠᠷᠡᠭᠦᠯᠥᠭᠰᠡᠨ ᠵᠠᠷᠭᠡ ᠠᠷᠭ᠎ᠠ ᠵᠠᠮ ᠢᠶᠠᠷ ᠲᠤᠰᠬᠠᠭᠰᠠᠨ ᠥᠨᠲᠤᠰᠤᠨ ᠱᠠᠲᠤᠨ ᠤ ᠨᠠᠮ ᠤᠨ ᠭᠡᠰᠢᠬᠦᠨ ᠤᠲᠤᠷᠢᠲᠤᠯᠭ᠎ᠠ ᠺᠠᠳ᠋ᠷ ᠤᠨ ᠠᠰᠠᠭᠤᠲᠠᠯ ᠤᠨ ᠰᠥᠪᠡᠭᠴᠢ ᠶᠢ ᠶᠡᠭᠡᠪᠡᠷ ᠢᠯᠡᠴᠢᠯᠡᠵᠤ᠂ ᠶᠡᠭᠡᠪᠡᠷ ᠴᠡᠪᠡᠷᠯᠡᠨ᠂ ᠶᠡᠭᠡᠪᠡᠷ ᠲᠠᠷᠠᠭᠠᠯᠠᠨ ᠪᠠᠶᠢᠴᠠᠭᠠᠪᠠ᠃ ᠬᠠᠮᠲᠤ ᠳᠤᠨᠢ᠂ ᠲᠤᠲᠤᠭᠠᠲᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ ᠵᠡᠷᠭᠡ ᠢᠯᠵᠠᠷᠠᠯ ᠢ ᠡᠰᠡᠷᠭᠦᠴᠡᠬᠦ  ᠵᠤᠬᠢᠴᠠᠭᠤᠯᠭ᠎ᠠ ᠶᠢᠨ ᠲᠤᠭᠤᠶᠢᠯᠠᠩ ᠤᠨ ᠭᠡᠰᠢᠬᠦᠨ ᠪᠠᠶᠢᠭᠤᠯᠭ᠎ᠠ ᠯᠤᠭ᠎ᠠ ᠬᠠᠮᠵᠢᠯᠴᠠᠭ᠎ᠠ ᠪᠠᠨ ᠴᠢᠩᠭᠠᠳᠬᠠᠨ᠂《ᠭᠠᠭᠴᠠ ᠲᠠᠯ᠎ᠠ ᠶᠢᠨ ᠠᠵᠢᠯ 》 ᠢᠶᠠᠨ《ᠬᠠᠮᠲᠤ ᠶᠢᠨ ᠠᠵᠢᠯ 》 ᠪᠤᠯᠭᠠᠨ ᠬᠤᠪᠢᠷᠠᠭᠠᠪᠠ᠃      ︵ᠬᠥᠲᠥᠯᠥᠭᠴᠢ︶ ᠥᠨᠥᠲᠤᠷ᠂ ᠯᠢᠤ ᠱᠥᠵᠢ ᠪᠠ ᠴᠢ ᠡᠷᠬᠢᠯᠡᠭᠴᠢ ᠠᠵᠢᠯ ᠤᠨ ᠪᠤᠲᠠᠲᠠᠢ ᠪᠠᠶᠢᠲᠠᠯ ᠲᠠᠢ ᠪᠠᠨ ᠤᠶᠠᠯᠲᠤᠭᠤᠯᠤᠭᠰᠠᠨ᠂ ᠬᠤᠷᠴᠢᠨ ᠵᠡᠬᠦᠨ ᠭᠠᠷᠤᠨ ᠲᠤᠮᠲᠠᠲᠤ ᠬᠤᠰᠢᠭᠤ  ᠶᠢᠨ《 ᠭᠤᠷᠪᠠᠨ ᠠᠵᠢᠯ》 ᠢ ᠢᠯᠡ ᠪᠤᠯᠭᠠᠬᠤ ᠠᠵᠢᠯ ᠢ ᠥᠷᠨᠢᠬᠦᠯᠥᠭᠰᠡᠨ ᠪᠠ ᠰᠠᠬᠢᠯᠭ᠎ᠠ ᠪᠠᠲᠤ ᠬᠠᠤᠯᠢ ᠴᠠᠭᠠᠵᠠ ᠶᠢ  ᠵᠥᠷᠢᠴᠡᠭᠰᠡᠨ ᠠᠰᠠᠭᠤᠲᠠᠯ ᠢ ᠴᠢᠩᠭ᠎ᠠ ᠪᠠᠶᠢᠴᠠᠭᠠᠭᠰᠠᠨ ᠵᠡᠷᠭᠡ ᠲᠠᠯ᠎ᠠ ᠪᠠᠷ ᠮᠠᠨ ᠳᠤ ᠭᠤᠤᠯᠲᠠᠯᠠᠭ᠎ᠠ ᠲᠠᠢ ᠨᠠᠷᠢᠨ ᠲᠠᠨᠢᠯᠴᠠᠭᠤᠯᠭ᠎ᠠ ᠬᠢᠯ᠎ᠡ᠂ ᠯᠢᠤ ᠱᠥᠵᠢ ᠪᠠ ᠴᠢ ᠡᠷᠬᠢᠯᠡᠭᠴᠢ ᠮᠠᠨ ᠤ ᠵᠠᠰᠠᠭ ᠤᠨ ᠤᠷᠲᠤᠨ ᠤ ᠡᠭᠦᠲᠡᠴᠢ ᠰᠥᠯᠵᠢᠶ᠎ᠠ ᠶᠢᠨ ᠥᠷᠲᠡᠭᠡ ᠳᠤ ᠰᠠᠭᠠᠲᠠᠭᠰᠠᠨ ᠳᠤ ᠲᠠᠯᠠᠷᠬᠠᠵᠤ ᠪᠠᠶᠢᠨ᠎ᠠ᠂ ᠲᠠᠷᠠᠭᠠᠴᠢ ᠪᠠᠷ ᠠᠭᠤᠯᠵᠠᠶ᠎ᠠ
ᠢᠷᠡᠯᠲᠡ᠄ ᠲᠥᠩᠯᠢᠶᠤᠤ ᠶᠢᠨ ᠵᠠᠰᠠᠭ ᠤᠨ ᠤᠷᠲᠤᠨ