ᠥᠭᠡᠷᠡᠴᠢᠯᠠᠯᠲᠠ ᠶᠢᠨ ᠰᠤᠲᠠᠰᠤ ᠶᠢ ᠤᠨᠤᠪᠴᠢᠲᠠᠢ ᠠᠳᠬᠤᠵᠤ᠂ ᠪᠥᠬᠦ ᠬᠤᠲᠠ ᠶᠢᠨ ᠬᠤᠲᠠᠯᠲᠤᠭ᠎ᠠ ᠶᠢᠨ ᠶᠠᠪᠤᠲᠠᠯ ᠤᠨ  ᠲᠥᠷᠢᠮ ᠤᠨ ᠥᠭᠡᠷᠡᠴᠢᠯᠠᠯᠲᠠ ᠶᠢᠨ ᠠᠷᠭ᠎ᠠ ᠬᠡᠮᠵᠢᠶ᠎ᠠ ᠶᠢ  ᠯᠠᠪᠲᠠᠭᠤᠨ ᠪᠠᠲᠤᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2018/9/11
     ᠰᠤᠷᠪᠤᠯᠵᠢᠯᠠᠭᠰᠠ ᠴᠠᠭ᠄ 2018.05.30        16᠄ 10      ᠰᠤᠷᠪᠤᠯᠵᠢᠯᠠᠭᠲᠠᠭᠴᠢ᠄ ᠲᠥᠩᠯᠢᠶᠤᠤ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠵᠠᠰᠠᠭ ᠵᠠᠬᠢᠷᠭ᠎ᠠ ᠶᠢᠨ ᠬᠠᠮᠢᠶᠠᠷᠤᠯᠲᠠ ᠶᠢᠨ ᠲᠤᠪᠴᠢᠶ᠎ᠠ ᠶᠢᠨ ᠲᠠᠷᠤᠭ᠎ᠠ       ᠯᠢᠤ ᠳ᠋ᠢᠶᠠᠨ ᠸᠧᠨ      ᠰᠤᠷᠪᠤᠯᠵᠢᠯᠠᠭ᠎ᠠ ᠶᠢᠨ ᠪᠠᠶᠢᠲᠠᠯ᠄ ᠨᠢᠭᠡᠨᠲᠠ ᠲᠡᠭᠦᠰᠪᠡ      ᠭᠤᠤᠯ ᠠᠭᠤᠯᠭ᠎ᠠ᠄ 2014 ᠤᠨ ᠠᠴᠠ ᠡᠬᠢᠯᠡᠨ᠂ ᠥᠪᠡᠷᠲᠡᠭᠡᠨ ᠵᠠᠰᠠᠬᠤ ᠤᠷᠤᠨ ᠤ ᠥᠢᠯᠡᠳᠪᠤᠷᠢ ᠬᠤᠲᠠᠯᠲᠤᠭ᠎ᠠ ᠶᠢᠨ ᠲᠤᠪᠴᠢᠶ᠎ᠠ ᠶᠢᠨ ᠬᠥᠴᠥᠲᠡᠢ ᠲᠡᠮᠵᠢᠯᠭᠡ᠂ ᠵᠢᠯᠤᠭᠤᠲᠤᠯᠭ᠎ᠠ ᠪᠠ ᠲᠥᠩᠯᠢᠶᠤᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠴᠢᠬᠤᠯᠠᠴᠢᠯᠠᠨ ᠠᠬᠢᠭᠤᠯᠤᠭᠰᠠ ᠢᠶᠠᠷ᠂ ᠬᠤᠲᠠ ᠶᠢᠨ ᠥᠢᠯᠡᠳᠪᠤᠷᠢ ᠬᠤᠲᠠᠯᠲᠠᠭ᠎ᠠ ᠶᠢᠨ ᠲᠤᠪᠴᠢᠶ᠎ᠠ ᠥᠭᠡᠷᠡᠴᠢᠯᠠᠯᠲᠠ ᠶᠢ ᠲᠠᠭᠠᠨ᠂ ᠥᠭᠡᠷᠡᠴᠢᠯᠡᠯᠲᠠ ᠶᠢᠨ  ᠰᠤᠲᠠᠰᠤ ᠶᠢ ᠤᠨᠤᠪᠴᠢᠲᠠᠢ ᠠᠳᠬᠤᠵᠤ᠂ ᠬᠥᠴᠢᠷ ᠢ ᠰᠢᠪᠲᠤᠯᠵᠤ᠂ ᠰᠢᠷᠢᠰ ᠬᠤᠲᠠᠯᠲᠤᠭ᠎ᠠ ᠶᠢᠨ ᠶᠠᠪᠤᠲᠠᠯ ᠤᠨ ᠲᠥᠷᠢᠮ ᠤᠨ ᠥᠭᠡᠷᠡᠴᠢᠯᠠᠯᠲᠠ ᠶᠢᠨ ᠠᠷᠭ᠎ᠠ ᠬᠡᠮᠵᠢᠶ᠎ᠠ ᠶᠢ ᠲᠤᠭᠲᠠᠭᠤᠨ ᠠᠬᠢᠭᠤᠯᠵᠤ᠂  ᠵᠠᠬ᠎ᠠ ᠲᠡᠯᠭᠡᠬᠦᠷ ᠤᠨ ᠭᠤᠤᠯ ᠴᠤᠭᠴᠨ ᠶᠢᠨ ᠴᠡᠴᠡᠭᠯᠡᠨ ᠬᠥᠭᠵᠢᠯᠲᠡ ᠶᠢ ᠶᠡᠭᠡᠪᠡᠷ ᠠᠬᠢᠭᠤᠯᠪᠠ᠃      ︵ᠬᠥᠲᠥᠯᠥᠭᠴᠢ︶ ᠰᠥᠯᠵᠢᠶ᠎ᠠ ᠶᠢᠨ ᠨᠥᠬᠦᠤᠨ ᠪᠥᠬᠦᠲᠡᠭᠡᠷ ᠰᠠᠶᠢᠨ ᠪᠠᠶᠢᠨᠠᠤ᠂ ᠮᠠᠨ ᠤ ᠲᠥᠩᠯᠢᠶᠤᠤ ᠬᠤᠲᠠ ᠶᠢᠨ ᠵᠠᠰᠠᠭ ᠤᠨ ᠤᠷᠲᠤᠨ ᠤ ᠡᠭᠦᠲᠤᠴᠢ ᠰᠥᠯᠵᠢᠶ᠎ᠠ ᠶᠢᠨ ᠥᠷᠲᠡᠭᠡ ᠶᠢᠨ ᠭᠠᠷᠭᠠᠭᠰᠠᠨ ᠲᠥᠩᠯᠢᠶ᠋ᠶᠤᠤ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠵᠠᠰᠠᠭ ᠵᠠᠬᠢᠷᠭ᠎ᠠ ᠶᠢᠨ ᠬᠠᠮᠢᠶᠠᠷᠤᠯᠲᠠ ᠶᠢᠨ ᠲᠤᠪᠴᠢᠶ᠎ᠠ ᠶᠢᠨ ᠨᠧᠲ ᠲᠡᠭᠡᠷᠡᠬᠢ ᠰᠤᠷᠪᠤᠯᠵᠢᠯᠠᠭ᠎ᠠ ᠶᠢ ᠬᠥᠯᠢᠶᠠᠨ ᠥᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠥᠨᠤᠲᠤᠷ ᠮᠠᠨ ᠤ ᠤᠷᠢᠨ ᠠᠪᠴᠢᠷᠠᠭᠰᠠ ᠰᠤᠷᠪᠤᠯᠵᠢᠯᠠᠭᠲᠠᠭᠴᠢ ᠪᠤᠯ ᠲᠥᠩᠯᠢᠶᠤᠤ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠵᠠᠰᠠᠭ ᠵᠠᠬᠢᠷᠭ᠎ᠠ ᠶᠢᠨ ᠬᠠᠮᠢᠶᠠᠷᠤᠯᠲᠠ ᠶᠢᠨ ᠲᠤᠪᠴᠢᠶ᠎ᠠ ᠶᠢᠨ ᠯᠢᠤ ᠳ᠋ᠢᠶᠠᠨ ᠸᠧᠨ ᠲᠤᠪᠴᠢᠶ᠎ᠠ ᠶᠢᠨ ᠲᠠᠷᠤᠭ᠎ᠠ ᠪᠤᠯᠤᠨ᠎ᠠ᠂ ᠯᠢᠤ ᠲᠤᠪᠴᠢᠶ᠎ᠠ ᠶᠢᠨ ᠲᠠᠷᠤᠭ᠎ᠠ ᠶᠢ ᠪᠠᠶᠠᠷᠯᠠᠨ ᠤᠭᠲᠤᠶ᠎ᠠ︕ ᠤᠷᠴᠢᠮ ᠤᠨ ᠵᠢᠯ ᠠᠴᠠ ᠨᠠᠰᠢ᠂ ᠪᠥᠬᠦ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠰᠢᠰᠲ᠋ᠧᠮ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠥᠬᠦ ᠲᠠᠯ᠎ᠠ ᠪᠠᠷ ᠥᠢᠯᠡᠴᠢᠯᠡᠨ᠂ ᠮᠠᠨ ᠤ ᠬᠤᠲᠠ ᠶᠢᠨ ᠠᠵᠤ ᠠᠬᠤᠢ ᠶᠢᠨ ᠥᠨᠲᠤᠷ ᠴᠢᠨᠰᠠᠭ᠎ᠠ ᠲᠠᠢ ᠬᠥᠭᠵᠢᠯᠲᠡ ᠶᠢ  ᠲᠡᠮᠵᠢᠨ ᠠᠬᠢᠭᠤᠯᠪᠠ᠃ ᠡᠨᠡ ᠵᠢᠯ ᠠᠴᠠ ᠨᠠᠰᠢ᠂ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠲᠤᠪᠴᠢᠶ᠎ᠠ ᠪᠥᠷ ᠠᠯᠢ ᠠᠯᠢ ᠭᠤᠤᠯ ᠠᠵᠢᠯ ᠢ ᠥᠷᠢᠨᠢᠬᠦᠯᠥᠭᠰᠡᠨ ᠪᠤᠢ︖      ︵ᠯᠢᠤ ᠲᠤᠪᠴᠢᠶ᠎ᠠ ᠶᠢᠨ ᠲᠠᠷᠤᠭ᠎ᠠ︶ ᠲᠠᠨᠠᠷ ᠰᠠᠶᠢᠨ ᠪᠠᠶᠢᠨᠠᠤ᠃ ᠰᠥᠯᠵᠢᠶ᠎ᠠ ᠶᠢᠨ ᠨᠥᠬᠦᠤᠨ‌‍ᠤᠨ ᠮᠠᠨ ᠤ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠵᠠᠰᠠᠭ ᠵᠠᠬᠢᠷᠭ᠎ᠠ ᠶᠢᠨ ᠬᠠᠮᠢᠶᠠᠷᠤᠯᠲᠠ ᠶᠢᠨ ᠠᠵᠢᠯ ᠳᠤ ᠠᠩᠬᠠᠷᠤᠯ ᠲᠠᠯᠪᠢᠨ ᠲᠡᠮᠵᠢᠯᠭᠡ ᠥᠵᠡᠬᠦᠯᠥᠭᠰᠡᠨ ᠳᠤ ᠲᠠᠯᠠᠷᠬᠠᠵᠤ ᠪᠠᠶᠢᠨ᠎ᠠ᠃ ᠡᠨᠡ ᠵᠢᠯ ᠪᠢᠲᠠ ᠭᠤᠤᠯᠲᠠᠭᠤ ᠲᠤᠤᠷᠠᠬᠢ ᠠᠵᠢᠯ ᠢ ᠥᠷᠨᠢᠬᠦᠯᠪᠡ᠄ ᠨᠢᠭᠡ ᠳᠤ ᠲᠥᠬᠦᠮᠴᠢᠯᠡᠯᠲᠠ ᠶᠢᠨ ᠥᠭᠡᠷᠡᠴᠢᠯᠡᠯᠲᠠ ᠶᠢ ᠴᠢᠨᠠᠭᠰᠢᠲᠠ ᠠᠬᠢᠭᠤᠯᠵᠤ᠂ ᠵᠠᠬ᠎ᠠ ᠲᠡᠯᠭᠡᠬᠦᠷ ᠲᠤ ᠰᠢᠨ᠎ᠡ ᠠᠮᠢᠵᠢᠷᠠᠯ ᠤᠨ ᠬᠥᠴᠤᠨ ᠤᠷᠤᠭᠤᠯᠪᠠ᠃ ᠬᠤᠲᠠᠯᠲᠤᠭ᠎ᠠ ᠶᠢᠨ ᠶᠠᠪᠤᠲᠠᠯ ᠤᠨ ᠲᠥᠷᠢᠮ ᠤᠨ ᠥᠭᠡᠷᠡᠴᠢᠯᠡᠯᠲᠡ ᠪᠤᠯ ᠲᠥᠷᠤ ᠶᠢᠨ ᠶᠠᠪᠤᠲᠠᠯ ᠤᠨ ᠬᠤᠷᠢᠶ᠎ᠠ ᠶᠢᠨ ᠵᠠᠰᠠᠭ ᠢ ᠴᠤᠮᠠᠬᠠᠳᠬᠠᠵᠤ ᠡᠷᠭᠡ ᠶᠢ ᠲᠠᠯᠪᠢᠬᠤ᠂ ᠴᠢᠲᠠᠪᠬᠢ ᠶᠢ ᠬᠤᠪᠢᠷᠠᠭᠤᠯᠤᠬᠤ ᠴᠢᠬᠤᠯᠠ ᠠᠷᠭ᠎ᠠ ᠪᠠᠷᠢᠯ ᠪᠤᠯᠤᠨ᠎ᠠ᠂ ᠥᠨᠡᠨᠲᠡᠭᠡᠨ ᠮᠠᠨ ᠤ ᠠᠵᠤ ᠠᠬᠤᠶᠢᠯᠠᠯ ᠤᠨ ᠤᠷᠤᠭᠤᠯᠬᠤ ᠶᠢ ᠵᠥᠪᠰᠢᠶᠡᠷᠡᠬᠦ ᠠᠴᠠ ᠭᠠᠷᠲᠠᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠶᠡᠭᠡ ᠬᠡᠮᠵᠢᠶ᠎ᠠ ᠪᠠᠷ ᠪᠠᠭᠠᠰᠬᠠᠪᠠ᠃ 2017 ᠤᠨ ᠤ 5 ᠰᠠᠷ᠎ᠠ ᠶᠢᠨ 25 ᠤ ᠡᠲᠤᠷ ᠠᠵᠤ ᠠᠬᠤᠶᠢᠯᠠᠯ ᠳᠤ  ᠲᠥᠩᠯᠢᠶᠤᠤ ᠬᠤᠲᠠ ᠶᠢᠨ ᠠᠩᠬᠠᠨ ᠤ ᠬᠠᠭᠤᠲᠠᠰᠤ《 5+Χ 》ᠤᠯᠠᠨ ᠥᠨᠡᠮᠯᠡᠯ ᠢ ᠨᠢᠭᠡᠳᠭᠡᠬᠦ ᠡᠵᠡᠩᠨᠡᠯᠲᠡ ᠶᠢᠨ ᠪᠠᠲᠤᠯᠠᠪᠤᠷᠢ ᠶᠢ ᠲᠠᠷᠬᠠᠭᠠᠭᠰᠠᠨ ᠨᠢ《ᠤᠯᠠᠨ ᠥᠨᠡᠮᠯᠡᠯ ᠢ ᠨᠢᠭᠡᠳᠭᠡᠬᠦ 》ᠲᠠᠩᠰᠠᠯᠠᠯ ᠤᠨ ᠲᠤᠭᠲᠠᠭᠠᠯ ᠢ ᠮᠠᠨ ᠤ ᠬᠤᠲᠠ ᠵᠢᠩᠬᠢᠨᠢ ᠬᠡᠷᠡᠭᠵᠢᠬᠦᠯᠥᠭᠰᠡᠨ ᠢ ᠬᠠᠷᠠᠭᠤᠯᠵᠤ ᠪᠠᠶᠢᠨ᠎ᠠ᠃ ᠪᠥᠬᠦ ᠤᠷᠤᠨ ᠳᠤ《25 ᠥᠨᠡᠮᠯᠡᠯ ᠢ ᠨᠢᠭᠡᠳᠭᠡᠬᠦ 》 ᠶᠢ ᠤᠷᠢᠲᠠᠪᠠᠷ  ᠬᠡᠷᠡᠭᠵᠢᠬᠦᠯᠵᠥ᠂ ᠪᠥᠬᠦ ᠤᠷᠤᠨ ᠤ ᠥᠭᠡᠷᠡᠴᠢᠯᠡᠯᠲᠡ ᠳᠤ ᠨᠡᠯᠢᠶᠡᠳ ᠪᠤᠯᠪᠠᠰᠤᠷᠠᠩᠭᠤᠢ ᠲᠤᠷᠰᠢᠯᠲᠠ ᠶᠢᠨ ᠴᠡᠭ ᠤᠨ ᠲᠤᠷᠰᠢᠯᠭ᠎ᠠ ᠬᠠᠩᠭᠠᠪᠠ᠃ 9 ᠰᠠᠷ᠎ᠠ ᠶᠢᠨ 30 ᠤ ᠡᠲᠤᠷ ᠪᠥᠬᠦ ᠤᠷᠤᠨ ᠤ ᠥᠭᠡᠷᠡᠴᠢᠯᠡᠯᠲᠡ ᠪᠥᠬᠦ ᠲᠠᠯ᠎ᠠ ᠪᠠᠷ ᠡᠬᠢᠯᠡᠵᠤ᠂《21 ᠥᠨᠡᠮᠯᠡᠯ ᠢ ᠨᠢᠭᠡ ᠪᠤᠯᠭᠠᠬᠤ》 ᠶᠢ ᠬᠡᠷᠡᠭᠵᠢᠬᠦᠯᠵᠥ᠂ ᠪᠠᠷᠤᠭ 28000 ᠡᠷᠥᠭᠡ ᠠᠵᠤ ᠠᠬᠤᠶᠢᠯᠠᠯ ᠳᠤ《 ᠤᠯᠠᠨ ᠥᠨᠡᠮᠯᠡᠯ ᠢ ᠨᠢᠭᠡᠳᠭᠡᠬᠦ》ᠡᠵᠡᠩᠨᠡᠯᠲᠠ ᠶᠢᠨ ᠪᠠᠲᠤᠯᠠᠪᠤᠷᠢ ᠤᠯᠭᠤᠪᠠ᠃ ᠡᠨᠡ ᠵᠢᠯ ᠤᠨ ᠲᠤᠤᠷ᠎ᠠ ᠬᠠᠭᠠᠰ ᠵᠢᠯ ᠳᠤ 《 ᠥᠨᠡᠮᠯᠡᠯ ᠪᠠᠲᠤᠯᠠᠪᠤᠷᠢ ᠶᠢ ᠰᠠᠯᠭᠠᠬᠤ》ᠥᠭᠡᠷᠡᠴᠢᠯᠡᠯᠲᠡ ᠶᠢ ᠪᠥᠬᠦ ᠲᠠᠯ᠎ᠠ ᠪᠠᠷ ᠡᠬᠢᠯᠡᠬᠦᠯᠵᠤ᠂《 ᠪᠠᠲᠤᠯᠠᠪᠤᠷᠢ ᠶᠢᠨ ᠬᠤᠶᠢᠨ᠎ᠠ ᠥᠨᠡᠮᠯᠡᠯ ᠢ ᠪᠠᠭᠠᠰᠬᠠᠬᠤ》᠂ ᠵᠠᠰᠠᠭ ᠵᠠᠬᠢᠷᠭᠠᠨ ᠤ ᠬᠢᠨᠡᠨ ᠵᠥᠪᠰᠢᠶᠡᠷᠡᠯ ᠢ ᠶᠡᠭᠡ ᠬᠡᠮᠵᠢᠶ᠎ᠡ ᠪᠠᠷ ᠪᠠᠭᠠᠰᠬᠠᠨ᠂《 ᠤᠷᠤᠭᠤᠯᠤᠭᠠᠳ ᠡᠵᠡᠩᠨᠡᠵᠤ ᠪᠤᠯᠬᠤ ᠥᠭᠡᠢ》ᠠᠰᠠᠭᠤᠲᠠᠯ ᠢ ᠬᠥᠴᠤᠯᠠᠡ ᠰᠢᠢᠳᠪᠥᠷᠢᠯᠡᠨ᠎ᠠ᠃ ᠬᠤᠶᠠᠷ ᠲᠤ ᠲᠠᠸᠠᠷ ᠤᠨ ᠲᠠᠮᠲᠡᠭ ᠤᠨ ᠬᠥᠭᠵᠢᠬᠦᠯᠥᠯᠲᠡ ᠶᠢᠨ ᠪᠠᠶᠢᠯᠲᠤᠬᠤ ᠪᠤᠲᠤᠯᠭ᠎ᠠ ᠶᠢ ᠬᠡᠷᠡᠭᠵᠢᠬᠦᠯᠵᠥ᠂ ᠠᠵᠤ ᠠᠬᠤᠢ ᠶᠢᠨ  ᠥᠷᠬᠦᠯᠵᠢᠯᠡᠯ ᠡᠷᠡᠬᠦᠯ ᠬᠥᠭᠵᠢᠬᠦᠯᠥᠯᠲᠡ ᠳᠤ ᠥᠢᠯᠡᠴᠢᠯᠡᠨ᠎ᠠ᠃ ᠡᠨᠡ ᠵᠢᠯ ᠠᠴᠠ ᠨᠠᠰᠢ᠂ ᠮᠠᠨ ᠤ ᠲᠤᠪᠴᠢᠶ᠎ᠠ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠲᠤᠷᠠᠲᠤᠭᠰᠠᠨ ᠥᠭᠡᠷᠡᠴᠢᠯᠡᠯᠲᠡ ᠨᠡᠭᠡᠭᠡᠯᠲᠡ ᠶᠢ ᠬᠥᠨᠵᠡᠭᠡᠶᠢᠷᠡᠬᠦᠯᠬᠦ᠂ ᠠᠵᠤ ᠠᠬᠤᠢ ᠶᠢᠨ ᠬᠥᠭᠵᠢᠬᠦᠯᠥᠯᠲᠡ ᠶᠢᠨ ᠠᠷᠭ᠎ᠠ ᠮᠠᠶ᠋ᠢᠭ ᠢ  ᠬᠤᠪᠢᠷᠠᠭᠤᠯᠬᠤ ᠪᠠ ᠠᠵᠤ ᠠᠬᠤᠢ ᠶᠢᠨ ᠬᠡᠯᠪᠡᠷᠢ ᠶᠢ ᠬᠤᠪᠢᠷᠠᠭᠠᠨ ᠲᠡᠰ ᠲᠡᠪᠰᠢᠬᠦᠯᠬᠦ ᠶᠢ ᠲᠥᠷᠭᠡᠳᠭᠡᠬᠦ ᠰᠢᠨ᠎ᠡ ᠬᠠᠷᠠᠯᠲᠠ᠂ ᠰᠢᠨ᠎ᠡ ᠡᠬᠦᠷᠭᠡ ᠶᠢ  ᠨᠠᠶᠢᠲᠠᠪᠤᠷᠢᠵᠢᠭᠤᠯᠬᠤ ᠶᠢᠨ ᠲᠥᠯᠤᠭᠡ᠂《 ᠲᠥᠩᠯᠢᠶᠤᠤ ᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠬᠦᠯᠥᠯᠲᠡ ᠶᠢᠨ 〈13·5〉ᠵᠢᠯ ᠤᠨ ᠲᠥᠯᠥᠪᠵᠢᠬᠦᠯᠭᠡ ᠶᠢᠨ  ᠬᠥᠲᠤᠯᠪᠤᠷᠢ》 ᠶᠢ ᠥᠨᠲᠤᠰᠤᠯᠠᠨ᠂ ᠮᠠᠨ ᠤ ᠬᠤᠲᠠ ᠶᠢᠨ ᠲᠠᠸᠠᠷ ᠤᠨ ᠨᠡᠷᠡᠲᠦ ᠲᠠᠮᠲᠡᠭ ᠤᠨ ᠪᠠᠶᠢᠯᠲᠤᠬᠤ ᠪᠤᠲᠤᠯᠭ᠎ᠠ ᠶᠢᠨ ᠪᠤᠲᠠᠲᠤ ᠪᠠᠶᠢᠲᠠᠯ ᠲᠠᠢ ᠤᠶᠠᠯᠲᠤᠭᠤᠯᠤᠨ᠂《 ᠲᠥᠩᠯᠢᠶᠤᠤ ᠬᠤᠲᠠ ᠶᠢᠨ ᠲᠠᠸᠠᠷ ᠤᠨ  ᠨᠡᠷᠡᠲᠦ ᠲᠡᠮᠲᠡᠭ ᠤᠨ ᠪᠠᠶᠢᠯᠲᠤᠬᠤ ᠪᠤᠲᠤᠯᠭ᠎ᠠ ᠶᠢ ᠠᠬᠢᠭᠤᠯᠬᠤ ᠬᠡᠷᠡᠭᠵᠢᠬᠦᠯᠥᠯᠲᠡ ᠶᠢᠨ ᠲᠥᠰᠤᠯ ︵2018—2020︶》 ᠶᠢ ᠨᠡᠶᠢᠲᠡᠯᠡᠪᠡ᠃ ᠮᠠᠨ ᠤ ᠪᠠᠶᠢᠴᠠᠭᠠᠨ ᠰᠤᠲᠤᠯᠵᠤ ᠨᠤᠲᠠᠯᠠᠬᠤ᠂ ᠬᠠᠮᠢᠶ᠎ᠠ ᠪᠥᠬᠦᠢ ᠰᠠᠯᠠᠭ᠎ᠠ ᠮᠥᠴᠢᠷ ᠠᠴᠠ ᠰᠠᠨᠠᠯ ᠬᠤᠷᠢᠶᠠᠬᠤ ᠵᠡᠷᠭᠡ  ᠵᠠᠰᠠᠪᠤᠷᠢ ᠤᠷᠤᠭᠤᠯᠬᠤ ᠪᠠ ᠲᠡᠬᠦᠯᠲᠡᠷᠵᠢᠬᠦᠯᠥᠭᠰᠡᠨ ᠶᠠᠪᠤᠴᠠ ᠪᠠᠷ ᠲᠠᠮᠵᠢᠨ᠂ ᠤᠲᠤᠬᠠᠨ᠎ᠠ᠂  ᠬᠡᠷᠡᠭᠵᠢᠬᠦᠯᠥᠯᠲᠡ ᠶᠢᠨ ᠲᠥᠰᠤᠯ ᠢ ᠨᠢᠭᠡᠨᠲᠡ ᠵᠠᠰᠠᠭ ᠤᠨ ᠤᠷᠲᠤᠨ ᠳᠤ ᠮᠠᠲᠠᠬᠦᠯᠵᠤ ᠬᠢᠨᠠᠨ ᠵᠥᠪᠯᠡᠬᠦᠯᠪᠡ᠂ ᠤᠶᠢᠷ᠎ᠠ ᠶᠢᠨ ᠬᠤᠭᠤᠴᠠᠭ᠎ᠠ ᠳᠤ ᠵᠠᠰᠠᠭ ᠤᠨ ᠤᠷᠲᠤᠨ ᠪᠢᠴᠢᠭ ᠮᠠᠲ᠋ᠧᠷᠢᠶᠠᠯ ᠨᠠᠶᠢᠷᠠᠭᠤᠯᠵᠤ ᠲᠠᠷᠬᠠᠭᠠᠬᠤ ᠪᠠᠷ ᠪᠠᠶᠢᠨ᠎ᠠ᠃《 ᠬᠡᠷᠡᠭᠵᠢᠬᠦᠯᠥᠯᠲᠡ ᠶᠢᠨ ᠲᠥᠰᠤᠯ》ᠭᠤᠤᠯᠲᠠᠭᠤ ᠪᠥᠬᠦ ᠬᠤᠲᠠ ᠶᠢᠨ ᠲᠠᠸᠠᠷ ‍ᠤᠨ‌ᠨᠡᠷᠡᠲᠦ ᠲᠡᠮᠲᠡᠭ ᠤᠨ ᠪᠠᠶᠢᠯᠲᠤᠬᠤ ᠪᠤᠲᠤᠯᠭ᠎ᠠ ᠶᠢᠨ ᠠᠵᠢᠯ ᠤᠨ ᠲᠤᠭᠤᠷᠢᠨ ᠳᠤ᠂  ᠲᠠᠸᠠᠷ ᠤᠨ ᠲᠡᠮᠲᠡᠭ ᠶᠢ ᠲᠠᠩᠰᠠᠯᠠᠬᠤ ᠶᠡᠷᠤᠩᠭᠡᠢ ᠬᠡᠮᠵᠢᠶ᠎ᠠ ᠶᠢ ᠲᠡᠭᠡᠭᠰᠢᠯᠡᠭᠦᠯᠭᠦ᠂  ᠲᠠᠸᠠᠷ ᠤᠨ ᠨᠡᠷᠡᠲᠦ ᠲᠡᠮᠲᠡᠭ ᠤᠨ ᠥᠪᠡᠷ ᠤᠨ ᠥᠷᠲᠡᠭ ᠢ ᠲᠡᠭᠡᠭᠰᠢᠯᠡᠬᠦᠯᠬᠦ᠂《 ᠨᠢᠭᠡ᠂ ᠠᠷᠪᠠ᠂ ᠵᠠᠭᠤ》ᠲᠠᠸᠠᠷ ᠤᠨ ᠨᠡᠷᠡᠲᠦ ᠲᠡᠮᠲᠡᠭ ᠢ ᠪᠤᠶᠢᠵᠢᠭᠤᠯᠬᠤ ᠢᠨᠵᠧᠨ᠋ᠷᠢᠩ ᠢ ᠬᠡᠷᠡᠭᠵᠢᠬᠦᠯᠬᠦ᠂ ᠲᠠᠸᠠᠷ ᠤᠨ ᠨᠡᠷᠡᠲᠤ ᠲᠡᠮᠲᠡᠭ  ᠢ  ᠬᠠᠮᠠᠭᠠᠯᠬᠠᠤ ᠪᠠᠶᠢᠭᠤᠯᠤᠮᠵᠢ ᠶᠢᠨ ᠲᠤᠭᠲᠠᠴᠨ ᠶᠢ ᠲᠡᠬᠦᠯᠲᠡᠷᠵᠢᠬᠦᠯᠬᠦ᠂ ᠲᠠᠸᠠᠷ ᠤᠨ ᠨᠡᠷᠡᠲᠦ ᠲᠡᠮᠲᠡᠭ  ᠤᠨ ᠥᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠬᠤ ᠵᠡᠷᠭᠡ ᠠᠭᠤᠯᠭ᠎ᠠ ᠪᠠᠷ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠲᠤ ᠪᠤᠲᠠᠲᠢ ᠱᠠᠭᠠᠷᠲᠠᠯᠭ᠎ᠠ ᠲᠤᠷᠠᠲᠤᠪᠠ᠃《ᠬᠡᠷᠡᠭᠵᠢᠬᠦᠯᠥᠯᠲᠡ ᠶᠢᠨ ᠲᠥᠰᠤᠯ》 ᠢ  ᠨᠡᠶᠢᠲᠡᠯᠡᠭᠰᠡᠨ ᠨᠢ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠬᠦᠯᠥᠯᠲᠡ ᠶᠢᠨ ᠰᠢᠨ᠎ᠡ  ᠪᠠᠶᠢᠩᠭᠤ ᠲᠤᠤᠷ᠎ᠠ ᠨᠡᠷᠡᠲᠦ ᠲᠡᠮᠲᠡᠭᠲᠥ ᠠᠵᠤ ᠠᠬᠤᠢ ᠶᠢ ᠬᠥᠭᠵᠢᠭᠦᠯᠬᠦ ᠳᠤ ᠪᠥᠲᠤᠮᠵᠢ ᠲᠠᠢ ᠭᠠᠷᠲᠠᠮᠵᠢ ᠤᠯᠭᠤᠵᠤ᠂ ᠠᠵᠤ ᠠᠬᠤᠢ ᠶᠢᠨ ᠤᠷᠲᠤ ᠤᠲᠠᠭᠠᠨ ᠬᠥᠭᠵᠢᠬᠦᠯᠥᠯᠲᠡ ᠳᠤ ᠰᠢᠨ᠎ᠡ ᠠᠮᠢᠵᠢᠷᠠᠯ ᠤᠨ ᠬᠥᠴᠤᠨ ᠢ ᠨᠡᠮᠡᠷᠢᠯᠡᠵᠤ᠂ ᠪᠥᠬᠦ ᠬᠤᠲᠠ ᠶᠢᠨ ᠠᠵᠤ ᠠᠬᠤᠢ ᠶᠢᠨ ᠥᠨᠲᠤᠷ ᠴᠢᠨᠰᠠᠭ᠎ᠠ ᠲᠠᠢ ᠬᠥᠭᠵᠢᠯᠲᠡ ᠶᠢ ᠲᠥᠯᠬᠢᠨ ᠠᠬᠢᠭᠤᠯᠤᠨ᠎ᠠ᠃ ᠬᠠᠮᠲᠤ ᠳᠤᠨᠢ ᠡᠯ᠎ᠡ ᠭᠠᠵᠠᠷ᠂ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠵᠠᠰᠠᠭ ᠤᠨ ᠤᠷᠲᠤᠨ ᠤ ᠨᠢᠭᠡᠲᠤᠯᠲᠡᠢ ᠤᠲᠤᠷᠢᠲᠤᠯᠭ᠎ᠠ ᠲᠤᠤᠷ᠎ᠠ᠂ ᠲᠤᠰ ᠲᠤᠰ ᠤᠨ ᠡᠬᠦᠷᠭᠡ ᠲᠤᠰᠢᠶᠠᠯ ᠢᠶᠠᠨ ᠭᠥᠢᠴᠡᠳᠭᠡᠵᠤ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠤ᠂ ᠬᠥᠴᠤ ᠪᠠᠨ ᠬᠠᠮᠳᠤᠳᠬᠠᠨ ᠬᠠᠮᠵᠢᠯᠴᠠᠵᠤ᠂ ᠪᠥᠬᠦ ᠬᠤᠲᠠ ᠶᠢᠨ ᠲᠠᠸᠠᠷ ᠤᠨ ᠨᠠᠷᠠᠲᠤ ᠲᠡᠮᠲᠡᠭ ᠤᠨ ᠪᠠᠶᠢᠯᠲᠤᠬᠤ ᠪᠤᠲᠤᠯᠭ᠎ᠠ ᠶᠢᠨ ᠬᠡᠷᠡᠭᠵᠢᠭᠦᠯᠥᠯᠲᠡ ᠶᠢᠨ ᠠᠵᠢᠯ ᠢ ᠲᠠᠰᠤᠷᠠᠯᠲᠠ ᠥᠭᠡᠢ ᠭᠥᠨᠵᠡᠬᠡᠶᠢᠷᠡᠬᠦᠯᠤᠨ ᠬᠥᠭᠵᠢᠬᠦᠯᠬᠦ ᠠᠵᠢᠯ ᠤᠨ  ᠪᠠᠶᠢᠷᠢᠯᠠᠭᠤᠯᠤᠯᠲᠠ ᠶᠢ ᠬᠠᠮᠲᠤᠪᠠᠷ ᠠᠬᠢᠭᠤᠯᠪᠠ᠃ ᠭᠤᠷᠪᠠ ᠳᠤ ᠤᠯᠠᠨ ᠠᠷᠭ᠎ᠠ ᠪᠠᠷᠢᠯ ᠢ ᠬᠠᠮᠲᠤ ᠳᠤᠨᠢ ᠠᠪᠴᠤ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠬᠦᠯᠥᠯᠲᠡ ᠶᠢ ᠲᠡᠮᠵᠢᠨ᠎ᠠ᠃ ᠪᠥᠬᠦ ᠲᠠᠯ᠎ᠠ ᠪᠠᠷ《 ᠲᠠᠯᠪᠢᠬᠤ ᠬᠠᠮᠢᠶᠠᠷᠬᠤ ᠥᠢᠯᠡᠴᠢᠯᠡᠬᠦ》ᠲᠥᠷᠤ ᠶᠢᠨ ᠪᠤᠲᠤᠯᠭ᠎ᠠ ᠠᠷᠭ᠎ᠠ ᠮᠠᠶ᠋ᠢᠭ ᠢ ᠨᠠᠶᠢᠲᠠᠪᠤᠷᠢᠵᠢᠭᠤᠯᠵᠤ᠂ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠎ᠠ᠃ ᠨᠢᠭᠡ  ᠳᠤ ᠪᠠᠭ᠎ᠠ ᠵᠢᠵᠢᠭ ᠠᠵᠤ ᠠᠬᠤᠶᠢᠯᠠᠯ ᠤᠨ ᠨᠡᠷᠡᠰ ᠤᠨ ᠲᠡᠮᠲᠡᠭᠯᠡᠯ ᠤᠨ ᠪᠠᠶᠢᠭᠤᠯᠤᠯᠲᠠ ᠶᠢ ᠬᠢᠨᠠᠮᠠᠭᠠᠢ ᠬᠢᠨ᠎ᠡ᠃ ᠤᠯᠤᠰ ᠤᠨ ᠬᠤᠲᠠᠯᠲᠤᠭ᠎ᠠ ᠶᠢᠨ ᠶᠠᠪᠤᠲᠠᠯ ᠤᠨ ᠵᠠᠰᠠᠭ ᠵᠠᠬᠢᠷᠠᠭ᠎ᠠ ᠶᠢᠨ ᠶᠡᠷᠤᠩᠭᠡᠢ ᠲᠤᠪᠴᠢᠶ᠎ᠠ ᠪᠠ ᠥᠪᠡᠷᠲᠡᠭᠡᠨ ᠵᠠᠰᠠᠬᠤ ᠤᠷᠤᠨ ᠤ ᠬᠤᠲᠠᠯᠲᠤᠭ᠎ᠠ ᠶᠢᠨ ᠶᠠᠪᠤᠲᠠᠯ ᠤᠨ ᠵᠠᠰᠠᠭ ᠵᠠᠬᠢᠷᠠᠭ᠎ᠠ ᠶᠢᠨ ᠲᠤᠪᠴᠢᠶ᠎ᠠ ᠶᠢᠨ ᠬᠤᠯᠪᠤᠭᠲᠠᠯ ᠪᠥᠬᠦᠢ ᠱᠠᠭᠠᠷᠲᠠᠯᠭ᠎ᠠ ᠶᠢ ᠥᠨᠲᠤᠰᠤᠯᠠᠨ᠂ ᠬᠤᠶᠠᠷ ᠵᠢᠯ ᠤᠨ ᠲᠤᠷᠰᠢ᠂ ᠮᠠᠨ ᠤ ᠬᠤᠲᠠ ᠬᠤᠪᠢ ᠶᠢᠨ ᠡᠷᠤᠭᠡ᠂ ᠲᠡᠷᠢᠶᠠᠴᠢᠨ ᠤ ᠬᠤᠷᠰᠢᠶ᠎ᠠ ᠵᠢᠴᠢ 500 ᠲᠥᠮᠨᠨ ᠲᠥᠬᠦᠷᠢᠭ ᠠᠴᠠ ᠲᠤᠷᠤᠭᠰᠢ ᠬᠥᠷᠥᠩᠭᠡ ᠶᠢᠨ ᠲᠠᠩᠰᠠᠯᠠᠯ ᠲᠠᠢ ᠠᠵᠤ ᠠᠬᠤᠶᠢᠯᠠᠯ ᠳᠤ ᠤᠯᠠᠷᠢᠯ ᠢᠶᠠᠷ ᠪᠥᠷᠢᠳᠭᠡᠬᠦ ᠶᠢ ᠪᠠᠶᠢᠭᠤᠯᠵᠤ᠂ ᠪᠠᠭ᠎ᠠ ᠵᠢᠵᠢᠭ ᠠᠵᠤ ᠠᠬᠤᠶᠢᠯᠠᠯ ᠤᠨ ᠲᠤᠭ᠎ᠠ ᠪᠠᠷᠢᠮᠲᠠ ᠶᠢᠨ ᠬᠥᠮᠥᠷᠭᠡ ᠪᠠᠶᠢᠭᠤᠯᠬᠤ ᠳᠤ ᠡᠮᠤᠨᠡᠭᠢ ᠬᠤᠭᠤᠴᠠᠭᠠᠨ ᠤ ᠰᠠᠭᠤᠷᠢ ᠠᠵᠢᠯ ᠢ ᠰᠠᠶᠢᠲᠤᠷ ᠬᠢᠨ᠎ᠡ᠃ ᠤᠲᠤᠬᠠᠨ᠎ᠠ᠂ ᠪᠥᠬᠦ ᠬᠤᠲᠠ ᠶᠢᠨ ᠪᠠᠭ᠎ᠠ ᠵᠢᠵᠢᠭ ᠠᠵᠤ ᠠᠬᠤᠶᠢᠯᠠᠯ ᠬᠥᠭᠵᠢᠭᠡᠳ 17.9 ᠡᠷᠥᠭᠡ  ᠪᠤᠯᠪᠠ᠃ ᠨᠢᠲᠤᠨᠤᠨ ᠵᠢᠯ ᠠᠴᠠ ᠨᠠᠰᠢ᠂ ᠪᠢᠲᠠ ᠡᠯ᠎ᠡ ᠬᠤᠰᠢᠭᠤ ᠰᠢᠶᠠᠨ ᠬᠤᠲᠠ ᠲᠤᠭᠤᠷᠢᠭ ᠢ ᠱᠠᠭᠠᠷᠲᠠᠨ ᠡᠯ᠎ᠡ ᠭᠠᠵᠠᠷ ‍ᠤᠨ‌ᠨᠡᠶᠢᠲᠡᠯᠡᠭᠰᠡᠨ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠲᠡᠮᠵᠢᠬᠦ ᠲᠥᠷᠤ ᠶᠢᠨ ᠪᠤᠲᠤᠯᠭ᠎ᠠ ᠠᠷᠭ᠎ᠠ ᠪᠠᠷᠢᠯ ᠢ ᠴᠤᠭᠯᠠᠭᠤᠯᠤᠨ ᠡᠮᠬᠢᠳᠭᠡᠯᠭᠡᠵᠤ᠂ ᠮᠠᠨ ᠤ ᠬᠤᠲᠠ ᠶᠢᠨ ᠪᠠᠭ᠎ᠠ ᠵᠢᠵᠢᠭ ᠠᠵᠤ ᠠᠬᠤᠶᠢᠯᠠᠯ ᠤᠨ ᠲᠤᠭ᠎ᠠ ᠪᠠᠷᠢᠮᠲᠠ ᠶᠢᠨ ᠬᠥᠮᠤᠷᠭᠡ ᠳᠠᠬᠢ《  ᠲᠡᠮᠵᠢᠯᠭᠡ ᠶᠢᠨ ᠲᠥᠷᠤ ᠶᠢᠨ ᠪᠤᠲᠤᠯᠭ᠎ᠠ ᠶᠢ ᠨᠢᠭᠡᠲᠤᠯᠲᠡᠢ ᠵᠠᠷᠯᠠᠬᠤ》ᠬᠡᠰᠡᠭ ᠤᠨ ᠰᠠᠭᠤᠷᠢ ᠮᠠᠲ᠋ᠧᠷᠢᠶᠠᠯ ᠪᠤᠯᠭᠠᠪᠠ᠃ ᠬᠤᠶᠠᠷ ᠲᠤ《ᠲᠠᠯᠪᠢᠬᠤ ᠬᠠᠮᠢᠶᠠᠷᠬᠤ ᠥᠢᠯᠡᠴᠢᠯᠡᠬᠦ 》 ᠶᠢ ᠢᠲᠡᠪᠬᠢᠲᠠᠢ ᠨᠠᠶᠢᠲᠠᠪᠤᠷᠢᠵᠢᠭᠤᠯᠵᠤ᠂ ᠵᠢᠵᠢᠭ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢ ᠲᠡᠮᠵᠢᠨ᠎ᠡ᠃ ᠮᠠᠨ ᠤ ᠲᠤᠪᠴᠢᠶ᠎ᠠ《 ᠲᠥᠮᠡᠨ ᠢᠶᠠᠷ ᠢᠶᠠᠨ ᠥᠢᠯᠡᠰ ᠪᠤᠰᠬᠠᠨ᠂  ᠲᠥᠮᠡᠨ ᠢᠶᠠᠷ ᠢᠶᠠᠨ ᠰᠢᠨ᠎ᠡ ᠶᠢ ᠡᠭᠦᠳᠬᠦ》ᠭᠤᠤᠯ ᠰᠡᠲᠤᠪ ᠲᠠᠢ ᠴᠢᠩᠭ᠎ᠠ ᠤᠶᠠᠯᠲᠠᠭᠤᠯᠤᠨ᠂ ᠬᠤᠲᠠᠯᠲᠤᠭ᠎ᠠ ᠶᠢᠨ ᠶᠠᠪᠤᠲᠠᠯ ᠤᠨ ᠲᠥᠷᠢᠮ ᠤᠨ ᠥᠭᠡᠷᠡᠴᠢᠯᠡᠯᠲᠡ ᠶᠢᠨ ᠰᠢᠨ᠎ᠡ ᠲᠥᠷᠤ ᠶᠢᠨ ᠪᠤᠲᠤᠯᠭ᠎ᠠ ᠶᠢ ᠭᠥᠨᠵᠡᠭᠡᠢ ᠨᠠᠶᠢᠲᠠᠪᠤᠷᠢᠵᠢᠭᠤᠯᠵᠤ᠂ ᠤᠷᠤᠭᠤᠯᠬᠤ  ᠥᠪᠡᠷ ᠤᠨ ᠥᠷᠲᠡᠭ ᠢ ᠪᠠᠭᠤᠷᠠᠭᠤᠯᠤᠨ᠂ ᠲᠠᠸᠠᠷ ᠤᠨ ᠲᠡᠮᠲᠡᠭ  ᠢᠶᠠᠷ ᠠᠵᠤ ᠠᠬᠤᠶᠢᠯᠠᠯ ᠢ ᠬᠥᠭᠵᠢᠬᠦᠯᠬᠦ ᠪᠠᠶᠢᠯᠲᠤᠬᠤ ᠪᠤᠲᠤᠯᠭ᠎ᠠ ᠶᠢ ᠠᠬᠢᠭᠤᠯᠵᠤ᠂ ᠪᠠᠭ᠎ᠠ ᠵᠢᠵᠢᠭ ᠠᠵᠤ ᠠᠬᠤᠶᠢᠯᠠᠯ ᠢ ᠬᠠᠪᠰᠤᠷᠤᠨ ᠲᠡᠮᠵᠢᠬᠦ ᠠᠵᠢᠯᠯᠠᠭ᠎ᠠ ᠶᠢ ᠭᠥᠨᠵᠡᠭᠡᠶᠢᠷᠡᠬᠦᠯᠥᠨ ᠠᠬᠢᠭᠤᠯᠵᠤ᠂ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠳᠤ ᠠᠮᠢᠵᠢᠷᠠᠯ ᠤᠨ ᠬᠥᠴᠤᠨ ᠤᠷᠤᠭᠤᠯᠪᠠ᠃ ᠪᠠᠰᠠ ᠰᠠᠯᠠᠭ᠎ᠠ ᠮᠥᠴᠢᠷ ᠤᠨ ᠲᠠᠪᠠᠭᠤᠯᠢᠭ ᠲᠠᠯ᠎ᠠ ᠶᠢ ᠪᠠᠲᠠᠷᠠᠭᠤᠯᠤᠨ᠂ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠨᠡᠶᠢᠯᠡᠬᠦᠯᠬᠦ ᠶᠢ ᠢᠳᠡᠪᠬᠢᠲᠡᠢ ᠲᠡᠮᠵᠢᠵᠤ᠂ ᠤᠷᠴᠢᠮ ᠤᠨ ᠵᠢᠯ ᠳᠤ ᠲᠠᠸᠠᠷ ᠤᠨ ᠲᠡᠮᠲᠡᠭ ᠢ ᠲᠠᠨᠵᠢᠯᠠᠬᠤ᠂ ᠪᠡᠯᠡ ᠶᠢᠨ ᠡᠷᠭᠡ ᠶᠢ ᠲᠡᠨᠵᠢᠯᠡᠬᠦ᠂  ᠭᠥᠲᠤᠯᠥᠩᠭᠦᠢ ᠬᠥᠷᠥᠩᠭᠡ ᠶᠢ ᠪᠠᠷᠢᠴᠠᠯᠠᠨ ᠲᠠᠩᠰᠠᠯᠬᠤ 34 ᠵᠥᠢᠯ ᠢ ᠬᠥᠢᠴᠡᠳᠭᠡᠵᠤ᠂ ᠪᠠᠭ᠎ᠠ ᠵᠢᠵᠢᠭ ᠠᠵᠤ ᠠᠬᠤᠶᠢᠯᠠᠯ ᠢ ᠲᠡᠮᠵᠢᠨ14.6 ᠳ᠋ᠥᠩᠰᠢᠭᠤᠷ ᠲᠥᠬᠦᠷᠢᠭ ᠪᠡᠯᠡ ᠨᠠᠶᠢᠯᠡᠬᠦᠯᠪᠡ᠃ ᠲᠥᠷᠪᠡ ᠳᠤ ᠬᠡᠷᠡᠭᠯᠡᠭᠴᠢ ᠶᠢᠨ ᠡᠷᠭᠡ ᠠᠰᠢᠭ ᠢ ᠬᠠᠮᠠᠭᠠᠯᠠᠬᠤ ᠠᠵᠢᠯ ᠢ ᠥᠷᠨᠢᠬᠦᠯᠵᠤ᠂ ᠠᠷᠠᠳ ᠤᠨ ᠠᠮᠢᠲᠤᠷᠠᠯ ᠤᠨ ᠪᠠᠲᠤᠯᠠᠭ᠎ᠠ ᠶᠢ ᠰᠠᠶᠢᠵᠢᠷᠠᠭᠤᠯᠬᠤ ᠪᠠᠷ ᠴᠢᠷᠮᠠᠶᠢᠨ᠎ᠠ᠃ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠰᠢᠨ᠎ᠡ ᠪᠠᠶᠢᠩᠭᠤ ᠪᠠᠶᠢᠲᠠᠯ ᠳᠤ ᠤᠷᠤᠬᠤ ᠶᠢ ᠲᠠᠭᠠᠯᠲᠤᠨ᠂ ᠪᠢᠲᠠ ᠬᠡᠷᠡᠭᠯᠡᠭᠴᠢ ᠶᠢᠨ ᠡᠷᠭᠡ ᠠᠰᠢᠭ ᠢ ᠬᠠᠮᠠᠭᠠᠯᠠᠬᠤ ᠠᠵᠢᠯ ᠢ ᠬᠠᠩᠭᠠᠯᠭ᠎ᠠ ᠶᠢᠨ ᠪᠥᠲᠤᠴᠨ ᠶᠢᠨ ᠴᠢᠨᠠᠷᠲᠠᠢ ᠥᠭᠡᠷᠡᠴᠢᠯᠠᠯᠲᠠ ᠳᠤ ᠥᠢᠯᠡᠴᠢᠯᠡᠬᠦ᠂  ᠬᠠᠩᠭᠠᠯᠭ᠎ᠠ ᠪᠠ ᠬᠡᠷᠡᠭᠴᠡᠭᠡ ᠬᠤᠶᠠᠷ ᠲᠤᠶᠢᠯ ᠲᠡᠰᠢ ᠬᠥᠴᠥᠯᠡᠬᠦ ᠶᠢ ᠪᠡᠶᠡᠯᠡᠬᠦᠯᠬᠦ ᠴᠢᠬᠤᠯᠠ ᠠᠷᠭ᠎ᠠ ᠬᠡᠮᠵᠢᠶ᠎ᠠ ᠪᠤᠯᠭᠠᠨ ᠂ ᠰᠢᠨ᠎ᠡ ᠬᠡᠷᠡᠭᠯᠡᠭᠡᠨ ᠳᠤ ᠥᠢᠯᠡᠴᠢᠯᠡᠵᠤ᠂ ᠰᠢᠨ᠎ᠡ ᠬᠠᠩᠭᠠᠯᠭ᠎ᠠ ᠬᠡᠷᠡᠭᠴᠡᠭᠡ ᠶᠢ ᠲᠠᠭᠠᠭᠤᠯᠤᠨ ᠵᠢᠯᠤᠭᠤᠳᠴᠤ᠂ ᠰᠢᠨ᠎ᠡ ᠬᠥᠲᠡᠯᠭᠡᠬᠦ ᠬᠥᠴᠤᠨ ᠢ ᠡᠭᠦᠲᠤᠨ᠎ᠠ᠃ ᠥᠩᠭᠡᠷᠡᠭᠰᠡᠨ ᠬᠤᠶᠠᠷ ᠵᠢᠯ ᠳᠤ ᠬᠡᠷᠡᠭᠯᠡᠭᠴᠢ ᠶᠢᠨ ᠡᠷᠭᠡ ᠠᠰᠢᠭ ᠢ ᠬᠠᠮᠠᠭᠠᠯᠠᠬᠤ ᠬᠤᠯᠪᠤᠭᠠᠲᠤ ᠬᠤᠷᠠᠯ ᠤᠨ ᠲᠥᠷᠢᠮ ᠢ ᠠᠯᠭᠤᠷ ᠢᠶᠠᠷ ᠪᠠᠶᠢᠭᠤᠯᠵᠤ᠂ ᠵᠠᠰᠠᠭ ᠤᠨ ᠤᠷᠲᠤᠨ ᠤ ᠨᠢᠭᠡᠲᠤᠯᠲᠡᠢ ᠤᠲᠤᠷᠢᠲᠤᠯᠭ᠎ᠠ ᠲᠤᠤᠷᠠᠬᠢ ᠲᠤᠰᠬᠠᠶᠢᠵᠢᠭᠰᠠᠨ ᠡᠷᠭᠡ ᠶᠢᠨ ᠬᠠᠮᠠᠭᠠᠯᠠᠯᠲᠠ ᠪᠠ ᠨᠡᠶᠢᠭᠡᠮᠴᠢᠯᠡᠭᠰᠡᠨ ᠬᠢᠨᠠᠨ ᠰᠠᠭᠠᠷᠲᠠᠬᠤ ᠶᠢ ᠨᠢᠭᠲᠠ  ᠤᠶᠠᠯᠲᠠᠭᠤᠯᠤᠭᠰᠠᠨ ᠬᠡᠷᠡᠭᠯᠡᠭᠴᠢ ᠶᠢᠨ ᠡᠷᠭᠡ ᠠᠰᠢᠭ ᠢ ᠬᠠᠮᠠᠭᠠᠯᠠᠬᠤ ᠲᠤᠭᠲᠠᠯᠴᠠᠭ᠎ᠠ ᠶᠢ ᠪᠥᠷᠢᠯᠲᠥᠬᠦᠯᠪᠡ᠃ ᠡᠭᠦᠨ ᠠᠴᠠ ᠭᠠᠲᠠᠨ᠎ᠠ ᠂ ᠪᠢᠳᠡ ᠪᠠᠰᠠ ᠬᠤᠪᠢ ᠶᠢᠨ ᠬᠤᠲᠠᠯᠲᠤᠭ᠎ᠠ ᠶᠢᠨ ᠡᠷᠥᠭᠡ ᠬᠤᠪᠢ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ᠂ ᠡᠩᠨᠡᠭᠡ ᠶᠢᠨ ᠪᠠᠶᠢᠭᠤᠯᠤᠯᠲᠠ᠂  ᠴᠢᠭᠡᠴᠢ ᠵᠠᠰᠠᠭ ᠤᠨ ᠪᠠᠶᠢᠭᠤᠯᠤᠯᠲᠠ ᠵᠡᠷᠭᠡ ᠲᠠᠯ᠎ᠠ ᠪᠠᠷ ᠶᠡᠭᠡ  ᠬᠡᠮᠵᠢᠶᠠᠨ ᠤ ᠠᠵᠢᠯ ᠬᠢᠪᠡ᠃      ︵ᠬᠥᠲᠤᠯᠥᠭᠴᠢ︶ ᠥᠢᠷ᠎ᠡ ᠶᠢᠨ ᠵᠢᠯ  ᠳᠤ᠂ ᠲᠥᠩᠯᠢᠶᠤᠤ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠲᠤᠪᠴᠢᠶ᠎ᠠ ᠬᠥᠴᠤᠲᠠᠢ ᠠᠷᠭ᠎ᠠ ᠬᠡᠮᠵᠢᠶ᠎ᠠ ᠠᠪᠴᠤ᠂ ᠵᠠᠬ᠎ᠠ ᠲᠡᠯᠭᠡᠬᠦᠷ ᠲᠤ ᠤᠷᠤᠬᠤ   ᠵᠥᠪᠰᠢᠶᠡᠷᠡᠯ ᠤᠨ ᠡᠭᠦᠲᠡᠨ ᠬᠠᠲᠠᠪᠴᠢ ᠶᠢ ᠤᠯᠠᠮ ᠲᠤᠤᠷ᠎ᠠ ᠪᠤᠯᠭᠠᠵᠤ᠂ ᠵᠠᠬ᠎ᠠ ᠲᠡᠯᠭᠡᠬᠦᠷ ᠲᠤ ᠤᠷᠤᠬᠤ ᠭᠤᠭᠴᠤᠭ᠎ᠠ ᠶᠢ ᠤᠯᠠᠮ ᠪᠠᠭᠠᠰᠠᠬᠠᠨ᠂ ᠨᠡᠩ ᠲᠥᠬᠦᠮ᠂ ᠥᠨᠲᠤᠷ ᠪᠥᠲᠤᠮᠵᠢ ᠲᠠᠢ ᠵᠠᠬ᠎ᠠ ᠲᠡᠯᠭᠡᠬᠦᠷ ᠲᠤ ᠤᠷᠤᠬᠤ ᠶᠢ ᠤᠷᠴᠢᠨ ᠲᠤᠭᠤᠷᠢᠨ ᠢ  ᠪᠠᠶᠢᠭᠤᠯᠪᠠ᠃ ᠵᠠᠬ᠎ᠠ ᠲᠡᠯᠭᠡᠬᠦᠷ ᠲᠤ ᠤᠷᠤᠬᠤ ᠵᠥᠪᠰᠢᠶᠡᠷᠡᠯ ᠢ ᠴᠢᠯᠥᠭᠡᠲᠡᠢ ᠪᠤᠯᠭᠠᠬᠤ ᠲᠠᠯ᠎ᠠ ᠪᠠᠷ᠂ ᠪᠢᠲᠠ ᠶᠠᠮᠠᠷ ᠶᠠᠮᠠᠷ ᠰᠠᠶᠢᠨ ᠬᠢᠬᠦ ᠠᠷᠭ᠎ᠠ ᠪᠠᠶᠢᠬᠤ  ᠪᠢᠯᠡ︖       ︵ᠯᠢᠤ ᠲᠤᠪᠴᠢᠶ᠎ᠠ ᠶᠢᠨ ᠲᠠᠷᠤᠭ᠎ᠠ︶ 2014 ᠤᠨ ᠠᠴᠠ ᠡᠬᠢᠯᠡᠨ᠂ ᠥᠪᠡᠷᠲᠡᠭᠡᠨ ᠵᠠᠰᠠᠬᠤ ᠤᠷᠤᠨ ᠤ ᠥᠢᠯᠡᠳᠪᠤᠷᠢ ᠬᠤᠲᠠᠯᠲᠤᠭ᠎ᠠ ᠶᠢᠨ ᠲᠤᠪᠴᠢᠶ᠎ᠠ ᠶᠢᠨ ᠬᠥᠴᠤᠲᠠᠢ ᠲᠡᠮᠵᠢᠯᠭᠡ᠂ ᠵᠢᠯᠤᠭᠤᠲᠤᠯᠭ᠎ᠠ ᠪᠠ ᠲᠥᠩᠯᠢᠶᠤᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠴᠢᠬᠤᠯᠠᠴᠢᠯᠠᠨ‌ᠠᠬᠢᠭᠤᠯᠤᠭᠰᠠᠨ ᠢᠶᠠᠷ᠂ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠲᠤᠪᠴᠢᠶ᠎ᠠ ᠥᠭᠡᠷᠡᠴᠢᠯᠡᠯᠲᠡ ᠶᠢᠨ ᠬᠠᠨᠲᠤᠰᠢ ᠶᠢ ᠲᠠᠭᠠᠨ᠂ ᠥᠭᠡᠷᠡᠴᠢᠯᠠᠯᠲᠠ ᠶᠢᠨ  ᠰᠤᠲᠠᠰᠤ ᠶᠢ ᠤᠨᠤᠪᠴᠢᠲᠠᠢ ᠠᠳᠬᠤᠵᠤ᠂ ᠬᠥᠴᠢᠷ ᠢ ᠲᠠᠪᠠᠵᠤ᠂ ᠰᠢᠷᠢᠰ ᠬᠤᠲᠠᠯᠲᠤᠭ᠎ᠠ ᠶᠢᠨ ᠲᠥᠷᠢᠮ ᠤᠨ ᠥᠭᠡᠷᠡᠴᠢᠯᠠᠯᠲᠠ ᠶᠢᠨ ᠠᠷᠭ᠎ᠠ ᠬᠡᠮᠵᠢᠶ᠎ᠠ ᠶᠢ ᠯᠠᠪᠲᠠᠭᠤᠨ ᠠᠬᠢᠭᠤᠯᠵᠤ᠂ ᠵᠠᠬ᠎ᠠ ᠲᠡᠯᠭᠡᠬᠦᠷ ᠤᠨ ᠭᠤᠤᠯ ᠴᠤᠭᠴᠨ ᠶᠢᠨ ᠴᠡᠴᠡᠭᠯᠡᠨ ᠬᠥᠭᠵᠢᠯᠲᠡ ᠶᠢ ᠶᠡᠭᠡᠪᠡᠷ ᠠᠬᠢᠭᠤᠯᠪᠠ᠃ ᠨᠢᠭᠡ ᠳᠤ ᠤᠷᠤᠬᠤ ᠵᠥᠪᠰᠢᠶᠡᠷᠡᠯ ‍ᠦᠨ‌ᠡᠭᠦᠲᠡᠨ ᠬᠠᠲᠠᠪᠴᠢ ᠶᠢ ᠲᠤᠭᠤᠭᠰᠢᠯᠠᠭᠤᠯᠪᠠ᠃ ᠬᠥᠷᠥᠩᠭᠡ ᠶᠢᠨ ᠲᠠᠩᠰᠠᠯᠠᠯ ᠤᠨ  ᠪᠤᠲᠠᠲᠠᠢ ᠲᠤᠰᠢᠶᠠᠬᠤ ᠲᠥᠷᠢᠮ ᠢ ᠥᠭᠡᠷᠡᠴᠢᠯᠡᠨ ᠥᠪᠡᠷ ᠤᠨ ᠲᠤᠷᠠᠰᠢᠯ ᠠᠴᠠ ᠪᠠᠨ ᠲᠤᠰᠢᠶᠠᠬᠤ ᠲᠥᠷᠢᠮ ᠪᠤᠯᠭᠠᠵᠤ᠂ ᠬᠥᠷᠥᠩᠭᠡ ᠶᠢᠨ ᠲᠠᠩᠰᠠᠯᠠᠯ ᠤᠨ ᠬᠠᠮᠤᠭ ᠲᠤᠤᠷ᠎ᠠ ᠬᠢᠵᠠᠭᠠᠷᠯᠠᠯ ᠢ ᠥᠭᠡᠶᠢᠰᠭᠡᠵᠤ᠂ ᠤᠷᠤᠨ ᠰᠠᠭᠤᠴᠠ ᠶᠢᠨ ᠲᠠᠩᠰᠠᠯᠠᠯ ᠤᠨ ᠨᠥᠬᠦᠴᠡᠯ ᠢ ᠴᠤᠮᠠᠬᠠᠳᠬᠠᠨ ᠂《 ᠨᠢᠭᠡ ᠤᠷᠤᠨ ᠰᠠᠭᠤᠴᠠ ᠪᠠᠷ ᠤᠯᠠᠨ ᠪᠠᠲᠤᠯᠠᠪᠤᠷᠢ ᠠᠪᠬᠤ》《 ᠨᠢᠭᠡ ᠪᠠᠲᠤᠯᠠᠪᠤᠷᠢ ᠪᠠᠷ ᠤᠯᠠᠨ ᠤᠷᠤᠨ ᠰᠠᠭᠤᠴᠠ ᠶᠢ ᠲᠠᠩᠰᠠᠯᠠᠭᠤᠯᠬᠤ》 ᠶᠢ ᠬᠡᠷᠡᠭᠵᠢᠬᠦᠯᠵᠥ᠂ ᠥᠷ᠎ᠡ  ᠪᠥᠲᠤᠮᠵᠢ ᠨᠢ ᠤᠯᠠᠨ ᠵᠠᠬ᠎ᠠ ᠲᠡᠯᠭᠡᠬᠦᠷ ᠤᠨ ᠭᠤᠤᠯ ᠴᠤᠭᠴᠨ ᠳᠤ ᠲᠥᠭᠡᠮᠡᠯᠵᠢᠵᠤ᠂ ᠪᠥᠬᠦ ᠨᠡᠶᠢᠭᠡᠮ ᠤᠨ ᠪᠡᠯᠡ  ᠤᠷᠤᠭᠤᠯᠤᠨ ᠥᠢᠯᠡᠰ ᠪᠤᠰᠬᠠᠬᠤ ᠤᠷᠮᠠᠰᠢᠯ ᠢ ᠬᠥᠭᠵᠢᠭᠡᠪᠡ᠃ ᠬᠤᠶᠠᠷ ᠲᠤ ᠥᠨᠡᠮᠯᠡᠯ ᠪᠠᠲᠤᠯᠠᠪᠤᠷᠢ ᠶᠢ ᠥᠷᠬᠦᠯᠵᠢᠯᠡᠨ ᠴᠡᠭᠴᠡᠯᠡᠨ ᠨᠢᠭᠡᠳᠭᠡᠨ᠎ᠡ᠃ ᠤᠷᠢᠳ ᠬᠤᠵᠢᠳ《 ᠭᠤᠷᠪᠠᠨ ᠥᠨᠡᠮᠯᠡᠯ ᠢ ᠨᠢᠭᠡᠳᠭᠡᠬᠦ》《 ᠬᠤᠶᠠᠷ ᠥᠨᠡᠮᠯᠡᠯ ᠢ ᠨᠢᠭᠡᠳᠭᠡᠬᠦ》《 ᠲᠠᠪᠤᠨ ᠥᠨᠡᠮᠯᠡᠯ ᠢ ᠨᠢᠭᠡᠳᠭᠡᠬᠦ》《 ᠤᠯᠠᠨ ᠥᠨᠡᠮᠯᠡᠯ ᠢ ᠨᠢᠭᠡᠳᠭᠡᠬᠦ》ᠵᠡᠷᠭᠡ ᠰᠠᠯᠠᠭ᠎ᠠ ᠮᠥᠴᠢᠷ ᠢ ᠰᠤᠨᠲᠠᠯᠠᠭᠰᠠ ᠥᠭᠡᠷᠡᠴᠢᠯᠡᠯᠲᠡ ᠶᠢ ᠬᠡᠷᠡᠭᠵᠢᠬᠦᠯᠵᠥ᠂《  ᠥᠨᠡᠮᠯᠡᠯ ᠢ ᠪᠠᠭᠠᠰᠬᠠᠬᠤ 》 ᠪᠠᠷ《 ᠵᠠᠰᠠᠭ ᠢ ᠴᠤᠮᠠᠬᠠᠳᠬᠠᠬᠤ》 ᠶᠢ ᠠᠬᠢᠭᠤᠯᠵᠤ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠠᠷᠪᠢᠯᠠᠵᠤ ᠥᠭᠪᠡ᠃ ᠭᠤᠷᠪᠠ ᠳᠤ ᠬᠢᠨᠠᠨ  ᠵᠥᠪᠰᠢᠶᠡᠷᠡᠯ ᠤᠨ ᠡᠷᠭᠡ  ᠶᠢᠨ ᠬᠢᠵᠠᠭᠠᠷ ᠢ ᠴᠢᠯᠤᠭᠡᠲᠢ ᠪᠤᠯᠭᠠᠨ᠎ᠠ᠃ ᠬᠠᠤᠯᠢ ᠴᠠᠭᠠᠵᠠ ᠬᠠᠤᠯᠢ ᠲᠥᠷᠢᠮ ᠳᠤ ᠲᠤᠭᠲᠠᠭᠠᠭᠰᠠᠨ ᠬᠤᠲᠠ ᠶᠢᠨ ᠲᠡᠰ ᠲᠤ ᠭᠥᠢᠴᠡᠳᠭᠡᠭᠰᠡᠨ ᠠᠵᠤ ᠠᠬᠤᠶᠢᠯᠠᠯ ᠠᠴᠠ ᠭᠠᠲᠠᠨ᠎ᠠ᠂ ᠪᠤᠰᠤᠤᠨ ᠠᠵᠤ ᠠᠬᠤᠶᠢᠯᠠᠯ ᠤᠨ ᠭᠥᠢᠴᠡᠳᠭᠡᠬᠦ ᠡᠷᠭᠡ  ᠬᠢᠵᠠᠭᠠᠷ ᠢ ᠪᠥᠭᠦᠲᠠ ᠶᠢ ᠴᠢᠯᠥᠭᠡᠲᠡᠢ ᠲᠠᠯᠪᠢᠵᠤ᠂ ᠥᠢᠷ᠎ᠠ ᠬᠠᠪᠢ ᠳᠤ ᠭᠥᠢᠴᠡᠳᠭᠡᠨ᠎ᠡ᠃ ᠲᠥᠷᠪᠡ ᠳᠤ ᠡᠮᠥᠨᠡᠭᠡᠢ ᠬᠢᠨᠠᠨ ᠵᠥᠪᠰᠢᠶᠡᠷᠡᠯ ᠢ ᠴᠤᠮᠠᠬᠠᠳᠬᠠᠪᠠ᠃《 ᠤᠷᠢᠲᠠᠪᠠᠷ ᠪᠠᠲᠤᠯᠠᠪᠤᠷᠢ ᠤᠯᠵᠤ᠂ ᠬᠤᠶᠢᠨ᠎ᠠ ᠨᠢ ᠥᠨᠡᠮᠯᠡᠯ ᠠᠪᠬᠤ》ᠥᠭᠡᠷᠡᠴᠢᠯᠠᠯᠲᠠ ᠶᠢ ᠬᠡᠷᠡᠭᠵᠢᠬᠦᠯᠵᠥ᠂ ᠥᠢᠯᠡᠳᠪᠥᠷᠢ ᠬᠤᠲᠠᠯᠲᠤᠭ᠎ᠠ ᠶᠢᠨ ᠲᠠᠩᠰᠠᠯᠠᠯ ᠤᠨ ᠡᠮᠤᠨᠡᠭᠢ ᠬᠢᠨᠠᠨ  ᠵᠥᠪᠰᠢᠶᠡᠰᠯ ᠢ 226 ᠵᠥᠢᠯ ᠠᠴᠠ 33 ᠵᠥᠢᠯ ᠪᠤᠯᠲᠠᠯ᠎ᠠ ᠪᠠᠭᠠᠰᠬᠠᠵᠤ᠂ 85% ᠪᠠᠷ ᠪᠠᠭᠠᠰᠬᠠᠨᠪᠠ᠃ ᠲᠠᠪᠤ ᠳᠤ ᠰᠥᠯᠵᠢᠶ᠎ᠠ ᠲᠡᠭᠡᠷ᠎ᠡ ᠲᠠᠩᠰᠠᠯᠠᠬᠤ ᠶᠢ ᠬᠡᠷᠡᠭᠵᠢᠬᠦᠯᠥᠨ᠎ᠡ᠃ ᠠᠵᠤ ᠠᠬᠤᠶᠢᠯᠠᠯ ᠤᠨ ᠨᠡᠷᠡᠶᠢᠲᠤᠯ ᠤᠨ ᠬᠥᠮᠥᠷᠭᠡ ᠶᠢ  ᠴᠢᠯᠥᠭᠡᠲᠡᠢ ᠪᠤᠯᠭᠠᠵᠤ᠂ ᠪᠥᠬᠦ ᠶᠠᠪᠤᠴᠠ ᠶᠢ ᠡᠯᠧᠺᠲᠷᠥᠨᠵᠢᠭᠦᠯᠥᠭᠰᠡᠨ ᠲᠠᠩᠰᠠᠯᠠᠬᠤ ᠰᠢᠰᠲ᠋ᠧᠮ ᠢ ᠨᠡᠪᠲᠡᠷᠡᠬᠦᠯᠵᠥ᠂ ᠴᠢᠮᠡᠭᠡ ᠵᠠᠩᠬᠢ ᠶᠢ ᠤᠯᠠᠨ ᠨᠡᠪᠲᠡᠷᠡᠬᠦᠯᠵᠥ ᠤᠯᠠᠨ ᠲᠥᠮᠡᠨ ᠢ ᠲᠤᠲᠠᠭᠤ ᠬᠥᠶᠥᠯᠭᠡᠨ᠎ᠠ᠃ ᠬᠤᠲᠠᠯᠲᠤᠭ᠎ᠠ ᠶᠢᠨ ᠶᠠᠪᠤᠲᠠᠯ ᠤᠨ ᠲᠥᠷᠢᠮ ᠤᠨ ᠥᠭᠡᠷᠡᠴᠢᠯᠡᠯᠲᠡ ᠨᠢ ᠵᠠᠬ᠎ᠠ ᠲᠡᠯᠭᠡᠬᠦᠷ ᠤᠨ ᠭᠤᠤᠯ ᠴᠤᠭᠴᠨ ᠶᠢᠨ ᠲᠥᠷᠢᠮ ᠤᠨ ᠴᠢᠨᠠᠷ ᠲᠠᠢ ᠥᠪᠡᠷ ᠤᠨ ᠥᠷᠲᠡᠭ ᠢ ᠶᠡᠭᠡᠪᠡᠷ ᠪᠠᠭᠠᠰᠬᠠᠵᠤ᠂  ᠶᠡᠭᠡ ᠤᠯᠵᠠᠪᠥᠷᠢ ᠶᠢ ᠰᠤᠯᠠᠯᠠᠵᠤ᠂ ᠶᠡᠭᠡ ᠬᠡᠮᠵᠢᠶᠡᠨ ᠤ ᠵᠠᠬ᠎ᠠ ᠲᠡᠯᠭᠡᠬᠦᠷ ᠤᠨ ᠭᠤᠤᠯ ᠴᠤᠭᠴᠨ ᠶᠢ ᠪᠤᠢ ᠪᠤᠯᠭᠠᠵᠤ᠂ ᠠᠮᠵᠢᠯᠲᠠ ᠶᠡᠭᠡ ᠥᠭᠡᠷᠡᠴᠢᠯᠡᠯᠲᠠ ᠶᠢᠨ ᠨᠢᠭᠡ ᠪᠤᠯᠤᠭᠰᠠᠨ ᠪᠠᠶᠢᠨ᠎ᠠ᠃ ᠡᠨᠡ ᠵᠢᠯ ᠤᠨ 5 ᠰᠠᠷ᠎ᠠ ᠪᠤᠯᠲᠠᠯ᠎ᠠ᠂ ᠪᠥᠬᠦ ᠬᠤᠲᠠ ᠶᠢᠨ ᠵᠠᠬ᠎ᠠ ᠲᠡᠯᠭᠡᠬᠦᠷ ᠤᠨ ᠭᠤᠤᠯ ᠴᠤᠭᠴᠨ ᠨᠢᠭᠡᠨᠲᠡ 20.06 ᠲᠥᠮᠡᠨ ᠡᠷᠤᠭᠡ  ᠬᠥᠷᠴᠤ᠂ ᠥᠭᠡᠷᠡᠴᠢᠯᠠᠯᠲᠠ ᠠᠴᠠ ᠡᠮᠥᠨᠡᠬᠢ ᠠᠲᠠᠯᠢ ᠬᠤᠭᠤᠴᠠᠭ᠎ᠠ ᠲᠠᠢ ᠬᠠᠷᠢᠴᠠᠭᠤᠯᠪᠠᠯ 132.8% ᠨᠡᠮᠡᠭᠲᠡᠪᠡ᠃      ︵ᠯᠢᠤ ᠲᠤᠪᠴᠢᠶ᠎ᠠ ᠶᠢᠨ ᠲᠠᠷᠤᠭ᠎ᠠ︶ ᠲᠥᠩᠯᠢᠶᠤᠤ《 ᠲᠤᠮᠲᠠᠲᠤ ᠶᠢᠨ ᠡᠷᠲᠡᠨᠢ ᠰᠢᠰᠢ ᠶᠢᠨ ᠪᠥᠰᠡ》 ᠳᠤ ᠪᠠᠶᠢᠷᠢᠰᠢᠵᠤ᠂ ᠤᠯᠤᠰ ᠤᠨ ᠴᠢᠬᠤᠯᠠ ᠡᠷᠲᠡᠨᠢ ᠰᠢᠰᠢ ᠶᠢᠨ ᠥᠢᠯᠡᠳᠪᠤᠷᠢᠯᠠᠯ ᠤᠨ ᠰᠠᠭᠤᠷᠢᠨ ᠭᠠᠵᠠᠷ ᠪᠤᠯᠤᠨ᠎ᠠ᠃《 ᠲᠥᠩᠯᠢᠶᠤᠤ ᠶᠢᠨ ᠰᠢᠷ᠎ᠠ ᠡᠷᠲᠡᠨᠢ ᠰᠢᠰᠢ》ᠤᠯᠤᠰ ᠤᠨ ᠲᠤᠲᠤᠭᠠᠲᠤ ᠭᠠᠲᠠᠭᠠᠲᠤ ᠶᠢᠨ ᠵᠠᠬ᠎ᠠ ᠲᠡᠯᠭᠡᠬᠦᠷ ᠲᠤ ᠨᠡᠯᠢᠶᠡᠳ ᠨᠠᠷ᠎ᠡ ᠠᠯᠲᠠᠷ ᠲᠠᠢ᠂ ᠲᠠᠷᠢᠵᠤ ᠪᠤᠯᠪᠠᠰᠤᠷᠠᠭᠤᠯᠬᠤ ᠬᠥᠷᠢᠶ᠎ᠠ ᠬᠡᠪᠴᠢᠶ᠎ᠠ ᠶᠡᠭᠡ ᠪᠠᠷ ᠪᠠᠷᠠᠬᠤ ᠥᠭᠡᠢ ᠲᠠᠷᠢᠵᠤ ᠪᠤᠯᠪᠠᠰᠤᠷᠠᠭᠤᠯᠬᠤ ᠪᠤᠷᠤᠯᠠᠭᠤᠯᠬᠤ ᠪᠥᠷᠢᠨ ᠲᠥᠬᠦᠷ ᠥᠢᠯᠡᠳᠪᠤᠷᠢᠯᠠᠯ ᠤᠨ ᠬᠡᠯᠬᠢᠶ᠎ᠠ ᠶᠢ ᠪᠥᠷᠢᠯᠲᠥᠬᠦᠯᠪᠡ᠃ ᠤᠷᠲᠤ ᠬᠤᠭᠤᠴᠠᠭᠠᠨ ᠤ ᠲᠤᠷᠰᠢ᠂ ᠮᠠᠨ ᠤ ᠲᠤᠪᠴᠢᠶ᠎ᠠ ᠡᠷᠲᠡᠨᠢ ᠰᠢᠰᠢ ᠶᠢᠨ ᠠᠵᠤ ᠥᠢᠯᠡᠰ ᠲᠤ ᠢᠲᠡᠪᠬᠢᠲᠡᠢ ᠵᠢᠯᠤᠭᠤᠲᠤᠯᠭ᠎ᠠ ᠪᠠ ᠪᠤᠶᠢᠵᠢᠭᠤᠯᠤᠯᠲᠠ ᠬᠢᠵᠤ᠂ ᠰᠠᠶᠢᠨ ᠴᠢᠨᠰᠠᠭ᠎ᠠ ᠲᠠᠢ ᠡᠷᠲᠡᠨᠢ ᠰᠢᠰᠢ ᠶᠢᠨ ᠪᠥᠲᠤᠭᠡᠭᠲᠡᠬᠦᠨ ᠢ ᠭᠠᠵᠠᠷ ᠵᠥᠢ ᠶᠢᠨ ᠲᠠᠮᠲᠡᠭᠲᠥ ᠲᠠᠸᠠᠷ ᠤᠨ ᠲᠠᠮᠲᠡᠭ ᠢᠶᠠᠷ ᠲᠠᠩᠰᠠᠯᠬᠤ ᠪᠠᠷ ᠬᠥᠴᠥᠯᠡᠵᠤ᠂ ᠲᠥᠩᠯᠢᠶᠤᠤ ᠶᠢᠨ ᠡᠷᠲᠡᠨᠢ ᠰᠢᠰᠢ ᠶᠢᠨ ᠠᠵᠢᠯ ᠲᠥᠷᠤᠯ ᠤᠨ ᠤᠯᠠᠨ ᠨᠡᠶᠢᠲᠡ ᠶᠢᠨ ᠨᠡᠷᠡᠲᠤ ᠲᠡᠮᠲᠡᠭ ᠤᠨ ᠪᠠᠶᠢᠭᠤᠯᠤᠯᠲᠠ ᠶᠢ ᠴᠢᠷᠮᠠᠶᠢᠨ ᠠᠬᠢᠭᠤᠯᠤᠨ᠎ᠠ᠃ 2016 ᠤᠨ ᠠᠴᠠ ᠨᠠᠰᠢ᠂ ᠪᠢᠲᠠ ᠲᠥᠩᠯᠢᠶᠤᠤ ᠶᠢᠨ ᠠᠮᠤ ᠪᠤᠲᠠᠭ᠎ᠠ ᠶᠢᠨ ᠠᠵᠢᠯ ᠲᠥᠷᠤᠯ ᠤᠨ ᠬᠤᠲᠠᠯᠲᠤᠭᠠᠴᠢᠳ ᠤᠨ ᠨᠡᠶᠢᠭᠡᠮᠯᠢᠭ ᠤᠨ ᠠᠵᠢᠯ ᠲᠥᠷᠤᠯ ᠤᠨ ᠨᠥᠯᠥᠭᠡᠯᠡᠬᠦ ᠬᠥᠴᠤᠨ᠂ ᠲᠤᠰᠬᠠᠢ ᠮᠡᠷᠭᠡᠵᠢᠯ ᠤᠨ ᠴᠢᠨᠠᠷ ᠵᠡᠷᠭᠡ ᠤᠯᠠᠨ ᠵᠥᠢᠯ ᠤᠨ ᠲᠠᠪᠠᠭᠤᠯᠢᠭ ᠢ ᠥᠨᠲᠤᠰᠤᠯᠠᠨ《 ᠲᠥᠩᠯᠢᠶᠤᠤ ᠶᠢᠨ ᠰᠢᠷ᠎ᠠ ᠡᠷᠲᠡᠨᠢ ᠰᠢᠰᠢ》 ᠶᠢᠨ ᠭᠠᠵᠢ ᠵᠥᠢ ᠶᠢᠨ ᠲᠡᠮᠲᠡᠭᠲᠥ ᠲᠠᠸᠠᠷ ᠤᠨ ᠲᠡᠮᠲᠡᠭ  ᠢᠶᠠᠷ ᠲᠠᠩᠰᠠᠯᠠᠬᠤ ᠶᠢ ᠢᠲᠡᠪᠬᠢᠲᠡᠢ ᠵᠢᠯᠤᠭᠤᠲᠤᠪᠠ᠃ 2016 ᠤᠨ ᠤ 11 ᠰᠠᠷ᠎ᠠ ᠳᠤ᠂ ᠮᠠᠨ ᠤ ᠲᠤᠪᠴᠢᠶ᠎ᠠ ᠵᠠᠰᠠᠭ ᠤᠨ ᠤᠷᠲᠤᠨ ᠳᠤ《 ᠲᠥᠩᠯᠢᠶᠤᠤ ᠶᠢᠨ ᠠᠮᠤ ᠪᠤᠲᠠᠭ᠎ᠠ ᠶᠢᠨ ᠠᠵᠢᠯ  ᠲᠥᠷᠤᠯ ᠤᠨ ᠬᠤᠲᠠᠯᠲᠤᠭᠠᠴᠢᠳ ‍ᠤᠨ‌ᠨᠡᠶᠢᠭᠡᠮᠯᠢᠭ〈ᠲᠥᠩᠯᠢᠶᠤᠤ ᠶᠢᠨ ᠡᠷᠲᠡᠨᠢ ᠰᠢᠰᠢ〉 ᠶᠢᠨ ᠭᠠᠵᠠᠷ ᠵᠥᠢ  ᠶᠢᠨ ᠲᠡᠮᠲᠡᠭᠲᠥ ᠲᠠᠸᠠᠷ ᠤᠨ ᠲᠡᠮᠲᠡᠭ  ᠢᠶᠠᠷ ᠲᠠᠩᠰᠠᠯᠬᠤ ᠶᠢ ᠭᠤᠶᠤᠴᠢᠯᠠᠬᠤ ᠬᠠᠮᠢᠶ᠎ᠠ ᠪᠥᠬᠦᠢ ᠵᠥᠢᠯᠡᠰ ᠤᠨ ᠲᠤᠬᠠᠢ ᠰᠠᠨᠠᠭᠤᠯᠭ᠎ᠠ》ᠲᠤᠰᠢᠶᠠᠵᠤ᠂ ᠬᠤᠲᠠ ᠶᠢᠨ ᠵᠠᠰᠠᠭ ᠤᠨ ᠤᠷᠲᠤᠨ ᠤ ᠵᠥᠪᠰᠢᠶᠡᠷᠡᠯ ᠪᠠ ᠲᠡᠮᠵᠢᠯᠭᠡ ᠶᠢ ᠤᠯᠪᠠ᠃ ᠬᠠᠮᠲᠤ ᠳᠤᠨᠢ ᠲᠥᠩᠯᠢᠶᠤᠤ ᠶᠢᠨ ᠠᠮᠤ ᠪᠤᠲᠠᠭ᠎ᠠ ᠶᠢᠨ ᠠᠵᠢᠯ  ᠲᠥᠷᠤᠯ ᠤᠨ ᠬᠤᠲᠠᠯᠲᠤᠭᠠᠴᠢᠳ ᠤᠨ ᠨᠡᠶᠢᠭᠡᠮᠯᠢᠭ ᠪᠠᠰᠠ ᠮᠠᠨ ᠤ ᠲᠤᠪᠴᠢᠶ᠎ᠠ ᠶᠢ ᠲᠠᠸᠠᠷ ᠤᠨ ᠲᠡᠮᠲᠡᠭ ᠭᠤᠶᠤᠴᠢᠯᠠᠨ ᠲᠠᠩᠰᠠᠯᠬᠤ ᠮᠠᠲ᠋ᠧᠷᠢᠶᠠᠯ ᠴᠤᠭᠯᠠᠭᠤᠯᠬᠤ᠂ ᠭᠤᠶᠤᠴᠢᠯᠠᠨ‌ᠮᠡᠲᠡᠬᠦᠯᠬᠦ ᠶᠠᠪᠤᠴᠠ‌ᠵᠡᠷᠭᠡ ᠭᠤᠭᠴᠤᠭ᠎ᠠ ᠳᠤ    ᠲᠤᠰᠬᠠᠢ ᠮᠠᠷᠭᠡᠵᠢᠯ ᠤᠨ ᠵᠢᠯᠤᠭᠤᠲᠤᠯᠭ᠎ᠠ ᠪᠠ ᠬᠠᠪᠰᠤᠷᠤᠯᠭ᠎ᠠ ᠥᠵᠡᠭᠦᠯᠬᠦ ᠶᠢ ᠬᠥᠰᠡᠵᠤ ᠪᠠᠶᠢᠬᠤ ᠪᠠᠨ ᠢᠯᠡᠳᠭᠡᠪᠡ᠃ 2017 ᠤᠨ ᠳᠤ᠂ ᠮᠠᠨ ᠤ ᠲᠤᠪᠴᠢᠶ᠎ᠠ《 ᠲᠥᠩᠯᠢᠶᠤᠤ ᠶᠢᠨ ᠰᠢᠷ᠎ᠠ ᠡᠷᠲᠡᠨᠢ ᠰᠢᠰᠢ》 ᠶᠢ ᠭᠤᠤᠯᠲᠠᠯᠭᠠᠲᠤ ᠲᠠᠸᠠᠷ ᠤᠨ ᠨᠡᠷᠡᠲᠦ ᠲᠠᠮᠲᠡᠭ ᠪᠤᠶᠢᠵᠢᠭᠤᠯᠬᠤ ᠡᠲᠡᠭᠡᠳ ᠢᠶᠠᠷ ᠵᠢᠭᠰᠠᠭᠠᠵᠤ᠂ ᠭᠡᠷ ᠤᠨ ᠠᠰᠠᠷᠠᠭᠴᠢ ᠶᠢᠨ ᠮᠠᠶ᠋ᠢᠭ ᠤᠨ ᠮᠥᠷᠲᠡᠨ ᠵᠢᠯᠤᠭᠤᠳᠬᠤ ᠶᠢ ᠭᠡᠷᠡᠭᠵᠢᠬᠦᠯᠪᠡ᠃ ᠲᠥᠩᠯᠢᠶᠤᠤ ᠬᠤᠲᠠ ᠶᠢᠨ ᠠᠮᠤ ᠪᠤᠲᠠᠭ᠎ᠠ ᠶᠢᠨ ᠠᠵᠢᠯ ᠲᠥᠷᠤᠯ ᠤᠨ ᠬᠤᠲᠠᠯᠲᠤᠭᠠᠴᠢᠳ ᠤᠨ ᠨᠡᠶᠢᠭᠡᠮᠯᠢᠭ ᠤᠨ ᠭᠤᠶᠤᠴᠢᠯᠠᠨ ᠮᠡᠲᠡᠬᠦᠯᠬᠦ ᠮᠠᠲ᠋ᠧᠷᠢᠶᠠᠯ ᠳᠤ ᠬᠡᠷᠡᠭᠰᠡᠬᠦ ᠲᠡᠤᠭᠡ ᠶᠢᠨ ᠡᠬᠢ ᠰᠤᠷᠪᠤᠯᠵᠢ᠂ ᠴᠢᠨᠠᠷ ᠴᠢᠨᠰᠠᠭ᠎ᠠ ᠶᠢᠨ ᠤᠨᠴᠠᠭᠠᠢ ᠴᠢᠨᠠᠷ ᠢ ᠢᠯᠡᠷᠡᠬᠦᠯᠬᠦ᠂ ᠲᠠᠸᠠᠷ ᠤᠨ ᠲᠠᠮᠲᠡᠭ ᠤᠨ ᠵᠢᠷᠤᠭ ᠲᠥᠷᠰᠤ ᠶᠢ ᠲᠥᠯᠥᠪᠯᠡᠨ ᠵᠢᠷᠤᠬᠤ᠂ ᠲᠠᠸᠠᠷ ᠤᠨ ᠲᠡᠮᠲᠡᠭ ᠤᠨ ᠭᠡᠷᠡᠭᠯᠡᠯᠲᠡ ᠬᠠᠮᠢᠶᠠᠷᠤᠯᠲᠠ ᠶᠢᠨ ᠲᠥᠷᠢᠮ ᠢ ᠲᠡᠬᠦᠯᠲᠡᠷᠵᠢᠬᠦᠯᠬᠦ ᠵᠡᠷᠭᠡ ᠶᠢ ᠢᠲᠡᠪᠬᠢᠲᠡᠢ ᠬᠠᠪᠰᠤᠷᠤᠨ ᠪᠥᠷᠢᠲᠥᠬᠦᠯᠵᠥ᠂ ᠰᠠᠭᠤᠷᠢ ᠴᠢᠨᠠᠷ ᠲᠠᠢ ᠭᠤᠶᠤᠴᠢᠯᠠᠨ ᠮᠡᠲᠡᠬᠦᠯᠬᠦ ᠶᠢᠨ ᠠᠵᠢᠯ ᠢ ᠥᠨᠡᠨᠬᠦ ᠪᠤᠲᠠᠲᠠᠢ ᠬᠢᠪᠡ᠃ ᠥᠪᠡᠷᠲᠡᠭᠡᠨ ᠵᠠᠰᠠᠬᠤ ᠤᠷᠤᠨ ᠤ ᠥᠢᠯᠡᠳᠪᠤᠷᠢ ᠬᠤᠲᠠᠯᠲᠤᠭ᠎ᠠ ᠶᠢᠨ ᠲᠤᠪᠴᠢᠶ᠎ᠠ ᠶᠢᠨ ᠲᠠᠸᠠᠷ ᠤᠨ ᠲᠡᠮᠲᠡᠭ ᠤᠨ ᠭᠠᠵᠠᠷ ᠪᠠ ᠤᠯᠤᠰ ᠤᠨ ᠲᠠᠸᠠᠷ ᠤᠨ ᠲᠡᠮᠲᠡᠭ ᠤᠨ ᠲᠤᠪᠴᠢᠶ᠎ᠠ ᠶᠢᠨ ᠭᠠᠵᠠᠷ ᠵᠥᠢ ᠶᠢᠨ ᠲᠡᠮᠲᠡᠭ ᠤᠨ ᠭᠠᠵᠠᠷ ᠲᠠᠢ ᠢᠲᠡᠪᠬᠢᠲᠡᠢ ᠬᠠᠷᠢᠯᠴᠠᠵᠤ᠂《 ᠲᠥᠩᠯᠢᠶᠤᠤ ᠶᠢᠨ ᠰᠢᠷ᠎ᠠ ᠡᠷᠲᠡᠨᠢ ᠰᠢᠰᠢ 》 ᠶᠢᠨ ᠭᠠᠵᠠᠷ ᠵᠥᠢ ᠶᠢᠨ ᠲᠡᠮᠲᠡᠭᠲᠥ ᠲᠠᠸᠠᠷ ᠤᠨ ᠲᠡᠮᠲᠡᠭ ᠢ ᠭᠤᠶᠤᠴᠢᠯᠠᠨ ᠲᠠᠩᠰᠠᠯᠬᠤ ᠠᠮᠵᠢᠯᠲᠠ ᠶᠢᠨ ᠨᠤᠷᠮ᠎ᠠ ᠶᠢ ᠲᠡᠭᠡᠭᠰᠢᠯᠡᠭᠦᠯᠥᠪᠡ᠃ 15 ᠰᠠᠷ᠎ᠠ ᠶᠢᠨ ᠬᠤᠭᠤᠴᠠᠭ᠎ᠠ ᠶᠢᠨ ᠴᠢᠷᠮᠠᠶᠢᠯᠭ᠎ᠠ ᠪᠠᠷ ᠲᠠᠮᠵᠢᠨ᠂ ᠡᠴᠤᠰ ᠲᠡᠭᠡᠨ 2018 ᠤᠨ ᠤ 2 ᠰᠠᠷ᠎ᠠ ᠶᠢᠨ 14 ᠤ ᠡᠲᠤᠷ《 ᠲᠥᠩᠯᠢᠶᠤᠤ ᠶᠢᠨ ᠰᠢᠷ᠎ᠡ ᠡᠷᠲᠡᠨᠢ ᠰᠢᠰᠢ》 ᠤᠨ ᠭᠠᠵᠠᠷ ᠵᠥᠢ ᠶᠢᠨ ᠲᠡᠮᠲᠡᠭᠲᠥ  ᠲᠠᠸᠠᠷ ᠤᠨ ᠲᠡᠮᠲᠡᠭ ᠲᠠᠩᠰᠠᠯᠠᠭᠲᠠᠵᠤ᠂ ᠲᠡᠷᠨ ᠨᠢ ᠲᠥᠩᠯᠢᠶᠤᠤ ᠬᠤᠲᠠ ᠶᠢᠨ ᠡᠷᠲᠡᠨᠢ ᠰᠢᠰᠢ ᠶᠢᠨ ᠠᠵᠢᠯ ᠲᠥᠷᠤᠯ ᠵᠥᠪᠭᠡᠨ ᠲᠠᠷᠢᠭᠠᠳ ᠪᠤᠷᠤᠯᠠᠭᠤᠯᠬᠤ ᠥᠭᠡᠢ᠂ ᠵᠥᠪᠭᠡᠨ ᠪᠤᠷᠤᠯᠠᠭᠤᠯᠤᠭᠠᠳ ᠡᠷᠭᠡ   ᠪᠠᠨ ᠬᠠᠮᠠᠭᠠᠯᠠᠬᠤ ᠥᠭᠡᠢ ᠬᠤᠴᠤᠷᠤᠩᠭᠤᠢ ᠥᠢᠯᠡᠳᠪᠤᠷᠢᠯᠡᠬᠦ ᠪᠤᠷᠤᠯᠠᠭᠤᠯᠬᠤ ᠴᠠᠭ ᠥᠶ᠎ᠠ ᠠᠴᠠ ᠰᠠᠯᠵᠤ᠂ ᠲᠠᠸᠠᠷ ᠤᠨ ᠲᠡᠮᠲᠡᠭ ᠢᠶᠠᠷ ᠲᠠᠷᠢᠶᠠᠴᠢᠨ ᠢ ᠪᠠᠶᠠᠵᠢᠭᠤᠯᠬᠤ᠂ ᠨᠡᠷᠡᠲᠦ ᠲᠡᠮᠲᠡᠭ ᠢᠶᠠᠷ ᠠᠵᠤ ᠠᠬᠤᠶᠢᠯᠠᠯ ᠢ ᠬᠥᠴᠥᠷᠭᠡᠭᠵᠢᠬᠦᠯᠬᠦ ᠰᠢᠨ᠎ᠡ ᠴᠠᠭ ᠥᠶ᠎ᠠ ᠳᠤ ᠣᠷᠣᠭᠰᠠᠨ ᠢ ᠬᠠᠷᠠᠭᠤᠯᠵᠤ ᠪᠠᠶᠢᠨ᠎ᠠ᠃《 ᠲᠥᠩᠯᠢᠶᠤᠤ ᠶᠢᠨ ᠰᠢᠷ᠎ᠠ ᠡᠷᠲᠡᠨᠢ ᠰᠢᠰᠢ》 ᠶᠢᠨ ᠲᠠᠩᠰᠠᠯᠠᠭᠲᠠᠭᠰᠠᠨ ᠤ ᠲᠠᠷᠠᠭ᠎ᠠ᠂ ᠲᠠᠸᠠᠷ ᠤᠨ ᠲᠡᠮᠲᠡᠭ  ᠤᠨ《 ᠮᠤᠲᠤ ᠴᠢᠯᠠᠭᠤ ᠮᠤᠯᠤᠷ ᠡᠷᠲᠡᠨᠢ》ᠪᠤᠯᠬᠤ ᠥᠢᠯᠡᠲᠤᠯ ᠢ ᠪᠠᠲᠠᠷᠠᠭᠤᠯᠬᠤ ᠶᠢᠨ ᠲᠥᠯᠤᠭᠡ᠂《 ᠨᠢᠭᠡ ᠲᠠᠸᠠᠷ ᠤᠨ ᠲᠡᠮᠲᠡᠭ ᠲᠠᠩᠰᠠᠯᠠᠪᠠᠯ ᠨᠢᠭᠡ ᠠᠵᠤ ᠥᠢᠯᠡᠰ ᠢ ᠲᠠᠶᠢᠴᠢᠯᠠᠬᠤ᠂  ᠨᠢᠭᠡ ᠭᠠᠵᠠᠷ ᠤᠨ ᠠᠵᠤ ᠠᠬᠤᠢ ᠶᠢ ᠠᠮᠢᠲᠤᠯᠢᠭᠵᠢᠭᠤᠯᠪᠠᠯ᠂ ᠤᠯᠠᠨ ᠲᠠᠷᠢᠶᠠᠴᠢᠨ ᠢ ᠪᠠᠶᠠᠵᠢᠭᠤᠯᠬᠤ》ᠪᠠᠶᠢᠲᠠᠯ ᠢ ᠵᠢᠩᠬᠢᠨᠢ ᠪᠥᠷᠢᠯᠳᠥᠭᠦᠯᠵᠥ᠂ ᠪᠢᠲᠠ ᠪᠠᠰᠠ ᠬᠤᠲᠠᠯᠲᠤᠭᠠᠴᠢᠳ ᠤᠨ ᠨᠡᠶᠢᠭᠡᠮᠯᠢᠭ ᠪᠠ ᠠᠵᠤ ᠠᠬᠤᠶᠢᠯᠠᠯ ᠤᠨ ᠪᠤᠲᠠᠲᠤ ᠭᠠᠵᠠᠷ ᠤᠯᠠᠨᠲᠠ ᠬᠥᠨᠵᠡᠭᠡᠶᠢᠷᠡᠵᠤ᠂ ᠥᠷᠬᠦᠯᠵᠢᠯᠡᠨ ᠮᠥᠷᠲᠡᠨ ᠵᠢᠯᠤᠭᠤᠳᠴᠤ ᠂ ᠪᠤᠷᠤᠭᠤ ᠲᠠᠷᠤᠮᠠᠯᠯᠠᠭᠰᠠᠨ ᠲᠠᠸᠠᠷ ᠤᠨ ᠲᠡᠮᠲᠡᠭ ᠤᠨ ᠬᠡᠪ ᠢ ᠴᠠᠭ ᠲᠤᠬᠠᠢ ᠳᠤᠨᠢ ᠬᠤᠷᠢᠭᠯᠠᠨ ᠵᠤᠭᠰᠤᠭᠠᠭᠰᠠᠨ ᠢᠶᠠᠷ ᠪᠠᠷᠠᠬᠤ ᠥᠭᠡᠢ᠂ ᠠᠵᠤ ᠠᠬᠤᠶᠢᠯᠠᠯ ᠤᠨ ᠨᠡᠯᠢᠶᠡᠳ ᠶᠡᠭᠡ ᠠᠵᠤ ᠠᠬᠤᠢ ᠶᠢᠨ ᠬᠤᠭᠢᠷᠠᠯ ᠢ ᠡᠷᠭᠢᠬᠦᠯᠵᠤ᠂ ᠪᠠᠰᠠ ᠠᠵᠤ ᠠᠬᠤᠶᠢᠯᠠᠯ ᠢ ᠬᠠᠪᠰᠤᠷᠤᠨ ᠨᠢᠭᠡᠲᠤᠯᠲᠡᠢ ᠥᠢᠯᠡᠳᠬᠦᠨ ᠤ ᠭᠠᠲᠠᠷ ᠪᠠᠭᠯᠠᠭ᠎ᠠ ᠶᠢ ᠲᠥᠯᠤᠪᠯᠡᠨ ᠵᠢᠷᠤᠵᠤ᠂《ᠲᠥᠩᠯᠢᠶᠤᠤ ᠬᠤᠲᠠ ᠶᠢᠨ ᠰᠢᠷ᠎ᠡ ᠡᠷᠲᠡᠨᠢ ᠰᠢᠰᠢ》 ᠶᠢᠨ ᠨᠡᠷᠡᠲᠤ ᠲᠡᠮᠲᠡᠭ ᠢ ᠲᠥᠷᠢᠮᠵᠢᠬᠦᠯᠥᠨ‌‍ᠬᠡᠷᠡᠭᠯᠡᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ ᠬᠠᠮᠲᠤ ᠳᠤᠨᠢ ᠪᠢᠲᠠ ᠬᠤᠲᠠᠯᠲᠤᠭᠠᠴᠢᠳ ᠤᠨ  ᠨᠡᠶᠢᠭᠡᠮᠯᠢᠭ ᠤᠨ《 ᠨᠢᠭᠡ ᠲᠡᠮᠲᠡᠭ ᠤᠯᠠᠨ ᠲᠥᠷᠤᠯ》 ᠢᠶᠠᠷ ᠲᠠᠩᠰᠠᠯᠠᠬᠤ᠂《 ᠭᠡᠷᠡᠭᠯᠡᠬᠦ ᠶᠢ ᠵᠥᠪᠰᠢᠶᠡᠷᠡᠬᠦ ᠭᠡᠷ᠎ᠡ ᠶᠢᠨ ᠪᠢᠴᠢᠭ》《 ᠲᠠᠸᠠᠷ ᠤᠨ ᠲᠡᠮᠲᠡᠭ ᠤᠨ ᠬᠥᠮᠤᠷᠭᠡ ᠳᠤ ᠤᠷᠤᠭᠤᠯᠬᠤ ᠭᠠᠷᠭᠠᠬᠤ ᠬᠠᠮᠢᠶᠠᠷᠤᠯᠲᠠ ᠶᠢᠨ ᠲᠥᠷᠢᠮ》ᠵᠡᠷᠭᠡ ᠡᠯ᠎ᠡ ᠵᠥᠢᠯ ᠤᠨ ᠬᠠᠮᠢᠶᠠᠷᠤᠯᠲᠠ ᠶᠢᠨ ᠲᠥᠷᠢᠮ ᠲᠤᠭᠲᠠᠭᠠᠯ ᠢ ᠨᠢᠭᠡᠲᠤᠯᠲᠡᠢ ᠲᠤᠭᠲᠠᠭᠠᠬᠤ ᠶᠢ ᠵᠢᠯᠤᠭᠤᠳᠬᠤ᠂《 ᠢᠨᠲ᠋ᠧᠷ ᠰᠥᠯᠵᠢᠶ᠎ᠠ+》ᠲᠠᠪᠴᠠᠩ ᠵᠡᠷᠭᠡ ᠤᠯᠠᠨ ᠵᠥᠢᠯ ᠤᠨ ᠪᠥᠲᠤᠮᠵᠢ ᠲᠠᠢ ᠠᠷᠭ᠎ᠠ ᠬᠡᠮᠵᠢᠶ᠎ᠠ ᠶᠢ ᠬᠠᠪᠰᠤᠷᠤᠨ ᠪᠠᠶᠢᠭᠤᠯᠬᠤ ᠶᠢ ᠢᠳᠡᠪᠬᠢᠲᠡᠢ ᠰᠠᠨᠠᠭᠤᠯᠵᠤ᠂ ᠬᠤᠲᠠᠯᠲᠤᠭᠠᠴᠢᠳ ᠤᠨ ᠨᠡᠶᠢᠭᠡᠮᠯᠢᠭ ᠪᠠ ᠠᠵᠤ ᠠᠬᠤᠶᠢᠯᠠᠯ ᠢ ᠬᠠᠪᠰᠤᠷᠴᠤ ᠲᠠᠸᠠᠷ ᠤᠨ ᠲᠠᠮᠲᠡᠭ ᠢ ᠬᠠᠮᠠᠭᠠᠯᠬᠠᠤ᠂ ᠲᠥᠷᠢᠮᠵᠢᠬᠦᠯᠤᠨ ᠬᠡᠷᠡᠭᠯᠡᠬᠦ᠂ ᠪᠥᠲᠤᠮᠵᠢ ᠲᠠᠢ ᠠᠵᠢᠯᠯᠠᠬᠤ ᠪᠤᠲᠠᠲᠤ ᠠᠰᠠᠭᠤᠲᠠᠯ ᠪᠠ ᠬᠥᠴᠢᠷᠲᠠᠯ ᠢ ᠰᠢᠢᠳᠪᠤᠷᠢᠯᠡᠨ᠎ᠠ᠃ ᠤᠲᠤᠬᠠᠨ᠎ᠠ᠂ ᠪᠥᠬᠦ ᠬᠤᠲᠠ ᠳᠤ ᠨᠢᠭᠡᠨᠲᠡ ᠤᠯᠠᠨ  ᠬᠤᠲᠠᠯᠲᠤᠭᠠᠴᠢᠳ ᠤᠨ ᠨᠡᠶᠢᠭᠡᠮᠯᠢᠭ ᠤᠨ ᠪᠥᠷᠢᠯᠲᠤᠬᠦᠨ ᠠᠵᠤ ᠠᠬᠤᠶᠢᠯᠠᠯ《 ᠲᠥᠩᠯᠢᠶᠤᠤ ᠶᠢᠨ ᠰᠢᠷ᠎ᠡ ᠡᠷᠲᠡᠨᠢ ᠰᠢᠢᠰᠢ》 ᠶᠢᠨ ᠭᠠᠵᠠᠷ ᠵᠥᠢ ᠵᠢᠨ‌‍ᠲ᠋ᠠᠮᠲᠡᠭᠲᠥ ᠲᠠᠸᠠᠷ ᠤᠨ ᠲᠡᠮᠲᠡᠭ ᠢ ᠭᠤᠶᠤᠴᠢᠯᠠᠨ ᠬᠡᠷᠡᠭᠯᠡᠪᠡ᠃《 ᠲᠥᠩᠯᠢᠶᠤᠤ ᠶᠢᠨ ᠰᠢᠷ᠎ᠡ ᠡᠷᠲᠡᠨᠢ ᠰᠢᠰᠢ》 ᠶᠢᠨ ᠭᠠᠵᠠᠷ ᠵᠥᠢ ᠶᠢᠨ ᠲᠡᠮᠲᠡᠭᠲᠥ ᠲᠠᠸᠠᠷ ᠤᠨ ᠲᠡᠮᠳᠡᠭ ᠤᠨ ᠡᠷᠭᠡ ᠤᠯᠭᠤᠨ ᠲᠡᠯᠭᠡᠷᠡᠬᠦᠯᠤᠨ ᠬᠡᠷᠡᠭᠯᠡᠬᠦ ᠶᠢ ᠲᠠᠭᠠᠯᠲᠤᠨ《 ᠲᠥᠩᠯᠢᠶᠤᠤ ᠶᠢᠨ ᠰᠢᠷ᠎ᠠ ᠡᠷᠲᠡᠨᠢ ᠰᠢᠰᠢ》 ᠨᠢ ᠲᠥᠩᠯᠢᠶᠤᠤ ᠶᠢᠨ ᠡᠷᠲᠡᠨᠢ ᠰᠢᠰᠢ ᠶᠢᠨ ᠠᠵᠢᠯ ᠲᠥᠷᠤᠯ ᠤᠨ ᠪᠥᠬᠦ ᠤᠯᠤᠰ ᠤᠨ《 ᠨᠢᠭᠡᠲᠤᠯᠲᠡᠢ ᠨᠠᠷ᠎ᠡ ᠶᠢᠨ ᠬᠠᠭᠤᠲᠠᠰᠤ》ᠪᠤᠯᠵᠤ᠂ ᠨᠡᠩ ᠥᠷᠭᠡᠨ ᠠᠭᠤᠲᠠᠮ ᠤᠯᠤᠰ ᠤᠨ ᠲᠤᠲᠤᠭᠠᠲᠤ ᠭᠠᠲᠠᠭᠠᠲᠤ ᠶᠢᠨ ᠵᠠᠬ᠎ᠠ ᠲᠡᠯᠭᠡᠬᠦᠷ ᠲᠤ  ᠤᠷᠤᠬᠤ ᠪᠠᠷ ᠴᠢᠷᠮᠠᠶᠢᠨ᠎ᠠ᠃      ︵ᠬᠥᠲᠤᠯᠥᠭᠴᠢ︶ ᠥᠢᠯᠡᠳᠪᠤᠷᠢ ᠬᠤᠲᠠᠯᠲᠤᠭ᠎ᠠ ᠶᠢᠨ ᠰᠠᠯᠠᠭ᠎ᠠ ᠮᠥᠴᠢᠷ ᠤᠨ ᠡᠬᠦᠷᠭᠡ ᠲᠤᠰᠢᠶᠠᠯ ᠪᠥᠷ ᠭᠡᠷᠡᠭᠯᠡᠭᠴᠢ ᠲᠠᠢ ᠨᠢᠭᠲᠠ  ᠬᠠᠷᠢᠴᠠᠭ᠎ᠠ ᠲᠠᠢ ᠭᠡᠵᠤ ᠬᠡᠯᠡᠵᠦ ᠪᠤᠯᠤᠨ᠎ᠠ᠂ ᠲᠡᠶᠢᠮᠤ ᠪᠤᠯ《 ᠠᠶᠥᠯᠭᠦᠢ  ᠬᠡᠷᠡᠭᠯᠡᠭᠡᠨ ᠲᠥᠩᠯᠢᠶᠤᠤ ᠳᠤ》 ᠭᠡᠬᠦ᠂ ᠭᠡᠷᠡᠭᠯᠡᠭᠴᠢ ᠶᠢᠨ ᠬᠠᠤᠯᠢ ᠶᠤᠰᠤᠨ ᠤ ᠡᠷᠭᠡ ᠠᠰᠢᠭ ᠢ ᠬᠡᠷᠬᠢᠨ ᠨᠡᠩ ᠰᠠᠶᠢᠨ ᠬᠠᠮᠠᠭᠠᠯᠠᠬᠤ ᠲᠤᠬᠠᠢ ᠮᠠᠨ ᠤ ᠰᠠᠶᠢᠨ ᠠᠷᠭ᠎ᠠ ᠠᠪᠴᠢᠯ ᠢᠶᠠᠨ  ᠶᠠᠷᠢᠭᠠᠳ ᠥᠭᠬᠦ ᠪᠤᠯᠪᠠᠤ︖      ︵ᠯᠢᠤ ᠲᠤᠪᠴᠢᠶ᠎ᠠ ᠶᠢᠨ ᠲᠠᠷᠤᠭ᠎ᠠ︶ ᠪᠢᠲᠠ ᠭᠤᠤᠯᠲᠠᠭᠤ《 ᠬᠡᠷᠡᠭᠯᠡᠭᠡᠨ ᠤ ᠤᠷᠴᠢᠨ ᠲᠤᠭᠤᠷᠢᠨ ᠤ ᠠᠶᠤᠯᠬᠦᠢ ᠬᠡᠮᠵᠢᠶ᠎ᠠ᠂ ᠡᠵᠡᠩᠨᠡᠭᠴᠢ ᠶᠢᠨ ᠥᠨᠡᠨᠴᠢ ᠢᠲᠡᠭᠡᠮᠵᠢ ᠶᠢᠨ ᠬᠡᠮᠵᠢᠶ᠎ᠠ ᠪᠠ ᠭᠡᠷᠡᠭᠯᠡᠭᠴᠢ ᠶᠢᠨ  ᠬᠠᠨᠤᠮᠵᠢ ᠶᠢᠨ ᠬᠡᠮᠵᠢᠶ᠎ᠠ ᠶᠢ ᠲᠡᠭᠡᠭᠰᠢᠯᠡᠭᠦᠯᠭᠦ》 ᠪᠠᠷ ᠭᠤᠤᠯ ᠬᠠᠷᠠᠯᠲᠠ ᠪᠤᠯᠭᠠᠵᠤ᠂ ᠬᠡᠷᠡᠭᠯᠡᠭᠡᠨ ᠤ ᠪᠥᠲᠤᠭᠡᠭᠲᠡᠬᠦᠨ ᠪᠠ ᠥᠢᠯᠡᠴᠢᠯᠡᠭᠡᠨ ᠤ ᠴᠢᠨᠠᠷ ᠢ ᠪᠥᠬᠦ ᠲᠠᠯ᠎ᠠ ᠪᠠᠷ ᠲᠡᠭᠡᠭᠰᠢᠯᠡᠬᠦᠯᠵᠥ᠂ ᠭᠡᠷᠡᠭᠯᠡᠭᠴᠢ ᠶᠢᠨ ᠡᠷᠭᠡ ᠠᠰᠢᠭ ᠢ ᠬᠠᠮᠠᠭᠠᠯᠠᠬᠤ ᠲᠤᠭᠲᠠᠴᠨ ᠶᠢ ᠲᠡᠬᠦᠯᠲᠡᠷᠵᠢᠭᠦᠯᠪᠡ᠃ ᠨᠢᠭᠡ ᠳᠤ ᠲᠥᠩᠯᠢᠶᠤᠤ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠲᠤᠪᠴᠢᠶ᠎ᠠ ᠲᠥᠷᠤᠬᠦᠯᠡᠨ᠂ 21 ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠢ ᠪᠠᠷ ᠪᠥᠷᠢᠯᠲᠥᠭᠰᠡᠨ᠂ ᠲᠥᠩᠯᠢᠶᠤᠤ ᠬᠤᠲᠠ ᠶᠢᠨ ᠭᠡᠷᠡᠭᠯᠡᠭᠴᠢ ᠶᠢᠨ ᠡᠷᠭᠡ ᠠᠰᠢᠭ ᠢ ᠬᠠᠮᠠᠭᠠᠯᠠᠬᠤ ᠠᠵᠢᠯ ᠤᠨ ᠬᠤᠯᠪᠤᠭᠠᠲᠤ ᠬᠤᠷᠠᠯ᠂ ᠵᠠᠰᠠᠭ ᠤᠨ ᠤᠷᠲᠤᠨ ᠢᠶᠠᠷ ᠭᠤᠤᠯᠯᠠᠵᠤ᠂ ᠥᠢᠯᠡᠳᠪᠤᠷᠢ ᠬᠤᠲᠠᠯᠲᠤᠭ᠎ᠠ ᠶᠢᠨ ᠲᠤᠪᠴᠢᠶ᠎ᠠ ᠲᠥᠷᠤᠬᠦᠯᠡᠨ᠂ ᠬᠠᠮᠢᠶ᠎ᠠ ᠪᠥᠬᠦᠢ ᠰᠠᠯᠠᠭ᠎ᠠ ᠮᠥᠴᠢᠷ ᠬᠠᠮᠲᠤ ᠪᠠᠷ ᠠᠬᠢᠭᠤᠯᠬᠤ᠂ ᠨᠡᠶᠢᠭᠡᠮ ᠤᠨ ᠵᠤᠬᠢᠶᠠᠨ  ᠪᠠᠶᠢᠭᠤᠯᠤᠯᠲᠠ‌ᠢᠲᠡᠪᠬᠢᠲᠠᠢ ᠤᠷᠤᠯᠴᠠᠵᠤ᠂ ᠡᠵᠡᠩᠨᠡᠭᠴᠢ ᠥᠨᠡᠨᠴᠢ ᠪᠡᠶ᠎ᠡ ᠪᠠᠨ ᠱᠠᠭᠠᠷᠲᠠᠭᠰᠠᠨ ᠭᠡᠷᠡᠭᠯᠡᠭᠡᠨ ᠤ ᠡᠷᠭᠡ  ᠠᠰᠢᠭ ᠢᠶᠠᠨ ᠬᠠᠮᠠᠭᠠᠯᠠᠨ ᠬᠠᠮᠲᠤ ᠪᠠᠷ ᠵᠠᠰᠠᠬᠤ ᠪᠠᠶᠢᠲᠠᠯ ᠢ ᠢᠳᠡᠭ ᠢᠳᠡᠭ ᠢᠶᠠᠷ ᠪᠠᠶᠢᠭᠤᠯᠤᠨ᠎ᠠ᠃ ᠬᠤᠶᠠᠷ ᠲᠤ ᠭᠤᠤᠯ ᠰᠡᠲᠤᠪᠲᠤ ᠤᠭᠠᠭᠤᠯᠭ᠎ᠠ᠂ ᠨᠡᠶᠢᠲᠡ ᠶᠢᠨ ᠠᠰᠠᠷᠠᠮᠵᠢ ᠶᠢᠨ ᠵᠠᠷ᠂ ᠲᠠᠯᠠᠪᠠᠢ ᠳᠠᠬᠢ ᠯᠠᠪᠯᠠᠭ᠎ᠠ ᠵᠡᠷᠭᠡ ᠤᠯᠠᠨ ᠵᠥᠢᠯ ᠤᠨ ᠬᠡᠯᠪᠡᠷᠢ ᠪᠠᠷ ᠲᠠᠮᠵᠢᠨ᠂《 ᠠᠶᠤᠯᠬᠦᠢ ᠬᠡᠷᠡᠭᠯᠡᠭᠡᠨ  》 ᠶᠢ ᠡᠭᠦᠳᠬᠦ ᠠᠵᠢᠯᠯᠠᠭ᠎ᠠ ᠶᠢᠨ ᠴᠢᠬᠤᠯᠠ ᠤᠳᠬ᠎ᠠ ᠠᠭᠤᠯᠭ᠎ᠠ ᠶᠢ ᠥᠷᠭᠡᠨ ᠬᠡᠪᠴᠢᠶ᠎ᠠ ᠪᠠᠷ ᠤᠬᠠᠭᠤᠯᠵᠤ ᠂ ᠬᠡᠷᠡᠭᠯᠡᠭᠴᠢ ᠶᠢᠨ ᠰᠢᠨᠵᠢᠯᠡᠬᠦ ᠤᠬᠠᠭᠠᠨᠴᠢ ᠬᠡᠷᠡᠭᠯᠡᠭᠡᠨ᠂ ᠤᠶᠤᠨ ᠤ ᠬᠡᠷᠡᠭᠯᠡᠭᠡᠨ᠂ ᠡᠷᠡᠬᠦᠯ ᠭᠡᠷᠡᠭᠯᠡᠭᠡᠨ ᠢ ᠵᠢᠯᠤᠭᠤᠲᠤᠪᠠ᠃ ᠭᠤᠷᠪᠠ ᠳᠤ ᠡᠷᠭᠡ  ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠴᠢᠩᠭ᠎ᠠ ᠱᠠᠭᠠᠷᠲᠠᠨ ᠪᠠᠶᠢᠴᠠᠭᠠᠵᠤ᠂ ᠠᠶᠥᠯᠭᠦᠢ  ᠬᠡᠷᠡᠭᠯᠡᠭᠡᠨ ᠢ ᠡᠭᠦᠲᠤᠨ ᠪᠠᠶᠢᠭᠤᠯᠤᠭᠰᠠᠨ ᠬᠠᠨᠤᠮᠵᠢ ᠶᠢᠨ ᠬᠡᠮᠵᠢᠶ᠎ᠠ ᠶᠢ ᠲᠡᠭᠡᠭᠰᠢᠯᠡᠬᠦᠯᠪᠡ᠃ ᠬᠠᠮᠢᠶ᠎ᠠ ᠪᠥᠬᠦᠢ ᠰᠠᠯᠭ᠎ᠠ ᠮᠥᠴᠢᠷ ᠲᠠᠢ ᠬᠠᠮᠵᠢᠯᠴᠢᠨ᠂ ᠬᠠᠤᠯᠢ ᠶᠤᠰᠤ ᠪᠠᠷ ᠵᠠᠰᠠᠭᠯᠠᠵᠤ᠂ ᠵᠠᠬ᠎ᠠ ᠲᠯᠡᠭᠡᠬᠦᠷ ᠤᠨ ᠬᠢᠨᠠᠨ ᠬᠠᠮᠢᠶᠠᠷᠤᠯᠲᠠ ᠪᠠ ᠬᠠᠤᠯᠢ ᠬᠡᠷᠡᠭᠵᠢᠬᠦᠯᠥᠯᠲᠡ ᠶᠢᠨ ᠬᠥᠴᠥᠴᠡ ᠶᠢ ᠴᠢᠩᠭᠠᠳᠬᠠᠨ᠂ ᠵᠠᠬ᠎ᠠ ᠲᠠᠯᠭᠡᠬᠦᠷ ᠤᠨ ᠵᠢᠷᠤᠮ ᠢ ᠴᠡᠭᠴᠡᠯᠡᠬᠦ ᠪᠠ ᠲᠥᠷᠢᠮᠵᠢᠬᠦᠯᠵᠥ᠂ ᠡᠶ᠎ᠡ ᠵᠤᠬᠢᠴᠠᠩᠭᠤᠢ ᠬᠡᠷᠡᠭᠯᠡᠭᠡᠨ ᠳᠤ ᠪᠠᠲᠤ ᠪᠠᠬᠢ ᠰᠠᠭᠤᠷᠢ ᠲᠠᠯᠪᠢᠪᠠ᠃ ᠲᠥᠷᠪᠡ ᠳᠤ ᠬᠥᠢᠯᠭᠡᠭᠡᠨ ᠤ ᠬᠥᠷᠢᠶ᠎ᠠ ᠬᠡᠪᠴᠢᠶᠠᠨ ᠳᠠᠬᠢ ᠲᠠᠸᠠᠷ ᠤᠨ ᠴᠢᠨᠰᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠢ ᠵᠥᠢᠯ ᠤᠨ ᠴᠡᠭᠴᠡᠯᠡᠨ ᠵᠠᠰᠠᠯᠲᠠ ᠶᠢ ᠥᠷᠨᠢᠬᠦᠯᠵᠤ᠂  ᠠᠶᠤᠯᠬᠦᠢ  ᠬᠡᠷᠡᠭᠯᠡᠭᠡᠨ ᠤ ᠤᠷᠴᠢᠨ ᠲᠤᠭᠤᠷᠢᠨ ᠢ ᠡᠬᠦᠲᠤᠪᠡ᠃      ︵ᠬᠥᠲᠤᠯᠥᠭᠴᠢ︶ ᠬᠡᠷᠡᠭᠯᠡᠭᠡᠨ ᠢ ᠬᠡᠯᠡᠪᠡᠯ᠂ ᠤᠲᠤ ᠶᠢᠨ ᠤᠯᠠᠨ ᠲᠥᠮᠠᠨ ᠤ  ᠬᠡᠷᠡᠭᠯᠡᠭᠡᠨ ᠤ ᠵᠠᠩᠰᠢᠯ ᠪᠠᠰᠠ ᠬᠤᠪᠢᠷᠠᠯᠲᠠ ᠭᠠᠷᠴᠤ ᠪᠠᠶᠢᠨ᠎ᠠ᠂ ᠤᠲᠤ ᠰᠥᠯᠵᠢᠶ᠎ᠠ ᠲᠡᠭᠡᠷᠡᠭᠢ  ᠬᠡᠷᠡᠭᠯᠡᠭᠡᠨ ᠤᠯᠠᠮ ᠠᠴᠠ ᠤᠯᠠᠮ ᠲᠥᠭᠡᠮᠡᠯᠵᠢᠵᠤ᠂ ᠰᠥᠯᠵᠢᠶ᠎ᠠ ᠶᠢᠨ ᠵᠠᠬ᠎ᠠ ᠲᠯᠡᠭᠡᠬᠦᠷ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠨᠢ ᠮᠠᠨ ᠤ ᠬᠤᠲᠠ ᠶᠢᠨ ᠠᠵᠤ ᠠᠬᠤᠢ ᠶᠢᠨ ᠨᠡᠶᠢᠭᠡᠮ ᠤᠨ ᠲᠤᠭᠲᠠᠭᠤᠨ ᠡᠷᠡᠬᠦᠯ ᠬᠥᠭᠵᠢᠬᠦᠯᠥᠯᠲᠡ ᠶᠢ ᠠᠬᠢᠭᠤᠯᠬᠤ ᠳᠤ ᠲᠤᠩ ᠴᠢᠬᠤᠯᠨ ᠤᠳᠬ᠎ᠠ ᠠᠭᠤᠯᠭ᠎ᠠ ᠲᠠᠢ ᠪᠢᠯᠡ᠂ ᠲᠠ ᠡᠨᠡ ᠲᠠᠯ᠎ᠠ ᠶᠢᠨ ᠠᠵᠢᠯ ᠢ ᠶᠠᠷᠢᠭᠠᠳ ᠥᠭᠬᠦ ᠪᠤᠯᠪᠠᠣ︖      ︵ᠯᠢᠤ ᠲᠤᠪᠴᠢᠶ᠎ᠠ ᠶᠢᠨ ᠲᠠᠷᠤᠭ᠎ᠠ︶ ᠲᠥᠩᠯᠢᠶᠤᠤ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠲᠤᠪᠴᠢᠶ᠎ᠠ《 ᠢᠨᠲ᠋ᠧᠷ ᠰᠥᠯᠵᠢᠶ᠎ᠠ+》ᠪᠠᠶᠢᠯᠲᠤᠬᠤ ᠪᠤᠲᠤᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠵᠤ《 ᠬᠠᠤᠯᠢ ᠶᠤᠰᠤᠭᠠᠷ ᠰᠥᠯᠵᠢᠶ᠎ᠠ ᠶᠢ ᠬᠠᠮᠢᠶᠠᠷᠬᠤ᠂ ᠰᠥᠯᠵᠢᠶ᠎ᠠ ᠪᠠᠷ ᠰᠥᠯᠵᠢᠶ᠎ᠠ ᠶᠢ ᠬᠠᠮᠢᠶᠠᠷᠬᠤ᠂ ᠢᠳᠡᠭᠡᠮᠵᠢ ᠪᠠᠷ ᠰᠥᠯᠵᠢᠶ᠎ᠠ ᠶᠢ ᠬᠠᠮᠢᠶᠠᠷᠬᠤ᠂ ᠬᠠᠮᠵᠢᠯᠴᠠᠨ ᠰᠥᠯᠵᠢᠶ᠎ᠠ ᠶᠢ ᠬᠠᠮᠢᠶᠠᠷᠬᠤ 》ᠵᠠᠷᠴᠢᠮ ᠶᠢ ᠪᠠᠷᠢᠮᠲᠠᠯᠠᠵᠤ᠂ ᠨᠡᠭᠡᠭᠡᠯᠲᠡ ᠲᠠᠢ ᠲᠥᠷᠢᠮᠵᠢᠯ  ᠲᠠᠢ ᠰᠥᠯᠵᠢᠶ᠎ᠠ ᠶᠢᠨ ᠡᠵᠡᠩᠨᠡᠯᠲᠡ ᠶᠢᠨ ᠤᠷᠴᠢᠨ ᠲᠤᠭᠤᠷᠢᠨ᠂ ᠠᠶᠥᠯᠭᠦᠢ ᠰᠥᠯᠵᠢᠶ᠎ᠠ ᠶᠢᠨ ᠬᠡᠷᠡᠭᠯᠡᠭᠡᠨ ᠤ ᠤᠷᠴᠢᠨ ᠲᠤᠭᠤᠷᠢᠨ᠂ ᠡᠷᠭᠡ ᠲᠡᠭᠰᠢ ᠡᠮᠬᠢ ᠵᠢᠷᠤᠮ ᠲᠠᠢ ᠰᠥᠯᠵᠢᠶ᠎ᠠ ᠶᠢᠨ ᠥᠷᠢᠰᠤᠯᠲᠤᠭᠡᠨ ᠤ ᠤᠷᠴᠢᠨ ᠲᠤᠭᠤᠷᠢᠨ ᠢ ᠪᠥᠬᠦ ᠬᠥᠴᠤᠨ ᠢᠶᠠᠷ ᠴᠤᠭᠴᠠᠯᠠᠪᠠ᠃ ᠨᠢᠭᠡ ᠂ ᠰᠥᠯᠵᠢᠶ᠎ᠠ ᠶᠢᠨ ᠵᠠᠬ᠎ᠠ ᠲᠡᠯᠭᠡᠬᠦᠷ ᠢ ᠬᠢᠨᠠᠨ ᠬᠠᠮᠢᠶᠠᠷᠬᠤ ᠲᠤᠰᠬᠠᠢ ᠵᠥᠢᠯ ᠤᠨ ᠠᠵᠢᠯᠯᠠᠭ᠎ᠠ ᠶᠢ ᠬᠢᠨᠠᠮᠠᠭᠠᠢ ᠥᠷᠨᠢᠬᠦᠯᠵᠤ᠂ ᠬᠠᠤᠯᠢ ᠬᠡᠷᠡᠭᠵᠢᠬᠦᠯᠥᠯᠲᠡ ᠶᠢᠨ ᠪᠠᠶᠢᠴᠠᠭᠠᠯᠲᠠ ᠶᠢ ᠴᠢᠩᠭᠠᠳᠬᠠᠪᠠ᠃ ᠬᠡᠷᠡᠭᠯᠡᠭᠴᠢ ᠶᠢᠨ ᠲᠤᠰᠬᠠᠭᠰᠠᠨ ᠬᠠᠯᠠᠭᠤᠮᠰᠢᠯ ᠠᠰᠠᠭᠤᠲᠠᠯ᠂ ᠠᠩᠬᠠᠷᠤᠯ ᠤᠨ ᠲᠥᠪ ᠪᠠ ᠲᠥᠪᠡᠭ ᠲᠠᠢ ᠠᠰᠠᠭᠤᠲᠠᠯ ᠲᠠᠢ ᠤᠶᠠᠯᠲᠠᠭᠤᠯᠤᠨ᠂ ᠵᠤᠬᠢᠶᠠᠨ ᠪᠠᠶᠢᠭᠤᠯᠤᠯᠲᠠ ᠠᠴᠠ ᠡᠯ᠎ᠡ ᠰᠥᠯᠵᠢᠶ᠎ᠠ ᠶᠢᠨ ᠥᠷᠲᠡᠭᠡ ᠵᠢᠨ‌ᠤᠬᠠᠭᠤᠯᠭ᠎ᠠ ᠶᠢᠨ ᠪᠠᠶᠢᠲᠠᠯ ᠳᠤ ᠭᠤᠤᠯᠲᠠᠯᠠᠭ᠎ᠠ ᠲᠠᠢ ᠬᠢᠨᠠᠨ ᠬᠠᠮᠢᠶᠠᠷᠤᠯᠲᠠ ᠬᠡᠷᠡᠭᠵᠢᠬᠦᠯᠥᠨ᠎ᠡ᠃ ᠥᠢᠷ᠎ᠠ ᠶᠢᠨ ᠬᠤᠶᠠᠷ ᠵᠢᠯ ᠳᠤ᠂ 800 ᠢᠯᠡᠭᠦᠤ ᠬᠥᠮᠤᠨ ᠤᠲᠠᠭ᠎ᠠ ᠬᠥᠲᠥᠯᠥᠯᠴᠡᠨ 1000 ᠭᠠᠷᠤᠢ ᠰᠥᠯᠵᠢᠶ᠎ᠠ ᠶᠢᠨ ᠥᠷᠲᠡᠭᠡ᠂ ᠰᠥᠯᠵᠢᠶ᠎ᠠ ᠶᠢᠨ ᠲᠡᠯᠭᠡᠬᠦᠷ ᠢ ᠪᠠᠶᠢᠴᠠᠭᠠᠵᠤ᠂ ᠪᠤᠷᠤᠭᠤ ᠪᠠᠨ ᠵᠠᠯᠠᠷᠠᠭᠤᠯᠬᠤ ᠮᠡᠲᠡᠭᠲᠡᠯ ᠤᠨ ᠪᠢᠴᠢᠭ 100 ᠭᠠᠷᠤᠢ ᠪᠠᠭᠤᠯᠭᠠᠵᠤ᠂ ᠬᠠᠤᠯᠢ ᠶᠢ ᠵᠥᠷᠢᠴᠡᠭᠰᠡᠨ ᠵᠠᠩᠬᠢ ᠶᠢ 200 ᠢᠯᠡᠭᠦᠤ ᠵᠤᠷᠪᠤᠰ ᠬᠠᠰᠤᠨ ᠬᠠᠶᠠᠪᠠ᠃ ᠬᠡᠷᠡᠭᠯᠡᠭᠴᠢ ᠶᠢᠨ 16 ᠤᠲᠠᠭᠠᠨ ᠤ ᠵᠠᠭᠠᠯᠲᠤᠯᠭ᠎ᠠ ᠶᠢ ᠬᠥᠯᠢᠶᠠᠨ ᠠᠪᠴᠤ ᠰᠢᠢᠳᠪᠤᠷᠢᠯᠡᠵᠤ᠂ 2186 ᠲᠥᠬᠦᠷᠢᠭ ᠠᠵᠤ ᠠᠬᠤᠢ ᠶᠢᠨ ᠬᠤᠬᠢᠷᠠᠯ ᠢ ᠡᠭᠡᠬᠦᠯᠪᠡ᠃ ᠪᠥᠬᠦ ᠬᠤᠲᠠ ᠨᠠᠶᠢᠲᠡ 7 ᠭᠡᠷᠡᠭ ᠢ ᠲᠠᠩᠰᠠᠯᠠᠵᠤ᠂ ᠬᠡᠷᠡᠭ ᠲᠤ ᠬᠤᠯᠪᠤᠭᠲᠠᠭᠰᠠᠨ ᠮᠥᠩᠭᠦ 5.55 ᠲᠥᠮᠡᠨ ᠲᠥᠬᠦᠷᠢᠭ᠂  ᠲᠤᠷᠭᠠᠭᠤᠯᠢ ᠶᠢᠨ ᠮᠥᠩᠭᠦ 2.5 ᠲᠥᠮᠠᠨ ᠲᠥᠬᠦᠷᠢᠭ᠃ ᠬᠤᠶᠠᠷ᠂ ᠵᠠᠰᠠᠭ ᠵᠠᠬᠢᠷᠭᠠᠨ ᠤ ᠵᠢᠯᠤᠭᠤᠲᠤᠯᠭ᠎ᠠ ᠶᠢ ᠴᠢᠩᠭᠠᠳᠬᠠᠪᠠ᠃ ᠰᠥᠯᠵᠢᠶ᠎ᠠ ᠪᠠᠷ ᠬᠠᠶᠢᠬᠤ᠂ ᠪᠤᠲᠠᠲᠤ ᠭᠠᠵᠠᠷ ᠪᠠᠶᠢᠲᠠᠯ ᠢ ᠥᠢᠯᠠᠭᠠᠬᠤ ᠵᠡᠷᠭᠡ ᠬᠡᠯᠪᠡᠷᠢ ᠪᠠᠷ ᠲᠠᠮᠵᠢᠨ᠂ ᠲᠤᠰ ᠭᠠᠵᠠᠷ ᠤᠷᠤᠨ ᠤ ᠡᠵᠡᠩᠨᠡᠭᠴᠢ ᠶᠢᠨ ᠲᠤᠮᠤ ᠬᠡᠯᠪᠡᠷᠢ ᠶᠢᠨ ᠰᠥᠯᠵᠢᠶᠠᠡ ᠳᠤ ᠠᠷᠠᠯᠵᠢᠶᠠᠯᠠᠬᠤ ᠲᠠᠪᠴᠠᠩ ᠳᠤ ᠪᠠᠶᠢᠭᠤᠯᠤᠭᠰᠠ ᠰᠥᠯᠵᠢᠶ᠎ᠠ ᠶᠢᠨ ᠲᠡᠯᠭᠡᠬᠦᠷ ᠤᠨ ᠪᠠᠶᠢᠲᠠᠯ ᠢ ᠥᠢᠯᠠᠭᠠᠵᠤ᠂ ᠭᠤᠷᠪᠠᠲᠤᠭᠠᠷ ᠲᠠᠯ᠎ᠠ ᠶᠢᠨ ᠲᠠᠪᠴᠠᠩ᠂ ᠬᠤᠯᠢᠮᠠᠭ ᠴᠢᠨᠠᠷ ᠲᠠᠢ ᠲᠠᠪᠴᠠᠩ ᠵᠢᠴᠢ ᠨᠡᠯᠢᠶᠡᠳ ᠶᠡᠭᠡ ᠥᠪᠡᠷᠲᠡᠭᠡᠨ ᠡᠵᠡᠩᠨᠡᠬᠦ ᠶᠢᠨ ᠰᠥᠯᠵᠢᠶ᠎ᠠ ᠶᠢᠨ ᠥᠷᠲᠡᠭᠡ ᠳᠤ᠂ ᠰᠤᠯᠨ ᠶᠠᠷᠢᠯᠴᠠᠬᠤ᠂ ᠤᠬᠠᠭᠤᠯᠤᠨ ᠲᠠᠶᠢᠯᠪᠤᠷᠢᠯᠠᠬᠤ᠂ ᠮᠡᠲᠡᠭᠲᠡᠯ᠂ ᠴᠠᠬᠢᠮ ᠮᠠᠲᠡᠭᠡ᠂ ᠸᠢᠴᠠᠲ᠂ ᠴᠡᠭ ᠪᠠ ᠴᠡᠭ ᠢ ᠵᠠᠯᠭᠠᠨ ᠬᠠᠪᠰᠤᠷᠤᠨ ᠵᠢᠯᠤᠭᠤᠳᠬᠤ ᠬᠡᠯᠪᠡᠷᠢ ᠪᠠᠷ ᠬᠠᠤᠯᠢ ᠶᠢ ᠲᠥᠭᠡᠮᠡᠯᠵᠢᠬᠦᠯᠬᠦ ᠤᠬᠠᠭᠤᠯᠭ᠎ᠠ ᠶᠢ ᠴᠢᠩᠭᠠᠳᠬᠠᠪᠠ᠃《ᠬᠤᠤᠰ ᠠᠷᠪᠠᠨ ᠨᠢᠭᠡ》ᠰᠥᠯᠵᠢᠶ᠎ᠠ ᠶᠢᠨ ᠪᠤᠷᠤᠯᠠᠭᠤᠯᠤᠯᠲᠠ ᠶᠢ ᠠᠬᠢᠭᠤᠯᠬᠤ ᠠᠵᠢᠯᠯᠠᠭ᠎ᠠ ᠶᠢᠨ ᠬᠤᠭᠤᠴᠠᠭᠠᠨ ᠳᠤ᠂《ᠲᠥᠩᠯᠢᠶᠤᠤ ᠶᠢᠨ ᠡᠲᠤᠷ ᠤᠨ ᠰᠤᠨᠢᠨ》《ᠬᠤᠷᠴᠢᠨ ᠬᠤᠲᠠ ᠶᠢᠨ ᠰᠤᠨᠢᠨ》ᠵᠢᠴᠢ ᠬᠠᠮᠢᠶ᠎ᠠ ᠪᠥᠬᠦᠶ ᠵᠢᠷᠬᠢᠶ᠎ᠠ ᠪᠠ ᠰᠥᠯᠵᠢᠶ᠎ᠠ ᠶᠢᠨ ᠥᠷᠲᠡᠭᠡ ᠲᠡᠭᠡᠷ᠎ᠠ ᠬᠡᠷᠡᠭᠯᠡᠭᠡᠨ ᠤ ᠰᠡᠷᠡᠮᠵᠢᠯᠡᠯ ᠨᠠᠶᠢᠲᠠᠯᠡᠵᠤ᠂ ᠭᠡᠷᠡᠭᠯᠡᠭᠴᠢ ᠶᠢ ᠵᠢᠯᠤᠭᠤᠲᠤᠨ ᠤᠶᠤᠨᠴᠢ ᠪᠠᠷ ᠰᠥᠯᠵᠢᠶ᠎ᠠ ᠠᠴᠠ ᠬᠤᠲᠠᠯᠲᠤᠨ ᠠᠪᠴᠤ᠂ ᠤᠨᠠᠭᠤᠯᠢ ᠨᠥᠬᠡ ᠠᠴᠠ ᠵᠠᠶᠢᠯᠠᠭᠤᠯᠤᠪᠠ᠃ ᠭᠤᠷᠪᠠ ᠂ ᠢᠲᠡᠭᠡᠮᠵᠢ ᠶᠢᠨ ᠬᠢᠵᠠᠭᠠᠷᠯᠠᠯ ᠢ ᠲᠤᠪᠤᠶᠢᠯᠭᠠᠵᠤ᠂ ᠰᠥᠯᠵᠢᠶ᠎ᠠ ᠶᠢᠨ ᠡᠵᠡᠩᠨᠡᠯᠲᠡ ᠶᠢᠨ ᠥᠨᠡᠨ ᠨᠡᠷ᠎ᠡ ᠶᠢᠨ ᠥᠨᠡᠯᠡᠯᠲᠠ ᠶᠢ ᠬᠡᠷᠡᠭᠵᠢᠬᠦᠯᠪᠡ᠃ ᠥᠢᠯᠡᠳᠪᠤᠷᠢ ᠬᠤᠲᠠᠯᠲᠤᠭ᠎ᠠ ᠶᠢᠨ ᠰᠠᠯᠠᠭ᠎ᠠ ᠮᠥᠴᠢᠷ ᠲᠤ ᠨᠢᠭᠡᠨᠲᠡ ᠲᠮᠡᠳᠡᠭᠯᠡᠨ ᠲᠠᠩᠰᠠᠯᠠᠭᠰᠠᠨ ᠪᠥᠭᠡᠳ ᠡᠵᠡᠩᠨᠡᠯᠲᠡ ᠶᠢᠨ ᠪᠠᠲᠤᠯᠠᠪᠤᠷᠢ ᠠᠪᠤᠭᠰᠠᠨ ᠬᠠᠤᠯᠢ ᠶᠢᠨ ᠡᠷᠭᠡᠲᠡᠡ᠂ ᠪᠤᠰᠤᠤᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠡᠰᠡᠬᠦᠯ᠎ᠠ ᠬᠤᠪᠢ ᠶᠢᠨ ᠥᠢᠯᠡᠳᠪᠤᠷᠢ ᠬᠤᠲᠠᠯᠲᠤᠭ᠎ᠠ ᠶᠢᠨ ᠡᠷᠥᠭᠡ᠂ ᠰᠥᠯᠵᠢᠶ᠎ᠠ ᠶᠢᠨ ᠪᠥᠲᠤᠭᠡᠭᠲᠡᠬᠦᠨ ᠤ  ᠠᠷᠠᠯᠵᠢᠶ᠎ᠠ ᠵᠢᠴᠢ ᠬᠠᠮᠢᠶ᠎ᠠ ᠪᠥᠬᠦᠢ ᠥᠢᠯᠡᠴᠢᠯᠡᠭᠡᠨ᠂ ᠥᠢᠯᠡᠳᠪᠤᠷᠢ ᠬᠤᠲᠠᠯᠲᠤᠭ᠎ᠠ ᠶᠢᠨ ᠡᠯᠧᠺᠲᠷᠤᠨ ᠴᠥᠷᠭᠡᠯᠡᠭᠡ ᠢᠯᠭᠠᠬᠤ ᠲᠠᠮᠲᠡᠭ ᠬᠥᠢᠴᠡᠳᠭᠡᠬᠦ ᠴᠢᠬᠤᠯᠠ ᠲᠠᠢ᠃ ᠡᠯ᠎ᠡ ᠰᠥᠯᠵᠢᠶ᠎ᠠ ᠶᠢᠨ ᠡᠵᠡᠩᠨᠡᠭᠴᠢ ᠡᠷᠬᠡᠪᠰᠢ ᠰᠥᠯᠵᠢᠶ᠎ᠠ ᠲᠡᠭᠡᠷ᠎ᠠ ᠤᠬᠠᠮᠰᠠᠷ ᠠᠴᠠ ᠪᠠᠨ ᠪᠠᠲᠤᠯᠠᠪᠤᠷᠢ᠂ ᠲᠠᠸᠠᠷ ᠤᠨ ᠲᠮᠡᠲᠡᠭ ᠢᠶᠠᠨ ᠥᠵᠡᠬᠦᠯᠬᠦ ᠪᠥᠭᠡᠳ ᠵᠢᠯ ᠪᠥᠷᠢ ᠶᠢᠨ ᠵᠢᠯ ᠤᠨ ᠴᠢᠮᠡᠭᠡ ᠵᠠᠩᠬᠢ ᠶᠢᠨ ᠵᠠᠷᠯᠠᠯ ᠳᠤ ᠰᠥᠯᠵᠢᠶ᠎ᠠ ᠶᠢᠨ ᠥᠷᠲᠡᠭᠡ ᠶᠢᠨ ᠵᠠᠩᠬᠢ ᠶᠢ ᠥᠨᠡᠨ ᠢᠶᠠᠷ ᠨᠢ ᠲᠠᠭᠯᠠᠨ ᠮᠡᠲᠡᠬᠦᠯᠥᠨ᠎ᠡ᠃ ᠲᠥᠩᠯᠢᠶᠤᠤ ᠬᠤᠲᠠ ᠶᠢᠨ ᠡᠯ᠎ᠡ ᠱᠠᠲᠤᠨ ᠤ ᠥᠢᠯᠡᠳᠪᠤᠷᠢ ᠬᠤᠲᠠᠯᠲᠤᠭ᠎ᠠ ᠶᠢᠨ ᠰᠠᠯᠠᠭ᠎ᠠ ᠮᠥᠴᠢᠷ《 ᠰᠥᠯᠵᠢᠶ᠎ᠠ ᠶᠢᠨ ᠰᠥᠯᠢᠯᠴᠠᠭ᠎ᠠ ᠶᠢᠨ ᠬᠠᠮᠢᠶᠠᠷᠤᠯᠲᠠ ᠶᠢᠨ ᠠᠷᠭ᠎ᠠ》 ᠶᠢᠨ ᠬᠤᠯᠪᠤᠭᠲᠠᠯ ᠪᠥᠬᠦᠢ ᠲᠤᠭᠲᠠᠭᠠᠯ ᠢ ᠥᠨᠲᠤᠰᠤᠯᠠᠨ᠂ ᠬᠠᠤᠯᠢ ᠶᠤᠰᠤᠭᠠᠷ ᠬᠤᠯᠪᠤᠭᠲᠠᠯ ᠪᠥᠬᠦᠢ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠭᠡᠪᠡ᠃ ᠲᠥᠷᠪᠡ᠂ ᠰᠠᠯᠠᠭ᠎ᠠ ᠮᠥᠴᠢᠷ ᠤᠨ  ᠬᠤᠭᠤᠷᠤᠨᠲᠤᠬᠢ ᠵᠤᠬᠢᠴᠠᠭᠤᠯᠭ᠎ᠠ ᠶᠢ ᠴᠢᠩᠭᠠᠳᠬᠠᠪᠠ᠃ ᠰᠥᠯᠵᠢᠶ᠎ᠠ ᠶᠢᠨ ᠵᠠᠬ᠎ᠠ ᠲᠡᠯᠭᠡᠬᠦᠷ ᠪᠠ ᠪᠤᠲᠠᠲᠤ ᠴᠤᠭᠴᠨ ᠶᠢᠨ ᠵᠠᠬ᠎ᠠ ᠲᠠᠯᠭᠡᠬᠦᠷ ᠲᠠᠢ ᠠᠳᠠᠯᠢ ᠪᠠᠷ᠂ ᠡᠯ᠎ᠡ ᠠᠵᠢᠯ ᠲᠥᠷᠤᠯ ᠡᠯ᠎ᠡ ᠬᠥᠷᠢᠶ᠎ᠠ ᠬᠡᠪᠴᠢᠶ᠎ᠠ ᠳᠤ ᠬᠤᠯᠪᠤᠭᠲᠠᠵᠤ᠂ ᠬᠠᠮᠢᠶ᠎ᠠ ᠪᠥᠬᠦᠢ ᠰᠠᠯᠠᠭ᠎ᠠ ᠮᠥᠴᠢᠷ ᠬᠠᠮᠵᠢᠯᠴᠠᠨ ᠨᠢᠭᠡᠲᠤᠯᠲᠠᠢ ᠬᠢᠨᠡᠨ ᠬᠠᠮᠢᠶᠠᠷᠬᠤ ᠪᠤᠯ ᠰᠥᠯᠵᠢᠶ᠎ᠠ ᠶᠢᠨ ᠵᠠᠬ᠎ᠠ ᠲᠡᠯᠭᠡᠬᠦᠷ ᠤᠨ ᠡᠮᠬᠢ ᠵᠢᠷᠤᠮ ᠢ ᠲᠥᠷᠢᠮᠵᠢᠬᠦᠯᠬᠦ ᠴᠢᠬᠤᠯᠠ ᠪᠠᠲᠤᠯᠠᠭ᠎ᠠ ᠪᠤᠯᠤᠨ᠎ᠠ᠃ ᠤᠲᠤᠬᠠᠨ᠎ᠠ᠂ ᠮᠠᠨ ᠤ ᠬᠤᠲᠠ ᠵᠠᠰᠠᠭ ᠤᠨ ᠤᠷᠲᠤᠨ ᠤ ᠵᠥᠪᠰᠢᠶᠡᠷᠡᠯ ᠢᠶᠠᠷ ᠲᠥᠩᠯᠢᠶᠤᠤ ᠬᠤᠲᠠ ᠶᠢᠨ ᠰᠥᠯᠵᠢᠶ᠎ᠠ ᠶᠢᠨ ᠵᠠᠬ᠎ᠠ ᠲᠯᠡᠭᠡᠬᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠶᠢᠨ ᠬᠤᠯᠪᠤᠭᠠᠲᠤ ᠬᠤᠷᠠᠯ ᠤᠨ ᠲᠥᠷᠢᠮ ᠢ ᠲᠤᠭᠲᠠᠭᠠᠵᠤ᠂ ᠡᠭᠦᠨ ᠠᠴᠠ ᠬᠤᠶᠢᠰᠢ ᠪᠢᠲᠠ ᠠᠵᠢᠯ ᠤᠨ ᠲᠤᠭᠲᠠᠴᠨ ᠪᠠᠨ ᠲᠠᠰᠤᠷᠯᠠᠲᠠ ᠥᠭᠡᠢ ᠲᠡᠬᠦᠯᠲᠡᠷᠵᠢᠬᠦᠯᠵᠤ᠂ ᠬᠢᠨᠡᠨ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠰᠢᠨᠡᠳᠭᠡᠵᠤ᠂ ᠡᠯ᠎ᠡ  ᠪᠥᠷᠢᠯᠲᠤᠬᠦᠨ ᠪᠠᠶᠢᠭᠤᠯᠭ᠎ᠠ ᠲᠠᠢ ᠬᠠᠮᠲᠤ ᠰᠡᠳᠬᠢᠯ ᠢᠶᠠᠨ ᠨᠢᠭᠡᠳᠭᠡᠵᠤ ᠬᠥᠴᠤ  ᠪᠠᠨ‌ᠬᠠᠮᠲᠤᠳᠬᠠᠨ ᠰᠠᠶᠢᠨ ᠰᠥᠯᠵᠢᠶ᠎ᠠ ᠶᠢᠨ ᠵᠠᠬ᠎ᠠ ᠲᠡᠯᠭᠡᠬᠦᠷ ᠤᠨ ᠡᠮᠬᠢ ᠵᠢᠷᠤᠮ ᠢ ᠴᠤᠭᠴᠠᠯᠠᠨ᠎ᠠ᠃      ︵ᠬᠥᠲᠥᠯᠥᠭᠴᠢ︶ ᠥᠢᠯᠡᠳᠪᠤᠷᠢ ᠬᠤᠲᠠᠯᠲᠤᠭ᠎ᠠ ᠶᠢᠨ ᠰᠠᠯᠠᠭ᠎ᠠ ᠮᠥᠴᠢᠷ ᠥᠢᠷ᠎ᠡ ᠶᠢᠨ ᠵᠢᠯ ᠠᠴᠠ ᠨᠠᠰᠢ《 ᠢᠨᠲ᠋ᠧᠷ ᠰᠥᠯᠵᠢᠶ᠎ᠠ+ ᠵᠠᠰᠠᠭ ᠤᠨ ᠶᠠᠪᠤᠲᠠᠯ ᠤᠨ ᠥᠢᠯᠡᠴᠢᠯᠡᠭᠡ》 ᠶᠢᠨ ᠠᠵᠢᠯ ᠤᠨ ᠬᠥᠴᠤᠴᠨ ᠶᠢ ᠴᠢᠩᠭᠠᠳᠬᠠᠵᠤ᠂ ᠵᠠᠩᠬᠢ ᠶᠢ ᠢᠯᠡ ᠪᠤᠯᠭᠠᠬᠤ ᠪᠠ ᠰᠥᠯᠵᠢᠶ᠎ᠠ ᠪᠠᠷ ᠠᠵᠢᠯ ᠬᠥᠢᠴᠡᠳᠭᠡᠬᠦ ᠶᠢ ᠠᠬᠢᠭᠤᠯᠵᠤ᠂ ᠰᠢᠨᠵᠢᠯᠡᠬᠦ ᠤᠬᠠᠭᠠᠴᠢ ᠪᠠᠷ ᠰᠡᠶᠢᠳᠪᠤᠷᠢ ᠭᠠᠷᠭᠠᠬᠤ᠂ ᠤᠨᠢᠨ ᠲᠡᠭᠡᠷ᠎ᠡ ᠬᠢᠨᠠᠨ ᠬᠠᠮᠢᠶᠠᠷᠤᠯᠲᠠ ᠲᠠᠯᠪᠢᠬᠤ ᠪᠠ ᠤᠶᠤᠨᠴᠢ ᠥᠢᠯᠡᠴᠢᠯᠡᠭᠡ ᠶᠢ ᠴᠢᠷᠮᠠᠶᠢᠨ ᠪᠡᠶᠡᠯᠡᠬᠦᠯᠪᠡ᠃ ᠮᠠᠨ ᠤ ᠤᠶᠤᠨᠴᠢ ᠥᠢᠯᠡᠳᠪᠥᠷᠢ ᠬᠤᠲᠠᠯᠲᠤᠭ᠎ᠠ ᠶᠢᠨ ᠪᠠᠶᠢᠭᠤᠯᠤᠯᠲᠠ ᠶᠢᠨ ᠲᠠᠯ᠎ᠠ ᠶᠢᠨ ᠰᠠᠶᠢᠨ‌ᠠᠷᠭ᠎ᠠ ᠪᠠᠨ ᠶᠠᠷᠢᠭᠠᠳ ᠥᠭᠬᠦ ᠪᠤᠯᠪᠠᠣ︖      ︵ᠯᠢᠤ ᠲᠤᠪᠴᠢᠶ᠎ᠠ ᠶᠢᠨ ᠲᠠᠷᠤᠭ᠎ᠠ︶ ᠨᠢᠲᠤᠨᠤᠨ ᠵᠢᠯ ᠠᠴᠠ ᠨᠠᠰᠢ᠂ ᠲᠥᠩᠯᠢᠶᠤᠤ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠲᠤᠪᠴᠢᠶ᠎ᠠ ᠤᠲᠤ ᠥᠶ᠎ᠠ ᠶᠢᠨ《 ᠢᠨᠲ᠋ᠧᠷ ᠰᠥᠯᠵᠢᠶ᠎ᠠ+》 ᠮᠡᠷᠭᠡᠵᠢᠯ  ᠢ ᠥᠷᠭᠡᠨ ᠬᠡᠪᠴᠢᠶᠠᠨ ᠳᠤ ᠬᠡᠷᠡᠭᠯᠡᠬᠦ ᠪᠠᠷ ᠵᠤᠭᠰᠤᠴᠨ ᠪᠤᠯᠭᠠᠵᠤ᠂ ᠤᠯᠠᠨ ᠠᠷᠭ᠎ᠠ ᠶᠢ ᠬᠠᠮᠲᠤ ᠠᠪᠴᠤ《 ᠢᠨᠲ᠋ᠧᠷ ᠰᠥᠯᠵᠢᠶ᠎ᠠ+ ᠥᠢᠯᠡᠳᠪᠤᠷᠢ ᠬᠤᠲᠠᠯᠲᠤᠭ᠎ᠠ》 ᠶᠢᠨ ᠪᠥᠲᠤᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠬᠠᠮᠢᠶᠠᠷᠤᠯᠲᠠ ᠶᠢᠨ ᠥᠢᠯᠡᠴᠢᠯᠡᠭᠡᠨ ᠤ ᠴᠢᠲᠠᠪᠬᠢ ᠶᠢ ᠲᠠᠰᠤᠷᠠᠯᠲᠠ ᠥᠭᠡᠢ ᠲᠡᠭᠡᠭᠰᠢᠯᠡᠬᠦᠯᠵᠥ᠂ ᠰᠢᠨ᠎ᠡ ᠴᠠᠭ ᠥᠶ᠎ᠠ ᠶᠢᠨ ᠤᠶᠤᠨᠴᠢ ᠥᠢᠯᠡᠳᠪᠤᠷᠢ ᠬᠤᠲᠠᠯᠲᠤᠭ᠎ᠠ ᠶᠢᠨ ᠬᠢᠨᠠᠨ ᠬᠠᠮᠢᠶᠠᠷᠤᠯᠲᠠ ᠶᠢᠨ ᠰᠢᠨ᠎ᠡ ᠬᠡᠪ ᠵᠠᠭᠪᠤᠷ ᠢ ᠡᠭᠦᠲᠤᠪᠡ᠃ ᠨᠢᠭᠡ᠂ ᠤᠶᠤᠨᠴᠢ ᠬᠢᠨᠠᠨ ᠬᠠᠮᠢᠶᠠᠷᠤᠯᠲᠠ ᠶᠢ ᠬᠡᠷᠡᠭᠵᠢᠬᠦᠯᠵᠥ  ᠂《 ᠢᠨᠲ᠋ᠧᠷ ᠰᠥᠯᠵᠢᠶ᠎ᠠ+》 ᠶᠢ ᠪᠠᠶᠢᠭᠤᠯᠵᠤ᠂《  ᠠᠰᠢᠭᠲᠠᠢ ᠪᠠᠶᠢᠷᠢ》 ᠶᠢ ᠤᠯᠤᠨ᠎ᠠ᠃ ᠥᠪᠡᠷᠲᠡᠭᠡᠨ ᠵᠠᠰᠠᠬᠤ ᠤᠷᠤᠨ ᠤ ᠥᠢᠯᠡᠳᠪᠤᠷᠢ ᠬᠤᠲᠠᠯᠲᠤᠭ᠎ᠠ ᠶᠢᠨ ᠲᠤᠪᠴᠢᠶ᠎ᠠ ᠲᠠᠢ ᠢᠲᠡᠪᠬᠢᠲᠠᠢ  ᠬᠠᠮᠵᠢᠯᠴᠠᠨ᠂ ᠤᠲᠤ ᠶᠢᠨ ᠪᠠᠶᠢᠭ᠎ᠠ《 ᠥᠪᠤᠷ ᠮᠤᠩᠭᠤᠯ ᠤᠨ ᠥᠢᠯᠡᠳᠪᠥᠷᠢ ᠬᠤᠲᠠᠯᠲᠤᠭ᠎ᠠ ᠶᠢᠨ ᠲᠤᠬᠠᠶᠢᠯᠠᠭᠰᠠᠨ ᠠᠵᠢᠯ ᠤᠨ ᠬᠢᠨᠡᠨ ᠵᠥᠪᠰᠢᠶᠡᠷᠡᠬᠦ ᠲᠠᠪᠴᠠᠩ》《 ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠵᠠᠩᠬᠢ ᠶᠢᠨ ᠰᠢᠰᠲ᠋ᠧᠮ ︵ᠥᠪᠤᠷ  ᠮᠤᠩᠭᠤᠯ︶》 ᠪᠠ《 ᠥᠢᠯᠡᠳᠪᠤᠷᠢ ᠬᠤᠲᠠᠯᠲᠤᠭ᠎ᠠ ᠶᠢᠨ ᠲᠤᠬᠠᠶᠢᠯᠠᠭᠰᠠᠨ ᠠᠵᠢᠯ ᠤᠨ ᠶᠡᠷᠦᠩᠬᠡᠢ ᠰᠢᠰᠲ᠋ᠧᠮ》ᠵᠡᠷᠭᠡ ᠲᠤᠭ᠎ᠠ ᠪᠠᠷᠢᠮᠲᠠ ᠶᠢᠨ ᠲᠠᠪᠴᠠᠩ ᠢ ᠬᠥᠢᠴᠡᠳ ᠠᠰᠢᠭᠯᠠᠵᠤ᠂ ᠵᠠᠬ᠎ᠠ ᠲᠡᠯᠭᠡᠬᠦᠷ ᠤᠨ ᠭᠤᠤᠯ ᠴᠤᠭᠴᠨ ᠶᠢᠨ ᠰᠠᠭᠤᠷᠢ ᠵᠠᠩᠬᠢ ᠪᠠᠷ ᠭᠤᠤᠯᠯᠠᠨ᠂ ᠬᠤᠯᠪᠤᠭᠲᠠᠭᠤᠯᠤᠨ ᠲᠠᠪᠬᠤᠴᠠᠭᠤᠯᠤᠨ ᠬᠢᠨᠡᠨ ᠬᠠᠮᠢᠶᠠᠷᠴᠤ᠂ ᠬᠠᠤᠯᠢ ᠬᠡᠷᠡᠭᠵᠢᠬᠦᠯᠥᠯᠲᠡ᠂ ᠡᠷᠭᠡ ᠶᠢᠨ ᠬᠠᠮᠠᠭᠠᠯᠠᠯᠲᠠ᠂ ᠢᠳᠡᠭᠡᠮᠵᠢ ᠵᠡᠷᠭᠡ ᠵᠠᠩᠬᠢ ᠪᠠᠷ ᠵᠠᠩᠬᠢ ᠶᠢ ᠢᠯᠡ ᠨᠡᠶᠢᠲᠡᠯᠡᠵᠦ᠂ ᠢᠲᠡᠭᠡᠮᠵᠢ ᠶᠢᠨ ᠬᠢᠵᠠᠭᠠᠷᠯᠠᠯ ᠪᠠ ᠬᠠᠮᠵᠢᠯᠴᠠᠨ ᠬᠢᠨᠠᠨ ᠬᠠᠮᠢᠶᠠᠷᠬᠤ ᠶᠢ ᠪᠡᠶᠡᠯᠡᠬᠦᠯᠥᠨ᠎ᠡ᠃ ᠬᠤᠶᠠᠷ᠂ ᠨᠡᠶᠢᠭᠡᠮ ᠤᠨ ᠠᠩᠬᠠᠷᠤᠯ ᠳᠤ ᠲᠥᠪᠡᠯᠡᠷᠡᠵᠤ᠂ ᠤᠴᠢᠷ ᠶᠠᠪᠤᠲᠠᠯ ᠭᠥᠢᠴᠡᠳᠭᠡᠬᠦ ᠤᠯᠠᠨ ᠲᠥᠮᠡᠨ ᠢ ᠲᠤᠲᠠᠭᠤ  ᠭᠥᠶᠤᠯᠭᠡᠭᠡᠨ᠎ᠠ᠃ ᠥᠢᠯᠡᠳᠪᠤᠷᠢ ᠬᠤᠲᠠᠯᠲᠤᠭ᠎ᠠ ᠶᠢᠨ ᠲᠠᠩᠰᠠᠯᠠᠯ ᠤᠨ ᠪᠥᠬᠦ ᠶᠠᠪᠤᠴᠠ ᠶᠢ ᠡᠯᠧᠺᠲᠷᠥᠨᠵᠢᠭᠦᠯᠵᠤ᠂ ᠤᠯᠠᠨ ᠲᠥᠮᠡᠨ ᠤ ᠤᠴᠢᠷ ᠶᠠᠪᠤᠲᠠᠯ  ᠭᠥᠢᠴᠡᠳᠭᠡᠬᠦ ᠳᠤ ᠨᠢᠭᠤᠷ ᠵᠤᠯᠭᠠᠬᠤ ᠥᠭᠡᠢ᠂ ᠴᠠᠭᠠᠰᠤ ᠵᠠᠷᠤᠬᠤ ᠥᠭᠡᠢ᠂ ᠵᠠᠮᠨᠠᠭᠤᠯᠬᠤ ᠥᠭᠡᠢ᠂ ᠬᠥᠯᠢᠶᠡᠯᠭᠡᠬᠦ ᠥᠭᠡᠢ ᠬᠠᠷᠠᠯᠲᠠ ᠳᠤ ᠪᠠᠲᠤ ᠪᠠᠬᠢ ᠰᠠᠭᠤᠷᠢ ᠲᠠᠯᠪᠢᠪᠠ᠃ ᠤᠲᠤᠬᠠᠨ᠎ᠠ 80 % ᠠᠴᠠ ᠲᠡᠭᠡᠭᠰᠢᠬᠢ ᠠᠵᠤ ᠠᠬᠤᠶᠢᠯᠠᠯ ᠤᠨ ᠲᠠᠩᠰᠠᠯᠠᠭᠰᠠᠨ ᠵᠥᠢᠯ ᠢ ᠪᠥᠷ ᠰᠥᠯᠵᠢᠶ᠎ᠠ ᠶᠢᠨ ᠲᠠᠪᠴᠠᠩ ᠢᠶᠠᠷ ᠲᠠᠮᠵᠢᠨ ᠭᠥᠢᠴᠡᠳᠭᠡᠪᠡ᠃ ᠭᠤᠷᠪᠠ ᠂《 ᠰᠥᠯᠵᠢᠶ᠎ᠠ ᠲᠡᠭᠡᠷ᠎ᠠ ᠡᠷᠭᠡ ᠪᠠᠨ ᠬᠠᠮᠠᠭᠠᠯᠬᠠᠤ》ᠴᠢᠲᠡᠪᠬᠢ ᠶᠢ ᠥᠷᠭᠡᠳᠭᠡᠨ᠂ ᠠᠷᠠᠳ ᠲᠥᠮᠡᠨ ᠳᠤ ᠥᠨᠡᠨᠬᠦ ᠪᠤᠲᠠᠲᠤ ᠬᠠᠷᠠᠭᠠᠯᠵᠠᠯ ᠤᠯᠭᠤᠨ᠎ᠠ᠃《 ᠰᠥᠯᠵᠢᠶ᠎ᠠ ᠲᠡᠭᠡᠷ᠎ᠡ ᠡᠷᠭᠡ ᠪᠠᠨ ᠬᠠᠮᠠᠭᠠᠯᠠᠬᠤ》 ᠴᠢᠲᠠᠪᠬᠢ ᠶᠢ ᠤᠯᠠᠮ ᠥᠷᠭᠡᠳᠭᠡᠨ᠂ 12315  ᠵᠠᠭᠠᠯᠲᠤᠯᠭ᠎ᠠ‌ᠢᠯᠡᠴᠢᠯᠡᠨ  ᠮᠡᠲᠡᠬᠦᠯᠤᠯᠲᠠ ᠶᠢᠨ ᠲᠥᠪ ᠂ ᠲᠤᠪᠴᠢᠶ᠎ᠠ ᠶᠢᠨ ᠲᠠᠷᠤᠭ᠎ᠠ ᠶᠢᠨ ᠰᠢᠤᠲᠠᠨ ᠤ ᠬᠠᠶᠢᠷᠴᠠᠭ ᠵᠡᠷᠭᠡ ᠠᠷᠭ᠎ᠠ ᠵᠠᠮ ᠢᠶᠠᠷ ᠤᠯᠤᠭᠰᠠ ᠵᠠᠭᠠᠯᠲᠤᠯᠭ᠎ᠠ ᠢᠯᠡᠴᠢᠯᠡᠨ ᠮᠡᠲᠡᠬᠦᠯᠥᠯᠲᠠ ᠶᠢ ᠰᠥᠯᠵᠢᠶ᠎ᠠ ᠲᠡᠭᠡᠷ᠎ᠠ ᠢᠯᠡ ᠰᠡᠶᠢᠳᠪᠤᠷᠢᠯᠡᠵᠤ᠂ ᠡᠷᠭᠡ ᠶᠢᠨ ᠬᠠᠮᠠᠭᠠᠯᠠᠯᠲᠠ ᠶᠢᠨ ᠠᠵᠢᠯ ᠤᠨ ᠬᠤᠷᠲᠤᠴᠠ᠂  ᠴᠢᠨᠠᠷ ᠴᠢᠨᠰᠠᠭ᠎ᠠ ᠶᠢᠨ ᠲᠠᠭᠡᠭᠰᠢᠯᠡᠯᠲᠡ ᠶᠢ ᠠᠬᠢᠭᠤᠯᠪᠠ᠃      ︵ᠬᠥᠲᠥᠯᠥᠭᠴᠢ︶ ᠪᠥᠬᠦ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠰᠢᠰᠲ᠋ᠧᠮ ᠤᠨ ᠭᠤᠤᠯᠲᠠᠯᠭᠠᠲᠤ ᠬᠥᠷᠢᠶ᠎ᠠ ᠬᠡᠪᠴᠢᠶ᠎ᠠ ᠶᠢᠨ ᠬᠢᠨᠡᠨ ᠬᠠᠮᠢᠶᠠᠷᠤᠯᠲᠠ ᠬᠠᠤᠯᠢ ᠬᠡᠷᠡᠭᠵᠢᠬᠦᠯᠥᠯᠲᠡ ᠶᠢ ᠥᠷᠬᠦᠯᠵᠢᠯᠡᠨ ᠴᠢᠩᠭᠠᠳᠬᠠᠵᠤ᠂ ᠵᠠᠬ᠎ᠠ ᠲᠡᠯᠭᠡᠬᠦᠷ ᠤᠨ ᠲᠥᠪ ᠭᠤᠤᠯᠴᠢ ᠡᠮᠬᠢ ᠵᠢᠷᠤᠮ ᠲᠠᠢ ᠥᠷᠢᠰᠤᠯᠲᠤᠭᠡᠨ ᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠪᠠᠷᠢᠯ ᠪᠠᠶᠢᠬᠤ ᠪᠢᠯᠡ︖      ︵ᠯᠢᠤ ᠲᠤᠪᠴᠢᠶ᠎ᠠ ᠶᠢᠨ ᠲᠠᠷᠤᠭ᠎ᠠ︶ ᠨᠢᠭᠡ ᠳᠤ ᠭᠠᠭᠴᠠᠭᠠᠷ ᠡᠵᠡᠮᠰᠢᠯ ᠢ ᠡᠰᠡᠷᠬᠦᠴᠡᠬᠦ ᠬᠠᠤᠯᠢ ᠬᠡᠷᠡᠭᠵᠢᠬᠦᠯᠥᠯᠲᠡ ᠶᠢᠨ ᠠᠵᠢᠯᠯᠠᠭ᠎ᠠ ᠲᠤᠮᠲᠠ ᠵᠠᠬ᠎ᠠ ᠲᠡᠯᠭᠡᠬᠦᠷ ᠤᠨ ᠥᠷᠢᠰᠤᠯᠲᠤᠬᠡᠨ ᠤ ᠡᠮᠬᠢ ᠵᠢᠷᠤᠮ ᠢ ᠰᠥᠷᠡᠭᠡᠢ ᠬᠤᠬᠢᠷᠠᠭᠤᠯᠤᠭᠰᠠᠨ ᠵᠠᠰᠠᠭ ᠵᠠᠬᠢᠷᠭᠠᠨ ᠤ ᠡᠷᠭᠡ ᠶᠢ ᠲᠤᠷ᠎ᠠ ᠪᠠᠷ ᠬᠡᠷᠡᠭᠯᠡᠬᠦ᠂ ᠥᠭᠡᠶᠢᠰᠭᠡᠬᠦ᠂ ᠬᠢᠵᠠᠭᠠᠷᠯᠠᠬᠤ ᠥᠷᠢᠰᠤᠯᠲᠤᠭᠡᠨ ᠤ ᠠᠵᠢᠯᠯᠠᠭ᠎ᠠ ᠶᠢ ᠲᠥᠪᠯᠡᠷᠡᠬᠦᠯᠥᠨ ᠴᠡᠭᠴᠡᠯᠡᠪᠡ᠃ ᠤᠰᠤ᠂ ᠴᠠᠬᠢᠯᠭᠠᠨ᠂ ᠬᠡᠢ᠂ ᠢᠯᠴᠢ ᠬᠠᠩᠭᠠᠬᠤ᠂ ᠨᠡᠶᠢᠲᠠ ᠶᠢᠨ ᠵᠠᠮ ᠬᠠᠷᠢᠯᠴᠠᠭᠠᠨ ᠤ ᠲᠡᠭᠡᠭᠡᠪᠤᠷᠢ᠂ ᠤᠷᠤᠰᠢᠭᠤᠯᠭ᠎ᠠ ᠵᠡᠷᠭᠡ ᠭᠤᠤᠯᠲᠠᠯᠭᠠᠲᠤ ᠨᠡᠶᠢᠲᠠ ᠶᠢᠨ ᠠᠵᠤ ᠠᠬᠤᠶᠢᠯᠠᠯ ᠢ ᠪᠠᠶᠢᠴᠠᠭᠠᠨ ᠰᠢᠢᠳᠪᠥᠷᠢᠯᠡᠵᠤ᠂ ᠲᠡᠬᠦᠨ ᠤ ᠥᠷᠢᠰᠤᠯᠲᠤᠭᠡᠨ ᠢ ᠬᠢᠵᠠᠭᠠᠷᠯᠠᠬᠤ᠂ ᠵᠠᠬ᠎ᠠ ᠲᠡᠯᠭᠡᠬᠦᠷ ᠢ ᠵᠠᠬᠢᠷᠠᠬᠤ ᠪᠠᠶᠢᠷᠢ ᠰᠠᠭᠤᠷᠢ ᠪᠠᠨ ᠲᠤᠷ᠎ᠠ ᠪᠠᠷ ᠬᠡᠷᠡᠭᠯᠡᠵᠦ ᠭᠡᠷᠡᠭᠯᠡᠭᠴᠢ ᠶᠢᠨ ᠬᠠᠤᠯᠢ ᠶᠤᠰᠤᠨ ᠤ ᠡᠷᠭᠡ ᠠᠰᠢᠭ ᠢ ᠬᠤᠬᠢᠷᠠᠭᠤᠯᠬᠤ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠪᠡ᠃ ᠬᠤᠶᠠᠷ ᠲᠤ ᠵᠥᠢ ᠶᠤᠰᠤᠨ ᠤ ᠪᠤᠰᠤ ᠥᠷᠢᠰᠤᠯᠲᠤᠭᠡᠨ ᠢ ᠡᠰᠡᠷᠬᠦᠴᠡᠬᠦ ᠬᠠᠤᠯᠢ ᠭᠡᠷᠡᠭᠵᠢᠬᠦᠯᠥᠯᠲᠡ ᠶᠢᠨ ᠠᠵᠢᠯᠯᠠᠭ᠎ᠠ ᠲᠤᠮᠲᠠ ᠨᠠᠶᠢᠭᠡᠮ ᠤᠨ ᠠᠩᠬᠠᠷᠤᠯ ᠢ ᠲᠠᠲᠠᠭᠰᠠᠨ᠂ ᠲᠤᠰᠬᠠᠯ ᠶᠡᠭᠡ᠂ ᠬᠤᠲᠠᠯᠲᠤᠭ᠎ᠠ ᠶᠢᠨ ᠬᠤᠳᠭᠤᠯᠲᠤᠭᠤᠯᠭ᠎ᠠ᠂ ᠬᠠᠭᠤᠷᠮᠠᠭ ᠤᠬᠠᠭᠤᠯᠭ᠎ᠠ᠂ ᠬᠤᠲᠠᠯᠲᠤᠭ᠎ᠠ ᠶᠢᠨ ᠭᠥᠳᠭᠡᠯ ᠵᠢᠴᠢ ᠬᠤᠲᠠᠯᠲᠤᠭ᠎ᠠ ᠶᠢᠨ ᠬᠡᠭᠡᠯᠢ ᠵᠡᠷᠭᠡ ᠲᠤᠪᠤᠶᠢᠮ᠎ᠠ ᠠᠰᠠᠭᠤᠲᠠᠯ ᠢ ᠲᠥᠪᠯᠡᠷᠡᠬᠦᠯᠥᠨ ᠴᠡᠭᠴᠡᠯᠡᠵᠦ᠂ ᠵᠢᠮ᠎ᠡ ᠬᠠᠤᠯᠢ ᠪᠤᠰᠤ ᠥᠷᠢᠰᠤᠯᠲᠤᠬᠡᠨ ᠢ ᠡᠰᠡᠷᠬᠦᠴᠡᠬᠦ ᠬᠠᠤᠯᠢ ᠬᠡᠷᠡᠭᠵᠢᠬᠦᠯᠥᠯᠲᠡ ᠶᠢᠨ ᠠᠵᠢᠯᠯᠠᠭ᠎ᠠ ᠶᠢ ᠥᠷᠨᠢᠬᠦᠯᠪᠡ᠃      ︵ᠬᠥᠲᠤᠯᠥᠭᠴᠢ︶ ᠤᠷᠴᠢᠮ ᠤᠨ ᠵᠢᠯ ᠠᠴᠠ ᠨᠠᠰᠢ᠂ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠰᠠᠯᠠᠭ᠎ᠠ ᠮᠥᠴᠢᠷ ᠬᠠᠭᠤᠷᠮᠠᠭ ᠵᠠᠷ ᠲᠤ ᠴᠤᠬᠢᠯᠲᠠ ᠥᠭᠴᠦ ᠴᠡᠭᠴᠡᠯᠡᠬᠦ ᠲᠠᠯ᠎ᠠ ᠪᠠᠷ ᠪᠥᠷ ᠶᠠᠮᠠᠷ ᠶᠠᠮᠠᠷ ᠥᠷ᠎ᠡ ᠪᠥᠲᠤᠮᠵᠢ ᠤᠯᠤᠭᠰᠠ ᠪᠤᠢ︖      ︵ᠯᠢᠤ ᠲᠤᠪᠴᠢᠶ᠎ᠠ ᠶᠢᠨ ᠲᠠᠷᠤᠭ᠎ᠠ︶ ᠤᠷᠴᠢᠮ ᠤᠨ ᠵᠢᠯ ᠠᠴᠠ ᠨᠠᠰᠢ᠂ ᠬᠠᠤᠯᠢ ᠶᠢ ᠵᠥᠷᠢᠴᠡᠭᠰᠡᠨ ᠬᠠᠭᠤᠷᠮᠠᠭ ᠵᠠᠷ ᠲᠤ ᠴᠤᠬᠢᠯᠲᠠ ᠥᠭᠬᠦ ᠬᠥᠴᠤᠴᠨ ᠶᠢ ᠴᠢᠩᠭᠠᠳᠬᠠᠬᠤ ᠶᠢᠨ ᠲᠥᠯᠤᠭᠡ᠂ ᠮᠠᠨ ᠤ ᠬᠤᠲᠠ ᠬᠤᠲᠠ ᠶᠢᠨ ᠥᠢᠯᠡᠳᠪᠤᠷᠢ ᠬᠤᠲᠠᠯᠲᠤᠭ᠎ᠠ ᠶᠢᠨ ᠲᠤᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠬᠢᠨᠠᠨ ᠪᠠᠶᠢᠴᠠᠭᠠᠬᠤ ᠲᠤᠪᠴᠢᠶ᠎ᠠ᠂ ᠰᠤᠨᠢᠨ ᠮᠡᠲᠡᠭᠡ ᠬᠡᠪᠯᠡᠯ ᠤᠨ ᠲᠤᠪᠴᠢᠶ᠎ᠠ᠂ ᠢᠲᠡᠭᠡᠨ ᠤ ᠵᠥᠢᠯ ᠡᠮ ᠤᠨ ᠵᠥᠢᠯ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ᠂ ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠂ ᠡᠷᠡᠬᠦᠯ ᠬᠠᠮᠠᠭᠠᠯᠠᠯ ᠲᠥᠯᠤᠪᠯᠡᠭᠡᠲᠤ ᠥᠷᠡᠵᠢᠯ ᠤᠨ ᠵᠥᠪᠯᠡᠯ᠂ ᠷᠠᠳᠢᠤ᠋ ᠲᠧᠯᠸᠢᠰ ᠤᠨ ᠲᠤᠪᠴᠢᠶ᠎ᠠ᠂ ᠠᠷᠠᠳ ᠤᠨ ᠪᠠᠩᠬᠢ ᠵᠡᠷᠭᠡ ᠶᠢᠰᠤᠨ ᠰᠠᠯᠠᠠᠭ᠎ᠠ ᠮᠥᠴᠢᠷ ᠤᠷᠤᠯᠴᠠᠭᠰᠠᠨ ᠬᠠᠤᠯᠢ ᠶᠢ ᠵᠥᠷᠢᠴᠡᠭᠰᠡᠨ ᠬᠠᠭᠤᠷᠮᠠᠭ ᠵᠠᠷ ᠲᠤ ᠴᠤᠬᠢᠯᠲᠠ ᠥᠭᠬᠦ ᠬᠤᠯᠪᠤᠭᠠᠲᠤ ᠬᠤᠷᠠᠯ ᠪᠠᠶᠢᠭᠤᠯᠪᠠ᠃ ᠨᠢᠲᠤᠨᠤᠨ ᠵᠢᠯ ᠠᠴᠠ ᠨᠠᠰᠢ᠂ ᠬᠤᠯᠪᠤᠭᠠᠲᠤ ᠬᠤᠷᠠᠯ ᠤᠨ ᠪᠥᠷᠢᠯᠲᠤᠬᠦᠨ ᠨᠢᠭᠡᠴᠡ ᠨᠠᠶᠢᠲᠡ 15600  ᠭᠠᠷᠤᠢ ᠵᠤᠷᠪᠤᠰ ᠵᠠᠷ ᠢ ᠬᠢᠨᠠᠨ ᠪᠠᠶᠢᠴᠠᠭᠠᠵᠤ ᠂ 152 ᠵᠤᠷᠪᠤᠰ ᠬᠠᠤᠯᠢ ᠶᠢ ᠵᠥᠷᠢᠴᠡᠭᠰᠡᠨ ᠵᠠᠷ ᠢ ᠢᠯᠡᠷᠡᠬᠦᠯᠵᠤ᠂ ᠵᠠᠭᠤᠴᠢ ᠪᠠ ᠵᠠᠷ ᠤᠨ ᠠᠵᠤ ᠠᠬᠤᠶᠢᠯᠠᠯ  ᠳᠤ 31 ᠬᠤᠪᠢ ᠠᠯᠪᠠᠲᠠᠨ ᠴᠡᠭᠴᠡᠯᠡᠬᠦ ᠪᠤᠶᠤ ᠵᠠᠷ ᠨᠠᠶᠢᠲᠡᠯᠡᠬᠦ ᠶᠢ ᠠᠯᠪᠠᠲᠠᠨ ᠵᠤᠭᠰᠤᠭᠠᠬᠤ ᠮᠡᠲᠡᠭᠲᠡᠯ ᠤᠨ ᠪᠢᠴᠢᠭ ᠪᠠᠭᠤᠯᠭᠠᠵᠤ᠂ 8 ᠬᠠᠤᠯᠢ ᠶᠢ ᠵᠥᠷᠢᠴᠡᠭᠰᠡᠨ ᠬᠠᠭᠤᠷᠮᠠᠭ ᠵᠠᠷ ᠢ ᠬᠡᠷᠡᠭ ᠪᠤᠯᠭᠠᠨ ᠪᠠᠶᠢᠴᠠᠭᠠᠨ ᠰᠡᠶᠢᠳᠪᠤᠷᠢᠯᠡᠵᠤ᠂ ᠬᠠᠤᠯᠢ ᠶᠢ ᠵᠥᠷᠢᠴᠡᠭᠰᠡᠨ ᠬᠠᠭᠤᠷᠮᠠᠭ ᠵᠠᠷ ᠢ ᠨᠠᠶᠢᠲᠡᠯᠡᠬᠦ ᠠᠵᠢᠯᠯᠠᠭ᠎ᠠ ᠳᠤ ᠬᠥᠴᠤᠲᠠᠢ ᠴᠤᠬᠢᠯᠲᠠ ᠥᠭᠭᠦᠪᠡ᠃       2017 ᠤᠨ ᠳᠤ᠂ ᠮᠠᠨ ᠤ ᠲᠤᠪᠴᠢᠶ᠎ᠠ《 ᠬᠤᠤᠰ ᠬᠤᠲᠠ ᠶᠢ ᠬᠠᠮᠲᠤ ᠪᠠᠷ ᠴᠤᠭᠴᠠᠯᠠᠬᠤ》ᠠᠵᠢᠯ ᠲᠠᠢ ᠤᠶᠠᠯᠲᠤᠭᠤᠯᠵᠤ᠂ ᠤᠯᠤᠰ ᠤᠨ ᠬᠠᠤᠯᠢ ᠴᠠᠭᠠᠵᠠ ᠬᠠᠤᠯᠢ ᠲᠤᠭᠲᠠᠭᠠᠯ ᠪᠠ ᠬᠤᠲᠠ ᠶᠢᠨ ᠵᠠᠰᠠᠭ ᠤᠨ ᠤᠷᠲᠤᠨ ᠤ ᠬᠤᠷᠠᠯ ᠤᠨ ᠲᠤᠪᠴᠢ ᠶᠢᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠲᠡᠪᠤᠷᠢᠵᠢᠭᠤᠯᠵᠥ᠂ ᠬᠤᠲᠠ ᠶᠢᠨ ᠭᠤᠤᠯᠲᠠᠯᠭᠠᠲᠤ ᠵᠠᠮ ᠵᠡᠬᠡᠯᠢ᠂ ᠭᠤᠤᠯᠲᠠᠯᠭᠠᠲᠤ ᠬᠡᠰᠡᠭ᠂ ᠭᠤᠤᠯᠲᠠᠯᠭᠠᠲᠤ ᠠᠴᠢᠶᠠᠯᠠᠪᠤᠷᠢ ᠵᠡᠷᠭᠡ ᠲᠤᠭᠲᠠᠭᠰᠠᠨ ᠤᠷᠤᠨ ᠪᠥᠰᠡ ᠳᠤ ᠨᠡᠶᠢᠲᠡᠯᠡᠭᠰᠡᠨ ᠡᠷᠡᠬᠦᠯᠵᠢᠯ ᠤᠨ ᠪᠥᠲᠤᠭᠡᠭᠲᠡᠬᠦᠨ ᠤ ᠵᠠᠷ ᠢ ᠠᠷᠢᠯᠭᠠᠨ ᠴᠡᠭᠴᠡᠯᠡᠬᠦ ᠬᠥᠴᠤᠴᠨ ᠪᠠᠨ ᠴᠢᠩᠭᠠᠳᠬᠠᠨ᠂ ᠪᠥᠬᠦᠨ ᠢ ᠬᠠᠮᠢᠶ᠎ᠠ ᠪᠥᠬᠦᠢ ᠰᠠᠯᠠᠭ᠎ᠠ ᠮᠥᠴᠢᠷ ᠲᠤ ᠲᠤᠰᠢᠶᠠᠨ ᠥᠭᠴᠦ ᠰᠤᠯᠢᠭᠤᠯᠵᠤ᠂ ᠬᠠᠤᠯᠢ ᠶᠢ ᠵᠥᠷᠢᠴᠡᠭᠰᠡᠨ ᠵᠠᠷ ᠨᠡᠶᠢᠲᠡᠯᠡᠭᠰᠡᠨ ᠡᠵᠡᠩᠨᠡᠭᠴᠢ᠂ ᠵᠠᠷ ᠨᠠᠶᠢᠲᠡᠯᠡᠭᠴᠢ᠂ ᠵᠠᠷ ᠤᠨ ᠡᠵᠡᠨ ᠳᠤ ᠠᠵᠤ ᠠᠬᠤᠢ ᠶᠢᠨ  ᠲᠤᠷᠭᠤᠭᠤᠯᠢ ᠥᠭᠭᠦᠪᠡ᠃
ᠢᠷᠡᠯᠲᠡ᠄ ᠲᠥᠩᠯᠢᠶᠤᠤ ᠵᠠᠰᠠᠭ ᠤᠨ ᠤᠷᠲᠤᠨ ᠤ ᠰᠥᠯᠵᠢᠶ᠎ᠠ