| ᠵᠠᠰᠠᠭ ᠤᠨ ᠣᠷᠳᠣᠨ ᠤ ᠠᠵᠢᠯ ᠤᠨ ᠢᠯᠡᠳᠬᠡᠯ | | — 2018 ᠤᠨ ᠤ 1 ᠰᠠᠷ᠎ᠠ ᠶᠢᠨ 7 ᠳᠤ ᠲᠦᠩᠯᠢᠶᠤᠤ ᠬᠤᠲᠠ ᠶᠢᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠠᠩᠬᠠᠳᠣᠭᠠᠷ ᠬᠤᠷᠠᠯ ᠲᠡᠬᠡᠷ᠎ᠠ | | | ᠲᠦᠯᠦᠬᠡᠯᠡᠭᠴᠢᠳ ᠡ᠄ | ᠣᠳᠣ ᠪᠢ ᠬᠤᠳᠡ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠣ ᠶᠡᠭᠡ ᠬᠤᠷᠡᠯ ᠳᠤ ᠠᠵᠢᠯ ᠤᠨ ᠢᠯᠡᠳᠭᠡᠯ ᠬᠢᠶ᠎ᠡ᠂ ᠬᠢᠨᠡᠨ ᠵᠦᠪᠯᠡᠬᠦ ᠪᠤᠯᠪᠠᠤ᠂ | ᠬᠠᠮᠳᠣ ᠳᠤᠨᠢ ᠬᠤᠳᠡ ᠶᠢᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠤᠯᠤᠨ ᠬᠤᠷᠡᠯ ᠳᠤ ᠰᠤᠯᠡ ᠤᠷᠤᠯᠴᠠᠭᠴᠢ ᠨᠦᠬᠦᠳ ᠰᠠᠨᠠᠯ ᠲᠤᠷᠠᠳᠬᠤ ᠪᠤᠯᠪᠠᠤ᠃ | | ᠨᠢᠬᠡ᠂ ᠦᠩᠬᠡᠷᠡᠭᠰᠡᠨ ᠲᠠᠪᠣᠨ ᠵᠢᠯ ᠤᠨ ᠬᠦᠭᠵᠢᠯᠳᠡ ᠬᠤᠪᠢᠷᠠᠯᠳᠠ ᠪᠠ 2017 ᠤᠨ ᠤ ᠠᠵᠢᠯ ᠤᠨ ᠡᠷᠬᠢᠴᠡᠬᠦᠯᠦᠯ | | ᠦᠩᠭᠡᠷᠡᠭᠰᠡᠨ ᠲᠠᠪᠣᠨ ᠵᠢᠯ ᠪᠣᠯ ᠲᠦᠩᠯᠢᠶᠣᠣ ᠶᠢᠨ ᠦᠬᠡᠷᠡᠴᠢᠯᠡᠯᠳᠡ ᠬᠦᠭᠵᠢᠬᠦᠯᠦᠯᠳᠡ ᠶᠢᠨ ᠶᠠᠪᠣᠴᠠ ᠳᠠᠬᠢ ᠬᠤᠪᠢᠷᠠᠯᠳᠠ ᠨᠡᠯᠢᠶᠡᠳ ᠶᠡᠭᠡ᠂ ᠦᠷ᠎ᠡ | ᠪᠦᠳᠦᠮᠵᠢ ᠢᠯᠡᠳᠳᠡ ᠲᠠᠪᠣᠨ ᠵᠢᠯ ᠪᠣᠯᠣᠨ᠎ᠠ᠂ ᠮᠦᠨ ᠪᠦᠬᠦ ᠬᠤᠳᠠ ᠶᠢᠨ ᠦᠨᠳᠦᠰᠦᠳᠡᠨ ᠨᠦᠭᠦᠳ ᠤᠨ ᠺᠠᠳ᠋ᠷ ᠣᠯᠠᠨ ᠲᠦᠮᠡᠨ ᠰᠠᠬᠢᠨ ᠪᠠᠷᠠᠭᠠᠯᠠᠯᠴᠠᠵᠣ | ᠬᠠᠪᠰᠣᠷᠣᠯᠴᠠᠨ ᠨᠢᠬᠡ ᠰᠡᠳᠬᠢᠯ ᠢᠶᠠᠷ ᠬᠦᠰᠡᠯ ᠢᠶᠠᠨ ᠪᠡᠶᠡᠯᠡᠬᠦᠯᠦᠭᠰᠡᠨ ᠲᠠᠪᠣᠨ ᠵᠢᠯ ᠪᠣᠯᠣᠨ᠎ᠠ᠃ ᠲᠠᠪᠣᠨ ᠵᠢᠯ ᠤᠨ ᠲᠣᠷᠰᠢ᠂ ᠪᠢᠳᠡ ᠨᠠᠮ ᠤᠨ ᠠᠷᠪᠠᠨ ᠨᠠᠢᠮᠠᠳᠣᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠣᠨ ᠨᠡᠶᠢᠳᠠᠪᠣᠷᠢᠵᠢᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ | ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠦ | ᠪᠠᠶᠢᠷᠢᠯᠠᠭᠤᠯᠣᠯᠳᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠳᠤ ᠪᠠᠶᠢᠴᠠᠭᠠᠨ ᠰᠣᠳᠣᠯᠣᠯᠳᠠ ᠬᠢᠭᠰᠡᠨ ᠦᠶ᠎ᠡ ᠶᠢᠨ ᠴᠢᠬᠤᠯᠠ ᠶᠠᠷᠢᠶ᠎ᠠ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠬᠤᠳᠠ ᠶᠢᠨ ᠨᠠᠮ ᠤᠨ ᠬᠤᠷᠢᠶ᠎ᠠ ᠶᠢᠨ ᠵᠦᠪ ᠣᠳᠣᠷᠢᠳᠣᠯᠭ᠎ᠠ ᠲᠣᠣᠷ᠎ᠠ᠂ ᠬᠤᠳᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ | ᠵᠦᠪᠯᠡᠯᠬᠡᠨ ᠤ ᠬᠢᠨᠠᠯᠳᠠ ᠲᠡᠮᠵᠢᠯᠬᠡ ᠲᠣᠣᠷ᠎ᠠ᠂ ︽ᠲᠠᠪᠣᠨ ᠨᠢᠬᠡ ᠴᠣᠭᠴᠠᠵᠢᠭᠤᠯᠣᠯᠳᠠ︾ ᠶᠢᠨ ᠶᠡᠷᠦᠩᠬᠡᠢ ᠪᠠᠶᠢᠷᠢᠯᠠᠭᠤᠯᠣᠯᠳᠠ᠂ ︽ᠲᠦᠷᠪᠡᠨ ᠪᠦᠬᠦ ᠲᠠᠯ᠎ᠠ︾ ᠶᠢᠨ | ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠨᠢᠬᠡᠳᠦᠯ ᠲᠠᠢ ᠲᠦᠯᠦᠪᠯᠡᠨ ᠠᠬᠢᠭᠤᠯᠵᠣ᠂ ᠬᠦᠭᠵᠢᠬᠦᠯᠦᠯᠳᠡ ᠶᠢᠨ ᠰᠢᠨ᠎ᠡ ᠣᠶᠢᠯᠠᠭᠠᠭᠳᠠᠬᠤᠨ ᠢ ᠪᠠᠳᠣ ᠪᠣᠢ | ᠪᠣᠯᠭᠠᠨ ᠦᠢᠯᠡᠳᠦᠯᠬᠡᠵᠢᠬᠦᠯᠵᠦ᠂ ᠠᠵᠣ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠤᠨ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠣ᠂ ᠦᠬᠡᠷᠡᠴᠢᠯᠡᠯᠳᠡ | ᠬᠢᠵᠦ ᠰᠢᠨ᠎ᠡ ᠶᠢ ᠡᠬᠦᠳᠦᠨ᠂ ᠨᠡᠬᠡᠬᠡᠯᠳᠡ ᠬᠢᠵᠦ ᠬᠡᠯᠪᠡᠷᠢ ᠪᠠᠨ ᠬᠤᠪᠢᠷᠠᠭᠤᠯᠵᠣ᠂ ᠪᠣᠳᠠᠳᠠᠢ ᠡᠬᠦᠷᠬᠡᠯᠡᠭᠰᠡᠨ ᠠᠴᠠ ᠲᠣᠰ ᠬᠤᠭᠤᠴᠠᠭ᠎ᠠ ᠶᠢᠨ ᠵᠠᠰᠠᠭ ᠤᠨ ᠣᠷᠳᠣᠨ ᠤ | ᠬᠠᠷᠡᠯᠳᠠ ᠡᠬᠦᠷᠬᠡ ᠪᠠᠨ ᠪᠡᠶᠡᠯᠡᠬᠦᠯᠵᠦ᠂ ᠡᠯ᠎ᠡ ᠲᠠᠯ᠎ᠠ ᠶᠢᠨ ᠠᠵᠢᠯ ᠰᠢᠨ᠎ᠡ ᠠᠬᠢᠴᠠ ᠲᠠᠢ ᠪᠣᠯᠵᠣ ᠰᠢᠨ᠎ᠡ ᠦᠷ᠎ᠡ ᠪᠦᠳᠦᠮᠵᠢ ᠣᠯᠣᠭᠰᠠᠨ ᠪᠠᠶᠢᠨ᠎ᠠ᠃ | ᠠᠵᠦ ᠠᠬᠤᠢ ᠶᠢᠨ ᠬᠦᠭᠵᠢᠯᠳᠡ ᠶᠢ ᠲᠤᠭᠳᠠᠭᠤᠨ ᠢᠶᠠᠷ ᠠᠬᠢᠭᠤᠯᠪᠠ᠃ ᠲᠤᠭᠳᠠᠭᠤᠨ ᠢᠶᠠᠷ ᠠᠬᠢᠭᠤᠯᠬᠤ ᠠᠵᠢᠯ ᠤᠨ ᠶᠡᠷᠦᠩᠭᠡᠢ ᠭᠦᠭ ᠠᠶᠠᠰ ᠢ ᠪᠠᠷᠢᠮᠳᠡᠯᠡᠨ | ᠂ ᠲᠤᠷᠤᠭᠰᠢᠯᠠᠬᠤ ᠲᠠᠷᠤᠭᠠᠰᠦ ᠶᠢ ᠪᠦᠳᠦᠮᠵᠢᠳᠡᠢ ᠢᠯᠡᠨ ᠲᠠᠪᠠᠵᠦ᠂ ᠠᠵᠣ ᠠᠬᠤᠢ ᠶᠢᠨ ᠣᠷᠴᠢᠯᠳᠠ ᠶᠢᠨ ᠲᠣᠭᠳᠠᠭᠤᠨ ᠴᠢᠨᠠᠷ᠂ ᠵᠣᠬᠢᠴᠠᠩᠭᠤᠢ ᠴᠢᠨᠠᠷ ᠮᠡᠳᠡᠭᠳᠡᠮ᠎ᠡ | ᠴᠢᠩᠭᠠᠷᠠᠪᠠ᠃ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠲᠣᠮᠳᠠᠴᠢ 7% ᠨᠡᠮᠡᠭᠳᠡᠪᠡ︔ ᠬᠡᠪᠴᠢᠶᠡᠵᠢᠯ ᠠᠴᠠ ᠲᠡᠭᠡᠭᠰᠢᠬᠢ ᠠᠵᠦ | ᠦᠢᠯᠡᠳᠪᠦᠷᠢ ᠶᠢᠨ ᠨᠡᠮᠡᠭᠳᠡᠯ ᠦᠷᠳᠡᠭ ᠵᠢᠯ ᠲᠤᠮᠳᠡᠴᠢ 8.5% ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠲᠡᠬᠡᠭᠰᠢᠬᠢ ᠲᠣᠭᠳᠠᠮᠠᠯ ᠬᠦᠷᠦᠩᠬᠡ ᠶᠢᠨ ᠪᠡᠯᠡ | ᠣᠷᠣᠭᠤᠯᠣᠯᠳᠠ ᠵᠢᠯ ᠲᠣᠮᠳᠠᠴᠢ 11.7% ᠨᠡᠮᠡᠭᠳᠡᠪᠡ︔ ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠲᠤᠭ᠎ᠠ ᠵᠢᠯ ᠲᠣᠮᠳᠠᠴᠢ 10% | ᠨᠡᠮᠡᠭᠳᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠡᠴᠢ ᠲᠣᠬᠢᠷᠠᠭᠤᠯᠵᠣ ᠪᠣᠯᠬᠤᠶᠢᠴᠠ ᠣᠷᠣᠯᠭ᠎ᠠ ᠲᠣᠰ ᠪᠦᠷᠢ 29639 ᠲᠦᠬᠦᠷᠢᠭ ᠪᠠ | 12512 ᠲᠦᠬᠦᠷᠢᠭ ᠬᠦᠷᠴᠦ᠂ ᠵᠢᠯ ᠲᠤᠮᠳᠡᠴᠢ ᠲᠣᠰ ᠲᠣᠰ 9.2% ᠪᠠ 9.7% ᠨᠡᠮᠡᠭᠳᠡᠪᠡ᠃ ᠠᠵᠣ ᠦᠢᠯᠡᠳᠪᠦᠷᠢ ᠶᠢᠨ ᠴᠠᠬᠢᠯᠭᠠᠨ ᠬᠡᠷᠡᠭᠯᠡᠯᠳᠡ 372 | ᠳ᠋ᠦᠩᠰᠢᠭᠤᠷ ᠭᠷᠠᠳᠦ᠋ᠰ ᠬᠦᠷᠴᠦ᠂ 2012 ᠣᠨ ᠤ ᠬᠢ ᠠᠴᠠ ᠲᠠᠬᠢᠨ ᠢᠯᠡᠬᠦᠦ ᠨᠡᠮᠡᠭᠳᠡᠪᠡ︔ ᠪᠠᠷᠠᠭ᠎ᠠ ᠶᠢᠨ ᠵᠦᠬᠡᠬᠡᠪᠦᠷᠢ ᠶᠢᠨ ᠶᠡᠷᠦᠩᠬᠡᠢ ᠬᠡᠮᠵᠢᠶ᠎ᠡ 1.75 | ᠳ᠋ᠦᠩᠰᠢᠭᠤᠷ ᠲᠣᠨ ᠬᠦᠷᠴᠦ᠂ 2012 ᠣᠨ ᠤ ᠬᠢ ᠠᠴᠠ ᠲᠠᠬᠢᠨ ᠰᠢᠬᠠᠮ ᠨᠡᠮᠡᠭᠳᠡᠪᠡ︔ ᠬᠤᠳᠠ ᠳᠤ ᠰᠠᠭᠤᠭ᠎ᠠ ᠮᠦᠩᠬᠦᠨ ᠬᠦᠢᠯᠬᠡᠬᠡ ᠶᠢᠨ ᠪᠠᠶᠢᠭᠤᠯᠣᠮᠵᠢ ᠶᠢᠨ | ᠬᠠᠳᠠᠭᠠᠯᠠᠮᠵᠢ ᠵᠢᠬᠡᠯᠡᠯᠬᠡ ᠪᠦᠷ ᠮᠢᠩᠭᠠᠨ ᠳ᠋ᠦᠩᠰᠢᠭᠤᠷ ᠲᠦᠬᠦᠷᠢᠭ ᠢ ᠲᠠᠪᠠᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠠᠳᠠᠭᠠᠯᠠᠮᠵᠢ 659 ᠳ᠋ᠦᠩᠰᠢᠭᠤᠷ | ᠲᠦᠬᠦᠷᠢᠭ ᠬᠦᠷᠴᠦ᠂ 2012 ᠣᠨ ᠤ ᠬᠢ ᠠᠴᠠ ᠪᠠᠷᠤᠭ ᠲᠠᠬᠢᠨ ᠨᠡᠮᠡᠭᠳᠡᠪᠡ᠃ | ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠵᠦ ᠲᠡᠰ ᠲᠡᠪᠰᠢᠬᠦᠯᠬᠦ ᠠᠯᠬᠤᠴᠠ ᠶᠢ ᠲᠦᠷᠭᠡᠳᠭᠡᠪᠡ᠃ ᠬᠡᠯᠪᠡᠷᠢ ᠪᠠᠨ ᠬᠤᠪᠢᠷᠠᠭᠤᠯᠵᠦ ᠪᠦᠳᠦᠴᠠ ᠶᠢᠨ | ᠲᠤᠬᠢᠷᠠᠭᠤᠯᠤᠯᠳᠡ ᠬᠢᠬᠦ ᠶᠢ ᠬᠦᠴᠦᠯᠡᠨ ᠠᠬᠢᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ︽ᠲᠠᠪᠣᠨ ᠣᠶᠠᠯᠳᠣᠯ︾ ᠤᠨ ᠴᠢᠬᠤᠯᠠ ᠱᠠᠭᠠᠷᠳᠠᠯᠭ᠎ᠠ ᠶᠢ | ᠨᠠᠶᠢᠳᠠᠪᠣᠷᠢᠵᠢᠭᠤᠯᠬᠤ᠂ ᠬᠦᠭᠵᠢᠬᠦᠯᠦᠯᠳᠡ ᠶᠢᠨ ᠠᠷᠭ᠎ᠠ ᠮᠠᠶ᠋ᠢᠭ ᠢᠶᠠᠨ ᠬᠤᠪᠢᠷᠠᠭᠠᠬᠤ ᠶᠢ ᠲᠦᠷᠬᠡᠳᠬᠡᠬᠦ ᠬᠡᠷᠡᠭᠵᠢᠬᠦᠯᠬᠦ ᠰᠠᠨᠠᠯ ᠲᠣᠭᠳᠠᠭᠠᠪᠠ᠃ ᠲᠠᠪᠠᠭᠤᠯᠢᠭ ᠲᠠᠭᠠᠨ | ᠲᠦᠰᠢᠭᠯᠡᠨ ︽ᠵᠢᠷᠭᠤᠭᠠᠨ ᠠᠵᠣ ᠦᠢᠯᠡᠰ ᠤᠨ ᠰᠠᠭᠤᠷᠢᠨ︾ ᠪᠠᠶᠢᠭᠤᠯᠵᠣ᠂ ᠭᠤᠷᠪᠠᠨ ᠠᠵᠣ ᠦᠢᠯᠡᠰ ᠤᠨ ᠬᠠᠷᠢᠴᠠᠯ ᠢ 14᠄ 48.2᠄ 37.8 ᠪᠣᠯᠭᠠᠵᠣ᠂ | ᠭᠤᠷᠪᠠᠳᠣᠭᠠᠷ ᠠᠵᠣ ᠦᠢᠯᠡᠰ ᠤᠨ ᠬᠤᠪᠢ ᠶᠢᠨ ᠵᠢᠩ 6.9 ᠬᠤᠪᠢ ᠲᠡᠬᠡᠭᠰᠢᠯᠡᠪᠡ᠃ ᠣᠰᠣᠨ ᠳᠤ ᠠᠷᠪᠢ ᠲᠠᠢ ᠬᠤᠷᠢᠶᠠᠯᠳᠠ ᠰᠠᠶᠢᠳᠠᠢ ᠲᠠᠷᠢᠶᠠᠨ ᠭᠠᠵᠠᠷ ᠤᠨ | ᠪᠠᠶᠢᠭᠤᠯᠣᠯᠳᠠ ᠦᠪᠡᠷᠳᠡᠬᠡᠨ ᠵᠠᠰᠠᠬᠤ ᠣᠷᠣᠨ ᠤ ᠡᠮᠦᠨ᠎ᠡ ᠡᠩᠨᠡᠭᠡ ᠳᠤ ᠣᠷᠣᠵᠣ᠂ ᠠᠯᠠᠰᠢᠨ ᠦᠬᠡᠷ ᠠᠷᠠᠴᠢᠯᠠᠬᠤ ᠬᠡᠪᠴᠢᠶ᠎ᠠ ᠪᠠ ᠠᠵᠣ ᠦᠢᠯᠡᠰᠵᠢᠬᠦᠯᠦᠯᠳᠡ ᠶᠢᠨ | ᠬᠢᠷᠢ ᠬᠡᠮᠵᠢᠶ᠎ᠡ ᠪᠦᠬᠦ ᠣᠯᠣᠰ ᠲᠤ ᠲᠡᠷᠢᠬᠦᠯᠡᠵᠦ᠂ ᠦᠪᠡᠷᠳᠡᠬᠡᠨ ᠵᠠᠰᠠᠬᠤ ᠣᠷᠣᠨ ᠤ ᠬᠡᠪᠴᠢᠶ᠎ᠠ ᠳᠤ ᠣᠨᠴᠠᠯᠢᠭᠳᠣ ᠠᠵᠣ ᠦᠢᠯᠡᠰ ᠤᠨ ᠪᠠᠷᠢᠮᠵᠢᠶ᠎ᠠ ᠶᠢᠨ | ᠲᠣᠭᠳᠠᠯᠴᠠᠭ᠎ᠠ ᠶᠢᠨ ᠲᠦᠯᠦᠪᠵᠢᠬᠦᠯᠬᠡ ᠪᠠ ᠪᠠᠷᠢᠮᠵᠢᠶ᠎ᠠ ᠶᠢ ᠣᠷᠢᠳᠠᠪᠠᠷ ᠲᠣᠭᠳᠠᠭᠠᠪᠠ᠃ ᠠᠵᠣ ᠦᠢᠯᠡᠳᠪᠦᠷᠢ ᠬᠡᠪᠴᠢᠶ᠎ᠠ ᠪᠠᠨ ᠦᠷᠬᠡᠳᠬᠡᠵᠦ ᠴᠢᠨᠠᠷ ᠦᠷ᠎ᠡ | ᠠᠰᠢᠭ ᠢᠶᠠᠨ ᠲᠡᠬᠡᠭᠰᠢᠯᠡᠬᠦᠯᠵᠦ᠂ ᠡᠬᠢ ᠪᠠᠶᠠᠯᠢᠭ ᠤᠨ ᠬᠡᠯᠪᠡᠷᠢ ᠶᠢᠨ ᠠᠵᠣ ᠦᠢᠯᠡᠰ ᠣᠷᠳᠣᠳᠴᠣ ᠲᠡᠰ ᠲᠡᠪᠰᠢᠵᠦ᠂ ᠪᠠᠶᠢᠯᠳᠣᠬᠤ ᠪᠣᠳᠣᠯᠭ᠎ᠠ ᠶᠢᠨ ᠴᠢᠨᠠᠷ ᠲᠠᠢ | ᠰᠢᠨ᠎ᠡ ᠮᠠᠨᠳᠣᠭᠰᠠᠨ ᠠᠵᠣ ᠦᠢᠯᠡᠰ ᠤᠨ ᠬᠡᠪᠴᠢᠶ᠎ᠠ ᠶᠢ ᠦᠷᠬᠡᠳᠬᠡᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠦ᠂ ᠰᠢᠨ᠎ᠡ ᠡᠨᠧᠷᠬᠢ ᠴᠠᠬᠢᠯᠭᠠᠨ ᠬᠦᠴᠦᠨ ᠤ ᠶᠡᠷᠦᠩᠭᠡᠢ | ᠴᠤᠭᠴᠠᠯᠠᠪᠤᠷᠢ ᠶᠢᠨ 42% ᠶᠢ ᠡᠵᠡᠯᠡᠨ᠂ ᠴᠠᠬᠢᠯᠭᠠᠨ ᠭᠠᠷᠭᠠᠬᠤ ᠬᠡᠮᠵᠢᠶ᠎ᠡ ᠶᠢᠨ ᠡᠵᠡᠯᠡᠬᠦ ᠬᠠᠷᠢᠴᠠᠯ 20% ᠶᠢ ᠲᠡᠪᠡᠪᠡ︔ ᠮᠤᠩᠭᠤᠯ ᠡᠮ ᠤᠨ ᠭᠠᠷᠤᠯᠳᠡ ᠪᠦᠬᠦ | ᠤᠯᠤᠰ ᠤᠨ 50% ᠠᠴᠠ ᠲᠡᠭᠡᠭᠰᠢ ᠶᠢ ᠡᠵᠡᠯᠡᠪᠡ᠃ ᠭᠤᠣᠯ ᠬᠤᠳᠠ ᠲᠣᠭᠤᠷᠢᠭ ᠤᠨ ︽ᠪᠠᠷᠠᠭ᠎ᠠ ᠶᠢᠨ ᠬᠦᠢᠯᠬᠡᠬᠡ ᠶᠢᠨ ᠲᠠᠪᠣᠨ ᠲᠠᠪᠴᠠᠩ︾ ᠤᠨ ᠪᠠᠶᠢᠭᠤᠯᠣᠯᠳᠠ | ᠠᠩᠬ᠎ᠠ ᠲᠦᠯᠦᠪᠰᠢᠵᠦ᠂ ᠡᠯᠧᠺᠲᠷᠣᠨ ᠬᠤᠳᠠᠯᠳᠤᠭ᠎ᠠ ᠶᠢᠨ ᠶᠠᠪᠣᠳᠠᠯ ᠢ ᠬᠦᠳᠡᠭᠡ ᠳᠤ ᠣᠷᠣᠭᠤᠯᠬᠤ ᠬᠠᠮ ᠲᠠᠭᠤᠷᠢᠶᠠᠯ ᠰᠢᠶᠠᠨ ᠤ ᠲᠦᠷᠦᠯ ᠵᠦᠢᠯ ᠢ ᠪᠦᠷ | ᠬᠠᠮᠣᠷᠣᠭᠤᠯᠵᠣ᠂ ᠲᠦᠩᠯᠢᠶᠣᠣ ᠶᠢᠨ ᠡᠯᠧᠺᠲᠷᠣᠨ ᠬᠤᠳᠠᠯᠳᠤᠭ᠎ᠠ ᠶᠢᠨ ᠦᠢᠯᠡᠰ ᠤᠨ ᠬᠤᠷᠤᠭ᠎ᠠ ︽ᠪᠦᠬᠦ ᠣᠯᠣᠰ ᠤᠨ ᠡᠯᠧᠺᠲᠷᠣᠨ ᠬᠤᠳᠠᠯᠳᠤᠭ᠎ᠠ ᠶᠢᠨ | ᠶᠠᠪᠣᠳᠠᠯ ᠤᠨ ᠲᠠᠭᠤᠷᠢᠶᠠᠯ ᠰᠠᠭᠤᠷᠢᠨ︾ ᠢᠶᠠᠷ ᠦᠨᠡᠯᠡᠭᠳᠡᠪᠡ᠃ ᠬᠤᠷᠴᠢᠨ ᠤ ᠮᠢᠩᠭᠠᠨ ᠭᠠᠵᠠᠷ ᠤᠨ ᠦᠵᠡᠮᠵᠢ ᠶᠢᠨ ᠲᠡᠷᠳᠡᠩ ᠵᠠᠮ ᠢᠶᠠᠷ ᠲᠡᠷᠬᠡ ᠪᠠᠷᠢᠵᠣ ᠵᠣᠭᠠᠴᠠᠬᠤ | ᠦᠢᠯᠡᠴᠢᠯᠡᠭᠡ ᠶᠢᠨ ᠰᠢᠰᠲ᠋ᠧᠮ ᠤᠨ ᠲᠦᠷᠦᠬᠦᠦ ᠬᠤᠭᠤᠴᠠᠭ᠎ᠠ ᠶᠢᠨ ᠪᠠᠶᠢᠭᠤᠯᠣᠯᠳᠠ ᠶᠢ ᠪᠡᠶᠡᠯᠡᠬᠦᠯᠵᠦ᠂ ︽ᠪᠦᠬᠦ ᠣᠯᠣᠰ ᠤᠨ ᠲᠡᠷᠬᠡ ᠪᠠᠷᠢᠵᠣ ᠵᠣᠭᠠᠴᠠᠬᠤ | ᠭᠠᠵᠠᠷ ᠤᠨ ᠲᠣᠷᠰᠢᠯᠳᠠ ᠶᠢᠨ ᠬᠤᠳᠠ︾ ᠪᠠ ︽ᠲᠣᠮᠳᠠᠳᠣ ᠣᠯᠣᠰ ᠤᠨ ᠮᠣᠩᠭᠤᠯ ᠬᠤᠭᠤᠯᠠ ᠶᠢᠨ ᠬᠤᠳᠠ︾ ᠪᠠᠷ ᠦᠨᠡᠯᠡᠭᠳᠡᠪᠡ᠃ ᠢᠨᠲ᠋ᠧᠷ ᠰᠦᠯᠵᠢᠶ᠎ᠡ᠂ ᠲᠠᠯᠠᠢ | ᠲᠤᠭ᠎ᠠ ᠵᠡᠷᠬᠡ ᠰᠢᠨ᠎ᠡ ᠲᠣᠬᠠᠶᠢᠯᠠᠭᠰᠠᠨ ᠡᠵᠡᠩᠨᠡᠯᠳᠡ ᠰᠢᠨ᠎ᠡ ᠬᠡᠪ ᠵᠠᠭᠪᠣᠷ ᠲᠦᠷᠬᠡᠨ ᠪᠣᠶᠢᠵᠢᠵᠣ᠂ ︽ᠦᠷᠭᠡᠨ ᠪᠦᠰᠡᠳᠦ ᠲᠤᠮᠳᠡᠳᠦ ᠤᠯᠤᠰ ᠤᠨ ᠲᠠᠭᠤᠷᠢᠶᠠᠯ | ᠬᠤᠳᠡ︾ ᠪᠠᠷ ᠦᠨᠡᠯᠡᠭᠳᠡᠪᠡ᠃ | ᠦᠬᠡᠷᠡᠴᠢᠯᠡᠯᠳᠡ ᠴᠢᠯᠦᠬᠡᠳᠡᠢ ᠶᠠᠪᠣᠯᠴᠠᠭ᠎ᠠ ᠰᠢᠪᠳᠣᠯᠣᠯᠳᠠ ᠶᠢᠨ ᠴᠢᠨᠠᠷ ᠲᠠᠢ ᠠᠬᠢᠯᠳᠠ ᠲᠠᠢ ᠪᠣᠯᠪᠠ᠃ ᠠᠵᠣ ᠠᠬᠤᠢ ᠠᠮᠢ ᠠᠬᠤᠢ ᠪᠠ ᠨᠡᠶᠢᠬᠡᠮ ᠤᠨ | ᠦᠢᠯᠡᠰ ᠤᠨ ᠦᠬᠡᠷᠡᠴᠢᠯᠡᠯᠳᠡ ᠶᠢᠨ ᠲᠣᠷᠰᠢᠯᠳᠠ ᠶᠢᠨ ᠴᠡᠭ ᠢ 29 ᠦᠷᠨᠢᠬᠦᠯᠵᠦ᠂ 528 ᠦᠬᠡᠷᠡᠴᠢᠯᠡᠯᠳᠡ ᠶᠢᠨ ᠠᠷᠭ᠎ᠠ ᠠᠪᠴᠠᠯ ᠢ ᠨᠠᠶᠢᠳᠠᠪᠣᠷᠢᠵᠢᠭᠤᠯᠪᠠ᠃ ᠠᠵᠣ | ᠠᠬᠤᠶᠢᠯᠠᠯ ᠤᠨ ᠲᠠᠷᠣᠭᠠᠰᠣ ᠶᠢ ᠬᠦᠩᠬᠡᠷᠡᠬᠦᠯᠬᠦ᠂ ᠠᠵᠦ ᠠᠬᠤᠢ ᠶᠢᠨ ᠦᠷ᠎ᠡ ᠠᠰᠢᠭ ᠢ ᠨᠡᠮᠡᠭᠳᠡᠬᠦᠯᠬᠦ ᠠᠵᠢᠯ ᠲᠦᠷᠦ ᠶᠢᠨ ᠶᠠᠪᠣᠳᠠᠯ ᠤᠨ ᠬᠤᠷᠢᠶ᠎ᠠ ᠶᠢᠨ ᠭᠤᠷᠪᠠᠳᠣᠭᠠᠷ | ᠣᠳᠠᠭ᠎ᠠ ᠶᠢᠨ ᠶᠡᠭᠡ ᠱᠠᠭᠠᠷᠳᠠᠨ ᠪᠠᠶᠢᠴᠠᠭᠠᠯᠳᠠ ᠳᠤ ᠣᠯᠠᠨ᠎ᠠ ᠨᠡᠶᠢᠳᠡᠯᠡᠨ ᠰᠠᠶᠢᠰᠢᠶᠠᠭᠳᠠᠵᠣ᠂ ︽ᠪᠠᠳᠣᠯᠠᠭ᠎ᠠ ᠶᠢᠨ ᠲᠣᠰᠠᠯᠠᠮᠵᠢᠳᠣ ᠵᠢᠬᠡᠯᠡᠯᠬᠡ︾ ᠶᠢᠨ ᠬᠡᠪ ᠵᠠᠭᠪᠣᠷ ᠢ | ᠪᠦᠬᠦ ᠣᠯᠣᠰ ᠲᠤ ᠲᠡᠯᠬᠡᠷᠡᠬᠦᠯᠪᠡ᠃ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠵᠡᠷᠬᠡ ︽ᠨᠡᠢᠮᠠᠨ ᠨᠠᠷᠢᠨ ᠲᠠᠩᠰᠠ︾ ᠶᠢ ᠵᠣᠬᠢᠶᠠᠨ ᠬᠡᠷᠡᠭᠵᠢᠬᠦᠯᠵᠦ᠂ ︽ | ᠪᠠᠶᠢᠴᠠᠭᠠᠭᠳᠠᠬᠤᠨ ᠪᠠᠶᠢᠴᠠᠭᠠᠭᠴᠢ ᠶᠢ ᠲᠣᠷ᠎ᠠ ᠪᠠᠷ ᠰᠣᠩᠭᠤᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠣᠬᠠᠢ ᠳᠤᠨᠢ ᠨᠠᠶᠢᠳᠡᠯᠡᠬᠦ︾ ᠬᠢᠨᠡᠨ ᠬᠠᠮᠢᠶᠠᠷᠣᠯᠳᠠ ᠶᠢ | ᠬᠡᠷᠡᠭᠵᠢᠬᠦᠯᠪᠡ᠃ ᠪᠠᠷᠢᠮᠵᠢᠶᠠᠵᠢᠭᠤᠯᠣᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠯᠠᠪᠳᠠᠭᠤᠨ ᠠᠬᠢᠭᠤᠯᠵᠣ᠂ ᠣᠯᠣᠰ ᠤᠨ ᠲᠡᠰ ᠤᠨ | ᠨᠡᠶᠢᠬᠡᠮ ᠤᠨ ᠬᠠᠮᠢᠶᠠᠷᠣᠯᠳᠠ ᠪᠠ ᠨᠡᠶᠢᠳᠡ ᠶᠢᠨ ᠦᠢᠯᠡᠴᠢᠯᠡᠭᠡ ᠶᠢᠨ ᠬᠠᠮ ᠪᠠᠷᠢᠮᠵᠢᠶᠠᠵᠢᠭᠤᠯᠣᠯᠳᠠ ᠶᠢᠨ ᠲᠣᠷᠰᠢᠯᠳᠠ ᠶᠢᠨ ᠴᠡᠭ ᠰᠢᠯᠭᠠᠯᠳᠠ ᠪᠠᠷ ᠪᠠᠳᠣᠯᠠᠭᠳᠠᠪᠠ᠃ | ᠦᠪᠡᠷᠳᠡᠬᠡᠨ ᠵᠠᠰᠠᠬᠤ ᠣᠷᠣᠨ ᠳᠤ ︽ᠬᠤᠷᠢᠨ ᠲᠠᠪᠣᠨ ᠬᠡᠷᠡᠴᠢ ᠶᠢᠨ ᠨᠢᠬᠡᠳᠦᠯ︾ ᠤᠨ ᠦᠬᠡᠷᠡᠴᠢᠯᠡᠯᠳᠡ ᠶᠢ ᠣᠷᠢᠳᠠᠪᠠᠷ ᠬᠡᠷᠡᠭᠵᠢᠬᠦᠯᠵᠦ᠂ ᠵᠡᠬᠦᠨ ᠬᠤᠶᠢᠳᠣ | ᠣᠷᠣᠨ ᠤ ᠠᠷᠠᠳ ᠤᠨ ᠡᠵᠡᠩᠨᠡᠯᠳᠡ ᠶᠢᠨ ᠠᠵᠣ ᠠᠬᠤᠢ ᠶᠢᠨ ᠬᠦᠭᠵᠢᠬᠦᠯᠦᠯᠳᠡ ᠦᠬᠡᠷᠡᠴᠢᠯᠡᠯᠳᠡ ᠶᠢᠨ ᠲᠠᠭᠤᠷᠢᠶᠠᠯ ᠬᠤᠳᠠ ᠪᠠᠷ ᠣᠯᠣᠰ ᠲᠤ ᠦᠨᠡᠯᠡᠭᠳᠡᠪᠡ᠃ | ᠣᠷᠣᠨᠵᠢᠯ ᠤᠨ ᠪᠠᠴᠢᠯ ᠴᠠᠬᠢᠯᠭᠠᠨ ᠲᠣᠣᠷ ᠤᠨ ᠲᠣᠷᠰᠢᠯᠳᠠ ᠶᠢᠨ ᠴᠡᠭ ᠤᠨ ᠠᠵᠢᠯ ᠱᠠᠳᠣᠴᠢ ᠴᠢᠨᠠᠷ ᠲᠠᠢ ᠦᠷ᠎ᠡ ᠪᠦᠳᠦᠮᠵᠢ ᠣᠯᠪᠠ᠃ ᠨᠣᠳᠤᠭ ᠪᠡᠯᠴᠢᠬᠡᠷ ᠤᠨ | ᠡᠷᠬᠡ ᠶᠢ ᠲᠣᠳᠣᠯᠠᠬᠤ ᠠᠵᠢᠯ ᠢ ᠪᠦᠷᠢᠮᠦᠰᠦᠨ ᠪᠡᠶᠡᠯᠡᠬᠦᠯᠵᠦ᠂ ᠭᠠᠵᠠᠷ ᠰᠢᠷᠣᠢ ᠶᠢᠨ ᠡᠷᠬᠡ ᠶᠢ ᠲᠣᠳᠣᠯᠠᠵᠣ ᠲᠡᠮᠳᠡᠭᠯᠡᠨ ᠬᠡᠷᠡᠴᠢ ᠲᠠᠷᠬᠠᠭᠠᠬᠤ ᠣᠯᠣᠰ ᠤᠨ ᠲᠡᠰ ᠤᠨ | ᠲᠣᠷᠰᠢᠯᠳᠠ ᠶᠢᠨ ᠴᠡᠭ ᠤᠨ ᠠᠵᠢᠯ ᠦᠪᠡᠷᠳᠡᠭᠡᠨ ᠵᠠᠰᠠᠬᠤ ᠤᠷᠤᠨ ᠤ ᠰᠢᠯᠭᠠᠯᠳᠠ ᠪᠠᠷ ᠪᠠᠳᠣᠯᠠᠭᠳᠠᠪᠠ᠃ ᠱᠠᠳᠣ ᠬᠤᠪᠢᠶᠠᠨ ᠣᠨᠣᠰᠢᠯᠠᠨ ᠡᠮᠨᠡᠬᠦᠯᠬᠦ ᠲᠦᠷᠢᠮ | ᠪᠠᠶᠢᠭᠤᠯᠵᠣ᠂ ᠠᠯᠪᠠᠨ ᠤ ᠡᠮᠨᠡᠯᠬᠡ ᠶᠢᠨ ᠬᠤᠷᠢᠶ᠎ᠠ ᠪᠦᠷ ᠡᠮ ᠢ ᠣᠷᠣᠭᠤᠯᠣᠭᠰᠠᠨ ᠬᠠᠩᠰᠢ ᠪᠠᠷ ᠬᠤᠳᠠᠯᠳᠣᠬᠤ ᠪᠣᠯᠪᠠ᠃ ︽ᠨᠢᠬᠡ ᠪᠦᠰᠡ ᠨᠢᠬᠡ ᠵᠠᠮ︾ ᠤᠨ | ᠪᠠᠶᠢᠭᠤᠯᠣᠯᠳᠠ ᠳᠤ ᠢᠳᠡᠪᠬᠢ ᠠᠭᠤᠰᠴᠣ᠂ ᠣᠷᠣᠰ ᠮᠣᠩᠭᠤᠯ ᠯᠤᠭ᠎ᠠ ᠴᠢᠯᠦᠬᠡᠲᠠᠢ ᠶᠠᠪᠣᠯᠴᠠᠭ᠎ᠠ ᠪᠠᠨ ᠲᠠᠰᠣᠷᠠᠯᠳᠠ ᠦᠬᠡᠢ ᠦᠷᠬᠡᠳᠬᠡᠵᠦ᠂ ᠮᠣᠩᠭᠤᠯ ᠣᠯᠣᠰ ᠤᠨ | ᠬᠡᠨᠳᠡᠢ ᠠᠶᠢᠮᠠᠭ ᠲᠠᠢ ᠨᠦᠬᠦᠷᠰᠡᠭ ᠬᠠᠷᠢᠴᠠᠭ᠎ᠠ ᠪᠠᠶᠢᠭᠤᠯᠵᠣ᠂ ᠲᠣᠮᠳᠠᠳᠣ ᠮᠣᠩᠭᠤᠯ ᠤᠨ ᠦᠵᠡᠬᠦᠯᠦᠯᠬᠡ ᠶᠢᠨ ᠲᠦᠩᠯᠢᠶᠣᠣ ᠳᠠᠬᠢ ᠣᠯᠠᠨ ᠣᠯᠣᠰ ᠤᠨ ᠲᠠᠸᠠᠷ ᠤᠨ | ᠠᠷᠠᠯᠵᠢᠶᠠᠨ ᠤ ᠴᠣᠭᠯᠠᠭᠠᠨ ᠵᠢᠴᠢ ᠲᠣᠮᠳᠠᠳᠣ ᠮᠣᠩᠭᠤᠯ ᠤᠨ ︽3 + 3︾ ᠣᠷᠣᠨ ᠲᠣᠭᠤᠷᠢᠭ ᠤᠨ ᠬᠠᠮᠵᠢᠯᠴᠠᠭ᠎ᠠ ᠶᠢᠨ ᠬᠤᠷᠠᠯ ᠢ ᠡᠷᠬᠢᠯᠡᠵᠦ᠂ ︽ᠲᠦᠩᠯᠢᠶᠣᠣ | ᠮᠠᠨᠵᠣᠣᠷ ᠡᠸᠦ᠋ᠷᠦᠫᠡ︾ ᠬᠡᠮᠡᠬᠦ ᠬᠢᠯᠢ ᠲᠠᠮᠵᠢᠭᠰᠠᠨ ᠪᠠᠷᠠᠭ᠎ᠠ ᠶᠢᠨ ᠴᠣᠪᠣᠭ᠎ᠠ ᠲᠡᠷᠬᠡ ᠵᠦᠬᠡᠬᠡᠪᠦᠷᠢ ᠡᠬᠢᠯᠡᠬᠦᠯᠪᠡ᠃ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ | ᠪᠢᠯᠢᠭ ᠬᠤᠷᠠᠮᠳᠣᠭᠤᠯᠬᠤ ᠬᠡᠯᠪᠡᠷᠢ ᠪᠠᠨ ᠰᠢᠨᠡᠴᠢᠯᠡᠵᠦ᠂ ᠨᠡᠶᠢᠳᠡ 3904 ᠳ᠋ᠦᠩᠰᠢᠭᠤᠷ ᠲᠦᠬᠦᠷᠢᠭ ᠪᠡᠯᠡ ᠣᠷᠣᠩᠨᠠᠭᠤᠯᠵᠣ᠂ ᠲᠡᠬᠡᠳᠦ ᠲᠡᠰ ᠤᠨ ᠴᠢᠳᠠᠪᠣᠷᠢᠳᠠᠨ | 1000 ᠠᠪᠴᠢᠷᠠᠪᠠ᠃ | ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠡᠷ ᠢᠯᠡᠳᠳᠡ ᠰᠠᠶᠢᠵᠢᠷᠠᠪᠠ᠃ ︽ᠠᠮᠢ ᠠᠬᠤᠢ ᠶᠢᠨ ᠴᠢᠳᠠᠪᠣᠷᠢ ᠶᠢᠨ ᠲᠠᠪᠣᠨ ᠲᠣᠭᠤᠷᠢᠭ︾ | ᠪᠠᠶᠢᠭᠤᠯᠬᠤ ᠪᠠᠷ ᠲᠦᠯᠦᠪᠯᠡᠵᠦ᠂ ᠭᠤᠤᠯᠳᠠᠯᠭᠠᠳᠦ ᠠᠮᠢ ᠠᠬᠤᠢ ᠶᠢᠨ ᠴᠢᠳᠡᠪᠦᠷᠢᠳᠦ ᠲᠤᠭᠤᠷᠢᠭ ᠲᠤ ᠠᠵᠦ ᠦᠢᠯᠡᠰ ᠢ ᠵᠦᠪᠰᠢᠶᠡᠷᠡᠨ ᠤᠷᠤᠭᠤᠯᠬᠤ ᠨᠠᠵᠠᠭᠠᠢ ᠲᠠᠯ᠎ᠠ | ᠶᠢᠨ ᠲᠤᠳᠤᠷᠬᠠᠢ ᠬᠠᠭᠤᠳᠡᠰᠦ ᠵᠤᠬᠢᠶᠠᠵᠦ᠂ ᠪᠦᠬᠦ ᠤᠷᠤᠨ ᠪᠦᠰᠡ ᠶᠢᠨ ᠦᠨᠳᠦᠰᠦᠨ ᠲᠠᠷᠢᠶ᠎ᠠ ᠶᠢ ᠵᠢᠷᠤᠵᠦ ᠲᠤᠭᠳᠠᠭᠠᠨ᠂ ᠬᠠᠮᠤᠭ ᠤᠨ ᠴᠢᠩᠭ᠎ᠠ ᠤᠰᠤᠨ ᠤ ᠡᠬᠢ | ᠰᠤᠷᠪᠤᠯᠵᠢ ᠶᠢᠨ ᠬᠠᠮᠢᠶᠠᠷᠤᠯᠳᠡ ᠶᠢᠨ ᠲᠦᠷᠢᠮ ᠢ ᠨᠠᠶᠢᠳᠠᠪᠤᠷᠢᠵᠢᠭᠤᠯᠵᠦ᠂ ᠤᠳᠤᠷᠢᠳᠬᠤ ᠺᠠᠳ᠋ᠷ ᠤᠨ ᠲᠣᠰᠢᠶᠠᠯ ᠠᠴᠠ ᠰᠠᠯᠬᠤ ᠦᠶ᠎ᠡ ᠶᠢᠨ ᠪᠠᠶᠢᠭᠠᠯᠢ ᠶᠢᠨ ᠡᠬᠢ | ᠪᠠᠶᠠᠯᠢᠭ ᠤᠨ ᠬᠢᠨᠡᠨ ᠪᠤᠳᠤᠯᠳᠡ ᠬᠢᠬᠦ ᠲᠤᠷᠰᠢᠯᠳᠡ ᠶᠢᠨ ᠴᠡᠭ ᠢ ᠪᠡᠶᠡᠯᠡᠬᠦᠯᠪᠡ᠃ ᠠᠮᠢᠳᠦ ᠪᠤᠳᠡᠰ ᠤᠨ ᠤᠯᠠᠨ ᠶᠠᠩᠵᠦᠳᠦ ᠴᠢᠨᠡᠷ ᠤᠨ ᠬᠠᠮᠠᠭᠠᠯᠡᠯᠳᠡ ᠶᠢᠨ | ᠲᠠᠭᠤᠷᠢᠶᠠᠯ ᠲᠤᠭᠤᠷᠢᠭ ᠪᠠᠶᠢᠭᠤᠯᠵᠦ᠂ ᠬᠠᠨ ᠠᠭᠤᠯᠠ ᠶᠢ ᠣᠯᠣᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠪᠣᠯᠭᠠᠵᠣ᠂ ᠮᠧᠩ ᠵᠢᠶᠠ ᠳ᠋ᠣᠸᠠᠨ | ᠴᠦᠬᠦᠷᠦᠮ᠂ ᠬᠤᠯᠣᠰᠣᠳᠠᠢ ᠨᠠᠭᠤᠷ ᠣᠯᠣᠰ ᠤᠨ ᠲᠠᠴᠠ ᠭᠠᠵᠠᠷ ᠤᠨ ᠴᠡᠴᠡᠷᠯᠢᠭ ᠢᠶᠠᠷ ᠨᠡᠷᠡᠶᠢᠳᠦᠭᠳᠡᠵᠦ᠂ ᠨᠡᠢᠮᠠᠨ ᠤ ᠪᠣᠭᠳᠣ᠂ ᠬᠦᠷᠢᠶ᠎ᠡ ᠶᠢᠨ ᠮᠦᠩᠬᠦᠨ ᠲᠣᠬᠤᠢ ᠶᠢ | ᠣᠯᠣᠰ ᠤᠨ ᠡᠯᠡᠰᠦ ᠶᠢᠨ ᠴᠡᠴᠡᠷᠯᠢᠭ ᠪᠣᠯᠭᠠᠪᠠ᠃ ᠬᠤᠷᠴᠢᠨ ᠤ ᠡᠯᠡᠰᠦᠷᠬᠡᠭ ᠭᠠᠵᠠᠷ ᠤᠨ ︽ᠬᠤᠣᠰ ᠮᠢᠩᠭᠠᠨ ᠲᠦᠮᠡᠨ ᠮᠣ᠋︾ ᠶᠢ 1400 ᠲᠦᠮᠡᠨ ᠮᠣ᠋ | ᠶᠡᠷᠦᠩᠬᠡᠶᠢᠯᠡᠨ ᠵᠠᠰᠠᠵᠣ᠂ ᠭᠠᠴᠠᠭ᠎ᠠ ᠲᠣᠰᠬᠤᠨ ᠤ ᠣᠶᠢᠵᠢᠭᠤᠯᠣᠯᠳᠠ ᠶᠢ ᠪᠦᠷᠢᠮᠦᠰᠦᠨ ᠬᠠᠮᠣᠷᠣᠭᠤᠯᠵᠣ᠂ ᠵᠠᠮ ᠤᠨ ᠬᠠᠵᠠᠭᠤ ᠶᠢ 3500 ᠺᠢᠯᠦᠮᠧᠲᠷ | ᠣᠶᠢᠵᠢᠭᠤᠯᠵᠣ᠂ 450 ᠲᠦᠮᠡᠨ ᠮᠣ᠋ ᠮᠣᠳᠣ ᠵᠠᠶᠢᠯᠠᠭᠠᠳ ︽ᠪᠦᠬᠦ ᠣᠯᠣᠰ ᠤᠨ ᠣᠶᠢᠵᠢᠭᠤᠯᠣᠭᠰᠠᠨ ᠵᠢᠱᠢᠶᠡᠴᠢ ᠬᠤᠳᠠ︾ ᠪᠠᠷ ᠨᠡᠷᠡᠶᠢᠳᠦᠭᠳᠡᠪᠡ᠃ | ᠬᠤᠳᠠ ᠬᠦᠳᠡᠭᠡ ᠶᠢᠨ ᠲᠦᠷᠰᠦ ᠪᠠᠶᠢᠳᠠᠯ ᠠᠤᠭ᠎ᠠ ᠬᠤᠪᠢᠷᠠᠯᠳᠠ ᠭᠠᠷᠪᠠ᠃ ᠬᠤᠳᠡ ᠬᠦᠳᠡᠭᠡ ᠶᠢ ᠨᠢᠬᠡᠳᠦᠯᠳᠡᠢ ᠲᠦᠯᠦᠪᠵᠢᠬᠦᠯᠬᠦ᠂ ᠬᠠᠮᠳᠤ ᠪᠠᠷ | ᠪᠠᠶᠢᠭᠤᠯᠵᠦ ᠬᠠᠮᠳᠤ ᠪᠠᠷ ᠡᠳ᠋ᠯᠡᠬᠦ ᠶᠢ ᠪᠠᠷᠢᠮᠳᠡᠯᠡᠨ᠂ ᠨᠢᠬᠡ ᠪᠦᠯᠦᠭ ᠴᠢᠬᠤᠯᠡ ᠲᠤᠮᠤ ᠰᠠᠭᠤᠷᠢ ᠲᠦᠬᠦᠬᠡᠷᠦᠮᠵᠢ ᠶᠢ ᠠᠰᠢᠭᠯᠠᠯᠳᠡ ᠳᠤ ᠤᠷᠤᠭᠤᠯᠵᠦ᠂ | ᠲᠦᠩᠯᠢᠶᠣᠣ ᠠᠴᠠ ᠯᠦᠪᠸᠢ ᠬᠦᠷᠬᠦ ᠵᠡᠷᠬᠡ 4 ᠲᠦᠷᠬᠡᠨ ᠵᠠᠮ ᠢ ᠪᠠᠶᠢᠭᠤᠯᠵᠣ ᠲᠡᠷᠬᠡ ᠨᠡᠪᠳᠡᠷᠡᠬᠦᠯᠵᠦ᠂ 566 ᠺᠢᠯᠦᠮᠧᠲᠷ ᠲᠦᠷᠬᠡᠨ ᠵᠠᠮ ᠨᠡᠮᠡᠭᠳᠡᠬᠦᠯᠵᠦ᠂ ᠭᠤᠣᠯ | ᠬᠤᠳᠠ ᠲᠣᠭᠤᠷᠢᠭ ᠠᠴᠠ ᠬᠤᠰᠢᠭᠤ ᠰᠢᠶᠠᠨ ᠤ ᠲᠦᠪ ᠬᠦᠷᠳᠡᠯ᠎ᠡ ᠲᠦᠷᠬᠡᠨ ᠵᠠᠮ ᠢᠶᠠᠷ ᠬᠤᠯᠪᠣᠵᠣ᠂ ᠲᠦᠩᠯᠢᠶᠣᠣ ᠠᠴᠠ ᠪᠡᠬᠡᠵᠢᠩ — ᠮᠦᠭᠳᠡᠨ ᠤ ᠲᠦᠷᠬᠡᠨ | ᠲᠠᠮᠣᠷ ᠵᠠᠮ ᠯᠤᠭ᠎ᠠ ᠵᠠᠯᠭᠠᠬᠤ ᠰᠢᠨ ᠮᠢᠨ ᠬᠤᠶᠢᠳᠣ ᠦᠷᠳᠡᠭᠡ ᠬᠦᠷᠳᠡᠯᠡᠬᠢ ᠵᠠᠮ ᠤᠨ ᠲᠠᠮᠣᠷ ᠲᠡᠪᠢᠰᠬᠦ ᠠᠴᠠ ᠪᠣᠰᠣᠳ ᠠᠵᠢᠯ ᠢ ᠦᠨᠳᠦᠰᠦᠨ ᠳᠡᠭᠡᠨ ᠲᠠᠭᠤᠰᠬᠠᠵᠣ᠂ | ᠵᠠᠷᠣᠳ ᠠᠴᠠ ᠴᠢᠩᠵᠸᠦ ᠬᠦᠷᠳᠡᠯᠡᠬᠢ±800 ᠺᠢᠯᠦᠸ᠋ᠯᠲ ᠣᠨᠴᠠ ᠲᠠᠷᠣᠯᠳᠠᠳᠣ ᠲᠣᠭᠳᠠᠮᠠᠯ ᠴᠠᠬᠢᠯᠭᠠᠨ ᠬᠦᠷᠬᠡᠬᠦ ᠪᠠᠷᠢᠯᠭ᠎ᠠ ᠶᠢ ᠲᠠᠭᠤᠰᠬᠠᠵᠣ ᠠᠰᠢᠭᠯᠠᠯᠳᠠ ᠳᠤ | ᠣᠷᠣᠭᠤᠯᠵᠣ᠂ ᠬᠤᠣᠯᠢᠨ ᠭᠤᠣᠯ ᠤᠨ ᠨᠢᠰᠬᠡᠯ ᠤᠨ ᠪᠠᠭᠤᠳᠠᠯ ᠢ ᠨᠡᠪᠳᠡᠷᠡᠬᠦᠯᠦᠨ ᠠᠰᠢᠭᠯᠠᠯᠳᠠ ᠳᠤ ᠣᠷᠣᠭᠤᠯᠵᠣ᠂ ᠱᠣᠸᠠᠩ ᠱᠧᠩ ᠠᠴᠠ ᠲᠦᠩᠯᠢᠶᠣᠣ ᠬᠦᠷᠬᠦ | ᠰᠢᠳᠠᠮᠠᠬᠠᠢ ᠬᠡᠢ ᠶᠢᠨ ᠬᠤᠭᠤᠯᠠᠢ ᠶᠢ ᠠᠰᠢᠭᠯᠠᠯᠳᠠ ᠳᠤ ᠣᠷᠣᠭᠤᠯᠪᠠ᠃ ᠰᠢᠨ᠎ᠡ ᠡᠬᠡᠯᠵᠢ ᠶᠢᠨ ᠬᠤᠳᠠ ᠶᠢᠨ ᠶᠡᠷᠦᠩᠬᠡᠢ ᠲᠦᠯᠦᠪᠵᠢᠬᠦᠯᠬᠡ ᠶᠢ ᠨᠡᠶᠢᠳᠡᠯᠡᠨ | ᠬᠡᠷᠡᠭᠵᠢᠬᠦᠯᠪᠠ᠃ ᠪᠠᠶᠢᠩᠭᠤ ᠰᠠᠭᠤᠭᠠᠯᠢ ᠠᠷᠠᠳ ᠤᠨ ᠬᠤᠳᠠ ᠪᠠᠯᠭᠠᠰᠣᠵᠢᠯᠳᠠ ᠶᠢᠨ ᠨᠣᠷᠮ᠎ᠠ 48.7% ᠬᠦᠷᠴᠦ᠂ 5.7 ᠬᠤᠪᠢ ᠲᠡᠬᠡᠭᠰᠢᠯᠡᠪᠡ᠃ ᠣᠯᠣᠰ ᠤᠨ | ᠴᠡᠴᠡᠷᠯᠢᠭᠵᠢᠬᠦᠯᠦᠭᠰᠡᠨ ᠬᠤᠳᠠ ᠶᠢ ᠠᠮᠵᠢᠯᠳᠠ ᠲᠠᠢ ᠡᠬᠦᠳᠴᠦ᠂ ᠯᠣᠤᠬ᠎ᠠ ᠬᠡᠮᠡᠬᠦ ᠴᠡᠴᠡᠷᠯᠢᠭ ︽ᠲᠣᠮᠳᠠᠳᠣ ᠣᠯᠣᠰ ᠤᠨ ᠬᠦᠮᠦᠨ ᠰᠠᠭᠤᠬᠤ ᠣᠷᠴᠢᠨ ᠤ | ᠲᠠᠭᠤᠷᠢᠶᠠᠯ ᠤᠨ ᠱᠠᠩᠨᠠᠯ︾ ᠢ ᠬᠦᠷᠳᠡᠪᠡ᠃ 5 ᠬᠤᠰᠢᠭᠤ ᠬᠤᠳᠠ ︽ᠦᠪᠡᠷᠳᠡᠬᠡᠨ ᠵᠠᠰᠠᠬᠤ ᠣᠷᠣᠨ ᠤ ᠴᠡᠴᠡᠷᠯᠢᠭᠵᠢᠬᠦᠯᠦᠭᠰᠡᠨ ᠬᠤᠰᠢᠭᠤ ᠶᠢᠨ ᠲᠦᠪ︾ ᠢ | ᠠᠮᠵᠢᠯᠳᠠ ᠲᠠᠢ ᠡᠬᠦᠳᠴᠦ᠂ ᠱᠧᠪᠡᠷᠳᠦ ᠪᠠᠯᠭᠠᠰᠤ᠂ ᠳ᠋ᠦᠩ ᠹᠧᠩ ᠪᠠᠯᠭᠠᠰᠣ ᠣᠯᠣᠰ ᠤᠨ ᠲᠡᠰ ᠤᠨ ᠣᠨᠴᠠᠯᠢᠭᠳᠣ ᠪᠠᠯᠭᠠᠰᠣ ᠪᠠᠷ ᠦᠨᠡᠯᠡᠭᠳᠡᠪᠡ᠃ ᠰᠢᠨ᠎ᠡ ᠬᠦᠳᠡᠭᠡ | ᠲᠣᠰᠬᠤᠨ ᠰᠢᠨ᠎ᠡ ᠮᠠᠯᠵᠢᠬᠤ ᠣᠷᠣᠨ ᠢ ᠪᠦᠬᠦ ᠬᠦᠴᠦᠨ ᠢᠶᠠᠷ ᠪᠠᠶᠢᠭᠤᠯᠵᠣ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠪᠦᠷ ᠪᠠᠷᠣᠭᠰᠢᠨ ︵ᠱᠦᠢᠨᠢ︶ ᠵᠠᠮ | ᠨᠡᠪᠳᠡᠷᠡᠵᠦ᠂ ᠵᠡᠬᠡᠯᠢ ᠭᠤᠳᠣᠮᠵᠢ ᠶᠢ ᠪᠦᠷᠢᠮᠦᠰᠦᠨ ᠬᠠᠳᠠᠭᠤᠷᠡᠭᠤᠯᠵᠦ᠂ ᠬᠤᠳᠡ ᠬᠦᠳᠡᠭᠡᠨ ᠤ ᠨᠢᠭᠤᠷ ᠲᠦᠷᠰᠦ ᠴᠤ᠋ ᠰᠢᠨ᠎ᠡ ᠪᠤᠯᠪᠠ᠃ | ᠣᠯᠠᠨ ᠲᠦᠮᠡᠨ ᠤ ᠤᠯᠤᠯᠳᠡ ᠲᠦᠷᠦᠭᠳᠡᠯ ᠮᠡᠳᠡᠭᠳᠡᠮ᠎ᠡ ᠨᠡᠮᠡᠭᠳᠡᠪᠡ᠃ ᠨᠢᠬᠡ ᠪᠦᠯᠦᠭ ᠠᠷᠠᠳ ᠲᠤ ᠠᠰᠢᠭ ᠬᠦᠷᠳᠡᠬᠡᠬᠦ ᠠᠷᠭ᠎ᠠ ᠠᠪᠴᠠᠯ ᠢ | ᠬᠡᠷᠡᠭᠵᠢᠬᠦᠯᠦᠭᠰᠡᠨ ᠠᠴᠠ ︽ᠲᠣᠮᠳᠠᠳᠣ ᠣᠯᠣᠰ ᠤᠨ ᠣᠷᠣᠨ ᠤ ᠲᠡᠰ ᠤᠨ ᠬᠤᠳᠠ ᠶᠢᠨ ᠠᠷᠠᠳ ᠤᠨ ᠠᠮᠢᠳᠣᠷᠠᠯ ᠢ ᠬᠦᠭᠵᠢᠬᠦᠯᠦᠭᠰᠡᠨ 100 ᠬᠦᠴᠦᠷᠭᠡᠭ︾ ᠲᠤ | ᠬᠤᠶᠠᠷ ᠵᠢᠯ ᠲᠠᠷᠠᠭᠠᠯᠠᠨ ᠰᠣᠩᠭᠤᠭᠳᠠᠪᠠ᠃ ᠨᠡᠶᠢᠳᠡ 200 ᠢᠯᠡᠬᠦᠦ ᠳ᠋ᠦᠩᠰᠢᠭᠤᠷ ᠲᠦᠬᠦᠷᠢᠭ ᠣᠷᠣᠭᠤᠯᠵᠣ 39.7 ᠲᠦᠮᠡᠨ ᠬᠦᠮᠦᠨ ᠢ ᠲᠡᠳᠬᠦᠨ ᠶᠠᠳᠠᠭᠤ ᠠᠴᠠ | ᠲᠣᠭᠳᠠᠭᠤᠨ ᠠᠩᠬᠢᠵᠢᠷᠠᠭᠤᠯᠵᠣ᠂ ᠶᠠᠳᠠᠭᠤ ᠬᠦᠴᠢᠷᠳᠡᠯ ᠲᠠᠢ ᠪᠣᠯᠬᠤ ᠨᠣᠷᠮ᠎ᠠ ᠶᠢ 3% ᠬᠦᠷᠳᠡᠯ᠎ᠡ ᠪᠠᠭᠤᠷᠠᠭᠤᠯᠪᠠ᠃ ᠠᠵᠢᠯ ᠣᠯᠭᠤᠯᠳᠠ ᠶᠢᠨ ᠪᠠᠶᠢᠳᠠᠯ | ᠶᠡᠷᠦᠩᠬᠡᠢ ᠳᠡᠭᠡᠨ ᠲᠣᠭᠳᠠᠭᠤᠨ ᠪᠠᠶᠢᠵᠣ᠂ ᠬᠤᠳᠠ ᠪᠠᠯᠭᠠᠰᠣᠨ ᠤ ᠰᠢᠨ᠎ᠡ ᠠᠵᠢᠯ ᠣᠯᠣᠭᠰᠠᠨ ᠬᠦᠮᠦᠨ 10.4 ᠲᠦᠮᠡ ᠬᠦᠷᠪᠡ᠃ ᠦᠪᠡᠷᠳᠡᠬᠡᠨ ᠵᠠᠰᠠᠬᠤ | ᠣᠷᠣᠨ ᠳᠤ ᠬᠤᠳᠠ ᠬᠦᠳᠡᠭᠡ ᠶᠢᠨ ᠡᠮ ᠡᠮᠨᠡᠯᠬᠡ ᠶᠢᠨ ᠲᠠᠭᠠᠳᠬᠠᠯ ᠢ ᠨᠢᠬᠡ ᠯᠡ ᠲᠣᠣᠷ ᠢᠶᠠᠷ ᠠᠵᠢᠯᠯᠠᠭᠤᠯᠬᠤ ᠬᠠᠮᠢᠶᠠᠷᠣᠯᠳᠠ ᠶᠢ ᠣᠷᠢᠳᠠᠪᠠᠷ ᠪᠡᠶᠡᠯᠡᠬᠦᠯᠪᠡ᠃ ᠭᠠᠵᠠᠷ | ᠰᠢᠷᠣᠢ ᠪᠠᠨ ᠠᠯᠳᠠᠭᠰᠠᠨ ᠮᠠᠯᠴᠢᠨ ᠲᠠᠷᠢᠶᠠᠴᠢᠨ ᠢ ᠨᠠᠰᠣᠳᠠᠨ ᠤ ᠠᠰᠠᠷᠠᠮᠵᠢ ᠶᠢᠨ ᠲᠠᠭᠠᠳᠬᠠᠯ ᠳᠤ ᠣᠷᠣᠯᠴᠠᠭᠤᠯᠬᠤ ᠲᠦᠷᠦ ᠶᠢᠨ ᠪᠣᠳᠣᠯᠭ᠎ᠠ ᠭᠠᠷᠭᠠᠵᠣ᠂ ᠣᠯᠣᠰ ᠲᠤ | ᠲᠣᠷᠰᠢᠯᠳᠠ ᠶᠢᠨ ᠴᠡᠭ ᠢᠶᠠᠷ ᠲᠣᠭᠳᠠᠭᠠᠭᠳᠠᠪᠠ᠃ ᠨᠡᠶᠢᠬᠡᠮ ᠤᠨ ᠠᠪᠣᠷᠠᠨ ᠲᠣᠰᠠᠯᠠᠬᠤ ᠪᠠ ᠶᠠᠳᠠᠭᠤ ᠶᠢ ᠲᠡᠳᠬᠦᠬᠦ ᠲᠦᠷᠦ ᠶᠢᠨ ᠪᠣᠳᠣᠯᠭ᠎ᠠ ᠶᠢ ᠪᠦᠳᠦᠮᠵᠢ ᠲᠠᠢ | ᠵᠣᠯᠭᠠᠭᠤᠯᠵᠣ᠂ ᠨᠠᠰᠣᠳᠠᠨ ᠤ ᠠᠰᠠᠷᠠᠮᠵᠢ᠂ ᠲᠣᠣᠷ᠎ᠠ ᠪᠠᠳᠣᠯᠠᠭ᠎ᠠ᠂ ᠡᠮ ᠡᠮᠨᠡᠯᠬᠡ ᠶᠢᠨ ᠲᠠᠭᠠᠳᠬᠠᠯ ᠵᠡᠷᠬᠡ ᠪᠠᠳᠣᠯᠠᠭ᠎ᠠ ᠶᠢᠨ ᠬᠢᠷᠢ ᠬᠡᠮᠵᠢᠶ᠎ᠡ ᠪᠠ ᠨᠡᠶᠢᠬᠡᠮ ᠤᠨ ᠠᠪᠣᠷᠠᠨ | ᠲᠣᠰᠠᠯᠠᠬᠤ ᠪᠠᠷᠢᠮᠵᠢᠶ᠎ᠠ ᠶᠢ ᠵᠢᠯ ᠲᠤᠳᠤᠮ ᠨᠡᠮᠡᠭᠳᠡᠬᠦᠯᠪᠡ᠃ ᠣᠯᠠᠨ ᠲᠦᠮᠡᠨ ᠤ ᠠᠮᠣᠭᠤᠯᠠᠩ ᠰᠠᠭᠤᠴᠠ ᠶᠢᠨ ᠪᠠᠷᠢᠯᠭ᠎ᠠ ᠬᠡᠷᠡᠭᠵᠢᠬᠦᠯᠵᠦ᠂ ᠨᠡᠶᠢᠳᠡ ᠶᠢᠨ ᠲᠦᠷᠢᠶᠡᠰᠦᠨ | ᠬᠡᠷ 3000 ᠪᠠᠶᠢᠭᠤᠯᠵᠣ᠂ ᠪᠦᠷᠬᠡ ᠬᠡᠷ ᠤᠨ ᠲᠣᠭᠤᠷᠢᠭ ᠤᠨ 8 ᠲᠦᠮᠡᠨ ᠡᠷᠦᠬᠡ᠂ 532 ᠬᠠᠭᠤᠴᠢᠨ ᠬᠤᠷᠤᠭ᠎ᠠ᠂ ᠬᠦᠳᠡᠭᠡ ᠲᠣᠰᠬᠤᠨ ᠮᠠᠯᠵᠢᠬᠤ ᠣᠷᠣᠨ ᠤ | ᠠᠶᠣᠯ ᠲᠠᠢ ᠰᠢᠪᠡᠷ ᠪᠠᠶᠢᠰᠢᠩ ᠢ 17.8 ᠲᠦᠮᠡᠨ ᠡᠷᠦᠬᠡ ᠦᠬᠡᠷᠡᠴᠢᠯᠡᠵᠦ᠂ ᠵᠠᠭᠤᠨ ᠲᠦᠮᠡ ᠰᠢᠬᠠᠮ ᠬᠦᠮᠦᠨ ᠤ ᠣᠷᠣᠨ ᠰᠠᠭᠤᠴᠠ ᠶᠢᠨ ᠨᠦᠬᠦᠴᠡᠯ ᠢ | ᠰᠠᠶᠢᠵᠢᠷᠠᠭᠤᠯᠪᠠ᠃ ᠬᠦᠳᠡᠭᠡ ᠲᠣᠰᠬᠤᠨ ᠮᠠᠯᠵᠢᠬᠤ ᠣᠷᠣᠨ ᠳᠤ ᠣᠣᠭᠤᠬᠤ ᠣᠰᠣᠨ ᠤ ᠠᠮᠣᠷ ᠲᠦᠪᠰᠢᠨ ᠤ ᠪᠠᠷᠢᠯᠭ᠎ᠠ 929 ᠭᠠᠵᠠᠷ ᠬᠡᠷᠡᠭᠵᠢᠬᠦᠯᠵᠦ᠂ 56 | ᠲᠦᠮᠡᠨ ᠮᠠᠯᠴᠢᠨ ᠲᠠᠷᠢᠶᠠᠴᠢᠨ ᠠᠶᠣᠯ ᠦᠬᠡᠢ ᠣᠰᠣ ᠣᠣᠭᠤᠬᠤ ᠪᠣᠯᠪᠠ︔ ᠬᠤᠳᠠ ᠪᠠᠯᠭᠠᠰᠣᠨ ᠤ ᠲᠦᠬᠡᠬᠡᠯ ᠣᠰᠣᠨ ᠤ ᠴᠢᠨᠠᠷ ᠴᠢᠨᠰᠠᠭ᠎ᠠ ᠶᠢ ᠲᠡᠬᠡᠭᠰᠢᠯᠡᠬᠦᠯᠬᠦ | ᠪᠠᠷᠢᠯᠭ᠎ᠠ ᠭᠡᠷᠡᠭᠵᠢᠬᠦᠯᠵᠦ᠂ ᠣᠣᠭᠤᠬᠤ ᠣᠰᠣᠨ ᠤ ᠬᠢᠨᠡᠨ ᠰᠢᠯᠭᠠᠯᠳᠠ ᠶᠢᠨ ᠴᠢᠳᠠᠪᠣᠷᠢ ᠣᠯᠣᠰ ᠤᠨ ᠪᠠᠷᠢᠮᠵᠢᠶ᠎ᠠ ᠳᠤ ᠬᠦᠷᠪᠡ᠃ ᠭᠤᠣᠯ ᠬᠤᠳᠠ ᠲᠣᠭᠤᠷᠢᠭ ᠲᠤ | 378 ᠨᠡᠶᠢᠳᠡ ᠶᠢᠨ ᠮᠠᠰᠢᠨ ᠰᠢᠨ᠎ᠡ ᠨᠡᠮᠡᠵᠦ᠂ ᠨᠡᠶᠢᠳᠡ ᠶᠢᠨ ᠮᠠᠰᠢᠨ ᠢᠶᠠᠷ ᠶᠠᠪᠣᠵᠣ ᠰᠠᠭᠤᠬᠤ ᠬᠡᠮᠵᠢᠶ᠎ᠡ 14 ᠬᠤᠪᠢ ᠲᠡᠬᠡᠭᠰᠢᠯᠡᠵᠦ᠂ 20% ᠶᠢ ᠲᠠᠪᠠᠵᠣ᠂ | ᠰᠠᠭᠤᠭᠠᠯᠢ ᠠᠷᠠᠳ ᠤᠨ ᠶᠠᠪᠣᠵᠣ ᠰᠠᠭᠤᠬᠤ ᠳᠤ ᠣᠯᠠᠮ ᠲᠦᠬᠦᠮ ᠪᠣᠯᠪᠠ᠃ | ᠨᠡᠶᠢᠬᠡᠮ ᠤᠨ ᠡᠯ᠎ᠡ ᠦᠢᠯᠡᠰ ᠪᠦᠬᠦ ᠲᠠᠯ᠎ᠠ ᠪᠠᠷ ᠠᠬᠢᠪᠠ᠃ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠬᠢᠷᠢ ᠬᠡᠮᠵᠢᠶ᠎ᠡ ᠮᠡᠳᠡᠭᠳᠡᠮ᠎ᠡ ᠲᠡᠬᠡᠭᠰᠢᠯᠡᠵᠦ᠂ 6 | ᠬᠤᠰᠢᠭᠤ ᠬᠤᠳᠠ ᠲᠣᠭᠤᠷᠢᠭ ᠣᠯᠣᠰ ᠤᠨ ᠠᠯᠪᠠᠨ ᠬᠦᠮᠦᠵᠢᠯ ᠤᠨ ᠲᠠᠩᠴᠡᠬᠦᠷᠢ ᠲᠠᠢ ᠬᠦᠭᠵᠢᠬᠦᠯᠦᠯᠳᠡ ᠶᠢᠨ ᠪᠡᠷᠢᠮᠵᠢᠶ᠎ᠠ ᠳᠤ ᠬᠦᠷᠴᠦ ᠰᠢᠯᠭᠠᠨ ᠪᠠᠳᠣᠯᠠᠭᠳᠠᠵᠣ᠂ | ᠰᠣᠷᠭᠠᠨ ᠬᠦᠮᠦᠵᠢᠯ ᠤᠨ ᠵᠠᠩᠬᠢᠴᠢᠯᠠᠯᠳᠠ ᠶᠢᠨ ︽ᠭᠤᠷᠪᠠᠨ ᠨᠡᠪᠳᠡᠷᠡᠬᠦᠯᠬᠡ ᠬᠤᠶᠠᠷ ᠲᠠᠪᠴᠠᠩ︾ ᠦᠪᠡᠷᠳᠡᠬᠡᠨ ᠵᠠᠰᠠᠬᠤ ᠣᠷᠣᠨ ᠤ ᠡᠮᠦᠨ᠎ᠡ ᠡᠩᠨᠡᠭᠡ ᠳᠤ ᠣᠷᠣᠵᠣ᠂ | ᠪᠦᠬᠦ ᠣᠷᠣᠨ ᠤ ᠰᠣᠮᠣ ᠪᠠᠯᠭᠠᠰᠣ᠂ ᠭᠤᠣᠯ ᠭᠠᠴᠠᠭ᠎ᠠ ᠲᠣᠰᠬᠤᠨ ᠳᠤ ᠬᠡᠦᠬᠡᠳ ᠤᠨ ᠴᠡᠴᠡᠷᠯᠢᠭ ᠢ ᠣᠷᠢᠳᠠᠪᠠᠷ ᠪᠦᠷᠢᠮᠦᠰᠦᠨ ᠬᠠᠮᠣᠷᠣᠭᠤᠯᠵᠣ᠂ ᠠᠯᠪᠠᠨ | ᠬᠦᠮᠦᠵᠢᠯ ᠤᠨ ᠱᠠᠳᠣᠨ ᠤ ᠰᠣᠷᠭᠠᠭᠤᠯᠢ ᠶᠢᠨ ︽ᠲᠣᠷᠰᠢ ᠬᠠᠨᠵᠣ︾ ᠶᠢᠨ ᠦᠬᠡᠷᠡᠴᠢᠯᠡᠯᠳᠡ ᠪᠠ ᠬᠦᠳᠡᠭᠡ ᠲᠣᠰᠬᠤᠨ ᠮᠠᠯᠵᠢᠬᠤ ᠣᠷᠣᠨ ᠤ ᠪᠠᠭᠰᠢ ᠶᠢᠨ ᠲᠦᠷ | ᠰᠠᠭᠤᠬᠤ ᠪᠠᠶᠢᠷᠢ ᠶᠢᠨ ᠪᠠᠶᠢᠭᠤᠯᠣᠯᠳᠠ ᠶᠢ ᠪᠦᠷᠢᠮᠦᠰᠦᠨ ᠪᠡᠶᠡᠯᠡᠬᠦᠯᠪᠡ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠬᠢᠷᠢ ᠲᠦᠪᠰᠢᠨ ᠲᠣᠭᠳᠠᠭᠤᠨ ᠲᠡᠬᠡᠭᠰᠢᠯᠡᠵᠦ᠂ | ᠦᠨᠳᠦᠰᠦᠨ ᠱᠠᠳᠣᠨ ᠳᠤ ᠡᠮ ᠡᠮᠨᠡᠯᠬᠡ ᠶᠢᠨ ᠦᠨᠳᠦᠰᠦᠨ ᠦᠢᠯᠡᠴᠢᠯᠡᠭᠡ ᠶᠢ ᠪᠦᠷᠢᠮᠦᠰᠦᠨ ᠬᠠᠮᠣᠷᠣᠭᠤᠯᠵᠣ᠂ ᠪᠦᠬᠦ ᠣᠯᠣᠰ ᠤᠨ ᠦᠨᠳᠦᠰᠦᠨ ᠱᠠᠳᠣᠨ ᠤ ᠮᠣᠩᠭᠤᠯ | ᠬᠢᠳᠡᠳ ᠡᠮ ᠡᠮᠨᠡᠯᠬᠡ ᠶᠢᠨ ᠠᠵᠢᠯ ᠤᠨ ᠲᠡᠷᠢᠬᠦᠨ ᠤ ᠬᠤᠳᠠ᠂ ︽ᠲᠣᠮᠳᠠᠳᠣ ᠣᠯᠣᠰ ᠤᠨ ᠮᠣᠩᠭᠤᠯ ᠡᠮ ᠡᠮᠨᠡᠯᠬᠡ ᠶᠢᠨ ᠬᠤᠳᠠ︾᠂ ᠪᠦᠬᠦ ᠣᠯᠣᠰ ᠤᠨ ᠴᠢᠰᠣ | ᠬᠠᠨᠳᠢᠪᠯᠠᠭᠰᠠᠨ ᠲᠡᠷᠢᠬᠦᠨ ᠤ ᠬᠤᠳᠠ ᠪᠠᠷ ᠦᠨᠡᠯᠡᠭᠳᠡᠪᠡ᠃ ᠦᠨᠳᠦᠰᠦᠨ ᠱᠠᠳᠣᠨ ᠤ ᠨᠡᠶᠢᠳᠡ ᠶᠢᠨ ᠰᠣᠶᠣᠯ ᠤᠨ ᠦᠢᠯᠡᠴᠢᠯᠡᠭᠡ ᠶᠢᠨ ᠲᠣᠭᠳᠠᠯᠴᠠᠭ᠎ᠠ ᠶᠢᠨ | ᠪᠠᠷᠢᠮᠵᠢᠶᠠᠵᠢᠭᠤᠯᠣᠯᠳᠠ᠂ ᠲᠠᠩᠴᠡᠬᠦᠷᠢᠵᠢᠬᠦᠯᠦᠯᠳᠡ ᠶᠢᠨ ᠪᠠᠶᠢᠭᠤᠯᠣᠯᠳᠠ ᠪᠦᠬᠦ ᠣᠷᠣᠨ ᠤ ᠡᠮᠦᠨ᠎ᠡ ᠡᠩᠨᠡᠭᠡ ᠳᠤ ᠣᠷᠣᠵᠣ᠂ ᠪᠦᠬᠦ ᠣᠯᠣᠰ ᠤᠨ ᠶᠠᠳᠠᠭᠤ ᠬᠦᠴᠢᠷ | ᠲᠠᠢ ᠣᠷᠣᠨ ᠤ ᠨᠡᠶᠢᠳᠡ ᠶᠢᠨ ᠰᠣᠶᠣᠯ ᠤᠨ ᠪᠠᠶᠢᠭᠤᠯᠣᠯᠳᠠ ᠶᠢᠨ ᠠᠵᠢᠯ ᠤᠨ ᠠᠬᠢᠭᠤᠯᠣᠯᠳᠠ ᠶᠢᠨ ᠬᠤᠷᠠᠯ ᠮᠠᠨ ᠤ ᠬᠤᠳᠠ ᠳᠤ ᠨᠡᠬᠡᠬᠡᠭᠳᠡᠵᠦ᠂ ︽ᠬᠤᠷᠴᠢᠨ ᠤ | ᠰᠣᠶᠣᠯ ᠤᠨ ᠵᠠᠰᠠᠭ ᠤᠨ ᠣᠷᠳᠣᠨ ᠤ ᠱᠠᠩᠨᠠᠯ︾ ᠡᠬᠦᠳᠦᠨ ᠪᠠᠶᠢᠭᠤᠯᠵᠣ᠂ ᠣᠯᠠᠭᠠᠨᠮᠦ᠋ᠴᠢᠷ ᠤᠨ ᠦᠢᠯᠡᠰ ᠣᠷᠢᠳ ᠭᠠᠷᠤᠭ᠎ᠠ ᠦᠬᠡᠢ ᠬᠦᠭᠵᠢᠵᠦ᠂ 22 ᠳ᠋ᠣᠭᠠᠷ | ᠬᠤᠭᠤᠴᠠᠭ᠎ᠠ ᠶᠢᠨ ᠪᠦᠬᠦ ᠣᠯᠣᠰ ᠤᠨ ᠪᠠᠷ ᠵᠢᠷᠤᠭ ᠤᠨ ᠦᠵᠡᠬᠦᠯᠦᠯᠬᠡ ᠶᠢ ᠡᠷᠬᠢᠯᠡᠵᠦ᠂ ᠦᠯᠢᠬᠡᠷ ᠵᠡᠷᠬᠡ ᠪᠣᠳᠠᠰ ᠤᠨ ᠪᠣᠰᠣ ᠰᠣᠶᠣᠯ ᠤᠨ ᠦᠪ ᠪᠦᠳᠦᠮᠵᠢ ᠲᠠᠢ | ᠣᠯᠠᠮᠵᠢᠯᠠᠭᠳᠠᠨ ᠬᠦᠭᠵᠢᠪᠡ᠃ ᠠᠩᠬᠠᠳᠣᠭᠠᠷ ᠬᠤᠭᠤᠴᠠᠭ᠎ᠠ ᠶᠢᠨ ᠬᠤᠳᠠ ᠶᠢᠨ ᠠᠷᠠᠳ ᠤᠨ ᠲᠠᠮᠢᠷ ᠤᠨ ᠣᠷᠣᠯᠳᠣᠭᠠᠨ ᠢ ᠡᠬᠦᠳᠦᠨ ᠡᠷᠬᠢᠯᠡᠵᠦ᠂ ᠪᠦᠬᠦ ᠠᠷᠠᠳ ᠤᠨ | ᠪᠡᠶ᠎ᠡ ᠴᠢᠬᠢᠷᠠᠭᠵᠢᠭᠤᠯᠬᠤ ᠠᠭᠤᠷ ᠠᠮᠢᠰᠬᠤᠯ ᠪᠢᠯᠬᠠᠮ᠎ᠠ ᠪᠣᠯᠪᠠ᠃ ᠭᠦᠯ ᠪᠦᠮᠪᠦᠭᠡ ᠶᠢᠨ ᠦᠬᠡᠷᠡᠴᠢᠯᠡᠯᠳᠡ ᠰᠢᠨ᠎ᠡ ᠦᠷ᠎ᠡ ᠪᠦᠳᠦᠮᠵᠢ ᠲᠠᠢ ᠪᠣᠯᠵᠣ᠂ ᠪᠦᠮᠪᠦᠭᠡ | ᠢᠰᠬᠦᠯᠬᠦ ᠭᠠᠵᠠᠷ 300 ᠢᠯᠡᠬᠦᠦ ᠰᠢᠨ᠎ᠡ ᠪᠠᠶᠢᠭᠤᠯᠣᠭᠰᠠᠨ ᠪᠣᠶᠣ ᠦᠬᠡᠷᠡᠴᠢᠯᠡᠨ ᠪᠠᠶᠢᠭᠤᠯᠵᠣ᠂ ᠣᠯᠠᠨ ᠤᠯᠤᠰ᠂ ᠣᠯᠣᠰ ᠤᠨ ᠲᠣᠳᠣᠭᠠᠳᠣ ᠶᠢᠨ ᠲᠠᠮᠢᠷ ᠤᠨ | ᠣᠷᠣᠯᠳᠣᠭᠠᠨ ᠤ 11 ᠵᠦᠢᠯ ᠳᠤ ᠮᠠᠩᠯᠠᠶᠢᠯᠠᠪᠠ᠃ ᠬᠤᠣᠰ ᠬᠦᠷᠢᠶᠡᠯᠡᠯ ᠲᠣᠬᠤᠨᠢᠭᠤᠯᠬᠤ ᠲᠣᠬᠢᠷᠠᠭᠤᠯᠬᠤ ᠲᠦᠷᠦ ᠶᠢᠨ ᠪᠣᠳᠣᠯᠭ᠎ᠠ ᠶᠢ ᠪᠦᠳᠦᠮᠵᠢ ᠲᠠᠢ | ᠨᠠᠶᠢᠳᠠᠪᠣᠷᠢᠵᠢᠭᠤᠯᠵᠣ᠂ ᠪᠦᠬᠦ ᠣᠯᠣᠰ ᠤᠨ ︽ᠬᠤᠣᠰ ᠬᠦᠷᠢᠶᠡᠯᠡᠯ ᠤᠨ ᠵᠢᠱᠢᠶᠡᠴᠢ ᠬᠤᠳᠠ︾ ᠶᠢᠨ ᠴᠣᠯᠠ ᠶᠢ ᠲᠦᠷᠪᠠᠨ ᠵᠢᠯ ᠲᠠᠷᠠᠭᠠᠯᠠᠨ ᠬᠦᠷᠳᠡᠪᠡ᠃ | ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠬᠦᠳᠦᠯᠳᠡ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠦᠨᠳᠦᠰᠦᠳᠡᠨ ᠨᠦᠭᠦᠳ ᠬᠠᠮᠳᠣ ᠪᠠᠷ ᠴᠡᠴᠡᠭᠯᠡᠨ | ᠬᠦᠭᠵᠢᠨ ᠲᠠᠪᠰᠢᠭᠰᠠᠨ ᠪᠠᠶᠢᠳᠠᠯ ᠦᠷᠬᠦᠯᠵᠢᠯᠡᠨ ᠪᠠᠬᠢᠵᠢᠪᠡ᠃ ᠰᠣᠨᠢᠨ ᠮᠡᠳᠡᠭᠡ ᠬᠡᠪᠯᠡᠯ᠂ ᠠᠷᠠᠳ ᠤᠨ ᠠᠭᠠᠷ ᠤᠨ ᠰᠡᠷᠬᠡᠶᠢᠯᠡᠯᠳᠡ᠂ ᠭᠠᠳᠠᠭᠠᠳᠣ ᠶᠠᠪᠣᠳᠠᠯ | ᠬᠠᠷᠢᠶᠠᠳᠣ ᠶᠢᠨ ᠶᠠᠪᠣᠳᠠᠯ᠂ ᠡᠮᠡᠭᠳᠡᠶᠢᠴᠦᠳ ᠬᠡᠦᠬᠡᠳ ᠪᠠᠭᠠᠴᠣᠳ᠂ ᠠᠭᠤᠷ ᠠᠮᠢᠰᠬᠤᠯ ᠭᠠᠵᠠᠷ ᠬᠦᠳᠡᠯᠦᠯᠳᠡ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠰᠢᠨᠵᠢᠯᠡᠭᠡ | ᠮᠡᠷᠬᠡᠵᠢᠯ ᠤᠨ ᠨᠡᠶᠢᠬᠡᠮᠯᠢᠭ᠂ ᠪᠣᠶᠠᠨ ᠤ ᠦᠢᠯᠡᠰ᠂ ᠨᠠᠰᠣᠳᠠᠨ ᠤ ᠠᠵᠢᠯ ᠵᠢᠴᠢ ᠦᠰᠪᠣᠷᠢ ᠬᠡᠦᠬᠡᠳ ᠤᠨ ᠦᠢᠯᠡᠰ ᠵᠡᠷᠬᠡ ᠠᠵᠣ ᠦᠢᠯᠡᠰ ᠰᠢᠨ᠎ᠡ ᠦᠷ᠎ᠡ ᠪᠦᠳᠦᠮᠵᠢ | ᠣᠯᠪᠠ᠃ | ᠨᠡᠶᠢᠬᠡᠮ ᠤᠨ ᠵᠠᠰᠠᠯᠳᠠ ᠶᠢᠨ ᠴᠢᠳᠡᠪᠦᠷᠢ ᠶᠡᠭᠡ ᠪᠠᠷ ᠲᠡᠬᠡᠭᠰᠢᠯᠡᠪᠡ᠃ ︽ᠠᠮᠣᠭᠤᠯᠠᠩ ᠲᠦᠩᠯᠢᠶᠣᠣ︾ ᠶᠢᠨ ᠪᠠᠶᠢᠭᠤᠯᠣᠯᠳᠠ ᠯᠠᠪᠳᠠᠭᠤᠨ ᠪᠠᠳᠣᠳᠠᠢ | ᠶᠠᠪᠣᠭᠳᠠᠵᠣ᠂ ᠪᠠᠶᠠᠳᠣ ᠠᠮᠣᠷ ᠢ ᠬᠠᠮᠠᠭᠠᠯᠠᠬᠤ ᠰᠠᠷᠬᠡᠶᠢᠯᠡᠨ ᠡᠵᠡᠮᠳᠡᠬᠦ ᠲᠣᠭᠳᠠᠯᠴᠠᠭ᠎ᠠ ᠲᠠᠰᠣᠷᠠᠯᠳᠠ ᠦᠬᠡᠢ ᠲᠡᠬᠦᠯᠳᠡᠷᠵᠢᠵᠦ᠂ ᠬᠤᠳᠠ ᠪᠠᠯᠭᠠᠰᠣᠨ ᠤ ᠴᠢᠬᠤᠯᠠ | ᠣᠷᠣᠨ ᠪᠠᠶᠢᠷᠢ ᠳᠤ ᠬᠠᠷᠠᠭᠠᠨ ᠲᠠᠪᠳᠠᠮᠵᠢ ᠶᠢᠨ ᠬᠢᠨᠠᠨ ᠡᠵᠡᠮᠳᠡᠯ ᠢ ᠪᠦᠷᠢᠮᠦᠰᠦᠨ ᠬᠠᠮᠣᠷᠣᠭᠤᠯᠪᠠ᠃ ︽ᠶᠡᠭᠡ ᠵᠠᠬᠢᠳᠠᠯ ᠰᠣᠷᠪᠣᠯᠵᠢᠯᠠᠯ᠂ ᠶᠡᠭᠡ ᠲᠣᠭᠳᠠᠭᠤᠨ ᠢ | ᠬᠠᠮᠠᠭᠠᠯᠠᠬᠤ︾ ᠠᠵᠢᠯ ᠢᠯᠡᠳᠳᠡ ᠦᠷ᠎ᠡ ᠪᠦᠳᠦᠮᠵᠢ ᠤᠯᠵᠦ᠂ ᠵᠠᠬᠢᠳᠡᠯ ᠰᠤᠷᠪᠤᠯᠵᠢᠯᠠᠯ ᠤᠨ ᠲᠤᠭᠳᠠᠭᠤᠨ ᠢ ᠬᠠᠮᠠᠭᠠᠯᠠᠬᠤ ᠪᠠᠶᠢᠳᠡᠯ ᠢᠳᠡᠪᠬᠢᠳᠡᠢ ᠦᠬᠡᠳᠡᠯᠡᠨ | ᠲᠠᠪᠰᠢᠭᠰᠠᠨ ᠪᠠᠶᠢᠳᠠᠯ ᠢᠯᠡᠷᠡᠪᠡ᠃ ︽ᠲᠣᠣᠷᠵᠢᠯᠳᠠ︾ ᠶᠢᠨ ᠬᠠᠮᠢᠶᠠᠷᠣᠯᠳᠠ ᠪᠠ ︽532︾ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠠᠬᠢᠭᠤᠯᠵᠣ᠂ ᠲᠠᠷᠢᠶᠠᠯᠠᠬᠤ | ᠮᠠᠯᠵᠢᠬᠤ ᠣᠷᠣᠨ ᠨᠡᠶᠢᠬᠡᠮ ᠲᠣᠭᠤᠷᠢᠭ ᠤᠨ ᠪᠠᠶᠢᠭᠤᠯᠣᠯᠳᠠ ᠶᠢᠨ ᠲᠣᠷᠰᠢᠯᠳᠠ ᠶᠢᠨ ᠴᠡᠭ ᠤᠨ ᠠᠵᠢᠯ ᠦᠷᠨᠢᠬᠦᠯᠵᠦ᠂ ᠦᠨᠳᠦᠰᠦᠨ ᠱᠠᠳᠣᠨ ᠤ ᠵᠠᠰᠠᠭ ᠤᠨ | ᠡᠷᠬᠡ ᠶᠢᠨ ᠪᠠᠶᠢᠭᠤᠯᠣᠯᠳᠠ ᠶᠢ ᠲᠣᠭᠳᠠᠭᠤᠨ ᠢᠶᠠᠷ ᠠᠬᠢᠭᠤᠯᠪᠠ᠃ ︽ᠵᠢᠷᠭᠤᠭ᠎ᠠ ᠲᠠᠪᠤ︾ ᠬᠠᠤᠯᠢ ᠲᠦᠬᠡᠮᠡᠯᠵᠢᠬᠦᠯᠦᠯᠳᠡ ᠶᠢ ᠪᠦᠬᠦ ᠲᠠᠯ᠎ᠠ ᠪᠠᠷ ᠪᠡᠶᠡᠯᠡᠬᠦᠯᠵᠦ᠂ ︽ | ᠪᠦᠬᠦ ᠣᠯᠣᠰ ᠤᠨ ᠬᠠᠣᠯᠢ ᠪᠠᠷ ᠵᠠᠰᠠᠬᠤ ᠣᠬᠠᠭᠤᠯᠣᠯ ᠬᠦᠮᠦᠵᠢᠯ ᠤᠨ ᠲᠡᠷᠢᠬᠦᠨ ᠤ ᠬᠤᠳᠠ︾ ᠪᠠᠷ ᠦᠨᠡᠯᠡᠭᠳᠡᠪᠡ᠃ ᠢᠳᠡᠬᠡᠨ ᠡᠮ ᠤᠨ ᠵᠦᠢᠯ ᠤᠨ ᠠᠶᠣᠯᠬᠦᠢ | ᠬᠤᠳᠠ ᠶᠢ ᠡᠬᠦᠳᠦᠨ ᠪᠠᠶᠢᠭᠤᠯᠬᠤ ᠠᠵᠢᠯ ᠦᠪᠡᠷᠳᠡᠬᠡᠨ ᠵᠠᠰᠠᠬᠤ ᠣᠷᠣᠨ ᠤ ᠰᠢᠯᠭᠠᠨ ᠬᠤᠷᠢᠶᠠᠬᠤ ᠶᠢ ᠦᠩᠬᠡᠷᠡᠬᠡᠪᠠ᠃ ᠠᠶᠣᠯᠬᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂ ᠲᠠᠯᠳᠠ ᠬᠡᠮ ᠢ ᠪᠠᠶᠢᠴᠠᠭᠠᠨ ᠴᠡᠭᠴᠡᠯᠡᠬᠦ ᠠᠵᠢᠯ ᠢᠶᠠᠨ ᠴᠢᠩᠭᠠᠳᠬᠠᠵᠣ᠂ ᠠᠶᠣᠯᠬᠦᠢ | ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠳᠠᠭᠤᠨ ᠪᠣᠯᠪᠠ᠃ | ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠡ ᠴᠢᠩᠭᠠᠷᠠᠪᠠ᠃ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠦᠬᠦ ᠲᠠᠯ᠎ᠠ ᠪᠠᠷ ᠪᠠᠶᠢᠭᠤᠯᠵᠦ᠂ | ᠬᠠᠣᠯᠢ ᠪᠠᠷ ᠵᠠᠰᠠᠭ ᠪᠠᠷᠢᠬᠤ ᠠᠵᠢᠯ ᠬᠤᠶᠠᠷ ᠵᠢᠯ ᠲᠠᠷᠠᠭᠠᠯᠠᠨ ᠣᠷᠣᠨ ᠤ ᠲᠡᠷᠢᠬᠦᠨ ᠤ ᠠᠶᠢᠮᠠᠭ ᠬᠤᠳᠠ ᠶᠢᠨ ᠡᠩᠨᠡᠭᠡ ᠳᠤ ᠣᠷᠣᠪᠠ᠃ ᠵᠠᠰᠠᠭ ᠢ ᠴᠣᠮᠬᠠᠳᠬᠠᠨ | ᠡᠷᠬᠡ ᠶᠢ ᠲᠠᠯᠪᠢᠬᠤ ᠶᠢ ᠶᠡᠭᠡ ᠪᠠᠷ ᠠᠬᠢᠭᠤᠯᠵᠣ᠂ ᠬᠤᠳᠠ ᠶᠢᠨ ᠱᠠᠳᠣᠨ ᠤ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠨ ᠴᠣᠮᠬᠠᠳᠬᠠᠯ ᠤᠨ ᠬᠡᠮᠵᠢᠶ᠎ᠡ 85% | ᠬᠦᠷᠴᠦ᠂ ᠬᠢᠨᠠᠠ ᠬᠠᠮᠢᠶᠠᠷᠣᠯᠳᠠ ᠶᠢ ᠰᠢᠨᠡᠳᠬᠡᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠣᠳᠠᠯ ᠤᠨ ᠦᠢᠯᠡᠴᠢᠯᠡᠭᠡ︾ ᠶᠢ ᠲᠡᠯᠬᠡᠷᠡᠬᠦᠯᠦᠨ᠂ ᠠᠵᠣ ᠠᠬᠤᠶᠢᠯᠠᠯ | ᠪᠠ ᠠᠷᠠᠳ ᠲᠤ ᠨᠡᠩ ᠶᠡᠭᠡ ᠬᠡᠮᠵᠢᠶ᠎ᠡ ᠪᠠᠷ ᠲᠦᠬᠦᠮ ᠦᠵᠡᠬᠦᠯᠪᠡ᠃ ᠠᠷᠠᠳ ᠤᠨ ᠶᠡᠭᠡ ᠬᠤᠷᠠᠯ ᠤᠨ ᠬᠠᠣᠯᠢ ᠴᠠᠭᠠᠵᠠ ᠶᠢᠨ ᠬᠢᠨᠠᠯᠳᠠ᠂ ᠣᠯᠣᠰ ᠲᠦᠷᠦ ᠶᠢᠨ | ᠵᠦᠪᠯᠡᠯᠬᠡᠨ ᠤ ᠠᠷᠠᠳᠴᠢᠯᠠᠯ ᠤᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ | ᠨᠠᠮ ᠪᠣᠰᠣ ᠬᠦᠮᠦᠰ ᠪᠠ ᠲᠣᠰᠬᠠᠢ ᠮᠡᠷᠬᠡᠵᠢᠯᠳᠠᠨ ᠡᠷᠳᠡᠮᠳᠡᠨ ᠤ ᠰᠠᠨᠠᠯ ᠢ ᠢᠳᠡᠪᠬᠢ ᠰᠣᠨᠣᠰᠴᠣ᠂ ︽ᠭᠤᠷᠪᠠᠨ ᠴᠢᠬᠤᠯᠠ ᠨᠢᠬᠡ ᠶᠡᠭᠡ︾ ᠶᠢᠨ ᠲᠦᠷᠢᠮ ᠢ ᠴᠢᠩᠭ᠎ᠠ | ᠬᠡᠷᠡᠭᠵᠢᠬᠦᠯᠪᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠨ᠂ ᠲᠦᠷᠢᠮ ᠲᠣᠭᠳᠠᠭᠠᠯ ᠢ ᠡᠷᠬᠢᠮᠯᠡᠨ᠂ ᠰᠠᠬᠢᠯᠭ᠎ᠠ ᠪᠠᠳᠣ ᠶᠢ ᠴᠢᠩᠭ᠎ᠠ ᠰᠠᠬᠢᠵᠣ᠂ | ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠬᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠣᠳᠠᠳᠠᠢ︾ ᠲᠣᠰᠬᠠᠢ ᠬᠦᠮᠦᠵᠢᠯ᠂ ︽ | ᠬᠤᠶᠠᠷ ᠰᠣᠷᠣᠯᠴᠠᠯᠭ᠎ᠠ ᠨᠢᠬᠡ ᠪᠣᠯᠬᠤ︾ ᠰᠣᠷᠣᠯᠴᠠᠯᠭ᠎ᠠ ᠬᠦᠮᠦᠵᠢᠯ ᠤᠨ ᠠᠵᠢᠯ ᠢ ᠦᠨᠡᠨ ᠪᠣᠳᠠᠳᠠᠢ ᠦᠷᠨᠢᠬᠦᠯᠵᠦ᠂ ᠨᠠᠮ ᠤᠨ ᠴᠣᠭᠴᠠᠯᠠᠯᠳᠠ᠂ ᠨᠠᠮ ᠤᠨ ᠰᠣᠷᠳᠠᠯ | ᠠᠷᠢᠭᠤᠨ ᠴᠢᠬᠡᠴᠢ ᠶᠢᠨ ᠪᠠᠶᠢᠭᠤᠯᠣᠯᠳᠠ᠂ ᠦᠵᠡᠯ ᠣᠬᠠᠮᠰᠠᠷ ᠤᠨ ᠬᠡᠯᠪᠡᠷᠢ ᠶᠢᠨ ︽ᠨᠢᠬᠡ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠬᠦᠢᠴᠡᠳᠬᠡᠵᠦ᠂ | ᠲᠦᠪ ᠤᠨ ᠨᠠᠢᠮᠠᠨ ᠲᠣᠭᠳᠠᠭᠠᠯ ᠤᠨ ᠵᠣᠷᠢᠭ ᠰᠠᠨᠠᠭ᠎ᠠ ᠵᠢᠴᠢ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠢᠵᠢ | ᠲᠣᠭᠳᠠᠭᠠᠯ ᠢ ᠨᠠᠷᠢᠨ ᠬᠢᠨᠠᠮᠠᠭᠠᠢ ᠬᠡᠷᠡᠭᠵᠢᠬᠦᠯᠵᠦ᠂ ︽ᠲᠦᠷᠪᠡᠨ ᠰᠣᠷᠳᠠᠯ︾ ᠤᠨ ᠠᠰᠠᠭᠤᠳᠠᠯ ᠢᠶᠠᠨ ᠴᠡᠭᠴᠡᠯᠡᠨ ᠵᠠᠰᠠᠪᠠ᠃ ᠲᠦᠷᠦ ᠶᠢᠨ ᠶᠠᠪᠣᠳᠠᠯ ᠤᠨ | ᠬᠤᠷᠢᠶᠠᠨ ᠤ ︽ᠲᠣᠭᠳᠠᠭᠠᠭᠰᠠᠨ ᠲᠦᠷᠢᠮ ᠲᠣᠭᠳᠠᠭᠠᠯ︾ ᠢ ᠴᠢᠩᠭ᠎ᠠ ᠨᠠᠶᠢᠳᠠᠪᠣᠷᠢᠵᠢᠭᠤᠯᠣᠨ᠂ ᠨᠠᠮ ᠵᠠᠰᠠᠭ ᠤᠨ ᠪᠠᠶᠢᠭᠤᠯᠭ᠎ᠠ ᠪᠠ ᠠᠯᠪᠠᠳᠠᠨ ᠢᠶᠠᠷ ᠯᠠᠪᠯᠠᠯᠳᠠ | ᠪᠣᠯᠭᠠᠵᠣ ᠪᠠᠶᠢᠭ᠎ᠠ ᠠᠵᠢᠯ ᠦᠢᠯᠡᠰ ᠤᠨ ᠨᠢᠬᠡᠴᠡ ᠶᠢᠨ ᠠᠯᠪᠠᠨ ᠤ ᠲᠡᠷᠬᠡ ᠶᠢᠨ ᠲᠦᠷᠢᠮ ᠤᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠪᠡᠶᠡᠯᠡᠬᠦᠯᠵᠦ᠂ ᠵᠠᠰᠠᠭ ᠤᠨ | ᠣᠷᠳᠣᠨ ᠤ ᠠᠵᠢᠯ ᠤᠨ ᠣᠪᠣᠷ ᠰᠣᠷᠳᠠᠯ ᠢᠯᠡᠷᠬᠡᠢ ᠰᠠᠶᠢᠵᠢᠷᠠᠵᠣ᠂ ᠦᠢᠯᠡᠴᠢᠯᠡᠬᠡᠨ ᠤ ᠦᠷ᠎ᠡ ᠪᠦᠳᠦᠮᠵᠢ ᠰᠢᠨ᠎ᠡ ᠲᠡᠬᠡᠭᠰᠢᠯᠡᠯᠳᠡ ᠲᠠᠢ ᠪᠣᠯᠪᠠ᠃ | ᠲᠠᠪᠣᠨ ᠵᠢᠯ ᠤᠨ ᠠᠮᠵᠢᠯᠳᠠ ᠨᠢᠳᠦᠨ ᠳᠤ ᠦᠵᠡᠭᠳᠡᠵᠦ᠂ ᠬᠦᠮᠦᠰ ᠢ ᠣᠷᠮᠠᠰᠢᠭᠤᠯᠣᠨ᠎ᠠ᠃ ᠡᠳᠡᠬᠡᠷ ᠠᠮᠵᠢᠯᠳᠠ ᠶᠢ ᠣᠯᠣᠭᠰᠠᠨ ᠶᠠᠪᠣᠳᠠᠯ ᠪᠣᠯ ᠦᠪᠡᠷᠳᠡᠬᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶ᠎ᠠ ᠶᠢᠨ ᠵᠦᠪ ᠣᠨᠣᠪᠴᠢᠳᠠᠢ ᠣᠳᠣᠷᠢᠳᠣᠯᠭ᠎ᠠ ᠶᠢᠨ ᠦᠷ᠎ᠡ ᠳ᠋ᠦᠩ | ᠪᠣᠯᠣᠨ᠎ᠠ᠂ ᠮᠦᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠣᠯᠣᠰ ᠲᠦᠷᠦ ᠶᠢᠨ ᠵᠦᠪᠯᠡᠯᠬᠡᠨ ᠤ ᠬᠡᠰᠢᠬᠦᠨ ᠪᠠ ᠨᠡᠶᠢᠬᠡᠮ ᠤᠨ ᠡᠯ᠎ᠡ | ᠡᠳᠡᠬᠡᠳ ᠤᠨ ᠬᠠᠮᠠᠯᠵᠢᠯᠠᠯ ᠲᠡᠮᠵᠢᠯᠬᠡ ᠶᠢᠨ ᠦᠷ᠎ᠡ ᠳ᠋ᠦᠩ ᠪᠤᠯᠤᠨ᠎ᠠ᠂ ᠠᠳᠡᠯᠢ ᠪᠠᠷ᠂ ᠦᠨᠳᠦᠰᠦᠳᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠮᠳᠣ ᠶᠢᠨ | ᠴᠢᠷᠮᠠᠶᠢᠯᠭ᠎ᠠ ᠶᠢᠨ ᠦᠷ᠎ᠡ ᠳ᠋ᠦᠩ ᠪᠣᠯᠣᠨ᠎ᠠ᠃ ᠠᠳᠡ ᠪᠢ ᠬᠤᠳᠠ ᠶᠢᠨ ᠵᠠᠰᠠᠭ ᠤᠨ ᠣᠷᠳᠣᠨ ᠢ ᠲᠦᠯᠦᠬᠡᠯᠡᠨ᠂ ᠠᠵᠢᠯ ᠠᠴᠠ ᠪᠠᠨ ᠠᠮᠠᠷᠠᠭᠰᠠᠨ ᠪᠠ | ᠲᠠᠷᠬᠠᠯᠠᠭᠳᠠᠭᠰᠠᠨ ᠠᠬᠠᠮᠠᠳ ᠺᠠᠳ᠋ᠷ ᠂ ᠲᠦᠪ ᠦᠪᠡᠷᠳᠡᠬᠡᠨ ᠵᠠᠰᠠᠬᠤ ᠣᠷᠣᠨ ᠤ ᠰᠢᠭᠤᠳ ᠬᠠᠷᠢᠶ᠎ᠠ ᠨᠢᠬᠡᠴᠡ᠂ ᠬᠤᠳᠠ ᠳᠤ ᠰᠠᠭᠤᠭ᠎ᠠ ᠴᠡᠷᠢᠭ ᠴᠠᠭᠳᠠᠭ᠎ᠠ ᠶᠢᠨ | ᠠᠩᠬᠢ᠂ ᠲᠦᠩᠯᠢᠶᠣᠣ ᠶᠢᠨ ᠪᠦᠳᠦᠬᠡᠨ ᠪᠠᠶᠢᠭᠤᠯᠣᠯᠳᠠ ᠪᠠ ᠬᠦᠭᠵᠢᠯᠳᠡ ᠶᠢ ᠬᠠᠯᠠᠮᠵᠢᠯᠠᠨ ᠲᠡᠮᠵᠢᠵᠦ ᠪᠠᠶᠢᠭ᠎ᠠ ᠨᠦᠬᠦᠳ᠂ ᠨᠡᠶᠢᠵᠠ ᠨᠠᠷ ᠲᠤ ᠡᠷᠬᠢᠮ ᠲᠡᠬᠡᠳᠦ | ᠬᠦᠨᠳᠦᠳᠬᠡᠯ ᠲᠡᠪᠰᠢᠬᠦᠯᠬᠦ ᠶᠢᠨ ᠬᠠᠮᠳᠣ ᠴᠢᠩ ᠰᠡᠳᠬᠢᠯ ᠤᠨ ᠲᠠᠯᠠᠷᠬᠠᠯ ᠲᠡᠪᠰᠢᠬᠦᠯᠵᠦ ᠪᠠᠶᠢᠨ᠎ᠠ︕ | ᠲᠠᠪᠣᠨ ᠵᠢᠯ ᠤᠨ ᠲᠣᠷᠰᠢᠬᠢ ᠲᠦᠢᠯ ᠤᠨ ᠬᠤᠪᠣᠷ ᠨᠠᠨᠳᠢᠨ ᠲᠣᠷᠰᠢᠯᠭ᠎ᠠ ᠶᠢ ᠬᠤᠷᠢᠶᠠᠩᠭᠤᠶᠢᠯᠠᠪᠠᠯ᠄ ᠵᠦᠪ ᠣᠨᠣᠪᠴᠢᠳᠠᠢ ᠣᠯᠣᠰ ᠲᠦᠷᠦ ᠶᠢᠨ ᠴᠢᠭᠯᠡᠯᠳᠡ ᠶᠢ | ᠡᠷᠬᠡᠪᠰᠢ ᠪᠠᠷᠢᠮᠳᠠᠯᠠᠨ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠪᠠ ᠨᠢᠬᠡᠳᠦᠯᠳᠡᠢ ᠣᠳᠣᠷᠢᠳᠣᠯᠭ᠎ᠠ ᠶᠢ ᠡᠷᠡᠰ | ᠬᠠᠮᠠᠭᠠᠯᠠᠬᠤ ᠬᠡᠷᠡᠭᠳᠡᠢ︔ ᠬᠦᠭᠵᠢᠬᠦᠯᠦᠯᠳᠡ ᠪᠠᠷ ᠲᠡᠷᠢᠬᠦᠨ ᠴᠢᠬᠤᠯᠠ ᠡᠬᠦᠷᠬᠡ ᠪᠣᠯᠭᠠᠵᠣ᠂ ᠬᠦᠭᠵᠢᠬᠦᠯᠦᠯᠳᠡ ᠪᠠᠷ ᠠᠯᠢᠪᠡ ᠠᠰᠠᠭᠤᠳᠠᠯ ᠢ ᠰᠢᠢᠳᠪᠦᠷᠢᠯᠡᠬᠦ ᠰᠠᠭᠤᠷᠢ | ᠪᠠ ᠵᠠᠩᠬᠢᠯᠠᠭ᠎ᠠ ᠪᠣᠯᠭᠠᠬᠤ ᠶᠢ ᠡᠷᠬᠡᠪᠰᠢ ᠪᠠᠷᠢᠮᠳᠠᠯᠠᠬᠤ ᠬᠡᠷᠡᠭᠳᠡᠢ︔ ᠠᠷᠠᠳ ᠢᠶᠠᠷ ᠲᠦᠪ ᠪᠣᠯᠭᠠᠭᠰᠠᠨ ᠬᠦᠭᠵᠢᠬᠦᠯᠦᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ | ᠠᠷᠠᠳ ᠲᠦᠮᠡᠨ ᠤ ᠰᠠᠶᠢᠨ ᠰᠠᠶᠢᠬᠠᠨ ᠠᠮᠢᠳᠣᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠳᠠ ᠪᠠᠨ ᠡᠷᠬᠡᠪᠰᠢ ᠪᠣᠯᠭᠠᠬᠤ ᠬᠡᠷᠡᠭᠳᠡᠢ︔ ᠠᠮᠢ ᠠᠬᠤᠢ ᠶᠢ | ᠲᠡᠷᠢᠬᠦᠨ ᠳᠤ ᠲᠠᠯᠪᠢᠵᠦ᠂ ᠪᠣᠬᠢᠷᠳᠣᠯ ᠦᠬᠡᠢ ᠬᠦᠭᠵᠢᠯᠳᠡ ᠶᠢ ᠪᠠᠷᠢᠮᠳᠠᠯᠠᠨ᠂ ᠣᠷᠴᠢᠨ ᠲᠣᠭᠤᠷᠢᠨ ᠢ ᠦᠷᠡᠭᠳᠡᠬᠦᠯᠵᠦ ᠪᠠᠶᠢᠭᠠᠳ ᠨᠢᠬᠡ ᠴᠠᠭ ᠤᠨ ᠠᠵᠣ ᠠᠬᠤᠢ ᠶᠢᠨ | ᠨᠡᠮᠡᠭᠳᠡᠯ ᠢ ᠶᠠᠭᠠᠬᠢᠭᠰᠠᠨ ᠴᠣ᠋ ᠰᠣᠯᠢᠵᠦ ᠪᠣᠯᠬᠤ ᠦᠬᠡᠢ︔ ᠦᠬᠡᠷᠡᠴᠢᠯᠡᠯᠳᠡ ᠬᠢᠵᠦ ᠰᠢᠨ᠎ᠡ ᠶᠢ ᠡᠬᠦᠳᠬᠦ᠂ ᠨᠡᠬᠡᠬᠡᠯᠳᠡ ᠬᠢᠵᠦ ᠬᠤᠷᠰᠢᠬᠤ ᠶᠢ ᠪᠠᠷᠢᠮᠳᠠᠯᠠᠨ᠂ | ᠬᠦᠭᠵᠢᠬᠦᠯᠦᠯᠳᠡ ᠶᠢᠨ ᠰᠢᠨ᠎ᠡ ᠲᠠᠪᠠᠭᠤᠯᠢᠭ ᠢᠶᠠᠨ ᠲᠠᠰᠣᠷᠠᠯᠳᠠ ᠦᠬᠡᠢ ᠨᠡᠮᠡᠭᠳᠡᠬᠦᠯᠬᠦ ᠬᠡᠷᠡᠭᠳᠡᠢ︔ ᠰᠠᠬᠢᠨ ᠪᠠᠷᠠᠯᠠᠵᠣ ᠬᠠᠷᠢᠯᠴᠠᠨ ᠬᠠᠪᠰᠣᠷᠣᠯᠴᠠᠵᠣ᠂ ᠪᠦᠯᠬᠦᠮᠳᠡᠨ | ᠲᠡᠮᠡᠴᠡᠵᠦ᠂ ᠦᠨᠳᠦᠰᠦᠳᠡᠨ ᠨᠦᠭᠦᠳ ᠤᠨ ᠬᠠᠮᠳᠣ ᠶᠢᠨ ᠣᠶᠣᠨ ᠰᠠᠨᠠᠭ᠎ᠠ ᠶᠢᠨ ᠲᠦᠰᠢᠭ ᠢᠶᠠᠨ ᠡᠷᠬᠡᠪᠰᠢ ᠰᠠᠶᠢᠳᠣᠷ ᠰᠠᠬᠢᠬᠤ ᠬᠡᠷᠡᠭᠳᠡᠢ᠃ ᠡᠳᠡᠬᠡᠷ ᠲᠣᠷᠰᠢᠯᠭ᠎ᠠ ᠪᠣᠯ | ᠮᠠᠨ ᠤ ᠲᠦᠩᠯᠢᠶᠣᠣ ᠶᠢᠨ ᠬᠦᠭᠵᠢᠬᠦᠯᠦᠯᠳᠡ ᠶᠢᠨ ᠰᠢᠨ᠎ᠡ ᠬᠠᠭᠤᠳᠠᠰᠣ ᠶᠢ ᠦᠷᠬᠦᠯᠵᠢᠯᠡᠨ ᠪᠢᠴᠢᠭᠯᠡᠬᠦ ᠬᠦᠴᠦᠷᠬᠡᠭ ᠶᠡᠭᠡ ᠣᠶᠣᠨ ᠤ ᠬᠦᠴᠦᠨ ᠮᠦᠨ᠂ ᠡᠷᠬᠡᠪᠰᠢ | ᠣᠷᠳᠣ ᠬᠤᠭᠤᠴᠠᠭ᠎ᠠ ᠪᠠᠷᠢᠮᠳᠠᠯᠠᠨ ᠲᠠᠰᠣᠷᠠᠯᠳᠠ ᠦᠬᠡᠢ ᠬᠦᠭᠵᠢᠬᠦᠯᠬᠦ ᠬᠡᠷᠡᠭᠳᠡᠢ᠃ | ᠰᠠᠶ᠋ᠢᠬᠠᠨ ᠦᠩᠬᠡᠷᠡᠭᠰᠡᠨ 2017 ᠣᠨ ᠪᠣᠯ ᠬᠦᠮᠦᠰ ᠲᠤ ᠮᠡᠷᠳᠠᠭᠳᠠᠰᠢ ᠦᠬᠡᠢ ᠨᠢᠬᠡ ᠵᠢᠯ ᠮᠦᠨ᠂ ᠨᠠᠮ ᠤᠨ ᠠᠷᠪᠠ ᠶᠢᠰᠦᠳᠦᠬᠡᠷ ᠣᠳᠠᠭᠠᠨ ᠤ ᠶᠡᠭᠡ | ᠬᠤᠷᠠᠯ ᠬᠤᠷᠠᠯᠳᠣᠵᠣ᠂ ᠦᠪᠡᠷᠳᠡᠬᠡᠨ ᠵᠠᠰᠠᠬᠤ ᠣᠷᠣᠨ ᠪᠠᠶᠢᠭᠤᠯᠣᠭᠳᠠᠭᠰᠠᠨ 70 ᠣᠢ ᠶᠢ ᠣᠭᠳᠣᠨ ᠠᠪᠴᠢᠷᠡᠪᠡ᠃ ᠬᠤᠳᠠ ᠶᠢᠨ ᠨᠠᠮ ᠤᠨ ᠬᠤᠷᠢᠶ᠎ᠠ ᠶᠢᠨ ᠪᠠᠳᠣ | ᠣᠳᠣᠷᠢᠳᠣᠯᠭ᠎ᠠ ᠲᠣᠣᠷ᠎ᠠ᠂ ᠪᠢᠳᠡ ᠬᠤᠷᠸ᠎ᠠ ᠣᠷᠴᠢᠨ ᠤ ᠬᠦᠨᠵᠡᠬᠡᠢ ᠬᠤᠪᠢᠷᠠᠯᠳᠠ ᠶᠢ ᠪᠦᠳᠦᠮᠵᠢ ᠲᠠᠢ ᠠᠷᠭᠠᠴᠠᠵᠣ᠂ ᠴᠠᠭ ᠢ ᠦᠵᠡᠵᠦ ᠬᠦᠳᠡᠯᠦᠨ᠂ ᠪᠠᠶᠢᠳᠠᠯ ᠢ | ᠠᠵᠢᠵᠣ ᠠᠵᠢᠯᠯᠠᠵᠣ᠂ ᠬᠦᠭᠵᠢᠬᠦᠯᠦᠯᠳᠡ ᠶᠢᠨ ᠰᠡᠳᠬᠢᠴᠠ ᠪᠠ ᠠᠵᠢᠯ ᠤᠨ ᠠᠷᠭ᠎ᠠ ᠪᠠᠷᠢᠯ ᠢᠶᠠᠨ ᠰᠠᠶᠢᠵᠢᠷᠠᠭᠤᠯᠵᠣ᠂ ᠪᠦᠯᠦᠭ ᠠᠵᠣ ᠠᠬᠤᠢ ᠶᠢᠨ ᠬᠦᠢᠴᠡᠳᠬᠡᠯ | ᠲᠤᠭ᠎ᠠ ᠶᠢ ᠬᠡᠢ ᠬᠤᠭᠤᠰᠣᠨ ᠢᠶᠠᠷ ᠨᠡᠮᠡᠭᠳᠡᠬᠦᠯᠬᠦ ᠠᠰᠠᠭᠤᠳᠠᠯ ᠢ ᠰᠢᠢᠳᠪᠦᠷᠢᠯᠡᠨ᠂ ᠠᠵᠣ ᠠᠬᠤᠢ ᠶᠢᠨ ᠲᠣᠭᠳᠠᠭᠤᠨ ᠨᠡᠮᠡᠭᠳᠡᠯ ᠢ ᠠᠬᠢᠭᠤᠯᠪᠠ᠃ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠭᠡᠢ ᠦᠷᠳᠡᠭ ᠬᠡᠢ ᠬᠤᠭᠤᠰᠤᠨ ᠨᠡᠮᠡᠭᠳᠡᠬᠦᠯᠦᠭᠰᠡᠨ ᠲᠤᠭ᠎ᠠ ᠪᠠᠷᠢᠮᠳᠡ ᠶᠢ ᠰᠠᠨᠠᠭᠠᠴᠢᠯᠠᠭ᠎ᠠ ᠠᠴᠠ ᠪᠠᠨ ᠬᠢᠨᠡᠨ ᠬᠠᠷᠭᠤᠭᠤᠯᠦᠨ ᠬᠠᠰᠤᠵᠦ᠂ | ᠵᠠᠰᠠᠭ ᠤᠨ ᠤᠷᠳᠤᠨ ᠤ ᠪᠡᠯᠡ ᠤᠷᠤᠭᠤᠯᠤᠯᠳᠡ ᠶᠢᠨ ᠲᠦᠷᠦᠯ ᠵᠦᠢᠯ ᠢ ᠴᠢᠩᠭ᠎ᠠ ᠬᠢᠵᠠᠭᠠᠷᠯᠠᠭᠰᠠᠨ ᠪᠠᠶᠢᠳᠡᠯ ᠲᠤᠤᠷ᠎ᠡ᠂ ᠲᠦᠰᠦᠪᠯᠡᠪᠡᠯ 6% ᠨᠡᠮᠡᠭᠳᠡᠪᠡ︔ ᠬᠤᠳᠠ | ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠵᠣᠬᠢᠴᠠᠭᠤᠯᠵᠣ ᠪᠣᠯᠬᠤᠶᠢᠴᠠ ᠣᠷᠣᠯᠭ᠎ᠠ ᠲᠣᠰ ᠪᠦᠷᠢ 8% ᠨᠡᠮᠡᠭᠳᠡᠵᠦ᠂ ᠠᠵᠦ ᠠᠬᠤᠢ | ᠶᠢᠨ ᠨᠡᠮᠡᠭᠳᠡᠯ ᠤᠨ ᠬᠤᠷᠳᠦᠴᠠ ᠠᠴᠠ ᠲᠦᠷᠭᠡᠨ ᠪᠤᠯᠪᠠ᠃ ᠬᠡᠶᠢᠰᠪᠦᠷᠢ ᠨᠡᠮᠡᠭᠳᠡᠬᠦᠯᠵᠦ ᠬᠤᠭᠤᠰᠣᠨ ᠶᠠᠪᠣᠭᠤᠯᠣᠭᠰᠠᠨ ᠪᠠ ᠡᠵᠡᠩᠨᠡᠯᠳᠡ ᠶᠢᠨ ᠭᠠᠶᠢᠯᠢ ᠶᠢ | ᠨᠡᠮᠡᠭᠳᠡᠯ ᠤᠨ ᠭᠠᠶᠢᠯᠢ ᠪᠣᠯᠭᠠᠨ ᠦᠬᠡᠷᠡᠴᠢᠯᠡᠭᠰᠡᠨ ᠬᠦᠴᠦᠨ ᠵᠦᠢᠯ ᠢ ᠪᠣᠳᠣᠬᠤ ᠦᠬᠡᠢ ᠪᠣᠯ ᠡᠩ ᠤᠨ ᠨᠡᠶᠢᠳᠡ ᠶᠢᠨ ᠲᠦᠰᠦᠪ ᠤᠨ ᠣᠷᠣᠯᠭ᠎ᠠ ᠶᠢ 70.5 | ᠳ᠋ᠦᠩᠰᠢᠭᠤᠷ ᠲᠦᠬᠦᠷᠢᠭ ᠪᠡᠶᠡᠯᠡᠬᠦᠯᠵᠦ᠂ 6.4% ᠨᠡᠮᠡᠭᠳᠡᠪᠡ︔ ᠡᠬᠦᠨ ᠳᠤ᠂ ᠭᠠᠶᠢᠯᠢ ᠶᠢᠨ ᠤᠷᠤᠯᠭ᠎ᠠ 11.9% ᠨᠡᠮᠡᠭᠳᠡᠵᠦ᠂ ᠭᠠᠶᠢᠯᠢ ᠶᠢᠨ ᠪᠤᠰᠤ ᠤᠷᠤᠯᠭ᠎ᠠ | ᠶᠢᠨ ᠡᠵᠡᠯᠡᠬᠦ ᠬᠠᠷᠢᠴᠠᠯ ᠪᠠᠭᠤᠷᠠᠭᠠᠳ 22.5% ᠪᠤᠯᠵᠦ᠂ ᠡᠳ᠋ ᠤᠨ ᠵᠠᠰᠠᠭ ᠤᠨ ᠤᠷᠤᠯᠭ᠎ᠠ ᠶᠢᠨ ᠪᠦᠳᠦᠴᠠ ᠤᠯᠠᠮ ᠰᠢᠯᠢᠳᠡᠭᠵᠢᠪᠡ᠃ | ᠨᠢᠬᠡ ᠵᠢᠯ ᠤᠨ ᠲᠣᠷᠰᠢ᠂ ᠪᠢᠳᠡ ᠭᠤᠣᠯᠳᠠᠭᠤ ᠲᠠᠷᠠᠭᠠᠬᠢ ᠠᠵᠢᠯ ᠢ ᠬᠢᠪᠡ᠄ | ᠨᠢᠭᠡ ᠳᠤ ᠲᠥᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ︽ᠲᠠᠬᠢᠨ ᠪᠠᠶᠢᠴᠠᠭᠠᠯᠳᠡ︾ ᠪᠠ ᠥᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠲᠤᠭᠤᠷᠢᠨ ᠪᠠᠶᠢᠴᠠᠭᠠᠯᠳᠡ᠂ ᠲᠥᠪ ᠤᠨ ᠤᠷᠴᠢᠨ ᠲᠤᠭᠤᠷᠢᠨ ᠢ ᠬᠠᠮᠠᠭᠠᠯᠠᠬᠤ ᠱᠠᠭᠠᠷᠲᠠᠨ ᠪᠠᠶᠢᠴᠠᠭᠠᠯᠳᠡ ᠵᠢᠴᠢ ᠥᠪᠡᠷᠲᠡᠭᠡᠨ ᠵᠠᠰᠠᠬᠤ ᠤᠷᠤᠨ ᠤ ᠠᠮᠢ | ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ︽ᠶᠡᠭᠡ ᠪᠠᠶᠢᠴᠠᠭᠠᠯᠲᠠ︾ ᠶᠢᠨ ᠬᠠᠷᠢᠭᠤ ᠲᠤᠰᠬᠠᠭᠰᠠᠨ ᠠᠰᠠᠭᠤᠲᠠᠯ ᠢ ᠨᠠᠷᠢᠨ ᠨᠢᠮᠪᠠᠢ ᠴᠡᠭᠴᠡᠯᠡᠨ | ᠰᠠᠶᠢᠵᠢᠷᠭᠤᠯᠪᠠ᠃ ᠡᠳ᠋ ᠤᠨ ᠵᠠᠰᠠᠭ ᠤᠨ ᠤᠷᠤᠯᠭ᠎ᠠ ᠶᠢ ᠬᠡᠶᠢᠰᠪᠤᠷᠢ ᠨᠡᠮᠡᠭᠲᠡᠬᠦᠯᠵᠤ ᠬᠤᠭᠤᠰᠤᠨ ᠶᠠᠪᠤᠭᠤᠯᠤᠭᠰᠠᠨ ᠪᠠ ᠵᠠᠷᠢᠮ ᠬᠤᠰᠢᠭᠤ ᠰᠢᠶᠠᠨ ᠤ ᠠᠵᠤ | ᠥᠢᠯᠡᠳᠪᠤᠷᠢ ᠶᠢᠨ ᠨᠡᠮᠡᠭᠲᠡᠯ ᠥᠷᠲᠡᠭ ᠲᠤ ᠬᠤᠲᠠᠯ ᠬᠠᠭᠤᠷᠮᠠᠭ ᠲᠤᠭ᠎ᠠ ᠤᠷᠤᠰᠢᠵᠤ ᠪᠠᠶᠢᠭ᠎ᠠ ᠠᠰᠠᠭᠤᠲᠠᠯ ᠳᠤ ᠴᠢᠭᠯᠡᠬᠦᠯᠤᠨ᠂ ᠬᠡᠶᠢᠰᠪᠤᠷᠢ ᠨᠡᠮᠡᠭᠲᠡᠬᠦᠯᠵᠤ | ᠬᠤᠭᠤᠰᠤᠨ ᠶᠠᠪᠤᠭᠤᠯᠤᠭᠰᠠᠨ ᠡᠳ᠋ ᠤᠨ ᠵᠠᠰᠠᠭ ᠤᠨ ᠤᠷᠤᠯᠭ᠎ᠠ ᠶᠢ 58 ᠳ᠋ᠥᠩᠰᠢᠭᠤᠷ ᠲᠥᠬᠦᠷᠢᠭ ᠰᠠᠨᠠᠭᠠᠴᠢᠯᠠᠭ᠎ᠠ ᠠᠴᠠ ᠪᠠᠨ ᠬᠠᠰᠣᠵᠤ᠂ ᠶᠠᠷᠤᠩᠭᠡᠢ ᠭᠡᠮᠵᠢᠶᠠᠨ ᠤ | 45% ᠶᠢ ᠡᠵᠡᠯᠡᠪᠠ᠃ ᠬᠡᠪᠴᠢᠶᠡᠵᠢᠯ ᠠᠴᠠ ᠲᠡᠭᠡᠭᠰᠢ ᠠᠵᠤ ᠥᠢᠯᠡᠳᠪᠤᠷᠢ ᠶᠢᠨ ᠨᠡᠮᠡᠭᠲᠡᠯ ᠥᠷᠲᠡᠭ ᠢ 464 ᠳ᠋ᠥᠩᠰᠢᠭᠤᠷ ᠲᠥᠬᠦᠷᠢᠭ ᠬᠠᠷᠭᠤᠭᠤᠯᠤᠨ ᠬᠠᠰᠤᠵᠤ᠂ | ᠭᠡᠪᠴᠢᠶᠠᠵᠢᠯ ᠠᠴᠠ ᠲᠡᠭᠡᠭᠰᠢ ᠠᠵᠤ ᠥᠢᠯᠡᠳᠪᠤᠷᠢ ᠶᠢᠨ ᠨᠡᠮᠡᠭᠲᠠᠯ ᠥᠷᠲᠡᠭ ᠤᠨ 67% ᠶᠢ ᠡᠵᠡᠯᠡᠪᠠ᠃ ᠲᠥᠪ ᠤᠨ ᠤᠷᠴᠢᠨ ᠲᠤᠭᠤᠷᠢᠨ ᠢ ᠬᠠᠮᠠᠭᠠᠯᠠᠬᠤ | ᠱᠠᠭᠠᠷᠲᠠᠨ ᠪᠠᠶᠢᠴᠠᠭᠠᠯᠳᠡ ᠶᠢᠨ ᠲᠤᠰᠬᠠᠭᠰᠠᠨ ᠠᠰᠠᠭᠤᠲᠠᠯ ᠳᠤ ᠴᠢᠭᠯᠡᠬᠦᠯᠤᠨ᠂ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠤᠷᠤᠨ ᠤ ᠲᠤᠲᠤᠷᠠᠭᠢ | ᠠᠭᠤᠷᠬᠠᠢ ᠪᠥᠬᠦᠨ ᠢ ᠵᠤᠭᠰᠤᠭᠠᠵᠤ᠂ ᠪᠥᠬᠦ ᠤᠯᠤᠰ ᠤᠨ ᠠᠵᠢᠯ ᠨᠢᠬᠡᠳᠡᠨ ᠤ ᠲᠤᠳᠤᠷ᠎ᠡ ᠴᠠᠬᠢᠯᠭᠠᠨ ᠵᠠᠲᠠᠯᠤᠯᠲᠠ ᠶᠢᠨ ᠬᠥᠩᠭᠡᠨᠴᠠᠭᠠᠨ ᠤᠨ ᠤᠲᠤᠭ᠎ᠠ ᠲᠤᠭᠤᠰᠤ ᠶᠢᠨ | ᠪᠤᠬᠢᠷᠳᠦᠯ ᠪᠤᠲᠠᠰ ᠤᠨ ᠭᠠᠳᠠᠭᠰᠢᠯᠠᠭᠤᠯᠤᠯᠳᠡ ᠶᠢ ᠲᠡᠭ ᠲᠤ ᠤᠶᠢᠷᠠᠲᠤᠭᠤᠯᠬᠤ ᠲᠤᠷᠰᠢᠯᠲᠠ ᠶᠢᠨ ᠢᠨᠵᠧᠨᠧᠷᠢᠩ ᠢ ᠠᠩᠬ᠎ᠠ ᠪᠠᠶᠢᠭᠤᠯᠤᠨ ᠲᠠᠭᠤᠰᠬᠠᠵᠤ | ᠠᠰᠢᠭᠯᠠᠯᠲᠠ ᠳᠤ ᠤᠷᠤᠭᠤᠯᠵᠤ᠂ ᠨᠡᠭᠡᠭᠡᠯᠲᠠ ᠶᠢᠨ ᠤᠷᠤᠨ ᠤ ᠨᠡᠬᠦᠷᠡᠰᠤᠨ ᠤ ᠠᠷᠠᠯᠵᠢᠶᠠᠨ ᠤ ᠵᠠᠬ᠎ᠠ ᠲᠡᠯᠭᠡᠬᠦᠷ ᠢ ᠬᠠᠭᠠᠵᠤ ᠰᠢᠯᠵᠢᠬᠦᠯᠪᠠ᠃ ᠨᠤᠲᠤᠭ ᠪᠡᠯᠴᠢᠭᠡᠷ ᠪᠠ | ᠤᠢ ᠰᠢᠭᠤᠢ ᠶᠢᠨ ᠡᠬᠢ ᠪᠠᠶᠠᠯᠢᠭ ᠢ ᠡᠪᠲᠡᠵᠤ ᠪᠠᠶᠢᠭ᠎ᠠ ᠠᠰᠠᠭᠤᠲᠠᠯ ᠳᠤ ᠴᠢᠭᠯᠡᠬᠦᠯᠤᠨ᠂ ᠲᠤᠰᠬᠠᠢ ᠴᠡᠭᠴᠡᠯᠡᠨ ᠵᠠᠰᠠᠬᠤ ᠲᠥᠰᠤᠯ ᠲᠤᠭᠲᠠᠭᠠᠵᠤ᠂ ᠬᠤᠯᠪᠤᠭᠲᠠᠯ | ᠪᠥᠬᠦᠢ ᠬᠠᠷᠢᠭᠤᠴᠠᠯᠭ᠎ᠠ ᠲᠠᠢ ᠬᠥᠮᠤᠨ ᠠᠴᠠ ᠬᠠᠷᠢᠭᠤᠴᠠᠯᠭ᠎ᠠ ᠨᠡᠭᠡᠮᠵᠢᠯᠡᠪᠠ᠃ ᠵᠠᠰᠠᠭ ᠤᠨ ᠤᠷᠲᠤᠨ ᠤ ᠵᠢᠭᠡᠯᠡᠯᠭᠡ ᠭᠡᠲᠤ ᠤᠯᠠᠨ ᠠᠰᠠᠭᠤᠲᠠᠯ ᠳᠤ ᠴᠢᠭᠯᠡᠬᠦᠯᠤᠨ᠂ | ᠵᠠᠰᠠᠭ ᠤᠨ ᠤᠷᠲᠤᠨ ᠤ ᠪᠡᠯᠨ ᠤᠷᠤᠭᠤᠯᠤᠭᠰᠠᠨ ᠲᠥᠷᠤᠯ ᠵᠥᠢᠯ ᠢ ᠪᠥᠬᠦ ᠲᠠᠯ᠎ᠠ ᠪᠠᠷ ᠡᠮᠬᠢᠯᠡᠵᠦ᠂ ᠵᠠᠰᠠᠭ ᠤᠨ ᠤᠷᠲᠤᠨ ᠤ ᠪᠠᠯᠡ ᠤᠷᠤᠭᠤᠯᠤᠭᠰᠠᠨ 40 ᠲᠥᠷᠤᠯ | ᠵᠥᠢᠯ ᠤᠨ ᠪᠠᠶᠢᠭᠤᠯᠤᠯᠳᠡ ᠶᠢ ᠵᠤᠭᠰᠤᠭᠠᠭᠰᠠᠨ ᠪᠤᠶᠤ ᠬᠤᠶᠢᠰᠢᠯᠠᠭᠤᠯᠤᠭᠰᠠᠨ ᠳᠤ 87 ᠳ᠋ᠥᠩᠰᠢᠭᠤᠷ ᠲᠥᠬᠦᠷᠢᠭ ᠬᠤᠯᠪᠤᠭᠲᠠᠪᠠ᠃ ᠪᠥᠬᠦ ᠬᠤᠲᠠ ᠶᠢᠨ | ᠵᠢᠭᠡᠯᠡᠯᠭᠡ ᠶᠢᠨ ᠪᠠᠶᠢᠲᠠᠯ ᠢ ᠪᠥᠬᠦ ᠲᠠᠯ᠎ᠠ ᠤ ᠲᠤᠲᠤᠯᠠᠨ ᠤᠶᠢᠯᠠᠭᠠᠵᠤ᠂ ᠵᠢᠭᠡᠯᠡᠯᠭᠡ ᠶᠢ ᠰᠢᠢᠳᠪᠤᠷᠢᠯᠡᠬᠦ ᠲᠥᠰᠤᠯ ᠲᠤᠭᠲᠠᠭᠠᠵᠤ᠂ ᠵᠢᠬᠡᠯᠡᠯᠬᠡ ᠶᠢ ᠢᠳᠡᠪᠬᠢᠲᠠᠢ | ᠯᠠᠪᠲᠠᠭᠤᠨ ᠢᠶᠠᠷ ᠰᠢᠢᠳᠪᠤᠷᠢᠯᠡᠬᠦ ᠠᠵᠢᠯ ᠬᠢᠵᠤ᠂ ᠵᠢᠯ ᠤᠨ ᠵᠢᠭᠡᠯᠡᠯᠭᠡ ᠰᠢᠢᠳᠪᠤᠷᠢᠯᠡᠬᠦ ᠡᠭᠦᠷᠭᠡ ᠪᠠᠨ ᠪᠠᠶᠡᠯᠡᠬᠦᠯᠪᠠ᠃ ᠬᠥᠯᠤᠰᠤᠨ ᠲᠡᠷᠢᠶᠠᠴᠢᠨ ᠤ ᠴᠠᠯᠢᠩ ᠢ | ᠦᠷᠢᠳᠦᠵᠦ ᠪᠠᠶᠢᠭ᠎ᠠ ᠠᠰᠠᠭᠤᠳᠡᠯ ᠳᠤ ᠴᠢᠭᠯᠡᠬᠦᠯᠦᠨ᠂ ᠬᠢᠨᠡᠨ ᠬᠠᠷᠭᠤᠭᠤᠯᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ᠵᠠᠰᠠᠭ ᠤᠨ ᠤᠷᠲᠤᠨ ᠤ ᠪᠡᠯᠠ | ᠤᠷᠤᠭᠤᠯᠤᠭᠰᠠᠨ ᠲᠥᠷᠤᠯ ᠵᠥᠢᠯ ᠤᠨ ᠬᠦᠯᠦᠰᠦᠨ ᠲᠠᠷᠢᠶᠠᠴᠢᠨ ᠳᠤ ᠦᠷᠢᠳᠦᠵᠤ ᠪᠠᠶᠢᠭᠰᠠᠨ 6 ᠳ᠋ᠥᠩᠰᠢᠭᠤᠷ ᠲᠥᠬᠦᠷᠢᠭ ᠴᠠᠯᠢᠩ ᠢ ᠪᠥᠬᠦᠨ ᠢ ᠪᠠᠭᠤᠯᠭᠠᠨ᠂ ︽ | ᠨᠡᠷ᠎ᠠ ᠪᠠᠷ ᠨᠢ︾ ᠦᠭᠭᠦ ᠠᠷᠭ᠎ᠠ ᠪᠠᠷ ᠲᠠᠷᠬᠠᠭᠠᠪᠠ᠃ | ᠬᠤᠶᠠᠷ ᠲᠤ ᠬᠠᠩᠭᠠᠯᠭ᠎ᠠ ᠶᠢᠨ ᠪᠦᠳᠦᠴᠡ ᠶᠢᠨ ᠴᠢᠨᠠᠷ ᠲᠠᠢ ᠦᠬᠡᠷᠡᠴᠢᠯᠡᠯᠳᠡ ᠶᠢ ᠦᠷᠬᠦᠯᠵᠢᠯᠡᠨ ᠠᠬᠢᠭᠤᠯᠪᠠ᠃ ᠲᠦᠷᠦ ᠶᠢᠨ ᠪᠣᠳᠣᠯᠭ᠎ᠠ ᠶᠢᠨ | ᠨᠠᠶᠢᠳᠠᠪᠣᠷᠢᠵᠢᠭᠤᠯᠣᠯᠳᠠ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠠᠵᠢᠯ ᠢ ᠴᠢᠩᠭᠠᠳᠬᠠᠪᠡ᠃ ︽ᠭᠤᠷᠪᠠ ᠪᠠᠭᠠᠰᠬᠠᠬᠤ ᠨᠢᠬᠡ ᠪᠠᠭᠤᠷᠠᠭᠤᠯᠬᠤ ᠨᠢᠬᠡ | ᠨᠦᠬᠦᠪᠦᠷᠢᠯᠡᠬᠦ︾ ᠡᠬᠦᠷᠬᠡ ᠪᠣᠳᠠᠳᠠᠶᠢᠵᠢᠵᠣ ᠦᠷ᠎ᠡ ᠪᠦᠳᠦᠮᠵᠢ ᠭᠠᠷᠬᠤ ᠶᠢ ᠠᠬᠢᠭᠤᠯᠪᠠ᠃ 83.3 ᠲᠦᠮᠡᠨ ᠲᠣᠨ ᠴᠠᠬᠢᠯᠭᠠᠨ ᠵᠠᠳᠠᠯᠣᠯᠳᠠ ᠶᠢᠨ ᠬᠦᠩᠬᠡᠨᠴᠡᠭᠠᠨ ᠤ | ᠦᠢᠯᠡᠳᠪᠦᠷᠢᠯᠡᠯ ᠤᠨ ᠬᠦᠢᠴᠡᠳᠬᠡᠯ ᠲᠤᠭ᠎ᠠ ᠶᠢ ᠰᠣᠯᠢᠨ ᠠᠪᠴᠣ᠂ 2.6 ᠲᠦᠮᠡᠨ ᠲᠤᠨ ︽ᠬᠠᠶᠠᠭᠳᠠᠮᠠᠯ ᠲᠠᠮᠣᠷ ᠪᠤᠯᠪᠠᠰᠤᠷᠠᠭᠤᠯᠬᠤ︾ ᠶᠢ ᠴᠠᠭᠠᠵᠠᠯᠠᠨ | ᠵᠤᠭᠰᠤᠭᠠᠪᠠ᠃ ᠪᠦᠷᠭᠡ ᠬᠡᠷ ᠤᠨ ᠦᠬᠡᠷᠡᠴᠢᠯᠡᠯᠳᠡ ᠶᠢᠨ ᠠᠵᠢᠯ ᠲᠠᠢ ᠣᠶᠠᠯᠳᠣᠭᠤᠯᠣᠨ᠂ 2.6 ᠲᠦᠮᠡᠨ ᠢᠵᠢ ᠣᠷᠣᠨ ᠰᠠᠭᠤᠴᠠ ᠶᠢ ᠰᠢᠩᠬᠡᠬᠡᠪᠡ᠃ ᠦᠪᠡᠷ ᠤᠨ | ᠦᠷᠳᠡᠭ ᠢ ᠪᠠᠭᠤᠷᠠᠭᠤᠯᠬᠤ ᠦᠷ᠎ᠡ ᠪᠦᠳᠦᠮᠵᠢ ᠪᠠᠨ ᠨᠡᠮᠡᠭᠳᠡᠬᠦᠯᠬᠦ 38 ᠰᠠᠨᠠᠯ ᠨᠡᠶᠢᠳᠡᠯᠡᠵᠦ᠂ ︽ᠪᠠᠳᠣᠯᠠᠭ᠎ᠠ ᠶᠢᠨ ᠲᠤᠰᠠᠯᠠᠮᠵᠢᠳᠦ ᠵᠢᠬᠡᠯᠡᠯᠬᠡ︾᠂ ᠲᠣᠮᠣ ᠡᠷᠦᠬᠡ | ᠰᠢᠭᠤᠳ ᠴᠠᠬᠢᠯᠭᠠᠨ ᠬᠤᠳᠠᠯᠳᠣᠨ ᠠᠪᠬᠤ ᠵᠡᠷᠬᠡ ᠶᠡᠷᠦᠩᠬᠡᠶᠢᠯᠡᠭᠰᠡᠨ ᠠᠷᠭ᠎ᠠ ᠨᠠᠶᠢᠳᠠᠪᠣᠷᠢᠵᠢᠭᠤᠯᠣᠨ᠂ ᠠᠵᠣ ᠠᠬᠤᠶᠢᠯᠠᠯ ᠤᠨ ᠲᠠᠷᠣᠭᠠᠰᠣ ᠶᠢ 20 ᠳ᠋ᠦᠩᠰᠢᠭᠤᠷ | ᠲᠦᠬᠦᠷᠢᠭ ᠬᠦᠩᠬᠡᠯᠡᠪᠡ᠃ | ᠭᠤᠷᠪᠠ ᠳᠤ ᠠᠵᠣ ᠦᠢᠯᠡᠳᠪᠦᠷᠢ ᠶᠢᠨ ᠶᠠᠰᠤ ᠴᠢᠨᠠᠷ ᠲᠡᠬᠡᠭᠰᠢᠯᠡᠵᠦ ᠦᠷ᠎ᠡ ᠠᠰᠢᠭ ᠨᠡᠮᠡᠭᠳᠡᠬᠦ ᠶᠢ ᠠᠬᠢᠭᠤᠯᠪᠠ᠃ ᠲᠦᠷᠦᠯ ᠵᠦᠢᠯ ᠢᠶᠠᠷ ᠪᠦᠷᠢᠨ | ᠬᠡᠯᠬᠢᠶ᠎ᠡ ᠶᠢᠨ ᠬᠦᠭᠵᠢᠯᠳᠡ ᠶᠢ ᠲᠠᠶᠢᠴᠢᠯᠡᠨ᠂ ᠳ᠋ᠦᠩᠰᠢᠭᠤᠷ ᠲᠦᠬᠦᠷᠢᠭ ᠲᠠᠪᠠᠭᠰᠠᠨ ᠬᠡᠯᠬᠢᠶ᠎ᠡ ᠪᠠᠨ ᠣᠷᠳᠣᠳᠬᠠᠬᠤ ᠨᠦᠬᠦᠪᠦᠷᠢᠯᠡᠬᠦ ᠲᠦᠷᠦᠯ ᠵᠦᠢᠯ ᠢ 160 | ᠬᠡᠷᠡᠭᠵᠢᠬᠦᠯᠵᠦ᠂ ᠮᠸᠢ ᠬᠤᠸᠠ ᠠᠮᠢᠳᠣ ᠪᠣᠳᠠᠰ ᠤᠨ ᠰᠷᠸᠣ᠋ ᠰᠢᠪᠳᠣᠷᠳᠣ ᠬᠦᠴᠢᠯ᠂ ᠪᠦᠸᠧ ᠡᠸ᠋ᠨ ᠯᠣ᠋ ᠰᠢᠶᠣᠣ ᠪᠢᠳᠣᠷᠢᠶᠠ ᠶᠢᠨ ᠬᠤᠶᠠᠳᠣᠭᠠᠷ ᠬᠤᠭᠤᠴᠠᠭ᠎ᠠ ᠵᠡᠷᠬᠡ | ᠲᠦᠷᠦᠯ ᠵᠦᠢᠯ ᠢ ᠪᠠᠶᠢᠭᠤᠯᠣᠨ ᠲᠠᠭᠤᠰᠬᠠᠵᠣ ᠠᠰᠢᠭᠯᠠᠯᠳᠠ ᠳᠤ ᠣᠷᠣᠭᠤᠯᠵᠣ᠂ ᠶᠢᠨ ᠮᠸᠢ ᠬᠢᠮᠢ ᠶᠢᠨ ᠠᠵᠣ ᠦᠢᠯᠡᠳᠪᠦᠷᠢ ᠶᠢᠨ ᠪᠦᠬᠡᠬᠡᠨᠡᠷᠡᠯ ᠠᠯᠺᠣᠣᠯ ᠤᠨ | ᠲᠦᠷᠦᠯ ᠵᠦᠢᠯ ᠢ ᠪᠡᠶᠡᠯᠡᠬᠦᠯᠵᠦ ᠲᠣᠷᠰᠢᠵᠣ ᠪᠠᠶᠢᠨ᠎ᠠ᠂ ᠪᠡᠩ ᠵᠢᠶᠧ ᠢᠳᠡᠬᠡᠨ ᠤ ᠠᠯᠠᠰᠢᠨ ᠦᠬᠡᠷ ᠡᠳ᠋ᠰᠢᠬᠦᠯᠬᠦ ᠲᠦᠷᠦᠯ ᠵᠦᠢᠯ ᠲᠣᠷᠰᠢᠨ ᠦᠢᠯᠡᠳᠪᠦᠷᠢᠯᠡᠵᠦ | ᠪᠠᠶᠢᠨ᠎ᠠ᠃ 34 ᠵᠦᠢᠯ ᠤᠨ ᠭᠤᠣᠯ ᠠᠵᠣ ᠦᠢᠯᠡᠳᠪᠦᠷᠢ ᠶᠢᠨ ᠦᠢᠯᠡᠳᠬᠦᠨ ᠤ ᠭᠠᠷᠤᠯᠳᠡ ᠪᠠ ᠦᠨ᠎ᠡ ᠬᠠᠩᠰᠢ ᠶᠡᠭᠡ ᠪᠠᠷ ᠨᠡᠮᠡᠭᠳᠡᠵᠦ᠂ ᠬᠡᠪᠴᠢᠶᠡᠵᠢᠯ ᠠᠴᠠ | ᠲᠡᠬᠡᠭᠰᠢ ᠠᠵᠣ ᠦᠢᠯᠡᠳᠪᠦᠷᠢ ᠶᠢᠨ ᠠᠵᠦ ᠠᠬᠤᠶᠢᠯᠠᠯ ᠤᠨ ᠠᠰᠢᠭ ᠬᠤᠨᠵᠢᠪᠤᠷᠢ 8.4% ᠨᠡᠮᠡᠭᠳᠡᠪᠡ᠃ ᠰᠢᠨ᠎ᠡ ᠡᠨᠧᠷᠬᠢ᠂ ᠣᠳᠣᠬᠢᠴᠢ ᠮᠣᠩᠭᠤᠯ ᠡᠮ ᠡᠮᠨᠡᠯᠬᠡ᠂ | ᠲᠠᠯᠠᠢ ᠲᠤᠭ᠎ᠠ ᠵᠡᠷᠬᠡ ᠪᠠᠶᠢᠯᠳᠣᠬᠤ ᠪᠣᠳᠣᠯᠭ᠎ᠠ ᠶᠢᠨ ᠴᠢᠨᠠᠷ ᠲᠠᠢ ᠰᠢᠨ᠎ᠡ ᠮᠠᠨᠳᠣᠭᠰᠠᠨ ᠠᠵᠣ ᠦᠢᠯᠡᠰ ᠲᠦᠷᠬᠡᠨ ᠬᠦᠭᠵᠢᠪᠡ᠃ ᠠᠵᠣ ᠠᠬᠤᠶᠢᠯᠠᠯ ᠤᠨ ᠰᠢᠨ᠎ᠡ ᠶᠢ | ᠡᠬᠦᠳᠬᠦ ᠲᠠᠪᠴᠠᠩ ᠤᠨ ᠪᠠᠶᠢᠭᠤᠯᠣᠯᠳᠠ ᠶᠢ ᠠᠬᠢᠭᠤᠯᠵᠣ ᠣᠯᠣᠰ ᠤᠨ ᠲᠡᠰ ᠤᠨ ᠲᠡᠬᠡᠳᠦ ᠰᠢᠨ᠎ᠡ ᠮᠡᠷᠬᠡᠵᠢᠯ ᠤᠨ ᠠᠵᠣ ᠠᠬᠤᠶᠢᠯᠠᠯ 26 ᠪᠣᠯᠵᠣ᠂ ᠠᠺᠠᠳᠧᠮᠢᠴᠢ | ᠮᠡᠷᠬᠡᠵᠢᠯᠳᠡᠳ ᠤᠨ ᠠᠵᠢᠯ ᠤᠨ ᠦᠷᠳᠡᠭ 7 ᠪᠣᠯᠪᠠ᠃ | ᠲᠦᠷᠪᠡ ᠳᠤ ᠮᠠᠯ ᠲᠠᠷᠢᠶᠠᠯᠠᠩ ᠤᠨ ᠠᠵᠣ ᠠᠬᠤᠢ ᠶᠢᠨ ᠣᠳᠣᠬᠢᠴᠢᠯᠠᠯᠳᠠ ᠶᠢᠨ ᠠᠬᠢᠴᠠ ᠲᠦᠷᠬᠡᠳᠪᠡ᠃ ᠣᠰᠣᠨ ᠳᠤ ᠠᠷᠪᠢ ᠲᠠᠢ ᠲᠠᠷᠢᠶᠠᠨ ᠭᠠᠵᠠᠷ | 152 ᠲᠦᠮᠡᠨ ᠮᠣ᠋ ᠪᠠᠶᠢᠭᠤᠯᠪᠠ᠂ ᠡᠬᠦᠨ ᠳᠤ 40 ᠲᠦᠮᠡᠨ ᠮᠣ᠋ ᠶᠢᠨ ᠭᠤᠣᠯ ᠣᠷᠣᠨ ᠳᠤ ᠣᠰᠣ ᠪᠣᠷᠳᠣᠭᠤᠷ ᠢ ᠨᠢᠬᠡ ᠴᠣᠭᠴᠠᠵᠢᠭᠤᠯᠬᠤ ᠪᠠ ᠣᠶᠣᠨᠯᠢᠭ | ᠬᠠᠮᠢᠶᠠᠷᠣᠯᠳᠠ ᠶᠢ ᠪᠡᠶᠡᠯᠡᠬᠦᠯᠵᠦ᠂ ᠭᠤᠣᠯ ᠲᠠᠷᠢᠮᠠᠯ ᠤᠨ ᠮᠠᠰᠢᠨᠴᠢᠯᠠᠯᠳᠠ ᠶᠢᠨ ᠲᠦᠪᠰᠢᠨ 85% ᠬᠦᠷᠪᠡ᠃ ᠡᠷᠳᠡᠨᠢ ᠰᠢᠰᠢ ᠶᠢ 248 ᠲᠦᠮᠡᠨ ᠮᠣ᠋ ᠪᠠᠭᠠᠰᠬᠠᠵᠣ᠂ | ᠠᠮᠣ ᠪᠣᠳᠠᠭᠠᠨ ᠤ ᠶᠡᠷᠦᠩᠬᠡᠢ ᠣᠨᠠᠯᠳᠠ ᠶᠢ ᠵᠠᠭᠤᠨ ᠳ᠋ᠦᠩᠰᠢᠭᠤᠷ ᠵᠢᠩ ᠠᠴᠠ ᠲᠡᠬᠡᠭᠰᠢ ᠲᠣᠭᠳᠠᠪᠣᠷᠢᠵᠢᠭᠤᠯᠪᠠ᠃ ᠲᠡᠵᠢᠬᠡᠬᠦ ᠶᠢᠨ ᠲᠦᠯᠦᠬᠡ ᠲᠠᠷᠢᠬᠤ᠂ ᠲᠠᠷᠢᠵᠣ | ᠲᠡᠵᠢᠬᠡᠬᠦ ᠶᠢ ᠣᠶᠠᠯᠳᠣᠭᠤᠯᠬᠤ ᠶᠢ ᠪᠠᠷᠢᠮᠳᠠᠯᠠᠨ᠂ ᠲᠡᠵᠢᠬᠡᠯ ᠡᠪᠡᠰᠦ ᠪᠣᠷᠳᠤᠭ᠎ᠠ ᠶᠢᠨ ᠲᠠᠷᠢᠮᠠᠯ 530 ᠲᠦᠮᠡᠨ ᠮᠣ᠋ ᠬᠦᠷᠴᠦ᠂ ᠠᠮᠣ ᠪᠣᠳᠠᠭ᠎ᠠ ᠠᠵᠣ ᠠᠬᠤᠢ ᠡᠪᠡᠰᠦ | ᠪᠣᠷᠳᠤᠭ᠎ᠠ ᠶᠢᠨ ᠬᠠᠷᠢᠴᠠᠯ ᠢ 68᠄ 13᠄ 19 ᠪᠣᠯᠭᠠᠪᠠ᠃ ᠠᠯᠠᠰᠢᠨ ᠦᠬᠡᠷ ᠢ ᠲᠡᠵᠢᠬᠡᠵᠦ ᠦᠷᠡᠵᠢᠬᠦᠯᠬᠦ ᠪᠠ ᠡᠬᠦᠯᠳᠡᠷ ᠰᠠᠶᠢᠵᠢᠷᠠᠭᠤᠯᠬᠤ ᠶᠢ ᠲᠦᠷᠬᠡᠳᠬᠡᠵᠦ᠂ | ᠬᠤᠷᠴᠢᠨ ᠤ ᠠᠯᠠᠰᠢᠨ ᠦᠬᠡᠷ ᠤᠨ ᠦᠢᠯᠡᠰ ᠤᠨ ᠦᠷ᠎ᠡ ᠮᠠᠯ ᠤᠨ ᠰᠠᠭᠤᠷᠢᠨ ᠭᠠᠵᠠᠷ ᠠᠰᠢᠭᠯᠠᠯᠳᠠ ᠳᠤ ᠣᠷᠣᠪᠠ᠃ ᠮᠠᠯ ᠲᠠᠷᠢᠶᠠᠯᠠᠩ ᠤᠨ ᠠᠵᠣ ᠠᠬᠤᠢ ᠶᠢᠨ | ᠦᠢᠯᠡᠳᠪᠦᠷᠢᠯᠡᠯ ᠡᠵᠡᠩᠨᠡᠯᠳᠡ ᠶᠢᠨ ᠵᠠᠭᠪᠣᠷ ᠤᠨ ᠰᠢᠨ᠎ᠡ ᠡᠬᠦᠳᠦᠯᠳᠡ ᠶᠢ ᠠᠬᠢᠭᠤᠯᠵᠣ᠂ ᠨᠢᠭᠳᠠᠷᠠᠭᠰᠠᠨ ᠬᠡᠯᠪᠡᠷᠢ ᠶᠢᠨ ᠲᠠᠷᠢᠶᠠᠴᠢᠨ ᠪᠠ ᠠᠵᠣ ᠠᠬᠤᠶᠢᠯᠠᠯ ᠤᠨ ᠠᠰᠢᠭ | ᠲᠣᠰᠠ ᠶᠢᠨ ᠬᠤᠯᠪᠣᠭᠠᠯᠠᠯ ᠤᠨ ᠬᠠᠷᠢᠴᠠᠯ 55% ᠬᠦᠷᠪᠠ᠃ ᠲᠠᠷᠢᠶᠠᠯᠠᠩ ᠤᠨ ᠪᠦᠳᠦᠬᠡᠭᠳᠡᠬᠦᠨ ᠤ ︽ᠭᠤᠷᠪᠠᠨ ᠪᠦᠳᠦᠬᠡᠭᠳᠡᠬᠦᠨ ᠨᠢᠬᠡ ᠲᠡᠮᠳᠡᠭ︾ ᠤᠨ ᠬᠡᠷᠡᠴᠢᠯᠡᠯ | ᠣᠯᠣᠭᠰᠠᠨ ᠦᠢᠯᠡᠳᠬᠦᠨ ᠰᠢᠨ᠎ᠡ ᠪᠠᠷ 43 ᠨᠡᠮᠡᠭᠳᠡᠵᠦ᠂ 206 ᠬᠦᠷᠴᠦ᠂ ᠬᠡᠷᠡᠴᠢᠯᠡᠯ ᠣᠯᠣᠭᠰᠠᠨ ᠲᠠᠯᠠᠪᠠᠢ 300 ᠲᠦᠮᠡᠨ ᠮᠣ᠋ ᠪᠣᠯᠪᠠ᠃ | ᠲᠠᠪᠤ ᠳᠤ ᠣᠳᠣᠬᠢᠴᠢ ᠦᠢᠯᠡᠴᠢᠯᠡᠬᠡᠨ ᠤ ᠦᠢᠯᠡᠰ ᠢ ᠪᠣᠶᠢᠵᠢᠭᠤᠯᠵᠣ ᠬᠦᠭᠵᠢᠬᠦᠯᠪᠡ᠃ ︽ᠲᠦᠩᠯᠢᠶᠣᠣ ᠬᠤᠳᠠ ᠶᠢᠨ ᠰᠣᠶᠣᠯ ᠤᠨ ᠵᠢᠭᠤᠯᠴᠢᠯᠠᠯ ᠤᠨ | ᠣᠯᠠᠷᠢᠯ︾ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠣᠨ ᠬᠡᠷᠡᠭᠵᠢᠬᠦᠯᠵᠦ᠂ ᠬᠤᠷᠴᠢᠨ ᠤ ᠮᠢᠩᠭᠠᠨ ᠭᠠᠵᠠᠷ ᠤᠨ ᠦᠵᠡᠮᠵᠢ ᠶᠢᠨ ᠲᠠᠷᠳᠡᠩ ᠵᠠᠮ ᠣᠷᠣᠨ ᠤ | ᠵᠢᠭᠤᠯᠴᠢᠯᠠᠯ ᠤᠨ ᠨᠡᠷᠡᠳᠦ ᠵᠠᠮ ᠱᠣᠭᠤᠮ ᠢᠶᠠᠷ ᠵᠢᠭᠰᠠᠭᠠᠭᠳᠠᠵᠣ᠂ 13 ᠪᠠᠭᠤᠳᠡᠯ ᠦᠷᠳᠡᠭᠡ ᠶᠢᠨ ᠡᠵᠡᠩᠨᠡᠯᠳᠡ ᠰᠠᠶᠢᠨ ᠪᠠᠶᠢᠵᠦ᠂ ︽8 · 18︾ ᠵᠢᠷᠢᠮ ᠤᠨ | ᠮᠣᠷᠢᠨ ᠣᠷᠣᠯᠳᠣᠭᠠᠨ ᠤ ᠨᠠᠶᠢᠷ᠂ ︽ᠠᠽᠢᠶ᠎ᠠ ᠶᠢᠨ ᠪᠠᠬ᠎ᠠ · ᠲᠦᠩᠯᠢᠶᠣᠣ︾ ᠶᠢᠨ ᠮᠠᠰᠢᠨ ᠲᠡᠷᠬᠡᠨ ᠤ ᠣᠷᠣᠯᠳᠣᠭᠠᠨ᠂ ᠣᠯᠣᠰ ᠤᠨ ᠵᠠᠰᠠᠮᠠᠯ ᠵᠠᠮ ᠤᠨ ᠲᠣᠭᠤᠢ | ᠲᠡᠷᠬᠡᠨ ᠤ ᠣᠷᠣᠯᠳᠣᠭᠠᠨ ᠵᠡᠷᠬᠡ ᠨᠡᠷᠡᠳᠦ ᠣᠷᠣᠯᠳᠣᠭᠠᠨ ᠤ ᠲᠦᠷᠦᠯ ᠵᠦᠢᠯ ᠢ ᠡᠷᠬᠢᠯᠡᠪᠡ᠃ ᠮᠦᠩᠬᠦᠨ ᠬᠦᠢᠯᠬᠡᠬᠡᠨ ᠤ ᠬᠢᠨᠡᠨ ᠬᠠᠮᠢᠶᠠᠷᠬᠤ ᠦᠢᠯᠡᠴᠢᠯᠡᠬᠡᠨ ᠤ | ᠰᠢᠰᠲ᠋ᠧᠮ ᠢᠶᠠᠨ ᠪᠦᠷᠢᠨᠰᠢᠬᠦᠯᠵᠦ᠂ 4 ᠬᠤᠰᠢᠭᠤ ᠰᠢᠶᠠᠨ ᠤ ᠲᠠᠷᠢᠶᠠᠯᠠᠩ ᠤᠨ ᠠᠷᠠᠯᠵᠢᠶᠠᠨ ᠤ ᠪᠠᠩᠬᠢ ᠵᠦᠪᠰᠢᠶᠡᠷᠡᠯ ᠣᠯᠵᠣ ᠲᠦᠯᠦᠪᠯᠡᠨ ᠪᠠᠶᠢᠭᠤᠯᠪᠠ᠃ | ᠲᠠᠷᠢᠶᠠᠯᠠᠩ ᠤᠨ ᠪᠠᠩᠬᠢ᠂ ᠲᠠᠷᠢᠶᠠᠯᠠᠩ ᠤᠨ ᠨᠡᠬᠡᠬᠡᠯᠳᠡ ᠶᠢᠨ ᠪᠠᠩᠭᠢ᠂ ᠣᠯᠣᠰ ᠤᠨ ᠨᠡᠬᠡᠬᠡᠯᠳᠡ ᠶᠢᠨ ᠪᠠᠩᠬᠢ ᠵᠡᠷᠬᠡ ᠮᠦᠩᠬᠦᠨ ᠬᠦᠢᠯᠬᠡᠬᠡᠨ ᠤ ᠪᠠᠶᠢᠭᠤᠯᠣᠮᠵᠢ ᠲᠠᠢ | ᠪᠠᠶᠢᠯᠳᠣᠬᠤ ᠪᠣᠳᠣᠯᠭ᠎ᠠ ᠶᠢᠨ ᠬᠠᠮᠵᠢᠯᠴᠠᠭᠠᠨ ᠤ ᠲᠦᠯᠦᠪᠰᠢᠷᠡᠯ ᠤᠨ ᠬᠡᠯᠡᠯᠴᠡᠬᠡᠷ ᠲᠣᠭᠳᠠᠵᠣ᠂ 85 ᠳ᠋ᠦᠩᠰᠢᠭᠤᠷ ᠲᠦᠬᠦᠷᠢᠭ ᠪᠡᠯᠡ ᠨᠡᠶᠢᠯᠡᠬᠦᠯᠪᠡ᠃ ᠲᠦᠩᠯᠢᠶᠣᠣ | — ᠬᠤᠣᠯᠢᠩᠭᠤᠣᠯ ᠤᠨ ᠲᠡᠮᠦᠷ ᠵᠠᠮ ᠬᠤᠷᠳᠣᠴᠠ ᠨᠡᠮᠡᠭᠳᠡᠬᠦᠯᠣᠨ ᠵᠦᠬᠡᠬᠡᠪᠦᠷᠢᠯᠡᠵᠦ᠂ ᠦᠪᠦᠷ ᠮᠣᠩᠭᠤᠯ ᠤᠨ ᠵᠡᠬᠦᠨ ᠬᠡᠰᠡᠭ ᠤᠨ ᠨᠡᠬᠦᠷᠡᠰᠦᠨ ᠤ ᠠᠷᠠᠯᠵᠢᠶᠠᠨ ᠤ | ᠲᠦᠪ ᠠᠰᠢᠭᠯᠠᠯᠳᠠ ᠳᠤ ᠣᠷᠣᠪᠠ᠂ ᠳ᠋ᠠᠯᠢᠶᠠᠨ ᠭᠠᠷᠠᠮ ᠤᠨ ᠪᠠᠷᠠᠭ᠎ᠠ ᠵᠦᠬᠡᠬᠡᠪᠦᠷᠢᠯᠡᠬᠦ ᠡᠷᠬᠢᠯᠳᠡᠳᠦ ᠡᠬᠡᠯᠵᠢ ᠶᠢᠨ ᠭᠠᠯᠳᠣ ᠲᠡᠷᠬᠡ ᠪᠠ ᠴᠢᠩᠬᠡᠯᠢᠭ ᠤᠨ ᠬᠦᠢᠳᠡᠨ | ᠬᠠᠳᠠᠭᠠᠯᠠᠮᠵᠢ ᠶᠢᠨ ᠡᠬᠡᠯᠵᠢ ᠶᠢᠨ ᠭᠠᠯᠳᠣ ᠲᠡᠷᠬᠡ ᠶᠢ ᠨᠡᠪᠳᠡᠷᠡᠬᠦᠯᠵᠦ᠂ ᠲᠦᠩᠯᠢᠶᠣᠣ ᠶᠢᠨ ᠹᠧᠩ ᠱᠧᠩ ᠲᠠᠷᠢᠶᠠᠯᠠᠩ ᠤᠨ ᠪᠦᠳᠦᠬᠡᠭᠳᠡᠬᠦᠨ ᠤ ᠪᠠᠷᠠᠭᠠᠨ ᠤ | ᠬᠦᠢᠯᠬᠡᠬᠡᠨ ᠤ ᠬᠦᠷᠢᠶᠡᠯᠡᠩ ᠢ ᠪᠠᠶᠢᠭᠤᠯᠣᠨ ᠲᠠᠭᠤᠰᠬᠠᠵᠣ ᠠᠰᠢᠭᠯᠠᠯᠳᠠ ᠳᠤ ᠣᠷᠣᠭᠤᠯᠪᠠ᠂ ᠣᠯᠠᠭᠠᠨ ᠯᠠᠵᠣᠣ᠂ ᠠᠯᠠᠰᠢᠨ ᠦᠬᠡᠷ ᠵᠡᠷᠬᠡ ᠣᠨᠴᠠᠯᠢᠭᠳᠣ ᠲᠣᠰᠬᠠᠢ | ᠵᠠᠬ᠎ᠠ ᠲᠡᠯᠬᠡᠬᠦᠷ ᠲᠠᠰ ᠲᠡᠬᠡᠭᠰᠢᠯᠡᠪᠡ᠃ ᠡᠯᠧᠺᠲᠷᠣᠨ ᠠᠷᠠᠯᠵᠢᠶᠠᠨ ᠤ ᠰᠦᠯᠵᠢᠶᠠᠨ ᠳᠠᠬᠢ ᠰᠣᠯᠠ ᠪᠣᠷᠣᠯᠠᠭᠤᠯᠣᠯᠳᠠ ᠶᠢᠨ ᠬᠡᠮᠵᠢᠶ᠎ᠡ ᠦᠪᠦᠷ ᠮᠣᠩᠭᠤᠯ ᠤᠨ ᠵᠡᠬᠦᠨ | ᠬᠡᠰᠡᠭ ᠲᠤ ᠲᠡᠷᠢᠬᠦᠯᠡᠪᠡ᠃ ᠨᠠᠰᠣᠵᠢᠯ ᠤᠨ ᠠᠰᠠᠷᠠᠮᠵᠢ ᠶᠢᠨ ᠦᠢᠯᠡᠴᠢᠯᠡᠭᠡ᠂ ᠰᠡᠯᠡᠬᠦᠴᠡᠬᠦ ᠪᠡᠶ᠎ᠡ ᠴᠢᠬᠢᠷᠠᠭᠵᠢᠭᠤᠯᠬᠤ ᠵᠡᠷᠬᠡ ᠰᠢᠨ᠎ᠡ ᠮᠠᠨᠳᠣᠭᠰᠠᠨ ᠠᠵᠣ ᠦᠢᠯᠡᠰ | ᠲᠦᠷᠬᠡᠨ ᠦᠰᠦᠨ ᠪᠣᠶᠢᠵᠢᠪᠠ᠃ | ᠵᠢᠷᠭᠤᠭ᠎ᠠ ᠳᠤ ᠬᠤᠣᠰ ᠬᠤᠳᠠ ᠶᠢᠨ ᠴᠣᠭᠴᠠᠯᠠᠯᠳᠠ ᠶᠢ ᠬᠦᠴᠦᠯᠡᠨ ᠠᠬᠢᠭᠤᠯᠪᠠ᠃ ︽ᠠᠷᠠᠳ ᠤᠨ ᠲᠦᠯᠦᠬᠡ ᠡᠬᠦᠳᠦᠨ ᠪᠠᠶᠢᠭᠤᠯᠬᠤ᠂ ᠠᠷᠠᠳ ᠲᠤ | ᠲᠦᠬᠦᠮ ᠦᠵᠡᠬᠦᠯᠬᠦ ᠶᠢᠨ ᠲᠦᠯᠦᠬᠡ ᠡᠬᠦᠳᠦᠨ ᠪᠠᠶᠢᠭᠤᠯᠬᠤ︾ ᠶᠢ ᠪᠠᠷᠢᠮᠳᠠᠯᠠᠨ᠂ ᠦᠷᠬᠡᠨ ᠣᠯᠠᠨ ᠬᠤᠳᠠ ᠶᠢᠨ ᠠᠷᠠᠳ ᠢ ᠵᠤᠬᠢᠶᠠᠨ ᠪᠠᠶᠢᠭᠤᠯᠤᠨ ᠢᠳᠡᠪᠬᠢ ᠲᠠᠢ | ᠤᠷᠤᠯᠴᠠᠭᠤᠯᠵᠣ᠂ ᠦᠵᠡᠰᠬᠦᠯᠡᠩᠳᠦ ᠰᠠᠶᠢᠬᠠᠨ ᠬᠡᠷ ᠬᠤᠷᠤᠭ᠎ᠠ ᠪᠠᠨ ᠬᠠᠮᠳᠣ ᠪᠠᠷ ᠡᠬᠦᠳᠦᠨ ᠪᠠᠶᠢᠭᠤᠯᠪᠠ᠃ ︽ᠠᠷᠪᠠᠨ ᠲᠣᠰᠬᠠᠢ ᠴᠡᠭᠴᠡᠯᠡᠨ ᠵᠠᠰᠠᠬᠤ︾ | ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠠᠷᠠᠳ ᠣᠯᠠᠨ ᠰᠡᠳᠬᠢᠯ ᠲᠠᠯᠪᠢᠵᠣ᠂ ᠨᠡᠶᠢᠬᠡᠮ ᠢᠶᠠᠷ ᠢᠶᠠᠨ ᠠᠩᠬᠠᠷᠴᠣ ᠪᠠᠶᠢᠭ᠎ᠠ ᠨᠢᠬᠡ ᠪᠦᠯᠦᠭ ᠬᠦᠴᠢᠷ ᠲᠠᠢ | ᠠᠰᠠᠭᠤᠳᠠᠯ ᠢ ᠰᠢᠢᠳᠪᠦᠷᠢᠯᠡᠵᠣ᠂ ᠭᠤᠣᠯ ᠬᠤᠳᠠ ᠲᠣᠭᠤᠷᠢᠭ ᠤᠨ ᠬᠡᠷᠡᠮ ᠢ ᠨᠣᠷᠠᠭᠠᠵᠣ ᠨᠣᠭᠤᠭᠠᠨ ᠢ ᠦᠵᠡᠬᠦᠯᠦᠨ᠂ ᠬᠠᠣᠯᠢ ᠪᠠᠷ ᠵᠦᠷᠢᠴᠡᠭᠰᠡᠨ ᠪᠠᠷᠢᠯᠭ᠎ᠠ ᠶᠢ | ᠨᠣᠷᠠᠭᠠᠨ ᠬᠠᠶᠠᠵᠣ᠂ 330 ᠲᠦᠮᠡᠨ ᠲᠡᠭᠰᠢ ᠲᠦᠷᠪᠡᠯᠵᠢᠨ ᠮᠧᠲᠷ ᠪᠣᠶᠢᠳᠠ ᠪᠦᠭᠯᠡᠬᠦᠦ ᠵᠡᠬᠡᠯᠢ ᠭᠤᠳᠣᠮᠵᠢ ᠶᠢ ᠬᠠᠳᠠᠭᠤᠷᠠᠭᠤᠯᠵᠣ᠂ 110 ᠲᠦᠮᠡᠨ ᠪᠣᠰᠤᠭ᠎ᠠ | ᠲᠦᠷᠪᠡᠯᠵᠢᠨ ᠮᠧᠲᠷ ᠬᠤᠳᠠ ᠬᠦᠳᠡᠭᠡ ᠶᠢᠨ ᠬᠤᠭ ᠨᠣᠪᠰᠢ ᠴᠡᠪᠡᠷᠯᠡᠵᠦ᠂ ᠵᠠᠷ ᠮᠡᠳᠡᠭᠡ᠂ ᠵᠠᠮ ᠡᠵᠡᠯᠡᠨ ᠡᠵᠩᠨᠡᠯᠳᠡ ᠬᠢᠬᠦ᠂ ᠲᠣᠷ᠎ᠠ ᠪᠠᠷ ᠣᠪᠣᠭᠠᠯᠠᠵᠣ ᠲᠠᠪᠠ ᠪᠠᠷ | ᠲᠠᠯᠪᠢᠬᠤ ᠵᠡᠷᠬᠡ ᠬᠤᠳᠠ ᠶᠢᠨ ᠠᠷᠬᠠᠭ ᠬᠡᠮ ᠢ ᠠᠷᠢᠯᠭᠠᠵᠣ᠂ ᠬᠤᠳᠠ ᠶᠢᠨ ᠦᠩᠬᠡ ᠲᠦᠷᠰᠦ ᠪᠠ ᠪᠣᠯᠪᠠᠰᠣᠨ ᠤ ᠬᠡᠮᠵᠢᠶ᠎ᠡ ᠢᠯᠡᠷᠬᠡᠢ ᠲᠡᠬᠡᠭᠰᠢᠯᠡᠪᠡ᠂ ᠣᠯᠠᠨ ᠵᠢᠯ ᠤᠨ | ᠴᠦᠬᠦᠷᠡᠰᠢ ᠦᠬᠡᠢ ᠴᠢᠷᠮᠠᠶᠢᠯᠭ᠎ᠠ ᠪᠠᠷ ᠲᠠᠮᠵᠢᠨ᠂ ᠣᠯᠣᠰ ᠤᠨ ᠠᠷᠢᠭᠤᠨ ᠴᠡᠪᠡᠷ ᠬᠤᠳᠠ ᠪᠠ ᠪᠦᠬᠦ ᠣᠯᠣᠰ ᠤᠨ ᠪᠣᠯᠪᠠᠰᠣᠨ ᠬᠤᠳᠠ ᠶᠢ ᠠᠮᠵᠢᠯᠳᠠ ᠲᠠᠢ ᠡᠬᠦᠳᠦᠨ | ᠪᠠᠶᠢᠭᠤᠯᠪᠠ᠃ ᠠᠮᠵᠢᠯᠳᠠ ᠬᠢᠯᠪᠡᠷ ᠢᠶᠠᠷ ᠢᠷᠡᠭᠰᠡᠨ ᠪᠢᠰᠢ᠂ ᠡᠨᠡ ᠪᠣᠯ ᠪᠦᠬᠦ ᠬᠤᠳᠠ ᠶᠢᠨ ᠦᠨᠳᠦᠰᠦᠳᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠮᠳᠣ ᠶᠢᠨ | ᠢᠷᠠᠭᠤ ᠠᠯᠳᠠᠷ ᠮᠦᠨ︕ | ᠲᠣᠯᠤᠭ᠎ᠠ ᠳᠤ ᠶᠠᠳᠠᠭᠤ ᠶᠢ ᠣᠨᠤᠭ᠎ᠠ ᠲᠡᠳᠬᠦᠬᠦ ᠬᠦᠴᠦᠨ ᠢᠶᠠᠨ ᠶᠡᠬᠡᠰᠬᠡᠪᠡ᠃ ︽ᠵᠢᠷᠭᠤᠭᠠᠨ ᠣᠨᠤᠭ᠎ᠠ︾ ︽ᠲᠠᠪᠣᠨ ᠨᠢᠬᠡ ᠪᠦᠯᠦᠭ︾ ᠤᠨ ᠶᠠᠳᠠᠭᠤ ᠶᠢ | ᠲᠡᠳᠬᠦᠬᠦ ᠠᠷᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ 4.6 ᠲᠦᠮᠡᠨ ᠶᠠᠳᠠᠭᠤ ᠬᠦᠴᠢᠷ ᠲᠠᠢ ᠬᠦᠮᠦᠨ ᠢ ᠲᠣᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠪᠠ᠃ | ᠣᠯᠣᠰ ᠤᠨ ᠲᠡᠰ ᠤᠨ 4 ᠶᠠᠳᠠᠭᠤ ᠬᠤᠰᠢᠭᠤ ᠪᠡᠬᠡᠵᠢᠩ ᠦᠪᠦᠷ ᠮᠣᠩᠭᠤᠯ ᠤᠨ ᠬᠠᠪᠰᠣᠷᠣᠨ ᠲᠡᠳᠬᠦᠬᠦ ᠲᠦᠯᠦᠪᠯᠡᠭᠡ ᠳᠤ ᠣᠷᠣᠪᠠ᠃ ᠠᠵᠣ ᠦᠢᠯᠡᠰ ᠢᠶᠠᠷ | ᠶᠠᠳᠠᠭᠤ ᠶᠢ ᠲᠡᠳᠬᠦᠬᠦ ᠲᠣᠭᠳᠠᠯᠴᠠᠭ᠎ᠠ ᠶᠢ ᠰᠢᠨᠡᠴᠢᠯᠡᠵᠦ᠂ ᠭᠠᠵᠠᠷ ᠰᠢᠷᠣᠢ ᠶᠢᠨ ᠡᠷᠬᠢᠯᠳᠡ᠂ ᠮᠠᠯ ᠣᠨᠤᠭ᠎ᠠ ᠨᠠᠶᠢᠳᠠᠨ ᠲᠡᠵᠢᠬᠡᠯᠬᠡᠬᠦ᠂ ᠬᠤᠪᠢ ᠣᠷᠣᠵᠣ ᠬᠤᠷᠰᠢᠬᠤ | ᠵᠡᠷᠬᠡ ᠠᠷᠭ᠎ᠠ ᠪᠠᠷ ᠲᠠᠮᠵᠢᠨ᠂ 4.14 ᠲᠦᠮᠡᠨ ᠶᠠᠳᠠᠭᠤ ᠬᠦᠴᠢᠷ ᠲᠠᠢ ᠬᠦᠮᠦᠨ ᠢ ᠲᠠᠶᠢᠴᠢᠯᠡᠨ᠂ ᠠᠵᠣ ᠦᠢᠯᠡᠰ ᠢᠶᠠᠷ ᠣᠷᠣᠯᠭ᠎ᠠ ᠨᠡᠮᠡᠭᠳᠡᠬᠦᠯᠬᠦ ᠪᠠ ᠠᠵᠢᠯ | ᠣᠯᠭᠤᠬᠤ ᠶᠢ ᠠᠬᠢᠭᠤᠯᠪᠠ᠃ 1000 ᠬᠦᠮᠦᠨ ᠢ ᠠᠮᠢ ᠠᠬᠤᠢ ᠶᠢᠨ ᠨᠦᠬᠦᠪᠦᠷᠢ ᠪᠠᠷ ᠶᠠᠳᠠᠭᠤ ᠠᠴᠠ ᠠᠩᠬᠢᠵᠢᠷᠠᠭᠤᠯᠪᠠ᠃ ᠡᠪᠬᠡᠮᠡᠯ ᠳᠤ ᠣᠷᠣᠭᠤᠯᠵᠣ ᠺᠠᠷᠲ | ᠲᠠᠭᠯᠠᠭᠰᠠᠨ ᠬᠡᠷ ᠤᠨ ᠲᠣᠮᠳᠠᠳᠣ ᠪᠠᠭ᠎ᠠ ᠰᠣᠷᠭᠠᠭᠤᠯᠢ ᠶᠢᠨ ᠰᠣᠷᠣᠭᠴᠢ ᠪᠠ ᠣᠶᠣᠳᠠᠨ ᠳᠤ ᠲᠣᠭᠳᠠᠭᠰᠠᠨ ᠲᠤᠭ᠎ᠠ ᠶᠢᠨ ᠨᠦᠬᠦᠪᠦᠷᠢ ᠦᠭᠪᠡ᠃ ᠶᠠᠳᠠᠭᠤ ᠬᠦᠴᠢᠷ | ᠲᠠᠢ 8.86 ᠲᠦᠮᠡᠨ ᠬᠦᠮᠦᠨ ᠳᠤ ᠲᠦᠯᠦᠪᠦᠷᠢ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ ᠬᠠᠮᠣᠷᠣᠭᠰᠠᠨ ᠬᠡᠮᠵᠢᠶ᠎ᠡ 89% ᠬᠦᠷᠪᠡ᠃ ︽ᠭᠤᠷᠪᠠᠨ | ᠪᠠᠳᠣᠯᠠᠭᠠᠳᠣ︾ ᠲᠦᠷᠦ ᠶᠢᠨ ᠪᠣᠳᠣᠯᠭ᠎ᠠ ᠶᠢ ᠬᠡᠷᠡᠭᠵᠢᠬᠦᠯᠦᠨ᠂ ᠡᠪᠡᠳᠴᠢᠨ ᠠᠴᠠ ᠪᠣᠯᠵᠣ ᠶᠠᠳᠠᠭᠤᠷᠠᠬᠤ ᠠᠰᠠᠭᠤᠳᠠᠯ ᠢ ᠪᠦᠳᠦᠮᠵᠢᠳᠡᠢ ᠨᠠᠮᠳᠠᠭᠤᠯᠪᠠ᠃ ᠲᠦᠮᠡ | ᠣᠷᠴᠢᠮ ᠨᠦᠬᠦᠴᠡᠯ ᠳᠤ ᠲᠣᠬᠢᠷᠠᠬᠰᠠᠨ ᠡᠪᠬᠡᠮᠡᠯ ᠳᠤ ᠣᠷᠣᠭᠤᠯᠵᠣ ᠺᠠᠷᠲ ᠲᠠᠭᠯᠠᠭᠰᠠᠨ ᠶᠠᠳᠠᠭᠤ ᠬᠦᠴᠢᠷ ᠲᠠᠢ ᠬᠦᠮᠦᠨ ᠢ ᠨᠠᠭᠠᠳᠣ ᠵᠠᠬ᠎ᠠ ᠶᠢᠨ ᠠᠮᠢᠳᠣᠷᠠᠯ ᠤᠨ | ᠪᠠᠳᠣᠯᠠᠭ᠎ᠠ ᠳᠤ ᠣᠷᠣᠭᠤᠯᠣᠨ᠂ ᠲᠦᠷᠦ ᠶᠢᠨ ᠪᠣᠳᠣᠯᠭ᠎ᠠ ᠶᠢᠨ ᠪᠠᠳᠣᠯᠠᠭ᠎ᠠ ᠬᠠᠩᠭᠠᠪᠠ᠃ | ᠨᠠᠢᠮᠠ ᠳᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠪᠠᠨ ᠴᠢᠩᠭᠠᠳᠬᠠᠪᠠ᠃ ︽ᠲᠦᠩᠯᠢᠶᠣᠣ ᠬᠤᠳᠠ ᠶᠢᠨ ᠬᠠᠨ ᠠᠭᠤᠯᠠ ᠶᠢᠨ | ᠣᠯᠣᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠤ ᠲᠦᠷᠢᠮ︾ ᠢ ᠬᠤᠳᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠡ ᠪᠠᠷ ᠪᠠᠳᠣᠯᠠᠭᠤᠯᠬᠤ ᠶᠢᠨ ᠬᠠᠮᠳᠣ ᠦᠪᠡᠷᠳᠡᠬᠡᠨ ᠵᠠᠰᠠᠬᠤ ᠣᠷᠣᠨ ᠳᠤ ᠮᠡᠳᠡᠬᠦᠯᠵᠦ ᠵᠦᠪᠰᠢᠶᠡᠷᠡᠬᠦᠯᠬᠦ ᠪᠠᠷ ᠪᠠᠶᠢᠨ᠎ᠠ᠂ ᠬᠤᠳᠠ ᠬᠤᠰᠢᠭᠤ ᠰᠣᠮᠣ ᠶᠢᠨ | ᠭᠤᠷᠪᠠᠨ ᠱᠠᠳᠣᠨ ᠤ ᠭᠤᠣᠯ ᠤᠨ ᠠᠬᠠᠯᠠᠭᠴᠢ ᠶᠢᠨ ᠲᠣᠭᠳᠠᠯᠴᠠᠭ᠎ᠠ ᠶᠢ ᠪᠠᠶᠢᠭᠤᠯᠪᠠ᠃ ᠠᠭᠠᠷ ᠮᠠᠨᠳᠠᠯ ᠤᠨ ᠪᠣᠬᠢᠷᠳᠣᠯ ᠢ ᠶᠡᠷᠦᠩᠬᠡᠶᠢᠯᠡᠨ ᠴᠡᠭᠴᠡᠯᠡᠨ ᠵᠠᠰᠠᠬᠤ | ᠲᠠᠭᠤᠷᠢᠶᠠᠯ ᠦᠵᠡᠬᠦᠯᠬᠦ ᠣᠷᠣᠨ ᠤ ᠪᠠᠶᠢᠭᠤᠯᠣᠯᠳᠠ ᠶᠢ ᠲᠦᠷᠬᠡᠳᠬᠡᠵᠦ᠂ ᠠᠭᠠᠷ ᠮᠠᠨᠳᠡᠯ ᠤᠨ ᠶᠠᠰᠤ ᠴᠢᠨᠠᠷ ᠰᠢᠯᠢᠳᠡᠭ ᠰᠠᠶᠢᠨ ᠬᠤᠨᠤᠭ ᠤᠨ ᠲᠤᠭ᠎ᠠ 315 ᠪᠣᠯᠪᠠ᠃ | ᠭᠤᠣᠯᠳᠠᠯᠭ᠎ᠠ ᠲᠠᠢ ᠪᠣᠬᠢᠷᠳᠣᠯ ᠭᠠᠳᠠᠭᠰᠢᠯᠠᠭᠤᠯᠬᠤ ᠠᠵᠣ ᠠᠬᠤᠶᠢᠯᠠᠯ ᠤᠨ ᠪᠣᠬᠢᠷᠳᠣᠯ ᠤᠨ ᠡᠬᠢ ᠶᠢ ᠰᠦᠯᠵᠢᠶᠡᠨ ᠲᠡᠬᠡᠷ᠎ᠡ᠂ ᠠᠵᠢᠯ ᠤᠨ ᠪᠠᠶᠢᠳᠠᠯ᠂ ᠬᠠᠷᠠᠭᠠᠨ | ᠲᠠᠪᠳᠠᠮᠵᠢ ︽ᠭᠤᠷᠪᠠ ᠶᠢ ᠨᠢᠬᠡ ᠴᠣᠭᠴᠠᠵᠢᠭᠤᠯᠣᠭᠰᠠᠨ︾ 24 ᠴᠠᠭ ᠠᠦ᠋ᠲ᠋ᠣᠴᠢᠯᠠᠭᠰᠠᠨ ᠬᠢᠨᠡᠨ ᠡᠵᠡᠮᠳᠡᠵᠦ ᠬᠠᠮᠢᠶᠠᠷᠴᠣ᠂ ᠭᠤᠣᠯ ᠬᠤᠳᠠ ᠲᠣᠭᠤᠷᠢᠭ ᠤᠨ 10 | ᠠᠭᠤᠷ ᠲᠣᠨ ᠠᠴᠠ ᠲᠣᠷᠣᠭᠰᠢ ᠨᠡᠬᠦᠷᠡᠰᠦ ᠰᠢᠳᠠᠭᠠᠬᠤ ᠬᠦᠸᠧᠯᠦ ᠶᠢ ᠵᠣᠭᠰᠣᠭᠠᠪᠠ᠃ ᠣᠳᠣ ᠪᠠᠶᠢᠭ᠎ᠠ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ ᠶᠢᠨ ᠭᠤᠣᠯ | ᠪᠣᠬᠢᠷᠳᠣᠯ ᠪᠣᠳᠠᠰ ᠤᠨ ᠭᠠᠳᠠᠭᠰᠢᠯᠠᠯᠳᠠ ᠶᠢ ᠪᠠᠷᠢᠮᠵᠢᠶ᠎ᠠ ᠳᠤ ᠬᠦᠷᠬᠡᠵᠦ᠂ ᠬᠤᠳᠠ ᠶᠢᠨ ᠪᠣᠬᠢᠷ ᠣᠰᠣ ᠭᠠᠳᠠᠭᠰᠢᠯᠠᠭᠤᠯᠣᠯᠳᠠ ᠶᠢᠨ ᠴᠢᠳᠠᠪᠣᠷᠢ ᠶᠢ ᠦᠷᠬᠡᠳᠬᠡᠬᠦ | ᠪᠠᠷᠢᠮᠵᠢᠶ᠎ᠠ ᠪᠠᠨ ᠲᠡᠬᠡᠭᠰᠢᠯᠡᠬᠦᠯᠬᠦ ᠢᠨᠵᠧᠨᠧᠷᠢᠩ ᠢ ᠡᠬᠢᠯᠡᠬᠦᠯᠪᠡ᠃ ᠲᠠᠷᠢᠶᠠᠯᠠᠩ ᠤᠨ ᠦᠩᠭᠡᠨ ᠲᠠᠯ᠎ᠠ ᠶᠢᠨ ᠪᠣᠬᠢᠷᠳᠣᠯ ᠪᠠ ᠬᠡᠷᠡᠭᠯᠡᠭᠰᠡᠨ ᠪᠣᠳᠠᠰ ᠢ ᠬᠠᠮᠢᠶᠠᠷᠴᠣ | ᠡᠵᠡᠮᠳᠡᠬᠦ ᠶᠢ ᠴᠢᠩᠭᠠᠳᠬᠠᠪᠠ᠃ ᠬᠤᠷᠴᠢᠨ ᠤ ᠡᠯᠡᠰᠦᠷᠬᠡᠭ ᠭᠠᠵᠠᠷ ᠤᠨ ︽ᠬᠤᠣᠰ ᠮᠢᠩᠭᠠᠨ ᠲᠦᠮᠡᠨ ᠮᠣ᠋︾ ᠶᠡᠷᠦᠩᠬᠡᠶᠢᠯᠡᠭᠰᠡᠨ ᠵᠠᠰᠠᠯᠳᠠ ᠶᠢ 312 ᠲᠦᠮᠡᠨ ᠮᠣ᠋ | ᠪᠡᠶᠡᠯᠡᠬᠦᠯᠵᠦ᠂ ᠬᠤᠣᠯᠢᠩᠭᠤᠣᠯ ᠤᠨ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠬᠦᠬᠡᠬᠦ ᠵᠠᠰᠠᠬᠤ ᠢᠨᠵᠧᠨᠧᠷᠢᠩ ᠢ ᠬᠡᠷᠡᠭᠵᠢᠬᠦᠯᠪᠡ᠃ | ᠶᠢᠰᠦ ᠳᠤ ᠠᠷᠠᠳ ᠤᠨ ᠠᠮᠢᠳᠣᠷᠠᠯ ᠢ ᠬᠦᠴᠦᠯᠡᠨ ᠪᠠᠳᠣᠯᠠᠨ ᠰᠠᠶᠢᠵᠢᠷᠠᠭᠤᠯᠪᠠ᠃ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠣᠷᠠᠯ ᠤᠨ ᠲᠠᠯ᠎ᠠ ᠶᠢᠨ | ᠪᠡᠯᠡ ᠣᠷᠣᠭᠤᠯᠣᠯᠳᠠ ᠪᠠᠨ ᠨᠡᠮᠡᠭᠳᠡᠬᠦᠯᠵᠦ᠂ ᠪᠦᠬᠦ ᠬᠤᠳᠠ ᠶᠢᠨ ᠡᠳ᠋ ᠤᠨ ᠵᠠᠰᠠᠭ ᠤᠨ ᠠᠷᠠᠳ ᠤᠨ ᠠᠮᠢᠳᠣᠷᠠᠯ ᠤᠨ ᠲᠠᠯ᠎ᠠ ᠶᠢᠨ ᠵᠠᠷᠣᠯᠭ᠎ᠠ ᠡᠳ᠋ ᠤᠨ ᠵᠠᠰᠠᠭ ᠤᠨ | ᠶᠡᠷᠦᠩᠬᠡᠢ ᠵᠠᠷᠣᠯᠭ᠎ᠠ ᠶᠢᠨ 78% ᠶᠢ ᠲᠠᠪᠠᠪᠠ᠃ ᠣᠯᠠᠨ ᠠᠷᠭ᠎ᠠ ᠵᠠᠮ ᠣᠯᠠᠨ ᠠᠷᠭ᠎ᠠ ᠬᠡᠯᠪᠡᠷᠢ ᠪᠠᠷ ᠠᠵᠢᠯ ᠣᠯᠭᠤᠬᠤ ᠶᠢ ᠵᠣᠷᠢᠭᠵᠢᠭᠤᠯᠣᠨ᠂ 1.8 ᠲᠦᠮᠡᠨ | ᠬᠤᠳᠠ ᠪᠠᠯᠭᠠᠰᠣᠨ ᠤ ᠬᠦᠮᠦᠨ ᠳᠤ ᠰᠢᠨ᠎ᠡ ᠪᠠᠷ ᠠᠵᠢᠯ ᠣᠯᠭᠤᠵᠣ᠂ ᠠᠵᠢᠯ ᠣᠯᠣᠭᠠᠳᠣᠢ ᠬᠡᠷ ᠪᠦᠯᠢ ᠶᠢ ᠬᠦᠳᠡᠯᠦᠩᠬᠦᠢ ᠦᠬᠡᠢ ᠪᠣᠯᠭᠠᠪᠠ᠃ 6000 ᠰᠢᠬᠠᠮ | ᠪᠦᠷᠬᠡ ᠬᠡᠷ ᠢ ᠦᠬᠡᠷᠡᠴᠢᠯᠡᠨ ᠪᠠᠶᠢᠭᠤᠯᠪᠠ᠃ ᠬᠤᠷᠴᠢᠨ ᠲᠣᠭᠤᠷᠢᠭ᠂ ᠬᠤᠷᠴᠢᠨ ᠵᠡᠬᠦᠨ ᠭᠠᠷᠣᠨ ᠲᠣᠮᠳᠠᠳᠣ ᠬᠤᠰᠢᠭᠤ᠂ ᠨᠠᠢᠮᠠᠨ ᠬᠤᠰᠢᠭᠤ ᠠᠯᠪᠠᠨ ᠵᠢᠷᠦᠮ ᠤᠨ | ᠰᠣᠷᠭᠠᠨ ᠬᠦᠮᠦᠵᠢᠯ ᠤᠨ ᠲᠠᠩᠴᠡᠬᠦᠷᠢ ᠲᠠᠢ ᠬᠦᠭᠵᠢᠬᠦᠯᠦᠯᠳᠡ ᠶᠢᠨ ᠪᠠᠷᠢᠮᠵᠢᠶ᠎ᠠ ᠳᠤ ᠬᠦᠷᠴᠦ ᠰᠢᠯᠭᠠᠨ ᠪᠠᠶᠢᠴᠠᠭᠠᠯᠳᠠ ᠶᠢ ᠦᠩᠬᠡᠷᠡᠬᠦᠯᠪᠡ᠃ ᠨᠡᠶᠢᠬᠡᠮ ᠤᠨ | ᠪᠠᠳᠣᠯᠠᠭ᠎ᠠ ᠶᠢᠨ ᠬᠢᠷᠢ ᠬᠡᠮᠵᠢᠶ᠎ᠡ ᠣᠯᠠᠮ ᠴᠢᠨᠠᠭᠰᠢᠳᠠ ᠲᠡᠬᠡᠭᠰᠢᠯᠡᠵᠦ᠂ ᠠᠵᠢᠯ ᠠᠴᠠ ᠪᠠᠨ ᠠᠮᠠᠷᠠᠭᠰᠠᠨ ᠬᠦᠮᠦᠰ ᠤᠨ ᠨᠠᠰᠣᠵᠢᠯ ᠤᠨ ᠠᠰᠡᠷᠡᠮᠵᠢ ᠶᠢᠨ ᠮᠦᠩᠭᠦ᠂ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ ᠠᠰᠡᠷᠡᠮᠵᠢ ᠶᠢᠨ ᠮᠦᠩᠬᠦ ᠶᠢ ᠰᠠᠷ᠎ᠠ ᠳᠤ ᠬᠦᠮᠦᠨ ᠲᠤᠮᠳᠡᠴᠢ 137 ᠲᠦᠬᠦᠷᠢᠭ ᠪᠠ 20 ᠲᠦᠬᠦᠷᠢᠭ | ᠲᠡᠬᠡᠭᠰᠢᠯᠡᠬᠦᠯᠵᠦ᠂ ᠬᠤᠳᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠰᠠᠷ᠎ᠠ ᠳᠤ ᠬᠦᠮᠦᠨ ᠪᠦᠷᠢ ᠲᠡᠭᠰᠢᠳᠬᠡᠬᠡᠳ 30 ᠲᠦᠬᠦᠷᠢᠭ ᠪᠠ 25 | ᠲᠦᠬᠦᠷᠢᠭ ᠲᠡᠬᠡᠭᠰᠢᠯᠡᠪᠡ᠃ ᠡᠮ ᠡᠮᠨᠡᠯᠬᠡ ᠶᠢᠨ ᠲᠠᠭᠠᠳᠬᠠᠯ ᠣᠨᠳᠣᠣ ᠭᠠᠵᠠᠷ ᠡᠮᠨᠡᠯᠬᠡ ᠳᠤ ᠰᠠᠭᠤᠭᠠᠳ ᠰᠢᠭᠤᠳ ᠲᠣᠭᠠᠴᠠᠭ᠎ᠠ ᠬᠢᠬᠦ ᠶᠢ ᠪᠡᠶᠡᠯᠡᠬᠦᠯᠪᠡ᠃ | ᠠᠷᠪᠠ ᠳᠤ ᠨᠡᠶᠢᠬᠡᠮ ᠤᠨ ᠶᠡᠭᠡ ᠪᠠᠶᠢᠳᠠᠯ ᠤᠨ ᠡᠶ᠎ᠡ ᠡᠪ ᠲᠠᠢ ᠲᠣᠭᠳᠠᠭᠤᠨ ᠢ ᠪᠠᠳᠣᠯᠠᠪᠠ᠃ ᠨᠡᠶᠢᠬᠡᠮ ᠤᠨ ᠵᠦᠷᠢᠴᠡᠯ ᠤᠨ ᠬᠤᠷᠠᠮᠳᠣᠯ ᠢ ᠰᠢᠢᠳᠪᠦᠷᠢᠯᠡᠬᠦ ︽ | ᠵᠠᠭᠤᠨ ᠬᠤᠨᠤᠭ ᠤᠨ ᠰᠢᠪᠳᠣᠯᠣᠯᠳᠠ︾ ᠶᠢᠨ ᠠᠵᠢᠯᠯᠠᠭ᠎ᠠ ᠦᠷᠨᠢᠬᠦᠯᠵᠦ᠂ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠶᠢᠨ ᠭᠤᠣᠯᠳᠠᠯᠭ᠎ᠠ ᠲᠠᠢ ᠠᠰᠠᠭᠤᠳᠠᠯ ᠢ | ᠪᠦᠳᠦᠮᠵᠢ ᠲᠠᠢ ᠰᠢᠢᠳᠪᠦᠷᠢᠯᠡᠪᠡ᠃ ︽ᠴᠠᠭᠳᠠᠭᠠᠨ ᠤ ᠠᠵᠢᠯ ᠤᠨ ᠣᠷ᠎ᠠ ᠮᠡᠷᠬᠡᠵᠢᠯ ᠤᠨ ᠰᠣᠷᠢᠯᠳᠠ︾ ᠶᠢᠨ ᠰᠢᠷᠢᠰ ᠠᠵᠢᠯᠯᠠᠭ᠎ᠠ ᠶᠢ ᠦᠷᠨᠢᠬᠦᠯᠦᠨ᠂ ᠬᠠᠣᠯᠢ ᠪᠣᠰᠣ | ᠡᠳᠡᠬᠡᠳ ᠲᠤ ᠴᠣᠬᠢᠯᠳᠠ ᠦᠭᠬᠦ ᠦᠨᠳᠦᠷ ᠲᠠᠷᠣᠯᠳᠠᠳᠣ ᠪᠠᠶᠢᠳᠠᠯ ᠢ ᠪᠠᠳᠣᠯᠠᠨ᠂ ᠠᠮᠢᠨ ᠬᠡᠷᠡᠭ ᠪᠦᠬᠦᠨ ᠢ ᠲᠠᠩᠨᠠᠨ ᠢᠯᠡᠷᠡᠬᠦᠯᠵᠦ᠂ ᠲᠣᠳᠣᠭᠠᠳᠣ ᠶᠢ ᠬᠠᠮᠠᠭᠠᠯᠠᠬᠤ | ᠶᠠᠮᠣᠨ ᠤ ᠱᠠᠭᠠᠷᠳᠠᠭᠰᠠᠨ 15 ᠵᠢᠯ ᠦᠩᠬᠡᠷᠡᠭᠰᠡᠨ ᠬᠦᠨᠳᠦ ᠴᠢᠬᠤᠯᠠ ᠬᠦᠴᠢᠷ ᠲᠠᠢ 13 ᠠᠮᠢᠨ ᠬᠡᠷᠡᠭ ᠢ ᠠᠮᠵᠢᠯᠳᠠ ᠲᠠᠢ ᠲᠠᠩᠨᠡᠨ ᠢᠯᠡᠷᠡᠬᠦᠯᠵᠣ᠂ ᠲᠣᠳᠣᠭᠠᠳᠣ ᠶᠢ | ᠬᠠᠮᠠᠭᠠᠯᠠᠬᠤ ᠶᠠᠮᠣᠨ ᠤ ᠱᠠᠭᠠᠷᠳᠠᠭᠰᠠᠨ ︽9 · 05︾ ᠶᠢᠨ ᠰᠦᠯᠵᠢᠶ᠎ᠡ ᠪᠠᠷ ᠵᠣᠭᠤᠰ ᠲᠠᠢ ᠮᠦᠷᠦᠶᠢᠴᠡᠭᠰᠡᠨ ᠣᠨᠴᠠ ᠶᠡᠭᠡ ᠬᠡᠷᠡᠭ ᠢ ᠡᠪᠳᠡᠪᠡ᠃ ᠣᠯᠠᠨ | ᠨᠡᠶᠢᠳᠡ ᠶᠢᠨ ᠠᠮᠣᠷ ᠲᠦᠪᠰᠢᠨ ᠤ ᠣᠨᠣᠯᠵᠢᠬᠤᠨ ᠢ ᠴᠢᠩᠭᠠᠳᠬᠠᠵᠣ᠂ ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ | ᠨᠠᠶᠢᠳᠠᠪᠣᠷᠢᠵᠢᠭᠤᠯᠵᠣ᠂ ᠢᠳᠡᠬᠡᠨ ᠡᠮ ᠤᠨ ᠵᠦᠢᠯ ᠤᠨ ᠵᠠᠬ᠎ᠠ ᠲᠡᠯᠬᠡᠬᠦᠷ ᠢ ᠬᠢᠨᠡᠨ ᠬᠠᠮᠢᠶᠠᠷᠬᠤ ᠪᠠᠨ ᠴᠢᠩᠭᠠᠳᠬᠠᠵᠣ᠂ ᠣᠯᠠᠨ ᠨᠡᠶᠢᠳᠡ ᠶᠢᠨ ᠠᠮᠣᠷ ᠲᠦᠪᠰᠢᠨ ᠤ | ᠪᠠᠶᠢᠳᠠᠯ ᠶᠡᠷᠦᠩᠬᠡᠢ ᠳᠡᠭᠡᠨ ᠲᠣᠭᠳᠠᠭᠤᠨ ᠪᠣᠯᠪᠠ᠃ ᠨᠡᠶᠢᠬᠡᠮ ᠤᠨ ᠵᠠᠰᠠᠯᠳᠠ ᠶᠢ ᠰᠢᠨᠡᠴᠢᠯᠡᠵᠦ᠂ ᠵᠠᠰᠠᠭ ᠤᠨ ᠣᠷᠳᠣᠨ ᠤ ᠡᠷᠬᠡ ᠴᠢᠳᠠᠪᠣᠷᠢ ᠶᠢᠨ ᠬᠠᠣᠯᠢᠴᠢᠯᠠᠯᠳᠠ ᠶᠢ | ᠠᠬᠢᠭᠤᠯᠵᠣ᠂ ᠬᠤᠳᠠ ᠬᠤᠰᠢᠭᠤ ᠰᠣᠮᠣ ᠭᠤᠷᠪᠠᠨ ᠱᠠᠳᠣᠨ ᠤ ᠵᠠᠰᠠᠭ ᠤᠨ ᠣᠷᠳᠣᠨ ᠳᠤ ᠪᠦᠷ ᠬᠠᠣᠯᠢ ᠶᠢᠨ ᠵᠦᠪᠯᠡᠭᠴᠢ ᠲᠠᠢ ᠪᠣᠯᠭᠠᠵᠣ᠂ ᠬᠠᠣᠯᠢ ᠪᠠᠷ ᠵᠠᠰᠠᠭ | ᠪᠠᠷᠢᠬᠤ ᠴᠢᠳᠠᠪᠣᠷᠢ ᠢᠯᠡᠷᠬᠡᠢ ᠴᠢᠩᠭᠠᠷᠠᠪᠠ᠃ | ᠠᠮᠵᠢᠯᠳᠠ ᠬᠢᠯᠪᠡᠷ ᠢᠶᠠᠷ ᠢᠷᠡᠭᠰᠡᠨ ᠪᠢᠰᠢ᠂ ᠣᠷᠣᠰᠢᠵᠣ ᠪᠠᠶᠢᠭ᠎ᠠ ᠠᠰᠠᠭᠤᠳᠠᠯ ᠢ ᠬᠦᠩᠬᠡᠪᠴᠢᠯᠡᠵᠦ ᠪᠣᠯᠬᠤ ᠦᠬᠡᠢ᠂ ᠲᠣᠪᠣᠶᠢᠮ᠎ᠠ ᠢᠯᠡᠷᠡᠯ ᠬᠡᠪᠡᠯ᠄ | ᠬᠦᠭᠵᠢᠬᠡᠳᠦᠢ ᠬᠤᠳᠠ ᠶᠢᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠠᠵᠣ ᠲᠠᠶᠢᠯᠦᠬᠡᠳᠦᠢ᠂ ᠪᠦᠳᠦᠬᠦᠯᠢᠭ ᠬᠡᠯᠪᠡᠷᠢ ᠶᠢᠨ ᠠᠵᠣ ᠠᠬᠤᠢ ᠶᠢᠨ ᠨᠡᠮᠡᠭᠳᠡᠯ ᠤᠨ ᠠᠷᠭ᠎ᠠ | ᠮᠦᠨ ᠴᠣ᠋ ᠣᠷᠣᠰᠢᠭᠰᠠᠭᠠᠷ᠂ ᠬᠡᠯᠪᠡᠷᠢ ᠪᠠᠨ ᠬᠤᠪᠢᠷᠠᠭᠤᠯᠣᠨ᠂ ᠪᠦᠳᠦᠴᠡ ᠪᠠᠨ ᠰᠢᠯᠢᠳᠡᠭᠵᠢᠬᠦᠯᠬᠦ ᠡᠬᠦᠷᠬᠡ ᠪᠠᠰᠠ ᠲᠦᠢᠯ ᠤᠨ ᠪᠡᠷᠬᠡᠰᠢᠶᠠᠯ ᠲᠠᠢ ᠪᠠᠶᠢᠭᠰᠠᠭᠠᠷ︔ | ᠵᠠᠬ᠎ᠠ ᠲᠡᠯᠬᠡᠬᠦᠷ ᠤᠨ ᠭᠤᠣᠯ ᠴᠣᠭᠴᠠ ᠶᠢᠨ ᠰᠢᠨ᠎ᠡ ᠡᠬᠦᠳᠦᠯᠳᠡ ᠶᠢᠨ ᠴᠢᠳᠠᠪᠣᠷᠢ ᠲᠣᠷᠣᠢ᠂ ᠠᠷᠠᠳ ᠤᠨ ᠲᠣᠮᠳᠠᠬᠢ ᠪᠡᠯᠡ ᠣᠷᠣᠭᠤᠯᠬᠤ ᠠᠮᠢᠵᠢᠷᠠᠯ ᠤᠨ ᠬᠦᠴᠦᠨ | ᠬᠦᠷᠦᠯᠴᠡᠬᠦ ᠦᠬᠡᠢ᠂ ᠪᠤᠳᠡᠳᠦ ᠴᠤᠭᠴᠠᠳᠦ ᠠᠵᠦ ᠠᠬᠤᠢ ᠶᠢᠨ ᠬᠢᠷᠢ ᠬᠡᠮᠵᠢᠶ᠎ᠡ ᠶᠢ ᠲᠡᠭᠡᠭᠰᠢᠯᠡᠬᠦᠯᠦᠰᠢᠳᠡᠢ᠂ ᠲᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢᠨ | ᠨᠡᠮᠡᠭᠳᠡᠯ ᠣᠳᠠᠭᠠᠪᠳᠣᠷ ᠪᠣᠯᠵᠣ᠂ ᠶᠡᠭᠡ ᠲᠦᠷᠦᠯ ᠵᠦᠢᠯ᠂ ᠰᠠᠶᠢᠨ ᠲᠦᠷᠦᠯ ᠵᠦᠢᠯ ᠤᠨ ᠲᠣᠯᠭᠠᠭᠤᠷᠢ ᠲᠣᠳᠠᠭᠳᠠᠵᠣ᠂ ᠲᠣᠭᠳᠠᠭᠤᠨ ᠢᠶᠠᠷ ᠨᠡᠮᠡᠭᠳᠡᠬᠦᠯᠬᠦ ᠰᠠᠭᠤᠷᠢ | ᠪᠠᠰᠠ ᠪᠠᠳᠣ ᠪᠢᠰᠢ︔ ᠭᠤᠣᠯᠯᠠᠭᠴᠢ ᠠᠵᠣ ᠠᠬᠤᠶᠢᠯᠠᠯ ᠤᠨ ᠲᠡᠰ ᠦᠨᠳᠦᠷ ᠪᠢᠰᠢ᠂ ᠡᠬᠢ ᠪᠠᠶᠠᠯᠢᠭ ᠤᠨ ᠬᠡᠯᠪᠡᠷᠢ ᠶᠢᠨ ᠠᠵᠣ ᠦᠢᠯᠡᠰ ᠤᠨ ᠬᠡᠯᠬᠢᠶ᠎ᠡ ᠣᠬᠤᠷ᠂ | ᠲᠠᠭᠠᠯᠳᠠ ᠦᠷᠳᠡᠭ ᠲᠣᠣᠷ᠎ᠠ᠂ ᠪᠠᠶᠢᠯᠳᠣᠬᠤ ᠪᠣᠳᠣᠯᠭ᠎ᠠ ᠶᠢᠨ ᠴᠢᠨᠠᠷ ᠲᠠᠢ ᠰᠢᠨ᠎ᠡ ᠮᠠᠨᠳᠣᠭᠰᠠᠨ ᠠᠵᠣ ᠦᠢᠯᠡᠰ ᠤᠨ ᠬᠡᠪᠴᠢᠶ᠎ᠠ ᠪᠠᠭ᠎ᠠ᠂ ᠣᠳᠣᠬᠢᠴᠢ | ᠦᠢᠯᠡᠴᠢᠯᠡᠬᠡᠨ ᠤ ᠦᠢᠯᠡᠰ ᠤᠨ ᠬᠦᠭᠵᠢᠯᠳᠡ ᠬᠦᠢᠴᠡᠳ ᠦᠬᠡᠢ︔ ᠬᠡᠷᠡᠭᠯᠡᠵᠦ ᠪᠣᠯᠬᠤ ᠡᠳ᠋ ᠤᠨ ᠬᠦᠴᠦᠨ ᠬᠦᠷᠦᠯᠴᠡᠬᠦ ᠦᠬᠡᠢ᠂ ᠵᠠᠰᠠᠭ ᠤᠨ ᠣᠷᠳᠣᠨ ᠤ | ᠵᠢᠬᠡᠯᠡᠯᠬᠡ ᠶᠢᠨ ᠲᠦᠭᠰᠢᠬᠦᠷᠢ ᠶᠢ ᠰᠡᠷᠬᠡᠶᠢᠯᠡᠨ ᠰᠢᠢᠳᠪᠦᠷᠢᠯᠡᠬᠦ ᠡᠬᠦᠷᠬᠡ ᠲᠦᠢᠯ ᠤᠨ ᠬᠠᠳᠠᠭᠤ ᠪᠡᠷᠬᠡᠰᠢᠶᠡᠯ ᠲᠠᠢ ᠮᠦᠷᠳᠡᠬᠡᠨ ᠶᠠᠷᠰᠢᠭ ᠲᠦᠪᠡᠭ ᠲᠠᠢ︔ ᠠᠮᠢ | ᠠᠬᠤᠢ ᠶᠢᠨ ᠣᠷᠴᠢᠨ ᠲᠣᠭᠤᠷᠢᠨ ᠮᠦᠨ ᠴᠣ᠋ ᠬᠡᠪᠡᠷᠡᠭ ᠪᠠᠶᠢᠭᠰᠠᠭᠠᠷ᠂ ᠠᠵᠣ ᠠᠬᠤᠢ ᠶᠢᠨ ᠬᠦᠭᠵᠢᠯᠳᠡ ᠪᠠ ᠣᠷᠴᠢᠨ ᠲᠣᠭᠤᠷᠢᠨ ᠤ ᠬᠠᠮᠠᠭᠠᠯᠠᠯᠳᠠ ᠶᠢᠨ ᠵᠦᠷᠢᠴᠡᠯ | ᠮᠦᠨ ᠴᠣ᠋ ᠲᠣᠪᠣᠶᠢᠮ᠎ᠠ ᠪᠠᠶᠢᠭᠰᠠᠭᠠᠷ︔ ᠠᠷᠠᠳ ᠤᠨ ᠠᠮᠢᠳᠣᠷᠠᠯ ᠤᠨ ᠬᠦᠷᠢᠶ᠎ᠠ ᠴᠡᠷ᠎ᠡ ᠳᠤ ᠪᠠᠰᠠ ᠴᠦᠬᠡᠨ ᠪᠣᠰᠣ ᠬᠦᠷᠦᠯᠴᠡᠬᠦ ᠦᠭᠡᠢ ᠲᠠᠯ᠎ᠠ ᠪᠠᠶᠢᠵᠣ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠪᠠ ᠣᠯᠠᠨ ᠨᠠᠶᠢᠳᠠ ᠶᠢᠨ ᠦᠨᠳᠦᠰᠦᠨ ᠦᠢᠯᠡᠴᠢᠯᠡᠭᠡ ᠪᠦᠬᠦ ᠣᠷᠣᠨ ᠤ ᠬᠢᠷᠢ ᠲᠦᠪᠰᠢᠨ ᠠᠴᠠ ᠲᠣᠣᠷ᠎ᠠ | ᠪᠠᠶᠢᠭᠰᠠᠭᠠᠷ᠂ ᠶᠠᠳᠠᠭᠤ ᠠᠴᠠ ᠠᠩᠬᠢᠵᠢᠷᠠᠭᠤᠯᠬᠤ ᠡᠬᠦᠷᠬᠡ ᠪᠠᠴᠢᠮ ᠪᠦᠬᠡᠳ ᠬᠦᠴᠢᠷ ᠪᠡᠷᠬᠡ ᠲᠠᠢ᠂ ᠠᠵᠢᠯ ᠣᠯᠬᠤ᠂ ᠰᠣᠷᠭᠠᠨ ᠬᠦᠮᠦᠵᠢᠯ᠂ ᠡᠮ ᠡᠮᠨᠡᠯᠬᠡ᠂ ᠣᠷᠣᠨ | ᠰᠠᠭᠤᠴᠠ᠂ ᠨᠠᠰᠣᠵᠢᠯ ᠤᠨ ᠠᠰᠠᠷᠠᠮᠵᠢ ᠵᠡᠷᠬᠡ ᠲᠠᠯ᠎ᠠ ᠪᠠᠷ ᠪᠠᠰᠠ ᠣᠯᠠᠨ ᠲᠦᠮᠡᠨ ᠳᠤ ᠴᠦᠬᠡᠨ ᠪᠣᠰᠣ ᠬᠦᠴᠢᠷ ᠠᠰᠠᠭᠤᠳᠠᠯ ᠲᠣᠯᠭᠠᠷᠠᠵᠣ ᠪᠠᠶᠢᠨ᠎ᠠ︔ ᠵᠠᠰᠠᠭ ᠤᠨ | ᠣᠷᠳᠣᠨ ᠤ ᠲᠣᠰ ᠪᠠᠶ᠎ᠠ ᠶᠢᠨ ᠪᠠᠶᠢᠭᠤᠯᠣᠯᠳᠠ ᠶᠢ ᠪᠠᠰᠠ ᠴᠢᠩᠭᠠᠳᠬᠠᠬᠤ ᠴᠢᠬᠤᠯᠠ ᠲᠠᠢ᠂ ᠬᠠᠣᠯᠢ ᠪᠠᠷ ᠵᠠᠰᠠᠭ ᠪᠠᠷᠢᠬᠤ ᠴᠢᠳᠠᠪᠣᠷᠢ ᠪᠠ ᠦᠢᠯᠡᠴᠢᠯᠡᠬᠦ ᠦᠷ᠎ᠡ | ᠪᠦᠳᠦᠮᠵᠢ ᠪᠠᠨ ᠪᠠᠰᠠ ᠲᠡᠬᠡᠭᠰᠢᠯᠡᠬᠦᠯᠬᠦ ᠴᠢᠬᠤᠯᠠ ᠲᠠᠢ ᠪᠠᠶᠢᠨ᠎ᠠ᠃ ᠪᠢᠳᠡ ᠠᠰᠠᠭᠤᠳᠠᠯ ᠢᠶᠠᠷ ᠣᠳᠣᠷᠢᠳᠣᠮᠵᠢ ᠪᠣᠯᠭᠠᠬᠤ ᠶᠢ ᠪᠠᠷᠢᠮᠳᠠᠯᠠᠨ᠂ ᠵᠣᠷᠢᠭ ᠲᠠᠢ ᠪᠠᠷ | ᠡᠬᠦᠷᠬᠡᠯᠡᠨ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠦ᠂ ᠵᠠᠰᠠᠭ ᠤᠨ ᠣᠷᠳᠣᠨ ᠤ ᠠᠵᠢᠯ ᠢ ᠴᠢᠷᠮᠠᠶᠢᠨ ᠨᠡᠩ ᠰᠠᠶᠢᠨ ᠬᠢᠨ᠎ᠠ᠃ | | ᠬᠤᠶᠠᠷ᠂ ᠬᠤᠶᠢᠰᠢᠳᠡ ᠶᠢᠨ ᠲᠠᠪᠤᠨ ᠵᠢᠯ ᠤᠨ ᠶᠡᠷᠦᠩᠭᠡᠢ ᠬᠠᠷᠡᠯᠳᠡ ᠪᠤᠯᠤᠨ ᠭᠤᠤᠯ ᠡᠬᠦᠷᠭᠡ | | ᠬᠤᠶᠢᠰᠢᠳᠡ ᠶᠢᠨ ᠲᠠᠪᠤᠨ ᠵᠢᠯ ᠪᠤᠯ ᠮᠠᠨ ᠤ ᠬᠤᠳᠡ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ᠂ ᠣᠳᠣᠬᠢᠴᠢᠯᠠᠯᠳᠠ ᠶᠢᠨ ᠰᠢᠨ᠎ᠡ ᠠᠶᠠᠨ ᠢᠶᠠᠨ | ᠡᠬᠢᠯᠡᠬᠦᠯᠬᠦ ᠵᠠᠩᠬᠢᠯᠠᠭ᠎ᠠ ᠶᠢᠨ ᠴᠠᠭ ᠦᠶ᠎ᠡ ᠮᠦᠨ᠂ ᠪᠢᠳᠡ ᠲᠤᠮᠳᠡᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠠᠭᠤᠤ ᠶᠡᠭᠡ ᠲᠤᠭ ᠢ ᠦᠨᠳᠦᠷ | ᠮᠠᠨᠳᠤᠭᠤᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠡᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠰᠢ ᠶᠢᠨ ᠫᠢᠩ ᠶᠡᠷᠦᠩᠭᠡᠢ ᠱᠦᠵᠢ | ᠶᠢᠨ ᠦᠪᠦᠷ ᠮᠤᠩᠭᠤᠯ ᠳᠤ ᠪᠠᠶᠢᠴᠠᠭᠠᠨ ᠰᠢᠨᠵᠢᠯᠡᠭᠰᠡᠨ ᠦᠶ᠎ᠡ ᠶᠢᠨ ᠴᠢᠬᠤᠯᠡ ᠶᠠᠷᠢᠶ᠎ᠠ ᠪᠤᠯᠤᠨ ᠦᠪᠦᠷ ᠮᠤᠩᠭᠤᠯ ᠳᠤ ᠪᠢᠴᠢᠵᠦ ᠦᠭᠭᠦᠭᠰᠡᠨ ᠪᠢᠴᠢᠭᠡᠰᠦ ᠶᠢᠨ ᠵᠤᠷᠢᠭ | ᠰᠠᠨᠠᠭ᠎ᠠ ᠶᠢ ᠦᠷᠬᠦᠯᠵᠢᠯᠡᠨ ᠬᠦᠨᠵᠡᠬᠡᠢ ᠨᠠᠶᠢᠳᠠᠪᠤᠷᠢᠵᠢᠭᠤᠯᠵᠦ᠂ ᠯᠠᠪᠳᠠᠭᠤᠨ ᠠᠬᠢᠬᠤ ᠠᠵᠢᠯ ᠤᠨ ᠶᠡᠷᠦᠩᠭᠡᠢ ᠬᠦᠭ ᠢ ᠪᠠᠷᠢᠮᠳᠡᠯᠡᠨ᠂ ᠰᠢᠨ᠎ᠡ ᠬᠦᠭᠵᠢᠯᠳᠡ ᠶᠢᠨ | ᠤᠨᠤᠯᠵᠢᠬᠤᠨ ᠢ ᠪᠠᠷᠢᠮᠳᠡᠯᠡᠵᠦ᠂ ᠨᠡᠶᠢᠬᠡᠮ ᠤᠨ ᠭᠤᠤᠯ ᠵᠦᠷᠢᠴᠡᠯ ᠤᠨ ᠬᠤᠪᠢᠷᠠᠯᠳᠡ ᠶᠢ ᠴᠢᠩᠭ᠎ᠠ ᠮᠦᠷᠳᠡᠨ᠂ ᠲᠡᠬᠡᠳᠦ ᠴᠢᠨᠠᠷ ᠴᠢᠨᠰᠠᠭ᠎ᠠ ᠲᠠᠢ ᠬᠦᠭᠵᠢᠯᠳᠡ ᠶᠢᠨ | ᠱᠠᠭᠠᠷᠳᠠᠯᠭ᠎ᠠ ᠶᠢ ᠵᠢᠷᠦᠮᠯᠡᠨ᠂ ︽ᠲᠠᠪᠤᠨ ᠨᠢᠬᠡ ᠴᠣᠭᠴᠠᠵᠢᠭᠤᠯᠣᠯᠳᠠ︾ ᠶᠢᠨ ᠶᠡᠷᠦᠩᠭᠡᠢ ᠪᠠᠶᠢᠷᠢᠯᠠᠭᠤᠯᠤᠯᠳᠡ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠳᠡ ᠶᠢ ᠨᠢᠬᠡᠳᠦᠯᠳᠡᠢ ᠲᠦᠯᠦᠪᠵᠢᠬᠦᠯᠤᠨ ᠠᠬᠢᠭᠤᠯᠵᠦ᠂ ᠬᠠᠩᠭᠠᠯᠭ᠎ᠠ ᠶᠢᠨ ᠪᠦᠳᠦᠴᠠ ᠶᠢᠨ ᠴᠢᠨᠡᠷ ᠲᠠᠢ ᠦᠬᠡᠷᠡᠴᠢᠯᠡᠯᠳᠡ ᠪᠠᠷ | ᠭᠤᠤᠯ ᠰᠢᠵᠢᠮ ᠪᠤᠯᠭᠠᠨ᠂ ︽ᠲᠤᠯᠤᠭᠠᠨ ᠪᠠᠶᠢᠯᠳᠤᠬᠤ ᠪᠤᠳᠤᠯᠭ᠎ᠠ︾ ᠶᠢ ᠡᠷᠡᠰ ᠬᠡᠷᠡᠭᠵᠢᠬᠦᠯᠵᠦ᠂ ︽ᠭᠤᠷᠪᠡᠨ ᠰᠢᠪᠳᠤᠯᠤᠯᠳᠡ︾ ᠶᠢᠨ ᠢᠯᠡᠯᠳᠡ ᠶᠢ ᠡᠷᠡᠰ | ᠲᠡᠮᠡᠴᠡᠨ ᠤᠯᠵᠦ᠂ ᠲᠡᠭᠡᠳᠦ ᠶᠠᠰᠤ ᠴᠢᠨᠡᠷ ᠲᠠᠢ ᠬᠦᠭᠵᠢᠬᠦᠯᠦᠯᠳᠡ ᠶᠢ ᠠᠬᠢᠭᠤᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠦᠬᠦᠢ ᠰᠠᠶᠢᠨ ᠰᠠᠶᠢᠬᠠᠨ | ᠠᠮᠢᠳᠦᠷᠡᠯ ᠤᠨ ᠭᠡᠷᠡᠭᠴᠡᠭᠡ ᠶᠢ ᠨᠡᠩ ᠰᠠᠶᠢᠳᠦᠷ ᠬᠠᠩᠭᠠᠨ᠎ᠠ᠃ | ᠲᠡᠭᠡᠷ᠎ᠡ ᠲᠤᠷᠡᠳᠤᠭᠰᠠᠨ ᠵᠢᠯᠤᠭᠤᠳᠬᠤ ᠦᠵᠡᠯ ᠰᠠᠨᠠᠭ᠎ᠠ ᠶᠢ ᠲᠤᠤᠱᠯᠠᠭᠤᠯᠬᠤ ᠳᠤ ᠪᠢᠳᠡ ᠨᠠᠮ ᠤᠨ ᠠᠷᠪᠡ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ | ᠶᠢ ᠵᠠᠰᠠᠭ ᠤᠨ ᠤᠷᠳᠤᠨ ᠤ ᠠᠵᠢᠯ ᠤᠨ ᠪᠦᠬᠦ ᠶᠠᠪᠤᠴᠠ ᠳᠤ ᠢᠮᠠᠭᠳᠠ ᠲᠤᠤᠱᠯᠠᠭᠤᠯᠵᠦ᠂ ︽ᠬᠤᠶᠠᠷ ᠵᠠᠭᠤᠨ ᠵᠢᠯ᠂ ᠬᠤᠶᠠᠷ ᠱᠠᠳᠤ ᠦᠶ᠎ᠡ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠳᠡ ᠶᠢᠨ ᠲᠣᠬᠢᠷᠠᠭᠤᠯᠭ᠎ᠠ ᠶᠣᠰᠣ ᠪᠠᠷ ᠬᠤᠶᠢᠰᠢᠳᠡ ᠶᠢᠨ ᠲᠠᠪᠤᠨ ᠵᠢᠯ ᠤᠨ ᠮᠠᠨ ᠤ ᠬᠤᠳᠡ ᠶᠢᠨ ᠠᠵᠦ ᠠᠬᠤᠢ ᠨᠡᠶᠢᠬᠡᠮ ᠤᠨ | ᠬᠦᠭᠵᠢᠯᠳᠡ ᠶᠢᠨ ᠭᠤᠤᠯ ᠬᠠᠷᠡᠯᠳᠡ ᠪᠤᠯ᠄ | — ᠠᠵᠦ ᠠᠬᠤᠢ ᠶᠢᠨ ᠶᠡᠷᠦᠩᠭᠡᠢ ᠪᠤᠳᠡᠳᠦ ᠬᠦᠴᠦᠨ ᠤ ᠰᠢᠨ᠎ᠡ ᠲᠡᠭᠡᠭᠰᠢᠯᠡᠯᠳᠡ ᠶᠢ ᠪᠡᠶᠡᠯᠡᠬᠦᠯᠦᠨ᠎ᠡ᠃ ᠨᠡᠩ ᠦᠨᠳᠦᠷ ᠵᠤᠭᠰᠤᠯᠳᠡ᠂ ᠨᠡᠩ ᠦᠷᠭᠡᠨ | ᠬᠠᠷᠠᠭᠠᠰᠦ ᠪᠠᠷ ᠬᠦᠭᠵᠢᠯᠳᠡ ᠶᠢ ᠰᠦᠪᠡᠭᠴᠢᠯᠡᠵᠦ᠂ ᠤᠷᠤᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ᠂ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠡ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ᠂ ᠬᠤᠳᠡ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠡᠵᠡᠮᠰᠢᠵᠣ | ᠪᠣᠯᠬᠤᠶᠢᠴᠠ ᠤᠷᠤᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ ᠪᠦᠬᠦ ᠤᠷᠤᠨ ᠤ ᠲᠤᠮᠳᠡᠴᠢ ᠬᠢᠷᠢ ᠲᠦᠪᠰᠢᠨ ᠠᠴᠠ ᠦᠨᠳᠦᠷ ᠪᠠᠶᠢᠯᠭᠠᠵᠦ᠂ ᠶᠡᠷᠦᠩᠬᠡᠢ ᠪᠣᠳᠠᠳᠣ ᠬᠦᠴᠦᠨ | ᠪᠠ ᠬᠦᠭᠵᠢᠯᠳᠡ ᠶᠢᠨ ᠴᠢᠨᠠᠷ ᠢ ᠣᠯᠠᠮ ᠴᠢᠨᠠᠭᠰᠢᠳᠡ ᠲᠡᠭᠡᠭᠰᠢᠯᠡᠬᠦᠯᠦᠨ᠂ ᠦᠪᠡᠷᠳᠡᠭᠡᠨ ᠵᠠᠰᠠᠬᠤ ᠤᠷᠤᠨ ᠤ ᠬᠦᠭᠵᠢᠯᠳᠡ ᠶᠢᠨ ᠴᠢᠬᠤᠯᠡ ᠨᠡᠮᠡᠭᠳᠡᠯ ᠤᠨ ᠴᠡᠭ ᠢ | ᠪᠠᠶᠢᠭᠤᠯᠤᠨ᠎ᠠ ᠃ | — ᠠᠵᠦ ᠦᠢᠯᠡᠰ ᠤᠨ ᠬᠦᠭᠵᠢᠯᠳᠡ ᠶᠢᠨ ᠲᠡᠰ ᠲᠠᠪᠬᠤᠷᠭ᠎ᠠ ᠶᠢᠨ ᠰᠢᠨ᠎ᠡ ᠲᠡᠭᠡᠭᠰᠢᠯᠡᠯᠳᠡ ᠶᠢ ᠪᠡᠶᠡᠯᠡᠬᠦᠯᠦᠨ᠎ᠡ᠃ ᠭᠤᠤᠯᠯᠠᠬᠤ ᠠᠵᠦ ᠦᠢᠯᠡᠰ ᠢ ᠪᠦᠷᠢᠨ | ᠬᠡᠯᠬᠢᠶ᠎ᠡ ᠶᠢᠨ ᠬᠡᠪ ᠵᠠᠭᠪᠤᠷ ᠢᠶᠠᠷ ᠬᠦᠭᠵᠢᠬᠦᠯᠵᠦ᠂ ᠪᠤᠳᠡᠳᠦ ᠴᠤᠭᠴᠠᠳᠦ ᠠᠵᠦ ᠠᠬᠤᠢ᠂ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠡ᠂ ᠤᠳᠤᠬᠢᠴᠢ ᠮᠦᠩᠭᠦᠨ | ᠬᠦᠢᠯᠭᠡᠭᠡᠨ᠂ ᠬᠦᠮᠦᠨ ᠤ ᠬᠦᠴᠦᠨ ᠤ ᠡᠬᠢ ᠰᠤᠷᠪᠤᠯᠵᠢ ᠶᠢ ᠵᠤᠬᠢᠴᠠᠩᠭᠤᠢ ᠬᠦᠭᠵᠢᠬᠦᠯᠬᠦ ᠤᠳᠤᠬᠢᠴᠢ ᠠᠵᠦ ᠦᠢᠯᠡᠰ ᠤᠨ ᠲᠤᠭᠳᠡᠯᠴᠠᠭᠠ ᠶᠢ ᠪᠠᠶᠢᠭᠤᠯᠵᠦ᠂ ᠠᠵᠣ | ᠠᠬᠤᠢ ᠶᠢᠨ ᠪᠦᠳᠦᠴᠡ ᠶᠢ ᠨᠡᠩ ᠵᠣᠬᠢᠰᠳᠠᠢ ᠪᠣᠯᠭᠠᠨ᠂ ᠭᠤᠣᠯ ᠦᠷᠢᠰᠦᠯᠳᠦᠬᠦ ᠴᠢᠳᠠᠪᠣᠷᠢ ᠶᠢ ᠨᠡᠩ ᠢᠯᠡᠷᠬᠡᠢ ᠨᠡᠮᠡᠭᠳᠡᠬᠦᠯᠵᠦ ᠤᠳᠤᠬᠢᠴᠢᠯᠠᠭᠰᠠᠨ ᠠᠵᠦ ᠠᠬᠤᠢ ᠶᠢᠨ | ᠲᠤᠭᠳᠠᠯᠴᠠᠭ᠎ᠠ ᠶᠢ ᠲᠦᠷᠭᠡᠨ ᠪᠠᠶᠢᠭᠤᠯᠤᠨ᠎ᠠ᠃ | — ᠰᠢᠨᠵᠢᠯᠡᠭᠡ ᠮᠡᠷᠭᠡᠵᠢᠯ ᠤᠨ ᠰᠢᠨᠡᠴᠢᠯᠡᠯᠳᠡ ᠶᠢᠨ ᠴᠢᠳᠡᠪᠦᠷᠢ ᠶᠢᠨ ᠰᠢᠨ᠎ᠡ ᠲᠡᠭᠡᠭᠰᠢᠯᠡᠯᠳᠡ ᠶᠢ ᠪᠡᠶᠡᠯᠡᠬᠦᠯᠦᠨ᠎ᠡ᠃ ᠰᠢᠨᠵᠢᠯᠡᠭᠡ ᠮᠡᠷᠬᠡᠵᠢᠯ ᠢᠶᠠᠷ ᠬᠤᠳᠡ | ᠪᠠᠨ ᠮᠠᠨᠳᠤᠭᠤᠯᠬᠤ ᠪᠠ ᠴᠢᠳᠡᠪᠦᠷᠢᠳᠡᠨ ᠢᠶᠠᠷ ᠬᠤᠳᠡ ᠪᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠦ᠂ ᠵᠠᠩᠭᠢᠯᠠᠭ᠎ᠠ ᠶᠢᠨ ᠮᠡᠷᠭᠡᠵᠢᠯ | ᠤᠨ ᠰᠢᠪᠳᠤᠯᠤᠯᠳᠡ ᠶᠢ ᠪᠡᠶᠡᠯᠡᠬᠦᠯᠦᠨ᠂ ᠲᠡᠭᠡᠳᠦ ᠰᠢᠨ᠎ᠡ ᠮᠡᠷᠬᠡᠵᠢᠯ ᠤᠨ ᠠᠵᠦ ᠠᠬᠤᠶᠢᠯᠠᠯ᠂ ᠦᠪᠡᠷᠳᠡᠭᠡᠨ ᠵᠠᠰᠠᠬᠤ ᠤᠷᠤᠨ ᠤ ᠲᠡᠰ ᠠᠴᠠ ᠲᠡᠭᠡᠭᠰᠢᠬᠢ ᠰᠤᠳᠤᠯᠤᠨ | ᠨᠡᠬᠡᠬᠡᠬᠦ ᠲᠠᠪᠴᠠᠩ ᠤᠨ ᠲᠤᠭ᠎ᠠ ᠶᠢ ᠶᠡᠭᠡ ᠪᠠᠷ ᠨᠡᠮᠡᠭᠳᠡᠬᠦᠯᠵᠦ᠂ ᠤᠯᠠᠨ ᠢᠶᠠᠷ ᠢᠶᠠᠨ ᠦᠢᠯᠡᠰ ᠪᠦᠳᠦᠭᠡᠨ᠂ ᠲᠦᠮᠡᠨ ᠢᠶᠠᠷ ᠢᠶᠠᠨ ᠰᠢᠨ᠎ᠡ ᠶᠢ ᠡᠬᠦᠳᠬᠦ ᠰᠢᠨ᠎ᠡ ᠠᠮᠢᠯᠠᠯ | ᠤᠨ ᠬᠦᠴᠦᠨ ᠢᠶᠠᠨ ᠢᠯᠡᠷᠭᠡᠢ ᠪᠠᠬᠢᠵᠢᠬᠦᠯᠦᠨ᠂ ᠰᠢᠨᠵᠢᠯᠡᠭᠡ ᠮᠡᠷᠭᠡᠵᠢᠯ ᠤᠨ ᠠᠵᠦ ᠠᠬᠤᠢ ᠶᠢᠨ ᠨᠡᠮᠡᠭᠳᠡᠯᠳᠡ ᠳᠤ ᠦᠵᠡᠬᠦᠯᠬᠦ ᠬᠤᠪᠢ ᠨᠡᠮᠡᠬᠦᠷᠢ ᠶᠢ ᠯᠠᠪᠳᠠᠭᠤᠨ | ᠲᠡᠭᠡᠭᠰᠢᠯᠡᠬᠦᠯᠦᠨ᠎ᠡ᠃ | — ᠦᠬᠡᠷᠡᠴᠢᠯᠡᠯᠳᠡ ᠬᠢᠵᠦ ᠴᠢᠯᠦᠬᠡᠳᠡᠢ ᠶᠠᠪᠤᠯᠴᠠᠬᠤ ᠬᠢᠷᠢ ᠲᠦᠪᠰᠢᠨ ᠤ ᠰᠢᠨ᠎ᠡ ᠲᠡᠭᠡᠭᠰᠢᠯᠡᠯᠳᠡ ᠶᠢ ᠪᠡᠶᠡᠯᠡᠬᠦᠯᠦᠨ᠎ᠡ᠃ ᠭᠤᠤᠯᠳᠠᠯᠭᠠᠳᠦ ᠬᠦᠷᠢᠶ᠎ᠡ ᠴᠡᠷ᠎ᠡ | ᠪᠤᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠦᠬᠡᠷᠡᠴᠢᠯᠡᠯᠳᠡ ᠳᠤ ᠰᠢᠢᠳᠪᠦᠷᠢᠯᠡᠬᠦ ᠴᠢᠨᠡᠷ ᠲᠠᠢ ᠦᠷ᠎ᠡ ᠪᠦᠳᠦᠭᠡᠯ ᠤᠯᠵᠦ᠂ ᠡᠯ᠎ᠡ ᠲᠠᠯ᠎ᠠ ᠶᠢᠨ ᠪᠠᠶᠢᠭᠤᠯᠤᠮᠵᠢ | ᠲᠣᠭᠳᠠᠯᠴᠠᠭ᠎ᠠ ᠶᠢ ᠣᠯᠠᠮ ᠲᠡᠬᠦᠯᠳᠡᠷᠵᠢᠬᠦᠯᠦᠨ ᠰᠠᠶᠢᠵᠢᠷᠠᠭᠤᠯᠵᠦ᠂ ᠦᠪᠦᠷ ᠮᠤᠩᠭᠤᠯ ᠤᠨ ᠵᠡᠬᠦᠨ ᠬᠡᠰᠡᠭ ᠲᠤ ᠰᠠᠭᠤᠷᠢᠯᠡᠨ᠂ ᠵᠡᠬᠦᠨ ᠬᠤᠶᠢᠳᠦ ᠤᠷᠤᠨ ᠲᠠᠢ | ᠠᠭᠤᠰᠤᠯᠴᠠᠵᠦ᠂ ᠲᠠᠯ᠎ᠠ ᠨᠤᠳᠤᠭ ᠢᠶᠠᠨ ᠰᠠᠬᠢᠨ ᠪᠠᠷᠠᠯᠠᠵᠦ᠂ ᠪᠦᠸᠧᠬᠠᠢ ᠳᠤ ᠬᠠᠨᠳᠤᠭᠤᠯᠤᠨ᠂ ᠵᠡᠬᠦᠨᠰᠢ ᠪᠠᠷᠠᠭᠤᠨᠰᠢ ᠲᠦᠪᠯᠡᠷᠡᠨ ᠨᠡᠪᠳᠡᠷᠡᠵᠦ᠂ ᠡᠮᠦᠨ᠎ᠡ ᠤᠮᠡᠷᠡ ᠶᠢ | ᠬᠤᠯᠪᠤᠭᠠᠯᠠᠨ ᠨᠡᠬᠡᠬᠡᠭᠰᠡᠨ ᠴᠢᠯᠦᠬᠡᠳᠡᠢ ᠶᠠᠪᠤᠯᠴᠠᠬᠤ ᠰᠢᠨ᠎ᠡ ᠪᠡᠶᠢᠳᠡᠯ ᠢ ᠪᠦᠷᠢᠯᠳᠦᠬᠦᠯᠦᠨ᠎ᠡ᠃ | — ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠡ ᠶᠢᠨ ᠰᠢᠨ᠎ᠡ ᠲᠡᠭᠡᠭᠰᠢᠯᠡᠯᠳᠡ ᠶᠢ ᠪᠡᠶᠡᠯᠡᠬᠦᠯᠦᠨ᠎ᠡ᠃ ᠠᠮᠢ ᠠᠬᠤᠢ ᠶᠢᠨ ᠬᠠᠮᠠᠭᠠᠯᠡᠯᠳᠡ ᠰᠡᠷᠬᠦᠬᠡᠯᠳᠡ | ᠶᠢᠨ ᠴᠢᠬᠤᠯᠡ ᠲᠤᠮᠤ ᠪᠠᠷᠢᠯᠭ᠎ᠠ ᠶᠢ ᠬᠦᠨᠵᠡᠬᠡᠢ ᠬᠡᠷᠡᠭᠵᠢᠬᠦᠯᠵᠦ᠂ ᠡᠨᠧᠷᠬᠢ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠨᠣᠷᠮ᠎ᠡ ᠪᠤᠯᠤᠨ ᠪᠤᠬᠢᠷᠳᠦᠯ ᠦᠭᠡᠢ | ᠨᠡᠬᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠤᠯᠳᠡ ᠶᠢᠨ ᠬᠡᠮᠵᠢᠶ᠎ᠡ ᠶᠢ ᠪᠠᠭᠠᠰᠬᠠᠬᠤ ᠬᠢᠷᠢ ᠲᠦᠪᠰᠢᠨ ᠢᠶᠠᠨ ᠶᠡᠭᠡ ᠪᠠᠷ ᠨᠡᠮᠡᠭᠳᠡᠬᠦᠯᠵᠦ᠂ ᠭᠤᠤᠯ | ᠪᠤᠬᠢᠷᠳᠦᠯ ᠡᠳ᠋ ᠤᠨ ᠭᠠᠳᠠᠭᠰᠢᠯᠠᠭᠤᠯᠤᠯᠳᠡ ᠶᠢ ᠢᠯᠡᠷᠭᠡᠢ ᠪᠠᠭᠠᠰᠬᠠᠨ᠂ ᠠᠮᠢ ᠠᠬᠤᠢ ᠶᠢᠨ ᠪᠤᠯᠪᠠᠰᠤᠨ ᠤ ᠲᠦᠷᠢᠮ ᠢ ᠨᠡᠩ ᠢᠯᠡᠬᠦᠦ ᠲᠡᠬᠦᠯᠳᠡᠷᠵᠢᠬᠦᠯᠦᠨ᠂ ᠠᠮᠢ | ᠠᠬᠤᠢ ᠶᠢᠨ ᠤᠷᠴᠢᠨ ᠢ ᠢᠯᠡᠳᠳᠡ ᠰᠠᠶᠢᠵᠢᠷᠠᠭᠤᠯᠤᠨ᠎ᠠ᠃ | — ᠰᠠᠭᠤᠭᠠᠯᠢ ᠠᠷᠠᠳ ᠤᠨ ᠵᠤᠯ ᠵᠢᠷᠭᠠᠯ ᠤᠨ ᠰᠢᠨ᠎ᠡ ᠲᠡᠭᠡᠭᠰᠢᠯᠡᠯᠳᠡ ᠶᠢ ᠪᠡᠶᠡᠯᠡᠬᠦᠯᠦᠨ᠎ᠡ᠃ ᠤᠳᠤᠬᠠᠨ ᠤ ᠬᠡᠷᠡᠭᠵᠢᠬᠦᠯᠵᠦ ᠪᠦᠬᠦᠢ ᠪᠡᠷᠢᠮᠵᠢᠶ᠎ᠡ ᠪᠠᠷ | ᠬᠦᠳᠡᠭᠡ ᠲᠤᠰᠬᠤᠨ ᠮᠠᠯᠵᠢᠬᠤ ᠤᠷᠤᠨ ᠤ ᠶᠠᠳᠠᠭᠤ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠦ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ | ᠨᠡᠷ᠎ᠡ ᠶᠢ ᠦᠬᠡᠢ ᠪᠣᠯᠭᠠᠨ᠎ᠠ᠃ ᠠᠵᠢᠯ ᠤᠯᠭᠤᠯᠳᠡ ᠶᠢ ᠨᠡᠩ ᠢᠯᠡᠬᠦᠦ ᠬᠦᠢᠴᠡᠳ ᠪᠤᠯᠭᠠᠵᠦ᠂ ᠨᠡᠶᠢᠬᠡᠮ ᠤᠨ ᠪᠠᠳᠤᠯᠠᠭ᠎ᠠ ᠶᠢᠨ ᠲᠦᠬᠡᠮᠡᠯᠵᠢᠬᠦᠯᠦᠯᠳᠡ ᠶᠢ ᠪᠡᠶᠡᠯᠡᠬᠦᠯᠵᠦ | ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠣᠭᠳᠠᠯᠴᠠᠭ᠎ᠠ ᠶᠢ ᠨᠡᠩ ᠢᠯᠡᠬᠦᠦ ᠰᠠᠶᠢᠵᠢᠷᠠᠭᠤᠯᠤᠨ᠂ ᠲᠡᠩᠴᠡᠬᠦᠷᠢᠵᠢᠬᠦᠯᠦᠯᠳᠡ ᠶᠢᠨ ᠬᠢᠷᠢ ᠲᠦᠪᠰᠢᠨ ᠢᠶᠠᠨ ᠰᠢᠨ᠎ᠡ | ᠲᠡᠭᠡᠭᠰᠢᠯᠡᠯᠳᠡ ᠲᠠᠢ ᠪᠤᠯᠭᠠᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠡ ᠶᠢᠨ ᠦᠢᠯᠡᠰ ᠢ ᠦᠷᠨᠢᠬᠦᠨ ᠬᠦᠭᠵᠢᠬᠦᠯᠵᠦ᠂ ︽ᠬᠠᠤᠯᠢ ᠪᠠᠷ ᠵᠠᠰᠠᠬᠤ ᠲᠦᠩᠯᠢᠶᠥᠥ | ᠶᠢᠨ ᠪᠠᠶᠢᠭᠤᠯᠤᠯᠳᠡ︾ ᠶᠢ ᠲᠠᠰᠤᠷᠡᠯᠳᠡ ᠦᠭᠡᠢ ᠬᠦᠨᠵᠡᠬᠡᠶᠢᠷᠡᠬᠦᠯᠵᠦ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠤᠯᠤᠯᠳᠡ ᠶᠢᠨ ᠲᠦᠷᠦᠭᠳᠡᠯ᠂ ᠵᠤᠯ | ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠢᠯᠡᠳᠳᠡ ᠨᠡᠮᠡᠭᠳᠡᠬᠦᠯᠦᠨ᠎ᠡ᠃ | ᠲᠡᠭᠡᠷᠡᠬᠢ ᠬᠠᠷᠡᠯᠳᠡ ᠶᠢ ᠪᠡᠶᠡᠯᠡᠬᠦᠯᠬᠦ ᠳᠤ ᠪᠢᠳᠡ ᠰᠢᠨ᠎ᠡ ᠪᠠᠶᠢᠷᠢᠨ ᠳᠤ ᠠᠷᠭ᠎ᠠ ᠪᠣᠳᠣᠯᠭ᠎ᠠ ᠰᠦᠪᠡᠭᠴᠢᠯᠡᠨ᠂ ᠪᠤᠳᠡᠳᠡᠢ ᠠᠵᠢᠯᠯᠠᠨ᠂ ᠰᠢᠯᠢᠳᠡᠭ ᠢ ᠡᠬᠦᠳᠬᠦ | ᠡᠩᠨᠡᠭᠡᠨ ᠳᠤ ᠬᠤᠰᠢᠭᠤᠷᠡᠵᠦ᠂ ᠲᠦᠩᠯᠢᠶᠥᠥ ᠶᠢ ᠰᠢᠨᠡᠴᠢᠯᠡᠯᠳᠡ ᠡᠬᠦᠳᠦᠯᠳᠡ ᠠᠮᠢᠯᠠᠯ ᠤᠨ ᠬᠦᠴᠦᠨ ᠲᠠᠢ᠂ ᠲᠠᠯ᠎ᠠ ᠨᠤᠳᠤᠭ ᠤᠨ ᠰᠤᠶᠤᠯ ᠤᠨ ᠭᠠᠶᠢᠬᠠᠮᠰᠢᠭ ᠢ | ᠪᠦᠷᠢᠳᠦᠬᠦᠯᠦᠭᠰᠡᠨ᠂ ᠪᠠᠶᠠᠨ ᠬᠦᠴᠦᠷᠭᠡᠭ ᠠᠷᠠᠳᠴᠢᠯᠠᠯ ᠲᠠᠢ ᠪᠤᠯᠪᠠᠰᠤᠨ ᠡᠶ᠎ᠡ ᠡᠪ ᠲᠠᠢ ᠦᠵᠡᠰᠬᠦᠯᠡᠩ ᠰᠠᠶᠢᠬᠠᠨ ᠰᠢᠨ᠎ᠡ ᠴᠠᠭ ᠤᠨ ᠲᠠᠯ᠎ᠠ ᠨᠤᠳᠤᠭ ᠤᠨ ᠨᠡᠷᠡᠳᠦ | ᠬᠤᠳᠡ ᠪᠤᠯᠭᠠᠨ ᠪᠦᠳᠦᠭᠡᠨ ᠪᠠᠶᠢᠭᠤᠯᠬᠤ ᠪᠠᠷ ᠴᠢᠷᠮᠡᠶᠢᠨ᠎ᠡ᠃ ᠬᠤᠶᠢᠰᠢᠳᠡ ᠶᠢᠨ ᠲᠠᠪᠤᠨ ᠵᠢᠯ ᠤᠨ ᠭᠤᠤᠯ ᠡᠬᠦᠷᠭᠡ ᠪᠤᠯ᠄ | ︵ᠨᠢᠬᠡ︶ ᠠᠵᠦ ᠦᠢᠯᠡᠰ ᠤᠨ ᠪᠦᠷᠢᠨ ᠬᠡᠯᠬᠢᠶ᠎ᠡ ᠶᠢᠨ ᠬᠡᠪ ᠵᠠᠭᠪᠤᠷ ᠢ ᠡᠬᠦᠳᠴᠦ᠂ ᠡᠬᠢ ᠰᠤᠷᠪᠤᠯᠵᠢ ᠶᠢᠨ ᠤᠷᠤᠨ ᠤ ᠬᠡᠯᠪᠡᠷᠢ ᠶᠢ ᠬᠤᠪᠢᠷᠠᠭᠤᠯᠤᠨ | ᠬᠦᠭᠵᠢᠬᠦᠯᠬᠦ ᠶᠢ ᠠᠬᠢᠭᠤᠯᠤᠨ᠎ᠠ᠃ ︽ᠲᠠᠪᠣᠨ ᠣᠶᠠᠯᠳᠣᠯ︾ ᠤᠨ ᠴᠢᠬᠤᠯᠡ ᠱᠠᠭᠠᠷᠳᠠᠯᠭ᠎ᠠ ᠶᠢ ᠬᠦᠨᠵᠡᠬᠡᠢ ᠲᠤᠤᠱᠯᠠᠭᠤᠯᠤᠨ᠂ ᠲᠡᠯᠡᠬᠡᠢ ᠶᠢᠨ ᠬᠠᠷᠠᠭ᠎ᠠ᠂ ᠲᠦᠩᠯᠢᠶᠥᠥ | ᠶᠢᠨ ᠲᠠᠪᠠᠭᠤᠯᠢᠭ ᠢ ᠪᠠᠷᠢᠮᠳᠡᠯᠡᠨ᠂ ᠤᠯᠠᠮᠵᠢᠯᠡᠯᠳᠦ ᠲᠠᠪᠠᠭᠤᠯᠢᠭ ᠠᠵᠦ ᠦᠢᠯᠡᠰ ᠢ ᠲᠡᠰ ᠲᠡᠪᠰᠢᠬᠦᠯᠦᠭᠰᠡᠨ ᠬᠦᠭᠵᠢᠯᠳᠡ᠂ ᠪᠠᠶᠢᠯᠳᠤᠬᠤ ᠪᠤᠳᠤᠯᠭ᠎ᠠ ᠶᠢᠨ ᠰᠢᠨ᠎ᠡ | ᠮᠠᠨᠳᠤᠭᠰᠠᠨ ᠠᠵᠦ ᠦᠢᠯᠡᠰ ᠤᠨ ᠲᠦᠪᠯᠡᠷᠡᠭᠰᠡᠨ ᠬᠦᠭᠵᠢᠯᠳᠡ᠂ ᠭᠤᠤᠯᠯᠠᠬᠤ ᠠᠵᠦ ᠦᠢᠯᠡᠰ ᠤᠨ ᠪᠦᠷᠢᠨ ᠬᠡᠯᠬᠢᠶ᠎ᠡ ᠶᠢᠨ ᠬᠦᠭᠵᠢᠯᠳᠡ ᠶᠢ ᠠᠬᠢᠭᠤᠯᠵᠦ᠂ ᠠᠮᠢ | ᠠᠬᠤᠢ ᠶᠢᠨ ᠮᠠᠯ ᠲᠡᠷᠢᠶᠡᠯᠡᠩ ᠤᠨ ᠠᠵᠦ ᠠᠬᠤᠢ᠂ ᠡᠷᠳᠡᠨᠢ ᠰᠢᠰᠢ ᠶᠢᠨ ᠠᠮᠢᠳᠦ ᠪᠤᠳᠡᠰ᠂ ᠦᠩᠭᠡᠳᠦ ᠰᠢᠨ᠎ᠡ ᠮᠠᠲ᠋ᠧᠷᠢᠶᠠᠯ᠂ ᠬᠤᠷᠴᠢᠨ ᠤ ᠠᠯᠠᠰᠢᠨ ᠦᠬᠡᠷ᠂ | ᠤᠳᠤᠬᠢᠴᠢ ᠮᠤᠩᠭᠤᠯ ᠡᠮ ᠡᠮᠨᠡᠯᠬᠡ᠂ ᠨᠡᠬᠦᠷᠡᠰᠦ ᠶᠢᠨ ᠬᠢᠮᠢ ᠶᠢᠨ ᠠᠵᠦ ᠦᠢᠯᠡᠳᠪᠦᠷᠢ᠂ ᠡᠯᠡᠰᠦᠨ ᠠᠵᠦ ᠦᠢᠯᠡᠰ᠂ ᠦᠵᠡᠬᠦᠯᠬᠡ ᠶᠢᠨ ᠦᠢᠯᠡᠰ᠂ ᠰᠤᠶᠤᠯ ᠤᠨ | ᠵᠤᠭᠠᠴᠠᠯ ᠵᠡᠷᠭᠡ ᠤᠯᠠᠨ ᠡᠰᠢᠵᠢᠬᠦᠯᠦᠨ ᠬᠦᠭᠵᠢᠬᠦᠯᠦᠭᠰᠡᠨ ᠤᠳᠤᠬᠢᠴᠢ ᠠᠵᠦ ᠦᠢᠯᠡᠰ ᠤᠨ ᠲᠤᠭᠳᠠᠯᠴᠠᠭ᠎ᠠ ᠪᠠᠶᠢᠭᠤᠯᠵᠦ᠂ ᠡᠬᠢ ᠰᠤᠷᠪᠤᠯᠵᠢ ᠶᠢᠨ ᠤᠷᠤᠨ | ᠨᠣᠳᠤᠭ ᠤᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠲᠡᠷᠢᠬᠦᠨ ᠤ ᠤᠷᠤᠨ ᠢ ᠪᠦᠳᠦᠭᠡᠨ ᠪᠠᠶᠢᠭᠤᠯᠤᠨ᠎ᠠ᠃ 2020 ᠤᠨ ᠪᠤᠯᠳᠡᠯ᠎ᠡ᠂ ᠭᠤᠤᠯᠯᠠᠬᠤ ᠠᠵᠦ | ᠦᠢᠯᠡᠰ ᠤᠨ ᠬᠡᠯᠬᠢᠶ᠎ᠡ ᠶᠢᠨ ᠦᠢᠯᠡᠳᠭᠡᠬᠦᠨ ᠤ ᠦᠷᠳᠡᠭ ᠢ ᠪᠦᠷ ᠵᠠᠭᠤᠨ ᠳ᠋ᠦᠩᠰᠢᠭᠤᠷ ᠲᠦᠬᠦᠷᠢᠭ ᠲᠠᠪᠠᠭᠤᠯᠣᠨ᠎ᠠ᠂ ᠡᠬᠦᠨ ᠤ ᠲᠤᠳᠤᠷ᠎ᠡ ᠡᠷᠳᠡᠨᠢ ᠰᠢᠰᠢ ᠶᠢᠨ | ᠠᠮᠢᠳᠦ ᠪᠤᠳᠡᠰ ᠪᠤᠯᠤᠨ ᠦᠩᠭᠡᠳᠦ ᠰᠢᠨ᠎ᠡ ᠮᠠᠲ᠋ᠧᠷᠢᠶᠡᠯ ᠤᠨ ᠠᠵᠦ ᠦᠢᠯᠡᠰ ᠤᠨ ᠦᠢᠯᠡᠳᠭᠡᠬᠦᠨ ᠤ ᠦᠷᠳᠡᠭ ᠢ ᠴᠦᠮ ᠮᠢᠩᠭᠠᠨ ᠳ᠋ᠦᠩᠰᠢᠭᠤᠷ ᠲᠦᠬᠦᠷᠢᠭ | ᠲᠠᠪᠠᠭᠤᠯᠤᠨ᠎ᠠ᠃ ᠵᠡᠬᠦᠨ ᠬᠤᠶᠢᠳᠦ ᠤᠷᠤᠨ ᠤ ᠬᠦᠩᠭᠡᠨᠴᠠᠭᠠᠨ ᠨᠢᠺᠧᠯ ᠴᠠᠬᠢᠭᠤᠷ ᠤᠨ ᠦᠩᠭᠡᠳᠦ ᠰᠢᠨ᠎ᠡ ᠮᠠᠲ᠋ᠧᠷᠢᠶᠡᠯ ᠤᠨ ᠠᠵᠦ ᠦᠢᠯᠡᠰ ᠤᠨ ᠰᠠᠭᠤᠷᠢᠨ᠂ ᠤᠯᠤᠰ | ᠤᠨ ᠴᠢᠬᠤᠯᠡ ᠡᠷᠳᠡᠨᠢ ᠰᠢᠰᠢ ᠶᠢᠨ ᠠᠮᠢᠳᠦ ᠪᠤᠳᠡᠰ ᠤᠨ ᠰᠢᠨᠵᠢᠯᠡᠭᠡ ᠮᠡᠷᠬᠡᠵᠢᠯ ᠤᠨ ᠠᠵᠦ ᠦᠢᠯᠡᠰ ᠤᠨ ᠰᠠᠭᠤᠷᠢᠨ᠂ ᠲᠤᠮᠳᠡᠳᠦ ᠤᠯᠤᠰ ᠤᠨ ᠲᠠᠯ᠎ᠠ ᠨᠤᠳᠤᠭ ᠤᠨ | ᠠᠯᠠᠰᠢᠨ ᠦᠬᠡᠷ ᠤᠨ ᠬᠤᠳᠡ᠂ ᠲᠡᠯᠡᠬᠡᠢ ᠶᠢᠨ ᠮᠤᠩᠭᠤᠯ ᠡᠮ ᠡᠮᠨᠡᠯᠬᠡ ᠶᠢᠨ ᠬᠤᠳᠡ᠂ ᠵᠡᠬᠦᠨ ᠬᠤᠶᠢᠳᠦ ᠶᠢᠨ ᠤᠷᠤᠨ ᠪᠦᠰᠡ ᠶᠢᠨ ᠪᠠᠷᠠᠭᠠᠨ ᠤ ᠬᠦᠢᠯᠬᠡᠬᠡ ᠶᠢᠨ | ᠦᠵᠡᠬᠦᠯᠦᠯᠭᠡ ᠶᠢᠨ ᠲᠦᠪ᠂ ᠨᠢᠬᠡ ᠪᠦᠰᠡ ᠨᠢᠬᠡ ᠵᠠᠮ ᠤᠨ ︽ᠤᠪᠤᠭᠠᠨ ᠲᠡᠷᠬᠡᠳᠡᠬᠢ ᠠᠭᠤᠯᠵᠡᠯᠳᠡ︾ ᠬᠡᠮᠡᠬᠦ ᠰᠤᠶᠤᠯ ᠤᠨ ᠵᠤᠭᠠᠴᠠᠯ ᠤᠨ ᠨᠡᠷᠡᠳᠦ ᠬᠤᠳᠡ ᠶᠢ | ᠲᠦᠷᠬᠡᠨ ᠪᠠᠶᠢᠭᠤᠯᠤᠨ᠎ᠠ᠃ ᠠᠵᠣ ᠦᠢᠯᠡᠰ ᠶᠢ ᠬᠦᠭᠵᠢᠯᠳᠡ ᠶᠢᠨ ᠰᠠᠭᠤᠷᠢ ᠮᠦᠩᠬᠦ ᠪᠠᠶᠢᠭᠤᠯᠵᠣ᠂ ᠵᠠᠰᠠᠭ ᠤᠨ ᠣᠷᠳᠣᠨ ᠤ ᠪᠡᠯᠡ ᠣᠷᠣᠭᠤᠯᠣᠯᠳᠠ ᠶᠢᠨ ᠬᠦᠳᠦᠯᠬᠦ | ᠦᠢᠯᠡᠳᠦᠯ ᠢ ᠪᠠᠳᠠᠷᠠᠭᠤᠯᠣᠨ᠂ ᠠᠷᠠᠳ ᠤᠨ ᠲᠣᠮᠳᠠᠬᠢ ᠪᠡᠯᠡ ᠣᠷᠣᠭᠤᠯᠣᠯᠳᠠ ᠶᠢᠨ ᠠᠮᠢᠵᠢᠷᠠᠯ ᠤᠨ ᠬᠦᠴᠦᠨ ᠢ ᠣᠷᠮᠠᠰᠢᠭᠤᠯᠣᠨ᠎ᠠ᠃ ᠵᠠᠰᠠᠭ ᠤᠨ ᠤᠷᠳᠤᠨ ᠤ | ᠵᠢᠬᠡᠯᠡᠯᠬᠡ ᠶᠢ ᠵᠢᠷᠦᠮᠵᠢᠭᠤᠯᠵᠦ᠂ ᠮᠦᠩᠭᠦᠨ ᠬᠦᠢᠯᠬᠡᠬᠡᠨ ᠤ ᠬᠢᠨᠡᠯᠳᠡ ᠬᠠᠮᠢᠶᠠᠷᠤᠯᠳᠡ ᠪᠠᠨ ᠴᠢᠩᠭᠠᠳᠬᠠᠵᠦ᠂ ᠬᠦᠨᠳᠦ ᠴᠢᠬᠤᠯᠡ ᠲᠦᠭᠰᠢᠬᠦᠷᠢ ᠶᠢ ᠰᠢᠢᠳᠪᠦᠷᠢᠯᠡᠬᠦ | ᠰᠢᠪᠳᠤᠯᠤᠯᠳᠡ ᠶᠢᠨ ᠢᠯᠡᠯᠳᠡ ᠶᠢ ᠲᠡᠮᠡᠴᠡᠨ ᠤᠯᠤᠨ᠎ᠠ᠃ ᠮᠦᠩᠬᠦᠨ ᠬᠦᠢᠯᠬᠡᠬᠡ ᠶᠢᠨ ᠦᠢᠯᠡᠴᠢᠯᠡᠬᠡᠨ ᠤ ᠡᠷᠴᠢᠮ ᠢᠶᠠᠨ ᠶᠡᠬᠡᠰᠬᠡᠵᠦ᠂ ᠪᠤᠳᠡᠳᠦ ᠴᠤᠭᠴᠠᠳᠦ ᠠᠵᠦ | ᠠᠬᠤᠢ ᠶᠢᠨ ᠬᠦᠭᠵᠢᠨ ᠪᠤᠵᠠᠭᠠᠶᠢᠷᠠᠬᠤ ᠶᠢ ᠲᠡᠮᠵᠢᠨ᠎ᠡ᠃ | ︵ᠬᠤᠶᠠᠷ︶ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠮᠠᠯ ᠲᠠᠷᠢᠶᠠᠯᠠᠩ ᠤᠨ ᠠᠵᠦ ᠠᠬᠤᠢ | ᠪᠤᠯᠤᠨ ᠬᠦᠳᠡᠭᠡ ᠲᠤᠰᠬᠤᠨ ᠮᠠᠯᠵᠢᠬᠤ ᠤᠷᠤᠨ ᠤ ᠤᠳᠤᠬᠢᠴᠢᠯᠡᠯᠳᠡ ᠶᠢ ᠠᠬᠢᠭᠤᠯᠤᠨ᠎ᠠ᠃ ᠠᠵᠦ ᠦᠢᠯᠡᠰ ᠬᠦᠭᠵᠢᠨ ᠮᠠᠨᠳᠤᠭᠰᠠᠨ᠂ ᠠᠮᠢ ᠠᠬᠤᠢ ᠤᠷᠤᠰᠢᠨ | ᠰᠠᠭᠤᠬᠤ ᠳᠤ ᠲᠣᠬᠢᠷᠠᠮᠵᠢ ᠲᠠᠢ᠂ ᠬᠦᠳᠡᠭᠡ ᠶᠢᠨ ᠬᠡᠪ ᠰᠤᠷᠳᠡᠯ ᠪᠣᠯᠪᠠᠰᠣᠨ᠂ ᠵᠠᠰᠡᠯᠳᠡ ᠬᠦᠴᠦᠨ ᠲᠠᠢ᠂ ᠠᠮᠢᠳᠦᠷᠡᠯ ᠪᠠᠶᠠᠯᠢᠭ ᠶᠡᠷᠦᠩᠭᠡᠢ ᠱᠠᠭᠠᠷᠳᠠᠯᠭ᠎ᠠ ᠶᠢ | ᠵᠢᠷᠦᠮᠯᠡᠨ᠂ ᠮᠠᠯ ᠲᠠᠷᠢᠶᠠᠯᠠᠩ ᠤᠨ ᠠᠵᠦ ᠠᠬᠤᠢ ᠪᠤᠯᠤᠨ ᠬᠦᠳᠡᠭᠡ ᠲᠤᠰᠬᠤᠨ ᠮᠠᠯᠵᠢᠬᠤ ᠤᠷᠤᠨ ᠤ ᠤᠳᠤᠬᠢᠴᠢᠯᠡᠯᠳᠡ ᠶᠢ ᠦᠪᠡᠷᠳᠡᠭᠡᠨ ᠵᠠᠰᠠᠬᠤ ᠤᠷᠤᠨ ᠤ | ᠲᠡᠷᠢᠬᠦᠨ ᠤ ᠡᠩᠨᠡᠭᠡᠨ ᠳᠤ ᠤᠷᠤᠭᠤᠯᠤᠨ᠂ ᠮᠠᠯ ᠲᠠᠷᠢᠶᠠᠯᠠᠩ ᠤᠨ ᠠᠵᠦ ᠠᠬᠤᠢ ᠪᠤᠯᠤᠨ ᠬᠦᠳᠡᠭᠡ ᠲᠤᠰᠬᠤᠨ ᠮᠠᠯᠵᠢᠬᠤ ᠤᠷᠤᠨ ᠤ ᠤᠳᠤᠬᠢᠴᠢᠯᠡᠯᠳᠡ ᠶᠢᠨ | ᠲᠠᠭᠤᠷᠢᠶᠠᠯ ᠤᠷᠤᠨ ᠪᠠᠶᠢᠭᠤᠯᠤᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠡ ᠶᠢᠨ ᠲᠡᠰ ᠲᠠᠪᠬᠤᠷᠭ᠎ᠠ ᠶᠢᠨ | ᠲᠡᠭᠡᠭᠰᠢᠯᠡᠬᠦᠯᠣᠯᠳᠠ ᠶᠢ ᠠᠬᠢᠭᠤᠯᠵᠦ᠂ ᠤᠯᠠᠨ ᠨᠡᠶᠢᠳᠡ ᠶᠢᠨ ᠦᠨᠳᠦᠰᠦᠨ ᠦᠢᠡᠯᠴᠢᠯᠡᠭᠡᠨ ᠤ ᠲᠤᠭᠳᠠᠯᠴᠠᠭ᠎ᠠ ᠶᠢ ᠲᠡᠬᠦᠯᠳᠡᠷᠵᠢᠬᠦᠯᠵᠦ᠂ ᠬᠤᠳᠡ ᠬᠦᠳᠡᠭᠡ ᠶᠢᠨ | ᠬᠠᠷᠢᠴᠠᠭ᠎ᠠ ᠶᠢ ᠲᠠᠬᠢᠨ ᠱᠣᠭᠤᠵᠣ᠂ ᠬᠤᠳᠡ ᠬᠦᠳᠡᠭᠡ ᠶᠢᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠮᠠᠯ ᠲᠠᠷᠢᠶᠠᠯᠠᠩ ᠤᠨ ᠠᠵᠦ ᠠᠬᠤᠢ ᠶᠢᠨ ᠬᠠᠩᠭᠠᠯᠭ᠎ᠠ | ᠶᠢᠨ ᠪᠦᠳᠦᠴᠠ ᠶᠢᠨ ᠴᠢᠨᠡᠷ ᠲᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠮᠠᠯ ᠲᠠᠷᠢᠶᠠᠯᠠᠩ ᠤᠨ ᠠᠵᠦ ᠠᠬᠤᠢ ᠶᠢᠨ ᠤᠷᠤᠨ ᠪᠦᠰᠡ ᠶᠢᠨ ᠪᠠᠶᠢᠷᠢᠯᠠᠭᠤᠯᠤᠯᠳᠡ ᠶᠢ | ᠰᠢᠯᠢᠳᠡᠭᠵᠢᠬᠦᠯᠵᠦ᠂ ᠠᠮᠢ ᠠᠬᠤᠢ ᠶᠢᠨ ᠤᠰᠤ ᠠᠷᠪᠢᠯᠠᠬᠤ ᠮᠠᠯ ᠲᠠᠷᠢᠶᠠᠯᠠᠩ ᠤᠨ ᠠᠵᠦ ᠠᠬᠤᠢ ᠶᠢ ᠶᠡᠭᠡ ᠪᠠᠷ ᠬᠦᠭᠵᠢᠬᠦᠯᠵᠦ᠂ ᠲᠠᠪᠠᠭᠤᠯᠢᠭ ᠤᠨᠴᠠᠯᠢᠭᠳᠦ ᠮᠠᠯ | ᠲᠠᠷᠢᠶᠠᠯᠠᠩ ᠤᠨ ᠠᠵᠦ ᠠᠬᠤᠢ ᠶᠢᠨ ᠠᠰᠢᠭ ᠰᠢᠮ᠎ᠡ ᠶᠢᠨ ᠪᠠᠷᠢᠮᠵᠢᠶ᠎ᠡ ᠦᠢᠯᠡᠳᠪᠦᠷᠢᠯᠡᠯ ᠤᠨ ᠲᠠᠭᠤᠷᠢᠶᠠᠯ ᠦᠷᠨᠢᠬᠦᠯᠵᠦ᠂ ︽ᠪᠤᠬᠢᠷᠳᠦᠯ ᠦᠭᠡᠢ ᠬᠤᠷᠴᠢᠨ︾ ᠬᠡᠮᠡᠬᠦ | ᠱᠣᠱᠢᠭ᠎ᠠ ᠶᠢ ᠲᠠᠭᠤᠷᠢᠰᠬᠠᠨᠠ᠃ ᠭᠠᠵᠠᠷ ᠰᠢᠷᠦᠢ ᠶᠢᠨ ︽ᠭᠤᠷᠪᠡᠨ ᠡᠷᠭᠡ︾ ᠶᠢ ᠰᠠᠯᠭᠠᠬᠤ ᠪᠠᠷ ᠭᠤᠤᠯᠳᠠᠯᠭ᠎ᠠ ᠪᠤᠯᠭᠠᠭᠰᠠᠨ ᠬᠦᠳᠡᠭᠡ ᠲᠤᠰᠬᠤᠨ ᠮᠠᠯᠵᠢᠬᠤ ᠤᠷᠤᠨ | ᠤ ᠶᠡᠷᠦᠩᠭᠡᠢ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠤᠳᠤᠬᠢᠴᠢ ᠮᠠᠯ ᠲᠠᠷᠢᠶᠠᠯᠠᠩ ᠤᠨ ᠠᠵᠦ ᠠᠬᠤᠢ ᠶᠢᠨ ᠠᠵᠦ ᠦᠢᠯᠡᠰ ᠤᠨ ᠲᠤᠭᠳᠠᠯᠴᠠᠭ᠎ᠠ᠂ | ᠦᠢᠯᠡᠳᠪᠦᠷᠢᠯᠡᠯ ᠤᠨ ᠲᠤᠭᠳᠠᠯᠴᠠᠭ᠎ᠠ᠂ ᠡᠵᠡᠩᠨᠡᠯᠳᠡ ᠶᠢᠨ ᠲᠤᠭᠳᠠᠯᠴᠠᠭ᠎ᠠ ᠶᠢ ᠡᠬᠦᠰᠭᠡᠨ ᠪᠠᠶᠢᠭᠤᠯᠵᠦ᠂ ᠤᠯᠠᠨ ᠬᠡᠯᠪᠡᠷᠢ ᠶᠢᠨ ᠵᠤᠬᠢᠰᠳᠡᠢ ᠬᠡᠪᠴᠢᠶᠡᠵᠢᠭᠰᠡᠨ | ᠡᠵᠡᠩᠨᠡᠯᠳᠡ ᠶᠢ ᠬᠦᠭᠵᠢᠬᠦᠯᠵᠦ᠂ ᠰᠢᠨ᠎ᠡ ᠮᠠᠶ᠋ᠢᠭ ᠤᠨ ᠮᠠᠯ ᠲᠠᠷᠢᠶᠠᠯᠠᠩ ᠤᠨ ᠠᠵᠦ ᠠᠬᠤᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠪᠤᠶᠢᠵᠢᠭᠤᠯᠵᠦ᠂ ᠬᠦᠳᠡᠭᠡ | ᠲᠤᠰᠬᠤᠨ ᠮᠠᠯᠵᠢᠬᠤ ᠤᠷᠤᠨ ᠤ ᠨᠢᠬᠡᠳᠦᠬᠡᠷ ᠬᠤᠶᠠᠳᠣᠭᠠᠷ ᠭᠤᠷᠪᠠᠳᠣᠭᠠᠷ ᠠᠵᠦ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠬᠦᠳᠡᠭᠡ ᠲᠤᠰᠬᠤᠨ | ᠤ ᠵᠠᠰᠡᠯᠳᠡ ᠶᠢᠨ ᠰᠢᠰᠲ᠋ᠧᠮ ᠢ ᠲᠡᠬᠦᠯᠳᠡᠷᠵᠢᠬᠦᠯᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠢ ᠴᠡᠭᠴᠡᠯᠡᠨ | ᠵᠠᠰᠠᠬᠤ ᠠᠵᠢᠯ ᠦᠷᠨᠢᠬᠦᠯᠦᠨ᠂ ᠦᠵᠡᠰᠬᠦᠯᠡᠩᠳᠦ ᠰᠠᠶᠢᠬᠠᠨ ᠤᠷᠤᠰᠢᠨ ᠰᠠᠭᠤᠬᠤ ᠳᠤ ᠲᠤᠬᠢᠷᠡᠮᠵᠢᠳᠡᠢ ᠬᠦᠳᠡᠭᠡ ᠲᠤᠰᠬᠤᠨ ᠢ ᠪᠠᠶᠢᠭᠤᠯᠤᠨ᠎ᠠ᠃ | ︵ᠭᠤᠷᠪᠡ︶ ᠰᠢᠨᠡᠴᠢᠯᠡᠯᠳᠡ ᠪᠠᠷ ᠬᠦᠳᠡᠯᠬᠡᠭᠰᠡᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠰᠢᠨ᠎ᠡ ᠬᠦᠳᠡᠯᠬᠡᠬᠦᠷ ᠢ ᠲᠦᠷᠭᠡᠨ | ᠪᠤᠶᠢᠵᠢᠭᠤᠯᠤᠨ᠎ᠠ᠃ ᠰᠢᠨᠡᠴᠢᠯᠡᠯᠳᠡ ᠶᠢᠨ ᠲᠡᠪᠴᠠᠩ ᠤᠨ ᠪᠠᠶᠢᠭᠤᠯᠤᠯᠳᠡ ᠶᠢ ᠲᠦᠷᠭᠡᠳᠭᠡᠵᠦ᠂ ᠲᠡᠭᠡᠳᠦ ᠰᠢᠨ᠎ᠡ ᠮᠡᠷᠬᠡᠵᠢᠯ ᠤᠨ ᠠᠵᠦ ᠠᠬᠤᠶᠢᠯᠠᠯ ᠪᠤᠯᠤᠨ ᠲᠤᠮᠳᠡ | ᠵᠢᠵᠢᠭ ᠰᠢᠨᠵᠢᠯᠡᠭᠡ ᠮᠡᠷᠬᠡᠵᠢᠯ ᠤᠨ ᠠᠵᠦ ᠠᠬᠤᠶᠢᠯᠠᠯ ᠢ ᠪᠤᠶᠢᠵᠢᠭᠤᠯᠤᠨ᠂ ᠵᠠᠩᠭᠢᠯᠠᠭ᠎ᠠ ᠶᠢᠨ ᠨᠡᠶᠢᠳᠡᠯᠢᠭ ᠴᠢᠨᠡᠷ ᠲᠠᠢ ᠮᠡᠷᠭᠡᠵᠢᠯ ᠪᠤᠯᠤᠨ ᠦᠷ᠎ᠡ ᠪᠦᠳᠦᠭᠡᠯ ᠢᠶᠠᠨ | ᠬᠤᠪᠢᠷᠠᠭᠤᠯᠬᠤ ᠵᠡᠷᠭᠡ ᠲᠠᠯ᠎ᠠ ᠪᠠᠷ ᠰᠢᠪᠳᠤᠯᠤᠯᠳᠡ ᠭᠠᠷᠭᠠᠵᠣ᠂ ᠭᠤᠤᠯᠯᠠᠬᠤ ᠠᠵᠦ ᠦᠢᠯᠡᠰ ᠤᠨ ᠰᠢᠨᠡᠴᠢᠯᠡᠯᠳᠡ ᠦᠢᠯᠡᠰ ᠪᠦᠳᠦᠭᠡᠬᠦ ᠲᠦᠪᠯᠡᠷᠡᠯ ᠤᠨ ᠤᠷᠤᠨ | ᠪᠠᠶᠢᠭᠤᠯᠤᠨ᠎ᠠ᠃ ᠲᠦᠩᠯᠢᠶᠥᠥ ᠶᠢᠨ ᠠᠵᠣ ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠲᠤᠭᠤᠷᠢᠭ᠂ ᠬᠤᠤᠯᠢᠩᠭᠤᠤᠯ ᠤᠨ ᠠᠵᠦ ᠦᠢᠯᠡᠳᠪᠦᠷᠢ ᠶᠢᠨ ᠲᠤᠭᠤᠷᠢᠭ ᠢ | ᠤᠯᠤᠰ ᠤᠨ ᠲᠡᠰ ᠤᠨ ᠲᠡᠭᠡᠳᠦ ᠰᠢᠨ᠎ᠡ ᠮᠡᠷᠬᠡᠵᠢᠯ ᠤᠨ ᠨᠡᠬᠡᠬᠡᠯᠳᠡ ᠶᠢᠨ ᠲᠤᠭᠤᠷᠢᠭ ᠪᠤᠯᠭᠠᠬᠤ ᠪᠠᠷ ᠲᠡᠮᠡᠴᠡᠨ᠎ᠡ᠃ ︽ᠬᠤᠷᠴᠢᠨ ᠤ ᠴᠢᠳᠡᠪᠦᠷᠢᠳᠡᠨ︾ ᠤ | ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠦ᠂ ᠲᠡᠭᠡᠳᠦ ᠲᠡᠰ ᠤᠨ ᠴᠢᠳᠡᠪᠦᠷᠢᠳᠡᠨ ︽ᠲᠦᠮᠡᠨ ᠬᠦᠮᠦᠨ ᠢ ᠬᠦᠮᠦᠵᠢᠬᠦᠯᠵᠦ ᠤᠷᠤᠭᠤᠯᠤᠨ ᠠᠪᠴᠢᠷᠠᠬᠤ ᠠᠵᠢᠯᠯᠠᠭ᠎ᠠ︾ | ᠪᠤᠯᠤᠨ ᠰᠢᠨᠵᠢᠯᠡᠭᠡ ᠮᠡᠷᠬᠡᠵᠢᠯ ᠤᠨ ᠴᠢᠳᠡᠪᠦᠷᠢᠳᠡᠨ ᠢ ᠤᠷᠤᠭᠤᠯᠤᠨ ᠠᠪᠴᠢᠷᠡᠵᠦ ᠬᠦᠮᠦᠵᠢᠬᠦᠯᠬᠦ ︽ᠮᠢᠩᠭᠠᠨ ᠬᠦᠮᠦᠨ ᠤ ᠲᠦᠯᠦᠪᠯᠡᠭᠡ︾ ᠦᠷᠨᠢᠬᠦᠯᠦᠨ᠎ᠡ᠃ | ᠭᠤᠤᠯᠳᠠᠯᠭᠠᠳᠦ ᠬᠦᠷᠢᠶ᠎ᠡ ᠴᠡᠷ᠎ᠡ ᠪᠤᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠦᠬᠡᠷᠡᠴᠢᠯᠡᠯᠳᠡ ᠠᠴᠠ ᠬᠦᠳᠡᠯᠬᠡᠬᠦ | ᠬᠦᠴᠦᠨ ᠪᠤᠯᠤᠨ ᠠᠮᠢᠯᠠᠯ ᠤᠨ ᠬᠦᠴᠦᠨ ᠣᠯᠣᠨ᠎ᠠ᠃ ᠨᠡᠶᠢᠳᠡ ᠶᠢᠨ ᠦᠮᠴᠢᠯᠡᠯ ᠪᠤᠰᠤ ᠠᠵᠦ ᠠᠬᠤᠢ ᠶᠢ ᠶᠡᠭᠡ ᠪᠠᠷ ᠬᠦᠭᠵᠢᠬᠦᠯᠵᠦ᠂ ᠵᠠᠬ᠎ᠠ ᠲᠡᠯᠬᠡᠬᠦᠷ ᠤᠨ ᠭᠤᠤᠯ | ᠴᠤᠭᠴᠠ ᠶᠢ ᠲᠠᠰᠤᠷᠡᠯᠳᠡ ᠦᠭᠡᠢ ᠪᠤᠵᠠᠭᠠᠶᠢᠷᠠᠭᠤᠯᠤᠨ᠎ᠠ᠃ ᠴᠢᠯᠦᠬᠡᠳᠡᠢ ᠶᠠᠪᠤᠯᠴᠠᠬᠤ ᠬᠡᠯᠪᠡᠷᠢ ᠶᠢᠨ ᠠᠵᠦ ᠠᠬᠤᠢ ᠶᠢᠨ ᠰᠢᠨ᠎ᠡ ᠪᠠᠶᠢᠭᠤᠯᠤᠮᠵᠢ ᠶᠢ ᠡᠬᠦᠰᠭᠡᠨ | ᠪᠠᠶᠢᠭᠤᠯᠵᠦ᠂ ᠤᠯᠤᠰ ᠤᠨ ︽ᠨᠢᠬᠡ ᠪᠦᠰᠡ ᠨᠢᠬᠡ ᠵᠠᠮ︾ ᠪᠤᠯᠤᠨ ᠲᠠᠯ᠎ᠠ ᠨᠤᠳᠤᠭ ᠤᠨ ᠲᠤᠷᠭᠠᠨ ᠤ ᠵᠠᠮ ᠤᠨ ᠠᠵᠦ ᠠᠬᠤᠢ ᠶᠢᠨ ᠪᠦᠰᠡ ᠲᠠᠢ ᠠᠭᠤᠰᠤᠯᠴᠠᠬᠤ | ᠴᠢᠬᠤᠯᠡ ᠵᠠᠩᠭᠢᠯᠠᠭ᠎ᠠ ᠶᠢᠨ ᠬᠤᠳᠡ ᠶᠢ ᠪᠠᠶᠢᠭᠤᠯᠤᠨ᠎ᠠ᠃ | ︵ᠲᠦᠷᠪᠡ︶ ᠤᠷᠤᠨ ᠪᠦᠰᠡ ᠶᠢᠨ ᠵᠣᠬᠢᠴᠠᠩᠭᠤᠢ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠬᠤᠳᠡ ᠬᠦᠳᠡᠭᠡ ᠠᠭᠤᠰᠤᠯᠴᠠᠨ | ᠬᠦᠭᠵᠢᠭᠰᠡᠨ ᠰᠢᠨ᠎ᠡ ᠲᠦᠷᠰᠦ ᠪᠠᠶᠢᠳᠡᠯ ᠢ ᠪᠤᠢ ᠪᠤᠯᠭᠠᠨ᠎ᠠ᠃ ᠭᠤᠷᠪᠠᠨ ᠤᠷᠤᠨ ᠪᠦᠰᠡ ᠶᠢᠨ ᠵᠣᠬᠢᠴᠠᠩᠭᠤᠢ ᠬᠦᠭᠵᠢᠬᠦᠯᠦᠯᠳᠡ ᠶᠢᠨ ᠪᠠᠶᠢᠯᠳᠤᠬᠤ ᠪᠤᠳᠤᠯᠭ᠎ᠠ ᠶᠢ | ᠲᠦᠷᠭᠡᠨ ᠬᠡᠷᠡᠭᠵᠢᠬᠦᠯᠵᠦ᠂ ᠤᠮᠡᠷᠡᠳᠦ ᠬᠡᠰᠡᠭ ᠤᠨ ᠬᠤᠤᠯᠢᠩᠭᠤᠤᠯ ᠵᠠᠷᠣᠳ ᠤᠨ ᠨᠢᠬᠡ ᠴᠤᠭᠴᠠᠵᠢᠨ ᠲᠦᠷᠦᠬᠦᠯᠡᠨ ᠬᠦᠭᠵᠢᠬᠦ᠂ ᠲᠣᠮᠳᠠᠳᠣ ᠬᠡᠰᠡᠭ ᠤᠨ ᠬᠤᠶᠠᠷ | ᠲᠤᠭᠤᠷᠢᠭ ᠨᠢᠬᠡ ᠰᠢᠶᠠᠨ ᠨᠢᠬᠡ ᠬᠤᠰᠢᠭᠤᠨ ᠤ ᠠᠭᠤᠰᠤᠯᠴᠠᠨ ᠬᠦᠭᠵᠢᠬᠦ᠂ ᠡᠮᠦᠨᠡᠳᠦ ᠬᠡᠰᠡᠭ ᠤᠨ ᠭᠤᠷᠪᠡᠨ ᠴᠡᠭ ᠨᠢᠬᠡ ᠪᠦᠰᠡ ᠶᠢᠨ ᠲᠠᠪᠠᠯᠳᠡ ᠲᠠᠢ ᠬᠦᠭᠵᠢᠬᠦ ᠶᠢ | ᠠᠬᠢᠭᠤᠯᠤᠨ᠎ᠠ᠃ ︽3 ᠵᠠᠭᠤᠨ ᠲᠦᠮᠡ︾ ᠶᠢᠨ ᠬᠦᠮᠦᠨ ᠠᠮᠠ ᠶᠢᠨ ᠲᠦᠯᠦᠪᠵᠢᠬᠦᠯᠬᠡ ᠶᠢᠨ ᠪᠠᠶᠢᠷᠢᠯᠠᠭᠤᠯᠣᠯᠳᠠ ᠶᠢ ᠨᠠᠶᠢᠳᠡᠪᠦᠷᠢᠵᠢᠭᠤᠯᠵᠦ᠂ ᠬᠠᠭᠤᠴᠢᠨ ᠬᠤᠳᠡ | ᠲᠤᠭᠤᠷᠢᠭ ᠢ ᠰᠢᠨᠡᠳᠭᠡᠨ ᠰᠠᠶᠢᠵᠢᠷᠠᠭᠤᠯᠵᠦ ᠲᠡᠰ ᠲᠡᠪᠰᠢᠬᠦᠯᠬᠦ᠂ ᠰᠢᠨ᠎ᠡ ᠬᠤᠳᠡ ᠲᠤᠭᠤᠷᠢᠭ ᠢ ᠲᠡᠭᠡᠳᠦ ᠲᠡᠰ ᠲᠠᠪᠬᠤᠷᠭ᠎ᠠ ᠳᠤ ᠲᠡᠪᠰᠢᠬᠦᠯᠬᠦ᠂ ᠬᠤᠳᠡ ᠶᠢᠨ | ᠶᠠᠪᠤᠳᠡᠯ ᠤᠨ ᠲᠦᠬᠦᠭᠡᠷᠦᠮᠵᠢ ᠶᠢᠨ ᠬᠡᠪᠴᠢᠶ᠎ᠡ ᠶᠢ ᠦᠷᠭᠡᠳᠭᠡᠨ ᠲᠡᠰ ᠲᠡᠪᠰᠢᠬᠦᠯᠬᠦ ᠶᠢ ᠲᠦᠷᠭᠡᠳᠭᠡᠵᠦ᠂ ᠵᠠᠭᠤᠨ ᠲᠦᠮᠡᠨ ᠬᠦᠮᠦᠨ ᠲᠠᠢ ᠤᠷᠤᠨ ᠪᠦᠰᠡ ᠶᠢᠨ ᠲᠦᠪ | ᠬᠤᠳᠡ ᠪᠠᠶᠢᠭᠤᠯᠤᠨ᠎ᠠ︔ ᠬᠤᠳᠡ ᠪᠠᠯᠭᠠᠰᠣᠨ ᠤ ᠴᠢᠳᠡᠪᠬᠢ ᠪᠤᠯᠤᠨ ᠠᠵᠦ ᠦᠢᠯᠡᠰ ᠤᠨ ᠲᠤᠯᠭᠠᠭᠤᠷᠢᠯᠠᠬᠤ ᠴᠢᠳᠡᠪᠦᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ | ᠵᠠᠭᠤᠮ ᠲᠦᠮᠡᠨ ᠬᠦᠮᠦᠨ ᠠᠮᠠ ᠶᠢ ᠲᠤᠰ ᠭᠠᠵᠠᠷ ᠤᠶᠢᠷᠡᠯᠴᠠᠭ᠎ᠠ ᠬᠤᠳᠡ ᠳᠤ ᠪᠠᠯᠭᠠᠰᠤᠵᠢᠭᠤᠯᠤᠨᠠ︔ ᠦᠵᠡᠰᠬᠦᠯᠡᠩ ᠰᠠᠶᠢᠬᠠᠨ ᠬᠦᠳᠡᠭᠡ ᠲᠤᠰᠬᠤᠨ ᠢ ᠪᠦᠳᠦᠭᠡᠨ | ᠪᠠᠶᠢᠭᠤᠯᠵᠦ᠂ ᠤᠳᠤᠬᠢᠴᠢ ᠮᠠᠯ ᠲᠠᠷᠢᠶᠠᠯᠠᠩ ᠤᠨ ᠠᠵᠦ ᠦᠢᠯᠡᠰ ᠢ ᠬᠦᠭᠵᠢᠬᠦᠯᠦᠨ᠂ ᠵᠠᠭᠤᠨ ᠲᠦᠮᠡᠨ ᠮᠠᠯᠴᠢᠨ ᠲᠡᠷᠢᠶᠡᠴᠢᠨ ᠢ ᠠᠮᠦᠷ ᠵᠢᠮᠦᠷ ᠠᠮᠢᠳᠤᠷᠠᠭᠤᠯᠬᠤ ᠶᠢ | ᠪᠡᠶᠡᠯᠡᠬᠦᠯᠦᠨ᠎ᠡ᠃ ︽ᠭᠤᠷᠪᠡᠨ ᠬᠤᠳᠠᠵᠢᠭᠤᠯᠣᠯᠳᠠ︾ ᠶᠢᠨ ᠠᠬᠢᠴᠠ ᠶᠢ ᠠᠬᠢᠭᠤᠯᠵᠦ᠂ ᠭᠠᠳᠡᠨ᠎ᠡ ᠠᠴᠠ ᠢᠷᠡᠵᠦ ᠬᠦᠴᠦᠨ ᠤ ᠠᠵᠢᠯ ᠬᠢᠭᠴᠢ᠂ ᠬᠦᠳᠡᠭᠡ | ᠲᠤᠰᠬᠤᠨ ᠮᠠᠯᠵᠢᠬᠤ ᠤᠷᠤᠨ ᠠᠴᠠ ᠭᠠᠷᠴᠣ ᠢᠷᠡᠨ ᠠᠵᠢᠯ ᠤᠯᠭᠤᠭᠴᠢ᠂ ᠬᠤᠳᠡ ᠶᠢᠨ ᠲᠤᠮᠳᠡᠬᠢ ᠲᠤᠰᠬᠤᠨ ᠪᠤᠯᠤᠨ ᠬᠤᠳᠡ ᠶᠢᠨ ᠵᠠᠬ᠎ᠠ ᠶᠢᠨ ᠲᠤᠰᠬᠤᠨ ᠤ | ᠰᠠᠭᠤᠭᠠᠯᠢ ᠠᠷᠠᠳ ᠢ ᠬᠤᠳᠡ ᠶᠢᠨ ᠠᠷᠠᠳ ᠪᠤᠯᠭᠠᠨ᠎ᠠ᠃ ᠨᠢᠬᠡ ᠪᠦᠯᠦᠭ ᠰᠠᠭᠤᠷᠢ ᠲᠦᠬᠦᠬᠡᠷᠦᠮᠵᠢ ᠶᠢᠨ ᠬᠤᠯᠪᠤᠯᠳᠤᠵᠦ ᠨᠡᠪᠳᠡᠷᠡᠯᠴᠡᠬᠦ ᠪᠠᠷᠢᠯᠭ᠎ᠠ ᠶᠢ | ᠲᠦᠯᠦᠪᠵᠢᠬᠦᠯᠦᠨ ᠪᠠᠶᠢᠭᠤᠯᠵᠦ᠂ ᠵᠢᠨᠢᠩ ᠠᠴᠠ ᠲᠦᠩᠯᠢᠶᠥᠥ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠣᠯᠳᠠ ᠶᠢᠨ ᠦᠬᠡᠷᠡᠴᠢᠯᠡᠯᠳᠡ ᠶᠢ ᠬᠡᠷᠡᠭᠵᠢᠬᠦᠯᠵᠦ᠂ | ᠲᠦᠩᠯᠢᠶᠥᠥ ᠠᠴᠠ ᠤᠯᠠᠭᠠᠨᠬᠤᠳᠡ — ᠴᠢᠴᠢᠠᠬᠷ ᠬᠦᠷᠬᠦ ᠲᠦᠷᠭᠡᠨ ᠲᠡᠮᠦᠷ ᠵᠠᠮ᠂ ᠯᠦᠪᠸᠢ ᠠᠴᠠ ᠬᠤᠤᠯᠢᠩᠭᠤᠤᠯ ᠬᠦᠷᠬᠦ ᠲᠦᠷᠭᠡᠨ ᠵᠠᠮ ᠵᠡᠷᠭᠡ ᠲᠦᠷᠦᠯ ᠵᠦᠢᠯ | ᠤᠨ ᠪᠡᠯᠡᠳᠬᠡᠯ ᠠᠵᠢᠯ ᠢ ᠠᠬᠢᠭᠤᠯᠵᠦ᠂ ︽LXB︾ ᠤᠰᠤ ᠬᠠᠩᠭᠠᠯᠳᠡ ᠶᠢᠨ ᠲᠦᠩᠯᠢᠶᠥᠥ ᠶᠢᠨ ᠰᠠᠯᠪᠤᠷᠢ ᠱᠤᠭᠤᠮ᠂ ︽ᠴᠣᠣᠯ ᠭᠤᠤᠯ ᠤᠨ ᠤᠰᠤ ᠶᠢ ᠯᠣᠤᠬ᠎ᠠ | ᠭᠤᠤᠯ ᠳᠤ ᠤᠷᠤᠭᠤᠯᠬᠤ︾ ᠬᠤᠶᠠᠳᠣᠭᠠᠷ ᠬᠤᠭᠤᠴᠠᠭᠠᠨ ᠤ ᠪᠠᠷᠢᠯᠭ᠎ᠠ ᠵᠡᠷᠭᠡ ᠴᠢᠬᠤᠯᠡ ᠲᠤᠮᠤ ᠤᠰᠤ ᠲᠠᠳᠠᠬᠤ ᠪᠠᠷᠢᠯᠭ᠎ᠠ ᠶᠢ ᠡᠬᠢᠯᠡᠨ ᠪᠠᠶᠢᠭᠤᠯᠤᠨ᠎ᠠ᠃ ︽ | ᠲᠦᠷᠪᠡᠨ ᠰᠠᠶᠢᠨ︾ ᠬᠦᠳᠡᠭᠡ ᠲᠣᠰᠬᠤᠨ ᠤ ᠵᠠᠰᠠᠮᠠᠯ ᠵᠠᠮ ᠤᠨ ᠪᠠᠶᠢᠭᠤᠯᠣᠯᠳᠠ ᠶᠢ ᠲᠦᠷᠬᠡᠳᠬᠡᠵᠦ᠂ ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠲᠦᠬᠦᠬᠡᠷᠦᠮᠵᠢ ᠪᠠ | ᠣᠯᠠᠨ ᠨᠡᠶᠢᠳᠡ ᠶᠢᠨ ᠦᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠦᠨ᠎ᠡ᠃ | ︵ᠲᠠᠪᠤ︶ ᠪᠤᠬᠢᠷᠳᠦᠯ ᠦᠭᠡᠢ ᠬᠦᠭᠵᠢᠯᠳᠡ ᠶᠢᠨ ᠤᠨᠤᠯᠵᠢᠬᠤᠨ ᠢ ᠪᠠᠷᠢᠮᠳᠡᠯᠡᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠡ ᠶᠢ ᠪᠦᠬᠦ ᠲᠠᠯ᠎ᠠ ᠪᠠᠷ | ᠴᠢᠩᠭᠠᠳᠬᠠᠨ᠎ᠠ᠃ ᠬᠦᠬᠡ ᠤᠰᠤ ᠬᠦᠭᠡᠮᠳᠦᠭ ᠠᠭᠤᠯᠠ ᠪᠤᠯ ᠠᠯᠳᠡ ᠮᠦᠩᠭᠦᠨ ᠠᠭᠤᠯᠠ ᠪᠤᠯᠬᠤ ᠤᠨᠤᠯᠵᠢᠬᠤᠨ ᠢ ᠪᠠᠳᠤ ᠪᠠᠬᠢ ᠪᠤᠢ ᠪᠤᠯᠭᠠᠵᠦ᠂ ᠠᠭᠤᠯᠠ ᠣᠰᠣ | ᠣᠢ ᠲᠠᠷᠢᠶ᠎ᠠ ᠨᠠᠭᠤᠷ ᠲᠠᠯ᠎ᠠ ᠶᠢ ᠨᠢᠬᠡᠳᠦᠯ ᠲᠠᠢ ᠲᠦᠯᠦᠪᠯᠡᠨ ᠵᠠᠰᠠᠯᠳᠠ ᠬᠢᠵᠦ᠂ ᠠᠮᠢ ᠠᠬᠤᠢ ᠶᠢᠨ ᠤᠷᠴᠢᠨ ᠤ ᠬᠠᠮᠠᠭᠠᠯᠠᠯᠳᠡ ᠶᠢᠨ ᠬᠠᠮᠤᠭ ᠤᠨ ᠴᠢᠩᠭ᠎ᠠ ᠲᠦᠷᠢᠮ ᠢ | ᠨᠠᠶᠢᠳᠠᠪᠤᠷᠢᠵᠢᠭᠤᠯᠤᠨ᠎ᠠ᠃ ᠪᠤᠬᠢᠷᠳᠦᠯ ᠦᠭᠡᠢ ᠠᠵᠦ ᠦᠢᠯᠡᠰ ᠢ ᠶᠡᠭᠡ ᠪᠠᠷ ᠬᠦᠭᠵᠢᠬᠦᠯᠵᠦ᠂ ᠪᠤᠬᠢᠷᠳᠦᠯ ᠦᠭᠡᠢ ᠱᠣᠱᠢᠭ᠎ᠠ ᠶᠢ ᠡᠷᠬᠦᠵᠦ᠂ ᠠᠮᠢ ᠠᠬᠤᠢ ᠶᠢᠨ ᠵᠠᠮ | ᠢᠶᠠᠷ ᠵᠠᠮᠨᠠᠵᠦ᠂ ᠣᠷᠴᠢᠨ ᠲᠣᠭᠤᠷᠢᠨ ᠨᠦᠬᠦᠷᠰᠡᠭ ᠬᠡᠯᠪᠡᠷᠢ ᠶᠢᠨ ᠨᠡᠶᠢᠬᠡᠮ ᠪᠠᠶᠢᠭᠤᠯᠤᠨ᠎ᠠ᠃ ᠠᠭᠠᠷ ᠮᠠᠨᠳᠡᠯ᠂ ᠤᠰᠤ᠂ ᠬᠦᠷᠦᠰᠦ ᠰᠢᠷᠦᠢ ᠶᠢᠨ ᠪᠤᠬᠢᠷᠳᠦᠯ ᠢ | ᠰᠡᠷᠬᠡᠶᠢᠯᠡᠨ ᠵᠠᠰᠠᠬᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ ᠪᠣᠬᠢᠷᠳᠣᠯ ᠢ ᠰᠡᠷᠬᠡᠶᠢᠯᠡᠨ ᠵᠠᠰᠠᠬᠤ ᠰᠢᠪᠳᠣᠯᠣᠯᠳᠠ ᠳᠤ ᠡᠷᠡᠰ ᠢᠯᠡᠯᠳᠡ ᠣᠯᠣᠨ᠎ᠠ᠃ ᠠᠵᠦ | ᠦᠢᠯᠡᠳᠪᠦᠷᠢ ᠶᠢᠨ ᠪᠤᠬᠢᠷᠳᠦᠯ ᠤᠨ ᠡᠬᠢ ᠶᠢ ᠪᠦᠷ ᠪᠠᠷᠢᠮᠵᠢᠶ᠎ᠡ ᠳᠤ ᠬᠦᠷᠬᠡᠨ ᠭᠠᠳᠠᠭᠰᠢᠯᠠᠭᠤᠯᠵᠦ᠂ ᠰᠠᠪᠠ ᠭᠠᠵᠠᠷ ᠤᠨ ᠤᠷᠴᠢᠨ ᠲᠤᠭᠤᠷᠢᠨ ᠢ ᠶᠡᠷᠦᠩᠭᠡᠶᠢᠯᠡᠨ | ᠵᠠᠰᠠᠵᠦ᠂ ᠬᠠᠶᠠᠭᠳᠠᠮᠠᠯ ᠡᠳ᠋ ᠢ ᠬᠤᠤᠷ ᠦᠬᠡᠶᠢᠵᠢᠬᠦᠯᠦᠨ ᠰᠢᠢᠳᠪᠦᠷᠢᠯᠡᠬᠦ᠂ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠮᠢᠩᠭᠠᠨ ᠲᠦᠮᠡᠨ ᠮᠣ᠋ ᠲᠠᠯ᠎ᠠ | ᠨᠣᠳᠤᠭ ᠢ ᠰᠡᠷᠬᠦᠬᠡᠬᠦ᠂ ᠮᠢᠩᠭᠠᠨ ᠲᠦᠮᠡᠨ ᠮᠤ᠋ ᠲᠡᠷᠢᠶᠡᠯᠡᠩ ᠤᠨ ᠦᠨᠳᠦᠷ ᠦᠷ᠎ᠡ ᠠᠰᠢᠭᠳᠦ ᠤᠰᠤ ᠠᠷᠪᠢᠯᠠᠬᠤ ᠪᠠᠷᠢᠯᠭ᠎ᠠ᠂ ᠮᠢᠩᠭᠠᠨ ᠲᠦᠮᠡᠨ ᠮᠤ᠋ ᠪᠠᠶᠢᠭᠠᠯᠢ ᠶᠢᠨ | ᠨᠤᠳᠤᠭ ᠪᠡᠯᠴᠢᠬᠡᠷ ᠤᠨ ᠣᠳᠣᠬᠢᠴᠢ ᠮᠠᠯ ᠠᠵᠣ ᠠᠬᠤᠢ ᠶᠢᠨ ᠲᠠᠭᠤᠷᠢᠶᠠᠯ ᠦᠵᠡᠬᠦᠯᠬᠦ᠂ ᠬᠤᠷᠴᠢᠨ ᠤ ᠡᠯᠡᠰᠦᠷᠭᠡᠭ ᠭᠠᠵᠠᠷ ᠢ ᠮᠢᠩᠭᠠᠨ ᠲᠦᠮᠡᠨ ᠮᠤ᠋ ᠶᠡᠷᠦᠩᠭᠡᠶᠢᠯᠡᠨ | ᠵᠠᠰᠠᠬᠤ ᠲᠦᠷᠪᠠᠨ ᠶᠡᠭᠡ ᠠᠮᠢ ᠠᠬᠤᠢ ᠰᠡᠷᠬᠦᠬᠡᠨ ᠬᠠᠮᠠᠭᠠᠯᠠᠬᠤ ᠪᠠᠷᠢᠯᠭ᠎ᠠ ᠶᠢ ᠬᠡᠷᠡᠭᠵᠢᠬᠦᠯᠵᠦ᠂ ᠤᠯᠤᠰ ᠤᠨ ᠭᠠᠵᠠᠷ ᠰᠢᠷᠦᠢ ᠶᠢ ᠶᠡᠭᠡ ᠬᠡᠪᠴᠢᠶ᠎ᠠ ᠪᠠᠷ | ᠣᠶᠢᠵᠢᠭᠤᠯᠣᠨ᠂ ᠤᠮᠡᠷᠡᠳᠦ ᠬᠢᠯᠢ ᠶᠢᠨ ᠠᠮᠢ ᠠᠬᠤᠢ ᠶᠢᠨ ᠠᠮᠦᠷ ᠲᠦᠪᠰᠢᠨ ᠤ ᠬᠠᠯᠬᠠᠪᠴᠢ ᠶᠢᠨ ᠴᠢᠳᠡᠮᠵᠢᠳᠦ ᠤᠷᠤᠨ ᠢ ᠪᠠᠶᠢᠭᠤᠯᠤᠨ᠎ᠠ᠃ | ︵ᠵᠢᠷᠭᠤᠭ᠎ᠠ︶ ᠰᠤᠶᠤᠯ ᠤᠨ ᠰᠢᠨᠡᠴᠢᠯᠡᠯᠳᠡ ᠡᠬᠦᠳᠦᠯᠳᠡ ᠶᠢᠨ ᠠᠮᠢᠯᠠᠯ ᠤᠨ ᠬᠦᠴᠦᠨ ᠢ ᠪᠠᠳᠠᠷᠠᠭᠤᠯᠵᠦ᠂ ᠰᠢᠨ᠎ᠡ ᠡᠷᠡᠨ ᠤ ᠲᠠᠯ᠎ᠠ ᠨᠤᠳᠤᠭ ᠤᠨ ᠨᠡᠷᠡᠳᠦ | ᠬᠤᠳᠡ ᠶᠢ ᠪᠠᠶᠢᠭᠤᠯᠤᠨ᠎ᠠ᠃ ᠰᠢ ᠶᠢᠨ ᠫᠢᠩ ᠶᠡᠷᠦᠩᠭᠡᠢ ᠱᠦᠵᠢ ᠶᠢᠨ ᠤᠯᠠᠭᠠᠨᠮᠦ᠋ᠴᠢᠷ ᠤᠨ ᠦᠢᠯᠡᠰ ᠤᠨ ᠬᠦᠭᠵᠢᠯᠳᠡ ᠶᠢᠨ ᠲᠤᠬᠠᠢ ᠴᠢᠬᠤᠯᠡ ᠵᠢᠭᠠᠪᠤᠷᠢ ᠶᠢᠨ | ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠤᠯᠠᠭᠠᠨᠮᠦ᠋ᠴᠢᠷ ᠤᠨ ᠰᠢᠨᠡᠴᠢᠯᠡᠯᠳᠡ ᠬᠦᠭᠵᠢᠯᠳᠡ ᠶᠢ ᠲᠡᠮᠵᠢᠵᠦ᠂ ᠤᠯᠠᠨ ᠲᠦᠮᠡᠨ ᠲᠠᠢ | ᠤᠶᠢᠷᠡᠳᠤᠨ᠂ ᠤᠯᠠᠮᠵᠢᠯᠠᠭᠳᠠᠨ ᠲᠡᠯᠬᠡᠷᠡᠬᠦ ᠰᠢᠯᠢᠳᠡᠭ ᠪᠦᠳᠦᠬᠡᠯ ᠡᠬᠦᠳᠴᠦ᠂ ᠦᠨᠳᠦᠰᠦᠳᠡᠨ ᠤ ᠰᠤᠶᠤᠯ ᠪᠤᠯᠤᠨ ᠴᠠᠭ ᠡᠷᠡᠨ ᠤ ᠵᠤᠷᠢᠭ ᠰᠠᠨᠠᠭ᠎ᠠ ᠶᠢ ᠪᠠᠳᠠᠷᠠᠭᠤᠯᠵᠣ | ᠂ ᠦᠨᠳᠦᠰᠦᠳᠡᠨ ᠨᠦᠭᠦᠳ ᠤᠨ ᠬᠠᠮᠳᠤ ᠶᠢᠨ ᠤᠶᠤᠨ ᠰᠠᠨᠠᠭᠠᠨ ᠤ ᠲᠦᠰᠢᠭ ᠢᠶᠠᠨ ᠰᠠᠶᠢᠳᠦᠷ ᠰᠠᠬᠢᠨ᠎ᠠ᠃ ᠨᠡᠶᠢᠬᠡᠮ ᠵᠢᠷᠦᠮ ᠤᠨ ᠭᠤᠤᠯᠯᠠᠭᠴᠢ ᠦᠷᠳᠡᠭ ᠤᠨ | ᠦᠵᠡᠯᠳᠡ ᠶᠢ ᠢᠳᠡᠪᠬᠢᠳᠡᠢ ᠪᠤᠶᠢᠵᠢᠭᠤᠯᠤᠨ ᠦᠢᠯᠡᠳᠦᠯᠬᠡᠵᠢᠬᠦᠯᠵᠦ᠂ ᠤᠯᠠᠨ ᠲᠦᠮᠡᠨᠴᠢ ᠴᠢᠨᠡᠷ ᠲᠠᠢ ᠤᠶᠤᠨ ᠤ ᠪᠤᠯᠪᠠᠰᠤᠨ ᠤ ᠡᠬᠦᠳᠦᠨ ᠪᠦᠳᠦᠭᠡᠬᠦ ᠠᠵᠢᠯᠯᠠᠭ᠎ᠠ ᠶᠢ | ᠬᠦᠨᠵᠡᠬᠡᠢ ᠦᠷᠨᠢᠬᠦᠯᠦᠨ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠤᠰᠤ ᠰᠤᠷᠳᠠᠬᠤᠨ ᠤ ᠬᠦᠮᠦᠵᠢᠯ ᠢ ᠴᠢᠩᠭᠠᠳᠬᠠᠨ᠎ᠠ᠃ ᠪᠣᠯᠪᠠᠰᠣᠨ ᠬᠤᠳᠡ ᠶᠢ | ᠡᠬᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠵᠦ᠂ ︽ᠨᠠᠢᠮᠠᠨ ᠤᠷᠴᠢᠨ ᠲᠤᠭᠤᠷᠢᠨ︾ ᠤ ᠪᠠᠶᠢᠭᠤᠯᠤᠯᠳᠡ ᠶᠢ ᠪᠦᠬᠦ ᠲᠠᠯ᠎ᠠ ᠪᠠᠷ ᠠᠬᠢᠭᠤᠯᠤᠨ᠂ ᠪᠦᠬᠦ | ᠣᠯᠣᠰ ᠤᠨ ᠪᠣᠯᠪᠠᠰᠣᠨ ᠬᠤᠳᠠ ᠶᠢ ᠡᠬᠦᠳᠦᠨ ᠪᠠᠶᠢᠭᠤᠯᠣᠭᠰᠠᠨ ᠦᠷ᠎ᠡ ᠪᠦᠳᠦᠬᠡᠯ ᠢᠶᠠᠨ ᠦᠷᠬᠦᠯᠵᠢᠯᠡᠨ ᠪᠠᠳᠣᠳᠬᠠᠵᠣ᠂ ᠪᠣᠯᠪᠠᠰᠣᠨ ᠶᠣᠰᠣ ᠮᠣᠷᠠᠯ ᠲᠠᠢ᠂ ᠡᠶ᠎ᠡ ᠡᠪ | ᠲᠠᠢ ᠰᠣᠶᠣᠯ ᠤᠨ ᠠᠭᠤᠷ ᠠᠮᠢᠰᠬᠤᠯ ᠦᠳᠬᠡᠨ ᠬᠤᠳᠠ ᠶᠢ ᠴᠢᠷᠮᠠᠶᠢᠨ ᠪᠠᠶᠢᠭᠤᠯᠣᠨ᠎ᠠ᠃ ᠰᠤᠶᠤᠯ ᠤᠨ ᠬᠠᠮᠢᠶᠠᠷᠤᠯᠳᠡ ᠶᠢᠨ ᠪᠠᠶᠢᠭᠤᠯᠤᠮᠵᠢ ᠪᠤᠯᠤᠨ ᠤᠯᠠᠨ ᠨᠡᠶᠢᠳᠡ | ᠶᠢᠨ ᠰᠤᠶᠤᠯ ᠤᠨ ᠦᠢᠯᠡᠴᠢᠯᠡᠭᠡ ᠶᠢᠨ ᠲᠤᠭᠳᠠᠯᠴᠠᠭ᠎ᠠ ᠶᠢ ᠲᠡᠬᠦᠯᠳᠡᠷᠵᠢᠬᠦᠯᠵᠦ᠂ ᠤᠯᠠᠨ ᠨᠡᠶᠢᠳᠡ ᠶᠢᠨ ᠰᠤᠶᠤᠯ ᠤᠨ ᠡᠬᠢ ᠰᠤᠷᠪᠤᠯᠵᠢ ᠶᠢ ᠦᠨᠳᠦᠰᠦᠨ ᠱᠠᠳᠤ | ᠲᠡᠰᠢ ᠬᠠᠨᠳᠣᠭᠤᠯᠵᠣ᠂ ᠰᠤᠶᠤᠯ ᠪᠤᠯᠤᠨ ᠵᠤᠭᠠᠴᠠᠯ᠂ ᠪᠡᠶ᠎ᠡ ᠲᠡᠮᠢᠷ᠂ ᠦᠵᠡᠬᠦᠯᠦᠯᠬᠡ ᠵᠡᠷᠭᠡ ᠠᠵᠦ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠵᠦ᠂ | ᠬᠤᠷᠴᠢᠨ ᠤ ᠰᠤᠶᠤᠯ ᠤᠨ ᠬᠡᠶᠢᠰᠪᠦᠷᠢ ᠬᠦᠴᠦᠨ ᠢ ᠲᠡᠭᠡᠭᠰᠢᠯᠡᠬᠦᠯᠦᠨ᠎ᠡ᠃ | ︵ᠲᠤᠯᠤᠭ᠎ᠠ︶ ᠠᠷᠠᠳ ᠤᠨ ᠠᠮᠢᠳᠦᠷᠡᠯ ᠨᠡᠶᠢᠬᠡᠮ ᠤᠨ ᠦᠢᠯᠡᠰ ᠢ ᠬᠦᠭᠵᠢᠬᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠦᠬᠦᠢ ᠰᠠᠶᠢᠨ | ᠰᠠᠶᠢᠬᠠᠨ ᠠᠮᠢᠳᠦᠷᠡᠯ ᠤᠨ ᠬᠡᠷᠡᠭᠴᠡᠭᠡ ᠶᠢ ᠲᠠᠰᠤᠷᠡᠯᠳᠡ ᠦᠭᠡᠢ ᠬᠠᠩᠭᠠᠨ᠎ᠠ᠃ ᠬᠦᠴᠦ ᠪᠠᠨ ᠰᠢᠪᠬᠠᠨ ᠴᠢᠳᠡᠯ ᠤᠨ ᠬᠢᠷᠢ ᠪᠠᠷ ᠢᠶᠠᠨ ᠴᠢᠷᠮᠠᠶᠢᠬᠤ ᠶᠢ ᠪᠠᠷᠢᠮᠳᠡᠯᠡᠨ᠂ | ᠨᠠᠭᠠᠳᠦ ᠵᠠᠬ᠎ᠠ ᠶᠢᠨ ᠱᠤᠭᠤᠮ ᠢ ᠪᠠᠳᠤ ᠰᠠᠬᠢᠨ᠂ ᠭᠤᠤᠯᠳᠠᠯᠭ᠎ᠠ ᠶᠢ ᠲᠤᠪᠤᠶᠢᠯᠭᠠᠵᠦ᠂ ᠲᠦᠷᠢᠮ ᠢᠶᠠᠨ ᠲᠡᠬᠦᠯᠳᠡᠷᠵᠢᠬᠦᠯᠵᠦ᠂ ᠵᠢᠱᠢᠯᠳᠠ ᠪᠠᠷ ᠬᠦᠳᠦᠯᠦᠬᠦᠯᠵᠦ᠂ | ᠦᠬᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠭᠡᠯ ᠢ ᠪᠦᠬᠦ ᠠᠷᠠᠳ ᠲᠤ ᠨᠡᠩ ᠤᠯᠠᠨ ᠨᠡᠩ ᠡᠷᠭᠡ ᠲᠡᠭᠰᠢ ᠪᠠᠷ ᠡᠳ᠋ᠯᠡᠬᠦᠯᠦᠨ᠎ᠡ᠃ ᠶᠠᠳᠠᠭᠤ ᠠᠴᠠ | ᠠᠩᠭᠢᠵᠢᠷᠠᠭᠤᠯᠬᠤ ᠰᠢᠪᠳᠤᠯᠤᠯᠳᠡ ᠶᠢᠨ ᠢᠯᠡᠯᠳᠡ ᠶᠢ ᠡᠷᠡᠰ ᠲᠡᠮᠡᠴᠡᠨ ᠤᠯᠵᠦ᠂ ᠶᠠᠳᠠᠭᠤ ᠬᠦᠮᠦᠨ ᠠᠮᠠ ᠪᠤᠯᠤᠨ ᠶᠠᠳᠠᠭᠤ ᠭᠠᠵᠠᠷ ᠤᠷᠤᠨ ᠢ ᠪᠦᠬᠦ ᠤᠯᠤᠰ ᠲᠠᠢ | ᠬᠠᠮᠳᠤ ᠪᠦᠬᠦ ᠲᠠᠯ᠎ᠠ ᠪᠠᠷ ᠴᠢᠨᠡᠭᠡᠯᠢᠭᠵᠢᠭᠰᠡᠨ ᠨᠡᠶᠢᠬᠡᠮ ᠳᠤ ᠤᠷᠤᠭᠤᠯᠬᠤ ᠶᠢ ᠪᠠᠳᠤᠯᠠᠨ᠎ᠠ᠃ ᠠᠵᠢᠯ ᠤᠯᠭᠤᠯᠳᠡ ᠶᠢᠨ ᠢᠳᠡᠪᠬᠢ ᠲᠠᠢ ᠲᠦᠷᠦ ᠶᠢᠨ ᠪᠤᠳᠤᠯᠭ᠎ᠠ ᠶᠢ | ᠬᠡᠷᠡᠭᠵᠢᠬᠦᠯᠵᠦ᠂ ᠶᠠᠰᠤ ᠴᠢᠨᠡᠷ ᠰᠠᠶᠢᠳᠡᠢ ᠲᠤᠭᠳᠠᠭᠤᠨ ᠢᠶᠠᠷ ᠠᠵᠢᠯ ᠤᠯᠭᠤᠬᠤ ᠶᠢ ᠠᠬᠢᠭᠤᠯᠤᠨ᠎ᠠ᠃ ᠬᠤᠳᠡ ᠬᠦᠳᠡᠭᠡ ᠶᠢᠨ ᠰᠠᠭᠤᠭᠠᠯᠢ ᠠᠷᠠᠳ ᠢ ᠬᠠᠮᠣᠷᠣᠭᠰᠠᠨ | ᠤᠯᠠᠨ ᠲᠠᠪᠬᠤᠷᠭᠠᠳᠦ ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮ ᠢ ᠦᠨᠳᠦᠰᠦᠨ ᠳᠤᠨᠢ ᠪᠠᠶᠢᠭᠤᠯᠤᠨ᠎ᠠ᠃ ᠰᠤᠷᠭᠠᠨ ᠬᠦᠮᠦᠵᠢᠯ ᠤᠨ ᠤᠳᠤᠬᠢᠴᠢᠯᠡᠯᠳᠡ ᠶᠢ | ᠲᠦᠷᠭᠡᠳᠭᠡᠵᠦ᠂ ᠠᠷᠠᠳ ᠲᠦᠮᠡᠨ ᠤ ᠬᠠᠨᠤᠮᠵᠢᠳᠡᠢ ᠰᠤᠷᠭᠠᠨ ᠬᠦᠮᠦᠵᠢᠯ ᠢ ᠰᠠᠶᠢᠳᠦᠷ ᠡᠷᠬᠢᠯᠡᠨ᠎ᠡ᠃ ᠠᠮᠤᠭᠤᠯᠠᠩ ᠲᠦᠩᠯᠢᠶᠥᠥ ᠶᠢᠨ ᠪᠠᠶᠢᠭᠤᠯᠤᠯᠳᠡ ᠶᠢ ᠠᠬᠢᠭᠤᠯᠵᠦ | ᠂ ᠠᠷᠠᠳ ᠢᠷᠭᠡᠳ ᠤᠨ ᠡᠷᠡᠬᠦᠯ ᠴᠢᠬᠢᠷᠠᠭ ᠤᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠢᠳᠡᠭᠡᠨ ᠤ ᠠᠮᠦᠷ ᠲᠦᠪᠰᠢᠨ ᠤ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠵᠦ᠂ ᠢᠳᠡᠭᠡᠨ ᠪᠠ ᠡᠮ ᠤᠨ ᠵᠦᠢᠯ ᠤᠨ ᠠᠶᠤᠯᠬᠦᠢ ᠶᠢᠨ ᠪᠠᠳᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠠᠶᠤᠯᠬᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠲᠡᠬᠦᠯᠳᠡᠷᠵᠢᠬᠦᠯᠵᠦ᠂ ᠠᠶᠤᠯᠬᠦᠢ ᠦᠢᠯᠡᠳᠪᠦᠷᠢᠯᠡᠯ ᠤᠨ ᠬᠦᠷᠢᠶ᠎ᠡ ᠴᠡᠷ᠎ᠡ ᠶᠢᠨ ᠦᠬᠡᠷᠡᠴᠢᠯᠡᠯᠳᠡ ᠶᠢ ᠨᠢᠬᠡᠳᠦᠯᠳᠡᠢ ᠲᠦᠯᠪᠵᠢᠬᠦᠯᠵᠦ | ᠠᠬᠢᠭᠤᠯᠤᠨ᠂ ᠠᠶᠤᠯᠬᠦᠢ ᠬᠦᠭᠵᠢᠯᠳᠡ ᠶᠢᠨ ᠬᠢᠷᠢ ᠲᠦᠪᠰᠢᠨ ᠢᠶᠠᠨ ᠲᠠᠰᠤᠷᠡᠯᠳᠡ ᠦᠭᠡᠢ ᠲᠡᠭᠡᠭᠰᠢᠯᠡᠬᠦᠯᠦᠨ᠎ᠡ᠃ ᠴᠡᠷᠢᠭ ᠠᠷᠠᠳ ᠢ ᠠᠭᠤᠰᠤᠯᠴᠠᠨ ᠬᠦᠭᠵᠢᠬᠦᠯᠬᠦ | ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠪᠦᠬᠦ ᠤᠯᠤᠰ ᠤᠨ ︽ᠬᠤᠤᠰ ᠬᠦᠷᠢᠶᠡᠯᠡᠯ ᠤᠨ ᠵᠢᠱᠢᠶᠠᠴᠢ ᠬᠤᠳᠡ︾ ᠶᠢ ᠦᠷᠬᠦᠯᠵᠢᠯᠡᠨ ᠡᠬᠦᠳᠦᠨ᠎ᠡ᠃ ᠨᠡᠶᠢᠬᠡᠮ ᠤᠨ | ᠵᠠᠰᠡᠯᠳᠡ ᠶᠢ ᠴᠢᠩᠭᠠᠳᠬᠠᠨ ᠰᠢᠨᠡᠴᠢᠯᠡᠵᠦ᠂ ᠦᠨᠳᠦᠷ ᠬᠢᠷᠢ ᠲᠦᠪᠰᠢᠨ ᠲᠠᠢ ︽ᠠᠮᠣᠭᠤᠯᠠᠩ ᠲᠦᠩᠯᠢᠶᠥᠥ︾ ᠶᠢ ᠪᠠᠶᠢᠭᠤᠯᠤᠨ᠎ᠠ᠃ ᠦᠨᠳᠦᠰᠦᠳᠡᠨ ᠤ ᠪᠦᠯᠬᠦᠮᠳᠡᠯ | ᠲᠠᠪᠰᠢᠯᠳᠡ ᠶᠢᠨ ᠬᠦᠮᠦᠵᠢᠯ ᠪᠤᠯᠤᠨ ᠡᠬᠦᠳᠦᠨ ᠪᠠᠶᠢᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠰᠢᠨ᠎ᠡ ᠴᠠᠭ ᠦᠶ᠎ᠡ ᠶᠢᠨ ᠦᠨᠳᠦᠰᠦᠳᠡᠨ ᠤ ᠪᠦᠯᠬᠦᠮᠳᠡᠯ | ᠲᠠᠪᠰᠢᠯᠳᠡ ᠶᠢᠨ ᠵᠢᠱᠢᠶᠠᠴᠢ ᠤᠷᠤᠨ ᠢ ᠪᠠᠶᠢᠭᠤᠯᠤᠨ᠎ᠠ᠃ | ᠲᠦᠯᠦᠬᠡᠯᠡᠭᠴᠢᠳ ᠡ᠂ ᠤᠭ ᠰᠠᠨᠠᠭ᠎ᠠ ᠪᠠᠨ ᠦᠯᠦ ᠮᠠᠷᠳᠠᠪᠠᠰᠣ ᠰᠠᠶ᠋ᠢ ᠡᠴᠦᠰ ᠲᠤᠨᠢ ᠲᠣᠯᠭᠠᠵᠣ ᠴᠢᠳᠠᠮᠤᠢ᠃ ᠪᠢᠳᠡ ᠦᠨᠢ ᠡᠬᠦᠷᠢᠳᠡ ᠴᠦᠬᠦᠷᠡᠰᠢ ᠦᠭᠡᠢ | ᠵᠤᠷᠢᠭ ᠰᠠᠨᠠᠭ᠎ᠠ ᠶᠢ ᠪᠠᠷᠢᠮᠳᠠᠯᠠᠨ᠂ ᠦᠨᠳᠦᠷ ᠲᠤ ᠵᠤᠭᠰᠤᠨ ᠠᠯᠤᠰ ᠢ ᠪᠠᠷᠠᠯᠠᠵᠦ᠂ ᠵᠣᠷᠢᠭ ᠲᠠᠢ ᠪᠠᠷ ᠰᠢᠨ᠎ᠡ ᠶᠢ ᠡᠬᠦᠳᠴᠦ᠂ ᠰᠢᠷᠭᠠᠭᠤ ᠬᠠᠳᠠᠭᠤᠵᠢᠯ ᠲᠠᠢ | ᠪᠤᠳᠡᠳᠡᠢ ᠠᠵᠢᠯᠯᠠᠳᠠᠭ ᠯᠡ ᠶᠤᠮ ᠪᠤᠯ ᠰᠠᠶ᠋ᠢ ᠤᠳᠤᠬᠢᠴᠢᠯᠠᠭᠰᠠᠨ ᠲᠦᠩᠯᠢᠶᠥᠥ ᠶᠢᠨ ᠰᠠᠶᠢᠨ ᠰᠠᠶᠢᠬᠠᠨ ᠢᠷᠡᠭᠡᠳᠦᠢ ᠶᠢ ᠯᠠᠪᠳᠡᠢ ᠨᠡᠬᠡᠬᠡᠵᠦ ᠴᠢᠳᠡᠨ᠎ᠡ᠃ | | ᠭᠤᠷᠪᠡ᠂ 2018 ᠤᠨ ᠤ ᠠᠵᠢᠯ ᠤᠨ ᠪᠠᠶᠢᠷᠢᠯᠠᠭᠤᠯᠤᠯᠳᠡ | | ᠡᠨᠡ ᠵᠢᠯ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠲᠤᠤᠱᠯᠠᠭᠤᠯᠬᠤ ᠡᠬᠢᠯᠡᠯᠳᠡ ᠶᠢᠨ ᠤᠨ ᠪᠣᠯᠣᠨ᠎ᠠ᠂ ᠮᠦᠨ | ᠦᠬᠡᠷᠡᠴᠢᠯᠡᠯᠳᠡ ᠬᠢᠵᠦ ᠴᠢᠯᠦᠬᠡᠳᠡᠢ ᠶᠠᠪᠤᠯᠴᠠᠭᠰᠠᠨ 40 ᠤᠢ ᠪᠣᠯᠣᠨ᠎ᠠ᠂ ᠠᠳᠡᠯᠢ ᠪᠠᠷ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠬᠤ | ᠰᠢᠢᠳᠪᠦᠷᠢᠳᠦ ᠢᠯᠡᠯᠳᠡ ᠶᠢ ᠲᠡᠮᠡᠴᠡᠨ ᠤᠯᠵᠦ᠂ ︽13 · 5︾ ᠶᠢᠨ ᠲᠦᠯᠦᠪᠵᠢᠬᠦᠯᠬᠡ ᠶᠢ ᠬᠡᠷᠡᠭᠵᠢᠬᠦᠯᠵᠦ᠂ ᠤᠷᠢᠳᠦᠬᠢ ᠶᠢ ᠵᠠᠯᠭᠠᠮᠵᠢᠯᠠᠨ ᠬᠤᠶᠢᠰᠢᠬᠢ ᠳᠤ | ᠰᠡᠩᠭᠡᠷᠡᠬᠦᠯᠦᠯ ᠪᠤᠯᠭᠠᠬᠤ ᠵᠠᠩᠭᠢᠯᠠᠭ᠎ᠠ ᠶᠢᠨ ᠤᠨ ᠪᠣᠯᠣᠨ᠎ᠠ᠂ ᠵᠠᠰᠠᠭ ᠤᠨ ᠤᠷᠳᠤᠨ ᠤ ᠠᠵᠢᠯ ᠰᠢ ᠶᠢᠨ ᠫᠢᠩ ᠤᠨ ᠰᠢᠨ᠎ᠡ ᠡᠷᠡᠨ ᠤ ᠲᠤᠮᠳᠡᠳᠦ ᠤᠯᠤᠰ ᠤᠨ | ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠲᠦᠪ ᠬᠤᠷᠢᠶᠡᠨ ᠤ ᠠᠵᠦ ᠠᠬᠤᠢ ᠶᠢᠨ ᠠᠵᠢᠯ ᠤᠨ ᠬᠤᠷᠡᠯ ᠤᠨ ᠵᠤᠷᠢᠭ | ᠰᠠᠨᠠᠭ᠎ᠠ ᠶᠢ ᠬᠦᠨᠵᠡᠬᠡᠢ ᠲᠤᠤᠱᠯᠠᠭᠤᠯᠤᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠡᠯ | ᠵᠢᠴᠢ ᠪᠦᠬᠦ ᠤᠷᠤᠨ ᠤ ᠠᠵᠦ ᠠᠬᠤᠢ ᠶᠢᠨ ᠠᠵᠢᠯ ᠤᠨ ᠬᠤᠷᠡᠯ ᠪᠤᠯᠤᠨ ᠬᠤᠳᠡ ᠶᠢᠨ ᠨᠠᠮ ᠤᠨ ᠬᠤᠷᠢᠶᠡᠨ ᠤ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ | ᠪᠦᠬᠦᠳᠡ ᠬᠤᠷᠡᠯ ᠵᠢᠴᠢ ᠪᠦᠬᠦ ᠬᠤᠳᠡ ᠶᠢᠨ ᠠᠵᠦ ᠠᠬᠤᠢ ᠶᠢᠨ ᠠᠵᠢᠯ ᠤᠨ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ | ᠯᠠᠪᠳᠠᠭᠤᠨ ᠢᠶᠠᠷ ᠠᠬᠢᠬᠤ ᠠᠵᠢᠯ ᠤᠨ ᠶᠡᠷᠦᠩᠭᠡᠢ ᠬᠦᠭ ᠢ ᠪᠠᠷᠢᠮᠳᠡᠯᠡᠵᠦ᠂ ᠰᠢᠨ᠎ᠡ ᠬᠦᠭᠵᠢᠯᠳᠡ ᠶᠢᠨ ᠤᠨᠤᠯᠵᠢᠬᠤᠨ ᠢ ᠪᠠᠷᠢᠮᠳᠡᠯᠡᠨ᠂ ᠨᠡᠶᠢᠬᠡᠮ ᠤᠨ ᠭᠤᠤᠯ ᠵᠦᠷᠢᠴᠠᠯ | ᠤᠨ ᠬᠤᠪᠢᠷᠡᠯᠳᠡ ᠶᠢ ᠴᠢᠩᠭ᠎ᠠ ᠮᠦᠷᠳᠡᠨ᠂ ᠲᠡᠭᠡᠳᠦ ᠶᠡᠰᠦ ᠴᠢᠨᠡᠷ ᠲᠠᠢ ᠬᠦᠭᠵᠢᠯᠳᠡ ᠶᠢᠨ ᠱᠠᠭᠠᠷᠳᠠᠯᠭ᠎ᠠ ᠶᠢ ᠵᠢᠷᠦᠮᠯᠡᠵᠦ᠂ ᠤᠳᠤᠬᠢᠴᠢᠯᠠᠭᠰᠠᠨ ᠠᠵᠦ ᠠᠬᠤᠢ ᠶᠢᠨ | ᠲᠤᠭᠳᠠᠯᠴᠠᠭ᠎ᠠ ᠶᠢ ᠲᠦᠷᠭᠡᠨ ᠪᠠᠶᠢᠭᠤᠯᠵᠦ᠂ ᠬᠠᠩᠭᠠᠯᠭ᠎ᠠ ᠶᠢᠨ ᠪᠦᠳᠦᠴᠠ ᠶᠢᠨ ᠴᠢᠨᠡᠷ ᠲᠠᠢ ᠦᠬᠡᠷᠡᠴᠢᠯᠡᠯᠳᠡ ᠪᠠᠷ ᠭᠤᠤᠯ ᠰᠢᠵᠢᠮ ᠪᠤᠯᠭᠠᠵᠦ᠂ ᠶᠠᠰᠤ ᠴᠢᠨᠡᠷ ᠤᠨ | ᠬᠤᠪᠢᠰᠤᠯᠳᠡ᠂ ᠦᠷ᠎ᠡ ᠪᠦᠳᠦᠮᠵᠢ ᠶᠢᠨ ᠬᠤᠪᠢᠰᠤᠯᠳᠡ᠂ ᠬᠦᠳᠡᠯᠬᠡᠬᠦ ᠬᠦᠴᠦᠨ ᠤ ᠬᠤᠪᠢᠰᠦᠯᠳᠡ ᠶᠢ ᠠᠬᠢᠭᠤᠯᠵᠦ᠂ ᠴᠢᠬᠤᠯᠡ ᠲᠤᠮᠤ ᠲᠦᠭᠰᠢᠬᠦᠷᠢ ᠶᠢ ᠰᠡᠷᠬᠡᠶᠢᠯᠡᠨ | ᠰᠢᠢᠳᠪᠦᠷᠢᠯᠡᠬᠦ᠂ ᠶᠠᠳᠠᠭᠤ ᠠᠴᠠ ᠤᠨᠤᠭ᠎ᠠ ᠠᠩᠭᠢᠵᠢᠷᠠᠭᠤᠯᠬᠤ᠂ ᠪᠤᠬᠢᠷᠳᠦᠯ ᠢ ᠰᠡᠷᠬᠡᠶᠢᠯᠡᠨ ᠬᠤᠷᠢᠭᠯᠠᠬᠤ ᠰᠢᠪᠳᠤᠯᠤᠯᠳᠡ ᠶᠢ ᠰᠠᠶᠢᠳᠦᠷ ᠬᠢᠵᠦ᠂ ᠭᠤᠤᠯᠳᠠᠯᠭ᠎ᠠ ᠶᠢ | ᠠᠳᠬᠤᠨ᠂ ᠲᠤᠳᠠᠭᠳᠡᠯ ᠢᠶᠠᠨ ᠨᠦᠬᠦᠪᠦᠷᠢᠯᠡᠵᠦ᠂ ᠪᠠᠭᠤᠷᠡᠢ ᠵᠦᠢᠯ ᠢᠶᠠᠨ ᠴᠢᠩᠭᠠᠳᠬᠠᠵᠦ᠂ ᠲᠤᠭᠳᠠᠭᠤᠨ ᠨᠡᠮᠡᠭᠳᠡᠬᠦᠯᠬᠦ᠂ ᠦᠬᠡᠷᠡᠴᠢᠯᠡᠯᠳᠡ ᠶᠢ ᠠᠬᠢᠭᠤᠯᠬᠤ᠂ | ᠪᠦᠳᠦᠴᠠ ᠶᠢ ᠲᠤᠬᠢᠷᠠᠭᠤᠯᠬᠤ᠂ ᠠᠷᠠᠳ ᠤᠨ ᠠᠮᠢᠳᠦᠷᠡᠯ ᠢ ᠬᠠᠷᠠᠭᠠᠯᠵᠠᠬᠤ᠂ ᠲᠦᠭᠰᠢᠬᠦᠷᠢ ᠶᠢ ᠰᠡᠷᠬᠡᠶᠢᠯᠡᠬᠦ ᠡᠯ᠎ᠡ ᠲᠦᠷᠦᠯ ᠤᠨ ᠠᠵᠢᠯ ᠢ ᠨᠢᠬᠡᠳᠦᠯᠳᠡᠢ | ᠲᠦᠯᠦᠪᠵᠢᠬᠦᠯᠦᠨ ᠠᠬᠢᠭᠤᠯᠵᠦ᠂ ᠠᠵᠦ ᠠᠬᠤᠢ ᠨᠡᠶᠢᠬᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ | ᠭᠤᠤᠯ ᠪᠤᠯᠬᠤ ᠵᠢᠱᠢᠭᠰᠡᠨ ᠬᠠᠷᠡᠯᠳᠡ ᠪᠤᠯ᠄ ᠤᠷᠤᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 6.5% ᠤᠷᠴᠢᠮ ᠨᠡᠮᠡᠭᠳᠡᠬᠦᠯᠵᠦ | ᠡᠩ ᠤᠨ ᠨᠡᠶᠢᠳᠡ ᠶᠢᠨ ᠲᠦᠰᠦᠪ ᠤᠨ ᠣᠷᠣᠯᠭ᠎ᠠ ᠶᠢ 5% ᠨᠡᠮᠡᠭᠳᠡᠬᠦᠯᠵᠦ᠂ 74 ᠳ᠋ᠦᠩᠰᠢᠭᠤᠷ ᠲᠦᠬᠦᠷᠢᠭ ᠬᠦᠷᠬᠡᠨ᠎ᠡ᠂ ᠭᠠᠶᠢᠯᠢ ᠶᠢᠨ ᠪᠣᠰᠣ ᠣᠷᠣᠯᠭ᠎ᠠ ᠶᠢᠨ | ᠡᠵᠡᠯᠡᠬᠦ ᠬᠠᠷᠢᠴᠠᠯ ᠢ ᠣᠯᠠᠮ ᠨᠢᠬᠡ ᠠᠯᠬᠤᠮ ᠲᠣᠷᠣᠭᠰᠢᠯᠠᠭᠤᠯᠣᠨ᠎ᠠ᠃ ᠬᠤᠳᠡ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠡᠴᠢ ᠡᠵᠡᠮᠳᠡᠯ | ᠤᠷᠤᠯᠭ᠎ᠠ ᠶᠢ 8% ᠤᠷᠴᠢᠮ ᠨᠡᠮᠡᠭᠳᠡᠬᠦᠯᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠡᠴᠢ ᠡᠵᠡᠮᠳᠡᠯ | ᠤᠷᠤᠯᠭ᠎ᠠ ᠶᠢ 9% ᠤᠷᠴᠢᠮ ᠨᠡᠮᠡᠭᠳᠡᠬᠦᠯᠦᠨ᠎ᠡ︔ ᠬᠤᠳᠡ ᠪᠠᠯᠭᠠᠰᠤᠨ ᠤ 1.7 ᠲᠦᠮᠡᠨ ᠬᠦᠮᠦᠨ ᠳᠤ ᠰᠢᠨ᠎ᠡ ᠪᠠᠷ ᠠᠵᠢᠯ ᠤᠯᠭᠤᠵᠦ᠂ ᠬᠤᠳᠡ ᠪᠠᠯᠭᠠᠰᠤᠨ ᠤ | ᠲᠠᠩᠰᠠᠯᠠᠭᠰᠠᠨ ᠠᠵᠢᠯ ᠠᠯᠳᠠᠭᠰᠠᠨ ᠨᠤᠷᠮ᠎ᠡ ᠶᠢ 3.9% ᠲᠤᠳᠤᠷ᠎ᠡ ᠬᠢᠵᠠᠭᠠᠷᠯᠠᠨ᠎ᠠ︔ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠤᠨ | ᠬᠤᠷᠤᠭᠳᠡᠯ ᠢ ᠦᠪᠡᠷᠳᠡᠭᠡᠨ ᠵᠠᠰᠠᠬᠤ ᠤᠷᠤᠨ ᠤ ᠪᠠᠭᠤᠯᠭᠠᠭᠰᠠᠨ ᠬᠠᠷᠡᠯᠳᠡ ᠶᠢ ᠪᠡᠶᠡᠯᠡᠬᠦᠯᠦᠨ᠎ᠡ︔ ᠬᠠᠩᠭᠠᠯᠭ᠎ᠠ ᠶᠢᠨ ᠪᠦᠳᠦᠴᠠ ᠶᠢᠨ ᠴᠢᠨᠡᠷ ᠲᠠᠢ ᠦᠬᠡᠷᠡᠴᠢᠯᠡᠯᠳᠡ | ᠶᠢ ᠪᠤᠳᠡᠳᠡᠢ ᠠᠬᠢᠴᠠ ᠲᠠᠢ ᠪᠤᠯᠭᠠᠨ᠎ᠠ︔ ᠵᠠᠰᠠᠭ ᠤᠨ ᠤᠷᠳᠤᠨ ᠤ ᠵᠢᠬᠡᠯᠡᠯᠬᠡ ᠶᠢ ᠪᠤᠴᠠᠭᠠᠬᠤ ᠠᠵᠢᠯ ᠤᠨ ᠵᠢᠯ ᠤᠨ ᠡᠬᠦᠷᠭᠡ ᠶᠢ ᠪᠡᠶᠡᠯᠡᠬᠦᠯᠵᠦ᠂ ᠡᠳ᠋ ᠤᠨ ᠵᠠᠰᠠᠭ | ᠤᠨ ᠮᠦᠩᠭᠦᠨ ᠬᠦᠢᠯᠬᠡᠬᠡ ᠶᠢᠨ ᠲᠦᠭᠰᠢᠬᠦᠷᠢ ᠶᠢ ᠪᠦᠳᠦᠮᠵᠢᠳᠡᠢ ᠰᠡᠷᠭᠡᠶᠢᠯᠡᠨ ᠬᠢᠵᠠᠭᠠᠷᠯᠠᠨ᠎ᠠ︔ 3 ᠲᠦᠮᠡᠨ ᠶᠠᠳᠠᠭᠤ ᠬᠦᠮᠦᠨ ᠠᠮᠠ ᠶᠢ ᠲᠡᠳᠬᠦᠨ ᠶᠠᠳᠠᠭᠤ ᠠᠴᠠ | ᠨᠢ ᠲᠤᠭᠳᠠᠭᠤᠨ ᠠᠩᠭᠢᠵᠢᠷᠠᠭᠤᠯᠤᠨ᠎ᠠ︔ ᠭᠤᠤᠯ ᠪᠤᠬᠢᠷᠳᠦᠯ ᠡᠳ᠋ ᠭᠠᠳᠠᠭᠰᠢᠯᠠᠭᠤᠯᠬᠤ ᠶᠡᠷᠦᠩᠭᠡᠢ ᠬᠡᠮᠵᠢᠶ᠎ᠡ ᠶᠢ ᠶᠡᠭᠡ ᠪᠠᠷ ᠪᠠᠭᠠᠰᠬᠠᠨ᠎ᠠ᠃ ᠡᠳᠡᠭᠡᠷ ᠬᠠᠷᠡᠯᠳᠡ ᠶᠢ | ᠲᠤᠭᠳᠠᠭᠠᠭᠰᠠᠨ ᠨᠢ ᠲᠤᠭᠳᠠᠭᠤᠨ ᠢᠶᠠᠷ ᠠᠬᠢᠬᠤ ᠱᠠᠭᠠᠷᠳᠠᠯᠭ᠎ᠠ ᠶᠢ ᠲᠤᠰᠬᠠᠵᠦ᠂ ᠬᠦᠭᠵᠢᠯᠳᠡ ᠶᠢᠨ ᠶᠠᠰᠤ ᠴᠢᠨᠡᠷ ᠪᠠ ᠦᠷ᠎ᠡ ᠠᠰᠢᠭ ᠢ ᠲᠡᠭᠡᠭᠰᠢᠯᠡᠬᠦᠯᠬᠦ ᠶᠢ ᠨᠡᠩ | ᠴᠢᠬᠤᠯᠡᠴᠢᠯᠠᠬᠤ ᠶᠢ ᠲᠤᠰᠬᠠᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠲᠣᠰᠬᠠᠵᠣ᠂ ︽ᠭᠤᠷᠪᠡᠨ ᠰᠢᠪᠳᠤᠯᠤᠯᠳᠡ︾ | ᠳᠤ ᠡᠷᠡᠰ ᠢᠯᠡᠯᠳᠡ ᠣᠯᠬᠤ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠶᠢ ᠲᠣᠰᠬᠠᠪᠠ᠃ ᠡᠳᠡᠭᠡᠷ ᠬᠠᠷᠡᠯᠳᠡ ᠮᠠᠨ ᠤ ᠬᠤᠳᠠ ᠶᠢᠨ ᠪᠣᠳᠠᠳᠣ ᠪᠠᠶᠢᠳᠠᠯ ᠲᠠᠢ | ᠨᠡᠶᠢᠴᠡᠵᠦ᠂ ᠰᠢᠷᠭᠠᠭᠤ ᠴᠢᠷᠮᠡᠶᠢᠯᠭ᠎ᠠ ᠪᠠᠷ ᠲᠡᠮᠵᠢᠪᠡᠯ ᠪᠡᠶᠡᠯᠡᠬᠦᠯᠵᠦ ᠪᠤᠯᠬᠤ ᠶᠤᠮ᠃ | ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠢᠳᠡ ︽ᠭᠤᠷᠪᠡᠨ ᠰᠢᠪᠳᠤᠯᠤᠯᠳᠡ︾ ᠶᠢ ᠵᠠᠪᠠᠯ ᠰᠠᠶᠢᠳᠦᠷ ᠬᠢᠨ᠎ᠡ᠄ | — ᠬᠦᠨᠳᠦ ᠴᠢᠬᠤᠯᠠ ᠲᠦᠭᠰᠢᠬᠦᠷᠢ ᠶᠢᠨ ᠰᠡᠷᠬᠡᠶᠢᠯᠡᠯᠳᠡ ᠰᠢᠢᠳᠪᠦᠷᠢᠯᠡᠯᠳᠡ ᠶᠢᠨ ᠰᠢᠪᠳᠣᠯᠣᠯᠳᠠ ᠶᠢ ᠰᠠᠶᠢᠳᠣᠷ ᠬᠢᠨ᠎ᠡ᠃ ᠵᠠᠰᠠᠭ ᠤᠨ ᠤᠷᠳᠤᠨ ᠤ | ᠵᠢᠬᠡᠯᠡᠯᠬᠡ ᠶᠢ ᠢᠳᠡᠪᠬᠢᠳᠡᠢ ᠰᠢᠢᠳᠪᠦᠷᠢᠯᠡᠬᠦ ᠪᠤᠯ ᠨᠢᠬᠡᠨ ᠤᠯᠤᠰ ᠲᠦᠷᠦ ᠶᠢᠨ ᠡᠬᠦᠷᠭᠡ ᠮᠥᠨ᠂ ᠦᠪᠡᠷᠳᠡᠭᠡᠨ ᠵᠠᠰᠠᠬᠤ ᠤᠷᠤᠨ ᠤ ᠱᠠᠭᠠᠷᠳᠠᠯᠭ᠎ᠠ ᠪᠠᠷ ᠵᠠᠰᠠᠭ ᠤᠨ | ᠤᠷᠳᠤᠨ ᠤ ᠵᠢᠬᠡᠯᠡᠯᠬᠡ ᠶᠢᠨ ᠨᠠᠭᠠᠳᠦ ᠵᠠᠬ᠎ᠠ ᠶᠢᠨ ᠱᠤᠭᠤᠮ ᠢ ᠤᠶᠢᠯᠠᠭᠠᠨ᠂ ᠵᠠᠰᠠᠭ ᠤᠨ ᠤᠷᠳᠤᠨ ᠤ ᠵᠢᠬᠡᠯᠡᠯᠬᠡ ᠶᠢ ᠰᠢᠢᠳᠪᠦᠷᠢᠯᠡᠬᠦ ᠲᠦᠰᠦᠯ ᠢᠶᠠᠨ | ᠲᠡᠬᠦᠯᠳᠡᠷᠵᠢᠬᠦᠯᠵᠦ᠂ ᠵᠢᠬᠡᠯᠡᠯᠬᠡ ᠪᠤᠴᠠᠭᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠲᠦᠰᠦᠪ ᠲᠤ ᠲᠤᠬᠢᠷᠠᠭᠤᠯᠬᠤ᠂ ᠡᠩ ᠤᠨ ᠵᠠᠷᠤᠯᠭ᠎ᠠ ᠶᠢ ᠪᠠᠭᠠᠰᠬᠠᠬᠤ᠂ | ᠭᠠᠵᠠᠷ ᠰᠢᠷᠦᠢ ᠲᠦᠷᠢᠶᠡᠰᠦᠯᠡᠬᠦᠯᠬᠦ᠂ ᠡᠳ᠋ ᠤᠨ ᠵᠠᠰᠠᠭ ᠤᠨ ᠬᠠᠳᠠᠭᠠᠯᠠᠮᠵᠢ ᠶᠢ ᠠᠮᠢᠳᠤᠯᠢᠭᠵᠢᠭᠤᠯᠬᠤ ᠵᠡᠷᠭᠡ ᠠᠷᠭ᠎ᠠ ᠬᠡᠷᠡᠭᠯᠡᠨ᠂ ᠵᠢᠬᠡᠯᠡᠯᠬᠡ ᠰᠢᠢᠳᠪᠦᠷᠢᠯᠡᠬᠦ ᠠᠵᠢᠯ ᠢ | ᠲᠦᠯᠦᠪᠯᠡᠭᠡ ᠲᠠᠢ ᠡᠮᠬᠢ ᠲᠠᠷᠠᠭ᠎ᠠ ᠲᠠᠢ ᠦᠷᠨᠢᠬᠦᠯᠦᠨ᠎ᠡ᠃ ᠮᠦᠩᠭᠦᠨ ᠬᠦᠢᠯᠭᠡᠭᠡᠨ ᠤ ᠲᠦᠭᠰᠢᠬᠦᠷᠢ ᠶᠢ ᠪᠦᠳᠦᠮᠵᠢᠳᠡᠢ ᠰᠡᠷᠬᠡᠶᠢᠯᠡᠨ᠂ ᠬᠠᠤᠯᠢ ᠲᠤᠭᠳᠠᠭᠠᠯ ᠢ | ᠵᠦᠷᠢᠴᠡᠭᠰᠡᠨ ᠮᠦᠩᠭᠦᠨ ᠬᠦᠢᠯᠬᠡᠬᠡᠨ ᠤ ᠠᠵᠢᠯᠯᠠᠭ᠎ᠠ ᠳᠤ ᠴᠢᠩᠭ᠎ᠠ ᠴᠤᠬᠢᠯᠳᠡ ᠦᠭᠴᠦ᠂ ᠬᠠᠤᠯᠢ ᠪᠤᠰᠤ ᠪᠠᠷ ᠪᠡᠯᠡ ᠬᠤᠷᠡᠮᠳᠤᠭᠤᠯᠬᠤ᠂ ᠠᠷᠠᠳ ᠤᠨ ᠲᠤᠮᠳᠡᠬᠢ | ᠦᠨᠳᠦᠷ ᠬᠦᠦ ᠲᠠᠢ ᠵᠢᠬᠡᠯᠡᠯᠬᠡ᠂ ᠵᠢᠬᠡᠯᠡᠯᠬᠡ ᠪᠠᠨ ᠵᠤᠷᠢᠭᠤᠳᠡ ᠪᠤᠴᠠᠭᠠᠬᠤ ᠦᠭᠡᠢ ᠵᠡᠷᠭᠡ ᠮᠦᠩᠭᠦᠨ ᠬᠦᠢᠯᠬᠡᠬᠡᠨ ᠤ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠲᠤ ᠴᠢᠩᠭ᠎ᠠ ᠴᠤᠬᠢᠯᠳᠡ ᠦᠭᠭᠦᠨ᠎ᠡ᠃ ᠤᠷᠤᠨ ᠨᠤᠳᠤᠭ ᠤᠨ ᠬᠠᠤᠯᠢ ᠶᠢᠨ ᠡᠷᠭᠡᠳᠡᠨ ᠤ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠲᠦᠭᠰᠢᠬᠦᠷᠢ | ᠶᠢᠨ ᠰᠡᠷᠬᠡᠶᠢᠯᠡᠯᠳᠡ ᠶᠢ ᠴᠢᠩᠭᠠᠳᠬᠠᠵᠦ᠂ ᠤᠯᠤᠰ ᠤᠨ ᠦᠮᠴᠢᠳᠦ ᠠᠵᠦ ᠠᠬᠤᠶᠢᠯᠠᠯ ᠤᠨ ᠵᠢᠬᠡᠯᠡᠯᠬᠡ ᠶᠢᠨ ᠲᠦᠭᠰᠢᠬᠦᠷᠢ ᠶᠢ ᠢᠳᠡᠪᠬᠢᠳᠡᠢ ᠰᠢᠢᠳᠪᠦᠷᠢᠯᠡᠵᠦ᠂ | ᠮᠦᠩᠭᠦᠨ ᠬᠦᠢᠯᠬᠡᠬᠡᠨ ᠤ ᠲᠦᠭᠰᠢᠬᠦᠷᠢ ᠶᠢ ᠤᠷᠢᠳᠴᠢᠯᠡᠨ ᠲᠦᠰᠦᠪᠯᠡᠬᠦ᠂ ᠰᠡᠷᠡᠮᠵᠢᠯᠡᠬᠦᠯᠬᠦ ᠶᠢ ᠴᠢᠩᠭᠠᠳᠬᠠᠵᠦ᠂ ᠤᠷᠤᠨ ᠪᠦᠰᠡ ᠶᠢᠨ ᠴᠢᠨᠡᠷ ᠲᠠᠢ᠂ ᠰᠢᠰᠲ᠋ᠧᠮᠳᠦ | ᠴᠢᠨᠡᠷ ᠲᠠᠢ ᠮᠦᠩᠭᠦᠨ ᠬᠦᠢᠯᠬᠡᠬᠡᠨ ᠤ ᠲᠦᠭᠰᠢᠬᠦᠷᠢ ᠡᠬᠦᠰᠬᠡᠬᠦ ᠦᠭᠡᠢ ᠨᠠᠭᠠᠳᠣ ᠵᠠᠬ᠎ᠠ ᠶᠢᠨ ᠱᠤᠭᠤᠮ ᠢ ᠪᠠᠳᠤ ᠰᠠᠬᠢᠨ᠎ᠡ᠃ | — ᠶᠠᠳᠠᠭᠤ ᠠᠴᠠ ᠣᠨᠤᠭ᠎ᠠ ᠠᠩᠭᠢᠵᠢᠷᠠᠭᠤᠯᠬᠤ ᠰᠢᠪᠳᠤᠯᠤᠯᠳᠡ ᠶᠢ ᠰᠠᠶᠢᠳᠦᠷ ᠬᠢᠨ᠎ᠡ᠃ ᠶᠠᠳᠠᠭᠤ ᠶᠢ ᠣᠨᠤᠭ᠎ᠠ ᠲᠡᠳᠬᠦᠵᠦ ᠶᠠᠳᠠᠭᠤ ᠠᠴᠠ ᠣᠨᠤᠭ᠎ᠠ | ᠠᠩᠭᠢᠵᠢᠷᠠᠭᠤᠯᠬᠤ ᠳᠤ ᠠᠩᠬᠠᠷᠣᠯ ᠲᠠᠯᠪᠢᠵᠣ᠂ ᠪᠦᠬᠦ ᠨᠡᠶᠢᠬᠡᠮ ᠤᠨ ᠬᠦᠴᠦᠨ ᠢ ᠲᠠᠶᠢᠴᠢᠯᠠᠵᠦ᠂ ᠶᠠᠳᠠᠭᠤ ᠶᠢ ᠶᠡᠭᠡ ᠪᠠᠷ ᠲᠡᠳᠬᠦᠬᠦ ᠪᠠᠶᠢᠳᠡᠯ ᠢ ᠪᠤᠢ ᠪᠤᠯᠭᠠᠵᠦ᠂ | ᠪᠡᠬᠡᠵᠢᠩ ᠦᠪᠦᠷ ᠮᠣᠩᠭᠤᠯ ᠤᠨ ᠠᠵᠢᠯ ᠲᠦᠷᠦᠯ ᠨᠢᠬᠡᠳᠡᠢ ᠶᠠᠳᠠᠭᠤ ᠶᠢ ᠲᠡᠳᠬᠦᠬᠦ ᠶᠢ ᠨᠠᠶᠢᠳᠠᠪᠤᠷᠢᠵᠢᠭᠤᠯᠤᠨ᠂ ᠬᠡᠴᠡᠬᠦᠦ ᠶᠠᠳᠠᠭᠤᠷᠠᠯ ᠤᠨ ᠠᠰᠠᠭᠤᠳᠡᠯ ᠢ ᠬᠦᠴᠦᠨ | ᠢᠶᠠᠨ ᠲᠦᠪᠯᠡᠷᠡᠬᠦᠯᠦᠨ ᠰᠢᠢᠳᠪᠦᠷᠢᠯᠡᠨ᠎ᠡ᠃ ᠠᠵᠦ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠵᠦ ᠦᠨᠳᠦᠰᠦ ᠠᠴᠠ ᠨᠢ ᠵᠠᠰᠠᠬᠤ ᠦᠢᠯᠡᠳᠦᠯ ᠢ ᠲᠤᠪᠤᠶᠢᠯᠭᠠᠨ | ᠶᠠᠳᠠᠭᠤ ᠬᠦᠮᠦᠨ ᠠᠮᠠ ᠶᠢᠨ ᠲᠤᠳᠤᠭᠠᠳᠦ ᠠᠮᠢᠵᠢᠷᠡᠯ ᠤᠨ ᠬᠦᠴᠦᠨ ᠢ ᠪᠠᠳᠠᠷᠠᠭᠤᠯᠤᠨ᠂ ᠶᠠᠳᠠᠭᠤ ᠬᠦᠮᠦᠨ ᠠᠮᠠ ᠶᠢ ᠬᠦᠳᠦᠯᠦᠨ ᠠᠵᠦ ᠦᠢᠯᠡᠰ ᠤᠨ ᠬᠡᠯᠬᠢᠶ᠎ᠡ ᠳᠤ | ᠤᠷᠤᠭᠤᠯᠤᠨ ᠤᠷᠤᠯᠭ᠎ᠠ ᠶᠢ ᠨᠢ ᠨᠡᠮᠡᠭᠳᠡᠬᠦᠯᠦᠨ᠎ᠡ᠃ ᠬᠦᠳᠡᠯᠮᠦᠷᠢ ᠶᠢᠨ ᠴᠢᠳᠡᠪᠦᠷᠢ ᠲᠠᠢ ᠶᠠᠳᠠᠭᠤ ᠬᠦᠮᠦᠨ ᠠᠮᠠ ᠳᠤ ᠡᠷᠦᠬᠡ ᠪᠤᠯᠤᠨ ᠬᠦᠮᠦᠨ ᠤ ᠬᠢᠨ ᠪᠠᠶᠢᠳᠡᠯ | ᠳᠤᠨᠢ ᠲᠤᠬᠢᠷᠠᠭᠤᠯᠤᠨ ᠶᠠᠳᠠᠭᠤ ᠠᠴᠠ ᠠᠩᠭᠢᠵᠢᠷᠠᠭᠤᠯᠬᠤ ᠠᠵᠦ ᠦᠢᠯᠡᠰ ᠢ ᠨᠠᠶᠢᠳᠠᠪᠤᠷᠢᠵᠢᠭᠤᠯᠤᠨ᠎ᠠ︔ ᠬᠦᠳᠡᠯᠮᠦᠷᠢ ᠶᠢᠨ ᠴᠢᠳᠡᠪᠦᠷᠢ ᠦᠭᠡᠢ ᠶᠠᠳᠠᠭᠤ ᠬᠦᠮᠦᠨ ᠠᠮᠠ | ᠳᠤ ᠨᠡᠶᠢᠳᠡᠨ ᠬᠠᠮᠢᠶᠠᠷᠤᠭᠤᠯᠵᠦ ᠤᠷᠤᠯᠡᠨ ᠲᠡᠵᠢᠬᠡᠯᠬᠡᠬᠦ᠂ ᠭᠠᠵᠠᠷ ᠰᠢᠷᠦᠢ ᠶᠢ ᠨᠢ ᠬᠦᠢᠯᠬᠡᠬᠡ ᠳᠤ ᠣᠷᠣᠭᠤᠯᠬᠤ᠂ ᠬᠡᠷᠡᠯᠯᠢᠭ ᠴᠠᠬᠢᠯᠭᠠᠨ ᠤ ᠠᠵᠦ ᠦᠢᠯᠡᠰ ᠢ | ᠬᠦᠭᠵᠢᠬᠦᠯᠬᠦ ᠵᠡᠷᠭᠡ ᠠᠷᠭ᠎ᠠ ᠬᠡᠯᠪᠡᠷᠢ ᠪᠠᠷ ᠲᠠᠮᠵᠢᠨ᠂ ᠠᠵᠦ ᠠᠬᠤᠶᠢᠯᠠᠯ ᠲᠠᠢ ᠠᠰᠢᠭ ᠲᠤᠰᠠ ᠶᠢᠨ ᠬᠤᠯᠪᠣᠭ᠎ᠠ ᠲᠠᠢ ᠲᠤᠭᠳᠠᠴᠠ ᠪᠠᠶᠢᠭᠤᠯᠤᠨ᠂ ᠤᠯᠵᠠ ᠬᠤᠪᠢᠶᠠᠬᠤ | ᠶᠢ ᠪᠠᠳᠤᠯᠠᠨ᠎ᠠ᠃ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠨᠠᠷᠢᠯᠢᠭᠵᠢᠭᠤᠯᠤᠨ ᠨᠠᠶᠢᠳᠠᠪᠣᠷᠢᠵᠢᠭᠤᠯᠵᠣ᠂ ᠲᠦᠷᠦ ᠶᠢᠨ ᠪᠤᠳᠤᠯᠭ᠎ᠠ ᠶᠢᠨ ᠪᠠᠳᠣᠯᠠᠭ᠎ᠠ ᠪᠠᠨ ᠴᠢᠩᠭᠠᠳᠬᠠᠵᠦ᠂ ᠪᠠᠳᠤᠯᠠᠪᠠᠯ ᠵᠤᠬᠢᠬᠤ ᠶᠢ ᠪᠦᠬᠦᠨ ᠢ ᠪᠠᠳᠤᠯᠠᠬᠤ ᠶᠢ | ᠪᠡᠶᠡᠯᠡᠬᠦᠯᠦᠨ᠎ᠡ᠃ | — ᠪᠤᠬᠢᠷᠳᠦᠯ ᠢ ᠰᠡᠷᠬᠡᠶᠢᠯᠡᠨ ᠬᠤᠷᠢᠭᠯᠠᠬᠤ ᠰᠢᠪᠳᠤᠯᠤᠯᠳᠡ ᠶᠢ ᠰᠠᠶᠢᠳᠦᠷ ᠬᠢᠨ᠎ᠡ᠃ ᠲᠦᠪ ᠬᠤᠷᠢᠶᠡᠨ ᠤ ᠤᠷᠴᠢᠨ ᠲᠤᠭᠤᠷᠢᠨ ᠤ ᠬᠠᠮᠠᠭᠠᠯᠠᠯᠳᠡ ᠶᠢᠨ | ᠱᠠᠯᠠᠪᠳᠡᠨ ᠪᠠᠶᠢᠴᠠᠭᠠᠯᠳᠡ ᠪᠤᠯᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠶᠡᠭᠡ ᠪᠠᠶᠢᠴᠠᠭᠠᠯᠳᠡ ᠶᠢᠨ | ᠬᠠᠷᠢᠭᠤ ᠲᠤᠰᠬᠠᠭᠰᠠᠨ ᠰᠠᠨᠠᠯ ᠶᠣᠰᠣ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠰᠠᠶᠢᠳᠦᠷ ᠠᠳᠬᠤᠨ᠎ᠠ᠃ ᠠᠭᠠᠷ ᠮᠠᠨᠳᠡᠯ᠂ ᠤᠰᠤ᠂ ᠬᠦᠷᠦᠰᠦ ᠰᠢᠷᠦᠢ | ᠶᠢᠨ ᠪᠤᠬᠢᠷᠳᠦᠯ ᠢ ᠰᠡᠷᠬᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ ᠶᠢ ᠬᠦᠨᠵᠡᠬᠡᠢ ᠬᠡᠷᠡᠭᠵᠢᠬᠦᠯᠵᠦ᠂ ᠨᠡᠬᠦᠷᠡᠰᠦ ᠰᠢᠳᠠᠭᠠᠬᠤ ᠭᠦᠸᠧᠯᠦ ᠶᠢ ᠴᠡᠭᠴᠡᠯᠡᠨ ᠵᠠᠰᠠᠵᠦ᠂ | ᠤᠮᠡᠷᠡᠳᠦ ᠬᠡᠰᠡᠭ ᠤᠨ ᠴᠠᠬᠢᠯᠭᠠᠨ ᠵᠠᠳᠠᠯᠣᠯᠳᠠ ᠶᠢᠨ ᠬᠦᠩᠬᠡᠨ ᠴᠠᠭᠠᠨ ᠤ ᠠᠵᠦ ᠠᠬᠤᠶᠢᠯᠠᠯ ᠤᠨ ᠤᠳᠤᠭ᠎ᠠ ᠲᠤᠭᠤᠰᠦ ᠶᠢᠨ ᠪᠤᠬᠢᠷᠳᠦᠯ ᠡᠳ᠋ ᠢ ᠭᠠᠳᠠᠭᠰᠢᠯᠠᠭᠤᠯᠬᠤ | ᠦᠭᠡᠢ ᠲᠠᠭᠤᠷᠢᠶᠠᠯ ᠪᠠᠷᠢᠯᠭ᠎ᠠ ᠶᠢ ᠲᠤᠭᠳᠠᠭᠤᠨ ᠠᠵᠢᠯᠯᠠᠭᠤᠯᠵᠣ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠡᠷᠢᠮᠵᠢᠶ᠎ᠡ ᠶᠢ ᠲᠡᠭᠡᠭᠰᠢᠯᠡᠬᠦᠯᠦᠨ | ᠰᠠᠶᠢᠵᠢᠷᠠᠭᠤᠯᠵᠦ᠂ ᠲᠡᠷᠢᠶᠡᠯᠡᠩ ᠤᠨ ᠪᠤᠬᠢᠷᠳᠦᠯ ᠢ ᠶᠡᠷᠦᠩᠭᠡᠶᠢᠯᠡᠨ ᠵᠠᠰᠠᠵᠦ᠂ ᠬᠦᠷᠦᠰᠦ ᠰᠢᠷᠦᠢ ᠶᠢᠨ ᠪᠤᠬᠢᠷᠳᠦᠯ ᠤᠨ ᠰᠡᠷᠬᠡᠶᠢᠯᠡᠯᠳᠡ ᠵᠠᠰᠠᠯᠳᠡ ᠶᠢ ᠴᠢᠩᠭᠠᠳᠬᠠᠵᠦ᠂ | ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠡᠯ ᠢ ᠬᠦᠴᠦᠯᠡᠨ ᠰᠢᠢᠳᠪᠦᠷᠢᠯᠡᠨ᠎ᠡ᠃ ᠤᠷᠴᠢᠨ ᠲᠤᠭᠤᠷᠢᠨ ᠤ ᠬᠠᠤᠯᠢ ᠬᠡᠷᠡᠭᠵᠢᠬᠦᠯᠦᠯᠳᠡ ᠬᠢᠨᠡᠨ ᠬᠠᠮᠢᠶᠠᠷᠤᠯᠳᠡ ᠪᠠᠨ | ᠴᠢᠩᠭᠠᠳᠬᠠᠵᠦ᠂ ᠤᠷᠴᠢᠨ ᠲᠤᠭᠤᠷᠢᠨ ᠤ ᠬᠢᠨᠡᠨ ᠬᠠᠮᠢᠶᠠᠷᠣᠯᠳᠠ ᠶᠢᠨ ︽ᠭᠤᠷᠪᠡ ᠶᠢ ᠨᠢᠬᠡ ᠴᠤᠭᠴᠠᠵᠢᠭᠤᠯᠬᠤ︾ ᠪᠠ ᠤᠷᠴᠢᠨ ᠲᠤᠭᠤᠷᠢᠨ ᠤ ᠬᠠᠮᠠᠭᠠᠯᠠᠯᠳᠡ ᠶᠢᠨ | ︽ᠲᠦᠷᠪᠡᠨ ᠲᠡᠰ ᠤᠨ ᠲᠤᠤᠷ︾ ᠤᠨ ᠬᠢᠨᠡᠯᠳᠡ ᠲᠠᠯᠪᠢᠬᠤ ᠦᠢᠯᠡᠳᠦᠯ ᠢ ᠪᠠᠳᠠᠷᠠᠭᠤᠯᠤᠨ᠂ ᠬᠤᠶᠢᠳᠣ ᠬᠡᠰᠡᠭ ᠤᠨ ᠭᠠᠵᠠᠷ ᠣᠷᠣᠨ ᠳᠤ ᠣᠷᠴᠢᠨ ᠲᠣᠭᠤᠷᠢᠨ ᠤ | ᠴᠢᠨᠠᠷ ᠭᠤᠷᠪᠠᠳᠣᠭᠠᠷ ᠡᠳᠡᠬᠡᠳ ᠬᠢᠨᠡᠨ ᠬᠡᠮᠵᠢᠬᠦ ᠶᠢ ᠦᠷᠨᠢᠬᠦᠯᠦᠨ᠂ ᠤᠷᠴᠢᠨ ᠲᠤᠭᠤᠷᠢᠨ ᠤ ᠲᠡᠯᠳᠡ ᠬᠡᠮ ᠰᠤᠭᠤᠭ ᠢ ᠦᠷᠬᠦᠯᠵᠢᠯᠡᠨ ᠮᠦᠷᠳᠡᠨ ᠪᠠᠶᠢᠴᠠᠭᠠᠵᠦ | ᠴᠡᠭᠴᠡᠯᠡᠨ ᠵᠠᠰᠠᠵᠦ᠂ ᠤᠷᠴᠢᠨ ᠲᠤᠭᠤᠷᠢᠨ ᠤ ᠬᠠᠤᠯᠢ ᠠᠴᠠ ᠵᠦᠷᠢᠴᠠᠬᠦ ᠦᠢᠯᠡ ᠠᠵᠢᠯᠯᠠᠭ᠎ᠠ ᠶᠢ ᠴᠢᠩᠭ᠎ᠠ ᠰᠢᠳᠬᠡᠵᠦ᠂ ᠭᠤᠤᠯ ᠪᠤᠯᠬᠤ ᠪᠤᠬᠢᠷᠳᠦᠯ ᠡᠳ᠋ ᠤᠨ | ᠭᠠᠳᠠᠭᠰᠢᠯᠠᠭᠤᠯᠤᠯᠳᠡ ᠶᠢ ᠲᠤᠭᠳᠠᠭᠤᠨ ᠢᠶᠠᠷ ᠪᠠᠭᠤᠷᠠᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠡᠷ ᠢ ᠲᠤᠭᠳᠠᠭᠤᠨ ᠲᠡᠭᠡᠭᠰᠢᠯᠡᠬᠦᠯᠦᠨ᠎ᠡ᠃ | ᠶᠠᠰᠤ ᠴᠢᠨᠡᠷ ᠰᠠᠶᠢᠳᠡᠢ ᠬᠦᠭᠵᠢᠯᠳᠡ ᠶᠢ ᠪᠡᠶᠡᠯᠡᠬᠦᠯᠬᠦ ᠳᠤ ᠪᠢᠳᠡ ᠭᠤᠤᠯᠳᠠᠭᠤ ᠲᠤᠤᠷᠡᠬᠢ ᠠᠵᠢᠯ ᠢ ᠰᠠᠶᠢᠳᠦᠷ ᠬᠢᠨ᠎ᠡ᠄ | ︵ᠨᠢᠬᠡ︶ ᠪᠤᠳᠡᠳᠦ ᠴᠤᠭᠴᠠᠳᠦ ᠠᠵᠦ ᠠᠬᠤᠢ ᠶᠢ ᠪᠤᠵᠠᠭᠠᠶᠢᠷᠠᠭᠤᠯᠬᠤ ᠪᠠᠷ ᠬᠦᠴᠦᠯᠡᠬᠦ ᠴᠡᠭ ᠪᠤᠯᠭᠠᠵᠦ᠂ ᠲᠤᠭᠳᠠᠭᠤᠨ ᠨᠡᠮᠡᠭᠳᠡᠬᠦᠯᠬᠦ ᠰᠠᠭᠤᠷᠢ ᠶᠢ | ᠪᠠᠳᠤᠳᠬᠠᠨ᠎ᠠ᠃ ᠪᠤᠳᠡᠳᠦ ᠴᠤᠭᠴᠠᠳᠦ ᠠᠵᠦ ᠠᠬᠤᠢ ᠪᠤᠯ ᠲᠦᠩᠯᠢᠶᠥᠥ ᠶᠢᠨ ᠬᠠᠮᠤᠭ ᠠᠬᠤᠶᠢᠴᠢ ᠬᠦᠭᠵᠢᠯᠳᠡ ᠶᠢᠨ ᠰᠠᠭᠤᠷᠢ ᠮᠥᠨ᠂ ᠰᠢᠨ᠎ᠡ ᠶᠢ ᠡᠬᠦᠳᠦᠨ | ᠬᠦᠳᠡᠯᠬᠡᠬᠦ᠂ ᠲᠦᠷᠦᠯ ᠵᠦᠢᠯ ᠢᠶᠠᠷ ᠲᠠᠭᠠᠭᠤᠯᠬᠤ ᠶᠢ ᠪᠠᠷᠢᠮᠳᠡᠯᠡᠵᠦ᠂ ᠪᠤᠳᠡᠳᠦ ᠴᠤᠭᠴᠠᠳᠦ ᠠᠵᠦ ᠠᠬᠤᠢ ᠶᠢᠨ ᠬᠦᠭᠵᠢᠯᠳᠡ ᠶᠢᠨ ᠶᠠᠰᠤ ᠴᠢᠨᠡᠷ ᠤᠨ ᠲᠠᠪᠠᠭᠤᠯᠢᠭ | ᠢᠶᠠᠨ ᠲᠠᠰᠤᠷᠡᠯᠳᠡ ᠦᠭᠡᠢ ᠪᠠᠬᠢᠵᠢᠬᠦᠯᠦᠨ᠎ᠡ᠃ | ᠬᠠᠩᠭᠠᠯᠭ᠎ᠠ ᠶᠢᠨ ᠪᠦᠳᠦᠴᠠ ᠶᠢᠨ ᠴᠢᠨᠡᠷ ᠲᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠡ᠃ ᠵᠠᠬ᠎ᠠ ᠲᠡᠯᠬᠡᠬᠦᠷᠴᠢᠯᠡᠯᠳᠠ ᠬᠠᠤᠯᠢ ᠪᠠᠷ ᠵᠠᠰᠠᠬᠤ ᠠᠷᠭ᠎ᠠ | ᠭᠡᠮᠵᠢᠶ᠎ᠡ ᠬᠡᠷᠡᠭᠯᠡᠬᠦ ᠶᠢ ᠪᠠᠷᠢᠮᠳᠠᠯᠠᠨ᠂ ︽ᠬᠠᠰᠣᠬᠤ ᠪᠠᠶᠢᠭᠤᠯᠬᠤ ᠪᠠᠭᠤᠷᠠᠭᠤᠯᠬᠤ︾ ᠲᠡᠭᠡᠷ᠎ᠡ ᠬᠦᠴᠦ ᠲᠠᠯᠪᠢᠨ᠎ᠠ᠃ ᠬᠦᠴᠦᠨ ᠦᠭᠡᠢ ᠬᠠᠩᠭᠠᠯᠭ᠎ᠠ ᠶᠢ ᠶᠡᠭᠡ ᠪᠠᠷ | ᠬᠠᠰᠣᠵᠣ᠂ ᠦᠢᠯᠡᠳᠪᠦᠷᠢᠯᠡᠯ ᠵᠤᠭᠰᠤᠭᠰᠠᠨ ᠬᠠᠭᠠᠰ ᠵᠤᠭᠰᠤᠭᠰᠠᠨ ᠠᠵᠦ ᠠᠬᠤᠶᠢᠯᠠᠯ ᠢ ᠲᠠᠬᠢᠨ ᠨᠡᠶᠢᠯᠡᠬᠦᠯᠵᠦ ᠠᠮᠢᠯᠠᠭᠤᠯᠤᠨ᠂ ᠬᠢᠵᠠᠭᠠᠷ ᠲᠠᠢ ᠤᠰᠤ ᠨᠡᠬᠦᠷᠡᠰᠦᠨ ᠤ | ᠬᠦᠢᠴᠡᠳᠭᠡᠯ ᠲᠤᠭ᠎ᠠ᠂ ᠭᠠᠵᠠᠷ ᠰᠢᠷᠦᠢ ᠶᠢᠨ ᠡᠬᠢ ᠰᠤᠷᠪᠤᠯᠵᠢ᠂ ᠤᠷᠴᠢᠨ ᠲᠤᠭᠤᠷᠢᠨ ᠤ ᠪᠠᠭᠳᠠᠭᠠᠮᠵᠢ᠂ ᠮᠦᠩᠭᠦᠨ ᠬᠦᠢᠯᠬᠡᠬᠡᠨ ᠤ ᠢᠳᠡᠭᠡᠮᠵᠢ ᠶᠢᠨ ᠵᠢᠬᠡᠯᠡᠯᠬᠡ ᠶᠢᠨ | ᠬᠦᠷᠢᠶ᠎ᠡ ᠬᠡᠪᠴᠢᠶ᠎ᠡ ᠶᠢ ᠰᠢᠯᠢᠳᠡᠭ ᠠᠵᠦ ᠠᠬᠤᠶᠢᠯᠠᠯ ᠳᠤ ᠲᠤᠬᠢᠷᠠᠭᠤᠯᠤᠨ ᠦᠭᠭᠦᠨ᠎ᠡ᠃ ᠰᠢᠨ᠎ᠡ ᠬᠦᠳᠡᠯᠬᠡᠬᠦ ᠬᠦᠴᠦᠨ ᠢ ᠶᠡᠭᠡ ᠪᠠᠷ ᠪᠤᠶᠢᠵᠢᠭᠤᠯᠵᠦ᠂ ᠰᠡᠯᠡᠬᠦᠴᠠᠯ | ᠪᠡᠶ᠎ᠡ ᠴᠢᠬᠢᠷᠠᠭᠵᠢᠭᠤᠯᠬᠤ᠂ ᠡᠮᠨᠡᠵᠦ ᠰᠤᠪᠢᠯᠠᠬᠤ ᠶᠢ ᠤᠶᠠᠯᠳᠤᠭᠤᠯᠬᠤ ᠵᠡᠷᠭᠡ ᠰᠢᠨ᠎ᠡ ᠮᠠᠨᠳᠤᠭᠰᠠᠨ ᠦᠢᠯᠡᠴᠢᠯᠡᠭᠡᠨ ᠤ ᠦᠢᠯᠡᠰ ᠢ ᠲᠦᠷᠭᠡᠨ ᠬᠦᠭᠵᠢᠬᠦᠯᠵᠦ᠂ ᠢᠨᠲ᠋ᠧᠷ | ᠰᠦᠯᠵᠢᠶ᠎ᠡ᠂ ᠲᠠᠯᠠᠢ ᠲᠤᠭ᠎ᠠ᠂ ᠵᠤᠬᠢᠶᠠᠮᠠᠯ ᠤᠶᠤᠨ ᠪᠤᠯᠤᠨ ᠪᠤᠳᠡᠳᠦ ᠴᠤᠭᠴᠠᠳᠦ ᠠᠵᠦ ᠠᠬᠤᠢ ᠶᠢᠨ ᠬᠦᠨ ᠠᠭᠤᠰᠤᠯᠴᠠᠭ᠎ᠠ ᠶᠢ ᠠᠬᠢᠭᠤᠯᠵᠦ᠂ ᠲᠤᠮᠳᠡ ᠲᠡᠭᠡᠳᠦ | ᠲᠡᠰ ᠤᠨ ᠬᠡᠷᠡᠭᠯᠡᠭᠡ᠂ ᠪᠤᠬᠢᠷᠳᠦᠯ ᠦᠭᠡᠢ ᠨᠡᠬᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ᠂ ᠬᠠᠮᠳᠤ ᠪᠠᠷ ᠡᠳ᠋ᠯᠡᠬᠦ ᠠᠵᠦ ᠠᠬᠤᠢ ᠵᠡᠷᠭᠡ ᠬᠦᠷᠢᠶ᠎ᠡ ᠴᠡᠷ᠎ᠡ ᠳᠤ ᠰᠢᠨ᠎ᠡ | ᠨᠡᠮᠡᠭᠳᠡᠯ ᠢ ᠪᠤᠶᠢᠵᠢᠭᠤᠯᠤᠨ᠎ᠠ᠃ ᠤᠯᠠᠨ ᠭᠤᠤᠯ ᠴᠤᠭᠴᠠ ᠶᠢᠨ ᠬᠠᠩᠭᠠᠯᠭ᠎ᠠ᠂ ᠤᠯᠠᠨ ᠠᠷᠭ᠎ᠠ ᠵᠠᠮ ᠤᠨ ᠪᠠᠳᠤᠯᠠᠭ᠎ᠠ᠂ ᠲᠦᠷᠢᠶᠡᠰᠦᠯᠡᠵᠦ ᠬᠤᠳᠡᠯᠳᠤᠨ ᠠᠪᠬᠤ ᠶᠢ | ᠵᠡᠷᠭᠡ ᠪᠠᠷ ᠬᠡᠷᠡᠭᠵᠢᠬᠦᠯᠦᠭᠰᠡᠨ ᠤᠷᠤᠨ ᠰᠠᠭᠤᠴᠠ ᠶᠢᠨ ᠪᠠᠳᠤᠯᠠᠭ᠎ᠠ ᠶᠢᠨ ᠲᠦᠷᠢᠮ ᠢ ᠲᠦᠷᠭᠡᠨ ᠪᠠᠶᠢᠭᠤᠯᠵᠦ᠂ ᠤᠷᠤᠨ ᠰᠠᠭᠤᠴᠠ ᠶᠢᠨ ᠬᠠᠩᠭᠠᠯᠭ᠎ᠠ ᠶᠢᠨ ᠪᠦᠳᠦᠴᠠ | ᠶᠢ ᠪᠦᠳᠦᠮᠵᠢᠳᠡᠢ ᠲᠤᠬᠢᠷᠠᠭᠤᠯᠤᠨ᠂ ᠲᠤᠮᠳᠡ ᠪᠠᠭ᠎ᠠ ᠭᠡᠷ ᠪᠤᠯᠤᠨ ᠤᠶᠤᠨᠴᠢ ᠬᠡᠷ᠂ ᠦᠨᠳᠦᠷ ᠴᠢᠨᠡᠷ ᠲᠡᠰ ᠤᠨ ᠤᠷᠤᠨ ᠰᠠᠭᠤᠴᠠ ᠶᠢᠨ ᠬᠠᠩᠭᠠᠯᠭ᠎ᠠ ᠶᠢ | ᠨᠡᠮᠡᠭᠳᠡᠬᠦᠯᠵᠦ᠂ ᠭᠡᠷ ᠭᠠᠵᠠᠷ ᠬᠦᠷᠦᠩᠭᠡ ᠶᠢᠨ ᠠᠵᠦ ᠠᠬᠤᠶᠢᠯᠠᠯ ᠤᠨ ᠮᠠᠯ ᠲᠡᠷᠢᠶᠡᠯᠡᠩ᠂ ᠰᠤᠷᠭᠠᠨ ᠬᠦᠮᠦᠵᠢᠯ᠂ ᠡᠮ ᠡᠮᠨᠡᠯᠬᠡ᠂ ᠵᠤᠭᠠᠴᠠᠯ᠂ ᠨᠠᠰᠤᠵᠢᠯ ᠵᠡᠷᠭᠡ | ᠭᠠᠵᠠᠷ ᠬᠦᠷᠦᠩᠭᠡ ᠶᠢᠨ ᠲᠦᠷᠦᠯ ᠵᠦᠢᠯ ᠢ ᠨᠡᠬᠡᠬᠡᠨ ᠬᠦᠭᠵᠢᠬᠦᠯᠬᠦ ᠶᠢ ᠬᠦᠳᠦᠯᠦᠨ ᠵᠢᠯᠤᠭᠤᠳᠴᠦ᠂ ᠭᠡᠷ ᠭᠠᠵᠠᠷ ᠬᠦᠷᠦᠩᠭᠡ ᠶᠢᠨ ᠠᠵᠦ ᠠᠬᠤᠶᠢᠯᠠᠯ ᠤᠨ | ᠬᠡᠯᠪᠡᠷᠢ ᠪᠠᠨ ᠬᠤᠪᠢᠷᠠᠭᠤᠯᠵᠦ ᠬᠦᠭᠵᠢᠬᠦᠯᠬᠦ ᠶᠢ ᠠᠬᠢᠭᠤᠯᠤᠨ᠎ᠠ᠃ ᠪᠤᠳᠡᠳᠦ ᠴᠤᠭᠴᠠᠳᠦ ᠠᠵᠦ ᠠᠬᠤᠢ ᠶᠢᠨ ᠦᠪᠡᠷ ᠤᠨ ᠦᠷᠳᠡᠭ ᠢ ᠶᠡᠭᠡ ᠪᠠᠷ ᠪᠠᠭᠤᠷᠠᠭᠤᠯᠤᠨ᠂ | ᠦᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠨᠡᠮᠡᠭᠳᠡᠬᠦᠯᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠵᠦ ᠠᠬᠤᠶᠢᠯᠠᠯ ᠲᠠᠢ | ᠬᠤᠯᠪᠤᠭᠳᠠᠬᠤ ᠰᠦᠢᠳᠭᠡᠯ ᠬᠤᠷᠢᠶᠠᠬᠤ ᠶᠢ ᠦᠷᠬᠦᠯᠵᠢᠯᠡᠨ ᠬᠠᠰᠣᠵᠣ᠂ ᠲᠤᠷ᠎ᠡ ᠪᠠᠷ ᠰᠦᠢᠳᠭᠡᠯ ᠬᠤᠷᠢᠶᠠᠬᠤ ᠶᠢ ᠪᠠᠶᠢᠴᠠᠭᠠᠨ ᠰᠢᠢᠳᠪᠦᠷᠢᠯᠡᠵᠦ ᠴᠡᠭᠴᠡᠯᠡᠬᠦ ᠡᠷᠴᠢᠮ | ᠢᠶᠠᠨ ᠶᠡᠬᠡᠰᠭᠡᠨ᠎ᠡ᠃ ᠲᠤᠮᠤ ᠬᠡᠷᠡᠭᠯᠡᠭᠴᠢ ᠶᠢᠨ ᠰᠢᠭᠤᠳ ᠴᠠᠬᠢᠯᠭᠠᠨ ᠬᠤᠳᠡᠯᠳᠤᠨ ᠠᠪᠬᠤ ᠠᠷᠠᠯᠵᠢᠶ᠎ᠠ ᠶᠢ ᠢᠳᠡᠪᠬᠢᠳᠡᠢ ᠠᠬᠢᠭᠤᠯᠵᠦ᠂ ︽ᠪᠠᠳᠤᠯᠠᠭ᠎ᠠ ᠶᠢᠨ | ᠲᠤᠰᠠᠯᠠᠮᠵᠢᠳᠦ ᠵᠢᠬᠡᠯᠡᠯᠬᠡ︾ ᠶᠢᠨ ᠪᠦᠷᠬᠦᠴᠠ ᠶᠢ ᠦᠷᠭᠡᠳᠭᠡᠨ᠂ ᠪᠠᠷᠠᠭᠠᠨ ᠤ ᠬᠦᠢᠯᠬᠡᠬᠡᠨ ᠤ ᠦᠪᠡᠷ ᠤᠨ ᠦᠷᠳᠡᠭ ᠪᠤᠯᠤᠨ ᠲᠦᠷᠢᠮ ᠤᠨ ᠴᠢᠨᠡᠷ ᠲᠠᠢ ᠠᠷᠠᠯᠵᠢᠶᠠᠨ | ᠤ ᠦᠪᠡᠷ ᠤᠨ ᠦᠷᠳᠡᠭ ᠢ ᠪᠠᠭᠤᠷᠠᠭᠤᠯᠤᠨ᠎ᠠ᠃ | ᠡᠯ᠎ᠡ ᠲᠦᠷᠦᠯ ᠤᠨ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠠᠮᠢᠯᠠᠯ ᠤᠨ ᠬᠦᠴᠦᠨ ᠢ ᠪᠠᠳᠠᠷᠠᠭᠤᠯᠤᠨ᠎ᠠ᠃ ᠠᠵᠦ ᠦᠢᠯᠡᠰ ᠤᠨ ᠪᠦᠷᠢᠨ ᠬᠡᠯᠬᠢᠶ᠎ᠡ ᠶᠢᠨ | ᠰᠢᠨᠵᠢᠯᠡᠭᠡ ᠮᠡᠷᠬᠡᠵᠢᠯ ᠤᠨ ᠪᠤᠭᠤᠮᠳᠡ ᠰᠢᠪᠳᠤᠯᠤᠯᠳᠡ ᠦᠷᠨᠢᠬᠦᠯᠵᠦ᠂ ᠰᠢᠨᠵᠢᠯᠡᠭᠡ ᠮᠡᠷᠬᠡᠵᠢᠯ ᠤᠨ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠦᠨ᠂ ᠡᠷᠳᠡᠨᠢ ᠰᠢᠰᠢ ᠶᠢᠨ | ᠦᠢᠯᠡᠳᠪᠦᠷᠢᠯᠡᠯ ᠤᠨ ᠮᠡᠷᠬᠡᠵᠢᠯ ᠤᠨ ᠰᠢᠨᠡᠴᠢᠯᠡᠯᠳᠡ ᠶᠢᠨ ᠪᠠᠶᠢᠯᠳᠤᠬᠤ ᠪᠤᠳᠤᠯᠭ᠎ᠠ ᠶᠢᠨ ᠬᠤᠯᠪᠤᠭ᠎ᠠ᠂ ᠠᠯᠠᠰᠢᠨ ᠦᠬᠡᠷ ᠤᠨ ᠢᠨᠵᠧᠨᠧᠷᠢᠩ ᠤᠨ ᠮᠡᠷᠬᠡᠵᠢᠯ ᠤᠨ | ᠰᠤᠳᠤᠯᠭᠠᠨ ᠤ ᠬᠦᠷᠢᠶᠡᠯᠡᠩ ᠢ ᠲᠦᠷᠭᠡᠨ ᠪᠠᠶᠢᠭᠤᠯᠵᠦ᠂ ᠮᠤᠩᠭᠤᠯ ᠡᠮ ᠡᠮᠨᠡᠯᠬᠡ ᠶᠢᠨ ᠤᠯᠤᠰ ᠤᠨ ᠲᠡᠰ ᠤᠨ ᠭᠤᠤᠯᠳᠠᠯᠭᠠᠳᠦ ᠲᠤᠷᠰᠢᠯᠳᠡ ᠶᠢᠨ ᠲᠠᠰᠤᠭ ᠵᠡᠷᠭᠡ | ᠰᠢᠨ᠎ᠡ ᠡᠬᠦᠳᠦᠯᠳᠡ ᠶᠢᠨ ᠲᠠᠪᠴᠠᠩ ᠤᠨ ᠪᠠᠶᠢᠭᠤᠯᠤᠯᠳᠡ ᠶᠢ ᠠᠬᠢᠭᠤᠯᠤᠨ᠎ᠠ᠃ ᠨᠡᠶᠢᠳᠡ ᠶᠢᠨ ᠦᠮᠴᠢᠯᠡᠯ ᠪᠤᠰᠤ ᠠᠵᠦ ᠠᠬᠤᠢ ᠶᠢ ᠬᠦᠭᠵᠢᠬᠦᠯᠬᠦ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠶᠢ ᠲᠤᠭᠳᠠᠭᠠᠨ ᠬᠡᠷᠡᠭᠵᠢᠬᠦᠯᠵᠦ᠂ ᠨᠡᠶᠢᠳᠡ ᠶᠢᠨ ᠦᠮᠴᠢᠯᠡᠯ ᠪᠤᠰᠤ ᠠᠵᠦ ᠠᠬᠤᠢ ᠶᠢᠨ ᠦᠢᠯᠡᠴᠢᠯᠡᠬᠡᠨ ᠤ ᠡᠷᠴᠢᠮ ᠢᠶᠠᠨ ᠶᠡᠬᠡᠰᠭᠡᠵᠦ᠂ | ᠬᠤᠳᠡ ᠬᠤᠰᠢᠭᠤᠨ ᠤ ᠤᠳᠤᠷᠢᠳᠤᠯᠭ᠎ᠠ ᠠᠵᠦ ᠠᠬᠤᠶᠢᠯᠠᠯ ᠢ ᠲᠠᠭᠠᠭᠠᠴᠢᠯᠠᠨ ᠬᠤᠯᠪᠤᠭᠠᠯᠠᠬᠤ ᠲᠦᠷᠢᠮ ᠢᠶᠠᠨ ᠲᠡᠬᠦᠯᠳᠡᠷᠵᠢᠬᠦᠯᠵᠦ᠂ ᠨᠡᠶᠢᠳᠡ ᠶᠢᠨ ᠦᠮᠴᠢᠯᠡᠯ ᠪᠤᠰᠤ | ᠠᠵᠦ ᠠᠬᠤᠢ ᠶᠢᠨ ᠬᠦᠭᠵᠢᠨ ᠪᠤᠵᠠᠭᠠᠶᠢᠷᠠᠬᠤ ᠶᠢ ᠲᠠᠮᠵᠢᠨ᠎ᠠ᠃ ᠵᠠᠬ᠎ᠠ ᠲᠡᠯᠬᠡᠬᠦᠷ ᠲᠤ ᠤᠷᠤᠬᠤ ᠵᠦᠪᠰᠢᠶᠡᠷᠡᠯ ᠤᠨ ᠨᠠᠵᠠᠭᠠᠢ ᠲᠠᠯ᠎ᠠ ᠶᠢᠨ ᠲᠤᠳᠤᠷᠬᠠᠢ ᠬᠠᠭᠤᠳᠡᠰᠦ | ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠣᠨ ᠲᠡᠬᠦᠯᠳᠡᠷᠵᠢᠬᠦᠯᠵᠣ᠂ ᠤᠯᠠᠨ ᠢᠶᠠᠷ ᠢᠶᠠᠨ ᠦᠢᠯᠡᠰ ᠪᠦᠳᠦᠭᠡᠨ ᠲᠦᠮᠡᠨ ᠢᠶᠠᠷ ᠢᠶᠠᠨ ᠰᠢᠨ᠎ᠡ ᠶᠢ ᠡᠬᠦᠳᠬᠦ ᠶᠢ | ᠠᠬᠢᠭᠤᠯᠤᠨ᠂ ᠰᠢᠨ᠎ᠡ ᠨᠡᠮᠡᠭᠳᠡᠬᠦ ᠵᠠᠬ᠎ᠠ ᠲᠡᠯᠬᠡᠬᠦᠷ ᠤᠨ ᠭᠤᠤᠯ ᠴᠤᠭᠴᠠ ᠶᠢ 1.5 ᠲᠦᠮᠡᠨ ᠡᠷᠦᠬᠡ ᠶᠢ ᠲᠠᠪᠠᠭᠤᠯᠤᠨ᠎ᠠ᠃ ᠶᠠᠰᠤ ᠴᠢᠨᠡᠷ ᠢᠶᠠᠷ ᠬᠤᠳᠡ ᠪᠠᠨ | ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠶᠠᠰᠤ ᠴᠢᠨᠡᠷ ᠢ ᠲᠡᠭᠡᠭᠰᠢᠯᠡᠬᠦᠯᠬᠦ ᠠᠵᠢᠯᠯᠠᠭ᠎ᠠ ᠦᠷᠨᠢᠬᠦᠯᠤᠨ᠂ ᠠᠩᠬᠠᠳᠣᠭᠠᠷ ᠬᠤᠭᠤᠴᠠᠭᠠᠨ ᠤ ︽ | ᠬᠤᠳᠡ ᠶᠢᠨ ᠲᠠᠷᠤᠭ᠎ᠠ ᠶᠢᠨ ᠶᠠᠰᠤ ᠴᠢᠨᠡᠷ ᠤᠨ ᠱᠠᠩᠨᠠᠯ︾ ᠰᠢᠯᠭᠠᠷᠠᠭᠤᠯᠤᠨ᠎ᠠ᠃ ᠠᠵᠦ ᠠᠬᠤᠶᠢᠯᠠᠯ ᠪᠤᠯᠤᠨ ᠠᠵᠦ ᠠᠬᠤᠶᠢᠯᠠᠯᠳᠡᠨ ᠢ ᠪᠤᠶᠢᠵᠢᠭᠤᠯᠬᠤ ᠢᠨᠵᠧᠨᠧᠷᠢᠩ | ᠢ ᠬᠦᠨᠵᠡᠬᠡᠢ ᠬᠡᠷᠡᠭᠵᠢᠬᠦᠯᠵᠦ᠂ ᠠᠵᠦ ᠠᠬᠤᠶᠢᠯᠠᠯᠳᠡᠨ ᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠲᠤᠳᠤᠨᠤ ᠠᠷᠢᠭᠤᠨ ᠰᠢᠨ᠎ᠡ ᠮᠠᠶ᠋ᠢᠭ ᠤᠨ ᠵᠠᠰᠠᠭ ᠬᠤᠳᠠᠯᠳᠣᠭᠠᠴᠢᠨ ᠤ | ᠬᠠᠷᠢᠴᠠᠭ᠎ᠠ ᠪᠠᠶᠢᠭᠤᠯᠤᠨ᠂ ᠰᠠᠶᠢᠨ ᠰᠠᠶᠢᠬᠠᠨ ᠬᠦᠭᠵᠢᠯᠳᠡ ᠶᠢᠨ ᠠᠭᠤᠷ ᠠᠮᠢᠰᠬᠤᠯ ᠢ ᠪᠤᠢ ᠪᠤᠯᠭᠠᠵᠦ᠂ ᠨᠢᠬᠡᠳᠬᠡᠯ ᠤᠷᠴᠢᠨ ᠢᠶᠠᠷ ᠪᠤᠳᠡᠳᠦ ᠬᠦᠴᠦᠨ ᠢ ᠰᠤᠯᠢᠨᠡ᠃ | ᠰᠠᠭᠤᠷᠢ ᠲᠦᠬᠦᠬᠡᠷᠦᠮᠵᠢ ᠶᠢᠨ ᠲᠣᠣᠷᠵᠢᠯᠳᠠ ᠶᠢᠨ ᠪᠠᠶᠢᠭᠤᠯᠤᠯᠳᠡ ᠶᠢ ᠴᠢᠩᠭᠠᠳᠬᠠᠨ᠎ᠠ᠃ ᠮᠤᠳᠤ ᠴᠦᠬᠦᠷᠦᠮ ᠢ ᠪᠠᠷᠢᠯᠭ᠎ᠠ ᠲᠠᠭᠤᠰᠬᠠᠨ ᠤᠰᠤ ᠬᠠᠳᠠᠭᠠᠯᠠᠵᠣ | ᠂ ᠭᠠᠭ᠋ᠠᠢ ᠠᠭᠤᠯᠠ ᠴᠦᠬᠦᠷᠦᠮ ᠤᠨ ᠭᠤᠤᠯ ᠴᠤᠭᠴᠠ ᠶᠢ ᠪᠠᠷᠢᠯᠭ᠎ᠠ ᠲᠠᠭᠤᠰᠬᠠᠨ᠂ ᠲᠤᠯᠤᠭᠠᠨ ᠨᠠᠭᠤᠷ᠂ ᠤᠯᠠᠭᠠᠨᠬᠠᠳᠡ ᠴᠦᠬᠦᠷᠦᠮ ᠤᠨ ᠪᠡᠯᠡᠳᠬᠡᠯ ᠠᠵᠢᠯ ᠢ | ᠠᠬᠢᠭᠤᠯᠣᠨ᠎ᠠ᠃ ᠲᠦᠩᠯᠢᠶᠥᠥ ᠠᠴᠠ ᠪᠡᠭᠡᠵᠢᠩ — ᠮᠦᠭᠳᠡᠨ ᠤ ᠲᠦᠷᠭᠡᠨ ᠲᠡᠮᠦᠷ ᠵᠠᠮ ᠤᠨ ᠰᠢᠨ ᠮᠢᠨ ᠬᠤᠶᠢᠳᠦ ᠦᠷᠳᠡᠭᠡ ᠬᠦᠷᠬᠦ ᠲᠡᠮᠦᠷ ᠵᠠᠮ ᠢ ᠪᠠᠶᠢᠭᠤᠯᠵᠦ | ᠲᠠᠭᠤᠰᠬᠠᠨ ᠲᠡᠷᠭᠡ ᠨᠡᠪᠳᠡᠷᠡᠬᠦᠯᠵᠦ᠂ ᠪᠡᠭᠡᠵᠢᠩ ᠠᠴᠠ ᠲᠦᠩᠯᠢᠶᠥᠥ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠣᠯᠳᠠ ᠶᠢᠨ ᠦᠬᠡᠷᠡᠴᠢᠯᠡᠯᠳᠡ ᠶᠢ ᠪᠡᠶᠡᠯᠡᠬᠦᠯᠦᠨ᠎ᠡ᠃ | ᠦᠪᠦᠷ ᠮᠤᠩᠭᠤᠯ ᠤᠨ ᠮᠤᠵᠢ ᠶᠢᠨ ᠲᠡᠰ ᠤᠨ ᠨᠡᠪᠳᠡᠷᠡᠯᠬᠡ ᠶᠢᠨ ᠵᠠᠮ ᠵᠠᠷᠤᠳ ᠬᠤᠰᠢᠭᠤᠨ ᠤ ᠬᠡᠰᠡᠭ ᠤᠨ ᠲᠦᠷᠭᠡᠨ ᠵᠠᠮ᠂ ᠤᠯᠤᠰ ᠤᠨ ᠵᠠᠮ 505 ᠱᠤᠭᠤᠮ ᠤᠨ | ᠬᠦᠷᠢᠶ᠎ᠡ ᠠᠴᠠ ᠨᠠᠢᠮᠠᠨ ᠬᠦᠷᠬᠦ 3 ᠵᠤᠷᠪᠤᠰ ᠬᠤᠶᠠᠳᠤᠭᠠᠷ ᠲᠡᠰ ᠤᠨ ᠵᠠᠰᠠᠮᠠᠯ ᠵᠠᠮ ᠤᠨ ᠪᠠᠷᠢᠯᠭ᠎ᠠ ᠶᠢ ᠴᠢᠳᠠᠬᠤᠶᠢᠴᠠ ᠡᠬᠢᠯᠡᠬᠦᠯᠵᠣ᠂ ᠲᠠᠴᠠ ᠶᠢᠨ ᠲᠠᠯ᠎ᠠ ᠠᠴᠠ ᠪᠠᠢ | ᠵᠢᠶᠠ ᠸᠠᠨ ᠽᠢ ᠬᠦᠷᠬᠦ ᠲᠦᠷᠭᠡᠨ ᠵᠠᠮ᠂ ᠤᠯᠤᠰ ᠤᠨ ᠵᠠᠮ 111 ᠱᠤᠭᠤᠮ ᠤᠨ ᠱᠧᠪᠡᠷᠳᠦ ᠠᠴᠠ ᠬᠠᠭ ᠤᠨ ᠰᠦᠮ᠎ᠡ ᠬᠦᠷᠬᠦ ᠨᠢᠬᠡᠳᠦᠭᠡᠷ ᠲᠡᠰ ᠤᠨ ᠵᠠᠰᠠᠮᠠᠯ ᠵᠠᠮ | ᠂ ᠮᠤᠵᠢ ᠶᠢᠨ ᠵᠠᠮ 208 ᠱᠤᠭᠤᠮ ᠤᠨ ᠯᠦᠪᠸᠢ ᠠᠴᠠ ᠺᠠᠶᠢᠯᠤ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠢ ᠴᠢᠳᠠᠬᠤᠶᠢᠴᠠ ᠵᠠᠰᠠᠵᠦ ᠲᠠᠭᠤᠰᠬᠠᠨ ᠲᠡᠷᠭᠡ | ᠨᠡᠪᠳᠡᠷᠡᠬᠦᠯᠦᠨ᠎ᠡ᠃ ᠲᠦᠩᠯᠢᠶᠥᠥ ᠠᠴᠠ ᠬᠤᠤᠯᠢᠩᠭᠤᠤᠯ ᠬᠦᠷᠬᠦ ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠭᠤᠯᠠᠢ ᠶᠢᠨ ᠪᠠᠷᠢᠯᠭ᠎ᠠ ᠶᠢ ᠠᠬᠢᠭᠤᠯᠣᠨ᠎ᠠ᠂ ᠬᠦᠳᠡᠭᠡ | ᠲᠤᠰᠬᠤᠨ ᠤ ᠴᠠᠬᠢᠯᠭᠠᠨ ᠲᠤᠤᠷ ᠤᠨ ᠦᠬᠡᠷᠡᠴᠢᠯᠡᠯᠳᠠ ᠶᠢᠨ ᠪᠠᠷᠢᠯᠭ᠎ᠠ ᠶᠢ ᠬᠡᠷᠡᠭᠵᠢᠬᠦᠯᠦᠨ᠎ᠡ᠃ | ︵ᠬᠤᠶᠠᠷ︶ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠲᠦᠷᠭᠡᠳᠬᠡᠵᠦ᠂ ᠠᠵᠦ ᠦᠢᠯᠡᠳᠪᠦᠷᠢ ᠶᠢᠨ ᠬᠦᠭᠵᠢᠯᠳᠡ ᠶᠢᠨ ᠶᠠᠰᠤ ᠴᠢᠨᠡᠷ ᠪᠤᠯᠤᠨ | ᠦᠷ᠎ᠡ ᠠᠰᠢᠭ ᠢ ᠲᠡᠭᠡᠭᠰᠢᠯᠡᠬᠦᠯᠦᠨ᠎ᠡ᠃ ᠲᠠᠪᠠᠭᠤᠯᠢᠭ ᠢᠶᠠᠨ ᠪᠠᠳᠠᠷᠠᠭᠤᠯᠬᠤ ᠪᠠ ᠲᠤᠳᠠᠭᠳᠡᠯ ᠢᠶᠠᠨ ᠬᠦᠢᠴᠡᠳ ᠨᠦᠬᠦᠪᠦᠷᠢᠯᠡᠬᠦ ᠶᠢ ᠬᠠᠮᠳᠤ ᠪᠠᠷ ᠬᠦᠢᠴᠡᠳᠭᠡᠬᠦ ᠶᠢ | ᠪᠠᠷᠢᠮᠳᠠᠯᠠᠨ᠂ ᠬᠠᠳᠠᠭᠠᠯᠠᠮᠵᠢ ᠪᠠᠨ ᠲᠤᠬᠢᠷᠠᠭᠤᠯᠬᠤ ᠪᠠ ᠰᠢᠯᠢᠳᠡᠭᠵᠢᠬᠦᠯᠵᠦ ᠬᠡᠮᠵᠢᠶ᠎ᠡ ᠪᠠᠨ ᠨᠡᠮᠡᠭᠳᠡᠬᠦᠯᠬᠦ ᠶᠢ ᠵᠡᠷᠭᠡᠪᠡᠷ ᠠᠳᠬᠤᠵᠣ᠂ ᠡᠬᠢᠨ ᠤ ᠪᠦᠳᠦᠬᠡᠭᠳᠡᠬᠦᠨ ᠢ | ᠪᠠᠶᠠᠯᠢᠭᠵᠢᠭᠤᠯᠤᠨ᠂ ᠰᠡᠬᠦᠯᠴᠢ ᠶᠢᠨ ᠪᠦᠳᠦᠬᠡᠭᠳᠡᠬᠦᠨ ᠢ ᠬᠦᠭᠵᠢᠬᠦᠯᠵᠦ᠂ ᠭᠤᠤᠯᠯᠠᠬᠤ ᠠᠵᠦ ᠦᠢᠯᠡᠰ ᠢ ᠲᠡᠭᠡᠳᠦ ᠲᠡᠰᠵᠢᠬᠦᠯᠬᠦ᠂ ᠤᠶᠤᠨᠴᠢᠯᠠᠬᠤ᠂ ᠪᠤᠬᠢᠷᠳᠦᠯ | ᠦᠬᠡᠶᠢᠵᠢᠬᠦᠯᠬᠦ ᠬᠦᠭᠵᠢᠯᠳᠡ ᠶᠢ ᠠᠬᠢᠭᠤᠯᠤᠨ᠎ᠠ᠃ | ᠤᠯᠠᠮᠵᠢᠯᠡᠯᠳᠦ ᠠᠵᠦ ᠦᠢᠯᠡᠰ ᠢ ᠲᠤᠮᠳᠡ ᠲᠡᠭᠡᠳᠦ ᠲᠡᠰ ᠲᠡᠰᠢ ᠬᠦᠭᠵᠢᠬᠦᠯᠬᠦ ᠶᠢ ᠠᠬᠢᠭᠤᠯᠤᠨ᠎ᠠ᠃ ᠡᠬᠢ ᠰᠤᠷᠪᠤᠯᠵᠢ ᠶᠢᠨ ᠮᠠᠶ᠋ᠢᠭ ᠤᠨ ᠠᠵᠦ ᠦᠢᠯᠡᠰ | ᠤᠨ ᠬᠡᠯᠬᠢᠶ᠎ᠡ ᠶᠢᠨ ᠤᠷᠳᠤᠳᠬᠠᠯ ᠢ ᠲᠦᠷᠭᠡᠳᠭᠡᠵᠦ᠂ ᠬᠦᠩᠭᠡᠨᠴᠠᠭᠠᠨ ᠨᠢᠺᠧᠯ ᠴᠠᠬᠢᠭᠤᠷ ᠤᠨ ᠦᠩᠭᠡᠳᠦ ᠰᠢᠨ᠎ᠡ ᠮᠠᠲ᠋ᠧᠷᠢᠶᠡᠯ ᠤᠨ ᠠᠵᠦ ᠦᠢᠯᠡᠰ ᠢ ᠬᠠᠶᠢᠯᠣᠰᠢᠵᠣ | ᠬᠦᠩᠬᠡᠷᠡᠬᠦᠯᠦᠭᠰᠡᠨ ᠲᠡᠬᠡᠳᠦ ᠲᠡᠰ ᠤᠨ ᠦᠢᠯᠡᠳᠬᠡᠬᠦᠨ ᠲᠡᠰᠢ ᠬᠦᠭᠵᠢᠬᠦᠯᠵᠦ᠂ ᠹᠦ᠋ ᠶᠤᠤ ᠪᠦᠯᠦᠭᠯᠡᠯ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ | ᠴᠢᠳᠠᠬᠤᠶᠢᠴᠠ ᠪᠠᠷᠢᠯᠭ᠎ᠠ ᠡᠬᠢᠯᠡᠬᠦᠯᠵᠦ᠂ ᠯᠢᠶᠠᠨ ᠴᠧᠩ ᠤᠨ ᠮᠢᠯᠢᠮᠧᠲᠷ ᠤᠨ ᠢᠯᠳᠠᠰᠣ᠂ ᠪᠦᠸᠧ ᠡᠸ᠋ᠨ ᠯᠤ᠋ ᠰᠢᠶᠥᠥ ᠪᠢᠳᠦᠷᠢᠶ᠎ᠡ ᠶᠢᠨ ᠲᠠᠯᠠᠰᠳᠦ ᠪᠡᠶ᠎ᠡ ᠶᠢᠨ | ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠵᠡᠷᠭᠡ ᠲᠦᠷᠦᠯ ᠵᠦᠢᠯ ᠢ ᠪᠠᠶᠢᠭᠤᠯᠵᠦ ᠲᠠᠭᠤᠰᠬᠠᠨ ᠠᠰᠢᠭᠯᠡᠯᠳᠡ ᠳᠤ ᠤᠷᠤᠭᠤᠯᠤᠨ᠎ᠠ᠃ ᠡᠷᠳᠡᠨᠢ ᠰᠢᠰᠢ ᠶᠢᠨ ᠠᠮᠢᠳᠦ | ᠪᠤᠳᠡᠰ ᠤᠨ ᠠᠵᠦ ᠦᠢᠯᠡᠰ ᠢ ᠢᠳᠡᠭᠡᠨ ᠪᠤᠯᠤᠨ ᠡᠮ ᠡᠮᠨᠡᠯᠬᠡ ᠶᠢᠨ ᠲᠡᠰ ᠲᠡᠰᠢ ᠤᠷᠳᠤᠳᠬᠠᠵᠦ᠂ ᠱᠧᠩ ᠰᠢᠤᠸᠠᠢ ᠳ᠋ᠠ ᠴᠧᠩ ᠲᠦᠬᠦᠬᠡᠢ ᠮᠠᠲ᠋ᠧᠷᠢᠶᠡᠯ ᠤᠨ ᠡᠮ᠂ | ᠤᠮᠡᠷᠡᠳᠦ ᠶᠢᠨ ᠡᠮ ᠤᠨ ᠦᠢᠯᠡᠰ ᠤᠨ ᠸᠢᠲ᠋ᠡᠮᠢᠨ C ᠵᠡᠷᠭᠡ ᠲᠦᠷᠦᠯ ᠵᠦᠢᠯ ᠢ ᠪᠠᠷᠢᠯᠭ᠎ᠠ ᠡᠬᠢᠯᠡᠬᠦᠯᠵᠦ᠂ ᠺᠠᠢ ᠹᠧᠩ ᠡᠮ ᠤᠨ ᠦᠢᠯᠡᠰ ᠤᠨ ᠠᠩᠬᠠᠳᠤᠭᠠᠷ | ᠬᠤᠭᠤᠴᠠᠭᠠᠨ ᠤ ᠪᠠᠷᠢᠯᠭ᠎ᠠ ᠶᠢ ᠲᠠᠭᠤᠰᠬᠠᠨ ᠠᠰᠢᠭᠯᠡᠯᠳᠡ ᠳᠤ ᠤᠷᠤᠭᠤᠯᠤᠨ᠎ᠠ᠃ ᠨᠡᠬᠦᠷᠡᠰᠦ ᠶᠢᠨ ᠬᠢᠮᠢ ᠶᠢᠨ ᠠᠵᠦ ᠦᠢᠯᠡᠳᠪᠦᠷᠢ ᠶᠢᠨ ᠠᠵᠦ ᠦᠢᠯᠡᠰ ᠢ ᠰᠢᠨ᠎ᠡ | ᠮᠠᠶ᠋ᠢᠭ ᠤᠨ ᠨᠠᠷᠢᠯᠢᠭᠵᠢᠭᠤᠯᠣᠯᠳᠠ ᠲᠡᠰᠢ ᠦᠷᠭᠡᠳᠭᠡᠵᠦ᠂ ᠶᠢᠨ ᠮᠸᠢ ᠬᠢᠮᠢ ᠶᠢᠨ ᠠᠵᠦ ᠦᠢᠯᠡᠳᠪᠦᠷᠢ ᠶᠢᠨ ᠡᠲ᠋ᠢᠯ ᠠᠯᠺᠤᠤᠯ ᠤᠨ ᠬᠦᠴᠢᠯ ᠤᠨ ᠲᠦᠷᠦᠯ ᠤᠨ | ᠪᠠᠷᠢᠯᠭ᠎ᠠ ᠶᠢ ᠡᠬᠢᠯᠡᠬᠦᠯᠵᠦ᠂ ᠹᠦ᠋ ᠳ᠋ᠧ ᠺᠠᠩ ᠨᠠᠢ ᠡᠯ ᠶᠢ ᠲᠠᠬᠢᠨ ᠪᠠᠶᠢᠭᠤᠯᠬᠤ ᠠᠯᠬᠤᠴᠠ ᠶᠢ ᠲᠦᠷᠭᠡᠳᠭᠡᠨ᠎ᠡ᠃ ᠡᠯᠡᠰᠦᠨ ᠠᠵᠦ ᠠᠦᠶᠢᠯᠡᠰ ᠢ ᠡᠵᠡᠮᠳᠡᠬᠦ᠂ ᠵᠠᠰᠠᠬᠤ᠂ | ᠬᠡᠷᠡᠭᠯᠡᠬᠦ ᠶᠢ ᠠᠭᠤᠰᠤᠯᠴᠠᠭᠤᠯᠬᠤ ᠲᠡᠰᠢ ᠬᠦᠭᠵᠢᠬᠦᠯᠵᠦ᠂ ᠮᠦᠬᠦᠯᠢᠭ ᠡᠯᠡᠰᠦ ᠶᠢ ᠠᠯᠳᠠ ᠬᠤᠪᠢᠷᠠᠭᠤᠯᠣᠨ᠎ᠠ᠃ | ᠪᠠᠶᠢᠯᠳᠤᠬᠤ ᠪᠤᠳᠤᠯᠭ᠎ᠠ ᠶᠢᠨ ᠴᠢᠨᠡᠷ ᠲᠠᠢ ᠰᠢᠨ᠎ᠡ ᠮᠠᠨᠳᠤᠭᠰᠠᠨ ᠠᠵᠦ ᠦᠢᠯᠡᠰ ᠢ ᠬᠦᠭᠵᠢᠬᠦᠯᠦᠨ᠎ᠡ᠃ ᠲᠠᠯᠠᠢ ᠲᠤᠭ᠎ᠠ ᠶᠢᠨ ᠠᠵᠦ ᠦᠢᠯᠡᠰ ᠪᠤᠯᠤᠨ ᠠᠵᠦ | ᠦᠢᠯᠡᠳᠪᠦᠷᠢ ᠶᠢᠨ ᠲᠠᠯᠠᠢ ᠲᠤᠭ᠎ᠠ ᠶᠢ ᠨᠡᠶᠢᠯᠡᠬᠦᠯᠦᠨ ᠬᠡᠷᠡᠭᠯᠡᠬᠦ ᠶᠢ ᠠᠬᠢᠭᠤᠯᠵᠦ᠂ ᠵᠦᠩ ᠺᠧ ᠱᠤ᠋ ᠭᠤᠸᠠᠩ᠂ ᠶᠢᠰᠦᠨ ᠵᠡᠷᠭᠡᠳᠦ ᠲᠠᠯᠠᠢ ᠲᠤᠭ᠎ᠠ ᠶᠢᠨ ᠲᠡᠪᠴᠠᠩ ᠢ | ᠪᠠᠶᠢᠭᠤᠯᠣᠨ ᠠᠵᠢᠯᠯᠠᠭᠤᠯᠵᠣ᠂ ᠬᠤᠸᠠ ᠸᠧᠢ ᠶᠢᠨ ᠬᠤᠷᠠᠮᠠᠭ ᠪᠤᠳᠤᠯᠳᠡ ᠶᠢᠨ ᠲᠦᠪ ᠢ ᠡᠬᠢᠯᠡᠨ ᠪᠠᠶᠢᠭᠤᠯᠤᠨ᠎ᠠ᠃ ᠤᠳᠤᠬᠢᠴᠢ ᠮᠤᠩᠭᠤᠯ ᠡᠮ ᠡᠮᠨᠡᠯᠬᠡ ᠶᠢᠨ ᠠᠵᠦ | ᠦᠢᠯᠡᠰ ᠢ ᠡᠮ ᠢᠳᠡᠭᠡᠨ ᠤ ᠡᠬᠢ ᠶᠢᠨ ᠨᠢᠬᠡᠳᠦᠯ᠂ ᠡᠷᠡᠬᠦᠯᠵᠢᠯ ᠰᠣᠪᠢᠯᠠᠯᠳᠠ ᠶᠢ ᠨᠢᠬᠡ ᠴᠤᠭᠴᠠᠵᠢᠭᠤᠯᠬᠤ ᠲᠡᠰᠢ ᠬᠦᠭᠵᠢᠬᠦᠯᠵᠦ᠂ ᠮᠤᠩᠭᠤᠯ ᠡᠮ ᠡᠮᠨᠡᠯᠬᠡ ᠶᠢᠨ | ᠡᠷᠡᠬᠦᠯᠵᠢᠯ ᠰᠤᠪᠢᠯᠡᠯᠳᠡ ᠶᠢᠨ ᠲᠦᠪ ᠪᠠᠶᠢᠭᠤᠯᠵᠦ᠂ ᠰᠢᠦ ᠵᠧᠩ — ᠬᠤᠷᠴᠢᠨ ᠤ ᠡᠮ ᠤᠨ ᠦᠢᠯᠡᠰ ᠤᠨ ᠮᠤᠩᠭᠤᠯ ᠡᠮ ᠤᠨ ᠰᠠᠭᠤᠷᠢᠨ᠂ ᠲᠢᠶᠠᠨ ᠨᠠᠢ ᠡᠮ ᠤᠨ | ᠦᠢᠯᠡᠰ ᠤᠨ ᠲᠦᠷᠦᠯ ᠵᠦᠢᠯ ᠤᠨ ᠭᠤᠤᠯ ᠴᠤᠭᠴᠠ ᠶᠢᠨ ᠪᠠᠷᠢᠯᠭ᠎ᠠ ᠶᠢ ᠪᠡᠶᠡᠯᠡᠬᠦᠯᠦᠨ᠎ᠡ᠃ ᠵᠠᠷᠤᠳ ᠬᠤᠰᠢᠭᠤᠨ ᠤ ᠲᠡᠬᠢᠯᠳᠡ ᠡᠨᠧᠷᠬᠢ ᠶᠢᠨ ᠤᠷᠴᠢᠯᠳᠦ ᠠᠵᠦ | ᠠᠬᠤᠢ ᠶᠢᠨ ᠠᠵᠦ ᠦᠢᠯᠡᠰ ᠤᠨ ᠬᠦᠷᠢᠶᠡᠯᠡᠩ ᠤᠨ ᠲᠦᠷᠦᠯ ᠢ ᠪᠠᠷᠢᠯᠭ᠎ᠠ ᠡᠬᠢᠯᠡᠬᠦᠯᠵᠦ᠂ ᠡᠨᠧᠷᠬᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ᠂ ᠴᠡᠪᠡᠷ | ᠦᠢᠯᠡᠳᠪᠦᠷᠢᠯᠡᠯ᠂ ᠴᠡᠪᠡᠷ ᠡᠨᠧᠷᠬᠢ ᠵᠡᠷᠭᠡ ᠪᠤᠬᠢᠷᠳᠦᠯ ᠦᠭᠡᠢ ᠠᠵᠦ ᠦᠢᠯᠡᠰ ᠤᠨ ᠬᠦᠭᠵᠢᠯᠳᠡ ᠶᠢ ᠠᠬᠢᠭᠤᠯᠵᠦ᠂ ᠨᠢᠬᠡ ᠪᠦᠯᠦᠭ ᠰᠢᠨ᠎ᠡ ᠶᠢ ᠡᠬᠦᠳᠬᠦ ᠴᠢᠳᠡᠪᠦᠷᠢ | ᠲᠠᠢ ᠲᠠᠭᠠᠭᠤᠯᠤᠭᠴᠢ ᠠᠵᠦ ᠠᠬᠤᠶᠢᠯᠠᠯ ᠢ ᠪᠤᠶᠢᠵᠢᠭᠤᠯᠤᠨ᠎ᠠ᠃ | ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠠᠵᠦ ᠦᠢᠯᠡᠰ ᠤᠨ ᠪᠠᠶᠢᠷᠢᠯᠠᠭᠤᠯᠣᠯᠳᠠ ᠶᠢ ᠰᠢᠯᠢᠳᠡᠭᠵᠢᠬᠦᠯᠦᠨ᠎ᠡ᠃ ᠠᠵᠦ ᠦᠢᠯᠡᠰ ᠤᠨ ᠪᠦᠷᠢᠨ | ᠬᠡᠯᠬᠢᠶᠡᠳᠦ ᠬᠦᠭᠵᠢᠯᠳᠡ ᠶᠢᠨ ᠱᠠᠭᠠᠷᠳᠠᠯᠭ᠎ᠠ ᠶᠢ ᠵᠢᠷᠣᠮᠯᠠᠨ᠂ ᠪᠦᠬᠦ ᠬᠤᠳᠡ ᠶᠢ ᠨᠢᠬᠡ ᠬᠦᠯᠬᠡ ᠰᠢᠳᠡᠷ᠎ᠡ ᠪᠠᠷ ᠦᠵᠡᠬᠦ ᠦᠵᠡᠯ ᠰᠠᠨᠠᠭ᠎ᠠ ᠶᠢ ᠪᠤᠢ ᠪᠤᠯᠭᠠᠵᠦ᠂ | ᠨᠢᠬᠡᠳᠦᠯᠳᠡᠢ ᠲᠦᠯᠦᠪᠵᠢᠬᠦᠯᠦᠨ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠦ᠂ ᠬᠦᠷᠢᠶᠡᠯᠡᠩ ᠲᠣᠭᠤᠷᠢᠭ ᠢ ᠮᠠᠨᠳᠣᠭᠤᠯᠬᠤ ᠲᠦᠯᠦᠪᠯᠡᠭᠡ ᠶᠢ ᠬᠡᠷᠡᠭᠵᠢᠬᠦᠯᠦᠨ᠎ᠡ᠃ | ᠬᠤᠷᠴᠢᠨ ᠤ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠺᠠᠶᠢᠯᠤ ᠶᠢᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢᠶᠠᠷ ᠭᠤᠤᠯᠳᠠᠯᠭ᠎ᠠ ᠪᠤᠯᠭᠠᠨ | ᠡᠷᠳᠡᠨᠢ ᠰᠢᠰᠢ ᠶᠢᠨ ᠠᠮᠢᠳᠦ ᠪᠤᠳᠡᠰ ᠤᠨ ᠠᠵᠦ ᠦᠢᠯᠡᠰ ᠢ ᠬᠦᠭᠵᠢᠬᠦᠯᠵᠦ᠂ ᠬᠤᠤᠯᠢᠩᠭᠤᠤᠯ ᠤᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ | ᠵᠠᠬᠠᠨᠠᠭᠤᠷ ᠤᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠨᠠᠢᠮᠠᠨ ᠤ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢᠶᠠᠷ ᠭᠤᠤᠯᠳᠠᠯᠭ᠎ᠠ ᠪᠤᠯᠭᠠᠵᠦ | ᠬᠦᠩᠭᠡᠨᠴᠠᠭᠠᠨ ᠨᠢᠺᠧᠯ ᠴᠠᠬᠢᠭᠤᠷ ᠤᠨ ᠰᠢᠨ᠎ᠡ ᠮᠠᠲ᠋ᠧᠷᠢᠶᠡᠯ ᠤᠨ ᠠᠵᠦ ᠦᠢᠯᠡᠰ ᠢ ᠬᠦᠭᠵᠢᠬᠦᠯᠵᠦ᠂ ᠵᠠᠷᠤᠳ ᠤᠨ ᠲᠡᠭᠡᠳᠦ ᠰᠢᠨ᠎ᠡ ᠮᠡᠷᠬᠡᠵᠢᠯ ᠤᠨ ᠨᠡᠬᠦᠷᠡᠰᠦ ᠶᠢᠨ | ᠬᠢᠮᠢ ᠶᠢᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢᠶᠠᠷ ᠭᠤᠤᠯᠳᠠᠯᠭ᠎ᠠ ᠪᠤᠯᠭᠠᠵᠦ ᠤᠳᠤᠬᠢᠴᠢ ᠨᠡᠬᠦᠷᠡᠰᠦ ᠶᠢᠨ ᠬᠢᠮᠢ ᠶᠢᠨ ᠠᠵᠦ ᠦᠢᠯᠡᠳᠪᠦᠷᠢ ᠶᠢᠨ ᠠᠵᠦ | ᠦᠢᠯᠡᠰ ᠢ ᠬᠦᠭᠵᠢᠬᠦᠯᠵᠦ᠂ ᠬᠤᠷᠴᠢᠨ ᠵᠡᠬᠦᠨ ᠭᠠᠷᠤᠨ ᠬᠤᠶᠢᠳᠦ ᠬᠤᠰᠢᠭᠤ᠂ ᠬᠤᠷᠴᠢᠨ ᠵᠡᠬᠦᠨ ᠭᠠᠷᠤᠨ ᠲᠤᠮᠳᠡᠳᠦ ᠬᠤᠰᠢᠭᠤ᠂ ᠵᠠᠷᠤᠳ ᠬᠤᠰᠢᠭᠤ᠂ ᠺᠠᠶᠢᠯᠤ | ᠰᠢᠶᠠᠨ ᠢᠶᠠᠷ ᠭᠤᠤᠯᠳᠠᠯᠭ᠎ᠠ ᠪᠤᠯᠭᠠᠵᠦ ᠠᠯᠠᠰᠢᠨ ᠦᠬᠡᠷ ᠪᠤᠯᠪᠠᠰᠤᠷᠠᠭᠤᠯᠬᠤ ᠠᠵᠦ ᠦᠢᠯᠡᠰ ᠢ ᠬᠦᠭᠵᠢᠬᠦᠯᠵᠦ᠂ ᠨᠡᠬᠡᠬᠡᠯᠳᠡ ᠶᠢᠨ ᠲᠤᠭᠤᠷᠢᠭ᠂ ᠬᠦᠷᠢᠶ᠎ᠡ ᠬᠤᠰᠢᠭᠤ᠂ | ᠨᠠᠢᠮᠠᠨ ᠬᠤᠰᠢᠭᠤ ᠪᠠᠷ ᠭᠤᠤᠯᠳᠠᠯᠭ᠎ᠠ ᠪᠤᠯᠭᠠᠵᠦ ᠤᠳᠤᠬᠢᠴᠢ ᠮᠤᠩᠭᠤᠯ ᠡᠮ ᠡᠮᠨᠡᠯᠬᠡ ᠶᠢᠨ ᠠᠵᠦ ᠦᠢᠯᠡᠰ ᠢ ᠬᠦᠭᠵᠢᠬᠦᠯᠵᠦ᠂ ᠨᠠᠢᠮᠠᠨ ᠬᠤᠰᠢᠭᠤ᠂ ᠬᠤᠷᠴᠢᠨ ᠵᠡᠬᠦᠨ | ᠭᠠᠷᠣᠨ ᠬᠤᠶᠢᠳᠦ ᠬᠤᠰᠢᠭᠤ᠂ ᠬᠦᠷᠢᠶ᠎ᠡ ᠬᠤᠰᠢᠭᠤ ᠪᠠᠷ ᠭᠤᠤᠯᠳᠠᠯᠭ᠎ᠠ ᠪᠤᠯᠭᠠᠵᠦ ᠡᠯᠡᠰᠦᠨ ᠠᠵᠦ ᠦᠢᠯᠡᠰ ᠢ ᠬᠦᠭᠵᠢᠬᠦᠯᠦᠨ᠎ᠡ᠃ ᠬᠦᠷᠢᠶᠡᠯᠡᠩ ᠲᠤᠭᠤᠷᠢᠭ ᠤᠨ | ᠠᠩᠬ᠎ᠠ ᠨᠠᠷᠢᠯᠢᠭ ᠪᠦᠳᠦᠬᠡᠭᠳᠡᠬᠦᠨ ᠤ ᠠᠵᠦ ᠠᠬᠤᠶᠢᠯᠠᠯ ᠤᠨ ᠬᠤᠭᠤᠷᠤᠨᠳᠤ ᠢᠵᠢ ᠪᠦᠷᠢᠨ ᠬᠠᠮᠵᠢᠯᠴᠠᠭ᠎ᠠ ᠶᠢ ᠴᠢᠩᠭᠠᠳᠬᠠᠨ᠂ ᠬᠦᠩᠭᠡᠨᠴᠠᠭᠠᠨ ᠤ ᠤᠰᠤ᠂ | ᠴᠠᠷᠳᠠᠭᠤᠯ ᠤᠨ ᠰᠦ ᠶᠢ ᠰᠢᠭᠤᠳ ᠬᠠᠩᠭᠠᠵᠦ ᠪᠤᠷᠤᠯᠠᠭᠤᠯᠬᠤ ᠶᠢ ᠰᠦᠪᠡᠭᠴᠢᠯᠡᠨ᠂ ᠠᠵᠦ ᠦᠢᠯᠡᠰ ᠤᠨ ᠬᠤᠯᠪᠤᠯᠴᠠᠭ᠎ᠠ ᠶᠢ ᠲᠡᠭᠡᠭᠰᠢᠯᠡᠬᠦᠯᠦᠨ᠎ᠡ᠃ ᠬᠦᠷᠢᠶᠡᠯᠡᠩ | ᠲᠤᠭᠤᠷᠢᠭ ᠤᠨ ᠢᠯᠴᠢ ᠴᠠᠬᠢᠯᠭᠠᠨ ᠤ ᠬᠤᠯᠪᠣᠭ᠎ᠠ ᠦᠢᠯᠡᠳᠪᠦᠷᠢᠯᠡᠯ᠂ ᠴᠡᠪᠡᠷᠯᠡᠭᠰᠡᠨ ᠣᠰᠣ ᠶᠢ ᠡᠭᠡᠬᠦᠯᠦᠨ ᠬᠡᠷᠡᠭᠯᠡᠬᠦ ᠵᠡᠷᠭᠡ ᠰᠠᠭᠤᠷᠢ ᠲᠦᠬᠦᠬᠡᠷᠦᠮᠵᠢ ᠶᠢᠨ | ᠪᠠᠶᠢᠭᠤᠯᠤᠯᠳᠡ ᠶᠢ ᠴᠢᠩᠭᠠᠳᠬᠠᠵᠦ᠂ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠲᠠᠭᠠᠭᠠᠴᠠ ᠶᠢ ᠲᠡᠭᠡᠭᠰᠢᠯᠡᠬᠦᠯᠦᠨ᠂ ᠠᠵᠦ ᠦᠢᠯᠡᠰ ᠢ | ᠪᠦᠯᠦᠭᠵᠢᠬᠦᠯᠦᠨ ᠬᠦᠭᠵᠢᠬᠦᠯᠬᠦ ᠶᠢ ᠠᠬᠢᠭᠤᠯᠤᠨ᠎ᠠ᠃ | ︵ᠭᠤᠷᠪᠡ︶ ᠪᠤᠬᠢᠷᠳᠦᠯ ᠦᠭᠡᠢ ᠠᠮᠢ ᠠᠬᠤᠢ ᠶᠢᠨ ᠮᠨᠯ ᠲᠠᠷᠢᠶᠠᠯᠠᠩ ᠢ ᠬᠦᠭᠵᠢᠬᠦᠯᠵᠦ᠂ ᠮᠠᠯ ᠲᠠᠷᠢᠶᠠᠯᠠᠩ ᠤᠨ ᠠᠵᠣ ᠠᠬᠤᠢ ᠶᠢᠨ ᠤᠳᠤᠬᠢᠴᠢᠯᠠᠯᠳᠡ ᠶᠢᠨ | ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠶᠠᠰᠤ ᠴᠢᠨᠡᠷ ᠢᠶᠠᠷ ᠲᠠᠷᠢᠶᠠᠯᠠᠩ ᠢ ᠬᠦᠭᠵᠢᠬᠦᠯᠬᠦ᠂ ᠪᠤᠬᠢᠷᠳᠦᠯ ᠦᠭᠡᠢ ᠪᠠᠷ ᠲᠠᠷᠢᠶᠠᠯᠠᠩ ᠢ ᠬᠦᠭᠵᠢᠬᠦᠯᠬᠦ ᠶᠢ ᠪᠠᠷᠢᠮᠳᠡᠯᠡᠨ᠂ | ᠤᠰᠤ ᠠᠷᠪᠢᠯᠠᠬᠤ ᠲᠠᠷᠢᠶᠠᠯᠠᠩ᠂ ᠱᠣᠱᠢᠭᠠᠳᠣ ᠲᠠᠷᠢᠶᠠᠯᠠᠩ᠂ ᠨᠢᠬᠡᠳᠦᠬᠡᠷ ᠬᠤᠶᠠᠳᠣᠭᠠᠷ ᠭᠤᠷᠪᠡᠳᠤᠭᠠᠷ ᠠᠵᠦ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠲᠡᠭᠡᠷ᠎ᠡ | ᠬᠦᠴᠦ ᠲᠠᠯᠪᠢᠵᠦ᠂ ᠮᠠᠯ ᠲᠡᠷᠢᠶᠡᠯᠡᠩ ᠤᠨ ᠠᠵᠣ ᠠᠬᠤᠢ ᠶᠢᠨ ᠤᠨᠠᠯᠳᠡ ᠶᠢ ᠨᠡᠮᠡᠭᠳᠡᠬᠦᠯᠬᠦ ᠠᠴᠠ ᠨᠢ ᠶᠠᠰᠤ ᠴᠢᠨᠡᠷ ᠢ ᠲᠡᠭᠡᠭᠰᠢᠯᠡᠬᠦᠯᠬᠦ ᠲᠡᠰᠢ ᠬᠤᠪᠢᠷᠠᠭᠤᠯᠤᠨ᠎ᠠ᠃ | ᠮᠠᠯ ᠲᠠᠷᠢᠶᠡᠯᠡᠩ ᠤᠨ ᠠᠵᠣ ᠠᠬᠤᠢ ᠶᠢᠨ ᠬᠠᠩᠭᠠᠯᠭ᠎ᠠ ᠶᠢᠨ ᠪᠦᠳᠦᠴᠠ ᠶᠢᠨ ᠴᠢᠨᠡᠷ ᠲᠠᠢ ᠦᠬᠡᠷᠡᠴᠢᠯᠡᠯᠳᠡ ᠶᠢ ᠦᠷᠬᠦᠯᠵᠢᠯᠡᠨ ᠠᠬᠢᠭᠤᠯᠤᠨ᠎ᠠ᠃ ᠠᠮᠢ | ᠠᠬᠤᠢ ᠶᠢᠨ ᠤᠰᠤ ᠠᠷᠪᠢᠯᠠᠬᠤ ᠲᠠᠷᠢᠶᠠᠯᠠᠩ ᠢ ᠬᠦᠭᠵᠢᠬᠦᠯᠵᠦ᠂ ᠭᠠᠵᠠᠷ ᠰᠢᠷᠦᠢ ᠶᠢ ᠬᠡᠪᠴᠢᠶᠡᠵᠢᠬᠦᠯᠦᠨ ᠡᠵᠡᠩᠨᠡᠬᠦ᠂ ᠲᠤᠰᠬᠠᠶᠢᠵᠢᠭᠤᠯᠵᠦ ᠡᠷᠴᠢᠮᠵᠢᠬᠦᠯᠦᠨ | ᠦᠢᠯᠡᠳᠪᠦᠷᠢᠯᠡᠬᠦ᠂ ᠤᠰᠤᠨ ᠤ ᠡᠬᠢ ᠰᠤᠷᠪᠤᠯᠵᠢ ᠶᠢ ᠶᠡᠷᠦᠩᠭᠡᠶᠢᠯᠡᠨ ᠠᠰᠢᠭᠯᠠᠬᠤ ᠦᠬᠡᠷᠡᠴᠢᠯᠡᠯᠳᠡ ᠲᠠᠢ ᠤᠶᠠᠯᠳᠤᠭᠤᠯᠵᠦ᠂ ᠤᠰᠤ ᠠᠷᠪᠢᠯᠠᠬᠤ ᠦᠨᠳᠦᠷ ᠤᠨᠠᠯᠳᠡ | ᠦᠨᠳᠦᠷ ᠦᠷ᠎ᠡ ᠠᠰᠢᠭᠳᠦ ᠲᠠᠷᠢᠶᠠᠨ ᠭᠠᠵᠠᠷ ᠢ400 ᠲᠦᠮᠡᠨ ᠮᠤ᠋ ᠪᠠᠶᠢᠭᠤᠯᠤᠨ᠎ᠠ᠃ ᠵᠠᠬ᠎ᠠ ᠲᠡᠯᠬᠡᠬᠦᠷ ᠢᠶᠠᠷ ᠤᠳᠤᠷᠢᠳᠤᠮᠵᠢ ᠪᠤᠯᠭᠠᠵᠦ᠂ ᠲᠤᠯᠤᠭᠠᠶᠢᠯᠠᠭᠴᠢ ᠠᠵᠦ | ᠠᠬᠤᠶᠢᠯᠠᠯ ᠪᠤᠯᠤᠨ ᠲᠤᠰᠬᠠᠢ ᠬᠤᠷᠰᠢᠶᠠᠵᠢᠯ ᠤᠨ ᠲᠠᠭᠠᠭᠤᠯᠤᠭᠴᠢ ᠦᠢᠯᠡᠳᠦᠯ ᠢ ᠪᠠᠳᠠᠷᠠᠭᠤᠯᠤᠨ᠂ ᠲᠠᠷᠢᠮᠡᠯ ᠤᠨ ᠦᠢᠯᠡᠰ ᠤᠨ ᠪᠦᠳᠦᠴᠠ ᠶᠢᠨ ᠲᠤᠬᠢᠷᠠᠭᠤᠯᠤᠯᠳᠡ | ᠶᠢ ᠲᠦᠷᠭᠡᠳᠭᠡᠵᠦ᠂ ᠡᠷᠳᠡᠨᠢ ᠰᠢᠰᠢ ᠲᠠᠷᠢᠬᠤ ᠲᠠᠯᠠᠪᠠᠢ ᠪᠠᠨ ᠦᠷᠬᠦᠯᠵᠢᠯᠡᠨ ᠪᠠᠭᠠᠰᠬᠠᠵᠦ᠂ ᠤᠨᠴᠠᠯᠢᠭᠳᠦ ᠲᠠᠷᠢᠮᠡᠯ ᠤᠨ ᠦᠢᠯᠡᠰ ᠢ ᠬᠦᠭᠵᠢᠬᠦᠯᠦᠨ᠂ ᠲᠠᠷᠢᠮᠡᠯ ᠢ | 340 ᠲᠦᠮᠡᠨ ᠮᠤ᠋ ᠬᠦᠭᠵᠢᠬᠦᠯᠦᠨ᠎ᠡ᠃ ᠲᠡᠵᠢᠬᠡᠬᠦ ᠶᠢᠨ ᠲᠦᠯᠦᠬᠡ ᠲᠠᠷᠢᠬᠤ᠂ ᠲᠡᠷᠢᠵᠦ ᠲᠡᠵᠢᠬᠡᠬᠦ ᠶᠢ ᠤᠶᠠᠯᠳᠤᠭᠤᠯᠬᠤ ᠶᠢ ᠪᠠᠷᠢᠮᠳᠡᠯᠡᠨ᠂ ᠰᠢᠯᠢᠳᠡᠭ ᠲᠡᠵᠢᠬᠡᠯ | ᠪᠤᠷᠳᠤᠭᠠᠨ ᠤ ᠰᠠᠭᠤᠷᠢᠨ 550 ᠲᠦᠮᠡᠨ ᠮᠤ᠋ ᠪᠠᠶᠢᠭᠤᠯᠤᠨ᠎ᠠ᠃ ᠠᠯᠠᠰᠢᠨ ᠦᠬᠡᠷ ᠢᠶᠠᠷ ᠭᠤᠤᠯᠯᠠᠭᠰᠠᠨ ᠤᠳᠤᠬᠢᠴᠢ ᠲᠡᠵᠢᠬᠡᠪᠦᠷᠢ ᠶᠢᠨ ᠦᠢᠯᠡᠰ ᠢ ᠲᠤᠪᠤᠶᠢᠯᠭᠠᠨ | ᠬᠦᠭᠵᠢᠬᠦᠯᠵᠦ᠂ ᠠᠯᠠᠰᠢᠨ ᠦᠬᠡᠷ ᠤᠨ ᠶᠠᠰᠤ ᠴᠢᠨᠡᠷ ᠢ ᠲᠡᠭᠡᠭᠰᠢᠯᠡᠬᠦᠯᠦᠨ ᠦᠷᠡᠵᠢᠯᠳᠡ ᠶᠢ ᠦᠷᠭᠡᠳᠭᠡᠬᠦ ᠢᠨᠵᠧᠨᠧᠷᠢᠩ ᠢ ᠭᠡᠷᠡᠭᠵᠢᠬᠦᠯᠦᠨ᠂ ᠤᠳᠤᠬᠢᠴᠢ ᠠᠯᠠᠰᠢᠨ | ᠦᠬᠡᠷ ᠤᠨ ᠰᠠᠶᠢᠨ ᠡᠬᠦᠯᠳᠡᠷ ᠢ ᠦᠷᠡᠵᠢᠬᠦᠯᠵᠦ ᠲᠡᠯᠬᠡᠷᠡᠬᠦᠯᠬᠦ ᠲᠤᠭᠳᠠᠯᠴᠠᠭ᠎ᠠ ᠪᠠᠶᠢᠭᠤᠯᠵᠦ᠂ ᠰᠠᠶᠢᠨ ᠡᠬᠦᠯᠳᠡᠷ ᠤᠨ ᠡᠬᠡ ᠮᠠᠯ 20 ᠲᠦᠮᠨ ᠨᠡᠮᠡᠭᠳᠡᠬᠦᠯᠦᠨ᠎ᠡ᠃ | ᠱᠣᠱᠢᠭᠠᠳᠣ ᠮᠠᠯ ᠲᠡᠷᠢᠶᠡᠯᠡᠩ ᠤᠨ ᠦᠢᠯᠡᠳᠪᠦᠷᠢᠯᠡᠯ ᠢ ᠶᠡᠭᠡ ᠪᠠᠷ ᠬᠦᠭᠵᠢᠬᠦᠯᠦᠨ᠎ᠡ᠃ ᠮᠠᠯ ᠲᠠᠷᠢᠶᠡᠯᠡᠩ ᠤᠨ ᠦᠢᠯᠡᠰ ᠤᠨ ᠪᠠᠷᠢᠮᠵᠢᠶᠠᠵᠢᠭᠤᠯᠣᠯᠳᠠ ᠶᠢᠨ | ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠮᠠᠯ ᠲᠡᠷᠢᠶᠡᠯᠡᠩ ᠤᠨ ᠠᠰᠢᠭ ᠰᠢᠮ᠎ᠡ ᠶᠢᠨ ᠶᠠᠰᠤ ᠴᠢᠨᠡᠷ ᠠᠶᠤᠯᠬᠦᠢ ᠬᠤᠰᠢᠭᠤ ᠶᠢ ᠡᠬᠦᠳᠦᠨ ᠪᠠᠶᠢᠭᠤᠯᠬᠤ ᠠᠵᠢᠯ ᠢ | ᠬᠦᠨᠵᠡᠬᠡᠢ ᠦᠷᠨᠢᠬᠦᠯᠦᠨ᠂ ᠲᠠᠪᠠᠭᠤᠯᠢᠭ ᠤᠨᠴᠠᠯᠢᠭ ᠲᠠᠢ ᠮᠠᠯ ᠲᠠᠷᠢᠶᠡᠯᠡᠩ ᠤᠨ ᠠᠰᠢᠭ ᠰᠢᠮ᠎ᠡ ᠶᠢᠨ ᠪᠠᠷᠢᠮᠵᠢᠶ᠎ᠡ ᠦᠢᠯᠡᠳᠪᠦᠷᠢᠯᠡᠯ ᠤᠨ ᠲᠠᠭᠤᠷᠢᠶᠠᠯ ᠰᠠᠭᠤᠷᠢᠨ 39 | ᠪᠠᠶᠢᠭᠤᠯᠵᠦ᠂ ︽ᠭᠤᠷᠪᠡᠨ ᠦᠢᠯᠡᠳᠭᠡᠬᠦᠨ ᠨᠢᠬᠡ ᠲᠡᠮᠳᠡᠭ︾ ᠢᠶᠠᠷ ᠬᠡᠷᠡᠴᠢᠯᠡᠬᠦᠯᠦᠭᠰᠡᠨ ᠦᠢᠯᠡᠳᠭᠡᠬᠦᠨ ᠢ 50 ᠰᠢᠨ᠎ᠡ ᠨᠡᠮᠡᠭᠳᠡᠬᠦᠯᠦᠨ᠎ᠡ᠃ ᠲᠠᠷᠢᠶᠠᠨ ᠭᠠᠵᠠᠷ ᠤᠨ | ᠶᠠᠰᠤ ᠴᠢᠨᠡᠷ ᠪᠤᠯᠤᠨ ᠬᠦᠷᠦᠰᠦ ᠰᠢᠷᠦᠢ ᠶᠢ ᠰᠡᠷᠬᠦᠬᠡᠬᠦ ᠡᠷᠴᠢᠮ ᠢᠶᠠᠨ ᠶᠡᠬᠡᠰᠬᠡᠵᠦ᠂ ᠴᠡᠪᠡᠷ ᠲᠡᠷᠢᠵᠦ ᠲᠡᠵᠢᠬᠡᠬᠦ ᠦᠢᠯᠡᠰ ᠢ ᠲᠡᠯᠬᠡᠷᠡᠬᠦᠯᠦᠨ᠂ ᠬᠢᠮᠢ ᠶᠢᠨ ᠪᠤᠷᠳᠤᠭᠤᠷ | ᠲᠡᠷᠢᠶᠡᠨ ᠡᠮ ᠢ ︽ᠬᠤᠤᠰ ᠡᠵᠡᠮᠳᠡᠬᠦ︾ ᠪᠠ ᠪᠣᠯᠵᠣᠯ ᠬᠤᠭᠤᠴᠠᠭ᠎ᠠ ᠳᠤ ᠬᠢᠵᠢᠭ ᠡᠬᠦᠰᠦᠭᠰᠡᠨ ᠦᠬᠡᠢ ᠤᠷᠤᠨ ᠤ ᠪᠠᠶᠢᠭᠤᠯᠤᠯᠳᠡ ᠶᠢᠨ ᠪᠠᠷᠢᠯᠭ᠎ᠠ ᠶᠢ | ᠬᠡᠷᠡᠭᠵᠢᠬᠦᠯᠦᠨ᠎ᠡ᠃ ᠠᠯᠠᠰᠢᠨ ᠦᠬᠡᠷ ᠢᠶᠠᠷ ᠭᠤᠤᠯᠳᠠᠯᠭ᠎ᠠ ᠪᠤᠯᠭᠠᠭᠰᠠᠨ ᠶᠠᠰᠤ ᠴᠢᠨᠡᠷ ᠤᠨ ᠠᠶᠤᠯᠬᠦᠢ ᠶᠢᠨ ᠪᠦᠬᠦ ᠶᠠᠪᠤᠴᠠ ᠶᠢᠨ ᠮᠦᠷᠳᠡᠨ ᠪᠠᠶᠢᠴᠠᠭᠠᠯᠳᠠ ᠶᠢᠨ | ᠰᠢᠰᠲ᠋ᠧᠮ ᠢ ᠲᠡᠬᠦᠯᠳᠡᠷᠵᠢᠬᠦᠯᠵᠦ᠂ ᠭᠤᠤᠯ ᠪᠤᠯᠬᠤ ᠮᠠᠯ ᠲᠠᠷᠢᠶᠡᠯᠡᠩ ᠤᠨ ᠠᠰᠢᠭ ᠰᠢᠮ᠎ᠡ ᠶᠢ ᠲᠠᠷᠢᠶᠠᠨ ᠭᠠᠵᠠᠷ ᠮᠠᠯᠵᠢᠯ ᠤᠨ ᠲᠠᠯᠠᠪᠠᠢ ᠠᠴᠠ ᠬᠤᠭᠤᠯᠠᠨ ᠰᠢᠷᠡᠭᠡᠨ | ᠳᠤ ᠭᠠᠷᠭᠠᠬᠤ ᠬᠦᠷᠳᠡᠯᠡᠬᠢ ᠶᠠᠪᠤᠴᠠ ᠶᠢ ᠮᠦᠷᠳᠡᠨ ᠪᠠᠶᠢᠴᠠᠭᠠᠬᠤ ᠰᠢᠰᠲ᠋ᠧᠮ ᠪᠠᠶᠢᠭᠤᠯᠤᠨ᠂ ᠬᠤᠷᠴᠢᠨ ᠤ ᠪᠤᠬᠢᠷᠳᠦᠯ ᠦᠭᠡᠢ ᠮᠠᠯ ᠲᠠᠷᠢᠶᠠᠯᠠᠩ ᠤᠨ ᠠᠰᠢᠭ | ᠰᠢᠮ᠎ᠡ ᠶᠢᠨ ᠱᠣᠱᠢᠭ᠎ᠠ ᠶᠢ ᠲᠠᠭᠤᠷᠢᠰᠬᠠᠨᠠ᠃ | ᠬᠦᠳᠡᠭᠡ ᠲᠤᠰᠬᠤᠨ ᠮᠠᠯᠵᠢᠬᠤ ᠤᠷᠤᠨ ᠤ ᠨᠢᠬᠡ ᠬᠤᠶᠠᠷ ᠭᠤᠷᠪᠡᠳᠤᠭᠠᠷ ᠠᠵᠦ ᠦᠢᠯᠡᠰ ᠤᠨ ᠠᠭᠤᠰᠤᠯᠴᠠᠭ᠎ᠠ ᠬᠦᠭᠵᠢᠬᠦᠯᠣᠯᠳᠠ ᠶᠢ ᠠᠬᠢᠭᠤᠯᠤᠨ᠎ᠠ᠃ ︽ | ᠢᠨᠲ᠋ᠧᠷ ᠰᠦᠯᠵᠢᠶ᠎ᠡ + ᠤᠳᠤᠬᠢᠴᠢ ᠮᠠᠯ ᠲᠠᠷᠢᠶᠠᠯᠠᠩ︾ ᠤᠨ ᠠᠵᠢᠯᠯᠠᠭ᠎ᠠ ᠶᠢ ᠬᠡᠷᠡᠭᠵᠢᠬᠦᠯᠵᠦ᠂ ᠮᠠᠯ ᠲᠡᠷᠢᠶᠡᠯᠡᠩ ᠤᠨ ᠦᠢᠯᠡᠳᠪᠦᠷᠢᠯᠡᠯ ᠤᠨ ᠴᠢᠳᠡᠮᠵᠢ ᠶᠢ | ᠦᠷᠭᠡᠳᠭᠡᠨ᠂ ᠠᠵᠦ ᠦᠢᠯᠡᠰ ᠤᠨ ᠬᠡᠯᠬᠢᠶ᠎ᠡ ᠪᠠᠨ ᠤᠷᠳᠤᠳᠬᠠᠨ᠎ᠠ᠃ ᠠᠵᠦ ᠦᠢᠯᠡᠰᠵᠢᠯᠳᠡ ᠶᠢᠨ ᠬᠤᠯᠪᠤᠭᠠᠳᠦ ᠴᠤᠭᠴᠠ ᠶᠢ ᠶᠡᠭᠡ ᠪᠠᠷ ᠬᠦᠭᠵᠢᠬᠦᠯᠵᠦ᠂ ᠮᠠᠯ | ᠲᠡᠷᠢᠶᠡᠯᠡᠩ ᠢ ᠮᠦᠩᠭᠦᠨ ᠬᠦᠢᠯᠬᠡᠬᠡᠨ᠂ ᠰᠢᠨᠵᠢᠯᠡᠭᠡ ᠮᠡᠷᠬᠡᠵᠢᠯ᠂ ᠬᠦᠢᠯᠬᠡᠬᠡᠨ ᠵᠡᠷᠭᠡ ᠤᠯᠠᠨ ᠡᠵᠡᠩᠨᠡᠯᠳᠡ ᠶᠢᠨ ᠬᠡᠯᠪᠡᠷᠢ ᠲᠠᠢ ᠠᠭᠤᠰᠤᠯᠴᠠᠭᠤᠯᠤᠨ ᠬᠦᠭᠵᠢᠬᠦᠯᠬᠦ | ᠰᠢᠨ᠎ᠡ ᠲᠤᠭᠳᠠᠴᠠ ᠪᠠᠶᠢᠭᠤᠯᠤᠨ᠂ ᠲᠠᠷᠢᠶᠠᠴᠢᠨ ᠪᠤᠯᠤᠨ ᠠᠵᠦ ᠠᠬᠤᠶᠢᠯᠠᠯ ᠨᠢᠭᠳᠠᠷᠠᠭᠰᠠᠨ ᠮᠠᠶ᠋ᠢᠭ ᠤᠨ ᠠᠰᠢᠭ ᠲᠤᠰᠠ ᠶᠢᠨ ᠬᠤᠯᠪᠤᠭ᠎ᠠ ᠶᠢᠨ ᠬᠠᠷᠢᠴᠠᠯ ᠢ 60% | ᠲᠠᠪᠠᠭᠤᠯᠤᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠪᠠᠷᠠᠭᠠᠨ ᠤ ᠬᠦᠢᠯᠬᠡᠬᠡᠨ ᠤ ᠲᠦᠬᠦᠬᠡᠷᠦᠮᠵᠢ ᠶᠢ ᠲᠦᠯᠦᠪᠵᠢᠬᠦᠯᠦᠨ ᠪᠠᠶᠢᠭᠤᠯᠵᠦ᠂ ᠬᠤᠰᠢᠭᠤ ᠰᠣᠮᠣ | ᠭᠠᠴᠠᠭ᠎ᠠ ᠭᠤᠷᠪᠠᠨ ᠱᠠᠳᠤᠨ ᠤ ᠮᠠᠯ ᠲᠠᠷᠢᠶᠠᠯᠠᠩ ᠤᠨ ᠠᠰᠢᠭ ᠰᠢᠮ᠎ᠡ ᠪᠤᠯᠤᠨ ᠲᠠᠷᠢᠶᠠᠯᠠᠩ ᠤᠨ ᠡᠳ᠋ ᠪᠤᠳᠡᠰ ᠤᠨ ᠪᠠᠷᠠᠭᠠᠨ ᠤ ᠬᠦᠢᠯᠭᠡᠭᠡᠨ ᠤ ᠰᠦᠯᠵᠢᠶᠡᠨ ᠤ | ᠰᠢᠰᠲ᠋ᠧᠮ ᠢ ᠲᠡᠬᠦᠯᠳᠡᠷᠵᠢᠬᠦᠯᠦᠨ᠎ᠡ᠃ ᠲᠤᠮᠳᠡᠳᠦ ᠤᠯᠤᠰ ᠤᠨ ᠲᠠᠯ᠎ᠠ ᠨᠤᠳᠤᠭ ᠤᠨ ᠠᠯᠠᠰᠢᠨ ᠦᠬᠡᠷ ᠤᠨ ᠬᠤᠳᠡ ᠪᠠᠶᠢᠭᠤᠯᠵᠦ᠂ ᠬᠤᠷᠴᠢᠨ ᠦᠬᠡᠷ ᠤᠨ ᠦᠢᠯᠡᠰ | ᠤᠨ ᠠᠯᠠᠰᠢᠨ ᠦᠬᠡᠷ ᠤᠨ ᠠᠵᠦ ᠦᠢᠯᠡᠰ ᠤᠨ ᠬᠦᠷᠢᠶᠡᠯᠡᠩ᠂ ᠢ ᠰᠠᠢ ᠠᠯᠠᠰᠢᠨ ᠦᠬᠡᠷ᠂ ᠪᠠᠩ ᠵᠢᠶᠧ ᠢᠳᠡᠭᠡᠨ ᠤ ᠠᠯᠠᠰᠢᠨ ᠦᠬᠡᠷ ᠬᠦᠨ ᠡᠳ᠋ᠰᠢᠬᠦᠯᠬᠦ ᠲᠦᠷᠦᠯ | ᠵᠦᠢᠯ ᠢ ᠠᠰᠢᠭᠯᠡᠯᠳᠡ ᠳᠤ ᠤᠷᠤᠭᠤᠯᠤᠨ ᠦᠷ᠎ᠡ ᠠᠰᠢᠭ ᠭᠠᠷᠭᠠᠵᠦ᠂ ᠪᠦᠬᠦ ᠬᠤᠳᠡ ᠶᠢᠨ ᠠᠯᠠᠰᠢᠨ ᠦᠬᠡᠷ ᠡᠳ᠋ᠰᠢᠬᠦᠯᠬᠦ ᠴᠢᠳᠡᠪᠦᠷᠢ ᠶᠢ 60 ᠲᠦᠮᠨ ᠬᠦᠷᠭᠡᠨ᠎ᠡ᠃ | ᠨᠦᠬᠦᠴᠠᠯ ᠲᠠᠢ ᠭᠠᠵᠠᠷ ᠬᠦᠳᠡᠭᠡ ᠶᠢᠨ ᠶᠡᠷᠦᠩᠭᠡᠢ ᠴᠤᠭᠴᠠ ᠪᠠᠶᠢᠭᠤᠯᠬᠤ ᠶᠢ ᠵᠤᠷᠢᠭᠵᠢᠭᠤᠯᠤᠨ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠠᠵᠦ ᠦᠢᠯᠡᠰ ᠤᠨ | ᠬᠦᠭᠵᠢᠯᠳᠡ ᠶᠢ ᠠᠬᠢᠭᠤᠯᠵᠦ᠂ ᠮᠠᠯᠴᠢᠨ ᠲᠡᠷᠢᠶᠡᠴᠢᠨ ᠤ ᠤᠷᠤᠯᠭ᠎ᠠ ᠶᠢ ᠨᠡᠮᠡᠭᠳᠡᠬᠦᠯᠬᠦ ᠠᠷᠭ᠎ᠠ ᠵᠠᠮ ᠢ ᠲᠠᠰᠤᠷᠡᠯᠳᠡ ᠦᠭᠡᠢ ᠦᠷᠭᠡᠳᠭᠡᠨ᠎ᠡ᠃ | ︵ᠲᠦᠷᠪᠡ︶ ᠤᠳᠤᠬᠢᠴᠢ ᠦᠢᠯᠡᠴᠢᠯᠡᠭᠡᠨ ᠤ ᠦᠢᠯᠡᠰ ᠢ ᠲᠦᠷᠭᠡᠨ ᠬᠦᠭᠵᠢᠬᠦᠯᠵᠦ᠂ ᠰᠢᠨ᠎ᠡ ᠨᠡᠮᠡᠭᠳᠡᠯ ᠴᠡᠭ ᠢ ᠲᠠᠰᠤᠷᠡᠯᠳᠡ ᠦᠭᠡᠢ ᠪᠤᠶᠢᠵᠢᠭᠤᠯᠤᠨ᠎ᠠ᠃ | ᠦᠢᠯᠡᠴᠢᠯᠡᠭᠡᠨ ᠤ ᠦᠢᠯᠡᠰ ᠪᠤᠯ ᠮᠠᠨ ᠤ ᠬᠦᠭᠵᠢᠯᠳᠡ ᠶᠢᠨ ᠲᠤᠳᠠᠭᠳᠠᠯ ᠲᠠᠢ ᠲᠠᠯ᠎ᠠ ᠮᠥᠨ᠂ ᠮᠥᠨ ᠴᠦ ᠰᠢᠨ᠎ᠡ ᠬᠦᠳᠡᠯᠭᠡᠬᠦ ᠬᠦᠴᠦ ᠶᠢ | ᠪᠣᠶᠢᠵᠢᠭᠤᠯᠬᠤ ᠲᠠᠯᠳᠠ ᠬᠦᠴᠦᠨ ᠨᠢᠭᠤᠭᠳᠠᠵᠦ ᠪᠠᠶᠢᠳᠠᠭ᠂ ᠰᠢᠨ᠎ᠡ ᠬᠡᠪ ᠵᠠᠭᠪᠤᠷ ᠰᠢᠨ᠎ᠡ ᠡᠵᠡᠩᠨᠡᠯᠳᠡ ᠶᠢᠨ ᠬᠡᠯᠪᠡᠷᠢ ᠪᠠᠷ ᠤᠳᠤᠬᠢᠴᠢ ᠦᠢᠯᠡᠴᠢᠯᠡᠭᠡᠨ ᠤ ᠦᠢᠯᠡᠰ | ᠤᠨ ᠬᠡᠮᠵᠢᠶ᠎ᠡ ᠶᠢ ᠨᠡᠮᠡᠭᠳᠡᠬᠦᠯᠦᠨ ᠶᠠᠰᠤ ᠴᠢᠨᠡᠷ ᠢ ᠲᠡᠭᠡᠭᠰᠢᠯᠡᠬᠦᠯᠦᠨ᠎ᠡ᠃ | ᠰᠤᠶᠤᠯ ᠤᠨ ᠵᠤᠭᠠᠴᠠᠯ ᠰᠡᠯᠡᠬᠦᠴᠡᠯ ᠤᠨ ᠠᠵᠦ ᠦᠢᠯᠡᠰ ᠤᠨ ᠠᠭᠤᠰᠤᠯᠴᠠᠭ᠎ᠠ ᠬᠦᠭᠵᠢᠬᠦᠯᠣᠯᠳᠠ ᠶᠢ ᠠᠬᠢᠭᠤᠯᠤᠨ᠎ᠠ᠃ ᠪᠦᠬᠦ ᠤᠷᠤᠨ ᠪᠦᠰᠡ ᠶᠢᠨ | ᠵᠤᠭᠠᠴᠠᠯ᠂ ᠵᠢᠯ ᠲᠤᠷᠰᠢ ᠶᠢᠨ ᠵᠤᠭᠠᠴᠠᠯ᠂ ︽ᠵᠤᠭᠠᠴᠠᠯ +︾ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠬᠤᠷᠴᠢᠨ ᠤ ᠮᠢᠩᠭᠠᠨ ᠭᠠᠵᠠᠷ ᠤᠨ | ᠦᠵᠡᠮᠵᠢ ᠶᠢᠨ ᠲᠡᠷᠳᠡᠩ ᠵᠠᠮ ᠢ ᠴᠢᠨᠠᠭᠰᠢᠳᠡ ᠰᠠᠶᠢᠵᠢᠷᠠᠭᠤᠯᠵᠦ᠂ ᠰᠤᠶᠤᠯ ᠤᠨ ᠬᠡᠯᠬᠢᠶ᠎ᠡ ᠭᠤᠤᠯ ᠰᠡᠳᠤᠪ ᠢ ᠲᠤᠪᠤᠶᠢᠯᠭᠠᠨ᠂ ᠲᠡᠷᠭᠡ ᠪᠠᠷᠢᠵᠦ ᠵᠤᠭᠠᠴᠠᠭᠴᠢ ᠶᠢᠨ | ᠬᠡᠬᠡᠷ᠎ᠡ ᠶᠢᠨ ᠪᠠᠭᠤᠴᠠ᠂ ᠦᠢᠯᠡᠴᠢᠯᠡᠭᠡᠨ ᠤ ᠤᠯᠠᠭ᠎ᠠ ᠦᠷᠳᠡᠭᠡ᠂ ᠵᠤᠭᠠᠴᠠᠯ ᠤᠨ ᠪᠠᠯᠭᠠᠰᠤᠨ ᠤ ᠦᠢᠯᠡᠴᠢᠯᠡᠭᠡᠨ ᠤ ᠰᠢᠰᠲ᠋ᠧᠮ ᠢᠶᠠᠨ ᠰᠢᠯᠢᠳᠡᠭᠵᠢᠬᠦᠯᠵᠦ᠂ ᠵᠤᠭᠠᠴᠠᠯ | ᠤᠨ ᠵᠠᠮ ᠬᠠᠷᠢᠯᠴᠠᠭᠠᠨ ᠤ ᠬᠦᠳᠦᠯᠬᠦ ᠱᠣᠱᠢᠭ᠎ᠠ ᠲᠡᠮᠳᠡᠭ᠂ ᠵᠠᠮ ᠬᠠᠷᠢᠯᠴᠠᠭᠠᠨ ᠤ ᠭᠤᠤᠯ ᠱᠣᠭᠤᠮ ᠪᠤᠯᠤᠨ ᠦᠵᠡᠮᠵᠢ ᠶᠢᠨ ᠤᠷᠤᠨ ᠤ ᠬᠤᠯᠪᠤᠭ᠎ᠠ ᠱᠤᠭᠤᠮ ᠢ | ᠢᠵᠢ ᠪᠦᠷᠢᠳᠦᠬᠦᠯᠬᠦ ᠴᠢᠳᠡᠮᠵᠢ ᠶᠢ ᠲᠡᠬᠦᠯᠳᠡᠷᠵᠢᠬᠦᠯᠦᠨ᠎ᠡ᠃ ᠰᠡᠩᠭᠡᠷᠢᠨᠴᠢᠨ ᠸᠠᠩ ᠤᠨ ᠬᠤᠷᠤᠭ᠎ᠠ ᠶᠢ ᠬᠠᠮᠠᠭᠠᠯᠠᠵᠦ ᠰᠡᠷᠬᠦᠬᠡᠨ ᠪᠠᠶᠢᠭᠤᠯᠬᠤ᠂ ᠬᠠᠮᠪᠤ ᠶᠢᠨ ᠬᠠᠭᠤᠴᠢ | ᠰᠤᠳᠤᠯᠤᠯ ᠤᠨ ᠪᠠᠭᠤᠷᠢ᠂ ᠡᠮᠦᠨ᠎ᠡ ᠪᠤᠯᠠᠭᠳᠦ ᠶᠢᠨ ᠪᠠᠭᠤᠷᠢ ᠶᠢᠨ ᠴᠡᠴᠡᠷᠯᠢᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠲᠦᠷᠭᠡᠳᠭᠡᠵᠦ᠂ ᠠᠭᠤᠯᠠᠷᠬᠠᠭ | ᠲᠠᠯ᠎ᠠ᠂ ᠲᠠᠬᠢᠮᠳᠠᠭᠤ ᠠᠮᠤᠷᠯᠢᠩᠭᠤᠢ ᠭᠡᠭᠡᠭᠡᠨ ᠰᠦᠳᠦ ᠬᠠᠳᠤᠨ ᠤ ᠬᠦᠷᠢᠶᠡᠯᠡᠩ ᠵᠡᠷᠭᠡ ᠨᠡᠷᠡᠳᠦ ᠦᠵᠡᠮᠵᠢ ᠶᠢᠨ ᠤᠷᠤᠨ ᠤ ᠶᠠᠰᠤ ᠴᠢᠨᠡᠷ ᠢ ᠲᠡᠭᠡᠭᠰᠢᠯᠡᠬᠦᠯᠦᠨ ᠲᠡᠰ | ᠲᠡᠪᠰᠢᠬᠦᠯᠵᠣ᠂ ︽ᠨᠢᠬᠡ ᠪᠦᠰᠡ ᠨᠢᠬᠡ ᠵᠡᠮ︾ ᠤᠨ ᠤᠪᠤᠭᠠᠨ ᠲᠡᠭᠡᠷᠡᠬᠢ ᠠᠭᠤᠯᠵᠠᠯᠳᠡ ᠶᠢᠨ ᠰᠤᠶᠤᠯ ᠤᠨ ᠵᠤᠭᠠᠴᠠᠯ ᠤᠨ ᠭᠤᠤᠯ ᠰᠡᠳᠤᠪᠳᠦ ᠪᠠᠯᠭᠠᠰᠤ ᠶᠢ | ᠲᠦᠯᠦᠪᠵᠢᠬᠦᠯᠦᠨ ᠪᠠᠶᠢᠭᠤᠯᠵᠦ᠂ ︽ᠵᠤᠭᠠᠴᠠᠯ + ᠪᠡᠶ᠎ᠡ ᠲᠠᠮᠢᠷ︾ ᠱᠣᠱᠢᠭᠠᠳᠣ ᠤᠷᠤᠯᠳᠤᠭᠠᠨ ᠡᠬᠦᠳᠴᠦ᠂ ︽2018 ᠤᠨ ᠤ ᠲᠦᠩᠯᠢᠶᠥᠥ ᠶᠢᠨ ᠰᠤᠶᠤᠯ ᠤᠨ | ᠵᠤᠭᠠᠴᠠᠯ ᠤᠨ ᠤᠯᠠᠷᠢᠯ︾ ᠤᠨ ᠰᠢᠷᠢᠰ ᠠᠵᠢᠯᠯᠠᠭ᠎ᠠ ᠶᠢ ᠰᠠᠶᠢᠳᠦᠷ ᠡᠷᠬᠢᠯᠡᠨ᠂ ︽ᠵᠣᠭᠠᠴᠠᠯ + ᠪᠡᠶ᠎ᠡ ᠲᠠᠮᠢᠷ︾ ᠤᠨ ᠱᠣᠱᠢᠭᠠᠳᠣ ᠣᠷᠣᠯᠳᠣᠭᠠᠨ ᠤ ᠵᠦᠢᠯᠡᠰ ᠢ | ᠡᠬᠦᠳᠴᠦ᠂ ᠰᠤᠶᠤᠯ ᠵᠤᠭᠠᠴᠠᠯ ᠤᠨ ᠠᠭᠤᠰᠤᠯᠴᠠᠭᠰᠠᠨ ᠬᠦᠭᠵᠢᠯᠳᠡ ᠶᠢᠨ ᠨᠦᠯᠦᠬᠡᠯᠡᠬᠦ ᠬᠦᠴᠦᠨ ᠢ ᠦᠷᠭᠡᠳᠭᠡᠨ᠎ᠡ᠃ | ᠠᠷᠠᠯᠵᠢᠶ᠎ᠠ ᠬᠤᠳᠡᠯᠳᠤᠭ᠎ᠠ ᠪᠠᠷᠠᠭᠠᠨ ᠤ ᠬᠦᠢᠯᠬᠡᠬᠡᠨ ᠢ ᠰᠦᠯᠵᠢᠶᠡᠨ ᠤ ᠭᠠᠳᠠᠨ᠎ᠠ ᠲᠤᠳᠤᠨ᠎ᠠ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠤᠨ᠎ᠠ᠃ | ᠭᠤᠤᠯ ᠬᠤᠳᠡ ᠲᠤᠭᠤᠷᠢᠭ ᠤᠨ ᠴᠠᠩ ᠴᠦᠨ ᠤ ᠡᠸᠦ ᠶᠠ᠂ ᠸᠠᠨ ᠳ᠋ᠠ ᠲᠠᠯᠠᠪᠠᠢ᠂ ᠸᠠᠨ ᠯᠢ ᠴᠧᠩ ᠵᠡᠷᠭᠡ ᠭᠤᠤᠯ ᠬᠤᠳᠡᠯᠳᠤᠭᠠᠨ ᠤ ᠲᠣᠭᠤᠷᠢᠭ ᠤᠨ ᠢᠵᠢ | ᠪᠦᠷᠢᠨ ᠴᠢᠳᠡᠮᠵᠢ ᠶᠢ ᠲᠡᠬᠦᠯᠳᠡᠷᠵᠢᠬᠦᠯᠵᠦ᠂ ᠳ᠋ᠠ ᠷᠦᠨ ᠹᠠ ᠶᠢᠨ ᠹᠧᠢ ᠨᠢᠦ ᠰᠦᠯᠵᠢᠶ᠎ᠡ᠂ ᠵᠢᠶᠦ᠋ᠨ ᠯᠢ ᠶᠢᠨ ᠢ ᠭᠸᠦ ᠰᠦᠯᠵᠢᠶ᠎ᠡ ᠶᠢᠨ ᠬᠡᠳᠦ ᠲᠡᠯᠬᠡᠬᠦᠷ ᠵᠡᠷᠭᠡ | ᠬᠤᠳᠡᠯᠳᠤᠭᠠᠨ ᠤ ᠦᠢᠯᠡᠰ ᠤᠨ ᠤᠶᠤᠨᠴᠢᠯᠡᠯᠳᠡ ᠶᠢᠨ ᠠᠬᠢᠴᠠ ᠶᠢ ᠲᠦᠷᠭᠡᠳᠭᠡᠵᠦ᠂ ᠨᠢᠬᠡ ᠪᠦᠯᠦᠭ ᠲᠣᠬᠢᠷᠠᠭᠤᠯᠣᠨ ᠬᠦᠷᠭᠡᠬᠦ ᠲᠦᠪ ᠪᠠ ᠨᠡᠶᠢᠬᠡᠮ ᠲᠤᠭᠤᠷᠢᠭ ᠤᠨ | ᠲᠣᠬᠢᠷᠠᠭᠤᠯᠣᠨ ᠬᠦᠷᠭᠡᠬᠦ ᠶᠡᠷᠦᠩᠭᠡᠢ ᠦᠢᠯᠡᠴᠢᠯᠡᠬᠡᠨ ᠤ ᠦᠷᠳᠡᠭᠡ ᠪᠠᠶᠢᠭᠤᠯᠵᠦ᠂ ᠤᠯᠤᠰ ᠤᠨ ᠲᠡᠰ ᠤᠨ ᠡᠯᠧᠺᠲᠷᠦᠨ ᠬᠤᠳᠡᠯᠳᠤᠭᠠᠨ ᠤ ᠶᠠᠪᠤᠳᠡᠯ ᠢ ᠬᠦᠳᠡᠭᠡ | ᠲᠤᠰᠬᠤᠨ ᠳᠤ ᠬᠦᠷᠭᠡᠬᠦ ᠶᠡᠷᠦᠩᠭᠡᠢ ᠲᠠᠭᠤᠷᠢᠶᠡᠯ ᠰᠢᠶᠠᠨ ᠤ ᠲᠦᠷᠦᠯ ᠵᠦᠢᠯ ᠤᠨ ᠪᠠᠶᠢᠭᠤᠯᠤᠯᠳᠡ ᠶᠢ ᠬᠦᠴᠦᠳᠡᠢ ᠠᠬᠢᠭᠤᠯᠤᠨ᠎ᠠ᠃ ᠭᠤᠤᠯ ᠬᠤᠳᠡ ᠲᠤᠭᠤᠷᠢᠭ ᠤᠨ | ︽ᠲᠠᠪᠤᠨ ᠪᠠᠷᠠᠭᠠᠨ ᠤ ᠬᠦᠢᠯᠬᠡᠬᠡᠨ ᠤ ᠲᠠᠪᠴᠠᠩ︾ ᠤᠨ ᠲᠦᠪᠯᠡᠷᠡᠬᠦᠯᠬᠦ ᠴᠢᠳᠡᠮᠵᠢ ᠶᠢ ᠲᠡᠭᠡᠭᠰᠢᠯᠡᠬᠦᠯᠵᠦ᠂ ᠠᠴᠢᠶ᠎ᠠ ᠪᠠᠭᠤᠯᠭᠠᠬᠤ ᠲᠡᠭᠡᠬᠡᠪᠦᠷᠢ᠂ ᠵᠠᠰᠠᠮᠠᠯ ᠵᠠᠮ ᠲᠡᠮᠦᠷ | ᠵᠠᠮ ᠲᠠᠯᠠᠢ ᠶᠢᠨ ᠵᠠᠮ ᠵᠡᠷᠬᠡ ᠤᠯᠠᠨ ᠬᠡᠯᠪᠡᠷᠢ ᠶᠢᠨ ᠬᠤᠯᠪᠤᠭᠠᠳᠦ ᠲᠡᠭᠡᠭᠡᠪᠦᠷᠢ ᠪᠠᠷ ᠭᠤᠤᠯᠳᠠᠯᠭ᠎ᠠ ᠪᠤᠯᠭᠠᠭᠰᠠᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠢ | ᠶᠡᠭᠡ ᠪᠠᠷ ᠬᠦᠭᠵᠢᠬᠦᠯᠵᠦ᠂ ᠬᠤᠰᠢᠭᠤ ᠰᠢᠶᠠᠨ ᠤ ᠤᠨᠴᠠᠯᠢᠭᠳᠦ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ᠬᠦᠭᠵᠢᠯᠳᠡ ᠶᠢ ᠲᠦᠷᠭᠡᠳᠭᠡᠨ᠎ᠡ᠃ | ᠲᠤᠮᠳᠡᠳᠦ ᠤᠯᠤᠰ ︵ᠲᠦᠩᠯᠢᠶᠥᠥ︶ ᠤᠨ ᠲᠠᠷᠢᠶᠡᠯᠡᠩ ᠤᠨ ᠠᠰᠢᠭ ᠰᠢᠮ᠎ᠡ ᠶᠢᠨ ᠡᠯᠧᠺᠲᠷᠣᠨ ᠠᠷᠠᠯᠵᠢᠶᠠᠨ ᠤ ᠲᠦᠪ᠂ ᠲᠤᠮᠳᠡᠳᠦ ᠤᠯᠤᠰ ︵ᠲᠦᠩᠯᠢᠶᠥᠥ︶ ᠤᠨ | ᠠᠯᠠᠰᠢᠨ ᠦᠬᠡᠷ ᠤᠨ ᠡᠯᠧᠺᠲᠷᠣᠨ ᠠᠷᠠᠯᠵᠢᠶᠠᠨ ᠤ ᠲᠦᠪ᠂ ᠮᠤᠩᠭᠤᠯ ᠬᠢᠳᠡᠳ ᠡᠮ ᠤᠨ ᠮᠠᠲ᠋ᠧᠷᠢᠶᠡᠯ ᠤᠨ ᠠᠷᠠᠯᠵᠢᠶᠠᠨ ᠤ ᠲᠦᠪ᠂ ᠦᠪᠦᠷ ᠮᠣᠩᠭᠤᠯ ᠤᠨ | ᠲᠡᠯᠡᠬᠡᠢ ᠶᠢᠨ ᠦᠬᠡᠷ ᠬᠤᠨᠢ ᠶᠢᠨ ᠠᠷᠠᠯᠵᠢᠶᠠᠨ ᠤ ᠲᠦᠪ ᠵᠡᠷᠬᠡ ᠣᠳᠣᠬᠢᠴᠢᠯᠠᠭᠰᠠᠨ ᠲᠤᠰᠬᠠᠶᠢᠵᠢᠭᠰᠠᠨ ᠵᠠᠬ᠎ᠠ ᠲᠡᠯᠬᠡᠬᠦᠷ ᠪᠠᠶᠢᠭᠤᠯᠵᠦ᠂ ᠭᠤᠤᠯ ᠬᠤᠳᠡ ᠲᠤᠭᠤᠷᠢᠭ | ᠤᠨ ᠭᠠᠷ ᠲᠠᠮᠵᠢᠭᠰᠠᠨ ᠲᠡᠷᠭᠡ ᠶᠢᠨ ᠠᠷᠠᠯᠵᠢᠶᠠᠨ ᠤ ᠵᠠᠬ᠎ᠠ ᠲᠡᠯᠬᠡᠬᠦᠷ ᠢ ᠲᠦᠯᠦᠪᠵᠢᠬᠦᠯᠦᠨ ᠪᠠᠶᠢᠭᠤᠯᠤᠨ᠎ᠠ᠃ | ᠮᠦᠩᠭᠦᠨ ᠬᠦᠢᠯᠬᠡᠬᠡᠨ ᠤ ᠦᠢᠯᠡᠰ ᠪᠤᠯᠤᠨ ᠪᠤᠳᠡᠳᠦ ᠴᠤᠭᠴᠠᠳᠦ ᠠᠵᠦ ᠠᠬᠤᠢ ᠶᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠤᠨ᠎ᠠ᠃ ᠮᠦᠩᠭᠦᠨ | ᠬᠦᠢᠯᠬᠡᠬᠡᠨ ᠤ ᠠᠮᠢ ᠠᠬᠤᠢ ᠶᠢᠨ ᠣᠷᠴᠢᠨ ᠢ ᠰᠢᠯᠢᠳᠡᠭᠵᠢᠬᠦᠯᠵᠦ᠂ ᠪᠣᠬᠢᠷᠳᠣᠯ ᠦᠬᠡᠢ ᠮᠦᠩᠬᠦᠨ ᠬᠦᠢᠯᠬᠡᠬᠡᠨ ᠢ ᠬᠦᠭᠵᠢᠬᠦᠯᠦᠨ᠎ᠡ᠃ ᠡᠯ᠎ᠡ ᠲᠦᠷᠦᠯ ᠤᠨ ᠮᠦᠩᠭᠦᠨ | ᠬᠦᠢᠯᠬᠡᠬᠡᠨ ᠤ ᠪᠠᠶᠢᠭᠤᠯᠤᠮᠵᠢ ᠶᠢ ᠤᠷᠤᠭᠤᠯᠤᠨ ᠠᠪᠴᠢᠷᠡᠵᠦ ᠪᠤᠶᠢᠵᠢᠭᠤᠯᠤᠨ᠂ ᠮᠦᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠲᠤᠤᠷ ᠴᠡᠭ ᠤᠨ ᠪᠠᠶᠢᠷᠢᠯᠠᠭᠤᠯᠣᠯᠳᠠ | ᠶᠢ ᠬᠤᠰᠢᠭᠤ ᠲᠡᠰᠢ ᠤᠷᠳᠤᠳᠬᠠᠬᠤ ᠶᠢ ᠵᠤᠷᠢᠭᠵᠢᠭᠤᠯᠵᠦ᠂ ᠦᠪᠦᠷ ᠮᠤᠩᠭᠤᠯ ᠤᠨ ᠰᠲ᠋ᠤᠺ ᠶᠢᠨ ᠡᠷᠬᠡ ᠶᠢᠨ ᠠᠷᠠᠯᠵᠢᠶᠠᠨ ᠤ ᠲᠦᠪ ᠤᠨ ᠵᠡᠬᠦᠨ ᠬᠡᠰᠡᠭ ᠤᠨ | ᠡᠵᠡᠩᠨᠡᠯᠳᠡ ᠶᠢᠨ ᠲᠦᠪ ᠢ ᠡᠷᠳᠡ ᠡᠳᠦᠷ ᠨᠤᠳᠤᠭᠰᠢᠭᠤᠯᠬᠤ ᠪᠠᠷ ᠴᠢᠷᠮᠡᠶᠢᠨ᠎ᠡ᠃ ᠲᠡᠷᠢᠶᠡᠯᠡᠩ ᠤᠨ ᠬᠦᠭᠵᠢᠬᠦᠯᠦᠯᠳᠡ ᠶᠢᠨ ᠪᠠᠩᠭᠢ ᠵᠡᠷᠭᠡ ᠮᠦᠩᠭᠦᠨ ᠬᠦᠢᠯᠬᠡᠬᠡᠨ ᠤ | ᠪᠠᠶᠢᠭᠤᠯᠤᠮᠵᠢ ᠯᠤᠭ᠎ᠠ ᠲᠤᠭᠳᠠᠭᠰᠠᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠵᠦᠪᠳᠡᠯᠴᠡᠭᠡᠷ ᠢ ᠮᠦᠷᠳᠡᠨ ᠨᠠᠶᠢᠳᠠᠪᠤᠷᠢᠵᠢᠭᠤᠯᠵᠦ᠂ ᠭᠠᠳᠠᠭᠠᠳᠦ ᠤᠯᠤᠰ ᠤᠨ | ᠵᠠᠰᠠᠭ ᠤᠨ ᠤᠷᠳᠤᠨ ᠪᠤᠯᠤᠨ ᠲᠡᠯᠡᠬᠡᠢ ᠶᠢᠨ ᠮᠦᠡᠭᠭᠦᠨ ᠬᠦᠢᠯᠬᠡᠬᠡᠨ ᠤ ᠵᠤᠬᠢᠶᠠᠨ ᠪᠠᠶᠢᠭᠤᠯᠤᠯᠳᠡ ᠶᠢᠨ ᠵᠢᠬᠡᠯᠡᠯᠬᠡ ᠶᠢ ᠢᠳᠡᠪᠬᠢᠳᠡᠢ ᠤᠯᠤᠨ᠎ᠠ᠃ ᠮᠦᠩᠭᠦᠨ | ᠬᠦᠢᠯᠬᠡᠬᠡᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠬᠤᠷᠴᠢᠨ ᠲᠤᠭᠤᠷᠢᠭ ᠤᠨ ᠢᠳᠡᠭᠡᠮᠵᠢ ᠶᠢᠨ ᠬᠤᠯᠪᠤᠭᠠᠳᠦ ᠬᠤᠷᠰᠢᠶ᠎ᠠ ᠶᠢᠨ ᠲᠦᠷᠢᠮ | ᠢ ᠦᠬᠡᠷᠡᠴᠢᠯᠡᠵᠦ ᠬᠦᠳᠡᠭᠡ ᠲᠤᠰᠬᠤᠨ ᠤ ᠬᠤᠳᠡᠯᠳᠤᠭᠠᠨ ᠤ ᠪᠠᠩᠭᠢ ᠪᠣᠯᠭᠠᠵᠣ ᠠᠯᠬᠤᠴᠠ ᠶᠢ ᠲᠦᠷᠭᠡᠳᠭᠡᠨ᠂ ᠬᠤᠰᠢᠭᠤ ᠶᠢᠨ ᠮᠦᠩᠭᠦᠨ ᠬᠦᠢᠯᠬᠡᠬᠡᠨ ᠤ | ᠢᠨᠵᠧᠨᠧᠷᠢᠩ ᠤᠨ ᠦᠬᠡᠷᠡᠴᠢᠯᠡᠯᠳᠡ ᠶᠢᠨ ᠲᠤᠷᠰᠢᠯᠳᠡ ᠶᠢᠨ ᠴᠡᠭ ᠢ ᠬᠦᠨᠵᠡᠬᠡᠢ ᠠᠬᠢᠭᠤᠯᠵᠦ᠂ ᠤᠯᠠᠨ ᠲᠠᠪᠬᠤᠷᠭᠠᠳᠦ ᠬᠦᠷᠦᠩᠭᠡ ᠶᠢᠨ ᠵᠠᠬ᠎ᠠ ᠲᠡᠯᠬᠡᠬᠦᠷ ᠪᠠᠶᠢᠭᠤᠯᠤᠨ | ᠂ ᠰᠢᠭᠤᠳ ᠪᠡᠯᠡ ᠨᠡᠶᠢᠯᠡᠬᠦᠯᠬᠦ ᠬᠠᠷᠢᠴᠠᠯ ᠢᠶᠠᠨ ᠲᠡᠭᠡᠭᠰᠢᠯᠡᠬᠦᠯᠵᠦ᠂ ᠪᠡᠯᠡ ᠨᠡᠶᠢᠯᠡᠬᠦᠯᠬᠦ ᠠᠷᠭ᠎ᠠ ᠵᠠᠮ ᠢᠶᠠᠨ ᠦᠷᠬᠡᠳᠬᠡᠨ᠎ᠡ᠃ | ︵ᠲᠠᠪᠤ︶ ᠴᠢᠬᠤᠯᠡ ᠲᠤᠮᠤ ᠦᠬᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠳᠡ ᠶᠢ ᠠᠬᠢᠭᠤᠯᠵᠦ᠂ ᠪᠦᠬᠦ ᠲᠠᠯ᠎ᠠ ᠪᠠᠷ ᠴᠢᠯᠦᠬᠡᠳᠡᠢ | ᠶᠠᠪᠣᠯᠴᠠᠬᠤ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ ᠰᠢᠨ᠎ᠡ ᠴᠠᠭ ᠦᠶ᠎ᠡ ᠶᠢᠨ ᠪᠦᠬᠦ ᠲᠠᠯ᠎ᠠ ᠪᠠᠷ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ︽ᠭᠤᠷᠪᠡ ᠶᠢ | ᠬᠤᠪᠢᠷᠠᠭᠤᠯᠵᠦ ᠪᠤᠯᠬᠤ ᠦᠭᠡᠢ︾ ᠱᠠᠭᠠᠷᠳᠠᠯᠭ᠎ᠠ ᠶᠢ ᠪᠠᠳᠤ ᠡᠵᠡᠮᠰᠢᠨ᠂ ᠶᠠᠰᠤ ᠴᠢᠨᠡᠷ ᠰᠠᠶᠢᠳᠠᠢ ᠬᠦᠭᠵᠢᠯᠳᠡ ᠳᠤ ᠠᠰᠢᠭ ᠲᠠᠢ ᠪᠠᠶᠢᠭᠤᠯᠤᠮᠵᠢ ᠲᠤᠭᠳᠠᠴᠠ ᠶᠢ | ᠲᠦᠷᠭᠡᠨ ᠡᠬᠦᠰᠭᠡᠨ ᠪᠠᠶᠢᠭᠤᠯᠤᠨ᠎ᠠ᠃ | ᠭᠤᠤᠯᠳᠠᠯᠭᠠᠳᠦ ᠬᠦᠷᠢᠶ᠎ᠡ ᠴᠡᠷ᠎ᠡ ᠪᠤᠯᠤᠨ ᠵᠠᠩᠭᠢᠯᠠᠭ᠎ᠠ ᠶᠢᠨ ᠭᠤᠭᠴᠤᠭᠠᠨ ᠤ ᠦᠬᠡᠷᠡᠴᠢᠯᠡᠯᠳᠡ ᠶᠢ ᠲᠦᠷᠭᠡᠳᠭᠡᠨ᠎ᠡ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠪᠦᠬᠦ ᠵᠦᠢᠯ ᠢ ᠪᠠᠷᠢᠮᠵᠢᠶᠠᠵᠢᠭᠤᠯᠤᠨ ᠡᠮᠬᠢᠯᠡᠬᠦ ᠪᠠ ᠶᠠᠪᠤᠴᠠ | ᠶᠢ ᠲᠠᠬᠢᠨ ᠵᠤᠬᠢᠶᠠᠵᠦ᠂ ᠲᠠᠯᠠᠢ ᠲᠤᠭ᠎ᠠ᠂ ᠢᠨᠲ᠋ᠧᠷ ᠰᠦᠯᠵᠢᠶ᠎ᠡ ᠵᠡᠷᠭᠡ ᠤᠳᠤᠬᠢᠴᠢ ᠠᠷᠭ᠎ᠠ ᠬᠡᠮᠵᠢᠶ᠎ᠡ ᠶᠢ ᠬᠡᠷᠡᠭᠯᠡᠨ᠂ ᠬᠢᠨᠡᠨ ᠵᠦᠪᠰᠢᠶᠡᠷᠡᠬᠦ ᠦᠢᠯᠡᠴᠢᠯᠡᠬᠡᠨ ᠤ | ᠵᠦᠢᠯᠡᠰ ᠢ ︽ᠨᠢᠬᠡ ᠴᠤᠩᠬᠤᠪᠴᠢ ᠪᠠᠷ ᠬᠦᠯᠢᠶᠡᠨ ᠠᠪᠴᠦ ᠰᠢᠢᠳᠪᠦᠷᠢᠯᠡᠬᠦ︾ ᠶᠢ ᠪᠡᠶᠡᠯᠡᠬᠦᠯᠵᠦ᠂ ᠬᠡᠷᠡᠭ ᠡᠷᠬᠢᠯᠡᠬᠦ ᠦᠢᠯᠡᠴᠢᠯᠡᠭᠡ ᠪᠠᠨ ᠰᠢᠯᠢᠳᠡᠭᠵᠢᠬᠦᠯᠦᠨ᠂ ︽ | ᠨᠢᠬᠡ ᠯᠡ ᠤᠳᠠᠭ᠎ᠠ︾ ᠳᠤ ᠪᠡᠶᠡᠯᠡᠬᠦᠯᠬᠦ ᠬᠡᠷᠡᠭ ᠡᠷᠬᠢᠯᠡᠬᠦ ᠲᠦᠷᠦᠯ ᠵᠦᠢᠯ ᠤᠨ ᠨᠠᠷᠢᠨ ᠲᠦᠷᠢᠮ ᠢ ᠰᠦᠪᠡᠭᠴᠢᠯᠡᠨ ᠪᠠᠶᠢᠭᠤᠯᠤᠨ᠎ᠠ᠃ ᠴᠠᠬᠢᠯᠭᠠᠨ ᠬᠦᠴᠦᠨ ᠤ | ᠪᠠᠶᠢᠭᠤᠯᠤᠮᠵᠢ ᠪᠤᠯᠤᠨ ᠴᠠᠬᠢᠯᠭᠠᠨ ᠬᠦᠴᠦᠨ ᠤ ᠵᠠᠬ᠎ᠠ ᠲᠡᠯᠬᠡᠬᠦᠷᠴᠢᠯᠡᠯᠳᠡ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠴᠠᠬᠢᠯᠭᠠᠨ ᠬᠦᠴᠦᠨ ᠤ ᠤᠯᠠᠨ ᠲᠠᠯᠠᠳᠦ | ᠠᠷᠠᠯᠵᠢᠶᠠᠨ ᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠪᠠᠷ ᠴᠢᠷᠮᠡᠶᠢᠵᠦ᠂ ᠴᠠᠬᠢᠯᠭᠠᠨ ᠤ ᠦᠨ᠎ᠡ ᠶᠢᠨ ᠦᠪᠡᠷ ᠤᠨ ᠦᠷᠳᠡᠭ ᠤᠨ ᠰᠢᠨ᠎ᠡ ᠲᠠᠪᠠᠭᠤᠯᠢᠭ ᠢᠶᠠᠷ | ᠠᠷᠠᠯᠵᠢᠶᠠᠴᠢᠨ ᠤᠷᠢᠵᠦ ᠪᠡᠯᠡ ᠣᠷᠣᠭᠤᠯᠬᠤ ᠪᠠ ᠠᠵᠦ ᠦᠢᠯᠡᠰ ᠤᠨ ᠬᠦᠭᠵᠢᠯᠳᠡ ᠶᠢᠨ ᠪᠡᠯᠡ ᠤᠷᠤᠭᠤᠯᠬᠤ ︽ᠭᠠᠵᠠᠷ︾ ᠢ ᠡᠬᠦᠳᠦᠨ᠎ᠡ᠃ ᠣᠷᠣᠨ ᠪᠦᠰᠡ ᠶᠢᠨ | ᠪᠢᠴᠢᠯ ᠮᠠᠶ᠋ᠢᠭ ᠤᠨ ᠴᠠᠬᠢᠯᠭᠠᠨ ᠲᠤᠤᠷ ᠤᠨ ᠲᠤᠷᠰᠢᠯᠳᠡ ᠶᠢᠨ ᠴᠡᠭ ᠤᠨ ᠲᠤᠷᠰᠢᠯᠭ᠎ᠠ ᠶᠢ ᠲᠡᠯᠬᠡᠷᠡᠬᠦᠯᠵᠦ᠂ ᠵᠠᠬᠠᠨᠠᠭᠤᠷ ᠤᠨ ᠤᠯᠠᠨ ᠡᠨᠧᠷᠬᠢ ᠬᠠᠷᠢᠯᠴᠠᠨ | ᠨᠦᠬᠦᠪᠦᠷᠢᠯᠡᠯᠴᠡᠨ ᠰᠢᠯᠢᠳᠡᠭᠵᠢᠬᠦᠯᠦᠭᠰᠡᠨ ᠲᠠᠭᠤᠷᠢᠶᠡᠯ ᠲᠦᠷᠦᠯ ᠵᠦᠢᠯ ᠢ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠵᠣ᠂ ᠬᠡᠰᠡᠭ ᠬᠡᠪᠴᠢᠶᠡᠨ ᠤ ᠤᠶᠤᠨᠴᠢ ᠴᠠᠬᠢᠯᠭᠠᠨ | ᠲᠤᠤᠷ ᠤᠨ ᠰᠢᠨ᠎ᠡ ᠬᠡᠪ ᠵᠠᠭᠪᠤᠷ ᠢ ᠡᠬᠦᠰᠭᠡᠨ ᠪᠠᠶᠢᠭᠤᠯᠤᠨ᠎ᠠ᠃ ᠤᠯᠤᠰ ᠤᠨ ᠬᠦᠷᠦᠩᠭᠡ ᠤᠯᠤᠰ ᠤᠨ ᠠᠵᠦ ᠠᠬᠤᠶᠢᠯᠠᠯ ᠤᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠵᠦ᠂ ᠤᠯᠤᠰ ᠤᠨ ᠦᠮᠴᠢᠳᠦ ᠪᠡᠯᠡ ᠨᠡᠶᠢᠯᠡᠬᠦᠯᠬᠦ ᠲᠠᠪᠴᠠᠩ ᠤᠨ ᠵᠠᠬ᠎ᠠ ᠲᠡᠯᠬᠡᠬᠦᠷᠴᠢᠯᠡᠯᠳᠠ ᠶᠢᠨ ᠬᠤᠪᠢᠷᠠᠭᠤᠯᠳᠠ ᠶᠢ ᠠᠬᠢᠭᠤᠯᠤᠨ᠂ ᠤᠯᠤᠰ ᠤᠨ | ᠦᠮᠴᠢᠯᠡᠯ ᠤᠨ ᠬᠦᠷᠦᠩᠭᠡ ᠶᠢᠨ ᠡᠵᠡᠩᠨᠡᠯᠳᠡ ᠶᠢᠨ ᠦᠷ᠎ᠡ ᠪᠦᠳᠦᠮᠵᠢ ᠶᠢ ᠲᠡᠭᠡᠭᠰᠢᠯᠡᠬᠦᠯᠦᠨ᠎ᠡ︔ ᠤᠳᠤᠬᠢᠴᠢ ᠠᠵᠦ ᠠᠬᠤᠶᠢᠯᠠᠯ ᠤᠨ ᠲᠦᠷᠢᠮ ᠢ ᠪᠠᠶᠢᠭᠤᠯᠤᠨ | ᠲᠡᠬᠦᠯᠳᠡᠷᠵᠢᠬᠦᠯᠵᠦ᠂ ᠬᠤᠤᠯᠢᠩᠭᠤᠤᠯ ᠤᠨ ᠨᠡᠬᠦᠷᠡᠰᠦᠨ ᠪᠦᠯᠦᠭᠯᠡᠯ ᠤᠨ ᠶᠡᠷᠦᠩᠭᠡᠢ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠢ ᠦᠷᠨᠢᠬᠦᠯᠵᠦ᠂ ᠲᠦᠩᠯᠢᠶᠥᠥ ᠶᠢᠨ | ᠠᠮᠤ ᠪᠤᠳᠠᠭᠠᠨ ᠤ ᠪᠦᠯᠦᠭᠯᠡᠯ ᠤᠨ ᠵᠠᠬ᠎ᠠ ᠲᠡᠯᠬᠡᠬᠦᠷᠴᠢᠯᠡᠯᠳᠠ ᠶᠢᠨ ᠦᠬᠡᠷᠡᠴᠢᠯᠡᠯᠳᠡ ᠶᠢ ᠪᠡᠶᠡᠯᠡᠬᠦᠯᠦᠨ᠎ᠡ᠃ ᠬᠦᠳᠡᠭᠡ ᠲᠤᠰᠬᠤᠨ ᠮᠠᠯᠵᠢᠬᠤ ᠤᠷᠤᠨ ᠤ ᠶᠡᠷᠦᠩᠭᠡᠢ | ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠭᠠᠵᠠᠷ ᠰᠢᠷᠦᠢ ᠶᠢᠨ ᠡᠷᠭᠡ ᠶᠢ ᠲᠤᠳᠤᠯᠠᠵᠦ ᠲᠠᠩᠰᠡᠯᠡᠨ ᠦᠨᠡᠮᠯᠡᠯ ᠤᠯᠭᠤᠬᠤ ᠠᠵᠢᠯ ᠦᠷᠨᠢᠬᠦᠯᠦᠨ᠂ ᠭᠠᠵᠠᠷ ᠰᠢᠷᠦᠢ | ᠶᠢᠨ ︽ᠭᠤᠷᠪᠡᠨ ᠡᠷᠭᠡ︾ ᠶᠢ ᠰᠠᠯᠭᠠᠬᠤ ᠦᠬᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ | ᠡᠷᠭᠡ ᠶᠢ ᠪᠠᠷᠢᠴᠠᠭᠠᠯᠠᠨ ᠵᠢᠬᠡᠯᠡᠯᠬᠡ ᠠᠪᠬᠤ ᠲᠤᠷᠰᠢᠯᠳᠡ ᠶᠢᠨ ᠴᠡᠭ ᠤᠨ ᠠᠵᠢᠯᠯᠠᠭ᠎ᠠ ᠦᠷᠨᠢᠬᠦᠯᠦᠨ᠎ᠡ᠃ ᠬᠦᠳᠡᠭᠡ ᠲᠤᠰᠬᠤᠨ ᠮᠠᠯᠵᠢᠬᠤ ᠤᠷᠤᠨ ᠤ ᠬᠠᠮᠳᠤ ᠶᠢᠨ | ᠦᠮᠴᠢᠯᠡᠯ ᠤᠨ ᠡᠷᠭᠡ ᠶᠢᠨ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠭᠠᠴᠠᠭ᠎ᠠ ᠲᠤᠰᠬᠤᠨ ᠤ ᠬᠠᠮᠳᠤ ᠶᠢᠨ ᠠᠵᠦ ᠠᠬᠤᠢ ᠶᠢ ᠪᠤᠵᠠᠭᠠᠶᠢᠷᠠᠭᠤᠯᠤᠨ᠂ | ᠮᠠᠯᠴᠢᠨ ᠲᠡᠷᠢᠶᠡᠴᠢᠨ ᠤ ᠡᠳ᠋ ᠬᠦᠷᠦᠩᠭᠡ ᠶᠢᠨ ᠡᠷᠭᠡ ᠠᠰᠢᠭ ᠢ ᠪᠠᠳᠤᠯᠠᠨ᠎ᠠ᠃ ᠲᠠᠷᠢᠶᠠᠯᠠᠩ ᠤᠨ ᠦᠢᠯᠡᠳᠪᠦᠷᠢᠯᠡᠯ ᠤᠨ ᠤᠰᠤᠨ ᠤ ᠦᠨ᠎ᠡ ᠶᠢᠨ ᠶᠡᠷᠦᠩᠭᠡᠢ | ᠦᠬᠡᠷᠡᠴᠢᠯᠡᠯᠳᠡ ᠶᠢ ᠠᠬᠢᠭᠤᠯᠵᠣ᠂ ᠣᠰᠣᠨ ᠤ ᠶᠠᠪᠣᠳᠠᠯ ᠤᠨ ᠨᠢᠬᠡ ᠴᠣᠭᠴᠠᠵᠢᠭᠰᠠᠨ ᠦᠬᠡᠷᠡᠴᠢᠯᠡᠯᠳᠡ ᠶᠢ ᠲᠦᠷᠬᠡᠳᠬᠡᠨ᠎ᠡ᠃ ᠤᠯᠤᠰ ᠤᠨ ᠦᠮᠴᠢᠯᠡᠯ ᠤᠨ ᠤᠢ | ᠰᠢᠭᠤᠢ ᠶᠢᠨ ᠲᠠᠯᠠᠪᠠᠢ ᠶᠢᠨ ᠦᠬᠡᠷᠡᠴᠢᠯᠡᠯᠳᠡ ᠪᠤᠯᠤᠨ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠶᠡᠷᠦᠩᠭᠡᠢ ᠦᠬᠡᠷᠡᠴᠢᠯᠡᠯᠳᠡ ᠶᠢ ᠦᠷᠨᠢᠬᠦᠯᠵᠦ᠂ ︽ᠲᠠᠷᠢᠶᠠᠯᠠᠩ | ᠲᠠᠷᠢᠶᠠᠯᠠᠬᠤ ᠤᠷᠤᠨ ᠲᠠᠷᠢᠶᠠᠴᠢᠨ᠂ ᠮᠠᠯ ᠠᠵᠦ ᠠᠬᠤᠢ ᠮᠠᠯᠵᠢᠬᠤ ᠤᠷᠤᠨ ᠮᠠᠯᠴᠢᠨ︾ ᠳᠤ ᠦᠢᠯᠡᠴᠢᠯᠡᠬᠦ ᠴᠢᠳᠡᠮᠵᠢ ᠪᠠᠨ ᠰᠢᠨᠡᠴᠢᠯᠡᠨ ᠰᠢᠯᠢᠳᠡᠭᠵᠢᠬᠦᠯᠦᠨ᠎ᠡ᠃ | ᠰᠢᠨᠵᠢᠯᠡᠭᠡ ᠮᠡᠷᠬᠡᠵᠢᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠡ ᠶᠢᠨ ᠰᠢᠨ᠎ᠡ ᠲᠦᠷᠦ ᠶᠢᠨ | ᠪᠤᠳᠤᠯᠭ᠎ᠠ ᠶᠢ ᠲᠡᠬᠦᠯᠳᠡᠷᠵᠢᠬᠦᠯᠵᠦ᠂ ᠵᠠᠬ᠎ᠠ ᠲᠡᠯᠬᠡᠬᠦᠷ ᠤᠨ ᠭᠤᠤᠯ ᠴᠤᠭᠴᠠ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠡ ᠶᠢᠨ ᠲᠠᠪᠴᠠᠩ ᠪᠠᠶᠢᠭᠤᠯᠬᠤ ᠶᠢ | ᠵᠤᠷᠢᠭᠵᠢᠭᠤᠯᠤᠨ᠂ ᠰᠢᠨᠵᠢᠯᠡᠭᠡ ᠮᠡᠷᠬᠡᠵᠢᠯ ᠤᠨ ᠦᠷ᠎ᠡ ᠪᠦᠳᠦᠭᠡᠯ ᠢ ᠬᠤᠪᠢᠷᠠᠭᠤᠯᠬᠤ ᠶᠢ ᠲᠡᠮᠵᠢᠨ᠎ᠡ᠃ ᠨᠡᠶᠢᠬᠡᠮ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠵᠦ᠂ ᠰᠤᠷᠭᠠᠨ ᠬᠦᠮᠦᠵᠢᠯ᠂ ᠰᠤᠶᠤᠯ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠪᠤᠯᠤᠨ ᠠᠵᠢᠯ ᠦᠢᠯᠡᠰ ᠤᠨ ᠨᠢᠬᠡᠴᠢ ᠶᠢᠨ ᠲᠦᠷᠦᠯ | ᠬᠤᠪᠢᠶᠠᠭᠰᠠᠨ ᠦᠬᠡᠷᠡᠴᠢᠯᠡᠯᠳᠡ ᠶᠢ ᠲᠦᠷᠭᠡᠳᠭᠡᠵᠦ᠂ ᠨᠡᠶᠢᠬᠡᠮ ᠤᠨ ᠬᠦᠷᠢᠶ᠎ᠡ ᠴᠡᠷ᠎ᠡ ᠶᠢᠨ ᠬᠦᠭᠵᠢᠯᠳᠡ ᠶᠢᠨ ᠨᠢᠭᠤᠭᠳᠠᠮᠠᠯ ᠬᠦᠴᠦᠨ ᠢ ᠬᠦᠢᠴᠡᠳ ᠪᠠᠳᠠᠷᠠᠭᠤᠯᠤᠨ᠎ᠠ᠃ | | ᠪᠦᠬᠦ ᠲᠠᠯ᠎ᠠ ᠪᠠᠷ ᠴᠢᠯᠦᠬᠡᠳᠡᠢ ᠶᠠᠪᠤᠯᠴᠠᠬᠤ ᠰᠢᠨ᠎ᠡ ᠲᠦᠷᠰᠦ ᠪᠡᠶᠢᠳᠡᠯ ᠤᠨ ᠪᠦᠷᠢᠯᠳᠦᠯ ᠢ ᠠᠬᠢᠭᠤᠯᠤᠨ᠎ᠠ᠃ ︽ᠨᠢᠬᠡ ᠪᠦᠰᠡ ᠨᠢᠬᠡ ᠵᠠᠮ︾ ᠤᠨ | ᠪᠠᠶᠢᠯᠳᠤᠬᠤ ᠪᠤᠳᠤᠯᠭ᠎ᠠ ᠲᠠᠢ ᠢᠳᠡᠪᠬᠢᠳᠡᠢ ᠠᠭᠤᠰᠤᠯᠴᠠᠨ᠂ ᠲᠤᠮᠳᠡᠳᠦ ᠮᠤᠩᠭᠤᠯ ᠤᠷᠤᠰ ᠶᠢᠨ ᠠᠵᠦ ᠠᠬᠤᠢ ᠶᠢᠨ ᠬᠤᠩᠭᠢᠯ ᠤᠨ ᠪᠠᠶᠢᠭᠤᠯᠤᠯᠳᠡ ᠳᠤ ᠢᠳᠡᠪᠬᠢᠳᠡᠢ | ᠤᠷᠤᠯᠴᠠᠨ ᠦᠢᠯᠡᠴᠢᠯᠡᠵᠦ᠂ ᠲᠡᠯᠡᠬᠡᠢ ᠶᠢᠨ ᠠᠭᠠᠷ ᠤᠨ ᠠᠶᠠᠯᠠᠯ ᠤᠨ ᠭᠠᠷᠡᠮ ᠢ ᠢᠳᠡᠪᠬᠢᠳᠡᠢ ᠭᠤᠶᠤᠴᠢᠯᠠᠨ ᠪᠠᠶᠢᠭᠤᠯᠤᠨ᠎ᠠ᠃ ᠴᠢᠯᠦᠬᠡᠳᠡᠢ ᠶᠠᠪᠤᠯᠴᠠᠬᠤ ᠡᠮᠦᠨ᠎ᠡ | ᠹᠷᠣᠨᠲ ᠢ ᠬᠦᠭᠵᠢᠭᠰᠡᠨ ᠭᠠᠵᠠᠷ ᠤᠷᠤᠨ᠂ ᠲᠡᠷᠢᠬᠦᠨ ᠤ ᠬᠦᠷᠢᠶ᠎ᠡ ᠴᠡᠷ᠎ᠡ ᠳᠤ ᠰᠠᠨᠠᠭᠠᠴᠢᠯᠠᠭ᠎ᠠ ᠠᠴᠠ ᠪᠠᠨ ᠬᠦᠷᠭᠡᠵᠦ ᠲᠦᠷᠬᠡᠨ ᠲᠠᠮᠣᠷ ᠵᠠᠮ ᠤᠨ ᠴᠠᠭ ᠦᠶ᠎ᠡ ᠲᠠᠢ | ᠵᠣᠬᠢᠴᠠᠨ᠂ ᠲᠦᠷᠬᠡᠨ ᠲᠡᠮᠦᠷ ᠵᠠᠮ ᠤᠨ ᠠᠵᠣ ᠠᠬᠤᠢ ᠶᠢ ᠬᠦᠭᠵᠢᠬᠦᠯᠵᠦ᠂ ᠵᠡᠬᠦᠨ ᠬᠤᠶᠢᠳᠦ ᠶᠢᠨ ᠠᠵᠦ ᠠᠬᠤᠢ ᠶᠢᠨ ᠨᠢᠬᠡ ᠴᠤᠭᠴᠠᠵᠢᠭᠰᠠᠨ ᠬᠦᠭᠵᠢᠯᠳᠡ ᠲᠠᠢ | ᠲᠦᠷᠭᠡᠨ ᠠᠭᠤᠰᠤᠯᠴᠠᠨ᠂ ᠪᠡᠭᠡᠵᠢᠩ ᠲᠢᠶᠡᠨᠵᠢᠨ ᠾᠧᠪᠸᠢ᠂ ᠪᠦᠸᠧᠬᠠᠢ ᠲᠠᠩᠭᠢᠰ ᠲᠠᠭᠠᠣ᠂ ᠬᠦᠬᠡᠮᠦ᠋ᠷᠡᠨ ᠤ ᠭᠤᠷᠪᠡᠯᠵᠢᠨ ᠬᠤᠶᠢᠭ ᠵᠡᠷᠭᠡ ᠬᠦᠭᠵᠢᠭᠰᠡᠨ ᠭᠠᠵᠠᠷ | ᠤᠷᠤᠨ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠨ᠎ᠠ᠃ ᠴᠢᠩ ᠬᠤᠸᠠ ᠶᠡᠭᠡ ᠰᠤᠷᠭᠠᠭᠤᠯᠢ᠂ ᠬᠢᠷᠢᠨ ᠤ ᠶᠡᠭᠡ ᠰᠤᠷᠭᠠᠭᠤᠯᠢ᠂ ᠲᠤᠮᠳᠡᠳᠦ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠵᠢᠴᠢ ᠤᠷᠤᠨ ᠬᠤᠳᠡ ᠶᠢᠨ ᠲᠤᠳᠤᠷᠠᠬᠢ ᠶᠡᠭᠡ ᠲᠡᠭᠡᠳᠦ ᠰᠤᠷᠭᠠᠭᠤᠯᠢ ᠯᠤᠭ᠎ᠠ ᠶᠢᠨ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠦ | ᠂ ᠵᠠᠩᠭᠢᠯᠠᠭ᠎ᠠ ᠶᠢᠨ ᠮᠡᠷᠬᠡᠵᠢᠯ ᠤᠨ ᠰᠢᠪᠳᠤᠯᠤᠯᠳᠡ᠂ ᠰᠠᠭᠤᠷᠢ ᠬᠦᠮᠦᠵᠢᠯ᠂ ᠡᠮ ᠡᠮᠨᠡᠯᠬᠡ ᠡᠷᠡᠬᠦᠯ ᠬᠠᠮᠠᠭᠠᠯᠠᠯ᠂ ᠴᠢᠳᠡᠪᠦᠷᠢᠳᠡᠨ ᠤ ᠰᠤᠯᠢᠯᠴᠠᠭ᠎ᠠ ᠵᠡᠷᠭᠡ ᠬᠦᠷᠢᠶ᠎ᠡ | ᠴᠡᠷ᠎ᠡ ᠳᠤ ᠪᠤᠳᠡᠳᠦ ᠦᠷ᠎ᠡ ᠪᠦᠳᠦᠬᠡᠯ ᠭᠠᠷᠭᠠᠨ᠎ᠠ᠃ ᠪᠣᠳᠠᠳᠠᠢ ᠶᠢ ᠡᠷᠬᠢᠮᠯᠡᠨ ᠪᠦᠳᠦᠮᠵᠢ ᠲᠠᠢ ᠬᠤᠳᠠᠯᠳᠣᠭᠠᠴᠢᠨ ᠣᠷᠢᠵᠣ ᠪᠡᠯᠡ ᠮᠦᠩᠬᠦ ᠣᠷᠣᠭᠤᠯᠬᠤ ᠪᠠ ᠠᠵᠣ | ᠦᠢᠯᠡᠰ ᠢᠶᠠᠷ ᠲᠡᠳᠬᠦᠬᠦ ᠲᠦᠷᠦ ᠶᠢᠨ ᠪᠣᠳᠣᠯᠭ᠎ᠠ ᠲᠣᠭᠳᠠᠭᠠᠨ ᠬᠡᠷᠡᠭᠵᠢᠬᠦᠯᠵᠦ᠂ ᠠᠵᠦ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠣᠨᠤᠭ᠎ᠠ ᠤᠷᠢᠬᠤ ᠶᠢ ᠶᠡᠭᠡ ᠪᠠᠷ | ᠬᠡᠷᠡᠭᠵᠢᠬᠦᠯᠵᠦ᠂ ᠠᠷᠠᠯᠵᠢᠶᠠᠴᠢᠨ ᠤᠷᠢᠵᠦ ᠪᠠᠯᠡ ᠮᠦᠩᠭᠦ ᠲᠠᠳᠡᠨ ᠠᠪᠴᠢᠷᠠᠬᠰᠠᠨ ᠲᠦᠷᠦᠯ ᠵᠦᠢᠯ ᠢ ᠨᠤᠳᠤᠭᠰᠢᠭᠤᠯᠬᠤ ᠶᠢ ᠲᠦᠷᠭᠡᠳᠭᠡᠨ᠎ᠡ᠃ ᠦᠵᠡᠬᠦᠯᠦᠯᠬᠡ ᠶᠢᠨ | ᠠᠵᠦ ᠠᠬᠤᠢ ᠶᠢ ᠪᠤᠶᠢᠵᠢᠭᠤᠯᠵᠦ᠂ ᠤᠨᠴᠠᠯᠢᠭᠳᠦ ᠦᠵᠡᠬᠦᠯᠦᠯᠬᠡ ᠡᠷᠬᠢᠯᠡᠨ᠂ ᠤᠯᠠᠨ ᠤᠯᠤᠰ ᠤᠨ ᠦᠵᠡᠬᠦᠯᠦᠯᠬᠡ ᠶᠢᠨ ᠲᠦᠪ ᠢ ᠡᠬᠢᠯᠡᠨ ᠪᠠᠶᠢᠭᠤᠯᠤᠨ᠎ᠠ᠃ ᠤᠯᠠᠨ | ᠤᠯᠤᠰ ᠤᠨ ᠠᠯᠠᠰᠢᠨ ᠦᠬᠡᠷ ᠤᠨ ᠠᠵᠦ ᠦᠢᠯᠡᠰ ᠤᠨ ᠴᠤᠭᠯᠠᠭᠠᠨ᠂ ᠤᠯᠠᠨ ᠤᠯᠤᠰ ᠤᠨ ᠮᠤᠩᠭᠤᠯ ᠡᠮ ᠡᠮᠨᠡᠯᠬᠡ ᠶᠢᠨ ᠦᠵᠡᠰᠬᠦᠯᠡᠩ᠂ ᠬᠤᠷᠴᠢᠨ ᠤ ᠪᠤᠬᠢᠷᠳᠦᠯ | ᠦᠭᠡᠢ ᠢᠳᠡᠭᠡᠨ ᠤ ᠦᠵᠡᠬᠦᠯᠦᠯᠬᠡ ᠵᠡᠷᠭᠡ ᠨᠦᠯᠦᠬᠡᠯᠡᠬᠦ ᠬᠦᠴᠦᠨ ᠲᠠᠢ ᠦᠵᠡᠬᠦᠯᠦᠯᠬᠡ ᠡᠷᠬᠢᠯᠡᠵᠦ᠂ ᠭᠠᠳᠠᠨᠠᠬᠢ ᠬᠦᠮᠦᠨ ᠳᠤ ᠲᠦᠩᠯᠢᠶᠥᠥ ᠶᠢ ᠤᠶᠢᠯᠠᠭᠠᠭᠤᠯᠤᠨ᠂ | ᠲᠦᠩᠯᠢᠶᠥᠥ ᠶᠢ ᠲᠡᠯᠡᠬᠡᠢ ᠳᠤ ᠬᠠᠨᠳᠤᠭᠤᠯᠤᠨ᠎ᠠ᠃ | ︵ᠵᠢᠷᠭᠤᠭ᠎ᠠ︶ ᠠᠮᠢ ᠠᠬᠤᠢ ᠶᠢᠨ ᠨᠠᠭᠠᠳᠦ ᠵᠠᠬ᠎ᠠ ᠶᠢᠨ ᠱᠤᠭᠤᠮ ᠢ ᠪᠠᠳᠣ ᠰᠠᠬᠢᠵᠦ᠂ ᠠᠮᠢ ᠠᠬᠤᠢ ᠶᠢᠨ ᠤᠷᠴᠢᠨ ᠢ ᠦᠷᠬᠦᠯᠵᠢᠯᠡᠨ ᠬᠦᠴᠦᠯᠡᠨ | ᠰᠠᠶᠢᠵᠢᠷᠠᠭᠤᠯᠤᠨ᠎ᠠ᠃ ᠬᠦᠮᠦᠨ ᠪᠠᠶᠢᠭᠠᠯᠢ ᠶᠢᠨ ᠡᠶ᠎ᠡ ᠡᠪ ᠲᠠᠢ ᠬᠠᠮᠳᠤ ᠪᠠᠷ ᠤᠷᠤᠰᠢᠬᠤ ᠶᠢ ᠪᠠᠷᠢᠮᠳᠡᠯᠡᠨ᠂ ᠪᠠᠶᠢᠭᠠᠯᠢ ᠶᠢ ᠬᠦᠨᠳᠦᠳᠭᠡᠨ᠂ ᠪᠠᠶᠢᠭᠠᠯᠢ ᠶᠢ ᠠᠶᠠᠯᠳᠡᠨ᠂ | ᠪᠠᠶᠢᠭᠠᠯᠢ ᠶᠢ ᠬᠠᠮᠠᠭᠠᠯᠠᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠡ ᠶᠢ ᠪᠦᠬᠦ ᠲᠠᠯ᠎ᠠ ᠪᠠᠷ ᠴᠢᠩᠭᠠᠳᠬᠠᠨ᠎ᠠ᠃ | ᠴᠢᠬᠤᠯᠡ ᠲᠤᠮᠤ ᠠᠮᠢ ᠠᠬᠤᠢ ᠶᠢᠨ ᠪᠠᠶᠢᠭᠤᠯᠤᠯᠳᠡ ᠪᠤᠯᠤᠨ ᠰᠡᠷᠬᠦᠬᠡᠯᠳᠡ ᠶᠢᠨ ᠢᠨᠵᠧᠨᠧᠷᠢᠩ ᠢ ᠬᠡᠷᠡᠭᠵᠢᠬᠦᠯᠦᠨ᠎ᠡ᠃ ᠬᠦᠬᠡ ᠣᠰᠣ ᠬᠦᠬᠡᠮᠳᠦᠭ ᠠᠭᠤᠯᠠ᠂ | ᠴᠡᠯᠡᠬᠡᠷ ᠡᠪᠡᠰᠦ ᠴᠡᠩᠬᠡᠷ ᠣᠭᠳᠠᠷᠭᠤᠢ ᠪᠣᠯ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠤᠭ ᠤᠨ ᠶᠡᠭᠡ ᠪᠣᠶᠠᠨ ᠬᠡᠰᠢᠭ ᠪᠣᠯᠬᠤ ᠶᠣᠮ᠃ ᠡᠨᠡ ᠵᠢᠯ ᠠᠴᠠ | ᠡᠬᠢᠯᠡᠨ᠂ ︽ᠲᠦᠷᠪᠡᠨ ᠮᠢᠩᠭᠠᠨ ᠲᠦᠮᠡᠨ ᠮᠣ᠋︾ ᠠᠮᠢ ᠠᠬᠤᠢ ᠶᠢ ᠰᠡᠷᠬᠦᠬᠡᠬᠦ ᠪᠣᠯᠣᠨ ᠨᠤᠳᠤᠭ ᠪᠡᠯᠴᠢᠬᠡᠷ ᠢ ᠰᠡᠷᠬᠦᠬᠡᠬᠦ ᠢᠨᠵᠧᠨᠧᠷᠢᠩ ᠢ ᠬᠡᠷᠡᠭᠵᠢᠬᠦᠯᠦᠨ᠎ᠡ᠃ | ᠮᠢᠩᠭᠠᠨ ᠲᠦᠮᠡᠨ ᠮᠣ᠋ ᠲᠠᠷᠢᠶᠠᠯᠠᠩ ᠤᠨ ᠦᠨᠳᠦᠷ ᠦᠷ᠎ᠡ ᠠᠰᠢᠭ ᠲᠠᠢ ᠣᠰᠣ ᠠᠷᠪᠢᠯᠠᠬᠤ ᠪᠠᠷᠢᠯᠭ᠎ᠠ ᠶᠢ ᠬᠡᠷᠡᠭᠵᠢᠬᠦᠯᠵᠦ᠂ ᠣᠳᠣᠬᠢᠴᠢ ᠲᠠᠷᠢᠶᠠᠯᠠᠩ ᠤᠨ ᠮᠡᠷᠬᠡᠵᠢᠯ ᠤᠨ | ᠬᠤᠷᠠᠮᠳᠣᠯ ᠢ ᠪᠦᠬᠦ ᠲᠠᠯ᠎ᠠ ᠪᠠᠷ ᠲᠡᠯᠬᠡᠷᠡᠬᠦᠯᠦᠨ᠎ᠡ᠃ ᠮᠢᠩᠭᠠᠨ ᠲᠦᠮᠡᠨ ᠮᠣ᠋ ᠨᠣᠳᠤᠭ ᠪᠡᠯᠴᠢᠬᠡᠷ ᠢ ᠰᠡᠷᠬᠦᠬᠡᠬᠦ ᠪᠠᠷᠢᠯᠭ᠎ᠠ ᠶᠢ ᠬᠡᠷᠡᠭᠵᠢᠬᠦᠯᠵᠦ᠂ ᠠᠶᠠᠨᠳᠠᠭᠠᠨ ᠤ | ᠰᠡᠷᠬᠦᠬᠡᠯᠳᠡ ᠪᠠᠷ ᠭᠤᠣᠯᠯᠠᠬᠤ ᠶᠢ ᠪᠠᠷᠢᠮᠳᠠᠯᠠᠨ᠂ ᠪᠢᠳᠡᠬᠦᠮᠵᠢᠯᠡᠬᠦ᠂ ᠪᠡᠯᠴᠢᠬᠡᠷᠯᠡᠬᠦᠯᠦᠨ ᠮᠠᠯᠵᠢᠬᠤ ᠶᠢ ᠴᠠᠭᠠᠵᠠᠯᠠᠬᠤ᠂ ᠬᠠᠭᠠᠯᠪᠣᠷᠢᠯᠠᠬᠤ ᠦᠬᠡᠢ ᠪᠠᠷ ᠨᠡᠬᠦᠵᠦ ᠲᠠᠷᠢᠬᠤ | ᠨᠢᠰᠬᠡᠯ ᠢᠶᠠᠷ ᠲᠠᠷᠢᠬᠤ ᠵᠡᠷᠬᠡ ᠠᠷᠭ᠎ᠠ ᠬᠡᠮᠵᠢᠶ᠎ᠡ ᠠᠪᠬᠤ ᠲᠠᠢ ᠣᠶᠠᠯᠳᠣᠭᠤᠯᠣᠨ᠂ ᠡᠨᠡ ᠵᠢᠯ 400 ᠲᠦᠮᠡᠨ ᠮᠣ᠋ ᠭᠤᠣᠯᠳᠠᠯᠭ᠎ᠠ ᠲᠠᠢ ᠬᠡᠷᠡᠭᠵᠢᠬᠦᠯᠦᠨ᠎ᠡ᠃ ᠮᠢᠩᠭᠠᠨ | ᠲᠦᠮᠡᠨ ᠮᠣ᠋ ᠪᠠᠶᠢᠭᠠᠯᠢ ᠶᠢᠨ ᠨᠣᠳᠤᠭ ᠪᠡᠯᠴᠢᠬᠡᠷ ᠤᠨ ᠣᠳᠣᠬᠢᠴᠢ ᠮᠠᠯ ᠠᠵᠣ ᠠᠬᠤᠢ ᠶᠢᠨ ᠲᠠᠭᠤᠷᠢᠶᠠᠯ ᠪᠠᠷᠢᠯᠭ᠎ᠠ ᠶᠢ ᠬᠡᠷᠡᠭᠵᠢᠬᠦᠯᠵᠦ᠂ ᠮᠠᠯᠵᠢᠬᠤ ᠪᠠᠨ ᠵᠣᠭᠰᠣᠵᠣ | ᠡᠪᠡᠰᠦ ᠲᠠᠷᠢᠬᠤ᠂ ᠬᠠᠰᠢᠶᠠᠯᠠᠬᠤ ᠪᠠ ᠬᠠᠭᠠᠰ ᠬᠠᠰᠢᠶᠠᠯᠠᠨ ᠲᠡᠵᠢᠬᠡᠬᠦ᠂ ᠮᠠᠯᠵᠢᠬᠤ ᠶᠢ ᠴᠠᠭᠠᠵᠠᠯᠠᠬᠤ ᠠᠴᠠ ᠪᠢᠰᠢ ᠲᠡᠵᠢᠬᠡᠬᠦ ᠶᠢ ᠴᠠᠭᠠᠵᠠᠯᠠᠬᠤ ᠦᠬᠡᠢ᠂ ᠨᠤᠳᠤᠭ | ᠪᠡᠯᠴᠢᠬᠡᠷ ᠤᠨ ᠠᠮᠢ ᠠᠬᠤᠢ ᠶᠢᠨ ᠵᠠᠭᠠᠭ ᠢ ᠲᠣᠭᠳᠠᠭᠠᠵᠣ᠂ ᠤᠮᠡᠷᠡᠳᠦ ᠬᠡᠰᠡᠭ ᠤᠨ ᠠᠮᠢ ᠠᠬᠤᠢ ᠬᠡᠪᠠᠷᠡᠭ ᠤᠷᠤᠨ ᠢ ᠬᠦᠳᠦᠯᠦᠨ ᠦᠢᠯᠡᠳᠪᠦᠷᠢᠯᠡᠯ ᠤᠨ ᠠᠷᠭ᠎ᠠ | ᠬᠡᠯᠪᠡᠷᠢ ᠶᠢ ᠬᠤᠪᠢᠷᠠᠭᠤᠯᠵᠦ᠂ ᠤᠳᠤᠬᠢᠴᠢᠯᠠᠭᠰᠠᠨ ᠮᠠᠯ ᠤᠨ ᠠᠵᠦ ᠠᠬᠤᠢ ᠶᠢᠨ ᠲᠠᠭᠤᠷᠢᠶᠠᠯ ᠤᠷᠤᠨ ᠪᠠᠶᠢᠭᠤᠯᠤᠨ᠎ᠠ᠃ ᠬᠤᠷᠴᠢᠨ ᠤ ᠡᠯᠡᠰᠦᠷᠭᠡᠭ ᠭᠠᠵᠠᠷ ᠢ ︽ | ᠬᠤᠣᠰ ᠮᠢᠩᠭᠠᠨ ᠲᠦᠮᠡᠨ ᠮᠣ᠋︾ ᠵᠠᠰᠠᠬᠤ ᠪᠠᠷᠢᠯᠭ᠎ᠠ ᠶᠢ ᠬᠡᠷᠡᠭᠵᠢᠬᠦᠯᠵᠦ᠂ ᠡᠯᠡᠰᠦᠷᠬᠡᠭ ᠭᠠᠵᠠᠷ ᠢ ᠵᠠᠰᠠᠯᠭ᠎ᠠ ᠶᠢ 630 ᠲᠦᠮᠡᠨ ᠮᠤ᠋ ᠪᠡᠶᠡᠯᠡᠬᠦᠯᠵᠦ᠂ ᠬᠤᠪᠠᠭ᠋ᠠᠢ | ᠭᠠᠵᠠᠷ ᠢ 100 ᠲᠦᠮᠡᠨ ᠮᠤ᠋ ᠤᠶᠢᠵᠢᠭᠤᠯᠤᠨ᠎ᠠ᠃ ᠪᠤᠬᠢᠷᠳᠦᠯ ᠦᠭᠡᠢ ᠠᠭᠤᠷᠬᠠᠢ ᠪᠠᠶᠢᠭᠤᠯᠤᠨ᠂ ᠲᠠᠷᠢᠶᠠᠯᠠᠬᠤ ᠪᠠᠨ ᠵᠤᠭᠰᠤᠵᠦ ᠡᠪᠡᠰᠦ ᠮᠤᠳᠤ ᠲᠠᠷᠢᠬᠤ ᠪᠠᠷᠢᠯᠭ᠎ᠠ | ᠶᠢ ᠠᠬᠢᠭᠤᠯᠤᠨ᠂ ᠤᠰᠤ ᠬᠦᠷᠦᠰᠦ ᠰᠢᠷᠣᠢ ᠶᠢᠨ ᠢᠳᠡᠭᠳᠡᠯ ᠢ ᠶᠡᠷᠦᠩᠭᠡᠶᠢᠯᠡᠨ ᠵᠠᠰᠠᠬᠤ ᠡᠷᠴᠢᠮ ᠢᠶᠠᠨ ᠶᠡᠬᠡᠰᠬᠡᠨ᠎ᠡ᠃ ︽ᠭᠤᠷᠪᠡᠨ ᠲᠤᠷ᠎ᠡ ᠪᠠᠷ︾ ᠢ ᠵᠠᠰᠠᠬᠤ ᠶᠢ | ᠦᠷᠬᠦᠯᠵᠢᠯᠡᠨ ᠦᠷᠨᠢᠬᠦᠯᠵᠦ᠂ ᠤᠢ ᠰᠢᠭᠤᠢ ᠶᠢᠨ ᠡᠬᠢ ᠰᠤᠷᠪᠤᠯᠵᠢ ᠶᠢᠨ ᠦᠨᠳᠦᠰᠦᠨ ᠪᠠᠶᠢᠳᠡᠯ ᠢ ᠪᠦᠬᠦ ᠲᠠᠯ᠎ᠠ ᠪᠠᠷ ᠤᠶᠢᠯᠠᠭᠠᠨ᠂ ᠤᠢ ᠰᠢᠭᠤᠢ ᠶᠢᠨ ᠡᠬᠢ | ᠰᠤᠷᠪᠤᠯᠵᠢ ᠶᠢ ᠴᠡᠪᠡᠷᠯᠡᠨ ᠴᠡᠭᠴᠡᠯᠡᠬᠦ ᠠᠵᠢᠯ ᠤᠨ ᠡᠷᠴᠢᠮ ᠢᠶᠠᠨ ᠶᠡᠬᠡᠰᠭᠡᠵᠦ᠂ ᠠᠮᠢ ᠠᠬᠤᠢ ᠶᠢᠨ ᠤᠷᠴᠢᠨ ᠢ ᠡᠪᠳᠡᠬᠦ ᠠᠵᠢᠯᠯᠠᠭ᠎ᠠ ᠶᠢ ᠡᠷᠡᠰ ᠬᠤᠷᠢᠭᠯᠠᠵᠦ | ᠵᠠᠯᠬᠠᠭᠠᠨ ᠰᠢᠳᠭᠡᠵᠦ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠡᠷ ᠢ ᠯᠠᠪᠳᠠᠭᠤᠨ ᠲᠡᠭᠡᠭᠰᠢᠯᠡᠬᠦᠯᠤᠨ᠂ ᠤᠯᠤᠰ ᠤᠨ ᠤᠢ ᠰᠢᠭᠤᠢ ᠶᠢᠨ ᠬᠤᠳᠡ ᠶᠢ | ᠢᠳᠡᠪᠬᠢᠳᠡᠢ ᠡᠬᠦᠳᠦᠨ ᠪᠠᠶᠢᠭᠤᠯᠤᠨ᠎ᠠ᠃ | ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠡ ᠶᠢ ᠴᠢᠩᠭᠠᠳᠬᠠᠨ᠎ᠠ᠃ ᠭᠤᠤᠯ ᠴᠤᠭᠴᠠᠳᠦ ᠴᠢᠳᠡᠮᠵᠢ ᠶᠢᠨ ᠤᠷᠤᠨ ᠤ ᠲᠦᠯᠦᠪᠵᠢᠬᠦᠯᠬᠡ | ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠠᠮᠢ ᠠᠬᠤᠢ ᠶᠢᠨ ᠬᠠᠮᠠᠭᠠᠯᠠᠯᠳᠡ ᠶᠢᠨ ᠵᠠᠭᠠᠭ᠂ ᠦᠨᠳᠦᠰᠦᠨ ᠲᠠᠷᠢᠶ᠎ᠠ ᠶᠢᠨ ᠭᠠᠵᠠᠷ᠂ ᠬᠤᠳᠡ ᠪᠠᠯᠭᠠᠰᠤ ᠶᠢ | ᠨᠡᠬᠡᠬᠡᠯᠳᠡ ᠶᠢᠨ ᠵᠠᠭᠠᠭ ᠲᠣᠭᠳᠠᠭᠠᠬᠤ ᠠᠵᠢᠯ ᠢ ᠲᠦᠷᠭᠡᠳᠭᠡᠨ᠎ᠡ᠃ ︽ᠲᠦᠩᠯᠢᠶᠥᠥ ᠬᠤᠳᠡ ᠶᠢᠨ ᠬᠠᠨ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ | ᠬᠠᠮᠠᠭᠠᠯᠠᠯᠳᠡ ᠶᠢᠨ ᠤᠷᠤᠨ ᠤ ᠲᠦᠷᠢᠮ︾ ᠢ ᠴᠢᠩᠭ᠎ᠠ ᠬᠡᠷᠡᠭᠵᠢᠬᠦᠯᠦᠨ᠎ᠡ᠃ ᠤᠰᠤᠨ ᠤ ᠡᠬᠢ ᠰᠤᠷᠪᠤᠯᠵᠢ ᠶᠢᠨ ᠬᠠᠮᠤᠭ ᠴᠢᠩᠭ᠎ᠠ ᠬᠠᠮᠢᠶᠠᠷᠣᠯᠳᠠ ᠶᠢᠨ ᠲᠦᠷᠢᠮ ᠢ | ᠨᠠᠶᠢᠳᠠᠪᠤᠷᠢᠵᠢᠭᠤᠯᠤᠨ᠎ᠠ᠃ ᠤᠶᠢᠳᠦ ᠭᠠᠵᠠᠷ ᠢ ᠬᠠᠮᠠᠭᠠᠯᠠᠵᠦ ᠠᠰᠢᠭᠯᠠᠬᠤ ᠲᠦᠯᠦᠪᠵᠢᠬᠦᠯᠬᠡ ᠳᠤ ᠲᠤᠬᠢᠷᠠᠭᠤᠯᠤᠯᠳᠡ ᠬᠢᠨ᠎ᠡ᠃ ᠪᠠᠶᠢᠭᠠᠯᠢ ᠶᠢᠨ ᠡᠬᠢ ᠰᠤᠷᠪᠤᠯᠵᠢ ᠶᠢᠨ | ᠡᠳ᠋ ᠬᠦᠷᠦᠩᠭᠡ ᠶᠢᠨ ᠦᠮᠴᠢᠯᠡᠯ ᠤᠨ ᠡᠷᠭᠡ ᠪᠤᠯᠤᠨ ᠬᠡᠷᠡᠭᠯᠡᠭᠡ ᠶᠢᠨ ᠬᠠᠮᠢᠶᠠᠷᠤᠯᠳᠡ ᠶᠢᠨ ᠲᠦᠷᠢᠮ ᠪᠠᠶᠢᠭᠤᠯᠵᠦ᠂ ᠤᠳᠤᠷᠢᠳᠬᠤ ᠺᠠᠳ᠋ᠷ ᠤᠨ ᠲᠣᠰᠢᠶᠠᠯ ᠠᠴᠠ ᠰᠠᠯᠬᠤ | ᠦᠶ᠎ᠡ ᠳᠤ ᠪᠠᠶᠢᠭᠠᠯᠢ ᠶᠢᠨ ᠡᠬᠢ ᠰᠤᠷᠪᠤᠯᠵᠢ ᠶᠢᠨ ᠡᠳ᠋ ᠬᠦᠷᠦᠩᠭᠡ ᠶᠢᠨ ᠬᠢᠨᠡᠨ ᠪᠤᠳᠤᠯᠳᠡ ᠬᠢᠬᠦ ᠶᠢ ᠬᠡᠷᠡᠭᠵᠢᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠤ | ᠬᠤᠬᠢᠷᠡᠯ ᠢ ᠲᠦᠯᠦᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠᠶᠢᠭᠤᠯᠤᠨ᠎ᠠ᠃ | ︵ᠲᠤᠯᠤᠭ᠎ᠠ︶ ᠪᠤᠯᠪᠠᠰᠤᠨ ᠬᠤᠳᠡ᠂ ᠠᠷᠢᠭᠤᠨ ᠴᠡᠪᠡᠷ ᠬᠤᠳᠡ ᠶᠢ ᠡᠬᠦᠳᠦᠨ ᠪᠠᠶᠢᠭᠤᠯᠤᠭᠰᠠᠨ ᠦᠷ᠎ᠡ ᠪᠦᠳᠦᠬᠡᠯ ᠢᠶᠠᠨ ᠪᠠᠳᠤᠳᠬᠠᠵᠦ᠂ ᠤᠷᠤᠰᠢᠨ | ᠰᠠᠭᠤᠵᠦ ᠦᠢᠯᠡᠰ ᠡᠷᠬᠢᠯᠡᠬᠦ ᠳᠤ ᠲᠤᠬᠢᠷᠠᠮᠵᠢᠳᠡᠢ ᠰᠠᠶᠢᠨ ᠰᠠᠶᠢᠬᠠᠨ ᠬᠡᠷ ᠬᠤᠷᠤᠭ᠎ᠠ ᠪᠠᠶᠢᠭᠤᠯᠤᠨ᠎ᠠ᠃ ᠬᠤᠳᠡ ᠶᠢᠨ ᠶᠡᠷᠦᠩᠭᠡᠢ ᠲᠦᠯᠦᠪᠵᠢᠬᠦᠯᠬᠡ ᠶᠢ ᠬᠦᠨᠵᠡᠬᠡᠢ | ᠨᠠᠶᠢᠳᠠᠪᠤᠷᠢᠵᠢᠭᠤᠯᠵᠦ᠂ ᠬᠤᠳᠡ ᠶᠢᠨ ᠬᠡᠪᠴᠢᠶ᠎ᠠ ᠳᠠᠬᠢ ᠪᠠᠯᠭᠠᠳ ᠤᠨ ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ ᠬᠦᠮᠦᠨ ᠢᠶᠠᠷ ᠦᠨᠳᠦᠰᠦ ᠪᠤᠯᠭᠠᠬᠤ ᠶᠢ | ᠪᠡᠷᠢᠮᠳᠡᠯᠡᠨ᠂ ᠬᠤᠳᠡ ᠪᠠᠯᠭᠠᠰᠤᠵᠢᠯᠳᠡ ᠶᠢᠨ ᠶᠠᠰᠤ ᠴᠢᠨᠡᠷ ᠢ ᠲᠡᠭᠡᠭᠰᠢᠯᠡᠬᠦᠯᠦᠨ᠎ᠡ᠃ | ᠭᠤᠤᠯ ᠬᠤᠳᠡ ᠶᠢᠨ ᠲᠤᠭᠤᠷᠢᠭ ᠤᠨ ᠬᠤᠳᠡ ᠶᠢᠨ ᠴᠢᠳᠡᠮᠵᠢ ᠶᠢ ᠲᠦᠷᠭᠡᠨ ᠲᠡᠬᠦᠯᠳᠡᠷᠵᠢᠬᠦᠯᠦᠨ᠎ᠡ᠃ ᠬᠤᠳᠡ ᠶᠢᠨ ᠲᠦᠯᠦᠪᠵᠢᠬᠦᠯᠬᠡ ᠶᠢᠨ ᠠᠵᠢᠯ ᠢ | ᠴᠢᠩᠭᠠᠳᠬᠠᠵᠣ᠂ ᠭᠤᠤᠯᠳᠠᠯᠭᠠᠳᠦ ᠣᠷᠣᠨ ᠤ ᠬᠤᠳᠡ ᠶᠢᠨ ᠵᠢᠷᠤᠭ ᠲᠦᠯᠦᠪᠯᠡᠭᠡ ᠶᠢ ᠨᠠᠶᠢᠷᠠᠭᠤᠯᠣᠨ᠎ᠠ᠃ ᠬᠤᠳᠡ ᠶᠢ ᠵᠠᠰᠡᠵᠦ ᠨᠦᠬᠦᠪᠦᠷᠢᠯᠡᠬᠦ᠂ ᠠᠮᠢ ᠠᠬᠤᠢ ᠶᠢ | ᠰᠡᠷᠬᠦᠬᠡᠬᠦ ᠠᠵᠢᠯ ᠦᠷᠨᠢᠬᠦᠯᠦᠨ᠎ᠡ᠃ ︽ᠲᠦᠩᠯᠢᠶᠥᠥ ᠬᠤᠳᠡ ᠶᠢᠨ ᠬᠤᠳᠡ ᠬᠦᠳᠡᠭᠡ ᠶᠢᠨ ᠲᠦᠯᠦᠪᠵᠢᠬᠦᠯᠬᠡ ᠶᠢᠨ ᠲᠦᠷᠢᠮ︾ ᠲᠤᠭᠳᠠᠭᠠᠵᠦ᠂ ᠴᠢᠩᠭ᠎ᠠ | ᠬᠦᠯᠢᠶᠡᠰᠦᠯᠡᠯ ᠢ ᠬᠢᠨᠠᠮᠠᠭᠠᠢ ᠲᠦᠯᠦᠪᠵᠢᠬᠦᠯᠦᠨ᠎ᠡ᠃ ᠬᠤᠳᠡ ᠶᠢᠨ ᠵᠠᠮ ᠤᠨ ᠲᠤᠤᠷ ᠢ ᠲᠡᠬᠦᠯᠳᠡᠷᠵᠢᠬᠦᠯᠵᠦ᠂ ᠲᠠᠳᠠᠪᠤᠷᠢᠯᠡᠵᠦ ᠨᠤᠷᠠᠭᠠᠬᠤ ᠡᠷᠴᠢᠮ ᠢᠶᠠᠨ ᠶᠡᠬᠡᠰᠭᠡᠨ᠂ | ᠠᠰᠡᠷᠡᠮᠵᠢ ᠶᠢᠨ ᠵᠠᠮ᠂ ᠰᠢᠨ ᠭᠦᠩ ᠨᠢᠬᠡᠳᠦᠭᠡᠷ ᠵᠠᠮ᠂ ᠪᠢᠨ ᠾᠧ ᠵᠡᠬᠡᠯᠢ᠂ ᠠᠷᠠᠳᠴᠢᠯᠡᠯ ᠵᠠᠮ ᠤᠨ ᠵᠦᠷᠢᠯᠢᠭ ᠬᠦᠬᠦᠷᠭᠡ ᠪᠤᠯᠤᠨ ᠪᠠᠭᠠᠷᠢᠨ ᠲᠠᠷᠢᠶ᠎ᠡ ᠵᠡᠬᠡᠯᠢ ᠶᠢᠨ | ᠵᠠᠰᠠᠮᠠᠯ ᠵᠠᠮ ᠲᠡᠮᠦᠷ ᠵᠠᠮ ᠤᠨ ᠵᠦᠷᠢᠯᠢᠭ ᠬᠦᠬᠦᠷᠭᠡ ᠶᠢᠨ ᠬᠦᠳᠦᠯᠦᠬᠡ ᠵᠠᠮ ᠪᠤᠯᠤᠨ ᠤᠰᠤ ᠭᠠᠳᠠᠭᠰᠢᠯᠠᠭᠤᠯᠬᠤ ᠵᠡᠷᠭᠡ ᠵᠠᠮ ᠤᠨ ᠪᠠᠷᠢᠯᠭ᠎ᠠ ᠶᠢ ᠠᠬᠢᠭᠤᠯᠵᠦ᠂ ᠬᠤᠩ | ᠭᠤᠸᠠᠩ ᠵᠡᠬᠡᠯᠢ᠂ ᠰᠢᠨ ᠭᠦᠩ ᠲᠦᠷᠪᠡᠳᠦᠭᠡᠷ ᠵᠠᠮ᠂ ᠰᠢᠨ ᠭᠦᠩ ᠬᠤᠶᠠᠳᠤᠭᠠᠷ ᠵᠡᠮ᠂ ᠵᠡᠬᠦᠨ ᠡᠰᠡᠷᠡᠭ ᠵᠠᠮ ᠤᠨ ᠲᠦᠷᠭᠡᠨ ᠲᠡᠮᠦᠷ ᠵᠠᠮ ᠤᠨ ᠡᠵᠡᠮᠳᠡᠯ ᠤᠨ ᠴᠢᠨᠡᠷ | ᠲᠠᠢ ᠪᠠᠷᠢᠯᠭ᠎ᠠ ᠶᠢ ᠪᠠᠶᠢᠭᠤᠯᠵᠦ᠂ ᠲᠦᠷᠬᠡᠨ ᠲᠡᠮᠦᠷ ᠵᠠᠮ ᠤᠨ ᠦᠷᠳᠡᠭᠡ ᠶᠢᠨ ᠡᠮᠦᠨᠡᠬᠢ ᠲᠠᠯᠠᠪᠠᠢ ᠶᠢ ᠲᠦᠷᠬᠡᠨ ᠪᠠᠶᠢᠭᠤᠯᠵᠣ᠂ ᠰᠢᠨ᠎ᠡ ᠡᠷᠡᠨ ᠬᠡᠮᠡᠬᠦ ᠬᠦᠬᠦᠷᠭᠡ ᠶᠢᠨ | ᠬᠤᠶᠠᠷ ᠬᠠᠵᠠᠭᠤ ᠶᠢᠨ ᠱᠤᠭᠤᠮ ᠪᠤᠯᠤᠨ ᠵᠦᠷᠢᠯᠢᠭ ᠬᠦᠬᠦᠷᠬᠡ ᠶᠢᠨ ᠪᠠᠷᠢᠯᠭ᠎ᠠ᠂ ᠬᠤᠩ ᠭᠤᠸᠠᠩ ᠬᠡᠮᠡᠬᠦ ᠬᠦᠬᠦᠷᠭᠡ ᠵᠡᠷᠬᠡ ᠭᠤᠤᠯᠳᠠᠯᠭᠠᠳᠦ ᠲᠦᠷᠦᠯ ᠵᠦᠢᠯ ᠤᠨ | ᠪᠠᠶᠢᠭᠤᠯᠤᠯᠳᠡ ᠶᠢ ᠲᠦᠷᠭᠡᠳᠭᠡᠨ᠎ᠡ᠃ ᠭᠤᠤᠯ ᠬᠤᠳᠡ ᠶᠢᠨ ᠲᠤᠭᠤᠷᠢᠭ ᠤᠨ ᠵᠡᠬᠦᠨ ᠬᠠᠭᠠᠯᠭ᠎ᠠ ᠶᠢᠨ ᠤᠷᠴᠢᠨ ᠲᠤᠭᠤᠷᠢᠨ ᠢ ᠶᠡᠷᠦᠩᠬᠡᠶᠢᠯᠡᠨ ᠦᠬᠡᠷᠡᠴᠢᠯᠡᠬᠦ ᠪᠠᠷᠢᠯᠭ᠎ᠠ | ᠶᠢ ᠦᠨᠳᠦᠷ ᠪᠠᠷᠢᠮᠵᠢᠶ᠎ᠡ ᠪᠠᠷ ᠵᠠᠰᠠᠨ᠎ᠠ᠃ ᠤᠯᠠᠨ ᠨᠡᠶᠢᠳᠡ ᠶᠢᠨ ᠲᠡᠷᠭᠡᠨ ᠵᠤᠭᠰᠤᠭᠠᠯ 14᠂ ᠨᠡᠶᠢᠳᠡ ᠶᠢᠨ ᠵᠤᠷᠯᠤᠩ 50 ᠲᠦᠯᠦᠪᠵᠢᠬᠦᠯᠵᠦ ᠪᠠᠶᠢᠭᠤᠯᠤᠨ᠎ᠠ᠃ | ᠭᠤᠤᠯ ᠬᠤᠳᠡ ᠶᠢᠨ ᠲᠤᠭᠤᠷᠢᠭ ᠤᠨ ᠤᠰᠤ ᠰᠢᠢᠳᠪᠦᠷᠢᠯᠡᠬᠦ ᠪᠠᠷᠢᠯᠭ᠎ᠠ ᠶᠢᠨ ᠪᠠᠷᠢᠮᠵᠢᠶ᠎ᠡ ᠶᠢ ᠲᠡᠭᠡᠭᠰᠢᠯᠡᠬᠦᠯᠵᠦ ᠦᠷᠭᠡᠳᠭᠡᠨ ᠪᠠᠶᠢᠭᠤᠯᠬᠤ ᠪᠠᠷᠢᠯᠭ᠎ᠠ ᠶᠢ | ᠬᠡᠷᠡᠭᠵᠢᠬᠦᠯᠵᠦ᠂ ᠰᠠᠨ ᠢ ᠲᠠᠩ ᠤᠰᠤᠨ ᠤ ᠡᠬᠢ ᠰᠣᠷᠪᠣᠯᠵᠢ ᠶᠢᠨ ᠤᠷᠤᠨ ᠢ ᠪᠠᠶᠢᠭᠤᠯᠵᠦ᠂ ᠲᠦᠩ ᠰᠢᠨ ᠤᠰᠤ ᠴᠡᠪᠡᠷᠰᠢᠬᠦᠯᠬᠦ ᠦᠢᠯᠡᠳᠪᠦᠷᠢ ᠶᠢ ᠦᠷᠭᠡᠳᠭᠡᠨ | ᠪᠠᠶᠢᠭᠤᠯᠤᠨ᠎ᠠ᠃ ᠢᠯᠴᠢ ᠤᠰᠤ ᠬᠠᠩᠭᠠᠬᠤ ᠬᠤᠭᠤᠯᠠᠢ ᠲᠤᠤᠷ ᠢ ᠰᠢᠨ᠎ᠡ ᠪᠠᠶᠢᠭᠤᠯᠬᠤ ᠪᠠ ᠦᠬᠡᠷᠡᠴᠢᠯᠡᠨ ᠪᠠᠶᠢᠭᠤᠯᠵᠦ᠂ ᠰᠢᠨ᠎ᠡ ᠬᠠᠭᠤᠴᠢᠨ ᠬᠤᠳᠡ ᠶᠢᠨ | ᠲᠤᠭᠤᠷᠢᠭ ᠢ ᠬᠤᠯᠪᠤᠯᠳᠤᠭᠤᠯᠤᠨ ᠨᠡᠪᠳᠡᠷᠡᠬᠦᠯᠬᠦ ᠶᠢ ᠪᠡᠶᠡᠯᠡᠬᠦᠯᠦᠨ᠎ᠡ᠃ | ᠤᠨᠴᠠᠯᠢᠭᠳᠦ ᠪᠠᠯᠭᠠᠰᠤ ᠪᠤᠯᠤᠨ ᠦᠵᠡᠰᠬᠦᠯᠡᠩ ᠰᠠᠶᠢᠬᠠᠨ ᠬᠦᠳᠡᠭᠡ ᠲᠤᠰᠬᠤᠨ ᠢ ᠲᠦᠷᠭᠡᠨ ᠪᠠᠶᠢᠭᠤᠯᠤᠨ᠎ᠠ᠃ ᠬᠤᠰᠢᠭᠤ ᠶᠢᠨ ᠲᠦᠪ ᠤᠨ ᠪᠠᠯᠭᠠᠰᠣ ᠶᠢᠨ | ᠠᠵᠦ ᠦᠢᠯᠡᠰ ᠤᠨ ᠲᠤᠯᠭᠠᠭᠤᠷᠢ ᠪᠠ ᠦᠢᠯᠡᠴᠢᠯᠡᠬᠦ ᠴᠢᠳᠡᠮᠵᠢ ᠶᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠬᠤᠳᠡ ᠶᠢᠨ ᠶᠠᠪᠤᠳᠡᠯ ᠤᠨ ᠲᠦᠬᠦᠬᠡᠷᠦᠮᠵᠢ ᠪᠤᠯᠤᠨ ᠤᠯᠠᠨ | ᠨᠡᠶᠢᠳᠡ ᠶᠢᠨ ᠦᠢᠯᠡᠴᠢᠯᠡᠬᠡᠨ ᠤ ᠲᠦᠬᠦᠬᠡᠷᠦᠮᠵᠢ ᠶᠢ ᠲᠡᠬᠦᠯᠳᠡᠷᠵᠢᠬᠦᠯᠦᠨ ᠰᠠᠶᠢᠵᠢᠷᠠᠭᠤᠯᠵᠦ᠂ ᠬᠤᠰᠢᠭᠤ ᠰᠢᠶᠠᠨ ᠤ ᠲᠦᠪ ᠤᠨ ᠪᠠᠯᠭᠠᠰᠤ ᠶᠢᠨ ᠬᠠᠭᠤᠷᠡᠢ ᠵᠤᠷᠯᠤᠩ ᠢ | ᠴᠦᠮ ᠣᠰᠣ ᠪᠠᠷ ᠴᠡᠪᠡᠷᠯᠡᠬᠦ ᠪᠤᠯᠭᠠᠨ ᠦᠬᠡᠷᠡᠴᠢᠯᠡᠨ᠎ᠡ᠃ ᠤᠨᠴᠠᠯᠢᠭᠳᠦ ᠠᠵᠦ ᠦᠢᠯᠡᠰ᠂ ᠰᠤᠶᠤᠯ ᠤᠨ ᠵᠤᠭᠠᠴᠠᠯ᠂ ᠨᠡᠶᠢᠬᠡᠮ ᠲᠤᠭᠤᠷᠢᠭ ᠤᠨ ᠦᠢᠯᠡᠴᠢᠯᠡᠭᠡ ᠵᠡᠷᠭᠡ | ᠴᠢᠳᠡᠮᠵᠢ ᠶᠢ ᠨᠢᠬᠡ ᠴᠤᠭᠴᠠᠵᠢᠭᠤᠯᠤᠭᠰᠠᠨ ᠤᠨᠴᠠᠯᠢᠭᠳᠦ ᠪᠠᠯᠭᠠᠰᠤ ᠶᠢ ᠲᠦᠪᠯᠡᠷᠡᠬᠦᠯᠦᠨ ᠲᠦᠯᠦᠪᠵᠢᠬᠦᠯᠵᠦ ᠪᠠᠶᠢᠭᠤᠯᠤᠨ᠂ ᠱᠧᠪᠡᠷᠳᠦ ᠶᠢᠨ ᠠᠯᠠᠰᠢᠨ ᠦᠬᠡᠷ ᠤᠨ | ᠪᠠᠯᠭᠠᠰᠤ᠂ ᠳ᠋ᠦᠩ ᠹᠧᠩ ᠬᠠᠳᠠᠭᠠᠭᠰᠠᠨ ᠤᠯᠠᠭᠠᠨ ᠯᠠᠵᠤᠤ ᠶᠢᠨ ᠪᠠᠯᠭᠠᠰᠤ ᠶᠢᠨ ᠪᠠᠶᠢᠭᠤᠯᠤᠯᠳᠡ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠬᠦᠳᠡᠭᠡ ᠲᠤᠰᠬᠤᠨ | ᠮᠠᠯᠵᠢᠬᠤ ᠤᠷᠤᠨ ᠤ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠢ ᠴᠡᠭᠴᠡᠯᠡᠬᠦ ᠭᠤᠷᠪᠡᠨ ᠵᠢᠯ ᠤᠨ ᠲᠦᠯᠦᠪᠵᠢᠬᠦᠯᠬᠡ ᠶᠢ ᠬᠡᠷᠡᠭᠵᠢᠬᠦᠯᠵᠦ᠂ ᠬᠦᠳᠡᠭᠡ | ᠲᠤᠰᠬᠤᠨ ᠮᠠᠯᠵᠢᠬᠤ ᠤᠷᠤᠨ ᠤ ᠡᠷᠦᠬᠡ ᠶᠢᠨ ᠵᠤᠷᠯᠤᠩ ᠤᠨ ᠪᠠᠶᠢᠭᠤᠯᠣᠯᠳᠠ ᠦᠬᠡᠷᠡᠴᠢᠯᠡᠯᠳᠡ ᠶᠢ ᠠᠬᠢᠭᠤᠯᠵᠣ᠂ ᠪᠠᠶᠢᠭᠤᠯᠤᠨ᠂ ᠰᠤᠮᠤ ᠰᠢᠶᠠᠩ ᠪᠠᠯᠭᠠᠰᠤ ᠨᠢᠬᠡᠪᠦᠷᠢ | ᠳᠤ ᠠᠮᠢᠳᠦᠷᠡᠯ ᠤᠨ ᠬᠤᠭ ᠨᠤᠪᠰᠢ ᠪᠣᠬᠢᠷ ᠤᠰᠤ ᠰᠢᠢᠳᠪᠦᠷᠢᠯᠡᠬᠦ ᠲᠠᠭᠤᠷᠢᠶᠠᠯ ᠭᠠᠴᠠᠭ᠎ᠠ ᠨᠢᠬᠡ ᠪᠠᠶᠢᠭᠤᠯᠵᠦ᠂ ᠬᠦᠳᠡᠭᠡ ᠲᠤᠰᠬᠤᠨ ᠤ ᠠᠮᠢᠳᠦᠷᠡᠯ ᠤᠨ ᠬᠤᠭ | ᠨᠤᠪᠰᠢ ᠶᠢ ᠰᠢᠢᠳᠪᠦᠷᠢᠯᠡᠬᠦ ᠨᠤᠷᠮ᠎ᠡ ᠶᠢ 70% ᠲᠠᠪᠠᠭᠤᠯᠤᠨ᠎ᠠ᠃ ᠤᠯᠠᠮᠵᠢᠯᠡᠯᠳᠦ ᠠᠶᠢᠯ ᠲᠤᠰᠬᠤᠨ ᠪᠤᠯᠤᠨ ᠲᠡᠦᠬᠡᠨ ᠪᠠᠷᠢᠯᠭ᠎ᠠ ᠶᠢ ᠬᠠᠮᠠᠭᠠᠯᠠᠵᠦ᠂ ᠠᠶᠢᠯ | ᠲᠤᠰᠬᠤᠨ ᠤ ᠬᠡᠪ ᠰᠤᠷᠳᠡᠯ ᠤᠨ ᠪᠤᠯᠪᠠᠰᠤᠨ ᠤ ᠪᠠᠶᠢᠭᠤᠯᠤᠯᠳᠡ ᠶᠢ ᠴᠢᠩᠭᠠᠳᠬᠠᠵᠦ᠂ ᠬᠡᠪ ᠵᠠᠩᠰᠢᠯ ᠢᠶᠠᠨ ᠦᠬᠡᠷᠡᠴᠢᠯᠡᠬᠦ ᠶᠢ ᠠᠬᠢᠭᠤᠯᠤᠨ᠂ ᠬᠦᠳᠡᠭᠡ ᠲᠤᠰᠬᠤᠨ | ᠮᠠᠯᠵᠢᠬᠤ ᠤᠷᠤᠨ ᠤ ᠨᠡᠶᠢᠬᠡᠮ ᠤᠨ ᠰᠢᠨ᠎ᠡ ᠬᠡᠪ ᠰᠤᠷᠳᠡᠯ ᠢ ᠪᠤᠢ ᠪᠤᠯᠭᠠᠨ᠎ᠠ᠃ | ᠬᠤᠳᠠ ᠶᠢᠨ ᠪᠣᠯᠪᠠᠰᠣᠨ ᠤ ᠬᠡᠮᠵᠢᠶ᠎ᠡ ᠶᠢ ᠦᠷᠬᠦᠯᠵᠢᠯᠡᠨ ᠲᠡᠬᠡᠭᠰᠢᠯᠡᠬᠦᠯᠦᠨ᠎ᠡ᠃ ᠪᠣᠯᠪᠠᠰᠣᠨ ᠬᠤᠳᠠ ᠶᠢᠨ ᠪᠠᠶᠢᠭᠤᠯᠣᠯᠳᠠ ᠡᠬᠢᠯᠡᠯᠳᠡ ᠪᠠᠶᠢᠬᠤ ᠠᠴᠠ ᠪᠢᠰᠢ | ᠲᠡᠬᠦᠰᠬᠡᠯ ᠬᠡᠵᠦ ᠠᠯᠠᠭ᠎ᠠ᠃ ᠬᠦᠮᠦᠨ ᠢᠶᠠᠷ ᠦᠨᠳᠦᠰᠦ ᠪᠣᠯᠭᠠᠬᠤ ᠶᠢ ᠪᠠᠷᠢᠮᠳᠠᠯᠠᠵᠣ᠂ ︽ᠨᠠᠢᠮᠠᠨ ᠶᠡᠭᠡ ᠣᠷᠴᠢᠨ ᠲᠣᠭᠤᠷᠢᠨ︾ ᠤ ᠪᠠᠶᠢᠭᠤᠯᠣᠯᠳᠠ ᠶᠢ ᠬᠦᠨᠵᠡᠬᠡᠢ | ᠦᠷᠨᠢᠬᠦᠯᠵᠦ᠂ ᠵᠠᠰᠠᠭ ᠤᠨ ᠣᠷᠳᠣᠨ ᠪᠣᠯᠣᠨ ᠵᠠᠬ᠎ᠠ ᠲᠡᠯᠬᠡᠬᠦᠷ ᠡᠷᠡᠬᠦᠯ ᠴᠢᠨᠠᠷ ᠲᠠᠢ ᠬᠦᠳᠡᠯᠦᠯᠴᠡᠬᠦ᠂ ᠬᠦᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠳᠣ ᠪᠠᠷ | ᠣᠷᠣᠰᠢᠬᠤ ᠬᠤᠳᠠ ᠶᠢᠨ ᠪᠠᠶᠢᠭᠠᠯᠢ ᠪᠣᠯᠣᠨ ᠬᠦᠮᠦᠨ ᠰᠣᠶᠣᠯ ᠤᠨ ᠠᠮᠢ ᠠᠬᠤᠢ ᠶᠢᠨ ᠣᠷᠴᠢᠨ ᠢ ᠲᠦᠷᠬᠡᠨ ᠪᠠᠶᠢᠭᠤᠯᠣᠨ᠎ᠠ᠃ ᠦᠵᠡᠯ ᠣᠬᠠᠮᠰᠠᠷ ᠤᠨ ᠬᠡᠯᠪᠡᠷᠢ ᠪᠠᠷ | ᠨᠢᠬᠡᠳᠦᠯ ᠲᠠᠢ ᠵᠢᠯᠣᠭᠤᠳᠬᠤ᠂ ᠨᠡᠶᠢᠬᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ ᠪᠠᠷ ᠣᠶᠣᠨ ᠰᠦᠯᠳᠠ ᠪᠠᠨ ᠱᠣᠭᠤᠬᠤ᠂ ᠪᠣᠯᠪᠠᠰᠣᠨ ᠬᠤᠳᠠ ᠶᠢᠨ | ᠪᠠᠶᠢᠭᠤᠯᠣᠯᠳᠠ ᠶᠢ ᠲᠡᠰ ᠲᠡᠪᠰᠢᠬᠦᠯᠬᠦ᠂ ᠰᠣᠶᠣᠯ ᠢᠶᠠᠷ ᠠᠷᠠᠳ ᠲᠤ ᠠᠰᠢᠭ ᠬᠦᠷᠳᠡᠬᠡᠬᠦ᠂ ᠬᠤᠷᠴᠢᠨ ᠰᠣᠶᠣᠯ ᠢ ᠵᠠᠯᠭᠠᠮᠵᠢᠯᠠᠵᠣ ᠬᠠᠮᠠᠭᠠᠯᠠᠬᠤ᠂ ᠣᠳᠬ᠎ᠠ | ᠣᠷᠠᠯᠢᠭ ᠤᠨ ᠣᠬᠢ ᠪᠦᠳᠦᠬᠡᠯ ᠪᠦᠳᠦᠬᠡᠬᠦ᠂ ᠰᠣᠶᠣᠯ ᠤᠨ ᠠᠵᠣ ᠦᠢᠯᠡᠰ ᠪᠣᠶᠢᠵᠢᠭᠤᠯᠬᠤ ᠢᠨᠵᠧᠨᠧᠷᠢᠩ ᠢ ᠶᠡᠭᠡ ᠪᠠᠷ ᠬᠡᠷᠡᠭᠵᠢᠬᠦᠯᠵᠦ᠂ ᠬᠤᠳᠠ ᠶᠢᠨ ᠪᠣᠯᠪᠠᠰᠣᠨ ᠤ | ᠬᠡᠮᠵᠢᠶ᠎ᠡ ᠪᠣᠯᠣᠨ ᠰᠣᠶᠣᠯ ᠤᠨ ᠴᠢᠨᠠᠷ ᠲᠡᠰ ᠢ ᠲᠡᠬᠡᠭᠰᠢᠯᠡᠬᠦᠯᠦᠨ᠎ᠡ᠃ | ᠬᠤᠳᠠ ᠪᠠᠯᠭᠠᠰᠣ ᠶᠢᠨ ᠨᠠᠷᠢᠯᠢᠭ ᠬᠠᠮᠢᠶᠠᠷᠣᠯᠳᠠ ᠶᠢᠨ ᠬᠢᠷᠢ ᠲᠦᠪᠰᠢᠨ ᠢᠶᠠᠨ ᠲᠡᠬᠡᠭᠰᠢᠯᠡᠬᠦᠯᠦᠨ᠎ᠡ᠃ ︽ᠲᠦᠩᠯᠢᠶᠣᠣ ᠬᠤᠳᠠ ᠶᠢᠨ ᠪᠠᠯᠭᠠᠳ ᠤᠨ ᠲᠦᠷᠰᠦ | ᠪᠠᠶᠢᠳᠠᠯ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠣᠯᠳᠠ ᠶᠢᠨ ᠲᠦᠷᠢᠮ︾ ᠢ ᠨᠠᠷᠢᠨ ᠬᠢᠨᠠᠮᠠᠭᠠᠢ ᠬᠡᠷᠡᠭᠵᠢᠬᠦᠯᠦᠨ᠂ ᠬᠠᠮᠢᠶᠠᠷᠬᠤ ᠳᠤ ᠬᠦᠴᠢᠷ᠂ | ᠬᠢᠯᠪᠡᠷᠬᠠᠨ ᠲᠠᠬᠢᠬᠤ ᠬᠤᠳᠠ ᠶᠢᠨ ᠠᠷᠬᠠᠭ ᠲᠤ ᠪᠠᠶᠢᠩᠭᠤ ᠴᠡᠭᠴᠡᠯᠡᠯᠳᠡ ᠬᠢᠵᠦ᠂ ᠬᠤᠳᠠ ᠶᠢᠨ ᠲᠦᠷᠰᠦ ᠶᠢ ᠲᠡᠰ ᠲᠠᠪᠬᠤᠷᠭ᠎ᠠ ᠲᠡᠪᠰᠢᠬᠦᠯᠬᠦ ᠶᠢ ᠠᠬᠢᠭᠤᠯᠣᠨ᠎ᠠ᠃ | ᠬᠤᠳᠠ ᠶᠢᠨ ᠬᠠᠮᠢᠶᠠᠷᠣᠯᠳᠠ ᠶᠢᠨ ᠪᠠᠶᠢᠭᠤᠯᠣᠮᠵᠢ ᠶᠢᠨ ᠶᠡᠷᠦᠩᠬᠡᠶᠢᠯᠡᠨ ᠬᠠᠣᠯᠢ ᠬᠡᠷᠡᠭᠵᠢᠬᠦᠯᠬᠦ ᠦᠬᠡᠷᠡᠴᠢᠯᠡᠯᠳᠡ ᠶᠢ ᠲᠦᠷᠬᠡᠨ ᠠᠬᠢᠭᠤᠯᠵᠣ᠂ ᠪᠠᠶᠢᠭᠤᠯᠣᠮᠵᠢ ᠪᠠᠨ | ᠰᠢᠯᠣᠭᠤᠳᠬᠠᠨ᠂ ᠲᠣᠭᠳᠠᠯᠴᠠᠭ᠎ᠠ ᠪᠠᠨ ᠪᠦᠷᠢᠨᠰᠢᠬᠦᠯᠵᠦ᠂ ᠬᠦᠴᠦᠨ ᠢᠶᠠᠨ ᠴᠢᠩᠭᠠᠳᠬᠠᠵᠣ᠂ ᠬᠠᠷᠢᠭᠤᠴᠠᠯᠭ᠎ᠠ ᠪᠠᠨ ᠨᠠᠶᠢᠳᠠᠪᠣᠷᠢᠵᠢᠭᠤᠯᠵᠣ᠂ ᠰᠢᠨᠵᠢᠯᠡᠬᠦ ᠣᠬᠠᠭᠠᠨᠴᠢ | ᠬᠠᠮᠢᠶᠠᠷᠣᠯᠳᠠ᠂ ᠨᠠᠷᠢᠯᠢᠭ ᠦᠢᠯᠡᠴᠢᠯᠡᠭᠡ ᠶᠢ ᠪᠡᠶᠡᠯᠡᠬᠦᠯᠦᠨ᠎ᠡ᠃ ᠠᠳᠠᠯ ᠠᠬᠤᠢ ᠶᠢᠨ ᠬᠠᠮᠢᠶᠠᠷᠣᠯᠳᠠ ᠶᠢᠨ ᠲᠦᠷᠢᠮ ᠲᠣᠭᠳᠠᠭᠠᠵᠣ᠂ ᠬᠠᠶᠠᠭᠳᠠᠭᠰᠠᠨ ᠠᠰᠠᠷ᠂ | ᠬᠠᠭᠤᠴᠢᠨ ᠬᠤᠷᠤᠭ᠎ᠠ ᠶᠢᠨ ᠠᠳᠠᠯ ᠠᠬᠤᠢ ᠶᠢᠨ ᠬᠠᠮᠢᠶᠠᠷᠣᠯᠳᠠ ᠪᠠᠨ ᠴᠢᠩᠭᠠᠳᠬᠠᠵᠣ᠂ ᠬᠤᠳᠠ ᠶᠢ ᠨᠠᠷᠢᠨ ᠨᠢᠮᠪᠠᠢ ᠬᠠᠮᠢᠶᠠᠷᠣᠨ᠎ᠠ᠃ ︽ᠣᠶᠣᠨᠯᠢᠭ ᠲᠦᠩᠯᠢᠶᠣᠣ︾ | ᠶᠢᠨ ᠪᠠᠶᠢᠭᠤᠯᠣᠯᠳᠠ ᠶᠢ ᠲᠦᠷᠬᠡᠳᠬᠡᠵᠦ᠂ ᠣᠶᠣᠨᠯᠢᠭ ᠬᠤᠳᠠ ᠶᠢᠨ ᠶᠡᠷᠦᠩᠬᠡᠢ ᠲᠦᠰᠦᠯ ᠢ ᠨᠡᠶᠢᠷᠡᠭᠤᠯᠣᠨ ᠵᠣᠬᠢᠶᠠᠵᠣ᠂ ᠨᠢᠬᠡ ᠲᠦᠯᠦᠪᠵᠢᠬᠦᠯᠬᠡ ᠶᠢ ᠠᠯᠬᠤᠮ | ᠬᠤᠪᠢᠶᠠᠨ ᠬᠡᠷᠡᠭᠵᠢᠬᠦᠯᠵᠦ᠂ ᠡᠬᠢ ᠪᠠᠶᠠᠯᠢᠭ ᠢᠶᠠᠨ ᠨᠡᠶᠢᠯᠡᠬᠦᠯᠦᠨ᠂ ᠬᠠᠮᠳᠣ ᠪᠠᠷ ᠪᠠᠶᠢᠭᠤᠯᠵᠣ ᠬᠠᠮᠳᠣ ᠪᠠᠷ ᠡᠳ᠋ᠯᠡᠵᠦ᠂ ︽ᠮᠡᠳᠡᠭᠡ ᠵᠠᠩᠬᠢ ᠪᠢᠳᠡᠬᠦᠦ︾ ᠪᠣᠯᠬᠤ ᠠᠴᠠ | ᠵᠠᠶᠢᠯᠠᠰᠬᠢᠵᠦ᠂ ᠬᠤᠳᠠ ᠶᠢᠨ ᠬᠠᠮᠢᠶᠠᠷᠣᠯᠳᠠ ᠦᠢᠯᠡᠴᠢᠯᠡᠬᠡᠨ ᠤ ᠣᠳᠣᠬᠢᠴᠢᠯᠠᠯᠳᠠ ᠣᠶᠣᠨᠴᠢᠯᠠᠯᠳᠠ ᠶᠢ ᠪᠡᠶᠡᠯᠡᠬᠦᠯᠦᠨ᠎ᠡ᠃ | ︵ᠨᠠᠢᠮᠠ︶ ᠨᠡᠶᠢᠬᠡᠮ ᠤᠨ ᠠᠵᠢᠯ ᠦᠢᠯᠡᠰ ᠢ ᠶᠡᠭᠡ ᠪᠠᠷ ᠬᠦᠭᠵᠢᠬᠦᠯᠦᠨ᠂ ᠠᠷᠠᠳ ᠤᠨ ᠠᠮᠢᠳᠣᠷᠠᠯ ᠤᠨ ᠪᠣᠶᠠᠨ ᠬᠡᠰᠢᠭ ᠢ ᠴᠢᠷᠮᠠᠶᠢᠨ ᠨᠡᠮᠡᠭᠳᠡᠬᠦᠯᠦᠨ᠎ᠡ᠃ | ᠠᠷᠠᠳ ᠤᠨ ᠠᠮᠢᠳᠣᠷᠠᠯ ᠤᠨ ᠰᠠᠭᠤᠷᠢ ᠱᠣᠭᠤᠮ ᠢ ᠪᠠᠳᠣ ᠰᠠᠬᠢᠵᠣ᠂ ᠠᠷᠠᠳ ᠤᠨ ᠠᠮᠢᠳᠣᠷᠠᠯ ᠤᠨ ᠪᠣᠳᠠᠳᠠᠢ ᠬᠡᠷᠡᠭ ᠢ ᠰᠠᠶᠢᠳᠣᠷ ᠬᠦᠢᠴᠡᠳᠬᠡᠵᠦ | ᠣᠯᠠᠨ ᠲᠦᠮᠡᠨ ᠢ ᠨᠡᠩ ᠢᠯᠡᠬᠦᠦ ᠣᠯᠣᠯᠳᠠ ᠲᠠᠢ ᠪᠣᠯᠭᠠᠨ᠎ᠠ᠃ | ᠪᠠᠳᠣᠯᠠᠭ᠎ᠠ ᠶᠢᠨ ᠲᠣᠭᠳᠠᠯᠴᠠᠭ᠎ᠠ ᠶᠢᠨ ᠨᠡᠶᠢᠬᠡᠮᠴᠢᠯᠡᠯᠳᠡ ᠶᠢ ᠬᠦᠴᠦᠳᠡᠢ ᠠᠬᠢᠭᠤᠯᠣᠨ᠎ᠠ᠃ ᠡᠳ᠋ ᠤᠨ ᠬᠦᠴᠦᠨ ᠤ ᠲᠠᠭᠠᠭᠠᠬᠤᠶᠢᠴᠠ ᠰᠠᠭᠤᠷᠢᠨ ᠲᠡᠬᠡᠷ᠎ᠡ᠂ | ᠠᠷᠠᠳ ᠤᠨ ᠠᠮᠢᠳᠣᠷᠠᠯ ᠤᠨ ᠲᠣᠪᠣᠶᠢᠮ᠎ᠠ ᠠᠰᠠᠭᠤᠳᠠᠯ ᠢ ᠰᠠᠶᠢᠳᠣᠷ ᠰᠢᠢᠳᠪᠦᠷᠢᠯᠡᠨ᠎ᠡ᠃ ᠪᠦᠳᠦᠴᠡ ᠶᠢᠨ ᠴᠢᠨᠠᠷ ᠲᠠᠢ ᠠᠵᠢᠯ ᠣᠯᠭᠤᠬᠤ ᠵᠦᠷᠢᠴᠡᠯ ᠢ ᠪᠦᠬᠦ | ᠲᠠᠯ᠎ᠠ ᠪᠠᠷ ᠰᠢᠢᠳᠪᠦᠷᠢᠯᠡᠵᠦ᠂ ᠦᠢᠯᠡᠰ ᠪᠣᠰᠬᠠᠬᠤ ᠶᠢ ᠲᠡᠮᠵᠢᠬᠦ ᠲᠦᠷᠦ ᠶᠢᠨ ᠪᠣᠳᠣᠯᠭ᠎ᠠ ᠶᠢ ᠲᠡᠬᠦᠯᠳᠡᠷᠵᠢᠬᠦᠯᠵᠦ᠂ ᠨᠡᠯᠢᠶᠡᠳ ᠬᠦᠢᠴᠡᠳ ᠪᠦᠬᠡᠳ ᠶᠠᠰᠣ ᠴᠢᠨᠠᠷ | ᠰᠠᠶᠢᠳᠠᠢ ᠠᠵᠢᠯ ᠣᠯᠭᠤᠬᠤ ᠶᠢ ᠪᠡᠶᠡᠯᠡᠬᠦᠯᠦᠨ᠎ᠡ᠃ ᠠᠵᠢᠯ ᠦᠢᠯᠡᠰ ᠤᠨ ᠨᠢᠬᠡᠴᠡ ᠶᠢᠨ ᠢᠯᠡ ᠡᠯᠰᠡᠬᠦ ᠦᠷ᠎ᠡ ᠪᠦᠳᠦᠮᠵᠢ ᠪᠠᠨ ᠲᠡᠬᠡᠭᠰᠢᠯᠡᠬᠦᠯᠣᠨ᠂ ᠴᠢᠳᠠᠪᠣᠷᠢᠳᠠᠨ ᠢ | ᠲᠠᠳᠠᠨ ᠣᠷᠣᠭᠤᠯᠬᠤ ᠰᠠᠭᠠᠳ ᠦᠬᠡᠢ ᠵᠠᠮ ᠨᠡᠬᠡᠬᠡᠵᠦ᠂ ᠬᠦᠮᠦᠨ ᠬᠡᠷᠡᠭᠯᠡᠬᠦ ᠬᠡᠷᠡᠭᠴᠡᠭᠡ ᠶᠢ ᠬᠠᠩᠭᠠᠨ᠎ᠠ᠃ ᠡᠶ᠎ᠡ ᠡᠪ ᠲᠠᠢ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠵᠣ | ᠂ ᠬᠦᠯᠦᠰᠦᠨ ᠲᠠᠷᠢᠶᠠᠴᠢᠨ ᠤ ᠵᠦᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠪᠦᠬᠦ ᠠᠷᠠᠳ ᠢ ᠲᠠᠭᠠᠳᠬᠠᠯ ᠳᠤ ᠣᠷᠣᠭᠤᠯᠬᠤ ᠲᠦᠯᠦᠪᠯᠡᠭᠡ ᠶᠢ ᠬᠡᠷᠡᠭᠵᠢᠬᠦᠯᠵᠦ᠂ | ᠨᠡᠶᠢᠬᠡᠮ ᠤᠨ ᠲᠠᠭᠠᠳᠬᠠᠯ ᠤᠨ ᠬᠠᠮᠣᠷᠣᠯᠳᠠ ᠪᠠᠨ ᠦᠷᠬᠦᠯᠵᠢᠯᠡᠨ ᠦᠷᠬᠡᠳᠬᠡᠨ᠎ᠡ᠃ ᠬᠤᠳᠠ ᠬᠦᠳᠡᠭᠡ ᠶᠢᠨ ᠨᠡᠶᠢᠬᠡᠮ ᠤᠨ ᠠᠪᠣᠷᠠᠨ ᠲᠣᠰᠠᠯᠠᠬᠤ ᠰᠢᠰᠲ᠋ᠧᠮ ᠢ ᠨᠢᠬᠡᠳᠦᠯ | ᠲᠠᠢ ᠲᠦᠯᠦᠪᠯᠡᠨ᠂ ᠠᠮᠢᠳᠣᠷᠠᠯ ᠤᠨ ᠨᠠᠭᠠᠳᠣ ᠵᠠᠬ᠎ᠠ ᠶᠢᠨ ᠪᠠᠳᠣᠯᠠᠭ᠎ᠠ ᠤᠨ ᠲᠦᠷᠢᠮ ᠢ ᠲᠡᠬᠦᠯᠳᠡᠷᠵᠢᠬᠦᠯᠦᠨ᠂ ᠬᠤᠳᠠ ᠬᠦᠳᠡᠭᠡ ᠶᠢᠨ ᠠᠮᠢᠳᠣᠷᠠᠯ ᠤᠨ ᠲᠣᠣᠷ᠎ᠠ | ᠪᠠᠳᠣᠯᠠᠭ᠎ᠠ ᠶᠢᠨ ᠬᠦᠮᠦᠨ ᠲᠣᠮᠳᠠᠴᠢ ᠨᠦᠬᠦᠪᠦᠷᠢ ᠶᠢ ᠲᠡᠬᠡᠭᠰᠢᠯᠡᠬᠦᠯᠦᠨ᠎ᠡ᠃ 1.7 ᠲᠦᠮᠡᠨ ᠪᠦᠷᠬᠡ ᠬᠡᠷ ᠤᠨ ᠦᠬᠡᠷᠡᠴᠢᠯᠡᠯᠳᠡ ᠶᠢ ᠪᠡᠶᠡᠯᠡᠬᠦᠯᠵᠦ᠂ ᠨᠡᠶᠢᠳᠡ ᠶᠢᠨ | ᠲᠦᠷᠢᠶᠡᠰᠦᠨ ᠬᠡᠷ 500 ᠪᠠᠶᠢᠭᠤᠯᠵᠣ᠂ ᠬᠠᠭᠤᠴᠢᠨ ᠬᠤᠷᠤᠭ᠎ᠠ ᠶᠢᠨ ᠦᠬᠡᠷᠡᠴᠢᠯᠡᠯᠳᠡ ᠶᠢ ᠦᠷᠬᠦᠯᠵᠢᠯᠡᠨ ᠬᠡᠷᠡᠭᠵᠢᠬᠦᠯᠦᠨ᠎ᠡ᠃ ᠬᠦᠮᠦᠨ ᠠᠮᠠ ᠶᠢᠨ ᠨᠠᠰᠣᠵᠢᠯ ᠢ | ᠢᠳᠡᠪᠬᠢ ᠲᠠᠢ ᠠᠷᠭᠠᠴᠠᠵᠣ᠂ ᠨᠠᠰᠣᠳᠠᠨ ᠢ ᠠᠰᠠᠷᠠᠬᠤ᠂ ᠨᠠᠰᠣᠳᠠᠨ ᠢ ᠲᠡᠵᠢᠬᠡᠬᠦ᠂ ᠨᠠᠰᠣᠳᠠᠨ ᠢ ᠬᠦᠨᠳᠦᠳᠬᠡᠬᠦ ᠲᠦᠷᠦ ᠶᠢᠨ ᠪᠣᠳᠣᠯᠭ᠎ᠠ ᠶᠢᠨ ᠲᠣᠭᠳᠠᠯᠴᠠᠭ᠎ᠠ ᠪᠠ | ᠨᠡᠶᠢᠬᠡᠮ ᠤᠨ ᠣᠷᠴᠢᠨ ᠲᠣᠭᠤᠷᠢᠨ ᠢ ᠪᠣᠢ ᠪᠣᠯᠭᠠᠵᠣ᠂ ᠡᠨᠡ ᠵᠢᠯ ᠬᠤᠳᠠ ᠶᠢᠨ ᠨᠠᠰᠣᠳᠠᠨ ᠢ ᠠᠰᠠᠷᠠᠵᠣ ᠰᠣᠪᠢᠯᠠᠬᠤ ᠲᠦᠪ ᠢ ᠪᠠᠶᠢᠭᠤᠯᠣᠨ ᠠᠰᠢᠭᠯᠠᠯᠳᠠ ᠳᠤ | ᠣᠷᠣᠭᠤᠯᠵᠣ᠂ ᠰᠠᠭᠤᠷᠢ ᠪᠠᠷᠢᠮᠵᠢᠶᠠᠵᠢᠭᠰᠠᠨ ᠡᠮᠨᠡᠯᠬᠡ ᠠᠰᠠᠷᠠᠮᠵᠢ ᠶᠢ ᠣᠶᠠᠯᠳᠣᠭᠤᠯᠣᠭᠰᠠᠨ ᠨᠠᠰᠣᠳᠠᠨ ᠤ ᠠᠰᠠᠷᠠᠮᠵᠢ ᠶᠢᠨ ᠪᠠᠶᠢᠭᠤᠯᠣᠮᠵᠢ 10᠂ ᠲᠠᠭᠤᠷᠢᠶᠠᠯ ᠴᠢᠨᠠᠷ | ᠲᠠᠢ ᠨᠡᠶᠢᠬᠡᠮ ᠲᠣᠭᠤᠷᠢᠭ ᠤᠨ ᠬᠡᠷ ᠲᠡᠭᠡᠨ ᠨᠠᠰᠣᠳᠠᠨ ᠢ ᠠᠰᠠᠷᠠᠬᠤ ᠦᠢᠯᠡᠴᠢᠯᠡᠬᠡᠨ ᠤ ᠲᠦᠪ 20 ᠪᠠᠶᠢᠭᠤᠯᠵᠣ᠂ ᠲᠠᠷᠢᠶᠠᠯᠠᠬᠤ ᠮᠠᠯᠵᠢᠬᠤ ᠣᠷᠣᠨ ᠤ ᠨᠠᠰᠣᠳᠠᠨ ᠤ | ᠠᠰᠠᠷᠠᠮᠵᠢ ᠶᠢᠨ ᠬᠦᠷᠢᠶᠡᠯᠡᠩ ᠤᠨ ᠨᠦᠬᠦᠴᠡᠯ ᠢ ᠶᠡᠭᠡ ᠪᠠᠷ ᠰᠠᠶᠢᠵᠢᠷᠠᠭᠤᠯᠣᠨ᠎ᠠ᠃ | ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠢ ᠲᠦᠷᠬᠡᠨ ᠬᠦᠭᠵᠢᠬᠦᠯᠦᠨ᠎ᠡ᠃ ᠰᠣᠷᠭᠠᠨ ᠬᠦᠮᠦᠵᠢᠯ ᠢ ᠡᠩ ᠲᠡᠷᠢᠬᠦᠨ ᠳᠤ ᠬᠦᠭᠵᠢᠬᠦᠯᠦᠨ᠂ ᠰᠣᠷᠭᠠᠨ | ᠬᠦᠮᠦᠵᠢᠯ ᠤᠨ ᠶᠠᠰᠣ ᠴᠢᠨᠠᠷ ᠢ ᠪᠦᠬᠦ ᠲᠠᠯ᠎ᠠ ᠪᠠᠷ ᠲᠡᠬᠡᠭᠰᠢᠯᠡᠬᠦᠯᠦᠨ᠎ᠡ᠃ ᠪᠠᠭᠰᠢ ᠶᠢᠨ ᠡᠩᠨᠡᠬᠡᠨ ᠤ ᠪᠠᠶᠢᠭᠤᠯᠣᠯᠳᠠ ᠶᠢ ᠴᠢᠩᠭᠠᠳᠬᠠᠵᠣ᠂ ᠪᠠᠭᠰᠢ ᠡᠯᠰᠡᠵᠦ | ᠨᠦᠬᠦᠪᠦᠷᠢᠯᠡᠬᠦ ᠠᠵᠢᠯ ᠤᠨ ᠡᠷᠴᠢᠮ ᠢᠶᠠᠨ ᠶᠡᠬᠡᠰᠬᠡᠨ᠎ᠡ᠃ ᠰᠣᠷᠭᠠᠭᠤᠯᠢ ᠡᠷᠬᠢᠯᠡᠬᠦ ᠠᠵᠢᠯᠯᠠᠭ᠎ᠠ ᠪᠠᠨ ᠲᠦᠷᠢᠮᠵᠢᠬᠦᠯᠦᠨ᠂ ᠰᠣᠷᠭᠠᠭᠤᠯᠢ ᠡᠷᠬᠢᠯᠡᠬᠦ ᠶᠠᠰᠣ ᠴᠢᠨᠠᠷ ᠢᠶᠠᠨ | ᠲᠡᠬᠡᠭᠰᠢᠯᠡᠬᠦᠯᠵᠦ᠂ ᠲᠣᠮᠳᠠᠳᠣ ᠪᠠᠭ᠎ᠠ ᠰᠣᠷᠭᠠᠭᠤᠯᠢ ᠶᠢᠨ ᠰᠣᠷᠣᠭᠴᠢ ᠶᠢᠨ ᠬᠢᠴᠢᠶᠡᠯ ᠠᠴᠠ ᠭᠠᠳᠠᠨᠠᠬᠢ ᠲᠠᠷᠣᠭᠠᠰᠣ᠂ ︽ᠰᠣᠷᠭᠠᠭᠤᠯᠢ ᠰᠣᠩᠭᠤᠬᠤ ᠬᠠᠯᠠᠮᠰᠢᠯ︾᠂ ︽ | ᠰᠣᠷᠣᠭᠴᠢ ᠠᠷᠪᠢᠨ ᠠᠩᠬᠢ︾ ᠵᠡᠷᠬᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠠᠯᠪᠠᠨ ᠵᠢᠷᠦᠮ ᠤᠨ ᠰᠣᠷᠭᠠᠨ | ᠬᠦᠮᠦᠵᠢᠯ ᠤᠨ ᠨᠦᠬᠦᠴᠡᠯ ᠮᠠᠭᠤ ᠰᠣᠷᠭᠠᠭᠤᠯᠢ ᠶᠢᠨ ᠦᠬᠡᠷᠡᠴᠢᠯᠡᠯᠳᠡ ᠪᠠᠨ ᠲᠦᠷᠬᠡᠳᠬᠡᠵᠦ᠂ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠲᠠᠩᠴᠡᠬᠦᠷᠢ ᠲᠠᠢ | ᠬᠦᠭᠵᠢᠯᠳᠡ ᠶᠢ ᠠᠬᠢᠭᠤᠯᠵᠣ᠂ ᠺᠠᠶᠢᠯᠣ ᠰᠢᠶᠠᠨ᠂ ᠬᠤᠷᠴᠢᠨ ᠵᠡᠬᠦᠨ ᠭᠠᠷᠣᠨ ᠬᠤᠶᠢᠳᠣ ᠬᠤᠰᠢᠭᠤ ᠶᠢᠨ ᠣᠯᠣᠰ ᠤᠨ ᠦᠨᠡᠯᠡᠯᠳᠡ ᠨᠣᠳᠠᠯᠠᠯᠳᠠ ᠶᠢ ᠦᠩᠬᠡᠷᠡᠬᠦ ᠶᠢ | ᠪᠠᠳᠣᠯᠠᠨ᠎ᠠ᠃ ᠦᠪᠦᠷ ᠮᠣᠩᠭᠤᠯ ᠤᠨ ᠦᠨᠳᠦᠰᠦᠳᠡᠨ ᠤ ᠶᠡᠭᠡ ᠰᠣᠷᠭᠠᠭᠤᠯᠢ ᠶᠢᠨ ᠰᠢᠨ᠎ᠡ ᠰᠣᠷᠭᠠᠭᠤᠯᠢ ᠶᠢᠨ ᠲᠣᠭᠤᠷᠢᠭ ᠢ ᠲᠦᠯᠦᠪᠵᠢᠬᠦᠯᠦᠨ ᠪᠠᠶᠢᠭᠤᠯᠵᠣ᠂ | ᠲᠦᠩᠯᠢᠶᠣᠣ ᠶᠢᠨ ᠨᠢᠬᠡᠳᠦᠬᠡᠷ ᠲᠣᠮᠳᠠᠳᠣ ᠰᠣᠷᠭᠠᠭᠤᠯᠢ ᠶᠢᠨ ᠵᠢᠭᠠᠨ ᠰᠣᠷᠭᠠᠬᠤ ᠶᠡᠷᠦᠩᠬᠡᠢ ᠠᠰᠠᠷ ᠢ ᠡᠬᠢᠯᠡᠨ ᠪᠠᠶᠢᠭᠤᠯᠵᠣ᠂ ᠲᠦᠩᠯᠢᠶᠣᠣ ᠶᠢᠨ ᠮᠣᠩᠭᠤᠯ ᠲᠣᠮᠳᠠᠳᠣ | ᠰᠣᠷᠭᠠᠭᠤᠯᠢ ᠶᠢ ᠦᠬᠡᠷᠡᠴᠢᠯᠡᠵᠦ ᠦᠷᠬᠡᠳᠬᠡᠨ ᠪᠠᠶᠢᠭᠤᠯᠬᠤ᠂ ᠠᠵᠣ ᠦᠢᠯᠡᠳᠪᠦᠷᠢ ᠶᠢᠨ ᠠᠵᠢᠯ ᠮᠡᠷᠬᠡᠵᠢᠯ ᠤᠨ ᠰᠣᠷᠭᠠᠭᠤᠯᠢ ᠢ ᠨᠡᠬᠦᠯᠬᠡᠬᠦ ᠠᠵᠢᠯ ᠢ ᠲᠠᠭᠤᠰᠬᠠᠨ᠎ᠠ᠃ | ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠪᠠ ᠣᠯᠠᠨ ᠴᠢᠳᠠᠪᠣᠷᠢᠳᠣ ᠡᠮᠴᠢ ᠶᠢᠨ ᠡᠩᠨᠡᠬᠡᠨ ᠤ ᠪᠠᠶᠢᠭᠤᠯᠣᠯᠳᠠ ᠶᠢ ᠴᠢᠩᠭᠠᠳᠬᠠᠵᠣ᠂ | ᠬᠤᠳᠠ ᠶᠢᠨ ᠡᠮᠨᠡᠯᠬᠡ ᠶᠢᠨ ᠬᠤᠷᠢᠶᠠᠨ ᠤ ᠰᠢᠨ᠎ᠡ ᠲᠣᠭᠤᠷᠢᠭ ᠤᠨ ᠪᠠᠶᠢᠭᠤᠯᠣᠯᠳᠠ ᠶᠢ ᠠᠬᠢᠭᠤᠯᠵᠣ᠂ ︽ᠠᠷᠪᠠᠨ ᠬᠦᠴᠦᠷᠬᠡᠭ ᠡᠮᠨᠡᠯᠬᠡ ᠶᠢᠨ ᠬᠤᠷᠢᠶ᠎ᠠ︾᠂ ︽ᠵᠠᠭᠤᠨ | ᠰᠣᠳᠣᠨ ᠡᠷᠡᠬᠦᠯ ᠬᠠᠮᠠᠭᠠᠯᠠᠯ ᠤᠨ ᠬᠡᠷ︾ ᠢ ᠦᠬᠡᠷᠡᠴᠢᠯᠡᠨ ᠡᠬᠦᠳᠦᠨ ᠪᠠᠶᠢᠭᠤᠯᠵᠣ᠂ ᠱᠠᠩᠨᠠᠯ ᠢᠶᠠᠷ ᠨᠦᠬᠦᠪᠦᠷᠢ ᠪᠣᠯᠭᠠᠬᠤ ᠠᠷᠭ᠎ᠠ ᠠᠪᠴᠣ ᠭᠤᠣᠯ ᠡᠷᠡᠬᠦᠯ | ᠬᠠᠮᠠᠭᠠᠯᠠᠯ ᠤᠨ ᠬᠤᠷᠢᠶᠠᠨ ᠤ ᠪᠠᠶᠢᠭᠤᠯᠣᠯᠳᠠ ᠶᠢ ᠲᠡᠮᠵᠢᠨ᠎ᠡ᠃ ᠡᠮᠨᠡᠯᠬᠡ ᠶᠢᠨ ᠪᠠᠴᠢᠮ ᠠᠪᠣᠷᠠᠯᠳᠠ ᠶᠢᠨ ᠣᠷᠣᠨᠵᠢᠯ ᠤᠨ ᠲᠣᠣᠷ ᠢ ᠲᠡᠬᠦᠯᠳᠡᠷᠵᠢᠬᠦᠯᠦᠨ᠂ ᠪᠠᠴᠢᠮ | ᠠᠪᠣᠷᠠᠬᠤ 10 ᠦᠷᠳᠡᠭᠡ ᠰᠢᠨ᠎ᠡ ᠪᠠᠷ ᠪᠠᠶᠢᠭᠤᠯᠵᠣ᠂ ᠲᠦᠩᠯᠢᠶᠣᠣ ᠬᠤᠳᠠ ᠶᠢᠨ ᠴᠢᠰᠣᠨ ᠤ ᠦᠷᠳᠡᠭᠡ ᠶᠢ ᠡᠬᠢᠯᠡᠨ ᠪᠠᠶᠢᠭᠤᠯᠣᠨ᠎ᠠ᠃ ᠡᠮ ᠡᠮᠨᠡᠯᠬᠡ ᠡᠷᠡᠬᠦᠯ | ᠬᠠᠮᠠᠭᠠᠯᠠᠯ ᠤᠨ ᠭᠠᠳᠠᠭᠠᠳᠣ ᠰᠣᠯᠢᠯᠴᠠᠬᠤ ᠬᠠᠮᠳᠣᠷᠠᠯᠴᠠᠭ᠎ᠠ ᠪᠠᠨ ᠴᠢᠩᠭᠠᠳᠬᠠᠵᠣ᠂ ᠪᠡᠬᠡᠵᠢᠩ ᠲᠦᠩᠯᠢᠶᠣᠣ᠂ ᠬᠢᠷᠢᠨ ᠲᠦᠩᠯᠢᠶᠣᠣ ᠶᠢᠨ ᠡᠷᠡᠬᠦᠯ ᠬᠠᠮᠠᠭᠠᠯᠠᠯ ᠤᠨ | ᠬᠠᠮᠳᠣᠷᠠᠯᠴᠠᠭ᠎ᠠ ᠶᠢᠨ ᠲᠦᠷᠦᠯ ᠵᠦᠢᠯ ᠢ ᠴᠢᠩᠭᠠᠳᠬᠠᠵᠣ᠂ ᠭᠤᠣᠯᠳᠠᠯᠭ᠎ᠠ ᠲᠠᠢ ᠰᠢᠨᠵᠢᠯᠡᠬᠡᠨ ᠤ ᠪᠠᠶᠢᠭᠤᠯᠣᠯᠳᠠ ᠶᠢ ᠰᠠᠶᠢᠳᠣᠷ ᠠᠳᠬᠤᠨ᠎ᠠ᠃ ᠡᠬᠡ ᠣᠷᠣᠨᠴᠢ ᠡᠷᠡᠬᠦᠯ | ᠬᠠᠮᠠᠭᠠᠯᠠᠯ ᠤᠨ ᠬᠦᠳᠡᠯᠬᠡᠬᠡᠨ ᠢ ᠬᠦᠨᠵᠡᠬᠡᠢ ᠦᠷᠨᠢᠬᠦᠯᠦᠨ᠂ ᠬᠠᠯᠳᠠᠪᠣᠷᠢᠳᠣ ᠡᠪᠡᠳᠴᠢᠨ᠂ ᠣᠷᠣᠨ ᠨᠣᠳᠤᠭ ᠤᠨ ᠡᠪᠡᠳᠴᠢᠨ ᠵᠡᠷᠬᠡ ᠬᠦᠨᠳᠦ ᠶᠡᠭᠡ ᠡᠪᠡᠳᠴᠢᠨ ᠢ | ᠶᠡᠷᠦᠩᠬᠡᠢ ᠰᠡᠷᠬᠡᠶᠢᠯᠡᠨ ᠵᠠᠰᠠᠬᠤ ᠪᠠ ᠠᠵᠢᠯ ᠤᠨ ᠡᠪᠡᠳᠴᠢᠨ ᠤ ᠬᠤᠣᠷ ᠬᠦᠨᠦᠬᠡᠯ ᠢ ᠰᠡᠷᠬᠡᠶᠢᠯᠡᠨ ᠵᠠᠰᠠᠬᠤ ᠪᠠᠨ ᠴᠢᠩᠭᠠᠳᠬᠠᠨ᠎ᠠ᠃ ᠮᠣᠩᠭᠤᠯ ᠡᠮ ᠡᠮᠨᠡᠯᠬᠡ ᠶᠢᠨ | ᠦᠢᠯᠡᠴᠢᠯᠡᠬᠡᠨ ᠤ ᠲᠣᠣᠷ ᠢ ᠲᠡᠬᠦᠯᠳᠡᠷᠵᠢᠬᠦᠯᠦᠨ᠂ ᠮᠣᠩᠭᠤᠯ ᠡᠮ ᠡᠮᠨᠡᠯᠬᠡ ᠶᠢᠨ ᠦᠢᠯᠡᠰ ᠤᠨ ᠬᠦᠭᠵᠢᠯᠳᠡ ᠶᠢ ᠲᠦᠷᠬᠡᠳᠬᠡᠨ᠎ᠡ᠃ ᠦᠷᠡᠵᠢᠯ ᠤᠨ ᠲᠦᠷᠦ ᠶᠢᠨ | ᠪᠣᠳᠣᠯᠭ᠎ᠠ ᠪᠠ ᠬᠤᠯᠪᠣᠭᠳᠠᠯ ᠪᠦᠬᠦ ᠠᠵᠣ ᠠᠬᠤᠢ ᠨᠡᠶᠢᠬᠡᠮ ᠤᠨ ᠲᠦᠷᠦ ᠶᠢᠨ ᠪᠣᠳᠣᠯᠭ᠎ᠠ ᠶᠢᠨ ᠢᠵᠢ ᠪᠦᠷᠢᠨ ᠵᠣᠯᠭᠠᠬᠤ ᠶᠢ ᠠᠬᠢᠭᠤᠯᠵᠣ᠂ ᠡᠬᠡ ᠨᠢᠯᠬ᠎ᠠ ᠶᠢᠨ ᠡᠷᠡᠬᠦᠯ | ᠴᠢᠬᠢᠷᠠᠭ ᠤᠨ ᠲᠦᠪᠰᠢᠨ ᠢ ᠲᠡᠬᠡᠭᠰᠢᠯᠡᠬᠦᠯᠵᠦ᠂ ᠬᠤᠳᠠ ᠶᠢᠨ ᠡᠬᠡ ᠨᠢᠯᠬ᠎ᠠ ᠶᠢᠨ ᠡᠷᠡᠬᠦᠯ ᠮᠠᠨᠳᠣ ᠶᠢ ᠪᠠᠳᠣᠯᠠᠬᠤ ᠬᠤᠷᠢᠶ᠎ᠠ ᠶᠢ ᠪᠠᠶᠢᠭᠤᠯᠣᠨ᠎ᠠ᠃ ᠣᠯᠣᠰ ᠤᠨ | ᠢᠳᠡᠬᠡᠨ ᠤ ᠠᠮᠣᠷ ᠲᠦᠪᠰᠢᠨ ᠤ ᠲᠠᠭᠤᠷᠢᠶᠠᠯ ᠦᠵᠡᠬᠦᠯᠬᠦ ᠬᠤᠳᠠ ᠶᠢ ᠡᠬᠦᠳᠦᠨ ᠪᠠᠶᠢᠭᠤᠯᠬᠤ ᠶᠢ ᠡᠬᠢᠯᠡᠬᠦᠯᠦᠨ᠂ ᠬᠤᠷᠴᠢᠨ ᠤ ᠪᠣᠬᠢᠷᠳᠣᠯ ᠦᠬᠡᠢ ᠢᠳᠡᠬᠡᠨ | ᠪᠣᠯᠪᠠᠰᠣᠷᠠᠭᠤᠯᠬᠤ ᠲᠣᠭᠤᠷᠢᠭ ᠤᠨ ᠢᠵᠢ ᠪᠦᠷᠢᠨ ᠴᠢᠳᠠᠪᠣᠷᠢ ᠶᠢ ᠲᠡᠬᠦᠯᠳᠡᠷᠵᠢᠬᠦᠯᠵᠣ᠂ ︽ᠲᠠᠪᠣᠨ ᠪᠠᠭ᠎ᠠ ᠨᠢᠬᠡ ᠲᠠᠯᠠᠪᠠᠢ︾ ᠶᠢ ᠲᠡᠰ ᠲᠡᠪᠰᠢᠬᠦᠯᠬᠦ | ᠦᠬᠡᠷᠡᠴᠢᠯᠡᠯᠳᠡ ᠶᠢ ᠦᠷᠬᠦᠯᠵᠢᠯᠡᠨ ᠠᠬᠢᠭᠤᠯᠣᠨ᠎ᠠ᠃ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠣᠯᠳᠠ ᠶᠢ ᠴᠢᠩᠭᠠᠳᠬᠠᠵᠣ᠂ | ᠲᠣᠰ ᠭᠠᠵᠠᠷ ᠤᠨ ᠷᠠᠳᠢᠣ᠋ ᠲᠧᠯᠸᠢᠰ ᠫᠷᠦᠭᠷᠠᠮ ᠤᠨ ᠪᠦᠷᠬᠦᠴᠡ ᠶᠢ ᠦᠷᠬᠡᠳᠬᠡᠨ᠎ᠡ᠃ ᠪᠣᠳᠠᠰ ᠤᠨ ᠪᠣᠰᠣ ᠰᠣᠶᠣᠯ ᠤᠨ ᠦᠪ ᠤᠨ ᠣᠯᠠᠮᠵᠢᠯᠠᠯ ᠵᠠᠯᠭᠠᠮᠵᠢᠯᠠᠯ ᠢ | ᠬᠠᠮᠠᠭᠠᠯᠠᠬᠤ ᠢᠨᠵᠧᠨᠧᠷᠢᠩ ᠪᠠ ᠰᠣᠶᠣᠯ ᠤᠨ ᠰᠣᠳᠣᠨ ᠪᠦᠳᠦᠬᠡᠯ ᠤᠨ ᠵᠣᠬᠢᠶᠠᠨ ᠪᠦᠳᠦᠬᠡᠯᠬᠡ ᠶᠢ ᠲᠡᠳᠬᠦᠬᠦ ᠱᠠᠩᠨᠠᠬᠤ ᠢᠨᠵᠧᠨᠧᠷᠢᠩ ᠢ ᠡᠬᠢᠯᠡᠬᠦᠯᠦᠨ᠂ ᠪᠣᠳᠠᠰ ᠤᠨ | ᠪᠣᠰᠣ ᠰᠣᠶᠣᠯ ᠤᠨ ᠦᠪ ᠤᠨ ᠲᠤᠭ᠎ᠠ ᠪᠠᠷᠢᠮᠳᠠ ᠶᠢᠨ ᠬᠦᠮᠦᠷᠬᠡ ᠪᠠᠶᠢᠭᠤᠯᠣᠨ᠎ᠠ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠦᠷᠬᠡᠨ ᠢᠶᠠᠷ | ᠦᠷᠨᠢᠬᠦᠯᠦᠨ᠂ ᠨᠠᠶᠢᠳᠠ ᠶᠢᠨ ᠪᠡᠶ᠎ᠡ ᠲᠠᠮᠢᠷ ᠤᠨ ᠲᠣᠨᠤᠭ ᠲᠦᠬᠦᠬᠡᠷᠦᠮᠵᠢ ᠶᠢᠨ ᠪᠡᠯᠡ ᠣᠷᠣᠭᠤᠯᠣᠯᠳᠠ ᠪᠠᠨ ᠶᠡᠬᠡᠰᠬᠡᠵᠦ᠂ ᠰᠢᠨ᠎ᠡ ᠬᠤᠳᠠ ᠲᠣᠭᠤᠷᠢᠭ ᠤᠨ ᠪᠦᠬᠦ | ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ ᠪᠠ ᠦᠪᠡᠷᠳᠡᠬᠡᠨ ᠵᠠᠰᠠᠬᠤ ᠣᠷᠣᠨ ᠤ ᠵᠡᠬᠦᠨ ᠬᠡᠰᠡᠭ ᠤᠨ ᠵᠠᠯᠠᠭᠤᠴᠣᠳ ᠪᠠᠭᠠᠴᠣᠳ ᠤᠨ ᠬᠦᠯ ᠪᠦᠮᠪᠦᠭᠡ ᠶᠢᠨ | ᠰᠣᠷᠭᠠᠭᠤᠯᠢᠯᠠᠯ ᠤᠨ ᠰᠠᠭᠤᠷᠢᠨ ᠤ ᠪᠠᠶᠢᠭᠤᠯᠣᠯᠳᠠ ᠶᠢ ᠲᠦᠷᠬᠡᠳᠬᠡᠨ᠎ᠡ᠃ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠬᠦᠭᠵᠢᠬᠦᠯᠵᠦ᠂ ᠱᠠᠰᠢᠨ | ᠰᠣᠷᠳᠠᠬᠤᠨ ᠤ ᠬᠡᠷᠡᠭ ᠶᠠᠪᠣᠳᠠᠯ ᠢ ᠬᠠᠣᠯᠢ ᠶᠣᠰᠣ ᠪᠠᠷ ᠬᠠᠮᠢᠶᠠᠷᠴᠣ᠂ ᠣᠯᠣᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠡᠬᠦᠳᠦᠨ ᠪᠠᠶᠢᠭᠤᠯᠬᠤ | ᠠᠵᠢᠯᠯᠠᠭ᠎ᠠ ᠶᠢᠨ ᠲᠠᠭᠤᠷᠢᠶᠠᠯ ᠬᠤᠳᠠ ᠶᠢ ᠴᠢᠷᠮᠠᠶᠢᠨ ᠡᠬᠦᠳᠦᠨ᠎ᠡ᠃ ︽ᠲᠣᠯᠤᠭ᠎ᠠ ᠲᠠᠪᠤ︾ ᠶᠢᠨ ᠬᠠᠣᠯᠢ ᠲᠦᠬᠡᠮᠡᠯᠵᠢᠬᠦᠯᠬᠦ ᠲᠦᠯᠦᠪᠵᠢᠬᠦᠯᠬᠡ ᠶᠢ ᠬᠦᠨᠵᠡᠬᠡᠢ | ᠬᠡᠷᠡᠭᠵᠢᠬᠦᠯᠵᠦ᠂ ᠣᠯᠣᠰ ᠤᠨ ᠪᠠᠶᠢᠭᠤᠯᠭ᠎ᠠ ᠶᠢᠨ ︽ᠬᠡᠨ ᠬᠠᠣᠯᠢ ᠬᠡᠷᠡᠭᠵᠢᠬᠦᠯᠪᠡᠯ ᠬᠡᠨ ᠬᠠᠣᠯᠢ ᠲᠦᠬᠡᠮᠡᠯᠵᠢᠬᠦᠯᠬᠦ︾ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠣᠷᠢᠵᠢᠭᠤᠯᠣᠨ᠂ ᠣᠯᠠᠨ ᠨᠡᠶᠢᠳᠡ ᠶᠢᠨ ᠬᠠᠣᠯᠢ ᠴᠠᠭᠠᠵᠠ ᠶᠢᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠣᠯᠳᠠ ᠶᠢ ᠴᠢᠩᠭᠠᠳᠬᠠᠨ᠎ᠠ᠃ ᠰᠢᠨ᠎ᠡ ᠪᠠᠶᠢᠳᠠᠯ | ᠲᠣᠣᠷᠠᠬᠢ ᠪᠦᠬᠦ ᠠᠷᠠᠳ ᠤᠨ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠦᠮᠦᠵᠢᠯ᠂ ᠠᠷᠠᠳ ᠤᠨ ᠠᠭᠠᠷ ᠤᠨ ᠰᠡᠷᠬᠡᠶᠢᠯᠡᠯᠳᠡ ᠪᠠ ᠬᠤᠣᠰ ᠬᠦᠷᠢᠶᠡᠯᠡᠯ | ᠲᠣᠬᠤᠨᠢᠭᠤᠯᠬᠤ ᠲᠣᠬᠢᠷᠠᠭᠤᠯᠬᠤ ᠠᠵᠢᠯ ᠢ ᠰᠠᠶᠢᠳᠣᠷ ᠬᠢᠨ᠎ᠡ᠃ ᠬᠦᠴᠢᠷ ᠲᠠᠢ ᠪᠠᠭᠠᠴᠣᠳ᠂ ᠬᠡᠷ ᠲᠡᠭᠡᠨ ᠬᠤᠴᠣᠷᠣᠭᠰᠠᠨ ᠬᠡᠦᠬᠡᠳ ᠢ ᠬᠠᠷᠠᠭᠠᠯᠵᠠᠵᠣ | ᠬᠠᠮᠠᠭᠠᠯᠠᠬᠤ ᠪᠠᠨ ᠴᠢᠩᠭᠠᠳᠬᠠᠨ᠎ᠠ᠃ ᠠᠵᠢᠯᠴᠢᠨ ᠤ ᠡᠪᠯᠡᠯ᠂ ᠡᠪ ᠬᠠᠮᠳᠣ ᠵᠠᠯᠠᠭᠤᠴᠣᠳ ᠤᠨ ᠡᠪᠯᠡᠯ᠂ ᠡᠮᠡᠭᠳᠡᠶᠢᠴᠦᠳ ᠤᠨ ᠬᠤᠯᠪᠣᠭ᠎ᠠ ᠵᠡᠷᠬᠡ ᠠᠷᠠᠳ ᠤᠨ ᠪᠦᠯᠬᠦᠮ | ᠪᠠ ᠨᠡᠶᠢᠬᠡᠮ ᠤᠨ ᠪᠦᠯᠬᠦᠮ ᠤᠨ ᠵᠣᠬᠢᠶᠠᠨ ᠪᠠᠶᠢᠭᠤᠯᠣᠯᠳᠠ ᠶᠢᠨ ᠦᠢᠯᠡᠳᠦᠯ ᠢᠶᠠᠨ ᠪᠠᠳᠠᠷᠠᠭᠤᠯᠬᠤ ᠶᠢ ᠲᠠᠮᠵᠢᠵᠣ᠂ ᠭᠠᠳᠠᠭᠠᠳᠣ ᠶᠠᠪᠣᠳᠠᠯ᠂ ᠬᠠᠷᠢᠶᠠᠳᠣ ᠨᠡᠷ ᠤᠨ | ᠶᠠᠪᠣᠳᠠᠯ᠂ ᠲᠠᠩᠰᠠ ᠡᠪᠬᠡᠮᠡᠯ᠂ ᠲᠡᠦᠬᠡ ᠣᠶᠢᠯᠠᠯᠭ᠎ᠠ᠂ ᠴᠠᠭ ᠠᠭᠤᠷ ᠵᠡᠷᠬᠡ ᠠᠵᠢᠯ ᠢ ᠴᠢᠩᠭᠠᠳᠬᠠᠨ᠎ᠠ᠃ | ᠨᠡᠶᠢᠬᠡᠮ ᠤᠨ ᠲᠤᠭᠳᠠᠭᠤᠨ ᠪᠠ ᠡᠶ᠎ᠡ ᠵᠤᠬᠢᠴᠡᠯ ᠢ ᠬᠠᠮᠠᠭᠠᠯᠠᠨ᠎ᠠ᠃ ᠠᠶᠣᠯᠬᠦᠢ ᠶᠢᠨ ᠦᠵᠡᠯᠳᠡ ᠶᠢ ᠪᠣᠢ ᠪᠣᠯᠭᠠᠵᠣ᠂ ᠣᠯᠠᠨ ᠨᠡᠶᠢᠳᠡ ᠶᠢᠨ ᠠᠮᠣᠷ | ᠲᠦᠪᠰᠢᠨ ᠢ ᠪᠠᠳᠣᠯᠠᠨ᠎ᠠ᠃ ᠰᠤᠷᠠᠭ ᠵᠠᠩᠭᠢᠵᠢᠭᠰᠠᠨ᠂ ᠪᠡᠶᠡᠴᠢᠯᠡᠭᠰᠡᠨ ᠨᠡᠶᠢᠬᠡᠮ ᠤᠨ ᠠᠮᠦᠷ ᠢ ᠬᠠᠮᠠᠭᠠᠯᠠᠬᠤ ᠰᠡᠷᠬᠡᠶᠢᠡᠯᠯᠳᠡ ᠶᠢᠨ ᠲᠤᠭᠳᠠᠯᠴᠠᠭ᠎ᠠ ᠶᠢᠨ ᠪᠠᠶᠢᠭᠤᠯᠤᠯᠳᠡ | ᠶᠢ ᠴᠢᠩᠭᠠᠳᠬᠠᠨ᠂ ᠤᠯᠤᠰ ᠭᠡᠷ ᠤᠨ ᠠᠮᠦᠷ ᠲᠦᠪᠰᠢᠨ ᠪᠤᠯᠤᠨ ᠨᠡᠶᠢᠬᠡᠮ ᠤᠨ ᠲᠤᠭᠳᠠᠭᠤᠨ ᠢ ᠬᠦᠨᠦᠬᠡᠬᠦ ᠬᠠᠤᠯᠢ ᠠᠴᠠ ᠵᠦᠷᠢᠴᠠᠭᠰᠡᠨ ᠶᠠᠯᠠᠳᠦ ᠠᠵᠢᠯᠯᠠᠭ᠎ᠠ ᠶᠢ | ᠴᠢᠩᠭ᠎ᠠ ᠰᠡᠷᠭᠡᠶᠢᠯᠡᠵᠦ᠂ ᠬᠦᠴᠦᠳᠡᠢ ᠴᠤᠬᠢᠯᠳᠡ ᠦᠭᠴᠦ᠂ ᠲᠠᠷᠤᠭᠳᠠᠮᠠᠯ ᠬᠡᠷᠡᠭ ᠢ ᠯᠡᠪᠡᠷᠡᠬᠦᠯᠬᠦ ᠰᠢᠪᠳᠤᠯᠤᠯᠳᠡ ᠦᠷᠨᠢᠬᠦᠯᠵᠦ᠂ ᠨᠡᠶᠢᠬᠡᠮ ᠤᠨ ᠠᠮᠦᠷ ᠢ ᠬᠠᠮᠠᠭᠠᠯᠠᠬᠤ | ᠪᠠᠶᠢᠳᠡᠯ ᠤᠨ ᠦᠷᠬᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ︽ᠶᠡᠭᠡ ᠰᠤᠷᠪᠤᠯᠵᠢᠯᠠᠯ᠂ ᠶᠡᠭᠡ ᠲᠤᠭᠳᠠᠭᠤᠨ︾ ᠤ ᠠᠵᠢᠯ ᠤᠨ ᠪᠠᠶᠢᠳᠡᠯ ᠢ ᠲᠡᠬᠦᠯᠳᠡᠷᠵᠢᠬᠦᠯᠵᠦ᠂ | ᠵᠠᠬᠢᠳᠡᠯ ᠰᠤᠷᠪᠤᠯᠵᠢᠯᠠᠯ ᠤᠨ ᠲᠤᠭᠳᠠᠭᠤᠨ ᠢ ᠬᠠᠮᠠᠭᠠᠯᠠᠬᠤ ᠠᠵᠢᠯ ᠢ ᠰᠠᠶᠢᠳᠦᠷ ᠠᠳᠬᠤᠨ᠎ᠠ᠃ ︽ᠢᠯᠡ ᠢᠨᠵᠧᠨᠧᠷᠢᠩ︾ ᠢ ᠬᠡᠷᠡᠭᠵᠢᠬᠦᠯᠵᠦ᠂ ᠨᠡᠶᠢᠬᠡᠮ ᠤᠨ | ᠵᠦᠷᠢᠴᠡᠯ ᠵᠢᠭᠤᠷᠡᠯᠳᠤᠭᠠᠨ ᠢ ᠮᠦᠷᠳᠡᠨ ᠪᠠᠶᠢᠴᠠᠭᠠᠵᠦ ᠰᠢᠢᠳᠪᠦᠷᠢᠯᠡᠬᠦ ᠠᠵᠢᠯ ᠤᠨ ᠲᠤᠭᠳᠡᠴᠠ ᠶᠢ ᠲᠡᠬᠦᠯᠳᠡᠷᠵᠢᠬᠦᠯᠵᠦ᠂ ᠨᠡᠶᠢᠬᠡᠮ ᠤᠨ ᠵᠦᠷᠢᠴᠡᠯ ᠢ ᠰᠡᠷᠬᠡᠶᠢᠯᠡᠨ | ᠰᠢᠢᠳᠪᠦᠷᠢᠯᠡᠬᠦ ᠶᠢ ᠴᠢᠩᠭᠠᠳᠬᠠᠨ᠎ᠠ᠃ ᠠᠮᠢ ᠨᠠᠰᠤ ᠶᠢ ᠲᠡᠭᠡᠳᠦᠯᠡᠨ᠂ ᠠᠮᠦᠷ ᠲᠦᠪᠰᠢᠨ ᠢ ᠲᠡᠷᠢᠬᠦᠨ ᠳᠤ ᠲᠡᠯᠪᠢᠬᠤ ᠦᠵᠡᠯ ᠰᠠᠨᠠᠭ᠎ᠠ ᠶᠢ ᠪᠠᠳᠠᠷᠠᠭᠤᠯᠵᠦ᠂ ᠠᠶᠤᠯᠬᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠡᠬᠦᠯᠳᠡᠷᠵᠢᠬᠦᠯᠦᠨ᠂ ᠭᠤᠤᠯᠳᠠᠯᠭᠠᠳᠦ ᠠᠵᠢᠯ ᠲᠦᠷᠦᠯ᠂ ᠭᠤᠤᠯᠳᠠᠯᠭᠠᠳᠦ ᠬᠦᠷᠢᠶ᠎ᠡ ᠴᠡᠷ᠎ᠡ ᠶᠢᠨ ᠠᠶᠤᠯᠬᠦᠢ | ᠶᠢᠨ ᠲᠤᠰᠬᠠᠢ ᠴᠡᠭᠴᠡᠯᠡᠯᠳᠡ ᠶᠢ ᠴᠢᠩᠭᠠᠳᠬᠠᠨ᠂ ᠴᠢᠬᠤᠯᠡ ᠤᠨᠴᠠ ᠶᠡᠭᠡ ᠠᠶᠤᠯᠬᠦᠢ ᠶᠢᠨ ᠬᠡᠷᠡᠭ ᠡᠬᠦᠰᠬᠦ ᠶᠢ ᠡᠷᠡᠰ ᠬᠤᠷᠢᠭᠯᠡᠨᠡ᠃ | | ᠲᠦᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠴᠣᠭᠴᠠᠯᠠᠯᠳᠠ ᠶᠢ ᠴᠢᠩᠭᠠᠳᠬᠠᠨ᠎ᠠ | | ᠪᠦᠬᠦ ᠬᠤᠳᠠ ᠶᠢᠨ ᠡᠯ᠎ᠡ ᠱᠠᠳᠣᠨ ᠤ ᠵᠠᠰᠠᠭ ᠤᠨ ᠣᠷᠳᠣᠨ ᠵᠢᠴᠢ ᠠᠵᠢᠯᠳᠠᠨ ᠣᠯᠣᠰ ᠲᠦᠷᠦ ᠶᠢᠨ ᠪᠠᠶᠢᠭᠤᠯᠣᠯᠳᠠ ᠶᠢ ᠡᠷᠬᠡᠪᠰᠢ ᠲᠡᠷᠢᠬᠦᠨ ᠪᠠᠶᠢᠷᠢ ᠳᠤ | ᠲᠠᠯᠪᠢᠵᠣ᠂ ︽ᠲᠦᠷᠪᠡᠨ ᠣᠬᠠᠮᠰᠠᠷ︾ ᠢ ᠪᠠᠳᠣ ᠪᠠᠬᠢ ᠪᠣᠢ ᠪᠣᠯᠭᠠᠵᠣ᠂ ︽ᠲᠦᠷᠪᠡᠨ ᠢᠳᠡᠬᠡᠯ︾ ᠢ ᠪᠠᠷᠢᠮᠳᠠᠯᠠᠨ᠂ ᠡᠷᠡᠰ ᠴᠢᠩᠭ᠎ᠠ ᠣᠯᠣᠰ ᠲᠦᠷᠦ ᠶᠢᠨ | ᠪᠠᠳᠣᠯᠠᠭ᠎ᠠ ᠪᠠᠷ ᠵᠠᠰᠠᠭ ᠤᠨ ᠣᠷᠳᠣᠨ ᠤ ᠢᠳᠡᠬᠡᠯ ᠪᠠ ᠬᠡᠷᠡᠭᠵᠢᠬᠦᠯᠬᠦ ᠬᠦᠴᠦᠨ ᠢᠶᠠᠨ ᠲᠡᠬᠡᠭᠰᠢᠯᠡᠬᠦᠯᠵᠦ᠂ ᠠᠷᠠᠳ ᠲᠦᠮᠡᠨ ᠰᠡᠳᠬᠢᠯ ᠬᠠᠨᠣᠮᠵᠢ ᠲᠠᠢ | ᠦᠢᠯᠡᠴᠢᠯᠡᠬᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃ | ᠨᠠᠮ ᠤᠨ ᠣᠳᠣᠷᠢᠳᠣᠯᠭ᠎ᠠ ᠶᠢ ᠪᠠᠷᠢᠮᠳᠠᠯᠠᠨ᠎ᠠ᠃ ᠲᠣᠮᠳᠠᠳᠣ ᠣᠯᠣᠰ ᠤᠨ ᠬᠡᠪᠴᠢᠶ᠎ᠠ ᠳᠤ ᠡᠪ ᠬᠠᠮᠳᠣ ᠨᠠᠮ ᠠᠯᠢᠪᠠ ᠶᠢ ᠣᠳᠣᠷᠢᠳᠣᠮᠣᠢ᠃ ᠲᠤᠭ ᠲᠡᠮᠳᠡᠭ | ᠲᠣᠳᠣᠷᠬᠠᠢ ᠪᠠᠷ ᠣᠯᠣᠰ ᠲᠦᠷᠦ ᠶᠢ ᠡᠷᠬᠢᠮᠯᠡᠨ᠂ ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠡᠷᠡᠰ ᠲᠣᠣᠱᠯᠠᠭᠤᠯᠣᠨ᠂ | ᠣᠯᠣᠰ ᠲᠦᠷᠦ ᠶᠢᠨ ᠵᠣᠭᠰᠣᠯᠳᠠ᠂ ᠣᠯᠣᠰ ᠲᠦᠷᠦ ᠶᠢᠨ ᠵᠠᠷᠴᠢᠮ᠂ ᠣᠯᠣᠰ ᠲᠦᠷᠦ ᠶᠢᠨ ᠵᠠᠮ ᠤᠨ ᠲᠠᠯ᠎ᠠ ᠪᠠᠷ ᠨᠠᠮ ᠤᠨ ᠲᠦᠪ ᠬᠤᠷᠢᠶ᠎ᠠ ᠲᠠᠢ ᠢᠮᠠᠭᠳᠠ ᠲᠡᠬᠡᠳᠦ | ᠬᠡᠮᠵᠢᠶ᠎ᠡ ᠪᠠᠷ ᠨᠢᠬᠡᠳᠦᠭᠰᠡᠨ ᠪᠠᠶᠢᠬᠤ ᠬᠡᠷᠡᠭᠳᠡᠢ᠃ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ ᠪᠠᠷ ᠣᠳᠣ ᠪᠠ | ᠬᠤᠶᠢᠰᠢᠳᠠ ᠶᠢᠨ ᠨᠢᠬᠡ ᠬᠤᠭᠤᠴᠠᠭᠠᠨ ᠤ ᠲᠡᠷᠢᠬᠦᠨ ᠴᠢᠬᠤᠯᠠ ᠶᠠᠪᠣᠳᠠᠯ ᠪᠠ ᠣᠯᠣᠰ ᠲᠦᠷᠦ ᠶᠢᠨ ᠲᠡᠷᠢᠬᠦᠨ ᠡᠬᠦᠷᠬᠡ ᠪᠣᠯᠭᠠᠨ᠂ ᠰᠣᠷᠣᠯᠴᠠᠵᠣ ᠮᠡᠳᠡᠬᠦ᠂ | ᠣᠶᠢᠯᠠᠭᠠᠬᠤ᠂ ᠪᠣᠳᠠᠳᠠᠶᠢᠵᠢᠭᠤᠯᠬᠤ ᠲᠡᠬᠡᠷ᠎ᠡ ᠬᠦᠴᠦᠨ ᠲᠠᠯᠪᠢᠵᠣ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠬᠡᠷ ᠶᠡᠭᠡ | ᠬᠤᠷᠠᠯ ᠤᠨ ᠵᠣᠷᠢᠭ ᠰᠠᠨᠠᠭ᠎ᠠ ᠲᠡᠬᠡᠷ᠎ᠡ ᠦᠨᠡᠨᠬᠦ ᠨᠢᠬᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ | ᠵᠢᠷᠦᠮ ᠤᠨ ᠦᠵᠡᠯ ᠰᠠᠨᠠᠭ᠎ᠠ ᠪᠠᠷ ᠣᠢ ᠪᠢᠯᠢᠭ ᠢᠶᠠᠨ ᠵᠡᠪᠰᠡᠭᠯᠡᠨ ᠦᠢᠯᠡᠳᠦᠯᠬᠡ ᠪᠠᠨ ᠵᠢᠯᠣᠭᠤᠳᠣᠯᠣᠨ ᠠᠵᠢᠯ ᠢᠶᠠᠨ ᠠᠬᠢᠭᠤᠯᠣᠨ᠎ᠠ᠃ ︽ᠣᠯᠠᠭᠠᠨ ᠰᠠᠯ ᠤᠨ ᠵᠣᠷᠢᠭ | ᠰᠠᠨᠠᠭ᠎ᠠ︾ ᠶᠢ ᠰᠣᠷᠣᠯᠴᠠᠵᠣ ᠬᠦᠭᠵᠢᠬᠦᠯᠦᠨ᠂ ᠰᠢᠷᠭᠠᠭᠤ ᠠᠵᠢᠯᠯᠠᠵᠣ ᠪᠣᠳᠠᠳᠠᠢ ᠠᠵᠢᠯᠯᠠᠬᠤ ᠲᠣᠮᠳᠠ ᠴᠠᠭ ᠦᠶ᠎ᠡ ᠶᠢᠨ ᠡᠮᠦᠨ᠎ᠡ ᠨᠢ ᠶᠠᠪᠣᠨ᠎ᠠ᠃ ︽ᠣᠭ | ᠰᠠᠨᠠᠭ᠎ᠠ ᠪᠠᠨ ᠦᠯᠦ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠬᠦ︾ ᠭᠤᠣᠯ ᠰᠡᠳᠦᠪᠳᠦ ᠬᠦᠮᠦᠵᠢᠯ ᠢ ᠨᠠᠷᠢᠨ ᠬᠢᠨᠠᠮᠠᠭᠠᠢ ᠰᠠᠶᠢᠳᠣᠷ ᠦᠷᠨᠢᠬᠦᠯᠵᠦ᠂ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠣᠷᠢᠵᠢᠭᠤᠯᠬᠤ ᠲᠡᠬᠡᠷ᠎ᠡ ᠲᠠᠭᠠᠭᠤᠯᠣᠭᠴᠢ ᠪᠣᠯᠣᠨ᠎ᠠ᠃ | ᠬᠠᠣᠯᠢ ᠪᠠᠷ ᠵᠠᠰᠠᠭ ᠶᠠᠪᠣᠭᠤᠯᠬᠤ ᠶᠢ ᠠᠬᠢᠭᠤᠯᠣᠨ᠎ᠠ᠃ ᠬᠠᠣᠯᠢ ᠪᠠᠷ ᠵᠠᠰᠠᠬᠤ ᠪᠢᠰᠢᠷᠡᠯ ᠪᠠ ᠬᠠᠣᠯᠢ ᠪᠠᠷ ᠵᠠᠰᠠᠬᠤ ᠰᠡᠳᠬᠢᠴᠡ ᠶᠢ ᠪᠠᠳᠣ ᠪᠣᠢ ᠪᠣᠯᠭᠠᠵᠣ᠂ | ᠵᠠᠰᠠᠭ ᠤᠨ ᠣᠷᠳᠣᠨ ᠤ ᠠᠵᠢᠯᠳᠠᠨ ᠬᠠᠣᠯᠢ ᠶᠢ ᠬᠦᠨᠳᠦᠳᠬᠡᠨ᠂ ᠬᠠᠣᠯᠢ ᠶᠢ ᠰᠠᠬᠢᠵᠣ᠂ ᠬᠠᠣᠯᠢ ᠶᠢ ᠰᠣᠷᠣᠯᠴᠠᠵᠣ᠂ ᠬᠠᠣᠯᠢ ᠬᠡᠷᠡᠭᠯᠡᠵᠦ᠂ ᠬᠠᠣᠯᠢ ᠪᠠᠷ ᠵᠠᠰᠠᠭ | ᠶᠠᠪᠣᠭᠤᠯᠬᠤ ᠴᠢᠳᠠᠪᠣᠷᠢ ᠪᠠᠨ ᠪᠦᠬᠦ ᠲᠠᠯ᠎ᠠ ᠪᠠᠷ ᠲᠡᠬᠡᠭᠰᠢᠯᠡᠬᠦᠯᠦᠨ᠎ᠡ᠃ ᠬᠠᠣᠯᠢ ᠪᠠᠷ ᠲᠣᠭᠳᠠᠭᠰᠠᠨ ᠡᠷᠬᠡ ᠶᠢᠨ ᠬᠡᠪᠴᠢᠶ᠎ᠠ ᠪᠠ ᠠᠯᠬᠤᠮ ᠲᠠᠷᠠᠭ᠎ᠠ ᠪᠠᠷ ᠡᠬᠦᠷᠬᠡ | ᠬᠠᠷᠢᠭᠤᠴᠠᠯᠭ᠎ᠠ ᠪᠠᠨ ᠴᠢᠩᠭ᠎ᠠ ᠬᠦᠢᠴᠡᠳᠬᠡᠵᠦ᠂ ᠵᠠᠰᠠᠭ ᠤᠨ ᠵᠠᠬᠢᠷᠭᠠᠨ ᠤ ᠡᠷᠬᠡ ᠶᠢ ᠬᠡᠷᠡᠭᠯᠡᠬᠦ ᠬᠢᠵᠠᠭᠠᠷᠯᠠᠯ ᠪᠠ ᠬᠢᠨᠠᠯᠳᠠ ᠪᠠᠨ ᠴᠢᠩᠭᠠᠳᠬᠠᠵᠣ᠂ ᠵᠠᠰᠠᠭ ᠤᠨ | ᠣᠷᠳᠣᠨ ᠤ ᠠᠵᠢᠯ ᠢ ᠬᠠᠣᠯᠢ ᠪᠠᠷ ᠵᠠᠰᠠᠭᠰᠠᠨ ᠵᠢᠮ ᠲᠡᠬᠡᠷ᠎ᠡ ᠬᠦᠢᠴᠡᠳᠬᠡᠨ᠎ᠡ᠃ ᠬᠠᠣᠯᠢ ᠪᠠᠷ ᠰᠢᠢᠳᠪᠦᠷᠢᠳᠦ ᠪᠣᠳᠣᠯᠭ᠎ᠠ ᠲᠣᠭᠳᠠᠭᠠᠬᠤ ᠲᠣᠭᠳᠠᠯᠴᠠᠭ᠎ᠠ ᠶᠢ | ᠪᠦᠷᠢᠨᠰᠢᠬᠦᠯᠵᠦ᠂ ᠬᠠᠣᠯᠢ ᠴᠠᠭᠠᠵᠠ ᠶᠢᠨ ᠯᠠᠪᠯᠠᠯᠳᠠ ᠶᠢᠨ ᠮᠡᠷᠬᠡᠵᠢᠯᠳᠠᠨ ᠤ ᠵᠦᠪᠯᠡᠯ ᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ | ᠲᠣᠭᠳᠠᠭᠠᠬᠤ ᠯᠠᠪᠯᠠᠭ᠎ᠠ ᠨᠣᠳᠠᠯᠠᠯᠳᠠ ᠶᠢᠨ ᠮᠡᠷᠬᠡᠵᠢᠯᠳᠡᠨ ᠤ ᠬᠦᠮᠦᠷᠬᠡ ᠪᠠᠶᠢᠭᠤᠯᠵᠣ᠂ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠳᠠᠭᠠᠬᠤ ᠬᠠᠣᠯᠢ ᠪᠠᠷ | ᠲᠣᠭᠳᠠᠭᠠᠭᠰᠠᠨ ᠵᠢᠷᠦᠮ ᠢ ᠨᠠᠶᠢᠳᠠᠪᠣᠷᠢᠵᠢᠭᠤᠯᠣᠨ᠎ᠠ᠃ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠦᠭᠴᠢ ᠶᠢᠨ ᠬᠠᠮᠢᠶᠠᠷᠣᠯᠳᠠ ᠶᠢᠨ ᠲᠦᠷᠢᠮ ᠢ ᠲᠡᠬᠦᠯᠳᠡᠷᠵᠢᠬᠦᠯᠵᠦ᠂ | ᠲᠦᠪ ᠭᠤᠣᠯᠴᠢ ᠪᠣᠯᠪᠠᠰᠣᠨ ᠬᠠᠣᠯᠢ ᠬᠡᠷᠡᠭᠵᠢᠬᠦᠯᠬᠦ ᠶᠢ ᠴᠢᠩᠭ᠎ᠠ ᠲᠦᠷᠢᠮᠵᠢᠬᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠬᠦᠴᠦᠯᠡᠴᠡ ᠪᠠᠨ | ᠦᠷᠬᠦᠯᠵᠢᠯᠡᠨ ᠶᠠᠬᠡᠰᠬᠡᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠦᠯ ᠵᠦᠢᠯ ᠢ ᠪᠠᠭᠠᠰᠬᠠᠵᠣ᠂ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠠᠯᠬᠤᠮ | ᠲᠠᠷᠠᠭ᠎ᠠ ᠪᠠᠨ ᠰᠢᠯᠢᠳᠡᠭᠵᠢᠬᠦᠯᠦᠨ᠂ ᠣᠨᠣᠪᠴᠢ ᠲᠠᠢ ᠦᠢᠯᠡᠴᠢᠯᠡᠬᠦ ᠴᠢᠳᠠᠪᠣᠷᠢ ᠪᠠᠨ ᠲᠡᠬᠡᠭᠰᠢᠯᠡᠬᠦᠯᠦᠨ᠎ᠡ᠃ | ᠵᠠᠰᠠᠭ ᠤᠨ ᠤᠷᠳᠤᠨ ᠤ ᠢᠳᠡᠬᠡᠯ ᠢ ᠨᠡᠮᠡᠭᠳᠡᠬᠦᠯᠦᠨ᠎ᠡ᠃ ᠵᠠᠰᠠᠭ ᠤᠨ ᠤᠷᠳᠤᠨ ᠤ ᠢᠳᠡᠬᠡᠯ ᠪᠤᠯ ᠨᠡᠶᠢᠬᠡᠮ ᠤᠨ ᠢᠳᠡᠭᠡᠯ ᠤᠨ ᠬᠠᠨᠳᠤᠯᠭ᠎ᠠ ᠪᠣᠯᠣᠨ᠎ᠠ᠂ ᠡᠯ᠎ᠡ | ᠱᠠᠳᠤᠨ ᠤ ᠵᠠᠰᠠᠭ ᠤᠨ ᠤᠷᠳᠤᠨ ᠬᠢᠬᠡᠳ ᠲᠡᠬᠦᠨ ᠤ ᠠᠵᠢᠯᠳᠡᠨ ᠢᠳᠡᠭᠡᠯ ᠤᠨ ᠪᠠᠶᠢᠭᠤᠯᠤᠯᠳᠡ ᠶᠢ ᠴᠢᠩᠭᠠᠳᠬᠠᠵᠦ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠲᠣᠭᠳᠠᠭᠠᠭᠰᠠᠨ ᠰᠢᠢᠳᠪᠦᠷᠢ ᠶᠢ ᠵᠣᠷᠢᠭ ᠲᠠᠢ ᠡᠬᠦᠷᠬᠡᠯᠡᠵᠦ ᠵᠡᠪᠡᠯ ᠡᠬᠦᠷᠬᠡᠯᠡᠵᠦ᠂ ᠬᠠᠷᠢᠭᠤᠴᠠᠯᠭ᠎ᠠ ᠡᠬᠦᠷᠬᠡᠯᠡᠵᠦ ᠠᠮᠠᠯᠳᠠᠯᠭ᠎ᠠ ᠪᠠᠨ ᠬᠦᠢᠴᠡᠳᠭᠡᠵᠣ᠂ | ᠬᠡᠯᠡᠪᠡᠯ ᠬᠢᠵᠦ᠂ ᠬᠢᠪᠡᠯ ᠦᠷ᠎ᠡ ᠪᠦᠳᠦᠭᠡᠯ ᠭᠠᠷᠭᠠᠬᠤ ᠶᠢ ᠵᠠᠪᠠᠯ ᠪᠡᠶᠡᠯᠡᠬᠦᠯᠦᠨ᠎ᠡ᠃ ᠵᠠᠰᠠᠭ ᠤᠨ ᠡᠷᠬᠢᠮ ᠢᠨᠦ ᠪᠠᠷᠢᠮᠳᠠᠯᠠᠬᠤ ᠳᠤ ᠪᠠᠶᠢᠵᠣ᠂ ᠡᠯ᠎ᠡ ᠵᠦᠢᠯ ᠤᠨ ᠲᠦᠷᠦ | ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠦᠷᠬᠦᠯᠵᠢᠯᠡᠭᠰᠡᠨ ᠴᠢᠨᠡᠷ᠂ ᠲᠤᠭᠳᠠᠭᠤᠨ ᠴᠢᠨᠡᠷ ᠢ ᠪᠠᠳᠤᠯᠠᠵᠦ᠂ ︽ᠠᠤᠭ᠎ᠠ ᠲᠦᠰᠦᠪ ᠢᠶᠠᠷ ᠡᠴᠦᠰ ᠲᠤᠨᠢ ᠲᠤᠯᠳᠠᠯ᠎ᠠ ᠬᠢᠬᠦ︾ | ᠂ ᠦᠶ᠎ᠡ ᠵᠠᠯᠭᠠᠮᠵᠢᠯᠠᠨ ᠬᠢᠬᠦ ᠶᠢ ᠪᠠᠷᠢᠮᠳᠡᠯᠡᠵᠦ᠂ ᠰᠢᠨ᠎ᠡ ᠲᠣᠰᠢᠶᠠᠯᠳᠠᠨ ᠴᠦ ᠬᠠᠭᠤᠴᠢᠨ ᠲᠠᠩᠰᠠ ᠶᠢ ᠬᠠᠮᠢᠶᠠᠷᠣᠨ᠎ᠠ᠃ ᠠᠵᠢᠯ ᠤᠨ ᠠᠮᠵᠢᠯᠳᠠ ᠶᠢᠨ ᠵᠦᠪ | ᠤᠨᠤᠪᠴᠢᠳᠡᠢ ᠦᠵᠡᠯᠳᠡ ᠶᠢ ᠪᠠᠳᠤ ᠪᠠᠬᠢ ᠱᠤᠭᠤᠵᠦ᠂ ᠦᠨᠡᠨ ᠠᠴᠠ ᠵᠦᠪ ᠢ ᠡᠷᠢᠬᠦ᠂ ᠦᠨᠡᠨ ᠦᠬᠡ ᠬᠡᠯᠡᠵᠦ᠂ ᠪᠤᠳᠡᠳᠡᠢ ᠤᠴᠢᠷ ᠢ ᠤᠶᠢᠯᠠᠭᠠᠨ᠂ ᠪᠤᠳᠡᠳᠦ | ᠶᠠᠪᠤᠳᠡᠯ ᠬᠦᠢᠴᠡᠳᠭᠡᠬᠦ ᠶᠢ ᠪᠠᠷᠢᠮᠳᠡᠯᠡᠨ᠂ ᠦᠨᠡᠨ ᠪᠤᠳᠡᠳᠡᠢ ᠬᠦᠭᠵᠢᠯᠳᠡ ᠪᠠᠷ ᠡᠯ᠎ᠡ ᠡᠳᠡᠭᠡᠳ ᠤᠨ ᠢᠳᠡᠭᠡᠯ ᠲᠡᠮᠵᠢᠯᠬᠡ ᠶᠢ ᠤᠯᠤᠨ᠎ᠠ᠃ ᠢᠳᠡᠭᠡᠯ ᠢ ᠡᠷᠬᠢᠮᠯᠡᠬᠦ ᠶᠢ | ᠵᠤᠷᠢᠭᠵᠢᠭᠤᠯᠵᠦ᠂ ᠢᠳᠡᠭᠡᠯ ᠠᠯᠳᠠᠬᠤ ᠶᠢ ᠵᠠᠯᠬᠠᠭᠠᠬᠤ ᠲᠤᠭᠳᠡᠴᠠ ᠪᠠᠶᠢᠭᠤᠯᠤᠨ ᠲᠡᠬᠦᠯᠳᠡᠷᠵᠢᠬᠦᠯᠵᠦ᠂ ᠵᠠᠰᠠᠭ ᠤᠨ ᠤᠷᠳᠤᠨ ᠤ ᠢᠳᠡᠭᠡᠯ ᠢᠶᠠᠷ ᠨᠡᠶᠢᠬᠡᠮ ᠤᠨ | ᠢᠳᠡᠬᠡᠯ ᠢ ᠬᠦᠳᠦᠯᠦᠨ ᠲᠠᠶᠢᠴᠢᠯᠡᠨ᠎ᠡ᠃ | ᠪᠣᠳᠠᠳᠠᠢ ᠠᠵᠢᠯᠯᠠᠵᠣ ᠵᠣᠷᠢᠭ ᠲᠠᠢ ᠡᠬᠦᠷᠬᠡᠯᠡᠬᠦ ᠶᠢ ᠪᠠᠷᠢᠮᠳᠠᠯᠠᠨ᠎ᠠ᠃ ᠵᠠᠰᠠᠭ ᠤᠨ ᠣᠷᠳᠣᠨ ᠪᠣᠯ ︽ᠪᠠᠶᠢᠯᠳᠣᠭᠠᠨ ᠤ ᠬᠡᠯᠳᠡᠰ︾ ᠮᠦᠨ᠂ ︽ᠬᠤᠭᠤᠰᠣᠨ | ᠶᠠᠷᠢᠶ᠎ᠠ ᠢᠯᠡᠳᠬᠡᠯ ᠤᠨ ᠣᠷᠳᠣᠨ︾ ᠪᠢᠰᠢ᠂ ᠬᠤᠳᠠ ᠶᠢᠨ ᠨᠠᠮ ᠤᠨ ᠬᠤᠷᠢᠶ᠎ᠠ ᠶᠢᠨ ᠲᠣᠭᠳᠠᠭᠠᠭᠰᠠᠨ ᠬᠠᠷᠠᠯᠳᠠ᠂ ᠵᠦᠪᠯᠡᠯ ᠲᠣᠭᠳᠠᠭᠰᠠᠨ ᠠᠵᠢᠯ᠂ ᠨᠡᠶᠢᠳᠡᠯᠡᠭᠰᠡᠨ | ᠪᠢᠴᠢᠭ ᠮᠠᠲ᠋ᠧᠷᠢᠶᠠᠯ ᠢ ᠲᠠᠷᠣᠢ ᠳᠤᠨᠢ ᠲᠠᠷᠠ ᠬᠡᠪ ᠢᠶᠠᠷ ᠬᠦᠢᠴᠡᠳᠬᠡᠬᠦ ᠠᠵᠢᠯ ᠤᠨ ᠰᠣᠷᠳᠠᠯ ᠢ ᠪᠠᠷᠢᠮᠳᠠᠯᠠᠨ᠂ ᠪᠠᠶᠢᠷᠢᠯᠠᠭᠤᠯᠣᠯᠳᠠ᠂ ᠨᠠᠶᠢᠳᠠᠪᠣᠷᠢᠵᠢᠭᠤᠯᠣᠯᠳᠠ᠂ | ᠱᠠᠭᠠᠷᠳᠠᠨ ᠪᠠᠶᠢᠴᠠᠭᠠᠯᠳᠠ ᠪᠠ ᠬᠠᠷᠢᠭᠤ ᠲᠣᠰᠬᠠᠯ ᠲᠠᠢ᠂ ᠬᠠᠷᠢᠭᠤᠴᠠᠯᠭ᠎ᠠ ᠨᠡᠬᠡᠮᠵᠢᠯᠡᠬᠦ ᠶᠢ ᠡᠷᠡᠰ ᠬᠦᠢᠴᠡᠳᠭᠡᠵᠦ᠂ ᠡᠯ᠎ᠡ ᠲᠦᠷᠦᠯ ᠤᠨ ᠠᠵᠢᠯ ᠤᠨ | ᠪᠠᠶᠢᠷᠢᠯᠠᠭᠤᠯᠣᠯᠳᠠ ᠶᠢᠨ ᠪᠣᠳᠠᠳᠠᠢ ᠨᠠᠶᠢᠳᠠᠪᠣᠷᠢᠵᠢᠭᠤᠯᠣᠭᠳᠠᠵᠣ᠂ ᠪᠣᠳᠠᠳᠣ ᠦᠷ᠎ᠡ ᠪᠦᠳᠦᠮᠵᠢᠳᠡᠢ ᠭᠠᠷᠬᠤ ᠶᠢ ᠦᠨᠡᠨᠬᠦ ᠪᠠᠳᠣᠯᠠᠨ᠎ᠠ᠃ ᠬᠠᠷᠢᠭᠤᠴᠠᠯᠭ᠎ᠠ | ᠨᠠᠶᠢᠳᠠᠪᠣᠷᠢᠵᠢᠭᠤᠯᠬᠤ ᠰᠢᠰᠲ᠋ᠧᠮ ᠢ ᠲᠡᠬᠦᠯᠳᠡᠷᠵᠢᠬᠦᠯᠦᠨ᠂ ᠭᠤᠣᠯᠳᠠᠯᠭ᠎ᠠ ᠲᠠᠢ ᠠᠵᠢᠯ᠂ ᠲᠦᠷᠦᠯ ᠵᠦᠢᠯ ᠳᠤ ᠲᠣᠰᠬᠠᠢ ᠬᠦᠮᠦᠨ ᠲᠣᠰᠬᠠᠢ ᠲᠦᠷᠦᠯ ᠢᠶᠠᠷ | ᠠᠬᠢᠭᠤᠯᠬᠤ ᠶᠢ ᠬᠡᠷᠡᠭᠵᠢᠬᠦᠯᠵᠦ᠂ ᠵᠠᠰᠠᠭ ᠤᠨ ᠣᠷᠳᠣᠨ ᠵᠢᠴᠢ ᠠᠵᠢᠯ ᠤᠨ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠳᠠᠨ ᠬᠦᠨᠳᠦ ᠡᠬᠦᠷᠬᠡ ᠶᠢ ᠵᠣᠷᠢᠭ ᠲᠠᠢ | ᠡᠬᠦᠷᠬᠡᠯᠡᠵᠦ᠂ ᠬᠦᠴᠢᠷ ᠲᠦᠪᠡᠭ ᠢ ᠡᠷᠡᠯᠬᠡᠭ ᠢᠶᠠᠷ ᠲᠣᠭᠤᠯᠵᠣ᠂ ᠭᠠᠷᠮᠠᠭᠠᠢ ᠪᠠᠷ ᠰᠢᠪᠳᠣᠯᠣᠯᠳᠠ ᠬᠢᠵᠦ᠂ ᠵᠣᠷᠢᠭᠰᠠᠨ ᠳᠠᠭᠠᠨ ᠵᠠᠪᠠᠯ ᠬᠦᠷᠦᠨ᠎ᠡ᠃ ᠣᠳᠣᠷᠢᠳᠬᠤ | ᠺᠠᠳ᠋ᠷ ᠵᠠᠰᠠᠭ ᠤᠨ ᠣᠷᠳᠣᠨ ᠵᠢᠴᠢ ᠠᠵᠢᠯ ᠤᠨ ᠰᠠᠯᠠᠭ᠎ᠠ ᠮᠦᠴᠢᠷ ᠣᠨᠴᠣᠭᠤᠶᠢᠯᠠᠨ ᠰᠣᠷᠣᠯᠴᠠᠯᠭ᠎ᠠ ᠪᠠ ᠦᠢᠯᠡᠳᠦᠯᠬᠡ ᠪᠠᠨ ᠴᠢᠩᠭᠠᠳᠬᠠᠵᠣ᠂ ᠲᠣᠬᠠᠶᠢᠯᠠᠭᠰᠠᠨ | ᠠᠵᠢᠯ ᠤᠨ ᠴᠢᠳᠠᠪᠣᠷᠢ ᠪᠠᠷ ᠨᠡᠮᠡᠭᠳᠡᠬᠦᠯᠵᠦ᠂ ᠲᠣᠰᠬᠠᠢ ᠮᠡᠷᠬᠡᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠣᠨ᠂ ᠪᠠᠶᠢᠴᠠᠭᠠᠨ ᠰᠣᠳᠣᠯᠬᠤ ᠣᠪᠣᠷ ᠰᠣᠷᠳᠠᠯ ᠢ ᠶᠡᠭᠡ ᠪᠠᠷ | ᠲᠡᠯᠬᠡᠷᠡᠬᠦᠯᠦᠨ᠂ ᠲᠣᠳᠠᠭᠳᠠᠯ ᠲᠠᠢ ᠪᠠᠭᠤᠷᠠᠢ ᠲᠠᠯ᠎ᠠ ᠪᠠᠨ ᠣᠨᠣᠪᠴᠢ ᠲᠠᠢ ᠡᠷᠢᠵᠦ᠂ ᠪᠣᠳᠠᠳᠠᠢ ᠠᠰᠠᠭᠤᠳᠠᠯ ᠢ ᠰᠢᠢᠳᠪᠦᠷᠢᠯᠡᠨ᠂ ᠴᠢᠨᠠᠷ ᠰᠠᠶᠢᠳᠠᠢ ᠬᠦᠭᠵᠢᠯᠳᠡ ᠶᠢ | ᠠᠬᠢᠭᠤᠯᠬᠤ ᠪᠣᠳᠠᠳᠠᠢ ᠠᠵᠢᠯᠯᠠᠬᠤ ᠴᠢᠳᠠᠪᠣᠷᠢ ᠪᠠᠨ ᠨᠡᠮᠡᠭᠳᠡᠬᠦᠯᠣᠨ᠎ᠠ᠃ | ᠲᠦᠪ ᠭᠤᠣᠯᠴᠢ ᠠᠷᠢᠭᠤᠨ ᠴᠢᠬᠡᠴᠢ ᠶᠢ ᠪᠠᠷᠢᠮᠳᠠᠯᠠᠨ᠎ᠠ᠃ ᠨᠠᠮ ᠢ ᠪᠦᠬᠦ ᠲᠠᠯ᠎ᠠ ᠪᠠᠷ ᠵᠠᠰᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ | ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠳᠠ ᠶᠢ ᠦᠨᠡᠨᠬᠦ ᠰᠠᠶᠢᠳᠣᠷ ᠠᠳᠬᠤᠨ᠎ᠠ᠃ ᠲᠦᠪ ᠤᠨ ᠨᠠᠢᠮᠠᠨ | ᠲᠣᠭᠳᠠᠭᠠᠯ ᠤᠨ ᠵᠣᠷᠢᠭ ᠰᠠᠨᠠᠭ᠎ᠠ ᠪᠠ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠢᠵᠢ ᠪᠦᠷᠢᠨ ᠲᠣᠭᠳᠠᠭᠠᠯ ᠢ | ᠴᠢᠩᠭ᠎ᠠ ᠬᠡᠷᠡᠭᠵᠢᠬᠦᠯᠵᠦ᠂ ︽ᠲᠦᠷᠪᠡᠨ ᠰᠣᠷᠳᠠᠯ︾ ᠤᠨ ᠠᠰᠠᠭᠤᠳᠠᠯ ᠢ ᠡᠷᠡᠰ ᠵᠠᠯᠠᠷᠠᠭᠤᠯᠣᠨ᠎ᠠ᠃ ᠬᠢᠨᠠᠨ ᠪᠣᠳᠣᠯᠳᠠ ᠶᠢᠨ ᠬᠢᠨᠠᠯᠳᠠ ᠶᠢᠨ ᠡᠷᠴᠢᠮ ᠢᠶᠠᠨ ᠶᠡᠬᠡᠰᠬᠡᠵᠦ᠂ | ᠬᠢᠨᠡᠨ ᠪᠣᠳᠣᠯᠳᠠ ᠶᠢ ᠪᠦᠷᠢᠮᠦᠰᠦᠨ ᠬᠠᠮᠣᠷᠣᠭᠤᠯᠣᠨᠠ᠃ ᠠᠵᠢᠯᠯᠠᠭ᠎ᠠ ᠦᠬᠡᠢ᠂ ᠠᠵᠢᠯᠯᠠᠭ᠎ᠠ ᠣᠳᠠᠭᠠᠨ᠂ ᠲᠣᠷ᠎ᠠ ᠲᠠᠪᠠ ᠪᠠᠷ ᠢᠶᠠᠨ ᠠᠵᠢᠯᠯᠠᠬᠤ ᠦᠵᠡᠭᠳᠡᠯ ᠢ ᠡᠷᠡᠰ | ᠴᠡᠭᠴᠡᠯᠡᠨ ᠵᠠᠰᠠᠵᠣ᠂ ᠠᠯᠪᠠᠨ ᠠᠵᠢᠯᠳᠠᠨ ᠢ ᠪᠢᠰᠢᠷᠡᠨ ᠵᠢᠷᠦᠬᠡᠰᠢᠶᠡᠬᠦ᠂ ᠰᠡᠷᠬᠡᠶᠢᠯᠡᠨ ᠬᠢᠴᠢᠶᠡᠬᠦ᠂ ᠬᠠᠣᠯᠢ ᠰᠠᠬᠢᠯᠭ᠎ᠠ ᠶᠢ ᠵᠢᠷᠣᠮᠯᠠᠬᠤ ᠪᠣᠯᠭᠠᠨ᠎ᠠ᠃ ᠵᠣᠷᠢᠭᠵᠢᠭᠤᠯᠬᠤ | ᠲᠣᠭᠳᠠᠴᠠ ᠪᠠ ᠠᠭᠤᠴᠢᠯᠠᠵᠣ ᠵᠠᠯᠠᠷᠠᠭᠤᠯᠬᠤ ᠲᠣᠭᠳᠠᠴᠠ ᠶᠢ ᠪᠠᠶᠢᠭᠤᠯᠣᠨ ᠲᠡᠬᠦᠯᠳᠡᠷᠵᠢᠬᠦᠯᠵᠦ᠂ ᠠᠵᠢᠯ ᠬᠢᠵᠦ ᠦᠢᠯᠡᠰ ᠪᠦᠳᠦᠬᠡᠭᠴᠢᠳ ᠲᠤ ᠰᠠᠨᠠᠭ᠎ᠠ ᠠᠮᠣᠷ | ᠠᠵᠢᠯᠯᠠᠬᠤ᠂ ᠴᠢᠯᠦᠬᠡᠳᠡᠢ ᠠᠵᠢᠯᠯᠠᠬᠤ᠂ ᠵᠣᠷᠢᠭ ᠲᠠᠢ ᠠᠵᠢᠯᠯᠠᠬᠤ ᠠᠵᠢᠯ ᠤᠨ ᠣᠷᠴᠢᠨ ᠡᠬᠦᠳᠦᠨ ᠦᠭᠴᠦ᠂ ᠠᠷᠢᠭᠤᠨ ᠴᠡᠪᠡᠷ ᠢᠶᠠᠷ ᠠᠵᠢᠯᠯᠠᠵᠣ᠂ ᠦᠨᠡᠨ ᠪᠣᠳᠠᠳᠠᠢ | ᠬᠤᠪᠢ ᠨᠡᠮᠡᠬᠦᠷᠢ ᠪᠠᠨ ᠦᠵᠡᠬᠦᠯᠬᠦ ᠶᠢ ᠪᠦᠬᠦ ᠬᠤᠳᠠ ᠶᠢᠨ ᠡᠯ᠎ᠡ ᠱᠠᠳᠣᠨ ᠤ ᠣᠬᠠᠮᠰᠠᠷᠳᠣ ᠠᠵᠢᠯᠯᠠᠭ᠎ᠠ ᠪᠣᠯᠣᠨ ᠬᠠᠮᠳᠣ ᠶᠢᠨ ᠬᠦᠰᠡᠯ ᠬᠦᠬᠡᠬᠡᠴᠡᠯᠳᠦᠯ ᠪᠣᠯᠭᠠᠨ᠎ᠠ᠃ | ᠲᠦᠯᠦᠬᠡᠯᠡᠭᠴᠢᠳ ᠡ᠂ ᠡᠬᠦᠷᠬᠡ ᠬᠠᠷᠢᠭᠤᠴᠠᠯᠭ᠎ᠠ ᠬᠦᠢᠴᠡᠳᠬᠡᠬᠦ ᠶᠢ ᠣᠷᠢᠶᠠᠯᠠᠵᠣ ᠪᠠᠶᠢᠨ᠎ᠠ᠂ ᠡᠬᠦᠷᠬᠡ ᠬᠠᠷᠢᠭᠤᠴᠠᠯᠭ᠎ᠠ ᠢᠷᠡᠬᠡᠳᠦᠢ ᠶᠢ ᠵᠠᠮᠴᠢᠯᠠᠮᠣᠢ᠃ | ᠪᠢᠳᠡ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠲᠣᠭᠤᠷᠢᠨ ᠳᠤ ᠣᠯᠠᠮ ᠢᠯᠡᠬᠦᠦ ᠨᠢᠭᠳᠠ ᠪᠦᠯᠬᠦᠮᠳᠡᠵᠦ᠂ ᠦᠪᠡᠷᠳᠡᠬᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠦᠪ ᠣᠨᠣᠪᠴᠢᠳᠠᠢ ᠣᠳᠣᠷᠢᠳᠣᠯᠭ᠎ᠠ᠂ ᠬᠤᠳᠠ ᠶᠢᠨ ᠨᠠᠮ ᠤᠨ ᠬᠤᠷᠢᠶᠠᠨ ᠤ ᠡᠷᠡᠰ ᠪᠠᠳᠣ | ᠣᠳᠣᠷᠢᠳᠣᠯᠭ᠎ᠠ ᠲᠣᠣᠷ᠎ᠠ ᠠᠷᠠᠳ ᠤᠨ ᠶᠡᠭᠡ ᠬᠤᠷᠠᠯ ᠤᠨ ᠬᠠᠣᠯᠢ ᠴᠠᠭᠠᠵᠠ ᠶᠢ ᠬᠢᠨᠠᠯᠳᠠ᠂ ᠣᠯᠣᠰ ᠲᠦᠷᠦ ᠶᠢᠨ ᠵᠦᠪᠯᠡᠯᠬᠡᠨ ᠤ ᠠᠷᠠᠳᠴᠢᠯᠡᠯ ᠤᠨ ᠬᠢᠨᠠᠯᠳᠠ ᠪᠠ | ᠨᠡᠶᠢᠬᠡᠮ ᠤᠨ ᠶᠠᠷᠢᠶ᠎ᠠ ᠬᠡᠯᠡᠯᠴᠡᠬᠡᠨ ᠤ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠪᠦᠬᠦ ᠬᠤᠳᠠ ᠶᠢᠨ ᠠᠷᠠᠳ ᠲᠦᠮᠡᠨ ᠲᠠᠢ ᠦᠵᠡᠯ ᠰᠠᠨᠠᠭ᠎ᠠ ᠪᠠᠨ | ᠨᠢᠬᠡᠳᠬᠡᠵᠦ᠂ ᠬᠠᠮᠳᠣ ᠪᠠᠷ ᠠᠵᠢᠯᠯᠠᠨ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠳᠦ ᠢᠯᠠᠯᠳᠠ ᠣᠯᠵᠣ᠂ ︽ᠦᠵᠡᠰᠬᠦᠯᠡᠩᠳᠣ ᠰᠠᠶᠢᠬᠠᠨ | ᠦᠪᠦᠷ ᠮᠣᠩᠭᠤᠯ ᠢᠶᠠᠨ ᠪᠦᠳᠦᠬᠡᠨ ᠪᠠᠶᠢᠭᠤᠯᠵᠣ᠂ ᠠᠭᠤᠣ ᠶᠡᠭᠡ ᠲᠣᠮᠳᠠᠳᠣ ᠶᠢᠨ ᠬᠦᠰᠡᠯ ᠢᠶᠠᠨ ᠬᠠᠮᠳᠣ ᠪᠠᠷ ᠲᠡᠷᠬᠡᠯᠰᠢᠬᠦᠯᠬᠦ︾ ᠲᠦᠩᠯᠢᠶᠣᠣ ᠶᠢᠨ ᠰᠢᠨ᠎ᠡ | ᠬᠠᠭᠤᠳᠠᠰᠣ ᠶᠢ ᠪᠢᠴᠢᠭᠯᠡᠬᠦ ᠶᠢᠨ ᠲᠦᠯᠦᠬᠡ ᠴᠢᠷᠮᠠᠶᠢᠨ ᠲᠠᠮᠡᠴᠡᠰᠦᠬᠡᠢ︕ |