ᠡᠯ᠎ᠡ ᠬᠤᠰᠢᠭᠤ ᠰᠢᠶᠠᠨ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠲᠤᠨ᠂ ᠨᠡᠭᠡᠭᠡᠯᠲᠡ ᠵᠢᠨᠲ᠋ᠤᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠵᠠᠰᠠᠭ ᠤᠨ ᠤᠷᠲᠤᠨ ᠤ ᠬᠠᠮᠢᠶ᠎ᠠ ᠪᠥᠬᠦᠢ ᠵᠥᠪᠯᠡᠯ ᠠᠯᠪᠠᠨ ᠭᠡᠷ ᠲᠤᠪᠴᠢᠶ᠎ᠠ ᠳᠤ᠄ | ︽< ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠲᠢᠩᠬᠢᠮ ᠤᠨ ᠲᠠᠷᠤᠮᠠᠯᠯᠠᠨ ᠲᠠᠷᠬᠠᠭᠠᠭᠰᠠᠨ ᠠᠵᠤ ᠠᠬᠤᠶᠢᠯᠠᠯ ᠤᠨ ᠨᠡᠶᠢᠭᠡᠮ ᠤᠨ ᠥᠢᠯᠡᠴᠢᠯᠡᠭᠡᠨ ᠤ ᠴᠢᠲᠠᠪᠬᠢ ᠶᠢ ᠰᠠᠯᠭᠠᠬᠤ ᠶᠢ ᠲᠥᠷᠭᠡᠳᠭᠡᠬᠦ ᠪᠠ ᠲᠡᠤᠭᠡ ᠶᠢᠨ ᠥᠯᠡᠲᠡᠭᠲᠡᠯ ᠠᠰᠠᠭᠤᠲᠠᠯ ᠢ ᠰᠢᠢᠳᠪᠤᠷᠢᠯᠡᠬᠦ ᠠᠵᠢᠯ ᠤᠨ ᠲᠥᠰᠤᠯ ﹀ ᠢ ᠲᠥᠩᠯᠢᠶ᠋ᠶᠤᠤ ᠬᠤᠲᠠ ᠶᠢᠨ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ ᠤᠨ ᠲᠠᠮᠵᠢᠭᠤᠯᠤᠨ ᠲᠠᠷᠬᠠᠭᠠᠭᠰᠠ ᠮᠡᠲᠡᠭᠲᠡᠯ ︾ ︵ᠲᠥᠩᠯᠢᠶᠤᠤ ᠵᠠᠰᠠᠭ ᠠᠯᠪᠠᠨ ᠥᠰᠥᠭ〔2017〕217 ᠲᠤᠭᠠᠲᠤ︶᠂︽〈 ᠲᠥᠩᠯᠢᠶᠤᠤ ᠬᠤᠲᠠ ᠶᠢᠨ ᠤᠯᠤᠰ ᠤᠨ ᠥᠮᠴᠢᠯᠠᠯᠲᠤ ᠠᠵᠤ ᠠᠬᠤᠶᠢᠯᠠᠯ ᠤᠨᠠᠵᠢᠯᠴᠢᠨ ᠠᠵᠢᠯᠲᠠᠨ ᠤ ᠭᠡᠷ ᠪᠥᠯᠢ ᠶᠢᠨ ᠲᠤᠭᠤᠷᠢᠭ ᠤᠨ︽ᠭᠤᠷᠪᠠᠨ ᠬᠠᠩᠭᠠᠯᠭ᠎ᠠ ᠨᠢᠭᠡ ᠠᠲᠠᠯ ᠠᠬᠤᠢ︾ ᠶᠢ ᠰᠠᠯᠭᠠᠨ ᠰᠢᠯᠵᠢᠬᠦᠯᠤᠨ ᠲᠤᠰᠢᠶᠠᠬᠤ ᠠᠵᠢᠯ ᠤᠨ ᠭᠡᠷᠡᠭᠵᠢᠬᠦᠯᠬᠦ ᠲᠥᠰᠤᠯ〉 ᠢ ᠲᠠᠷᠤᠮᠠᠯᠯᠠᠨ ᠲᠠᠷᠬᠠᠭᠠᠬᠤ ᠤᠨ ᠲᠤᠬᠠᠢ ᠲᠥᠩᠯᠢᠶᠤᠤ ᠬᠤᠲᠠ ᠶᠢᠨ ᠵᠠᠰᠠᠭ ᠤᠨ ᠤᠷᠲᠤᠨ ᠤ ᠠᠯᠪᠠᠨ ᠭᠡᠷ ᠤᠨ ᠮᠡᠲᠡᠭᠲᠡᠯ 》︵ᠲᠥᠩᠯᠢᠶ᠋ᠶᠤᠤ ᠵᠠᠰᠠᠭ ᠠᠯᠪᠠᠨ ᠥᠰᠥᠭ〔2017〕224 ᠲᠤᠭᠠᠲᠤ︶ ᠶᠢᠨ ᠱᠠᠭᠠᠷᠲᠠᠯᠭ᠎ᠠ ᠶᠤᠰᠤᠭᠠᠷ ᠂ ᠮᠠᠨ ᠤ ᠬᠤᠲᠠ ᠳᠤ ᠰᠠᠭᠤᠭ᠎ᠠ ᠤᠯᠤᠰ ᠤᠨ ᠥᠮᠴᠢᠯᠠᠯᠲᠤ ᠠᠵᠤ ᠠᠬᠤᠶᠢᠯᠠᠯ ᠤᠨ ᠠᠵᠢᠯᠴᠢᠨ ᠠᠵᠢᠯᠲᠠᠨ ᠤ ᠭᠡᠷ ᠪᠥᠯᠢ ᠶᠢᠨ ᠲᠤᠭᠤᠷᠢᠭ ᠤᠨ︽ᠭᠤᠷᠪᠠᠨ ᠬᠠᠩᠭᠠᠯᠭ᠎ᠠ ᠨᠢᠭᠡ ᠠᠲᠠᠯ ᠠᠬᠤᠢ︾ ᠶᠢ ᠰᠠᠯᠭᠠᠨ ᠰᠢᠯᠵᠢᠬᠦᠯᠤᠨ ᠲᠤᠰᠢᠶᠠᠬᠤ ᠠᠵᠢᠯ ᠢ ᠲᠥᠷᠭᠡᠨ ᠠᠬᠢᠭᠤᠯᠬᠤ ᠶᠢᠨ ᠲᠥᠯᠤᠭᠡ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠤᠰᠤᠭᠠᠷ᠂ ᠠᠵᠤ ᠠᠬᠤᠶᠢᠯᠠᠯ ᠤᠨ ᠰᠠᠭᠤᠭ᠎ᠠ ᠭᠠᠵᠠᠷ ᠤᠨ ᠵᠠᠰᠠᠭ ᠤᠨ ᠤᠷᠲᠤᠨ ᠲᠤᠰ ᠤᠷᠤᠨ ᠤ ᠬᠡᠪᠴᠢᠶ᠎ᠠ ᠳᠠᠬᠢ ᠬᠠᠮᠢᠶ᠎ᠠ ᠪᠥᠬᠦᠢ ᠰᠠᠯᠭᠠᠨ ᠰᠢᠯᠵᠢᠬᠦᠯᠤᠨ ᠲᠤᠰᠢᠶᠠᠬᠤ ᠠᠵᠢᠯ ᠢ ᠨᠢᠭᠡᠲᠤᠯᠲᠠᠢ ᠠᠬᠢᠭᠤᠯᠵᠤ᠂ ᠲᠤᠰ ᠤᠷᠤᠨ ᠤ ᠬᠡᠪᠴᠢᠶ᠎ᠠ ᠳᠠᠬᠢ ᠲᠥᠪ ᠤᠨ ᠠᠵᠤ ᠠᠬᠤᠶᠢᠯᠠᠯ᠂ ᠥᠪᠡᠷᠲᠡᠭᠡᠨ ᠵᠠᠰᠠᠬᠤ ᠤᠷᠤᠨ ᠤ ᠬᠠᠷᠢᠶ᠎ᠠ ᠠᠵᠤ ᠠᠬᠤᠶᠢᠯᠠᠯ᠂ ᠬᠤᠲᠠ ᠶᠢᠨ ᠬᠠᠷᠢᠶ᠎ᠠ ᠠᠵᠤ ᠠᠬᠤᠶᠢᠯᠠᠯ ᠵᠢᠴᠢ ᠲᠤᠤᠷᠠᠬᠢ ᠤᠯᠤᠰ ᠤᠨ ᠥᠮᠴᠢᠯᠠᠯᠲᠤ ᠠᠵᠤ ᠠᠬᠤᠶᠢᠯᠠᠯ ᠤᠨ ᠰᠠᠯᠭᠠᠨ ᠰᠢᠯᠵᠢᠬᠦᠯᠤᠨ ᠲᠤᠰᠢᠶᠠᠬᠤ ᠠᠵᠢᠯ ᠢ ᠭᠥᠢᠴᠡᠳᠭᠡᠵᠤ᠂ ᠰᠢᠯᠵᠢᠬᠦᠯᠤᠨ ᠲᠤᠰᠢᠶᠠᠬᠤ ᠲᠠᠯ᠎ᠠ ᠪᠠ ᠬᠥᠯᠢᠶᠠᠨ ᠠᠪᠬᠤ ᠲᠠᠯ᠎ᠡ ᠶᠢᠨ ᠰᠢᠯᠵᠢᠬᠦᠯᠬᠦ ᠬᠥᠯᠢᠶᠠᠨ ᠠᠪᠬᠤ ᠬᠡᠯᠡᠯᠴᠡᠭᠡᠷ ᠲᠤᠭᠲᠠᠬᠤ ᠪᠤᠶᠤ ᠪᠤᠷᠤ ᠲᠥᠯᠤᠪ ᠤᠨ ᠬᠡᠯᠡᠯᠴᠡᠭᠡᠷ ᠲᠤᠭᠲᠠᠬᠤ ᠶᠢ ᠠᠬᠢᠭᠤᠯᠵᠤ᠂ ᠡᠨᠡ ᠵᠢᠯ ᠤᠨ ᠡᠴᠥᠰ ᠬᠡᠯᠡᠯᠴᠡᠭᠡᠷ ᠲᠤᠭᠲᠠᠬᠤ ᠶᠢ100% ᠪᠠᠷ ᠪᠡᠶᠡᠯᠡᠬᠦᠯᠬᠦ ᠶᠢ ᠪᠠᠲᠤᠯᠠᠨ᠎ᠠ᠂ ᠪᠤᠲᠠᠲᠠᠢ ᠮᠡᠲᠡᠭᠲᠡᠯ ᠲᠤᠤᠷᠠᠬᠢ ᠮᠡᠲᠤ᠄ ᠨᠢᠭᠡ᠂︽ᠭᠤᠷᠪᠠᠨ ᠬᠠᠩᠭᠠᠯᠭ᠎ᠠ ᠨᠢᠭᠡ ᠠᠳᠠᠯ ᠠᠬᠤᠢ︾ ᠶᠢ ᠰᠠᠯᠭᠠᠨ ᠰᠢᠯᠵᠢᠬᠦᠯᠤᠨ ᠲᠤᠰᠢᠶᠠᠬᠤ ᠠᠵᠢᠯ ᠤᠨ ᠵᠤᠬᠢᠶᠠᠨ ᠪᠠᠶᠢᠭᠤᠯᠤᠯᠲᠠ ᠶᠢᠨ | ᠤᠲᠤᠷᠢᠲᠤᠯᠭ᠎ᠠ ᠪᠠ ᠲᠤᠬᠢᠷᠠᠭᠤᠯᠤᠯᠲᠠ ᠪᠠᠶᠢᠷᠢᠯᠠᠭᠤᠯᠤᠯᠲᠠ ᠶᠢ ᠥᠨᠡᠨᠬᠦ ᠴᠢᠩᠭᠠᠳᠬᠠᠨ᠎ᠠ | ︽<ᠥᠪᠤᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠲᠢᠩᠬᠢᠮ ᠤᠨ ᠲᠠᠷᠤᠮᠠᠯᠯᠠᠨ ᠲᠠᠷᠬᠠᠭᠠᠭᠰᠠᠨ ᠠᠵᠤ ᠠᠬᠤᠶᠢᠯᠠᠯ ᠨᠡᠶᠢᠭᠡᠮ ᠤᠨ ᠥᠢᠯᠡᠴᠢᠯᠡᠭᠡᠨ ᠤ ᠴᠢᠲᠠᠪᠬᠢ ᠶᠢ ᠰᠠᠯᠭᠠᠬᠤ ᠶᠢ ᠲᠥᠷᠭᠡᠳᠭᠡᠬᠦ ᠪᠠ ᠲᠡᠤᠭᠡ ᠶᠢᠨ ᠥᠯᠡᠲᠡᠭᠲᠡᠯ ᠠᠰᠠᠭᠤᠲᠠᠯ ᠢ ᠰᠢᠢᠳᠪᠤᠷᠢᠯᠡᠬᠦ ᠠᠵᠢᠯ ᠤᠨ ᠲᠥᠰᠤᠯ﹀ ᠢ ᠲᠥᠩᠯᠢᠶ᠋ᠶᠤᠤ ᠬᠤᠲᠠ ᠶᠢᠨ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ ᠤᠨ ᠲᠠᠮᠵᠢᠭᠤᠯᠤᠨ ᠲᠠᠷᠬᠠᠭᠠᠭᠰᠠ ᠮᠡᠲᠡᠭᠲᠡᠯ ︾ ︵ᠲᠥᠩᠯᠢᠶᠤᠤ ᠵᠠᠰᠠᠭ ᠠᠯᠪᠠᠨ ᠥᠰᠥᠭ〔2017 〕217 ᠲᠤᠭᠠᠲᠤ 〕︶ ᠶᠢ ᠲᠠᠷᠬᠠᠭᠠᠭᠰᠠᠨ ᠠᠴᠠ ᠨᠠᠰᠢ᠂ ᠵᠠᠷᠢᠮ ᠬᠤᠰᠢᠭᠤ ᠰᠢᠶᠠᠨ ᠬᠤᠲᠠ ᠲᠤᠭᠤᠷᠢᠭ ᠤᠲᠤ ᠪᠤᠯᠲᠠᠯ᠎ᠠ ᠠᠵᠤ ᠠᠬᠤᠶᠢᠯᠠᠯ ᠤᠨ ᠨᠠᠶᠢᠭᠡᠮ ᠤᠨ ᠥᠢᠯᠡᠴᠢᠯᠡᠭᠡᠨ ᠤ ᠴᠢᠲᠠᠪᠬᠢ ᠶᠢ ᠰᠠᠯᠭᠠᠬᠤ ᠤᠲᠤᠷᠢᠳᠬᠤ ᠲᠤᠭᠤᠶᠢᠯᠠᠩ ᠪᠠᠶᠢᠭᠤᠯᠤᠭᠠᠲᠤᠢ᠂ ᠲᠤᠰᠬᠠᠢ ᠰᠠᠯᠠᠭ᠎ᠠ ᠮᠥᠴᠢᠷ ᠪᠠ ᠬᠥᠮᠤᠨ ᠡᠨᠡ ᠵᠥᠢᠯ ᠤᠨ ᠠᠵᠢᠯ ᠢ ᠬᠠᠷᠢᠭᠤᠴᠠᠭ᠎ᠠ ᠥᠭᠡᠢ ᠨᠢ ᠡᠨᠡᠬᠦ ᠠᠵᠢᠯ ᠤᠨ ᠠᠬᠢᠴᠠ ᠶᠢ ᠠᠯᠭᠤᠷᠯᠠᠭᠤᠯᠪᠠ᠃ ᠮᠠᠠ ᠤ ᠬᠤᠲᠠ ᠶᠢᠨ ᠠᠵᠤ ᠠᠬᠤᠶᠢᠯᠠᠯ ᠤᠨ ᠨᠡᠶᠢᠭᠡᠮ ᠤᠨ ᠥᠢᠯᠡᠴᠢᠯᠡᠭᠡᠨ ᠤ ᠴᠢᠲᠠᠪᠬᠢ ᠶᠢ ᠰᠠᠯᠭᠠᠬᠤ ᠪᠠ ᠲᠡᠤᠭᠡ ᠶᠢᠨ ᠥᠯᠡᠲᠡᠭᠲᠡᠯ ᠠᠰᠠᠭᠤᠲᠠᠯ ᠢ ᠰᠢᠢᠳᠪᠤᠷᠢᠯᠡᠬᠦ ᠠᠵᠢᠯ ᠢ ᠲᠥᠷᠭᠡᠳᠭᠡᠨ ᠠᠬᠢᠭᠤᠯᠬᠤ ᠶᠢᠨ ᠲᠥᠯᠤᠭᠡ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠥᠢᠯᠡᠲᠤᠯ ᠢ ᠪᠠᠲᠠᠷᠠᠭᠤᠯᠬᠤ ᠶᠢ ᠥᠨᠡᠨᠬᠦ ᠪᠠᠲᠤᠯᠠᠵᠤ᠂ ᠪᠢᠴᠢᠭ ᠮᠠᠲ᠋ᠧᠷᠢᠶᠠᠯ ᠤᠨ ᠱᠠᠭᠠᠷᠲᠠᠯᠭ᠎ᠠ ᠶᠤᠰᠤᠭᠠᠷ ᠠᠵᠤ ᠠᠬᠤᠶᠢᠯᠠᠯ ᠤᠨ ᠨᠡᠶᠢᠭᠡᠮ ᠤᠨ ᠥᠢᠯᠡᠴᠢᠯᠡᠭᠡᠨ ᠤ ᠴᠢᠲᠠᠪᠬᠢ ᠶᠢ ᠰᠠᠯᠭᠠᠬᠤ ᠪᠠ ᠲᠡᠥᠭᠡ ᠶᠢᠨ ᠥᠯᠡᠲᠡᠭᠲᠡᠯ ᠠᠰᠠᠭᠤᠲᠠᠯ ᠢ ᠰᠡᠶᠢᠳᠪᠤᠷᠢᠯᠡᠬᠦ ᠤᠲᠤᠷᠢᠳᠬᠤ ᠲᠤᠭᠤᠶᠢᠯᠠᠩ ᠵᠢᠴᠢ ᠤᠲᠤᠷᠢᠳᠬᠤ ᠲᠤᠭᠤᠶᠢᠯᠠᠩ ᠵᠢᠴᠢ ᠤᠲᠤᠷᠢᠳᠬᠤ ᠲᠤᠭᠤᠶᠢᠯᠠᠩ ᠤᠨ ᠠᠯᠪᠠᠨ ᠭᠡᠷ ᠢ ᠴᠢᠲᠠᠬᠤᠶᠢᠴᠠ ᠲᠥᠷᠭᠡᠨ ᠪᠠᠶᠢᠭᠤᠯᠵᠤ᠂ ᠲᠤᠰ ᠵᠥᠢᠯ ᠤᠨ ᠠᠵᠢᠯ ᠢ ᠪᠤᠲᠠᠲᠠᠢ ᠬᠠᠷᠢᠭᠤᠴᠠᠬᠤ ᠬᠥᠮᠤᠨ ᠪᠠ ᠬᠠᠷᠢᠯᠴᠠᠬᠤ ᠬᠡᠯᠪᠡᠷᠢ ᠶᠢ ᠲᠤᠲᠤᠯᠠᠨᠠ᠃ ᠬᠠᠮᠲᠤ ᠳᠤᠨᠢ ᠪᠥᠬᠦ ᠬᠤᠲᠠ ᠶᠢᠨ ᠠᠵᠤ ᠠᠬᠤᠶᠢᠯᠠᠯ ᠤᠨ ᠨᠡᠶᠢᠭᠡᠮ ᠤᠨ ᠥᠢᠯᠡᠴᠢᠯᠡᠭᠡᠨ ᠤ ᠴᠢᠲᠠᠪᠬᠢ ᠶᠢᠨ ᠤᠲᠤᠷᠢᠳᠬᠤ ᠲᠤᠭᠤᠶᠢᠯᠠᠩ ᠵᠢᠴᠢ ᠠᠯᠪᠠᠨ ᠭᠡᠷ ᠤᠨ ᠨᠢᠭᠡᠲᠤᠯᠲᠠᠢ ᠪᠠᠶᠢᠷᠢᠯᠠᠭᠤᠯᠤᠯᠲᠠ ᠪᠠᠷ᠂ ᠠᠵᠤ ᠠᠬᠤᠶᠢᠯᠠᠯ ᠤᠨ ᠨᠡᠶᠢᠭᠡᠮ ᠤᠨ ᠥᠢᠯᠡᠴᠢᠯᠡᠭᠡᠨ ᠤ ᠴᠢᠲᠠᠪᠬᠢ ᠶᠢ ᠰᠠᠯᠭᠠᠬᠤ ᠪᠠ ᠲᠡᠥᠭᠡ ᠶᠢᠨ ᠥᠯᠡᠲᠡᠭᠲᠡᠯ ᠠᠰᠠᠭᠤᠲᠠᠯ ᠢ ᠰᠢᠢᠳᠪᠤᠷᠢᠯᠡᠬᠦ ᠠᠵᠢᠯ ᠤᠨ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠴᠢᠩᠭᠠᠳᠬᠠᠵᠤ᠂︽ ᠭᠤᠷᠪᠠᠨ ᠬᠠᠩᠭᠠᠯᠭ᠎ᠠ ᠨᠢᠭᠡ ᠠᠳᠠᠯ ᠠᠬᠤᠢ︾ ᠶᠢ ᠰᠠᠯᠭᠠᠨ ᠰᠢᠯᠵᠢᠬᠦᠯᠤᠨ ᠲᠤᠰᠢᠶᠠᠬᠤ ᠠᠵᠢᠯ ᠤᠨ ᠠᠬᠢᠭᠤᠯᠬᠤ ᠬᠥᠴᠤᠴᠨ ᠢ ᠶᠡᠭᠡᠰᠭᠡᠨ᠎ᠠ᠃ ᠬᠤᠶᠠᠷ᠂︽ ᠭᠤᠷᠪᠠᠨ ᠬᠠᠩᠭᠠᠯᠭ᠎ᠠ ᠨᠢᠭᠡ ᠠᠳᠠᠯ ᠠᠬᠤᠢ︾ ᠶᠢ ᠰᠠᠯᠭᠠᠨ ᠰᠢᠯᠵᠢᠬᠦᠯᠤᠨ ᠲᠤᠰᠢᠶᠠᠬᠤ ᠲᠥᠰᠤᠯ ᠵᠢᠴᠢ ᠬᠡᠯᠡᠯᠴᠡᠭᠡᠷ ᠲᠤᠭᠲᠠᠨ᠎ᠠ᠃ | ︽ᠭᠤᠷᠪᠠᠨ ᠬᠠᠩᠭᠠᠯᠭ᠎ᠠ ᠨᠢᠭᠡ ᠠᠳᠠᠯ ᠠᠬᠤᠢ︾ ᠶᠢ ᠰᠠᠯᠭᠠᠨ ᠰᠢᠯᠵᠢᠬᠦᠯᠤᠨ ᠲᠤᠰᠢᠶᠠᠬᠤ ᠪᠠᠶᠢᠲᠠᠯ ᠲᠠᠢ ᠬᠤᠰᠢᠭᠤ ᠰᠢᠶᠠᠨ ᠬᠤᠲᠠ | ᠲᠤᠭᠤᠷᠢᠭ︽ᠲᠥᠩᠯᠢᠶᠤᠤ ᠬᠤᠲᠠ ᠶᠢᠨ ᠤᠯᠤᠰ ᠤᠨ ᠥᠮᠴᠢᠯᠡᠯᠲᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠭᠡᠷ ᠪᠥᠯᠢ ᠶᠢᠨ ᠲᠤᠭᠤᠷᠢᠭ ᠤᠨ ︿ᠭᠤᠷᠪᠠᠨ | ᠬᠠᠩᠭᠠᠠᠯᠭᠠ ᠨᠢᠭᠡ ᠠᠲᠠᠯ ᠠᠬᠤᠢ﹀ ᠶᠢ ᠰᠠᠯᠭᠠᠨ ᠰᠢᠯᠵᠢᠬᠦᠯᠤᠨ ᠲᠤᠰᠢᠶᠠᠬᠤ ᠠᠵᠢᠯ ᠤᠨ ᠭᠡᠷᠡᠭᠵᠢᠬᠦᠯᠬᠦ ᠲᠥᠰᠤᠯ ᠢ ᠲᠠᠷᠤᠮᠠᠯᠯᠠᠨ ᠲᠠᠷᠬᠠᠭᠠᠬᠤ ᠲᠤᠬᠠᠢ ᠲᠥᠩᠯᠢᠶᠤᠤ | ᠬᠤᠲᠠ ᠶᠢᠨ ᠵᠠᠰᠠᠭ ᠤᠨ ᠤᠷᠲᠤᠨ ᠤ ᠠᠯᠪᠠᠨ ᠭᠡᠷ ᠤᠨ ᠮᠡᠲᠡᠭᠲᠡᠯ︾ ᠤᠨ ᠱᠠᠭᠠᠷᠲᠠᠯᠭ᠎ᠠ ᠶᠤᠰᠤᠭᠠᠷ᠂ ᠲᠤᠰ ᠭᠠᠵᠠᠷ ᠤᠷᠤᠨ ᠤ ᠰᠠᠯᠭᠠᠨ ᠰᠢᠯᠵᠢᠬᠦᠯᠤᠨ ᠲᠤᠰᠢᠶᠠᠬᠤ | ᠪᠤᠲᠠᠲᠠᠢ ᠲᠥᠰᠤᠯ ᠢ ᠲᠤᠭᠲᠠᠭᠠᠨ᠎ᠠ᠂ ᠲᠥᠰᠤᠯ ᠳᠤ ᠤᠰᠤ᠂ ᠴᠠᠬᠢᠯᠭᠠᠨ᠂ ᠢᠯᠴᠢ᠂ ᠠᠲᠠᠯ ᠠᠬᠤᠢ ᠶᠢᠨ ᠬᠠᠮᠢᠶᠠᠷᠤᠯᠲᠠ ᠶᠢᠨ ᠰᠠᠯᠭᠠᠨ ᠲᠤᠰᠢᠶᠠᠨ ᠰᠢᠯᠵᠢᠬᠦᠯᠬᠦ ᠶᠢ | ᠬᠥᠯᠢᠶᠠᠨ ᠠᠪᠬᠤ ᠨᠢᠭᠡᠴᠡ ᠶᠢ ᠲᠤᠬᠢᠷᠠᠭᠤᠯᠤᠨ ᠨᠠᠶᠢᠲᠠᠪᠤᠷᠢᠵᠢᠭᠤᠯᠤᠨ᠎ᠠ᠃ ᠬᠠᠮᠲᠤ ᠳᠤᠨᠢ ᠬᠥᠯᠢᠶᠠᠨ ᠠᠪᠬᠤ ᠲᠠᠯ᠎ᠠ ᠶᠢ ᠰᠤᠩᠭᠤᠨ ᠲᠤᠭᠲᠠᠭᠠᠵᠤ᠂ ᠬᠤᠶᠠᠷ ᠲᠠᠯ᠎ᠠ | ᠬᠥᠯᠢᠶᠠᠨ ᠠᠪᠬᠤ ᠬᠡᠯᠡᠯᠴᠡᠭᠡᠷ ᠪᠤᠶᠤ ᠪᠤᠷᠤ ᠲᠥᠯᠤᠪ ᠤᠨ ᠬᠡᠯᠡᠯᠴᠡᠭᠡᠷ ᠲᠤᠭᠲᠠᠨ᠂ 12 ᠰᠠᠷ᠎ᠠ ᠶᠢᠨ15 ᠤ ᠡᠲᠤᠷ ᠠᠴᠠ ᠡᠮᠤᠨ᠎ᠠ ᠬᠡᠯᠡᠯᠴᠡᠭᠡᠷ ᠲᠤᠭᠲᠠᠬᠤ ᠠᠵᠢᠯ ᠢ | ᠪᠥᠬᠦ ᠲᠠᠯ᠎ᠠ ᠪᠠᠷ ᠪᠡᠶᠡᠯᠡᠬᠦᠯᠬᠦ ᠶᠢ ᠪᠠᠲᠤᠯᠠᠨ᠎ᠠ᠃ | ᠭᠤᠷᠪᠠ᠂︽ᠭᠤᠷᠪᠠᠨ ᠬᠠᠩᠭᠠᠯᠭ᠎ᠠ ᠨᠢᠭᠡ ᠠᠳᠠᠯ ᠠᠬᠤᠢ︾ ᠶᠢ ᠰᠠᠯᠭᠠᠨ ᠰᠢᠯᠵᠢᠬᠦᠯᠤᠨ ᠲᠤᠰᠢᠶᠠᠬᠤ ᠠᠵᠢᠯ ᠤᠨ ᠠᠬᠢᠴᠠ ᠶᠢ ᠲᠤᠭᠲᠠᠭᠰᠠᠨ | ᠬᠤᠭᠤᠴᠠᠭᠠᠨ ᠳᠤ ᠮᠡᠲᠡᠬᠦᠯᠤᠨᠡ᠃ | ᠮᠠᠨ ᠤ ᠬᠤᠲᠠ ᠶᠢᠨ︽ᠭᠤᠷᠪᠠᠨ ᠬᠠᠩᠭᠠᠯᠭ᠎ᠠ ᠨᠢᠭᠡ ᠠᠳᠠᠯ ᠠᠬᠤᠢ︾ ᠶᠢᠨ ᠠᠬᠢᠴᠠ ᠵᠢᠴᠢ ᠰᠠᠯᠭᠠᠨ ᠰᠢᠯᠵᠢᠬᠦᠯᠤᠨ ᠲᠤᠰᠢᠶᠠᠬᠤ ᠠᠵᠢᠯ ᠳᠤ ᠤᠷᠤᠰᠢᠵᠤ | ᠪᠠᠶᠢᠭ᠎ᠠ ᠠᠰᠠᠭᠤᠲᠠᠯ ᠢ ᠴᠠᠭ ᠲᠤᠬᠠᠢ ᠳᠤᠨᠢ ᠤᠶᠢᠯᠠᠭᠠᠵᠤ᠂ ᠲᠤᠰ ᠭᠠᠵᠠᠷ ᠤᠷᠤᠨ ᠤ ᠤᠲᠤᠬᠠᠨ ᠤ︽ᠭᠤᠷᠪᠠᠨ ᠬᠠᠩᠭᠠᠯᠭ᠎ᠠ ᠨᠢᠭᠡ ᠠᠳᠠᠯ ᠠᠬᠤᠢ︾ ᠶᠢᠨ | ᠠᠵᠢᠯ ᠤᠨ ᠥᠨᠲᠤᠰᠤᠨ ᠪᠠᠶᠢᠲᠠᠯ᠂ ᠵᠤᠬᠢᠶᠠᠨ ᠪᠠᠶᠢᠭᠤᠯᠤᠨ ᠤᠲᠤᠷᠢᠳᠬᠤ ᠪᠠᠶᠢᠲᠠᠯ᠂ ᠠᠵᠢᠯ ᠥᠷᠨᠢᠬᠦᠯᠥᠭᠰᠡᠨ ᠪᠠᠶᠢᠲᠠᠯ᠂ ᠰᠢᠯᠵᠢᠬᠦᠯᠤᠨ ᠲᠤᠰᠢᠶᠠᠭᠰᠠ ᠠᠵᠤ | ᠠᠬᠤᠶᠢᠯᠠᠯ ᠪᠠ ᠬᠥᠯᠢᠶᠠᠨ ᠠᠪᠬᠤ ᠨᠢᠭᠡᠴᠡ ᠶᠢᠨ ᠰᠠᠯᠭᠠᠨ ᠰᠢᠯᠵᠢᠭᠦᠯᠥᠨ ᠲᠤᠰᠢᠶᠠᠬᠤ ᠶᠠᠪᠤᠴᠠ ᠳᠤ ᠤᠷᠤᠰᠢᠵᠤ ᠪᠠᠶᠢᠭ᠎ᠠ ᠠᠰᠠᠭᠤᠲᠠᠯ ᠵᠢᠴᠢ ᠠᠰᠠᠭᠤᠲᠠᠯ ᠢ ᠬᠡᠷᠬᠢᠨ | ᠰᠢᠢᠳᠪᠤᠷᠢᠯᠡᠬᠦ ᠪᠠ ᠲᠠᠷᠠᠭᠠᠴᠢ ᠶᠢᠨ ᠠᠵᠢᠯ ᠤᠨ ᠲᠤᠬᠢᠷᠠᠭᠤᠯᠤᠯᠲᠠ ᠶᠢ ᠴᠠᠭ ᠳᠤᠨᠢ ᠬᠤᠷᠢᠶᠠᠩᠭᠤᠶᠢᠯᠠᠬᠤ ᠶᠢᠨ ᠬᠠᠮᠲᠤ ᠰᠠᠷ᠎ᠠ ᠪᠥᠷᠢ ᠶᠢᠨ 10᠂ 20᠂ 30 ᠤ | ᠡᠲᠤᠷ ᠠᠴᠠ ᠡᠮᠤᠨ᠎ᠠ ᠠᠵᠢᠯ ᠤᠨ ᠠᠬᠢᠴᠠ ᠶᠢᠨ ᠪᠠᠶᠢᠲᠠᠯ ᠢᠶᠠᠨ ᠲᠡᠭᠡᠭᠰᠢ ᠮᠡᠲᠡᠬᠦᠯᠤᠨᠡ᠃ ᠡᠷᠭᠡᠪᠰᠢ 12 ᠰᠠᠷ᠎ᠠ ᠶᠢᠨ 6 ᠤ ᠡᠲᠤᠷ ᠠᠴᠠ ᠡᠮᠤᠨ᠎ᠠ ᠤᠲᠤᠷᠢᠳᠬᠤ | ᠲᠤᠭᠤᠶᠢᠯᠠᠩ᠂ ᠰᠠᠯᠭᠠᠨ ᠲᠤᠰᠢᠶᠠᠨ ᠰᠢᠯᠵᠢᠭᠦᠯᠭᠦ ᠲᠥᠰᠤᠯ᠂ ᠠᠵᠢᠯ ᠤᠨ ᠠᠬᠢᠴᠠ ᠶᠢᠨ ᠪᠠᠶᠢᠲᠠᠯ ᠢᠶᠠᠨ ᠬᠤᠲᠠ ᠶᠢᠨ ᠤᠯᠤᠰ ᠤᠨ ᠥᠮᠴᠢᠯᠠᠯᠲᠤ ᠠᠵᠤ | ᠠᠬᠤᠶᠢᠯᠠᠯ ᠤᠨ ᠨᠠᠶᠢᠭᠡᠮ ᠤᠨ ᠥᠢᠯᠡᠴᠢᠯᠡᠭᠡᠨ ᠤ ᠴᠢᠲᠠᠪᠬᠢ ᠶᠢᠨ ᠤᠲᠤᠷᠢᠳᠬᠤ ᠲᠤᠭᠤᠶᠢᠯᠠᠩ ᠤᠨ ᠠᠯᠪᠠᠨ ᠭᠡᠷ ︵ᠬᠤᠲᠠ ᠶᠢᠨ ᠤᠯᠤᠰ ᠤᠨ ᠡᠳ᠋ ᠬᠥᠷᠤᠩᠭᠡ ᠶᠢᠨ | ᠬᠠᠮᠢᠶᠠᠷᠤᠯᠲᠠ ᠶᠢᠨ ᠲᠤᠪᠴᠢᠶ᠎ᠠ︶ ᠳᠤ ᠮᠡᠲᠡᠬᠦᠯᠵᠤ᠂ ᠮᠠᠲ᠋ᠧᠷᠢᠶᠠᠯ ᠢᠶᠠᠨ ᠴᠠᠭ ᠲᠤᠬᠠᠢ ᠳᠤᠨᠢ ᠮᠡᠲᠡᠬᠦᠯᠤᠭ᠍ᠰᠡ ᠥᠭᠡᠢ ᠬᠤᠰᠢᠭᠤ ᠰᠢᠶᠠᠨ ᠬᠤᠲᠠ ᠲᠤᠭᠤᠷᠢᠭ ᠢ ᠪᠥᠬᠦ | ᠬᠤᠲᠠ ᠶᠢᠨ ᠬᠡᠪᠴᠢᠶᠠᠨ ᠳᠤ ᠵᠠᠷᠯᠠᠨ᠎ᠠ᠃ | ᠬᠠᠷᠢᠯᠴᠠᠬᠤ ᠬᠥᠮᠤᠨ ᠄ ᠵᠧᠩ ᠰᠢᠤᠸᠢ ᠹᠧᠩ | ᠬᠠᠷᠢᠯᠴᠠᠬᠤ ᠤᠲᠠᠰᠤ᠄ 8835439 | ᠰᠢᠤᠲᠠᠨ ᠬᠠᠶᠢᠷᠴᠠᠭ ᠄ TLJWGZK@163.COM | ᠬᠠᠶ᠋ᠢᠭ᠄ ᠲᠥᠩᠯᠢᠶᠤᠤ ᠬᠤᠲᠠ ᠶᠢᠨ ᠵᠠᠰᠠᠭ ᠵᠠᠬᠢᠷᠭᠠᠨ ᠤ ᠲᠥᠪ ᠤᠨ ᠨᠢᠭᠡᠲᠤᠭᠡᠷ ᠨᠤᠮᠧᠷᠲᠤ ᠠᠰᠠᠷ ᠤᠨ 0906 ᠲᠠᠰᠤᠭ |