| ᠰᠤᠷᠪᠤᠯᠵᠢᠯᠠᠭᠰᠠ ᠴᠠᠭ᠄ 2018.08.07 16᠄ 45 | ᠰᠤᠷᠪᠤᠯᠵᠢᠯᠠᠭ᠎ᠠ ᠬᠥᠯᠢᠶᠡᠭᠴᠢ᠄ ᠲᠥᠩᠯᠢᠶᠤᠤ ᠬᠤᠲᠠ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ ᠶᠢᠨ ᠲᠡᠳ᠋ ᠲᠠᠷᠤᠭ᠎ᠠ ᠬᠥᠩ | ᠰᠢᠶᠤᠤ ᠶᠥᠩ | ᠰᠤᠷᠪᠤᠯᠵᠢᠯᠠᠭ᠎ᠠ ᠶᠢᠨ ᠪᠠᠶᠢᠲᠠᠯ᠄ ᠨᠢᠭᠡᠨᠲᠡ ᠲᠡᠬᠦᠰᠪᠡ | ᠭᠤᠤᠯ ᠠᠭᠤᠯᠭ᠎ᠠ᠄ 2018 ᠤᠨ ᠪᠤᠯ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠭᠰᠠᠨ ᠡᠬᠢᠯᠡᠯᠲᠡ ᠶᠢᠨ ᠵᠢᠯ | ᠪᠤᠯᠤᠨ᠎ᠠ᠂ ᠥᠭᠡᠷᠡᠴᠢᠯᠠᠯᠲᠠ ᠨᠡᠭᠡᠭᠡᠯᠲᠡ ᠬᠢᠭᠰᠡᠨ 40 ᠤᠢ ᠪᠤᠯᠤᠨ᠎ᠠ᠂ ᠪᠥᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠰᠢᠢᠳᠪᠤᠷᠢᠲᠤ ᠢᠯᠠᠯᠲᠠ ᠶᠢ ᠤᠯᠵᠤ᠂ | 《13·5》 ᠶᠢᠨ ᠲᠥᠯᠤᠪᠵᠢᠬᠦᠯᠭᠡ ᠶᠢ ᠭᠡᠷᠡᠭᠵᠢᠬᠦᠯᠬᠦ ᠲᠡᠭᠡᠷᠡᠭᠢ ᠶᠢ ᠵᠠᠯᠭᠠᠮᠵᠢᠯᠠᠵᠤ ᠲᠤᠷᠤᠭᠰᠢ ᠤᠯᠠᠮᠵᠢᠯᠠᠬᠤ ᠵᠠᠩᠬᠢᠯᠠᠭ᠎ᠠ ᠶᠢᠨ ᠵᠢᠯ ᠪᠤᠯᠤᠨ᠎ᠠ᠃ ᠲᠥᠩᠯᠢᠶᠤᠤ | ᠬᠤᠲᠠ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠰᠢ ᠶᠢᠨ ᠫᠢᠩ ᠤᠨ ᠰᠢᠨ᠎ᠡ ᠴᠠᠭ ᠥᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠤ᠂ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠵᠤ᠂ ᠬᠥᠭᠡᠮᠲᠡᠭ ᠠᠭᠤᠯᠠ ᠤᠰᠤ ᠪᠤᠯ ᠠᠯᠲᠠ ᠮᠥᠩᠬᠦᠨ ᠠᠭᠤᠯᠠ ᠭᠡᠬᠦ ᠠᠭᠤᠯᠤᠭᠲᠠᠬᠤᠨ ᠢ ᠶᠡᠭᠡᠪᠡᠷ ᠥᠢᠯᠡᠲᠤᠯᠭᠡᠵᠢᠬᠦᠯᠵᠤ᠂ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠤᠷᠲᠤᠨ ᠤ ᠰᠢᠢᠳᠪᠤᠷᠢᠲᠤ ᠪᠠᠶᠢᠷᠢᠭᠤᠯᠤᠯᠲᠠ ᠶᠢᠨ ᠶᠤᠰᠤᠭᠠᠷ᠂ ᠪᠤᠬᠢᠷᠲᠠᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ | ᠢᠯᠡᠯᠲᠡ ᠶᠢ ᠪᠠᠲᠤ ᠲᠠᠢ ᠤᠯᠵᠤ᠂ ᠤᠷᠴᠢᠨ ᠲᠤᠭᠤᠷᠢᠨ ᠤ ᠲᠤᠪᠤᠶᠢᠮ᠎ᠠ ᠠᠰᠠᠭᠤᠲᠠᠯ ᠢ ᠬᠥᠴᠤᠯᠠᠡ ᠰᠡᠶᠢᠳᠪᠤᠷᠢᠯᠡᠵᠤ᠂ ᠤᠷᠴᠢᠨ ᠲᠤᠭᠤᠷᠢᠨ ᠤ ᠴᠢᠨᠰᠠᠭ᠎ᠠ ᠶᠢ | ᠥᠷᠬᠦᠯᠵᠢᠯᠡᠨ ᠰᠠᠶᠢᠵᠢᠷᠠᠭᠤᠯᠵᠤ᠂ ᠠᠷᠠᠳ ᠤᠨ ᠡᠲᠤᠷ ᠢᠷᠡᠬᠦᠶ᠎ᠠ ᠨᠡᠮᠡᠭᠲᠡᠵᠥ ᠪᠠᠶᠢᠭ᠎ᠠ ᠭᠤᠶᠤ ᠰᠠᠶᠢᠬᠠᠨ ᠠᠮᠢ ᠠᠬᠤᠢ ᠶᠢᠨ ᠤᠷᠴᠢᠨ ᠲᠤᠭᠤᠷᠢᠨ ᠤ ᠬᠡᠷᠡᠭᠴᠡᠭᠡ ᠶᠢ | ᠲᠠᠰᠤᠷᠠᠯᠲᠠ ᠥᠭᠡᠢ ᠬᠠᠩᠭᠠᠨ᠎ᠠ᠃ | ︵ᠬᠥᠲᠥᠯᠥᠭᠴᠢ︶ ᠤᠷᠴᠢᠨ ᠲᠤᠭᠤᠷᠢᠨ ᠤ ᠬᠠᠮᠠᠭᠠᠯᠠᠯᠲᠠ ᠡᠲᠤᠷ ᠢᠷᠡᠬᠦᠶ᠎ᠠ ᠡᠯ᠎ᠠ ᠱᠠᠲᠤᠨ ᠤ ᠨᠠᠮ ᠤᠨ ᠬᠤᠷᠢᠶ᠎ᠠ ᠵᠠᠰᠠᠭ ᠤᠨ ᠤᠷᠲᠤᠨ ᠳᠤ | ᠠᠩᠬᠠᠷᠤᠭᠲᠠᠵᠤ᠂ ᠨᠠᠶᠢᠭᠡᠮ ᠤᠨ ᠡᠯ᠎ᠠ ᠡᠲᠡᠭᠡᠳ ᠤᠨ ᠠᠩᠬᠠᠷᠤᠯ ᠢ ᠤᠯᠠᠮ ᠲᠠᠲᠠᠵᠤ ᠪᠠᠶᠢᠨ᠎ᠠ᠃ ᠲᠥᠩᠯᠢᠶᠤᠤ ᠬᠤᠲᠠ ᠶᠢᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠤᠯ ᠬᠠᠮᠢᠶᠠᠷᠬᠤ ᠰᠠᠯᠠᠭ᠎ᠠ ᠮᠥᠴᠢᠷ ᠪᠤᠯᠤᠭᠰᠠᠨ ᠤ ᠬᠤᠪᠢ ᠳᠤ᠂ ᠡᠨᠡ ᠵᠢᠯ ᠤᠨ ᠠᠵᠢᠯ ᠤᠨ ᠰᠡᠳᠬᠢᠮᠵᠢ ᠶᠠᠭᠤ ᠪᠢᠯᠡ︖ | ᠭᠤᠤᠯᠲᠠᠭᠤ ᠠᠯᠢ ᠠᠯᠢ ᠠᠵᠢᠯ ᠢ ᠥᠷᠨᠢᠬᠦᠯᠬᠦ ᠪᠤᠢ︖ | ︵ᠭᠥᠩ ᠲᠤᠪᠴᠢᠶ᠎ᠠ ᠶᠢᠨ ᠲᠠᠷᠤᠭ᠎ᠠ︶ 2018 ᠤᠨ ᠪᠤᠯ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠭᠰᠠᠨ | ᠡᠬᠢᠯᠡᠯᠲᠡ ᠶᠢᠨ ᠵᠢᠯ ᠪᠤᠯᠤᠨ᠎ᠠ᠂ ᠥᠭᠡᠷᠡᠴᠢᠯᠠᠯᠲᠠ ᠨᠡᠭᠡᠭᠡᠯᠲᠡ ᠬᠢᠭᠰᠡᠨ 40 ᠤᠢ ᠪᠤᠯᠤᠨ᠎ᠠ᠂ ᠪᠥᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠰᠢᠢᠳᠪᠤᠷᠢᠲᠤ | ᠢᠯᠠᠯᠲᠠ ᠶᠢ ᠤᠯᠵᠤ᠂《13·5》 ᠶᠢᠨ ᠲᠥᠯᠤᠪᠵᠢᠬᠦᠯᠭᠡ ᠶᠢ ᠭᠡᠷᠡᠭᠵᠢᠬᠦᠯᠬᠦ ᠲᠡᠭᠡᠷᠡᠭᠢ ᠶᠢ ᠵᠠᠯᠭᠠᠮᠵᠢᠯᠠᠵᠤ ᠲᠤᠷᠤᠭᠰᠢ ᠤᠯᠠᠮᠵᠢᠯᠠᠬᠤ ᠵᠠᠩᠬᠢᠯᠠᠭ᠎ᠠ ᠶᠢᠨ ᠵᠢᠯ | ᠪᠤᠯᠤᠨ᠎ᠠ᠃ ᠲᠥᠩᠯᠢᠶᠤᠤ ᠬᠤᠲᠠ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠰᠢ ᠶᠢᠨ ᠫᠢᠩ ᠤᠨ ᠰᠢᠨ᠎ᠡ ᠴᠠᠭ ᠥᠶ᠎ᠠ ᠶᠢᠨ ᠲᠤᠮᠲᠠᠲᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠤ᠂ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠬᠥᠭᠡᠮᠲᠡᠭ ᠠᠭᠤᠯᠠ ᠤᠰᠤ ᠪᠤᠯ ᠠᠯᠲᠠ ᠮᠥᠩᠬᠦᠨ ᠠᠭᠤᠯᠠ ᠭᠡᠬᠦ ᠠᠭᠤᠯᠤᠭᠲᠠᠬᠤᠨ ᠢ ᠶᠡᠭᠡᠪᠡᠷ | ᠥᠢᠯᠡᠲᠤᠯᠭᠡᠵᠢᠬᠦᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠲᠤᠨ ᠤ ᠰᠢᠢᠳᠪᠤᠷᠢᠲᠤ ᠪᠠᠶᠢᠷᠢᠭᠤᠯᠤᠯᠲᠠ ᠶᠢᠨ ᠶᠤᠰᠤᠭᠠᠷ᠂ ᠪᠤᠬᠢᠷᠲᠠᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠢᠯᠡᠯᠲᠡ ᠶᠢ ᠪᠠᠲᠤ ᠲᠠᠢ ᠤᠯᠵᠤ᠂ ᠤᠷᠴᠢᠨ ᠲᠤᠭᠤᠷᠢᠨ ᠤ ᠲᠤᠪᠤᠶᠢᠮ᠎ᠠ ᠠᠰᠠᠭᠤᠲᠠᠯ ᠢ ᠬᠥᠴᠤᠯᠠᠡ ᠰᠡᠶᠢᠳᠪᠤᠷᠢᠯᠡᠵᠤ᠂ | ᠤᠷᠴᠢᠨ ᠲᠤᠭᠤᠷᠢᠨ ᠤ ᠴᠢᠨᠰᠠᠭ᠎ᠠ ᠶᠢ ᠥᠷᠬᠦᠯᠵᠢᠯᠡᠨ ᠰᠠᠶᠢᠵᠢᠷᠠᠭᠤᠯᠵᠤ᠂ ᠠᠷᠠᠳ ᠤᠨ ᠡᠲᠤᠷ ᠢᠷᠡᠬᠦᠶ᠎ᠠ ᠨᠡᠮᠡᠭᠲᠡᠵᠥ ᠪᠠᠶᠢᠭ᠎ᠠ ᠭᠤᠶᠤ ᠰᠠᠶᠢᠬᠠᠨ ᠠᠮᠢ ᠠᠬᠤᠢ ᠶᠢᠨ | ᠤᠷᠴᠢᠨ ᠲᠤᠭᠤᠷᠢᠨ ᠤ ᠬᠡᠷᠡᠭᠴᠡᠭᠡ ᠶᠢ ᠲᠠᠰᠤᠷᠠᠯᠲᠠ ᠥᠭᠡᠢ ᠬᠠᠩᠭᠠᠨ᠎ᠠ᠃ ᠭᠤᠤᠯᠲᠠᠭᠤ ᠲᠤᠤᠷᠠᠬᠢ ᠮᠡᠲᠤ ᠠᠵᠢᠯ ᠢ ᠰᠠᠶᠢᠲᠤᠷ ᠠᠳᠬᠤᠨ᠎ᠠ᠃ ᠨᠢᠭᠡ ᠳᠤ | ᠪᠤᠬᠢᠷᠲᠠᠯ ᠢ ᠰᠡᠷᠭᠡᠶᠢᠯᠡᠬᠦ ᠰᠢᠪᠲᠤᠯᠤᠯᠲᠠ ᠶᠢᠨ ᠢᠯᠠᠯᠲᠠ ᠶᠢ ᠪᠠᠲᠤ ᠲᠠᠢ ᠤᠯᠤᠨ᠎ᠠ᠃ ᠪᠤᠬᠢᠷᠲᠠᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠰᠠᠶᠢᠲᠤᠷ ᠬᠢᠬᠦ ᠨᠢ ᠪᠥᠬᠦ | ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠢᠯᠠᠵᠤ ᠢᠯᠠᠭᠲᠠᠬᠤ ᠲᠠᠢ ᠬᠤᠯᠪᠤᠭᠲᠠᠬᠤ ᠠᠰᠠᠭᠤᠲᠠᠯ ᠮᠥᠨ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ | ᠲᠡᠰ ᠲᠡᠪᠰᠢᠬᠦᠯᠬᠦ ᠪᠠ ᠥᠨᠲᠤᠷ ᠴᠢᠨᠰᠠᠭ᠎ᠠ ᠲᠠᠢ ᠬᠥᠭᠵᠢᠬᠦᠯᠥᠯᠲᠡ ᠲᠠᠢ ᠬᠤᠯᠪᠤᠭᠲᠠᠬᠤ ᠠᠰᠠᠭᠤᠲᠠᠯ ᠮᠥᠨ᠂ ᠠᠵᠤ ᠠᠬᠤᠢ ᠶᠢᠨ ᠨᠡᠶᠢᠭᠡᠮ ᠤᠨ ᠶᠡᠷᠤᠩᠭᠡᠢ | ᠪᠠᠶᠢᠲᠠᠯ ᠤᠨ ᠲᠤᠭᠲᠠᠭᠤᠨ ᠲᠠᠢ ᠬᠤᠯᠪᠤᠭᠲᠠᠬᠤ ᠠᠰᠠᠭᠤᠲᠠᠯ ᠮᠥᠨ᠃ ᠡᠨᠡ ᠵᠢᠯ᠂ ᠪᠥᠬᠦ ᠬᠤᠲᠠ ᠶᠢᠨ ᠪᠤᠬᠢᠷᠲᠠᠯ ᠢ ᠰᠡᠷᠭᠡᠶᠢᠯᠡᠡ ᠵᠠᠰᠠᠬᠤ ᠰᠢᠪᠲᠤᠯᠤᠯᠲᠠ ᠶᠢᠨ | ᠭᠤᠷᠪᠠᠨ ᠵᠢᠯ ᠤᠨ ᠠᠵᠢᠯᠯᠠᠭ᠎ᠠ ᠶᠢᠨ ᠲᠥᠰᠤᠯ ᠶᠤᠰᠤᠭᠠᠷ᠂ ᠪᠥᠬᠦ ᠬᠤᠲᠠ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠬᠥᠬᠡ ᠲᠡᠭᠷᠢ ᠶᠢᠨ | ᠬᠠᠮᠠᠭᠠᠯᠠᠯᠲᠠ᠂ ᠬᠥᠭᠡᠮᠲᠡᠭ ᠤᠰᠤ ᠶᠢᠨ ᠠᠵᠢᠯᠯᠠᠭ᠎ᠠ᠂ ᠠᠷᠢᠭᠤᠨ ᠬᠥᠷᠤᠰᠤ ᠶᠢᠨ ᠠᠵᠢᠯᠯᠠᠭ᠎ᠠ ᠶᠢ ᠬᠥᠴᠤᠯᠠᠡ ᠠᠳᠬᠤᠵᠤ᠂ ᠠᠵᠤ ᠥᠢᠯᠡᠳᠪᠤᠷᠢ ᠶᠢᠨ ᠪᠥᠬᠢᠷᠲᠠᠯ ᠤᠨ | ᠰᠤᠷᠪᠤᠯᠵᠢ ᠶᠢ ᠪᠠᠷᠢᠮᠵᠢᠶ᠎ᠠ ᠳᠤ ᠬᠥᠷᠭᠡᠨ ᠭᠠᠲᠠᠭᠰᠢᠯᠠᠭᠤᠯᠬᠤ ᠲᠥᠯᠤᠪᠵᠢᠭᠦᠯᠭᠡ ᠶᠢ ᠠᠬᠢᠭᠤᠯᠵᠤ᠂ ᠲᠠᠷᠢᠶᠠᠯᠠᠩ ᠤᠨ ᠢᠯᠡ ᠰᠤᠷᠪᠤᠯᠵᠢ ᠪᠠ ᠬᠥᠲᠡᠭᠡ ᠲᠤᠰᠬᠤᠨ ᠤ | ᠤᠷᠴᠢᠨ ᠲᠤᠭᠤᠷᠢᠨ ᠢ ᠶᠡᠷᠥᠩᠬᠡᠶᠢᠯᠡᠨ ᠵᠠᠰᠠᠬᠤ ᠲᠥᠯᠤᠪᠵᠢᠬᠦᠯᠭᠡ ᠶᠢ ᠶᠡᠭᠡ ᠬᠥᠴᠤᠨ ᠢᠶᠠᠷ ᠥᠷᠨᠢᠬᠦᠯᠵᠤ᠂ ᠰᠢᠪᠲᠤᠯᠤᠯᠲᠠ ᠶᠢᠨ ᠰᠠᠶᠢᠨ ᠡᠬᠢᠯᠡᠯᠲᠡ᠂ ᠰᠠᠶᠢᠨ | ᠠᠯᠬᠤᠴᠠ᠂ ᠠᠩᠬᠠᠨ ᠤ ᠢᠯᠠᠯᠲᠠ ᠶᠢ ᠥᠨᠡᠨᠬᠦ ᠪᠠᠲᠤᠯᠠᠨ᠎ᠠ᠃ ᠬᠤᠶᠠᠷ ᠲᠤ ᠠᠰᠠᠭᠤᠲᠠᠯ ᠤᠨ ᠤᠲᠤᠷᠢᠲᠤᠮᠵᠢ ᠶᠢ ᠪᠠᠷᠢᠮᠲᠠᠯᠠᠵᠤ᠂ ᠴᠡᠭᠴᠡᠯᠡᠨ ᠥᠭᠡᠷᠡᠴᠢᠯᠡᠬᠦ ᠶᠢ | ᠨᠠᠶᠢᠲᠠᠪᠤᠷᠢᠵᠢᠭᠤᠯᠬᠤ ᠠᠵᠢᠯ ᠢ ᠪᠠᠲᠤ ᠲᠥᠯᠬᠢᠨ ᠠᠬᠢᠭᠤᠯᠤᠨ᠎ᠠ᠃ ᠲᠥᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠲᠠᠨ ᠪᠠᠶᠢᠴᠠᠭᠠᠯᠲᠠ᠂ ᠥᠪᠡᠷᠲᠡᠭᠡᠨ | ᠵᠠᠰᠠᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ ᠶᠢᠨ ᠬᠠᠷᠢᠭᠤ ᠲᠤᠰᠬᠠᠭᠰᠠᠨᠠᠰᠠᠭᠤᠲᠠᠯ ᠨᠢ ᠮᠠᠨ ᠤ | ᠬᠤᠲᠠ ᠶᠢᠨ ᠠᠭᠠᠷ ᠮᠠᠲᠠᠯ ᠪᠠ ᠤᠰᠤᠨ ᠤ ᠪᠤᠬᠢᠷᠲᠠᠯ ᠢ ᠰᠡᠷᠭᠡᠶᠢᠯᠡᠨ ᠵᠠᠰᠠᠬᠤ᠂ ᠤᠰᠤᠨ ᠤ ᠰᠤᠷᠪᠤᠯᠵᠢ ᠶᠢᠨ ᠬᠠᠮᠠᠭᠠᠯᠠᠯᠲᠠ᠂ ᠪᠠᠶᠢᠭᠠᠯᠢ ᠶᠢᠨ ᠬᠠᠮᠠᠭᠠᠯᠠᠯᠲᠠ ᠶᠢᠨ | ᠤᠷᠤᠨ ᠤ ᠬᠠᠮᠢᠶᠠᠷᠤᠯᠲᠠ ᠵᠡᠷᠭᠡ ᠤᠯᠠᠨ ᠲᠠᠯ᠎ᠠ ᠤᠯᠠᠨ ᠬᠥᠷᠢᠶ᠎ᠠ ᠬᠡᠪᠴᠢᠶ᠎ᠠ ᠳᠤ ᠬᠤᠯᠪᠤᠭᠲᠠᠨ᠎ᠠ᠃ ᠡᠨᠡ ᠵᠢᠯ ᠪᠢᠲᠠ ᠠᠰᠠᠭᠤᠲᠠᠯ ᠤᠨ ᠤᠲᠤᠷᠢᠲᠤᠮᠵᠢ ᠶᠢ | ᠪᠠᠷᠢᠮᠲᠠᠯᠠᠵᠤ᠂ ᠠᠵᠢᠯ ᠤᠨ ᠲᠤᠲᠠᠭᠲᠠᠯ ᠲᠠᠢ ᠲᠠᠯ᠎ᠠ ᠳᠤ ᠠᠩᠬᠠᠷᠤᠯ ᠲᠥᠪᠯᠡᠷᠡᠬᠦᠯᠵᠤ᠂ ᠴᠠᠭ ᠤᠨ ᠵᠠᠩᠬᠢᠯᠠᠭ᠎ᠠ ᠶᠢᠨ ᠴᠡᠭ ᠢ ᠠᠳᠬᠤᠵᠤ᠂ ᠤᠯᠤᠰ ᠲᠥᠷᠤ ᠶᠢ | ᠡᠷᠬᠢᠮᠯᠡᠬᠦ᠂ ᠶᠠᠷᠤᠩᠭᠡᠢ ᠪᠠᠶᠢᠲᠠᠯ ᠢ ᠡᠵᠡᠮᠰᠢᠬᠦ᠂ ᠬᠥᠭᠵᠢᠬᠦᠯᠥᠯᠲᠡ ᠶᠢ ᠠᠬᠢᠭᠤᠯᠬᠤ ᠥᠨᠲᠤᠷᠴᠨ ᠠᠴᠠ ᠡᠯ᠎ᠠ ᠵᠥᠢᠯ ᠤᠨ ᠠᠷᠭ᠎ᠠ ᠬᠡᠮᠵᠢᠶ᠎ᠡ ᠶᠢᠨ | ᠨᠠᠶᠢᠲᠠᠪᠤᠷᠢᠵᠢᠭᠤᠯᠤᠯᠲᠠ ᠶᠢ ᠪᠥᠬᠦ ᠬᠥᠴᠤᠨ ᠢᠶᠠᠷ ᠰᠠᠶᠢᠲᠤᠷ ᠠᠳᠬᠤᠵᠤ᠂ ᠪᠥᠬᠦ ᠵᠢᠯ ᠤᠨ ᠴᠡᠭᠴᠡᠯᠡᠨ ᠥᠭᠡᠷᠡᠴᠢᠯᠡᠬᠦ ᠡᠬᠦᠷᠭᠡ ᠶᠢ ᠥᠨᠡᠨᠬᠦ ᠪᠡᠶᠡᠯᠡᠬᠦᠯᠤᠨ᠎ᠠ᠃ | ᠭᠤᠷᠪᠠ ᠳᠤ ᠥᠭᠡᠷᠡᠴᠢᠯᠠᠯᠲᠠ ᠰᠢᠨ᠎ᠡ ᠡᠭᠦᠲᠥᠯᠲᠡ ᠶᠢ ᠪᠠᠷᠢᠮᠲᠠᠯᠠᠵᠤ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠲᠠᠨ ᠪᠠᠶᠢᠴᠠᠭᠠᠯᠲᠠ ᠶᠢᠨ | ᠬᠠᠮᠢᠶᠠᠷᠤᠯᠲᠠ ᠶᠢᠨ ᠴᠢᠨᠠᠷ ᠴᠢᠨᠰᠠᠭ᠎ᠠ ᠪᠠ ᠴᠢᠲᠠᠪᠬᠢ ᠶᠢ ᠪᠥᠬᠦ ᠲᠠᠯ᠎ᠠ ᠪᠠᠷ ᠲᠡᠭᠡᠭᠰᠢᠯᠡᠬᠦᠯᠥᠨ᠎ᠡ᠃ ᠡᠨᠡ ᠵᠢᠯ ᠪᠤᠯ ᠬᠤᠲᠠ ᠶᠢᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠲᠤᠪᠴᠢᠶ᠎ᠠ ᠪᠠᠶᠢᠭᠤᠯᠤᠭᠳᠠᠭᠰᠠᠨ 20 ᠤᠢ ᠪᠤᠯᠤᠨ᠎ᠠ᠃ ᠲᠤᠪᠴᠢᠶ᠎ᠠ ᠶᠢᠨ ᠨᠠᠮ ᠤᠨ ᠲᠤᠭᠤᠶᠢᠯᠠᠩ ᠪᠥᠬᠦ ᠰᠢᠰᠲ᠋ᠧᠮ ᠳᠤ《ᠴᠢᠨᠠᠷ ᠴᠢᠨᠰᠠᠭ᠎ᠠ | ᠲᠡᠭᠡᠭᠰᠢᠯᠡᠬᠦᠯᠵᠥ᠂ ᠴᠢᠲᠠᠪᠬᠢ ᠶᠢ ᠲᠡᠭᠡᠭᠰᠢᠯᠡᠬᠦᠯᠬᠦ ᠤᠨ》 ᠤ ᠠᠵᠢᠯᠯᠠᠭ᠎ᠠ ᠥᠷᠨᠢᠬᠦᠯᠬᠦ ᠪᠠᠷ ᠲᠤᠭᠲᠠᠪᠠ᠃ ᠥᠭᠡᠷᠡᠴᠢᠯᠠᠯᠲᠠ ᠰᠢᠨ᠎ᠡ ᠡᠭᠦᠲᠤᠯᠲᠠ ᠪᠠᠷ ᠬᠥᠲᠡᠯᠭᠡᠬᠦᠷ | ᠪᠤᠯᠭᠠᠨ᠂ ᠤᠷᠴᠢᠨ ᠲᠤᠭᠤᠷᠢᠨ ᠤ ᠬᠥᠷᠢᠶ᠎ᠠ ᠬᠡᠪᠴᠢᠶᠠᠨ ᠳᠠᠬᠢ ᠥᠭᠡᠷᠡᠴᠢᠯᠡᠯᠲᠡ ᠶᠢ ᠭᠥᠨᠵᠡᠭᠡᠶᠢᠷᠡᠭᠦᠯᠭᠦ ᠠᠴᠠ᠂ ᠡᠬᠢ ᠰᠤᠷᠪᠤᠯᠵᠢ ᠶᠢ ᠬᠠᠮᠢᠶᠠᠷᠴᠤ ᠬᠢᠵᠠᠭᠠᠷᠯᠠᠬᠤ | ᠴᠢᠲᠠᠪᠬᠢ ᠶᠢ ᠲᠡᠭᠡᠭᠰᠢᠯᠡᠬᠦᠯᠵᠥ᠂ ᠬᠠᠤᠯᠢ ᠬᠡᠷᠡᠭᠵᠢᠭᠦᠯᠬᠦ ᠬᠢᠨᠡᠨ ᠬᠠᠮᠢᠶᠠᠷᠬᠤ ᠬᠥᠴᠤᠴᠨ ᠪᠠᠨ ᠶᠡᠭᠡᠰᠭᠡᠵᠤ᠂ ᠰᠠᠭᠤᠷᠢ ᠬᠠᠮᠢᠶᠠᠷᠤᠯᠲᠠ ᠶᠢᠨ ᠲᠥᠪᠰᠢᠨ ᠢᠶᠠᠨ | ᠲᠡᠭᠡᠭᠰᠢᠯᠡᠭᠦᠯᠥᠨ᠂ ᠭᠤᠤᠯᠲᠠᠯᠭᠠᠲᠤ ᠬᠥᠷᠢᠶ᠎ᠠ ᠬᠡᠪᠴᠢᠶᠠᠨ ᠤ ᠤᠷᠴᠢᠨ ᠲᠤᠭᠤᠷᠢᠨ ᠤ ᠠᠶᠤᠯ ᠢ ᠴᠢᠩᠭ᠎ᠠ ᠰᠡᠷᠭᠡᠶᠢᠯᠡᠬᠦ ᠵᠡᠷᠭᠡ ᠲᠠᠯ᠎ᠠ ᠪᠠᠷ ᠤᠷᠴᠢᠨ ᠲᠤᠭᠤᠷᠢᠨ ᠤ | ᠵᠠᠰᠠᠭ ᠵᠠᠬᠢᠷᠭᠠᠨ ᠤ ᠬᠠᠮᠢᠶᠠᠷᠤᠯᠲᠠ ᠪᠠ ᠬᠠᠤᠯᠢ ᠬᠡᠷᠡᠭᠵᠢᠬᠦᠯᠬᠦ ᠬᠢᠨᠡᠨ ᠬᠠᠮᠢᠶᠠᠷᠤᠯᠲᠠ ᠶᠢᠨ ᠴᠢᠨᠰᠠᠭ᠎ᠠ ᠪᠠ ᠴᠢᠲᠠᠪᠬᠢ ᠶᠢ ᠪᠥᠬᠦ ᠲᠠᠯ᠎ᠠ ᠪᠠᠷ ᠲᠡᠭᠡᠭᠰᠢᠯᠡᠭᠦᠯᠵᠥ᠂ | ᠰᠢᠨ᠎ᠡ ᠲᠥᠷᠢ ᠲᠥᠷᠬᠦ ᠪᠠᠷ ᠰᠢᠨ᠎ᠡ ᠠᠶᠠᠨ ᠢᠶᠠᠨ ᠡᠬᠢᠯᠡᠬᠦᠯᠵᠤ᠂ ᠰᠢᠨ᠎ᠡ ᠠᠵᠢᠯᠯᠠᠭ᠎ᠠ ᠪᠠᠷ ᠰᠢᠨ᠎ᠡ ᠪᠠᠶᠢᠲᠠᠯ ᠢ ᠨᠡᠭᠡᠭᠡᠨ᠎ᠠ᠃ | ︵ᠬᠥᠲᠤᠯᠥᠭᠴᠢ︶ ᠨᠡᠨ ᠵᠢᠯ ᠤᠨ《 ᠬᠤᠶᠠᠷ ᠬᠤᠷᠠᠯ》 ᠠᠴᠠ ᠲᠤᠷᠠᠲᠤᠭᠰᠠᠨ《 ᠭᠤᠷᠪᠠᠨ ᠶᠡᠭᠡ ᠰᠢᠪᠲᠤᠯᠤᠯᠲᠠ》 ᠶᠢ ᠰᠠᠶᠢᠲᠤᠷ ᠬᠢᠬᠦ᠂《 | ᠲᠥᠩᠯᠢᠶᠤᠤ ᠬᠤᠲᠠ ᠶᠢᠨ ᠵᠠᠰᠠᠭ ᠤᠨ ᠤᠷᠲᠤᠨ ᠤ ᠠᠵᠢᠯ ᠤᠨ ᠮᠡᠲᠡᠬᠦᠯᠥᠯᠲᠠ》 ᠳᠤ ᠪᠠᠰᠠ ᠪᠤᠬᠢᠷᠲᠠᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ 2018 ᠤᠨ ᠤ | ᠠᠵᠢᠯ ᠤᠨ ᠲᠤᠬᠢᠷᠠᠭᠤᠯᠤᠯᠲᠠ ᠳᠤ ᠵᠢᠭᠰᠠᠭᠠᠨ ᠤᠷᠤᠭᠤᠯᠪᠠ᠃ ᠠᠰᠠᠭᠤᠬᠤ ᠨᠢ᠂ ᠪᠥᠬᠢᠷᠲᠠᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠳᠤ ᠶᠠᠮᠠᠷ ᠶᠠᠮᠠᠷ ᠪᠤᠲᠠᠲᠠᠢ | ᠠᠷᠭ᠎ᠠ ᠪᠠᠷᠢᠯ ᠢ ᠲᠤᠭᠲᠠᠭᠠᠭᠰᠠᠨ ᠪᠤᠢ︖ | ︵ᠭᠥᠩ ᠲᠤᠪᠴᠢᠶ᠎ᠠ ᠶᠢᠨ ᠲᠠᠷᠤᠭ᠎ᠠ︶ 2020 ᠤᠨ ᠳᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠪᠤᠯ ᠪᠢᠲᠠᠨ ᠤ ᠨᠠᠮ ᠪᠠ ᠠᠷᠠᠳ | ᠲᠥᠮᠡᠨ ᠳᠤ ᠬᠢᠭᠰᠡᠨ ᠲᠥᠪ ᠴᠢᠩᠭ᠎ᠠ ᠠᠮᠠᠯᠲᠠᠭᠠ ᠪᠤᠯᠤᠨ᠎ᠠ᠃ ᠰᠢ ᠶᠡᠷᠤᠩᠭᠡᠢ ᠱᠥᠵᠢ ᠶᠠᠷᠢᠭᠰᠠᠨ ᠨᠢ᠂ ᠪᠥᠬᠦ ᠲᠠᠯ᠎ᠠ ᠪᠠᠷ ᠴᠢᠨᠡᠭᠡᠯᠢᠭᠵᠢᠬᠦ ᠡᠰᠡᠬᠦ᠂ ᠠᠮᠢ | ᠠᠬᠤᠢ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠪᠤᠯ ᠵᠠᠩᠬᠢᠯᠠᠭ᠎ᠠ ᠪᠤᠯᠤᠨ᠎ᠠ᠃ ᠨᠡᠩ ᠲᠥᠷᠭᠡᠨ ᠢᠶᠠᠷ ᠡᠨᠡᠬᠦ ᠲᠤᠲᠠᠭᠲᠠᠯ ᠲᠠᠢ ᠲᠠᠯ᠎ᠠ ᠪᠠᠨ ᠨᠥᠬᠦᠪᠥᠷᠢᠯᠡᠨ | ᠪᠥᠷᠢᠯᠲᠤᠬᠦᠯᠬᠦ ᠶᠢᠨ ᠲᠥᠯᠥᠭᠡ᠂ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠳᠤ ᠪᠤᠬᠢᠷᠲᠠᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢ ᠴᠢᠨᠡᠭᠡᠯᠢᠭ ᠨᠡᠶᠢᠭᠡᠮ ᠢ | ᠪᠥᠬᠦ ᠲᠠᠯ᠎ᠠ ᠪᠠᠷ ᠪᠠᠶᠢᠭᠤᠯᠬᠤ ᠭᠤᠷᠪᠠᠨ ᠶᠡᠭᠡ ᠰᠢᠪᠲᠤᠯᠤᠯᠲᠠ ᠶᠢᠨ ᠨᠢᠭᠡ ᠪᠠᠷ ᠵᠢᠭᠰᠠᠭᠠᠪᠠ᠃ ᠪᠤᠬᠢᠷᠲᠠᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠪᠠᠲᠤ ᠲᠠᠢ | ᠢᠯᠠᠬᠤ ᠪᠤᠯ ᠮᠥᠨ ᠮᠠᠨ ᠤ ᠬᠤᠲᠠ ᠶᠢᠨ ᠲᠤᠭᠲᠠᠭᠠᠭᠰᠠ ᠢᠷᠡᠭᠡᠲᠤᠢ ᠶᠢᠨ ᠲᠠᠪᠤᠨ ᠵᠢᠯ ᠤᠨ ᠲᠤᠲᠤᠷᠠᠬᠢ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠭᠤᠤᠯ ᠡᠭᠦᠷᠭᠡ ᠶᠢᠨ ᠨᠢᠭᠡ ᠪᠤᠯᠤᠨ᠎ᠠ᠃ ᠲᠥᠩᠯᠢᠶᠤᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠲᠤᠨ ᠤ ᠠᠵᠢᠯ ᠤᠨ | ᠲᠤᠬᠢᠷᠠᠭᠤᠯᠤᠯᠲᠠ ᠶᠤᠰᠤᠭᠠᠷ᠂ ᠮᠠᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ《 ᠲᠥᠩᠯᠢᠶᠤᠤ ᠬᠤᠲᠠ ᠶᠢᠨ ᠪᠤᠬᠢᠷᠲᠠᠯ ᠢ ᠰᠡᠷᠭᠡᠶᠢᠯᠡᠨ | ᠵᠠᠰᠠᠬᠤ ᠰᠢᠪᠲᠤᠯᠤᠯᠲᠠ ︵2018—2020 ᠤᠨ︶ ᠤ ᠠᠵᠢᠯᠯᠠᠭ᠎ᠠ ᠶᠢᠨ ᠲᠥᠰᠤᠯ》 ᠢ ᠲᠤᠭᠤᠷᠪᠢᠨ ᠲᠤᠭᠲᠠᠭᠠᠵᠤ᠂ ᠡᠯ᠎ᠡ ᠡᠲᠡᠭᠡᠳ ᠤᠨ ᠬᠥᠴᠤᠨ ᠢ | ᠲᠠᠶᠢᠴᠢᠯᠠᠬᠤ ᠪᠠᠷ ᠪᠡᠯᠡᠳᠭᠡᠵᠤ᠂ ᠡᠯ᠎ᠠ ᠵᠥᠢᠯ ᠤᠨ ᠡᠬᠢ ᠪᠠᠶᠠᠯᠢᠭ ᠢ ᠴᠡᠭᠴᠡᠯᠡᠨ ᠨᠢᠭᠡᠳᠭᠡᠨ᠂ ᠡᠯ᠎ᠡ ᠵᠥᠢᠯ ᠤᠨ ᠠᠷᠭ᠎ᠠ ᠪᠠᠷᠢᠯ ᠢ ᠴᠢᠩᠭᠠᠳᠬᠠᠵᠤ᠂ ᠭᠤᠷᠪᠠᠨ ᠵᠢᠯ ᠢ | ᠠᠰᠢᠭᠯᠠᠨ᠂ ᠪᠤᠬᠢᠷᠲᠠᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠢ ᠪᠠᠲᠤ ᠲᠠᠢ ᠢᠯᠠᠨ᠎ᠠ᠃ ᠪᠥᠬᠦ ᠬᠤᠲᠠ ᠶᠢᠨ ᠭᠤᠤᠯ ᠪᠤᠬᠢᠷᠲᠠᠯ ᠪᠤᠲᠠᠰ ᠢ ᠭᠠᠲᠠᠭᠰᠢᠯᠠᠭᠤᠯᠬᠤ | ᠶᠡᠷᠤᠩᠭᠡᠢ ᠬᠡᠮᠵᠢᠶ᠎ᠠ ᠶᠢ ᠶᠡᠭᠡ ᠬᠡᠮᠵᠢᠶ᠎ᠠ ᠪᠠᠷ ᠪᠠᠭᠠᠰᠬᠠᠨ᠂ ᠠᠮᠢ ᠠᠬᠤᠢ ᠶᠢᠨ ᠤᠷᠴᠢᠨ ᠲᠤᠭᠤᠷᠢᠨ ᠤ ᠴᠢᠨᠰᠠᠭ᠎ᠠ ᠶᠢ ᠶᠡᠷᠤᠩᠭᠡᠢ ᠳᠡᠭᠡᠨ ᠰᠠᠶᠢᠵᠢᠷᠠᠭᠤᠯᠵᠤ᠂ ᠪᠤᠬᠢᠷᠲᠠᠯ | ᠥᠭᠡᠢ ᠬᠥᠭᠵᠢᠬᠦᠯᠥᠯᠲᠡ ᠶᠢᠨ ᠲᠥᠪᠰᠢᠨ ᠢ ᠢᠯᠡᠷᠭᠡᠢ ᠲᠡᠭᠡᠭᠰᠢᠯᠡᠬᠦᠯᠥᠨ᠂ ᠲᠡᠭᠷᠢ ᠨᠡᠩ ᠬᠥᠬᠡ᠂ ᠲᠠᠯ᠎ᠠ ᠨᠡᠩ ᠬᠥᠭᠡᠮᠲᠡᠭ᠂ ᠤᠰᠤ ᠨᠡᠩ ᠲᠤᠩᠭᠠᠯᠠᠭ᠂ ᠤᠷᠴᠢᠨ | ᠲᠤᠭᠤᠷᠢᠨ ᠢ ᠨᠡᠩ ᠭᠤᠶᠤ ᠰᠠᠶᠢᠬᠠᠨ ᠪᠤᠯᠭᠠᠨ᠂ ᠮᠠᠨ ᠤ ᠬᠤᠲᠠ ᠪᠠᠨ《ᠰᠢᠨ᠎ᠡ ᠴᠠᠭ ᠥᠶ᠎ᠠ ᠶᠢᠨ ᠲᠠᠯ᠎ᠠ ᠨᠤᠲᠤᠭ ᠤᠨ ᠨᠡᠷᠡᠲᠦ ᠬᠤᠲᠠ》ᠪᠤᠯᠭᠠᠨ ᠪᠥᠲᠤᠭᠡᠨ | ᠪᠠᠶᠢᠭᠤᠯᠬᠤ ᠳᠤ ᠬᠤᠪᠢ ᠨᠡᠮᠡᠷᠢᠯᠡᠨ᠎ᠡ᠃ | ︵ᠬᠥᠲᠥᠯᠥᠭᠴᠢ︶ ᠲᠥᠩᠯᠢᠶᠤᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢ ᠲᠠᠭᠠᠯᠲᠤᠨ᠂ ᠪᠥᠬᠦ ᠬᠤᠲᠠ ᠶᠢᠨ ᠠᠵᠤ ᠥᠢᠯᠡᠳᠪᠤᠷᠢ ᠠᠵᠤ | ᠠᠬᠤᠶᠢᠯᠠᠯ ᠲᠠᠰᠤᠷᠠᠯᠲᠠ ᠥᠭᠡᠢ ᠨᠡᠮᠡᠭᠲᠡᠪᠡ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠠᠵᠤ ᠠᠬᠤᠶᠢᠯᠠᠯ ᠤᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠬᠢᠨᠠᠨ ᠬᠠᠮᠢᠶᠠᠷᠤᠯᠲᠠ ᠳᠤ ᠶᠠᠮᠠᠷ ᠶᠠᠮᠠᠷ ᠪᠥᠲᠤᠮᠵᠢ ᠲᠠᠢ ᠠᠷᠭ᠎ᠠ ᠪᠠᠷᠢᠯ ᠠᠪᠤᠭᠰᠠ ᠪᠤᠢ︖ | ︵ᠭᠥᠩ ᠲᠤᠪᠴᠢᠶ᠎ᠠ ᠶᠢᠨ ᠲᠠᠷᠤᠭ᠎ᠠ︶ ᠤᠷᠴᠢᠮ ᠤᠨ ᠵᠢᠯ ᠠᠴᠠ᠂ ᠪᠤᠬᠢᠷᠲᠠᠯ ᠭᠠᠲᠠᠭᠰᠢᠯᠠᠭᠤᠯᠬᠤ ᠭᠤᠤᠯ ᠠᠵᠤ ᠠᠬᠤᠶᠢᠯᠠᠯ ᠳᠤ ᠬᠢᠨᠠᠨ ᠬᠠᠮᠢᠶᠠᠷᠤᠯᠲᠠ ᠶᠢᠨ | ᠬᠥᠴᠤᠨ ᠪᠠ ᠥᠷ᠎ᠡ ᠪᠥᠲᠤᠮᠵᠢ ᠪᠠᠨ ᠴᠢᠩᠭᠠᠳᠬᠠᠨ᠂ ᠮᠠᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠭᠤᠤᠯ ᠠᠵᠤ ᠠᠬᠤᠶᠢᠯᠠᠯ ᠳᠤ | ᠨᠧᠲ ᠲᠡᠭᠡᠷᠡᠬᠢ᠂ ᠠᠵᠢᠯ ᠤᠨ ᠪᠠᠶᠢᠲᠠᠯ᠂ ᠬᠠᠷᠠᠭᠠᠨ ᠲᠠᠪᠲᠠᠮᠵᠢ᠂《 ᠭᠤᠷᠪᠠᠨ ᠨᠢᠭᠡ ᠴᠤᠭᠴᠠᠵᠢᠭᠤᠯᠤᠯᠲᠠ》 ᠶᠢᠨ ᠥᠪᠡᠷᠲᠡᠭᠡᠨ ᠬᠢᠨᠠᠨ ᠡᠵᠡᠮᠲᠡᠬᠦ | ᠬᠠᠮᠢᠶᠠᠷᠤᠯᠲᠠ ᠶᠢ ᠰᠥᠪᠡᠭᠴᠢᠯᠡᠡ ᠭᠡᠷᠡᠭᠵᠢᠬᠦᠯᠥᠭᠰᠡᠡ ᠮᠥᠷᠲᠡᠭᠡᠨᠠᠮᠵᠢᠯᠲᠠ ᠤᠯᠤᠭᠰᠠᠨ ᠪᠠᠶᠢᠨ᠎ᠠ᠃《 ᠭᠤᠷᠪᠠᠨ ᠨᠢᠭᠡ ᠴᠤᠭᠴᠠᠵᠢᠭᠤᠯᠤᠯᠲᠠ》 ᠶᠢᠨ ᠬᠢᠨᠠᠨ | ᠡᠵᠡᠮᠲᠡᠬᠦ ᠬᠠᠮᠢᠶᠠᠷᠤᠯᠲᠠ ᠨᠢ ᠭᠤᠤᠯ ᠪᠤᠬᠢᠷᠲᠠᠯ ᠪᠤᠲᠠᠰ ᠢ ᠭᠠᠲᠠᠭᠰᠢᠯᠠᠭᠤᠯᠬᠤ ︵ᠨᠧᠲ ᠲᠡᠭᠡᠷᠡᠬᠢ︶ ᠶᠢ ᠪᠡᠶᠡᠯᠡᠬᠦᠯᠵᠤ᠂ ᠴᠡᠪᠡᠷᠵᠢᠬᠦᠯᠬᠦ ᠰᠢᠰᠲ᠋ᠧᠮ ᠤᠨ ᠠᠵᠢᠯᠯᠠᠭᠠᠨ | ︵ᠠᠵᠢᠯ ᠤᠨ ᠪᠠᠶᠢᠲᠠᠯ︶᠂ ᠭᠤᠤᠯ ᠠᠵᠢᠯᠯᠠᠬᠤ ᠤᠷᠤᠨ ᠤ ᠵᠢᠷᠤᠭ ︵ᠬᠠᠷᠠᠭᠠᠨ ᠲᠠᠪᠲᠠᠮᠵᠢ︶ ᠶᠢ ᠴᠠᠭ ᠲᠤᠬᠠᠢ ᠳᠤᠨᠢ ᠪᠠᠶᠢᠴᠠᠭᠠᠨ ᠯᠠᠪᠯᠠᠵᠤ ᠨᠡᠭᠡᠮᠵᠢᠯᠡᠵᠤ ᠪᠤᠯᠤᠨ᠎ᠠ | ᠃ ᠪᠤᠬᠢᠷᠲᠠᠯ ᠪᠤᠲᠠᠰ ᠤᠨ ᠭᠠᠲᠠᠭᠰᠢᠯᠠᠭᠤᠯᠤᠯᠲᠠ ᠪᠠᠷᠢᠮᠵᠢᠶ᠎ᠠ ᠠᠴᠠ ᠲᠠᠪᠠᠭ᠋ᠤ᠂ ᠠᠵᠢᠯ ᠤᠨ ᠪᠠᠶᠢᠲᠠᠯ᠂ ᠬᠠᠷᠠᠭᠠᠨ ᠲᠠᠪᠲᠠᠮᠵᠢ ᠶᠢᠨ ᠲᠤᠭ᠎ᠠ ᠪᠠᠷᠢᠮᠲᠠ ᠶᠢᠨ ᠤᠨᠴᠠᠭᠠᠢ | ᠪᠠᠶᠢᠲᠠᠯ ᠢ ᠠᠶᠠᠨᠲᠠᠭᠠᠨ ᠰᠡᠷᠡᠮᠵᠢᠯᠡᠬᠦᠯᠬᠦ᠂ ᠬᠠᠷᠢᠭᠤ ᠲᠤᠰᠬᠠᠬᠤ᠂ ᠡᠩ ᠤᠨ ᠪᠤᠰᠤ ᠠᠵᠢᠯᠯᠠᠭ᠎ᠠ ᠶᠢ ᠲᠠᠷᠤᠢ ᠳᠤᠨᠢ ᠤᠯᠵᠤ ᠮᠡᠲᠡᠬᠦ ᠶᠢ ᠪᠡᠶᠡᠯᠡᠬᠦᠯᠵᠤ᠂ ᠤᠷᠴᠢᠨ | ᠲᠤᠭᠤᠷᠢᠨ ᠤ ᠬᠢᠨᠡᠨ ᠬᠠᠮᠢᠶᠠᠷᠤᠯᠲᠠ ᠶᠢᠨ ᠰᠢᠨᠵᠢᠯᠡᠭᠡ ᠮᠡᠷᠭᠡᠵᠢᠯ ᠮᠡᠷᠭᠡᠵᠢᠯ ᠤᠨ ᠬᠢᠷᠢ ᠲᠥᠪᠰᠢᠨ ᠪᠠ ᠪᠥᠲᠤᠮᠵᠢ ᠶᠢ ᠲᠡᠭᠡᠭᠰᠢᠯᠡᠭᠦᠯᠪᠡ᠃ ᠬᠠᠮᠲᠤ ᠳᠤᠨᠢ ᠪᠠᠰᠠ | ᠤᠷᠴᠢᠨ ᠲᠤᠭᠤᠷᠢᠨ ᠤ ᠬᠠᠤᠯᠢ ᠶᠢ ᠬᠡᠷᠡᠭᠵᠢᠬᠦᠯᠬᠦ ᠳᠤ ᠠᠩᠬᠠᠨ ᠤ ᠮᠠᠲ᠋ᠧᠷᠢᠶᠠᠯ ᠬᠠᠩᠭᠠᠵᠤ᠂ ᠵᠤᠬᠢᠬᠤ ᠰᠥᠷᠲᠡᠬᠦᠯᠬᠦ ᠥᠢᠯᠡᠲᠤᠯ ᠲᠠᠢ᠂ ᠴᠠᠬᠢᠯᠭᠠᠨ ᠢᠶᠠᠷ ᠬᠥᠩᠭᠡᠨ | ᠴᠠᠭᠠᠨ ᠢ ᠵᠠᠲᠠᠯᠬᠤ ᠠᠵᠤ ᠠᠬᠤᠶᠢᠯᠠᠯ ᠤᠨ ᠥᠷᠬᠦᠯᠵᠢᠯᠡᠨ ᠲᠤᠭᠲᠠᠭᠤᠨ ᠪᠠᠷᠢᠮᠵᠢᠶ᠎ᠠ ᠪᠠᠷ ᠭᠠᠲᠠᠭᠰᠢᠯᠠᠭᠤᠯᠬᠤ ᠶᠢ ᠪᠠᠲᠤᠯᠠᠵᠤ᠂ ᠵᠤᠬᠢᠶᠠᠨ ᠪᠠᠶᠢᠭᠤᠯᠤᠯᠲᠠ ᠥᠭᠡᠢ ᠪᠠᠷ | ᠭᠠᠲᠠᠭᠰᠢᠯᠠᠭᠤᠯᠬᠤ ᠶᠢ ᠪᠠᠭᠠᠰᠬᠠᠬᠤ ᠵᠡᠷᠭᠡ ᠲᠠᠯ᠎ᠠ ᠪᠠᠷ ᠤᠷᠤᠯᠠᠭᠤᠯᠵᠤ ᠪᠤᠯᠤᠰᠢ ᠥᠭᠡᠢ ᠥᠢᠯᠡᠲᠤᠯ ᠥᠵᠡᠬᠦᠯᠪᠡ᠃ 2016 ᠤᠨ ᠳᠤ᠂ ᠪᠥᠬᠦ ᠬᠤᠲᠠ ᠶᠢᠨ | ᠤᠷᠴᠢᠨ ᠲᠤᠭᠤᠷᠢᠨ ᠤ ᠨᠧᠲ ᠲᠠᠭᠡᠷᠡᠬᠢ ᠬᠢᠨᠠᠨ ᠡᠵᠡᠮᠲᠡᠬᠦ ᠠᠷᠭ᠎ᠠ ᠮᠠᠶ᠋ᠢᠭ ᠢ ᠴᠢᠨᠠᠭᠰᠢᠲᠠ ᠲᠡᠬᠦᠯᠲᠡᠷᠵᠢᠬᠦᠯᠥᠭᠰᠡᠨ ᠰᠠᠭᠤᠷᠢᠨ ᠲᠡᠭᠡᠷ᠎ᠡ᠂ ᠮᠠᠨ ᠤ ᠬᠤᠲᠠ ᠠᠵᠤ | ᠠᠬᠤᠶᠢᠯᠠᠯ ᠤᠨ ᠨᠧᠲ ᠲᠡᠭᠡᠷ᠎ᠡ᠂ ᠠᠵᠢᠯ ᠤᠨ ᠪᠠᠶᠢᠲᠠᠯ᠂ ᠬᠠᠷᠠᠭᠠᠨ ᠲᠠᠪᠲᠠᠮᠵᠢ《 ᠭᠤᠷᠪᠠᠨ ᠨᠢᠭᠡ ᠴᠤᠭᠴᠠᠵᠢᠭᠤᠯᠤᠯᠲᠠ》 ᠶᠢᠨ ᠥᠪᠡᠷᠲᠡᠭᠡᠨ ᠬᠢᠨᠡᠨ ᠡᠵᠡᠮᠲᠡᠬᠦ | ᠬᠠᠮᠢᠶᠠᠷᠤᠯᠲᠠ ᠶᠢᠨ ᠲᠥᠰᠤᠯ ᠢ ᠲᠤᠭᠲᠠᠭᠠᠵᠤ᠂ ᠪᠠᠰᠠ ᠬᠤᠩ ᠵᠢᠶᠦ᠋ᠨ ᠬᠥᠩᠭᠡᠨ ᠴᠠᠭᠠᠨ ᠴᠠᠬᠢᠯᠭᠠᠨ ᠪᠠ ᠶᠢᠨ ᠯᠢᠶᠠᠨ ᠬᠥᠩᠭᠡᠨ ᠴᠠᠭᠠᠨ ᠤ ᠮᠠᠲ᠋ᠧᠷᠢᠶᠠᠯ ᠤᠨ ᠬᠤᠶᠠᠷ | ᠠᠵᠤ ᠠᠬᠤᠶᠢᠯᠠᠯ ᠳᠤ ᠲᠤᠷᠰᠢᠯᠲᠠ ᠶᠢᠨ ᠴᠡᠭ ᠭᠠᠷᠭᠠᠪᠠ᠃ ᠬᠤᠩ ᠵᠢᠶᠦ᠋ᠨ ᠬᠥᠩᠭᠡᠨ ᠴᠠᠭᠠᠨ ᠴᠠᠬᠢᠯᠭᠠᠨ ᠪᠠ ᠶᠢᠨ ᠯᠢᠶᠠᠨ ᠬᠥᠩᠭᠡᠨ ᠴᠠᠭᠠᠨ ᠤ ᠮᠠᠲ᠋ᠧᠷᠢᠶᠠᠯ | ᠨᠡᠶᠢᠲᠡ 336 ᠲᠥᠮᠡᠨ ᠲᠥᠬᠦᠷᠢᠭ ᠤᠷᠤᠭᠤᠯᠵᠤ᠂ ᠠᠵᠢᠯ ᠤᠨ ᠪᠠᠶᠢᠲᠠᠯ᠂ ᠬᠠᠷᠠᠭᠠᠨ ᠲᠠᠪᠲᠠᠮᠵᠢ ᠤᠨ ᠬᠢᠨᠠᠨ ᠡᠵᠡᠮᠲᠡᠯ ᠢ ᠪᠠᠶᠢᠭᠤᠯᠪᠠ᠃ 2017 ᠤᠨ ᠤ 5 | ᠰᠠᠷ᠎ᠠ ᠳᠤ ᠲᠤᠷᠰᠢᠯᠲᠠ ᠴᠡᠭ ᠤᠨ ᠬᠤᠶᠠᠷ ᠠᠵᠤ ᠠᠬᠤᠶᠢᠯᠠᠯ ᠤᠨ《 ᠭᠤᠷᠪᠠᠨ ᠨᠢᠭᠡ ᠴᠤᠭᠴᠠᠵᠢᠭᠤᠯᠤᠯᠲᠠ 》 ᠶᠢᠨ ᠬᠢᠨᠠᠨ ᠡᠵᠡᠮᠲᠡᠯ ᠰᠢᠯᠭᠠᠨ ᠬᠤᠷᠢᠶᠠᠯᠲᠠ ᠪᠠᠷ | ᠲᠠᠮᠵᠢᠨ ᠡᠷᠬᠢᠯᠲᠠ ᠳᠤ ᠤᠷᠤᠵᠤ᠂ 24 ᠴᠠᠭ ᠤᠨ ᠪᠥᠬᠦ ᠲᠠᠯ᠎ᠠ ᠶᠢᠨ᠂ ᠪᠥᠬᠦ ᠲᠠᠯ᠎ᠠ ᠶᠢᠨ ᠬᠢᠨᠠᠨ ᠡᠵᠡᠮᠲᠡᠯ ᠢ ᠪᠡᠶᠡᠯᠡᠬᠦᠯᠪᠠ᠃ ᠬᠢᠨᠡᠨ ᠡᠵᠡᠮᠲᠡᠯ ᠤᠨ ᠥᠷ᠎ᠡ | ᠳ᠋ᠥᠩ ᠠᠴᠠ ᠥᠵᠡᠪᠠᠯ᠂ ᠬᠤᠯᠪᠤᠭᠲᠠᠯ ᠪᠥᠬᠦᠢ ᠱᠠᠭᠠᠷᠲᠠᠯᠭ᠎ᠠ ᠳᠤ ᠬᠥᠷᠪᠡ᠃ 2017 ᠤᠨ ᠠᠴᠠ ᠡᠬᠢᠯᠡᠵᠦ᠂ ᠪᠢᠲᠠ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ | ᠬᠤᠷᠢᠶᠠᠩᠭᠤᠶᠢᠯᠠᠵᠤ᠂ ᠪᠥᠬᠦ ᠬᠤᠲᠠ ᠶᠢᠨ ᠴᠠᠬᠢᠯᠭᠠᠨ ᠢᠶᠠᠷ ᠬᠥᠩᠭᠡᠨ ᠴᠠᠭᠠᠨ ᠵᠠᠲᠠᠯᠬᠤ᠂ ᠢᠯᠴᠢ ᠶᠢᠨ ᠴᠠᠬᠢᠯᠭᠠᠨ᠂ ᠨᠡᠬᠦᠷᠡᠰᠤ ᠬᠢᠮᠢ ᠶᠢᠨ ᠠᠵᠤ ᠠᠥᠶᠢᠯᠡᠳᠪᠤᠷᠢ᠂ | ᠡᠷᠲᠡᠨᠢ ᠰᠢᠰᠢ ᠶᠢᠨ ᠬᠢᠮᠢ ᠶᠢᠨ ᠠᠵᠤ ᠥᠢᠯᠡᠳᠪᠤᠷᠢ ᠵᠡᠷᠭᠡ ᠭᠤᠤᠯᠲᠠᠯᠭᠠᠲᠤ ᠪᠤᠬᠢᠷᠲᠠᠯ ᠭᠠᠲᠠᠭᠰᠢᠯᠠᠭᠤᠯᠬᠤ ᠠᠵᠤ ᠠᠬᠤᠶᠢᠯᠠᠯ ᠳᠤ《 ᠭᠤᠷᠪᠠᠨ ᠨᠢᠭᠡ | ᠴᠤᠭᠴᠠᠵᠢᠭᠤᠯᠯᠤᠲᠠ》 ᠶᠢᠨ ᠬᠢᠨᠡᠨ ᠡᠵᠡᠮᠲᠡᠬᠦ ᠬᠠᠮᠢᠶᠠᠷᠤᠯᠲᠠ ᠶᠢᠨ ᠠᠷᠭ᠎ᠠ ᠶᠢ ᠭᠡᠷᠡᠭᠵᠢᠬᠦᠯᠪᠡ᠃ 2017 ᠤᠨ ᠤ ᠵᠢᠯ ᠤᠨ ᠡᠴᠤᠰ ᠪᠤᠯᠲᠠᠯ᠎ᠠ᠂ ᠨᠢᠭᠡᠨᠲᠡ 8 ᠠᠵᠤ | ᠠᠬᠤᠶᠢᠠᠯᠠᠯ ᠨᠢᠭᠡᠨᠲᠠ ᠪᠠᠶᠢᠭᠤᠯᠤᠭᠲᠠᠨ ᠠᠵᠢᠯᠯᠠᠪᠠ᠂ ᠡᠬᠦᠨ ᠳᠤ᠄ ᠤᠮᠠᠷᠠᠲᠤ ᠳᠤ ᠴᠠᠬᠢᠯᠭᠠᠨ ᠢᠶᠠᠷ ᠬᠥᠩᠭᠡᠨ ᠴᠠᠭᠠᠨ ᠵᠠᠲᠠᠯᠬᠤ 3 ᠠᠵᠤ ᠠᠬᠤᠶᠢᠯᠠᠯ ᠬᠤᠯᠪᠤᠭᠲᠠᠨ᠎ᠠ | ᠃ ᠴᠠᠬᠢᠯᠭᠠᠨ ᠢᠶᠠᠷ ᠬᠥᠩᠭᠡᠨ ᠴᠠᠭᠠᠨ ᠵᠠᠲᠠᠯᠬᠤ ᠠᠵᠤ ᠠᠬᠤᠶᠢᠯᠠᠯ ᠳᠤ《 ᠭᠤᠷᠪᠠᠨ ᠨᠢᠭᠡ ᠴᠤᠭᠴᠠᠵᠢᠭᠤᠯᠤᠯᠲᠠ》 ᠶᠢᠨ ᠬᠢᠨᠠᠨ ᠡᠵᠡᠮᠲᠡᠬᠦ ᠬᠠᠮᠢᠶᠠᠷᠤᠯᠲᠠ | ᠭᠡᠷᠡᠭᠵᠢᠬᠦᠯᠥᠭᠰᠡᠡ ᠨᠢ ᠤᠲᠤᠬᠠᠨ ᠤ ᠪᠥᠬᠦ ᠤᠯᠤᠰ ᠤᠨ ᠠᠲᠠᠯᠢ ᠠᠵᠢᠯ ᠲᠥᠷᠤᠯ ᠤᠨ ᠳᠤ ᠠᠩᠬᠠᠨ ᠤ ᠵᠢᠱᠢᠶ᠎ᠠ ᠪᠤᠯᠤᠨ᠎ᠠ᠃ | ︵ᠬᠥᠲᠥᠯᠥᠭᠴᠢ︶ ᠤᠷᠴᠢᠮ ᠤᠨ ᠵᠢᠯ ᠠᠴᠠ ᠨᠠᠰᠢ᠂ ᠠᠭᠠᠷ ᠮᠠᠨᠲᠠᠯ ᠤᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠤᠯᠠᠨ ᠲᠥᠮᠠᠨ ᠤ ᠠᠩᠬᠠᠷᠤᠯ ᠢ | ᠲᠠᠲᠠᠵᠤ ᠪᠠᠶᠢᠨ᠎ᠠ᠂ PM2.5 ᠶᠢᠨ ᠥᠳᠭᠡᠨ ᠤ ᠬᠡᠮᠵᠢᠶ᠎ᠠ ᠥᠷᠭᠡᠨ ᠤᠯᠡᠨ ᠠᠷᠠᠳ ᠲᠥᠮᠡᠨ ᠤ ᠶᠠᠷᠢᠯᠴᠠᠭ᠎ᠠ ᠶᠢᠨ ᠰᠡᠲᠤᠪ ᠪᠤᠯᠤᠭᠰᠠᠨ ᠪᠠᠶᠢᠨ᠎ᠠ᠃ ᠲᠡᠶᠢᠮᠦ ᠪᠤᠯ | ᠪᠤᠬᠢᠷ ᠮᠠᠨ᠎ᠠ ᠢ ᠵᠠᠰᠠᠬᠤ ᠲᠠᠯ᠎ᠠ ᠪᠠᠷ ᠮᠠᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠪᠥᠷ ᠶᠠᠮᠠᠷ ᠶᠠᠮᠠᠷ ᠠᠷᠭ᠎ᠠ ᠬᠡᠮᠵᠢᠶ᠎ᠠ ᠠᠪᠤᠭᠰᠠ ᠪᠤᠢ︖ | ᠶᠠᠮᠠᠷ ᠶᠠᠮᠠᠷ ᠥᠷ᠎ᠡ ᠪᠥᠲᠤᠭᠡᠯ ᠤᠯᠤᠭᠰᠠ ᠪᠤᠢ︖ | ︵ᠬᠥᠩ ᠲᠤᠪᠴᠢᠶ᠎ᠠ ᠶᠢᠨ ᠲᠠᠷᠤᠭ᠎ᠠ︶ ᠤᠷᠴᠢᠮ ᠤᠨ ᠭᠤᠷᠪᠠᠨ ᠵᠢᠯ ᠠᠴᠠ ᠨᠠᠰᠢ᠂ ᠮᠠᠨ ᠤ ᠬᠤᠲᠠ ᠶᠢᠨ ᠤᠷᠴᠢᠨ ᠲᠤᠭᠤᠷᠢᠨ ᠤ ᠠᠭᠤᠷ ᠠᠮᠢᠰᠬᠤᠯ ᠤᠨ | ᠴᠢᠨᠰᠠᠭ᠎ᠠ ᠠᠯᠭᠤᠷ ᠢᠶᠠᠷ ᠰᠠᠶᠢᠵᠢᠷᠠᠪᠠ᠃ 2016 ᠤᠨ ᠳᠤ᠂ ᠮᠠᠨ ᠤ ᠬᠤᠲᠠ ᠶᠢᠨ ᠠᠭᠠᠷ ᠤᠨ ᠴᠢᠨᠰᠠᠭ᠎ᠠ ᠰᠢᠯᠢᠲᠡᠭ ᠰᠠᠶᠢᠨ ᠡᠲᠤᠷ 305᠂ 2015 ᠤᠨ | ᠲᠠᠢ ᠬᠠᠷᠢᠴᠠᠭᠤᠯᠪᠠᠯ 46 ᠡᠲᠤᠷ ᠨᠡᠮᠡᠭᠲᠡᠪᠡ᠃ 2017 ᠤᠨ ᠳᠤ ᠂ ᠠᠭᠠᠷ ᠤᠨ ᠴᠢᠨᠰᠠᠭ᠎ᠠ ᠰᠢᠯᠢᠲᠡᠭ ᠰᠠᠶᠢᠨ ᠡᠲᠤᠷ 316 ᠂ 2016 ᠤᠨ ᠲᠠᠢ | ᠬᠠᠷᠢᠴᠠᠭᠤᠯᠪᠠᠯ 11 ᠡᠲᠤᠷ ᠨᠡᠮᠡᠭᠲᠡᠵᠥ᠂ ᠶᠡᠷᠤᠩᠭᠡᠢ ᠡᠲᠤᠷ ᠤᠨ ᠲᠤᠭ᠎ᠠ ᠶᠢᠨ 86.6 % ᠶᠢ ᠡᠵᠡᠯᠡᠨ᠎ᠠ᠃ PM2.5 ᠶᠢᠨ ᠲᠡᠭᠰᠢᠳᠭᠡᠭᠰᠡᠨ ᠥᠳᠭᠡᠨ ᠤ | ᠬᠡᠮᠵᠢᠶ᠎ᠡ 2016 ᠤᠨ ᠲᠠᠢ ᠬᠠᠷᠢᠴᠠᠭᠤᠯᠪᠠᠯ ᠺᠥᠪ ᠮᠧᠲᠷ ᠪᠥᠷᠢ 5 ᠮᠢᠺᠷᠤ᠋ ᠭᠷᠡᠮ ᠪᠠᠭᠤᠷᠠᠪᠠ᠃ ᠡᠲᠡᠭᠡᠷ ᠰᠠᠶᠢᠵᠢᠷᠠᠯᠲᠠ ᠶᠢ ᠤᠯᠠᠨ ᠢᠶᠠᠷ ᠢᠶᠠᠨ ᠪᠥᠷ ᠮᠡᠲᠡᠪᠡᠯ | ᠵᠤᠬᠢᠨ᠎ᠠ᠃ ᠤᠷᠴᠢᠮ ᠤᠨ ᠬᠡᠲᠤᠨ ᠵᠢᠯ ᠳᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠤᠷᠲᠤᠨ ᠤ ᠵᠥᠪ ᠤᠨᠤᠪᠴᠢᠲᠠᠢ ᠤᠲᠤᠷᠢᠲᠤᠯᠭ᠎ᠠ ᠲᠤᠤᠷ᠎ᠠ᠂ ᠠᠭᠠᠷ ᠮᠠᠨᠲᠠᠯ ᠤᠨ ᠤᠷᠴᠢᠨ ᠲᠤᠭᠤᠷᠢᠨ ᠤ ᠶᠡᠷᠦᠩᠬᠡᠶᠢᠯᠡᠨ ᠵᠠᠰᠠᠬᠤ ᠠᠵᠢᠯ ᠢ ᠬᠥᠴᠤᠯᠠᠡ | ᠥᠷᠨᠢᠬᠦᠯᠪᠡ᠃《 ᠲᠥᠩᠯᠢᠶᠤᠤ ᠬᠤᠲᠠ ᠶᠢᠨ ᠠᠭᠠᠷ ᠮᠠᠨᠲᠠᠯ ᠤᠨ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠲᠥᠰᠤᠯ ︵2013—2017 ᠤᠨ︶》 ᠢ | ᠲᠤᠭᠤᠷᠪᠢᠨ ᠲᠤᠭᠲᠠᠭᠠᠪᠠ᠃ ᠵᠢᠯ ᠪᠥᠷᠢ ᠶᠢᠨ ᠪᠥᠬᠦ ᠬᠤᠲᠠ ᠶᠢᠨ ᠤᠷᠴᠢᠨ ᠲᠤᠭᠤᠷᠢᠨ ᠤ ᠬᠠᠮᠠᠭᠠᠠᠯᠠᠯᠲᠠ ᠶᠢᠨ ᠠᠵᠢᠯ ᠤᠨ ᠬᠤᠷᠠᠯ ᠲᠡᠭᠡᠷ᠎ᠡ᠂ ᠬᠤᠲᠠ ᠶᠢᠨ | ᠵᠠᠰᠠᠭ ᠤᠨ ᠤᠷᠲᠤᠨ ᠪᠥᠷ ᠡᠯ᠎ᠡ ᠬᠤᠰᠢᠭᠤ ᠰᠢᠶᠠᠨ ᠬᠤᠲᠠ ᠲᠤᠭᠤᠷᠢᠭ ᠤᠨ ᠵᠠᠰᠠᠭ ᠤᠨ ᠤᠷᠲᠤᠨ ᠵᠢᠴᠢ᠂ ᠬᠤᠲᠠ ᠶᠢᠨ ᠬᠠᠷᠢᠶ᠎ᠠ ᠬᠤᠯᠪᠤᠭᠲᠠᠯ ᠪᠥᠬᠦᠢ ᠰᠠᠯᠠᠭ᠎ᠠ | ᠮᠥᠴᠢᠷ ᠲᠠᠢ ᠠᠭᠠᠷ ᠮᠠᠨᠲᠠᠯ ᠤᠨ ᠪᠤᠬᠢᠷᠲᠠᠯ ᠢ ᠰᠡᠷᠭᠡᠶᠢᠯᠡᠨ ᠵᠠᠰᠠᠬᠤ ᠬᠠᠷᠠᠯᠲᠠ ᠶᠢᠨ ᠬᠠᠷᠢᠭᠤᠴᠠᠯᠭ᠎ᠠ ᠶᠢᠨ ᠪᠢᠴᠢᠭ ᠢ ᠲᠤᠭᠲᠠᠭᠠᠵᠤ᠂ ᠡᠯ᠎ᠡ ᠭᠠᠵᠠᠷ᠂ ᠡᠯ᠎ᠡ ᠰᠠᠯᠠᠭ᠎ᠠ | ᠮᠥᠴᠢᠷ ᠬᠠᠷᠢᠭᠤᠴᠠᠯᠭ᠎ᠠ ᠶᠢᠨ ᠪᠢᠴᠢᠭ ᠤᠨ ᠶᠤᠰᠤᠭᠠᠷ ᠵᠢᠯ ᠤᠨ ᠠᠵᠢᠯ ᠤᠨ ᠲᠥᠯᠤᠪᠯᠡᠯᠭᠡ ᠶᠢ ᠲᠤᠭᠲᠠᠭᠠᠬᠤ ᠶᠢ ᠱᠠᠭᠠᠷᠲᠠᠵᠤ᠂ ᠬᠤᠯᠪᠤᠭᠲᠠᠯ ᠪᠥᠬᠦᠢ ᠡᠭᠦᠷᠭᠡ | ᠬᠠᠷᠠᠯᠲᠠ ᠪᠠᠨ ᠪᠡᠶᠡᠯᠡᠬᠦᠯᠬᠦ ᠶᠢ ᠥᠨᠡᠨᠬᠦ ᠪᠠᠲᠤᠯᠠᠨ᠎ᠠ᠃ ᠠᠪᠤᠭᠰᠠ ᠭᠤᠤᠯ ᠠᠷᠭ᠎ᠠ ᠪᠠᠷᠢᠯ ᠲᠤᠤᠷᠠᠬᠢ ᠮᠡᠲᠤ ᠭᠡᠲᠤᠨ ᠲᠠᠯ᠎ᠠ ᠪᠤᠯᠤᠨ᠎ᠠ᠄ ᠨᠢᠭᠡ ᠳᠤ ᠪᠥᠬᠦ ᠬᠤᠲᠠ ᠶᠢᠨ | ᠨᠡᠭᠦᠷᠡᠰᠣ ᠰᠢᠲᠠᠭᠠᠬᠤ ᠵᠢᠵᠢᠭ ᠬᠥᠸᠧᠯᠤ ᠶᠢᠨ ᠴᠡᠭᠴᠡᠯᠡᠨ ᠵᠠᠰᠠᠬᠤ ᠶᠢ ᠬᠥᠨᠵᠡᠭᠡᠢ ᠠᠬᠢᠭᠤᠯᠪᠠ᠃ 2016 ᠤᠨ ᠳᠤ᠂ ᠪᠥᠬᠦ ᠬᠤᠲᠠ 552 ᠰᠠᠭᠤᠷᠢ ᠨᠡᠬᠦᠷᠡᠰᠤ | ᠰᠢᠲᠠᠭᠠᠬᠤ ᠵᠢᠵᠢᠭ ᠬᠥᠸᠧᠯᠤ ᠶᠢ ᠰᠢᠯᠢᠭᠲᠡᠬᠦᠯᠵᠥ᠂ ᠪᠥᠬᠦ ᠵᠢᠯ ᠳᠤ ᠪᠤᠲᠠᠲᠤ ᠰᠢᠯᠢᠭᠲᠡᠬᠦᠯᠥᠭᠰᠡᠨ ᠵᠢᠵᠢᠭ ᠬᠥᠸᠧᠯᠤ 721 ᠰᠠᠭᠤᠷᠢ᠂ ᠬᠤᠲᠠ ᠶᠢᠨ ᠠᠷᠠᠳ ᠤᠨ | ᠵᠠᠰᠠᠭ ᠤᠨ ᠤᠷᠲᠤᠨ ᠤ ᠨᠥᠬᠦᠪᠤᠷᠢ ᠮᠥᠩᠭᠦ ᠨᠡᠶᠢᠲᠡ 4000 ᠲᠥᠮᠡᠨ ᠲᠥᠬᠦᠷᠢᠭ ᠂ ᠡᠭᠦᠷᠭᠡ ᠪᠠᠨ ᠲᠠᠪᠠᠭᠤᠯᠤᠨ ᠪᠡᠶᠡᠯᠡᠬᠦᠯᠪᠠ᠃ 2017 ᠤᠨ ᠳᠤ᠂ | ᠨᠡᠬᠦᠷᠡᠰᠤ ᠰᠢᠲᠠᠭᠠᠬᠤ ᠵᠢᠵᠢᠭ ᠬᠥᠸᠧᠯᠤ ᠶᠢ 267 ᠰᠠᠭᠤᠷᠢ ᠰᠢᠯᠢᠭᠲᠡᠭᠵᠢᠬᠦᠯᠵᠥ᠂ ᠮᠥᠨ ᠬᠠᠷᠠᠯᠲᠠ ᠪᠠᠨ ᠲᠠᠪᠠᠭᠤᠯᠤᠨ ᠪᠡᠶᠡᠯᠡᠬᠦᠯᠪᠠ᠃ ᠬᠤᠶᠠᠷ ᠲᠤ ᠰᠠᠷᠨᠢᠬᠤ | ᠤᠷᠭᠠᠨᠢᠭ ᠪᠤᠲᠠᠰ ᠤᠨ ᠪᠤᠬᠢᠷᠲᠠᠯ ᠢ ᠵᠠᠰᠠᠬᠤ ᠶᠢ ᠠᠬᠢᠭᠤᠯᠪᠠ᠃ 2017 ᠤᠨ ᠳᠤ ᠲᠤᠰᠤ ᠬᠡᠢ ᠶᠢ ᠪᠤᠴᠠᠭᠠᠨ ᠬᠤᠷᠢᠶᠠᠬᠤ ᠵᠠᠰᠠᠯᠲᠠ ᠶᠢ ᠪᠠᠶᠡᠯᠡᠬᠦᠯᠵᠤ᠂ 20 | ᠲᠤᠰᠤ ᠨᠡᠮᠡᠬᠦ ᠥᠷᠲᠡᠭᠡ ᠶᠢᠨ ᠲᠤᠰᠤ ᠬᠠᠲᠠᠭᠠᠯᠠᠬᠤ ᠬᠥᠮᠤᠷᠭᠡ ᠶᠢ ᠥᠭᠡᠷᠡᠴᠢᠯᠠᠡ ᠪᠠᠶᠢᠭᠤᠯᠵᠤ᠂ 100% ᠪᠠᠷ ᠡᠭᠦᠷᠭᠡ ᠪᠠᠨ ᠪᠡᠶᠡᠯᠡᠬᠦᠯᠪᠠ᠃ 943 ᠰᠠᠭᠤᠷᠢ《 | ᠰᠢᠷ᠎ᠠ ᠲᠠᠮᠲᠡᠭᠲᠥ ᠲᠡᠷᠭᠡ》 ᠶᠢ ᠰᠢᠯᠢᠭᠲᠡᠬᠦᠯᠵᠥ᠂ ᠬᠠᠷᠠᠯᠲᠠ ᠶᠢᠨ174 % ᠶᠢ ᠪᠡᠶᠡᠯᠡᠬᠦᠯᠪᠠ᠃ ᠭᠤᠷᠪᠠ ᠳᠤ ᠬᠥᠨᠲᠤ ᠬᠡᠯᠪᠡᠷᠢ ᠶᠢᠨ ᠲᠥᠯᠡᠰᠢ ᠶᠢᠨ ᠲᠤᠰᠤ ᠶᠢᠨ | ᠮᠠᠰᠢᠨ ᠤ ᠪᠤᠬᠢᠷᠲᠠᠯ ᠢ ᠵᠠᠰᠠᠬᠤ ᠠᠵᠢᠯ ᠢ ᠥᠷᠨᠢᠬᠦᠯᠪᠡ᠃ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠤᠯᠪᠤᠭᠠᠯᠠᠵᠤ᠂ ᠬᠥᠨᠲᠤ | ᠬᠡᠯᠪᠡᠷᠢ ᠶᠢᠨ ᠲᠥᠯᠡᠰᠢ ᠶᠢᠨ ᠮᠠᠰᠢᠨ ᠢ ᠬᠢᠵᠠᠭᠠᠷᠯᠠᠬᠤ ᠤᠷᠤᠨ ᠪᠥᠰᠡ ᠶᠢ ᠵᠤᠬᠢᠰᠲᠠᠢ ᠢᠯᠭᠠᠨ ᠲᠤᠭᠲᠠᠭᠠᠵᠤ᠂ ᠬᠢᠵᠠᠭᠠᠷᠯᠠᠬᠤ ᠬᠥᠷᠢᠶ᠎ᠠ ᠬᠡᠪᠴᠢᠶᠠᠨ ᠤ ᠥᠢᠷ᠎ᠠ | ᠤᠷᠴᠢᠮ ᠤᠨ ᠵᠠᠮ ᠬᠠᠷᠢᠯᠴᠠᠭᠠᠨ ᠤ ᠵᠤᠬᠢᠶᠠᠨ ᠪᠠᠶᠢᠭᠤᠯᠤᠯᠲᠠ ᠶᠢ ᠰᠢᠯᠢᠲᠡᠭᠵᠢᠬᠦᠯᠥᠨᠡ᠃ ᠬᠥᠨᠲᠤ ᠬᠡᠯᠪᠡᠷᠢ ᠶᠢᠨ ᠲᠥᠯᠡᠰᠢ ᠶᠢᠨ ᠲᠤᠰᠤᠨ ᠤ ᠮᠠᠰᠢᠨ ᠲᠡᠷᠭᠡ᠂ ᠰᠢᠷ᠎ᠠ | ᠲᠠᠮᠲᠡᠭᠲᠥ ᠮᠠᠰᠢᠨ ᠳᠤ ᠬᠢᠵᠠᠭᠠᠷᠯᠠᠬᠤ ᠤᠷᠤᠨ ᠪᠥᠰᠡ ᠶᠢ ᠢᠯᠠᠭᠠᠨ ᠲᠤᠭᠲᠠᠭᠠᠨ᠎ᠠ᠃ ᠬᠥᠨᠲᠤ ᠬᠡᠯᠪᠡᠷᠢ ᠶᠢᠨ ᠲᠥᠯᠡᠰᠢ ᠶᠢᠨ ᠲᠤᠰᠤ ᠶᠢᠨ ᠮᠠᠰᠢᠨ ᠭᠠᠲᠠᠭᠰᠢᠯᠠᠭᠤᠯᠬᠤ | ᠪᠠᠷᠢᠮᠵᠢᠶ᠎ᠠ ᠳᠤ ᠬᠥᠷᠬᠦ ᠥᠭᠡᠢ ᠪᠤᠯ ᠮᠠᠰᠢᠨ ᠲᠠᠷᠭᠡᠨ ᠤ ᠠᠶᠤᠯ ᠥᠭᠡᠢ ᠮᠡᠷᠭᠡᠵᠢᠯ ᠤᠨ ᠰᠢᠯᠭᠠᠨ ᠪᠠᠶᠢᠴᠠᠭᠠᠯᠲᠠ ᠶᠢ ᠨᠢᠭᠡᠴᠤ ᠬᠢᠵᠤ ᠥᠭᠬᠦ ᠥᠭᠡᠢ᠃ ᠬᠠᠮᠲᠤ ᠳᠤᠨᠢ | ᠮᠠᠰᠢᠨ ᠲᠡᠷᠭᠡ ᠶᠢᠨ ᠰᠢᠯᠭᠠᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠪᠠ᠃ ᠰᠢᠯᠭᠠᠨ ᠪᠠᠶᠢᠴᠠᠭᠠᠭᠰᠠᠨ ᠥᠷ᠎ᠡ ᠳ᠋ᠥᠩ ᠢ | ᠬᠠᠭᠤᠷᠮᠠᠭ ᠢᠶᠠᠷ ᠵᠤᠬᠢᠶᠠᠵᠤ᠂ ᠬᠠᠭᠤᠷᠮᠠᠭ ᠮᠡᠲᠡᠬᠦᠯᠥᠯᠲᠠ ᠭᠠᠷᠭᠠᠵᠤ ᠥᠭᠬᠦᠭᠰᠡᠡ ᠰᠢᠯᠭᠠᠨ ᠪᠠᠶᠢᠴᠠᠭᠠᠯᠲᠠ ᠶᠢᠨ ᠪᠠᠶᠢᠭᠤᠯᠤᠮᠵᠢ ᠳᠤ ᠬᠠᠤᠯᠢ ᠶᠤᠰᠤᠭᠠᠷ ᠢᠶᠠᠷ | ᠰᠢᠢᠳᠭᠡᠯ ᠥᠭᠬᠦᠨ᠎ᠡ᠂ ᠥᠢᠯᠡ ᠪᠠᠶᠢᠲᠠᠯ ᠬᠥᠨᠲᠤ ᠶᠢ ᠬᠢᠷᠢ ᠭᠡᠮ ᠤᠨ ᠥᠨᠡᠯᠡᠯᠲᠠ ᠶᠢᠨ ᠪᠢᠴᠢᠭ ᠢ ᠬᠥᠴᠤᠨ ᠥᠭᠡᠢ ᠪᠤᠯᠭᠠᠬᠤ ᠮᠥᠷᠲᠡᠭᠡᠨ ᠬᠠᠮᠢᠶ᠎ᠠ ᠪᠥᠬᠦᠢ | ᠬᠠᠷᠢᠭᠤᠴᠠᠯᠭᠠᠲᠤ ᠬᠥᠮᠤᠨ ᠤ ᠬᠠᠷᠢᠭᠤᠴᠠᠯᠭ᠎ᠠ ᠶᠢ ᠨᠡᠭᠡᠮᠵᠢᠯᠡᠨ᠎ᠠ᠃ ᠲᠥᠷᠪᠡ ᠳᠤ ᠬᠥᠨᠲᠤ ᠪᠥᠬᠢᠷᠲᠠᠯ ᠲᠠᠢ ᠴᠠᠭ ᠠᠭᠤᠷ ᠤᠨ ᠤᠷᠢᠳᠴᠢᠯᠠᠭᠰᠠ ᠮᠠᠲᠡᠭᠡ | ᠤᠷᠢᠳᠴᠢᠯᠠᠨ ᠰᠡᠷᠡᠮᠵᠢᠯᠡᠬᠦᠯᠬᠦ ᠠᠵᠢᠯ ᠢ ᠢᠲᠡᠪᠬᠢᠲᠠᠢ ᠥᠷᠨᠢᠬᠦᠯᠪᠡ᠃ ᠴᠠᠭ ᠠᠭᠤᠷ ᠤᠨ ᠰᠠᠯᠠᠭ᠎ᠠ ᠮᠥᠴᠢᠷ ᠤᠨ ᠬᠥᠨᠲᠤ ᠪᠤᠬᠢᠷᠲᠠᠯ ᠲᠠᠢ ᠠᠭᠤᠷ ᠠᠮᠢᠰᠬᠤᠯ ᠤᠨ | ᠪᠠᠴᠢᠮ ᠪᠠᠶᠢᠲᠠᠯ ᠢ ᠠᠷᠭᠠᠴᠠᠬᠤ ᠤᠷᠢᠳᠴᠢᠯᠠᠨ ᠰᠡᠷᠡᠮᠵᠢᠯᠡᠬᠦᠯᠬᠦ ᠤᠷᠲᠤ ᠬᠤᠭᠤᠴᠠᠭᠠᠨ ᠤ ᠪᠥᠲᠤᠮᠵᠢᠲᠤ ᠲᠤᠭᠲᠠᠴᠨ ᠶᠢ ᠤᠯᠠᠮ ᠴᠢᠨᠠᠭᠰᠢᠲᠠ ᠲᠡᠬᠦᠯᠲᠡᠷᠵᠢᠬᠦᠯᠵᠥ᠂ | ᠬᠥᠨᠲᠤ ᠪᠤᠬᠢᠷᠲᠠᠯ ᠲᠠᠢ ᠴᠠᠭ ᠠᠭᠤᠷ ᠥᠭᠡᠢ ᠪᠤᠯ ᠰᠠᠷ᠎ᠠ ᠪᠥᠷᠢ ᠨᠢᠭᠡ ᠤᠲᠠᠭ᠎ᠠ ᠤᠴᠠᠷᠠᠨ ᠵᠥᠪᠲᠡᠯᠴᠡᠵᠤ᠂ ᠬᠠᠮᠢᠶ᠎ᠠ ᠪᠥᠬᠦᠢ ᠲᠤᠭ᠎ᠠ ᠪᠠᠷᠢᠮᠲᠠ ᠶᠢ ᠥᠨᠲᠤᠰᠤᠯᠠᠨ | ᠬᠥᠨᠲᠤ ᠪᠤᠬᠢᠷᠲᠠᠯ ᠲᠠᠢ ᠴᠠᠭ ᠠᠭᠤᠷ ᠢ ᠤᠷᠢᠳᠴᠢᠯᠠᠨ ᠮᠠᠭᠠᠳᠯᠠᠵᠤ᠂ ᠬᠠᠮᠢᠶ᠎ᠠ ᠪᠥᠬᠦᠢ ᠠᠵᠢᠯ ᠢ ᠤᠷᠢᠳᠴᠢᠯᠠᠨ ᠰᠠᠶᠢᠲᠤᠷ ᠪᠡᠯᠡᠳᠭᠡᠵᠤ᠂ ᠲᠧᠯᠸᠢᠰ ᠂ ᠷᠠᠳᠢᠣ᠋ | ᠨᠡᠪᠲᠡᠷᠡᠬᠦᠯᠭᠡ ᠪᠠ ᠰᠥᠯᠵᠢᠶ᠎ᠠ ᠵᠡᠷᠭᠡ ᠴᠢᠬᠤᠯᠠ ᠵᠠᠭᠤᠴᠢ ᠪᠠᠷ ᠲᠠᠮᠵᠢᠨ ᠭᠠᠷᠴᠤ ᠮᠡᠲᠡᠬᠦ ᠬᠥᠨᠲᠤ ᠪᠤᠬᠢᠷᠲᠠᠯ ᠲᠠᠢ ᠴᠠᠭ ᠠᠭᠤᠷ ᠢ ᠤᠷᠢᠳᠴᠢᠯᠠᠨ ᠨᠠᠶᠢᠲᠠᠯᠠᠨ᠎ᠠ᠃ | ᠤᠨᠴᠠᠭᠠᠢ ᠴᠠᠭ ᠠᠭᠤᠷ ᠤᠨ ᠪᠠᠶᠢᠲᠠᠯ ᠢ ᠴᠠᠭ ᠲᠤᠬᠠᠢ ᠳᠤᠨᠢ ᠵᠤᠯᠭᠠᠯᠴᠠᠨ ᠵᠥᠪᠲᠠᠵᠤ᠂ ᠴᠠᠭ ᠠᠭᠤᠷ ᠤᠨ ᠰᠠᠯᠠᠭ᠎ᠠ ᠮᠥᠴᠢᠷ ᠤᠨ ᠤᠷᠢᠳᠴᠢᠯᠠᠨ ᠮᠡᠲᠡᠬᠦᠯᠥᠭᠰᠡᠡ | ᠤᠨᠴᠠᠭᠠᠢ ᠴᠠᠭ ᠠᠭᠤᠷ ᠤᠨ ᠬᠤᠪᠢᠷᠠᠯᠲᠠ ᠶᠢᠨ ᠪᠠᠶᠢᠲᠠᠯ ᠢ ᠥᠨᠲᠤᠰᠤᠯᠠᠨ ᠴᠠᠭ ᠲᠤᠬᠠᠢ ᠵᠥᠪᠲᠠᠨ ᠮᠠᠭᠠᠳᠯᠠᠨ᠎ᠠ᠃ | ︵ᠬᠥᠲᠤᠯᠥᠭᠴᠢ︶ 2016 ᠵᠢᠯ ᠠᠴᠠ ᠨᠠᠰᠢ᠂ ᠲᠥᠪ ᠬᠤᠷᠢᠶ᠎ᠠ ᠪᠥᠬᠦ ᠤᠯᠤᠰ ᠤᠨ ᠡᠯ᠎ᠡ ᠰᠠᠯᠠᠭ᠎ᠠ ᠮᠥᠴᠢᠷ ᠲᠤ《 ᠤᠷᠴᠢᠨ ᠲᠤᠭᠤᠷᠢᠨ ᠤ | ᠰᠢᠭᠤᠷᠭ᠎ᠠ》ᠬᠡᠮᠡᠭᠲᠡᠬᠦ ᠲᠥᠪ ᠬᠤᠷᠢᠶ᠎ᠠ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠭᠠᠷᠲᠠᠨ ᠪᠠᠶᠢᠴᠠᠭᠠᠬᠤ ᠠᠵᠢᠯ ᠢ ᠥᠷᠨᠢᠬᠦᠯᠵᠤ᠂ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠠᠵᠢᠯ ᠤᠷᠢᠳ ᠭᠠᠷᠤᠭ᠎ᠠ ᠥᠭᠡᠢ ᠬᠥᠴᠤᠯᠡᠴᠨ ᠲᠠᠢ᠃ ᠲᠥᠩᠯᠢᠶᠤᠤ ᠬᠤᠲᠠ ᠳᠤ ᠬᠤᠯᠪᠤᠭᠲᠠᠬᠤ ᠲᠥᠪ ᠤᠨ ᠤᠷᠴᠢᠨ | ᠲᠤᠭᠤᠷᠢᠨ ᠤ ᠬᠠᠮᠠᠭᠠᠠᠯᠠᠯᠲᠠ ᠶᠢᠨ ᠱᠠᠭᠠᠷᠲᠠᠨ ᠪᠠᠶᠢᠴᠠᠭᠠᠬᠤ ᠡᠭᠦᠷᠭᠡ ᠠᠯᠢ ᠠᠯᠢ ᠪᠠᠶᠢᠬᠤ ᠪᠤᠢ︖ ᠤᠲᠤ ᠠᠵᠢᠯ ᠤᠨ ᠠᠬᠢᠴᠠ ᠶᠠᠮᠠᠷ ᠪᠠᠶᠢᠲᠠᠯ ᠪᠠᠶᠢᠬᠤ ᠪᠢᠯᠡ︖ | ︵ᠬᠥᠩ ᠲᠤᠪᠴᠢᠶ᠎ᠠ ᠶᠢᠨ ᠲᠠᠷᠤᠭ᠎ᠠ︶ 2016 ᠤᠨ ᠠᠴᠠ ᠨᠠᠰᠢ ᠲᠥᠪ ᠬᠤᠷᠢᠶ᠎ᠠ ᠶᠢᠨ ᠤᠷᠴᠢᠨ ᠲᠤᠭᠤᠷᠢᠨ ᠤ ᠱᠠᠭᠠᠷᠲᠠᠨ ᠪᠠᠶᠢᠴᠠᠭᠠᠯᠲᠠ ᠪᠥᠬᠦᠲᠠ | ᠬᠤᠶᠠᠷ ᠪᠥᠯᠥᠭ ᠬᠤᠪᠢᠶᠠᠨ᠂ ᠪᠥᠬᠦ ᠤᠯᠤᠰ ᠤᠨ ᠡᠯ᠎ᠡ ᠮᠤᠵᠢ ᠳᠤ ᠱᠠᠭᠠᠷᠲᠠᠨ ᠪᠠᠶᠢᠴᠠᠭᠠᠯᠲᠠ ᠬᠢᠵᠤ ᠪᠥᠬᠦᠲᠡ ᠶᠢ ᠬᠠᠮᠤᠷᠪᠠ᠃ ᠮᠠᠨ ᠤ ᠥᠪᠤᠷ ᠮᠤᠩᠭᠤᠯ ᠤᠨ | ᠥᠪᠡᠷᠲᠡᠭᠡᠨ ᠵᠠᠰᠠᠬᠤ ᠤᠷᠤᠨ ᠨᠢᠭᠡᠲᠤᠭᠡᠷ ᠪᠥᠯᠥᠭ ᠱᠠᠭᠠᠷᠲᠠᠨ ᠪᠠᠶᠢᠴᠠᠭᠠᠭᠲᠠᠬᠤ ᠮᠤᠵᠢ ᠳᠤ ᠪᠠᠭᠲᠠᠨ᠎ᠠ᠃ ᠲᠥᠪ ᠬᠤᠷᠢᠶ᠎ᠠ ᠶᠢᠨ ᠤᠷᠴᠢᠨ ᠲᠤᠭᠤᠷᠢᠨ ᠤ ᠱᠠᠭᠠᠷᠲᠠᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠳᠤ ᠮᠠᠨ ᠤ ᠬᠤᠲᠠ ᠳᠤ ᠬᠤᠯᠪᠤᠭᠲᠠᠬᠤ ᠠᠰᠠᠭᠤᠲᠠᠯ ᠨᠡᠶᠢᠲᠡ 22 ᠪᠠᠶᠢᠨ᠎ᠠ᠃ ᠨᠢᠲᠤᠨᠤᠨ ᠵᠢᠯ ᠤᠨ ᠡᠴᠤᠰ | ᠪᠤᠯᠲᠠᠯ᠎ᠠ ᠨᠢᠭᠡᠨᠲᠡ 11 ᠶᠢ ᠴᠡᠭᠴᠡᠯᠡᠨ ᠵᠠᠰᠠᠵᠤ ᠲᠠᠭᠤᠰᠪᠠ᠂ ᠡᠭᠦᠨ ᠳᠤ᠄ ᠲᠠᠷᠤᠢ ᠵᠠᠰᠠᠬᠤ ᠪᠠ 2017 ᠵᠢᠯ ᠳᠤ ᠴᠡᠭᠴᠡᠯᠡᠨ ᠵᠠᠰᠠᠬᠤ 8 ᠠᠰᠠᠭᠤᠲᠠᠯ ᠢ | ᠨᠢᠭᠡᠨᠲᠡ ᠪᠥᠬᠦᠨ ᠢ ᠴᠡᠭᠴᠡᠯᠡᠨ ᠵᠠᠰᠠᠵᠤ ᠲᠠᠭᠤᠰᠬᠠᠪᠠ᠃ 2018 ᠠᠴᠠ 2020 ᠤᠨ ᠤ ᠬᠤᠭᠤᠴᠠᠭᠠᠨ ᠳᠤ ᠪᠠᠶᠡᠯᠡᠬᠦᠯᠬᠦ ᠪᠠᠷ ᠱᠠᠭᠠᠷᠲᠠᠭᠰᠠᠨ 5 ᠠᠰᠠᠭᠤᠲᠠᠯ ᠤᠨ | 2 ᠢ ᠨᠢᠭᠡᠨᠲᠡ ᠴᠡᠭᠴᠡᠯᠡᠨ ᠵᠠᠰᠠᠵᠤ ᠲᠠᠭᠤᠰᠬᠠᠪᠠ᠃ ᠥᠷᠬᠦᠯᠵᠢᠯᠡᠨ ᠴᠡᠭᠴᠡᠯᠡᠨ ᠵᠠᠰᠠᠬᠤ ᠪᠠᠷ ᠱᠠᠭᠠᠷᠲᠠᠭᠰᠠᠨ 9 ᠠᠰᠠᠭᠤᠲᠠᠯ ᠤᠨ 1 ᠢ ᠨᠢᠭᠡᠨᠲᠡ ᠲᠠᠭᠤᠰᠬᠠᠪᠠ᠃ | ᠴᠠᠭ ᠤᠨ ᠠᠬᠢᠴᠠ ᠠᠴᠠ ᠥᠵᠡᠪᠠᠯ᠂ ᠴᠡᠭᠴᠡᠯᠡᠨ ᠵᠠᠰᠠᠬᠤ ᠡᠭᠦᠷᠭᠡ ᠶᠢ ᠨᠢᠭᠡᠨᠲᠡ ᠲᠠᠪᠠᠭᠤᠯᠤᠨ ᠪᠡᠶᠡᠯᠡᠬᠦᠯᠪᠠ᠃ ᠲᠥᠪ ᠬᠤᠷᠢᠶ᠎ᠠ ᠶᠢᠨ ᠤᠷᠴᠢᠨ ᠲᠤᠭᠤᠷᠢᠨ ᠤ | ᠱᠠᠭᠠᠷᠲᠠᠨ ᠪᠠᠶᠢᠴᠠᠭᠠᠯᠲᠠ ᠶᠢᠨ ᠲᠤᠷᠠᠲᠤᠨ ᠭᠠᠷᠭᠠᠭᠰᠠᠨ ᠮᠠᠨ ᠤ ᠬᠤᠲᠠ ᠶᠢᠨ ᠤᠮᠠᠷᠠᠲᠤ ᠭᠡᠰᠡᠭ ᠤᠨ ᠤᠷᠴᠢᠨ ᠲᠤᠭᠤᠷᠢᠨ ᠤ ᠠᠰᠠᠭᠤᠲᠠᠯ ᠳᠤ ᠴᠢᠭᠯᠡᠬᠦᠯᠥᠨ᠂ | ᠡᠬᠢ ᠠᠴᠠ ᠨᠢ ᠵᠠᠰᠠᠬᠤ ᠶᠢᠨ ᠲᠥᠯᠤᠭᠡ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠲᠤᠨ ᠤᠮᠠᠷᠠᠲᠤ ᠭᠡᠰᠡᠭ ᠤᠨ ᠭᠠᠵᠠᠷ ᠤᠷᠤᠨ ᠤ | ᠴᠠᠬᠢᠯᠭᠠᠨ ᠢᠶᠠᠷ ᠬᠥᠩᠬᠡᠨ ᠴᠠᠭᠠᠨ ᠢ ᠵᠠᠳᠠᠯᠠᠬᠤ ᠠᠵᠤ ᠠᠬᠤᠶᠢᠯᠠᠯ ᠤᠨ ᠤᠲᠤᠭ᠎ᠠ ᠤᠨᠢᠶᠠᠷ ᠤᠨ ᠪᠤᠬᠢᠷᠲᠠᠯ ᠤᠨ ᠲᠠᠢ ᠭᠠᠲᠠᠭᠰᠢᠯᠠᠭᠤᠯᠤᠯᠲᠠ ᠶᠢᠨ ᠲᠠᠭᠤᠷᠢᠶᠠᠯ | ᠪᠠᠷᠢᠯᠭ᠎ᠠ ᠶᠢ ᠡᠬᠢᠯᠡᠬᠦᠯᠵᠤ᠂ ᠤᠲᠤᠬᠠᠨ᠎ᠠ ᠪᠥᠬᠦ ᠤᠯᠤᠰ ᠲᠤ ᠴᠠᠬᠢᠯᠭᠠᠨ ᠢᠶᠠᠷ ᠬᠥᠩᠬᠡᠨ ᠴᠠᠭᠠᠨ ᠵᠠᠲᠠᠯᠬᠤ ᠢ ᠠᠵᠢᠯᠲ᠋ᠥ᠋ᠷᠤᠯ ᠤᠨᠲ᠋ᠥ᠋ᠷᠤᠬᠦᠨ ᠤ ᠵᠢᠱᠢᠶ᠎ᠡ ᠪᠤᠯᠤᠨ᠎ᠠ᠃ | ᠪᠠᠷᠢᠯᠭ᠎ᠠ ᠨᠡᠶᠢᠲᠡ 6.79 ᠳ᠋ᠥᠩᠰᠢᠭᠤᠷ ᠲᠥᠬᠦᠷᠢᠭ ᠤᠷᠤᠭᠤᠯᠤᠨ᠂ ᠭᠤᠷᠪᠠᠨ ᠠᠵᠤ ᠠᠬᠤᠶᠢᠯᠠᠯ ᠪᠠᠷᠢᠯᠭ᠎ᠠ ᠶᠢ ᠲᠠᠭᠠᠭᠠᠴᠢᠯᠠᠵᠤ᠂ ᠨᠡᠶᠢᠲᠡ 9 ᠢᠵᠢ | ᠠᠷᠢᠭᠤᠤᠬᠠᠬᠤ ᠰᠢᠰᠲ᠋ᠧᠮ ᠪᠠᠶᠢᠭᠤᠯᠵᠤ᠂ ᠤᠭ ᠤᠨ ᠪᠠᠶᠢᠭᠰᠠᠨ ᠬᠠᠭᠤᠷᠠᠢ ᠠᠷᠭ᠎ᠠ ᠪᠠᠷ ᠲᠤᠭᠤᠰᠤ ᠶᠢ ᠠᠷᠢᠯᠭᠠᠨ ᠹᠠᠯᠤᠷ ᠥᠭᠡᠶᠢᠲᠡᠬᠦᠯᠥᠭᠰᠡᠨ ᠰᠠᠭᠤᠷᠢᠨ ᠲᠡᠭᠡᠷ᠎ᠡ᠂ | ᠴᠤᠬᠤᠢ ᠶᠢᠨ ᠴᠢᠯᠠᠭᠤ— ᠵᠤᠭᠠᠩ ᠢᠶᠠᠷ ᠰᠥᠷᠴᠢᠨ ᠲᠤᠩᠭᠠᠬᠤ ᠠᠷᠢᠭᠤᠳᠬᠠᠬᠤ ᠲᠥᠬᠦᠭᠡᠷᠤᠮᠵᠢ ᠶᠢ ᠰᠢᠨ᠎ᠡ ᠪᠠᠷ ᠪᠠᠶᠢᠭᠤᠯᠵᠤ᠂ ᠤᠲᠤᠭ᠎ᠠ ᠤᠨᠢᠶᠠᠷ ᠢ ᠬᠥᠨ | ᠬᠡᠮᠵᠢᠶ᠎ᠠ ᠪᠠᠷ ᠰᠢᠢᠳᠪᠤᠷᠢᠯᠡᠵᠤ᠂ ᠤᠲᠤᠭ᠎ᠠ ᠶᠢᠨ ᠤᠨᠢᠶᠠᠷ ᠤᠨ ᠹᠠᠯᠤᠷᠵᠢᠭᠰᠠᠨ ᠪᠤᠲᠠᠰ᠂ ᠬᠥᠬᠦᠷ ᠤᠨ ᠲᠠᠪᠬᠤᠷ ᠢᠰᠤᠯ᠂ ᠲᠤᠭᠤᠰᠤ ᠶᠢ ᠭᠠᠲᠠᠭᠰᠢᠯᠠᠭᠤᠯᠤᠯᠲᠠ ᠶᠢ | ᠪᠠᠷᠢᠮᠵᠢᠶ᠎ᠠ ᠳᠤ ᠬᠥᠷᠥᠭᠡᠭᠰᠡᠨ ᠰᠠᠭᠤᠷᠢᠨ ᠲᠡᠭᠡᠷ᠎ᠠ ᠲᠤᠰᠪᠤᠷᠢ 90 %᠂ 82.5%᠂ 75% ᠠᠴᠠ ᠲᠡᠭᠡᠭᠰᠢ ᠪᠠᠭᠠᠰᠬᠠᠪᠠ᠃ 2017 ᠤᠨ ᠳᠤ᠂ | ᠪᠠᠷᠢᠯᠭ᠎ᠠ ᠶᠢᠨ ᠪᠠᠶᠢᠭᠤᠯᠤᠯᠲᠠ ᠶᠢᠨ ᠠᠬᠢᠴᠠ ᠶᠢ ᠲᠥᠷᠭᠡᠳᠭᠡᠬᠦ ᠶᠢᠨ ᠲᠥᠯᠤᠭᠡ᠂ ᠮᠠᠨ ᠤ ᠤᠷᠴᠢᠨ ᠲᠤᠭᠤᠷᠢᠨ ᠤ ᠰᠠᠯᠠᠭ᠎ᠠ ᠮᠥᠴᠢᠷ《ᠡᠲᠤᠷ ᠤᠨ ᠮᠠᠲᠠᠬᠦᠯᠤᠯᠲᠠ᠂ | ᠭᠠᠷᠠᠭ ᠤᠨ ᠱᠠᠭᠠᠷᠲᠠᠨ ᠪᠠᠶᠢᠴᠠᠭᠠᠯᠲᠠ᠂ ᠠᠷᠪᠠᠨ ᠡᠲᠤᠷ ᠤᠨ ᠳ᠋ᠥᠩᠨᠡᠯᠲᠠ᠂ ᠰᠠᠷ᠎ᠠ ᠶᠢᠨ ᠮᠡᠲᠡᠭᠡᠯᠡᠯ》 ᠤᠨ ᠲᠥᠷᠢᠮ ᠢ ᠭᠡᠷᠡᠭᠵᠢᠬᠦᠯᠵᠥ᠂《 ᠭᠤᠤᠯ ᠤᠲᠤᠷᠢᠲᠤᠯᠭ᠎ᠠ | ᠭᠠᠷᠠᠭ ᠪᠥᠷᠢ ᠪᠡᠶ᠎ᠡ ᠪᠠᠷ ᠢᠶᠠᠨ ᠡᠩᠨᠡᠭᠡ ᠲᠠᠭᠠᠭᠤᠯᠵᠤ᠂ ᠲᠤᠬᠠᠢ ᠶᠢᠨ ᠭᠠᠵᠠᠷ ᠲᠤ ᠪᠤᠲᠠᠲᠤ ᠱᠠᠭᠠᠷᠲᠠᠨ ᠪᠠᠶᠢᠴᠠᠭᠠᠯᠲᠠ ᠬᠢᠬᠦ᠂ ᠨᠢᠭᠡ ᠨᠡᠷᠡᠰ ᠲᠡᠳ᠋ ᠲᠤᠪᠴᠢᠶᠠᠨ | ᠲᠠᠷᠤᠭ᠎ᠠ ᠶᠢ ᠬᠠᠷᠢᠶ᠎ᠠ ᠭᠠᠵᠠᠷ ᠪᠠᠶᠢᠩᠭᠤ ᠰᠠᠭᠤᠯᠭᠠᠵᠤ ᠵᠤᠬᠢᠴᠠᠭᠤᠯᠤᠨ ᠲᠤᠬᠢᠷᠠᠭᠤᠯᠬᠤ ᠪᠠᠷ ᠪᠠᠶᠢᠷᠢᠯᠠᠭᠤᠯᠬᠤ᠂ ᠤᠷᠴᠢᠨ ᠲᠤᠭᠤᠷᠢᠨ ᠤ ᠬᠢᠨᠠᠨ ᠪᠠᠶᠢᠴᠠᠭᠠᠭᠴᠢ ᠶᠢ | ᠲᠠᠮᠵᠢᠨ ᠠᠵᠤ ᠠᠬᠤᠶᠢᠯᠠᠯ ᠲᠠᠯᠠᠪᠠᠢ ᠳᠤ ᠰᠠᠭᠤᠯᠭᠠᠨ ᠬᠢᠨᠠᠨ ᠪᠠᠶᠢᠴᠠᠭᠠᠬᠤ》ᠵᠠᠷᠭᠡ ᠴᠢᠩᠭᠠᠳᠬᠠᠬᠤ ᠠᠷᠭ᠎ᠠ ᠬᠡᠮᠵᠢᠶ᠎ᠠ ᠠᠪᠴᠤ᠂ ᠪᠥᠬᠦ ᠥᠩᠭᠡᠷᠡᠯᠲᠡ ᠶᠢ ᠬᠢᠨᠠᠯᠲᠠ | ᠲᠠᠯᠪᠢᠬᠤ᠂ ᠨᠢᠭᠤᠴᠠ ᠪᠠᠷ ᠱᠠᠭᠠᠷᠲᠠᠨ ᠪᠠᠶᠢᠴᠠᠭᠠᠯᠲᠠ ᠬᠢᠬᠦ᠂ ᠮᠥᠷᠲᠠᠵᠤ ᠱᠠᠭᠠᠷᠲᠠᠨ ᠬᠢᠯᠭᠡᠬᠦ ᠬᠥᠴᠤᠴᠨ ᠪᠠᠨ ᠪᠥᠬᠦ ᠲᠠᠯ᠎ᠠ ᠪᠠᠷ ᠴᠢᠩᠭᠠᠳᠬᠠᠪᠠ ᠃ 2017 | ᠤᠨ ᠤ ᠡᠴᠤᠰ ᠪᠤᠯᠲᠠᠯ᠎ᠠ᠂ ᠬᠤᠩ ᠵᠢᠶᠦ᠋ᠨ ᠬᠥᠩᠭᠡᠨ ᠴᠠᠭᠠᠨ ᠴᠠᠬᠢᠯᠭᠠᠨ ᠤ ᠭᠥᠩᠰᠧ ᠤᠨ 1᠂ 2 ᠳ᠋ᠤᠭᠠᠷ ᠬᠤᠭᠤᠴᠠᠭ᠎ᠠ ᠪᠠ 3 ᠳ᠋ᠤᠭᠠᠷ ᠬᠤᠭᠤᠴᠠᠭᠠᠨ ᠤ | ᠵᠢᠱᠢᠶ᠎ᠠ ᠥᠵᠡᠬᠦᠯᠬᠦ ᠪᠠᠷᠢᠯᠭ᠎ᠠ ᠨᠡᠶᠢᠲᠡ 3.1 ᠳ᠋ᠥᠩᠰᠢᠭᠤᠷ ᠲᠥᠬᠦᠷᠢᠭ ᠪᠡᠯᠨ ᠤᠷᠤᠭᠤᠯᠵᠤ᠂ 4 ᠠᠷᠢᠭᠤᠳᠬᠠᠬᠤ ᠰᠢᠰᠲ᠋ᠧᠮ ᠨᠢᠭᠡᠨᠲᠡ ᠪᠠᠶᠢᠭᠤᠯᠤᠭᠲᠠᠵᠤ | ᠡᠷᠬᠢᠯᠲᠠ ᠳᠤ ᠤᠷᠤᠪᠠ᠂ ᠶᠢᠨ ᠯᠢᠶᠠᠨ ᠬᠥᠩᠭᠡᠨ ᠴᠠᠭᠠᠨ ᠤ ᠮᠠᠲ᠋ᠧᠷᠢᠶᠠᠯ ᠤᠨ ᠬᠥᠩᠰᠧ ᠤᠨ ᠵᠢᠱᠢᠶ᠎ᠡ ᠥᠵᠡᠬᠦᠯᠬᠦ ᠪᠠᠷᠢᠯᠭ᠎ᠠ ᠶᠢᠨ ᠪᠠᠯᠡ ᠤᠷᠤᠭᠤᠯᠤᠯᠲᠠ ᠨᠡᠶᠢᠲᠡ 2. | 49 ᠳ᠋ᠥᠩᠰᠢᠭᠤᠷ ᠲᠥᠬᠦᠷᠢᠭ᠂ 1 ᠳ᠋ᠤᠭᠡᠷ ᠨᠤᠮᠧᠷᠲᠤ ᠠᠷᠢᠭᠤᠳᠬᠠᠬᠤ ᠰᠢᠰᠲ᠋ᠧᠮ ᠨᠢᠭᠡᠨᠲᠡ ᠪᠠᠶᠢᠭᠤᠯᠤᠭᠲᠠᠵᠤ ᠡᠷᠬᠢᠯᠲᠠ ᠳᠤ ᠤᠷᠤᠪᠠ︔ 2 ᠳ᠋ᠤᠭᠠᠷ ᠨᠤᠮᠧᠷᠲᠤ | ᠠᠷᠢᠭᠤᠳᠬᠠᠬᠤ ᠰᠢᠰᠲ᠋ᠧᠮ ᠤᠨ ᠰᠢᠷᠤᠢ ᠮᠤᠲᠤᠨ ᠪᠠᠷᠢᠯᠭ᠎ᠠ ᠶᠢᠨ ᠠᠵᠢᠯ ᠤᠨ 70 % ᠶᠢ ᠲᠠᠭᠤᠰᠬᠠᠵᠤ᠂ ᠪᠠᠷᠢᠯᠭ᠎ᠠ ᠶᠢᠨ ᠵᠢᠷᠤᠭ ᠲᠥᠯᠤᠪᠯᠡᠯᠭᠡ᠂ ᠲᠥᠬᠦᠭᠡᠷᠤᠮᠵᠢ | ᠬᠤᠲᠠᠯᠲᠤᠨ ᠠᠪᠬᠤ ᠶᠢ ᠲᠤᠭᠲᠠᠭᠠᠬᠤ ᠥᠨᠲᠤᠰᠤᠨ ᠳᠡᠭᠡᠨ ᠲᠠᠭᠤᠰᠪᠠ᠃ ᠴᠤᠸᠠᠩ ᠶᠤᠸᠠᠨ ᠲᠡᠮᠦᠷᠯᠢᠭ ᠤᠨ ᠬᠥᠩᠰᠧ ᠤᠨ ᠲᠠᠭᠤᠷᠢᠶᠠᠯ ᠪᠠᠷᠢᠯᠭ᠎ᠠ ᠨᠡᠶᠢᠲᠡ 1.2 | ᠳ᠋ᠥᠩᠰᠢᠭᠤᠷ ᠲᠥᠬᠦᠷᠢᠭ ᠪᠡᠯᠡ ᠤᠷᠤᠭᠤᠯᠵᠤ᠂ ᠨᠢᠭᠡᠲᠤᠭᠡᠷ ᠬᠤᠭᠤᠴᠠᠭ᠎ᠠ ᠶᠢᠨ40 ᠲᠥᠮᠡᠨ ᠲᠤᠨ ᠴᠠᠬᠢᠯᠭᠠᠨ ᠢᠶᠠᠷ ᠬᠥᠩᠭᠡᠨ ᠴᠠᠭᠠᠨ ᠵᠠᠲᠠᠯᠬᠤ ᠲᠥᠷᠤᠯ ᠵᠥᠢᠯ | ᠪᠠ 1 ᠳ᠋ᠤᠭᠡᠷ ᠪᠠ 2 ᠳ᠋ᠤᠭᠠᠷ ᠨᠤᠮᠧᠷᠲᠤ ᠠᠷᠢᠭᠤᠳᠬᠠᠬᠤ ᠰᠢᠰᠲ᠋ᠧᠮ ᠨᠢᠭᠡᠨᠲᠡ ᠪᠠᠶᠢᠭᠤᠯᠤᠭᠲᠠᠵᠤ᠂ ᠪᠠᠰᠠ ᠲᠤᠬᠢᠷᠠᠭᠤᠯᠤᠨ ᠲᠤᠷᠰᠢᠬᠤ ᠨᠥᠬᠦᠴᠡᠯ ᠢ | ᠪᠥᠷᠢᠯᠲᠤᠬᠦᠯᠪᠠ︔ 3 ᠳ᠋ᠤᠭᠠᠷ ᠨᠤᠮᠧᠷᠲᠤ ᠠᠷᠢᠭᠤᠤᠬᠠᠬᠤ ᠰᠢᠰᠲ᠋ᠧᠮ ᠤᠨ ᠰᠢᠷᠤᠢ ᠮᠤᠲᠤᠨ ᠪᠠᠷᠢᠯᠭ᠎ᠠ 100% ᠪᠠᠷ ᠲᠠᠭᠤᠰᠪᠠ᠃ ᠲᠤᠰ ᠭᠥᠩᠰᠧ ᠤᠨ | ᠴᠠᠬᠢᠯᠭᠠᠨ ᠢᠶᠠᠷ ᠬᠥᠩᠭᠡᠨ ᠴᠠᠭᠠᠨ ᠵᠠᠳᠠᠯᠬᠤ ᠲᠥᠷᠤᠯ ᠵᠥᠢᠯ ᠤᠲᠤᠬᠠᠨ ᠪᠠᠰᠠᠥᠯᠤ ᠪᠠᠶᠢᠭᠤᠯᠤᠭᠲᠠᠨ ᠡᠷᠬᠢᠯᠲᠡ ᠳᠤ ᠤᠷᠤᠭᠤᠯᠤᠭᠠᠲᠤᠢ᠂ ᠵᠢᠱᠢᠶ᠎ᠠ ᠥᠵᠡᠬᠦᠯᠬᠦ | ᠪᠠᠷᠢᠯᠭ᠎ᠠ ᠨᠢᠭᠡᠨᠲᠡ ᠡᠮᠤᠨᠡᠬᠢ ᠬᠤᠭᠤᠴᠠᠭᠠᠨ ᠤ ᠪᠠᠶᠢᠭᠤᠯᠤᠯᠲᠠ ᠢ ᠴᠠᠬᠢᠯᠭᠠᠨ ᠢᠶᠠᠷ ᠬᠥᠩᠬᠡᠨ ᠴᠠᠭᠠᠨ ᠵᠠᠳᠠᠯᠬᠤ ᠲᠥᠷᠤᠯ ᠵᠥᠢᠯ ᠤᠨ ᠭᠤᠤᠯ ᠴᠤᠭᠴᠨ ᠶᠢᠨ ᠪᠠᠷᠢᠯᠭ᠎ᠠ | ᠲᠠᠢ ᠬᠠᠮᠲᠤ ᠪᠠᠷ ᠪᠠᠶᠢᠭᠤᠯᠵᠤ ᠡᠷᠬᠢᠯᠲᠠ ᠳᠤ ᠤᠷᠤᠭᠤᠯᠤᠨ᠎ᠠ᠃ ᠠᠷᠢᠭᠤᠤᠬᠠᠬᠤ ᠠᠴᠠ ᠡᠮᠤᠨ᠎ᠠ ᠬᠤᠶᠢᠨᠠᠬᠢ ᠨᠧᠲ ᠲᠡᠭᠡᠷᠡᠭᠢ ᠬᠢᠨᠠᠨ ᠬᠡᠮᠵᠢᠯᠲᠡ ᠶᠢᠨ ᠲᠤᠭ᠎ᠠ | ᠪᠠᠷᠢᠮᠲᠠ ᠲᠠᠢ ᠬᠠᠷᠢᠭᠤᠴᠠᠭᠤᠯᠬᠤ ᠪᠠᠷ ᠲᠠᠮᠵᠢᠨ᠂ ᠮᠥᠬᠦᠯᠢᠭ ᠪᠤᠲᠠᠰ ᠭᠠᠲᠠᠭᠰᠢᠯᠠᠭᠤᠯᠤᠭᠰᠠᠨ ᠥᠳᠬᠡᠨ ᠤ ᠬᠡᠮᠵᠢᠶ᠎ᠠ᠂ ᠬᠥᠬᠦᠷ ᠤᠨ ᠲᠠᠪᠬᠤᠷ ᠢᠰᠤᠯ ᠢ | ᠭᠠᠲᠠᠭᠰᠢᠯᠠᠭᠤᠯᠤᠭᠰᠠᠨ ᠥᠳᠭᠡᠨ ᠤ ᠬᠡᠮᠵᠢᠶ᠎ᠡ᠂ ᠹᠠᠯᠤᠷ ᠤᠰᠤᠲᠥ᠋ᠷᠥᠭᠴᠢ ᠶᠢ ᠭᠠᠲᠠᠭᠰᠢᠯᠠᠭᠤᠯᠤᠭᠰᠠᠨ ᠥᠳᠭᠡᠨ ᠤ ᠬᠡᠮᠵᠢᠶ᠎ᠠ ᠵᠡᠷᠭᠡ ᠭᠥᠢᠴᠡᠳᠭᠡᠬᠦ ᠲᠤᠭ᠎ᠠ ᠪᠥᠷ | ᠲᠥᠯᠤᠪᠯᠡᠭᠰᠡᠨ ᠲᠤᠭ᠎ᠠ ᠠᠴᠠ ᠰᠢᠯᠢᠲᠡᠭ᠂ ᠹᠠᠯᠤᠷᠵᠢᠭᠰᠠᠨ ᠪᠤᠲᠠᠰ ᠢ ᠠᠷᠢᠯᠭᠠᠭᠰᠠᠨ ᠪᠥᠲᠤᠮᠵᠢ 90.4% ᠠᠴᠠ ᠲᠡᠭᠡᠭᠰᠢ᠂ ᠪᠤᠬᠢᠷᠲᠠᠯ ᠥᠭᠡᠢ ᠶᠢ | ᠥᠨᠲᠤᠰᠤᠨ ᠳᠡᠭᠡᠨ ᠪᠠᠶᠡᠯᠡᠭᠦᠯᠪᠡ᠃ | ︵ᠬᠥᠲᠤᠯᠥᠭᠴᠢ︶ ᠤᠷᠴᠢᠨ ᠲᠤᠭᠤᠷᠢᠨ ᠤ ᠬᠠᠤᠯᠢ ᠬᠡᠷᠡᠭᠵᠢᠬᠦᠯᠥᠯᠲᠡ ᠶᠢᠨ ᠠᠵᠢᠯ ᠢ ᠤᠷᠴᠢᠨ ᠲᠤᠭᠤᠷᠢᠨ ᠤ ᠠᠵᠢᠯ ᠤᠨ《 ᠬᠤᠷᠴᠠ ᠰᠡᠯᠡᠮ᠎ᠡ》ᠭᠡᠵᠤ | ᠬᠡᠯᠡᠵᠤ ᠪᠤᠯᠤᠨ᠎ᠠ᠂ ᠲᠡᠶᠢᠮᠦ ᠪᠤᠯ ᠤᠷᠴᠢᠨ ᠲᠤᠭᠤᠷᠢᠨ ᠤ ᠬᠠᠤᠯᠢ ᠬᠡᠷᠡᠭᠵᠢᠬᠦᠯᠥᠯᠲᠡ ᠶᠢᠨ ᠭᠤᠤᠯᠲᠠᠯᠭᠠᠲᠤ ᠠᠭᠤᠯᠭ᠎ᠠ ᠠᠯᠢ ᠠᠯᠢ ᠪᠠᠶᠢᠬᠤ ᠪᠢᠯᠡ︖ ᠤᠷᠴᠢᠮ ᠤᠨ | ᠵᠢᠯ ᠳᠤ ᠤᠷᠴᠢᠨ ᠲᠤᠭᠤᠷᠢᠨ ᠤ ᠬᠠᠤᠯᠢ ᠬᠡᠷᠡᠭᠵᠢᠬᠦᠯᠥᠯᠲᠡ ᠶᠢ ᠴᠢᠩᠭᠠᠳᠬᠠᠬᠤ ᠶᠢᠨ ᠲᠥᠯᠤᠭᠡ ᠶᠠᠮᠠᠷ ᠶᠠᠮᠠᠷ ᠪᠥᠲᠤᠮᠵᠢ ᠲᠠᠢ ᠠᠷᠭ᠎ᠠ ᠬᠡᠮᠵᠢᠶ᠎ᠠ ᠠᠪᠤᠭᠰᠠ ᠪᠤᠢ︖ | ︵ᠭᠥᠩ ᠲᠤᠪᠴᠢᠶ᠎ᠠ ᠶᠢᠨ ᠲᠠᠷᠤᠭ᠎ᠠ︶ ᠤᠷᠴᠢᠨ ᠲᠤᠭᠤᠷᠢᠨ ᠤ ᠬᠢᠨᠠᠨ ᠪᠠᠶᠢᠴᠠᠭᠠᠯᠲᠠ ᠶᠢᠨ ᠬᠠᠤᠯᠢ ᠬᠡᠷᠡᠭᠵᠢᠬᠦᠯᠥᠯᠲᠡ ᠵᠢᠨᠠᠵᠢᠯ ᠤᠨ ᠭᠤᠤᠯ ᠡᠭᠦᠷᠭᠡ ᠪᠤᠯ | ᠤᠷᠴᠢᠨ ᠲᠤᠭᠤᠷᠢᠨ ᠤ ᠬᠢᠨᠠᠨ ᠬᠠᠮᠢᠶᠠᠷᠤᠯᠲᠠ ᠂ ᠤᠷᠴᠢᠨ ᠲᠤᠭᠤᠷᠢᠨ ᠤ ᠬᠠᠤᠯᠢ ᠶᠢ ᠵᠥᠷᠢᠴᠡᠭᠰᠡᠨ ᠡᠯ᠎ᠡ ᠲᠥᠷᠤᠯ ᠤᠨ ᠠᠵᠢᠯᠯᠠᠭ᠎ᠠ ᠶᠢ ᠪᠠᠶᠢᠴᠠᠭᠠᠨ ᠰᠢᠢᠳᠭᠡᠬᠦ ᠪᠠ | ᠴᠤᠬᠢᠯᠲᠠ ᠥᠭᠪᠡ᠃ ᠡᠬᠦᠨ ᠳᠤ ᠭᠤᠤᠯ ᠡᠭᠦᠷᠭᠡ ᠪᠤᠯ ᠭᠤᠤᠯᠲᠠᠭᠤ《 ᠠᠭᠠᠷ ᠠᠷᠪᠠᠨ ᠵᠤᠷᠪᠤᠰ》《 ᠤᠰᠤ ᠠᠷᠪᠠᠨ ᠵᠤᠷᠪᠤᠰ》《 ᠰᠢᠷᠤᠢ ᠠᠷᠪᠠᠨ ᠵᠤᠷᠪᠤᠰ | 》ᠵᠡᠷᠭᠡ ᠭᠤᠤᠯ ᠠᠵᠢᠯ ᠵᠢᠴᠢ ᠠᠷᠠᠳ ᠤᠨ ᠠᠮᠢᠲᠤᠷᠠᠯ ᠢ ᠪᠠᠲᠤᠯᠠᠬᠤ᠂ ᠭᠥᠭᠵᠢᠭᠦᠯᠥᠯᠲᠡ ᠳᠤ ᠥᠢᠯᠡᠴᠢᠯᠡᠬᠦ ᠵᠤᠷᠢᠯᠭ᠎ᠠ ᠪᠠᠷ ᠤᠷᠴᠢᠨ ᠲᠤᠭᠤᠷᠢᠨ ᠤ ᠬᠢᠨᠠᠨ | ᠪᠠᠶᠢᠴᠠᠭᠠᠯᠲᠠ ᠬᠠᠤᠯᠢ ᠬᠡᠷᠡᠭᠵᠢᠬᠦᠯᠥᠯᠲᠡ ᠶᠢ ᠢᠲᠡᠪᠬᠢᠲᠠᠢ ᠥᠷᠨᠢᠬᠦᠯᠪᠡ᠃ ᠬᠠᠤᠯᠢ ᠶᠢ ᠬᠡᠷᠡᠭᠵᠢᠬᠦᠯᠬᠦ ᠠᠵᠢᠯᠯᠠᠭ᠎ᠠ ᠲᠤᠮᠲᠠ ᠢᠯᠡᠷᠡᠭᠰᠡᠨ ᠡᠯ᠎ᠡ ᠵᠥᠢᠯ ᠤᠨ ᠤᠷᠴᠢᠨ | ᠲᠤᠭᠤᠷᠢᠨ ᠤ ᠬᠠᠤᠯᠢ ᠶᠢ ᠵᠥᠷᠢᠴᠡᠭᠰᠡᠨ ᠠᠰᠠᠭᠤᠲᠠᠯ ᠢ ᠭᠤᠤᠯᠲᠠᠭᠤ 《ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ》ᠪᠠ ᠲᠥᠷᠪᠡᠨ ᠲᠥᠬᠦᠷ | ᠠᠷᠭ᠎ᠠ ᠪᠠᠷ ᠬᠠᠤᠯᠢ ᠲᠤᠭᠲᠠᠭᠠᠯ ᠶᠤᠰᠤᠭᠠᠷ ᠰᠡᠶᠢᠳᠪᠥᠷᠢᠯᠡᠪᠡ᠃ ᠪᠤᠲᠠᠲᠢ ᠭᠡᠷᠡᠭ ᠢ ᠰᠢᠢᠳᠪᠤᠷᠢᠯᠡᠬᠦ ᠶᠠᠪᠤᠴᠠ ᠳᠤ ᠵᠤᠭᠤᠰ ᠤᠨ ᠲᠤᠷᠭᠠᠭᠤᠯᠢ ᠬᠥᠷᠲᠠᠵᠤ ᠠᠯᠪᠠᠲᠠᠨ | ᠵᠠᠯᠠᠷᠠᠭᠤᠯᠬᠤ ᠶᠢ ᠡᠰᠡᠷᠬᠦᠴᠡᠨ ᠥᠯᠤ ᠵᠠᠯᠠᠷᠠᠭᠤᠯᠤᠭᠰᠠᠨ ᠢ ᠡᠲᠤᠷ ᠢᠶᠠᠷ ᠪᠤᠲᠤᠵᠤ ᠰᠢᠢᠳᠭᠡᠪᠡ︔ ᠬᠠᠤᠯᠢ ᠶᠢ ᠵᠥᠷᠢᠴᠡᠨ ᠭᠠᠲᠠᠭᠰᠢᠯᠠᠭᠤᠯᠵᠤ ᠪᠤᠬᠢᠷᠲᠠᠭᠤᠯᠤᠭᠰᠠᠨ | ᠪᠤᠶᠤ ᠬᠥᠨᠲᠤ ᠪᠤᠬᠢᠷᠲᠡᠯ ᠪᠤᠯᠬᠤ ᠪᠤᠯᠤᠯᠴᠠᠭ᠎ᠠ ᠲᠠᠢ ᠶᠢ᠂ ᠪᠠᠶᠢᠴᠠᠭᠠᠨ ᠪᠢᠲᠡᠬᠦᠮᠵᠢᠯᠡᠵᠤ᠂ ᠪᠠᠷᠢᠴᠠᠭᠠᠨ ᠳᠤ ᠥᠯᠡᠲᠡᠭᠡᠪᠡ︔ ᠪᠠᠷᠢᠮᠵᠢᠶ᠎ᠠ ᠠᠴᠠ ᠭᠡᠲᠤᠷᠡᠵᠤ | ᠭᠠᠲᠠᠭᠰᠢᠯᠠᠭᠤᠯᠤᠭᠰᠠᠨ ᠪᠤᠶᠤ ᠶᠡᠷᠤᠩᠭᠡᠢ ᠬᠡᠮᠵᠢᠶ᠎ᠠ ᠠᠴᠠ ᠲᠠᠪᠠᠲᠠᠯᠠ ᠭᠠᠲᠠᠭᠰᠢᠯᠠᠭᠤᠯᠤᠭᠰᠠᠨ ᠢ ᠥᠢᠯᠡᠳᠪᠤᠷᠢᠯᠡᠬᠦ ᠶᠢ ᠬᠢᠵᠠᠭᠠᠷᠯᠠᠵᠤ᠂ ᠥᠢᠯᠡᠳᠪᠤᠷᠢᠯᠡᠬᠦ ᠶᠢ | ᠵᠤᠭᠰᠤᠭᠠᠪᠠ︔ ᠶᠠᠯ᠎ᠠ ᠳᠤ ᠬᠥᠷᠬᠦ ᠥᠭᠡᠢ ᠶᠢ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠥᠭᠬᠦ ᠪᠠᠷ ᠲᠤᠭᠲᠠᠭᠰᠠᠨ ᠤ ᠲᠠᠷᠠᠭ᠎ᠠ ᠲᠤᠲᠤᠭᠠᠲᠤ ᠶᠢ | ᠬᠠᠮᠠᠭᠠᠯᠠᠬᠤ ᠪᠠᠶᠢᠭᠤᠯᠭ᠎ᠠ ᠳᠤ ᠰᠢᠯᠵᠢᠬᠦᠯᠤᠨ ᠬᠥᠷᠭᠡᠪᠡ᠃ ᠬᠠᠮᠲᠤ ᠳᠤᠨᠢ《 ᠨᠢᠭᠡ ᠭᠡᠷᠡᠭ ᠢ ᠬᠤᠤᠰ ᠪᠠᠶᠢᠴᠠᠭᠠᠬᠤ》《 ᠨᠢᠭᠡ ᠭᠡᠷᠡᠭ ᠢ ᠬᠤᠤᠰ | ᠰᠢᠯᠵᠢᠬᠦᠯᠬᠦ》ᠵᠠᠷᠴᠢᠮ ᠢ ᠴᠢᠩᠭ᠎ᠠ ᠬᠡᠷᠡᠭᠵᠢᠬᠦᠯᠵᠥ᠂ ᠠᠵᠤ ᠠᠬᠤᠶᠢᠯᠠᠯ ᠤᠨ ᠬᠠᠤᠯᠢ ᠶᠢ ᠵᠥᠷᠢᠴᠡᠭᠰᠡᠡ ᠠᠵᠢᠯᠯᠠᠭ᠎ᠠ ᠶᠢ ᠪᠠᠶᠢᠴᠠᠭᠠᠬᠤ ᠪᠥᠭᠡᠳ ᠪᠠᠰᠠ ᠬᠢᠨᠠᠨ | ᠬᠠᠮᠢᠶᠠᠷᠬᠤ ᠲᠤᠰᠢᠶᠠᠯ ᠢᠶᠠᠨ ᠬᠥᠢᠴᠡᠳᠭᠡᠭᠰᠡᠡ ᠪᠠᠶᠢᠲᠠᠯ ᠢ ᠪᠠᠶᠢᠴᠠᠭᠠᠪᠠ︔ ᠠᠵᠤ ᠠᠬᠤᠶᠢᠯᠠᠯ ᠤᠨ ᠬᠠᠤᠯᠢ ᠠᠴᠠ ᠵᠥᠷᠢᠴᠡᠭᠰᠡᠡ ᠶᠠᠯᠠᠲᠤ ᠠᠵᠢᠯᠯᠠᠭ᠎ᠠ ᠶᠢ | ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠳᠤ ᠰᠢᠯᠵᠢᠬᠦᠯᠤᠨ ᠥᠭᠬᠦ ᠪᠥᠭᠡᠳ ᠪᠠᠰᠠ ᠲᠤᠰᠢᠶᠠᠯ ᠢᠶᠠᠨ ᠬᠥᠢᠴᠡᠳᠭᠡᠭᠰᠡᠡ ᠢᠶᠠᠷ ᠲᠤᠲᠠᠮᠠᠭ ᠪᠠᠶᠢᠲᠠᠯ ᠢ ᠰᠠᠬᠢᠯᠭ᠎ᠠ ᠪᠠᠲᠤ | ᠪᠠᠶᠢᠴᠠᠭᠠᠬᠤ ᠰᠠᠯᠠᠭ᠎ᠠ ᠮᠥᠴᠢᠷ ᠲᠤ ᠰᠢᠯᠵᠢᠬᠦᠯᠤᠨ ᠬᠥᠷᠭᠡᠪᠡ᠃ ᠤᠷᠴᠢᠨ ᠲᠤᠭᠤᠷᠢᠨ ᠤ ᠬᠠᠤᠯᠢ ᠶᠢ ᠵᠥᠢᠷᠴᠡᠭᠰᠡᠨ ᠠᠵᠢᠯᠯᠠᠭ᠎ᠠ ᠶᠢ ᠨᠢᠭᠡ ᠶᠢ ᠤᠯᠵᠤ ᠮᠡᠲᠡᠪᠡᠯ᠂ | ᠲᠠᠷᠤᠢ ᠳᠤᠨᠢ ᠪᠠᠶᠢᠴᠠᠭᠠᠨ ᠰᠢᠢᠳᠭᠡᠨ᠎ᠠ᠃ 2017 ᠤᠨ ᠳᠤ᠂ ᠪᠢᠲᠠ ᠪᠥᠬᠦ ᠬᠤᠲᠠ ᠶᠢᠨ ᠬᠡᠪᠴᠢᠶᠠᠨ ᠳᠤ ᠤᠷᠴᠢᠨ ᠲᠤᠭᠤᠷᠢᠨ ᠤ ᠬᠠᠤᠯᠢ ᠭᠡᠷᠡᠭᠵᠢᠬᠦᠯᠬᠦ | ᠲᠠᠪᠲᠠᠨ ᠪᠤᠯᠪᠠᠰᠤᠷᠠᠬᠤ ᠠᠵᠢᠯᠯᠠᠭ᠎ᠠ ᠪᠠ ᠥᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠤᠢ ᠶᠢ ᠪᠡᠯᠭᠡᠯᠡᠬᠦ《 ᠲᠠᠯᠲᠠ ᠭᠡᠮ ᠢ ᠪᠠᠶᠢᠴᠠᠭᠠᠬᠤ᠂ | ᠪᠤᠬᠢᠷᠲᠠᠯ ᠢ ᠬᠢᠵᠠᠭᠠᠷᠯᠠᠬᠤ》ᠤᠷᠴᠢᠨ ᠲᠤᠭᠤᠷᠢᠨ ᠤ ᠬᠠᠤᠯᠢ ᠭᠡᠷᠡᠭᠵᠢᠬᠦᠯᠬᠦ ᠲᠤᠰᠬᠠᠢ ᠠᠵᠢᠯᠯᠠᠭ᠎ᠠ ᠥᠷᠨᠢᠬᠦᠯᠪᠡ᠃ ᠲᠤᠤᠷᠵᠢᠭᠤᠯᠤᠯᠲᠠ ᠶᠢᠨ ᠬᠠᠮᠢᠶᠠᠷᠤᠯᠲᠠ ᠶᠢ | ᠲᠡᠬᠦᠯᠲᠡᠷᠵᠢᠬᠦᠯᠵᠥ《 ᠬᠤᠤᠰ ᠰᠤᠩᠭᠤᠯᠲᠠ᠂ ᠨᠢᠭᠡ ᠢᠯᠡ ᠪᠤᠯᠭᠠᠬᠤ》ᠲᠤᠭᠲᠠᠴᠨ ᠪᠠ ᠬᠥᠲᠡᠯᠭᠡᠭᠡᠨᠲᠤ ᠬᠠᠤᠯᠢ ᠬᠡᠷᠡᠭᠵᠢᠬᠦᠯᠥᠯᠲᠡ ᠵᠢᠨᠠᠷᠭ᠎ᠠ ᠪᠠᠷᠢᠯ ᠢ ᠭᠡᠷᠡᠭᠯᠡᠵᠥ | ᠂ ᠤᠷᠴᠢᠨ ᠲᠤᠭᠤᠷᠢᠨ ᠤ ᠬᠠᠤᠯᠢ ᠬᠡᠷᠡᠭᠵᠢᠬᠦᠯᠬᠦ ᠪᠠᠶᠢᠴᠠᠭᠠᠯᠲᠠ ᠶᠢᠨ ᠬᠥᠴᠤᠴᠨ ᠶᠢ ᠲᠠᠰᠤᠷᠯᠠᠲᠠ ᠥᠭᠡᠢ ᠴᠢᠩᠭᠠᠳᠬᠠᠵᠤ᠂ ᠡᠯ᠎ᠡ ᠵᠥᠢᠯ ᠤᠨ ᠤᠷᠴᠢᠨ | ᠲᠤᠭᠤᠷᠢᠨ ᠤ ᠬᠠᠤᠯᠢ ᠶᠢ ᠵᠥᠢᠷᠴᠡᠭᠰᠡᠨ ᠠᠵᠢᠯᠯᠠᠭ᠎ᠠ ᠳᠤ ᠨᠤᠴᠢᠲᠠᠢ ᠴᠤᠬᠢᠯᠲᠠ ᠥᠭᠪᠡ᠃ ᠪᠥᠬᠦ ᠵᠢᠯ ᠳᠤ ᠨᠡᠶᠢᠲᠡ 1200 ᠭᠠᠷᠤᠢ ᠠᠵᠤ ᠠᠬᠤᠶᠢᠯᠠᠯ ᠳᠤ | ᠬᠠᠤᠯᠢ ᠬᠡᠷᠡᠭᠵᠢᠬᠦᠯᠥᠯᠲᠡ ᠶᠢᠨ ᠪᠠᠶᠢᠴᠠᠭᠠᠯᠲᠠ ᠬᠢᠵᠤ᠂ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠠᠴᠠ ᠵᠥᠷᠢᠴᠡᠭᠰᠡᠨ ᠬᠡᠷᠡᠭ ᠢ 117 ᠪᠠᠶᠢᠴᠠᠭᠠᠨ | ᠰᠢᠢᠳᠭᠡᠵᠤ ᠂ ᠵᠠᠰᠠᠭ ᠵᠠᠬᠢᠷᠭᠠᠨ ᠤ ᠰᠢᠢᠳᠭᠡᠯ ᠤᠨ ᠪᠢᠴᠢᠭ ᠮᠠᠲ᠋ᠧᠷᠢᠶᠠᠯ ᠢ 96 ᠬᠤᠪᠢ ᠪᠠᠭᠤᠯᠭᠠᠵᠤ᠂ ᠰᠢᠢᠳᠭᠡᠯ ᠤᠨ ᠮᠥᠩᠭᠦ 1417.2 ᠲᠥᠮᠡᠨ ᠲᠥᠬᠦᠷᠢᠭ | ᠬᠥᠷᠪᠡ᠃ ᠰᠢᠨ᠎ᠡ《 ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ》 ᠶᠢ ᠲᠤᠷᠰᠢᠨ ᠬᠡᠷᠡᠭᠯᠡᠬᠦ ᠵᠢᠴᠢ ᠲᠥᠬᠦᠷ ᠠᠷᠭ᠎ᠠ ᠬᠡᠮᠵᠢᠶ᠎ᠡ ᠶᠢᠨ ᠭᠡᠷᠡᠭ ᠢ 31 ᠬᠤᠪᠢ | ᠰᠢᠢᠳᠪᠤᠷᠢᠯᠡᠭᠰᠡᠨ ᠪᠠᠶᠢᠨ᠎ᠠ᠃ ᠪᠥᠬᠦ ᠵᠢᠯ ᠳᠤ 12369 ᠢᠯᠡᠴᠢᠯᠡᠨ ᠮᠡᠲᠡᠬᠦᠯᠬᠦ ᠲᠠᠪᠴᠠᠩ ᠤᠯᠠᠨ ᠲᠥᠮᠠᠨ ᠤ ᠢᠯᠡᠴᠢᠯᠡᠨ ᠮᠡᠲᠡᠬᠦᠯᠥᠭᠰᠡᠡ ᠭᠡᠷᠡᠭ ᠢ 86 | ᠬᠥᠯᠢᠶᠠᠨ ᠠᠪᠴᠤ ᠰᠢᠢᠳᠪᠤᠷᠢᠯᠡᠵᠤ᠂ ᠤᠯᠠᠨ ᠲᠥᠮᠡᠨ ᠤ ᠤᠷᠴᠢᠨ ᠲᠤᠭᠤᠷᠢᠨ ᠤ ᠡᠷᠭᠡ ᠠᠰᠢᠭ ᠢ ᠪᠥᠲᠤᠮᠵᠢ ᠲᠠᠢ ᠬᠠᠮᠠᠭᠠᠯᠠᠨ ᠪᠠᠲᠤᠯᠠᠪᠠ᠃ | ︵ᠬᠥᠲᠥᠯᠥᠭᠴᠢ︶ ᠵᠢᠯ ᠪᠥᠷᠢ ᠶᠢᠨ 6 ᠰᠠᠷ᠎ᠠ ᠶᠢᠨ 5 ᠤ ᠡᠲᠤᠷ ᠪᠤᠯ ᠲᠡᠯᠡᠭᠡᠢ ᠶᠢᠨ ᠤᠷᠴᠢᠨ ᠲᠤᠭᠤᠷᠢᠨ ᠤ ᠡᠲᠤᠷ ᠪᠤᠯᠤᠨ᠎ᠠ᠂ ᠲᠡᠶᠢᠮᠤ ᠪᠤᠯ ᠡᠨᠡ ᠵᠢᠯ ᠤᠨ | ᠲᠡᠯᠡᠭᠡᠢ ᠶᠢᠨ ᠤᠷᠴᠢᠨ ᠲᠤᠭᠤᠷᠢᠨ ᠤ ᠡᠲᠤᠷ ᠤᠨ ᠲᠤᠮᠲᠠᠲᠤ ᠤᠯᠤᠰ ᠤᠨ ᠭᠤᠤᠯ ᠰᠡᠲᠤᠪ ᠶᠠᠭᠤ ᠪᠢᠯᠡ︖ ᠲᠥᠩᠯᠢᠶᠤᠤ ᠬᠤᠲᠠ ᠡᠨᠡ ᠵᠢᠯ ᠤᠨ ᠤᠷᠴᠢᠨ | ᠲᠤᠭᠤᠷᠢᠨ ᠤ ᠡᠲᠤᠷ ᠤᠨ ᠬᠤᠭᠤᠴᠠᠭᠠᠨ ᠳᠤ ᠶᠠᠮᠠᠷ ᠶᠠᠮᠠᠷ ᠠᠵᠢᠯᠯᠠᠭ᠎ᠠ ᠥᠷᠨᠢᠬᠦᠯᠬᠦ ᠪᠠᠷ ᠪᠡᠯᠡᠳᠭᠡᠵᠤ ᠪᠠᠶᠢᠬᠤ ᠪᠢᠯᠡ︖ | ︵ᠬᠥᠩ ᠲᠤᠪᠴᠢᠶ᠎ᠠ ᠶᠢᠨ ᠲᠠᠷᠤᠭ᠎ᠠ︶ ᠡᠨᠡ ᠵᠢᠯ ᠪᠤᠯ 47 ᠳ᠋ᠤᠭᠠᠷ ᠲᠡᠯᠡᠭᠡᠢ ᠶᠢᠨ ᠤᠷᠴᠢᠨ ᠲᠤᠭᠤᠷᠢᠨ ᠤ ᠡᠲᠤᠷ ᠪᠤᠯᠤᠨ᠎ᠠ᠃ ᠮᠥᠨ ᠴᠤ ᠠᠮᠢ ᠠᠬᠤᠢ | ᠤᠷᠴᠢᠨ ᠲᠤᠭᠤᠷᠢᠨ ᠤ ᠭᠡᠯᠲᠡᠰ ᠪᠠᠶᠢᠭᠤᠯᠤᠭᠳᠠᠭᠰᠠᠨ ᠤ ᠲᠠᠷᠠᠭᠠᠬᠢ ᠨᠢᠭᠡᠲᠤᠭᠡᠷ ᠤᠷᠴᠢᠨ ᠲᠤᠭᠤᠷᠢᠨ ᠤ ᠡᠲᠤᠷ ᠪᠤᠯᠤᠨ᠎ᠠ᠂ ᠡᠨᠡ ᠵᠢᠯ ᠤᠨ 《6᠂ 5》 ᠤ | ᠤᠷᠴᠢᠨ ᠲᠤᠭᠤᠷᠢᠨ ᠤ ᠡᠲᠤᠷ ᠤᠨ ᠭᠤᠤᠯ ᠰᠡᠲᠤᠪ ᠪᠤᠯ《 ᠥᠵᠡᠰᠬᠦᠯᠡᠩ ᠰᠠᠶᠢᠬᠠᠨ ᠲᠤᠮᠲᠠᠲᠤ ᠤᠯᠤᠰ᠂ ᠪᠢ ᠪᠤᠯ ᠠᠵᠢᠯᠯᠠᠭᠴᠢ》ᠪᠤᠯᠤᠨ᠎ᠠ᠃ ᠨᠡᠶᠢᠭᠡᠮ ᠤᠨ | ᠡᠯ᠎ᠡ ᠡᠲᠡᠭᠡᠳ ᠪᠠ ᠤᠯᠠᠨ ᠲᠥᠮᠡᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠳᠤ ᠢᠲᠡᠪᠬᠢᠲᠡᠢ ᠤᠷᠤᠯᠴᠠᠵᠤ᠂ ᠭᠠᠷ ᠬᠤᠯᠪᠤᠯᠴᠠᠨ ᠬᠥᠲᠤᠯᠤᠯᠴᠠᠵᠤ᠂ ᠲᠡᠭᠷᠢ | ᠬᠥᠬᠡ᠂ ᠡᠪᠡᠰᠤ ᠨᠤᠭᠤᠭᠠᠨ᠂ ᠤᠰᠤ ᠲᠤᠩᠭᠠᠯᠠᠭ᠂ ᠥᠵᠡᠰᠭᠦᠯᠡᠩᠲᠤ ᠰᠠᠶᠢᠬᠠᠨ ᠲᠤᠮᠲᠠᠲᠤ ᠤᠯᠤᠰ ᠢ ᠬᠠᠮᠲᠤ ᠪᠠᠷ ᠴᠤᠭᠴᠠᠯᠠᠬᠤ ᠪᠠᠷ ᠵᠤᠷᠢᠯᠲᠠ ᠪᠤᠯᠭᠠᠨ᠎ᠠ᠃ | ᠡᠨᠡᠬᠦ ᠭᠤᠤᠯ ᠰᠡᠲᠤᠪ ᠤᠨᠲ᠋ᠤᠭᠤᠷᠢᠨ ᠳᠤ᠂ ᠡᠨᠡ ᠵᠢᠯ ᠪᠢᠲᠡᠨ ᠤᠬᠠᠭᠤᠯᠭ᠎ᠠ᠂ ᠰᠤᠷᠭᠠᠨ ᠬᠥᠮᠤᠵᠢᠯ᠂ ᠰᠤᠶᠤᠯ ᠪᠤᠯᠪᠠᠰᠤᠨ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠲᠠᠢ ᠬᠤᠯᠪᠤᠭᠠᠯᠠᠵᠤ᠂《 ᠤᠷᠴᠢᠨ ᠲᠤᠭᠤᠷᠢᠨ ᠤ ᠬᠠᠮᠠᠭᠠᠯᠠᠯᠲᠠ ᠶᠢᠨ ᠢᠯᠡ ᠨᠡᠭᠡᠭᠡᠯᠲᠠ ᠶᠢᠨ | ᠡᠲᠤᠷ》 ᠤᠨ ᠠᠵᠢᠯᠯᠠᠭ᠎ᠠ ᠶᠢ ᠵᠤᠬᠢᠶᠠᠨ ᠪᠠᠶᠢᠭᠤᠯᠵᠤ ᠥᠷᠨᠢᠬᠦᠯᠥᠨ᠎ᠠ᠃ ᠪᠥᠬᠦ ᠬᠤᠲᠠ ᠶᠢᠨ ᠲᠤᠮᠲᠠᠲᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠶᠠᠷᠢᠶᠠᠨ ᠤ | ᠤᠷᠤᠯᠲᠤᠭᠠᠨ ᠪᠠ ᠲᠤᠮᠲᠠᠲᠤ ᠪᠠᠭ᠎ᠠ ᠰᠤᠷᠭᠠᠭᠤᠯᠢ ᠶᠢᠨ ᠤᠷᠴᠢᠨ ᠲᠤᠭᠤᠷᠢᠨ ᠤ ᠬᠡᠷᠡᠭ ᠤᠨ ᠲᠠᠭᠤᠷᠢᠶᠠᠮᠠᠯ ᠬᠠᠤᠯᠢ ᠶᠢᠨ ᠲᠢᠩᠬᠢᠮ ᠤᠨ ᠬᠥᠲᠠᠯᠭᠡᠭᠡᠨ ᠢ ᠡᠷᠬᠢᠯᠡᠨ᠎ᠡ᠃ | ᠤᠷᠴᠢᠨ ᠲᠤᠭᠤᠷᠢᠨ ᠤ ᠰᠠᠶᠢᠨ ᠲᠤᠷᠠᠴᠤᠤᠯ ᠢ ᠵᠤᠬᠢᠶᠠᠨ ᠪᠠᠶᠢᠭᠤᠯᠤᠨ᠂ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠬᠤᠯᠪᠤᠭᠠᠯᠠᠨ ᠠᠮᠢ ᠠᠬᠤᠢ ᠶᠢᠨ ᠪᠤᠯᠪᠠᠰᠤᠨ ᠤ | ᠥᠢᠯᠭᠠᠭᠲᠠᠬᠤᠨ᠂ ᠪᠤᠬᠢᠷᠲᠠᠯ ᠥᠭᠡᠢ ᠬᠥᠭᠵᠢᠭᠦᠯᠥᠯᠲᠡ ᠶᠢᠨ ᠤᠶᠢᠯᠭᠠᠭᠲᠠᠬᠤᠨ ᠢ ᠶᠡᠭᠡᠪᠡᠷ ᠤᠬᠠᠭᠤᠯᠤᠨ᠎ᠠ᠃ ᠤᠷᠴᠢᠨ ᠲᠤᠭᠤᠷᠢᠨ ᠤ ᠬᠠᠮᠠᠭᠠᠠᠯᠠᠯᠲᠠ ᠶᠢᠨ | ᠤᠬᠠᠭᠤᠯᠭ᠎ᠠ ᠪᠠᠶᠢᠭᠤᠯᠭ᠎ᠠ᠂ ᠨᠡᠶᠢᠭᠡᠮ ᠤᠨ ᠲᠤᠭᠤᠷᠢᠭ᠂ ᠰᠤᠷᠭᠠᠭᠤᠯᠢ᠂ ᠰᠢᠶᠠᠩ ᠪᠠᠯᠭᠠᠰᠤ᠂ ᠠᠵᠤ ᠠᠬᠤᠶᠢᠯᠠᠯ ᠂ ᠪᠠᠷᠢᠯᠭ᠎ᠠ ᠶᠢᠨ ᠭᠠᠵᠠᠷ᠂ ᠵᠤᠴᠢᠳ ᠤᠨ | ᠪᠠᠭᠤᠲᠠᠯ ᠂ ᠵᠠᠬ᠎ᠠ ᠲᠡᠯᠭᠡᠬᠦᠷ᠂ ᠥᠵᠡᠮᠵᠢ ᠶᠢᠨ ᠭᠠᠵᠠᠷ᠂ ᠭᠡᠷ ᠪᠥᠯᠢ ᠳᠤ ᠤᠷᠤᠬᠤ《 ᠠᠷᠪᠠᠨ ᠤᠷᠤᠬᠤ》ᠠᠵᠢᠯᠯᠠᠭ᠎ᠠ ᠥᠷᠨᠢᠬᠦᠯᠥᠨ᠎ᠠ᠃ ᠪᠥᠬᠦ ᠬᠤᠲᠠ | ᠬᠠᠮᠲᠤᠪᠠᠷ ᠬᠠᠯᠠᠮᠵᠢᠯᠠᠭᠰᠠᠨ᠂ ᠠᠩᠬᠠᠷᠤᠯ ᠲᠥᠪᠯᠡᠷᠡᠬᠦᠯᠥᠭᠰᠡᠨ᠂ ᠤᠷᠴᠢᠨ ᠲᠤᠭᠤᠷᠢᠠ ᠤ ᠬᠠᠮᠠᠭᠠᠯᠠᠯᠲᠠ ᠶᠢᠨ ᠠᠵᠢᠯ ᠳᠤ ᠤᠷᠤᠯᠴᠠᠭᠰᠠᠨ ᠠᠭᠤᠷ ᠠᠮᠢᠰᠬᠤᠯ ᠢ | ᠪᠤᠢ ᠪᠤᠯᠭᠠᠨ᠎ᠠ᠃ ᠡᠭᠦᠨ ᠠᠴᠠ ᠭᠠᠲᠠᠨ᠎ᠠ᠂ ᠲᠥᠩᠯᠢᠶᠤᠤ ᠬᠤᠲᠠ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ ᠶᠢᠨ ᠪᠠᠶᠢᠭᠤᠯᠤᠭᠳᠠᠭᠰᠠ 20 | ᠤᠢ ᠶᠢ ᠪᠡᠯᠭᠡᠯᠡᠬᠦ ᠶᠢᠨ ᠲᠥᠯᠤᠭᠡ᠂ 20 ᠵᠢᠯ ᠠᠴᠠ ᠨᠠᠰᠢᠬᠢ ᠲᠥᠩᠯᠢᠶᠤᠤ ᠬᠤᠲᠠ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠮᠢᠶᠠᠲᠠᠢ ᠥᠰᠥᠭ ᠪᠢᠴᠢᠭ᠂ | ᠵᠢᠷᠤᠭ ᠲᠥᠷᠰᠤ᠂ ᠬᠠᠷᠠᠭᠠᠨ ᠤ ᠲᠠᠪᠲᠠᠮᠵᠢ ᠶᠢᠨ ᠮᠠᠲ᠋ᠧᠷᠢᠶᠠᠯ ᠢ ᠴᠤᠭᠯᠠᠭᠤᠯᠵᠤ᠂《ᠲᠥᠩᠯᠢᠶᠤᠤ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ 20 | ᠵᠢᠯ》ᠪᠠᠷᠢᠮᠲᠠᠲᠤ ᠺᠢᠨᠤ᠋ ᠵᠡᠷᠭᠡ ᠶᠢ ᠨᠠᠶᠢᠷᠠᠭᠤᠯᠤᠨ᠋ ᠵᠤᠬᠢᠶᠠᠵᠤ᠂ ᠨᠡᠶᠢᠭᠡᠮ ᠢᠶᠠᠷ ᠢᠶᠠᠨ ᠪᠥᠬᠦ ᠬᠤᠲᠠ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯᠲᠠᠡ ᠤ | ᠡᠨᠡ ᠬᠤᠷᠢᠨ ᠵᠢᠯ ᠤᠨ ᠲᠤᠷᠰᠢᠬᠢ ᠬᠠᠯᠠᠰᠢᠷᠠᠯ ᠥᠭᠡᠢ ᠴᠢᠷᠮᠠᠶᠢᠯᠭ᠎ᠠ ᠵᠢᠴᠢ ᠮᠠᠨ ᠤ ᠬᠤᠲᠠ ᠶᠢᠨ ᠬᠤᠷᠢᠨ ᠵᠢᠯ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠠᠵᠢᠯ ᠤᠨ ᠤᠯᠤᠭᠰᠠ ᠠᠮᠵᠢᠯᠲᠠ ᠶᠢ ᠤᠯᠠᠮ ᠨᠢᠭᠡ ᠠᠯᠬᠤᠮ ᠥᠢᠯᠭᠠᠭᠰᠠᠨ ᠪᠠᠶᠢᠨ᠎ᠠ᠃ |