| ᠰᠤᠷᠪᠤᠯᠵᠢᠯᠠᠭ᠎ᠠ ᠶᠢᠨ ᠨᠠᠷᠡᠶᠢᠲᠤᠯ᠄ ᠮᠠᠨ ᠤ ᠬᠤᠲᠠ ᠶᠢᠨ ᠬᠤᠶᠠᠲᠤᠭᠠᠷ ᠥᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠶᠡᠷᠤᠩᠭᠡᠢ ᠬᠡᠷᠡᠭᠯᠡᠭᠡᠨ | ᠠᠵᠢᠯ ᠢ ᠪᠥᠬᠦ ᠲᠠᠯ᠎ᠠ ᠪᠠᠷ ᠲᠥᠯᠬᠢᠨ ᠠᠬᠢᠭᠤᠯᠤᠶ᠎ᠠ | ᠰᠤᠷᠪᠤᠯᠵᠢᠯᠠᠭᠰᠠᠨ ᠴᠠᠭ᠄ 2017.11.07 10᠄ 00 | ᠰᠤᠷᠪᠤᠯᠵᠢᠯᠠᠭᠰᠠᠨ ᠵᠤᠴᠢᠨ᠄ ᠲᠥᠩᠯᠢᠶᠤᠤ ᠬᠤᠲᠠ ᠶᠢᠨ ᠬᠥᠲᠡᠯᠮᠤᠷᠢ ᠶᠢᠨ ᠪᠠᠲᠤᠯᠠᠭ᠎ᠠ ᠶᠢᠨ ᠵᠠᠩᠬᠢ ᠶᠢᠨ ᠲᠤᠤᠷ ᠰᠥᠯᠵᠢᠶ᠎ᠠ ᠶᠢᠨ ᠲᠥᠪ ᠤᠨ ᠲᠡᠳ᠋ | ᠡᠷᠬᠢᠯᠡᠭᠴᠢ ᠶᠢᠤ ᠢ ᠮᠢᠩ | ᠭᠤᠤᠯ ᠠᠭᠤᠯᠭ᠎ᠠ᠄ 2017 ᠤᠨ ᠳᠤ ᠮᠠᠨ ᠤ ᠬᠤᠲᠠ ᠶᠢᠨ ᠬᠤᠶᠠᠲᠤᠭᠠᠷ ᠥᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠯᠤᠭᠰᠠ ᠬᠥᠮᠤᠨ 200 | ᠲᠥᠮᠡ ᠶᠢ ᠲᠠᠪᠠᠵᠤ᠂ ᠬᠥᠮᠤᠨ ᠠᠮᠠ ᠶᠢᠨ ᠪᠥᠷᠬᠦᠴᠡ ᠶᠢᠨ ᠨᠤᠷᠮ᠎ᠠ 70 % ᠶᠢ ᠲᠠᠪᠠᠪᠠ᠂ ᠭᠡᠷᠡᠭᠯᠡᠬᠦ ᠬᠡᠪᠴᠢᠶ᠎ᠠ ᠶᠢᠨ ᠲᠠᠰᠤᠷᠠᠯᠲᠠ ᠥᠭᠡᠢ ᠥᠷᠭᠡᠳᠬᠦ ᠪᠠ | ᠲᠡᠭᠦᠯᠲᠡᠷᠵᠢᠬᠦ ᠶᠢ ᠲᠠᠭᠠᠯᠲᠤᠨ᠂ ᠨᠡᠶᠢᠭᠡᠮ ᠤᠨ ᠪᠠᠲᠤᠯᠠᠭ᠎ᠠ ᠶᠢᠨ ᠺᠠᠷᠲ ᠨᠢᠭᠡᠨᠲᠡ︽ᠬᠤᠶᠠᠲᠤᠭᠠᠷ ᠰᠠᠭᠤᠭᠠᠯᠢ ᠠᠷᠠᠳ ᠤᠨ ᠪᠡᠶ᠎ᠡ ᠶᠢᠨ ᠥᠨᠡᠮᠯᠡᠯ ᠤᠨ ᠭᠡᠷᠡᠴᠢ | ᠲᠡᠮᠲᠡᠭ︾ᠪᠤᠯᠵᠤ᠂ ᠤᠯᠠᠨ ᠠᠷᠪᠢᠨ ᠠᠷᠠᠳ ᠤᠨ ᠠᠮᠢᠲᠤᠷᠠᠯ ᠤᠨ ᠬᠥᠷᠢᠶ᠎ᠠ ᠬᠡᠪᠴᠢᠶᠠᠨ ᠳᠤ ᠬᠤᠯᠪᠤᠭᠲᠠᠬᠤ ᠪᠤᠯᠪᠠ᠂ ᠵᠢᠱᠢᠶᠡᠯᠡᠪᠡᠯ᠂ ᠠᠰᠠᠷᠠᠮᠵᠢ ᠶᠢᠨ | ᠲᠠᠭᠠᠳᠬᠠᠯ ᠤᠨ ᠬᠠᠷᠠᠭᠠᠯᠵᠠᠯ ᠲᠠᠷᠬᠠᠭᠠᠬᠤ᠂ ᠠᠵᠢᠯ ᠠᠯᠲᠠᠭᠰᠠ ᠮᠥᠩᠭᠦ ᠤᠯᠬᠤ᠂ ᠪᠤᠰᠤᠳ ᠭᠠᠵᠠᠷ ᠡᠮᠨᠡᠯᠡᠬᠦᠯᠤᠨ ᠳ᠋ᠥᠩᠨᠡᠨ ᠪᠤᠲᠤᠬᠤ ᠵᠡᠷᠭᠡ᠂ ᠨᠡᠶᠢᠭᠡᠮ ᠤᠨ | ᠪᠠᠲᠤᠯᠠᠭ᠎ᠠ ᠶᠢᠨ ᠺᠠᠷᠲ ᠤᠨ ᠶᠡᠷᠥᠩᠭᠡᠢ ᠬᠡᠷᠡᠭᠯᠡᠭᠡᠨ ᠤ ᠠᠵᠢᠯ ᠢ ᠪᠥᠬᠦ ᠲᠠᠯ᠎ᠠ ᠪᠠᠷ ᠲᠥᠯᠬᠢᠨ ᠠᠬᠢᠭᠤᠯᠬᠤ ᠪᠤᠯ ᠠᠷᠠᠳ ᠤᠨ ᠬᠥᠰᠡᠯ᠂ ᠵᠠᠰᠠᠭ ᠤᠨ ᠴᠢᠭᠯᠡᠯ᠂ | ᠠᠷᠠᠳ ᠤᠨ ᠥᠢᠯᠡᠴᠢᠯᠡᠭᠡᠨ ᠤ︽ᠡᠴᠥᠰ ᠤᠨ ᠠᠯᠬᠤᠮ︾ ᠢ ᠨᠡᠪᠲᠡᠷᠡᠬᠦᠯᠬᠦ ᠵᠠᠩᠭᠢᠯᠠᠭ᠎ᠠ ᠶᠢᠨ ᠲᠥᠯᠬᠢᠬᠦᠷ ᠪᠤᠯᠤᠨ᠎ᠠ᠃ | ︵ᠬᠥᠲᠥᠯᠥᠭᠴᠢ︶ ᠰᠥᠯᠵᠢᠶᠡᠨ ᠤ ᠨᠠᠶᠢᠵᠠ ᠨᠠᠷ ᠪᠥᠭᠦᠲᠤᠭᠡᠷ ᠰᠠᠶᠢᠨ ᠪᠠᠶᠢᠨᠠᠤ︖ ᠲᠥᠩᠯᠢᠶᠤᠤ ᠬᠤᠲᠠ ᠶᠢᠨ ᠵᠠᠰᠠᠭ ᠤᠨ ᠤᠷᠲᠤᠨ ᠤ ᠡᠭᠦᠲᠤᠴᠢ | ᠰᠥᠯᠵᠢᠶ᠎ᠠ ᠶᠢᠨ ᠰᠤᠩᠭᠤᠨ ᠭᠠᠷᠭᠠᠭᠰᠠᠨ ᠨᠧᠲ ᠰᠤᠷᠪᠤᠯᠵᠢᠯᠠᠭ᠎ᠠ ᠶᠢ ᠬᠤᠷᠢᠶᠠᠨ ᠥᠵᠡᠬᠦ ᠶᠢ ᠪᠠᠶᠠᠷᠯᠠᠨ ᠤᠭᠲᠤᠶ᠎ᠠ᠂ ᠥᠨᠤᠲᠤᠷ ᠤᠨ ᠮᠠᠨ ᠤ ᠤᠷᠢᠭᠰᠠᠨ ᠡᠷᠬᠢᠮ | ᠵᠤᠴᠢᠨ ᠪᠤᠯ ᠲᠥᠩᠯᠢᠶᠤᠤ ᠬᠤᠲᠠ ᠶᠢᠨ ᠬᠥᠲᠡᠯᠮᠤᠷᠢ ᠶᠢᠨ ᠪᠠᠲᠤᠯᠠᠭ᠎ᠠ ᠶᠢᠨ ᠵᠠᠩᠬᠢ ᠶᠢᠨ ᠲᠤᠤᠷ ᠰᠥᠯᠵᠢᠶ᠎ᠠ ᠶᠢᠨ ᠲᠥᠪ ᠤᠨ ᠳᠡᠳ᠋ ᠡᠷᠬᠢᠯᠡᠭᠴᠢ ᠶᠢᠤ ᠢ ᠮᠢᠩ | ᠪᠤᠯᠤᠨ᠎ᠠ᠂ ᠶᠢᠤ ᠡᠷᠬᠢᠯᠡᠭᠴᠢ ᠲᠠᠨ ᠢ ᠪᠠᠨ ᠪᠠᠶᠠᠷᠯᠠᠨ ᠤᠭᠲᠤᠶ᠎ᠠ︕ ᠬᠠᠮᠤᠭ ᠲᠡᠷᠢᠬᠦᠨ ᠳᠤ ᠨᠠᠶᠢᠭᠡᠮ ᠤᠨ ᠪᠠᠲᠤᠯᠠᠭ᠎ᠠ ᠶᠢᠨ ᠺᠡᠷᠲ ᠭᠡᠭᠴᠢ ᠶᠠᠭᠤ ᠪᠢᠯᠡ︖ | ︵ᠶᠢᠤ ᠡᠷᠬᠢᠯᠡᠭᠴᠢ︶ ᠬᠥᠲᠥᠯᠥᠭᠴᠢ ᠰᠠᠶᠢᠨ ᠪᠠᠶᠢᠨᠠᠤ ᠂ ᠪᠥᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ | ᠪᠤᠯ ᠬᠥᠮᠤᠨ ᠤ ᠬᠥᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠡᠯᠲᠡᠰ ᠠᠴᠠ ᠨᠢᠭᠡᠲᠤᠯᠲᠡᠢ ᠲᠥᠯᠤᠪᠵᠢᠬᠦᠯᠵᠤ᠂ ᠡᠯ᠎ᠠ ᠭᠠᠵᠠᠷ ᠤᠨ ᠬᠥᠮᠤᠨ ᠤ | ᠬᠥᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠡᠶᠢᠭᠡᠮ ᠳᠤ ᠲᠠᠷᠬᠠᠭᠠᠭᠰᠠᠨ᠂ ᠬᠥᠮᠤᠨ ᠤ ᠬᠥᠴᠤᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠡᠯ᠎ᠠ ᠵᠥᠢᠯ ᠤᠨ ᠲᠤᠬᠠᠶᠢᠯᠠᠭᠰᠠᠨᠠᠵᠢᠯ ᠤᠨ ᠬᠡᠪᠴᠢᠶᠠᠨ ᠳᠤ ᠭᠡᠷᠡᠭᠯᠡᠬᠦ ᠬᠤᠷᠠᠮᠠᠯ ᠴᠠᠬᠢᠯᠭᠠᠨ ᠬᠡᠯᠬᠢᠶ᠎ᠡ ᠶᠢᠨ ︵IC︶ ᠺᠠᠷᠲ ᠪᠤᠯᠤᠨ᠎ᠠ | ᠃ ᠨᠡᠶᠢᠭᠡᠮ ᠤᠨ ᠪᠠᠲᠤᠯᠠᠭ᠎ᠠ ᠶᠢᠨ ᠺᠠᠷᠲ ᠨᠢ ᠪᠥᠬᠦ ᠤᠯᠤᠰ ᠤᠨᠨᠢᠭᠡᠲᠤᠯᠲᠡᠢ ᠪᠠᠷᠢᠮᠵᠢᠶ᠎ᠠ ᠶᠢ ᠬᠡᠷᠡᠭᠵᠢᠬᠦᠯᠵᠥ᠂ ᠨᠡᠶᠢᠭᠡᠮ ᠤᠨ ᠪᠠᠲᠤᠯᠠᠭ᠎ᠠ ᠶᠢᠨ ᠨᠤᠮᠧᠷ ᠨᠢ︽ | ᠨᠡᠶᠢᠭᠡᠮ ᠤᠨ ᠪᠠᠲᠤᠯᠠᠭ᠎ᠠ ᠶᠢᠨ ᠬᠠᠤᠯᠢ︾ ᠶᠢᠨ ᠬᠤᠯᠪᠤᠭᠲᠠᠯ ᠪᠥᠬᠦᠢ ᠲᠤᠭᠲᠠᠭᠠᠯ ᠶᠤᠰᠤᠭᠠᠷ᠂ ᠢᠷᠭᠡᠨ ᠤ ᠪᠠᠶ᠎ᠡ ᠶᠢᠨ ᠥᠨᠡᠮᠯᠡᠯ ᠤᠨ ᠨᠤᠮᠧᠷ ᠢ ᠭᠡᠷᠡᠭᠯᠡᠪᠡ᠃ | ︵ᠬᠥᠲᠥᠯᠥᠭᠴᠢ︶ ᠮᠢᠨᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠥᠢᠯᠡᠴᠢᠯᠡᠭᠡᠨ ᠤ ᠰᠥᠯᠵᠢᠶ᠎ᠠ ᠶᠢᠨ ᠨᠢᠭᠤᠴᠠ ᠨᠤᠮᠧᠷ ᠢᠶᠠᠨ ᠮᠠᠷᠲᠠᠴᠢᠬᠠᠪᠠᠯ ᠶᠠᠭᠠᠬᠢᠲᠠᠭ | ᠪᠢᠯᠡ︖ | ︵ᠶᠢᠤ ᠡᠷᠬᠢᠯᠡᠭᠴᠢ︶ ᠲᠠᠩᠰᠠᠯᠠᠬᠤ ᠥᠶ᠎ᠠ ᠥᠯᠡᠲᠡᠭᠡᠭᠰᠡᠨ ᠭᠠᠷ ᠤᠲᠠᠰᠤ ᠪᠠᠷ ᠲᠠᠮᠵᠢᠨ ᠥᠪᠡᠰᠥᠪᠡᠨ ᠨᠢᠭᠤᠴᠠ ᠨᠤᠮᠧᠷ ᠢ ᠡᠷᠢᠵᠤ ᠲᠠᠶᠢᠯᠤᠨ᠎ᠠ᠂ ᠬᠡᠷᠪᠡ | ᠲᠠᠩᠰᠠᠯᠠᠬᠤ ᠥᠶ᠎ᠠ ᠳᠤ ᠪᠤᠰᠤᠤᠨ ᠬᠥᠮᠤᠨ ᠤ ᠭᠠᠷ ᠤᠲᠠᠰᠤ ᠶᠢᠨ ᠨᠤᠮᠧᠷ ᠢ ᠬᠡᠷᠡᠭᠯᠡᠭᠰᠡᠨ ᠪᠤᠯ᠂ ᠺᠠᠷᠲ ᠤᠨ ᠡᠵᠡᠨ ᠨᠡᠶᠢᠭᠡᠮ ᠤᠨ ᠪᠠᠲᠤᠯᠠᠭ᠎ᠠ ᠶᠢᠨ ᠺᠠᠷᠲ ᠪᠤᠶᠤ | ᠪᠡᠶ᠎ᠡ ᠶᠢᠨ ᠥᠨᠡᠮᠯᠡᠯ ᠤᠨ ᠭᠡᠷᠡᠴᠢ ᠲᠠᠮᠲᠡᠭ ᠢᠶᠠᠨ ᠠᠪᠴᠤ ᠲᠤᠰ ᠭᠠᠵᠠᠷ ᠤᠨ ᠵᠠᠩᠬᠢ ᠶᠢᠨ ᠲᠥᠪ ᠲᠤ ᠬᠥᠷᠴᠤ ᠲᠠᠩᠰᠠᠯᠠᠭᠰᠠ ᠵᠠᠩᠬᠢ ᠶᠢ ᠪᠠᠯᠠᠯᠤᠨ ᠲᠠᠬᠢᠨ | ᠲᠠᠩᠰᠠᠯᠠᠨ᠎ᠠ᠃ | ︵ᠬᠥᠲᠥᠯᠥᠭᠴᠢ︶ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠲᠤᠲᠤᠷᠠᠬᠢ ᠵᠤᠭᠤᠰ ᠢ ᠪᠥᠷ ᠶᠠᠭᠤᠨ ᠳᠤ ᠵᠠᠷᠤᠵᠤ ᠪᠤᠯᠬᠤ ᠪᠢᠯᠡ︖ | ︵ᠶᠢᠤ ᠡᠷᠬᠢᠯᠡᠭᠴᠢ︶ ᠨᠡᠶᠢᠭᠡᠮ ᠤᠨ ᠪᠠᠲᠤᠯᠠᠭ᠎ᠠ ᠶᠢᠨ ᠺᠠᠷᠲ ᠬᠤᠶᠠᠷ ᠲᠠᠩᠰᠠᠨ ᠡᠷᠥᠭᠡ ᠪᠠᠶᠢᠲᠠᠭ᠂ ᠨᠡᠶᠢᠭᠡᠮ ᠤᠨ ᠪᠠᠲᠤᠯᠠᠭ᠎ᠠ ᠶᠢᠨ ᠲᠠᠩᠰᠠᠨ ᠡᠷᠤᠭᠡ ᠪᠠ | ᠮᠥᠩᠬᠦᠨ ᠭᠥᠢᠯᠭᠡᠭᠡᠨ ᠤ ᠲᠠᠩᠰᠠᠨ ᠡᠷᠤᠭᠡ ᠪᠤᠯᠤᠨ᠎ᠠ᠂ ᠡᠨᠡ ᠬᠤᠶᠠᠷ ᠪᠤᠯ ᠲᠤᠰᠠᠭᠠᠷ ᠲᠠᠩᠰᠠᠨ ᠡᠷᠤᠭᠡ ᠪᠤᠯᠤᠨ᠎ᠠ᠂ ᠲᠤᠰᠪᠤᠷᠢ ᠬᠥᠮᠤᠨ ᠤ ᠬᠥᠴᠤᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠠ ᠮᠥᠩᠬᠦᠨ ᠬᠥᠢᠯᠭᠡᠭᠡᠨ ᠤ ᠪᠠᠶᠢᠭᠤᠯᠤᠮᠵᠢ ᠠᠴᠠ ᠬᠠᠮᠢᠶᠠᠷᠤᠨ᠎ᠠ᠃ ᠨᠡᠶᠢᠭᠡᠮ ᠤᠨ ᠪᠠᠲᠤᠯᠠᠭ᠎ᠠ ᠶᠢᠨ | ᠲᠠᠩᠰᠠᠨ ᠡᠷᠤᠭᠡ ᠲᠤᠲᠤᠷᠠᠬᠢ ᠵᠤᠭᠤᠰ᠂ ᠮᠥᠨ ᠴᠤ ᠡᠮ ᠡᠮᠨᠡᠯᠭᠡ ᠶᠢᠨ ᠲᠠᠭᠠᠳᠬᠠᠯ ᠤᠨ ᠬᠤᠪᠢ ᠬᠥᠮᠤᠨ ᠤ ᠲᠠᠩᠰᠠᠨ ᠡᠷᠤᠭᠡ ᠪᠠᠷ ᠡᠮ ᠡᠮᠨᠡᠯᠭᠡ ᠶᠢᠨ | ᠲᠠᠭᠠᠳᠬᠠᠯ ᠤᠨ ᠲᠤᠭᠲᠠᠭᠰᠠᠨ ᠡᠮᠨᠡᠯᠭᠡ ᠶᠢᠨ ᠬᠤᠷᠢᠶ᠎ᠠ᠂ ᠡᠬᠦᠲᠡᠨ ᠡᠮᠨᠡᠯᠭᠡ᠂ ᠡᠮ ᠤᠨ ᠲᠡᠯᠭᠡᠬᠦᠷ ᠲᠤ ᠡᠪᠡᠳᠴᠢᠨ ᠥᠵᠡᠬᠦᠯᠵᠥ ᠡᠮ ᠬᠤᠲᠠᠯᠲᠤᠨ ᠠᠪᠴᠤ ᠪᠤᠯᠤᠨ᠎ᠠ | ︔ ᠮᠥᠩᠬᠦᠨ ᠬᠥᠢᠯᠭᠡᠭᠡᠨ ᠤ ᠲᠠᠩᠰᠠᠨ ᠡᠷᠥᠭᠡ ᠶᠢ ᠪᠠᠩᠬᠢ ᠶᠢᠨ ᠵᠢᠭᠡᠯᠡᠨ ᠲᠡᠮᠲᠡᠭᠯᠡᠬᠦ ᠺᠠᠷᠲ ᠤᠨ ᠲᠠᠩᠰᠠᠨ ᠡᠷᠤᠭᠡ ᠪᠠᠷ ᠬᠡᠷᠡᠭᠯᠡᠵᠥ ᠪᠤᠯᠤᠨ᠎ᠠ᠃ | ︵ᠬᠥᠲᠥᠯᠥᠭᠴᠢ︶ ᠤᠲᠤ ᠪᠢ ᠨᠠᠶᠢᠭᠡᠮ ᠤᠨ ᠪᠠᠲᠤᠯᠠᠭ᠎ᠠ ᠶᠢᠨ ᠺᠠᠷᠲ ᠲᠠᠢ᠂ ᠨᠡᠶᠢᠭᠡᠮ ᠤᠨ ᠪᠠᠲᠤᠯᠠᠭ᠎ᠠ ᠶᠢᠨ ᠵᠠᠩᠬᠢ ᠶᠢ ᠬᠡᠷᠬᠢᠨ ᠪᠠᠶᠢᠴᠠᠭᠠᠨ ᠠᠰᠠᠭᠤᠬᠤ | ᠪᠤᠢ︖ | ︵ᠶᠢᠤ ᠡᠷᠬᠢᠯᠡᠭᠴᠢ︶ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠡᠷᠬᠢᠯᠡᠬᠦ ᠲᠢᠩᠬᠢᠮ ᠳᠤ ᠪᠠᠶᠢᠴᠠᠭᠠᠨ ᠠᠰᠠᠭᠤᠬᠤ ᠠᠴᠠ ᠭᠠᠲᠠᠨ᠎ᠠ᠂ | ᠤᠲᠤᠬᠠᠨ᠎ᠠ ᠡᠶᠢᠮᠤ ᠭᠡᠲᠤᠨ ᠵᠥᠢᠯ ᠤᠨ ᠬᠡᠯᠪᠡᠷᠢ ᠪᠠᠷ ᠺᠠᠷᠲ ᠲᠠᠢ ᠬᠥᠮᠤᠨ ᠨᠠᠶᠢᠭᠡᠮ ᠤᠨ ᠪᠠᠲᠤᠯᠠᠭ᠎ᠠ ᠳᠤ ᠤᠷᠤᠯᠴᠠᠭᠰᠠᠨ ᠵᠠᠩᠬᠢ᠂ ᠰᠥᠢᠳᠭᠡᠯ ᠲᠤᠰᠢᠶᠠᠭᠰᠠ | ᠲᠠᠮᠲᠡᠭᠯᠡᠯ᠂ ᠺᠠᠷᠲ ᠲᠠᠬᠢ ᠥᠯᠡᠲᠡᠪᠤᠷᠢ ᠮᠥᠩᠭᠦ᠂ ᠡᠮ ᠡᠮᠨᠡᠯᠭᠡ ᠶᠢᠨ ᠲᠠᠭᠠᠳᠬᠠᠯ ᠤᠨ ᠳ᠋ᠥᠩᠨᠡᠨ ᠪᠤᠲᠤᠯᠲᠠ ᠶᠢᠨ ᠲᠡᠮᠲᠡᠭᠯᠡᠯ ᠵᠡᠷᠭᠡ ᠵᠠᠩᠬᠢ ᠶᠢ ᠠᠰᠠᠭᠤᠨ | ᠪᠠᠶᠢᠴᠠᠭᠠᠵᠤ ᠪᠤᠯᠤᠨ᠎ᠠ᠃ ᠨᠢᠭᠡ ᠳᠤ ︽ᠥᠪᠤᠷ ᠮᠤᠩᠭᠤᠯ 12333︾ ᠭᠠᠷ ᠤᠲᠠᠰᠤ ᠶᠢᠨ ᠬᠠᠷᠢᠴᠠᠭᠠᠨ ᠤ ᠡᠷᠤᠭᠡ᠂ ᠬᠤᠶᠠᠷ ᠲᠤ ᠥᠪᠤᠷ ᠮᠤᠩᠭᠤᠯ | 12333 ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠥᠢᠯᠡᠴᠢᠯᠡᠭᠡᠨ ᠤ ᠰᠥᠯᠵᠢᠶ᠎ᠠ᠂ ᠭᠤᠷᠪᠠ ᠳᠤ 12333 ᠠᠰᠠᠭᠤᠨ ᠯᠠᠪᠯᠠᠯᠲᠠ ᠶᠢᠨ ᠥᠢᠯᠡᠴᠢᠯᠡᠭᠡᠨ ᠤ | ᠤᠲᠠᠰᠤ᠂ ᠲᠥᠷᠪᠡ ᠳᠤ ᠵᠡᠭᠡᠯᠢ ᠭᠤᠲᠤᠮᠵᠢ᠂ ᠨᠡᠶᠢᠭᠡᠮ ᠲᠤᠭᠤᠷᠢᠭ ᠪᠠ ᠬᠥᠲᠡᠭᠡ ᠲᠤᠰᠬᠤᠨ ᠮᠠᠯᠵᠢᠬᠤ ᠤᠷᠤᠨ ᠤ ᠨᠠᠶᠢᠭᠡᠮ ᠤᠨ ᠪᠠᠲᠤᠯᠠᠭ᠎ᠠ ᠤᠨ ᠥᠢᠯᠡᠴᠢᠯᠡᠭᠡᠨ ᠤ | ᠲᠤᠤᠷ ᠰᠥᠯᠵᠢᠶ᠎ᠠ ᠶᠢᠨ ᠴᠡᠭ᠃ ᠡᠨᠡ ᠪᠤᠯ ᠲᠠᠷᠤᠢ ᠬᠥᠮᠤᠨ ᠤ ᠬᠥᠴᠤᠨ ᠤ ᠡᠬᠢ ᠪᠠᠶᠠᠯᠢᠭ ᠪᠠ ᠨᠠᠶᠢᠭᠡᠮ ᠤᠨ ᠪᠠᠲᠤᠯᠠᠭ᠎ᠠ ᠶᠢᠨ ᠥᠢᠯᠡᠴᠢᠯᠡᠭᠡᠨ ᠤ ᠵᠠᠩᠬᠢᠴᠢᠯᠠᠯᠲᠠ | ᠶᠢᠨ ᠮᠠᠨ ᠳᠤ ᠲᠥᠬᠦᠮ ᠥᠵᠡᠬᠦᠯᠵᠥ ᠪᠠᠶᠢᠭ᠎ᠠ ᠶᠠᠪᠤᠲᠠᠯ ᠪᠤᠯᠤᠨ᠎ᠠ᠃ | ︵ᠬᠥᠲᠥᠯᠥᠭᠴᠢ︶ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠭᠡᠭᠡᠪᠡᠯ ᠬᠡᠷᠬᠢᠨ ᠨᠥᠬᠦᠪᠤᠷᠢᠯᠡᠬᠦ ᠂ ᠬᠠᠮᠢᠭ᠎ᠠ ᠤᠴᠢᠵᠤ ᠨᠥᠬᠦᠪᠥᠷᠢᠯᠡᠬᠦ ᠪᠢᠯᠡ︖ | ︵ᠶᠢᠤ ᠡᠷᠬᠢᠯᠡᠭᠴᠢ︶ ᠲᠤᠰ ᠬᠤᠲᠠ ᠶᠢᠨ ᠱᠠᠲᠤ᠂ ᠡᠯ᠎ᠡ ᠬᠤᠰᠢᠭᠤ ᠰᠢᠶᠠᠨ ᠬᠤᠲᠠ ᠲᠤᠭᠤᠷᠢᠭ ᠤᠨ ᠨᠠᠶᠢᠭᠡᠮ ᠤᠨ ᠪᠠᠲᠤᠯᠠᠭ᠎ᠠ ᠶᠢᠨ ᠺᠠᠷᠲ ᠲᠠᠷᠬᠠᠭᠠᠭᠰᠠᠨ | ᠪᠠᠩᠬᠢ ᠪᠥᠷ ᠺᠠᠷᠲ ᠨᠥᠬᠦᠪᠤᠷᠢᠯᠡᠬᠦ ᠰᠤᠯᠢᠬᠤ ᠰᠥᠯᠵᠢᠶᠠᠨ ᠴᠡᠭ ᠲᠠᠢ᠂ ᠭᠡᠭᠡᠭᠰᠡᠨ ᠢᠶᠠᠨ ᠮᠡᠲᠡᠬᠦᠯᠥᠭᠰᠡᠡ ᠤ ᠬᠤᠶᠢᠨ᠎ᠠ ᠲᠠᠷᠤᠢ ᠳᠤᠨᠢ ᠺᠡᠷᠲ ᠨᠥᠬᠦᠪᠤᠷᠢᠯᠡᠵᠤ | ᠲᠡᠶᠢᠯᠥᠨᠠ᠃ ᠡᠯ᠎ᠠ ᠭᠠᠵᠠᠷ ᠤᠨ ᠺᠠᠷᠲ ᠨᠥᠬᠦᠪᠥᠷᠢᠯᠡᠬᠦ ᠰᠤᠯᠢᠬᠤ ᠰᠥᠯᠵᠢᠶ᠎ᠠ ᠶᠢᠨ ᠴᠡᠭ ᠤᠨ ᠬᠠᠶ᠋ᠢᠭ ᠵᠢᠴᠢ ᠬᠠᠷᠢᠯᠴᠠᠬᠤ ᠠᠷᠭ᠎ᠠ ᠶᠢ ᠪᠢᠳᠡ ᠲᠥᠩᠯᠢᠶᠤᠤ | ᠬᠤᠲᠠ ᠶᠢᠨ ᠬᠥᠮᠤᠨ ᠤ ᠬᠥᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠠᠯᠪᠠᠨ ᠰᠥᠯᠵᠢᠶᠠᠨ ᠥᠷᠲᠡᠭᠡ ︵http://tl. | nm12333.cn︶ ᠪᠠ ︽ᠲᠥᠩᠯᠢᠶᠤᠤ12333 ︾ ᠵᠢᠷᠭᠢᠶ᠎ᠠ ᠶᠢᠨ ᠤᠯᠠᠨ ᠨᠡᠶᠢᠲᠡ ᠶᠢᠨ ᠨᠤᠮᠧᠷ ᠲᠤ ᠨᠠᠶᠢᠲᠠᠯᠠᠨ᠎ᠠ᠃ | ︵ᠬᠥᠲᠥᠯᠥᠭᠴᠢ︶ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠬᠡᠷᠡᠭᠯᠡᠵᠥ ᠡᠮᠨᠡᠬᠦᠯᠬᠦ ᠡᠮ ᠬᠤᠲᠠᠯᠲᠤᠨ ᠠᠪᠬᠤ ᠥᠶᠡᠰ ᠨᠢᠭᠤᠴᠠ ᠨᠤᠮᠧᠷ ᠢᠶᠠᠨ | ᠮᠠᠷᠲᠠᠴᠢᠬᠠᠪᠠᠯ ᠶᠠᠭᠠᠬᠢᠲᠠᠭ ᠪᠢᠯᠡ︖ | ︵ᠶᠢᠥ ᠡᠷᠬᠢᠯᠡᠭᠴᠢ︶ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠨᠡᠶᠢᠭᠡᠮ ᠤᠨ ᠪᠠᠲᠤᠯᠠᠭ᠎ᠠ ᠶᠢᠨ ᠲᠠᠩᠰᠠᠨ ᠡᠷᠥᠭᠡ ᠶᠢᠨ ᠡᠬᠢᠯᠡᠯᠲᠡ ᠶᠢᠨ ᠨᠢᠭᠤᠴᠠ ᠨᠤᠮᠧᠷ | ᠪᠤᠯ 123456 ᠪᠤᠯᠤᠨ᠎ᠠ᠂ ᠺᠠᠷᠲ ᠠᠪᠤᠭᠰᠠ ᠤ ᠬᠤᠶᠢᠨ᠎ᠠ᠂ ᠲᠠᠷᠤᠶᠢᠬᠠᠨ ᠤᠶᠢᠷ᠎ᠠ ᠪᠠᠶᠢᠭ᠎ᠠ ᠲᠤᠭᠲᠠᠭᠰᠠᠨ ᠡᠮᠨᠡᠯᠭᠡ ᠶᠢᠨ ᠬᠤᠷᠢᠶ᠎ᠠ᠂ ᠡᠬᠦᠲᠡᠨ ᠡᠮᠨᠡᠯᠭᠡ ᠂ | ᠡᠮ ᠤᠨ ᠲᠡᠯᠭᠡᠬᠦᠷ ᠲᠤ ᠬᠥᠷᠴᠤ ᠨᠢᠭᠤᠴᠠ ᠨᠤᠮᠧᠷ ᠢᠶᠠᠨ ᠰᠤᠯᠢᠬᠤ ᠶᠢ ᠰᠠᠨᠠᠭᠤᠯᠤᠶ᠎ᠠ᠃ ᠤᠴᠢᠷ ᠨᠢ ᠠᠯᠢᠪᠠ ᠬᠥᠮᠤᠨ ᠪᠥᠷᠢ ᠶᠢᠨ ᠠᠩᠬᠠᠨ ᠤ ᠨᠢᠭᠤᠴᠠ ᠨᠤᠮᠧᠷ | ᠪᠥᠷ ᠠᠳᠠᠯᠢ᠂ ᠬᠡᠷᠪᠡ ᠬᠢᠨᠠᠮᠠᠬᠠᠢ ᠥᠭᠡᠢ ᠠᠴᠠ ᠺᠠᠷᠲ ᠢᠶᠠᠨ ᠭᠡᠭᠡᠴᠢᠭᠡᠪᠠᠯ ᠬᠤᠯᠠᠭᠠᠶᠢᠯᠠᠭᠲᠠᠨ ᠵᠠᠷᠤᠬᠤ ᠠᠶᠤᠯ ᠲᠠᠢ᠃ ᠬᠡᠷᠪᠡ ᠨᠢᠭᠤᠴᠠ ᠨᠤᠮᠧᠷ ᠢᠶᠠᠨ | ᠮᠠᠷᠲᠠᠴᠢᠬᠠᠪᠠᠯ᠂ ᠪᠠᠲᠤᠯᠠᠭ᠎ᠠ ᠳᠤ ᠤᠷᠤᠯᠴᠠᠭᠰᠠᠨ ᠬᠥᠮᠤᠰ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠠᠪᠴᠤ ᠲᠤᠰ ᠭᠠᠵᠠᠷ ᠤᠨ ᠨᠠᠶᠢᠭᠡᠮ ᠤᠨ ᠪᠠᠲᠤᠯᠠᠭ᠎ᠠ ᠶᠢᠨ | ᠺᠠᠷᠲ ᠤᠨ ᠲᠤᠬᠠᠶᠢᠯᠠᠭᠰᠠᠨ ᠠᠵᠢᠯ ᠢ ᠡᠷᠬᠢᠯᠡᠬᠦ ᠪᠠᠶᠢᠭᠤᠯᠤᠮᠵᠢ ᠳᠤ ᠬᠥᠷᠴᠤ ᠨᠢᠭᠤᠴᠠ ᠨᠤᠮᠧᠷ ᠤᠨ ᠡᠬᠢᠯᠡᠯᠵᠢᠬᠦᠯᠥᠯᠲᠡ ᠶᠢᠨ ᠲᠤᠬᠠᠶᠢᠯᠠᠭᠰᠠᠨ ᠠᠵᠢᠯ ᠢ | ᠬᠥᠢᠴᠡᠳᠭᠡᠨ᠎ᠠ᠃ | ︵ᠬᠥᠲᠥᠯᠥᠭᠴᠢ︶ ᠨᠡᠶᠢᠭᠡᠮ ᠤᠨ ᠪᠠᠲᠤᠯᠠᠭ᠎ᠠ ᠶᠢᠨ ᠺᠡᠷᠲ ᠤᠨ ᠬᠥᠴᠤᠨ ᠲᠠᠢ ᠬᠤᠭᠤᠴᠠᠭ᠎ᠠ ᠬᠡᠲᠤᠢ ᠪᠤᠢ︖ ᠺᠠᠷᠲ ᠤ ᠬᠥᠴᠤᠨ ᠲᠠᠢ ᠬᠤᠭᠤᠴᠠᠭ᠎ᠠ | ᠲᠠᠭᠤᠰᠪᠠᠯ ᠭᠡᠷᠬᠢᠨ ᠰᠤᠯᠢᠬᠤ ᠪᠤᠢ︖ | ︵ᠶᠢᠤ ᠡᠷᠭᠢᠯᠡᠭᠴᠢ︶ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠥᠴᠤᠨ ᠲᠠᠢ ᠬᠤᠭᠤᠴᠠᠭ᠎ᠠ 20 ᠵᠢᠯ ᠪᠤᠯᠤᠨ᠎ᠠ᠃ ᠬᠥᠴᠤᠨ ᠲᠠᠢ ᠬᠤᠭᠤᠴᠠᠭ᠎ᠠ | ᠲᠠᠭᠤᠰᠪᠠᠯ᠂ ᠲᠤᠰ ᠬᠥᠮᠤᠨ ᠨᠡᠶᠢᠭᠡᠮ ᠤᠨ ᠪᠠᠲᠤᠯᠠᠭ᠎ᠠ ᠶᠢᠨ ᠺᠡᠷᠲ ᠢᠶᠠᠨ ᠠᠪᠴᠤ᠂ ᠪᠠᠩᠬᠢ ᠶᠢᠨ ᠥᠢᠯᠡᠴᠢᠯᠡᠭᠡᠨ ᠤ ᠴᠤᠩᠬᠤᠪᠴᠢ ᠳᠤ ᠲᠤ ᠬᠥᠷᠴᠤ ᠰᠤᠯᠢᠨ᠎ᠠ᠃ | ︵ᠬᠥᠲᠥᠯᠥᠭᠴᠢ︶ ᠬᠤᠲᠠ ᠬᠥᠲᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠳᠤ ᠤᠷᠤᠯᠴᠠᠭᠰᠠᠨ ᠮᠥᠷᠲᠡᠭᠡᠨ ᠪᠠᠰᠠ ᠪᠠᠯᠭᠠᠳ ᠤᠨ | ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠲᠠᠭᠠᠳᠬᠠᠯ ᠳᠤ ᠤᠷᠤᠯᠴᠠᠪᠠ ᠂ ᠤᠲᠤ ᠮᠢᠨᠤ ᠺᠠᠷᠲ ᠡᠮᠨᠡᠯᠭᠡ ᠶᠢᠨ ᠬᠤᠷᠢᠶᠠᠨ ᠳᠤ ᠬᠡᠷᠡᠭᠯᠡᠵᠥ ᠲᠡᠶᠢᠯᠬᠦ ᠥᠭᠡᠢ᠂ | ᠶᠠᠭᠠᠬᠢᠲᠠᠭ ᠪᠢᠯᠡ︖ | ︵ᠶᠢᠤ ᠡᠷᠬᠢᠯᠡᠭᠴᠢ︶︽ᠨᠡᠶᠢᠭᠡᠮ ᠤᠨ ᠲᠠᠭᠠᠳᠬᠠᠯ ᠤᠨ ᠬᠠᠤᠯᠢ︾ ᠶᠢᠨ ᠲᠤᠭᠲᠠᠭᠠᠯ ᠢᠶᠠᠷ᠂ ᠲᠠᠭᠠᠳᠬᠠᠯ ᠳᠤ ᠤᠷᠤᠯᠴᠠᠭᠴᠢ ᠬᠤᠲᠠ ᠬᠥᠲᠡᠭᠡ ᠶᠢᠨ | ᠰᠠᠭᠤᠭᠠᠯᠢ ᠠᠷᠠᠳ ᠤᠨ ᠪᠠ ᠪᠠᠯᠭᠠᠳ ᠤᠨ ᠠᠵᠢᠯᠲᠡᠨ ᠠᠵᠢᠯᠴᠢᠨ ᠤ ᠬᠤᠶᠠᠷ ᠬᠤᠪᠢ ᠡᠮ ᠡᠮᠨᠡᠯᠭᠡ ᠶᠢᠨ ᠲᠠᠭᠠᠳᠬᠠᠯ ᠳᠤ ᠬᠠᠮᠲᠤ ᠪᠠᠷ ᠤᠷᠤᠯᠴᠠᠵᠤ ᠪᠤᠯᠬᠤ ᠥᠭᠡᠢ᠂ | ᠡᠶᠢᠮᠦ ᠪᠠᠶᠢᠲᠠᠯ ᠲᠤᠬᠢᠶᠠᠯᠲᠤᠪᠠᠯ᠂ ᠥᠪᠡᠰᠤᠪᠡᠨ ᠨᠢᠭᠡ ᠶᠢ ᠰᠤᠩᠭᠤᠵᠤ ᠪᠤᠯᠤᠨ᠎ᠠ᠂ ᠨᠥᠬᠦᠭᠡ ᠨᠢᠭᠡ ᠶᠢ ᠨᠢ ᠲᠠᠭᠠᠳᠬᠠᠯ ᠤᠷᠤᠯᠴᠠᠭᠰᠠᠨ ᠭᠠᠵᠠᠷ ᠤᠨ ᠡᠮᠨᠡᠯᠭᠡ ᠶᠢᠨ | ᠲᠠᠭᠠᠳᠬᠠᠯ ᠤᠨ ᠲᠤᠪᠴᠢᠶ᠎ᠠ ᠳᠤ ᠬᠥᠷᠴᠤ ᠲᠠᠭᠠᠳᠬᠠᠯ ᠳᠤ ᠤᠷᠤᠯᠴᠠᠭᠰᠠᠨ ᠬᠠᠷᠢᠴᠠᠭ᠎ᠠ ᠪᠠᠨ ᠲᠠᠩᠰᠠᠨ ᠠᠴᠠ ᠬᠠᠰᠤᠨ᠎ᠠ᠃ | ︵ᠬᠥᠲᠥᠯᠥᠭᠴᠢ︶ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠠᠪᠤᠭᠰᠠ ᠤ ᠬᠤᠶᠢᠨ᠎ᠠ ᠠᠮᠢᠯᠠᠭᠤᠯᠪᠠᠯ ᠰᠠᠶ᠋ᠢ ᠭᠡᠷᠡᠭᠯᠡᠵᠥ ᠪᠤᠯᠤᠨ᠎ᠠ ᠦᠦ ︖ | ᠠᠮᠢᠯᠠᠭᠤᠯᠬᠤ ᠳᠤ ᠪᠤᠰᠤᠳ ᠰᠥᠢᠳᠭᠡᠯ ᠠᠪᠤᠨ᠎ᠠ ᠦᠦ︖ | ︵ᠶᠢᠤ ᠡᠷᠬᠢᠯᠡᠭᠴᠢ︶ ᠨᠡᠶᠢᠭᠡᠮ ᠤᠨ ᠪᠠᠲᠤᠯᠠᠭ᠎ᠠ ᠶᠢᠨ ᠺᠠᠷᠲ ᠬᠤᠶᠠᠷ ᠲᠠᠩᠰᠠᠨ ᠡᠷᠤᠭᠡ ᠲᠠᠢ᠂ ᠲᠤᠰᠪᠤᠷᠢ ᠨᠠᠶᠢᠭᠡᠮ ᠤᠨ ᠪᠠᠲᠤᠯᠠᠭ᠎ᠠ ᠶᠢᠨ ᠲᠠᠩᠰᠠᠨ ᠡᠷᠤᠭᠡ | ᠪᠠ ᠮᠥᠩᠬᠦᠨ ᠬᠥᠢᠯᠭᠡᠭᠡ ᠶᠢᠨ ᠲᠠᠩᠰᠠᠨ ᠡᠷᠤᠭᠡ ᠪᠤᠯᠤᠨ᠎ᠠ᠃ ᠪᠠᠲᠤᠯᠠᠭ᠎ᠠ ᠳᠤ ᠤᠷᠤᠯᠴᠠᠭᠴᠢ ᠺᠠᠷᠲ ᠠᠪᠬᠤ ᠥᠶᠡᠰ ᠨᠠᠶᠢᠭᠡᠮ ᠤᠨ ᠪᠠᠲᠤᠯᠠᠭ᠎ᠠ ᠶᠢᠨ ᠲᠠᠩᠰᠠᠨ | ᠡᠷᠤᠭᠡ ᠠᠶᠠᠲᠠᠭᠠᠨ ᠠᠮᠢᠯᠠᠨ᠎ᠠ᠃ ᠮᠥᠩᠭᠦᠨ ᠬᠥᠢᠯᠭᠡᠭᠡᠨ ᠤ ᠲᠠᠩᠰᠠᠨ ᠡᠷᠤᠭᠡ ᠡᠷᠭᠡᠪᠰᠢ ᠪᠡᠶ᠎ᠡ ᠪᠠᠷ ᠢᠶᠠᠨ ᠨᠢ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠷᠬᠠᠭᠠᠭᠰᠠ | ᠪᠠᠩᠬᠢ ᠳᠤ ᠬᠥᠷᠴᠤ ᠠᠮᠢᠯᠠᠭᠤᠯᠬᠤ ᠲᠤᠬᠠᠶᠢᠯᠠᠭᠰᠠᠨ ᠠᠵᠢᠯ ᠢ ᠭᠥᠢᠴᠡᠳᠭᠡᠨᠠ᠃ ᠨᠡᠶᠢᠭᠡᠮ ᠤᠨ ᠪᠠᠲᠤᠯᠠᠭ᠎ᠠ ᠶᠢᠨ ᠺᠠᠷᠲ ᠶᠢ ᠲᠥᠷᠤᠬᠦᠤ ᠤᠲᠠᠭ᠎ᠠ ᠲᠠᠷᠬᠠᠭᠠᠬᠤ ᠳᠤ | ᠰᠥᠢᠳᠭᠡᠯ ᠬᠤᠷᠢᠶᠠᠬᠤ ᠥᠭᠡᠢ᠂ ᠬᠡᠷᠪᠡ ᠭᠡᠭᠡᠭᠰᠡᠨ᠂ ᠰᠥᠢᠳᠭᠡᠭᠰᠡᠨ ᠰᠢᠯᠲᠠᠭᠠᠨ ᠠᠴᠠ ᠪᠤᠯᠵᠤ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠨᠥᠬᠦᠪᠥᠷᠢᠯᠡᠬᠦ ᠪᠤᠶᠤ | ᠰᠤᠯᠢᠬᠤ ᠳᠤ ᠪᠠᠩᠬᠢ ᠬᠥᠯᠥᠰᠦ ᠥᠷᠲᠡᠭ ᠤᠨ ᠵᠠᠷᠤᠲᠠᠯ ᠬᠤᠷᠢᠶᠠᠨ᠎ᠠ᠃ ᠨᠡᠶᠢᠭᠡᠮ ᠤᠨ ᠪᠠᠲᠤᠯᠠᠭ᠎ᠠ ᠶᠢᠨ ᠺᠠᠷᠲ ᠮᠥᠩᠬᠦᠨ ᠬᠥᠢᠯᠭᠡᠭᠡᠨ ᠤ ᠴᠢᠲᠠᠪᠬᠢ ᠶᠢ ᠬᠡᠷᠡᠭᠯᠡᠬᠦ ᠳᠤ | ᠭᠠᠷᠲᠠᠮᠵᠢ ᠶᠢᠨ ᠰᠥᠢᠳᠭᠡᠯ᠂ ᠵᠢᠯ ᠤᠨ ᠰᠥᠢᠳᠭᠡᠯ ᠵᠡᠷᠭᠡ ᠠᠯᠢᠪᠠ ᠰᠥᠢᠳᠭᠡᠯ ᠢ ᠬᠤᠷᠢᠶᠠᠬᠤ ᠥᠭᠡᠢ᠂ ᠪᠠᠩᠬᠢ ᠺᠠᠷᠲ ᠠᠪᠬᠤ ᠬᠥᠮᠤᠨ ᠢ ᠵᠤᠭᠤᠰ ᠬᠠᠲᠠᠭᠠᠯᠠᠭᠤᠯᠬᠤ | ᠂ ᠥᠷᠲᠡᠭ ᠨᠡᠮᠡᠭᠲᠡᠬᠦᠯᠬᠦ ᠥᠢᠯᠡᠴᠢᠯᠡᠭᠡ ᠶᠢ ᠨᠡᠪᠲᠡᠷᠡᠬᠦᠯᠬᠦ᠂ ᠪᠡᠯᠡ ᠤᠷᠤᠯᠠᠭᠤᠯᠬᠤ ᠡᠳ᠋ ᠤᠨ ᠶᠠᠪᠤᠲᠠᠯ ᠢ ᠬᠠᠮᠢᠶᠠᠷᠠᠭᠤᠯᠬᠤ ᠵᠠᠷᠭᠡ ᠲᠠᠭᠠᠯᠲᠠ ᠲᠤᠬᠠᠶᠢᠯᠠᠭᠰᠠᠨ ᠠᠵᠢᠯ ᠢ | ᠠᠯᠪᠠᠲᠠᠨ ᠬᠢᠯᠭᠡᠵᠤ ᠪᠤᠯᠬᠤ ᠥᠭᠡᠢ᠃ | ︵ᠬᠥᠲᠥᠯᠥᠭᠴᠢ︶ ᠮᠠᠨ ᠤ ᠨᠢᠭᠡᠴᠡ ᠶᠢᠨ ᠪᠤᠰᠤᠤᠨ ᠬᠠᠮᠲᠤ ᠠᠵᠢᠯᠯᠠᠭᠴᠢ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠪᠠᠨ ᠠᠯᠢ ᠬᠡᠲᠥᠶᠢᠨᠢ ᠤᠯᠤᠭᠰᠠ | ᠪᠠᠶᠢᠲᠠᠯ᠎ᠠ᠂ᠮᠢᠨᠤ ᠨᠡᠶᠢᠭᠡᠮ ᠤᠨ ᠪᠠᠲᠤᠯᠠᠭ᠎ᠠ ᠶᠢᠨ ᠺᠠᠷᠲ ᠶᠢ ᠬᠠᠷᠢᠨ ᠬᠢᠵᠤ ᠪᠠᠷᠠᠭᠠᠲᠤᠢ ᠪᠤᠢ︖ | ︵ᠶᠢᠤ ᠡᠷᠬᠢᠯᠡᠭᠴᠢ︶ ᠡᠶᠢᠮᠦ ᠠᠰᠠᠭᠤᠲᠠᠯ ᠪᠠᠶᠢᠬᠤ ᠨᠢ ᠭᠤᠤᠯᠲᠠᠭᠤ ᠲᠤᠤᠷᠠᠬᠢ ᠭᠡᠲᠤᠨ ᠵᠥᠢᠯ ᠤᠨ ᠰᠢᠯᠲᠠᠭᠠᠨ ᠲᠠᠢ᠄ ︵ᠨᠢᠭᠡ︶ ᠺᠠᠷᠲ ᠵᠤᠬᠢᠶᠠᠬᠤ | ᠵᠠᠩᠬᠢ ᠶᠢ ᠤᠯᠤᠭᠠᠲᠤᠢ ᠪᠤᠶᠤ ᠺᠠᠷᠲ ᠵᠤᠬᠢᠶᠠᠬᠤ ᠵᠠᠩᠬᠢ ᠨᠢ ᠲᠤᠲᠤᠭᠠᠲᠤ ᠶᠢ ᠬᠠᠮᠠᠭᠠᠯᠠᠬᠤ ᠡᠷᠥᠭᠡ ᠠᠮᠠ ᠶᠢᠨ ᠬᠠᠷᠢᠶ᠎ᠠ ᠶᠢᠨ ᠵᠠᠩᠬᠢ ᠲᠠᠢ ᠨᠡᠶᠢᠴᠡᠬᠦ ᠥᠭᠡᠢ᠂ | ᠪᠡᠶ᠎ᠡ ᠶᠢᠨ ᠥᠨᠡᠮᠯᠡᠯ ᠢᠶᠠᠨ ᠠᠪᠴᠤ ᠲᠤᠰ ᠭᠠᠵᠠᠷ ᠤᠨ ᠵᠠᠩᠬᠢ ᠶᠢᠨ ᠲᠥᠪ ᠲᠤ ᠵᠠᠩᠬᠢ ᠪᠠᠨ ᠴᠤᠭᠯᠠᠭᠤᠯᠬᠤ ᠪᠤᠶᠤ ᠵᠠᠰᠠᠬᠤ ᠴᠢᠬᠤᠯᠠ ᠲᠠᠢ︔ ︵ᠬᠤᠶᠠᠷ︶ ᠺᠠᠷᠲ | ᠵᠤᠬᠢᠶᠠᠬᠤ ᠪᠠᠶ᠎ᠡ ᠶᠢᠨ ᠰᠡᠬᠦᠲᠡᠷ ᠪᠤᠶᠤ ᠺᠡᠷᠲ ᠵᠤᠬᠢᠶᠠᠬᠤ ᠪᠡᠶ᠎ᠡ ᠶᠢᠨ ᠰᠡᠬᠦᠲᠡᠷ ᠱᠠᠭᠠᠷᠲᠠᠯᠭ᠎ᠠ ᠳᠤ ᠨᠠᠶᠢᠴᠠᠬᠦ ᠥᠭᠡᠢ᠂ ᠵᠥᠪ ᠰᠡᠬᠦᠲᠡᠷ ᠢ ᠲᠠᠮᠵᠢᠭᠤᠯᠬᠤ ᠴᠢᠬᠤᠯᠠ | ᠲᠠᠢ︔ ︵ᠭᠤᠷᠪᠠ︶ ᠪᠠᠲᠤᠯᠠᠭ᠎ᠠ ᠳᠤ ᠤᠷᠤᠯᠴᠠᠭᠰᠠᠨ ᠬᠥᠮᠤᠨ ᠪᠤᠰᠤᠳ ᠭᠠᠵᠠᠷ ᠤᠷᠤᠨ ᠳᠤ ᠨᠠᠶᠢᠭᠡᠮ ᠤᠨ ᠪᠠᠲᠤᠯᠠᠭ᠎ᠠ ᠶᠢᠨ ᠺᠠᠷᠲ ᠵᠤᠬᠢᠶᠠᠵᠤ ᠥᠩᠭᠡᠷᠡᠭᠰᠡᠨ᠂ | ᠺᠠᠷᠲ ᠢᠶᠠᠨ ᠤᠯᠤᠭᠰᠠ ᠤ ᠲᠠᠷᠠᠭ᠎ᠠ ᠲᠤᠰ ᠭᠠᠵᠠᠷ ᠤᠨ ᠵᠠᠩᠬᠢ ᠶᠢᠨ ᠲᠥᠪ ᠲᠤ ᠬᠥᠷᠴᠤ︽ᠨᠢᠭᠡᠲᠤᠯᠲᠡᠢ ᠲᠥᠯᠤᠪᠵᠢᠬᠦᠯᠬᠦ ᠤᠷᠤᠨ ᠢ | ᠰᠢᠯᠵᠢᠬᠦᠯᠬᠦ︾ᠲᠤᠬᠠᠶᠢᠯᠠᠭᠰᠠᠨ ᠠᠵᠢᠯ ᠢ ᠬᠢᠭᠦ ᠪᠤᠶᠤ ᠬᠠᠭᠤᠴᠢᠨ ᠺᠡᠷᠲ ᠶᠢ ᠥᠭᠡᠶᠢᠰᠭᠡᠨ᠂ ᠲᠤᠰ ᠭᠠᠵᠠᠷ ᠲᠠᠭᠠᠨ ᠲᠠᠬᠢᠨ ᠺᠠᠷᠲ ᠵᠤᠬᠢᠶᠠᠬᠤ ᠪᠠᠷ ᠭᠤᠶᠤᠴᠢᠯᠠᠬᠤ | ᠴᠢᠬᠤᠯᠠ ᠲᠠᠢ᠃ | ︵ᠬᠥᠲᠥᠯᠥᠭᠴᠢ︶ ᠬᠥᠲᠡᠭᠡ ᠲᠤᠰᠬᠤᠨ ᠮᠠᠯᠵᠢᠬᠤ ᠤᠷᠤᠨ ᠤ ᠲᠠᠭᠠᠳᠬᠠᠯ ᠳᠤ ᠤᠷᠤᠯᠴᠠᠭᠴᠢ ᠨᠡᠶᠢᠭᠡᠮ ᠤᠨ ᠪᠠᠲᠤᠯᠠᠭ᠎ᠠ ᠶᠢᠨ ᠺᠡᠷᠲ ᠪᠠᠶᠢᠠᠨᠤ︖ ᠠᠯᠢ | ᠠᠯᠢ ᠭᠠᠵᠠᠷ ᠲᠤ ᠭᠡᠷᠡᠭᠯᠡᠵᠥ ᠪᠤᠯᠬᠤ ᠪᠤᠢ︖ | ︵ᠶᠢᠤ ᠡᠷᠬᠢᠯᠡᠭᠴᠢ︶ ᠬᠤᠲᠠ ᠬᠥᠲᠡᠭᠡ ᠶᠢᠨ ᠰᠠᠭᠤᠭᠠᠯᠠᠢ ᠠᠷᠠᠳ ᠤᠨ ᠡᠮᠨᠡᠯᠭᠡ ᠶᠢᠨ ᠲᠠᠭᠠᠳᠬᠠᠯ ᠳᠤ ᠤᠷᠤᠯᠴᠠᠭᠰᠠᠨ ᠮᠠᠯᠴᠢᠨ ᠲᠠᠷᠢᠶᠠᠴᠢᠨ ᠨᠠᠶᠢᠵᠠ ᠨᠠᠷ | ᠲᠤ ᠠᠪᠴᠤ ᠭᠡᠯᠡᠪᠡᠯ᠂ ᠨᠡᠶᠢᠭᠡᠮ ᠤᠨ ᠪᠠᠲᠤᠯᠠᠭ᠎ᠠ ᠶᠢᠨ ᠺᠠᠷᠲ ᠶᠢ ᠭᠡᠷᠡᠭᠯᠡᠨ ᠡᠮᠨᠡᠯᠡᠬᠦᠯᠤᠨ ᠳ᠋ᠥᠩᠨᠡᠨ ᠪᠤᠲᠤᠬᠤ ᠳᠤ ᠮᠠᠰᠢ ᠲᠥᠬᠦᠮ᠂ ᠡᠮᠨᠡᠯᠭᠡ ᠳᠤ ᠰᠠᠭᠤᠬᠤ | ᠲᠠᠵᠢ ᠶᠢᠨ ᠮᠥᠩᠬᠦ ᠶᠢᠨ ᠬᠠᠷᠢᠴᠠᠯ ᠢ ᠪᠠᠭᠠᠰᠬᠠᠭᠰᠠᠨ ᠢᠶᠠᠷ ᠪᠠᠷᠠᠬᠤ ᠥᠭᠡᠢ᠂ ᠡᠪᠡᠳᠴᠢᠨ ᠵᠠᠰᠠᠬᠤ ᠠᠴᠠ ᠪᠤᠯᠤᠭᠰᠠᠨ ᠭᠡᠷ ᠪᠥᠯᠢ ᠶᠢᠨ ᠠᠵᠤ ᠠᠬᠤᠢ ᠶᠢᠨ | ᠲᠠᠷᠤᠯᠲᠠ ᠶᠢ ᠪᠠᠭᠠᠰᠬᠠᠭᠰᠠᠨ ᠮᠥᠷᠲᠡᠭᠡᠨ᠂ ᠪᠠᠰᠠ ᠡᠮᠨᠡᠯᠭᠡ ᠠᠴᠠ ᠭᠠᠷᠬᠤ ᠥᠶ᠎ᠠ ᠳᠤ ᠡᠮᠨᠡᠯᠭᠡ ᠶᠢᠨ ᠰᠥᠢᠳᠭᠡᠯ ᠢ ᠰᠢᠭᠤᠳ ᠲᠠᠩᠰᠠ ᠲᠠᠶᠢᠯᠤᠨ᠎ᠠ᠂ ᠵᠥᠪᠭᠡᠨ | ᠬᠤᠪᠢ ᠪᠠᠷ ᠢᠶᠠᠨ ᠲᠠᠭᠠᠭᠠᠬᠤ ᠰᠥᠢᠳᠭᠡᠯ ᠢ ᠲᠤᠰᠢᠶᠠᠨ᠎ᠠ᠃ ᠬᠥᠳᠡᠭᠡ ᠲᠤᠰᠬᠤᠨ ᠮᠠᠯᠵᠢᠬᠤ ᠤᠷᠤᠨ ᠤ ᠨᠠᠶᠢᠭᠡᠮ ᠤᠨ ᠪᠠᠲᠤᠯᠠᠭ᠎ᠠ ᠶᠢᠨ ᠺᠠᠷᠲ ᠢ | ᠲᠥᠭᠡᠮᠡᠯᠵᠢᠬᠦᠯᠥᠭᠰᠡᠨ ᠨᠢ ᠮᠠᠨ ᠤ ᠬᠤᠲᠠ ᠶᠢᠨ ᠬᠤᠲᠠ ᠬᠥᠲᠡᠭᠡ ᠶᠢᠨ ᠥᠢᠯᠡᠴᠢᠯᠡᠭᠡᠨ ᠤ ᠲᠡᠩᠴᠡᠭᠦᠷᠢᠰᠢᠯᠲᠠ ᠶᠢᠨ ᠰᠢᠭᠤᠳ ᠢᠯᠡᠷᠡᠯ ᠪᠤᠯᠤᠨ᠎ᠠ᠃ ᠤᠲᠤᠬᠠᠨ᠎ᠠ | ᠪᠥᠬᠦ ᠬᠤᠲᠠ ᠶᠢᠨ ᠭᠠᠴᠠᠭ᠎ᠠ ᠲᠤᠰᠬᠤᠨ ᠨᠢᠭᠡᠪᠤᠷᠢ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠶᠡᠷᠥᠩᠭᠡᠢ ᠥᠢᠯᠡᠴᠢᠯᠡᠭᠡᠨ ᠤ ᠴᠡᠭ ᠪᠠᠶᠢᠭᠤᠯᠵᠤ᠂ pos | ᠮᠠᠰᠢᠨ ᠲᠤᠬᠢᠷᠠᠭᠤᠯᠵᠤ᠂ ᠶᠡᠭᠡ ᠥᠭᠭᠦᠭᠲᠡᠯ pos ᠬᠡᠷᠡᠭᠯᠡᠭᠴᠢ᠂ ᠨᠠᠰᠤᠲᠠᠨ ᠢ ᠠᠰᠠᠷᠠᠬᠤ ᠬᠠᠷᠠᠭᠠᠯᠵᠠᠯ ᠤᠨ ᠬᠢᠷᠢ ᠭᠡᠮ ᠤᠨ ᠥᠨᠡᠯᠡᠯᠲᠠ ᠶᠢᠨ ᠲᠥᠬᠦᠭᠡᠷᠤᠮᠵᠢ ᠶᠢ | ᠲᠤᠬᠢᠷᠠᠭᠤᠯᠪᠠ᠃ ᠨᠠᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠠᠪᠴᠤ᠂ ᠲᠤᠰᠬᠤᠨ ᠤ ᠥᠢᠯᠡᠴᠢᠯᠡᠭᠡᠨ ᠤ ᠴᠡᠭ ᠲᠤ ᠨᠡᠶᠢᠭᠡᠮ ᠤᠨ ᠪᠠᠲᠤᠯᠠᠭ᠎ᠠ ᠶᠢᠨ ᠵᠠᠩᠬᠢ | ᠪᠠᠶᠢᠴᠠᠭᠠᠬᠤ᠂ ᠨᠠᠶᠢᠭᠡᠮ ᠤᠨ ᠪᠠᠲᠤᠯᠠᠭ᠎ᠠ ᠶᠢᠨ ᠰᠥᠢᠳᠭᠡᠯ ᠲᠤᠰᠢᠶᠠᠬᠤ᠂ ᠨᠠᠰᠤᠵᠢᠯ ᠤᠨ ᠠᠰᠠᠷᠠᠮᠵᠢ ᠶᠢᠨ ᠵᠤᠭᠤᠰ ᠭᠠᠷᠭᠠᠨ ᠠᠪᠬᠤ᠂ ᠵᠤᠭᠤᠰ ᠬᠠᠲᠠᠭᠠᠯᠠᠵᠤ | ᠵᠤᠭᠤᠰ ᠭᠠᠷᠭᠠᠨ ᠠᠪᠬᠤ᠂ ᠳᠠᠩᠰᠠᠰᠢᠯᠵᠢᠬᠦᠯᠬᠦ᠂᠂ ᠺᠠᠷᠲ ᠪᠥᠷᠢᠳᠭᠡᠬᠦᠯᠤᠨ ᠬᠡᠷᠡᠭᠯᠡᠵᠦ ᠪᠤᠯᠤᠨ᠎ᠠ᠃ ᠪᠠᠰᠠ ᠨᠡᠶᠢᠭᠡᠮ ᠤᠨ ᠪᠠᠲᠤᠯᠠᠭ᠎ᠠ ᠶᠢᠨ ᠺᠠᠷᠲ ᠪᠠᠷ ᠲᠤᠰᠬᠤᠨ ᠤ | ᠡᠮᠨᠡᠯᠭᠡ ᠶᠢᠨ ᠲᠠᠰᠤᠭ ᠲᠤ ᠺᠡᠷᠲ ᠪᠥᠷᠢᠳᠭᠡᠯᠭᠡᠨ ᠡᠮᠨᠡᠬᠦᠯᠵᠤ᠂ ᠭᠡᠲᠤ ᠲᠡᠯᠭᠡᠬᠦᠷ ᠲᠤ ᠪᠠᠷᠠᠭ᠎ᠠ ᠬᠤᠲᠠᠯᠲᠤᠨ ᠠᠪᠬᠤ ᠳᠤ ᠬᠡᠷᠡᠭᠯᠡᠵᠦ ᠪᠤᠯᠤᠨ᠎ᠠ᠃ 《ᠨᠡᠶᠢᠭᠡᠮ ᠤᠨ | ᠪᠠᠲᠤᠯᠠᠭ᠎ᠠ ᠶᠢ ᠠᠰᠠᠭᠤᠨ ᠯᠠᠪᠯᠠᠬᠤ ᠳᠤ ᠲᠤᠰᠬᠤᠨ ᠠᠴᠠ ᠭᠠᠷᠬᠤ ᠥᠭᠡᠢ᠂ ᠲᠡᠰ ᠰᠤᠩᠭᠤᠵᠤ ᠰᠥᠢᠳᠭᠡᠯ ᠲᠤᠰᠢᠶᠠᠬᠤ ᠳᠤ ᠲᠤᠰᠬᠤᠨ ᠠᠴᠠ ᠭᠠᠷᠬᠤ ᠥᠭᠡᠢ᠂ ᠬᠢᠷᠢ | ᠭᠡᠮ ᠤᠨ ᠥᠨᠡᠯᠡᠯᠲᠠ ᠬᠢᠬᠦ ᠳᠤ ᠲᠤᠰᠬᠤᠨ ᠠᠴᠠ ᠭᠠᠷᠬᠤ ᠥᠭᠡᠢ᠂ ᠬᠠᠷᠠᠭᠠᠯᠵᠠᠯ ᠬᠥᠯᠢᠶᠠᠨ ᠠᠪᠬᠤ ᠳᠤ ᠲᠤᠰᠬᠤᠨ ᠠᠴᠠ ᠭᠠᠷᠬᠤ ᠥᠭᠡᠢ᠂ ᠺᠠᠷᠲ ᠪᠠᠷᠢᠵᠤ | ᠡᠮᠨᠡᠬᠦᠯᠬᠦ ᠳᠤ ᠲᠤᠰᠬᠤᠨ ᠠᠴᠠ ᠭᠠᠷᠬᠤ ᠥᠭᠡᠢ᠂ ᠺᠠᠷᠲ ᠪᠥᠷᠢᠳᠭᠡᠯᠭᠡᠨ ᠬᠡᠷᠡᠭᠯᠡᠬᠦ ᠳᠤ ᠲᠤᠰᠬᠤᠨ ᠠᠴᠠ ᠭᠠᠷᠬᠤ ᠥᠭᠡᠢ᠂ ᠳᠠᠩᠰᠠ ᠰᠢᠯᠵᠢᠬᠦᠯᠵᠤ ᠵᠤᠭᠤᠰ | ᠥᠭᠭᠦᠭᠦ ᠳᠤ ᠲᠤᠰᠬᠤᠨ ᠠᠴᠠ ᠭᠠᠷᠬᠤ ᠥᠭᠡᠢ》 ᠶᠢ ᠪᠡᠶᠡᠯᠡᠬᠦᠯᠵᠤ᠂ ᠬᠥᠲᠡᠭᠡ ᠲᠤᠰᠬᠤᠨ ᠮᠠᠯᠵᠢᠬᠤ ᠤᠷᠤᠨ ᠤ ᠺᠠᠷᠲ ᠲᠠᠢ ᠬᠥᠮᠤᠰ ᠲᠤ ᠲᠤᠩ ᠲᠥᠬᠦᠮ | ᠥᠵᠡᠬᠦᠯᠪᠡ᠃ ᠡᠶᠢᠮᠤ ᠠᠴᠠ ᠨᠡᠶᠢᠭᠡᠮ ᠤᠨ ᠪᠠᠲᠤᠯᠠᠭ᠎ᠠ ᠶᠢᠨ ᠺᠠᠷᠲ ᠪᠠᠨ ᠤᠯᠤᠭᠠᠲᠤᠢ ᠲᠠᠭᠠᠳᠬᠠᠯ ᠳᠤ ᠤᠷᠤᠯᠴᠠᠭᠰᠠᠳ 12333 ᠠᠰᠠᠭᠤᠨ ᠯᠠᠪᠯᠠᠬᠤ | ᠥᠢᠯᠡᠴᠢᠯᠡᠭᠡᠨ ᠤ ᠬᠠᠯᠠᠭᠤᠮᠰᠢᠯ ᠤᠲᠠᠰᠤ ᠶᠢ ᠤᠲᠠᠰᠤᠲᠠᠬᠤ ᠪᠤᠶᠤ ᠲᠤᠰ ᠭᠠᠵᠠᠷ ᠤᠨ ᠨᠠᠶᠢᠭᠡᠮ ᠤᠨ ᠪᠠᠲᠤᠯᠠᠭ᠎ᠠ ᠶᠢᠨ ᠺᠠᠷᠲ ᠤᠨ ᠥᠢᠯᠡᠴᠢᠯᠡᠭᠡᠨ ᠤ ᠪᠠᠶᠢᠭᠤᠯᠤᠮᠵᠢ | ᠲᠠᠢ ᠬᠠᠷᠢᠴᠠᠵᠤ᠂ ᠺᠠᠷᠲ ᠪᠠᠨ ᠲᠥᠷᠭᠡᠨ ᠠᠪᠤᠭᠠᠷᠠᠢ᠃ ᠲᠠᠭᠠᠳᠬᠠᠯ ᠳᠤ ᠤᠷᠤᠯᠴᠠᠭᠠᠲᠤᠢ ᠨᠠᠶᠢᠵᠠ ᠨᠠᠷ ᠪᠠᠲᠤᠯᠠᠭ᠎ᠠ ᠳᠤ ᠢᠲᠡᠪᠬᠢᠲᠠᠢ ᠤᠷᠤᠯᠴᠠᠭᠠᠷᠠᠢ᠂ | ᠨᠡᠶᠢᠭᠡᠮ ᠤᠨ ᠲᠠᠭᠠᠳᠬᠠᠯ ᠪᠤᠯ ᠤᠯᠤᠰ ᠠᠴᠠ ᠠᠷᠠᠳ ᠲᠤ ᠬᠥᠷᠲᠡᠭᠡᠭᠰᠡᠨ ᠠᠰᠠᠷᠠᠮᠵᠢ ᠪᠤᠯᠤᠨ᠎ᠠ᠂ ᠡᠷᠲᠡ ᠡᠲᠤᠷ ᠨᠠᠶᠢᠭᠡᠮ ᠤᠨ ᠪᠠᠲᠤᠯᠠᠭ᠎ᠠ ᠶᠢᠨ ᠺᠠᠷᠲ ᠢ ᠤᠯᠤᠪᠠᠯ | ᠡᠷᠲᠡ ᠡᠲᠤᠷ ᠠᠮᠢᠲᠤᠷᠠᠯ ᠤᠨ ᠪᠠᠲᠤᠯᠠᠭ᠎ᠠ ᠶᠢ ᠬᠥᠷᠲᠡᠨᠠ᠃ ᠬᠤᠲᠠ ᠶᠢᠨ ᠲᠤᠰ ᠱᠠᠲᠤᠨ ᠤ ᠨᠠᠶᠢᠭᠡᠮ ᠤᠨ ᠪᠠᠲᠤᠯᠠᠭ᠎ᠠ ᠶᠢᠨ ᠺᠠᠷᠲ ᠤᠨ ᠥᠢᠯᠡᠴᠢᠯᠡᠭᠡᠨ ᠤ | ᠭᠠᠵᠠᠷ ᠤᠨ ᠬᠠᠶ᠋ᠢᠭ ᠪᠤᠯ ᠾᠧ ᠫᠢᠩ ᠵᠠᠮ ᠤᠨ 616 ᠨᠤᠮᠧᠷ᠂ ᠠᠵᠢᠯ ᠤᠯᠭᠤᠬᠤ ᠪᠠ ᠴᠢᠲᠠᠪᠤᠷᠢᠲᠠᠨ ᠤ ᠥᠢᠯᠡᠴᠢᠯᠡᠭᠡᠨ ᠤ ᠲᠥᠪ ᠤᠨ 2 ᠳ᠋ᠤᠭᠠᠷ ᠲᠠᠪᠬᠤᠷ | ᠠᠰᠠᠷ ᠤᠨ 201 ᠲᠠᠰᠤᠭ᠂ ᠤᠲᠠᠰᠤ 8580601᠂ ᠡᠯ᠎ᠡ ᠬᠤᠰᠢᠭᠤ ᠰᠢᠶᠠᠨ ᠲᠤᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠥᠢᠯᠡᠴᠢᠯᠡᠭᠡᠨ ᠤ | ᠪᠠᠶᠢᠭᠤᠯᠤᠮᠵᠢ ᠶᠢᠨ ᠬᠠᠷᠢᠯᠴᠠᠬᠤ ᠬᠡᠯᠪᠡᠷᠢ ᠪᠠ ᠬᠠᠶ᠋ᠢᠭ ᠢ ᠪᠢᠲᠠ ᠲᠥᠩᠯᠢᠶᠤᠤ ᠬᠤᠲᠠ ᠶᠢᠨ ᠬᠥᠮᠤᠨ ᠤ ᠬᠥᠴᠤᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠤᠪᠴᠢᠶ᠎ᠠ ᠶᠢᠨ ᠠᠯᠪᠠᠨ ᠰᠥᠯᠵᠢᠶ᠎ᠠ ︵http://tl.nm12333.cn/︶ ᠪᠠ《ᠲᠥᠩᠯᠢᠶᠤᠤ12333》 ᠵᠢᠷᠬᠢᠶ᠎ᠠ ᠤᠯᠠᠨ ᠨᠠᠶᠢᠲᠡ ᠶᠢᠨ | ᠲᠠᠪᠴᠠᠩ ᠳᠤ ᠨᠠᠶᠢᠲᠠᠯᠠᠨ᠎ᠠ᠃ ᠵᠢᠷᠬᠢᠶ᠎ᠠ ᠪᠠᠷ ᠰᠥᠪᠡᠭᠴᠢᠯᠡᠬᠦ ᠨᠤᠮᠧᠷ ᠪᠤᠯ《 ᠲᠥᠩᠯᠢᠶᠤᠤ 12333》᠂ ᠠᠩᠬᠠᠷᠤᠭᠠᠲᠤᠢ ᠨᠠᠶᠢᠵᠠ ᠨᠠᠷ ᠮᠢᠨᠢ ᠴᠠᠭ ᠢ ᠠᠮᠵᠢᠨ | ᠠᠩᠬᠠᠷᠤᠯ ᠲᠠᠯᠪᠢᠭᠠᠷᠠᠢ᠂ ᠮᠠᠨ ᠤ ᠬᠤᠲᠠ ᠶᠢᠨ ᠬᠠᠮᠤᠭ ᠰᠢᠨ᠎ᠡ ᠬᠠᠮᠤᠭ ᠨᠠᠷ᠎ᠡ ᠲᠥᠷᠤ ᠲᠠᠢ ᠬᠥᠮᠤᠨ ᠤ ᠬᠥᠴᠤᠨ ᠤ ᠡᠬᠢ ᠪᠠᠶᠠᠯᠢᠭ ᠪᠠ ᠨᠠᠶᠢᠭᠡᠮ ᠤᠨ | ᠪᠠᠲᠤᠯᠠᠭ᠎ᠠ ᠶᠢᠨ ᠲᠥᠷᠤ ᠶᠢᠨ ᠪᠤᠲᠤᠯᠭ᠎ᠠ᠂ ᠠᠵᠢᠯ ᠡᠷᠢᠬᠦ ᠤᠷᠢᠬᠤ ᠡᠯᠰᠡᠬᠦ᠂ ᠠᠵᠢᠯᠲᠠᠨ ᠤ ᠶᠠᠪᠤᠲᠠᠯ ᠤᠨ ᠰᠢᠯᠭᠠᠯᠲᠠ ᠵᠡᠷᠭᠡ ᠵᠠᠩᠬᠢ ᠶᠢ ᠥᠢᠯᠠᠭᠠᠭᠠᠷᠠᠢ᠃ | ︵ᠬᠥᠲᠤᠯᠥᠭᠴᠢ︶ ᠨᠡᠶᠢᠭᠡᠮ ᠤᠨ ᠪᠠᠲᠤᠯᠠᠭ᠎ᠠ ᠶᠢᠨ ᠺᠠᠷᠲ ᠶᠠᠮᠠᠷ ᠴᠢᠲᠠᠪᠬᠢ ᠲᠠᠢ ᠪᠤᠢ︖ | ︵ ᠶᠢᠣ ᠡᠷᠬᠢᠯᠡᠭᠴᠢ︶ ᠤᠲᠤᠬᠠᠨ᠎ᠠ ᠨᠠᠶᠢᠭᠡᠮ ᠤᠨ ᠪᠠᠲᠤᠯᠠᠭ᠎ᠠ ᠶᠢᠨ ᠺᠠᠷᠲ ᠠᠵᠢᠯ ᠤᠯᠭᠤᠬᠤ᠂ ᠨᠠᠶᠢᠭᠡᠮ ᠤᠨ ᠲᠠᠭᠠᠳᠬᠠᠯ ᠤᠨ ᠤᠯᠠᠨ ᠨᠡᠶᠢᠲᠡ ᠶᠢᠨ | ᠲᠤᠬᠠᠶᠢᠯᠠᠠᠭᠰᠠ ᠠᠵᠢᠯ᠂ ᠨᠠᠰᠤᠲᠠᠨ ᠢ ᠠᠰᠠᠷᠠᠬᠤ ᠲᠠᠭᠠᠳᠬᠠᠯ ᠤᠨ ᠬᠠᠷᠠᠭᠠᠯᠵᠠᠯ ᠤᠨ ᠲᠤᠬᠠᠶᠢᠯᠠᠭᠰᠠᠨ ᠠᠵᠢᠯ᠂ ᠡᠮ ᠡᠮᠨᠡᠯᠭᠡ ᠶᠢᠨ ᠲᠠᠭᠠᠳᠬᠠᠯ ᠤᠨ | ᠬᠠᠷᠠᠭᠠᠯᠵᠠᠯ ᠤᠨ ᠲᠤᠬᠠᠶᠢᠯᠠᠭᠰᠠᠨ ᠠᠵᠢᠯ᠂ ᠠᠵᠢᠯ ᠠᠴᠠ ᠪᠤᠯᠤᠭᠰᠠᠨ ᠭᠡᠮᠲᠤᠯ ᠤᠨ ᠬᠠᠷᠠᠭᠠᠯᠵᠠᠯ ᠤᠨ ᠲᠤᠬᠠᠶᠢᠯᠠᠭᠰᠠᠨ ᠠᠵᠢᠯ᠂ ᠠᠵᠢᠯ ᠠᠯᠲᠠᠭᠰᠠᠨ ᠪᠠᠲᠤᠯᠠᠭ᠎ᠠ ᠶᠢᠨ | ᠬᠠᠷᠠᠭᠠᠯᠵᠠᠯ ᠤᠨ ᠲᠤᠬᠠᠶᠢᠯᠠᠭᠰᠠᠨ ᠠᠵᠢᠯ᠂ ᠥᠷᠡᠵᠢᠯ ᠤᠨ ᠲᠠᠭᠠᠳᠬᠠᠯ ᠤᠨ ᠬᠠᠷᠠᠭᠠᠯᠵᠠᠯ ᠤᠨ ᠲᠤᠬᠠᠶᠢᠯᠠᠭᠰᠠᠨ ᠠᠵᠢᠯ᠂ ᠠᠵᠢᠯᠲᠠᠨ ᠤ ᠶᠠᠪᠤᠲᠠᠯ ᠴᠢᠲᠠᠪᠤᠷᠢᠲᠠᠨ ᠤ | ᠲᠤᠬᠠᠶᠢᠯᠠᠭᠰᠠᠨ ᠠᠵᠢᠯ ᠵᠠᠷᠭᠡ 102 ᠵᠥᠢᠯ ᠤᠨ ᠭᠤᠤᠯ ᠴᠢᠲᠠᠪᠬᠢ ᠲᠠᠢ ᠬᠤᠯᠪᠤᠭᠲᠠᠨ᠎ᠠ᠃ ᠶᠡᠷᠥᠩᠭᠡᠢ ᠳᠤᠨᠢ ᠬᠡᠯᠡᠪᠡᠯ ᠭᠤᠤᠯᠲᠠᠭᠤ ᠲᠥᠷᠪᠡᠨ ᠲᠠᠯ᠎ᠠ ᠳᠤ ᠢᠯᠡᠷᠡᠵᠤ | ᠪᠠᠶᠢᠨ᠎ᠠ᠃ ᠨᠢᠭᠡ ᠳᠤ ᠡᠯᠧᠺᠲᠷᠣᠨ ᠭᠡᠷᠡᠴᠢ ᠪᠠᠷᠢᠮᠲᠠ ᠪᠠ ᠵᠠᠩᠬᠢ ᠠᠰᠠᠭᠤᠨ ᠪᠠᠶᠢᠴᠠᠭᠠᠬᠤ ᠴᠢᠲᠠᠪᠬᠢ᠂ ᠨᠡᠶᠢᠭᠡᠮ ᠤᠨ ᠪᠠᠲᠤᠯᠠᠭ᠎ᠠ ᠶᠢᠨ ᠺᠠᠷᠲ ᠺᠠᠷᠲ ᠲᠠᠢ | ᠬᠥᠮᠤᠨ ᠤ ᠵᠠᠩᠬᠢ ᠪᠠ ᠬᠥᠮᠤᠨ ᠤ ᠬᠥᠴᠤᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠬᠥᠷᠢᠶ᠎ᠠ ᠬᠡᠪᠴᠢᠶᠠᠨ ᠳᠠᠬᠢ ᠲᠤᠬᠠᠶᠢᠯᠠᠭᠰᠠᠨ ᠠᠵᠢᠯ ᠤᠨ ᠵᠠᠩᠬᠢ ᠶᠢ | ᠲᠡᠮᠲᠡᠭᠯᠡᠵᠥ᠂ ᠨᠡᠶᠢᠭᠡᠮ ᠤᠨ ᠪᠠᠲᠤᠯᠠᠭ᠎ᠠ ᠶᠢᠨ ᠺᠠᠷᠲ ᠪᠠᠷ ᠨᠠᠰᠤᠲᠠᠨ ᠢ ᠠᠰᠠᠷᠠᠬᠤ᠂ ᠡᠮ ᠡᠮᠨᠡᠯᠭᠡ᠂ ᠠᠵᠢᠯ ᠠᠯᠲᠠᠬᠤ᠂ ᠠᠵᠢᠯ ᠠᠴᠠ ᠪᠤᠯᠤᠭᠰᠠᠨ ᠭᠡᠮᠲᠤᠯ ᠪᠠ | ᠥᠷᠡᠵᠢᠯ ᠵᠡᠷᠭᠡ ᠬᠥᠮᠤᠨ ᠤ ᠬᠥᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠥᠷᠢᠶ᠎ᠠ ᠭᠡᠪᠴᠢᠶᠠᠨ ᠤ ᠠᠵᠢᠯ ᠢ ᠬᠥᠢᠴᠡᠳᠭᠡᠨ᠎ᠠ᠃ ᠺᠠᠷᠲ ᠲᠠᠢ | ᠬᠥᠮᠤᠰ ᠨᠡᠶᠢᠭᠡᠮ ᠤᠨ ᠪᠠᠲᠤᠯᠠᠭ᠎ᠠ ᠶᠢᠨ ᠥᠢᠯᠡᠴᠢᠯᠡᠭᠡᠨ ᠤ ᠰᠥᠯᠵᠢᠶ᠎ᠠ ᠶᠢᠨ ᠴᠡᠭ᠂ ᠥᠪᠡᠰᠤᠪᠡᠨ ᠥᠢᠯᠡᠴᠢᠯᠡᠬᠦ ᠨᠢᠭᠡ ᠴᠤᠭᠴᠠᠲᠤ ᠮᠠᠰᠢᠨ᠂ 12333 ᠨᠡᠶᠢᠭᠡᠮ ᠤᠨ | ᠪᠠᠲᠤᠯᠠᠭ᠎ᠠ ᠶᠢᠨ ᠺᠠᠷᠲ ᠤᠨ ᠥᠢᠯᠡᠴᠢᠯᠡᠭᠡᠨ ᠤ ᠰᠥᠯᠵᠢᠶ᠎ᠠ᠂ 12333 ᠠᠰᠠᠭᠤᠨ ᠯᠠᠪᠯᠠᠬᠤ ᠥᠢᠯᠡᠴᠢᠯᠡᠭᠡᠨ ᠤ ᠤᠲᠠᠰᠤ᠂︽ᠥᠪᠤᠷ ᠮᠤᠩᠭᠤᠯ 12333︾ | ᠭᠠᠷ ᠤᠲᠠᠰᠤ ᠶᠢᠨ ᠬᠡᠷᠡᠭᠯᠡᠭᠴᠢ ᠵᠡᠷᠭᠡ ᠤᠯᠠᠨ ᠵᠥᠢᠯ ᠤᠨ ᠠᠷᠭ᠎ᠠ ᠵᠠᠮ ᠢᠶᠠᠷ ᠲᠠᠮᠵᠢᠨ ᠨᠡᠶᠢᠭᠡᠮ ᠤᠨ ᠲᠠᠭᠠᠳᠬᠠᠯ ᠳᠤ ᠤᠷᠤᠯᠴᠠᠬᠤ᠂ ᠰᠥᠢᠳᠭᠡᠯ ᠲᠤᠰᠢᠶᠠᠬᠤ | ᠪᠠᠶᠢᠲᠠᠯ ᠵᠢᠴᠢ ᠨᠡᠶᠢᠭᠡᠮ ᠤᠨ ᠪᠠᠲᠤᠯᠠᠭ᠎ᠠ ᠶᠢᠨ ᠬᠠᠷᠠᠭᠠᠯᠵᠠᠯ ᠢ ᠬᠥᠷᠲᠡᠬᠦ ᠪᠠᠶᠢᠲᠠᠯ ᠢ ᠠᠰᠠᠭᠤᠨ ᠪᠠᠶᠢᠴᠠᠭᠠᠨ᠎ᠠ᠃ ᠪᠥᠬᠦᠲᠠ ᠨᠠᠶᠢᠷᠠᠮᠲᠠᠬᠤ ᠲᠤᠮᠲᠠᠲᠤ ᠠᠷᠠᠳ | ᠤᠯᠤᠰ ᠤᠨ ᠡᠷᠡᠬᠦᠤ ᠶᠢᠨ ᠬᠠᠤᠯᠢ ᠶᠢᠨ ᠵᠠᠰᠠᠪᠤᠷᠢ ᠤᠷᠤᠭᠤᠯᠤᠭᠰᠠ ᠲᠥᠰᠤᠯ ︵ᠶᠢᠰᠤ︶ ᠳᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠬᠠᠤᠯᠢ ᠪᠠᠷ ᠪᠡᠶ᠎ᠠ ᠶᠢᠨ | ᠥᠨᠡᠮᠯᠡᠯ ᠤᠨ ᠭᠡᠷᠡᠴᠢ ᠲᠡᠮᠳᠡᠭ ᠢᠶᠠᠷ ᠵᠢᠭᠰᠠᠭᠠᠪᠠ᠃ ᠬᠤᠶᠠᠷ ᠲᠤ ᠡᠮᠨᠡᠯᠭᠡ ᠶᠢᠨ ᠲᠠᠭᠠᠳᠬᠠᠯ ᠢ ᠳ᠋ᠥᠩᠨᠡᠨ ᠪᠤᠲᠤᠬᠤ ᠴᠢᠲᠠᠪᠬᠢ᠂ ᠲᠠᠭᠠᠳᠬᠠᠯ ᠳᠤ ᠤᠷᠤᠯᠴᠠᠭᠰᠠᠳ | ᠲᠤᠭᠲᠠᠭᠰᠠᠨ ᠡᠮᠨᠡᠯᠭᠡ ᠶᠢᠨ ᠪᠠᠶᠢᠭᠤᠯᠤᠮᠵᠢ ᠪᠠ ᠲᠤᠭᠲᠠᠭᠰᠠᠨ ᠡᠮ ᠤᠨ ᠲᠡᠯᠭᠡᠬᠦᠷ ᠲᠤ ᠡᠮᠨᠡᠬᠦᠯᠤᠨ ᠡᠮ ᠬᠤᠲᠠᠯᠲᠤᠨ ᠠᠪᠬᠤ᠂ ᠡᠮᠨᠡᠯᠭᠡ ᠳᠤ ᠰᠠᠭᠤᠵᠤ ᠡᠮᠨᠡᠨ | ᠵᠠᠰᠠᠬᠤ ᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠬᠠᠮᠢᠶ᠎ᠠ ᠪᠥᠬᠦᠢ ᠰᠥᠢᠳᠭᠡᠯ ᠢ ᠴᠠᠭ ᠲᠤᠬᠠᠢ ᠳᠤᠨᠢ ᠳ᠋ᠥᠩᠨᠡᠨ ᠪᠤᠲᠤᠨ᠎ᠠ᠃ ᠭᠤᠷᠪᠠ ᠳᠤ ᠮᠥᠩᠬᠦᠨ | ᠬᠥᠢᠯᠭᠡᠭᠡᠨ ᠤ ᠴᠢᠲᠠᠪᠬᠢ᠂ ᠨᠡᠶᠢᠭᠡᠮ ᠤᠨ ᠪᠠᠲᠤᠯᠠᠭ᠎ᠠ ᠶᠢᠨ ᠺᠠᠷᠲ ᠪᠠᠩᠬᠢ ᠶᠢᠨ ᠬᠤᠯᠪᠤᠭ᠎ᠠ ᠶᠢᠨ ᠴᠢᠲᠠᠪᠬᠢ ᠲᠠᠢ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ | ᠪᠠᠩᠬᠢ ᠶᠢᠨ ᠲᠠᠩᠰᠠᠨ ᠡᠷᠥᠭᠡ ᠪᠠᠷ ᠲᠠᠮᠵᠢᠨᠵᠤᠭᠤᠰ ᠬᠠᠲᠠᠭᠠᠯᠠᠬᠤ ᠵᠤᠭᠤᠰ ᠭᠠᠷᠭᠠᠨ ᠠᠪᠬᠤ ᠂ ᠳᠠᠩᠰᠠ ᠰᠢᠯᠵᠢᠭᠦᠯᠬᠦ᠂ ᠤᠷᠤᠯᠠᠨ ᠬᠤᠷᠢᠶᠠᠬᠤ ᠤᠷᠤᠯᠠᠨ | ᠲᠤᠰᠢᠶᠠᠬᠤ ᠵᠠᠷᠭᠡ ᠲᠤᠬᠠᠶᠢᠯᠠᠭᠰᠠᠨ ᠠᠵᠢᠯ ᠢ ᠭᠥᠢᠴᠡᠳᠭᠡᠵᠤ ᠪᠤᠯᠬᠤ ᠪᠠᠰᠠ ᠵᠤᠭᠤᠰ ᠬᠠᠲᠠᠭᠠᠯᠠᠬᠤ ᠵᠤᠭᠤᠰ ᠭᠠᠷᠭᠠᠨ ᠠᠪᠬᠤ ᠪᠠ ᠳᠠᠩᠰᠠ ᠰᠢᠯᠵᠢᠬᠦᠯᠬᠦ ᠳᠤ ᠪᠥᠷᠢ | ᠭᠠᠷᠲᠠᠮᠵᠢ ᠶᠢᠨ ᠰᠥᠢᠳᠭᠡᠯ ᠢ ᠬᠠᠰᠤᠨ ᠬᠡᠯᠲᠤᠷᠢᠬᠦᠯᠬᠦ ᠵᠡᠷᠭᠡ ᠬᠠᠷᠠᠭᠠᠯᠵᠠᠯ ᠤᠨ ᠲᠥᠷᠤ ᠶᠢᠨ ᠪᠤᠲᠤᠯᠭ᠎ᠠ ᠲᠠᠢ᠃ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ | ᠮᠥᠩᠬᠦᠨ ᠬᠥᠢᠯᠭᠡᠭᠡᠨ ᠤ ᠲᠠᠩᠰᠠᠨ ᠡᠷᠥᠭᠡ ᠪᠠᠷ ᠲᠠᠮᠵᠢᠨ᠂ ᠡᠯ᠎ᠠ ᠵᠥᠢᠯ ᠤᠨ ᠨᠡᠶᠢᠭᠡᠮ ᠤᠨ ᠲᠠᠭᠠᠳᠬᠠᠯ ᠤᠨ ᠰᠥᠢᠳᠭᠡᠯ ᠢ ᠲᠤᠰᠢᠶᠠᠵᠤ ᠪᠤᠯᠤᠨ᠎ᠠ᠂ ᠪᠠᠰᠠ | ᠠᠵᠢᠯ ᠠᠴᠠ ᠠᠮᠠᠷᠠᠭᠰᠠᠨ ᠴᠠᠯᠢᠩ᠂ ᠠᠵᠢᠯ ᠠᠯᠲᠠᠭᠰᠠ ᠲᠠᠭᠠᠳᠬᠠᠯ ᠤᠨ ᠮᠥᠩᠭᠦ᠂ ᠠᠵᠢᠯ ᠠᠴᠠ ᠪᠤᠯᠤᠭᠰᠠᠨ ᠭᠡᠮᠲᠤᠯ ᠤᠨ ᠲᠠᠭᠠᠳᠬᠠᠯ ᠤᠨ ᠮᠥᠩᠭᠦ᠂ ᠡᠮᠨᠡᠯᠭᠡ ᠶᠢᠨ | ᠲᠠᠩᠰᠠ ᠲᠠᠶᠢᠯᠠᠬᠤ ᠰᠥᠢᠳᠭᠡᠯ᠂ ᠥᠷᠡᠵᠢᠯ ᠤᠨ ᠲᠠᠩᠰᠠ ᠲᠠᠶᠢᠯᠠᠬᠤ ᠰᠥᠢᠳᠭᠡᠯ ᠪᠠ ᠡᠯ᠎ᠠ ᠵᠥᠢᠯ ᠤᠨ ᠠᠵᠢᠯ ᠤᠯᠭᠤᠯᠲᠠ ᠶᠢ ᠲᠠᠮᠵᠢᠬᠦ ᠲᠥᠷᠤ ᠶᠢᠨ | ᠪᠤᠲᠤᠯᠭ᠎ᠠ ᠶᠢᠨ ᠨᠥᠬᠦᠪᠤᠷᠢ ᠵᠡᠷᠭᠡ ᠶᠢ ᠠᠪᠴᠤ ᠪᠤᠯᠤᠨ᠎ᠠ᠃ ᠲᠥᠷᠪᠡ ᠳᠤ ᠭᠡᠷᠡᠭᠯᠡᠭᠡᠨ ᠤ ᠥᠷᠭᠡᠳᠬᠦ ᠴᠢᠲᠠᠪᠬᠢ ᠲᠠᠢ ᠂ ᠨᠡᠶᠢᠭᠡᠮ ᠤᠨ ᠪᠠᠲᠤᠯᠠᠭ᠎ᠠ ᠶᠢᠨ ᠺᠠᠷᠲ ᠪᠤᠯ | ᠪᠠᠭᠲᠠᠭᠠᠮᠵᠢ ᠶᠡᠭᠡ ᠴᠠᠬᠢᠮ ᠺᠠᠷᠲ ᠪᠤᠯᠤᠨ᠎ᠠ᠂ ᠥᠷᠭᠡᠳᠭᠡᠬᠦ ᠤᠷᠤᠨ ᠵᠠᠢ ᠥᠯᠡᠲᠡᠭᠡᠨ ᠥᠭᠴᠥ᠂ ᠲᠤᠤᠷ᠎ᠠ ᠪᠠᠲᠤᠯᠠᠭ᠎ᠠ ᠶᠢᠨ ᠬᠠᠷᠠᠭᠠᠯᠵᠠᠯ᠂ ᠤᠷᠤᠨ ᠰᠠᠭᠤᠴᠨ ᠶᠢᠨ | ᠨᠠᠶᠢᠲᠡ ᠶᠢᠨ ᠬᠤᠷᠠᠮᠲᠤᠭᠤᠯᠭ᠎ᠠ ᠶᠢᠨ ᠮᠥᠩᠭᠦ ᠵᠡᠷᠭᠡ ᠠᠷᠠᠳ ᠤᠯᠠᠨ ᠲᠠᠢ ᠨᠢᠭᠲᠠ ᠬᠠᠷᠢᠴᠠᠭ᠎ᠠ ᠲᠠᠢ ᠪᠤᠰᠤᠤᠨ ᠨᠡᠶᠢᠭᠡᠮ ᠤᠨ ᠶᠠᠪᠤᠲᠠᠯ ᠤᠨ ᠬᠥᠷᠢᠶ᠎ᠠ ᠭᠡᠪᠴᠢᠶ᠎ᠠ ᠶᠢ | ᠠᠯᠭᠤᠷ ᠢᠶᠠᠷ ᠥᠷᠭᠡᠳᠭᠡᠵᠤ ᠪᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠺᠠᠷᠲ ᠤᠯᠤᠰ ᠤᠨ ᠬᠥᠭᠵᠢᠬᠦᠯᠥᠯᠲᠡ ᠲᠤᠮᠲᠠ ᠲᠤᠩ ᠴᠢᠬᠤᠯᠠ ᠶᠤᠮ᠂ ᠲᠠᠷᠡ ᠨᠢ | ᠠᠷᠠᠳ ᠤᠨ ᠠᠮᠢᠲᠤᠷᠠᠯ ᠲᠠᠢ ᠰᠢᠭᠤᠤᠨ ᠬᠠᠷᠢᠴᠠᠭ᠎ᠠ ᠲᠠᠢ᠂ ᠠᠷᠠᠳ ᠢᠷᠭᠡᠳ ᠲᠤ ᠨᠠᠶᠢᠭᠡᠮ ᠤᠨ ᠪᠠᠲᠤᠯᠠᠭ᠎ᠠ ᠶᠢᠨ ᠬᠠᠷᠠᠭᠠᠯᠵᠠᠯ ᠢ ᠡᠷᠭᠡ ᠲᠡᠭᠰᠢ ᠬᠥᠷᠲᠡᠭᠡᠨ᠂ | ᠨᠡᠶᠢᠭᠡᠮ ᠤᠨ ᠥᠢᠯᠡᠰ ᠤᠨ ᠬᠥᠭᠵᠢᠯᠲᠡ᠂ ᠠᠷᠠᠳ ᠲᠥᠮᠡᠨ ᠤ ᠪᠤᠶᠠᠨ ᠬᠡᠰᠢᠭ ᠢ ᠨᠡᠮᠡᠭᠲᠡᠬᠦᠯᠬᠦ ᠴᠢᠬᠤᠯᠠ ᠪᠠᠲᠤᠯᠠᠭ᠎ᠠ ᠪᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ | ᠺᠠᠷᠲ ᠲᠡᠯᠭᠡᠷᠵᠢᠭᠦᠯᠤᠨ ᠬᠡᠷᠡᠭᠯᠡᠭᠰᠡᠨ ᠨᠢ ᠨᠡᠶᠢᠭᠡᠮ ᠤᠨ ᠲᠠᠭᠠᠳᠬᠠᠯ ᠳᠤ ᠤᠷᠤᠯᠴᠠᠭᠰᠠᠳ ᠡᠯ᠎ᠠ ᠵᠥᠢᠯ ᠤᠨ ᠲᠠᠭᠠᠳᠬᠠᠯ ᠳᠤ ᠤᠷᠤᠯᠴᠠᠬᠤ ᠰᠥᠢᠳᠭᠡᠯ ᠲᠤᠰᠢᠶᠠᠬᠤ | ᠭᠡᠷᠡᠴᠢ ᠶᠢ ᠲᠠᠬᠢᠨ ᠭᠥᠢᠴᠡᠳᠭᠡᠬᠦ ᠴᠢᠬᠤᠯᠠ ᠥᠭᠡᠢ ᠪᠤᠯᠭᠠᠵᠤ᠂ ᠲᠠᠭᠠᠳᠬᠠᠯ ᠳᠤ ᠤᠷᠤᠯᠴᠠᠬᠤ ᠂ ᠰᠥᠢᠳᠭᠡᠯ ᠲᠤᠰᠢᠶᠠᠬᠤ᠂ ᠲᠠᠭᠠᠳᠬᠠᠯ ᠳᠤ ᠥᠷᠬᠦᠯᠵᠢᠯᠡᠨ | ᠤᠷᠤᠯᠴᠠᠬᠤ᠂ ᠬᠠᠷᠠᠭᠠᠯᠵᠠᠯ ᠢ ᠭᠠᠷᠭᠠᠨ ᠠᠪᠬᠤ ᠳᠤ ᠨᠢᠭᠡ ᠬᠠᠭᠤᠲᠠᠰᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠲᠠᠮᠵᠢᠨ ᠪᠡᠶᠡᠯᠡᠬᠦᠯᠵᠤ ᠪᠤᠯᠤᠨ᠎ᠠ᠃ | ᠨᠠᠶᠢᠭᠡᠮ ᠤᠨ ᠪᠠᠲᠤᠯᠠᠭ᠎ᠠ ᠶᠢᠨ ᠺᠠᠷᠲ ᠤᠨ ᠵᠤᠭᠤᠰ ᠬᠠᠲᠠᠭᠠᠯᠠᠵᠤ ᠵᠤᠭᠤᠰ ᠭᠠᠷᠭᠠᠨ ᠠᠪᠬᠤ ᠪᠠ ᠲᠠᠩᠰᠠ ᠰᠢᠯᠵᠢᠬᠦᠯᠬᠦ ᠵᠡᠷᠭᠡ ᠮᠥᠩᠭᠦᠨ ᠬᠥᠢᠯᠭᠡᠭᠡᠨ ᠤ | ᠴᠢᠲᠠᠪᠬᠢ ᠶᠢ ᠭᠡᠷᠡᠭᠯᠡᠬᠦ ᠳᠤ ᠪᠠᠰᠠ ᠭᠠᠷᠳᠠᠮ ᠤᠨ ᠰᠥᠢᠳᠭᠡᠯ ᠢ ᠬᠠᠰᠤᠨ ᠬᠡᠯᠲᠤᠷᠢᠬᠦᠯᠬᠦ ᠬᠠᠷᠠᠭᠠᠯᠵᠠᠯ ᠢ ᠬᠥᠷᠲᠡᠨᠠ᠃ ᠡᠲᠤᠷ ᠲᠤᠲᠤᠮ ᠤᠨ ᠠᠮᠢᠲᠤᠷᠠᠯ ᠳᠤ | ᠨᠡᠶᠢᠭᠡᠮ ᠤᠨ ᠪᠠᠲᠤᠯᠠᠭ᠎ᠠ ᠶᠢᠨ ᠺᠠᠷᠲ ᠢ ᠭᠡᠷᠡᠭᠯᠡᠬᠦ ᠳᠤ ᠪᠡᠯᠡᠨ ᠵᠤᠭᠤᠰ ᠠᠪᠴᠤ ᠶᠠᠪᠤᠬᠤ ᠶᠢ ᠪᠠᠭᠠᠰᠬᠠᠵᠤ᠂ ᠬᠤᠭᠤᠷᠤᠨᠲᠤ ᠪᠠᠨ ᠵᠤᠬᠢᠴᠠᠬᠤ ᠥᠭᠡᠢ ᠡᠯ᠎ᠡ ᠵᠥᠢᠯ ᠤᠨ | ᠺᠠᠷᠲ ᠵᠢᠴᠢ ᠥᠨᠡᠮᠯᠡᠯ ᠢ ᠪᠡᠶ᠎ᠡ ᠳᠡᠭᠡᠨ ᠠᠪᠴᠤ ᠶᠠᠪᠤᠬᠤ ᠠᠴᠠ ᠵᠠᠶᠢᠯᠠᠰᠬᠢᠵᠤ᠂ ᠵᠢᠩᠬᠢᠨᠢ ᠪᠠᠷ︽ᠨᠢᠭᠡ ᠺᠠᠷᠲ ᠤᠨ ᠤᠯᠠᠨ ᠬᠡᠷᠡᠭᠯᠡᠭᠡᠨ᠂ ᠨᠢᠭᠡ ᠺᠠᠷᠲ ᠤᠨ ᠨᠡᠶᠢᠲᠡᠮ | ᠭᠡᠷᠡᠭᠯᠡᠭᠡᠨ︾ ᠶᠢ ᠪᠡᠶᠡᠯᠡᠬᠦᠯᠵᠤ᠂ ᠤᠯᠠᠨ ᠨᠠᠶᠢᠲᠡ ᠶᠢᠨ ᠠᠮᠢᠲᠤᠷᠠᠯ ᠳᠤ ᠲᠥᠬᠦᠮ ᠥᠵᠡᠬᠦᠯᠬᠦ ᠮᠥᠷᠲᠡᠭᠡᠨ ᠨᠡᠶᠢᠭᠡᠮ ᠤᠨ ᠥᠪᠡᠷ ᠤᠨ ᠥᠷᠲᠡᠭ ᠢ ᠠᠷᠪᠢᠯᠠᠬᠤ | ᠪᠤᠯᠤᠨ᠎ᠠ᠃ | ︵ᠶᠢᠤ ᠡᠷᠬᠢᠯᠡᠭᠴᠢ︶ ᠺᠠᠷᠲ ᠲᠠᠢ ᠬᠥᠮᠤᠨ ᠨᠡᠶᠢᠭᠡᠮ ᠤᠨ ᠲᠠᠭᠠᠳᠬᠠᠯ ᠤᠨ ᠬᠠᠷᠢᠴᠠᠭ᠎ᠠ ᠪᠠᠨ ᠲᠠᠭᠤᠰᠬᠠᠬᠤ ᠶᠢ ᠭᠥᠢᠴᠡᠳᠭᠡᠭᠰᠡᠨ ᠤ ᠲᠠᠷᠠᠭ᠎ᠠ᠂ | ᠨᠡᠶᠢᠭᠡᠮ ᠤᠨ ᠪᠠᠲᠤᠯᠠᠭ᠎ᠠ ᠶᠢᠨ ᠺᠡᠷᠲ ᠲᠠᠶᠢᠯᠠᠬᠤ ᠭᠠᠷᠲᠠᠮ ᠢ ᠭᠥᠢᠴᠡᠳᠭᠡᠬᠦ ᠴᠢᠬᠤᠯᠠ ᠲᠠᠢ᠃ ᠨᠡᠶᠢᠭᠡᠮ ᠤᠨ ᠪᠠᠲᠤᠯᠠᠭ᠎ᠠ ᠶᠢᠨ ᠺᠡᠷᠲ ᠲᠠᠶᠢᠯᠠᠬᠤ ᠭᠠᠷᠲᠠᠮ ᠢ | ᠬᠥᠢᠴᠡᠳᠭᠡᠬᠦ ᠥᠶᠡᠰ᠂ ᠨᠠᠶᠢᠭᠡᠮ ᠤᠨ ᠪᠠᠲᠤᠯᠠᠭ᠎ᠠ ᠶᠢᠨ ᠺᠠᠷᠲ᠂ ᠬᠥᠴᠤᠨ ᠲᠠᠢ ᠪᠡᠶ᠎ᠠ ᠶᠢᠨ ᠥᠨᠡᠮᠯᠡᠯ ᠤᠨ ᠤᠭ ᠮᠠᠲ᠋ᠧᠷᠢᠶᠠᠯ ᠪᠠ ᠨᠡᠶᠢᠭᠡᠮ ᠤᠨ ᠲᠠᠭᠠᠳᠬᠠᠯ ᠤᠨ | ᠬᠠᠷᠢᠴᠠᠭ᠎ᠠ ᠶᠢ ᠲᠠᠭᠤᠰᠬᠠᠬᠤ ᠭᠡᠷᠡᠴᠢ ᠪᠠᠨ ᠠᠪᠴᠤ᠂ ᠤᠷᠢᠲᠠᠪᠠᠷ ᠨᠠᠶᠢᠭᠡᠮ ᠤᠨ ᠪᠠᠲᠤᠯᠠᠭ᠎ᠠ ᠶᠢᠨ ᠺᠡᠷᠲ ᠤᠨ ᠶᠡᠷᠤᠩᠭᠡᠢ ᠥᠢᠯᠡᠴᠢᠯᠡᠭᠡᠨ ᠤ ᠭᠠᠵᠠᠷ ᠬᠥᠷᠴᠤ | ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠥᠮᠤᠨ ᠤ ᠬᠥᠴᠤᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠭᠡᠷᠡᠭᠯᠡᠭᠡᠨ ᠤ ᠺᠡᠷᠲ ᠲᠠᠶᠢᠯᠠᠬᠤ ᠭᠠᠷᠲᠠᠮ ᠢ | ᠭᠥᠢᠴᠡᠳᠭᠡᠵᠤ᠂ ᠬᠥᠮᠤᠨ ᠤ ᠬᠥᠴᠤᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠭᠠᠷᠭᠠᠵᠤ ᠥᠭᠬᠦᠭᠰᠡᠡ ᠲᠠᠩᠰᠠ ᠲᠠᠶᠢᠯᠠᠬᠤ | ᠮᠡᠲᠡᠭᠲᠡᠯ ᠤᠨ ᠪᠢᠴᠢᠭ ᠢ ᠠᠪᠴᠤ ᠬᠤᠷᠰᠢᠨ ᠠᠵᠢᠯᠯᠠᠬᠤ ᠪᠠᠩᠬᠢ ᠳᠤ ᠬᠥᠷᠴᠤ ᠮᠥᠩᠬᠦᠨ ᠬᠥᠢᠯᠭᠡᠭᠡᠨ ᠤ ᠭᠡᠷᠡᠭᠯᠡᠭᠡᠨ ᠤ ᠲᠠᠩᠰᠠ ᠲᠠᠶᠢᠯᠠᠬᠤ ᠶᠢ ᠪᠡᠶᠡᠯᠡᠬᠦᠯᠵᠤ᠂ | ᠬᠤᠷᠰᠢᠨ ᠠᠵᠢᠯᠯᠠᠬᠤ ᠪᠠᠩᠬᠢ ᠺᠠᠷᠲ ᠪᠠᠨ ᠪᠤᠴᠠᠭᠠᠨ ᠬᠤᠷᠢᠶᠠᠨ᠎ᠠ᠃ ᠬᠤᠷᠰᠢᠨ ᠠᠵᠢᠯᠯᠠᠬᠤ ᠪᠠᠩᠬᠢ ᠲᠠᠩᠰᠠ ᠲᠠᠶᠢᠯᠤᠭᠰᠠᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ | ᠬᠡᠮᠭᠡᠯᠡᠨ ᠤᠰᠠᠳᠬᠠᠵᠤ᠂ ᠬᠡᠮᠭᠡᠯᠡᠨ ᠤᠰᠠᠳᠬᠠᠭᠰᠠᠨ ᠪᠤᠴᠠᠭᠠᠯ ᠪᠠᠷᠢᠮᠲᠠ ᠪᠠᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠶᠠᠷᠤᠩᠭᠡᠢ ᠥᠢᠯᠡᠴᠢᠯᠡᠭᠡᠨ ᠤ ᠭᠠᠵᠠᠷ | ᠬᠥᠷᠭᠡᠨ᠎ᠠ᠃ ᠪᠤᠰᠤᠤᠨ ᠲᠤ ᠨᠠᠶᠢᠲᠠᠨ ᠤᠷᠤᠯᠠᠨ ᠭᠥᠢᠴᠳᠭᠡᠭᠰᠡᠨ ᠪᠤᠯ ᠪᠠᠰᠠ ᠤᠷᠤᠯᠠᠭᠴᠢ ᠶᠢᠨ ᠪᠡᠶ᠎ᠡ ᠶᠢᠨ ᠥᠨᠡᠮᠯᠡᠯ ᠤᠨ ᠤᠭ ᠮᠠᠲ᠋ᠧᠷᠢᠶᠠᠯ ᠵᠢᠴᠢ ᠺᠡᠷᠲ ᠲᠠᠢ | ᠬᠥᠮᠤᠨ ᠤ ᠪᠡᠶ᠎ᠡ ᠶᠢᠨ ᠥᠨᠡᠮᠯᠡᠯ ᠤᠨ ᠲᠠᠷᠤᠮᠠᠯᠯᠠᠯ ᠮᠠᠲ᠋ᠧᠷᠢᠶᠠᠯ ᠢ ᠲᠤᠰᠢᠶᠠᠪᠠᠯ ᠵᠤᠬᠢᠨ᠎ᠠ᠃ |