| | ᠰᠤᠷᠪᠤᠯᠵᠢᠯᠠᠭ᠎ᠠ ᠶᠢᠨ ᠨᠡᠷᠡᠶᠢᠲᠤᠯ᠄ ᠲᠥᠩᠯᠢᠶᠤᠤ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠲᠥᠷᠤ ᠶᠢᠨ ᠪᠤᠲᠤᠯᠭ᠎ᠠ ᠶᠢᠨ ᠲᠠᠶᠢᠯᠤᠮᠵᠢ | ᠰᠤᠷᠪᠤᠯᠵᠢᠯᠠᠭᠰᠠ ᠴᠠᠭ᠄ 2017.10.16 10᠄00 | ᠰᠤᠷᠪᠤᠯᠵᠢᠯᠠᠭᠰᠠᠨ ᠡᠷᠬᠢᠮ ᠵᠤᠴᠢᠨ᠄ ᠲᠥᠩᠯᠢᠶᠤᠤ ᠬᠤᠲᠠ ᠶᠢᠨ ᠠᠷᠠᠳ ᠤᠨ ᠶᠠᠪᠤᠲᠠᠯ ᠤᠨ ᠲᠤᠪᠴᠢᠶ᠎ᠠ ᠶᠢᠨ ᠨᠡᠶᠢᠭᠡᠮ ᠤᠨ ᠠᠪᠤᠷᠠᠨ ᠲᠤᠰᠠᠯᠠᠬᠤ | ᠰᠠᠯᠠᠭ᠎ᠠ ᠶᠢᠨ ᠲᠠᠷᠤᠭ᠎ᠠ ᠰᠤ᠋ ᠵᠥᠩ ᠱᠧᠨ | ᠭᠤᠤᠯ ᠠᠭᠤᠯᠭ᠎ᠠ᠄ ᠥᠢᠷ᠎ᠠ ᠵᠢᠨᠵᠢᠯ ᠳᠤ᠂ ᠮᠠᠨ ᠤ ᠬᠤᠲᠠ ᠬᠠᠮᠤᠭ ᠤᠨ ᠲᠤᠤᠷ᠎ᠠ ᠠᠮᠢᠲᠤᠷᠠᠯ ᠤᠨ ᠪᠠᠲᠤᠯᠠᠭ᠎ᠠ᠂ ᠤᠨᠴᠨ ᠬᠥᠴᠢᠷᠲᠡᠯᠲᠠᠢ ᠬᠥᠮᠤᠰ ᠢ ᠠᠪᠤᠷᠠᠨ | ᠲᠤᠰᠠᠯᠠᠵᠤ ᠠᠰᠠᠷᠠᠨ ᠲᠠᠵᠢᠭᠡᠬᠦ᠂ ᠭᠠᠮᠰᠢᠭᠳᠠᠭᠰᠠ ᠬᠥᠮᠥᠰ ᠢ ᠠᠪᠤᠷᠠᠨ ᠲᠤᠰᠠᠯᠠᠬᠤ᠂ ᠡᠮ ᠡᠮᠨᠡᠯᠭᠡ ᠪᠠᠷ ᠠᠪᠤᠷᠠᠠ ᠲᠤᠰᠠᠯᠠᠬᠤ᠂ ᠰᠤᠷᠭᠠᠨ ᠬᠥᠮᠥᠵᠢᠯ ᠢᠶᠠᠷ ᠠᠪᠤᠷᠠᠨ | ᠲᠤᠰᠠᠯᠠᠬᠤ᠂ ᠤᠷᠤᠨ ᠰᠠᠭᠤᠴᠠ ᠪᠠᠷ ᠠᠪᠤᠷᠠᠨ ᠲᠤᠰᠠᠯᠠᠬᠤ᠂ ᠠᠵᠢᠯ ᠤᠯᠤᠭᠤᠯᠲᠠ ᠪᠠᠷ ᠠᠪᠤᠷᠠᠨ ᠲᠤᠰᠠᠯᠠᠬᠤ᠂ ᠲᠥᠷ ᠴᠠᠭ ᠢᠶᠠᠷ ᠠᠪᠤᠷᠠᠨ ᠲᠤᠰᠠᠯᠠᠬᠤ ᠵᠡᠷᠭᠡ 8 | ᠵᠥᠢᠯ ᠤᠨ ᠲᠤᠭᠲᠠᠭᠠᠯ ᠪᠠ ᠨᠡᠶᠢᠭᠡᠮ ᠤᠨ ᠬᠥᠴᠤᠨ ᠤᠷᠤᠯᠴᠠᠭᠰᠠᠨ︽8+1︾ ᠨᠡᠶᠢᠭᠡᠮ ᠤᠨ ᠠᠪᠤᠷᠠᠨ ᠲᠤᠰᠠᠯᠠᠬᠤ ᠲᠤᠭᠲᠠᠭᠠᠯ ᠤᠨ ᠲᠤᠭᠲᠠᠯᠴᠠᠭ᠎ᠠ ᠶᠢᠨ | ᠠᠭᠤᠯᠭ᠎ᠠ ᠶᠢ ᠲᠤᠭᠲᠠᠭᠠᠪᠠ᠂ ᠡᠲᠡᠭᠡᠷ ᠲᠥᠷᠤ ᠶᠢᠨ ᠪᠤᠲᠤᠯᠭ᠎ᠠ ᠨᠢ ᠤᠯᠠᠨ ᠲᠥᠮᠡᠨ ᠤ ᠬᠥᠴᠢᠷᠲᠠᠯ ᠤᠨ ᠡᠯ᠎ᠡ ᠲᠠᠯ᠎ᠠ ᠶᠢ ᠬᠠᠪᠰᠤᠷᠭᠠᠨ ᠬᠠᠷᠠᠭᠠᠯᠵᠠᠵᠤ᠂ | ᠬᠥᠴᠢᠷᠲᠡᠯᠲᠠᠢ ᠤᠯᠠᠨ ᠲᠥᠮᠡᠨ ᠤ ᠠᠩᠬᠠᠷᠴᠤ ᠪᠠᠶᠢᠭ᠎ᠠ ᠡᠯ᠎ᠡ ᠬᠥᠷᠢᠶ᠎ᠠ ᠭᠡᠪᠴᠢᠶ᠎ᠠ ᠶᠢ ᠬᠠᠮᠤᠷᠴᠤ᠂ ᠬᠥᠴᠢᠷᠲᠡᠯᠲᠠᠢ ᠤᠯᠠᠨ ᠲᠥᠮᠡᠨ ᠤ ᠥᠨᠲᠤᠰᠤᠨ ᠠᠮᠢᠲᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠶᠤᠯᠬᠦᠢ ᠲᠤᠤᠷ ᠪᠠᠶᠢᠭᠤᠯᠵᠤ᠂ ᠤᠷᠤᠰᠢᠨ ᠲᠤᠭᠲᠠᠨᠢᠬᠤ ᠠᠶᠤᠯ ᠲᠥᠭᠰᠢᠬᠦᠷᠢ ᠶᠢ ᠥᠨᠲᠤᠰᠤᠨ ᠠᠴᠠ ᠨᠢ ᠠᠷᠢᠯᠭᠠᠵᠤ᠂ | ᠬᠥᠴᠢᠷᠲᠠᠯᠲᠠᠢ ᠤᠯᠠᠨ ᠲᠥᠮᠡᠨ ᠤ ᠤᠷᠤᠰᠢᠨ ᠲᠤᠭᠲᠠᠨᠢᠬᠤ ᠭᠠᠴᠢᠭᠲᠠᠯ ᠳᠤ ᠤᠴᠠᠷᠠᠬᠤ ᠶᠢ ᠪᠥᠲᠤᠮᠵᠢᠲᠠᠢ ᠬᠤᠷᠢᠭᠯᠠᠨ᠂ ᠨᠡᠶᠢᠭᠡᠮ ᠤᠨ ᠶᠤᠰᠤ ᠰᠤᠷᠲᠠᠬᠤᠨ ᠪᠠ | ᠰᠡᠳᠬᠢᠴᠡ ᠶᠢᠨ ᠬᠤᠷᠢᠭ᠎ᠠ ᠱᠤᠭᠤᠮ ᠢ ᠲᠠᠭᠠᠷᠢᠬᠤ ᠭᠤᠨᠢᠭᠲᠤ ᠬᠡᠷᠡᠭ ᠶᠠᠪᠤᠲᠠᠯ ᠡᠬᠦᠰᠬᠦ ᠶᠢ ᠰᠡᠷᠭᠡᠶᠢᠯᠡᠪᠡ᠃ ᠨᠡᠶᠢᠭᠡᠮ ᠤᠨ ᠠᠪᠤᠷᠠᠨ ᠲᠤᠰᠠᠯᠠᠬᠤ ᠡᠯ᠎ᠡ ᠵᠥᠢᠯ ᠤᠨ | ᠲᠥᠷᠤ ᠶᠢᠨ ᠪᠤᠲᠤᠯᠭ᠎ᠠ ᠶᠢᠨ ᠨᠠᠶᠢᠲᠠᠪᠤᠷᠢᠵᠢᠭᠤᠯᠤᠯᠲᠠ ᠨᠢ ᠠᠷᠠᠳ ᠤᠨ ᠰᠡᠳᠬᠢᠯ ᠳᠤ ᠨᠠᠶᠢᠴᠠᠡ᠂ ᠥᠷ᠎ᠡ ᠪᠥᠲᠤᠮᠵᠢ ᠲᠤᠪᠤᠶᠢᠮ᠎ᠠ ᠪᠠᠶᠢᠨ᠎ᠠ᠃ ᠤᠲᠤ ᠪᠤᠯᠲᠠᠯ᠎ᠠ᠂ | ᠪᠥᠬᠦ ᠬᠤᠲᠠ ᠶᠢᠨ ᠡᠯ᠎ᠠ ᠲᠥᠷᠥᠯ ᠤᠨ ᠠᠪᠤᠷᠠᠨ ᠲᠤᠰᠠᠯᠠᠬᠤ ᠡᠲᠡᠭᠡᠳ ᠤᠨ ᠠᠰᠢᠭ ᠲᠤᠰᠨ ᠬᠥᠷᠲᠡᠭᠰᠡᠳ 30 ᠲᠥᠮᠡ ᠬᠥᠷᠪᠡ ᠃ | ︵ᠬᠥᠲᠤᠯᠥᠭᠴᠢ︶ ᠰᠥᠯᠵᠢᠶᠠᠡ ᠤ ᠨᠠᠶᠢᠵᠠ ᠨᠠᠷ ᠰᠠᠶᠢᠨ ᠪᠠᠶᠢᠨᠨᠤ︖ ᠮᠠᠨ ᠤ ᠲᠥᠩᠯᠢᠶᠤᠤ ᠬᠤᠲᠠ ᠶᠢᠨ ᠵᠠᠰᠠᠭ ᠤᠨ ᠤᠷᠲᠤᠨ ᠤ ᠡᠭᠦᠲᠡᠭᠴᠢ | ᠰᠥᠯᠵᠢᠶ᠎ᠠ ᠶᠢᠨ ᠰᠤᠩᠭᠤᠨ ᠭᠠᠷᠭᠠᠭᠰᠠᠨ ᠠᠷᠠᠳ ᠤᠨ ᠶᠠᠪᠤᠲᠠᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠰᠤᠷᠪᠤᠯᠵᠢᠯᠠᠭ᠎ᠠ ᠶᠢ ᠬᠥᠯᠢᠶᠠᠨ ᠥᠵᠡᠬᠦ ᠶᠢ ᠪᠠᠶᠠᠷᠯᠠᠨ | ᠤᠭᠲᠤᠵᠤ ᠪᠠᠶᠢᠨ᠎ᠠ᠂ ᠥᠨᠤᠲᠤᠷ ᠪᠢᠲᠡᠨ ᠤ ᠤᠷᠢᠭᠰᠠᠨ ᠡᠷᠬᠢᠮ ᠵᠤᠴᠢᠨ ᠪᠤᠯ ᠲᠥᠩᠯᠢᠶᠤᠤ ᠬᠤᠲᠠ ᠶᠢᠨ ᠠᠷᠠᠳ ᠤᠨ ᠶᠠᠪᠤᠲᠠᠯ ᠤᠨ ᠨᠠᠶᠢᠭᠡᠮ ᠤᠨ ᠠᠪᠤᠷᠠᠨ | ᠲᠤᠰᠠᠯᠠᠬᠤ ᠰᠠᠯᠠᠭ᠎ᠠ ᠶᠢᠨ ᠰᠤ᠋ ᠵᠥᠩ ᠱᠧᠨ ᠰᠠᠯᠠᠭᠠᠨ ᠲᠠᠷᠤᠭ᠎ᠠ ᠪᠤᠯᠤᠨ᠎ᠠ᠂ ᠰᠤ᠋ ᠰᠠᠯᠠᠭᠠᠨ ᠲᠠᠷᠤᠭ᠎ᠠ ᠲᠠᠨ ᠢ ᠪᠠᠶᠠᠷᠯᠠᠨ ᠤᠭᠲᠤᠵᠤ ᠪᠠᠶᠢᠨ᠎ᠠ︕ | ︵ᠰᠤ᠋ ᠰᠠᠯᠠᠭᠠᠨ ᠲᠠᠷᠤᠭ᠎ᠠ︶ ᠰᠥᠯᠵᠢᠶᠡᠨ ᠤ ᠨᠠᠶᠢᠵᠠ ᠨᠠᠷ ᠰᠠᠶᠢᠨ ᠪᠠᠶᠢᠨᠨᠤ︖ ᠲᠥᠩᠯᠢᠶᠤᠤ ᠬᠤᠲᠠ ᠶᠢᠨ ᠵᠠᠰᠠᠭ ᠤᠨ ᠤᠷᠲᠤᠨ ᠤ ᠡᠭᠦᠲᠡᠭᠴᠢ | ᠰᠥᠯᠵᠢᠶ᠎ᠠ ᠪᠠᠷ ᠤᠯᠠᠨ ᠲᠠᠢ ᠰᠠᠨᠠᠯ ᠢᠶᠠᠨ ᠰᠤᠯᠢᠯᠴᠠᠬᠤ ᠪᠠᠷ ᠪᠤᠯᠤᠭᠰᠠᠨ ᠳᠤ ᠲᠤᠩ ᠪᠠᠶᠠᠷᠯᠠᠵᠤ ᠪᠠᠶᠢᠨ᠎ᠠ᠂ ᠰᠥᠯᠵᠢᠶᠡᠨ ᠤ ᠨᠠᠶᠢᠵᠠ ᠨᠠᠷ ᠤᠨ ᠤᠷᠲᠤ | ᠬᠤᠭᠤᠴᠠᠭᠠᠨ ᠤ ᠲᠤᠷᠰᠢ᠂ ᠮᠠᠨ ᠤ ᠬᠤᠲᠠ ᠶᠢᠨ ᠨᠠᠶᠢᠭᠡᠮ ᠤᠨ ᠠᠪᠤᠷᠠᠨ ᠲᠤᠰᠠᠯᠠᠬᠤ ᠠᠵᠢᠯ ᠳᠤ ᠬᠠᠯᠠᠮᠵᠢᠯᠠᠯ ᠪᠠ ᠲᠡᠮᠵᠢᠯᠭᠡ ᠥᠵᠡᠬᠦᠯᠥᠭᠰᠡᠨ ᠳᠤ ᠲᠠᠯᠠᠷᠬᠠᠵᠤ | ᠪᠠᠶᠢᠨ᠎ᠠ᠃ | ︵ᠬᠥᠲᠥᠯᠥᠭᠴᠢ︶ ᠥᠨᠥᠲᠤᠷ᠂ ᠪᠢᠲᠡᠨᠡᠷ ᠰᠤ᠋ ᠰᠠᠯᠠᠭᠠᠨ ᠲᠠᠷᠤᠭ᠎ᠠ ᠲᠠᠢ ᠬᠠᠮᠲᠤ ᠮᠠᠨ ᠤ ᠬᠤᠲᠠ ᠶᠢᠨ ᠨᠠᠶᠢᠭᠡᠮ ᠤᠨ ᠠᠪᠤᠷᠠᠨ ᠲᠤᠰᠠᠯᠠᠬᠤ ᠲᠤᠬᠠᠢ | ᠲᠥᠷᠤ ᠶᠢᠨ ᠪᠤᠲᠤᠯᠭ᠎ᠠ ᠶᠢᠨ ᠨᠠᠶᠢᠲᠠᠪᠤᠷᠢᠵᠢᠭᠤᠯᠤᠯᠲᠠ ᠪᠠ ᠬᠡᠷᠡᠭᠵᠢᠬᠦᠯᠥᠯᠲᠡ ᠭᠡᠬᠦ ᠭᠤᠤᠯ ᠰᠡᠲᠤᠪ ᠢ ᠶᠠᠷᠢᠯᠴᠠᠬᠤ ᠪᠠᠷ ᠪᠠᠶᠢᠨ᠎ᠠ᠃ ᠲᠠᠶᠢᠮᠤ ᠪᠤᠯ ᠥᠨᠤᠲᠤᠷ ᠮᠠᠨ ᠤ | ᠰᠤ᠋ ᠰᠠᠯᠠᠭᠠᠨ ᠲᠠᠷᠤᠭ᠎ᠠ ᠶᠢᠨ ᠮᠠᠨ ᠤ ᠬᠤᠲᠠ ᠶᠢᠨ ᠰᠠᠭᠤᠭᠠᠯᠢ ᠠᠷᠠᠳ ᠠᠮᠢᠲᠤᠷᠠᠯ ᠤᠨ ᠬᠠᠮᠤᠭ ᠲᠤᠤᠷ᠎ᠠ ᠪᠠᠲᠤᠯᠠᠭ᠎ᠠ ᠶᠢ ᠬᠡᠷᠬᠢᠨ ᠭᠤᠶᠤᠴᠢᠯᠠᠬᠤ ᠲᠤᠬᠠᠢ | ᠲᠠᠶᠢᠯᠪᠤᠷᠢᠯᠠᠯ ᠢ ᠬᠥᠰᠡᠶ᠎ᠡ᠃ | ︵ᠰᠤ᠋ ᠰᠠᠯᠠᠭᠠᠨ ᠲᠠᠷᠤᠭ᠎ᠠ︶ ᠪᠤᠯᠤᠨ᠎ᠠ ᠳ᠋ᠠ᠂ ᠤᠲᠤ ᠶᠢᠨ ᠭᠡᠷᠡᠭᠵᠢᠬᠦᠯᠵᠥ ᠪᠠᠶᠢᠭ᠎ᠠ ᠲᠥᠷᠤ ᠶᠢᠨ ᠪᠤᠲᠤᠯᠭ᠎ᠠ ᠶᠢᠨ ᠲᠤᠭᠲᠠᠭᠠᠯ ᠪᠤᠯ᠄ ᠠᠯᠢᠪᠠ ᠨᠥᠬᠦᠴᠡᠯ ᠳᠤ | ᠨᠡᠶᠢᠴᠡᠭᠰᠡᠡ ᠰᠠᠭᠤᠭᠠᠯᠢ ᠠᠷᠠᠳ᠂ ᠭᠡᠷ ᠪᠥᠯᠢ ᠪᠠᠷ ᠨᠢᠭᠡᠴᠡ ᠪᠤᠯᠭᠠᠨ ᠰᠢᠭᠤᠤᠨ ᠡᠷᠤᠭᠡ ᠶᠢᠨ ᠡᠵᠡᠨ ᠪᠤᠶᠤ ᠪᠤᠰᠤᠳ ᠨᠠᠶᠢᠲᠡᠯᠭᠠ ᠶᠢᠨ ᠬᠥᠮᠤᠨ ᠡᠷᠥᠭᠡ ᠶᠢᠨ | ᠡᠵᠡᠨ ᠤᠨ ᠨᠠᠷ᠎ᠡ ᠪᠠᠷ ᠡᠷᠥᠭᠡ ᠠᠮᠠ ᠶᠢᠨ ᠬᠠᠷᠢᠶ᠎ᠠ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠤᠷᠲᠤᠨ ︵ᠵᠡᠭᠡᠯᠢ ᠭᠤᠲᠤᠮᠵᠢ ᠶᠢᠨ ᠭᠡᠷᠡᠭ ᠡᠷᠬᠢᠯᠡᠬᠦ ᠭᠠᠵᠠᠷ︶ | ᠳᠤ ᠪᠢᠴᠢᠭ ᠢᠶᠠᠷ ᠭᠤᠶᠤᠴᠢᠯᠠᠯ ᠲᠤᠷᠠᠳᠬᠤ ︵ᠬᠥᠮᠤᠨ ᠪᠠ ᠡᠷᠥᠭᠡ ᠰᠠᠯᠤᠭᠰᠠᠨ ᠭᠡᠷ ᠪᠥᠯᠢ ᠰᠢᠭᠤᠳ ᠡᠷᠤᠭᠡ ᠠᠮᠠ ᠶᠢᠨ ᠬᠠᠷᠢᠶ᠎ᠠ ᠭᠠᠵᠠᠷ ᠤᠨ ᠬᠤᠰᠢᠭᠤ | ᠰᠢᠶᠠᠨᠱᠠᠲᠤᠨ ᠤ ᠠᠷᠠᠳ ᠤᠨ ᠶᠠᠪᠤᠲᠠᠯ ᠤᠨ ᠰᠠᠯᠠᠭ᠎ᠠ ᠮᠥᠴᠢᠷ ᠲᠤ ᠲᠤᠷᠠᠲᠤᠨᠠ︶ ᠡᠷᠭᠡ ᠲᠠᠢ ᠭᠡᠵᠤ ᠥᠵᠡᠵᠤ ᠪᠠᠶᠢᠨ᠎ᠠ᠂ ᠬᠠᠮᠲᠤ ᠳᠤᠨᠢ ᠡᠷᠥᠭᠡ ᠠᠮᠠ ᠶᠢᠨ | ᠪᠠᠶᠢᠲᠠᠯ᠂ ᠤᠷᠤᠯᠭ᠎ᠠ ᠶᠢᠨ ᠪᠠᠶᠢᠲᠠᠯ᠂ ᠡᠳ᠋ ᠬᠥᠷᠥᠩᠭᠡ ᠶᠢᠨ ᠪᠠᠶᠢᠲᠠᠯ ᠵᠢᠴᠢ ᠪᠤᠰᠤᠳ ᠭᠡᠷᠡᠭᠰᠡᠬᠦ ᠥᠨᠡᠯᠡᠯᠲᠠ ᠶᠢᠨ ᠮᠠᠲ᠋ᠧᠷᠢᠶᠠᠯ ᠢ ᠲᠤᠭᠲᠠᠭᠠᠯ ᠶᠤᠰᠤᠭᠠᠷ | ᠲᠤᠰᠢᠶᠠᠨ᠎ᠠ᠃ ᠭᠤᠶᠤᠴᠢᠯᠠᠭᠴᠢ︽ᠲᠥᠩᠯᠢᠶᠤᠤ ᠬᠤᠲᠠ ᠶᠢᠨ ᠬᠠᠮᠤᠭ ᠲᠤᠤᠷ᠎ᠠ ᠠᠮᠢᠲᠤᠷᠠᠯ ᠤᠨ ᠪᠠᠲᠤᠯᠠᠭ᠎ᠠ ᠶᠢᠨ ᠭᠤᠶᠤᠴᠢᠯᠠᠯ ᠤᠨ ᠬᠥᠰᠥᠨᠥᠭᠲᠥ︾᠂︽ᠭᠡᠷ | ᠪᠥᠯᠢ ᠶᠢᠨ ᠤᠷᠤᠯᠭ᠎ᠠ᠂ ᠡᠳ᠋ ᠬᠥᠷᠥᠩᠭᠡ ᠶᠢᠨ ᠲᠤᠲᠤᠷᠬᠠᠶᠢᠯᠠᠯᠲᠠ ᠵᠢᠴᠢ ᠥᠨᠡᠨ ᠪᠤᠲᠠᠲᠠᠢ ᠭᠤᠶᠤᠴᠢᠯᠠᠨ ᠮᠡᠲᠡᠬᠦᠯᠬᠦ ᠠᠮᠠᠯᠲᠠᠯᠭ᠎ᠠ ᠶᠢᠨ ᠪᠢᠴᠢᠭ︾ ᠪᠠ︽ᠭᠡᠷ | ᠪᠥᠯᠢ ᠶᠢᠨ ᠠᠵᠤ ᠠᠬᠤᠢ ᠶᠢᠨ ᠪᠠᠶᠢᠲᠠᠯ ᠢ ᠰᠢᠯᠭᠠᠨ ᠪᠠᠶᠢᠴᠠᠭᠠᠵᠤ ᠡᠷᠭᠡ ᠤᠯᠭᠤᠬᠤ ᠨᠠᠶᠢᠲᠠᠯᠭ᠎ᠠ ᠶᠢᠨ ᠪᠢᠴᠢᠭ︾ᠵᠡᠷᠭᠡ ᠶᠢ ᠲᠠᠭᠯᠠᠨ ᠪᠢᠴᠢᠨ᠎ᠠ᠂ ᠵᠢᠱᠢᠶᠡᠯᠡᠪᠡᠯ ᠭᠡᠷ | ᠪᠥᠯᠢ ᠶᠢᠨ ᠡᠳ᠋ ᠬᠥᠷᠥᠩᠭᠡ ᠶᠢᠨ ᠤᠷᠤᠯᠭ᠎ᠠ ᠵᠠᠷᠤᠯᠭ᠎ᠠ ᠶᠢᠨ ᠪᠠᠶᠢᠲᠠᠯ ᠤᠨ ᠭᠤᠶᠤᠴᠢᠯᠠᠨ ᠮᠡᠲᠡᠭᠦᠯᠤᠭ᠍ᠰᠡᠨ ᠥᠨᠡᠨ ᠪᠤᠲᠠᠲᠠᠢ ᠪᠢᠰᠢ ᠪᠤᠯ︽ᠢᠲᠡᠭᠡᠮᠵᠢ ᠶᠢᠨ ᠬᠠᠷ᠎ᠠ | ᠨᠠᠷ᠎ᠡ ᠶᠢᠨ ᠲᠠᠩᠰᠠ︾ ᠳᠤ ᠲᠡᠮᠲᠡᠭᠯᠡᠬᠦ ᠶᠢᠨ ᠬᠠᠮᠲᠤ ᠳᠤᠨᠢ ᠲᠤᠤᠷ᠎ᠠ ᠪᠠᠲᠤᠯᠠᠭ᠎ᠠ ᠶᠢᠨ ᠵᠠᠩᠬᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠲᠠᠩᠰᠠ ᠳᠤ ᠲᠡᠮᠲᠡᠭᠯᠡᠨ᠎ᠡ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠲᠤᠨ ︵ᠵᠡᠭᠡᠯᠢ ᠭᠤᠲᠤᠮᠵᠢ ᠶᠢᠨ ᠭᠡᠷᠡᠭ ᠡᠷᠬᠢᠯᠡᠬᠦ ᠭᠠᠵᠠᠷ︶ ᠵᠤᠬᠢᠰᠲᠠᠢ ᠤᠴᠢᠷ ᠰᠢᠯᠲᠠᠭᠠᠨ ᠥᠭᠡᠢ ᠪᠠᠷ | ᠭᠤᠶᠤᠴᠢᠯᠠᠯ ᠢ ᠬᠥᠯᠢᠶᠠᠨ ᠠᠪᠬᠤ ᠶᠢ ᠲᠠᠪᠴᠢᠵᠤ ᠪᠤᠯᠬᠤ ᠥᠭᠡᠢ᠃ ᠭᠤᠶᠤᠴᠢᠯᠠᠭᠴᠢ ᠶᠢᠨ ᠨᠠᠶᠢᠲᠠᠯᠭ᠎ᠠ ᠪᠠᠷ᠂ ᠭᠠᠴᠠᠭ᠎ᠠ ᠲᠤᠰᠬᠤᠨ ᠤ ᠠᠷᠠᠳ ᠤᠨ ᠵᠥᠪᠯᠡᠯ ︵ | ᠨᠠᠶᠢᠭᠡᠮ ᠲᠤᠭᠤᠷᠢᠭ ᠤᠨ ᠰᠠᠭᠤᠭᠠᠯᠠᠢ ᠠᠷᠠᠳ ᠤᠨ ᠵᠥᠪᠯᠡᠯ︶ ᠭᠤᠶᠤᠴᠢᠯᠠᠯ ᠢ ᠤᠷᠤᠯᠠᠨ ᠲᠤᠰᠢᠶᠠᠵᠤ ᠪᠤᠯᠤᠨ᠎ᠠ᠃ | ︵ᠬᠥᠲᠤᠯᠥᠭᠴᠢ︶ ᠮᠠᠨ ᠤ ᠬᠤᠲᠠ ᠶᠢᠨ ᠬᠠᠮᠤᠭ ᠲᠤᠤᠷ᠎ᠠ ᠠᠮᠢᠲᠤᠷᠠᠯ ᠤᠨ ᠪᠠᠲᠤᠯᠠᠭ᠎ᠠ ᠶᠢ ᠭᠤᠶᠤᠴᠢᠯᠠᠬᠤ ᠳᠤ ᠶᠠᠮᠠᠷ ᠶᠠᠮᠠᠷ ᠮᠠᠲ᠋ᠧᠷᠢᠶᠠᠯ ᠲᠤᠰᠢᠶᠠᠬᠤ | ᠴᠢᠬᠤᠯᠠ ᠲᠠᠢ ᠪᠤᠢ︖ | ︵ᠰᠤ᠋ ᠰᠠᠯᠠᠭᠠᠨ ᠲᠠᠷᠤᠭ᠎ᠠ︶ ᠲᠤᠭᠲᠠᠭᠠᠯ ᠶᠤᠰᠤᠭᠠᠷ᠂ ᠭᠤᠤᠯᠲᠠᠭᠤ ᠲᠤᠤᠷᠠᠬᠢ ᠮᠠᠲ᠋ᠧᠷᠢᠶᠠᠯ ᠢ ᠪᠠᠭᠲᠠᠭᠠᠨ᠎ᠠ᠄ ᠡᠷᠥᠭᠡ ᠶᠢᠨ ᠡᠵᠡᠨ ᠤ ᠭᠤᠶᠤᠴᠢᠯᠠᠯ ᠤᠨ | ᠪᠢᠴᠢᠭ᠂ ᠭᠡᠷ ᠪᠥᠯᠢ ᠶᠢᠨ ᠪᠥᠷᠢᠯᠲᠤᠬᠦᠨ ᠤ ᠪᠡᠶ᠎ᠡ ᠥᠨᠡᠮᠯᠡᠯ ᠤᠨ ᠭᠡᠷᠡᠴᠢ ᠲᠡᠮᠲᠡᠭ ᠵᠢᠴᠢ ᠲᠠᠷᠤᠮᠠᠯᠯᠠᠯ ᠤᠨ ᠵᠥᠢᠯ︽ᠭᠡᠷ ᠪᠥᠯᠢ ᠶᠢᠨ ᠤᠷᠤᠯᠭ᠎ᠠ᠂ ᠡᠳ᠋ | ᠬᠥᠷᠥᠩᠭᠡ ᠶᠢᠨ ᠲᠤᠲᠤᠷᠬᠠᠶᠢᠯᠠᠯᠲᠠ ᠵᠢᠴᠢ ᠪᠤᠲᠠᠲᠠᠢ ᠭᠤᠶᠤᠴᠢᠯᠠᠨ ᠮᠡᠲᠡᠬᠦᠯᠬᠦ ᠠᠮᠠᠯᠲᠠᠯᠭ᠎ᠠ ᠶᠢᠨ ᠪᠢᠴᠢᠭ︾ ᠪᠠ︽ᠭᠡᠷ ᠪᠥᠯᠢ ᠶᠢᠨ ᠠᠵᠤ ᠠᠬᠤᠢ ᠶᠢᠨ ᠪᠠᠶᠢᠲᠠᠯ ᠢ | ᠰᠢᠯᠭᠠᠨ ᠪᠠᠶᠢᠴᠠᠭᠠᠵᠤ ᠡᠷᠭᠡ ᠤᠯᠭᠤᠬᠤ ᠨᠠᠶᠢᠲᠠᠯᠭ᠎ᠠ ᠶᠢᠨ ᠪᠢᠴᠢᠭ︾᠂ ᠭᠡᠷ ᠪᠥᠯᠢ ᠶᠢᠨ ᠤᠷᠤᠯᠭ᠎ᠠ ᠶᠢᠨ ᠭᠡᠷᠡᠴᠢᠯᠡᠯ︔ ᠬᠠᠤᠯᠢ ᠪᠠᠷ ᠲᠤᠭᠲᠠᠭᠠᠭᠰᠠᠨ ᠬᠥᠲᠡᠯᠮᠤᠷᠢᠯᠡᠬᠦ | ᠨᠠᠰᠤᠨ ᠳᠠᠬᠢ ᠬᠥᠲᠡᠯᠮᠤᠷᠢᠯᠡᠬᠦ ᠴᠢᠲᠠᠪᠤᠷᠢ ᠲᠠᠢ ᠭᠤᠶᠤᠴᠢᠯᠠᠭᠴᠢ᠂ ᠲᠤᠰ ᠬᠥᠮᠤᠨ ᠨᠢ ᠬᠠᠮᠢᠶ᠎ᠠ ᠪᠥᠬᠦᠢ ᠠᠵᠢᠯ ᠡᠷᠢᠬᠦ ᠲᠠᠩᠰᠠᠯᠠᠯ ᠤᠨ ᠭᠡᠷᠡᠴᠢᠯᠡᠯ᠂ ᠪᠤᠯᠪᠠᠰᠤᠷᠠᠯ | ᠪᠠ ᠠᠵᠢᠯ ᠤᠯᠭᠤᠯᠲᠠ ᠶᠢ ᠲᠠᠨᠢᠯᠴᠠᠭᠤᠯᠤᠭᠰᠠᠨ ᠲᠠᠮᠲᠡᠭᠯᠡᠯ ᠤᠨ ᠮᠠᠲ᠋ᠧᠷᠢᠶᠠᠯ ᠬᠠᠩᠭᠠᠬᠤ ᠴᠢᠬᠤᠯᠠ ᠲᠠᠢ︔ ᠬᠠᠩᠭᠠᠬᠤ ᠴᠢᠬᠤᠯᠠ ᠲᠠᠢ ᠪᠤᠰᠤᠳ ᠮᠠᠲ᠋ᠧᠷᠢᠶᠠᠯ᠂ | ᠵᠢᠱᠢᠶᠡᠯᠡᠪᠡᠯ᠄ ᠤᠷᠤᠭ ᠰᠠᠯᠤᠭᠰᠠᠨ ᠭᠡᠷᠡᠴᠢ ᠪᠤᠶᠤ ᠤᠷᠤᠭ ᠰᠠᠯᠤᠭᠰᠠᠨ ᠲᠠᠰᠤᠯᠤᠯᠲᠠ ︵ᠡᠶᠡᠲᠡᠬᠦᠯᠭᠡ︶ ᠶᠢᠨ ᠪᠢᠴᠢᠭ᠂ ᠵᠠᠮᠲᠡᠭ ᠤᠨ ᠥᠨᠡᠮᠯᠡᠯ᠂ ᠤᠨᠴᠨ | ᠬᠥᠴᠢᠷᠲᠡᠯᠲᠠᠢ ᠥᠨᠡᠮᠯᠡᠯ ᠵᠡᠷᠭᠡ ᠪᠤᠯᠤᠨ᠎ᠠ᠃ | ︵ᠬᠥᠲᠥᠯᠥᠭᠴᠢ︶ ᠲᠡᠶᠢᠮᠤ ᠪᠤᠯ᠂ ᠲᠤᠤᠷ᠎ᠠ ᠪᠠᠲᠤᠯᠠᠭ᠎ᠠ ᠶᠢᠨ ᠨᠥᠬᠦᠴᠡᠯ ᠳᠤ ᠨᠠᠶᠢᠴᠠᠬᠦ ᠥᠭᠡᠢ ᠭᠡᠷ ᠪᠥᠯᠢ ᠶᠢᠨ ᠠᠵᠤ ᠠᠬᠤᠢ ᠶᠢᠨ ᠪᠠᠶᠢᠲᠠᠯ ᠤᠨ | ᠪᠠᠷᠢᠮᠵᠢᠶ᠎ᠠ ᠶᠠᠮᠠᠷ ᠶᠠᠮᠠᠷ ᠪᠠᠶᠢᠬᠤ ᠪᠢᠯᠡ︖ | ︵ᠰᠤ᠋ ᠰᠠᠯᠠᠭᠠᠨ ᠲᠠᠷᠤᠭ᠎ᠠ︶ ᠲᠤᠭᠲᠠᠭᠠᠯ ᠶᠤᠰᠤᠭᠠᠷ᠄ ᠨᠢᠭᠡ ᠳᠤ ᠪᠡᠯᠡᠨ ᠵᠤᠭᠤᠰ᠂ ᠬᠠᠲᠠᠭᠠᠯᠠᠮᠵᠢ᠂ ᠥᠨᠡᠲᠤ ᠲᠡᠮᠲᠡᠭᠲᠥ᠂ ᠬᠤᠲᠠᠯᠲᠤᠭ᠎ᠠ ᠶᠢᠨ ᠥᠢᠯᠡᠰ ᠤᠨ | ᠲᠠᠭᠠᠳᠬᠠᠯ᠂ ᠬᠥᠩᠰᠧ ᠪᠤᠶᠤ ᠠᠵᠤ ᠠᠬᠤᠶᠢᠯᠠᠯ ᠵᠡᠷᠭᠡ ᠬᠤᠪᠢ ᠬᠥᠮᠤᠨ ᠤ ᠨᠡᠷ᠎ᠡ ᠪᠠᠷ ᠲᠠᠩᠰᠠᠯᠠᠭᠰᠠᠨ ᠪᠡᠯᠡ ᠮᠥᠩᠬᠦ ᠵᠡᠷᠭᠡ ᠶᠡᠷᠥᠩᠭᠡᠢ ᠥᠷᠲᠡᠭ ᠲᠤᠰ ᠭᠠᠵᠠᠷ ᠤᠨ | ᠰᠠᠷ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 24 ᠲᠠᠬᠢᠨ ᠢ ᠲᠠᠪᠠᠭᠰᠠᠳ︔ ᠬᠤᠶᠠᠷ ᠲᠤ ᠭᠡᠷ ᠪᠥᠯᠢ ᠶᠢᠨ ᠪᠥᠷᠢᠯᠲᠤᠬᠦᠨ ᠤ ᠨᠠᠷ᠎ᠡ ᠪᠠᠷ ᠲᠠᠭᠠᠭᠠᠴᠢᠯᠠᠨ | ᠬᠥᠯᠤᠰᠥᠯᠡᠭᠰᠡᠡ ᠨᠠᠶᠢᠲᠡ ᠶᠢᠨ ᠥᠮᠴᠢᠯᠡᠯᠲᠤ ᠤᠷᠤᠨ ᠰᠠᠭᠤᠴᠠ ᠪᠠ ᠬᠤᠪᠢ ᠬᠥᠮᠤᠨ ᠤ ᠤᠷᠤᠨ ᠰᠠᠭᠤᠴᠠ ᠶᠢᠨ ᠲᠤᠭ᠎ᠠ 2 ᠢᠵᠢ ᠪᠤᠶᠤ 2 ᠢᠵᠢ ᠠᠴᠠ ᠲᠡᠭᠡᠭᠰᠢ | ︵ᠭᠡᠷ ᠪᠠᠶᠢᠰᠢᠩ ᠤᠨ ᠨᠡᠶᠢᠲᠡ ᠲᠠᠯᠠᠪᠠᠢ ᠲᠤᠰ ᠭᠠᠵᠠᠷ ᠤᠨ ᠵᠠᠰᠠᠭ ᠤᠨ ᠤᠷᠲᠤᠨ ᠤ ᠲᠤᠭᠲᠠᠭᠠᠭᠰᠠᠨ ᠬᠠᠮᠤᠭ ᠲᠤᠤᠷ᠎ᠠ ᠲᠠᠯᠠᠪᠠᠢ ᠪᠤᠶᠤ ᠬᠥᠮᠤᠨ ᠲᠤᠮᠲᠠᠴᠢ ᠶᠢᠨ | ᠬᠡᠷᠡᠭᠯᠡᠬᠦ ᠲᠠᠯᠠᠪᠠᠢ ᠠᠴᠠ 15 ᠲᠡᠭᠰᠢ ᠲᠥᠷᠪᠡᠯᠵᠢᠨ ᠮᠧᠲᠷ ᠠᠴᠠ ᠪᠠᠭ᠎ᠠ ᠠᠴᠠ ᠭᠠᠲᠠᠨ᠎ᠠ︶ ᠪᠤᠶᠤ ᠬᠤᠲᠠ ᠪᠠᠯᠭᠠᠳ ᠤᠨ ᠰᠠᠭᠤᠭᠠᠯᠢ ᠠᠷᠠᠳ ᠤᠨ ᠭᠠᠭᠴᠠ ᠢᠵᠢ | ᠤᠷᠤᠨ ᠰᠠᠭᠤᠴᠠ ᠶᠢᠨ ᠭᠡᠷ ᠤᠨ ᠲᠠᠯᠠᠪᠠᠢ 120 ᠲᠡᠭᠰᠢ ᠲᠥᠷᠪᠡᠯᠵᠢᠨ ᠮᠧᠲᠷ ᠠᠴᠠ ᠲᠠᠪᠠᠭᠰᠠᠳ᠃ ᠮᠠᠯᠵᠢᠬᠤ ᠲᠠᠷᠢᠶᠠᠯᠠᠬᠤ ᠤᠷᠤᠨ ᠳᠤ ᠰᠠᠭᠤᠵᠤ ᠪᠠᠶᠢᠭ᠎ᠠ | ᠬᠤᠲᠠ ᠪᠠᠯᠭᠠᠳ ᠤᠨ ᠰᠠᠭᠤᠭᠠᠯᠢ ᠠᠷᠠᠳ ᠤᠨ ᠭᠠᠭᠴᠠ ᠢᠵᠢ ᠤᠷᠤᠨ ᠰᠠᠭᠤᠴᠨ ᠤ ᠲᠠᠯᠠᠪᠠᠢ ᠵᠤᠬᠢᠰᠲᠠᠢ ᠶᠡᠭᠡ ᠪᠠᠶᠢᠵᠤ ᠪᠤᠯᠤᠨ᠎ᠠ᠂ ᠪᠤᠲᠠᠲᠠᠢ ᠪᠠᠷᠢᠮᠵᠢᠶ᠎ᠠ ᠶᠢ | ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠲᠤᠨ ᠥᠪᠡᠷᠲᠡᠭᠡᠨ ᠲᠤᠭᠲᠠᠭᠠᠨ᠎ᠠ︔ ᠭᠤᠷᠪᠠ ᠳᠤ ᠭᠡᠷ ᠪᠥᠯᠢ ᠶᠢᠨ ᠪᠥᠷᠢᠯᠲᠤᠬᠦᠨ ᠤ ᠨᠠᠷ᠎ᠡ ᠪᠠᠷ ᠠᠷᠠᠯᠵᠢᠶ᠎ᠠ | ᠬᠤᠲᠠᠯᠲᠤᠭ᠎ᠠ ᠶᠢᠨ ᠫᠦᠰᠡ ᠪᠤᠶᠤ ᠲᠠᠩᠰᠠᠯᠠᠭᠰᠠᠨ ᠠᠵᠤ ᠠᠬᠤᠶᠢᠯᠠᠯ᠂ ᠬᠥᠩᠰᠧ ᠪᠠᠶᠢᠭᠰᠠᠳ︔ ᠲᠥᠷᠪᠡ ᠳᠤ ᠭᠡᠷ ᠪᠥᠯᠢ ᠶᠢᠨ ᠪᠥᠷᠢᠯᠲᠤᠬᠦᠨ ᠤ ᠨᠠᠷ᠎ᠡ ᠪᠠᠷ | ᠪᠠᠶᠢᠬᠤ ᠪᠤᠶᠤ ᠥᠷᠭᠦᠯᠵᠢ ᠮᠠᠰᠢᠨ ᠲᠡᠷᠭᠡ ᠬᠡᠷᠡᠭᠯᠡᠬᠦ ︵ᠵᠡᠮᠲᠡᠭᠴᠥᠥᠨ ᠤᠨ ᠴᠢᠲᠠᠮᠵᠢᠲᠤ ᠨᠥᠬᠦᠪᠤᠷᠢ ᠶᠢᠨ ᠮᠠᠰᠢᠨ ᠲᠡᠷᠭᠡ ᠠᠴᠠ ᠭᠠᠲᠠᠨ᠎ᠠ︶ ᠪᠠᠷᠢᠯᠭ᠎ᠠ ᠶᠢᠨ | ᠮᠧᠬᠠᠨᠢᠭ ᠪᠠ ᠲᠤᠮᠤ ᠭᠡᠯᠪᠡᠷᠢ ᠶᠢᠨ ᠲᠠᠷᠢᠶᠠᠯᠠᠩ ᠤᠨ ᠮᠠᠰᠢᠨ ᠪᠠᠶᠢᠭᠰᠠᠳ᠃ ᠲᠠᠪᠤ ᠳᠤ ᠪᠤᠰᠤᠤᠨ ᠠᠮᠢᠲᠤᠷᠠᠯ ᠤᠨ ᠴᠢᠬᠤᠯᠠ ᠭᠡᠷᠡᠭᠰᠡᠬᠦ ᠥᠭᠡᠢ ᠲᠡᠭᠡᠲᠤ ᠲᠡᠰ ᠤᠨ | ᠭᠡᠷᠡᠭᠯᠡᠭᠡᠨ ᠤ ᠵᠥᠢᠯ ᠪᠠᠶᠢᠭᠰᠠᠳ᠃ ᠭᠡᠪᠡᠴᠤ ᠪᠤᠲᠠᠲᠠᠢ ᠬᠢᠨᠠᠨ ᠪᠠᠶᠢᠴᠠᠭᠠᠬᠤ ᠵᠥᠪᠰᠢᠶᠠᠷᠡᠬᠦ ᠶᠠᠪᠤᠴᠠ ᠳᠤ ᠪᠢᠳᠡ ᠤᠯᠠᠨ ᠲᠥᠮᠡᠨ ᠤ ᠥᠢᠯᠡᠳᠪᠥᠷᠢᠯᠡᠯ ᠠᠮᠢᠲᠤᠷᠠᠯ | ᠲᠤᠮᠲᠠᠬᠢ ᠡᠷᠭᠡᠪᠰᠢ ᠪᠡᠯᠡᠳᠭᠡᠬᠦ ᠵᠥᠢᠯ ᠢ ᠬᠠᠰᠤᠨ ᠭᠠᠷᠭᠠᠨ᠎ᠠ᠃ ᠭᠤᠷᠪᠠᠨ ᠬᠥᠷᠲᠤᠲᠤ ᠮᠠᠰᠢᠨ ᠲᠡᠷᠭᠡ᠂ ᠲᠥᠷᠪᠠᠨ ᠬᠥᠷᠲᠤᠲᠤ ᠮᠠᠰᠢᠨ ᠲᠡᠷᠭᠡ᠂ ᠪᠠᠭ᠎ᠠ | ᠬᠡᠯᠪᠡᠷᠢ ᠶᠢᠨ ᠥᠪᠡᠷᠲᠡᠭᠡᠨ ᠬᠡᠷᠡᠭᠯᠡᠬᠦ ᠲᠠᠷᠢᠬᠤ ᠮᠠᠰᠢᠨ᠂ ᠡᠩ ᠤᠨ ᠭᠠᠷ ᠤᠲᠠᠰᠤ᠂ ᠡᠩ ᠤᠨ ᠮᠣᠲ᠋ᠤᠷ ᠲᠡᠷᠭᠡ᠂ ᠨᠠᠷᠠᠠ ᠡᠨᠧᠷᠬᠢ ᠶᠢᠨ ᠤᠰᠤ ᠬᠠᠯᠠᠭᠠᠭᠤᠷ᠂ | ᠡᠩ ᠤᠨ ᠺᠤᠮᠫᠢᠥᠲ᠋ᠧᠷ᠂ ᠡᠩ ᠤᠨ ᠵᠢᠷᠤᠭᠲᠤ ᠷᠠᠲᠢᠤ᠋᠂ ᠡᠩ ᠤᠨ ᠬᠥᠯᠲᠡᠭᠡᠬᠦᠷ᠂ ᠡᠩ ᠤᠨ ᠠᠭᠠᠷ ᠲᠤᠬᠢᠷᠠᠭᠤᠯᠤᠭᠴᠢ ᠵᠡᠷᠭᠡ᠂ ᠭᠡᠪᠡᠴᠤ ᠡᠲᠡᠭᠡᠷ ᠡᠳ᠋ ᠪᠤᠳᠠᠰ | ᠪᠥᠷᠢᠨ ᠪᠠᠶᠢᠭᠰᠠᠳᠡᠴᠡ ᠭᠠᠲᠠᠨ᠎ᠠ᠃ | ︵ᠬᠥᠲᠥᠯᠥᠭᠴᠢ︶ ᠰᠤ᠋ ᠰᠠᠯᠠᠭᠠᠨ ᠲᠠᠷᠤᠭ᠎ᠠ᠂ ᠮᠠᠨ ᠤ ᠬᠥᠴᠢᠷᠲᠠᠯᠲᠠᠢ ᠠᠰᠠᠷᠠᠮᠵᠢ ᠶᠢᠨ ᠬᠥᠮᠤᠰ ᠤᠨ ᠠᠰᠠᠷᠠᠮᠵᠢ ᠶᠢᠨ ᠠᠭᠤᠯᠭ᠎ᠠ ᠶᠢ ᠲᠠᠨᠢᠯᠴᠠᠭᠤᠯᠬᠤ | ᠪᠤᠯᠪᠠᠤ︖ | ︵ᠰᠤ᠋ ᠰᠠᠯᠠᠭᠠᠨ ᠲᠠᠷᠤᠭ᠎ᠠ︶ ᠵᠠ᠂ ᠬᠤᠷᠢᠶᠠᠩᠭᠤᠶᠢᠯᠠᠪᠠᠯ᠄ ᠢᠲᠡᠬᠦ᠂ ᠡᠮᠥᠰᠬᠦ᠂ ᠰᠠᠭᠤᠬᠤ᠂ ᠡᠮᠨᠡᠬᠦ ᠂ ᠤᠷᠤᠰᠢᠭᠤᠯᠭ᠎ᠠ ᠶᠢ ᠬᠡᠯᠡᠨ᠎ᠠ᠃ ᠪᠤᠲᠠᠲᠠᠢ ᠪᠠᠷ | ᠬᠡᠯᠡᠪᠡᠯ᠄ ᠨᠢᠭᠡ ᠳᠤ ᠥᠨᠲᠤᠰᠤᠨ ᠠᠮᠢᠲᠤᠷᠠᠯ ᠤᠨ ᠨᠥᠬᠦᠴᠡᠯ ᠢ ᠬᠠᠩᠭᠠᠨ᠎ᠠ᠃ ᠠᠮᠤ ᠪᠤᠲᠠᠭ᠎ᠠ ᠲᠤᠰᠤ᠂ ᠬᠤᠯᠢᠰᠢᠨ ᠢᠲᠡᠭᠡᠨ᠂ ᠠᠮᠢᠲᠤᠷᠠᠯ ᠤᠨ ᠰᠢᠲᠠᠭᠠᠯᠭ᠎ᠠ ᠂ | ᠬᠤᠪᠴᠠᠰᠤ ᠬᠤᠨᠠᠷ᠂ ᠬᠥᠨᠵᠢᠯᠡ ᠲᠡᠪᠢᠰᠭᠡᠷ ᠵᠡᠷᠭᠡ ᠡᠲᠤᠷ ᠲᠤᠲᠤᠮ ᠤᠨ ᠭᠡᠷᠡᠭᠯᠡᠭᠡᠨ ᠤ ᠵᠥᠢᠯ ᠪᠠ ᠰᠤᠯᠠ ᠵᠠᠷᠤᠬᠤ ᠵᠤᠭᠤᠰ ᠢ ᠬᠠᠩᠭᠠᠨ᠎ᠠ᠃ ᠪᠤᠲᠠᠲᠤ ᠪᠤᠲᠠᠰ | ᠪᠤᠶᠤ ᠪᠡᠯᠡᠨ ᠵᠤᠭᠤᠰ ᠤᠨ ᠬᠡᠯᠪᠡᠷᠢ ᠪᠠᠷ ᠬᠠᠩᠭᠠᠵᠤ ᠪᠤᠯᠤᠨ᠎ᠠ᠃ ᠬᠤᠶᠠᠷ ᠲᠤ ᠠᠮᠢᠲᠤᠷᠠᠯ ᠢᠶᠠᠨ ᠥᠪᠡᠷ ᠢᠶᠠᠨ ᠡᠷᠬᠢᠯᠡᠵᠤ ᠲᠡᠶᠢᠯᠬᠦ ᠥᠭᠡᠢ ᠬᠥᠮᠤᠰ ᠲᠤ ᠠᠰᠠᠷᠠᠮᠵᠢ | ᠬᠥᠷᠭᠡᠨ᠎ᠠ᠃ ᠢᠲᠡᠵᠤ ᠤᠤᠭᠤᠬᠤ᠂ ᠶᠠᠪᠤᠵᠤ ᠰᠠᠭᠤᠬᠤ᠂ ᠠᠷᠢᠭᠤᠨ ᠴᠡᠪᠡᠷ᠂ ᠡᠷᠡᠬᠦᠯ ᠬᠠᠮᠠᠭᠠᠯᠠᠯ ᠵᠡᠷᠭᠡ ᠡᠲᠤᠷ ᠲᠤᠲᠤᠮ ᠤᠨ ᠠᠮᠢᠲᠤᠷᠠᠯ ᠤᠨ ᠬᠠᠷᠠᠭᠠᠯᠵᠠᠯ ᠪᠠ | ᠡᠮᠨᠡᠯᠭᠡ ᠳᠤ ᠰᠠᠭᠤᠬᠤ ᠳᠤ ᠠᠰᠠᠷᠠᠬᠤ ᠵᠡᠷᠭᠡ ᠥᠨᠲᠤᠰᠤᠨ ᠥᠢᠯᠡᠴᠢᠯᠡᠭᠡ ᠬᠠᠩᠭᠠᠨ᠎ᠠ᠃ ᠭᠤᠷᠪᠠ ᠳᠤ ᠡᠪᠡᠳᠴᠢᠨ ᠡᠮᠭᠡᠭ ᠵᠠᠰᠠᠬᠤ ᠶᠢ ᠬᠠᠩᠭᠠᠨ᠎ᠠ᠃ ᠤᠨᠴᠨ | ᠬᠥᠴᠢᠷᠲᠠᠯᠲᠠᠢ ᠬᠥᠮᠤᠰ ᠬᠤᠲᠠ ᠪᠠᠯᠭᠠᠳ ᠤᠨ ᠰᠠᠭᠤᠭᠠᠯᠠᠢ ᠠᠷᠠᠳ ᠤᠨ ᠥᠨᠲᠤᠰᠤᠨ ᠡᠮᠨᠡᠯᠭᠡ ᠶᠢᠨ ᠲᠠᠭᠠᠳᠬᠠᠯ ᠳᠤ ᠤᠷᠤᠯᠴᠠᠭᠰᠠᠳ ᠤᠨ ᠬᠤᠪᠢ ᠬᠥᠮᠤᠨ ᠤ | ᠲᠤᠰᠢᠶᠠᠬᠤ ᠭᠡᠰᠡᠭ ᠢ ᠪᠥᠬᠦ ᠲᠤᠭ᠎ᠠ ᠪᠠᠷ ᠨᠢ ᠬᠠᠪᠰᠤᠷᠤᠨ ᠲᠤᠰᠠᠯᠠᠨ᠎ᠠ︔ ᠤᠨᠴᠨ ᠬᠥᠴᠢᠷᠲᠠᠯᠲᠠᠢ ᠬᠥᠮᠤᠰ ᠤᠨᠡᠮᠨᠡᠯᠭᠡ ᠵᠢᠨᠰᠥ᠋ᠢᠳᠭᠡᠯ ᠢ ᠥᠨᠲᠤᠰᠤᠨ | ᠡᠮᠨᠡᠯᠭᠡ ᠶᠢᠨ ᠲᠠᠭᠠᠳᠬᠠᠯ᠂ ᠬᠥᠨᠲᠤ ᠡᠪᠡᠳᠴᠢᠨ ᠤ ᠲᠠᠭᠠᠳᠬᠠᠯ ᠪᠠ ᠡᠮᠨᠡᠯᠭᠡ ᠵᠢᠨᠠᠪᠤᠷᠠᠨ ᠲᠤᠰᠠᠯᠠᠬᠤ ᠵᠡᠷᠭᠡ ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠢᠮ ᠢᠶᠠᠷ | ᠲᠠᠮᠵᠢᠨ ᠲᠤᠭᠲᠠᠭᠠᠯ ᠶᠤᠰᠤᠭᠠᠷ ᠥᠭᠬᠦᠭᠰᠡᠡ ᠤ ᠲᠠᠷᠠᠭ᠎ᠠ ᠠᠰᠠᠷᠠᠮᠵᠢ ᠶᠢᠨ ᠰᠥᠢᠳᠭᠡᠯ ᠢᠶᠠᠷ ᠵᠤᠬᠢᠰᠲᠠᠢ ᠰᠢᠢᠢᠳᠪᠤᠷᠢᠯᠠᠨᠠ᠃ ᠲᠥᠷᠪᠡ ᠳᠤ ᠪᠡᠯᠪᠡᠰᠤᠷᠡᠯ | ᠤᠷᠤᠰᠢᠭᠤᠯᠭ᠎ᠠ ᠶᠢᠨ ᠶᠠᠪᠤᠲᠠᠯ ᠢ ᠡᠷᠬᠢᠯᠡᠨ ᠬᠥᠢᠴᠡᠳᠭᠡᠨ᠎ᠠ᠃ ᠬᠥᠴᠢᠷᠲᠡᠯᠲᠠᠢ ᠬᠥᠮᠤᠰ ᠤᠨ ᠥᠬᠦᠭᠰᠡᠨ ᠤ ᠲᠠᠷᠠᠭᠠᠬᠢ ᠪᠡᠯᠪᠡᠰᠥᠷᠡᠯ ᠤᠷᠤᠰᠢᠭᠤᠯᠭ᠎ᠠ ᠶᠢᠨ ᠶᠠᠪᠤᠲᠠᠯ ᠢ | ᠲᠥᠪᠯᠡᠷᠡᠬᠦᠯᠤᠨ ᠠᠰᠠᠷᠠᠵᠤ ᠪᠠᠶᠢᠭ᠎ᠠ ᠠᠰᠠᠷᠠᠮᠵᠢ ᠶᠢᠨ ᠥᠢᠯᠡᠴᠢᠯᠡᠭᠡᠨ ᠤ ᠪᠠᠶᠢᠭᠤᠯᠤᠮᠵᠢ ᠡᠷᠬᠢᠯᠡᠨ ᠬᠥᠢᠴᠡᠳᠭᠡᠬᠦ ᠪᠤᠶᠤ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ | ᠤᠷᠲᠤᠨ ︵ᠵᠡᠭᠡᠯᠢ ᠭᠤᠲᠤᠮᠵᠢ ᠶᠢᠨ ᠭᠡᠷᠡᠭ ᠡᠷᠬᠢᠯᠡᠬᠦ ᠭᠠᠵᠠᠷ︶ ᠬᠠᠷᠢᠭᠤᠴᠠᠨ ᠡᠷᠬᠢᠯᠡᠨ᠋ ᠭᠥᠢᠴᠳᠭᠡᠨᠠ︔ᠲᠠᠷᠠᠬᠠᠢ ᠠᠰᠠᠷᠠᠵᠤ ᠪᠠᠶᠢᠭ᠎ᠠ ᠶᠢ ᠰᠤᠮᠤ ᠪᠠᠯᠭᠠᠰᠤ ᠶᠢᠨ | ᠠᠷᠠᠳ ᠤᠨ ᠵᠠᠰᠠᠭ ᠤᠨ ᠤᠷᠲᠤᠨ ︵ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ︶ ᠭᠠᠴᠠᠭ᠎ᠠ ᠲᠤᠰᠬᠠᠤᠨ ︵ᠰᠠᠭᠤᠭᠠᠯᠢ︶ ᠤ ᠠᠷᠠᠳ ᠤᠨ ᠵᠥᠪᠯᠡᠯ ᠪᠤᠶᠤ | ᠲᠡᠬᠦᠨ ᠤ ᠲᠥᠷᠤᠯ ᠰᠠᠲᠤᠨ ᠳᠤ ᠨᠠᠶᠢᠲᠠᠨ ᠡᠷᠬᠢᠯᠡᠨ ᠬᠥᠢᠴᠡᠳᠭᠡᠨ᠎ᠠ᠃ ᠲᠠᠪᠤ ᠳᠤ ᠤᠨᠴᠨ ᠬᠥᠴᠢᠷᠲᠡᠯᠲᠠᠢ ᠬᠥᠮᠤᠰ ᠤᠨ ᠠᠰᠠᠷᠠᠮᠵᠢ ᠶᠢᠨ ᠡᠲᠡᠭᠡᠳ ᠤᠨ ᠲᠤᠮᠲᠠ | 16 ᠪᠥᠬᠦᠯᠢ ᠨᠠᠰᠤ ᠬᠥᠷᠤᠭᠡᠲᠤᠢ ᠪᠤᠶᠤ 16 ᠪᠥᠬᠦᠯᠢ ᠨᠠᠰᠤ ᠬᠥᠷᠤᠭ᠍ᠰᠡᠡ ᠪᠤᠯᠪᠠᠴᠤ ᠮᠥᠨ ᠴᠤ ᠠᠯᠪᠠᠨ ᠵᠢᠷᠤᠮ ᠤᠨ ᠰᠤᠷᠭᠠᠨ ᠬᠥᠮᠤᠵᠢᠯ ᠬᠥᠷᠲᠡᠵᠤ ᠪᠠᠶᠢᠭ᠎ᠠ | ᠪᠤᠯ ᠬᠠᠤᠯᠢ ᠶᠤᠰᠤᠨ ᠤ ᠠᠯᠪᠠᠨ ᠵᠢᠷᠤᠮ ᠤᠨ ᠰᠤᠷᠭᠠᠨ ᠬᠥᠮᠤᠵᠢᠯ ᠤᠨ ᠭᠡᠷᠡᠭᠰᠡᠬᠦ ᠰᠥᠢᠳᠭᠡᠯ ᠢ ᠪᠠᠲᠤᠯᠠᠪᠠᠯ ᠵᠤᠬᠢᠨ᠎ᠠ᠃ ᠲᠠᠭᠡᠲᠤ ᠲᠤᠮᠲᠠᠲᠤ ᠶᠢᠨ ᠰᠤᠷᠭᠠᠨ | ᠬᠥᠮᠤᠵᠢᠯ ︵ᠲᠤᠮᠲᠠᠲᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠨ ᠬᠥᠮᠤᠵᠢᠯ ᠪᠠᠭᠲᠠᠨ᠎ᠠ︶᠂ ᠡᠩ ᠤᠨ ᠲᠡᠭᠡᠲᠤ ᠵᠠᠷᠭᠡ ᠶᠢᠨ ᠰᠤᠷᠭᠠᠨ ᠬᠥᠮᠤᠵᠢᠯ ᠤᠨ | ᠬᠤᠭᠤᠴᠠᠭᠠᠨ ᠳᠠᠬᠢ ᠰᠤᠷᠭᠠᠭᠤᠯᠢ ᠳᠤ ᠪᠠᠶᠢᠭ᠎ᠠ ᠤᠨᠴᠨ ᠬᠥᠴᠢᠷᠲᠠᠯᠲᠠᠢ ᠬᠥᠮᠥᠰ ᠤᠨ ᠰᠤᠷᠤᠯᠴᠠᠵᠤ ᠪᠠᠶᠢᠭ᠎ᠠ ᠰᠤᠷᠭᠠᠭᠤᠯᠢ ᠨᠢ ᠪᠤᠲᠠᠲᠠᠢ ᠪᠠᠶᠢᠲᠠᠯ ᠢᠶᠠᠨ | ᠥᠨᠲᠤᠰᠥᠯᠡᠵᠤ ᠵᠤᠬᠢᠰᠲᠠᠢ ᠰᠤᠷᠭᠠᠨ ᠬᠥᠮᠤᠵᠢᠯ ᠤᠨ ᠲᠡᠮᠵᠢᠯᠭᠡ ᠥᠵᠡᠬᠦᠯᠤᠨᠡ᠃ | ︵ᠰᠤ᠋ ᠰᠠᠯᠠᠭᠠᠨ ᠲᠠᠷᠤᠭ᠎ᠠ︶ ᠮᠠᠨ ᠤ ᠬᠤᠲᠠ ᠳᠤ ᠪᠠᠶᠢᠩᠭᠤ ᠰᠠᠭᠤᠭ᠎ᠠ ᠡᠷᠥᠭᠡ ᠠᠮᠠ ᠶᠢᠨ ᠬᠠᠷᠢᠶ᠎ᠠ ᠲᠠᠢ᠂ ᠬᠤᠲᠠ ᠪᠠᠯᠭᠠᠰᠤ ᠶᠢᠨ ᠠᠵᠢᠯᠲᠠᠨ | ᠠᠵᠢᠯᠴᠢᠨ ᠤ ᠥᠨᠲᠤᠰᠤᠨ ᠡᠮ ᠡᠮᠨᠡᠯᠭᠡ ᠶᠢᠨ ᠲᠠᠭᠠᠳᠬᠠᠯ ᠂ ᠬᠤᠲᠠ ᠬᠥᠲᠡᠭᠡ ᠶᠢᠨ ᠰᠠᠭᠤᠭᠠᠯᠢ ᠠᠷᠠᠳ ᠤᠨ ᠥᠨᠲᠤᠰᠤᠨ ᠡᠮᠡᠮᠨᠡᠯᠭᠡ ᠶᠢᠨ ᠲᠠᠭᠠᠳᠬᠠᠯ ᠪᠤᠶᠤ | ᠬᠤᠲᠠ ᠬᠥᠲᠡᠭᠡ ᠶᠢᠨ ᠰᠠᠭᠤᠭᠠᠯᠢ ᠠᠷᠠᠳ ᠤᠨ ᠤ ᠬᠥᠨᠲᠤ ᠡᠪᠡᠳᠴᠢᠨ ᠤ ᠲᠠᠭᠠᠳᠬᠠᠯ ᠳᠤ ᠤᠷᠤᠯᠴᠠᠭᠰᠠᠳ᠂ ᠲᠡᠬᠦᠨ ᠤ ᠡᠮᠨᠡᠯᠭᠡ ᠶᠢᠨ ᠰᠥᠢᠳᠭᠡᠯ ᠢ ᠥᠨᠲᠤᠰᠤᠨ | ᠡᠮ ᠡᠮᠨᠡᠯᠭᠡ ᠶᠢᠨ ᠲᠠᠭᠠᠳᠬᠠᠯ᠂ ᠬᠥᠨᠲᠤ ᠡᠪᠡᠳᠴᠢᠨ ᠤ ᠲᠠᠭᠠᠳᠬᠠᠯ ᠪᠠ ᠪᠤᠰᠤᠳ ᠨᠥᠬᠦᠪᠤᠷᠢᠯᠡᠯ ᠤᠨ ᠡᠮ ᠡᠮᠨᠡᠯᠭᠡ ᠶᠢᠨ ᠲᠠᠭᠠᠳᠬᠠᠯ ᠥᠭᠬᠦᠭᠰᠡᠡ ᠤ ᠲᠠᠷᠠᠭ᠎ᠠ | ᠮᠥᠨ ᠬᠥᠴᠢᠷᠲᠠᠯᠲᠠᠢ ᠶᠢ᠂ ᠲᠤᠰ ᠠᠷᠭ᠎ᠠ ᠶᠢᠨ ᠲᠤᠭᠲᠠᠭᠠᠯ ᠢᠶᠠᠷ ᠡᠮ ᠡᠮᠨᠡᠯᠭᠡ ᠶᠢᠨ ᠲᠤᠰᠠᠯᠠᠮᠵᠢ ᠶᠢ ᠭᠤᠶᠤᠴᠢᠯᠠᠵᠤ ᠪᠤᠯᠤᠨ᠎ᠠ᠄ ᠨᠢᠭᠡ ᠳᠤ ᠬᠠᠮᠤᠭ ᠲᠤᠤᠷ᠎ᠠ | ᠠᠮᠢᠲᠤᠷᠠᠯ ᠤᠨ ᠪᠠᠲᠤᠯᠠᠭᠠᠲᠤ ᠭᠡᠷ ᠪᠥᠯᠢ︔ ᠬᠤᠶᠠᠷ ᠲᠤ ᠤᠨᠴᠨ ᠬᠥᠴᠢᠷᠲᠠᠯᠲᠠᠢ ᠠᠰᠠᠷᠠᠮᠵᠢ ᠶᠢᠨ ᠬᠥᠮᠤᠰ ︵ᠬᠥᠲᠡᠯᠮᠤᠷᠢ ᠶᠢᠨ ᠴᠢᠲᠠᠪᠤᠷᠢ ᠥᠭᠡᠢ᠂ ᠠᠮᠢᠲᠤᠷᠠᠯ | ᠳ᠋ᠭᠠᠨ ᠲᠥᠰᠢᠭ ᠥᠭᠡᠢ ᠮᠥᠷᠲᠡᠭᠡᠨ ᠬᠠᠤᠯᠢ ᠶᠤᠰᠤᠨ ᠤ ᠠᠰᠠᠷᠠᠨ ᠲᠡᠵᠢᠭᠡᠬᠦ ᠡᠭᠦᠷᠭᠡ ᠲᠠᠢ ᠬᠥᠮᠤᠨ ᠥᠭᠡᠢ ᠪᠤᠶᠤ ᠬᠠᠤᠯᠢ ᠶᠤᠰᠤᠨ ᠤ ᠠᠰᠠᠷᠠᠨ ᠲᠡᠵᠢᠭᠡᠬᠦ ᠡᠬᠦᠷᠭᠡ | ᠲᠠᠢ ᠬᠥᠮᠤᠨ ᠨᠢ ᠠᠰᠠᠷᠠᠨ ᠲᠡᠵᠢᠭᠡᠬᠦ ᠴᠢᠲᠠᠪᠤᠷᠢ ᠥᠭᠡᠢ ᠨᠠᠰᠤᠲᠠᠨ᠂ ᠵᠡᠮᠲᠡᠭᠴᠥᠥᠨ ᠵᠢᠴᠢ 16 ᠪᠥᠬᠦᠯᠢ ᠨᠠᠰᠤ ᠬᠥᠷᠤᠭᠡᠲᠤᠢ ᠨᠠᠰᠤᠨ ᠳᠤ ᠥᠯᠤ ᠬᠥᠷᠤᠭ᠍ᠰᠡᠳ︶ | ︔ ᠭᠤᠷᠪᠠ ᠳᠤ ᠲᠤᠤᠷ᠎ᠠ ᠤᠷᠤᠯᠭ᠎ᠠ ᠲᠠᠢ ᠭᠡᠷ ᠪᠥᠯᠢ ︵ᠭᠡᠷ ᠪᠥᠯᠢ ᠶᠢᠨ ᠬᠥᠮᠤᠨ ᠲᠤᠮᠲᠠᠴᠢ ᠶᠢᠨ ᠰᠠᠷ᠎ᠠ ᠶᠢᠨ ᠤᠷᠤᠯᠭ᠎ᠠ ᠪᠤᠶᠤ ᠵᠢᠯ ᠤᠨ ᠤᠷᠤᠯᠭ᠎ᠠ ᠲᠤᠰ | ᠭᠠᠵᠠᠷ ᠤᠨ ᠬᠠᠮᠤᠭ ᠲᠤᠤᠷ᠎ᠠ ᠠᠮᠢᠲᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠥᠨᠲᠤᠷ ᠪᠤᠯᠪᠠᠴᠤ᠂ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠲᠠᠬᠢᠨ ᠠᠴᠠ | ᠲᠤᠤᠷ᠎ᠠ ᠭᠡᠷ ᠪᠥᠯᠢ ᠶᠢ ᠵᠢᠭᠠᠨ᠎ᠠ︶ ᠵᠢᠴᠢ ᠲᠠᠩᠰᠠᠨ ᠳᠤ ᠲᠡᠮᠲᠡᠭᠯᠡᠵᠥ ᠺᠠᠷᠲ ᠵᠤᠬᠢᠶᠠᠭᠰᠠᠨ ᠶᠠᠲᠠᠭᠤ ᠶᠢ ᠲᠡᠳᠬᠦᠬᠦ ᠡᠲᠡᠭᠡᠳ ᠤᠨ ᠲᠤᠲᠤᠷᠠᠬᠢ ᠨᠠᠰᠤᠲᠠᠨ᠂ | ᠨᠠᠰᠤᠨ ᠳᠤ ᠥᠯᠥ ᠬᠥᠷᠤᠭ᠍ᠰᠡᠳ᠂ ᠬᠥᠨᠲᠤ ᠵᠡᠮᠲᠡᠭᠴᠥᠥᠨ ᠪᠠ ᠬᠥᠨᠲᠤ ᠡᠪᠡᠳᠴᠢᠨ ᠤᠯᠤᠭᠰᠠᠳ︔ ᠲᠥᠷᠪᠡ ᠳᠤ ᠶᠡᠭᠡ ᠲᠤᠭᠠᠨ ᠤ ᠡᠮᠨᠡᠯᠭᠡ ᠶᠢᠨ ᠰᠥᠢᠳᠭᠡᠯ | ᠵᠠᠷᠤᠴᠠᠭᠤᠯᠵᠤ᠂ ᠭᠡᠷ ᠪᠥᠯᠢ ᠶᠢᠨ ᠲᠠᠭᠠᠭᠠᠬᠤ ᠴᠢᠲᠠᠪᠤᠷᠢ ᠠᠴᠠ ᠲᠠᠪᠠᠭᠰᠠᠨ᠂ ᠠᠮᠢᠲᠤᠷᠠᠯ ᠰᠥᠷᠡᠭᠡᠢ ᠬᠥᠴᠢᠷᠲᠡᠯᠲᠠᠢ ᠭᠡᠷ ᠪᠥᠯᠢ ᠶᠢᠨ ᠬᠥᠨᠲᠤ ᠡᠪᠡᠳᠴᠢᠲᠠᠨ ︵ᠲᠤᠰ | ᠵᠢᠯ ᠥᠪᠡᠷ ᠢᠶᠠᠨ ᠲᠤᠰᠢᠶᠠᠬᠤ ᠬᠤᠪᠢ ᠶᠢᠨ ᠤ ᠥᠨᠲᠤᠰᠤᠨ ᠡᠮ ᠡᠮᠨᠡᠯᠭᠡ ᠶᠢᠨ ᠰᠥᠢᠳᠭᠡᠯ ᠨᠢ ᠭᠡᠷ ᠪᠥᠯᠢ ᠶᠢᠨ ᠲᠤᠰ ᠵᠢᠯ ᠤᠨ ᠶᠡᠷᠥᠩᠭᠡᠢ ᠤᠷᠤᠯᠭ᠎ᠠ ᠶᠢᠨ 3 | ᠲᠠᠬᠢᠨ ᠠᠴᠠ ᠲᠠᠪᠠᠭᠰᠠᠨ ᠬᠥᠮᠤᠰ᠂ ᠲᠤᠤᠷ᠎ᠠ ᠲᠥᠬᠦᠮᠴᠢᠯᠡᠨ︽ᠡᠪᠡᠳᠴᠢᠨ ᠠᠴᠠ ᠪᠤᠯᠵᠤ ᠶᠠᠲᠠᠭᠤᠷᠠᠭᠰᠠᠨ ᠭᠡᠷ ᠪᠥᠯᠢ ᠶᠢᠨ ᠬᠥᠨᠲᠤ ᠡᠪᠡᠳᠴᠢᠲᠠᠨ︾ ᠭᠡᠵᠤ | ᠲᠬᠦᠮᠴᠢᠯᠡᠨᠠ ︔ ᠲᠠᠪᠤ ᠳᠤ ᠲᠤᠰ ᠭᠠᠵᠠᠷ ᠤᠨ ᠵᠠᠰᠠᠭ ᠤᠨ ᠤᠷᠲᠤᠨ ᠤ ᠲᠤᠭᠲᠠᠭᠠᠭᠰᠠᠨ ᠪᠤᠰᠤᠤᠨ ᠣᠨᠴᠠ ᠬᠥᠴᠢᠷᠲᠠᠯᠲᠠᠢ ᠬᠥᠮᠤᠰ᠃ ᠲᠡᠭᠡᠷᠡᠬᠢ ᠠᠪᠤᠷᠠᠨ | ᠲᠤᠰᠠᠯᠠᠬᠤ ᠡᠲᠡᠭᠡᠳ ᠤᠨ ᠲᠤᠲᠤᠷ᠎ᠠ ᠲᠤᠤᠷ᠎ᠠ ᠪᠠᠲᠤᠯᠠᠭ᠎ᠠ ᠶᠢᠨ ᠡᠲᠡᠭᠡᠳ ᠪᠠ ᠤᠨᠴᠨ ᠬᠥᠴᠢᠷᠲᠠᠯᠲᠠᠢ ᠠᠰᠠᠷᠠᠮᠵᠢ ᠶᠢᠨ ᠬᠥᠮᠤᠨ ᠬᠥᠮᠤᠰ ᠪᠤᠯ ᠭᠤᠤᠯᠲᠠᠯᠠᠭ᠎ᠠ ᠲᠠᠢ | ᠠᠪᠤᠷᠠᠨ ᠲᠤᠰᠠᠯᠠᠬᠤ ᠡᠲᠡᠭᠡᠳ ᠪᠤᠯᠤᠨ᠎ᠠ᠃ ᠬᠠᠮᠲᠤ ᠳᠤᠨᠢ ᠬᠥᠨᠲᠤ ᠡᠪᠡᠳᠴᠢᠨ ᠪᠠ ᠬᠥᠨᠲᠤ ᠵᠠᠮᠲᠡᠭ ᠭᠡᠤᠭᠡᠳ ᠤᠨ ᠠᠪᠤᠷᠠᠨ ᠲᠤᠰᠠᠯᠠᠬᠤ ᠬᠥᠴᠥᠯᠡᠴᠨ ᠶᠢ | ᠭᠤᠤᠯᠲᠠᠯᠠᠭ᠎ᠠ ᠲᠠᠢ ᠴᠢᠩᠭᠠᠳᠬᠠᠨ᠎ᠠ᠂ ᠡᠬᠦᠨ ᠳᠤ ᠲᠡᠭᠡᠷ᠎ᠡ ᠲᠤᠷᠠᠲᠤᠭᠰᠠᠨ ᠡᠮᠨᠡᠯᠭᠡ ᠶᠢᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠬᠥᠲᠡᠭᠡ ᠲᠤᠰᠬᠤᠨ | ᠮᠠᠯᠵᠢᠬᠤ ᠤᠷᠤᠨ ᠤ 0—14 ᠪᠥᠬᠦᠯᠢ ᠨᠠᠰᠤᠨ ᠤ ︵14 ᠪᠥᠬᠦᠯᠢ ᠨᠠᠰᠤ ᠪᠠᠭᠲᠠᠨ᠎ᠠ︶ ᠬᠡᠦᠬᠡᠳ ᠤᠨ ᠲᠥᠷᠭᠡᠨ ᠴᠢᠨᠠᠷᠲᠠᠢ ᠴᠢᠰᠤ ᠴᠠᠶᠢᠬᠤ ᠡᠪᠡᠳᠴᠢᠨ ᠪᠠ | ᠲᠥᠷᠤᠯᠬᠢ ᠵᠢᠷᠥᠭᠡᠨ ᠡᠪᠡᠳᠴᠢᠲᠡᠨ ᠳᠤ ᠭᠤᠤᠯᠲᠠᠯᠭ᠎ᠠ ᠲᠠᠢ ᠠᠪᠤᠷᠠᠨ ᠲᠤᠰᠠᠯᠠᠯᠲᠠ ᠥᠵᠡᠬᠦᠯᠤᠨᠠ᠃ | ︵ᠬᠥᠲᠥᠯᠥᠭᠴᠢ︶ ᠰᠤ᠋ ᠰᠠᠯᠠᠭᠠᠨ ᠲᠠᠷᠤᠭ᠎ᠠ᠂ ᠮᠠᠨ ᠳᠤ ᠶᠠᠮᠠᠷ ᠪᠠᠶᠢᠲᠠᠯ ᠲᠤᠤᠷ᠎ᠠ ᠲᠥᠷ ᠴᠠᠭ ᠤᠨ ᠠᠪᠤᠷᠠᠨ ᠲᠤᠰᠠᠯᠠᠯᠲᠠ ᠭᠡᠷᠡᠭᠵᠢᠬᠦᠯᠵᠥ ᠪᠤᠯᠬᠤ ᠶᠢ | ᠲᠠᠨᠢᠯᠴᠠᠭᠤᠯᠬᠤ ᠪᠤᠯᠪᠠᠣ︖ | ︵ᠰᠤ᠋ ᠰᠠᠯᠠᠭᠠᠨ ᠲᠠᠷᠤᠭ᠎ᠠ︶ ᠪᠤᠯᠤᠨ᠎ᠠ ᠳ᠋ᠠ᠂ ᠭᠤᠤᠯᠲᠠᠭᠤ ᠲᠠᠪᠤᠨ ᠵᠥᠢᠯ ᠤᠨ ᠪᠠᠶᠢᠲᠠᠯ ᠳᠤ ᠲᠥᠷ ᠴᠠᠭ ᠤᠨ ᠠᠪᠤᠷᠠᠨ ᠲᠤᠰᠠᠯᠠᠯᠲᠠ ᠭᠤᠶᠤᠴᠢᠯᠠᠵᠤ | ᠪᠤᠯᠤᠨ᠎ᠠ᠄ ᠨᠢᠭᠡ ᠳᠤ᠂ ᠭᠡᠨᠡᠳᠲᠡ ᠶᠢᠨ ᠭᠡᠷᠡᠭ ᠲᠤ ᠲᠥᠷ ᠴᠠᠭ ᠤᠨ ᠠᠪᠤᠷᠠᠨ ᠲᠤᠰᠠᠯᠠᠯᠲᠠ ᠬᠢᠨ᠎ᠡ᠃ ᠭᠡᠷ ᠪᠥᠯᠢ ᠶᠢᠨ ᠪᠥᠷᠢᠯᠲᠤᠬᠦᠨ ᠵᠠᠮ ᠬᠠᠷᠢᠯᠴᠠᠭᠠᠨ ᠤ ᠭᠡᠨᠡᠲᠡᠯ | ᠭᠠᠷᠤᠭᠰᠠᠨ᠂ ᠤᠰᠤᠨ ᠳᠤ ᠤᠨᠠᠬᠤ᠂ ᠴᠠᠬᠢᠯᠭᠠᠨ ᠳᠤ ᠴᠤᠬᠢᠭᠲᠠᠬᠤ᠂ ᠬᠤᠤᠷᠲᠠᠭᠲᠠᠬᠤ ᠵᠠᠷᠭᠡ ᠬᠥᠮᠤᠨ ᠤ ᠪᠡᠶ᠎ᠡ ᠭᠡᠨᠡᠳᠲᠡ ᠶᠢᠨ ᠬᠤᠬᠢᠷᠠᠯ ᠳᠤ ᠤᠴᠠᠷᠠᠭᠰᠠᠳ᠂ | ᠡᠯ᠎ᠠ ᠵᠥᠢᠯ ᠤᠨ ᠲᠥᠯᠥᠪᠤᠷᠢ᠂ ᠲᠠᠭᠠᠳᠬᠠᠯ᠂ ᠠᠪᠤᠷᠠᠨ ᠲᠤᠰᠠᠯᠠᠯᠲᠠ ᠵᠠᠷᠭᠡ ᠶᠢᠨ ᠪᠡᠯᠡ ᠮᠥᠩᠬᠦ ᠶᠢ ᠬᠠᠰᠤᠨ ᠬᠠᠶᠠᠭᠰᠠᠨ ᠤ ᠲᠠᠷᠠᠭ᠎ᠠ ᠲᠠᠷᠤᠭᠠᠰᠤ ᠮᠥᠨ ᠴᠤ | ᠬᠠᠷᠢᠴᠠᠩᠭᠤᠢ ᠬᠥᠨᠲᠤ ᠪᠤᠶᠤ ᠭᠠᠯ ᠤᠨ ᠠᠶᠤᠯ᠂ ᠲᠡᠯᠪᠡᠷᠡᠯᠲᠡ ᠵᠡᠷᠭᠡ ᠭᠡᠨᠡᠳᠲᠡ ᠶᠢᠨ ᠬᠡᠷᠡᠭ ᠶᠠᠪᠤᠲᠠᠯ ᠤᠨ ᠰᠢᠯᠲᠠᠭᠠᠨ ᠢᠶᠠᠷ ᠡᠳ᠋ ᠬᠥᠷᠥᠩᠭᠡ ᠶᠢᠨ ᠬᠤᠬᠢᠷᠠᠯ | ᠰᠥᠷᠡᠭᠡᠢ ᠬᠥᠨᠲᠤ ᠠᠴᠠ ᠲᠡᠬᠦᠨ ᠤ ᠥᠨᠲᠤᠰᠤᠨ ᠠᠮᠢᠲᠤᠷᠠᠯ ᠲᠥᠷ ᠴᠠᠭ ᠲᠤᠰ ᠭᠠᠵᠠᠷ ᠤᠨ ᠬᠤᠲᠠᠬᠥ᠋ᠲᠡᠭᠡ ᠶᠢᠨ ᠰᠠᠭᠤᠭᠠᠯᠢ ᠠᠷᠠᠳ ᠤᠨ ᠬᠠᠮᠤᠭ ᠲᠤᠤᠷ᠎ᠠ | ᠠᠮᠢᠲᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠡᠴᠠᠲ᠋ᠤᠤᠷᠠ ᠪᠤᠯᠤᠭᠰᠠᠨ ᠬᠥᠴᠢᠷᠲᠠᠯᠲᠠᠢ ᠭᠡᠷ ᠪᠥᠯᠢ ᠳᠤ ᠠᠪᠤᠷᠠᠨ ᠲᠤᠰᠠᠯᠠᠯᠲᠠ ᠬᠢᠨ᠎ᠡ︔ ᠬᠤᠶᠠᠷ ᠲᠤ ᠬᠥᠨᠲᠤ | ᠡᠪᠡᠳᠴᠢᠨ ᠡᠮᠭᠡᠭ ᠠᠴᠠ ᠪᠤᠯᠵᠤ ᠲᠥᠷ ᠴᠠᠭ ᠤᠨ ᠠᠪᠤᠷᠠᠨ ᠲᠤᠰᠠᠯᠠᠯᠲᠠ ᠬᠢᠨ᠎ᠡ᠃ ᠭᠡᠷ ᠪᠥᠯᠢ ᠶᠢᠨ ᠪᠥᠷᠢᠯᠲᠤᠬᠦᠨ ᠤ ᠬᠤᠤᠷᠲᠤ ᠬᠠᠪᠤᠲᠠᠷ᠂ ᠲᠥᠷᠭᠡᠨ ᠴᠢᠨᠠᠷᠲᠠᠢ | ᠵᠢᠷᠤᠭᠡᠨ ᠤ ᠪᠤᠯᠴᠢᠩ ᠪᠢᠲᠡᠬᠦᠷᠡᠬᠦ᠂ ᠴᠢᠬᠤᠯᠠ ᠡᠷᠬᠡᠲᠡᠨ ᠰᠢᠯᠵᠢᠬᠦᠯᠤᠨ ᠤᠷᠭᠤᠭᠤᠯᠬᠤ᠂ ᠲᠤᠮᠲᠠ ᠰᠡᠬᠦᠯ ᠤᠨ ᠬᠤᠭᠤᠴᠠᠭᠠᠨ ᠤ ᠪᠥᠭᠡᠷ᠎ᠡ ᠶᠢᠨ ᠡᠪᠡᠳᠴᠢᠨᠵᠡᠷᠭᠡ | ᠬᠥᠨᠲᠤ ᠡᠪᠡᠳᠴᠢᠨ ᠡᠮᠭᠡᠭ ᠤᠯᠤᠭᠰᠠᠳ ᠡᠯ᠎ᠠ ᠵᠥᠢᠯ ᠤᠨ ᠲᠠᠭᠠᠳᠬᠠᠯ᠂ ᠡᠮᠨᠡᠯᠭᠡ ᠶᠢᠨ ᠠᠪᠤᠷᠠᠨ ᠲᠤᠰᠠᠯᠠᠯᠲᠠ ᠪᠠ ᠪᠤᠰᠤᠳ ᠨᠡᠶᠢᠭᠡᠮ ᠤᠨ ᠬᠥᠴᠢᠷᠲᠠᠯᠲᠠᠢ | ᠡᠷᠥᠭᠡ ᠶᠢ ᠠᠪᠤᠷᠠᠨ ᠲᠤᠰᠠᠯᠠᠬᠤ ᠪᠠᠯᠡ ᠮᠥᠩᠭᠦ ᠶᠢ ᠬᠠᠰᠤᠨ ᠬᠠᠶᠠᠭᠰᠠᠨ ᠤ ᠲᠠᠷᠠᠭ᠎ᠠ ᠲᠠᠷᠤᠭᠠᠰᠤ ᠮᠥᠨ ᠴᠤ ᠨᠡᠯᠢᠶᠡᠤᠨ ᠬᠥᠨᠲᠤ᠂ ᠭᠡᠷ ᠪᠥᠯᠢ ᠶᠢᠨ ᠥᠨᠲᠤᠰᠤᠨ | ᠠᠮᠢᠲᠤᠷᠠᠯ ᠤᠨ ᠲᠥᠪᠰᠢᠨ ᠢ ᠰᠢᠭᠤᠳ ᠨᠥᠯᠥᠭᠡᠯᠡᠵᠤ᠂ ᠲᠥᠷ ᠴᠠᠭ ᠲᠤᠰ ᠭᠠᠵᠠᠷ ᠤᠨ ᠬᠤᠲᠠ ᠬᠥᠲᠡᠭᠡ ᠵᠢᠨᠰᠠᠭᠤᠭᠠᠯᠢ ᠠᠷᠠᠳ ᠤᠨ ᠬᠠᠮᠤᠭ ᠲᠤᠤᠷ᠎ᠠ | ᠠᠮᠢᠲᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠲᠤᠤᠷ᠎ᠠ ᠪᠤᠯᠤᠭᠰᠠᠨ ᠬᠥᠴᠢᠷᠲᠡᠯᠲᠠᠢ ᠭᠡᠷ ᠪᠥᠯᠢ ᠶᠢ ᠠᠪᠤᠷᠠᠨ ᠲᠤᠰᠠᠯᠠᠨ᠎ᠠ︔ ᠭᠤᠷᠪᠠ ᠳᠤ ᠰᠤᠷᠭᠠᠭᠤᠯᠢ ᠳᠤ | ᠤᠷᠤᠭᠰᠠᠳ ᠲᠤ ᠠᠪᠤᠷᠠᠨ ᠲᠤᠰᠠᠯᠠᠯᠲᠠ ᠬᠢᠨ᠎ᠡ᠃ ᠬᠡᠣᠭᠡᠳ ᠤᠨ ᠰᠤᠷᠤᠯᠭ᠎ᠠ ᠶᠢᠨ ᠰᠥᠢᠳᠭᠡᠯ ᠤᠨ ᠲᠠᠷᠤᠭᠠᠰᠤ ᠭᠡᠲᠤᠷᠭᠡᠢ ᠬᠥᠨᠲᠤ ︵ᠠᠯᠪᠠᠨ ᠵᠢᠷᠤᠮ ᠤᠨ | ᠬᠤᠭᠤᠴᠠᠭ᠎ᠠ᠂ ᠬᠤᠪᠢ ᠶᠢᠨ ᠰᠥᠢᠳᠭᠡᠯ ᠢᠶᠠᠷ ᠰᠤᠷᠭᠠᠭᠤᠯᠢ ᠰᠢᠯᠢᠭᠰᠡᠨ ᠰᠤᠷᠤᠭᠴᠢ᠂ ᠪᠥᠬᠦᠯᠢ ᠡᠲᠤᠷ ᠤᠨ ᠪᠤᠰᠤ ᠲᠥᠷᠢᠮ ᠤᠨ ᠶᠡᠭᠡ ᠰᠤᠷᠭᠠᠭᠤᠯᠢ᠂ ᠲᠤᠮᠲᠠᠲᠤ | ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠬᠤᠯᠢ ᠶᠢᠨ ᠰᠤᠷᠤᠭᠴᠢ᠂ ᠠᠰᠫᠢᠷᠠᠨᠲ ᠰᠤᠷᠤᠭᠴᠢ ᠵᠡᠷᠭᠡ︶ ᠠᠴᠠ ᠪᠤᠯᠵᠤ ᠭᠡᠷ ᠪᠥᠯᠢ ᠶᠢᠨ ᠥᠨᠲᠤᠰᠤᠨ | ᠠᠮᠢᠲᠤᠷᠠᠯ ᠤᠨ ᠲᠥᠪᠰᠢᠨ ᠢ ᠰᠢᠭᠤᠤᠨ ᠨᠥᠯᠤᠭᠡᠯᠡᠨ ᠲᠥᠷ ᠴᠠᠭ ᠲᠤᠰ ᠭᠠᠵᠠᠷ ᠤᠷᠤᠨ ᠤ ᠬᠤᠲᠠ ᠬᠥᠲᠡᠭᠡ ᠶᠢᠨ ᠬᠠᠮᠤᠭ ᠲᠤᠤᠷ᠎ᠠ ᠠᠮᠢᠲᠤᠷᠠᠯ ᠤᠨ | ᠪᠠᠲᠤᠯᠠᠭ᠎ᠠ ᠶᠢᠨ ᠪᠠᠷᠢᠮᠵᠢᠶ᠎ᠠ ᠠᠴᠠ ᠲᠤᠤᠷ᠎ᠠ ᠪᠤᠯᠤᠭᠰᠠᠨ ᠬᠥᠴᠢᠷᠲᠠᠯᠲᠠᠢ ᠭᠡᠷ ᠪᠥᠯᠢ ᠶᠢ ᠠᠪᠤᠷᠠᠨ ᠲᠤᠰᠠᠯᠠᠨ᠎ᠠ᠃ ᠲᠥᠷᠪᠡ ᠳᠤ ᠭᠠᠯ ᠤᠨ ᠠᠶᠤᠯ᠂ ᠵᠠᠮ | ᠬᠠᠷᠢᠯᠴᠠᠭᠠᠨ ᠤ ᠭᠡᠨᠡᠲᠡᠯ ᠵᠡᠷᠭᠡ ᠰᠠᠨᠠᠭᠠᠨ ᠠᠴᠠ ᠭᠠᠳᠠᠨ᠎ᠠ ᠭᠡᠷᠡᠭ ᠪᠤᠶᠤ ᠭᠡᠨᠡᠳᠲᠡ ᠬᠥᠨᠲᠤ ᠡᠪᠡᠳᠴᠢᠨ ᠳᠤ ᠨᠡᠷᠪᠡᠭᠲᠡᠬᠦ᠂ ᠭᠡᠨᠡᠳᠲᠡ ᠶᠢᠨ ᠶᠠᠪᠤᠲᠠᠯ ᠤᠴᠠᠷᠠᠬᠤ᠂ | ᠲᠥᠷ ᠴᠠᠭ ᠭᠡᠷ ᠪᠥᠯᠢ ᠶᠢᠨ ᠲᠡᠮᠵᠢᠯᠭᠡ ᠶᠢ ᠬᠥᠷᠲᠡᠵᠤ ᠲᠡᠶᠢᠯᠬᠦ ᠥᠭᠡᠢ ᠠᠴᠠ ᠥᠨᠲᠤᠰᠤᠨ ᠠᠮᠢᠲᠤᠷᠠᠯ ᠬᠥᠴᠢᠷᠲᠠᠯ ᠳᠤ ᠲᠤᠯᠭᠠᠷᠠᠵᠤ᠂ ᠲᠡᠬᠦᠨ ᠦᠥᠨᠲᠤᠰᠤᠨ | ᠠᠮᠢᠲᠤᠷᠠᠯ ᠤᠨ ᠲᠥᠪᠰᠢᠨ ᠲᠥᠷ ᠴᠠᠭ ᠲᠤᠰ ᠭᠠᠵᠠᠷ ᠤᠷᠤᠨ ᠤ ᠬᠤᠲᠠ ᠬᠥᠲᠡᠭᠡ ᠶᠢᠨ ᠰᠠᠭᠤᠭᠠᠯᠢ ᠠᠷᠠᠳ ᠤᠨ ᠬᠠᠮᠤᠭ ᠲᠤᠤᠷ᠎ᠠ ᠠᠮᠢᠲᠤᠷᠠᠯ ᠤᠨ ᠪᠠᠲᠤᠯᠠᠭ᠎ᠠ ᠶᠢᠨ | ᠪᠠᠷᠢᠮᠵᠢᠶ᠎ᠠ ᠠᠴᠠ ᠲᠤᠤᠷ᠎ᠠ ᠪᠤᠯᠤᠭᠰᠠᠨ ᠬᠤᠪᠢ ᠬᠥᠮᠤᠨ ᠢ ᠠᠪᠤᠷᠠᠨ ᠲᠤᠰᠠᠯᠠᠨ᠎ᠠ᠃ ᠲᠠᠪᠤ ᠳᠤ ᠪᠤᠲᠠᠰ ᠤᠨ ᠥᠨ᠎ᠡ ᠥᠰᠥᠭᠰᠡᠨ ᠵᠡᠷᠭᠡ ᠰᠢᠯᠲᠠᠭᠠᠨ ᠠᠴᠠ | ᠠᠮᠢᠲᠤᠷᠠᠯ ᠤᠨ ᠴᠢᠬᠤᠯᠠ ᠭᠡᠷᠡᠭᠴᠡᠭᠡᠨ ᠤ ᠵᠠᠷᠤᠯᠭ᠎ᠠ ᠲᠥᠷᠭᠡᠨ ᠨᠡᠮᠡᠭᠲᠡᠵᠥ ᠭᠡᠷ ᠪᠥᠯᠢ ᠶᠢᠨ ᠲᠠᠭᠠᠭᠠᠬᠤ ᠴᠢᠲᠠᠪᠤᠷᠢ ᠠᠴᠠ ᠲᠠᠪᠠᠵᠤ᠂ ᠥᠨᠲᠤᠰᠤᠨ ᠠᠮᠢᠲᠤᠷᠠᠯ ᠲᠥᠷ | ᠴᠠᠭ ᠰᠥᠷᠡᠬᠡᠢ ᠬᠥᠴᠢᠷᠲᠠᠯ ᠤᠴᠠᠷᠠᠭᠰᠠ ᠬᠠᠮᠤᠭ ᠲᠤᠤᠷ᠎ᠠ ᠪᠠᠲᠤᠯᠠᠭ᠎ᠠ ᠲᠠᠢ ᠭᠡᠷ ᠪᠥᠯᠢ ᠪᠠ ᠤᠨᠴᠨ ᠬᠥᠴᠢᠷᠲᠠᠯᠲᠠᠢ ᠠᠰᠠᠷᠠᠮᠵᠢ ᠶᠢᠨ ᠬᠥᠮᠤᠰ ᠤᠨ ᠭᠡᠷ ᠪᠥᠯᠢ᠃ | ᠲᠡᠭᠡᠷᠡᠬᠢ ᠪᠥᠬᠦ ᠬᠤᠲᠠ ᠶᠢᠨ ᠬᠤᠲᠠ ᠬᠥᠲᠡᠭᠡ ᠶᠢᠨ ᠲᠤᠤᠷ᠎ᠠ ᠪᠠᠲᠤᠯᠠᠭᠠᠲᠤ ᠡᠲᠡᠭᠡᠳ᠂ ᠤᠨᠴᠨ ᠬᠥᠴᠢᠷᠲᠠᠯᠲᠠᠢ ᠬᠥᠮᠤᠰ ᠤᠨ ᠠᠪᠤᠷᠠᠨ ᠲᠤᠰᠠᠯᠠᠬᠤ | ᠠᠰᠠᠷᠠᠮᠵᠢ ᠶᠢᠨ ᠡᠲᠡᠭᠡᠳ ᠢ ᠨᠢᠭᠡᠨᠲᠡ ᠬᠥᠲᠡᠯᠥᠩᠬᠦᠢ ᠬᠠᠮᠢᠶᠠᠷᠤᠯᠲᠠ ᠳᠤ ᠪᠠᠲᠤᠯᠠᠵᠤ ᠲᠡᠶᠢᠯᠬᠦ ᠶᠢ ᠴᠢᠲᠠᠬᠤᠶᠢᠴᠠᠪᠠᠲᠤᠯᠠᠬᠤ ᠶᠢ ᠥᠨᠲᠤᠰᠤᠨ ᠳᠡᠭᠡᠨ ᠪᠡᠶᠡᠯᠡᠬᠦᠯᠵᠤ᠂ | ᠡᠮ ᠡᠮᠨᠡᠯᠭᠡ ᠶᠢᠨ ᠠᠪᠤᠷᠠᠨ ᠲᠤᠰᠠᠯᠠᠬᠤ ᠵᠢᠴᠢ ᠲᠥᠷ ᠴᠠᠭ ᠤᠨ ᠠᠪᠤᠷᠠᠨ ᠲᠤᠰᠠᠯᠠᠬᠤ ᠬᠥᠷᠢᠶ᠎ᠠ ᠬᠡᠪᠴᠢᠶ᠎ᠠ ᠨᠢᠭᠡᠨᠲᠡ ᠪᠥᠬᠦᠨ ᠢ ᠬᠠᠮᠤᠷᠪᠠ᠃ |