| | ᠰᠤᠷᠪᠤᠯᠵᠢᠯᠠᠭᠰᠠ ᠴᠠᠭ᠄ 2018.07.04 14᠄ 25 | ᠰᠤᠷᠪᠤᠯᠵᠢᠯᠠᠭ᠎ᠠ ᠬᠥᠯᠢᠶᠡᠭᠴᠢ᠄ ᠲᠥᠩᠯᠢᠶᠤᠤ ᠬᠤᠲᠠ ᠶᠢᠨ ᠥᠨᠲᠤᠰᠤᠲᠠᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠪᠤᠤ ᠭᠧᠨ ᠵᠦ | ᠰᠤᠷᠪᠤᠯᠵᠢᠯᠠᠭᠰᠠ ᠪᠠᠶᠢᠲᠠᠯ᠄ ᠲᠡᠭᠦᠰᠪᠡ | ᠭᠤᠤᠯ ᠠᠭᠤᠯᠭ᠎ᠠ᠄ 2018 ᠤᠨ ᠪᠤᠯ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠲᠠᠪᠤᠷᠢᠵᠢᠭᠤᠯᠬᠤ | ᠡᠬᠢᠯᠡᠯᠲᠡ ᠶᠢᠨ ᠵᠢᠯ ᠪᠤᠯᠤᠨ᠎ᠠ᠂ ᠮᠥᠨ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠪᠤᠯᠤᠨ᠎ᠠ᠂ ᠠᠲᠠᠯᠢ ᠪᠠᠷ ᠶᠠᠲᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠠᠵᠢᠯ ᠵᠠᠩᠬᠢᠯᠠᠭ᠎ᠠ ᠶᠢᠨ ᠬᠤᠭᠤᠴᠠᠭᠠᠨ ᠳᠤ ᠤᠷᠤᠭᠰᠠ ᠨᠢᠭᠡ ᠵᠢᠯ ᠪᠤᠯᠤᠨ᠎ᠠ᠂ ᠥᠨᠲᠤᠰᠤᠲᠠᠨ ᠤ ᠠᠵᠢᠯ ᠬᠠᠷᠢᠭᠤᠴᠠᠯᠭ᠎ᠠ ᠬᠥᠨᠲᠤ᠂ ᠡᠭᠦᠷᠭᠡ | ᠬᠠᠲᠠᠭᠤᠵᠢᠯᠲᠠᠢ᠂ ᠡᠬᠦᠷᠭᠡ ᠲᠤᠰᠢᠶᠠᠯ ᠥᠩᠭᠡ ᠭᠡᠷᠡᠯ ᠲᠠᠢ᠃ ᠰᠢ ᠶᠢᠨ ᠫᠢᠩ ᠤᠨ ᠰᠢᠨ᠎ᠡ ᠴᠠᠭ ᠥᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠥᠵᠡᠯ ᠰᠠᠨᠠᠭ᠎ᠠ ᠪᠠ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠲᠡᠷᠢᠬᠦᠨ ᠴᠢᠬᠤᠯᠠ | ᠤᠯᠤᠰ ᠲᠥᠷᠤ ᠶᠢᠨ ᠡᠬᠦᠷᠭᠡ ᠪᠤᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ | ᠬᠤᠷᠢᠶ᠎ᠠ ᠶᠢᠨ ᠥᠨᠲᠤᠰᠤᠲᠠᠨ ᠤ ᠠᠵᠢᠯ ᠤᠨ ᠲᠤᠬᠠᠢ ᠴᠢᠬᠤᠯᠠ ᠰᠢᠢᠳᠪᠤᠷᠢᠲᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠬᠥᠨᠵᠡᠭᠡᠢ ᠲᠤᠤᠱᠯᠠᠭᠤᠯᠵᠤ᠂ ᠰᠢ ᠶᠢᠨ ᠫᠢᠩ | ᠶᠠᠷᠤᠩᠭᠡᠢ ᠱᠥᠵᠢ ᠶᠢᠨ ᠥᠪᠤᠷ ᠮᠤᠩᠭᠤᠯ ᠢ ᠪᠠᠶᠢᠴᠠᠭᠠᠨ ᠥᠵᠡᠭᠰᠡᠨ ᠥᠶ᠎ᠠ ᠶᠢᠨ ᠴᠢᠬᠤᠯᠠ ᠶᠠᠷᠢᠶ᠎ᠠ ᠪᠠ ᠥᠨᠲᠤᠰᠤᠲᠠᠨ ᠤ ᠠᠵᠢᠯ ᠤᠨ ᠲᠤᠬᠠᠢ ᠴᠢᠬᠤᠯᠠ | ᠥᠬᠦᠯᠡᠯᠲᠡ ᠶᠢᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠰᠯᠠᠭᠤᠯᠵᠤ᠂ ᠮᠠᠨ ᠤ ᠬᠤᠲᠠ ᠶᠢᠨ ᠥᠨᠲᠤᠰᠤᠲᠠᠨ ᠤ ᠠᠵᠢᠯ ᠤᠨ ᠰᠢᠨ᠎ᠡ ᠡᠬᠦᠲᠤᠯᠲᠡ | ᠬᠥᠭᠵᠢᠯᠲᠡ ᠶᠢ ᠠᠬᠢᠭᠤᠯᠤᠨ᠎ᠠ᠃《 ᠲᠥᠷᠪᠡᠨ ᠤᠬᠠᠮᠰᠠᠷ》 ᠢ ᠤᠯᠠᠮ ᠨᠡᠮᠡᠭᠲᠡᠬᠦᠯᠥᠨᠡ᠂ ᠤᠨᠴᠠᠭᠠᠶᠢᠯᠠᠨ ᠭᠤᠤᠯ ᠤᠬᠠᠮᠰᠠᠷ᠂ ᠨᠢᠭᠡᠳᠬᠦ ᠤᠬᠠᠮᠰᠠᠷ᠂ ᠥᠪᠡᠷ ᠤᠨ | ᠤᠬᠠᠮᠰᠠᠷ ᠠᠴᠠ ᠪᠠᠨ ᠥᠵᠡᠯ ᠰᠠᠨᠠᠭ᠎ᠠ᠂ ᠤᠯᠤᠰ ᠲᠥᠷᠤ᠂ ᠠᠵᠢᠯᠯᠠᠭ᠎ᠠ ᠲᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ | ᠲᠠᠢ ᠲᠡᠭᠡᠲᠤ ᠬᠡᠮᠵᠢᠶᠠᠨ ᠤ ᠨᠢᠭᠡᠲᠤᠯ ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠤᠷᠤᠨ ᠤ《13·5》ᠲᠥᠯᠤᠪᠵᠢᠬᠦᠯᠭᠡ ᠪᠠ ᠠᠵᠤ ᠠᠬᠤᠢ ᠨᠡᠶᠢᠭᠡᠮ ᠤᠨ | ᠬᠥᠭᠵᠢᠬᠦᠯᠥᠯᠲᠡ ᠶᠢᠨ ᠶᠡᠷᠤᠩᠭᠡᠢ ᠪᠠᠶᠢᠲᠠᠯ ᠠᠴᠠ ᠡᠬᠦᠰᠴᠤ᠂ ᠥᠨᠲᠤᠰᠤᠲᠠᠨ ᠤ ᠪᠥᠯᠬᠦᠮᠲᠠᠯ᠂ ᠨᠡᠶᠢᠭᠡᠮ ᠤᠨ ᠲᠤᠭᠲᠠᠭᠤᠨ ᠰᠠᠶᠢᠨ ᠪᠠᠶᠢᠲᠠᠯ ᠢ ᠬᠥᠴᠤᠯᠠᠡ | ᠬᠠᠮᠠᠭᠠᠯᠠᠵᠤ᠂ ᠴᠥᠭᠡᠨ ᠲᠤᠭᠠᠲᠤ ᠥᠨᠲᠤᠰᠤᠲᠠᠨ ᠤ ᠭᠠᠵᠠᠷ ᠤᠷᠤᠨ ᠤᠨ ᠪᠥᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠠᠯᠬᠤᠭ᠎ᠠ ᠶᠢ ᠬᠥᠴᠤᠯᠠᠡ | ᠲᠥᠷᠭᠡᠳᠭᠡᠵᠤ᠂ ᠥᠨᠲᠤᠰᠤᠲᠠᠨ ᠤ ᠶᠠᠪᠤᠲᠠᠯ ᠤᠨ ᠬᠠᠮᠢᠶᠠᠷᠤᠯᠲᠠ ᠶᠢᠨ ᠬᠠᠤᠯᠢ ᠲᠥᠷᠢᠮᠵᠢᠬᠦᠯᠥᠯᠲᠠ ᠶᠢ ᠬᠥᠴᠤᠯᠠᠡ ᠠᠬᠢᠭᠤᠯᠵᠤ᠂ ᠵᠤᠷᠢᠭᠲᠠᠢ ᠡᠬᠦᠷᠭᠡᠯᠡᠨ᠂ | ᠰᠢᠷᠭᠠᠬᠤ ᠥᠭᠡᠲᠡᠲᠢ᠂ ᠡᠯ᠎ᠠ ᠥᠨᠲᠤᠰᠤᠲᠠᠨ ᠤ ᠤᠯᠠᠨ ᠲᠥᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠥᠯᠬᠦᠮᠲᠡᠡ ᠲᠠᠮᠠᠴᠡᠬᠦ ᠬᠥᠴᠤᠷᠭᠡᠭ ᠶᠡᠭᠡ | ᠬᠥᠲᠡᠯᠭᠡᠭᠴᠢ ᠬᠥᠴᠤᠨ ᠢ ᠨᠢᠭᠲᠠᠷᠠᠭᠤᠯᠵᠤ᠂ ᠶᠠᠷᠤᠩᠭᠡᠢ ᠪᠠᠶᠢᠲᠠᠯ ᠳᠤ ᠪᠥᠬᠦ ᠬᠥᠴᠤᠨ ᠢᠶᠠᠷ ᠥᠢᠯᠡᠴᠢᠯᠡᠨ᠂ ᠠᠵᠢᠯ ᠤᠨ ᠲᠤᠭᠲᠠᠯᠴᠠᠭ᠎ᠠ ᠶᠢ ᠲᠡᠬᠦᠯᠲᠡᠷᠵᠢᠬᠦᠯᠵᠥ᠂ | ᠤᠬᠠᠭᠤᠯᠭ᠎ᠠ ᠬᠥᠮᠤᠵᠢᠯ ᠢ ᠴᠢᠩᠭᠠᠳᠬᠠᠨ᠂ ᠠᠵᠢᠯᠯᠠᠭ᠎ᠠ ᠶᠢᠨ ᠠᠴᠢᠶᠠᠯᠠᠪᠤᠷᠢ ᠪᠠ ᠠᠷᠭ᠎ᠠ ᠮᠠᠶ᠋ᠢᠭ ᠢᠶᠠᠨ ᠰᠢᠨᠡᠳᠭᠡᠨ᠂ ᠡᠬᠦᠲᠤᠯᠲᠡ ᠶᠢᠨ ᠠᠵᠢᠯᠯᠠᠭ᠎ᠠ ᠪᠠ ᠨᠡᠶᠢᠭᠡᠮ ᠤᠨ | ᠵᠤᠯᠭᠠᠯᠴᠠᠭ᠎ᠠ᠂ ᠥᠨᠲᠤᠰᠤᠲᠠᠨ ᠤ ᠬᠠᠶᠢᠷ᠎ᠠ ᠰᠡᠳᠬᠢᠯᠭᠡ ᠶᠢᠨ ᠬᠥᠪᠴᠢᠯᠡᠬᠦᠷ᠂ ᠤᠯᠠᠨ ᠲᠥᠮᠠᠨ ᠤ ᠠᠰᠢᠭ ᠲᠤᠰᠨ ᠯᠤᠭ᠎ᠠ ᠶᠢᠨ ᠤᠶᠠᠯᠲᠣᠯ ᠢ ᠤᠨᠤᠭ᠎ᠠ ᠰᠤᠩᠭᠤᠵᠤ᠂ | ᠥᠨᠲᠤᠰᠤᠲᠠᠨ ᠤ ᠬᠠᠷᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠶᠢᠨ ᠲᠠᠪᠴᠠᠩ ᠢ ᠰᠠᠶᠢᠲᠤᠷ ᠪᠠᠶᠢᠭᠤᠯᠵᠤ᠂ ᠥᠨᠲᠤᠷ ᠡᠬᠢᠯᠡᠯᠲᠡ ᠪᠠᠷ《ᠰᠡᠳᠬᠢᠴᠡ ᠪᠠᠨ | ᠲᠡᠭᠰᠢᠯᠡᠨ᠂ ᠬᠠᠷᠠᠯᠲᠠ ᠪᠠᠨ ᠲᠤᠭᠲᠠᠭᠠᠵᠤ᠂ ᠬᠥᠭᠵᠢᠯᠲᠡ ᠶᠢ ᠰᠥᠪᠡᠭᠴᠢᠯᠡᠡ᠂ ᠨᠠᠶᠢᠲᠠᠪᠤᠷᠢᠵᠢᠭᠤᠯᠬᠤ ᠶᠢ ᠠᠳᠬᠤᠵᠤ 》᠂ 2018 ᠤᠨ ᠤ ᠪᠥᠬᠦ ᠬᠤᠲᠠ ᠶᠢᠨ | ᠥᠨᠲᠤᠰᠤᠲᠠᠨ ᠤ ᠠᠵᠢᠯ ᠮᠤᠩᠭᠤᠯ ᠬᠡᠯᠡᠨ ᠤ ᠠᠵᠢᠯ ᠤᠨ ᠡᠯ᠎ᠡ ᠵᠥᠢᠯ ᠤᠨ ᠡᠬᠦᠷᠭᠡ ᠶᠢ ᠴᠢᠨᠠᠷ ᠲᠠᠢ ᠂ ᠬᠤᠭᠤᠴᠠᠭ᠎ᠠ ᠳᠤᠨᠢ ᠠᠮᠵᠢᠯᠲᠠ ᠲᠠᠢ ᠪᠡᠶᠡᠯᠡᠬᠦᠯᠤᠨ᠎ᠠ᠃ | ︵ᠬᠥᠲᠤᠯᠥᠭᠴᠢ︶ ᠰᠥᠯᠵᠢᠶᠠᠨ ᠤ ᠨᠠᠶᠢᠵᠠ ᠨᠠᠷ ᠲᠠ ᠰᠠᠶᠢᠨ ᠪᠠᠶᠢᠨᠠᠤ᠂ ᠲᠤᠰ ᠬᠤᠭᠤᠴᠠᠭᠠᠨ ᠤ ᠰᠥᠯᠵᠢᠶ᠎ᠠ ᠶᠢᠨ ᠰᠤᠷᠪᠤᠯᠵᠢᠯᠠᠭ᠎ᠠ ᠶᠢ ᠬᠥᠯᠢᠶᠠᠨ ᠠᠪᠴᠤ | ᠥᠵᠡᠬᠦ ᠶᠢ ᠪᠠᠶᠠᠷᠯᠠᠨ ᠤᠭᠲᠤᠶ᠎ᠠ᠂ ᠥᠨᠥᠲᠤᠷ ᠪᠢᠲᠠ ᠲᠥᠩᠯᠢᠶᠤᠤ ᠬᠤᠲᠠ ᠶᠢᠨ ᠥᠨᠲᠥᠰᠤᠲᠡᠨ ᠤ ᠬᠡᠷᠡᠭ ᠡᠷᠬᠢᠯᠡᠬᠦ ᠵᠥᠪᠯᠡᠯ ᠤᠨ ᠪᠤᠤ ᠭᠧᠨ ᠵᠥ ᠡᠷᠬᠢᠯᠡᠭᠴᠢ ᠶᠢ | ᠤᠷᠢᠨ ᠠᠪᠴᠢᠷᠠᠯ᠎ᠠ᠂ ᠲᠡᠷᠨ ᠲᠠᠨᠠᠷ ᠲᠠᠢ ᠪᠠᠨ ᠮᠠᠨ ᠤ ᠬᠤᠲᠠ ᠶᠢᠨ ᠥᠨᠲᠤᠰᠤᠲᠡᠨ ᠤ ᠠᠵᠢᠯ ᠤᠨ ᠲᠤᠬᠠᠢ ᠰᠥᠯᠵᠢᠶ᠎ᠠ ᠪᠠᠷ ᠰᠠᠨᠠᠯ ᠰᠤᠯᠢᠯᠴᠠᠬᠤ ᠪᠠᠷ ᠪᠠᠶᠢᠨ᠎ᠠ᠃ | ᠪᠤᠤ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠶ᠎ᠠ︕ | ︵ᠪᠤᠤ ᠡᠷᠬᠢᠯᠡᠭᠴᠢ︶ ᠬᠥᠲᠥᠯᠥᠭᠴᠢ ᠲᠠ ᠰᠠᠶᠢᠨ ᠪᠠᠶᠢᠨᠠᠤ︖ ᠰᠥᠯᠵᠢᠶᠠᠨ ᠤ ᠨᠠᠶᠢᠵᠠ ᠨᠠᠷ ᠲᠠᠨᠠᠷ ᠰᠠᠶᠢᠨ ᠪᠠᠶᠢᠨᠠᠤ︖ ᠲᠥᠩᠯᠢᠶᠤᠤ ᠬᠤᠲᠠ ᠶᠢᠨ | ᠵᠠᠰᠠᠭ ᠤᠨ ᠤᠷᠲᠤᠨ ᠤ ᠰᠥᠯᠵᠢᠶᠠᠨ ᠤ ᠲᠠᠪᠴᠠᠩ ᠢᠶᠠᠷ ᠲᠠᠮᠵᠢᠨ ᠲᠠᠨᠠᠷ ᠲᠠᠢ ᠪᠠᠨ ᠰᠥᠯᠵᠢᠶ᠎ᠠ ᠪᠠᠷ ᠰᠠᠨᠠᠯ ᠰᠤᠯᠢᠯᠴᠠᠬᠤ ᠳᠤ ᠲᠤᠩ ᠪᠠᠶᠠᠷᠯᠠᠵᠤ ᠪᠠᠶᠢᠨ᠎ᠠ᠃ | ᠰᠥᠯᠵᠢᠶᠠᠨ ᠤ ᠨᠠᠶᠢᠵᠠ ᠨᠠᠷ ᠤᠨ ᠤᠷᠲᠤ ᠬᠤᠭᠤᠴᠠᠭᠠᠨ ᠤ ᠲᠤᠷᠰᠢ ᠲᠥᠩᠯᠢᠶᠤᠤ ᠬᠤᠲᠠ ᠶᠢᠨ ᠥᠨᠲᠤᠰᠤᠲᠡᠨ ᠱᠠᠰᠢᠨ ᠰᠤᠷᠲᠠᠬᠤᠨ ᠮᠤᠩᠭᠤᠯ ᠭᠡᠯᠡᠨ ᠤ ᠠᠵᠢᠯ ᠳᠤ | ᠠᠩᠬᠠᠷᠤᠯ ᠬᠠᠨᠲᠤᠭᠤᠯᠵᠤ ᠲᠡᠮᠵᠢᠯᠭᠡ ᠥᠵᠡᠬᠦᠯᠤᠭ᠍ᠰᠡᠡ ᠳᠤ ᠲᠠᠯᠠᠷᠬᠠᠵᠤ ᠪᠠᠶᠢᠨ᠎ᠠ᠃ | ︵ᠬᠥᠲᠤᠯᠥᠭᠴᠢ︶ ᠪᠤᠤ ᠡᠷᠬᠢᠯᠡᠭᠴᠢ ᠡ᠂ 2017 ᠤᠨ ᠳᠤ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠬᠤᠷᠠᠯᠲᠤᠪᠠ᠃ ᠡᠨᠡ ᠨᠢ ᠥᠨᠲᠤᠰᠤᠲᠡᠨ ᠤ | ᠠᠵᠢᠯ ᠳᠤ ᠶᠠᠮᠠᠷ ᠱᠠᠭᠠᠷᠲᠠᠯᠭ᠎ᠠ ᠲᠤᠷᠠᠲᠤᠭᠰᠠᠨ ᠪᠤᠢ︖ ᠥᠨᠲᠤᠰᠤᠲᠡᠨ ᠤ ᠠᠵᠢᠯ ᠳᠤ ᠶᠠᠮᠠᠷ ᠰᠢᠨ᠎ᠡ ᠥᠷᠢᠰᠤᠲᠤᠯᠭᠡᠨ ᠲᠤᠯᠭᠠᠷᠠᠭᠰᠠᠨ ᠪᠤᠢ︖ | ︵ᠪᠤᠤ ᠡᠷᠬᠢᠯᠡᠭᠴᠢ︶ ᠨᠢᠭᠡ ᠳᠤ᠂ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠬᠤᠷᠠᠯᠲᠤᠭᠰᠠᠨ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠤᠯ | ᠪᠤᠯᠭᠠᠭᠰᠠᠨ ᠨᠠᠮ ᠤᠨ ᠲᠥᠪ ᠬᠤᠷᠢᠶ᠎ᠠ ᠰᠢᠨ᠎ᠡ ᠪᠠᠶᠢᠲᠠᠯ ᠲᠤᠤᠷᠠᠬᠢ ᠥᠨᠲᠤᠰᠤᠲᠡᠨ ᠤ ᠠᠵᠢᠯ ᠢ ᠰᠠᠶᠢᠲᠤᠷ ᠬᠢᠵᠤ᠂ ᠥᠨᠲᠤᠰᠤᠲᠡᠨ ᠤ ᠤᠷᠤᠨ ᠤ ᠲᠥᠷᠭᠡᠨ | ᠬᠥᠭᠵᠢᠬᠦᠯᠥᠯᠲᠡ ᠶᠢ ᠠᠬᠢᠭᠤᠯᠬᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃ ᠤᠨᠴᠠᠭᠠᠶᠢᠯᠠᠨ ᠶᠡᠷᠤᠩᠭᠡᠢ ᠱᠥᠵᠢ ᠪᠥᠬᠦ ᠤᠯᠤᠰ ᠤᠨ ᠠᠷᠪᠠᠨ ᠭᠤᠷᠪᠠᠲᠤᠭᠠᠷ | ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠥᠪᠤᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠲᠥᠯᠤᠭᠡᠯᠡᠭᠴᠢᠳ ᠤᠨ | ᠪᠥᠯᠬᠦᠮ ᠤᠨ ᠵᠥᠪᠯᠯᠡᠭᠡ ᠳᠤ ᠤᠷᠤᠯᠴᠠᠭᠰᠠ ᠵᠡᠷᠭᠡ ᠤᠯᠠᠨ ᠴᠢᠬᠤᠯᠠ ᠲᠠᠯᠠᠪᠠᠢ ᠳᠤ ᠴᠢᠬᠤᠯᠠ ᠶᠠᠷᠢᠶ᠎ᠠ ᠲᠠᠯᠪᠢᠵᠤ᠂ ᠰᠢᠷᠢᠰ ᠰᠢᠨ᠎ᠡ ᠥᠵᠡᠯ ᠰᠠᠨᠠᠭ᠎ᠠ ᠰᠢᠨ᠎ᠡ | ᠨᠤᠲᠠᠯᠠᠯᠲᠠ ᠰᠢᠨ᠎ᠡ ᠱᠠᠭᠠᠷᠲᠠᠯᠭ᠎ᠠ ᠲᠤᠷᠠᠳᠴᠤ᠂ ᠮᠠᠨ ᠤ ᠰᠢᠨ᠎ᠡ ᠴᠠᠭ ᠥᠶ᠎ᠠ ᠶᠢᠨ ᠥᠨᠲᠤᠰᠤᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ | ᠵᠢᠭᠠᠨ ᠥᠭᠴᠦ᠂ ᠥᠨᠲᠤᠰᠤᠨ ᠵᠢᠷᠤᠮᠵᠢᠯ ᠲᠠᠢ ᠪᠤᠯᠭᠠᠪᠠ᠃ ᠥᠪᠡᠷᠲᠡᠭᠡᠨ ᠵᠠᠰᠠᠬᠤ ᠤᠷᠤᠨ ᠤ ᠠᠷᠪᠠᠲᠤᠭᠠᠷ ᠤᠲᠠᠭᠠᠨ ᠤ ᠨᠠᠮ ᠤᠨ ᠲᠥᠯᠤᠭᠡᠯᠡᠭᠴᠢᠳ ᠤᠨ ᠶᠡᠭᠡ | ᠬᠤᠷᠠᠯ᠂ ᠠᠷᠪᠠᠲᠤᠭᠠᠷ ᠬᠤᠭᠤᠴᠠᠭᠠᠨ ᠤ ᠬᠤᠶᠠᠲᠤᠭᠠᠷ ᠤᠲᠠᠭᠠᠨ ᠤ ᠪᠥᠬᠦ ᠭᠡᠰᠢᠬᠦᠨ ᠤ ᠬᠤᠷᠠᠯ ᠪᠠ ᠡᠨᠡ ᠵᠢᠯ ᠤᠨ ᠥᠪᠡᠷᠲᠡᠭᠡᠨ ᠵᠠᠰᠠᠬᠤ ᠤᠷᠤᠨ ᠤ《 ᠬᠤᠶᠠᠷ | ᠬᠤᠷᠠᠯ》ᠮᠠᠨ ᠤ ᠤᠷᠤᠨ ᠤ ᠢᠷᠡᠭᠡᠲᠤᠢ ᠶᠢᠨ ᠬᠥᠭᠵᠢᠭᠦᠯᠥᠯᠲᠡ ᠶᠢᠨ ᠲᠥᠯᠤᠪᠯᠡᠯᠭᠡ ᠶᠢ ᠵᠢᠷᠤᠭᠯᠠᠨ᠂ ᠪᠥᠬᠦ ᠤᠷᠤᠨ ᠤ ᠥᠨᠲᠤᠰᠤᠲᠡᠨ ᠤ ᠠᠵᠢᠯ ᠳᠤ ᠴᠢᠬᠤᠯᠠ | ᠪᠠᠶᠢᠷᠢᠯᠠᠭᠤᠯᠤᠯᠲᠠ ᠬᠢᠵᠤ᠂ ᠥᠨᠲᠤᠰᠤᠲᠡᠡ ᠤ ᠠᠵᠢᠯ ᠬᠥᠭᠵᠢᠭᠦᠯᠥᠯᠲᠡ ᠶᠢᠨ ᠴᠢᠬᠤᠯᠠ ᠠᠵᠠ ᠵᠠᠪᠰᠢᠶᠠᠨ ᠲᠤᠬᠢᠶᠠᠯᠲᠤᠭᠰᠠ ᠪᠠᠶᠢᠨ᠎ᠠ᠃ ᠬᠤᠶᠠᠷ ᠲᠤ᠂ | ᠤᠯᠤᠰ《〈13·5〉 ᠬᠤᠭᠤᠴᠠᠭ᠎ᠠ ᠳᠤ ᠥᠨᠲᠤᠰᠤᠲᠡᠨ ᠤ ᠭᠠᠵᠠᠷ ᠤᠷᠤᠨ ᠪᠠ ᠬᠥᠮᠤᠨ ᠠᠮᠠ ᠨᠡᠯᠢᠶᠡᠳ ᠪᠠᠭ᠎ᠠ ᠥᠨᠲᠤᠰᠤᠲᠡᠡ ᠤ ᠬᠥᠭᠵᠢᠬᠦᠯᠥᠯᠲᠡ ᠶᠢᠨ | ᠠᠬᠢᠭᠤᠯᠤᠯᠲᠠ ᠶᠢᠨ ᠲᠥᠯᠤᠪᠵᠢᠬᠦᠯᠭᠡ 》᠂《 〈13·5〉ᠬᠤᠭᠤᠴᠠᠭ᠎ᠠ ᠳᠤ ᠬᠢᠵᠠᠭᠠᠷ ᠤᠷᠤᠨ ᠢ ᠮᠠᠨᠲᠤᠭᠤᠯᠵᠤ ᠠᠷᠠᠳ ᠢ ᠪᠠᠶᠠᠯᠢᠭᠵᠢᠭᠤᠯᠬᠤ | ᠠᠵᠢᠯᠯᠠᠭ᠎ᠠ ᠶᠢᠨ ᠲᠥᠯᠤᠪᠵᠢᠬᠦᠯᠭᠡ》 ᠶᠢ ᠲᠤᠭᠲᠠᠭᠠᠪᠠ ᠂ ᠪᠢᠲᠠ ᠤᠲᠤᠬᠠᠨ ᠤ ᠥᠨᠲᠤᠰᠤᠲᠡᠨ ᠤ ᠠᠵᠢᠯ ᠢ ᠰᠠᠶᠢᠲᠤᠷ ᠬᠢᠬᠦ ᠴᠢᠬᠤᠯᠠ ᠠᠵᠠ ᠵᠠᠪᠰᠢᠶᠠᠨ ᠪᠠ | ᠲᠤᠯᠭᠠᠷᠠᠭᠰᠠᠨ ᠥᠷᠢᠰᠥᠯᠲᠥᠭᠡᠨ ᠢ ᠬᠥᠢᠴᠡᠳ ᠥᠢᠯᠠᠭᠠᠵᠤ᠂ ᠤᠯᠤᠰ ᠤᠨ〈 ᠨᠢᠭᠡ ᠪᠥᠰᠡ ᠨᠢᠭᠡ ᠵᠠᠮ〉 ᠤᠨ ᠪᠠᠶᠢᠭᠤᠯᠤᠯᠲᠠ᠂ ᠪᠡᠭᠡᠵᠢᠩ ᠲᠢᠶᠠᠨᠵᠢᠨ ᠾᠪᠸᠢ ᠶᠢᠨ | ᠵᠤᠬᠢᠴᠠᠩᠭᠤᠢ ᠬᠥᠭᠵᠢᠬᠦᠯᠥᠯᠲᠡ᠂ ᠪᠠᠷᠠᠭᠤᠨ ᠤᠷᠤᠨ ᠤ ᠶᠡᠭᠡ ᠨᠡᠭᠡᠭᠡᠯᠲᠡ᠂ ᠰᠢᠨ᠎ᠡ ᠡᠭᠡᠯᠵᠢ ᠶᠢᠨ ᠵᠡᠬᠦᠨ ᠬᠤᠶᠢᠲᠤ ᠶᠢᠨ ᠬᠠᠭᠤᠴᠢᠨ ᠠᠵᠤ ᠥᠢᠯᠡᠳᠪᠤᠷᠢ ᠶᠢᠨ | ᠰᠠᠭᠤᠷᠢᠨ ᠭᠠᠵᠠᠷ ᠢ ᠮᠠᠨᠲᠤᠭᠤᠯᠬᠤ ᠵᠢᠴᠢ ᠲᠤᠮᠲᠠᠲᠤ ᠤᠷᠤᠰ ᠮᠤᠩᠭᠤᠯ ᠤᠨ ᠠᠵᠤ ᠠᠬᠤᠢ ᠶᠢᠨ ᠬᠤᠩᠬᠢᠯ ᠤᠨ ᠪᠠᠶᠢᠭᠤᠯᠤᠯᠲᠠ ᠵᠡᠷᠭᠡ ᠴᠢᠬᠤᠯᠠ ᠪᠠᠶᠢᠯᠲᠤᠬᠤ | ᠪᠤᠲᠤᠯᠭ᠎ᠠ ᠶᠢᠨ ᠲᠤᠬᠢᠶᠠᠯ ᠢ ᠴᠢᠩᠭ᠎ᠠ ᠠᠳᠬᠤᠵᠤ᠂ ᠡᠯ᠎ᠡ ᠵᠥᠢᠯ ᠢ ᠥᠨᠲᠤᠰᠤᠲᠡᠡ ᠤ ᠠᠵᠢᠯ ᠢ ᠯᠠᠪᠲᠠᠭᠤᠨ ᠰᠠᠶᠢᠲᠤᠷ ᠬᠢᠨ᠎ᠡ᠃ ᠭᠤᠷᠪᠠ ᠳᠤ᠂ ᠥᠪᠡᠷᠲᠡᠭᠡᠨ | ᠵᠠᠰᠠᠬᠤ ᠤᠷᠤᠨ ᠪᠠᠶᠢᠭᠤᠯᠤᠭᠲᠠᠭᠰᠠᠨ 70 ᠤᠢ᠂ ᠲᠥᠪ ᠪᠠ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠥᠨᠲᠤᠰᠤᠲᠠᠨ ᠤ ᠠᠵᠢᠯ ᠤᠨ ᠲᠤᠬᠠᠢ | ᠰᠢᠷᠢᠰ ᠰᠢᠢᠳᠪᠤᠷᠢᠲᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠲᠠᠪᠤᠷᠢᠵᠢᠭᠤᠯᠬᠤ ᠪᠤᠯ ᠪᠥᠬᠦ ᠤᠷᠤᠨ ᠤ ᠥᠨᠲᠤᠰᠤᠲᠡᠡ ᠤ ᠪᠥᠯᠬᠦᠮᠲᠡᠯ᠂ ᠠᠵᠤ ᠠᠬᠤᠢ ᠶᠢᠨ | ᠬᠥᠭᠵᠢᠬᠦᠯᠥᠯᠲᠡ᠂ ᠨᠡᠶᠢᠭᠡᠮ ᠤᠨ ᠲᠠᠪᠰᠢᠯᠲᠠ᠂ ᠬᠢᠵᠠᠭᠠᠷ ᠤᠷᠤᠨ ᠤ ᠠᠮᠤᠷ ᠲᠤᠭᠲᠠᠭᠤᠨ ᠰᠠᠶᠢᠨ ᠪᠠᠶᠢᠲᠠᠯ ᠢ ᠥᠷᠬᠦᠯᠵᠢᠯᠡᠨ ᠪᠠᠲᠤᠳᠬᠠᠨ ᠬᠥᠭᠵᠢᠬᠦᠯᠬᠦ ᠰᠢᠨ᠎ᠡ | ᠠᠵᠠ ᠵᠠᠪᠰᠢᠶᠠᠨ ᠪᠤᠯᠤᠨ᠎ᠠ᠃ | ︵ᠬᠥᠲᠤᠯᠥᠭᠴᠢ︶ ᠪᠤᠤ ᠡᠷᠬᠢᠯᠡᠭᠴᠢ ᠡ᠂ ᠲᠥᠩᠯᠢᠶᠤᠤ ᠬᠤᠲᠠ ᠶᠢᠨ ᠥᠨᠲᠤᠰᠤᠲᠡᠨ ᠤ ᠬᠡᠷᠡᠭ ᠡᠷᠬᠢᠯᠡᠬᠦ ᠵᠥᠪᠯᠡᠯ 2018 ᠤᠨ ᠳᠤ ᠶᠠᠮᠠᠷ | ᠠᠵᠢᠯ ᠭᠤᠤᠯᠲᠠᠯᠠᠭ᠎ᠠ ᠲᠠᠢ ᠥᠷᠨᠢᠬᠦᠯᠬᠦ ᠪᠤᠢ︖ | ︵ᠪᠤᠤ ᠡᠷᠬᠢᠯᠡᠭᠴᠢ︶ 2018 ᠤᠨ ᠪᠤᠯ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠢ ᠲᠤᠤᠰᠯᠠᠭᠤᠯᠤᠨ ᠨᠠᠶᠢᠲᠠᠪᠤᠷᠢᠵᠢᠭᠤᠯᠬᠤ ᠡᠬᠢᠯᠡᠯᠲᠡ ᠶᠢᠨ ᠵᠢᠯ | ᠪᠤᠯᠤᠨ᠎ᠠ᠂ ᠮᠥᠨ ᠥᠭᠡᠷᠡᠴᠢᠯᠠᠯᠲᠠ ᠨᠡᠭᠡᠭᠡᠯᠲᠡ ᠬᠢᠭᠰᠡᠨ 40 ᠵᠢᠯ ᠪᠤᠯᠤᠨ᠎ᠠ᠂ ᠠᠲᠠᠯᠢ ᠪᠠᠷ ᠶᠠᠲᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ | ᠵᠠᠩᠬᠢᠯᠠᠭ᠎ᠠ ᠶᠢᠨ ᠬᠤᠭᠤᠴᠠᠭᠠᠨ ᠳᠤ ᠤᠷᠤᠭᠰᠡᠨᠨᠢᠭᠡ ᠵᠢᠯ ᠪᠤᠯᠤᠨ᠎ᠠ᠂ ᠥᠨᠲᠤᠰᠤᠲᠠᠨ ᠤ ᠠᠵᠢᠯ ᠬᠠᠷᠢᠭᠤᠴᠠᠯᠭ᠎ᠠ ᠬᠥᠨᠲᠤ᠂ ᠡᠭᠦᠷᠭᠡ ᠬᠠᠲᠠᠭᠤᠵᠢᠯᠲᠠᠢ᠂ ᠡᠬᠦᠷᠭᠡ | ᠲᠤᠰᠢᠶᠠᠯ ᠥᠩᠭᠡ ᠭᠡᠷᠡᠯ ᠲᠠᠢ᠃ ᠰᠢ ᠶᠢᠨ ᠫᠢᠩ ᠤᠨ ᠰᠢᠨ᠎ᠡ ᠴᠠᠭ ᠥᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠥᠵᠡᠯ ᠰᠠᠨᠠᠭ᠎ᠠ ᠪᠠ | ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠲᠡᠷᠢᠬᠦᠨ ᠴᠢᠬᠤᠯᠠ ᠤᠯᠤᠰ ᠲᠥᠷᠤ ᠶᠢᠨ ᠡᠬᠦᠷᠭᠡ | ᠪᠤᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠥᠨᠲᠤᠰᠤᠲᠠᠨ ᠤ | ᠠᠵᠢᠯ ᠤᠨ ᠲᠤᠬᠠᠢ ᠴᠢᠬᠤᠯᠠ ᠰᠢᠢᠳᠪᠤᠷᠢᠲᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠬᠥᠨᠵᠡᠭᠡᠢ ᠲᠤᠤᠱᠯᠠᠭᠤᠯᠵᠤ᠂ ᠰᠢ ᠶᠢᠨ ᠫᠢᠩ ᠶᠠᠷᠤᠩᠭᠡᠢ ᠱᠥᠵᠢ ᠶᠢᠨ ᠥᠪᠤᠷ | ᠮᠤᠩᠭᠤᠯ ᠢ ᠪᠠᠶᠢᠴᠠᠭᠠᠨ ᠥᠵᠡᠭᠰᠡᠨ ᠥᠶ᠎ᠠ ᠶᠢᠨ ᠴᠢᠬᠤᠯᠠ ᠶᠠᠷᠢᠶ᠎ᠠ ᠪᠠ ᠥᠨᠲᠤᠰᠤᠲᠠᠨ ᠤ ᠠᠵᠢᠯ ᠤᠨ ᠲᠤᠬᠠᠢ ᠴᠢᠬᠤᠯᠠ ᠥᠬᠦᠯᠡᠯᠲᠡ ᠶᠢᠨ ᠵᠤᠷᠢᠭ ᠰᠠᠨᠠᠭ᠎ᠠ ᠶᠢ | ᠬᠢᠨᠠᠮᠠᠭᠠᠢ ᠰᠤᠷᠤᠯᠴᠠᠨ ᠲᠤᠤᠰᠯᠠᠭᠤᠯᠵᠤ᠂ ᠮᠠᠨ ᠤ ᠬᠤᠲᠠ ᠶᠢᠨ ᠥᠨᠲᠤᠰᠤᠲᠠᠨ ᠤ ᠠᠵᠢᠯ ᠤᠨ ᠰᠢᠨ᠎ᠡ ᠡᠬᠦᠲᠤᠯᠲᠡ ᠬᠥᠭᠵᠢᠯᠲᠡ ᠶᠢ ᠠᠬᠢᠭᠤᠯᠤᠨ᠎ᠠ᠃《 ᠲᠥᠷᠪᠡᠨ | ᠤᠬᠠᠮᠰᠠᠷ》 ᠢ ᠤᠯᠠᠮ ᠨᠡᠮᠡᠭᠲᠡᠬᠦᠯᠥᠨᠡ᠂ ᠤᠨᠴᠠᠭᠠᠶᠢᠯᠠᠨ ᠭᠤᠤᠯ ᠤᠬᠠᠮᠰᠠᠷ ᠂ ᠨᠢᠭᠡᠳᠬᠦ ᠤᠬᠠᠮᠰᠠᠷ᠂ ᠥᠪᠡᠷ ᠤᠨ ᠤᠬᠠᠮᠰᠠᠷ ᠠᠴᠠ ᠪᠠᠨ ᠥᠵᠡᠯ ᠰᠠᠨᠠᠭ᠎ᠠ᠂ | ᠤᠯᠤᠰ ᠲᠥᠷᠤ᠂ ᠠᠵᠢᠯᠯᠠᠭ᠎ᠠ ᠲᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠲᠡᠭᠡᠲᠤ ᠬᠡᠮᠵᠢᠶᠠᠨ ᠤ ᠨᠢᠭᠡᠲᠤᠯ ᠢ | ᠪᠠᠷᠢᠮᠲᠠᠯᠠᠵᠤ᠂ ᠥᠪᠡᠷᠲᠡᠭᠡᠨ ᠵᠠᠰᠠᠬᠤ ᠤᠷᠤᠨ ᠤ《13·5》ᠲᠥᠯᠤᠪᠵᠢᠬᠦᠯᠭᠡ ᠪᠠ ᠠᠵᠤ ᠠᠬᠤᠢ ᠨᠡᠶᠢᠭᠡᠮ ᠤᠨ ᠬᠥᠭᠵᠢᠬᠦᠯᠥᠯᠲᠡ ᠶᠢᠨ ᠶᠡᠷᠤᠩᠭᠡᠢ | ᠪᠠᠶᠢᠲᠠᠯ ᠠᠴᠠ ᠡᠬᠦᠰᠴᠤ᠂ ᠥᠨᠲᠤᠰᠤᠲᠠᠨ ᠤ ᠪᠥᠯᠬᠦᠮᠲᠠᠯ᠂ ᠨᠡᠶᠢᠭᠡᠮ ᠤᠨ ᠲᠤᠭᠲᠠᠭᠤᠨ ᠰᠠᠶᠢᠨ ᠪᠠᠶᠢᠲᠠᠯ ᠢ ᠬᠥᠴᠤᠯᠠᠡ ᠬᠠᠮᠠᠭᠠᠯᠠᠵᠤ᠂ ᠴᠥᠭᠡᠨ ᠲᠤᠭᠠᠲᠤ | ᠥᠨᠲᠤᠰᠤᠲᠠᠨ ᠤ ᠭᠠᠵᠠᠷ ᠤᠷᠤᠨ ᠤᠨ ᠪᠥᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠠᠯᠬᠤᠭ᠎ᠠ ᠶᠢ ᠬᠥᠴᠤᠯᠠᠡ ᠲᠥᠷᠭᠡᠳᠭᠡᠵᠤ᠂ ᠥᠨᠲᠤᠰᠤᠲᠠᠨ ᠤ | ᠶᠠᠪᠤᠲᠠᠯ ᠤᠨ ᠬᠠᠮᠢᠶᠠᠷᠤᠯᠲᠠ ᠶᠢᠨ ᠬᠠᠤᠯᠢ ᠲᠥᠷᠢᠮᠵᠢᠬᠦᠯᠥᠯᠲᠠ ᠶᠢ ᠬᠥᠴᠤᠯᠠᠡ ᠠᠬᠢᠭᠤᠯᠵᠤ᠂ ᠵᠤᠷᠢᠭᠲᠠᠢ ᠡᠬᠦᠷᠭᠡᠯᠡᠨ᠂ ᠰᠢᠷᠭᠠᠬᠤ ᠥᠭᠡᠲᠡᠲᠢ᠂ ᠡᠯ᠎ᠠ | ᠥᠨᠲᠤᠰᠤᠲᠠᠨ ᠤ ᠤᠯᠠᠨ ᠲᠥᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠥᠯᠬᠦᠮᠲᠡᠡ ᠲᠠᠮᠠᠴᠡᠬᠦ ᠬᠥᠴᠤᠷᠭᠡᠭ ᠶᠡᠭᠡ ᠬᠥᠲᠡᠯᠭᠡᠭᠴᠢ ᠬᠥᠴᠤᠨ ᠢ | ᠨᠢᠭᠲᠠᠷᠠᠭᠤᠯᠵᠤ᠂ ᠶᠠᠷᠤᠩᠭᠡᠢ ᠪᠠᠶᠢᠲᠠᠯ ᠳᠤ ᠪᠥᠬᠦ ᠬᠥᠴᠤᠨ ᠢᠶᠠᠷ ᠥᠢᠯᠡᠴᠢᠯᠡᠨ᠂ ᠠᠵᠢᠯ ᠤᠨ ᠲᠤᠭᠲᠠᠯᠴᠠᠭ᠎ᠠ ᠶᠢ ᠲᠡᠬᠦᠯᠲᠡᠷᠵᠢᠬᠦᠯᠵᠥ᠂ ᠤᠬᠠᠭᠤᠯᠭ᠎ᠠ ᠬᠥᠮᠤᠵᠢᠯ ᠢ | ᠴᠢᠩᠭᠠᠳᠬᠠᠨ᠂ ᠠᠵᠢᠯᠯᠠᠭ᠎ᠠ ᠶᠢᠨ ᠠᠴᠢᠶᠠᠯᠠᠪᠤᠷᠢ ᠪᠠ ᠠᠷᠭ᠎ᠠ ᠮᠠᠶ᠋ᠢᠭ ᠢᠶᠠᠨ ᠰᠢᠨᠡᠳᠭᠡᠨ᠂ ᠡᠬᠦᠲᠤᠯᠲᠡ ᠶᠢᠨ ᠠᠵᠢᠯᠯᠠᠭ᠎ᠠ ᠪᠠ ᠨᠡᠶᠢᠭᠡᠮ ᠤᠨ ᠵᠤᠯᠭᠠᠯᠴᠠᠭ᠎ᠠ᠂ | ᠥᠨᠲᠤᠰᠤᠲᠠᠨ ᠤ ᠬᠠᠶᠢᠷ᠎ᠠ ᠰᠡᠳᠬᠢᠯᠭᠡ ᠶᠢᠨ ᠬᠥᠪᠴᠢᠯᠡᠬᠦᠷ᠂ ᠤᠯᠠᠨ ᠲᠥᠮᠠᠨ ᠤ ᠠᠰᠢᠭ ᠲᠤᠰᠨ ᠯᠤᠭ᠎ᠠ ᠶᠢᠨ ᠤᠶᠠᠯᠲᠣᠯ ᠢ ᠤᠨᠤᠭ᠎ᠠ ᠰᠤᠩᠭᠤᠵᠤ᠂ | ᠥᠨᠲᠤᠰᠤᠲᠠᠨ ᠤ ᠬᠠᠷᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠶᠢᠨ ᠲᠠᠪᠴᠠᠩ ᠢ ᠰᠠᠶᠢᠲᠤᠷ ᠪᠠᠶᠢᠭᠤᠯᠵᠤ᠂ ᠥᠨᠲᠤᠷ ᠡᠬᠢᠯᠡᠯᠲᠡ ᠪᠠᠷ《ᠰᠡᠳᠬᠢᠴᠡ ᠪᠠᠨ | ᠲᠡᠭᠰᠢᠯᠡᠨ᠂ ᠬᠠᠷᠠᠯᠲᠠ ᠪᠠᠨ ᠲᠤᠭᠲᠠᠭᠠᠵᠤ᠂ ᠬᠥᠭᠵᠢᠯᠲᠡ ᠶᠢ ᠰᠥᠪᠡᠭᠴᠢᠯᠡᠡ᠂ ᠨᠠᠶᠢᠲᠠᠪᠤᠷᠢᠵᠢᠭᠤᠯᠬᠤ ᠶᠢ ᠠᠳᠬᠤᠵᠤ 》᠂ 2018 ᠤᠨ ᠤ ᠪᠥᠬᠦ ᠬᠤᠲᠠ ᠶᠢᠨ | ᠥᠨᠲᠤᠰᠤᠲᠠᠨ ᠤ ᠠᠵᠢᠯ ᠮᠤᠩᠭᠤᠯ ᠬᠡᠯᠡᠨ ᠤ ᠠᠵᠢᠯ ᠤᠨ ᠡᠯ᠎ᠡ ᠵᠥᠢᠯ ᠤᠨ ᠡᠬᠦᠷᠭᠡ ᠶᠢ ᠴᠢᠨᠠᠷ ᠲᠠᠢ ᠂ ᠬᠤᠭᠤᠴᠠᠭ᠎ᠠ ᠳᠤᠨᠢ ᠂ ᠠᠮᠵᠢᠯᠲᠠ ᠲᠠᠢ ᠪᠡᠶᠡᠯᠡᠬᠦᠯᠤᠨ᠎ᠠ | ᠃ ᠨᠢᠭᠡ ᠲᠤ᠂ ᠨᠠᠷᠢᠨ ᠨᠢᠮᠪᠠᠢ ᠲᠥᠯᠤᠪᠵᠢᠬᠦᠯᠥᠨ ᠨᠠᠶᠢᠲᠠᠪᠤᠷᠢᠵᠢᠭᠤᠯᠵᠤ᠂ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠡᠭᠦᠲᠤᠯᠲᠠ ᠶᠢᠨ ᠠᠵᠢᠯ ᠢ | ᠠᠬᠢᠭᠤᠯᠤᠨ ᠪᠤᠲᠠᠲᠤ ᠠᠮᠵᠢᠯᠲᠠ ᠤᠯᠤᠨ᠎ᠠ᠃ ᠪᠥᠬᠦ ᠤᠯᠤᠰ᠂ ᠪᠥᠬᠦ ᠤᠷᠤᠨ ᠤ ᠥᠨᠲᠤᠰᠤᠲᠡᠡ ᠤ ᠪᠥᠯᠬᠦᠮᠲᠡᠯ ᠲᠡᠪᠰᠢᠯᠲᠠ ᠶᠢᠨ ᠡᠭᠦᠲᠤᠯᠲᠠ ᠶᠢᠨ ᠠᠵᠢᠯ ᠢ | ᠲᠤᠤᠰᠯᠠᠭᠤᠯᠤᠨ ᠨᠠᠶᠢᠲᠠᠪᠤᠷᠢᠵᠢᠭᠤᠯᠵᠤ᠂ ᠲᠡᠷᠢᠬᠦᠨ ᠤ ᠭᠠᠵᠠᠷ ᠤᠨ ᠲᠤᠷᠰᠢᠯᠭ᠎ᠠ ᠬᠢᠭᠰᠡᠨ ᠠᠷᠭ᠎ᠠ ᠪᠠᠷ ᠲᠤᠯᠢ ᠪᠤᠯᠭᠠᠵᠤ᠂ ᠠᠵᠢᠯ ᠤᠨ ᠠᠷᠭ᠎ᠠ ᠪᠠᠷᠢᠯ ᠢᠶᠠᠨ | ᠰᠢᠨᠡᠳᠭᠡᠨ᠂ ᠪᠥᠬᠦ ᠤᠯᠤᠰ ᠤᠨ ᠥᠨᠲᠤᠰᠤᠲᠡᠡ ᠤ ᠪᠥᠯᠬᠦᠮᠲᠡᠯ ᠲᠡᠪᠰᠢᠯᠲᠠ ᠶᠢᠨ ᠡᠭᠦᠲᠤᠯᠲᠠ ᠶᠢᠨ ᠲᠠᠭᠤᠷᠢᠶᠠᠯ ᠬᠤᠰᠢᠭᠤ ᠰᠢᠶᠠᠨ 1 ᠪᠠ ᠨᠢᠭᠡ ᠪᠥᠯᠥᠭ | ᠤᠯᠤᠰ ᠤᠨ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠡᠭᠦᠲᠤᠯᠲᠠ ᠶᠢᠨ ᠲᠠᠭᠤᠷᠢᠶᠠᠯ ᠰᠤᠮᠤ ︵ᠰᠢᠶᠠᠩ︶ ᠪᠠᠯᠭᠠᠰᠤ ︵ᠪᠠᠶᠢᠭᠤᠯᠭ᠎ᠠ︶ ᠶᠢ ᠴᠢᠷᠮᠠᠶᠢᠨ | ᠡᠭᠦᠳᠴᠤ᠂1—3 ᠪᠥᠬᠦ ᠤᠷᠤᠨ ᠤ ᠥᠨᠲᠤᠰᠤᠲᠠᠨ ᠤ ᠪᠥᠯᠬᠦᠮᠲᠡᠯ ᠲᠡᠪᠰᠢᠯᠲᠠ ᠶᠢᠨ ᠡᠭᠦᠲᠤᠯᠲᠠ ᠶᠢᠨ ᠲᠠᠭᠤᠷᠢᠶᠠᠯ ᠰᠤᠮᠤ ︵ᠰᠢᠶᠠᠩ︶ ᠪᠠᠯᠭᠠᠰᠤ ︵ᠪᠠᠶᠢᠭᠤᠯᠭ᠎ᠠ | ︶ ᠶᠢ ᠴᠢᠷᠮᠠᠶᠢᠨ ᠡᠭᠦᠳᠴᠤ ᠂ ᠨᠢᠭᠡ ᠪᠥᠯᠥᠭ ᠥᠨᠲᠤᠰᠤᠲᠡᠨ ᠤ ᠪᠥᠯᠬᠦᠮᠲᠠᠯ ᠲᠡᠪᠰᠢᠯᠲᠠ ᠶᠢᠨ ᠲᠠᠭᠤᠷᠢᠶᠠᠯ ᠪᠠᠶᠢᠭᠤᠯᠭ᠎ᠠ ᠶᠢ ᠡᠭᠦᠲᠤᠨ ᠨᠡᠷᠡᠶᠢᠲᠤᠨᠠ᠃ ᠬᠤᠶᠠᠷ | ᠲᠤ᠂ ᠭᠤᠤᠯᠲᠠᠯᠭᠠᠲᠤ ᠠᠵᠢᠯᠯᠠᠭ᠎ᠠ ᠪᠠ ᠬᠤᠷᠠᠯ ᠢ ᠪᠥᠬᠦ ᠬᠥᠴᠤᠨ ᠢᠶᠠᠷ ᠵᠤᠬᠢᠶᠠᠨ ᠪᠠᠶᠢᠭᠤᠯᠤᠨ᠎ᠠ᠃ ᠪᠥᠬᠦ ᠬᠤᠲᠠ ᠶᠢᠨ ᠲᠥᠷᠪᠡᠲᠤᠭᠡᠷ ᠤᠲᠠᠭᠠᠨ ᠤ | ᠥᠨᠲᠤᠰᠤᠲᠡᠡ ᠤ ᠪᠥᠯᠬᠦᠮᠲᠡᠯ ᠲᠡᠪᠰᠢᠯᠲᠠ ᠶᠢᠨ ᠲᠠᠭᠤᠷᠢᠶᠠᠯ ᠢ ᠰᠠᠶᠢᠰᠢᠶᠠᠬᠤ ᠬᠤᠷᠠᠯ ᠵᠢᠴᠢ ᠭᠤᠷᠪᠠᠲᠤᠭᠠᠷ ᠤᠲᠠᠭᠠᠨ ᠤ ᠮᠤᠩᠭᠤᠯ ᠥᠭᠡ ᠬᠡᠯᠡ ᠥᠰᠥᠭ | ᠪᠢᠴᠢᠭ ᠢ ᠰᠤᠷᠤᠯᠴᠠᠵᠤ ᠭᠡᠷᠡᠭᠯᠡᠭᠰᠡᠨ ᠢ ᠰᠠᠶᠢᠰᠢᠶᠠᠬᠤ ᠬᠤᠷᠠᠯ᠂ ᠨᠠᠢᠮᠠᠨ ᠮᠤᠵᠢ ᠤᠷᠤᠨ ᠤ ᠮᠤᠩᠭᠤᠯ ᠬᠤᠪᠴᠠᠰᠤ ᠵᠠᠰᠠᠯ ᠤᠨ ᠤᠷᠤᠯᠲᠤᠭᠠᠨ ᠢ ᠰᠠᠶᠢᠲᠤᠷ ᠡᠷᠬᠢᠯᠡᠵᠤ | ᠂ ᠪᠥᠬᠦ ᠬᠤᠲᠠ ᠶᠢᠨ ᠮᠤᠩᠭᠤᠯ ᠬᠡᠯᠡᠨ ᠤ ᠰᠤᠨᠤᠰᠤᠨ ᠪᠢᠴᠢᠬᠦ ᠤᠷᠤᠯᠲᠤᠭᠠᠨ ᠢ ᠰᠠᠶᠢᠲᠤᠷ ᠡᠷᠬᠢᠯᠡᠨ᠎ᠡ᠂ 2018 ᠤᠨ ᠤ ᠥᠪᠤᠷ ᠮᠤᠩᠭᠤᠯ ᠤᠨ ᠥᠪᠡᠷᠲᠡᠭᠡᠨ | ᠵᠠᠰᠠᠬᠤ ᠤᠷᠤᠨ ᠤ ᠠᠩᠬᠠᠲᠤᠭᠠᠷ ᠤᠲᠠᠭᠠᠨ ᠤ ᠪᠥᠭᠡ ᠶᠢᠨ ᠤᠷᠤᠯᠲᠤᠭᠠᠨ ᠳᠤ ᠠᠩᠬᠢ ᠪᠠᠶᠢᠭᠤᠯᠤᠨ ᠤᠷᠤᠯᠴᠠᠵᠤ᠂ ᠥᠪᠡᠷᠲᠡᠭᠡᠨ ᠵᠠᠰᠠᠬᠤ ᠤᠷᠤᠨ ᠢ ᠲᠥᠯᠤᠭᠡᠯᠡᠨ | 2019 ᠤᠨ ᠤ ᠠᠷᠪᠠᠨ ᠨᠢᠭᠡᠲᠤᠭᠡᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠤᠭᠠᠲᠤ ᠥᠨᠲᠤᠰᠤᠲᠠᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠬᠥᠲᠡᠯᠭᠡᠭᠡᠨ ᠳᠤ ᠤᠷᠤᠯᠴᠠᠬᠤ ᠪᠠᠷ ᠬᠥᠯᠢᠶᠡᠭᠰᠡᠨ ᠡᠭᠦᠷᠭᠡ ᠶᠢᠨ ᠪᠤᠯᠪᠠᠰᠤᠷᠠᠯ ᠤᠨ ᠠᠵᠢᠯ ᠢ ᠰᠠᠶᠢᠲᠤᠷ ᠬᠢᠵᠤ᠂ ᠤᠯᠤᠰ ᠤᠨ ᠥᠨᠲᠤᠰᠤᠨ ᠤ ᠭᠡᠷᠡᠭ ᠡᠷᠬᠢᠯᠡᠬᠦ | ᠵᠥᠪᠯᠡᠯ ᠳᠤ《 ᠲᠤᠮᠲᠠᠲᠤ ᠶᠢᠨ ᠥᠨᠲᠤᠰᠤᠲᠡᠨ ᠨᠢᠭᠡ ᠭᠡᠷ ᠮᠡᠲᠤ ᠲᠤᠲᠤᠨᠤ》ᠬᠡᠮᠡᠬᠦ ᠰᠤᠶᠤᠯ ᠢ ᠥᠨᠲᠤᠰᠤᠨ ᠱᠠᠲᠤᠨ ᠳᠤ ᠪᠠᠭᠤᠯᠭᠠᠵᠤ ᠲᠥᠩᠯᠢᠶᠤᠤ ᠳᠤ | ᠠᠵᠢᠯᠯᠠᠭ᠎ᠠ ᠥᠷᠨᠢᠬᠦᠯᠬᠦ ᠪᠠᠷ ᠭᠤᠶᠤᠴᠢᠯᠠᠵᠤ᠂《 ᠤᠯᠠᠭᠠᠨᠮᠥ᠋ᠴᠢᠷ 》 ᠤᠨ ᠵᠤᠷᠢᠭ ᠰᠠᠨᠠᠭ᠎ᠠ ᠶᠢ ᠶᠡᠭᠡᠪᠡᠷ ᠪᠠᠲᠠᠷᠠᠠᠭᠤᠯᠵᠤ᠂ ᠥᠨᠲᠤᠰᠤᠨ ᠱᠠᠲᠤᠨ ᠤ ᠥᠩᠭᠡ | ᠰᠢᠮᠡᠯᠢᠭ ᠬᠥᠷᠤᠰᠤᠨ ᠲᠡᠭᠡᠷ᠎ᠡ ᠰᠢᠯᠢᠲᠡᠭ ᠰᠤᠶᠤᠯ ᠢ ᠪᠤᠶᠢᠵᠢᠭᠤᠯᠬᠤ ᠠᠵᠢᠯ ᠢ ᠰᠠᠶᠢᠲᠤᠷ ᠬᠢᠵᠤ᠂ 9 ᠳ᠋ᠥᠭᠡᠷ ᠰᠠᠷ᠎ᠠ ᠶᠢᠨ 35 ᠳ᠋ᠤᠭᠠᠷ《 ᠪᠥᠬᠦ ᠤᠷᠤᠨ ᠤ | ᠥᠨᠲᠤᠰᠤᠲᠠᠨ ᠤ ᠪᠥᠯᠬᠦᠮᠲᠡᠯ ᠲᠡᠪᠰᠢᠯᠲᠠ ᠶᠢᠨ ᠤᠬᠠᠭᠤᠯᠭ᠎ᠠ ᠶᠢᠨ ᠰᠠᠷ᠎ᠠ》ᠵᠡᠷᠭᠡ ᠤᠬᠠᠭᠤᠯᠭ᠎ᠠ ᠬᠥᠮᠤᠵᠢᠯ ᠤᠨ ᠠᠵᠢᠯᠯᠠᠭ᠎ᠠ ᠶᠢ ᠰᠠᠶᠢᠲᠤᠷ ᠥᠷᠨᠢᠬᠦᠯᠤᠨ᠂ | ᠥᠨᠲᠤᠰᠤᠲᠡᠨ ᠤ ᠠᠷᠠᠯᠵᠢᠶ᠎ᠠ᠂ ᠥᠨᠲᠤᠰᠤᠲᠡᠨ ᠤ ᠭᠡᠷᠡᠭᠰᠡᠯ ᠤᠨ ᠠᠵᠤ ᠠᠬᠤᠶᠢᠠᠯᠠᠯ᠂ ᠥᠨᠲᠤᠰᠤᠲᠡᠨ ᠤ ᠵᠤᠭᠠᠴᠠᠯ ᠤᠨ ᠠᠵᠤ ᠥᠢᠯᠡᠰ᠂ ᠴᠥᠭᠡᠨ ᠲᠤᠭᠠᠲᠤ | ᠥᠨᠲᠤᠰᠤᠲᠡᠨ ᠤ ᠬᠥᠭᠵᠢᠬᠦᠯᠥᠯᠲᠡ ᠶᠢᠨ ᠪᠡᠯᠡ ᠮᠥᠩᠭᠦ ᠶᠢᠨ ᠲᠥᠷᠤᠯ ᠵᠥᠢᠯ ᠤᠨ ᠤᠷᠤᠭᠤᠯᠬᠤ ᠠᠵᠢᠯ ᠢ ᠡᠷᠴᠢᠮ ᠲᠠᠢ ᠬᠢᠨ᠎ᠡ᠃ ᠭᠤᠷᠪᠠ ᠲᠤ《 ᠥᠪᠤᠷ | ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠮᠤᠩᠭᠤᠯ ᠥᠭᠡ ᠬᠡᠯᠡ ᠥᠰᠥᠭ ᠪᠢᠴᠢᠭ ᠤᠨ ᠠᠵᠢᠯ ᠤᠨ ᠲᠥᠷᠢᠮ》 ᠢ ᠬᠥᠨᠵᠡᠭᠡᠢ ᠲᠤᠤᠱᠯᠠᠭᠤᠯᠤᠨ | ᠨᠠᠶᠢᠲᠠᠪᠤᠷᠢᠵᠢᠭᠤᠯᠵᠤ᠂《 ᠮᠤᠩᠭᠤᠯ ᠥᠭᠡ ᠬᠡᠯᠡ ᠥᠰᠥᠭ ᠪᠢᠴᠢᠭ ᠤᠨ ᠠᠵᠢᠯ ᠤᠨ ᠲᠥᠷᠢᠮ ᠢ ᠬᠡᠷᠡᠭᠵᠢᠬᠦᠯᠬᠦ ᠨᠠᠷᠢᠨ ᠲᠥᠷᠢᠮ》《 ᠨᠡᠶᠢᠭᠡᠮ ᠤᠨ ᠥᠩᠭᠡ ᠶᠢᠨ | ᠬᠡᠷᠡᠭᠯᠡᠭᠡ ᠶᠢᠨ ᠮᠤᠩᠭᠤᠯ ᠬᠢᠲᠡᠳ ᠬᠤᠶᠠᠷ ᠵᠥᠢᠯ ᠤᠨ ᠥᠰᠥᠭ ᠪᠢᠴᠢᠭ ᠢ ᠬᠠᠮᠲᠤᠪᠠᠷ ᠭᠡᠷᠡᠭᠯᠡᠬᠦ ᠬᠠᠮᠢᠶᠠᠷᠤᠯᠲᠠ ᠶᠢᠨ ᠠᠷᠭ᠎ᠠ》ᠵᠡᠷᠭᠡ ᠬᠤᠯᠪᠤᠭᠲᠠᠯ ᠪᠥᠬᠦᠢ ᠲᠥᠬᠦᠷ | ᠬᠠᠤᠯᠢ ᠲᠤᠭᠲᠠᠭᠠᠯ ᠲᠤᠭᠲᠠᠭᠠᠨ ᠨᠡᠶᠢᠲᠡᠯᠡᠬᠦ ᠶᠢ ᠢᠲᠡᠪᠬᠢᠲᠡᠢ ᠠᠬᠢᠭᠤᠯᠵᠤ᠂ ᠥᠨᠲᠤᠰᠤᠲᠡᠨ ᠤ ᠬᠠᠤᠯᠢ ᠲᠥᠷᠢᠮᠵᠢᠯ ᠤᠨ ᠪᠠᠶᠢᠭᠤᠯᠤᠯᠲᠠ ᠶᠢᠨ ᠠᠵᠢᠯ ᠢ ᠭᠤᠤᠯᠲᠠᠯᠭ᠎ᠠ | ᠲᠠᠢ ᠥᠷᠨᠢᠬᠦᠯᠵᠥ᠂ 5 ᠳ᠋ᠤᠭᠠᠷ ᠰᠠᠷ᠎ᠠ ᠶᠢᠨ《 ᠥᠪᠤᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠮᠤᠩᠭᠤᠯ ᠥᠭᠡ ᠬᠡᠯᠡ ᠥᠰᠥᠭ ᠪᠢᠴᠢᠭ ᠤᠨ ᠠᠵᠢᠯ ᠤᠨ | ᠲᠥᠷᠢᠮ》 ᠤᠨ ᠤᠬᠠᠭᠤᠯᠭ᠎ᠠ ᠶᠢᠨ ᠰᠠᠷ᠎ᠠ ᠶᠢ ᠪᠥᠬᠦ ᠬᠥᠴᠤᠨ ᠢᠶᠠᠷ ᠰᠠᠶᠢᠲᠤᠷ ᠬᠢᠨ᠎ᠡ᠃ ᠲᠥᠷᠪᠡ ᠲᠤ᠂ ᠲᠥᠷᠤ ᠶᠢᠨ ᠪᠤᠲᠤᠯᠭ᠎ᠠ ᠶᠢᠨ ᠲᠡᠮᠵᠢᠯᠭᠡ ᠶᠢ ᠴᠢᠩᠭᠠᠳᠬᠠᠵᠤ | ᠂ ᠴᠥᠭᠡᠨ ᠲᠤᠭᠠᠲᠤ ᠥᠨᠲᠤᠰᠤᠲᠠᠨ ᠪᠠ ᠥᠨᠲᠤᠰᠤᠲᠡᠨ ᠴᠤᠭᠯᠠᠷᠠᠨ ᠰᠠᠭᠤᠷᠢᠰᠢᠭᠰᠠᠨ ᠤᠷᠤᠨ ᠤ ᠠᠵᠤ ᠠᠬᠤᠢ ᠨᠡᠶᠢᠭᠡᠮ ᠤᠨ ᠬᠥᠭᠵᠢᠬᠦᠯᠥᠯᠲᠡ ᠶᠢᠨ ᠪᠤᠲᠠᠲᠤ | ᠥᠷ᠎ᠡ ᠪᠥᠲᠤᠮᠵᠢ ᠤᠯᠤᠨ᠎ᠠ᠃ ᠴᠥᠭᠡᠨ ᠲᠤᠭᠠᠲᠤ ᠥᠨᠲᠤᠰᠤᠲᠡᠨ ᠪᠠ ᠥᠨᠲᠤᠰᠤᠲᠡᠨ ᠴᠤᠭᠯᠠᠷᠠᠨ ᠰᠠᠭᠤᠷᠢᠰᠢᠭᠰᠠᠨ ᠤᠷᠤᠨ ᠤ ᠲᠥᠷᠤ ᠶᠢᠨ ᠪᠤᠲᠤᠯᠭ᠎ᠠ᠂ ᠪᠡᠯᠡ | ᠮᠥᠩᠭᠦ᠂ ᠲᠥᠷᠤᠯ ᠵᠥᠢᠯ ᠤᠨ ᠲᠡᠮᠵᠢᠯᠭᠡ ᠶᠢᠨ ᠬᠥᠴᠤᠴᠨ ᠢ ᠶᠡᠭᠡᠪᠡᠷ ᠨᠡᠮᠡᠭᠲᠡᠬᠦᠯᠥᠨ᠂ ᠥᠨᠲᠤᠰᠤᠲᠡᠡ ᠴᠤᠭᠯᠠᠷᠠᠨ ᠰᠠᠭᠤᠷᠢᠰᠢᠭᠰᠠᠨ ᠭᠠᠵᠠᠷ ᠤᠷᠤᠨ ᠤ ᠰᠠᠭᠤᠷᠢ | ᠲᠥᠬᠦᠭᠡᠷᠤᠮᠵᠢ ᠪᠠᠶᠢᠭᠤᠯᠤᠯᠲᠠ ᠵᠡᠷᠭᠡ ᠠᠷᠠᠳ ᠤᠨ ᠠᠮᠢᠲᠤᠷᠠᠯ ᠤᠨ ᠠᠰᠠᠭᠤᠲᠠᠯ ᠢ ᠲᠥᠪᠯᠡᠷᠡᠬᠦᠯᠤᠨ ᠰᠢᠢᠳᠪᠤᠷᠢᠯᠡᠵᠤ᠂ ᠥᠨᠲᠤᠰᠤᠲᠡᠨ ᠤ ᠠᠷᠠᠯᠵᠢᠶ᠎ᠠ᠂ | ᠥᠨᠲᠤᠰᠤᠲᠡᠨ ᠤ ᠭᠡᠷᠡᠭᠰᠡᠯ ᠤᠨ ᠠᠵᠤ ᠠᠬᠤᠶᠢᠯᠠᠯ᠂ ᠥᠨᠲᠤᠰᠤᠲᠡᠡ ᠶᠢᠨ ᠵᠤᠭᠠᠴᠠᠯ ᠤᠨ ᠥᠢᠯᠡᠰ᠂ ᠴᠥᠭᠡᠨ ᠲᠤᠭᠠᠲᠤ ᠥᠨᠲᠤᠰᠤᠲᠡᠨ ᠤ ᠬᠥᠭᠵᠢᠬᠦᠯᠥᠯᠲᠡ ᠶᠢᠨ | ᠪᠡᠯᠡ ᠮᠥᠩᠭᠦ᠂ ᠲᠥᠷᠤᠯ ᠵᠥᠢᠯ ᠤᠨ ᠤᠷᠤᠭᠤᠯᠤᠯᠲᠠ ᠶᠢᠨ ᠠᠵᠢᠯ ᠢ ᠬᠥᠴᠤᠯᠠᠡ ᠰᠠᠶᠢᠲᠤᠷ ᠬᠢᠨ᠎ᠡ᠃ | ︵ᠬᠥᠲᠤᠯᠥᠭᠴᠢ︶ ᠪᠤᠤ ᠡᠷᠬᠢᠯᠡᠭᠴᠢ ᠡ᠂ ᠱᠠᠰᠢᠨ ᠰᠤᠷᠲᠠᠬᠤᠨ ᠤ ᠡᠶ᠎ᠡ ᠡᠪ ᠢ ᠬᠠᠮᠠᠭᠠᠯᠠᠬᠤ᠂ ᠱᠠᠰᠢᠨ ᠰᠤᠷᠲᠠᠬᠤᠨ ᠤ ᠠᠵᠢᠯ ᠤᠨ ᠬᠠᠮᠢᠶᠠᠷᠤᠯᠲᠠ | ᠥᠢᠯᠡᠴᠢᠯᠡᠭᠡ ᠶᠢᠨ ᠲᠠᠯ᠎ᠠ ᠪᠠᠷ ᠶᠠᠮᠠᠷ ᠠᠷᠭ᠎ᠠ ᠬᠡᠮᠵᠢᠶ᠎ᠠ ᠪᠠᠶᠢᠬᠤ ᠪᠢᠯᠡ︖ | ︵ᠪᠤᠤ ᠡᠷᠬᠢᠯᠡᠭᠴᠢ︶ ᠨᠢᠭᠡ ᠳᠤ᠂ ᠥᠨᠲᠤᠰᠤᠲᠡᠨ ᠤ ᠪᠥᠯᠬᠦᠮᠲᠠᠯ᠂ ᠱᠠᠰᠢᠨ ᠰᠤᠷᠲᠠᠬᠤᠨ ᠤ ᠡᠶ᠎ᠡ ᠡᠪ ᠲᠠᠢ ᠲᠤᠭᠲᠠᠭᠤᠨ ᠠᠵᠢᠯ ᠤᠨ ᠲᠤᠭᠲᠠᠯᠴᠠᠭ᠎ᠠ ᠶᠢ | ᠲᠡᠬᠦᠯᠲᠡᠷᠵᠢᠬᠦᠯᠤᠨ ᠨᠠᠶᠢᠲᠡᠪᠤᠷᠢᠵᠢᠭᠤᠯᠵᠥ᠂ ᠥᠨᠲᠤᠰᠤᠨ ᠱᠠᠲᠤ ᠶᠢ ᠵᠢᠯᠤᠭᠤᠲᠤᠨ ᠵᠥᠷᠢᠴᠡᠯ ᠵᠢᠭᠤᠷᠠᠯᠲᠤᠭᠠᠨ ᠢ ᠢᠲᠡᠪᠬᠢᠲᠠᠢ ᠡᠶᠡᠷᠡᠬᠦᠯᠵᠤ ᠵᠤᠬᠢᠰᠲᠠᠢ | ᠰᠡᠶᠢᠳᠪᠤᠷᠢᠯᠡᠨ᠂ ᠮᠠᠨ ᠤ ᠬᠤᠲᠠ ᠶᠢᠨ ᠥᠨᠲᠤᠰᠤᠲᠡᠨ ᠤ ᠱᠠᠰᠢᠨ ᠰᠤᠷᠲᠠᠬᠤᠨ ᠤ ᠪᠥᠯᠬᠦᠮᠲᠡᠯ ᠲᠠᠢ ᠡᠶ᠎ᠡ ᠡᠪ ᠲᠠᠢ ᠲᠤᠭᠲᠠᠭᠤᠨ ᠢ ᠪᠥᠬᠦ ᠬᠥᠴᠤᠨ ᠢᠶᠠᠷ | ᠬᠠᠮᠠᠭᠠᠯᠠᠨ᠎ᠠ᠃ ᠬᠤᠶᠠᠷ ᠲᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠥᠨᠲᠤᠰᠤᠲᠡᠨ ᠤ ᠬᠡᠷᠡᠭ ᠶᠠᠪᠤᠲᠠᠯ ᠤᠨ ᠬᠠᠮᠢᠶᠠᠷᠤᠯᠲᠠ ᠶᠢ ᠲᠥᠷᠢᠮᠵᠢᠬᠦᠯᠬᠦ | ᠪᠠ ᠭᠤᠤᠯᠲᠠᠯᠭ᠎ᠠ ᠲᠠᠢ ᠬᠥᠴᠢᠷ ᠲᠠᠢ ᠵᠥᠷᠢᠴᠠᠯ ᠢ ᠰᠡᠶᠢᠳᠪᠤᠷᠢᠯᠡᠬᠦ ᠳᠤ ᠰᠢᠪᠲᠤᠯᠤᠯᠲᠠ ᠲᠠᠢ ᠪᠤᠯᠭᠠᠨ᠎ᠠ᠃ ᠱᠠᠰᠢᠨ ᠰᠣᠷᠲᠠᠬᠤᠨ ᠤ ᠵᠥᠷᠢᠴᠡᠯ ᠤᠨ ᠲᠠᠯᠳᠠ ᠭᠡᠮ ᠢ | ᠪᠠᠶᠢᠴᠠᠭᠠᠨ ᠰᠤᠲᠤᠯᠵᠤ᠂ ᠰᠢᠯᠲᠠᠭᠠᠨ ᠢ ᠥᠢᠯᠠᠭᠠᠵᠤ᠂ ᠰᠢᠨᠵᠢ ᠴᠢᠨᠠᠷ ᠢ ᠲᠤᠲᠤᠯᠠᠵᠤ᠂ ᠢᠯᠠᠭᠠᠭ᠎ᠠ ᠲᠠᠢ ᠬᠠᠨᠲᠤᠵᠤ᠂ ᠬᠠᠤᠯᠢ ᠲᠥᠷᠢᠮ ᠶᠤᠰᠤᠭᠠᠷ ᠵᠤᠬᠢᠰᠲᠠᠢ | ᠰᠢᠢᠳᠪᠤᠷᠢᠯᠡᠨ᠎ᠠ᠃ ᠭᠤᠷᠪᠠ ᠳᠤ᠂ ᠯᠠᠯᠤ ᠶᠢᠨ ᠢᠲᠡᠭᠡᠨ ᠤ ᠵᠥᠢᠯ ᠤᠨ ᠬᠠᠮᠢᠶᠠᠷᠤᠯᠲᠠ ᠤᠨ ᠠᠵᠢᠯ ᠢᠶᠠᠨ ᠰᠢᠨᠡᠳᠭᠡᠵᠤ᠂ ᠬᠠᠤᠯᠢ ᠶᠤᠰᠤᠭᠠᠷ ᠥᠢᠯᠡᠳᠪᠤᠷᠢᠯᠡᠨ | ᠡᠵᠡᠩᠨᠡᠬᠦᠯᠵᠤ ᠂ ᠴᠥᠭᠡᠨ ᠲᠤᠭᠠᠲᠤ ᠥᠨᠲᠤᠰᠤᠲᠡᠨ ᠤ ᠤᠯᠠᠨ ᠲᠥᠮᠨᠨ ᠤ ᠯᠠᠯᠤ ᠶᠢᠨ ᠢᠲᠡᠭᠡᠨ ᠤᠮᠲᠠᠭᠠᠨ ᠤ ᠲᠠᠯ᠎ᠠ ᠶᠢᠨ ᠤᠨᠴᠠᠭᠠᠢ ᠬᠡᠷᠡᠭᠴᠡᠭᠡ ᠶᠢ ᠪᠠᠲᠤᠯᠠᠨ᠎ᠠ᠃ | 2018 ᠤᠨ ᠳᠤ ᠬᠤᠲᠠ ᠶᠢᠨ ᠥᠨᠲᠤᠰᠤᠲᠡᠨ ᠤ ᠬᠡᠷᠡᠭ ᠡᠷᠬᠢᠯᠡᠬᠦ ᠵᠥᠪᠯᠡᠯ《 ᠥᠨᠲᠤᠰᠤᠲᠡᠨ ᠤ ᠪᠥᠯᠬᠦᠮᠲᠡᠯ ᠤᠨ ᠶᠡᠭᠡ ᠪᠠᠶᠢᠲᠠᠯ ᠢ ᠪᠠᠲᠤᠳᠬᠠᠨ ᠬᠥᠭᠵᠢᠬᠦᠯᠬᠦ | 》《 ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠬᠥᠮᠤᠵᠢᠯ ᠪᠠ ᠡᠭᠦᠲᠤᠯᠲᠠ ᠶᠢᠨ ᠠᠵᠢᠯᠯᠠᠭ᠎ᠠ ᠶᠢ ᠬᠥᠨᠵᠡᠭᠡᠢ ᠥᠷᠨᠢᠬᠦᠯᠬᠦ》ᠪᠠ《 ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ᠂ ᠪᠥᠯᠬᠦᠮᠲᠠᠨ ᠲᠡᠮᠡᠴᠡᠵᠦ᠂ ᠪᠤᠴᠠᠯᠲᠠ ᠥᠭᠡᠢ ᠤᠷᠤᠭᠰᠢᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠥᠵᠡᠮᠵᠢᠲᠤ ᠤᠷᠤᠨ ᠢ | ᠨᠡᠩ ᠥᠵᠡᠰᠬᠦᠯᠡᠩ ᠪᠤᠯᠭᠠᠨ ᠴᠤᠭᠴᠠᠯᠠᠨ ᠪᠠᠶᠢᠭᠤᠯᠬᠤ》ᠱᠠᠭᠠᠷᠲᠠᠯᠭ᠎ᠠ ᠶᠢ ᠪᠠᠲᠤ ᠡᠵᠡᠮᠰᠢᠨ᠂ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠠᠵᠢᠯ ᠥᠷᠨᠢᠬᠦᠯᠬᠦ | ᠴᠢᠬᠤᠯᠠ ᠠᠴᠢ ᠬᠤᠯᠪᠤᠭᠲᠠᠯ ᠢ ᠬᠥᠨᠵᠡᠭᠡᠢ ᠥᠢᠯᠠᠭᠠᠵᠤ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠥᠨᠡᠨᠬᠦ ᠨᠡᠮᠡᠭᠲᠡᠬᠦᠯᠥᠨᠡ︔ | ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠤᠨ ᠤ ᠡᠯ᠎ᠡ ᠵᠥᠢᠯ ᠤᠨ ᠭᠤᠤᠯᠲᠠᠯᠭᠠᠲᠤ ᠠᠷᠭ᠎ᠠ ᠬᠡᠮᠵᠢᠶ᠎ᠠ ᠶᠢ ᠡᠷᠡᠰ ᠲᠤᠤᠱᠠᠯᠠᠭᠤᠯᠤᠨ᠋ ᠨᠠᠶᠢᠲᠠᠪᠤᠷᠢᠵᠢᠭᠤᠯᠤᠨ᠎ᠠ︔ | ᠵᠤᠬᠢᠶᠠᠨ ᠪᠠᠶᠢᠭᠤᠯᠤᠯᠲᠠ ᠪᠠᠨ ᠴᠢᠩᠭᠠᠳᠬᠠᠨ᠂ ᠨᠠᠷᠢᠨ ᠨᠢᠮᠪᠠᠢ ᠰᠥᠪᠡᠭᠴᠢᠯᠡᠵᠥ᠂ ᠲᠡᠭᠡᠲᠤ ᠲᠤᠤᠷᠠᠲᠤ ᠱᠠᠲᠤ ᠨᠠᠪᠲᠡᠷᠡᠯᠴᠠᠨ᠂ ᠵᠤᠬᠢᠴᠠᠭᠤᠯᠤᠨ ᠬᠠᠮᠵᠢᠯᠴᠠᠵᠤ᠂ | ᠰᠢᠨᠵᠢᠯᠡᠬᠦ ᠤᠬᠠᠭᠠᠨᠴᠢ ᠪᠠᠷ ᠨᠢᠭᠡᠲᠤᠯᠲᠡᠢ ᠲᠥᠯᠤᠪᠵᠢᠬᠦᠯᠵᠤ᠂ ᠪᠤᠲᠠᠲᠤ ᠪᠥᠲᠤᠮᠵᠢ ᠶᠢ ᠴᠢᠬᠤᠯᠠᠴᠢᠯᠠᠨ᠂ ᠪᠥᠬᠦ ᠬᠤᠲᠠ ᠶᠢᠨ ᠥᠨᠲᠤᠰᠤᠲᠡᠨ ᠤ ᠪᠥᠯᠬᠦᠮᠲᠡᠯ | ᠲᠠᠪᠰᠢᠯᠲᠠ ᠶᠢᠨ ᠥᠢᠯᠡᠰ ᠤᠨ ᠲᠠᠰᠤᠷᠯᠠᠲᠠ ᠥᠭᠡᠢ ᠬᠥᠭᠵᠢᠯᠲᠡ ᠶᠢ ᠲᠡᠭᠡᠲᠤ ᠬᠡᠮᠵᠢᠶ᠎ᠠ ᠪᠠᠷ ᠠᠬᠢᠭᠤᠯᠤᠨ᠎ᠠ᠃ | ︵ᠬᠥᠲᠤᠯᠥᠭᠴᠢ︶ ᠵᠠ ᠰᠠᠶᠢᠨ ᠪᠤᠯᠤᠯ᠎ᠠ᠂ ᠪᠤᠤ ᠡᠷᠬᠢᠯᠡᠭᠴᠢ ᠶᠢᠨ ᠬᠠᠯᠠᠰᠢᠷᠠᠯ ᠥᠭᠡᠢ ᠲᠠᠶᠢᠯᠪᠤᠷᠢᠯᠠᠭᠰᠠᠨ ᠳᠤ ᠲᠤᠩ ᠲᠠᠯᠠᠷᠬᠠᠵᠤ ᠪᠠᠶᠢᠨ᠎ᠠ᠂ ᠰᠥᠯᠵᠢᠶᠠᠨ ᠤ | ᠨᠠᠶᠢᠵᠠ ᠨᠠᠷ ᠤᠨ ᠬᠥᠯᠢᠶᠠᠨ ᠠᠪᠴᠤ ᠥᠵᠡᠭᠰᠡᠨ ᠳᠤ ᠮᠥᠨ ᠴᠤ ᠪᠠᠶᠠᠷᠯᠠᠯ᠎ᠠ︕ ᠲᠤᠰ ᠤᠲᠠᠭᠠᠨ ᠤ ᠰᠤᠷᠪᠤᠯᠵᠢᠯᠠᠭ᠎ᠠ ᠠᠲᠡ ᠬᠥᠷᠤᠭᠡᠳ ᠲᠡᠬᠦᠰᠤᠯᠠ᠂ | ᠲᠠᠷᠠᠭᠠᠴᠢ ᠶᠢᠨ ᠫᠷᠥᠭᠷᠡᠮ ᠳᠤ ᠠᠭᠤᠯᠵᠠᠶ᠎ᠠ︕ |