| | ᠵᠠᠰᠠᠭ ᠤᠨ ᠤᠷᠳᠤᠨ ᠤ ᠠᠵᠢᠯ ᠤᠨ ᠢᠯᠡᠳᠭᠡᠯ | | | ᠊᠊᠊᠊᠊᠊᠊ 2015 ᠤᠨ ᠤ 2 ᠰᠠᠷ᠎ᠠ ᠶᠢᠨ 4 ᠳᠤ ᠲᠦᠡᠭᠯᠢᠶᠤᠤ ᠬᠤᠳᠠ ᠶᠢᠨ ᠲᠦᠷᠪᠡᠳᠤᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠲᠡᠭᠡᠷ᠎ᠡ | | ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠤᠷᠤᠯᠠᠬᠴᠢ ᠲᠠᠷᠤᠭ᠎ᠠ | | ᠲᠦᠯᠦᠭᠡᠯᠡᠭᠴᠢᠳ ᠡ᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠤ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠤᠯᠪᠠᠤ᠂ | ᠬᠠᠮᠳᠤ ᠳᠤᠨᠢ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ ᠪᠠ ᠬᠤᠷᠠᠯ ᠳᠤ ᠰᠤᠯᠠ ᠤᠷᠤᠯᠴᠠᠬᠴᠢ ᠨᠦᠬᠦᠳ ᠰᠠᠨᠠᠯ ᠢᠶᠠᠨ ᠲᠤᠷᠠᠳᠬᠤ ᠪᠤᠯᠪᠠᠤ᠃ | | ᠨᠢᠭᠡ᠂ 2014 ᠤᠨ ᠤ ᠠᠵᠢᠯ ᠤᠨ ᠡᠷᠬᠢᠴᠡᠬᠦᠯᠦᠯ | | ᠦᠡᠭᠭᠡᠷᠡᠭᠰᠡᠨ ᠨᠢᠭᠡ ᠵᠢᠯ ᠪᠤᠯ ᠮᠠᠨ ᠤ ᠬᠤᠳᠠ ᠶᠢᠨ ᠬᠦᠭᠵᠢᠯᠳᠠ ᠶᠢᠨ ᠠᠬᠢᠴᠠ ᠳᠠᠬᠢ ᠪᠡᠯᠬᠡ ᠲᠡᠮᠳᠡᠭ ᠤᠨ ᠠᠴᠢ ᠬᠤᠯᠪᠤᠭᠳᠡᠯ ᠲᠠᠢ ᠨᠢᠭᠡ ᠵᠢᠯ ᠪᠤᠯᠤᠨ᠎ᠠ᠃ | ᠨᠠᠷᠢᠨ ᠪᠤᠳᠤᠯᠢᠶᠠᠨ ᠲᠠᠢ ᠬᠠᠳᠠᠭᠤ ᠴᠢᠩᠭ᠎ᠠ ᠠᠵᠤ ᠠᠬᠤᠢ ᠶᠢᠨ ᠪᠠᠶᠢᠳᠠᠯ ᠪᠠ ᠬᠠᠳᠠᠭᠤ ᠪᠡᠷᠭᠡ ᠦᠭᠡᠷᠡᠴᠢᠯᠡᠯᠳᠠ ᠬᠦᠭᠵᠢᠬᠦᠯᠦᠯᠳᠠ ᠶᠢᠨ ᠡᠬᠦᠷᠭᠡ ᠶᠢᠨ ᠡᠮᠦᠨ᠎ᠡ | ᠬᠤᠳᠠ ᠶᠢᠨ ᠵᠠᠰᠠᠭ ᠤᠨ ᠤᠷᠳᠤᠨ ᠦᠪᠡᠷᠳᠡᠭᠡᠨ ᠵᠠᠰᠠᠬᠤ ᠤᠷᠤᠨ ᠤ ᠨᠠᠮ ᠤ ᠬᠤᠷᠢᠶ᠎ᠠ᠂ ᠵᠠᠰᠠᠭ ᠤᠨ ᠤᠷᠳᠤᠨ ᠪᠠ ᠬᠤᠳᠠ ᠶᠢᠨ ᠨᠠᠮ ᠤᠨ ᠬᠤᠷᠢᠶ᠎ᠠ ᠶᠢᠨ ᠵᠦᠪ | ᠤᠨᠤᠪᠴᠢᠳᠠᠢ ᠤᠳᠤᠷᠢᠳᠤᠯᠭ᠎ᠠ ᠲᠤᠤᠷ᠎ᠠ᠂ ᠪᠦᠬᠦ ᠬᠤᠳᠠ ᠶᠢᠨ ᠦᠨᠳᠤᠰᠤᠳᠠᠨ ᠨᠦᠭᠦᠳ ᠤᠨ ᠠᠷᠠᠳ ᠲᠦᠮᠡᠨ ᠢ ᠪᠦᠯᠬᠦᠮᠳᠡᠨ ᠲᠠᠶᠢᠴᠢᠯᠠᠵᠤ᠂ ᠰᠢ ᠶᠢᠨ ᠫᠢᠡᠭ | ᠶᠡᠷᠦᠩᠭᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠠ ᠦᠪᠦᠷ ᠮᠤᠩᠭᠤᠯ ᠳᠤ ᠪᠠᠶᠢᠴᠠᠭᠠᠨ ᠰᠢᠨᠵᠢᠯᠡᠭᠰᠡᠨ ᠦᠶ᠎ᠡ ᠶᠢᠨ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠶᠢ | ᠬᠦᠨᠵᠡᠭᠡᠢ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠠ ᠶᠢᠨ ᠰᠡᠳᠬᠢᠴᠡ ᠪᠠ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ | ᠵᠦᠢᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠦᠭᠵᠢᠯᠳᠠ ᠶᠢᠨ ᠰᠢᠨ᠎ᠡ ᠭᠡᠪ ᠤᠨ | ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠴᠠᠭ ᠢ ᠦᠵᠡᠨ ᠪᠠᠶᠢᠳᠠᠯ ᠢ ᠰᠢᠨᠵᠢᠵᠤ᠂ ᠪᠠᠬᠢᠯᠡᠯᠳᠠ ᠲᠠᠭᠠᠷᠢᠨ ᠬᠦᠴᠢᠷ ᠢ ᠲᠡᠰᠪᠤᠷᠢᠯᠡᠤ᠂ ᠠᠵᠤ ᠠᠬᠤᠢ | ᠨᠡᠶᠢᠭᠡᠮ ᠤᠨ ᠬᠦᠭᠵᠢᠯᠳᠠ ᠰᠢᠨ᠎ᠡ ᠦᠷ᠎ᠡ ᠪᠦᠳᠤᠮᠵᠢ ᠤᠯᠤᠬᠰᠠᠨ ᠪᠠᠶᠢᠨ᠎ᠠ᠃ | ︵ᠨᠢᠭᠡ︶ ᠲᠤᠬᠳᠠᠭᠤᠨ ᠤ ᠲᠤᠮᠳᠠ ᠤᠷᠤᠬᠰᠢᠯᠠᠬᠤ ᠠᠵᠢᠯ ᠤᠨ ᠦᠨᠳᠤᠰᠤᠨ ᠬᠦᠭ ᠠᠶᠠᠰ ᠢ ᠪᠠᠷᠢᠮᠳᠡᠯᠡᠵᠦ᠂ ᠠᠵᠤ ᠠᠬᠤᠢ ᠶᠢᠨ ᠦᠷᠬᠦᠯᠵᠢᠯᠡᠨ | ᠲᠤᠬᠳᠠᠭᠤᠨ ᠨᠡᠮᠡᠭᠳᠡᠯᠳᠠ ᠶᠢ ᠪᠡᠶᠡᠯᠡᠬᠦᠯᠪᠡ᠃ ᠠᠵᠤ ᠠᠬᠤᠢ ᠶᠢᠨ ᠬᠦᠭᠵᠢᠯᠳᠠ ᠶᠢᠨ ᠤᠳᠠᠭᠠᠰᠢᠷᠠᠬᠤ ᠲᠠᠷᠤᠭᠠᠰᠤ ᠶᠢ ᠢᠳᠡᠪᠬᠢᠳᠠᠢ ᠠᠷᠭᠠᠴᠠᠵᠤ᠂ ᠬᠤᠳᠠ ᠶᠢᠨ | ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠤ ᠲᠤᠬᠳᠠᠭᠠᠬᠰᠠᠨ 34 ᠵᠦᠢᠯ ᠤᠨ ᠭᠤᠤᠯᠳᠠᠯᠭ᠎ᠠ ᠲᠠᠢ ᠠᠵᠢᠯ ᠤᠨ ᠲᠦᠯᠦᠪᠯᠡᠭᠡ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠠᠵᠤ ᠠᠬᠤᠢ ᠲᠤᠬᠳᠠᠭᠤᠨ ᠤ ᠲᠤᠮᠳᠠ ᠠᠬᠢᠯᠳᠠ ᠲᠠᠢ ᠪᠤᠯᠪᠠ᠃ ︽ᠲᠤᠬᠳᠠᠭᠤᠨ︾ ᠤ ᠭᠤᠤᠯ ᠢᠯᠡᠷᠡᠯ ᠭᠡᠪᠡᠯ᠄ ᠭᠤᠤᠯ ᠠᠵᠤ ᠠᠬᠤᠢ | ᠶᠢᠨ ᠬᠦᠢᠴᠡᠳᠭᠡᠬᠦ ᠲᠤᠭ᠎ᠠ ᠲᠤᠬᠳᠠᠭᠤᠨ ᠨᠡᠮᠡᠭᠳᠡᠵᠤ᠂ ᠭᠠᠵᠠᠷ ᠤᠷᠤᠨ ᠤ ᠦᠢᠯᠡᠳᠪᠤᠷᠢᠯᠡᠯ ᠤᠨ ᠶᠡᠷᠦᠩᠭᠡᠢ ᠦᠷᠳᠡᠭ ᠢ 1886.8 ᠳ᠋ᠦᠡᠭᠰᠢᠭᠤᠷ ᠲᠦᠬᠦᠷᠢᠭ | ᠪᠡᠶᠡᠯᠡᠬᠦᠯᠵᠤ᠂ 8.6 % ᠨᠡᠮᠡᠭᠳᠡᠵᠦ᠂ ᠶᠡᠷᠦᠩᠭᠡᠢ ᠬᠡᠮᠵᠢᠶ᠎ᠡ ᠪᠠᠷ ᠢᠶᠠᠨ ᠪᠦᠬᠦ ᠤᠷᠤᠨ ᠤ ᠲᠦᠷᠪᠡᠳᠦᠬᠡᠷ ᠲᠤ ᠤᠷᠤᠵᠦ᠂ ᠨᠡᠮᠡᠭᠳᠡᠯᠳᠡ ᠪᠠᠷ ᠢᠶᠠᠨ ᠪᠦᠬᠦ ᠤᠷᠤᠨ ᠤ | ᠬᠤᠶᠠᠳᠤᠭᠠᠷ ᠲᠤ ᠤᠷᠤᠪᠡ᠃ ᠬᠢᠵᠠᠭᠠᠷᠯᠠᠬᠰᠠᠨ ᠲᠤᠭ᠎ᠠ ᠠᠴᠠ ᠲᠡᠭᠡᠭᠰᠢ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 1866.4 ᠳ᠋ᠦᠡᠭᠰᠢᠭᠤᠷ | ᠲᠦᠬᠦᠷᠢᠭ ᠪᠡᠶᠡᠯᠡᠬᠦᠯᠵᠤ᠂ 18.3% ᠨᠡᠮᠡᠭᠳᠡᠵᠦ᠂ ᠶᠡᠷᠦᠩᠭᠡᠢ ᠬᠡᠮᠵᠢᠶ᠎ᠡ ᠪᠠ ᠨᠡᠮᠡᠭᠳᠡᠯᠳᠡ ᠪᠠᠷ ᠢᠶᠠᠨ ᠪᠦᠬᠦ ᠤᠷᠤᠨ ᠳᠤ ᠪᠦᠷ ᠭᠤᠷᠪᠠᠳᠤᠭᠠᠷ ᠲᠤ ᠤᠷᠤᠪᠡ︔ | ᠨᠡᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 113.1 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ 9.1% ᠨᠡᠮᠡᠭᠳᠡᠵᠤ᠂ ᠨᠡᠶᠢᠳᠠ ᠶᠢᠨ | ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ 318.2 ᠳ᠋ᠦᠡᠭᠰᠢᠭᠤᠷ ᠲᠦᠬᠦᠷᠢᠭ ᠬᠦᠷᠴᠤ᠂ 6.6% ᠨᠡᠮᠡᠭᠳᠡᠵᠤ᠂ ᠡᠬᠦᠨ ᠳᠤ ᠠᠷᠠᠳ ᠤᠨ ᠠᠮᠢᠳᠤᠷᠠᠯ ᠤᠨ | ᠵᠠᠷᠤᠯᠭ᠎ᠠ 190.2 ᠳ᠋ᠦᠡᠭᠰᠢᠭᠤᠷ ᠲᠦᠬᠦᠷᠢᠭ ᠬᠦᠷᠴᠤ᠂ ᠶᠡᠷᠦᠩᠭᠡᠢ ᠵᠠᠷᠤᠯᠭ᠎ᠠ ᠶᠢᠨ 60% ᠶᠢ ᠡᠵᠡᠯᠡᠪᠡ︔ ᠨᠡᠶᠢᠭᠡᠮ ᠤᠨ ᠭᠡᠷᠡᠭᠯᠡᠭᠡᠨ ᠤ ᠵᠦᠢᠯ ᠢ ᠵᠢᠵᠢᠭᠯᠡᠨ | ᠪᠤᠷᠤᠯᠠᠭᠤᠯᠤᠬᠰᠠᠨ ᠶᠡᠷᠦᠩᠭᠡᠢ ᠲᠤᠭ᠎ᠠ ᠶᠢ 419.4 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ 11.2% ᠨᠡᠮᠡᠭᠳᠡᠪᠡ︔ ᠠᠵᠢᠯ ᠤᠯᠭᠤᠯᠳᠠ ᠶᠢᠨ ᠪᠠᠶᠢᠳᠠᠯ | ᠲᠤᠬᠳᠠᠭᠤᠨ ᠪᠠᠶᠢᠵᠤ᠂ ᠰᠢᠨ᠎ᠡ ᠪᠠᠷ ᠨᠡᠮᠡᠭᠳᠡᠭᠰᠡᠨ ᠠᠵᠢᠯ ᠤᠯᠭᠤᠯᠳᠠ ᠤᠨ ᠤ ᠲᠦᠯᠦᠪᠯᠡᠭᠡ ᠶᠢ ᠲᠠᠪᠠᠭᠤᠯᠤᠨ ᠪᠡᠶᠡᠯᠡᠬᠦᠯᠪᠡ᠃ ︽ᠠᠬᠢᠯᠳᠠ︾ ᠶᠢᠨ ᠭᠤᠤᠯ ᠢᠯᠡᠷᠡᠯ | ᠄ ᠪᠦᠳᠤᠴᠡ ᠶᠢᠨ ᠲᠤᠬᠢᠷᠠᠭᠤᠯᠤᠯᠳᠠ ᠰᠢᠨ᠎ᠡ ᠠᠯᠬᠤᠴᠠ ᠲᠠᠢ ᠪᠤᠯᠵᠤ᠂ ᠭᠤᠷᠪᠠᠳᠤᠭᠠᠷ ᠠᠵᠤ ᠦᠢᠯᠡᠰ ᠤᠨ ᠠᠵᠤ ᠠᠬᠤᠢ ᠶᠢᠨ ᠶᠡᠷᠦᠩᠭᠡᠢ ᠭᠡᠮᠵᠢᠶ᠎ᠡ ᠳᠠᠬᠢ ᠬᠠᠷᠢᠴᠠᠯ | 29.3% ᠬᠦᠷᠴᠤ᠂ 5.5 ᠬᠤᠪᠢ ᠲᠡᠭᠡᠭᠰᠢᠯᠡᠪᠡ︔ ᠡᠯ᠎ᠡ ᠵᠦᠢᠯ ᠤᠨ ᠲᠡᠳᠬᠦᠬᠦ ᠠᠷᠭ᠎ᠠ ᠭᠡᠮᠵᠢᠶ᠎ᠡ ᠶᠢ ᠨᠠᠶᠢᠳᠠᠪᠤᠷᠢᠵᠢᠭᠤᠯᠵᠤ᠂ ᠭᠡᠪᠴᠢᠶ᠎ᠡ ᠠᠴᠠ ᠲᠡᠭᠡᠭᠰᠢ ᠠᠵᠤ | ᠦᠢᠯᠡᠳᠪᠤᠷᠢ ᠶᠢᠨ ᠨᠡᠮᠡᠭᠳᠡᠯᠳᠠ ᠶᠢᠨ ᠬᠤᠷᠳᠤᠴᠠ ᠠᠭᠠᠵᠢᠮ ᠢᠶᠠᠷ ᠲᠤᠬᠳᠠᠭᠤᠨ ᠲᠡᠭᠡᠭᠰᠢᠯᠡᠵᠤ᠂ ᠪᠦᠬᠦ ᠵᠢᠯ ᠳᠤ 10.9% ᠨᠡᠮᠡᠭᠳᠡᠪᠡ︔ ᠰᠢᠶᠠᠨ ᠤ ᠭᠡᠪᠴᠢᠶᠡᠨ ᠤ | ᠠᠵᠤ ᠠᠬᠤᠢ ᠶᠢᠨ ᠬᠦᠭᠵᠢᠯᠳᠠ ᠶᠢᠨ ᠠᠮᠢᠵᠢᠷᠡᠯ ᠤᠨ ᠬᠦᠴᠦᠨ ᠪᠠ ᠪᠤᠳᠠᠳᠤ ᠬᠦᠴᠦᠨ ᠢᠯᠡᠳᠳᠠ ᠲᠡᠭᠡᠭᠰᠢᠯᠡᠵᠤ᠂ ᠬᠤᠰᠢᠭᠤ ᠰᠢᠶᠠᠨ ᠬᠤᠳᠠ ᠲᠤᠭᠤᠷᠢᠭ ᠤᠨ | ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠦᠢᠯᠡᠳᠬᠦᠨ ᠤ ᠦᠷᠳᠡᠭ ᠪᠦᠷ ᠵᠠᠭᠤᠨ ᠳ᠋ᠦᠡᠭᠰᠢᠭᠤᠷ ᠲᠦᠬᠦᠷᠢᠭ ᠲᠠᠪᠠᠵᠤ᠂ ᠬᠤᠤᠯᠢᠨ ᠭᠤᠤᠯ ᠤᠨ ᠠᠵᠤ | ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠯᠤᠰ ᠤᠨ ᠲᠡᠰ ᠤᠨ ᠰᠢᠨ᠎ᠡ ᠭᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠠᠵᠤ ᠠᠬᠤᠶᠢᠯᠠᠯ ᠤᠨ ᠲᠠᠭᠤᠷᠢᠶᠠᠯ | ᠰᠠᠭᠤᠷᠢᠨ ᠭᠠᠵᠠᠷ ᠢᠶᠠᠷ ᠲᠤᠬᠳᠠᠭᠠᠬᠳᠠᠪᠠ᠃ 8 ᠬᠤᠰᠢᠭᠤ ᠰᠢᠶᠠᠨ ᠬᠤᠳᠠ ᠲᠤᠭᠤᠷᠢᠭ ᠤᠨ ᠨᠡᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢᠨ | ᠪᠦᠬᠦ ᠤᠷᠤᠨ ᠳᠠᠬᠢ ᠳ᠋ᠤᠭᠠᠷ ᠪᠦᠷ ᠤᠷᠤᠬᠰᠢ ᠠᠬᠢᠪᠠ᠃ | ︵ᠬᠤᠶᠠᠷ︶ ︽ᠭᠤᠷᠪᠠᠨ ᠲᠤᠮᠤ ᠠᠵᠤ ᠦᠢᠯᠡᠰ ᠤᠨ ᠪᠦᠯᠦᠭᠵᠢᠯᠳᠠ︾ ᠶᠢᠨ ᠪᠠᠶᠢᠭᠤᠯᠤᠯᠳᠠ ᠶᠢ ᠠᠬᠢᠭᠤᠯᠵᠤ᠂ ᠭᠡᠯᠪᠡᠷᠢ ᠶᠢᠨ ᠬᠤᠪᠢᠷᠠᠯᠳᠠ ᠪᠦᠳᠤᠴᠡ ᠶᠢᠨ | ᠲᠤᠬᠢᠷᠠᠭᠤᠯᠤᠯᠳᠠ ᠢᠳᠡᠪᠬᠢ ᠠᠬᠢᠴᠠ ᠲᠠᠢ ᠪᠤᠯᠪᠠ᠃ ︽ᠭᠤᠷᠪᠠᠨ ᠲᠤᠮᠤ ᠠᠵᠤ ᠦᠢᠯᠡᠰ ᠤᠨ ᠪᠦᠯᠦᠭᠵᠢᠯᠳᠠ︾ ᠶᠢᠨ ᠪᠠᠶᠢᠭᠤᠯᠤᠯᠳᠠ ᠪᠠᠷ ᠭᠠᠷᠳᠡᠨ᠂ ᠤᠷᠤᠨ ᠵᠠᠢ | ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠬᠦᠯᠵᠤ᠂ ᠠᠵᠤ ᠦᠢᠯᠡᠰ ᠤᠨ ᠪᠦᠳᠤᠴᠡ ᠶᠢ ᠲᠤᠬᠢᠷᠠᠭᠤᠯᠵᠤ᠂ ᠬᠦᠭᠵᠢᠯᠳᠠ ᠶᠢᠨ ᠭᠡᠯᠪᠡᠷᠢ ᠶᠢᠨ ᠬᠤᠪᠢᠷᠠᠯᠳᠠ ᠶᠢ | ᠠᠬᠢᠭᠤᠯᠪᠠ᠃ ᠠᠵᠤ ᠦᠢᠯᠡᠳᠪᠤᠷᠢ ᠶᠢᠨ ᠭᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠲᠦᠷᠭᠡᠳᠭᠡᠪᠡ᠃ ᠬᠦᠴᠦᠨ ᠵᠦᠢᠯ ᠤᠨ ᠲᠤᠯᠭᠠᠭᠤᠷᠢᠯᠠᠬᠤ ᠪᠠ ᠰᠢᠨ᠎ᠡ | ᠶᠢ ᠡᠬᠦᠳᠬᠦ ᠬᠦᠳᠡᠯᠭᠡᠬᠦ ᠬᠦᠴᠦᠨ ᠢ ᠴᠢᠩᠭᠠᠷᠠᠭᠤᠯᠵᠤ᠂ ᠢᠯᠴᠢᠳᠤ ᠴᠠᠬᠢᠯᠭᠠᠨ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠤᠨ ᠴᠠᠬᠢᠯᠭᠠᠨ ᠨᠦᠬᠦᠪᠤᠷᠢᠯᠡᠯᠴᠡᠭᠰᠡᠨ | ᠬᠤᠤᠯᠢᠨ ᠭᠤᠤᠯ ᠤᠨ ᠡᠷᠬᠢᠯᠳᠠᠳᠤ ᠠᠵᠤ ᠠᠬᠤᠢ ᠶᠢᠨ ᠲᠠᠭᠤᠷᠢᠶᠠᠯ ᠲᠦᠷᠦᠯ ᠵᠦᠢᠯ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠴᠠᠭ ᠠᠭᠤᠷ ᠤᠨ ᠶᠡᠭᠡ | ᠬᠤᠷᠠᠯ ᠤᠨ ︽ᠦᠨᠦᠳᠤᠷ ᠤᠨ ᠦᠭᠡᠷᠡᠴᠢᠯᠡᠯᠳᠠ ᠶᠢᠨ ᠲᠠᠪᠰᠢᠭᠰᠠᠨ ᠱᠠᠩᠨᠠᠯ︾ ᠤᠯᠵᠤ᠂ ᠡᠨᠧᠷᠬᠢ ᠶᠢᠨ ᠬᠤᠷᠤᠬᠳᠠᠯ ᠶᠡᠭᠡ ᠲᠠᠭᠠᠭᠠᠴᠠ ᠪᠠᠷ ᠰᠠᠶᠢᠨ ᠠᠵᠤ | ᠦᠢᠯᠡᠰ ᠤᠨ ᠪᠤᠬᠢᠷᠳᠤᠯ ᠦᠭᠡᠢ ᠪᠠᠭ᠎ᠠ ᠨᠡᠬᠦᠷᠡᠰᠤᠳᠦ᠋ᠭᠴᠢᠳᠤ ᠬᠦᠭᠵᠢᠯᠳᠠ ᠶᠢ ᠪᠡᠶᠡᠯᠡᠬᠦᠯᠦᠭᠰᠡᠨ ᠰᠢᠨ᠎ᠡ ᠵᠠᠮ ᠢ ᠰᠦᠪᠡᠭᠴᠢᠯᠡᠨ ᠭᠠᠷᠭᠠᠪᠠ᠃ ᠠᠵᠤ ᠦᠢᠯᠡᠳᠪᠤᠷᠢ | ᠶᠢᠨ ᠤᠷᠳᠤᠳᠬᠠᠨ ᠲᠡᠰ ᠲᠡᠪᠰᠢᠭᠰᠡᠨ ᠲᠦᠷᠦᠯ ᠵᠦᠢᠯ 352 ᠪᠠᠶᠢᠵᠤ᠂ ᠹᠦ᠋ ᠶᠤᠤ ᠰᠢᠯ᠂ ᠰᠢᠨ ᠢ ᠲᠡᠭᠡᠳᠤ ᠲᠡᠰ ᠤᠨ ᠴᠠᠬᠢᠯᠭᠠᠨ ᠲᠠᠳᠠᠯᠭ᠎ᠠ ᠵᠡᠷᠭᠡ ᠨᠢᠭᠡ | ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠳᠠ ᠠᠰᠢᠬᠯᠠᠯᠳᠠ ᠳᠤ ᠤᠷᠤᠪᠠ︔ ᠬᠦᠡᠭᠭᠡᠨ ᠴᠠᠭᠠᠨ ᠤ ᠰᠢᠨ᠎ᠡ ᠮᠠᠲ᠋ᠧᠷᠢᠶᠡᠯ ᠤᠨ ᠰᠢᠨ᠎ᠡ ᠦᠢᠯᠡᠳᠬᠦᠨ | 137 ᠪᠠᠶᠢᠵᠤ᠂ ᠨᠡᠶᠢᠳᠠ 260 ᠲᠦᠷᠦᠯ ᠪᠤᠯᠵᠤ᠂ ᠲᠡᠪᠭᠡ ᠬᠦᠡᠭᠭᠡᠨ ᠴᠠᠭᠠᠨ ᠤ ᠬᠤᠪᠢᠷᠠᠭᠤᠯᠤᠯᠳᠠ ᠶᠢᠨ ᠨᠤᠷᠮ᠎ᠠ 80% ᠬᠦᠷᠪᠡ᠃ ᠡᠷᠳᠡᠨᠢ ᠰᠢᠰᠢ ᠶᠢᠨ | ᠠᠮᠢᠳᠤ ᠪᠤᠳᠠᠰ ᠤᠨ ᠰᠢᠨᠵᠢᠯᠡᠭᠡ ᠮᠡᠷᠭᠡᠵᠢᠯ ᠤᠨ ᠰᠢᠨ᠎ᠡ ᠦᠢᠯᠡᠳᠬᠦᠨ 55 ᠪᠠᠶᠢᠵᠤ᠂ ᠨᠡᠶᠢᠳᠠ 119 ᠲᠦᠷᠦᠯ ᠪᠤᠯᠵᠤ᠂ ᠡᠷᠳᠡᠨᠢ ᠰᠢᠰᠢ ᠶᠢᠨ ᠴᠠᠷᠳᠠᠭᠤᠯ ᠤᠨ | ᠬᠤᠪᠢᠷᠠᠭᠤᠯᠤᠯᠳᠠ ᠶᠢᠨ ᠨᠤᠷᠮ᠎ᠡ 53% ᠬᠦᠷᠪᠡ᠃ ᠤᠳᠤᠬᠢᠴᠢ ᠨᠡᠬᠦᠷᠡᠰᠤᠨ ᠬᠢᠮᠢ ᠶᠢᠨ ᠠᠵᠤ ᠦᠢᠯᠡᠳᠪᠤᠷᠢ᠂ ᠰᠢᠨ᠎ᠡ ᠡᠨᠧᠷᠬᠢ᠂ ᠪᠤᠬᠢᠷᠳᠤᠯ ᠦᠭᠡᠢ | ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠬᠦᠨ ᠢ ᠪᠤᠯᠪᠠᠰᠤᠷᠠᠭᠤᠯᠬᠤ᠂ ᠤᠳᠤᠬᠢᠴᠢ ᠮᠤᠩᠭᠤᠯ ᠡᠮ ᠡᠮᠨᠡᠯᠭᠡ ᠵᠡᠷᠭᠡ ᠠᠵᠤ ᠦᠢᠯᠡᠰ | ᠲᠦᠷᠭᠡᠨ ᠬᠦᠭᠵᠢᠪᠡ᠃ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠴᠢᠬᠤᠯᠨ ᠦᠷ᠎ᠡ ᠪᠦᠳᠤᠭᠡᠯ ᠤᠯᠪᠠ᠃ ᠤᠰᠤ ᠠᠷᠪᠢᠯᠠᠬᠤ ᠦᠨᠳᠤᠷ ᠤᠨᠠᠯᠳᠠ | ᠲᠠᠢ ᠦᠨᠳᠤᠷ ᠦᠷ᠎ᠡ ᠠᠰᠢᠭ ᠲᠠᠢ ᠲᠠᠷᠢᠶᠠᠨ ᠭᠠᠵᠠᠷ 170 ᠲᠦᠮᠡᠨ ᠮᠤ᠋ ᠰᠢᠨ᠎ᠡ ᠪᠠᠷ ᠪᠠᠶᠢᠭᠤᠯᠵᠤ᠂ ᠨᠡᠶᠢᠳᠠ 651 ᠲᠦᠮᠡᠨ ᠮᠤ᠋ ᠪᠤᠯᠪᠠ᠃ ᠮᠠᠰᠢᠨ ᠴᠠᠬᠢᠯᠭᠠᠨ | ᠬᠤᠳᠳᠤᠭ ᠢ 8305 ᠪᠠᠭᠠᠰᠬᠠᠵᠤ᠂ ᠨᠡᠶᠢᠳᠠ 2.2 ᠲᠦᠮᠡᠨ ᠬᠤᠳᠳᠤᠭ ᠪᠠᠭᠠᠰᠬᠠᠵᠤ᠂ ᠵᠢᠯ ᠳᠤ 4 ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠲᠷ ᠤᠰᠤ | ᠠᠷᠪᠢᠯᠠᠪᠠ᠃ ᠠᠮᠤ ᠪᠤᠳᠠᠭᠠᠨ ᠤ ᠤᠨᠠᠯᠳᠠ ᠪᠦᠬᠦ ᠤᠷᠤᠨ ᠤ ᠲᠡᠷᠢᠬᠦᠨ ᠳᠤ ᠤᠷᠤᠵᠤ᠂ 132.6 ᠳ᠋ᠦᠡᠭᠰᠢᠭᠤᠷ ᠵᠢᠩ ᠢ ᠲᠠᠪᠠᠵᠦ᠂ 7 ᠵᠢᠯ ᠲᠠᠷᠠᠭᠠᠯᠠᠨ 100 | ᠳ᠋ᠦᠡᠭᠰᠢᠭᠤᠷ ᠵᠢᠩ ᠢ ᠲᠤᠭᠳᠠᠭᠤᠨ ᠢᠶᠠᠷ ᠲᠠᠪᠠᠪᠠ᠃ ᠮᠠᠯ ᠠᠵᠤ ᠠᠬᠤᠢ ᠶᠢᠨ ᠤᠨ ᠤ ᠲᠤᠭᠠᠯᠠᠯᠭ᠎ᠠ ᠳᠤ ᠠᠩᠬ᠎ᠠ ᠤᠳᠠᠭ᠎ᠠ 2000 ᠲᠦᠮᠨ ᠶᠢ ᠲᠠᠪᠠᠵᠤ᠂ 2006. | 9 ᠲᠦᠮᠨ ᠬᠦᠷᠪᠡ᠃ ᠦᠭᠡᠷ ᠤᠨ ᠲᠤᠭ᠎ᠠ 275 ᠲᠦᠮᠨ ᠬᠦᠷᠴᠤ᠂ 8.3% ᠨᠡᠮᠡᠭᠳᠡᠪᠡ᠃ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶ᠎ᠠ ᠲᠦᠷᠦᠯ | ᠲᠡᠮᠳᠡᠭ ᠤᠨ ᠪᠠᠶᠢᠭᠤᠯᠤᠯᠳᠠ ᠶᠢᠨ ᠬᠦᠴᠦᠴᠡ ᠶᠢ ᠶᠡᠭᠡᠰᠭᠡᠵᠤ᠂ ᠪᠡᠭᠡᠵᠢᠩ᠂ ᠬᠦᠭᠡᠬᠤᠳᠠ ᠳᠤ ᠪᠤᠬᠢᠷᠳᠤᠯ ᠦᠭᠡᠢ ᠮᠠᠯ ᠲᠠᠷᠢᠶᠠᠯᠠᠩ ᠤᠨ ᠦᠢᠯᠡᠳᠬᠦᠨ ᠤ | ᠦᠵᠡᠰᠬᠦᠯᠡᠩ ᠡᠷᠬᠢᠯᠡᠵᠤ᠂ ᠮᠠᠨ ᠤ ᠬᠤᠳᠠ ᠶᠢᠨ ᠪᠤᠬᠢᠷᠳᠤᠯ ᠦᠭᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠬᠦᠨ ᠤ ᠨᠡᠷ᠎ᠡ | ᠠᠯᠳᠠᠷ ᠢ ᠮᠠᠨᠳᠤᠭᠤᠯᠵᠤ᠂ ᠵᠠᠬ᠎ᠠ ᠲᠡᠯᠭᠡᠭᠦᠷ ᠡᠵᠡᠯᠡᠬᠦ ᠨᠤᠷᠮ᠎ᠠ ᠴᠢᠨᠠᠬᠰᠢᠳᠠ ᠲᠡᠭᠡᠭᠰᠢᠯᠡᠪᠡ᠃ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠠᠨᠳᠤᠰᠢ ᠮᠠᠰᠢ ᠰᠠᠶᠢᠨ | ᠪᠠᠶᠢᠨ᠎ᠠ᠃ ᠵᠢᠭᠤᠯᠴᠢᠯᠠᠯ᠂ ᠪᠠᠷᠠᠭᠠᠨ ᠤ ᠬᠦᠢᠯᠬᠡᠬᠡᠨ᠂ ᠡᠯᠧᠺᠲᠷᠤᠨ ᠬᠤᠳᠠᠯᠳᠤᠭ᠎ᠠ ᠶᠢᠨ ᠶᠠᠪᠤᠳᠠᠯ᠂ ᠮᠦᠡᠭᠬᠦᠨ ᠬᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ | ᠲᠦᠷᠭᠡᠨ ᠬᠦᠭᠵᠢᠵᠤ᠂ ᠲᠤᠮᠳᠠᠳᠤ ᠤᠯᠤᠰ ᠤᠨ ᠮᠤᠩᠭᠤᠯ ᠬᠤᠭᠤᠯᠨ ᠶᠢᠨ ᠲᠤᠭᠤᠭᠠᠯᠠᠭᠠ ᠶᠢᠨ ᠤᠷᠤᠯᠳᠤᠭᠠᠨ᠂ ᠪᠦᠬᠦ ᠤᠷᠤᠨ ᠤ ᠵᠢᠷᠭᠤᠳᠤᠭᠠᠷ ᠬᠤᠭᠤᠴᠠᠭᠠᠨ ᠤ | ᠤᠯᠠᠭᠠᠨᠮᠦ᠋ᠴᠢᠷ ᠤᠷᠠᠯᠢᠭ ᠤᠨ ᠨᠠᠶᠢᠷ᠂ ᠵᠢᠷᠢᠮ ᠤᠨ ᠮᠤᠷᠢᠨ ᠤᠷᠤᠯᠳᠤᠭᠠᠨ ᠵᠡᠷᠭᠡ ᠪᠠᠶᠠᠷ ᠲᠤᠷᠠᠰᠬᠠᠯ ᠤᠨ ᠠᠵᠢᠯᠯᠠᠭ᠎ᠠ ᠶᠢ ᠪᠦᠳᠤᠮᠵᠢᠳᠠᠢ ᠡᠷᠬᠢᠯᠡᠵᠤ᠂ ᠮᠠᠨ ᠤ | ᠬᠤᠳᠠ ︽ᠲᠤᠮᠳᠠᠳᠤ ᠤᠯᠤᠰ ᠤᠨ ᠮᠤᠩᠭᠤᠯ ᠬᠤᠭᠤᠯᠨ ᠶᠢᠨ ᠬᠤᠳᠠ︾ ᠪᠠᠷ ᠦᠨᠡᠯᠡᠭᠳᠡᠪᠡ᠃ ᠵᠢᠭᠤᠯᠴᠢᠯᠠᠯ ᠤᠨ ᠦᠢᠯᠡᠰ ᠤᠨ ᠤᠷᠤᠯᠭ᠎ᠠ 25% ᠨᠡᠮᠡᠭᠳᠡᠵᠤ᠂ | ᠪᠠᠷᠠᠭᠠᠨ ᠤ ᠬᠦᠢᠯᠭᠡᠭᠡᠨ ᠤ ᠦᠢᠯᠡᠰ ᠤᠨ ᠨᠡᠮᠡᠭᠳᠡᠯ ᠦᠷᠳᠡᠭ ᠤᠨ ᠨᠡᠮᠡᠭᠳᠡᠯᠳᠡ 12% ᠭᠦᠷᠴᠦ᠂ ᠨᠡᠶᠢᠭᠡᠮ ᠤᠨ ᠪᠡᠯᠨ ᠬᠤᠷᠠᠮᠳᠤᠭᠤᠯᠭ᠎ᠠ ᠶᠢᠨ ᠶᠡᠷᠦᠩᠭᠡᠢ ᠲᠤᠭ᠎ᠠ | 273 ᠳ᠋ᠦᠡᠭᠰᠢᠭᠤᠷ ᠲᠦᠬᠦᠷᠢᠭ ᠰᠢᠨ᠎ᠡ ᠪᠠᠷ ᠨᠡᠮᠡᠭᠳᠡᠵᠤ᠂ ᠠᠷᠠᠳ ᠤᠨ ᠠᠭᠠᠷ ᠤᠨ ᠠᠶᠠᠯᠠᠯ ᠤᠨ ᠨᠢᠰᠭᠡᠯ ᠤᠨ ᠠᠶᠠᠨᠴᠢᠨ ᠵᠦᠭᠡᠭᠡᠪᠤᠷᠢᠯᠡᠭᠰᠡᠨ ᠭᠡᠮᠵᠢᠶ᠎ᠡ 70.9 | ᠲᠦᠮᠡᠨ ᠬᠦᠮᠦᠨ ᠤᠳᠠᠭ᠎ᠠ ᠬᠦᠷᠴᠤ᠂ 23.8% ᠨᠡᠮᠡᠭᠳᠡᠪᠡ︔ ᠬᠤᠳᠠ ᠬᠦᠳᠡᠭᠡ ᠶᠢ ᠨᠢᠭᠡᠳᠤᠯᠳᠠᠢ ᠲᠦᠯᠦᠪᠯᠡᠬᠦ ᠠᠯᠬᠤᠭ᠎ᠠ ᠲᠦᠷᠭᠡᠳᠪᠡ᠃ ᠭᠤᠤᠯ ᠬᠤᠳᠠ | ᠲᠤᠭᠤᠷᠢᠭ ᠤᠨ ᠬᠤᠳᠠ ᠶᠢᠨ ᠪᠠᠶᠢᠭᠤᠯᠤᠯᠳᠠ ᠬᠠᠮᠢᠶᠠᠷᠤᠯᠳᠠ᠂ ᠠᠵᠤ ᠦᠢᠯᠡᠰ ᠤᠨ ᠬᠦᠭᠵᠢᠯᠳᠠ ᠵᠢᠴᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯᠯᠠᠭᠠᠨ ᠤ | ᠲᠦᠯᠦᠪᠯᠡᠭᠡ ᠶᠢ ᠨᠠᠶᠢᠳᠠᠪᠤᠷᠢᠵᠢᠭᠤᠯᠵᠤ᠂ ᠰᠢᠨ᠎ᠡ ᠡᠷᠡᠨ ᠵᠠᠭᠤᠨ ᠤ ᠬᠦᠬᠦᠷᠭᠡ᠂ ᠲᠠᠬᠢᠮᠳᠠᠭᠤ ᠠᠮᠤᠷᠯᠢᠩᠭᠤᠢ ᠭᠤᠤᠯ ᠤᠨ ᠡᠮᠦᠨ᠎ᠡ ᠤᠮᠡᠷᠡ ᠵᠠᠮ ᠵᠠᠷᠭᠡ ᠵᠠᠮ | ᠬᠠᠷᠢᠯᠴᠠᠭ᠎ᠠ ᠬᠦᠬᠦᠷᠭᠡ ᠬᠤᠯᠪᠤᠭᠠᠰᠤ ᠶᠢᠨ ᠪᠠᠷᠢᠯᠭ᠎ᠠ ᠶᠢ ᠠᠵᠢᠯ ᠡᠬᠢᠯᠡᠬᠦᠯᠦᠨ ᠪᠠᠶᠢᠭᠤᠯᠵᠤ᠂ ᠦᠨᠳᠤᠰᠦᠳᠠᠨ ᠤ ᠰᠤᠶᠤᠯ ᠤᠨ ᠲᠤᠰᠬᠠᠢ ᠰᠡᠳᠤᠪᠳᠤ 12 ᠮᠦᠽᠸᠢ | ᠪᠠ ᠰᠢᠨᠵᠢᠯᠡᠭᠡ ᠮᠡᠷᠭᠡᠵᠢᠯ ᠤᠨ ᠤᠷᠳᠤᠨ᠂ ᠨᠤᠮ ᠤᠨ ᠰᠠᠩ᠂ ᠨᠠᠰᠤᠳᠠᠶᠢᠴᠤᠳ ᠤᠨ ᠠᠵᠢᠯᠯᠠᠭᠠᠨ ᠤ ᠲᠦᠪ ᠵᠡᠷᠭᠡ ᠨᠡᠶᠢᠭᠡᠮ ᠤᠨ ᠦᠢᠯᠡᠰ ᠤᠨ ᠢᠨᠵᠧᠨᠧᠷᠢᠩ ᠢ | ᠭᠡᠷᠡᠭᠵᠢᠬᠦᠯᠪᠡ᠃ ᠯᠤᠤᠬ᠎ᠠ ᠴᠡᠴᠡᠷᠯᠢᠭ᠂ ᠢᠯᠡᠯᠳᠠ ᠭᠤᠤᠯ ᠪᠠ ᠲᠠᠬᠢᠮᠳᠠᠭᠤ ᠠᠮᠤᠷᠯᠢᠩᠭᠤᠢ ᠭᠤᠤᠯ ᠲᠠᠭᠠᠤ ᠰᠡᠯᠡᠬᠦᠴᠡᠯ ᠵᠤᠭᠠᠴᠠᠯ ᠤᠨ ᠦᠵᠡᠮᠵᠢ ᠶᠢᠨ ᠪᠦᠰᠡ ᠶᠢᠨ | ᠪᠠᠶᠢᠭᠤᠯᠤᠯᠳᠠ ᠶᠢ ᠦᠨᠳᠤᠰᠦᠨ ᠳᠡᠭᠡᠨ ᠲᠠᠭᠤᠰᠬᠠᠪᠠ᠃ ᠭᠤᠤᠯ ᠬᠤᠳᠠ ᠲᠤᠭᠤᠷᠢᠭ ᠤᠨ ᠭᠠᠳᠠᠷ ᠲᠤᠭᠤᠷᠢᠭ ᠵᠡᠮ᠂ ᠵᠡᠭᠡᠯᠢ ᠶᠢᠨ ᠦᠨᠴᠦᠭ ᠪᠤᠯᠤᠩ ᠤᠨ | ᠴᠡᠴᠡᠷᠯᠢᠭ ᠵᠡᠷᠭᠡ ᠭᠤᠤᠯᠳᠠᠯᠭ᠎ᠠ ᠲᠠᠢ ᠨᠤᠭᠤᠭᠠᠷᠠᠭᠤᠯᠤᠯᠳᠠ ᠶᠢᠨ ᠢᠨᠵᠧᠨᠧᠷᠢᠩ ᠢ ᠪᠡᠶᠡᠯᠡᠬᠦᠯᠪᠡ᠃ ᠭᠤᠶᠢᠪᠢᠰᠢ ᠦᠭᠡᠢ ᠴᠢᠷᠮᠠᠶᠢᠯᠭ᠎ᠠ ᠪᠠᠷ ᠲᠠᠮᠵᠢᠵᠤ᠂ ᠤᠯᠤᠰ ᠤᠨ | ᠴᠡᠴᠡᠷᠯᠢᠭ ᠮᠠᠶ᠋ᠢᠭ ᠤᠨ ᠬᠤᠳᠠ ᠶᠢ ᠠᠮᠵᠢᠯᠳᠡ ᠲᠠᠢ ᠪᠦᠳᠦᠭᠡᠨ ᠪᠠᠶᠢᠭᠤᠯᠪᠠ᠃ ᠰᠢᠶᠠᠨ ᠤ ᠬᠤᠳᠠ᠂ ᠤᠨᠴᠠᠯᠢᠬᠳᠤ ᠪᠠᠯᠭᠠᠰᠤ᠂ ᠭᠤᠶᠤ ᠰᠠᠶᠢᠬᠠᠨ ᠬᠦᠳᠡᠭᠡ | ᠲᠤᠰᠬᠤᠨ ᠤ ᠪᠠᠶᠢᠭᠤᠯᠤᠯᠳᠠ ᠶᠢ ᠨᠢᠭᠡᠳᠤᠯᠳᠠᠢ ᠲᠦᠯᠦᠪᠯᠡᠨ ᠠᠬᠢᠭᠤᠯᠵᠤ᠂ ᠱᠧᠪᠡᠷᠳᠤ ᠶᠢᠨ ᠬᠤᠳᠠ ᠬᠦᠳᠡᠭᠡ ᠶᠢᠨ ᠨᠢᠭᠡ ᠴᠤᠭᠴᠠᠵᠢᠯᠳᠡ ᠶᠢᠨ ᠲᠠᠭᠤᠷᠢᠶᠠᠯ | ᠪᠠᠯᠭᠠᠰᠤ ᠶᠢᠨ ᠪᠠᠶᠢᠭᠤᠯᠤᠯᠳᠠ ᠶᠢᠨ ᠦᠷ᠎ᠡ ᠪᠦᠳᠤᠮᠵᠢ ᠢᠯᠡᠳᠳᠡ ᠪᠠᠶᠢᠨ᠎ᠠ᠃ | ︵ᠭᠤᠷᠪᠠ︶ ᠦᠭᠡᠷᠡᠴᠢᠯᠡᠯᠳᠠ ᠬᠢᠵᠤ ᠴᠢᠯᠦᠭᠡᠳᠠᠢ ᠶᠠᠪᠤᠯᠴᠠᠭ᠎ᠠ ᠪᠠᠨ ᠪᠦᠬᠦ ᠲᠠᠯ᠎ᠠ ᠪᠠᠷ ᠬᠦᠨᠵᠡᠭᠡᠶᠢᠷᠡᠬᠦᠯᠵᠤ᠂ ᠬᠦᠭᠵᠢᠯᠳᠠ ᠶᠢᠨ ᠬᠦᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠦᠷᠬᠦᠯᠵᠢᠯᠡᠨ ᠨᠡᠮᠡᠭᠳᠡᠪᠡ᠃ ᠭᠤᠤᠯᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠦᠨ ᠤᠨᠤᠪᠴᠢᠳᠠᠢ ᠬᠦᠴᠤ ᠭᠠᠷᠭᠠᠵᠤ᠂ ᠡᠯ᠎ᠡ ᠵᠦᠢᠯ ᠤᠨ | ᠦᠭᠡᠷᠡᠴᠢᠯᠡᠯᠳᠠ ᠶᠢᠨ ᠠᠷᠭ᠎ᠠ ᠭᠡᠮᠵᠢᠶ᠎ᠡ ᠶᠢ ᠪᠤᠳᠠᠳᠠᠢ ᠨᠠᠶᠢᠳᠠᠪᠤᠷᠢᠵᠢᠭᠤᠯᠵᠤ ᠦᠷ᠎ᠡ ᠠᠰᠢᠭ ᠤᠯᠪᠠ᠃ ᠵᠠᠰᠠᠭ ᠢ ᠴᠤᠮᠬᠠᠳᠬᠠᠵᠤ ᠡᠷᠭᠡ ᠶᠢ ᠲᠠᠯᠪᠢᠬᠤ ᠬᠦᠴᠦᠴᠡ ᠶᠢ | ᠶᠡᠭᠡᠰᠭᠡᠵᠤ᠂ ᠬᠤᠳᠠ ᠶᠢᠨ ᠲᠤᠰ ᠱᠠᠳᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ ᠢ 91 ᠬᠠᠰᠤᠵᠤ᠂ ᠴᠤᠮᠬᠠᠳᠬᠠᠬᠰᠠᠨ ᠭᠡᠮᠵᠢᠶ᠎ᠡ 31% ᠬᠦᠷᠴᠦ᠂ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠴᠠᠭ ᠬᠢᠵᠠᠭᠠᠷᠯᠠᠯ ᠢ 54% ᠪᠠᠭᠠᠰᠬᠠᠪᠠ᠃ ᠠᠵᠤ ᠦᠢᠯᠡᠳᠪᠤᠷᠢ ᠬᠤᠳᠠᠯᠳᠤᠭᠠᠨ ᠤ ᠲᠠᠩᠰᠠᠯᠠᠯ ᠤᠨ ᠲᠦᠬᠦᠮᠴᠢᠯᠡᠯᠳᠠ | ᠶᠢᠨ ᠦᠭᠡᠷᠡᠴᠢᠯᠡᠯᠳᠠ ᠶᠢ ᠭᠡᠷᠡᠭᠵᠢᠬᠦᠯᠵᠤ᠂ ᠪᠦᠬᠦ ᠬᠤᠳᠠ ᠶᠢᠨ ᠰᠢᠨ᠎ᠡ ᠨᠡᠮᠡᠭᠳᠡᠭᠰᠡᠨ ᠵᠠᠬ᠎ᠠ ᠲᠡᠯᠭᠡᠬᠦᠷ ᠤᠨ ᠭᠤᠤᠯ ᠴᠤᠬᠴᠠ 3.8 ᠲᠦᠮᠡᠨ ᠡᠷᠦᠭᠡ ᠪᠠᠶᠢᠵᠤ᠂ | ᠶᠡᠷᠦᠩᠭᠡᠢ ᠲᠤᠭ᠎ᠠ 16 ᠲᠦᠮᠡᠨ ᠡᠷᠦᠭᠡ ᠪᠤᠯᠪᠠ᠃ ᠲᠤᠮᠤ ᠭᠡᠷᠡᠭᠯᠡᠭᠡᠨ ᠤ ᠡᠷᠦᠭᠡ ᠳᠤ ᠰᠢᠭᠤᠳ ᠬᠠᠨᠭ᠍ᠭᠠᠬᠰᠠᠨ ᠴᠠᠬᠢᠯᠭᠠᠨ ᠤ ᠭᠡᠮᠵᠢᠶ᠎ᠡ 30.3 ᠳ᠋ᠦᠡᠭᠰᠢᠭᠤᠷ | ᠭᠷᠡᠳᠦ᠋ᠰ ᠬᠦᠷᠴᠤ᠂ ᠦᠪᠤᠷ ᠮᠤᠩᠭᠤᠯ ᠤᠨ ᠵᠡᠬᠦᠨ ᠭᠡᠰᠡᠭ ᠭᠠᠵᠠᠷ ᠤᠷᠤᠨ ᠤ ᠶᠡᠷᠦᠩᠭᠡᠢ ᠠᠷᠠᠯᠵᠢᠶᠠᠯᠠᠬᠰᠠᠨ ᠴᠠᠬᠢᠯᠭᠠᠨ ᠤ ᠭᠡᠮᠵᠢᠶ᠎ᠡ ᠶᠢᠨ 90% ᠲᠠᠪᠠᠵᠤ᠂ | ᠤᠮᠠᠷᠠᠳᠤ ᠤᠷᠤᠨ ᠪᠦᠰᠡ ᠪᠢᠴᠢᠯ ᠭᠡᠯᠪᠡᠷᠢ ᠶᠢᠨ ᠴᠠᠬᠢᠯᠭᠠᠨ ᠲᠤᠤᠷ ᠤᠨ ᠲᠤᠷᠰᠢᠯᠳᠠ ᠶᠢᠨ ᠴᠢᠭ ᠢ ᠤᠯᠤᠰ ᠤᠨ ᠬᠤᠶᠢᠳᠤ ᠤᠷᠤᠨ ᠢ ᠮᠠᠨᠳᠤᠭᠤᠯᠬᠤ ᠬᠦᠭᠵᠢᠯᠳᠠ | ᠶᠢᠨ ᠪᠠᠶᠢᠯᠳᠤᠬᠤ ᠪᠤᠳᠤᠯᠭ᠎ᠠ ᠳᠤ ᠤᠷᠤᠭᠤᠯᠪᠠ᠃ ᠲᠦᠡᠭᠯᠢᠶᠤᠤ ᠶᠢᠨ ᠰᠢᠨᠵᠢᠯᠡᠭᠡ ᠮᠡᠷᠭᠡᠵᠢᠯ ᠤᠨ ᠲᠤᠮᠤ ᠵᠠᠬ᠎ᠠ ᠲᠡᠯᠭᠡᠬᠦᠷ ᠵᠡᠷᠭᠡ ᠰᠢᠨ᠎ᠡ ᠶᠢ ᠡᠬᠦᠳᠬᠦ ᠲᠠᠪᠴᠠᠩ ᠤᠨ | ᠪᠠᠶᠢᠭᠤᠯᠤᠯᠳᠠ ᠶᠢ ᠴᠢᠩᠭᠠᠳᠬᠠᠵᠤ᠂ ᠵᠠᠩᠬᠢᠯᠠᠭ᠎ᠠ ᠶᠢᠨ ᠮᠡᠷᠭᠡᠵᠢᠯ ᠤᠨ ᠰᠢᠪᠳᠤᠯᠤᠯᠳᠠ ᠪᠠ ᠰᠢᠨᠵᠢᠯᠡᠭᠡ ᠮᠡᠷᠭᠡᠵᠢᠯ ᠤᠨ ᠦᠷ᠎ᠡ ᠪᠦᠳᠤᠭᠡᠯ ᠤᠨ ᠬᠤᠪᠢᠷᠠᠭᠤᠯᠤᠯᠳᠠ ᠶᠢ | ᠪᠦᠳᠤᠮᠵᠢᠳᠠᠢ ᠠᠬᠢᠭᠤᠯᠪᠠ᠃ ᠵᠤᠬᠢᠰᠳᠠᠢ ᠬᠦᠷᠢᠶ᠎ᠡ ᠭᠡᠪᠴᠢᠶᠡᠨ ᠤ ᠡᠵᠡᠩᠨᠡᠯᠳᠠ ᠶᠢ ᠬᠦᠭᠵᠢᠬᠦᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠤᠯᠠᠨ ᠵᠦᠢᠯ | ᠬᠡᠯᠪᠡᠷᠢ ᠪᠠᠷ ᠰᠢᠯᠵᠢᠬᠦᠯᠦᠭᠰᠡᠨ ᠭᠠᠵᠠᠷ ᠰᠢᠷᠤᠢ 715 ᠲᠦᠮᠡᠨ ᠮᠤ᠋ ᠬᠦᠷᠴᠤ᠂ ᠲᠠᠷᠢᠶᠠᠯᠠᠩ ᠢ ᠲᠤᠰᠠᠯᠠᠬᠤ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ ᠲᠤᠤᠷ | ᠴᠢᠭ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠢ ᠪᠦᠷ ᠬᠠᠮᠤᠷᠪᠠ᠃ ᠤᠷᠤᠰ ᠮᠤᠩᠭᠤᠯ ᠯᠤᠭ᠎ᠠ ᠶᠢᠨ ᠵᠤᠯᠭᠠᠯᠴᠠᠭ᠎ᠠ ᠬᠠᠮᠵᠢᠯᠴᠠᠭ᠎ᠠ ᠶᠢ ᠡᠬᠢᠯᠡᠬᠦᠯᠵᠤ᠂ ᠭᠠᠳᠠᠭᠠᠳᠤ | ᠠᠷᠠᠯᠵᠢᠶ᠎ᠠ ᠶᠢᠨ ᠭᠠᠳᠠᠭᠠᠳᠤ ᠠᠴᠠ ᠤᠷᠤᠭᠤᠯᠤᠬᠰᠠᠨ ᠭᠠᠳᠠᠭᠠᠳᠤ ᠳᠤ ᠭᠠᠷᠭᠠᠬᠰᠠᠨ ᠶᠡᠷᠦᠩᠭᠡᠢ ᠲᠤᠭ᠎ᠠ ᠬᠤᠶᠠᠷ ᠲᠠᠬᠢᠨ ᠨᠡᠮᠡᠭᠳᠡᠯᠳᠠ ᠶᠢ ᠪᠡᠶᠡᠯᠡᠬᠦᠯᠪᠡ᠃ ︽ | ᠭᠤᠷᠪᠠᠨ ᠲᠤᠮᠤ ᠠᠵᠤ ᠦᠢᠯᠡᠰ ᠤᠨ ᠪᠦᠯᠦᠭᠵᠢᠯᠳᠠ︾ ᠶᠢᠨ ᠲᠤᠭᠤᠷᠢᠨ ᠳᠤ᠂ ᠬᠤᠳᠠᠯᠳᠤᠭᠠᠴᠢᠨ ᠤᠷᠢᠵᠤ ᠪᠡᠯᠨ ᠮᠦᠡᠭᠬᠦ ᠤᠷᠤᠭᠤᠯᠬᠤ ᠶᠢ ᠶᠡᠭᠡᠪᠡᠷ ᠦᠷᠨᠢᠬᠦᠯᠵᠤ᠂ | ᠠᠵᠤ ᠦᠢᠯᠡᠰ ᠤᠨ ᠲᠡᠰ ᠲᠠᠪᠬᠤᠷᠭ᠎ᠠ ᠪᠠ ᠭᠠᠳᠠᠭᠠᠳᠤ ᠯᠤᠭ᠎ᠠ ᠴᠢᠯᠤᠭᠡᠳᠡᠢ ᠶᠠᠪᠤᠯᠴᠠᠬᠤ ᠬᠢᠷᠢ ᠭᠡᠮᠵᠢᠶ᠎ᠡ ᠴᠢᠨᠠᠬᠰᠢᠳᠠ ᠲᠡᠭᠡᠭᠰᠢᠯᠡᠪᠡ᠃ | ︵ᠲᠦᠷᠪᠡ︶ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠵᠤ᠂ ᠬᠦᠭᠵᠢᠯᠳᠠ | ᠶᠢᠨ ᠪᠠᠳᠤᠯᠠᠭ᠎ᠠ ᠶᠢᠨ ᠴᠢᠳᠠᠪᠤᠷᠢ ᠲᠠᠰᠤᠷᠠᠯᠳᠠ ᠦᠭᠡᠢ ᠲᠡᠭᠡᠭᠰᠢᠯᠡᠪᠡ᠃ ᠬᠤᠶᠠᠳᠤᠭᠠᠷ ᠲᠡᠰ ᠠᠴᠠ ᠲᠡᠭᠡᠭᠰᠢ ᠵᠠᠰᠠᠮᠠᠯ ᠵᠠᠮ ᠢ 208 ᠺᠢᠯᠤᠮᠧᠲᠷ ᠰᠢᠨ᠎ᠡ ᠪᠠᠷ | ᠪᠠᠶᠢᠭᠤᠯᠵᠤ᠂ ᠲᠤᠰᠬᠤᠨ ᠳᠤ ᠨᠡᠪᠳᠡᠷᠡᠬᠦ ᠵᠠᠰᠠᠮᠠᠯ ᠵᠡᠮ ᠢ 1247 ᠺᠢᠯᠤᠮᠧᠲᠷ ᠡᠬᠢᠯᠡᠨ ᠪᠠᠶᠢᠭᠤᠯᠵᠤ᠂ ᠨᠡᠪᠳᠡᠷᠡᠭᠰᠡᠨ ᠨᠤᠷᠮ᠎ᠠ 64% ᠬᠦᠷᠴᠤ᠂ 10 ᠬᠤᠪᠢ | ᠲᠡᠭᠡᠭᠰᠢᠯᠡᠪᠡ᠃ ᠬᠤᠤᠯᠢᠨ ᠭᠤᠤᠯ ᠤᠨ ᠵᠤᠰᠤᠬᠤᠸᠠ ᠠᠴᠠ ᠰᠢᠯᠢ ᠶᠢᠨ ᠭᠤᠤᠯ ᠠᠶᠢᠮᠠᠭ ᠤᠨ ᠵᠡᠬᠦᠨ ᠭᠠᠳᠡᠪᠴᠢ ᠪᠤᠭᠤᠮᠳᠠ ᠬᠦᠷᠬᠦ ᠲᠡᠮᠤᠷ ᠵᠡᠮ ᠲᠡᠷᠭᠡ ᠨᠡᠪᠳᠡᠷᠡᠪᠡ | ᠃ ᠬᠤᠤᠯᠢᠨ ᠭᠤᠤᠯ ᠨᠢᠰᠭᠡᠯ ᠤᠨ ᠪᠠᠭᠤᠳᠠᠯ ᠤᠨ ᠭᠤᠤᠯ ᠴᠤᠬᠴᠠ ᠶᠢᠨ ᠪᠠᠷᠢᠯᠭ᠎ᠠ ᠶᠢᠨ ᠬᠠᠭᠠᠰ ᠢᠯᠡᠬᠦᠤ ᠶᠢ ᠪᠡᠶᠡᠯᠡᠬᠦᠯᠪᠡ᠃ ᠯᠢᠶᠤᠤᠨᠢᠩ ᠤᠨ ᠴᠠᠩᠳᠦ ᠠᠴᠠ | ᠲᠦᠡᠭᠯᠢᠶᠤᠤ ᠬᠦᠷᠬᠦ ᠰᠢᠳᠠᠮᠠᠬᠠᠢ ᠭᠡᠢ ᠶᠢᠨ ᠬᠤᠭᠤᠯᠠᠢ ᠶᠢ ᠤᠬᠰᠠᠷᠠᠨ ᠲᠠᠭᠤᠰᠬᠠᠬᠰᠠᠨ ᠤ ᠬᠠᠮᠳᠤ ᠭᠡᠢ ᠬᠠᠨᠭ᠍ᠭᠠᠬᠤ ᠨᠦᠬᠦᠴᠡᠯ ᠢ ᠪᠦᠷᠢᠯᠳᠤᠬᠦᠯᠪᠡ᠃ ᠬᠤᠷᠴᠢᠨ ᠤ | ᠡᠯᠡᠰᠦᠷᠭᠡᠭ ᠭᠠᠵᠠᠷ ᠤᠨ ︽ᠬᠤᠤᠰ ᠮᠢᠩᠭᠠᠨ ᠲᠦᠮᠡᠨ ᠮᠤ᠋︾ ᠶᠢ ᠶᠡᠷᠦᠩᠭᠡᠶᠢᠯᠡᠨ ᠵᠠᠰᠠᠬᠤ ᠪᠠ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠲᠠᠢ ᠲᠠᠭᠤᠷᠢᠶᠠᠯ | ᠤᠷᠤᠨ ᠤ ᠢᠨᠵᠧᠨᠧᠷᠢᠩ ᠢ ᠠᠵᠢᠯ ᠡᠬᠢᠯᠡᠬᠦᠯᠵᠤ᠂ 193 ᠲᠦᠮᠡᠨ ᠮᠤ᠋ ᠮᠤᠳᠤ ᠲᠠᠷᠢᠵᠤ ᠤᠶᠢᠵᠢᠭᠤᠯᠵᠤ᠂ 679 ᠲᠦᠮᠡᠨ ᠮᠤ᠋ ᠲᠠᠯ᠎ᠠ ᠨᠤᠳᠤᠭ ᠤᠨ | ᠪᠠᠶᠢᠭᠤᠯᠤᠯᠳᠠ ᠬᠢᠵᠤ᠂ ᠲᠠᠷᠢᠶᠠᠯᠠᠬᠤ ᠪᠠᠨ ᠵᠤᠬᠰᠤᠵᠤ ᠡᠪᠡᠰᠤ ᠮᠤᠳᠤ ᠲᠠᠷᠢᠬᠰᠠᠨ ᠲᠠᠯᠠᠪᠠᠢ 155 ᠲᠦᠮᠡᠨ ᠮᠤ᠋ ᠬᠦᠷᠪᠡ᠃ ᠬᠤᠳᠠ ᠶᠢᠨ ᠲᠡᠬᠦᠷᠭᠡ ᠶᠢᠨ ᠵᠠᠭᠤᠨ | ᠲᠦᠮᠡᠨ ᠮᠤ᠋ ᠶᠢᠨ ᠤᠢ ᠰᠢᠭᠤᠢ ᠶᠢᠨ ᠪᠠᠶᠢᠭᠤᠯᠤᠯᠳᠠ ᠶᠢᠨ ᠡᠬᠦᠷᠭᠡ ᠶᠢ ᠪᠦᠬᠦᠨ ᠢ ᠪᠡᠶᠡᠯᠡᠬᠦᠯᠵᠤ᠂ ᠬᠠᠨ ᠠᠭᠤᠯᠠ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠢ | ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠭᠠᠪᠠ᠃ ᠤᠷᠴᠢᠨ ᠲᠤᠭᠤᠷᠢᠨ ᠢ ᠵᠠᠰᠠᠨ ᠴᠡᠭᠴᠡᠯᠡᠬᠦ ︽ᠵᠠᠭᠤᠨ ᠬᠤᠨᠤᠭ ᠤᠨ ᠠᠵᠢᠯᠯᠠᠭ᠎ᠠ︾ | ᠦᠷᠨᠢᠬᠦᠯᠵᠤ᠂ ᠤᠷᠴᠢᠨ ᠲᠤᠭᠤᠷᠢᠨ ᠤ ᠭᠡᠮ ᠰᠤᠭᠤᠭ ᠪᠠ ᠬᠦᠨᠳᠤ ᠴᠢᠬᠤᠯᠠ ᠠᠰᠠᠭᠤᠳᠠᠯ ᠤᠷᠤᠰᠢᠵᠤ ᠪᠠᠶᠢᠬᠤ ᠬᠦᠷᠢᠶᠡᠯᠡᠩ ᠲᠤᠭᠤᠷᠢᠭ᠂ ᠠᠵᠤ ᠠᠬᠤᠶᠢᠯᠠᠯ | ᠵᠢᠴᠢ ᠲᠦᠷᠦᠯ ᠵᠦᠢᠯ ᠢ ᠫᠠᠶᠢᠰᠠ ᠡᠯᠬᠦᠨ ᠱᠠᠭᠠᠷᠳᠠᠨ ᠬᠦᠢᠴᠡᠳᠭᠡᠯᠭᠡᠵᠤ᠂ ᠤᠷᠴᠢᠨ ᠲᠤᠭᠤᠷᠢᠨ ᠤ ᠬᠠᠤᠯᠢ ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ | ᠵᠠᠯᠬᠠᠭᠠᠨ ᠰᠢᠢᠳᠪᠤᠷᠢᠯᠡᠬᠦᠯᠪᠡ᠃ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠪᠠ ᠭᠤᠤᠯᠳᠠᠯᠭ᠎ᠠ ᠲᠠᠢ ᠰᠠᠪᠠ ᠭᠠᠵᠠᠷ᠂ ᠭᠤᠤᠯᠳᠠᠯᠭ᠎ᠠ ᠲᠠᠢ ᠤᠷᠤᠨ | ᠪᠦᠰᠡ ᠶᠢᠨ ᠤᠷᠴᠢᠨ ᠲᠤᠭᠤᠷᠢᠨ ᠤ ᠶᠡᠷᠦᠩᠭᠡᠢ ᠵᠠᠰᠠᠯᠳᠠ ᠶᠢ ᠠᠬᠢᠭᠤᠯᠵᠤ᠂ ᠡᠨᠧᠷᠬᠢ ᠠᠷᠪᠢᠯᠠᠨ ᠪᠤᠬᠢᠷᠳᠤᠯ ᠤᠨ ᠭᠠᠳᠠᠬᠰᠢᠯᠠᠭᠤᠯᠤᠯ ᠢ ᠪᠠᠭᠠᠰᠬᠠᠬᠤ ᠪᠠ | ᠨᠡᠬᠦᠷᠡᠰᠦᠳᠦ᠋ᠷᠦᠭᠴᠢ ᠶᠢ ᠪᠠᠭᠠᠰᠬᠠᠬᠤ ᠦᠪᠡᠷᠳᠡᠭᠡᠨ ᠵᠠᠰᠠᠬᠤ ᠤᠷᠤᠨ ᠤ ᠪᠠᠭᠤᠯᠭᠠᠬᠰᠠᠨ ᠬᠠᠷᠠᠯᠳᠠ ᠡᠬᠦᠷᠭᠡ ᠶᠢ ᠪᠡᠶᠡᠯᠡᠬᠦᠯᠪᠡ᠃ | ︵ᠲᠠᠪᠤ︶ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠬᠦᠴᠦᠨ ᠢᠶᠠᠨ ᠶᠡᠭᠡᠰᠭᠡᠵᠤ᠂ ᠤᠯᠠᠨ ᠲᠦᠮᠡᠨ ᠤ ᠠᠮᠢᠳᠤᠷᠠᠯ ᠤᠨ ᠬᠢᠷᠢ ᠭᠡᠮᠵᠢᠶ᠎ᠡ ᠶᠢ | ᠠᠭᠠᠵᠢᠮ ᠢᠶᠠᠷ ᠲᠡᠭᠡᠭᠰᠢᠯᠡᠬᠦᠯᠪᠡ᠃ ᠬᠤᠳᠠ ᠪᠠᠯᠭᠠᠰᠤ ᠪᠠ ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠡᠭᠭᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ | ᠲᠤᠬᠢᠷᠠᠭᠤᠯᠵᠤ ᠪᠤᠯᠬᠤ ᠤᠷᠤᠯᠭ᠎ᠠ ᠲᠤᠰ ᠲᠤᠰ 23377 ᠲᠦᠬᠦᠷᠢᠭ ᠪᠠ 9932 ᠲᠦᠬᠦᠷᠢᠭ ᠬᠦᠷᠴᠤ᠂ ᠲᠤᠰ ᠲᠤᠰ 9.5 % ᠪᠠ 11.3% ᠨᠡᠮᠡᠭᠳᠡᠪᠡ᠃ | ᠬᠦᠳᠡᠭᠡ ᠲᠤᠰᠬᠤᠨ ᠮᠠᠯᠵᠢᠬᠤ ᠤᠷᠤᠨ ᠤ 700 ᠭᠠᠴᠠᠭ᠎ᠠ ᠲᠤᠰᠬᠤᠨ ᠤ ︽ᠠᠷᠪᠠ ᠪᠦᠷᠢᠨ︾ ᠪᠠᠷᠢᠯᠭ᠎ᠠ ᠶᠢᠨ ᠡᠬᠦᠷᠭᠡ ᠶᠢ ᠪᠦᠬᠦ ᠲᠠᠯ᠎ᠠ ᠪᠠᠷ ᠪᠡᠶᠡᠯᠡᠬᠦᠯᠵᠤ᠂ | ᠪᠦᠬᠦ ᠤᠷᠤᠨ ᠤ ᠲᠤᠬᠠᠢ ᠶᠢᠨ ᠭᠠᠵᠠᠷ ᠤᠨ ᠦᠵᠡᠬᠦᠯᠦᠯᠭᠡ ᠶᠢᠨ ᠬᠤᠷᠠᠯ ᠮᠠᠨ ᠤ ᠬᠤᠳᠠ ᠳᠤ ᠬᠤᠷᠠᠯᠳᠤᠪᠠ᠃ ᠰᠢᠨ᠎ᠡ ᠪᠠᠷ ᠨᠡᠮᠡᠭᠳᠡᠭᠰᠡᠨ ᠬᠤᠳᠠ ᠪᠠᠯᠭᠠᠰᠤᠨ ᠤ | ᠠᠵᠢᠯ ᠤᠯᠤᠬᠰᠠᠳ 1.8 ᠲᠦᠮᠡ ᠬᠦᠷᠴᠤ᠂ ᠠᠵᠢᠯ ᠲᠠᠢ ᠬᠦᠮᠦᠨ ᠦᠭᠡᠢ ᠭᠡᠷ ᠪᠦᠯᠢ ᠶᠢ ᠦᠭᠡᠶᠢᠰᠭᠡᠪᠡ᠃ ᠬᠦᠳᠡᠭᠡ ᠲᠤᠰᠬᠤᠨ ᠮᠠᠯᠵᠢᠬᠤ ᠤᠷᠤᠨ ᠤ | ᠬᠦᠳᠡᠯᠮᠤᠷᠢ ᠬᠦᠴᠦᠨ ᠢ ᠰᠢᠯᠵᠢᠬᠦᠯᠦᠨ ᠠᠵᠢᠯ ᠤᠯᠭᠤᠬᠤ ᠶᠢ 48.3 ᠲᠦᠮᠡ ᠬᠦᠷᠭᠡᠪᠡ᠃ ᠲᠦᠯᠦᠪᠵᠢᠬᠦᠯᠪᠡ᠂ ᠲᠦᠷᠦᠯ ᠵᠦᠢᠯ᠂ ᠺᠠᠳ᠋ᠷ ︽ᠭᠤᠷᠪᠠ ᠶᠢ | ᠲᠤᠰᠬᠤᠨ ᠡᠷᠦᠭᠡ ᠳᠤ ᠬᠦᠷᠭᠡᠬᠦ︾ ᠨᠠᠷᠢᠯᠢᠭ ᠤᠨᠤᠪᠴᠢᠳᠠᠢ ᠶᠠᠳᠠᠭᠤ ᠶᠢ ᠲᠡᠳᠬᠦᠬᠦ ᠪᠠ ︽ᠮᠦᠡᠭᠬᠦᠨ ᠬᠦᠢᠯᠭᠡᠭᠡᠨ ᠢᠶᠠᠷ ᠶᠠᠳᠠᠭᠤ ᠶᠢ ᠲᠡᠳᠬᠦᠨ ᠠᠷᠠᠳ ᠢ | ᠪᠠᠶᠠᠵᠢᠭᠤᠯᠬᠤ︾ ᠢᠨᠵᠧᠨᠧᠷᠢᠩ ᠢ ᠭᠡᠷᠡᠭᠵᠢᠬᠦᠯᠵᠤ᠂ 1.8 ᠲᠦᠮᠡᠨ ᠡᠷᠦᠭᠡ᠂ 7 ᠲᠦᠮᠡᠨ ᠶᠠᠳᠠᠭᠤ ᠬᠦᠴᠢᠷᠳᠠᠯᠳᠠᠢ ᠬᠦᠮᠦᠨ ᠠᠮᠠ ᠶᠢ ᠲᠤᠬᠳᠠᠭᠤᠨ ᠢᠶᠠᠷ ᠶᠠᠳᠠᠭᠤ | ᠠᠴᠠ ᠨᠢ ᠠᠩᠬᠢᠵᠢᠷᠠᠭᠤᠯᠪᠠ᠃ ᠬᠤᠳᠠ ᠶᠢᠨ ᠪᠤᠷᠤ ᠭᠡᠷ ᠤᠨ ᠲᠤᠭᠤᠷᠢᠭ ᠢ 3 ᠲᠦᠮᠡᠨ ᠡᠷᠦᠭᠡ᠂ ᠬᠦᠳᠡᠭᠡ ᠲᠤᠰᠬᠤᠨ ᠮᠠᠯᠵᠢᠬᠤ ᠤᠷᠤᠨ ᠤ ᠠᠶᠤᠯᠳᠠᠢ ᠰᠢᠪᠡᠷ | ᠪᠠᠶᠢᠰᠢᠩ ᠢ 3.5 ᠲᠦᠮᠡᠨ ᠡᠷᠦᠭᠡ ᠦᠭᠡᠷᠡᠴᠢᠯᠡᠨ ᠪᠠᠶᠢᠭᠤᠯᠵᠤ᠂ ᠤᠯᠠᠨ ᠨᠡᠶᠢᠳᠠ ᠶᠢᠨ ᠲᠦᠷᠢᠶᠡᠰᠤᠨ ᠤᠷᠤᠨ ᠰᠠᠭᠤᠴᠠ ᠶᠢ 1100 ᠢᠵᠢ ᠰᠢᠨ᠎ᠡ ᠪᠠᠷ | ᠪᠠᠶᠢᠭᠤᠯᠪᠠ᠃ ᠰᠠᠭᠤᠭᠠᠯᠢ ᠠᠷᠠᠳ ᠤᠨ ᠭᠡᠷ ᠪᠦᠯᠢ ᠶᠢ 30 ᠡᠬᠢᠯᠡᠨ ᠪᠠᠶᠢᠭᠤᠯᠵᠤ᠂ ᠮᠠᠯᠴᠢᠨ ᠲᠠᠷᠢᠶᠡᠴᠢᠨ ᠤ ᠭᠡᠷ ᠪᠦᠯᠢ ᠶᠢ 108 ᠪᠠᠶᠢᠭᠤᠯᠵᠤ ᠪᠦᠳᠤᠭᠡᠪᠡ᠃ | ︽ᠨᠢᠭᠡ ᠲᠤᠨ ᠬᠠᠯᠠᠮᠵᠢ ᠨᠡᠬᠦᠷᠡᠰᠤ︾ ᠬᠦᠷᠭᠡᠬᠦ ᠪᠠ ᠶᠠᠳᠠᠭᠤ ᠬᠦᠴᠢᠷᠳᠠᠯᠳᠠᠢ ᠤᠶᠤᠳᠠᠳ ᠢ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠭᠡᠷᠡᠭᠵᠢᠬᠦᠯᠵᠤ᠂ | ᠲᠦᠷ ᠴᠠᠭ ᠤᠨ ᠠᠪᠤᠷᠡᠨ ᠲᠤᠰᠠᠯᠠᠬᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠵᠢᠴᠢ ᠵᠡᠮᠳᠡᠭᠴᠤᠳ ᠤᠨ ︽ᠲᠠᠪᠤᠨ ᠵᠦᠢᠯ︾ ᠤᠨ ᠬᠠᠷᠠᠭᠠᠯᠵᠠᠯ 43.7 | ᠲᠦᠮᠡᠨ ᠪᠠᠭᠤᠷᠠᠶᠢᠴᠤᠳ ᠲᠤ ᠠᠰᠢᠭ ᠬᠦᠷᠳᠡᠭᠡᠪᠡ᠃ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠲᠦᠷᠢᠮ ᠢ ᠲᠠᠰᠤᠷᠡᠯᠳᠡ ᠦᠬᠡᠢ | ᠲᠡᠭᠦᠯᠳᠡᠷᠵᠢᠬᠦᠯᠵᠦ᠂ ᠬᠤᠳᠠᠯᠳᠤᠭᠠᠨ ᠤ ᠲᠠᠭᠠᠳᠬᠠᠯ ᠢ ᠰᠢᠢᠳᠪᠦᠷᠢᠯᠡᠬᠦ ᠦᠢᠯᠡᠴᠢᠯᠡᠭᠡ ᠳᠤ ᠤᠷᠤᠭᠤᠯᠵᠦ᠂ ᠬᠦᠨᠳᠦ ᠡᠪᠡᠳᠴᠢᠨ ᠤ ᠬᠠᠮᠤᠭ ᠠᠷᠪᠢᠨ ᠦᠭᠭᠦ | ᠬᠡᠮᠵᠢᠶ᠎ᠡ ᠶᠢ ᠲᠡᠭᠡᠭᠰᠢᠯᠡᠬᠦᠯᠵᠦ᠂ ᠬᠤᠳᠠ ᠬᠦᠳᠡᠭᠡ ᠶᠢᠨ ᠤᠷᠤᠯᠭ᠎ᠠ ᠪᠠᠭ᠎ᠠ ᠰᠠᠭᠤᠭᠠᠯᠢ ᠠᠷᠠᠳ ᠤᠨ ᠨᠡᠶᠢᠭᠡᠮ ᠤᠨ ᠪᠠᠳᠤᠯᠠᠭ᠎ᠠ ᠶᠢᠨ ᠬᠢᠷᠢ ᠲᠦᠪᠰᠢᠨ ᠪᠤᠯᠤᠨ ᠡᠮ | ᠡᠮᠨᠡᠯᠭᠡ ᠶᠢᠨ ᠨᠦᠬᠦᠪᠤᠷᠢ ᠦᠭᠬᠦ ᠪᠠᠷᠢᠮᠵᠢᠶ᠎ᠠ ᠶᠢ ᠲᠤᠬᠳᠠᠭᠤᠨ ᠢᠶᠠᠷ ᠲᠡᠭᠡᠭᠰᠢᠯᠡᠬᠦᠯᠪᠡ᠃ | ︵ᠵᠢᠷᠭᠤᠭ᠎ᠠ︶ ᠡᠯ᠎ᠡ ᠲᠦᠷᠦᠯ ᠤᠨ ᠨᠡᠶᠢᠭᠡᠮ ᠤᠨ ᠠᠵᠢᠯ ᠦᠢᠯᠡᠰ ᠢ ᠬᠦᠭᠵᠢᠬᠦᠯᠵᠤ᠂ ᠨᠡᠶᠢᠭᠡᠮ ᠤᠨ ᠡᠶ᠎ᠡ ᠵᠤᠬᠢᠴᠠᠯ ᠲᠠᠢ ᠲᠤᠬᠳᠠᠭᠤᠨ ᠪᠠᠶᠢᠬᠤ ᠶᠢ | ᠪᠠᠳᠤᠯᠠᠪᠠ᠃ ᠰᠤᠷᠭᠠᠨ ᠬᠦᠮᠦᠵᠢᠯ ᠤᠨ ᠲᠦᠯᠦᠪᠵᠢᠬᠦᠯᠬᠡ ᠪᠠᠶᠢᠷᠢᠰᠢᠯᠠᠭᠤᠯᠤᠯᠳᠠ ᠶᠢ ᠤᠯᠠᠮ ᠨᠢᠭᠡ ᠠᠯᠬᠤᠮ ᠲᠡᠬᠦᠯᠳᠡᠷᠵᠢᠬᠦᠯᠵᠤ᠂ ᠰᠤᠷᠭᠠᠨ ᠬᠦᠮᠦᠵᠢᠯ ᠤᠨ | ᠬᠦᠷᠢᠶ᠎ᠡ ᠴᠠᠷ᠎ᠠ ᠶᠢᠨ ᠶᠡᠷᠦᠩᠭᠡᠶᠢᠯᠡᠭᠰᠡᠨ ᠦᠭᠡᠷᠡᠴᠢᠯᠡᠯᠳᠠ ᠶᠢ ᠬᠦᠨᠵᠡᠭᠡᠶᠢᠷᠡᠬᠦᠯᠵᠤ᠂ ᠡᠯ᠎ᠡ ᠱᠠᠳᠤ ᠤ ᠡᠯ᠎ᠡ ᠵᠦᠢᠯ ᠤᠨ ᠰᠤᠷᠭᠠᠨ ᠬᠦᠮᠦᠵᠢᠯ ᠦᠷᠬᠦᠯᠵᠢᠯᠡᠨ | ᠲᠡᠩᠴᠡᠬᠦᠷᠢ ᠲᠠᠢ ᠬᠦᠭᠵᠢᠪᠡ᠃ ᠪᠦᠬᠦ ᠤᠷᠤᠨ ᠤ ᠰᠤᠮᠤ ᠪᠠᠯᠭᠠᠰᠤ᠂ ᠭᠤᠤᠯ ᠭᠠᠴᠠᠭ᠎ᠠ ᠲᠤᠰᠬᠤᠨ ᠪᠦᠷᠢ ᠳᠤ ᠴᠦᠮ ᠠᠯᠪᠠᠨ ᠤ ᠬᠡᠦᠬᠡᠳ ᠤᠨ ᠴᠡᠴᠡᠷᠯᠢᠭ | ᠪᠠᠶᠢᠭᠤᠯᠬᠤ ᠬᠠᠷᠡᠯᠳᠡ ᠶᠢ ᠤᠷᠢᠳᠠᠪᠡᠷ ᠪᠡᠶᠡᠯᠡᠬᠦᠯᠪᠡ᠃ ᠬᠤᠳᠡ ᠶᠢᠨ ᠲᠡᠰ ᠤᠨ ᠡᠮ ᠡᠮᠨᠡᠯᠬᠡ ᠶᠢᠨ ᠪᠠᠶᠢᠭᠤᠯᠤᠮᠵᠢ ᠬᠢᠬᠡᠳ ᠪᠡᠬᠡᠵᠢᠩ ᠬᠤᠳᠡ ᠶᠢᠨ ᠬᠡᠰᠡᠭ | ᠡᠮᠨᠡᠯᠬᠡ ᠶᠢᠨ ᠬᠤᠷᠢᠶ᠎ᠡ ᠯᠤᠭ᠎ᠠ ᠬᠠᠮᠵᠢᠯᠴᠠᠭ᠎ᠠ ᠪᠠᠨ ᠴᠢᠩᠭᠠᠳᠬᠠᠵᠦ᠂ ᠡᠮ ᠡᠮᠨᠡᠯᠬᠡ ᠶᠢᠨ ᠮᠡᠷᠬᠡᠵᠢᠯ ᠤᠨ ᠬᠢᠷᠢ ᠲᠦᠪᠰᠢᠨ ᠢ ᠲᠠᠰᠤᠷᠡᠯᠳᠡ ᠦᠭᠡᠢ ᠲᠡᠭᠡᠭᠰᠢᠯᠡᠬᠦᠯᠪᠡ᠃ | ᠬᠤᠳᠠ ᠶᠢᠨ ᠡᠷᠡᠬᠦᠯ ᠴᠢᠬᠢᠷᠠᠭ ᠤᠨ ᠪᠠᠶᠢᠴᠠᠭᠠᠯᠳᠠ ᠶᠢᠨ ᠲᠦᠪ ᠢ ᠠᠰᠢᠬᠯᠠᠯᠳᠠ ᠳᠤ ᠤᠷᠤᠭᠤᠯᠵᠤ᠂ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠪᠦᠬᠦᠶᠢᠯᠡ | ᠴᠤᠬᠴᠠ ᠪᠠᠷ ᠨᠢ ᠬᠤᠶᠠᠳᠤᠭᠠᠷ ᠵᠡᠷᠭᠡ ᠶᠢᠨ ᠬᠦᠭᠡ ᠲᠡᠰ ᠤᠨ ᠬᠢᠷᠢ ᠲᠦᠪᠰᠢᠨ ᠳᠤ ᠬᠦᠷᠭᠡᠪᠡ᠃ ᠬᠦᠮᠦᠨ ᠠᠮᠠ ᠲᠦᠯᠦᠪᠯᠡᠭᠡᠳᠤ ᠦᠷᠡᠵᠢᠯ ᠤᠨ ᠡᠯ᠎ᠡ ᠲᠦᠷᠦᠯ ᠤᠨ | ᠬᠠᠷᠠᠯᠳᠠ ᠡᠬᠦᠷᠭᠡ ᠶᠢ ᠲᠡᠬᠦᠰ ᠠᠮᠵᠢᠯᠳᠠ ᠲᠠᠢ ᠪᠡᠶᠡᠯᠡᠬᠦᠯᠪᠡ᠃ ᠷᠠᠳᠢᠣ᠋ ᠲᠧᠯᠸᠢᠰ ᠢ ᠡᠷᠦᠬᠡ ᠪᠦᠷᠢ ᠳᠤ ᠨᠡᠪᠳᠡᠷᠡᠬᠦᠯᠬᠦ ᠪᠠᠷᠢᠯᠭ᠎ᠠ 4 ᠲᠦᠮᠡᠨ ᠡᠷᠦᠬᠡ ᠳᠤ | ᠨᠡᠪᠳᠡᠷᠡᠬᠦᠯᠵᠦ᠂ ᠲᠤᠭᠠᠴᠢᠯᠠᠭᠰᠠᠨ ᠲᠧᠯᠸᠢᠰ ᠨᠡᠪᠳᠡᠷᠬᠦᠯᠬᠦ ᠦᠷᠳᠡᠭᠡ 11 ᠪᠠᠶᠢᠭᠤᠯᠵᠦ᠂ 20 ᠲᠦᠮᠡᠨ ᠮᠠᠯᠴᠢᠨ ᠲᠡᠷᠢᠶᠡᠴᠢᠨ ᠲᠦᠡᠭᠯᠢᠶᠥᠥ ᠬᠤᠳᠡ ᠪᠡ | ᠨᠤᠳᠤᠭ ᠤᠨ ᠢᠶᠠᠨ ᠲᠧᠯᠸᠢᠰ ᠨᠡᠪᠳᠡᠷᠡᠬᠦᠯᠬᠡ ᠶᠢ ᠦᠵᠡᠬᠦ ᠪᠤᠯᠪᠡ᠃ ᠨᠢᠭᠡ ᠪᠦᠯᠦᠭ ᠰᠤᠶᠤᠯ ᠤᠨ ᠠᠵᠢᠯᠯᠠᠭᠠᠨ ᠤ ᠭᠡᠷ ᠪᠤᠯᠤᠨ ᠰᠤᠶᠤᠯ ᠲᠠᠮᠢᠷ ᠤᠨ ᠠᠭᠤᠳᠠᠮ | ᠲᠠᠯᠠᠪᠠᠢ ᠶᠢ ᠪᠠᠶᠢᠭᠤᠯᠤᠨ ᠪᠦᠳᠤᠭᠡᠵᠤ᠂ ᠰᠤᠶᠤᠯ ᠢᠶᠠᠷ ᠠᠷᠠᠳ ᠢ ᠬᠠᠷᠠᠭᠠᠯᠵᠠᠬᠤ ᠠᠵᠢᠯᠯᠠᠭ᠎ᠠ ᠪᠤᠯᠤᠨ ︽ᠭᠤᠷᠪᠠᠨ ᠲᠤᠮᠤ ᠪᠦᠮᠪᠦᠭᠡ︾ ᠶᠢᠨ ᠬᠠᠮᠳᠤᠷᠠᠬᠰᠠᠨ | ᠤᠷᠤᠯᠳᠤᠭᠠᠨ ᠦᠷᠨᠢᠬᠦᠯᠵᠤ᠂ ᠬᠤᠳᠠ ᠬᠦᠳᠡᠭᠡᠨ ᠤ ᠰᠠᠭᠤᠭᠠᠯᠢ ᠠᠷᠠᠳ ᠤᠨ ᠰᠤᠶᠤᠯ ᠲᠠᠮᠢᠷ ᠤᠨ ᠠᠵᠢᠯᠯᠠᠭ᠎ᠠ ᠡᠳᠤᠷ ᠢᠷᠡᠬᠦᠶ᠎ᠡ ᠬᠦᠭᠵᠢᠶᠡᠨ ᠲᠠᠢ ᠪᠤᠯᠪᠠ᠃ | ᠲᠦᠡᠭᠯᠢᠶᠥᠥ ᠬᠤᠳᠡ ᠶᠢᠨ ᠴᠤᠭᠤᠷ᠂ ᠬᠦᠷᠢᠶ᠎ᠡ ᠬᠤᠰᠢᠭᠤᠨ ᠤ ᠪᠢᠯᠠᠭᠤ ᠲᠤᠮᠳᠡᠳᠦ ᠤᠯᠤᠰ ᠤᠨ ᠲᠦᠷᠪᠡᠳᠦᠬᠡᠷ ᠪᠦᠯᠦᠭ ᠤᠨ ᠪᠤᠳᠡᠰ ᠤᠨ ᠪᠤᠰᠤ ᠰᠤᠶᠤᠯ ᠤᠨ | ᠦᠪ ᠤᠨ ᠪᠦᠷᠢᠳᠭᠡᠯ ᠳᠤ ᠤᠷᠤᠵᠦ᠂ ᠤᠯᠤᠰ ᠤᠨ ᠲᠡᠰ ᠤᠨ ᠪᠤᠳᠡᠰ ᠤᠨ ᠪᠤᠰᠤ ᠰᠤᠶᠤᠯ ᠤᠨ ᠦᠪ 11 ᠪᠤᠯᠵᠦ᠂ ᠤᠯᠠᠮᠵᠢᠯᠠᠭᠴᠢ 9 ᠪᠤᠯᠪᠡ᠃ ᠲᠦᠪ ᠬᠤᠷᠢᠶᠠᠨ | ᠤ ᠦᠨᠳᠤᠰᠦᠳᠠᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠤᠰᠦᠳᠠᠨ ᠤ ᠪᠦᠯᠬᠦᠮᠳᠡᠯ | ᠲᠠᠪᠰᠢᠯᠳᠠ ᠶᠢᠨ ᠦᠢᠯᠡᠰ ᠢ ᠬᠦᠨᠵᠡᠭᠡᠢ ᠠᠬᠢᠭᠤᠯᠤᠨ᠂ ᠡᠷᠭᠡ ᠲᠡᠭᠰᠢ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠬᠰᠠᠨ᠂ ᠡᠶ᠎ᠡ ᠵᠤᠬᠢᠴᠠᠯ ᠲᠠᠢ ᠨᠡᠶᠢᠭᠡᠮ ᠵᠢᠷᠤᠮ | ᠤᠨ ᠦᠨᠳᠤᠰᠦᠳᠠᠨ ᠤ ᠬᠠᠷᠢᠴᠠᠭ᠎ᠠ ᠶᠢ ᠤᠯᠠᠮ ᠴᠢᠨᠠᠬᠰᠢᠳᠠ ᠪᠠᠳᠤᠳᠬᠠᠪᠠ᠃ ᠰᠤᠨᠢᠨ ᠮᠡᠳᠡᠭᠡ ᠭᠡᠪᠯᠡᠯ᠂ ᠠᠷᠠᠳ ᠤᠨ ᠠᠭᠠᠷ ᠤᠨ ᠰᠡᠷᠭᠡᠶᠢᠯᠡᠯᠳᠠ᠂ ᠭᠠᠳᠠᠭᠠᠳᠤ | ᠶᠠᠪᠤᠳᠠᠯ᠂ ᠬᠠᠷᠢᠶᠠᠳᠤ ᠠᠷᠠᠳ ᠤᠨ ᠶᠠᠪᠤᠳᠠᠯ᠂ ᠱᠠᠰᠢᠨ ᠰᠤᠷᠳᠠᠬᠤᠨ᠂ ᠴᠠᠭ ᠠᠭᠤᠷ᠂ ᠭᠠᠵᠠᠷ ᠬᠦᠳᠡᠯᠦᠯᠳᠠ᠂ ᠲᠠᠩᠰᠠ ᠡᠪᠭᠡᠮᠡᠯ᠂ ᠠᠵᠢᠯᠴᠢᠨ ᠤ ᠡᠪᠯᠡᠯ᠂ ᠡᠪ | ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠪᠠᠭᠠᠴᠤᠳ ᠭᠡᠤᠭᠡᠳ᠂ ᠨᠠᠰᠤᠳᠠᠶᠢᠴᠤᠳ ᠤᠨ ᠠᠵᠢᠯ᠂ ᠨᠢᠬᠦᠯᠡᠰᠦᠩᠬᠦᠢ ᠶᠢᠨ ᠦᠢᠯᠡᠰ᠂ ᠬᠤᠶᠢᠴᠢ ᠦᠶ᠎ᠡ ᠶᠢᠨ | ᠬᠢᠨ ᠢ ᠬᠠᠯᠠᠮᠵᠢᠯᠠᠬᠤ ᠵᠡᠷᠭᠡ ᠠᠵᠢᠯ ᠰᠢᠨ᠎ᠡ ᠠᠮᠵᠢᠯᠳᠡ ᠤᠯᠤᠭᠰᠠᠨ ᠪᠠᠶᠢᠨ᠎ᠠ᠃ | ᠠᠮᠤᠭᠤᠯᠠᠩ ᠲᠦᠡᠭᠯᠢᠶᠥᠥ ᠶᠢᠨ ᠪᠦᠳᠤᠭᠡᠨ ᠪᠠᠶᠢᠭᠤᠯᠤᠯᠳᠠ ᠶᠢ ᠬᠦᠨᠵᠡᠭᠡᠶᠢᠷᠡᠬᠦᠯᠪᠡ᠃ ᠨᠡᠶᠢᠭᠡᠮ ᠲᠤᠭᠤᠷᠢᠭ ᠤᠨ ︽ᠲᠤᠤᠷᠵᠢᠬᠰᠠᠨ︾ ᠬᠠᠮᠢᠶᠠᠷᠤᠯᠳᠠ | ᠪᠤᠯᠤᠨ ᠭᠠᠴᠠᠭ᠎ᠠ ᠲᠤᠰᠬᠤᠨ ᠤ ︽532 ︾ ᠠᠵᠢᠯᠯᠠᠬᠤ ᠠᠷᠭ᠎ᠠ ᠶᠢ ᠲᠡᠯᠭᠡᠷᠡᠬᠦᠯᠵᠤ᠂ ᠦᠨᠳᠤᠰᠤᠨ ᠱᠠᠳᠤᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢ | ᠲᠦᠬᠡᠮᠡᠯᠵᠢᠬᠦᠯᠪᠡ᠃ ᠨᠡᠶᠢᠭᠡᠮ ᠤᠨ ᠠᠮᠤᠷ ᠢ ᠰᠡᠷᠭᠡᠶᠢᠯᠡᠨ ᠡᠵᠡᠮᠰᠢᠬᠦ ᠪᠡᠶᠡᠴᠢᠯᠡᠭᠰᠡᠨ ᠰᠢᠰᠲ᠋ᠧᠮ ᠢ ᠲᠡᠬᠦᠯᠳᠡᠷᠵᠢᠬᠦᠯᠵᠤ᠂ ᠬᠠᠤᠯᠢ ᠴᠠᠭᠠᠵᠠ ᠠᠴᠠ ᠵᠦᠷᠢᠴᠡᠭᠰᠡᠨ | ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠭᠰᠡᠨ ᠠᠴᠠ ᠨᠡᠶᠢᠭᠡᠮ ᠤᠨ ᠶᠡᠭᠡ ᠪᠠᠶᠢᠳᠠᠯ ᠡᠶ᠎ᠡ ᠵᠤᠬᠢᠴᠠᠯ ᠲᠠᠢ ᠲᠤᠬᠳᠠᠭᠤᠨ ᠪᠤᠯᠪᠠ᠃ ᠵᠠᠬᠢᠳᠠᠯ | ᠰᠤᠷᠪᠤᠯᠵᠢᠯᠠᠭ᠎ᠠ ᠶᠢᠨ ᠦᠬᠡᠷᠡᠴᠢᠯᠡᠯᠳᠡ ᠶᠢ ᠠᠬᠢᠭᠤᠯᠵᠦ᠂ ᠵᠠᠬᠢᠳᠡᠯ ᠰᠤᠷᠪᠤᠯᠵᠢᠯᠠᠭ᠎ᠠ ᠶᠢᠨ ᠡᠮᠬᠢ ᠲᠢᠭᠯᠢᠮ ᠢ ᠬᠠᠤᠯᠢ ᠶᠤᠰᠤᠭᠠᠷ ᠵᠢᠷᠦᠮᠵᠢᠭᠤᠯᠵᠦ᠂ ᠨᠢᠭᠡ ᠪᠦᠯᠦᠭ | ᠲᠠᠷᠤᠬᠳᠠᠬᠰᠠᠨ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠢ ᠵᠤᠬᠢᠰᠳᠠᠢ ᠡᠶᠡᠳᠡᠬᠦᠯᠪᠡ᠃ ᠢᠳᠡᠭᠡᠨ ᠤ ᠵᠦᠢᠯ ᠪᠠ ᠡᠮ ᠤᠨ ᠵᠦᠢᠯ ᠳᠤ ᠬᠢᠨᠠᠯᠳᠠ ᠲᠠᠯᠪᠢᠨ ᠬᠠᠮᠢᠶᠠᠷᠬᠤ | ᠪᠠᠶᠢᠭᠤᠯᠤᠮᠵᠢ ᠶᠢᠨ ᠦᠭᠡᠷᠡᠴᠢᠯᠡᠯᠳᠠ ᠶᠢ ᠭᠡᠷᠡᠭᠵᠢᠬᠦᠯᠵᠤ᠂ ᠲᠤᠰᠬᠠᠢ ᠪᠠᠶᠢᠴᠠᠭᠠᠯᠳᠠ ᠶᠢᠨ ᠡᠷᠴᠢᠮ ᠢᠶᠠᠨ ᠶᠡᠭᠡᠰᠭᠡᠨ᠂ ᠢᠳᠡᠭᠡᠨ ᠤ ᠵᠦᠢᠯ ᠪᠠ ᠡᠮ ᠤᠨ ᠵᠦᠢᠯ ᠤᠨ | ᠠᠶᠤᠯᠬᠦᠢ ᠶᠢ ᠪᠠᠳᠤᠯᠠᠪᠠ᠃ ᠠᠶᠤᠯᠬᠦᠢ ᠦᠢᠯᠡᠳᠪᠤᠷᠢᠯᠡᠯ ᠢ ᠬᠢᠨᠠᠨ ᠬᠠᠮᠢᠶᠠᠷᠬᠤ ᠪᠠ ᠠᠳᠠᠯ ᠤᠨ ᠲᠠᠯᠳᠠ ᠭᠡᠮ ᠰᠤᠭᠤᠭ ᠢ ᠮᠦᠷᠳᠡᠨ ᠪᠠᠶᠢᠴᠠᠭᠠᠵᠤ ᠴᠡᠭᠴᠡᠯᠡᠨ | ᠵᠠᠰᠠᠬᠤ ᠶᠢ ᠴᠢᠩᠭ᠎ᠠ ᠠᠳᠬᠤᠵᠤ᠂ ᠠᠶᠤᠯᠬᠦᠢ ᠦᠢᠯᠡᠳᠪᠤᠷᠢᠯᠡᠯ ᠤᠨ ᠪᠠᠶᠢᠳᠠᠯ ᠢ ᠲᠤᠬᠳᠠᠭᠤᠨ ᠪᠤᠯᠭᠠᠪᠠ᠃ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ | ᠠᠩᠬᠢ ᠶᠢᠨ ᠤᠳᠤᠬᠢᠴᠢᠯᠠᠬᠰᠠᠨ ᠪᠠᠶᠢᠭᠤᠯᠤᠯᠳᠠ ᠶᠢ ᠢᠳᠡᠪᠬᠢᠳᠠᠢ ᠲᠡᠮᠵᠢᠵᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ ᠪᠤᠯᠤᠨ ᠬᠤᠤᠰ ᠬᠦᠷᠢᠶᠡᠯᠡᠵᠤ | ᠬᠠᠮᠳᠤ ᠪᠠᠷ ᠪᠠᠶᠢᠭᠤᠯᠬᠤ ᠶᠢ ᠬᠦᠨᠵᠡᠭᠡᠢ ᠦᠷᠨᠢᠬᠦᠯᠵᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠪᠤᠯᠤᠨ ᠪᠡᠯᠡᠳᠭᠡᠯ ᠬᠦᠴᠦᠨ ᠤ ᠪᠠᠶᠢᠭᠤᠯᠤᠯᠳᠠ | ᠰᠢᠨ᠎ᠡ ᠠᠬᠢᠴᠠ ᠲᠠᠢ ᠪᠤᠯᠪᠠ᠃ | ᠲᠦᠯᠦᠭᠡᠯᠡᠭᠴᠢᠳ ᠡ᠂ ᠨᠢᠭᠡ ᠵᠢᠯ ᠤᠨ ᠲᠤᠷᠰᠢ᠂ ᠪᠢᠳᠡ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠡᠭᠭᠤ | ᠶᠢᠨ ᠬᠤᠷᠢᠶᠠᠨ ᠤ ᠲᠤᠬᠳᠠᠭᠠᠯ ᠢ ᠨᠠᠷᠢᠨ ᠬᠢᠨᠠᠮᠠᠭᠠᠢ ᠭᠡᠷᠡᠭᠵᠢᠬᠦᠯᠵᠤ᠂ ᠤᠯᠤᠰ ᠲᠦᠷᠤ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠤᠬᠠᠮᠰᠠᠷ | ᠠᠴᠠ ᠪᠠᠨ ᠬᠦᠯᠢᠶᠡᠵᠤ᠂ ᠡᠯ᠎ᠡ ᠠᠷᠠᠳᠴᠢᠯᠠᠬᠰᠠᠨ ᠨᠠᠮ ᠪᠦᠯᠦᠭ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠨᠠᠮ ᠪᠤᠰᠤ ᠬᠦᠮᠦᠰ ᠪᠤᠯᠤᠨ ᠬᠤᠳᠠ ᠶᠢᠨ ᠠᠷᠠᠳ | ᠤᠨ ᠲᠦᠯᠦᠭᠡᠯᠡᠭᠴᠢᠳ ᠤᠨ ᠰᠠᠨᠠᠯ ᠢ ᠦᠷᠭᠡᠨ ᠢᠶᠠᠷ ᠰᠤᠨᠤᠰᠴᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠵᠦᠪᠯᠡᠯᠭᠡ᠂ | ᠰᠠᠨᠠᠭᠤᠯᠤᠮᠵᠢ ᠪᠤᠯᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠤᠨ ᠲᠤᠷᠠᠳᠤᠯᠭ᠎ᠠ ᠶᠢ ᠴᠠᠭ ᠲᠤᠬᠠᠢ ᠳᠤᠨᠢ ᠡᠷᠬᠢᠯᠡᠨ ᠰᠢᠢᠳᠪᠤᠷᠢᠯᠡᠪᠡ᠃ ᠨᠠᠮ ᠤᠨ ᠤᠯᠠᠨ | ᠲᠦᠮᠡᠨᠴᠢ ᠱᠤᠭᠤᠮ ᠤᠨ ᠬᠦᠮᠦᠵᠢᠯ ᠦᠢᠯᠡᠳᠤᠯᠭᠡ ᠶᠢᠨ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠲᠦᠪ ᠬᠤᠷᠢᠶᠠᠨ ᠤ ᠨᠠᠢᠮᠠᠨ ᠲᠤᠬᠳᠠᠭᠠᠯ᠂ ᠦᠪᠡᠷᠳᠡᠭᠡᠨ | ᠵᠠᠰᠠᠬᠤ ᠤᠷᠤᠨ ᠤ 28 ᠵᠦᠢᠯ ᠤᠨ ᠲᠦᠬᠦᠷᠵᠢᠬᠦᠯᠦᠭᠰᠡᠨ ᠲᠤᠬᠳᠠᠭᠠᠯ ᠪᠤᠯᠤᠨ ᠬᠤᠳᠠ ᠶᠢᠨ ᠨᠠᠮ ᠤᠨ ᠬᠤᠷᠢᠶᠠᠨ ᠤ ᠬᠤᠯᠪᠤᠬᠳᠠᠯ ᠪᠦᠬᠦᠢ ᠲᠤᠬᠳᠠᠭᠠᠯ ᠢ ᠴᠢᠩᠭ᠎ᠠ | ᠨᠠᠶᠢᠳᠠᠪᠤᠷᠢᠵᠢᠭᠤᠯᠵᠤ᠂ ︽ᠲᠦᠷᠪᠡᠨ ᠰᠤᠷᠳᠡᠯ ᠢ ᠡᠷᠡᠰ ᠡᠰᠡᠷᠬᠦᠴᠡᠨ᠂ ᠤᠯᠠᠨ ᠲᠦᠮᠡᠨ ᠳᠤ ᠦᠢᠯᠡᠴᠢᠯᠡᠬᠦ ᠡᠴᠦᠰ ᠤᠨ ᠠᠯᠬᠤᠮ ᠢ ᠨᠡᠪᠳᠡᠷᠡᠬᠦᠯᠵᠦ᠂ ᠤᠯᠠᠨ | ᠲᠦᠮᠡᠨ ᠤ ᠠᠰᠢᠭ ᠲᠤᠰᠠ ᠯᠤᠭ᠎ᠠ ᠨᠢᠭᠳᠠ ᠬᠤᠯᠪᠤᠭ᠎ᠠ ᠲᠠᠢ ᠲᠤᠪᠤᠶᠢᠮ᠎ᠠ ᠠᠰᠠᠭᠤᠳᠡᠯ ᠢ ᠲᠦᠪᠯᠡᠷᠡᠬᠦᠯᠦᠨ ᠰᠢᠢᠳᠪᠦᠷᠢᠯᠡᠪᠡ᠃ ᠪᠦᠬᠦ ᠬᠤᠳᠠ ᠪᠠᠷᠢᠮᠵᠢᠶ᠎ᠡ ᠠᠴᠠ | ᠲᠠᠪᠠᠭᠤᠯᠤᠨ ᠭᠡᠷᠡᠭᠯᠡᠵᠤ ᠪᠠᠶᠢᠬᠰᠠᠨ ᠭᠡᠭᠡᠷᠡᠯᠡᠭᠴᠢ ᠮᠠᠰᠢᠨ ᠢ 324 ᠬᠤᠷᠢᠶᠠᠮᠵᠢᠯᠠᠵᠤ ᠪᠢᠳᠡᠬᠦᠮᠵᠢᠯᠡᠨ᠂ 160 ᠤᠥ ᠳ᠋ᠢ ᠲᠡᠮᠳᠡᠭᠳᠤ ᠠᠯᠪᠠᠨ ᠲᠡᠷᠭᠡ ᠶᠢ ᠦᠨ᠎ᠡ | ᠬᠠᠶᠠᠨ ᠬᠤᠳᠠᠯᠳᠤᠵᠤ᠂ ᠦᠨ᠎ᠡ ᠬᠠᠶᠠᠨ ᠬᠤᠳᠠᠯᠳᠤᠬᠰᠠᠨ ᠪᠡᠯᠡ ᠮᠦᠡᠭᠬᠦ ᠶᠢ ᠪᠦᠷ ᠨᠡᠶᠢᠳᠠ ᠶᠢᠨ ᠮᠠᠰᠢᠨ ᠲᠡᠷᠭᠡ ᠬᠤᠳᠠᠯᠳᠤᠨ ᠠᠪᠬᠤ ᠪᠠ ᠰᠤᠷᠭᠠᠭᠤᠯᠢ ᠶᠢᠨ ᠲᠡᠷᠭᠡ | ᠬᠤᠳᠠᠯᠳᠤᠨ ᠠᠪᠬᠤ ᠳᠤ ᠭᠡᠷᠡᠭᠯᠡᠪᠡ᠃ ᠪᠦᠬᠦ ᠬᠤᠳᠠ ᠶᠢᠨ ᠪᠠᠶᠢᠭᠤᠯᠤᠯᠭ᠎ᠠ ᠨᠢᠭᠡᠴᠡ ᠶᠢᠨ ︽ᠭᠤᠷᠪᠠᠨ ᠠᠯᠪᠠᠨ︾ ᠵᠠᠷᠤᠳᠠᠯ ᠢ ᠶᠡᠭᠡ ᠪᠠᠷ ᠪᠠᠭᠠᠰᠬᠠᠨ ᠬᠠᠰᠤᠵᠤ᠂ | ᠠᠷᠪᠢᠯᠠᠬᠰᠠᠨ ᠪᠡᠯᠡ ᠮᠦᠡᠭᠬᠦ ᠪᠠᠨ ᠭᠤᠤᠯᠳᠠᠭᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠭᠡᠷᠡᠭᠯᠡᠪᠡ᠃ ︽ᠭᠤᠷᠪᠠᠨ ᠴᠢᠬᠤᠯᠠ ᠨᠢᠭᠡ ᠶᠡᠭᠡ︾ ᠲᠦᠷᠢᠮ ᠢ | ᠨᠠᠷᠢᠨ ᠬᠢᠨᠠᠮᠠᠭᠠᠢ ᠭᠡᠷᠡᠭᠵᠢᠬᠦᠯᠵᠤ᠂ ᠵᠠᠰᠠᠭ ᠤᠨ ᠤᠷᠳᠤᠨ ᠤ ᠭᠡᠷᠡᠭ ᠵᠦᠪᠯᠡᠬᠦ ᠲᠦᠷᠢᠮ ᠪᠤᠯᠤᠨ ᠰᠢᠢᠳᠪᠤᠷᠢᠳᠤ ᠪᠤᠳᠤᠯᠭ᠎ᠠ ᠲᠤᠬᠳᠠᠭᠠᠬᠤ ᠶᠡᠪᠤᠴᠠ ᠶᠢ ᠤᠯᠠᠮ ᠨᠢᠭᠡ | ᠠᠯᠬᠤᠮ ᠲᠡᠬᠦᠯᠳᠡᠷᠵᠢᠬᠦᠯᠪᠡ᠃ ᠵᠠᠰᠠᠭ ᠤᠨ ᠤᠷᠳᠤᠨ ᠤ ᠰᠢᠰᠲ᠋ᠧᠮ ᠤᠨ ᠴᠢᠭᠡᠴᠢ ᠵᠠᠰᠠᠭ ᠤᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠰᠤᠷᠳᠠᠯ ᠴᠡᠭᠴᠡᠯᠠᠨ | ᠰᠠᠬᠢᠯᠭ᠎ᠠ ᠶᠢ ᠴᠢᠩᠭᠠᠳᠬᠠᠬᠤ ᠠᠵᠢᠯᠯᠠᠭ᠎ᠠ ᠦᠷᠨᠢᠬᠦᠯᠵᠤ᠂ ᠬᠢᠨᠠᠨ ᠪᠤᠳᠤᠵᠤ ᠪᠠᠶᠢᠴᠠᠭᠠᠬᠤ ᠪᠠ ᠵᠠᠰᠠᠭ ᠤᠨ ᠶᠠᠪᠤᠳᠠᠯ ᠢ ᠢᠯᠡ ᠪᠤᠯᠭᠠᠬᠤ ᠡᠷᠴᠢᠮ ᠢᠶᠠᠨ ᠶᠡᠭᠡᠰᠭᠡᠨ᠂ | ᠬᠠᠤᠯᠢ ᠰᠠᠬᠢᠯᠭ᠎ᠠ ᠠᠴᠠ ᠵᠦᠷᠢᠴᠡᠭᠰᠡᠨ ᠭᠡᠷᠡᠭ ᠢ ᠴᠢᠩᠭ᠎ᠠ ᠪᠠᠶᠢᠴᠠᠭᠠᠨ ᠰᠢᠢᠳᠪᠤᠷᠢᠯᠡᠵᠤ᠂ ᠤᠪᠤᠷ ᠰᠤᠷᠳᠠᠯ ᠤᠨ ᠪᠠᠶᠢᠭᠤᠯᠤᠯᠳᠠ ᠶᠢᠨ ᠰᠢᠨ᠎ᠡ ᠦᠷ᠎ᠡ ᠪᠦᠳᠤᠭᠡᠯ ᠢᠶᠠᠷ | ᠦᠭᠡᠷᠡᠴᠢᠯᠡᠯᠳᠠ ᠬᠦᠭᠵᠢᠯᠳᠠ ᠶᠢ ᠠᠬᠢᠭᠤᠯᠬᠤ ᠢᠳᠡᠪᠬᠢ ᠬᠦᠴᠦᠨ ᠪᠤᠯᠭᠠᠬᠰᠠᠨ ᠪᠠᠶᠢᠨ᠎ᠠ᠃ | ᠲᠦᠯᠦᠭᠡᠯᠡᠭᠴᠢᠳ ᠡ᠂ ᠦᠡᠭᠭᠡᠷᠡᠭᠰᠡᠨ ᠨᠢᠭᠡ ᠤᠨ ᠬᠦᠮᠦᠨ ᠤ ᠰᠡᠳᠬᠢᠯ ᠳᠤ ᠮᠠᠷᠳᠠᠬᠳᠠᠰᠢ ᠦᠭᠡᠢ ᠶᠤᠮ᠃ ᠪᠦᠬᠦ ᠬᠤᠳᠠ ᠶᠢᠨ ᠦᠨᠳᠤᠰᠦᠳᠠᠨ ᠨᠦᠭᠦᠳ | ᠤᠨ ᠺᠠᠳ᠋ᠷ ᠤᠯᠠᠨ ᠲᠦᠮᠡᠨ ᠲᠠᠷᠤᠯᠳᠠ ᠪᠤᠯᠤᠨ ᠬᠦᠴᠢᠷᠳᠠᠯ ᠤᠨ ᠡᠮᠦᠨ᠎ᠡ᠂ ᠵᠤᠷᠢᠬᠳᠠᠢ ᠡᠬᠦᠷᠭᠡᠯᠡᠨ᠂ ᠡᠷᠡᠯᠭᠡᠭᠯᠡᠨ ᠲᠡᠮᠡᠴᠡᠵᠤ᠂ ︽ᠵᠠᠷᠤᠳ ᠤᠨ ᠦᠵᠡᠭᠳᠡᠯ︾᠂ ︽ | ᠬᠤᠤᠯᠢᠩᠭᠤᠤᠯ ᠤᠨ ᠭᠡᠪ ᠵᠠᠬᠪᠤᠷ︾᠂ ︽ᠬᠤᠷᠴᠢᠨ ᠤ ᠬᠤᠷᠳᠤᠴᠠ︾᠂ ︽ᠱᠧᠪᠡᠷᠳᠤ ᠶᠢᠨ ᠵᠤᠷᠢᠭ ᠰᠠᠨᠠᠭ᠎ᠠ︾ ᠶᠢ ᠡᠬᠦᠳᠴᠤ᠂ ᠪᠢᠳᠠᠨ ᠳᠤ ᠡᠷᠬᠢᠮ ᠨᠠᠨᠳᠢᠨ | ᠲᠤᠷᠰᠢᠯᠭ᠎ᠠ ᠬᠤᠷᠠᠮᠳᠤᠭᠤᠯᠵᠤ ᠦᠭᠪᠡ᠃ ᠡᠳᠡᠭᠡᠷ ᠠᠮᠵᠢᠯᠳᠠ ᠶᠢ ᠤᠯᠤᠬᠰᠠᠨ ᠨᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ | ᠪᠤᠯᠤᠨ ᠬᠤᠳᠠ ᠶᠢᠨ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠶᠢᠨ ᠦᠷ᠎ᠡ ᠳ᠋ᠦᠡᠭ ᠮᠦᠨ᠂ ᠨᠡᠶᠢᠭᠡᠮ ᠤᠨ ᠡᠯ᠎ᠡ ᠡᠳᠡᠭᠡᠳ ᠬᠠᠯᠠᠮᠵᠢᠯᠠᠨ | ᠲᠡᠮᠵᠢᠵᠤ᠂ ᠬᠠᠪᠰᠤᠷᠤᠬᠰᠠᠨ ᠤ ᠦᠷ᠎ᠡ ᠳ᠋ᠦᠡᠭ ᠮᠦᠨ᠂ ᠠᠳᠠᠯᠢ ᠪᠠᠷ ᠪᠦᠬᠦ ᠬᠤᠳᠠ ᠶᠢᠨ ᠦᠨᠳᠤᠰᠦᠳᠠᠨ ᠨᠦᠭᠦᠳ ᠤᠨ ᠠᠷᠠᠳ ᠲᠦᠮᠡᠨ ᠰᠠᠬᠢᠨ ᠪᠠᠷᠠᠭᠠᠯᠠᠵᠤ | ᠬᠠᠷᠢᠯᠴᠠᠨ ᠬᠠᠪᠰᠤᠷᠤᠯᠴᠠᠵᠤ᠂ ᠪᠦᠯᠬᠦᠮᠳᠠᠨ ᠲᠡᠮᠡᠴᠡᠭᠰᠡᠨ ᠤ ᠦᠷ᠎ᠡ ᠳ᠋ᠦᠡᠭ ᠮᠦᠨ᠂ ᠠᠳᠠ᠂ ᠪᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ | ᠂ ᠪᠦᠬᠦ ᠬᠤᠳᠠ ᠶᠢᠨ ᠦᠨᠳᠤᠰᠦᠳᠠᠨ ᠨᠦᠭᠦᠳ ᠤᠨ ᠺᠠᠳ᠋ᠷ ᠤᠯᠠᠨ ᠲᠦᠮᠡᠨ ᠳᠤ ᠲᠦᠡᠭᠯᠢᠶᠤᠤ ᠶᠢᠨ ᠪᠦᠳᠤᠭᠡᠨ ᠪᠠᠶᠢᠭᠤᠯᠤᠯᠳᠠ ᠪᠤᠯᠤᠨ ᠬᠦᠭᠵᠢᠯᠳᠠ ᠶᠢ ᠲᠡᠮᠵᠢᠵᠤ | ᠪᠠᠶᠢᠭ᠎ᠠ ᠪᠤᠢ ᠪᠦᠬᠦᠢ ᠨᠦᠬᠦᠳ ᠨᠡᠶᠢᠵᠠ ᠨᠠᠷ ᠲᠤ ᠡᠷᠬᠢᠮ ᠲᠡᠭᠡᠳᠤ ᠬᠦᠨᠳᠦᠳᠭᠡᠯ ᠪᠤᠯᠤᠨ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠵᠤ ᠪᠠᠶᠢᠨ᠎ᠠ︕ | ᠠᠮᠵᠢᠯᠳᠠ ᠪᠠᠨ ᠤᠯᠵᠤ ᠬᠠᠷᠠᠬᠤ ᠶᠢᠨ ᠵᠡᠷᠭᠡ ᠪᠠᠷ᠂ ᠪᠢᠳᠠ ᠪᠠᠰᠠ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠬᠦᠭᠵᠢᠯᠳᠠ ᠳᠤ ᠤᠷᠤᠰᠢᠵᠤ ᠪᠦᠬᠦᠢ | ᠵᠠᠷᠢᠮ ᠤᠮᠳᠤᠭᠠᠶᠢᠯᠠᠵᠦ ᠪᠤᠯᠤᠰᠢ ᠦᠭᠡᠢ ᠪᠦᠭᠡᠳ ᠰᠢᠢᠳᠪᠤᠷᠢᠯᠡᠬᠦ ᠴᠢᠬᠤᠯᠠᠳᠠᠢ ᠬᠦᠴᠢᠷᠳᠡᠯ ᠪᠤᠯᠤᠨ ᠠᠰᠠᠭᠤᠳᠠᠯ ᠢ ᠲᠠᠨᠢᠵᠤ ᠤᠯᠬᠤ ᠭᠡᠷᠡᠭᠳᠡᠢ᠃ ᠡᠨᠡ ᠨᠢ | ᠭᠤᠤᠯᠳᠠᠭᠤ᠄ ᠠᠵᠤ ᠠᠬᠤᠢ ᠶᠢᠨ ᠬᠦᠭᠵᠢᠯᠳᠠ ᠶᠢ ᠲᠤᠭᠳᠠᠭᠤᠨ ᠪᠤᠯᠭᠠᠬᠤ ᠲᠠᠷᠤᠯᠳᠠ ᠮᠦᠨ ᠯᠠ ᠨᠡᠯᠢᠶᠡᠳ ᠶᠡᠭᠡ ᠪᠠᠶᠢᠨ᠎ᠠ᠃ ᠦᠢᠯᠡᠳᠪᠦᠷᠢᠯᠡᠯ ᠤᠨ ᠴᠢᠳᠡᠪᠦᠷᠢ | ᠢᠯᠡᠬᠦᠳᠡᠵᠦ᠂ ᠵᠠᠬ᠎ᠠ ᠲᠡᠯᠭᠡᠬᠦᠷ ᠤᠨ ᠭᠡᠷᠡᠭᠴᠡᠭᠡ ᠪᠠᠭᠤᠷᠠᠢ ᠪᠤᠯᠤᠬᠰᠠᠨ ᠨᠦᠯᠦᠭᠡ ᠠᠴᠠ ᠪᠤᠯᠵᠤ᠂ ᠮᠠᠨ ᠤ ᠬᠤᠳᠠ ᠶᠢᠨ ᠭᠤᠤᠯ ᠠᠵᠤ ᠦᠢᠯᠡᠳᠪᠤᠷᠢ ᠶᠢᠨ | ᠪᠦᠳᠤᠭᠡᠭᠳᠡᠬᠦᠨ ᠤ ᠦᠨ᠎ᠡ ᠬᠠᠨᠭ᠍ᠰᠢ ᠪᠠᠭᠤᠷᠡᠵᠦ᠂ ᠠᠵᠤ ᠠᠬᠤᠶᠢᠯᠠᠯ ᠤᠨ ᠪᠡᠯᠡ ᠮᠦᠡᠭᠭᠦ ᠬᠦᠷᠦᠯᠴᠡᠬᠦ ᠦᠬᠡᠢ ᠪᠤᠯᠵᠦ᠂ ᠭᠡᠷ ᠭᠠᠵᠠᠷ ᠬᠦᠷᠦᠩᠭᠡ ᠶᠢᠨ ᠵᠠᠬ᠎ᠠ | ᠲᠡᠯᠬᠡᠬᠦᠷ ᠦᠬᠡᠳᠡ ᠦᠬᠡᠢ ᠪᠤᠯᠤᠭᠠᠳ᠂ ᠬᠡᠰᠡᠭ ᠠᠵᠦ ᠠᠬᠤᠶᠢᠯᠠᠯ ᠤᠨ ᠦᠢᠯᠡᠳᠪᠤᠷᠢᠯᠡᠯ ᠡᠵᠡᠩᠨᠡᠯᠳᠠ ᠪᠠᠰᠠ ᠨᠡᠯᠢᠶᠡᠳ ᠬᠦᠴᠢᠷᠳᠠᠯ ᠲᠠᠢ ᠪᠠᠶᠢᠨ᠎ᠠ᠃ | ᠪᠦᠳᠦᠴᠡ ᠶᠢᠨ ᠲᠤᠬᠢᠷᠠᠭᠤᠯᠤᠯᠳᠡ ᠶᠢᠨ ᠡᠬᠦᠷᠬᠡ ᠮᠦᠨ ᠯᠡ ᠬᠠᠳᠠᠭᠤ ᠪᠡᠷᠬᠡ ᠲᠠᠢ᠂ ᠲᠠᠷᠢᠶᠡᠯᠡᠩ ᠮᠠᠯ ᠠᠵᠦ ᠠᠬᠤᠢ ᠶᠢᠨ ᠰᠠᠭᠤᠷᠢ ᠨᠢᠮᠬᠡᠨ᠂ ᠡᠬᠢ ᠰᠤᠷᠪᠤᠯᠵᠢ ᠶᠢ | ᠠᠰᠢᠬᠯᠠᠬᠤ ᠠᠷᠭ᠎ᠠ ᠭᠡᠯᠪᠡᠷᠢ ᠨᠡᠯᠢᠶᠡᠳ ᠪᠦᠳᠤᠬᠦᠯᠢᠭ᠂ ᠰᠢᠨ᠎ᠡ ᠶᠢ ᠡᠬᠦᠳᠬᠦ ᠴᠢᠳᠡᠪᠦᠷᠢ ᠲᠤᠷᠤᠢ᠂ ᠤᠳᠤᠬᠢᠴᠢ ᠦᠢᠯᠡᠴᠢᠯᠡᠭᠡᠨ ᠤ ᠦᠢᠯᠡᠰ ᠤᠨ ᠬᠦᠭᠵᠢᠯᠳᠠ | ᠬᠠᠷᠢᠴᠠᠩᠭᠤᠢ ᠬᠤᠴᠤᠷᠤᠩᠭᠤᠢ ᠪᠠᠶᠢᠵᠤ᠂ ᠬᠤᠳᠠ ᠪᠠᠯᠭᠠᠰᠤᠵᠢᠯᠳᠠ ᠶᠢᠨ ᠬᠢᠷᠢ ᠲᠦᠪᠰᠢᠨ ᠮᠦᠨ ᠯᠡ ᠲᠤᠤᠷ᠎ᠠ᠂ ᠬᠤᠳᠡ ᠬᠦᠳᠡᠭᠡ ᠶᠢᠨ ᠤᠷᠤᠨᠵᠢᠯ ᠤᠨ | ᠬᠦᠭᠵᠢᠯᠳᠡ ᠲᠡᠩᠴᠡᠬᠦᠷᠢ ᠦᠭᠡᠢ᠃ ᠠᠷᠠᠳ ᠤᠨ ᠠᠮᠢᠳᠦᠷᠡᠯ ᠪᠠ ᠨᠡᠶᠢᠬᠡᠮ ᠤᠨ ᠪᠠᠶᠢᠭᠤᠯᠤᠯᠳᠡ ᠪᠠᠨ ᠨᠡᠮᠡᠭᠳᠡᠬᠦᠯᠦᠰᠢᠳᠡᠢ ᠪᠡᠶᠢᠨ᠎ᠡ᠂ ᠪᠦᠬᠦ ᠠᠷᠠᠳ ᠤᠨ ᠤᠷᠤᠯᠭ᠎ᠠ | ᠦᠪᠡᠷᠳᠡᠬᠡᠨ ᠵᠠᠰᠠᠬᠤ ᠤᠷᠤᠨ ᠤ ᠲᠤᠮᠳᠡᠴᠢ ᠬᠡᠮᠵᠢᠶ᠎ᠡ ᠲᠠᠢ ᠠᠳᠠᠯᠢᠳᠬᠠᠪᠠᠯ ᠪᠠᠰᠠ ᠵᠤᠬᠢᠬᠤ ᠵᠦᠷᠢᠶ᠎ᠡ ᠲᠠᠢ᠂ ᠬᠡᠰᠡᠭ ᠤᠯᠠᠨ ᠲᠦᠮᠡᠨ ᠤ ᠠᠮᠢᠳᠦᠷᠡᠯ ᠮᠦᠨ ᠯᠡ | ᠨᠡᠯᠢᠶᠡᠳ ᠬᠦᠴᠢᠷᠳᠡᠢ᠃ ᠬᠤᠳᠡ ᠬᠦᠳᠡᠭᠡᠨ ᠤ ᠤᠯᠡᠨ ᠨᠡᠶᠢᠳᠡ ᠶᠢᠨ ᠦᠢᠯᠡᠴᠢᠯᠡᠬᠡᠨ ᠤ ᠲᠦᠬᠦᠬᠡᠷᠦᠮᠵᠢ ᠶᠢᠨ ᠤᠷᠤᠭᠤᠯᠤᠯᠳᠡ ᠪᠠᠭ᠎ᠠ ᠪᠠᠶᠢᠭᠰᠠᠭᠠᠷ᠂ ᠰᠤᠷᠭᠠᠨ | ᠬᠦᠮᠦᠵᠢᠯ᠂ ᠡᠮ ᠡᠮᠨᠡᠯᠬᠡ ᠡᠷᠡᠬᠦᠯ ᠬᠠᠮᠠᠭᠠᠯᠠᠯ᠂ ᠰᠤᠶᠤᠯ ᠲᠠᠮᠢᠷ ᠵᠡᠷᠬᠡ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠬᠡᠨ ᠤ ᠬᠠᠨᠭ᠍ᠭᠠᠯᠳᠡ ᠬᠦᠷᠦᠯᠴᠠᠬᠦ ᠦᠬᠡᠢ᠃ | ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠤᠯᠠᠮ ᠴᠢᠨᠠᠬᠰᠢᠳᠠ ᠴᠢᠩᠭᠠᠳᠬᠠᠬᠤ ᠴᠢᠬᠤᠯᠠᠳᠠᠢ᠃ ᠵᠠᠰᠠᠭ ᠤᠨ ᠤᠷᠳᠤᠨ ᠤ ᠡᠷᠭᠡ ᠲᠤᠰᠢᠶᠠᠯ ᠢ | ᠬᠤᠪᠢᠷᠠᠭᠤᠯᠬᠤ ᠪᠠ ᠠᠵᠢᠯ ᠤᠨ ᠤᠪᠤᠷ ᠰᠤᠷᠳᠠᠯ ᠠᠵᠤ ᠠᠬᠤᠢ ᠶᠢᠨ ᠬᠦᠭᠵᠢᠯᠳᠠ ᠶᠢᠨ ᠰᠢᠨ᠎ᠡ ᠭᠡᠪ ᠤᠨ ᠪᠠᠶᠢᠳᠠᠯ ᠤᠨ ᠱᠠᠭᠠᠷᠳᠠᠯᠭ᠎ᠠ ᠲᠠᠢ ᠪᠡᠰᠠ ᠤᠯᠠᠮ ᠰᠠᠶᠢᠨ | ᠵᠤᠬᠢᠴᠠᠵᠤ ᠲᠡᠶᠢᠯᠦᠭᠡ ᠦᠭᠡᠢ᠂ ᠴᠦᠭᠡᠨ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠠᠵᠢᠯᠯᠠᠭ᠎ᠠ ᠲᠦᠷᠢᠮᠵᠢᠯ ᠦᠭᠡᠢ᠂ ᠭᠡᠷᠡᠭ ᠡᠷᠬᠢᠯᠡᠬᠦ ᠦᠷ᠎ᠡ ᠪᠦᠳᠤᠮᠵᠢ ᠨᠢ | ᠲᠤᠤᠷ᠎ᠠ ᠪᠠᠶᠢᠵᠤ᠂ ᠤᠨᠴᠠ ᠵᠠᠷᠢᠮ ᠺᠠᠳ᠋ᠷ ᠤᠨ ᠦᠭᠡᠷᠡᠴᠢᠯᠡᠯᠳᠠ ᠬᠢᠵᠤ ᠰᠢᠨ᠎ᠡ ᠶᠢ ᠡᠬᠦᠳᠬᠦ ᠪᠠ ᠵᠤᠷᠢᠬᠳᠠᠢ ᠡᠬᠦᠷᠭᠡᠯᠡᠬᠦ ᠦᠵᠡᠯ ᠤᠬᠠᠮᠰᠠᠷ ᠲᠤᠷᠤᠢ ᠪᠠᠶᠢᠬᠰᠠᠭᠠᠷ᠃ | ᠡᠳᠡᠭᠡᠷ ᠠᠰᠠᠭᠤᠳᠠᠯ ᠳᠤ ᠴᠢᠭᠯᠡᠬᠦᠯᠦᠨ᠂ ᠪᠢᠳᠠ ᠴᠠᠭ ᠮᠦᠴᠠ ᠶᠢ ᠠᠮᠵᠢᠨ ᠬᠠᠷᠢᠭᠤᠴᠠᠯᠭᠠᠳᠤ ᠰᠡᠳᠬᠢᠯᠭᠡ ᠪᠤᠯᠤᠨ ᠲᠤᠯᠭᠠᠮ᠎ᠠ ᠰᠡᠳᠬᠢᠯᠭᠡ ᠶᠢ ᠡᠪᠤᠷᠯᠡᠵᠤ ᠨᠠᠷᠢᠨ | ᠬᠢᠨᠠᠮᠠᠭᠠᠢ ᠰᠢᠢᠳᠪᠤᠷᠢᠯᠡᠨ᠎ᠡ᠃ | | ᠬᠤᠶᠠᠷ᠂ 2015 ᠤᠨ ᠤ ᠠᠵᠢᠯ ᠤᠨ ᠭᠤᠤᠯ ᠡᠬᠦᠷᠭᠡ | | 2015 ᠤᠨ ᠪᠤᠯ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠵᠠᠩᠬᠢᠯᠠᠭ᠎ᠠ ᠶᠢᠨ ᠵᠢᠯ ᠮᠦᠨ᠂ ᠬᠠᠤᠯᠢ ᠪᠠᠷ ᠬᠤᠳᠠ ᠪᠠᠨ ᠵᠠᠰᠠᠬᠤ ᠡᠬᠢᠯᠡᠯᠳᠠ | ᠶᠢᠨ ᠵᠢᠯ ᠪᠤᠯᠤᠨ᠎ᠠ᠂ ᠪᠠᠰᠠᠴᠤ ︽12 · 5︾ ᠶᠢᠨ ᠲᠦᠯᠦᠪᠵᠢᠬᠦᠯᠬᠡ ᠶᠢ ᠪᠦᠬᠦ ᠲᠠᠯ᠎ᠠ ᠪᠠᠷ ᠪᠡᠶᠡᠯᠡᠬᠦᠯᠬᠦ ᠡᠴᠦᠰ ᠤᠨ ᠤᠨ ᠮᠦᠨ᠂ ᠡᠶᠢᠮᠤ ᠠᠴᠠ ᠡᠨᠡ ᠵᠢᠯ | ᠤᠨ ᠠᠵᠢᠯ ᠢ ᠰᠠᠶᠢᠳᠤᠷ ᠬᠢᠬᠦ ᠨᠢ ᠬᠦᠨᠳᠤ ᠴᠢᠬᠤᠯᠠ ᠠᠴᠢ ᠬᠤᠯᠪᠤᠬᠳᠠᠯ ᠲᠠᠢ ᠶᠤᠮ᠃ 2015 ᠤᠨ ᠤ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ | ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠤᠭᠡᠷ ᠪᠦᠬᠦᠳᠡ ᠬᠤᠷᠠᠯ | ᠬᠢᠭᠡᠳ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠡᠭ | ᠶᠡᠷᠦᠩᠭᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠤᠯᠤᠨ ᠦᠪᠤᠷ ᠮᠤᠩᠭᠤᠯ ᠳᠤ ᠪᠠᠶᠢᠴᠠᠭᠠᠨ ᠰᠢᠨᠵᠢᠯᠳᠠ ᠬᠢᠭᠰᠡᠨ ᠦᠶ᠎ᠡ ᠶᠢᠨ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠤᠳᠦᠭᠡᠷ ᠬᠤᠭᠤᠴᠠᠭᠠᠨ ᠤ ᠠᠷᠪᠠᠨ ᠭᠤᠷᠪᠠᠳᠤᠭᠠᠷ | ᠤᠳᠠᠭᠠᠨ ᠤ ᠪᠦᠬᠦ ᠭᠡᠰᠢᠬᠦᠳ ᠤᠨ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ᠂ ᠦᠪᠡᠷᠳᠡᠭᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠤᠯᠤᠨ ᠬᠤᠳᠠ ᠶᠢᠨ ᠨᠠᠮ ᠤᠨ ᠬᠤᠷᠢᠶᠠᠨ ᠤ | ᠲᠦᠷᠪᠡᠳᠤᠭᠡᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠦᠬᠦ ᠭᠡᠰᠢᠬᠦᠳ ᠤᠨ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ | ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠡᠶᠢᠳᠠᠪᠤᠷᠢᠵᠢᠭᠤᠯᠵᠤ᠂ ᠲᠤᠬᠳᠠᠭᠤᠨ ᠢᠶᠠᠷ ᠠᠬᠢᠭᠤᠯᠬᠤ ᠠᠵᠢᠯ ᠤᠨ ᠦᠨᠳᠤᠰᠤᠨ ᠬᠦᠭ ᠢ ᠪᠠᠷᠢᠮᠳᠠᠯᠠᠵᠤ᠂ ᠠᠵᠤ ᠠᠬᠤᠢ | ᠶᠢᠨ ᠬᠦᠭᠵᠢᠯᠳᠠ ᠶᠢᠨ ᠰᠢᠨ᠎ᠡ ᠭᠡᠪ ᠤᠨ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠵᠤᠬᠢᠴᠠᠨ᠂ ᠬᠦᠭᠵᠢᠯᠳᠠ ᠶᠢᠨ ᠰᠠᠨᠠᠭᠠᠴᠢᠯᠠᠭᠠᠳᠤ ᠡᠷᠭᠡ ᠶᠢ ᠪᠠᠳᠤ ᠡᠵᠡᠮᠰᠢᠨ᠂ | ︽ᠨᠢᠭᠡ ᠭᠤᠤᠯ︾ ᠢ ᠪᠠᠷᠢᠮᠳᠠᠯᠠᠵᠤ᠂ ︽ᠲᠦᠷᠪᠡᠨ ᠬᠤᠪᠢᠷᠠᠯᠳᠠ︾ ᠶᠢ ᠲᠦᠷᠭᠡᠳᠭᠡᠨ᠂ ︽ᠭᠤᠷᠪᠠᠨ ᠲᠤᠮᠤ ᠠᠵᠤ ᠠᠬᠤᠶᠢᠯᠠᠯ ᠤᠨ ᠪᠦᠯᠦᠭᠵᠢᠯᠳᠠ︾ ᠶᠢ | ᠪᠠᠶᠢᠭᠤᠯᠵᠤ᠂ ︽ᠨᠠᠢᠮᠠᠨ ᠲᠠᠯ᠎ᠠ ᠶᠢᠨ ᠠᠵᠢᠯ︾ ᠢ ᠰᠠᠶᠢᠳᠤᠷ ᠬᠢᠵᠤ᠂ ᠭᠡᠯᠪᠡᠷᠢ ᠪᠠᠨ ᠬᠤᠪᠢᠷᠠᠭᠤᠯᠬᠤ᠂ ᠪᠦᠳᠤᠴᠡ ᠪᠠᠨ ᠲᠤᠬᠢᠷᠠᠭᠤᠯᠬᠤ᠂ ᠦᠭᠡᠷᠡᠴᠢᠯᠡᠯᠳᠠ ᠶᠢ | ᠠᠬᠢᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠶᠢ ᠨᠢᠭᠡᠳᠤᠯᠳᠠᠢ ᠲᠦᠯᠦᠪᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠭᠡᠯᠪᠡᠷᠢ ᠪᠠᠨ ᠬᠤᠪᠢᠷᠠᠭᠤᠯᠤᠨ | ᠬᠦᠭᠵᠢᠬᠦ᠂ ᠰᠢᠨᠵᠢᠯᠡᠬᠦ ᠤᠬᠠᠭᠠᠨᠴᠢ ᠪᠠᠷ ᠬᠦᠭᠵᠢᠬᠦ᠂ ᠤᠷᠢᠳᠴᠢᠯᠠᠨ ᠬᠦᠭᠵᠢᠬᠦ ᠶᠢ ᠠᠬᠢᠭᠤᠯᠤᠨ᠎ᠠ᠃ | ︽ᠨᠢᠭᠡ ᠭᠤᠤᠯ︾ ᠢ ᠪᠠᠷᠢᠮᠳᠠᠯᠠᠨ᠎ᠠ᠂ ᠡᠨᠡ ᠨᠢ ᠴᠢᠨᠡᠬᠡᠯᠢᠭ ᠨᠡᠶᠢᠬᠡᠮ ᠢ ᠪᠦᠬᠦ ᠲᠡᠯ᠎ᠡ ᠪᠠᠷ ᠪᠦᠳᠦᠭᠡᠨ ᠪᠠᠶᠢᠭᠤᠯᠬᠤ ᠬᠠᠷᠡᠯᠳᠡ ᠶᠢᠨ ᠲᠤᠭᠤᠷᠢᠨ ᠳᠤ᠂ | ᠬᠦᠭᠵᠢᠯᠳᠠ ᠪᠠᠷ ᠲᠠᠷᠢᠬᠦᠨ ᠴᠢᠬᠤᠯᠠ ᠡᠬᠦᠷᠭᠡ ᠪᠤᠯᠭᠠᠬᠤ ᠶᠢ ᠡᠷᠡᠰ ᠭᠤᠶᠢᠪᠢᠰᠢ ᠦᠭᠡᠢ ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠠ ᠶᠢᠨ ᠶᠠᠰᠤ ᠴᠢᠨᠠᠷ ᠪᠤᠯᠤᠨ | ᠦᠷ᠎ᠡ ᠠᠰᠢᠭ ᠢ ᠲᠡᠭᠡᠭᠰᠢᠯᠡᠬᠦᠯᠬᠦ ᠪᠠᠷ ᠭᠤᠤᠯ ᠪᠤᠯᠭᠠᠨ᠂ ᠲᠤᠬᠳᠠᠭᠤᠨ ᠢᠶᠠᠷ ᠠᠬᠢᠭᠤᠯᠵᠦ ᠲᠡᠪᠡᠯᠳᠡ ᠲᠠᠢ ᠬᠦᠭᠵᠢᠨ᠎ᠡ᠃ ︽ᠲᠦᠷᠪᠡᠨ ᠬᠤᠪᠢᠷᠠᠯᠳᠠ︾ ᠶᠢ | ᠲᠦᠷᠭᠡᠳᠭᠡᠨ᠎ᠡ᠂ ᠡᠨᠡ ᠨᠢ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠲᠦᠷᠭᠡᠨ ᠨᠡᠮᠡᠭᠳᠡᠬᠦᠯᠵᠤ ᠪᠠᠶᠢᠬᠰᠠᠨ ᠠᠴᠠ ᠲᠤᠮᠳᠠ ᠲᠦᠷᠭᠡᠨ ᠨᠡᠮᠡᠭᠳᠡᠬᠦᠯᠬᠦ ᠪᠤᠯᠭᠠᠨ | ᠬᠤᠪᠢᠷᠠᠭᠤᠯᠤᠨ᠎ᠠ︔ ᠠᠵᠤ ᠠᠬᠤᠢ ᠶᠢᠨ ᠬᠦᠭᠵᠢᠯᠳᠠ ᠶᠢᠨ ᠠᠷᠭ᠎ᠠ ᠭᠡᠯᠪᠡᠷᠢ ᠶᠢ ᠭᠡᠪᠴᠢᠶ᠎ᠡ ᠬᠤᠷᠳᠤᠴᠠ ᠶᠢᠨ ᠮᠠᠶ᠋ᠢᠭ ᠤᠨ ᠪᠦᠳᠤᠬᠦᠯᠢᠭ ᠨᠡᠮᠡᠭᠳᠡᠬᠦᠯᠵᠤ ᠪᠠᠶᠢᠬᠰᠠᠨ | ᠠᠴᠠ ᠶᠠᠰᠤ ᠴᠢᠨᠠᠷ ᠦᠷ᠎ᠡ ᠠᠰᠢᠭ ᠤᠨ ᠮᠠᠶ᠋ᠢᠭ ᠤᠨ ᠡᠷᠴᠢᠮᠵᠢᠬᠦᠯᠦᠨ ᠨᠡᠮᠡᠭᠳᠡᠬᠦᠯᠬᠦ ᠪᠤᠯᠭᠠᠨ ᠬᠤᠪᠢᠷᠠᠭᠤᠯᠤᠨ᠎ᠠ︔ ᠠᠵᠤ ᠠᠬᠤᠢ ᠶᠢᠨ ᠪᠦᠳᠤᠴᠠ ᠶᠢ ᠭᠡᠮᠵᠢᠶ᠎ᠡ ᠶᠢ | ᠨᠡᠮᠡᠭᠳᠡᠬᠦᠯᠦᠨ ᠴᠢᠳᠠᠪᠤᠷᠢ ᠶᠢ ᠦᠷᠭᠡᠳᠭᠡᠬᠦ ᠪᠠᠷ ᠭᠤᠤᠯᠯᠠᠵᠤ ᠪᠠᠶᠢᠬᠰᠠᠨ ᠠᠴᠠ ᠤᠳᠤᠬᠢ ᠵᠦᠢᠯ ᠳᠤ ᠲᠤᠬᠢᠷᠠᠭᠤᠯᠤᠯᠳᠠ ᠬᠢᠵᠤ ᠰᠢᠯᠢᠳᠡᠭᠵᠢᠬᠦᠯᠦᠨ ᠭᠡᠮᠵᠢᠶ᠎ᠡ ᠶᠢ ᠨᠢ | ᠨᠡᠮᠡᠭᠳᠡᠬᠦᠯᠬᠦ ᠶᠢ ᠵᠡᠷᠭᠡ ᠪᠠᠷ ᠴᠢᠬᠤᠯᠠᠴᠢᠯᠠᠬᠤ ᠪᠤᠯᠭᠠᠨ ᠬᠤᠪᠢᠷᠠᠭᠤᠯᠤᠨ᠎ᠠ᠃ ᠠᠵᠤ ᠠᠬᠤᠢ ᠶᠢᠨ ᠬᠦᠭᠵᠢᠯᠳᠠ ᠶᠢᠨ ᠬᠦᠳᠡᠯᠭᠡᠬᠦ ᠬᠦᠴᠦᠨ ᠢ ᠤᠯᠠᠮᠵᠢᠯᠠᠯᠳᠤ | ᠨᠡᠮᠡᠭᠳᠡᠯᠳᠠ ᠠᠴᠠ ᠰᠢᠨ᠎ᠡ ᠨᠡᠮᠡᠭᠳᠡᠯᠳᠠ ᠪᠤᠯᠭᠠᠨ ᠬᠤᠪᠢᠷᠠᠭᠤᠯᠤᠨ᠎ᠠ᠃ ︽ᠭᠤᠷᠪᠠᠨ ᠲᠤᠮᠤ ᠠᠵᠤ ᠦᠢᠯᠡᠰ ᠤᠨ ᠪᠦᠯᠦᠭᠵᠢᠯᠳᠠ︾ ᠶᠢ ᠪᠦᠳᠤᠭᠡᠨ ᠪᠠᠶᠢᠭᠤᠯᠤᠨ᠎ᠠ᠂ | ᠡᠨᠡ ᠨᠢ ᠤᠮᠠᠷᠠᠳᠤ ᠭᠡᠰᠡᠭ ᠤᠨ ᠬᠦᠡᠭᠭᠡᠨ ᠴᠠᠭᠠᠨ ᠤ ᠰᠢᠨ᠎ᠡ ᠮᠠᠲ᠋ᠧᠷᠢᠶᠡᠯ᠂ ᠤᠳᠤᠬᠢᠴᠢ ᠨᠡᠬᠦᠷᠡᠰᠤᠨ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ ᠤᠨ | ᠪᠦᠯᠦᠭᠵᠢᠯᠳᠠ ᠶᠢ ᠲᠦᠷᠭᠡᠨ ᠪᠠᠶᠢᠭᠤᠯᠵᠤ᠂ ᠲᠤᠮᠳᠠ ᠭᠡᠰᠡᠭ ᠤᠨ ᠡᠵᠡᠨ ᠮᠡᠳᠡᠵᠤ ᠰᠢᠨ᠎ᠡ ᠶᠢ ᠡᠬᠦᠳᠬᠦ ᠪᠠ ᠤᠳᠤᠬᠢᠴᠢ ᠠᠷᠠᠯᠵᠢᠶ᠎ᠠ ᠬᠤᠳᠠᠯᠳᠤᠭ᠎ᠠ ᠪᠠᠷᠠᠭᠠᠨ ᠤ | ᠬᠦᠢᠯᠭᠡᠭᠡᠨ ᠤ ᠲᠤᠮᠳᠠ ᠲᠡᠭᠡᠳᠤ ᠲᠡᠰ ᠤᠨ ᠠᠵᠤ ᠦᠢᠯᠡᠰ ᠤᠨ ᠪᠦᠯᠦᠭᠵᠢᠯᠳᠠ ᠶᠢ ᠪᠠᠶᠢᠭᠤᠯᠵᠤ᠂ ᠡᠮᠦᠨᠡᠳᠤ ᠭᠡᠰᠡᠭ ᠤᠨ ᠵᠡᠬᠦᠨ ᠬᠤᠶᠢᠳᠤ ᠶᠢᠨ ᠠᠵᠤ ᠠᠬᠤᠢ ᠶᠢᠨ | ᠨᠢᠭᠡ ᠴᠤᠬᠴᠠᠵᠢᠬᠰᠠᠨ ᠬᠦᠭᠵᠢᠯᠳᠠ ᠲᠠᠢ ᠨᠡᠶᠢᠯᠡᠬᠦ ᠪᠠ ᠪᠤᠬᠢᠷᠳᠤᠯ ᠦᠭᠡᠢ ᠠᠵᠤ ᠦᠢᠯᠡᠰ ᠤᠨ ᠪᠦᠯᠦᠭᠵᠢᠯᠳᠠ ᠶᠢ ᠪᠠᠶᠢᠭᠤᠯᠤᠨ᠎ᠠ᠃ ︽ᠨᠠᠢᠮᠠᠨ ᠲᠠᠯ᠎ᠠ ᠶᠢᠨ ᠠᠵᠢᠯ︾ | ᠢ ᠰᠠᠶᠢᠳᠤᠷ ᠬᠢᠨ᠎ᠡ᠂ ᠡᠨᠡ ᠨᠢ ᠠᠵᠤ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠠᠳᠤᠯᠠᠬᠤ᠂ ᠠᠵᠤ ᠠᠬᠤᠢ ᠶᠢᠨ ᠪᠦᠳᠤᠴᠡ ᠶᠢ ᠰᠢᠯᠢᠳᠡᠭᠵᠢᠬᠦᠯᠬᠦ᠂ | ᠤᠳᠤᠬᠢᠴᠢ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠬᠦ᠂ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢ ᠠᠬᠢᠭᠤᠯᠬᠤ᠂ ᠦᠭᠡᠷᠡᠴᠢᠯᠡᠯᠳᠠ ᠬᠢᠵᠤ | ᠴᠢᠯᠦᠭᠡᠳᠠᠢ ᠶᠠᠪᠤᠯᠴᠠᠬᠤ ᠶᠢ ᠬᠦᠨᠵᠡᠬᠡᠶᠢᠷᠡᠬᠦᠯᠬᠦ᠂ ᠠᠷᠠᠳ ᠤᠨ ᠠᠮᠢᠳᠦᠷᠡᠯ ᠢ ᠰᠠᠶᠢᠵᠢᠷᠠᠭᠤᠯᠬᠤ᠂ ᠨᠡᠶᠢᠭᠡᠮ ᠤᠨ ᠦᠢᠯᠡᠰ ᠢ ᠬᠦᠭᠵᠢᠬᠦᠯᠬᠦ᠂ ᠵᠠᠰᠠᠭ ᠤᠨ ᠤᠷᠳᠤᠨ ᠤ | ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠬᠤ ᠵᠡᠷᠭᠡ ᠨᠠᠢᠮᠠᠨ ᠲᠠᠯ᠎ᠠ ᠶᠢᠨ ᠠᠵᠢᠯ ᠢ ᠬᠦᠴᠦᠯᠡᠨ ᠰᠠᠶᠢᠳᠤᠷ ᠬᠢᠨ᠎ᠡ᠃ | ᠡᠨᠡ ᠵᠢᠯ ᠤᠨ ᠪᠦᠬᠦ ᠬᠤᠳᠠ ᠶᠢᠨ ᠠᠵᠦ ᠠᠬᠤᠢ ᠨᠡᠶᠢᠭᠡᠮ ᠤᠨ ᠭᠦᠭᠵᠢᠯᠳᠡ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠡᠷ ᠤᠷᠤᠨ ᠤ ᠤᠶᠢᠯᠡᠳᠪᠤᠷᠢᠯᠡᠯ | ᠤᠨ ᠶᠡᠷᠤᠩᠭᠡᠢ ᠦᠷᠳᠡᠭ ᠢ 8% ᠨᠡᠮᠡᠭᠳᠡᠭᠦᠯᠵᠦ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 6% ᠨᠡᠮᠡᠭᠳᠡᠭᠦᠯᠵᠦ᠂ ᠲᠤᠭᠳᠠᠮᠠᠯ ᠬᠦᠷᠦᠩᠭᠡ | ᠶᠢᠨ ᠪᠡᠯᠡ ᠤᠷᠤᠭᠤᠯᠦᠯᠳᠠ ᠶᠢ 13% ᠨᠡᠮᠡᠭᠳᠡᠭᠦᠯᠵᠦ᠂ ᠨᠡᠶᠢᠭᠡᠮ ᠤᠨ ᠭᠡᠷᠡᠭᠯᠡᠭᠡᠨ ᠤ ᠵᠤᠶᠢᠯ ᠢ ᠵᠢᠵᠢᠭᠯᠡᠨ ᠬᠤᠳᠠᠯᠳᠦᠬᠰᠡᠨ ᠶᠡᠷᠤᠩᠭᠡᠢ ᠲᠤᠭ᠎ᠠ ᠶᠢ 11% | ᠨᠡᠮᠡᠭᠳᠡᠭᠦᠯᠵᠦ᠂ ᠬᠤᠳᠠ ᠪᠠᠯᠭᠠᠰᠦ ᠪᠤᠯᠦᠨ ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠩᠭᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠤᠬᠢᠷᠠᠭᠤᠯᠵᠦ | ᠪᠤᠯᠬᠤᠶᠢᠴᠠ ᠤᠷᠤᠯᠭ᠎ᠠ ᠶᠢ ᠲᠤᠰᠪᠤᠷᠢ 10% ᠪᠠ 11% ᠲᠠᠪᠠᠭᠤᠯᠵᠦ᠂ ᠦᠪᠡᠷᠳᠡᠭᠡᠨ ᠵᠠᠰᠠᠬᠤ ᠤᠷᠤᠨ ᠤ ᠪᠠᠭᠤᠯᠭᠠᠭᠰᠡᠨ ᠡᠨᠧᠷᠬᠢ ᠠᠷᠪᠢᠯᠠᠨ ᠪᠤᠵᠠᠷᠳᠠᠯ ᠤᠨ | ᠭᠠᠳᠠᠭᠰᠢᠯᠠᠭᠤᠯᠤᠯ ᠢ ᠪᠠᠭᠠᠰᠬᠠᠬᠤ ᠪᠠ ᠨᠡᠭᠦᠷᠠᠰᠦᠳᠦ᠋ᠷᠦᠭᠴᠢ ᠶᠢᠨ ᠲᠠᠪᠬᠤᠷ ᠢᠰᠦᠯ ᠢ ᠪᠠᠭᠠᠰᠬᠠᠬᠤ ᠬᠠᠷᠠᠯᠳᠠ ᠡᠭᠦᠷᠭᠡ ᠶᠢ ᠪᠡᠶᠡᠯᠡᠭᠦᠯᠦᠨ᠎ᠡ᠃ | ᠡᠳᠡᠬᠡᠷ ᠵᠢᠱᠢᠭᠰᠡᠨ ᠬᠠᠷᠡᠯᠳᠡ ᠶᠢ ᠲᠤᠭᠳᠠᠭᠭᠠᠰᠠᠨ ᠨᠢ᠂ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠤᠨ ᠪᠠᠶᠢᠳᠡᠯ ᠤᠨ ᠲᠤᠳᠤᠭᠠᠳᠤ ᠱᠠᠭᠠᠷᠳᠠᠯᠭ᠎ᠠ | ᠪᠤᠯᠤᠨ ᠬᠠᠨᠳᠤᠰᠢ ᠶᠢᠨ ᠴᠢᠨᠡᠷ ᠲᠠᠢ ᠬᠤᠪᠢᠷᠠᠯᠳᠡ ᠶᠢ ᠬᠦᠢᠴᠡᠳ ᠪᠤᠳᠤᠯᠬᠢᠯᠡᠵᠦ᠂ ᠮᠠᠨ ᠤ ᠬᠤᠳᠡ ᠶᠢᠨ ᠠᠵᠦ ᠠᠬᠤᠢ ᠶᠢᠨ ᠬᠦᠭᠵᠢᠯᠳᠡ ᠶᠢᠨ ᠱᠠᠳᠤᠴᠢ ᠴᠢᠨᠡᠷ ᠲᠠᠢ | ᠤᠨᠴᠠᠯᠢᠭ ᠪᠠ ᠭᠠᠳᠠᠭᠠᠳᠤ ᠤᠷᠴᠢᠨ ᠲᠤᠭᠤᠷᠢᠨ ᠤ ᠨᠦᠯᠦᠬᠡ ᠶᠢ ᠨᠢᠬᠡᠳᠦᠯᠳᠡᠢ ᠪᠤᠳᠤᠯᠬᠢᠯᠡᠵᠦ᠂ ᠲᠡᠷᠡᠴᠢᠯᠡᠨ ︽13 · 5 ︾ ᠵᠢᠯ ᠤᠨ ᠲᠦᠯᠦᠪᠵᠢᠬᠦᠯᠬᠡ ᠶᠢ | ᠨᠠᠶᠢᠷᠠᠭᠤᠯᠤᠨ ᠵᠤᠬᠢᠶᠠᠬᠤ ᠪᠠ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠡᠯᠳᠡ ᠯᠤᠭ᠎ᠠ ᠵᠤᠯᠭᠠᠭᠤᠯᠵᠦ᠂ ᠦᠨᠡᠨ ᠠᠴᠠ ᠵᠦᠪ ᠢ ᠡᠷᠢᠵᠦ᠂ | ᠢᠳᠡᠪᠬᠢᠳᠡᠢ ᠯᠠᠪᠳᠠᠭᠤᠨ ᠪᠦᠬᠡᠳ ᠰᠢᠷᠭᠠᠭᠤ ᠬᠠᠳᠠᠭᠤᠵᠢᠯᠳᠡᠢ ᠴᠢᠷᠮᠡᠶᠢᠪᠡᠯ ᠰᠠᠶ᠋ᠢ ᠪᠡᠶᠡᠯᠡᠭᠳᠡᠵᠦ ᠴᠢᠳᠠᠬᠤ ᠶᠦᠮ᠃ ᠤᠳᠦᠬᠠᠨ ᠳᠤ᠂ ᠮᠠᠨ ᠤ ᠤᠯᠤᠰ ᠤᠨ ᠠᠵᠦ | ᠠᠬᠤᠢ ᠶᠢᠨ ᠭᠦᠭᠵᠢᠯᠳᠡ ᠰᠢᠨ᠎ᠡ ᠬᠡᠪ ᠤᠨ ᠪᠠᠶᠢᠳᠠᠯ ᠳᠤ ᠤᠷᠤᠪᠡ ᠂ ᠡᠨᠡ ᠪᠣᠯ ᠰᠢ ᠶᠢᠨ ᠫᠢᠡᠭ ᠨᠦᠬᠦᠷ ᠢᠶᠠᠷ ᠶᠡᠷᠦᠩᠭᠡᠢ ᠱᠦᠵᠢ ᠪᠤᠯᠭᠠᠭᠰᠡᠨ ᠨᠠᠮ ᠤᠨ ᠲᠦᠪ | ᠬᠤᠷᠢᠶ᠎ᠠ ᠶᠢᠨ ᠭᠠᠷᠭᠠᠭᠰᠡᠨ ᠴᠢᠬᠤᠯᠠ ᠶᠡᠭᠡ ᠪᠠᠶᠢᠯᠳᠦᠬᠤ ᠪᠤᠳᠦᠯᠭ᠎ᠠ ᠶᠢᠨ ᠮᠠᠭᠠᠳᠯᠠᠯᠳᠠ ᠮᠦᠨ᠃ ᠤᠳᠤᠬᠠᠨ ᠪᠠ ᠬᠤᠶᠢᠰᠢᠬᠢ ᠨᠢᠭᠡᠨ ᠬᠤᠭᠤᠴᠠᠭᠠᠨ ᠤ ᠮᠠᠨ ᠤ | ᠤᠯᠤᠰ ᠤᠨ ᠠᠵᠦ ᠠᠬᠤᠢ ᠶᠢᠨ ᠭᠦᠭᠵᠢᠯᠳᠡ ᠶᠢᠨ ᠶᠡᠭᠡ ᠯᠤᠬᠢᠭ ᠮᠦᠨ᠂ ᠪᠢᠳᠠ ᠡᠷᠬᠡᠪᠰᠢ ᠦᠵᠡᠯ ᠰᠠᠨᠠᠭ᠎ᠠ ᠤᠶᠢᠯᠡ ᠠᠵᠢᠯᠯᠠᠭ᠎ᠠ ᠪᠠᠨ ᠲᠦᠪ ᠬᠤᠷᠢᠶ᠎ᠠ᠂ | ᠦᠪᠡᠷᠳᠡᠭᠡᠨ ᠵᠠᠰᠠᠬᠤ ᠤᠷᠤᠨ ᠪᠤᠯᠤᠨ ᠬᠤᠳᠠ ᠶᠢᠨ ᠨᠠᠮ ᠤᠨ ᠬᠤᠷᠢᠶ᠎ᠠ ᠶᠢᠨ ᠰᠢᠨ᠎ᠡ ᠬᠡᠪ ᠤᠨ ᠪᠠᠶᠢᠳᠠᠯ ᠤᠨ ᠵᠠᠳᠠᠯᠦᠯᠳᠠ ᠮᠠᠭᠠᠳᠯᠠᠯᠳᠠ ᠬᠢᠭᠡᠳ ᠪᠠᠶᠢᠷᠢᠯᠠᠭᠤᠯᠦᠯᠳᠠ | ᠶᠢᠨ ᠱᠠᠭᠠᠷᠳᠠᠯᠭ᠎ᠠ ᠯᠤᠭ᠎ᠠ ᠨᠢᠭᠡᠳᠭᠡᠵᠦ᠂ ᠭᠦᠭᠵᠢᠯᠳᠡ ᠶᠢᠨ ᠰᠠᠨᠠᠭᠠᠴᠢᠯᠠᠭᠠᠳᠦ ᠡᠷᠭᠡ ᠶᠢ ᠴᠢᠩᠭ᠎ᠠ ᠠᠳᠬᠤᠬᠤ ᠭᠡᠷᠡᠭᠳᠡᠢ᠃ ᠨᠢᠬᠡ ᠳᠤ ᠰᠢᠨ᠎ᠡ ᠬᠡᠪ ᠤᠨ ᠪᠠᠶᠢᠳᠡᠯ ᠢ | ᠵᠦᠪ ᠲᠡᠨᠢᠨᠡ᠃ ᠰᠢᠨ᠎ᠡ ᠬᠡᠪ ᠤᠨ ᠪᠠᠶᠢᠳᠡᠯ ᠤᠨ ᠦᠵᠡᠯ ᠰᠠᠨᠠᠭᠠᠨ ᠤ ᠲᠤᠳᠤᠭᠠᠳᠤ ᠠᠭᠤᠯᠬᠤᠨ ᠪᠠ ᠦᠢᠯᠡᠳᠦᠯᠬᠡ ᠶᠢᠨ ᠱᠠᠭᠠᠷᠳᠠᠯᠭ᠎ᠠ ᠶᠢ ᠬᠦᠨᠵᠡᠬᠡᠢ ᠤᠶᠢᠯᠠᠭᠠᠵᠦ᠂ | ᠰᠢᠨ᠎ᠡ ᠬᠡᠪ ᠤᠨ ᠪᠠᠶᠢᠳᠡᠯ ᠲᠤᠤᠷᠡᠬᠢ ᠬᠤᠷᠳᠦᠴᠠ ᠶᠢ ᠬᠤᠪᠢᠷᠠᠭᠤᠯᠬᠤ᠂ ᠪᠦᠳᠦᠴᠡ ᠶᠢ ᠲᠤᠬᠢᠷᠠᠭᠤᠯᠬᠤ᠂ ᠬᠦᠳᠡᠯᠬᠡᠬᠦ ᠬᠦᠴᠦᠨ ᠢ ᠬᠤᠪᠢᠷᠠᠭᠤᠯᠬᠤ ᠤᠨᠴᠠᠯᠢᠭ ᠢ | ᠬᠦᠢᠴᠡᠳ ᠲᠠᠨᠢᠵᠦ᠂ ᠦᠵᠡᠯᠳᠡ ᠶᠢᠨ ᠲᠠᠯ᠎ᠠ ᠪᠠᠷ ᠵᠤᠬᠢᠴᠠᠨ ᠬᠦᠢᠴᠡᠳ ᠲᠡᠨᠢᠵᠦ᠂ ᠠᠵᠦ ᠠᠬᠤᠢ ᠶᠢᠨ ᠨᠡᠮᠡᠭᠳᠡᠯ ᠢ ᠵᠦᠢ ᠵᠤᠬᠢᠰᠳᠡᠢ ᠪᠠᠶᠢᠯᠭᠠᠬᠤ ᠶᠢ ᠪᠠᠳᠤᠯᠠᠨ᠂ | ᠠᠷᠭ᠎ᠠ ᠬᠡᠯᠪᠡᠷᠢ ᠪᠠᠨ ᠬᠤᠪᠢᠷᠠᠭᠤᠯᠵᠦ᠂ ᠪᠦᠳᠦᠴᠡ ᠪᠠᠨ ᠲᠤᠬᠢᠷᠠᠭᠤᠯᠬᠤ ᠶᠢ ᠦᠨᠡᠨᠬᠦ ᠲᠦᠷᠭᠡᠳᠭᠡᠵᠦ᠂ ᠠᠵᠦ ᠦᠢᠯᠡᠰ ᠤᠨ ᠲᠤᠮᠳᠡ ᠲᠡᠭᠡᠳᠦ ᠲᠡᠰ ᠤᠨ ᠬᠢᠷᠢ | ᠲᠦᠪᠰᠢᠨ ᠤ ᠬᠦᠭᠵᠢᠯᠳᠡ ᠶᠢ ᠠᠬᠢᠭᠤᠯᠵᠦ᠂ ᠬᠤᠷᠳᠦᠴᠠ ᠪᠠᠨ ᠲᠤᠬᠢᠷᠠᠭᠤᠯᠬᠤ ᠳᠤ ᠪᠠᠶᠢᠳᠡᠯ ᠢᠶᠠᠨ ᠬᠠᠰᠤᠬᠤ ᠦᠬᠡᠢ᠂ ᠬᠡᠮᠵᠢᠶ᠎ᠡ ᠪᠠᠨ ᠨᠡᠮᠡᠭᠳᠡᠬᠦᠯᠬᠦ ᠳᠤ | ᠴᠢᠨᠡᠷ ᠢᠶᠠᠨ ᠨᠡᠩ ᠰᠢᠯᠢᠳᠡᠭᠵᠢᠬᠦᠯᠬᠦ ᠶᠢ ᠪᠡᠶᠡᠯᠡᠬᠦᠯᠦᠨ᠎ᠡ᠃ ᠬᠤᠶᠡᠷ ᠲᠤ ᠰᠢᠨ᠎ᠡ ᠬᠡᠪ ᠤᠨ ᠪᠠᠶᠢᠳᠡᠯ ᠲᠠᠢ ᠰᠠᠨᠠᠭᠠᠴᠢᠯᠠᠭ᠎ᠠ ᠠᠴᠠ ᠪᠠᠨ ᠵᠤᠬᠢᠴᠠᠨ᠎ᠠ᠃ ᠰᠢᠨ᠎ᠡ ᠬᠡᠪ ᠤᠨ | ᠪᠠᠶᠢᠳᠡᠯ ᠲᠤᠤᠷᠡᠬᠢ ᠠᠵᠦ ᠠᠬᠤᠢ ᠶᠢᠨ ᠬᠦᠭᠵᠢᠯᠳᠡ ᠶᠢᠨ ᠬᠠᠨᠳᠤᠰᠢ ᠶᠢ ᠵᠦᠪ ᠡᠵᠡᠮᠰᠢᠵᠦ᠂ ᠠᠷᠭ᠎ᠠ ᠬᠡᠮᠵᠢᠶ᠎ᠡ ᠪᠠᠨ ᠵᠦᠪ ᠪᠠᠶᠢᠯᠭᠠᠨ᠂ ᠠᠵᠢᠯ ᠢᠶᠠᠨ ᠰᠠᠶᠢᠳᠦᠷ | ᠬᠢᠵᠦ᠂ ᠦᠡᠭᠭᠡᠷᠡᠭᠰᠡᠨ ᠤ ᠵᠠᠩᠰᠢᠭᠰᠠᠨ ᠵᠠᠮ ᠲᠡᠪᠢᠰᠬᠦ᠂ ᠲᠦᠷᠦᠯ ᠵᠦᠢᠯ ᠤᠷᠤᠭᠤᠯᠤᠨ ᠠᠪᠴᠢᠷᠠᠬᠤ ᠶᠢ ᠭᠤᠤᠯᠳᠠᠭᠤ ᠦᠬᠡᠷᠡᠴᠢᠯᠡᠯᠳᠡ ᠰᠢᠨᠡᠴᠢᠯᠡᠯᠳᠡ ᠳᠤ | ᠲᠦᠰᠢᠭᠯᠡᠬᠦ ᠪᠤᠯᠭᠠᠨ ᠬᠤᠪᠢᠷᠠᠭᠤᠯᠵᠦ᠂ ᠦᠬᠡᠷᠡᠴᠢᠯᠡᠯᠳᠡ ᠶᠢᠨ ᠰᠡᠳᠬᠢᠴᠡ ᠪᠡ ᠠᠷᠭ᠎ᠠ ᠬᠡᠮᠵᠢᠶ᠎ᠡ ᠪᠠᠷ ᠠᠵᠦ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠪᠠᠨ | ᠬᠤᠪᠢᠷᠠᠭᠤᠯᠵᠦ᠂ ᠠᠵᠦ ᠠᠬᠤᠢ ᠶᠢᠨ ᠪᠦᠳᠦᠴᠡ ᠪᠠᠨ ᠲᠤᠬᠢᠷᠠᠭᠤᠯᠤᠨ ᠰᠢᠯᠢᠳᠡᠭᠵᠢᠬᠦᠯᠵᠦ᠂ ᠰᠢᠨ᠎ᠡ ᠦᠰᠦᠯᠳᠡ ᠶᠢᠨ ᠴᠡᠭ ᠢ ᠢᠯᠡᠷᠡᠬᠦᠯᠦᠨ ᠪᠤᠶᠢᠵᠢᠭᠤᠯᠤᠨ᠎ᠠ᠃ | ᠭᠤᠷᠪᠡ ᠳᠤ᠂ ᠰᠢᠨ᠎ᠡ ᠬᠡᠪ ᠤᠨ ᠪᠠᠶᠢᠳᠡᠯ ᠳᠤ ᠢᠳᠡᠪᠬᠢᠳᠡᠢ ᠪᠠᠷ ᠲᠠᠭᠠᠭᠠᠤᠯᠦᠨᠡ᠃ ᠰᠢ ᠶᠢᠨ ᠫᠢᠡᠭ ᠶᠡᠷᠦᠩᠭᠡᠢ ᠱᠦᠵᠢ ᠶᠢᠨ ᠰᠢᠨ᠎ᠡ ᠬᠡᠪ ᠤᠨ ᠪᠠᠶᠢᠳᠡᠯ ᠤᠨ ︽ | ᠨᠠᠢᠮᠡᠨ ᠨᠡᠩ ᠠᠩᠬᠠᠷᠤᠭᠤᠰᠢᠳᠡᠢ︾ ᠶᠢᠨ ᠱᠠᠭᠠᠷᠳᠠᠯᠭ᠎ᠠ ᠶᠤᠰᠤᠭᠠᠷ᠂ ᠬᠦᠭᠵᠢᠯᠳᠡ ᠶᠢᠨ ᠶᠡᠭᠡ ᠪᠠᠶᠢᠳᠡᠯ ᠢ ᠵᠦᠪ ᠡᠵᠡᠮᠳᠡᠨ᠂ ᠵᠢᠱᠢᠯᠳᠡ ᠶᠢᠨ ᠴᠢᠨᠡᠷ ᠢ ᠦᠨᠡᠨᠬᠦ | ᠲᠡᠭᠡᠭᠰᠢᠯᠡᠬᠦᠯᠵᠦ᠂ ᠵᠢᠮ᠎ᠡ ᠶᠤᠰᠤᠴᠢ ᠴᠢᠨᠡᠷ ᠢ ᠡᠵᠡᠮᠳᠡᠨ᠂ ᠰᠠᠨᠠᠭᠠᠴᠢᠯᠠᠭᠠᠳᠤ ᠴᠢᠨᠡᠷ ᠢᠶᠠᠨ ᠴᠢᠩᠭᠠᠳᠬᠠᠨ᠂ ᠰᠢᠨ᠎ᠡ ᠠᠵᠠ ᠲᠤᠬᠢᠶᠠᠯ ᠢ ᠠᠮᠵᠢᠵᠦ᠂ ᠰᠢᠨ᠎ᠡ | ᠦᠷᠢᠰᠦᠯᠳᠦᠬᠡᠨ ᠢ ᠠᠷᠭᠠᠴᠠᠨ᠂ ᠴᠠᠭ ᠦᠶ᠎ᠡ ᠲᠠᠢ ᠵᠡᠷᠬᠡᠪᠡᠷ ᠲᠡᠪᠰᠢᠵᠦ᠂ ᠮᠠᠨ ᠤ ᠬᠤᠳᠡ ᠶᠢᠨ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠰᠢᠨ᠎ᠡ ᠪᠠᠶᠢᠳᠡᠯ ᠢ | ᠡᠬᠦᠳᠦᠨ᠎ᠡ᠃ | ︵ᠨᠢᠭᠡ︶ ᠠᠵᠦ ᠠᠬᠤᠢ ᠶᠢᠨ ᠲᠤᠭᠳᠠᠭᠤᠨ ᠡᠷᠡᠬᠦᠯ ᠬᠦᠭᠵᠢᠯᠳᠡ ᠶᠢ ᠪᠠᠳᠦᠯᠠᠵᠦ᠂ ᠲᠤᠭᠳᠠᠭᠤᠨ ᠢᠶᠠᠷ ᠠᠬᠢᠭᠤᠯᠬᠤ ᠶᠢ ᠪᠡᠶᠡᠯᠡᠭᠦᠯᠦᠨ᠎ᠡ | ᠨᠡᠮᠡᠭᠳᠡᠯ ᠢ ᠲᠤᠭᠳᠠᠭᠤᠨ ᠪᠤᠯᠭᠠᠬᠤ ᠶᠢᠨ ᠬᠠᠮᠳᠦ ᠦᠰᠦᠷᠦᠯᠳᠡ ᠬᠦᠭᠵᠢᠯᠳᠡ ᠶᠢ ᠪᠡᠶᠡᠯᠡᠭᠦᠯᠭᠦ ᠳᠤ ᠪᠢᠳᠡ ᠤᠯᠤᠰ ᠤᠨ ᠠᠵᠦ ᠤᠶᠢᠯᠡᠰ ᠢ ᠲᠤᠬᠢᠷᠭᠤᠯᠬᠤ | ᠪᠠ ᠲᠤᠳᠦᠭᠠᠳᠦ ᠭᠡᠷᠡᠭᠴᠡᠭᠡ ᠪᠠᠨ ᠦᠷᠭᠡᠳᠭᠡᠭᠦ ᠠᠵᠦ ᠲᠤᠬᠢᠶᠠᠯ ᠢ ᠠᠳᠬᠤᠵᠦ᠂ ᠪᠡᠯᠡ ᠤᠷᠤᠭᠤᠯᠦᠯᠳᠠ ᠶᠢᠨ ᠵᠠᠩᠭᠢᠯᠠᠭ᠎ᠠ ᠶᠢᠨ ᠤᠶᠢᠯᠡᠳᠦᠯ ᠪᠠ ᠭᠡᠷᠩᠯᠡᠭᠡᠨ ᠤ | ᠰᠠᠭᠤᠷᠢ ᠤᠶᠢᠯᠡᠳᠦᠯ ᠢ ᠨᠡᠩ ᠰᠠᠶᠢᠳᠦᠷ ᠪᠠᠳᠠᠷᠠᠭᠤᠯᠬᠤ ᠴᠢᠬᠤᠯᠠᠳᠠᠢ᠃ | ᠪᠡᠯᠡ ᠤᠷᠤᠭᠤᠯᠦᠯᠳᠠ ᠶᠢᠨ ᠲᠤᠭᠳᠠᠭᠤᠨ ᠢᠶᠠᠷ ᠨᠡᠮᠡᠭᠳᠡᠭᠦ ᠶᠢ ᠪᠠᠳᠦᠯᠠᠨᠡ᠃ ᠠᠵᠦ ᠤᠶᠢᠯᠡᠰ ᠤᠨ ᠲᠡᠰ ᠲᠡᠪᠰᠢᠭᠦ᠂ ᠰᠠᠭᠤᠷᠢ ᠲᠦᠬᠦᠭᠡᠷᠤᠮᠵᠢ᠂ ᠨᠡᠶᠢᠭᠡᠮ | ᠤᠨ ᠤᠶᠢᠯᠡᠰ᠂ ᠠᠷᠠᠳ ᠤᠨ ᠠᠮᠢᠳᠦᠷᠠᠯ ᠤᠨ ᠢᠨᠵᠧᠨᠧᠷᠢᠩ᠂ ᠠᠮᠢ ᠠᠬᠤᠢ ᠶᠢᠨ ᠪᠦᠳᠦᠭᠡᠨ ᠪᠠᠶᠢᠭᠤᠯᠦᠯᠳᠠ ᠬᠢᠭᠡᠳ ᠬᠤᠳᠠ ᠪᠠᠯᠭᠠᠰᠦᠨ ᠤ ᠪᠦᠳᠦᠭᠡᠨ | ᠪᠠᠶᠢᠭᠤᠯᠦᠯᠳᠠ ᠵᠡᠷᠭᠡ ᠪᠡᠯᠡ ᠤᠷᠤᠭᠤᠯᠦᠯᠳᠠ ᠶᠢᠨ ᠬᠡᠪᠴᠢᠶ᠎ᠠ ᠶᠢᠨ ᠲᠤᠭᠤᠷᠢᠨ ᠳᠤ᠂ ᠨᠢᠭᠡ ᠪᠦᠯᠦᠭ ᠭᠤᠤᠯᠳᠠᠯᠭᠠᠳᠦ ᠲᠦᠷᠦᠯ ᠵᠦᠢᠯ ᠢ ᠠᠵᠢᠯ ᠡᠬᠢᠯᠡᠵᠦ | ᠪᠦᠳᠦᠭᠡᠨ ᠪᠠᠶᠢᠭᠤᠯᠦᠨ᠎ᠡ᠃ ᠠᠵᠦ ᠤᠶᠢᠯᠡᠳᠪᠤᠷᠢ ᠶᠢᠨ ᠲᠠᠯ᠎ᠠ ᠳᠤ᠂ 500 ᠲᠦᠮᠡᠨ ᠲᠦᠭᠦᠷᠢᠭ ᠠᠴᠠ ᠲᠡᠭᠡᠭᠰᠢᠭᠢ ᠠᠵᠦ ᠤᠶᠢᠯᠡᠳᠪᠤᠷᠢ ᠶᠢᠨ ᠭᠤᠤᠯᠳᠠᠯᠭᠠᠳᠦ | ᠲᠦᠷᠦᠯ ᠵᠦᠢᠯ ᠢ 280 ᠰᠢᠨ᠎ᠡ ᠪᠠᠷ ᠪᠠᠶᠢᠭᠤᠯᠵᠦ᠂ ᠠᠵᠦ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠡ ᠶᠢ 600 ᠳ᠋ᠦᠡᠭᠰᠢᠭᠤᠷ | ᠲᠦᠬᠦᠷᠢᠭ ᠲᠠᠪᠠᠭᠤᠯᠤᠨ᠎ᠠ᠃ ᠬᠤᠤᠯᠢᠩᠭᠤᠤᠯ ᠬᠤᠳᠡ ᠶᠢᠨ ᠶᠢᠨ ᠯᠢᠶᠠᠨ ᠬᠦᠡᠭᠭᠡᠨ ᠴᠠᠭᠠᠨ ᠬᠠᠪᠳᠠᠰᠤᠨ ᠢᠯᠳᠠᠰᠤ᠂ ᠴᠤᠸᠠᠩ ᠶᠤᠸᠠᠠ ᠤᠶᠠᠨ ᠬᠠᠳᠡᠨ ᠬᠦᠡᠭᠭᠡᠨ | ᠴᠠᠭᠠᠨ ᠤ ᠬᠠᠶᠢᠯᠦᠰᠢ᠂ ᠮᠸᠢ ᠢ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠭᠤᠤᠯᠳᠠᠯᠭ᠎ᠠ ᠲᠠᠢ ᠠᠳᠬᠤᠨ᠂ ᠬᠤᠷᠴᠢᠨ ᠲᠤᠭᠤᠷᠢᠭ ᠤᠨ ᠮᠸᠢ ᠬᠤᠸᠠ ᠠᠮᠢᠳᠦ | ᠪᠤᠳᠡᠰ ᠤᠨ ᠵᠢᠵᠢᠭ ᠲᠦᠷᠦᠯ ᠤᠨ ᠠᠽᠤᠲ ᠬᠦᠴᠢᠯ᠂ ᠬᠤᠷᠴᠢᠨ ᠵᠡᠬᠦᠨ ᠭᠠᠷᠤᠨ ᠲᠤᠮᠳᠡᠳᠦ ᠬᠤᠰᠢᠭᠤᠨ ᠤ ᠬᠤᠷᠴᠢᠨ ᠦᠬᠡᠷ ᠤᠨ ᠦᠢᠯᠡᠰ ᠤᠨ ᠠᠯᠠᠰᠢᠨ | ᠦᠬᠡᠷ ᠤᠨ ᠠᠵᠦ ᠦᠢᠯᠡᠰ ᠤᠨ ᠬᠦᠷᠢᠶᠡᠯᠡᠩ᠂ ᠬᠦᠷᠢᠶ᠎ᠡ ᠬᠤᠰᠢᠭᠤᠨ ᠤ ᠴᠢᠶᠥᠥ ᠲᠠᠢ ᠠᠮᠢᠳᠦ ᠪᠤᠳᠡᠰ ᠤᠨ ᠰᠠᠭᠠᠭ ᠢ ᠬᠦᠨ ᠪᠤᠯᠪᠠᠰᠤᠷᠠᠭᠤᠯᠬᠤ᠂ ᠵᠠᠷᠤᠳ | ᠬᠤᠰᠢᠭᠤᠨ ᠤ ᠯᠦᠡᠭ ᠶᠤᠸᠠᠠ ᠯᠢᠦᠢ ᠮᠸᠢ ᠬᠦᠷᠡᠩ ᠨᠡᠬᠦᠷᠡᠰᠦ ᠶᠢ ᠶᠡᠷᠦᠩᠭᠡᠶᠢᠯᠡᠨ ᠠᠰᠢᠭᠯᠠᠬᠤ᠂ ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠺᠠᠨᠭ᠌ ᠴᠧᠨ | ᠡᠮ ᠤᠨ ᠦᠢᠯᠡᠰ ᠤᠨ ᠰᠢᠩᠭᠡᠨ ᠡᠮ᠂ ᠺᠠᠶᠢᠯᠦ ᠰᠢᠶᠡᠨ ᠤ ᠬᠤᠸᠠ ᠱᠤ᠋ ᠡᠮ ᠦᠢᠯᠡᠳᠬᠦ᠂ ᠬᠤᠸᠠᠩ ᠾᠧ ᠯᠦᠡᠭ ᠴᠠᠪᠠᠤ᠂ ᠨᠠᠢᠮᠡᠨ ᠬᠤᠰᠢᠭᠤᠨ ᠤ ᠾᠧ ᠢ ᠨᠢᠺᠧᠯ | ᠾᠧᠷᠦᠮ ᠤᠨ ᠨᠡᠶᠢᠯᠡᠮᠡᠯ ᠮᠠᠲ᠋ᠧᠷᠢᠶᠡᠯ᠂ ᠨᠡᠬᠡᠬᠡᠯᠳᠡ ᠶᠢᠨ ᠲᠤᠭᠤᠷᠢᠭ ᠤᠨ ᠶᠢᠨ ᠮᠸᠢ ᠨᠡᠬᠦᠷᠡᠰᠦᠨ ᠬᠢᠮᠢ ᠶᠢᠨ ᠠᠵᠦ ᠦᠢᠯᠡᠳᠪᠦᠷᠢ ᠶᠢᠨ ᠮᠡᠷᠭᠡᠵᠢᠯ ᠤᠨ ᠦᠬᠡᠷᠡᠴᠢᠯᠡᠯᠳᠡ | ᠵᠡᠷᠭᠡ ᠲᠦᠷᠦᠯ ᠵᠦᠢᠯ ᠢ ᠭᠤᠤᠯᠳᠠᠯᠭ᠎ᠠ ᠲᠠᠢ ᠠᠳᠬᠤᠨ᠎ᠠ᠃ ᠰᠠᠭᠤᠷᠢ ᠲᠦᠭᠦᠭᠡᠷᠤᠮᠵᠢ ᠶᠢᠨ ᠲᠠᠯ᠎ᠠ ᠪᠠᠷ᠂ ᠪᠢᠴᠢᠯ ᠴᠠᠬᠢᠯᠭᠠᠨ ᠲᠤᠤᠷ᠂ ᠴᠠᠬᠢᠯᠭᠠᠨ ᠤ ᠰᠤᠷᠪᠤᠯᠵᠢ | ᠶᠢᠨ ᠴᠡᠭ ᠪᠠ ᠭᠠᠳᠠᠭᠰᠢ ᠴᠠᠬᠢᠯᠭᠠᠨ ᠬᠦᠷᠭᠡᠭᠦ ᠵᠠᠮ ᠪᠠᠶᠢᠭᠤᠯᠦᠯᠳᠠ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠦ᠂ ᠤᠷᠤᠨᠵᠢᠯ ᠤᠨ ᠪᠢᠴᠢᠯ ᠴᠠᠬᠢᠯᠭᠠᠨ ᠲᠤᠤᠷ | ᠤᠨ ᠲᠤᠷᠰᠢᠯᠳᠠ ᠶᠢᠨ ᠴᠡᠭ ᠤᠨ ᠠᠵᠢᠯ ᠢ ᠦᠷᠨᠢᠭᠦᠯᠵᠦ᠂ ᠲᠦᠩᠯᠢᠶᠤᠤ ᠠᠴᠠ ᠡᠾᠧᠨᠠᠨ ᠬᠦᠷᠭᠦ ᠤᠨᠴᠡ ᠦᠨᠳᠦᠷ ᠬᠦᠴᠤᠳ᠋ᠨᠯᠳᠦ ᠴᠠᠬᠢᠯᠭᠠᠨ ᠭᠠᠳᠠᠭᠰᠢ ᠬᠦᠷᠭᠡᠭᠦ | ᠵᠠᠮ ᠤᠨ ᠲᠦᠷᠦᠯ ᠵᠦᠢᠯ ᠤᠨ ᠡᠮᠦᠨᠡᠭᠢ ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠵᠦ᠂ ᠨᠢᠭᠡ ᠪᠦᠯᠦᠭ ᠰᠠᠯᠬᠢᠨ ᠬᠦᠴᠦ ᠬᠡᠷᠡᠯ ᠢᠯᠴᠢ ᠶᠢᠨ ᠴᠠᠬᠢᠯᠭᠠᠨ ᠤ | ᠬᠠᠷᠢᠯᠴᠠᠨ ᠨᠦᠬᠦᠪᠤᠷᠢᠯᠡᠴᠡᠭᠰᠡᠨ ᠴᠠᠬᠢᠯᠭᠠᠨ ᠤ ᠰᠤᠷᠪᠤᠯᠵᠢ ᠶᠢᠨ ᠴᠡᠭ ᠤᠨ ᠲᠦᠷᠦᠯ ᠵᠦᠢᠯ ᠢ ᠲᠦᠭᠦᠷᠵᠢᠭᠦᠯᠦᠨ ᠪᠠᠶᠢᠭᠤᠯᠦᠨ᠎ᠡ᠃᠂ ᠲᠦᠩᠯᠢᠶᠤᠤ ᠠᠴᠠ ᠪᠡᠭᠡᠵᠢᠩ | ᠮᠦᠭᠳᠠᠨ ᠤ ᠠᠶᠠᠨᠴᠢᠨ ᠤ ᠲᠤᠰᠬᠠᠢ ᠱᠤᠭᠤᠮ ᠯᠤᠭ᠎ᠠ ᠵᠠᠯᠭᠠᠬᠤ ᠱᠤᠭᠤᠮ᠂ ᠲᠦᠩᠯᠢᠶᠤᠤ ᠠᠴᠠ ᠯᠦᠪᠸᠢ ᠬᠦᠷᠭᠦ ᠲᠦᠷᠭᠡᠨ ᠵᠠᠮ ᠬᠢᠭᠡᠳ ᠭᠤᠤᠯ ᠬᠤᠳᠠ ᠶᠢᠨ | ᠲᠤᠭᠤᠷᠢᠭ ᠤᠨ ᠤᠮᠠᠷᠠᠳᠦ ᠭᠠᠳᠡᠷ ᠴᠠᠭᠠᠷᠢᠭ ᠢ ᠬᠤᠯᠪᠤᠬᠤ ᠱᠤᠭᠤᠮ ᠤᠨ ᠢᠨᠵᠧᠨᠧᠷᠢᠩ ᠢ ᠠᠵᠢᠯ ᠡᠬᠢᠯᠡᠵᠦ ᠪᠦᠳᠦᠭᠡᠨ ᠪᠠᠶᠢᠭᠤᠯᠤᠨ᠂ ᠬᠤᠤᠯᠢᠩᠭᠤᠤᠯ ᠬᠤᠳᠡ | ᠠᠴᠠ ᠬᠢᠩᠭᠠᠨ ᠠᠶᠢᠮᠠᠭ ᠤᠨ ᠠᠯᠳᠠᠷ ᠬᠦᠷᠭᠦ ᠨᠢᠭᠡᠳᠦᠭᠡᠷ ᠲᠡᠰ ᠤᠨ ᠵᠠᠰᠠᠮᠠᠯ ᠵᠠᠮ᠂ ᠬᠤᠷᠴᠢᠨ ᠵᠡᠭᠦᠨ ᠭᠠᠷᠤᠨ ᠲᠤᠮᠳᠠᠳᠦ ᠬᠤᠰᠢᠭᠤᠨ ᠤ ᠱᠧᠪᠡᠷᠳᠦ ᠠᠴᠠ ᠳ᠋ᠠ | ᠰᠢᠩ ︵ᠲᠦᠩᠯᠢᠶᠤᠤ ᠤᠯᠠᠭᠠᠨᠬᠠᠳᠠ ᠶᠢᠨ ᠵᠠᠭᠠᠭ︶ ᠬᠦᠷᠭᠦ ᠬᠤᠶᠠᠳᠤᠭᠠᠷ ᠲᠡᠰ ᠤᠨ ᠵᠠᠰᠠᠮᠠᠯ ᠵᠠᠮ᠂ ᠬᠤᠤᠯᠢᠩᠭᠤᠯ ᠬᠤᠳᠡ ᠠᠴᠠ ᠰᠢᠯᠢᠩᠭᠤᠤᠯ ᠠᠶᠢᠮᠠᠭ ᠤᠨ | ᠪᠠᠶᠠᠨᠬᠤᠰᠢᠭᠤ ᠬᠦᠷᠬᠦ ᠬᠤᠶᠠᠳᠤᠭᠠᠷ ᠲᠡᠰ ᠤᠨ ᠵᠠᠮ ᠤᠨ ᠦᠬᠡᠷᠡᠴᠢᠯᠡᠯᠳᠡ ᠶᠢᠨ ᠦᠷᠬᠦᠯᠵᠢᠯᠡᠨ ᠪᠠᠶᠢᠭᠤᠯᠤᠯᠳᠡ ᠶᠢ ᠲᠠᠭᠤᠰᠬᠠᠨ᠎ᠠ᠃ ᠬᠤᠤᠯᠢᠩᠭᠤᠤᠯ ᠤᠨ ᠠᠷᠠᠳ | ᠤᠨ ᠨᠢᠰᠭᠡᠯ ᠤᠨ ᠪᠠᠭᠤᠳᠠᠯ ᠢ ᠪᠦᠳᠦᠭᠡᠨ ᠪᠠᠶᠢᠭᠤᠯᠵᠦ ᠠᠰᠢᠬᠯᠠᠯᠳᠠ ᠳᠤ ᠤᠷᠤᠭᠤᠯᠦᠨ᠎ᠡ᠃ ᠵᠠᠷᠤᠳ ᠬᠤᠰᠢᠭᠤᠨ ᠤ ᠮᠤᠳᠦ ᠴᠦᠭᠦᠷᠤᠮ ᠢ ᠠᠵᠢᠯ ᠡᠬᠢᠯᠡᠵᠦ | ᠪᠦᠳᠦᠭᠡᠨ ᠪᠠᠶᠢᠭᠤᠯᠵᠦ᠂ ︽ᠴᠤᠤᠯ ᠭᠤᠤᠯ ᠢ ᠲᠠᠳᠠᠵᠦ ᠲᠦᠩᠯᠢᠶᠤᠤ ᠳᠤ ᠤᠷᠤᠭᠤᠯᠬᠤ︾ ᠵᠡᠷᠭᠡ ᠶᠡᠭᠡ ᠬᠡᠯᠪᠡᠷᠢ ᠶᠢᠨ ᠤᠷᠤᠰᠬᠠᠯ ᠠᠯᠤᠰᠯᠠᠭᠰᠡᠨ ᠤᠰᠦ ᠲᠠᠳᠠᠬᠤ | ᠢᠨᠵᠧᠨᠧᠷᠢᠩ ᠪᠠ ᠬᠦᠷᠢᠶ᠎ᠡ ᠬᠤᠰᠢᠭᠤᠨ ᠤ ᠭᠠᠭ᠋ᠠᠢ ᠠᠭᠤᠯᠠ ᠴᠦᠭᠦᠷᠤᠮ ᠤᠨ ᠡᠮᠦᠨᠡᠭᠢ ᠬᠤᠭᠤᠴᠠᠭᠠᠨ ᠤ ᠠᠵᠢᠯ ᠢ ᠠᠬᠢᠭᠤᠯᠦᠨ᠎ᠡ᠃ ᠠᠷᠠᠳ ᠤᠨ ᠠᠮᠢᠳᠦᠷᠠᠯ | ᠬᠢᠭᠡᠳ ᠨᠡᠶᠢᠭᠡᠮ ᠤᠨ ᠤᠶᠢᠯᠡᠰ ᠤᠨ ᠲᠠᠯ᠎ᠠ ᠳᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ᠂ ᠮᠤᠩᠭᠤᠯ ᠡᠮᠨᠡᠯᠭᠡ ᠶᠢᠨ ᠭᠤᠤᠯ ᠡᠮᠨᠡᠯᠭᠡ ᠶᠢᠨ ᠬᠤᠷᠢᠶ᠎ᠠ᠂ | ᠬᠤᠳᠠ ᠶᠢᠨ ᠡᠮᠨᠡᠯᠭᠡ ᠶᠢᠨ ᠬᠤᠷᠢᠶ᠎ᠠ ᠶᠢᠨ ᠡᠬᠦᠳᠡᠨ ᠡᠮᠨᠡᠯᠭᠡ ᠶᠢᠨ ᠶᠡᠷᠤᠩᠭᠡᠶᠢᠯᠡᠭᠰᠡᠨ ᠠᠰᠠᠷ᠂ ᠬᠤᠳᠠ ᠶᠢᠨ ᠭᠡᠤᠭᠡᠳ ᠤᠨ ᠡᠮᠨᠡᠯᠭᠡ ᠶᠢᠨ ᠬᠤᠷᠢᠶ᠎ᠠ᠂ ᠰᠢᠨ᠎ᠡ ᠬᠤᠳᠠ | ᠶᠢᠨ ᠲᠤᠭᠤᠷᠢᠭ ᠤᠨ ᠲᠤᠷᠰᠢᠯᠳᠠ ᠶᠢᠨ ᠪᠠᠭ᠎ᠠ ᠰᠤᠷᠭᠠᠭᠤᠯᠢ ᠵᠡᠷᠭᠡ ᠲᠦᠷᠦᠯ ᠵᠦᠢᠯ ᠢ ᠠᠵᠢᠯ ᠡᠬᠢᠯᠡᠨ ᠪᠦᠳᠦᠭᠡᠨ ᠪᠠᠶᠢᠭᠤᠯᠵᠦ᠂ ︽ᠲᠦᠷᠪᠡᠨ ᠰᠤᠷᠭᠠᠭᠤᠯᠢ ᠶᠢ | ᠨᠢᠭᠡ ᠪᠤᠯᠭᠠᠬᠤ︾ ᠡᠬᠦᠷᠭᠡ ᠶᠢ ᠪᠡᠶᠡᠯᠡᠬᠦᠯᠦᠨ᠎ᠡ᠂ ᠦᠨᠳᠦᠰᠦᠳᠡᠨ ᠤ ᠰᠤᠶᠤᠯ ᠤᠨ 12 ᠮᠦᠽᠸᠢ ᠪᠠᠶᠢᠭᠤᠯᠤᠨ ᠠᠰᠢᠭᠯᠠᠯᠳᠡ ᠳᠤ ᠤᠷᠤᠭᠤᠯᠵᠦ᠂ ᠨᠠᠭᠠᠳᠤᠮ ᠤᠨ | ᠰᠤᠶᠤᠯ ᠤᠨ ᠬᠤᠷᠤᠭ᠎ᠠ᠂᠂ ᠰᠢᠨᠵᠢᠯᠡᠭᠦ ᠤᠬᠠᠭᠠᠨ ᠮᠡᠷᠭᠡᠵᠢᠯ ᠤᠨ ᠤᠷᠳᠦᠨ᠂ ᠨᠤᠮ ᠤᠨ ᠰᠠᠩ᠂ ᠬᠤᠳᠠ ᠶᠢᠨ ᠲᠦᠯᠦᠪᠵᠢᠭᠦᠯᠦᠯᠭᠡ ᠶᠢᠨ ᠤᠷᠳᠦᠨ ᠤ | ᠨᠠᠰᠤᠳᠡᠶᠢᠴᠦᠳ ᠤᠨ ᠬᠦᠳᠡᠯᠬᠡᠬᠡᠨ ᠤ ᠲᠦᠪ ᠤᠨ ᠭᠤᠤᠯ ᠴᠤᠭᠴᠠᠳᠤ ᠢᠨᠵᠧᠨᠧᠷᠢᠩ ᠤᠨ ᠪᠦᠳᠦᠬᠡᠨ ᠪᠠᠶᠢᠭᠤᠯᠤᠳᠡ ᠶᠢ ᠲᠠᠭᠤᠰᠬᠠᠨ᠎ᠠ᠃ | ᠰᠢᠨ᠎ᠡ ᠭᠡᠷᠡᠭᠯᠡᠭᠡᠨ ᠤ ᠬᠠᠯᠠᠮᠰᠢᠯ ᠢ ᠪᠦᠢᠵᠢᠭᠤᠯᠦᠨᠡ᠃ ᠵᠠᠬ᠎ᠠ ᠲᠡᠯᠭᠡᠭᠦᠷ ᠪᠠ ᠬᠡᠷᠡᠭᠯᠡᠭᠴᠢᠳ ᠤᠨ ᠰᠡᠳᠬᠢᠴᠡ ᠶᠢᠨ ᠵᠠᠳᠠᠯᠦᠯᠳᠠ ᠶᠢ ᠨᠡᠩ ᠢᠯᠡᠭᠦᠦ ᠠᠩᠬᠠᠷᠴᠦ | ᠂ ᠭᠡᠷᠡᠭᠯᠡᠭᠡᠨ ᠤ ᠬᠡᠪ ᠵᠠᠭᠪᠤᠷ ᠤᠨ ᠭᠡᠯᠪᠡᠷᠢ ᠬᠤᠪᠢᠷᠠᠵᠦ ᠲᠡᠰ ᠲᠡᠪᠰᠢᠭᠦ ᠰᠢᠨ᠎ᠡ ᠪᠠᠶᠢᠳᠠᠯ ᠳᠤ ᠵᠤᠬᠢᠴᠠᠵᠦ᠂ ᠰᠢᠨ᠎ᠡ ᠪᠠᠷ ᠮᠠᠨᠳᠦᠬᠰᠡᠨ ᠡᠵᠡᠩᠨᠡᠯᠳᠡ ᠶᠢᠨ ᠪᠠᠶᠢᠳᠠᠯ | ᠲᠦᠯᠦᠪ ᠢ ᠴᠢᠷᠮᠠᠶᠢᠨ ᠪᠤᠶᠢᠵᠢᠭᠤᠯᠦᠨᠡ᠃ ᠰᠤᠶᠤᠯ ᠵᠢᠭᠤᠯᠴᠢᠯᠠᠯ ᠤᠨ ᠬᠦᠨ ᠲᠠᠪᠬᠤᠷᠭ᠎ᠠ ᠶᠢᠨ ᠠᠭᠤᠰᠤᠯᠴᠠᠭ᠎ᠠ ᠶᠢ ᠠᠬᠢᠭᠤᠯᠵᠦ᠂ ︽ᠬᠤᠷᠴᠢᠨ ᠤ 500 | ᠺᠢᠯᠦᠮᠧᠲᠷ ᠤᠨ ᠰᠤᠶᠤᠯ ᠵᠢᠭᠤᠯᠴᠢᠯᠠᠯ ᠤᠨ ᠦᠵᠡᠮᠵᠢᠳᠦ ᠶᠡᠭᠡ ᠵᠠᠮ︾ ᠢ ᠡᠬᠢᠯᠡᠨ ᠪᠦᠳᠦᠭᠡᠨ ᠪᠠᠶᠢᠭᠤᠯᠵᠦ᠂ ᠴᠦᠡᠭᠭᠦᠯ᠂ ᠵᠢᠷᠦᠭᠡ᠂ ᠬᠦᠨᠳᠠᠢ ᠬᠠᠨ ᠠᠭᠤᠯᠠ | ᠵᠡᠷᠭᠡ 6 ᠦᠪᠡᠷᠳᠡᠭᠡᠨ ᠲᠡᠷᠭᠡ ᠵᠢᠯᠤᠭᠤᠳᠬᠤ ᠬᠤᠸᠠᠷᠠᠨ ᠪᠠ ᠵᠠᠷᠤᠳ ᠬᠤᠰᠢᠭᠤᠨ ᠤ ᠠᠭᠤᠯᠠᠷᠬᠠᠭ ᠲᠠᠯ᠎ᠠ ᠶᠢᠨ ᠰᠡᠯᠡᠭᠦᠴᠡᠯ ᠤᠨ ᠰᠢᠰᠲ᠋ᠧᠮ ᠢ ᠪᠦᠳᠦᠭᠡᠨ | ᠪᠠᠶᠢᠭᠤᠯᠵᠦ ᠂ ᠲᠡᠷᠭᠡ ᠪᠠᠨ ᠪᠠᠷᠢᠵᠦ ᠵᠤᠭᠠᠴᠠᠬᠤ ᠰᠤᠳᠦᠨ ᠱᠤᠭᠤᠮ ᠢ ᠡᠭᠦᠳᠦᠨ᠎ᠡ᠃ ᠬᠦᠷᠢᠶ᠎ᠡ ᠬᠤᠰᠢᠭᠤᠨ ᠤ ᠡᠯᠡᠰᠦᠨ ᠲᠤᠬᠤᠢ ᠵᠢᠭᠤᠯᠴᠢᠯᠠᠯ ᠤᠨ ᠲᠤᠭᠤᠷᠢᠭ᠂ | ᠬᠤᠷᠴᠢᠨ ᠵᠡᠭᠦᠨ ᠭᠠᠷᠤᠨ ᠬᠤᠶᠢᠳᠦ ᠬᠤᠰᠢᠭᠤᠨ ᠤ ᠱᠤᠩᠬᠤᠷ ᠠᠭᠤᠯᠠ ᠶᠢᠨ ᠨᠤᠭᠤ ᠭᠠᠵᠡᠷ ᠤᠨ ᠴᠡᠴᠡᠷᠯᠢᠭ᠂ ᠬᠤᠷᠴᠢᠨ ᠲᠤᠭᠤᠷᠢᠭ ᠤᠨ ᠮᠤᠷᠤᠢ ᠶᠢᠨ ᠰᠦᠮ᠎ᠡ | ᠶᠢᠨ ᠨᠠᠭᠤᠷ ᠴᠠᠭᠠᠷᠢᠬᠯᠠᠭᠰᠡᠨ ᠲᠤᠭᠤᠢ ᠲᠡᠷᠭᠡ ᠶᠢᠨ ᠤᠷᠤᠯᠳᠦᠭᠠᠨ ᠤ ᠵᠠᠮ᠂ ᠭᠤᠤᠯ ᠬᠤᠳᠡ ᠶᠢᠨ ᠲᠤᠭᠤᠷᠢᠭ ᠤᠨ ᠯᠤᠤᠬ᠎ᠠ ᠭᠤᠤᠯ ᠴᠡᠴᠡᠷᠯᠢᠭ ᠤᠨ ᠨᠠᠭᠤᠷ | ᠴᠠᠭᠠᠷᠢᠭᠯᠠᠭᠰᠠᠨ ᠶᠠᠪᠠᠭᠠᠨ ᠵᠠᠮ ᠵᠡᠷᠭᠡ ᠲᠦᠷᠦᠯ ᠵᠦᠢᠯ ᠢ ᠲᠦᠷᠭᠡᠨ ᠪᠠᠶᠢᠭᠤᠯᠦᠨ᠎ᠡ᠃ ᠲᠠᠬᠢᠮᠳᠠᠭᠤ ᠠᠮᠤᠷᠯᠢᠩᠭᠤᠢ ᠬᠠᠳᠦᠨ ᠤ ᠬᠦᠷᠢᠶᠡᠯᠡᠩ᠂ ᠭᠤᠷᠪᠠᠨ ᠶᠡᠭᠡ | ᠰᠦᠮ᠎ᠡ᠂ ᠲᠠᠬᠢᠮᠳᠠᠭᠤ ᠠᠮᠤᠷᠯᠢᠩᠭᠤᠢ ᠭᠤᠤᠯ ᠤᠨ ᠰᠤᠶᠤᠯ ᠰᠡᠯᠡᠭᠦᠴᠡᠯ ᠬᠤᠳᠠᠯᠳᠦᠭᠠᠨ ᠤ ᠵᠡᠭᠡᠯᠢ ᠶᠢᠨ 5A ᠲᠡᠰ ᠤᠨ ᠦᠵᠡᠮᠵᠢᠳᠦ ᠤᠷᠤᠨ ᠢ ᠡᠭᠦᠳᠦᠨ | ᠪᠠᠶᠢᠭᠤᠯᠬᠤ ᠠᠵᠢᠯ ᠢ ᠠᠬᠢᠭᠤᠯᠦᠨ᠎ᠡ᠃ ᠬᠦᠨ ᠵᠤᠵᠠᠭᠠᠯᠢᠭ ᠬᠤᠷᠴᠢᠨ ᠤ ᠲᠡᠤᠭᠡ ᠰᠤᠶᠤᠯ ᠤᠨ ᠠᠭᠤᠯᠤᠬᠳᠠᠴᠡ ᠳᠠᠭᠠᠨ ᠲᠦᠰᠢᠭᠯᠡᠵᠦ᠂ ᠨᠢᠭᠡ ᠪᠦᠯᠦᠭ ᠬᠤᠷᠴᠢᠨ | ᠰᠤᠶᠤᠯ ᠵᠤᠭᠠᠴᠠᠯ ᠤᠨ ᠰᠤᠳᠦᠨ ᠵᠦᠢᠯ ᠢ ᠡᠭᠦᠳᠦᠨ᠎ᠡ᠃ ᠤᠶᠤᠨ ᠤᠬᠠᠭᠠᠨ ᠤ ᠵᠢᠭᠤᠯᠴᠢᠯᠠᠯ ᠤᠨ ᠰᠢᠰᠲ᠋ᠧᠮ ᠤᠨ ᠪᠦᠳᠦᠭᠡᠨ ᠪᠠᠶᠢᠭᠤᠯᠦᠯᠳᠠ ᠯᠤᠭ᠎ᠠ | ᠤᠶᠠᠯᠳᠤᠭᠤᠯᠵᠦ᠂ ᠰᠤᠶᠤᠯ ᠵᠢᠭᠤᠯᠴᠢᠯᠠᠯ ᠢ ᠲᠠᠨᠢᠯᠴᠠᠭᠤᠯᠬᠤ ᠰᠢᠷᠢᠰ ᠠᠵᠢᠯᠯᠠᠭ᠎ᠠ ᠡᠷᠬᠢᠯᠡᠨ᠎ᠡ᠃ ᠤᠳᠦᠬᠢᠴᠢ ᠪᠠᠷᠠᠭᠠᠨ ᠤ ᠬᠦᠢᠯᠭᠡᠭᠡᠨ ᠤ ᠤᠶᠢᠯᠡᠰ ᠢ ᠶᠡᠭᠡᠪᠡᠷ | ᠭᠦᠭᠵᠢᠭᠦᠯᠵᠦ᠂ ᠵᠡᠭᠦᠨ ᠬᠤᠶᠢᠳᠦ ᠶᠢᠨ ᠤᠷᠤᠨᠵᠢᠯ ᠤᠨ ᠬᠡᠪᠴᠢᠶᠠᠨ ᠳᠤ ᠪᠠᠷᠠᠭᠠᠨ ᠤ ᠬᠦᠢᠯᠭᠡᠭᠡᠨ ᠤ ᠲᠦᠪ ᠢ ᠪᠦᠳᠦᠭᠡᠨ ᠪᠠᠶᠢᠭᠤᠯᠬᠤ ᠪᠠᠷ ᠬᠠᠷᠠᠯᠳᠠ ᠪᠤᠯᠭᠠᠵᠦ᠂ | ᠭᠤᠤᠯ ᠬᠤᠳᠠ ᠶᠢᠨ ᠲᠤᠭᠤᠷᠢᠭ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠲᠡᠰ ᠲᠡᠪᠰᠢᠭᠦᠯᠦᠨ ᠦᠭᠡᠷᠡᠴᠢᠯᠡᠵᠦ᠂ ᠬᠤᠳᠠ ᠬᠦᠳᠡᠭᠡ ᠶᠢ ᠪᠦᠷᠬᠦᠭᠰᠡᠨ | ᠤᠳᠦᠬᠢᠴᠢ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠦᠨ᠎ᠡ᠃ ︽ᠨᠢᠭᠡ ᠭᠠᠷᠠᠮ ᠲᠦᠷᠪᠡᠨ ᠬᠦᠷᠢᠶᠡᠯᠡᠩ ᠲᠦᠷᠪᠡᠨ ᠲᠦᠪ︾ ᠤᠨ ᠪᠦᠳᠦᠭᠡᠨ | ᠪᠠᠶᠢᠭᠤᠯᠦᠯᠳᠠ ᠶᠢ ᠭᠤᠤᠯᠳᠠᠯᠭ᠎ᠠ ᠲᠠᠢ ᠠᠬᠢᠭᠤᠯᠦᠨ᠎ᠡ᠂ ︽ᠨᠢᠭᠡ ᠭᠠᠷᠠᠮ︾ ᠲᠤᠬᠠᠶᠢᠯᠠᠪᠠᠯ ᠲᠦᠩᠯᠢᠶᠤᠤ ᠶᠢᠨ ᠲᠤᠳᠦᠭᠠᠳᠦ ᠬᠠᠭᠤᠷᠠᠢ ᠶᠢᠨ ᠭᠠᠷᠠᠮ ᠤᠨ | ᠲᠦᠷᠪᠡᠳᠦᠭᠡᠷ ᠬᠤᠭᠤᠴᠠᠭᠠᠨ ᠤ ᠴᠢᠳᠠᠪᠤᠷᠢ ᠶᠢ ᠦᠷᠭᠡᠳᠭᠡᠨ ᠦᠭᠡᠷᠡᠴᠢᠯᠡᠭᠦ ᠶᠢ ᠪᠡᠶᠡᠯᠡᠭᠦᠯᠵᠦ᠂ ᠵᠡᠭᠦᠨ ᠬᠤᠶᠢᠳᠦ ᠶᠢᠨ ᠪᠠᠷᠠᠭᠠᠨ ᠤ ᠲᠡᠭᠡᠭᠡᠪᠤᠷᠢ ᠶᠢᠨ ᠬᠤᠷᠳᠦᠨ | ᠲᠡᠷᠭᠡ ᠶᠢᠨ ᠡᠳ᠋ ᠪᠠᠷᠠᠭ᠎ᠠ ᠤᠷᠤᠭᠤᠯᠵᠦ ᠭᠠᠷᠭᠠᠬᠤ ᠭᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ︽ᠲᠦᠷᠪᠡᠨ ᠬᠦᠷᠢᠶᠡᠯᠡᠩ︾ ᠲᠤᠬᠠᠶᠢᠯᠠᠪᠠᠯ ᠨᠡᠭᠡᠭᠡᠯᠳᠡ | ᠶᠢᠨ ᠲᠤᠭᠤᠷᠢᠭ ᠤᠨ ᠶᠡᠷᠤᠩᠭᠡᠶᠢᠯᠡᠭᠰᠡᠨ ᠪᠠᠷᠠᠭᠠᠨ ᠤ ᠬᠦᠢᠯᠭᠡᠭᠡᠨ ᠤ ᠬᠦᠷᠢᠶᠡᠯᠡᠩ᠂ ᠨᠢᠰᠭᠡᠯ ᠤᠨ ᠪᠠᠭᠤᠳᠠᠯ ᠤᠨ ᠪᠠᠷᠠᠭᠠᠨ ᠤ ᠬᠦᠢᠯᠭᠡᠭᠡᠨ ᠤ ᠬᠦᠷᠢᠶᠡᠯᠡᠩ᠂ | ᠬᠤᠷᠴᠢᠨ ᠤ ᠶᠡᠷᠤᠩᠭᠡᠶᠢᠯᠡᠭᠰᠡᠨ ᠪᠠᠷᠠᠭᠠᠨ ᠤ ᠬᠦᠢᠯᠭᠡᠭᠡᠨ ᠤ ᠬᠦᠷᠢᠶᠡᠯᠡᠩ ᠬᠢᠭᠡᠳ ᠮᠡᠯᠡᠭᠡᠶᠢᠳᠦ ᠶᠢᠨ ᠠᠵᠦ ᠤᠶᠢᠯᠡᠳᠪᠤᠷᠢ ᠶᠢᠨ ᠪᠠᠷᠠᠭᠠᠨ ᠤ ᠬᠦᠢᠯᠭᠡᠭᠡᠨ ᠤ | ᠬᠦᠷᠢᠶᠡᠯᠡᠩ ᠤᠨ ᠪᠦᠳᠦᠭᠡᠨ ᠪᠠᠶᠢᠭᠤᠯᠦᠯᠳᠠ ᠶᠢ ᠲᠦᠷᠭᠡᠳᠭᠡᠨ᠎ᠡ᠃ ︽ᠲᠦᠷᠪᠡᠨ ᠲᠦᠪ︾ ᠲᠤᠬᠠᠶᠢᠯᠠᠪᠠᠯ ᠲᠤᠳᠦᠭᠠᠳᠦ ᠬᠠᠭᠤᠷᠠᠢ ᠶᠢᠨ ᠭᠠᠷᠠᠮ ᠤᠨ ᠭᠠᠶᠢᠯᠢ | ᠪᠠᠳᠦᠯᠠᠬᠤ ᠬᠦᠮᠦᠷᠭᠡ ᠶᠢ ᠲᠡᠰ ᠲᠡᠪᠰᠢᠭᠦᠯᠵᠦ ᠭᠠᠶᠢᠯᠢ ᠪᠠᠳᠦᠯᠠᠬᠤ ᠪᠠᠷᠠᠭᠠᠨ ᠤ ᠬᠦᠢᠯᠭᠡᠭᠡ ᠶᠢᠨ ᠲᠦᠪ ᠪᠤᠯᠭᠠᠬᠤ ᠶᠢ ᠠᠬᠢᠭᠤᠯᠬᠤ᠂ ᠲᠦᠩᠯᠢᠶᠤᠤ ᠶᠢᠨ ᠤᠯᠠᠨ | ᠤᠯᠤᠰ ᠤᠨ ᠲᠦᠷᠭᠡᠨ ᠬᠦᠷᠭᠡᠭᠦ ᠵᠦᠢᠯ ᠢ ᠬᠢᠨᠠᠨ ᠬᠠᠮᠢᠶᠠᠷᠬᠤ ᠲᠦᠪ᠂ ᠦᠪᠤᠷ ᠮᠤᠩᠭᠤᠯ ᠤᠨ ᠵᠡᠭᠦᠨ ᠬᠡᠰᠡᠭ ᠤᠨ ᠨᠡᠭᠦᠷᠡᠰᠦᠨ ᠤ ᠠᠷᠠᠯᠵᠢᠶᠠᠨ ᠤ ᠲᠦᠪ ᠪᠠ | ᠤᠷᠤᠨᠵᠢᠯ ᠤᠨ ᠴᠢᠨᠠᠷᠳᠠᠢ ᠡᠳᠦᠷ ᠲᠤᠳᠦᠮ ᠤᠨ ᠭᠡᠷᠡᠭᠯᠡᠭᠡᠨ ᠤ ᠵᠦᠢᠯ ᠢ ᠲᠤᠬᠢᠷᠠᠭᠤᠯᠦᠨ ᠬᠦᠷᠭᠡᠭᠦ ᠲᠦᠪ ᠢ ᠲᠦᠷᠭᠡᠨ ᠪᠠᠶᠢᠭᠤᠯᠦᠨ᠎ᠡ᠃ ᠬᠠᠮᠳᠦ ᠳᠤᠨᠢ᠂ ᠡᠯ᠎ᠡ | ᠬᠤᠰᠢᠭᠤ ᠰᠢᠶᠠᠨ ᠬᠤᠳᠠ ᠲᠤᠭᠤᠷᠢᠭ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠪᠠ ᠪᠠᠷᠠᠭᠠᠨ ᠤ ᠬᠦᠢᠯᠭᠡᠭᠡᠨ ᠤ ᠲᠦᠷᠦᠯ ᠵᠦᠢᠯ ᠤᠨ ᠪᠦᠳᠦᠭᠡᠨ | ᠪᠠᠶᠢᠭᠤᠯᠦᠯᠳᠠ ᠶᠢ ᠲᠦᠷᠭᠡᠨ ᠠᠬᠢᠭᠤᠯᠦᠨ᠎ᠡ᠃ ᠰᠢᠨ᠎ᠡ ᠪᠠᠷ ᠮᠡᠨᠳᠦᠬᠰᠡᠨ ᠤᠶᠢᠯᠡᠴᠢᠯᠡᠭᠡ ᠶᠢᠨ ᠡᠵᠡᠩᠨᠡᠯᠳᠡ ᠶᠢᠨ ᠪᠠᠶᠢᠳᠠᠯ ᠲᠦᠯᠦᠪ ᠢ ᠢᠳᠡᠪᠬᠢᠳᠠᠢ ᠪᠤᠶᠢᠵᠢᠭᠤᠯᠵᠦ᠂ | ᠡᠯᠧᠺᠲᠷᠤᠨ ᠬᠤᠳᠠᠯᠳᠦᠭᠠᠨ ᠤ ᠶᠠᠪᠤᠳᠠᠯ᠂ ᠡᠷᠡᠬᠦᠯᠵᠢᠯ᠂ ᠨᠠᠰᠤᠵᠢᠯ᠂ ᠪᠡᠶ᠎ᠡ ᠴᠢᠬᠢᠷᠠᠭᠵᠢᠭᠤᠯᠬᠤ ᠵᠡᠷᠭᠡ ᠤᠳᠤᠬᠢᠴᠢ ᠦᠢᠯᠡᠴᠢᠯᠡᠬᠡᠨ ᠤ ᠦᠢᠯᠡᠰ ᠲᠡᠳᠬᠦᠨ | ᠬᠦᠭᠵᠢᠬᠦᠯᠦᠨ᠎ᠡ᠃ ᠲᠦᠩᠯᠢᠶᠤᠤ ᠶᠢᠨ ᠡᠯᠧᠺᠲᠷᠤᠨ ᠬᠤᠳᠠᠯᠳᠦᠭᠠᠨ ᠤ ᠶᠠᠪᠤᠳᠠᠯ ᠤᠨ ᠠᠵᠦ ᠤᠶᠢᠯᠡᠰ ᠤᠨ ᠬᠦᠷᠢᠶᠡᠯᠡᠩ ᠲᠤᠭᠤᠷᠢᠭ ᠪᠠ 400 ᠭᠠᠴᠠᠭ᠎ᠠ | ᠲᠤᠰᠬᠤᠨ ᠤ ᠡᠯᠧᠺᠲᠷᠤᠨ ᠬᠤᠳᠠᠯᠳᠦᠭᠠᠨ ᠤ ᠤᠶᠢᠯᠡᠴᠢᠯᠡᠭᠡᠨ ᠤ ᠵᠢᠱᠢᠶ᠎ᠡ ᠦᠵᠡᠭᠦᠯᠭᠦ ᠴᠢᠭ ᠢ ᠪᠦᠳᠦᠭᠡᠨ ᠪᠠᠶᠢᠭᠤᠯᠵᠦ᠂ ᠪᠦᠬᠦ ᠬᠤᠳᠠ ᠶᠢᠨ ᠡᠯᠧᠺᠲᠷᠤᠨ | ᠬᠤᠳᠠᠯᠳᠦᠭᠠᠨ ᠤ ᠶᠠᠪᠤᠳᠠᠯ ᠤᠨ ᠠᠷᠠᠯᠵᠢᠶ᠎ᠡ ᠶᠢ 10 ᠳ᠋ᠦᠩᠰᠢᠭᠤᠷ ᠲᠦᠭᠦᠷᠢᠭ᠂ ᠡᠯᠧᠺᠲᠷᠤᠨ ᠬᠤᠳᠠᠯᠳᠦᠭᠠᠨ ᠤ ᠠᠵᠦ ᠠᠬᠤᠶᠢᠯᠠᠯ ᠢ 200 ᠲᠠᠪᠠᠭᠤᠯᠬᠤ ᠪᠠᠷ | ᠴᠢᠷᠮᠠᠶᠢᠨ᠎ᠠ᠃ ᠭᠠᠵᠡᠷ ᠰᠢᠷᠤᠢ ᠭᠡᠷ ᠬᠦᠷᠦᠩᠭᠡ ᠶᠢᠨ ᠵᠠᠬ᠎ᠠ ᠲᠡᠯᠭᠡᠭᠦᠷ ᠤᠨ ᠡᠷᠡᠭᠦᠯ ᠭᠦᠭᠵᠢᠯᠳᠡ ᠶᠢ ᠵᠢᠯᠦᠭᠤᠳᠦᠨ ᠲᠡᠮᠵᠢᠵᠦ᠂ ᠤᠷᠤᠨ ᠰᠠᠭᠤᠴᠡ ᠶᠢᠨ | ᠬᠠᠳᠠᠭᠠᠯᠠᠭᠳᠠᠵᠦ ᠪᠠᠶᠢᠭ᠎ᠠ ᠭᠡᠮᠵᠢᠶ᠎ᠡ ᠶᠢ ᠠᠮᠢᠳᠤᠯᠢᠭᠵᠢᠭᠤᠯᠵᠦ᠂ ᠪᠤᠬᠢᠷᠳᠦᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠦ ᠤᠷᠤᠨ ᠰᠠᠭᠤᠴᠡ ᠶᠢ ᠪᠦᠳᠦᠭᠡᠨ ᠪᠠᠶᠢᠭᠤᠯᠵᠦ | ᠂ ᠬᠠᠮᠢᠶ᠎ᠠ ᠪᠦᠬᠦᠢ ᠠᠵᠦ ᠤᠶᠢᠯᠡᠰ ᠤᠨ ᠭᠦᠭᠵᠢᠯᠳᠡ ᠶᠢ ᠲᠠᠶᠢᠴᠢᠯᠡᠨ᠎ᠡ᠃ | ᠪᠡᠯᠡ ᠬᠤᠷᠠᠮᠳᠤᠭᠤᠯᠬᠤ ᠠᠷᠭ᠎ᠠ ᠮᠠᠶ᠋ᠢᠭ ᠤᠨ ᠤᠯᠠᠨ ᠡᠰᠢᠴᠢᠯᠡᠯᠳᠡ ᠶᠢ ᠠᠬᠢᠭᠤᠯᠦᠨ᠎ᠡ᠃ ᠮᠦᠩᠭᠦᠨ ᠭᠡᠷᠡᠭᠯᠡᠭᠡᠨ ᠤ ᠪᠠᠶᠢᠭᠤᠯᠦᠮᠵᠢ ᠶᠢᠨ ᠭᠤᠤᠯ ᠵᠠᠮ ᠰᠤᠪᠠᠭ | ᠤᠨ ᠤᠶᠢᠯᠡᠳᠦᠯ ᠢ ᠪᠠᠳᠠᠷᠠᠭᠤᠯᠵᠦ᠂ ᠮᠦᠩᠭᠦᠨ ᠭᠦᠢᠯᠭᠡᠭᠡᠨ ᠤ ᠤᠶᠢᠯᠡᠴᠢᠯᠡᠭᠡᠨ ᠤ ᠬᠢᠷᠢ ᠭᠡᠮᠵᠢᠶ᠎ᠡ ᠶᠢ ᠲᠡᠭᠡᠭᠰᠢᠯᠡᠭᠦᠯᠦᠨ᠎ᠡ᠃ ᠵᠠᠰᠠᠭ ᠪᠠᠩᠭᠢ ᠠᠵᠦ ᠠᠬᠤᠶᠢᠯᠡᠯ | ᠬᠠᠷᠢᠯᠴᠠᠨ ᠬᠦᠳᠡᠯᠦᠯᠴᠡᠭᠦ ᠶᠢ ᠠᠬᠢᠭᠤᠯᠵᠦ᠂ ᠠᠵᠦ ᠠᠬᠤᠶᠢᠯᠡᠯ ᠪᠠ ᠪᠠᠩᠭᠢ ᠶᠢᠨ ᠬᠤᠭᠤᠷᠤᠡᠳᠦ ᠨᠦᠬᠦᠴᠡᠯ ᠪᠦᠷᠢᠯᠳᠦᠭᠦᠯᠦᠨ ᠦᠭᠴᠦ᠂ ᠵᠠᠰᠠᠭ ᠤᠨ ᠤᠷᠳᠦᠨ ᠤ | ᠴᠢᠨᠠᠷᠳᠠᠢ ᠪᠠᠳᠦᠯᠠᠭ᠎ᠠ ᠶᠢᠨ ᠪᠡᠯᠡ ᠮᠦᠩᠭᠦᠨ ᠤ ᠪᠡᠯᠡ ᠤᠷᠤᠭᠤᠯᠦᠯᠳᠠ ᠶᠢ ᠨᠡᠮᠡᠭᠳᠡᠭᠦᠯᠵᠦ᠂ ᠲᠤᠮᠳᠠ ᠵᠢᠵᠢᠭ ᠠᠵᠦ ᠠᠬᠤᠶᠢᠯᠡᠯ ᠤᠨ ᠢᠳᠡᠭᠡᠮᠵᠢᠳᠦ ᠪᠠᠳᠦᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠢᠳᠡᠭᠡᠮᠵᠢᠳᠦ ᠪᠠᠳᠦᠯᠠᠭ᠎ᠠ ᠵᠢᠭᠡᠯᠡᠯᠭᠡ ᠶᠢᠨ ᠲᠠᠮ ᠬᠦᠦ ᠮᠦᠩᠭᠦ ᠵᠡᠷᠭᠡ ᠲᠦᠷᠦ ᠶᠢᠨ ᠪᠤᠳᠦᠯᠭ᠎ᠠ ᠶᠢᠨ ᠪᠠᠭᠠᠵᠢ ᠬᠡᠷᠡᠭᠰᠡᠯ ᠤᠨ | ᠤᠶᠢᠯᠡᠳᠦᠯ ᠢ ᠪᠠᠳᠠᠷᠠᠭᠤᠯᠦᠨ᠎ᠡ᠃ ᠵᠠᠰᠠᠭ ᠤᠨ ᠤᠷᠳᠦᠨ ᠬᠢᠭᠡᠳ ᠨᠡᠶᠢᠭᠡᠮ ᠤᠨ ᠬᠦᠷᠦᠩᠭᠡ ᠶᠢᠨ ᠬᠤᠷᠰᠢᠯᠴᠠᠭ᠎ᠠ ᠶᠢᠨ ᠬᠡᠪ ᠵᠠᠭᠪᠤᠷ ᠢ ᠶᠡᠭᠡᠪᠡᠷ ᠲᠡᠯᠭᠡᠷᠡᠭᠦᠯᠵᠦ᠂ | ᠨᠡᠶᠢᠭᠡᠮ ᠤᠨ ᠪᠡᠯᠡ ᠤᠷᠤᠭᠤᠯᠦᠯᠳᠠ ᠶᠢᠨ ᠬᠡᠪᠴᠢᠶᠠᠨ ᠳᠤ ᠬᠠᠨᠳᠦᠭᠤᠯᠦᠬᠰᠡᠨ ᠬᠤᠷᠰᠢᠯᠴᠠᠭ᠎ᠠ ᠶᠢᠨ ᠲᠦᠷᠦᠯ ᠵᠦᠢᠯ ᠤᠨ ᠪᠦᠷᠢᠳᠭᠡᠯ ᠢ ᠨᠡᠶᠢᠳᠡᠯᠡᠵᠦ᠂ ᠨᠡᠶᠢᠭᠡᠮ ᠤᠨ | ᠬᠦᠷᠦᠩᠭᠡ ᠶᠢ ᠰᠠᠭᠤᠷᠢ ᠲᠦᠭᠦᠭᠡᠷᠤᠮᠵᠢ ᠵᠡᠷᠭᠡ ᠶᠢᠨ ᠭᠡᠪᠴᠢᠶᠠᠨ ᠳᠤ ᠤᠷᠤᠭᠤᠯᠬᠤ ᠪᠠᠷ ᠵᠢᠯᠦᠭᠤᠳᠦᠨᠡ᠃ ᠨᠦᠬᠦᠴᠡᠯ ᠲᠠᠢ ᠲᠤᠮᠳᠠ ᠵᠢᠵᠢᠭ ᠠᠵᠦ ᠠᠬᠤᠶᠢᠯᠠᠯ ᠤᠨ | ᠰᠲ᠋ᠤᠺ ᠤᠨ ᠵᠠᠬ᠎ᠠ ᠶᠢᠨ ᠤᠶᠢᠯᠡᠰ ᠪᠦᠳᠦᠭᠡᠭᠦ ᠵᠦᠢᠯ ᠢᠶᠠᠷ ᠲᠡᠮᠵᠢᠵᠦ ᠰᠲ᠋ᠤᠺ ᠤᠨ ᠡᠷᠭᠡ ᠶᠢᠨ ᠪᠡᠯᠡ ᠨᠡᠶᠢᠯᠡᠭᠦᠯᠭᠦ ᠵᠠᠬ᠎ᠠ ᠲᠡᠯᠭᠡᠭᠦᠷ ᠲᠤ ᠭᠠᠷᠭᠠᠵᠦ ᠪᠡᠯᠡ | ᠨᠡᠶᠢᠯᠡᠭᠦᠯᠭᠦ ᠶᠢ ᠲᠡᠮᠵᠢᠨ᠎ᠡ᠃ ᠠᠷᠠᠳ ᠤᠨ ᠬᠦᠷᠦᠩᠭᠡ ᠶᠢᠨ ᠪᠡᠯᠡ ᠤᠷᠤᠭᠤᠯᠤᠯᠳᠠ ᠶᠢᠨ ᠰᠠᠭᠤᠷᠢ ᠮᠦᠩᠭᠦ ᠡᠭᠦᠰᠭᠡᠨ ᠪᠠᠶᠢᠭᠤᠯᠬᠤ ᠶᠢ ᠵᠤᠷᠢᠬᠵᠢᠭᠤᠯᠵᠦ᠂ ᠠᠷᠠᠳ | ᠤᠨ ᠲᠤᠮᠳᠠᠬᠢ ᠪᠡᠯᠡ ᠬᠤᠷᠠᠮᠳᠦᠭᠤᠯᠭᠠ ᠪᠠᠷ ᠲᠦᠷᠢᠮᠵᠢᠭᠦᠯᠦᠨ᠎ᠡ᠃ ᠪᠦᠬᠦ ᠨᠡᠶᠢᠭᠡᠮ ᠤᠨ ᠪᠡᠯᠡ ᠬᠤᠷᠠᠮᠳᠦᠭᠤᠯᠬᠤ ᠢᠳᠡᠪᠬᠢᠵᠢᠯ ᠢ ᠲᠠᠶᠢᠴᠢᠯᠠᠵᠦ᠂ ᠪᠡᠯᠡ | ᠬᠤᠷᠠᠮᠳᠦᠭᠤᠯᠬᠤ ᠶᠢ ᠬᠤᠳᠠᠯᠳᠦᠭᠠᠴᠢᠨ ᠤᠷᠢᠵᠦ ᠪᠡᠯᠡ ᠲᠠᠳᠠᠨ ᠠᠪᠴᠢᠷᠠᠬᠤ ᠶᠢᠨ ᠭᠤᠤᠯᠳᠠᠯᠭ᠎ᠠ ᠪᠤᠯᠭᠠᠵᠦ᠂ ᠨᠡᠩ ᠤᠯᠠᠨ ᠨᠡᠶᠢᠭᠡᠮ ᠤᠨ ᠬᠦᠷᠦᠩᠭᠡ ᠶᠢ ᠲᠠᠳᠠᠨ | ᠠᠪᠴᠢᠷᠠᠵᠦ ᠮᠠᠨ ᠤ ᠬᠤᠳᠠ ᠶᠢᠨ ᠭᠤᠤᠯᠳᠠᠯᠭᠠᠳᠦ ᠲᠦᠷᠦᠯ ᠵᠦᠢᠯ ᠤᠨ ᠪᠦᠳᠦᠭᠡᠨ ᠪᠠᠶᠢᠭᠤᠯᠦᠯᠳᠠ ᠳᠤ ᠤᠷᠤᠯᠴᠠᠭᠤᠯᠦᠨᠡ᠃ | ᠠᠵᠦ ᠠᠬᠤᠢ ᠶᠢᠨ ᠤᠷᠴᠢᠯᠳᠠ ᠶᠢ ᠴᠢᠷᠮᠠᠶᠢᠨ ᠲᠤᠭᠳᠠᠪᠤᠷᠢᠵᠢᠭᠤᠯᠦᠨᠡ᠃ ᠠᠵᠦ ᠤᠶᠢᠯᠡᠳᠪᠤᠷᠢ ᠶᠢᠨ ᠤᠷᠴᠢᠯᠳᠠ ᠪᠠ ᠠᠵᠦ ᠠᠬᠤᠶᠢᠯᠡᠯ ᠤᠨ | ᠤᠶᠢᠯᠡᠳᠪᠤᠷᠢᠯᠡᠯ ᠡᠵᠡᠩᠨᠡᠯᠳᠡ ᠶᠢ ᠲᠤᠬᠳᠠᠪᠤᠷᠢᠵᠢᠭᠤᠯᠬᠤ ᠪᠠᠷ ᠭᠤᠤᠯᠳᠠᠯᠭ᠎ᠠ ᠪᠤᠯᠭᠠᠵᠦ᠂ ᠠᠵᠦ ᠠᠬᠤᠢ ᠶᠢᠨ ᠤᠷᠴᠢᠯᠳᠠ ᠶᠢᠨ ᠲᠤᠬᠢᠷᠠᠭᠤᠯᠦᠯᠳᠠ ᠶᠢ | ᠴᠢᠩᠭᠠᠳᠬᠠᠵᠦ᠂ ᠠᠵᠦ ᠠᠬᠤᠶᠢᠯᠠᠯ ᠢ ᠬᠠᠪᠰᠤᠷᠴᠦ ᠲᠠᠷᠤᠭᠠᠰᠦ ᠶᠢ ᠬᠦᠩᠭᠡᠷᠡᠭᠦᠯᠦᠨ ᠤᠷᠤᠯᠭ᠎ᠠ ᠶᠢ ᠨᠡᠮᠡᠭᠳᠡᠭᠦᠯᠦᠨ᠂ ᠰᠢᠨ᠎ᠡ ᠪᠠᠷ ᠠᠰᠢᠬᠯᠠᠯᠳᠠ ᠳᠤ ᠤᠷᠤᠬᠰᠡᠨ | ᠲᠦᠷᠦᠯ ᠵᠦᠢᠯ ᠤᠨ ᠤᠶᠢᠯᠡᠳᠪᠤᠷᠢᠯᠡᠯ ᠢ ᠡᠬᠢᠯᠡᠭᠦᠯᠵᠦ᠂ ᠦᠷ᠎ᠡ ᠠᠰᠢᠭ ᠭᠠᠷᠭᠠᠬᠤ ᠶᠢ ᠠᠬᠢᠭᠤᠯᠦᠨ᠂ ᠠᠵᠦ ᠠᠬᠤᠢ ᠶᠢᠨ ᠨᠡᠮᠡᠭᠳᠡᠯ ᠤᠨ ᠰᠠᠭᠤᠷᠢ ᠶᠢ | ᠲᠤᠭᠳᠠᠪᠤᠷᠢᠵᠢᠭᠤᠯᠦᠨᠡ᠃ ᠴᠠᠬᠢᠯᠭᠠᠨ ᠬᠦᠴᠦᠨ ᠤ ᠶᠡᠷᠤᠩᠭᠡᠶᠢᠯᠡᠭᠰᠡᠨ ᠲᠡᠳᠭᠦᠭᠦ ᠲᠦᠷᠦ ᠶᠢᠨ ᠪᠤᠳᠦᠯᠭ᠎ᠠ ᠶᠢ ᠭᠡᠷᠡᠭᠵᠢᠭᠦᠯᠵᠦ᠂ ᠠᠵᠦ ᠠᠬᠤᠶᠢᠯᠠᠯ ᠤᠨ ᠴᠠᠬᠢᠯᠭᠠᠨ | ᠭᠡᠷᠡᠭᠯᠡᠭᠦ ᠦᠪᠡᠷ ᠤᠨ ᠦᠷᠳᠡᠭ ᠢ ᠪᠦᠳᠦᠮᠵᠢᠳᠠᠢ ᠪᠠᠷ ᠪᠠᠭᠤᠷᠠᠭᠤᠯᠦᠨᠡ᠃ ᠠᠵᠦ ᠠᠬᠤᠶᠢᠯᠡᠯ ᠳᠤ ᠬᠤᠯᠪᠤᠭ᠎ᠠ ᠲᠠᠢ ᠰᠦᠢᠳᠭᠡᠯ ᠬᠤᠷᠢᠶᠠᠬᠤ ᠵᠦᠢᠯ ᠤᠨ ᠪᠦᠷᠢᠳᠭᠡᠯ | ᠢ ᠨᠡᠶᠢᠳᠡᠯᠡᠵᠦ᠂ ᠪᠦᠷᠢᠳᠭᠡᠯ ᠠᠴᠠ ᠪᠤᠰᠦᠳ ᠵᠦᠢᠯ ᠤᠨ ᠰᠦᠢᠳᠭᠡᠯ ᠦᠯᠦ ᠬᠤᠷᠢᠶᠠᠬᠤ ᠶᠢ ᠦᠨᠡᠨᠬᠦ ᠪᠡᠶᠡᠯᠡᠭᠦᠯᠦᠨ᠎ᠡ᠃ ᠠᠵᠦ ᠠᠬᠤᠶᠢᠯᠡᠯ ᠤᠨ ᠬᠤᠯᠪᠤᠭ᠎ᠠ | ᠬᠠᠷᠢᠴᠠᠭ᠎ᠠ ᠲᠠᠢ ᠠᠵᠦ ᠤᠶᠢᠯᠡᠰ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠬᠤ ᠶᠢ ᠲᠡᠮᠵᠢᠵᠦ᠂ ᠠᠵᠦ ᠤᠶᠢᠯᠡᠰ ᠤᠨ ᠬᠤᠭᠤᠷᠤᠨᠳᠦᠭᠢ ᠨᠦᠬᠦᠴᠡᠯᠳᠦᠭᠡ ᠬᠢᠭᠡᠳ | ᠲᠦᠭᠰᠢᠭᠦᠷᠢ ᠶᠢ ᠲᠠᠭᠠᠭᠠᠬᠤ ᠴᠢᠳᠠᠪᠤᠷᠢ ᠶᠢ ᠲᠡᠭᠡᠭᠰᠢᠯᠡᠭᠦᠯᠦᠨ᠎ᠡ᠃ | ︵ᠬᠤᠶᠠᠷ︶ ᠠᠵᠦ ᠠᠬᠤᠢ ᠶᠢᠨ ᠪᠦᠳᠦᠴᠡ ᠶᠢ ᠰᠢᠯᠢᠳᠡᠭᠵᠢᠭᠦᠯᠵᠦ᠂ ᠠᠵᠦ ᠠᠬᠤᠢ ᠶᠢᠨ ᠬᠦᠭᠵᠢᠯᠳᠡ ᠶᠢᠨ ᠠᠷᠭ᠎ᠠ ᠪᠠᠷᠢᠯ ᠢ ᠲᠦᠷᠭᠡᠳᠭᠡᠨ | ᠬᠤᠪᠢᠷᠠᠭᠤᠯᠦᠨᠡ | ᠠᠵᠦ ᠤᠶᠢᠯᠡᠰ ᠤᠨ ᠪᠦᠳᠦᠴᠡ ᠶᠢᠨ ᠬᠡᠯᠪᠡᠷᠢ ᠬᠤᠪᠢᠷᠠᠭᠤᠯᠵᠦ ᠲᠡᠰ ᠲᠠᠪᠰᠢᠭᠦ ᠶᠢ ᠠᠬᠢᠭᠤᠯᠦᠨ᠎ᠡ᠃ ᠡᠬᠢ ᠰᠤᠷᠪᠤᠯᠵᠢ ᠶᠢᠨ ᠮᠠᠶ᠋ᠢᠭ ᠤᠨ ᠠᠵᠦ | ᠦᠢᠯᠡᠰ ᠤᠨ ᠬᠡᠯᠬᠢᠶ᠎ᠡ ᠪᠠᠨ ᠤᠷᠳᠤᠳᠬᠠᠬᠤ ᠶᠢ ᠮᠠᠨ ᠤᠨ ᠬᠤᠳᠡ ᠶᠢᠨ ᠠᠵᠦ ᠦᠢᠯᠡᠰ ᠤᠨ ᠪᠦᠳᠦᠴᠠ ᠪᠠᠨ ᠲᠤᠬᠢᠷᠠᠭᠤᠯᠤᠨ ᠰᠢᠯᠢᠳᠡᠭᠵᠢᠬᠦᠯᠬᠦ ᠴᠢᠬᠤᠯᠨ ᠠᠭᠤᠯᠭ᠎ᠠ | ᠪᠤᠯᠭᠠᠵᠦ᠂ ᠠᠵᠦ ᠦᠢᠯᠡᠰ ᠢ ᠤᠷᠳᠤᠳᠬᠠᠨ ᠲᠡᠰ ᠲᠡᠪᠰᠢᠬᠦᠯᠬᠦ ᠶᠢ ᠴᠢᠩᠭᠠᠳᠬᠠᠨ᠂ ᠡᠬᠢ ᠰᠤᠷᠪᠤᠯᠵᠢ ᠶᠢ ᠶᠡᠷᠦᠩᠭᠡᠶᠢᠯᠡᠨ ᠠᠰᠢᠭᠯᠠᠬᠤ ᠨᠤᠷᠮ᠎ᠠ ᠶᠢ ᠲᠡᠭᠡᠭᠰᠢᠯᠡᠬᠦᠯᠵᠦ | ᠂ ᠡᠬᠢ ᠰᠤᠷᠪᠤᠯᠵᠢ ᠶᠢ ᠬᠤᠪᠢᠷᠠᠭᠤᠯᠬᠤ ᠪᠠ ᠬᠦᠨ ᠨᠠᠷᠢᠯᠢᠭ ᠪᠤᠯᠪᠠᠰᠤᠷᠠᠭᠤᠯᠬᠤ ᠠᠵᠢᠯ ᠢ ᠰᠠᠶᠢᠳᠦᠷ ᠬᠢᠵᠦ᠂ ᠤᠯᠠᠨ ᠲᠠᠯ᠎ᠠ ᠪᠠᠷ ᠭᠦᠭᠵᠢᠭᠰᠡᠨ᠂ ᠤᠯᠠᠨ ᠲᠠᠯ᠎ᠠ ᠪᠠᠷ | ᠲᠤᠯᠭᠠᠭᠤᠷᠢᠯᠠᠭᠰᠡᠨ ᠤᠳᠦᠬᠢᠴᠢ ᠠᠵᠦ ᠤᠶᠢᠯᠡᠰ ᠤᠨ ᠰᠢᠰᠲ᠋ᠧᠮ ᠢ ᠪᠤᠢ ᠪᠤᠯᠭᠠᠨ᠎ᠠ᠃ ᠤᠯᠠᠮᠵᠢᠯᠠᠯᠳᠦ ᠠᠵᠦ ᠤᠶᠢᠯᠡᠰ ᠤᠨ ᠰᠢᠨ᠎ᠡ ᠬᠡᠯᠪᠡᠷᠢᠵᠢᠯᠳᠡ ᠶᠢ | ᠲᠦᠷᠭᠡᠳᠭᠡᠨ᠎ᠡ᠃ ᠨᠡᠭᠦᠷᠡᠰᠦᠨ ᠤ ᠠᠵᠦ ᠠᠬᠤᠶᠢᠯᠡᠯ᠂ ᠴᠠᠬᠢᠯᠭᠠᠨ ᠤ ᠠᠵᠦ ᠠᠬᠤᠶᠢᠯᠡᠯ ᠪᠠ ᠬᠦᠩᠭᠡᠨ ᠴᠠᠭᠠᠨ ᠢ ᠨᠠᠷᠢᠯᠢᠭ ᠪᠤᠯᠪᠠᠰᠦᠷᠠᠭᠤᠯᠬᠤ ᠠᠵᠦ ᠠᠬᠤᠶᠢᠯᠡᠯ ᠢ | ᠵᠤᠷᠢᠬᠵᠢᠭᠤᠯᠵᠦ ᠭᠤᠯᠳᠦ ᠬᠤᠷᠰᠢᠯᠴᠠᠭ᠎ᠠ ᠦᠷᠨᠢᠭᠦᠯᠦᠨ᠂ ᠡᠨᠧᠷᠬᠢ ᠶᠢᠨ ᠬᠤᠷᠤᠭᠳᠠᠯ ᠶᠡᠭᠡ ᠠᠵᠦ ᠤᠶᠢᠯᠡᠰ ᠤᠨ ᠪᠠᠭ᠎ᠠ ᠨᠡᠭᠦᠷᠡᠰᠦᠳᠦ᠋ᠷᠦᠭᠴᠢᠳᠦ ᠡᠷᠬᠢᠯᠳᠡᠳᠦ | ᠭᠦᠭᠵᠢᠯᠳᠡ ᠶᠢᠨ ᠬᠡᠪ ᠵᠠᠭᠪᠤᠷ ᠢ ᠲᠡᠯᠭᠡᠷᠡᠭᠦᠯᠵᠦ᠂ ᠦᠪᠤᠷ ᠮᠤᠩᠭᠤᠯ ᠤᠨ ᠵᠡᠭᠦᠨ ᠬᠡᠰᠡᠭ ᠤᠨ ᠡᠨᠧᠷᠬᠢ ᠶᠢᠨ ᠤᠷᠴᠢᠯᠳᠠᠳᠦ ᠠᠵᠦ ᠠᠬᠤᠢ ᠶᠢᠨ ᠵᠢᠱᠢᠶ᠎ᠡ ᠦᠵᠡᠭᠦᠯᠭᠦ | ᠲᠦᠷᠦᠯ ᠵᠦᠢᠯ ᠢ ᠰᠠᠶᠢᠳᠦᠷ ᠠᠳᠬᠤᠵᠦ᠂ ᠠᠵᠦ ᠤᠶᠢᠯᠡᠰ ᠤᠨ ᠭᠡᠯᠬᠢᠶ᠎ᠡ ᠶᠢᠨ ᠦᠪᠡᠷ ᠤᠨ ᠦᠷᠳᠡᠭ ᠤᠨ ᠦᠷᠢᠰᠦᠯᠳᠦᠭᠡᠨ ᠤ ᠲᠠᠪᠠᠭᠤᠯᠢᠭ ᠢ ᠪᠦᠷᠢᠯᠳᠦᠬᠦᠯᠦᠨ᠎ᠡ᠃ | ᠡᠷᠳᠡᠨᠢ ᠰᠢᠰᠢ ᠶᠢᠨ ᠠᠮᠢᠳᠦ ᠪᠤᠳᠡᠰ ᠤᠨ ᠰᠢᠨᠵᠢᠯᠡᠭᠡ ᠮᠡᠷᠬᠡᠵᠢᠯ᠂ ᠪᠤᠬᠢᠷᠳᠦᠯ ᠦᠬᠡᠢ ᠮᠠᠯ ᠲᠡᠷᠢᠶᠡᠯᠡᠩ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠵᠡᠷᠭᠡ | ᠤᠯᠠᠮᠵᠢᠯᠠᠯᠳᠦ ᠠᠵᠦ ᠦᠢᠯᠡᠰ ᠤᠨ ᠬᠡᠯᠬᠢᠶ᠎ᠡ ᠪᠠᠨ ᠤᠷᠳᠤᠳᠬᠠᠬᠤ ᠶᠢ ᠲᠦᠷᠭᠡᠳᠭᠡᠵᠦ᠂ ᠦᠢᠯᠡᠳᠬᠡᠬᠦᠨ ᠤ ᠲᠠᠭᠠᠯᠳᠠ ᠦᠷᠳᠡᠭ ᠢ ᠲᠡᠭᠡᠭᠰᠢᠯᠡᠬᠦᠯᠵᠦ᠂ ᠬᠡᠯᠪᠡᠷᠢ ᠶᠢ | ᠬᠤᠪᠢᠷᠠᠭᠤᠯᠵᠦ ᠲᠡᠰ ᠲᠡᠪᠰᠢᠬᠦᠯᠬᠦ ᠶᠢ ᠪᠡᠶᠡᠯᠡᠬᠦᠯᠦᠨ᠎ᠡ᠃ ᠰᠢᠨ᠎ᠡ ᠪᠠᠷ ᠮᠠᠨᠳᠦᠬᠰᠡᠨ ᠠᠵᠦ ᠤᠶᠢᠯᠡᠰ ᠤᠨ ᠭᠡᠪᠴᠢᠶᠠᠵᠢᠯᠳᠡ ᠶᠢ ᠠᠬᠢᠭᠤᠯᠦᠨ᠎ᠡ᠃ ᠵᠠᠷᠤᠳ | ᠬᠤᠰᠢᠭᠤᠨ ᠤ ᠺᠠᠨᠭ᠌ ᠨᠠᠢ ᠡᠯ 30 ᠲᠦᠮᠡᠨ ᠲᠤᠨ ᠤ ᠡᠲ᠋ᠢᠯ ᠬᠤᠶᠠᠷᠴᠢ ᠠᠯᠺᠤᠤᠯ ᠵᠡᠷᠭᠡ ᠲᠦᠷᠦᠯ ᠵᠦᠢᠯ ᠤᠨ ᠠᠰᠢᠭᠯᠡᠯᠳᠡ ᠳᠤ ᠤᠷᠤᠬᠤ ᠶᠢ ᠭᠤᠤᠯᠳᠠᠯᠭ᠎ᠠ ᠲᠠᠢ | ᠠᠬᠢᠭᠤᠯᠵᠦ᠂ ᠤᠳᠤᠬᠢᠴᠢ ᠨᠡᠭᠦᠷᠡᠰᠦᠨ ᠬᠢᠮᠢ ᠶᠢᠨ ᠠᠵᠦ ᠤᠶᠢᠯᠡᠳᠪᠤᠷᠢ ᠶᠢᠨ ᠠᠵᠦ ᠤᠶᠢᠯᠡᠰ ᠤᠨ ᠭᠡᠯᠬᠢᠶ᠎ᠡ ᠶᠢ ᠨᠡᠮᠡᠭᠳᠡᠭᠦᠯᠦᠨ᠂ ᠤᠳᠤᠬᠢᠴᠢ ᠨᠡᠭᠦᠷᠡᠰᠦᠨ ᠬᠢᠮᠢ | ᠶᠢᠨ ᠠᠵᠦ ᠤᠶᠢᠯᠡᠳᠪᠤᠷᠢ ᠶᠢᠨ ᠤᠶᠢᠯᠡᠳᠪᠤᠷᠢᠯᠡᠯ ᠤᠨ ᠵᠢᠱᠢᠶ᠎ᠡ ᠦᠵᠡᠭᠦᠯᠭᠦ ᠰᠠᠭᠤᠷᠢᠨ ᠭᠠᠵᠡᠷ ᠢ ᠡᠭᠦᠳᠦᠨ᠎ᠡ᠃ ᠮᠤᠩᠭᠤᠯ ᠡᠮ ᠤᠨ ᠬᠤᠪᠢ ᠤᠷᠤᠭᠤᠯᠤᠬᠰᠡᠨ ᠪᠠ | ᠬᠤᠷᠴᠢᠨ ᠤ ᠡᠮ ᠤᠨ ᠤᠶᠢᠯᠡᠰ ᠢ ᠲᠠᠬᠢᠵᠦ ᠨᠡᠶᠢᠯᠡᠭᠦᠯᠦᠨ ᠵᠠᠬ᠎ᠠ ᠲᠡᠯᠭᠡᠭᠦᠷ ᠲᠤ ᠭᠠᠷᠭᠠᠬᠤ ᠶᠢ ᠲᠦᠷᠭᠡᠳᠭᠡᠨ᠂ ᠬᠦᠷᠢᠶ᠎ᠡ ᠶᠢᠨ ᠮᠤᠩᠭᠤᠯ ᠡᠮ ᠵᠡᠷᠭᠡ ᠠᠵᠦ | ᠠᠬᠤᠶᠢᠯᠡᠯ ᠢ ᠶᠡᠭᠡ ᠪᠤᠯᠭᠠᠨ ᠬᠦᠴᠦᠷᠭᠡᠭᠵᠢᠭᠦᠯᠦᠨ᠎ᠡ᠃ ᠪᠦᠸᠧ ᠡᠸ᠋ᠨ ᠯᠤ᠋ ᠰᠢᠶᠥᠥ ᠪᠢᠨᠳᠠᠷᠢᠶᠡ ᠲᠠᠯᠠᠰᠳᠤ᠂ ᠰᠢᠨ ᠢ ᠬᠤᠪᠤᠷ ᠰᠢᠷᠦᠢ ᠲᠡᠭᠡᠳᠦ ᠲᠡᠮᠦᠷ᠂ | ᠬᠦᠡᠭᠭᠡᠨ ᠴᠠᠭᠠᠨ ᠬᠠᠶᠢᠯᠦᠰᠢ ᠶᠢᠨ ᠴᠠᠬᠢᠯᠭᠠᠨ ᠲᠠᠳᠠᠯᠭ᠎ᠠ ᠵᠡᠷᠭᠡ ᠲᠦᠷᠦᠯ ᠵᠦᠢᠯ ᠢ ᠲᠦᠷᠭᠡᠳᠬᠡᠵᠦ᠂ ᠰᠢᠨ᠎ᠡ ᠪᠠᠷ ᠮᠠᠨᠳᠤᠭᠰᠠᠨ ᠠᠵᠦ ᠦᠢᠯᠡᠰ ᠤᠨ ᠬᠡᠪᠴᠢᠶ᠎ᠡ ᠶᠢ | ᠦᠷᠭᠡᠳᠭᠡᠨ᠎ᠡ᠃ ᠲᠤᠯᠭᠠᠭᠤᠷᠢ ᠠᠵᠦ ᠤᠶᠢᠯᠡᠰ ᠤᠨ ᠤᠯᠠᠨ ᠡᠰᠢᠴᠢᠯᠠᠯᠳᠡ ᠶᠢ ᠠᠬᠢᠭᠤᠯᠦᠨ᠎ᠡ᠃ ᠤᠳᠦᠬᠢᠴᠢ ᠲᠤᠨᠤᠭᠯᠠᠯ ᠦᠢᠯᠡᠳᠬᠦ᠂ ᠰᠢᠨ᠎ᠡ ᠡᠨᠧᠷᠬᠢ᠂ ᠰᠢᠨ᠎ᠡ | ᠮᠠᠲ᠋ᠧᠷᠢᠶᠡᠯ ᠵᠡᠷᠭᠡ ᠠᠵᠦ ᠤᠶᠢᠯᠡᠰ ᠤᠨ ᠬᠦᠭᠵᠢᠯᠳᠡ ᠶᠢ ᠲᠡᠳᠭᠦᠵᠦ᠂ ᠰᠢᠨ᠎ᠡ ᠤᠶᠢᠯᠡᠳᠭᠦᠨ ᠨᠡᠭᠡᠭᠡᠨ ᠰᠤᠳᠦᠯᠵᠦ᠂ ᠰᠢᠨ᠎ᠡ ᠡᠵᠡᠩᠨᠡᠯᠳᠡ ᠶᠢᠨ ᠪᠠᠶᠢᠳᠠᠯ ᠲᠦᠯᠦᠪ ᠢ | ᠭᠦᠭᠵᠢᠭᠦᠯᠦᠨ᠂ ᠰᠢᠨ᠎ᠡ ᠲᠤᠯᠭᠠᠭᠤᠷᠢᠯᠠᠬᠤ ᠠᠵᠦ ᠤᠶᠢᠯᠡᠰ ᠢ ᠪᠤᠢ ᠪᠤᠯᠭᠠᠨ᠎ᠠ᠃ | ︽ᠭᠤᠷᠪᠠᠨ ᠲᠤᠮᠤ ᠠᠵᠦ ᠤᠶᠢᠯᠡᠰ ᠤᠨ ᠪᠦᠯᠦᠭᠵᠢᠯᠳᠡ︾ ᠶᠢᠨ ᠭᠦᠭᠵᠢᠯᠳᠡ ᠶᠢ ᠭᠤᠶᠢᠪᠢᠰᠢ ᠦᠭᠡᠢ ᠲᠦᠯᠬᠢᠨ ᠠᠬᠢᠭᠤᠯᠦᠨ᠎ᠡ᠃ ᠤᠮᠠᠷᠠᠳᠦ ᠬᠡᠰᠡᠭ ᠤᠨ | ᠭᠦᠩᠭᠡᠨ ᠴᠠᠭᠠᠨ ᠤ ᠰᠢᠨ᠎ᠡ ᠮᠠᠲ᠋ᠧᠷᠢᠶᠡᠯ᠂ ᠤᠳᠦᠬᠢᠴᠢ ᠨᠡᠭᠦᠷᠡᠰᠦᠨ ᠬᠢᠮᠢ ᠶᠢᠨ ᠠᠵᠦ ᠤᠶᠢᠯᠡᠳᠪᠤᠷᠢ ᠶᠢᠨ ᠠᠵᠦ ᠤᠶᠢᠯᠡᠰ ᠤᠨ ᠪᠦᠯᠦᠭᠵᠢᠯᠳᠡ ᠶᠢ ᠲᠦᠷᠭᠡᠳᠭᠡᠵᠦ᠂ | ᠬᠤᠤᠯᠢᠨ ᠭᠤᠤᠯ ᠬᠤᠳᠠ᠂ ᠵᠠᠷᠤᠳ ᠬᠤᠰᠢᠭᠤ ᠪᠠᠷ ᠭᠤᠤᠯᠳᠠᠯᠭ᠎ᠠ ᠪᠤᠯᠭᠠᠵᠦ᠂ ᠪᠦᠷᠢᠯᠳᠦᠭᠡᠳ ᠪᠠᠶᠢᠭ᠎ᠠ ᠠᠵᠦ ᠤᠶᠢᠯᠡᠳᠪᠤᠷᠢ ᠶᠢᠨ ᠬᠦᠷᠢᠶᠡᠯᠡᠩ ᠲᠤᠭᠤᠷᠢᠭ | ᠬᠢᠭᠡᠳ ᠴᠢᠬᠤᠯᠠ ᠲᠦᠷᠦᠯ ᠵᠦᠢᠯ ᠳᠡᠭᠡᠨ ᠲᠦᠰᠢᠭᠯᠡᠵᠦ᠂ ᠨᠢᠭᠡ ᠪᠦᠯᠦᠭ ᠨᠠᠷᠢᠯᠢᠭ ᠪᠤᠯᠪᠠᠰᠦᠷᠠᠭᠤᠯᠬᠤ ᠲᠦᠷᠦᠯ ᠵᠦᠢᠯ ᠢ ᠦᠨᠡᠨᠬᠦ ᠰᠠᠶᠢᠳᠦᠷ ᠠᠳᠬᠤᠵᠦ᠂ ᠠᠵᠦ | ᠤᠶᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠳᠦᠳᠬᠠᠵᠦ᠂ ᠦᠩᠭᠡᠳᠦ ᠲᠡᠮᠦᠷᠯᠢᠭ ᠤᠨ ᠰᠠᠭᠤᠷᠢᠨ ᠭᠠᠵᠡᠷ ᠤᠨ ᠪᠦᠳᠦᠭᠡᠨ ᠪᠠᠶᠢᠭᠤᠯᠤᠯᠳᠡ ᠶᠢᠨ ᠠᠯᠬᠤᠴᠡ | ᠪᠠᠨ ᠲᠦᠷᠭᠡᠳᠭᠡᠨ᠎ᠡ᠃ ᠲᠤᠮᠳᠠᠳᠦ ᠭᠡᠰᠡᠭ ᠤᠨ ᠦᠪᠡᠷᠳᠡᠭᠡᠨ ᠡᠵᠡᠨ ᠮᠡᠳᠡᠵᠦ ᠰᠢᠨ᠎ᠡ ᠶᠢ ᠡᠭᠦᠳᠭᠦ ᠪᠠ ᠤᠳᠦᠬᠢᠴᠢ ᠠᠷᠠᠯᠵᠢᠶ᠎ᠡ ᠬᠤᠳᠠᠯᠳᠦᠭᠠᠨ ᠪᠠᠷᠠᠭᠠᠨ ᠤ | ᠭᠦᠢᠯᠭᠡᠭᠡᠨ ᠤ ᠲᠤᠮᠳᠠ ᠲᠡᠭᠡᠳᠦ ᠲᠡᠰ ᠤᠨ ᠠᠵᠦ ᠤᠶᠢᠯᠡᠰ ᠤᠨ ᠪᠦᠯᠦᠭᠵᠢᠯᠳᠡ ᠶᠢ ᠲᠦᠷᠭᠡᠳᠭᠡᠨ ᠪᠤᠢ ᠪᠤᠯᠭᠠᠵᠦ᠂ ᠬᠤᠷᠴᠢᠨ ᠲᠤᠭᠤᠷᠢᠭ᠂ ᠨᠡᠭᠡᠭᠡᠯᠳᠡ ᠶᠢᠨ | ᠲᠤᠭᠤᠷᠢᠭ᠂ ᠺᠠᠶᠢᠯᠦ ᠰᠢᠶᠠᠨ ᠢᠶᠠᠷ ᠭᠤᠤᠯᠳᠠᠯᠭ᠎ᠠ ᠪᠤᠯᠭᠠᠵᠦ᠂ ᠦᠪᠡᠷᠳᠡᠭᠡᠨ ᠡᠵᠡᠨ ᠮᠡᠳᠡᠵᠦ ᠰᠢᠨ᠎ᠡ ᠶᠢ ᠡᠭᠦᠳᠭᠦ ᠠᠵᠦ ᠤᠶᠢᠯᠡᠰ ᠤᠨ ᠬᠦᠷᠢᠶᠡᠯᠡᠩ ᠲᠤᠭᠤᠷᠢᠭ | ᠬᠢᠭᠡᠳ ᠭᠤᠤᠯᠳᠠᠯᠭᠠᠳᠦ ᠠᠵᠦ ᠤᠶᠢᠯᠡᠳᠪᠤᠷᠢ ᠶᠢᠨ ᠬᠦᠷᠢᠶᠡᠯᠡᠩ ᠲᠤᠭᠤᠷᠢᠭ ᠲᠤ ᠲᠦᠰᠢᠭᠯᠡᠵᠦ᠂ ᠤᠳᠤᠬᠢᠴᠢ ᠮᠤᠩᠭᠤᠯ ᠡᠮ ᠡᠮᠨᠡᠯᠬᠡ᠂ ᠢᠳᠡᠬᠡᠨ ᠤ ᠵᠦᠢᠯ ᠢ | ᠪᠤᠯᠪᠠᠰᠤᠷᠠᠭᠤᠯᠬᠤ ᠵᠡᠷᠭᠡ ᠭᠤᠤᠯᠳᠠᠯᠭᠠᠳᠦ ᠲᠦᠷᠦᠯ ᠵᠦᠢᠯ ᠢ ᠰᠠᠶᠢᠳᠦᠷ ᠠᠳᠬᠤᠵᠦ᠂ ᠰᠢᠨᠵᠢᠯᠡᠭᠡ ᠮᠡᠷᠭᠡᠵᠢᠯ᠂ ᠮᠦᠩᠭᠦᠨ ᠬᠦᠢᠯᠭᠡᠭᠡ᠂ ᠮᠡᠳᠡᠭᠡ ᠵᠠᠩᠭᠢ ᠵᠡᠷᠭᠡ | ᠲᠡᠭᠡᠳᠦ ᠲᠡᠰ ᠤᠨ ᠬᠦᠴᠦᠨ ᠵᠦᠢᠯ ᠢ ᠴᠤᠭᠯᠠᠷᠠᠭᠤᠯᠵᠦ᠂ ᠤᠷᠤᠨᠵᠢᠯ ᠤᠨ ᠴᠢᠨᠠᠷᠳᠠᠢ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠬᠤᠳᠠ ᠪᠠ ᠰᠢᠨᠵᠢᠯᠡᠭᠡ ᠮᠡᠷᠭᠡᠵᠢᠯ | ᠢᠶᠠᠷ ᠰᠢᠨ᠎ᠡ ᠶᠢ ᠡᠭᠦᠳᠭᠦ ᠬᠤᠳᠠ ᠶᠢᠨ ᠪᠦᠳᠦᠭᠡᠨ ᠪᠠᠶᠢᠭᠤᠯᠦᠨ᠎ᠡ᠃ ᠡᠮᠤᠨᠡᠳᠦ ᠭᠡᠰᠡᠭ᠂ ᠵᠡᠭᠦᠨ ᠬᠤᠶᠢᠳᠦ ᠶᠢᠨ ᠠᠵᠦ ᠠᠬᠤᠢ ᠶᠢᠨ ᠨᠢᠭᠡ ᠴᠤᠭᠴᠠᠵᠢᠳᠦ | ᠭᠦᠭᠵᠢᠯᠳᠡ ᠳᠤ ᠠᠭᠤᠰᠬᠤ ᠪᠠ ᠪᠤᠬᠢᠷᠳᠦᠯ ᠦᠭᠡᠢ ᠠᠵᠦ ᠤᠶᠢᠯᠡᠰ ᠤᠨ ᠪᠦᠯᠦᠭᠵᠢᠯᠳᠡ ᠶᠢ ᠲᠦᠷᠭᠡᠨ ᠪᠠᠶᠢᠭᠤᠯᠵᠦ᠂ ᠬᠤᠷᠴᠢᠨ ᠵᠡᠭᠦᠨ ᠭᠠᠷᠤᠨ ᠲᠤᠮᠳᠠᠳᠦ | ᠬᠤᠰᠢᠭᠤ᠂ ᠬᠤᠷᠴᠢᠨ ᠵᠡᠭᠦᠨ ᠭᠠᠷᠤᠨ ᠬᠤᠶᠢᠳᠦ ᠬᠤᠰᠢᠭᠤ᠂ ᠬᠦᠷᠢᠶ᠎ᠡ ᠬᠤᠰᠢᠭᠤ᠂ ᠨᠠᠢᠮᠠᠨ ᠬᠤᠰᠢᠭᠤ ᠪᠠᠷ ᠭᠤᠤᠯᠳᠠᠯᠭ᠎ᠠ ᠪᠤᠯᠭᠠᠨ᠂ ᠵᠡᠭᠦᠨ ᠬᠤᠶᠢᠳᠦ ᠤᠷᠤᠨ | ᠲᠠᠢ ᠬᠦᠷᠰᠢᠯᠡᠵᠦ ᠪᠦᠭᠦᠢ ᠤᠷᠤᠨ ᠪᠠᠶᠢᠷᠢ ᠶᠢᠨ ᠲᠠᠪᠠᠭᠤᠯᠢᠭ ᠲᠠᠭᠠᠨ ᠲᠦᠰᠢᠭᠯᠡᠨ᠂ ᠵᠡᠭᠦᠨ ᠬᠤᠶᠢᠳᠦ ᠶᠢᠨ ᠭᠤᠷᠪᠠᠨ ᠮᠤᠵᠢ ᠶᠢᠨ ᠠᠵᠦ ᠤᠶᠢᠯᠡᠰ ᠤᠨ ᠰᠢᠯᠵᠢᠯᠳᠡ | ᠶᠢ ᠵᠠᠯᠭᠠᠵᠦ᠂ ᠪᠤᠬᠢᠷᠳᠦᠯ ᠦᠭᠡᠢ ᠠᠵᠦ ᠤᠶᠢᠯᠡᠰ ᠤᠨ ᠲᠠᠭᠤᠷᠢᠶᠠᠯ ᠪᠦᠰᠡ ᠪᠠᠶᠢᠭᠤᠯᠬᠤ ᠪᠠᠷ ᠰᠢᠪᠳᠦᠯᠦᠯᠳᠠ ᠪᠤᠯᠭᠠᠵᠦ᠂ ᠪᠤᠬᠢᠷᠳᠦᠯ ᠦᠭᠡᠢ ᠲᠠᠷᠢᠶᠠᠯᠠᠩ ᠮᠠᠯ | ᠠᠵᠦ ᠠᠬᠤᠢ ᠶᠢᠨ ᠪᠦᠳᠦᠭᠡᠭᠳᠡᠭᠦᠨ ᠪᠤᠯᠪᠠᠰᠦᠷᠠᠭᠤᠯᠬᠤ ᠬᠦᠷᠢᠶᠡᠯᠨᠩ ᠲᠤᠭᠤᠷᠢᠭ ᠪᠠᠶᠢᠭᠤᠯᠬᠤ ᠠᠯᠬᠤᠴᠠ ᠶᠢ ᠲᠦᠷᠭᠡᠳᠬᠡᠨ᠎ᠡ᠃ ᠡᠬᠢ ᠰᠤᠷᠪᠤᠯᠵᠢ ᠶᠢᠨ ᠪᠤᠰᠦ ᠠᠵᠦ | ᠤᠶᠢᠯᠡᠰ ᠢ ᠲᠦᠷᠭᠡᠨ ᠬᠦᠭᠵᠢᠭᠦᠯᠵᠦ᠂ ᠮᠧᠬᠠᠨᠢᠭᠵᠢᠭᠤᠯᠬᠤ᠂ ᠨᠠᠷᠢᠯᠢᠭ ᠴᠢᠳᠬᠤᠨ ᠵᠤᠬᠢᠶᠠᠬᠤ᠂ ᠬᠦᠨᠳᠦ ᠬᠡᠯᠪᠡᠷᠢ ᠶᠢᠨ ᠮᠠᠰᠢᠨ ᠲᠧᠭᠨᠢᠭ ᠤᠬᠰᠠᠷᠬᠤ ᠵᠡᠷᠭᠡ | ᠲᠦᠷᠦᠯ ᠵᠦᠢᠯ ᠢ ᠢᠳᠡᠪᠬᠢᠳᠡᠢ ᠤᠷᠤᠭᠤᠯᠵᠦ᠂ ᠤᠨᠴᠠᠯᠢᠬᠳᠦ ᠲᠤᠨᠤᠬᠯᠠᠯ ᠤᠶᠢᠯᠡᠳᠭᠦ ᠠᠵᠦ ᠤᠶᠢᠯᠡᠰ ᠢ ᠬᠦᠴᠦᠷᠭᠡᠭᠵᠢᠭᠦᠯᠦᠨ᠂ ᠡᠮᠦᠨ᠎ᠡ ᠬᠡᠰᠡᠭ ᠤᠨ ᠲᠦᠷᠪᠡᠨ | ᠬᠤᠰᠢᠭᠤ ᠶᠢᠨ ᠪᠤᠬᠢᠷᠳᠦᠯ ᠦᠭᠡᠢ ᠠᠵᠦ ᠤᠶᠢᠯᠡᠰ ᠪᠤᠯᠦᠨ ᠵᠡᠭᠦᠨ ᠬᠤᠶᠢᠳᠦ ᠤᠷᠤᠨ ᠳᠤ ᠠᠭᠤᠰᠬᠤ ᠠᠵᠦ ᠠᠬᠤᠢ ᠶᠢᠨ ᠪᠦᠰᠡ ᠶᠢ ᠪᠠᠶᠢᠭᠤᠯᠦᠨ᠎ᠡ᠃ | ᠰᠢᠨ᠎ᠡ ᠶᠢ ᠡᠬᠦᠳᠬᠦ ᠴᠢᠳᠡᠪᠦᠷᠢ ᠶᠢᠨ ᠪᠠᠶᠢᠭᠤᠯᠤᠯᠳᠡ ᠶᠢ ᠲᠦᠷᠭᠡᠳᠭᠡᠨ᠎ᠡ᠃ ᠬᠦᠳᠡᠯᠬᠡᠬᠦ ᠬᠦᠴᠦᠨ ᠢ ᠰᠢᠨᠡᠴᠢᠯᠡᠬᠦ ᠪᠤᠯ ᠬᠦᠭᠵᠢᠯᠳᠡ ᠶᠢᠨ ᠬᠡᠯᠪᠡᠷᠢ ᠪᠠᠨ | ᠬᠤᠪᠢᠷᠠᠭᠤᠯᠵᠦ᠂ ᠠᠵᠦ ᠠᠬᠤᠢ ᠶᠢᠨ ᠬᠦᠭᠵᠢᠯᠳᠡ ᠶᠢᠨ ᠶᠡᠰᠦ ᠴᠢᠨᠡᠷ ᠢ ᠲᠡᠭᠡᠭᠰᠢᠯᠡᠬᠦᠯᠬᠦ ᠴᠢᠬᠤᠯᠨ ᠲᠦᠰᠢᠯᠬᠡ ᠪᠠ ᠬᠦᠳᠡᠯᠬᠡᠬᠦ ᠬᠦᠴᠦᠨ ᠤ ᠡᠬᠢ ᠪᠤᠯᠠᠭ ᠪᠤᠯᠤᠨ᠎ᠠ᠂ | ᠵᠠᠪᠠᠯ ᠴᠢᠬᠤᠯᠨ ᠪᠠᠶᠢᠷᠢᠨ ᠳᠤ ᠲᠠᠯᠪᠢᠨ ᠠᠬᠢᠭᠤᠯᠤᠨ᠎ᠠ᠃ ᠰᠢᠨᠵᠢᠯᠡᠭᠡ ᠮᠡᠷᠬᠡᠵᠢᠯ ᠤᠨ ᠰᠢᠨ᠎ᠡ ᠶᠢ ᠡᠬᠦᠳᠬᠦ ᠲᠡᠪᠴᠠᠩ ᠤᠨ ᠰᠢᠨ᠎ᠡ ᠶᠢ ᠡᠬᠦᠳᠬᠦ ᠦᠢᠯᠡᠳᠦᠯ ᠢ | ᠴᠢᠩᠭᠠᠳᠬᠠᠵᠦ᠂ ᠲᠦᠡᠭᠯᠢᠶᠥᠥ ᠶᠢᠨ ᠰᠢᠨᠵᠢᠯᠡᠬᠦ ᠮᠡᠷᠬᠡᠵᠢᠯ ᠤᠨ ᠲᠤᠮᠤ ᠵᠠᠬ᠎ᠠ ᠲᠡᠯᠬᠡᠬᠦᠷ᠂ ᠦᠪᠦᠷ ᠮᠤᠩᠭᠤᠯ ᠤᠨ ᠮᠤᠩᠭᠤᠯ ᠡᠮ ᠡᠮᠨᠡᠯᠬᠡ ᠶᠢᠨ ᠪᠠᠷᠢᠯᠭ᠎ᠠ ᠶᠢᠨ | ᠮᠡᠷᠬᠡᠵᠢᠯ ᠤᠨ ᠰᠤᠳᠤᠯᠭᠠᠨ ᠤ ᠬᠦᠷᠢᠶᠡᠯᠡᠩ᠂ ᠮᠸᠡᠭ ᠳ᠋ᠦᠡᠭ ᠬᠦᠡᠭᠭᠡᠨ ᠴᠠᠭᠠᠨ ᠤ ᠰᠢᠨ᠎ᠡ ᠮᠠᠲ᠋ᠧᠷᠢᠶᠡᠯ ᠤᠨ ᠰᠤᠳᠤᠯᠤᠯ ᠤᠨ ᠬᠦᠷᠢᠶᠡᠯᠡᠩ᠂ ᠠᠮᠢᠳᠦ ᠪᠤᠳᠡᠰ ᠤᠨ | ᠲᠡᠭᠡᠳᠦ ᠰᠢᠨ᠎ᠡ ᠮᠡᠷᠬᠡᠵᠢᠯ ᠤᠨ ᠰᠢᠨ᠎ᠡ ᠶᠢ ᠡᠬᠦᠳᠬᠦ ᠬᠦᠷᠢᠶᠡᠯᠡᠩ ᠵᠡᠷᠭᠡ ᠶᠢᠨ ᠪᠠᠶᠢᠭᠤᠯᠤᠯᠳᠡ ᠶᠢ ᠴᠢᠩᠭ᠎ᠠ ᠠᠳᠬᠤᠵᠦ᠂ ᠦᠢᠯᠡᠳᠪᠦᠷᠢᠯᠡᠯ ᠰᠤᠷᠤᠯᠭ᠎ᠠ | ᠰᠤᠳᠤᠯᠤᠯ ᠤᠨ ᠵᠡᠷᠬᠡ ᠪᠠᠷ ᠰᠢᠨ᠎ᠡ ᠶᠢ ᠡᠬᠦᠳᠬᠦ ᠶᠢ ᠠᠬᠢᠭᠤᠯᠤᠨ᠎ᠠ᠃ ᠵᠠᠩᠭᠢᠯᠠᠭ᠎ᠠ ᠶᠢᠨ ᠮᠡᠷᠬᠡᠵᠢᠯ ᠤᠨ ᠰᠢᠨ᠎ᠡ ᠶᠢ ᠡᠬᠦᠳᠬᠦ ᠶᠢ ᠰᠠᠶᠢᠳᠦᠷ ᠠᠳᠬᠤᠵᠦ᠂ ᠤᠳᠤᠬᠢᠴᠢ | ᠨᠡᠬᠦᠷᠡᠰᠦᠨ ᠬᠢᠮᠢ ᠶᠢᠨ ᠠᠵᠦ ᠦᠢᠯᠡᠳᠪᠦᠷᠢ᠂ ᠡᠷᠳᠡᠨᠢ ᠰᠢᠰᠢ ᠶᠢᠨ ᠠᠮᠢᠳᠦ ᠪᠤᠳᠡᠰ᠂ ᠠᠯᠠᠰᠢᠨ ᠦᠬᠡᠷ᠂ ᠴᠠᠬᠢᠭᠤᠷ ᠡᠯᠡᠰᠦ ᠵᠡᠷᠭᠡ ᠭᠤᠤᠯᠳᠠᠯᠭ᠎ᠠ ᠲᠠᠢ ᠠᠵᠦ | ᠦᠢᠯᠡᠰ ᠤᠨ ᠲᠤᠭᠤᠷᠢᠨ ᠳᠤ᠂ ᠵᠠᠩᠭᠢᠯᠠᠭ᠎ᠠ ᠶᠢᠨ ᠮᠡᠷᠬᠡᠵᠢᠯ ᠤᠨ ᠰᠢᠪᠳᠤᠯᠦᠯᠳᠡ ᠪᠡ ᠬᠠᠮ ᠲᠤᠭᠠᠨ ᠤ ᠮᠡᠷᠬᠡᠵᠢᠯ ᠤᠨ ᠬᠡᠷᠡᠭᠯᠡᠯᠳᠡ ᠶᠢ ᠦᠷᠨᠢᠬᠦᠯᠵᠦ᠂ ᠨᠢᠬᠡ ᠪᠦᠯᠦᠭ | ᠭᠤᠤᠯ ᠮᠡᠷᠬᠡᠵᠢᠯ ᠢ ᠡᠵᠡᠮᠰᠢᠨ᠂ ᠠᠵᠢᠯ ᠲᠦᠷᠦᠯ ᠤᠨ ᠬᠦᠭᠵᠢᠯᠳᠡ ᠶᠢ ᠬᠦᠳᠦᠯᠬᠦ ᠰᠢᠨ᠎ᠡ ᠶᠢ ᠡᠬᠦᠳᠬᠦ ᠠᠵᠦ ᠠᠬᠤᠶᠢᠯᠠᠯ ᠢ ᠪᠤᠢ ᠪᠤᠯᠭᠠᠵᠦ᠂ ᠡᠵᠡᠨ ᠮᠡᠳᠡᠭᠰᠡᠨ | ᠮᠡᠳᠡᠯᠬᠡ ᠶᠢᠨ ᠦᠮᠴᠢᠯᠡᠯ ᠤᠨ ᠡᠷᠬᠡ ᠲᠠᠢ᠂ ᠲᠤᠮᠳᠡ ᠵᠢᠵᠢᠭ ᠠᠵᠦ ᠠᠬᠤᠶᠢᠯᠠᠯ ᠢ ᠪᠤᠶᠢᠵᠢᠭᠤᠯᠤᠨ᠂ ᠠᠵᠦ ᠠᠬᠤᠶᠢᠯᠠᠯ ᠢ ᠦᠨᠡᠨᠬᠦ ᠰᠢᠨ᠎ᠡ ᠶᠢ ᠡᠬᠦᠳᠬᠦ ᠭᠤᠤᠯ | ᠴᠤᠭᠴᠠ ᠪᠤᠯᠭᠠᠵᠦ᠂ ᠰᠢᠨ᠎ᠡ ᠶᠢ ᠡᠬᠦᠳᠦᠭᠰᠡᠨ ᠦᠷ᠎ᠡ ᠪᠦᠳᠦᠭᠡᠯ ᠢᠶᠠᠨ ᠦᠢᠯᠡᠳᠪᠦᠷᠢᠯᠡᠯ ᠤᠨ ᠬᠦᠴᠦᠨ ᠪᠤᠯᠭᠠᠨ ᠬᠤᠪᠢᠷᠠᠭᠤᠯᠤᠨ᠎ᠠ᠃ ᠰᠢᠨᠵᠢᠯᠡᠭᠡ ᠮᠡᠷᠬᠡᠵᠢᠯ ᠤᠨ | ᠰᠢᠨ᠎ᠡ ᠶᠢ ᠡᠬᠦᠳᠬᠦ ᠤᠷᠴᠢᠨ ᠢ ᠰᠢᠯᠢᠳᠡᠭᠵᠢᠬᠦᠯᠵᠦ᠂ ᠰᠢᠨᠵᠢᠯᠡᠭᠡ ᠮᠡᠷᠬᠡᠵᠢᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠦᠪᠦᠷ | ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠯᠤᠭ᠎ᠠ ᠲᠤᠭᠳᠠᠭᠠᠭᠰᠠᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠶᠢᠨ ᠬᠡᠯᠡᠯᠴᠡᠬᠡᠷ ᠢ ᠬᠡᠷᠡᠭᠵᠢᠬᠦᠯᠵᠦ᠂ | ᠲᠤᠮᠳᠡᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ ᠵᠡᠷᠭᠡ ᠨᠡᠷᠡᠳᠦ ᠲᠡᠭᠡᠳᠦ ᠰᠤᠷᠭᠠᠭᠤᠯᠢ ᠪᠠ ᠪᠡᠬᠡᠵᠢᠩ ᠤᠨ | ᠪᠠᠷᠠᠭᠤᠨ ᠬᠤᠳᠡ ᠶᠢᠨ ᠲᠤᠭᠤᠷᠢᠭ᠂ ᠰᠢ ᠠᠨ ᠤ ᠲᠡᠭᠡᠳᠦ ᠰᠢᠨ᠎ᠡ ᠮᠡᠷᠬᠡᠵᠢᠯ ᠤᠨ ᠲᠤᠭᠤᠷᠢᠭ ᠵᠡᠷᠭᠡ ᠬᠦᠭᠵᠢᠭᠰᠡᠨ ᠤᠷᠤᠨ ᠯᠤᠭ᠎ᠠ ᠶᠢᠨ ᠬᠠᠮᠳᠤᠷᠠᠯᠴᠠᠭ᠎ᠠ | ᠰᠤᠯᠢᠯᠴᠠᠭ᠎ᠠ ᠪᠠᠨ ᠬᠦᠨᠵᠡᠬᠡᠶᠢᠷᠡᠬᠦᠯᠵᠦ᠂ ᠮᠡᠳᠡᠯᠬᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠳᠡ ᠠᠰᠢᠭᠯᠠᠯᠳᠡ ᠨᠡᠬᠡᠬᠡᠯᠳᠡ ᠶᠢ ᠨᠡᠮᠡᠭᠳᠡᠬᠦᠯᠦᠨ᠎ᠡ᠃ | ᠴᠢᠳᠡᠪᠦᠷᠢᠳᠡᠨ ᠢᠶᠠᠷ ᠬᠤᠳᠡ ᠪᠠᠨ ᠬᠦᠴᠦᠷᠭᠡᠭᠵᠢᠬᠦᠯᠬᠦ ᠪᠠᠷᠢᠯᠭ᠎ᠠ ᠶᠢ ᠲᠦᠷᠭᠡᠨ ᠬᠡᠷᠡᠭᠵᠢᠬᠦᠯᠵᠦ᠂ ᠴᠢᠳᠡᠪᠦᠷᠢᠳᠡᠨ ᠤ ᠵᠠᠩᠬᠢ ᠶᠢᠨ ᠦᠢᠯᠡᠴᠢᠯᠡᠭᠡ ᠶᠢᠨ ᠰᠦᠯᠵᠢᠶ᠎ᠡ ᠪᠠ | ᠲᠠᠪᠴᠠᠩ ᠪᠠᠶᠢᠭᠤᠯᠵᠦ᠂ ᠲᠤᠮᠳᠡ ᠲᠡᠭᠡᠳᠦ ᠲᠡᠰ ᠤᠨ ᠴᠢᠳᠡᠪᠦᠷᠢᠳᠡᠨ ᠢ ᠤᠷᠤᠭᠤᠯᠤᠨ ᠠᠪᠴᠢᠷᠡᠵᠦ ᠪᠤᠶᠢᠵᠢᠭᠤᠯᠤᠨ᠎ᠠ᠃ ᠮᠤᠩᠭᠤᠯ ᠡᠮ ᠡᠮᠨᠡᠯᠬᠡ ᠶᠢᠨ | ᠴᠢᠳᠡᠪᠦᠷᠢᠳᠡᠨ ᠢ ᠬᠦᠮᠦᠵᠢᠬᠦᠯᠬᠦ ᠪᠡ ᠤᠷᠤᠭᠤᠯᠤᠨ ᠠᠪᠴᠢᠷᠡᠵᠦ᠂ ᠮᠤᠩᠭᠤᠯ ᠡᠮ ᠡᠮᠨᠡᠯᠬᠡ ᠶᠢᠨ ᠠᠬᠠᠮᠠᠳ ᠨᠡᠷᠡᠳᠦ ᠡᠷᠳᠡᠮᠳᠡᠨ ᠤ ᠱᠠᠪᠢ ᠬᠦᠮᠦᠵᠢᠬᠦᠯᠵᠦ ᠮᠡᠳᠡᠯᠬᠡ | ᠤᠯᠠᠮᠵᠢᠯᠠᠬᠤ ᠶᠢ ᠲᠠᠮᠵᠢᠨ᠎ᠠ᠃ ᠠᠺᠠᠳᠧᠮᠢᠴᠢ ᠶᠢᠨ ᠠᠵᠢᠯ ᠤᠨ ᠦᠷᠳᠡᠭᠡ᠂ ᠠᠬᠠᠯᠠᠭᠴᠢ ᠳ᠋ᠤᠺᠲ᠋ᠤᠷ ᠤᠨ ᠠᠵᠢᠯ ᠤᠨ ᠦᠷᠳᠡᠭᠡ ᠪᠠ ᠰᠢᠨ᠎ᠡ ᠶᠢ ᠡᠬᠦᠳᠬᠦ ᠠᠵᠢᠯ ᠤᠨ | ᠬᠡᠷ ᠢ ᠠᠰᠢᠭᠯᠡᠵᠦ᠂ ᠤᠷᠤᠨᠵᠢᠯ ᠤᠨ ᠴᠢᠨᠡᠷᠳᠡᠢ ︽ᠴᠢᠳᠡᠪᠦᠷᠢᠳᠡᠨ ᠤ ᠦᠬᠡᠷᠡᠴᠢᠯᠡᠯᠳᠡ ᠲᠤᠷᠰᠢᠯᠳᠡ ᠶᠢᠨ ᠲᠤᠭᠤᠷᠢᠭ︾ ᠢ ᠡᠬᠦᠳᠴᠦ᠂ ᠴᠢᠳᠡᠪᠦᠷᠢᠳᠡᠨ ᠤ ᠠᠵᠦ | ᠠᠬᠤᠢ ᠶᠢᠨ ᠬᠦᠭᠵᠢᠯᠳᠡ ᠶᠢᠨ ᠬᠦᠳᠦᠯᠬᠦ ᠦᠢᠯᠡᠳᠦᠯ ᠢ ᠪᠠᠳᠠᠷᠠᠭᠤᠯᠤᠨ᠎ᠠ᠃ | ︵ᠭᠤᠷᠪᠠ︶ ᠤᠳᠦᠬᠢᠴᠢ ᠲᠠᠷᠢᠶᠠᠯᠠᠩ ᠮᠠᠯ ᠠᠵᠦ ᠠᠬᠤᠢ ᠶᠢ ᠶᠡᠭᠡᠪᠡᠷ ᠭᠦᠭᠵᠢᠭᠦᠯᠵᠦ᠂ ᠲᠠᠷᠢᠶᠠᠯᠠᠩ ᠮᠠᠯ ᠠᠵᠦ ᠠᠬᠤᠢ ᠶᠢᠨ ᠲᠤᠮᠤ ᠬᠤᠳᠠ ᠪᠠᠶᠢᠬᠰᠡᠨ | ᠠᠴᠠ ᠲᠠᠷᠢᠶᠠᠯᠠᠩ ᠮᠠᠯ ᠠᠵᠦ ᠠᠬᠤᠢ ᠶᠢᠨ ᠬᠦᠴᠦᠷᠭᠡᠭ ᠬᠤᠳᠠ ᠪᠤᠯᠭᠠᠨ ᠬᠤᠪᠢᠷᠠᠭᠠᠨ᠎ᠠ | ᠲᠦᠪ ᠬᠤᠷᠢᠶᠡᠨ ᠤ 1 ᠳ᠋ᠤᠬᠡᠷ ᠲᠤᠭᠠᠳᠤ ᠪᠢᠴᠢᠭ ᠮᠠᠲ᠋ᠧᠷᠢᠶᠡᠯ ᠤᠨ ᠵᠤᠷᠢᠭ ᠰᠠᠨᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ︽ᠭᠤᠷᠪᠠᠨ | ᠲᠠᠷᠢᠶᠠᠯᠠᠩ ᠭᠤᠷᠪᠠᠨ ᠮᠠᠯᠵᠢᠯ︾ ᠤᠨ ᠠᠰᠠᠭᠤᠳᠠᠯ ᠢ ᠰᠠᠶᠢᠳᠦᠷ ᠰᠢᠢᠳᠪᠤᠷᠢᠯᠡᠭᠦ ᠪᠠᠷ ᠪᠦᠬᠦ ᠬᠤᠳᠠ ᠶᠢᠨ ᠠᠵᠢᠯ ᠤᠨ ᠴᠢᠬᠤᠯᠠ ᠠᠴᠠ ᠴᠢᠬᠤᠯᠠ ᠵᠦᠢᠯ ᠪᠤᠯᠭᠠᠵᠦ᠂ | ︽ᠠᠮᠦ ᠪᠤᠳᠠᠭᠠᠨ ᠤ ᠤᠨᠠᠯᠳᠡ ᠶᠢ ᠲᠤᠭᠳᠠᠪᠤᠷᠢᠵᠢᠭᠤᠯᠤᠨ ᠤᠷᠤᠯᠭ᠎ᠠ ᠶᠢ ᠨᠡᠮᠡᠭᠳᠡᠬᠦᠯᠬᠦ᠂ ᠴᠢᠨᠡᠷ ᠢ ᠲᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠬᠦ᠂ ᠰᠢᠨ᠎ᠡ ᠶᠢ | ᠡᠬᠦᠳᠬᠦ ᠪᠠᠷ ᠬᠦᠳᠡᠯᠬᠡᠬᠦᠷ ᠪᠤᠯᠭᠠᠬᠤ︾ ᠶᠡᠷᠦᠩᠭᠡᠢ ᠱᠠᠭᠠᠷᠳᠠᠯᠭ᠎ᠠ ᠪᠠᠷ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠵᠦ᠂ | ᠲᠠᠷᠢᠶᠠᠯᠠᠩ ᠮᠠᠯ ᠠᠵᠦ ᠠᠬᠤᠢ ᠶᠢᠨ ᠤᠳᠦᠬᠢᠴᠢᠯᠠᠯᠳᠠ ᠶᠢᠨ ᠠᠬᠢᠴᠡ ᠶᠢ ᠠᠬᠢᠭᠤᠯᠦᠨ᠎ᠡ᠃ | ᠲᠡᠷᠢᠶᠡᠯᠡᠩ ᠮᠠᠯ ᠠᠵᠦ ᠠᠬᠤᠢ ᠶᠢᠨ ᠬᠦᠭᠵᠢᠯᠳᠡ ᠶᠢᠨ ᠬᠡᠯᠪᠡᠷᠢ ᠶᠢᠨ ᠬᠤᠪᠢᠷᠠᠯᠳᠡ ᠶᠢ ᠲᠦᠷᠭᠡᠳᠭᠡᠨ᠎ᠡ᠃ ᠭᠠᠵᠠᠷ ᠰᠢᠷᠦᠢ᠂ ᠤᠷᠴᠢᠨ ᠲᠤᠭᠤᠷᠢᠨ ᠪᠠ | ᠤᠰᠤᠨ ᠤ ᠡᠬᠢ ᠰᠤᠷᠪᠤᠯᠵᠢ ᠤᠯᠠᠨ ᠬᠦᠯᠢᠶᠡᠰᠦᠯᠡᠯ ᠤᠨ ᠡᠮᠦᠨ᠎ᠡ ᠡᠬᠢ ᠰᠤᠷᠪᠤᠯᠵᠢ᠂ ᠲᠠᠷᠢᠶᠠᠯᠠᠩ ᠤᠨ ᠤᠷᠤᠭᠤᠯᠤᠯᠳᠡ᠂ ᠠᠮᠢ ᠠᠬᠤᠢ ᠶᠢᠨ ᠤᠷᠴᠢᠨ ᠲᠤᠭᠤᠷᠢᠨ ᠤ | ᠪᠦᠳᠦᠭᠦᠯᠢᠭ ᠡᠵᠡᠩᠨᠡᠯᠳᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠵᠦ᠂ ᠤᠰᠤ ᠠᠷᠪᠢᠯᠠᠬᠤ᠂ ᠲᠡᠷᠢᠶᠡᠯᠠᠬᠤ ᠪᠠᠨ ᠵᠤᠭᠰᠤᠬᠤ᠂ ᠨᠡᠬᠦᠳᠡᠯᠯᠡᠨ ᠮᠠᠯᠵᠢᠬᠤ᠂ | ᠨᠤᠭᠤᠭᠠᠷᠠᠭᠤᠯᠬᠤ ᠠᠯᠬᠤᠴᠠ ᠪᠠᠨ ᠲᠦᠷᠭᠡᠳᠬᠡᠵᠦ᠂ ᠭᠠᠷᠤᠯᠳᠡ ᠠᠷᠪᠢᠨ᠂ ᠪᠦᠳᠦᠭᠡᠭᠳᠡᠬᠦᠨ ᠠᠮᠦᠷ ᠲᠦᠪᠰᠢᠨ᠂ ᠡᠬᠢ ᠰᠤᠷᠪᠤᠯᠵᠢ ᠳᠤ ᠠᠷᠪᠢᠳᠡᠢ᠂ ᠤᠷᠴᠢᠨ | ᠲᠤᠭᠤᠷᠢᠨ ᠳᠤ ᠵᠤᠬᠢᠴᠠᠯ ᠲᠠᠢ ᠤᠳᠤᠬᠢᠴᠢ ᠲᠠᠷᠢᠶᠡᠯᠡᠩ ᠮᠠᠯ ᠠᠵᠦ ᠠᠬᠤᠢ ᠶᠢᠨ ᠬᠦᠭᠵᠢᠯᠳᠡ ᠶᠢᠨ ᠵᠠᠮ ᠢᠶᠠᠷ ᠵᠠᠮᠨᠠᠨ᠎ᠠ᠃ ᠲᠡᠷᠢᠶᠡᠯᠡᠬᠤ ᠮᠠᠯᠵᠢᠬᠤ ᠤᠷᠤᠨ ᠤ | ᠭᠤᠤᠯᠳᠠᠯᠭ᠎ᠠ ᠲᠠᠢ ᠠᠵᠢᠯ ᠤᠨ ᠲᠦᠯᠦᠪᠵᠢᠬᠦᠯᠬᠡ ᠶᠢ ᠬᠡᠷᠡᠭᠵᠢᠬᠦᠯᠵᠦ᠂ ᠬᠤᠳᠡ ᠶᠢᠨ ᠲᠦᠷᠪᠡᠳᠦᠬᠡᠷ ᠬᠤᠭᠤᠴᠠᠭᠠᠨ ᠤ ᠨᠠᠮ ᠤᠨ ᠲᠦᠯᠦᠬᠡᠯᠡᠭᠴᠢ ᠶᠢᠨ ᠬᠤᠷᠡᠯ ᠠᠴᠠ | ᠲᠤᠷᠠᠳᠤᠭᠰᠠᠨ ︽8511521113︾ ᠲᠡᠷᠢᠶᠡᠯᠡᠩ ᠮᠠᠯ ᠠᠵᠦ ᠠᠬᠤᠢ ᠶᠢᠨ ᠤᠳᠤᠬᠢᠴᠢᠯᠡᠯᠳᠡ ᠶᠢᠨ ᠢᠨᠵᠧᠨᠧᠷᠢᠩ ᠤᠨ ᠪᠠᠶᠢᠭᠤᠯᠤᠯᠳᠡ ᠶᠢ ᠪᠦᠬᠦ ᠲᠠᠯ᠎ᠠ ᠪᠠᠷ | ᠪᠡᠶᠡᠯᠡᠬᠦᠯᠦᠨ᠎ᠡ᠃ ᠤᠰᠤᠨ ᠳᠤ ᠠᠷᠪᠢᠳᠡᠢ ᠬᠤᠷᠢᠶᠡᠯᠳᠡ ᠦᠨᠳᠦᠷ ᠦᠷ᠎ᠡ ᠠᠰᠢᠭ ᠦᠨᠳᠦᠷ ᠲᠡᠷᠢᠶᠡᠨ ᠭᠠᠵᠠᠷ 200 ᠲᠦᠮᠡᠨ ᠮᠤ᠋ ᠰᠢᠨ᠎ᠡ ᠪᠠᠷ ᠪᠠᠶᠢᠭᠤᠯᠵᠦ᠂ | 851 ᠲᠦᠮᠡᠨ ᠮᠤ᠋ ᠪᠤᠯᠭᠠᠨ᠎ᠠ᠃ ᠮᠠᠰᠢᠨ ᠴᠠᠬᠢᠯᠭᠠᠨ ᠬᠤᠳᠳᠤᠭ ᠢ 8350 ᠪᠠᠭᠠᠰᠬᠠᠵᠦ ᠂ 3 ᠲᠦᠮᠨ ᠬᠦᠷᠬᠡᠵᠦ᠂ ᠲᠡᠷᠢᠶᠡᠯᠡᠩ ᠤᠨ ᠤᠰᠤ ᠶᠢ 5.4 | ᠳ᠋ᠦᠡᠭᠰᠢᠭᠤᠷ ᠺᠦᠪ ᠮᠧᠲᠷ ᠠᠷᠪᠢᠯᠠᠨ᠎ᠠ᠃ ᠬᠤᠷᠴᠢᠨ ᠵᠡᠬᠦᠨ ᠭᠠᠷᠤᠨ ᠲᠤᠮᠳᠡᠳᠦ ᠬᠤᠰᠢᠭᠤᠨ ᠤ ᠱᠧᠪᠡᠷᠳᠦ ᠶᠢᠨ ᠲᠦᠷᠦᠯ ᠵᠦᠢᠯ ᠤᠨ ᠤᠷᠤᠨ ᠳᠤ ᠤᠰᠤᠨ | ᠠᠰᠢᠭᠯᠡᠯᠳᠡ ᠶᠢᠨ ᠶᠠᠮᠤᠨ ᠤ ᠲᠤᠭᠳᠠᠭᠠᠭᠰᠠᠨ ᠤᠰᠤᠨ ᠳᠤ ᠠᠷᠪᠢᠳᠡᠢ ᠲᠡᠷᠢᠶᠡᠯᠡᠩ ᠤᠨ ᠦᠬᠡᠷᠡᠴᠢᠯᠡᠯᠳᠡ ᠶᠢᠨ ᠲᠤᠷᠰᠢᠯᠳᠡ ᠶᠢᠨ ᠴᠡᠭ ᠢ ᠰᠠᠶᠢᠳᠦᠷ ᠠᠳᠬᠤᠨ᠎ᠠ᠃ | ᠠᠯᠠᠰᠢᠨ ᠦᠬᠡᠷ ᠢᠶᠠᠷ ᠭᠤᠤᠯᠳᠠᠯᠭ᠎ᠠ ᠪᠤᠯᠭᠠᠭᠰᠠᠨ ᠤᠳᠤᠬᠢᠴᠢ ᠮᠠᠯ ᠠᠵᠦ ᠠᠬᠤᠢ ᠶᠢ ᠬᠦᠭᠵᠢᠬᠦᠯᠦᠨ᠎ᠡ᠃ 1000 ᠮᠠᠯ ᠲᠠᠢ ᠬᠤᠷᠴᠢᠨ ᠤ ᠠᠯᠠᠰᠢᠨ ᠦᠬᠡᠷ ᠤᠨ | ᠦᠷ᠎ᠡ ᠪᠤᠶᠢᠵᠢᠭᠤᠯᠬᠤ ᠲᠠᠯᠠᠪᠠᠢ ᠪᠠᠶᠢᠭᠤᠯᠵᠦ᠂ ᠡᠬᠡ ᠮᠠᠯ ᠤᠨ ︽ᠲᠦᠮᠨ ᠮᠢᠩᠭ᠎ᠠ ᠵᠠᠭᠤ ᠠᠷᠪᠠ︾ ᠶᠢᠨ ᠲᠠᠭᠤᠷᠢᠶᠡᠯ ᠪᠠᠷᠢᠯᠭ᠎ᠠ ᠶᠢ ᠬᠡᠷᠡᠭᠵᠢᠬᠦᠯᠦᠨ᠎ᠡ᠃ ᠪᠦᠬᠦ | ᠬᠤᠳᠡ 26 ᠲᠦᠮᠡᠨ ᠦᠬᠡᠷ ᠰᠢᠨ᠎ᠡ ᠨᠡᠮᠡᠭᠳᠡᠬᠦᠯᠵᠦ᠂ 300 ᠲᠦᠮᠨ ᠶᠢ ᠲᠡᠪᠡᠭᠤᠯᠤᠨᠡ᠃ ᠲᠠᠷᠢᠶᠡᠯᠡᠬᠤ ᠠᠷᠠᠴᠢᠯᠠᠬᠤ ᠪᠦᠳᠦᠴᠡ᠂ ᠪᠦᠳᠦᠭᠡᠭᠳᠡᠬᠦᠨ ᠤ ᠪᠦᠳᠦᠴᠡ | ᠪᠠ ᠤᠷᠤᠨᠵᠢᠯ ᠤᠨ ᠪᠦᠳᠦᠴᠠ ᠶᠢ ᠪᠠᠶᠢᠭᠤᠯᠵᠦ᠂ ᠮᠠᠯ ᠠᠵᠦ ᠠᠬᠤᠢ ᠶᠢᠨ ᠬᠠᠮ ᠲᠠᠷᠢᠶᠡᠯᠡᠩ ᠲᠤᠮᠳᠡᠬᠢ ᠬᠠᠷᠢᠴᠠᠯ ᠢ ᠨᠡᠮᠡᠭᠳᠡᠬᠦᠯᠵᠦ᠂ ᠲᠡᠷᠢᠶᠡᠯᠡᠬᠤ ᠤᠷᠤᠨ ᠤ ᠮᠠᠯ | ᠠᠵᠦ ᠠᠬᠤᠢ ᠶᠢ ᠶᠡᠭᠡ ᠪᠠᠷ ᠬᠦᠭᠵᠢᠬᠦᠯᠵᠦ᠂ ᠬᠡᠪᠴᠢᠶᠡᠵᠢᠯᠳᠡ ᠲᠤᠰᠬᠠᠶᠢᠵᠢᠯᠳᠡ ᠦᠢᠯᠡᠳᠪᠦᠷᠢᠵᠢᠯᠳᠡ ᠵᠡᠷᠬᠡ ᠰᠢᠨ᠎ᠡ ᠮᠠᠶ᠋ᠢᠭ ᠤᠨ ᠠᠷᠠᠴᠢᠯᠠᠬᠤ ᠬᠡᠯᠪᠡᠷᠢ ᠶᠢ | ᠲᠡᠯᠬᠡᠷᠡᠬᠦᠯᠵᠦ᠂ ᠠᠮᠦ ᠪᠤᠳᠠᠭ᠎ᠠ ᠡᠰᠢ ᠰᠦᠷᠡᠯ ᠢ ᠮᠢᠬ᠎ᠠ ᠦᠨᠳᠡᠭᠡ ᠰᠦ ᠪᠤᠯᠭᠠᠨ ᠬᠤᠪᠢᠷᠠᠭᠤᠯᠵᠦ᠂ ᠲᠡᠷᠢᠶᠡᠯᠡᠩ ᠮᠠᠯᠵᠢᠯ ᠤᠨ ᠪᠦᠳᠦᠭᠡᠭᠳᠡᠬᠦᠨ ᠤ ᠨᠡᠮᠡᠯᠳᠡ | ᠦᠷᠳᠡᠭ ᠢ ᠲᠡᠭᠡᠭᠰᠢᠯᠡᠬᠦᠯᠦᠨ᠎ᠡ᠃ ᠠᠮᠢ ᠠᠬᠤᠢ ᠨᠤᠳᠤᠭ ᠪᠡᠯᠴᠢᠬᠡᠷ ᠤᠨ ᠮᠠᠯ ᠠᠵᠦ ᠠᠬᠤᠢ ᠶᠢ ᠰᠢᠨ᠎ᠡ ᠡᠬᠦᠳᠦᠯᠳᠡ ᠲᠠᠢ ᠬᠦᠭᠵᠢᠬᠦᠯᠵᠦ᠂ ᠮᠠᠯ ᠪᠡᠯᠴᠢᠬᠡᠷ ᠤᠨ | ᠲᠡᠩᠴᠡᠬᠦᠷᠢ ᠪᠡ ᠪᠡᠯᠴᠢᠬᠡᠷᠯᠡᠬᠦᠯᠬᠡ ᠶᠢ ᠬᠤᠷᠢᠭᠯᠠᠨ ᠨᠡᠬᠦᠳᠡᠯ ᠮᠠᠯᠵᠢᠯ ᠤᠨ ᠠᠷᠭ᠎ᠠ ᠶᠢ ᠬᠡᠷᠡᠭᠵᠢᠬᠦᠯᠵᠦ᠂ ᠡᠪᠡᠰᠦ ᠪᠤᠷᠳᠤᠭᠠᠨ ᠤ ᠰᠠᠭᠤᠷᠢᠨ 500 ᠲᠦᠮᠡᠨ ᠮᠤ᠋ | ᠪᠠᠶᠢᠭᠤᠯᠵᠦ᠂ ᠮᠠᠯ ᠤᠨᠤᠭ᠎ᠠ ᠶᠢ 2000 ᠲᠦᠮᠨ ᠲᠠᠪᠠᠭᠤᠯᠤᠨ᠎ᠠ᠃ | ᠲᠠᠷᠢᠶᠠᠯᠠᠩ ᠮᠠᠯ ᠠᠵᠦ ᠠᠬᠤᠢ ᠶᠢᠨ ᠪᠠᠷᠢᠮᠵᠢᠶᠡᠵᠢᠯᠳᠡ ᠪᠠ ᠲᠦᠷᠦᠯ ᠲᠡᠮᠳᠡᠭᠵᠢᠯᠳᠡ ᠶᠢ ᠠᠬᠢᠭᠤᠯᠤᠨ᠎ᠠ᠃ ᠪᠤᠬᠢᠷᠳᠦᠯ ᠦᠭᠡᠢ ᠲᠠᠷᠢᠶᠠᠯᠠᠩ ᠮᠠᠯ ᠠᠵᠦ | ᠠᠬᠤᠢ ᠶᠢᠨ ᠪᠦᠳᠦᠭᠡᠭᠳᠡᠭᠦᠨ ᠤᠶᠢᠯᠡᠳᠪᠤᠷᠢᠯᠡᠵᠦ ᠭᠠᠳᠠᠭᠰᠢ ᠭᠠᠷᠭᠠᠬᠤ ᠰᠠᠭᠤᠷᠢᠨ ᠪᠠᠶᠢᠭᠤᠯᠬᠤ ᠲᠤᠭᠤᠷᠢᠨ ᠳᠤ ᠲᠠᠷᠢᠶᠠᠯᠠᠩ ᠮᠠᠯ ᠠᠵᠦ ᠠᠬᠤᠢ ᠶᠢᠨ ᠪᠠᠷᠢᠮᠵᠢᠶ᠎ᠠ | ᠤᠶᠢᠯᠡᠳᠪᠤᠷᠢᠯᠡᠯ ᠢ ᠶᠡᠭᠡᠪᠡᠷ ᠠᠬᠢᠭᠤᠯᠦᠨ᠎ᠡ᠃ ᠲᠡᠷᠢᠶᠡᠯᠡᠩ ᠮᠠᠯ ᠠᠵᠦ ᠠᠬᠤᠢ ᠶᠢᠨ ᠤᠶᠢᠯᠡᠳᠪᠤᠷᠢᠯᠡᠯ ᠤᠨ ᠪᠠᠷᠢᠮᠵᠢᠶ᠎ᠠ ᠳᠤ ᠴᠢᠨᠠᠭᠰᠢᠳᠡ ᠵᠠᠰᠠᠪᠤᠷᠢ ᠤᠷᠤᠭᠤᠯᠦᠨ | ᠲᠡᠭᠦᠯᠳᠡᠷᠵᠢᠭᠦᠯᠵᠦ᠂ ᠡᠷᠳᠡᠨᠢ ᠰᠢᠰᠢ᠂ ᠰᠠᠭᠠᠭ᠂ ᠠᠯᠠᠰᠢᠨ ᠦᠭᠡᠷ᠂ ᠠᠯᠠᠰᠢᠨ ᠬᠤᠨᠢ ᠵᠡᠷᠭᠡ ᠲᠠᠪᠠᠭᠤᠯᠢᠭ ᠤᠨᠴᠠᠯᠢᠬᠳᠦ ᠠᠵᠦ ᠤᠶᠢᠯᠡᠰ ᠤᠨ ᠪᠠᠷᠢᠮᠵᠢᠶ᠎ᠠ | ᠲᠠᠭᠤᠷᠢᠶᠠᠯ ᠰᠠᠭᠤᠷᠢᠨ ᠢ ᠰᠢᠨ᠎ᠡ ᠪᠠᠷ ᠪᠠᠶᠢᠭᠤᠯᠦᠨ᠎ᠡ᠃ ᠲᠠᠷᠢᠶᠠᠯᠠᠩ ᠤᠨ ᠵᠠᠬ᠎ᠠ ᠲᠡᠯᠬᠡᠬᠦᠷ ᠤᠨ ᠬᠠᠮᠢᠶᠠᠷᠤᠯᠳᠠ ᠪᠠᠨ ᠴᠢᠩᠭᠠᠳᠬᠠᠵᠦ᠂ ᠠᠮᠢᠳᠠᠨ ᠤ ᠡᠪᠡᠳᠴᠢᠨ | ᠬᠢᠵᠢᠭ ᠢ ᠰᠡᠷᠭᠡᠶᠢᠯᠡᠨ ᠬᠤᠷᠢᠬᠯᠠᠬᠤ ᠪᠠ ᠲᠠᠷᠢᠮᠠᠯ ᠤᠨ ᠭᠡᠮ ᠬᠤᠷᠤᠬᠠᠢ ᠶᠢ ᠰᠡᠷᠭᠡᠶᠢᠯᠡᠨ ᠵᠠᠰᠠᠬᠤ ᠶᠢ ᠰᠠᠶᠢᠳᠦᠷ ᠬᠢᠵᠦ᠂ ᠲᠠᠷᠢᠶᠠᠯᠠᠩ ᠮᠠᠯ ᠠᠵᠦ ᠠᠬᠤᠢ ᠶᠢᠨ | ᠪᠦᠳᠦᠭᠡᠭᠳᠡᠭᠦᠨ ᠤ ᠶᠠᠰᠦ ᠴᠢᠨᠠᠷ ᠤᠨ ᠠᠶᠤᠯᠭᠦᠢ ᠶᠢᠨ ᠬᠢᠨᠠᠠ ᠬᠠᠮᠢᠶᠠᠷᠤᠯᠳᠠ ᠪᠤᠯᠦᠨ ᠪᠠᠶᠢᠴᠠᠭᠠᠨ ᠭᠡᠮᠵᠢᠭᠦ ᠴᠢᠳᠠᠪᠤᠷᠢ ᠶᠢᠨ ᠪᠠᠶᠢᠭᠤᠯᠦᠯᠳᠠ ᠶᠢ ᠴᠢᠩᠭᠠᠳᠬᠠᠨ᠎ᠠ᠃ | ᠠᠯᠠᠰᠢᠨ ᠦᠭᠡᠷ ᠤᠨ ᠶᠠᠰᠦ ᠴᠢᠨᠠᠷ ᠤᠨ ᠠᠶᠤᠯᠭᠦᠢ ᠮᠦᠷᠳᠡᠯᠭᠡ ᠶᠢᠨ ᠲᠠᠪᠴᠠᠩ ᠤᠨ ᠪᠠᠶᠢᠭᠤᠯᠦᠯᠳᠠ ᠶᠢ ᠰᠠᠶᠢᠳᠦᠷ ᠠᠳᠬᠤᠵᠦ᠂ ᠵᠢᠯ ᠳᠤ 5 ᠲᠦᠮᠡᠨ ᠪᠤᠷᠳᠦᠭᠠᠨ | ᠦᠭᠡᠷ ᠤᠨ ᠶᠠᠰᠦ ᠴᠢᠨᠠᠷ ᠤᠨ ᠠᠶᠤᠯᠭᠦᠢ ᠶᠢᠨ ᠮᠦᠷᠳᠡᠯᠭᠡ ᠶᠢ ᠪᠡᠶᠡᠯᠡᠭᠦᠯᠦᠨ᠎ᠡ᠃ ᠲᠦᠷᠦᠯ ᠲᠡᠮᠳᠡᠭᠵᠢᠯᠳᠡ ᠶᠢᠨ ᠬᠦᠭᠵᠢᠯᠳᠡ ᠶᠢ ᠨᠡᠩ ᠴᠢᠬᠤᠯᠠᠴᠢᠯᠡᠵᠦ᠂ ᠠᠮᠢ | ᠠᠬᠤᠢ ᠶᠢᠨ ᠤᠤᠯ ᠤᠨ ᠭᠠᠷᠤᠯᠳᠠ ᠶᠢᠨ ᠤᠷᠤᠨ ᠤ ᠪᠦᠳᠦᠭᠡᠭᠳᠡᠭᠦᠨ ᠢ ᠬᠠᠮᠠᠭᠠᠯᠠᠬᠤ ᠪᠠ ᠭᠤᠶᠤᠴᠢᠯᠠᠨ ᠮᠡᠳᠡᠭᠦᠯᠭᠦ ᠠᠵᠢᠯ ᠢ ᠴᠢᠩᠭᠠᠳᠬᠠᠨ᠂ ᠲᠠᠷᠢᠶᠠᠯᠠᠩ ᠮᠠᠯ | ᠠᠵᠦ ᠠᠬᠤᠢ ᠶᠢᠨ ᠪᠦᠳᠦᠭᠡᠭᠳᠡᠭᠦᠨ ᠤ ᠨᠡᠩ ᠤᠯᠠᠨ ᠲᠦᠷᠦᠯ ᠲᠡᠮᠳᠡᠭ ᠢ ᠪᠤᠶᠢᠵᠢᠭᠤᠯᠦᠨᠡ᠃ | ᠲᠠᠷᠢᠶᠠᠯᠠᠩ ᠮᠠᠯ ᠠᠵᠦ ᠠᠬᠤᠢ ᠶᠢᠨ ᠤᠶᠢᠯᠡᠳᠪᠤᠷᠢᠯᠡᠯ ᠡᠵᠡᠩᠨᠡᠯᠳᠡ ᠶᠢᠨ ᠠᠷᠭ᠎ᠠ ᠭᠡᠯᠪᠡᠷᠢ ᠶᠢ ᠰᠢᠨᠡᠴᠢᠯᠡᠨ᠎ᠡ᠃ ᠮᠠᠯᠴᠢᠨ ᠲᠠᠷᠢᠶᠠᠴᠢᠳ ᠤᠨ ᠭᠡᠷ ᠪᠦᠯᠢ | ᠶᠢᠨ ᠡᠵᠡᠩᠨᠡᠯᠳᠡ ᠶᠢᠨ ᠭᠤᠤᠯ ᠴᠤᠭᠴᠡ ᠶᠢᠨ ᠪᠠᠶᠢᠷᠢ ᠰᠠᠭᠤᠷᠢ ᠶᠢ ᠪᠠᠷᠢᠮᠳᠠᠯᠠᠵᠦ᠂ ᠮᠠᠯᠴᠢᠨ ᠲᠠᠷᠢᠶᠠᠴᠢᠳ ᠤᠨ ᠲᠤᠷ᠎ᠠ ᠬᠦᠰᠡᠯ ᠢ ᠬᠦᠠᠳᠦᠳᠭᠡᠭᠦ ᠤᠷᠢᠳᠡᠯ ᠲᠤᠤᠷ᠎ᠠ | ᠂ ᠬᠦᠳᠡᠭᠡ ᠲᠤᠰᠬᠤᠨ ᠮᠠᠯᠵᠢᠬᠤ ᠤᠷᠤᠨ ᠤ ᠭᠠᠵᠡᠷ ᠰᠢᠷᠤᠢ ᠶᠢᠨ ᠡᠵᠡᠩᠨᠡᠯᠳᠡ ᠶᠢᠨ ᠡᠷᠭᠡ ᠶᠢ ᠲᠦᠷᠢᠮᠵᠢᠯ ᠲᠠᠢ ᠡᠮᠬᠢ ᠵᠢᠷᠤᠮ ᠲᠠᠢ ᠰᠢᠯᠵᠢᠭᠦᠯᠵᠦ᠂ ᠮᠠᠯᠴᠢᠨ | ᠲᠠᠷᠢᠶᠠᠴᠢᠳ ᠤᠨ ᠵᠤᠬᠢᠶᠠᠨ ᠪᠠᠶᠢᠭᠤᠯᠦᠯᠳᠠ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠵᠤᠬᠢᠰᠳᠠᠢ ᠬᠡᠪᠴᠢᠶᠡᠵᠢᠭᠦᠯᠦᠨ ᠡᠵᠡᠩᠨᠡᠭᠦ ᠭᠡᠷ ᠪᠦᠯᠢ ᠶᠢᠨ ᠲᠠᠷᠢᠶᠠᠯᠠᠩ | ᠮᠠᠯ ᠠᠵᠦ ᠠᠬᠤᠢ ᠶᠢᠨ ᠲᠠᠯᠠᠪᠤᠷ ᠢ ᠬᠦᠭᠵᠢᠭᠦᠯᠵᠦ᠂ ᠲᠤᠯᠤᠭᠠᠶᠢᠯᠠᠭᠴᠢ ᠠᠵᠦ ᠠᠬᠤᠶᠢᠯᠠᠯ ᠪᠤᠯᠦᠨ ᠬᠤᠷᠰᠢᠶᠠᠵᠢᠯ ᠤᠨ ᠠᠵᠦ ᠠᠬᠤᠢ ᠶᠢᠨ ᠵᠤᠬᠢᠶᠠᠨ ᠪᠠᠶᠢᠭᠤᠯᠦᠯᠳᠠ | ᠶᠢ ᠪᠤᠶᠢᠵᠢᠭᠤᠯᠤᠨ ᠬᠦᠴᠦᠷᠭᠡᠭᠵᠢᠭᠦᠯᠵᠦ᠂ ᠮᠠᠯᠴᠢᠨ ᠲᠠᠷᠢᠶᠠᠴᠢᠨ ᠯᠤᠭ᠎ᠠ ᠶᠢᠨ ᠠᠰᠢᠭ ᠲᠤᠰᠠ ᠲᠠᠢ ᠬᠤᠯᠪᠤᠭᠳᠠᠬᠤ ᠲᠤᠭᠳᠠᠴᠡ ᠶᠢ ᠪᠠᠶᠢᠭᠤᠯᠦᠨ ᠲᠡᠭᠦᠯᠳᠡᠷᠵᠢᠭᠦᠯᠵᠦ | ᠂ ᠠᠵᠦ ᠤᠶᠢᠯᠡᠰᠵᠢᠭᠦᠯᠦᠨ ᠡᠵᠡᠩᠨᠡᠭᠦ ᠶᠢ ᠶᠡᠭᠡᠪᠡᠷ ᠬᠦᠭᠵᠢᠭᠦᠯᠦᠨ᠎ᠡ᠂᠂ ︽ᠦᠵᠡᠰᠬᠦᠯᠡᠩ︾ ᠠᠵᠦ ᠠᠬᠤᠢ ᠶᠢᠨ ᠬᠦᠭᠵᠢᠯᠳᠡ ᠶᠢ ᠲᠦᠷᠭᠡᠳᠭᠡᠵᠦ᠂ ᠬᠦᠢᠯᠬᠡᠬᠡᠨ ᠤ | ᠬᠡᠯᠪᠡᠷᠢ ᠪᠡ ᠪᠠᠶᠢᠳᠡᠯ ᠢ ᠰᠢᠨᠡᠳᠬᠡᠵᠦ᠂ ᠡᠯᠧᠺᠲᠷᠤᠨ ᠬᠤᠳᠠᠯᠳᠤᠭᠠᠨ ᠤ ᠶᠠᠪᠤᠳᠡᠯ ᠪᠡ ᠪᠤᠳᠡᠳᠦ ᠴᠤᠭᠴᠠ ᠶᠢᠨ ᠬᠦᠢᠯᠬᠡᠬᠡᠨ ᠤ ᠤᠶᠠᠯᠳᠦᠯ ᠢ ᠠᠬᠢᠭᠤᠯᠵᠦ᠂ ᠰᠢᠯᠢᠳᠡᠭ | ᠪᠤᠬᠢᠷᠳᠦᠯ ᠦᠬᠡᠢ ᠲᠡᠷᠢᠶᠡᠯᠡᠩ ᠮᠠᠯ ᠠᠵᠦ ᠠᠬᠤᠢ ᠶᠢᠨ ᠪᠦᠳᠦᠭᠡᠭᠳᠡᠬᠦᠨ ᠤ ᠲᠦᠡᠭᠯᠢᠶᠥᠥ ᠠᠴᠠ ᠭᠠᠷᠴᠦ ᠲᠡᠯᠡᠬᠡᠢ ᠳᠤ ᠲᠦᠬᠡᠮᠡᠯᠵᠢᠬᠦ ᠶᠢ ᠠᠬᠢᠭᠤᠯᠤᠨ᠎ᠠ᠃ | ︵ᠲᠦᠷᠪᠡ︶ ᠬᠤᠳᠠ ᠪᠠᠯᠭᠠᠰᠤᠵᠢᠯᠳᠠ ᠶᠢ ᠢᠳᠡᠪᠬᠢᠳᠡᠢ ᠲᠤᠭᠳᠠᠭᠤᠨ ᠠᠬᠢᠭᠤᠯᠵᠦ᠂ ᠬᠤᠳᠠ ᠬᠦᠳᠡᠭᠡ ᠶᠢ ᠨᠢᠭᠡᠳᠦᠯᠳᠠᠢ ᠲᠦᠯᠦᠪᠯᠡᠵᠦ ᠭᠦᠭᠵᠢᠭᠦᠯᠭᠦ ᠶᠢ | ᠠᠬᠢᠭᠤᠯᠦᠨ᠎ᠡ | ᠬᠤᠳᠡ ᠶᠢᠨ ᠨᠠᠮ ᠤᠨ ᠬᠤᠷᠢᠶ᠎ᠡ᠂ ᠬᠤᠳᠡ ᠶᠢᠨ ᠵᠠᠰᠠᠭ ᠤᠨ ᠤᠷᠳᠤᠨ ᠤ ︽ᠰᠢᠨ᠎ᠡ ᠮᠠᠶ᠋ᠢᠭ ᠤᠨ ᠬᠤᠳᠡ ᠪᠠᠯᠭᠠᠰᠤᠵᠢᠯᠳᠡ ᠶᠢ ᠲᠦᠯᠬᠢᠨ ᠠᠬᠢᠭᠤᠯᠬᠤ ᠶᠢ | ᠬᠡᠷᠡᠭᠵᠢᠬᠦᠯᠬᠦ ᠲᠤᠬᠠᠢ ᠰᠠᠨᠠᠯ︾ ᠪᠤᠯᠤᠨ ᠭᠤᠤᠯ ᠬᠤᠳᠡ ᠶᠢᠨ ᠲᠤᠭᠤᠷᠢᠭ ᠤᠨ 2015 ᠤᠨ ᠤ ᠬᠤᠳᠡ ᠶᠢᠨ ᠲᠦᠯᠦᠪᠵᠢᠬᠦᠯᠬᠡ ᠪᠦᠳᠦᠭᠡᠨ ᠪᠠᠶᠢᠭᠤᠯᠤᠯᠳᠡ | ᠬᠠᠮᠢᠶᠡᠷᠦᠯᠳᠡ ᠶᠢᠨ ᠤᠨ ᠤ ᠠᠵᠢᠯᠯᠠᠭ᠎ᠠ ᠶᠢᠨ ᠲᠦᠯᠦᠪᠵᠢᠬᠦᠯᠬᠡ ᠶᠢ ᠨᠠᠶᠢᠳᠠᠪᠤᠷᠢᠵᠢᠭᠤᠯᠵᠦ᠂ ᠪᠤᠬᠢᠷᠳᠦᠯ ᠦᠬᠡᠢ᠂ ᠰᠤᠶᠤᠯ ᠢᠷᠬᠡᠨᠰᠢᠯ᠂ ᠤᠳᠤᠬᠢᠴᠢ ᠤᠷᠤᠨᠵᠢᠯ ᠤᠨ | ᠴᠢᠨᠡᠷ ᠲᠠᠢ ᠭᠤᠤᠯ ᠬᠤᠳᠡ ᠪᠤᠯᠤᠨ ᠪᠤᠳᠡᠳᠦ ᠬᠦᠴᠦᠨ ᠲᠠᠢ ᠰᠢᠶᠠᠨ ᠤ ᠬᠤᠳᠡ᠂ ᠦᠨᠳᠦᠰᠦᠳᠡᠨ ᠤ ᠵᠠᠩ ᠠᠭᠠᠯᠢ ᠶᠢᠨ ᠵᠢᠵᠢᠭ ᠪᠠᠯᠭᠠᠰᠤ᠂ ᠭᠤᠶᠤ ᠰᠠᠶᠢᠬᠠᠨ | ᠬᠦᠳᠡᠭᠡ ᠲᠤᠰᠬᠤᠨ ᠢ ᠬᠠᠷᠢᠯᠴᠠᠨ ᠠᠪᠤᠴᠠᠯᠳᠤᠭᠤᠯᠤᠭᠰᠠᠨ ᠰᠢᠨ᠎ᠡ ᠮᠠᠶ᠋ᠢᠭ ᠤᠨ ᠬᠤᠳᠡ ᠪᠠᠯᠭᠠᠰᠤᠵᠢᠯᠳᠡ ᠶᠢᠨ ᠰᠢᠰᠲ᠋ᠧᠮ ᠢ ᠲᠦᠷᠭᠡᠨ ᠪᠠᠶᠢᠭᠤᠯᠤᠨ᠎ᠠ᠃ | ᠬᠤᠷᠴᠢᠨ ᠤ ᠰᠤᠶᠤᠯ ᠵᠢᠭᠤᠯᠴᠢᠯᠠᠯ ᠤᠨ ᠨᠡᠷᠡᠳᠦ ᠬᠤᠳᠠ ᠶᠢ ᠡᠭᠦᠳᠦᠨ ᠪᠠᠶᠢᠭᠤᠯᠵᠦ᠂ ᠤᠷᠤᠨᠵᠢᠯ ᠤᠨ ᠲᠦᠪ ᠬᠤᠳᠠ ᠶᠢᠨ ᠪᠠᠶᠢᠭᠤᠯᠦᠯᠳᠠ ᠶᠢ | ᠲᠦᠷᠭᠡᠳᠭᠡᠨ᠎ᠡ᠃ ᠬᠤᠷᠴᠢᠨ ᠤ ᠰᠤᠶᠤᠯ ᠤᠨ ᠵᠤᠭᠠᠴᠡᠯ ᠤᠨ ᠨᠡᠷᠡᠳᠦ ᠬᠤᠳᠠ ᠶᠢ ᠡᠭᠦᠳᠴᠦ᠂ ᠲᠦᠩᠯᠢᠶᠤᠤ ᠬᠤᠳᠠ ᠶᠢᠨ ᠬᠡᠯᠪᠡᠷᠢ ᠪᠠᠨ ᠬᠤᠪᠢᠷᠠᠭᠤᠯᠦᠨ ᠬᠦᠭᠵᠢᠭᠦ | ᠴᠢᠬᠤᠯᠠ ᠰᠢᠪᠳᠦᠯᠦᠯᠳᠡ ᠶᠢᠨ ᠴᠢᠭ ᠪᠤᠯᠭᠠᠵᠦ᠂ ᠬᠤᠷᠴᠢᠨ ᠤ ᠰᠤᠶᠤᠯ ᠤᠨ ᠤᠬᠢ ᠰᠢᠮ᠎ᠡ ᠶᠢ ᠬᠤᠳᠠ ᠶᠢᠨ ᠲᠦᠯᠦᠪᠵᠢᠭᠦᠯᠭᠡ ᠪᠦᠳᠦᠭᠡᠨ ᠪᠠᠶᠢᠭᠤᠯᠦᠯᠳᠠ ᠳᠤ | ᠠᠭᠤᠰᠬᠠᠨ᠂ ᠬᠤᠳᠠ ᠶᠢᠨ ᠰᠤᠶᠤᠯ ᠤᠨ ᠴᠢᠨᠠᠷ ᠲᠡᠰ ᠢ ᠲᠡᠭᠡᠭᠰᠢᠯᠡᠭᠦᠯᠵᠦ᠂ ᠲᠡᠤᠭᠡ ᠰᠤᠶᠤᠯ ᠤᠨ ᠭᠦᠭᠵᠢᠯᠳᠡ ᠶᠢ ᠦᠷᠭᠦᠯᠵᠢᠯᠡᠭᠦᠯᠦᠨ᠂ ᠬᠤᠳᠠ ᠶᠢᠨ ᠲᠤᠬᠠᠢ | ᠡᠷᠬᠢᠴᠡᠭᠦᠯᠦᠯ ᠲᠤᠷᠠᠳᠬᠠᠯ ᠢ ᠵᠤᠵᠠᠭᠠᠳᠬᠠᠵᠦ᠂ ᠬᠦᠮᠦᠨ ᠠᠷᠠᠳ ᠤᠨ ᠨᠤᠳᠤᠭ ᠤᠨ ᠲᠤᠬᠠᠢ ᠲᠤᠷᠠᠰᠦᠮᠵᠢ ᠶᠢ ᠨᠡᠮᠡᠭᠳᠡᠭᠦᠯᠦᠨ᠎ᠡ᠃ ᠬᠤᠳᠠ ᠪᠠᠯᠭᠠᠰᠦ ᠶᠢᠨ | ᠲᠦᠯᠦᠪᠵᠢᠭᠦᠯᠭᠡ ᠶᠢ ᠲᠡᠭᠦᠯᠳᠡᠷᠵᠢᠭᠦᠯᠦᠨ᠎ᠡ᠃ ︽ᠲᠦᠩᠯᠢᠶᠤᠤ ᠬᠤᠳᠠ ᠶᠢᠨ ᠶᠡᠷᠤᠩᠭᠡᠢ ᠴᠤᠭᠴᠡ ᠶᠢᠨ ᠲᠦᠯᠦᠪᠵᠢᠭᠦᠯᠭᠡ ︵2014 — 2030︶︾ ᠶᠢ | ᠵᠠᠰᠠᠨ ᠨᠡᠶᠢᠷᠠᠭᠤᠯᠬᠤ ᠠᠵᠢᠯ ᠢ ᠪᠡᠶᠡᠯᠡᠭᠦᠯᠵᠦ᠂ ᠭᠤᠤᠯ ᠬᠤᠳᠠ ᠶᠢᠨ ᠲᠤᠭᠤᠷᠢᠭ ᠤᠨ ᠡᠵᠡᠮᠰᠢᠯ ᠤᠨ ᠴᠢᠨᠠᠷ ᠲᠠᠢ ᠨᠠᠷᠢᠨ ᠲᠦᠯᠦᠪᠵᠢᠭᠦᠯᠭᠡ ᠪᠤᠯᠦᠨ ᠲᠤᠰᠬᠠᠢ | ᠲᠦᠯᠦᠪᠵᠢᠭᠦᠯᠭᠡ ᠶᠢ ᠨᠠᠶᠢᠷᠠᠭᠤᠯᠦᠨ ᠵᠤᠬᠢᠶᠠᠬᠤ ᠡᠷᠴᠢᠮ ᠢᠶᠠᠨ ᠶᠡᠭᠡᠰᠭᠡᠨ᠂ ᠡᠯ᠎ᠡ ᠬᠤᠰᠢᠭᠤ ᠰᠢᠶᠠᠨ ᠬᠤᠳᠠ ᠲᠤᠭᠤᠷᠢᠭ ᠢ ᠵᠢᠯᠦᠭᠤᠳᠦᠨ ᠬᠤᠳᠠ ᠶᠢᠨ ᠲᠡᠭᠦᠷᠭᠡ | ᠶᠢᠨ ᠪᠠᠯᠭᠠᠰᠦ ᠶᠢᠨ ᠶᠡᠷᠤᠩᠭᠡᠢ ᠴᠤᠭᠴᠡ ᠶᠢᠨ ᠲᠦᠯᠦᠪᠵᠢᠭᠦᠯᠭᠡ ᠪᠤᠯᠦᠨ ᠭᠤᠤᠯᠳᠠᠯᠭ᠎ᠠ ᠲᠠᠢ ᠪᠠᠯᠭᠠᠰᠦ᠂ ᠲᠤᠰᠬᠤᠨ ᠤ ᠲᠦᠯᠦᠪᠵᠢᠭᠦᠯᠭᠡ ᠶᠢ ᠰᠠᠶᠢᠳᠦᠷ ᠵᠠᠰᠠᠨ | ᠨᠠᠶᠢᠷᠠᠭᠤᠯᠵᠤ᠂ ᠲᠦᠯᠦᠪᠵᠢᠬᠦᠯᠭᠡ ᠶᠢᠨ ᠪᠦᠷᠬᠦᠴᠡ ᠶᠢᠨ ᠨᠤᠷᠮ᠎ᠡ ᠶᠢ ᠲᠡᠭᠡᠭᠰᠢᠯᠡᠬᠦᠯᠦᠨ᠂ ᠲᠦᠯᠦᠪᠵᠢᠬᠦᠯᠭᠡ ᠶᠢ ᠴᠢᠩᠭ᠎ᠠ ᠭᠡᠷᠡᠭᠵᠢᠬᠦᠯᠵᠤ᠂ ᠲᠦᠯᠦᠪᠵᠢᠬᠦᠯᠭᠡ ᠪᠠᠷ | ᠬᠤᠳᠠ ᠶᠢᠨ ᠢᠷᠡᠭᠡᠳᠤᠢ ᠶᠢᠨ ᠬᠦᠭᠵᠢᠯᠳᠠ ᠶᠢ ᠬᠦᠳᠦᠯᠤᠨ ᠲᠠᠶᠢᠴᠢᠯᠠᠨ᠎ᠠ᠃ ᠬᠤᠳᠠ ᠶᠢᠨ ᠴᠢᠳᠠᠪᠤᠷᠢ ᠶᠢ ᠲᠡᠬᠦᠯᠳᠡᠷᠵᠢᠬᠦᠯᠦᠨ᠎ᠡ᠃ ᠭᠤᠤᠯ ᠬᠤᠳᠠ ᠶᠢᠨ | ᠲᠤᠭᠤᠷᠢᠭ ᠲᠤ ︽ᠬᠤᠶᠠᠷ ᠲᠤᠭᠤᠷᠢᠭᠤ ᠵᠠᠮ᠂ ᠬᠤᠶᠠᠷ ᠬᠦᠬᠦᠷᠭᠡ᠂ ᠵᠢᠷᠭᠤᠭᠠᠨ ᠬᠠᠭᠠᠯᠭ᠎ᠠ︾ ᠵᠡᠷᠭᠡ ᠬᠤᠳᠠ ᠶᠢᠨ ᠵᠠᠮ ᠬᠦᠬᠦᠷᠭᠡ ᠶᠢ ᠰᠠᠭᠠᠳ ᠦᠭᠡᠢ | ᠨᠡᠪᠳᠡᠷᠡᠬᠦᠯᠬᠦ ᠢᠨᠵᠧᠨᠧᠷᠢᠩ ᠪᠤᠯᠤᠨ ︽ᠲᠦᠷᠪᠡᠨ ᠵᠠᠮ ᠵᠡᠭᠡᠯᠢ︾ ᠶᠢ ᠦᠭᠡᠷᠡᠴᠢᠯᠡᠨ ᠪᠠᠶᠢᠭᠤᠯᠵᠤ ᠲᠡᠭᠡᠭᠰᠢᠯᠡᠬᠦᠯᠬᠦ ᠢᠨᠵᠧᠨᠧᠷᠢᠩ ᠢ ᠭᠡᠷᠡᠭᠵᠢᠬᠦᠯᠦᠨ᠎ᠡ᠃ | ᠲᠤᠬᠠᠶᠢᠯᠠᠪᠠᠯ ᠰᠢᠨ᠎ᠡ ᠡᠷᠡᠨ ᠵᠡᠭᠤᠨ ᠲᠤᠮᠤ ᠬᠦᠬᠦᠷᠭᠡ ᠪᠠᠷ ᠭᠤᠤᠯ ᠪᠤᠯᠭᠠᠬᠰᠠᠨ ᠬᠤᠳᠠ ᠶᠢᠨ ᠲᠤᠭᠤᠷᠢᠭ ᠤᠨ ᠲᠤᠳᠤᠷ ᠲᠤᠭᠤᠷᠢᠭᠤ ᠵᠠᠮ ᠢ ᠨᠡᠪᠳᠡᠷᠡᠬᠦᠯᠵᠤ᠂ | ᠭᠤᠤᠯ ᠬᠤᠳᠠ ᠶᠢᠨ ᠲᠤᠭᠤᠷᠢᠭ ᠤᠨ ᠡᠷᠬᠢᠨ ᠲᠤᠭᠤᠷᠢᠨ ᠤ ᠲᠦᠷᠭᠡᠨ ᠵᠠᠮ ᠪᠤᠯᠤᠨ ᠨᠢᠭᠡᠳᠤᠭᠡᠷ ᠲᠡᠰ ᠤᠨ ᠵᠠᠮ ᠢᠶᠠᠷ ᠪᠤᠷᠤ ᠲᠦᠯᠦᠪ ᠪᠤᠯᠭᠠᠬᠰᠠᠨ ᠭᠠᠳᠠᠷ | ᠲᠤᠭᠤᠷᠢᠭᠤ ᠵᠠᠮ ᠤᠨ ᠴᠢᠨᠠᠷ ᠲᠡᠰ ᠢ ᠲᠡᠭᠡᠭᠰᠢᠯᠡᠬᠦᠯᠦᠨ᠎ᠡ︔ ᠰᠢᠨ᠎ᠡ ᠡᠷᠡᠨ ᠵᠠᠭᠤᠨ ᠲᠤᠮᠤ ᠬᠦᠬᠦᠷᠭᠡ ᠶᠢᠨ ᠭᠤᠤᠯ ᠴᠤᠬᠴᠠ ᠶᠢᠨ ᠪᠠᠷᠢᠯᠭ᠎ᠠ ᠶᠢ ᠲᠠᠭᠤᠰᠬᠠᠬᠤ ᠶᠢ | ᠪᠠᠳᠤᠯᠠᠵᠤ᠂ ᠬᠤᠨᠭ᠌ ᠭᠤᠸᠠᠩ ᠬᠦᠬᠦᠷᠭᠡ ᠶᠢ ᠡᠬᠢᠯᠡᠨ ᠪᠠᠶᠢᠭᠤᠯᠤᠨ᠎ᠠ︔ ᠬᠤᠤᠯᠢᠩᠭᠤᠤᠯ ᠵᠡᠭᠡᠯᠢ ᠶᠢᠨ ᠵᠡᠬᠦᠨ ᠦᠵᠦᠬᠦᠷ ᠢ ᠦᠷᠭᠡᠳᠭᠡᠬᠦ᠂ ᠨᠠᠷᠢᠳ ᠤᠨ ᠭᠤᠤᠯ | ᠵᠡᠭᠡᠯᠢ ᠶᠢᠨ ᠪᠠᠷᠠᠭᠤᠨ ᠦᠵᠦᠬᠦᠷ ᠤᠨ ᠵᠠᠰᠠᠮᠠᠯ ᠵᠠᠮ ᠲᠡᠮᠤᠷ ᠵᠠᠮ ᠤᠨ ᠵᠦᠷᠢᠯᠢᠭ ᠬᠦᠬᠦᠷᠭᠡ᠂ ᠨᠢᠰᠭᠡᠯ ᠤᠨ ᠪᠠᠭᠤᠳᠠᠯ ᠤᠨ ᠵᠡᠮ ᠬᠢᠭᠡᠳ ᠲᠦᠡᠭᠯᠢᠶᠤᠤ ᠠᠴᠠ | ᠤᠯᠠᠭᠠᠨᠬᠠᠳᠠ ᠬᠦᠷᠬᠦ ᠲᠦᠷᠭᠡᠨ ᠵᠠᠮ ᠤᠨ ᠬᠠᠭᠠᠯᠭ᠎ᠠ ᠶᠢᠨ ᠤᠷᠴᠢᠨ ᠲᠤᠭᠤᠷᠢᠨ ᠢ ᠦᠭᠡᠷᠡᠴᠢᠯᠡᠨ ᠰᠠᠶᠢᠵᠢᠷᠠᠭᠤᠯᠬᠤ ᠵᠡᠷᠭᠡ ᠬᠠᠭᠠᠯᠭ᠎ᠠ ᠶᠢ ᠪᠠᠶᠢᠭᠤᠯᠬᠤ ᠢᠨᠵᠧᠨᠧᠷᠢᠩ | ᠢ ᠪᠡᠶᠡᠯᠡᠬᠦᠯᠵᠦ᠂ ᠢᠯᠠᠯᠳᠠ ᠬᠤᠶᠢᠳᠤ ᠵᠠᠮ᠂ ᠵᠢᠶᠠᠨ ᠬᠦᠸᠧ ᠬᠤᠶᠢᠳᠤ ᠵᠠᠮ ᠢ ᠦᠷᠬᠡᠳᠬᠡᠨ ᠪᠠᠶᠢᠭᠤᠯᠬᠤ ᠲᠦᠷᠦᠯ ᠵᠦᠢᠯ ᠢ ᠠᠵᠢᠯ ᠡᠬᠢᠯᠡᠬᠦᠯᠦᠨ᠎ᠡ᠃ 8 ᠵᠤᠷᠪᠤᠰ | ᠲᠠᠰᠤᠷᠬᠠᠢ ᠵᠠᠮ ᠢ ᠨᠡᠪᠳᠡᠷᠡᠬᠦᠯᠵᠤ᠂ 20 ᠵᠤᠷᠪᠤᠰ ᠵᠠᠮ ᠢ ᠦᠭᠡᠷᠡᠴᠢᠯᠡᠨ ᠲᠡᠰ ᠲᠡᠪᠰᠢᠬᠦᠯᠵᠦ᠂ 20 ᠺᠢᠯᠤᠮᠧᠲᠷ ᠬᠤᠳᠡ ᠶᠢᠨ ᠠᠭᠠᠵᠢᠮ ᠵᠠᠮᠨᠠᠬᠤ ᠰᠢᠰᠲ᠋ᠧᠮ ᠢ | ᠪᠠᠶᠢᠭᠤᠯᠤᠨ᠎ᠠ᠃ ᠬᠤᠤᠯᠢᠩᠭᠤᠤᠯ ᠵᠡᠭᠡᠯᠢ᠂ ᠵᠢᠶᠠᠨ ᠬᠦᠸᠧ ᠵᠠᠮ᠂ ᠢᠯᠠᠯᠳᠠ ᠵᠠᠮ᠂ ᠦᠢᠯᠡᠰ ᠪᠦᠳᠤᠭᠡᠬᠦ ᠲᠠᠷᠳᠠᠩ ᠵᠠᠮ ᠵᠡᠷᠭᠡ ᠲᠦᠷᠪᠡᠨ ᠵᠤᠷᠪᠤᠰ ᠵᠠᠮ ᠵᠡᠭᠡᠯᠢ ᠶᠢ | ᠶᠡᠷᠦᠩᠭᠡᠶᠢᠯᠡᠨ ᠦᠭᠡᠷᠡᠴᠢᠯᠡᠨ ᠪᠠᠶᠢᠭᠤᠯᠤᠨ᠎ᠠ᠃ ᠴᠡᠴᠡᠷᠯᠢᠭᠵᠢᠯ ᠤᠨ ᠬᠤᠳᠡ ᠶᠢ ᠪᠦᠳᠦᠭᠡᠨ ᠪᠠᠶᠢᠭᠤᠯᠤᠭᠰᠠᠨ ᠦᠷ᠎ᠡ ᠪᠦᠳᠦᠭᠡᠯ ᠢᠶᠠᠨ ᠪᠡᠳᠤᠳᠬᠠᠨ ᠬᠦᠭᠵᠢᠬᠦᠯᠵᠦ᠂ | ᠯᠤᠤᠬ᠎ᠠ ᠭᠤᠤᠯ ᠴᠡᠴᠡᠷᠯᠢᠭ ᠢ ᠦᠷᠭᠡᠳᠬᠡᠨ ᠪᠠᠶᠢᠭᠤᠯᠬᠤ᠂ ᠲᠠᠬᠢᠮᠳᠠᠭᠤ ᠠᠮᠦᠷᠯᠢᠩᠭᠤᠢ᠂ ᠢᠯᠡᠯᠳᠡ ᠭᠤᠤᠯ ᠤᠨ ᠡᠷᠬᠢ ᠲᠠᠭᠠᠭᠰᠠᠨ ᠴᠡᠴᠡᠷᠯᠢᠭᠵᠢᠯ ᠤᠨ ᠦᠵᠡᠮᠵᠢ᠂ | ᠮᠢᠩ ᠷᠧᠨ ᠴᠡᠴᠡᠷᠯᠢᠭ ᠢ ᠪᠦᠳᠦᠬᠡᠨ ᠪᠠᠶᠢᠭᠤᠯᠬᠤ ᠵᠡᠷᠭᠡ ᠲᠦᠷᠦᠯ ᠵᠦᠢᠯ ᠢ ᠬᠡᠷᠡᠭᠵᠢᠬᠦᠯᠦᠨ᠎ᠡ᠃ ᠸᠠᠨ ᠳ᠋ᠠ ᠠᠭᠤᠳᠡᠮ ᠲᠠᠯᠠᠪᠠᠢ᠂ ᠸᠠᠨ ᠯᠢ ᠴᠸᠡᠭ᠂ ᠲᠠᠪᠤᠨ | ᠲᠢᠪ ᠤᠨ ᠤᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠤᠳᠡ ᠵᠡᠷᠭᠡ ᠬᠤᠳᠡ ᠶᠢᠨ ᠶᠡᠷᠦᠩᠭᠡᠶᠢᠯᠡᠭᠰᠡᠨ ᠴᠤᠭᠴᠠ ᠶᠢ ᠠᠯᠢ ᠲᠦᠷᠭᠡᠨ ᠪᠠᠶᠢᠭᠤᠯᠵᠦ ᠠᠰᠢᠭᠯᠠᠯᠳᠡ | ᠳᠤ ᠤᠷᠤᠭᠤᠯᠤᠨ᠎ᠠ᠃ ᠭᠤᠤᠯ ᠬᠤᠳᠡ ᠶᠢᠨ ᠲᠤᠭᠤᠷᠢᠭ ᠤᠨ ᠵᠢᠵᠢᠭ ᠵᠡᠬᠡᠯᠢ ᠭᠤᠳᠤᠮᠵᠢ ᠶᠢ ᠶᠡᠷᠦᠩᠭᠡᠶᠢᠯᠡᠨ ᠵᠠᠰᠠᠵᠦ᠂ ᠵᠢᠵᠢᠭ ᠵᠡᠬᠡᠯᠢ ᠭᠤᠳᠤᠮᠵᠢ ᠶᠢ | ᠬᠠᠳᠠᠭᠤᠷᠠᠭᠤᠯᠤᠨ ᠬᠡᠷᠡᠯᠳᠦᠬᠦᠯᠬᠦ ᠶᠢ ᠪᠡᠶᠡᠯᠡᠬᠦᠯᠦᠨ᠎ᠡ᠃ ᠬᠠᠭᠤᠴᠢᠨ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠬᠦ ᠪᠠ ᠠᠳᠡᠯ ᠠᠬᠤᠢ ᠶᠢᠨ ᠦᠢᠯᠡᠴᠢᠯᠡᠬᠡᠨ ᠤ | ᠬᠠᠮᠢᠶᠠᠷᠤᠯᠳᠡ ᠶᠢᠨ ᠡᠷᠴᠢᠮ ᠢᠶᠠᠨ ᠶᠡᠬᠡᠰᠬᠡᠵᠦ᠂ ᠤᠷᠤᠨ ᠰᠠᠭᠤᠴᠠ ᠶᠢᠨ ᠲᠤᠭᠤᠷᠢᠭ ᠤᠨ ᠢᠯᠴᠢ ᠬᠠᠨᠭ᠍ᠭᠠᠬᠤ᠂ ᠴᠠᠬᠢᠯᠭᠠᠨ ᠬᠠᠨᠭ᠍ᠭᠠᠬᠤ᠂ ᠤᠰᠤ ᠬᠠᠨᠭ᠍ᠭᠠᠬᠤ ᠤᠰᠤ | ᠭᠠᠳᠠᠭᠰᠢᠯᠠᠭᠤᠯᠬᠤ᠂ ᠵᠠᠮ ᠬᠠᠳᠠᠭᠤᠷᠠᠭᠤᠯᠬᠤ ᠵᠡᠷᠬᠡ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠶᠢ ᠪᠠᠳᠤᠯᠠᠵᠦ᠂ ᠤᠷᠤᠨ ᠰᠠᠭᠤᠴᠠ ᠶᠢᠨ ᠲᠤᠭᠤᠷᠢᠭ ᠤᠨ | ᠠᠳᠡᠯ ᠠᠬᠤᠢ ᠶᠢᠨ ᠬᠠᠮᠢᠶᠠᠷᠤᠯᠳᠡ ᠶᠢᠨ ᠬᠢᠷᠢ ᠲᠦᠪᠰᠢᠨ ᠢ ᠦᠨᠡᠨᠬᠦ ᠲᠡᠭᠡᠭᠰᠢᠯᠡᠬᠦᠯᠦᠨ᠎ᠡ᠃ ᠪᠤᠳᠠᠳᠤ ᠬᠦᠴᠦᠨ ᠪᠦᠬᠦᠢ ᠰᠢᠶᠠᠨ ᠤ ᠬᠤᠳᠡ ᠪᠤᠯᠤᠨ ᠦᠨᠳᠤᠰᠦᠳᠠᠨ | ᠤ ᠵᠠᠩ ᠠᠭᠠᠯᠢ ᠶᠢᠨ ᠵᠢᠵᠢᠭ ᠪᠠᠯᠭᠠᠰᠤ ᠶᠢ ᠲᠦᠷᠭᠡᠨ ᠪᠠᠶᠢᠭᠤᠯᠵᠤ᠂ ᠬᠤᠰᠢᠭᠤ ᠰᠢᠶᠠᠨ ᠬᠤᠳᠠ ︽ᠨᠢᠭᠡ ᠵᠡᠭᠡᠯᠢ᠂ ᠨᠢᠭᠡ ᠵᠡᠮ᠂ ᠨᠢᠭᠡ ᠪᠠᠯᠭᠠᠰᠤ᠂ ᠨᠢᠭᠡ ᠨᠡᠶᠢᠭᠡᠮ | ᠲᠤᠭᠤᠷᠢᠭ︾ ᠢ ᠦᠭᠡᠷᠡᠴᠢᠯᠡᠨ ᠪᠠᠶᠢᠭᠤᠯᠬᠤ ᠢᠨᠵᠧᠨᠧᠷᠢᠩ ᠢ ᠭᠡᠷᠡᠭᠵᠢᠬᠦᠯᠦᠨ᠎ᠡ᠃ ᠬᠦᠳᠡᠭᠡ ᠲᠤᠰᠬᠤᠨ ᠮᠠᠯᠵᠢᠬᠤ ᠤᠷᠤᠨ ᠤ ︽ᠠᠷᠪᠠᠨ ᠪᠦᠷᠢᠨ︾ | ᠢᠨᠵᠧᠨᠧᠷᠢᠩ ᠲᠠᠢ ᠤᠶᠠᠯᠳᠤᠭᠤᠯᠤᠨ᠂ ᠭᠤᠶᠤ ᠰᠠᠶᠢᠬᠠᠨ ᠬᠦᠳᠡᠭᠡ ᠨᠤᠳᠤᠭ ᠤᠨ ᠪᠦᠳᠤᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠬᠤᠳᠠ ᠬᠦᠳᠡᠭᠡᠨ ᠤ | ᠦᠡᠭᠭᠡ ᠲᠦᠷᠰᠤ ᠶᠢ ᠭᠤᠶᠤᠵᠢᠭᠤᠯᠤᠨ᠎ᠠ᠃ ᠬᠤᠳᠠ ᠶᠢᠨ ᠬᠠᠮᠢᠶᠠᠷᠤᠯᠳᠠ ᠶᠢ ᠴᠢᠩᠭᠠᠳᠬᠠᠨ᠎ᠠ᠃ ᠨᠢᠭᠡ ᠬᠤᠳᠠ ᠳᠤ ᠠᠪᠴᠤ ᠭᠡᠯᠡᠪᠡᠯ᠂ ᠭᠤᠷᠪᠠᠨ ᠬᠤᠪᠢ ᠶᠢᠨ | ᠪᠠᠶᠢᠭᠤᠯᠤᠯᠳᠠ ᠲᠤᠯᠤᠭᠠᠨ ᠬᠤᠪᠢ ᠶᠢᠨ ᠬᠠᠮᠢᠶᠠᠷᠤᠯᠳᠠ ᠪᠤᠯᠤᠨ᠎ᠠ᠃ ᠬᠤᠳᠠ ᠶᠢ ᠰᠠᠶᠢᠳᠤᠷ ᠬᠠᠮᠢᠶᠠᠷᠬᠤ ᠨᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤ | ᠲᠠᠯᠪᠢᠵᠤ ᠪᠠᠶᠢᠭ᠎ᠠ ᠲᠤᠯᠭᠠᠮ᠎ᠠ ᠬᠦᠰᠡᠯ ᠱᠠᠭᠠᠷᠳᠠᠯᠭ᠎ᠠ ᠪᠤᠯᠬᠤ ᠶᠤᠮ᠃ ᠡᠨᠡ ᠵᠢᠯ᠂ ᠪᠢᠳᠠ ᠬᠤᠳᠠ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠪᠠᠨ ᠤᠷᠤᠬᠰᠢᠳᠠᠢ | ᠪᠤᠯᠭᠠᠵᠤ᠂ ᠡᠳᠤᠷ ᠲᠤᠳᠤᠮ ᠤᠨ ᠬᠢᠨᠠᠨ ᠬᠠᠮᠢᠶᠠᠷᠬᠤ ᠠᠵᠢᠯ ᠢᠶᠠᠨ ᠴᠢᠩᠭᠠᠳᠬᠠᠬᠤ ᠪᠠᠷ ᠭᠤᠤᠯᠳᠠᠯᠭ᠎ᠠ ᠪᠤᠯᠭᠠᠵᠤ᠂ ᠬᠤᠷᠴᠢᠨ ᠲᠤᠭᠤᠷᠢᠭ ᠪᠤᠯᠤᠨ ᠨᠡᠭᠡᠭᠡᠯᠳᠠ | ᠶᠢᠨ ᠲᠤᠭᠤᠷᠢᠭ ᠢ ᠠᠳᠠᠯᠢ ᠵᠡᠷᠭᠡᠪᠡᠷ ᠵᠤᠬᠢᠰᠳᠠᠢ ᠬᠦᠭᠵᠢᠬᠦ ᠶᠢ ᠲᠦᠯᠬᠢᠨ ᠠᠬᠢᠭᠤᠯᠤᠨ᠎ᠠ︔ ︽ᠤᠶᠤᠨ ᠪᠢᠯᠢᠭᠳᠦ ᠬᠤᠳᠠ︾ ᠶᠢᠨ ᠰᠤᠷᠠᠭ ᠵᠠᠩᠬᠢ ᠶᠢᠨ ᠲᠠᠪᠴᠠᠩ | ᠤᠨ ᠪᠠᠶᠢᠭᠤᠯᠤᠯᠳᠠ ᠶᠢ ᠲᠦᠷᠭᠡᠳᠭᠡᠨ᠂ ᠬᠤᠳᠠ ᠶᠢᠨ ᠬᠠᠮᠢᠶᠠᠷᠤᠯᠳᠠ ᠶᠢᠨ ᠤᠳᠤᠬᠢᠴᠢᠯᠠᠬᠰᠠᠨ ᠲᠤᠨᠤᠬᠯᠠᠯ ᠤᠨ ᠬᠢᠷᠢ ᠲᠦᠪᠰᠢᠨ ᠢ ᠲᠡᠭᠡᠭᠰᠢᠯᠡᠬᠦᠯᠵᠤ᠂ ᠬᠤᠳᠠ | ᠶᠢᠨ ᠬᠠᠮᠢᠶᠠᠷᠤᠯᠳᠠ ᠶᠢᠨ ᠰᠤᠷᠠᠭ ᠵᠠᠩᠬᠢᠵᠢᠯᠳᠠ᠂ ᠨᠠᠷᠢᠯᠢᠬᠵᠢᠯᠳᠠ ᠶᠢ ᠪᠡᠶᠡᠯᠡᠬᠦᠯᠦᠨ᠎ᠡ︔ ᠬᠤᠳᠠ ᠶᠢᠨ ᠬᠠᠮᠢᠶᠠᠷᠤᠯᠳᠠ ᠶᠢᠨ ᠶᠡᠷᠦᠩᠭᠡᠶᠢᠯᠡᠭᠰᠡᠨ ᠬᠠᠤᠯᠢ | ᠭᠡᠷᠡᠭᠵᠢᠬᠦᠯᠦᠯᠳᠠ ᠶᠢ ᠲᠦᠯᠬᠢᠨ ᠠᠬᠢᠭᠤᠯᠵᠤ᠂ ᠬᠤᠳᠠ ᠶᠢᠨ ᠬᠠᠤᠯᠢ ᠴᠠᠭᠠᠵᠠ ᠲᠦᠷᠢᠮ ᠲᠤᠬᠳᠠᠭᠠᠯ ᠠᠴᠠ ᠵᠦᠷᠢᠴᠡᠭᠰᠡᠨ ᠪᠠᠷᠢᠯᠭ᠎ᠠ ᠶᠢ ᠴᠡᠭᠴᠡᠯᠡᠨ ᠵᠠᠰᠠᠬᠤ | ᠠᠵᠢᠯᠯᠠᠭ᠎ᠠ ᠦᠷᠨᠢᠬᠦᠯᠦᠨ᠎ᠡ︔ ᠡᠭᠡ ᠤᠷᠤᠨᠴᠢ ᠡᠷᠡᠬᠦᠯ ᠬᠠᠮᠠᠭᠠᠯᠠᠯ ᠤᠨ ᠬᠦᠳᠡᠯᠭᠡᠭᠡᠨ ᠢ ᠢᠳᠡᠪᠬᠢᠳᠠᠢ ᠦᠷᠨᠢᠬᠦᠯᠵᠤ ︽ᠡᠬᠦᠳᠠᠨ ᠡᠮᠦᠨᠡᠬᠢ ᠭᠤᠷᠪᠠᠨ | ᠲᠠᠭᠠᠭᠠᠴᠢᠯᠠᠯᠳᠠ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠬᠤᠳᠠ ᠶᠢᠨ ᠠᠷᠠᠳ ᠤᠨ ᠬᠤᠳᠠ ᠶᠢᠨ ᠬᠠᠮᠢᠶᠠᠷᠤᠯᠳᠠ ᠳᠤ ᠤᠷᠤᠯᠴᠠᠬᠤ ᠢᠳᠡᠪᠬᠢᠵᠢᠯ ᠢ | ᠲᠠᠶᠢᠴᠢᠯᠠᠨ ᠪᠠᠳᠠᠷᠠᠭᠤᠯᠵᠤ᠂ ᠶᠠᠭ ᠭᠡᠷ ᠬᠦᠷᠢᠶ᠎ᠡ ᠪᠠᠨ ᠬᠠᠶᠢᠷᠠᠯᠠᠨ ᠬᠠᠮᠠᠭᠠᠯᠠᠵᠤ ᠪᠠᠶᠢᠭ᠎ᠠ ᠲᠠᠢ ᠠᠳᠠᠯᠢ ᠪᠠᠷ ᠮᠠᠨ ᠤ ᠬᠤᠳᠠ ᠪᠠᠨ ᠬᠠᠶᠢᠷᠠᠯᠠᠨ ᠬᠠᠮᠠᠭᠠᠯᠠᠬᠤ | ᠪᠤᠯᠭᠠᠨ᠎ᠠ᠃ | ᠰᠢᠶᠡᠨ ᠤ ᠭᠡᠪᠴᠢᠶᠡᠨ ᠤ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠤᠨ᠎ᠠ᠃ ᠭᠤᠤᠯ ᠴᠤᠬᠴᠠᠳᠤ ᠴᠢᠳᠠᠪᠤᠷᠢ ᠶᠢᠨ ᠤᠷᠤᠨ ᠤ ᠪᠠᠶᠢᠷᠢ ᠰᠠᠭᠤᠷᠢ ᠶᠢ | ᠲᠤᠬᠳᠠᠭᠠᠬᠰᠠᠨ ᠱᠠᠭᠠᠷᠳᠠᠯᠭ᠎ᠠ ᠶᠤᠰᠤᠭᠠᠷ ᠤᠨᠴᠠᠯᠢᠬᠳᠤ ᠬᠦᠷᠢᠶᠡᠯᠡᠩ ᠲᠤᠭᠤᠷᠢᠭ ᠤᠨ ᠪᠦᠳᠤᠭᠡᠨ ᠪᠠᠶᠢᠭᠤᠯᠤᠯᠳᠠ ᠪᠤᠯᠤᠨ ᠬᠤᠳᠠ ᠪᠠᠯᠭᠠᠰᠤ ᠶᠢ ᠦᠷᠭᠡᠳᠭᠡᠨ ᠲᠡᠰ | ᠲᠡᠪᠰᠢᠬᠦᠯᠬᠦ ᠯᠦᠭᠡ ᠤᠶᠠᠯᠳᠤᠭᠤᠯᠤᠨ᠂ ᠠᠵᠤ ᠦᠢᠯᠡᠰ ᠪᠤᠯᠤᠨ ᠬᠤᠳᠡ ᠶᠢᠨ ᠤᠶᠠᠯᠳᠤᠯ ᠢ ᠠᠬᠢᠭᠤᠯᠵᠦ᠂ ᠬᠤᠰᠢᠭᠤ ᠰᠢᠶᠡᠨ ᠬᠤᠳᠡ ᠲᠤᠭᠤᠷᠢᠭ ᠤᠨ ᠠᠵᠦ | ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠲᠠᠭᠠᠭᠠᠴᠠ ᠶᠢ ᠲᠡᠭᠡᠭᠰᠢᠯᠡᠬᠦᠯᠵᠦ᠂ ᠠᠵᠦ ᠦᠢᠯᠡᠰ ᠤᠨ ᠪᠤᠶᠢᠵᠢᠯᠳᠡ᠂ ᠬᠦᠷᠢᠶᠡᠯᠡᠩ ᠲᠤᠭᠤᠷᠢᠭ ᠤᠨ ᠪᠦᠳᠦᠬᠡᠨ | ᠪᠠᠶᠢᠭᠤᠯᠤᠯᠳᠡ᠂ ᠬᠤᠳᠡ ᠪᠠᠯᠭᠠᠰᠤ ᠶᠢᠨ ᠴᠢᠳᠡᠪᠦᠷᠢ ᠵᠤᠭᠢᠴᠡᠠ ᠬᠦᠭᠵᠢᠬᠦ ᠶᠢ ᠠᠬᠢᠭᠤᠯᠤᠨ᠎ᠠ᠃ ᠬᠤᠳᠡ ᠶᠢᠨ ᠵᠠᠰᠠᠭ ᠤᠨ ᠤᠷᠳᠤᠨ ᠪᠤᠯᠤᠨ ᠡᠯ᠎ᠡ ᠬᠤᠰᠢᠭᠤ ᠰᠢᠶᠡᠨ | ᠬᠤᠳᠡ ᠲᠤᠭᠤᠷᠢᠭ ᠤᠨ ᠵᠠᠰᠠᠭ ᠤᠨ ᠤᠷᠳᠤᠨ ᠤ ᠠᠵᠢᠯ ᠤᠨ ᠬᠤᠯᠪᠤᠭᠠᠯᠠᠨ ᠬᠦᠳᠡᠯᠬᠦ ᠲᠤᠭᠳᠠᠴᠠ ᠶᠢ ᠪᠠᠶᠢᠭᠤᠯᠵᠦ᠂ ᠠᠰᠠᠭᠤᠳᠡᠯ ᠤᠨ ᠬᠠᠨᠳᠤᠯᠭ᠎ᠠ ᠶᠢ ᠪᠠᠷᠢᠮᠳᠠᠯᠠᠨ᠂ | ︽ᠡᠷᠬᠡ ᠪᠠᠨ ᠦᠷᠬᠡᠳᠭᠡᠨ᠂ ᠬᠤᠰᠢᠭᠤ ᠰᠢᠶᠡᠨ ᠢᠶᠠᠨ ᠬᠦᠴᠦᠷᠭᠡᠭᠵᠢᠬᠦᠯᠬᠦ︾ ᠦᠬᠡᠷᠡᠴᠢᠯᠡᠯᠳᠡ ᠶᠢᠨ ᠲᠤᠷᠰᠢᠯᠳᠡ ᠶᠢᠨ ᠴᠡᠭ ᠢ ᠰᠠᠶᠢᠳᠦᠷ ᠠᠳᠬᠤᠵᠦ᠂ | ᠬᠦᠭᠵᠢᠯᠳᠡ ᠶᠢᠨ ᠬᠦᠴᠢᠷ ᠠᠰᠠᠭᠤᠳᠡᠯ ᠢ ᠬᠠᠮᠳᠤ ᠪᠠᠷ ᠰᠢᠢᠳᠪᠦᠷᠢᠯᠡᠨ᠂ ᠰᠢᠶᠡᠨ ᠤ ᠬᠡᠪᠴᠢᠶᠡᠨ ᠤ ᠠᠵᠦ ᠠᠬᠤᠢ ᠶᠢᠨ ᠬᠦᠭᠵᠢᠯᠳᠡ ᠶᠢᠨ ᠶᠡᠷᠦᠩᠭᠡᠢ ᠪᠤᠳᠡᠳᠦ | ᠬᠦᠴᠦᠨ ᠢ ᠲᠡᠭᠡᠭᠰᠢᠯᠡᠬᠦᠯᠦᠨ᠎ᠡ᠃ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠡ ᠶᠢ ᠴᠢᠩᠭᠠᠳᠬᠠᠨ᠎ᠠ᠃ ᠠᠮᠢ ᠠᠬᠤᠢ ᠶᠢᠨ ᠢᠨᠵᠧᠨᠧᠷᠢᠩ ᠤᠨ ᠪᠦᠳᠦᠬᠡᠨ ᠪᠠᠶᠢᠭᠤᠯᠤᠯᠳᠡ ᠶᠢ ᠴᠢᠬᠤᠯᠡᠴᠢᠯᠡᠵᠦ | ᠂ ᠠᠮᠢ ᠠᠬᠤᠢ ᠶᠢᠨ ᠦᠪ ᠬᠦᠷᠦᠩᠭᠡ ᠶᠢ ᠬᠠᠮᠤᠭ ᠶᠡᠭᠡ ᠬᠡᠮᠵᠢᠶ᠎ᠡ ᠪᠠᠷ ᠨᠡᠮᠡᠭᠳᠡᠬᠦᠯᠦᠨ᠎ᠡ᠃ ᠲᠡᠷᠢᠶᠡᠨ ᠭᠠᠵᠠᠷ ᠢ ᠬᠠᠮᠠᠭᠠᠯᠠᠬᠤ ᠬᠠᠮᠤᠭ ᠴᠢᠩᠭ᠎ᠠ ᠲᠦᠷᠢᠮ ᠪᠤᠯᠤᠨ ᠡᠬᠢ | ᠰᠤᠷᠪᠤᠯᠵᠢ ᠶᠢ ᠠᠷᠪᠢᠯᠡᠵᠦ ᠡᠷᠴᠢᠮᠵᠢᠬᠦᠯᠦᠨ ᠠᠰᠢᠭᠯᠠᠬᠤ ᠲᠦᠷᠢᠮ ᠢ ᠬᠡᠷᠡᠭᠵᠢᠬᠦᠯᠵᠦ᠂ ᠲᠡᠷᠢᠶᠡᠨ ᠭᠠᠵᠠᠷ ᠤᠨ ᠬᠤᠷᠢᠭ᠎ᠠ ᠱᠤᠭᠤᠮ ᠢ ᠪᠡᠳᠦ ᠰᠠᠬᠢᠨ᠎ᠠ᠃ ᠤᠯᠤᠰ ᠤᠨ | ᠤᠢ ᠰᠢᠭᠤᠶᠢᠳᠦ ᠬᠤᠳᠡ ᠶᠢ ᠪᠦᠳᠦᠬᠡᠨ ᠪᠠᠶᠢᠭᠤᠯᠬᠤ ᠠᠯᠬᠤᠴᠠ ᠪᠠᠨ ᠲᠦᠷᠬᠡᠳᠬᠡᠵᠦ᠂ ᠬᠤᠷᠴᠢᠨ ᠤ ᠡᠯᠡᠰᠦᠷᠭᠡᠭ ᠭᠠᠵᠠᠷ ᠢ ︽ᠬᠤᠤᠰ ᠮᠢᠩᠭᠠᠨ ᠲᠦᠮᠡᠨ ᠮᠤ᠋︾ | ᠶᠡᠷᠦᠩᠭᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠬᠦᠯᠵᠦ᠂ ᠠᠮᠢᠳᠦ ᠪᠤᠳᠡᠰ ᠤᠨ ᠤᠯᠠᠨ ᠶᠠᠩᠵᠤᠳᠦ ᠴᠢᠨᠡᠷ ᠤᠨ ᠲᠠᠭᠤᠷᠢᠶᠡᠯ ᠤᠷᠤᠨ᠂ ᠲᠠᠷᠢᠶᠠᠯᠠᠬᠤ ᠪᠠᠨ | ᠵᠤᠭᠰᠦᠵᠦ ᠡᠪᠡᠰᠦ ᠮᠤᠳᠤ ᠲᠠᠷᠢᠬᠤ᠂ ᠠᠮᠢ ᠠᠬᠤᠢ ᠬᠡᠪᠡᠷᠡᠭ ᠤᠷᠤᠨ ᠤ ᠠᠷᠠᠳ ᠢ ᠰᠢᠯᠵᠢᠬᠦᠯᠬᠦ᠂ ᠠᠭᠤᠷᠬᠠᠢ ᠭᠠᠵᠠᠷ ᠰᠢᠨᠵᠢᠯᠡᠬᠡᠨ ᠤ ᠤᠷᠴᠢᠨ ᠢ ᠵᠠᠰᠠᠬᠤ ᠵᠡᠷᠭᠡ | ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠰᠠᠶᠢᠳᠦᠷ ᠠᠳᠬᠤᠵᠦ᠂ ᠵᠢᠯ ᠳᠤ ᠬᠤᠷᠴᠢᠨ ᠤ ᠡᠯᠡᠰᠦᠷᠭᠡᠭ ᠭᠠᠵᠠᠷ ᠢ 355 ᠲᠦᠮᠡᠨ ᠮᠤ᠋ ᠶᠡᠷᠦᠩᠭᠡᠶᠢᠯᠡᠨ | ᠵᠠᠰᠠᠵᠦ᠂ ᠲᠠᠷᠢᠶᠠᠯᠠᠬᠤ ᠪᠠᠨ ᠵᠤᠭᠰᠦᠵᠦ ᠡᠪᠡᠰᠦ ᠮᠤᠳᠤ ᠲᠡᠷᠢᠬᠤ ᠶᠢ 75 ᠲᠦᠮᠡᠨ ᠮᠤ᠋ ᠪᠡᠶᠡᠯᠡᠬᠦᠯᠦᠨ᠎ᠡ᠃ ᠵᠠᠷᠤᠳ ᠬᠤᠰᠢᠭᠤᠨ ᠤ ᠠᠭᠤᠯᠠᠷᠬᠠᠭ ᠲᠠᠯ᠎ᠠ ᠶᠢ | ᠰᠠᠶᠢᠳᠦᠷ ᠬᠠᠮᠠᠭᠠᠯᠠᠨ ᠠᠰᠢᠭᠯᠠᠨ᠎ᠠ᠃ ᠬᠤᠷᠴᠢᠨ ᠤ ᠠᠮᠢ ᠠᠬᠤᠢ ᠶᠢᠨ ᠰᠢᠨᠵᠢᠯᠡᠭᠡ ᠮᠡᠷᠭᠡᠵᠢᠯ ᠤᠨ ᠲᠠᠭᠤᠷᠢᠶᠡᠯ ᠬᠦᠷᠢᠶᠡᠯᠡᠩ ᠲᠤᠭᠤᠷᠢᠭ ᠢ ᠪᠦᠳᠦᠬᠡᠨ ᠪᠠᠶᠢᠭᠤᠯᠵᠦ᠂ | ᠠᠮᠢ ᠠᠬᠤᠢ ᠶᠢᠨ ᠰᠢᠨᠵᠢᠯᠡᠬᠦ ᠮᠡᠷᠬᠡᠵᠢᠯ ᠤᠨ ᠦᠷ᠎ᠡ ᠪᠦᠳᠦᠬᠡᠯ ᠢ ᠲᠡᠯᠭᠡᠷᠡᠬᠦᠯᠦᠨ ᠠᠰᠢᠭᠯᠠᠬᠤ ᠶᠢ ᠠᠬᠢᠭᠤᠯᠤᠨ᠎ᠠ᠃ ᠠᠮᠢᠳᠦ ᠪᠤᠳᠡᠰ ᠤᠨ ᠤᠯᠠᠨ ᠶᠠᠩᠵᠤᠳᠤ | ᠴᠢᠨᠠᠷ ᠤᠨ ᠲᠠᠭᠤᠷᠢᠶᠡᠯ ᠤᠷᠤᠨ ᠤ ᠪᠦᠳᠦᠭᠡᠨ ᠪᠠᠶᠢᠭᠤᠯᠤᠯᠳᠡ ᠶᠢᠨ ᠢᠨᠵᠧᠨᠧᠷᠢᠩ ᠢ ᠦᠪᠡᠷᠳᠡᠬᠡᠨ ᠵᠠᠰᠠᠬᠤ ᠤᠷᠤᠨ ᠪᠤᠯᠤᠨ ᠤᠯᠤᠰ ᠤᠨ ᠲᠡᠰ ᠤᠨ ᠴᠢᠬᠤᠯᠨ ᠲᠤᠮᠤ | ᠠᠮᠢ ᠠᠬᠤᠢ ᠶᠢᠨ ᠪᠠᠶᠢᠯᠳᠤᠬᠤ ᠪᠤᠳᠤᠯᠭ᠎ᠠ ᠳᠤ ᠤᠷᠤᠭᠤᠯᠬᠤ ᠪᠠᠷ ᠴᠢᠷᠮᠡᠶᠢᠨ᠎ᠡ᠃ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠡ ᠶᠢ ᠴᠢᠩᠭᠠᠳᠬᠠᠵᠦ᠂ | ᠤᠷᠴᠢᠨ ᠲᠤᠭᠤᠷᠢᠨ ᠤ ᠦᠷᠢ ᠰᠢᠷᠢ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠨ᠎ᠠ᠃ ᠰᠢᠨ᠎ᠡ ᠵᠠᠰᠠᠪᠤᠷᠢ ᠤᠷᠤᠭᠤᠯᠤᠭᠰᠠᠨ ︽ᠤᠷᠴᠢᠨ ᠲᠤᠭᠤᠷᠢᠨ ᠤ | ᠬᠠᠮᠠᠭᠠᠯᠠᠯᠳᠡ ᠶᠢᠨ ᠬᠠᠤᠯᠢ︾ ᠶᠢ ᠪᠦᠬᠦ ᠲᠠᠯ᠎ᠠ ᠪᠠᠷ ᠲᠤᠤᠱᠯᠠᠭᠤᠯᠵᠦ᠂ ᠠᠭᠠᠷ᠂ ᠤᠰᠤ᠂ ᠬᠦᠷᠦᠰᠦ ᠪᠤᠯᠤᠨ ᠬᠦᠨᠳᠦ ᠲᠡᠮᠦᠷᠯᠢᠭ ᠤᠨ ᠪᠤᠬᠢᠷᠳᠦᠯ ᠢ ᠶᠡᠷᠦᠩᠭᠡᠶᠢᠯᠡᠨ | ᠰᠡᠷᠬᠡᠶᠢᠯᠡᠵᠦ ᠵᠠᠰᠠᠬᠤ ᠶᠢ ᠴᠢᠩᠭᠠᠳᠬᠠᠨ᠂ ᠪᠤᠬᠢᠷᠳᠦᠯ ᠤᠨ ᠭᠠᠳᠠᠭᠰᠢᠯᠠᠭᠤᠯᠤᠯ ᠢ ᠪᠠᠭᠠᠰᠬᠠᠬᠤ᠂ ᠪᠤᠬᠢᠷᠳᠦᠯ ᠢ ᠵᠠᠰᠠᠬᠤ ᠭᠤᠤᠯᠳᠠᠯᠭ᠎ᠠ ᠲᠠᠢ ᠢᠨᠵᠧᠨᠧᠷᠢᠩ ᠤᠨ | ᠪᠠᠶᠢᠭᠤᠯᠤᠯᠳᠡ ᠶᠢ ᠴᠢᠩᠭᠠᠳᠬᠠᠵᠦ᠂ ᠤᠯᠠᠨ ᠲᠦᠮᠡᠨ ᠤ ᠡᠷᠡᠬᠦᠯ ᠮᠡᠨᠳᠦ ᠶᠢ ᠬᠤᠬᠢᠷᠠᠭᠤᠯᠤᠭᠰᠠᠨ ᠤᠷᠴᠢᠨ ᠲᠤᠭᠤᠷᠢᠨ ᠤ ᠪᠤᠬᠢᠷᠳᠦᠯ ᠤᠨ ᠠᠰᠠᠭᠤᠳᠡᠯ ᠢ ᠶᠡᠭᠡ | ᠬᠦᠴᠦ ᠵᠠᠷᠤᠴᠠᠭᠤᠯᠤᠨ ᠰᠢᠢᠳᠪᠦᠷᠢᠯᠡᠨ᠎ᠡ᠃ ᠤᠷᠴᠢᠨ ᠲᠤᠭᠤᠷᠢᠨ ᠢ ᠶᠡᠷᠦᠩᠭᠡᠶᠢᠯᠡᠨ ᠴᠡᠭᠴᠡᠯᠡᠵᠦ ᠵᠠᠰᠠᠬᠤ ᠪᠡ ᠬᠠᠤᠯᠢ ᠬᠡᠷᠡᠭᠵᠢᠬᠦᠯᠬᠦ ᠡᠷᠴᠢᠮ ᠢᠶᠠᠨ ᠶᠡᠬᠡᠰᠬᠡᠵᠦ᠂ | ᠤᠷᠴᠢᠨ ᠲᠤᠭᠤᠷᠢᠨ ᠯᠤᠭ᠎ᠠ ᠬᠤᠯᠪᠤᠭ᠎ᠠ ᠲᠠᠢ ᠬᠠᠤᠯᠢ ᠠᠴᠠ ᠵᠦᠷᠢᠴᠡᠭᠰᠡᠨ ᠦᠢᠯᠨ ᠠᠵᠢᠯᠯᠠᠭ᠎ᠠ ᠳᠤ ᠤᠭᠳᠤ ᠢᠯᠳᠡᠷ ᠬᠠᠶᠠᠬᠤ ᠦᠬᠡᠢ᠃ ᠲᠡᠷᠢᠶᠡᠯᠡᠩ ᠮᠠᠯ ᠠᠵᠦ | ᠠᠬᠤᠢ ᠶᠢᠨ ᠴᠡᠪᠡᠷ ᠦᠢᠯᠡᠳᠪᠦᠷᠢᠯᠡᠯ᠂ ᠠᠵᠦ ᠦᠢᠯᠡᠳᠪᠦᠷᠢ ᠶᠢᠨ ᠡᠷᠬᠢᠯᠳᠡᠳᠦ ᠠᠰᠢᠭᠯᠠᠯᠳᠡ ᠶᠢᠨ ᠲᠠᠭᠤᠷᠢᠶᠡᠯ ᠲᠦᠷᠦᠯ ᠵᠦᠢᠯ ᠪᠤᠯᠤᠨ ᠲᠠᠭᠤᠷᠢᠶᠡᠯ ᠰᠠᠭᠤᠷᠢᠨ ᠤ | ᠪᠠᠶᠢᠭᠤᠯᠤᠯᠳᠡ ᠶᠢ ᠰᠠᠶᠢᠳᠦᠷ ᠠᠳᠬᠤᠵᠦ᠂ ᠡᠷᠬᠢᠯᠳᠡᠳᠦ ᠠᠵᠦ ᠠᠬᠤᠢ ᠶᠢ ᠶᠡᠭᠡ ᠪᠠᠷ ᠬᠦᠭᠵᠢᠬᠦᠯᠦᠨ᠎ᠡ᠃ ᠤᠰᠤ ᠬᠡᠷᠡᠭᠯᠡᠬᠦ ᠶᠡᠷᠦᠩᠭᠡᠢ ᠬᠡᠮᠵᠢᠶ᠎ᠡ ᠶᠢ ᠬᠢᠵᠠᠭᠠᠷᠯᠠᠬᠤ | ᠪᠠ ᠤᠰᠤ ᠬᠡᠷᠡᠭᠯᠡᠬᠦ ᠦᠷ᠎ᠡ ᠠᠰᠢᠭ ᠤᠨ ᠰᠢᠰᠲ᠋ᠧᠮ ᠢ ᠪᠠᠶᠢᠭᠤᠯᠵᠦ᠂ ᠭᠠᠵᠠᠷ ᠲᠤᠤᠷᠡᠬᠢ ᠤᠰᠤ ᠶᠢ ᠠᠷᠪᠢᠯᠠᠨ ᠬᠠᠮᠠᠭᠠᠯᠠᠬᠤ ᠶᠢ ᠴᠢᠩᠭᠠᠳᠬᠠᠨ᠎ᠠ᠃ ᠪᠠᠶᠢᠭᠠᠯᠢ ᠶᠢᠨ | ᠡᠬᠢ ᠰᠤᠷᠪᠤᠯᠵᠢ ᠶᠢᠨ ᠦᠪ ᠬᠦᠷᠦᠩᠭᠡ ᠶᠢᠨ ᠪᠦᠷᠢᠳᠬᠡᠯ᠂ ᠤᠳᠤᠷᠢᠳᠬᠤ ᠺᠠᠳ᠋ᠷ ᠲᠤᠰᠢᠶᠡᠯ ᠠᠴᠠ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠰᠤᠷᠪᠤᠯᠵᠢ ᠶᠢᠨ ᠦᠪ | ᠬᠦᠷᠦᠩᠭᠡ ᠶᠢ ᠬᠢᠨᠡᠨ ᠪᠤᠳᠤᠬᠤ᠂ ᠠᠮᠢ ᠠᠬᠤᠢ ᠶᠢᠨ ᠤᠷᠴᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠠᠰᠤᠨ ᠲᠤᠷᠰᠢ ᠨᠡᠬᠡᠮᠵᠢᠯᠡᠬᠦ ᠲᠦᠷᠢᠮ ᠵᠤᠬᠢᠶᠠᠬᠤ ᠵᠠᠷᠭᠡ | ᠭᠤᠷᠪᠡᠨ ᠵᠦᠢᠯ ᠤᠨ ᠭᠤᠤᠯᠳᠠᠯᠭ᠎ᠠ ᠲᠠᠢ ᠡᠬᠦᠷᠭᠡ ᠶᠢ ᠨᠡᠷᠢᠨ ᠬᠢᠨᠠᠮᠠᠭᠠᠢ ᠰᠠᠶᠢᠳᠦᠷ ᠠᠳᠬᠤᠵᠦ᠂ ᠡᠬᠢ ᠰᠤᠷᠪᠤᠯᠵᠢ ᠶᠢ ᠦᠨ᠎ᠡ ᠲᠦᠯᠦᠪᠦᠷᠢ ᠲᠠᠢ ᠬᠡᠷᠡᠭᠯᠡᠬᠦ ᠪᠠ ᠠᠮᠢ | ᠠᠬᠤᠢ ᠶᠢᠨ ᠲᠦᠯᠦᠪᠦᠷᠢ ᠦᠭᠭᠦ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠡ ᠶᠢᠨ ᠲᠦᠷᠢᠮᠵᠢᠬᠦ ᠪᠠ | ᠬᠠᠤᠯᠢᠵᠢᠬᠤ ᠶᠢ ᠲᠦᠯᠬᠢᠨ ᠠᠬᠢᠭᠤᠯᠤᠨ᠎ᠠ᠃ | ︵ᠲᠡᠪᠤ︶ ᠦᠬᠡᠷᠡᠴᠢᠯᠡᠯᠳᠡ ᠬᠢᠵᠦ ᠴᠢᠯᠦᠬᠡᠳᠡᠢ ᠶᠠᠪᠤᠯᠴᠠᠬᠤ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠦ᠂ ᠬᠦᠭᠵᠢᠯᠳᠡ ᠶᠢᠨ ᠰᠢᠨ᠎ᠡ ᠬᠦᠳᠡᠯᠬᠡᠬᠦ ᠬᠦᠴᠦᠨ ᠢ | ᠨᠡᠮᠡᠭᠳᠡᠬᠦᠯᠦᠨ᠎ᠡ | ᠵᠠᠰᠠᠭ ᠤᠨ ᠤᠷᠳᠤᠨ ᠪᠤᠯᠤᠨ ᠵᠠᠬ᠎ᠠ ᠲᠡᠯᠬᠡᠬᠦᠷ ᠤᠨ ᠬᠠᠷᠢᠴᠠᠭ᠎ᠠ ᠶᠢ ᠵᠦᠪ ᠰᠢᠢᠳᠪᠦᠷᠢᠯᠡᠵᠦ᠂ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠ ᠴᠢᠯᠦᠬᠡᠳᠡᠢ | ᠶᠠᠪᠤᠯᠴᠠᠬᠤ ᠶᠢ ᠦᠷᠭᠡᠳᠭᠡᠬᠦ ᠪᠠᠷ ᠰᠢᠪᠳᠦᠯᠦᠯᠳᠡ ᠪᠤᠯᠭᠠᠵᠦ᠂ ᠵᠠᠬ᠎ᠠ ᠲᠡᠯᠭᠡᠭᠦᠷ ᠪᠤᠯᠦᠨ ᠨᠡᠶᠢᠭᠡᠮ ᠤᠨ ᠠᠮᠢᠯᠠᠯ ᠤᠨ ᠬᠦᠴᠦᠨ ᠢ ᠬᠠᠮᠤᠭ ᠶᠡᠭᠡ ᠪᠠᠷ ᠬᠦᠭᠵᠢᠭᠡᠨ᠎ᠡ᠃ | ᠭᠤᠤᠯᠳᠠᠯᠭ᠎ᠠ ᠲᠠᠢ ᠬᠦᠷᠢᠶ᠎ᠡ ᠴᠠᠷ᠎ᠠ ᠪᠤᠯᠦᠨ ᠵᠠᠩᠭᠢᠯᠠᠭ᠎ᠠ ᠶᠢᠨ ᠭᠤᠭᠴᠤᠭ᠎ᠠ ᠶᠢᠨ ᠦᠭᠡᠷᠡᠴᠢᠯᠡᠯᠳᠡ ᠶᠢ ᠭᠦᠡᠵᠡᠭᠡᠶᠢᠷᠡᠭᠦᠯᠦᠨᠡ᠃ ᠨᠢᠭᠡ ᠳᠤ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠭᠦ ᠲᠦᠷᠢᠮ ᠤᠨ ᠦᠭᠡᠷᠡᠴᠢᠯᠡᠯᠳᠡ ᠶᠢ ᠬᠦᠡᠵᠡᠭᠡᠶᠢᠷᠡᠭᠦᠯᠦᠨᠡ᠃ ᠵᠠᠰᠠᠭ ᠢ ᠴᠤᠮᠬᠠᠳᠬᠠᠨ ᠡᠷᠭᠡ ᠶᠢ ᠲᠤᠷᠤᠬᠰᠢ ᠪᠠᠭᠤᠯᠭᠠᠬᠤ ᠶᠢ ᠠᠬᠢᠭᠤᠯᠦᠨ᠂ | ᠵᠠᠰᠠᠭ ᠤᠨ ᠤᠷᠳᠦᠨ ᠤ ᠪᠠᠭᠤᠯᠭᠠᠬᠤ ᠴᠢᠬᠤᠯᠨ ᠲᠠᠢ ᠵᠦ᠋ᠶᠢᠯ ᠢ ᠵᠠᠪᠠᠯ ᠪᠠᠭᠤᠯᠭᠠᠵᠦ᠂ ᠵᠠᠰᠠᠭ ᠤᠨ ᠤᠷᠳᠤᠨ ᠬᠠᠮᠢᠶᠠᠷᠪᠡᠯ ᠵᠤᠬᠢᠬᠤ ᠵᠦᠢᠯ ᠢ ᠵᠠᠪᠠᠯ ᠰᠠᠶᠢᠳᠦᠷ | ᠬᠠᠮᠢᠶᠠᠷᠤᠨ᠎ᠠ᠃ ᠦᠯᠡᠳᠡᠭᠡᠭᠰᠡᠨ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠵᠦᠢᠯ ᠢ ᠪᠦᠷ ᠵᠠᠰᠠᠭ ᠤᠨ ᠶᠠᠪᠤᠳᠡᠯ ᠤᠨ ᠦᠢᠯᠡᠴᠢᠯᠡᠬᠡᠨ ᠤ ᠲᠦᠪ ᠲᠤ ᠤᠷᠤᠭᠤᠯᠵᠦ | ᠲᠦᠪᠯᠡᠷᠡᠬᠦᠯᠦᠨ ᠬᠦᠢᠴᠡᠳᠬᠡᠵᠦ᠂ ︽ᠲᠦᠪ ᠤᠨ ᠭᠠᠳᠡᠨ᠎ᠡ︾ ᠰᠢᠢᠳᠪᠦᠷᠢᠯᠡᠬᠦ ᠦᠬᠡᠢ᠃ ᠬᠤᠳᠠᠯᠳᠤᠭᠠᠨ ᠤ ᠶᠡᠪᠤᠳᠡᠯ ᠤᠨ ᠲᠦᠷᠢᠮ ᠤᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠵᠦ᠂ ᠠᠵᠦ ᠠᠬᠤᠶᠢᠯᠠᠯ ᠤᠨ ᠲᠠᠩᠰᠠᠯᠠᠭᠰᠠᠨ ︽ᠭᠤᠷᠪᠡᠨ ᠦᠨᠡᠮᠯᠡᠯ ᠢ ᠨᠢᠬᠡ ᠪᠤᠯᠭᠠᠬᠤ︾ ᠶᠢ ᠲᠦᠷᠭᠡᠨ ᠲᠡᠯᠬᠡᠷᠡᠬᠦᠯᠦᠨ᠎ᠡ᠃ ᠰᠦᠯᠵᠢᠶᠡᠨ ᠲᠡᠭᠡᠷ᠎ᠡ | ᠬᠢᠨᠡᠨ ᠵᠦᠪᠰᠢᠶᠡᠷᠡᠬᠦ ᠶᠢ ᠪᠦᠬᠦ ᠲᠡᠯ᠎ᠡ ᠪᠠᠷ ᠲᠡᠯᠬᠡᠷᠡᠬᠦᠯᠦᠨ᠂ ᠬᠢᠨᠡᠨ ᠵᠦᠪᠰᠢᠶᠡᠷᠡᠬᠦ ᠴᠠᠭ ᠢ ᠶᠡᠭᠡ ᠪᠠᠷ ᠪᠠᠭᠠᠰᠬᠠᠨ᠂ ᠵᠠᠰᠠᠭ ᠵᠠᠬᠢᠷᠭᠠᠨ ᠤ ᠦᠷ᠎ᠡ ᠪᠦᠳᠦᠮᠵᠢ ᠶᠢ | ᠲᠡᠭᠡᠭᠰᠢᠯᠡᠬᠦᠯᠦᠨ᠎ᠡ᠃ ᠬᠤᠶᠠᠷ ᠲᠤ ᠴᠠᠬᠢᠯᠭᠠᠨᠬᠦ᠋ᠴᠦᠨ ᠤ ᠦᠪᠡᠷᠳᠡᠭᠡᠨ ᠡᠵᠡᠩᠨᠡᠬᠦ ᠲᠤᠭᠤᠷᠢᠭ ᠤᠨ ᠪᠠᠶᠢᠭᠤᠯᠤᠯᠳᠡ ᠶᠢ ᠲᠦᠷᠭᠡᠳᠭᠡᠨ᠎ᠡ᠃ ᠬᠡᠷᠡᠭᠯᠡᠭᠴᠢᠳ ᠤᠨ | ᠰᠢᠭᠤᠳ ᠴᠠᠬᠢᠯᠭᠠᠨ ᠬᠡᠷᠡᠭᠯᠡᠬᠦ ᠬᠡᠪᠴᠢᠶ᠎ᠡ ᠪᠡ ᠬᠦᠷᠢᠶ᠎ᠡ ᠴᠡᠷ᠎ᠡ ᠶᠢ ᠤᠯᠠᠮ ᠴᠢᠨᠠᠭᠰᠢᠳᠡ ᠶᠡᠬᠡᠰᠬᠡᠵᠦ᠂ ᠤᠮᠠᠷᠡᠳᠦ ᠬᠡᠰᠡᠭ ᠤᠨ ᠤᠷᠤᠨᠵᠢᠯ ᠤᠨ ᠪᠢᠴᠢᠯ ᠮᠠᠶ᠋ᠢᠭ ᠤᠨ | ᠴᠠᠬᠢᠯᠭᠠᠨ ᠲᠤᠤᠷ ᠤᠨ ᠲᠤᠷᠰᠢᠯᠳᠡ ᠶᠢᠨ ᠴᠡᠭ ᠤᠨ ᠠᠵᠢᠯ ᠢ ᠢᠳᠡᠪᠬᠢᠳᠡᠢ ᠠᠬᠢᠭᠤᠯᠤᠨ᠎ᠠ᠃ ᠭᠤᠷᠪᠡ ᠳᠤ ᠤᠯᠤᠰ ᠤᠨᠦᠮᠴᠢᠯᠡᠯ ᠤᠨ ᠠᠵᠦ ᠠᠬᠤᠶᠢᠯᠡᠯ ᠤᠨ | ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠡ᠃ ᠬᠤᠤᠯᠢᠩᠭᠤᠤᠯ ᠨᠡᠬᠦᠷᠡᠰᠦᠨ ᠪᠦᠯᠦᠭᠯᠡᠯ ᠤᠨ ᠤᠳᠤᠬᠢᠴᠢ ᠠᠵᠦ ᠠᠬᠤᠶᠢᠯᠠᠯ ᠤᠨ ᠲᠦᠷᠢᠮ ᠪᠠᠶᠢᠭᠤᠯᠬᠤ ᠶᠢ ᠠᠬᠢᠭᠤᠯᠵᠦ | ᠂ ᠬᠠᠷᠢᠶᠠᠳᠤ ᠠᠵᠦ ᠠᠬᠤᠶᠢᠯᠠᠯ ᠤᠨ ᠬᠤᠯᠢᠮᠠᠭ ᠨᠡᠶᠢᠳᠡ ᠶᠢᠨ ᠦᠮᠴᠢᠯᠡᠯ ᠤᠨ ᠲᠦᠷᠢᠮ ᠤᠨ ᠦᠬᠡᠷᠡᠴᠢᠯᠡᠯᠳᠡ ᠶᠢ ᠲᠦᠷᠭᠡᠳᠭᠡᠨ᠎ᠡ᠃ ᠲᠦᠷᠪᠡ ᠳᠤ ᠬᠦᠳᠡᠭᠡ | ᠲᠤᠰᠬᠤᠨ ᠮᠠᠯᠵᠢᠬᠤ ᠤᠷᠤᠨ ᠤ ᠶᠡᠷᠦᠩᠭᠡᠶᠢᠯᠡᠭᠰᠡᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠡ᠃ ᠬᠦᠳᠡᠭᠡ ᠲᠤᠰᠬᠤᠨ ᠮᠠᠯᠵᠢᠬᠤ ᠤᠷᠤᠨ ᠳᠤ ᠮᠦᠡᠭᠭᠦᠨ | ᠬᠦᠢᠯᠬᠡᠬᠡᠨ ᠤ ᠦᠬᠡᠷᠡᠴᠢᠯᠡᠯᠳᠡ ᠶᠢᠨ ᠲᠤᠷᠰᠢᠯᠳᠡ ᠶᠢᠨ ᠴᠡᠭ ᠤᠨ ᠠᠵᠢᠯ ᠦᠷᠨᠢᠬᠦᠯᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠭᠠᠵᠠᠷ ᠰᠢᠷᠦᠢ ᠶᠢᠨ ᠡᠷᠭᠡ ᠶᠢ | ᠲᠤᠭᠳᠠᠭᠠᠨ ᠲᠡᠮᠳᠡᠭᠯᠡᠬᠦ ᠲᠤᠷᠰᠢᠯᠳᠡ ᠶᠢᠨ ᠴᠡᠭ ᠪᠤᠯᠤᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠤᠷᠤᠨ ᠤ ᠨᠤᠳᠤᠭ ᠪᠡᠯᠴᠢᠬᠡᠷ ᠢ ᠬᠤᠪᠢᠶᠠᠷᠢᠯᠡᠨ ᠲᠤᠭᠳᠠᠭᠠᠬᠤ | ᠬᠢᠬᠡᠳ ᠪᠡᠯᠴᠢᠬᠡᠷ ᠬᠠᠳᠤᠯᠡᠩ ᠤᠨ ᠡᠷᠬᠡ ᠶᠢ ᠲᠤᠭᠳᠠᠭᠠᠨ ᠲᠡᠮᠳᠡᠭᠯᠡᠬᠦ ᠠᠵᠢᠯ ᠢ ᠪᠡᠶᠡᠯᠡᠬᠦᠯᠦᠨ᠎ᠡ᠃ ᠬᠠᠮᠳᠤ ᠨᠡᠶᠢᠳᠡ ᠶᠢᠨ ᠤᠢ ᠰᠢᠭᠤᠢ ᠶᠢᠨ ᠦᠬᠡᠷᠡᠴᠢᠯᠡᠯᠳᠡ ᠶᠢᠨ | ᠦᠷ᠎ᠡ ᠪᠦᠳᠦᠬᠡᠯ ᠢ ᠪᠡᠳᠤᠳᠬᠠᠨ ᠦᠷᠭᠡᠳᠬᠡᠵᠦ᠂ ᠤᠢ ᠶᠢᠨ ᠡᠷᠬᠡ ᠪᠠᠨ ᠪᠠᠷᠢᠴᠠᠭᠠᠯᠠᠭᠰᠠᠨ ᠵᠢᠬᠡᠯᠡᠯᠬᠡ᠂ ᠤᠢ ᠰᠢᠭᠤᠢ ᠶᠢᠨ ᠲᠠᠭᠠᠳᠬᠠᠯ ᠵᠡᠷᠭᠡ ᠬᠠᠮᠢᠶ᠎ᠠ ᠪᠦᠬᠦᠢ | ᠲᠦᠬᠦᠷᠵᠢᠬᠦᠯᠦᠭᠰᠡᠨ ᠦᠬᠡᠷᠡᠴᠢᠯᠡᠯᠳᠡ ᠶᠢ ᠢᠳᠡᠪᠬᠢᠳᠡᠢ ᠦᠷᠨᠢᠬᠦᠯᠦᠨ᠎ᠡ᠃ ᠬᠦᠳᠡᠭᠡ ᠲᠤᠰᠬᠤᠨ ᠮᠠᠯᠵᠢᠬᠤ ᠤᠷᠤᠨ ᠤ ᠵᠢᠵᠢᠭ ᠬᠡᠯᠪᠡᠷᠢ ᠶᠢᠨ ᠤᠨ ᠤᠰᠤᠨ | ᠠᠰᠢᠭᠯᠡᠯᠳᠡ ᠶᠢᠨ ᠢᠨᠵᠧᠨᠧᠷᠢᠩ ᠤᠨ ᠦᠮᠴᠢᠯᠡᠯ ᠤᠨ ᠡᠷᠬᠡ ᠶᠢᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠡᠬᠢᠯᠡᠬᠦᠯᠵᠦ᠂ ᠤᠮᠠᠷᠡᠳᠦ ᠬᠡᠰᠡᠭ ᠤᠨ ᠮᠠᠯᠵᠢᠬᠤ ᠤᠷᠤᠨ ᠤ | ᠤᠳᠤᠬᠢᠴᠢᠯᠠᠯᠳᠡ ᠪᠠ ᠤᠳᠤᠬᠢᠴᠢ ᠲᠠᠷᠢᠶᠡᠯᠡᠩ ᠮᠠᠯ ᠠᠵᠦ ᠠᠬᠤᠢ ᠶᠢᠨ ᠶᠡᠷᠦᠩᠭᠡᠶᠢᠯᠡᠭᠰᠡᠨᠦᠬᠡᠷᠡᠴᠢᠯᠡᠯᠳᠡ ᠬᠦᠭᠵᠢᠯᠳᠡ ᠶᠢᠨ ᠲᠠᠭᠤᠷᠢᠶᠡᠯ ᠲᠤᠭᠤᠷᠢᠭ ᠤᠨ | ᠪᠠᠶᠢᠭᠤᠯᠤᠯᠳᠡ ᠶᠢ ᠲᠦᠷᠭᠡᠳᠭᠡᠨ᠎ᠡ᠃ ᠲᠠᠪᠤ ᠳᠤ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠳᠡ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠡ᠃ | ᠰᠢᠨ᠎ᠡ ︽ᠲᠦᠰᠦᠪ ᠤᠨ ᠬᠠᠤᠯᠢ︾ ᠶᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠵᠦ᠂ ᠲᠦᠰᠦᠪ ᠤᠨ ᠬᠠᠮᠢᠶᠠᠷᠤᠯᠳᠡ ᠶᠢᠨ ᠲᠦᠷᠢᠮ ᠢ ᠰᠠᠶᠢᠵᠢᠷᠠᠭᠤᠯᠵᠦ᠂ | ᠤᠨ ᠠᠯᠤᠰᠯᠠᠭᠰᠠᠨ ᠲᠦᠰᠦᠪ ᠢ ᠲᠡᠩᠴᠡᠬᠦᠷᠢᠰᠢᠬᠦᠯᠬᠦ ᠲᠤᠭᠳᠠᠴᠠ ᠶᠢ ᠪᠠᠶᠢᠭᠤᠯᠵᠦ᠂ ᠵᠠᠰᠠᠭ ᠤᠨ ᠤᠷᠳᠤᠨ ᠤ ᠤᠷᠤᠯᠭ᠎ᠠ ᠵᠠᠷᠤᠯᠭ᠎ᠠ ᠶᠢ ᠪᠦᠬᠦᠨ ᠢᠶᠠᠷ ᠨᠢ ᠲᠦᠰᠦᠪ | ᠤᠷᠤᠭᠤᠯᠤᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠦᠴᠡ ᠶᠢ ᠰᠢᠯᠢᠳᠡᠭᠵᠢᠬᠦᠯᠵᠦ᠂ ᠭᠤᠤᠯᠳᠠᠯᠭᠠᠳᠡᠢ ᠵᠠᠷᠤᠯᠭ᠎ᠠ ᠶᠢ ᠪᠠᠳᠤᠯᠠᠨ᠎ᠠ᠃ ᠵᠠᠰᠠᠭ ᠤᠨ ᠤᠷᠳᠤᠨ ᠤ | ᠦᠭᠴᠡᠭᠡᠨ ᠤ ᠬᠡᠪᠴᠢᠶ᠎ᠡ ᠶᠢ ᠬᠢᠵᠠᠭᠠᠷᠯᠠᠬᠤ ᠪᠠ ᠲᠦᠷᠦᠯ ᠬᠤᠪᠢᠶᠠᠨ ᠬᠠᠮᠢᠶᠠᠷᠴᠦ᠂ ᠵᠠᠰᠠᠭ ᠤᠨ ᠤᠷᠳᠤᠨ ᠤ ᠦᠷᠢᠳᠦᠬᠦ ᠠᠵᠢᠯᠯᠠᠭ᠎ᠠ ᠶᠢ ᠲᠦᠷᠢᠮᠵᠢᠬᠦᠯᠦᠨ᠎ᠡ᠃ | ᠬᠠᠤᠯᠢ ᠶᠤᠰᠤᠭᠠᠷ ᠡᠳ᠋ ᠤᠨ ᠶᠠᠪᠤᠳᠡᠯ ᠢ ᠡᠷᠬᠢᠯᠡᠬᠦ ᠶᠢ ᠪᠠᠷᠢᠮᠳᠡᠯᠡᠵᠦ᠂ ᠡᠳ᠋ ᠤᠨ ᠵᠠᠰᠠᠭ ᠤᠨ ᠪᠡᠯᠨ ᠮᠦᠡᠭᠭᠦ ᠢᠯᠨ ᠲᠤᠳᠤ ᠡᠷᠬᠢᠯᠳᠦᠬᠦ ᠶᠢ ᠪᠠᠳᠤᠯᠠᠨ᠎ᠠ᠃ | ᠴᠢᠯᠦᠬᠡᠳᠡᠢ ᠶᠠᠪᠤᠯᠴᠠᠬᠤ ᠶᠢ ᠦᠷᠭᠡᠳᠭᠡᠬᠦ ᠪᠠᠷ ᠬᠦᠭᠵᠢᠯᠳᠡ ᠶᠢᠨ ᠬᠦᠴᠦᠨ ᠢ ᠨᠡᠮᠡᠭᠳᠡᠬᠦᠯᠦᠨ᠎ᠡ᠃ ᠤᠯᠤᠰ᠂ ᠦᠪᠡᠷᠳᠡᠬᠡᠨ ᠵᠠᠰᠠᠬᠤ ᠤᠷᠤᠨ ᠤ ᠴᠢᠯᠦᠬᠡᠳᠡᠢ | ᠶᠠᠪᠤᠯᠴᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠴᠦ᠂ ᠤᠯᠤᠰ ᠤᠨ ᠲᠤᠳᠤᠭᠠᠳᠤ ᠪᠠ ᠲᠡᠯᠡᠬᠡᠢ ᠶᠢᠨ | ᠵᠠᠬ᠎ᠠ ᠲᠡᠯᠬᠡᠬᠦᠷ ᠲᠤ ᠬᠠᠨᠳᠤᠭᠤᠯᠵᠦ᠂ ᠴᠢᠯᠦᠬᠡᠳᠡᠢ ᠶᠠᠪᠤᠯᠴᠠᠬᠤ ᠪᠠᠷ ᠠᠮᠢᠵᠢᠷᠡᠯ ᠤᠨ ᠬᠦᠴᠦᠨ ᠢ ᠨᠡᠮᠡᠭᠳᠡᠬᠦᠯᠦᠨ ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠦ | ᠂ ᠬᠦᠭᠵᠢᠯᠳᠡ ᠶᠢ ᠠᠬᠢᠭᠤᠯᠤᠨ᠂ ᠪᠦᠬᠦ ᠲᠠᠯ᠎ᠠ ᠶᠢᠨ᠂ ᠤᠯᠠᠨ ᠲᠡᠰ ᠲᠠᠪᠬᠤᠷᠭ᠎ᠠ ᠲᠠᠢ᠂ ᠦᠷᠬᠡᠨ ᠬᠦᠷᠢᠶ᠎ᠡ ᠴᠡᠷ᠎ᠡ ᠲᠠᠢ ᠭᠠᠳᠠᠭᠰᠢ ᠴᠢᠯᠦᠬᠡᠳᠡᠢ ᠶᠠᠪᠤᠯᠴᠠᠬᠤ | ᠲᠦᠷᠰᠦ ᠪᠠᠶᠢᠳᠡᠯ ᠢ ᠪᠠᠶᠢᠭᠤᠯᠤᠨ᠎ᠠ᠃ ᠲᠤᠳᠤᠭᠠᠳᠤ ᠬᠠᠭᠤᠷᠡᠢ ᠶᠢᠨ ᠬᠦᠪᠡᠭᠡ ᠲᠠᠭᠠᠤ ᠴᠢᠯᠦᠬᠡᠳᠡᠢ ᠶᠠᠪᠤᠯᠴᠠᠬᠤ ᠰᠢᠨ᠎ᠡ ᠪᠡᠶᠢᠷᠢ ᠶᠢ ᠲᠦᠷᠭᠡᠨ ᠪᠠᠶᠢᠭᠤᠯᠤᠨ᠎ᠠ᠃ | ᠤᠯᠤᠰ ᠠᠴᠠ ᠬᠡᠷᠡᠭᠵᠢᠬᠦᠯᠵᠦ ᠪᠠᠶᠢᠭ᠎ᠠ ︽ᠨᠢᠬᠡ ᠪᠦᠰᠡ ᠨᠢᠬᠡ ᠵᠠᠮ︾ ᠤᠨ ᠪᠠᠶᠢᠯᠳᠤᠬᠤ ᠪᠤᠳᠤᠯᠭ᠎ᠠ᠂ ᠦᠪᠡᠷᠳᠡᠬᠡᠨ ᠵᠠᠰᠠᠬᠤ ᠤᠷᠤᠨ ᠤ ᠤᠮᠠᠷᠡᠰᠢ ᠨᠡᠬᠡᠬᠡᠬᠦ | ᠬᠦᠬᠦᠷᠬᠡᠨ ᠪᠠᠬᠢᠯᠡᠯᠳᠡ ᠪᠠ ᠬᠢᠯᠢ ᠲᠠᠭᠠᠤ ᠠᠵᠦ ᠠᠬᠤᠢ ᠶᠢᠨ ᠪᠦᠰᠡ ᠶᠢ ᠪᠠᠶᠢᠭᠤᠯᠬᠤ ᠠᠵᠠ ᠲᠤᠬᠢᠶᠠᠯ ᠢ ᠡᠵᠡᠮᠳᠡᠨ᠂ ︽ᠭᠤᠷᠪᠡᠨ ᠲᠤᠮᠤ ᠠᠵᠦ ᠦᠢᠯᠡᠰ ᠤᠨ | ᠪᠦᠯᠦᠭᠵᠢᠯᠳᠡ︾ ᠢ ᠪᠠᠶᠢᠭᠤᠯᠤᠨ᠂ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠪᠠᠷ ᠬᠠᠷᠡᠯᠳᠡ ᠪᠤᠯᠭᠠᠵᠦ᠂ ᠨᠡᠩ ᠢᠯᠡᠬᠦᠦ ᠴᠢᠯᠦᠬᠡᠳᠡᠢ | ᠶᠠᠪᠤᠯᠴᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠰᠢᠨ᠎ᠡ ᠬᠦᠳᠡᠯᠬᠡᠬᠦ ᠬᠦᠴᠦᠨ᠂ ᠰᠢᠨ᠎ᠡ ᠤᠷᠤᠨ ᠵᠠᠢ ᠶᠢ ᠨᠡᠬᠡᠬᠡᠬᠦ ᠪᠠᠷ ᠠᠵᠦ ᠠᠬᠤᠢ ᠶᠢᠨ | ᠬᠦᠭᠵᠢᠯᠳᠡ ᠶᠢᠨ ᠰᠢᠨ᠎ᠡ ᠬᠡᠪ ᠤᠨ ᠪᠠᠶᠢᠳᠡᠯ ᠢ ᠲᠠᠶᠢᠴᠢᠯᠠᠨ᠎ᠠ᠃ ᠤᠷᠤᠰ ᠮᠤᠩᠭᠤᠯ ᠯᠤᠭ᠎ᠠ ᠴᠢᠯᠦᠬᠡᠳᠡᠢ ᠶᠠᠪᠤᠯᠴᠠᠭ᠎ᠠ ᠬᠠᠮᠳᠤᠷᠡᠯᠴᠠᠭ᠎ᠠ ᠪᠠᠨ ᠬᠦᠨᠵᠡᠬᠡᠶᠢᠷᠡᠬᠦᠯᠦᠨ᠎ᠡ᠃ | ᠬᠤᠳᠡ ᠶᠢᠨ ᠨᠠᠮ ᠤᠨ ᠬᠤᠷᠢᠶ᠎ᠡ ᠵᠠᠰᠠᠭ ᠤᠨ ᠤᠷᠳᠤᠨ ᠤ ︽ᠤᠷᠤᠰ ᠪᠠ ᠮᠤᠩᠭᠤᠯ ᠤᠯᠤᠰ ᠯᠤᠭ᠎ᠠ ᠶᠢᠨ ᠬᠠᠮᠳᠤᠷᠡᠯᠴᠠᠭ᠎ᠠ ᠶᠢ ᠤᠯᠠᠮ ᠴᠢᠨᠠᠭᠰᠢᠳᠡ ᠴᠢᠩᠭᠠᠳᠬᠠᠬᠤ | ᠶᠢ ᠬᠡᠷᠡᠭᠵᠢᠬᠦᠯᠬᠦ ᠲᠤᠬᠠᠢ ᠰᠠᠨᠠᠯ︾ ᠢ ᠨᠠᠶᠢᠳᠡᠪᠦᠷᠢᠵᠢᠭᠤᠯᠵᠦ᠂ ᠲᠠᠯ᠎ᠠ ᠨᠤᠳᠤᠭ ᠤᠨ ᠲᠤᠷᠭᠠᠨ ᠵᠠᠮ ᠤᠨ ᠵᠠᠩᠭᠢᠯᠠᠭ᠎ᠠ ᠶᠢᠨ ᠬᠤᠳᠡ ᠶᠢ ᠪᠠᠶᠢᠭᠤᠯᠵᠦ᠂ ᠤᠷᠤᠰ ᠪᠠ | ᠮᠤᠩᠭᠤᠯ ᠤᠯᠤᠰ ᠯᠤᠭ᠎ᠠ ᠶᠢᠨ ᠬᠠᠮᠳᠤᠷᠠᠯᠴᠠᠭ᠎ᠠ ᠶᠢ ᠪᠦᠬᠦ ᠲᠠᠯ᠎ᠠ ᠪᠠᠷ ᠦᠷᠨᠢᠬᠦᠯᠦᠨ᠎ᠡ᠃ ᠪᠤᠭᠤᠮᠳᠡ ᠶᠢᠨ ᠦᠢᠯᠡᠴᠢᠯᠡᠬᠡᠨ ᠤ ᠴᠢᠳᠡᠪᠬᠢᠳᠦ ᠤᠷᠤᠨ ᠪᠠ ᠭᠠᠶᠢᠯᠢ ᠶᠢᠨ | ᠪᠠᠳᠤᠯᠠᠭ᠎ᠠ ᠶᠢᠨ ᠬᠦᠮᠦᠷᠭᠡ ᠶᠢ ᠬᠠᠮᠵᠢᠯᠴᠠᠨ ᠪᠠᠶᠢᠭᠤᠯᠵᠦ᠂ ᠠᠵᠦ ᠦᠢᠯᠡᠰ ᠤᠨ ᠤᠷᠤᠰ ᠮᠤᠩᠭᠤᠯ ᠳᠠᠬᠢ ᠪᠤᠷᠤᠯᠠᠭᠤᠯᠤᠯᠳᠡ ᠶᠢᠨ ᠲᠦᠪ ᠡᠰᠡᠬᠦᠯ᠎ᠡ | ᠪᠤᠯᠪᠠᠰᠤᠷᠠᠭᠤᠯᠬᠤ ᠰᠠᠭᠤᠷᠢᠨ ᠢ ᠲᠡᠮᠵᠢᠵᠦ᠂ ᠭᠠᠳᠠᠭᠰᠢ ᠭᠠᠷᠭᠠᠬᠤ ᠠᠷᠠᠯᠵᠢᠶ᠎ᠠ ᠪᠠ ᠪᠤᠯᠪᠠᠰᠤᠷᠠᠭᠤᠯᠬᠤ ᠠᠷᠠᠯᠵᠢᠶ᠎ᠠ ᠶᠢ ᠬᠦᠭᠵᠢᠬᠦᠯᠦᠨ᠎ᠡ᠃ ᠤᠷᠤᠰ ᠮᠤᠩᠭᠤᠯ | ᠯᠤᠭ᠎ᠠ ᠶᠢᠨ ᠰᠠᠭᠤᠷᠢ ᠲᠦᠬᠦᠬᠡᠷᠦᠮᠵᠢ ᠶᠢᠨ ᠬᠠᠷᠢᠯᠴᠠᠨ ᠬᠤᠯᠪᠤᠯᠳᠤᠨ ᠨᠡᠪᠳᠡᠷᠡᠬᠦ ᠶᠢ ᠲᠦᠷᠭᠡᠨ ᠠᠬᠢᠭᠤᠯᠤᠨ᠎ᠠ᠃ ᠠᠷᠠᠯᠵᠢᠶ᠎ᠠ ᠬᠤᠳᠡᠯᠳᠤᠭᠠᠨ ᠤ ᠶᠠᠪᠤᠯᠴᠠᠭ᠎ᠠ ᠪᠠ | ᠰᠤᠶᠤᠯ ᠢᠷᠬᠡᠨᠰᠢᠯ ᠤᠨ ᠰᠤᠯᠢᠯᠴᠠᠭ᠎ᠠ ᠶᠢ ᠦᠷᠭᠡᠳᠬᠡᠵᠦ᠂ ᠤᠷᠳᠦ ᠬᠤᠭᠤᠴᠠᠭᠠᠨ ᠤ ᠬᠠᠮᠳᠤᠷᠠᠯᠴᠠᠭ᠎ᠠ ᠶᠢᠨ ᠲᠤᠭᠳᠠᠴᠠ ᠶᠢ ᠪᠠᠶᠢᠭᠤᠯᠤᠨ᠎ᠠ᠃ ᠭᠠᠳᠠᠭᠠᠳᠤ ᠯᠤᠭ᠎ᠠ | ᠴᠢᠯᠦᠬᠡᠳᠡᠢ ᠶᠠᠪᠤᠯᠴᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠲᠠᠯᠠᠢ ᠲᠠᠭᠠᠤ ᠬᠦᠭᠵᠢᠭᠰᠡᠨ ᠭᠠᠵᠠᠷ ᠤᠷᠤᠨ᠂ ᠵᠡᠬᠦᠨ ᠬᠤᠶᠢᠳᠦ ᠶᠢᠨ ᠠᠵᠦ ᠠᠬᠤᠢ ᠶᠢᠨ | ᠲᠤᠭᠤᠷᠢᠭ᠂ ᠪᠦᠸᠧᠬᠠᠢ ᠲᠠᠩᠭᠢᠰ ᠲᠠᠭᠠᠤ᠂ ᠵᠡᠬᠦᠨ ᠬᠤᠶᠢᠳᠦ ᠠᠽᠢᠶ᠎ᠡ ᠵᠡᠷᠭᠡ ᠤᠯᠤᠰ ᠤᠨ ᠲᠤᠳᠤᠨ᠎ᠠ ᠭᠠᠳᠠᠨᠠᠬᠢ ᠶᠡᠭᠡ ᠵᠠᠬ᠎ᠠ ᠲᠡᠯᠬᠡᠬᠦᠷ ᠯᠦᠭᠡ ᠵᠠᠯᠭᠠᠯᠳᠤᠨ | ᠬᠠᠮᠳᠤᠷᠡᠯᠴᠠᠬᠤ ᠪᠠᠨ ᠴᠢᠩᠭᠠᠳᠬᠠᠵᠦ᠂ ᠬᠠᠨᠳᠤᠯᠠᠭᠠᠳᠤ ᠴᠢᠨᠡᠷ ᠲᠠᠢ ᠪᠠᠷ ᠠᠷᠠᠯᠵᠢᠶᠠᠴᠢᠨ ᠤᠷᠢᠵᠦ᠂ ᠠᠵᠦ ᠦᠢᠯᠡᠰ ᠢ ᠤᠷᠳᠤᠳᠬᠠᠨ ᠲᠡᠰ ᠲᠡᠪᠰᠢᠬᠦᠯᠬᠦ ᠪᠤᠳᠡᠳᠦ | ᠴᠤᠭᠴᠠ ᠶᠢ ᠤᠷᠤᠭᠤᠯᠤᠨ ᠠᠪᠴᠢᠷᠠᠬᠤ ᠶᠢ ᠠᠳᠬᠤᠬᠤ ᠮᠦᠷᠳᠡᠬᠡᠨ ᠪᠠᠰᠠ ᠡᠳ᠋ ᠬᠦᠷᠦᠩᠭᠡ᠂ ᠰᠢᠨᠵᠢᠯᠡᠭᠡ ᠮᠡᠷᠬᠡᠵᠢᠯ᠂ ᠴᠢᠳᠡᠪᠦᠷᠢᠳᠡᠨ ᠵᠡᠷᠭᠡ ᠡᠯᠧᠮᠧᠨ᠋ᠲ ᠶᠢ | ᠤᠷᠤᠭᠤᠯᠬᠤ ᠶᠢ ᠠᠳᠬᠤᠵᠦ᠂ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠬᠦ ᠶᠠᠪᠤᠴᠠ ᠳᠤ ᠬᠠᠷᠢᠯᠴᠠᠨ ᠠᠰᠢᠭ ᠤᠯᠬᠤ ᠶᠢ ᠪᠡᠶᠡᠯᠡᠬᠦᠯᠦᠨ᠎ᠡ᠃ | ᠨᠡᠶᠢᠳᠡ ᠶᠢᠨ ᠪᠤᠰᠤ ᠠᠵᠦ ᠠᠬᠤᠢ ᠶᠢᠨ ᠡᠷᠡᠬᠦᠯ ᠬᠦᠭᠵᠢᠯᠳᠡ ᠶᠢ ᠠᠬᠢᠭᠤᠯᠤᠨ᠎ᠠ᠃ ᠨᠡᠶᠢᠳᠡ ᠶᠢᠨ ᠦᠮᠴᠢᠯᠡᠯ ᠪᠤᠰᠤ ᠠᠵᠦ ᠠᠬᠤᠢ ᠪᠤᠯ ᠠᠵᠢᠯ | ᠤᠯᠭᠤᠯᠳᠡ ᠶᠢ ᠦᠷᠭᠡᠳᠭᠡᠬᠦ ᠭᠤᠤᠯ ᠬᠦᠴᠦᠳᠡᠨ ᠮᠦᠨ᠂ ᠨᠡᠶᠢᠳᠡ ᠶᠢᠨ ᠦᠮᠴᠢᠯᠡᠯ ᠪᠤᠰᠤ ᠠᠵᠦ ᠠᠬᠤᠢ ᠶᠢ ᠦᠴᠦᠬᠡᠨ ᠴᠤ ᠭᠤᠶᠢᠪᠠᠰᠢ ᠦᠬᠡᠢ ᠪᠠᠷ ᠪᠠᠬᠢᠵᠢᠬᠦᠯᠦᠨ | ᠬᠦᠭᠵᠢᠬᠦᠯᠦᠨ᠎ᠡ᠃ ᠡᠯ᠎ᠡ ᠲᠦᠷᠦᠯ ᠤᠨ ᠲᠡᠳᠬᠦᠨ ᠲᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠬᠦᠭᠵᠢᠯᠳᠡ ᠶᠢᠨ ᠤᠷᠴᠢᠨ ᠢᠶᠠᠨ ᠬᠦᠴᠦᠯᠡᠨ | ᠰᠢᠯᠢᠳᠡᠭᠵᠢᠬᠦᠯᠵᠦ᠂ ᠤᠯᠡᠨ ᠨᠡᠶᠢᠳᠡ ᠶᠢᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠡ ᠶᠢ ᠲᠦᠷᠭᠡᠳᠭᠡᠵᠦ᠂ ᠨᠡᠶᠢᠳᠡ ᠶᠢᠨ ᠦᠮᠴᠢᠯᠡᠯ ᠪᠤᠰᠤ ᠠᠵᠦ | ᠠᠬᠤᠢ ᠶᠢᠨ ᠬᠡᠬᠡᠨ ᠰᠠᠷᠠᠭᠤᠯ ᠦᠢᠯᠡᠴᠢᠯᠡᠬᠡᠨ ᠤ ᠲᠤᠮᠤ ᠲᠢᠩᠬᠢᠮ ᠢ ᠰᠠᠶᠢᠳᠦᠷ ᠡᠷᠬᠢᠯᠡᠨ᠂ ᠲᠦᠷᠦ ᠶᠢᠨ ᠪᠤᠳᠤᠯᠭ᠎ᠠ ᠰᠤᠷᠠᠭ ᠵᠠᠩᠭᠢ ᠶᠢᠨ ᠶᠡᠷᠦᠩᠭᠡᠢ | ᠦᠢᠯᠡᠴᠢᠯᠡᠬᠡᠨ ᠤ ᠲᠡᠪᠴᠠᠩ ᠢ ᠴᠤᠭᠴᠠᠯᠠᠵᠦ᠂ ᠨᠡᠶᠢᠳᠡ ᠶᠢᠨ ᠦᠮᠴᠢᠯᠡᠯ ᠪᠤᠰᠤ ᠠᠵᠦ ᠠᠬᠤᠢ ᠶᠢᠨ ᠬᠦᠭᠵᠢᠯᠳᠡ ᠳᠤ ᠪᠦᠬᠦ ᠶᠠᠪᠤᠴᠠ ᠶᠢᠨ ᠦᠢᠯᠡᠴᠢᠯᠡᠭᠡ | ᠬᠠᠨᠭ᠍ᠭᠠᠨ᠎ᠠ᠃ ᠠᠵᠢᠯ ᠲᠦᠷᠦᠯ ᠤᠨ ᠤᠨᠳᠤᠤ ᠭᠠᠵᠠᠷ ᠲᠠᠬᠢ ᠬᠤᠳᠠᠯᠳᠤᠭᠠᠨ ᠤ ᠡᠪᠯᠡᠯ ᠢ ᠵᠤᠬᠢᠶᠠᠨ ᠪᠠᠶᠢᠭᠤᠯᠬᠤ ᠡᠷᠴᠢᠮ ᠢᠶᠠᠨ ᠴᠢᠩᠭᠠᠳᠬᠠᠨ᠂ ᠠᠵᠢᠯ ᠲᠦᠷᠦᠯ ᠤᠨ | ᠨᠡᠶᠢᠬᠡᠮᠯᠢᠭ᠂ ᠬᠤᠳᠠᠯᠳᠤᠭᠠᠨ ᠤ ᠡᠪᠯᠡᠯ ᠵᠡᠷᠭᠡ ᠨᠡᠶᠢᠬᠡᠮ ᠤᠨ ᠵᠠᠭᠤᠴᠢ ᠵᠤᠬᠢᠶᠠᠨ ᠪᠠᠶᠢᠭᠤᠯᠤᠯᠳᠡ ᠪᠤᠯᠤᠨ ᠠᠷᠠᠳ ᠤᠨ ᠪᠦᠯᠬᠦᠮ ᠤᠨ ᠠᠵᠢᠯ ᠲᠦᠷᠦᠯ ᠤᠨ ᠪᠡᠶ᠎ᠡ ᠪᠠᠨ | ᠵᠠᠰᠠᠬᠤ ᠪᠠ ᠦᠢᠯᠡᠴᠢᠯᠡᠬᠦ ᠴᠢᠳᠡᠪᠦᠷᠢ ᠶᠢ ᠪᠠᠳᠠᠷᠠᠭᠤᠯᠵᠦ᠂ ᠨᠢᠬᠡ ᠪᠦᠯᠦᠭ ᠤᠳᠤᠬᠢᠴᠢ ᠡᠵᠡᠩᠨᠡᠨ ᠬᠠᠮᠢᠶᠠᠷᠤᠯᠳᠡ ᠶᠢᠨ ᠬᠢᠷᠢ ᠬᠡᠮ ᠪᠦᠬᠦᠢ ᠠᠵᠦ ᠠᠬᠤᠶᠢᠯᠠᠯᠳᠡᠨ ᠤ | ᠡᠩᠨᠡᠭᠡ ᠶᠢ ᠬᠦᠮᠦᠵᠢᠬᠦᠯᠦᠨ᠎ᠡ᠃ | ︵ᠵᠢᠷᠭᠤᠭ᠎ᠠ︶ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠲᠤᠰᠬᠠᠯ ᠦᠭᠴᠦ᠂ ᠠᠷᠠᠳ ᠤᠨ ᠠᠮᠢᠳᠦᠷᠡᠯ ᠢ ᠦᠨᠡᠨᠬᠦ ᠪᠠᠳᠤᠯᠠᠨ | ᠰᠠᠶᠢᠵᠢᠷᠠᠭᠤᠯᠤᠨ᠎ᠡ | ᠬᠤᠳᠡ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠦᠨ᠎ᠡ᠃ ᠤᠯᠤᠰ ᠪᠠ ᠦᠪᠡᠷᠳᠡᠬᠡᠨ ᠵᠠᠰᠠᠬᠤ ᠤᠷᠤᠨ ᠤ ᠤᠷᠤᠯᠭ᠎ᠠ ᠶᠢᠨ | ᠬᠤᠪᠢᠶᠠᠷᠢᠯᠠᠯᠳᠡ ᠯᠤᠭ᠎ᠠ ᠶᠢᠨ ᠬᠤᠯᠪᠤᠭᠳᠡᠯ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠡᠪᠦᠷᠢᠵᠢᠭᠤᠯᠵᠦ᠂ ᠪᠠᠯᠭᠤᠯᠭᠠ᠂ ᠠᠵᠢᠯ ᠦᠢᠯᠡᠰ ᠤᠨ ᠨᠢᠬᠡᠴᠡ ᠶᠢᠨ | ᠦᠨᠳᠦᠰᠦᠨ ᠴᠠᠯᠢᠩ ᠤᠨ ᠪᠠᠷᠢᠮᠵᠢᠶ᠎ᠡ ᠶᠢ ᠴᠠᠭ ᠲᠤᠬᠠᠢ ᠳᠤᠨᠢ ᠲᠤᠬᠢᠷᠠᠭᠤᠯᠤᠨ᠎ᠠ᠃ ᠠᠵᠦ ᠠᠬᠤᠶᠢᠯᠠᠯ ᠤᠨ ᠴᠠᠯᠢᠩ ᠢ ᠬᠠᠮᠳᠤ ᠪᠠᠷ ᠵᠦᠪᠳᠡᠯᠴᠡᠬᠦ ᠪᠠ ᠴᠠᠯᠢᠩ ᠤᠨ | ᠬᠡᠪ ᠤᠨ ᠦᠰᠦᠯᠳᠡ ᠶᠢᠨ ᠪᠠᠶᠢᠡᠭᠭᠤ ᠶᠢᠨ ᠲᠤᠭᠳᠠᠯᠴᠠᠭ᠎ᠠ ᠶᠢ ᠲᠡᠭᠦᠯᠳᠡᠷᠵᠢᠬᠦᠯᠦᠨ᠎ᠡ᠃ ᠲᠡᠷᠢᠶᠡᠯᠡᠩ ᠮᠠᠯ ᠠᠵᠦ ᠠᠬᠤᠢ ᠶᠢᠨ ᠬᠠᠷᠠᠭᠠᠯᠵᠠᠯᠠᠯ ᠤᠨ ᠲᠦᠷᠦ ᠶᠢᠨ | ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠮᠠᠯᠴᠢᠨ ᠲᠠᠷᠢᠶᠡᠴᠢᠨ ᠤ ᠤᠷᠤᠯᠭ᠎ᠠ ᠶᠢᠨ ᠨᠡᠮᠡᠭᠳᠡᠯᠳᠡ ᠶᠢ ᠤᠯᠠᠨ ᠠᠷᠭ᠎ᠠ ᠵᠠᠮ ᠢᠶᠠᠷ ᠠᠬᠢᠭᠤᠯᠤᠨ᠎ᠠ᠃ | ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮ ᠢ ᠲᠡᠭᠦᠯᠳᠡᠷᠵᠢᠬᠦᠯᠦᠨ᠎ᠡ᠃ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠬᠡ ᠶᠢᠨ ᠲᠦᠷᠢᠮ ᠢ ᠲᠡᠬᠦᠯᠳᠡᠷᠵᠢᠬᠦᠯᠵᠦ᠂ | ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠬᠡ ᠶᠢᠨ ᠨᠦᠬᠦᠪᠦᠷᠢ ᠮᠦᠡᠭᠭᠦ ᠪᠠ ᠡᠮᠨᠡᠯᠬᠡ ᠳᠤ ᠰᠠᠭᠤᠨ ᠡᠮᠨᠡᠬᠦᠯᠦᠭᠰᠡᠨ ᠰᠦᠢᠳᠬᠡᠯ ᠢ ᠲᠠᠩᠰᠠᠨ ᠠᠴᠠ ᠲᠠᠶᠢᠯᠠᠬᠤ | ᠬᠠᠷᠢᠴᠠᠯ ᠢ ᠨᠡᠮᠡᠭᠳᠡᠬᠦᠯᠦᠨ᠎ᠡ᠃ ᠬᠦᠨᠳᠦ ᠶᠡᠭᠡ ᠡᠪᠡᠳᠴᠢᠨ ᠡᠮᠬᠡᠭ ᠤᠨ ᠬᠤᠳᠠᠯᠳᠤᠭᠠᠨ ᠤ ᠲᠠᠭᠠᠳᠬᠠᠯ ᠤᠨ ᠠᠵᠢᠯ ᠢ ᠲᠦᠯᠬᠢᠨ ᠠᠬᠢᠭᠤᠯᠵᠦ᠂ ᠬᠤᠳᠡ ᠪᠠᠯᠭᠠᠰᠤᠨ ᠤ | ᠠᠵᠢᠯᠳᠡᠳ ᠤᠨ ᠡᠮ ᠡᠮᠨᠡᠯᠬᠡ ᠶᠢᠨ ᠲᠠᠭᠠᠳᠬᠠᠯ ᠤᠨ ᠨᠢᠬᠡᠳᠦᠯᠳᠡᠢ ᠲᠦᠯᠦᠪᠯᠡᠬᠦ ᠰᠠᠭᠤᠷᠢ ᠮᠦᠡᠭᠭᠦ ᠶᠢᠨ ᠵᠢᠯ ᠳᠤ ᠦᠭᠬᠦ ᠬᠢᠵᠠᠭᠠᠷᠯᠠᠯ ᠤᠨ ᠬᠡᠮᠵᠢᠶ᠎ᠡ ᠶᠢ | ᠲᠡᠭᠡᠭᠰᠢᠯᠡᠬᠦᠯᠦᠨ᠎ᠡ᠃ ᠬᠤᠳᠡ ᠤᠷᠤᠭᠰᠠᠨ ᠮᠠᠯᠴᠢᠨ ᠲᠡᠷᠢᠶᠡᠴᠢᠨ ᠬᠦᠯᠦᠰᠦᠨ ᠠᠵᠢᠯᠴᠢᠳ ᠤᠨ ᠨᠠᠰᠤᠵᠢᠯ ᠤᠨ ᠲᠠᠭᠠᠳᠬᠠᠯ ᠢ ᠰᠢᠯᠵᠢᠬᠦᠯᠦᠨ ᠵᠠᠯᠭᠠᠵᠦ | ᠦᠷᠬᠦᠯᠵᠢᠯᠡᠬᠦᠯᠬᠦ ᠠᠵᠢᠯ ᠢ ᠰᠠᠶᠢᠳᠦᠷ ᠬᠢᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠮᠦᠩᠬᠦ ᠶᠢᠨ ᠪᠠᠷᠢᠮᠵᠢᠶ᠎ᠡ ᠶᠢ | ᠲᠤᠬᠢᠷᠠᠭᠤᠯᠤᠨ ᠨᠡᠮᠡᠭᠳᠡᠭᠦᠯᠦᠨ᠎ᠡ᠃ ᠬᠤᠳᠠ ᠭᠦᠳᠡᠭᠡ ᠶᠢᠨ ᠪᠠᠭ᠎ᠠ ᠤᠷᠤᠯᠭ᠎ᠠ ᠲᠠᠢ ᠬᠦᠮᠦᠰ ᠤᠨ ᠪᠠᠳᠤᠯᠠᠭ᠎ᠠ ᠶᠢᠨ ᠪᠠᠷᠢᠮᠵᠢᠶ᠎ᠠ ᠬᠢᠭᠡᠳ ᠨᠦᠬᠦᠪᠦᠷᠢ ᠶᠢᠨ ᠬᠢᠷᠢ | ᠭᠡᠮᠵᠢᠶ᠎ᠡ ᠶᠢ ᠲᠡᠭᠡᠭᠰᠢᠯᠡᠬᠦᠯᠵᠤ᠂ ᠲᠦᠷ ᠴᠠᠭ ᠤᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠬᠦᠯᠵᠤ᠂ ᠶᠠᠳᠠᠭᠤ ᠭᠦᠴᠢᠷᠳᠡᠯᠳᠡᠢ ᠭᠡᠷ ᠪᠦᠯᠢ ᠬᠢᠭᠡᠳ ᠬᠤᠪᠢ | ᠬᠦᠮᠦᠨ ᠳᠤ ᠪᠠᠴᠢᠮ ᠪᠠᠶᠢᠳᠠᠯ ᠢ ᠠᠷᠭᠠᠴᠠᠬᠤ ᠨᠡᠩ ᠢᠯᠡᠬᠦᠦ ᠪᠦᠳᠦᠮᠵᠢᠳᠦ ᠲᠡᠳᠭᠦᠮᠵᠢ ᠤᠯᠭᠤᠨ᠎ᠠ᠃ ᠨᠠᠰᠤᠵᠢᠯ ᠤᠨ ᠠᠰᠠᠭᠤᠳᠠᠯ ᠢ ᠭᠦᠨᠳᠦᠳᠭᠡᠵᠤ᠂ | ᠨᠠᠰᠤᠵᠢᠯ ᠤᠨ ᠰᠠᠭᠤᠷᠢ ᠲᠦᠭᠦᠭᠡᠷᠤᠮᠵᠢ ᠬᠢᠭᠡᠳ ᠦᠢᠯᠡᠴᠢᠯᠡᠭᠡᠨ ᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠨᠠᠰᠤᠳᠠᠶᠢᠴᠤᠳ ᠤᠨ | ᠠᠮᠢᠳᠤᠷᠠᠯ ᠤᠨ ᠴᠢᠨᠡᠷ ᠴᠢᠨᠰᠠᠭ᠎ᠠ ᠶᠢ ᠲᠡᠭᠡᠭᠰᠢᠯᠡᠬᠦᠯᠦᠨ᠎ᠡ᠃ | ᠭᠤᠤᠯᠳᠠᠯᠠᠭᠠᠳᠤ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠠᠶᠢᠭᠤᠯᠤᠯᠳᠠ ᠶᠢ ᠠᠬᠢᠭᠤᠯᠤᠨ᠎ᠠ᠃ ᠠᠷᠠᠳ ᠤᠨ ᠠᠮᠢᠳᠦᠷᠡᠯ ᠢ ᠰᠠᠶᠢᠵᠢᠷᠠᠭᠤᠯᠬᠤ ᠠᠵᠢᠯ | ᠪᠤᠯ ᠮᠠᠨ ᠤᠨ ᠠᠯᠢᠪᠡ ᠠᠵᠢᠯ ᠢ ᠰᠠᠶᠢᠳᠦᠷ ᠬᠢᠬᠦ ᠶᠢᠨ ᠡᠬᠢᠯᠡᠯᠳᠡ ᠲᠡᠭᠦᠰᠬᠡᠯ ᠤᠨ ᠴᠡᠭ ᠮᠦᠨ᠃ ᠬᠦᠳᠡᠭᠡ ᠲᠤᠰᠬᠤᠨ ᠮᠠᠯᠵᠢᠬᠤ ᠤᠷᠤᠨ ᠤ ︽ᠠᠷᠪᠠ ᠪᠦᠷᠢᠨ︾ | ᠢᠨᠵᠧᠨᠧᠷᠢᠩ ᠢ ᠬᠡᠷᠡᠭᠵᠢᠬᠦᠯᠦᠨ᠎ᠡ᠃ 40.5 ᠳ᠋ᠦᠡᠭᠰᠢᠭᠤᠷ ᠲᠦᠬᠦᠷᠢᠭ ᠪᠡᠯᠨ ᠮᠦᠡᠭᠭᠦ ᠬᠤᠷᠠᠮᠳᠤᠭᠤᠯᠵᠦ᠂ 764 ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ ︽ | ᠠᠷᠪᠠ ᠪᠦᠷᠢᠨ︾ ᠢᠨᠵᠧᠨᠧᠷᠢᠩ ᠢ ᠪᠡᠶᠡᠯᠡᠬᠦᠯᠵᠦ᠂ ᠡᠬᠦᠨ ᠤ ᠰᠠᠭᠤᠷᠢ ᠲᠡᠭᠡᠷ᠎ᠡ ᠰᠢᠨ᠎ᠡ ᠬᠦᠳᠡᠭᠡ ᠲᠤᠰᠬᠤᠨ ᠰᠢᠨ᠎ᠡ ᠮᠠᠯᠵᠢᠬᠤ ᠤᠷᠤᠨ ᠤ ᠲᠠᠭᠤᠷᠢᠶᠡᠯ ᠭᠠᠴᠠᠭ᠎ᠠ | ᠲᠤᠰᠬᠤᠨ ᠢ ᠦᠨᠳᠦᠷ ᠪᠠᠷᠢᠮᠵᠢᠶ᠎ᠠ ᠲᠠᠢ 100 ᠪᠠᠶᠢᠭᠤᠯᠤᠨ᠎ᠠ᠃ ︽ᠠᠷᠪᠠ ᠪᠦᠷᠢᠨ︾ ᠢᠨᠵᠧᠨᠧᠷᠢᠩ ᠤᠨ ᠰᠡᠬᠦᠯᠴᠢ ᠶᠢᠨ ᠬᠠᠮᠢᠶᠠᠷᠤᠯᠳᠡ ᠪᠤᠯᠤᠨ ᠲᠦᠷᠢᠮ ᠤᠨ | ᠪᠠᠶᠢᠭᠤᠯᠤᠯᠳᠡ ᠶᠢ ᠴᠢᠩᠭᠠᠳᠬᠠᠨ᠂ ᠤᠯᠠᠨ ᠨᠡᠶᠢᠳᠡ ᠶᠢᠨ ᠦᠢᠯᠡᠴᠢᠯᠡᠬᠡᠨ ᠤ ᠲᠤᠨᠤᠭ ᠲᠦᠬᠦᠬᠡᠷᠦᠮᠵᠢ ᠶᠢᠨ ᠬᠡᠷᠡᠭᠯᠡᠬᠡᠨ ᠤ ᠦᠷ᠎ᠡ ᠠᠰᠢᠭ ᠢ ᠤᠷᠳᠤ ᠬᠤᠭᠤᠴᠠᠭ᠎ᠠ | ᠪᠠᠳᠠᠷᠠᠭᠤᠯᠬᠤ ᠶᠢ ᠪᠠᠳᠤᠯᠠᠨ᠎ᠠ᠃ ᠲᠦᠩᠯᠢᠶᠦᠦ ᠶᠢᠨ ᠴᠢᠳᠠᠪᠤᠷᠢᠳᠠᠨ ᠤ ᠶᠡᠭᠡ ᠵᠠᠬ᠎ᠠ ᠲᠡᠯᠭᠡᠭᠦᠷ ᠢ ᠪᠤᠶᠢᠵᠢᠭᠤᠯᠵᠤ᠂ ︽ᠭᠤᠷᠪᠠᠨ ᠶᠡᠭᠡ ᠠᠵᠤ ᠦᠢᠯᠡᠰ ᠤᠨ | ᠪᠦᠯᠦᠭᠵᠢᠯᠳᠡ︾ ᠶᠢᠨ 30 ᠲᠦᠮᠡᠨ ᠭᠦᠮᠦᠨ ᠢ ᠲᠠᠶᠢᠴᠢᠯᠠᠬᠤ ᠠᠵᠢᠯ ᠤᠯᠭᠤᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠭᠡᠷᠡᠭᠵᠢᠬᠦᠯᠵᠤ᠂ ᠠᠵᠢᠯ | ᠤᠯᠭᠤᠯᠳᠠ ᠳᠤ 1.7 ᠲᠦᠮᠡᠨ ᠬᠦᠮᠦᠨ ᠢ ᠰᠢᠨ᠎ᠡ ᠪᠠᠷ ᠨᠡᠮᠡᠭᠳᠡᠭᠦᠯᠵᠦ᠂ ᠮᠠᠯᠴᠢᠨ ᠲᠡᠷᠢᠶᠠᠴᠢᠨ ᠢ ᠰᠢᠯᠵᠢᠬᠦᠯᠵᠦ 46 ᠲᠦᠮᠡᠨ ᠬᠦᠮᠦᠨ ᠳᠤ ᠠᠵᠢᠯ ᠤᠯᠭᠤᠨ᠂ | ᠡᠯ᠎ᠡ ᠲᠦᠷᠦᠯ ᠤᠨ ᠠᠵᠢᠯ ᠤᠯᠭᠤᠵᠤ ᠦᠢᠯᠡᠰ ᠪᠦᠳᠦᠭᠡᠬᠦ ᠪᠤᠯᠪᠠᠰᠤᠷᠠᠭᠤᠯᠤᠯ ᠢ 3 ᠲᠦᠮᠡᠨ ᠭᠦᠮᠦᠨ ᠳᠤ ᠦᠷᠨᠢᠬᠦᠯᠦᠨ᠎ᠡ᠃ ᠨᠠᠷᠢᠯᠢᠭ ᠤᠨᠤᠪᠴᠢᠳᠡᠢ ᠶᠠᠳᠠᠭᠤ ᠶᠢ | ᠲᠡᠳᠬᠦᠬᠦ ᠢᠨᠵᠧᠨᠧᠷᠢᠩ ᠢ ᠬᠡᠷᠡᠭᠵᠢᠬᠦᠯᠵᠦ᠂ ︽ᠲᠤᠰᠬᠤᠨ ᠳᠤ ᠭᠤᠷᠪᠠᠨᠳᠠ ᠭᠦᠷᠬᠦ᠂ ᠡᠷᠦᠭᠡ ᠳᠤ ᠭᠤᠷᠪᠠ ᠤᠳᠠᠭ᠎ᠠ ᠤᠴᠢᠬᠤ︾ ᠨᠠᠷᠢᠯᠢᠭ ᠤᠨᠤᠪᠴᠢᠳᠠᠢ ᠶᠠᠳᠠᠭᠤ | ᠶᠢ ᠲᠡᠳᠭᠦᠬᠦ ᠪᠡ ︽ᠮᠦᠩᠬᠦᠨ ᠭᠦᠢᠯᠭᠡᠭᠡ ᠪᠠᠷ ᠶᠠᠳᠠᠭᠤ ᠶᠢ ᠲᠡᠳᠭᠦᠵᠦ ᠠᠷᠠᠳ ᠢ ᠪᠠᠶᠠᠵᠢᠭᠤᠯᠬᠤ︾ ᠢᠨᠵᠧᠨᠧᠷᠢᠩ ᠢ ᠲᠤᠭᠳᠠᠭᠤᠨ ᠢᠶᠠᠷ ᠠᠬᠢᠭᠤᠯᠵᠤ᠂ ᠵᠢᠯ ᠤᠨ | ᠶᠠᠳᠠᠭᠤ ᠶᠢ ᠲᠡᠳᠭᠦᠬᠦ ᠡᠭᠦᠷᠭᠡ ᠪᠠᠨ ᠪᠡᠶᠡᠯᠡᠬᠦᠯᠦᠨ᠎ᠡ᠃ ᠡᠭᠡᠯ ᠠᠷᠠᠳ ᠤᠨ ᠠᠮᠤᠷ ᠰᠠᠭᠤᠷᠢᠰᠢᠯ ᠪᠡ ᠰᠠᠭᠤᠭᠠᠯᠢ ᠠᠷᠠᠳ ᠤᠨ ᠭᠡᠷ ᠪᠦᠯᠢ ᠶᠢᠨ ᠪᠦᠳᠦᠭᠡᠨ | ᠪᠠᠶᠢᠭᠤᠯᠤᠯᠳᠠ ᠶᠢᠨ ᠢᠨᠵᠧᠨᠧᠷᠢᠩ ᠢ ᠭᠡᠷᠡᠭᠵᠢᠬᠦᠯᠵᠤ᠂ ᠭᠦᠳᠡᠭᠡ ᠲᠤᠰᠬᠤᠨ ᠮᠠᠯᠵᠢᠬᠤ ᠤᠷᠤᠨ ᠤ ᠠᠶᠤᠯᠳᠠᠢ ᠰᠢᠪᠡᠷ ᠪᠠᠶᠢᠰᠢᠩ ᠤᠨ 3.5 ᠲᠦᠮᠡᠨ ᠡᠷᠦᠭᠡ ᠶᠢ | ᠦᠭᠡᠷᠡᠴᠢᠯᠡᠵᠤ᠂ ᠪᠦᠬᠦ ᠬᠤᠳᠠ ᠶᠢᠨ ᠭᠦᠳᠡᠭᠡ ᠲᠤᠰᠬᠤᠨ ᠮᠠᠯᠵᠢᠬᠤ ᠤᠷᠤᠨ ᠤ ᠠᠶᠤᠯᠳᠠᠢ ᠰᠢᠪᠡᠷ ᠪᠠᠶᠢᠰᠢᠩ ᠢ ᠦᠭᠡᠷᠡᠴᠢᠯᠡᠬᠦ ᠡᠭᠦᠷᠭᠡ ᠶᠢ ᠦᠨᠳᠦᠰᠦᠨ ᠳᠤᠨᠢ | ᠪᠡᠶᠡᠯᠡᠬᠦᠯᠦᠨ᠎ᠡ᠃ ᠬᠤᠳᠠ ᠶᠢᠨ ᠪᠤᠷᠤ ᠭᠡᠷ ᠢ 2 ᠲᠦᠮᠡᠨ ᠡᠷᠦᠭᠡ ᠦᠭᠡᠷᠡᠴᠢᠯᠡᠨ᠎ᠡ᠃ ᠪᠦᠬᠦ ᠬᠤᠳᠠ ᠳᠤ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠬᠡᠷ | ᠪᠦᠯᠢ ᠶᠢ 39 ᠰᠢᠨ᠎ᠡ ᠪᠠᠷ ᠪᠠᠶᠢᠭᠤᠯᠵᠤ᠂ ᠭᠤᠤᠯ ᠬᠤᠳᠠ ᠶᠢᠨ ᠲᠤᠭᠤᠷᠢᠭ ᠲᠤ ᠰᠠᠭᠤᠭᠠᠯᠢ ᠠᠷᠠᠳ ᠤᠨ ᠭᠡᠷ ᠪᠦᠯᠢ ᠶᠢ ᠪᠦᠬᠦᠨ ᠢ ᠪᠦᠷᠭᠦᠭᠦᠯᠬᠦ ᠶᠠᠪᠤᠳᠠᠯ ᠢ | ᠪᠡᠶᠡᠯᠡᠬᠦᠯᠦᠨ᠎ᠡ᠃ ᠠᠶᠤᠯᠬᠦᠢ ᠤᠤᠭᠤᠬᠤ ᠤᠰᠤᠨ ᠤ ᠢᠨᠵᠧᠨᠧᠷᠢᠩ ᠢ ᠭᠡᠷᠡᠭᠵᠢᠬᠦᠯᠵᠤ᠂ ᠭᠦᠳᠡᠭᠡ ᠲᠤᠰᠬᠤᠨ ᠮᠠᠯᠵᠢᠬᠤ ᠤᠷᠤᠨ ᠤ ᠠᠶᠤᠯᠬᠦᠢ ᠤᠤᠭᠤᠬᠤ | ᠤᠰᠤᠨ ᠤ ᠢᠨᠵᠧᠨᠧᠷᠢᠩ ᠢ 226 ᠰᠢᠨ᠎ᠡ ᠪᠠᠷ ᠪᠠᠶᠢᠭᠤᠯᠤᠨ᠎ᠠ᠃ ᠭᠤᠤᠯ ᠬᠤᠳᠠ ᠶᠢᠨ ᠲᠤᠭᠤᠷᠢᠭ ᠤᠨ ᠲᠠᠪᠤᠳᠤᠭᠠᠷ ᠤᠰᠤᠨ ᠤ ᠦᠢᠯᠡᠳᠪᠤᠷᠢ ᠶᠢ ᠦᠭᠡᠷᠡᠴᠢᠯᠡᠨ | ᠦᠷᠭᠡᠳᠭᠡᠨ ᠪᠠᠶᠢᠭᠤᠯᠬᠤ ᠢᠨᠵᠧᠨᠧᠷᠢᠩ ᠢ ᠪᠡᠶᠡᠯᠡᠬᠦᠯᠵᠦ᠂ ᠡᠳᠦᠷ ᠲᠤ ᠤᠰᠤ ᠬᠠᠩᠭᠠᠬᠤ ᠴᠢᠳᠡᠪᠤᠷᠢ ᠶᠢ 3.5 ᠲᠦᠮᠡᠨ ᠲᠤᠨ ᠠᠴᠠ 5 ᠲᠦᠮᠡᠨ ᠲᠤᠨ ᠳᠤ | ᠭᠦᠷᠭᠡᠨ᠎ᠡ᠃ ᠢᠳᠡᠭᠡᠨ ᠤ ᠵᠦᠢᠯ ᠡᠮ ᠤᠨ ᠵᠦᠢᠯ ᠤᠨ ᠠᠶᠤᠯᠬᠦᠢ ᠬᠤᠳᠠ ᠶᠢ ᠪᠦᠳᠦᠭᠡᠨ ᠪᠠᠶᠢᠭᠤᠯᠬᠤ ᠢᠨᠵᠧᠨᠧᠷᠢᠩ ᠢ ᠭᠡᠷᠡᠭᠵᠢᠬᠦᠯᠵᠤ᠂ ᠢᠳᠡᠭᠡᠨ ᠤ ᠵᠦᠢᠯ | ᠦᠢᠯᠡᠳᠪᠤᠷᠢᠯᠡᠬᠦ ᠴᠢᠨᠡᠷ ᠴᠢᠨᠰᠠᠭ᠎ᠠ ᠠᠮᠤᠷ ᠲᠦᠪᠰᠢᠨ ᠮᠦᠷᠳᠡᠭᠦᠶᠢᠴᠡ ᠰᠢᠰᠲ᠋ᠧᠮ ᠢ ᠪᠠᠶᠢᠭᠤᠯᠵᠤ᠂ ᠬᠤᠭᠤᠯᠠᠨ ᠭᠡᠷ ᠲᠤᠭᠤᠭᠠᠨ ᠭᠡᠷ ᠤᠨ ᠬᠠᠶᠠᠭᠳᠠᠮᠠᠯ ᠵᠦᠢᠯ᠂ | ᠬᠠᠶᠠᠭᠳᠠᠮᠠᠯ ᠲᠤᠰᠤ ᠶᠢ ᠰᠢᠢᠳᠪᠤᠷᠢᠯᠡᠬᠦ ᠦᠢᠯᠡᠳᠪᠤᠷᠢ ᠪᠠᠶᠢᠭᠤᠯᠵᠤ᠂ ᠡᠯ᠎ᠡ ᠬᠤᠰᠢᠭᠤ ᠰᠢᠶᠠᠨ ᠬᠤᠳᠠ ᠲᠤᠭᠤᠷᠢᠭ ᠤᠨ ᠢᠳᠡᠭᠡᠨ ᠪᠤᠯᠪᠠᠰᠤᠷᠠᠭᠤᠯᠬᠤ ᠭᠦᠷᠢᠶᠡᠯᠡᠩ ᠢ | ᠪᠦᠬᠦ ᠲᠡᠯ᠎ᠡ ᠪᠠᠷ ᠠᠰᠢᠭᠯᠠᠯᠳᠠ ᠳᠤ ᠤᠷᠤᠭᠤᠯᠵᠤ ᠭᠡᠷᠡᠭᠯᠡᠨ᠎ᠡ᠃ ᠢᠳᠡᠭᠡᠨ ᠤ ᠵᠦᠢᠯ ᠡᠮ ᠤᠨ ᠵᠦᠢᠯ ᠳᠤ ᠠᠶᠤᠯᠬᠦᠢ ᠶᠢᠨ ᠲᠤᠰᠬᠠᠢ ᠴᠡᠭᠴᠡᠯᠡᠨ ᠵᠠᠰᠠᠬᠤ | ᠭᠦᠴᠦᠯᠡᠴᠡ ᠪᠠᠨ ᠶᠡᠭᠡᠰᠭᠡᠵᠤ᠂ ᠢᠳᠡᠭᠡᠨ ᠤ ᠵᠦᠢᠯ ᠡᠮ ᠤᠨ ᠵᠦᠢᠯ ᠤᠨ ᠵᠠᠬ᠎ᠠ ᠲᠡᠯᠭᠡᠭᠦᠷ ᠤᠨ ᠡᠮᠬᠢ ᠵᠢᠷᠤᠮ ᠢ ᠪᠦᠬᠦ ᠲᠡᠯ᠎ᠡ ᠪᠠᠷ ᠲᠦᠷᠢᠮᠵᠢᠬᠦᠯᠵᠦ᠂ 2017 ᠤᠨ | ᠪᠤᠯᠳᠠᠯ᠎ᠠ ᠢᠳᠡᠭᠡᠨ ᠤ ᠵᠦᠢᠯ ᠡᠮ ᠤᠨ ᠵᠦᠢᠯ ᠤᠨ ᠠᠶᠤᠯᠬᠦᠢ ᠬᠤᠳᠠ ᠪᠤᠯᠭᠠᠨ ᠦᠨᠳᠦᠰᠦᠨ ᠳᠤᠨᠢ ᠪᠦᠳᠦᠭᠡᠨ ᠪᠠᠶᠢᠭᠤᠯᠤᠨ᠎ᠠ᠃ ᠦᠨᠳᠦᠰᠦᠨ ᠡᠮ ᠡᠮᠨᠡᠯᠭᠡ | ᠡᠷᠡᠬᠦᠯᠵᠢᠯ ᠪᠡ ᠡᠮ ᠡᠮᠨᠡᠯᠭᠡ ᠶᠢᠨ ᠲᠠᠭᠠᠳᠬᠠᠯ ᠢ ᠨᠢᠭᠡᠳᠦᠯᠳᠡᠢ ᠲᠦᠯᠤᠪᠵᠢᠬᠦᠯᠬᠦ ᠢᠨᠵᠧᠨᠧᠷᠢᠩ ᠢ ᠭᠡᠷᠡᠭᠵᠢᠬᠦᠯᠵᠤ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠡᠬᠢ | ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠬᠦᠯᠵᠤ᠂ ᠭᠠᠴᠠᠭ᠎ᠠ ᠲᠤᠰᠬᠤᠨ ᠤ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠢ ᠪᠦᠬᠦᠨ ᠢ ᠪᠦᠷᠭᠦᠭᠦᠯᠬᠦ | ᠶᠠᠪᠤᠳᠠᠯ ᠢ ᠪᠡᠶᠡᠯᠡᠬᠦᠯᠦᠨ᠎ᠡ᠃ ᠲᠡᠭᠡᠳᠦ ᠬᠠᠭᠠᠰ ᠵᠢᠯ ᠳᠤ ᠡᠮ ᠡᠮᠨᠡᠯᠭᠡ ᠶᠢᠨ ᠲᠠᠭᠠᠳᠬᠠᠯ ᠢ ᠬᠤᠳᠠ ᠶᠢᠨ ᠱᠠᠳᠤᠨ ᠳᠤ ᠨᠢᠭᠡᠳᠦᠯᠳᠡᠢ ᠲᠦᠯᠤᠪᠵᠢᠬᠦᠯᠬᠦ ᠠᠵᠢᠯ ᠢ | ᠪᠠᠳᠤᠯᠠᠨ᠎ᠠ᠃ᠰᠤᠶᠤᠯ ᠪᠡᠶ᠎ᠡ ᠲᠡᠮᠢᠷ ᠤᠨ ᠠᠷᠠᠳ ᠲᠤ ᠬᠠᠷᠠᠭᠠᠯᠵᠠᠯᠠᠯ ᠦᠵᠡᠬᠦᠯᠬᠦ ᠢᠨᠵᠧᠨᠧᠷᠢᠩ ᠢ ᠬᠡᠷᠡᠭᠵᠢᠬᠦᠯᠦᠨ᠎ᠡ᠃ ᠰᠤᠶᠤᠯ ᠢ ᠦᠨᠳᠦᠰᠦᠨ ᠱᠠᠳᠤᠨ ᠳᠤ | ᠪᠠᠭᠤᠯᠭᠠᠬᠤ ᠠᠵᠢᠯ ᠤᠨ ᠬᠦᠴᠦᠴᠠ ᠪᠠᠨ ᠶᠡᠬᠡᠰᠬᠡᠵᠦ᠂ ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠲᠦᠬᠦᠬᠡᠷᠦᠮᠵᠢ ᠶᠢ ᠪᠦᠬᠦᠨ ᠢ ᠰᠦᠢᠳᠬᠡᠯ ᠬᠤᠷᠢᠶᠠᠬᠤ ᠦᠬᠡᠢ | ᠴᠢᠯᠦᠬᠡᠳᠡᠢ ᠪᠤᠯᠭᠠᠨ᠎ᠠ᠃ ᠨᠢᠬᠡ ᠪᠦᠯᠦᠭ ᠪᠡᠶ᠎ᠡ ᠴᠢᠬᠢᠷᠠᠭᠵᠢᠭᠤᠯᠬᠤ ᠲᠠᠯᠠᠪᠠᠢ ᠤᠷᠳᠤᠨ ᠢ ᠰᠢᠨ᠎ᠡ ᠪᠠᠷ ᠪᠠᠶᠢᠭᠤᠯᠤᠨ᠎ᠠ︔ ᠪᠠᠶᠢᠭᠤᠯᠭ᠎ᠠ᠂ ᠠᠵᠦ ᠠᠬᠤᠶᠢᠯᠠᠯ᠂ ᠠᠵᠢᠯ | ᠦᠢᠯᠡᠰ ᠤᠨ ᠨᠢᠬᠡᠴᠡ ᠶᠢᠨ ᠪᠡᠶ᠎ᠡ ᠴᠢᠬᠢᠷᠠᠭᠵᠢᠭᠤᠯᠬᠤ ᠲᠠᠯᠠᠪᠠᠢ ᠤᠷᠳᠤᠨ ᠢ ᠰᠦᠢᠳᠬᠡᠯ ᠬᠤᠷᠢᠶᠠᠬᠤ ᠦᠬᠡᠢ ᠪᠠᠷ ᠨᠡᠶᠢᠬᠡᠮ ᠳᠤ ᠴᠢᠯᠦᠬᠡᠳᠡᠢ ᠪᠤᠯᠭᠠᠨ᠎ᠠ︔ | ᠰᠤᠷᠭᠠᠭᠤᠯᠢ ᠶᠢᠨ ᠬᠦᠷᠢᠶᠡᠨ ᠤ ᠪᠡᠶ᠎ᠡ ᠲᠠᠮᠢᠷ ᠤᠨ ᠲᠦᠬᠦᠬᠡᠷᠦᠮᠵᠢ ᠶᠢ ᠰᠤᠷᠤᠭᠴᠢᠳ ᠲᠤ ᠪᠦᠬᠦ ᠵᠢᠯ ᠢᠶᠠᠷ ᠴᠢᠯᠦᠬᠡᠳᠡᠢ ᠲᠠᠯᠪᠢᠵᠦ ᠦᠭᠭᠦᠨ᠎ᠡ᠃ ᠨᠡᠶᠢᠳᠡ ᠶᠢᠨ ᠵᠡᠮ | ᠬᠠᠷᠢᠯᠴᠠᠭᠠᠨ ᠤ ᠠᠷᠠᠳ ᠲᠤ ᠲᠦᠬᠦᠮ ᠦᠵᠡᠬᠦᠯᠬᠦ ᠢᠨᠵᠧᠨᠧᠷᠢᠩ ᠢ ᠭᠡᠷᠡᠭᠵᠢᠬᠦᠯᠵᠤ᠂ ᠭᠤᠤᠯ ᠬᠤᠳᠠ ᠶᠢᠨ ᠲᠤᠭᠤᠷᠢᠭ ᠤᠨ ᠨᠡᠶᠢᠳᠡ ᠶᠢᠨ ᠵᠡᠮ ᠬᠠᠷᠢᠯᠴᠠᠭᠠᠨ ᠤ | ᠬᠤᠳᠠ ᠪᠠᠯᠭᠠᠰᠤᠨ ᠤ ᠨᠢᠭᠡ ᠴᠤᠭᠴᠠᠵᠢᠭᠰᠠᠨ ᠠᠬᠢᠴᠠ ᠶᠢ ᠲᠦᠷᠭᠡᠳᠭᠡᠵᠤ᠂ ᠨᠡᠶᠢᠳᠡ ᠶᠢᠨ ᠵᠡᠮ ᠬᠠᠷᠢᠯᠴᠠᠭᠠᠨ ᠤ ᠵᠠᠮ ᠱᠤᠭᠤᠮ ᠬᠢᠭᠡᠳ ᠨᠡᠶᠢᠳᠡ ᠶᠢᠨ ᠵᠡᠮ | ᠬᠠᠷᠢᠯᠴᠠᠭᠠᠨ ᠤ ᠲᠡᠷᠭᠡᠨ ᠳᠤ ᠨᠢᠭᠡᠳᠦᠯᠳᠡᠢ ᠬᠠᠮᠢᠶᠠᠷᠬᠤ ᠪᠠᠶᠢᠭᠤᠯᠤᠮᠵᠢ ᠢ ᠭᠡᠷᠡᠭᠵᠢᠬᠦᠯᠦᠨ᠎ᠡ᠃ ᠨᠢᠭᠡ ᠪᠦᠯᠦᠭ ᠰᠢᠨ᠎ᠡ ᠭᠡᠯᠪᠡᠷᠢ ᠶᠢᠨ ᠨᠡᠶᠢᠳᠡ ᠶᠢᠨ ᠵᠡᠮ | ᠬᠠᠷᠢᠯᠴᠠᠭᠠᠨ ᠤ ᠲᠡᠷᠭᠡ ᠶᠢ ᠰᠢᠨᠡᠴᠢᠯᠡᠵᠤ᠂ ᠭᠤᠤᠯ ᠬᠤᠳᠠ ᠶᠢᠨ ᠲᠤᠭᠤᠷᠢᠭ ᠤᠨ ᠨᠡᠶᠢᠳᠡ ᠶᠢᠨ ᠵᠡᠮ ᠬᠠᠷᠢᠯᠴᠠᠭᠠᠨ ᠤ ᠲᠡᠷᠭᠡ ᠶᠢᠨ ᠤᠶᠤᠨᠴᠢᠯᠠᠭᠰᠠᠨ ᠬᠠᠮᠢᠶᠠᠷᠤᠯᠳᠠ | ᠶᠢ ᠠᠯᠭᠤᠷ ᠶᠠᠪᠤᠭᠳᠠᠭᠤᠯᠤᠨ᠎ᠠ᠃ ᠨᠡᠶᠢᠳᠡ ᠶᠢᠨ ᠵᠡᠮ ᠬᠠᠷᠢᠯᠴᠠᠭᠠᠨ ᠤ ᠳᠤ ᠰᠠᠭᠤᠬᠤ ᠳᠤ ᠰᠦᠢᠳᠭᠡᠯ ᠬᠤᠷᠢᠶᠠᠬᠤ ᠦᠭᠡᠢ ᠭᠦᠮᠦᠰ ᠲᠤ᠂ ᠤᠯᠤᠰ ᠤᠨ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠠᠮᠠᠯᠠᠯᠳᠠ ᠶᠢ ᠭᠦᠢᠴᠡᠳᠭᠡᠨ᠎ᠡ᠃ ᠠᠷᠠᠳ ᠲᠤ ᠲᠦᠬᠦᠮ ᠦᠵᠡᠬᠦᠯᠬᠦ ᠨᠡᠶᠢᠳᠡ ᠶᠢᠨ ᠵᠤᠷᠯᠤᠩ | ᠪᠠᠶᠢᠭᠤᠯᠤᠨ᠎ᠠ᠃ ᠭᠤᠤᠯ ᠬᠤᠳᠡ ᠲᠤᠭᠤᠷᠢᠭ ᠤᠨ ᠤᠳᠤ ᠪᠠᠶᠢᠭ᠎ᠠ ᠨᠡᠶᠢᠳᠡ ᠶᠢᠨ ᠵᠤᠷᠯᠤᠩ ᠢ ᠪᠦᠷ ᠰᠦᠢᠳᠭᠡᠯ ᠬᠤᠷᠢᠶᠠᠬᠤ ᠦᠭᠡᠢ ᠴᠢᠯᠦᠭᠡᠳᠡᠢ ᠪᠤᠯᠭᠠᠵᠦ ᠂ | ᠰᠢᠨ᠎ᠡ ᠪᠠᠶᠢᠭᠤᠯᠬᠤ᠂ ᠦᠭᠡᠷᠡᠴᠢᠯᠡᠬᠦ᠂ ᠬᠤᠳᠠᠯᠳᠤᠨ ᠠᠪᠬᠤ᠂ ᠵᠡᠭᠡᠯᠢ ᠶᠢ ᠲᠠᠭᠠᠭᠰᠠᠨ ᠨᠢᠭᠡᠴᠡ ᠶᠢᠨ ᠵᠤᠷᠯᠤᠩ ᠢ ᠴᠢᠯᠦᠭᠡᠳᠡᠢ ᠪᠤᠯᠭᠠᠬᠤ ᠵᠡᠷᠭᠡ ᠠᠷᠭ᠎ᠠ ᠪᠠᠷ | ᠲᠡᠮᠵᠢᠵᠦ᠂ ᠭᠤᠤᠯ ᠬᠤᠳᠠ ᠶᠢᠨ ᠲᠤᠭᠤᠷᠢᠭ ᠲᠤ ᠨᠡᠶᠢᠳᠡ ᠶᠢᠨ ᠵᠤᠷᠯᠤᠩ ᠢ ᠪᠦᠬᠦᠨ ᠢ ᠪᠦᠷᠭᠦᠬᠦᠯᠬᠦ ᠶᠢ ᠪᠡᠶᠡᠯᠡᠬᠦᠯᠦᠨ᠎ᠡ᠃ | ︵ᠲᠤᠯᠤᠭ᠎ᠠ︶ ᠨᠡᠶᠢᠬᠡᠮ ᠤᠨ ᠦᠢᠯᠡᠰ ᠢ ᠶᠡᠭᠡ ᠪᠠᠷ ᠬᠦᠭᠵᠢᠬᠦᠯᠵᠦ᠂ ᠨᠡᠶᠢᠬᠡᠮ ᠤᠨ ᠵᠠᠰᠠᠯᠳᠡ ᠶᠢᠨ ᠰᠢᠨ᠎ᠡ ᠶᠢ ᠡᠬᠦᠳᠬᠦ ᠶᠢ ᠠᠬᠢᠭᠤᠯᠤᠨ᠎ᠠ | ᠡᠯ᠎ᠡ ᠲᠦᠷᠦᠯ ᠤᠨ ᠨᠡᠶᠢᠬᠡᠮ ᠤᠨ ᠦᠢᠯᠡᠰ ᠤᠨ ᠬᠦᠭᠵᠢᠯᠳᠡ ᠶᠢ ᠲᠦᠷᠭᠡᠳᠬᠡᠨ᠎ᠡ᠃ ᠰᠤᠷᠭᠠᠨ ᠬᠦᠮᠦᠵᠢᠯ ᠤᠨ ᠦᠢᠯᠡᠰ ᠢ ᠤᠷᠢᠳᠠᠪᠡᠷ ᠬᠦᠭᠵᠢᠬᠦᠯᠬᠦ ᠶᠢ | ᠪᠠᠷᠢᠮᠳᠡᠯᠡᠵᠦ᠂ ᠰᠠᠭᠤᠷᠢ ᠰᠤᠷᠭᠠᠨ ᠬᠦᠮᠦᠵᠢᠯ ᠤᠨ ᠬᠤᠳᠡ ᠬᠦᠳᠡᠭᠡ ᠶᠢᠨ ᠨᠢᠬᠡ ᠴᠤᠭᠴᠠᠵᠢᠯᠳᠡ ᠶᠢ ᠠᠬᠢᠭᠤᠯᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ | ᠲᠡᠩᠴᠡᠬᠦᠷᠢ ᠲᠠᠢ ᠬᠦᠭᠵᠢᠯᠳᠡ ᠶᠢ ᠲᠦᠷᠭᠡᠳᠭᠡᠨ᠎ᠡ᠃ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠲᠦᠷᠢᠮᠵᠢᠬᠦᠯᠵᠦ᠂ ︽ᠰᠤᠷᠭᠠᠭᠤᠯᠢ ᠰᠤᠩᠭᠤᠬᠤ ᠬᠠᠯᠠᠭᠤᠷᠡᠯ︾ ︽ | ᠬᠡᠦᠬᠡᠳ ᠤᠨ ᠴᠡᠴᠡᠷᠯᠢᠭ ᠤᠨ ᠠᠩᠭᠢ ᠶᠢᠨ ᠲᠤᠭ᠎ᠠ ᠶᠢ ᠬᠢᠵᠠᠭᠠᠷᠯᠠᠬᠤ︾ ᠵᠡᠷᠭᠡ ᠠᠰᠠᠭᠤᠳᠡᠯ ᠢ ᠰᠠᠶᠢᠳᠦᠷ ᠰᠢᠢᠳᠪᠦᠷᠢᠯᠡᠨ᠎ᠡ᠃ ᠦᠨᠳᠦᠰᠦᠳᠡᠨ ᠤ ᠰᠤᠷᠭᠠᠨ | ᠬᠦᠮᠦᠵᠢᠯ ᠤᠨ ᠠᠭᠤᠯᠬᠤᠨ ᠤ ᠬᠦᠭᠵᠢᠯᠳᠡ ᠶᠢ ᠠᠬᠢᠭᠤᠯᠵᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠭᠵᠢᠯᠳᠡ ᠶᠢᠨ ᠰᠢᠨ᠎ᠡ ᠬᠡᠪ ᠵᠠᠭᠪᠤᠷ ᠢ | ᠰᠦᠪᠡᠭᠴᠢᠯᠡᠨ ᠪᠠᠶᠢᠭᠤᠯᠤᠨ᠎ᠠ᠃ ᠬᠤᠰᠢᠭᠤ ᠰᠢᠶᠠᠨ ᠤ ᠱᠠᠳᠤᠨ ᠤ ᠠᠯᠪᠠᠨ ᠡᠮᠨᠡᠯᠬᠡ ᠶᠢᠨ ᠬᠤᠷᠢᠶ᠎ᠡ ᠶᠢᠨ ᠶᠡᠷᠦᠩᠭᠡᠢ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠡᠮ | ᠡᠮᠨᠡᠯᠬᠡ ᠡᠷᠡᠬᠦᠯ ᠬᠠᠮᠠᠭᠠᠯᠠᠯ ᠤᠨ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠲᠤᠭᠳᠠᠯᠴᠠᠭ᠎ᠠ ᠶᠢᠨ | ᠪᠠᠷᠢᠮᠵᠢᠶᠠᠵᠢᠭᠤᠯᠬᠤ ᠲᠡᠩᠴᠡᠬᠦᠷᠢᠰᠢᠬᠦᠯᠬᠦ ᠪᠠᠶᠢᠭᠤᠯᠤᠯᠳᠡ ᠶᠢ ᠠᠬᠢᠭᠤᠯᠵᠦ᠂ ᠰᠤᠶᠤᠯ ᠤᠨ ᠬᠦᠭᠵᠢᠯᠳᠡ ᠶᠢ ᠠᠬᠢᠭᠤᠯᠤᠨ᠎ᠠ᠃ ᠬᠦᠯ ᠪᠦᠮᠪᠦᠬᠡᠨ ᠤ ᠦᠬᠡᠷᠡᠴᠢᠯᠡᠯᠳᠡ | ᠬᠦᠭᠵᠢᠯᠳᠡ ᠶᠢᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠬᠦᠯᠵᠦ᠂ ᠬᠦᠯ ᠪᠦᠮᠪᠦᠭᠡ ᠵᠡᠷᠭᠡ ︽ᠭᠤᠷᠪᠡᠨ ᠲᠤᠮᠤ ᠪᠦᠮᠪᠦᠭᠡ︾ ᠶᠢᠨ ᠬᠠᠮᠳᠤᠷᠠᠭᠰᠠᠨ | ᠤᠷᠤᠯᠳᠤᠭᠠᠨ ᠢᠶᠠᠷ ᠤᠯᠠᠨ ᠲᠦᠮᠡᠨ ᠤ ᠪᠡᠶ᠎ᠡ ᠴᠢᠬᠢᠷᠠᠭᠵᠢᠭᠤᠯᠬᠤ ᠲᠠᠮᠢᠷ ᠤᠨ ᠬᠦᠭᠵᠢᠯᠳᠡ ᠶᠢ ᠲᠠᠶᠢᠴᠢᠯᠠᠨ᠎ᠠ᠃ ᠡᠮᠡᠭᠳᠡᠶᠢᠴᠦᠳ ᠬᠡᠦᠬᠡᠳ ᠪᠠᠭᠠᠴᠤᠳ᠂ ᠭᠠᠳᠠᠭᠠᠳᠤ | ᠶᠠᠪᠤᠳᠡᠯ ᠬᠠᠷᠢᠶᠠᠳᠦ ᠶᠢᠨ ᠶᠠᠪᠤᠳᠡᠯ᠂ ᠵᠡᠮᠳᠡᠭᠴᠦᠳ᠂ ᠭᠠᠵᠠᠷ ᠬᠦᠳᠡᠯᠦᠯᠳᠡ᠂ ᠠᠭᠠᠷ ᠤᠨ ᠰᠡᠷᠬᠡᠶᠢᠯᠡᠯᠳᠡ ᠪᠤᠯᠤᠨ ᠴᠠᠭ ᠠᠭᠤᠷ ᠵᠡᠷᠬᠡ ᠠᠵᠢᠯ ᠢ ᠴᠢᠨᠠᠭᠰᠢᠳᠡ | ᠴᠢᠩᠭᠠᠳᠬᠠᠨ᠎ᠠ᠃ ᠨᠡᠶᠢᠬᠡᠮ ᠵᠢᠷᠦᠮ ᠤᠨ ᠭᠤᠯᠯᠠᠭᠴᠢ ᠦᠷᠳᠡᠭ ᠤᠨ ᠦᠵᠡᠯᠳᠡ ᠪᠠ ︽ᠲᠤᠮᠳᠡᠳᠦ ᠤᠯᠤᠰ ᠤᠨ ᠬᠦᠰᠡᠯ ᠬᠠᠷᠢᠭᠤᠴᠠᠯᠭ᠎ᠠ ᠪᠠᠨ ᠬᠦᠢᠴᠡᠳᠬᠡᠵᠦ᠂ | ᠬᠦᠰᠡᠯ ᠢᠶᠠᠨ ᠲᠡᠷᠭᠡᠯᠰᠢᠬᠦᠯᠬᠦ︾ ᠰᠢᠷᠢᠰ ᠤᠬᠠᠭᠤᠯᠤᠯ ᠬᠦᠮᠦᠵᠢᠯ ᠪᠤᠯᠤᠨ ᠭᠤᠤᠯ ᠰᠡᠳᠦᠪ ᠤᠨ ᠦᠢᠯᠡᠳᠦᠯᠬᠡ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ | ᠤᠯᠠᠨ ᠲᠦᠮᠡᠨᠴᠢ ᠴᠢᠨᠡᠷ ᠲᠠᠢ ᠤᠶᠤᠨ ᠤ ᠪᠤᠯᠪᠠᠰᠤᠨ ᠤ ᠡᠬᠦᠳᠦᠯᠳᠡ ᠶᠢᠨ ᠠᠭᠤᠯᠬᠤᠨ ᠢ ᠪᠠᠶᠠᠯᠢᠭᠵᠢᠭᠤᠯᠤᠨᠡ᠃ ᠤᠯᠠᠮᠵᠢᠯᠠᠯᠳᠦ ᠵᠠᠭᠤᠴᠢ ᠪᠠ ᠰᠢᠨ᠎ᠡ | ᠵᠠᠭᠤᠴᠢ ᠶᠢᠨ ᠠᠭᠤᠰᠤᠯᠴᠠᠭ᠎ᠠ ᠬᠦᠭᠵᠢᠯᠳᠡ ᠶᠢ ᠠᠬᠢᠭᠤᠯᠵᠦ᠂ ᠰᠦᠯᠵᠢᠶᠡᠨ ᠤ ᠰᠤᠷᠠᠭ ᠵᠠᠩᠬᠢ ᠶᠢᠨ ᠬᠠᠮᠢᠶᠠᠷᠤᠯᠳᠡ ᠪᠠ ᠭᠡᠯᠡᠯᠴᠡᠭᠡᠨ ᠤ ᠵᠢᠯᠤᠭᠤᠳᠤᠮᠵᠢ ᠶᠢᠨ | ᠠᠵᠢᠯ ᠢ ᠰᠡᠶᠢᠳᠦᠷ ᠬᠢᠵᠦ᠂ ᠪᠢᠴᠢᠯ ᠪᠦᠷᠭᠡ᠂ ᠪᠢᠴᠢᠯ ᠮᠡᠳᠡᠭᠡ ᠵᠡᠷᠭᠡ ᠤᠳᠤᠬᠢ ᠵᠠᠭᠤᠴᠢ ᠶᠢ ᠠᠰᠢᠭᠯᠠᠵᠦ᠂ ᠲᠦᠩᠯᠢᠶᠦᠦ ᠶᠢᠨ ᠰᠢᠨ᠎ᠡ ᠲᠦᠷᠢ ᠲᠦᠷᠬᠦ ᠶᠢ | ᠤᠬᠠᠭᠤᠯᠵᠤ᠂ ᠭᠦᠭᠵᠢᠬᠦᠯᠦᠯᠳᠡ ᠶᠢᠨ ᠢᠳᠡᠪᠬᠢ ᠭᠦᠴᠦᠨ ᠢ ᠨᠢᠭᠳᠠᠷᠠᠭᠤᠯᠤᠨ᠎ᠠ᠃ | ᠦᠨᠳᠦᠰᠦᠳᠡᠨ ᠱᠠᠰᠢᠨ ᠰᠤᠷᠳᠠᠬᠤᠨ ᠤ ᠠᠵᠢᠯ ᠢ ᠰᠠᠶᠢᠳᠤᠷ ᠬᠢᠨ᠎ᠡ᠃ ᠨᠡᠮ ᠤᠨ ᠦᠨᠳᠦᠰᠦᠳᠡᠨ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠪᠦᠬᠦ | ᠲᠡᠯ᠎ᠡ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠯᠳᠡ ᠶᠢᠨ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂ | ᠦᠨᠳᠦᠰᠦᠳᠡᠨ ᠨᠦᠭᠦᠳ ᠬᠠᠮᠳᠤ ᠪᠠᠷ ᠪᠦᠯᠬᠦᠮᠳᠡᠨ ᠲᠠᠪᠰᠢᠬᠤ᠂ ᠬᠠᠮᠳᠤᠪᠡᠷ ᠴᠡᠴᠡᠭᠯᠡᠨ ᠭᠦᠭᠵᠢᠬᠦ ᠶᠢ ᠠᠬᠢᠭᠤᠯᠤᠨ᠎ᠠ᠃ ᠮᠤᠩᠭᠤᠯ ᠦᠭᠡ ᠭᠡᠯᠡ ᠦᠰᠦᠭ | ᠪᠢᠴᠢᠭ ᠤᠨ ᠬᠠᠤᠯᠢᠵᠢᠯᠳᠡ᠂ ᠲᠦᠷᠢᠮᠵᠢᠯᠳᠡ᠂ ᠪᠠᠷᠢᠮᠵᠢᠶᠠᠵᠢᠯᠳᠡ ᠪᠡ ᠵᠠᠩᠬᠢᠴᠢᠯᠠᠯᠳᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠱᠠᠰᠢᠨ ᠰᠣᠷᠳᠠᠬᠤᠨ ᠤ | ᠡᠳᠡᠭᠡᠳ ᠤᠨ ᠭᠦᠮᠦᠰ ᠪᠡ ᠱᠠᠰᠢᠨ ᠰᠢᠳᠦᠭᠴᠢᠳ ᠤᠨ ᠨᠡᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠢ ᠠᠬᠢᠭᠤᠯᠬᠤ ᠲᠤᠮᠳᠠᠬᠢ ᠢᠳᠡᠪᠬᠢ ᠦᠢᠯᠡᠳᠦᠯ ᠢ | ᠪᠠᠳᠠᠷᠠᠭᠤᠯᠤᠨ᠎ᠠ᠃ | ᠠᠮᠤᠭᠤᠯᠠᠩ ᠲᠦᠩᠯᠢᠶᠦᠦ ᠶᠢᠨ ᠪᠠᠶᠢᠭᠤᠯᠤᠯᠳᠠ ᠶᠢ ᠠᠬᠢᠭᠤᠯᠤᠨ᠎ᠠ᠃ ᠬᠠᠤᠯᠢ ᠪᠠᠷ ᠬᠤᠳᠠ ᠪᠠᠨ ᠵᠠᠰᠠᠬᠤ ᠶᠢ ᠪᠦᠬᠦ ᠲᠡᠯ᠎ᠡ ᠪᠠᠷ ᠭᠡᠷᠡᠭᠵᠢᠬᠦᠯᠵᠦ᠂ ᠪᠦᠬᠦ | ᠠᠷᠠᠳ ᠤᠨ ᠬᠠᠤᠯᠢ ᠴᠠᠭᠠᠵᠠ ᠶᠢᠨ ᠦᠵᠡᠯᠳᠡ ᠲᠠᠨᠢᠯᠳᠠ ᠶᠢ ᠴᠢᠩᠭᠠᠷᠠᠭᠤᠯᠤᠨ᠎ᠠ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠡᠮᠬᠢ ᠲᠢᠭᠯᠢᠮ ᠢ ᠬᠠᠤᠯᠢ ᠪᠠᠷ | ᠵᠢᠷᠤᠮᠵᠢᠭᠤᠯᠬᠤ ᠶᠢ ᠪᠠᠷᠢᠮᠳᠠᠯᠠᠵᠤ᠂ ᠬᠠᠤᠯᠢ ᠪᠠᠷ ᠡᠷᠭᠡ ᠪᠠᠨ ᠬᠠᠮᠠᠭᠠᠯᠠᠬᠤ ᠪᠡ ᠵᠠᠷᠭᠤᠯᠳᠤᠭᠠᠨ ᠢ ᠡᠶᠡᠳᠡᠭᠦᠯᠦᠨ ᠰᠢᠢᠳᠪᠤᠷᠢᠯᠡᠬᠦ ᠲᠤᠭᠳᠠᠴᠠ ᠶᠢ ᠲᠡᠭᠦᠯᠳᠡᠷᠵᠢᠬᠦᠯᠵᠦ᠂ | ᠤᠯᠠᠨ ᠲᠦᠮᠡᠨ ᠤ ᠬᠠᠤᠯᠢ ᠶᠤᠰᠤᠨ ᠤ ᠵᠠᠭᠠᠯᠳᠤᠯᠭ᠎ᠠ ᠶᠢ ᠬᠠᠤᠯᠢ ᠴᠠᠭᠠᠵᠠ ᠶᠢᠨ ᠵᠠᠮ ᠰᠤᠪᠠᠭ ᠢᠶᠠᠷ ᠲᠡᠮᠵᠢᠵᠦ ᠰᠢᠢᠳᠪᠤᠷᠢᠯᠡᠬᠦ ᠶᠢ ᠪᠠᠳᠤᠯᠠᠨ᠎ᠠ᠃ ᠴᠠᠭᠳᠠᠭ᠎ᠠ ᠶᠢᠨ | ᠬᠦᠴᠦᠨ ᠢ ᠲᠤᠷᠤᠭᠰᠢ ᠪᠠᠭᠤᠯᠭᠠᠬᠤ ᠲᠤᠭᠳᠠᠴᠠ ᠶᠢ ᠪᠠᠶᠢᠭᠤᠯᠵᠤ᠂ ᠪᠡᠶᠡᠴᠢᠯᠡᠭᠰᠡᠨ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠬᠢᠵᠠᠭᠠᠷᠯᠠᠬᠤ ᠲᠤᠭᠳᠠᠯᠴᠠᠭ᠎ᠠ | ᠪᠠᠶᠢᠭᠤᠯᠵᠤ᠂ ᠡᠯ᠎ᠡ ᠲᠦᠷᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠨᠡᠶᠢᠭᠡᠮ ᠤᠨ ᠠᠮᠤᠷ ᠲᠦᠪᠰᠢᠨ ᠤ ᠡᠮᠬᠢ | ᠲᠢᠭᠯᠢᠮ ᠤᠨ ᠦᠷᠭᠦᠯᠵᠢᠯᠡᠨ ᠲᠤᠭᠳᠠᠭᠤᠨ ᠪᠠᠶᠢᠬᠤ ᠶᠢ ᠪᠠᠳᠤᠯᠠᠨ᠎ᠠ᠃ ᠢᠳᠡᠭᠡᠨ ᠤ ᠵᠦᠢᠯ ᠡᠮ ᠤᠨ ᠵᠦᠢᠯ ᠤᠨ ᠬᠢᠨᠡᠯᠳᠡ ᠬᠠᠮᠢᠶᠠᠷᠤᠯᠳᠠ ᠶᠢᠨ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠭᠦᠨᠵᠡᠭᠡᠶᠢᠷᠡᠬᠦᠯᠵᠦ᠂ ᠬᠠᠮᠤᠭ ᠤᠨ ᠴᠢᠩᠭ᠎ᠠ ᠬᠢᠨᠡᠯᠳᠡ ᠬᠠᠮᠢᠶᠠᠷᠤᠯᠳᠠ ᠶᠢᠨ ᠲᠦᠷᠢᠮ ᠢ ᠪᠠᠶᠢᠭᠤᠯᠵᠤ᠂ ︽ᠢᠳᠡᠭᠡᠨ ᠤ ᠵᠦᠢᠯ ᠡᠮ ᠤᠨ | ᠵᠦᠢᠯ ᠤᠨ ᠠᠮᠤᠷ ᠲᠦᠪᠰᠢᠨ ᠬᠤᠳᠠ︾ ᠶᠢᠨ ᠪᠠᠶᠢᠭᠤᠯᠤᠯᠳᠠ ᠶᠢ ᠦᠷᠨᠢᠬᠦᠯᠵᠦ᠂ ᠢᠳᠡᠭᠡᠨ ᠤ ᠵᠦᠢᠯ ᠡᠮ ᠤᠨ ᠵᠦᠢᠯ ᠢ ᠰᠢᠯᠭᠠᠨ ᠭᠡᠮᠵᠢᠬᠦ ᠴᠢᠳᠠᠪᠤᠷᠢ ᠶᠢ | ᠲᠡᠭᠡᠭᠰᠢᠯᠡᠬᠦᠯᠵᠦ᠂ ᠲᠤᠰᠬᠠᠢ ᠵᠠᠰᠠᠨ ᠴᠡᠭᠴᠡᠯᠡᠯᠳᠡ ᠪᠠᠨ ᠨᠡᠶᠢᠭᠡᠮ ᠤᠨ ᠬᠠᠮᠳᠤ ᠶᠢᠨ ᠵᠠᠰᠠᠯᠳᠠ ᠶᠢᠨ ᠭᠦᠴᠦᠴᠡ ᠶᠢ ᠶᠡᠭᠡᠰᠭᠡᠵᠤ᠂ ᠠᠷᠠᠳ ᠤᠯᠠᠨ ᠤ ᠢᠳᠡᠭᠡᠨ | ᠤᠮᠳᠠᠭᠠᠨ ᠡᠮ ᠤᠨ ᠠᠶᠦᠯᠬᠦᠢ ᠶᠢ ᠪᠠᠳᠤᠯᠠᠨ᠎ᠠ᠃ ᠭᠠᠯ ᠢ ᠰᠡᠷᠭᠡᠶᠢᠯᠡᠬᠦ ᠠᠮᠤᠷ ᠲᠦᠪᠰᠢᠨ ᠢ ᠲᠡᠭᠡᠳᠦ ᠭᠡᠮᠵᠢᠶ᠎ᠡ ᠪᠠᠷ ᠭᠦᠨᠳᠤᠳᠭᠡᠵᠤ᠂ ᠵᠠᠮ ᠬᠠᠷᠢᠯᠴᠠᠭ᠎ᠠ ᠲᠡᠭᠡᠭᠡᠪᠤᠷᠢ | ᠂ ᠠᠭᠤᠷᠬᠠᠢ ᠶᠢᠨ ᠦᠢᠯᠡᠰ ᠤᠨ ᠦᠢᠯᠡᠳᠪᠤᠷᠢᠯᠡᠯ᠂ ᠠᠶᠤᠯ ᠲᠠᠢ ᠬᠢᠮᠢ ᠶᠢᠨ ᠵᠦᠢᠯ ᠵᠡᠷᠭᠡ ᠭᠦᠷᠢᠶ᠎ᠡ ᠭᠡᠪᠴᠢᠶᠡᠨ ᠤ ᠠᠮᠤᠷ ᠲᠦᠪᠰᠢᠨ ᠤ ᠬᠢᠨᠡᠯᠳᠡ ᠬᠠᠮᠢᠶᠠᠷᠤᠯᠳᠠ ᠶᠢ | ᠴᠢᠩᠭᠠᠳᠬᠠᠵᠤ᠂ ᠭᠡᠮ ᠰᠤᠭᠤᠭ ᠢ ᠪᠠᠶᠢᠴᠠᠭᠠᠨ ᠵᠠᠰᠠᠬᠤ ᠪᠡ ᠲᠤᠰᠬᠠᠢ ᠵᠦᠢᠯ ᠤᠨ ᠵᠠᠰᠠᠨ ᠴᠡᠭᠴᠡᠯᠡᠯᠳᠡ ᠶᠢᠨ ᠭᠦᠴᠦᠴᠡ ᠶᠢ ᠶᠡᠭᠡᠰᠭᠡᠵᠤ᠂ ᠤᠨᠴᠠᠭᠠᠢ ᠶᠡᠭᠡ ᠭᠡᠷᠡᠭ | ᠡᠭᠦᠰᠬᠦ ᠶᠢ ᠡᠷᠡᠰ ᠰᠡᠷᠭᠡᠶᠢᠯᠡᠨ᠎ᠡ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠡ ᠪᠠᠴᠢᠮ ᠶᠠᠪᠤᠳᠠᠯ ᠢ ᠠᠷᠭᠠᠴᠠᠬᠤ ᠠᠪᠤᠷᠠᠨ ᠲᠤᠰᠠᠯᠠᠬᠤ ᠲᠤᠭᠳᠠᠯᠴᠠᠭ᠎ᠠ ᠶᠢ | ᠲᠡᠭᠦᠯᠳᠡᠷᠵᠢᠬᠦᠯᠵᠦ᠂ ᠭᠠᠮᠰᠢᠭ ᠢ ᠰᠡᠷᠭᠡᠶᠢᠯᠡᠬᠦ ᠪᠡ ᠠᠪᠤᠷᠠᠨ ᠲᠤᠰᠠᠯᠠᠬᠤ ᠴᠢᠳᠡᠪᠤᠷᠢ ᠶᠢ ᠲᠡᠭᠡᠭᠰᠢᠯᠡᠬᠦᠯᠦᠨ᠎ᠡ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ | ᠭᠦᠮᠦᠵᠢᠯ ᠢ ᠴᠢᠩᠭᠠᠳᠬᠠᠵᠤ᠂ ᠬᠤᠳᠠ ᠳᠤ ᠰᠠᠭᠤᠭ᠎ᠠ ᠴᠡᠷᠢᠭ ᠠᠩᠬᠢ᠂ ᠵᠡᠪᠰᠡᠭᠳᠦ ᠴᠠᠭᠳᠠᠭ᠎ᠠ ᠶᠢᠨ ᠠᠩᠬᠢ ᠪᠡ ᠤᠯᠤᠰ ᠤᠨ ᠪᠠᠳᠤᠯᠠᠨ ᠬᠠᠮᠠᠭᠠᠯᠠᠯᠳᠠ ᠶᠢᠨ | ᠪᠡᠯᠡᠳᠭᠡᠯ ᠭᠦᠴᠦᠨ ᠤ ᠪᠠᠶᠢᠭᠤᠯᠤᠯᠳᠠ ᠶᠢ ᠰᠡᠶᠢᠳᠦᠷ ᠠᠳᠬᠤᠵᠤ᠂ ᠬᠤᠶᠠᠷ ᠭᠦᠷᠢᠶᠡᠯᠡᠯ ᠤᠨ ᠲᠠᠭᠤᠷᠢᠶᠠᠯ ᠬᠤᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠭᠦᠨᠵᠡᠭᠡᠢ ᠦᠷᠨᠢᠬᠦᠯᠵᠦ᠂ ᠴᠡᠷᠢᠭ ᠠᠷᠠᠳ ᠭᠦᠨ ᠠᠭᠤᠰᠤᠯᠴᠠᠨ ᠭᠦᠭᠵᠢᠬᠦ ᠶᠢ ᠠᠬᠢᠭᠤᠯᠤᠨ᠎ᠠ᠃ | ︵ᠨᠠᠢᠮᠠ︶ ᠬᠤᠪᠢ ᠪᠠᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ ᠤᠨ ᠤᠷᠳᠤᠨ ᠤ ᠢᠳᠡᠭᠡᠬᠦᠯᠬᠦ ᠭᠦᠴᠦᠨ ᠪᠡ ᠭᠡᠷᠡᠭᠵᠢᠬᠦᠯᠬᠦ ᠭᠦᠴᠦᠨ ᠢ | ᠲᠡᠭᠡᠭᠰᠢᠯᠡᠬᠦᠯᠦᠨ᠎ᠡ | ᠡᠯ᠎ᠡ ᠱᠠᠳᠤᠨ ᠤ ᠵᠠᠰᠠᠭ ᠤᠨ ᠤᠷᠳᠤᠨ ᠤᠨᠴᠠᠭᠠᠶᠢᠯᠠᠨ ᠡᠯ᠎ᠡ ᠱᠠᠳᠤᠨ ᠤ ᠤᠳᠤᠷᠢᠳᠬᠤ ᠺᠠᠳ᠋ᠷ ᠰᠢ ᠶᠢᠨ ᠫᠢᠩ ᠶᠡᠷᠤᠩᠭᠡᠢ ᠱᠦᠵᠢ ᠶᠢᠨ ᠱᠠᠭᠠᠷᠳᠠᠯᠭ᠎ᠠ ᠪᠠᠷ ︽ | ᠰᠡᠳᠬᠢᠯ ᠳᠡᠭᠡᠨ ᠨᠡᠮ᠂ ᠠᠷᠠᠳ᠂ ᠬᠠᠷᠢᠭᠤᠴᠠᠯᠭ᠎ᠠ᠂ ᠴᠡᠭᠡᠷ ᠪᠠᠶᠢᠯᠭᠠᠬᠤ︾ ᠶᠢ ᠢᠮᠠᠭᠳᠠ ᠭᠦᠢᠴᠡᠳᠭᠡᠵᠤ᠂ ᠵᠠᠰᠠᠭ ᠤᠨ ᠤᠷᠳᠤᠨ ᠤ ᠠᠵᠢᠯ ᠤᠨ ᠰᠢᠨ᠎ᠡ | ᠪᠠᠶᠢᠳᠠᠯ ᠢᠶᠠᠷ ᠭᠦᠭᠵᠢᠯᠳᠡ ᠶᠢᠨ ᠰᠢᠨ᠎ᠡ ᠭᠡᠪ ᠤᠨ ᠪᠠᠶᠢᠳᠠᠯ ᠢ ᠵᠢᠯᠤᠭᠤᠳᠤᠨ ᠲᠠᠭᠠᠭᠤᠯᠤᠨ᠎ᠠ᠃ | ᠬᠠᠤᠯᠢ ᠪᠠᠷ ᠵᠠᠰᠠᠭ ᠪᠠᠷᠢᠬᠤ ᠶᠢ ᠠᠬᠢᠭᠤᠯᠤᠨ᠎ᠠ᠃ ᠨᠡᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ | ᠬᠦᠨᠵᠡᠭᠡᠢ ᠲᠤᠤᠱᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠠᠵᠢᠯ ᠢ ᠪᠦᠬᠦ ᠲᠡᠯ᠎ᠡ ᠪᠠᠷ ᠬᠠᠤᠯᠢᠵᠢᠯ ᠤᠨ ᠵᠠᠮ ᠳᠤ ᠦᠨᠡᠨᠬᠦ ᠤᠷᠤᠭᠤᠯᠵᠤ᠂ ᠬᠠᠤᠯᠢ | ᠪᠠᠷ ᠵᠠᠰᠠᠬᠤ ᠰᠡᠳᠬᠢᠬᠦᠢ ᠪᠡ ᠭᠡᠯᠪᠡᠷᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠶᠢᠨ ᠰᠢᠢᠳᠪᠤᠷᠢ᠂ ᠲᠤᠭᠳᠠᠭᠠᠯ ᠢ ᠬᠢᠨᠠᠮᠠᠭᠠᠢ ᠭᠡᠷᠡᠭᠵᠢᠬᠦᠯᠵᠦ᠂ ᠬᠠᠤᠯᠢ ᠶᠤᠰᠤᠭᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶ᠎ᠠ ᠳᠤ ᠠᠵᠢᠯ ᠢᠶᠠᠨ ᠮᠡᠳᠡᠭᠦᠯᠵᠤ᠂ ᠤᠬᠠᠮᠰᠡᠷ ᠠᠴᠠ ᠪᠠᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠡᠯᠳᠡ | ᠲᠠᠯᠪᠢᠬᠤ ᠶᠢ ᠭᠦᠯᠢᠶᠡᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ ᠪᠡ ᠤᠯᠤᠰ ᠲᠦᠷᠦ ᠶᠢᠨ ᠵᠦᠪᠯᠡᠯᠭᠡᠨ ᠤ | ᠭᠡᠰᠢᠬᠦᠨ ᠤ ᠲᠤᠷᠠᠳᠤᠯᠭ᠎ᠠ ᠶᠢ ᠬᠢᠨᠠᠮᠠᠭᠠᠢ ᠰᠢᠢᠳᠪᠤᠷᠢᠯᠡᠵᠤ᠂ ᠬᠤᠳᠠ ᠶᠢᠨ ᠵᠠᠰᠠᠭ ᠤᠨ ᠤᠷᠳᠤᠨ ᠪᠡ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠤᠨ ᠤ | ᠵᠦᠪᠳᠡᠯᠴᠡᠭᠡ ᠶᠢᠨ ᠲᠦᠯᠦᠪᠯᠡᠭᠡ ᠶᠢ ᠢᠳᠡᠪᠬᠢᠳᠡᠢ ᠵᠤᠬᠢᠶᠠᠨ ᠪᠠᠶᠢᠭᠤᠯᠤᠨ ᠭᠡᠷᠡᠭᠵᠢᠬᠦᠯᠵᠦ᠂ ᠡᠯ᠎ᠡ ᠠᠷᠠᠳᠴᠢᠯᠠᠭᠰᠠᠨ ᠨᠡᠮ ᠪᠦᠯᠦᠭ᠂ ᠦᠢᠯᠡᠳᠪᠤᠷᠢ ᠬᠤᠳᠠᠯᠳᠤᠭᠠᠨ ᠤ | ᠬᠤᠯᠪᠤᠭ᠎ᠠ᠂ ᠨᠡᠮ ᠪᠤᠰᠤ ᠭᠦᠮᠦᠰ ᠪᠡ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠦᠷᠭᠡᠨ ᠢᠶᠠᠷ ᠰᠤᠨᠤᠰᠤᠨ᠎ᠠ᠃ ᠴᠢᠬᠤᠯᠠ ᠲᠤᠮᠤ ᠵᠠᠰᠠᠭ ᠵᠠᠬᠢᠷᠭᠠᠨ ᠤ | ᠰᠢᠢᠳᠪᠤᠷᠢ ᠶᠢ ᠬᠠᠤᠯᠢ ᠪᠠᠷ ᠲᠤᠭᠳᠠᠭᠠᠬᠤ ᠶᠠᠪᠤᠴᠠ ᠶᠢ ᠴᠢᠩᠭ᠎ᠠ ᠵᠢᠷᠤᠮᠯᠡᠨ᠎ᠡ᠃ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢᠨ ᠦᠭᠡᠷᠡᠴᠢᠯᠡᠯᠳᠡ | ᠶᠢ ᠦᠷᠭᠦᠯᠵᠢᠯᠡᠨ ᠭᠦᠨᠵᠡᠭᠡᠶᠢᠷᠡᠬᠦᠯᠵᠤ᠂ ᠲᠦᠪ ᠪᠤᠯᠪᠠᠰᠤᠨ ᠬᠠᠤᠯᠢ ᠭᠡᠷᠡᠭᠵᠢᠬᠦᠯᠬᠦ ᠶᠢ ᠴᠢᠩᠭ᠎ᠠ ᠵᠢᠷᠤᠮᠵᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ | ᠶᠡᠭᠡᠪᠡᠷ ᠠᠬᠢᠭᠤᠯᠵᠤ᠂ ᠢᠯᠡ ᠪᠤᠯᠭᠠᠬᠤ ᠶᠢ ᠪᠠᠷᠢᠮᠳᠠᠯᠠᠬᠤ ᠪᠤᠯ ᠭᠡᠪ ᠤᠨ ᠪᠠᠶᠢᠳᠠᠯ ᠪᠤᠯᠤᠨ᠎ᠠ᠂ ᠢᠯᠡ ᠪᠤᠯᠭᠠᠬᠤ ᠦᠭᠡᠢ ᠪᠤᠯ ᠭᠡᠪ ᠤᠨ ᠪᠤᠰᠤ ᠪᠠᠶᠢᠵᠤ᠂ ᠠᠷᠠᠳ | ᠤᠯᠠᠨ ᠤ ᠪᠠᠶᠢᠳᠠᠯ ᠢ ᠮᠡᠳᠡᠭᠦ ᠡᠷᠭᠡ᠂ ᠤᠷᠤᠯᠴᠠᠬᠤ ᠡᠷᠭᠡ᠂ ᠢᠯᠡᠳᠭᠡᠬᠦ ᠡᠷᠭᠡ᠂ ᠬᠢᠨᠡᠯᠳᠡ ᠲᠠᠯᠪᠢᠬᠤ ᠡᠷᠭᠡ ᠶᠢ ᠪᠠᠳᠤᠯᠠᠨ᠎ᠠ᠃ | ᠠᠵᠢᠯ ᠤᠨ ᠨᠠᠶᠢᠳᠠᠪᠤᠷᠢᠵᠢᠭᠤᠯᠤᠯᠳᠡ ᠶᠢ ᠠᠬᠢᠭᠤᠯᠤᠨ᠎ᠠ᠃ ︽ᠭᠦᠳᠦᠯᠪᠤᠷᠢ ᠳᠤ ᠭᠦᠷᠭᠡᠬᠦ ᠠᠵᠢᠯᠯᠠᠭ᠎ᠠ ᠶᠢ ᠬᠦᠷᠭᠦ ᠦᠭᠡᠢ︾᠂ ᠨᠠᠶᠢᠳᠠᠪᠤᠷᠢᠵᠢᠭᠤᠯᠤᠯᠳᠡ ᠶᠢ | ᠠᠳᠬᠤᠬᠤ ᠪᠤᠯ ᠠᠯᠢᠪᠠ ᠠᠵᠢᠯ ᠢ ᠰᠠᠶᠢᠳᠤᠷ ᠬᠢᠬᠦ ᠶᠢᠨ ᠵᠠᠩᠬᠢᠯᠠᠭ᠎ᠠ ᠪᠤᠯᠤᠨ᠎ᠠ᠃ ᠪᠢᠳᠡ ᠰᠠᠭᠤᠷᠢ ᠴᠢᠨᠡᠷ ᠲᠠᠢ᠂ ᠵᠠᠩᠬᠢᠯᠠᠭ᠎ᠠ ᠶᠢᠨ ᠴᠢᠨᠡᠷ ᠲᠠᠢ ᠪᠡ ᠪᠠᠶᠢᠩᠭᠤ ᠶᠢᠨ | ᠴᠢᠨᠡᠷ ᠲᠠᠢ ᠠᠵᠢᠯ ᠢ ᠴᠢᠩᠭ᠎ᠠ ᠠᠳᠬᠤᠵᠤ᠂ ᠤᠶᠤᠨ ᠢᠶᠠᠨ ᠲᠦᠪᠯᠡᠷᠡᠬᠦᠯᠵᠦ ᠴᠢᠬᠤᠯᠠ ᠶᠠᠪᠤᠳᠠᠯ ᠢ ᠠᠳᠬᠤᠵᠤ᠂ ᠭᠦᠴᠢᠷ ᠶᠠᠪᠤᠳᠠᠯ ᠢ ᠲᠠᠭᠠᠷᠢᠵᠤ ᠶᠡᠭᠡ ᠶᠠᠪᠤᠳᠠᠯ ᠢ | ᠪᠦᠳᠦᠭᠡᠨ᠎ᠡ᠃ ᠲᠡᠳᠡᠭᠡᠷ ᠠᠯᠤᠰ ᠬᠤᠯᠠ ᠶᠢᠨ ᠨᠦᠯᠦᠭᠡ ᠲᠠᠢ ᠶᠡᠭᠡ ᠪᠠᠶᠢᠳᠠᠯ ᠳᠤ ᠬᠤᠯᠪᠤᠭ᠎ᠠ ᠲᠠᠢ ᠭᠤᠤᠯᠳᠠᠯᠭ᠎ᠠ ᠲᠠᠢ ᠠᠵᠢᠯ᠂ ᠴᠢᠬᠤᠯᠠ ᠲᠦᠷᠦᠯ ᠵᠦᠢᠯ ᠢ ᠨᠡᠩ | ᠴᠢᠩᠭ᠎ᠠ ᠪᠤᠳᠠᠳᠠᠢ ᠠᠳᠬᠤᠵᠤ ᠦᠷ᠎ᠡ ᠪᠦᠳᠦᠮᠵᠢ ᠭᠠᠷᠭᠠᠨ᠎ᠠ᠃ ᠦᠪᠡᠷᠳᠡᠭᠡᠨ ᠵᠠᠰᠠᠬᠤ ᠪᠡ ᠬᠤᠳᠠ ᠶᠢᠨ ᠨᠡᠮ ᠤᠨ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠶᠢᠨ | ᠪᠠᠶᠢᠷᠢᠯᠠᠭᠤᠯᠤᠯᠳᠠ᠂ ᠤᠨᠴᠠᠭᠠᠶᠢᠯᠠᠨ 2015 ᠤᠡ ᠤ ᠬᠤᠳᠠ ᠶᠢᠨ ᠨᠡᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠤ ᠰᠢᠷᠢᠰ ᠭᠤᠤᠯᠳᠠᠯᠭ᠎ᠠ ᠲᠠᠢ | ᠠᠵᠢᠯᠯᠠᠭᠠᠨ ᠤ ᠲᠦᠯᠦᠪᠯᠡᠭᠡ ᠶᠢ ᠪᠢᠳᠡ ᠭᠤᠶᠢᠪᠢᠰᠢ ᠦᠭᠡᠢ ᠰᠡᠶᠢᠳᠦᠷ ᠠᠳᠬᠤᠵᠤ᠂ ᠴᠢᠳᠠᠮᠠᠭᠠᠢ ᠬᠢᠵᠦ ᠭᠠᠷᠮᠠᠭᠠᠢ ᠪᠦᠳᠦᠭᠡᠵᠤ᠂ ᠪᠠᠶᠢᠷᠢᠯᠠᠭᠤᠯᠤᠨ᠂ ᠪᠠᠶᠢᠴᠠᠭᠠᠵᠦ᠂ | ᠬᠠᠷᠢᠭᠤᠴᠠᠯᠭ᠎ᠠ ᠠᠰᠠᠭᠤᠬᠤ ᠶᠢ ᠪᠡᠶᠡᠯᠡᠬᠦᠯᠦᠨ᠎ᠡ᠃ ᠺᠠᠳ᠋ᠷ ᠭᠡᠳᠦᠢ ᠶᠡᠭᠡ ᠡᠭᠦᠷᠭᠡ ᠲᠠᠢ ᠪᠤᠯ ᠰᠡᠶ᠋ᠢ ᠲᠡᠳᠦᠢ ᠶᠡᠭᠡ ᠦᠢᠯᠡᠰ ᠢ ᠪᠦᠳᠦᠭᠡᠵᠤ᠂ ᠭᠡᠳᠦᠢ ᠶᠡᠭᠡ | ᠬᠠᠷᠢᠭᠤᠴᠠᠯᠭ᠎ᠠ ᠶᠢ ᠡᠭᠦᠷᠭᠡᠯᠡᠪᠡᠯ ᠰᠡᠶ᠋ᠢ ᠲᠡᠳᠦᠢ ᠶᠡᠭᠡ ᠦᠷ᠎ᠡ ᠪᠦᠳᠦᠮᠵᠢ ᠭᠠᠷᠭᠠᠵᠤ ᠴᠢᠳᠡᠨ᠎ᠡ᠃ ᠡᠯ᠎ᠡ ᠱᠠᠳᠤᠨ ᠤ ᠺᠠᠳ᠋ᠷ᠂ ᠤᠨᠴᠠᠭᠠᠶᠢᠯᠠᠨ ᠤᠳᠤᠷᠢᠳᠬᠤ ᠺᠠᠳ᠋ᠷ᠂ | ᠲᠡᠷᠡᠬᠦ ᠤᠷᠤᠨ ᠲᠡᠭᠡᠷ᠎ᠡ ᠪᠠᠨ ᠪᠠᠶᠢᠪᠠᠯ ᠲᠡᠷᠡᠭᠦ ᠵᠠᠰᠠᠭ ᠲᠤ ᠠᠵᠢᠯᠯᠠᠨ᠂ ᠲᠡᠷᠡᠭᠦ ᠬᠠᠷᠢᠭᠤᠴᠠᠯᠭ᠎ᠠ ᠶᠢ ᠭᠦᠢᠴᠡᠳᠭᠡᠵᠤ᠂ ᠨᠤᠶᠠᠨ ᠰᠠᠭᠤᠬᠤ ᠶᠢ ᠯᠡ ᠪᠤᠳᠤᠭᠠᠳ | ᠶᠠᠪᠤᠳᠠᠯ ᠬᠢᠬᠦ ᠶᠢ ᠪᠤᠳᠤᠬᠤ ᠦᠭᠡᠢ ᠪᠠᠶᠢᠵᠤ ᠪᠤᠯᠬᠤ ᠦᠭᠡᠢ᠂ ᠡᠷᠭᠡ ᠪᠠᠨ ᠠᠳᠬᠤᠬᠤ ᠶᠢ ᠪᠤᠳᠤᠭᠠᠳ ᠬᠠᠷᠢᠭᠤᠴᠯᠠᠭ᠎ᠠ ᠡᠭᠦᠷᠭᠡᠯᠡᠬᠦ ᠦᠭᠡᠢ ᠪᠠᠶᠢᠵᠤ ᠪᠤᠯᠬᠤ ᠦᠭᠡᠢ᠂ | ᠢᠷᠠᠭᠤ ᠠᠯᠳᠡᠷ ᠢᠶᠠᠨ ᠪᠤᠳᠤᠵᠤ ᠭᠦᠴᠦ ᠭᠠᠷᠭᠠᠬᠤ ᠶᠢ ᠪᠤᠳᠤᠬᠤ ᠦᠭᠡᠢ ᠪᠠᠶᠢᠵᠤ ᠪᠤᠯᠬᠤ ᠦᠭᠡᠢ᠂ ︽ᠨᠢᠭᠡ ᠬᠤᠭᠤᠴᠠᠭ᠎ᠠ ᠨᠤᠶᠠᠨ ᠰᠠᠭᠤᠪᠠᠯ᠂ ᠨᠢᠭᠡ ᠡᠳᠡᠭᠡᠳ | ᠲᠤ ᠪᠤᠶᠠᠨ ᠦᠢᠯᠡᠳᠬᠦ︾ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠭᠡᠷᠡᠭᠳᠡᠢ᠃ | ᠢᠳᠡᠭᠡᠯ ᠲᠠᠢ ᠵᠠᠰᠠᠭ ᠤᠨ ᠤᠷᠳᠤᠨ ᠢ ᠪᠠᠶᠢᠭᠤᠯᠤᠨ᠎ᠠ᠃ ︽ᠤᠯᠤᠰ ᠢᠳᠡᠭᠡᠯ ᠢᠶᠠᠷ ᠰᠡᠳᠬᠢᠯ ᠬᠠᠳᠠᠩᠰᠢᠵᠤ᠂ ᠭᠦᠮᠦᠨ ᠦᠨᠡᠨᠴᠢ ᠪᠠᠷ ᠤᠷᠤᠰᠢᠮᠤᠢ︾᠃ | ᠢᠳᠡᠭᠡᠯ ᠪᠤᠯ ᠵᠠᠰᠠᠭ ᠤᠨ ᠤᠷᠳᠤᠨ ᠤ ᠤᠷᠤᠰᠢᠨ ᠲᠤᠭᠳᠠᠨᠢᠬᠤ ᠰᠠᠭᠤᠷᠢ ᠮᠦᠨ᠂ ᠢᠳᠡᠭᠡᠯ ᠲᠠᠢ ᠨᠡᠶᠢᠭᠡᠮ ᠢ ᠡᠭᠦᠳᠦᠨ ᠪᠠᠶᠢᠭᠤᠯᠬᠤ ᠳᠤ᠂ ᠡᠩ ᠲᠡᠷᠢᠬᠦᠨ ᠳᠤ | ᠢᠳᠡᠬᠡᠯ ᠲᠠᠢ ᠵᠠᠰᠠᠭ ᠤᠨ ᠤᠷᠳᠤᠨ ᠢ ᠪᠠᠶᠢᠭᠤᠯᠬᠤ ᠭᠡᠷᠡᠭᠳᠡᠢ᠃ ᠡᠯ᠎ᠡ ᠱᠠᠳᠤᠨ ᠤ ᠵᠠᠰᠠᠭ ᠤᠨ ᠤᠷᠳᠤᠨ ᠪᠤᠯᠤᠨ ᠺᠠᠳ᠋ᠷᠴᠤᠳ ᠢᠳᠡᠭᠡᠯ ᠤᠨ ᠰᠤᠷᠳᠠᠯᠴᠢᠯᠠᠭᠴᠢ᠂ | ᠦᠢᠯᠡᠳᠦᠯᠭᠡᠵᠢᠬᠦᠯᠦᠭᠴᠢ ᠪᠤᠯᠤᠨ ᠬᠠᠮᠠᠭᠠᠯᠠᠭᠴᠢ ᠪᠤᠯᠵᠤ᠂ ᠵᠠᠰᠠᠭ ᠤᠨ ᠤᠷᠳᠤᠨ ᠭᠡᠷ᠎ᠡ ᠪᠠᠨ ᠪᠡᠶᠡᠯᠡᠬᠦᠯᠦᠨ ᠠᠮᠠᠯᠳᠠᠯᠠᠭᠠ ᠪᠠᠨ ᠰᠠᠬᠢᠬᠤ ᠦᠢᠯᠡᠴᠢᠯᠡᠭᠡ ᠪᠠᠷ ᠮᠡᠨ ᠤ | ᠠᠵᠢᠯ ᠬᠢᠵᠦ ᠦᠢᠯᠡᠰ ᠪᠦᠳᠦᠭᠡᠬᠦ ᠦᠨᠳᠦᠰᠦ ᠪᠤᠯᠭᠠᠨ᠂ ︽ᠭᠠᠪᠢᠶ᠎ᠠ ᠪᠠᠶᠢᠭᠤᠯᠤᠭᠰᠠᠨ ᠴᠤ ᠪᠢ ᠭᠡᠮᠡᠬᠦ ᠦᠭᠡᠢ︾ ᠰᠠᠨᠠᠭ᠎ᠠ ᠠᠬᠤᠢ ᠶᠢ ᠪᠤᠢ ᠪᠤᠯᠭᠠᠵᠤ᠂ ᠵᠠᠰᠠᠭ ᠤᠨ | ᠤᠷᠳᠤᠨ ᠬᠤᠭᠤᠴᠠᠭ᠎ᠠ ᠰᠤᠯᠢᠭᠰᠠᠨ ᠴᠤ ᠬᠡᠰᠡᠨ ᠦᠬᠡᠢ᠂ ᠠᠵᠢᠯ ᠤᠨ ᠪᠠᠶᠢᠷᠢ ᠳᠤ ᠲᠤᠬᠢᠷᠠᠭᠤᠯᠤᠯᠳᠠ ᠭᠢᠭᠰᠡᠨ ᠴᠤ ᠭᠡᠰᠡᠨ ᠦᠭᠡᠢ ᠴᠦᠮ ᠲᠦᠷᠦ ᠶᠢᠨ | ᠪᠤᠳᠤᠯᠭ᠎ᠠ ᠶᠢᠨ ᠦᠷᠬᠦᠯᠵᠢᠯᠡᠬᠦ ᠴᠢᠨᠡᠷ ᠢ ᠪᠠᠳᠤᠯᠠᠵᠤ᠂ ︽ᠰᠢᠨ᠎ᠡ ᠨᠤᠶᠠᠨ ᠴᠤ ᠬᠠᠭᠤᠴᠢᠨ ᠲᠠᠩᠰᠠ ᠶᠢ ᠪᠤᠳᠤᠬᠤ︾ ᠶᠢ ᠬᠢᠵᠦ ᠬᠦᠢᠴᠡᠳᠭᠡᠨ᠂ ᠭᠡᠯᠡᠪᠡᠯ ᠬᠢᠵᠦ᠂ | ᠬᠢᠪᠡᠯ ᠪᠦᠳᠦᠭᠡᠬᠦ ᠶᠢ ᠪᠠᠷᠢᠮᠳᠠᠯᠠᠨ᠂ ᠵᠠᠰᠠᠭ ᠤᠨ ᠤᠷᠳᠤᠨ ᠤ ᠢᠳᠡᠭᠡᠯ ᠢᠶᠠᠷ ᠨᠡᠶᠢᠭᠡᠮ ᠤᠨ ᠢᠳᠡᠭᠡᠯ ᠢ ᠲᠡᠶᠢᠴᠢᠯᠡᠨ ᠭᠦᠳᠦᠯᠵᠤ᠂ ︽ᠢᠳᠡᠭᠡᠯ ᠲᠠᠢ ᠲᠦᠩᠯᠢᠶᠦᠦ︾ | ᠶᠢ ᠪᠦᠳᠦᠬᠡᠨ ᠪᠠᠶᠢᠭᠤᠯᠤᠨ᠎ᠠ᠃ | ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃ ᠨᠡᠮ ᠢ ᠴᠢᠩᠭ᠎ᠠ ᠵᠠᠰᠠᠬᠤ ᠨᠡᠢᠮᠠᠨ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠂ ᠨᠡᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠶᠢ ᠴᠢᠩᠭ᠎ᠠ ᠰᠠᠬᠢᠵᠦ᠂ ᠪᠠᠳᠤ ᠵᠤᠭᠰᠤᠯᠳᠠ ᠦᠪᠡᠷ ᠤᠨ ᠤᠬᠠᠮᠰᠠᠷ ᠠᠴᠠ ᠨᠡᠮ ᠤᠨ ᠲᠦᠪ ᠬᠤᠷᠢᠶ᠎ᠠ ᠯᠤᠭ᠎ᠠ | ᠲᠡᠭᠡᠳᠦ ᠭᠡᠮᠵᠢᠶ᠎ᠡ ᠪᠠᠷ ᠨᠢᠬᠡᠳᠴᠦ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠪᠤᠯᠤᠨ ᠬᠤᠳᠠ ᠶᠢᠨ ᠨᠡᠮ ᠤᠨ ᠬᠤᠷᠢᠶ᠎ᠠ ᠶᠢᠨ ᠰᠢᠢᠳᠪᠤᠷᠢᠳᠦ | ᠪᠤᠳᠤᠯᠭ᠎ᠠ ᠶᠢᠨ ᠪᠠᠶᠢᠷᠢᠭᠤᠯᠤᠯᠳᠠ ᠶᠢ ᠡᠷᠡᠰ ᠭᠡᠷᠡᠭᠵᠢᠬᠦᠯᠦᠨ᠎ᠡ᠃ ᠵᠤᠷᠢᠯᠳᠠ ᠶᠢᠨ ᠦᠵᠡᠯ ᠤᠬᠠᠮᠰᠠᠷ ᠢᠶᠠᠨ ᠲᠡᠰᠤᠷᠠᠯᠳᠠ ᠦᠭᠡᠢ ᠴᠢᠩᠭᠠᠳᠬᠠᠨ᠂ ᠤᠯᠠᠨ ᠲᠦᠮᠡᠨ ᠤ | ᠲᠤᠰ ᠪᠠᠶ᠎ᠡ ᠶᠢᠨ ᠠᠰᠢᠭ ᠲᠤᠰᠠ ᠲᠠᠢ ᠬᠤᠯᠪᠤᠭᠳᠠᠬᠤ ᠬᠠᠯᠠᠮᠰᠢᠯ ᠠᠰᠠᠭᠤᠳᠠᠯ᠂ ᠲᠦᠪᠡᠭ ᠲᠠᠢ ᠠᠰᠠᠭᠤᠳᠠᠯ ᠢ ᠦᠨᠡᠨᠬᠦ ᠰᠢᠢᠳᠪᠤᠷᠢᠯᠠᠵᠤ᠂ ᠤᠪᠤᠷ ᠰᠤᠷᠳᠠᠯ ᠤᠨ | ᠪᠠᠶᠢᠭᠤᠯᠤᠯᠳᠠ ᠶᠢᠨ ᠪᠤᠳᠠᠳᠤ ᠦᠷ᠎ᠡ ᠪᠦᠳᠦᠮᠵᠢ ᠪᠠᠷ ᠢᠶᠠᠨ ᠠᠷᠠᠳ ᠲᠦᠮᠡᠨ ᠤ ᠢᠳᠡᠭᠡᠯ ᠢ ᠤᠯᠤᠨ᠎ᠠ᠃ ᠨᠡᠮ ᠤᠨ ᠤᠯᠠᠨ ᠲᠦᠮᠡᠨᠴᠢ ᠱᠤᠭᠤᠮ ᠤᠨ ᠭᠦᠮᠦᠵᠢᠯ | ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠳᠦᠭᠡᠯ ᠢ ᠪᠢᠬᠢᠵᠢᠬᠦᠯᠦᠨ ᠲᠡᠯᠭᠡᠷᠡᠭᠦᠯᠵᠤ᠂ ᠦᠭᠡᠷᠡᠴᠢᠯᠡᠨ ᠴᠡᠭᠴᠡᠯᠡᠵᠤ ᠨᠠᠶᠢᠳᠠᠪᠤᠷᠢᠵᠢᠭᠤᠯᠬᠤ ᠪᠠᠨ ᠴᠢᠩᠭᠠᠳᠬᠠᠨ᠂ | ᠤᠪᠤᠷ ᠰᠤᠷᠳᠠᠯ ᠤᠨ ᠪᠠᠶᠢᠭᠤᠯᠤᠯᠳᠠ ᠶᠢᠨ ᠭᠡᠪ ᠤᠨ ᠪᠠᠶᠢᠳᠠᠯ ᠢ ᠠᠬᠢᠭᠤᠯᠤᠨ᠎ᠠ᠃ ᠡᠷᠭᠡ ᠶᠢ ᠲᠤᠳᠤ ᠪᠤᠯᠭᠠᠬᠤ ᠲᠦᠷᠢᠮ ᠢ ᠭᠡᠷᠡᠭᠵᠢᠬᠦᠯᠵᠤ᠂ ᠡᠷᠭᠡ ᠪᠠᠨ ᠭᠡᠷᠡᠭᠯᠡᠬᠦ | ᠶᠠᠪᠤᠴᠠ ᠶᠢ ᠬᠠᠤᠯᠢ ᠶᠤᠰᠤᠭᠠᠷ ᠢᠯᠡ ᠪᠤᠯᠭᠠᠵᠤ᠂ ᠡᠷᠭᠡ ᠲᠤᠰᠢᠶᠠᠯᠳᠤ ᠰᠠᠯᠠᠭ᠎ᠠ ᠮᠦᠴᠢᠷ ᠤᠨ ᠡᠷᠭᠡ ᠪᠠᠨ ᠭᠦᠢᠴᠡᠳᠭᠡᠭᠰᠡᠨ ᠪᠠᠶᠢᠳᠠᠯ ᠳᠤ ᠬᠢᠨᠡᠯᠳᠡ ᠲᠠᠯᠪᠢᠬᠤ ᠪᠠᠨ | ᠴᠢᠩᠭᠠᠳᠬᠠᠨ᠂ ᠵᠠᠰᠠᠭ ᠵᠠᠬᠢᠷᠭᠠᠨ ᠤ ᠶᠠᠭᠤ ᠴᠤ ᠬᠢᠬᠦ ᠦᠭᠡᠢ᠂ ᠰᠠᠨᠠᠭ᠎ᠠ ᠪᠠᠷ ᠬᠢᠬᠦ ᠶᠢ ᠡᠷᠡᠰ ᠴᠡᠭᠴᠡᠯᠡᠨ ᠵᠠᠰᠠᠨ᠎ᠠ᠃ ᠭᠤᠤᠯᠳᠠᠯᠭ᠎ᠠ ᠲᠠᠢ ᠭᠦᠷᠢᠶ᠎ᠡ ᠴᠡᠷ᠎ᠡ᠂ | ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠵᠠᠰᠠᠭ ᠵᠠᠬᠢᠷᠭᠠᠨ ᠤ ᠬᠠᠷᠢᠭᠤᠴᠯᠠᠭ᠎ᠠ ᠲᠤᠯᠭᠠᠨ ᠠᠰᠠᠭᠤᠬᠤ ᠡᠷᠴᠢᠮ ᠢᠶᠠᠨ ᠶᠡᠭᠡᠰᠭᠡᠨ᠎ᠡ᠃ ᠵᠠᠰᠠᠭ ᠤᠨ ᠤᠷᠳᠤᠨ ᠤ | ᠰᠢᠰᠲ᠋ᠧᠮ ᠤᠨ ᠠᠷᠢᠭᠤᠨ ᠴᠢᠭᠡᠴᠢ ᠶᠢᠨ ᠲᠦᠭᠰᠢᠬᠦᠷᠢ ᠶᠢᠨ ᠰᠡᠷᠭᠡᠶᠢᠯᠡᠨ ᠬᠤᠷᠢᠭᠯᠠᠬᠤ ᠰᠢᠰᠲ᠋ᠧᠮ ᠢ ᠲᠡᠭᠦᠯᠳᠡᠷᠵᠢᠬᠦᠯᠵᠤ᠂ ᠢᠯᠵᠡᠷᠡᠯ ᠢ ᠡᠰᠡᠷᠭᠦᠴᠡᠨ ᠠᠷᠢᠭᠤᠨ | ᠴᠢᠭᠡᠴᠢ ᠶᠢ ᠰᠤᠷᠳᠠᠯᠴᠢᠯᠠᠬᠤ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠂ ᠵᠠᠰᠠᠭ ᠤᠨ ᠤᠷᠳᠤᠨ ᠤ ᠨᠡᠶᠢᠳᠡ ᠶᠢᠨ ᠡᠷᠭᠡ ᠶᠢ ᠢᠯᠡ ᠲᠤᠳᠤ ᠭᠡᠷᠡᠭᠵᠢᠬᠦᠯᠦᠨ᠎ᠡ᠃ | ᠵᠠᠰᠠᠭ ᠶᠠᠪᠤᠭᠤᠯᠬᠤ ᠳᠤ ᠠᠷᠢᠭᠤᠨ ᠴᠢᠭᠡᠴᠢ ᠪᠠᠶᠢᠪᠠᠯ ᠰᠠᠶ᠋ᠢ ᠠᠷᠠᠳ ᠤᠨ ᠢᠳᠡᠭᠡᠯ ᠢ ᠤᠯᠵᠤ᠂ ᠲᠦᠪ ᠭᠤᠤᠯᠴᠢ ᠪᠠᠷ ᠡᠷᠭᠡ ᠪᠠᠨ ᠭᠡᠷᠡᠭᠯᠡᠪᠡᠯ ᠰᠠᠶ᠋ᠢ | ᠭᠦᠮᠦᠰ ᠤᠨ ᠰᠡᠳᠬᠢᠯ ᠢ ᠤᠯᠵᠤ ᠴᠢᠳᠠᠨ᠎ᠠ᠃ ᠪᠢᠳᠡ ᠵᠠᠰᠠᠭ ᠤᠨ ᠤᠷᠳᠤᠨ ᠤ ᠬᠤᠪᠢ ᠪᠠᠶ᠎ᠡ ᠶᠢᠨ ᠪᠦᠳᠦᠭᠡᠨ ᠪᠠᠶᠢᠭᠤᠯᠤᠯᠳᠠ ᠶᠢ ᠠᠯᠢᠪᠡ ᠠᠵᠢᠯ ᠤᠨ | ᠨᠠᠶᠢᠳᠠᠪᠤᠷᠢᠵᠢᠭᠤᠯᠤᠯᠳᠠ ᠶᠢ ᠰᠠᠶᠢᠳᠦᠷ ᠠᠳᠬᠤᠬᠤ ᠶᠢᠨ ᠴᠢᠬᠤᠯᠠ ᠪᠠᠳᠤᠯᠠᠭ᠎ᠠ ᠪᠤᠯᠭᠠᠵᠤ᠂ ᠵᠠᠰᠠᠭ ᠤᠨ ᠤᠷᠳᠤᠨ ᠤ ᠠᠵᠢᠯᠳᠠᠳ ᠪᠡᠶ᠎ᠡ ᠪᠠᠨ ᠴᠢᠩᠭ᠎ᠠ ᠪᠠᠷᠢᠵᠤ᠂ | ᠡᠷᠭᠡ ᠪᠠᠨ ᠭᠡᠷᠡᠭᠯᠡᠬᠦ ᠳᠡᠭᠡᠨ ᠴᠢᠩᠭ᠎ᠠ ᠪᠠᠶᠢᠵᠤ᠂ ᠰᠠᠬᠢᠯᠭ᠎ᠠ ᠪᠡᠳᠦ ᠶᠢ ᠪᠡᠳᠦ ᠰᠠᠬᠢᠵᠤ᠂ ᠤᠴᠢᠷ ᠶᠠᠪᠤᠳᠠᠯ ᠬᠢᠬᠦ ᠳᠡᠭᠡᠨ ᠪᠤᠳᠠᠳᠠᠢ᠂ ᠦᠢᠯᠡᠰ ᠪᠦᠳᠦᠭᠡᠬᠦ ᠳᠡᠭᠡᠨ | ᠴᠢᠳᠠᠮᠠᠭᠠᠢ᠂ ᠭᠦᠮᠦᠨ ᠪᠤᠯᠬᠤ ᠳᠠᠭᠠᠨ ᠦᠨᠡᠨᠴᠢ ᠪᠠᠶᠢᠵᠤ᠂ ᠵᠠᠰᠠᠭ ᠤᠨ ᠤᠷᠳᠤᠨ ᠤ ᠨᠡᠶᠢᠳᠡ ᠶᠢᠨ ᠢᠳᠡᠭᠡᠬᠦᠯᠬᠦ ᠬᠦᠴᠦᠨ ᠬᠢᠭᠡᠳ ᠭᠦᠢᠴᠡᠳᠭᠡᠬᠦ ᠭᠦᠴᠦᠨ ᠢᠶᠠᠨ | ᠦᠨᠡᠨᠬᠦ ᠲᠡᠭᠡᠭᠰᠢᠯᠡᠬᠦᠯᠵᠦ᠂ ᠠᠷᠠᠳ ᠲᠤ ᠦᠢᠯᠡᠴᠢᠯᠡᠬᠦ᠂ ᠪᠤᠳᠠᠳᠠᠢ ᠶᠢ ᠡᠷᠬᠢᠮᠯᠡᠬᠦ᠂ ᠠᠷᠢᠭᠤᠨ ᠴᠢᠭᠡᠴᠢ ᠶᠢ ᠡᠷᠬᠢᠮᠯᠡᠬᠦ ᠠᠷᠠᠳ ᠲᠦᠮᠡᠨ ᠤ ᠰᠡᠳᠬᠢᠯ ᠬᠠᠨᠤᠮᠵᠢᠳᠡᠢ | ᠵᠠᠰᠠᠭ ᠤᠨ ᠤᠷᠳᠤᠨ ᠢ ᠴᠢᠷᠮᠠᠶᠢᠨ ᠪᠦᠳᠦᠭᠡᠨ ᠪᠠᠶᠢᠭᠤᠯᠤᠨ᠎ᠠ᠃ | ᠲᠦᠯᠦᠭᠡᠯᠡᠭᠴᠢᠳ ᠡ︕ ᠠᠵᠢᠯ ᠦᠢᠯᠡᠰ ᠭᠦᠮᠦᠰ ᠤᠨ ᠰᠡᠳᠬᠢᠯ ᠢ ᠨᠢᠭᠳᠠᠷᠠᠭᠤᠯᠤᠨ᠂ ᠪᠤᠳᠠᠳᠠᠢ ᠠᠵᠢᠯᠯᠠᠪᠠᠯ ᠢᠷᠡᠭᠡᠳᠦᠢ ᠶᠢᠨ ᠠᠮᠵᠢᠯᠳᠡ ᠶᠢ ᠤᠯᠵᠤ | ᠴᠢᠳᠠᠨ᠎ᠠ᠃ ᠪᠢᠳᠡ ᠬᠤᠳᠠ ᠶᠢᠨ ᠨᠡᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠬᠤᠳᠠ ᠶᠢᠨ ᠦᠨᠳᠦᠰᠦᠳᠡᠨ ᠨᠤᠭᠤᠳ ᠤᠨ ᠠᠷᠠᠳ | ᠲᠦᠮᠡᠨ ᠲᠠᠢ ᠨᠢᠭᠳᠠ ᠪᠦᠯᠬᠦᠮᠳᠡᠨ ᠲᠦᠰᠢᠭᠯᠡᠯᠴᠡᠵᠤ᠂ ᠯᠠᠪᠳᠠᠭᠤᠨ ᠲᠤᠭᠳᠠᠭᠤᠨ᠂ ᠦᠨᠡᠨᠬᠦ ᠠᠳᠬᠤᠨ ᠰᠢᠷᠭᠠᠭᠤ ᠠᠵᠢᠯᠯᠠᠵᠤ᠂ ᠲᠦᠩᠯᠢᠶᠦᠦ ᠶᠢ ᠠᠵᠤ ᠠᠬᠤᠢ | ᠭᠦᠭᠵᠢᠭᠰᠡᠨ᠂ ᠨᠡᠶᠢᠭᠡᠮ ᠡᠶ᠎ᠡ ᠵᠤᠬᠢᠴᠠᠩᠭᠤᠢ᠂ ᠦᠨᠳᠦᠰᠦᠳᠡᠨ ᠨᠤᠭᠤᠳ ᠤᠨ ᠠᠷᠠᠳ ᠲᠦᠮᠡᠨ ᠵᠤᠯ ᠵᠢᠷᠭᠠᠯᠳᠤ ᠠᠮᠢᠳᠤᠷᠠᠯ ᠲᠠᠢ ᠦᠵᠡᠮᠵᠢᠳᠦ ᠰᠠᠶᠢᠬᠠᠨ | ᠦᠵᠡᠮᠵᠢ ᠶᠢᠨ ᠤᠷᠤᠨ ᠪᠤᠯᠭᠠᠨ ᠪᠦᠳᠦᠭᠡᠨ ᠪᠠᠶᠢᠭᠤᠯᠬᠤ ᠪᠠᠷ ᠴᠢᠷᠮᠡᠶᠢᠨ ᠲᠡᠮᠡᠴᠡᠰᠦᠭᠡᠢ︕ |