ᠲᠥᠩᠯᠢᠶᠤᠤ ᠬᠤᠲᠠ ᠶᠢᠨ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠲᠥᠷᠤ ᠶᠢᠨ ᠪᠤᠲᠤᠯᠭ᠎ᠠ ᠶᠢᠨ ᠤᠬᠠᠭᠤᠯᠭ᠎ᠠ
ᠨᠡᠶᠢᠲᠡᠯᠡᠭᠰᠡᠨ ᠴᠠᠭ᠄
2018/6/12
     ᠰᠤᠷᠪᠤᠯᠵᠢᠯᠠᠭ᠎ᠠ ᠶᠢᠨ ᠨᠠᠷᠡᠶᠢᠲᠤᠯ  ᠄ ᠲᠥᠩᠯᠢᠶᠤᠤ ᠬᠤᠲᠠ ᠶᠢᠨ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠲᠥᠷᠤ ᠶᠢᠨ ᠪᠤᠲᠤᠯᠭ᠎ᠠ ᠶᠢᠨ ᠤᠬᠠᠭᠤᠯᠭ᠎ᠠ      ᠰᠤᠷᠪᠤᠯᠵᠢᠯᠠᠭ᠎ᠠ ᠶᠢᠨ ᠴᠠᠭ᠄  2018.05.23       9᠄ 30     ᠰᠤᠷᠪᠤᠯᠵᠢᠯᠠᠭᠰᠠ ᠡᠷᠬᠢᠮ ᠵᠤᠴᠢᠨ᠄ ᠲᠥᠩᠯᠢᠶᠤᠤ ᠬᠤᠲᠠ ᠶᠢᠨ ᠬᠥᠮᠥᠨ ᠤ ᠬᠥᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠰᠠᠯᠠᠭ᠎ᠠ ᠶᠢᠨ ᠲᠠᠷᠤᠭ᠎ᠠ ᠯᠢᠤ ᠴᠧᠩ      ᠰᠤᠷᠪᠤᠯᠵᠢᠯᠠᠭᠰᠠ ᠪᠠᠶᠢᠲᠠᠯ᠄  ᠲᠡᠭᠦᠰᠪᠡ     ᠭᠤᠤᠯ ᠠᠭᠤᠯᠭ᠎ᠠ᠄ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠪᠤᠯ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠴᠢᠬᠤᠯᠠ ᠪᠥᠷᠢᠯᠲᠤᠬᠦᠨ ᠭᠡᠰᠡᠭ ᠪᠤᠯᠤᠨ᠎ᠠ᠂ 2004 ᠤᠨ ᠤ 1 ᠰᠠᠷ᠎ᠠ ᠶᠢᠨ 1 ᠤ ᠡᠲᠤᠷ︽ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠲᠥᠷᠢᠮ︾ᠨᠡᠶᠢᠲᠡᠯᠡᠨ ᠭᠡᠷᠡᠭᠵᠢᠬᠦᠯᠥᠭᠰᠡᠡ ᠠᠴᠠ ᠨᠠᠰᠢ᠂ ᠮᠠᠨ ᠤ ᠬᠤᠲᠠ ᠶᠢᠨ ᠡᠯ᠎ᠡ ᠱᠠᠲᠤᠨ ᠤ ᠬᠥᠮᠥᠨ ᠤ ᠬᠥᠴᠤᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠲᠥᠷᠤ ᠶᠢᠨ ᠪᠤᠲᠤᠯᠭ᠎ᠠ ᠶᠢ ᠴᠢᠩᠭ᠎ᠠ ᠭᠡᠷᠡᠭᠵᠢᠬᠦᠯᠥᠨ᠂ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠥᠢᠯᠡᠰ ᠤᠨ ᠬᠥᠭᠵᠢᠯᠲᠡ ᠶᠢ ᠢᠲᠡᠪᠬᠢᠲᠠᠢ ᠲᠥᠯᠬᠢᠨ ᠠᠬᠢᠭᠤᠯᠪᠠ᠃ 2015 ᠤᠨ ᠤ 10 ᠰᠠᠷ᠎ᠠ᠂ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠠᠵᠢᠯᠲᠠᠳ ᠠᠵᠢᠯᠴᠢᠳ ᠤᠨ ᠪᠥᠷᠬᠦᠴᠡ ᠶᠢ ᠨᠢᠭᠡᠲᠤᠯᠲᠡᠢ ᠲᠥᠯᠤᠪᠯᠡᠨ ᠪᠡᠶᠡᠯᠡᠬᠦᠯᠪᠠ᠂ 2017 ᠤᠨ ᠤ 5 ᠰᠠᠷ᠎ᠠ ᠶᠢᠨ ᠡᠴᠥᠰ ᠪᠤᠯᠲᠠᠯ᠎ᠠ᠂ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠳᠤ ᠤᠷᠤᠯᠴᠠᠭᠰᠠᠨ ᠬᠥᠮᠤᠨ 23.72 ᠲᠥᠮᠡ ᠬᠥᠷᠴᠤ᠂ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠰᠠᠭᠤᠷᠢ ᠮᠥᠩᠬᠦ ᠤᠨ ᠬᠤᠷᠠᠮᠲᠤᠯᠭ᠎ᠠ ᠵᠢᠨ‌ᠥᠯᠡᠲᠡᠪᠤᠷᠢ ᠮᠥᠩᠭᠦ 1.48 ᠳ᠋ᠥᠩᠰᠢᠭᠤᠷ ᠲᠥᠬᠦᠷᠢᠭ᠃ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠠᠵᠢᠯ ᠠᠴᠠ ᠪᠤᠯᠤᠭᠰᠠᠨ ᠭᠡᠮᠲᠤᠯ ᠤᠨ ᠠᠵᠢᠯᠲᠠᠠ ᠠᠵᠢᠯᠴᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ᠂  ᠬᠥᠮᠤᠨ ᠬᠡᠷᠡᠭᠯᠡᠬᠦ ᠨᠢᠭᠡᠴᠡ ᠶᠢᠨ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠲᠠᠷᠬᠠᠭᠠᠬᠤ᠂ ᠠᠵᠢᠯ ᠠᠴᠠ ᠪᠤᠯᠤᠭᠰᠠᠨ ᠭᠡᠮᠲᠤᠯ ᠤᠨ ᠰᠡᠷᠭᠡᠶᠢᠯᠡᠯᠲᠡ ᠶᠢ ᠠᠬᠢᠭᠤᠯᠬᠤ ᠳᠤ ᠢᠲᠡᠪᠬᠢᠲᠠᠢ ᠪᠥᠲᠤᠮᠵᠢ ᠲᠠᠢ ᠪᠠᠲᠤᠯᠠᠭ᠎ᠠ ᠶᠢᠨ ᠥᠢᠯᠡᠲᠤᠯ ᠪᠠ ᠠᠬᠢᠭᠤᠯᠬᠤ ᠥᠢᠯᠡᠲᠤᠯ  ᠥᠵᠡᠭᠦᠯᠪᠡ᠃      ︵ᠬᠥᠲᠥᠯᠥᠭᠴᠢ︶ ᠰᠥᠯᠵᠢᠶᠡᠨ ᠤ ᠨᠠᠶᠢᠵᠠ ᠨᠠᠷ ᠮᠢᠨᠢ ᠲᠠᠨᠠᠷ ᠰᠠᠶᠢᠨ ᠪᠠᠶᠢᠨᠨᠤ᠂ ᠲᠠ ᠪᠥᠬᠦᠨ ᠤ ᠲᠥᠩᠯᠢᠶᠤᠤ ᠬᠤᠲᠠ ᠶᠢᠨ ᠠᠷᠠᠳ ᠤᠨ ᠵᠠᠰᠠᠭ ᠤᠨ ᠤᠷᠲᠤᠨ ᠤ ᠰᠥᠯᠵᠢᠶᠠᠨ ᠠᠴᠠ ᠰᠤᠩᠭᠤᠨ ᠭᠠᠷᠭᠠᠭᠰᠠᠨ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠲᠥᠷᠤ ᠤᠨ ᠪᠤᠲᠤᠯᠭ᠎ᠠ ᠶᠢᠨ ᠤᠬᠠᠭᠤᠯᠭ᠎ᠠ ᠶᠢᠨ ᠰᠤᠷᠪᠤᠯᠵᠢᠯᠠᠭ᠎ᠠ ᠶᠢ ᠬᠥᠯᠢᠶᠠᠨ ᠥᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠥᠨᠤᠲᠤᠷ ᠮᠠᠨ ᠤ ᠤᠷᠢᠯᠭ᠎ᠠ ᠪᠠᠷ ᠮᠤᠷᠢᠯᠠᠨ ᠰᠠᠭᠠᠲᠠᠭᠰᠠᠨ ᠬᠥᠨᠲᠤᠲᠤ ᠵᠤᠴᠢᠨ ᠪᠤᠯ ᠲᠥᠩᠯᠢᠶᠤᠤ ᠬᠤᠲᠠ ᠶᠢᠨ ᠬᠥᠮᠤᠨ ᠤ ᠬᠥᠴᠤᠨ ᠤ ᠡᠬᠢ ᠪᠠᠶᠠᠯᠢᠭ ᠪᠠ ᠨᠠᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠠᠵᠢᠯ ᠠᠴᠠ ᠪᠤᠯᠤᠭᠰᠠᠨ ᠭᠡᠮᠲᠤᠯ ᠤᠨ ᠰᠠᠯᠠᠭ᠎ᠠ ᠶᠢᠨ ᠯᠢᠤ ᠴᠧᠩ ᠰᠠᠯᠠᠭᠠᠨ ᠲᠠᠷᠤᠭ᠎ᠠ ᠪᠤᠯᠤᠨ᠎ᠠ᠂ ᠯᠢᠤ ᠰᠠᠯᠠᠭᠠᠨ ᠲᠠᠷᠤᠭ᠎ᠠ ᠶᠢ ᠤᠭᠲᠤᠵᠤ ᠪᠠᠶᠢᠨ᠎ᠠ︕      ︵ᠯᠢᠤ ᠰᠠᠯᠠᠭᠠᠨ ᠲᠠᠷᠤᠭ᠎ᠠ︶ ᠰᠥᠯᠵᠢᠶᠠᠨ ᠤ ᠨᠠᠶᠢᠵᠠ ᠨᠠᠷ ᠮᠢᠨᠢ ᠰᠠᠶᠢᠨ ᠪᠠᠶᠢᠨᠨᠤ︕ ᠲᠥᠩᠯᠢᠶᠤᠤ ᠬᠤᠲᠠ ᠶᠢᠨ ᠠᠷᠠᠳ ᠤᠨ ᠵᠠᠰᠠᠭ ᠤᠨ ᠤᠷᠲᠤᠨ ᠤ ᠰᠥᠯᠵᠢᠶ᠎ᠠ ᠪᠠᠷ ᠲᠠᠨᠠᠷ ᠲᠠᠢ ᠪᠠᠨ ᠰᠠᠨᠠᠭ᠎ᠠ ᠪᠠᠨ ᠰᠤᠯᠢᠯᠴᠠᠠᠬᠤ ᠳᠤ ᠲᠤᠩ ᠪᠠᠶᠠᠷᠯᠠᠵᠤ ᠪᠠᠶᠢᠨ᠎ᠠ᠂ ᠰᠥᠯᠵᠢᠶ᠎ᠠ ᠶᠢᠨ ᠨᠠᠶᠢᠵᠠ ᠨᠠᠷ ᠤᠨ ᠤᠷᠲᠤ ᠬᠤᠭᠤᠴᠠᠭᠠᠨ ᠳᠠᠬᠢ ᠬᠥᠮᠤᠨ ᠤ ᠬᠥᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠠᠵᠢᠯ ᠳᠤ ᠬᠠᠯᠠᠮᠵᠢᠯᠠᠯ ᠪᠠ ᠲᠡᠮᠵᠢᠯᠭᠡ ᠥᠵᠡᠭᠦᠯᠥᠭᠰᠡᠡ ᠳᠤ ᠲᠠᠯᠠᠷᠬᠠᠵᠤ ᠪᠠᠶᠢᠨ᠎ᠠ︕    ︵ᠬᠥᠲᠤᠯᠥᠭᠴᠢ︶ ᠥᠨᠤᠲᠤᠷ ᠪᠢᠳᠡᠨᠡᠷ ᠯᠢᠤ ᠰᠠᠯᠠᠭᠠᠨ ᠲᠠᠷᠤᠭ᠎ᠠ ᠲᠠᠢ ᠬᠠᠮᠲᠤ ᠮᠠᠨ ᠤ ᠬᠤᠲᠠ ᠶᠢᠨ ᠤᠲᠤ ᠶᠢᠨ ᠭᠡᠷᠡᠭᠵᠢᠬᠦᠯᠵᠥ ᠪᠠᠶᠢᠭ᠎ᠠ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠬᠤᠯᠪᠤᠭᠲᠠᠯ ᠪᠥᠬᠦᠢ ᠲᠥᠷᠤ ᠶᠢᠨ ᠪᠤᠲᠤᠯᠭ᠎ᠠ ᠶᠢ ᠨᠠᠶᠢᠲᠠᠪᠤᠷᠢᠵᠢᠭᠤᠯᠤᠭᠰᠠᠨ ᠪᠠ ᠬᠡᠷᠡᠭᠵᠢᠬᠦᠯᠥᠭᠰᠡᠨ ᠲᠤᠬᠠᠢ ᠡᠨᠡᠬᠦ ᠭᠤᠤᠯ ᠰᠡᠲᠤᠪ ᠢ ᠶᠠᠷᠢᠯᠴᠠᠬᠤ ᠪᠠᠷ ᠪᠠᠶᠢᠨ᠎ᠠ᠃ ᠲᠡᠶᠢᠮᠤ ᠪᠤᠯ ᠥᠨᠤᠲᠤᠷ᠂ ᠮᠠᠨ ᠤ ᠯᠢᠤ   ᠰᠠᠯᠠᠭᠠᠨ ᠲᠠᠷᠤᠭ᠎ᠠ ᠶᠢᠨ ᠲᠠᠶᠢᠯᠪᠤᠷᠢᠯᠠᠯ ᠢ ᠬᠥᠰᠡᠵᠤ ᠪᠤᠢ᠃ ᠯᠢᠤ ᠰᠠᠯᠠᠭᠠᠨ ᠲᠠᠷᠤᠭ᠎ᠠ᠂ ᠠᠯᠢ ᠭᠡᠲᠤᠨ ᠪᠠᠶᠢᠭᠤᠯᠭ᠎ᠠ ᠡᠷᠭᠡᠪᠰᠢ ᠠᠵᠢᠯᠲᠠᠨ ᠠᠵᠢᠯᠴᠢᠨ ᠢᠶᠠᠨ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠳᠤ ᠬᠠᠤᠯᠢ ᠶᠤᠰᠤᠭᠠᠷ ᠤᠷᠤᠯᠴᠠᠭᠤᠯᠬᠤ ᠭᠡᠷᠡᠭᠲᠡᠢ ᠪᠤᠢ︖     ︵ᠯᠢᠤ ᠰᠠᠯᠠᠭᠠᠨ ᠲᠠᠷᠤᠭ᠎ᠠ︶  ᠪᠥᠭᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠢᠯᠢ ᠳᠠᠬᠢ ᠠᠵᠤ ᠠᠬᠤᠶᠢᠯᠠᠯ᠂ ᠠᠵᠤ ᠥᠢᠯᠡᠰ ᠤᠨ  ᠨᠢᠭᠡᠴᠡ᠂ ᠨᠡᠶᠢᠭᠡᠮ ᠤᠨ ᠪᠥᠯᠬᠦᠮ᠂ ᠠᠷᠠᠳ ᠤᠨ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ᠂ ᠰᠠᠭᠤᠷᠢ ᠮᠥᠩᠭᠦ ᠶᠢᠨ ᠨᠡᠶᠢᠭᠡᠮᠯᠢᠭ᠂ ᠬᠠᠤᠯᠢᠴᠢ ᠶᠢᠨ ᠬᠡᠷᠡᠭ ᠶᠠᠪᠤᠲᠠᠯ ᠤᠨ ᠭᠠᠵᠠᠷ᠂ ᠨᠢᠭᠲᠠᠯᠠᠨ ᠪᠤᠲᠤᠭᠴᠢ ᠶᠢᠨ ᠭᠡᠷᠡᠭ ᠶᠠᠪᠤᠲᠠᠯ ᠤᠨ ᠭᠠᠵᠠᠷ ᠵᠠᠷᠭᠡ ᠵᠤᠬᠢᠶᠠᠨ ᠪᠠᠶᠢᠭᠤᠯᠤᠯᠲᠠ ᠪᠠ  ᠬᠥᠯᠤᠰᠤᠨ ᠠᠵᠢᠯᠴᠢᠨ ᠲᠠᠢ ᠬᠤᠪᠢ ᠶᠢᠨ ᠥᠢᠯᠡᠳᠪᠤᠷᠢ ᠬᠤᠲᠠᠯᠲᠤᠭ᠎ᠠ ᠶᠢᠨ ᠡᠷᠤᠭᠡ ︵ᠲᠠᠷᠠᠭ᠎ᠠ ᠨᠢ ᠬᠥᠮᠤᠨ ᠭᠡᠷᠡᠭᠯᠡᠬᠦ ᠨᠢᠭᠡᠴᠡ ᠭᠡᠵᠤ ᠲᠠᠭᠤᠲᠠᠨ᠎ᠠ︶ ᠲᠤᠰ ᠲᠥᠷᠢᠮ ᠤᠨ ᠲᠤᠭᠲᠠᠭᠠᠯ ᠶᠤᠰᠤᠭᠠᠷ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠳᠤ ᠤᠷᠤᠯᠴᠠᠭᠤᠯᠪᠠᠯ ᠵᠤᠬᠢᠨ᠎ᠠ᠂ ᠲᠤᠰ ᠨᠢᠭᠡᠴᠡ ᠶᠢᠨ ᠪᠥᠬᠦ ᠠᠵᠢᠯᠲᠠᠠ ᠠᠵᠢᠯᠴᠢᠨ ᠡᠰᠡᠬᠦᠯ᠎ᠠ ᠬᠥᠯᠤᠰᠤᠨ ᠠᠵᠢᠯᠴᠢᠨ ︵ᠲᠠᠷᠠᠭ᠎ᠠ ᠨᠢ ᠠᠵᠢᠯᠲᠠᠨ ᠠᠵᠢᠯᠴᠢᠨ ᠭᠡᠵᠤ ᠲᠠᠭᠤᠲᠠᠨ᠎ᠠ︶ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠰᠥᠢᠳᠭᠡᠯ ᠲᠤᠰᠢᠶᠠᠨ᠎ᠠ᠃  ᠪᠥᠬᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠢᠯᠢ ᠳᠠᠬᠢ ᠠᠵᠤ ᠠᠬᠤᠶᠢᠯᠠᠯ᠂ ᠠᠵᠤ ᠥᠢᠯᠡᠰ ᠤᠨ ᠨᠢᠭᠡᠴᠡ᠂ ᠨᠠᠶᠢᠭᠡᠮ ᠤᠨ ᠪᠥᠯᠬᠦᠮ᠂ ᠠᠷᠠᠳ ᠤᠨ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ᠂ ᠰᠠᠭᠤᠷᠢ ᠮᠥᠩᠬᠦ ᠶᠢᠨ ᠨᠡᠶᠢᠭᠡᠮᠯᠢᠭ᠂ ᠬᠠᠤᠯᠢᠴᠢ ᠶᠢᠨ ᠭᠡᠷᠡᠭ ᠶᠠᠪᠤᠲᠠᠯ ᠤᠨ ᠭᠠᠵᠠᠷ᠂ ᠨᠢᠭᠲᠠᠯᠠᠨ ᠪᠤᠲᠤᠭᠴᠢ ᠶᠢᠨ ᠭᠡᠷᠡᠭ ᠶᠠᠪᠤᠲᠠᠯ ᠤᠨ ᠭᠠᠵᠠᠷ ᠵᠡᠷᠭᠡ ᠶᠢᠨ ᠵᠤᠬᠢᠶᠠᠨ ᠪᠠᠶᠢᠭᠤᠯᠤᠭᠰᠠ ᠠᠵᠢᠯᠲᠠᠨ ᠠᠵᠢᠯᠴᠢᠨ ᠪᠠ ᠬᠤᠪᠢ ᠶᠢᠨ ᠥᠢᠯᠡᠳᠪᠤᠷᠢ ᠬᠤᠲᠠᠯᠲᠤᠭ᠎ᠠ ᠶᠢᠨ ᠡᠷᠤᠭᠡ ᠶᠢᠨ  ᠬᠥᠯᠤᠰᠤᠨ ᠠᠵᠢᠯᠴᠢᠨ ᠪᠥᠷ ᠲᠤᠰ ᠲᠥᠷᠢᠮ ᠤᠨ ᠲᠤᠭᠲᠠᠭᠠᠯ ᠶᠤᠰᠤᠭᠠᠷ  ᠠᠵᠢᠯ ᠠᠴᠠ ᠪᠤᠯᠤᠭᠰᠠᠨ  ᠭᠡᠮᠲᠤᠯ ᠤᠨ ᠲᠠᠭᠠᠳᠬᠠᠯ ᠤᠨ ᠬᠠᠷᠠᠭᠠᠯᠵᠠᠯ ᠤᠨ ᠡᠷᠭᠡ ᠶᠢ ᠬᠥᠷᠲᠡᠨ᠎ᠠ᠃      ︵ᠬᠥᠲᠥᠯᠥᠭᠴᠢ︶ ᠠᠵᠢᠯ ᠠᠴᠠ ᠪᠤᠯᠤᠭᠰᠠᠨ ᠭᠡᠮᠲᠤᠯ ᠳᠤ ᠬᠥᠮᠤᠨ ᠭᠡᠷᠡᠭᠯᠡᠬᠦ ᠨᠢᠭᠡᠴᠡ ᠡᠷᠭᠡᠪᠰᠢ ᠠᠯᠢ ᠲᠠᠯ᠎ᠠ ᠶᠢᠨ ᠬᠠᠷᠢᠭᠤᠴᠠᠯᠭ᠎ᠠ ᠶᠢ ᠡᠬᠦᠷᠭᠡᠯᠡᠬᠦ ᠪᠤᠢ︖     ︵ᠯᠢᠤ  ᠰᠠᠯᠠᠭᠠᠨ ᠲᠠᠷᠤᠭ᠎ᠠ︶ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠲᠥᠷᠢᠮ ᠤᠨ ᠬᠡᠷᠡᠭᠵᠢᠬᠦᠯᠵᠥ ᠪᠠᠶᠢᠭ᠎ᠠ ᠨᠢ ᠬᠥᠯᠤᠰᠥᠯᠡᠭᠴᠢ ᠶᠢᠨ ᠬᠠᠷᠢᠭᠤᠴᠠᠯᠭ᠎ᠠ ᠶᠢᠨ ᠵᠠᠷᠴᠢᠮ ᠪᠤᠯᠤᠨ᠎ᠠ᠃ ᠬᠥᠮᠤᠨ ᠬᠡᠷᠡᠭᠯᠡᠬᠦ ᠨᠢᠭᠡᠴᠡ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠲᠥᠷᠢᠮ ᠳᠤ ᠭᠤᠤᠯ ᠪᠠᠶᠢᠷᠢ ᠰᠠᠭᠤᠷᠢ ᠲᠠᠢ ᠪᠠᠶᠢᠲᠠᠭ᠃ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠠᠵᠢᠯ ᠤᠨ ᠰᠠᠶᠢᠨ ᠡᠰᠡᠬᠦᠯ᠎ᠠ ᠮᠠᠭᠤ ᠪᠤᠯᠬᠤ ᠨᠢ ᠤᠯᠠᠩᠬᠢ ᠳᠠᠭᠠᠨ ᠬᠥᠮᠤᠨ ᠭᠡᠷᠡᠭᠯᠡᠬᠦ ᠨᠢᠭᠡᠴᠡ ᠶᠢᠨ ᠢᠯᠡᠷᠡᠯ ᠢᠶᠠᠷ ᠲᠤᠭᠲᠠᠭᠠᠭᠲᠠᠨ᠎ᠠ᠃ ᠬᠥᠮᠤᠨ ᠬᠡᠷᠡᠭᠯᠡᠬᠦ ᠨᠢᠭᠡᠴᠡ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠲᠤᠮᠲᠠ ᠭᠤᠤᠯ ᠨᠢ ᠲᠠᠷᠠᠭᠠᠬᠢ ᠬᠠᠷᠢᠭᠤᠴᠠᠯᠭ᠎ᠠ ᠶᠢ ᠡᠬᠦᠷᠭᠡᠯᠡᠨ᠎ᠡ᠄ ︵ᠨᠢᠭᠡ  ︶ ᠲᠤᠭᠲᠠᠭᠠᠯ ᠶᠤᠰᠤᠭᠠᠷ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠳᠤ ᠤᠷᠤᠯᠴᠠᠨ ᠬᠠᠮᠲᠤ  ᠳᠤᠨᠢ ᠲᠠᠭᠠᠳᠬᠠᠯ ᠳᠤ ᠤᠷᠤᠯᠴᠠᠭᠰᠠᠨ ᠪᠠᠶᠢᠲᠠᠯ ᠢᠶᠠᠨ ᠨᠢᠭᠡᠴᠡ ᠶᠢᠨ ᠲᠤᠲᠤᠷ᠎ᠠ ᠵᠠᠷᠯᠠᠨ ᠨᠠᠶᠢᠲᠠᠯᠠᠨ᠎ᠠ︔ ︵ᠬᠤᠶᠠᠷ︶ ᠠᠶᠤᠯᠬᠦᠢ ᠥᠢᠯᠡᠳᠪᠤᠷᠢᠯᠠᠯ ᠪᠠ ᠲᠤᠬᠠᠶᠢᠯᠠᠭᠰᠠᠨ ᠠᠵᠢᠯ ᠤᠨ ᠠᠮᠤᠷ ᠲᠥᠪᠰᠢᠨ ᠤ ᠡᠷᠡᠬᠦᠯ ᠬᠠᠮᠠᠭᠠᠯᠠᠯ ᠤᠨ ᠠᠷᠭ᠎ᠠ ᠪᠠᠷᠢᠯ ᠢ ᠨᠠᠶᠢᠲᠠᠪᠤᠷᠢᠵᠢᠭᠤᠯᠵᠤ᠂ ᠠᠵᠢᠯ ᠠᠴᠠ ᠪᠤᠯᠤᠭᠰᠠᠨ ᠭᠡᠮᠲᠥᠯ ᠤᠨ ᠰᠡᠷᠭᠡᠶᠢᠯᠡᠯᠲᠡ ᠶᠢ ᠰᠠᠶᠢᠲᠤᠷ ᠬᠢᠬᠦ ᠭᠡᠷᠡᠭᠲᠡᠢ︔ ︵ᠭᠤᠷᠪᠠ︶ ᠠᠵᠢᠯ ᠠᠴᠠ ᠪᠤᠯᠤᠭᠰᠠᠨ ᠭᠡᠮᠲᠤᠯ ᠤᠨ ᠠᠵᠢᠯᠲᠠᠨ ᠠᠵᠢᠯᠴᠢᠨ ᠢ ᠴᠠᠭ ᠲᠤᠬᠠᠢ ᠳᠤᠨᠢ ᠠᠪᠤᠷᠠᠨ ᠡᠮᠨᠡᠨ᠎ᠡ᠃      ︵ᠬᠥᠲᠤᠯᠥᠭᠴᠢ︶ ᠠᠵᠢᠯ ᠠᠴᠠ ᠪᠤᠯᠤᠭᠰᠠᠨ ᠭᠡᠮᠲᠤᠯ ᠳᠤ ᠤᠷᠤᠯᠴᠠᠬᠤ ᠳᠤ ᠠᠵᠢᠯᠲᠠᠨ ᠠᠵᠢᠯᠴᠢᠨ ᠬᠤᠪᠢ ᠬᠥᠮᠤᠨ ᠰᠥᠢᠳᠭᠡᠯ ᠲᠤᠰᠢᠶᠠᠬᠤ ᠭᠡᠷᠡᠭᠲᠡᠢ ᠦᠦ     ︵ᠯᠢᠤ  ᠰᠠᠯᠠᠭᠠᠨ ᠲᠠᠷᠤᠭ᠎ᠠ︶︽ᠪᠥᠬᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠨᠠᠶᠢᠭᠡᠮ ᠤᠨ ᠲᠠᠭᠠᠳᠬᠠᠯ ᠤᠨ ᠬᠠᠤᠯᠢ︾ ᠶᠢᠨ ᠭᠤᠴᠢᠨ ᠭᠤᠷᠪᠠᠲᠤᠭᠠᠷ ᠵᠤᠷᠪᠤᠰ︽ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠲᠥᠷᠢᠮ︾ ᠤᠨ ᠠᠷᠪᠠᠲᠤᠭᠠᠷ ᠲᠤᠭᠲᠠᠭᠠᠯ ᠢ ᠥᠨᠲᠤᠰᠥᠯᠡᠪᠡᠯ᠂ ᠠᠵᠢᠯᠲᠠᠨ ᠠᠵᠢᠯᠴᠢᠨ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠳᠤ ᠤᠷᠤᠯᠴᠠᠬᠤ ᠠᠯᠢᠪᠠ ᠰᠥᠢᠳᠭᠡᠯ ᠢ ᠬᠥᠮᠤᠨ ᠬᠡᠷᠡᠭᠯᠡᠬᠦ ᠨᠢᠭᠡᠴᠡ ᠠᠴᠠ ᠲᠤᠰᠢᠶᠠᠵᠤ᠂ ᠠᠵᠢᠯᠲᠠᠨ ᠠᠵᠢᠯᠴᠢᠨ ᠬᠤᠪᠢ ᠬᠥᠮᠤᠨ ᠲᠤᠰᠢᠶᠠᠬᠤ ᠥᠭᠡᠢ᠂ ᠬᠡᠷᠪᠡ ᠵᠠᠷᠢᠮ ᠠᠵᠢᠯᠲᠠᠨ ᠠᠵᠢᠯᠴᠢᠨ ᠪᠥᠬᠦᠯᠢ ᠡᠲᠤᠷ ᠢᠶᠠᠷ ᠠᠵᠢᠯᠯᠠᠬᠤ   ᠪᠢᠰᠢ᠂ ᠬᠠᠮᠲᠤ ᠳᠤᠨᠢ ᠬᠤᠶᠠᠷ ᠪᠤᠶᠤ ᠬᠤᠶᠠᠷ ᠠᠴᠠ ᠲᠡᠭᠡᠭᠰᠢ ᠬᠥᠮᠤᠨ ᠭᠡᠷᠡᠭᠯᠡᠬᠦ ᠨᠢᠭᠡᠴᠡ ᠳᠤ ᠠᠵᠢᠯᠯᠠᠵᠤ ᠪᠠᠶᠢᠪᠠᠯ᠂ ᠲᠠᠬᠦᠨ ᠤ ᠠᠵᠢᠯᠯᠠᠵᠤ ᠪᠠᠶᠢᠭ᠎ᠠ ᠡᠯ᠎ᠡ ᠨᠢᠭᠡᠴᠨ ᠪᠥᠷ ᠪᠥᠷᠢ ᠠᠵᠢᠯᠳᠡᠨ ᠠᠵᠢᠯᠴᠢᠨ ᠤ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠰᠥᠢᠳᠭᠡᠯ ᠢ ᠲᠤᠰᠢᠶᠠᠨ᠎ᠠ᠃ ᠭᠡᠷᠪᠡ ᠡᠶᠢᠮᠤᠷᠬᠦ ᠠᠵᠢᠯᠲᠠᠨ ᠠᠵᠢᠯᠴᠢᠨ ᠠᠵᠢᠯ ᠠᠴᠠ ᠪᠤᠯᠤᠭᠰᠠᠨ ᠭᠡᠮᠲᠤᠯ ᠲᠤᠯᠭᠠᠷᠠᠪᠠᠯ᠂ ᠲᠠᠬᠦᠨ ᠤ ᠶᠠᠭ ᠠᠵᠢᠯᠯᠠᠵᠤ ᠪᠠᠶᠢᠭᠰᠠᠨ ᠭᠡᠮᠲᠤᠯ ᠭᠠᠷᠤᠭᠰᠠ ᠨᠢᠭᠡᠴᠨ ᠠᠴᠠ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠬᠠᠷᠢᠭᠤᠴᠠᠯᠭ᠎ᠠ ᠶᠢ ᠬᠠᠷᠢᠭᠤᠴᠠᠨ᠎ᠠ᠃      ︵ᠬᠥᠲᠤᠯᠥᠭᠴᠢ︶ ᠪᠠᠷᠢᠯᠭ᠎ᠠ ᠶᠢᠨ ᠥᠢᠯᠡᠰ ᠵᠡᠷᠭᠡ ᠰᠢᠯᠵᠢᠯᠲᠡ ᠶᠢᠨ ᠴᠢᠨᠠᠷ ᠶᠡᠭᠡ ᠨᠢᠭᠡᠴᠨ ᠶᠢᠨ ᠠᠵᠢᠯᠲᠠᠠ ᠠᠵᠢᠯᠴᠢᠨ ᠶᠠᠭᠠᠬᠢᠵᠤ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠳᠤ ᠤᠷᠤᠯᠴᠠᠬᠤ ᠪᠤᠢ︖      ︵ ᠯᠢᠤ  ᠰᠠᠯᠠᠭᠠᠨ ᠲᠠᠷᠤᠭ᠎ᠠ︶ ᠤᠯᠤᠰ ᠤᠨ ᠬᠠᠤᠯᠢ ᠴᠠᠭᠠᠵᠠ ᠬᠠᠤᠯᠢ ᠲᠤᠭᠲᠠᠭᠠᠯ ᠢ ᠥᠨᠲᠤᠰᠤᠯᠡᠨ᠂ ᠪᠠᠷᠢᠯᠭ᠎ᠠ ᠶᠢᠨ ᠥᠢᠯᠡᠰ ᠮᠡᠲᠤ ᠶᠢᠨ ᠬᠥᠯᠥᠰᠤᠨ ᠲᠠᠷᠢᠶᠠᠴᠢᠨ ᠤᠯᠠᠨ᠂ ᠠᠵᠢᠯᠲᠠᠨ ᠠᠵᠢᠯᠴᠢᠨ ᠤ ᠰᠢᠯᠵᠢᠯᠲᠠ ᠶᠢᠨ ᠴᠢᠨᠠᠷ ᠶᠡᠭᠡ ᠠᠵᠤ ᠠᠬᠤᠶᠢᠯᠠᠯ᠂ ᠠᠵᠢᠯᠲᠠᠠ ᠠᠵᠢᠯᠴᠢᠨ ᠠᠵᠢᠯ ᠠᠴᠠ ᠪᠤᠯᠤᠭᠰᠠᠨ ᠭᠡᠮᠲᠤᠯ ᠤᠨ ᠡᠷᠭᠡ ᠪᠠᠨ ᠬᠠᠮᠠᠭᠠᠯᠠᠬᠤ ᠴᠢᠲᠠᠪᠤᠷᠢ ᠠᠨᠠᠢ᠂ ᠠᠵᠢᠯ ᠠᠴᠠ ᠪᠤᠯᠤᠭᠰᠠᠨ ᠭᠡᠮᠲᠤᠯ ᠤᠨ ᠬᠠᠷᠠᠭᠠᠯᠵᠠᠯ ᠢ ᠨᠠᠶᠢᠲᠠᠪᠤᠷᠢᠵᠢᠭᠤᠯᠬᠤ ᠳᠤ ᠬᠥᠴᠢᠷ ᠵᠠᠷᠭᠡ ᠠᠰᠠᠭᠤᠲᠠᠯ ᠠᠴᠠ ᠪᠤᠯᠵᠤ᠂ ᠤᠯᠤᠰ ᠠᠴᠠ ᠬᠥᠮᠤᠨ ᠭᠡᠷᠡᠭᠯᠡᠬᠦ ᠨᠢᠭᠡᠴᠨ ᠶᠢ ᠱᠠᠭᠠᠷᠲᠠᠨ ᠠᠵᠢᠯᠲᠠᠠ ᠠᠵᠢᠯᠴᠢᠨ ᠨᠢᠭᠡᠪᠤᠷᠢ ᠶᠢᠨ ᠠᠵᠢᠯ ᠠᠴᠠ ᠪᠤᠯᠤᠭᠰᠠᠨ ᠭᠡᠮᠲᠥᠯ ᠤᠨ ᠲᠠᠭᠠᠳᠬᠠᠯ ᠳᠤ ᠤᠷᠤᠯᠴᠠᠭᠤᠯᠬᠤ ᠡᠭᠦᠷᠭᠡ ᠶᠢ ᠬᠠᠷᠢᠴᠠᠭᠤᠯᠤᠨ᠎ᠠ᠃ ᠪᠠᠷᠢᠯᠭ᠎ᠠ ᠶᠢᠨ ᠠᠵᠢᠯ ᠲᠥᠷᠤᠯ ᠤᠨ ᠤᠨᠴᠠᠯᠢᠭ ᠲᠤ ᠨᠠᠶᠢᠴᠡᠭᠦᠯᠤᠨ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠵᠢᠯᠲᠠᠠ ᠠᠵᠢᠯᠴᠢᠨ ᠬᠠᠷᠢᠴᠠᠩᠭᠤᠢ ᠲᠤᠭᠲᠠᠭᠤᠨ᠂ ᠬᠥᠮᠤᠨ ᠭᠡᠷᠡᠭᠯᠡᠬᠦ ᠨᠢᠭᠡᠴᠡ ᠶᠢᠨ ᠶᠤᠰᠤᠭᠠᠷ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠳᠤ ᠤᠷᠤᠯᠴᠠᠪᠠᠯ ᠵᠤᠬᠢᠨ᠎ᠠ︔ ᠬᠥᠮᠤᠨ ᠬᠡᠷᠡᠭᠯᠡᠬᠦ ᠨᠢᠭᠡᠴᠡ ᠶᠢᠨ ᠶᠤᠰᠤᠭᠠᠷ ᠲᠠᠭᠠᠳᠬᠠᠯ ᠳᠤ ᠤᠷᠤᠯᠴᠠᠵᠤ ᠲᠡᠶᠢᠯᠬᠦ ᠥᠭᠡᠢ᠂ ᠪᠠᠷᠢᠯᠭ᠎ᠠ ᠶᠢᠨ ᠲᠥᠷᠤᠯ ᠵᠥᠢᠯ ᠳᠤ ᠬᠡᠷᠡᠭᠯᠡᠵᠦ ᠪᠠᠶᠢᠭ᠎ᠠ ᠪᠠᠷᠢᠯᠭ᠎ᠠ ᠶᠢᠨ ᠥᠢᠯᠡᠰ ᠤᠨ ᠠᠵᠢᠯᠲᠠᠨ ᠠᠵᠢᠯᠴᠢᠨ ᠤᠨᠴᠠᠭᠠᠶᠢᠯᠠᠨ  ᠬᠥᠯᠥᠰᠤᠨ ᠲᠠᠷᠢᠶᠠᠴᠢᠨ᠂ ᠲᠥᠷᠤᠯ ᠵᠥᠢᠯ ᠤᠨ ᠶᠤᠰᠤᠭᠠᠷ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠳᠤ ᠤᠷᠤᠯᠴᠠᠨ᠎ᠠ᠃ ᠬᠥᠮᠤᠨ ᠭᠡᠷᠡᠭᠯᠡᠬᠦ ᠨᠢᠭᠡᠴᠡ ᠶᠢᠨ ᠤᠷᠤᠯᠴᠠᠭᠰᠠᠨ ᠲᠠᠭᠠᠳᠬᠠᠯ ᠤᠨ ᠶᠤᠰᠤᠭᠠᠷ ᠪᠠᠷᠢᠯᠭ᠎ᠠ ᠪᠠᠷᠢᠬᠤ ᠠᠵᠤ ᠠᠬᠤᠶᠢᠯᠠᠯ ᠴᠠᠯᠢᠩ ᠤᠨ ᠶᠡᠷᠥᠩᠭᠡᠢ ᠲᠤᠭ᠎ᠠ ᠪᠠᠷ ᠰᠠᠭᠤᠷᠢ ᠲᠤᠭ᠎ᠠ ᠪᠤᠯᠭᠠᠨ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠰᠥᠢᠳᠭᠡᠯ ᠢ ᠬᠠᠤᠯᠢ ᠶᠤᠰᠤᠭᠠᠷ ᠲᠤᠰᠢᠶᠠᠪᠠᠯ ᠵᠤᠬᠢᠨ᠎ᠠ᠃ ᠪᠠᠶᠢᠭᠤᠯᠤᠯᠲᠠ ᠶᠢᠨ ᠲᠥᠷᠤᠯ ᠵᠥᠢᠯ ᠢᠶᠠᠷ ᠨᠢᠭᠡᠴᠢ ᠪᠤᠯᠭᠠᠨ ᠲᠠᠭᠠᠳᠬᠠᠯ ᠳᠤ ᠤᠷᠤᠯᠴᠠᠭᠰᠠᠨ ᠢ᠂ ᠲᠥᠷᠤᠯ ᠵᠥᠢᠯ ᠤᠨ ᠪᠠᠷᠢᠯᠭ᠎ᠠ ᠶᠢᠨ ᠶᠠᠷᠤᠩᠭᠡᠢ ᠥᠢᠯᠡᠲᠤᠭ᠍ᠰᠡᠡ ᠥᠨ᠎ᠠ ᠶᠢᠨ ᠲᠤᠭᠲᠠᠭᠰᠠᠨ ᠬᠠᠷᠢᠴᠠᠯ ᠢᠶᠠᠷ ᠪᠤᠲᠤᠵᠤ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠰᠥᠢᠳᠭᠡᠯ ᠢ ᠲᠤᠰᠢᠶᠠᠵᠤ ᠪᠤᠯᠤᠨ᠎ᠠ᠃ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠳᠤ ᠤᠷᠤᠯᠴᠠᠭᠰᠠᠨ ᠭᠡᠷᠡᠴᠢᠯᠡᠯᠲᠠ ᠢᠶᠠᠨ ᠲᠤᠰᠢᠶᠠᠭᠠᠲᠤᠢ ᠪᠠᠷᠢᠯᠭ᠎ᠠ ᠶᠢᠨ ᠲᠥᠷᠤᠯ ᠵᠥᠢᠯ ᠢ ᠠᠶᠤᠯᠬᠦᠢ ᠥᠢᠯᠡᠳᠪᠤᠷᠢᠯᠠᠯ ᠤᠨ ᠠᠷᠭ᠎ᠠ ᠬᠡᠮᠵᠢᠶ᠎ᠠ ᠶᠢ ᠨᠠᠶᠢᠲᠠᠪᠤᠷᠢᠵᠢᠭᠤᠯᠤᠭᠰᠠᠨ ᠨᠢ ᠬᠥᠢᠴᠡᠳ ᠥᠭᠡᠢ ᠪᠠᠷ ᠥᠵᠡᠵᠤ᠂ ᠤᠷᠤᠨ ᠰᠠᠭᠤᠴᠨ ᠪᠠ ᠬᠤᠲᠠ ᠬᠥᠲᠡᠭᠡ ᠶᠢᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠪᠠᠷᠢᠯᠭ᠎ᠠ ᠪᠠᠷᠢᠬᠤ ᠵᠥᠪᠰᠢᠶᠡᠷᠡᠯ ᠤᠨ ᠥᠨᠡᠮᠯᠡᠯ ᠢ ᠬᠢᠨᠠᠨ ᠲᠤᠭᠲᠠᠭᠠᠵᠤ ᠲᠠᠷᠬᠠᠭᠠᠨ᠎ᠠ᠃       ︵ᠬᠥᠲᠤᠯᠥᠭᠴᠢ︶ ᠨᠢᠭᠡᠴᠡ ᠪᠤᠶᠤ ᠬᠤᠪᠢ ᠬᠥᠮᠤᠨ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠬᠠᠷᠠᠭᠠᠯᠵᠠᠯ ᠢ ᠮᠡᠬᠡᠯᠡᠨ ᠠᠪᠤᠪᠠᠯ ᠶᠠᠮᠠᠷ ᠰᠢᠳᠭᠡᠯ ᠬᠥᠷᠲᠡᠬᠦ ᠪᠢᠯᠡ︖      ︵ ᠯᠢᠤ  ᠰᠠᠯᠠᠭᠠᠨ ᠲᠠᠷᠤᠭ᠎ᠠ︶ ᠬᠥᠮᠤᠨ ᠭᠡᠷᠡᠭᠯᠡᠬᠦ ᠨᠢᠭᠡᠴᠨ᠂ ᠠᠵᠢᠯ ᠠᠴᠠ ᠪᠤᠯᠤᠭᠰᠠᠨ ᠭᠡᠮᠲᠤᠯ ᠤᠨ ᠠᠵᠢᠯᠲᠠᠨ ᠠᠵᠢᠯᠴᠢᠨ ᠡᠰᠡᠬᠦᠯ᠎ᠠ ᠲᠡᠭᠦᠨ ᠤ ᠲᠥᠷᠤᠯ ᠰᠠᠲᠤᠨ ᠬᠠᠭᠤᠷᠮᠠᠭ ᠮᠠᠲ᠋ᠧᠷᠢᠶᠠᠯ ᠪᠤᠶᠤ ᠭᠡᠷᠡᠴᠢᠯᠠᠯᠲᠠ  ᠬᠠᠩᠭᠠᠵᠤ᠂ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠬᠠᠷᠠᠭᠠᠯᠵᠠᠯ ᠂ ᠡᠮ ᠡᠮᠨᠡᠯᠭᠡ ᠶᠢᠨ ᠪᠠᠶᠢᠭᠤᠯᠤᠮᠵᠢ᠂ ᠬᠠᠪᠰᠤᠷᠤᠯᠭ᠎ᠠ ᠶᠢᠨ ᠪᠠᠭᠠᠵᠢ ᠭᠡᠷᠡᠭᠰᠡᠯ ᠲᠤᠬᠢᠷᠠᠭᠤᠯᠬᠤ  ᠪᠠᠶᠢᠭᠤᠯᠤᠮᠵᠢ ᠤᠨ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠰᠠᠭᠤᠷᠢ ᠮᠥᠩᠭᠦ ᠶᠢ ᠮᠡᠭᠡᠯᠡᠨ ᠵᠠᠷᠤᠪᠠᠯ ᠵᠠᠰᠠᠭ ᠤᠨ ᠤᠷᠲᠤᠨ ᠤ ᠨᠡᠶᠢᠭᠡᠮ ᠤᠨ ᠲᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠠᠯᠪᠠᠲᠠᠨ ᠪᠤᠴᠠᠭᠠᠯᠭᠠᠨ᠎ᠠ᠂ ᠬᠠᠮᠲᠤ ᠳᠤᠨᠢ ᠮᠡᠭᠡᠯᠡᠨ ᠠᠪᠤᠭᠰᠠ ᠵᠤᠭᠤᠰ ᠤᠨ ᠲᠤᠭ᠎ᠠ ᠶᠢᠨ 2 ᠲᠠᠬᠢᠨ ᠠᠴᠠ ᠲᠡᠭᠡᠭᠰᠢ 5 ᠲᠠᠬᠢᠨ ᠠᠴᠠ ᠲᠤᠷᠤᠭᠰᠢ ᠵᠤᠭᠤᠰ ᠢᠶᠠᠷ  ᠲᠤᠷᠭᠠᠨ᠎ᠠ᠃ ᠪᠠᠶᠢᠲᠠᠯ ᠬᠥᠨᠲᠤ ᠰᠥᠷᠡᠭᠡᠢ᠂ ᠬᠠᠤᠯᠢ ᠶᠢ ᠵᠥᠷᠢᠴᠡᠬᠦ ᠭᠡᠮᠵᠢᠶᠠᠨ ᠳᠤ ᠲᠤᠯᠪᠠᠯ᠂ ᠬᠠᠤᠯᠢ  ᠴᠠᠭᠠᠵᠠ ᠶᠢᠨ ᠪᠠᠶᠢᠭᠤᠯᠭ᠎ᠠ ᠬᠠᠤᠯᠢ ᠶᠤᠰᠤᠭᠠᠷ ᠡᠷᠡᠬᠦᠤ ᠶᠢᠨ ᠶᠠᠯ᠎ᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ︵ᠬᠥᠲᠤᠯᠥᠭᠴᠢ︶ ᠠᠵᠢᠯ ᠠᠴᠠ ᠪᠤᠯᠤᠭᠰᠠᠨ ᠭᠡᠮᠲᠤᠯ ᠤᠨ ᠠᠵᠢᠯᠲᠠᠠ ᠠᠵᠢᠯᠴᠢᠨ ᠶᠠᠮᠠᠷ ᠬᠡᠯᠪᠡᠷᠢ ᠪᠠᠷ ᠲᠠᠮᠵᠢᠨ ᠡᠷᠭᠡ ᠪᠠᠨ ᠬᠠᠮᠠᠭᠠᠯᠠᠬᠤ ᠪᠤᠢ︖ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠰᠠᠯᠠᠭ᠎ᠠ ᠮᠥᠴᠢᠷ ᠲᠠᠢ ᠬᠡᠷᠬᠢᠨ ᠬᠠᠷᠢᠯᠴᠠᠵᠤ ᠯᠠᠪᠯᠠᠯᠲᠠ ᠬᠢᠭᠦ  ᠪᠤᠶᠤ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠠᠰᠠᠭᠤᠲᠠᠯ ᠢ ᠰᠢᠢᠳᠪᠤᠷᠢᠯᠡᠬᠦ ᠪᠤᠢ︖        ︵ ᠯᠢᠤ  ᠰᠠᠯᠠᠭᠠᠨ ᠲᠠᠷᠤᠭ᠎ᠠ︶ ︵ᠨᠢᠭᠡ︶ ᠬᠥᠲᠡᠯᠮᠤᠷᠢ ᠶᠢᠨ ᠬᠥᠨᠲᠡᠯᠡᠨ ᠲᠠᠰᠤᠯᠤᠯᠲᠠ᠃︽ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠲᠥᠷᠢᠮ︾ ᠤᠨ ᠲᠤᠭᠲᠠᠭᠠᠯ ᠢ ᠥᠨᠲᠤᠰᠤᠯᠡᠨ᠂  ᠠᠵᠢᠯᠲᠠᠠ ᠠᠵᠢᠯᠴᠢᠨ ᠪᠠ ᠬᠥᠮᠤᠨ ᠭᠡᠷᠡᠭᠯᠡᠬᠦ ᠨᠢᠭᠡᠴᠡ ᠠᠵᠢᠯ ᠠᠴᠠ ᠪᠤᠯᠤᠭᠰᠠᠨ ᠭᠡᠮᠲᠤᠯ ᠤᠨ ᠬᠠᠷᠠᠭᠠᠯᠵᠠᠯ ᠤᠨ ᠲᠠᠯ᠎ᠠ ᠶᠢᠨ ᠮᠠᠷᠭᠤᠯᠲᠤᠭᠠᠨ ᠭᠠᠷᠪᠠᠯ᠂ ᠬᠥᠲᠡᠯᠮᠤᠷᠢ ᠶᠢᠨ ᠮᠠᠷᠭᠤᠯᠲᠤᠭᠠᠨ ᠢ ᠰᠢᠢᠳᠪᠤᠷᠢᠯᠡᠬᠦ ᠬᠤᠯᠪᠤᠭᠲᠠᠯ ᠪᠥᠬᠦᠢ ᠲᠤᠭᠲᠠᠭᠠᠯ ᠢᠶᠠᠷ ᠰᠢᠢᠳᠪᠥᠷᠢᠯᠡᠨ᠎ᠡ᠃ ︵ᠬᠤᠶᠠᠷ︶ ᠵᠠᠰᠠᠭ ᠵᠠᠬᠢᠷᠭᠠᠨ ᠤ ᠲᠠᠬᠢᠨ ᠵᠥᠪᠯᠡᠯᠭᠡ᠃︽ᠪᠥᠬᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠵᠠᠰᠠᠭ ᠵᠠᠬᠢᠷᠭᠠᠨ ᠤ ᠲᠠᠬᠢᠨ ᠵᠥᠪᠯᠡᠬᠦ ᠬᠠᠤᠯᠢ︾ ᠶᠢᠨ ᠲᠤᠭᠲᠠᠭᠠᠯ ᠢ ᠥᠨᠲᠤᠰᠤᠯᠡᠨ᠂ ᠬᠥᠯᠢᠶᠠᠨ ᠠᠪᠤᠭᠰᠠᠨ ᠰᠢᠢᠳᠪᠤᠷᠢ ᠪᠤᠶᠤ ᠲᠤᠲᠤᠯᠠᠠᠭᠰᠠᠨ ᠰᠢᠢᠳᠪᠤᠷᠢ ᠶᠢ ᠵᠥᠪᠰᠢᠶᠡᠷᠡᠬᠦ ᠥᠭᠡᠢ ᠪᠤᠯ ᠰᠢᠢᠳᠪᠤᠷᠢ ᠶᠢᠨ ᠪᠢᠴᠢᠭ ᠢ ᠬᠤᠷᠢᠶᠠᠨ ᠤᠯᠤᠭᠰᠠᠨ ᠲᠤᠰ ᠡᠲᠤᠷ ᠠᠴᠠ ᠡᠬᠢᠯᠡᠡ 60 ᠡᠲᠤᠷ ᠤᠨ ᠲᠤᠲᠤᠷ᠎ᠠ ᠲᠡᠭᠡᠲᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠲᠠᠬᠢᠨ ᠵᠥᠪᠯᠡᠬᠦ ᠶᠢ ᠲᠤᠷᠠᠲᠤᠨ᠎ᠠ᠃ ︵ᠭᠤᠷᠪᠠ︶ ᠵᠠᠰᠠᠭ ᠵᠠᠬᠢᠷᠭᠠᠨ ᠤ ᠵᠠᠷᠭᠤᠯᠲᠤᠭᠠᠨ᠃︽ᠪᠥᠬᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤᠯᠲᠤᠭᠠᠨ︾ ᠤ ᠲᠤᠭᠲᠠᠭᠠᠯ ᠢ ᠥᠨᠲᠤᠰᠤᠯᠡᠨ᠂ ᠬᠥᠯᠢᠶᠠᠨ ᠠᠪᠤᠭᠰᠠ ᠰᠢᠢᠳᠪᠤᠷᠢ ᠪᠤᠶᠤ ᠲᠤᠭᠲᠠᠭᠠᠭᠰᠠᠨ ᠰᠢᠢᠳᠪᠤᠷᠢ ᠶᠢ ᠵᠥᠪᠰᠢᠶᠡᠷᠡᠬᠦ ᠥᠭᠡᠢ ᠪᠤᠯ ᠰᠢᠢᠳᠪᠤᠷᠢ ᠶᠢᠨ ᠪᠢᠴᠢᠭ ᠢ ᠬᠤᠷᠢᠶᠠᠨ ᠤᠯᠤᠭᠰᠠᠨ ᠡᠲᠤᠷ ᠠᠴᠠ ᠡᠬᠢᠯᠠᠨ 6 ᠰᠠᠷ᠎ᠠ ᠶᠢᠨ ᠲᠤᠲᠤᠷ᠎ᠠ ᠠᠷᠠᠳ ‍ᠤᠨ‌‍ᠰᠢᠬᠦᠬᠦ ᠬᠤᠷᠢᠶ᠎ᠠ ᠳᠤ ᠵᠠᠰᠠᠭ ᠵᠠᠬᠢᠷᠭᠠᠨ ᠤ ᠵᠠᠷᠭᠤ ᠬᠢᠨ᠎ᠡ᠃ ᠠᠵᠢᠯ ᠠᠴᠠ ᠪᠤᠯᠤᠭᠰᠠᠨ ᠭᠡᠮᠲᠤᠯ ᠤᠨ ᠵᠠᠰᠠᠭ ᠵᠠᠬᠢᠷᠭᠠᠨ ᠤ ᠲᠠᠬᠢᠨ ᠵᠥᠪᠯᠡᠭᠰᠡᠨ ᠰᠢᠢᠳᠪᠤᠷᠢ ᠶᠢ ᠵᠥᠪᠰᠢᠶᠡᠷᠡᠬᠦ ᠥᠭᠡᠢ ᠪᠤᠯ ᠵᠠᠷᠭᠤᠯᠲᠤᠭᠠᠨ ᠤ ᠰᠢᠢᠳᠪᠤᠷᠢ ᠶᠢ ᠬᠤᠷᠢᠶᠠᠨ ᠤᠯᠤᠭᠰᠠᠨ ᠡᠲᠤᠷ ᠠᠴᠠ ᠡᠬᠢᠯᠠᠨ 15 ᠡᠲᠤᠷ ᠤᠨ ᠲᠤᠲᠤᠷ᠎ᠠ ᠠᠷᠠᠳ ‍ᠤᠨ‌‍ᠰᠢᠭᠦᠭᠦ ᠬᠤᠷᠢᠶ᠎ᠠ ᠳᠤ ᠵᠠᠷᠭᠤᠯᠲᠤᠨ᠎ᠠ᠃ ᠬᠤᠲᠠ ᠶᠢᠨ ᠲᠤᠰ ᠱᠠᠲᠤᠨ ᠤ ᠠᠵᠢᠯ ᠠᠴᠠ ᠪᠤᠯᠤᠭᠰᠠᠨ ᠭᠡᠮᠲᠤᠯ ᠤᠨ ᠰᠠᠯᠠᠭ᠎ᠠ ᠮᠥᠴᠢᠷ ᠲᠠᠢ ᠬᠠᠷᠢᠯᠴᠠᠬᠤ ᠭᠡᠪᠠᠯ ᠬᠥᠮᠤᠨ ᠤ ᠬᠥᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠥᠢᠯᠡᠴᠢᠯᠡᠭᠡᠨ ᠤ ᠤᠲᠠᠰᠤ 8910880 ᠶᠢ  ᠤᠲᠠᠰᠤᠲᠠᠨ᠎ᠠ᠃ ᠪᠠᠰᠠ ᠰᠢᠭᠤᠤᠨ ᠲᠥᠩᠯᠢᠶᠤᠤ ᠬᠤᠲᠠ ᠶᠢᠨ ᠵᠠᠰᠠᠭ ᠤᠨ ᠶᠠᠪᠤᠲᠠᠯ ᠤᠨ ᠥᠢᠯᠡᠴᠢᠯᠡᠭᠡᠨ ᠤ ᠲᠥᠪ ᠤᠨ ᠠᠵᠢᠯ ᠠᠴᠠ ᠪᠤᠯᠤᠭᠰᠠᠨ  ᠭᠡᠮᠲᠤᠯ ᠤᠨ ᠥᠢᠯᠡᠴᠢᠯᠡᠭᠡᠨ ᠤ ᠭᠠᠵᠠᠷ ᠲᠤ ᠬᠥᠷᠴᠤ᠂ ᠲᠤᠬᠠᠢ ᠶᠢᠨ ᠭᠠᠵᠠᠷ ᠲᠤᠨᠢ  ᠯᠠᠪᠯᠠᠯᠭ᠎ᠠ ᠬᠢᠬᠦ ᠪᠤᠶᠤ ᠬᠤᠯᠪᠤᠭᠲᠠᠯ ᠪᠥᠬᠦᠢ ᠲᠤᠬᠠᠶᠢᠯᠠᠭᠰᠠᠨ‌ᠠᠵᠢᠯ ᠢ ᠬᠥᠢᠴᠡᠳᠭᠡᠨ᠎ᠠ᠃      ︵ᠬᠥᠲᠥᠯᠥᠭᠴᠢ︶  ᠶᠠᠮᠠᠷ ᠶᠠᠮᠠᠷ ᠪᠠᠶᠢᠲᠠᠯ ᠢ ᠠᠵᠢᠯ ᠠᠴᠠ ᠪᠤᠯᠤᠭᠰᠠᠨ ᠭᠡᠮᠲᠤᠯ ᠢᠶᠠᠷ ᠥᠨᠡᠯᠡᠨ ᠲᠤᠭᠲᠠᠭᠠᠬᠤ ᠪᠤᠢ︖      ︵ᠯᠢᠤ ᠰᠠᠯᠠᠭᠠᠨ ᠲᠠᠷᠤᠭ᠎ᠠ︶ ︵ᠨᠢᠭᠡ︶ ᠠᠵᠢᠯ ᠤᠨ ᠴᠠᠭ ᠪᠠ ᠠᠵᠢᠯ ᠤᠨ ᠭᠠᠵᠠᠷ ᠲᠤ ᠠᠵᠢᠯ ᠤᠨ ᠰᠢᠯᠲᠠᠭᠠᠨ ᠠᠴᠠ ᠭᠡᠨᠡᠲᠡᠯ ᠤᠴᠠᠷᠠᠵᠤ ᠭᠡᠮᠲᠤᠭ᠍ᠰᠡᠨ︔ ︵ᠬᠤᠶᠠᠷ︶ ᠠᠵᠢᠯ ᠤᠨ ᠬᠤᠭᠤᠴᠠᠭᠠᠨ ᠤ ᠡᠮᠤᠨ᠎ᠠ ᠬᠤᠶᠢᠨ᠎ᠠ ᠠᠵᠢᠯ ᠤᠨ ᠭᠠᠵᠠᠷ ᠲᠤ ᠠᠵᠢᠯ ᠤᠨ ᠬᠠᠮᠢᠶᠠᠲᠠᠢ ᠪᠡᠯᠡᠳᠭᠡᠯᠲᠡ ᠶᠢᠨ ᠴᠢᠨᠠᠷᠲᠠᠢ ᠪᠤᠶᠤ  ᠰᠡᠬᠦᠯ ᠬᠤᠷᠢᠶᠠᠬᠤ ᠠᠵᠢᠯ ᠢ ᠡᠷᠬᠢᠯᠡᠭᠡᠳ ᠭᠡᠨᠡᠲᠡᠯ ᠤᠴᠠᠷᠠᠵᠤ ᠭᠡᠮᠲᠤᠭ᠍ᠰᠡᠨ ︵ᠭᠤᠷᠪᠠ︶ ᠠᠵᠢᠯ ᠤᠨ ᠴᠠᠭ ᠪᠠ ᠠᠵᠢᠯ ᠤᠨ ᠭᠠᠵᠠᠷ ᠲᠤ  ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠬᠦ ᠳᠤ ᠬᠥᠴᠥᠷᠭᠡᠭᠯᠡᠯ ᠤᠴᠠᠷᠠᠭᠰᠠᠨ ᠵᠡᠷᠭᠡ ᠶᠢᠨ ᠰᠠᠨᠠᠭᠠᠨ ᠳᠤ ᠥᠭᠡᠢ ᠭᠡᠨᠡᠲᠤᠯ ᠤᠴᠠᠷᠠᠵᠤ ᠭᠡᠮᠲᠤᠭ᠍ᠰᠡᠨ︔ ︵ᠲᠥᠷᠪᠡ︶  ᠲᠤᠬᠠᠶᠢᠯᠠᠭᠰᠠᠨ ᠠᠵᠢᠯ ᠤᠨ ᠡᠪᠡᠳᠴᠢᠨ ᠤᠯᠤᠭᠰᠠᠨ︔ ︵ᠲᠠᠪᠤ︶ ᠠᠵᠢᠯ ᠢᠶᠠᠷ ᠭᠠᠲᠠᠭᠰᠢ ᠭᠠᠷᠤᠭᠰᠠᠨ ᠬᠤᠭᠤᠴᠠᠭᠠᠨ ᠳᠤ ᠭᠡᠮᠲᠤᠬᠦ ᠪᠤᠶᠤ ᠭᠡᠨᠡᠲᠡᠯ ᠡᠭᠦᠰᠥᠭᠡᠳ ᠴᠢᠮᠡᠭᠡ ᠰᠤᠷᠠᠭ ᠥᠭᠡᠢ ᠪᠤᠯᠤᠭᠰᠠᠨ︔ ︵ᠵᠢᠷᠭᠤᠭ᠎ᠠ︶ ᠠᠵᠢᠯ ᠳᠤ ᠭᠠᠷᠬᠤ ᠠᠵᠢᠯ ᠠᠴᠠ ᠪᠠᠭᠤᠬᠤ ᠵᠠᠮ ᠳᠤ ᠲᠤᠰ ᠬᠥᠮᠤᠨ ᠤ ᠭᠤᠤᠯ ᠬᠠᠷᠢᠭᠤᠴᠠᠯᠭ᠎ᠠ ᠪᠤᠰᠤ ᠵᠠᠮ ᠬᠠᠷᠢᠯᠴᠠᠭᠠᠨ ᠤ ᠭᠡᠨᠡᠲᠡᠯ ᠡᠰᠡᠬᠦᠯ᠎ᠠ ᠬᠤᠲᠠ ᠶᠢᠨ ᠲᠡᠮᠤᠷ ᠵᠠᠮ ᠵᠠᠮ ᠬᠠᠷᠢᠯᠴᠠᠭ᠎ᠠ᠂ ᠠᠶᠠᠨᠴᠢᠳ ᠤᠨ ᠲᠡᠭᠡᠭᠡᠪᠤᠷᠢ᠂ ᠤᠩᠭᠤᠴᠨ ᠪᠠᠷ ᠭᠡᠲᠤᠯᠬᠦ᠂ ᠭᠠᠯᠲᠤ ᠲᠡᠷᠭᠡᠨ ᠤ  ᠭᠡᠨᠡᠲᠡᠯ ᠤᠨ ᠭᠡᠮᠲᠤᠯ ᠬᠥᠷᠲᠡᠭᠰᠡᠡ︔ ︵ᠲᠤᠯᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠ ᠠᠵᠢᠯ ᠠᠴᠠ ᠪᠤᠯᠤᠭᠰᠠᠨ ᠭᠡᠮᠲᠤᠯ ᠤᠨ ᠪᠤᠰᠤᠤᠨ ᠪᠠᠶᠢᠲᠠᠯ᠃      ︵ᠬᠥᠲᠤᠯᠥᠭᠴᠢ︶  ᠶᠠᠮᠠᠷ ᠶᠠᠮᠠᠷ ᠪᠠᠶᠢᠲᠠᠯ ᠢ ᠠᠵᠢᠯ ᠠᠴᠠ ᠪᠤᠯᠤᠭᠰᠠᠨ ᠭᠡᠮᠲᠤᠯ ᠭᠡᠵᠤ ᠥᠵᠡᠵᠤ ᠪᠤᠯᠬᠤ ᠪᠤᠢ︖     ︵ᠯᠢᠤ ᠰᠠᠯᠠᠭᠠᠨ ᠲᠠᠷᠤᠭ᠎ᠠ︶ ︵ᠨᠢᠭᠡ︶ ᠠᠵᠢᠯ ᠤᠨ ᠴᠠᠭ ᠪᠠ ᠠᠵᠢᠯ ᠤᠨ ᠪᠠᠶᠢᠷᠢ ᠳᠤ ᠭᠡᠨᠡᠳᠲᠡ ᠶᠢᠨ ᠡᠪᠡᠳᠴᠢᠨ ᠡᠮᠭᠡᠭ ᠠᠴᠠ ᠪᠤᠯᠵᠤ ᠥᠬᠦᠬᠦ ᠡᠰᠡᠬᠦᠯ᠎ᠠ 48 ᠴᠠᠭ ᠤᠨ ᠲᠤᠲᠤᠷ᠎ᠠ ᠠᠪᠤᠷᠠᠨ ᠲᠤᠰᠠᠯᠠᠭᠠᠳ  ᠲᠤᠰᠠ ᠪᠤᠯᠤᠭᠰᠠᠨ ᠥᠭᠡᠢ ᠥᠬᠦᠭᠰᠡᠨ︔ ︵ᠬᠤᠶᠠᠷ︶ ᠠᠶᠤᠯ ᠭᠠᠮᠰᠢᠭ ᠠᠴᠠ ᠠᠪᠤᠷᠠᠬᠤ ᠵᠠᠷᠭᠡ ᠤᠯᠤᠰ ᠤᠨ ᠠᠰᠢᠭ ᠲᠤᠰᠨ᠂ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠠᠵᠢᠯᠯᠠᠭ᠎ᠠ ᠲᠤᠮᠲᠠ ᠭᠡᠮᠲᠤᠯ ᠤᠴᠠᠷᠠᠭᠰᠠᠨ︔ ︵ᠭᠤᠷᠪᠠ︶ ᠠᠵᠢᠯᠲᠡᠨ ᠠᠵᠢᠯᠴᠢᠨ  ᠤᠤᠯ ᠨᠢ ᠴᠡᠷᠢᠭ ᠤᠨ ᠠᠯᠪᠠ ᠬᠢᠭᠰᠡᠨ᠂ ᠲᠠᠶᠢᠨ ᠪᠤᠶᠤ ᠨᠡᠶᠢᠲᠡ ᠶᠢᠨ ᠲᠥᠯᠤᠭᠡ ᠰᠢᠷᠠᠭᠲᠤᠭᠠᠳ ᠵᠡᠮᠲᠡᠭ ᠪᠤᠯᠵᠤ᠂ ᠬᠤᠪᠢᠰᠬᠠᠯ ᠤᠨ ᠰᠢᠷᠠᠭᠲᠤᠭᠰᠠᠨ ᠵᠡᠮᠲᠡᠭ ᠴᠡᠷᠢᠭ ‍ᠦᠨ‌ᠥᠨᠡᠮᠯᠡᠯ ᠢ ᠨᠢᠭᠡᠨᠲᠡ ᠤᠯᠵᠤ᠂ ᠬᠥᠮᠤᠨ ᠭᠡᠷᠡᠭᠯᠡᠬᠦ ᠨᠢᠭᠡᠴᠡ ᠳᠤ ᠬᠥᠷᠤᠭ᠍ᠰᠡᠡ ᠤ ᠬᠤᠶᠢᠨ᠎ᠠ ᠬᠠᠭᠤᠴᠢᠨ ᠰᠢᠷᠬ᠎ᠠ ᠨᠢ ᠲᠠᠬᠢᠭᠰᠠᠨ᠃       ︵ᠬᠥᠲᠤᠯᠥᠭᠴᠢ︶ ᠠᠵᠢᠯ ᠠᠴᠠ  ᠪᠤᠯᠤᠭᠰᠠᠨ ᠭᠡᠮᠲᠤᠯ ᠤᠨ ᠲᠠᠭᠠᠳᠬᠠᠯ ᠤᠨ ᠬᠠᠷᠢᠭᠤᠴᠠᠯᠭ᠎ᠠ ᠶᠢ ᠡᠬᠦᠷᠭᠡᠯᠡᠬᠦ ᠨᠢᠭᠡᠴᠡ ᠶᠢ ᠬᠡᠷᠬᠢᠨ‌‍ᠲ᠋ᠤᠲᠤᠯᠠᠨ ᠲᠤᠭᠲᠠᠭᠠᠬᠤ ᠪᠤᠢ︖      ︵ ᠯᠢᠤ ᠰᠠᠯᠠᠭᠠᠨ ᠲᠠᠷᠤᠭ᠎ᠠ︶ ︵ᠨᠢᠭᠡ︶ ᠠᠵᠢᠯᠲᠠᠠ ᠠᠵᠢᠯᠴᠢᠨ ᠬᠤᠶᠠᠷ ᠪᠤᠶᠤ ᠬᠤᠶᠠᠷ ᠠᠴᠠ ᠲᠡᠭᠡᠭᠰᠢ ᠨᠢᠭᠡᠴᠡ ᠲᠠᠢ ᠬᠥᠲᠠᠯᠮᠤᠷᠢ ᠶᠢᠨ ᠬᠠᠷᠢᠴᠠᠭ᠎ᠠ ᠪᠠᠶᠢᠭᠤᠯᠵᠤ᠂ ᠠᠵᠢᠯ ᠠᠴᠠ ᠪᠤᠯᠤᠭᠰᠠᠨ ᠭᠡᠮᠲᠤᠯ ᠡᠬᠦᠰᠬᠦ ᠥᠶ᠎ᠠ ᠳᠤ ᠠᠵᠢᠯᠲᠠᠨ ᠤ ᠠᠵᠢᠯᠯᠠᠵᠤ ᠪᠠᠶᠢᠭ᠎ᠠ ᠨᠢᠭᠡᠴᠡ ᠨᠢ ᠠᠵᠢᠯ ᠠᠴᠠ ᠪᠤᠯᠤᠭᠰᠠᠨ ᠲᠠᠭᠠᠳᠬᠠᠯ ᠤᠨ ᠬᠠᠷᠢᠭᠤᠴᠠᠯᠭ᠎ᠠ ᠡᠬᠦᠷᠭᠡᠯᠡᠬᠦ ᠨᠢᠭᠡᠴᠡ ᠪᠤᠯᠤᠨ᠎ᠠ︔ ︵ᠬᠤᠶᠠᠷ︶ ᠬᠥᠲᠡᠯᠮᠤᠷᠢ ᠬᠥᠴᠤᠨ  ᠲᠤᠮᠢᠯᠠᠬᠤ ᠨᠢᠭᠡᠴᠡ ᠠᠴᠠ ᠲᠤᠮᠢᠯᠠᠭᠰᠠᠨ ᠠᠵᠢᠯᠲᠠᠠ ᠠᠵᠢᠯᠴᠢᠨ ᠬᠥᠮᠤᠨ ᠭᠡᠷᠡᠭᠯᠡᠬᠦ ᠨᠢᠭᠡᠴᠡ ᠳᠤ ᠠᠵᠢᠯᠯᠠᠵᠤ ᠪᠠᠶᠢᠬᠤ ᠬᠤᠭᠤᠴᠠᠭᠠᠨ ᠳ᠋ᠠᠭᠠᠨ‌ᠠᠵᠢᠯ ᠤᠨ ᠰᠢᠯᠲᠠᠭᠠᠨ᠋ ᠠᠴᠠ ᠭᠡᠮᠲᠤᠨ ᠥᠬᠦᠪᠡᠯ᠂ ᠲᠤᠮᠢᠯᠠᠭᠰᠠᠨ ᠨᠢᠭᠡᠴᠡ ᠠᠵᠢᠯ  ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠬᠠᠷᠢᠭᠤᠴᠠᠯᠭ᠎ᠠ ᠶᠢ ᠡᠬᠦᠷᠭᠡᠯᠡᠬᠦ ᠨᠢᠭᠡᠴᠡ ᠪᠤᠯᠤᠨ᠎ᠠ᠃ ︵ᠭᠤᠷᠪᠠ︶ ᠨᠢᠭᠡᠴᠡ ᠠᠴᠠ ᠪᠤᠰᠤᠤᠨ ᠨᠢᠭᠡᠴᠡ ᠳᠤ ᠲᠤᠮᠢᠯᠠᠠ  ᠠᠵᠢᠯᠯᠠᠭᠤᠯᠤᠭᠰᠠᠨ ᠠᠵᠢᠯᠲᠠᠨ ᠠᠵᠢᠯᠴᠢᠨ ᠠᠵᠢᠯ ᠠᠴᠠ ᠪᠤᠯᠵᠤ ᠭᠡᠮᠲᠤᠨ ᠥᠬᠦᠪᠡᠯ᠂ ᠲᠤᠮᠢᠯᠠᠭᠰᠠᠨ ᠨᠢᠭᠡᠴᠡ ᠨᠢ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠬᠠᠷᠢᠭᠤᠴᠠᠯᠭ᠎ᠠ ᠶᠢ ᠡᠭᠦᠷᠭᠡᠯᠡᠬᠦ ᠨᠢᠭᠡᠴᠡ ᠪᠤᠯᠤᠨ᠎ᠠ︔ ︵ᠲᠥᠷᠪᠡ︶ ᠠᠵᠢᠯᠲᠠᠨ ᠠᠵᠢᠯᠴᠢᠨ ᠭᠡᠷᠡᠭᠯᠡᠬᠦ ᠨᠢᠭᠡᠴᠡ ᠬᠠᠤᠯᠢ ᠴᠠᠭᠠᠵᠠ ᠬᠠᠤᠯᠢ ᠲᠤᠭᠲᠠᠭᠠᠯ ᠢ ᠵᠥᠷᠢᠴᠠᠨ᠂ ᠲᠠᠭᠠᠭᠠᠴᠢᠯᠠᠭᠰᠠ ᠲᠤᠬᠠᠢ ᠶᠢᠨ ᠠᠵᠢᠯ ᠢᠶᠠᠨ ᠭᠤᠤᠯ ᠴᠤᠭᠴᠨ ᠶᠢᠨ ᠬᠢᠷᠢ ᠭᠡᠮ ᠥᠭᠡᠢ ᠵᠤᠬᠢᠶᠠᠨ ᠪᠠᠶᠢᠭᠤᠯᠤᠯᠲᠠ ᠡᠰᠡᠬᠦᠯ᠎ᠠ ᠪᠠᠶᠢᠭᠠᠯᠢ ᠬᠥᠮᠤᠨ ᠳᠤ ᠰᠢᠯᠵᠢᠬᠦᠯᠤᠨ ᠲᠠᠭᠠᠭᠠᠴᠢᠯᠠᠭᠤᠯᠤᠭᠠᠳ᠂ ᠲᠤᠰ ᠵᠤᠬᠢᠶᠠᠨ ᠪᠠᠶᠢᠭᠤᠯᠤᠯᠲᠠ ᠡᠰᠡᠬᠦᠯ᠎ᠠ ᠪᠠᠶᠢᠭᠠᠯᠢ ᠬᠥᠮᠤᠨ ᠤ ᠤᠷᠢᠨ ᠭᠡᠷᠡᠭᠯᠡᠭᠰᠡᠨ ᠠᠵᠢᠯᠲᠠᠨ ᠠᠵᠢᠯᠴᠢᠨ ᠲᠤᠬᠠᠶᠢᠯᠠᠭᠰᠠᠨ ᠠᠵᠢᠯ ᠢ ᠲᠠᠭᠠᠭᠠᠴᠢᠯᠠᠨ ᠡᠷᠬᠢᠯᠡᠭᠰᠡᠨ ᠥᠶ᠎ᠠ ᠳᠤ ᠠᠵᠢᠯ ᠠᠴᠠ ᠪᠤᠯᠵᠤ ᠭᠡᠮᠲᠤᠨ ᠥᠬᠦᠭᠰᠡᠨ ᠪᠤᠯ ᠬᠥᠮᠤᠨ ᠬᠡᠷᠡᠭᠯᠡᠭᠰᠡᠡ ᠨᠢᠭᠡᠴᠡ ᠨᠢ ᠠᠵᠢᠯ ᠠᠴᠠ ᠪᠤᠯᠤᠭᠰᠠᠨ ᠲᠠᠭᠠᠳᠬᠠᠯ ᠤᠨ ᠬᠠᠷᠢᠭᠤᠴᠠᠯᠭ᠎ᠠ ᠶᠢ ᠡᠭᠦᠷᠭᠡᠯᠡᠬᠦ ᠨᠢᠭᠡᠴᠡ ᠪᠤᠯᠤᠨ᠎ᠠ᠃ ︵ᠲᠠᠪᠤ︶ ᠬᠤᠪᠢ ᠬᠥᠮᠤᠨ ᠪᠤᠰᠤᠤᠨ ᠨᠢᠭᠡᠴᠡ ᠳᠤ ᠲᠥᠰᠢᠭᠯᠡᠨ ᠭᠠᠲᠠᠭᠰᠢ ᠡᠵᠡᠩᠨᠡᠭᠰᠡᠡ᠂ ᠲᠡᠬᠦᠨ ᠤ ᠤᠷᠢᠨ ᠭᠡᠷᠭᠯᠡᠭᠡᠰᠡᠨ ᠬᠥᠮᠤᠨ ᠠᠵᠢᠯ ᠠᠴᠠ ᠪᠤᠯᠤᠭᠰᠠᠨ ᠭᠡᠮᠲᠤᠯ ᠳᠤ ᠥᠬᠦᠭᠰᠡᠨ ᠪᠤᠯ ᠲᠥᠰᠢᠭᠯᠡᠭᠲᠡᠭᠰᠡᠨ ᠨᠢᠭᠡᠴᠡ ᠨᠢ ᠠᠵᠢᠯ ᠠᠴᠠ ᠪᠤᠯᠤᠭᠰᠠᠨ  ᠭᠡᠮᠲᠤᠯ ᠤᠨ ᠲᠠᠭᠠᠳᠬᠠᠯ ᠤᠨ ᠬᠠᠷᠢᠭᠤᠴᠠᠯᠭ᠎ᠠ ᠶᠢᠨ ᠨᠢᠭᠡᠴᠡ ᠪᠤᠯᠤᠨ᠎ᠠ᠃       ︵ᠬᠥᠲᠥᠯᠥᠭᠴᠢ︶ ᠠᠵᠢᠯ ᠠᠴᠠ ᠪᠤᠯᠤᠭᠰᠠᠨ ᠭᠡᠮᠲᠤᠯ ᠤᠨ ᠠᠵᠢᠯᠲᠠᠨ ᠠᠵᠢᠯᠴᠢᠨ ᠬᠥᠲᠠᠯᠮᠤᠷᠢ ᠶᠢᠨ ᠴᠢᠲᠠᠪᠤᠷᠢ ᠶᠢ ᠥᠨᠡᠯᠡᠨ ᠲᠤᠭᠲᠠᠭᠠᠬᠤ ᠭᠤᠶᠤᠴᠢᠯᠠᠯ ᠲᠤᠷᠠᠲᠤᠭᠰᠠᠨ ᠤ ᠲᠠᠷᠠᠭ᠎ᠠ ᠭᠡᠲᠤᠢ ᠬᠤᠭᠤᠴᠠᠭᠠᠨ ᠳᠤ ᠳ᠋ᠥᠩᠨᠡᠯᠲᠡ ᠤᠯᠬᠤ ᠪᠤᠢ︖ ᠬᠥᠲᠡᠯᠮᠤᠷᠢ ᠶᠢᠨ ᠴᠢᠲᠠᠪᠤᠷᠢ ᠶᠢᠨ ᠥᠨᠡᠯᠡᠯᠲᠠ ᠶᠢᠨ ᠳ᠋ᠥᠩᠨᠡᠯᠲᠡ ᠶᠢ  ᠵᠥᠪᠰᠢᠶᠡᠷᠡᠬᠦ ᠥᠭᠡᠢ ᠪᠤᠯ ᠶᠠᠭᠠᠬᠢᠲᠠᠭ ᠪᠢᠯᠡ︖       ︵ᠯᠢᠤ ᠰᠠᠯᠠᠭ᠎ᠠ ᠶᠢᠨ ᠲᠠᠷᠤᠭ᠎ᠠ︶ ᠲᠤᠭᠤᠷᠢᠭ ᠪᠠᠶᠢᠭᠤᠯᠤᠭᠰᠠ ᠬᠤᠲᠠ ᠶᠢᠨ ᠱᠠᠲᠤᠨ ᠤ ᠬᠥᠲᠡᠯᠮᠤᠷᠢ ᠶᠢᠨ ᠴᠢᠲᠠᠪᠤᠷᠢ ᠶᠢᠨ ᠥᠨᠡᠯᠡᠯᠲᠠ ᠶᠢᠨ ᠵᠥᠪᠯᠡᠯ ᠬᠥᠲᠡᠯᠮᠤᠷᠢ ᠶᠢᠨ ᠴᠢᠲᠠᠪᠤᠷᠢ ᠶᠢᠨ ᠥᠨᠡᠯᠡᠯᠲᠠ ᠶᠢᠨ ᠭᠤᠶᠤᠴᠢᠯᠠᠯ ᠢ ᠤᠯᠤᠭᠰᠠᠨ ᠲᠤᠰ ᠡᠲᠤᠷ ᠠᠴᠠ ᠡᠬᠢᠯᠡᠨ 60 ᠡᠲᠤᠷ ᠤᠨ ᠲᠤᠲᠤᠷ᠎ᠠ ᠬᠥᠲᠡᠯᠮᠤᠷᠢ ᠶᠢᠨ ᠴᠢᠲᠠᠪᠤᠷᠢ ᠶᠢᠨ ᠥᠨᠡᠯᠡᠯᠲᠠ ᠶᠢᠨ ᠳ᠋ᠥᠩᠨᠡᠯᠲᠡ ᠬᠢᠵᠤ᠂ ᠴᠢᠬᠤᠯᠠ ᠲᠠᠢ ᠥᠶᠡᠰ ᠬᠥᠲᠡᠯᠮᠤᠷᠢ ᠶᠢᠨ ᠴᠢᠲᠠᠪᠤᠷᠢ ᠶᠢᠨ ᠥᠨᠡᠯᠡᠯᠲᠠ ᠶᠢᠨ ᠳ᠋ᠥᠩᠨᠡᠯᠲᠡ ᠶᠢᠨ ᠬᠢᠵᠠᠭᠠᠷ ᠬᠤᠭᠤᠴᠠᠭ᠎ᠠ ᠶᠢ 30 ᠡᠲᠤᠷ ᠤᠷᠲᠤᠳᠬᠠᠵᠤ ᠪᠤᠯᠤᠨ᠎ᠠ᠃ ᠥᠨᠡᠯᠡᠯᠲᠠ ᠭᠤᠶᠤᠴᠢᠯᠠᠭᠰᠠᠨ ᠨᠢᠭᠡᠴᠡ ᠪᠤᠶᠤ ᠬᠤᠪᠢ ᠬᠥᠮᠤᠨ ᠲᠤᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠤ ᠬᠥᠲᠡᠯᠮᠤᠷᠢ ᠶᠢᠨ ᠴᠢᠲᠠᠪᠤᠷᠢ ᠶᠢᠨ ᠥᠨᠡᠯᠡᠯᠲᠠ ᠶᠢᠨ ᠵᠥᠪᠯᠡᠯ ᠤᠨ ᠠᠩᠬᠠᠲᠠᠭᠴᠢ ᠥᠨᠡᠯᠡᠯᠲᠠ ᠵᠢᠨ‌‍ᠳᠥ᠋ᠩᠨᠡᠯᠡᠲᠡ ᠶᠢ ᠵᠥᠪᠰᠢᠶᠡᠷᠡᠬᠦ ᠥᠭᠡᠢ ᠪᠤᠯ ᠥᠨᠡᠯᠡᠯᠲᠠ ᠶᠢᠨ ᠳ᠋ᠥᠩᠨᠡᠯᠲᠡ ᠶᠢ ᠬᠤᠷᠢᠶᠠᠨ ᠤᠯᠤᠭᠰᠠᠨ ᠲᠤᠰ ᠡᠲᠤᠷ ᠠᠴᠠ ᠡᠬᠢᠯᠡᠨ 15 ᠡᠲᠤᠷ ᠤᠨ ᠲᠤᠲᠤᠷ᠎ᠠ᠂ ᠮᠤᠵᠢ᠂ ᠥᠪᠡᠷᠲᠡᠭᠡᠨ ᠵᠠᠰᠠᠬᠤ ᠤᠷᠤᠨ ᠰᠢᠭᠤᠤᠨ ᠬᠠᠷᠢᠶ᠎ᠠ ᠬᠤᠲᠠ ᠶᠢᠨ ᠬᠥᠲᠡᠯᠮᠤᠷᠢ ᠶᠢᠨ ᠴᠢᠲᠠᠪᠤᠷᠢ ᠶᠢᠨ ᠥᠨᠡᠯᠡᠯᠲᠠ ᠶᠢᠨ ᠵᠥᠪᠯᠡᠯ ᠳᠤ ᠲᠠᠬᠢᠨ ᠥᠨᠡᠯᠡᠬᠦ ᠭᠤᠶᠤᠴᠢᠠᠯᠠᠯ ᠢ ᠲᠤᠷᠠᠳᠴᠤ ᠪᠤᠯᠤᠨ᠎ᠠ᠃ ᠮᠤᠵᠢ᠂ ᠥᠪᠡᠷᠲᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠲᠠ ᠬᠥᠳᠡᠯᠮᠤᠷᠢ ᠶᠢᠨ ᠴᠢᠲᠠᠪᠤᠷᠢ ᠶᠢᠨ ᠥᠨᠡᠯᠡᠯᠲᠠ ᠶᠢᠨ ᠵᠥᠪᠯᠡᠯ ᠤᠨ  ᠭᠠᠷᠭᠠᠭᠰᠠᠨ ᠬᠥᠲᠠᠯᠮᠤᠷᠢ ᠶᠢᠨ ᠴᠢᠲᠠᠪᠤᠷᠢ ᠶᠢᠨ ᠥᠨᠡᠯᠡᠯᠲᠠ ᠶᠢᠨ ᠳ᠋ᠥᠩᠨᠡᠯᠲᠡ ᠪᠠᠷ ᠬᠠᠮᠤᠭ ᠡᠴᠤᠰ ᠤᠨ ᠳ᠋ᠥᠩᠨᠡᠯᠲᠡ ᠪᠤᠯᠭᠠᠨ᠎ᠠ᠃      ︵ᠬᠥᠲᠤᠯᠥᠭᠴᠢ︶ ᠯᠢᠤ ᠰᠠᠯᠠᠭᠠᠨ ᠲᠠᠷᠤᠭ᠎ᠠ ᠶᠢᠨ  ᠮᠠᠨ ᠤ︽ᠰᠤᠷᠪᠤᠯᠵᠢᠯᠠᠭ᠎ᠠ︾ ᠶᠢᠨ ᠪᠤᠯᠤᠩ ᠳᠤ ᠰᠠᠭᠠᠲᠠᠨ ᠰᠥᠯᠵᠢᠶ᠎ᠠ ᠶᠢᠨ ᠨᠠᠶᠢᠵᠠ ᠨᠠᠷ ᠲᠠᠢ ᠬᠠᠮᠲᠤ ᠰᠠᠨᠠᠯ ᠰᠤᠯᠢᠯᠴᠠᠭ᠎ᠠ ᠬᠢᠭᠰᠡᠨ ᠳᠤ ᠲᠠᠯᠠᠷᠬᠠᠵᠤ ᠪᠠᠶᠢᠨ᠎ᠠ᠂ ᠮᠠᠨ ᠤ ᠬᠤᠲᠠ ᠶᠢᠨ ᠬᠥᠮᠤᠨ ᠤ ᠬᠥᠴᠤᠨ ᠤ ᠡᠬᠢ  ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠨᠡᠩ ᠶᠡᠭᠡ ᠠᠮᠵᠢᠯᠲᠠ ᠤᠯᠬᠤ ᠶᠢ ᠬᠥᠰᠡᠶ᠎ᠡ᠃ ᠵᠠ᠂ ᠥᠨᠤᠲᠤᠷ ᠤᠨ ᠨᠡᠪᠲᠡᠷᠡᠬᠦᠯᠭᠡ ᠠᠲᠡ ᠬᠥᠷᠤᠭᠡᠳ ᠲᠡᠬᠦᠰᠥᠯ᠎ᠡ᠃  ᠲᠠᠨᠠᠷ ᠤᠨ ᠬᠤᠷᠢᠶᠡᠨ ᠥᠵᠡᠵᠤ  ᠤᠷᠤᠯᠴᠠᠭᠰᠠᠨ ᠳᠤ ᠪᠠᠶᠡᠷᠯᠠᠵᠤ ᠪᠠᠶᠢᠨ᠎ᠠ᠂ ᠪᠠᠶᠠᠷᠲᠠᠢ᠃
ᠢᠷᠡᠯᠲᠡ᠄ ᠲᠥᠩᠯᠢᠶᠤᠤ ᠬᠤᠲᠠ ᠶᠢᠨ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ