ᠵᠠᠰᠠᠭ ᠤᠨ ᠣᠷᠳᠣᠨ ᠤ ᠠᠵᠢᠯ ᠤᠨ ᠢᠯᠡᠳᠬᠡᠯ | | — 2017 ᠤᠨ ᠤ 3 ᠰᠠᠷ᠎ᠠ ᠶᠢᠨ 10 ᠳᠤ ᠲᠦᠩᠯᠢᠶᠤᠤ ᠬᠤᠲᠠ ᠶᠢᠨ ᠲᠦᠷᠪᠡᠳᠦᠬᠡᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠲᠠᠪᠣᠳᠣᠭᠠᠷ ᠣᠳᠠᠭᠠᠨ ᠤ ᠬᠤᠷᠠᠯᠲᠤᠭᠠᠨ ᠲᠡᠬᠡᠷ᠎ᠠ | | | ᠲᠦᠯᠦᠬᠡᠯᠡᠭᠴᠢᠳ ᠡ᠄ | ᠪᠢ ᠬᠤᠳᠡ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ ᠶᠡᠭᠡ ᠬᠤᠷᠡᠯ ᠳᠤ ᠠᠵᠢᠯ ᠤᠨ ᠢᠯᠡᠳᠭᠡᠯ ᠬᠢᠶ᠎ᠡ᠂ ᠬᠢᠨᠡᠨ ᠵᠦᠪᠯᠡᠬᠦ ᠪᠤᠯᠪᠠᠤ᠂ ᠬᠠᠮᠳᠣ | ᠳᠤᠨᠢ ᠬᠤᠳᠡ ᠶᠢᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠤᠯᠤᠨ ᠬᠤᠷᠡᠯ ᠳᠤ ᠰᠤᠯᠡ ᠤᠷᠤᠯᠴᠠᠭᠰᠠᠨ ᠨᠦᠬᠦᠳ ᠰᠠᠨᠠᠯ ᠲᠤᠷᠠᠳᠬᠤ ᠪᠤᠯᠪᠠᠤ᠃ | | ᠨᠢᠬᠡ᠂ 2016 ᠤᠨ ᠤ ᠠᠵᠢᠯ ᠤᠨ ᠡᠷᠬᠢᠴᠡᠬᠦᠯᠦᠯ | | ᠦᠩᠭᠡᠷᠡᠭᠰᠡᠨ ᠨᠢᠬᠡ ᠵᠢᠯ ᠳᠤ᠂ ᠬᠤᠳᠡ ᠶᠢᠨ ᠨᠠᠮ ᠤᠨ ᠬᠤᠷᠢᠶᠡᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠬᠤᠳᠠ ᠶᠢᠨ ᠠᠷᠠᠳ ᠤᠨ ᠶᠡᠭᠡ ᠬᠤᠷᠡᠯ | ᠂ ᠬᠤᠳᠠ ᠶᠢᠨ ᠤᠯᠤᠰ ᠲᠦᠷᠤ ᠶᠢᠨ ᠵᠦᠪᠯᠡᠯᠬᠡᠨ ᠤ ᠬᠦᠴᠦᠳᠡᠢ ᠲᠡᠮᠵᠢᠯᠭᠡ ᠲᠤᠤᠷ᠎ᠡ᠂ ᠬᠤᠳᠡ ᠶᠢᠨ ᠵᠠᠰᠠᠭ ᠤᠨ ᠤᠷᠳᠤᠨ ᠲᠦᠪ ᠬᠤᠷᠢᠶ᠎ᠡ ᠪᠤᠯᠤᠨ ᠦᠪᠡᠷᠳᠡᠭᠡᠨ | ᠵᠠᠰᠠᠬᠤ ᠤᠷᠤᠨ ᠤ ᠡᠯ᠎ᠡ ᠵᠦᠢᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠡ | ᠬᠦᠭᠵᠢᠯᠳᠡ ᠶᠢᠨ ᠤᠶᠢᠯᠠᠭᠠᠭᠳᠠᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠠᠩᠭᠠᠯᠭ᠎ᠠ ᠶᠢᠨ ᠪᠦᠳᠦᠴᠠ ᠶᠢᠨ ᠴᠢᠨᠡᠷ ᠲᠠᠢ ᠦᠬᠡᠷᠡᠴᠢᠯᠡᠯᠳᠡ ᠶᠢ ᠬᠦᠴᠦᠯᠡᠨ | ᠠᠬᠢᠭᠤᠯᠵᠦ᠂ ᠲᠤᠭᠳᠠᠭᠤᠨ ᠨᠡᠮᠡᠭᠳᠡᠬᠦᠯᠬᠦ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠠ ᠶᠢᠨ ᠲᠤᠬᠢᠷᠠᠭᠤᠯᠤᠯᠳᠡ ᠬᠢᠬᠦ᠂ ᠠᠷᠠᠳ ᠤᠨ ᠠᠮᠢᠳᠦᠷᠡᠯ ᠢ | ᠬᠠᠷᠠᠭᠠᠯᠵᠠᠬᠤ᠂ ᠲᠦᠭᠰᠢᠬᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠬᠡᠳᠦᠯᠳᠡᠢ ᠲᠦᠯᠦᠪᠵᠢᠬᠦᠯᠦᠨ ᠰᠠᠶᠢᠳᠦᠷ ᠬᠢᠬᠡᠳ ᠠᠵᠦ ᠠᠬᠤᠢ ᠨᠡᠶᠢᠬᠡᠮ ᠤᠨ | ᠬᠦᠭᠵᠢᠯᠳᠡ ᠶᠢ ᠰᠢᠨ᠎ᠡ ᠠᠬᠢᠯᠳᠡ ᠲᠠᠢ ᠪᠤᠯᠭᠠᠵᠦ᠂ ︽13 · 5︾ ᠶᠢᠨ ᠲᠦᠯᠦᠪᠵᠢᠬᠦᠯᠬᠡ ᠶᠢᠨ ᠰᠠᠶᠢᠨ ᠡᠬᠢᠯᠡᠯᠳᠡ ᠶᠢ ᠪᠡᠶᠡᠯᠡᠬᠦᠯᠪᠡ᠃ | ᠠᠵᠦ ᠠᠬᠤᠢ ᠶᠢᠨ ᠡᠷᠬᠢᠯᠳᠡ ᠶᠡᠷᠦᠩᠭᠡᠢ ᠳᠡᠭᠡᠨ ᠲᠤᠭᠳᠠᠭᠤᠨ ᠪᠤᠯᠪᠠ᠃ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 1949.4 | ᠳ᠋ᠦᠩᠰᠢᠭᠤᠷ ᠲᠦᠬᠦᠷᠢᠭ ᠪᠡᠶᠡᠯᠡᠬᠦᠯᠵᠦ᠂ 7.4% ᠨᠡᠮᠡᠭᠳᠡᠭᠦᠯᠪᠡ︔ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠡ ᠶᠢ 1475.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ 14.5% ᠨᠡᠮᠡᠭᠳᠡᠭᠦᠯᠪᠡ︔ ᠨᠡᠶᠢᠬᠡᠮ ᠤᠨ ᠬᠡᠷᠡᠭᠯᠡᠬᠡᠨ ᠤ ᠵᠦᠢᠯᠡᠰ ᠢ ᠵᠢᠵᠢᠭᠯᠡᠨ | ᠪᠤᠷᠤᠯᠠᠭᠤᠯᠬᠤ ᠶᠡᠷᠦᠩᠭᠡᠢ ᠬᠡᠮᠵᠢᠶ᠎ᠡ ᠶᠢ 515.3 ᠳ᠋ᠦᠩᠰᠢᠭᠤᠷ ᠲᠦᠬᠦᠷᠢᠭ ᠪᠡᠶᠡᠯᠡᠬᠦᠯᠵᠦ᠂ 9.8% ᠨᠡᠮᠡᠭᠳᠡᠭᠦᠯᠪᠡ︔ ᠡᠩ ᠤᠨ ᠤᠯᠠᠨ ᠨᠠᠶᠢᠳᠡ ᠶᠢᠨ ᠲᠦᠰᠦᠪ | ᠤᠨ ᠤᠷᠤᠯᠭ᠎ᠠ ᠶᠢ 128.3 ᠳ᠋ᠦᠩᠰᠢᠭᠤᠷ ᠲᠦᠬᠦᠷᠢᠭ ᠪᠡᠶᠡᠯᠡᠬᠦᠯᠵᠦ᠂ 6.5% ᠨᠡᠮᠡᠭᠳᠡᠬᠦᠯᠪᠡ︔ ᠬᠤᠳᠡ ᠪᠠᠯᠭᠠᠰᠤ ᠶᠢᠨ ᠪᠠᠶᠢᠩᠭᠤ ᠰᠠᠭᠤᠭᠠᠯᠢ ᠠᠷᠠᠳ ᠤᠨ | ᠬᠦᠮᠦᠨ ᠲᠤᠮᠳᠡᠴᠢ ᠡᠵᠡᠮᠰᠢᠯ ᠤᠷᠤᠯᠭ᠎ᠠ ᠶᠢ 27444 ᠲᠦᠬᠦᠷᠢᠭ ᠬᠦᠷᠭᠡᠵᠦ᠂ 8.2% ᠨᠡᠮᠡᠭᠳᠡᠭᠦᠯᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠩᠭᠤ | ᠰᠠᠭᠤᠭᠠᠯᠢ ᠠᠷᠠᠳ ᠤᠨ ᠬᠦᠮᠦᠨ ᠲᠤᠮᠳᠡᠴᠢ ᠡᠵᠡᠮᠰᠢᠯ ᠤᠷᠤᠯᠭ᠎ᠠ ᠶᠢ 11585 ᠲᠦᠬᠦᠷᠢᠭ ᠬᠦᠷᠭᠡᠵᠦ᠂ 7.7% ᠨᠡᠮᠡᠭᠳᠡᠬᠦᠯᠪᠡ᠃ ᠲᠦᠰᠦᠪᠯᠡᠭᠰᠡᠨ ᠬᠦᠢᠴᠡᠳᠭᠡᠯ | ᠲᠤᠭ᠎ᠠ ᠲᠤᠭᠳᠠᠭᠤᠨ ᠢᠶᠠᠷ ᠰᠠᠶᠢᠵᠢᠷᠠᠵᠦ᠂ ᠠᠵᠦ ᠦᠢᠯᠡᠳᠪᠦᠷᠢ ᠶᠢᠨ ᠬᠡᠷᠡᠭᠯᠡᠭᠰᠡᠨ ᠴᠠᠬᠢᠯᠭᠠᠨ ᠤ ᠬᠡᠮᠵᠢᠶ᠎ᠡ ᠶᠢᠨ ᠨᠡᠮᠡᠭᠳᠡᠯᠳᠡ ᠪᠦᠬᠦ ᠵᠢᠯ ᠳᠤ 20% ᠠᠴᠠ ᠲᠡᠭᠡᠭᠰᠢ | ᠶᠢ ᠪᠠᠳᠤᠯᠠᠵᠦ᠂ ᠵᠡᠬᠦᠨ ᠬᠤᠶᠢᠳᠦ ᠶᠢᠨ ᠠᠵᠦ ᠠᠬᠤᠢ ᠶᠢᠨ ᠤᠷᠤᠨ ᠲᠤᠳᠤᠷ᠎ᠡ ᠲᠡᠷᠢᠬᠦᠨ ᠪᠠᠶᠢᠷᠢ ᠳᠤ ᠤᠷᠤᠰᠢᠪᠡ︔ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ | ᠶᠢᠨ ᠬᠡᠮᠵᠢᠶ᠎ᠡ ᠲᠣᠭᠳᠠᠭᠤᠨ ᠨᠡᠮᠡᠭᠳᠡᠵᠦ᠂ 4740 ᠲᠦᠮᠡᠨ ᠲᠤᠨ ᠬᠦᠷᠪᠡ︔ ᠰᠢᠨ᠎ᠡ ᠪᠠᠷ ᠨᠡᠮᠡᠭᠳᠡᠬᠦᠯᠦᠭᠰᠡᠨ ᠨᠡᠶᠢᠬᠡᠮ ᠤᠨ ᠪᠡᠯᠡ ᠶᠢ ᠨᠡᠶᠢᠯᠡᠬᠦᠯᠦᠭᠰᠡᠨ ᠶᠡᠷᠦᠩᠭᠡᠢ | ᠬᠡᠮᠵᠢᠶ᠎ᠡ ᠶᠢ 405 ᠳ᠋ᠦᠩᠰᠢᠭᠤᠷ ᠲᠦᠬᠦᠷᠢᠭ ᠬᠦᠷᠭᠡᠵᠦ᠂ 77 ᠳ᠋ᠦᠩᠰᠢᠭᠤᠷ ᠲᠦᠬᠦᠷᠢᠭ ᠨᠡᠮᠡᠭᠳᠡᠬᠦᠯᠦᠨ᠂ ᠠᠵᠦ ᠠᠬᠤᠢ ᠶᠢᠨ ᠲᠣᠭᠳᠠᠭᠤᠨ ᠪᠠᠶᠢᠳᠠᠯ ᠢ ᠪᠠᠳᠣᠯᠠᠪᠠ | ᠃ | ︽ᠭᠤᠷᠪᠡ ᠪᠠᠭᠠᠰᠬᠠᠬᠤ ᠨᠢᠬᠡ ᠪᠠᠭᠤᠷᠠᠭᠤᠯᠬᠤ ᠨᠢᠬᠡ ᠨᠦᠬᠦᠪᠦᠷᠢᠯᠡᠬᠦ︾ ᠠᠵᠢᠯ ᠢ ᠯᠠᠪᠳᠠᠭᠤᠨ ᠠᠬᠢᠭᠤᠯᠪᠠ᠃ ᠨᠡᠬᠦᠷᠡᠰᠦᠨ ᠤ ᠦᠢᠯᠡᠳᠪᠦᠷᠢᠯᠡᠯ ᠤᠨ | ᠴᠢᠳᠡᠪᠦᠷᠢ ᠶᠢ 1000 ᠲᠦᠮᠡᠨ ᠲᠤᠨ ᠤᠷᠴᠢᠮ ᠬᠠᠰᠤᠪᠠ᠃ ᠭᠤᠤᠯ ᠬᠤᠳᠡ ᠲᠤᠭᠤᠷᠢᠭ ᠤᠨ ᠱᠠᠳᠤᠴᠢ ᠴᠢᠨᠡᠷ ᠲᠠᠢ ᠣᠷᠣᠨ ᠰᠠᠭᠤᠴᠠ ᠬᠤᠳᠡᠯᠳᠤᠨ ᠠᠪᠬᠤ | ᠨᠦᠬᠦᠪᠦᠷᠢ ᠶᠢᠨ ᠲᠦᠷᠦ ᠶᠢᠨ ᠪᠤᠳᠤᠯᠭ᠎ᠠ ᠲᠤᠭᠳᠠᠭᠠᠨ᠂ ︽ᠭᠡᠷ ᠭᠠᠵᠠᠷ ᠬᠦᠷᠦᠩᠭᠡ ᠶᠢᠨ ᠴᠢᠯᠦᠬᠡᠳᠦ ᠲᠡᠯᠭᠡᠬᠦᠷ︾ ᠭᠠᠷᠭᠠᠵᠦ᠂ ᠪᠦᠬᠦ ᠬᠤᠳᠡ ᠶᠢᠨ ᠲᠠᠸᠠᠷ ᠤᠨ | ᠣᠷᠣᠨ ᠰᠠᠭᠤᠴᠠ ᠶᠢᠨ ᠬᠠᠳᠠᠭᠠᠯᠠᠮᠵᠢ ᠶᠢ 230 ᠲᠦᠮᠡᠨ ᠲᠡᠭᠰᠢ ᠲᠦᠷᠪᠡᠯᠵᠢᠨ ᠮᠧᠲᠷ ᠪᠠᠭᠠᠰᠬᠠᠪᠠ᠃ ᠮᠦᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠡᠷᠡᠬᠦᠯ | ᠪᠤᠰᠤ ᠵᠢᠬᠡᠯᠡᠯᠬᠡ ᠶᠢᠨ ᠦᠯᠡᠳᠡᠪᠦᠷᠢ ᠪᠤᠯᠤᠨ ᠡᠷᠡᠬᠦᠯ ᠪᠤᠰᠤ ᠵᠢᠬᠡᠯᠡᠯᠬᠡ ᠶᠢᠨ ᠨᠤᠷᠮ᠎ᠡ ᠶᠢᠨ ︽ᠬᠤᠤᠰ ᠪᠠᠭᠤᠷᠠᠭᠤᠯᠤᠯᠳᠡ︾ ᠶᠢ ᠪᠡᠶᠡᠯᠡᠬᠦᠯᠵᠦ᠂ ᠵᠠᠰᠠᠭ ᠤᠨ | ᠤᠷᠳᠤᠨ ᠤ ᠵᠢᠬᠡᠯᠡᠯᠬᠡ ᠶᠢ 149.2 ᠳ᠋ᠦᠩᠰᠢᠭᠤᠷ ᠲᠦᠬᠦᠷᠢᠭ ᠰᠤᠯᠢᠪᠠ᠃ ᠲᠤᠳᠠᠭᠳᠡᠯ ᠢᠶᠠᠨ ᠨᠦᠬᠦᠪᠦᠷᠢᠯᠡᠬᠦ 9 ᠲᠦᠷᠦᠯ ᠤᠨ 43 ᠭᠤᠤᠯᠳᠠᠯᠭᠠᠳᠦ | ᠢᠨᠵᠧᠨᠧᠷᠢᠩ ᠢ ᠬᠡᠷᠡᠭᠵᠢᠬᠦᠯᠪᠡ᠃ ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠤᠨ ᠭᠠᠶᠢᠯᠢ ᠬᠤᠪᠢᠷᠠᠭᠤᠯᠬᠤ︾ ᠶᠢ ᠵᠡᠷᠬᠡ ᠭᠠᠶᠢᠯᠢ ᠶᠢ ᠬᠠᠰᠣᠵᠣ ᠰᠦᠢᠳᠬᠡᠯ ᠢ | ᠪᠠᠭᠤᠷᠠᠭᠤᠯᠬᠤ ᠲᠦᠷᠦ ᠶᠢᠨ ᠪᠣᠳᠣᠯᠭ᠎ᠠ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠠᠵᠦ ᠠᠬᠤᠶᠢᠯᠠᠯ ᠤᠨ ᠲᠠᠷᠣᠭᠠᠰᠣ ᠶᠢ 10 ᠳ᠋ᠦᠩᠰᠢᠭᠤᠷ ᠲᠦᠬᠦᠷᠢᠭ ᠲᠠᠪᠠᠳᠠᠯ᠎ᠠ | ᠬᠦᠩᠬᠡᠷᠡᠬᠦᠯᠪᠡ᠃ ᠠᠵᠦ ᠠᠬᠤᠶᠢᠯᠠᠯ ᠤᠨ ᠦᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠬᠦᠯᠬᠦ 30 ᠰᠠᠨᠠᠯ ᠲᠤᠷᠡᠳᠴᠦ᠂ ᠠᠵᠦ ᠠᠬᠤᠶᠢᠯᠠᠯ ᠢ | ᠬᠠᠪᠰᠤᠷᠤᠨ ᠬᠦᠴᠢᠷ ᠲᠦᠪᠡᠭ ᠢ ᠨᠢ ᠰᠢᠢᠳᠪᠦᠷᠢᠯᠡᠵᠦ ᠦᠭᠪᠡ᠃ ᠲᠤᠮᠤ ᠭᠡᠷᠡᠭᠯᠡᠭᠴᠢ ᠶᠢᠨ ᠰᠢᠭᠤᠳ ᠬᠤᠳᠠᠯᠳᠣᠨ ᠠᠪᠣᠭᠰᠠᠨ ᠴᠠᠬᠢᠯᠭᠠᠨ ᠤ ᠬᠡᠮᠵᠢᠶ᠎ᠡ ᠶᠢ 47.3 | ᠳ᠋ᠦᠩᠰᠢᠭᠤᠷ ᠭᠷᠡᠳᠦ᠋ᠰ ᠲᠡᠮᠡᠴᠠᠨ ᠤᠯᠵᠦ᠂ ᠠᠵᠦ ᠠᠬᠤᠶᠢᠯᠠᠯ ᠤᠨ ᠴᠠᠬᠢᠯᠭᠠᠨ ᠤ ᠰᠦᠢᠳᠬᠡᠯ ᠤᠨ ᠵᠠᠷᠤᠯᠭ᠎ᠠ ᠶᠢ 7.2 ᠳ᠋ᠦᠩᠰᠢᠭᠤᠷ ᠲᠦᠭᠦᠷᠢᠭ ᠪᠠᠭᠠᠰᠬᠠᠪᠠ᠃ ︽ | ᠪᠠᠳᠤᠯᠠᠭ᠎ᠠ ᠶᠢᠨ ᠲᠤᠰᠠᠯᠠᠮᠵᠢᠳᠦ ᠵᠢᠬᠡᠯᠡᠯᠬᠡ︾ ᠪᠠᠷ ᠲᠠᠮᠵᠢᠨ 117 ᠲᠤᠮᠳᠡ ᠵᠢᠵᠢᠭ ᠠᠵᠦ ᠠᠬᠤᠶᠢᠯᠠᠯ ᠳᠤ 10 ᠳ᠋ᠦᠩᠰᠢᠭᠤᠷ ᠲᠦᠬᠦᠷᠢᠭ ᠵᠢᠬᠡᠯᠡᠯᠬᠡ ᠲᠡᠯᠪᠢᠪᠡ᠃ | ᠪᠦᠬᠦ ᠵᠢᠯ ᠳᠤ ᠠᠵᠦ ᠠᠬᠤᠶᠢᠯᠠᠯ ᠤᠨ ᠦᠪᠡᠷ ᠤᠨ ᠦᠷᠳᠡᠭ ᠢ ᠨᠡᠶᠢᠳᠡ 20.2 ᠳ᠋ᠦᠩᠰᠢᠭᠤᠷ ᠲᠦᠬᠦᠷᠢᠭ ᠪᠠᠭᠤᠷᠠᠭᠤᠯᠵᠦ᠂ ᠬᠡᠪᠴᠢᠶ᠎ᠡ ᠠᠴᠠ ᠲᠡᠭᠡᠭᠰᠢᠬᠢ ᠠᠵᠦ | ᠠᠬᠤᠶᠢᠯᠠᠯ ᠤᠨ ᠠᠰᠢᠭ ᠬᠤᠨᠵᠢᠪᠦᠷᠢ ᠶᠢᠨ ᠶᠡᠷᠦᠩᠭᠡᠢ ᠲᠤᠭ᠎ᠠ ᠶᠢ 15% ᠲᠠᠪᠠᠳᠡᠯᠡ ᠨᠡᠮᠡᠭᠳᠡᠬᠦᠯᠪᠡ᠃ ᠮᠠᠨ ᠤ ᠬᠤᠳᠡ ᠶᠢᠨ ᠠᠵᠣ ᠠᠬᠤᠶᠢᠯᠠᠯ ᠤᠨ ᠲᠠᠷᠤᠭᠠᠰᠦ ᠶᠢ | ᠬᠦᠩᠭᠡᠷᠡᠭᠦᠯᠦᠨ ᠦᠷ᠎ᠡ ᠠᠰᠢᠭ ᠢ ᠨᠡᠮᠡᠭᠳᠡᠬᠦᠯᠬᠦ ᠠᠵᠢᠯ ᠲᠦᠷᠦ ᠶᠢᠨ ᠶᠠᠪᠤᠳᠡᠯ ᠤᠨ ᠬᠤᠷᠢᠶᠡᠨ ᠤ ᠭᠤᠷᠪᠠᠳᠤᠭᠠᠷ ᠤᠳᠠᠭᠠᠨ ᠤ ᠶᠡᠭᠡ ᠱᠠᠯᠠᠪᠳᠡᠨ ᠪᠠᠶᠢᠴᠠᠭᠠᠯᠳᠡ ᠳᠤ | ᠰᠠᠶᠢᠰᠢᠶᠠᠭᠳᠡᠪᠡ᠃ | ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠠᠯᠬᠤᠴᠠ ᠲᠦᠷᠭᠡᠳᠪᠡ᠃ ᠠᠵᠦ ᠦᠢᠯᠡᠰ ᠤᠨ ᠪᠦᠳᠦᠴᠠ ᠶᠢ ᠴᠢᠨᠠᠭᠰᠢᠳᠡ | ᠰᠢᠯᠢᠳᠡᠭᠵᠢᠬᠦᠯᠵᠦ᠂ ᠭᠤᠷᠪᠠᠨ ᠠᠵᠦ ᠦᠢᠯᠡᠰ ᠤᠨ ᠬᠠᠷᠢᠴᠠᠯ ᠢ ᠲᠤᠬᠢᠷᠠᠭᠤᠯᠤᠭᠠᠳ 13.4᠄ 50.2᠄ 36.4 ᠪᠣᠯᠭᠠᠪᠠ᠃ ᠲᠡᠷᠢᠶᠡᠯᠡᠩ ᠮᠠᠯ ᠠᠵᠦ ᠠᠬᠤᠢ ᠶᠢᠨ | ᠪᠦᠳᠦᠴᠡ ᠶᠢ ᠲᠤᠭᠳᠠᠭᠤᠨ ᠢᠶᠠᠷ ᠲᠤᠬᠢᠷᠠᠭᠤᠯᠤᠨ ᠰᠢᠯᠢᠳᠡᠭᠵᠢᠬᠦᠯᠵᠦ᠂ ᠦᠷ᠎ᠡ ᠶᠢᠨ ᠡᠷᠳᠡᠨᠢ ᠰᠢᠰᠢ ᠶᠢ 311 ᠲᠦᠮᠡᠨ ᠮᠤ᠋ ᠪᠠᠭᠠᠰᠬᠠᠨ᠂ ᠠᠮᠤ ᠪᠤᠳᠠᠭ᠎ᠠ ᠶᠢ | ᠲᠡᠵᠢᠬᠡᠯ ᠪᠤᠷᠳᠤᠭ᠎ᠠ ᠬᠤᠪᠢᠷᠠᠭᠤᠯᠬᠤ ᠶᠢ 267 ᠲᠦᠮᠡᠨ ᠮᠤ᠋ ᠪᠡᠶᠡᠯᠡᠬᠦᠯᠦᠨ᠂ ᠲᠡᠷᠢᠶᠡᠯᠡᠩ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ︽ᠭᠤᠷᠪᠡᠨ | ᠪᠦᠳᠦᠭᠡᠭᠳᠡᠬᠦᠨ ᠨᠢᠬᠡ ᠲᠡᠮᠳᠡᠭ︾ ᠢ ᠭᠡᠷᠡᠴᠢᠯᠡᠬᠦᠯᠦᠭᠰᠡᠨ ᠲᠠᠯᠠᠪᠠᠢ 251 ᠲᠦᠮᠡᠨ ᠮᠤ᠋ ᠬᠦᠷᠴᠦ᠂ ᠠᠮᠤ ᠪᠤᠳᠠᠭᠠᠨ ᠤ ᠶᠡᠷᠦᠩᠭᠡᠢ ᠤᠨᠡᠯᠳᠡ 139.2 ᠳ᠋ᠦᠩᠰᠢᠭᠤᠷ | ᠵᠢᠩ ᠬᠦᠷᠪᠡ︔ ᠠᠯᠠᠰᠢᠨ ᠦᠬᠡᠷ ᠤᠨ ᠠᠵᠦ ᠦᠢᠯᠡᠰ ᠢ ᠲᠤᠪᠤᠶᠢᠯᠭᠠᠨ ᠬᠦᠭᠵᠢᠬᠦᠯᠵᠦ᠂ ᠰᠢᠯᠢᠳᠡᠭ ᠴᠢᠨᠡᠷ ᠲᠠᠢ ᠠᠯᠠᠰᠢᠨ ᠦᠬᠡᠷ 24 ᠲᠦᠮᠡ ᠰᠢᠨ᠎ᠡ ᠨᠡᠮᠡᠭᠳᠡᠵᠦ᠂ | ᠶᠡᠷᠦᠩᠭᠡᠢ ᠲᠤᠭ᠎ᠠ 326 ᠲᠦᠮᠡ ᠬᠦᠷᠴᠦ᠂ ︽ᠬᠤᠷᠴᠢᠨ ᠦᠬᠡᠷ︾ ᠲᠠᠷᠢᠶᠡᠯᠡᠩ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠭᠠᠵᠠᠷ ᠵᠦᠢ ᠶᠢᠨ ᠪᠡᠯᠭᠡ | ᠲᠡᠮᠳᠡᠭ ᠤᠨ ᠬᠡᠷᠡᠴᠢᠯᠡᠯ ᠢ ᠤᠯᠪᠠ᠃ ᠰᠢᠨ᠎ᠡ ᠮᠠᠶ᠋ᠢᠭ ᠤᠨ ᠠᠵᠦ ᠦᠢᠯᠡᠳᠪᠦᠷᠢᠵᠢᠯᠳᠡ ᠶᠢᠨ ᠠᠬᠢᠴᠠ ᠶᠢ ᠲᠦᠷᠭᠡᠳᠭᠡᠵᠦ᠂ 500 ᠲᠦᠮᠡᠨ ᠲᠦᠬᠦᠷᠢᠭ ᠠᠴᠠ | ᠲᠡᠭᠡᠭᠰᠢ ᠠᠵᠦ ᠦᠢᠯᠡᠳᠪᠦᠷᠢ ᠶᠢᠨ ᠭᠤᠤᠯᠳᠠᠯᠭᠠᠳᠦ ᠲᠦᠷᠦᠯ ᠵᠦᠢᠯ ᠢ 303 ᠭᠡᠷᠡᠭᠵᠢᠬᠦᠯᠦᠨ᠂ ᠠᠵᠦ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠡ ᠶᠢ 688 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠬᠡᠪᠴᠢᠶ᠎ᠡ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠤᠨ ᠨᠡᠮᠡᠭᠳᠡᠯᠳᠡ | 9.3% ᠬᠦᠷᠪᠡ᠃ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠡ ᠳᠤ ᠲᠦᠰᠢᠭᠯᠡᠵᠦ᠂ ᠬᠦᠩᠬᠡᠨ ᠴᠠᠭᠠᠨ ᠤ ᠰᠢᠨ᠎ᠡ ᠮᠠᠲ᠋ᠧᠷᠢᠶᠠᠯ᠂ ᠡᠷᠳᠡᠨᠢ ᠰᠢᠰᠢ ᠶᠢᠨ ᠠᠮᠢᠳᠣ | ᠪᠣᠳᠠᠰ ᠤᠨ ᠮᠡᠷᠬᠡᠵᠢᠯ᠂ ᠪᠣᠬᠢᠷᠳᠣᠯ ᠦᠬᠡᠢ ᠲᠠᠷᠢᠶᠠᠯᠠᠩ ᠮᠠᠯᠵᠢᠯ ᠤᠨ ᠠᠰᠢᠭ ᠰᠢᠮ᠎ᠡ ᠪᠦᠳᠦᠬᠡᠭᠳᠡᠬᠦᠨ ᠤ ᠪᠣᠯᠪᠠᠰᠣᠷᠠᠭᠤᠯᠣᠯ᠂ ᠮᠣᠩᠭᠤᠯ ᠡᠮ ᠡᠮᠨᠡᠯᠬᠡ ᠵᠡᠷᠬᠡ | ᠲᠠᠪᠠᠭᠤᠯᠢᠭ ᠭᠤᠣᠯᠯᠠᠬᠤ ᠠᠵᠣ ᠦᠢᠯᠡᠰ ᠠᠵᠣ ᠦᠢᠯᠡᠰ ᠤᠨ ᠬᠡᠯᠬᠢᠶ᠎ᠡ᠂ ᠲᠣᠮᠳᠠᠳᠣ ᠲᠡᠬᠡᠳᠦ ᠲᠡᠰ ᠣᠷᠣᠭᠤ ᠬᠦᠭᠵᠢᠪᠡ᠃ ᠦᠪᠦᠷ ᠮᠤᠩᠭᠤᠯ ᠤᠨ ᠵᠡᠬᠦᠨ | ᠪᠦᠰᠡ ᠶᠢᠨ ᠬᠦᠩᠬᠡᠨ ᠴᠠᠭᠠᠨ ᠪᠤᠯᠤᠨ ᠬᠦᠩᠬᠡᠨ ᠴᠠᠭᠠᠨ ᠪᠤᠯᠪᠠᠰᠤᠷᠠᠭᠤᠯᠬᠤ ᠠᠵᠦ ᠦᠢᠯᠡᠰ ᠤᠨ ᠮᠡᠷᠬᠡᠵᠢᠯ ᠤᠨ ᠰᠢᠨᠡᠴᠢᠯᠡᠯᠳᠡ ᠶᠢᠨ ᠪᠠᠶᠢᠯᠳᠤᠬᠤ ᠪᠤᠳᠤᠯᠭ᠎ᠠ ᠶᠢᠨ | ᠬᠤᠯᠪᠤᠭ᠎ᠠ ᠪᠠᠶᠢᠭᠤᠯᠵᠦ᠂ ᠬᠦᠩᠬᠡᠨ ᠴᠠᠭᠠᠨ ᠤ ᠰᠢᠨ᠎ᠡ ᠮᠠᠲ᠋ᠧᠷᠢᠶᠡᠯ ᠤᠨ ᠠᠵᠦ ᠦᠢᠯᠡᠰ ᠤᠨ ᠰᠢᠨ᠎ᠡ ᠪᠠᠷ ᠨᠡᠮᠡᠭᠳᠡᠭᠰᠡᠨ ᠦᠢᠯᠡᠳᠭᠡᠭᠦᠨ 100 ᠲᠦᠷᠦᠯ᠂ | ᠲᠠᠪᠠᠭᠤᠯᠢᠭ ᠦᠢᠯᠡᠳᠪᠦᠷᠢᠯᠡᠯ ᠤᠨ ᠴᠢᠳᠡᠪᠦᠷᠢ ᠵᠠᠭᠤ ᠰᠢᠬᠠᠮ ᠲᠦᠮᠡᠨ ᠲᠤᠨ ᠬᠦᠷᠪᠡ︔ ᠡᠷᠳᠡᠨᠢ ᠰᠢᠰᠢ ᠶᠢᠨ ᠠᠮᠢᠳᠦ ᠪᠤᠳᠡᠰ ᠤᠨ ᠰᠢᠨ᠎ᠡ ᠮᠡᠷᠬᠡᠵᠢᠯ ᠤᠨ ᠠᠵᠦ | ᠦᠢᠯᠡᠰ ᠤᠨ ᠰᠢᠨ᠎ᠡ ᠪᠠᠷ ᠨᠡᠮᠡᠭᠳᠡᠬᠦᠯᠦᠭᠰᠡᠨ ᠨᠠᠷᠢᠯᠢᠭ ᠪᠤᠯᠪᠠᠰᠤᠷᠠᠭᠤᠯᠬᠤ ᠦᠢᠯᠡᠳᠬᠡᠬᠦᠨ 50 ᠬᠦᠷᠴᠦ᠂ ᠡᠷᠳᠡᠨᠢ ᠰᠢᠰᠢ ᠶᠢ ᠶᠡᠷᠦᠩᠭᠡᠶᠢᠯᠡᠨ ᠬᠤᠪᠢᠷᠠᠭᠤᠯᠬᠤ | ᠴᠢᠳᠡᠪᠦᠷᠢ ᠶᠢ 505 ᠲᠦᠮᠡᠨ ᠲᠤᠨ ᠬᠦᠷᠭᠡᠪᠡ︔ ᠪᠤᠬᠢᠷᠳᠦᠯ ᠦᠬᠡᠢ ᠲᠡᠷᠢᠶᠡᠯᠡᠩ ᠮᠠᠯ ᠠᠵᠦ ᠠᠬᠤᠢ ᠶᠢᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ | ᠪᠤᠯᠪᠠᠰᠤᠷᠠᠭᠤᠯᠬᠤ ᠠᠵᠦ ᠠᠬᠤᠶᠢᠯᠠᠯ 160 ᠬᠦᠷᠴᠦ᠂ ᠮᠠᠯ ᠲᠡᠷᠢᠶᠡᠯᠡᠩ ᠤᠨ ᠪᠦᠳᠦᠭᠡᠭᠳᠡᠬᠦᠨ ᠢ ᠶᠡᠷᠦᠩᠭᠡᠢ ᠪᠤᠯᠪᠠᠰᠤᠷᠠᠭᠤᠯᠣᠨ ᠬᠤᠪᠢᠷᠠᠭᠤᠯᠤᠭᠰᠠᠨ ᠨᠤᠷᠮ᠎ᠡ | 61% ᠬᠦᠷᠪᠡ᠃ ᠪᠠᠶᠢᠯᠳᠤᠬᠤ ᠪᠤᠳᠤᠯᠭ᠎ᠠ ᠶᠢᠨ ᠴᠢᠨᠡᠷ ᠲᠠᠢ ᠰᠢᠨ᠎ᠡ ᠪᠠᠷ ᠮᠠᠨᠳᠤᠭᠰᠡᠨ ᠠᠵᠦ ᠦᠢᠯᠡᠰ ᠬᠡᠪᠴᠢᠶᠡᠵᠢᠯ ᠲᠡᠰᠢ ᠠᠬᠢᠵᠦ᠂ ᠪᠦᠸᠧ ᠡᠸ᠋ᠨ ᠯᠤ᠋ ᠰᠢᠶᠣᠣ | ᠪᠢᠳᠦᠷᠶ᠎ᠡ ᠶᠢᠨ ᠲᠡᠯᠡᠰᠳᠦ ᠪᠡᠶ᠎ᠡ ᠶᠢᠨ ᠦᠢᠯᠡᠳᠪᠦᠷᠢᠯᠡᠯ ᠤᠨ ᠴᠢᠳᠡᠪᠦᠷᠢ ᠬᠤᠶᠠᠷ ᠲᠡᠬᠢᠨ ᠰᠢᠬᠠᠮ ᠨᠡᠮᠡᠭᠳᠡᠵᠦ᠂ ᠰᠠᠯᠬᠢᠨ ᠤ ᠴᠠᠬᠢᠯᠭᠠᠨ᠂ ᠬᠡᠷᠡᠯ ᠤᠨ ᠴᠠᠬᠢᠯᠭᠠᠨ ᠵᠡᠷᠭᠡ | ᠰᠢᠨ᠎ᠡ ᠡᠨᠧᠷᠬᠢ ᠶᠢᠨ ᠮᠠᠰᠢᠨ ᠴᠤᠭᠴᠠᠯᠠᠪᠤᠷᠢ ᠶᠡᠷᠦᠩᠭᠡᠢ ᠮᠠᠰᠢᠨ ᠴᠤᠭᠴᠠᠯᠠᠪᠤᠷᠢ ᠶᠢᠨ 40% ᠶᠢ ᠡᠵᠡᠯᠡᠪᠡ︔ ᠮᠤᠩᠭᠤᠯ ᠡᠮ ᠡᠮᠨᠡᠯᠬᠡ ᠶᠢᠨ ᠠᠵᠦ ᠦᠢᠯᠡᠰ ᠤᠨ | ᠬᠡᠪᠴᠢᠶᠠᠵᠢᠯᠳᠠ᠂ ᠵᠠᠬ᠎ᠠ ᠲᠡᠯᠬᠡᠬᠦᠷᠵᠢᠯᠳᠡ ᠶᠢᠨ ᠠᠬᠢᠴᠠ ᠶᠢ ᠲᠦᠷᠭᠡᠳᠬᠡᠵᠦ᠂ ᠮᠤᠩᠭᠤᠯ ᠬᠢᠳᠡᠳ ᠡᠮ ᠤᠨ ᠮᠠᠲ᠋ᠧᠷᠢᠶᠡᠯ ᠤᠨ ᠰᠠᠭᠤᠷᠢᠨ 7 ᠲᠦᠮᠡᠨ ᠮᠤ᠋ ᠬᠦᠷᠴᠦ᠂ | ᠮᠤᠩᠭᠤᠯ ᠪᠡᠯᠡᠨ ᠡᠮ ᠤᠨ ᠭᠠᠷᠦᠯᠳᠡ ᠪᠦᠬᠦ ᠤᠯᠤᠰ ᠤᠨ ᠬᠠᠭᠠᠰ ᠢ ᠲᠠᠪᠠᠪᠠ᠃ ᠤᠳᠤᠬᠢᠴᠢ ᠦᠢᠯᠡᠴᠢᠯᠡᠬᠡᠨ ᠤ ᠦᠢᠯᠡᠰ ᠲᠦᠷᠭᠡᠨ ᠬᠦᠭᠵᠢᠵᠦ᠂ ᠬᠤᠷᠴᠢᠨ ᠤ | 500 ᠺᠢᠯᠤᠮᠧᠲᠷ ᠦᠵᠡᠮᠵᠢ ᠶᠢᠨ ᠲᠡᠷᠳᠡᠩ ᠵᠠᠮ ᠢᠶᠠᠷ ᠲᠡᠷᠭᠡ ᠪᠡᠷᠢᠵᠦ ᠵᠤᠭᠠᠴᠠᠬᠤ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠡ ᠶᠢ ᠠᠩᠬ᠎ᠠ ᠠᠯᠬᠤᠮ | ᠲᠦᠯᠦᠪᠵᠢᠬᠦᠯᠵᠦ᠂ ᠲᠡᠷᠭᠡ ᠪᠠᠷᠢᠵᠦ ᠵᠤᠭᠠᠴᠠᠭᠰᠡᠳ ᠤᠨ ᠲᠤᠭ᠎ᠠ ᠵᠤᠭᠠᠴᠠᠭᠰᠡᠳ ᠤᠨ ᠶᠡᠷᠦᠩᠭᠡᠢ ᠲᠤᠭ᠎ᠠ ᠶᠢᠨ 60% ᠶᠢ ᠡᠵᠡᠯᠡᠵᠦ᠂ ︽ᠵᠡᠬᠦᠨ ᠬᠤᠶᠢᠳᠦ | ᠤᠷᠤᠨ ᠤ ᠲᠠᠯ᠎ᠠ ᠶᠢ ᠰᠣᠨᠢᠷᠬᠠᠰᠣᠭᠠᠢ ᠬᠡᠮᠡᠪᠡᠰᠦ᠂ ᠲᠡᠷᠭᠡ ᠪᠡᠷᠢᠵᠦ ᠲᠦᠩᠯᠢᠶᠥᠥ ᠪᠠᠷ ᠵᠤᠭᠠᠴᠠᠬᠤ︾ ᠨᠡᠷ᠎ᠡ ᠲᠡᠮᠳᠡᠭ ᠤᠨ ᠠᠯᠳᠡᠷᠰᠢᠯ ᠶᠠᠭ ᠰᠠᠶ᠋ᠢᠬᠠᠨ ᠲᠡᠭᠡᠭᠰᠢᠯᠡᠵᠦ | ᠪᠠᠶᠢᠨ᠎ᠠ︔ ᠤᠯᠤᠰ ᠤᠨ ᠨᠡᠬᠡᠬᠡᠯᠳᠡ ᠶᠢᠨ ᠪᠡᠩᠭᠢ ᠵᠡᠷᠭᠡ ᠮᠦᠩᠭᠦᠨ ᠬᠦᠢᠯᠬᠡᠬᠡᠨ ᠤ ᠪᠠᠶᠢᠭᠤᠯᠤᠮᠵᠢ ᠲᠠᠢ ᠶᠡᠷᠦᠩᠭᠡᠢ ᠬᠡᠮᠵᠢᠶ᠎ᠡ ᠨᠢ 2830 ᠳ᠋ᠦᠩᠰᠢᠭᠤᠷ | ᠲᠦᠬᠦᠷᠢᠭ ᠤᠨ ᠮᠦᠩᠭᠦᠨ ᠬᠦᠢᠯᠬᠡᠬᠡᠨ ᠤ ᠬᠠᠮᠳᠤᠷᠡᠯᠴᠠᠭᠠᠨ ᠤ ᠪᠤᠷᠤ ᠲᠦᠯᠦᠪ ᠤᠨ ᠵᠦᠪᠳᠡᠯᠴᠡᠭᠡᠷ ᠲᠤᠭᠳᠠᠪᠠ᠃ ᠤᠯᠤᠰ ᠤᠨ ᠲᠤᠰᠬᠠᠢ ᠲᠦᠷᠦᠯ ᠤᠨ ᠪᠦᠳᠦᠭᠡᠨ | ᠪᠠᠶᠢᠭᠤᠯᠤᠯᠳᠡ ᠶᠢᠨ ᠪᠡᠯᠡ ᠮᠦᠩᠭᠦ ᠶᠢ 32 ᠳ᠋ᠦᠩᠰᠢᠭᠤᠷ ᠲᠦᠬᠦᠷᠢᠭ ᠲᠡᠮᠡᠴᠡᠨ ᠤᠯᠵᠦ᠂ ︽ᠲᠦᠩᠯᠢᠶᠥᠥ — ᠮᠠᠨᠵᠤᠤᠷ — ᠡᠸᠦ᠋ᠷᠦᠫᠡ︾ ᠶᠢᠨ ᠬᠢᠯᠢ | ᠠᠯᠤᠰᠯᠠᠭᠰᠠᠨ ᠪᠠᠷᠠᠭᠠᠨ ᠤ ᠲᠡᠭᠡᠭᠡᠪᠦᠷᠢ ᠶᠢᠨ ᠡᠬᠡᠯᠵᠢ ᠶᠢᠨ ᠴᠤᠪᠤᠭ᠎ᠠ ᠲᠡᠷᠭᠡ ᠪᠤᠯᠤᠨ ᠳ᠋ᠠᠯᠢᠶᠠᠨ ᠭᠠᠷᠡᠮ ᠤᠨ ᠰᠢᠩᠭᠡᠯᠢᠭᠳᠦ ᠡᠬᠡᠯᠵᠢ ᠶᠢᠨ ᠴᠤᠪᠤᠭ᠎ᠠ ᠲᠡᠷᠭᠡ ᠶᠢ | ᠨᠡᠪᠳᠡᠷᠡᠬᠦᠯᠵᠦ᠂ ᠲᠤᠮᠳᠡᠳᠦ ᠮᠤᠩᠭᠤᠯ ᠤᠨ ᠦᠵᠡᠬᠦᠯᠦᠯᠬᠡ ᠶᠢᠨ ᠲᠦᠩᠯᠢᠶᠥᠥ ᠶᠢᠨ ᠤᠯᠠᠨ ᠤᠯᠤᠰ ᠤᠨ ᠲᠠᠸᠠᠷ ᠤᠨ ᠠᠷᠠᠯᠵᠢᠶᠠᠨ ᠤ ᠬᠤᠷᠡᠯ ᠵᠢᠴᠢ ᠲᠤᠮᠳᠡᠳᠦ | ᠮᠤᠩᠭᠤᠯ ᠤᠨ ︽3 + 3︾ ᠤᠷᠤᠨ ᠪᠦᠰᠡ ᠶᠢᠨ ᠬᠠᠮᠳᠤᠷᠡᠯᠴᠠᠭᠠᠨ ᠤ ᠬᠤᠷᠡᠯ ᠢ ᠠᠮᠵᠢᠯᠳᠡ ᠲᠠᠢ ᠡᠷᠬᠢᠯᠡᠵᠦ᠂ ᠪᠤᠳᠡᠰ ᠤᠨ ᠬᠦᠢᠯᠬᠡᠬᠡᠨ ᠤ ᠤᠯᠠᠨ ᠨᠡᠶᠢᠳᠡ | ᠶᠢᠨ ᠦᠢᠯᠡᠴᠢᠯᠡᠬᠡᠨ ᠤ ᠲᠡᠪᠴᠠᠩ ᠤᠨ ᠪᠠᠶᠢᠭᠤᠯᠤᠯᠳᠡ ᠰᠢᠨ᠎ᠡ ᠠᠬᠢᠯᠳᠡ ᠲᠠᠢ ᠪᠤᠯᠪᠠ︔ ᠸᠠᠨ ᠳ᠋ᠠ ᠠᠭᠤᠳᠡᠮ ᠲᠠᠯᠠᠪᠠᠢ᠂ ᠴᠠᠩᠴᠦ᠋ᠨ ᠤ ᠡᠸᠦ᠋ᠷᠦᠫᠡ ᠠᠽᠢᠶ᠎ᠠ | ᠨᠡᠷᠡᠮᠵᠢᠳᠦ ᠬᠤᠳᠡᠯᠳᠤᠭᠠᠨ ᠤ ᠦᠢᠯᠡᠰ ᠤᠨ ᠶᠡᠷᠦᠩᠭᠡᠢ ᠴᠤᠭᠴᠠ ᠶᠢ ᠠᠰᠢᠭᠯᠡᠯᠳᠡ ᠳᠤ ᠤᠷᠤᠭᠤᠯᠪᠠ︔ ᠡᠯᠧᠺᠲᠷᠦᠨ ᠬᠤᠳᠡᠯᠳᠤᠭᠠᠨ ᠤ ᠶᠠᠪᠤᠳᠡᠯ ᠤᠨ ᠠᠷᠠᠯᠵᠢᠶ᠎ᠠ | ᠶᠢᠨ ᠬᠡᠮᠵᠢᠶ᠎ᠡ ᠲᠠᠬᠢᠨ ᠢᠶᠠᠷ ᠨᠡᠮᠡᠭᠳᠡᠨ᠂ ᠲᠦᠩᠯᠢᠶᠥᠥ ᠶᠢᠨ ᠡᠯᠧᠺᠲᠷᠦᠨ ᠬᠤᠳᠡᠯᠳᠤᠭᠠᠨ ᠤ ᠶᠠᠪᠤᠳᠡᠯ ᠤᠨ ᠠᠵᠦ ᠦᠢᠯᠡᠰ ᠤᠨ ᠬᠤᠷᠤᠭ᠎ᠠ ᠤᠯᠤᠰ ᠤᠨ ︽2016 | ᠤᠨ ᠤ ᠠᠷᠪᠠᠨ ᠰᠤᠳᠤᠨ ᠡᠯᠧᠺᠲᠷᠦᠨ ᠬᠤᠳᠡᠯᠳᠤᠭᠠᠨ ᠤ ᠶᠠᠪᠤᠳᠡᠯ ᠤᠨ ᠬᠤᠷᠤᠭ᠎ᠠ︾ ᠶᠢᠨ ᠢᠷᠠᠭᠤ ᠠᠯᠳᠡᠷ ᠢ ᠬᠦᠷᠳᠡᠪᠡ᠃ | ᠰᠠᠭᠤᠷᠢ ᠪᠠᠳᠣᠯᠠᠭ᠎ᠠ ᠶᠢᠨ ᠴᠢᠳᠡᠪᠦᠷᠢ ᠪᠠᠨ ᠲᠠᠰᠤᠷᠡᠯᠳᠡ ᠦᠭᠡᠢ ᠲᠡᠭᠡᠭᠰᠢᠯᠡᠬᠦᠯᠪᠡ᠃ ᠲᠦᠩᠯᠢᠶᠥᠥ ᠠᠴᠠ ᠪᠡᠭᠡᠵᠢᠩ — ᠮᠦᠭᠳᠡᠨ ᠤ ᠲᠦᠷᠭᠡᠨ ᠲᠡᠮᠦᠷ | ᠵᠠᠮ ᠤᠨ ᠰᠢᠨ ᠮᠢᠨ ᠤ ᠬᠤᠶᠢᠳᠦ ᠦᠷᠳᠡᠭᠡ ᠬᠦᠷᠬᠦ ᠲᠡᠮᠦᠷ ᠵᠠᠮ᠂ ᠵᠠᠷᠤᠳ ᠠᠴᠠ ᠴᠢᠩ ᠵᠸᠦ ᠬᠦᠷᠬᠦ ±800 ᠺᠢᠯᠤᠸᠤᠯᠲ ᠶᠢᠨ ᠤᠨᠴᠠ ᠦᠨᠳᠦᠷ ᠲᠡᠷᠤᠯᠳᠡᠳᠦ | ᠲᠤᠭᠳᠠᠮᠠᠯ ᠴᠠᠬᠢᠯᠭᠠᠨ ᠲᠠᠮᠵᠢᠭᠤᠯᠬᠤ ᠪᠠᠷᠢᠯᠭ᠎ᠠ ᠪᠠ ᠲᠦᠩᠯᠢᠶᠥᠥ ᠠᠴᠠ ᠯᠦᠪᠸᠢ ᠬᠦᠷᠬᠦ ᠪᠤᠯᠤᠨ ᠲᠠᠴᠠ ᠶᠢᠨ ᠲᠠᠯ᠎ᠠ ᠠᠴᠠ ᠪᠠᠢ ᠵᠢᠶᠠ ᠸᠠᠨ ᠽᠢ ᠬᠦᠷᠬᠦ ᠲᠦᠷᠭᠡᠨ | ᠵᠠᠮ ᠤᠨ ᠲᠦᠷᠦᠯ ᠵᠦᠢᠯ ᠢ ᠪᠦᠬᠦ ᠲᠠᠯ᠎ᠠ ᠪᠠᠷ ᠪᠠᠷᠢᠯᠭ᠎ᠠ ᠡᠬᠢᠯᠡᠬᠦᠯᠵᠦ᠂ ᠬᠤᠤᠯᠢᠩᠭᠤᠤᠯ ᠠᠴᠠ ᠠᠯᠳᠡᠷ ᠬᠦᠷᠬᠦ ᠨᠢᠬᠡᠳᠦᠭᠡᠷ ᠲᠡᠰ ᠤᠨ ᠵᠠᠰᠠᠮᠠᠯ ᠵᠠᠮ᠂ | ᠱᠧᠪᠡᠷᠳᠦ ᠠᠴᠠ ᠳ᠋ᠠ ᠰᠢᠩ ᠬᠦᠷᠬᠦ ᠬᠤᠶᠠᠳᠣᠭᠠᠷ ᠲᠡᠰ ᠤᠨ ᠵᠠᠰᠠᠮᠠᠯ ᠵᠠᠮ ᠢ ᠵᠠᠰᠠᠵᠦ ᠲᠠᠭᠤᠰᠬᠠᠨ ᠲᠡᠷᠭᠡ ᠨᠡᠪᠳᠡᠷᠡᠬᠦᠯᠵᠦ᠂ ᠲᠦᠩᠯᠢᠶᠣᠣ — ᠬᠤᠣᠯᠢᠩᠭᠤᠣᠯ᠂ | ᠲᠦᠩᠯᠢᠶᠣᠣ — ᠳ᠋ᠠ ᠬᠣ᠋ ᠱᠠᠨ ᠵᠡᠷᠬᠡ ᠲᠡᠮᠦᠷ ᠵᠠᠮ ᠤᠨ ᠴᠠᠬᠢᠯᠭᠠᠨᠵᠢᠭᠤᠯᠣᠯᠳᠠ ᠶᠢᠨ ᠪᠠᠷᠢᠯᠭ᠎ᠠ ᠶᠢ ᠣᠷᠣᠭᠰᠢᠳᠠᠢ ᠬᠡᠷᠡᠭᠵᠢᠬᠦᠯᠵᠦ᠂ ᠬᠤᠤᠯᠢᠩᠭᠤᠤᠯ ᠤᠨ ᠠᠷᠠᠳ | ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠡᠯ ᠲᠤᠷᠰᠢᠨ ᠨᠢᠰᠦᠭᠡᠳ ᠠᠮᠵᠢᠯᠳᠡ ᠤᠯᠪᠠ᠃ ᠤᠮᠠᠷᠡᠳᠦ ᠬᠡᠰᠡᠭ ᠤᠨ 1000 ᠲᠡᠭᠰᠢ ᠲᠦᠷᠪᠡᠯᠵᠢᠨ | ᠺᠢᠯᠤᠮᠧᠲᠷ ᠤᠨ ᠤᠷᠤᠨ ᠲᠤᠭᠤᠷᠢᠭ ᠤᠨ ᠪᠠᠶᠢᠯᠳᠤᠬᠤ ᠪᠤᠳᠤᠯᠭ᠎ᠠ ᠶᠢᠨ ᠴᠢᠨᠡᠷ ᠲᠠᠢ ᠤᠷᠴᠢᠨ ᠲᠤᠭᠤᠷᠢᠨ ᠤ ᠦᠨᠡᠯᠡᠯᠳᠡ ᠬᠢᠬᠦ ᠠᠵᠢᠯ ᠢ ᠡᠬᠢᠯᠡᠬᠦᠯᠵᠦ᠂ ᠨᠡᠬᠦᠷᠡᠰᠦ | ᠴᠠᠬᠢᠯᠭᠠᠨ ᠬᠦᠩᠬᠡᠨ ᠴᠠᠭᠠᠨ ᠤ ᠤᠳᠤᠭ᠎ᠠ ᠤᠨᠢᠶᠠᠷ ᠤᠨ ᠪᠤᠬᠢᠷᠳᠦᠯ ᠡᠳ᠋ ᠢ ᠦᠬᠡᠶᠢᠰᠬᠡᠬᠦ ᠲᠠᠭᠤᠷᠢᠶᠡᠯ ᠪᠠᠷᠢᠯᠭ᠎ᠠ ᠶᠢ ᠡᠬᠢᠯᠡᠨ ᠪᠠᠶᠢᠭᠤᠯᠵᠦ᠂ ᠤᠷᠤᠨ ᠲᠤᠭᠤᠷᠢᠭ ᠤᠨ | ᠨᠡᠬᠦᠷᠡᠰᠦ ᠰᠢᠳᠠᠭᠠᠬᠤ ᠬᠦᠸᠧᠯᠤ ᠶᠢ ᠵᠠᠰᠠᠬᠤ ᠡᠬᠦᠷᠭᠡ ᠪᠠᠨ ᠲᠠᠪᠠᠭᠤᠯᠤᠨ ᠪᠡᠶᠡᠯᠡᠬᠦᠯᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠡ ᠶᠢ ᠱᠠᠯᠠᠪᠳᠡᠨ | ᠪᠠᠶᠢᠴᠠᠭᠠᠬᠤ ᠲᠤᠭᠤᠶᠢᠯᠠᠩ ᠤᠨ ᠰᠢᠯᠵᠢᠬᠦᠯᠦᠨ ᠬᠦᠢᠴᠡᠳᠬᠡᠯᠬᠡᠭᠰᠡᠨ ᠪᠠ ᠬᠠᠷᠢᠭᠤ ᠲᠤᠰᠬᠠᠭᠰᠠᠨ ᠠᠰᠠᠭᠤᠳᠡᠯ ᠤᠨ ᠴᠡᠭᠴᠡᠯᠡᠨ ᠦᠬᠡᠷᠡᠴᠢᠯᠡᠯᠳᠡ ᠦᠷ᠎ᠡ ᠪᠦᠳᠦᠭᠡᠯ | ᠤᠯᠪᠡ᠃ ᠬᠤᠷᠴᠢᠨ ᠤ ᠡᠯᠡᠰᠦᠷᠭᠡᠭ ᠭᠠᠵᠠᠷ ᠤᠨ ︽ᠬᠤᠤᠰ ᠮᠢᠩᠭᠠᠨ ᠲᠦᠮᠡᠨ ᠮᠤ᠋︾ ᠶᠡᠷᠦᠩᠭᠡᠶᠢᠯᠡᠨ ᠵᠠᠰᠠᠬᠤ ᠶᠢ 363 ᠲᠦᠮᠡᠨ ᠮᠤ᠋᠂ ᠭᠤᠤᠯᠳᠠᠯᠭᠠᠳᠦ ᠤᠷᠤᠨ | ᠲᠤᠭᠤᠷᠢᠭ ᠤᠨ ᠤᠶᠢᠵᠢᠭᠤᠯᠤᠯᠳᠡ ᠶᠢ 26.5 ᠲᠦᠮᠡᠨ ᠮᠤ᠋ ᠪᠡᠶᠡᠯᠡᠬᠦᠯᠵᠦ᠂ ︽ᠪᠦᠬᠦ ᠤᠯᠤᠰ ᠤᠨ ᠤᠶᠢᠵᠢᠭᠤᠯᠤᠯᠳᠡ ᠶᠢᠨ ᠵᠢᠱᠢᠶᠠᠴᠢ ᠬᠤᠳᠡ︾ ᠶᠢᠨ ᠴᠤᠯᠠ | ᠬᠦᠷᠳᠡᠪᠠ᠃ | ᠬᠦᠭᠵᠢᠯᠳᠡ ᠶᠢᠨ ᠠᠮᠢᠯᠠᠯ ᠤᠨ ᠬᠦᠴᠦᠨ ᠢ ᠤᠯᠠᠮ ᠴᠢᠨᠠᠭᠰᠢᠳᠡ ᠴᠢᠩᠭᠠᠷᠠᠭᠤᠯᠪᠠ᠃ ᠵᠠᠰᠠᠭ ᠵᠠᠬᠢᠷᠭᠠᠨ ᠤ ᠵᠦᠪᠰᠢᠶᠡᠷᠡᠬᠦ ᠵᠦᠢᠯᠡᠰ 61 ᠪᠠᠶᠢᠭᠰᠡᠨ ᠢ | ᠬᠠᠰᠣᠭᠠᠳ 41 ᠪᠤᠯᠭᠠᠵᠦ᠂ ᠬᠢᠨᠡᠨ ᠵᠦᠪᠰᠢᠶᠡᠷᠡᠬᠦ ᠴᠠᠭ ᠤᠨ ᠬᠢᠵᠠᠭᠠᠷᠯᠡᠯ ᠢ 64% ᠪᠤᠭᠤᠨᠢᠰᠬᠠᠨ᠂ ᠵᠠᠭᠤᠴᠢ ᠶᠢᠨ ᠦᠢᠯᠡᠴᠢᠯᠡᠭᠡ᠂ ᠤᠯᠠᠨ ᠨᠡᠶᠢᠳᠡ ᠶᠢᠨ | ᠦᠢᠯᠡᠴᠢᠯᠡᠭᠡ ᠶᠢᠨ ᠵᠦᠢᠯᠡᠰ᠂ ᠵᠠᠰᠠᠭ ᠤᠨ ᠤᠷᠳᠤᠨ ᠤ ᠡᠷᠭᠡ ᠬᠠᠷᠢᠭᠤᠴᠠᠯᠭ᠎ᠠ ᠶᠢᠨ ︽ᠭᠤᠷᠪᠡᠨ ᠨᠠᠷᠢᠨ ᠲᠠᠩᠰᠠ︾ ᠶᠢ ᠢᠯᠡ ᠵᠡᠷᠯᠡᠪᠡ᠃ ︽ᠨᠡᠬᠦᠷᠡᠰᠦ | ᠴᠠᠭᠢᠯᠭᠠᠨ ᠭᠦᠩᠬᠡᠨ ᠴᠠᠭᠠᠨ︾ ᠤ ᠨᠢᠭᠡ ᠴᠤᠭᠴᠠᠵᠢᠭᠰᠠᠨ ᠤᠷᠴᠢᠯᠳᠦ ᠠᠵᠦ ᠠᠬᠤᠢ ᠶᠢᠨ ᠬᠦᠭᠵᠬᠦᠯᠦᠯᠳᠡ ᠶᠢᠨ ᠬᠡᠪ ᠵᠠᠭᠪᠤᠷ ᠢ ᠲᠡᠯᠬᠡᠷᠡᠬᠦᠯᠵᠦ᠂ ᠴᠠᠬᠢᠯᠭᠠᠨ | ᠬᠦᠴᠦᠨ ᠤ ᠬᠤᠷᠡᠮᠳᠦᠯ ᠤᠨ ᠦᠷ᠎ᠡ ᠠᠰᠢᠭ ᠢ ᠤᠯᠠᠮ ᠴᠢᠨᠠᠭᠰᠢᠳᠡ ᠢᠯᠡᠷᠭᠡᠢ ᠪᠤᠯᠵᠦ᠂ ᠬᠤᠤᠯᠢᠩᠭᠤᠤᠯ ᠤᠨ ᠤᠷᠴᠢᠯᠳᠦ ᠠᠵᠦ ᠠᠬᠤᠢ ᠶᠢᠨ ᠲᠠᠭᠤᠷᠢᠶᠡᠯ ᠪᠠᠷᠢᠯᠭ᠎ᠠ | ︽ᠤᠯᠤᠰ ᠤᠨ ᠰᠢᠯᠢᠳᠡᠭ ᠪᠠᠷᠢᠯᠭ᠎ᠠ ᠶᠢᠨ ᠱᠠᠩᠨᠠᠯ︾ ᠬᠦᠷᠳᠡᠪᠡ᠃ ᠤᠰᠤᠨ ᠤ ᠶᠠᠪᠤᠳᠡᠯ᠂ ᠵᠠᠮ ᠬᠠᠷᠢᠯᠴᠠᠭ᠎ᠠ ᠵᠡᠷᠭᠡ ᠪᠡᠯᠡ ᠤᠷᠤᠭᠤᠯᠤᠨ ᠪᠡᠯᠡ ᠨᠡᠶᠢᠯᠡᠬᠦᠯᠬᠦ | ᠲᠡᠪᠴᠠᠩ 4 ᠪᠠᠶᠢᠭᠤᠯᠵᠦ᠂ ︽ᠦᠵᠡᠰᠬᠦᠯᠡᠩ ᠰᠠᠶᠢᠬᠠᠨ ᠬᠦᠳᠡᠭᠡ ᠠᠶᠢᠯ︾ ᠤᠨ ᠠᠵᠦ ᠦᠢᠯᠡᠰ ᠤᠨ ᠰᠠᠭᠤᠷᠢ ᠮᠦᠩᠭᠦ ᠪᠠᠶᠢᠭᠤᠯᠬᠤ ᠵᠡᠷᠭᠡ ᠤᠯᠠᠨ ᠠᠷᠭ᠎ᠠ ᠵᠠᠮ | ᠢᠶᠠᠷ ᠳᠠᠮᠵᠢᠨ ᠪᠡᠯᠡ ᠮᠦᠩᠭᠦ 200 ᠭᠠᠷᠤᠢ ᠳ᠋ᠦᠩᠰᠢᠭᠤᠷ ᠲᠦᠬᠦᠷᠢᠭ ᠨᠡᠶᠢᠯᠡᠬᠦᠯᠪᠡ᠃ ᠬᠤᠳᠡᠯᠳᠤᠭᠠᠨ ᠤ ᠶᠠᠪᠤᠳᠡᠯ ᠤᠨ ᠲᠦᠷᠢᠮ ᠤᠨ ᠦᠬᠡᠷᠡᠴᠢᠯᠡᠯᠳᠡ ᠪᠤᠯᠤᠨ | ᠤᠯᠠᠨ ᠢᠶᠠᠷ ᠢᠶᠠᠨ ᠦᠢᠯᠡᠰ ᠪᠤᠰᠬᠠᠨ᠂ ᠲᠦᠮᠡᠨ ᠢᠶᠠᠷ ᠢᠶᠠᠨ ᠰᠢᠨ᠎ᠡ ᠶᠢ ᠡᠬᠦᠳᠬᠦ ᠲᠦᠷᠦ ᠶᠢᠨ ᠪᠤᠳᠤᠯᠭ᠎ᠠ ᠶᠢ ᠬᠦᠨᠵᠡᠬᠡᠢ ᠨᠠᠶᠢᠳᠠᠪᠤᠷᠢᠵᠢᠭᠤᠯᠵᠦ᠂ ᠵᠠᠬ᠎ᠠ ᠲᠡᠯᠬᠡᠬᠦᠷ | ᠤᠨ ᠭᠤᠤᠯ ᠴᠤᠭᠴᠠ 2.9 ᠲᠦᠮᠡ ᠰᠢᠨ᠎ᠡ ᠨᠡᠮᠡᠭᠳᠡᠵᠦ᠂ ᠶᠡᠷᠦᠩᠭᠡᠢ ᠲᠤᠭ᠎ᠠ 20 ᠲᠦᠮᠡ ᠶᠢ ᠲᠠᠪᠠᠨ᠂ ᠤᠯᠤᠰ ᠲᠤ ᠵᠡᠬᠦᠨ ᠬᠤᠶᠢᠳᠦ ᠤᠷᠤᠨ ᠤ ᠠᠷᠠᠳ ᠤᠨ | ᠡᠵᠡᠩᠨᠡᠯᠳᠦ ᠠᠵᠦ ᠠᠬᠤᠢ ᠶᠢᠨ ᠦᠬᠡᠷᠡᠴᠢᠯᠡᠯᠳᠡ ᠶᠢᠨ ᠲᠠᠭᠤᠷᠢᠶᠡᠯ ᠬᠤᠳᠡ ᠪᠠᠷ ᠲᠤᠭᠳᠠᠭᠠᠭᠳᠡᠪᠡ᠃ ᠬᠦᠳᠡᠭᠡ ᠲᠤᠰᠬᠤᠨ ᠮᠠᠯᠵᠢᠬᠤ ᠤᠷᠤᠨ ᠤ ᠶᠡᠷᠦᠩᠭᠡᠶᠢᠯᠡᠭᠰᠡᠨ | ᠦᠬᠡᠷᠡᠴᠢᠯᠡᠯᠳᠡ ᠰᠢᠨ᠎ᠡ ᠠᠬᠢᠯᠳᠡ ᠲᠠᠢ ᠪᠤᠯᠪᠠ᠃ ᠭᠠᠳᠠᠭᠠᠳᠣ ᠠᠷᠠᠯᠵᠢᠶ᠎ᠠ ᠲᠣᠭᠳᠠᠭᠤᠨ ᠨᠡᠮᠡᠭᠳᠡᠵᠦ᠂ ᠭᠠᠳᠠᠭᠠᠳᠦ ᠠᠴᠠ ᠤᠷᠤᠭᠤᠯᠵᠦ ᠭᠠᠳᠠᠭᠠᠳᠣ ᠳᠤ ᠭᠠᠷᠭᠠᠭᠰᠠᠨ | ᠶᠡᠷᠦᠩᠭᠡᠢ ᠬᠡᠮᠵᠢᠶ᠎ᠡ 4 ᠳ᠋ᠦᠩᠰᠢᠭᠤᠷ ᠳ᠋ᠤᠯᠯᠠᠷ ᠲᠡᠪᠡᠪᠡ᠃ ᠪᠤᠤ ᠳ᠋ᠢᠩ ᠬᠤᠳᠡ ᠲᠠᠢ ᠨᠦᠬᠦᠷᠰᠡᠭ ᠬᠤᠳᠡ ᠪᠤᠯᠤᠯᠴᠠᠵᠦ᠂ ᠬᠢᠷᠢᠨ ᠤ ᠶᠡᠭᠡ ᠰᠤᠷᠭᠠᠭᠤᠯᠢ ᠵᠡᠷᠭᠡ | ᠲᠡᠭᠡᠳᠦ ᠰᠤᠷᠭᠠᠭᠤᠯᠢ ᠲᠠᠢ ᠬᠠᠮᠳᠤᠷᠠᠯᠴᠠᠭ᠎ᠠ ᠦᠷᠨᠢᠬᠦᠯᠪᠡ᠃ ᠴᠢᠳᠡᠪᠦᠷᠢᠳᠡᠨ ᠢᠶᠠᠷ ᠬᠤᠳᠡ ᠪᠠᠨ ᠬᠦᠴᠦᠷᠭᠡᠭᠵᠢᠬᠦᠯᠬᠦ ᠢᠨᠵᠧᠨᠧᠷᠢᠩ ᠢ ᠬᠦᠨᠵᠡᠬᠡᠢ ᠠᠬᠢᠭᠤᠯᠵᠦ᠂ | ᠪᠠᠴᠢᠮ ᠭᠡᠷᠡᠭᠰᠡᠬᠦ ᠲᠡᠭᠡᠳᠦ ᠲᠡᠰ ᠤᠨ ᠴᠢᠳᠡᠪᠦᠷᠢᠳᠡᠨ ᠢ 138 ᠤᠷᠤᠭᠤᠯᠤᠨ ᠠᠪᠴᠢᠷᠡᠪᠡ᠃ ᠬᠤᠳᠠᠯᠳᠤᠭᠠᠴᠢᠨ ᠤᠨᠤᠭ᠎ᠠ ᠤᠷᠢᠬᠤ ᠪᠠᠷ ᠲᠠᠮᠵᠢᠭᠤᠯᠤᠨ᠂ ᠮᠢᠩᠭᠠᠨ | ᠲᠦᠮᠡᠨ ᠲᠦᠬᠦᠷᠢᠭ ᠳᠠᠪᠠᠭᠰᠠᠨ 177 ᠲᠦᠷᠦᠯ ᠵᠦᠢᠯ ᠳᠤ ᠰᠢᠨ᠎ᠡ ᠬᠡᠷ᠎ᠡ ᠲᠣᠭᠳᠠᠵᠣ᠂ 686 ᠳ᠋ᠦᠩᠰᠢᠭᠤᠷ ᠲᠦᠬᠦᠷᠢᠭ ᠪᠡᠯᠡᠨ ᠪᠤᠯᠭᠠᠪᠠ᠃ | ᠠᠷᠠᠳ ᠤᠨ ᠠᠮᠢᠳᠦᠷᠡᠯ ᠤᠨ ᠪᠠᠶᠢᠳᠡᠯ ᠢ ᠢᠯᠡᠳᠳᠡ ᠰᠠᠶᠢᠵᠢᠷᠠᠭᠤᠯᠪᠠ᠃ ᠡᠯ᠎ᠡ ᠱᠠᠳᠤᠨ ᠤ ᠡᠳ᠋ ᠤᠨ ᠵᠠᠰᠠᠭ ᠤᠨ ᠠᠷᠠᠳ ᠤᠨ ᠠᠮᠢᠳᠦᠷᠡᠯ ᠤᠨ ᠵᠠᠷᠤᠯᠭ᠎ᠠ | 280 ᠳ᠋ᠦᠩᠰᠢᠭᠤᠷ ᠲᠦᠬᠦᠷᠢᠭ ᠬᠦᠷᠴᠦ᠂ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ ᠶᠢᠨ 78% ᠶᠢ ᠡᠵᠡᠯᠡᠪᠡ᠃ ᠶᠠᠳᠠᠭᠤ ᠠᠴᠠ | ᠠᠩᠭᠢᠵᠢᠷᠠᠭᠤᠯᠬᠤ ᠰᠢᠪᠳᠤᠯᠤᠯᠳᠡ ᠶᠢ ᠪᠦᠬᠦ ᠲᠠᠯ᠎ᠠ ᠪᠠᠷ ᠠᠬᠢᠭᠤᠯᠵᠦ᠂ 4 ᠲᠦᠮᠡᠨ ᠶᠠᠳᠠᠭᠤ ᠬᠦᠴᠢᠷᠳᠡᠯᠳᠡᠢ ᠬᠦᠮᠦᠨ ᠢ ᠲᠤᠭᠳᠠᠭᠤᠨ ᠢᠶᠠᠷ ᠶᠠᠳᠠᠭᠤ ᠠᠴᠠ | ᠠᠩᠭᠢᠵᠢᠷᠠᠭᠤᠯᠤᠨ᠂ ᠬᠤᠷᠴᠢᠨ ᠲᠤᠭᠤᠷᠢᠭ᠂ ᠨᠡᠬᠡᠬᠡᠯᠳᠡ ᠶᠢᠨ ᠲᠤᠭᠤᠷᠢᠭ᠂ ᠬᠤᠤᠯᠢᠩᠭᠤᠤᠯ ᠬᠤᠳᠡ ᠤᠷᠤᠨ ᠪᠦᠰᠡ ᠶᠢᠨ ᠴᠢᠨᠡᠷᠳᠡᠢ ᠪᠦᠬᠦᠶᠢᠯᠡ ᠴᠤᠭᠴᠠ ᠪᠠᠷ ᠨᠢ | ᠶᠠᠳᠠᠭᠤ ᠠᠴᠠ ᠠᠩᠭᠢᠵᠢᠷᠠᠭᠤᠯᠬᠤ ᠶᠢ ᠬᠠᠮᠤᠭ ᠲᠦᠷᠦᠬᠦᠨ ᠳᠤ ᠰᠢᠢᠳᠪᠦᠷᠢᠯᠡᠪᠡ᠃ ᠪᠠᠯᠭᠠᠳ ᠤᠨ ᠰᠢᠨ᠎ᠡ ᠨᠡᠮᠡᠭᠳᠡᠭᠰᠡᠨ ᠠᠵᠢᠯ ᠤᠯᠤᠭᠰᠡᠳ 1.8 ᠲᠦᠮᠡ᠂ | ᠲᠡᠷᠢᠶᠡᠴᠢᠨ ᠮᠠᠯᠴᠢᠨ ᠢ ᠰᠢᠯᠵᠢᠬᠦᠯᠦᠨ ᠠᠵᠢᠯ ᠤᠯᠭᠤᠭᠰᠠᠨ ᠨᠢ 47 ᠲᠦᠮᠡ ᠬᠦᠷᠴᠦ᠂ ᠪᠠᠯᠭᠠᠳ ᠤᠨ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠡ ᠶᠢ 3. | 7% ᠲᠣᠳᠣᠷ᠎ᠠ ᠬᠢᠵᠠᠭᠠᠷᠯᠠᠪᠠ᠃ ᠬᠤᠳᠡ ᠬᠦᠳᠡᠭᠡ ᠶᠢᠨ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠭ᠎ᠠ᠂ ᠤᠨᠴᠠ ᠬᠦᠴᠢᠷᠳᠡᠯᠳᠡᠢ ᠠᠪᠣᠷᠠᠨ ᠲᠣᠰᠠᠯᠠᠬᠤ | ᠲᠡᠳᠬᠦᠮᠵᠢ ᠪᠠᠷ ᠠᠮᠢᠳᠣᠷᠠᠵᠣ ᠪᠠᠶᠢᠭ᠎ᠠ ᠬᠦᠮᠦᠨ ᠤ ᠪᠠᠳᠤᠯᠠᠪᠤᠷᠢ ᠶᠢᠨ ᠪᠡᠷᠢᠮᠵᠢᠶ᠎ᠡ ᠪᠤᠯᠤᠨ ᠨᠦᠬᠦᠪᠦᠷᠢ ᠶᠢᠨ ᠬᠢᠷᠢ ᠲᠦᠪᠰᠢᠨ ᠢ ᠲᠤᠭᠳᠠᠭᠤᠨ ᠢᠶᠠᠷ ᠲᠡᠭᠡᠭᠰᠢᠯᠡᠬᠦᠯᠵᠦ᠂ | ᠬᠦᠳᠡᠭᠡ ᠲᠤᠰᠬᠤᠨ ᠮᠠᠯᠵᠢᠬᠤ ᠤᠷᠤᠨ ᠤ ᠬᠠᠪᠰᠤᠷᠤᠯᠴᠠᠭᠰᠠᠨ ᠨᠠᠰᠤᠳᠡᠨ ᠢ ᠠᠰᠡᠷᠡᠬᠤ ᠬᠦᠷᠢᠶᠡᠯᠡᠩ 80 ᠪᠠᠶᠢᠭᠤᠯᠵᠦ᠂ ᠨᠠᠰᠤᠳᠡᠨ ᠢ ᠠᠰᠡᠷᠡᠬᠤ ᠤᠷᠤ ᠶᠢ | ᠨᠡᠶᠢᠳᠡ 8529 ᠰᠢᠨ᠎ᠡ ᠨᠡᠮᠡᠭᠳᠡᠬᠦᠯᠪᠡ᠃ ᠬᠦᠳᠡᠭᠡ ᠲᠤᠰᠬᠤᠨ ᠮᠠᠯᠵᠢᠬᠤ ᠤᠷᠤᠨ ᠤ ︽ᠠᠷᠪᠠᠨ ᠪᠦᠷᠢᠨ︾ ᠤ ᠢᠨᠵᠧᠨᠧᠷᠢᠩ ᠢ ᠦᠨᠳᠦᠰᠦᠨ ᠳᠡᠭᠡᠨ ᠪᠡᠶᠡᠯᠡᠬᠦᠯᠪᠡ | ᠃ ᠪᠠᠯᠭᠠᠳ ᠤᠨ ᠰᠠᠭᠤᠷᠢ ᠲᠦᠬᠦᠬᠡᠷᠦᠮᠵᠢ ᠪᠠ ᠣᠯᠠᠨ ᠨᠡᠶᠢᠳᠡ ᠶᠢᠨ ᠦᠢᠯᠡᠴᠢᠯᠡᠭᠡ ᠴᠢᠨᠠᠭᠰᠢᠳᠠ ᠰᠠᠶᠢᠵᠢᠷᠠᠵᠣ᠂ ︽ᠯᠣᠤᠬ᠎ᠠ ᠴᠡᠴᠡᠷᠯᠢᠭ ᠬᠦᠮᠦᠨ ᠤ ᠰᠠᠭᠤᠭᠠᠯᠢ | ᠣᠷᠴᠢᠨ ᠲᠣᠭᠤᠷᠢᠨ ᠤ ᠲᠠᠭᠤᠷᠢᠶᠠᠯ ᠤᠨ ᠱᠠᠩᠨᠠᠯ︾ ᠬᠦᠷᠳᠡᠪᠡ᠃ ᠡᠬᠡᠯ ᠠᠷᠠᠳ ᠤᠨ ᠠᠮᠦᠷ ᠰᠠᠭᠤᠴᠠ᠂ ᠤᠰᠤ ᠬᠠᠩᠭᠠᠯᠳᠡ ᠶᠢᠨ ᠦᠬᠡᠷᠡᠴᠢᠯᠡᠯᠳᠡ ᠪᠤᠯᠤᠨ | ᠤᠰᠤᠨ ᠤ ᠴᠢᠨᠡᠷ ᠢ ᠲᠡᠭᠡᠭᠰᠢᠯᠡᠬᠦᠯᠬᠦ ᠶᠠᠳᠠᠭᠤ ᠬᠦᠴᠢᠷᠳᠡᠢ ᠬᠦᠮᠦᠨ ᠳᠤ ᠲᠦᠯᠦᠪᠦᠷᠢ ᠦᠬᠡᠢ ᠪᠡᠶ᠎ᠡ ᠶᠢᠨ ᠪᠠᠶᠢᠴᠠᠭᠠᠯᠳᠠ ᠬᠢᠭᠰᠡᠨ᠂ ᠪᠠᠯᠭᠠᠳ ᠤᠨ ᠣᠯᠠᠨ | ᠨᠡᠶᠢᠳᠡ ᠶᠢᠨ ᠵᠠᠮ ᠬᠠᠷᠢᠯᠴᠠᠭ᠎ᠠ ᠵᠡᠷᠭᠡ ᠠᠷᠪᠠᠨ ᠵᠦᠢᠯ ᠤᠨ ᠠᠷᠠᠳ ᠤᠨ ᠠᠮᠢᠳᠦᠷᠡᠯ ᠤᠨ ᠪᠠᠷᠢᠯᠭ᠎ᠠ ᠢᠯᠡᠳᠳᠡ ᠦᠷ᠎ᠡ ᠪᠦᠳᠦᠮᠵᠢ ᠣᠯᠪᠠ᠃ ᠤᠯᠤᠰ ᠤᠨ ᠠᠷᠢᠭᠤᠨ | ᠴᠡᠪᠡᠷ ᠬᠤᠳᠡ᠂ ᠪᠦᠬᠦ ᠤᠯᠤᠰ ᠤᠨ ᠪᠤᠯᠪᠠᠰᠤᠨ ᠬᠤᠳᠡ ᠶᠢᠨ ᠪᠠᠶᠢᠭᠤᠯᠤᠯᠳᠡ ᠱᠠᠳᠤᠴᠢ ᠴᠢᠨᠡᠷ ᠲᠠᠢ ᠠᠮᠵᠢᠯᠳᠡ ᠣᠯᠵᠦ᠂ ᠪᠦᠬᠦ ᠬᠤᠳᠡ ᠶᠢᠨ ᠦᠷᠭᠡᠨ ᠤᠯᠠᠨ | ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠤᠰᠬᠠᠨ᠂ ᠰᠠᠶᠢᠨ ᠰᠠᠶᠢᠬᠠᠨ ᠲᠦᠩᠯᠢᠶᠥᠥ ᠶᠢ ᠪᠦᠳᠦᠭᠡᠨ ᠪᠠᠶᠢᠭᠤᠯᠬᠤ ᠠᠪᠤᠷᠭᠤ ᠶᠡᠭᠡ ᠢᠳᠡᠪᠬᠢ ᠬᠦᠴᠦᠨ ᠢ | ᠨᠢᠭᠳᠠᠷᠠᠭᠤᠯᠪᠠ᠃ | ᠡᠯ᠎ᠡ ᠵᠦᠢᠯ ᠤᠨ ᠨᠡᠶᠢᠬᠡᠮ ᠤᠨ ᠦᠢᠯᠡᠰ ᠢ ᠵᠤᠬᠢᠴᠠᠩᠭᠤᠢ ᠬᠦᠭᠵᠢᠬᠦᠯᠪᠡ᠃ ᠦᠨᠳᠦᠰᠦᠳᠡᠨ ᠤ ᠪᠦᠯᠬᠦᠮᠳᠡᠯ ᠲᠠᠪᠰᠢᠯᠳᠡ ᠶᠢ ᠡᠬᠦᠳᠬᠦ ᠠᠵᠢᠯᠯᠠᠭ᠎ᠠ | ᠦᠷᠨᠢᠬᠦᠯᠵᠦ᠂ ᠦᠨᠳᠦᠰᠦᠳᠡᠨ ᠨᠦᠭᠦᠳ ᠤᠨ ᠶᠡᠭᠡ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠡᠯ ᠢ ᠴᠢᠨᠠᠭᠰᠢᠳᠡ ᠪᠠᠬᠢᠵᠢᠬᠦᠯᠪᠡ᠃ ᠤᠯᠠᠨ ᠨᠡᠶᠢᠳᠡ ᠶᠢᠨ ᠰᠤᠶᠤᠯ | ᠤᠨ ᠦᠢᠯᠡᠴᠢᠯᠡᠭᠡ ᠶᠢᠨ ᠪᠡᠷᠢᠮᠵᠢᠶᠠᠵᠢᠯᠳᠠ ᠲᠡᠩᠴᠡᠬᠦᠷᠢᠴᠢᠯᠠᠯᠳᠠ ᠶᠢᠨ ᠪᠠᠶᠢᠭᠤᠯᠤᠯᠳᠡ ᠦᠪᠡᠷᠳᠡᠭᠡᠨ ᠵᠠᠰᠠᠬᠤ ᠤᠷᠤᠨ ᠤ ᠲᠡᠷᠢᠬᠦᠨ ᠤ ᠡᠩᠨᠡᠭᠡ ᠳᠤ ᠬᠤᠰᠢᠭᠤᠷᠡᠨ᠂ | ᠬᠤᠳᠡ ᠶᠢᠨ ᠨᠤᠮ ᠤᠨ ᠰᠠᠩ ᠤᠨ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠦ᠂ ᠦᠯᠢᠬᠡᠷ ᠤᠨ ᠤᠷᠠᠯᠢᠭ ᠤᠨ ᠬᠤᠷᠤᠭ᠎ᠠ ᠪᠤᠯᠤᠨ ᠪᠠᠷ ᠵᠢᠷᠤᠭ ᠤᠨ ᠤᠷᠠᠯᠢᠭ | ᠤᠨ ᠲᠦᠪ ᠢ ᠦᠨᠳᠦᠰᠦᠨ ᠳᠡᠭᠡᠨ ᠪᠠᠶᠢᠭᠤᠯᠵᠦ᠂ ᠬᠠᠮᠪᠤ ᠶᠢᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠤᠯᠠᠨ ᠨᠡᠶᠢᠳᠡ ᠳᠤ ᠴᠢᠯᠦᠬᠡᠳᠡᠢ ᠪᠤᠯᠭᠠᠪᠠ᠃ | ᠪᠦᠬᠦ ᠤᠷᠤᠨ ᠤ ᠠᠩᠬᠠᠳᠠᠭᠴᠢ ᠰᠢᠨᠵᠢᠯᠡᠭᠡ ᠮᠡᠷᠬᠡᠵᠢᠯ ᠤᠨ ᠪᠡᠩᠭᠢ ᠪᠠᠶᠢᠭᠤᠯᠤᠨ᠂ ᠮᠠᠨ ᠤ ᠬᠤᠳᠠ ᠰᠢᠨᠵᠢᠯᠡᠭᠡ ᠮᠡᠷᠬᠡᠵᠢᠯ ᠤᠨ ᠶᠠᠮᠣᠨ ᠳᠤ ᠤᠯᠤᠰ ᠤᠨ ᠲᠡᠷᠢᠶᠡᠯᠡᠩ | ᠤᠨ ᠰᠢᠨᠵᠢᠯᠡᠭᠡ ᠮᠡᠷᠬᠡᠵᠢᠯ ᠤᠨ ᠣᠷᠣᠨ ᠢᠶᠠᠷ ᠨᠡᠷᠡᠶᠢᠳᠦᠭᠳᠡᠪᠡ᠃ ᠬᠤᠳᠡ ᠶᠢᠨ ᠰᠤᠷᠭᠠᠨ ᠬᠦᠮᠦᠵᠢᠯ ᠵᠢᠭᠠᠨ ᠰᠤᠷᠭᠠᠬᠤ ᠰᠤᠳᠤᠯᠭᠠᠨ ᠤ ᠬᠦᠷᠢᠶᠡᠯᠡᠩ ᠪᠠᠶᠢᠭᠤᠯᠵᠦ᠂ | ᠬᠦᠳᠡᠭᠡ ᠲᠤᠰᠬᠤᠨ ᠮᠠᠯᠵᠢᠬᠤ ᠤᠷᠤᠨ ᠤ 338 ᠰᠤᠷᠭᠠᠭᠤᠯᠢ ᠶᠢᠨ ᠪᠠᠭᠰᠢ ᠶᠢᠨ ᠲᠦᠷ ᠰᠠᠭᠤᠬᠤ ᠪᠠᠶᠢᠷᠢ ᠶᠢᠨ ᠪᠠᠷᠢᠯᠭ᠎ᠠ ᠪᠠ 21 ᠮᠤᠩᠭᠤᠯ ᠪᠠᠭ᠎ᠠ ᠰᠤᠷᠭᠠᠭᠤᠯᠢ | ᠶᠢᠨ ︽ᠣᠷᠳᠤ ᠬᠠᠨᠵᠤ︾ ᠶᠢᠨ ᠦᠬᠡᠷᠡᠴᠢᠯᠡᠯᠳᠡ ᠶᠢᠨ ᠪᠠᠷᠢᠯᠭ᠎ᠠ ᠶᠢ ᠪᠡᠶᠡᠯᠡᠬᠦᠯᠵᠦ᠂ ᠬᠤᠤᠯᠢᠩᠭᠤᠤᠯ ᠬᠤᠳᠡ᠂ ᠬᠦᠷᠢᠶ᠎ᠡ ᠬᠤᠰᠢᠭᠤ ᠤᠯᠤᠰ ᠤᠨ ᠠᠯᠪᠠᠨ ᠵᠢᠷᠦᠮ | ᠤᠨ ᠰᠤᠷᠭᠠᠨ ᠬᠦᠮᠦᠵᠢᠯ ᠢ ᠦᠨᠳᠦᠰᠦᠨ ᠳᠡᠭᠡᠨ ᠲᠠᠩᠴᠡᠬᠦᠷᠢ ᠲᠠᠢ ᠬᠦᠭᠵᠢᠬᠦᠯᠦᠭᠰᠡᠨ ᠰᠢᠶᠠᠨ ᠢᠶᠠᠷ ᠦᠨᠡᠯᠡᠭᠳᠡᠵᠦ᠂ ᠦᠪᠡᠷᠳᠡᠭᠡᠨ ᠵᠠᠰᠠᠬᠤ ᠤᠷᠤᠨ ᠤ ᠰᠠᠭᠤᠷᠢ | ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠠᠬᠤᠢ ᠬᠤᠷᠡᠯ ᠮᠠᠨ ᠤ ᠬᠤᠳᠡ ᠳᠤ ᠬᠤᠷᠡᠯᠳᠤᠪᠡ᠃ ᠬᠦᠯ | ᠪᠦᠮᠪᠦᠭᠡ ᠶᠢᠨ ᠦᠬᠡᠷᠡᠴᠢᠯᠡᠯᠳᠡ ᠬᠦᠭᠵᠢᠯᠳᠡ ᠠᠩᠬ᠎ᠠ ᠠᠯᠬᠤᠮ ᠦᠷ᠎ᠡ ᠪᠦᠳᠦᠭᠡᠯ ᠤᠯᠵᠦ᠂ ᠦᠪᠡᠷᠳᠡᠭᠡᠨ ᠵᠠᠰᠠᠬᠤ ᠤᠷᠤᠨ ᠤ ᠦᠨᠳᠦᠷ ᠬᠢᠷᠢ ᠲᠦᠪᠰᠢᠨ ᠲᠠᠢ | ᠬᠠᠮᠳᠤᠷᠠᠭᠰᠠᠨ ᠤᠷᠤᠯᠳᠤᠭᠠᠨ ᠢ ᠲᠠᠭᠠᠭᠠᠴᠢᠯᠠᠨ ᠡᠷᠬᠢᠯᠡᠵᠦ᠂ ᠦᠪᠦᠷ ᠮᠤᠩᠭᠤᠯ ᠤᠨ ᠬᠦᠯ ᠪᠦᠮᠪᠦᠭᠡ ᠶᠢᠨ ᠲᠡᠰ ᠠᠴᠠ ᠲᠠᠪᠠᠭᠰᠠᠨ ᠤᠷᠤᠯᠳᠤᠭᠠᠨ ᠪᠤᠯᠤᠨ ᠦᠪᠦᠷ | ᠮᠤᠩᠭᠤᠯ ᠤᠨ ᠬᠦᠯ ᠪᠦᠮᠪᠦᠭᠡ ᠶᠢᠨ ᠬᠦᠬᠡ ᠲᠡᠰ ᠤᠨ ᠤᠷᠤᠯᠳᠤᠭᠠᠨ ᠳᠤ ᠮᠠᠩᠯᠠᠶᠢᠯᠠᠪᠠ᠃ ᠪᠠᠯᠭᠠᠳ ᠤᠨ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠡ ᠶᠢᠨ | ᠶᠡᠷᠦᠩᠭᠡᠶᠢᠯᠡᠭᠰᠡᠨ ᠦᠬᠡᠷᠡᠴᠢᠯᠡᠯᠳᠡ ᠶᠢ ᠪᠦᠬᠦ ᠲᠡᠯ᠎ᠡ ᠪᠠᠷ ᠠᠬᠢᠭᠤᠯᠵᠦ᠂ ᠬᠤᠳᠡ ᠶᠢᠨ ᠡᠮᠨᠡᠯᠬᠡ ᠶᠢᠨ ᠬᠤᠷᠢᠶ᠎ᠡ ᠭᠤᠷᠪᠡᠳᠤᠭᠠᠷ ᠲᠡᠰ ᠤᠨ ᠬᠦᠭᠡ ᠵᠡᠷᠭᠡ ᠶᠢᠨ | ᠶᠡᠷᠦᠩᠭᠡᠢ ᠡᠮᠨᠡᠯᠬᠡ ᠶᠢᠨ ᠬᠤᠷᠢᠶ᠎ᠡ ᠪᠤᠯᠤᠨ ᠲᠡᠰ ᠲᠡᠪᠰᠢᠵᠦ᠂ ᠬᠤᠰᠢᠭᠤ ᠰᠢᠶᠠᠨ ᠤ ᠶᠡᠷᠦᠩᠭᠡᠢ ᠡᠮᠨᠡᠯᠬᠡ ᠶᠢᠨ ᠬᠤᠷᠢᠶ᠎ᠡ ᠪᠦᠬᠦᠨ ᠢᠶᠠᠷ ᠢᠶᠠᠨ ᠬᠤᠶᠠᠳᠤᠭᠠᠷ ᠲᠡᠰ ᠤᠨ | ᠬᠦᠬᠡ ᠵᠡᠷᠭᠡ ᠶᠢᠨ ᠡᠮᠨᠡᠯᠬᠡ ᠶᠢᠨ ᠬᠤᠷᠢᠶ᠎ᠡ ᠪᠤᠯᠤᠨ ᠲᠡᠰ ᠲᠡᠪᠰᠢᠵᠦ᠂ ᠬᠤᠶᠠᠳᠤᠭᠠᠷ ᠡᠬᠡᠯᠵᠢ ᠶᠢᠨ ᠪᠡᠭᠡᠵᠢᠩ ᠲᠦᠩᠯᠢᠶᠥᠥ ᠶᠢᠨ ᠡᠮ ᠡᠮᠨᠡᠯᠬᠡ ᠡᠷᠡᠬᠦᠯ ᠬᠠᠮᠠᠭᠠᠯᠠᠯ | ᠤᠨ ᠬᠠᠮᠳᠤᠷᠠᠯᠴᠠᠭ᠎ᠠ ᠶᠢ ᠪᠦᠬᠦ ᠲᠠᠯ᠎ᠠ ᠪᠠᠷ ᠡᠬᠢᠯᠡᠬᠦᠯᠦᠨ᠂ ᠦᠪᠦᠷ ᠮᠤᠩᠭᠤᠯ ᠤᠨ ᠬᠤᠶᠠᠳᠤᠭᠠᠷ ᠬᠤᠭᠤᠴᠠᠭᠠᠨ ᠤ ᠣᠯᠠᠨ ᠣᠯᠣᠰ ᠤᠨ ᠮᠤᠩᠭᠤᠯ ᠡᠮ ᠡᠮᠨᠡᠯᠬᠡ ᠶᠢᠨ | ᠦᠵᠡᠬᠦᠯᠦᠯᠬᠡ ᠡᠷᠬᠢᠯᠡᠵᠦ᠂ ︽ᠲᠤᠮᠳᠡᠳᠦ ᠤᠯᠤᠰ ᠤᠨ ᠮᠤᠩᠭᠤᠯ ᠡᠮᠨᠡᠯᠬᠡ ᠶᠢᠨ ᠬᠤᠳᠡ︾᠂ ︽ᠪᠦᠬᠦ ᠤᠯᠤᠰ ᠤᠨ ᠦᠨ᠎ᠡ ᠲᠦᠯᠦᠪᠦᠷᠢ ᠦᠭᠡᠢ ᠪᠠᠷ ᠴᠢᠰᠦ | ᠡᠷᠭᠦᠭᠰᠡᠨ ᠲᠡᠷᠢᠬᠦᠨ ᠤ ᠬᠤᠳᠡ︾ ᠪᠤᠯᠤᠨ ︽ᠪᠦᠬᠦ ᠤᠯᠤᠰ ᠤᠨ ᠦᠨᠳᠦᠰᠦᠨ ᠱᠠᠳᠤᠨ ᠤ ᠮᠤᠩᠭᠤᠯ ᠬᠢᠳᠡᠳ ᠡᠮ ᠡᠮᠨᠡᠯᠬᠡ ᠶᠢᠨ ᠠᠵᠢᠯ ᠤᠨ ᠲᠡᠷᠢᠬᠦᠨ ᠤ ᠬᠤᠳᠡ | ︾ ᠶᠢᠨ ᠢᠷᠠᠭᠤ ᠠᠯᠳᠡᠷ ᠢ ᠬᠦᠷᠳᠡᠪᠡ᠃ ᠨᠢᠬᠡᠳᠦᠯᠳᠡᠢ ᠡᠷᠭᠡ ᠰᠦᠷᠳᠦ ᠢᠳᠡᠭᠡᠨ ᠪᠤᠯᠤᠨ ᠡᠮ ᠤᠨ ᠵᠦᠢᠯ ᠤᠨ ᠬᠢᠨᠡᠯᠳᠡ ᠬᠠᠮᠢᠶᠠᠷᠤᠯᠳᠡ ᠶᠢᠨ ᠲᠤᠭᠳᠠᠯᠴᠠᠭ᠎ᠠ ᠶᠢ | ᠦᠨᠳᠦᠰᠦᠨ ᠳᠡᠭᠡᠨ ᠪᠠᠶᠢᠭᠤᠯᠵᠦ᠂ ᠬᠢᠨᠡᠨ ᠬᠠᠮᠢᠶᠠᠷᠬᠤ ᠴᠢᠳᠡᠪᠦᠷᠢ ᠪᠠᠨ ᠴᠢᠨᠠᠭᠰᠢᠳᠡ ᠲᠡᠭᠡᠭᠰᠢᠯᠡᠬᠦᠯᠪᠡ᠃ ᠬᠤᠳᠡ ᠬᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠬᠡ ᠶᠢᠨ ᠲᠠᠭᠠᠳᠬᠠᠯ ᠢ ᠨᠡᠶᠢᠯᠡᠬᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠬᠦᠯᠦᠨ᠂ ᠬᠤᠳᠡ ᠬᠦᠳᠡᠭᠡ ᠶᠢᠨ ᠡᠮ ᠡᠮᠨᠡᠯᠬᠡ ᠶᠢᠨ ᠲᠠᠭᠠᠳᠬᠠᠯ ᠤᠨ | ᠨᠢᠬᠡ ᠲᠣᠣᠷ ᠤᠨ ᠬᠠᠮᠢᠶᠠᠷᠤᠯᠳᠡ ᠶᠢ ᠪᠡᠶᠡᠯᠡᠬᠦᠯᠪᠡ᠃ ︽ᠠᠮᠤᠭᠤᠯᠠᠩ ᠲᠦᠩᠯᠢᠶᠥᠥ︾ ᠶᠢᠨ ᠪᠠᠶᠢᠭᠤᠯᠤᠯᠳᠡ ᠶᠢ ᠯᠠᠪᠳᠠᠭᠤᠨ ᠠᠬᠢᠭᠤᠯᠵᠦ᠂ ︽ᠪᠦᠬᠦ ᠤᠷᠤᠨ ᠤ | ᠬᠠᠤᠯᠢ ᠲᠦᠬᠡᠮᠡᠯᠵᠢᠬᠦᠯᠦᠯᠳᠠ ᠬᠠᠤᠯᠢ ᠪᠠᠷ ᠵᠠᠰᠠᠭᠰᠡᠨ ᠲᠡᠷᠢᠬᠦᠨ ᠤ ᠬᠤᠳᠡ︾ ᠪᠠᠷ ᠦᠨᠡᠯᠡᠭᠳᠡᠪᠡ᠃ ︽ᠬᠤᠤᠰ ᠬᠦᠷᠢᠶᠡᠯᠡᠯ︾ ᠤᠨ ᠬᠠᠷᠠᠭᠠᠯᠵᠠᠯᠠᠯ ᠤᠨ ᠲᠦᠷᠦ | ᠶᠢᠨ ᠪᠤᠳᠤᠯᠭ᠎ᠠ ᠶᠢ ᠪᠦᠳᠦᠮᠵᠢᠳᠡᠢ ᠨᠠᠶᠢᠳᠠᠪᠤᠷᠢᠵᠢᠭᠤᠯᠵᠦ᠂ ᠵᠠᠯᠭᠠᠪᠠᠷ ᠲᠦᠷᠪᠡᠨ ᠬᠤᠭᠤᠴᠠᠭ᠎ᠠ ︽ᠪᠦᠬᠦ ᠤᠯᠤᠰ ᠤᠨ ᠬᠤᠤᠰ ᠬᠦᠷᠢᠶᠡᠯᠡᠯ ᠤᠨ ᠵᠢᠱᠢᠶᠠᠴᠢ ᠬᠤᠳᠡ︾ | ᠶᠢᠨ ᠢᠷᠠᠭᠤ ᠠᠯᠳᠡᠷ ᠢ ᠬᠦᠷᠳᠡᠪᠡ᠃ ᠠᠷᠠᠳ ᠤᠨ ᠠᠭᠠᠷ ᠤᠨ ᠰᠡᠷᠭᠡᠶᠢᠯᠡᠯᠳᠡ᠂ ᠭᠠᠵᠠᠷ ᠬᠦᠳᠡᠯᠦᠯᠳᠡ ᠴᠠᠭ ᠠᠭᠤᠷ᠂ ᠷᠠᠳᠢᠣ᠋ ᠲᠧᠯᠸᠢᠰ᠂ ᠲᠡᠩᠰᠡ ᠡᠪᠬᠡᠮᠡᠯ | ᠲᠡᠦᠭᠡ ᠤᠶᠢᠯᠠᠯᠭ᠎ᠠ᠂ ᠱᠠᠰᠢᠨ ᠰᠤᠷᠳᠠᠬᠤᠨ ᠤ ᠬᠡᠷᠡᠭ ᠶᠠᠪᠤᠳᠡᠯ᠂ ᠭᠠᠳᠠᠭᠠᠳᠦ ᠶᠠᠪᠤᠳᠡᠯ ᠬᠠᠷᠢᠶᠠᠳᠦ ᠶᠢᠨ ᠶᠠᠪᠤᠳᠡᠯ ᠵᠡᠷᠭᠡ ᠠᠵᠢᠯ ᠰᠢᠨ᠎ᠡ ᠦᠷ᠎ᠡ ᠪᠦᠳᠦᠭᠡᠯ ᠤᠯᠵᠦ᠂ | ᠤᠯᠠᠭᠠᠨ ᠵᠠᠭᠠᠯᠮᠠᠶᠢᠳᠠᠨ᠂ ᠡᠮᠡᠭᠳᠡᠶᠢᠴᠦᠳ ᠬᠡᠦᠬᠡᠳ᠂ ᠨᠠᠰᠤᠳᠡᠶᠢᠴᠤᠳ ᠪᠤᠯᠤᠨ ᠵᠡᠮᠳᠡᠭᠴᠦᠳ ᠵᠡᠷᠭᠡ ᠠᠵᠢᠯ ᠦᠢᠯᠡᠰ ᠰᠢᠨ᠎ᠡ ᠠᠬᠢᠯᠳᠡ ᠲᠠᠢ ᠪᠤᠯᠪᠡ᠃ | ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠡ ᠶᠢ ᠴᠢᠩᠭᠠᠷᠠᠭᠤᠯᠪᠠ᠃ ︽ᠬᠤᠶᠠᠷ ᠰᠣᠷᠣᠯᠴᠠᠯᠭ᠎ᠠ ᠨᠢᠬᠡ ᠪᠤᠯᠬᠤ︾ ᠰᠤᠷᠤᠯᠴᠠᠯᠭ᠎ᠠ ᠬᠦᠮᠦᠵᠢᠯ | ᠤᠨ ᠠᠵᠢᠯᠯᠠᠭ᠎ᠠ ᠶᠢ ᠯᠠᠪᠳᠠᠭᠤᠨ ᠦᠷᠨᠢᠬᠦᠯᠵᠦ᠂ ᠤᠪᠤᠷ ᠰᠤᠷᠳᠡᠯ ᠤᠨ ᠪᠠᠶᠢᠭᠤᠯᠤᠯᠳᠡ ᠶᠢ ᠦᠷᠬᠦᠯᠵᠢᠯᠡᠨ ᠠᠬᠢᠭᠤᠯᠵᠦ᠂ ᠠᠯᠪᠠᠳᠡᠨ ᠤ ᠡᠩᠨᠡᠭᠡ ᠶᠢᠨ ᠬᠡᠪ | ᠪᠤᠯᠪᠠᠰᠤᠷᠠᠯ ᠲᠡᠭᠡᠭᠰᠢᠯᠡᠪᠡ᠃ ᠠᠷᠠᠳ ᠤᠨ ᠶᠡᠭᠡ ᠬᠤᠷᠡᠯ ᠬᠢᠬᠡᠳ ᠲᠡᠬᠦᠨ ᠤ ᠪᠠᠶᠢᠩᠭᠤ ᠶᠢᠨ ᠬᠤᠷᠢᠶᠡᠨ ᠤ ᠡᠯ᠎ᠡ ᠲᠦᠷᠦᠯ ᠤᠨ ᠰᠢᠢᠳᠪᠦᠷᠢ ᠲᠤᠭᠳᠠᠭᠠᠯ ᠢ ᠨᠡᠷᠢᠨ | ᠬᠢᠨᠠᠮᠠᠭᠠᠢ ᠬᠡᠷᠡᠭᠵᠢᠬᠦᠯᠵᠦ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠤᠨ ᠬᠢᠨᠡᠯᠳᠡ ᠶᠢ ᠤᠬᠠᠮᠰᠡᠷ ᠠᠴᠠ ᠪᠠᠨ ᠬᠦᠯᠢᠶᠡᠨ ᠠᠪᠴᠦ᠂ ᠨᠡᠶᠢᠬᠡᠮ ᠪᠤᠯᠤᠨ | ᠶᠡᠷᠢᠶ᠎ᠡ ᠬᠡᠯᠡᠯᠴᠡᠬᠡᠨ ᠤ ᠬᠢᠨᠡᠯᠳᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ ᠬᠤᠳᠡ ᠶᠢᠨ ᠠᠷᠠᠳ ᠤᠨ ᠶᠡᠭᠡ ᠬᠤᠷᠡᠯ ᠤᠨ ᠲᠦᠯᠦᠬᠡᠯᠡᠭᠴᠢ ᠶᠢᠨ ᠰᠠᠨᠠᠭᠤᠯᠭ᠎ᠠ ᠪᠠ | ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠤ ᠲᠤᠷᠡᠳᠤᠯᠭ᠎ᠠ ᠶᠢ ᠡᠷᠬᠢᠯᠡᠨ ᠬᠦᠢᠴᠡᠳᠭᠡᠪᠡ᠃ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ | ᠪᠠ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠳᠠ ᠶᠢᠨ ︽ᠨᠢᠬᠡ ᠪᠠᠶᠢᠷᠢ ᠶᠢᠨ ᠬᠤᠶᠠᠷ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠣ᠂ | ᠬᠢᠨᠡᠨ ᠪᠤᠳᠤᠬᠤ ᠬᠢᠨᠡᠯᠳᠡ ᠪᠠᠨ ᠴᠢᠩᠭᠠᠳᠬᠠᠨ᠂ ᠵᠠᠰᠠᠭ ᠵᠠᠬᠢᠷᠭᠠᠨ ᠤ ᠡᠷᠬᠡ ᠬᠡᠷᠡᠭᠯᠡᠬᠦ ᠶᠢ ᠲᠦᠷᠢᠮᠵᠢᠬᠦᠯᠪᠡ᠃ ᠵᠠᠰᠠᠭ ᠤᠨ ᠤᠷᠳᠤᠨ ᠤ ᠪᠢᠴᠢᠭ ᠮᠠᠲ᠋ᠧᠷᠢᠶᠡᠯ ᠤᠨ | ᠬᠠᠤᠯᠢ ᠶᠤᠰᠤᠨ ᠤ ᠴᠢᠨᠡᠷ ᠢ ᠬᠢᠨᠡᠨ ᠪᠠᠶᠢᠴᠠᠭᠠᠬᠤ ᠲᠤᠭᠳᠠᠴᠠ ᠪᠠᠶᠢᠭᠤᠯᠵᠦ᠂ ᠵᠠᠰᠠᠭ ᠤᠨ ᠶᠠᠪᠤᠳᠡᠯ ᠢ ᠢᠯᠡ ᠪᠤᠯᠭᠠᠬᠤ ᠶᠢ ᠬᠦᠴᠦᠳᠡᠢ ᠠᠬᠢᠭᠤᠯᠤᠨ᠂ ᠰᠤᠨᠢᠨ | ᠮᠡᠳᠡᠭᠡ ᠨᠡᠶᠢᠳᠡᠯᠡᠬᠦ ᠲᠦᠷᠢᠮ ᠢ ᠲᠡᠬᠦᠯᠳᠡᠷᠵᠢᠬᠦᠯᠵᠦ᠂ ᠡᠯᠧᠺᠲᠷᠦᠨ ᠵᠠᠰᠠᠭ ᠤᠨ ᠶᠠᠪᠤᠳᠡᠯ ᠪᠤᠯᠤᠨ ᠰᠦᠯᠵᠢᠶᠡᠨ ᠲᠡᠭᠡᠷ᠎ᠡ ᠬᠡᠷᠡᠭ ᠶᠠᠪᠤᠳᠡᠯ ᠰᠢᠢᠳᠪᠦᠷᠢᠯᠡᠬᠦ ᠶᠢ | ᠲᠡᠯᠬᠡᠷᠡᠬᠦᠯᠵᠦ᠂ ᠵᠠᠰᠠᠭ ᠵᠠᠬᠢᠷᠭᠠᠨ ᠤ ᠦᠷ᠎ᠡ ᠪᠦᠳᠦᠮᠵᠢ ᠶᠢ ᠴᠢᠨᠠᠭᠰᠢᠳᠡ ᠲᠡᠭᠡᠭᠰᠢᠯᠡᠬᠦᠯᠵᠣ᠂ ᠬᠠᠣᠯᠢ ᠶᠣᠰᠣ ᠪᠠᠷ ᠵᠠᠰᠠᠭ ᠶᠠᠪᠣᠭᠤᠯᠣᠭᠰᠠᠨ ᠠᠵᠢᠯ ᠪᠦᠬᠦ ᠣᠷᠣᠨ ᠤ | ᠡᠮᠦᠨ᠎ᠡ ᠡᠩᠨᠡᠭᠡ ᠳᠤ ᠣᠷᠣᠪᠠ᠃ | ᠲᠦᠯᠦᠬᠡᠯᠡᠭᠴᠢᠳ ᠡ᠂ ᠠᠮᠵᠢᠯᠳᠡ ᠬᠢᠯᠪᠡᠷ ᠢᠷᠡᠭᠰᠡᠨ ᠪᠢᠰᠢ᠂ ᠡᠨᠡ ᠪᠤᠯ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ | ᠪᠤᠯᠤᠨ ᠬᠤᠳᠡ ᠶᠢᠨ ᠨᠠᠮ ᠤᠨ ᠬᠤᠷᠢᠶ᠎ᠡ ᠶᠢᠨ ᠪᠦᠬᠦ ᠲᠠᠯ᠎ᠠ ᠶᠢ ᠶᠡᠷᠦᠩᠭᠡᠶᠢᠯᠡᠨ ᠬᠠᠮᠤᠷᠴᠦ᠂ ᠵᠦᠪ ᠤᠨᠤᠪᠴᠢᠳᠡᠢ ᠤᠳᠤᠷᠢᠳᠤᠭᠰᠠᠨ ᠤ ᠦᠷ᠎ᠡ ᠳ᠋ᠦᠩ ᠮᠥᠨ᠂ | ᠬᠤᠳᠠ ᠶᠢᠨ ᠠᠷᠠᠳ ᠤᠨ ᠶᠡᠭᠡ ᠬᠤᠷᠠᠯ ᠪᠠ ᠬᠤᠳᠠ ᠶᠢᠨ ᠣᠯᠣᠰ ᠲᠦᠷᠦ ᠶᠢᠨ ᠵᠦᠪᠯᠡᠯᠬᠡᠨ ᠤ ᠬᠢᠨᠠᠮᠠᠭᠠᠢ ᠬᠢᠨᠠᠯᠳᠠ ᠬᠦᠴᠦᠳᠡᠢ ᠲᠡᠮᠵᠢᠯᠬᠡ ᠶᠢᠨ ᠦᠷ᠎ᠡ ᠳ᠋ᠦᠩ | ᠮᠦᠨ᠂ ᠪᠦᠬᠦ ᠬᠤᠳᠡ ᠶᠢᠨ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠬᠠᠮᠳᠤᠪᠡᠷ ᠲᠡᠮᠡᠴᠡᠭᠰᠡᠨ ᠤ | ᠦᠷ᠎ᠡ ᠳ᠋ᠦᠩ ᠮᠥᠨ᠃ ᠠᠳᠡ ᠪᠢ ᠬᠤᠳᠡ ᠶᠢᠨ ᠵᠠᠰᠠᠭ ᠤᠨ ᠤᠷᠳᠤᠨ ᠢ ᠲᠦᠯᠦᠬᠡᠯᠡᠨ᠂ ᠪᠦᠬᠦ ᠬᠤᠳᠡ ᠶᠢᠨ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ | ᠂ ᠲᠦᠩᠯᠢᠶᠥᠥ ᠶᠢᠨ ᠪᠠᠶᠢᠭᠤᠯᠤᠯᠳᠡ ᠬᠦᠭᠵᠢᠯᠳᠡ ᠶᠢ ᠬᠠᠯᠠᠮᠵᠢᠯᠠᠨ ᠲᠡᠮᠵᠢᠵᠦ ᠪᠦᠬᠦᠢ ᠨᠦᠬᠦᠳ᠂ ᠨᠠᠶᠢᠵᠠ ᠨᠡᠷ ᠲᠤ ᠴᠢᠩ ᠰᠡᠳᠬᠢᠯ ᠤᠨ ᠲᠠᠯᠠᠷᠬᠠᠯ ᠢᠶᠠᠨ | ᠲᠠᠪᠰᠢᠬᠦᠯᠬᠦ ᠶᠢᠨ ᠬᠠᠮᠳᠣ ᠡᠷᠬᠢᠮ ᠲᠡᠬᠡᠳᠦ ᠬᠦᠨᠳᠦᠳᠬᠡᠯ ᠢᠶᠠᠨ ᠲᠡᠪᠰᠢᠬᠦᠯᠦᠶ᠎ᠡ︕ | ᠠᠮᠵᠢᠯᠳᠡ ᠪᠠᠨ ᠤᠯᠵᠦ ᠬᠠᠷᠠᠬᠤ ᠶᠢᠨ ᠬᠠᠮᠳᠤ᠂ ᠪᠢᠳᠡ ᠬᠦᠭᠵᠢᠯᠳᠡ ᠶᠢᠨ ᠶᠠᠪᠤᠴᠠ ᠳᠤ ᠪᠠᠰᠠ ᠵᠡᠷᠢᠮ ᠤᠮᠳᠤᠭᠠᠶᠢᠯᠠᠵᠦ ᠪᠤᠯᠤᠰᠢ ᠦᠭᠡᠢ ᠠᠰᠠᠭᠤᠳᠡᠯ | ᠤᠷᠤᠰᠢᠵᠦ ᠪᠠᠶᠢᠭ᠎ᠠ ᠶᠢ ᠰᠡᠷᠭᠡᠭ ᠢᠶᠠᠷ ᠤᠯᠵᠦ ᠬᠠᠷᠠᠬᠤ ᠬᠡᠷᠡᠭᠳᠡᠢ᠄ ᠮᠠᠨ ᠤ ᠬᠤᠳᠠ ᠶᠢᠨ ᠠᠵᠣ ᠠᠬᠤᠢ ᠶᠢᠨ ᠪᠦᠳᠦᠴᠡ ᠰᠠᠶᠢᠨ ᠪᠢᠰᠢ᠂ ᠠᠵᠣ ᠦᠢᠯᠡᠰ ᠤᠨ ᠲᠡᠰ | ᠲᠠᠪᠬᠤᠷᠭ᠎ᠠ ᠦᠨᠳᠦᠷ ᠪᠢᠰᠢ᠂ ᠶᠡᠷᠦᠩᠬᠡᠶᠢᠯᠡᠭᠰᠡᠨ ᠬᠦᠴᠦᠨ ᠬᠦᠴᠦᠷᠬᠡᠭ ᠪᠢᠰᠢ᠂ ᠬᠦᠮᠦᠨ ᠲᠣᠮᠳᠠᠴᠢ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ | ᠦᠷᠳᠡᠭ ᠪᠦᠬᠦ ᠣᠷᠣᠨ ᠤ ᠲᠡᠭᠰᠢᠳᠬᠡᠭᠰᠡᠨ ᠬᠢᠷᠢ ᠬᠡᠮᠵᠢᠶ᠎ᠡ ᠠᠴᠠ ᠲᠣᠣᠷ᠎ᠠ ᠪᠠᠶᠢᠵᠣ᠂ ᠬᠦᠭᠵᠢᠬᠡᠳᠦᠢ ᠬᠤᠳᠠ ᠶᠢᠨ ᠦᠨᠳᠦᠰᠦᠨ ᠪᠠᠶᠢᠳᠠᠯ ᠢᠶᠠᠨ ᠬᠤᠪᠢᠷᠠᠭᠤᠯᠵᠣ | ᠲᠠᠶᠢᠯᠦᠬᠡᠳᠦᠢ︔ ᠲᠤᠭᠳᠠᠭᠤᠨ ᠢᠶᠠᠷ ᠨᠡᠮᠡᠭᠳᠡᠬᠦᠯᠬᠦ ᠲᠡᠷᠦᠯᠳᠡ ᠨᠡᠯᠢᠶᠡᠳ ᠶᠡᠭᠡ᠂ ᠬᠡᠰᠡᠭ ᠠᠵᠦ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠬᠦᠴᠢᠷᠳᠡᠯ ᠲᠠᠢ᠂ | ᠠᠷᠠᠳ ᠤᠨ ᠲᠤᠮᠳᠡᠬᠢ ᠪᠡᠯᠡ ᠤᠷᠤᠭᠤᠯᠤᠯᠳᠡ ᠶᠢᠨ ᠨᠡᠮᠡᠭᠳᠡᠯ ᠤᠨ ᠪᠠᠶᠢᠳᠡᠯ ᠤᠳᠠᠭᠠᠰᠢᠷᠡᠵᠤ᠂ ᠠᠷᠠᠳ ᠤᠨ ᠡᠵᠡᠩᠨᠡᠯᠳᠡ ᠶᠢᠨ ᠠᠵᠣ ᠠᠬᠤᠢ ᠶᠢᠨ ᠬᠦᠭᠵᠢᠯᠳᠡ | ᠬᠦᠢᠴᠡᠳ ᠦᠬᠡᠢ︔ ᠤᠳᠤᠬᠢᠴᠢ ᠦᠢᠯᠡᠴᠢᠯᠡᠬᠡᠨ ᠤ ᠦᠢᠯᠡᠰ ᠪᠤᠯᠤᠨ ᠪᠠᠶᠢᠯᠳᠤᠬᠤ ᠪᠤᠳᠤᠯᠭ᠎ᠠ ᠶᠢᠨ ᠴᠢᠨᠡᠷ ᠲᠠᠢ ᠰᠢᠨ᠎ᠡ ᠮᠡᠨᠳᠤᠭᠰᠠᠨ ᠠᠵᠦ ᠦᠢᠯᠡᠰ ᠤᠨ | ᠬᠦᠭᠵᠢᠯᠳᠡ ᠬᠦᠷᠦᠯᠴᠡᠬᠦ ᠦᠭᠡᠢ᠂ ᠵᠠᠬ᠎ᠠ ᠲᠡᠯᠬᠡᠬᠦᠷ ᠤᠨ ᠦᠷᠢᠰᠦᠯᠳᠦᠬᠦ ᠬᠦᠴᠦᠨ ᠪᠦᠬᠦᠢ ᠤᠳᠤᠬᠢᠴᠢ ᠠᠵᠦ ᠦᠢᠯᠡᠰ ᠤᠨ ᠲᠤᠭᠳᠠᠯᠴᠠᠭ᠎ᠠ ᠬᠠᠷᠠᠬᠠᠨ | ᠪᠦᠷᠢᠯᠳᠦᠬᠡᠳᠦᠢ︔ ᠦᠬᠡᠷᠡᠴᠢᠯᠡᠯᠳᠡ ᠰᠢᠨᠡᠴᠢᠯᠡᠯᠳᠡ ᠳᠤ ᠲᠦᠰᠢᠭᠯᠡᠨ ᠬᠦᠳᠡᠯᠬᠡᠬᠦ ᠬᠦᠴᠦᠨ ᠤ ᠰᠣᠯᠢᠭᠳᠠᠯ ᠢ ᠠᠬᠢᠭᠤᠯᠬᠤ ᠪᠠᠶᠢᠭᠤᠯᠣᠮᠵᠢ ᠶᠢᠨ ᠲᠣᠭᠳᠠᠯᠴᠠᠭ᠎ᠠ | ᠪᠦᠷᠢᠯᠳᠦᠵᠦ ᠲᠠᠶᠢᠯᠦᠬᠡᠳᠦᠢ᠂ ᠭᠠᠳᠠᠭᠠᠳᠣ ᠯᠤᠭ᠎ᠠ ᠭᠠᠳᠠᠭᠰᠢ ᠰᠤᠯᠢᠯᠴᠠᠵᠦ ᠬᠠᠮᠳᠤᠷᠡᠨ ᠠᠵᠢᠯᠯᠠᠬᠤ ᠬᠢᠷᠢ ᠲᠦᠪᠰᠢᠨ ᠢ ᠲᠡᠭᠡᠭᠰᠢᠯᠡᠬᠦᠯᠬᠦ ᠴᠢᠬᠤᠯᠡ ᠲᠠᠢ ᠪᠠᠶᠢᠵᠦ᠂ | ᠪᠦᠬᠦ ᠲᠠᠯ᠎ᠠ ᠪᠠᠷ ᠴᠢᠯᠦᠬᠡᠳᠡᠢ ᠶᠠᠪᠤᠯᠴᠠᠬᠤ ᠡᠷᠴᠢᠮ ᠢ ᠮᠥᠨ ᠯᠡ ᠴᠢᠩᠭᠠᠳᠬᠠᠬᠤ ᠴᠢᠬᠤᠯᠡ ᠲᠠᠢ︔ ᠡᠳ᠋ ᠤᠨ ᠵᠠᠰᠠᠭ ᠤᠨ ᠤᠷᠤᠯᠭ᠎ᠠ ᠶᠢᠨ ᠶᠠᠰᠤ ᠴᠢᠨᠡᠷ ᠠᠨᠢ | ᠪᠠᠶᠢᠵᠦ᠂ ᠭᠠᠶᠢᠯᠢ ᠶᠢᠨ ᠪᠤᠰᠤ ᠤᠷᠤᠯᠭ᠎ᠠ ᠶᠢᠨ ᠬᠠᠷᠢᠴᠠᠯ ᠨᠡᠯᠢᠶᠡᠳ ᠶᠡᠭᠡ᠂ ᠠᠷᠠᠳ ᠤᠨ ᠠᠮᠢᠳᠦᠷᠡᠯ ᠪᠤᠯᠤᠨ ᠨᠡᠶᠢᠬᠡᠮ ᠤᠨ ᠦᠢᠯᠡᠰ ᠤᠨ ᠪᠠᠳᠣᠯᠠᠭ᠎ᠠ ᠲᠠᠢ | ᠵᠠᠷᠤᠯᠭ᠎ᠠ ᠨᠡᠮᠡᠭᠳᠡᠨ᠂ ᠤᠷᠤᠯᠭ᠎ᠠ ᠵᠠᠷᠤᠯᠭ᠎ᠠ ᠶᠢᠨ ᠵᠦᠷᠢᠴᠠᠯ ᠲᠤᠪᠤᠶᠢᠪᠠ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ | ᠬᠠᠷᠢᠴᠠᠩᠭᠤᠢ ᠪᠠᠭ᠎ᠠ ᠪᠠᠶᠢᠵᠣ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠡᠬᠦᠷᠬᠡ ᠮᠦᠨ ᠬᠦᠨᠳᠦ ᠪᠠᠶᠢᠭᠰᠠᠭᠠᠷ︔ ᠠᠮᠢ ᠠᠬᠤᠢ ᠶᠢᠨ ᠤᠷᠴᠢᠨ | ᠬᠡᠪᠡᠷᠡᠭ ᠪᠠᠶᠢᠵᠦ᠂ ᠤᠰᠤᠨ ᠤ ᠡᠬᠢ ᠰᠤᠷᠪᠤᠯᠵᠢ᠂ ᠤᠷᠴᠢᠨ ᠲᠤᠭᠤᠷᠢᠨ ᠤ ᠪᠠᠭᠳᠠᠭᠠᠮᠵᠢ ᠵᠡᠷᠭᠡ ᠬᠦᠯᠢᠶᠡᠰᠦᠯᠡᠯ ᠴᠢᠩᠭᠠᠷᠠᠵᠦ᠂ ᠪᠤᠬᠢᠷᠳᠦᠯ ᠦᠭᠡᠢ ᠬᠦᠭᠵᠢᠯᠳᠡ ᠶᠢᠨ | ᠡᠬᠦᠷᠭᠡ ᠬᠦᠨᠳᠦ ᠵᠠᠮ ᠬᠤᠯᠡ ᠪᠠᠶᠢᠭᠰᠠᠭᠠᠷ︔ ᠵᠠᠰᠠᠭ ᠤᠨ ᠤᠷᠳᠤᠨ ᠤ ᠬᠠᠤᠯᠢ ᠶᠤᠰᠤᠭᠠᠷ ᠵᠠᠰᠠᠭ ᠪᠠᠷᠢᠬᠤ ᠴᠢᠳᠡᠪᠦᠷᠢ ᠪᠤᠯᠤᠨ ᠵᠠᠰᠠᠭ ᠪᠠᠷᠢᠬᠤ ᠦᠷ᠎ᠡ ᠪᠦᠳᠦᠮᠵᠢ | ᠶᠢ ᠪᠠᠰᠠ ᠲᠡᠭᠡᠭᠰᠢᠯᠡᠬᠦᠯᠬᠦ ᠴᠢᠬᠤᠯᠡ ᠲᠠᠢ᠂ ᠠᠵᠣ ᠠᠬᠤᠢ ᠶᠢᠨ ᠬᠦᠭᠵᠢᠬᠦᠯᠦᠯᠳᠡ ᠶᠢᠨ ᠰᠢᠨ᠎ᠡ ᠬᠡᠪ ᠤᠨ ᠪᠠᠶᠢᠳᠠᠯ ᠢ ᠣᠳᠣᠷᠢᠳᠬᠤ ᠰᠢᠨ᠎ᠡ ᠡᠬᠦᠳᠦᠯᠳᠡ ᠶᠢᠨ | ᠴᠢᠳᠠᠪᠣᠷᠢ ᠪᠠᠨ ᠲᠡᠬᠡᠭᠰᠢᠯᠡᠬᠦᠯᠬᠦ ᠴᠢᠬᠤᠯᠠ ᠲᠠᠢ᠂ ᠨᠡᠶᠢᠬᠡᠮ ᠤᠨ ᠵᠠᠰᠠᠯᠭ᠎ᠠ ᠶᠢᠨ ᠣᠳᠣᠬᠢᠴᠢᠯᠠᠭᠰᠠᠨ ᠬᠢᠷᠢ ᠬᠡᠮᠵᠢᠶ᠎ᠡ ᠪᠠᠨ ᠲᠡᠬᠡᠭᠰᠢᠯᠡᠬᠦᠯᠦᠰᠢᠳᠠᠢ ᠪᠠᠶᠢᠨ᠎ᠠ᠃ | ᠬᠤᠳᠠ ᠶᠢᠨ ᠵᠠᠰᠠᠭ ᠤᠨ ᠣᠷᠳᠣᠨ ︽ᠪᠠᠶᠢᠯᠳᠣᠭᠠᠨ ᠤ ᠬᠡᠯᠳᠡᠰ︾ ᠪᠣᠯᠣᠭᠰᠠᠨ ᠤ ᠬᠤᠪᠢ ᠳᠤ ᠬᠦᠴᠢᠷᠳᠡᠯ ᠪᠤᠯᠤᠨ ᠦᠷᠢᠰᠦᠯᠳᠦᠬᠡᠨ ᠤ ᠡᠮᠦᠨ᠎ᠡ᠂ ᠪᠢᠳᠡ | ᠠᠰᠠᠭᠤᠳᠠᠯ ᠠᠴᠠ ᠵᠠᠶᠢᠯᠠᠬᠤ ᠦᠬᠡᠢ᠂ ᠵᠣᠷᠢᠭᠳᠠᠢ ᠬᠠᠷᠢᠭᠤᠴᠠᠯᠭ᠎ᠠ ᠡᠬᠦᠷᠬᠡᠯᠡᠬᠦ ᠠᠴᠠ ᠪᠢᠰᠢ᠂ ᠲᠦᠯᠬᠢᠬᠦ ᠦᠬᠡᠢ᠂ ᠡᠬᠦᠷᠬᠡ ᠲᠣᠰᠢᠶᠠᠯ ᠢᠶᠠᠨ ᠪᠠᠳᠣ ᠴᠡᠬᠡᠵᠢᠯᠡᠵᠦ᠂ | ᠢᠳᠡᠬᠡᠯ ᠢᠶᠠᠨ ᠪᠠᠳᠣᠳᠬᠠᠵᠣ᠂ ᠰᠠᠨᠠᠭᠠᠴᠢᠯᠠᠭ᠎ᠠ ᠲᠠᠢ ᠠᠵᠢᠯᠯᠠᠵᠣ᠂ ᠦᠷᠬᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠬᠦᠯᠦᠨ ᠲᠠᠭᠠᠭᠤᠯᠵᠣ᠂ ᠣᠯᠠᠨ ᠲᠠᠯ᠎ᠠ ᠪᠠᠷ | ᠨᠡᠶᠢᠬᠡᠮ ᠤᠨ ᠡᠯ᠎ᠡ ᠡᠳᠡᠬᠡᠳ ᠤᠨ ᠬᠦᠴᠦᠳᠡᠢ ᠲᠡᠮᠵᠢᠯᠬᠡ ᠶᠢ ᠣᠯᠵᠣ᠂ ᠪᠤᠳᠡᠳᠡᠢ ᠠᠵᠢᠯᠯᠠᠬᠤ ᠶᠠᠪᠤᠴᠠ ᠳᠤ ᠠᠵᠠ ᠲᠤᠬᠢᠶᠠᠯ ᠢ ᠡᠵᠡᠮᠳᠡᠨ᠂ ᠪᠤᠳᠡᠳᠡᠢ ᠠᠵᠢᠯᠯᠠᠬᠤ | ᠶᠠᠪᠤᠴᠠ ᠳᠤ ᠬᠦᠴᠢᠷ ᠠᠰᠠᠭᠤᠳᠡᠯ ᠢ ᠰᠢᠢᠳᠪᠦᠷᠢᠯᠡᠵᠦ᠂ ᠪᠣᠳᠠᠳᠠᠢ ᠠᠵᠢᠯᠯᠠᠬᠤ ᠶᠠᠪᠣᠴᠠ ᠳᠤ ᠬᠦᠭᠵᠢᠯᠳᠡ ᠶᠢ ᠡᠷᠢᠯᠬᠢᠯᠡᠵᠦ᠂ ᠪᠦᠬᠦ ᠬᠤᠳᠡ ᠶᠢᠨ ᠦᠨᠳᠦᠰᠦᠳᠡᠨ | ᠨᠦᠭᠦᠳ ᠤᠨ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠦ ᠬᠦᠰᠡᠷᠳᠡᠬᠦᠯᠬᠦ ᠦᠭᠡᠢ᠃ | | ᠬᠤᠶᠠᠷ᠂ 2017 ᠤᠨ ᠤ ᠠᠵᠢᠯ ᠤᠨ ᠪᠠᠶᠢᠷᠢᠯᠠᠭᠤᠯᠤᠯᠳᠡ | | ᠡᠨᠡ ᠵᠢᠯ ᠪᠤᠯ ︽13 · 5︾ ᠶᠢᠨ ᠲᠦᠯᠦᠪᠵᠢᠬᠦᠯᠬᠡ ᠶᠢ ᠬᠡᠷᠡᠭᠵᠢᠬᠦᠯᠬᠦ ᠴᠢᠬᠤᠯᠠ ᠨᠢᠬᠡ ᠵᠢᠯ ᠪᠣᠯᠣᠨ᠎ᠠ᠂ ᠮᠦᠨᠴᠦ ᠮᠠᠨ ᠤ ᠬᠤᠳᠠ ᠶᠢᠨ ᠵᠡᠬᠦᠨ | ᠬᠤᠶᠢᠳᠣ ᠶᠢ ᠮᠠᠨᠳᠣᠭᠤᠯᠬᠤ ᠡᠩᠨᠡᠭᠡ ᠳᠤ ᠲᠦᠷᠬᠡᠨ ᠠᠭᠤᠰᠴᠣ᠂ ᠲᠠᠪᠠᠯᠳᠠ ᠲᠠᠢ ᠬᠦᠭᠵᠢᠬᠦᠯᠦᠯᠳᠡ ᠶᠢ ᠪᠡᠶᠡᠯᠡᠬᠦᠯᠬᠦ ᠵᠠᠩᠬᠢᠯᠠᠭ᠎ᠠ ᠶᠢᠨ ᠨᠢᠬᠡ ᠵᠢᠯ ᠪᠣᠯᠣᠨ᠎ᠠ᠃ ᠵᠠᠰᠠᠭ | ᠤᠨ ᠤᠷᠳᠤᠨ ᠤ ᠠᠵᠢᠯ ᠢ ᠰᠠᠶᠢᠳᠦᠷ ᠬᠢᠬᠦ ᠳᠤ ᠵᠠᠪᠠᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠡᠨ ᠤ ᠲᠤᠭᠤᠷᠢᠨ ᠳᠤ ᠨᠢᠭᠳᠠᠷᠡᠨ | ᠪᠦᠯᠬᠦᠮᠳᠡᠵᠦ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠪᠠ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ᠂ ᠲᠦᠷᠪᠡᠳᠦᠬᠡᠷ᠂ ᠲᠠᠪᠣᠳᠣᠭᠠᠷ᠂ | ᠵᠢᠷᠭᠤᠳᠣᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ᠰᠢ ᠶᠢᠨ ᠫᠢᠩ ᠶᠡᠷᠦᠩᠭᠡᠢ ᠱᠦᠵᠢ ᠶᠢᠨ ᠰᠢᠷᠢᠰ ᠴᠢᠬᠤᠯᠡ ᠶᠡᠷᠢᠶᠡᠨ | ᠤ ᠵᠤᠷᠢᠭ ᠰᠠᠨᠠᠭ᠎ᠠ ᠪᠤᠯᠤᠨ ᠤᠯᠤᠰ ᠢᠶᠠᠨ ᠵᠠᠰᠠᠵᠦ ᠲᠦᠷᠦ ᠪᠠᠷᠢᠬᠤ ᠰᠢᠨ᠎ᠡ ᠤᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ | ᠬᠦᠨᠵᠡᠬᠡᠢ ᠲᠤᠤᠱᠯᠠᠭᠤᠯᠵᠦ᠂ ᠦᠪᠡᠷᠳᠡᠬᠡᠨ ᠵᠠᠰᠠᠬᠤ ᠣᠷᠣᠨ ᠤ ᠠᠷᠪᠠᠳᠣᠭᠠᠷ ᠣᠳᠠᠭᠠᠨ ᠤ ᠨᠠᠮ ᠤᠨ ᠲᠦᠯᠦᠬᠡᠯᠡᠭᠴᠢ ᠶᠢᠨ ᠬᠤᠷᠠᠯ᠂ ᠦᠪᠡᠷᠳᠡᠭᠡᠨ ᠵᠠᠰᠠᠬᠤ ᠤᠷᠤᠨ | ᠤ ᠨᠠᠮ ᠤᠨ ᠬᠤᠷᠢᠶᠡᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠡᠯ᠂ ᠦᠪᠡᠷᠳᠡᠬᠡᠨ ᠵᠠᠰᠠᠬᠤ ᠣᠷᠣᠨ ᠤ ᠠᠷᠪᠠᠨ ᠬᠤᠶᠠᠳᠣᠭᠠᠷ | ᠬᠤᠭᠤᠴᠠᠭᠠᠨ ᠤ ᠵᠢᠷᠭᠤᠳᠣᠭᠠᠷ ᠣᠳᠠᠭ᠎ᠠ ᠶᠢᠨ ᠬᠤᠷᠠᠯ ᠪᠤᠯᠤᠨ ᠬᠤᠳᠠ ᠶᠢᠨ ᠲᠠᠪᠣᠳᠣᠭᠠᠷ ᠣᠳᠠᠭᠠᠨ ᠤ ᠨᠠᠮ ᠤᠨ ᠲᠦᠯᠦᠬᠡᠯᠡᠭᠴᠢ ᠶᠢᠨ ᠬᠤᠷᠠᠯ᠂ ᠬᠤᠳᠡ ᠶᠢᠨ ᠨᠠᠮ | ᠤᠨ ᠬᠤᠷᠢᠶᠡᠨ ᠤ ᠲᠠᠪᠤᠳᠤᠭᠠᠷ ᠬᠤᠭᠤᠴᠠᠭᠠᠨ ᠤ ᠭᠤᠷᠪᠡᠳᠤᠭᠠᠷ ᠪᠦᠬᠦᠳᠡ ᠬᠤᠷᠡᠯ ᠤᠨ ᠲᠤᠭᠳᠠᠭᠠᠭᠰᠠᠨ ᠴᠢᠬᠤᠯᠡ ᠪᠠᠶᠢᠷᠢᠯᠠᠭᠤᠯᠤᠯᠳᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠦ᠂ ︽ᠲᠠᠪᠣᠨ ᠨᠢᠬᠡ ᠴᠤᠭᠴᠠᠵᠢᠭᠤᠯᠣᠯᠳᠠ︾ ᠶᠢᠨ ᠶᠡᠷᠦᠩᠭᠡᠢ ᠪᠠᠶᠢᠷᠢᠯᠠᠰᠢᠭᠤᠯᠣᠯᠳᠠ ᠶᠢ ᠨᠢᠬᠡᠳᠦᠯᠳᠡᠢ ᠲᠦᠯᠦᠪᠵᠢᠬᠦᠯᠦᠨ ᠠᠬᠢᠭᠤᠯᠵᠦ᠂ ︽ | ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠡ ᠶᠢ ᠵᠤᠬᠢᠴᠠᠭᠤᠯᠤᠨ ᠠᠬᠢᠭᠤᠯᠵᠦ᠂ ᠲᠤᠭᠳᠠᠭᠤᠨ ᠢᠶᠠᠷ ᠲᠠᠪᠰᠢᠬᠤ ᠠᠵᠢᠯ ᠤᠨ | ᠶᠡᠷᠦᠩᠬᠡᠢ ᠬᠦᠭ ᠢ ᠪᠠᠷᠢᠮᠳᠡᠯᠡᠨ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠦᠢᠯᠡᠳᠦᠯᠬᠡᠵᠢᠬᠦᠯᠵᠦ᠂ ᠬᠦᠭᠵᠢᠯᠳᠡ ᠶᠢᠨ ᠶᠠᠰᠦ ᠴᠢᠨᠡᠷ ᠪᠤᠯᠤᠨ ᠦᠷ᠎ᠡ ᠠᠰᠢᠭ ᠢ | ᠲᠡᠭᠡᠭᠰᠢᠯᠡᠬᠦᠯᠬᠦ ᠪᠠᠷ ᠲᠦᠪ ᠪᠤᠯᠭᠠᠨ᠂ ᠬᠠᠩᠭᠠᠯᠭ᠎ᠠ ᠶᠢᠨ ᠪᠦᠳᠦᠴᠡ ᠶᠢᠨ ᠴᠢᠨᠡᠷ ᠲᠠᠢ ᠦᠬᠡᠷᠡᠴᠢᠯᠡᠯᠳᠡ ᠶᠢ ᠠᠬᠢᠭᠤᠯᠬᠤ ᠪᠠᠷ ᠭᠤᠤᠯ ᠰᠢᠵᠢᠮ ᠪᠤᠯᠭᠠᠵᠦ᠂ ︽ | ᠬᠦᠭᠵᠢᠬᠦᠯᠦᠯᠳᠡ ᠠᠮᠢ ᠠᠬᠤᠢ ᠠᠷᠠᠳ ᠤᠨ ᠠᠮᠢᠳᠣᠷᠠᠯ︾ ᠢ ᠪᠠᠳᠣ ᠰᠠᠬᠢᠨ᠂ ︽ᠲᠠᠪᠤᠵᠢᠯᠳᠡ︾ ᠶᠢᠨ ᠬᠠᠮᠵᠢᠯᠴᠠᠭ᠎ᠠ ᠶᠢ ᠠᠬᠢᠭᠤᠯᠵᠦ᠂ ︽ᠵᠢᠷᠭᠤᠭᠠᠨ ᠲᠤᠮᠤ ᠠᠵᠦ | ᠦᠢᠯᠡᠰ ᠤᠨ ᠰᠠᠭᠤᠷᠢᠨ︾ ᠢ ᠪᠠᠶᠢᠭᠤᠯᠵᠦ᠂ ︽ᠲᠤᠯᠤᠭᠠᠨ ᠲᠤᠮᠤ ᠢᠨᠵᠧᠨᠧᠷᠢᠩ︾ ᠢ ᠬᠡᠷᠡᠭᠵᠢᠬᠦᠯᠵᠦ᠂ ᠨᠢᠬᠡᠳᠦᠭᠡᠷ ᠠᠵᠦ ᠦᠢᠯᠡᠰ ᠢ ᠰᠢᠯᠢᠳᠡᠭᠵᠢᠬᠦᠯᠵᠦ᠂ | ᠬᠤᠶᠠᠳᠤᠭᠠᠷ ᠠᠵᠦ ᠦᠢᠯᠡᠰ ᠢ ᠬᠦᠴᠦᠷᠭᠡᠭᠵᠢᠬᠦᠯᠦᠨ᠂ ᠭᠤᠷᠪᠠᠳᠤᠭᠠᠷ ᠠᠵᠦ ᠦᠢᠯᠡᠰ ᠢ ᠲᠦᠷᠭᠡᠳᠬᠡᠵᠦ᠂ ᠰᠠᠭᠤᠷᠢ ᠲᠦᠬᠦᠬᠡᠷᠦᠮᠵᠢ᠂ ᠠᠵᠣ ᠦᠢᠯᠡᠰ ᠤᠨ | ᠬᠦᠭᠵᠢᠬᠦᠯᠦᠯᠳᠡ᠂ ᠠᠮᠢ ᠠᠬᠤᠢ ᠶᠢᠨ ᠬᠠᠮᠠᠭᠠᠯᠠᠯᠳᠠ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ᠂ ᠬᠤᠳᠠ ᠬᠦᠳᠡᠭᠡ ᠶᠢᠨ ᠨᠢᠬᠡᠳᠦᠯ ᠲᠠᠢ ᠲᠦᠯᠦᠪᠯᠡᠬᠦ᠂ | ᠨᠡᠶᠢᠬᠡᠮ ᠤᠨ ᠦᠢᠯᠡᠰ ᠪᠠ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠵᠡᠷᠬᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠳᠣᠷ ᠬᠢᠵᠦ᠂ ᠰᠢᠯᠢᠳᠡᠭ ᠬᠢᠷᠢ | ᠪᠦᠳᠦᠮᠵᠢ ᠪᠠᠷ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠠᠮᠵᠢᠯᠳᠠ ᠲᠠᠢ ᠨᠡᠬᠡᠬᠡᠭᠳᠡᠬᠦ ᠪᠠ ᠦᠪᠡᠷᠳᠡᠬᠡᠨ ᠵᠠᠰᠠᠬᠤ ᠣᠷᠣᠨ ᠪᠠᠶᠢᠭᠤᠯᠣᠭᠳᠠᠭᠰᠠᠨ 70 ᠣᠢ ᠶᠢ | ᠣᠭᠳᠣᠬᠤ ᠪᠡᠯᠡᠭ ᠪᠣᠯᠭᠠᠶ᠎ᠠ᠃ | ᠭᠤᠤᠯ ᠪᠤᠯᠬᠤ ᠵᠢᠱᠢᠭᠰᠡᠨ ᠬᠠᠷᠡᠯᠳᠡ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 8% ᠨᠡᠮᠡᠭᠳᠡᠬᠦᠯᠦᠨ᠎ᠡ︔ ᠬᠢᠵᠠᠭᠠᠷᠯᠠᠭᠰᠠᠨ | ᠲᠤᠭ᠎ᠠ ᠠᠴᠠ ᠲᠡᠬᠡᠭᠰᠢᠬᠢ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠡ ᠶᠢ 15% ᠠᠴᠠ ᠲᠡᠭᠡᠭᠰᠢ ᠨᠡᠮᠡᠭᠳᠡᠬᠦᠯᠦᠨ᠎ᠡ︔ ᠨᠡᠶᠢᠬᠡᠮ ᠤᠨ ᠬᠡᠷᠡᠭᠯᠡᠬᠡᠨ ᠤ ᠵᠦᠢᠯᠡᠰ | ᠢ ᠵᠢᠵᠢᠭᠯᠡᠨ ᠪᠤᠷᠤᠯᠠᠭᠤᠯᠬᠤ ᠶᠡᠷᠦᠩᠭᠡᠢ ᠬᠡᠮᠵᠢᠶ᠎ᠡ ᠶᠢ 10% ᠨᠡᠮᠡᠭᠳᠡᠬᠦᠯᠦᠨ᠎ᠡ︔ ᠡᠳ᠋ ᠤᠨ ᠵᠠᠰᠠᠭ ᠤᠨ ᠣᠷᠣᠯᠭ᠎ᠠ ᠶᠢᠨ ᠴᠢᠨᠠᠷ ᠴᠢᠨᠰᠠᠭ᠎ᠠ ᠶᠢ ᠣᠯᠠᠮ ᠠᠩᠬᠠᠷᠴᠣ᠂ | ᠭᠠᠶᠢᠯᠢ ᠶᠢᠨ ᠣᠷᠣᠯᠭ᠎ᠠ ᠶᠢ ᠨᠢᠳᠦᠨᠦᠨ ᠤ ᠬᠢ ᠠᠴᠠ 9% ᠠᠴᠠ ᠲᠡᠬᠡᠭᠰᠢ ᠨᠡᠮᠡᠭᠳᠡᠬᠦᠯᠦᠨ᠎ᠡ︔ ᠬᠤᠳᠡ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ | ᠡᠵᠡᠮᠰᠢᠯ ᠤᠷᠤᠯᠭ᠎ᠠ ᠶᠢ ᠲᠤᠰ ᠲᠤᠰ 9% ᠪᠤᠯᠤᠨ 10% ᠨᠡᠮᠡᠭᠳᠡᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠪᠠᠭᠤᠯᠭᠠᠭᠰᠠᠨ ᠡᠯ᠎ᠡ ᠵᠦᠢᠯ ᠤᠨ ᠬᠦᠯᠢᠶᠡᠰᠦᠯᠡᠬᠦ | ᠴᠢᠨᠡᠷ ᠲᠠᠢ ᠬᠦᠢᠴᠡᠳᠭᠡᠯ ᠲᠤᠭ᠎ᠠ ᠶᠢ ᠪᠦᠬᠦ ᠲᠡᠯ᠎ᠡ ᠪᠠᠷ ᠪᠡᠶᠡᠯᠡᠬᠦᠯᠦᠨ᠎ᠡ᠃ | ᠡᠮᠦᠨ᠎ᠡ ᠲᠤᠷᠡᠳᠤᠭᠰᠠᠨ ᠬᠠᠷᠡᠯᠳᠡ ᠶᠢ ᠪᠡᠶᠡᠯᠡᠬᠦᠯᠬᠦ ᠳᠤ ᠪᠢᠳᠡ ᠲᠠᠷᠠᠭᠠᠬᠢ ᠦᠨᠳᠦᠰᠦᠨ ᠱᠠᠭᠠᠷᠳᠠᠯᠭ᠎ᠠ ᠶᠢ ᠪᠠᠳᠤ ᠡᠵᠡᠮᠰᠢᠬᠦ ᠬᠡᠷᠡᠭᠳᠡᠢ᠄ | ᠣᠷᠢᠳᠠᠪᠠᠷ ᠲᠠᠪᠠᠯᠳᠠ ᠲᠠᠢ ᠬᠦᠭᠵᠢᠬᠦᠯᠦᠨ᠎ᠡ᠃ ᠡᠨᠡ ᠪᠤᠯ ᠦᠪᠡᠷᠳᠡᠭᠡᠨ ᠵᠠᠰᠠᠬᠤ ᠤᠷᠤᠨ ᠤ ᠰᠢᠨ᠎ᠡ ᠨᠢᠬᠡ ᠡᠬᠡᠯᠵᠢ ᠶᠢᠨ ᠵᠡᠬᠦᠨ ᠬᠤᠶᠢᠳᠦ ᠤᠷᠤᠨ ᠢ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠬᠤ ᠪᠠᠷ ᠦᠪᠦᠷ ᠮᠤᠩᠭᠤᠯ ᠤᠨ ᠵᠡᠬᠦᠨ ᠬᠡᠰᠡᠭ ᠭᠠᠵᠠᠷ ᠣᠷᠣᠨ ᠳᠤ ᠬᠠᠨᠳᠣᠭᠤᠯᠣᠨ ᠲᠤᠷᠠᠳᠤᠭᠰᠠᠨ ᠬᠠᠮᠤᠭ | ᠰᠢᠨ᠎ᠡ ᠤᠷᠤᠨ ᠪᠠᠶᠢᠷᠢ ᠶᠢᠨ ᠲᠤᠭᠳᠠᠭᠠᠯ ᠪᠤᠯᠤᠨ᠎ᠠ᠃ ᠵᠡᠬᠦᠨ ᠬᠤᠶᠢᠳᠦ ᠤᠷᠤᠨ ᠲᠠᠢ ᠵᠣᠯᠭᠠᠭᠤᠯᠣᠨ᠂ ᠦᠪᠦᠷ ᠮᠤᠩᠭᠤᠯ ᠤᠨ ᠵᠡᠬᠦᠨ ᠬᠡᠰᠡᠭ ᠢ ᠬᠦᠳᠦᠯᠵᠦ᠂ | ᠰᠢᠨ᠎ᠡ ᠶᠢ ᠡᠬᠦᠳᠦᠨ ᠬᠦᠳᠡᠯᠬᠡᠬᠦ᠂ ᠦᠬᠡᠷᠡᠴᠢᠯᠡᠯᠳᠡ ᠪᠠᠷ ᠠᠬᠢᠭᠤᠯᠬᠤ᠂ ᠴᠢᠯᠦᠬᠡᠳᠡᠢ ᠶᠠᠪᠤᠯᠴᠠᠬᠤ ᠪᠠᠷ ᠲᠠᠶᠢᠴᠢᠯᠠᠬᠤ ᠶᠢ ᠴᠢᠩᠭᠠᠳᠬᠠᠨ᠂ ᠠᠵᠦ ᠠᠬᠤᠢ ᠶᠢᠨ | ᠨᠡᠮᠡᠭᠳᠡᠯᠳᠡ ᠶᠢ ᠪᠦᠬᠦ ᠤᠷᠤᠨ ᠤ ᠲᠤᠮᠳᠡᠴᠢ ᠬᠢᠷᠢ ᠲᠦᠪᠰᠢᠨ ᠠᠴᠠ ᠲᠦᠷᠭᠡᠨ ᠪᠤᠯᠭᠠᠵᠦ᠂ ᠦᠪᠡᠷᠳᠡᠭᠡᠨ ᠵᠠᠰᠠᠬᠤ ᠤᠷᠤᠨ ᠤ ᠴᠢᠬᠤᠯᠡ ᠪᠤᠯᠬᠤ ᠨᠡᠮᠡᠭᠳᠡᠯ ᠤᠨ | ᠲᠤᠶᠢᠯ ᠢ ᠲᠦᠷᠭᠡᠨ ᠪᠠᠶᠢᠭᠤᠯᠤᠨ᠎ᠠ᠃ | ᠠᠮᠢ ᠠᠬᠤᠢ ᠶᠢᠨ ᠨᠠᠭᠠᠳᠦ ᠵᠠᠬ᠎ᠠ ᠶᠢᠨ ᠱᠤᠭᠤᠮ ᠢ ᠴᠢᠩᠭ᠎ᠠ ᠰᠠᠬᠢᠨ᠎ᠠ᠃ ᠡᠨᠡ ᠪᠤᠯ ᠲᠦᠩᠯᠢᠶᠥᠥ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ | ᠪᠡᠶᠡᠯᠡᠬᠦᠯᠬᠦ ᠦᠨᠳᠦᠰᠦᠨ ᠪᠠᠳᠤᠯᠠᠭ᠎ᠠ ᠮᠥᠨ᠃ ᠦᠵᠡᠰᠬᠦᠯᠡᠩ ᠰᠠᠶᠢᠬᠠᠨ ᠪᠤᠯᠤᠨ ᠬᠦᠭᠵᠢᠯᠳᠡ ᠶᠢᠨ ᠬᠤᠤᠰ ᠠᠮᠵᠢᠯᠳᠡ ᠶᠢ ᠪᠠᠷᠢᠮᠳᠡᠯᠡᠵᠦ᠂ ᠤᠷᠴᠢᠨ ᠲᠣᠭᠤᠷᠢᠨ ᠢ | ᠰᠦᠢᠳᠬᠡᠯ᠂ ᠡᠬᠢ ᠰᠤᠷᠪᠤᠯᠵᠢ ᠶᠢ ᠪᠦᠷᠢᠯᠬᠡᠬᠦ ᠪᠠᠷ ᠦᠷᠡᠭᠳᠡᠯ ᠪᠤᠯᠭᠠᠨ ᠨᠢᠬᠡᠨ ᠴᠠᠭ ᠤᠨ ᠠᠵᠦ ᠠᠬᠤᠢ ᠶᠢᠨ ᠨᠡᠮᠡᠭᠳᠡᠯ ᠢ ᠰᠤᠯᠢᠵᠦ ᠠᠪᠴᠢᠷᠠᠬᠤ ᠶᠢ ᠡᠷᠡᠰ | ᠲᠡᠪᠴᠢᠨ᠂ ᠠᠯᠳᠡ ᠮᠦᠩᠬᠦ ᠶᠢ ᠠᠪᠬᠤ ᠪᠠᠷ ᠪᠠᠷᠠᠬᠤ ᠦᠭᠡᠢ ᠬᠦᠬᠡᠮᠳᠤᠭ᠌ ᠴᠡᠩᠭᠡᠷ ᠠᠭᠤᠯᠠ ᠤᠰᠤ ᠪᠠᠨ ᠨᠡᠩ ᠢᠯᠡᠬᠦᠦ ᠬᠠᠮᠠᠭᠠᠯᠠᠨ᠂ ᠪᠤᠬᠢᠷᠳᠦᠯ ᠦᠭᠡᠢ ᠪᠠᠷ | ᠬᠤᠳᠡ ᠪᠠᠨ ᠬᠦᠴᠦᠷᠭᠡᠭᠵᠢᠬᠦᠯᠬᠦ᠂ ᠪᠤᠬᠢᠷᠳᠦᠯ ᠦᠭᠡᠢ ᠪᠠᠷ ᠠᠷᠠᠳ ᠢ ᠬᠠᠷᠠᠭᠠᠯᠵᠠᠬᠤ ᠶᠢ ᠠᠬᠢᠭᠤᠯᠤᠨ᠂ ᠬᠦᠮᠦᠨ ᠪᠠᠶᠢᠭᠠᠯᠢ ᠵᠤᠬᠢᠴᠠᠨ ᠬᠦᠭᠵᠢᠭᠰᠡᠨ ᠰᠢᠨ᠎ᠡ | ᠲᠦᠷᠰᠦ ᠪᠠᠶᠢᠳᠡᠯ ᠢ ᠪᠦᠷᠢᠯᠳᠦᠬᠦᠯᠦᠨ᠎ᠡ᠃ | ᠠᠷᠠᠳ ᠤᠨ ᠠᠮᠢᠳᠦᠷᠡᠯ ᠢᠶᠠᠷ ᠤᠷᠢᠳᠡᠯ ᠪᠤᠯᠭᠠᠬᠤ ᠶᠢ ᠪᠠᠷᠢᠮᠳᠡᠯᠡᠨᠡ᠃ ᠡᠨᠡ ᠪᠤᠯ ᠠᠯᠢᠪᠠ ᠠᠵᠢᠯ ᠢ ᠰᠠᠶᠢᠨ ᠬᠢᠬᠦ ᠦᠨᠳᠦᠰᠦᠨ ᠵᠦᠢᠯ ᠪᠣᠯᠣᠨ᠎ᠠ᠃ ᠠᠷᠠᠳ | ᠲᠦᠮᠡᠨ ᠢᠶᠠᠷ ᠲᠦᠪ ᠪᠣᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠬᠡᠵᠢᠶ᠎ᠡ ᠢᠮᠠᠭᠳᠠ ᠪᠠᠷᠢᠮᠳᠡᠯᠡᠵᠦ᠂ ᠲᠦᠬᠡᠮᠡᠯ ᠬᠠᠷᠠᠭᠠᠯᠵᠠᠯᠠᠯ ᠤᠨ ᠴᠢᠨᠡᠷ ᠲᠠᠢ᠂ ᠰᠠᠭᠤᠷᠢ | ᠴᠢᠨᠡᠷ ᠲᠠᠢ ᠠᠷᠠᠳ ᠤᠨ ᠠᠮᠢᠳᠦᠷᠡᠯ ᠤᠨ ᠪᠠᠶᠢᠭᠤᠯᠤᠯᠳᠡ ᠶᠢᠨ ᠠᠵᠢᠯ ᠢ ᠯᠠᠪᠳᠠᠭᠤᠨ ᠰᠠᠶᠢᠳᠦᠷ ᠬᠢᠵᠦ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ | ᠠᠮᠵᠢᠯᠳᠠ ᠶᠢ ᠣᠯᠵᠣ᠂ ᠪᠦᠬᠦ ᠲᠠᠯ᠎ᠠ ᠪᠠᠷ ᠴᠢᠨᠡᠬᠡᠯᠢᠭᠵᠢᠬᠦ ᠵᠠᠮ ᠲᠡᠭᠡᠷ᠎ᠡ ᠬᠦᠴᠢᠷᠳᠡᠯ ᠲᠠᠢ ᠤᠯᠠᠨ ᠲᠦᠮᠡᠨ ᠢ ᠨᠢᠬᠡ ᠴᠦ ᠤᠷᠬᠢᠭᠳᠠᠭᠤᠯᠬᠤ ᠦᠭᠡᠢ᠃ | ᠠᠶᠤᠯᠬᠦᠢ ᠲᠤᠭᠳᠠᠭᠤᠨ ᠢ ᠪᠠᠳᠤᠯᠠᠨ᠎ᠠ᠃ ᠡᠨᠡ ᠪᠤᠯ ᠦᠨᠳᠦᠰᠦᠳᠡᠨ ᠨᠦᠭᠦᠳ ᠤᠨ ᠠᠷᠠᠳ ᠲᠦᠮᠡᠨ ᠡᠶ᠎ᠡ ᠡᠪ ᠲᠠᠢ ᠵᠤᠯ ᠵᠢᠷᠭᠠᠯ ᠲᠠᠢ ᠰᠠᠶᠢᠨ ᠰᠠᠶᠢᠬᠠᠨ | ᠭᠡᠷ ᠬᠤᠷᠤᠭ᠎ᠠ ᠪᠠᠨ ᠴᠤᠭᠴᠠᠯᠠᠬᠤ ᠶᠢᠨ ᠴᠢᠬᠤᠯᠡ ᠰᠠᠭᠤᠷᠢ ᠮᠥᠨ᠃ ᠠᠮᠣᠷ ᠲᠦᠪᠰᠢᠨ ᠲᠣᠭᠳᠠᠭᠤᠨ ᠪᠠᠶᠢᠬᠤ ᠦᠬᠡᠢ ᠪᠣᠯᠪᠠᠯ ᠠᠯᠢᠪᠠ ᠬᠦᠭᠵᠢᠬᠦᠯᠦᠯᠳᠡ ᠴᠦᠮ | ᠬᠤᠭᠤᠰᠣᠨ ᠪᠣᠯᠬᠤ ᠶᠣᠮ᠃ ᠠᠮᠣᠷ ᠲᠦᠪᠰᠢᠨ ᠲᠣᠭᠳᠠᠭᠤᠨ ᠢᠶᠠᠷ ᠬᠦᠭᠵᠢᠬᠦᠯᠦᠯᠳᠡ ᠶᠢᠨ ᠰᠠᠭᠤᠷᠢ ᠪᠣᠯᠭᠠᠵᠣ᠂ ᠬᠠᠤᠯᠢ ᠪᠠᠷ ᠵᠠᠰᠠᠬᠤ ᠪᠠᠷ ᠦᠬᠡᠷᠡᠴᠢᠯᠡᠯᠳᠡ ᠶᠢᠨ | ᠬᠠᠮᠳᠤ ᠶᠢᠨ ᠲᠡᠨᠢᠯᠳᠡ ᠶᠢ ᠨᠢᠭᠳᠠᠷᠠᠭᠤᠯᠤᠨ᠂ ᠬᠦᠭᠵᠢᠯᠳᠡ ᠶᠢᠨ ᠦᠢᠯᠡ ᠠᠵᠢᠯᠯᠠᠭ᠎ᠠ ᠶᠢ ᠲᠦᠷᠢᠮᠵᠢᠬᠦᠯᠬᠦ᠂ ᠵᠦᠷᠢᠴᠠᠯ ᠤᠨ ᠡᠶᠡᠳᠡᠬᠦᠯᠬᠡ ᠶᠢ ᠠᠬᠢᠭᠤᠯᠬᠤ᠂ ᠲᠦᠪ | ᠭᠤᠤᠯᠴᠢ ᠶᠢ ᠬᠠᠮᠠᠭᠠᠯᠠᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠵᠣᠯ ᠵᠢᠷᠭᠠᠯᠳᠣ ᠠᠮᠢᠳᠦᠷᠡᠯ ᠳᠤ ᠡᠶ᠎ᠡ ᠡᠪ ᠲᠠᠢ ᠣᠷᠴᠢᠨ ᠲᠣᠭᠤᠷᠢᠨ ᠡᠬᠦᠳᠴᠦ | ᠦᠭᠬᠦᠨ᠎ᠡ᠃ | ᠡᠨᠡ ᠵᠢᠯ ᠲᠠᠷᠠᠭᠠᠬᠢ 9 ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠦᠷ ᠬᠢᠬᠦ ᠬᠡᠷᠡᠭᠳᠡᠢ᠄ | ︵ᠨᠢᠬᠡ︶ ᠠᠵᠦ ᠠᠬᠤᠢ ᠶᠢᠨ ᠲᠤᠭᠳᠠᠭᠤᠨ ᠡᠷᠡᠬᠦᠯ ᠡᠷᠬᠢᠯᠳᠡ ᠶᠢ ᠪᠠᠳᠤᠯᠠᠨ᠎ᠠ | ᠪᠡᠯᠡ ᠤᠷᠤᠭᠤᠯᠤᠯᠳᠠ ᠪᠠᠷ ᠲᠠᠶᠢᠴᠢᠯᠠᠬᠤ᠂ ᠠᠵᠦ ᠠᠬᠤᠶᠢᠯᠠᠯ ᠬᠦᠳᠡᠯᠦᠯᠴᠠᠬᠦ᠂ ᠰᠢᠨ᠎ᠡ ᠡᠬᠦᠳᠦᠯᠳᠡ ᠪᠠᠷ ᠬᠦᠳᠡᠯᠬᠡᠬᠦ ᠶᠢ ᠲᠦᠷᠭᠡᠳᠭᠡᠵᠦ᠂ ᠲᠤᠮᠳᠡ ᠲᠦᠷᠭᠡᠨ | ᠨᠡᠮᠡᠭᠳᠡᠯᠳᠡ ᠶᠢᠨ ᠬᠦᠭᠵᠢᠯᠳᠡ ᠳᠤ ᠠᠵᠠ ᠲᠤᠬᠢᠶᠠᠯ ᠣᠯᠭᠤᠨ᠎ᠠ᠃ | ᠰᠠᠭᠤᠷᠢ ᠲᠦᠬᠦᠬᠡᠷᠦᠮᠵᠢ ᠶᠢᠨ ᠪᠡᠯᠡ ᠣᠷᠣᠭᠤᠯᠣᠯᠳᠠ ᠪᠠᠨ ᠴᠢᠩᠭᠠᠳᠬᠠᠨ᠎ᠠ᠃ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠬᠤᠳᠡ ᠶᠢᠨ ᠶᠠᠪᠤᠳᠡᠯ | ᠂ ᠡᠨᠧᠷᠬᠢ᠂ ᠰᠤᠷᠠᠭ ᠵᠠᠩᠭᠢ ᠴᠢᠮᠡᠭᠡ ᠨᠡᠪᠳᠡᠷᠡᠬᠦᠯᠬᠡ ᠪᠤᠯᠤᠨ ᠤᠰᠤᠨ ᠠᠰᠢᠭᠯᠡᠯᠳᠡ ᠶᠢᠨ ᠲᠤᠯᠤᠭᠠᠨ ᠲᠤᠮᠤ ᠲᠤᠤᠷᠵᠢᠯᠳᠡ ᠶᠢᠨ ᠲᠤᠭᠳᠠᠯᠴᠠᠭ᠎ᠠ ᠶᠢᠨ ᠪᠠᠶᠢᠭᠤᠯᠣᠯᠳᠠ | ᠪᠠᠷ ᠭᠤᠤᠯᠳᠠᠯᠭ᠎ᠠ ᠪᠤᠯᠭᠠᠵᠦ᠂ ᠪᠦᠳᠦᠮᠵᠢᠳᠡᠢ ᠪᠡᠯᠡ ᠤᠷᠤᠭᠤᠯᠤᠯᠳᠡ ᠪᠠᠨ ᠦᠷᠭᠡᠳᠭᠡᠵᠦ ᠲᠠᠪᠠᠯᠳᠠ ᠲᠠᠢ ᠬᠦᠭᠵᠢᠯᠳᠡ ᠶᠢᠨ ᠰᠢᠨ᠎ᠡ ᠲᠤᠯᠭᠠᠭᠤᠷᠢᠯᠡᠯ ᠢ ᠴᠤᠭᠴᠠᠯᠠᠨ᠂ | ᠪᠦᠬᠦ ᠵᠢᠯ ᠳᠤ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠡ ᠶᠢ 1700 ᠳ᠋ᠦᠩᠰᠢᠭᠤᠷ ᠲᠦᠬᠦᠷᠢᠭ ᠠᠴᠠ | ᠲᠡᠬᠡᠭᠰᠢ ᠪᠡᠶᠡᠯᠡᠬᠦᠯᠦᠨ᠎ᠡ᠃ ᠤᠰᠤᠨ ᠠᠰᠢᠭᠯᠡᠯᠳᠡ ᠶᠢᠨ ᠲᠠᠯ᠎ᠠ ᠪᠠᠷ᠂ ︽ᠲᠣᠯᠣᠭᠠᠨ ᠲᠣᠣᠷ ᠤᠨ ᠠᠭᠤᠰᠣᠯᠴᠠᠭ᠎ᠠ ᠳᠤ ᠣᠰᠣᠨ ᠲᠣᠣᠷ ᠢ ᠲᠡᠷᠢᠬᠦᠨ ᠳᠤ ᠲᠠᠯᠪᠢᠵᠣ︾ | ᠂ ︽ᠤᠰᠤ ᠲᠠᠳᠡᠵᠦ ᠤᠰᠤ ᠠᠷᠪᠢᠯᠠᠬᠤ ᠪᠠᠶᠢᠭᠤᠯᠤᠯᠳᠡ ᠶᠢᠨ ᠪᠠᠷᠢᠯᠭ᠎ᠠ︾ ᠭᠡᠷᠡᠭᠵᠢᠬᠦᠯᠦᠨ᠎ᠡ᠃ ︽ᠭᠠᠳᠠᠨ᠎ᠠ ᠠᠴᠠ ᠲᠠᠳᠠᠬᠤ︾ ᠪᠠ ︽ᠲᠣᠳᠣᠭᠠᠳᠣ ᠳᠠᠭᠠᠨ | ᠬᠠᠳᠠᠭᠠᠯᠠᠬᠤ︾ ᠶᠢ ᠵᠡᠷᠬᠡ ᠪᠠᠷ ᠴᠢᠬᠤᠯᠠᠴᠢᠯᠠᠵᠣ᠂ ︽ᠴᠣᠣᠯ ᠭᠤᠤᠯ ᠤᠨ ᠤᠰᠤ ᠪᠠᠷ ᠯᠤᠤᠬ᠎ᠠ ᠶᠢᠨ ᠭᠤᠤᠯ ᠢ ᠲᠤᠰᠠᠯᠠᠬᠤ︾᠂ ︽ᠯᠢᠶᠣᠣᠨᠢᠩ ᠤᠨ ᠪᠠᠷᠠᠭᠤᠨ | ᠬᠤᠶᠢᠳᠣ ᠬᠡᠰᠡᠭ ᠤᠨ ᠣᠰᠣ ᠬᠠᠩᠭᠠᠯᠭ᠎ᠠ︾ ᠶᠢᠨ ᠲᠦᠩᠯᠢᠶᠥᠥ ᠶᠢᠨ ᠰᠠᠯᠪᠤᠷᠢ ᠱᠤᠭᠤᠮ ᠵᠡᠷᠭᠡ ᠴᠢᠬᠤᠯᠡ ᠲᠤᠮᠤ ᠰᠠᠪᠠ ᠭᠠᠵᠠᠷ ᠠᠯᠣᠰᠯᠠᠭᠰᠠᠨ ᠤᠰᠤ ᠲᠠᠳᠠᠬᠤ | ᠪᠠᠷᠢᠯᠭ᠎ᠠ ᠶᠢᠨ ᠪᠡᠯᠡᠳᠬᠡᠯ ᠠᠵᠢᠯ ᠢ ᠠᠬᠢᠭᠤᠯᠵᠣ᠂ ᠭᠠᠭ᠋ᠠᠢ ᠠᠭᠤᠯᠠ ᠶᠢᠨ ᠴᠦᠬᠦᠷᠦᠮ ᠢ ᠡᠬᠢᠯᠡᠨ ᠪᠠᠶᠢᠭᠤᠯᠵᠦ᠂ ᠮᠤᠳᠤ ᠴᠦᠬᠦᠷᠦᠮ ᠤᠨ ᠪᠠᠷᠢᠯᠭ᠎ᠠ ᠶᠢ ᠲᠠᠭᠤᠰᠬᠠᠨ | ᠤᠰᠤ ᠬᠠᠳᠠᠭᠠᠯᠠᠵᠣ᠂ ᠠᠭᠤᠯᠠᠷᠬᠠᠭ ᠣᠷᠣᠨ ᠤ ᠬᠦᠷᠦᠰᠦ ᠰᠢᠷᠣᠢ ᠶᠢᠨ ᠬᠠᠮᠠᠭᠠᠯᠠᠯᠳᠠ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠣᠮᠳᠠ ᠵᠢᠵᠢᠭ ᠣᠰᠣᠨ | ᠠᠰᠢᠭᠯᠠᠯᠳᠠ ᠶᠢᠨ ᠪᠠᠷᠢᠯᠭ᠎ᠠ ᠶᠢᠨ ᠪᠠᠶᠢᠭᠤᠯᠣᠯᠳᠠ ᠶᠢ ᠦᠷᠬᠦᠯᠵᠢᠯᠡᠨ ᠰᠠᠶᠢᠳᠣᠷ ᠠᠳᠬᠤᠵᠣ᠂ 120 ᠭᠠᠴᠠᠭ᠎ᠠ ᠲᠤᠰᠬᠤᠨ ᠤ ᠤᠰᠤ ᠤᠮᠳᠡ ᠶᠢᠨ ᠠᠶᠤᠯᠬᠦᠢ ᠶᠢᠨ | ᠪᠠᠷᠢᠯᠭ᠎ᠠ ᠶᠢ ᠪᠠᠳᠤᠳᠬᠠᠨ ᠲᠡᠭᠡᠭᠰᠢᠯᠡᠬᠦᠯᠬᠦ ᠶᠢ ᠪᠡᠶᠡᠯᠡᠬᠦᠯᠤᠨ᠎ᠠ᠃ ᠲᠠᠷᠢᠶᠠᠯᠠᠩ ᠤᠨ ᠣᠰᠣ ᠠᠷᠪᠢᠯᠠᠬᠤ ᠶᠢ ᠬᠠᠨᠳᠣᠯᠭᠠᠳᠣ ᠴᠢᠨᠠᠷ ᠲᠠᠢ᠂ ᠪᠠᠶᠢᠯᠳᠣᠬᠤ ᠪᠣᠳᠣᠯᠭ᠎ᠠ ᠶᠢᠨ | ᠴᠢᠨᠠᠷ ᠲᠠᠢ ᠶᠡᠭᠡ ᠶᠠᠪᠣᠳᠠᠯ ᠪᠣᠯᠭᠠᠨ ᠠᠳᠬᠤᠵᠣ᠂ ᠲᠠᠷᠢᠶᠠᠯᠠᠩ ᠤᠨ ᠣᠰᠣ ᠠᠷᠪᠢᠯᠠᠬᠤ ᠪᠠᠷᠢᠯᠭ᠎ᠠ ᠶᠢ ᠶᠡᠭᠡ ᠬᠡᠪᠴᠢᠶ᠎ᠡ ᠪᠠᠷ ᠬᠡᠷᠡᠭᠵᠢᠬᠦᠯᠵᠦ᠂ ᠦᠨᠳᠦᠷ ᠪᠠᠷᠢᠮᠵᠢᠶ᠎ᠠ | ᠲᠠᠢ ᠣᠰᠣᠯᠠᠯᠳᠠ ᠶᠢ ᠲᠦᠬᠡᠮᠡᠯᠵᠢᠬᠦᠯᠵᠦ᠂ ᠬᠦᠶᠦᠬᠡᠨ ᠪᠣᠯᠠᠭᠰᠠᠨ ᠲᠣᠰᠣᠯᠠᠭᠤᠷ ᠣᠰᠣᠯᠠᠭᠠ ᠶᠢ ᠲᠡᠯᠬᠡᠷᠡᠬᠦᠯᠵᠦ ᠵᠢᠯ ᠤᠨ ᠣᠰᠣ ᠠᠷᠪᠢᠯᠠᠬᠤ ᠬᠡᠮᠵᠢᠶ᠎ᠡ 6 | ᠳ᠋ᠦᠩᠰᠢᠭᠤᠷ ᠺᠦᠪ ᠮᠧᠲᠷ ᠲᠠᠪᠠᠭᠤᠯᠣᠨ᠎ᠠ᠃ ᠲᠡᠮᠦᠷ ᠵᠠᠮ ᠤᠨ ᠲᠠᠯ᠎ᠠ ᠪᠠᠷ᠂ ᠲᠦᠩᠯᠢᠶᠥᠥ ᠠᠴᠠ ᠪᠡᠬᠡᠵᠢᠩ — ᠮᠦᠭᠳᠡᠨ ᠤ ᠲᠦᠷᠭᠡᠨ ᠲᠡᠮᠦᠷ ᠵᠠᠮ ᠤᠨ ᠰᠢᠨ | ᠮᠢᠨ ᠤ ᠬᠤᠶᠢᠳᠦ ᠦᠷᠳᠡᠭᠡ ᠬᠦᠷᠬᠦ ᠲᠡᠮᠦᠷ ᠵᠠᠮ ᠪᠤᠯᠤᠨ ᠪᠡᠬᠡᠵᠢᠩ ᠠᠴᠠ ᠲᠦᠩᠯᠢᠶᠥᠥ᠂ ᠲᠦᠩᠯᠢᠶᠥᠥ ᠠᠴᠠ ᠷᠠᠩ ᠬᠣ᠋ ᠯᠣ᠋ ᠬᠦᠷᠬᠦ ᠵᠡᠷᠬᠡ ᠲᠡᠮᠦᠷ ᠵᠠᠮ ᠢ | ᠴᠠᠬᠢᠯᠭᠠᠨᠵᠢᠭᠤᠯᠬᠤ ᠭᠤᠤᠯ ᠴᠤᠭᠴᠠ ᠶᠢᠨ ᠪᠠᠷᠢᠯᠭ᠎ᠠ ᠶᠢ ᠪᠡᠶᠡᠯᠡᠬᠦᠯᠵᠦ᠂ ᠵᠢᠨᠢᠩ ᠠᠴᠠ ᠲᠦᠩᠯᠢᠶᠥᠥ ᠬᠦᠷᠬᠦ ᠲᠡᠮᠦᠷ ᠵᠠᠮ ᠢ ᠴᠠᠬᠢᠯᠭᠠᠨᠵᠢᠭᠤᠯᠬᠤ ᠲᠦᠷᠦᠯ ᠵᠦᠢᠯ ᠢ | ᠡᠬᠢᠯᠡᠨ ᠪᠠᠶᠢᠭᠤᠯᠵᠣ᠂ ᠲᠦᠩᠯᠢᠶᠥᠥ ᠠᠴᠠ ᠬᠤᠤᠯᠢᠩᠭᠤᠯ ᠬᠦᠷᠬᠦ ᠲᠡᠮᠦᠷ ᠵᠠᠮ ᠤᠨ ᠬᠤᠷᠳᠦᠴᠠ ᠶᠢ ᠲᠡᠭᠡᠭᠰᠢᠯᠡᠬᠦᠯᠤᠨ᠎ᠠ᠃ ᠵᠠᠰᠠᠮᠠᠯ ᠵᠠᠮ ᠤᠨ ᠲᠠᠯ᠎ᠠ ᠪᠠᠷ᠂ | ᠬᠤᠰᠢᠭᠤ ᠰᠢᠶᠠᠨ ᠪᠦᠷᠢ ᠳᠤ ᠲᠦᠷᠬᠡᠨ ᠵᠠᠮ ᠨᠡᠪᠳᠡᠷᠡᠬᠦᠯᠬᠦ ᠪᠠᠷ ᠲᠦᠯᠦᠪᠯᠡᠵᠦ᠂ ᠲᠦᠩᠯᠢᠶᠥᠥ ᠠᠴᠠ ᠯᠦᠪᠸᠢ ᠬᠦᠷᠬᠦ ᠲᠦᠷᠭᠡᠨ ᠵᠠᠮ ᠢ ᠵᠠᠰᠠᠵᠦ ᠲᠠᠭᠤᠰᠬᠠᠨ᠂ | ᠲᠠᠴᠠ ᠶᠢᠨ ᠲᠠᠯ᠎ᠠ ᠠᠴᠠ ᠪᠠᠢ ᠵᠢᠶᠠ ᠸᠠᠨ ᠽᠢ ᠬᠦᠷᠬᠦ ᠲᠦᠷᠭᠡᠨ ᠵᠠᠮ᠂ ᠱᠧᠪᠡᠷᠳᠦ ᠠᠴᠠ ᠬᠠᠭ ᠤᠨ ᠰᠦᠮ᠎ᠡ ᠬᠦᠷᠬᠦ ᠨᠢᠬᠡᠳᠦᠭᠡᠷ ᠲᠡᠰ ᠤᠨ ᠵᠠᠰᠠᠮᠠᠯ ᠵᠠᠮ᠂ | ᠯᠦᠪᠸᠢ ᠠᠴᠠ ᠺᠠᠶᠢᠯᠣ ᠬᠦᠷᠬᠦ ᠬᠤᠶᠠᠳᠣᠭᠠᠷ ᠲᠡᠰ ᠤᠨ ᠵᠠᠰᠠᠮᠠᠯ ᠵᠠᠮ ᠢ ᠦᠷᠬᠦᠯᠵᠢᠯᠡᠨ ᠵᠠᠰᠠᠵᠦ᠂ ᠳ᠋ᠠᠴᠢᠩ ᠠᠴᠠ ᠭᠤᠸᠠᠩᠵᠸᠦ ᠬᠦᠷᠬᠦ ᠲᠦᠷᠬᠡᠨ ᠵᠠᠮ ᠤᠨ ᠨᠠᠢᠮᠠᠨ ᠤ | ᠵᠡᠬᠦᠨ ᠢ ᠬᠤᠯᠪᠣᠭᠰᠠᠨ ᠱᠤᠭᠤᠮ ᠢ ᠨᠢᠬᠡᠳᠦᠭᠡᠷ ᠲᠡᠰ ᠤᠨ ᠵᠠᠰᠠᠮᠠᠯ ᠵᠠᠮ ᠪᠤᠯᠭᠠᠨ ᠦᠬᠡᠷᠡᠴᠢᠯᠡᠬᠦ ᠪᠠᠷᠢᠯᠭ᠎ᠠ ᠶᠢ ᠬᠡᠷᠡᠭᠵᠢᠬᠦᠯᠵᠣ᠂ ᠶᠢᠨ ᠪᠣᠣ ᠲᠦᠨ ᠠᠴᠠ ᠭᠠᠨᠵᠤᠭ᠎ᠠ | ᠬᠦᠷᠬᠦ᠂ ᠲᠠᠯᠠᠩ ᠠᠴᠠ ᠺᠠᠩ ᠫᠢᠩ ᠬᠦᠷᠬᠦ᠂ ᠲᠠᠢ ᠫᠢᠩ ᠴᠣᠸᠠᠨ ᠠᠴᠠ ᠪᠣᠯᠣᠩ ᠤᠨ ᠵᠣ ᠬᠦᠷᠬᠦ ᠬᠤᠶᠠᠳᠣᠭᠠᠷ ᠲᠡᠰ ᠤᠨ ᠵᠠᠰᠠᠮᠠᠯ ᠵᠠᠮ ᠤᠨ ᠪᠠᠶᠢᠭᠤᠯᠣᠯᠳᠠ ᠶᠢ | ᠠᠵᠢᠯ ᠡᠬᠢᠯᠡᠬᠦᠯᠦᠨ᠎ᠡ᠃ ᠵᠠᠰᠠᠮᠠᠯ ᠵᠠᠮ ᠢ ᠰᠠᠭᠠᠳ ᠦᠭᠡᠢ ᠨᠡᠪᠳᠡᠷᠡᠬᠦᠯᠬᠦ ᠪᠠᠷᠢᠯᠭ᠎ᠠ ᠶᠢ ᠦᠷᠬᠦᠯᠵᠢᠯᠡᠨ ᠬᠡᠷᠡᠭᠵᠢᠬᠦᠯᠦᠨ᠎ᠡ᠃ ᠪᠦᠬᠦ ᠬᠤᠳᠠ ᠶᠢᠨ ᠵᠠᠰᠠᠮᠠᠯ ᠵᠠᠮ ᠲᠡᠮᠦᠷ | ᠵᠠᠮ ᠤᠨ ᠪᠠᠯᠴᠢᠷ ᠢ ᠦᠬᠡᠷᠡᠴᠢᠯᠡᠨ᠎ᠡ᠃ ᠭᠠᠴᠠᠭ᠎ᠠ ᠲᠤᠰᠬᠤᠨ ᠳᠤ ᠨᠡᠪᠳᠡᠷᠡᠬᠦᠯᠬᠦ ᠵᠠᠰᠠᠮᠠᠯ ᠵᠠᠮ ᠢ ᠰᠢᠨ᠎ᠡ ᠪᠠᠷ 663 ᠺᠢᠯᠤᠮᠧᠲᠷ ᠵᠠᠰᠠᠵᠦ᠂ ᠵᠠᠰᠠᠭ ᠵᠠᠬᠢᠷᠭᠠᠨ ᠤ | ᠭᠠᠴᠠᠭ᠎ᠠ ᠲᠤᠰᠬᠤᠨ ᠪᠦᠬᠦᠨ ᠳᠤ ᠪᠠᠷᠣᠭᠰᠢᠨ ︵ᠱᠦᠢᠨᠢ︶ ᠵᠠᠮ ᠨᠡᠪᠳᠡᠷᠡᠬᠦᠯᠬᠦ ᠤᠯᠤᠰ ᠤᠨ ᠲᠦᠯᠦᠪᠯᠡᠭᠡ ᠶᠢ ᠭᠤᠷᠪᠡᠨ ᠵᠢᠯ ᠤᠷᠢᠳᠴᠢᠯᠡᠨ ᠪᠡᠶᠡᠯᠡᠬᠦᠯᠦᠨ᠎ᠡ᠃ | ᠠᠭᠠᠷ ᠤᠨ ᠠᠶᠠᠯᠠᠯ ᠤᠨ ᠲᠠᠯ᠎ᠠ ᠪᠠᠷ᠂ ᠲᠦᠩᠯᠢᠶᠥᠥ ᠶᠢᠨ ᠨᠢᠰᠬᠡᠯ ᠤᠨ ᠪᠠᠭᠤᠳᠡᠯ ᠢ ᠦᠷᠭᠡᠳᠭᠡᠨ ᠦᠬᠡᠷᠡᠴᠢᠯᠡᠨ ᠪᠠᠶᠢᠭᠤᠯᠵᠦ᠂ ᠬᠤᠣᠯᠢᠩᠭᠤᠣᠯ ᠤᠨ ᠠᠷᠠᠳ ᠤᠨ | ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ ᠢ ᠠᠰᠢᠭᠯᠡᠯᠳᠡ ᠳᠤ ᠤᠷᠤᠭᠤᠯᠤᠨ᠂ ᠨᠠᠢᠮᠠᠨ ᠬᠦᠷᠢᠶ᠎ᠡ ᠶᠢᠨ ᠨᠡᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠡᠯ ᠢ | ᠡᠬᠢᠯᠡᠨ ᠪᠠᠶᠢᠭᠤᠯᠤᠨ᠎ᠠ᠃ ᠬᠤᠳᠡ ᠶᠢᠨ ᠶᠠᠪᠤᠳᠡᠯ ᠤᠨ ᠲᠠᠯ᠎ᠠ ᠪᠠᠷ᠂ ᠭᠤᠤᠯ ᠬᠤᠳᠡ ᠲᠤᠭᠤᠷᠢᠭ ᠤᠨ ᠴᠡᠪᠡᠷᠯᠡᠭᠰᠡᠨ ᠤᠰᠤ ᠶᠢ ᠪᠤᠴᠠᠭᠠᠨ ᠬᠡᠷᠡᠭᠯᠡᠬᠦ ᠭᠤᠤᠯ | ᠬᠤᠭᠤᠯᠠᠢ ᠶᠢᠨ ᠪᠠᠷᠢᠯᠭ᠎ᠠ ᠶᠢ ᠲᠦᠯᠦᠪᠵᠢᠬᠦᠯᠦᠨ ᠪᠠᠶᠢᠭᠤᠯᠵᠦ᠂ ᠱᠤᠭᠤᠮ ᠲᠠᠭᠠᠤ ᠤᠷᠤᠨ ᠲᠤᠭᠤᠷᠢᠭ ᠤᠨ ᠴᠡᠪᠡᠷᠯᠡᠭᠰᠡᠨ ᠤᠰᠤ ᠶᠢ ᠪᠤᠴᠠᠭᠠᠨ ᠠᠰᠢᠭᠯᠠᠬᠤ ᠶᠢ | ᠠᠬᠢᠭᠤᠯᠤᠨ᠎ᠠ᠃ ᠭᠤᠤᠯ ᠬᠤᠳᠡ ᠲᠤᠭᠤᠷᠢᠭ ᠲᠤ ᠤᠰᠤ ᠬᠠᠩᠭᠠᠬᠤ ᠴᠢᠳᠡᠪᠦᠷᠢ ᠪᠠᠨ ᠲᠡᠭᠡᠭᠰᠢᠯᠡᠬᠦᠯᠵᠦ᠂ ᠰᠢᠨ᠎ᠡ ᠬᠤᠳᠡ ᠲᠤᠭᠤᠷᠢᠭ ᠤᠨ ᠲᠦᠩ ᠰᠢᠨ ᠤᠰᠤᠨ ᠤ | ᠦᠢᠯᠡᠳᠪᠦᠷᠢ ᠶᠢ ᠦᠷᠭᠡᠳᠭᠡᠨ ᠪᠠᠶᠢᠭᠤᠯᠵᠦ᠂ ᠰᠠᠨ ᠢ ᠲᠠᠩ ᠤᠨ ᠤᠰᠤᠨ ᠤ ᠡᠬᠢ ᠶᠢᠨ ᠪᠠᠷᠢᠯᠭ᠎ᠠ ᠶᠢ ᠡᠬᠢᠯᠡᠨ ᠪᠠᠶᠢᠭᠤᠯᠵᠦ᠂ ᠤᠰᠤ ᠬᠠᠩᠭᠠᠬᠤ ᠬᠤᠭᠤᠯᠠᠢ ᠶᠢ | 26 ᠺᠢᠯᠤᠮᠧᠲᠷ ᠲᠡᠪᠢᠰᠦᠨ᠂ ᠰᠠᠭᠤᠭᠠᠯᠢ ᠠᠷᠠᠳ ᠲᠤ ᠤᠰᠤ ᠬᠠᠩᠭᠠᠬᠤ ᠲᠠᠬᠢᠨᠳᠠ ᠲᠠᠷᠣᠯᠳᠠ ᠦᠭᠬᠦ ᠬᠤᠭᠤᠯᠠᠢ ᠶᠢᠨ ᠨᠢᠬᠡᠳᠦᠯᠳᠡᠢ ᠬᠠᠮᠢᠶᠠᠷᠤᠯᠳᠡ ᠶᠢ | ᠴᠢᠩᠭᠠᠳᠬᠠᠨ᠎ᠠ᠃ ᠤᠰᠤᠨ ᠤ ᠴᠢᠨᠡᠷ ᠢ ᠲᠡᠭᠡᠭᠰᠢᠯᠡᠬᠦᠯᠬᠦ ᠪᠠ ᠤᠰᠤ ᠲᠠᠳᠠᠷᠠᠭᠤᠯᠬᠤ ᠬᠤᠭᠤᠯᠠᠢ ᠪᠠᠶᠢᠭᠤᠯᠵᠦ ᠦᠬᠡᠷᠡᠴᠢᠯᠡᠬᠦ ᠪᠠᠷᠢᠯᠭ᠎ᠠ ᠶᠢ ᠦᠷᠬᠦᠯᠵᠢᠯᠡᠨ | ᠬᠡᠷᠡᠭᠵᠢᠬᠦᠯᠦᠨ᠎ᠡ᠃ ᠭᠤᠤᠯ ᠬᠤᠳᠡ ᠲᠤᠭᠤᠷᠢᠭ ᠤᠨ ᠢᠯᠴᠢ ᠬᠠᠩᠭᠠᠬᠤ ᠬᠤᠭᠤᠯᠠᠢ ᠶᠢᠨ ᠬᠤᠯᠪᠣᠯᠴᠠᠨ ᠨᠡᠪᠳᠡᠷᠡᠯᠴᠡᠬᠦ ᠪᠠᠷᠢᠯᠭ᠎ᠠ ᠶᠢ ᠬᠡᠷᠡᠭᠵᠢᠬᠦᠯᠵᠦ᠂ ᠢᠯᠴᠢ | ᠬᠠᠩᠭᠠᠯᠳᠡ᠂ ᠰᠢᠳᠠᠮᠠᠬᠠᠢ ᠬᠡᠢ ᠶᠢᠨ ᠬᠠᠩᠭᠠᠯᠳᠠ ᠶᠢᠨ ᠨᠢᠬᠡ ᠴᠤᠭᠴᠠᠵᠢᠭᠰᠠᠨ ᠲᠠᠪᠴᠠᠩ ᠢ ᠪᠠᠶᠢᠭᠤᠯᠤᠨ᠎ᠠ᠃ ᠭᠠᠵᠠᠷ ᠲᠤᠤᠷᠡᠬᠢ ᠶᠡᠷᠦᠩᠭᠡᠢ ᠬᠤᠭᠤᠯᠠᠢ ᠶᠢᠨ | ᠬᠤᠩᠭᠢᠯ ᠤᠨ ᠪᠠᠷᠢᠯᠭ᠎ᠠ ᠶᠢ ᠢᠳᠡᠪᠬᠢ ᠲᠠᠢ ᠠᠬᠢᠭᠤᠯᠤᠨ᠎ᠠ᠃ ᠡᠨᠧᠷᠬᠢ ᠶᠢᠨ ᠲᠠᠯ᠎ᠠ ᠪᠠᠷ᠂ ᠵᠠᠷᠤᠳ ᠠᠴᠠ ᠴᠢᠩ ᠵᠸᠦ ᠬᠦᠷᠬᠦ±800 ᠺᠢᠯᠤᠸᠤᠯᠲ ᠤᠨ ᠣᠨᠴᠠ | ᠦᠨᠳᠦᠷ ᠲᠠᠷᠤᠯᠳᠡᠳᠦ ᠲᠣᠭᠳᠠᠮᠠᠯ ᠴᠠᠬᠢᠯᠭᠠᠨ ᠲᠠᠮᠵᠢᠭᠤᠯᠬᠤ ᠪᠠᠷᠢᠯᠭ᠎ᠠ ᠶᠢ ᠲᠦᠷᠬᠡᠨ ᠪᠠᠶᠢᠭᠤᠯᠵᠦ᠂ ᠲᠦᠩᠯᠢᠶᠥᠥ ᠠᠴᠠ ᠬᠤᠤᠯᠢᠩᠭᠤᠤᠯ ᠬᠦᠷᠬᠦ ᠪᠠᠶᠢᠭᠠᠯᠢ ᠶᠢᠨ | ᠰᠢᠳᠠᠮᠠᠬᠠᠢ ᠬᠡᠢ ᠶᠢᠨ ᠬᠤᠭᠤᠯᠠᠢ ᠶᠢᠨ ᠲᠦᠷᠦᠯ ᠵᠦᠢᠯ ᠢ ᠬᠡᠷᠡᠭᠵᠢᠬᠦᠯᠵᠦ᠂ ᠵᠠᠬᠠᠨᠠᠭᠤᠷ ᠤᠨ ᠤᠯᠠᠨ ᠡᠨᠧᠷᠬᠢ ᠶᠢᠨ ᠨᠦᠬᠦᠪᠦᠷᠢᠯᠡᠯᠴᠠᠨ ᠬᠤᠷᠠᠵᠣ | ᠰᠢᠯᠢᠳᠡᠭᠵᠢᠬᠦᠯᠦᠭᠰᠡᠨ ᠲᠠᠭᠤᠷᠢᠶᠡᠯ ᠲᠦᠷᠦᠯ ᠵᠦᠢᠯ ᠢ ᠠᠬᠢᠭᠤᠯᠵᠦ᠂ ᠰᠢᠨ᠎ᠡ ᠨᠢᠬᠡ ᠡᠬᠡᠯᠵᠢ ᠶᠢᠨ ᠬᠦᠳᠡᠭᠡ ᠲᠤᠰᠬᠤᠨ ᠤ ᠴᠠᠬᠢᠯᠭᠠᠨ ᠲᠤᠤᠷ ᠢ ᠦᠬᠡᠷᠡᠴᠢᠯᠡᠨ ᠲᠡᠰ | ᠲᠡᠪᠰᠢᠬᠦᠯᠬᠦ ᠪᠠᠷᠢᠯᠭ᠎ᠠ ᠶᠢ ᠬᠡᠷᠡᠭᠵᠢᠬᠦᠯᠦᠨ᠎ᠡ᠃ ᠰᠤᠷᠠᠭ ᠵᠠᠩᠭᠢ ᠴᠢᠮᠡᠭᠡ ᠨᠡᠪᠳᠡᠷᠡᠬᠦᠯᠬᠡ ᠶᠢᠨ ᠲᠠᠯ᠎ᠠ ᠪᠠᠷ᠂ ᠤᠷᠢᠳᠡᠪᠡᠷ ᠲᠦᠯᠦᠪᠵᠢᠬᠦᠯᠦᠨ᠂ ᠡᠬᠢ ᠪᠠᠶᠠᠯᠢᠭ ᠢ | ᠬᠠᠮᠳᠤ ᠪᠠᠷ ᠡᠳ᠋ᠯᠡᠬᠦ᠂ ᠠᠯᠬᠤᠮ ᠬᠤᠪᠢᠶᠠᠨ ᠬᠡᠷᠡᠭᠵᠢᠬᠦᠯᠬᠦ ᠵᠠᠷᠴᠢᠮ ᠢ ᠪᠠᠷᠢᠮᠳᠡᠯᠡᠨ᠂ ᠤᠶᠤᠨᠴᠢ ᠬᠤᠳᠡ ᠶᠢ ᠪᠠᠶᠢᠭᠤᠯᠵᠦ᠂ ︽ᠭᠤᠷᠪᠡᠨ ᠰᠦᠯᠵᠢᠶ᠎ᠡ ᠶᠢᠨ | ᠠᠭᠤᠰᠣᠯᠴᠠᠭ᠎ᠠ︾ ᠶᠢ ᠠᠬᠢᠭᠤᠯᠵᠦ᠂ ︽ᠦᠷᠭᠡᠨ ᠪᠦᠰᠡᠳᠦ ᠲᠤᠮᠳᠡᠳᠦ ᠤᠯᠤᠰ︾ ᠤᠨ ᠲᠠᠭᠤᠷᠢᠶᠡᠯ ᠬᠤᠳᠡ ᠶᠢᠨ ᠪᠠᠶᠢᠭᠤᠯᠤᠯᠳᠡ ᠶᠢ ᠠᠬᠢᠭᠤᠯᠵᠦ᠂ ᠰᠤᠷᠠᠭ | ᠵᠠᠩᠭᠢᠵᠢᠯᠳᠡ ᠪᠠᠷ ᠠᠵᠦ ᠠᠬᠤᠢ ᠨᠡᠶᠢᠬᠡᠮ ᠤᠨ ᠲᠠᠪᠠᠯᠳᠠ ᠲᠠᠢ ᠬᠦᠭᠵᠢᠯᠳᠡ ᠶᠢ ᠦᠨᠡᠨᠬᠦ ᠬᠦᠳᠦᠯᠦᠨ ᠲᠠᠶᠢᠴᠢᠯᠠᠨ᠎ᠠ᠃ | ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢ ᠶᠡᠬᠡᠪᠡᠷ ᠬᠦᠭᠵᠢᠬᠦᠯᠦᠨ᠎ᠡ᠃ ᠣᠯᠣᠰ ᠪᠠ ᠦᠪᠡᠷᠳᠡᠭᠡᠨ ᠵᠠᠰᠠᠬᠤ ᠤᠷᠤᠨ ᠤ ᠨᠡᠶᠢᠳᠡ ᠶᠢᠨ | ᠦᠮᠴᠢᠯᠡᠯ ᠤᠨ ᠪᠤᠰᠤ ᠠᠵᠦ ᠠᠬᠤᠢ ᠶᠢᠨ ᠲᠦᠷᠭᠡᠨ ᠬᠦᠭᠵᠢᠯᠳᠡ ᠶᠢ ᠵᠤᠷᠢᠭᠵᠢᠭᠤᠯᠤᠨ ᠲᠡᠮᠵᠢᠭᠰᠡᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠠᠪᠴᠢᠯ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠡᠯ᠎ᠡ ᠵᠦᠢᠯ ᠤᠨ ᠦᠵᠡᠯ ᠰᠠᠨᠠᠭᠠᠨ ᠤ ᠬᠠᠷᠰᠢ ᠰᠠᠭᠠᠳ ᠪᠤᠯᠤᠨ ᠪᠠᠶᠢᠭᠤᠯᠤᠮᠵᠢ ᠶᠢᠨ ᠬᠠᠷᠰᠢ ᠰᠠᠭᠠᠳ ᠢ ᠡᠷᠡᠰ ᠠᠷᠢᠯᠭᠠᠨ | ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠪᠠᠷ ᠶᠡᠭᠡ ᠶᠢ ᠲᠤᠯᠭᠠᠭᠤᠷᠢᠯᠡᠭᠤᠯᠤᠨ᠂ ᠬᠦᠨᠳᠦ ᠶᠢ ᠡᠬᠦᠷᠬᠡᠯᠡᠬᠦᠯᠵᠦ᠂ ᠬᠤᠪᠢ ᠨᠡᠮᠡᠬᠦᠷᠢ ᠦᠵᠡᠬᠦᠯᠦᠨ᠎ᠡ᠃ | ᠰᠢᠨ᠎ᠡ ᠮᠠᠶ᠋ᠢᠭ ᠤᠨ ᠵᠠᠰᠠᠭ ᠤᠨ ᠤᠷᠳᠤᠨ ᠪᠤᠯᠤᠨ ᠠᠷᠠᠯᠵᠢᠶᠠᠴᠢᠨ ᠤ ᠬᠠᠷᠢᠴᠠᠭ᠎ᠠ ᠪᠠᠶᠢᠭᠤᠯᠵᠦ᠂ ᠺᠠᠳ᠋ᠷ ᠤᠨ ᠠᠵᠦ ᠠᠬᠤᠶᠢᠯᠠᠯ ᠳᠤ ᠦᠢᠯᠡᠴᠢᠯᠡᠬᠦ ᠦᠢᠯᠡ | ᠠᠵᠢᠯᠯᠠᠭ᠎ᠠ ᠶᠢ ᠵᠠᠬ᠎ᠠ ᠲᠡᠯᠬᠡᠬᠦᠷ ᠵᠤᠬᠢᠶᠠᠨ ᠪᠠᠶᠢᠭᠤᠯᠤᠨ ᠬᠦᠭᠵᠢᠬᠦᠯᠬᠦ ᠲᠤᠭᠳᠠᠴᠠ ᠪᠤᠯᠭᠠᠨ ᠬᠤᠪᠢᠷᠠᠭᠤᠯᠵᠦ᠂ ᠨᠡᠶᠢᠳᠡ ᠳᠤ ᠠᠰᠢᠭ ᠲᠠᠢ᠂ ᠬᠤᠪᠢᠨ ᠳᠠᠭᠠᠨ | ᠵᠤᠪᠠᠨᠢᠯ ᠦᠭᠡᠢ ᠲᠦᠷᠢᠮ ᠤᠨ ᠲᠤᠭᠳᠠᠯᠴᠠᠭ᠎ᠠ ᠪᠠᠶᠢᠭᠤᠯᠤᠨ᠎ᠡ᠃ ᠬᠤᠳᠠ ᠬᠤᠰᠢᠭᠤ ᠶᠢᠨ ᠬᠤᠶᠠᠷ ᠱᠠᠳᠣᠨ ᠤ ᠣᠳᠣᠷᠢᠳᠣᠯᠭ᠎ᠠ ᠰᠢᠯᠢᠳᠡᠭ ᠠᠵᠣ ᠠᠬᠤᠶᠢᠯᠠᠯ ᠢ | ᠲᠠᠭᠠᠭᠠᠨ ᠬᠤᠯᠪᠣᠭᠠᠯᠠᠨ ᠦᠢᠯᠡᠴᠢᠯᠡᠵᠦ᠂ ᠠᠵᠦ ᠠᠬᠤᠶᠢᠯᠡᠯᠳᠡᠨ ᠳᠤ ᠲᠠᠭ᠎ᠠ ᠲᠠᠢ ᠡᠵᠡᠩᠨᠠᠵᠣ ᠰᠠᠨᠠᠭ᠎ᠠ ᠠᠮᠦᠷ ᠪᠡᠯᠡ ᠤᠷᠤᠭᠤᠯᠬᠤ ᠴᠢᠯᠦᠬᠡᠳᠡᠢ ᠤᠷᠴᠢᠨ ᠡᠬᠦᠳᠦᠨ᠎ᠠ | ᠃ ᠪᠣᠳᠠᠳᠣ ᠴᠣᠭᠴᠠᠳᠣ ᠠᠵᠣ ᠠᠬᠤᠢ ᠶᠢ ᠭᠤᠣᠯᠳᠠᠯᠭ᠎ᠠ ᠲᠠᠢ ᠮᠠᠨᠳᠣᠭᠤᠯᠵᠣ᠂ ︽ᠠᠵᠦ ᠠᠬᠤᠶᠢᠯᠠᠯ ᠪᠤᠯᠤᠨ ᠠᠵᠦ ᠠᠬᠤᠶᠢᠯᠠᠯᠳᠡᠨ ᠬᠦᠮᠦᠵᠢᠬᠦᠯᠬᠦ ᠢᠨᠵᠧᠨᠧᠷᠢᠩ︾ | ᠢ ᠬᠡᠷᠡᠭᠵᠢᠬᠦᠯᠵᠦ᠂ ᠮᠦᠩᠭᠦᠨ ᠬᠦᠢᠯᠬᠡᠬᠡᠨ ᠤ ᠢᠳᠡᠬᠡᠮᠵᠢ ᠶᠢᠨ ᠵᠢᠬᠡᠯᠡᠯᠬᠡ᠂ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠡ᠂ ᠴᠢᠳᠡᠪᠦᠷᠢᠳᠡᠨ ᠤ ᠬᠦᠮᠦᠵᠢᠯ᠂ | ᠦᠢᠯᠡᠳᠪᠦᠷᠢᠯᠡᠯ ᠤᠨ ᠡᠯᠧᠮᠧᠨ᠋ᠲ ᠤᠨ ᠲᠣᠬᠢᠷᠠᠭᠤᠯᠣᠯᠳᠠ ᠵᠡᠷᠬᠡ ᠲᠦᠷᠦ ᠶᠢᠨ ᠪᠤᠳᠤᠯᠭ᠎ᠠ ᠶᠢᠨ ᠲᠡᠮᠵᠢᠯᠬᠡ ᠪᠠᠨ ᠴᠢᠩᠭᠠᠳᠬᠠᠨ᠂ ᠨᠢᠬᠡ ᠪᠦᠯᠦᠭ ᠲᠤᠯᠤᠭᠠᠶᠢᠯᠠᠭᠴᠢ | ᠠᠵᠦ ᠠᠬᠤᠶᠢᠯᠠᠯ᠂ ᠰᠢᠨ᠎ᠡ ᠡᠬᠦᠳᠦᠯᠳᠡ ᠶᠢᠨ ᠲᠣᠮᠳᠠ ᠵᠢᠵᠢᠭ ᠠᠵᠣ ᠠᠬᠤᠶᠢᠯᠠᠯ ᠢ ᠪᠣᠶᠢᠵᠢᠭᠤᠯᠵᠣ᠂ ᠨᠤᠳᠤᠭ ᠤᠨ ᠠᠵᠦ ᠠᠬᠤᠶᠢᠯᠠᠯ ᠪᠤᠯᠤᠨ ᠭᠠᠳᠠᠨᠠᠬᠢ ᠠᠵᠦ | ᠠᠬᠤᠶᠢᠯᠠᠯ ᠤᠨ ᠡᠷᠭᠡ ᠲᠡᠭᠰᠢ ᠦᠷᠢᠰᠦᠯᠳᠤᠨ᠂ ᠲᠤᠮᠤ ᠲᠤᠮᠳᠡ ᠵᠢᠵᠢᠭ ᠠᠵᠦ ᠠᠬᠤᠶᠢᠯᠠᠯ ᠦᠷᠢᠰᠦᠯᠳᠤᠨ ᠬᠦᠭᠵᠢᠬᠦ ᠶᠢ ᠠᠬᠢᠭᠤᠯᠤᠨ᠎ᠠ᠃ ᠠᠵᠦ ᠠᠬᠤᠶᠢᠯᠠᠯ | ᠳᠤᠨᠢ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠬᠦᠯᠵᠦ᠂ ᠨᠢᠬᠡ ᠠᠵᠦ ᠠᠬᠤᠶᠢᠯᠠᠯ ᠳᠤ ᠨᠢᠬᠡ ᠠᠷᠭ᠎ᠠ ᠪᠤᠳᠤᠯᠭ᠎ᠠ ᠠᠪᠴᠦ᠂ ᠦᠢᠯᠡᠳᠪᠦᠷᠢᠯᠡᠭᠰᠡᠨ ᠠᠵᠣ | ᠠᠬᠤᠶᠢᠯᠠᠯ ᠤᠨ ᠦᠢᠯᠡᠳᠪᠦᠷᠢᠯᠡᠯ ᠤᠨ ᠦᠷ᠎ᠡ ᠠᠰᠢᠭ ᠢ ᠬᠦᠴᠦᠳᠡᠢ ᠠᠬᠢᠭᠤᠯᠣᠨ᠎ᠠ᠃ ᠠᠵᠦ ᠠᠬᠤᠶᠢᠯᠠᠯ ᠢ ᠬᠦᠳᠦᠯᠦᠨ ︽ᠲᠠᠷᠬᠠᠨ︾ ᠤ ᠵᠣᠷᠢᠭ ᠰᠠᠨᠠᠭ᠎ᠠ ᠶᠢ | ᠪᠠᠳᠠᠷᠠᠭᠤᠯᠵᠦ᠂ ᠶᠠᠰᠤ ᠴᠢᠨᠡᠷ ᠢᠶᠠᠨ ᠲᠡᠭᠡᠭᠰᠢᠯᠡᠬᠦᠯᠬᠦ ᠠᠵᠢᠯᠯᠠᠭ᠎ᠠ ᠦᠷᠨᠢᠬᠦᠯᠵᠦ᠂ ᠬᠤᠳᠠ ᠶᠢᠨ ᠲᠠᠷᠤᠭ᠎ᠠ ᠶᠢᠨ ᠴᠢᠨᠠᠷ ᠴᠢᠨᠰᠠᠭ᠎ᠠ ᠶᠢᠨ ᠱᠠᠩᠨᠠᠯ ᠤᠨ | ᠵᠣᠷᠢᠭᠵᠢᠭᠤᠯᠣᠯ ᠤᠨ ᠦᠢᠯᠡᠳᠦᠯ ᠢ ᠪᠠᠳᠠᠷᠠᠭᠤᠯᠵᠣ᠂ ᠠᠵᠣ ᠠᠬᠤᠶᠢᠯᠠᠯ ᠤᠨ ᠴᠢᠨᠠᠷ ᠴᠢᠨᠰᠠᠭ᠎ᠠ ᠶᠢᠨ ᠲᠣᠭᠳᠠᠯᠴᠠᠭ᠎ᠠ ᠶᠢᠨ ᠦᠨᠡᠯᠡᠯᠳᠡ ᠦᠷᠨᠢᠬᠦᠯᠬᠦ ᠶᠢ ᠠᠬᠢᠭᠤᠯᠣᠨ᠎ᠠ᠃ | ᠲᠦᠷᠦᠯ ᠲᠡᠮᠳᠡᠭ ᠤᠨ ᠪᠠᠶᠢᠯᠳᠣᠬᠤ ᠪᠣᠳᠣᠯᠭ᠎ᠠ ᠬᠡᠷᠡᠭᠵᠢᠬᠦᠯᠵᠦ᠂ ᠬᠤᠰᠢᠭᠤ ᠰᠢᠶᠠᠨ ᠨᠢᠬᠡᠪᠦᠷᠢ ᠨᠢᠬᠡ ᠠᠴᠠ ᠲᠡᠬᠡᠭᠰᠢ ᠲᠠᠸᠠᠷ ᠤᠨ ᠲᠡᠮᠳᠡᠭ ᠰᠢᠨ᠎ᠡ ᠨᠡᠮᠡᠭᠳᠡᠬᠦᠯᠵᠦ᠂ | ᠬᠦᠷᠢᠶ᠎ᠡ ᠶᠢᠨ ᠮᠤᠩᠭᠤᠯ ᠡᠮ ᠵᠡᠷᠬᠡ ᠠᠵᠣ ᠠᠬᠤᠶᠢᠯᠠᠯ ᠨᠡᠷᠡᠳᠦ ᠲᠠᠸᠠᠷ ᠤᠨ ᠲᠡᠮᠳᠡᠭ ᠡᠬᠦᠳᠬᠦ ᠶᠢ ᠲᠡᠮᠵᠢᠨ᠎ᠡ᠃ | ᠰᠢᠨ᠎ᠡ ᠡᠬᠦᠳᠦᠯᠳᠡ ᠪᠠᠷ ᠬᠦᠳᠡᠯᠬᠡᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠎ᠡ᠃ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠡ ᠶᠢᠨ ᠬᠦᠳᠦᠯᠤᠨ | ᠲᠠᠭᠠᠭᠤᠯᠬᠤ ᠦᠢᠯᠡᠳᠦᠯ ᠢ ᠪᠠᠳᠠᠷᠠᠭᠤᠯᠤᠨ᠂ ᠵᠠᠬ᠎ᠠ ᠲᠡᠯᠬᠡᠬᠦᠷ ᠢᠶᠠᠷ ᠤᠳᠤᠷᠢᠳᠤᠮᠵᠢ ᠪᠤᠯᠭᠠᠵᠦ᠂ ᠠᠵᠣ ᠠᠬᠤᠶᠢᠯᠠᠯ ᠢᠶᠠᠷ ᠭᠤᠣᠯ ᠴᠣᠭᠴᠠ ᠪᠣᠯᠭᠠᠨ ᠠᠵᠣ ᠦᠢᠯᠡᠰ | ᠰᠣᠷᠭᠠᠭᠤᠯᠢ ᠰᠣᠳᠣᠯᠣᠯ ᠤᠨ ᠪᠠᠶᠢᠭᠤᠯᠭ᠎ᠠ ᠬᠡᠷᠡᠭᠯᠡᠭᠡ ᠣᠶᠠᠯᠳᠣᠭᠰᠠᠨ ᠰᠢᠨᠵᠢᠯᠡᠭᠡ ᠮᠡᠷᠬᠡᠵᠢᠯ ᠤᠨ ᠦᠷ᠎ᠡ ᠪᠦᠳᠦᠬᠡᠯ ᠢ ᠬᠤᠪᠢᠷᠠᠭᠤᠯᠣᠨ ᠲᠡᠯᠬᠡᠷᠡᠬᠦᠯᠬᠦ | ᠲᠣᠭᠳᠠᠯᠴᠠᠭ᠎ᠠ ᠶᠢ ᠲᠦᠷᠬᠡᠨ ᠪᠠᠶᠢᠭᠤᠯᠣᠨ᠎ᠠ᠃ ᠰᠢᠨᠵᠢᠯᠡᠭᠡ ᠮᠡᠷᠬᠡᠵᠢᠯ ᠤᠨ ᠱᠠᠩᠨᠠᠯ ᠨᠦᠬᠦᠪᠦᠷᠢ ᠶᠢᠨ ᠲᠦᠷᠦ ᠶᠢᠨ ᠪᠣᠳᠣᠯᠭ᠎ᠠ ᠪᠠᠨ ᠲᠡᠬᠦᠯᠳᠡᠷᠵᠢᠬᠦᠯᠵᠦ᠂ ᠰᠢᠨᠵᠢᠯᠡᠭᠡ | ᠮᠡᠷᠬᠡᠵᠢᠯ ᠤᠨ ᠰᠣᠳᠣᠯᠭᠠᠨ ᠤ ᠠᠵᠢᠯᠳᠠᠳ ᠤᠨ ᠰᠢᠨ᠎ᠡ ᠶᠢ ᠡᠬᠦᠳᠦᠨ ᠦᠢᠯᠡᠰ ᠪᠦᠳᠦᠬᠡᠬᠦ ᠶᠢ ᠵᠣᠷᠢᠭᠵᠢᠭᠤᠯᠵᠣ᠂ ᠠᠵᠣ ᠠᠬᠤᠶᠢᠯᠠᠯ ᠲᠡᠬᠡᠳᠦ ᠰᠢᠨ᠎ᠡ ᠮᠡᠷᠬᠡᠵᠢᠯ | ᠬᠡᠷᠡᠭᠯᠡᠬᠦ ᠶᠢ ᠲᠠᠮᠵᠢᠨ᠎ᠠ᠃ ᠮᠤᠩᠭᠤᠯ ᠡᠮ ᠡᠮᠨᠡᠯᠬᠡ ᠶᠢᠨ ᠤᠯᠤᠰ ᠤᠨ ᠲᠡᠰ ᠤᠨ ᠭᠤᠤᠯᠳᠠᠯᠭᠠᠳᠦ ᠲᠤᠷᠰᠢᠯᠳᠡ ᠶᠢᠨ ᠲᠠᠰᠤᠭ ᠵᠡᠷᠭᠡ ᠰᠢᠨ᠎ᠡ ᠶᠢ ᠡᠬᠦᠳᠬᠦ ᠲᠡᠪᠴᠠᠩ | ᠤᠨ ᠪᠠᠶᠢᠭᠤᠯᠤᠯᠳᠡ ᠶᠢ ᠴᠢᠩᠭᠠᠳᠬᠠᠵᠦ᠂ ᠬᠦᠩᠬᠡᠨ ᠴᠠᠭᠠᠨ ᠤ ᠰᠢᠨ᠎ᠡ ᠮᠠᠲ᠋ᠧᠷᠢᠶᠠᠯ᠂ ᠮᠣᠩᠭᠤᠯ ᠡᠮ ᠡᠮᠨᠡᠯᠬᠡ ᠵᠡᠷᠬᠡ ᠭᠤᠣᠯᠳᠠᠯᠭᠠᠳᠣ ᠬᠦᠷᠢᠶ᠎ᠡ ᠬᠡᠪᠴᠢᠶ᠎ᠠ ᠳᠤ | ᠮᠡᠷᠬᠡᠵᠢᠯ ᠤᠨ ᠰᠢᠪᠳᠣᠯᠣᠯᠳᠠ ᠬᠢᠵᠦ᠂ ᠲᠡᠬᠡᠳᠦ ᠰᠢᠨ᠎ᠡ ᠮᠡᠷᠬᠡᠵᠢᠯ ᠤᠨ ᠠᠵᠦ ᠠᠬᠤᠶᠢᠯᠠᠯ ᠢ ᠪᠤᠶᠢᠵᠢᠭᠤᠯᠣᠨ ᠮᠡᠳᠡᠬᠦᠯᠣᠨᠠ᠃ ᠦᠪᠡᠷᠳᠡᠭᠡᠨ ᠵᠠᠰᠠᠬᠤ ᠤᠷᠤᠨ ᠤ | ᠲᠡᠰ ᠤᠨ ᠲᠡᠬᠡᠳᠦ ᠰᠢᠨ᠎ᠡ ᠮᠡᠷᠬᠡᠵᠢᠯ ᠤᠨ ᠬᠤᠷᠤᠭ᠎ᠠ ᠶᠢ ᠢᠳᠡᠪᠬᠢᠳᠡᠢ ᠡᠬᠦᠳᠦᠨ ᠪᠠᠶᠢᠭᠤᠯᠣᠨ᠎ᠠ᠃ ᠦᠪᠦᠷ ᠮᠣᠩᠭᠤᠯ ᠤᠨ ᠦᠨᠳᠦᠰᠦᠳᠡᠨ ᠤ ᠶᠡᠭᠡ ᠰᠣᠷᠭᠠᠭᠤᠯᠢ | ᠵᠡᠷᠬᠡ ᠣᠷᠣᠨ ᠤ ᠲᠣᠳᠣᠷᠠᠬᠢ ᠲᠡᠬᠡᠳᠦ ᠰᠣᠷᠭᠠᠭᠤᠯᠢ ᠪᠠ ᠰᠣᠳᠣᠯᠣᠯ ᠤᠨ ᠭᠠᠵᠠᠷ ᠯᠤᠭ᠎ᠠ ᠶᠢᠨ ᠬᠠᠮᠵᠢᠯᠴᠠᠭ᠎ᠠ ᠪᠠᠨ ᠬᠦᠵᠬᠡᠶᠢᠷᠡᠬᠦᠯᠵᠦ᠂ ᠴᠢᠩ ᠬᠤᠸᠠ ᠶᠡᠭᠡ | ᠰᠤᠷᠭᠠᠭᠤᠯᠢ᠂ ᠬᠢᠷᠢᠨ ᠤ ᠶᠡᠭᠡ ᠰᠤᠷᠭᠠᠭᠤᠯᠢ᠂ ᠲᠣᠮᠳᠠᠳᠣ ᠣᠯᠣᠰ ᠤᠨ ᠲᠠᠷᠢᠶᠠᠯᠠᠩ ᠤᠨ ᠶᠡᠭᠡ ᠰᠣᠷᠭᠠᠭᠤᠯᠢ᠂ ᠵᠡᠬᠦᠨ ᠬᠤᠶᠢᠳᠦ ᠶᠢᠨ ᠶᠡᠭᠡ ᠰᠤᠷᠭᠠᠭᠤᠯᠢ ᠵᠡᠷᠬᠡ | ᠲᠡᠬᠡᠳᠦ ᠰᠣᠷᠭᠠᠭᠤᠯᠢ ᠪᠠ ᠰᠣᠳᠣᠯᠣᠯ ᠤᠨ ᠭᠠᠵᠠᠷ ᠤᠨ ᠪᠠᠶᠢᠯᠳᠣᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠨ᠎ᠠ᠃ ᠤᠯᠠᠨ ᠢᠶᠠᠷ ᠢᠶᠠᠨ ᠦᠢᠯᠡᠰ ᠪᠤᠰᠬᠠᠨ | ᠲᠦᠮᠡᠨ ᠢᠶᠠᠷ ᠢᠶᠠᠨ ᠰᠢᠨ᠎ᠡ ᠡᠬᠦᠳᠬᠦ ᠶᠢ ᠠᠬᠢᠭᠤᠯᠵᠣ᠂ ᠡᠯ᠎ᠡ ᠱᠠᠳᠣᠨ ᠤ ᠡᠯ᠎ᠡ ᠲᠦᠷᠦᠯ ᠤᠨ ᠦᠢᠯᠡᠰ ᠪᠦᠳᠦᠬᠡᠬᠦ ᠨᠡᠪᠴᠢᠬᠦᠯᠦᠯᠳᠡ ᠶᠢᠨ ᠭᠠᠵᠠᠷ ᠪᠠ ᠤᠯᠠᠨ ᠢᠶᠠᠷ | ᠢᠶᠠᠨ ᠦᠢᠯᠡᠰ ᠪᠤᠰᠬᠠᠬᠤ ᠤᠷᠤᠨ ᠵᠠᠢ ᠪᠠᠶᠢᠭᠤᠯᠵᠣ᠂ ᠦᠢᠯᠡᠰ ᠪᠦᠳᠦᠬᠡᠬᠦ ᠪᠠᠷᠢᠮᠵᠢᠶ᠎ᠠ ᠨᠡᠪᠴᠢᠬᠦᠯᠦᠯᠳᠡ ᠶᠢᠨ ᠬᠤᠷᠤᠭ᠎ᠠ ᠪᠠᠶᠢᠭᠤᠯᠵᠣ᠂ ︽ᠢᠨᠲ᠋ᠧᠷ ᠰᠦᠯᠵᠢᠶ᠎ᠡ +︾ | ᠦᠢᠯᠡᠰ ᠪᠦᠳᠦᠬᠡᠬᠦ ᠬᠤᠷᠤᠭ᠎ᠠ ᠶᠢᠨ ᠬᠦᠭᠵᠢᠬᠦᠯᠦᠯᠳᠡ ᠶᠢ ᠲᠡᠮᠵᠢᠵᠣ᠂ ᠭᠡᠷ ᠪᠦᠯᠢ ᠶᠢᠨ ᠦᠢᠯᠡᠴᠢᠯᠡᠬᠡᠨ ᠤ ᠦᠢᠯᠡᠰ ᠤᠨ ᠤᠯᠠᠨ ᠨᠡᠶᠢᠳᠡ ᠶᠢᠨ ᠦᠢᠯᠡᠴᠢᠯᠡᠬᠡᠨ ᠤ | ᠲᠡᠪᠴᠠᠩ᠂ ᠰᠢᠨ᠎ᠡ ᠡᠬᠦᠳᠦᠯᠳᠡ ᠶᠢᠨ ᠰᠣᠶᠣᠯ ᠢ ᠪᠣᠶᠢᠵᠢᠭᠤᠯᠵᠣ᠂ ᠪᠦᠬᠦ ᠨᠡᠶᠢᠬᠡᠮ ᠤᠨ ᠰᠢᠨ᠎ᠡ ᠶᠢ ᠡᠬᠦᠳᠦᠨ ᠦᠢᠯᠡᠰ ᠪᠣᠰᠬᠠᠬᠤ ᠠᠮᠢᠯᠠᠯ ᠤᠨ ᠬᠦᠴᠦᠨ ᠢ | ᠪᠠᠳᠠᠷᠠᠭᠤᠯᠣᠨ᠎ᠠ᠃ | ︵ᠬᠤᠶᠠᠷ︶ ᠬᠠᠩᠭᠠᠯᠭ᠎ᠠ ᠶᠢᠨ ᠪᠦᠳᠦᠴᠠ ᠶᠢᠨ ᠴᠢᠨᠡᠷ ᠲᠠᠢ ᠦᠬᠡᠷᠡᠴᠢᠯᠡᠯᠳᠡ ᠶᠢ ᠬᠦᠨᠵᠡᠬᠡᠢ ᠠᠬᠢᠭᠤᠯᠤᠨ᠎ᠠ | ︽ᠭᠤᠷᠪᠠ ᠪᠠᠭᠠᠰᠬᠠᠬᠤ ᠨᠢᠬᠡ ᠪᠠᠭᠤᠷᠠᠭᠤᠯᠬᠤ ᠨᠢᠬᠡ ᠨᠦᠬᠦᠪᠦᠷᠢᠯᠡᠬᠦ︾ ᠠᠵᠢᠯ ᠤᠨ ᠡᠷᠴᠢᠮ ᠢᠶᠠᠨ ᠦᠷᠬᠦᠯᠵᠢᠯᠡᠨ ᠶᠡᠬᠡᠰᠬᠡᠵᠦ᠂ ᠬᠠᠩᠭᠠᠯᠭ᠎ᠠ ᠬᠡᠷᠡᠭᠴᠡᠭᠡ | ᠶᠢᠨ ᠬᠠᠷᠢᠴᠠᠭ᠎ᠠ ᠶᠢᠨ ᠰᠢᠨ᠎ᠡ ᠪᠠᠶᠢᠳᠡᠯ ᠤᠨ ᠲᠠᠩᠴᠡᠬᠦᠷᠢ ᠶᠢ ᠴᠢᠷᠮᠡᠶᠢᠨ ᠪᠡᠶᠡᠯᠡᠬᠦᠯᠵᠦ᠂ ᠠᠵᠦ ᠠᠬᠤᠢ ᠶᠢᠨ ᠬᠦᠭᠵᠢᠯᠳᠡ ᠶᠢᠨ ᠶᠠᠰᠤ ᠴᠢᠨᠡᠷ ᠪᠤᠯᠤᠨ ᠦᠷ᠎ᠡ ᠠᠰᠢᠭ | ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ | ᠦᠢᠯᠡᠳᠪᠦᠷᠢᠯᠡᠯ ᠤᠨ ᠴᠢᠳᠡᠪᠦᠷᠢ ᠶᠢ ᠲᠣᠭᠳᠠᠭᠤᠨ ᠪᠦᠬᠡᠳ ᠡᠮᠬᠢ ᠴᠡᠭᠴᠡ ᠲᠠᠢ ᠪᠠᠭᠠᠰᠬᠠᠨ᠎ᠠ᠃ ᠤᠷᠴᠢᠨ ᠲᠤᠭᠤᠷᠢᠨ ᠤ ᠬᠠᠮᠠᠭᠠᠯᠠᠯᠳᠡ᠂ ᠡᠨᠧᠷᠬᠢ ᠶᠢᠨ | ᠬᠤᠷᠤᠭᠳᠡᠯ᠂ ᠶᠠᠰᠦ ᠴᠢᠨᠡᠷ᠂ ᠠᠶᠤᠯᠬᠦᠢ ᠵᠡᠷᠭᠡ ᠬᠤᠯᠪᠤᠭᠳᠡᠯ ᠪᠦᠬᠦᠢ ᠬᠠᠤᠯᠢ ᠴᠠᠭᠠᠵᠠ ᠬᠠᠤᠯᠢ ᠲᠦᠷᠢᠮ ᠪᠤᠯᠤᠨ ᠪᠠᠷᠢᠮᠵᠢᠶ᠎ᠡ ᠶᠢ ᠴᠢᠩᠭ᠎ᠠ ᠭᠡᠷᠡᠭᠵᠢᠬᠦᠯᠵᠦ᠂ ᠠᠵᠦ | ᠠᠬᠤᠶᠢᠯᠠᠯ ᠤᠨ ᠨᠡᠶᠢᠯᠡᠵᠦ ᠲᠠᠬᠢᠨ ᠪᠦᠯᠦᠭᠯᠡᠬᠦ ᠶᠢ ᠵᠤᠷᠢᠭᠵᠢᠭᠤᠯᠵᠦ᠂ ᠲᠤᠤᠷ᠎ᠡ ᠲᠡᠰ ᠤᠨ ᠬᠤᠴᠤᠷᠠᠩᠭᠤᠢ ᠦᠢᠯᠡᠳᠪᠦᠷᠢᠯᠡᠯ ᠤᠨ ᠴᠢᠳᠡᠪᠦᠷᠢ ᠶᠢ ᠬᠠᠰᠣᠵᠣ᠂ | ᠲᠡᠷᠢᠬᠦᠨ ᠤ ᠦᠢᠯᠡᠳᠪᠦᠷᠢᠯᠡᠯ ᠤᠨ ᠴᠢᠳᠡᠪᠦᠷᠢ ᠪᠤᠯᠤᠨ ᠪᠦᠳᠦᠮᠵᠢᠳᠡᠢ ᠬᠠᠩᠭᠠᠯᠭ᠎ᠠ ᠳᠤ ᠤᠷᠤᠨ ᠵᠠᠢ ᠭᠠᠷᠭᠠᠨ ᠦᠭᠴᠦ᠂ ᠦᠪᠡᠷᠳᠡᠬᠡᠨ ᠵᠠᠰᠠᠬᠤ ᠣᠷᠣᠨ ᠤ | ᠪᠠᠭᠤᠯᠭᠠᠭᠰᠠᠨ ᠨᠡᠬᠦᠷᠡᠰᠦ ᠶᠢᠨ ᠦᠢᠯᠡᠳᠪᠦᠷᠢᠯᠡᠯ ᠤᠨ ᠴᠢᠳᠠᠪᠣᠷᠢ ᠶᠢ ᠪᠠᠭᠤᠷᠠᠭᠤᠯᠬᠤ ᠡᠬᠦᠷᠬᠡ ᠶᠢ ᠪᠡᠶᠡᠯᠡᠬᠦᠯᠵᠦ᠂ ᠲᠦᠬᠦᠬᠡᠢ ᠬᠦᠩᠬᠡᠨ ᠴᠠᠭᠠᠨ ᠢ ᠲᠤᠬᠠᠢ ᠶᠢᠨ | ᠭᠠᠵᠠᠷ ᠲᠤᠨᠢ ᠬᠤᠪᠢᠷᠠᠭᠤᠯᠬᠤ ᠨᠤᠷᠮ᠎ᠠ ᠶᠢ 80% ᠲᠠᠪᠠᠭᠤᠯᠵᠣ᠂ ᠬᠦᠴᠢᠯ ᠴᠡᠪᠡᠦ ᠡᠮ ᠵᠡᠷᠭᠡ ᠡᠷᠳᠡᠨᠢ ᠰᠢᠰᠢ ᠶᠢ ᠨᠠᠷᠢᠯᠢᠭ ᠪᠤᠯᠪᠠᠰᠤᠷᠠᠭᠤᠯᠬᠤ ᠦᠢᠯᠡᠳᠪᠦᠷᠢᠯᠡᠯ | ᠤᠨ ᠴᠢᠳᠡᠪᠦᠷᠢ ᠶᠢ 300 ᠲᠦᠮᠡᠨ ᠲᠤᠨ ᠬᠦᠷᠭᠡᠨ᠎ᠠ᠃ | ᠤᠯᠠᠨ ᠠᠷᠭ᠎ᠠ ᠶᠢ ᠵᠡᠷᠭᠡᠪᠡᠷ ᠬᠡᠷᠡᠭᠯᠡᠨ ᠬᠠᠳᠠᠭᠠᠯᠠᠮᠵᠢ ᠶᠢ ᠪᠠᠭᠠᠰᠬᠠᠨ᠎ᠠ᠃ ᠭᠠᠵᠠᠷ ᠰᠢᠷᠦᠢ᠂ ᠮᠦᠩᠭᠦᠨ ᠬᠦᠢᠯᠬᠡᠬᠡᠨ ᠵᠡᠷᠭᠡ ᠠᠷᠭ᠎ᠠ ᠶᠢ ᠶᠡᠷᠦᠩᠭᠡᠶᠢᠯᠡᠨ | ᠬᠡᠷᠡᠭᠯᠡᠵᠦ᠂ ᠪᠠᠳᠣᠯᠠᠭ᠎ᠠ ᠲᠠᠢ ᠬᠡᠷᠡᠭᠴᠡᠭᠡ ᠪᠤᠯᠤᠨ ᠰᠠᠶᠢᠵᠢᠷᠠᠭᠤᠯᠬᠤ ᠴᠢᠨᠡᠷ ᠲᠠᠢ ᠬᠡᠷᠡᠭᠴᠡᠭᠡ ᠶᠢ ᠪᠦᠳᠦᠮᠵᠢᠳᠡᠢ ᠢᠯᠡᠷᠡᠬᠦᠯᠵᠦ᠂ ᠪᠠᠯᠭᠠᠳ ᠤᠨ ᠰᠠᠭᠤᠭᠠᠯᠢ ᠠᠷᠠᠳ | ᠤᠨ ᠲᠦᠷᠦᠬᠦᠦ ᠤᠷᠤᠨ ᠰᠠᠭᠤᠴᠠ᠂ ᠲᠡᠷᠢᠶᠡᠴᠢᠨ ᠮᠠᠯᠴᠢᠳ ᠤᠨ ᠬᠤᠳᠡ ᠠᠴᠠ ᠬᠡᠷ ᠬᠤᠳᠡᠯᠳᠤᠨ ᠠᠪᠬᠤ ᠢᠳᠡᠬᠡᠮᠵᠢ ᠶᠢᠨ ᠵᠢᠬᠡᠯᠡᠯᠬᠡ ᠶᠢᠨ ᠮᠦᠩᠭᠦ ᠶᠢᠨ | ᠬᠠᠩᠭᠠᠯᠭ᠎ᠠ ᠶᠢ ᠨᠡᠮᠡᠭᠳᠡᠬᠦᠯᠵᠦ᠂ ᠤᠷᠤᠨ ᠰᠠᠭᠤᠴᠠ ᠶᠢᠨ ᠬᠡᠷᠡᠭᠯᠡᠭᠡ ᠶᠢ ᠦᠷᠭᠡᠳᠭᠡᠨ᠎ᠡ᠃ ᠪᠦᠷᠭᠡ ᠭᠡᠷ ᠢ ᠦᠬᠡᠷᠡᠴᠢᠯᠡᠨ ᠬᠠᠳᠠᠭᠠᠯᠠᠮᠵᠢ ᠶᠢ ᠪᠠᠭᠠᠰᠬᠠᠬᠤ ᠭᠤᠤᠯ | ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠦ᠂ ᠪᠦᠷᠭᠡ ᠭᠡᠷ ᠢ ᠦᠬᠡᠷᠡᠴᠢᠯᠡᠵᠦ ᠵᠣᠭᠤᠰ ᠢᠶᠠᠷ ᠲᠦᠪᠬᠢᠨᠡᠬᠦᠯᠬᠦ ᠶᠢ ᠠᠬᠢᠭᠤᠯᠤᠨ᠎ᠠ᠃ ᠭᠡᠷ ᠭᠠᠵᠠᠷ ᠬᠦᠷᠦᠩᠭᠡ ᠶᠢᠨ | ᠬᠠᠩᠭᠠᠯᠭ᠎ᠠ ᠶᠢᠨ ᠬᠠᠮᠢᠶᠠᠷᠤᠯᠳᠡ ᠶᠢ ᠴᠢᠩᠭᠠᠳᠬᠠᠵᠦ᠂ ᠤᠷᠤᠨ ᠰᠠᠭᠤᠴᠠ ᠶᠢᠨ ᠲᠦᠷᠢᠶᠡᠰᠦ ᠶᠢᠨ ᠵᠠᠬ᠎ᠠ ᠲᠡᠯᠬᠡᠬᠦᠷ ᠢ ᠪᠤᠶᠢᠵᠢᠭᠤᠯᠵᠦ᠂ ᠪᠠᠶᠢᠭᠤᠯᠤᠨ ᠪᠦᠬᠦᠢ | ᠲᠦᠷᠦᠯ ᠵᠦᠢᠯ ᠢ ᠰᠤᠶᠤᠯ᠂ ᠪᠡᠶ᠎ᠡ ᠲᠠᠮᠢᠷ᠂ ᠨᠠᠰᠤᠵᠢᠯ ᠵᠡᠷᠭᠡ ᠦᠢᠯᠡᠰ ᠲᠠᠢ ᠠᠭᠤᠰᠣᠯᠴᠠᠭᠤᠯᠬᠤ ᠶᠢ ᠵᠤᠷᠢᠭᠵᠢᠭᠤᠯᠵᠦ᠂ ᠭᠡᠷ ᠭᠠᠵᠠᠷ ᠬᠦᠷᠦᠩᠭᠡ ᠶᠢᠨ ᠵᠠᠬ᠎ᠠ | ᠲᠡᠯᠬᠡᠬᠦᠷ ᠤᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ | ᠬᠦᠰᠢᠬᠦᠷᠭᠡ ᠶᠢᠨ ᠦᠢᠯᠡᠳᠦᠯ ᠢ ᠢᠳᠡᠪᠬᠢᠳᠡᠢ ᠪᠦᠳᠦᠮᠵᠢᠳᠡᠢ ᠪᠠᠭᠠᠰᠬᠠᠨ᠎ᠠ᠃ ᠪᠡᠯᠡ ᠤᠷᠤᠭᠤᠯᠵᠦ ᠪᠡᠯᠡ ᠨᠡᠶᠢᠯᠡᠬᠦᠯᠬᠦ ᠠᠷᠭ᠎ᠠ ᠮᠠᠶ᠋ᠢᠭ ᠢᠶᠠᠨ ᠰᠢᠨᠡᠴᠢᠯᠡᠵᠦ᠂ | ᠤᠯᠠᠨ ᠲᠠᠪᠬᠤᠷᠭᠠᠳᠦ ᠬᠦᠷᠦᠩᠭᠡ ᠶᠢᠨ ᠵᠠᠬ᠎ᠠ ᠲᠡᠯᠬᠡᠬᠦᠷ ᠢ ᠲᠦᠷᠭᠡᠨ ᠬᠦᠭᠵᠢᠬᠦᠯᠵᠦ᠂ ᠠᠵᠦ ᠠᠬᠤᠶᠢᠯᠠᠯ ᠤᠨ ᠰᠢᠨ᠎ᠡ ᠭᠤᠷᠪᠠᠳᠣᠭᠠᠷ ᠲᠡᠰ ᠤᠨ ᠠᠷᠠᠯᠵᠢᠶ᠎ᠠ ᠶᠢᠨ | ᠵᠠᠬ᠎ᠠ᠂ ᠤᠷᠤᠨ ᠪᠦᠰᠡ ᠶᠢᠨ ᠴᠢᠨᠡᠷ ᠲᠠᠢ ᠰᠲ᠋ᠤᠺ ᠤᠨ ᠡᠷᠬᠡ ᠶᠢᠨ ᠠᠷᠠᠯᠵᠢᠶᠠᠨ ᠤ ᠵᠠᠬ᠎ᠠ ᠲᠡᠯᠬᠡᠬᠦᠷ ᠲᠤ ᠫᠠᠶᠢᠰᠡ ᠡᠯᠬᠦᠬᠦ ᠶᠢ ᠵᠤᠷᠢᠭᠵᠢᠭᠤᠯᠤᠨ᠂ ᠰᠢᠯᠢᠳᠡᠭ ᠠᠵᠦ | ᠠᠬᠤᠶᠢᠯᠠᠯ ᠤᠨ ᠵᠠᠬ᠎ᠠ ᠲᠡᠯᠬᠡᠬᠦᠷ ᠲᠤ ᠭᠠᠷᠴᠦ ᠪᠡᠯᠡ ᠨᠡᠶᠢᠯᠡᠬᠦᠯᠬᠦ ᠶᠢ ᠠᠬᠢᠭᠤᠯᠤᠨ᠎ᠠ᠃ ᠮᠦᠩᠭᠦᠨ ᠬᠦᠢᠯᠬᠡᠬᠡᠨ ᠤ ᠪᠠᠶᠢᠭᠤᠯᠤᠮᠵᠢ ᠯᠤᠭ᠎ᠠ ᠭᠠᠷ ᠤᠨ ᠦᠰᠦᠭ | ᠵᠢᠷᠤᠭᠰᠠᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠳᠡᠯᠴᠡᠭᠡᠷ ᠢ ᠲᠠᠭᠠᠨ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠲᠠᠭᠠᠭᠤᠯᠭ᠎ᠠ ᠶᠢᠨ | ᠴᠢᠨᠠᠷ ᠲᠠᠢ ᠪᠡᠯᠡ ᠣᠷᠣᠭᠤᠯᠣᠯᠳᠠ ᠶᠢᠨ ᠰᠠᠭᠤᠷᠢ ᠮᠦᠩᠭᠦ ᠭᠠᠷᠭᠠᠵᠦ᠂ ᠰᠠᠭᠤᠷᠢ ᠲᠦᠬᠦᠬᠡᠷᠦᠮᠵᠢ᠂ ᠣᠳᠣᠬᠢᠴᠢ ᠪᠤᠳᠡᠰ ᠤᠨ ᠬᠦᠢᠯᠬᠡᠬᠡᠨ᠂ ᠰᠢᠨᠵᠢᠯᠡᠭᠡ ᠮᠡᠷᠬᠡᠵᠢᠯ | ᠤᠨ ᠰᠢᠨᠡᠴᠢᠯᠡᠯᠳᠡ᠂ ᠰᠤᠶᠤᠯ ᠤᠨ ᠵᠤᠭᠠᠴᠠᠯ᠂ ᠠᠯᠠᠰᠢᠨ ᠦᠬᠡᠷ ᠤᠨ ᠦᠢᠯᠡᠰ ᠵᠡᠷᠭᠡ ᠰᠠᠭᠤᠷᠢ ᠮᠦᠩᠭᠦ ᠭᠠᠷᠭᠠᠵᠦ ᠬᠡᠷᠡᠭᠯᠡᠬᠦ ᠪᠠ ᠬᠠᠮᠢᠶᠠᠷᠣᠯᠳᠠ ᠶᠢᠨ ᠲᠠᠯ᠎ᠠ ᠪᠠᠷ | ᠪᠤᠳᠡᠳᠦ ᠠᠬᠢᠯᠳᠡ ᠲᠠᠢ ᠪᠤᠯᠭᠠᠨ᠎ᠠ᠃ ᠵᠠᠰᠠᠭ ᠤᠨ ᠤᠷᠳᠤᠨ ᠪᠤᠯᠤᠨ ᠨᠡᠶᠢᠬᠡᠮ ᠤᠨ ᠬᠦᠷᠦᠩᠭᠡ ᠶᠢᠨ ᠬᠠᠮᠳᠤᠷᠠᠯᠴᠠᠭ᠎ᠠ ᠶᠢᠨ ᠬᠡᠪ ᠵᠠᠭᠪᠤᠷ ᠢ ᠲᠡᠯᠬᠡᠷᠡᠬᠦᠯᠵᠦ᠂ ᠪᠡᠯᠡ | ᠨᠡᠶᠢᠯᠡᠬᠦᠯᠬᠦ ᠲᠡᠪᠴᠠᠩ ᠢ ᠬᠦᠴᠦᠷᠭᠡᠭᠵᠢᠬᠦᠯᠦᠨ ᠪᠤᠵᠠᠭᠠᠶᠢᠷᠠᠭᠤᠯᠵᠦ᠂ ᠪᠡᠯᠡ ᠨᠡᠶᠢᠯᠡᠬᠦᠯᠬᠦ ᠴᠢᠳᠡᠪᠦᠷᠢ ᠪᠠᠨ ᠯᠠᠪᠳᠠᠭᠤᠨ ᠲᠡᠭᠡᠭᠰᠢᠯᠡᠬᠦᠯᠦᠨ᠎ᠡ᠃ ᠵᠠᠰᠠᠭ ᠤᠨ ᠤᠷᠳᠤᠨ ᠤ | ᠵᠢᠬᠡᠯᠡᠯᠬᠡ ᠶᠢᠨ ᠬᠠᠮᠢᠶᠠᠷᠤᠯᠳᠡ ᠪᠠᠨ ᠴᠢᠩᠭᠠᠳᠬᠠᠵᠦ᠂ ᠵᠠᠰᠠᠭ ᠤᠨ ᠤᠷᠳᠤᠨ ᠤ ᠵᠢᠬᠡᠯᠡᠯᠬᠡ ᠶᠢᠨ ᠠᠵᠢᠯᠯᠠᠭ᠎ᠠ ᠶᠢ ᠲᠦᠷᠢᠮᠵᠢᠬᠦᠯᠦᠨ᠎ᠡ᠃ | ᠦᠪᠡᠷ ᠤᠨ ᠦᠷᠳᠡᠭ ᠢ ᠠᠷᠭ᠎ᠠ ᠪᠦᠬᠦᠨ ᠢ ᠰᠦᠪᠡᠭᠴᠢᠯᠡᠨ ᠪᠠᠭᠤᠷᠠᠭᠤᠯᠤᠨ᠎ᠠ᠃ ᠣᠯᠣᠰ ᠪᠠ ᠦᠪᠡᠷᠳᠡᠬᠡᠨ ᠵᠠᠰᠠᠬᠤ ᠣᠷᠣᠨ ᠤ ᠭᠠᠶᠢᠯᠢ ᠰᠦᠢᠳᠬᠡᠯ ᠢ | ᠬᠠᠰᠣᠵᠣ ᠬᠡᠯᠳᠦᠷᠢᠬᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ ᠬᠢᠨᠡᠨ ᠵᠦᠪᠰᠢᠶᠡᠷᠡᠬᠦᠯᠬᠦ ᠵᠦᠢᠯ ᠢ ᠪᠠᠭᠠᠰᠬᠠᠵᠣ᠂ ᠠᠵᠣ ᠠᠬᠤᠶᠢᠯᠠᠯ ᠯᠤᠭ᠎ᠠ ᠬᠤᠯᠪᠣᠭ᠎ᠠ | ᠲᠠᠢ ᠰᠦᠢᠳᠬᠡᠯ ᠬᠤᠷᠢᠶᠠᠬᠤ ᠵᠦᠢᠯ ᠢ ᠴᠡᠪᠡᠷᠯᠡᠬᠦ ᠡᠷᠴᠢᠮ ᠢᠶᠠᠨ ᠴᠢᠩᠭᠠᠷᠠᠭᠤᠯᠵᠣ᠂ ᠵᠠᠭᠤᠴᠢ ᠶᠢᠨ ᠦᠢᠯᠡᠴᠢᠯᠡᠭᠡ ᠶᠢᠨ ᠰᠦᠢᠳᠬᠡᠯ ᠬᠤᠷᠢᠶᠠᠬᠤ ᠶᠢ ᠵᠢᠷᠣᠮᠵᠢᠭᠤᠯᠵᠣ᠂ | ︽ᠰᠠᠭᠠᠳ ᠦᠬᠡᠢ ᠵᠠᠮ︾ ᠦᠷᠬᠦᠯᠵᠢᠯᠡᠨ ᠨᠡᠬᠡᠬᠡᠨ ᠦᠭᠴᠦ᠂ ᠠᠵᠣ ᠠᠬᠤᠶᠢᠯᠠᠯ ᠤᠨ ᠲᠦᠷᠢᠮ ᠤᠨ ᠴᠢᠨᠠᠷ ᠲᠠᠢ ᠠᠷᠠᠯᠵᠢᠶ᠎ᠠ ᠪᠠ ᠠᠵᠢᠯᠴᠢᠨ ᠬᠡᠷᠡᠭᠯᠡᠬᠦ᠂ | ᠪᠠᠷᠠᠭᠠᠨ ᠤ ᠬᠦᠢᠯᠬᠡᠬᠡ ᠵᠡᠷᠬᠡ ᠶᠢᠨ ᠦᠪᠡᠷ ᠤᠨ ᠦᠷᠳᠡᠭ ᠢ ᠪᠠᠭᠠᠰᠬᠠᠨ᠎ᠠ᠃ ᠲᠤᠮᠤ ᠡᠷᠦᠬᠡ ᠶᠢᠨ ᠰᠢᠭᠤᠳ ᠴᠠᠬᠢᠯᠭᠠᠨ ᠬᠡᠷᠡᠭᠯᠡᠬᠦ ᠠᠷᠠᠯᠵᠢᠶᠠᠨ ᠤ ᠴᠠᠬᠢᠯᠭᠠᠨ ᠤ | ᠬᠡᠮᠵᠢᠶ᠎ᠡ ᠶᠢᠨ ᠵᠢᠭᠠᠯᠳᠡ ᠲᠤᠭ᠎ᠠ ᠶᠢ ᠬᠦᠴᠦᠯᠡᠨ ᠲᠡᠮᠡᠴᠡᠨ ᠤᠯᠵᠦ᠂ ᠬᠡᠰᠡᠭ ᠲᠤᠭᠤᠷᠢᠭ ᠤᠨ ᠪᠢᠴᠢᠯ ᠲᠤᠤᠷ᠂ ᠴᠠᠬᠢᠯᠭᠠᠨ ᠤ ᠦᠨ᠎ᠡ ᠶᠢᠨ ᠨᠦᠬᠦᠪᠦᠷᠢ ᠶᠢᠨ | ᠪᠦᠷᠬᠦᠴᠠ ᠶᠢ ᠢᠳᠡᠪᠬᠢᠳᠡᠢ ᠦᠷᠭᠡᠳᠭᠡᠨ᠎ᠡ᠃ ︽ ᠪᠠᠳᠤᠯᠠᠭ᠎ᠠ ᠶᠢᠨ ᠲᠤᠰᠠᠯᠠᠮᠵᠢᠳᠦ ᠵᠢᠬᠡᠯᠡᠯᠬᠡ︾ ᠶᠢᠨ ᠬᠠᠮᠳᠤᠷᠠᠯᠴᠠᠭᠠᠨ ᠤ ᠲᠤᠭᠳᠠᠴᠠ ᠶᠢ ᠲᠡᠬᠦᠯᠳᠡᠷᠵᠢᠬᠦᠯᠵᠦ᠂ | ᠲᠤᠮᠳᠡ ᠵᠢᠵᠢᠭ ᠠᠵᠦ ᠠᠬᠤᠶᠢᠯᠠᠯ ᠤᠨ ᠵᠢᠬᠡᠯᠡᠯᠬᠡ ᠶᠢ 10 ᠳ᠋ᠦᠩᠰᠢᠭᠤᠷ ᠲᠦᠬᠦᠷᠢᠭ ᠠᠴᠠ ᠲᠡᠭᠡᠭᠰᠢ ᠨᠠᠶᠢᠳᠠᠪᠤᠷᠢᠵᠢᠭᠤᠯᠤᠨ᠎ᠠ᠃ ᠵᠢᠬᠡᠯᠡᠯᠬᠡ ᠦᠷᠬᠦᠯᠵᠢᠯᠡᠬᠦᠯᠬᠦ | ᠰᠠᠭᠤᠷᠢ ᠮᠦᠩᠭᠦ ᠭᠠᠷᠭᠠᠵᠦ᠂ ᠠᠵᠦ ᠠᠬᠤᠶᠢᠯᠠᠯ ᠤᠨ ᠤᠬᠤᠷ ᠬᠤᠭᠤᠴᠠᠭ᠎ᠠ ᠳᠤ ᠪᠡᠯᠡ ᠨᠡᠶᠢᠯᠡᠬᠦᠯᠬᠦ ᠳᠤ ᠬᠦᠴᠢᠷᠳᠡᠬᠦ ᠠᠰᠠᠭᠤᠳᠡᠯ ᠢ ᠰᠢᠢᠳᠪᠦᠷᠢᠯᠡᠨ᠎ᠠ᠃ | ᠲᠤᠳᠠᠭᠳᠡᠯ ᠢᠶᠠᠨ ᠤᠨᠤᠪᠴᠢᠳᠡᠢ ᠬᠦᠴᠦᠯᠡᠨ ᠨᠦᠬᠦᠪᠦᠷᠢᠯᠡᠨ᠎ᠡ᠃ ᠠᠵᠦ ᠠᠬᠤᠢ ᠨᠡᠶᠢᠬᠡᠮ ᠤᠨ ᠬᠦᠭᠵᠢᠯᠳᠡ ᠶᠢ ᠬᠦᠯᠢᠶᠡᠰᠦᠯᠡᠵᠦ ᠪᠠᠶᠢᠭ᠎ᠠ ᠴᠢᠬᠤᠯᠡ | ᠬᠦᠷᠢᠶ᠎ᠡ ᠬᠡᠪᠴᠢᠶ᠎ᠠ ᠪᠤᠯᠤᠨ ᠵᠠᠩᠭᠢᠯᠠᠭ᠎ᠠ ᠶᠢᠨ ᠭᠤᠭᠴᠤᠭ᠎ᠠ᠂ ᠠᠷᠠᠳ ᠤᠯᠠᠨ ᠤ ᠰᠢᠢᠳᠪᠦᠷᠢᠯᠡᠬᠦ ᠶᠢ ᠲᠤᠯᠭᠠᠮ᠎ᠠ ᠱᠠᠭᠠᠷᠳᠡᠵᠦ ᠪᠦᠬᠦᠢ ᠲᠤᠪᠤᠶᠢᠮ᠎ᠠ ᠠᠰᠠᠭᠤᠳᠡᠯ ᠠᠴᠠ | ᠭᠠᠷᠳᠡᠨ᠂ ᠲᠤᠳᠠᠭᠳᠡᠯ ᠢᠶᠠᠨ ᠨᠦᠬᠦᠪᠦᠷᠢᠯᠡᠬᠦ ᠪᠠᠷᠢᠯᠭ᠎ᠠ ᠶᠢ ᠬᠦᠨᠵᠡᠬᠡᠢ ᠬᠡᠷᠡᠭᠵᠢᠬᠦᠯᠵᠦ᠂ ᠰᠠᠭᠤᠷᠢ ᠲᠦᠬᠦᠬᠡᠷᠦᠮᠵᠢ᠂ ᠶᠠᠳᠠᠭᠤ ᠠᠴᠠ ᠠᠩᠭᠢᠵᠢᠷᠠᠭᠤᠯᠤᠬᠤ | ᠰᠢᠪᠳᠤᠯᠤᠯᠳᠡ᠂ ᠤᠳᠤᠬᠢᠴᠢ ᠦᠢᠯᠡᠴᠢᠯᠡᠬᠡᠨ ᠤ ᠦᠢᠯᠡᠰ᠂ ᠠᠮᠢ ᠠᠬᠤᠢ ᠶᠢᠨ ᠤᠷᠴᠢᠨ ᠪᠤᠯᠤᠨ ᠠᠷᠠᠳ ᠤᠨ ᠠᠮᠢᠳᠦᠷᠡᠯ ᠤᠨ ᠪᠠᠳᠣᠯᠠᠭ᠎ᠠ ᠵᠡᠷᠬᠡ ᠬᠦᠷᠢᠶ᠎ᠡ | ᠬᠡᠪᠴᠢᠶ᠎ᠠ ᠳᠤ ᠰᠢᠪᠳᠤᠯᠤᠯᠳᠡ ᠭᠠᠷᠭᠠᠨ᠂ ᠲᠦᠩᠯᠢᠶᠥᠥ ᠶᠢᠨ ᠬᠦᠭᠵᠢᠯᠳᠡ ᠶᠢᠨ ︽ᠪᠦᠮᠪᠦᠷᠭᠡᠨ ᠪᠠᠭᠳᠠᠭᠠᠮᠵᠢ︾ ᠶᠢ ᠲᠡᠭᠡᠭᠰᠢᠯᠡᠬᠦᠯᠵᠦ᠂ ᠰᠢᠨ᠎ᠡ ᠨᠡᠮᠡᠭᠳᠡᠯ ᠤᠨ | ᠬᠦᠳᠡᠯᠬᠡᠬᠦ ᠴᠢᠳᠡᠪᠦᠷᠢ ᠶᠢ ᠪᠦᠷᠢᠯᠳᠦᠬᠦᠯᠦᠨ᠎ᠡ᠃ | ︵ᠭᠤᠷᠪᠠ︶ ᠠᠵᠦ ᠦᠢᠯᠡᠳᠪᠦᠷᠢ ᠶᠢᠨ ᠶᠠᠰᠤ ᠴᠢᠨᠡᠷ ᠢ ᠲᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠬᠦ ᠶᠢ ᠠᠬᠢᠭᠤᠯᠤᠨ᠎ᠠ᠃ | ᠰᠢᠨ᠎ᠡ ᠮᠠᠶ᠋ᠢᠭ ᠤᠨ ᠠᠵᠦ ᠦᠢᠯᠡᠳᠪᠦᠷᠢᠵᠢᠯᠳᠡ ᠪᠤᠯ ︽ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠢᠨᠵᠧᠨᠧᠷᠢᠩ︾ ᠤᠨ ᠭᠤᠤᠯ | ᠴᠤᠭᠴᠠ ᠮᠥᠨ᠃ ᠠᠵᠦ ᠦᠢᠯᠡᠳᠪᠦᠷᠢ ᠶᠢᠨ ᠭᠤᠤᠯᠯᠠᠬᠤ ᠪᠠᠶᠢᠷᠢ ᠰᠠᠭᠤᠷᠢ ᠶᠢ ᠲᠤᠪᠤᠶᠢᠯᠭᠠᠨ᠂ ᠬᠠᠳᠠᠭᠠᠯᠠᠮᠵᠢ ᠶᠢᠨ ᠬᠡᠮᠵᠢᠶ᠎ᠡ ᠪᠠᠨ ᠲᠤᠬᠢᠷᠠᠭᠤᠯᠵᠦ᠂ ᠨᠡᠮᠡᠭᠳᠡᠯ ᠤᠨ | ᠬᠡᠮᠵᠢᠶ᠎ᠡ ᠪᠠᠨ ᠰᠢᠯᠢᠳᠡᠭᠵᠢᠬᠦᠯᠦᠨ᠂ ᠶᠠᠰᠤ ᠴᠢᠨᠡᠷ ᠢᠶᠠᠨ ᠲᠡᠭᠡᠭᠰᠢᠯᠡᠬᠦᠯᠵᠦ᠂ ᠠᠵᠦ ᠦᠢᠯᠡᠳᠪᠦᠷᠢ ᠶᠢ ᠲᠡᠭᠡᠳᠦ ᠲᠡᠰᠵᠢᠯᠳᠡ᠂ ᠤᠶᠤᠨᠴᠢᠯᠡᠯᠳᠡ᠂ ᠪᠤᠬᠢᠷᠳᠦᠯ | ᠦᠬᠡᠶᠢᠵᠢᠯᠳᠡ᠂ ᠦᠢᠯᠡᠴᠢᠯᠡᠬᠡᠵᠢᠯᠳᠡ ᠶᠢᠨ ᠴᠢᠭᠯᠡᠯ ᠲᠡᠰᠢ ᠠᠬᠢᠭᠤᠯᠤᠨ᠎ᠠ᠃ ᠪᠦᠬᠦ ᠵᠢᠯ ᠳᠤ 500 ᠲᠦᠮᠡᠨ ᠲᠦᠬᠦᠷᠢᠭ ᠠᠴᠠ ᠲᠡᠭᠡᠭᠰᠢ ᠠᠵᠦ ᠦᠢᠯᠡᠳᠪᠦᠷᠢ ᠶᠢᠨ | ᠭᠤᠤᠯᠳᠠᠯᠭᠠᠳᠦ ᠲᠦᠷᠦᠯ ᠵᠦᠢᠯ ᠢ 330 ᠬᠡᠷᠡᠭᠵᠢᠬᠦᠯᠵᠦ᠂ ᠪᠡᠯᠡ ᠤᠷᠤᠭᠤᠯᠤᠯᠳᠡ ᠶᠢ 768 ᠳ᠋ᠦᠩᠰᠢᠭᠤᠷ ᠲᠦᠬᠦᠷᠢᠭ ᠪᠡᠶᠡᠯᠡᠬᠦᠯᠦᠨ᠂ ᠠᠳᠡᠯᠢ ᠬᠤᠭᠤᠴᠠᠭᠠᠨ | ᠤ ᠬᠢ ᠠᠴᠠ 13% ᠠᠴᠠ ᠲᠡᠭᠡᠭᠰᠢ ᠨᠡᠮᠡᠭᠳᠡᠬᠦᠯᠦᠨ᠎ᠡ᠃ ᠬᠡᠪᠴᠢᠶ᠎ᠠ ᠠᠴᠠ ᠲᠡᠬᠡᠭᠰᠢᠬᠢ ᠠᠵᠣ ᠦᠢᠯᠡᠳᠪᠦᠷᠢ ᠶᠢᠨ ᠨᠡᠮᠡᠯᠳᠡ ᠦᠷᠳᠡᠭ ᠤᠨ ᠨᠡᠮᠡᠭᠳᠡᠯᠳᠡ ᠶᠢ 9.5% | ᠨᠡᠮᠡᠭᠳᠡᠬᠦᠯᠦᠨ᠎ᠡ᠃ | ᠤᠯᠠᠮᠵᠢᠯᠡᠯᠳᠦ ᠠᠵᠦ ᠦᠢᠯᠡᠰ ᠢ ᠦᠬᠡᠷᠡᠴᠢᠯᠡᠨ ᠲᠡᠰ ᠲᠡᠪᠰᠢᠬᠦᠯᠦᠨ᠎ᠡ᠃ ᠰᠢᠨ᠎ᠡ ᠬᠡᠪ ᠵᠠᠭᠪᠤᠷ᠂ ᠰᠢᠨ᠎ᠡ ᠮᠡᠷᠬᠡᠵᠢᠯ ᠪᠤᠯᠤᠨ ᠰᠢᠨ᠎ᠡ ᠦᠢᠯᠡᠰ ᠢ ᠭᠡᠷᠡᠭᠯᠡᠨ | ᠤᠯᠠᠮᠵᠢᠯᠡᠯᠳᠦ ᠠᠵᠦ ᠦᠢᠯᠡᠰ ᠢ ᠦᠬᠡᠷᠡᠴᠢᠯᠡᠨ ᠲᠡᠭᠡᠭᠰᠢᠯᠡᠬᠦᠯᠦᠨ᠎ᠡ᠃ ︽ᠨᠡᠬᠦᠷᠡᠰᠦ ᠴᠠᠬᠢᠯᠭᠠᠨ ᠬᠦᠩᠬᠡᠨ ᠴᠠᠭᠠᠨ︾ ᠤ ᠨᠢᠬᠡ ᠴᠤᠭᠴᠠᠵᠢᠭᠤᠯᠤᠭᠰᠠᠨ | ᠦᠷᠢᠰᠦᠯᠳᠦᠬᠡᠨ ᠤ ᠰᠢᠨ᠎ᠡ ᠲᠠᠪᠠᠭᠤᠯᠢᠭ ᠢ ᠪᠤᠢ ᠪᠤᠯᠭᠠᠵᠦ᠂ ᠦᠢᠯᠡᠳᠪᠦᠷᠢᠯᠡᠯ ᠤᠨ ᠴᠢᠳᠠᠪᠣᠷᠢ ᠶᠢᠨ ᠰᠣᠯᠢᠯᠳᠠ᠂ ᠵᠠᠬ᠎ᠠ ᠲᠡᠯᠬᠡᠬᠦᠷ ᠤᠨ ᠬᠠᠮᠵᠢᠯᠴᠠᠭ᠎ᠠ᠂ | ᠪᠦᠳᠦᠬᠡᠭᠳᠡᠬᠦᠨ ᠤ ᠰᠢᠨᠡᠴᠢᠯᠡᠯᠳᠡ ᠶᠢ ᠶᠡᠬᠡᠪᠡᠷ ᠠᠬᠢᠭᠤᠯᠵᠣ᠂ ᠮᠠᠢ ᠳ᠋ᠠ ᠰᠧ ᠲᠡᠭᠡᠳᠦ ᠲᠡᠰ ᠤᠨ ᠬᠦᠩᠬᠡᠨ ᠴᠠᠭᠠᠨ ᠤ ᠮᠠᠲ᠋ᠧᠷᠢᠶᠡᠯ᠂ ᠴᠢ ᠷᠦᠢ ᠮᠠᠰᠢᠨ ᠲᠡᠷᠭᠡᠨ ᠤ | ᠬᠦᠩᠬᠡᠨ ᠴᠠᠭᠠᠨ ᠬᠦᠷᠳᠦᠨ ᠤ ᠬᠦᠢᠰᠦ ᠵᠢᠴᠢ ᠰᠡᠯᠪᠢᠭ ᠲᠣᠨᠤᠭ᠂ ᠵᠦᠩ ᠳ᠋ᠠ ᠬᠦᠩᠬᠡᠨ ᠴᠠᠭᠠᠨ ᠤ ᠦᠢᠯᠡᠰ ᠤᠨ ᠠᠭᠠᠷ ᠤᠨ ᠠᠶᠠᠯᠠᠯ ᠤᠨ ᠲᠡᠰ ᠤᠨ ᠬᠦᠩᠬᠡᠨ | ᠴᠠᠭᠠᠨ ᠤ ᠵᠤᠵᠠᠭᠠᠨ ᠬᠠᠪᠳᠡᠰᠦ᠂ ᠯᠢᠶᠠᠨ ᠱᠧᠩ ᠢᠯᠳᠡᠰᠦ ᠵᠡᠷᠭᠡ ᠬᠦᠩᠬᠡᠨ ᠴᠠᠭᠠᠨ ᠢ ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ ᠢ ᠭᠤᠤᠯᠳᠠᠯᠭ᠎ᠠ ᠲᠠᠢ | ᠠᠳᠬᠤᠵᠣ᠂ ᠬᠦᠩᠬᠡᠨ ᠴᠠᠭᠠᠨ ᠤ ᠰᠡᠬᠦᠯᠴᠢ ᠶᠢᠨ ᠪᠣᠯᠪᠠᠰᠣᠷᠠᠭᠤᠯᠣᠯᠳᠠ ᠶᠢ ᠲᠡᠭᠡᠳᠦ ᠲᠡᠰ ᠤᠨ ᠦᠢᠯᠡᠳᠭᠡᠭᠦᠨ ᠲᠡᠰᠢ ᠤᠷᠳᠤᠳᠬᠠᠨ᠂ ᠪᠤᠬᠢᠷᠳᠦᠯ ᠦᠭᠡᠢ | ᠤᠷᠴᠢᠯᠳᠦ᠂ ᠲᠡᠷᠢᠬᠦᠨ ᠤ ᠮᠡᠷᠬᠡᠵᠢᠯ᠂ ᠵᠠᠬ᠎ᠠ ᠲᠡᠯᠬᠡᠬᠦᠷ ᠤᠨ ᠡᠷᠬᠡ ᠪᠦᠬᠦᠢ ᠮᠢᠩᠭᠠᠨ ᠳ᠋ᠦᠩᠰᠢᠭᠤᠷ ᠤᠨ ᠠᠵᠦ ᠦᠢᠯᠡᠰ ᠤᠨ ᠪᠦᠬᠡᠮᠨᠡᠷᠡᠯ ᠡᠬᠦᠳᠦᠨ᠂ ᠬᠦᠩᠬᠡᠨ | ᠴᠠᠭᠠᠨ ᠤ ᠰᠢᠨ᠎ᠡ ᠮᠠᠲ᠋ᠧᠷᠢᠶᠡᠯ ᠵᠡᠷᠭᠡ ᠦᠩᠭᠡᠳᠦ ᠲᠡᠮᠦᠷᠯᠢᠭ ᠤᠨ ᠠᠵᠦ ᠦᠢᠯᠡᠰ ᠤᠨ ᠰᠠᠭᠤᠷᠢᠨ ᠢ ᠴᠤᠭᠴᠠᠯᠠᠨ᠎ᠠ᠃ ᠡᠷᠳᠡᠨᠢ ᠰᠢᠰᠢ ᠶᠢᠨ ᠪᠦᠬᠦᠶᠢᠯᠡ ᠠᠵᠦ | ᠦᠢᠯᠡᠰ ᠤᠨ ᠬᠡᠯᠬᠢᠶ᠎ᠡ ᠶᠢᠨ ᠪᠠᠶᠢᠭᠤᠯᠤᠯᠳᠡ ᠶᠢ ᠲᠤᠪᠤᠶᠢᠯᠭᠠᠵᠦ᠂ ᠡᠷᠳᠡᠨᠢ ᠰᠢᠰᠢ ᠶᠢᠨ ᠠᠮᠢᠳᠦ ᠪᠤᠳᠡᠰ ᠤᠨ ᠮᠡᠷᠬᠡᠵᠢᠯ ᠤᠨ ᠠᠵᠦ ᠦᠢᠯᠡᠰ ᠢ ᠢᠳᠡᠬᠡᠨ ᠡᠮ ᠤᠨ | ᠲᠡᠰ ᠤᠨ ᠪᠦᠳᠦᠬᠡᠭᠳᠡᠬᠦᠨ ᠦᠢᠯᠡᠳᠬᠦ ᠲᠡᠰᠢ ᠬᠤᠪᠢᠷᠠᠭᠤᠯᠵᠦ᠂ ᠮᠸᠢ ᠬᠤᠸᠠ ᠠᠮᠢᠳᠦ ᠪᠤᠳᠡᠰ᠂ ᠬᠤᠸᠠ ᠱᠤ᠋ ᠠᠮᠢᠳᠦ ᠪᠤᠳᠡᠰ᠂ ᠬᠤᠸᠠᠩ ᠾᠧ ᠯᠦᠩ ᠠᠮᠢᠳᠦ | ᠪᠤᠳᠡᠰ ᠵᠡᠷᠭᠡ ᠠᠵᠦ ᠠᠬᠤᠶᠢᠯᠠᠯ ᠤᠨ ᠠᠵᠦ ᠦᠢᠯᠡᠰ ᠤᠨ ᠬᠡᠯᠬᠢᠶ᠎ᠡ ᠪᠠᠨ ᠤᠷᠳᠤᠳᠬᠠᠬᠤ ᠶᠢ ᠭᠤᠤᠯᠳᠠᠯᠭ᠎ᠠ ᠲᠠᠢ ᠠᠬᠢᠭᠤᠯᠵᠦ᠂ ᠤᠯᠤᠰ ᠤᠨ ᠴᠢᠬᠤᠯᠡ ᠪᠤᠯᠬᠤ | ᠡᠷᠳᠡᠨᠢ ᠰᠢᠰᠢ ᠶᠢᠨ ᠠᠮᠢᠳᠦ ᠪᠤᠳᠡᠰ ᠤᠨ ᠮᠡᠷᠬᠡᠵᠢᠯ ᠤᠨ ᠠᠵᠦ ᠦᠢᠯᠡᠰ ᠤᠨ ᠰᠠᠭᠤᠷᠢᠨ ᠪᠠᠶᠢᠭᠤᠯᠤᠨ᠎ᠠ᠃ ᠪᠣᠬᠢᠷᠳᠣᠯ ᠦᠬᠡᠢ ᠮᠠᠯ ᠲᠠᠷᠢᠶᠠᠯᠠᠩ ᠤᠨ ᠠᠰᠢᠭ | ᠰᠢᠮ᠎ᠡ ᠶᠢᠨ ᠪᠦᠳᠦᠬᠡᠭᠳᠡᠬᠦᠨ ᠤ ᠪᠣᠯᠪᠠᠰᠣᠷᠠᠭᠤᠯᠣᠯᠳᠠ ᠶᠢ ᠲᠡᠬᠡᠳᠦ ᠲᠡᠰ ᠤᠨ ᠬᠠᠩᠭᠠᠯᠭ᠎ᠠ ᠪᠣᠯᠭᠠᠨ ᠬᠤᠪᠢᠷᠠᠭᠤᠯᠵᠣ᠂ ︽ᠠᠮᠣ ᠶᠢᠨ ᠰᠠᠩ ᠮᠢᠬ᠎ᠠ ᠶᠢᠨ ᠬᠦᠮᠦᠷᠬᠡ︾ | ᠶᠢ ︽ᠣᠬᠢ ᠪᠠᠷᠠᠭ᠎ᠠ ᠲᠠᠢ ᠴᠢᠯᠦᠬᠡᠳᠦ ᠲᠡᠯᠬᠡᠬᠦᠷ︾ ᠪᠣᠯᠭᠠᠨ ᠬᠤᠪᠢᠷᠠᠭᠤᠯᠣᠨ᠎ᠠ᠃ ᠠᠵᠦ ᠠᠬᠤᠶᠢᠯᠠᠯ ᠤᠨ ᠰᠤᠷᠠᠭ ᠵᠠᠩᠬᠢᠵᠢᠯᠳᠠ ᠶᠢᠨ ᠬᠤᠷᠠᠮᠠᠭ ᠬᠡᠷᠡᠭᠯᠡᠭᠡ ᠪᠠ | ᠠᠭᠤᠰᠤᠯᠴᠠᠭᠰᠠᠨ ᠰᠢᠨᠡᠴᠢᠯᠡᠯᠳᠡ ᠶᠢ ᠲᠡᠮᠵᠢᠵᠣ᠂ ᠤᠶᠤᠨᠴᠢ ᠪᠠᠷ ᠦᠢᠯᠡᠳᠦᠨ ᠵᠤᠬᠢᠶᠠᠬᠤ᠂ ᠦᠪᠡᠷᠮᠢᠴᠠ ᠤᠨᠴᠠᠯᠢᠭᠳᠦ ᠦᠢᠯᠡᠳᠪᠦᠷᠢᠯᠡᠯ ᠢ ᠬᠦᠴᠦᠳᠡᠢ | ᠬᠦᠭᠵᠢᠬᠦᠯᠵᠦ᠂ ᠣᠯᠠᠮᠵᠢᠯᠠᠯᠳᠣ ᠠᠵᠣ ᠦᠢᠯᠡᠳᠪᠦᠷᠢ ᠶᠢᠨ ᠲᠡᠰ ᠲᠠᠪᠰᠢᠯᠳᠠ ᠶᠢ ᠪᠡᠶᠡᠯᠡᠬᠦᠯᠦᠨ᠎ᠡ᠃ | ᠪᠠᠶᠢᠯᠳᠤᠬᠤ ᠪᠤᠳᠤᠯᠭ᠎ᠠ ᠶᠢᠨ ᠴᠢᠨᠡᠷ ᠲᠠᠢ ᠰᠢᠨ᠎ᠡ ᠮᠡᠨᠳᠤᠭᠰᠠᠨ ᠠᠵᠦ ᠦᠢᠯᠡᠰ ᠢ ᠪᠤᠵᠠᠭᠠᠶᠢᠷᠠᠭᠤᠯᠤᠨ ᠬᠦᠴᠦᠷᠭᠡᠭᠵᠢᠬᠦᠯᠦᠨ᠎ᠡ᠃ ᠦᠪᠡᠷᠳᠡᠭᠡᠨ ᠵᠠᠰᠠᠬᠤ | ᠤᠷᠤᠨ ᠤ ᠣᠯᠣᠰ ᠤᠨ ᠲᠠᠯᠠᠢ ᠲᠤᠭ᠎ᠠ ᠶᠢᠨ ᠲᠤᠷᠰᠢᠯᠳᠡ ᠶᠢᠨ ᠤᠷᠤᠨ ᠢ ᠲᠡᠭᠡᠳᠦ ᠪᠡᠷᠢᠮᠵᠢᠶ᠎ᠡ ᠪᠠᠷ ᠪᠠᠶᠢᠭᠤᠯᠬᠤ ᠠᠵᠠ ᠲᠤᠬᠢᠶᠠᠯ ᠢ ᠴᠢᠩᠭ᠎ᠠ ᠡᠵᠡᠮᠳᠡᠨ᠂ ᠤᠯᠤᠰ | ᠤᠨ ᠰᠦᠯᠵᠢᠶᠡᠨ ᠤ ᠲᠦᠯᠦᠪᠵᠢᠬᠦᠯᠬᠡ ᠶᠢᠨ ᠬᠤᠶᠠᠳᠤᠭᠠᠷ ᠲᠡᠰ ᠤᠨ ᠭᠤᠭᠴᠤᠭ᠎ᠠ ᠴᠡᠭ ᠤᠨ ᠬᠤᠳᠡ ᠶᠢᠨ ᠲᠠᠪᠠᠭᠤᠯᠢᠭ ᠢᠶᠠᠨ ᠬᠦᠢᠴᠡᠳ ᠠᠰᠢᠭᠯᠡᠵᠣ᠂ ᠲᠠᠯᠠᠢ | ᠲᠤᠭ᠎ᠠ ᠶᠢᠨ ᠠᠵᠣ ᠦᠢᠯᠡᠰ ᠢ ᠲᠦᠷᠬᠡᠨ ᠬᠦᠭᠵᠢᠬᠦᠯᠦᠨ᠂ ᠵᠡᠬᠦᠨ ᠬᠤᠶᠢᠳᠦ ᠤᠷᠤᠨ ᠳᠤ ᠬᠠᠨᠳᠤᠭᠤᠯᠤᠨ ᠤᠷᠤᠨ ᠪᠦᠰᠡ ᠶᠢᠨ ᠴᠢᠨᠡᠷ ᠲᠠᠢ ᠲᠠᠯᠠᠢ ᠲᠤᠭ᠎ᠠ ᠶᠢᠨ | ᠠᠵᠦ ᠦᠢᠯᠡᠰ ᠤᠨ ᠬᠤᠷᠤᠭ᠎ᠠ ᠪᠤᠯᠤᠨ ᠬᠤᠷᠠᠮᠠᠭ ᠪᠤᠳᠤᠯᠳᠡ ᠶᠢᠨ ᠬᠡᠷᠡᠭᠯᠡᠬᠡᠨ ᠤ ᠲᠦᠪ ᠢ ᠡᠬᠦᠳᠦᠨ᠎ᠡ᠃ ᠴᠡᠪᠡᠷ ᠡᠨᠧᠷᠬᠢ ᠶᠢᠨ ᠠᠵᠦ ᠦᠢᠯᠡᠰ ᠢ ᠢᠳᠡᠪᠬᠢᠳᠡᠢ | ᠬᠦᠭᠵᠢᠬᠦᠯᠵᠦ᠂ ᠤᠮᠡᠷᠡᠳᠦ ᠬᠡᠰᠡᠭ ᠤᠨ ᠤᠷᠤᠨ ᠪᠦᠰᠡ ᠶᠢᠨ ᠪᠢᠴᠢᠯ ᠴᠠᠬᠢᠯᠭᠠᠨ ᠲᠤᠤᠷ ᠪᠤᠯᠤᠨ ᠴᠠᠬᠢᠯᠭᠠᠨ ᠬᠦᠴᠦᠨ ᠢ ᠭᠠᠳᠠᠭᠰᠢ ᠲᠠᠮᠵᠢᠭᠤᠯᠬᠤ ᠱᠣᠭᠤᠮ ᠤᠨ | ᠪᠠᠶᠢᠭᠤᠯᠤᠯᠳᠡ ᠶᠢ ᠭᠤᠤᠯᠳᠠᠯᠭ᠎ᠠ ᠲᠠᠢ ᠠᠬᠢᠭᠤᠯᠵᠦ᠂ ᠤᠨᠴᠠ ᠦᠨᠳᠦᠷ ᠲᠡᠷᠤᠯᠳᠡᠳᠦ ᠴᠠᠬᠢᠯᠭᠠᠨ ᠲᠠᠮᠵᠢᠭᠤᠯᠬᠤ ᠬᠤᠪᠢ ᠶᠢ ᠪᠦᠬᠦ ᠬᠦᠴᠦᠨ ᠢᠶᠠᠷ ᠲᠡᠮᠡᠴᠠᠨ ᠤᠯᠵᠦ | ᠂ ᠤᠷᠤᠨ ᠪᠦᠰᠡ ᠶᠢᠨ ᠴᠡᠪᠡᠷ ᠡᠨᠧᠷᠬᠢ ᠲᠠᠮᠵᠢᠭᠤᠯᠬᠤ ᠰᠠᠭᠤᠷᠢᠨ ᠴᠤᠭᠴᠠᠯᠠᠨ᠎ᠠ᠃ ︽ᠮᠤᠩᠭᠤᠯ ᠡᠮᠨᠡᠯᠬᠡ ᠮᠤᠩᠭᠤᠯ ᠡᠮ ᠤᠨ ᠬᠦᠭᠵᠢᠯᠳᠡ ᠶᠢᠨ ᠢᠨᠵᠧᠨᠧᠷᠢᠩ︾ ᠢ | ᠬᠡᠷᠡᠭᠵᠢᠬᠦᠯᠵᠦ᠂ ᠮᠣᠩᠭᠤᠯ ᠡᠮ ᠡᠮᠨᠡᠯᠬᠡ ᠶᠢᠨ ᠰᠠᠭᠤᠷᠢ ᠪᠠᠶᠢᠭᠤᠯᠣᠯᠳᠠ ᠪᠠ ᠰᠣᠳᠣᠯᠣᠯ ᠢ ᠴᠢᠩᠭᠠᠳᠬᠠᠵᠣ᠂ ᠲᠣᠮᠳᠠᠳᠣ ᠣᠯᠣᠰ ᠤᠨ ᠮᠣᠩᠭᠤᠯ ᠡᠮ ᠤᠨ ᠭᠧᠨ ᠤ | ᠲᠦᠪ᠂ ᠵᠠᠩᠬᠢ ᠶᠢᠨ ᠲᠦᠪ᠂ ᠬᠢᠨᠡᠨ ᠰᠢᠯᠭᠠᠯᠳᠠ ᠶᠢᠨ ᠲᠦᠪ ᠪᠠᠶᠢᠭᠤᠯᠵᠣ᠂ ᠦᠪᠦᠷ ᠮᠣᠩᠭᠤᠯ ᠤᠨ ᠮᠣᠩᠭᠤᠯ ᠡᠮ ᠡᠮᠨᠡᠯᠬᠡ ᠶᠢᠨ ᠶᠡᠭᠡ ᠰᠣᠷᠭᠠᠭᠤᠯᠢ ᠶᠢ | ᠢᠳᠡᠪᠬᠢᠳᠡᠢ ᠭᠤᠶᠣᠴᠢᠯᠡᠨ ᠪᠠᠶᠢᠭᠤᠯᠣᠨ᠎ᠠ᠃ ᠮᠤᠩᠭᠤᠯ ᠬᠢᠳᠡᠳ ᠡᠮ ᠤᠨ ᠮᠠᠲ᠋ᠧᠷᠢᠶᠡᠯ ᠲᠡᠷᠢᠬᠤ᠂ ᠦᠢᠯᠡᠳᠪᠦᠷᠢᠯᠡᠵᠦ ᠪᠤᠯᠪᠠᠰᠤᠷᠠᠭᠤᠯᠬᠤ᠂ ᠮᠡᠷᠬᠡᠵᠢᠯ ᠰᠤᠳᠤᠯᠤᠨ | ᠨᠡᠬᠡᠬᠡᠬᠦ᠂ ᠡᠮᠴᠢᠯᠡᠬᠡᠨ ᠳᠤ ᠬᠡᠷᠡᠭᠯᠡᠬᠦ ᠬᠦᠷᠢᠶ᠎ᠡ ᠬᠡᠪᠴᠢᠶ᠎ᠡ ᠪᠤᠯᠤᠨ ᠬᠢᠷᠢ ᠲᠦᠪᠰᠢᠨ ᠢ ᠲᠡᠭᠡᠭᠰᠢᠯᠡᠬᠦᠯᠦᠨ᠂ ᠵᠠᠬ᠎ᠠ ᠲᠡᠯᠬᠡᠬᠦᠷ ᠤᠨ ᠢᠷᠡᠬᠡᠳᠦᠢ ᠰᠠᠶᠢᠨ ᠮᠤᠩᠭᠤᠯ ᠡᠮ | ᠡᠮᠨᠡᠯᠬᠡ ᠶᠢᠨ ᠨᠢᠳᠤᠷᠭᠠᠨ ᠪᠦᠳᠦᠭᠡᠭᠳᠡᠬᠦᠨ ᠢ ᠡᠬᠦᠳᠴᠦ᠂ ᠪᠦᠬᠦ ᠤᠯᠤᠰ ᠤᠨ ᠮᠤᠩᠭᠤᠯ ᠡᠮ ᠡᠮᠨᠡᠯᠬᠡ ᠶᠢᠨ ᠠᠵᠦ ᠦᠢᠯᠡᠰ ᠤᠨ ᠬᠦᠭᠵᠢᠯᠳᠡ ᠶᠢᠨ ᠭᠤᠤᠯ ᠤᠷᠤᠨ | ᠪᠤᠯᠤᠨ ᠲᠠᠭᠤᠷᠢᠶᠡᠯ ᠤᠷᠤᠨ ᠪᠤᠯᠭᠠᠨ ᠪᠠᠶᠢᠭᠤᠯᠤᠨ᠎ᠠ᠃ ᠦᠪᠦᠷ ᠮᠤᠩᠭᠤᠯ ᠤᠨ ᠭᠤᠷᠪᠠᠳᠤᠭᠠᠷ ᠬᠤᠭᠤᠴᠠᠭᠠᠨ ᠤ ᠤᠯᠠᠨ ᠤᠯᠤᠰ ᠤᠨ ᠮᠤᠩᠭᠤᠯ ᠡᠮ ᠡᠮᠨᠡᠯᠬᠡ ᠶᠢᠨ | ᠦᠵᠡᠬᠦᠯᠦᠯᠬᠡ ᠡᠷᠬᠢᠯᠡᠵᠦ᠂ ᠣᠯᠣᠰ ᠤᠨ ᠲᠣᠳᠣᠭᠠᠳᠣ ᠭᠠᠳᠠᠭᠠᠳᠣ ᠶᠢᠨ ᠰᠣᠯᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠣ᠂ ︽ᠲᠣᠮᠳᠠᠳᠣ ᠣᠯᠣᠰ ᠤᠨ ᠮᠣᠩᠭᠤᠯ | ᠡᠮ ᠡᠮᠨᠡᠯᠬᠡ ᠶᠢᠨ ᠬᠤᠳᠠ︾ ᠶᠢᠨ ᠡᠷᠬᠡ ᠰᠦᠷ ᠪᠠ ᠨᠦᠯᠦᠬᠡ ᠶᠢ ᠨᠡᠮᠡᠭᠳᠡᠬᠦᠯᠦᠨ᠎ᠡ᠃ ᠹᠦ᠋ ᠶᠣᠣ ᠪᠦᠯᠦᠭᠯᠡᠯ ᠤᠨ ᠮᠠᠰᠢᠨ ᠲᠡᠷᠬᠡᠨ ᠤ ᠰᠢᠯ ᠤᠨ ᠦᠢᠯᠡᠳᠪᠦᠷᠢᠯᠡᠯ ᠤᠨ | 2 ᠱᠣᠭᠤᠮ ᠰᠢᠨ᠎ᠡ ᠪᠠᠶᠢᠭᠤᠯᠬᠤ ᠶᠢ ᠠᠬᠢᠭᠤᠯᠵᠣ᠂ ᠪᠦᠸᠧ ᠡᠸ᠋ᠨ ᠯᠤ᠋ ᠰᠢᠶᠥᠥ ᠪᠢᠳᠦᠷᠶ᠎ᠡ ᠶᠢᠨ ᠲᠠᠯᠠᠰᠳᠦ ᠪᠡᠶ᠎ᠡ ᠶᠢᠨ ᠦᠢᠯᠡᠳᠪᠦᠷᠢᠯᠡᠯ ᠤᠨ ᠬᠡᠪᠴᠢᠶ᠎ᠡ ᠶᠢ | ᠦᠷᠬᠡᠳᠬᠡᠵᠦ᠂ ᠪᠡᠬᠡᠵᠢᠩ ᠦᠪᠦᠷ ᠮᠤᠩᠭᠤᠯ ᠤᠨ ᠲᠡᠭᠡᠳᠦ ᠰᠢᠨᠵᠢᠯᠡᠭᠡ ᠮᠡᠷᠬᠡᠵᠢᠯ ᠤᠨ ᠭᠤᠣᠯ ᠡᠰ ᠵᠡᠷᠭᠡ ᠲᠦᠷᠦᠯ ᠵᠦᠢᠯ ᠤᠨ ᠠᠵᠦ ᠦᠢᠯᠡᠰᠵᠢᠬᠦᠯᠦᠯᠳᠡ ᠶᠢᠨ | ᠠᠬᠢᠴᠠ ᠶᠢ ᠲᠦᠷᠬᠡᠳᠬᠡᠵᠦ᠂ ᠠᠵᠣ ᠠᠬᠤᠢ ᠶᠢᠨ ᠰᠢᠨ᠎ᠡ ᠨᠡᠮᠡᠭᠳᠡᠯ ᠴᠡᠭ ᠢ ᠪᠦᠷᠢᠯᠳᠦᠬᠦᠯᠦᠨ᠎ᠡ᠃ | ᠠᠵᠣ ᠦᠢᠯᠡᠳᠪᠦᠷᠢ ᠶᠢᠨ ᠬᠤᠷᠤᠭ᠎ᠠ ᠶᠢᠨ ᠡᠷᠴᠢᠮᠵᠢᠬᠦᠯᠦᠯᠳᠡ ᠲᠦᠪᠯᠡᠷᠡᠬᠦᠯᠦᠯᠳᠡ ᠶᠢ ᠠᠬᠢᠭᠤᠯᠤᠨ᠎ᠠ᠃ ᠠᠵᠦ ᠦᠢᠯᠡᠳᠪᠦᠷᠢ ᠶᠢᠨ ᠬᠤᠷᠤᠭ᠎ᠠ ᠶᠢᠨ | ᠬᠦᠭᠵᠢᠯᠳᠡ ᠶᠢᠨ ᠲᠦᠯᠦᠪᠵᠢᠬᠦᠯᠬᠡ ᠶᠢ ᠲᠡᠬᠦᠯᠳᠡᠷᠵᠢᠬᠦᠯᠵᠦ᠂ ᠠᠵᠦ ᠦᠢᠯᠡᠰ ᠤᠨ ᠪᠠᠶᠢᠷᠢᠯᠠᠭᠤᠯᠣᠯᠳᠠ ᠪᠤᠯᠤᠨ ᠴᠢᠳᠡᠪᠦᠷᠢᠳᠦ ᠤᠷᠤᠨ ᠤ ᠬᠤᠪᠢᠶᠠᠷᠢ ᠶᠢ | ᠰᠢᠯᠢᠳᠡᠭᠵᠢᠬᠦᠯᠵᠦ᠂ ᠬᠤᠷᠤᠭ᠎ᠠ ᠶᠢᠨ ᠵᠦᠷᠢᠶ᠎ᠠ ᠲᠠᠢ ᠣᠨᠴᠠᠯᠢᠭ ᠲᠠᠢ ᠬᠦᠭᠵᠢᠯᠳᠡ ᠶᠢ ᠠᠬᠢᠭᠤᠯᠤᠨ᠎ᠠ᠃ ᠬᠤᠰᠢᠭᠤ ᠰᠢᠶᠡᠨ ᠤ ᠠᠵᠦ ᠦᠢᠯᠡᠳᠪᠦᠷᠢ ᠶᠢᠨ | ᠬᠤᠷᠤᠭ᠎ᠠ ᠶᠢᠨ ᠵᠠᠮ᠂ ᠤᠰᠤ ᠬᠠᠩᠭᠠᠯᠳᠡ᠂ ᠬᠡᠢ ᠬᠠᠩᠭᠠᠯᠳᠡ᠂ ᠴᠢᠮᠡᠭᠡ ᠨᠡᠪᠳᠡᠷᠡᠬᠦᠯᠬᠡ᠂ ᠪᠣᠬᠢᠷ ᠤᠰᠤ ᠰᠢᠢᠳᠪᠦᠷᠢᠯᠡᠬᠦ ᠵᠡᠷᠭᠡ ᠰᠠᠭᠤᠷᠢ ᠲᠦᠬᠦᠬᠡᠷᠦᠮᠵᠢ ᠶᠢᠨ | ᠪᠠᠶᠢᠭᠤᠯᠣᠯᠳᠠ ᠶᠢᠨ ᠡᠷᠴᠢᠮ ᠢᠶᠠᠨ ᠶᠡᠬᠡᠰᠬᠡᠵᠦ᠂ ᠴᠠᠬᠢᠯᠭᠠᠨ ᠤ ᠡᠬᠢ ᠶᠢ ᠢᠵᠢ ᠪᠦᠷᠢᠳᠦᠬᠦᠯᠦᠨ ᠪᠠᠶᠢᠭᠤᠯᠵᠣ᠂ ᠴᠠᠬᠢᠯᠭᠠᠨ ᠬᠦᠴᠦᠨ ᠤ ᠪᠠᠳᠣᠯᠠᠭ᠎ᠠ ᠶᠢ ᠴᠢᠩᠭᠠᠳᠬᠠᠨ | ᠂ ᠲᠠᠭᠠᠭᠠᠴᠠ ᠪᠤᠯᠤᠨ ᠲᠠᠳᠠᠬᠤ ᠬᠦᠴᠦᠨ ᠢ ᠲᠡᠭᠡᠭᠰᠢᠯᠡᠬᠦᠯᠦᠨ᠎ᠡ᠃ ᠬᠠᠮᠢᠶᠠᠷᠤᠯᠳᠡ ᠶᠢᠨ ᠪᠠᠶᠢᠭᠤᠯᠤᠮᠵᠢ ᠲᠤᠭᠳᠠᠴᠠ ᠪᠠᠨ ᠤᠯᠠᠮ ᠴᠢᠨᠠᠭᠰᠢᠳᠡ ᠵᠤᠬᠢᠴᠠᠭᠤᠯᠵᠦ᠂ | ᠬᠤᠰᠢᠭᠤ ᠰᠢᠶᠠᠨ ᠢᠶᠠᠷ ᠨᠢᠬᠡᠴᠠ ᠪᠤᠯᠭᠠᠨ ᠠᠳᠡᠯᠢ ᠲᠡᠰ ᠤᠨ ᠬᠤᠷᠤᠭ᠎ᠠ ᠶᠢ ᠨᠡᠶᠢᠯᠡᠬᠦᠯᠦᠨ᠂ ᠠᠵᠢᠯᠯᠠᠭ᠎ᠠ ᠬᠠᠮᠢᠶᠠᠷᠤᠯᠳᠡ ᠶᠢ ᠲᠦᠷᠢᠮᠵᠢᠬᠦᠯᠵᠦ᠂ ᠬᠤᠷᠴᠢᠨ ᠤ ᠠᠵᠦ | ᠦᠢᠯᠡᠳᠪᠦᠷᠢ ᠶᠢᠨ ᠬᠤᠷᠤᠭ᠎ᠠ ᠶᠢᠨ ᠵᠡᠬᠦᠨ ᠲᠤᠭᠤᠷᠢᠭ ᠢ ᠨᠡᠬᠦᠯᠬᠡᠵᠦ ᠦᠬᠡᠷᠡᠴᠢᠯᠡᠬᠦ ᠠᠵᠢᠯ ᠢ ᠲᠦᠯᠦᠪᠵᠢᠬᠦᠯᠦᠨ᠎ᠡ᠃ ᠡᠬᠢ ᠰᠤᠷᠪᠤᠯᠵᠢ ᠶᠢ ᠲᠤᠬᠢᠷᠠᠭᠤᠯᠬᠤ ᠠᠷᠭ᠎ᠠ | ᠮᠠᠶ᠋ᠢᠭ ᠢᠶᠠᠨ ᠰᠢᠨᠡᠴᠢᠯᠡᠵᠦ᠂ ᠬᠤᠷᠤᠭ᠎ᠠ ᠶᠢᠨ ᠣᠷᠣᠨ ᠪᠦᠰᠡ ᠠᠯᠣᠰ ᠨᠢᠬᠡ ᠴᠣᠭᠴᠠᠵᠢᠭᠤᠯᠣᠯᠳᠠ ᠶᠢᠨ ᠬᠦᠭᠵᠢᠬᠦᠯᠦᠯᠳᠡ ᠶᠢ ᠠᠬᠢᠭᠤᠯᠵᠣ᠂ ᠡᠬᠢ ᠰᠤᠷᠪᠤᠯᠵᠢ ᠶᠢᠨ | ᠲᠤᠬᠢᠷᠠᠭᠤᠯᠣᠯᠳᠠ ᠪᠠᠷ ᠦᠷ᠎ᠡ ᠠᠰᠢᠭ ᠢ ᠬᠠᠮᠤᠭ ᠶᠡᠭᠡ ᠪᠤᠯᠭᠠᠬᠤ ᠪᠠ ᠠᠰᠢᠭᠯᠠᠮᠵᠢ ᠶᠢ ᠬᠠᠮᠤᠭ ᠰᠢᠯᠢᠳᠡᠭᠵᠢᠬᠦᠯᠬᠦ ᠶᠢ ᠪᠡᠶᠡᠯᠡᠬᠦᠯᠦᠨ᠂ ᠬᠤᠷᠤᠭ᠎ᠠ ᠶᠢᠨ ᠪᠡᠯᠡ | ᠤᠷᠤᠭᠤᠯᠬᠤ ᠬᠦᠴᠦᠯᠡᠴᠡ ᠪᠤᠯᠤᠨ ᠭᠠᠷᠤᠯᠳᠡ ᠶᠢᠨ ᠬᠦᠴᠦᠯᠡᠴᠠ ᠶᠢ ᠲᠡᠭᠡᠭᠰᠢᠯᠡᠬᠦᠯᠦᠨ᠎ᠡ᠃ | ︵ᠲᠦᠷᠪᠡ︶ ᠲᠠᠷᠢᠶᠠᠯᠠᠩ ᠮᠠᠯ ᠠᠵᠣ ᠠᠬᠤᠢ ᠶᠢᠨ ᠣᠳᠣᠬᠢᠴᠢᠯᠠᠯᠳᠠ ᠶᠢ ᠠᠬᠢᠭᠤᠯᠣᠨ᠎ᠠ | ᠲᠡᠷᠢᠶᠡᠯᠡᠩ ᠮᠠᠯ ᠠᠵᠦ ᠠᠬᠤᠢ ᠶᠢᠨ ᠤᠳᠤᠬᠢᠴᠢᠯᠡᠯᠳᠡ ᠪᠤᠯ ︽ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠢᠨᠵᠧᠨᠧᠷᠢᠩ︾ ᠤᠨ | ᠰᠠᠭᠤᠷᠢ ᠮᠥᠨ᠃ ᠢᠳᠡᠬᠡᠨ ᠤ ᠬᠡᠷᠡᠭᠯᠡᠭᠡ ᠶᠢᠨ ᠪᠦᠳᠦᠴᠠ ᠶᠢᠨ ᠲᠡᠰ ᠲᠡᠪᠰᠢᠬᠦ ᠬᠠᠨᠳᠣᠰᠢ ᠲᠠᠢ ᠵᠣᠬᠢᠴᠠᠯᠳᠣᠨ ︽ᠪᠤᠬᠢᠷᠳᠦᠯ ᠦᠭᠡᠢ ᠬᠤᠷᠴᠢᠨ᠂ ᠡᠷᠡᠬᠦᠯ ᠡᠩᠬᠡ | ᠬᠦᠮᠦᠨ ᠲᠦᠷᠦᠯᠬᠢᠳᠡᠨ︾ ᠬᠡᠬᠦ ᠠᠮᠢ ᠠᠬᠤᠢ ᠶᠢᠨ ᠲᠡᠷᠢᠶᠡᠯᠡᠩ ᠮᠠᠯ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠤᠶᠢᠯᠠᠭᠠᠭᠳᠠᠬᠤᠨ ᠢ ᠪᠤᠢ ᠪᠤᠯᠭᠠᠵᠦ᠂ | ᠲᠡᠷᠢᠶᠡᠯᠡᠩ ᠮᠠᠯ ᠠᠵᠦ ᠠᠬᠤᠢ ᠶᠢᠨ ᠬᠠᠩᠭᠠᠯᠭ᠎ᠠ ᠶᠢᠨ ᠪᠦᠳᠦᠴᠡ ᠶᠢᠨ ᠴᠢᠨᠡᠷ ᠲᠠᠢ ᠦᠬᠡᠷᠡᠴᠢᠯᠡᠯᠳᠡ ᠶᠢ ᠲᠦᠷᠭᠡᠳᠭᠡᠨ᠂ ᠲᠡᠷᠢᠶᠡᠯᠡᠩ ᠮᠠᠯ ᠠᠵᠦ ᠠᠬᠤᠢ ᠶᠢᠨ | ᠶᠡᠷᠦᠩᠭᠡᠢ ᠦᠷ᠎ᠡ ᠠᠰᠢᠭ ᠢ ᠲᠡᠭᠡᠭᠰᠢᠯᠡᠬᠦᠯᠦᠨ᠎ᠡ᠃ | ᠲᠡᠷᠢᠶᠡᠯᠡᠩ ᠮᠠᠯ ᠠᠵᠦ ᠠᠬᠤᠢ ᠶᠢᠨ ᠴᠦᠷᠬᠦᠯᠡᠭᠡ ᠬᠦᠭᠵᠢᠯᠳᠡ ᠶᠢᠨ ᠴᠢᠳᠠᠪᠣᠷᠢ ᠶᠢ ᠨᠡᠮᠡᠭᠳᠡᠬᠦᠯᠦᠨ᠎ᠡ᠃ ᠲᠠᠷᠢᠶᠠᠨ ᠭᠠᠵᠠᠷ ᠤᠨ ᠴᠢᠳᠠᠪᠣᠷᠢ ᠶᠢᠨ | ᠪᠠᠶᠢᠷᠢᠯᠠᠭᠤᠯᠣᠯᠳᠠ ᠶᠢ ᠴᠢᠨᠠᠭᠰᠢᠳᠠ ᠰᠢᠯᠢᠳᠡᠭᠵᠢᠬᠦᠯᠵᠦ᠂ ᠠᠮᠢ ᠠᠬᠤᠢ ᠶᠢᠨ ᠣᠰᠣᠨ ᠳᠤ ᠠᠷᠪᠢᠳᠡᠢ ᠲᠠᠷᠢᠶᠠᠯᠠᠩ ᠮᠠᠯ ᠠᠵᠣ ᠠᠬᠤᠢ ᠶᠢᠨ ᠦᠢᠯᠡᠰ ᠢ ᠶᠡᠬᠡᠪᠡᠷ | ᠬᠦᠭᠵᠢᠬᠦᠯᠵᠦ᠂ ᠰᠠᠶᠢᠨ ᠡᠬᠦᠯᠳᠡᠷ ᠰᠠᠶᠢᠨ ᠠᠷᠭ᠎ᠠ ᠰᠠᠶᠢᠨ ᠮᠠᠰᠢᠨ ᠤ ᠲᠦᠬᠦᠬᠡᠷᠵᠢᠯ ᠪᠠ ᠣᠰᠣ ᠪᠣᠷᠳᠣᠭᠤᠷ ᠢ ᠨᠢᠬᠡ ᠴᠣᠭᠴᠠ ᠪᠣᠯᠭᠠᠭᠰᠠᠨ ᠵᠠᠭᠪᠣᠷ ᠢ | ᠲᠡᠯᠬᠡᠷᠡᠬᠦᠯᠵᠦ᠂ ᠬᠦᠶᠦᠬᠡᠨ ᠪᠣᠯᠠᠭᠰᠠᠨ ᠲᠣᠰᠣᠯᠠᠭᠤᠷ ᠣᠰᠣᠯᠠᠭᠠ ᠶᠢᠨ ᠣᠰᠣ ᠠᠷᠪᠢᠯᠠᠨ ᠣᠰᠣᠯᠠᠬᠤ ᠲᠠᠯᠠᠪᠠᠢ ᠶᠢ 50 ᠲᠦᠮᠡᠨ ᠮᠣ᠋ ᠠᠴᠠ ᠲᠡᠬᠡᠭᠰᠢ ᠰᠢᠨ᠎ᠡ | ᠨᠡᠮᠡᠭᠳᠡᠬᠦᠯᠵᠦ᠂ 1000 ᠲᠦᠮᠡᠨ ᠮᠣ᠋ ᠣᠰᠣ ᠠᠷᠪᠢᠯᠠᠬᠤ ᠦᠨᠳᠦᠷ ᠣᠨᠠᠯᠳᠠ ᠦᠨᠳᠦᠷ ᠦᠷ᠎ᠡ ᠠᠰᠢᠭᠳᠣ ᠠᠮᠣ ᠪᠣᠳᠠᠭᠠᠨ ᠤ ᠦᠢᠯᠡᠳᠦᠯᠳᠦ ᠣᠷᠣᠨ ᠢ ᠲᠦᠷᠬᠡᠨ | ᠪᠠᠶᠢᠭᠤᠯᠵᠣ᠂ ᠠᠮᠤ ᠪᠤᠳᠠᠭᠠᠨ ᠤ ᠶᠡᠷᠦᠩᠭᠡᠢ ᠤᠨᠡᠯᠳᠡ ᠶᠢ 140 ᠳ᠋ᠦᠩᠰᠢᠭᠤᠷ ᠵᠢᠩ ᠠᠴᠠ ᠲᠡᠭᠡᠭᠰᠢ ᠲᠤᠭᠳᠠᠪᠤᠷᠢᠵᠢᠭᠤᠯᠤᠨ᠎ᠠ᠃ ᠨᠤᠳᠤᠭ ᠪᠡᠯᠴᠢᠬᠡᠷ ᠤᠨ | ᠬᠠᠮᠠᠭᠠᠯᠠᠯᠳᠡ ᠪᠤᠯᠤᠨ ᠲᠡᠵᠢᠬᠡᠯ ᠡᠪᠡᠰᠦ ᠪᠤᠷᠳᠤᠭᠠᠨ ᠤ ᠰᠠᠭᠤᠷᠢᠨ ᠤ ᠪᠠᠶᠢᠭᠤᠯᠤᠯᠳᠡ ᠶᠢ ᠴᠢᠩᠭᠠᠳᠬᠠᠵᠦ᠂ ᠪᠦᠳᠦᠬᠦᠯᠢᠭ ᠲᠡᠵᠢᠬᠡᠯ ᠪᠤᠷᠳᠤᠭ᠎ᠠ ᠶᠢᠨ | ᠦᠢᠯᠡᠳᠪᠦᠷᠢᠯᠡᠯ ᠤᠨ ᠴᠢᠳᠡᠪᠦᠷᠢ ᠶᠢ 460 ᠳ᠋ᠦᠩᠰᠢᠭᠤᠷ ᠵᠢᠩ ᠬᠦᠷᠭᠡᠵᠦ᠂ ᠮᠠᠯ ᠲᠡᠵᠢᠬᠡᠪᠦᠷᠢ ᠶᠢ 2200 ᠲᠦᠮᠡ ᠠᠴᠠ ᠲᠡᠭᠡᠭᠰᠢ ᠲᠤᠭᠳᠠᠪᠤᠷᠢᠵᠢᠭᠤᠯᠤᠨ᠂ | ᠮᠢᠬᠠᠨ ᠲᠦᠷᠦᠯ ᠤᠨ ᠭᠠᠷᠤᠯᠳᠡ ᠶᠢ 70 ᠲᠦᠮᠡᠨ ᠲᠣᠨ ᠠᠴᠠ ᠲᠡᠭᠡᠭᠰᠢ ᠬᠦᠷᠭᠡᠨ᠎ᠡ᠃ ᠲᠡᠷᠢᠶᠡᠯᠡᠩ ᠮᠠᠯ ᠠᠵᠦ ᠠᠬᠤᠢ ᠶᠢᠨ ᠨᠡᠶᠢᠬᠡᠮᠴᠢᠯᠡᠭᠰᠡᠨ ᠦᠢᠯᠡᠴᠢᠯᠡᠭᠡ ᠶᠢᠨ | ᠰᠢᠰᠲ᠋ᠧᠮ ᠢ ᠲᠡᠬᠦᠯᠳᠡᠷᠵᠢᠬᠦᠯᠵᠦ᠂ ᠡᠷᠳᠡᠨᠢ ᠰᠢᠰᠢ ᠶᠢᠨ ᠮᠢᠩ ᠬᠤᠷᠤᠬᠠᠢ ᠶᠢ ᠨᠢᠬᠡᠳᠦᠯᠳᠡᠢ ᠰᠡᠷᠬᠡᠶᠢᠯᠡᠨ ᠵᠠᠰᠠᠵᠦ᠂ ᠴᠢᠬᠤᠯᠡ ᠲᠤᠮᠤ ᠬᠢᠵᠢᠭ ᠡᠪᠡᠳᠴᠢᠨ ᠢ | ᠰᠡᠷᠬᠡᠶᠢᠯᠡᠨ ᠡᠵᠡᠮᠰᠢᠬᠦ ᠴᠢᠳᠡᠪᠦᠷᠢ ᠪᠠᠨ ᠲᠡᠭᠡᠭᠰᠢᠯᠡᠬᠦᠯᠦᠨ᠎ᠡ᠃ ᠡᠷᠳᠡᠨᠢ ᠰᠢᠰᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠠᠰᠢᠨᠴᠢᠯᠡᠯᠳᠡ ᠶᠢ ᠲᠡᠯᠬᠡᠷᠡᠬᠦᠯᠵᠦ᠂ | ᠲᠡᠷᠢᠶᠡᠯᠡᠩ ᠮᠠᠯ ᠠᠵᠦ ᠠᠬᠤᠢ ᠶᠢᠨ ᠶᠡᠷᠦᠩᠭᠡᠢ ᠮᠠᠰᠢᠨᠴᠢᠯᠡᠯᠳᠡ ᠶᠢᠨ ᠨᠤᠷᠮ᠎ᠡ ᠶᠢ 85% ᠠᠴᠠ ᠲᠡᠭᠡᠭᠰᠢ ᠬᠦᠷᠭᠡᠨ᠎ᠡ᠃ ᠰᠢᠨ᠎ᠡ ᠮᠠᠶ᠋ᠢᠭ ᠤᠨ ᠲᠡᠷᠢᠶᠡᠯᠡᠩ ᠮᠠᠯ ᠠᠵᠦ | ᠠᠬᠤᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠬᠦᠴᠦᠳᠡᠢ ᠪᠤᠶᠢᠵᠢᠭᠤᠯᠵᠦ᠂ ᠤᠯᠠᠨ ᠬᠡᠯᠪᠡᠷᠢ ᠶᠢᠨ ᠵᠤᠬᠢᠰᠳᠡᠢ ᠬᠡᠪᠴᠢᠶᠡᠵᠢᠬᠦᠯᠦᠭᠰᠡᠨ ᠡᠵᠡᠩᠨᠡᠯᠳᠡ ᠶᠢ | ᠬᠦᠭᠵᠢᠬᠦᠯᠵᠦ᠂ ᠲᠠᠷᠢᠶᠠᠯᠠᠩ ᠮᠠᠯᠵᠢᠯ ᠤᠨ ᠦᠪᠡᠷ ᠤᠨ ᠦᠷᠳᠡᠭ ᠢᠶᠠᠨ ᠠᠷᠪᠢᠯᠠᠵᠣ ᠦᠷ᠎ᠡ ᠠᠰᠢᠭ ᠤᠨ ᠨᠡᠮᠡᠭᠳᠡᠯᠳᠠ ᠶᠢ ᠠᠬᠢᠭᠤᠯᠣᠨ᠎ᠠ᠃ ᠲᠠᠷᠢᠶᠠᠯᠠᠩ ᠮᠠᠯᠵᠢᠯ ᠤᠨ | ᠴᠡᠪᠡᠷ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠲᠡᠯᠬᠡᠷᠡᠬᠦᠯᠵᠦ᠂ ᠬᠢᠮᠢ ᠶᠢᠨ ᠪᠣᠷᠳᠣᠭᠤᠷ ᠲᠠᠷᠢᠶᠠᠨ ᠡᠮ ᠢ ᠨᠡᠮᠡᠭᠳᠡᠬᠦᠯᠬᠦ ᠦᠬᠡᠢ ᠠᠵᠢᠯᠯᠠᠭ᠎ᠠ ᠬᠦᠨᠵᠡᠬᠡᠢ ᠦᠷᠨᠢᠬᠦᠯᠵᠦ᠂ | ᠪᠣᠬᠢᠷᠳᠣᠯ ᠦᠬᠡᠢ ᠲᠠᠷᠢᠯᠭ᠎ᠠ᠂ ᠣᠷᠴᠢᠯᠳᠣ ᠠᠷᠠᠴᠢᠯᠠᠭ᠎ᠠ᠂ ᠰᠡᠯᠬᠦᠬᠡ ᠲᠠᠷᠢᠯᠭ᠎ᠠ ᠶᠢ ᠬᠦᠭᠵᠢᠬᠦᠯᠵᠦ᠂ ᠮᠠᠯ ᠲᠠᠷᠢᠶᠠᠯᠠᠩ ᠤᠨ ᠪᠣᠬᠢᠷᠳᠣᠯ ᠦᠬᠡᠢ ᠦᠷᠬᠦᠯᠵᠢᠯᠡᠨ | ᠡᠷᠡᠬᠦᠯ ᠬᠦᠭᠵᠢᠬᠦᠯᠦᠯᠳᠡ ᠶᠢ ᠪᠡᠶᠡᠯᠡᠬᠦᠯᠦᠨ᠎ᠡ᠃ | ᠲᠡᠷᠢᠶᠡᠯᠡᠩ ᠮᠠᠯ ᠠᠵᠦ ᠠᠬᠤᠢ ᠶᠢᠨ ᠠᠰᠢᠭ ᠰᠢᠮ᠎ᠡ ᠶᠢᠨ ᠪᠦᠳᠦᠬᠡᠭᠳᠡᠬᠦᠨ ᠤ ᠪᠦᠳᠦᠮᠵᠢᠳᠡᠢ ᠬᠠᠩᠭᠠᠯᠭ᠎ᠠ ᠶᠢ ᠦᠷᠭᠡᠳᠭᠡᠨ᠎ᠡ᠃ ᠲᠡᠷᠢᠮᠡᠯ ᠤᠨ ᠦᠢᠯᠡᠰ ᠢ | ᠲᠤᠬᠢᠷᠠᠭᠤᠯᠤᠨ ᠰᠢᠯᠢᠳᠡᠭᠵᠢᠬᠦᠯᠵᠣ᠂ ᠠᠮᠤ ᠪᠤᠳᠠᠭ᠎ᠠ ᠶᠢ ᠲᠡᠵᠢᠬᠡᠯ ᠪᠤᠷᠳᠤᠭ᠎ᠠ ᠬᠤᠪᠢᠷᠠᠭᠤᠯᠬᠤ᠂ ᠠᠮᠤ ᠪᠤᠳᠠᠭ᠎ᠠ ᠶᠢ ᠠᠵᠦ ᠠᠬᠤᠢ ᠶᠢᠨ ᠲᠠᠷᠢᠮᠠᠯ ᠬᠤᠪᠢᠷᠠᠭᠤᠯᠬᠤ ᠶᠢ | ᠠᠬᠢᠭᠤᠯᠵᠦ᠂ ᠬᠦᠬᠡ ᠲᠠᠷᠤᠰᠢ ᠶᠢᠨ ᠡᠷᠳᠡᠨᠢ ᠰᠢᠰᠢ 500 ᠲᠦᠮᠡᠨ ᠮᠤ᠋ ᠲᠡᠷᠢᠵᠦ᠂ ᠤᠯᠠᠭᠠᠨ ᠭᠤᠰᠢᠭᠤᠨ ᠨᠣᠭᠤᠭ᠎ᠠ᠂ ᠮᠤᠩᠭᠤᠯ ᠬᠢᠳᠡᠳ ᠡᠮ ᠤᠨ ᠮᠠᠲ᠋ᠧᠷᠢᠶᠡᠯ | ᠵᠡᠷᠭᠡ ᠠᠵᠦ ᠠᠬᠤᠢ ᠶᠢᠨ ᠲᠡᠷᠢᠮᠡᠯ ᠢ 300 ᠲᠦᠮᠡᠨ ᠮᠤ᠋ ᠬᠦᠷᠬᠡᠨ᠎ᠡ᠃ ᠣᠯᠠᠨ ᠲᠦᠷᠦᠯ ᠤᠨ ᠡᠷᠳᠡᠨᠢ ᠰᠢᠰᠢ ᠲᠠᠷᠢᠬᠤ ᠶᠢ ᠵᠢᠯᠣᠭᠤᠳᠴᠣ᠂ ᠦᠷ᠎ᠡ ᠶᠢᠨ ᠡᠷᠳᠡᠨᠢ | ᠰᠢᠰᠢ ᠶᠢ ᠦᠷᠬᠦᠯᠵᠢᠯᠡᠨ 70 ᠲᠦᠮᠡᠨ ᠮᠤ᠋ ᠬᠠᠰᠦᠵᠦ ᠪᠠᠭᠠᠰᠬᠠᠵᠣ᠂ ᠡᠷᠳᠡᠨᠢ ᠰᠢᠰᠢ ᠶᠢᠨ ᠲᠠᠯᠠᠪᠠᠢ ᠶᠢ 1250 ᠲᠦᠮᠡᠨ ᠮᠣ᠋ ᠪᠠᠷ ᠬᠢᠵᠠᠭᠠᠷᠯᠠᠨ᠎ᠠ᠃ ᠭᠠᠵᠠᠷ | ᠤᠷᠤᠨ ᠤ ᠪᠠᠶᠢᠳᠡᠯ ᠳᠤᠨᠢ ᠲᠤᠬᠢᠷᠠᠭᠤᠯᠤᠨ ᠲᠦᠬᠦᠬᠡᠷᠦᠮᠵᠢᠳᠦ ᠲᠡᠷᠢᠶᠡᠯᠡᠩ ᠢ ᠬᠦᠭᠵᠢᠬᠦᠯᠵᠦ᠂ ︽ᠢᠳᠡᠰᠢᠨ ᠨᠣᠭᠤᠭ᠎ᠠ︾ ᠶᠢᠨ ᠬᠠᠩᠭᠠᠯᠭ᠎ᠠ ᠶᠢᠨ ᠴᠢᠳᠡᠪᠦᠷᠢ ᠶᠢ | ᠲᠤᠭᠳᠠᠭᠤᠨ ᠲᠡᠭᠡᠭᠰᠢᠯᠡᠬᠦᠯᠦᠨ᠎ᠡ᠃ ︽ᠲᠠᠪᠤᠨ ᠦᠬᠡᠷ︾ ᠢ ᠰᠠᠶᠢᠳᠦᠷ ᠠᠷᠠᠴᠢᠯᠠᠵᠣ᠂ ᠠᠯᠠᠰᠢᠨ ᠦᠬᠡᠷ ᠤᠨ ᠠᠵᠣ ᠦᠢᠯᠡᠰ ᠢ ᠲᠤᠪᠤᠶᠢᠯᠭᠠᠨ ᠬᠦᠭᠵᠢᠬᠦᠯᠵᠣ᠂ ︽ | ᠠᠯᠠᠰᠢᠨ ᠦᠬᠡᠷ ᠤᠨ ᠲᠣᠮᠣ ᠬᠤᠳᠠ︾ ᠠᠴᠠ ︽ᠠᠯᠠᠰᠢᠨ ᠦᠬᠡᠷ ᠤᠨ ᠬᠦᠴᠦᠷᠬᠡᠭ ᠬᠤᠳᠠ︾ ᠪᠣᠯᠭᠠᠨ ᠲᠦᠷᠬᠡᠨ ᠬᠤᠪᠢᠷᠠᠭᠤᠯᠣᠨ᠎ᠠ᠃ ᠬᠤᠷᠴᠢᠨ ᠦᠬᠡᠷ ᠤᠨ | ᠦᠢᠯᠡᠰ᠂ ᠪᠠᠩ ᠵᠢᠶᠧ ᠠᠯᠠᠰᠢᠨ ᠦᠬᠡᠷ᠂ ᠭᠦ᠋ ᠷᠦᠨ ᠮᠢᠬᠠᠨ ᠤ ᠦᠢᠯᠡᠰ ᠤᠨ ᠦᠢᠯᠡᠳᠪᠦᠷᠢᠯᠡᠯ ᠢ ᠬᠦᠴᠦᠳᠡᠢ ᠠᠬᠢᠭᠤᠯᠣᠨ ᠦᠷ᠎ᠡ ᠠᠰᠢᠭ ᠲᠠᠢ ᠪᠣᠯᠭᠠᠵᠣ᠂ ᠢ | ᠰᠠᠢ ᠠᠯᠠᠰᠢᠨ ᠦᠬᠡᠷ᠂ ᠮᠤ᠋ ᠾᠧ ᠵᠢᠶᠠ ᠠᠯᠠᠰᠢᠨ ᠦᠬᠡᠷ ᠤᠨ ᠠᠵᠣ ᠦᠢᠯᠡᠰᠵᠢᠯᠳᠠ ᠶᠢᠨ ᠲᠦᠷᠦᠯ ᠵᠦᠢᠯ ᠢ ᠪᠠᠶᠢᠭᠤᠯᠣᠨ ᠠᠰᠢᠭᠯᠠᠯᠳᠠ ᠳᠤ ᠣᠷᠣᠭᠤᠯᠵᠣ᠂ ᠪᠦᠬᠦ | ᠬᠤᠳᠠ ᠶᠢᠨ ᠠᠯᠠᠰᠢᠨ ᠦᠬᠡᠷ ᠪᠣᠳᠠᠳᠠᠢ ᠪᠤᠯᠪᠠᠰᠤᠷᠠᠭᠤᠯᠬᠤ ᠬᠡᠮᠵᠢᠶ᠎ᠡ ᠶᠢ 20 ᠲᠦᠮᠡ ᠲᠠᠪᠠᠭᠤᠯᠣᠨ᠎ᠠ᠃ ᠬᠤᠷᠴᠢᠨ ᠵᠡᠬᠦᠨ ᠭᠠᠷᠤᠨ ᠲᠤᠮᠳᠡᠳᠦ ᠬᠤᠰᠢᠭᠤᠨ ᠤ | ᠴᠧᠩ ᠹᠧᠩ᠂ ᠺᠠᠶᠢᠯᠤ ᠰᠢᠶᠠᠨ ᠤ ᠢᠦᠢ ᠲᠢᠶᠠᠨ᠂ ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠬᠤᠤ ᠶᠤᠸᠠᠨ ᠵᠡᠷᠭᠡ ᠠᠯᠠᠰᠢᠨ ᠦᠬᠡᠷ ᠤᠨ 7 ᠵᠠᠬ᠎ᠠ | ᠲᠡᠯᠬᠡᠬᠦᠷ ᠢ ᠭᠤᠤᠯᠳᠠᠯᠭ᠎ᠠ ᠲᠠᠢ ᠪᠠᠶᠢᠭᠤᠯᠵᠦ᠂ ᠪᠦᠬᠦ ᠬᠤᠳᠡ ᠶᠢᠨ ᠠᠷᠠᠯᠵᠢᠶᠠᠨ ᠤ ᠬᠡᠮᠵᠢᠶ᠎ᠡ ᠶᠢ 160 ᠲᠦᠮᠡ ᠲᠠᠪᠠᠭᠤᠯᠣᠨ᠎ᠠ᠃ ᠠᠯᠠᠰᠢᠨ ᠦᠬᠡᠷ ᠤᠨ ᠡᠬᠦᠯᠳᠡᠷ | ᠤᠨ ᠢᠨᠵᠧᠨᠧᠷᠢᠩ ᠢ ᠬᠡᠷᠡᠭᠵᠢᠬᠦᠯᠵᠦ᠂ ᠰᠠᠶᠢᠨ ᠡᠬᠦᠯᠳᠡᠷ ᠢᠶᠠᠷ ᠪᠦᠳᠦᠬᠡᠭᠳᠡᠬᠦᠨ ᠪᠣᠯᠭᠠᠵᠣ᠂ ᠠᠷᠠᠴᠢᠯᠠᠭ᠎ᠠ ᠪᠠᠷ ᠠᠵᠣ ᠦᠢᠯᠡᠰ ᠪᠣᠯᠭᠠᠨ᠎ᠠ᠃ ᠬᠤᠷᠴᠢᠨ ᠤ ᠠᠯᠠᠰᠢᠨ | ᠦᠬᠡᠷ ᠤᠨ ᠡᠬᠦᠯᠳᠡᠷ ᠤᠨ ᠰᠠᠭᠤᠷᠢᠨ ᠢ ᠪᠣᠵᠠᠭᠠᠶᠢᠷᠠᠭᠤᠯᠵᠣ᠂ ᠰᠠᠶᠢᠨ ᠡᠬᠦᠯᠳᠡᠷ ᠤᠨ ᠠᠯᠠᠰᠢᠨ ᠦᠬᠡᠷ ᠢ ᠣᠷᠣᠭᠤᠯᠨ ᠠᠪᠴᠢᠷᠠᠵᠣ ᠪᠣᠶᠢᠵᠢᠭᠤᠯᠣᠨ᠂ ᠨᠣᠳᠤᠭ ᠤᠨ | ᠠᠯᠠᠰᠢᠨ ᠦᠬᠡᠷ ᠤᠨ ᠡᠬᠦᠯᠳᠡᠷ ᠰᠠᠶᠢᠵᠢᠷᠡᠭᠤᠯᠤᠯᠳᠡ ᠶᠢ ᠲᠦᠷᠭᠡᠳᠭᠡᠵᠣ᠂ ᠡᠬᠦᠯᠳᠡᠷ ᠮᠠᠯ ᠢ 700 ᠬᠦᠷᠬᠡᠨ᠎ᠡ᠃ ᠡᠬᠡ ᠮᠠᠯ ᠢ ᠦᠷᠭᠡᠳᠭᠡᠨ ᠦᠷᠡᠵᠢᠬᠦᠯᠬᠦ ︽ | ᠲᠦᠮᠡ ᠮᠢᠩᠭ᠎ᠠ ᠵᠠᠭᠤ ᠠᠷᠪᠡ︾ ᠶᠢᠨ ᠲᠠᠭᠤᠷᠢᠶᠡᠯ ᠢᠨᠵᠧᠨᠧᠷᠢᠩ ᠢᠶᠠᠷ ᠭᠤᠣᠯᠳᠠᠯᠭ᠎ᠠ ᠪᠣᠯᠭᠠᠨ ᠬᠡᠪᠴᠢᠶᠡᠵᠢᠬᠦᠯᠦᠨ ᠪᠡᠷᠢᠮᠵᠢᠶᠡᠵᠢᠭᠤᠯᠤᠨ ᠲᠡᠵᠢᠬᠡᠵᠦ ᠠᠷᠠᠴᠢᠯᠡᠨᠠ᠃ | ᠬᠡᠪᠴᠢᠶ᠎ᠡ ᠪᠠᠭ᠎ᠠ᠂ ᠣᠯᠠᠨ ᠬᠦᠮᠦᠨ ᠤ ᠠᠷᠠᠴᠢᠯᠠᠭ᠎ᠠ ᠪᠠᠷ ᠰᠢᠮᠧᠨᠳᠠᠷ ᠠᠯᠠᠰᠢᠨ ᠦᠬᠡᠷ ᠤᠨ ᠠᠷᠠᠴᠢᠯᠠᠭ᠎ᠠ ᠶᠢ ᠬᠡᠪᠴᠢᠶ᠎ᠠ ᠶᠢ ᠦᠷᠬᠡᠳᠬᠡᠵᠦ᠂ ᠲᠣᠰᠬᠠᠢ ᠬᠤᠷᠰᠢᠶ᠎ᠠ ᠪᠠ | ᠲᠦᠷᠦᠬᠦᠴᠢ ᠠᠵᠣ ᠠᠬᠤᠶᠢᠯᠠᠯ ᠢᠶᠠᠷ ᠭᠤᠣᠯᠳᠠᠯᠭ᠎ᠠ ᠪᠣᠯᠭᠠᠨ ᠠᠩᠬᠡᠰ ᠵᠡᠷᠬᠡ ᠲᠡᠬᠡᠳᠦ ᠲᠡᠰ ᠤᠨ ᠠᠯᠠᠰᠢᠨ ᠦᠬᠡᠷ ᠤᠨ ᠠᠷᠠᠴᠢᠯᠠᠭ᠎ᠠ ᠶᠢᠨ ᠬᠡᠪᠴᠢᠶ᠎ᠠ ᠶᠢ ᠲᠣᠭᠳᠠᠭᠤᠨ | ᠨᠡᠮᠡᠭᠳᠡᠬᠦᠯᠵᠦ᠂ ᠲᠡᠵᠢᠬᠡᠬᠡ ᠠᠯᠠᠰᠢᠨ ᠦᠬᠡᠷ ᠢ 350 ᠲᠦᠮᠡ ᠬᠦᠷᠬᠡᠨ᠎ᠡ᠃ ᠪᠤᠬᠢᠷᠳᠦᠯ ᠦᠭᠡᠢ ᠨᠡᠷ᠎ᠡ ᠲᠡᠮᠳᠡᠭ ᠢ ᠰᠠᠶᠢᠳᠦᠷ ᠡᠬᠦᠳᠴᠦ᠂ ᠠᠮᠢ ᠠᠬᠤᠢ ᠶᠢᠨ | ᠲᠡᠷᠢᠶᠡᠯᠡᠩ ᠮᠠᠯ ᠠᠵᠦ ᠠᠬᠤᠢ ᠶᠢᠨ ᠡᠬᠢ ᠰᠤᠷᠪᠤᠯᠵᠢ ᠶᠢᠨ ᠲᠠᠪᠠᠭᠤᠯᠢᠭ ᠢᠶᠠᠨ ᠪᠠᠳᠠᠷᠠᠭᠤᠯᠤᠨ᠂ ᠬᠤᠷᠴᠢᠨ ᠤ ᠦᠬᠡᠷ᠂ ᠬᠦᠷᠢᠶ᠎ᠡ ᠶᠢᠨ ᠰᠠᠭᠠᠭ᠂ ᠺᠠᠶᠢᠯᠤ ᠶᠢᠨ | ᠤᠯᠠᠭᠠᠨ ᠭᠤᠰᠢᠭᠤᠨ ᠨᠣᠭᠤᠭ᠎ᠠ᠂ ᠨᠡᠢᠮᠠᠨ ᠤ ᠮᠤᠩᠭᠤᠯ ᠬᠢᠳᠡᠳ ᠡᠮ ᠤᠨ ᠮᠠᠲ᠋ᠧᠷᠢᠶᠡᠯ᠂ ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠪᠤᠬᠢᠷᠳᠦᠯ ᠦᠭᠡᠢ | ᠲᠤᠳᠤᠷᠭ᠎ᠠ᠂ ᠵᠠᠷᠤᠳ ᠬᠤᠰᠢᠭᠤ ᠶᠢᠨ ᠬᠤᠯᠢᠮᠠᠭ ᠠᠮᠤ ᠪᠤᠷᠴᠠᠭ ᠵᠡᠷᠭᠡ ᠪᠣᠬᠢᠷᠳᠣᠯ ᠦᠬᠡᠢ ᠰᠢᠯᠢᠳᠡᠭ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ | ᠰᠢᠯᠢᠳᠡᠭᠵᠢᠬᠦᠯᠣᠨ ᠨᠠᠷᠢᠯᠢᠭᠵᠢᠭᠤᠯᠵᠣ᠂ ᠨᠡᠷ᠎ᠡ ᠲᠡᠮᠳᠡᠭ ᠤᠨ ᠨᠦᠯᠦᠬᠡ ᠶᠢ ᠲᠡᠬᠡᠭᠰᠢᠯᠡᠬᠦᠯᠦᠨ᠎ᠡ᠃ ᠲᠡᠷᠢᠶᠡᠯᠡᠩ ᠤᠨ ᠪᠦᠳᠦᠭᠡᠭᠳᠡᠬᠦᠨ ᠤ ᠶᠠᠰᠤ ᠴᠢᠨᠡᠷ ᠤᠨ | ᠠᠶᠣᠯᠬᠦᠢ ᠶᠢᠨ ᠬᠠᠮᠢᠶᠠᠷᠣᠯᠳᠠ ᠶᠢ ᠴᠢᠩᠭᠠᠳᠬᠠᠵᠦ᠂ ᠣᠨᠴᠠᠯᠢᠭᠳᠣ ᠲᠡᠷᠢᠶᠡᠯᠡᠩ ᠮᠠᠯ ᠠᠵᠦ ᠠᠬᠤᠢ ᠶᠢᠨ ᠠᠰᠢᠭ ᠰᠢᠮ᠎ᠡ ᠶᠢᠨ ᠪᠦᠳᠦᠬᠡᠭᠳᠡᠬᠦᠨ ᠤ ᠪᠠᠷᠢᠮᠵᠢᠶᠠᠵᠢᠭᠰᠠᠨ | ᠦᠢᠯᠡᠳᠪᠦᠷᠢᠯᠡᠯ ᠤᠨ ᠲᠠᠭᠤᠷᠢᠶᠠᠯ ᠦᠷᠨᠢᠬᠦᠯᠵᠦ᠂ ᠲᠡᠷᠢᠶᠡᠯᠡᠩ ᠮᠠᠯ ᠠᠵᠦ ᠠᠬᠤᠢ ᠶᠢᠨ ᠠᠰᠢᠭ ᠰᠢᠮ᠎ᠡ ᠶᠢᠨ ᠪᠦᠳᠦᠬᠡᠭᠳᠡᠬᠦᠨ ᠤ ᠬᠠᠩᠭᠠᠯᠳᠠ ᠶᠢᠨ ᠶᠠᠰᠣ ᠴᠢᠨᠠᠷ ᠢ | ᠲᠡᠬᠡᠭᠰᠢᠯᠡᠬᠦᠯᠦᠨ᠂ ︽ᠭᠤᠷᠪᠡᠨ ᠪᠦᠳᠦᠭᠡᠭᠳᠡᠬᠦᠨ ᠨᠢᠬᠡ ᠲᠡᠮᠳᠡᠭ︾ ᠢ ᠨᠣᠳᠠᠯᠠᠭᠤᠯᠣᠭᠰᠠᠨ ᠲᠠᠯᠠᠪᠠᠢ ᠶᠢ 300 ᠲᠦᠮᠡᠨ ᠮᠤ᠋ ᠬᠦᠷᠭᠡᠵᠦ᠂ ᠪᠦᠳᠦᠭᠡᠭᠳᠡᠬᠦᠨ ᠤ | ᠭᠠᠷᠤᠯᠳᠡ ᠶᠢ 150 ᠲᠦᠮᠡᠨ ᠲᠤᠨ ᠬᠦᠷᠭᠡᠵᠣ᠂ ᠪᠤᠬᠢᠷᠳᠦᠯ ᠦᠭᠡᠢ ᠲᠡᠷᠢᠶᠡᠯᠡᠩ ᠮᠠᠯ ᠠᠵᠦ ᠠᠬᠤᠢ ᠶᠢᠨ ᠠᠰᠢᠭ ᠰᠢᠮ᠎ᠡ ᠶᠢᠨ ᠪᠦᠳᠦᠬᠡᠭᠳᠡᠬᠦᠨ ᠢ | ᠪᠤᠯᠪᠠᠰᠤᠷᠠᠭᠤᠯᠵᠦ ᠭᠠᠳᠠᠭᠰᠢ ᠭᠠᠷᠭᠠᠬᠤ ᠰᠠᠭᠤᠷᠢᠨ ᠢ ᠲᠦᠷᠭᠡᠨ ᠪᠠᠶᠢᠭᠤᠯᠤᠨ᠎ᠠ᠃ | ᠲᠠᠷᠢᠶᠡᠯᠡᠩ ᠮᠠᠯ ᠠᠵᠦ ᠠᠬᠤᠢ ᠶᠢᠨ ᠦᠷᠳᠡᠭ ᠤᠨ ᠬᠡᠯᠬᠢᠶ᠎ᠡ ᠶᠢ ᠦᠷᠬᠡᠳᠬᠡᠨ᠎ᠡ᠃ ᠠᠵᠦ ᠦᠢᠯᠡᠳᠪᠦᠷᠢᠵᠢᠯᠳᠡ ᠶᠢᠨ ᠰᠡᠳᠬᠢᠴᠠ᠂ ᠵᠠᠬ᠎ᠠ ᠲᠡᠯᠬᠡᠬᠦᠷ ᠤᠨ | ᠤᠶᠢᠯᠠᠭᠠᠭᠳᠠᠬᠤᠨ᠂ ᠵᠠᠩᠬᠢᠴᠢᠯᠠᠯᠳᠠ ᠶᠢᠨ ᠠᠷᠭ᠎ᠠ ᠮᠠᠶ᠋ᠢᠭ ᠢᠶᠠᠷ ᠲᠡᠷᠢᠶᠡᠯᠡᠩ ᠮᠠᠯᠵᠢᠯ ᠢ ᠦᠬᠡᠷᠡᠴᠢᠯᠡᠨ ᠲᠡᠬᠡᠭᠰᠢᠯᠡᠬᠦᠯᠵᠦ᠂ ᠨᠢᠬᠡᠳᠦᠬᠡᠷ ᠬᠤᠶᠠᠳᠣᠭᠠᠷ ᠭᠤᠷᠪᠠᠳᠣᠭᠠᠷ | ᠠᠵᠣ ᠦᠢᠯᠡᠰ ᠢ ᠠᠭᠤᠰᠣᠯᠴᠠᠭᠤᠯᠣᠨ ᠬᠦᠭᠵᠢᠬᠦᠯᠦᠨ᠎ᠡ᠃ ᠲᠡᠷᠢᠶᠡᠯᠡᠩ ᠮᠠᠯ ᠠᠵᠦ ᠠᠬᠤᠢ ᠶᠢᠨ ᠠᠵᠦ ᠦᠢᠯᠡᠰᠵᠢᠭᠰᠡᠨ ᠲᠤᠯᠤᠭᠠᠶᠢᠯᠠᠭᠴᠢ ᠠᠵᠦ ᠠᠬᠤᠶᠢᠯᠠᠯ ᠢ | ᠪᠤᠵᠠᠭᠠᠶᠢᠷᠠᠭᠤᠯᠵᠦ᠂ ᠲᠤᠯᠤᠭᠠᠶᠢᠯᠠᠭᠴᠢ ᠠᠵᠦ ᠠᠬᠤᠶᠢᠯᠠᠯ ᠪᠤᠯᠤᠨ ᠲᠠᠷᠢᠶᠡᠴᠢᠨ ᠮᠠᠯᠴᠢᠳ ᠤᠨ ᠠᠰᠢᠭ ᠲᠤᠰᠠ ᠶᠢᠨ ᠬᠤᠯᠪᠣᠭ᠎ᠠ ᠶᠢᠨ ᠲᠤᠭᠳᠠᠴᠠ ᠶᠢ | ᠲᠡᠬᠦᠯᠳᠡᠷᠵᠢᠬᠦᠯᠵᠦ᠂ ᠲᠠᠷᠢᠬᠤ ᠲᠡᠵᠢᠬᠡᠬᠦ ᠪᠣᠯᠪᠠᠰᠣᠷᠠᠭᠤᠯᠬᠤ ᠨᠢᠬᠡ ᠬᠡᠯᠬᠢᠶ᠎ᠡ᠂ ᠦᠢᠯᠡᠳᠪᠦᠷᠢᠯᠡᠯ ᠬᠠᠩᠭᠠᠯᠭ᠎ᠠ ᠪᠣᠷᠣᠯᠠᠭᠤᠯᠭ᠎ᠠ ᠶᠢ ᠨᠢᠬᠡ ᠴᠣᠭᠴᠠ ᠪᠣᠯᠭᠠᠭᠰᠠᠨ | ᠡᠵᠡᠩᠨᠡᠯᠳᠡ ᠶᠢᠨ ᠲᠣᠭᠳᠠᠯᠴᠠᠭ᠎ᠠ ᠶᠢ ᠪᠠᠶᠢᠭᠤᠯᠵᠣ᠂ 35 ᠲᠦᠮᠡᠨ ᠲᠡᠷᠢᠶᠡᠴᠢᠨ ᠮᠠᠯᠴᠢᠨ ᠡᠷᠦᠬᠡ ᠶᠢ ᠲᠠᠶᠢᠴᠢᠯᠡᠨ ᠣᠷᠣᠯᠭ᠎ᠠ ᠶᠢ ᠨᠡᠮᠡᠭᠳᠡᠬᠦᠯᠦᠨ ᠴᠢᠨᠡᠬᠡᠯᠢᠭᠵᠢᠬᠦᠯᠵᠦ᠂ | ᠲᠡᠷᠢᠶᠡᠴᠢᠨ ᠮᠠᠯᠴᠢᠳ ᠤᠨ ᠠᠵᠦ ᠦᠢᠯᠡᠰᠵᠢᠯᠳᠡ ᠠᠴᠠ ᠤᠯᠬᠤ ᠤᠷᠤᠯᠭ᠎ᠠ ᠶᠢᠨ ᠬᠠᠷᠢᠴᠠᠯ ᠢ 50% ᠬᠦᠷᠬᠡᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠳᠦᠬᠡᠭᠳᠡᠬᠦᠨ ᠤ ᠵᠠᠬ᠎ᠠ ᠲᠡᠯᠬᠡᠬᠦᠷ ᠤᠨ ᠪᠣᠷᠣᠯᠠᠭᠤᠯᠭ᠎ᠠ ᠶᠢᠨ ᠲᠣᠭᠳᠠᠯᠴᠠᠭ᠎ᠠ ᠶᠢ ᠲᠡᠬᠦᠯᠳᠡᠷᠵᠢᠬᠦᠯᠵᠦ᠂ ᠣᠷᠣᠨ ᠪᠦᠰᠡ ᠶᠢᠨ ᠴᠢᠨᠠᠷ ᠲᠠᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠳᠦᠬᠡᠭᠳᠡᠬᠦᠨ ᠢ ᠪᠦᠬᠡᠮ ᠢᠶᠠᠷ ᠪᠣᠷᠣᠯᠠᠭᠤᠯᠬᠤ ᠵᠠᠬ᠎ᠠ ᠲᠡᠯᠬᠡᠬᠦᠷ ᠪᠠᠶᠢᠭᠤᠯᠵᠣ᠂ ᠣᠶᠢᠯᠠᠭᠠᠬᠤ ᠲᠡᠯᠬᠡᠬᠦᠷ᠂ ᠦᠵᠡᠬᠦᠯᠦᠯᠬᠡ ᠰᠢᠭᠤᠳ | ᠪᠣᠷᠣᠯᠠᠭᠤᠯᠭ᠎ᠠ ᠶᠢᠨ ᠲᠠᠯᠬᠡᠬᠦᠷ᠂ ᠰᠦᠯᠵᠢᠶᠡᠨ ᠳᠠᠬᠢ ᠲᠡᠯᠬᠡᠬᠦᠷ ᠵᠡᠷᠭᠡ ᠪᠦᠬᠦ ᠲᠠᠯ᠎ᠠ ᠪᠠᠷ ᠪᠡᠶᠡᠳᠦ ᠰᠢᠭᠤᠳ ᠪᠤᠷᠤᠯᠠᠭᠤᠯᠬᠤ ᠬᠡᠪ ᠵᠠᠭᠪᠤᠷ ᠪᠠᠶᠢᠭᠤᠯᠵᠣ᠂ ︽ | ᠲᠡᠷᠢᠶᠡᠯᠡᠩ ᠤᠨ ᠦᠵᠡᠬᠦᠯᠦᠯᠬᠡ︾ ᠶᠢᠨ ᠠᠵᠦ ᠠᠬᠤᠢ ᠶᠢ ᠬᠦᠴᠦᠳᠡᠢ ᠬᠦᠭᠵᠢᠬᠦᠯᠦᠨ᠂ ᠪᠦᠬᠦ ᠣᠷᠣᠨ ᠠᠴᠠ ᠬᠤᠳᠠᠯᠳᠣᠨ ᠠᠪᠴᠣ ᠪᠦᠬᠦ ᠣᠯᠣᠰ ᠲᠤ | ᠬᠤᠳᠠᠯᠳᠣᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠬᠡᠭᠳᠡᠬᠦᠨ ᠤ ᠬᠦᠢᠯᠬᠡᠬᠡ ᠶᠢᠨ ᠬᠠᠮ ᠪᠠᠶᠢᠳᠠᠯ ᠢ ᠲᠦᠷᠬᠡᠨ ᠪᠠᠶᠢᠭᠤᠯᠣᠨ ᠪᠦᠷᠢᠯᠳᠦᠬᠦᠯᠦᠨ᠎ᠡ᠃ | ᠲᠠᠷᠢᠶᠠᠯᠠᠩ ᠮᠠᠯᠵᠢᠯ ᠤᠨ ᠣᠯᠠᠨ ᠴᠢᠳᠠᠮᠵᠢ ᠶᠢ ᠠᠭᠤᠳᠠᠯᠠᠵᠣ᠂ ︽ᠢᠨᠲ᠋ᠧᠷ ᠰᠦᠯᠵᠢᠶ᠎ᠡ +︾ ᠲᠠᠷᠢᠶᠠᠯᠠᠩ ᠮᠠᠯᠵᠢᠯ ᠢ ᠬᠦᠭᠵᠢᠬᠦᠯᠵᠦ᠂ ᠬᠦᠳᠡᠭᠡ ᠲᠣᠰᠬᠤᠨ | ᠮᠠᠯᠵᠢᠬᠤ ᠣᠷᠣᠨ ᠳᠤ ᠰᠢᠨ᠎ᠡ ᠠᠵᠣ ᠦᠢᠯᠡᠰ ᠰᠢᠨ᠎ᠡ ᠡᠵᠡᠩᠨᠡᠯᠳᠡ ᠶᠢᠨ ᠬᠡᠯᠪᠡᠷᠢ ᠶᠢ ᠲᠦᠷᠬᠡᠨ ᠪᠣᠢ ᠪᠣᠯᠭᠠᠨ᠎ᠠ᠃ | ︵ᠲᠠᠪᠤ︶ ᠤᠳᠤᠬᠢᠴᠢ ᠦᠢᠯᠡᠴᠢᠯᠡᠬᠡᠨ ᠤ ᠦᠢᠯᠡᠰ ᠢ ᠲᠦᠷᠭᠡᠨ ᠬᠦᠭᠵᠢᠬᠦᠯᠦᠨ᠎ᠡ | ᠤᠳᠤᠬᠢᠴᠢ ᠦᠢᠯᠡᠴᠢᠯᠡᠬᠡᠨ ᠤ ᠦᠢᠯᠡᠰ ᠪᠤᠯ ︽ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠢᠨᠵᠧᠨᠧᠷᠢᠩ︾ ᠢ ᠠᠬᠢᠭᠤᠯᠬᠤ | ᠭᠤᠤᠯᠳᠠᠯᠭ᠎ᠠ ᠮᠥᠨ᠃ | ᠪᠦᠬᠦ ᠬᠡᠪᠴᠢᠶᠡᠨ ᠤ ᠵᠤᠭᠠᠴᠠᠯ ᠢ ᠬᠦᠴᠦᠳᠡᠢ ᠬᠦᠭᠵᠢᠬᠦᠯᠦᠨ᠎ᠡ᠃ ᠦᠪᠡᠷᠳᠡᠬᠡᠨ ᠵᠠᠰᠠᠬᠤ ᠣᠷᠣᠨ ᠤ ᠣᠯᠣᠰ ᠤᠨ ᠲᠣᠳᠣᠭᠠᠳᠣ ᠭᠠᠳᠠᠭᠠᠳᠣ ᠳᠤ ᠠᠯᠳᠠᠷ | ᠲᠠᠢ ᠵᠢᠭᠤᠯᠴᠢᠯᠠᠯ ᠤᠨ ᠣᠷᠣᠨ ᠢ ᠪᠠᠶᠢᠭᠤᠯᠬᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢᠨ ᠶᠣᠰᠣ ᠪᠠᠷ᠂ ᠪᠦᠬᠦ ᠣᠷᠣᠨ ᠤ ᠵᠢᠭᠤᠯᠴᠢᠯᠠᠯ ᠤᠨ | ᠬᠦᠭᠵᠢᠬᠦᠯᠦᠯᠳᠡ ᠶᠢᠨ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠵᠣ᠂ ︽ᠪᠦᠬᠦ ᠬᠡᠪᠴᠢᠶ᠎ᠡ ᠳᠤ ᠵᠢᠭᠤᠯᠴᠢᠯᠠᠬᠤ᠂ ᠲᠦᠷᠪᠡᠨ ᠣᠯᠠᠷᠢᠯ ᠳᠤ ᠵᠢᠭᠤᠯᠴᠢᠯᠠᠬᠤ᠂ | ᠵᠢᠭᠤᠯᠴᠢᠯᠠᠯ +︾ ᠤᠨ ᠬᠦᠭᠵᠢᠬᠦᠯᠦᠯᠳᠡ ᠶᠢᠨ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠵᠦ᠂ ᠵᠢᠭᠤᠯᠴᠢᠯᠡᠯ ᠤᠨ ᠦᠢᠯᠡᠰ ᠢ ᠰᠢᠨ᠎ᠡ ᠮᠠᠶ᠋ᠢᠭ ᠤᠨ ᠪᠠᠶᠢᠯᠳᠣᠬᠤ | ᠪᠣᠳᠣᠯᠭ᠎ᠠ ᠶᠢᠨ ᠲᠣᠯᠭᠠᠭᠤᠷ ᠠᠵᠣ ᠦᠢᠯᠡᠰ ᠪᠣᠯᠭᠠᠵᠣ᠂ ᠲᠦᠩᠯᠢᠶᠣᠣ ᠪᠠᠨ ᠣᠯᠣᠰ ᠤᠨ ᠭᠠᠳᠠᠭᠠᠳᠣ ᠲᠣᠳᠣᠭᠠᠳᠣ ᠳᠤ ᠠᠯᠳᠠᠷ ᠲᠠᠢ ᠲᠡᠷᠬᠡ ᠪᠠᠷᠢᠵᠣ ᠵᠣᠭᠠᠴᠠᠬᠤ | ᠣᠶᠢᠯᠠᠭᠠᠯᠳᠠ ᠶᠢᠨ ᠰᠠᠭᠤᠷᠢᠨ᠂ ᠵᠣᠰᠠᠯᠠᠩ ᠰᠡᠯᠡᠬᠦᠴᠡᠯ ᠡᠷᠡᠬᠦᠯᠵᠢᠯ ᠤᠨ ᠰᠠᠭᠤᠷᠢᠨ ᠪᠠ ᠲᠡᠬᠡᠳᠦ ᠲᠡᠰ ᠤᠨ ᠵᠢᠭᠤᠯᠴᠢᠯᠠᠯ ᠤᠨ ᠬᠤᠳᠠ ᠪᠣᠯᠭᠠᠨ ᠪᠠᠶᠢᠭᠤᠯᠣᠨ᠎ᠠ᠃ | ᠨᠡᠷ᠎ᠡ ᠲᠡᠮᠳᠡᠭ ᠢ ᠲᠣᠪᠣᠶᠢᠯᠭᠠᠵᠣ᠂ ᠮᠠᠨ ᠤ ᠬᠤᠳᠠ ᠶᠢᠨ ᠵᠢᠭᠤᠯᠴᠢᠯᠠᠯ ᠤᠨ ᠡᠬᠢ ᠰᠣᠷᠪᠣᠯᠵᠢ ᠶᠢᠨ ︽ᠬᠠᠮᠤᠭ ᠦᠰᠦᠭᠳᠦ︾ ︽ᠡᠬᠢ ᠦᠰᠦᠭᠳᠦ︾ ︽ᠭᠠᠭᠴᠠ | ᠦᠰᠦᠭᠳᠦ︾ ᠶᠢᠨ ᠲᠠᠪᠠᠭᠤᠯᠢᠭ ᠢᠶᠠᠨ ᠪᠠᠳᠠᠷᠠᠭᠤᠯᠵᠣ᠂ ᠪᠦᠬᠦ ᠬᠡᠪᠴᠢᠶ᠎ᠠ ᠶᠢᠨ ᠵᠢᠭᠤᠯᠴᠢᠯᠠᠯ ᠤᠨ ᠬᠦᠭᠵᠢᠬᠦᠯᠦᠯᠳᠡ ᠶᠢᠨ ᠲᠦᠯᠦᠪᠵᠢᠬᠦᠯᠦᠯᠬᠡ ᠶᠢ ᠲᠡᠬᠡᠳᠦ | ᠪᠠᠷᠢᠮᠵᠢᠶ᠎ᠠ ᠪᠠᠷ ᠨᠠᠶᠢᠷᠠᠭᠤᠯᠵᠣ᠂ ᠬᠤᠷᠴᠢᠨ ᠤ 500 ᠺᠢᠯᠦᠮᠧᠲᠷ ᠦᠵᠡᠮᠵᠢ ᠶᠢᠨ ᠲᠡᠷᠳᠡᠩ ᠵᠠᠮ ᠤᠨ ᠪᠠᠶᠢᠭᠤᠯᠣᠯᠳᠠ ᠪᠠᠷ ᠲᠦᠰᠢᠭ ᠪᠣᠯᠭᠠᠵᠣ᠂ ᠵᠢᠭᠤᠯᠴᠢᠯᠠᠯ ᠤᠨ | ᠦᠢᠯᠡᠰ ᠤᠨ ᠬᠦᠭᠵᠢᠬᠦᠯᠦᠯᠳᠡ ᠶᠢ ᠲᠦᠷᠬᠡᠳᠬᠡᠬᠦ ᠰᠠᠨᠠᠯ ᠭᠠᠷᠭᠠᠵᠣ᠂ ᠲᠦᠯᠦᠪᠵᠢᠬᠦᠯᠦᠯᠬᠡ ᠪᠠᠷ ᠲᠠᠭᠠᠭᠤᠯᠵᠣ ᠵᠠᠬ᠎ᠠ ᠲᠡᠯᠬᠡᠬᠦᠷ ᠢᠶᠠᠷ ᠬᠦᠳᠡᠯᠬᠡᠵᠦ ᠠᠵᠣ | ᠠᠬᠤᠶᠢᠯᠠᠯ ᠢᠶᠠᠷ ᠭᠤᠣᠯ ᠴᠣᠭᠴᠠ ᠪᠣᠯᠭᠠᠨ ᠨᠡᠶᠢᠬᠡᠮ ᠢᠶᠠᠷ ᠢᠶᠠᠨ ᠣᠷᠣᠯᠴᠠᠬᠤ ᠶᠢ ᠪᠠᠷᠢᠮᠳᠠᠯᠠᠵᠣ᠂ ︽ᠡᠬᠢ ᠰᠣᠷᠪᠣᠯᠵᠢ ᠶᠢ ᠣᠷᠭᠠᠨᠢᠭ ᠨᠡᠶᠢᠳᠬᠡᠵᠦ ᠣᠬᠢ ᠦᠵᠡᠮᠵᠢ | ᠪᠦᠷᠢᠳᠦᠭᠰᠡᠨ ᠠᠵᠣ ᠦᠢᠯᠡᠰ ᠬᠦᠨ ᠠᠭᠤᠰᠣᠯᠴᠠᠭᠰᠠᠨ ᠵᠢᠭᠤᠯᠴᠢᠯᠠᠯ ᠠᠷᠠᠯᠵᠢᠶ᠎ᠠ ᠣᠶᠠᠯᠳᠣᠨ ᠬᠦᠭᠵᠢᠭᠰᠡᠨ︾ ᠲᠦᠢᠯ ᠤᠨ ᠴᠢᠯᠦᠬᠡ ᠲᠠᠢ ᠵᠢᠭᠤᠯᠴᠢᠯᠠᠯ ᠤᠨ | ᠬᠦᠭᠵᠢᠬᠦᠯᠦᠯᠳᠡ ᠶᠢᠨ ᠪᠦᠷᠢᠯᠳᠦᠯ ᠢ ᠠᠬᠢᠭᠤᠯᠣᠨ᠎ᠠ᠃ ᠣᠯᠠᠨ ᠲᠦᠷᠦᠯ ᠢ ᠲᠣᠪᠣᠶᠢᠯᠭᠠᠵᠣ᠂ ᠮᠠᠨ ᠤ ᠬᠤᠳᠠ ᠶᠢᠨ ᠲᠠᠯ᠎ᠠ᠂ ᠮᠠᠩᠬ᠎ᠠ᠂ ᠣᠢ᠂ ᠨᠠᠭᠤᠷ᠂ ᠨᠠᠮᠤᠭ | ᠵᠡᠷᠬᠡ ᠣᠯᠠᠨ ᠲᠦᠷᠦᠯ ᠤᠨ ᠭᠠᠵᠠᠷ ᠤᠨ ᠭᠠᠳᠠᠷᠭᠤ ᠪᠠᠷ ᠲᠦᠰᠢᠭ ᠪᠣᠯᠭᠠᠵᠣ᠂ ᠦᠯᠢᠬᠡᠷ᠂ ᠠᠨᠳᠠᠢ᠂ ᠮᠣᠷᠢᠨ ᠣᠷᠣᠯᠳᠣᠭᠠᠨ᠂ ᠪᠦᠬᠡ᠂ ᠪᠠᠷ ᠵᠢᠷᠤᠭ ᠵᠡᠷᠬᠡ ᠣᠯᠠᠨ | ᠲᠦᠷᠦᠯ ᠤᠨ ᠦᠨᠳᠦᠰᠦᠳᠡᠨ ᠤ ᠰᠣᠶᠣᠯ ᠢ ᠬᠦᠨᠴᠠ ᠲᠠᠢ ᠠᠭᠤᠳᠠᠯᠠᠵᠣ᠂ ᠣᠨᠴᠠᠯᠢᠭᠳᠣ ᠪᠦᠳᠦᠬᠡᠭᠳᠡᠬᠦᠨ ᠢ ᠵᠦᠷᠢᠶ᠎ᠡ ᠲᠠᠢ ᠨᠡᠬᠡᠬᠡᠵᠦ᠂ ᠦᠢᠯᠡᠴᠢᠯᠡᠭᠡ ᠶᠢᠨ | ᠰᠢᠰᠲ᠋ᠧᠮ ᠢ ᠪᠠᠷᠢᠮᠵᠢᠶ᠎ᠠ ᠪᠠᠷ ᠡᠬᠦᠳᠴᠦ᠂ ᠲᠦᠷᠪᠡᠨ ᠣᠯᠠᠷᠢᠯ ᠤᠨ ᠵᠢᠭᠤᠯᠴᠢᠯᠠᠯ ᠤᠨ ᠲᠠᠪᠠᠭᠤᠯᠢᠭ ᠢ ᠪᠦᠷᠢᠯᠳᠦᠬᠦᠯᠦᠨ᠎ᠡ᠃ ᠬᠤᠷᠠᠮᠳᠣᠯ ᠢ ᠲᠣᠪᠣᠶᠢᠯᠭᠠᠵᠣ᠂ | ᠬᠤᠶᠢᠳᠣ ᠬᠡᠰᠡᠭ ᠤᠨ ᠲᠠᠯ᠎ᠠ ᠳᠤ ᠲᠡᠬᠡᠳᠦ ᠲᠡᠰ ᠤᠨ ᠣᠶᠢᠯᠠᠭᠠᠯᠳᠠ ᠶᠢᠨ ᠮᠠᠶ᠋ᠢᠭ ᠲᠠᠢ ᠦᠵᠡᠮᠵᠢ ᠶᠢᠨ ᠣᠷᠣᠨ ᠪᠠ ᠦᠨᠳᠦᠰᠦᠳᠡᠨ ᠤ ᠵᠠᠩ ᠦᠢᠯᠡ ᠶᠢᠨ ᠬᠤᠷᠤᠭ᠎ᠠ | ᠪᠠᠶᠢᠭᠤᠯᠵᠣ᠂ ᠮᠣᠩᠭᠤᠯ ᠬᠤᠪᠴᠠᠰᠣ ᠵᠠᠰᠠᠯ᠂ ᠮᠣᠩᠭᠤᠯ ᠲᠠᠭᠤᠣ ᠬᠦᠭᠵᠢᠮ᠂ ᠮᠣᠩᠭᠤᠯ ᠪᠠᠷᠢᠯᠭ᠎ᠠ ᠵᠡᠷᠬᠡ ᠵᠢᠴᠢ ᠠᠷᠠᠳ ᠤᠨ ᠵᠠᠩ ᠦᠢᠯᠡ ᠵᠡᠷᠬᠡ ᠴᠣᠭᠯᠠᠭᠤᠯᠬᠤ | ᠣᠬᠢ ᠶᠢ ᠡᠬᠦᠳᠬᠦ ᠨᠡᠷ᠎ᠡ ᠲᠡᠮᠳᠡᠭ ᠪᠦᠳᠦᠬᠡᠬᠦ ᠶᠢᠨ ᠲᠣᠭᠤᠷᠢᠨ ᠳᠤ ᠦᠪᠡᠷᠳᠡᠬᠡᠨ ᠵᠠᠰᠠᠬᠤ ᠣᠷᠣᠨ ᠤ ᠮᠣᠩᠭᠤᠯ ᠤᠨ ᠵᠠᠩ ᠣᠶᠢᠯᠠ᠂ ᠮᠣᠩᠭᠤᠯ ᠰᠣᠶᠣᠯ᠂ ᠮᠣᠩᠭᠤᠯ | ᠠᠮᠢᠳᠣᠷᠠᠯ ᠤᠨ ︽ᠦᠵᠡᠰᠬᠦᠯᠡᠩᠳᠦ ᠲᠣᠮᠳᠠᠳᠣ︾ ᠶᠢ ᠴᠢᠷᠮᠠᠶᠢᠨ ᠡᠬᠦᠳᠴᠦ᠂ ᠨᠢᠬᠡ ᠦᠵᠡᠮᠵᠢ ᠶᠢᠨ ᠣᠷᠣᠨ ᠳᠤ ᠣᠯᠠᠨ ᠰᠣᠶᠣᠯ ᠢ ᠪᠠᠭᠳᠠᠭᠠᠨ᠎ᠠ᠃ | ᠦᠨᠳᠦᠰᠦᠳᠡᠨ ᠤ ᠣᠨᠴᠠᠯᠢᠭ ᠲᠠᠢ ᠢᠳᠡᠬᠡᠨ ᠣᠮᠳᠠᠭᠠᠨ ᠢ ᠶᠡᠬᠡᠪᠡᠷ ᠬᠦᠭᠵᠢᠬᠦᠯᠵᠦ᠂ ︽ᠲᠣᠮᠳᠠᠳᠣ ᠶᠢᠨ ᠮᠣᠩᠭᠤᠯ ᠬᠤᠭᠤᠯᠠ ᠶᠢᠨ ᠬᠤᠳᠠ︾ ᠶᠢᠨ ᠨᠦᠯᠦᠬᠡ ᠶᠢ | ᠲᠡᠬᠡᠭᠰᠢᠯᠡᠬᠦᠯᠦᠨ᠎ᠡ᠃ ᠭᠤᠣᠯ ᠰᠡᠳᠦᠪ ᠢ ᠲᠣᠪᠣᠶᠢᠯᠭᠠᠵᠣ᠂ ᠵᠢᠭᠤᠯᠴᠢᠯᠠᠯ ᠬᠢᠬᠡᠳ ᠰᠣᠶᠣᠯ᠂ ᠲᠠᠮᠢᠷ᠂ ᠮᠠᠯ ᠲᠠᠷᠢᠶᠠᠯᠠᠩ᠂ ᠶᠠᠳᠠᠭᠤ ᠶᠢ ᠲᠡᠳᠬᠦᠬᠦ᠂ ᠡᠷᠡᠬᠦᠯ ᠴᠢᠬᠢᠷᠠᠭ | ᠨᠠᠰᠣᠳᠠᠨ ᠤ ᠠᠰᠠᠷᠠᠮᠵᠢ ᠵᠡᠷᠬᠡ ᠠᠵᠢᠯ ᠲᠦᠷᠦᠯ ᠢ ᠬᠦᠨ ᠠᠭᠤᠰᠬᠠᠨ᠎ᠠ᠃ ᠵᠢᠭᠤᠯᠴᠢᠯᠠᠯ ᠤᠨ ᠣᠷᠣᠨ ᠪᠦᠰᠡ ᠶᠢᠨ ᠬᠠᠮᠵᠢᠯᠴᠠᠭ᠎ᠠ ᠶᠢ ᠴᠢᠩᠭᠠᠳᠬᠠᠵᠣ᠂ | ᠬᠤᠣᠯᠢᠩᠭᠤᠣᠯ — ᠣᠯᠠᠭᠠᠢ ᠶᠢᠨ ᠵᠢᠭᠤᠯᠴᠢᠯᠠᠯ ᠤᠨ ᠣᠷᠣᠨ ᠤ ᠪᠠᠶᠢᠭᠤᠯᠣᠯᠳᠠ ᠶᠢ ᠠᠬᠢᠭᠤᠯᠣᠨ᠎ᠠ᠃ ᠲᠡᠷᠬᠡ ᠪᠠᠷᠢᠵᠣ ᠵᠣᠭᠠᠴᠠᠬᠤ ᠦᠢᠯᠡᠴᠢᠯᠡᠭᠡ ᠶᠢᠨ | ᠰᠢᠰᠲ᠋ᠧᠮ ᠢ ᠲᠡᠬᠦᠯᠳᠡᠷᠵᠢᠬᠦᠯᠬᠦ ᠪᠠᠷ ᠭᠤᠣᠯᠳᠠᠯᠭ᠎ᠠ ᠪᠣᠯᠭᠠᠵᠣ᠂ ᠣᠬᠢ ᠰᠠᠶᠢᠨ ᠵᠢᠭᠤᠯᠴᠢᠯᠠᠯ ᠤᠨ ᠱᠣᠭᠤᠮ ᠪᠠᠶᠢᠭᠤᠯᠣᠨ᠎ᠠ᠃ ᠡᠮᠦᠨ᠎ᠡ ᠬᠡᠰᠡᠭ ᠲᠤ ᠮᠣᠩᠭᠤᠯ ᠡᠮ | ᠡᠮᠨᠡᠯᠬᠡ ᠶᠢᠨ ᠡᠷᠡᠬᠦᠯ ᠴᠢᠬᠢᠷᠠᠭ ᠰᠣᠪᠢᠯᠠᠬᠤ ᠦᠢᠯᠡᠭᠠᠯᠳᠠ ᠶᠢᠨ ᠵᠢᠭᠤᠯᠴᠢᠯᠠᠯ᠂ ᠡᠯᠡᠰᠦᠨ ᠲᠠᠯᠠᠢ ᠶᠢᠨ ᠵᠢᠭᠤᠯᠴᠢᠯᠠᠯ᠂ ᠬᠤᠷᠴᠢᠨ ᠤ ᠰᠣᠶᠣᠯ ᠤᠨ ᠨᠢᠭᠤᠴᠠ ᠶᠢ | ᠰᠦᠪᠡᠭᠴᠢᠯᠡᠬᠦ ᠪᠠᠷ ᠭᠤᠣᠯ ᠪᠣᠯᠭᠠᠭᠰᠠᠨ ᠮᠣᠩᠭᠤᠯ ᠡᠮ ᠡᠮᠨᠡᠯᠬᠡ ᠶᠢᠨ ᠡᠷᠡᠬᠦᠯ ᠴᠢᠬᠢᠷᠠᠭ ᠰᠣᠪᠢᠯᠠᠬᠤ ᠵᠢᠭᠤᠯᠴᠢᠯᠠᠯ ᠢ ᠡᠬᠦᠳᠦᠨ᠎ᠡ᠃ ᠬᠤᠶᠢᠳᠣ ᠬᠡᠰᠡᠭ ᠲᠤ | ᠠᠷᠠᠳ ᠤᠨ ᠵᠠᠩ ᠦᠢᠯᠡ ᠶᠢᠨ ᠣᠶᠢᠯᠠᠭᠠᠯᠳᠠ ᠶᠢᠨ ᠵᠢᠭᠤᠯᠴᠢᠯᠠᠯ᠂ ᠡᠵᠡᠬᠦᠢ ᠲᠠᠯ᠎ᠠ ᠶᠢᠨ ᠠᠮᠢ ᠠᠬᠤᠢ ᠶᠢᠨ ᠵᠢᠭᠤᠯᠴᠢᠯᠠᠯ᠂ ᠬᠤᠷᠴᠢᠨ ᠤ ᠰᠣᠶᠣᠯ ᠤᠨ | ᠣᠶᠢᠯᠠᠭᠠᠯᠳᠠ ᠪᠠᠷ ᠭᠤᠣᠯ ᠪᠣᠯᠭᠠᠭᠰᠠᠨ ᠨᠡᠬᠦᠳᠡᠯ ᠮᠠᠯᠵᠢᠯ ᠤᠨ ᠣᠶᠢᠯᠠᠭᠠᠯᠳᠠ ᠶᠢᠨ ᠵᠢᠭᠤᠯᠴᠢᠯᠠᠯ ᠡᠬᠦᠳᠦᠨ᠎ᠡ᠃ ᠵᠣᠭᠠᠴᠠᠯ ᠤᠨ ᠲᠠᠨᠢᠯᠴᠠᠭᠤᠯᠭ᠎ᠠ ᠶᠢᠨ ᠠᠷᠭ᠎ᠠ | ᠮᠠᠶ᠋ᠢᠭ ᠢᠶᠠᠨ ᠰᠢᠨᠡᠴᠢᠯᠡᠵᠦ᠂ ᠣᠶᠣᠨᠴᠢ ᠵᠣᠭᠠᠴᠠᠯ ᠢ ᠶᠡᠬᠡᠪᠡᠷ ᠬᠦᠭᠵᠢᠬᠦᠯᠵᠣ᠂ ︽2017 ᠲᠦᠩᠯᠢᠶᠥᠥ ᠶᠢᠨ ᠰᠤᠶᠤᠯ ᠤᠨ ᠵᠤᠭᠠᠴᠠᠯ ᠤᠨ ᠤᠯᠡᠷᠢᠯ︾ ᠵᠡᠷᠬᠡ | ᠰᠢᠷᠢᠰ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠬᠤᠷᠴᠢᠨ ᠤ ᠵᠣᠭᠠᠴᠠᠯ ᠤᠨ ᠪᠦᠳᠦᠬᠡᠭᠳᠡᠬᠦᠨ ᠤ ᠲᠠᠳᠠᠬᠤ ᠬᠦᠴᠦᠨ ᠪᠠ ᠦᠷᠢᠰᠦᠯᠳᠦᠬᠡᠨ ᠤ | ᠬᠦᠴᠦᠨ ᠢ ᠪᠦᠬᠦ ᠲᠠᠯ᠎ᠠ ᠪᠠᠷ ᠲᠡᠬᠡᠭᠰᠢᠯᠡᠬᠦᠯᠦᠨ᠎ᠡ᠃ | ᠣᠳᠣᠬᠢᠴᠢ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠬᠦᠢᠯᠬᠡᠬᠡᠨ ᠤ ᠲᠣᠭᠳᠠᠯᠴᠠᠭ᠎ᠠ ᠶᠢ ᠪᠠᠶᠢᠭᠤᠯᠣᠨ᠎ᠠ᠃ ᠭᠤᠣᠯ ᠬᠤᠳᠠ ᠲᠣᠭᠤᠷᠢᠭ ᠤᠨ | ᠬᠤᠳᠠᠯᠳᠤᠭ᠎ᠠ ᠶᠢᠨ ᠴᠡᠭ ᠲᠣᠣᠷ ᠤᠨ ᠪᠠᠶᠢᠷᠢᠯᠠᠭᠤᠯᠣᠯᠳᠠ ᠶᠢ ᠰᠢᠯᠢᠳᠡᠭᠵᠢᠬᠦᠯᠵᠦ᠂ ᠬᠠᠭᠤᠴᠢᠨ ᠬᠤᠳᠠ ᠲᠣᠭᠤᠷᠢᠭ ᠤᠨ ᠴᠠᠩᠴᠦ᠋ᠨ ᠤ ᠡᠸᠦ᠋ᠷᠦᠫᠡ ᠠᠽᠢᠶ᠎ᠠ᠂ ᠡᠦ | ᠵᠸᠦ ᠣᠯᠠᠨ ᠣᠯᠣᠰ᠂ ᠸᠠᠨ ᠳ᠋ᠠ ᠲᠠᠯᠠᠪᠠᠢ ᠪᠠ ᠰᠢᠨ᠎ᠡ ᠬᠤᠳᠠ ᠲᠣᠭᠤᠷᠢᠭ ᠤᠨ ᠿᠢ ᠱᠧᠩ ᠿᠢ ᠮᠸᠢ᠂ ᠸᠠᠨ ᠯᠢ ᠴᠧᠩ᠂ ᠶᠢᠨ ᠳ᠋ᠦ᠋ ᠸᠠᠩ ᠹᠦ᠋ ᠵᠢᠩ 6 | ᠬᠤᠳᠠᠯᠳᠤᠭ᠎ᠠ ᠲᠦᠪᠯᠡᠷᠡᠭᠰᠡᠨ ᠣᠷᠣᠨ ᠢ ᠭᠤᠣᠯᠳᠠᠯᠭ᠎ᠠ ᠲᠠᠢ ᠪᠠᠶᠢᠭᠤᠯᠣᠨ᠎ᠠ᠃ ᠬᠤᠰᠢᠭᠤ ᠰᠢᠶᠠᠨ ᠤ ᠰᠠᠭᠤᠭ᠎ᠠ ᠪᠠᠯᠭᠠᠰᠣ ᠶᠢᠨ ᠣᠨᠴᠠᠯᠢᠭ ᠲᠠᠢ ᠬᠤᠳᠠᠯᠳᠤᠭ᠎ᠠ ᠶᠢᠨ | ᠲᠣᠭᠤᠷᠢᠭ ᠤᠨ ᠪᠠᠶᠢᠭᠤᠯᠣᠯᠳᠠ ᠶᠢ ᠲᠡᠮᠵᠢᠵᠣ᠂ ᠨᠡᠶᠢᠬᠡᠮ ᠲᠣᠭᠤᠷᠢᠭ ᠤᠨ ᠬᠤᠳᠠᠯᠳᠤᠭ᠎ᠠ ᠶᠢᠨ ︽ᠬᠤᠣᠰ ᠣᠷᠣᠭᠤᠯᠣᠯᠳᠠ ᠶᠢᠨ ᠪᠠᠷᠢᠯᠭ᠎ᠠ︾ ᠶᠢ ᠠᠬᠢᠭᠤᠯᠵᠣ᠂ | ᠨᠡᠶᠢᠬᠡᠮ ᠲᠣᠭᠤᠷᠢᠭ ᠤᠨ ᠬᠤᠳᠠᠯᠳᠤᠭ᠎ᠠ ᠶᠢᠨ ᠠᠷᠠᠳ ᠲᠤ ᠲᠦᠬᠦᠮ ᠦᠢᠯᠡᠴᠢᠯᠡᠭᠡ ᠶᠢᠨ ᠲᠣᠭᠤᠷᠢᠭ ᠡᠬᠦᠳᠦᠨ᠎ᠡ᠃ ᠲᠡᠮᠦᠷ ᠵᠠᠮ᠂ ᠵᠠᠰᠠᠮᠠᠯ ᠵᠠᠮ᠂ ᠠᠭᠠᠷ ᠤᠨ | ᠲᠡᠬᠡᠬᠡᠪᠦᠷᠢ ᠶᠢᠨ ᠪᠠᠷᠠᠭᠠᠨ ᠤ ᠬᠦᠢᠯᠬᠡᠬᠡ ᠶᠢᠨ ᠵᠠᠪᠰᠠᠷ ᠦᠬᠡᠢ ᠵᠣᠯᠭᠠᠯᠴᠠᠭ᠎ᠠ ᠶᠢ ᠠᠬᠢᠭᠤᠯᠵᠣ᠂ ᠬᠦᠢᠰᠦ ᠶᠢᠨ ᠲᠠᠪᠠᠭᠤᠯᠢᠭ ᠢᠶᠠᠨ ᠬᠦᠭᠵᠢᠬᠦᠯᠦᠯᠳᠡ ᠶᠢᠨ ᠲᠠᠪᠠᠭᠤᠯᠢᠭ | ᠪᠣᠯᠭᠠᠨ ᠬᠤᠪᠢᠷᠠᠭᠤᠯᠵᠣ᠂ ᠮᠠᠨ ᠤ ᠬᠤᠳᠠ ᠪᠠᠨ ᠲᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠬᠢᠶᠠᠯ ᠳᠠᠬᠢ ᠴᠢᠬᠤᠯᠠ ᠲᠣᠯᠭᠠᠭᠤᠷᠢ ᠴᠡᠭ᠂ ᠵᠡᠬᠦᠨ | ᠬᠤᠶᠢᠳᠣ ᠶᠢᠨ ᠣᠷᠣᠨ ᠪᠦᠰᠡ ᠶᠢᠨ ᠣᠳᠣᠬᠢᠴᠢ ᠶᠠᠷᠦᠩᠬᠡᠶᠢᠯᠡᠭᠰᠡᠨ ᠪᠠᠷᠠᠭᠠᠨ ᠤ ᠬᠦᠢᠯᠬᠡᠬᠡ ᠶᠢᠨ ᠬᠦᠢᠰᠦ᠂ ᠦᠪᠦᠷ ᠮᠣᠩᠭᠤᠯ ᠤᠨ ᠵᠡᠬᠦᠨ ᠪᠦᠰᠡ ᠶᠢᠨ ᠠᠵᠣ | ᠦᠢᠯᠡᠰ ᠤᠨ ᠵᠣᠬᠢᠶᠠᠨ ᠪᠠᠶᠢᠭᠤᠯᠣᠯᠳᠠ ᠶᠢᠨ ᠲᠦᠪ ᠪᠣᠯᠭᠠᠨ᠎ᠠ᠃ ᠭᠤᠣᠯ ᠬᠤᠳᠠ ᠲᠣᠭᠤᠷᠢᠭ ᠤᠨ ᠪᠠᠷᠠᠭᠠᠨ ᠤ ᠬᠦᠢᠯᠬᠡᠬᠡᠨ ᠤ ᠦᠢᠯᠡᠰ ᠤᠨ ᠬᠦᠭᠵᠢᠬᠦᠯᠦᠯᠳᠡ ᠶᠢᠨ | ᠣᠷᠣᠨ ᠵᠠᠢ ᠶᠢᠨ ᠪᠠᠶᠢᠷᠢᠯᠠᠭᠤᠯᠣᠯᠳᠠ ᠶᠢ ᠰᠢᠯᠢᠳᠡᠭᠵᠢᠬᠦᠯᠵᠦ᠂ ᠨᠡᠬᠡᠬᠡᠯᠳᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠪᠠᠷᠠᠭᠠᠨ ᠤ ᠬᠦᠢᠯᠬᠡᠬᠡᠨ ᠤ ᠬᠤᠷᠤᠭ᠎ᠠ᠂ | ᠬᠤᠷᠴᠢᠨ ᠤ ᠣᠳᠣᠬᠢᠴᠢ ᠪᠠᠷᠠᠭᠠᠨ ᠤ ᠬᠦᠢᠯᠬᠡᠬᠡᠨ ᠤ ᠬᠤᠷᠤᠭ᠎ᠠ᠂ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠤᠷᠤᠭ᠎ᠠ᠂ ᠮᠡᠯᠡᠬᠡᠶᠢᠳᠦ ᠶᠢᠨ ᠠᠵᠣ | ᠦᠢᠯᠡᠳᠪᠦᠷᠢ ᠶᠢᠨ ᠪᠠᠷᠠᠭᠠᠨ ᠤ ᠬᠦᠢᠯᠬᠡᠬᠡᠨ ᠤ ᠬᠤᠷᠤᠭ᠎ᠠ ᠪᠠ ᠦᠪᠦᠷ ᠮᠣᠩᠭᠤᠯ ᠤᠨ ᠵᠡᠬᠦᠨ ᠬᠡᠰᠡᠭ ᠤᠨ ᠨᠡᠬᠦᠷᠡᠰᠦ ᠶᠢᠨ ᠠᠷᠠᠯᠵᠢᠶᠠᠨ ᠤ ᠲᠦᠪ ᠤᠨ | ᠪᠠᠶᠢᠭᠤᠯᠣᠯᠳᠠ ᠶᠢ ᠭᠤᠣᠯᠳᠠᠯᠭ᠎ᠠ ᠲᠠᠢ ᠠᠬᠢᠭᠤᠯᠣᠨ᠎ᠠ᠃ ᠲᠦᠩᠯᠢᠶᠣᠣ ᠶᠢᠨ ᠲᠣᠳᠣᠭᠠᠳᠣ ᠭᠠᠷᠠᠮ ᠵᠡᠷᠬᠡ ᠣᠳᠣ ᠪᠠᠶᠢᠭ᠎ᠠ ᠪᠠᠷᠠᠭᠠᠨ ᠤ ᠬᠦᠢᠯᠬᠡᠬᠡ ᠶᠢᠨ ᠠᠵᠣ | ᠠᠬᠤᠶᠢᠯᠠᠯ ᠢ ᠪᠣᠵᠠᠭᠠᠶᠢᠷᠠᠭᠤᠯᠣᠨ ᠬᠦᠴᠦᠷᠬᠡᠭᠵᠢᠬᠦᠯᠵᠦ᠂ ᠣᠯᠣᠰ ᠤᠨ ᠲᠣᠳᠣᠭᠠᠳᠣ ᠭᠠᠳᠠᠭᠠᠳᠣ ᠶᠢᠨ ᠨᠡᠷ᠎ᠡ ᠲᠠᠢ ᠭᠤᠷᠪᠠᠳᠣᠭᠠᠷ ᠡᠳᠡᠬᠡᠳ ᠤᠨ ᠪᠠᠷᠠᠭᠠᠨ ᠤ | ᠬᠦᠢᠯᠬᠡᠬᠡ ᠶᠢᠨ ᠠᠵᠣ ᠠᠬᠤᠶᠢᠯᠠᠯ ᠢ ᠢᠳᠡᠪᠬᠢᠳᠡᠢ ᠣᠷᠣᠭᠤᠯᠵᠣ᠂ ᠪᠠᠷᠠᠭᠠᠨ ᠤ ᠬᠦᠢᠯᠬᠡᠬᠡ ᠶᠢᠨ ᠲᠣᠰᠬᠠᠶᠢᠵᠢᠯᠳᠠ᠂ ᠪᠠᠷᠢᠮᠵᠢᠶᠠᠵᠢᠯᠳᠠ᠂ ᠵᠠᠩᠬᠢᠴᠢᠯᠠᠯᠳᠠ ᠶᠢᠨ ᠬᠢᠷᠢ | ᠬᠡᠮᠵᠢᠶ᠎ᠡ ᠪᠠᠨ ᠲᠡᠬᠡᠭᠰᠢᠯᠡᠬᠦᠯᠵᠦ᠂ ᠲᠣᠮᠣ ᠪᠠᠷᠠᠭ᠎ᠠ ᠶᠢᠨ ᠬᠦᠢᠯᠬᠡᠬᠡ᠂ ᠬᠦᠯᠳᠡᠬᠦᠦ ᠪᠠᠷᠠᠭ᠎ᠠ ᠶᠢᠨ ᠬᠦᠢᠯᠬᠡᠬᠡ᠂ ᠲᠦᠷᠬᠡᠨ ᠲᠡᠮᠵᠢᠭᠤᠯᠭ᠎ᠠ᠂ ᠣᠯᠠᠨ ᠣᠯᠣᠰ ᠤᠨ | ᠪᠠᠷᠠᠭ᠎ᠠ ᠶᠢᠨ ᠬᠦᠢᠯᠬᠡᠬᠡ᠂ ᠡᠯᠧᠺᠲᠷᠣᠨ ᠬᠤᠳᠠᠯᠳᠤᠭ᠎ᠠ ᠵᠢᠴᠢ ᠲᠣᠬᠢᠷᠠᠭᠤᠯᠣᠨ ᠬᠦᠷᠬᠡᠬᠦ ᠲᠣᠭᠳᠠᠯᠴᠠᠭ᠎ᠠ ᠶᠢ ᠲᠡᠬᠦᠯᠳᠡᠷᠵᠢᠬᠦᠯᠦᠨ᠎ᠡ᠃ ᠬᠤᠰᠢᠭᠤ ᠰᠢᠶᠠᠨ ᠤ | ᠣᠨᠴᠠᠯᠢᠭᠳᠣ ᠪᠠᠷᠠᠭᠠᠨ ᠤ ᠬᠦᠢᠯᠬᠡᠬᠡᠨ ᠤ ᠬᠤᠷᠤᠭ᠎ᠠ ᠵᠢᠴᠢ ᠲᠣᠰᠬᠠᠢ ᠵᠠᠬ᠎ᠠ᠂ ᠪᠠᠷᠠᠭ᠎ᠠ ᠲᠣᠬᠢᠷᠠᠭᠤᠯᠣᠨ ᠬᠦᠷᠬᠡᠬᠦ ᠲᠦᠪ ᠢ ᠲᠦᠯᠦᠪᠯᠡᠨ ᠪᠠᠶᠢᠭᠤᠯᠵᠣ᠂ ᠬᠤᠰᠢᠭᠤ | ᠰᠣᠮᠣ ᠭᠠᠴᠠᠭᠠᠨ ᠤ ᠪᠠᠷᠠᠭᠠᠨ ᠤ ᠬᠦᠢᠯᠬᠡᠬᠡᠨ ᠤ ᠲᠣᠭᠳᠠᠯᠴᠠᠭ᠎ᠠ ᠶᠢ ᠲᠡᠬᠦᠯᠳᠡᠷᠵᠢᠬᠦᠯᠦᠨ᠎ᠡ᠃ ᠠᠭᠠᠷ ᠤᠨ ᠠᠶᠠᠯᠠᠯ ᠤᠨ ᠭᠠᠷᠠᠮ᠂ ᠭᠠᠶᠢᠯᠢ ᠦᠬᠡᠢ ᠪᠠᠷᠠᠭᠠᠨ ᠤ | ᠬᠦᠢᠯᠬᠡᠬᠡᠨ ᠤ ᠲᠦᠪ᠂ ᠣᠯᠠᠨ ᠮᠠᠶ᠋ᠢᠭ ᠤᠨ ᠬᠤᠯᠪᠣᠭᠠᠳᠣ ᠲᠡᠬᠡᠬᠡᠪᠦᠷᠢ ᠶᠢᠨ ᠬᠢᠯᠢ ᠶᠢᠨ ᠪᠣᠭᠤᠮᠳᠠ ᠶᠢᠨ ᠬᠢᠨᠠᠯᠳᠠ ᠬᠠᠮᠢᠶᠠᠷᠣᠯᠳᠠ ᠶᠢᠨ ᠲᠦᠪ ᠵᠡᠷᠬᠡ ᠬᠢᠯᠢ ᠶᠢᠨ | ᠪᠣᠭᠤᠮᠳᠠ ᠶᠢᠨ ᠬᠢᠨᠠᠯᠳᠠ ᠬᠠᠮᠢᠶᠠᠷᠣᠯᠳᠠ ᠶᠢᠨ ᠭᠠᠵᠠᠷ ᠢ ᠭᠤᠶᠣᠴᠢᠯᠡᠨ ᠪᠠᠶᠢᠭᠤᠯᠬᠤ ᠶᠢ ᠠᠬᠢᠭᠤᠯᠵᠣ᠂ ᠲᠦᠩᠯᠢᠶᠣᠣ ᠮᠠᠨᠵᠣᠣᠷ ᠡᠸᠦ᠋ᠷᠦᠫᠡ ᠶᠢ ᠰᠣᠨᠳᠠᠯᠠᠭᠰᠠᠨ | ᠪᠠᠷᠠᠭ᠎ᠠ ᠶᠢᠨ ᠭᠠᠯᠳᠣ ᠲᠡᠷᠬᠡ ᠶᠢᠨ ᠬᠡᠪ ᠤᠨ ᠵᠦᠬᠡᠬᠡᠪᠦᠷᠢ ᠶᠢ ᠠᠬᠢᠭᠤᠯᠵᠣ᠂ ᠣᠯᠠᠨ ᠣᠯᠣᠰ ᠤᠨ ᠪᠠᠷᠠᠭᠠᠨ ᠤ ᠬᠦᠢᠯᠬᠡᠬᠡᠨ ᠢ ᠨᠡᠪᠳᠡᠷᠡᠬᠦᠯᠵᠦ᠂ ︽ᠶᠡᠬᠡᠪᠡᠷ | ᠣᠷᠣᠭᠤᠯᠵᠣ ᠭᠠᠷᠭᠠᠬᠤ᠂ ᠰᠢᠯᠢᠳᠡᠭ ᠢ ᠣᠷᠣᠭᠤᠯᠵᠣ ᠭᠠᠷᠭᠠᠬᠤ︾ ᠪᠠᠷᠠᠭᠠᠨ ᠤ ᠲᠣᠮᠣ ᠬᠦᠢᠯᠬᠡᠬᠡᠨ ᠤ ᠪᠠᠶᠢᠳᠠᠯ ᠢ ᠪᠦᠷᠢᠯᠳᠦᠬᠦᠯᠦᠨ᠎ᠡ᠃ | ᠮᠦᠩᠭᠦᠨ ᠬᠦᠢᠯᠬᠡᠬᠡᠨ ᠤ ᠦᠢᠯᠡᠴᠢᠯᠡᠬᠡᠨ ᠤ ᠦᠢᠯᠡᠰ ᠢ ᠪᠤᠵᠠᠭᠠᠶᠢᠷᠠᠭᠤᠯᠤᠨ᠎ᠠ᠃ ᠮᠦᠩᠬᠦᠨ ᠬᠦᠢᠯᠬᠡᠬᠡ ᠶᠢᠨ ᠬᠦᠭᠵᠢᠬᠦᠯᠦᠯᠳᠡ ᠶᠢ ᠲᠡᠳᠬᠦᠬᠦ ᠲᠦᠷᠦ ᠶᠢᠨ | ᠪᠣᠳᠣᠯᠭ᠎ᠠ ᠠᠷᠭ᠎ᠠ ᠮᠠᠶ᠋ᠢᠭ ᠲᠣᠭᠳᠠᠭᠠᠵᠣ᠂ ᠭᠠᠳᠠᠷ ᠣᠷᠣᠨ ᠤ ᠬᠤᠳᠠᠯᠳᠤᠭ᠎ᠠ ᠶᠢᠨ ᠪᠠᠩᠬᠢ ᠮᠠᠨ ᠤ ᠬᠤᠳᠠ ᠳᠤ ᠬᠤᠪᠢᠶᠠᠷᠢ ᠪᠠᠶᠢᠭᠤᠯᠣᠮᠵᠢ ᠪᠠᠶᠢᠭᠤᠯᠬᠤ ᠶᠢ | ᠵᠣᠷᠢᠭᠵᠢᠭᠤᠯᠵᠣ᠂ ᠬᠤᠳᠡ ᠳᠤ ᠰᠠᠭᠤᠭ᠎ᠠ ᠮᠦᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠰᠢᠶᠠᠨ ᠤ ᠬᠡᠪᠴᠢᠶᠡᠨ ᠤ ᠰᠠᠯᠪᠤᠷᠢ ᠪᠠᠶᠢᠭᠤᠯᠤᠮᠵᠢ ᠪᠤᠯᠤᠨ ᠡᠯᠧᠺᠲᠷᠦᠨ | ᠦᠢᠯᠡᠴᠢᠯᠡᠬᠡᠨ ᠤ ᠲᠤᠤᠷ ᠴᠡᠭ ᠨᠡᠮᠡᠵᠦ ᠪᠠᠶᠢᠭᠤᠯᠬᠤ ᠶᠢ ᠲᠡᠮᠵᠢᠵᠦ᠂ ᠮᠦᠩᠬᠦᠨ ᠬᠦᠢᠯᠬᠡᠬᠡᠨ ᠤ ᠪᠣᠳᠠᠳᠣ ᠴᠣᠭᠴᠠᠳᠣ ᠠᠵᠣ ᠠᠬᠤᠢ ᠳᠤ ᠦᠢᠯᠡᠴᠢᠯᠡᠬᠦ ᠴᠢᠳᠠᠪᠣᠷᠢ ᠶᠢ | ᠨᠡᠮᠡᠭᠳᠡᠬᠦᠯᠦᠨ᠎ᠡ᠃ ᠬᠦᠳᠡᠭᠡ ᠲᠣᠰᠬᠤᠨ ᠤ ᠢᠳᠡᠬᠡᠮᠵᠢ ᠶᠢᠨ ᠬᠤᠷᠰᠢᠶ᠎ᠠ ᠶᠢᠨ ᠲᠦᠷᠢᠮ ᠤᠨ ᠦᠬᠡᠷᠡᠴᠢᠯᠡᠯᠳᠡ ᠶᠢᠨ ᠠᠵᠢᠯ ᠢ ᠰᠢᠪᠳᠣᠯᠣᠯᠳᠠ ᠶᠢᠨ ᠴᠢᠨᠠᠷ ᠲᠠᠢ | ᠠᠬᠢᠯᠳᠠ ᠲᠠᠢ ᠪᠣᠯᠭᠠᠵᠣ᠂ ᠵᠠᠷᠣᠳ ᠬᠤᠰᠢᠭᠤ᠂ ᠬᠦᠷᠢᠶ᠎ᠡ ᠬᠤᠰᠢᠭᠤ᠂ ᠬᠤᠶᠢᠳᠣ ᠬᠤᠰᠢᠭᠤ᠂ ᠺᠠᠶᠢᠯᠣ ᠰᠢᠶᠠᠨ᠂ ᠬᠤᠣᠯᠢᠩᠭᠤᠣᠯ ᠬᠤᠳᠠ ᠶᠢᠨ ᠬᠦᠳᠡᠭᠡ ᠲᠤᠰᠬᠤᠨ | ᠤ ᠬᠤᠳᠡᠯᠳᠤᠭᠠᠨ ᠤ ᠪᠡᠩᠭᠢ ᠪᠠᠶᠢᠭᠤᠯᠣᠨ᠎ᠠ᠃ ᠬᠤᠷᠴᠢᠨ ᠲᠣᠭᠤᠷᠢᠭ ᠤᠨ ᠬᠦᠳᠡᠭᠡ ᠲᠣᠰᠬᠤᠨ ᠤ ᠢᠳᠡᠬᠡᠮᠵᠢ ᠶᠢᠨ ᠬᠤᠷᠰᠢᠶ᠎ᠠ ᠶᠢᠨ ᠲᠦᠷᠢᠮ ᠢ ᠦᠬᠡᠷᠡᠴᠢᠯᠡᠨ | ᠲᠦᠩᠯᠢᠶᠣᠣ ᠶᠢᠨ ᠬᠦᠳᠡᠭᠡ ᠲᠣᠰᠬᠤᠨ ᠤ ᠬᠤᠳᠠᠯᠳᠤᠭ᠎ᠠ ᠶᠢᠨ ᠪᠠᠩᠬᠢ ᠪᠠᠶᠢᠭᠤᠯᠬᠤ ᠶᠢ ᠬᠦᠴᠦᠳᠡᠢ ᠠᠬᠢᠭᠤᠯᠵᠣ᠂ ᠬᠤᠪᠢ ᠶᠢᠨ ᠡᠷᠬᠡ ᠶᠢᠨ ᠪᠦᠳᠦᠴᠡ ᠨᠡᠩ | ᠵᠣᠬᠢᠰᠳᠠᠢ᠂ ᠪᠠᠶᠢᠭᠤᠯᠣᠮᠵᠢ ᠶᠢᠨ ᠲᠣᠭᠳᠠᠯᠴᠠᠭ᠎ᠠ ᠣᠯᠠᠮ ᠰᠢᠨᠵᠢᠯᠡᠬᠦ ᠣᠬᠠᠭᠠᠨᠴᠢ ᠣᠳᠣᠬᠢᠴᠢ ᠬᠠᠣᠯᠢ ᠶᠢᠨ ᠡᠷᠬᠡᠳᠡᠨ ᠤ ᠵᠠᠰᠠᠯᠭ᠎ᠠ ᠶᠢᠨ ᠪᠦᠳᠦᠴᠡ ᠶᠢ ᠲᠦᠷᠬᠡᠨ | ᠪᠠᠶᠢᠭᠤᠯᠣᠨ᠎ᠠ᠃ ᠲᠦᠬᠡᠮᠡᠯ ᠬᠠᠷᠠᠭᠠᠯᠵᠠᠯᠳᠦ ᠮᠦᠩᠭᠦᠨ ᠬᠦᠢᠯᠬᠡᠬᠡᠨ ᠢ ᠲᠦᠷᠭᠡᠨ ᠬᠦᠭᠵᠢᠬᠦᠯᠵᠦ᠂ ᠵᠢᠵᠢᠭ ᠪᠢᠴᠢᠯ ᠠᠵᠦ ᠠᠬᠤᠶᠢᠯᠠᠯ ᠤᠨ ᠵᠢᠬᠡᠯᠡᠯᠬᠡ ᠤᠯᠬᠤ ᠳᠤ | ᠬᠦᠴᠢᠷ᠂ ᠬᠦᠳᠡᠭᠡ ᠲᠤᠰᠬᠤᠨ ᠮᠠᠯᠵᠢᠬᠤ ᠤᠷᠤᠨ ᠤ ᠦᠨᠳᠦᠷ ᠬᠦᠦ ᠲᠠᠢ ᠵᠢᠬᠡᠯᠡᠯᠬᠡ ᠵᠡᠷᠭᠡ ᠠᠰᠠᠭᠤᠳᠡᠯ ᠢ ᠬᠦᠴᠦᠯᠡᠨ ᠰᠢᠢᠳᠪᠦᠷᠢᠯᠡᠨ᠎ᠡ᠃ ᠬᠦᠳᠡᠭᠡ ᠲᠤᠰᠬᠤᠨ | ᠮᠠᠯᠵᠢᠬᠤ ᠤᠷᠤᠨ ᠤ ᠢᠳᠡᠬᠡᠮᠵᠢ ᠶᠢᠨ ᠰᠢᠰᠲ᠋ᠧᠮ ᠤᠨ ᠪᠠᠶᠢᠭᠤᠯᠤᠯᠳᠡ ᠪᠤᠯᠤᠨ ᠬᠦᠳᠡᠭᠡ ᠲᠤᠰᠬᠤᠨ ᠤ ᠵᠢᠵᠢᠭ ᠲᠤᠭᠠᠨ ᠤ ᠪᠠᠳᠤᠯᠠᠭ᠎ᠠ ᠶᠢᠨ ᠰᠠᠭᠤᠷᠢ ᠮᠦᠩᠭᠦ ᠶᠢᠨ | ᠲᠤᠷᠰᠢᠯᠳᠡ ᠶᠢᠨ ᠴᠡᠭ ᠤᠨ ᠠᠵᠢᠯ ᠢ ᠯᠠᠪᠳᠠᠭᠤᠨ ᠠᠬᠢᠭᠤᠯᠤᠨ᠎ᠠ᠃ ᠦᠪᠦᠷ ᠮᠤᠩᠭᠤᠯ ᠤᠨ ᠰᠲ᠋ᠤᠺ ᠤᠨ ᠡᠷᠬᠡ ᠶᠢᠨ ᠠᠷᠠᠯᠵᠢᠶᠠᠨ ᠤ ᠵᠡᠬᠦᠨ ᠬᠡᠰᠡᠭ ᠤᠨ | ᠡᠵᠡᠩᠨᠡᠯᠳᠡ ᠶᠢᠨ ᠲᠦᠪ᠂ ᠦᠪᠦᠷ ᠮᠤᠩᠭᠤᠯ ᠤᠨ ᠵᠡᠬᠦᠨ ᠬᠡᠰᠡᠭ ᠤᠨ ᠮᠦᠩᠭᠦᠨ ᠬᠦᠢᠯᠬᠡᠬᠡᠨ ᠤ ᠬᠦᠨᠳᠡᠯᠡᠨ ᠠᠴᠠ ᠲᠠᠰᠤᠯᠬᠤ ᠲᠦᠪ᠂ ᠲᠦᠩᠯᠢᠶᠥᠥ ᠶᠢᠨ ᠮᠦᠩᠭᠦᠨ | ᠬᠦᠢᠯᠬᠡᠬᠡᠨ ᠤ ᠡᠳ᠋ ᠬᠦᠷᠦᠩᠭᠡ ᠶᠢᠨ ᠠᠷᠠᠯᠵᠢᠶᠠᠨ ᠤ ᠲᠦᠪ ᠪᠠᠶᠢᠭᠤᠯᠬᠤ ᠶᠢ ᠠᠬᠢᠭᠤᠯᠵᠦ᠂ ᠠᠵᠦ ᠠᠬᠤᠶᠢᠯᠠᠯ ᠤᠨ ᠰᠲ᠋ᠣᠺ ᠤᠨ ᠵᠠᠬ᠎ᠠ ᠲᠡᠯᠬᠡᠬᠦᠷ ᠲᠤ ᠭᠠᠷᠴᠦ | ᠫᠡᠶᠢᠰᠡ ᠡᠯᠬᠦᠬᠦ᠂ ᠪᠡᠯᠡ ᠨᠡᠶᠢᠯᠡᠬᠦᠯᠬᠦ ᠲᠡᠪᠴᠠᠩ ᠴᠤᠭᠴᠠᠯᠠᠨ᠎ᠠ᠃ ᠤᠷᠤᠨ ᠨᠤᠳᠤᠭ ᠤᠨ ᠴᠢᠨᠡᠷ ᠲᠠᠢ ᠬᠤᠳᠡᠯᠳᠤᠭᠠᠨ ᠤ ᠪᠡᠩᠭᠢ ᠪᠤᠯᠤᠨ ᠠᠷᠠᠳ ᠤᠨ ᠡᠵᠡᠩᠨᠡᠯᠳᠦ | ᠪᠡᠩᠭᠢ ᠶᠢ ᠪᠡᠯᠡᠳᠭᠡᠨ ᠪᠠᠶᠢᠭᠤᠯᠵᠦ᠂ ᠮᠦᠩᠭᠦᠨ ᠬᠦᠢᠯᠬᠡᠬᠡᠨ ᠤ ᠲᠦᠷᠢᠶᠡᠰᠦᠯᠡᠬᠦᠯᠬᠦ᠂ ᠪᠡᠯᠡ ᠨᠡᠶᠢᠯᠡᠬᠦᠯᠵᠦ ᠲᠦᠷᠢᠶᠡᠰᠦᠯᠡᠬᠦᠯᠬᠦ ᠵᠡᠷᠭᠡ ᠰᠢᠨ᠎ᠡ ᠮᠠᠶ᠋ᠢᠭ ᠤᠨ ᠦᠢᠯᠡᠰ | ᠢ ᠬᠦᠭᠵᠢᠬᠦᠯᠵᠦ᠂ ᠤᠯᠠᠨ ᠲᠠᠪᠬᠤᠷᠭᠠᠳᠦ᠂ ᠦᠷᠭᠡᠨ ᠪᠦᠷᠬᠦᠴᠡᠳᠦ ᠮᠦᠩᠭᠦᠨ ᠬᠦᠢᠯᠬᠡᠬᠡᠨ ᠤ ᠰᠢᠰᠲ᠋ᠧᠮ ᠪᠠᠶᠢᠭᠤᠯᠵᠦ᠂ ᠨᠡᠶᠢᠬᠡᠮ ᠤᠨ ᠪᠡᠯᠡ ᠨᠡᠶᠢᠯᠡᠬᠦᠯᠬᠦ ᠶᠡᠷᠦᠩᠭᠡᠢ | ᠬᠡᠮᠵᠢᠶ᠎ᠡ ᠶᠢ 450 ᠳ᠋ᠦᠩᠰᠢᠭᠤᠷ ᠲᠦᠬᠦᠷᠢᠭ ᠰᠢᠨ᠎ᠡ ᠨᠡᠮᠡᠭᠳᠡᠬᠦᠯᠵᠦ᠂ ᠲᠦᠩᠯᠢᠶᠥᠥ ᠶᠢ ᠦᠪᠦᠷ ᠮᠤᠩᠭᠤᠯ ᠤᠨ ᠵᠡᠬᠦᠨ ᠬᠡᠰᠡᠭ ᠤᠨ ᠮᠦᠩᠭᠦᠨ ᠬᠦᠢᠯᠬᠡᠬᠡᠨ ᠤ | ᠬᠠᠮᠳᠤᠷᠠᠯᠴᠠᠭ᠎ᠠ ᠶᠢᠨ ᠲᠠᠭᠤᠷᠢᠶᠡᠯ ᠤᠷᠤᠨ ᠪᠤᠯᠭᠠᠨ ᠪᠠᠶᠢᠭᠤᠯᠤᠨ᠎ᠠ᠃ | ᠰᠢᠨ᠎ᠡ ᠮᠠᠨᠳᠤᠭᠰᠠᠨ ᠦᠢᠯᠡᠴᠢᠯᠡᠬᠡᠨ ᠤ ᠦᠢᠯᠡᠰ ᠢ ᠢᠳᠡᠪᠬᠢᠳᠡᠢ ᠪᠤᠶᠢᠵᠢᠭᠤᠯᠤᠨ᠎ᠠ᠃ ᠡᠯ᠎ᠡ ᠱᠠᠳᠤᠨ ᠤ ᠡᠯᠧᠺᠲᠷᠦᠨ ᠬᠤᠳᠡᠯᠳᠤᠭᠠᠨ ᠤ ᠶᠠᠪᠤᠳᠡᠯ ᠤᠨ | ᠠᠵᠦ ᠦᠢᠯᠡᠰ ᠤᠨ ᠬᠤᠷᠤᠭ᠎ᠠ ᠶᠢᠨ ᠶᠡᠷᠦᠩᠭᠡᠢ ᠦᠢᠯᠡᠴᠢᠯᠡᠬᠡᠨ ᠤ ᠴᠢᠳᠡᠪᠦᠷᠢ ᠶᠢ ᠲᠡᠬᠦᠯᠳᠡᠷᠵᠢᠬᠦᠯᠵᠦ᠂ ᠤᠯᠤᠰ ᠤᠨ ᠲᠡᠰ ᠤᠨ ᠡᠯᠧᠺᠲᠷᠦᠨ ᠬᠤᠳᠡᠯᠳᠤᠭᠠᠨ ᠤ | ᠶᠠᠪᠤᠳᠡᠯ ᠢ ᠬᠦᠳᠡᠭᠡ ᠲᠤᠰᠬᠤᠨ ᠳᠤ ᠤᠷᠤᠭᠤᠯᠬᠤ ᠲᠠᠭᠤᠷᠢᠶᠡᠯ ᠰᠢᠶᠠᠨ ᠤ ᠲᠦᠷᠦᠯ ᠵᠦᠢᠯ ᠤᠨ ᠪᠠᠶᠢᠭᠤᠯᠤᠯᠳᠡ ᠶᠢ ᠠᠬᠢᠭᠤᠯᠵᠦ᠂ ᠬᠤᠳᠡ ᠬᠦᠳᠡᠭᠡ ᠶᠢ | ᠪᠦᠷᠬᠦᠭᠰᠡᠨ ᠡᠯᠧᠺᠲᠷᠦᠨ ᠬᠤᠳᠡᠯᠳᠤᠭᠠᠨ ᠤ ᠶᠠᠪᠤᠳᠡᠯ ᠤᠨ ᠤᠯᠠᠨ ᠨᠡᠶᠢᠳᠡ ᠶᠢᠨ ᠦᠢᠯᠡᠴᠢᠯᠡᠬᠡᠨ ᠤ ᠲᠤᠤᠷ ᠢ ᠪᠠᠶᠢᠭᠤᠯᠤᠨ᠎ᠠ᠃ ᠡᠯᠧᠺᠲᠷᠦᠨ ᠬᠤᠳᠡᠯᠳᠤᠭᠠᠨ ᠤ | ᠲᠤᠯᠤᠭᠠᠶᠢᠯᠠᠭᠴᠢ ᠠᠵᠦ ᠠᠬᠤᠶᠢᠯᠠᠯ ᠢ ᠤᠷᠤᠭᠤᠯᠤᠨ ᠠᠪᠴᠢᠷᠡᠵᠦ᠂ ᠲᠠᠪᠠᠭᠤᠯᠢᠭ ᠤᠨᠴᠠᠯᠢᠭᠳᠦ ᠡᠯᠧᠺᠲᠷᠦᠨ ᠬᠤᠳᠡᠯᠳᠤᠭᠠᠨ ᠤ ᠲᠠᠪᠴᠠᠩ ᠢ ᠲᠡᠳᠬᠦᠨ ᠲᠡᠮᠵᠢᠵᠦ᠂ | ᠬᠢᠯᠢ ᠠᠯᠤᠰᠯᠠᠭᠰᠠᠨ ᠡᠯᠧᠺᠲᠷᠦᠨ ᠬᠤᠳᠡᠯᠳᠤᠭᠠᠨ ᠤ ᠶᠠᠪᠤᠳᠡᠯ ᠪᠤᠯᠤᠨ ᠬᠢᠯᠢ ᠠᠯᠤᠰᠯᠠᠭᠰᠠᠨ ᠡᠯᠧᠺᠲᠷᠦᠨ ᠬᠤᠳᠡᠯᠳᠤᠭᠠᠨ ᠤ ᠤᠶᠢᠯᠠᠭᠠᠯᠳᠡ ᠶᠢᠨ ᠲᠡᠯᠬᠡᠬᠦᠷ ᠢ | ᠬᠦᠭᠵᠢᠬᠦᠯᠵᠦ᠂ ᠤᠯᠠᠮᠵᠢᠯᠡᠯᠳᠦ ᠠᠵᠦ ᠠᠬᠤᠶᠢᠯᠠᠯ ᠢ ᠰᠦᠯᠵᠢᠶ᠎ᠡ ᠶᠢᠨ ᠭᠠᠳᠡᠨ᠎ᠡ ᠲᠤᠳᠤᠨ᠎ᠡ ᠠᠭᠤᠰᠤᠯᠴᠠᠭᠤᠯᠬᠤ ᠶᠢ ᠠᠬᠢᠭᠤᠯᠤᠨ᠂ ᠪᠤᠳᠡᠳᠦ ᠴᠤᠭᠴᠠᠳᠦ ᠠᠵᠦ | ᠠᠬᠤᠢ ᠶᠢ ᠬᠦᠭᠵᠢᠬᠦᠯᠬᠦ ᠰᠢᠨ᠎ᠡ ᠠᠷᠭ᠎ᠠ ᠵᠡᠮ ᠢ ᠨᠡᠬᠡᠬᠡᠨ᠎ᠡ᠃ ᠡᠷᠡᠬᠦᠯ ᠴᠢᠬᠢᠷᠠᠭ ᠨᠠᠰᠤᠵᠢᠯ ᠤᠨ ᠦᠢᠯᠡᠴᠢᠯᠡᠬᠡᠨ ᠤ ᠦᠢᠯᠡᠰ ᠢ ᠬᠦᠭᠵᠢᠬᠦᠯᠵᠦ᠂ ᠨᠢᠬᠡ ᠪᠦᠯᠦᠭ | ᠡᠮᠨᠡᠵᠦ ᠰᠤᠪᠢᠯᠠᠬᠤ ᠬᠡᠯᠪᠡᠷᠢ ᠶᠢᠨ ᠨᠠᠰᠣᠳᠠᠨ ᠢ ᠠᠰᠠᠷᠠᠬᠤ ᠪᠠᠶᠢᠭᠤᠯᠣᠮᠵᠢ᠂ ᠭᠡᠷ ᠲᠡᠭᠡᠨ ᠪᠠ ᠨᠡᠶᠢᠬᠡᠮ ᠲᠤᠭᠤᠷᠢᠭ ᠤᠨ ᠨᠠᠰᠤᠳᠡᠨ ᠢ ᠠᠰᠡᠷᠡᠬᠤ ᠦᠢᠯᠡᠴᠢᠯᠡᠬᠡᠨ ᠤ | ᠲᠦᠪ ᠵᠡᠷᠭᠡ ᠠᠵᠦ ᠦᠢᠯᠡᠰᠵᠢᠯᠳᠡ ᠶᠢᠨ ᠲᠦᠷᠦᠯ ᠵᠦᠢᠯ ᠢ ᠪᠠᠶᠢᠭᠤᠯᠵᠦ᠂ ᠵᠠᠰᠠᠭ ᠤᠨ ᠤᠷᠳᠤᠨ ᠤ ᠤᠯᠠᠨ ᠨᠡᠶᠢᠳᠡ ᠶᠢᠨ ᠦᠢᠯᠡᠴᠢᠯᠡᠭᠡ ᠪᠤᠯᠤᠨ ᠨᠡᠶᠢᠬᠡᠮᠴᠢᠯᠡᠭᠰᠡᠨ | ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠬᠤ᠂ ᠵᠠᠬ᠎ᠠ ᠲᠡᠯᠬᠡᠬᠦᠷᠴᠢᠯᠡᠭᠰᠡᠨ ᠨᠠᠰᠣᠳᠠᠨ ᠢ ᠠᠰᠠᠷᠠᠬᠤ ᠦᠢᠯᠡᠴᠢᠯᠡᠬᠡᠨ ᠤ ᠲᠦᠪ ᠵᠡᠷᠬᠡ ᠠᠵᠣ ᠦᠢᠯᠡᠰᠵᠢᠯᠳᠠ ᠶᠢᠨ | ᠲᠦᠷᠦᠯ ᠵᠦᠢᠯ ᠢ ᠪᠠᠶᠢᠭᠤᠯᠵᠣ᠂ ᠵᠠᠰᠠᠭ ᠤᠨ ᠣᠷᠳᠣᠨ ᠤ ᠣᠯᠠᠨ ᠨᠡᠶᠢᠳᠡ ᠶᠢᠨ ᠦᠢᠯᠡᠴᠢᠯᠡᠭᠡ ᠪᠣᠯᠣᠨ ᠨᠡᠶᠢᠬᠡᠮᠴᠢᠯᠡᠭᠰᠡᠨ ᠦᠢᠯᠡᠴᠢᠯᠡᠭᠡ ᠶᠢ ᠣᠶᠠᠯᠳᠣᠭᠤᠯᠬᠤ᠂ | ᠵᠠᠬ᠎ᠠ ᠲᠡᠯᠬᠡᠬᠦᠷᠴᠢᠯᠡᠭᠰᠡᠨ ᠨᠠᠰᠣᠳᠠᠨ ᠢ ᠠᠰᠠᠷᠠᠬᠤ ᠦᠢᠯᠡᠴᠢᠯᠡᠬᠡᠨ ᠤ ᠰᠢᠨ᠎ᠡ ᠬᠡᠪ ᠵᠠᠭᠪᠤᠷ ᠪᠠᠶᠢᠭᠤᠯᠤᠨ᠎ᠠ᠃ ᠪᠡᠶ᠎ᠡ ᠴᠢᠬᠢᠷᠠᠭᠵᠢᠭᠤᠯᠤᠨ ᠰᠡᠯᠡᠬᠦᠴᠡᠬᠦ᠂ ᠤᠷᠤᠯᠳᠤᠨ | ᠲᠤᠭᠯᠠᠬᠤ ᠵᠡᠷᠬᠡ ᠪᠡᠶ᠎ᠡ ᠲᠡᠮᠢᠷ ᠤᠨ ᠠᠵᠦ ᠦᠢᠯᠡᠰ ᠢ ᠬᠦᠴᠦᠳᠡᠢ ᠪᠤᠶᠢᠵᠢᠭᠤᠯᠵᠦ᠂ ᠰᠢᠨᠵᠢᠯᠡᠭᠡ ᠮᠡᠷᠬᠡᠵᠢᠯ ᠤᠨ ᠯᠠᠪᠯᠡᠯᠳᠡ᠂ ᠦᠵᠡᠬᠦᠯᠦᠯᠬᠡ ᠶᠢᠨ ᠦᠢᠯᠡᠴᠢᠯᠡᠭᠡ᠂ | ᠬᠦᠮᠦᠵᠢᠯ ᠪᠤᠯᠪᠠᠰᠤᠷᠡᠯ᠂ ᠭᠡᠷ ᠤᠨ ᠶᠠᠪᠤᠳᠡᠯ ᠤᠨ ᠦᠢᠯᠡᠴᠢᠯᠡᠭᠡ ᠵᠡᠷᠭᠡ ᠠᠵᠦ ᠦᠢᠯᠡᠰ ᠢ ᠢᠳᠡᠪᠬᠢᠳᠡᠢ ᠬᠦᠭᠵᠢᠬᠦᠯᠵᠦ᠂ ᠨᠢᠬᠡ ᠪᠦᠯᠦᠭ ᠤᠨᠴᠠᠯᠢᠭᠳᠦ ᠤᠯᠠᠨ | ᠶᠠᠩᠵᠦ ᠶᠢᠨ ᠰᠢᠨ᠎ᠡ ᠮᠡᠨᠳᠤᠭᠰᠠᠨ ᠦᠢᠯᠡᠴᠢᠯᠡᠭᠡ ᠶᠢᠨ ᠪᠠᠶᠢᠳᠡᠯ ᠢ ᠪᠦᠷᠢᠯᠳᠦᠬᠦᠯᠦᠨ᠎ᠡ᠃ | ︵ᠵᠢᠷᠭᠤᠭ᠎ᠠ︶ ᠬᠤᠳᠠ ᠬᠦᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠦᠭᠵᠢᠯᠳᠡ ᠶᠢ ᠨᠢᠬᠡᠳᠦᠯ ᠲᠠᠢ ᠲᠦᠯᠦᠪᠵᠢᠬᠦᠯᠦᠨ᠎ᠠ | ᠰᠢᠨ᠎ᠡ ᠮᠠᠶ᠋ᠢᠭ ᠤᠨ ᠬᠤᠳᠠ ᠪᠠᠯᠭᠠᠰᠣᠵᠢᠯᠳᠠ ᠪᠣᠯ ᠣᠷᠣᠨ ᠪᠦᠰᠡ ᠶᠢᠨ ᠴᠣᠭᠴᠠᠳᠣ ᠪᠣᠳᠠᠳᠣ ᠬᠦᠴᠦᠨ ᠪᠠ ᠦᠷᠢᠰᠦᠯᠳᠦᠬᠦ ᠬᠦᠴᠦᠨ ᠲᠦᠪᠯᠡᠷᠡᠭᠰᠡᠨ | ᠢᠯᠡᠷᠡᠯ ᠪᠣᠯᠣᠨ᠎ᠠ᠂ ᠲᠦᠯᠦᠪᠵᠢᠬᠦᠯᠦᠨ ᠲᠠᠭᠠᠭᠤᠯᠬᠤ᠂ ᠰᠢᠨᠵᠢᠯᠡᠬᠦ ᠣᠬᠠᠭᠠᠨᠴᠢ ᠪᠠᠷ ᠪᠠᠶᠢᠷᠢᠯᠠᠭᠤᠯᠬᠤ ᠶᠢ ᠪᠠᠷᠢᠮᠳᠠᠯᠠᠵᠣ᠂ ᠠᠵᠣ ᠦᠢᠯᠡᠰ ᠬᠤᠳᠠ ᠪᠠᠯᠭᠠᠰᠣ | ᠠᠭᠤᠰᠣᠯᠴᠠᠭᠰᠠᠨ ᠬᠤᠳᠠ ᠬᠦᠳᠡᠭᠡ ᠶᠢᠨ ᠣᠷᠣᠨ ᠪᠦᠰᠡ ᠶᠢ ᠨᠢᠬᠡᠳᠦᠯᠳᠡᠢ ᠲᠦᠯᠦᠪᠵᠢᠬᠦᠯᠦᠨ ᠵᠣᠬᠢᠴᠠᠩᠭᠤᠢ ᠬᠦᠭᠵᠢᠬᠦᠯᠦᠨ᠎ᠡ᠃ | ᠬᠦᠮᠦᠨ ᠢᠶᠠᠷ ᠦᠨᠳᠦᠰᠦ ᠪᠣᠯᠭᠠᠨ ᠰᠢᠨ᠎ᠡ ᠮᠠᠶ᠋ᠢᠭ ᠤᠨ ᠬᠤᠳᠠ ᠪᠠᠯᠭᠠᠰᠣᠵᠢᠯᠳᠠ ᠶᠢ ᠠᠬᠢᠭᠤᠯᠣᠨ᠎ᠠ᠃ ︽ᠲᠦᠩᠯᠢᠶᠣᠣ ᠬᠤᠳᠠ ᠶᠢᠨ ᠪᠠᠯᠭᠠᠳ ᠤᠨ | ᠶᠡᠷᠦᠩᠬᠡᠢ ᠲᠦᠯᠦᠪᠵᠢᠬᠦᠯᠬᠡ ︵2015 — 2030 ᠣᠨ︶︾ ᠶᠢ ᠴᠢᠩᠭ᠎ᠠ ᠬᠡᠷᠡᠭᠵᠢᠬᠦᠯᠵᠦ᠂ ᠡᠵᠡᠮᠰᠢᠯ ᠤᠨ ᠴᠢᠨᠠᠷ ᠲᠠᠢ ᠨᠠᠷᠢᠨ ᠲᠦᠯᠦᠪᠵᠢᠬᠦᠯᠬᠡ ᠶᠢ | ᠨᠠᠶᠢᠷᠠᠭᠤᠯᠵᠣ᠂ ︽ᠨᠢᠬᠡ ᠲᠦᠪ ᠬᠤᠣᠰ ᠭᠤᠣᠯ ᠣᠯᠠᠨ ᠴᠡᠭ᠂ ᠨᠢᠬᠡ ᠲᠡᠩᠬᠡᠯᠢᠭ ᠨᠢᠬᠡ ᠪᠦᠰᠡ ᠭᠤᠷᠪᠠᠨ ᠣᠷᠣᠨ ᠲᠣᠭᠤᠷᠢᠭ︾ ᠤᠨ ᠣᠷᠣᠨ ᠵᠠᠢ ᠶᠢᠨ | ᠪᠠᠶᠢᠷᠢᠯᠠᠭᠤᠯᠣᠯᠳᠠ ᠶᠢ ᠡᠬᠦᠳᠴᠦ᠂ ᠣᠷᠣᠨ ᠪᠦᠰᠡ ᠶᠢᠨ ᠴᠢᠨᠠᠷ ᠲᠠᠢ ᠭᠤᠣᠯ ᠬᠤᠳᠠ ᠶᠢᠨ ᠪᠠᠶᠢᠭᠤᠯᠣᠯᠳᠠ ᠶᠢ ᠲᠦᠷᠬᠡᠳᠬᠡᠨ᠎ᠡ᠃ ᠭᠤᠣᠯ ᠬᠤᠳᠠ ᠲᠣᠭᠤᠷᠢᠭ ᠢ | ᠪᠣᠵᠠᠭᠠᠶᠢᠷᠠᠭᠤᠯᠣᠨ ᠬᠦᠴᠦᠷᠬᠡᠭᠵᠢᠬᠦᠯᠵᠦ᠂ ᠭᠤᠣᠯ ᠬᠤᠳᠠ ᠲᠣᠭᠤᠷᠢᠭ ᠲᠠᠭᠠᠭᠤᠯᠢ ᠪᠠᠯᠭᠠᠳ ᠤᠨ ᠲᠦᠯᠦᠪᠵᠢᠬᠦᠯᠬᠡ ᠶᠢ ᠡᠬᠢᠯᠡᠨ ᠨᠠᠶᠢᠷᠠᠭᠤᠯᠵᠣ᠂ ᠪᠠᠯᠭᠠᠳ ᠤᠨ | ᠨᠡᠶᠢᠳᠡ ᠶᠢᠨ ᠰᠠᠭᠤᠷᠢ ᠲᠦᠬᠦᠬᠡᠷᠦᠮᠵᠢ ᠪᠠ ᠨᠡᠶᠢᠳᠡ ᠶᠢᠨ ᠦᠢᠯᠡᠴᠢᠯᠡᠬᠡᠨ ᠢ ᠲᠠᠭᠠᠭᠤᠯᠢ ᠪᠠᠯᠭᠠᠳ ᠲᠡᠰᠢ ᠣᠷᠳᠣᠳᠬᠠᠬᠤ ᠶᠢ ᠠᠬᠢᠭᠤᠯᠣᠨ᠎ᠠ᠃ ᠪᠠᠯᠭᠠᠳ ᠤᠨ | ᠰᠢᠨᠡᠴᠢᠯᠡᠯᠳᠡ ᠦᠬᠡᠷᠡᠴᠢᠯᠡᠯᠳᠡ ᠶᠢ ᠲᠦᠷᠬᠡᠳᠬᠡᠵᠦ᠂ ᠪᠠᠯᠭᠠᠳ ᠤᠨ ᠵᠠᠰᠠᠯᠭ᠎ᠠ ᠨᠦᠬᠦᠪᠦᠷᠢ ᠪᠠ ᠠᠮᠢ ᠠᠬᠤᠢ ᠶᠢᠨ ᠰᠡᠷᠬᠦᠯᠳᠡ ᠶᠢ ᠴᠢᠩᠭᠠᠳᠬᠠᠨ᠎ᠠ᠃ ᠬᠤᠳᠠ ᠶᠢᠨ | ᠶᠠᠪᠣᠳᠠᠯ ᠵᠠᠮ ᠬᠦᠬᠦᠷᠬᠡ ᠶᠢᠨ ᠪᠠᠶᠢᠭᠤᠯᠣᠯᠳᠠ ᠶᠢᠨ ᠪᠠᠷᠢᠯᠭ᠎ᠠ ᠶᠢ ᠬᠡᠷᠡᠭᠵᠢᠬᠦᠯᠵᠦ᠂ ᠬᠤᠣᠯᠢᠨ ᠭᠤᠣᠯ ᠵᠡᠬᠡᠯᠢ ᠶᠢᠨ ᠵᠡᠬᠦᠨ ᠦᠵᠦᠬᠦᠷ ᠢ ᠦᠷᠬᠡᠳᠬᠡᠬᠦ | ᠦᠬᠡᠷᠡᠴᠢᠯᠡᠯᠳᠡ ᠶᠢ ᠪᠡᠶᠡᠯᠡᠬᠦᠯᠵᠦ᠂ ᠰᠢᠨ ᠬᠦᠩ ᠬᠤᠶᠠᠳᠣᠭᠠᠷ ᠵᠠᠮ᠂ ᠬᠦᠨᠳᠡᠯᠡᠨ ᠡᠮᠦᠨ᠎ᠡ ᠵᠠᠮ᠂ ᠬᠤᠩ ᠭᠤᠸᠠᠩ ᠬᠦᠬᠦᠷᠬᠡ ᠵᠡᠷᠬᠡ ᠵᠠᠮ ᠬᠦᠬᠦᠷᠬᠡ ᠶᠢᠨ | ᠪᠠᠷᠢᠯᠭ᠎ᠠ ᠶᠢ ᠠᠵᠢᠯ ᠡᠬᠢᠯᠡᠬᠦᠯᠦᠨ ᠪᠠᠶᠢᠭᠤᠯᠣᠨ᠎ᠠ᠃ ᠴᠡᠴᠡᠷᠯᠢᠭ ᠤᠨ ᠦᠵᠡᠮᠵᠢ ᠶᠢᠨ ᠪᠠᠶᠢᠭᠤᠯᠣᠯᠳᠠ ᠶᠢᠨ ᠪᠠᠷᠢᠯᠭ᠎ᠠ ᠶᠢ ᠬᠡᠷᠡᠭᠵᠢᠬᠦᠯᠵᠦ᠂ ᠰᠢᠷᠡᠮᠦ᠋ᠷᠡᠨ | ᠴᠡᠴᠡᠷᠯᠢᠭ ᠤᠨ ᠦᠬᠡᠷᠡᠴᠢᠯᠡᠯᠳᠡ ᠶᠢ ᠪᠠᠶᠡᠯᠡᠬᠦᠯᠵᠦ᠂ ᠯᠣᠤᠬ᠎ᠠ ᠴᠡᠴᠡᠷᠯᠢᠭ ᠢ ᠵᠡᠬᠦᠨᠰᠢ ᠦᠷᠬᠡᠳᠬᠡᠬᠦ ᠪᠠᠷᠢᠯᠭ᠎ᠠ ᠶᠢ ᠬᠡᠷᠡᠭᠵᠢᠬᠦᠯᠦᠨ᠎ᠡ᠃ ᠴᠢᠬᠤᠯᠠ ᠲᠣᠮᠣ ᠨᠠᠶᠢᠳᠠ ᠶᠢᠨ | ᠪᠠᠶᠢᠭᠤᠯᠣᠯᠳᠠ ᠶᠢᠨ ᠪᠠᠷᠢᠯᠭ᠎ᠠ ᠶᠢ ᠬᠡᠷᠡᠭᠵᠢᠬᠦᠯᠵᠦ᠂ ᠬᠤᠳᠠ ᠶᠢᠨ ᠡᠮᠨᠡᠯᠬᠡ ᠶᠢᠨ ᠬᠤᠷᠢᠶ᠎ᠠ ᠶᠢᠨ ᠰᠢᠨ᠎ᠡ ᠬᠤᠷᠢᠶ᠎ᠠ᠂ ᠮᠣᠩᠭᠤᠯ ᠡᠮᠨᠡᠯᠬᠡ ᠶᠢᠨ ᠭᠤᠣᠯ ᠡᠮᠨᠡᠯᠬᠡ ᠶᠢᠨ | ᠬᠤᠷᠢᠶ᠎ᠠ᠂ ᠡᠬᠡ ᠨᠢᠯᠬ᠎ᠠ ᠶᠢᠨ ᠡᠷᠡᠬᠦᠯᠵᠢᠯ ᠢ ᠬᠠᠮᠠᠭᠠᠯᠠᠬᠤ ᠬᠤᠷᠢᠶ᠎ᠠ ᠶᠢᠨ ᠪᠠᠶᠢᠭᠤᠯᠣᠯᠳᠠ ᠶᠢ ᠠᠬᠢᠭᠤᠯᠵᠣ᠂ ᠬᠤᠳᠠ ᠶᠢᠨ ᠨᠣᠮ ᠤᠨ ᠰᠠᠩ ᠤᠨ ᠰᠢᠨ᠎ᠡ ᠰᠠᠩ᠂ | ᠰᠢᠨᠵᠢᠯᠡᠭᠡ ᠮᠡᠷᠬᠡᠵᠢᠯ ᠤᠨ ᠰᠠᠩ ᠵᠡᠷᠬᠡ ᠪᠠᠷᠢᠯᠭ᠎ᠠ ᠶᠢ ᠦᠷᠬᠦᠯᠵᠢᠯᠡᠨ ᠪᠠᠶᠢᠭᠤᠯᠵᠣ ᠵᠢᠯ ᠳᠤ ᠠᠰᠢᠭᠯᠠᠯᠳᠠ ᠳᠤ ᠣᠷᠣᠭᠤᠯᠵᠣ᠂ ᠲᠦᠷᠬᠡᠨ ᠲᠠᠮᠣᠷ ᠵᠠᠮ ᠤᠨ | ᠦᠷᠳᠡᠭᠡ ᠶᠢᠨ ᠡᠮᠦᠨᠡᠬᠢ ᠠᠭᠤᠳᠠᠮ ᠲᠠᠯᠠᠪᠠᠢ᠂ ᠰᠢᠨ᠎ᠡ ᠵᠠᠭᠤᠴᠢ ᠲᠠᠮᠵᠢᠭᠤᠯᠬᠤ ᠶᠡᠷᠦᠩᠬᠡᠢ ᠦᠷᠳᠡᠭᠡ ᠪᠠ ᠲᠧᠯᠸᠢᠰ ᠤᠨ ᠠᠷᠠᠩᠭ᠎ᠠ ᠶᠢ ᠲᠦᠯᠦᠪᠵᠢᠬᠦᠯᠦᠨ | ᠪᠠᠶᠢᠭᠤᠯᠣᠨ᠎ᠠ᠃ ᠬᠤᠳᠠ ᠲᠣᠭᠤᠷᠢᠭ ᠬᠤᠶᠠᠷ ᠱᠠᠳᠣ ᠪᠠᠷ ᠬᠦᠳᠡᠯᠦᠯᠴᠡᠨ ᠵᠢᠶᠠᠨ ᠬᠦᠸᠧ ᠶᠢᠨ ᠬᠡᠰᠡᠭ᠂ ᠬᠤᠳᠠ ᠶᠢᠨ ᠵᠡᠬᠦᠨ ᠬᠡᠰᠡᠭ ᠢ ᠲᠠᠳᠠᠪᠣᠷᠢᠯᠠᠬᠤ ᠡᠪᠳᠡᠬᠦ | ᠦᠬᠡᠷᠡᠴᠢᠯᠡᠯᠳᠡ ᠶᠢ ᠲᠦᠷᠬᠡᠳᠬᠡᠵᠦ᠂ ᠭᠤᠣᠯ ᠬᠤᠳᠠ ᠲᠣᠭᠤᠷᠢᠭ ᠤᠨ ᠪᠦᠷᠬᠡ ᠶᠢᠨ ᠦᠬᠡᠷᠡᠴᠢᠯᠡᠯᠳᠡ ᠶᠢᠨ ᠲᠡᠦᠬᠡ ᠶᠢᠨ ᠦᠯᠡᠳᠡᠭᠳᠡᠯ ᠠᠰᠠᠭᠤᠳᠠᠯ ᠢ ᠢᠳᠡᠪᠬᠢᠳᠡᠢ | ᠰᠢᠢᠳᠪᠦᠷᠢᠯᠡᠨ᠎ᠡ᠃ ᠪᠠᠯᠭᠠᠳ ᠤᠨ ᠨᠠᠶᠢᠳᠠ ᠶᠢᠨ ᠮᠠᠰᠢᠨ ᠲᠡᠷᠬᠡ ᠶᠢ ᠣᠷᠢᠳᠠᠪᠠᠷ ᠬᠦᠭᠵᠢᠬᠦᠯᠵᠦ᠂ ᠬᠤᠳᠠ ᠶᠢᠨ ᠠᠷᠠᠳ ᠤᠨ ᠶᠠᠪᠣᠵᠣ ᠰᠠᠭᠤᠬᠤ ᠳᠤ ᠨᠡᠶᠢᠳᠡ ᠶᠢᠨ | ᠵᠠᠮ ᠬᠠᠷᠢᠯᠴᠠᠭ᠎ᠠ ᠶᠢᠨ ᠡᠬᠦᠷᠬᠡᠯᠡᠬᠦ ᠬᠠᠷᠢᠴᠠᠯ ᠢ ᠲᠡᠬᠡᠭᠰᠢᠯᠡᠬᠦᠯᠦᠨ᠎ᠡ᠃ ᠵᠠᠰᠠᠭ ᠤᠨ ᠣᠷᠳᠣᠨ ᠭᠤᠣᠯᠯᠠᠵᠣ᠂ ᠵᠠᠬ᠎ᠠ ᠲᠡᠯᠬᠡᠬᠦᠷᠴᠢᠯᠡᠯᠳᠡ ᠶᠢᠨ ᠠᠷᠭ᠎ᠠ ᠠᠪᠴᠢᠯ ᠢ | ᠠᠪᠴᠣ᠂ ᠨᠢᠬᠡ ᠪᠦᠯᠦᠭ ᠲᠡᠷᠬᠡᠨ ᠵᠣᠭᠰᠣᠭᠠᠯ᠂ ᠲᠡᠷᠬᠡ ᠵᠣᠭᠰᠣᠬᠤ ᠠᠰᠠᠷ᠂ ᠠᠳᠠᠯ ᠠᠬᠤᠢ ᠶᠢᠨ ᠲᠣᠬᠢᠷᠠᠭᠤᠯᠣᠨ ᠬᠦᠷᠬᠡᠬᠦ ᠲᠦᠪ ᠵᠡᠷᠬᠡ ᠨᠠᠶᠢᠳᠠ ᠶᠢᠨ | ᠦᠢᠯᠡᠴᠢᠯᠡᠬᠡᠨ ᠤ ᠲᠦᠬᠦᠬᠡᠷᠦᠮᠵᠢ ᠶᠢ ᠪᠠᠶᠢᠭᠤᠯᠵᠣ᠂ ᠨᠡᠶᠢᠬᠡᠮ ᠲᠣᠭᠤᠷᠢᠭ ᠤᠨ ᠴᠢᠳᠠᠪᠣᠷᠢ ᠶᠢ ᠪᠦᠷᠢᠨᠰᠢᠬᠦᠯᠵᠦ᠂ ᠣᠷᠣᠨ ᠰᠠᠭᠤᠴᠠ ᠶᠢᠨ ᠴᠢᠨᠠᠷ ᠢ ᠲᠡᠬᠡᠭᠰᠢᠯᠡᠬᠦᠯᠵᠦ᠂ | ᠣᠷᠣᠰᠢᠨ ᠰᠠᠭᠤᠬᠤ ᠳᠤ ᠲᠠᠭ᠎ᠠ ᠲᠠᠢ ᠪᠠᠯᠭᠠᠳ ᠢ ᠪᠠᠶᠢᠭᠤᠯᠣᠨ᠎ᠠ᠃ ᠪᠠᠭ᠋ᠠᠷᠣᠯᠳᠣ ᠬᠤᠰᠢᠭᠤ ᠰᠢᠶᠠᠨ᠂ ᠣᠨᠴᠠᠯᠢᠭᠳᠣ ᠪᠠᠯᠭᠠᠰᠣ ᠪᠠ ᠦᠵᠡᠰᠬᠦᠯᠡᠩᠳᠦ ᠬᠦᠳᠡᠭᠡ | ᠲᠣᠰᠬᠤᠨ ᠢ ᠪᠠᠶᠢᠭᠤᠯᠵᠣ᠂ ᠣᠷᠢᠳᠠᠪᠠᠷ ᠲᠦᠯᠦᠪᠵᠢᠬᠦᠯᠦᠨ ᠠᠯᠬᠤᠮ ᠬᠤᠪᠢᠶᠠᠨ ᠬᠡᠷᠡᠭᠵᠢᠬᠦᠯᠵᠦ᠂ ᠭᠤᠣᠯᠳᠠᠯᠭ᠎ᠠ ᠲᠠᠢ ᠰᠢᠪᠳᠣᠯᠣᠯᠳᠠ ᠬᠢᠬᠦ ᠶᠢ ᠪᠠᠷᠢᠮᠳᠠᠯᠠᠵᠣ᠂ | ᠬᠤᠰᠢᠭᠤ ᠰᠢᠶᠠᠨ ᠰᠠᠭᠤᠭ᠎ᠠ ᠪᠠᠯᠭᠠᠳ ᠤᠨ ᠲᠦᠷᠰᠦ ᠪᠠᠶᠢᠳᠠᠯ᠂ ᠰᠠᠭᠤᠷᠢ ᠲᠦᠬᠦᠬᠡᠷᠦᠮᠵᠢ ᠪᠠ ᠨᠡᠶᠢᠳᠡ ᠶᠢᠨ ᠦᠢᠯᠡᠴᠢᠯᠡᠭᠡ ᠶᠢ ᠲᠦᠪᠯᠡᠷᠡᠬᠦᠯᠦᠨ ᠰᠢᠪᠳᠣᠯᠣᠯᠳᠠ | ᠬᠢᠵᠦ᠂ ᠬᠤᠳᠠ ᠶᠢᠨ ᠲᠡᠬᠦᠷᠬᠡ ᠪᠠᠯᠭᠠᠰᠣ ᠶᠢᠨ ᠪᠠᠶᠢᠭᠤᠯᠣᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠦᠨ᠎ᠡ᠃ ᠰᠣᠮᠣ ᠰᠢᠶᠠᠩ ᠪᠠᠯᠭᠠᠰᠣ ᠶᠢᠨ ᠵᠠᠰᠠᠭ ᠤᠨ | ᠣᠷᠳᠣᠨ ᠤ ᠰᠠᠭᠤᠭ᠎ᠠ ᠭᠠᠵᠠᠷ ᠤᠨ ᠶᠡᠷᠦᠩᠬᠡᠢ ᠦᠬᠡᠷᠡᠴᠢᠯᠡᠯᠳᠡ ᠬᠢᠵᠦ ᠲᠡᠰ ᠲᠠᠪᠰᠢᠬᠦᠯᠬᠦ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠬᠦᠯᠦᠨ᠎ᠡ᠃ ᠬᠤᠷᠴᠢᠨ ᠵᠡᠬᠦᠨ | ᠭᠠᠷᠣᠨ ᠲᠣᠮᠳᠠᠳᠣ ᠬᠤᠰᠢᠭᠤ ᠶᠢᠨ ᠱᠧᠪᠡᠷᠳᠦ ᠪᠠᠯᠭᠠᠰᠣ ᠲᠦᠷᠬᠦᠦ ᠪᠦᠯᠦᠭ ᠤᠨ ᠲᠣᠮᠳᠠᠳᠣ ᠣᠯᠣᠰ ᠤᠨ ᠣᠨᠴᠠᠯᠢᠭᠳᠣ ᠪᠠᠯᠭᠠᠰᠣ ᠪᠣᠯᠣᠭᠰᠠᠨ ᠲᠣᠬᠢᠶᠠᠯ ᠢ | ᠠᠳᠬᠤᠵᠣ᠂ ᠠᠯᠠᠰᠢᠨ ᠦᠬᠡᠷ ᠤᠨ ᠠᠵᠣ ᠦᠢᠯᠡᠰ ᠪᠠ ᠬᠤᠳᠠᠯᠳᠤᠭ᠎ᠠ ᠠᠷᠠᠯᠵᠢᠶ᠎ᠠ ᠪᠠᠷᠠᠭᠠᠨ ᠤ ᠬᠦᠢᠯᠬᠡᠬᠡ ᠪᠠᠷ ᠲᠣᠯᠭᠠᠭᠤᠷᠢ ᠪᠣᠯᠭᠠᠵᠣ᠂ ᠠᠷᠠᠳ ᠤᠨ ᠵᠠᠩ ᠦᠢᠯᠠ | ᠪᠠ ᠪᠠᠯᠠᠷ ᠰᠣᠶᠣᠯ ᠢᠶᠠᠷ ᠣᠨᠴᠠᠯᠢᠭ ᠪᠣᠯᠭᠠᠵᠣ᠂ ᠠᠵᠣ ᠦᠢᠯᠡᠰ᠂ ᠵᠢᠭᠤᠯᠴᠢᠯᠡᠯ᠂ ᠰᠣᠶᠣᠯ᠂ ᠨᠡᠶᠢᠬᠡᠮ ᠲᠣᠭᠤᠷᠢᠭ ᠵᠡᠷᠬᠡ ᠶᠢᠨ ᠴᠢᠳᠠᠪᠬᠢ ᠶᠢ ᠨᠢᠬᠡ ᠴᠣᠭᠴᠠ | ᠪᠣᠯᠭᠠᠭᠰᠠᠨ ᠣᠨᠴᠠᠯᠢᠭᠳᠣ ᠪᠠᠯᠭᠠᠰᠣ ᠶᠢ ᠡᠬᠦᠳᠴᠦ᠂ ᠪᠦᠬᠦ ᠬᠤᠳᠠ ᠶᠢᠨ ᠣᠨᠴᠠᠯᠢᠭᠳᠣ ᠪᠠᠯᠭᠠᠰᠣ ᠶᠢᠨ ᠪᠠᠶᠢᠭᠤᠯᠣᠯᠳᠠ ᠶᠢ ᠲᠠᠶᠢᠴᠢᠯᠡᠨ᠎ᠡ᠃ ︽ᠬᠤᠳᠠ ᠶᠢᠨ ᠱᠠᠳᠣ | ᠱᠠᠩᠨᠠᠨ ᠨᠦᠬᠦᠪᠦᠷᠢᠯᠡᠬᠦ᠂ ᠬᠤᠰᠢᠭᠤ ᠰᠢᠶᠠᠨ ᠤ ᠱᠠᠳᠣ ᠭᠤᠣᠯ ᠪᠣᠯᠵᠣ ᠰᠣᠮᠣ ᠪᠠᠯᠭᠠᠰᠣ ᠶᠢᠨ ᠱᠠᠳᠣ ᠬᠠᠪᠰᠣᠷᠣᠮᠵᠢ ᠪᠣᠯᠬᠤ︾ ᠵᠠᠷᠴᠢᠮ ᠶᠣᠰᠣ ᠪᠠᠷ ᠬᠦᠳᠡᠭᠡ | ᠲᠣᠰᠬᠤᠨ ᠮᠠᠯᠵᠢᠬᠤ ᠣᠷᠣᠨ ᠤ ᠰᠠᠭᠤᠷᠢ ᠲᠦᠬᠦᠬᠡᠷᠦᠮᠵᠢ ᠪᠠ ᠨᠠᠶᠢᠳᠡ ᠶᠢᠨ ᠦᠢᠯᠡᠴᠢᠯᠡᠬᠡᠨ ᠤ ᠣᠷᠣᠭᠤᠯᠣᠯᠳᠠ ᠶᠢᠨ ᠣᠷᠳᠣ ᠬᠤᠭᠤᠴᠠᠭ᠎ᠠ ᠬᠦᠴᠦᠨ ᠲᠠᠢ | ᠲᠣᠭᠳᠠᠴᠠ ᠶᠢ ᠪᠠᠶᠢᠭᠤᠯᠵᠣ᠂ ᠮᠠᠯᠴᠢᠨ ᠲᠠᠷᠢᠶᠠᠴᠢᠳ ᠤᠨ ᠬᠠᠮᠳᠣᠪᠠᠷ ᠪᠠᠶᠢᠭᠤᠯᠵᠣ ᠵᠡᠷᠬᠡᠪᠡᠷ ᠬᠠᠮᠢᠶᠠᠷᠬᠤ ᠢᠳᠡᠪᠬᠢᠵᠢᠯ ᠢ ᠬᠦᠢᠴᠡᠳ ᠲᠠᠶᠢᠴᠢᠯᠠᠵᠣ᠂ ᠰᠢᠨ᠎ᠡ | ᠬᠦᠳᠡᠭᠡ ᠲᠣᠰᠬᠤᠨ ᠮᠠᠯᠵᠢᠬᠤ ᠣᠷᠣᠨ ᠤ ᠪᠠᠶᠢᠭᠤᠯᠣᠯᠳᠠ ᠶᠢᠨ ᠦᠷ᠎ᠡ ᠪᠦᠳᠦᠬᠡᠯ ᠢ ᠪᠠᠬᠢᠵᠢᠬᠦᠯᠦᠨ᠎ᠡ᠃ ᠬᠦᠳᠡᠭᠡ ᠲᠣᠰᠬᠤᠨ ᠮᠠᠯᠵᠢᠬᠤ ᠣᠷᠣᠨ ᠤ ᠬᠦᠮᠦᠨ ᠤ | ᠰᠠᠭᠤᠬᠤ ᠣᠷᠴᠢᠨ ᠲᠣᠭᠤᠷᠢᠨ ᠤ ᠴᠡᠭᠴᠡᠯᠡᠯᠳᠡ ᠶᠢ ᠬᠦᠨᠵᠡᠬᠡᠢ ᠠᠬᠢᠭᠤᠯᠵᠣ᠂ ᠣᠳᠣᠬᠢᠴᠢ ᠪᠣᠯᠪᠠᠰᠣᠨ ᠲᠠᠢ ᠮᠦᠷᠳᠡᠬᠡᠨ ᠬᠦᠳᠡᠭᠡ ᠨᠣᠳᠤᠭ ᠤᠨ ᠦᠩᠬᠡ | ᠦᠵᠡᠮᠵᠢ ᠶᠢ ᠪᠦᠷᠢᠯᠳᠦᠬᠦᠯᠦᠭᠰᠡᠨ ᠦᠵᠡᠰᠬᠦᠯᠡᠩᠳᠦ ᠰᠠᠶᠢᠬᠠᠨ ᠨᠣᠳᠤᠭ ᠪᠠᠶᠢᠭᠤᠯᠣᠨ᠎ᠠ᠃ ᠪᠠᠯᠭᠠᠳ ᠤᠨ ᠬᠠᠮᠢᠶᠠᠷᠣᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠵᠦ᠂ | ︽ᠲᠦᠩᠯᠢᠶᠣᠣ ᠬᠤᠳᠠ ᠶᠢᠨ ᠪᠠᠯᠭᠠᠳ ᠤᠨ ᠲᠦᠷᠰᠦ ᠪᠠᠶᠢᠳᠠᠯ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠣᠯᠳᠠ ᠶᠢᠨ ᠲᠦᠷᠢᠮ︾ ᠤᠨ | ᠣᠬᠠᠭᠤᠯᠭ᠎ᠠ ᠶᠢᠨ ᠬᠦᠴᠦᠴᠡ ᠶᠢ ᠶᠡᠬᠡᠰᠬᠡᠵᠦ᠂ ᠪᠠᠯᠭᠠᠳ ᠤᠨ ᠬᠠᠣᠯᠢ ᠪᠠᠷ ᠵᠠᠰᠠᠯᠳᠠ᠂ ᠨᠠᠷᠢᠯᠢᠭᠵᠢᠭᠤᠯᠣᠭᠰᠠᠨ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ | ᠲᠡᠬᠡᠭᠰᠢᠯᠡᠬᠦᠯᠦᠨ᠎ᠡ᠃ ︽ᠬᠤᠣᠰ ᠬᠤᠳᠠ ᠶᠢᠨ ᠴᠣᠭᠴᠠᠯᠠᠯᠳᠠ︾ ᠶᠢ ᠦᠷᠬᠦᠯᠵᠢᠯᠡᠨ ᠠᠬᠢᠭᠤᠯᠵᠣ᠂ ᠪᠠᠯᠭᠠᠳ ᠤᠨ ᠬᠠᠮᠢᠶᠠᠷᠣᠯᠳᠠ ᠶᠢᠨ ᠪᠠᠶᠢᠭᠤᠯᠣᠮᠵᠢ ᠶᠢ | ᠴᠢᠨᠠᠭᠰᠢᠳᠠ ᠰᠢᠯᠣᠭᠤᠳᠬᠠᠵᠣ᠂ ᠬᠤᠳᠠ ᠲᠣᠭᠤᠷᠢᠭ ᠬᠤᠶᠠᠷ ᠱᠠᠳᠣᠨ ᠤ ᠬᠤᠳᠠ ᠶᠢᠨ ᠬᠠᠮᠢᠶᠠᠷᠣᠯᠳᠠ ᠶᠢᠨ ᠡᠬᠦᠷᠬᠡ ᠬᠠᠷᠢᠭᠤᠴᠠᠯᠭ᠎ᠠ ᠪᠠ ᠡᠷᠬᠡ ᠶᠢᠨ ᠬᠢᠵᠠᠭᠠᠷ ᠢ | ᠲᠣᠳᠣᠷᠬᠠᠢ ᠪᠣᠯᠭᠠᠵᠣ᠂ ᠪᠠᠯᠭᠠᠳ ᠤᠨ ᠶᠡᠷᠦᠩᠬᠡᠢ ᠬᠠᠣᠯᠢ ᠬᠡᠷᠡᠭᠵᠢᠬᠦᠯᠬᠦ ᠪᠠᠶᠢᠭᠤᠯᠣᠮᠵᠢ ᠶᠢ ᠵᠣᠬᠢᠶᠠᠨ ᠪᠠᠶᠢᠭᠤᠯᠵᠣ᠂ ᠪᠠᠯᠭᠠᠳ ᠤᠨ ᠶᠡᠷᠦᠩᠬᠡᠶᠢᠯᠡᠨ ᠵᠠᠰᠠᠬᠤ | ᠴᠢᠳᠠᠪᠣᠷᠢ ᠶᠢ ᠲᠡᠬᠡᠭᠰᠢᠯᠡᠬᠦᠯᠦᠨ᠎ᠡ᠃ ᠡᠷᠦᠬᠡ ᠠᠮᠠ ᠶᠢᠨ ᠲᠦᠷᠢᠮ ᠤᠨ ᠦᠬᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠵᠣ᠂ ᠰᠣᠷᠭᠠᠨ ᠬᠦᠮᠦᠵᠢᠯ᠂ | ᠡᠮ ᠡᠮᠨᠡᠯᠬᠡ᠂ ᠨᠡᠶᠢᠬᠡᠮ ᠤᠨ ᠪᠠᠳᠣᠯᠠᠭ᠎ᠠ᠂ ᠠᠵᠢᠯ ᠣᠯᠭᠤᠯᠳᠠ᠂ ᠣᠷᠣᠨ ᠰᠠᠭᠤᠴᠠ ᠶᠢᠨ ᠪᠠᠳᠣᠯᠠᠭ᠎ᠠ ᠵᠡᠷᠬᠡ ᠨᠠᠶᠢᠳᠠ ᠶᠢᠨ ᠦᠢᠯᠡᠴᠢᠯᠡᠬᠡᠨ ᠤ ᠲᠦᠷᠦ ᠶᠢᠨ | ᠪᠣᠳᠣᠯᠭ᠎ᠠ ᠶᠢ ᠲᠡᠬᠦᠯᠳᠡᠷᠵᠢᠬᠦᠯᠵᠦ᠂ ᠮᠠᠯᠴᠢᠨ ᠲᠠᠷᠢᠶᠠᠴᠢᠨ ᠤ ᠬᠤᠳᠠ ᠶᠢᠨ ᠬᠦᠮᠦᠨ ᠪᠣᠯᠬᠤ ᠶᠢ ᠠᠬᠢᠭᠤᠯᠣᠨ᠎ᠠ᠃ | ︽ᠭᠤᠷᠪᠠᠨ ᠣᠷᠣᠨ ᠪᠦᠰᠡ︾ ᠶᠢᠨ ᠵᠣᠬᠢᠴᠠᠩᠭᠤᠢ ᠬᠦᠭᠵᠢᠬᠦᠯᠦᠯᠳᠡ ᠶᠢᠨ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠦᠨ᠎ᠡ᠃ ᠬᠤᠣᠯᠢᠩᠭᠤᠣᠯ ᠵᠠᠷᠣᠳ ᠤᠨ | ᠣᠷᠣᠨ ᠪᠦᠰᠡ ᠶᠢᠨ ᠨᠢᠬᠡ ᠴᠣᠭᠴᠠᠵᠢᠭᠰᠠᠨ ᠵᠣᠬᠢᠴᠠᠩᠭᠤᠢ ᠬᠦᠭᠵᠢᠯᠳᠡ ᠶᠢ ᠠᠬᠢᠭᠤᠯᠬᠤ ᠵᠢᠯᠣᠭᠤᠳᠬᠤ ᠰᠠᠨᠠᠯ ᠲᠣᠭᠳᠠᠭᠠᠵᠣ᠂ ᠣᠷᠣᠨ ᠪᠦᠰᠡ ᠶᠢᠨ ᠨᠢᠬᠡ | ᠴᠣᠭᠴᠠᠵᠢᠭᠰᠠᠨ ᠵᠣᠬᠢᠴᠠᠩᠭᠤᠢ ᠬᠦᠭᠵᠢᠯᠳᠡ ᠶᠢᠨ ᠲᠣᠮᠳᠠ ᠣᠷᠳᠣ ᠬᠤᠭᠤᠴᠠᠭᠠᠨ ᠤ ᠲᠦᠯᠦᠵᠢᠬᠦᠯᠬᠡ ᠶᠢᠨ ᠬᠦᠳᠦᠯᠪᠣᠷᠢ ᠨᠡᠶᠢᠷᠡᠭᠤᠯᠵᠣ᠂ ᠬᠤᠣᠯᠢᠩᠭᠤᠣᠯ ᠬᠤᠳᠠ | ᠪᠠ ᠵᠠᠷᠣᠳ ᠬᠤᠰᠢᠭᠤ ᠶᠢᠨ ᠲᠦᠷᠢᠮ ᠤᠨ ᠰᠢᠨᠡᠴᠢᠯᠡᠯᠳᠡ᠂ ᠰᠢᠨᠵᠢᠯᠡᠭᠡ ᠮᠡᠷᠬᠡᠵᠢᠯ ᠤᠨ ᠲᠠᠪᠰᠢᠯᠳᠠ᠂ ᠠᠵᠣ ᠦᠢᠯᠡᠰ ᠤᠨ ᠲᠡᠰ ᠲᠠᠪᠰᠢᠯᠳᠠ᠂ ᠪᠣᠬᠢᠷᠳᠣᠯ ᠦᠬᠡᠢ | ᠬᠦᠭᠵᠢᠯᠳᠡ ᠵᠡᠷᠬᠡ ᠲᠠᠯ᠎ᠠ ᠶᠢᠨ ᠬᠦᠨᠵᠡᠬᠡᠢ ᠬᠤᠷᠰᠢᠯᠴᠠᠭ᠎ᠠ ᠶᠢ ᠠᠬᠢᠭᠤᠯᠵᠣ᠂ ᠬᠤᠶᠢᠳᠣ ᠬᠡᠰᠡᠭ ᠤᠨ ᠣᠷᠣᠨ ᠪᠦᠰᠡ ᠶᠢᠨ ᠦᠬᠡᠷᠡᠴᠢᠯᠡᠯᠳᠡ ᠰᠢᠨᠡᠴᠢᠯᠡᠯᠳᠡ ᠶᠢᠨ | ᠲᠣᠷᠰᠢᠯᠳᠠ ᠶᠢᠨ ᠣᠷᠣᠨ ᠪᠠᠶᠢᠭᠤᠯᠣᠨ᠎ᠠ᠃ ᠨᠢᠬᠡ ᠴᠣᠬᠴᠠᠵᠢᠭᠰᠠᠨ ᠲᠦᠯᠦᠪᠵᠢᠬᠦᠯᠬᠡ ᠪᠠ ᠨᠢᠬᠡ ᠴᠣᠭᠴᠠᠵᠢᠭᠰᠠᠨ ᠬᠠᠮᠢᠶᠠᠷᠣᠯᠳᠠ ᠪᠠᠷ ᠬᠤᠣᠯᠢᠩᠭᠤᠣᠯ ᠤᠨ ᠠᠵᠣ | ᠦᠢᠯᠡᠳᠪᠦᠷᠢ ᠶᠢᠨ ᠬᠤᠷᠤᠭ᠎ᠠ ᠪᠠ ᠵᠠᠬᠠᠨᠠᠭᠤᠷ ᠠᠵᠣ ᠦᠢᠯᠡᠳᠪᠦᠷᠢ ᠶᠢᠨ ᠬᠤᠷᠤᠭ᠎ᠠ ᠶᠢᠨ ᠠᠭᠤᠰᠣᠯᠴᠠᠭᠰᠠᠨ ᠬᠦᠭᠵᠢᠯᠳᠡ ᠶᠢ ᠲᠦᠷᠬᠡᠨ ᠠᠬᠢᠭᠤᠯᠵᠣ᠂ | ᠬᠤᠷᠤᠭ᠎ᠠ ᠶᠢᠨ ᠠᠵᠣ ᠦᠢᠯᠡᠰ ᠤᠨ ᠪᠠᠶᠢᠷᠢᠯᠠᠭᠤᠯᠣᠯᠳᠠ᠂ ᠰᠠᠭᠤᠷᠢ ᠲᠦᠬᠦᠬᠡᠷᠦᠮᠵᠢ ᠶᠢᠨ ᠪᠠᠶᠢᠭᠤᠯᠣᠯᠳᠠ᠂ ᠠᠭᠤᠷᠬᠠᠢ ᠶᠢᠨ ᠡᠬᠢ ᠪᠠᠶᠠᠯᠢᠭ ᠤᠨ ᠠᠰᠢᠭᠯᠠᠯᠳᠠ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ᠂ ᠨᠡᠶᠢᠳᠡ ᠶᠢᠨ ᠦᠢᠯᠡᠴᠢᠯᠡᠬᠡᠨ ᠤ ᠨᠢᠬᠡ ᠴᠣᠭᠴᠠᠵᠢᠯᠳᠠ ᠶᠢ ᠪᠡᠶᠡᠯᠡᠬᠦᠯᠵᠦ᠂ ᠵᠢᠯ ᠤᠨ ᠦᠢᠯᠡᠳᠪᠦᠷᠢᠯᠡᠯ ᠤᠨ | ᠦᠷᠳᠡᠭ ᠢ ᠴᠢᠳᠠᠬᠤᠶᠢᠴᠠ 1000 ᠳ᠋ᠦᠩᠰᠢᠭᠤᠷ ᠲᠦᠬᠦᠷᠢᠭ ᠲᠠᠪᠠᠭᠤᠯᠬᠤ ᠪᠠᠷ ᠴᠢᠷᠮᠠᠶᠢᠵᠣ᠂ ᠦᠪᠦᠷ ᠮᠣᠩᠭᠤᠯ ᠤᠨ ᠵᠡᠬᠦᠨ ᠪᠦᠰᠡ ᠣᠷᠣᠨ ᠳᠤ ᠲᠦᠷᠦᠬᠦᠦ ᠨᠢᠬᠡ | ᠣᠯᠣᠰ ᠤᠨ ᠲᠡᠰ ᠤᠨ ᠲᠡᠬᠡᠳᠦ ᠰᠢᠨ᠎ᠡ ᠮᠡᠷᠬᠡᠵᠢᠯ ᠤᠨ ᠠᠵᠣ ᠦᠢᠯᠡᠰ ᠤᠨ ᠨᠡᠬᠡᠬᠡᠯᠳᠡ ᠶᠢᠨ ᠣᠷᠣᠨ ᠡᠬᠦᠳᠬᠦ ᠪᠠᠷ ᠴᠢᠷᠮᠠᠶᠢᠨ᠎ᠡ᠃ ᠬᠤᠷᠴᠢᠨ ᠲᠣᠭᠤᠷᠢᠭ᠂ | ᠨᠡᠬᠡᠬᠡᠯᠳᠡ ᠶᠢᠨ ᠲᠣᠭᠤᠷᠢᠭ ᠪᠠ ᠺᠠᠶᠢᠯᠣ ᠰᠢᠶᠠᠨ ᠲᠠᠪᠠᠭᠤᠯᠢᠭ ᠢᠶᠠᠨ ᠨᠦᠬᠦᠪᠦᠷᠢᠯᠡᠯᠴᠠᠵᠣ᠂ ᠬᠤᠯᠪᠣᠭᠠᠯᠠᠨ ᠬᠦᠭᠵᠢᠬᠦ ᠶᠢ ᠠᠬᠢᠭᠤᠯᠵᠣ᠂ ᠭᠤᠣᠯ ᠬᠤᠳᠠ | ᠲᠣᠭᠤᠷᠢᠭ ᠤᠨ ᠠᠮᠢ ᠠᠬᠤᠢ ᠪᠠ ᠦᠢᠯᠡᠴᠢᠯᠡᠬᠡᠨ ᠤ ᠴᠢᠳᠠᠪᠣᠷᠢ ᠶᠢ ᠲᠣᠪᠣᠶᠢᠯᠭᠠᠵᠣ᠂ ᠦᠵᠦᠬᠦᠷ ᠠᠵᠣ ᠦᠢᠯᠡᠰ ᠪᠠ ᠦᠢᠯᠡᠴᠢᠯᠡᠬᠡᠨ ᠤ ᠦᠢᠯᠡᠰ ᠲᠦᠪᠯᠡᠷᠡᠭᠰᠡᠨ | ᠣᠷᠣᠨ ᠪᠦᠷᠢᠯᠳᠦᠬᠦᠯᠦᠨ᠎ᠡ᠃ ᠬᠤᠷᠴᠢᠨ ᠵᠡᠬᠦᠨ ᠭᠠᠷᠣᠨ ᠲᠣᠮᠳᠠᠳᠣ ᠬᠤᠰᠢᠭᠤ᠂ ᠬᠤᠷᠴᠢᠨ ᠵᠡᠬᠦᠨ ᠭᠠᠷᠣᠨ ᠬᠤᠶᠢᠳᠣ ᠬᠤᠰᠢᠭᠤ᠂ ᠬᠦᠷᠢᠶ᠎ᠡ ᠬᠤᠰᠢᠭᠤ ᠪᠠ ᠨᠠᠢᠮᠠᠨ | ᠬᠤᠰᠢᠭᠤ ᠪᠣᠬᠢᠷᠳᠣᠯ ᠦᠬᠡᠢ ᠠᠵᠣ ᠠᠬᠤᠢ ᠶᠢᠨ ᠠᠵᠣ ᠦᠢᠯᠡᠰ ᠤᠨ ᠪᠦᠰᠡ ᠲᠦᠷᠬᠡᠨ ᠪᠦᠷᠢᠯᠳᠦᠬᠦ ᠶᠢ ᠠᠬᠢᠭᠤᠯᠵᠣ᠂ ᠪᠣᠬᠢᠷᠳᠣᠯ ᠦᠬᠡᠢ ᠲᠠᠷᠢᠵᠣ ᠲᠡᠵᠢᠬᠡᠬᠦ | ᠦᠢᠯᠡᠰ᠂ ᠣᠷᠭᠠᠨᠢᠭ ᠢᠳᠡᠬᠡᠨ ᠤ ᠵᠦᠢᠯ ᠪᠣᠯᠪᠠᠰᠣᠷᠠᠭᠤᠯᠬᠤ ᠦᠢᠯᠡᠰ᠂ ᠠᠮᠢ ᠠᠬᠤᠢ ᠶᠢᠨ ᠵᠣᠭᠠᠴᠠᠯ ᠤᠨ ᠦᠢᠯᠡᠰ ᠢ ᠪᠣᠶᠢᠵᠢᠭᠤᠯᠣᠨ ᠪᠣᠵᠠᠭᠠᠶᠢᠷᠠᠭᠤᠯᠵᠣ᠂ | ᠴᠢᠯᠦᠬᠡᠳᠡᠢ ᠶᠠᠪᠣᠯᠴᠠᠭᠰᠠᠨ ᠬᠦᠭᠵᠢᠬᠦᠯᠦᠯᠳᠡ᠂ ᠪᠣᠬᠢᠷᠳᠣᠯ ᠦᠬᠡᠢ ᠬᠦᠭᠵᠢᠬᠦᠯᠦᠯᠳᠡ ᠶᠢᠨ ᠲᠠᠭᠤᠷᠢᠶᠠᠯ ᠣᠷᠣᠨ ᠢ ᠡᠬᠦᠳᠦᠨ᠎ᠡ᠃ | ︵ᠲᠣᠯᠤᠭ᠎ᠠ︶ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠪᠠ ᠭᠠᠳᠠᠭᠠᠳᠣ ᠲᠠᠢ ᠴᠢᠯᠦᠬᠡᠳᠡᠢ ᠶᠠᠪᠣᠯᠴᠠᠭ᠎ᠠ ᠪᠠᠨ ᠦᠷᠬᠡᠳᠬᠡᠨ᠎ᠡ | ᠦᠬᠡᠷᠡᠴᠢᠯᠡᠯᠳᠡ ᠠᠴᠠ ᠬᠦᠳᠡᠯᠬᠡᠬᠦ ᠬᠦᠴᠦᠨ ᠡᠬᠦᠰᠴᠦ᠂ ᠴᠢᠯᠦᠬᠡᠳᠡᠢ ᠶᠠᠪᠣᠯᠴᠠᠭ᠎ᠠ ᠠᠴᠠ ᠠᠮᠢᠵᠢᠷᠠᠯ ᠤᠨ ᠬᠦᠴᠦᠨ ᠣᠨᠳᠣᠷᠠᠨᠠ᠂ ᠶᠡᠭᠡ ᠦᠬᠡᠷᠡᠴᠢᠯᠡᠯᠳᠡ | ᠶᠡᠭᠡ ᠴᠢᠯᠦᠬᠡᠳᠡᠢ ᠶᠠᠪᠣᠯᠴᠠᠭ᠎ᠠ ᠪᠠᠷ ᠲᠠᠮᠵᠢᠨ ᠲᠠᠪᠠᠯᠳᠠ ᠲᠠᠢ ᠬᠦᠭᠵᠢᠯᠳᠡ ᠶᠢ ᠠᠬᠢᠭᠤᠯᠣᠨ᠎ᠠ᠃ | ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠵᠠᠩᠬᠢᠯᠠᠭ᠎ᠠ ᠶᠢᠨ ᠭᠤᠭᠴᠤᠭ᠎ᠠ ᠶᠢᠨ ᠦᠬᠡᠷᠡᠴᠢᠯᠡᠯᠳᠡ ᠶᠢ ᠠᠬᠢᠭᠤᠯᠣᠨ᠎ᠠ᠃ ︽ᠵᠠᠰᠠᠭ ᠢ ᠴᠣᠮᠬᠠᠳᠬᠠᠨ | ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠣᠶᠠᠯᠳᠣᠭᠤᠯᠬᠤ ᠦᠢᠯᠡᠴᠢᠯᠡᠭᠡ ᠶᠢ ᠰᠢᠯᠢᠳᠡᠭᠵᠢᠬᠦᠯᠬᠦ︾ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠵᠠᠰᠠᠭ ᠤᠨ | ᠣᠷᠳᠣᠨ ᠤ ᠡᠷᠬᠡ ᠬᠠᠷᠢᠭᠤᠴᠠᠯᠭ᠎ᠠ᠂ ᠨᠠᠶᠢᠳᠠ ᠶᠢᠨ ᠦᠢᠯᠡᠴᠢᠯᠡᠬᠡᠨ ᠤ ᠵᠦᠢᠯ᠂ ᠵᠠᠭᠤᠴᠢ ᠶᠢᠨ ᠦᠢᠯᠡᠴᠢᠯᠡᠬᠡᠨ ᠤ ᠵᠦᠢᠯ᠂ ᠠᠵᠣ ᠠᠬᠤᠶᠢᠯᠠᠯ ᠳᠤ ᠬᠤᠯᠪᠣᠭᠳᠠᠬᠤ | ᠰᠦᠢᠳᠬᠡᠯ ᠬᠤᠷᠢᠶᠠᠬᠤ᠂ ᠲᠠᠰᠢᠷᠠᠮ ᠢᠶᠠᠷ ᠰᠣᠭᠤᠴᠠᠨ ᠪᠠᠶᠢᠴᠠᠭᠠᠬᠤ ︽ᠲᠠᠪᠣᠨ ᠨᠠᠷᠢᠨ ᠲᠠᠩᠰᠠ︾ ᠶᠢ ᠲᠣᠭᠳᠠᠭᠠᠨ ᠲᠡᠬᠦᠯᠳᠡᠷᠵᠢᠬᠦᠯᠵᠦ᠂ ᠨᠠᠷᠢᠨ ᠲᠠᠩᠰᠠ ᠶᠢᠨ | ᠬᠠᠮᠢᠶᠠᠷᠣᠯᠳᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠦ᠂ ︽ᠦᠨᠡᠮᠯᠡᠯ ᠢ ᠴᠣᠮᠬᠠᠳᠬᠠᠨ ᠠᠷᠠᠳ ᠲᠤ ᠲᠦᠬᠦᠮ ᠦᠵᠡᠬᠦᠯᠬᠦ︾ ᠲᠣᠰᠬᠠᠢ ᠵᠦᠢᠯ ᠤᠨ | ᠠᠵᠢᠯᠯᠠᠭ᠎ᠠ ᠦᠷᠨᠢᠬᠦᠯᠵᠦ᠂ ᠣᠯᠠᠨ ᠲᠦᠮᠡᠨ ᠤ ᠠᠵᠢᠯ ᠡᠷᠬᠢᠯᠡᠬᠦ ᠦᠢᠯᠡᠰ ᠪᠦᠳᠦᠬᠡᠬᠦ ᠳᠤ ᠲᠦᠬᠦᠮ ᠦᠵᠡᠬᠦᠯᠦᠨ᠎ᠡ᠃ ᠲᠠᠭᠠᠭᠠᠴᠢᠯᠠᠯᠳᠠ ᠵᠠᠷᠯᠠᠵᠣ ᠬᠦᠯᠢᠶᠡᠬᠦ | ᠲᠣᠬᠠᠶᠢᠯᠠᠭᠰᠠᠨ ᠠᠵᠢᠯ ᠤᠨ ᠲᠠᠷᠠᠭᠠᠯᠠᠯ ᠪᠠ ᠬᠠᠮᠢᠶᠠᠷᠣᠯᠳᠠ ᠶᠢᠨ ᠠᠷᠭ᠎ᠠ ᠵᠡᠷᠬᠡ ᠲᠦᠷᠢᠮ ᠲᠣᠭᠳᠠᠭᠠᠯ ᠢ ᠲᠡᠬᠦᠯᠳᠡᠷᠵᠢᠬᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠢ | ᠬᠤᠯᠪᠣᠭᠠᠯᠠᠨ ᠬᠢᠨᠡᠨ ᠵᠦᠪᠰᠢᠶᠡᠷᠡᠬᠦ᠂ ᠡᠬᠦᠳᠡᠨ ᠳᠤᠨᠢ ᠬᠦᠷᠴᠦ ᠦᠢᠯᠡᠴᠢᠯᠡᠬᠦ ᠶᠢ ᠬᠡᠷᠡᠭᠵᠢᠬᠦᠯᠵᠦ᠂ ᠰᠢᠨ᠎ᠡ ᠶᠢ ᠡᠬᠦᠳᠬᠦ ᠦᠢᠯᠡᠰ ᠪᠦᠳᠦᠬᠡᠭᠴᠢ ᠳᠤ ᠰᠠᠭᠠᠳ ᠦᠬᠡᠢ | ᠵᠠᠮ ᠨᠡᠪᠳᠡᠷᠡᠬᠦᠯᠦᠨ᠎ᠡ᠃ ᠴᠠᠬᠢᠯᠭᠠᠨ ᠬᠦᠴᠦᠨ ᠤ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠣᠷᠣᠨᠵᠢᠯ ᠤᠨ ᠴᠢᠨᠠᠷ ᠲᠠᠢ ᠴᠠᠬᠢᠯᠭᠠᠨ | ᠬᠦᠴᠦᠨ ᠤ ᠪᠠᠶᠢᠭᠤᠯᠣᠮᠵᠢ ᠶᠢᠨ ᠶᠡᠷᠦᠩᠬᠡᠢ ᠦᠬᠡᠷᠡᠴᠢᠯᠡᠯᠳᠡ ᠶᠢᠨ ᠲᠠᠭᠤᠷᠢᠶᠠᠯ ᠣᠷᠣᠨ ᠢ ᠪᠠᠶᠢᠭᠤᠯᠵᠣ᠂ ᠴᠠᠬᠢᠯᠭᠠᠨ ᠬᠤᠳᠠᠯᠳᠣᠬᠤ ᠲᠣᠬᠢᠷᠠᠭᠤᠯᠬᠤ ᠲᠠᠪᠴᠠᠩ ᠢ | ᠲᠦᠷᠬᠡᠨ ᠪᠠᠶᠢᠭᠤᠯᠵᠣ᠂ ᠴᠠᠬᠢᠯᠭᠠᠨ ᠬᠡᠷᠡᠭᠯᠡᠬᠦ ᠠᠵᠣ ᠠᠬᠤᠶᠢᠯᠠᠯ ᠤᠨ ᠰᠢᠭᠤᠳ ᠴᠠᠬᠢᠯᠭᠠᠨ ᠬᠤᠳᠠᠯᠳᠣᠨ ᠠᠪᠬᠤ ᠠᠷᠠᠯᠵᠢᠶ᠎ᠠ ᠳᠤ ᠣᠷᠣᠯᠴᠠᠬᠤ ᠶᠢ ᠲᠡᠮᠵᠢᠨ᠎ᠡ᠃ | ᠣᠯᠣᠰ ᠤᠨ ᠦᠮᠴᠢᠯᠡᠯᠳᠦ ᠠᠵᠣ ᠠᠬᠤᠶᠢᠯᠠᠯ ᠬᠦᠷᠦᠩᠬᠡ ᠶᠢᠨ ᠦᠬᠡᠷᠡᠴᠢᠯᠡᠯᠳᠡ ᠶᠢ ᠠᠬᠢᠭᠤᠯᠵᠣ᠂ ᠣᠯᠣᠰ ᠤᠨ ᠠᠵᠣ ᠠᠬᠤᠶᠢᠯᠠᠯ ᠣᠯᠣᠰ ᠤᠨ ᠪᠡᠯᠡ | ᠬᠦᠷᠦᠩᠬᠡ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠣᠯᠣᠰ ᠤᠨ ᠦᠮᠴᠢᠳᠦ ᠠᠵᠣ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠦᠭᠵᠢᠬᠡᠵᠦ᠂ | ᠬᠤᠣᠯᠢᠩᠭᠤᠣᠯ ᠨᠡᠬᠦᠷᠡᠰᠦᠨ ᠪᠦᠯᠦᠭᠯᠡᠯ᠂ ᠲᠦᠩᠯᠢᠶᠣᠣ ᠶᠢᠨ ᠠᠮᠣ ᠪᠣᠳᠠᠭᠠᠨ ᠤ ᠪᠦᠯᠦᠭᠯᠡᠯ ᠵᠡᠷᠬᠡ ᠣᠯᠣᠰ ᠤᠨ ᠦᠮᠴᠢᠯᠡᠯᠳᠦ ᠠᠵᠣ ᠠᠬᠤᠶᠢᠯᠠᠯ ᠤᠨ | ᠦᠬᠡᠷᠡᠴᠢᠯᠡᠯᠳᠡ ᠶᠢ ᠯᠠᠪᠳᠠᠭᠤᠨ ᠠᠬᠢᠭᠤᠯᠣᠨ᠎ᠠ᠃ ᠣᠯᠣᠰ ᠤᠨ ᠪᠡᠯᠡ ᠬᠦᠷᠦᠩᠭᠡ ᠶᠢᠨ ᠬᠢᠨᠠᠨ ᠬᠠᠮᠢᠶᠠᠷᠬᠤ ᠪᠠᠶᠢᠭᠤᠯᠣᠮᠵᠢ ᠶᠢ ᠲᠡᠬᠦᠯᠳᠡᠷᠵᠢᠬᠦᠯᠵᠦ᠂ ᠣᠯᠣᠰ ᠤᠨ | ᠦᠮᠴᠢᠯᠡᠯᠳᠦ ᠪᠡᠯᠡ ᠬᠦᠷᠦᠩᠬᠡ ᠶᠢ ᠲᠦᠪᠯᠡᠷᠡᠬᠦᠯᠦᠨ ᠨᠢᠬᠡᠳᠦᠯᠳᠡᠢ ᠬᠢᠨᠡᠨ ᠬᠠᠮᠢᠶᠠᠷᠬᠤ ᠶᠢ ᠬᠡᠷᠡᠭᠵᠢᠬᠦᠯᠵᠦ᠂ ᠡᠬᠢ ᠰᠣᠷᠪᠣᠯᠵᠢ ᠶᠢ ᠲᠣᠬᠢᠷᠠᠭᠤᠯᠵᠣ ᠦᠷ᠎ᠡ ᠠᠰᠢᠭ ᠢ | ᠲᠡᠬᠡᠭᠰᠢᠯᠡᠬᠦᠯᠦᠨ᠎ᠡ᠃ ᠬᠤᠳᠠᠯᠳᠣᠭᠠᠨ ᠤ ᠶᠠᠪᠣᠳᠠᠯ ᠤᠨ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ︽ᠣᠯᠠᠨ ᠦᠨᠡᠮᠯᠡᠯ ᠢ ᠨᠢᠬᠡ ᠪᠣᠯᠭᠠᠭᠤ︾ ᠶᠢ | ᠬᠡᠷᠡᠭᠵᠢᠬᠦᠯᠵᠦ᠂ ᠦᠢᠯᠡᠳᠪᠦᠷᠢ ᠬᠤᠳᠠᠯᠳᠤᠭ᠎ᠠ ᠶᠢᠨ ᠲᠠᠩᠰᠠᠯᠠᠬᠤ ᠪᠦᠬᠦ ᠶᠠᠪᠣᠴᠠ ᠶᠢᠨ ᠡᠯᠧᠺᠲᠷᠣᠨᠴᠢᠯᠠᠯᠳᠠ ᠶᠢ ᠲᠦᠷᠬᠡᠨ ᠠᠬᠢᠭᠤᠯᠵᠣ᠂ ᠲᠦᠬᠦᠮ ᠲᠦᠳᠡ | ᠲᠠᠩᠰᠠᠨ ᠠᠴᠠ ᠬᠠᠰᠣᠬᠤ ᠲᠠᠩᠰᠠᠯᠠᠬᠤ ᠶᠢ ᠢᠳᠡᠪᠬᠢ ᠰᠦᠪᠡᠭᠴᠢᠯᠡᠵᠦ᠂ ᠵᠠᠬ᠎ᠠ ᠲᠡᠯᠬᠡᠬᠦᠷ ᠲᠤ ᠣᠷᠣᠬᠤ ᠵᠦᠪᠰᠢᠶᠡᠷᠡᠯ ᠢ ᠴᠢᠨᠠᠭᠰᠢᠳᠠ ᠴᠢᠯᠦᠬᠡᠳᠡᠢ ᠪᠣᠯᠭᠠᠨ᠎ᠠ᠃ | ᠬᠦᠳᠡᠭᠡ ᠲᠣᠰᠬᠤᠨ ᠮᠠᠯᠵᠢᠬᠤ ᠣᠷᠣᠨ ᠤ ᠶᠡᠷᠦᠩᠬᠡᠢ ᠦᠬᠡᠷᠡᠴᠢᠯᠡᠯᠳᠡ ᠶᠢ ᠠᠬᠢᠭᠤᠯᠵᠣ᠂ ᠬᠦᠳᠡᠭᠡ ᠲᠣᠰᠬᠤᠨ ᠮᠠᠯᠵᠢᠬᠤ ᠣᠷᠣᠨ ᠤ ᠨᠡᠶᠢᠳᠡ ᠶᠢᠨ ᠦᠮᠴᠢᠯᠡᠯ ᠤᠨ | ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠭᠠᠵᠠᠷ ᠰᠢᠷᠣᠢ ᠨᠣᠳᠤᠭ ᠪᠡᠯᠴᠢᠬᠡᠷ ᠤᠨ ᠦᠮᠴᠢᠯᠡᠯ ᠤᠨ ᠡᠷᠬᠡ᠂ ᠲᠠᠭᠠᠭᠠᠴᠢᠯᠠᠬᠤ ᠡᠷᠬᠡ᠂ | ᠡᠵᠡᠩᠨᠡᠬᠦ ᠡᠷᠬᠡ ︽ᠭᠤᠷᠪᠠᠨ ᠡᠷᠬᠡ ᠶᠢ ᠰᠠᠯᠭᠠᠬᠤ︾ ᠶᠢ ᠡᠮᠬᠢ ᠲᠠᠷᠠᠭ᠎ᠠ ᠲᠠᠢ ᠠᠬᠢᠭᠤᠯᠵᠣ᠂ ᠭᠠᠵᠠᠷ ᠰᠢᠷᠣᠢ ᠶᠢᠨ ᠡᠷᠬᠡ ᠶᠢ ᠪᠠᠳᠣᠯᠠᠨ ᠦᠨᠡᠮᠯᠡᠯ ᠲᠠᠷᠬᠠᠭᠠᠬᠤ | ᠠᠵᠢᠯ ᠢ ᠯᠠᠪᠳᠠᠭᠤᠨ ᠦᠷᠨᠢᠬᠦᠯᠦᠨ᠎ᠡ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠢ ᠦᠬᠡᠷᠡᠴᠢᠯᠡᠯᠳᠡ᠂ ᠲᠠᠷᠢᠶᠠᠯᠠᠩ ᠤᠨ ᠠᠳᠠᠷ ᠬᠠᠭᠠᠯᠪᠣᠷᠢᠯᠠᠯᠳᠠ ᠶᠢᠨ | ᠦᠬᠡᠷᠡᠴᠢᠯᠡᠯᠳᠡ᠂ ᠬᠦᠳᠡᠭᠡ ᠲᠣᠰᠬᠤᠨ ᠤ ᠣᠰᠣᠨ ᠠᠰᠢᠭᠯᠠᠯᠳᠠ ᠣᠰᠣᠨ ᠤ ᠦᠨ᠎ᠡ ᠬᠠᠩᠰᠢ ᠶᠢᠨ ᠦᠬᠡᠷᠡᠴᠢᠯᠡᠯᠳᠡ ᠶᠢ ᠢᠳᠡᠪᠬᠢᠳᠡᠢ ᠠᠬᠢᠭᠤᠯᠣᠨ᠎ᠠ᠃ | ᠨᠡᠶᠢᠬᠡᠮ ᠤᠨ ᠦᠢᠯᠡᠰ ᠤᠨ ᠦᠬᠡᠷᠡᠴᠢᠯᠡᠯᠳᠡ ᠶᠢ ᠠᠬᠢᠭᠤᠯᠵᠣ᠂ ᠰᠣᠷᠭᠠᠨ ᠬᠦᠮᠦᠵᠢᠯ ᠤᠨ ᠬᠦᠷᠢᠶ᠎ᠡ᠂ ᠡᠮ ᠡᠮᠨᠡᠯᠬᠡ ᠡᠷᠡᠬᠦᠯ ᠬᠠᠮᠠᠭᠠᠯᠠᠯ᠂ ᠢᠳᠡᠬᠡᠨ ᠤ ᠵᠦᠢᠯ ᠡᠮ ᠤᠨ | ᠵᠦᠢᠯ ᠤᠨ ᠬᠢᠨᠠᠯᠳᠠ ᠬᠠᠮᠢᠶᠠᠷᠣᠯᠳᠠ ᠪᠠ ᠰᠢᠨᠵᠢᠯᠡᠭᠡ ᠮᠡᠷᠬᠡᠵᠢᠯ ᠤᠨ ᠪᠠᠶᠢᠭᠤᠯᠣᠮᠵᠢ ᠵᠡᠷᠬᠡ ᠡᠯ᠎ᠡ ᠵᠦᠢᠯ ᠤᠨ ᠭᠤᠣᠯᠳᠠᠯᠭ᠎ᠠ ᠲᠠᠢ ᠦᠬᠡᠷᠡᠴᠢᠯᠡᠯᠳᠡ ᠶᠢ ᠰᠠᠶᠢᠳᠣᠷ | ᠠᠳᠬᠤᠨ᠎ᠠ᠃ | ᠭᠠᠳᠠᠭᠠᠳᠣ ᠲᠠᠢ ᠴᠢᠯᠦᠬᠡᠳᠡᠢ ᠶᠠᠪᠣᠯᠴᠠᠬᠤ ᠲᠠᠭᠠᠭᠤᠯᠬᠤ ᠢᠨᠵᠧᠨᠧᠷᠢᠩ ᠢ ᠬᠡᠷᠡᠭᠵᠢᠬᠦᠯᠦᠨ᠎ᠡ᠃ ︽ᠨᠢᠬᠡ ᠪᠦᠰᠡ ᠨᠢᠬᠡ ᠵᠠᠮ︾᠂ ᠣᠮᠠᠷᠠᠰᠢ ᠨᠡᠬᠡᠬᠡᠬᠦ | ᠲᠦᠷᠦ ᠶᠢᠨ ᠪᠣᠳᠣᠯᠭ᠎ᠠ ᠳᠤ ᠬᠦᠨᠵᠡᠬᠡᠢ ᠠᠭᠤᠰᠣᠯᠴᠠᠵᠣ᠂ ᠮᠣᠩᠭᠤᠯ ᠣᠯᠣᠰ ᠤᠨ ︽ᠪᠣᠭᠤᠮᠳᠠ ᠶᠢᠨ ᠭᠠᠶᠢᠯᠢ ᠦᠬᠡᠢ︾ ᠲᠦᠷᠦ ᠶᠢᠨ ᠪᠣᠳᠣᠯᠭ᠎ᠠ ᠶᠢ ᠠᠮᠢᠳᠣᠯᠢᠭ | ᠰᠠᠶᠢᠬᠠᠨ ᠬᠡᠷᠡᠭᠯᠡᠵᠦ᠂ ᠮᠣᠩᠭᠤᠯ ᠣᠯᠣᠰ ᠯᠤᠭ᠎ᠠ ᠬᠢᠯᠢ ᠲᠠᠪᠠᠭᠰᠠᠨ ᠵᠢᠭᠤᠯᠴᠢᠯᠠᠯ ᠠᠷᠠᠯᠵᠢᠶ᠎ᠠ ᠶᠢᠨ ᠰᠢᠭᠤᠳ ᠨᠡᠪᠳᠡᠷᠡᠯᠴᠡᠭᠡ ᠶᠢ ᠲᠦᠷᠬᠡᠨ ᠨᠡᠪᠳᠡᠷᠡᠬᠦᠯᠵᠦ᠂ | ᠬᠤᠣᠯᠢᠩᠭᠤᠣᠯ ᠤᠨ ᠭᠠᠳᠠᠭᠠᠳᠣ ᠠᠴᠠ ᠡᠬᠢ ᠪᠠᠶᠠᠯᠢᠭ ᠣᠷᠣᠭᠤᠯᠣᠨ ᠪᠣᠯᠪᠠᠰᠣᠷᠠᠭᠤᠯᠬᠤ ᠣᠷᠣᠨ ᠪᠠ ᠭᠠᠶᠢᠯᠢ ᠪᠠᠳᠣᠯᠠᠬᠤ ᠪᠣᠯᠪᠠᠰᠣᠷᠠᠭᠤᠯᠬᠤ ᠣᠷᠣᠨ ᠢ | ᠲᠦᠯᠦᠪᠵᠢᠬᠦᠯᠦᠨ ᠪᠠᠶᠢᠭᠤᠯᠵᠣ᠂ ᠲᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠬᠢᠯ ᠤᠨ ᠴᠢᠬᠤᠯᠠ ᠵᠠᠩᠬᠢᠯᠠᠭ᠎ᠠ ᠶᠢᠨ ᠬᠤᠳᠠ ᠶᠢ ᠡᠬᠦᠳᠦᠨ᠎ᠡ᠃ ᠵᠡᠬᠦᠨ | ᠬᠤᠶᠢᠳᠣ ᠶᠢᠨ ᠨᠢᠬᠡ ᠴᠣᠭᠴᠠᠵᠢᠭᠤᠯᠣᠯᠳᠠ ᠶᠢᠨ ᠬᠦᠭᠵᠢᠬᠦᠯᠦᠯᠳᠡ ᠳᠤ ᠲᠦᠷᠬᠡᠨ ᠠᠭᠤᠰᠴᠣ᠂ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠣᠯᠳᠠ | ᠲᠣᠬᠢᠷᠠᠭᠤᠯᠣᠯᠳᠠ ᠪᠠ ᠠᠵᠣ ᠦᠢᠯᠡᠰ ᠤᠨ ᠬᠡᠯᠬᠢᠶ᠎ᠡ ᠶᠢ ᠲᠠᠬᠢᠨ ᠪᠠᠶᠢᠭᠤᠯᠬᠤ ᠳᠤ ᠣᠷᠣᠯᠴᠠᠵᠣ᠂ ᠵᠡᠬᠦᠨ ᠬᠤᠶᠢᠳᠣ ᠶᠢᠨ ᠠᠵᠣ ᠠᠬᠤᠢ ᠶᠢᠨ ᠣᠷᠣᠨ ᠤ ᠡᠨᠧᠷᠬᠢ ᠶᠢ | ᠭᠠᠳᠠᠭᠰᠢ ᠭᠠᠷᠭᠠᠬᠤ ᠬᠤᠷᠰᠢᠯᠴᠠᠭ᠎ᠠ ᠶᠢ ᠭᠤᠣᠯᠳᠠᠯᠭ᠎ᠠ ᠲᠠᠢ ᠴᠢᠩᠭᠠᠳᠬᠠᠵᠣ᠂ ᠴᠠᠩᠴᠦ᠋ᠨ ᠤ ᠨᠢᠬᠡᠳᠦᠬᠡᠷ ᠮᠠᠰᠢᠨ ᠲᠡᠷᠬᠡᠨ ᠤ ᠦᠢᠯᠡᠳᠪᠦᠷᠢ᠂ ᠵᠦᠩ ᠸᠠᠩ ᠬᠦᠩᠬᠡᠨ | ᠴᠠᠭᠠᠨ ᠤ ᠮᠠᠲ᠋ᠧᠷᠢᠶᠠᠯ ᠵᠡᠷᠬᠡ ᠠᠵᠣ ᠠᠬᠤᠶᠢᠯᠠᠯ ᠤᠨ ᠵᠣᠯᠭᠠᠯᠴᠠᠭ᠎ᠠ ᠶᠢ ᠠᠬᠢᠭᠤᠯᠵᠣ᠂ ᠵᠡᠬᠦᠨ ᠬᠤᠶᠢᠳᠣ ᠶᠢᠨ ᠠᠵᠣ ᠠᠬᠤᠢ ᠶᠢᠨ ᠣᠷᠣᠨ ᠤ ᠴᠡᠪᠡᠷ ᠡᠨᠧᠷᠬᠢ ᠶᠢᠨ | ᠪᠠᠳᠣᠯᠠᠭ᠎ᠠ ᠶᠢᠨ ᠰᠠᠭᠤᠷᠢᠨ ᠪᠠ ᠲᠣᠨᠣᠭᠯᠠᠯ ᠦᠢᠯᠡᠳᠬᠦ ᠠᠵᠢᠯ ᠤᠨ ᠲᠦᠬᠦᠷ ᠰᠠᠭᠤᠷᠢᠨ ᠢ ᠪᠠᠶᠢᠭᠤᠯᠣᠨ᠎ᠠ᠃ ᠨᠢᠬᠡ ᠪᠦᠯᠦᠭ ᠰᠠᠭᠤᠷᠢ ᠲᠦᠬᠦᠬᠡᠷᠦᠮᠵᠢ | ᠬᠤᠯᠪᠣᠭᠠᠯᠠᠯᠴᠠᠨ ᠨᠡᠪᠳᠡᠷᠡᠯᠴᠡᠭᠰᠡᠨ ᠪᠠᠷᠢᠯᠭ᠎ᠠ ᠲᠦᠯᠦᠪᠯᠡᠨ ᠬᠡᠷᠡᠭᠵᠢᠬᠦᠯᠵᠦ᠂ ᠲᠦᠩᠯᠢᠶᠣᠣ — ᠣᠯᠠᠭᠠᠨᠬᠤᠳᠠ — ᠴᠢᠴᠢᠬᠠᠷ ᠤᠨ ᠲᠦᠷᠬᠡᠨ ᠲᠠᠮᠣᠷ ᠵᠠᠮ᠂ | ᠲᠦᠩᠯᠢᠶᠣᠣ — ᠴᠠᠩᠴᠦ᠋ᠨ ᠬᠤᠳᠠ ᠶᠢᠨ ᠬᠤᠭᠤᠷᠣᠨᠳᠣᠬᠢ ᠲᠡᠮᠦᠷ ᠵᠠᠮ ᠵᠡᠷᠬᠡ ᠲᠦᠷᠦᠯ ᠵᠦᠢᠯ ᠤᠨ ᠣᠷᠢᠳᠠᠬᠢ ᠠᠵᠢᠯ ᠢ ᠠᠬᠢᠭᠤᠯᠵᠣ᠂ ᠨᠡᠩ ᠣᠯᠠᠨ ᠲᠦᠷᠦᠯ | ᠵᠦᠢᠯ ᠢ ᠰᠢᠨ᠎ᠡ ᠡᠬᠡᠯᠵᠢ ᠶᠢᠨ ᠵᠡᠬᠦᠨ ᠬᠤᠶᠢᠳᠣ ᠶᠢ ᠮᠠᠨᠳᠣᠭᠤᠯᠬᠤ ᠲᠦᠯᠦᠪᠵᠢᠬᠦᠯᠦᠯᠬᠡ ᠳᠤ ᠣᠷᠣᠭᠤᠯᠬᠤ ᠪᠠᠷ ᠴᠢᠷᠮᠠᠶᠢᠨ᠎ᠠ᠃ ᠪᠡᠬᠡᠵᠢᠩ ᠲᠢᠶᠠᠨᠵᠢᠨ ᠾᠧᠪᠸᠢ ᠶᠢᠨ | ᠬᠠᠮᠵᠢᠯᠴᠠᠨ ᠬᠦᠭᠵᠢᠬᠦᠯᠬᠦ ᠪᠠᠶᠢᠯᠳᠣᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠣᠯᠴᠠᠵᠣ᠂ ᠣᠮᠠᠷᠠᠳᠣ ᠶᠢᠨ ᠬᠦᠩᠬᠡᠨ ᠴᠠᠭᠠᠨ ᠤ ᠦᠢᠯᠡᠰ᠂ ᠱᠦᠨ ᠰᠢᠨ | ᠲᠠᠷᠢᠶᠠᠯᠠᠩ᠂ ᠱᠧᠩ ᠱᠢ ᠪᠡᠯᠡ ᠣᠷᠣᠭᠤᠯᠣᠯᠳᠠ ᠵᠡᠷᠬᠡ ᠠᠵᠣ ᠠᠬᠤᠶᠢᠯᠠᠯ ᠤᠨ ᠵᠣᠯᠭᠠᠯᠴᠠᠭ᠎ᠠ ᠶᠢ ᠭᠤᠣᠯᠳᠠᠯᠭ᠎ᠠ ᠲᠠᠢ ᠴᠢᠩᠭᠠᠳᠬᠠᠵᠣ᠂ ᠲᠡᠷᠢᠬᠦᠨ ᠤ | ᠦᠢᠯᠡᠳᠪᠦᠷᠢᠯᠡᠯ ᠤᠨ ᠴᠢᠳᠠᠪᠣᠷᠢ᠂ ᠲᠦᠷᠦᠯ ᠵᠦᠢᠯ᠂ ᠪᠡᠯᠡ ᠬᠦᠷᠦᠩᠬᠡ ᠶᠢ ᠰᠢᠯᠵᠢᠬᠦᠯᠬᠦ ᠪᠠ ᠰᠢᠨᠵᠢᠯᠡᠭᠡ ᠮᠡᠷᠬᠡᠵᠢᠯ᠂ ᠰᠣᠷᠭᠠᠨ ᠬᠦᠮᠦᠵᠢᠯ᠂ ᠡᠮ ᠡᠮᠨᠡᠯᠬᠡ ᠵᠡᠷᠬᠡ | ᠡᠬᠢ ᠪᠠᠶᠠᠯᠢᠭ ᠤᠨ ᠭᠠᠳᠠᠭᠰᠢ ᠭᠠᠷᠬᠤ ᠶᠢ ᠢᠳᠡᠪᠬᠢᠳᠡᠢ ᠬᠦᠯᠢᠶᠡᠨ ᠠᠪᠴᠣ᠂ ᠪᠡᠬᠡᠵᠢᠩ ᠲᠢᠶᠠᠨᠵᠢᠨ ᠾᠧᠪᠸᠢ ᠶᠢᠨ ᠠᠵᠣ ᠦᠢᠯᠡᠰ ᠤᠨ ᠰᠢᠯᠵᠢᠯᠳᠠ ᠶᠢ ᠬᠦᠯᠢᠶᠡᠨ | ᠠᠪᠬᠤ ᠲᠦᠪᠯᠡᠷᠡᠯ ᠤᠨ ᠣᠷᠣᠨ ᠪᠣᠯᠭᠠᠨ ᠪᠠᠶᠢᠭᠤᠯᠣᠨ᠎ᠠ᠃ ᠰᠢᠶᠠᠩᠭᠠᠩ ᠣᠣᠮᠧᠨ ᠲᠠᠶᠢᠸᠠᠨ ᠤ ᠭᠠᠵᠠᠷ ᠣᠷᠣᠨ ᠤ ᠰᠣᠯᠢᠯᠴᠠᠭ᠎ᠠ ᠬᠤᠷᠰᠢᠯᠴᠠᠭ᠎ᠠ ᠶᠢ ᠲᠠᠰᠣᠷᠠᠯᠳᠠ | ᠦᠬᠡᠢ ᠬᠦᠨᠵᠡᠬᠡᠶᠢᠷᠡᠬᠦᠯᠵᠦ᠂ ᠵᠡᠬᠦᠨ ᠡᠮᠦᠨᠡᠳᠦ ᠠᠽᠢᠶ᠎ᠠ᠂ ᠡᠸᠦ᠋ᠷᠦᠫᠡ ᠠᠮᠧᠷᠢᠺᠠ ᠵᠡᠷᠬᠡ ᠣᠯᠣᠰ ᠤᠨ ᠠᠵᠣ ᠠᠬᠤᠢ ᠠᠷᠠᠯᠵᠢᠶ᠎ᠠ ᠶᠢᠨ ᠶᠠᠪᠣᠯᠴᠠᠭ᠎ᠠ ᠪᠠᠨ | ᠦᠷᠬᠡᠳᠬᠡᠵᠦ᠂ ᠣᠯᠣᠰ ᠤᠨ ᠲᠣᠳᠣᠭᠠᠳᠣ ᠭᠠᠳᠠᠭᠠᠳᠣ ᠶᠢᠨ ᠠᠵᠣ ᠦᠢᠯᠡᠰ ᠤᠨ ᠬᠡᠯᠬᠢᠶ᠎ᠡ᠂ ᠦᠷᠳᠡᠭ ᠤᠨ ᠬᠡᠯᠬᠢᠶ᠎ᠡ᠂ ᠪᠠᠷᠠᠭᠠᠨ ᠤ ᠬᠦᠢᠯᠬᠡᠬᠡ ᠶᠢᠨ ᠬᠡᠯᠬᠢᠶ᠎ᠡ ᠳᠤ | ᠬᠦᠨᠵᠡᠬᠡᠢ ᠠᠭᠤᠰᠣᠯᠴᠠᠵᠣ᠂ ᠶᠡᠭᠡ ᠬᠦᠷᠢᠶ᠎ᠠ ᠬᠡᠪᠴᠢᠶ᠎ᠠ᠂ ᠣᠯᠠᠨ ᠲᠡᠰ ᠲᠠᠪᠬᠤᠷᠭ᠎ᠠ ᠪᠠᠷ ᠴᠢᠳᠠᠪᠣᠷᠢᠳᠠᠨ ᠤ ᠬᠦᠢᠯᠬᠡᠬᠡ᠂ ᠮᠦᠩᠬᠦᠨ ᠬᠦᠢᠯᠬᠡᠬᠡ᠂ ᠰᠢᠨᠵᠢᠯᠡᠭᠡ | ᠮᠡᠷᠬᠡᠵᠢᠯ ᠤᠨ ᠬᠦᠢᠯᠬᠡᠬᠡ ᠲᠠᠢ ᠵᠣᠯᠭᠠᠭᠤᠯᠵᠣ᠂ ᠴᠢᠯᠦᠬᠡᠳᠡᠢ ᠶᠠᠪᠣᠯᠴᠠᠭ᠎ᠠ ᠶᠢ ᠦᠷᠬᠡᠳᠬᠡᠬᠦ ᠲᠣᠮᠳᠠ ᠬᠦᠭᠵᠢᠯᠳᠡ ᠶᠢᠨ ᠰᠢᠨ᠎ᠡ ᠲᠠᠪᠠᠭᠤᠯᠢᠭ ᠢ ᠡᠬᠦᠳᠴᠦ᠂ ᠣᠯᠠᠨ | ᠲᠠᠯ᠎ᠠ ᠶᠢᠨ ᠬᠠᠮᠵᠢᠯᠴᠠᠭ᠎ᠠ ᠲᠠᠢ ᠴᠢᠯᠦᠬᠡᠳᠡᠢ ᠶᠠᠪᠣᠯᠴᠠᠭ᠎ᠠ ᠶᠢ ᠪᠦᠷᠢᠯᠳᠦᠬᠦᠯᠦᠨ᠎ᠡ᠃ | ᠬᠤᠳᠠᠯᠳᠣᠭᠠᠴᠢᠨ ᠣᠷᠢᠵᠣ ᠪᠡᠯᠡ ᠮᠦᠩᠬᠦ ᠴᠢᠳᠠᠪᠣᠷᠢᠳᠠᠨ ᠣᠷᠣᠭᠤᠯᠬᠤ ᠬᠦᠴᠦᠴᠡ ᠶᠢ ᠶᠡᠬᠡᠰᠬᠡᠨ᠎ᠡ᠃ ᠰᠢᠨ᠎ᠡ ᠨᠢᠬᠡᠨ ᠡᠬᠡᠯᠵᠢ ᠶᠢᠨ ᠠᠵᠣ ᠦᠢᠯᠡᠰ ᠤᠨ | ᠦᠬᠡᠷᠡᠴᠢᠯᠡᠯᠳᠡ ᠶᠢᠨ ᠠᠵᠠ ᠲᠣᠬᠢᠶᠠᠯ ᠢ ᠠᠳᠬᠤᠵᠣ᠂ ᠣᠨᠴᠠᠯᠢᠭᠳᠣ ᠲᠠᠪᠠᠭᠤᠯᠢᠭ ᠠᠵᠣ ᠦᠢᠯᠡᠰ ᠤᠨ ᠬᠡᠯᠬᠢᠶ᠎ᠡ ᠲᠠᠢ ᠨᠢᠭᠳᠠ ᠣᠶᠠᠯᠳᠣᠭᠤᠯᠵᠣ᠂ | ᠬᠤᠳᠠᠯᠳᠣᠭᠠᠴᠢᠨ ᠣᠨᠤᠭ᠎ᠠ ᠣᠷᠢᠬᠤ ᠶᠢ ᠬᠡᠷᠡᠭᠵᠢᠬᠦᠯᠵᠦ᠂ ᠬᠠᠳᠠᠭᠠᠯᠠᠮᠵᠢ ᠪᠠᠷ ᠨᠡᠮᠡᠭᠳᠡᠯᠳᠡ ᠶᠢ ᠲᠠᠭᠠᠭᠤᠯᠵᠣ᠂ ᠡᠬᠢ ᠪᠠᠶᠠᠯᠢᠭ ᠢᠶᠠᠷ ᠪᠡᠯᠡ ᠮᠦᠩᠬᠦ ᠶᠢ ᠲᠠᠭᠠᠭᠤᠯᠵᠣ᠂ | ᠵᠠᠬ᠎ᠠ ᠲᠡᠯᠬᠡᠬᠦᠷ ᠢᠶᠠᠷ ᠬᠤᠷᠰᠢᠯᠴᠠᠭ᠎ᠠ ᠶᠢ ᠰᠣᠯᠢᠨ᠎ᠠ᠃ ᠣᠳᠣᠷᠢᠳᠣᠯᠭ᠎ᠠ ᠬᠤᠳᠠᠯᠳᠣᠭᠠᠴᠢᠨ ᠣᠷᠢᠬᠤ ᠶᠢ ᠴᠢᠩᠭᠠᠷᠠᠭᠤᠯᠵᠣ᠂ ᠣᠳᠣᠷᠢᠳᠬᠤ ᠺᠠᠳ᠋ᠷ ᠤᠨ | ᠬᠤᠳᠠᠯᠳᠣᠭᠠᠴᠢᠨ ᠣᠷᠢᠬᠤ ᠬᠠᠷᠢᠭᠤᠴᠠᠯᠭ᠎ᠠ ᠶᠢ ᠨᠡᠶᠢᠳᠠᠪᠣᠷᠢᠵᠢᠭᠤᠯᠵᠣ᠂ ᠬᠤᠳᠠᠯᠳᠣᠭᠠᠴᠢᠨ ᠣᠷᠢᠬᠤ ᠲᠦᠷᠦᠯ ᠵᠦᠢᠯ ᠳᠤ ᠲᠠᠭᠠᠭᠠᠴᠢᠯᠠᠨ ᠬᠤᠯᠪᠣᠭᠠᠯᠠᠬᠤ | ᠦᠢᠯᠡᠴᠢᠯᠡᠭᠡ ᠶᠢᠨ ᠲᠣᠭᠳᠠᠴᠠ ᠶᠢ ᠪᠠᠶᠢᠭᠤᠯᠣᠨ᠎ᠠ᠃ ᠲᠣᠰᠬᠠᠢ ᠬᠤᠳᠠᠯᠳᠣᠭᠠᠴᠢᠨ ᠣᠷᠢᠬᠤ ᠶᠢ ᠴᠢᠩᠭᠠᠳᠬᠠᠵᠣ᠂ ᠺᠠᠳ᠋ᠷ ᠢ ᠰᠣᠩᠭᠤᠨ ᠪᠡᠬᠡᠵᠢᠩ ᠲᠢᠶᠠᠨᠵᠢᠨ ᠾᠧᠪᠸᠢ | ᠂ ᠪᠦᠸᠧᠬᠠᠢ ᠲᠠᠩᠬᠢᠰ ᠲᠠᠭᠠᠣ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠬᠡ ᠭᠠᠵᠠᠷ ᠲᠤ ᠣᠴᠢᠭᠤᠯᠵᠣ ᠴᠡᠭ | ᠲᠣᠭᠳᠠᠭᠠᠨ ᠴᠢᠭᠯᠡᠯ ᠲᠣᠭᠳᠠᠭᠠᠨ ᠬᠤᠳᠠᠯᠳᠣᠭᠠᠴᠢᠨ ᠣᠷᠢᠨ᠎ᠠ᠃ ᠠᠵᠣ ᠦᠢᠯᠡᠰ ᠤᠨ ᠬᠡᠯᠬᠢᠶ᠎ᠡ ᠪᠠᠷ ᠬᠤᠳᠠᠯᠳᠣᠭᠠᠴᠢᠨ ᠣᠷᠢᠬᠤ ᠶᠢ ᠴᠢᠩᠭᠠᠳᠬᠠᠵᠣ᠂ ᠲᠠᠪᠠᠭᠤᠯᠢᠭ | ᠭᠤᠣᠯᠯᠠᠭᠴᠢ ᠠᠵᠣ ᠦᠢᠯᠡᠰ ᠢ ᠲᠡᠰ ᠲᠡᠪᠰᠢᠬᠦᠯᠬᠦ ᠪᠠ ᠣᠳᠣᠬᠢᠴᠢ ᠦᠢᠯᠡᠴᠢᠯᠡᠬᠡᠨ ᠤ ᠦᠢᠯᠡᠰ ᠢᠶᠠᠷ ᠬᠤᠳᠠᠯᠳᠣᠭᠠᠴᠢᠨ ᠣᠷᠢᠬᠤ ᠲᠣᠭᠤᠷᠢᠨ ᠳᠤ ᠨᠢᠬᠡ ᠪᠦᠯᠦᠭ | ᠲᠠᠶᠢᠴᠢᠯᠠᠬᠤ ᠦᠢᠯᠡᠳᠦᠯ ᠴᠢᠩᠭ᠎ᠠ᠂ ᠬᠦᠭᠵᠢᠯᠳᠡ ᠶᠢᠨ ᠲᠠᠯᠳᠠ ᠬᠦᠴᠦᠨ ᠶᠡᠭᠡ ᠲᠦᠷᠦᠯ ᠵᠦᠢᠯ ᠢ ᠴᠢᠳᠠᠬᠤᠶᠢᠴᠠ ᠣᠷᠣᠭᠤᠯᠣᠨ᠎ᠠ᠃ ᠵᠢᠯ ᠳᠤ ᠳ᠋ᠦᠩᠰᠢᠭᠤᠷ | ᠲᠦᠬᠦᠷᠢᠭ ᠠᠴᠠ ᠲᠡᠬᠡᠭᠰᠢ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠲᠦᠷᠦᠯ ᠵᠦᠢᠯ ᠢ 100 ᠠᠵᠢᠯ ᠡᠬᠢᠯᠡᠬᠦᠯᠵᠦ᠂ ᠪᠣᠳᠠᠳᠠᠢ ᠪᠡᠯᠡ ᠮᠦᠩᠬᠦ ᠶᠢ 700 | ᠳ᠋ᠦᠩᠰᠢᠭᠤᠷ ᠲᠦᠬᠦᠷᠢᠭ ᠲᠠᠪᠠᠭᠤᠯᠣᠨ᠎ᠠ᠃ ᠴᠢᠳᠠᠪᠣᠷᠢᠳᠠᠨ ᠲᠣᠳᠠᠮᠠᠭ ᠪᠠᠶᠢᠳᠠᠯ ᠳᠤ ᠴᠢᠭᠯᠡᠬᠦᠯᠦᠨ ᠴᠢᠳᠠᠪᠣᠷᠢᠳᠠᠨ ᠡᠯᠰᠡᠬᠦ ᠲᠦᠷᠦ ᠶᠢᠨ ᠪᠣᠳᠣᠯᠭ᠎ᠠ ᠲᠣᠭᠳᠠᠭᠠᠵᠣ᠂ | ᠬᠤᠳᠠᠯᠳᠣᠭᠠᠴᠢᠨ ᠣᠷᠢᠬᠤ ᠴᠢᠳᠠᠪᠣᠷᠢᠳᠠᠨ ᠡᠯᠰᠡᠬᠦ ᠶᠢ ᠵᠡᠷᠬᠡᠪᠷ ᠠᠳᠬᠤᠵᠣ᠂ ᠪᠡᠯᠡ ᠣᠷᠣᠭᠤᠯᠬᠤ ᠪᠢᠯᠢᠭ ᠴᠡᠨᠡᠭᠯᠡᠬᠦ ᠶᠢ ᠬᠤᠯᠪᠣᠬᠤ ᠶᠢ ᠪᠠᠷᠢᠮᠳᠠᠯᠠᠵᠣ᠂ | ᠴᠢᠳᠠᠪᠣᠷᠢᠳᠠᠨ ᠣᠷᠣᠭᠤᠯᠬᠤ ᠵᠠᠮ ᠰᠣᠪᠠᠭ ᠢ ᠴᠢᠨᠠᠭᠰᠢᠳᠠ ᠦᠷᠬᠡᠳᠬᠡᠵᠦ᠂ ᠴᠢᠳᠠᠪᠣᠷᠢᠳᠠᠨ ᠣᠷᠣᠭᠤᠯᠬᠤ ᠲᠡᠰ ᠲᠠᠪᠬᠤᠷᠭ᠎ᠠ ᠪᠠ ᠬᠦᠯᠦᠰᠦ ᠣᠯᠭᠤᠮᠵᠢ ᠪᠠᠨ | ᠲᠡᠬᠡᠭᠰᠢᠯᠡᠬᠦᠯᠵᠦ᠂ ᠴᠢᠳᠠᠪᠣᠷᠢᠳᠠᠨ ᠬᠢᠬᠡᠳ ᠠᠵᠣ ᠦᠢᠯᠡᠰ ᠤᠨ ᠬᠦᠨᠵᠡᠬᠡᠢ ᠠᠭᠤᠰᠣᠯᠴᠠᠭ᠎ᠠ ᠶᠢ ᠠᠬᠢᠭᠤᠯᠵᠣ᠂ ᠲᠡᠬᠡᠳᠦ ᠲᠡᠰ ᠲᠠᠪᠬᠤᠷᠭ᠎ᠠ᠂ ᠲᠡᠬᠡᠳᠦ ᠮᠡᠷᠬᠡᠵᠢᠯ ᠲᠠᠢ | ᠴᠢᠳᠠᠪᠣᠷᠢᠳᠠᠨ ᠴᠣᠭᠯᠠᠷᠠᠭᠰᠠᠨ ᠣᠷᠣᠨ ᠢ ᠡᠬᠦᠳᠦᠨ᠎ᠡ᠃ | ︵ᠨᠠᠢᠮᠠ︶ ᠠᠮᠢ ᠠᠬᠤᠢ ᠶᠢᠨ ᠪᠠᠶᠢᠭᠤᠯᠣᠯᠳᠠ ᠪᠠ ᠣᠷᠴᠢᠨ ᠲᠣᠭᠤᠷᠢᠨ ᠤ ᠵᠠᠰᠠᠯᠳᠠ ᠶᠢ ᠲᠦᠷᠬᠡᠳᠬᠡᠨ᠎ᠡ | ᠪᠣᠬᠢᠷᠳᠣᠯ ᠦᠬᠡᠢ ᠠᠮᠢ ᠠᠬᠤᠢ ᠪᠣᠯ ᠲᠦᠩᠯᠢᠶᠣᠣ ᠶᠢᠨ ᠲᠠᠯᠳᠠ ᠬᠦᠴᠦᠨ ᠪᠠ ᠡᠷᠡᠮᠡᠯᠵᠡᠯ ᠪᠣᠯᠣᠨ᠎ᠠ᠃ ᠪᠣᠬᠢᠷᠳᠣᠯ ᠦᠬᠡᠢ ᠬᠦᠭᠵᠢᠬᠦᠯᠦᠯᠳᠡ ᠶᠢ | ᠪᠠᠷᠢᠮᠳᠠᠯᠠᠵᠣ᠂ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠠ ᠶᠢᠨ ᠢᠨᠵᠧᠨᠧᠷᠢᠩ︾ ᠢ ᠯᠠᠪᠳᠠᠭᠤᠨ ᠠᠬᠢᠭᠤᠯᠵᠣ᠂ ᠠᠮᠢ ᠠᠬᠤᠢ ᠶᠢᠨ ᠱᠣᠭᠤᠮ ᠢ ᠪᠠᠳᠣ | ᠰᠠᠬᠢᠵᠣ᠂ ᠣᠷᠴᠢᠨ ᠲᠣᠭᠤᠷᠢᠨ ᠢ ᠬᠠᠮᠠᠭᠠᠯᠠᠬᠤ ᠨᠠᠭᠠᠳᠣ ᠵᠠᠬ᠎ᠠ ᠶᠢᠨ ᠪᠠᠷᠢᠮᠵᠢᠶ᠎ᠠ ᠶᠢ ᠬᠦᠨᠳᠡᠬᠦ ᠦᠬᠡᠢ᠂ ᠬᠦᠬᠡ ᠪᠠᠷ ᠲᠦᠩᠯᠢᠶᠣᠣ ᠪᠠᠨ ᠴᠢᠮᠡᠭᠯᠡᠨ᠎ᠡ᠃ | ᠠᠮᠢ ᠠᠬᠤᠢ ᠶᠢᠨ ᠬᠠᠮᠠᠭᠠᠯᠠᠯᠳᠠ ᠪᠠ ᠪᠠᠶᠢᠭᠤᠯᠣᠯᠳᠠ ᠶᠢ ᠴᠢᠩᠭᠠᠳᠬᠠᠨ᠎ᠠ᠃ ᠪᠦᠬᠦ ᠣᠷᠣᠨ ᠪᠦᠰᠡ ᠶᠢ ᠠᠮᠢ ᠠᠬᠤᠶᠢᠵᠢᠭᠤᠯᠬᠤ᠂ ᠠᠮᠢ ᠠᠬᠤᠢ ᠶᠢ | ᠴᠡᠴᠡᠷᠯᠢᠭᠵᠢᠬᠦᠯᠬᠦ᠂ ᠴᠡᠴᠡᠷᠯᠢᠭ ᠢ ᠠᠵᠣ ᠦᠢᠯᠡᠰᠵᠢᠬᠦᠯᠬᠦ ᠶᠢ ᠪᠠᠷᠢᠮᠳᠠᠯᠠᠵᠣ᠂ ᠠᠮᠢ ᠠᠬᠤᠢ ᠶᠢᠨ ᠪᠠᠶᠢᠭᠤᠯᠣᠯᠳᠠ ᠶᠢᠨ ᠪᠡᠯᠡ ᠣᠷᠣᠭᠤᠯᠣᠯᠳᠠ ᠶᠢᠨ ᠬᠦᠴᠦᠴᠡ ᠶᠢ | ᠦᠷᠬᠦᠯᠵᠢᠯᠡᠨ ᠶᠡᠬᠡᠰᠬᠡᠵᠦ᠂ ᠣᠯᠣᠰ ᠤᠨ ᠭᠠᠵᠠᠷ ᠰᠢᠷᠣᠢ ᠶᠢᠨ ᠨᠣᠭᠤᠭᠠᠷᠠᠭᠤᠯᠣᠯᠳᠠ ᠶᠢ ᠶᠡᠭᠡ ᠬᠡᠪᠴᠢᠶ᠎ᠠ ᠪᠠᠷ ᠦᠷᠨᠢᠬᠦᠯᠵᠦ᠂ ᠬᠤᠷᠴᠢᠨ ᠤ ᠡᠯᠡᠰᠦᠷᠬᠡᠭ ᠭᠠᠵᠠᠷ ᠤᠨ | ︽ᠬᠤᠣᠰ ᠮᠢᠩᠭᠠᠨ ᠲᠦᠮᠡᠨ ᠮᠣ᠋︾ ᠶᠢᠨ ᠶᠡᠷᠦᠩᠬᠡᠢ ᠵᠠᠰᠠᠯᠳᠠ ᠶᠢᠨ ᠢᠨᠵᠧᠨᠧᠷᠢᠩ ᠢ 346 ᠲᠦᠮᠡᠨ ᠮᠣ᠋ ᠪᠡᠶᠡᠯᠡᠬᠦᠯᠵᠦ᠂ ᠭᠤᠣᠯᠳᠠᠯᠭ᠎ᠠ ᠲᠠᠢ ᠣᠷᠣᠨ ᠪᠦᠰᠡ ᠶᠢᠨ | ᠣᠶᠢᠵᠢᠭᠤᠯᠣᠯᠳᠠ ᠶᠢ 12 ᠲᠦᠮᠡᠨ ᠮᠣ᠋ ᠪᠡᠶᠡᠯᠡᠬᠦᠯᠵᠦ᠂ ᠨᠣᠳᠤᠭ ᠤᠨ ᠮᠣᠳᠣ ᠶᠢ ᠶᠡᠬᠡᠪᠡᠷ ᠲᠡᠯᠬᠡᠷᠡᠬᠦᠯᠦᠨ᠂ ᠬᠤᠳᠠ ᠶᠢᠨ ᠴᠡᠴᠡᠷᠯᠢᠭ ᠤᠨ ᠣᠶᠢᠵᠢᠭᠤᠯᠣᠯᠳᠠ ᠶᠢ | ᠡᠬᠡ ᠪᠠᠶᠢᠭᠠᠯᠢ ᠳᠤ ᠣᠶᠢᠷᠠᠳᠣᠭᠤᠯᠵᠣ᠂ ᠣᠯᠣᠰ ᠤᠨ ᠣᠢ ᠰᠢᠭᠤᠢ ᠶᠢᠨ ᠬᠤᠳᠠ ᠶᠢ ᠢᠳᠡᠪᠬᠢᠳᠡᠢ ᠡᠬᠦᠳᠦᠨ᠎ᠡ᠃ ᠬᠤᠷᠴᠢᠨ ᠤ ᠠᠮᠢ ᠠᠬᠤᠢ ᠶᠢᠨ ᠰᠢᠨᠵᠢᠯᠡᠭᠡ | ᠮᠡᠷᠬᠡᠵᠢᠯ ᠤᠨ ᠲᠠᠭᠤᠷᠢᠶᠠᠯ ᠣᠷᠣᠨ ᠤ ᠪᠠᠶᠢᠭᠤᠯᠣᠯᠳᠠ ᠶᠢᠨ ᠬᠡᠪᠴᠢᠶ᠎ᠠ ᠶᠢ ᠴᠢᠨᠠᠭᠰᠢᠳᠠ ᠦᠷᠬᠡᠳᠬᠡᠵᠦ᠂ ᠠᠭᠤᠯᠣᠭᠳᠠᠬᠤᠨ ᠢ ᠲᠠᠰᠣᠷᠠᠯᠳᠠ ᠦᠬᠡᠢ ᠪᠠᠶᠠᠯᠢᠭᠵᠢᠭᠤᠯᠵᠣ | ᠂ ᠦᠪᠦᠷ ᠮᠣᠩᠭᠤᠯ ᠤᠨ ᠵᠡᠬᠦᠨ ᠪᠦᠰᠡ ᠣᠷᠣᠨ ᠤ ᠲᠣᠮᠣ ᠬᠡᠯᠪᠡᠷᠢ ᠶᠢᠨ ᠠᠮᠢ ᠠᠬᠤᠢ ᠶᠢᠨ ᠰᠢᠨᠵᠢᠯᠡᠭᠡ ᠮᠡᠷᠬᠡᠵᠢᠯ ᠤᠨ ᠲᠣᠭᠤᠷᠢᠨ ᠵᠣᠭᠠᠴᠠᠬᠤ ᠲᠠᠭᠤᠷᠢᠶᠠᠯ | ᠰᠠᠭᠤᠷᠢᠨ ᠤ ᠪᠠᠶᠢᠭᠤᠯᠣᠯᠳᠠ ᠶᠢ ᠲᠦᠷᠬᠡᠳᠬᠡᠨ᠎ᠡ᠃ ᠮᠧᠩ ᠼᠣᠣ ᠭᠠᠩ ᠢ ᠰᠡᠷᠬᠡᠶᠢᠯᠡᠬᠦ ᠵᠡᠷᠬᠡ ᠲᠣᠮᠣ ᠬᠡᠯᠪᠡᠷᠢ ᠶᠢᠨ ᠠᠵᠣ ᠠᠬᠤᠶᠢᠯᠠᠯ ᠤᠨ ᠬᠤᠷᠰᠢᠯᠴᠠᠭ᠎ᠠ ᠶᠢ | ᠬᠦᠨᠵᠡᠬᠡᠶᠢᠷᠡᠬᠦᠯᠵᠦ᠂ ᠬᠤᠳᠠ ᠬᠦᠳᠡᠭᠡ ᠶᠢᠨ ᠰᠣᠯᠠ ᠭᠠᠵᠠᠷ ᠢ ᠢᠳᠡᠪᠬᠢᠳᠡᠢ ᠨᠡᠬᠡᠬᠡᠵᠦ᠂ ᠣᠨᠴᠠᠯᠢᠭᠳᠣ ᠮᠣᠳᠣᠨ ᠴᠢᠬᠢ ᠶᠢᠨ ᠬᠦᠷᠢᠶᠡᠯᠡᠩ ᠪᠠ ᠦᠵᠡᠬᠦᠯᠦᠯᠬᠡ ᠶᠢᠨ | ᠲᠡᠬᠦᠬᠦ ᠬᠤᠷᠤᠭ᠎ᠠ ᠪᠠᠶᠢᠭᠤᠯᠵᠣ᠂ ᠵᠢᠮᠢᠰ ᠤᠨ ᠠᠵᠣ ᠦᠢᠯᠡᠰ ᠢ ᠬᠦᠭᠵᠢᠬᠦᠯᠵᠦ᠂ ᠠᠮᠢ ᠠᠬᠤᠢ ᠶᠢᠨ ᠠᠵᠣ ᠠᠬᠤᠢ ᠶᠢ ᠪᠣᠵᠠᠭᠠᠶᠢᠷᠠᠭᠤᠯᠣᠨ᠎ᠠ᠃ ᠬᠠᠨ ᠠᠭᠤᠯᠠ᠂ | ᠴᠣᠩᠬᠢᠶᠠᠯ ᠵᠡᠷᠬᠡ ᠲᠠᠪᠣᠨ ᠠᠮᠢᠳᠣ ᠪᠣᠳᠠᠰ ᠤᠨ ᠣᠯᠠᠨ ᠶᠠᠩᠵᠣᠳᠣ ᠴᠢᠨᠠᠷ ᠤᠨ ᠲᠠᠭᠤᠷᠢᠶᠠᠯ ᠣᠷᠣᠨ ᠤ ᠠᠮᠢ ᠠᠬᠤᠢ ᠶᠢᠨ ᠦᠢᠯᠡᠴᠢᠯᠡᠬᠡᠨ ᠤ ᠴᠢᠳᠠᠪᠣᠷᠢ ᠶᠢ | ᠲᠡᠬᠡᠭᠰᠢᠯᠡᠬᠦᠯᠵᠦ᠂ ᠬᠠᠨ ᠠᠭᠤᠯᠠ᠂ ᠣᠳᠠᠨᠳᠠᠯᠠ ᠣᠯᠣᠰ ᠤᠨ ᠲᠡᠰ ᠤᠨ ᠣᠢ ᠰᠢᠭᠤᠢ ᠶᠢᠨ ᠴᠡᠴᠡᠷᠯᠢᠭ ᠪᠠ ᠴᠣᠩᠬᠢᠶᠠᠯ ᠢ ᠣᠯᠣᠰ ᠤᠨ ᠲᠡᠰ ᠤᠨ ᠭᠠᠵᠠᠷ | ᠰᠢᠨᠵᠢᠯᠡᠬᠡᠨ ᠤ ᠴᠡᠴᠡᠷᠯᠢᠭ ᠢᠶᠠᠷ ᠮᠡᠳᠡᠬᠦᠯᠵᠦ᠂ ᠠᠭᠤᠯᠠ᠂ ᠮᠧᠩ ᠵᠢᠶᠠ ᠳ᠋ᠣᠸᠠᠨ ᠤ ᠨᠠᠮᠤᠭ ᠭᠠᠵᠠᠷ ᠤᠨ ᠴᠡᠴᠡᠷᠯᠢᠭ ᠪᠠ ᠪᠠᠶᠢᠭᠠᠯᠢ ᠶᠢᠨ ᠬᠠᠮᠠᠭᠠᠯᠠᠯᠳᠠ ᠶᠢᠨ | ᠣᠷᠣᠨ ᠤ ᠪᠠᠶᠢᠭᠤᠯᠣᠯᠳᠠ ᠶᠢ ᠠᠬᠢᠭᠤᠯᠵᠣ᠂ ᠬᠤᠷᠴᠢᠨ ᠤ 500 ᠺᠢᠯᠦᠮᠧᠲᠷ ᠦᠵᠡᠮᠵᠢ ᠶᠢᠨ ᠲᠡᠷᠳᠠᠩ ᠵᠠᠮ ᠲᠠᠭᠠᠣ ᠨᠣᠭᠤᠭᠠᠨ ᠬᠤᠩᠬᠢᠯ ᠤᠨ ᠢᠨᠵᠧᠨᠧᠷᠢᠩ ᠢ | ᠬᠡᠷᠡᠭᠵᠢᠬᠦᠯᠦᠨ᠎ᠡ᠃ ᠣᠢ ᠰᠢᠭᠤᠢ ᠨᠣᠳᠤᠭ ᠪᠡᠯᠴᠢᠬᠡᠷ ᠤᠨ ᠭᠠᠯ ᠤᠨ ᠠᠶᠣᠯ ᠪᠠ ᠬᠤᠣᠷ ᠲᠠᠢ ᠠᠮᠢᠳᠣ ᠪᠣᠳᠠᠰ ᠤᠨ ᠰᠡᠷᠬᠡᠶᠢᠯᠡᠯᠳᠡ ᠬᠢᠵᠠᠭᠠᠷᠯᠠᠯᠳᠠ ᠶᠢ ᠪᠦᠬᠦ | ᠲᠠᠯ᠎ᠠ ᠪᠠᠷ ᠴᠢᠩᠭᠠᠳᠬᠠᠵᠣ᠂ ᠠᠮᠢ ᠠᠬᠤᠢ ᠶᠢᠨ ᠠᠮᠣᠷ ᠲᠦᠪᠰᠢᠨ ᠢ ᠪᠠᠳᠣᠯᠠᠨ᠎ᠠ᠃ | ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠨ᠎ᠠ᠃ ᠠᠭᠠᠷ ᠮᠠᠨᠳᠠᠯ᠂ ᠣᠰᠣ᠂ ᠬᠦᠷᠦᠰᠦ ᠰᠢᠷᠣᠢ ᠶᠢᠨ ᠪᠣᠬᠢᠷᠳᠣᠯ ᠢ ᠰᠡᠷᠬᠡᠶᠢᠯᠡᠨ | ᠵᠠᠰᠠᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠣ | ᠠᠬᠤᠶᠢᠯᠠᠯ ᠤᠨ ᠣᠷᠴᠢᠨ ᠲᠣᠭᠤᠷᠢᠨ ᠤ ᠬᠡᠮ ᠰᠣᠭᠤᠭ ᠤᠨ ᠠᠰᠠᠭᠤᠳᠠᠯ ᠢ ᠰᠢᠢᠳᠪᠦᠷᠢᠯᠡᠵᠣ᠂ ᠲᠦᠪ ᠤᠨ ᠣᠷᠴᠢᠨ ᠲᠣᠭᠤᠷᠢᠨ ᠤ ᠬᠢᠨᠡᠨ ᠪᠠᠶᠢᠴᠠᠭᠠᠯᠳᠠ ᠶᠢᠨ | ᠬᠡᠳᠡᠷᠬᠦ ᠲᠣᠰᠠᠭᠰᠠᠨ ᠰᠠᠨᠠᠯ ᠤᠨ ᠴᠡᠭᠴᠡᠯᠡᠯᠳᠡ ᠨᠡᠶᠢᠳᠡᠪᠦᠷᠢᠵᠢᠭᠤᠯᠣᠯᠳᠠ ᠶᠢᠨ ᠠᠵᠢᠯ ᠢ ᠪᠦᠬᠦ ᠬᠦᠴᠦᠨ ᠢᠶᠠᠷ ᠰᠠᠶᠢᠳᠣᠷ ᠬᠢᠨ᠎ᠡ᠃ ᠬᠦᠨᠳᠦ ᠪᠣᠬᠢᠷᠳᠣᠯ ᠲᠠᠢ ᠴᠠᠭ | ᠠᠭᠤᠷ ᠤᠨ ᠰᠡᠷᠡᠮᠵᠢ ᠶᠢ ᠬᠠᠮᠳᠣᠷᠠᠨ ᠵᠦᠪᠯᠡᠬᠦ ᠲᠣᠭᠳᠠᠯᠴᠠᠭ᠎ᠠ ᠪᠠ ᠣᠷᠣᠨ ᠪᠦᠰᠡ ᠶᠢᠨ ᠬᠠᠮᠳᠣᠷᠠᠭᠰᠠᠨ ᠰᠡᠷᠬᠡᠶᠢᠯᠡᠯᠳᠡ ᠡᠵᠡᠮᠰᠢᠯ ᠤᠨ ᠲᠣᠭᠳᠠᠯᠴᠠᠭ᠎ᠠ ᠶᠢ | ᠲᠡᠬᠦᠯᠳᠡᠷᠵᠢᠬᠦᠯᠵᠦ᠂ ᠬᠤᠶᠢᠳᠣ ᠬᠡᠰᠡᠭ ᠤᠨ ᠨᠡᠬᠦᠷᠡᠰᠦ ᠴᠠᠬᠢᠯᠭᠠᠨ ᠬᠦᠩᠬᠡᠨ ᠴᠠᠭᠠᠨ ᠤ ᠣᠳᠤᠭ᠎ᠠ ᠣᠨᠢᠶᠠᠷ ᠤᠨ ᠪᠣᠬᠢᠷᠳᠣᠯ ᠡᠳ᠋ ᠢ ᠦᠬᠡᠶᠢᠰᠬᠡᠬᠦ ᠲᠠᠭᠤᠷᠢᠶᠠᠯ | ᠢᠨᠵᠧᠨᠧᠷᠢᠩ ᠵᠡᠷᠬᠡ ᠭᠤᠣᠯᠳᠠᠯᠭ᠎ᠠ ᠲᠠᠢ ᠣᠷᠴᠢᠨ ᠲᠣᠭᠤᠷᠢᠨ ᠢ ᠬᠠᠮᠠᠭᠠᠯᠠᠬᠤ ᠲᠦᠷᠦᠯ ᠵᠦᠢᠯ ᠤᠨ ᠪᠠᠶᠢᠭᠤᠯᠣᠯᠳᠠ ᠶᠢ ᠯᠠᠪᠳᠠᠭᠤᠨ ᠠᠬᠢᠭᠤᠯᠣᠨ᠎ᠠ᠃ ᠠᠵᠣ | ᠦᠢᠯᠡᠳᠪᠦᠷᠢ ᠶᠢᠨ ᠬᠤᠷᠤᠭ᠎ᠠ᠂ ᠲᠠᠷᠢᠶᠠᠯᠠᠩ ᠮᠠᠯ ᠠᠵᠣ ᠠᠬᠤᠢ ᠶᠢᠨ ᠦᠩᠬᠡᠨ ᠲᠠᠯ᠎ᠠ ᠶᠢᠨ ᠪᠣᠬᠢᠷᠳᠣᠯ ᠪᠠ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ | ᠲᠣᠭᠤᠷᠢᠨ ᠤ ᠶᠡᠷᠦᠩᠬᠡᠢ ᠵᠠᠰᠠᠯᠳᠠ ᠶᠢ ᠴᠢᠩᠭᠠᠳᠬᠠᠨ᠎ᠠ᠃ ᠣᠷᠴᠢᠨ ᠲᠣᠭᠤᠷᠢᠨ ᠤ ᠬᠢᠨᠡᠨ ᠬᠠᠮᠢᠶᠠᠷᠣᠯᠳᠠ ᠶᠢᠨ ᠬᠠᠣᠯᠢ ᠬᠡᠷᠡᠭᠵᠢᠬᠦᠯᠦᠯᠳᠡ ᠶᠢᠨ ᠲᠣᠣᠷᠵᠢᠯᠳᠠ | ᠬᠠᠮᠢᠶᠠᠷᠣᠯᠳᠠ ᠶᠢ ᠴᠢᠩᠭᠠᠳᠬᠠᠵᠣ᠂ ᠣᠷᠴᠢᠨ ᠲᠣᠭᠤᠷᠢᠨ ᠤ ᠬᠠᠣᠯᠢ ᠬᠡᠷᠡᠭᠵᠢᠬᠦᠯᠦᠯᠳᠡ ᠶᠢᠨ ᠬᠢᠨᠠᠯᠳᠠ ᠬᠠᠮᠢᠶᠠᠷᠣᠯᠳᠠ ᠶᠢᠨ ᠬᠦᠴᠦᠴᠡ ᠶᠢ ᠶᠡᠬᠡᠰᠬᠡᠵᠦ᠂ ᠣᠷᠴᠢᠨ | ᠲᠣᠭᠤᠷᠢᠨ ᠤ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠨᠧᠷᠬᠢ ᠠᠷᠪᠢᠯᠠᠨ ᠬᠤᠷᠣᠭᠳᠠᠯ ᠢ ᠪᠠᠭᠠᠰᠬᠠᠬᠤ ᠮᠡᠷᠬᠡᠵᠢᠯ ᠤᠨ | ᠦᠬᠡᠷᠡᠴᠢᠯᠡᠯᠳᠡ ᠶᠢ ᠠᠬᠢᠭᠤᠯᠵᠣ᠂ ᠭᠤᠣᠯᠳᠠᠯᠭ᠎ᠠ ᠲᠠᠢ ᠪᠣᠬᠢᠷᠳᠣᠯ ᠭᠠᠳᠠᠭᠰᠢᠯᠠᠭᠤᠯᠬᠤ ᠠᠵᠣ ᠠᠬᠤᠶᠢᠯᠠᠯ ᠤᠨ ᠠᠵᠢᠯᠯᠠᠵᠣ ᠪᠠᠶᠢᠬᠤ᠂ ᠠᠵᠢᠯ ᠤᠨ ᠪᠠᠶᠢᠳᠠᠯ᠂ ᠸᠢᠳᠢᠣ᠋ | ︽ᠭᠤᠷᠪᠠᠨ ᠪᠠᠶᠢᠷᠢ ᠨᠢᠬᠡ ᠴᠣᠭᠴᠠ︾ ᠶᠢᠨ ᠠᠦ᠋ᠲ᠋ᠣ᠋ ᠡᠵᠡᠮᠰᠢᠯ ᠢ ᠬᠡᠷᠡᠭᠵᠢᠬᠦᠯᠵᠦ᠂ ᠴᠢᠬᠤᠯᠠ ᠪᠣᠬᠢᠷᠳᠣᠯ ᠪᠣᠳᠠᠰ ᠤᠨ ᠭᠠᠳᠠᠭᠰᠢᠯᠠᠭᠤᠯᠣᠯᠳᠠ ᠶᠢ ᠲᠣᠭᠳᠠᠭᠤᠨ | ᠪᠠᠭᠠᠰᠬᠠᠵᠣ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠲᠣᠭᠳᠠᠭᠤᠨ ᠲᠡᠬᠡᠭᠰᠢᠯᠡᠬᠦᠯᠬᠦ ᠶᠢ ᠪᠠᠳᠣᠯᠠᠨ᠎ᠠ᠃ | ᠠᠮᠢ ᠠᠬᠤᠢ ᠶᠢᠨ ᠪᠣᠯᠪᠠᠰᠣᠨ ᠤ ᠲᠦᠷᠢᠮ ᠤᠨ ᠪᠠᠶᠢᠭᠤᠯᠣᠯᠳᠠ ᠶᠢ ᠴᠢᠩᠭᠠᠳᠬᠠᠨ᠎ᠠ᠃ ᠭᠤᠣᠯ ᠴᠣᠭᠴᠠ ᠶᠢᠨ ᠴᠢᠳᠠᠪᠬᠢ ᠶᠢᠨ ᠣᠷᠣᠨ ᠤ | ᠲᠦᠯᠦᠪᠵᠢᠬᠦᠯᠬᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠠᠮᠢ ᠠᠬᠤᠢ ᠶᠢᠨ ᠬᠠᠮᠠᠭᠠᠯᠠᠯᠳᠠ ᠶᠢᠨ ᠨᠠᠭᠠᠳᠣ ᠵᠠᠬ᠎ᠠ ᠶᠢᠨ ᠱᠣᠭᠤᠮ᠂ ᠦᠨᠳᠦᠰᠦᠨ ᠲᠠᠷᠢᠶᠠᠨ | ᠭᠠᠵᠠᠷ᠂ ᠪᠠᠯᠭᠠᠳ ᠤᠨ ᠨᠡᠬᠡᠬᠡᠯᠳᠡ ᠶᠢᠨ ᠵᠠᠭᠠᠭ ᠢ ᠲᠣᠭᠳᠠᠭᠠᠵᠣ᠂ ᠪᠠᠯᠭᠠᠳ᠂ ᠲᠠᠷᠢᠶᠠᠯᠠᠩ᠂ ᠠᠮᠢ ᠠᠬᠤᠢ ᠶᠢᠨ ᠣᠷᠣᠨ ᠵᠠᠢ ᠶᠢᠨ ᠬᠦᠭᠵᠢᠬᠦᠯᠦᠯᠳᠡ ᠶᠢᠨ | ᠪᠠᠶᠢᠷᠢᠯᠠᠭᠤᠯᠣᠯᠳᠠ ᠶᠢ ᠲᠣᠳᠣᠯᠠᠵᠣ᠂ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠪᠬᠢ ᠶᠢᠨ ᠣᠷᠣᠨ ᠳᠤ ᠠᠵᠣ ᠦᠢᠯᠡᠰ ᠣᠷᠣᠭᠤᠯᠬᠤ ᠵᠦᠪᠰᠢᠶᠡᠷᠡᠯ ᠤᠨ ᠡᠰᠡᠷᠬᠦ | ᠲᠠᠯ᠎ᠠ ᠶᠢᠨ ᠨᠠᠷᠢᠨ ᠲᠠᠩᠰᠠ ᠶᠢᠨ ᠲᠦᠷᠢᠮ ᠬᠡᠷᠡᠭᠵᠢᠬᠦᠯᠦᠨ᠎ᠡ᠃ ᠬᠠᠮᠤᠭ ᠤᠨ ᠴᠢᠩᠭ᠎ᠠ ᠣᠰᠣᠨ ᠤ ᠡᠬᠢ ᠰᠣᠷᠪᠣᠯᠵᠢ ᠶᠢᠨ ᠬᠠᠮᠢᠶᠠᠷᠣᠯᠳᠠ ᠶᠢᠨ ᠲᠦᠷᠢᠮ | ᠬᠡᠷᠡᠭᠵᠢᠬᠦᠯᠵᠦ᠂ ᠣᠰᠣ ᠠᠷᠪᠢᠯᠠᠬᠤ ᠬᠡᠯᠪᠡᠷᠢ ᠶᠢᠨ ᠨᠡᠶᠢᠬᠡᠮ ᠢ ᠪᠠᠶᠢᠭᠤᠯᠵᠣ᠂ ᠣᠣᠭᠤᠬᠤ ᠣᠰᠣᠨ ᠤ ᠰᠣᠷᠪᠣᠯᠵᠢ ᠶᠢᠨ ᠭᠠᠵᠠᠷ ᠤᠨ ᠠᠶᠣᠯᠬᠦᠢ ᠪᠠᠷᠢᠮᠵᠢᠶ᠎ᠠ ᠳᠤ | ᠬᠦᠷᠬᠦ ᠶᠢ ᠪᠠᠳᠣᠯᠠᠨ᠎ᠠ᠃ ᠪᠡᠯᠴᠢᠬᠡᠷᠯᠡᠬᠦᠯᠬᠦ ᠶᠢ ᠴᠠᠭᠠᠵᠠᠯᠠᠵᠣ ᠮᠠᠯᠵᠢᠬᠤ ᠶᠢ ᠵᠣᠭᠰᠣᠭᠠᠬᠤ᠂ ᠪᠡᠯᠴᠢᠬᠡᠷ ᠮᠠᠯ ᠤᠨ ᠲᠡᠩᠴᠡᠬᠦᠷᠢ ᠶᠢᠨ ᠲᠦᠷᠢᠮ ᠢ ᠬᠢᠨᠠᠮᠠᠭᠠᠢ | ᠨᠠᠶᠢᠳᠠᠪᠣᠷᠢᠵᠢᠭᠤᠯᠵᠣ᠂ ︽ᠭᠤᠷᠪᠠᠨ ᠲᠣᠷ᠎ᠠ︾ ᠶᠢᠨ ᠵᠠᠰᠠᠯᠳᠠ ᠶᠢ ᠦᠷᠬᠦᠯᠵᠢᠯᠡᠨ ᠦᠷᠨᠢᠬᠦᠯᠵᠦ᠂ ᠠᠮᠢ ᠠᠬᠤᠢ ᠶᠢᠨ ᠪᠠᠶᠢᠭᠤᠯᠣᠯᠳᠠ ᠶᠢᠨ ᠦᠷ᠎ᠡ ᠪᠦᠳᠦᠬᠡᠯ ᠢ | ᠪᠠᠬᠢᠵᠢᠬᠦᠯᠦᠨ ᠦᠷᠬᠡᠳᠬᠡᠨ᠎ᠡ᠃ ᠣᠳᠣᠷᠢᠳᠬᠤ ᠺᠠᠳ᠋ᠷ ᠤᠨ ᠲᠣᠰᠢᠶᠠᠯ ᠠᠴᠠ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠰᠣᠷᠪᠣᠯᠵᠢ ᠡᠳ᠋ ᠬᠦᠷᠦᠩᠬᠡ ᠶᠢ ᠬᠢᠨᠠᠨ | ᠪᠣᠳᠣᠬᠤ ᠲᠣᠷᠰᠢᠯᠳᠠ ᠶᠢᠨ ᠴᠡᠭ ᠢ ᠦᠷᠬᠦᠯᠵᠢᠯᠡᠨ ᠬᠡᠷᠡᠭᠵᠢᠬᠦᠯᠦᠨ᠎ᠡ᠃ ᠣᠯᠣᠰ ᠤᠨ ᠦᠮᠴᠢ ᠶᠢᠨ ᠣᠢ ᠰᠢᠭᠤᠢ ᠶᠢᠨ ᠲᠠᠯᠠᠪᠠᠢ ᠶᠢᠨ ᠦᠬᠡᠷᠡᠴᠢᠯᠡᠯᠳᠡ ᠶᠢ | ᠠᠬᠢᠭᠤᠯᠵᠣ᠂ ᠨᠠᠶᠢᠳᠠ ᠶᠢᠨ ᠣᠢ ᠶᠢᠨ ᠡᠷᠬᠡ ᠶᠢᠨ ᠲᠦᠷᠢᠮ ᠢ ᠲᠡᠬᠦᠯᠳᠡᠷᠵᠢᠬᠦᠯᠦᠨ᠎ᠡ᠃ ᠪᠦᠬᠦ ᠠᠷᠠᠳ ᠤᠨ ᠡᠨᠧᠷᠬᠢ ᠠᠷᠪᠢᠯᠠᠬᠤ ᠠᠵᠢᠯᠯᠠᠭᠠᠨ ᠤ ᠲᠦᠯᠦᠪᠯᠡᠭᠡ ᠶᠢ | ᠬᠡᠷᠡᠭᠵᠢᠬᠦᠯᠵᠦ᠂ ᠠᠮᠢ ᠠᠬᠤᠢ ᠶᠢᠨ ᠰᠣᠶᠣᠯ ᠢ ᠢᠳᠡᠪᠬᠢᠳᠡᠢ ᠪᠣᠶᠢᠵᠢᠭᠤᠯᠵᠣ᠂ ᠪᠣᠬᠢᠷᠳᠣᠯ ᠦᠬᠡᠢ ᠨᠡᠬᠦᠷᠡᠰᠦᠳᠦ᠋ᠷᠦᠭᠴᠢ ᠪᠠᠭ᠎ᠠ ᠠᠮᠢᠳᠣᠷᠠᠯ ᠤᠨ ᠠᠷᠭ᠎ᠠ ᠮᠠᠶ᠋ᠢᠭ ᠢ | ᠰᠠᠨᠠᠭᠠᠴᠢᠯᠠᠵᠣ᠂ ᠠᠮᠢ ᠠᠬᠤᠢ ᠶᠢᠨ ᠪᠣᠯᠪᠠᠰᠣᠨ ᠢ ᠡᠷᠬᠢᠮᠯᠡᠬᠦ᠂ ᠪᠣᠬᠢᠷᠳᠣᠯ ᠦᠬᠡᠢ ᠬᠦᠭᠵᠢᠯᠳᠡ ᠶᠢ ᠠᠬᠢᠭᠤᠯᠬᠤ ᠨᠡᠶᠢᠬᠡᠮ ᠤᠨ ᠬᠡᠪ ᠰᠣᠷᠳᠠᠯ ᠢ ᠪᠣᠢ ᠪᠣᠯᠭᠠᠨ᠎ᠠ᠃ | ︵ᠶᠢᠰᠦ︶ ᠦᠨᠳᠦᠰᠦᠳᠡᠨ ᠨᠦᠭᠦᠳ ᠤᠨ ᠠᠷᠠᠳ ᠲᠦᠮᠡᠨ ᠤ ᠪᠣᠶᠠᠨ ᠬᠡᠰᠢᠭ ᠢ ᠴᠢᠷᠮᠠᠶᠢᠨ ᠨᠡᠮᠡᠭᠳᠡᠬᠦᠯᠦᠨ᠎ᠡ | ᠠᠷᠠᠳ ᠤᠨ ᠠᠮᠢᠳᠣᠷᠠᠯ ᠪᠣᠯ ᠮᠠᠨ ᠤ ᠠᠯᠢᠪᠠ ᠠᠵᠢᠯ ᠤᠨ ᠡᠬᠦᠰᠦᠴᠡ ᠪᠠ ᠵᠣᠭᠰᠣᠴᠠ ᠪᠣᠯᠣᠨ᠎ᠠ᠃ ᠠᠷᠠᠳ ᠤᠨ ᠬᠦᠰᠡᠯ ᠡᠷᠡᠮᠡᠯᠵᠠᠯ ᠪᠣᠯ ᠮᠠᠨ ᠤ | ᠴᠢᠷᠮᠠᠶᠢᠬᠤ ᠴᠢᠭᠯᠡᠯ ᠪᠣᠯᠣᠨ᠎ᠠ᠃ | ︽ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠴᠢᠨᠠᠷ ᠢ ᠲᠡᠬᠡᠭᠰᠢᠯᠡᠬᠦᠯᠬᠦ ᠢᠨᠵᠧᠨᠧᠷᠢᠩ︾ ᠢ ᠬᠦᠴᠦᠳᠡᠢ ᠠᠬᠢᠭᠤᠯᠣᠨ᠎ᠠ᠃ ᠶᠠᠳᠠᠭᠤ ᠠᠴᠠ | ᠠᠩᠬᠢᠵᠢᠷᠠᠭᠤᠯᠬᠤ ᠰᠢᠪᠳᠣᠯᠣᠯᠳᠠ ᠶᠢ ᠴᠢᠬᠤᠯᠠ ᠶᠡᠭᠡ ᠣᠯᠣᠰ ᠲᠦᠷᠦ ᠶᠢᠨ ᠡᠬᠦᠷᠬᠡ᠂ ᠠᠷᠠᠳ ᠤᠨ ᠠᠮᠢᠳᠣᠷᠠᠯ ᠤᠨ ᠲᠦᠷᠦᠬᠦᠦ ᠢᠨᠵᠧᠨᠧᠷᠢᠩ ᠪᠠ | ᠬᠦᠭᠵᠢᠬᠦᠯᠦᠯᠳᠡ ᠶᠢᠨ ᠬᠠᠮᠤᠭ ᠵᠠᠪᠰᠢᠶᠠᠨ ᠪᠣᠯᠭᠠᠨ ᠠᠳᠬᠤᠨ᠎ᠠ᠃ ᠶᠠᠳᠠᠭᠤ ᠠᠴᠠ ᠠᠩᠬᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠬᠠᠮᠤᠭ | ᠴᠢᠩᠭ᠎ᠠ ᠦᠨᠡᠯᠡᠯᠳᠡ ᠰᠢᠯᠭᠠᠷᠠᠭᠤᠯᠣᠯᠳᠠ ᠬᠡᠷᠡᠭᠵᠢᠬᠦᠯᠵᠦ᠂ ᠶᠠᠳᠠᠭᠤ ᠠᠴᠠ ᠬᠤᠳᠠᠯ ᠠᠩᠬᠢᠵᠢᠷᠠᠭᠰᠠᠨ᠂ ︽ᠶᠠᠳᠠᠭᠤ ᠠᠴᠠ ᠠᠩᠬᠢᠵᠢᠷᠠᠭᠤᠯᠣᠭᠳᠠᠭᠰᠠᠨ︾᠂ | ᠶᠠᠳᠠᠭᠤ ᠠᠴᠠ ᠲᠤᠭ᠎ᠠ ᠪᠠᠷ ᠠᠩᠬᠢᠵᠢᠷᠠᠭᠰᠠᠨ ᠶᠠᠪᠣᠳᠠᠯ ᠢ ᠡᠷᠡᠰ ᠴᠢᠩᠭ᠎ᠠ ᠪᠠᠶᠢᠴᠠᠭᠠᠵᠣ᠂ ᠶᠠᠳᠠᠭᠤ ᠠᠴᠠ ᠠᠩᠬᠢᠵᠢᠷᠠᠭᠰᠠᠨ ᠨᠢ ᠣᠯᠠᠨ ᠲᠦᠮᠡᠨ ᠳᠤ ᠮᠡᠳᠡᠷᠡᠭᠳᠡᠵᠦ᠂ | ᠲᠡᠦᠬᠡ ᠶᠢᠨ ᠰᠢᠯᠭᠠᠯᠳᠠ ᠶᠢ ᠲᠠᠭᠠᠭᠠᠵᠣ ᠲᠡᠶᠢᠯᠦᠭᠰᠡᠨ ᠪᠠᠶᠢᠬᠤ ᠬᠡᠷᠡᠭᠳᠡᠢ᠃ ᠶᠠᠳᠠᠭᠤ ᠶᠢ ᠣᠨᠤᠭ᠎ᠠ ᠲᠡᠳᠬᠦᠭᠰᠡᠨ ᠲᠠᠯᠠᠢ ᠲᠤᠭ᠎ᠠ ᠶᠢᠨ ᠬᠠᠮᠢᠶᠠᠷᠣᠯᠳᠠ ᠶᠢᠨ ᠲᠠᠪᠴᠠᠩ | ᠪᠠᠶᠢᠭᠤᠯᠵᠣ᠂ ᠶᠠᠳᠠᠭᠤ ᠬᠦᠴᠢᠷ ᠲᠠᠢ ᠬᠦᠮᠦᠨ ᠢ ᠣᠨᠤᠭ᠎ᠠ ᠲᠣᠳᠣᠯᠠᠵᠣ᠂ ᠡᠷᠦᠬᠡ ᠪᠦᠷᠢ ᠬᠦᠮᠦᠨ ᠪᠣᠯᠭᠠᠨ ᠢ ᠶᠠᠳᠠᠭᠤ ᠠᠴᠠ ᠣᠨᠤᠭ᠎ᠠ ᠠᠩᠬᠢᠵᠢᠷᠠᠭᠤᠯᠬᠤ ᠶᠢ | ᠬᠡᠷᠡᠭᠵᠢᠬᠦᠯᠵᠦ᠂ ᠨᠢᠬᠡ ᠡᠷᠦᠬᠡ ᠨᠢᠬᠡ ᠬᠦᠮᠦᠨ ᠢ ᠭᠤᠭᠤᠵᠢᠭᠳᠠᠭᠤᠯᠬᠤ ᠦᠬᠡᠢ ᠶᠢ ᠪᠠᠳᠣᠯᠠᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ | ᠣᠷᠣᠭᠤᠯᠣᠯᠳᠠ ᠶᠢᠨ ᠬᠦᠴᠦᠴᠡ ᠶᠢ ᠶᠡᠬᠡᠰᠬᠡᠵᠦ᠂ ᠡᠯ᠎ᠡ ᠲᠦᠷᠦᠯ ᠤᠨ ᠪᠡᠯᠡ ᠮᠦᠩᠬᠦ ᠶᠢ 45 ᠳ᠋ᠦᠩᠰᠢᠭᠤᠷ ᠲᠦᠬᠦᠷᠢᠭ ᠨᠡᠶᠢᠯᠡᠬᠦᠯᠵᠦ᠂ ᠠᠵᠣ ᠦᠢᠯᠡᠰ ᠢ | ᠬᠦᠭᠵᠢᠬᠦᠯᠬᠦ᠂ ᠣᠨᠳᠣᠣ ᠭᠠᠵᠠᠷ ᠨᠡᠬᠦᠯᠬᠡᠬᠦ᠂ ᠠᠮᠢ ᠠᠬᠤᠢ ᠶᠢᠨ ᠨᠦᠬᠦᠪᠦᠷᠢ᠂ ᠰᠣᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ᠂ ᠲᠦᠷᠦ ᠶᠢᠨ ᠪᠣᠳᠣᠯᠭ᠎ᠠ ᠶᠢᠨ | ᠪᠠᠳᠣᠯᠠᠭ᠎ᠠ ᠵᠡᠷᠬᠡ ᠠᠷᠭ᠎ᠠ ᠬᠡᠮᠵᠢᠶ᠎ᠡ ᠪᠠᠷ ᠲᠠᠮᠵᠢᠭᠤᠯᠵᠣ᠂ 3.5 ᠲᠦᠮᠡᠨ ᠶᠠᠳᠠᠭᠤ ᠬᠦᠴᠢᠷᠳᠡᠢ ᠬᠦᠮᠦᠨ ᠠᠮᠠ ᠶᠢ ᠣᠨᠤᠭ᠎ᠠ ᠲᠡᠳᠬᠦᠨ ᠲᠣᠭᠳᠠᠭᠤᠨ ᠢᠶᠠᠷ | ᠶᠠᠳᠠᠭᠤ ᠠᠴᠠ ᠠᠩᠬᠢᠵᠢᠷᠠᠭᠤᠯᠵᠣ᠂ ᠺᠠᠶᠢᠯᠦ ᠰᠢᠶᠠᠨ᠂ ᠵᠠᠷᠣᠳ ᠬᠤᠰᠢᠭᠤ ᠶᠠᠳᠠᠭᠤ ᠠᠴᠠ ᠠᠩᠬᠢᠵᠢᠷᠠᠬᠤ ᠶᠢ ᠪᠠᠶᠡᠯᠡᠬᠦᠯᠦᠨ᠎ᠡ᠃ ᠮᠦᠩᠬᠦᠨ ᠬᠦᠢᠯᠬᠡᠬᠡ ᠪᠠᠷ | ᠶᠠᠳᠠᠭᠤ ᠶᠢ ᠲᠡᠳᠬᠦᠬᠦ ᠬᠦᠴᠦᠴᠠ ᠪᠠᠨ ᠨᠡᠮᠡᠭᠳᠡᠬᠦᠯᠵᠦ᠂ ᠠᠯᠠᠰᠢᠨ ᠦᠬᠡᠷ᠂ ᠣᠨᠴᠠᠯᠢᠭᠳᠣ ᠲᠠᠷᠢᠮᠠᠯ᠂ ᠬᠠᠰᠢᠶ᠎ᠠ ᠶᠢᠨ ᠠᠵᠣ ᠠᠬᠤᠢ᠂ ᠬᠦᠳᠡᠭᠡ ᠲᠣᠰᠬᠤᠨ ᠤ | ᠵᠢᠭᠤᠯᠴᠢᠯᠠᠯ᠂ ᠬᠦᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠪᠠ ᠬᠡᠷᠡᠯ ᠤᠨ ᠴᠠᠬᠢᠯᠭᠠᠨ ᠵᠡᠷᠬᠡ ᠶᠠᠳᠠᠭᠤ ᠠᠴᠠ ᠠᠩᠬᠢᠵᠢᠷᠠᠭᠤᠯᠬᠤ ᠠᠵᠣ ᠦᠢᠯᠡᠰ ᠤᠨ | ᠬᠦᠭᠵᠢᠬᠦᠯᠦᠯᠳᠡ ᠶᠢ ᠲᠦᠷᠬᠡᠳᠬᠡᠵᠦ᠂ ᠶᠠᠳᠠᠭᠤ ᠬᠦᠴᠢᠷ ᠲᠠᠢ ᠬᠦᠮᠦᠨ ᠤ ᠵᠢᠯ ᠤᠨ ᠬᠦᠮᠦᠨ ᠲᠣᠮᠳᠠᠴᠢ ᠶᠢᠨ ᠲᠡᠭᠰᠢᠳᠬᠡᠭᠰᠡᠨ ᠣᠷᠣᠯᠭ᠎ᠠ ᠶᠢᠨ ᠨᠡᠮᠡᠭᠳᠡᠯᠳᠡ ᠶᠢᠨ | ᠬᠡᠮᠵᠢᠶ᠎ᠡ ᠶᠢ ᠴᠢᠳᠠᠬᠤᠶᠢᠴᠠ 15% ᠲᠠᠪᠠᠭᠤᠯᠣᠨ᠎ᠠ᠃ ᠡᠪᠡᠳᠴᠢᠨ ᠡᠮᠬᠡᠭ ᠠᠴᠠ ᠪᠣᠯᠣᠭᠰᠠᠨ ᠶᠠᠳᠠᠭᠤᠷᠠᠯ ᠤᠨ ᠬᠠᠷᠢᠴᠠᠯ ᠨᠡᠯᠢᠶᠡᠳ ᠦᠨᠳᠦᠷ ᠪᠠᠶᠢᠳᠠᠯ ᠳᠤ | ᠬᠠᠨᠳᠣᠭᠤᠯᠣᠨ ᠲᠠᠩᠰᠠ ᠵᠣᠬᠢᠶᠠᠨ ᠺᠠᠷᠲ ᠲᠠᠭᠯᠠᠭᠰᠠᠨ ᠶᠠᠳᠠᠭᠤ ᠬᠦᠴᠢᠷ ᠲᠠᠢ ᠬᠦᠮᠦᠨ ᠤ ᠡᠮᠨᠡᠯᠬᠡ ᠳᠤ ᠰᠠᠭᠤᠵᠣ ᠡᠮᠨᠡᠬᠦᠯᠦᠭᠰᠡᠨ ᠪᠠ ᠬᠦᠨᠳᠦ ᠡᠪᠡᠳᠴᠢᠨ ᠤ | ᠲᠠᠭᠠᠳᠬᠠᠯ ᠤᠨ ᠲᠠᠩᠰᠠᠨ ᠠᠴᠠ ᠲᠠᠶᠢᠯᠬᠤ ᠬᠡᠮᠵᠢᠶ᠎ᠡ ᠶᠢ 50% ᠪᠠᠭᠤᠷᠠᠭᠤᠯᠵᠣ᠂ ᠲᠠᠩᠰᠠᠨ ᠠᠴᠠ ᠲᠠᠶᠢᠯᠬᠤ ᠬᠠᠷᠢᠴᠠᠯ ᠢ 5 ᠬᠤᠪᠢ ᠲᠡᠬᠡᠭᠰᠢᠯᠡᠬᠦᠯᠵᠦ᠂ ᠬᠦᠨᠳᠦ | ᠡᠪᠡᠳᠴᠢᠨ ᠤ ᠲᠠᠭᠠᠳᠬᠠᠯ᠂ ᠬᠤᠳᠠᠯᠳᠤᠭ᠎ᠠ ᠶᠢᠨ ᠨᠦᠬᠦᠪᠦᠷᠢ ᠲᠠᠭᠠᠳᠬᠠᠯ ᠵᠡᠷᠬᠡ ᠬᠡᠯᠪᠡᠷᠢ ᠪᠠᠷ ᠲᠠᠮᠵᠢᠭᠤᠯᠣᠨ ᠡᠮᠨᠡᠯᠬᠡ ᠶᠢᠨ ᠠᠷᠪᠢᠨ ᠵᠠᠷᠣᠳᠠᠯ ᠤᠨ ᠵᠠᠷᠣᠯᠭ᠎ᠠ ᠶᠢ | ᠨᠦᠬᠦᠪᠦᠷᠢᠯᠡᠨ᠎ᠡ᠃ ᠣᠷᠢᠳᠠᠪᠠᠷ ᠡᠮᠨᠡᠬᠦᠯᠵᠦ ᠲᠠᠷᠠᠭ᠎ᠠ ᠳᠤᠨᠢ ᠵᠠᠷᠣᠳᠠᠯ ᠦᠭᠬᠦ᠂ ᠬᠡᠷ ᠲᠡᠭᠡᠨ ᠡᠪᠡᠳᠴᠢᠨ ᠤ ᠣᠷᠣ ᠭᠠᠷᠭᠠᠬᠤ᠂ ᠠᠷᠠᠳ ᠤᠨ ᠶᠠᠪᠣᠳᠠᠯ ᠤᠨ ᠲᠣᠰᠠᠯᠠᠮᠵᠢ | ᠵᠡᠷᠬᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠣ ᠡᠪᠡᠳᠴᠢᠨ ᠲᠠᠢ ᠣᠯᠠᠨ ᠲᠦᠮᠡᠨ ᠤ ᠴᠠᠭ ᠲᠣᠬᠠᠢ ᠳᠤᠨᠢ ᠡᠮᠨᠡᠯᠬᠡ ᠳᠤ ᠣᠷᠣᠵᠣ᠂ ᠡᠷᠳᠡᠬᠡᠨ ᠡᠮᠨᠡᠬᠦᠯᠵᠦ᠂ | ᠡᠪᠡᠳᠴᠢᠨ ᠡᠮᠬᠡᠭ ᠠᠴᠠ ᠶᠠᠳᠠᠭᠤᠷᠠᠬᠤ᠂ ᠡᠪᠡᠳᠴᠢᠨ ᠡᠮᠬᠡᠭ ᠠᠴᠠ ᠲᠠᠬᠢᠨ ᠶᠠᠳᠠᠭᠤᠷᠠᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠰᠣᠷᠭᠠᠨ ᠬᠦᠮᠦᠵᠢᠯ ᠢᠶᠠᠷ | ᠶᠠᠳᠠᠭᠤ ᠶᠢ ᠲᠡᠳᠬᠦᠬᠦ ᠡᠷᠴᠢᠮ ᠢᠶᠠᠷ ᠴᠢᠩᠭᠠᠷᠠᠭᠤᠯᠵᠣ᠂ ᠰᠣᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠳᠠᠭᠠᠵᠣ᠂ | ᠲᠠᠩᠰᠠ ᠵᠣᠬᠢᠶᠠᠨ ᠺᠠᠷᠲ ᠲᠠᠭᠯᠠᠭᠰᠠᠨ ᠶᠠᠳᠠᠭᠤ ᠬᠦᠴᠢᠷ ᠲᠠᠢ ᠬᠡᠷ ᠤᠨ ᠪᠠᠭ᠎ᠠ ᠰᠣᠷᠭᠠᠭᠤᠯᠢ᠂ ᠠᠩᠬ᠎ᠠ ᠲᠣᠮᠳᠠᠳᠣ ᠰᠣᠷᠭᠠᠭᠤᠯᠢ᠂ ᠲᠡᠬᠡᠳᠦ ᠲᠣᠮᠳᠠᠳᠣ ᠰᠣᠷᠭᠠᠭᠤᠯᠢ᠂ | ᠲᠣᠮᠳᠠᠳᠣ ᠵᠡᠷᠬᠡ ᠶᠢᠨ ᠮᠡᠷᠬᠡᠵᠢᠯ ᠤᠨ ᠠᠵᠢᠯ ᠤᠨ ᠰᠣᠷᠭᠠᠭᠤᠯᠢ ᠶᠢᠨ ᠰᠣᠷᠣᠭᠴᠢ ᠳᠤ ᠲᠣᠭᠳᠠᠭᠰᠠᠨ ᠲᠤᠭ᠎ᠠ ᠲᠠᠢ ᠨᠦᠬᠦᠪᠦᠷᠢ ᠦᠭᠴᠦ᠂ ᠠᠮᠢᠳᠣᠷᠠᠯ ᠤᠨ ᠲᠣᠣᠷ᠎ᠠ | ᠪᠠᠳᠣᠯᠠᠭ᠎ᠠ ᠲᠠᠢ ᠬᠡᠷ ᠤᠨ ᠣᠶᠣᠳᠠᠨ ᠪᠦᠷᠢ ᠳᠤ ᠵᠢᠯ ᠳᠤ ᠲᠦᠮᠡᠨ ᠲᠦᠬᠦᠷᠢᠭ ᠤᠨ ᠲᠣᠰᠠᠯᠠᠮᠵᠢ ᠦᠭᠬᠦ ᠲᠦᠷᠦ ᠶᠢᠨ ᠪᠣᠳᠣᠯᠭ᠎ᠠ ᠶᠢ ᠲᠠᠩᠰᠠ ᠵᠣᠬᠢᠶᠠᠵᠣ ᠺᠠᠷᠲ | ᠲᠠᠭᠯᠠᠭᠰᠠᠨ ᠶᠠᠳᠠᠭᠤ ᠬᠦᠴᠢᠷ ᠲᠠᠢ ᠡᠷᠦᠬᠡ ᠪᠣᠯᠭᠠᠨ ᠳᠤ ᠬᠠᠮᠣᠷᠣᠭᠤᠯᠵᠣ᠂ ᠨᠢᠬᠡ ᠰᠣᠷᠣᠭᠴᠢ ᠶᠢ ᠴᠣ᠋ ᠶᠠᠳᠠᠭᠤ ᠠᠴᠠ ᠰᠣᠷᠣᠯᠭ᠎ᠠ ᠵᠣᠭᠰᠣᠭᠠᠯᠭᠠᠬᠤ ᠦᠬᠡᠢ᠂ ᠨᠢᠬᠡ | ᠡᠷᠦᠬᠡ ᠶᠢ ᠴᠣ᠋ ᠬᠡᠦᠬᠡᠳ ᠢᠶᠠᠨ ᠪᠢᠴᠢᠭ ᠦᠵᠡᠬᠦᠯᠦᠭᠰᠡᠨ ᠠᠴᠠ ᠪᠣᠯᠵᠣ ᠲᠠᠬᠢᠨ ᠶᠠᠳᠠᠭᠤᠷᠠᠭᠤᠯᠬᠤ ᠦᠬᠡᠢ ᠪᠠᠶᠢᠵᠣ᠂ ᠨᠡᠩ ᠣᠯᠠᠨ ᠬᠡᠦᠬᠡᠳ ᠢ ᠬᠦᠰᠡᠯ ᠢᠶᠠᠨ | ᠪᠡᠶᠡᠯᠡᠬᠦᠯᠬᠦ᠂ ᠨᠡᠩ ᠣᠯᠠᠨ ᠬᠡᠷ ᠪᠦᠯᠢ ᠶᠢ ᠬᠦᠰᠡᠯᠡᠩ ᠢᠶᠠᠨ ᠪᠡᠶᠡᠯᠡᠬᠦᠯᠬᠦ ᠪᠣᠯᠭᠠᠨ᠎ᠠ᠃ | ᠠᠷᠠᠳ ᠤᠨ ᠠᠮᠢᠳᠣᠷᠠᠯ ᠤᠨ ᠦᠨᠳᠦᠰᠦᠨ ᠪᠠᠳᠣᠯᠠᠭ᠎ᠠ ᠶᠢᠨ ᠴᠢᠳᠠᠪᠣᠷᠢ ᠪᠠᠨ ᠲᠡᠬᠡᠭᠰᠢᠯᠡᠬᠦᠯᠦᠨ᠎ᠡ᠃ ᠠᠵᠢᠯ ᠣᠯᠭᠤᠯᠳᠠ ᠶᠢ ᠲᠡᠷᠢᠬᠦᠨ ᠳᠤ ᠲᠠᠯᠪᠢᠬᠤ | ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠵᠦ᠂ ᠭᠤᠣᠯᠳᠠᠯᠭ᠎ᠠ ᠲᠠᠢ ᠣᠯᠠᠨ ᠨᠡᠶᠢᠳᠡ ᠶᠢᠨ ᠠᠵᠢᠯ ᠣᠯᠭᠤᠯᠳᠠ ᠶᠢ ᠲᠦᠷᠦᠯ ᠬᠤᠪᠢᠶᠠᠨ ᠰᠠᠶᠢᠳᠣᠷ ᠬᠢᠵᠦ᠂ | ᠪᠠᠯᠭᠠᠳ ᠤᠨ ᠠᠵᠢᠯ ᠣᠯᠭᠤᠯᠳᠠ ᠶᠢ 1.7 ᠲᠦᠮᠡ ᠰᠢᠨ᠎ᠡ ᠨᠡᠮᠡᠭᠳᠡᠬᠦᠯᠵᠦ᠂ ᠠᠵᠢᠯ ᠦᠬᠡᠢ ᠬᠡᠷ ᠪᠦᠯᠢ ᠠᠯᠠᠭ᠎ᠠ ᠪᠣᠯᠭᠠᠬᠤ ᠶᠢ ᠪᠠᠳᠣᠯᠠᠨ᠎ᠠ᠃ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠬᠦᠯᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠮᠠᠶ᠋ᠢᠭ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠳᠠᠭᠤᠨ ᠨᠡᠮᠡᠭᠳᠡᠯ ᠢ ᠪᠠᠳᠣᠯᠠᠨ᠎ᠠ᠃ ᠮᠠᠯᠴᠢᠨ ᠲᠠᠷᠢᠶᠠᠴᠢᠨ ᠤ ᠣᠷᠣᠯᠭ᠎ᠠ ᠶᠢ ᠵᠠᠭᠤᠢ ᠲᠦᠷᠬᠡᠨ | ᠨᠡᠮᠡᠭᠳᠡᠬᠦᠯᠵᠦ᠂ ᠡᠵᠡᠩᠨᠡᠯᠳᠡ ᠶᠢᠨ ᠴᠢᠨᠠᠷ ᠲᠠᠢ ᠣᠷᠣᠯᠭ᠎ᠠ ᠪᠠ ᠲᠦᠷᠦ ᠶᠢᠨ ᠪᠣᠳᠣᠯᠭ᠎ᠠ ᠶᠢᠨ ᠴᠢᠨᠠᠷ ᠲᠠᠢ ᠣᠷᠣᠯᠭ᠎ᠠ ᠶᠢ ᠨᠡᠮᠡᠭᠳᠡᠬᠦᠯᠵᠦ᠂ ᠬᠦᠷᠦᠩᠬᠡ ᠶᠢᠨ ᠴᠢᠨᠠᠷ ᠲᠠᠢ | ᠣᠷᠣᠯᠭ᠎ᠠ ᠪᠠ ᠴᠡᠯᠢᠭ ᠤᠨ ᠴᠢᠨᠠᠷ ᠲᠠᠢ ᠣᠷᠣᠯᠭ᠎ᠠ ᠶᠢ ᠦᠷᠬᠡᠳᠬᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠦᠷᠢᠶ᠎ᠡ ᠶᠢ ᠴᠢᠷᠮᠠᠶᠢᠨ | ᠪᠠᠭᠠᠰᠬᠠᠨ᠎ᠠ᠃ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠠᠰᠠᠷᠠᠮᠵᠢ ᠶᠢᠨ ᠮᠦᠩᠬᠦ ᠶᠢ ᠦᠷᠬᠦᠯᠵᠢᠯᠡᠨ ᠲᠡᠬᠡᠭᠰᠢᠯᠡᠬᠦᠯᠵᠦ᠂ ᠪᠦᠬᠦ ᠠᠷᠠᠳ ᠲᠠᠭᠠᠳᠬᠠᠯ ᠳᠤ | ᠣᠷᠣᠯᠴᠠᠬᠤ ᠲᠦᠯᠦᠪᠯᠡᠭᠡ ᠶᠢ ᠬᠡᠷᠡᠭᠵᠢᠬᠦᠯᠵᠦ᠂ ᠬᠠᠣᠯᠢ ᠪᠠᠷ ᠲᠣᠭᠳᠠᠭᠠᠭᠰᠠᠨ ᠬᠦᠮᠦᠨ ᠢ ᠪᠦᠷ ᠬᠠᠮᠣᠷᠣᠭᠤᠯᠣᠨᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠡᠮ ᠡᠮᠨᠡᠯᠬᠡ ᠶᠢᠨ ᠲᠠᠭᠠᠳᠬᠠᠯ ᠤᠨ ᠡᠳ᠋ ᠤᠨ ᠵᠠᠰᠠᠭ ᠤᠨ ᠨᠦᠬᠦᠪᠦᠷᠢ ᠶᠢᠨ ᠪᠠᠷᠢᠮᠵᠢᠶ᠎ᠠ ᠶᠢ ᠲᠡᠬᠡᠭᠰᠢᠯᠡᠬᠦᠯᠵᠦ᠂ ᠦᠪᠡᠷᠳᠡᠬᠡᠨ ᠵᠠᠰᠠᠬᠤ ᠣᠷᠣᠨ ᠤ ᠲᠣᠳᠣᠷ᠎ᠠ ᠣᠨᠳᠣᠣ | ᠭᠠᠵᠠᠷ ᠡᠮᠨᠡᠯᠬᠡ ᠳᠤ ᠰᠠᠭᠤᠵᠣ ᠡᠪᠡᠳᠴᠢᠨ ᠦᠵᠡᠬᠦᠯᠪᠡᠯ ᠲᠠᠷᠣᠢ ᠳᠤᠨᠢ ᠲᠠᠰᠣᠯᠠᠨ ᠪᠣᠳᠣᠬᠤ ᠶᠢ ᠪᠡᠶᠡᠯᠡᠬᠦᠯᠦᠨ᠎ᠡ᠃ ᠭᠠᠵᠠᠷ ᠣᠷᠣᠨ ᠤ ᠬᠠᠮᠤᠭ ᠲᠣᠣᠷ᠎ᠠ ᠴᠡᠯᠢᠩ ᠤᠨ | ᠪᠠᠷᠢᠮᠵᠢᠶ᠎ᠠ ᠶᠢ ᠬᠡᠷᠡᠭᠵᠢᠬᠦᠯᠵᠦ᠂ ᠠᠵᠣ ᠠᠬᠤᠶᠢᠯᠠᠯ ᠤᠨ ᠴᠠᠯᠢᠩ ᠢ ᠬᠠᠮᠳᠣ ᠪᠠᠷ ᠵᠦᠪᠯᠡᠬᠦ ᠬᠡᠪᠴᠢᠶ᠎ᠠ ᠶᠢ ᠦᠷᠬᠡᠳᠬᠡᠵᠦ᠂ ᠡᠶ᠎ᠡ ᠡᠪ ᠲᠠᠢ ᠬᠦᠳᠡᠯᠮᠦᠷᠢ ᠶᠢᠨ | ᠬᠠᠷᠢᠴᠠᠭ᠎ᠠ ᠶᠢ ᠢᠳᠡᠪᠬᠢ ᠪᠠᠶᠢᠭᠤᠯᠵᠣ᠂ ᠬᠦᠳᠡᠯᠮᠦᠷᠢᠯᠡᠭᠴᠢ ᠶᠢᠨ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠬᠦᠯᠦᠰᠦᠨ ᠲᠠᠷᠢᠶᠠᠴᠢᠨ ᠤ ᠴᠠᠯᠢᠩ | ᠦᠷᠢᠳᠦᠭᠰᠡᠨ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠬᠠᠷᠠᠭᠠᠯᠵᠠᠯ᠂ ᠨᠡᠶᠢᠬᠡᠮ ᠤᠨ ᠠᠪᠣᠷᠠᠨ ᠲᠣᠰᠠᠯᠠᠮᠵᠢ ᠶᠢᠨ ᠪᠠᠷᠢᠮᠵᠢᠶ᠎ᠠ ᠪᠠᠨ ᠲᠣᠭᠳᠠᠭᠤᠨ ᠲᠡᠬᠡᠭᠰᠢᠯᠡᠬᠦᠯᠵᠦ᠂ | ᠲᠦᠷ ᠴᠠᠭ ᠤᠨ ᠠᠪᠣᠷᠠᠨ ᠲᠣᠰᠠᠯᠠᠮᠵᠢ ᠶᠢᠨ ᠲᠦᠷᠢᠮ ᠬᠡᠷᠡᠭᠵᠢᠬᠦᠯᠦᠨ᠎ᠡ᠃ ᠬᠦᠳᠡᠭᠡ ᠲᠣᠰᠬᠤᠨ ᠮᠠᠯᠵᠢᠬᠤ ᠣᠷᠣᠨ ᠤ ᠬᠡᠷ ᠤᠨ ᠮᠣᠬᠤᠷ ᠢᠶᠠᠨ ᠰᠠᠬᠢᠭᠰᠠᠨ | ᠬᠡᠦᠬᠡᠳ ᠢ ᠬᠠᠶᠢᠷᠠᠯᠠᠨ ᠬᠠᠯᠠᠮᠵᠢᠯᠠᠬᠤ ᠪᠠ ᠬᠤᠳᠠ ᠬᠦᠳᠡᠭᠡ ᠶᠢᠨ ᠴᠠᠭᠠᠴᠢ ᠬᠡᠦᠬᠡᠳ ᠤᠨ ᠪᠠᠳᠣᠯᠠᠭ᠎ᠠ ᠶᠢ ᠴᠢᠩᠭᠠᠳᠬᠠᠨ᠎ᠠ᠃ ᠭᠤᠣᠨᠢ ᠭᠠᠭᠴᠠ ᠨᠠᠰᠣᠳᠠᠨ ᠢ | ᠬᠠᠪᠰᠣᠷᠣᠨ ᠲᠡᠮᠵᠢᠨ᠎ᠡ᠃ ᠵᠡᠮᠳᠡᠭᠴᠦᠳ ᠤᠨ ︽ᠬᠤᠶᠠᠷ ᠨᠦᠬᠦᠪᠦᠷᠢ︾ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠎ᠠ᠃ ᠠᠮᠢᠳᠣᠷᠠᠯ ᠤᠨ ᠦᠨᠳᠦᠰᠦᠨ | ᠪᠠᠳᠣᠯᠠᠭ᠎ᠠ ᠶᠢᠨ ᠵᠣᠬᠢᠴᠠᠭᠤᠯᠭ᠎ᠠ ᠶᠢᠨ ᠲᠣᠭᠳᠠᠯᠴᠠᠭ᠎ᠠ ᠪᠠᠶᠢᠭᠤᠯᠵᠣ᠂ ᠪᠠᠳᠣᠯᠠᠭ᠎ᠠ ᠶᠢᠨ ᠠᠵᠢᠯ ᠢ ᠦᠨᠡᠨᠬᠦ ᠰᠠᠶᠢᠨ ᠬᠢᠵᠦ᠂ ᠬᠦᠴᠢᠷ ᠲᠠᠢ ᠣᠯᠠᠨ ᠲᠦᠮᠡᠨ ᠢ | ᠰᠡᠳᠬᠢᠯ ᠳᠡᠭᠡᠨ ᠲᠠᠭ᠎ᠠ ᠲᠠᠢ᠂ ᠠᠮᠢᠳᠣᠷᠠᠯ ᠳᠠᠭᠠᠨ ᠢᠳᠡᠬᠡᠯ ᠲᠠᠢ ᠪᠣᠯᠭᠠᠨ᠎ᠠ᠃ | ᠡᠯ᠎ᠡ ᠵᠦᠢᠯ ᠤᠨ ᠨᠡᠶᠢᠬᠡᠮ ᠤᠨ ᠦᠢᠯᠡᠰ ᠤᠨ ᠬᠦᠭᠵᠢᠯᠳᠡ ᠶᠢ ᠲᠦᠷᠬᠡᠳᠬᠡᠨ᠎ᠡ᠃ ᠨᠡᠮ ᠤᠨ ᠦᠨᠳᠦᠰᠦᠳᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠣᠷᠢᠵᠢᠭᠤᠯᠵᠣ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠪᠠ ᠡᠬᠦᠳᠦᠯᠳᠡ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠴᠦᠬᠡᠨ | ᠲᠣᠭᠠᠳᠣ ᠦᠨᠳᠦᠰᠦᠳᠡᠨ ᠤ ᠰᠢᠯᠢᠳᠡᠭ ᠣᠯᠠᠮᠵᠢᠯᠠᠯᠳᠣ ᠰᠣᠶᠣᠯ ᠢ ᠬᠠᠮᠠᠭᠠᠯᠠᠨ ᠬᠦᠭᠵᠢᠬᠦᠯᠵᠦ᠂ ᠪᠠᠯᠭᠠᠳ ᠤᠨ ᠦᠨᠳᠦᠰᠦᠳᠡᠨ ᠤ ᠠᠵᠢᠯ ᠢ ᠯᠠᠪᠳᠠᠭᠤᠨ ᠰᠠᠶᠢᠳᠣᠷ | ᠬᠢᠵᠦ᠂ ᠦᠨᠳᠦᠰᠦᠳᠡᠨ ᠨᠦᠭᠦᠳ ᠤᠨ ᠺᠠᠳ᠋ᠷ ᠣᠯᠠᠨ ᠲᠦᠮᠡᠨ ᠤ ︽ᠬᠤᠶᠠᠷ ᠬᠠᠮᠳᠣ︾ ︽ᠭᠤᠷᠪᠠᠨ ᠰᠠᠯᠵᠣ ᠪᠣᠯᠣᠰᠢ ᠦᠬᠡᠢ︾ ︽ᠲᠠᠪᠣᠨ ᠵᠦᠪᠰᠢᠶᠡᠷᠡᠯ︾ ᠤᠨ | ᠦᠵᠡᠯ ᠰᠠᠨᠠᠭᠠᠨ ᠤ ᠰᠠᠭᠤᠷᠢ ᠶᠢ ᠪᠠᠳᠣᠳᠬᠠᠵᠣ᠂ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠳᠠ ᠶᠢ ᠡᠬᠦᠳᠦᠨ᠎ᠡ᠃ | ᠰᠣᠶᠣᠯ ᠤᠨ ᠴᠡᠴᠡᠭᠯᠡᠯᠳᠡ ᠬᠦᠭᠵᠢᠯᠳᠡ ᠶᠢ ᠠᠬᠢᠭᠤᠯᠣᠨ᠎ᠠ᠃ ᠬᠤᠷᠴᠢᠨ ᠤ ᠰᠣᠶᠣᠯ ᠤᠨ ᠵᠠᠰᠠᠭ ᠤᠨ ᠣᠷᠳᠣᠨ ᠤ ᠱᠠᠩᠨᠠᠯ ᠪᠠᠶᠢᠭᠤᠯᠵᠣ᠂ ᠰᠣᠶᠣᠯ ᠤᠨ ᠰᠣᠳᠣᠨ | ᠪᠦᠳᠦᠬᠡᠯ ᠤᠨ ᠵᠣᠬᠢᠶᠠᠨ ᠪᠦᠳᠦᠬᠡᠯᠬᠡ ᠪᠠ ᠬᠤᠷᠴᠢᠨ ᠤ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠨ ᠣᠯᠠᠮᠵᠢᠯᠠᠬᠤ ᠶᠢ ᠲᠠᠮᠵᠢᠨ᠎ᠡ᠃ ︽ᠬᠤᠷᠴᠢᠨ ᠤ | ᠰᠣᠶᠣᠯ ᠤᠨ ᠴᠣᠪᠣᠷᠠᠯ ᠪᠢᠴᠢᠭ︾ ᠨᠠᠶᠢᠷᠠᠭᠤᠯᠵᠣ᠂ ᠦᠯᠢᠬᠡᠷ ᠤᠨ ᠣᠷᠠᠯᠢᠭ ᠤᠨ ᠰᠠᠩ᠂ ᠪᠠᠷ ᠵᠢᠷᠤᠭ ᠤᠨ ᠣᠷᠠᠯᠢᠭ ᠤᠨ ᠲᠦᠪ ᠪᠠᠶᠢᠭᠤᠯᠵᠣ᠂ ᠪᠦᠬᠦ ᠣᠯᠣᠰ ᠤᠨ | 22 ᠳ᠋ᠣᠭᠠᠷ ᠬᠤᠭᠤᠴᠠᠭᠠᠨ ᠤ ᠪᠠᠷ ᠵᠢᠷᠤᠭ ᠤᠨ ᠦᠵᠡᠬᠦᠯᠦᠯᠬᠡ᠂ ᠪᠦᠬᠦ ᠣᠯᠣᠰ ᠤᠨ ᠪᠠᠷ ᠵᠢᠷᠤᠭ ᠤᠨ ᠮᠦᠷᠦᠶᠢᠴᠡᠬᠡᠨ ᠡᠷᠬᠢᠯᠡᠵᠦ᠂ ᠪᠦᠬᠦ ᠣᠷᠣᠨ ᠤ ︽ᠬᠤᠷᠴᠢᠨ | ᠬᠤᠨᠳᠠᠭᠠᠳᠣ︾ ᠦᠯᠢᠬᠡᠷ ᠤᠨ ᠮᠦᠷᠦᠶᠢᠴᠡᠬᠡᠨ ᠡᠷᠬᠢᠯᠡᠨ᠎ᠡ᠃ ︽ᠬᠤᠷᠴᠢᠨ ᠤ ᠣᠶᠠᠩᠭ᠎ᠠ︾ ᠲᠠᠭᠤᠣ ᠬᠦᠭᠵᠢᠮ ᠤᠨ ᠴᠢᠭᠤᠯᠭᠠᠨ ᠢ ᠡᠷᠬᠢᠯᠡᠵᠦ᠂ ᠦᠨᠳᠦᠰᠦᠳᠡᠨ ᠤ | ᠲᠠᠭᠤᠣ ᠬᠦᠭᠵᠢᠮ ᠰᠣᠶᠣᠯ ᠤᠨ ᠦᠨᠳᠦᠷᠴᠡ ᠶᠢ ᠠᠭᠠᠵᠢᠮ ᠢᠶᠠᠷ ᠡᠬᠦᠳᠦᠨ᠎ᠡ᠃ ᠪᠠᠴᠢᠮ ᠪᠠᠶᠢᠳᠠᠯ ᠤᠨ ᠠᠷᠭᠠᠴᠠᠭ᠎ᠠ ᠶᠢ ᠷᠠᠳᠢᠣ᠋ ᠪᠠᠷ ᠲᠣᠬᠢᠶ᠎ᠠ ᠲᠠᠮᠵᠢᠭᠤᠯᠬᠤ᠂ ᠷᠠᠳᠢᠣ᠋ | ᠲᠧᠯᠸᠢᠰ ᠤᠨ ᠶᠡᠷᠦᠩᠬᠡᠶᠢᠯᠡᠭᠰᠡᠨ ᠬᠢᠨᠠᠯᠳᠠ ᠬᠠᠮᠢᠶᠠᠷᠣᠯᠳᠠ ᠶᠢᠨ ᠲᠠᠪᠴᠠᠩ ᠵᠡᠷᠬᠡ ᠷᠠᠳᠢᠣ᠋ ᠲᠧᠯᠸᠢᠰ ᠤᠨ ᠢᠨᠵᠧᠨᠧᠷᠢᠩ ᠢ ᠪᠠᠶᠢᠭᠤᠯᠣᠨ ᠲᠠᠭᠤᠰᠬᠠᠨ᠎ᠠ᠃ ᠪᠦᠬᠦ | ᠠᠷᠠᠳ ᠤᠨ ᠨᠣᠮ ᠣᠩᠰᠢᠬᠤ ᠠᠵᠢᠯ ᠢ ᠠᠬᠢᠭᠤᠯᠣᠨ᠎ᠠ᠃ ᠦᠨᠳᠦᠰᠦᠳᠡᠨ ᠤ ᠰᠣᠷᠭᠠᠨ ᠬᠦᠮᠦᠵᠢᠯ ᠢ ᠣᠷᠢᠳᠠᠪᠠᠷ ᠬᠦᠭᠵᠢᠬᠦᠯᠵᠦ᠂ ᠲᠦᠩᠯᠢᠶᠣᠣ ᠶᠢᠨ ᠮᠣᠩᠭᠤᠯ | ᠦᠨᠳᠦᠰᠦᠳᠡᠨ ᠤ ᠲᠣᠮᠳᠠᠳᠣ ᠰᠣᠷᠭᠠᠭᠤᠯᠢ ᠶᠢᠨ ᠦᠬᠡᠷᠡᠴᠢᠯᠡᠨ ᠦᠷᠬᠡᠳᠬᠡᠨ ᠪᠠᠶᠢᠭᠤᠯᠬᠤ ᠶᠢ ᠪᠡᠶᠡᠯᠡᠬᠦᠯᠵᠣ᠂ ᠬᠦᠳᠡᠭᠡ ᠲᠣᠰᠬᠤᠨ ᠮᠠᠯᠵᠢᠬᠤ ᠣᠷᠣᠨ ᠤ ᠲᠣᠮᠳᠠᠳᠣ | ᠪᠠᠭ᠎ᠠ ᠰᠣᠷᠭᠠᠭᠤᠯᠢ ᠶᠢᠨ ︽ᠣᠷᠳᠣ ᠬᠠᠨᠵᠣ︾ ᠶᠢᠨ ᠦᠬᠡᠷᠡᠴᠢᠯᠡᠯᠳᠡ ᠪᠠ ᠪᠠᠭᠰᠢ ᠶᠢᠨ ᠲᠦᠷ ᠰᠠᠭᠤᠬᠤ ᠪᠠᠶᠢᠷᠢ ᠶᠢᠨ ᠪᠠᠶᠢᠭᠤᠯᠣᠯᠳᠠ ᠶᠢᠨ ᠪᠠᠷᠢᠯᠭ᠎ᠠ ᠶᠢ | ᠪᠡᠶᠡᠯᠡᠬᠦᠯᠵᠦ᠂ ᠭᠤᠣᠯ ᠬᠤᠳᠠ ᠲᠣᠭᠤᠷᠢᠭ ᠤᠨ ᠬᠡᠦᠬᠡᠳ ᠤᠨ ᠴᠡᠴᠡᠷᠯᠢᠭ ᠢ ᠨᠡᠮᠡᠭᠳᠡᠬᠦᠯᠵᠦ᠂ ᠬᠦᠳᠡᠭᠡ ᠲᠣᠰᠬᠤᠨ ᠮᠠᠯᠵᠢᠬᠤ ᠣᠷᠣᠨ ᠤ ᠪᠠᠭ᠎ᠠ ᠰᠣᠷᠭᠠᠭᠤᠯᠢ᠂ | ᠵᠢᠭᠠᠨ ᠰᠣᠷᠭᠠᠬᠤ ᠴᠡᠭ ᠢ ᠵᠤᠬᠢᠰᠳᠠᠢ ᠪᠠᠶᠢᠷᠢᠯᠠᠭᠤᠯᠵᠣ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠲᠡᠩᠴᠡᠬᠦᠷᠢ ᠲᠠᠢ ᠬᠦᠭᠵᠢᠯᠳᠡ ᠪᠠᠷᠢᠮᠵᠢᠶ᠎ᠠ ᠳᠤ | ᠬᠦᠷᠦᠬᠡᠳᠦᠢ ᠬᠤᠰᠢᠭᠤ ᠰᠢᠶᠠᠨ ᠪᠦᠬᠦᠳᠡᠬᠡᠷ ᠣᠯᠣᠰ ᠤᠨ ᠰᠢᠯᠭᠠᠨ ᠬᠤᠷᠢᠶᠠᠬᠤ ᠶᠢ ᠦᠩᠬᠡᠷᠡᠬᠡᠨ᠎ᠡ᠃ ᠠᠵᠢᠯ ᠮᠡᠷᠬᠡᠵᠢᠯ ᠤᠨ ᠰᠣᠷᠭᠠᠨ ᠬᠦᠮᠦᠵᠢᠯ ᠡᠷᠬᠢᠯᠡᠬᠦ ᠬᠢᠷᠢ | ᠬᠡᠮᠵᠢᠶ᠎ᠡ ᠶᠢ ᠲᠡᠬᠡᠭᠰᠢᠯᠡᠬᠦᠯᠵᠦ᠂ ᠠᠵᠢᠯ ᠮᠡᠷᠬᠡᠵᠢᠯ ᠤᠨ ᠰᠣᠷᠣᠭᠴᠢ ᠡᠩ ᠤᠨ ᠲᠡᠬᠡᠳᠦ ᠲᠣᠮᠳᠠᠳᠣ ᠰᠣᠷᠭᠠᠭᠤᠯᠢ ᠶᠢᠨ ᠰᠣᠷᠣᠭᠴᠢ ᠶᠢᠨ ᠬᠠᠷᠢᠴᠠᠯ ᠢ ᠲᠡᠬᠡᠭᠰᠢᠯᠡᠬᠦᠯᠦᠨ᠎ᠡ | ᠃ ᠰᠣᠷᠭᠠᠭᠤᠯᠢ ᠶᠢᠨ ᠵᠠᠬᠢᠷᠣᠯ ᠪᠠ ᠪᠠᠭᠰᠢ ᠶᠢᠨ ᠡᠩᠨᠡᠭᠡ ᠶᠢᠨ ᠪᠠᠶᠢᠭᠤᠯᠣᠯᠳᠠ ᠶᠢ ᠴᠢᠩᠭᠠᠳᠬᠠᠵᠣ᠂ ᠰᠣᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠣᠮᠵᠢᠭᠤᠯᠵᠣ᠂ | ᠰᠣᠷᠭᠠᠨ ᠬᠦᠮᠦᠵᠢᠯ ᠵᠢᠭᠠᠨ ᠰᠣᠷᠭᠠᠬᠤ ᠴᠢᠨᠠᠷ ᠴᠢᠨᠰᠠᠭ᠎ᠠ ᠶᠢ ᠲᠡᠬᠡᠭᠰᠢᠯᠡᠬᠦᠯᠦᠨ᠎ᠡ᠃ ᠡᠷᠡᠬᠦᠯ ᠬᠤᠳᠠ ᠶᠢ ᠡᠬᠦᠳᠦᠨ ᠪᠠᠶᠢᠭᠤᠯᠬᠤ ᠠᠵᠢᠯ ᠢ ᠡᠬᠢᠯᠡᠬᠦᠯᠵᠦ᠂ | ᠠᠷᠠᠳ ᠤᠨ ᠡᠷᠡᠬᠦᠯ ᠴᠢᠬᠢᠷᠠᠭ ᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠲᠠᠬᠡᠭᠰᠢᠯᠡᠬᠦᠯᠦᠨᠡ᠃ ᠪᠡᠬᠡᠵᠢᠩ ᠤᠨ 12 ᠭᠤᠷᠪᠠᠨ ᠬᠦᠬᠡ ᠲᠡᠰ ᠤᠨ ᠡᠮᠨᠡᠯᠬᠡ ᠶᠢᠨ | ᠬᠤᠷᠢᠶ᠎ᠠ ᠲᠠᠢ ᠠᠯᠣᠰᠵᠢᠮᠠᠯ ᠬᠠᠮᠳᠣᠷᠠᠨ ᠣᠨᠣᠰᠢᠯᠠᠬᠤ ᠵᠡᠷᠬᠡ ᠲᠠᠯ᠎ᠠ ᠶᠢᠨ ᠬᠦᠨᠵᠡᠬᠡᠢ ᠬᠤᠷᠰᠢᠯᠴᠠᠭ᠎ᠠ ᠦᠷᠨᠢᠬᠦᠯᠵᠦ᠂ ᠣᠯᠠᠨ ᠲᠦᠮᠡᠨ ᠲᠣᠬᠠᠢ ᠶᠢᠨ ᠭᠠᠵᠠᠷ ᠲᠠᠭᠠᠨ | ᠣᠶᠢᠷ᠎ᠠ ᠣᠷᠴᠢᠮ ᠳᠠᠭᠠᠨ ᠲᠡᠬᠡᠳᠣ ᠲᠡᠰ ᠤᠨ ᠡᠮ ᠡᠮᠨᠡᠯᠬᠡ ᠶᠢᠨ ᠦᠢᠯᠡᠴᠢᠯᠡᠭᠡ ᠬᠦᠷᠳᠡᠬᠦ ᠳᠤ ᠲᠦᠬᠦᠮ ᠦᠵᠡᠬᠦᠯᠦᠨ᠎ᠡ᠃ ᠡᠮ ᠡᠮᠨᠡᠯᠬᠡ ᠶᠢᠨ ᠪᠠᠴᠢᠮ ᠠᠪᠣᠷᠠᠬᠤ | ᠣᠷᠣᠨ ᠪᠦᠰᠡ ᠶᠢᠨ ᠲᠣᠣᠷ ᠢ ᠪᠦᠷᠢᠨᠰᠢᠬᠦᠯᠵᠦ᠂ ᠪᠦᠬᠦ ᠬᠤᠳᠠ ᠶᠢᠨ ᠡᠮ ᠡᠮᠨᠡᠯᠬᠡ ᠶᠢᠨ ᠪᠠᠴᠢᠮ ᠠᠪᠣᠷᠠᠯᠳᠠ ᠶᠢᠨ ᠲᠣᠭᠤᠷᠢᠭ ᠤᠨ ᠪᠠᠶᠢᠭᠤᠯᠣᠯᠳᠠ ᠶᠢ | ᠲᠦᠷᠬᠡᠳᠬᠡᠨ᠎ᠡ᠃ ᠱᠠᠩᠨᠠᠯ ᠢᠶᠠᠷ ᠨᠦᠬᠦᠪᠦᠷᠢ ᠶᠢ ᠣᠷᠣᠯᠠᠭᠤᠯᠬᠤ ᠬᠡᠯᠪᠡᠷᠢ ᠶᠢ ᠦᠷᠬᠦᠯᠵᠢᠯᠡᠨ ᠠᠪᠴᠣ ᠰᠣᠮᠣ ᠰᠢᠶᠠᠩ ᠪᠠᠯᠭᠠᠰᠣᠨ ᠤ ᠭᠤᠣᠯ ᠡᠮᠨᠡᠯᠬᠡ ᠶᠢᠨ | ᠬᠤᠷᠢᠶ᠎ᠠ ᠶᠢᠨ ᠴᠢᠳᠠᠪᠣᠷᠢ ᠶᠢᠨ ᠪᠠᠶᠢᠭᠤᠯᠣᠯᠳᠠ ᠶᠢ ᠴᠢᠩᠭᠠᠳᠬᠠᠵᠣ᠂ ᠮᠠᠯᠴᠢᠨ ᠲᠠᠷᠢᠶᠠᠴᠢᠳ ᠤᠨ ᠡᠪᠡᠳᠴᠢᠨ ᠦᠵᠡᠬᠦᠯᠬᠦ ᠲᠠᠷᠣᠭᠠᠰᠣ ᠶᠢ ᠬᠦᠩᠬᠡᠷᠡᠬᠦᠯᠦᠨ᠎ᠡ᠃ | ᠮᠣᠩᠭᠤᠯ ᠬᠢᠳᠡᠳ ᠡᠮ ᠡᠮᠨᠡᠯᠬᠡ ᠶᠢᠨ ᠦᠢᠯᠡᠰ ᠢ ᠶᠡᠬᠡᠪᠡᠷ ᠬᠦᠭᠵᠢᠬᠦᠯᠵᠦ᠂ ᠮᠣᠩᠭᠤᠯ ᠬᠢᠳᠡᠳ ᠡᠮ ᠡᠮᠨᠡᠯᠬᠡ ᠶᠢᠨ ᠴᠢᠳᠠᠪᠣᠷᠢᠳᠠᠨ ᠢ ᠣᠷᠣᠭᠤᠯᠣᠨ ᠬᠦᠮᠦᠵᠢᠬᠦᠯᠦᠨ᠎ᠡ᠃ | ᠦᠷᠡᠵᠢᠯ ᠤᠨ ᠡᠮ ᠡᠮᠨᠡᠯᠬᠡ ᠶᠢᠨ ᠡᠷᠡᠬᠦᠯ ᠡᠩᠬᠡ ᠶᠢᠨ ᠦᠢᠯᠡᠴᠢᠯᠡᠭᠡ ᠶᠢᠨ ᠬᠢᠷᠢ ᠬᠡᠮᠵᠢᠶ᠎ᠡ ᠶᠢ ᠲᠡᠬᠡᠭᠰᠢᠯᠡᠬᠦᠯᠵᠦ᠂ ᠪᠦᠬᠦ ᠠᠷᠠᠳ ᠤᠨ ᠪᠡᠶ᠎ᠡ ᠴᠢᠬᠢᠷᠠᠭᠵᠢᠯ ᠤᠨ | ᠲᠦᠪ ᠤᠨ ᠪᠠᠶᠢᠭᠤᠯᠣᠯᠳᠠ ᠶᠢ ᠲᠦᠷᠬᠡᠳᠬᠡᠵᠦ᠂ ᠪᠦᠬᠦ ᠠᠷᠠᠳ ᠤᠨ ᠪᠡᠶ᠎ᠡ ᠴᠢᠬᠢᠷᠠᠭᠵᠢᠯ ᠤᠨ ᠠᠵᠢᠯᠯᠠᠭ᠎ᠠ ᠶᠢ ᠦᠷᠬᠡᠨ ᠦᠷᠨᠢᠬᠦᠯᠵᠦ ᠠᠩᠬᠠᠳᠣᠭᠠᠷ ᠬᠤᠭᠤᠴᠠᠭ᠎ᠠ ᠶᠢᠨ | ᠬᠤᠳᠠ ᠶᠢᠨ ᠠᠷᠠᠳ ᠤᠨ ᠲᠠᠮᠢᠷ ᠤᠨ ᠣᠷᠣᠯᠳᠣᠭᠠᠨ ᠡᠷᠬᠢᠯᠡᠨ᠎ᠡ᠃ ᠬᠦᠯ ᠪᠦᠮᠪᠦᠭᠡ ᠶᠢᠨ ᠦᠬᠡᠷᠡᠴᠢᠯᠡᠯᠳᠡ ᠶᠢᠨ ᠦᠷ᠎ᠡ ᠪᠦᠳᠦᠬᠡᠯ ᠢ ᠪᠠᠬᠢᠵᠢᠬᠦᠯᠦᠨ ᠬᠦᠭᠵᠢᠬᠦᠯᠵᠦ᠂ | ︽ᠲᠦᠩᠯᠢᠶᠣᠣ ᠬᠤᠨᠳᠠᠭᠠᠳᠣ︾ ᠬᠦᠯ ᠪᠦᠮᠪᠦᠭᠡ ᠶᠢᠨ ᠣᠷᠣᠯᠳᠣᠭᠠᠨ ᠵᠡᠷᠬᠡ ᠲᠦᠷᠦᠯ ᠲᠡᠮᠳᠡᠭᠳᠦ ᠣᠷᠣᠯᠳᠣᠭᠠᠨ ᠢ ᠰᠠᠶᠢᠳᠣᠷ ᠡᠷᠬᠢᠯᠡᠨ᠎ᠡ᠃ ᠨᠠᠰᠣᠳᠠᠶᠢᠴᠣᠳ᠂ | ᠡᠮᠡᠭᠳᠡᠶᠢᠴᠣᠳ ᠪᠠ ᠨᠠᠰᠣᠨ ᠳᠤ ᠦᠯᠦ ᠬᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠰᠠᠶᠢᠳᠣᠷ ᠬᠢᠵᠦ᠂ ᠵᠡᠮᠳᠡᠭᠴᠣᠳ ᠤᠨ ᠦᠢᠯᠡᠰ ᠪᠠ ᠣᠯᠠᠭᠠᠨ | ᠵᠠᠭᠠᠯᠮᠠᠶᠢᠳᠠᠨ ᠵᠡᠷᠬᠡ ᠨᠢᠬᠦᠯᠡᠰᠦᠩᠬᠦᠢ ᠨᠠᠶᠢᠳᠠ ᠶᠢᠨ ᠠᠰᠠᠷᠠᠮᠵᠢ ᠶᠢᠨ ᠦᠢᠯᠡᠰ ᠢ ᠶᠡᠬᠡᠪᠡᠷ ᠬᠦᠭᠵᠢᠬᠦᠯᠵᠦ᠂ ᠱᠠᠰᠢᠨ ᠰᠣᠷᠳᠠᠬᠤᠨ ᠤ ᠶᠠᠪᠣᠳᠠᠯ ᠢ ᠬᠠᠣᠯᠢ ᠶᠣᠰᠣᠭᠠᠷ | ᠬᠠᠮᠢᠶᠠᠷᠴᠣ᠂ ᠠᠵᠢᠯᠴᠢᠨ ᠤ ᠡᠪᠯᠡᠯ᠂ ᠡᠪ ᠬᠠᠮᠳᠣ ᠵᠠᠯᠠᠭᠤᠴᠣᠳ ᠤᠨ ᠡᠪᠯᠡᠯ᠂ ᠡᠮᠡᠭᠳᠡᠶᠢᠴᠣᠳ ᠤᠨ ᠬᠤᠯᠪᠣᠭ᠎ᠠ ᠵᠡᠷᠬᠡ ᠠᠷᠠᠳ ᠤᠨ ᠪᠦᠯᠬᠦᠮ ᠤᠨ ᠬᠦᠬᠦᠷᠬᠡ | ᠬᠤᠯᠪᠣᠭᠠᠰᠣ ᠶᠢᠨ ᠦᠢᠯᠡᠳᠦᠯ ᠢ ᠰᠠᠶᠢᠳᠣᠷ ᠪᠠᠳᠠᠷᠠᠭᠤᠯᠣᠨ᠎ᠠ᠃ | ᠨᠡᠶᠢᠬᠡᠮ ᠤᠨ ᠡᠶ᠎ᠡ ᠡᠪ ᠲᠣᠭᠳᠠᠭᠤᠨ ᠢ ᠬᠠᠮᠠᠭᠠᠯᠠᠨ᠎ᠠ᠃ ᠠᠮᠣᠭᠤᠯᠠᠩ ᠲᠦᠩᠯᠢᠶᠣᠣ ᠶᠢᠨ ᠪᠠᠶᠢᠭᠤᠯᠣᠯᠳᠠ ᠶᠢ ᠬᠦᠨᠵᠡᠬᠡᠶᠢᠷᠡᠬᠦᠯᠵᠦ᠂ ᠨᠡᠶᠢᠬᠡᠮ ᠤᠨ | ᠵᠠᠰᠠᠯᠳᠠ ᠶᠢᠨ ᠰᠢᠨᠡᠴᠢᠯᠡᠯᠳᠡ ᠶᠢ ᠴᠢᠩᠭᠠᠳᠬᠠᠵᠣ᠂ ᠡᠯ᠎ᠡ ᠵᠦᠢᠯ ᠤᠨ ᠲᠦᠭᠰᠢᠬᠦᠷᠢ ᠶᠢ ᠲᠦᠰᠦᠪᠯᠡᠵᠦ ᠰᠡᠷᠡᠮᠵᠢᠯᠡᠬᠦᠯᠬᠦ ᠰᠡᠷᠬᠡᠶᠢᠯᠡᠬᠦ ᠴᠢᠳᠠᠪᠣᠷᠢ ᠶᠢ ᠲᠡᠬᠡᠭᠰᠢᠯᠡᠬᠦᠯᠦᠨ᠎ᠡ | ᠃ ᠪᠡᠶᠡᠴᠢᠯᠡᠭᠰᠡᠨ ᠨᠡᠶᠢᠬᠡᠮ ᠤᠨ ᠠᠮᠣᠷ ᠢ ᠬᠠᠮᠠᠭᠠᠯᠠᠬᠤ ᠰᠡᠷᠬᠡᠶᠢᠯᠡᠨ ᠬᠢᠵᠠᠭᠠᠷᠯᠠᠬᠤ ᠲᠣᠭᠳᠠᠯᠴᠠᠭ᠎ᠠ ᠶᠢ ᠪᠦᠷᠢᠨᠰᠢᠬᠦᠯᠵᠦ᠂ ᠨᠡᠶᠢᠬᠡᠮ ᠤᠨ ᠠᠮᠣᠷ ᠢ ᠬᠠᠮᠠᠭᠠᠯᠠᠬᠤ | ᠲᠣᠮᠳᠠᠬᠢ ᠲᠣᠪᠣᠶᠢᠮ᠎ᠠ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠣ᠂ ᠲᠠᠷᠣᠭᠳᠠᠮᠠᠯ ᠬᠡᠷᠡᠭ ᠢ ᠲᠡᠩᠨᠡᠨ ᠢᠯᠡᠷᠡᠬᠦᠯᠵᠦ᠂ ᠬᠦᠨᠳᠦ ᠬᠡᠷᠡᠭ ᠢ ᠡᠷᠬᠡᠪᠰᠢ ᠢᠯᠡᠷᠡᠬᠦᠯᠵᠦ᠂ | ᠠᠷᠠᠳ ᠣᠯᠠᠨ ᠤ ᠠᠮᠣᠷ ᠲᠦᠪᠰᠢᠨ ᠢ ᠪᠠᠳᠣᠯᠠᠨ᠎ᠠ᠃ ᠦᠢᠯᠡᠴᠢᠯᠡᠬᠦ ᠬᠠᠮᠢᠶᠠᠷᠬᠤ ᠲᠠᠪᠴᠠᠩ ᠢ ᠰᠢᠯᠢᠳᠡᠭᠵᠢᠬᠦᠯᠵᠦ᠂ ᠦᠨᠳᠦᠰᠦᠨ ᠱᠠᠳᠣᠨ ᠤ ᠠᠮᠣᠷ ᠲᠦᠪᠰᠢᠨ ᠤ | ᠡᠬᠦᠳᠦᠯᠳᠡ ᠶᠢ ᠬᠦᠨᠵᠡᠬᠡᠶᠢᠷᠡᠬᠦᠯᠵᠦ᠂ ᠨᠡᠶᠢᠬᠡᠮ ᠤᠨ ᠲᠣᠭᠳᠠᠭᠤᠨ ᠢ ᠬᠠᠮᠭᠠᠯᠠᠬᠤ ᠦᠨᠳᠦᠰᠦᠨ ᠱᠠᠳᠣᠨ ᠤ ᠰᠠᠭᠤᠷᠢ ᠶᠢ ᠪᠠᠳᠣᠳᠬᠠᠨ᠎ᠠ᠃ ᠵᠠᠬᠢᠳᠠᠯ | ᠰᠣᠷᠪᠣᠯᠵᠢᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠰᠠᠶᠢᠳᠣᠷ ᠬᠢᠵᠣ᠂ ᠨᠢᠬᠡ ᠪᠦᠯᠦᠭ ᠭᠤᠣᠯᠳᠠᠯᠭ᠎ᠠ ᠲᠠᠢ ᠵᠠᠬᠢᠳᠠᠯ ᠰᠣᠷᠪᠣᠯᠵᠢᠯᠠᠭ᠎ᠠ ᠶᠢᠨ ᠬᠠᠭᠤᠴᠢᠨ ᠬᠡᠷᠡᠭ ᠢ | ᠵᠣᠬᠢᠰᠳᠠᠢ ᠰᠢᠢᠳᠪᠦᠷᠢᠯᠡᠨ᠎ᠡ᠃ ᠴᠢᠬᠤᠯᠠ ᠰᠢᠢᠳᠪᠦᠷᠢᠳᠦ ᠪᠣᠳᠣᠯᠭ᠎ᠠ ᠶᠢᠨ ᠨᠡᠶᠢᠬᠡᠮ ᠤᠨ ᠲᠣᠭᠳᠠᠭᠤᠨ ᠳᠤ ᠦᠵᠡᠬᠦᠯᠬᠦ ᠲᠦᠭᠰᠢᠬᠦᠷᠢ ᠶᠢᠨ ᠰᠢᠯᠭᠠᠨ ᠦᠨᠡᠯᠡᠯᠳᠡ ᠶᠢᠨ | ᠲᠦᠷᠢᠮ ᠢ ᠨᠠᠶᠢᠳᠠᠪᠣᠷᠢᠵᠢᠭᠤᠯᠵᠣ᠂ ᠨᠡᠶᠢᠬᠡᠮ ᠤᠨ ᠠᠰᠢᠭ ᠲᠣᠰᠠ ᠶᠢ ᠢᠯᠡᠳᠬᠡᠬᠦ᠂ ᠠᠰᠢᠭ ᠲᠣᠰᠠ ᠶᠢ ᠵᠣᠬᠢᠴᠠᠭᠤᠯᠬᠤ᠂ ᠠᠰᠢᠭ ᠲᠣᠰᠠ ᠶᠢ ᠬᠠᠮᠠᠭᠠᠯᠠᠬᠤ | ᠲᠣᠭᠳᠠᠴᠠ ᠶᠢ ᠪᠦᠷᠢᠨᠰᠢᠬᠦᠯᠵᠦ᠂ ᠵᠦᠷᠢᠴᠡᠯ ᠵᠢᠭᠤᠷᠠᠭᠠᠨ ᠢ ᠪᠦᠳᠦᠮᠵᠢᠳᠡᠢ ᠰᠡᠷᠬᠡᠶᠢᠯᠡᠨ ᠡᠶᠡᠳᠡᠬᠦᠯᠦᠨᠡ᠃ ᠨᠠᠶᠢᠳᠠ ᠶᠢᠨ ᠠᠮᠣᠷ ᠲᠦᠪᠰᠢᠨ ᠤ ᠲᠣᠭᠳᠠᠯᠴᠠᠭ᠎ᠠ ᠶᠢ | ᠪᠦᠷᠢᠨᠰᠢᠬᠦᠯᠦᠨ ᠲᠡᠬᠦᠯᠳᠡᠷᠵᠢᠬᠦᠯᠵᠦ᠂ ᠠᠶᠣᠯᠬᠦᠢ ᠶᠢᠨ ᠨᠠᠭᠠᠳᠣ ᠵᠠᠬ᠎ᠠ ᠶᠢᠨ ᠲᠠᠨᠢᠯᠳᠠ ᠶᠢ ᠴᠢᠩᠭᠠᠷᠠᠭᠤᠯᠵᠣ᠂ ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ︽ᠬᠡᠮ ᠰᠣᠭᠤᠭ ᠪᠣᠯ ᠬᠡᠨᠡᠳᠠᠯ᠂ ᠬᠡᠨᠡᠳᠡᠯ ᠢ ᠡᠷᠬᠡᠪᠰᠢ ᠰᠢᠢᠳᠪᠦᠷᠢᠯᠡᠬᠦ︾ ᠦᠵᠡᠯᠳᠡ ᠶᠢ ᠪᠠᠳᠣ ᠪᠣᠢ ᠪᠣᠯᠭᠠᠵᠣ᠂ | ᠠᠷᠪᠠᠨ ᠲᠣᠮᠣ ᠠᠵᠢᠯ ᠲᠦᠷᠦᠯ ᠤᠨ ᠬᠦᠷᠢᠶ᠎ᠡ ᠬᠡᠪᠴᠢᠶ᠎ᠠ ᠶᠢᠨ ᠠᠶᠣᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠴᠢᠩᠭ᠎ᠠ ᠨᠠᠷᠢᠯᠢᠭ ᠪᠣᠳᠠᠳᠠᠢ ᠰᠠᠶᠢᠳᠣᠷ | ᠠᠳᠬᠤᠵᠣ᠂ ᠦᠴᠦᠬᠡᠨ ᠴᠣ᠋ ᠬᠦᠯᠢᠶᠡᠬᠦ ᠦᠬᠡᠢ ᠣᠪᠣᠷ ᠢᠶᠠᠷ ᠬᠡᠮ ᠰᠣᠭᠤᠭ ᠢ ᠬᠠᠯᠠᠨ ᠰᠠᠶᠢᠵᠢᠷᠠᠭᠤᠯᠵᠣ᠂ ᠡᠯ᠎ᠡ ᠲᠦᠷᠦᠯ ᠤᠨ ᠬᠠᠣᠯᠢ ᠪᠣᠰᠣ ᠬᠠᠣᠯᠢ ᠠᠴᠠ | ᠵᠦᠷᠢᠴᠡᠭᠰᠡᠨ ᠦᠢᠯᠡᠳᠪᠦᠷᠢᠯᠡᠯ ᠡᠵᠡᠩᠨᠡᠯᠳᠡ ᠶᠢᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠬᠦᠨᠳᠦ ᠶᠡᠭᠡ ᠠᠶᠣᠯᠬᠦᠢ ᠦᠢᠯᠡᠳᠪᠦᠷᠢᠯᠡᠯ ᠤᠨ ᠬᠡᠨᠡᠳᠡᠯ | ᠭᠠᠷᠭᠠᠬᠤ ᠦᠬᠡᠢ ᠶᠢ ᠪᠠᠳᠣᠯᠠᠨ᠎ᠠ᠃ ᠬᠡᠨᠡᠳᠳᠡ ᠶᠢᠨ ᠬᠡᠷᠡᠭ ᠢ ᠪᠠᠴᠢᠮ ᠠᠷᠭᠠᠴᠠᠵᠣ ᠰᠢᠢᠳᠪᠦᠷᠢᠯᠡᠬᠦ ᠲᠣᠭᠳᠠᠴᠠ ᠶᠢ ᠪᠦᠷᠢᠨᠰᠢᠬᠦᠯᠵᠦ᠂ ᠭᠠᠮᠰᠢᠭ ᠢ ᠰᠡᠷᠬᠡᠶᠢᠯᠡᠬᠦ | ᠭᠠᠮᠰᠢᠭ ᠢ ᠪᠠᠭᠠᠰᠬᠠᠬᠤ ᠴᠢᠳᠠᠪᠣᠷᠢ ᠶᠢ ᠴᠢᠩᠭᠠᠳᠬᠠᠵᠣ᠂ ᠠᠷᠠᠳ ᠣᠯᠠᠨ ᠤ ᠠᠮᠢ ᠨᠠᠰᠣ ᠡᠳ᠋ ᠬᠤᠭᠰᠢᠯ ᠤᠨ ᠠᠮᠣᠷ ᠲᠦᠪᠰᠢᠨ ᠢ ᠦᠨᠡᠨᠬᠦ ᠬᠠᠮᠠᠭᠠᠯᠠᠨ᠎ᠠ᠃ ︽ | ᠲᠦᠷᠪᠡᠨ ᠬᠠᠮᠤᠭ ᠤᠨ ᠴᠢᠩᠭ᠎ᠠ︾ ᠶᠢ ᠪᠠᠷᠢᠮᠳᠠᠯᠠᠵᠣ᠂ ᠢᠳᠡᠬᠡᠨ ᠤ ᠵᠦᠢᠯ ᠡᠮ ᠤᠨ ᠵᠦᠢᠯ ᠤᠨ ᠠᠶᠣᠯᠬᠦᠢ ᠶᠢᠨ ᠬᠢᠨᠠᠯᠳᠠ ᠬᠠᠮᠢᠶᠠᠷᠣᠯᠳᠠ ᠶᠢᠨ ᠲᠣᠭᠳᠠᠯᠴᠠᠭ᠎ᠠ ᠶᠢ | ᠲᠡᠬᠦᠯᠳᠡᠷᠵᠢᠬᠦᠯᠵᠦ᠂ ᠠᠷᠠᠳ ᠣᠯᠠᠨ ᠤ ᠢᠳᠡᠭᠡᠨ ᠣᠮᠳᠠᠭᠠᠨ ᠡᠮ ᠬᠡᠷᠡᠭᠯᠡᠬᠦ ᠠᠮᠣᠷ ᠲᠦᠪᠰᠢᠨ ᠢ ᠪᠠᠳᠣᠯᠠᠵᠣ᠂ ᠣᠯᠣᠰ ᠤᠨ ᠢᠳᠡᠬᠡᠨ ᠤ ᠵᠦᠢᠯ ᠡᠮ ᠤᠨ ᠵᠦᠢᠯ ᠤᠨ | ᠠᠮᠣᠷ ᠲᠦᠪᠰᠢᠨ ᠬᠤᠳᠠ ᠶᠢ ᠡᠬᠦᠳᠦᠨ ᠪᠠᠶᠢᠭᠤᠯᠣᠨ᠎ᠠ᠃ ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠠᠵᠢᠯ ᠢ ᠬᠦᠨᠵᠡᠬᠡᠢ ᠰᠠᠶᠢᠳᠣᠷ ᠠᠳᠬᠤᠨ᠎ᠠ᠃ ︽7 · 5︾ | ᠶᠢᠨ ᠬᠠᠣᠯᠢ ᠲᠦᠬᠡᠮᠡᠯᠵᠢᠬᠦᠯᠬᠦ ᠲᠦᠯᠦᠪᠵᠢᠬᠦᠯᠬᠡ ᠶᠢ ᠬᠡᠷᠡᠭᠵᠢᠬᠦᠯᠵᠦ᠂ ᠪᠦᠬᠦ ᠨᠡᠶᠢᠬᠡᠮ ᠤᠨ ᠬᠠᠣᠯᠢ ᠲᠦᠷᠢᠮ ᠤᠨ ᠦᠵᠡᠯᠳᠡ ᠶᠢ ᠴᠢᠩᠭᠠᠷᠠᠭᠤᠯᠣᠨ᠎ᠠ᠃ ᠬᠤᠣᠰ | ᠬᠦᠷᠢᠶᠡᠯᠡᠯ ᠢ ᠬᠠᠮᠳᠣᠪᠠᠷ ᠪᠠᠶᠢᠭᠤᠯᠬᠤ ᠠᠵᠢᠯ ᠢ ᠬᠦᠨᠵᠡᠬᠡᠶᠢᠷᠡᠬᠦᠯᠵᠦ᠂ ᠠᠵᠣ ᠠᠬᠤᠢ ᠶᠢᠨ ᠪᠠᠶᠢᠭᠤᠯᠣᠯᠳᠠ ᠪᠠ ᠣᠯᠣᠰ ᠤᠨ ᠪᠠᠳᠣᠯᠠᠨ ᠬᠠᠮᠠᠭᠠᠯᠠᠯᠳᠠ ᠶᠢᠨ | ᠪᠠᠶᠢᠭᠤᠯᠣᠯᠳᠠ ᠶᠢᠨ ᠵᠣᠬᠢᠴᠠᠩᠭᠤᠢ ᠬᠦᠭᠵᠢᠯᠳᠡ ᠶᠢ ᠠᠬᠢᠭᠤᠯᠵᠣ᠂ ᠴᠡᠷᠢᠭ ᠤᠨ ᠠᠵᠣ ᠦᠢᠯᠡᠳᠪᠦᠷᠢ ᠶᠢᠨ ᠮᠡᠷᠬᠡᠵᠢᠯ ᠤᠨ ᠦᠷ᠎ᠡ ᠪᠦᠳᠦᠬᠡᠯ ᠤᠨ ᠪᠣᠳᠠᠳᠠᠶᠢᠵᠢᠬᠤ ᠶᠢ | ᠵᠣᠷᠢᠭᠵᠢᠭᠤᠯᠵᠣ᠂ ᠴᠡᠷᠢᠭ ᠠᠷᠠᠳ ᠠᠭᠤᠰᠣᠯᠴᠠᠭᠰᠠᠨ ᠬᠦᠨᠵᠡᠬᠡᠢ ᠬᠦᠭᠵᠢᠬᠦᠯᠦᠯᠳᠡ ᠶᠢ ᠠᠬᠢᠭᠤᠯᠣᠨ᠎ᠠ᠃ | | ᠭᠤᠷᠪᠠ᠂ ᠵᠠᠰᠠᠭ ᠤᠨ ᠣᠷᠳᠣᠨ ᠤ ᠬᠤᠪᠢ ᠪᠡᠶ᠎ᠡ ᠶᠢᠨ ᠪᠠᠶᠢᠭᠤᠯᠣᠯᠳᠠ ᠶᠢ ᠦᠨᠡᠨᠬᠦ ᠴᠢᠩᠭᠠᠳᠬᠠᠨ᠎ᠠ | | ᠡᠨᠡ ᠵᠢᠯ ᠤᠨ ᠠᠵᠢᠯ ᠢ ᠰᠠᠶᠢᠨ ᠬᠢᠬᠦ ᠳᠤ ᠵᠠᠰᠠᠭ ᠤᠨ ᠣᠷᠳᠣᠨ ᠤ ᠬᠤᠪᠢ ᠪᠡᠶ᠎ᠡ ᠶᠢᠨ ᠪᠠᠶᠢᠭᠤᠯᠣᠯᠳᠠ ᠶᠢ ᠴᠢᠩᠭᠠᠳᠬᠠᠬᠤ ᠪᠣᠯ ᠪᠠᠳᠣᠯᠠᠭ᠎ᠠ ᠪᠣᠯᠣᠨ᠎ᠠ᠃ | ᠡᠯ᠎ᠡ ᠱᠠᠳᠣᠨ ᠤ ᠵᠠᠰᠠᠭ ᠤᠨ ᠣᠷᠳᠣᠨ ︽ᠪᠠᠶᠢᠯᠳᠣᠭᠠᠨ ᠤ ᠬᠡᠯᠳᠡᠰ︾ ᠪᠣᠯᠣᠭᠰᠠᠨ ᠤ ᠬᠤᠪᠢ ᠳᠤ ︽ᠲᠦᠷᠪᠡᠨ ᠣᠬᠠᠮᠰᠠᠷ︾ ᠣᠨᠴᠣᠭᠤᠶᠢᠯᠠᠨ ᠭᠤᠣᠯᠯᠠᠭᠴᠢ | ᠣᠬᠠᠮᠰᠠᠷ᠂ ᠠᠳᠠᠯᠢᠳᠬᠠᠬᠤ ᠣᠬᠠᠮᠰᠠᠷ ᠢ ᠦᠨᠡᠨᠬᠦ ᠴᠢᠩᠭᠠᠳᠬᠠᠵᠣ᠂ ᠰᠢ ᠶᠢᠨ ᠫᠢᠩ ᠶᠡᠷᠦᠩᠬᠡᠢ ᠱᠦᠵᠢ ᠶᠢᠨ ᠪᠠᠶᠢᠷᠢ ᠰᠠᠭᠤᠷᠢ ᠶᠢ ᠬᠠᠮᠠᠭᠠᠯᠠᠬᠤ ᠪᠠᠷ ᠬᠠᠮᠤᠭ | ᠴᠢᠬᠤᠯᠠ ᠣᠯᠣᠰ ᠲᠦᠷᠦ ᠪᠣᠯᠭᠠᠵᠣ᠂ ᠬᠠᠮᠤᠭ ᠴᠢᠬᠤᠯᠠ ᠣᠯᠣᠰ ᠲᠦᠷᠦ ᠶᠢᠨ ᠰᠠᠬᠢᠯᠭ᠎ᠠ ᠪᠠᠳᠣ ᠪᠠ ᠣᠯᠣᠰ ᠲᠦᠷᠦ ᠶᠢᠨ ᠶᠣᠰᠣ ᠲᠦᠷᠢᠮ ᠪᠣᠯᠭᠠᠵᠣ᠂ ᠦᠵᠡᠯ | ᠰᠠᠨᠠᠭ᠎ᠠ ᠶᠢᠨ ᠲᠠᠯ᠎ᠠ ᠪᠠᠷ ᠣᠯᠣᠰ ᠲᠦᠷᠦ ᠶᠢᠨ ᠲᠠᠯ᠎ᠠ ᠪᠠᠷ ᠠᠵᠢᠯᠯᠠᠭ᠎ᠠ ᠶᠢᠨ ᠲᠠᠯ᠎ᠠ ᠪᠠᠷ ᠣᠬᠠᠮᠰᠠᠷ ᠠᠴᠠ ᠪᠠᠨ ᠨᠠᠮ ᠤᠨ ᠲᠦᠪ ᠬᠤᠷᠢᠶ᠎ᠠ ᠯᠤᠭ᠎ᠠ ᠲᠡᠬᠡᠳᠦ | ᠬᠡᠮᠵᠢᠶ᠎ᠡ ᠪᠠᠷ ᠨᠢᠬᠡᠳᠦᠯ ᠲᠠᠢ ᠪᠠᠶᠢᠵᠣ᠂ ᠬᠤᠷᠴᠠ ᠲᠣᠳᠣ ᠣᠯᠣᠰ ᠲᠦᠷᠦ ᠶᠢᠨ ᠬᠠᠷᠢᠭᠤᠴᠠᠯᠭᠠᠳᠣ ᠰᠡᠳᠬᠢᠯᠬᠡ ᠪᠠ ᠲᠡᠦᠬᠡ ᠶᠢᠨ ᠡᠬᠦᠷᠬᠡ ᠲᠣᠰᠢᠶᠠᠯᠳᠣ | ᠰᠡᠳᠬᠢᠯᠬᠡ ᠪᠠᠷ ᠦᠨᠳᠦᠷ ᠪᠦᠳᠦᠮᠵᠢ ᠲᠠᠢ ᠪᠠᠷ ᠬᠡᠷᠡᠭᠵᠢᠬᠦᠯᠦᠨ ᠨᠠᠶᠢᠳᠠᠪᠣᠷᠢᠵᠢᠭᠤᠯᠵᠣ᠂ ᠲᠦᠪ ᠬᠤᠷᠢᠶ᠎ᠠ᠂ ᠦᠪᠡᠷᠳᠡᠬᠡᠨ ᠵᠠᠰᠠᠬᠤ ᠣᠷᠣᠨ ᠪᠠ ᠬᠤᠳᠠ ᠶᠢᠨ | ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠪᠣᠳᠠᠳᠠᠢ ᠠᠵᠢᠯ ᠪᠣᠯᠭᠠᠨ ᠨᠠᠶᠢᠳᠠᠪᠣᠷᠢᠵᠢᠭᠤᠯᠣᠨ᠎ᠠ᠃ | ᠲᠣᠰᠢᠶᠠᠯ ᠬᠠᠷᠢᠭᠤᠴᠠᠯᠭ᠎ᠠ ᠪᠠᠨ ᠬᠦᠢᠴᠡᠳᠬᠡᠵᠦ᠂ ᠵᠣᠷᠢᠭᠳᠠᠢ ᠡᠬᠦᠷᠬᠡᠯᠡᠨ᠎ᠡ᠃ ᠡᠷᠬᠡ ᠲᠠᠢ ᠪᠣᠯ ᠬᠠᠷᠢᠭᠤᠴᠠᠯᠭ᠎ᠠ ᠲᠠᠢ᠂ ᠬᠠᠷᠢᠭᠤᠴᠠᠯᠭ᠎ᠠ ᠲᠠᠢ ᠪᠣᠯ | ᠡᠬᠦᠷᠬᠡᠯᠡᠬᠦ ᠬᠡᠷᠡᠭᠳᠡᠢ᠃ ᠲᠡᠬᠡᠳᠦ ᠱᠠᠳᠣᠨ ᠤ ᠰᠢᠢᠳᠪᠦᠷᠢ ᠪᠠᠶᠢᠷᠢᠯᠠᠭᠤᠯᠣᠯᠳᠠ ᠶᠢ ᠦᠨᠡᠨᠬᠦ ᠪᠣᠳᠣᠯᠬᠢᠯᠠᠨ ᠪᠣᠳᠠᠳᠠᠢ ᠠᠵᠢᠯᠯᠠᠵᠣ᠂ ᠣᠷᠢᠳᠠᠪᠠᠷ ᠲᠦᠯᠦᠪᠵᠢᠬᠦᠯᠵᠦ | ᠰᠢᠨᠵᠢᠯᠡᠬᠦ ᠣᠬᠠᠭᠠᠨᠴᠢ ᠪᠠᠷ ᠠᠵᠢᠯ ᠬᠢᠬᠦ ᠶᠢ ᠪᠠᠷᠢᠮᠳᠠᠯᠠᠵᠣ᠂ ︽ᠰᠢᠨ᠎ᠡ ᠵᠢᠷᠤᠭ ᠲᠦᠯᠦᠪᠯᠡᠭᠡ︾ ᠶᠢ ︽ᠵᠠᠮ ᠱᠣᠭᠤᠮ ᠤᠨ ᠵᠢᠷᠤᠭ︾ ᠪᠠ ︽ᠠᠵᠢᠯ ᠤᠨ ᠵᠢᠷᠤᠭ︾ | ᠪᠣᠯᠭᠠᠨ ᠴᠢᠳᠠᠮᠠᠭᠠᠢ ᠬᠤᠪᠢᠷᠠᠭᠤᠯᠵᠣ᠂ ᠡᠯ᠎ᠡ ᠵᠦᠢᠯ ᠤᠨ ᠠᠵᠢᠯ ᠢ ︽ᠬᠡᠶᠢᠰᠪᠦᠷᠢ︾ ᠠᠴᠠ ︽ᠪᠣᠳᠠᠳᠠᠢ︾ ᠨᠠᠶᠢᠳᠠᠪᠣᠷᠢᠵᠢᠭᠤᠯᠵᠣ᠂ ᠰᠡᠳᠬᠢᠬᠦᠢ ᠠᠴᠠ ᠪᠣᠳᠠᠳᠠᠢ | ᠪᠣᠯᠭᠠᠨ ᠬᠤᠪᠢᠷᠠᠭᠤᠯᠣᠨ᠎ᠠ᠃ ᠬᠠᠷᠢᠭᠤᠴᠠᠯᠭ᠎ᠠ ᠶᠢ ᠴᠢᠩᠭᠠᠳᠬᠠᠵᠣ᠂ ᠭᠤᠣᠯᠳᠠᠯᠭ᠎ᠠ ᠲᠠᠢ ᠠᠵᠢᠯ ᠭᠤᠣᠯᠳᠠᠯᠭ᠎ᠠ ᠲᠠᠢ ᠲᠦᠷᠦᠯ ᠵᠦᠢᠯ ᠤᠨ ᠬᠠᠷᠢᠭᠤᠴᠠᠯᠭᠠᠳᠠᠨ᠂ | ᠠᠵᠢᠯ ᠤᠨ ᠱᠠᠭᠠᠷᠳᠠᠯᠭ᠎ᠠ᠂ ᠦᠷ᠎ᠡ ᠪᠦᠳᠦᠬᠡᠯ ᠤᠨ ᠬᠡᠯᠪᠡᠷᠢ ᠪᠠ ᠴᠠᠭ ᠤᠨ ᠠᠬᠢᠴᠠ ᠶᠢ ᠲᠣᠳᠣᠷᠬᠠᠢ ᠪᠣᠯᠭᠠᠵᠣ᠂ ᠪᠦᠬᠦ ᠶᠠᠪᠣᠴᠠ ᠶᠢ ᠬᠢᠨᠡᠨ ᠬᠠᠮᠢᠶᠠᠷᠬᠤ ᠪᠦᠬᠦ | ᠲᠠᠯ᠎ᠠ ᠶᠢ ᠬᠠᠮᠣᠷᠣᠭᠰᠠᠨ ᠠᠵᠢᠯ ᠤᠨ ᠬᠡᠯᠬᠢᠶ᠎ᠡ ᠶᠢ ᠪᠠᠶᠢᠭᠤᠯᠵᠣ᠂ ᠶᠠᠪᠣᠳᠠᠯ ᠪᠣᠯᠭᠠᠨ ᠨᠠᠶᠢᠳᠠᠪᠣᠷᠢᠵᠢᠯᠳᠠ ᠲᠠᠢ᠂ ᠶᠠᠪᠣᠳᠠᠯ ᠪᠣᠯᠭᠠᠨ ᠢ ᠵᠠᠪᠠᠯ ᠦᠷ᠎ᠡ ᠳ᠋ᠦᠩ ᠲᠠᠢ | ᠪᠣᠯᠭᠠᠨ᠎ᠠ︔ ᠱᠠᠭᠠᠷᠳᠠᠨ ᠪᠠᠶᠢᠴᠠᠭᠠᠬᠤ ᠶᠠᠪᠣᠳᠠᠯ ᠢ ᠴᠢᠩᠳᠠᠯᠠᠵᠣ᠂ ᠱᠠᠭᠠᠷᠳᠠᠨ ᠪᠠᠶᠢᠴᠠᠭᠠᠬᠤ ᠬᠡᠯᠪᠡᠷᠢ ᠶᠢ ᠰᠢᠨᠡᠳᠬᠡᠵᠦ᠂ ᠱᠠᠭᠠᠷᠳᠠᠨ ᠪᠠᠶᠢᠴᠠᠭᠠᠬᠤ ᠬᠠᠷᠢᠭᠤᠴᠠᠯᠭ᠎ᠠ | ᠨᠡᠬᠡᠮᠵᠢᠯᠡᠬᠦ ᠬᠦᠴᠦᠴᠡ ᠶᠢ ᠶᠡᠬᠡᠰᠬᠡᠵᠦ᠂ ᠠᠰᠠᠭᠤᠳᠠᠯ ᠢ ᠴᠠᠭ ᠲᠣᠬᠠᠢ ᠳᠤᠨᠢ ᠰᠢᠢᠳᠪᠦᠷᠢᠯᠡᠨ ᠬᠠᠷᠢᠭᠤ ᠲᠣᠰᠬᠠᠬᠤ ᠲᠣᠭᠳᠠᠴᠠ ᠶᠢ ᠪᠠᠶᠢᠭᠤᠯᠵᠣ᠂ ᠬᠢᠷᠢ | ᠪᠦᠳᠦᠮᠵᠢ ᠶᠢ ᠰᠢᠯᠭᠠᠨ ᠲᠣᠭᠳᠠᠭᠠᠬᠤ ᠲᠣᠭᠳᠠᠯᠴᠠᠭ᠎ᠠ ᠶᠢ ᠲᠡᠬᠦᠯᠳᠡᠷᠵᠢᠬᠦᠯᠵᠦ᠂ ᠬᠦᠴᠢᠷ ᠶᠠᠪᠣᠳᠠᠯ ᠢ ᠵᠡᠪᠡᠯ ᠯᠠᠪᠳᠠᠭᠤᠨ ᠬᠢᠵᠦ᠂ ᠪᠠᠭ᠎ᠠ ᠶᠠᠪᠣᠳᠠᠯ ᠢ ᠨᠠᠷᠢᠯᠢᠭ ᠬᠢᠵᠦ᠂ | ᠶᠡᠭᠡ ᠶᠠᠪᠣᠳᠠᠯ ᠢ ᠲᠡᠬᠦᠰ ᠠᠮᠵᠢᠯᠳᠠ ᠲᠠᠢ ᠬᠢᠨ᠎ᠡ︔ ᠵᠣᠷᠢᠭᠵᠢᠭᠤᠯᠬᠤ ᠲᠣᠭᠳᠠᠯᠴᠠᠭ᠎ᠠ ᠪᠠ ᠪᠣᠷᠣᠭᠤ ᠶᠢ ᠠᠭᠤᠴᠢᠯᠠᠵᠣ ᠠᠯᠳᠠᠭ᠎ᠠ ᠶᠢ ᠵᠠᠯᠠᠷᠠᠭᠤᠯᠬᠤ | ᠲᠣᠭᠳᠠᠯᠴᠠᠭ᠎ᠠ ᠶᠢ ᠲᠡᠬᠦᠯᠳᠡᠷᠵᠢᠬᠦᠯᠵᠦ᠂ ᠠᠵᠢᠯ ᠬᠢᠭᠴᠢ ᠶᠢ ᠵᠣᠷᠢᠭᠵᠢᠭᠤᠯᠵᠣ᠂ ᠵᠣᠷᠢᠭᠳᠠᠢ ᠡᠬᠦᠷᠬᠡᠯᠡᠭᠴᠢ ᠳᠤ ᠲᠦᠰᠢᠭ ᠪᠣᠯᠭᠠᠵᠣ᠂ ᠪᠣᠳᠠᠳᠠᠢ ᠶᠢ ᠡᠷᠬᠢᠮᠯᠡᠨ | ᠵᠣᠷᠢᠭᠳᠠᠢ ᠡᠬᠦᠷᠬᠡᠯᠡᠬᠦ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃ | ᠬᠠᠣᠯᠢ ᠶᠣᠰᠣᠭᠠᠷ ᠵᠠᠰᠠᠭ ᠶᠠᠪᠣᠭᠤᠯᠵᠣ᠂ ᠦᠨᠡᠨᠴᠢ ᠢᠳᠡᠬᠡᠯ ᠢ ᠡᠷᠬᠢᠮᠯᠡᠨ᠎ᠡ᠃ ᠡᠷᠬᠡ ᠲᠠᠢ ᠪᠣᠯᠪᠠᠯ ᠲᠣᠷ᠎ᠠ ᠪᠠᠷ ᠠᠭᠠᠰᠢᠯᠠᠵᠣ ᠪᠣᠯᠬᠤ ᠦᠬᠡᠢ᠃ ᠡᠯ᠎ᠡ | ᠱᠠᠳᠣᠨ ᠤ ᠵᠠᠰᠠᠭ ᠤᠨ ᠣᠷᠳᠣᠨ ᠬᠠᠣᠯᠢ ᠪᠠᠷ ᠵᠠᠰᠠᠬᠤ ᠢᠳᠡᠬᠡᠯ ᠪᠠ ᠬᠠᠣᠯᠢ ᠪᠠᠷ ᠵᠠᠰᠠᠬᠤ ᠰᠡᠳᠬᠢᠬᠦᠢ ᠶᠢ ᠪᠠᠳᠣ ᠪᠣᠢ ᠪᠣᠯᠭᠠᠵᠣ᠂ ᠬᠠᠣᠯᠢ ᠪᠠᠷ ᠵᠠᠰᠠᠬᠤ ᠶᠢ | ᠡᠷᠬᠢᠮᠯᠡᠵᠦ᠂ ᠬᠠᠣᠯᠢ ᠴᠠᠭᠠᠵᠠ ᠠᠴᠠ ᠡᠮᠢᠶᠡᠵᠦ᠂ ᠬᠠᠣᠯᠢ ᠶᠣᠰᠣ ᠪᠠᠷ ᠠᠵᠢᠯᠯᠠᠬᠤ ᠬᠡᠷᠡᠭᠳᠡᠢ᠃ ᠵᠠᠰᠠᠭ ᠤᠨ ᠣᠷᠳᠣᠨ ᠤ ᠭᠤᠣᠯ ᠣᠳᠣᠷᠢᠳᠣᠯᠭ᠎ᠠ ᠬᠠᠣᠯᠢ ᠪᠠᠷ | ᠵᠠᠰᠠᠬᠤ ᠪᠠᠶᠢᠭᠤᠯᠣᠯᠳᠠ ᠶᠢ ᠠᠬᠢᠭᠤᠯᠬᠤ ᠲᠦᠷᠦᠬᠦᠦ ᠬᠠᠷᠢᠭᠤᠴᠠᠯᠭᠠᠳᠠᠨ ᠤ ᠲᠣᠰᠢᠶᠠᠯ ᠬᠠᠷᠢᠭᠤᠴᠠᠯᠭ᠎ᠠ ᠶᠢ ᠬᠢᠨᠠᠮᠠᠭᠠᠢ ᠬᠦᠢᠴᠡᠳᠬᠡᠵᠦ᠂ ᠬᠠᠣᠯᠢ ᠶᠣᠰᠣ ᠪᠠᠷ ᠴᠢᠩᠭ᠎ᠠ | ᠵᠠᠰᠠᠭ ᠶᠠᠪᠣᠭᠤᠯᠵᠣ᠂ ︽ᠭᠤᠷᠪᠠᠨ ᠴᠢᠬᠤᠯᠠ ᠨᠢᠬᠡ ᠶᠡᠭᠡ︾ ᠰᠢᠢᠳᠪᠦᠷᠢᠳᠦ ᠪᠣᠳᠣᠯᠭ᠎ᠠ ᠶᠢᠨ ᠲᠦᠷᠢᠮ ᠢ ᠬᠡᠷᠡᠭᠵᠢᠬᠦᠯᠵᠦ᠂ ᠵᠠᠰᠠᠭ ᠤᠨ ᠣᠷᠳᠣᠨ ᠤ ᠠᠯᠢᠪᠡ | ᠡᠷᠬᠡ ᠶᠢ ᠬᠠᠣᠯᠢ ᠪᠠᠷ ᠵᠠᠰᠠᠭᠰᠠᠨ ᠵᠢᠮ ᠢᠶᠠᠷ ᠶᠠᠪᠣᠭᠤᠯᠣᠨ᠎ᠠ᠃ ᠠᠷᠠᠳ ᠤᠨ ᠶᠡᠭᠡ ᠬᠤᠷᠠᠯ ᠬᠢᠬᠡᠳ ᠲᠡᠬᠦᠨ ᠤ ᠪᠠᠶᠢᠩᠭᠤ ᠶᠢᠨ ᠬᠤᠷᠢᠶ᠎ᠠ ᠶᠢᠨ ᠲᠣᠭᠳᠠᠭᠠᠯ ᠢ ᠬᠢᠨᠠᠮᠠᠭᠠᠢ | ᠬᠡᠷᠡᠭᠵᠢᠬᠦᠯᠵᠦ᠂ ᠠᠷᠠᠳ ᠤᠨ ᠣᠯᠣᠰ ᠲᠦᠷᠦ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠳᠠ ᠪᠠ ᠨᠡᠶᠢᠬᠡᠮ ᠤᠨ ᠶᠠᠷᠢᠶ᠎ᠠ ᠬᠡᠯᠡᠯᠴᠡᠬᠡᠨ ᠤ ᠬᠢᠨᠠᠯᠳᠠ ᠶᠢ | ᠣᠬᠠᠮᠰᠠᠷ ᠠᠴᠠ ᠪᠠᠨ ᠬᠦᠯᠢᠶᠡᠨ᠎ᠡ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠵᠣ᠂ ᠰᠣᠨᠢᠨ ᠮᠡᠳᠡᠭᠡ ᠨᠡᠶᠢᠳᠡᠯᠡᠬᠦ ᠲᠦᠷᠢᠮ ᠢ | ᠲᠡᠬᠦᠯᠳᠡᠷᠵᠢᠬᠦᠯᠵᠦ᠂ ︽ᠴᠢᠮᠡᠭᠡ ᠵᠠᠩᠬᠢ ᠬᠤᠷᠢᠭᠳᠠᠬᠤ︾ ᠶᠢ ᠦᠬᠡᠶᠢᠰᠬᠡᠵᠦ᠂ ᠨᠡᠶᠢᠬᠡᠮ ᠤᠨ ᠠᠩᠬᠠᠷᠣᠯ ᠳᠤ ᠴᠠᠭ ᠲᠣᠬᠠᠢ ᠲᠤᠨᠢ ᠬᠠᠷᠢᠭᠤ ᠦᠭᠬᠦᠨ᠎ᠡ᠃ | ᠵᠠᠰᠠᠭ ᠤᠨ ᠶᠠᠪᠣᠳᠠᠯ ᠤᠨ ᠢᠳᠡᠬᠡᠯ ᠤᠨ ᠪᠠᠶᠢᠭᠤᠯᠣᠯᠳᠠ ᠶᠢ ᠶᠡᠬᠡᠪᠡᠷ ᠠᠬᠢᠭᠤᠯᠵᠣ᠂ ᠬᠡᠯᠡᠪᠡᠯ ᠢᠳᠡᠬᠡᠯ ᠲᠠᠢ᠂ ᠬᠢᠪᠡᠯ ᠦᠷ᠎ᠡ ᠳ᠋ᠦᠩ ᠲᠠᠢ ᠪᠠᠶᠢᠵᠣ᠂ ᠵᠠᠰᠠᠭ ᠤᠨ | ᠣᠷᠳᠣᠨ ᠤ ᠢᠳᠡᠬᠡᠯ ᠢᠶᠠᠷ ᠨᠡᠶᠢᠬᠡᠮ ᠤᠨ ᠢᠳᠡᠬᠡᠯ ᠢ ᠲᠠᠭᠠᠭᠤᠯᠵᠣ᠂ ᠬᠠᠣᠯᠢ ᠪᠠᠷ ᠵᠠᠰᠠᠭᠰᠠᠨ ᠢᠳᠡᠬᠡᠯ ᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠣ᠂ ᠠᠷᠢᠭᠤᠨ ᠴᠡᠪᠡᠷ ᠢᠶᠠᠷ ᠠᠵᠢᠯ ᠬᠢᠨ᠎ᠡ᠃ ᠪᠢᠳᠡ ᠡᠷᠬᠡᠪᠰᠢ ᠡᠪ ᠬᠠᠮᠳᠣ ᠨᠠᠮᠳᠠᠨ ᠤ ᠲᠦᠪ ᠴᠢᠬᠡᠴᠢ ᠠᠷᠢᠭᠤᠨ | ᠴᠡᠪᠡᠷ ᠣᠯᠣᠰ ᠲᠦᠷᠦ ᠶᠢᠨ ᠣᠭ ᠴᠢᠨᠠᠷ ᠢᠶᠠᠨ ᠬᠡᠵᠢᠶᠡᠳᠡ ᠬᠠᠮᠠᠭᠠᠯᠠᠵᠣ᠂ ᠨᠠᠮ ᠤᠨ ᠲᠦᠷᠢᠮ ᠨᠠᠮ ᠤᠨ ᠰᠠᠬᠢᠯᠭ᠎ᠠ ᠪᠠᠳᠣ ᠶᠢ ᠴᠢᠩᠭ᠎ᠠ ᠵᠢᠷᠣᠮᠯᠠᠵᠣ᠂ ᠨᠠᠮ ᠢ ᠴᠢᠩᠭ᠎ᠠ | ᠵᠠᠰᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠳᠠ ᠶᠢᠨ ︽ᠨᠢᠬᠡ ᠪᠠᠶᠢᠷᠢ ᠶᠢᠨ ᠬᠤᠣᠰ | ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠠᠷᠢᠭᠤᠨ ᠴᠢᠬᠡᠴᠢ ᠪᠠᠷ ᠵᠠᠰᠠᠭ ᠶᠠᠪᠣᠭᠤᠯᠬᠤ ᠠᠮᠢ ᠨᠠᠰᠣᠨ ᠤ ᠱᠣᠭᠤᠮ ᠢ ᠪᠠᠳᠣ ᠰᠠᠬᠢᠨ᠎ᠠ᠃ ᠡᠯ᠎ᠡ | ᠱᠠᠳᠣᠨ ᠤ ᠵᠠᠰᠠᠭ ᠤᠨ ᠣᠷᠳᠣᠨ ᠲᠦᠷᠢᠮ ᠲᠣᠭᠳᠠᠭᠠᠯ ᠪᠠ ᠰᠠᠬᠢᠯᠭ᠎ᠠ ᠶᠢ ᠢᠮᠠᠭᠳᠠ ᠡᠮᠦᠨ᠎ᠡ ᠪᠠᠨ ᠪᠠᠷᠢᠵᠣ᠂ ᠲᠦᠷᠦ ᠶᠢᠨ ᠪᠣᠳᠣᠯᠭ᠎ᠠ ᠲᠦᠷᠢᠮ ᠲᠣᠭᠳᠠᠭᠠᠯ | ᠶᠣᠰᠣ ᠪᠠᠷ ᠠᠵᠢᠯ ᠬᠢᠵᠦ᠂ ᠵᠢᠷᠦᠮ ᠤᠨ ᠡᠮᠬᠢ ᠲᠠᠷᠠᠭ᠎ᠠ ᠪᠠᠷ ᠠᠵᠢᠯ ᠬᠢᠵᠦ᠂ ᠠᠷᠢᠭᠤᠨ ᠴᠢᠬᠡᠴᠢ ᠲᠦᠪ ᠭᠤᠣᠯᠴᠢ ᠪᠠᠶᠢᠵᠣ᠂ ᠲᠣᠰᠢᠶᠠᠯ ᠢᠶᠠᠨ ᠭᠤᠳᠣᠭᠠᠬᠤ ᠦᠬᠡᠢ | ᠂ ᠡᠷᠬᠡ ᠶᠢ ᠲᠠᠪᠠᠭ᠋ᠣ ᠦᠬᠡᠢ᠃ ᠲᠦᠪ ᠤᠨ ᠨᠡᠢᠮᠠᠨ ᠲᠣᠭᠳᠠᠭᠠᠯ ᠤᠨ ᠵᠣᠷᠢᠭ ᠰᠠᠨᠠᠭ᠎ᠠ ᠪᠠ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ | ᠨᠠᠮ ᠤᠨ ᠬᠤᠷᠢᠶ᠎ᠠ ᠶᠢᠨ ᠲᠦᠬᠦᠷᠵᠢᠬᠦᠯᠦᠭᠰᠡᠨ ᠲᠣᠭᠳᠠᠭᠠᠯ ᠢ ᠴᠢᠩᠭ᠎ᠠ ᠬᠡᠷᠡᠭᠵᠢᠬᠦᠯᠵᠦ᠂ ︽ᠲᠦᠷᠪᠡᠨ ᠰᠣᠷᠳᠠᠯ︾ ᠢ ᠭᠤᠶᠢᠪᠢᠰᠢ ᠦᠬᠡᠢ ᠡᠰᠡᠷᠬᠦᠴᠡᠵᠦ | ᠲᠣᠰᠢᠶᠠᠯ ᠢᠶᠠᠨ ᠠᠯᠳᠠᠵᠣ ᠭᠤᠳᠣᠭᠠᠭᠰᠠᠨ ᠪᠠ ᠡᠬᠡᠯ ᠵᠠᠯᠬᠠᠭᠤ ᠬᠤᠶᠢᠷᠭᠤ ᠵᠠᠰᠠᠭ ᠤᠨ ᠠᠵᠢᠯᠯᠠᠭ᠎ᠠ ᠶᠢ ᠡᠷᠡᠰ ᠵᠠᠰᠠᠨ ᠴᠡᠭᠴᠡᠯᠡᠵᠦ ᠠᠷᠢᠭᠤᠨ ᠴᠢᠬᠡᠴᠢ ᠪᠡᠶ᠎ᠡ ᠪᠠᠨ | ᠪᠠᠷᠢᠬᠤ ᠶᠢ ᠺᠠᠳ᠋ᠷ ᠤᠨ ᠣᠬᠠᠮᠰᠠᠷ ᠲᠠᠢ ᠬᠦᠬᠡᠬᠡᠴᠡᠯᠳᠦᠯ ᠪᠣᠯᠭᠠᠵᠣ᠂ ᠠᠷᠢᠭᠤᠨ ᠴᠡᠪᠡᠷ ᠠᠵᠢᠯ ᠬᠢᠬᠦ ᠪᠠᠷ ᠵᠠᠰᠠᠭ ᠤᠨ ᠣᠷᠳᠣᠨ ᠤ ᠣᠪᠣᠷ ᠰᠣᠷᠳᠠᠯ ᠤᠨ ᠵᠦᠭᠯᠡᠬᠦᠷ | ᠪᠣᠯᠭᠠᠵᠣ ᠲᠦᠪ ᠭᠤᠣᠯᠴᠢ ᠠᠷᠢᠭᠤᠨ ᠴᠡᠪᠡᠷ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃ | ᠡᠨᠡ ᠵᠢᠯ ᠪᠣᠯ ᠦᠪᠡᠷᠳᠡᠬᠡᠨ ᠵᠠᠰᠠᠬᠤ ᠣᠷᠣᠨ ᠪᠠᠶᠢᠭᠤᠯᠣᠭᠳᠠᠭᠰᠠᠨ 70 ᠣᠢ ᠪᠣᠯᠣᠨ᠎ᠠ᠂ ᠪᠢᠳᠡ ᠡᠯ᠎ᠡ ᠵᠦᠢᠯ ᠤᠨ ᠣᠭᠳᠣᠨ ᠪᠡᠯᠬᠡᠯᠡᠬᠦ ᠠᠵᠢᠯᠯᠠᠭ᠎ᠠ ᠶᠢ | ᠨᠠᠷᠢᠨ ᠨᠢᠮᠪᠡᠢ ᠵᠣᠬᠢᠶᠠᠨ ᠪᠠᠶᠢᠭᠤᠯᠵᠣ᠂ ᠲᠦᠩᠯᠢᠶᠣᠣ ᠶᠢᠨ ᠬᠦᠭᠵᠢᠯᠳᠡ ᠶᠢᠨ ᠦᠷ᠎ᠡ ᠪᠦᠳᠦᠬᠡᠯ ᠪᠠ ᠰᠠᠶᠢᠨ ᠰᠠᠶᠢᠬᠠᠨ ᠠᠯᠣᠰ ᠬᠡᠳᠦ ᠶᠢᠨ ᠲᠦᠯᠦᠪ ᠢ ᠬᠦᠢᠴᠡᠳ | ᠢᠯᠡᠷᠡᠬᠦᠯᠵᠦ᠂ ᠪᠦᠬᠦ ᠬᠤᠳᠠ ᠶᠢᠨ ᠦᠨᠳᠦᠰᠦᠳᠡᠨ ᠨᠦᠭᠦᠳ ᠤᠨ ᠺᠠᠳ᠋ᠷ ᠣᠯᠠᠨ ᠲᠦᠮᠡᠨ ᠢ ᠲᠡᠶᠢᠴᠢᠯᠡᠨ ᠨᠢᠭᠳᠠᠷᠠᠨ ᠪᠦᠯᠬᠦᠮᠳᠡᠵᠦ᠂ ᠡᠷᠡᠯᠬᠡᠭᠯᠡᠨ ᠲᠡᠮᠡᠴᠡᠵᠦ᠂ | ᠰᠢᠯᠢᠳᠡᠭ ᠬᠢᠷᠢ ᠪᠦᠳᠦᠮᠵᠢ ᠪᠠᠷ ᠦᠪᠡᠷᠳᠡᠬᠡᠨ ᠵᠠᠰᠠᠬᠤ ᠣᠷᠣᠨ ᠪᠠᠶᠢᠭᠤᠯᠣᠭᠳᠠᠭᠰᠠᠨ 70 ᠣᠢ ᠳᠤ ᠪᠡᠯᠡᠭ ᠪᠣᠯᠭᠠᠶ᠎ᠠ︕ | ᠲᠦᠯᠦᠬᠡᠯᠡᠭᠴᠢᠳ ᠡ᠂ ᠴᠢᠷᠮᠠᠶᠢᠨ ᠲᠠᠮᠡᠴᠡᠳᠡᠭ ᠯᠠ ᠶᠣᠮ ᠪᠣᠯᠪᠠᠯ ᠬᠦᠰᠡᠯᠡᠩ ᠯᠠᠪ ᠪᠡᠶᠡᠯᠡᠭᠳᠡᠬᠦ ᠪᠣᠯᠣᠨ᠎ᠠ᠃ ᠪᠢᠳᠡ ᠰᠢ ᠶᠢᠨ ᠫᠢᠩ ᠨᠦᠬᠦᠷ ᠢᠶᠠᠷ ᠭᠤᠣᠯ | ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠲᠣᠭᠤᠷᠢᠨ ᠳᠤ ᠨᠢᠭᠳᠠᠷᠠᠨ ᠪᠦᠯᠬᠦᠮᠳᠡᠵᠦ᠂ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠬᠤᠳᠠ ᠶᠢᠨ ᠨᠠᠮ ᠤᠨ ᠬᠤᠷᠢᠶ᠎ᠠ ᠶᠢᠨ ᠪᠠᠳᠣ ᠴᠢᠩᠭ᠎ᠠ ᠣᠳᠣᠷᠢᠳᠣᠯᠭ᠎ᠠ ᠲᠣᠣᠷ᠎ᠠ᠂ ᠴᠣᠴᠠᠯᠳᠠ ᠦᠬᠡᠢ ᠣᠷᠣᠭᠰᠢᠯᠠᠬᠤ ᠮᠣᠩᠭᠤᠯ ᠠᠳᠣᠭᠤ ᠶᠢᠨ ᠵᠣᠷᠢᠭ | ᠰᠠᠨᠠᠭ᠎ᠠ ᠪᠠ ᠬᠠᠳᠠᠭᠠᠰᠣ ᠶᠢᠨ ᠵᠣᠷᠢᠭ ᠰᠠᠨᠠᠭ᠎ᠠ ᠶᠢ ᠪᠠᠳᠠᠷᠠᠭᠤᠯᠵᠣ᠂ ᠣᠭ ᠰᠠᠨᠠᠭ᠎ᠠ ᠪᠠᠨ ᠮᠠᠷᠳᠠᠬᠤ ᠦᠬᠡᠢ᠂ ᠦᠷᠬᠦᠯᠵᠢᠯᠡᠨ ᠣᠷᠣᠭᠰᠢᠯᠠᠵᠣ᠂ ᠬᠠᠨᠴᠣᠢ ᠰᠢᠮᠡᠯᠡᠨ | ᠴᠢᠷᠮᠠᠶᠢᠨ ᠠᠵᠢᠯᠯᠠᠵᠣ᠂ ᠲᠦᠩᠯᠢᠶᠣᠣ ᠶᠢᠨ ᠲᠠᠪᠠᠯᠳᠠ ᠲᠠᠢ ᠬᠦᠭᠵᠢᠬᠦᠯᠦᠯᠳᠡ ᠶᠢᠨ ᠰᠢᠨ᠎ᠡ ᠬᠠᠭᠤᠳᠠᠰᠣ ᠶᠢ ᠴᠢᠷᠮᠠᠶᠢᠨ ᠪᠢᠴᠢᠭᠯᠡᠵᠦ᠂ ᠡᠬᠡ ᠣᠯᠣᠰ ᠤᠨ ᠣᠮᠠᠷᠠᠳᠣ | ᠬᠢᠯᠢ ᠶᠢᠨ ᠭᠤᠶᠣ ᠬᠡᠬᠡᠨᠴᠢᠷ ᠦᠵᠡᠮᠵᠢ ᠶᠢᠨ ᠱᠣᠭᠤᠮ ᠢ ᠡᠬᠦᠳᠬᠦ ᠳᠤ ᠰᠢᠨ᠎ᠡ ᠨᠡᠩ ᠶᠡᠭᠡ ᠬᠤᠪᠢ ᠨᠡᠮᠡᠷᠢ ᠪᠠᠨ ᠦᠵᠡᠬᠦᠯᠦᠶ᠎ᠡ᠃ |