ᠮᠠᠨ ᠤ ᠬᠤᠲᠠ《 ᠨᠢᠭᠡ ᠯᠠ ᠤᠲᠠᠭ᠎ᠠ ᠭᠥᠶᠥᠯᠭᠡᠬᠦ 》 ᠶᠢ ᠥᠷᠬᠦᠯᠵᠢᠯᠡᠨ ᠬᠥᠴᠥᠲᠡᠢ ᠠᠬᠢᠭᠤᠯᠵᠤ᠂《 ᠵᠠᠰᠠᠭ ᠢ ᠴᠣᠮᠬᠠᠳᠬᠠᠨ ᠡᠷᠭᠡ ᠶᠢ ᠲᠠᠯᠪᠢᠵᠤ᠂ ᠲᠠᠯᠪᠢᠬᠤ ᠬᠠᠮᠢᠶᠠᠷᠬᠤ ᠶᠢ ᠤᠶᠠᠯᠲᠤᠭᠤᠯᠤᠨ᠂ ᠥᠢᠯᠡᠴᠢᠯᠡᠭᠡ ᠶᠢᠨ ᠰᠢᠯᠢᠭᠲᠡᠵᠢᠬᠦᠯᠥᠯ 》 ᠢ ᠬᠥᠨᠵᠡᠭᠡᠶᠢᠷᠡᠬᠦᠯᠥᠨ᠎ᠡ
ᠨᠡᠶᠢᠲᠡᠯᠡᠭᠰᠡᠨ ᠴᠠᠭ᠄
2018/12/4
     ᠰᠤᠷᠪᠤᠯᠵᠢᠯᠠᠭ᠎ᠠ ᠶᠢᠨ ᠨᠡᠷᠡᠶᠢᠲᠤᠯ᠄ ᠮᠠᠨ ᠤ ᠬᠤᠲᠠ《 ᠨᠢᠭᠡ ᠯᠠ ᠤᠲᠠᠭ᠎ᠠ ᠭᠥᠶᠥᠯᠭᠡᠬᠦ 》 ᠶᠢ ᠥᠷᠭᠦᠯᠵᠢᠯᠡᠨ ᠬᠥᠴᠤᠲᠠᠢ ᠠᠬᠢᠭᠤᠯᠵᠤ᠂《 ᠵᠠᠰᠠᠭ ᠢ  ᠴᠣᠮᠬᠠᠳᠬᠠᠨ ᠡᠷᠭᠡ ᠶᠢ  ᠲᠠᠯᠪᠢᠵᠤ᠂ ᠲᠠᠯᠪᠢᠬᠤ ᠬᠠᠮᠢᠶᠠᠷᠬᠤ ᠶᠢ ᠤᠶᠠᠯᠲᠤᠭᠤᠯᠤᠨ᠂ ᠥᠢᠯᠡᠴᠢᠯᠡᠭᠡ ᠶᠢᠨ ᠰᠢᠯᠢᠲᠡᠭᠵᠢᠬᠦᠯᠥᠯ 》 ᠢ ᠬᠥᠨᠵᠡᠭᠡᠶᠢᠷᠡᠬᠦᠯᠥᠨ᠎ᠡ      ᠰᠤᠷᠪᠤᠯᠵᠢᠯᠠᠭᠰᠠ ᠴᠠᠭ᠄ 2018-09-10       17᠄ 40      ᠰᠤᠷᠪᠤᠯᠵᠢᠯᠠᠭ᠎ᠠ ᠬᠥᠯᠢᠶᠡᠭᠴᠢ᠄ ᠲᠥᠩᠯᠢᠶᠤᠤ ᠬᠤᠲᠠ ᠶᠢᠨ ᠵᠠᠰᠠᠭ ᠤᠨ ᠶᠠᠪᠤᠲᠠᠯ ᠤᠨ ᠥᠢᠯᠡᠴᠢᠯᠡᠭᠡ ᠶᠢᠨ ᠲᠥᠪ ᠤᠨ ᠲᠡᠳ᠋ ᠡᠷᠬᠢᠯᠡᠭᠴᠢ     ᠯᠢ ᠱᠢ ᠶᠢᠩ      ᠰᠤᠷᠪᠤᠯᠵᠢᠯᠠᠭᠰᠠ ᠪᠠᠶᠢᠲᠠᠯ᠄ ᠰᠤᠷᠪᠤᠯᠵᠢᠯᠡᠯ ᠲᠡᠭᠦᠰᠪᠡ      ᠭᠤᠤᠯ ᠠᠭᠤᠯᠭ᠎ᠠ᠄ ᠡᠲᠤᠷ ᠲᠤᠲᠤᠮ ᠤᠨ ᠠᠮᠢᠲᠤᠷᠠᠯ ᠲᠤᠮᠲᠠ᠂ ᠮᠠᠨ ᠤ ᠡᠩ ᠤᠨ ᠤᠯᠠᠨ ᠲᠥᠮᠡᠨ ᠶᠡᠷᠤ ᠨᠢ ᠵᠠᠰᠠᠭ ᠤᠨ ᠤᠷᠲᠤᠨ ᠤ ᠬᠠᠮᠢᠶ᠎ᠠ ᠪᠥᠬᠦᠢ ᠰᠠᠯᠠᠭ᠎ᠠ ᠮᠥᠴᠢᠷ᠂ ᠪᠠᠶᠢᠭᠤᠯᠭ᠎ᠠ ᠳᠤ ᠬᠥᠷᠴᠤ ᠡᠯ᠎ᠡ ᠵᠥᠢᠯ ᠤᠨ ᠬᠢᠨᠡᠨ ᠵᠥᠪᠰᠢᠶᠡᠷᠡᠭᠦᠯᠭᠦ ᠥᠢᠯᠡᠴᠢᠯᠡᠭᠡᠨ ᠬᠢᠯᠭᠡᠭᠦ ᠠᠴᠠ ᠵᠠᠶᠢᠯᠠᠵᠤ ᠴᠢᠲᠠᠬᠤ ᠥᠭᠡᠢ ᠪᠠᠶᠢᠲᠠᠭ᠂ ᠵᠢᠱᠢᠶᠡᠯᠡᠪᠡᠯ ᠡᠯ᠎ᠡ ᠵᠥᠢᠯ ᠤᠨ ᠬᠢᠨᠠᠨ ᠵᠥᠪᠰᠢᠶᠡᠷᠡᠬᠦᠯᠬᠦ ᠭᠠᠷᠲᠠᠮ ᠬᠢᠯᠭᠡᠭᠦ᠂ ᠭᠡᠷ ᠬᠥᠷᠥᠩᠭᠡ ᠶᠢᠨ ᠰᠣᠯᠢᠯᠴᠠᠭ᠎ᠠ᠂ ᠡᠮ ᠡᠮᠨᠡᠯᠭᠡ ᠶᠢᠨ ᠲᠠᠭᠠᠳᠬᠠᠯ᠂ ᠨᠡᠶᠢᠭᠡᠮ ᠤᠨ ᠲᠠᠭᠠᠳᠬᠠᠯ᠂ ᠨᠡᠶᠢᠲᠡ ᠶᠢᠨ ᠬᠤᠷᠠᠮᠲᠤᠭᠤᠯᠭ᠎ᠠ ᠶᠢᠨ ᠮᠥᠩᠭᠦ᠂ ᠡᠷᠥᠭᠡ ᠠᠮᠠ ᠶᠢᠨ ᠲᠠᠩᠰᠠ ᠵᠡᠷᠭᠡ ᠡᠯ᠎ᠡ ᠵᠥᠢᠯ ᠤᠨ ᠭᠠᠷᠲᠠᠮ ᠬᠥᠢᠴᠡᠳᠭᠡᠬᠦ ᠪᠤᠯᠤᠨ᠎ᠠ᠂  ᠲᠡᠭᠡᠪᠡᠯ᠂ ᠤᠯᠠᠨ ᠳᠤ ᠰᠠᠭᠤᠭᠲᠠᠯ ᠬᠠᠮᠤᠭ ᠬᠥᠨ ᠶᠠᠪᠤᠲᠠᠯ ᠭᠡᠪᠡᠯ ᠰᠢᠢᠳᠪᠤᠷᠢᠯᠡᠬᠦ  ᠶᠠᠪᠤᠴᠠ ᠳᠤ ᠭᠠᠷᠲᠠᠮ ᠶᠠᠷᠰᠢᠭᠲᠠᠢ᠂ ᠮᠠᠲ᠋ᠧᠷᠢᠶᠠᠯ ᠲᠠᠬᠢᠨ ᠲᠠᠪᠲᠠᠨ ᠲᠤᠰᠢᠶᠠᠬᠤ᠂ ᠤᠯᠠᠨ ᠤᠲᠠᠭ᠎ᠠ ᠨᠠᠰᠢ ᠴᠠᠰᠢ  ᠬᠥᠶᠤᠬᠦ ᠵᠡᠷᠭᠡ ᠪᠤᠯᠤᠨ᠎ᠠ᠂ ᠡᠨᠡ ᠨᠢ ᠪᠠᠰᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠤᠷᠴᠢᠮ ᠤᠨ ᠵᠢᠯ ᠳᠤ《 ᠲᠠᠯᠪᠢᠬᠤ ᠬᠠᠮᠢᠶᠠᠷᠬᠤ ᠥᠢᠯᠡᠴᠢᠯᠡᠬᠦ 》ᠥᠭᠡᠷᠡᠴᠢᠯᠡᠯᠲᠡ ᠶᠢ ᠠᠬᠢᠭᠤᠯᠬᠤ ᠳᠤ ᠬᠥᠴᠥᠯᠡᠨ ᠰᠢᠢᠳᠪᠥᠷᠢᠯᠡᠵᠤ ᠪᠠᠶᠢᠭ᠎ᠠ ᠠᠰᠠᠭᠤᠲᠠᠯ ᠪᠤᠯᠤᠨ᠎ᠠ᠂ 2017 ᠤᠨ ᠠᠴᠠ ᠨᠠᠰᠢ᠂ ᠵᠧᠵᠢᠶᠠᠩ ᠮᠤᠵᠢ《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠠ ᠶᠢ ᠥᠷᠨᠢᠬᠦᠯᠥᠭᠰᠡᠡ ᠨᠢ ᠪᠢᠲᠠᠨ ᠳᠤ ᠲᠤᠩ ᠰᠠᠶᠢᠨ ᠲᠤᠷᠰᠢᠯᠭ᠎ᠠ ᠬᠠᠩᠭᠠᠵᠤ ᠥᠭᠬᠦᠭᠰᠡᠡ ᠪᠠᠶᠢᠨ᠎ᠠ᠃ ᠡᠨᠡ ᠵᠢᠯ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠪᠥᠬᠦ ᠬᠤᠲᠠ ᠳᠤ《 ᠨᠢᠭᠡ ᠯᠡ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ ᠬᠡᠷᠡᠭᠵᠢᠬᠦᠯᠬᠦ ᠪᠠᠷ ᠲᠤᠭᠲᠠᠵᠤ᠂ ᠲᠥᠩᠯᠢᠶᠤᠤ ᠬᠤᠲᠠ ᠶᠢ ᠬᠢᠨᠠᠨ ᠵᠥᠪᠰᠢᠶᠡᠷᠡᠭᠦᠯᠭᠦ ᠵᠥᠢᠯ ᠬᠠᠮᠤᠭ ᠴᠥᠭᠡᠨ᠂ ᠬᠡᠷᠡᠭ ᠰᠢᠢᠳᠪᠤᠷᠢᠯᠡᠬᠦ ᠪᠥᠲᠥᠮᠵᠢ ᠬᠠᠮᠤᠭ ᠥᠨᠲᠤᠷ᠂ ᠵᠠᠰᠠᠭ ᠤᠨ ᠶᠠᠪᠤᠲᠠᠯ ᠤᠨ ᠤᠷᠴᠢᠨ ᠬᠠᠮᠤᠭ ᠰᠢᠯᠢᠲᠡᠭ ᠤᠷᠤᠨ ᠪᠤᠯᠭᠠᠨ ᠴᠤᠭᠴᠠᠯᠠᠬᠤ ᠪᠠᠷ ᠴᠢᠷᠮᠠᠶᠢᠭᠰᠠᠨ ᠪᠠᠶᠢᠨ᠎ᠠ᠃  ᠲᠡᠭᠡᠪᠡᠯ᠂《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠭᠡᠳᠡᠭ ᠨᠢ ᠶᠠᠭᠤ  ᠪᠤᠢ︖《 ᠨᠢᠭᠡ ᠯᠡ ᠤᠲᠠᠭ᠎ᠠ ᠬᠥᠶᠥᠯᠭᠡᠬᠦ 》ᠥᠭᠡᠷᠡᠴᠢᠯᠡᠯᠲᠡ ᠶᠢ ᠬᠡᠷᠡᠭᠵᠢᠬᠦᠯᠥᠭᠰᠡᠨ ᠠᠴᠠ ᠨᠠᠰᠢ᠂ ᠵᠠᠰᠠᠭ ᠤᠨ ᠤᠷᠲᠤᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠥᠨᠵᠡᠭᠡᠶᠢᠷᠡᠬᠦᠯᠬᠦ ᠳᠤ ᠶᠠᠮᠠᠷ ᠠᠬᠢᠭᠤᠯᠬᠤ ᠥᠢᠯᠡᠲᠤᠯ ᠥᠵᠡᠭᠦᠯᠥᠭᠰᠡᠡ ᠪᠤᠢ︖ ᠪᠥᠬᠦ ᠬᠤᠲᠠ ᠶᠢᠨ ᠤᠯᠠᠨ ᠲᠥᠮᠡᠨ ᠤ ᠬᠡᠷᠡᠭ ᠰᠢᠢᠳᠪᠥᠷᠢᠯᠭᠦᠯᠭᠦ ᠳᠤ ᠠᠯᠢ ᠲᠠᠯ᠎ᠠ ᠶᠢᠨ ᠢᠲᠡᠪᠬᠢ ᠨᠥᠯᠥᠭᠡ ᠠᠪᠴᠢᠷᠠᠭᠰᠠ ᠪᠤᠢ︖ᠡᠲᠡᠭᠡᠷ ᠠᠰᠠᠭᠤᠯᠲᠠ ᠶᠢ ᠪᠤᠲᠤᠯᠬᠢᠯᠠᠵᠤ᠂ ᠥᠨᠤᠲᠤᠷ ᠪᠢᠲᠠ ᠬᠤᠲᠠ ᠶᠢᠨ ᠵᠠᠰᠠᠭ ᠤᠨ ᠶᠠᠪᠤᠲᠠᠯ ᠤᠨ ᠥᠢᠯᠡᠴᠢᠯᠡᠭᠡ ᠶᠢᠨ ᠲᠥᠪ ᠤᠨ ᠲᠡᠳ᠋ ᠡᠷᠬᠢᠯᠡᠭᠴᠢ ᠯᠢ ᠱᠢ ᠶᠢᠩ ᠢ ᠲᠤᠰ ᠪᠤᠯᠤᠩ ᠳᠤ ᠤᠷᠢᠵᠤ᠂ ᠮᠠᠨ ᠤ ᠬᠤᠲᠠ ᠶᠢᠨ《 ᠨᠢᠭᠡ  ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠠ ᠶᠢ ᠬᠡᠷᠡᠭᠵᠢᠬᠦᠯᠥᠭᠰᠡᠨ ᠪᠠᠶᠢᠲᠠᠯ ᠢ ᠤᠯᠠᠨ  ᠲᠠᠢ ᠪᠠᠨ ᠰᠥᠯᠵᠢᠶ᠎ᠠ ᠪᠠᠷ ᠰᠤᠯᠢᠯᠴᠠᠬᠤ ᠪᠠᠷ ᠪᠠᠶᠢᠨ᠎ᠠ᠃      ︵ᠬᠥᠲᠥᠯᠥᠭᠴᠢ︶  ᠲᠠᠨ ᠢ ᠪᠠᠶᠠᠷᠠᠯᠠᠨ ᠤᠭᠲᠤᠵᠤ ᠪᠠᠶᠢᠨ᠎ᠠ᠂ ᠯᠢ ᠡᠷᠬᠢᠯᠡᠭᠴᠢ ᠡ︕      ︵ᠯᠢ ᠡᠷᠬᠢᠯᠡᠭᠴᠢ︶ ᠬᠥᠲᠥᠯᠥᠭᠴᠢ ᠰᠠᠶᠢᠨ ᠪᠠᠶᠢᠨ᠎ᠠ ᠤᠤ︖  ᠰᠥᠯᠵᠢᠶ᠎ᠠ ᠶᠢᠨ ᠨᠠᠶᠢᠵᠠ ᠨᠠᠷ ᠲᠠ ᠪᠥᠬᠦᠨ  ᠰᠠᠶᠢᠨ ᠪᠠᠶᠢᠨ᠎ᠠ ᠤᠤ︖  ᠲᠥᠩᠯᠢᠶᠤᠤ ᠬᠤᠲᠠ ᠶᠢᠨ ᠵᠠᠰᠠᠭ ᠤᠨ ᠤᠷᠲᠤᠨ ᠤ ᠡᠭᠦᠲᠡᠴᠢ ᠰᠥᠯᠵᠢᠶ᠎ᠠ ᠪᠠᠷ ᠲᠠᠮᠵᠢᠨ ᠲᠠ ᠪᠥᠬᠦᠨ ᠲᠠᠢ ᠪᠠᠨ ᠰᠥᠯᠵᠢᠶᠡᠨ ᠲᠡᠭᠡᠷ᠎ᠡ ᠰᠠᠨᠠᠯ ᠰᠤᠯᠢᠯᠴᠠᠬᠤ ᠳᠤ ᠲᠤᠩ ᠪᠠᠶᠠᠷᠯᠠᠵᠤ ᠪᠠᠶᠢᠨ᠎ᠠ᠃ ᠰᠥᠯᠵᠢᠶ᠎ᠠ ᠶᠢᠨ ᠨᠠᠶᠢᠵᠠ ᠨᠠᠷ ᠤᠨ ᠮᠠᠨ ᠤ ᠬᠤᠲᠠ ᠶᠢᠨ ᠵᠠᠰᠠᠭ ᠤᠨ ᠶᠠᠪᠤᠲᠠᠯ ᠤᠨ ᠥᠢᠯᠡᠴᠢᠯᠡᠭᠡ ᠶᠢᠨ ᠠᠵᠢᠯ ᠤᠨ ᠲᠤᠬᠠᠢ ᠢᠮᠠᠭᠲᠠ ᠶᠢᠨ ᠥᠢᠯᠠᠭᠠᠯᠲᠠ ᠪᠠ ᠲᠠᠮᠵᠢᠯᠭᠡ ᠳᠤ ᠲᠠᠯᠠᠷᠬᠠᠵᠤ ᠪᠠᠶᠢᠨ᠎ᠠ᠃      ︵ᠬᠥᠲᠥᠯᠥᠭᠴᠢ︶ ᠤᠯᠠᠨ ᠳᠤ ᠤᠷᠢᠲᠠᠪᠠᠷ ᠮᠠᠨ ᠤ ᠬᠤᠲᠠ ᠶᠢᠨ《 ᠨᠢᠭᠡ ᠯᠡ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ ᠠᠬᠢᠭᠤᠯᠬᠤ ᠪᠤᠲᠠᠲᠤ ᠤᠳᠬ᠎ᠠ ᠠᠭᠤᠯᠭ᠎ᠠ ᠪᠠ ᠠᠯᠤᠰ ᠬᠡᠲᠤ ᠶᠢᠨ ᠤᠳᠬ᠎ᠠ ᠠᠭᠤᠯᠭ᠎ᠠ ᠶᠢ ᠤᠯᠠᠨ ᠳᠤ ᠤᠷᠢᠲᠠᠪᠠᠷ ᠲᠠᠨᠢᠯᠴᠠᠭᠤᠯᠤᠭᠠᠳ ᠥᠭᠬᠦ ᠪᠤᠯᠪᠠᠤ︖      ︵ᠯᠢ ᠡᠷᠬᠢᠯᠡᠭᠴᠢ︶《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ 2016 ᠤᠨ ᠤ 12 ᠰᠠᠷ᠎ᠠ ᠳᠤ ᠵᠧᠵᠢᠶᠠᠩ ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠤᠷᠲᠤᠨ ᠬᠠᠮᠤᠭ ᠲᠥᠷᠥᠬᠦᠤ ᠲᠤᠷᠠᠲᠤᠨ ᠭᠠᠷᠭᠠᠨ ᠬᠡᠷᠡᠭᠵᠢᠬᠦᠯᠥᠭᠰᠡᠨ ᠶᠤᠮ᠂ ᠡᠨᠡ ᠪᠤᠯ ᠰᠢ ᠶᠢᠨ ᠫᠢᠩ ᠶᠡᠷᠦᠩᠬᠡᠢ ᠱᠥᠵᠢ ᠵᠧᠵᠢᠶᠠᠩ ᠳᠤ ᠠᠵᠢᠯᠯᠠᠵᠤ ᠪᠠᠶᠢᠭᠰᠠ‌ᠥᠶ᠎ᠠ ᠳᠤ ᠰᠠᠨᠠᠭᠠᠴᠢᠯᠠᠭᠰᠠᠨ ᠪᠠᠶᠢᠭᠤᠯᠭ᠎ᠠ ᠶᠢᠨ ᠪᠥᠲᠥᠮᠵᠢ ᠶᠢᠨ ᠪᠠᠶᠢᠭᠤᠯᠤᠯᠲᠠ᠂ ᠵᠠᠰᠠᠭ ᠤᠨ ᠤᠷᠲᠤᠨ ᠤ ᠥᠪᠡᠷ ᠤᠨ ᠪᠡᠶ᠎ᠡ ᠶᠢᠨ ᠥᠭᠡᠷᠡᠴᠢᠯᠡᠯᠲᠡ ᠶᠢᠨ ᠲᠠᠬᠢᠨ ᠠᠬᠢᠭᠤᠯᠤᠯᠲᠠ ᠲᠠᠬᠢᠨ ᠬᠥᠨᠵᠡᠭᠡᠶᠢᠷᠡᠬᠦᠯᠥᠯᠲᠡ ᠪᠤᠯᠤᠨ᠎ᠠ᠂ ᠮᠥᠨ ᠴᠤ ᠰᠢ ᠶᠢᠨ ᠫᠢᠩ ᠶᠡᠷᠥᠩᠭᠡᠢ ᠱᠥᠵᠢ ᠶᠢᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠠᠷᠠᠳ ᠲᠥᠮᠡᠨ ᠢᠶᠠᠷ ᠭᠤᠤᠯ ᠪᠤᠯᠭᠠᠭᠰᠠᠨ ᠬᠥᠭᠵᠢᠬᠦᠯᠥᠯᠲᠡ ᠶᠢᠨ ᠥᠵᠡᠯ ᠰᠠᠨᠠᠭ᠎ᠠ ᠶᠢᠨ ᠬᠥᠨᠵᠡᠭᠡᠢ ᠥᠢᠯᠡᠲᠥᠯᠭᠡᠯᠵᠢᠬᠦᠯᠥᠯᠲᠡ ᠶᠢᠨ ᠵᠧᠵᠢᠶᠠᠩ ᠳᠠᠬᠢ ᠰᠥᠪᠡᠭᠴᠢᠯᠡᠯᠲᠡ ᠪᠤᠯᠤᠨ᠎ᠠ᠃《 ᠨᠢᠭᠡ ᠯᠠ ᠤᠲᠠᠭ᠎ᠠ ᠭᠥᠶᠥᠯᠭᠡᠬᠦ 》ᠪᠤᠯ ᠤᠯᠠᠨ ᠲᠥᠮᠠᠨ ᠪᠠ ᠠᠵᠤ ᠠᠬᠤᠶᠢᠯᠠᠯ ᠵᠠᠰᠠᠭ ᠤᠨ ᠤᠷᠲᠤᠨ ᠳᠤ ᠢᠷᠡᠵᠤ ᠭᠡᠷᠡᠭ ᠰᠢᠢᠳᠪᠥᠷᠢᠯᠭᠦᠯᠭᠦ ᠳᠤ᠂ ᠪᠡᠯᠡᠳᠭᠡᠭᠰᠡᠨ ᠪᠢᠴᠢᠭ ᠮᠠᠲ᠋ᠧᠷᠢᠶᠠᠯ ᠪᠥᠷᠢᠨ᠂ ᠬᠠᠤᠯᠢ ᠶᠤᠰᠤᠭᠠᠷ ᠬᠥᠯᠢᠶᠠᠨ ᠠᠪᠬᠤ ᠨᠥᠬᠦᠴᠡᠯ ᠳᠤ ᠲᠤᠬᠢᠷᠠᠭᠰᠠᠨ ᠪᠠᠶᠢᠲᠠᠯ ᠲᠤᠤᠷ᠎ᠠ᠂ ᠭᠤᠶᠤᠴᠢᠯᠠᠯ  ᠢ ᠬᠥᠯᠢᠶᠡᠨ ᠠᠪᠤᠭᠰᠠᠨ ᠠᠴᠠ ᠰᠢᠢᠳᠪᠥᠷᠢᠯᠡᠭᠰᠡᠨ ᠥᠷ᠎ᠡ ᠳ᠋ᠦᠩ ᠭᠠᠷᠭᠠᠬᠤ ᠪᠤᠯᠲᠠᠯᠠᠬᠢ ᠪᠥᠬᠦ ᠶᠠᠪᠤᠴᠠ ᠳᠤ ᠨᠢᠭᠡ ᠯᠡ ᠤᠲᠠᠭ᠎ᠠ ᠢᠷᠡᠭᠦᠯᠭᠦ ᠪᠤᠶᠤ ᠢᠷᠡᠭᠦᠯᠭᠦ ᠥᠭᠡᠢ ᠳᠤ ᠪᠤᠯᠬᠤ ᠶᠢ ᠬᠡᠯᠡᠨ᠎ᠡ᠃《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠪᠤᠯ ᠨᠢᠭᠡ ᠤᠲᠠᠭᠠᠨ ᠤ ᠠᠷᠠᠳ ᠲᠥᠮᠡᠨ ᠢᠶᠠᠷ ᠭᠤᠤᠯ ᠪᠤᠯᠭᠠᠭᠰᠠᠨ ᠥᠭᠡᠷᠡᠴᠢᠯᠡᠯᠲᠡ ᠪᠤᠯᠤᠨ᠎ᠠ᠂ ᠮᠥᠨ ᠨᠢᠭᠡ ᠤᠲᠠᠭᠠᠠ ᠤ ᠥᠢᠯᠠᠭᠠᠭᠲᠠᠬᠤᠨ᠂ ᠲᠥᠷᠢᠮ ᠲᠤᠭᠲᠠᠭᠠᠯ ᠠᠴᠠ ᠤᠪᠤᠷ ᠰᠤᠷᠲᠠᠯ ᠬᠥᠷᠲᠡᠯᠡᠬᠢ ᠪᠥᠬᠦ ᠲᠠᠯ᠎ᠠ ᠶᠢᠨ ᠬᠥᠨ ᠲᠠᠪᠬᠤᠷᠭ᠎ᠠ ᠶᠢᠨ ᠬᠤᠪᠢᠰᠤᠯᠲᠠ ᠪᠤᠯᠤᠨ᠎ᠠ᠂ ᠨᠠᠮ ᠤᠨ ᠪᠥᠬᠦ ᠰᠡᠳᠬᠢᠯ ᠪᠥᠬᠦ ᠵᠤᠷᠢᠭ ᠢᠶᠠᠷ ᠠᠷᠠᠳ ᠲᠥᠮᠡᠨ ᠳᠤ ᠥᠢᠯᠡᠴᠢᠯᠡᠬᠦ ᠥᠨᠲᠤᠰᠤᠨ ᠵᠠᠷᠴᠢᠮ ᠢ ᠢᠯᠡᠷᠡᠬᠦᠯᠵᠥ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠥᠨᠵᠡᠭᠡᠶᠢᠷᠡᠬᠦᠯᠬᠦ ᠥᠨᠲᠤᠰᠤᠨ ᠥᠷᠲᠡᠭ ᠤᠨ ᠬᠠᠨᠲᠤᠰᠢ ᠶᠢ ᠢᠯᠡᠷᠡᠬᠦᠯᠥᠭᠰᠡᠨ ᠪᠠᠶᠢᠨ᠎ᠠ᠃ ᠡᠶᠢᠮᠦ ᠠᠴᠠ᠂《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠯᠡᠲᠡ ᠶᠢ ᠠᠬᠢᠭᠤᠯᠬᠤ ᠨᠢ ᠮᠠᠨ ᠤ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠡ ᠴᠠᠭ ᠥᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠥᠵᠡᠯ ᠰᠠᠨᠠᠭ᠎ᠠ ᠶᠢ ᠤᠯᠠᠮ ᠴᠢᠨᠠᠭᠰᠢᠲᠠ ᠲᠤᠤᠱᠯᠠᠭᠤᠯᠤᠨ ᠨᠠᠶᠢᠲᠠᠪᠤᠷᠢᠵᠢᠭᠤᠯᠬᠤ᠂ ᠬᠥᠭᠵᠢᠬᠦᠯᠥᠯᠲᠡ ᠶᠢᠨ ᠤᠷᠴᠢᠨ ᠲᠤᠭᠤᠷᠢᠨ ᠢ ᠲᠠᠰᠤᠷᠠᠯᠲᠠ ᠥᠭᠡᠢ ᠰᠢᠯᠢᠲᠡᠭᠵᠢᠭᠦᠯᠬᠦ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠨᠡᠩ ᠲᠥᠷᠭᠡᠨ ᠨᠡᠩ ᠰᠠᠶᠢᠨ ᠬᠥᠭᠵᠢᠬᠦᠯᠥᠯᠲᠡ ᠶᠢ ᠠᠬᠢᠭᠤᠯᠬᠤ ᠳᠤ ᠴᠢᠬᠤᠯᠠ ᠪᠤᠲᠠᠲᠤ ᠠᠴᠢ ᠬᠤᠯᠪᠤᠭᠲᠠᠯ ᠲᠠᠢ ᠶᠤᠮ᠃      ︵ᠬᠥᠲᠥᠯᠥᠭᠴᠢ︶《 ᠨᠢᠭᠡ ᠯᠠ ᠤᠲᠠᠭ᠎ᠠ ᠭᠥᠶᠥᠯᠭᠡᠬᠦ 》 ᠥᠭᠡᠷᠡᠴᠢᠯᠡᠯᠲᠡ ᠶᠢ ᠠᠬᠢᠭᠤᠯᠬᠤ ᠠᠷᠠᠳ ᠤᠯᠠᠨ ᠤ ᠬᠡᠷᠡᠭ  ᠰᠢᠢᠳᠪᠤᠷᠢᠯᠡᠭᠦᠯᠭᠦ ᠳᠤ ᠶᠠᠮᠠᠷ ᠬᠤᠪᠢᠷᠠᠯᠲᠠ ᠠᠪᠴᠢᠷᠠᠭᠰᠠ ᠪᠤᠢ︖      ︵ᠯᠢ ᠡᠷᠬᠢᠯᠡᠭᠴᠢ︶ ᠲᠠ ᠪᠥᠬᠦᠨ ᠤ ᠮᠡᠲᠡᠵᠤ ᠪᠠᠶᠢᠬᠤ ᠪᠠᠷ᠂ ᠤᠷᠴᠢᠮ ᠤᠨ ᠵᠢᠯ ᠠᠴᠠ ᠨᠠᠰᠢ᠂ ᠮᠠᠨ ᠤ ᠬᠤᠲᠠ ᠶᠡᠭᠡ ᠬᠥᠴᠤᠨ ᠢᠶᠠᠷ ᠵᠠᠰᠠᠭ ᠢ ᠴᠣᠮᠬᠠᠳᠬᠠᠨ ᠡᠷᠭᠡ ᠶᠢ ᠲᠠᠯᠪᠢᠬᠤ᠂ ᠵᠠᠰᠠᠭ ᠤᠨ ᠤᠷᠲᠤᠨ ᠤ ᠴᠢᠲᠠᠪᠬᠢ ᠶᠢ ᠬᠤᠪᠢᠷᠠᠭᠤᠯᠬᠤ ᠪᠠᠷ ᠲᠠᠮᠵᠢᠨ᠂ ᠵᠠᠰᠠᠭ ᠵᠠᠬᠢᠷᠭᠠᠨ ᠤ ᠬᠢᠨᠠᠨ ᠵᠥᠪᠰᠢᠶᠠᠷᠡᠬᠦ ᠵᠥᠢᠯ ᠢ ᠴᠣᠮᠬᠠᠳᠬᠠᠬᠤ ᠪᠠ ᠡᠷᠭᠡ ᠶᠢ ᠲᠠᠯᠪᠢᠵᠤ᠂ ᠲᠥᠷᠪᠡᠨ ᠱᠠᠲᠤᠨ ᠤ ᠵᠠᠰᠠᠭ ᠤᠨ ᠶᠠᠪᠤᠲᠠᠯ ᠤᠨ ᠥᠢᠯᠡᠴᠢᠯᠡᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠢᠲᠡᠪᠬᠢᠲᠡᠢ ᠠᠬᠢᠭᠤᠯᠵᠤ᠂ ᠡᠯ᠎ᠡ ᠱᠠᠲᠤᠨ ᠤ ᠵᠠᠰᠠᠭ ᠤᠨ ᠶᠠᠪᠤᠲᠠᠯ ᠤᠨ ᠥᠢᠯᠡᠴᠢᠯᠡᠭᠡ ᠶᠢᠨ ᠲᠥᠪ ᠪᠠᠶᠢᠭᠤᠯᠵᠤ᠂ ᠭᠡᠷᠡᠭ ᠡᠷᠬᠢᠯᠡᠬᠦ ᠭᠠᠵᠠᠷ ᠪᠠ ᠠᠵᠢᠯᠲᠠᠨ ᠢ ᠲᠥᠪᠯᠡᠷᠡᠬᠦᠯᠥᠨ᠂ ᠬᠡᠷᠡᠭ ᠡᠷᠬᠢᠯᠡᠬᠦ ᠶᠠᠪᠤᠴᠠ ᠪᠠ ᠬᠤᠭᠤᠴᠠᠭ᠎ᠠ ᠶᠢᠨ ᠬᠢᠵᠠᠭᠠᠷ ᠢ ᠢᠯᠠ ᠪᠤᠯᠭᠠᠵᠤ᠂ ᠤᠯᠠᠨ ᠲᠥᠮᠡᠨ ᠤ ᠬᠡᠷᠡᠭ ᠰᠢᠢᠳᠪᠥᠷᠢᠯᠬᠦᠯᠬᠦ ᠳᠤ ᠥᠨᠡᠨᠬᠦ ᠲᠥᠬᠦᠮ ᠪᠠ ᠰᠠᠶᠢᠨ ᠲᠠᠯ᠎ᠠ ᠠᠪᠴᠢᠷᠠᠨ ᠥᠭᠴᠦ᠂ ᠤᠯᠠᠨ ᠲᠥᠮᠠᠨ ᠤ ᠢᠷᠡᠵᠤ ᠭᠡᠷᠡᠭ ᠰᠢᠢᠳᠪᠥᠷᠢᠯᠡᠭᠦᠯᠭᠦ ᠳᠤ ᠨᠡᠩ ᠤᠯᠠᠨ《 ᠤᠯᠤᠯᠲᠠ ᠶᠢᠨ ᠲᠥᠷᠥᠭᠲᠡᠯ 》 ᠲᠠᠢ ᠪᠤᠯᠪᠠ᠃ ᠭᠡᠪᠡᠴᠤ ᠤᠯᠠᠨ ᠲᠥᠮᠡᠨ ᠤ ᠲᠤᠰᠬᠠᠭᠰᠠᠨ《 ᠬᠡᠷᠡᠭ ᠰᠢᠢᠳᠪᠤᠷᠢᠯᠡᠬᠦ ᠤᠲᠠᠭᠠᠨ᠂ ᠬᠡᠷᠡᠭ ᠰᠢᠢᠳᠪᠤᠷᠢᠯᠡᠬᠦ ᠶᠠᠷᠰᠢᠭᠲᠠᠢ᠂ ᠬᠡᠷᠡᠭ ᠰᠢᠢᠳᠪᠤᠷᠢᠯᠡᠬᠦ ᠬᠥᠴᠢᠷ ᠲᠠᠢ 》ᠠᠰᠠᠭᠤᠲᠠᠯ ᠮᠥᠨ ᠴᠤ ᠠᠳᠠᠯᠢ ᠪᠤᠰᠤ ᠬᠡᠮᠵᠢᠶ᠎ᠠ ᠪᠠᠷ ᠤᠷᠤᠰᠢᠵᠤ ᠪᠠᠶᠢᠬᠤ ᠶᠢ ᠥᠭᠡᠶᠢᠰᠭᠡᠵᠤ ᠴᠢᠲᠠᠬᠤ ᠥᠭᠡᠢ᠂ ᠨᠢᠭᠡ ᠬᠡᠷᠡᠭ ᠢ ᠰᠢᠢᠳᠪᠥᠷᠢᠯᠡᠭᠦᠯᠭᠦ ᠳᠤ ᠶᠡᠷᠤ ᠨᠢ ᠬᠠᠮᠢᠶ᠎ᠠ ᠪᠥᠬᠦᠢ ᠰᠠᠯᠠᠭ᠎ᠠ ᠮᠥᠴᠢᠷ ᠳᠤ ᠤᠯᠠᠨ ᠤᠲᠠᠭ᠎ᠠ ᠬᠥᠷᠥᠭᠡᠳ ᠴᠠᠭ ᠬᠥᠴᠤ ᠪᠠᠷᠠᠬᠤ ᠮᠥᠷᠲᠡᠭᠡᠨ ᠪᠠᠰᠠ ᠰᠡᠳᠬᠢᠯ ᠵᠤᠪᠠᠨ᠎ᠠ᠃ ᠪᠠᠰᠠ ᠰᠠᠯᠠᠭ᠎ᠠ ᠮᠥᠴᠢᠷ ᠨᠦᠭᠦᠳ ᠤᠨ ᠬᠤᠭᠤᠷᠤᠨᠲᠤᠬᠢ ᠲᠥᠷᠢᠮ ᠭᠤᠷᠢᠮ ᠢ ᠡᠪᠲᠡᠭᠡᠲᠤᠢ᠂ ᠤᠯᠠᠨ ᠰᠠᠯᠠᠭ᠎ᠠ ᠮᠥᠴᠢᠷ᠂ ᠤᠯᠠᠨ ᠰᠠᠯᠠᠭ᠎ᠠ ᠲᠠᠰᠤᠭ ᠲᠤ ᠬᠤᠯᠪᠤᠭᠲᠠᠬᠤ ᠭᠡᠷᠡᠭ ᠲᠤᠬᠢᠶᠠᠯᠲᠤᠪᠠᠯ᠂ ᠤᠯᠠᠨ ᠲᠥᠮᠡᠨ ᠤᠲᠠᠭ᠎ᠠ ᠲᠠᠷᠠᠭ᠎ᠠ ᠪᠠᠷ ᠬᠥᠷᠴᠤ᠂ ᠤᠲᠠᠭ᠎ᠠ ᠲᠠᠷᠠᠭ᠎ᠠ ᠬᠡᠯᠡ ᠠᠮᠠ ᠪᠠᠷᠠᠨ᠎ᠠ᠂ ᠵᠠᠷᠢᠮ ᠬᠡᠷᠡᠭ ᠰᠢᠢᠳᠪᠥᠷᠢᠯᠡᠭᠦᠯᠥᠭᠰᠡᠨ ᠤᠯᠠᠨ ᠲᠥᠮᠡᠨ《 ᠵᠠᠮ ᠳ᠋ᠭᠠᠨ ᠬᠡᠵᠢᠶᠠᠲᠠ ᠶᠠᠪᠤᠵᠤ ᠪᠠᠶᠢᠨ᠎ᠠ 》ᠬᠡᠵᠤ ᠪᠡᠶ᠎ᠡ ᠪᠠᠨ ᠱᠤᠭᠯᠠᠲᠠᠭ᠃《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ ᠠᠬᠢᠭᠤᠯᠬᠤ ᠳᠤ ᠤᠯᠠᠨ ᠲᠥᠮᠡᠨ ᠤ ᠬᠡᠷᠡᠭᠴᠡᠭᠡ ᠡᠴᠡ‌ᠡᠭᠦᠰᠴᠤ᠂ ᠬᠡᠷᠡᠭ ᠰᠢᠢᠳᠪᠤᠷᠢᠯᠡᠬᠦ ᠶᠢᠨ ᠲᠥᠯᠥᠭᠡ ᠬᠤᠪᠢᠷᠠᠭᠤᠯᠤᠨ᠎ᠠ᠂  ᠬᠡᠷᠡᠭᠴᠡᠭᠡ ᠪᠠᠷ ᠤᠲᠤᠷᠢᠲᠤᠮᠵᠢ ᠪᠤᠯᠭᠠᠵᠤ᠂ ᠠᠰᠠᠭᠤᠲᠠᠯ ᠢᠶᠠᠷ ᠤᠲᠤᠷᠢᠲᠤᠮᠵᠢ ᠪᠤᠯᠭᠠᠵᠤ᠂ ᠥᠢᠯᠡᠴᠢᠯᠡᠭᠡ ᠪᠠᠷ ᠤᠲᠤᠷᠢᠲᠤᠮᠵᠢ ᠪᠤᠯᠭᠠᠵᠤ᠂ ᠪᠥᠲᠤᠮᠵᠢ ᠪᠠᠷ ᠤᠲᠤᠷᠢᠲᠤᠮᠵᠢ ᠪᠤᠯᠭᠠᠬᠤ ᠶᠢ ᠪᠠᠷᠢᠮᠲᠠᠯᠠᠵᠤ᠂ ᠤᠯᠠᠨ ᠲᠥᠮᠡᠨ ᠤ ᠥᠢᠯᠡᠳᠪᠤᠷᠢᠯᠠᠯ ᠠᠮᠢᠲᠤᠷᠠᠯ ᠲᠠᠢ ᠬᠠᠮᠤᠭ ᠨᠢᠭᠲᠠ ᠬᠤᠯᠪᠤᠭ᠎ᠠ ᠲᠠᠢ ᠬᠥᠷᠢᠶ᠎ᠠ ᠬᠡᠪᠴᠢᠶ᠎ᠠ ᠪᠠ ᠵᠥᠢᠯ ᠠᠴᠠ ᠡᠬᠢᠯᠡᠨ ᠬᠢᠵᠤ᠂ ᠤᠯᠠᠨ ᠲᠥᠮᠡᠨ ᠲᠤᠰᠬᠠᠯ ᠬᠠᠮᠤᠭ ᠰᠥᠷᠡᠬᠡᠢ᠂ ᠰᠢᠢᠳᠪᠥᠷᠢᠯᠡᠭᠦᠯᠭᠦ ᠪᠠᠷ ᠬᠠᠮᠤᠭ ᠡᠷᠡᠮᠡᠯᠵᠡᠵᠦ ᠪᠠᠶᠢᠭ᠎ᠠ᠂ ᠰᠢᠢᠳᠪᠤᠷᠢᠯᠡᠬᠦ ᠳᠤ ᠬᠠᠮᠤᠭ ᠬᠥᠴᠢᠷᠲᠡᠢ ᠵᠥᠢᠯ ᠤᠨ ᠲᠠᠯ᠎ᠠ ᠪᠠᠷ ᠰᠢᠪᠲᠤᠯᠤᠯᠲᠠ ᠬᠢᠵᠤ᠂《 ᠤᠯᠠᠨ ᠲᠥᠮᠡᠨ ᠬᠥᠶᠥᠬᠦ 》 ᠶᠢ《 ᠰᠠᠯᠠᠭ᠎ᠠ ᠮᠥᠴᠢᠷ ᠬᠥᠶᠥᠬᠦ 》ᠪᠤᠯᠭᠠᠨ᠂《 ᠤᠯᠠᠨ ᠤᠲᠠᠭ᠎ᠠ ᠬᠥᠶᠥᠬᠦ 》 ᠶᠢ《 ᠨᠢᠭᠡ ᠯᠠ ᠤᠲᠠᠭ᠎ᠠ ᠬᠥᠶᠤᠬᠦ 》ᠪᠤᠯᠭᠠᠨ ᠬᠤᠪᠢᠷᠠᠭᠤᠯᠤᠨ᠂《 ᠬᠡᠵᠢᠶᠡᠲᠡ ᠵᠠᠮ ᠲᠡᠭᠡᠷ᠎ᠡ ᠶᠠᠪᠤᠭ᠎ᠠ 》ᠪᠠᠶᠢᠲᠠᠯ ᠢ ᠡᠴᠥᠰᠯᠡᠭᠦᠯᠵᠤ᠂ ᠤᠯᠠᠨ ᠲᠥᠮᠡᠨ ᠵᠠᠰᠠᠭ ᠤᠨ ᠤᠷᠲᠤᠨ ᠳᠤ ᠬᠥᠷᠴᠤ ᠬᠡᠷᠡᠭ ᠰᠢᠢᠳᠪᠥᠷᠢᠯᠡᠭᠦᠯᠭᠦ  ᠳᠤ《 ᠨᠢᠭᠡ ᠤᠲᠠᠭ᠎ᠠ ᠯᠠ ᠤᠲᠠᠭ᠎ᠠ ᠭᠥᠶᠥᠬᠦ ᠪᠤᠯ ᠬᠡᠪ ᠤᠨ ᠪᠠᠶᠢᠲᠠᠯ᠂ ᠤᠯᠠᠨ ᠤᠲᠠᠭ᠎ᠠ ᠭᠥᠶᠥᠯᠭᠡᠬᠦ ᠤᠨᠴᠠᠭᠠᠢ ᠪᠠᠶᠢᠲᠠᠯ 》ᠪᠤᠯᠭᠠᠬᠤ ᠪᠠᠷ ᠴᠢᠷᠮᠠᠶᠢᠵᠤ᠂ ᠤᠯᠠᠨ ᠲᠥᠮᠡᠨ ᠳᠤ ᠭᠡᠷᠡᠭ ᠰᠢᠢᠳᠪᠥᠷᠢᠯᠡᠭᠦᠯᠭᠦ ᠳᠡᠭᠡᠨ ᠲᠠᠭᠠᠲᠠᠢ᠂ ᠤᠷᠤᠭᠰᠢᠲᠠᠢ᠂ ᠰᠡᠳᠬᠢᠯ ᠳᠤ ᠨᠡᠶᠢᠴᠡᠭᠰᠡᠨ ᠲᠥᠷᠥᠭᠲᠡᠯ ᠲᠠᠢ ᠪᠤᠯᠭᠠᠵᠤ᠂《 ᠲᠠᠯᠪᠢᠬᠤ ᠬᠠᠮᠢᠶᠠᠷᠬᠤ ᠥᠢᠯᠡᠴᠢᠯᠡᠬᠦ 》ᠥᠭᠡᠷᠡᠴᠢᠯᠡᠯᠲᠡ ᠳᠤ ᠥᠭᠡᠷᠡᠴᠢᠯᠡᠯᠲᠡ ᠶᠢᠨ ᠠᠰᠢᠭ ᠢ ᠬᠥᠷᠲᠡᠭᠡᠵᠤ᠂ ᠨᠡᠩ ᠠᠷᠪᠢᠨ ᠪᠤᠲᠠᠲᠤ ᠠᠵᠢᠯᠯᠠᠭ᠎ᠠ ᠪᠠᠷ ᠤᠯᠠᠨ ᠲᠥᠮᠡᠨ ᠤ ᠪᠤᠲᠠᠲᠠᠢ ᠤᠯᠤᠯᠲᠠ ᠶᠢᠨ ᠲᠥᠷᠥᠭᠲᠡᠯ ᠢ ᠨᠡᠮᠡᠭᠲᠡᠬᠦᠯᠥᠨ᠎ᠡ᠃ ᠨᠡᠨ ᠪᠤᠯ《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢᠨ ᠬᠠᠮᠤᠭ ᠤᠨ ᠢᠯᠡᠷᠭᠡᠢ ᠤᠲᠤᠷᠢᠲᠤᠮᠵᠢ ᠪᠤᠯᠤᠨ᠎ᠠ᠂  ᠮᠥᠨ ᠴᠤ ᠬᠠᠮᠤᠭ ᠤᠨ ᠥᠨᠲᠤᠰᠤᠨ ᠡᠬᠢᠯᠡᠯᠲᠡ ᠪᠠ ᠵᠤᠭᠰᠤᠴᠨ ᠪᠤᠯᠤᠨ᠎ᠠ᠃      ︵ᠬᠥᠲᠥᠯᠥᠭᠴᠢ︶《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ ᠠᠬᠢᠭᠤᠯᠬᠤ  ᠮᠠᠨ ᠤ ᠵᠠᠰᠠᠭ ᠤᠨ ᠤᠷᠲᠤᠨ ᠤ ᠥᠪᠡᠷ ᠤᠨ ᠪᠡᠶ᠎ᠡ ᠶᠢᠨ ᠥᠭᠡᠷᠡᠴᠢᠯᠡᠯᠲᠡ ᠳᠤ ᠶᠠᠮᠠᠷ ᠬᠤᠪᠢᠷᠠᠯᠲᠠ  ᠭᠠᠷᠭᠠᠬᠤ ᠪᠤᠢ︖      ︵ᠯᠢ ᠡᠷᠬᠢᠯᠡᠭᠴᠢ︶  ᠮᠢᠨᠤ ᠥᠵᠡᠬᠦ ᠪᠠᠷ᠂《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠪᠤᠯ ᠵᠠᠰᠠᠭ ᠤᠨ ᠤᠷᠲᠤᠨ ᠤ ᠥᠪᠡᠷ ᠤᠨ ᠪᠡᠶ᠎ᠡ ᠶᠢᠨ ᠥᠭᠡᠷᠡᠴᠢᠯᠡᠯᠲᠡ ᠶᠢᠨ ᠪᠤᠲᠠᠲᠤ ᠬᠡᠷᠡᠭᠴᠡᠭᠡ ᠮᠥᠨ᠃ ᠶᠠᠭᠤᠨ ᠳᠤ ᠢᠩᠬᠢᠵᠤ ᠬᠡᠯᠡᠬᠦ ᠪᠤᠢ︖ ᠤᠴᠢᠷ ᠨᠢ《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠪᠤᠯ ᠮᠠᠨ ᠤ ᠬᠤᠲᠠ ᠶᠢᠨ ᠲᠥᠪ ᠬᠤᠷᠢᠶ᠎ᠠ᠂ ᠲᠥᠷᠤ ᠶᠢᠨ ᠶᠠᠪᠤᠲᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠲᠤᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠥᠨᠵᠡᠭᠡᠶᠢᠷᠡᠬᠦᠯᠬᠦ ᠰᠢᠢᠳᠪᠤᠷᠢᠲᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢᠨ ᠪᠤᠲᠠᠲᠠᠢ ᠠᠵᠢᠯᠯᠠᠭ᠎ᠠ ᠪᠤᠯᠤᠨ᠎ᠠ᠂ ᠮᠥᠨ ᠵᠠᠰᠠᠭ ᠤᠨ ᠤᠷᠲᠤᠨ ᠤ ᠴᠢᠲᠠᠪᠬᠢ ᠬᠤᠪᠢᠷᠠᠭᠤᠯᠬᠤ ᠶᠢ ᠠᠬᠢᠭᠤᠯᠤᠯᠲᠠ ᠶᠢᠨ ᠴᠢᠬᠤᠯᠠ ᠭᠠᠷᠤᠭ᠎ᠠ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ᠂ ᠲᠥᠷᠤ ᠶᠢᠨ ᠶᠠᠪᠤᠲᠠᠯ ᠤᠨ ᠬᠤᠷᠢᠶ᠎ᠠ ᠵᠠᠰᠠᠭ ᠤᠨ ᠤᠷᠲᠤᠨ ᠤ《 ᠲᠠᠯᠪᠢᠬᠤ  ᠬᠠᠮᠢᠶᠠᠷᠠᠬᠤ  ᠥᠢᠯᠡᠴᠢᠯᠡᠬᠦ 》ᠥᠭᠡᠷᠡᠴᠢᠯᠡᠯᠲᠡ ᠶᠢ ᠲᠥᠷᠭᠡᠨ ᠠᠬᠢᠭᠤᠯᠵᠤ᠂ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠲᠡᠭᠡᠷ᠎ᠡ ᠮᠥᠨ ᠵᠠᠰᠠᠭ ᠤᠨ ᠤᠷᠲᠤᠨ ᠤ《 ᠲᠠᠯᠪᠢᠬᠤ ᠬᠠᠮᠢᠶᠠᠷᠠᠬᠤ ᠥᠢᠯᠡᠴᠢᠯᠡᠬᠦ 》ᠥᠭᠡᠷᠡᠴᠢᠯᠡᠯᠲᠡ ᠶᠢ ᠴᠢᠨᠠᠭᠰᠢᠲᠠ ᠠᠬᠢᠭᠤᠯᠬᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠨᠠᠮ ᠤᠨ ᠲᠥᠪ ᠬᠤᠷᠢᠶ᠎ᠠ᠂ ᠲᠥᠷᠤ ᠶᠢᠨ ᠶᠠᠪᠤᠲᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠲᠤᠨ ᠤ ᠰᠢᠢᠳᠪᠤᠷᠢᠲᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ ᠬᠠᠩᠭᠠᠯᠭ᠎ᠠ ᠶᠢᠨ ᠪᠥᠲᠤᠴᠨ ᠶᠢᠨ ᠴᠢᠨᠠᠷ ᠲᠠᠢ ᠥᠭᠡᠷᠡᠴᠢᠯᠡᠯᠲᠡ᠂ ᠬᠥᠭᠵᠢᠭᠦᠯᠥᠯᠲᠡ ᠶᠢᠨ ᠤᠷᠴᠢᠨ ᠲᠤᠭᠤᠷᠢᠨ ᠢ ᠰᠢᠯᠢᠲᠡᠭᠵᠢᠬᠦᠯᠬᠦ᠂ ᠰᠢᠨ᠎ᠡ ᠡᠭᠦᠲᠥᠯᠲᠡ ᠶᠢᠨ ᠠᠮᠢᠵᠢᠷᠠᠯ ᠤᠨ ᠬᠥᠴᠤᠨ ᠤ ᠬᠥᠭᠵᠢᠯᠲᠡ ᠶᠢ ᠠᠬᠢᠭᠤᠯᠬᠤ ᠪᠠᠶᠢᠯᠲᠤᠬᠤ ᠪᠤᠲᠤᠯᠭ᠎ᠠ ᠶᠢᠨ ᠠᠷᠭ᠎ᠠ ᠪᠠᠷᠢᠯ ᠪᠤᠯᠭᠠᠪᠠ᠃ ᠡᠨᠡ ᠵᠢᠯ ᠤᠨ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠳᠤ ᠪᠠᠰᠠ  ᠄《 ᠲᠠᠯᠪᠢᠬᠤ  ᠬᠠᠮᠢᠶᠠᠷᠬᠤ  ᠥᠢᠯᠡᠴᠢᠯᠡᠬᠦ 》ᠥᠭᠡᠷᠡᠴᠢᠯᠡᠯᠲᠡ ᠶᠢ ᠭᠥᠨᠵᠡᠭᠡᠶᠢᠷᠡᠬᠦᠯᠥᠨ᠂《 ᠬᠠᠮᠤᠭ ᠤᠯᠡᠨ ᠳᠠᠭᠠᠨ ᠨᠢᠭᠡ ᠤᠲᠠᠭ᠎ᠠ ᠬᠥᠶᠥᠬᠦ 》ᠥᠭᠡᠷᠡᠴᠢᠯᠡᠯᠲᠡ ᠶᠢ ᠰᠥᠪᠡᠭᠴᠢᠯᠡᠡ ᠠᠬᠢᠭᠤᠯᠵᠤ᠂《 ᠨᠢᠭᠡ ᠯᠠ ᠤᠲᠠᠭ᠎ᠠ ᠭᠥᠶᠥᠯᠭᠡᠬᠦ》ᠥᠭᠡᠷᠡᠴᠢᠯᠡᠯᠲᠡ ᠪᠠᠷ ᠰᠠᠭᠤᠷᠢᠯᠠᠨ ᠵᠠᠰᠠᠭ ᠤᠨ ᠤᠷᠲᠤᠨ ᠤ ᠥᠪᠡᠷ ᠤᠨ ᠪᠡᠶ᠎ᠡ ᠶᠢᠨ ᠥᠭᠡᠷᠡᠴᠢᠯᠡᠯᠲᠡ ᠶᠢ ᠠᠬᠢᠭᠤᠯᠤᠨ᠎ᠠ ᠭᠡᠵᠤ ᠲᠤᠲᠤᠷᠬᠠᠢ ᠲᠤᠷᠠᠲᠤᠭᠰᠠᠨ ᠪᠠᠶᠢᠨ᠎ᠠ᠃ ᠠᠲᠡ ᠪᠢ ᠴᠢᠬᠤᠯᠠᠴᠢᠯᠬᠠᠤ ᠨᠢ᠂ ᠪᠢᠲᠠ《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢᠨ ᠠᠬᠢᠭᠤᠯᠤᠯᠲᠠ ᠲᠤᠮᠲᠠ ᠡᠷᠬᠡᠪᠰᠢ ᠪᠠᠶᠢᠷᠢ ᠰᠤᠯᠢᠨ ᠪᠤᠲᠤᠯᠬᠢᠯᠠᠬᠤ ᠶᠢ ᠪᠠᠷᠢᠮᠲᠠᠯᠠᠵᠤ᠂ ᠤᠯᠠᠨ ᠲᠥᠮᠠᠨ ᠤ ᠬᠠᠷᠠᠭᠠᠨ ᠠᠴᠠ ᠵᠠᠰᠠᠭ ᠤᠨ ᠤᠷᠲᠤᠨ ᠤ ᠥᠭᠡᠷᠡᠴᠢᠯᠡᠯᠲᠡ ᠶᠢ ᠰᠡᠳᠬᠢᠵᠤ᠂ ᠤᠯᠠᠨ ᠲᠥᠮᠡᠨ ᠤ ᠬᠡᠯᠡᠯᠴᠡᠭᠡ ᠪᠠᠷ ᠥᠭᠡᠷᠡᠴᠢᠯᠡᠯᠲᠡ ᠶᠢᠨ ᠬᠠᠷᠠᠯᠲᠠ ᠶᠢ ᠲᠤᠭᠲᠠᠭᠠᠨ᠂ ᠤᠯᠠᠨ ᠲᠥᠮᠡᠨ ᠤ ᠲᠥᠷᠥᠭᠲᠡᠯ ᠢᠶᠠᠷ ᠥᠭᠡᠷᠡᠴᠢᠯᠡᠯᠲᠡ ᠶᠢᠨ ᠪᠠᠷᠢᠮᠵᠢᠶ᠎ᠠ ᠶᠢ ᠲᠤᠭᠲᠠᠭᠠᠵᠤ᠂《 ᠬᠢᠨᠡᠨ ᠵᠥᠪᠰᠢᠶᠡᠷᠡᠬᠦ ᠵᠥᠢᠯ ᠬᠠᠮᠤᠭ ᠤᠨ ᠴᠥᠭᠡᠨ ᠪᠠᠭ᠎ᠠ᠂ ᠭᠡᠷᠡᠭ ᠰᠢᠢᠳᠪᠤᠷᠢᠯᠡᠬᠦ ᠪᠥᠲᠤᠮᠵᠢ ᠬᠠᠮᠤᠭ ᠤᠨ ᠥᠨᠲᠤᠷ᠂ ᠵᠠᠰᠠᠭ ᠤᠨ ᠶᠠᠪᠤᠲᠠᠯ ᠤᠨ ᠤᠷᠴᠢᠨ ᠬᠠᠮᠤᠭ ᠤᠨ ᠰᠢᠯᠢᠲᠡᠭ᠂ ᠤᠯᠠᠨ ᠲᠥᠮᠡᠨ ᠪᠠ ᠠᠵᠤ ᠠᠬᠤᠶᠢᠯᠠᠯ ᠤᠨ ᠤᠯᠤᠯᠲᠠ ᠶᠢᠨ ᠲᠥᠷᠤᠭ᠍ᠲᠡᠯ ᠬᠠᠮᠤᠭ ᠤᠨ ᠠᠷᠪᠢᠨ 》ᠭᠠᠵᠠᠷ ᠤᠷᠤᠨ ᠪᠤᠯᠭᠠᠨ ᠴᠢᠷᠮᠠᠶᠢᠨ ᠴᠤᠭᠴᠠᠯᠠᠨ᠎ᠠ᠃ ᠬᠠᠮᠲᠤ ᠳᠤᠨᠢ᠂ ᠡᠨᠡᠬᠦ ᠥᠭᠡᠷᠡᠴᠢᠯᠡᠯᠲᠡ ᠶᠢᠨ ᠬᠢᠨᠠᠯᠲᠠ ᠶᠢᠨ ᠡᠷᠭᠡ ᠤᠯᠠᠨ ᠲᠥᠮᠠᠨ ᠳᠤ ᠪᠠᠶᠢᠨ᠎ᠠ᠂《 ᠥᠢᠯᠡᠲᠥᠯᠭᠡ ᠪᠠᠷ ᠰᠢᠯᠭᠠᠨ ᠪᠠᠶᠢᠴᠠᠭᠠᠬᠤ᠂ ᠥᠨᠲᠤᠰᠤᠨ ᠱᠠᠲᠤ ᠪᠠᠷ ᠬᠢᠨᠠᠯᠲᠠ ᠥᠭᠬᠦᠯᠬᠦ᠂ ᠤᠯᠠᠨ ᠲᠥᠮᠠᠨ ᠢᠶᠠᠷ ᠬᠤᠪᠢ ᠥᠭᠬᠦᠯᠬᠦ 》 ᠶᠢ ᠪᠠᠷᠢᠮᠲᠠᠯᠠᠨ᠂ ᠥᠪᠡᠷ ᠤᠨ ᠪᠠᠶ᠎ᠡ ᠪᠠᠨ ᠥᠨᠡᠯᠡᠬᠦ ᠶᠢ ᠤᠯᠠᠨ ᠲᠥᠮᠡᠨ ᠢᠶᠠᠷ ᠥᠨᠡᠯᠡᠬᠦᠯᠬᠦ ᠪᠤᠯᠭᠠᠨ ᠬᠤᠪᠢᠷᠠᠭᠤᠯᠵᠤ᠂ ᠤᠯᠠᠨ ᠲᠥᠮᠡᠨ ᠬᠠᠷᠠᠵᠤ ᠪᠠᠶᠢᠭᠰᠠ ᠢ ᠤᠯᠠᠨ ᠲᠥᠮᠡᠨ ᠤᠷᠤᠯᠴᠠᠬᠤ ᠪᠤᠯᠭᠠᠨ ᠬᠤᠪᠢᠷᠠᠭᠤᠯᠵᠤ᠂ ᠤᠯᠠᠨ ᠲᠥᠮᠡᠨ ᠢ ᠥᠭᠡᠷᠡᠴᠢᠯᠡᠯᠲᠡ ᠶᠢᠨ ᠱᠠᠭᠠᠷᠲᠠᠭᠴᠢ᠂ ᠬᠢᠨᠠᠭᠴᠢ᠂ ᠠᠬᠢᠭᠤᠯᠤᠭᠴᠢ ᠪᠤᠯᠭᠠᠨ᠎ᠠ ᠭᠡᠲᠡᠭ ᠢ ᠪᠢᠲᠠ ᠰᠡᠷᠭᠡᠭ ᠲᠠᠨᠢᠭᠰᠠᠨ ᠪᠠᠶᠢᠨ᠎ᠠ᠃ ᠥᠢᠯᠡᠲᠥᠯᠭᠡ ᠭᠡᠷᠡᠴᠢᠯᠡᠭᠰᠡᠨ ᠢᠶᠠᠷ᠂ ᠤᠯᠠᠨ ᠲᠥᠮᠡᠨ ᠤ ᠬᠥᠷᠲᠡᠭᠰᠡᠨ《 ᠪᠠᠭ᠎ᠠ ᠬᠤᠪᠢᠷᠠᠯᠲᠠ 》ᠵᠠᠰᠠᠭ ᠤᠨ ᠤᠷᠲᠤᠨ ᠤ ᠠᠵᠢᠯ ᠳᠤ《 ᠶᠡᠭᠡ ᠬᠤᠪᠢᠰᠤᠯᠲᠠ 》 ᠶᠢ ᠠᠪᠴᠢᠷᠠᠵᠤ  ᠥᠭᠭᠦᠭᠰᠡᠨ ᠪᠠᠶᠢᠨ᠎ᠠ᠃《 ᠤᠯᠠᠨ ᠤᠲᠠᠭ᠎ᠠ ᠬᠥᠶᠥᠬᠦ 》 ᠠᠴᠠ《 ᠨᠢᠭᠡ ᠯᠠ ᠤᠲᠠᠭ᠎ᠠ ᠬᠥᠶᠥᠬᠦ 》 ᠪᠤᠯᠤᠭᠰᠠᠨ ᠬᠤᠪᠢᠷᠠᠯᠲᠠ ᠲᠥᠬᠦᠮ ᠲᠤᠭᠠᠨ ᠤ ᠬᠤᠪᠢᠷᠠᠯᠲᠠ ᠲᠡᠲᠤᠢ ᠪᠢᠰᠢ᠂ ᠲᠡᠭᠦᠨ ᠤ ᠠᠪᠴᠢᠷᠠᠭᠰᠠ ᠨᠢ ᠵᠠᠰᠠᠭ ᠤᠨ ᠤᠷᠲᠤᠨ ᠤ ᠴᠢᠲᠠᠪᠬᠢ ᠶᠢᠨ ᠭᠥᠨᠵᠡᠭᠡᠢ ᠬᠤᠪᠢᠷᠠᠯᠲᠠ᠂ ᠡᠷᠭᠡ ᠬᠡᠷᠡᠭᠵᠢᠬᠦᠯᠬᠦ ᠬᠡᠯᠪᠡᠷᠢ ᠶᠢᠨ ᠬᠥᠨᠵᠡᠬᠡᠢ ᠬᠤᠪᠢᠰᠤᠯᠲᠠ ᠮᠥᠨ᠃ ᠨᠡᠨ ᠨᠢ《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢᠨ ᠬᠠᠮᠤᠭ ᠢᠯᠡᠷᠭᠡᠢ ᠤᠨᠴᠠᠯᠢᠭ  ᠪᠤᠯᠤᠨ᠎ᠠ᠂ ᠮᠥᠨ《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ ᠠᠬᠢᠭᠤᠯᠬᠤ ᠴᠢᠬᠤᠯᠠ ᠬᠥᠲᠡᠯᠭᠡᠭᠴᠢ ᠬᠥᠴᠤᠨ ᠪᠤᠯᠤᠨ᠎ᠠ᠃      ︵ᠬᠥᠲᠥᠯᠥᠭᠴᠢ︶ 《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ ᠠᠬᠢᠭᠤᠯᠬᠤ ᠮᠠᠨ ᠤ ᠺᠠᠳ᠋ᠷ ᠤᠨ ᠤᠪᠤᠷ ᠰᠤᠷᠲᠠᠯ ᠳᠤ ᠶᠠᠮᠠᠷ ᠪᠤᠲᠠᠲᠠᠢ ᠥᠢᠯᠡᠲᠤᠯ ᠥᠵᠡᠬᠦᠯᠥᠭᠰᠡᠨ ᠪᠤᠢ︖       ︵ᠯᠢ ᠡᠷᠬᠢᠯᠡᠭᠴᠢ︶ ᠮᠢᠨᠤ ᠥᠵᠡᠬᠦ ᠪᠠᠷ᠂ ᠡᠨᠡ ᠪᠤᠯ ᠺᠠᠳ᠋ᠷ ᠤᠨ ᠤᠪᠤᠷ ᠰᠤᠷᠲᠠᠯ ᠢ ᠰᠢᠬᠠᠨ ᠬᠤᠪᠢᠷᠠᠭᠤᠯᠬᠤ ᠪᠠᠴᠢᠮ ᠬᠡᠷᠡᠭᠴᠡᠭᠡ ᠪᠤᠯᠤᠨ᠎ᠠ᠃ ᠤᠴᠢᠷ ᠨᠢ᠂《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢᠨ ᠢᠯᠡᠷᠡᠬᠦᠯᠥᠭᠰᠡᠨ ᠤᠪᠤᠷ ᠰᠤᠷᠲᠠᠯ ᠪᠤᠯ ᠤᠯᠠᠨ ᠲᠥᠮᠡᠨ ᠤ ᠪᠤᠲᠤᠭᠰᠠᠨ ᠢ ᠪᠤᠲᠤᠵᠤ᠂ ᠤᠯᠠᠨ ᠲᠥᠮᠡᠨ ᠤ  ᠪᠠᠴᠢᠮᠲᠠᠯ ᠤᠨ ᠲᠥᠯᠥᠭᠡ ᠪᠠᠴᠢᠮᠲᠠᠭᠰᠠᠨ ᠶᠠᠪᠤᠲᠠᠯ ᠪᠤᠯᠤᠨ᠎ᠠ᠃ ᠰᠢ ᠶᠢᠨ ᠫᠢᠩ ᠶᠡᠷᠥᠩᠭᠡᠢ ᠱᠥᠵᠢ ᠤᠪᠤᠷ ᠰᠤᠷᠲᠠᠯ ᠤᠨ ᠠᠰᠠᠭᠤᠲᠠᠯ ᠤᠨ ᠴᠢᠮᠥᠭᠡ ᠪᠤᠯ ᠨᠠᠮ ᠪᠠ ᠠᠷᠠᠳ ᠤᠨ ᠬᠠᠷᠢᠴᠠᠭ᠎ᠠ ᠶᠢᠨ ᠠᠰᠠᠭᠤᠲᠠᠯ ᠪᠤᠯᠤᠨ᠎ᠠ  ᠭᠡᠵᠤ ᠲᠤᠲᠤᠷᠬᠠᠢ ᠲᠤᠷᠠᠲᠤᠭᠰᠠᠨ ᠪᠠᠶᠢᠨ᠎ᠠ᠃《 ᠨᠢᠭᠡ ᠯᠠ ᠤᠲᠠᠭ᠎ᠠ  ᠭᠥᠶᠥᠯᠭᠡᠬᠦ 》ᠥᠭᠡᠷᠡᠴᠢᠯᠡᠯᠲᠡ ᠪᠤᠯ ᠨᠢᠭᠡ ᠤᠲᠠᠭᠠᠨ ᠤ ᠲᠥᠷᠢᠮ ᠲᠤᠭᠲᠠᠭᠠᠯ ᠤᠨ ᠬᠤᠪᠢᠰᠤᠯᠲᠠ ᠪᠤᠯᠤᠨ᠎ᠠ᠂ ᠮᠥᠨ ᠤᠯᠠᠨ ᠲᠥᠮᠠᠨ ᠲᠠᠢ ᠨᠢᠭᠲᠠ ᠬᠠᠷᠢᠯᠴᠠᠬᠤ ᠵᠤᠷᠢᠭ ᠰᠠᠨᠠᠭ᠎ᠠ ᠶᠢᠨ ᠠᠷᠢᠭᠤᠳᠬᠠᠯ᠂ ᠤᠪᠤᠷ ᠰᠤᠷᠲᠠᠯ ᠤᠨ ᠲᠠᠪᠲᠠᠨ ᠪᠤᠯᠪᠠᠰᠤᠷᠠᠭᠤᠯᠲᠠ ᠶᠢᠨ ᠶᠠᠪᠤᠴᠠ ᠪᠤᠯᠤᠨ᠎ᠠ᠃ ᠵᠠᠰᠠᠭ ᠵᠠᠬᠢᠷᠭᠠᠨ ᠤ ᠭᠡᠷᠡᠭ ᠰᠢᠢᠳᠪᠤᠷᠢᠯᠡᠬᠦ ᠪᠥᠲᠤᠮᠵᠢ ᠂ ᠥᠢᠯᠡᠴᠢᠯᠡᠭᠡ ᠶᠢᠨ ᠴᠢᠨᠰᠠᠭ᠎ᠠ ᠶᠢᠨ ᠬᠢᠷᠢ ᠲᠥᠪᠰᠢᠨ ᠪᠤᠯ ᠨᠢᠭᠡᠨ ᠭᠠᠵᠠᠷ ᠤᠷᠤᠨ ᠤ ᠬᠥᠭᠵᠢᠭᠦᠯᠥᠯᠲᠡ ᠶᠢᠨ ᠤᠷᠴᠢᠨ ᠲᠤᠭᠤᠷᠢᠨ ᠤ ᠰᠢᠭᠤᠤᠨ ᠢᠯᠡᠷᠡᠯ ᠪᠤᠯᠤᠨ᠎ᠠ ᠃ ᠤᠷᠴᠢᠮ ᠤᠨ ᠵᠢᠯ ᠠᠴᠠ ᠨᠠᠰᠢ᠂ ᠪᠥᠬᠦ ᠬᠤᠲᠠ ᠶᠢᠨ ᠲᠡᠭᠡᠲᠤ ᠲᠤᠤᠷᠠᠲᠤ ᠱᠠᠲᠤ ᠶᠢᠨ ᠬᠠᠮᠲᠤ ᠶᠢᠨ ᠴᠢᠷᠮᠠᠶᠢᠯᠭ᠎ᠠ ᠪᠠᠷ ᠲᠠᠮᠵᠢᠨ᠂ ᠮᠠᠨ ᠤ ᠬᠤᠲᠠ ᠶᠢᠨ ᠬᠥᠭᠵᠢᠬᠦᠯᠥᠯᠲᠡ ᠶᠢᠨ ᠤᠷᠴᠢᠨ ᠲᠤᠭᠤᠷᠢᠨ ᠲᠠᠰᠤᠷᠠᠯᠲᠠ ᠥᠭᠡᠢ ᠰᠠᠶᠢᠵᠢᠷᠠᠵᠤ᠂ ᠤᠯᠠᠨ ᠲᠥᠮᠡᠨ᠂ ᠥᠢᠯᠡᠳᠪᠤᠷᠢ ᠬᠤᠲᠠᠯᠲᠤᠭ᠎ᠠ ᠠᠵᠤ ᠠᠬᠤᠶᠢᠯᠠᠯ᠂  ᠭᠠᠲᠠᠨᠠᠬᠢ ᠬᠤᠲᠠᠯᠲᠤᠭᠠᠴᠢᠳ ᠤᠨ ᠰᠡᠳᠬᠢᠯ ᠤᠨ ᠬᠠᠨᠤᠮᠵᠢ ᠡᠲᠤᠷ ᠢᠷᠡᠬᠦᠶ᠎ᠠ ᠲᠡᠭᠡᠭᠰᠢᠯᠡᠪᠡ᠃ ᠭᠡᠪᠡᠴᠦ ᠪᠥᠬᠦ ᠬᠤᠲᠠ ᠶᠢᠨ ᠬᠡᠪᠴᠢᠶᠠᠨ ᠠᠴᠠ ᠥᠵᠡᠪᠡᠯ᠂ ᠮᠥᠨ ᠴᠤ ᠨᠢᠭᠡ ᠪᠥᠯᠥᠭ ᠪᠠᠶᠢᠭᠤᠯᠭ᠎ᠠ ᠪᠠ ᠰᠠᠯᠠᠭ᠎ᠠ ᠮᠥᠴᠢᠷ᠂ ᠵᠠᠷᠢᠮ ᠠᠵᠢᠯᠲᠠᠨ ᠤᠯᠠᠨ ᠲᠥᠮᠡᠨᠴᠢ  ᠲᠠᠨᠢᠯᠲᠠ ᠲᠤᠲᠠᠮᠠᠭ᠂ ᠥᠢᠯᠡᠴᠢᠯᠡᠭᠡ ᠶᠢᠨ ᠥᠵᠡᠯ ᠤᠬᠠᠮᠰᠠᠷ ᠴᠢᠩᠭ᠎ᠠ ᠪᠢᠰᠢ᠂ ᠡᠭᠦᠲᠡ ᠤᠷᠤᠬᠤ ᠳᠤ ᠬᠥᠴᠢᠷ᠂ ᠴᠢᠷᠠᠢ ᠥᠭᠬᠦ ᠥᠭᠡᠢ᠂ ᠭᠡᠷᠡᠭ ᠰᠢᠢᠳᠪᠤᠷᠢᠯᠡᠬᠦ ᠳᠤ ᠬᠥᠴᠢᠷ ᠪᠠᠶᠢᠵᠤ᠂ ᠲᠤᠶᠢᠯ ᠤᠨ ᠴᠥᠭᠡᠨ ᠲᠤᠭᠠᠨ ᠤ ᠺᠠᠳ᠋ᠷ ᠤᠨ ᠠᠵᠢᠯᠯᠠᠬᠤ ᠬᠡᠯᠪᠡᠷᠢ ᠲᠥᠬᠦᠮ᠂ ᠤᠪᠤᠷ ᠰᠤᠷᠲᠠᠯ ᠬᠥᠢᠲᠡᠮᠰᠥᠭ ᠬᠡᠭᠵᠡᠬᠦᠨ ᠪᠠᠶᠢᠵᠤ᠂ ᠲᠥᠩᠯᠢᠶᠤᠤ ᠶᠢᠨ ᠲᠥᠷᠢ ᠲᠥᠷᠭᠦ ᠳᠤ ᠬᠥ᠋ ᠲᠥᠯᠬᠢᠵᠤ᠂ ᠮᠠᠭᠤ ᠨᠥᠯᠥᠭᠡ ᠭᠠᠷᠭᠠᠪᠠ᠃ ᠵᠠᠰᠠᠭ ᠤᠨ ᠶᠠᠪᠤᠲᠠᠯ ᠤᠨ ᠥᠢᠯᠡᠴᠢᠯᠡᠭᠡ ᠶᠢᠨ ᠲᠥᠪ ᠮᠠᠨ ᠤ ᠬᠤᠲᠠ ᠶᠢᠨ ᠬᠥᠭᠵᠢᠬᠦᠯᠥᠯᠲᠡ ᠶᠢᠨ ᠤᠷᠴᠢᠨ ᠲᠤᠭᠤᠷᠢᠨ ᠤ ᠴᠢᠬᠤᠯᠠ ᠥᠢᠯᠡᠴᠢᠯᠡᠭᠡᠨ ᠤ ᠭᠠᠵᠠᠷ ᠪᠤᠯᠤᠭᠰᠠᠨ ᠤ ᠬᠤᠪᠢ ᠳᠤ᠂ ᠶᠡᠷᠥᠩᠬᠡᠶᠢᠯᠡᠭᠡᠳ ᠥᠵᠡᠪᠡᠯ᠂ ᠠᠵᠢᠯᠯᠠᠭ᠎ᠠ ᠶᠢᠨ ᠪᠠᠶᠢᠲᠠᠯ ᠰᠠᠶᠢᠨ ᠪᠠᠶᠢᠵᠤ᠂ ᠠᠭᠠᠵᠢᠮ ᠢᠶᠠᠷ ᠵᠠᠮ ᠳᠠᠭᠠᠨ ᠤᠷᠤᠪᠠ᠂ ᠭᠡᠪᠡᠴᠦ ᠪᠠᠰᠠ ᠬᠢᠨᠡᠨ ᠵᠥᠪᠰᠢᠶᠡᠷᠡᠬᠦ ᠴᠢᠲᠠᠪᠬᠢ ᠶᠢ ᠲᠥᠪᠯᠡᠷᠡᠬᠦᠯᠥᠭᠰᠡᠨ ᠥᠭᠡᠢ᠂ ᠬᠤᠯᠪᠤᠭᠠᠯᠠᠭᠰᠠᠨ ᠬᠢᠨᠡᠨ ᠵᠥᠪᠰᠢᠶᠡᠷᠡᠬᠦ ᠬᠥᠢᠴᠡᠳ ᠥᠭᠡᠢ᠂ ᠤᠷᠤᠭᠤᠯᠤᠭᠰᠠ ᠵᠥᠢᠯ ᠪᠥᠷᠢᠨ ᠥᠭᠡᠢ᠂ ᠥᠢᠯᠡᠴᠢᠯᠡᠭᠡᠨ ᠤ ᠭᠠᠵᠠᠷ ᠤᠨ ᠠᠵᠢᠯᠲᠠᠨ ᠳᠤ ᠤᠯᠭᠤᠭᠰᠠᠨ ᠡᠷᠭᠡ ᠭᠥᠢᠴᠡᠳ ᠥᠭᠡᠢ ᠵᠡᠷᠭᠡ ᠠᠰᠠᠭᠤᠲᠠᠯ ᠤᠷᠤᠰᠢᠵᠤ᠂ ᠤᠨᠴᠨ ᠵᠠᠷᠢᠮ ᠬᠤᠰᠢᠭᠤ ᠰᠢᠶᠠᠨ ᠤ ᠵᠠᠰᠠᠭ ᠵᠠᠬᠢᠷᠭᠠᠨ ᠤ ᠥᠢᠯᠡᠴᠢᠯᠡᠭᠡ ᠶᠢᠨ ᠲᠥᠪ ᠤᠨ ᠠᠯᠪᠠᠨ ᠭᠠᠵᠠᠷ ᠤᠨ ᠪᠠᠶᠢᠭᠤᠯᠤᠯᠲᠠ ᠬᠤᠴᠤᠷᠤᠩᠭᠤᠢ ᠪᠠᠶᠢᠵᠤ᠂ ᠥᠢᠯᠡᠴᠢᠯᠡᠭᠡ ᠶᠢᠨ ᠲᠥᠪ ᠤᠨ ᠥᠢᠯᠡᠲᠤᠯ ᠢᠶᠠᠨ ᠪᠠᠲᠠᠷᠠᠭᠤᠯᠬᠤ ᠶᠢ ᠨᠥᠯᠤᠭᠡᠯᠡᠪᠡ᠃ ᠶᠠᠭᠤᠨ ᠳᠤ ᠤᠯᠠᠨ ᠲᠥᠮᠡᠨ ᠪᠠ ᠠᠵᠤ ᠠᠬᠤᠶᠢᠯᠠᠯ ᠬᠡᠷᠡᠭ ᠰᠢᠢᠳᠪᠤᠷᠢᠯᠡᠭᠦᠯᠭᠦ ᠳᠤ ᠬᠡᠵᠢᠶᠡᠲᠡ《 ᠵᠠᠮ ᠳ᠋ᠭᠠᠨ ᠶᠠᠪᠤᠵᠤ ᠪᠠᠶᠢᠨ᠎ᠠ 》ᠭᠡᠬᠦ ᠪᠤᠢ︖  ᠭᠡᠪᠡᠯ ᠥᠢᠯᠡᠴᠢᠯᠡᠭᠡ ᠶᠢᠨ ᠲᠥᠪ ᠤᠨ ᠬᠢᠨᠠᠨ ᠵᠥᠪᠰᠢᠶᠡᠷᠡᠬᠦ ᠵᠥᠢᠯ ᠪᠤᠲᠤᠯᠢᠶᠠᠨ ᠲᠠᠢ᠂ ᠭᠡᠷᠡᠭ ᠰᠢᠢᠳᠪᠤᠷᠢᠯᠡᠬᠦ ᠶᠠᠪᠤᠴᠠ ᠰᠢᠨᠵᠢᠯᠡᠬᠦ ᠤᠬᠠᠭᠠᠨᠴᠢ ᠪᠤᠰᠤ ᠵᠡᠷᠭᠡ ᠲᠠᠯ᠎ᠠ ᠶᠢᠨ ᠰᠢᠯᠲᠠᠭᠠᠨ ᠪᠠᠶᠢᠨ᠎ᠠ ᠭᠡᠬᠦ ᠪᠤᠯᠪᠠᠴᠤ᠂ ᠨᠡᠩ ᠬᠥᠨ ᠲᠠᠪᠬᠤᠷᠭ᠎ᠠ ᠶᠢᠨ ᠰᠢᠯᠲᠠᠭᠠᠨ ᠪᠤᠯ᠂《 ᠪᠤᠯᠬᠢ᠂ ᠠᠯᠵᠠᠭᠤ᠂ ᠵᠠᠲᠠᠭᠠᠢ᠂ ᠤᠲᠠᠭᠠᠨ᠂ ᠨᠠᠵᠠᠭᠠᠢ 》ᠵᠡᠷᠭᠡ ᠨᠤᠶᠠᠨᠴᠢ ᠰᠤᠷᠲᠠᠯ ᠬᠠᠷᠰᠢᠯᠠᠵᠤ ᠪᠠᠶᠢᠨ᠎ᠠ ᠭᠡᠵᠤ ᠪᠢ ᠥᠵᠡᠵᠤ ᠪᠠᠶᠢᠨ᠎ᠠ᠂ ᠡᠮᠥᠨᠡᠬᠢ ᠬᠤᠭᠤᠴᠠᠭᠠᠨ ᠤ ᠥᠭᠡᠷᠡᠴᠢᠯᠡᠯᠲᠡ ᠪᠠᠷ ᠲᠠᠮᠵᠢᠨ᠂ ᠡᠭᠦᠲᠡ ᠤᠷᠤᠬᠤ ᠳᠤ ᠲᠥᠬᠦᠮ᠂ ᠬᠠᠯᠠᠭᠤᠮᠰᠠᠭ ᠪᠤᠯᠤᠭᠰᠠᠨ ᠪᠤᠯᠪᠠᠴᠤ ᠭᠡᠷᠡᠭ ᠶᠠᠪᠤᠲᠠᠯ ᠰᠢᠢᠳᠪᠥᠷᠢᠯᠬᠦᠯᠬᠦ ᠳᠤ ᠮᠥᠨ ᠯᠡ ᠬᠥᠴᠢᠷ  ᠲᠠᠢ ᠪᠠᠶᠢᠭᠰᠠᠭᠠᠷ᠃ ᠡᠲᠡᠭᠡᠷ ᠠᠰᠠᠭᠤᠲᠠᠯ ᠳᠤ ᠴᠢᠭᠯᠡᠭᠦᠯᠥᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠵᠤᠷᠢᠭ ᠰᠢᠭᠤᠲᠤᠨ᠂《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ ᠬᠥᠴᠤᠯᠠᠡ ᠠᠬᠢᠭᠤᠯᠪᠠ᠃ ᠬᠢᠨᠠᠨ ᠵᠥᠪᠰᠢᠶᠠᠷᠡᠬᠦ ᠰᠠᠯᠠᠭ᠎ᠠ ᠮᠥᠴᠢᠷ ᠲᠤ ᠡᠨᠡ ᠪᠤᠯ ᠠᠪᠴᠤ ᠬᠡᠯᠡᠪᠡᠯ᠂ ᠠᠵᠢᠯ ᠤᠨ ᠱᠠᠭᠠᠷᠲᠠᠯᠭ᠎ᠠ ᠪᠤᠯᠬᠤ ᠪᠠᠷ ᠪᠠᠷᠠᠬᠤ ᠥᠭᠡᠢ᠂ ᠮᠥᠨ ᠥᠢᠯᠡᠴᠢᠯᠡᠭᠡ ᠶᠢᠨ ᠪᠠᠷᠢᠮᠵᠢᠶ᠎ᠠ ᠪᠤᠯᠤᠨ᠎ᠠ︔ ᠥᠢᠯᠡᠴᠢᠯᠡᠭᠡ ᠬᠥᠯᠢᠶᠡᠭᠴᠢ ᠳᠤ ᠠᠪᠴᠤ ᠬᠡᠯᠡᠪᠡᠯ᠂ ᠭᠤᠶᠤᠴᠢᠯᠠᠯ ᠪᠣᠯᠬᠤᠷ ᠪᠠᠷ ᠪᠠᠷᠠᠬᠤ ᠥᠭᠡᠢ᠂ ᠨᠡᠩ ᠢᠯᠡᠬᠦᠤ ᠬᠢᠨᠠᠯᠲᠠ ᠲᠠᠯᠪᠢᠬᠤ ᠪᠠᠷᠢᠮᠲᠠ ᠪᠤᠯᠤᠨ᠎ᠠ᠃《 ᠨᠢᠭᠡ ᠯᠠ ᠤᠲᠠᠭ᠎ᠠ ᠭᠥᠶᠥᠯᠭᠡᠬᠦ 》ᠠᠮᠠᠯᠲᠠᠯᠭ᠎ᠠ ᠪᠠᠷ ᠲᠠᠮᠵᠢᠨ᠂《 ᠤᠯᠠᠨ ᠲᠥᠮᠡᠨ ᠬᠥᠶᠤᠬᠦ 》 ᠶᠢ《 ᠺᠠᠳ᠋ᠷ ᠬᠥᠶᠤᠬᠦ 》ᠪᠤᠯᠭᠠᠨ ᠬᠤᠪᠢᠷᠠᠭᠠᠵᠤ᠂ ᠶᠠᠷᠰᠢᠭ ᠢ ᠺᠠᠳ᠋ᠷ ᠲᠤ ᠥᠯᠡᠲᠡᠭᠡᠨ᠂ ᠤᠯᠠᠨ ᠲᠥᠮᠡᠨ ᠳᠤ ᠲᠥᠭᠦᠮ ᠥᠵᠡᠭᠦᠯᠵᠤ᠂ ᠮᠠᠨ ᠤ ᠡᠯ᠎ᠠ ᠭᠠᠵᠠᠷ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠤᠪᠤᠷ ᠰᠤᠷᠲᠠᠯ ᠤᠨ ᠴᠡᠭᠴᠡᠯᠡᠯᠲᠡ ᠶᠢ ᠲᠠᠰᠤᠷᠠᠯᠲᠠ ᠥᠭᠡᠢ ᠠᠯᠪᠠᠲᠠᠨ ᠬᠥᠨᠵᠡᠬᠡᠶᠢᠷᠡᠬᠦᠯᠬᠦ ᠨᠢ ᠯᠠᠪᠲᠠᠢ᠂ ᠪᠠᠭ᠎ᠠ ᠠᠴᠠ ᠡᠬᠢᠯᠡᠨ ᠬᠢᠵᠤ᠂ ᠪᠥᠲᠤᠮᠵᠢ ᠶᠢ ᠠᠳᠬᠤᠨ᠂ ᠠᠵᠢᠯᠯᠠᠭ᠎ᠠ ᠥᠭᠡᠢ᠂ ᠠᠵᠢᠯᠯᠠᠭ᠎ᠠ ᠤᠲᠠᠭᠠᠨ᠂ ᠡᠮᠬᠢ ᠵᠠᠮᠪᠠᠷᠠᠭ᠎ᠠ ᠥᠭᠡᠢ ᠠᠵᠢᠯᠯᠠᠭ᠎ᠠ᠂ ᠠᠵᠢᠯᠯᠠᠵᠤ ᠴᠢᠲᠠᠬᠤ ᠥᠭᠡᠢ ᠵᠡᠷᠭᠡ ᠲᠤᠪᠤᠶᠢᠮ᠎ᠠ ᠠᠰᠠᠭᠤᠲᠠᠯ ᠢ ᠥᠨᠡᠨᠬᠦ ᠰᠠᠶᠢᠲᠤᠷ ᠰᠢᠢᠳᠪᠥᠷᠢᠯᠡᠵᠤ᠂《 ᠲᠠᠷᠥᠶᠢᠬᠠᠨ ᠰᠢᠢᠳᠪᠤᠷᠢᠯᠡᠬᠦ 》《 ᠰᠢᠢᠳᠪᠤᠷᠢᠯᠡᠪᠡᠯ ᠲᠠᠭᠤᠰᠲᠠᠯ᠎ᠠ ᠬᠢᠬᠦ 》ᠪᠤᠲᠠᠲᠠᠢ ᠬᠡᠪ ᠰᠤᠷᠲᠠᠯ ᠢ ᠪᠤᠢ ᠪᠤᠯᠭᠠᠵᠤ᠂ ᠺᠠᠳ᠋ᠷ ᠤᠨ《 ᠵᠥᠲᠡᠬᠦᠷᠢ 》 ᠪᠠᠷ ᠤᠯᠠᠨ ᠲᠥᠮᠡᠨ ᠤ《 ᠰᠡᠳᠬᠢᠯ ᠬᠠᠨᠤᠮᠵᠢ 》 ᠶᠢ ᠰᠤᠯᠢᠪᠠ᠃ ᠪᠥᠬᠦ ᠬᠤᠲᠠ ᠤ ᠲᠡᠭᠡᠲᠤ ᠲᠤᠤᠷᠠᠲᠤ ᠱᠠᠲᠤᠨ ᠤ ᠺᠠᠳ᠋ᠷᠴᠤᠤᠨ ᠤᠯᠠᠨ ᠲᠥᠮᠡᠨ ᠤ ᠶᠠᠪᠤᠲᠠᠯ ᠢ ᠥᠪᠡᠷ ᠤᠨ ᠶᠠᠪᠤᠲᠠᠯ ᠪᠤᠯᠭᠠᠨ ᠰᠢᠢᠳᠪᠤᠷᠢᠯᠡᠵᠤ᠂ ᠡᠯ᠎ᠡ ᠰᠠᠯᠠᠭ᠎ᠠ ᠮᠥᠴᠢᠷ ᠤᠨ ᠤᠲᠤᠷᠢᠲᠤᠯᠭ᠎ᠠ ᠪᠠᠰᠠ ᠤᠯᠠᠨ ᠲᠥᠮᠡᠨ ᠤ ᠬᠤᠪᠢ ᠪᠠᠷ ᠥᠢᠯᠡᠴᠢᠯᠡᠭᠡ ᠶᠢᠨ ᠭᠠᠵᠠᠷ ᠬᠥᠷᠴᠤ ᠬᠡᠷᠡᠭ ᠰᠢᠢᠳᠪᠤᠷᠢᠯᠡᠬᠦ ᠶᠠᠪᠤᠴᠠ ᠶᠢ ᠪᠡᠶ᠎ᠡ ᠪᠠᠷ ᠢᠶᠠᠨ ᠥᠢᠯᠠᠭᠠᠵᠤ  ᠲᠤᠰ ᠭᠠᠵᠠᠷ ᠲᠤ ᠠᠰᠠᠭᠤᠲᠠᠯ ᠰᠢᠢᠳᠪᠤᠷᠢᠯᠡᠪᠡᠯ ᠨᠠᠮ ᠠᠷᠠᠳ ᠤᠨ ᠬᠠᠷᠢᠴᠠᠭ᠎ᠠ᠂ ᠺᠠᠳ᠋ᠷ ᠤᠯᠠᠨ ᠲᠥᠮᠡᠨ ᠤ ᠬᠠᠷᠢᠴᠠᠭ᠎ᠠ ᠶᠢ ᠯᠠᠪᠲᠠᠢ ᠤᠯᠠᠮ ᠨᠢᠭ᠌ᠲᠡᠷᠠᠭᠤᠯᠵᠤ᠂ ᠠᠷᠠᠳ ᠤᠯᠠᠨ ᠤ ᠮᠠᠭᠲᠠᠭᠠᠯ ᠢ ᠯᠠᠪᠲᠠᠢ ᠤᠯᠤᠨ᠎ᠠ᠃ ᠢᠩᠬᠢᠪᠡᠯ ᠺᠠᠳ᠋ᠷ ᠤᠨ ᠤᠪᠤᠷ ᠤᠨ ᠶᠡᠭᠡ ᠬᠤᠪᠢᠷᠠᠯᠲᠠ ᠶᠢ ᠥᠨᠡᠨᠬᠦ ᠠᠬᠢᠭᠤᠯᠵᠤ᠂ ᠵᠠᠰᠠᠭ ᠤᠨ ᠤᠷᠲᠤᠨ ᠤ ᠲᠥᠷᠢ ᠲᠥᠷᠭᠦ ᠶᠢ  ᠶᠡᠭᠡᠪᠡᠷ ᠰᠠᠶᠢᠵᠢᠷᠠᠭᠤᠯᠬᠤ ᠶᠤᠮ᠃ ᠠᠷᠠᠳ ᠲᠥᠮᠡᠨ ᠤ ᠤᠯᠤᠯᠲᠠ ᠶᠢᠨ ᠲᠥᠷᠥᠭᠲᠡᠯ ᠪᠤᠯ ᠮᠠᠨ ᠤ ᠺᠠᠳ᠋ᠷ ᠤᠨ ᠵᠠᠰᠠᠭ ᠤᠨ ᠠᠵᠢᠯ ᠬᠢᠭᠰᠡᠨ ᠠᠮᠵᠢᠯᠲᠠ ᠶᠢᠨ ᠲᠥᠷᠥᠭᠲᠡᠯ ᠪᠤᠯᠤᠨ᠎ᠠ᠂ ᠪᠢᠲᠠᠨ ᠤᠯᠠᠨ ᠲᠥᠮᠡᠨ ᠳᠤ ᠥᠨᠡᠨ ᠰᠡᠳᠬᠢᠯ ᠠᠴᠠ ᠪᠠᠨ ᠥᠢᠯᠡᠴᠢᠯᠡᠪᠡᠯ ᠤᠯᠠᠨ ᠲᠥᠮᠡᠨ ᠰᠠᠶ᠋ᠢ ᠥᠨᠡᠨ ᠰᠡᠳᠬᠢᠯ ᠠᠴᠠ ᠪᠠᠨ ᠪᠢᠲᠡᠨ ᠢ ᠬᠥᠷᠢᠶᠡᠯᠡᠨ᠎ᠠ᠂ ᠡᠨᠡ ᠪᠤᠯ《 ᠨᠢᠭᠡ ᠯᠠ ᠤᠲᠠᠭ᠎ᠠ ᠬᠥᠶᠥᠯᠭᠡᠬᠦ 》ᠥᠭᠡᠷᠡᠴᠢᠯᠡᠯᠲᠠ ᠶᠢᠨ ᠬᠠᠮᠤᠭ ᠢᠯᠡᠷᠭᠡᠢ ᠪᠥᠲᠤᠮᠵᠢ ᠪᠤᠯᠤᠨ᠎ᠠ ᠭᠡᠲᠡᠭ ᠢ ᠪᠢᠲᠠ ᠬᠥᠨᠵᠡᠭᠡᠢ ᠲᠠᠨᠢᠭᠰᠠᠨ ᠪᠠᠶᠢᠨ᠎ᠠ᠃       ︵ᠬᠥᠲᠥᠯᠥᠭᠴᠢ︶ ᠬᠤᠲᠠ ᠶᠢᠨ ᠵᠠᠰᠠᠭ ᠤᠨ ᠶᠠᠪᠤᠲᠠᠯ ᠤᠨ ᠥᠢᠯᠡᠴᠢᠯᠡᠭᠡ ᠶᠢᠨ ᠲᠥᠪ《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ ᠠᠬᠢᠭᠤᠯᠬᠤ ᠶᠠᠪᠤᠴᠠ ᠳᠤ《 ᠨᠢᠭᠡ ᠥᠢᠯᠡᠴᠢᠯᠡᠭᠡᠨ ᠤ ᠭᠠᠵᠠᠷ ᠬᠥᠯᠢᠶᠠᠨ ᠠᠪᠴᠤ ᠥᠢᠯᠡᠴᠢᠯᠡᠬᠦ 》ᠥᠭᠡᠷᠡᠴᠢᠯᠡᠯᠲᠡ ᠶᠢ ᠬᠡᠷᠡᠭᠵᠢᠭᠦᠯᠥᠭᠰᠡᠨ ᠠᠬᠢᠴᠠ ᠶᠠᠮᠠᠷ ᠪᠠᠶᠢᠲᠠᠯ ᠲᠠᠢ ᠪᠤᠢ᠂ ᠪᠤᠲᠠᠲᠠᠢ ᠪᠠᠶᠢᠲᠠᠯ ᠢ ᠲᠠᠨᠢᠯᠴᠠᠭᠤᠯᠤᠭᠠᠳ ᠥᠭᠬᠦᠨᠥ︖       ︵ᠯᠢ ᠡᠷᠬᠢᠯᠡᠭᠴᠢ︶ ᠡᠨᠡ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠤᠯᠠᠨ ᠤᠲᠠᠭ᠎ᠠ《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ ᠲᠤᠰᠬᠠᠢ  ᠰᠡᠲᠤᠪ ᠢᠶᠠᠷ ᠤᠯᠠᠨ ᠤᠲᠠᠭ᠎ᠠ ᠰᠤᠲᠤᠯᠬᠤ ᠶᠢᠨ ᠬᠠᠮᠲᠤ ᠲᠤᠰ ᠵᠥᠢᠯ ᠤᠨ ᠠᠵᠢᠯ ᠢ ᠪᠥᠬᠦ ᠲᠠᠯ᠎ᠠ ᠶᠢᠨ ᠪᠠᠶᠢᠷᠢᠯᠠᠭᠤᠯᠲᠠ ᠲᠤᠬᠢᠷᠠᠭᠤᠯᠵᠤ᠂《 ᠲᠥᠩᠯᠢᠶᠤᠤ ᠬᠤᠲᠠ ᠶᠢᠨ〈 ᠨᠢᠭᠡ ᠯᠠ ᠤᠲᠠᠭ᠎ᠠ ᠭᠥᠶᠥᠯᠭᠡᠬᠦ 〉ᠥᠭᠡᠷᠡᠴᠢᠯᠡᠯᠲᠡ ᠶᠢ ᠠᠬᠢᠭᠤᠯᠬᠤ ᠬᠡᠷᠡᠭᠵᠢᠬᠦᠯᠥᠯᠲᠡ ᠶᠢᠨ ᠲᠥᠰᠤᠯ 》︵ᠲᠤᠷᠤᠭᠰᠢ 《 ᠬᠡᠷᠡᠭᠵᠢᠬᠦᠯᠥᠯᠲᠡ ᠶᠢᠨ ᠲᠥᠰᠤᠯ 》ᠭᠡᠵᠤ ᠲᠥᠬᠦᠮᠴᠢᠯᠡᠨ ᠨᠡᠷᠡᠶᠢᠲᠥᠪᠡ︶ ᠢ ᠲᠤᠭᠲᠠᠭᠠᠵᠤ᠂ ᠥᠭᠡᠷᠡᠴᠢᠯᠡᠯᠲᠡ ᠶᠢᠨ ᠶᠡᠷᠦᠩᠬᠡᠢ ᠱᠠᠭᠠᠷᠲᠠᠯᠭ᠎ᠠ ᠪᠠ ᠠᠵᠢᠯ ᠤᠨ ᠭᠤᠤᠯᠲᠠᠯᠠᠭ᠎ᠠ ᠶᠢ ᠤᠯᠠᠮ ᠲᠤᠲᠤᠷᠬᠠᠢ ᠪᠤᠯᠭᠠᠪᠠ᠃《 ᠬᠡᠷᠡᠭᠵᠢᠬᠦᠯᠥᠯᠲᠡ ᠶᠢᠨ ᠲᠥᠰᠤᠯ 》 ᠳᠤ ᠵᠠᠰᠠᠭ ᠤᠨ ᠶᠠᠪᠤᠲᠠᠯ ᠤᠨ ᠥᠢᠯᠡᠴᠢᠯᠡᠭᠡ ᠶᠢᠨ ᠲᠥᠪ ᠤᠨ《 ᠨᠢᠭᠡ ᠭᠠᠵᠠᠷ ᠬᠥᠯᠢᠶᠠᠨ ᠠᠪᠴᠤ ᠥᠢᠯᠡᠴᠢᠯᠡᠬᠦ 》ᠥᠭᠡᠷᠡᠴᠢᠯᠡᠯᠲᠡ ᠶᠢ ᠬᠡᠷᠡᠭᠵᠢᠬᠦᠯᠬᠦ ᠲᠤᠬᠠᠢ ᠲᠤᠲᠤᠷᠬᠠᠢ ᠪᠠᠶᠢᠷᠢᠯᠠᠭᠤᠯᠤᠯᠲᠠ ᠲᠤᠬᠢᠷᠠᠭᠤᠯᠪᠠ᠃《 ᠨᠢᠭᠡ ᠥᠢᠯᠡᠴᠢᠯᠡᠭᠡᠨ ᠤ ᠭᠠᠵᠠᠷ ᠬᠥᠯᠢᠶᠠᠨ ᠠᠪᠴᠤ ᠥᠢᠯᠡᠴᠢᠯᠡᠬᠦ 》ᠪᠤᠯ《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢᠨ ᠴᠢᠬᠤᠯᠠ ᠭᠠᠷᠤᠭ᠎ᠠ ᠪᠤᠯᠤᠨ᠎ᠠ᠂ ᠪᠤᠲᠠᠲᠠᠢ ᠬᠢᠬᠦ ᠶᠠᠪᠤᠴᠠ ᠲᠤᠮᠲᠠ᠂  ᠪᠢᠲᠡᠨ ᠬᠡᠷᠡᠭ ᠰᠢᠢᠳᠪᠤᠷᠢᠯᠡᠬᠦ ᠬᠡᠷᠡᠭᠴᠡᠭᠡ ᠪᠠᠷ ᠤᠲᠤᠷᠢᠲᠤᠮᠵᠢ ᠪᠤᠯᠭᠠᠨ᠂ ᠰᠠᠯᠠᠭ᠎ᠠ ᠮᠥᠴᠢᠷ ᠰᠤᠨᠲᠠᠯᠠᠭᠰᠠᠨ᠂ ᠲᠡᠰ ᠱᠠᠲᠤ ᠰᠤᠨᠲᠠᠯᠠᠭᠰᠠ ᠬᠡᠷᠡᠭ ᠰᠢᠢᠳᠪᠤᠷᠢᠯᠡᠬᠦ ᠵᠥᠢᠯ ᠪᠠ ᠶᠠᠪᠤᠴᠠ ᠶᠢ ᠡᠮᠬᠢᠯᠡᠨ᠂ ᠤᠤᠯ ᠤᠨ ᠰᠠᠯᠠᠭ᠎ᠠ ᠮᠥᠴᠢᠷ ᠤᠨ ᠴᠢᠲᠠᠪᠬᠢ ᠪᠠᠷ ᠬᠤᠪᠢᠶᠠᠭᠰᠠᠨ ᠥᠢᠯᠡᠴᠢᠯᠡᠭᠡᠨ ᠤ ᠭᠠᠵᠠᠷ ᠢ ᠡᠮᠬᠢᠯᠡᠨ ᠪᠡᠯᠡ ᠤᠷᠤᠭᠤᠯᠤᠯᠲᠠ ᠶᠢᠨ ᠵᠥᠢᠯ ᠢ ᠬᠢᠨᠠᠨ ᠵᠥᠪᠰᠢᠶᠠᠷᠠᠬᠦ᠂ ᠵᠠᠬ᠎ᠠ ᠲᠡᠯᠭᠡᠬᠦᠷ ᠲᠤ ᠤᠷᠤᠭᠤᠯᠬᠤ ᠶᠢ  ᠵᠥᠪᠰᠢᠶᠡᠷᠡᠬᠦ᠂ ᠨᠡᠶᠢᠭᠡᠮ ᠤᠨ ᠬᠡᠷᠡᠭ ᠶᠠᠪᠤᠲᠠᠯ᠂ ᠶᠡᠷᠤᠩᠭᠡᠢ ᠥᠢᠯᠡᠴᠢᠯᠡᠭᠡᠨ ᠤ ᠵᠥᠢᠯ ᠵᠡᠷᠭᠡ ᠨᠢᠭᠡᠲᠤᠯᠲᠡᠢ ᠬᠥᠯᠢᠶᠠᠨ ᠰᠢᠢᠳᠪᠤᠷᠢᠯᠡᠬᠦ ᠶᠡᠷᠥᠩᠭᠡᠢ ᠥᠢᠯᠡᠴᠢᠯᠡᠭᠡᠨ ᠤ ᠭᠠᠵᠠᠷ ᠪᠤᠯᠭᠠᠨ ᠪᠠᠶᠢᠭᠤᠯᠵᠤ᠂《 ᠡᠮᠤᠨ᠎ᠠ ᠲᠠᠯ᠎ᠠ ᠳᠤ ᠶᠡᠷᠥᠩᠭᠡᠶᠢᠯᠡᠨ ᠬᠥᠯᠢᠶᠠᠨ ᠠᠪᠴᠤ᠂ ᠠᠷᠤ  ᠲᠠᠯ᠎ᠠ ᠳᠤ ᠲᠥᠷᠤᠯ ᠬᠤᠪᠢᠶᠠᠨ ᠬᠢᠨᠡᠨ ᠵᠥᠪᠰᠢᠶᠡᠷᠡᠬᠦ᠂ ᠶᠡᠷᠥᠩᠭᠡᠢ ᠥᠢᠯᠡᠴᠢᠯᠡᠭᠡᠨ ᠤ ᠭᠠᠵᠠᠷ ᠥᠷ᠎ᠡ ᠳ᠋ᠥᠩ ᠢ ᠭᠠᠷᠭᠠᠬᠤ 》ᠵᠠᠰᠠᠭ ᠵᠠᠬᠢᠷᠭᠠᠨ ᠤ ᠥᠢᠯᠡᠴᠢᠯᠡᠭᠡ ᠶᠢᠨ ᠰᠢᠨ᠎ᠡ ᠬᠡᠯᠪᠡᠷᠢ ᠶᠢ ᠪᠥᠬᠦ ᠲᠠᠯ᠎ᠠ ᠪᠠᠷ ᠬᠡᠷᠡᠭᠵᠢᠬᠦᠯᠵᠥ᠂ ᠤᠯᠠᠨ ᠲᠥᠮᠡᠨ ᠵᠠᠰᠠᠭ ᠤᠨ ᠶᠠᠪᠤᠲᠠᠯ ᠤᠨ ᠥᠢᠯᠡᠴᠢᠯᠡᠭᠡᠨ ᠤ ᠲᠥᠪ ᠲᠤ ᠤᠷᠤᠵᠤ᠂ ᠶᠡᠷᠥᠩᠭᠡᠢ ᠥᠢᠯᠡᠴᠢᠯᠡᠭᠡᠨ ᠤ ᠭᠠᠵᠠᠷ ᠬᠥᠷᠪᠡᠯ ᠬᠡᠷᠡᠭ ᠶᠠᠪᠤᠲᠠᠯ ᠢᠶᠠᠨ ᠰᠢᠢᠳᠪᠥᠷᠢᠯᠡᠬᠦᠯᠬᠦ ᠪᠤᠯᠤᠭᠰᠠᠨ ᠪᠠᠶᠢᠨ᠎ᠠ᠃《 ᠨᠢᠭᠡ ᠥᠢᠯᠡᠴᠢᠯᠡᠭᠡᠨ ᠤ ᠭᠠᠵᠠᠷ ᠬᠥᠯᠢᠶᠠᠨ ᠠᠪᠬᠤ 》 ᠶᠢ ᠤᠷᠤᠭᠰᠢᠲᠠᠢ ᠪᠡᠶᠡᠯᠡᠬᠦᠯᠬᠦ ᠶᠢ ᠪᠠᠲᠤᠯᠠᠬᠤ ᠶᠢᠨ ᠲᠥᠯᠥᠭᠡ ᠬᠤᠲᠠ ᠶᠢᠨ ᠬᠠᠷᠢᠶ᠎ᠠ 26 ᠵᠠᠰᠠᠭ ᠵᠠᠬᠢᠷᠭᠠᠨ ᠤ ᠬᠢᠨᠡᠨ ᠵᠥᠪᠰᠢᠶᠡᠷᠡᠬᠦ ᠰᠠᠯᠠᠭ᠎ᠠ ᠮᠥᠴᠷᠢ ᠠᠴᠠ ᠲᠤᠰᠪᠤᠷᠢ 1 ᠠᠵᠢᠯᠲᠠᠨ ᠲᠤᠬᠢᠷᠠᠭᠤᠯᠵᠤ ᠨᠢᠭᠡᠲᠤᠯᠲᠡᠢ ᠬᠥᠯᠢᠶᠠᠨ ᠠᠪᠬᠤ ᠥᠢᠯᠡᠴᠢᠯᠡᠭᠡᠨ ᠤ ᠭᠠᠵᠠᠷ ᠠᠵᠢᠯᠯᠠᠭᠤᠯᠪᠠ᠃ ᠬᠠᠮᠲᠤ《 ᠨᠢᠭᠡ ᠥᠢᠯᠡᠴᠢᠯᠡᠭᠡᠨ ᠤ ᠭᠠᠵᠠᠷ ᠬᠥᠯᠢᠶᠠᠨ ᠠᠪᠴᠤ ᠥᠢᠯᠡᠴᠢᠯᠡᠬᠦ 》ᠥᠭᠡᠷᠡᠴᠢᠯᠡᠯᠲᠡ ᠶᠢ ᠤᠨᠲᠤᠰᠤᠨ ᠱᠠᠲᠤᠨ ᠳᠤ ᠲᠡᠯᠭᠡᠷᠡᠬᠦᠯᠬᠦ ᠶᠢ ᠢᠲᠡᠪᠬᠢᠲᠡᠢ ᠠᠬᠢᠭᠤᠯᠵᠤ᠂《 ᠰᠤᠮᠤ ᠰᠢᠶᠠᠩ ᠪᠠᠯᠭᠠᠰᠤ ︵ᠵᠡᠭᠡᠯᠢ ᠭᠤᠲᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶  ᠳᠤ ᠶᠡᠷᠥᠩᠭᠡᠶᠢᠯᠡᠨ ᠬᠥᠯᠢᠶᠠᠨ ᠠᠪᠴᠤ᠂ ᠬᠤᠰᠢᠭᠤ ᠰᠢᠶᠡᠨ ᠳᠤ ᠲᠥᠷᠤᠯ ᠬᠤᠪᠢᠶᠠᠨ ᠬᠢᠨᠡᠨ ᠵᠥᠪᠰᠢᠶᠡᠷᠡᠬᠦ᠂  ᠰᠤᠮᠤ ᠰᠢᠶᠠᠩ ᠪᠠᠯᠭᠠᠰᠤ ︵ᠵᠡᠭᠡᠯᠢ ᠭᠤᠲᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠳᠤ ᠨᠢᠭᠡᠲᠤᠯᠲᠡᠢ ᠥᠷ᠎ᠡ ᠳ᠋ᠥᠩ ᠭᠠᠷᠭᠠᠬᠤ 》ᠥᠢᠯᠡᠴᠢᠯᠡᠭᠡ ᠶᠢᠨ ᠬᠡᠯᠪᠡᠷᠢ ᠶᠢ ᠰᠥᠪᠡᠭᠴᠢᠯᠡᠡ ᠬᠡᠷᠡᠭᠵᠢᠬᠦᠯᠵᠥ᠂ ᠵᠠᠰᠠᠭ ᠤᠨ ᠶᠠᠪᠤᠲᠠᠯ ᠤᠨ ᠥᠢᠯᠡᠴᠢᠯᠡᠭᠡ ᠶᠢᠨ《 ᠥᠢᠷ᠎ᠠ ᠵᠠᠭᠤᠷ᠎ᠠ ᠪᠠᠨ ᠰᠢᠢᠳᠪᠤᠷᠢᠯᠡᠵᠤ ᠪᠤᠯᠬᠤ᠂ ᠨᠢᠭᠡ ᠬᠤᠲᠠ ᠶᠢᠨ ᠬᠡᠪᠴᠢᠶ᠎ᠡ ᠳᠤ ᠰᠢᠢᠳᠪᠥᠷᠢᠯᠡᠬᠦ᠂ ᠤᠨᠲᠤᠤ ᠭᠠᠵᠠᠷ ᠰᠢᠢᠳᠪᠤᠷᠢᠯᠡᠵᠤ ᠪᠤᠯᠬᠤ 》ᠬᠠᠷᠠᠯᠲᠠ ᠶᠢ ᠠᠯᠭᠤᠷ ᠢᠶᠠᠷ ᠪᠡᠶᠡᠯᠡᠬᠦᠯᠥᠨ᠎ᠡ᠃      ︵ᠬᠥᠲᠤᠯᠥᠭᠴᠢ︶《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ ᠠᠬᠢᠭᠤᠯᠬᠤ ᠶᠠᠪᠤᠴᠠ ᠲᠤᠮᠲᠠ ᠬᠡᠷᠡᠭ ᠰᠢᠢᠳᠪᠤᠷᠢᠯᠡᠬᠦ ᠶᠠᠪᠤᠴᠠ ᠶᠢ ᠬᠡᠷᠬᠢᠨ ᠤᠯᠠᠮ ᠴᠢᠨᠠᠭᠰᠢᠲᠠ ᠴᠣᠮᠬᠠᠳᠬᠠᠨ ᠰᠢᠯᠢᠲᠡᠭᠵᠢᠬᠦᠯᠥᠭᠰᠡᠨ ᠪᠤᠢ︖      ︵ᠯᠢ ᠡᠷᠬᠢᠯᠡᠭᠴᠢ︶ ᠬᠡᠷᠡᠭ ᠰᠢᠢᠳᠪᠤᠷᠢᠯᠡᠬᠦ ᠶᠠᠪᠤᠴᠠ ᠶᠢ ᠴᠣᠮᠬᠠᠳᠬᠠᠨ ᠰᠢᠯᠢᠲᠡᠭᠵᠢᠬᠦᠯᠬᠦ ᠪᠤᠯ《 ᠨᠢᠭᠡ ᠯᠡ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠤᠯᠤᠨ᠎ᠠ  ᠃ ᠬᠡᠲᠤᠨ ᠵᠢᠯ ᠤᠨ ᠴᠢᠷᠮᠠᠶᠢᠯᠭ᠎ᠠ ᠪᠠᠷ ᠲᠠᠮᠵᠢᠨ᠂ ᠵᠠᠰᠠᠭ ᠤᠨ ᠶᠠᠪᠤᠲᠠᠯ ᠤᠨ ᠥᠢᠯᠡᠴᠢᠯᠡᠭᠡ  ᠶᠢᠨ ᠵᠥᠢᠯ ᠤᠨ ᠶᠠᠪᠤᠴᠠ ᠶᠢ ᠴᠣᠮᠬᠠᠳᠬᠠᠨ ᠰᠢᠯᠢᠲᠡᠭᠵᠢᠬᠦᠯᠬᠦ ᠶᠢᠨ ᠠᠵᠢᠯ ᠨᠡᠯᠢᠶᠡᠳ ᠪᠥᠲᠥᠮᠵᠢ ᠤᠯᠪᠠ ᠭᠡᠵᠤ ᠬᠡᠯᠡᠵᠤ ᠪᠤᠯᠤᠨ᠎ᠠ᠃ ᠲᠢᠩᠬᠢᠮ ᠳᠤ ᠤᠷᠤᠭᠰᠠᠨ ᠡᠯ᠎ᠡ ᠥᠢᠯᠡᠴᠢᠯᠡᠭᠡᠨ ᠤ ᠭᠠᠵᠠᠷ ᠤᠨ ᠬᠢᠨᠠᠨ ᠵᠥᠪᠰᠢᠶᠡᠷᠡᠬᠦ ᠵᠥᠢᠯ ᠤᠨ ᠠᠮᠠᠯᠲᠠᠯᠭ᠎ᠠ ᠶᠢᠨ ᠴᠠᠭ ᠤᠨ ᠬᠢᠵᠠᠭᠠᠷ ᠤᠭ ᠤᠨ 1465 ᠠᠵᠢᠯᠯᠠᠬᠤ ᠡᠲᠤᠷ ᠪᠠᠶᠢᠭᠰᠠᠨ ᠠᠴᠠ ᠪᠠᠨ ᠤᠲᠤ ᠶᠢᠨ 1266 ᠠᠵᠢᠯᠯᠠᠬᠤ ᠪᠤᠯᠵᠤ᠂ 199 ᠠᠵᠢᠯᠯᠠᠬᠤ ᠡᠲᠤᠷ ᠪᠠᠭᠠᠰᠪᠠ᠃ ᠬᠠᠤᠯᠢ ᠳᠤ ᠲᠤᠭᠲᠠᠭᠰᠠᠨ ᠴᠠᠭ ᠤᠨ ᠬᠢᠵᠠᠭᠠᠷ ᠠᠴᠠ 2286 ᠠᠵᠢᠯᠯᠠᠬᠤ ᠡᠲᠤᠷ ᠪᠠᠭᠠᠰᠴᠤ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 64% ᠪᠤᠭᠤᠨᠢᠰᠬᠠᠵᠤ᠂ ᠡᠯ᠎ᠡ ᠥᠢᠯᠡᠴᠢᠯᠡᠭᠡᠨ ᠤ ᠭᠠᠵᠠᠷ ᠤᠨ ᠬᠢᠨᠠᠨ ᠵᠥᠪᠰᠢᠶᠡᠷᠡᠬᠦ ᠵᠥᠢᠯ ᠤᠨ ᠭᠤᠶᠤᠴᠢᠯᠠᠯ ᠤᠨ ᠮᠠᠲ᠋ᠧᠷᠢᠶᠠᠯ 475 ᠬᠤᠪᠢ ᠪᠠᠭᠠᠰᠪᠠ᠃ ᠬᠤᠲᠠ ᠶᠢᠨ ᠵᠠᠰᠠᠭ ᠤᠨ ᠤᠷᠲᠤᠨ ᠳᠤ ᠲᠤᠰᠢᠶᠠᠨ ᠲᠠᠷᠤᠮᠠᠯᠯᠠᠭᠤᠯᠤᠨ ᠲᠠᠷᠬᠠᠭᠠᠭᠰᠠᠨ《 ᠲᠥᠩᠯᠢᠶᠤᠤ ᠬᠤᠲᠠ ᠶᠢᠨ ᠪᠡᠯᠡ ᠤᠷᠤᠭᠤᠯᠤᠨ ᠪᠥᠲᠥᠭᠡᠨ ᠪᠠᠶᠢᠭᠤᠯᠬᠤ ᠲᠥᠷᠤᠯ ᠤᠨ〈 ᠨᠢᠭᠡ ᠥᠢᠯᠡᠴᠢᠯᠡᠭᠡ ᠶᠢᠨ ᠭᠠᠵᠠᠷ ᠬᠥᠯᠢᠶᠠᠨ ᠠᠪᠴᠤ᠂ ᠵᠡᠷᠭᠡᠴᠡᠭᠡ ᠪᠠᠷ ᠬᠢᠨᠠᠨ ᠵᠥᠪᠰᠢᠶᠡᠷᠡᠬᠦ 〉ᠥᠭᠡᠷᠡᠴᠢᠯᠡᠯᠲᠡ ᠶᠢ ᠬᠡᠷᠡᠭᠵᠢᠬᠦᠯᠬᠦ ᠰᠠᠨᠠᠯ 》 ᠳᠤ ᠨᠢᠭᠡᠲᠤᠯ ᠲᠠᠢ᠂ ᠵᠡᠷᠭᠡᠴᠡᠭᠡ ᠬᠢᠨᠡᠨ ᠵᠥᠪᠰᠢᠶᠡᠷᠡᠬᠦ ᠶᠠᠪᠤᠴᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠤᠭᠴᠤᠭ᠎ᠠ ᠶᠢ ᠴᠤᠮᠠᠬᠠᠳᠬᠠᠬᠤ᠂ ᠬᠤᠯᠪᠤᠭᠠᠯᠠᠨ ᠬᠢᠨᠠᠨ ᠵᠥᠪᠰᠢᠶᠡᠷᠡᠬᠦ ᠲᠤᠭᠲᠠᠴᠠ ᠪᠠᠶᠢᠭᠤᠯᠬᠤ᠂ ᠬᠢᠨᠠᠨ ᠵᠥᠪᠰᠢᠶᠡᠷᠡᠬᠦ ᠪᠥᠲᠥᠮᠵᠢ ᠶᠢ ᠲᠡᠭᠡᠭᠰᠢᠯᠡᠬᠦᠯᠬᠦ ᠵᠡᠷᠭᠡ ᠲᠠᠯ᠎ᠠ ᠪᠠᠷ ᠲᠤᠲᠤᠷᠬᠠᠢ ᠲᠤᠭᠲᠠᠭᠠᠪᠠ᠃ ᠡᠭᠦᠨ ᠠᠴᠠ ᠭᠠᠲᠠᠨ᠎ᠠ᠂ ᠮᠠᠨ ᠤ ᠲᠥᠪ ᠪᠠᠰᠠ《 ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠥᠢᠯ ᠳᠤ ᠲᠤᠲᠠᠭᠲᠠᠬᠤ  ᠵᠥᠢᠯ ᠪᠠᠶᠢᠭᠰᠠ ᠴᠤ ᠬᠥᠯᠢᠶᠠᠨ ᠠᠪᠴᠤ ᠬᠡᠷᠡᠭᠵᠢᠬᠦᠯᠬᠦ ᠠᠷᠭ᠎ᠠ 》 ᠲᠤᠭᠲᠠᠭᠠᠵᠤ᠂  ᠪᠡᠯᠡᠳᠭᠡᠭᠰᠡᠨ ᠭᠤᠤᠯ ᠮᠠᠲ᠋ᠧᠷᠢᠶᠠᠯ ᠪᠥᠷᠢᠨ ᠪᠥᠭᠡᠳ ᠬᠠᠣᠯᠢ ᠪᠠᠷ ᠲᠤᠭᠲᠠᠭᠠᠭᠰᠠᠨ ᠬᠡᠯᠪᠡᠷᠢ ᠳᠤ ᠨᠡᠶᠢᠴᠡᠬᠦ ᠪᠤᠯᠪᠠᠴᠤ ᠲᠡᠳ᠋ ᠨᠥᠬᠦᠴᠡᠯ ᠡᠰᠡᠭᠦᠯ᠎ᠡ ᠭᠠᠷᠲᠠᠮ ᠲᠤᠲᠠᠮᠠᠭ ᠪᠠᠶᠢᠲᠠᠯ ᠲᠤᠤᠷ᠎ᠠ《 ᠲᠤᠲᠠᠭᠲᠠᠬᠤ ᠵᠥᠢᠯ ᠪᠠᠶᠢᠭᠰᠠ ᠴᠤ ᠬᠥᠯᠢᠶᠡᠨ ᠠᠪᠴᠤ ᠰᠢᠢᠳᠪᠤᠷᠢᠯᠡᠬᠦ 》ᠠᠷᠭ᠎ᠠ ᠶᠢ ᠬᠡᠷᠡᠭᠵᠢᠬᠦᠯᠬᠦ ᠪᠠᠷ ᠪᠤᠯᠤᠭᠰᠠᠨ ᠪᠠᠶᠢᠨ᠎ᠠ᠃      ︵ᠬᠥᠲᠥᠯᠥᠭᠴᠢ︶ ᠥᠢᠯᠠᠭᠠᠭᠰᠠ ᠢᠶᠠᠷ᠂ ᠵᠠᠭᠤᠴᠢ ᠶᠢᠨ ᠥᠢᠯᠡᠴᠢᠯᠡᠭᠡᠨ ᠤ ᠪᠠᠶᠢᠭᠤᠯᠭ᠎ᠠ ᠮᠥᠨ ᠵᠠᠰᠠᠭ ᠵᠠᠬᠢᠷᠭᠠᠨ ᠤ ᠬᠢᠨᠡᠨ ᠵᠥᠪᠰᠢᠶᠡᠷᠡᠬᠦ ᠶᠠᠪᠤᠴᠠ ᠲᠤᠮᠲᠠᠬᠢ ᠨᠢᠭᠡᠨ ᠴᠢᠬᠤᠯᠠ ᠭᠤᠭᠴᠤᠭ᠎ᠠ ᠪᠤᠯᠤᠨ᠎ᠠ᠂ ᠮᠥᠨ ᠴᠤ ᠬᠢᠨᠠᠨ ᠵᠥᠪᠰᠢᠶᠡᠷᠡᠬᠦ ᠪᠥᠲᠤᠮᠵᠢ ᠶᠢ ᠬᠢᠵᠠᠭᠠᠷᠯᠠᠬᠤ ᠨᠢᠭᠡᠨ ᠴᠢᠬᠤᠯᠠ ᠭᠤᠭᠴᠤᠭ᠎ᠠ ᠪᠤᠯᠵᠤ ᠮᠡᠳᠡᠨ᠎ᠠ᠂ ᠮᠠᠨ ᠤ ᠬᠤᠲᠠ ᠶᠢᠨ ᠵᠠᠭᠤᠴᠢ ᠶᠢᠨ ᠥᠢᠯᠡᠴᠢᠯᠡᠭᠡ ᠶᠢᠨ ᠪᠠᠶᠢᠭᠤᠯᠤᠮᠵᠢ ᠶᠢᠨ ᠲᠠᠯ᠎ᠠ ᠪᠠᠷ ᠶᠠᠮᠠᠷ ᠥᠭᠡᠷᠡᠴᠢᠯᠡᠯᠲᠡ ᠬᠢᠵᠤ᠂ ᠬᠡᠷᠬᠢᠨ ᠠᠬᠢᠭᠤᠯᠤᠭᠰᠠ ᠢᠶᠠᠨ ᠲᠠ ᠶᠠᠷᠢᠭᠠᠳ ᠥᠭᠬᠦᠨᠥ︖      ︵ᠯᠢ ᠡᠷᠬᠢᠯᠡᠭᠴᠢ︶ ᠵᠠᠰᠠᠭ ᠵᠠᠬᠢᠷᠭᠠᠨ ᠤ ᠬᠢᠨᠡᠨ ᠵᠥᠪᠰᠢᠶᠡᠷᠡᠬᠦ ᠵᠠᠭᠤᠴᠢ ᠶᠢᠨ ᠥᠢᠯᠡᠴᠢᠯᠡᠭᠡ ᠶᠢᠨ ᠪᠠᠶᠢᠭᠤᠯᠤᠮᠵᠢ ᠳᠤ ᠤᠷᠤᠰᠢᠵᠤ ᠪᠠᠶᠢᠭ᠎ᠠ ᠭᠠᠭᠴᠠᠭᠠᠷ ᠡᠵᠡᠮᠰᠢᠯ ᠤᠨ ᠡᠵᠡᠩᠨᠡᠯᠲᠡ᠂ ᠴᠢᠮᠡᠭᠡ ᠵᠠᠩᠬᠢ ᠢᠯᠡ ᠪᠤᠰᠤ᠂ ᠰᠢᠢᠳᠪᠤᠷᠢᠯᠡᠬᠦ ᠴᠠᠭ ᠬᠤᠭᠤᠴᠠᠭ᠎ᠠ ᠶᠢᠨ ᠱᠠᠭᠠᠷᠲᠠᠯᠭ᠎ᠠ ᠥᠭᠡᠢ ᠵᠡᠷᠭᠡ ᠠᠰᠠᠭᠤᠲᠠᠯ ᠬᠢᠨᠠᠨ ᠵᠥᠪᠰᠢᠶᠡᠷᠡᠬᠦ ᠪᠥᠲᠤᠮᠵᠢ ᠶᠢᠨ ᠲᠡᠭᠡᠭᠰᠢᠯᠡᠯᠲᠡ ᠶᠢ ᠬᠢᠵᠠᠭᠠᠷᠯᠠᠵᠤ ᠪᠠᠶᠢᠪᠠ᠂《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ ᠠᠬᠢᠭᠤᠯᠬᠤ ᠪᠥᠲᠥᠮᠵᠢ  ᠶᠢ ᠮᠥᠨ ᠰᠥᠷᠡᠭᠡᠢ ᠬᠢᠵᠠᠭᠠᠷᠯᠠᠵᠤ ᠪᠠᠶᠢᠨ᠎ᠠ᠃ ᠡᠭᠦᠨ ᠳᠤ᠂ ᠪᠠᠶᠢᠴᠠᠭᠠᠨ ᠰᠤᠲᠤᠯᠤᠭᠰᠠᠨ ᠤ ᠰᠠᠭᠤᠷᠢ ᠲᠡᠭᠡᠷ᠎ᠡ《 ᠲᠥᠩᠯᠢᠶᠤᠤ ᠬᠤᠲᠠ ᠶᠢᠨ ᠪᠠᠯᠡ ᠤᠷᠤᠭᠤᠯᠬᠤ ᠪᠠᠶᠢᠭᠤᠯᠤᠯᠲᠠ ᠶᠢᠨ ᠵᠥᠢᠯ ᠤᠨ ᠵᠠᠭᠤᠴᠢ ᠥᠢᠯᠡᠴᠢᠯᠡᠭᠡ ᠶᠢᠨ ᠬᠠᠮᠢᠶᠠᠷᠤᠯᠲᠠ ᠶᠢᠨ ᠲᠥᠷ ᠬᠡᠷᠡᠭᠵᠢᠬᠦᠯᠬᠦ ᠠᠷᠭ᠎ᠠ 》 ᠶᠢ ᠬᠤᠲᠠ ᠶᠢᠨ ᠵᠠᠰᠠᠭ ᠤᠨ ᠤᠷᠲᠤᠨ ᠳᠤ ᠲᠡᠪᠰᠢᠭᠦᠯᠥᠨ ᠲᠠᠷᠤᠮᠠᠯᠠᠯᠪᠠ᠃ ᠵᠠᠭᠤᠴᠢ ᠶᠢᠨ ᠥᠢᠯᠡᠴᠢᠯᠡᠭᠡ ᠶᠢᠨ ᠰᠥᠯᠵᠢᠶ᠎ᠠ ᠲᠡᠭᠡᠷᠡᠬᠢ ᠲᠠᠪᠴᠠᠩ ᠤᠨ ᠪᠠᠶᠢᠭᠤᠯᠤᠯᠲᠠ ᠶᠢ ᠢᠲᠡᠪᠬᠢᠲᠡᠢ ᠠᠬᠢᠭᠤᠯᠵᠤ᠂ ᠪᠥᠬᠦ ᠤᠯᠤᠰ ᠲᠤ《 ᠪᠡᠯᠡ ᠤᠷᠤᠭᠤᠯᠤᠨ ᠪᠥᠲᠤᠭᠡᠨ ᠪᠠᠶᠢᠭᠤᠯᠬᠤ ᠲᠥᠷᠤᠯ ᠵᠥᠢᠯ ᠤᠨ ᠵᠠᠭᠤᠴᠢ ᠥᠢᠯᠡᠴᠢᠯᠡᠭᠡ ᠶᠢᠨ ᠪᠠᠶᠢᠭᠤᠯᠤᠮᠵᠢ ᠶᠢᠨ ᠲᠥᠩᠯᠢᠶᠤᠤ ᠬᠤᠲᠠ ᠳᠤ ᠢᠷᠡᠵᠤ ᠵᠠᠭᠤᠴᠢ ᠶᠢᠨ ᠥᠢᠯᠡᠴᠢᠯᠡᠭᠡ ᠵᠢ᠊ ᠰᠥᠯᠵᠢᠶ᠎ᠠ ᠶᠢᠨ ᠲᠠᠪᠴᠠᠩ ᠭᠠᠷᠭᠠᠬᠤ ᠶᠢ ᠢᠯᠡ ᠪᠠᠷ ᠡᠯᠰᠡᠬᠦ ᠲᠤᠬᠠᠢ ᠮᠡᠲᠡᠭᠡᠯᠡᠯ 》 ᠨᠡᠶᠢᠲᠡᠯᠡᠪᠡ᠂ ᠤᠲᠤᠬᠠᠨ᠎ᠠ 84 ᠵᠠᠭᠤᠴᠢ ᠶᠢᠨ ᠥᠢᠯᠡᠴᠢᠯᠡᠭᠡᠨ ᠤ ᠪᠠᠶᠢᠭᠤᠯᠤᠮᠵᠢ ᠶᠢ ᠡᠯᠰᠡᠵᠤ᠂ ᠡᠯ᠎ᠡ ᠠᠵᠢᠯ ᠲᠥᠷᠤᠯ ᠤᠨ ᠭᠤᠤᠯ ᠬᠠᠮᠢᠶᠠᠷᠬᠤ ᠰᠠᠯᠠᠭ᠎ᠠ ᠮᠥᠴᠢᠷ ᠬᠢᠨᠠᠨ ᠪᠠᠶᠢᠴᠠᠭᠠᠭᠰᠠ ᠤ ᠲᠠᠷᠠᠭ᠎ᠠ ᠲᠠᠪᠴᠠᠩ ᠳᠤ ᠤᠷᠤᠭᠤᠯᠤᠨ ᠬᠡᠷᠡᠭ ᠰᠢᠢᠳᠪᠥᠷᠢᠯᠬᠦᠯᠬᠦ ᠤᠯᠠᠨ ᠲᠥᠮᠡᠨ ᠢᠶᠠᠷ ᠥᠪᠡᠷᠲᠡᠭᠡᠨ ᠰᠤᠩᠭᠤᠯᠵᠤ ᠥᠨᠡᠯᠡᠬᠦᠯᠵᠤ᠂ ᠠᠵᠢᠯ ᠲᠥᠷᠤᠯ ᠤᠨ ᠭᠠᠭᠴᠠᠭᠠᠷ ᠡᠵᠡᠮᠰᠢᠯ ᠢ ᠡᠪᠲᠡᠵᠤ᠂ ᠵᠠᠭᠤᠴᠢ ᠶᠢᠨ ᠥᠢᠯᠡᠴᠢᠯᠡᠭᠡ ᠶᠢᠨ ᠬᠢᠷᠢ ᠲᠥᠪᠰᠢᠨ ᠢ ᠲᠡᠭᠡᠭᠰᠢᠯᠡᠬᠦᠯᠪᠡ᠃      ︵ᠬᠥᠲᠥᠯᠥᠭᠴᠢ︶ ᠮᠠᠨ ᠤ ᠮᠠᠲᠡᠵᠤ ᠪᠠᠶᠢᠭ᠎ᠠ ᠪᠠᠷ《 ᠢᠨᠲ᠋ᠧᠷ ᠰᠥᠯᠵᠢᠶ᠎ᠠ + ᠵᠠᠰᠠᠭ ᠤᠨ ᠶᠠᠪᠤᠲᠠᠯ ᠤᠨ ᠥᠢᠯᠡᠴᠢᠯᠡᠭᠡ 》ᠪᠤᠯ ᠨᠢᠭᠡᠨ ᠶᠡᠭᠡ ᠬᠠᠨᠲᠤᠰᠢ ᠪᠤᠯᠤᠨ᠎ᠠ᠂ ᠢᠨᠲ᠋ᠧᠷ ᠰᠥᠯᠵᠢᠶ᠎ᠠ᠂ ᠶᠡᠭᠡ ᠥᠭᠬᠦᠭᠲᠡᠯ ᠵᠡᠷᠭᠡ ᠴᠢᠮᠡᠭᠡ ᠵᠠᠩᠬᠢ ᠶᠢᠨ ᠮᠠᠷᠭᠡᠵᠢᠯ ᠢ ᠠᠰᠢᠭᠯᠠᠨ᠂ ᠰᠥᠯᠵᠢᠶᠡᠨ ᠲᠡᠭᠡᠷᠡᠬᠢ ᠪᠠ ᠰᠥᠯᠵᠢᠶᠡᠨ ᠭᠠᠲᠠᠨᠠᠬᠢ ᠠᠭᠤᠰᠤᠯᠴᠠᠭ᠎ᠠ ᠶᠢ ᠠᠬᠢᠭᠤᠯᠵᠤ᠂ ᠰᠥᠯᠵᠢᠶᠡᠨ ᠳᠤ ᠲᠥᠰᠢᠭᠯᠡᠵᠥ᠂ ᠤᠯᠡᠨ ᠲᠥᠮᠡᠨ ᠢ《 ᠬᠥᠶᠤᠯᠭᠡᠬᠦ ᠥᠭᠡᠢ 》ᠪᠤᠯ《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢ ᠠᠬᠢᠭᠤᠯᠬᠤ ᠵᠠᠩᠬᠢᠯᠠᠭ᠎ᠠ ᠶᠢᠨ ᠮᠡᠷᠭᠡᠵᠢᠯ ᠤᠨ ᠲᠤᠯᠭᠠᠭᠤᠷᠢ ᠮᠥᠨ᠃ ᠲᠠ ᠮᠠᠨ ᠤ ᠬᠤᠲᠠ ᠶᠢᠨ ᠡᠨᠡ ᠲᠠᠯ᠎ᠠ ᠶᠢᠨ ᠪᠠᠶᠢᠲᠠᠯ ᠢ ᠲᠤᠪᠴᠢ ᠢᠶᠠᠷ ᠲᠠᠨᠢᠯᠴᠠᠭᠤᠯᠤᠭᠠᠳ ᠥᠭᠭᠦᠨᠥ︖      ︵ᠯᠢ ᠡᠷᠬᠢᠯᠡᠭᠴᠢ︶《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢᠨ ᠲᠤᠭᠤᠷᠢᠨ ᠳᠤ ᠭᠤᠤᠯᠲᠠᠭᠤ ᠲᠠᠷᠠᠭᠠᠬᠢ ᠲᠠᠪᠤᠨ ᠵᠥᠢᠯ ᠤᠨ ᠭᠤᠤᠯᠲᠠᠯᠭ᠎ᠠ ᠲᠠᠢ ᠠᠵᠢᠯ ᠢ ᠬᠢᠪᠡ᠄  ᠨᠢᠭᠡ ᠳᠤ ᠲᠥᠩᠯᠢᠶᠤᠤ ᠬᠤᠲᠠ ᠶᠢᠨ ᠨᠢᠭᠡᠲᠤᠯᠲᠡᠢ ᠡᠯᠧᠺᠲᠷᠤᠨ ᠵᠠᠰᠠᠭ ᠤᠨ ᠶᠠᠪᠤᠲᠠᠯ ᠤᠨ ᠥᠢᠯᠡᠴᠢᠯᠡᠭᠡᠨ ᠤ ᠲᠠᠪᠴᠠᠩ ᠢ ᠲᠡᠰ ᠲᠡᠪᠰᠢᠬᠦᠯᠪᠡ᠃ 2013 ᠤᠨ ᠠᠴᠠ ᠨᠠᠰᠢ ᠨᠡᠭᠡᠭᠡᠭᠰᠡᠨ ᠲᠥᠩᠯᠢᠶᠤᠤ ᠬᠤᠲᠠ ᠶᠢᠨ ᠨᠢᠭᠡᠲᠤᠯᠲᠠᠢ ᠡᠯᠧᠺᠲᠷᠤᠨ ᠵᠠᠰᠠᠭ ᠤᠨ ᠶᠠᠪᠤᠲᠠᠯ ᠤᠨ ᠥᠢᠯᠡᠴᠢᠯᠡᠭᠡᠨ ᠤ ᠲᠠᠪᠴᠠᠩ ᠢ ᠲᠠᠰ ᠲᠡᠪᠰᠢᠭᠦᠯᠥᠨ ᠥᠭᠡᠷᠡᠴᠢᠯᠡᠵᠤ᠂ ᠬᠤᠲᠠ ᠶᠢᠨ ᠲᠠᠰ ᠤᠨ ᠰᠥᠯᠵᠢᠶᠠᠨ ᠲᠡᠭᠡᠷᠡᠬᠢ ᠭᠡᠷᠡᠭ ᠰᠢᠢᠳᠪᠤᠷᠢᠯᠡᠬᠦ ᠶᠡᠭᠡ ᠲᠢᠩᠬᠢᠮ ᠪᠤᠯᠭᠠᠨ ᠪᠠᠶᠢᠭᠤᠯᠪᠠ᠃ ᠬᠤᠶᠠᠷ ᠲᠤ ᠭᠤᠤᠯᠲᠠᠯᠠᠭ᠎ᠠ ᠲᠠᠢ ᠲᠥᠷᠤᠯ ᠵᠥᠢᠯ ᠢ ᠵᠤᠬᠢᠴᠠᠭᠤᠯᠤᠨ ᠠᠬᠢᠭᠤᠯᠬᠤ ᠲᠤᠭᠲᠠᠴᠠ ᠶᠢ ᠬᠡᠷᠡᠭᠵᠢᠬᠦᠯᠪᠡ᠃ ᠪᠡᠯᠡ ᠤᠷᠤᠭᠤᠯᠤᠯᠲᠠ ᠶᠢᠨ ᠲᠥᠷᠤᠯ ᠵᠥᠢᠯ ᠤᠨ ᠰᠥᠯᠵᠢᠶᠠᠨ ᠲᠡᠭᠡᠷᠡᠬᠢ ᠬᠢᠨᠠᠨ ᠵᠥᠪᠰᠢᠶᠠᠷᠡᠬᠦ ᠬᠠᠮᠢᠶᠠᠷᠤᠯᠲᠠ ᠶᠢᠨ ᠲᠠᠪᠴᠠᠩ ᠳᠤ ᠲᠥᠰᠢᠭᠯᠡᠨ᠂ ᠭᠤᠤᠯᠲᠠᠯᠭᠠᠲᠤ ᠲᠥᠷᠤᠯ ᠵᠥᠢᠯ  ᠢ ᠲᠤᠬᠢᠷᠠᠭᠤᠯᠤᠨ ᠠᠬᠢᠭᠤᠯᠬᠤ ᠲᠤᠭᠲᠠᠴᠠ ᠬᠡᠷᠡᠭᠵᠢᠬᠦᠯᠵᠥ᠂ ᠭᠤᠤᠯᠲᠠᠯᠭᠠᠲᠤ ᠲᠥᠷᠤᠯ ᠵᠥᠢᠯ ᠤᠨ ᠬᠠᠮᠢᠶ᠎ᠠ ᠪᠥᠬᠦᠢ ᠬᠢᠨᠡᠨ ᠵᠥᠪᠰᠢᠶᠡᠷᠡᠬᠦ ᠭᠠᠷᠲᠠᠮ ᠢ ᠵᠡᠷᠭᠡᠴᠡᠭᠡ ᠪᠠᠷ ᠬᠤᠯᠪᠤᠵᠤ ᠰᠢᠢᠳᠪᠦᠷᠢᠯᠡᠪᠡ᠃ ᠭᠤᠷᠪᠠ ᠳᠤ ᠪᠥᠬᠦ ᠬᠤᠲᠠ ᠶᠢᠨ ᠵᠠᠰᠠᠭ ᠤᠨ ᠶᠠᠪᠤᠲᠠᠯ ᠤᠨ ᠲᠤᠭ᠎ᠠ ᠪᠠᠷᠢᠮᠲᠠ ᠶᠢ ᠬᠠᠮᠲᠤ ᠡᠳ᠋ᠯᠡᠬᠦ ᠨᠢᠭᠡᠲᠤᠯᠲᠡᠢ ᠲᠠᠪᠴᠠᠩ ᠢ ᠬᠥᠴᠥᠯᠡᠨ ᠪᠠᠶᠢᠭᠤᠯᠪᠠ᠃ ᠤᠲᠤᠬᠠᠨ᠎ᠠ᠂ ᠥᠪᠡᠷᠲᠡᠭᠡᠨ ᠵᠠᠰᠠᠬᠤ ᠤᠷᠤᠨ ᠵᠠᠰᠠᠭ ᠤᠨ ᠶᠠᠪᠤᠲᠠᠯ ᠤᠨ ᠴᠢᠮᠡᠭᠡ ᠵᠠᠩᠬᠢ ᠶᠢᠨ ᠡᠬᠢ ᠪᠠᠶᠠᠯᠢᠭ ᠢ ᠨᠢᠭᠡᠳᠭᠡᠨ ᠬᠠᠮᠲᠤ ᠡᠳ᠋ᠯᠡᠬᠦ ᠲᠠᠪᠴᠠᠩ ᠢ ᠪᠠᠶᠢᠭᠤᠯᠵᠤ ᠪᠠᠶᠢᠨ᠎ᠠ᠂ ᠪᠥᠬᠦ ᠤᠷᠤᠨ ᠤ ᠵᠠᠰᠠᠭ ᠤᠨ ᠶᠠᠪᠤᠲᠠᠯ ᠤᠨ ᠴᠢᠮᠡᠭᠡ ᠵᠠᠩᠬᠢ ᠡᠬᠢ ᠪᠠᠶᠠᠯᠢᠭ ᠢ ᠬᠠᠮᠲᠤ ᠡᠳ᠋ᠯᠡᠬᠦ ᠲᠠᠪᠴᠠᠩ ᠢ ᠡᠬᠢᠯᠡᠨ ᠬᠡᠷᠡᠭᠯᠡᠭᠰᠡᠨ ᠤ ᠲᠠᠷᠠᠭ᠎ᠠ᠂ ᠰᠥᠯᠵᠢᠶᠠᠨ ᠲᠡᠭᠡᠷᠡᠬᠢ ᠭᠡᠷᠡᠭ ᠡᠷᠬᠢᠯᠡᠬᠦ ᠲᠢᠩᠬᠢᠮ ᠪᠠ ᠪᠤᠲᠠᠲᠤ ᠵᠠᠰᠠᠭ ᠶᠠᠪᠤᠲᠠᠯ ᠤᠨ ᠲᠢᠩᠬᠢᠮ ᠤᠨ ᠴᠢᠮᠡᠭᠡ ᠵᠠᠩᠬᠢ ᠶᠢ ᠬᠠᠮᠲᠤ ᠡᠳ᠋ᠯᠡᠬᠦ᠂ ᠰᠥᠯᠵᠢᠶᠡᠨ ᠲᠡᠭᠡᠷᠡᠬᠢ ᠰᠥᠯᠵᠢᠶᠠᠡ ᠭᠠᠲᠠᠨᠠᠬᠢ ᠲᠤᠬᠠᠶᠢᠯᠠᠭᠰᠠᠨ ᠠᠵᠢᠯ ᠢ ᠵᠡᠷᠭᠡᠪᠡᠷ ᠰᠢᠢᠳᠪᠤᠷᠢᠯᠡᠬᠦ ᠶᠢ ᠪᠠᠶᠡᠯᠡᠬᠦᠯᠬᠦ ᠪᠤᠯᠤᠨ᠎ᠠ᠃ ᠲᠥᠷᠪᠡ ᠳᠤ ᠪᠥᠬᠦ ᠬᠤᠲᠠ ᠶᠢᠨ ᠨᠢᠭᠡᠲᠤᠯᠲᠡᠢ ᠡᠯᠧᠺᠲᠷᠤᠨ ᠭᠡᠷᠡᠴᠢ ᠲᠡᠮᠲᠡᠭ ᠤᠨ ᠬᠥᠮᠥᠷᠭᠡ ᠶᠢᠨ ᠪᠠᠶᠢᠭᠤᠯᠤᠯᠲᠠ ᠶᠢ ᠢᠲᠡᠪᠬᠢᠲᠡᠢ ᠠᠬᠢᠭᠤᠯᠪᠠ᠃ ᠥᠢᠯᠡᠳᠪᠤᠷᠢ ᠬᠤᠲᠠᠯᠲᠤᠭ᠎ᠠ ᠶᠢᠨ ᠥᠨᠡᠮᠯᠡᠯ᠂ ᠪᠡᠶ᠎ᠡ ᠶᠢᠨ ᠥᠨᠡᠮᠯᠡᠯ᠂ ᠰᠤᠷᠤᠯᠭ᠎ᠠ ᠶᠢᠨ ᠨᠠᠮᠲᠠᠷ ᠤᠨ ᠥᠨᠡᠮᠯᠡᠯ᠂ ᠬᠢᠷᠢ ᠭᠡᠮ ᠤᠨ ᠥᠨᠡᠮᠯᠡᠯ᠂ ᠨᠡᠶᠢᠭᠡᠮ ᠤᠨ ᠲᠠᠭᠠᠳᠬᠠᠯ ᠤᠨ ᠴᠢᠮᠡᠭᠡ ᠵᠠᠩᠬᠢ ᠵᠡᠷᠭᠡ ᠶᠢ ᠡᠯᠧᠺᠲᠷᠤᠨ ᠭᠡᠷᠡᠴᠢ ᠥᠨᠡᠮᠯᠡᠡᠯ ᠤᠨ ᠬᠥᠮᠤᠷᠭᠡ ᠳᠤ ᠤᠷᠤᠭᠤᠯᠵᠤ᠂ ᠡᠯᠧᠺᠲᠷᠤᠨ ᠭᠡᠷᠡᠴᠢ ᠲᠡᠮᠲᠡᠭ ᠤᠨ ᠴᠢᠮᠡᠭᠡ ᠵᠠᠩᠬᠢ ᠶᠢᠨ ᠠᠭᠤᠯᠭ᠎ᠠ ᠶᠢ ᠲᠡᠬᠦᠯᠲᠡᠷᠵᠢᠬᠦᠯᠪᠡ᠃ ᠲᠠᠪᠤ ᠳᠤ ᠠᠥ᠋ᠲ᠋ᠣ᠋ ᠥᠢᠯᠡᠴᠢᠯᠡᠭᠡ ᠶᠢ ᠬᠡᠷᠡᠭᠵᠢᠬᠦᠯᠪᠡ᠃ ᠵᠠᠰᠠᠭ ᠤᠨ ᠶᠠᠪᠤᠲᠠᠯ ᠤᠨ ᠥᠢᠯᠡᠴᠢᠯᠡᠭᠡᠨ ᠤ ᠲᠥᠪ᠂ ᠪᠠᠯᠭᠠᠰᠤ ︵ᠵᠡᠭᠡᠯᠢ ᠭᠤᠲᠤᠮᠵᠢ︶ ᠶᠢᠨ ᠠᠷᠠᠳ ᠤᠨ ᠥᠢᠯᠡᠴᠢᠯᠡᠭᠡᠨ ᠤ ᠲᠥᠪ ᠪᠠ ᠲᠤᠰᠬᠤᠨ ︵ᠨᠡᠶᠢᠭᠡᠮ ᠲᠤᠭᠤᠷᠢᠭ︶ ᠠᠷᠠᠳ ᠤᠨ ᠥᠢᠯᠡᠴᠢᠯᠡᠭᠡᠨ ᠤ ᠴᠡᠭ ᠤᠨ ᠲᠠᠪᠴᠠᠩ ᠤᠨ ᠪᠠᠶᠢᠭᠤᠯᠤᠯᠲᠠ᠂ ᠰᠥᠯᠵᠢᠶ᠎ᠠ ᠶᠢᠨ ᠬᠤᠯᠪᠤᠭᠠᠯᠠᠯ᠂ ᠴᠢᠲᠠᠪᠬᠢ ᠶᠢ ᠰᠠᠶᠢᠲᠤᠷ ᠨᠡᠶᠢᠯᠡᠬᠦᠯᠥᠭᠰᠡᠨ ᠤ ᠰᠠᠭᠤᠷᠢᠨ ᠲᠡᠭᠡᠷ᠎ᠡ  ᠭᠠᠷ ᠤᠲᠠᠰᠤ ᠶᠢᠨAPP ᠪᠠ ᠠᠥ᠋ᠲ᠋ᠣ᠋ ᠶᠢ ᠬᠥᠴᠤᠯᠠᠡ ᠨᠡᠭᠡᠭᠡᠵᠤ᠂ ᠠᠥ᠋ᠲ᠋ᠣ᠋ ᠥᠢᠯᠡᠴᠢᠯᠡᠭᠡ ᠶᠢ ᠨᠡᠶᠢᠭᠡᠮ ᠲᠤᠭᠤᠷᠢᠭ ᠲᠤ᠂ ᠥᠢᠯᠡᠳᠪᠤᠷᠢ ᠳᠤ ᠤᠷᠤᠭᠤᠯᠵᠤ᠂ ᠤᠯᠠᠨ ᠲᠥᠮᠡᠨ ᠤ ᠥᠢᠯᠡᠴᠢᠯᠡᠭᠡᠨ ᠤ《 ᠬᠠᠮᠤᠭ ᠤᠨ ᠰᠡᠭᠦᠯ ᠤᠨ ᠵᠠᠢ 》 ᠶᠢ ᠨᠡᠪᠲᠡᠷᠡᠬᠦᠯᠥᠨ᠎ᠡ᠃ ᠠᠥ᠋ᠲ᠋ᠣ᠋ ᠥᠢᠯᠡᠴᠢᠯᠡᠭᠡ ᠶᠢᠨ ᠮᠠᠰᠢᠨ ᠢᠶᠠᠷ ᠲᠠᠮᠵᠢᠨ ᠵᠠᠮ ᠬᠠᠷᠢᠯᠴᠠᠭ᠎ᠠ ᠶᠢᠨ ᠲᠤᠭᠲᠠᠭᠠᠯ ᠢ ᠵᠥᠷᠢᠴᠡᠭᠰᠡᠨ ᠰᠥᠢᠳᠭᠡᠯ ᠲᠤᠰᠢᠶᠠᠬᠤ᠂ ᠠᠮᠢᠲᠤᠷᠠᠯ ᠤᠨ ᠵᠠᠷᠤᠲᠠᠯ ᠲᠤᠰᠢᠶᠠᠬᠤ᠂ ᠠᠵᠤ ᠠᠬᠤᠶᠢᠯᠠᠯ ᠤᠨ ᠴᠢᠮᠡᠭᠡ ᠵᠠᠩᠬᠢ ᠶᠢ ᠪᠠᠶᠢᠴᠠᠭᠠᠨ ᠯᠠᠪᠯᠠᠬᠤ ᠵᠡᠷᠭᠡ ᠤᠯᠡᠨ ᠨᠡᠶᠢᠲᠡ ᠶᠢᠨ ᠥᠢᠯᠡᠴᠢᠯᠡᠭᠡ ᠪᠠ ᠭᠡᠷᠡᠭ ᠰᠢᠢᠳᠪᠤᠷᠢᠯᠡᠬᠦ ᠪᠤᠯᠵᠤᠭ᠎ᠠ᠂ ᠠᠥ᠋ᠲ᠋ᠣ᠋ ᠪᠠᠷ ᠬᠥᠰᠥᠨᠥᠭᠲᠥ ᠲᠠᠷᠤᠮᠠᠯᠯᠠᠬᠤ ᠵᠡᠷᠭᠡ ᠵᠠᠰᠠᠭ ᠤᠨ ᠶᠠᠪᠤᠲᠠᠯ ᠤᠨ ᠥᠢᠯᠡᠴᠢᠯᠡᠭᠡ ᠶᠢ ᠬᠠᠩᠭᠠᠵᠤ᠂ ᠤᠯᠠᠨ ᠲᠥᠮᠡᠨ ᠤ ᠬᠡᠷᠡᠭᠴᠡᠭᠡ ᠶᠢ ᠥᠨᠡᠨᠬᠦ  ᠬᠠᠩᠭᠠᠪᠠ᠃      ︵ᠬᠥᠲᠥᠯᠥᠭᠴᠢ︶《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠴᠢᠯᠡᠯᠡᠲᠠ ᠶᠢ ᠤᠷᠤᠭᠰᠢᠲᠠᠢ ᠠᠬᠢᠭᠤᠯᠬᠤ ᠶᠢᠨ ᠲᠥᠯᠤᠭᠡ ᠶᠠᠮᠠᠷ ᠪᠠᠲᠤᠯᠠᠭ᠎ᠠ ᠶᠢᠨ ᠴᠢᠨᠠᠷᠲᠠᠢ ᠠᠷᠭ᠎ᠠ ᠬᠡᠮᠵᠢᠶ᠎ᠠ ᠠᠪᠤᠭᠰᠠ ᠪᠤᠢ︖      ︵ᠯᠢ ᠡᠷᠬᠢᠯᠡᠭᠴᠢ︶ ᠡᠮᠤᠨ᠎ᠠ ᠶᠠᠷᠢᠭᠰᠠᠨ ᠠᠴᠠ ᠭᠠᠲᠠᠨ᠎ᠠ᠂ ᠪᠠᠰᠠ ᠲᠠᠷᠠᠭᠠᠬᠢ ᠲᠠᠪᠤᠨ ᠵᠥᠢᠯ ᠤᠨ ᠠᠷᠭ᠎ᠠ ᠬᠡᠮᠵᠢᠶ᠎ᠡ ᠠᠪᠤᠪᠠ᠄ ᠨᠢᠭᠡ ᠳᠤ《 ᠨᠢᠭᠡ ᠯᠠ ᠤᠲᠠᠭ᠎ᠠ ᠭᠥᠶᠥᠯᠭᠡᠬᠦ 》ᠬᠡᠷᠡᠭ ᠰᠢᠢᠳᠪᠤᠷᠢᠯᠡᠬᠦ ᠵᠥᠢᠯ ᠤᠨ ᠨᠠᠷᠢᠨ ᠲᠠᠩᠰᠠ ᠨᠡᠶᠢᠲᠡᠯᠡᠵᠤ᠂ ᠲᠤᠬᠠᠶᠢᠯᠠᠭᠰᠠᠨ ᠠᠵᠢᠯ ᠤᠨ ᠭᠠᠷ ᠲᠡᠪᠲᠡᠷ ᠪᠠ ᠭᠡᠷᠡᠭ ᠰᠢᠢᠳᠪᠥᠷᠢᠯᠡᠬᠦ ᠵᠥᠭᠯᠡᠬᠦᠷ ᠲᠤᠭᠲᠠᠭᠠᠪᠠ᠃ ᠡᠨᠡ ᠵᠢᠯ ᠤᠨ 3 ᠰᠠᠷ᠎ᠠ ᠳᠤ᠂ ᠬᠤᠲᠠ ᠶᠢᠨ ᠱᠠᠲᠤ ᠶᠢᠨ ᠲᠥᠷᠤᠬᠦᠤ ᠪᠥᠯᠥᠭ 229 ᠵᠥᠢᠯ ᠤᠨ《 ᠨᠢᠭᠡ ᠯᠠ ᠤᠲᠠᠭ᠎ᠠ ᠭᠥᠶᠥᠯᠭᠡᠬᠦ 》ᠬᠡᠷᠡᠭ ᠰᠢᠢᠳᠪᠥᠷᠢᠯᠡᠬᠦ ᠵᠥᠢᠯ ᠤᠨ ᠨᠠᠷᠢᠨ ᠲᠠᠩᠰᠠ ᠶᠢ ᠡᠮᠬᠢᠯᠡᠨ ᠨᠡᠶᠢᠲᠡᠯᠡᠵᠦ᠂ ᠬᠤᠲᠠ ᠶᠢᠨ᠂ ᠵᠠᠰᠠᠭ ᠤᠨ ᠶᠠᠪᠤᠲᠠᠯ ᠤᠨ ᠥᠢᠯᠡᠴᠢᠯᠡᠭᠡᠨ ᠤ ᠲᠢᠩᠬᠢᠮ ᠳᠤ ᠰᠢᠢᠳᠪᠥᠷᠢᠯᠡᠬᠦᠯᠬᠦ ᠭᠡᠷᠡᠭ ᠤᠨ 81.5% ᠶᠢ ᠡᠵᠡᠯᠡᠵᠤ᠂ ᠲᠥᠩᠯᠢᠶᠤᠤ ᠶᠢᠨ ᠡᠲᠤᠷ ᠤᠨ ᠰᠣᠨᠢᠨ ᠪᠠ ᠲᠥᠩᠯᠢᠶᠤᠤ ᠬᠤᠲᠠ ᠶᠢᠨ ᠵᠠᠰᠠᠭ ᠤᠨ ᠤᠷᠲᠤᠨ ᠤ ᠰᠥᠯᠵᠢᠶ᠎ᠠ ᠪᠠᠷ ᠲᠠᠮᠵᠢᠨ ᠨᠡᠶᠢᠭᠡᠮ ᠳᠤ ᠢᠯᠡ ᠪᠤᠯᠭᠠᠪᠠ᠃ ᠡᠨᠡ ᠵᠢᠯ ᠬᠤᠶᠠᠲᠤᠭᠠᠷ ᠪᠥᠯᠥᠭ᠂ ᠭᠤᠷᠪᠠᠲᠤᠭᠠᠷ ᠪᠥᠯᠥᠭ ᠭᠡᠷᠡᠭ ᠰᠢᠢᠳᠪᠤᠷᠢᠯᠡᠬᠦ ᠵᠥᠢᠯ ᠤᠨ ᠨᠠᠷᠢᠨ ᠲᠠᠩᠰᠠ ᠶᠢ ᠨᠠᠶᠢᠲᠡᠯᠡᠵᠤ᠂ ᠵᠢᠯ ᠤᠨ ᠡᠴᠤᠰ ᠠᠴᠠ ᠡᠮᠥᠨ᠎ᠡ ᠨᠡᠶᠢᠲᠡᠯᠡᠨ᠎ᠡ᠃《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠪᠠ ᠪᠠᠷᠢᠮᠵᠢᠶᠠᠵᠢᠯᠠᠯᠲᠠ ᠶᠢᠨ ᠱᠠᠭᠠᠷᠲᠠᠯᠭ᠎ᠠ ᠶᠤᠰᠤᠭᠠᠷ ᠬᠡᠷᠡᠭ ᠰᠢᠢᠳᠪᠤᠷᠢᠯᠡᠬᠦ ᠵᠥᠢᠯ ᠪᠥᠬᠦᠨ ᠳᠤ ᠲᠥᠷᠢᠮᠵᠢᠯ ᠲᠠᠢ᠂ ᠨᠢᠭᠡᠲᠤᠯᠲᠡᠢ ᠲᠤᠬᠠᠶᠢᠯᠠᠭᠰᠠᠨ ᠭᠠᠷ ᠲᠡᠪᠲᠡᠷ ᠪᠠ ᠭᠡᠷᠡᠭ ᠰᠢᠢᠳᠪᠤᠷᠢᠯᠡᠬᠦ ᠵᠥᠭᠯᠡᠬᠦᠷ ᠲᠤᠭᠲᠠᠭᠠᠵᠤ᠂ ᠭᠡᠷᠡᠭ  ᠰᠢᠢᠳᠪᠤᠷᠢᠯᠡᠬᠦᠯᠬᠦ ᠤᠯᠠᠨ ᠲᠥᠮᠠᠨ ᠤ ᠪᠠᠶᠢᠴᠠᠭᠠᠨ ᠯᠠᠪᠯᠠᠬᠤ ᠪᠠ ᠥᠢᠯᠠᠭᠠᠯᠲᠠ ᠬᠠᠩᠭᠠᠨ᠎ᠠ᠃ ᠬᠤᠶᠠᠷ ᠲᠤ ᠥᠲᠤᠲᠤ ᠪᠠᠭᠯᠠᠭ᠎ᠠ ᠪᠠᠷ ᠬᠥᠷᠭᠡᠯᠭᠡᠪᠡ᠃ ᠰᠢᠢᠳᠪᠥᠷᠢᠯᠡᠭᠰᠡᠨ ᠵᠥᠢᠯ ᠢ ᠥᠲᠤᠲᠤ ᠪᠠᠭᠯᠠᠭ᠎ᠠ ᠶᠢᠨ ᠬᠥᠩᠰᠧ ᠰᠥᠢᠳᠭᠡᠯ ᠬᠤᠷᠢᠶᠠᠬᠤ ᠥᠭᠡᠢ ᠬᠥᠷᠭᠡᠨ ᠥᠭᠴᠦ᠂ ᠠᠵᠤ ᠠᠬᠤᠶᠢᠯᠠᠯ ᠪᠠ ᠤᠯᠠᠨ ᠲᠥᠮᠡᠨ ᠢ ᠬᠤᠶᠠᠲᠠᠬᠢ ᠤᠲᠠᠭ᠎ᠠ ᠬᠥᠶᠤᠯᠭᠡᠬᠦ ᠥᠭᠡᠢ ᠪᠤᠯᠭᠠᠪᠠ᠃ ᠭᠤᠷᠪᠠ ᠳᠤ ᠤᠬᠠᠭᠤᠯᠬᠤ ᠬᠥᠴᠤᠴᠨ ᠶᠢ ᠴᠢᠩᠭᠠᠳᠬᠠᠪᠠ᠃ ᠰᠤᠨᠢᠨ ᠮᠠᠲᠡᠭᠡ ᠨᠡᠶᠢᠲᠡᠯᠡᠬᠦ ᠤᠨ ᠬᠤᠷᠠᠯ ᠢ ᠢᠶᠠᠷ ᠲᠠᠮᠵᠢᠨ᠂《 ᠲᠥᠩᠯᠢᠶᠤᠤ ᠶᠢᠨ ᠡᠲᠤᠷ ᠤᠨ ᠰᠤᠨᠢᠨ 》᠂ ᠲᠥᠩᠯᠢᠶᠤᠤ ᠶᠢᠨ ᠷᠠᠳᠢᠣ᠋ ᠲᠧᠯᠸᠢᠰ ᠬᠤᠷᠢᠶ᠎ᠠ ᠵᠡᠷᠭᠡ ᠵᠠᠭᠤᠴᠢᠯᠠᠭᠤᠷ ᠢᠶᠠᠷ ᠬᠠᠮᠢᠶ᠎ᠠ ᠪᠥᠬᠦᠢ ᠲᠥᠷᠤ ᠶᠢᠨ ᠪᠤᠲᠤᠯᠭ᠎ᠠ ᠶᠢ ᠶᠡᠭᠡᠪᠡᠷ ᠤᠬᠠᠭᠤᠯᠵᠤ᠂ ᠤᠬᠠᠭᠤᠯᠭ᠎ᠠ ᠶᠢᠨ ᠬᠠᠪᠲᠠᠰᠤ ᠵᠤᠬᠢᠶᠠᠨ᠂ ᠤᠬᠠᠭᠤᠯᠭ᠎ᠠ ᠶᠢᠨ ᠸᠢᠳᠢᠣ᠋ ᠨᠡᠪᠲᠡᠷᠡᠬᠦᠯᠵᠤ᠂ ᠠᠵᠢᠯ ᠤᠨ ᠲᠤᠪᠴᠢ ᠮᠡᠲᠡᠭᠡ ᠶᠢ ᠨᠠᠶᠢᠷᠠᠭᠤᠯᠤᠨ ᠲᠠᠷᠤᠮᠠᠯᠯᠠᠬᠤ ᠵᠡᠷᠭᠡ ᠬᠡᠯᠪᠡᠷᠢ ᠪᠠᠷ ᠬᠡᠷᠡᠭ  ᠰᠢᠢᠳᠪᠥᠷᠢᠯᠡᠬᠦᠯᠬᠦ ᠤᠯᠠᠨ ᠲᠥᠮᠡᠨ ᠳᠤ ᠤᠬᠠᠭᠤᠯᠭ᠎ᠠ ᠶᠢᠨ ᠠᠵᠢᠯᠯᠠᠭ᠎ᠠ ᠥᠷᠨᠢᠬᠦᠯᠵᠥ᠂《 ᠨᠢᠭᠡ ᠯᠠ ᠤᠲᠠᠭ᠎ᠠ ᠬᠥᠶᠥᠯᠭᠡᠬᠦ 》ᠥᠭᠡᠷᠡᠴᠢᠯᠡᠯᠲᠡ ᠶᠢ ᠬᠥᠮᠤᠨ ᠤ ᠰᠡᠳᠬᠢᠯ ᠳᠤ ᠬᠥᠨᠵᠡᠭᠡᠶᠢᠷᠡᠬᠦᠯᠪᠡ᠃ ᠲᠥᠷᠪᠡ ᠳᠤ ᠲᠥᠷᠢᠮ ᠲᠤᠭᠲᠠᠭᠠᠯ ᠤᠨ ᠪᠠᠶᠢᠭᠤᠯᠤᠯᠲᠠ ᠶᠢ ᠴᠢᠩᠭᠠᠳᠬᠠᠪᠠ᠃《 ᠨᠢᠭᠡ ᠯᠠ ᠤᠲᠠᠭ᠎ᠠ ᠭᠥᠶᠥᠯᠭᠡᠬᠦ 》 ᠥᠭᠡᠷᠡᠴᠢᠯᠡᠯᠲᠡ ᠶᠢᠨ ᠤᠷᠤᠭᠰᠢᠲᠠᠢ ᠠᠬᠢᠭᠤᠯᠤᠯᠲᠠ ᠶᠢ ᠪᠠᠲᠤᠯᠠᠬᠤ ᠶᠢᠨ ᠲᠥᠯᠥᠭᠡ ᠤᠷᠢᠳ ᠬᠤᠵᠢᠳ《 ᠲᠥᠩᠯᠢᠶᠤᠤ ᠬᠤᠲᠠ ᠶᠢᠨ〈 ᠨᠢᠭᠡ ᠥᠢᠯᠡᠴᠢᠯᠡᠭᠡ ᠶᠢᠨ ᠭᠠᠵᠠᠷ ᠬᠥᠯᠢᠶᠠᠨ ᠠᠪᠴᠤ ᠥᠢᠯᠡᠴᠢᠯᠡᠬᠦ 〉ᠥᠭᠡᠷᠡᠴᠢᠯᠡᠯᠲᠡ ᠶᠢ ᠬᠡᠷᠡᠭᠵᠢᠬᠦᠯᠬᠦ ᠲᠥᠰᠤᠯ 》《 ᠲᠥᠩᠯᠢᠶᠤᠤ ᠬᠤᠲᠠ ᠶᠢᠨ ᠪᠡᠯᠡ ᠤᠷᠤᠭᠤᠯᠤᠨ ᠪᠥᠲᠤᠭᠡᠨ ᠪᠠᠶᠢᠭᠤᠯᠬᠤ ᠲᠥᠷᠤᠯ ᠵᠥᠢᠯ ᠢ〈 ᠨᠢᠭᠡ ᠥᠢᠯᠡᠴᠢᠯᠡᠭᠡᠨ ᠤ ᠭᠠᠵᠠᠷ ᠬᠥᠯᠢᠶᠠᠨ ᠠᠪᠴᠤ ᠵᠡᠷᠭᠡᠴᠡᠪᠡᠷ ᠬᠢᠨᠡᠨ ᠵᠥᠪᠰᠢᠶᠡᠷᠡᠬᠦ 〉ᠥᠭᠡᠷᠡᠴᠢᠯᠡᠯᠲᠡ ᠶᠢᠨ ᠬᠡᠷᠡᠭᠵᠢᠬᠦᠯᠬᠦ ᠰᠠᠨᠠᠯ》ᠵᠡᠷᠭᠡ 15 ᠵᠥᠢᠯ ᠤᠨ ᠢᠵᠢ ᠪᠥᠷᠢᠨ ᠲᠤᠭᠲᠠᠭᠠᠨ ᠲᠠᠷᠤᠮᠠᠯᠯᠠᠨ ᠲᠠᠷᠬᠠᠭᠠᠪᠠ᠃  ᠲᠠᠪᠤ ᠳᠤ ᠲᠤᠰᠬᠠᠢ ᠲᠥᠷᠤᠯ ᠤᠨ ᠬᠢᠨᠠᠯᠲᠠ ᠲᠠᠯᠪᠢᠯᠲᠠ ᠶᠢ ᠥᠷᠨᠢᠬᠦᠯᠪᠡ᠃《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢᠨ ᠡᠯ᠎ᠡ ᠵᠥᠢᠯ ᠤᠨ ᠠᠵᠢᠯ ᠤᠨ ᠡᠭᠦᠷᠭᠡ ᠶᠢ ᠬᠥᠢᠴᠡᠳ ᠨᠠᠶᠢᠲᠠᠪᠤᠷᠢᠵᠢᠭᠤᠯᠬᠤ ᠶᠢᠨ ᠲᠥᠯᠥᠭᠡ ᠬᠤᠲᠠ ᠶᠢᠨ ᠵᠠᠰᠠᠭ ᠤᠨ ᠤᠷᠲᠤᠨ ᠤ ᠱᠠᠭᠠᠷᠲᠠᠨ ᠪᠠᠶᠢᠴᠠᠭᠠᠬᠤ ᠲᠠᠰᠤᠭ ᠲᠠᠢ ᠬᠠᠮᠲᠤ ᠪᠠᠷ ᠬᠤᠲᠠ ᠶᠢᠨ ᠬᠠᠷᠢᠶ᠎ᠠ 33 ᠰᠠᠯᠠᠭ᠎ᠠ ᠮᠥᠴᠢᠷ ᠪᠠᠶᠢᠭᠤᠯᠭ᠎ᠠ ᠶᠢᠨ《 ᠨᠢᠭᠡ ᠯᠠ ᠤᠲᠠᠭ᠎ᠠ ᠭᠥᠶᠤᠯᠭᠡᠬᠦ 》ᠥᠭᠡᠷᠡᠴᠢᠯᠡᠯᠲᠡ ᠶᠢᠨ ᠪᠠᠶᠢᠲᠠᠯ ᠳᠤ ᠲᠤᠰᠬᠠᠢ ᠬᠢᠨᠠᠯᠲᠠ ᠲᠠᠯᠪᠢᠪᠠ᠃ ᠵᠢᠯ ᠤᠨ ᠡᠴᠥᠰ ᠠᠴᠠ ᠡᠮᠥᠨ᠎ᠡ᠂ ᠡᠯ᠎ᠡ ᠬᠤᠰᠢᠭᠤ ᠰᠢᠶᠠᠨ᠂ ᠬᠤᠲᠠ ᠲᠤᠭᠤᠷᠢᠭ ᠪᠠ ᠬᠤᠲᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ ᠲᠤ ᠪᠠᠰᠠ《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢᠨ ᠠᠬᠢᠭᠤᠯᠤᠯᠲᠠ ᠶᠢᠨ ᠪᠠᠶᠢᠲᠠᠯ ᠳᠤ ᠬᠢᠨᠠᠯᠲᠠ ᠲᠠᠯᠪᠢᠨ ᠥᠨᠡᠯᠡᠯᠲᠡ ᠬᠢᠨ᠎ᠡ᠃      ︵ᠬᠥᠲᠥᠯᠥᠭᠴᠢ︶ ᠮᠠᠨ ᠤ ᠬᠤᠲᠠ ᠶᠢᠨ《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢᠨ ᠪᠥᠬᠦ ᠵᠢᠯ ᠤᠨ ᠡᠭᠦᠷᠭᠡ ᠬᠠᠷᠠᠯᠲᠠ ᠪᠠᠨ ᠲᠤᠭᠲᠠᠭᠰᠠᠨ ᠬᠤᠭᠤᠴᠠᠭᠠᠨ ᠳᠤ ᠪᠡᠶᠡᠯᠡᠬᠦᠯᠬᠦ ᠶᠢ ᠬᠡᠷᠬᠢᠨ ᠪᠠᠲᠤᠯᠠᠬᠤ ᠪᠤᠢ︖       ︵ᠯᠢ ᠡᠷᠬᠢᠯᠡᠭᠴᠢ︶ ᠨᠢᠭᠡ ᠳᠤ ᠤᠲᠤᠷᠢᠲᠤᠯᠭ᠎ᠠ ᠶᠢ ᠴᠢᠩᠭᠠᠳᠬᠠᠨ᠂ ᠨᠢᠭᠡᠲᠤᠮᠡᠯ ᠬᠥᠴᠤᠨ ᠢ ᠪᠥᠷᠢᠯᠲᠥᠬᠦᠯᠥᠨ᠎ᠡ᠃ ᠡᠯ᠎ᠡ ᠤᠷᠤᠨ᠂ ᠡᠯ᠎ᠡ ᠰᠠᠯᠠᠭ᠎ᠠ ᠮᠥᠴᠢᠷ ᠡᠨᠡᠬᠦ ᠠᠵᠢᠯ ᠢ ᠴᠢᠬᠤᠯᠠ ᠵᠥᠪᠯᠡᠬᠦ  ᠵᠥᠢᠯ ᠳᠡᠭᠡᠨ ᠤᠷᠤᠭᠤᠯᠵᠤ᠂《 ᠨᠢᠭᠡᠲᠤᠭᠡᠷ ᠭᠠᠷ 》ᠪᠤᠯᠤᠭᠰᠠᠨ ᠤ ᠬᠤᠪᠢ ᠳᠤ ᠭᠤᠤᠯ ᠬᠠᠷᠢᠭᠤᠴᠠᠨ ᠪᠡᠶ᠎ᠡ ᠪᠠᠷ ᠢᠶᠠᠨ ᠠᠳᠬᠤᠵᠤ᠂ ᠲᠠᠭᠠᠭᠤᠯᠤᠨ ᠠᠵᠢᠯᠯᠠᠵᠤ᠂ ᠶᠡᠷᠥᠩᠭᠡᠢ ᠬᠠᠷᠢᠭᠤᠴᠠᠯᠭ᠎ᠠ ᠡᠭᠦᠷᠭᠡᠯᠡᠨ᠂ ᠲᠤᠰᠬᠠᠢ ᠤᠲᠤᠷᠢᠳᠬᠤ ᠪᠠᠭ ᠪᠠᠶᠢᠭᠤᠯᠵᠤ᠂ ᠡᠭᠦᠷᠭᠡ ᠪᠠᠨ ᠲᠤᠲᠤᠯᠠᠵᠤ᠂ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠤᠨ ᠤᠷᠤᠭᠰᠢᠲᠠᠢ ᠠᠬᠢᠭᠤᠯᠬᠤ ᠶᠢ ᠪᠠᠲᠤᠯᠠᠨ᠎ᠠ᠃ ᠨᠡᠶᠢᠲᠡᠪᠤᠷᠢᠯᠵᠢᠭᠤᠯᠤᠯᠲᠠ ᠶᠢᠨ ᠵᠠᠩᠬᠢᠯᠠᠭ᠎ᠠ ᠨᠢ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠳᠤ ᠪᠠᠶᠢᠨ᠎ᠠ᠃ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠥᠭᠡᠷᠡᠴᠢᠯᠡᠯᠲᠡ ᠶᠢᠨ ᠡᠭᠦᠷᠭᠡ ᠶᠢ ᠲᠤᠶᠢᠯ ᠢᠶᠠᠷ ᠨᠠᠷᠢᠯᠢᠭᠵᠢᠭᠤᠯᠤᠨ᠋ ᠪᠤᠲᠠᠲᠠᠶᠢᠵᠢᠭᠤᠯᠵᠤ᠂ ᠡᠭᠦᠷᠭᠡ ᠶᠢᠨ ᠨᠠᠷᠢᠨ ᠲᠠᠩᠰᠠ ᠵᠤᠬᠢᠶᠠᠵᠤ᠂ ᠨᠢᠭᠡ ᠨᠢᠭᠡ ᠪᠠᠷ ᠴᠠᠭ ᠤᠨ ᠬᠥᠰᠥᠨᠥᠭᠲᠥ ᠭᠠᠷᠭᠠᠵᠤ᠂ ᠪᠤᠲᠠᠲᠠᠢ ᠰᠠᠯᠠᠭ᠎ᠠ ᠲᠠᠰᠤᠭ᠂ ᠪᠤᠲᠠᠲᠠᠢ ᠬᠠᠷᠢᠭᠤᠴᠠᠬᠤ ᠬᠥᠮᠤᠨ ᠳᠤ  ᠬᠥᠷᠲᠡᠯ᠎ᠠ ᠨᠠᠶᠢᠲᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠶᠢᠨ ᠭᠤᠤᠯ ᠤᠲᠤᠷᠢᠲᠤᠯᠭ᠎ᠠ ᠲᠤᠭᠲᠠᠭᠰᠠᠨ ᠬᠤᠭᠤᠴᠠᠭᠠᠨ ᠳᠤ ᠰᠠᠯᠠᠭ᠎ᠠ ᠮᠥᠴᠢᠷ ᠤᠨ ᠥᠢᠯᠡᠴᠢᠯᠡᠭᠡᠨ ᠤ ᠭᠠᠵᠠᠷ ᠬᠥᠷᠴᠤ《 ᠥᠢᠯᠠᠭᠠᠯᠲᠠ ᠶᠢᠨ ᠬᠡᠯᠪᠡᠷᠢ 》 ᠶᠢᠨ ᠠᠵᠢᠯᠯᠠᠭ᠎ᠠ ᠥᠷᠨᠢᠬᠦᠯᠵᠤ᠂ ᠪᠠᠶᠢᠲᠠᠯ ᠢ ᠥᠢᠯᠠᠭᠠᠨ᠂ ᠠᠰᠠᠭᠤᠲᠠᠯ ᠢ ᠰᠤᠲᠤᠯᠵᠤ᠂ ᠵᠢᠯᠤᠭᠤᠲᠤᠯᠭ᠎ᠠ ᠪᠠᠨ ᠴᠢᠩᠭᠠᠳᠬᠠᠨ᠂ ᠲᠥᠷᠭᠡᠨ ᠠᠬᠢᠭᠤᠯᠤᠨ᠎ᠠ᠃ ᠬᠤᠶᠠᠷ ᠲᠤ ᠬᠢᠨᠠᠯᠲᠠ ᠲᠠᠯᠪᠢᠬᠤ ᠶᠢ ᠴᠢᠩᠭᠠᠳᠬᠠᠨ᠂ ᠪᠥᠬᠦ ᠬᠥᠴᠤᠨ ᠢᠶᠠᠷ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠬᠢᠨᠠᠯᠲᠠ ᠲᠠᠯᠪᠢᠬᠤ ᠬᠥᠴᠤᠴᠨ ᠪᠠᠨ ᠶᠡᠭᠡᠰᠭᠡᠨ᠋᠂ ᠬᠥᠴᠤᠨ ᠶᠡᠭᠡ ᠠᠬᠢᠯᠲᠠ ᠬᠤᠷᠲᠤᠨ ᠢ ᠴᠠᠭ ᠲᠤᠬᠠᠢ ᠨᠡᠶᠢᠲᠡᠯᠡᠨ ᠰᠠᠶᠢᠰᠢᠶᠠᠨ᠎ᠠ︔ ᠠᠵᠢᠯ ᠳᠠᠭᠠᠨ ᠰᠠᠶᠢᠨ ᠥᠭᠡᠢ᠂ ᠠᠬᠢᠯᠲᠠ ᠤᠲᠠᠭᠠᠨ ᠳᠤ ᠨᠡᠶᠢᠲᠡᠯᠡᠨ ᠰᠢᠬᠦᠮᠵᠢᠯᠡᠨ᠎ᠠ︔ ᠰᠢᠯᠲᠠᠭᠯᠠᠨ ᠲᠥᠯᠬᠢᠯᠴᠡᠬᠦ᠂ ᠨᠠᠵᠠᠭᠠᠢ ᠪᠠᠷ ᠠᠷᠭᠠᠴᠠᠬᠤ᠂ ᠬᠤᠶᠢᠰᠢᠯᠠᠭᠤᠯᠤᠨ᠋ ᠰᠢᠢᠳᠪᠤᠷᠢᠯᠡᠬᠦ ᠥᠭᠡᠢ ᠶᠢ ᠢᠯᠡᠴᠢᠯᠡᠵᠤ᠂ ᠫᠠᠶᠢᠰᠠ ᠡᠯᠭᠦᠨ ᠱᠠᠭᠠᠷᠲᠠᠨ ᠰᠢᠢᠳᠪᠤᠷᠢᠯᠡᠬᠦᠯᠥᠨ᠎ᠡ᠃ ᠭᠤᠷᠪᠠ ᠳᠤ ᠤᠬᠠᠭᠤᠯᠭ᠎ᠠ ᠶᠢ ᠴᠢᠩᠭᠠᠳᠬᠠᠨ᠂ ᠤᠷᠴᠢᠨ ᠪᠠᠶᠢᠲᠠᠯ ᠢ ᠡᠭᠦᠲᠤᠨ᠎ᠠ᠃ ᠡᠯ᠎ᠡ ᠰᠤᠨᠢᠨ ᠮᠡᠲᠡᠭᠡᠨ ᠤ ᠵᠠᠭᠤᠴᠢ ᠲᠤᠰᠬᠠᠢ ᠪᠤᠯᠤᠩ ᠨᠡᠭᠡᠭᠡᠵᠤ᠂ ᠤᠬᠠᠭᠤᠯᠭ᠎ᠠ ᠶᠢᠨ ᠪᠤᠲᠠᠲᠤ ᠪᠥᠲᠤᠮᠵᠢ ᠶᠢ ᠴᠢᠬᠤᠯᠠᠴᠢᠯᠠᠵᠤ᠂《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠡ ᠶᠢᠨ ᠠᠵᠢᠯ ᠤᠨ ᠮᠡᠲᠡᠭᠡᠯᠡᠯ ᠤᠨ ᠬᠥᠴᠤᠴᠨ ᠢ ᠶᠡᠭᠡᠳᠭᠡᠨ᠎ᠡ᠃ ᠴᠡᠭ ᠨᠡᠶᠢᠲᠠᠮ ᠢ ᠤᠶᠠᠯᠲᠤᠭᠤᠯᠵᠤ᠂ ᠰᠠᠯᠠᠭ᠎ᠠ ᠮᠥᠴᠢᠷ ᠪᠤᠯᠭᠠᠨ ᠢ ᠰᠤᠷᠪᠤᠯᠵᠢᠯᠠᠵᠤ᠂ ᠨᠢᠭᠡ ᠨᠢᠭᠡ ᠪᠠᠷ ᠵᠠᠭᠤᠴᠢ ᠢᠶᠠᠷ ᠲᠠᠮᠵᠢᠨ ᠠᠮᠠᠯᠲᠠᠯᠭ᠎ᠠ ᠶᠢ ᠢᠯᠠ ᠪᠤᠯᠭᠠᠵᠤ᠂ ᠪᠥᠬᠦ ᠬᠤᠲᠠ ᠶᠢᠨ ᠡᠯ᠎ᠡ ᠱᠠᠲᠤ ᠳᠤ ᠶᠠᠷᠢᠶ᠎ᠠ ᠬᠡᠯᠡᠯᠴᠡᠭᠡᠨ ᠤ ᠰᠥᠷ ᠬᠥᠴᠤᠨ ᠢ ᠢᠲᠡᠪᠬᠢᠲᠡᠢ ᠪᠠᠶᠢᠭᠤᠯᠵᠤ᠂《 ᠨᠢᠭᠡ ᠯᠠ ᠤᠲᠠᠭ᠎ᠠ ᠭᠥᠶᠥᠯᠭᠡᠬᠦ 》ᠥᠭᠡᠷᠡᠴᠢᠯᠡᠯᠲᠠ ᠶᠢᠨ  ᠠᠬᠢᠭᠤᠯᠤᠯᠲᠠ ᠶᠢᠨ  ᠪᠠᠶᠢᠲᠠᠯ ᠢ  ᠪᠥᠷᠢᠯᠲᠥᠬᠦᠯᠥᠨ᠎ᠡ᠃            
ᠢᠷᠡᠯᠲᠡ᠄ ᠲᠥᠩᠯᠢᠶᠤᠤ ᠶᠢᠨ ᠵᠠᠰᠠᠭ ᠤᠨ ᠤᠷᠲᠤᠨ