ᠵᠠᠰᠠᠭ ᠤᠨ ᠣᠷᠳᠣᠨ ᠤ ᠠᠵᠢᠯ ᠤᠨ ᠢᠯᠡᠳᠬᠡᠯ | — 2019 ᠤᠨ ᠤ 2 ᠰᠠᠷ᠎ᠠ ᠶᠢᠨ 25 ᠳᠤ ᠲᠦᠩᠯᠢᠶᠤᠤ ᠬᠤᠲᠠ ᠶᠢᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠲᠡᠬᠡᠷ᠎ᠠ | | | ᠲᠦᠯᠦᠬᠡᠯᠡᠭᠴᠢᠳ ᠡ᠄ | ᠣᠳᠣ ᠪᠢ ᠬᠤᠳᠡ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠣ ᠶᠡᠭᠡ ᠬᠤᠷᠡᠯ ᠳᠤ ᠠᠵᠢᠯ ᠤᠨ ᠢᠯᠡᠳᠭᠡᠯ ᠬᠢᠶ᠎ᠡ᠂ ᠬᠢᠨᠡᠨ ᠵᠦᠪᠯᠡᠬᠦ ᠪᠤᠯᠪᠠᠤ᠂ | ᠬᠠᠮᠳᠣ ᠳᠤᠨᠢ ᠬᠤᠳᠡ ᠶᠢᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠰᠠᠨᠠᠯ ᠲᠤᠷᠠᠳᠬᠤ ᠪᠤᠯᠪᠠᠤ᠃ | | ᠨᠢᠬᠡ᠂ 2018 ᠤᠨ ᠤ ᠠᠵᠢᠯ ᠤᠨ ᠡᠷᠬᠢᠴᠡᠬᠦᠯᠦᠯ | | ᠦᠩᠭᠡᠷᠡᠭᠰᠡᠨ ᠨᠢᠬᠡ ᠵᠢᠯ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠡᠬᠢᠯᠡᠯᠳᠡ | ᠶᠢᠨ ᠵᠢᠯ ᠪᠤᠯᠤᠨ᠎ᠠ᠃ ᠬᠤᠳᠠ ᠶᠢᠨ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠬᠤᠳᠠ ᠶᠢᠨ ᠠᠷᠠᠳ ᠤᠨ ᠶᠡᠭᠡ ᠬᠤᠷᠠᠯ᠂ ᠤᠯᠤᠰ | ᠲᠦᠷᠦ ᠶᠢᠨ ᠵᠦᠪᠯᠡᠯᠬᠡᠨ ᠤ ᠬᠢᠨᠡᠯᠳᠠ ᠲᠡᠮᠵᠢᠯᠬᠡ ᠲᠤᠤᠷ᠎ᠠ᠂ ᠪᠢᠳᠠ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠡᠳᠦ ᠤᠯᠤᠰ ᠤᠨ ᠤᠨᠴᠠᠯᠢᠭ ᠲᠠᠢ ᠨᠡᠶᠢᠬᠡᠮ | ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠬᠡᠷ ᠬᠤᠭᠤᠴᠠᠭᠠᠨ ᠤ ᠬᠤᠶᠠᠳᠣᠭᠠᠷ | ᠂ ᠭᠤᠷᠪᠠᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠣᠷᠣᠯᠴᠠᠨ ᠲᠣᠣᠱᠯᠠᠭᠤᠯᠵᠣ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠢ | ᠪᠠᠶᠢᠴᠠᠭᠠᠭᠰᠠᠨ ᠪᠠ ᠠᠷᠪᠠᠨ ᠭᠤᠷᠪᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ | ᠬᠤᠷᠠᠯᠳᠣᠭᠠᠨ ᠤ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠭᠠᠳ ᠲᠠᠯᠪᠢᠭᠰᠠᠨ ᠴᠢᠬᠤᠯᠠ ᠶᠠᠷᠢᠶ᠎ᠠ ᠶᠢᠨ ᠵᠣᠷᠢᠭ | ᠰᠠᠨᠠᠭ᠎ᠠ ᠶᠢ ᠬᠢᠨᠠᠮᠠᠭᠠᠢ ᠲᠤᠤᠱᠯᠠᠭᠤᠯᠣᠨ ᠨᠠᠶᠢᠳᠠᠪᠣᠷᠢᠵᠢᠭᠤᠯᠵᠣ᠂ ᠲᠦᠪ ᠬᠤᠷᠢᠶᠠᠨ ᠤ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠭᠦ | ᠲᠠᠯ᠎ᠠ ᠪᠠᠷ ᠨᠡᠶᠢᠳᠡᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ | ᠶᠤᠰᠤᠭᠠᠷ᠂ ᠲᠣᠭᠳᠠᠭᠤᠨ ᠤ ᠳᠣᠮᠳᠠ ᠣᠷᠣᠭᠰᠢᠯᠠᠬᠤ ᠠᠵᠢᠯ ᠤᠨ ᠶᠡᠷᠦᠩᠬᠡᠢ ᠬᠥᠭ ᠢ ᠪᠠᠷᠢᠮᠳᠠᠯᠠᠵᠣ᠂ ᠰᠢᠨ᠎ᠡ ᠬᠦᠭᠵᠢᠬᠦᠯᠦᠯᠳᠡ ᠶᠢᠨ ᠣᠶᠢᠯᠠᠭᠠᠭᠳᠠᠬᠤᠨ ᠢ | ᠦᠢᠯᠡᠳᠦᠯᠭᠡᠵᠢᠬᠦᠯᠵᠦ᠂ ᠪᠦᠬᠦ ᠬᠤᠳᠠ ᠶᠢᠨ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠬᠦᠯᠦᠨ ᠲᠦᠰᠢᠭᠯᠡᠵᠦ᠂ ᠰᠡᠳᠬᠢᠯ ᠨᠢᠬᠡᠳᠦᠨ ᠬᠦᠴᠦ | ᠬᠠᠮᠳᠤᠳᠬᠠᠵᠦ᠂ ᠯᠠᠪᠳᠠᠭᠤᠨ ᠠᠵᠢᠯᠯᠠᠵᠤ᠂ ᠡᠯ᠎ᠡ ᠵᠦᠢᠯ ᠤᠨ ᠬᠦᠴᠢᠷᠳᠡᠯ ᠪᠤᠯᠤᠨ ᠲᠦᠭᠰᠢᠬᠦᠷᠢ ᠦᠷᠢᠰᠦᠯᠳᠦᠭᠡᠨ ᠢ ᠢᠳᠡᠪᠬᠢᠳᠡᠢ ᠠᠷᠭᠠᠴᠠᠭᠠᠳ᠂ ᠠᠵᠤ ᠠᠬᠤᠢ | ᠨᠡᠶᠢᠬᠡᠮ ᠤᠨ ᠦᠷᠭᠦᠯᠵᠢᠯᠡᠭᠰᠡᠨ ᠡᠷᠡᠬᠦᠯ ᠭᠦᠭᠵᠢᠭᠦᠯᠤᠯᠳᠠ ᠶᠢ ᠪᠡᠶᠡᠯᠡᠬᠦᠯᠪᠡ᠃ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 1301.6 | ᠳ᠋ᠦᠩᠰᠢᠭᠤᠷ ᠲᠦᠬᠦᠷᠢᠭ ᠪᠡᠶᠡᠯᠡᠬᠦᠯᠵᠦ᠂ 4.1% ᠨᠡᠮᠡᠭᠳᠡᠬᠦᠯᠪᠡ᠃ 5000 ᠲᠦᠮᠡᠨ ᠲᠦᠬᠦᠷᠢᠭ ᠲᠠᠪᠠᠭᠰᠠᠨ ᠲᠤᠭᠳᠠᠮᠠᠯ ᠬᠦᠷᠦᠩᠭᠡ ᠶᠢᠨ ᠲᠦᠷᠦᠯ ᠵᠦᠢᠯ ᠤᠨ | ᠪᠡᠯᠡ ᠤᠷᠤᠭᠤᠯᠤᠯᠳᠡ ᠶᠢᠨ ᠬᠡᠮᠵᠢᠶ᠎ᠡ ᠶᠢ 13.5% ᠨᠡᠮᠡᠭᠳᠡᠬᠦᠯᠪᠡ᠃ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ 75.5 ᠳ᠋ᠦᠩᠰᠢᠭᠤᠷ | ᠲᠦᠬᠦᠷᠢᠭ ᠪᠡᠶᠡᠯᠡᠬᠦᠯᠵᠦ᠂ 7.1% ᠨᠡᠮᠡᠭᠳᠡᠬᠦᠯᠪᠡ᠃ ᠨᠡᠶᠢᠬᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠶᠢ 563.7 ᠳ᠋ᠦᠩᠰᠢᠭᠤᠷ | ᠲᠦᠬᠦᠷᠢᠭ ᠪᠡᠶᠡᠯᠡᠬᠦᠯᠵᠦ᠂ 6.1% ᠨᠡᠮᠡᠭᠳᠡᠬᠦᠯᠪᠡ᠃ ᠬᠤᠳᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠪᠠᠷ ᠡᠵᠡᠮᠳᠡᠵᠦ | ᠪᠤᠯᠬᠤᠶᠢᠴᠠ ᠤᠷᠤᠯᠭ᠎ᠠ ᠶᠢ 31936 ᠲᠦᠬᠦᠷᠢᠭ ᠬᠦᠷᠭᠡᠵᠦ᠂ 7.6% ᠨᠡᠮᠡᠭᠳᠡᠭᠦᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠩᠭᠤ ᠶᠢᠨ ᠰᠠᠭᠤᠭᠠᠯᠢ | ᠠᠷᠠᠳ ᠤᠨ ᠬᠦᠮᠦᠨ ᠲᠤᠮᠳᠠᠴᠢ ᠪᠠᠷ ᠡᠵᠡᠮᠳᠡᠵᠦ ᠪᠤᠯᠬᠤᠶᠢᠴᠠ ᠤᠷᠤᠯᠭ᠎ᠠ ᠶᠢ 13797 ᠲᠦᠬᠦᠷᠢᠭ ᠬᠦᠷᠭᠡᠵᠦ᠂ 9.8% ᠨᠡᠮᠡᠭᠳᠡᠬᠦᠯᠪᠡ᠃ | ᠨᠢᠬᠡ ᠵᠢᠯ ᠤᠨ ᠲᠤᠷᠰᠢ᠂ ᠪᠢᠳᠠ ᠭᠤᠤᠯᠳᠠᠭᠤ ᠲᠠᠷᠠᠭᠠᠬᠢ ᠠᠵᠢᠯ ᠢ ᠬᠢᠪᠡ᠄ | ︵ᠨᠢᠬᠡ︶ ᠤᠯᠤᠰ ᠲᠦᠷᠦ ᠶᠢᠨ ᠵᠤᠭᠰᠤᠯᠳᠠ ᠶᠢᠨ ᠪᠠᠶᠢᠷᠢ ᠪᠠᠨ ᠳᠡᠭᠡᠭᠰᠢᠯᠡᠬᠦᠯᠵᠦ᠂ ︽ᠬᠤᠶᠠᠷ ᠬᠠᠮᠠᠭᠠᠯᠠᠯᠲᠠ︾ ᠶᠢ ᠪᠤᠳᠡᠳᠦ ᠠᠵᠢᠯᠯᠠᠭ᠎ᠠ ᠪᠠᠷ ᠢᠶᠠᠨ | ᠦᠢᠯᠡᠳᠦᠯᠬᠡᠵᠢᠬᠦᠯᠪᠡ᠃ | ᠬᠤᠳᠠ ᠶᠢᠨ ᠵᠠᠰᠠᠭ ᠤᠨ ᠤᠷᠳᠤᠨ ᠵᠥᠪ ᠣᠨᠣᠪᠴᠢᠳᠠᠢ ᠣᠯᠣᠰ ᠲᠦᠷᠥ ᠶᠢᠨ ᠴᠢᠭᠯᠡᠯᠲᠡ ᠶᠢ ᠢᠮᠠᠭᠳᠠ ᠪᠠᠷᠢᠮᠳᠠᠯᠠᠵᠣ᠂ ︽ᠲᠦᠷᠪᠡᠨ ᠤᠬᠠᠮᠰᠡᠷ︾ ᠢ ᠪᠣᠢ | ᠪᠣᠯᠭᠠᠵᠣ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ︽ᠬᠤᠶᠠᠷ ᠬᠠᠮᠠᠭᠠᠯᠠᠯᠳᠠ︾ ᠶᠢ ᠡᠷᠡᠰ ᠬᠦᠢᠴᠡᠳᠭᠡᠵᠦ᠂ ᠤᠯᠤᠰ ᠲᠦᠷᠦ ᠦᠵᠡᠯ ᠰᠠᠨᠠᠭ᠎ᠠ ᠦᠢᠯᠡ | ᠠᠵᠢᠯᠯᠠᠭ᠎ᠠ ᠲᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠡ ᠲᠠᠢ ᠲᠡᠭᠡᠳᠦ ᠬᠡᠮᠵᠢᠶ᠎ᠡ ᠪᠠᠷ ᠨᠢᠭᠡᠳᠪᠡ᠃ ᠰᠢ ᠶᠢᠨ | ᠫᠢᠩ ᠤᠨ ᠰᠢᠨ᠎ᠡ ᠴᠠᠭ ᠥᠶ᠎ᠡ ᠶᠢᠨ ᠲᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠣᠯᠣᠰ ᠲᠦᠷᠥ ᠶᠢᠨ ᠲᠡᠷᠢᠭᠦᠨ ᠴᠢᠬᠤᠯᠠ ᠡᠬᠦᠷᠬᠡ ᠪᠣᠯᠭᠠᠬᠤ ᠶᠢ ᠪᠠᠷᠢᠮᠳᠠᠯᠠᠵᠣ᠂ ᠰᠢ ᠶᠢᠨ ᠫᠢᠩ | ᠶᠡᠷᠦᠩᠭᠡᠢ ᠱᠦᠵᠢ ᠶᠢᠨ ᠴᠢᠬᠤᠯᠡ ᠶᠠᠷᠢᠶ᠎ᠠ᠂ ᠴᠢᠬᠤᠯᠡ ᠴᠣᠬᠤᠯᠠᠪᠣᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠠᠪᠤᠳᠠᠯ ᠢᠶᠠᠷ ᠬᠤᠳᠠ ᠶᠢᠨ ᠵᠠᠰᠠᠭ | ᠤᠨ ᠤᠷᠳᠤᠨ ᠤ ᠴᠢᠬᠤᠯᠠ ᠬᠤᠷᠠᠯ ᠤᠨ ᠲᠡᠷᠢᠬᠦᠨ ᠴᠢᠬᠤᠯᠠ ᠵᠦᠪᠯᠡᠬᠦ ᠰᠡᠳᠦᠪ ᠪᠣᠯᠭᠠᠵᠣ᠂ ᠲᠦᠷᠦᠬᠦᠨ ᠳᠤᠨᠢ ᠰᠤᠷᠤᠯᠴᠠᠨ ᠤᠯᠠᠮᠵᠢᠯᠠᠵᠤ᠂ ᠲᠦᠷᠦᠬᠦᠨ ᠳᠤᠨᠢ | ᠰᠤᠳᠤᠯᠤᠨ ᠪᠠᠶᠢᠷᠢᠯᠠᠭᠤᠯᠪᠠ᠃ ᠰᠢ ᠶᠢᠨ ᠫᠢᠩ ᠶᠡᠷᠦᠩᠭᠡᠢ ᠱᠦᠵᠢ ᠶᠢᠨ ︽ᠲᠦᠷᠪᠡᠨ ᠬᠦᠴᠦᠯᠡᠯ︾᠂ ︽ᠭᠤᠷᠪᠠᠨ ᠯᠠᠪᠳᠠᠭᠤᠨ︾ ᠤ ᠴᠢᠬᠤᠯᠡ ᠱᠠᠭᠠᠷᠳᠠᠯᠭ᠎ᠠ ᠶᠢ | ᠵᠢᠷᠦᠮᠯᠡᠨ᠂ ᠲᠦᠩᠯᠢᠶᠥᠥ ᠶᠢᠨ ᠪᠣᠳᠠᠳᠣ ᠪᠠᠶᠢᠳᠠᠯ ᠲᠠᠢ ᠤᠶᠠᠯᠳᠤᠭᠤᠯᠵᠤ᠂ ᠨᠠᠶᠢᠳᠠᠪᠣᠷᠢᠵᠢᠭᠤᠯᠬᠤ ᠰᠠᠨᠠᠯ ᠲᠣᠭᠳᠠᠭᠠᠵᠣ᠂ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠲᠦᠩᠯᠢᠶᠣᠣ ᠶᠢᠨ ᠴᠢᠨᠠᠷ ᠰᠠᠶᠢᠲᠠᠢ ᠬᠦᠭᠵᠢᠬᠦᠯᠦᠯᠳᠡ ᠶᠢᠨ ᠪᠣᠳᠠᠳᠠᠢ ᠦᠢᠯᠡᠳᠦᠯᠬᠡ ᠪᠣᠯᠭᠠᠨ ᠬᠤᠪᠢᠷᠠᠭᠠᠬᠤ ᠶᠢ | ᠦᠷᠬᠦᠯᠵᠢᠯᠡᠨ ᠠᠬᠢᠭᠤᠯᠪᠠ᠃ ᠲᠥᠪ ᠬᠤᠷᠢᠶ᠎ᠠ ᠶᠢᠨ ᠴᠢᠬᠤᠯᠠ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠪᠠᠷᠢᠮᠵᠢᠶ᠎ᠠ ᠶᠣᠰᠣᠭᠠᠷ ᠬᠦᠢᠴᠡᠳᠭᠡᠵᠦ᠂ | ᠲᠦᠪ ᠬᠤᠷᠢᠶ᠎ᠠ ᠶᠢᠨ ᠲᠤᠭᠤᠷᠢᠨ ᠪᠠᠶᠢᠴᠠᠭᠠᠯᠳᠠ᠂ ᠲᠦᠪ ᠬᠤᠷᠢᠶᠠᠨ ᠤ ᠤᠷᠴᠢᠨ ᠲᠤᠭᠤᠷᠢᠨ ᠤ ᠱᠠᠭᠠᠷᠳᠠᠨ ᠪᠠᠶᠢᠴᠠᠭᠠᠯᠳᠠ ᠵᠢᠴᠢ ︽ᠡᠷᠭᠢᠨ ᠬᠠᠷᠠᠭᠰᠠᠨ︾ | ᠬᠠᠷᠢᠭᠤ ᠲᠤᠰᠬᠠᠭᠰᠠᠨ ᠠᠰᠠᠭᠤᠳᠠᠯ ᠪᠠ ᠤᠯᠤᠰ᠂ ᠦᠪᠡᠷᠳᠡᠭᠡᠨ ᠵᠠᠰᠠᠬᠤ ᠤᠷᠤᠨ ᠤ ᠪᠤᠯᠵᠤᠨ ᠶᠠᠷᠢᠯᠴᠠᠵᠦ ᠪᠠᠶᠢᠴᠠᠭᠠᠭᠰᠠᠨ ᠵᠦᠢᠯᠡᠰ ᠢ ᠴᠡᠭᠴᠡᠯᠡᠨ ᠦᠬᠡᠷᠡᠴᠢᠯᠡᠬᠦ | ᠠᠵᠢᠯ ᠢ ᠦᠷᠬᠦᠯᠵᠢᠯᠡᠨ ᠰᠠᠶᠢᠳᠦᠷ ᠠᠳᠬᠤᠨ᠂ ᠪᠣᠬᠢᠷᠳᠣᠯ ᠦᠭᠡᠢ ᠠᠭᠤᠷᠬᠠᠢ ᠶᠢᠨ ᠪᠠᠶᠢᠭᠤᠯᠤᠯᠳᠠ ᠶᠢᠨ ᠲᠦᠯᠦᠪᠵᠢᠬᠦᠯᠬᠡ᠂ ᠬᠦᠯᠦᠰᠦᠨ ᠮᠠᠯᠴᠢᠨ ᠲᠠᠷᠢᠶᠠᠴᠢᠨ ᠤ | ᠴᠠᠯᠢᠩ ᠢ ᠦᠭᠭᠦ ᠬᠠᠮᠢᠶᠠᠷᠤᠯᠳᠡ ᠶᠢᠨ ᠠᠷᠭ᠎ᠠ ᠵᠡᠷᠭᠡ ᠠᠵᠢᠯ ᠤᠨ ᠲᠦᠷᠢᠮ ᠢ ᠵᠠᠯᠭᠠᠪᠠᠷ ᠲᠤᠭᠳᠠᠭᠠᠵᠦ᠂ ᠪᠤᠲᠠᠲᠠᠢ ᠠᠵᠢᠯᠯᠠᠭ᠎ᠠ ᠪᠠ ᠠᠵᠢᠯ ᠤᠨ ᠦᠷ᠎ᠡ ᠪᠦᠳᠦᠮᠵᠢ | ᠪᠠᠷ ᠨᠠᠮ ᠳᠠᠭᠠᠨ ᠦᠨᠡᠨᠴᠢ ᠪᠠᠶᠢᠭ᠎ᠠ ᠪᠠᠨ ᠢᠯᠡᠷᠡᠬᠦᠯᠪᠡ᠃ | ︵ᠬᠤᠶᠠᠷ︶ ᠬᠦᠴᠦᠨ ᠢᠶᠠᠨ ᠲᠦᠪᠯᠡᠷᠡᠬᠦᠯᠦᠨ ᠤᠨᠤᠪᠴᠢᠳᠡᠢ ᠠᠷᠭ᠎ᠠ ᠪᠤᠳᠤᠯᠭ᠎ᠠ ᠬᠡᠷᠡᠭᠵᠢᠬᠦᠯᠵᠦ᠂ ᠭᠤᠷᠪᠠᠨ ᠰᠢᠪᠳᠤᠯᠤᠯᠳᠠ ᠶᠢ ᠡᠮᠬᠢ ᠴᠡᠭᠴᠡ ᠲᠠᠢ | ᠠᠬᠢᠭᠤᠯᠪᠠ᠃ | ᠴᠢᠬᠤᠯᠡ ᠲᠤᠮᠤ ᠲᠦᠭᠰᠢᠬᠦᠷᠢ ᠶᠢ ᠰᠢᠢᠳᠪᠦᠷᠢᠯᠡᠬᠦ ᠠᠵᠢᠯ ᠠᠩᠬ᠎ᠠ ᠠᠮᠵᠢᠯᠳᠠ ᠤᠯᠪᠠ᠃ ᠵᠠᠰᠠᠭ ᠤᠨ ᠤᠷᠳᠤᠨ ᠤ ᠵᠢᠬᠡᠯᠡᠯᠬᠡ ᠶᠢ ᠰᠢᠢᠳᠪᠤᠷᠢᠯᠡᠭᠦ ᠪᠠᠷ | ᠭᠤᠤᠯᠳᠠᠯᠭ᠎ᠠ ᠪᠤᠯᠭᠠᠬᠤ ᠶᠢ ᠪᠡᠷᠢᠮᠳᠠᠯᠠᠵᠤ᠂ ᠵᠠᠰᠠᠭ ᠤᠨ ᠤᠷᠳᠤᠨ ᠤ ᠵᠢᠭᠡᠯᠡᠯᠭᠡ ᠶᠢᠨ ᠠᠵᠢᠯᠯᠠᠭ᠎ᠠ ᠶᠢ ᠴᠢᠩᠭ᠎ᠠ ᠲᠦᠷᠢᠮᠵᠢᠬᠦᠯᠵᠦ᠂ ᠵᠠᠰᠠᠭ ᠤᠨ ᠤᠷᠳᠤᠨ ᠤ | ᠵᠢᠭᠡᠯᠡᠯᠭᠡ ᠶᠢ ᠪᠦᠷ ᠲᠦᠰᠦᠪ ᠤᠨ ᠬᠠᠮᠢᠶᠠᠷᠤᠯᠳᠡ ᠳᠤ ᠤᠷᠤᠭᠤᠯᠪᠠ᠃ ᠵᠠᠰᠠᠭ ᠤᠨ ᠤᠷᠳᠤᠨ ᠤ ᠢᠯᠡ ᠪᠣᠰᠣ ᠵᠢᠬᠡᠯᠡᠯᠬᠡ ᠶᠢ ᠢᠳᠡᠪᠬᠢᠳᠡᠢ ᠰᠢᠢᠳᠪᠦᠷᠢᠯᠡᠵᠦ᠂ | ᠵᠢᠭᠡᠯᠡᠯᠭᠡ ᠶᠢ ᠰᠢᠢᠳᠪᠦᠷᠢᠯᠡᠬᠦ ᠲᠦᠰᠦᠪ ᠲᠤᠭᠳᠠᠭᠠᠨ ᠲᠡᠬᠦᠯᠳᠡᠷᠵᠢᠬᠦᠯᠵᠦ᠂ ᠵᠢᠬᠡᠯᠡᠭᠡ ᠶᠢ ᠰᠢᠢᠳᠪᠤᠷᠢᠯᠡᠭᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ︽ᠠᠷᠪᠠᠨ ᠪᠦᠷᠢᠨ | ︾ ᠤ ᠢᠨᠵᠧᠨᠧᠷᠢᠭ ᠤᠨ ᠦᠷᠢᠳᠦᠵᠦ ᠪᠠᠶᠢᠭ᠎ᠠ 10 ᠵᠦᠢᠯ ᠤᠨ ᠪᠠᠷᠢᠯᠭ᠎ᠠ ᠶᠢᠨ ᠵᠤᠭᠤᠰ ᠢ ᠪᠦᠭᠦᠨ ᠢ ᠰᠢᠢᠳᠪᠤᠷᠢᠯᠡᠵᠤ᠂ ᠵᠠᠰᠠᠭ ᠤᠨ ᠤᠷᠳᠤᠨ ᠤ ᠵᠢᠯ ᠤᠨ | ᠵᠢᠭᠡᠯᠡᠯᠭᠡ ᠰᠢᠢᠳᠪᠦᠷᠢᠯᠡᠬᠦ ᠡᠬᠦᠷᠭᠡ ᠴᠠᠭ ᠲᠠᠭᠠᠨ ᠪᠡᠶᠡᠯᠡᠬᠦᠯᠪᠡ᠃ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭ ᠤᠨ ᠬᠡᠷ᠎ᠡ ᠪᠠᠨ ᠵᠦᠷᠢᠴᠡᠬᠦ ᠲᠦᠭᠰᠢᠬᠦᠷᠢ ᠶᠢ | ᠡᠮᠬᠢ ᠴᠡᠭᠴᠡ ᠲᠠᠢ ᠰᠢᠢᠳᠪᠦᠷᠢᠯᠡᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠬᠦᠳᠡᠭᠡ ᠲᠤᠰᠬᠤᠨ ᠮᠠᠯᠵᠢᠬᠤ ᠤᠷᠤᠨ ᠤ ᠦᠨᠳᠦᠷ ᠬᠦᠦ ᠲᠠᠢ ᠵᠢᠬᠡᠯᠡᠯᠬᠡ | ᠵᠡᠷᠭᠡ ᠶᠢ ᠲᠤᠰᠬᠠᠢ ᠴᠡᠭᠴᠡᠯᠡᠬᠦ ᠠᠵᠢᠯᠯᠠᠭ᠎ᠠ ᠦᠷᠨᠢᠬᠦᠯᠵᠦ᠂ ᠪᠦᠬᠦ ᠬᠤᠳᠠ ᠶᠢᠨ ᠮᠦᠩᠭᠦᠨ ᠬᠦᠢᠯᠭᠡᠭᠡᠨ ᠤ ᠲᠦᠭᠰᠢᠬᠦᠷᠢ ᠶᠢ ᠶᠡᠷᠦᠩᠭᠡᠢ ᠳᠤᠨᠢ ᠡᠵᠡᠮᠳᠡᠪᠡ᠃ | ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠱᠠᠳᠤᠴᠢ ᠴᠢᠨᠡᠷ ᠲᠠᠢ ᠦᠷ᠎ᠡ ᠪᠦᠳᠦᠮᠵᠢ ᠤᠯᠪᠠ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ | ᠶᠢᠨ ᠲᠣᠰᠬᠠᠢ ᠴᠡᠭᠴᠡᠯᠡᠯᠳᠡ ᠶᠢᠨ ᠠᠵᠢᠯᠯᠠᠭ᠎ᠠ ᠶᠢ ᠲᠦᠪᠯᠡᠡᠷᠡᠭᠦᠯᠤᠨ ᠦᠷᠨᠢᠬᠦᠯᠪᠡ᠃ ᠡᠯ᠎ᠡ ᠱᠠᠳᠤᠨ ᠤ ᠡᠳ᠋ ᠤᠨ ᠵᠠᠰᠠᠭ ᠤᠨ ᠤᠷᠤᠭᠤᠯᠤᠭᠰᠠᠨ ᠶᠠᠳᠠᠭᠤ ᠶᠢ | ᠲᠡᠳᠬᠦᠬᠦ ᠪᠡᠯᠡ ᠮᠦᠩᠭᠦ 13.9 ᠳ᠋ᠦᠩᠰᠢᠭᠤᠷ ᠲᠦᠬᠦᠷᠢᠭ ᠬᠦᠷᠴᠦ᠂ ᠪᠦᠬᠦ ᠵᠢᠯ ᠳᠤ 40819 ᠬᠦᠮᠦᠨ ᠢ ᠶᠠᠳᠠᠭᠤ ᠠᠴᠠ ᠠᠩᠭᠢᠵᠢᠷᠠᠭᠤᠯᠵᠣ᠂ ᠶᠠᠳᠠᠭᠤᠷᠠᠬᠤ | ᠨᠤᠷᠮ᠎ᠠ ᠶᠢ ᠵᠢᠯ ᠤᠨ ᠡᠬᠢᠨ ᠤ 2.87% ᠪᠠᠶᠢᠭᠰᠠᠨ ᠠᠴᠠ 1.4% ᠪᠤᠯᠭᠠᠨ ᠪᠠᠭᠤᠷᠠᠭᠤᠯᠵᠣ᠂ ᠬᠤᠷᠴᠢᠨ ᠵᠡᠬᠦᠨ ᠭᠠᠷᠤᠨ ᠬᠤᠶᠢᠳᠦ ᠬᠤᠰᠢᠭᠤ᠂ ᠺᠠᠶᠢᠯᠤ ᠰᠢᠶᠠᠨ | ᠂ ᠵᠠᠷᠤᠳ ᠬᠤᠰᠢᠭᠤᠨ ᠤ ᠶᠠᠳᠠᠭᠤ ᠨᠡᠷ᠎ᠡ ᠪᠠᠨ ᠲᠠᠶᠠᠭᠳᠠᠬᠤ ᠠᠵᠢᠯ ᠵᠠᠮ ᠳᠠᠭᠠᠨ ᠤᠷᠤᠪᠠ᠃ ᠪᠦᠬᠦ ᠬᠤᠳᠠ ᠶᠢᠨ 90% ᠠᠴᠠ ᠲᠡᠭᠡᠭᠰᠢᠬᠢ ᠶᠠᠳᠠᠭᠤ ᠬᠦᠮᠦᠨ ᠠᠮᠠ | ᠠᠵᠦ ᠦᠢᠯᠡᠰ ᠤᠨ ᠬᠡᠯᠬᠢᠶ᠎ᠡ ᠪᠠᠷ ᠤᠷᠤᠯᠭ᠎ᠠ ᠪᠠᠨ ᠨᠡᠮᠡᠭᠳᠡᠭᠦᠯᠵᠤ᠂ ᠶᠠᠳᠠᠭᠤ ᠠᠴᠠ ᠠᠩᠬᠢᠵᠢᠷᠠᠭᠰᠠᠨ ᠡᠷᠤᠬᠡ ᠶᠢᠨ ᠭᠦᠮᠤᠨ ᠲᠤᠮᠳᠠᠴᠢ ᠤᠷᠤᠯᠭ᠎ᠠ ᠶᠢ 7383 | ᠲᠦᠭᠦᠷᠢᠭ ᠭᠦᠷᠬᠡᠵᠤ᠂ 17.8% ᠨᠡᠮᠡᠭᠳᠡᠭᠦᠯᠪᠡ᠃ ᠪᠡᠭᠡᠵᠢᠩ ᠦᠪᠦᠷ ᠮᠤᠩᠭᠤᠯ ᠤᠨ ᠬᠠᠮᠲᠤᠷᠠᠯᠴᠠᠭ᠎ᠠ ᠶᠢᠨ ᠲᠦᠷᠦᠯ ᠵᠦᠢᠯ ᠢ 40 ᠬᠡᠷᠡᠭᠵᠢᠬᠦᠯᠵᠦ᠂ | ᠪᠤᠳᠡᠳᠡᠶᠢᠵᠢᠭᠤᠯᠤᠭᠰᠠᠨ ᠪᠡᠯᠡ ᠮᠦᠩᠭᠦ 2.77 ᠳ᠋ᠦᠩᠰᠢᠭᠤᠷ ᠲᠦᠬᠦᠷᠢᠭ ᠬᠦᠷᠪᠡ᠃ 1.83 ᠲᠦᠮᠡᠨ ᠶᠠᠳᠠᠭᠤ ᠭᠡᠷ ᠪᠦᠯᠢ ᠶᠢᠨ ᠰᠤᠷᠤᠭᠴᠢ ᠳᠤ ᠰᠤᠷᠭᠠᠨ | ᠬᠦᠮᠦᠵᠢᠯ ᠤᠨ ᠨᠦᠬᠦᠪᠦᠷᠢ 6639 ᠲᠦᠮᠡᠨ ᠲᠦᠬᠦᠷᠢᠭ ᠲᠠᠷᠬᠠᠭᠠᠵᠦ᠂ 4.85 ᠲᠦᠮᠡᠨ ᠲᠠᠩᠰᠠ ᠵᠣᠬᠢᠶᠠᠵᠣ ᠺᠡᠷᠲ ᠲᠠᠭᠯᠠᠭᠰᠠᠨ ᠶᠠᠳᠠᠭᠤ ᠬᠦᠮᠦᠨ ᠳᠤ | ᠰᠦᠢᠳᠭᠡᠯ ᠠᠪᠬᠤ ᠦᠭᠡᠢ ᠪᠡᠶ᠎ᠡ ᠶᠢᠨ ᠪᠠᠶᠢᠴᠠᠭᠠᠯᠳᠠ ᠬᠢᠵᠦ ᠦᠭᠪᠡ᠃ ᠨᠦᠬᠦᠴᠡᠯ ᠳᠤ ᠨᠡᠶᠢᠴᠡᠭᠰᠡᠨ 1.29 ᠲᠦᠮᠡᠨ ᠶᠠᠳᠠᠭᠤ ᠬᠦᠮᠦᠨ ᠠᠮᠠ ᠶᠢ ᠠᠮᠢᠳᠤᠷᠠᠯ ᠤᠨ | ᠨᠠᠭᠠᠳᠤ ᠵᠠᠬ᠎ᠠ ᠶᠢᠨ ᠪᠠᠳᠤᠯᠠᠪᠤᠷᠢ ᠪᠤᠯᠤᠨ ᠤᠨᠴᠠ ᠬᠦᠴᠢᠷᠳᠡᠯᠳᠡᠢ ᠬᠦᠮᠦᠰ ᠤᠨ ᠪᠠᠳᠤᠯᠠᠪᠤᠷᠢ ᠶᠢᠨ ᠬᠡᠪᠴᠢᠶ᠎ᠡ ᠳᠤ ᠤᠷᠤᠭᠤᠯᠪᠠ᠃ | ᠪᠤᠬᠢᠷᠳᠦᠯ ᠢ ᠰᠡᠷᠭᠡᠶᠢᠯᠡᠨ ᠵᠠᠰᠠᠭᠰᠠ ᠠᠵᠢᠯ ᠠᠩᠬ᠎ᠠ ᠦᠷ᠎ᠡ ᠪᠦᠳᠦᠮᠵᠢ ᠤᠯᠪᠠ᠃ ᠲᠥᠪ ᠤᠨ ᠣᠷᠴᠢᠨ ᠲᠣᠭᠤᠷᠢᠨ ᠤ ᠱᠠᠭᠠᠷᠳᠠᠨ ᠪᠠᠶᠢᠴᠠᠭᠠᠯᠲᠠ ᠶᠢᠨ | ᠬᠠᠷᠢᠭᠤ ᠲᠣᠰᠬᠠᠭᠰᠠᠨ 14 ᠠᠰᠠᠭᠤᠳᠠᠯ ᠢ ᠴᠠᠭ ᠤᠨ ᠳᠠᠷᠠᠭᠠᠯᠠᠯ ᠢᠶᠠᠷ ᠴᠡᠭᠴᠡᠯᠡᠨ ᠲᠠᠭᠤᠰᠬᠠᠪᠠ᠃ ᠤᠮᠠᠷᠠᠳᠦ ᠬᠡᠰᠡᠭ ᠤᠨ ᠴᠠᠬᠢᠯᠭᠠᠨ ᠵᠠᠳᠠᠷᠠᠭᠤᠯᠣᠯᠲᠠ ᠶᠢᠨ | ᠬᠦᠩᠭᠡᠨᠴᠠᠭᠠᠨ ᠤ ᠤᠳᠤᠭ᠎ᠠ ᠣᠨᠢᠶᠠᠷ ᠤᠨ ᠪᠤᠬᠢᠷᠳᠦᠯ ᠡᠳ᠋ ᠢ ᠬᠡᠳᠦ ᠪᠠᠭ᠎ᠠ ᠭᠠᠳᠠᠭᠰᠢᠯᠠᠭᠤᠯᠬᠤ ᠲᠠᠭᠤᠷᠢᠶᠠᠯ ᠪᠠᠷᠢᠯᠭ᠎ᠠ ᠶᠢ ᠲᠠᠭᠤᠰᠬᠠᠵᠤ ᠠᠰᠢᠭᠯᠠᠯᠳᠠ ᠳᠤ | ᠤᠷᠤᠭᠤᠯᠪᠠ᠃ ᠪᠦᠬᠦ ᠵᠢᠯ ᠤᠨ ᠠᠭᠠᠷ ᠮᠠᠨᠳᠡᠯ ᠤᠨ ᠴᠢᠨᠡᠷ ᠴᠢᠩᠭ᠎ᠠ 323 ᠬᠤᠨᠤᠭ ᠰᠠᠶᠢᠨ ᠪᠠᠶᠢᠵᠣ᠂ ᠨᠢᠳᠦᠨᠦᠨ ᠤ ᠬᠢ ᠠᠴᠠ 7 ᠬᠤᠨᠤᠭ ᠨᠡᠮᠡᠭᠳᠡᠪᠡ᠃ | ᠬᠤᠷᠴᠢᠨ ᠤ ᠭᠠᠵᠠᠷ ᠲᠣᠣᠷᠠᠬᠢ ᠣᠰᠤ ᠶᠢ ᠬᠡᠳᠦᠷᠬᠡᠢ ᠬᠡᠷᠡᠭᠯᠡᠭᠰᠡᠨ ᠤᠷᠤᠨ ᠤ ᠤᠰᠤᠨ ᠲᠦᠪᠰᠢᠨ 0.47 ᠮᠧᠲᠷ ᠲᠡᠭᠡᠭᠰᠢᠯᠡᠵᠦ᠂ 500 ᠲᠡᠭᠰᠢ ᠲᠦᠷᠪᠡᠯᠵᠢᠨ | ᠺᠢᠯᠤᠮᠧᠲᠷ ᠪᠠᠭᠠᠰᠬᠠᠵᠤ ᠪᠠᠭᠠᠰᠴᠤ᠂ ᠬᠤᠳᠠ ᠪᠠᠯᠭᠠᠰᠤᠨ ᠤ ᠪᠣᠬᠢᠷ ᠤᠰᠤ ᠠᠷᠢᠭᠤᠳᠬᠠᠬᠤ ᠲᠦᠬᠦᠭᠡᠷᠦᠮᠵᠢ ᠶᠢ 7 ᠪᠠᠶᠢᠭᠤᠯᠪᠠ᠃ ᠬᠦᠷᠦᠰᠦ ᠰᠢᠷᠦᠢ ᠶᠢᠨ | ᠪᠤᠬᠢᠷᠳᠦᠯ ᠤᠨ ᠪᠠᠶᠢᠳᠠᠯ ᠢ ᠨᠠᠷᠢᠨ ᠪᠠᠶᠢᠴᠠᠭᠠᠵᠦ᠂ ᠲᠠᠷᠢᠶᠠᠯᠠᠩ ᠤᠨ ᠬᠢᠮᠢ ᠶᠢᠨ ᠪᠤᠷᠳᠤᠭᠤᠷ ᠬᠡᠷᠡᠭᠯᠡᠬᠦ ᠬᠡᠮᠵᠢᠶ᠎ᠡ ᠨᠢᠳᠦᠨᠦᠨ ᠤ ᠬᠢ ᠠᠴᠠ 10% ᠢᠯᠡᠭᠦᠦ | ᠪᠠᠭᠤᠷᠠᠵᠣ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠨᠢᠲᠤᠨᠤᠨ ᠤ ᠬᠢ ᠠᠴᠠ 4.3% ᠪᠠᠭᠤᠷᠠᠪᠠ᠃ | ︵ᠭᠤᠷᠪᠡ︶ ᠰᠢᠨᠵᠢᠯᠡᠬᠦ ᠤᠬᠠᠭᠠᠨᠴᠢ ᠪᠠᠷ ᠨᠢᠬᠡᠳᠦᠯᠳᠡᠢ ᠲᠦᠯᠦᠪᠯᠡᠵᠦ᠂ ᠶᠡᠷᠦᠩᠭᠡᠢ ᠠᠷᠭ᠎ᠠ ᠪᠤᠳᠤᠯᠭ᠎ᠠ ᠬᠡᠷᠡᠭᠵᠢᠬᠦᠯᠦᠨ᠂ ᠠᠵᠤ ᠠᠬᠤᠢ ᠲᠤᠭᠳᠠᠭᠤᠨ ᠤ | ᠲᠤᠮᠲᠠ ᠬᠥᠭᠵᠢᠭᠦᠯᠪᠡ᠃ | ᠬᠠᠩᠭᠠᠯᠭ᠎ᠠ ᠶᠢᠨ ᠪᠦᠳᠦᠴᠠ ᠶᠢᠨ ᠴᠢᠨᠡᠷ ᠲᠠᠢ ᠦᠬᠡᠷᠡᠴᠢᠯᠡᠯᠳᠡ ᠶᠢ ᠬᠦᠨᠵᠡᠬᠡᠢ ᠠᠬᠢᠭᠤᠯᠪᠠ᠃ 30 ᠲᠦᠮᠡᠨ ᠲᠤᠨ ᠬᠦᠷᠬᠦ ᠦᠭᠡᠢ 3 ᠨᠡᠬᠦᠷᠡᠰᠦᠨ | ᠠᠭᠤᠷᠬᠠᠢ ᠶᠢ ᠬᠠᠭᠠᠪᠠ᠃ ᠬᠤᠤᠯᠢᠩᠭᠤᠤᠯ ᠤᠷᠤᠨ ᠤ ᠪᠢᠴᠢᠯ ᠲᠤᠤᠷ ᠢ ᠦᠪᠦᠷ ᠮᠤᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠤᠤᠷ ᠲᠠᠢ ᠵᠠᠯᠭᠠᠵᠤ᠂ ᠦᠪᠦᠷ | ᠮᠤᠩᠭᠤᠯ ᠤᠨ ᠵᠡᠬᠦᠨ ᠬᠡᠰᠡᠭ ᠤᠨ ᠴᠠᠬᠢᠯᠭᠠᠨ ᠬᠦᠴᠦᠨ ᠤ ᠺᠤᠮᠫᠠᠨᠢ ᠤᠷᠤᠨ ᠪᠦᠰᠡ ᠶᠢᠨ ᠲᠤᠳᠤᠭᠠᠳᠤ ᠶᠢᠨ ᠴᠠᠬᠢᠯᠭᠠᠨ ᠦᠢᠯᠡᠳᠪᠦᠷᠢ ᠶᠢ ᠲᠣᠬᠢᠷᠠᠭᠤᠯᠣᠨ | ᠠᠵᠢᠯᠯᠠᠭᠤᠯᠬᠤ ᠬᠠᠮᠢᠶᠠᠷᠤᠯᠳᠡ ᠶᠢᠨ ᠡᠷᠭᠡ ᠤᠯᠵᠤ᠂ ᠴᠠᠬᠢᠯᠭᠠᠨ ᠬᠦᠴᠦᠨ ᠤ ᠤᠯᠠᠨ ᠲᠠᠯ᠎ᠠ ᠶᠢᠨ ᠠᠷᠠᠯᠵᠢᠶ᠎ᠠ ᠬᠢᠬᠦ ᠪᠤᠯᠤᠨ ᠴᠠᠬᠢᠯᠭᠠᠨ ᠬᠡᠷᠡᠭᠯᠡᠬᠦ ᠲᠤᠮᠤ ᠡᠷᠦᠭᠡ | ᠳᠤ ᠰᠢᠭᠤᠳ ᠴᠠᠬᠢᠯᠭᠠᠨ ᠬᠠᠩᠭᠠᠬᠤ ᠪᠠᠷ ᠲᠠᠮᠵᠢᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠭᠰᠡᠨ ᠦᠪᠡᠷ ᠤᠨ ᠦᠷᠳᠡᠭ ᠢ 3.1 ᠳ᠋ᠦᠩᠰᠢᠭᠤᠷ ᠲᠦᠬᠦᠷᠢᠭ | ᠪᠠᠭᠤᠷᠠᠭᠤᠯᠪᠠ᠃ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠭᠠᠶᠢᠯᠢ ᠰᠦᠢᠳᠭᠡᠯ ᠤᠨ ᠲᠠᠷᠤᠭᠠᠰᠤ ᠶᠢ 23 ᠳ᠋ᠦᠩᠰᠢᠭᠤᠷ ᠲᠦᠬᠦᠷᠢᠭ ᠬᠦᠩᠭᠡᠷᠡᠬᠦᠯᠪᠡ᠃ ᠰᠢᠨ | ᠮᠢᠨ ᠠᠴᠠ ᠲᠦᠩᠯᠢᠶᠥᠥ ᠬᠦᠷᠬᠦ ᠲᠦᠷᠭᠡᠨ ᠲᠡᠮᠦᠷ ᠵᠠᠮ ᠨᠡᠪᠳᠡᠷᠡᠵᠦ᠂ ᠦᠪᠦᠷ ᠮᠤᠩᠭᠤᠯ ᠤᠨ ᠪᠦᠬᠦ ᠤᠯᠤᠰ ᠤᠨ ᠲᠦᠷᠭᠡᠨ ᠲᠡᠮᠦᠷ ᠵᠠᠮ ᠤᠨ ᠲᠤᠤᠷ ᠲᠠᠢ | ᠵᠠᠯᠭᠠᠭᠰᠠᠨ ᠲᠦᠷᠦᠬᠦᠦ ᠲᠦᠷᠭᠡᠨ ᠲᠡᠮᠦᠷ ᠵᠠᠮ ᠪᠤᠯᠪᠠ᠃ ᠳᠠᠴᠠ ᠶᠢᠨ ᠲᠠᠯ᠎ᠠ ᠠᠴᠠ ᠪᠠᠢ ᠵᠢᠶᠠ ᠸᠠᠨᠽᠢ ᠬᠦᠷᠬᠦ ᠲᠦᠷᠭᠡᠨ ᠵᠠᠮ ᠤᠨ ᠭᠤᠤᠯ ᠱᠤᠭᠤᠮ ᠢ | ᠨᠡᠪᠳᠡᠷᠡᠬᠦᠯᠪᠡ᠃ ᠲᠦᠩᠯᠢᠶᠥᠥ ᠶᠢᠨ ᠨᠢᠰᠬᠡᠯ ᠤᠨ ᠪᠠᠭᠤᠳᠠᠯ ᠢ ᠦᠷᠭᠡᠳᠭᠡᠨ ᠪᠠᠶᠢᠭᠤᠯᠬᠤ ᠪᠠᠷᠢᠯᠭ᠎ᠠ ᠶᠢ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ | ᠲᠤᠪᠴᠢᠶ᠎ᠡ ᠪᠠᠷ ᠴᠣᠬᠤᠯᠠᠪᠣᠷᠢᠯᠠᠭᠤᠯᠪᠠ᠃ ᠮᠤᠳᠤ ᠴᠦᠬᠦᠷᠦᠮ ᠢ ᠪᠠᠶᠢᠭᠤᠯᠵᠤ ᠲᠠᠭᠤᠰᠬᠠᠨ ᠤᠷᠤᠰᠬᠠᠯ ᠢ ᠬᠠᠰᠢᠪᠠ᠃ | ᠭᠤᠤᠯᠯᠠᠬᠤ ᠠᠵᠦ ᠦᠢᠯᠡᠰ ᠢ ᠪᠦᠷᠢᠨ ᠬᠡᠯᠬᠢᠶ᠎ᠡ ᠪᠠᠷ ᠬᠦᠭᠵᠢᠬᠦᠯᠪᠡ᠃ ᠵᠢᠯ ᠤᠨ ᠭᠠᠷᠤᠯᠳᠡ 35 ᠲᠦᠮᠡᠨ ᠲᠤᠨ ᠬᠦᠷᠬᠦ ᠬᠦᠩᠭᠡᠨᠴᠠᠭᠠᠨ ᠤ ᠢᠯᠳᠠᠰᠣ ᠶᠢᠨ | ᠬᠠᠽᠧᠯᠲ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ ᠠᠰᠢᠭᠯᠠᠯᠳᠠ ᠳᠤ ᠤᠷᠤᠭᠤᠯᠵᠤ᠂ ᠨᠡᠢᠮᠠᠨ ᠤ ᠵᠢᠩ ᠠᠨ ᠨᠢᠺᠧᠯ ᠤᠨ ᠰᠠᠭᠤᠷᠢ ᠮᠠᠲ᠋ᠧᠷᠢᠶᠡᠯ ᠤᠨ ᠲᠦᠷᠦᠯ | ᠵᠦᠢᠯ ᠢ ᠵᠢᠩᠭᠢᠨᠢ ᠪᠠᠷ ᠪᠠᠷᠢᠯᠭ᠎ᠠ ᠡᠬᠢᠯᠡᠬᠦᠯᠵᠦ᠂ ᠪᠦᠸᠧ ᠡᠸ᠋ᠨ ᠯᠤ᠋ ᠰᠢᠶᠥᠥ 1600 ᠰᠠᠤᠷᠢ ᠤᠷᠳᠤ ᠲᠠᠯᠠᠰᠳᠤ ᠵᠤᠤᠬ᠎ᠠ ᠶᠢ ᠪᠦᠷ ᠠᠰᠢᠭᠯᠠᠯᠳᠠ ᠳᠤ | ᠤᠷᠤᠭᠤᠯᠵᠤ᠂ ᠪᠤᠳᠤᠭᠳᠤ ᠪᠢᠳᠦᠷᠢᠶ᠎ᠡ ᠶᠢᠨ ᠰᠤᠳᠤᠯᠤᠨ ᠨᠡᠬᠡᠬᠡᠯᠳᠡ ᠠᠮᠵᠢᠯᠳᠡ ᠤᠯᠵᠤ᠂ ᠤᠯᠤᠰ ᠤᠨ ᠲᠤᠳᠤᠭᠠᠳᠦ ᠶᠢᠨ ᠬᠤᠭᠤᠰᠤᠨ ᠢ ᠨᠦᠬᠦᠪᠦᠷᠢᠯᠡᠪᠡ᠃ ᠮᠸᠢ | ᠬᠤᠸᠠ ᠠᠮᠢᠳᠤ ᠪᠤᠳᠡᠰ ᠤᠨ ᠰᠤ᠋ ᠰᠢᠪᠳᠤᠷᠳᠦ ᠬᠦᠴᠢᠯ᠂ ᠦᠩᠭᠡᠳᠦ ᠰᠢᠪᠳᠤᠷᠳᠦ ᠬᠦᠴᠢᠯ ᠤᠨ ᠲᠦᠷᠦᠯ ᠵᠦᠢᠯ ᠢ ᠠᠰᠢᠭᠯᠠᠯᠳᠠ ᠳᠤ ᠤᠷᠤᠭᠤᠯᠵᠤ᠂ ᠾᠧᠨᠠᠨ ᠤ | ᠺᠠᠢ ᠶᠤᠤ ᠡᠮ ᠤᠨ ᠪᠦᠯᠦᠭᠯᠡᠯ ᠤᠨ ᠲᠦᠬᠦᠭᠡᠢ ᠮᠠᠲ᠋ᠧᠷᠢᠶᠡᠯ ᠤᠨ ᠡᠮ ᠤᠨ ᠲᠦᠷᠦᠯ ᠵᠦᠢᠯ ᠢ ᠪᠠᠶᠢᠭᠤᠯᠵᠤ ᠲᠤᠷᠰᠢᠨ ᠦᠢᠯᠡᠳᠪᠦᠷᠢᠯᠡᠪᠡ᠃ ᠬᠤᠷᠴᠢᠨ ᠦᠬᠡᠷ ᠤᠨ | ᠦᠢᠯᠡᠰ ᠤᠨ ᠠᠯᠠᠰᠢᠨ ᠦᠬᠡᠷ ᠤᠨ ᠬᠤᠷᠤᠭ᠎ᠠ ᠶᠢᠨ 10 ᠲᠦᠮᠡᠨ ᠦᠬᠡᠷ ᠡᠳ᠋ᠰᠢᠭᠦᠯᠬᠦ ᠲᠦᠷᠦᠯ ᠵᠦᠢᠯ ᠤᠨ ᠭᠤᠤᠯ ᠴᠤᠭᠴᠠ ᠶᠢᠨ ᠪᠠᠷᠢᠯᠭ᠎ᠠ ᠳᠠᠭᠤᠰᠴᠣ᠂ ᠢ | ᠰᠠᠢ ᠶᠢᠨ 20 ᠲᠦᠮᠡᠨ ᠠᠯᠠᠰᠢᠨ ᠦᠬᠡᠷ ᠡᠳ᠋ᠰᠢᠭᠦᠯᠬᠦ ᠲᠦᠷᠦᠯ ᠵᠦᠢᠯ ᠢ ᠪᠠᠶᠢᠭᠤᠯᠵᠤ ᠠᠰᠢᠭᠯᠠᠯᠳᠠ ᠳᠤ ᠤᠷᠤᠭᠤᠯᠤᠭᠰᠠᠨ ᠠᠴᠠ ᠪᠦᠬᠦ ᠬᠤᠳᠠ 60 ᠲᠦᠮᠡᠨ | ᠠᠯᠠᠰᠢᠨ ᠦᠬᠡᠷ ᠡᠳ᠋ᠰᠢᠭᠦᠯᠬᠦ ᠴᠢᠳᠡᠪᠦᠷᠢ ᠲᠠᠢ ᠪᠣᠯᠪᠠ᠃ ᠺᠠᠩ ᠮᠸᠢ ᠡᠮ ᠤᠨ ᠦᠢᠯᠡᠰ᠂ ᠭᠤᠸᠠᠩᠵᠸᠦ ᠶᠢᠨ ᠺᠠᠩ ᠴᠧᠨ ᠵᠡᠷᠭᠡ ᠮᠤᠩᠭᠤᠯ ᠡᠮ ᠡᠮᠨᠡᠯᠬᠡ ᠶᠢᠨ | ᠬᠠᠮᠳᠤᠷᠠᠯᠴᠠᠭᠠᠨ ᠤ ᠲᠦᠷᠦᠯ ᠵᠦᠢᠯ ᠢ ᠤᠷᠤᠭᠰᠢᠳᠡᠢ ᠠᠬᠢᠭᠤᠯᠵᠤ᠂ ᠮᠤᠩᠭᠤᠯ ᠡᠮ ᠤᠨ ᠬᠤᠪᠢᠴᠠᠭ᠎ᠠ᠂ ᠬᠦᠷᠢᠶ᠎ᠡ ᠶᠢᠨ ᠮᠤᠩᠭᠤᠯ ᠡᠮ ᠦᠪᠡᠷᠳᠡᠭᠡᠨ ᠵᠠᠰᠠᠬᠤ | ᠤᠷᠤᠨ ᠳᠤ ᠮᠤᠩᠭᠤᠯ ᠡᠮ ᠨᠠᠶᠢᠷᠠᠯᠭ᠎ᠠ ᠶᠢᠨ ᠵᠤᠷ᠂ ᠬᠢᠳᠡᠳ ᠡᠮ ᠨᠠᠶᠢᠷᠠᠯᠭ᠎ᠠ ᠶᠢᠨ ᠪᠦᠷᠢᠮᠡᠯ ᠡᠮ ᠢ ᠰᠤᠳᠤᠯᠤᠨ ᠪᠦᠳᠦᠭᠡᠵᠦ ᠦᠢᠯᠡᠳᠪᠦᠷᠢᠯᠡᠬᠦ ᠪᠠ ᠡᠮᠴᠢᠯᠡᠭᠡ ᠳᠤ | ᠬᠡᠷᠡᠭᠯᠡᠬᠦ ᠲᠤᠷᠰᠢᠯᠳᠡ ᠶᠢᠨ ᠴᠡᠭ ᠢᠶᠠᠷ ᠵᠢᠭᠰᠠᠭᠠᠭᠳᠠᠪᠠ᠃ ᠶᠢᠨ ᠮᠸᠢ ᠬᠢᠮᠢ ᠶᠢᠨ ᠠᠵᠤ ᠦᠢᠯᠡᠳᠪᠦᠷᠢ ᠶᠢᠨ ᠠᠯᠺᠦᠦᠯ ᠬᠦᠴᠢᠯ ᠤᠨ ᠪᠦᠭᠡᠭᠡᠨᠡᠷᠡᠯ ᠤᠨ ᠲᠦᠷᠦᠯ | ᠵᠦᠢᠯ ᠤᠨ ᠲᠤᠷᠰᠢᠯᠳᠡ ᠠᠩᠬ᠎ᠠ ᠠᠯᠬᠤᠮ ᠦᠷ᠎ᠡ ᠪᠦᠳᠦᠮᠵᠢ ᠤᠯᠪᠠ᠃ ︽ᠶᠢᠰᠦᠨ ᠬᠡᠯᠬᠢᠶ᠎ᠡ ᠲᠠᠪᠤᠨ ᠬᠤᠳᠠ︾ ᠶᠢᠨ ᠲᠠᠶᠢᠴᠢᠯᠠᠬᠤ ᠬᠦᠴᠦᠨ᠂ ᠨᠦᠯᠦᠬᠡᠯᠡᠬᠦ | ᠬᠦᠴᠦᠨ ᠢ ᠦᠷᠬᠦᠯᠵᠢᠯᠡᠨ ᠲᠡᠭᠡᠭᠰᠢᠯᠡᠬᠦᠯᠪᠡ᠃ | ᠮᠠᠯ ᠲᠠᠷᠢᠶᠠᠯᠠᠩ ᠤᠨ ᠠᠵᠤ ᠠᠬᠤᠢ ᠶᠢᠨ ᠤᠳᠤᠬᠢᠴᠢᠯᠡᠯᠳᠡ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠪᠡ᠃ ᠭᠠᠵᠠᠷ ᠰᠢᠷᠦᠢ ᠶᠢᠨ | ᠬᠡᠪᠴᠢᠶᠡᠲᠦ ᠬᠦᠢᠯᠬᠡᠬᠡ ᠶᠢᠨ ᠲᠠᠯᠠᠪᠠᠢ 407 ᠲᠦᠮᠡᠨ ᠮᠤ᠋ ᠬᠦᠷᠴᠦ᠂ ᠲᠠᠷᠢᠶᠠᠯᠠᠩ ᠤᠨ ᠲᠡᠷᠢᠬᠦᠨ ᠤ ᠮᠡᠷᠭᠡᠵᠢᠯ ᠢ ᠲᠦᠪᠯᠡᠷᠡᠬᠦᠯᠦᠨ ᠬᠡᠷᠡᠭᠯᠡᠵᠦ᠂ ᠠᠮᠤ ᠪᠤᠳᠠᠭᠠᠨ ᠤ | ᠶᠡᠷᠦᠩᠭᠡᠢ ᠤᠨᠠᠯᠳᠠ 163.3 ᠳ᠋ᠦᠩᠰᠢᠭᠤᠷ ᠵᠢᠩ ᠬᠦᠷᠴᠦ᠂ 13.1 ᠳ᠋ᠦᠩᠰᠢᠭᠤᠷ ᠵᠢᠩ ᠨᠡᠮᠡᠭᠳᠡᠵᠦ᠂ ᠵᠢᠩᠭᠢᠨᠢ ᠡᠮ ᠤᠨ ᠮᠠᠲ᠋ᠧᠷᠢᠶᠡᠯ ᠲᠠᠷᠢᠬᠤ ᠲᠠᠯᠠᠪᠠᠢ 27.7 | ᠲᠦᠮᠡᠨ ᠮᠤ᠋ ᠬᠦᠷᠪᠡ᠃ ᠲᠦᠮᠡᠨ ᠠᠯᠠᠰᠢᠨ ᠦᠬᠡᠷ ᠲᠡᠵᠢᠬᠡᠵᠦ ᠠᠷᠠᠴᠢᠯᠠᠬᠤ ᠲᠠᠯᠠᠪᠠᠢ 11 ᠪᠣᠯᠵᠤ᠂ ᠴᠢᠨᠡᠷ ᠰᠠᠶᠢᠳᠡᠢ ᠠᠯᠠᠰᠢᠨ ᠦᠬᠡᠷ ᠤᠨ ᠲᠤᠭ᠎ᠠ 15.4% | ᠨᠡᠮᠡᠭᠳᠡᠭᠡᠳ ᠮᠠᠨ ᠤ ᠬᠤᠳᠠ ︽ᠲᠤᠮᠳᠡᠳᠦ ᠤᠯᠤᠰ ᠤᠨ ᠲᠠᠯ᠎ᠠ ᠨᠤᠳᠤᠭ ᠤᠨ ᠠᠯᠠᠰᠢᠨ ᠦᠬᠡᠷ ᠤᠨ ᠬᠤᠳᠠ︾ ᠪᠠᠷ ᠨᠡᠷᠡᠶᠢᠳᠦᠭᠳᠡᠵᠣ᠂ ︽ᠬᠤᠷᠴᠢᠨ ᠦᠬᠡᠷ | ᠲᠤᠮᠳᠡᠳᠦ ᠤᠯᠤᠰ ᠤᠨ ᠤᠨᠴᠠᠯᠢᠭᠳᠤ ᠲᠠᠷᠢᠶᠠᠯᠠᠩ ᠤᠨ ᠠᠰᠢᠭ ᠰᠢᠮ᠎ᠠ ᠶᠢᠨ ᠪᠦᠳᠦᠭᠡᠭᠳᠡᠬᠦᠨ ᠤ ᠲᠠᠪᠠᠭᠤᠯᠢᠭ ᠤᠷᠤᠨ︾ ᠢᠶᠠᠷ ᠲᠤᠭᠳᠠᠭᠠᠭᠳᠠᠪᠠ᠃ ︽ᠲᠦᠩᠯᠢᠶᠥᠥ | ᠶᠢᠨ ᠰᠢᠷ᠎ᠡ ᠡᠷᠳᠡᠨᠢ ᠰᠢᠰᠢ︾᠂ ︽ᠬᠤᠷᠴᠢᠨ ᠦᠬᠡᠷ︾ ᠲᠤᠰᠪᠤᠷᠢ ᠪᠦᠬᠦ ᠤᠷᠤᠨ ᠤ ᠮᠠᠯ ᠲᠠᠷᠢᠶᠠᠯᠠᠩ ᠤᠨ ᠠᠵᠤ ᠠᠬᠤᠢ ᠶᠢᠨ ᠠᠰᠢᠭ ᠰᠢᠮ᠎ᠡ ᠶᠢᠨ | ᠪᠦᠲᠦᠭᠡᠭᠳᠡᠭᠦᠨ ᠤ ᠤᠷᠤᠨ ᠪᠦᠰᠡ ᠶᠢᠨ ᠨᠡᠶᠢᠳᠡ ᠪᠠᠷ ᠬᠡᠷᠡᠭᠯᠡᠬᠦ ᠱᠣᠱᠢᠭ᠎ᠠ ᠶᠢᠨ ᠦᠷᠳᠡᠭ ᠤᠨ ᠲᠦᠷᠦᠭᠦᠨ ᠳᠤ ᠤᠷᠤᠪᠠ᠃ | ᠰᠢᠨ᠎ᠡ ᠠᠵᠦ ᠦᠢᠯᠡᠰ ᠰᠢᠨ᠎ᠡ ᠮᠡᠷᠬᠡᠵᠢᠯ ᠰᠢᠨ᠎ᠡ ᠡᠵᠡᠩᠨᠡᠯᠳᠡ ᠶᠢᠨ ᠪᠠᠶᠢᠳᠡᠯ ᠢ ᠲᠦᠷᠭᠡᠨ ᠪᠤᠶᠢᠵᠢᠭᠤᠯᠪᠠ᠃ ︽ᠲᠦᠩᠯᠢᠶᠥᠥ ᠬᠤᠳᠠ ᠶᠢᠨ ᠤᠳᠤᠬᠢᠴᠢ | ᠡᠨᠧᠷᠬᠢ ᠶᠢᠨ ᠠᠵᠤ ᠠᠬᠤᠢ ᠶᠢᠨ ᠲᠠᠭᠤᠷᠢᠶᠠᠯ ᠬᠤᠳᠠ ᠶᠢᠨ ᠪᠠᠶᠢᠭᠤᠯᠤᠯᠳᠠ ᠶᠢᠨ ᠲᠦᠯᠦᠪᠵᠢᠬᠦᠯᠬᠡ︾ ᠶᠢ ᠨᠠᠶᠢᠷᠠᠭᠤᠯᠵᠤ᠂ ᠦᠪᠡᠷᠳᠡᠭᠡᠨ ᠵᠠᠰᠠᠬᠤ ᠤᠷᠤᠨ ᠤ ︽ | ᠨᠢᠬᠡ ᠲᠤᠭᠤᠷᠢᠭ ᠬᠤᠶᠠᠷ ᠰᠠᠭᠤᠷᠢᠨ︾ ᠢᠶᠠᠷ ᠵᠢᠭᠰᠠᠭᠠᠭᠳᠠᠨ ᠲᠦᠷᠦ ᠶᠢᠨ ᠶᠠᠪᠤᠳᠠᠯ ᠤᠨ ᠬᠤᠷᠢᠶ᠎ᠡ ᠳᠤ ᠮᠡᠳᠡᠬᠦᠯᠪᠡ᠃ ᠲᠡᠭᠡᠳᠦ ᠰᠢᠨ᠎ᠡ ᠮᠡᠷᠬᠡᠵᠢᠯ ᠤᠨ ᠠᠵᠤ | ᠦᠢᠯᠡᠰ ᠤᠨ ᠪᠡᠯᠡ ᠤᠷᠤᠭᠤᠯᠤᠯᠳᠡ ᠶᠢ 64.2% ᠨᠡᠮᠡᠭᠳᠡᠬᠦᠯᠵᠦ᠂ ᠤᠯᠤᠰ ᠤᠨ ᠲᠡᠰ ᠤᠨ ᠲᠡᠭᠡᠳᠦ ᠰᠢᠨ᠎ᠡ ᠮᠡᠷᠬᠡᠵᠢᠯ ᠤᠨ ᠠᠵᠤ ᠠᠬᠤᠶᠢᠯᠠᠯ 27 ᠪᠣᠯᠵᠤ᠂ | ᠬᠤᠤᠯᠢᠩᠭᠤᠤᠯ ᠤᠨ ᠠᠵᠤ ᠦᠢᠯᠡᠳᠪᠦᠷᠢ ᠶᠢᠨ ᠬᠤᠷᠤᠭ᠎ᠠ ᠦᠪᠡᠷᠳᠡᠭᠡᠨ ᠵᠠᠰᠠᠬᠤ ᠤᠷᠤᠨ ᠤ ᠲᠡᠰ ᠤᠨ ᠲᠡᠭᠡᠳᠦ ᠰᠢᠨ᠎ᠡ ᠮᠡᠷᠬᠡᠵᠢᠯ ᠤᠨ ᠠᠵᠤ ᠦᠢᠯᠡᠰ ᠤᠨ | ᠨᠡᠬᠡᠬᠡᠯᠳᠡ ᠶᠢᠨ ᠬᠤᠷᠤᠭ᠎ᠠ ᠪᠠᠷ ᠦᠨᠡᠯᠡᠭᠳᠡᠪᠡ᠃ ᠬᠤᠷᠴᠢᠨ ᠦᠬᠡᠷ ᠤᠨ ᠦᠢᠯᠡᠰ ᠵᠡᠷᠭᠡ 3 ᠠᠵᠤ ᠠᠬᠤᠶᠢᠯᠠᠯ ᠠᠩᠬᠠᠳᠤᠠᠭᠷ ᠬᠤᠭᠤᠴᠠᠭᠠᠨ ᠤ ︽ᠬᠤᠳᠠ ᠶᠢᠨ | ᠲᠠᠷᠤᠭ᠎ᠠ ᠶᠢᠨ ᠴᠢᠨᠡᠷ ᠴᠢᠨᠰᠠᠭ᠎ᠠ ᠶᠢᠨ ᠱᠠᠩᠨᠠᠯ︾ ᠬᠦᠷᠳᠡᠪᠡ᠃ ᠡᠯᠧᠺᠲᠷᠦᠨ ᠬᠤᠳᠠᠯᠳᠤᠭᠠᠨ ᠤ ᠠᠷᠯᠵᠢᠶᠠᠨ ᠤ ᠬᠡᠮᠵᠢᠶ᠎ᠡ 220.4 ᠳ᠋ᠦᠩᠰᠢᠭᠤᠷ ᠲᠦᠬᠦᠷᠢᠭ | ᠬᠦᠷᠴᠦ᠂ 20.2% ᠨᠡᠮᠡᠭᠳᠡᠵᠦ᠂ ᠱᠧᠨ ᠲᠦᠩ ᠪᠠᠷᠠᠭᠠᠨ ᠤ ᠬᠦᠢᠯᠬᠡᠬᠡᠨ ᠤ ᠬᠤᠷᠤᠭ᠎ᠠ ᠶᠢᠨ ᠲᠦᠷᠦᠯ ᠵᠦᠢᠯ ᠤᠨ ᠠᠩᠬᠠᠳᠤᠭᠠᠷ ᠬᠤᠭᠤᠴᠠᠭᠠᠨ ᠤ ᠪᠠᠷᠢᠯᠭ᠎ᠠ ᠶᠢ | ᠠᠰᠢᠭᠯᠠᠯᠳᠠ ᠳᠤ ᠤᠷᠤᠭᠤᠯᠪᠠ᠃ ᠬᠤᠷᠴᠢᠨ ᠤ ᠮᠢᠩᠭᠠᠨ ᠭᠠᠵᠠᠷ ᠤᠨ ᠦᠵᠡᠮᠵᠢ ᠶᠢᠨ ᠲᠠᠷᠳᠠᠩ ᠵᠠᠮ ᠲᠤᠮᠳᠡᠳᠦ ᠤᠯᠤᠰ ᠤᠨ ᠬᠠᠮᠤᠭ ᠬᠦᠷᠢᠶᠡᠯᠡᠯᠳᠡᠢ ᠲᠡᠷᠭᠡ | ᠪᠠᠷᠢᠵᠤ ᠵᠤᠭᠠᠴᠠᠬᠤ ᠠᠷᠪᠠᠨ ᠱᠤᠭᠤᠮ ᠳᠤ ᠰᠤᠩᠭᠤᠭᠳᠠᠵᠣ᠂ ᠮᠧᠩ ᠵᠢᠶᠠ ᠳ᠋ᠤᠸᠠᠨ ᠤ ᠨᠤᠭᠤ ᠭᠠᠵᠠᠷ ᠤᠨ ᠵᠤᠭᠠᠴᠠᠯ ᠤᠨ ᠤᠷᠤᠨ 4A ᠲᠡᠰ ᠤᠨ ᠵᠤᠭᠠᠴᠠᠯ ᠤᠨ | ᠦᠵᠡᠮᠵᠢ ᠶᠢᠨ ᠤᠷᠤᠨ ᠪᠤᠯᠪᠡ᠃ 38 ᠳ᠋ᠣᠭᠠᠷ ᠬᠤᠭᠤᠴᠠᠭᠠᠨ ᠤ ᠪᠡᠭᠡᠵᠢᠩ ᠤᠨ ᠨᠠᠭᠠᠳᠣᠮ ᠤᠨ ᠬᠤᠷᠠᠯ᠂ ᠠᠩᠬᠠᠳᠤᠭᠠᠷ ᠬᠤᠭᠤᠴᠠᠭᠠᠨ ᠤ ᠲᠦᠩᠯᠢᠶᠥᠥ ᠬᠤᠳᠠ | ᠶᠢᠨ ᠠᠯᠠᠰᠢᠨ ᠦᠬᠡᠷ ᠤᠨ ᠰᠤᠶᠤᠯ ᠤᠨ ᠠᠵᠦ ᠦᠢᠯᠡᠰ ᠤᠨ ᠦᠵᠡᠬᠦᠯᠦᠯᠬᠡ᠂ ᠪᠦᠬᠦ ᠤᠯᠤᠰ ᠤᠨ ᠦᠨᠳᠦᠰᠦᠳᠡᠨ ᠤ ᠡᠮ ᠡᠮᠨᠡᠯᠬᠡ ᠶᠢᠨ ᠲᠦᠷᠦᠬᠦᠴᠦᠳ ᠤᠨ | ᠶᠠᠷᠢᠯᠴᠠᠭᠠᠨ ᠤ ᠲᠠᠪᠴᠠᠩ ᠵᠢᠴᠢ ᠦᠪᠦᠷ ᠮᠤᠩᠭᠤᠯ ᠤᠨ ᠲᠦᠷᠪᠡᠳᠦᠭᠡᠷ ᠬᠤᠭᠤᠴᠠᠭᠠᠨ ᠤ ᠮᠤᠩᠭᠤᠯ ᠡᠮ ᠡᠮᠨᠡᠯᠬᠡ ᠶᠢᠨ ᠠᠵᠦ ᠦᠢᠯᠡᠰ ᠤᠨ ᠦᠵᠡᠬᠦᠯᠦᠯᠭᠡ ᠪᠤᠯᠤᠨ | ︽ᠨᠢᠬᠡ ᠪᠦᠰᠡ ᠨᠢᠬᠡ ᠵᠠᠮ︾ ᠤᠪᠤᠭᠠᠨ ᠲᠡᠷᠭᠡᠳᠡᠬᠢ ᠠᠭᠤᠯᠵᠠᠯᠳᠠ ᠬᠡᠮᠡᠬᠦ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ | ︵ᠲᠦᠷᠪᠠ︶ ᠦᠭᠡᠷᠡᠴᠢᠯᠡᠯᠳᠡ ᠨᠡᠬᠡᠭᠡᠯᠳᠡ ᠦᠷᠬᠦᠯᠵᠢᠯᠡᠨ ᠴᠢᠩᠭᠠᠷᠠᠵᠣ᠂ ᠬᠦᠭᠵᠢᠬᠦᠯᠦᠯᠳᠡ ᠶᠢᠨ ᠪᠠᠶᠢᠭᠤᠯᠣᠮᠵᠢ ᠶᠢᠨ ᠲᠣᠭᠳᠠᠯᠴᠠᠭ᠎ᠠ ᠣᠯᠠᠮ ᠢᠶᠠᠷ | ᠲᠡᠬᠦᠯᠳᠡᠷᠵᠢᠪᠡ᠃ | ᠭᠤᠣᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠦᠭᠡᠷᠡᠴᠢᠯᠡᠯᠳᠡ ᠢᠳᠡᠪᠬᠢᠳᠡᠢ ᠠᠬᠢᠪᠠ᠃ ᠠᠵᠣ ᠠᠬᠤᠢ ᠶᠢᠨ ᠠᠮᠢ ᠠᠬᠤᠢ ᠪᠠ ᠨᠡᠶᠢᠭᠡᠮ ᠤᠨ ᠠᠵᠢᠯ | ᠦᠢᠯᠡᠰ ᠤᠨ ᠬᠦᠷᠢᠶ᠎ᠡ ᠴᠠᠷᠠᠭ᠎ᠠ ᠳᠠᠬᠢ ᠦᠬᠡᠷᠡᠴᠢᠯᠡᠯᠳᠡ ᠶᠢᠨ ᠠᠷᠭ᠎ᠠ ᠠᠪᠴᠠᠯ ᠢ 120 ᠬᠡᠷᠡᠭᠵᠢᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠦᠭᠡᠷᠡᠴᠢᠯᠡᠯᠳᠡ ᠶᠢ ᠦᠷᠬᠦᠯᠵᠢᠯᠡᠨ ᠠᠬᠢᠭᠤᠯᠵᠣ᠂ ︽ᠨᠢᠭᠡ ᠯᠠ ᠣᠳᠠᠭ᠎ᠠ ᠳᠤ ᠰᠢᠢᠳᠪᠦᠷᠢᠯᠡᠬᠦ︾ ᠦᠬᠡᠷᠡᠴᠢᠯᠡᠯᠳᠡ ᠶᠢ ᠡᠬᠢᠯᠡᠬᠦᠯᠵᠦ᠂ ᠪᠡᠯᠡ ᠣᠷᠣᠭᠤᠯᠣᠯᠳᠠ ᠶᠢᠨ | ᠲᠦᠷᠦᠯ ᠵᠦᠢᠯ ᠢ ᠵᠡᠷᠭᠡᠪᠡᠷ ᠬᠢᠨᠡᠨ ᠵᠦᠪᠰᠢᠶᠡᠷᠡᠬᠦ᠂ ᠰᠦᠯᠵᠢᠶ᠎ᠡ ᠳᠡᠭᠡᠷ᠎ᠡ ᠬᠢᠨᠠᠨ ᠵᠦᠪᠰᠢᠶᠡᠷᠡᠬᠦ ᠶᠢ ᠲᠡᠯᠭᠡᠷᠡᠭᠦᠯᠦᠭᠰᠡᠨ ᠠᠴᠠ ᠵᠠᠬ᠎ᠠ ᠲᠡᠯᠭᠡᠭᠦᠷ ᠤᠨ ᠭᠤᠣᠯ ᠴᠣᠭᠴᠠ | ᠨᠡᠮᠡᠭᠳᠡᠭᠡᠳ 20 ᠲᠦᠮᠡᠨ ᠡᠷᠦᠬᠡ ᠪᠣᠯᠪᠠ᠃ ᠬᠤᠣᠯᠢᠩᠭᠤᠣᠯ ᠤᠨ ᠨᠡᠬᠦᠷᠡᠰᠦᠨ ᠪᠦᠯᠦᠭᠯᠡᠯ ᠬᠠᠷᠢᠶ᠎ᠠ 2 ᠠᠵᠣ ᠠᠬᠤᠶᠢᠯᠠᠯ ᠤᠨ ᠢᠶᠠᠨ ᠬᠤᠯᠢᠮᠠᠭ ᠦᠮᠴᠢᠯᠡᠯ ᠤᠨ | ᠡᠷᠬᠡ ᠶᠢᠨ ᠲᠦᠷᠢᠮ ᠤᠨ ᠦᠭᠡᠷᠡᠴᠢᠯᠡᠯᠳᠡ ᠶᠢ ᠪᠡᠶᠡᠯᠡᠬᠦᠯᠪᠡ᠃ ᠲᠠᠷᠢᠶᠠᠴᠢᠨ ᠠᠵᠣ ᠠᠬᠤᠶᠢᠯᠠᠯ ᠤᠨ ᠠᠰᠢᠭ ᠲᠣᠰᠠ ᠶᠢᠨ ᠨᠢᠭᠲᠠ ᠬᠤᠯᠪᠣᠭ᠎ᠠ ᠶᠢᠨ ᠬᠠᠷᠢᠴᠠᠯ | 60% ᠬᠦᠷᠪᠡ᠃ ᠬᠦᠳᠡᠭᠡ ᠲᠣᠰᠬᠤᠨ ᠤ ᠭᠠᠵᠠᠷ ᠰᠢᠷᠣᠢ ᠶᠢᠨ ᠡᠷᠬᠡ ᠶᠢ ᠲᠣᠭᠳᠠᠭᠠᠵᠣ ᠦᠨᠡᠮᠯᠡᠯ ᠣᠯᠭᠤᠬᠤ᠂ ᠣᠯᠣᠰ ᠤᠨ ᠦᠮᠴᠢᠯᠡᠯᠳᠦ ᠣᠢ ᠰᠢᠭᠤᠢ ᠶᠢᠨ | ᠲᠠᠯᠠᠪᠠᠢ ᠶᠢᠨ ᠦᠭᠡᠷᠡᠴᠢᠯᠡᠯᠳᠡ᠂ ᠲᠠᠷᠢᠶᠠᠯᠠᠩ ᠤᠨ ᠠᠲᠠᠷ ᠬᠠᠭᠠᠯᠪᠣᠷᠢᠯᠠᠯᠳᠠ ᠶᠢᠨ ᠦᠭᠡᠷᠡᠴᠢᠯᠡᠯᠳᠡ ᠶᠢ ᠦᠨᠳᠦᠰᠦᠨ ᠳᠡᠭᠡᠨ ᠲᠠᠭᠤᠰᠬᠠᠪᠠ᠃ 83% ᠶᠢᠨ ᠭᠠᠴᠠᠭ᠎ᠠ | ᠲᠣᠰᠬᠤᠨ ᠪᠠ ᠨᠡᠶᠢᠭᠡᠮ ᠲᠣᠭᠤᠷᠢᠭ ᠡᠳ᠋ ᠬᠦᠷᠦᠩᠬᠡ ᠪᠠᠨ ᠪᠠᠶᠢᠴᠠᠭᠠᠨ ᠬᠠᠷᠭᠤᠭᠤᠯᠬᠤ ᠠᠵᠢᠯ ᠢ ᠲᠠᠭᠤᠰᠬᠠᠪᠠ᠃ ᠲᠠᠷᠢᠶᠠᠯᠠᠩ ᠤᠨ ᠣᠰᠣᠨ ᠤ ᠦᠨ᠎ᠡ ᠳᠤ | ᠶᠡᠷᠦᠩᠬᠡᠶᠢᠯᠡᠭᠰᠡᠨ ᠦᠭᠡᠷᠡᠴᠢᠯᠡᠯᠳᠡ ᠬᠢᠬᠦ ᠠᠵᠢᠯ ᠢᠳᠡᠪᠬᠢᠳᠡᠢ ᠠᠬᠢᠴᠠ ᠲᠠᠢ ᠪᠣᠯᠪᠠ᠃ 4 ᠬᠤᠰᠢᠭᠤ ᠰᠢᠶᠠᠨ ᠤ ᠬᠦᠳᠡᠭᠡ ᠲᠣᠰᠬᠤᠨ ᠤ ᠢᠳᠡᠭᠡᠮᠵᠢᠳᠦ ᠬᠤᠷᠰᠢᠶ᠎ᠠ | ᠲᠦᠷᠢᠮ ᠢᠶᠠᠨ ᠬᠤᠪᠢᠷᠠᠭᠤᠯᠣᠨ ᠲᠠᠷᠢᠶᠠᠯᠠᠩ ᠤᠨ ᠬᠤᠳᠠᠯᠳᠤᠭ᠎ᠠ ᠶᠢᠨ ᠪᠠᠩᠭᠢ ᠪᠣᠯᠭᠠᠬᠤ ᠨᠦᠬᠦᠴᠡᠯ ᠢ ᠪᠦᠷᠢᠯᠳᠦᠬᠦᠯᠪᠡ᠃ | ᠭᠠᠳᠠᠭᠠᠳᠣ ᠲᠠᠢ ᠴᠢᠯᠦᠭᠡᠲᠡᠢ ᠶᠠᠪᠣᠯᠴᠠᠬᠤ ᠬᠢᠷᠢ ᠲᠦᠪᠰᠢᠨ ᠲᠠᠰᠣᠷᠠᠯᠳᠠ ᠦᠭᠡᠢ ᠦᠨᠳᠦᠷᠵᠢᠪᠡ᠃ ᠮᠣᠩᠭᠤᠯ ᠣᠯᠣᠰ ᠤᠨ ᠬᠡᠨᠳᠢ ᠠᠶᠢᠮᠠᠭ ᠲᠠᠢ ᠨᠦᠬᠦᠷᠰᠡᠭ | ᠬᠤᠲᠠ ᠶᠢᠨ ᠬᠠᠷᠢᠴᠠᠭ᠎ᠠ ᠪᠠᠶᠢᠭᠤᠯᠵᠣ᠂ ᠲᠣᠮᠳᠠᠳᠣ ᠡᠸᠦ᠋ᠷᠦᠫᠡ ︵ᠲᠦᠩᠯᠢᠶᠣᠣ ᠮᠠᠨᠵᠣᠣᠷ ᠡᠸᠦ᠋ᠷᠦᠫᠡ︶ ᠶᠢᠨ ᠡᠭᠡᠯᠵᠢ ᠶᠢᠨ ᠴᠤᠪᠤᠭ᠎ᠠ ᠲᠡᠷᠭᠡ ᠶᠢ ᠬᠤᠣᠰ | ᠴᠢᠭᠯᠡᠯ ᠢᠶᠠᠷ 12 ᠣᠳᠠᠭ᠎ᠠ ᠨᠡᠪᠳᠡᠷᠡᠬᠦᠯᠪᠡ᠃ ᠬᠢᠷᠢᠨ ᠮᠣᠵᠢ ᠶᠢᠨ ᠰᠧᠫᠢᠩ ᠬᠤᠲᠠ ᠲᠠᠢ ᠬᠠᠮᠵᠢᠯᠴᠠᠬᠤ ᠬᠡᠯᠡᠯᠴᠡᠬᠡᠷ ᠲᠣᠭᠳᠠᠵᠣ᠂ ᠴᠢᠩᠬᠤᠸᠠ ᠶᠡᠭᠡ ᠰᠣᠷᠭᠠᠭᠤᠯᠢ᠂ | ᠬᠢᠷᠢᠨ ᠶᠡᠭᠡ ᠰᠣᠷᠭᠠᠭᠤᠯᠢ ᠵᠡᠷᠬᠡ ᠰᠣᠷᠭᠠᠭᠤᠯᠢ ᠭᠠᠵᠠᠷ ᠣᠷᠣᠨ ᠤ ᠬᠠᠮᠵᠢᠯᠴᠠᠭ᠎ᠠ ᠪᠣᠳᠠᠳᠣ ᠠᠬᠢᠴᠠ ᠲᠠᠢ ᠪᠣᠯᠪᠠ᠃ 21 ᠠᠺᠠᠳᠧᠮᠢᠴᠢ ᠮᠡᠷᠭᠡᠵᠢᠯᠳᠡᠨ ᠢ ᠣᠶᠠᠨ | ᠬᠠᠳᠠᠨ ᠢᠶᠠᠷ ᠲᠠᠲᠠᠨ ᠣᠷᠣᠭᠤᠯᠵᠣ᠂ ᠲᠦᠩᠯᠢᠶᠣᠣ ᠬᠤᠲᠠ ᠰᠢᠨ᠎ᠡ ᠮᠠᠶ᠋ᠢᠭ ᠤᠨ ᠦᠵᠦᠭᠦᠷ ᠣᠶᠣᠨ ᠤ ᠬᠦᠮᠦᠷᠬᠡ ᠪᠠᠶᠢᠭᠤᠯᠪᠠ᠃ ᠱᠧᠨᠵᠧᠨ᠂ ᠱᠠᠩᠬᠠᠢ᠂ ᠬᠠᠩᠵᠸᠦ | ᠂ ᠦᠬᠠᠨ᠂ ᠮᠦᠭᠳᠡᠨ ᠵᠡᠷᠬᠡ ᠭᠠᠵᠠᠷ ᠲᠤ ᠬᠤᠳᠠᠯᠳᠣᠭᠠᠴᠢᠨ ᠣᠷᠢᠵᠣ ᠪᠡᠯᠡ ᠲᠠᠳᠠᠬᠤ ᠲᠦᠷᠦᠯ ᠵᠦᠢᠯ ᠤᠨ ᠲᠠᠨᠢᠯᠴᠠᠭᠤᠯᠬᠤ ᠬᠤᠷᠠᠯ ᠢ ᠬᠢᠵᠦ᠂ ᠪᠦᠬᠦ ᠵᠢᠯ ᠳᠤ | ᠳ᠋ᠦᠩᠰᠢᠭᠤᠷ ᠲᠦᠬᠦᠷᠢᠭ ᠢ ᠲᠠᠪᠠᠭᠰᠠᠨ 182 ᠲᠦᠷᠦᠯ ᠵᠦᠢᠯ ᠳᠤ ᠭᠡᠷ᠎ᠡ ᠲᠣᠭᠳᠠᠭᠠᠵᠣ ᠪᠣᠲᠠᠲᠠᠶᠢᠵᠢᠭᠤᠯᠣᠭᠰᠠᠨ ᠪᠡᠯᠡ ᠮᠦᠩᠭᠦ 183.2 ᠳ᠋ᠦᠩᠰᠢᠭᠤᠷ | ᠲᠦᠬᠦᠷᠢᠭ ᠪᠣᠯᠪᠠ᠃ | ︵ᠲᠠᠪᠤ︶ ᠠᠮᠢ ᠠᠬᠤᠢ ᠶᠢ ᠬᠠᠮᠠᠭᠠᠯᠠᠬᠤ ᠪᠠ ᠰᠡᠷᠭᠦᠬᠡᠬᠦ ᠬᠦᠴᠦᠨ ᠴᠢᠩᠭᠠᠷᠠᠵᠣ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠦᠷᠬᠦᠯᠵᠢᠯᠡᠨ ᠰᠠᠶᠢᠵᠢᠷᠠᠪᠠ᠃ | ︽ᠲᠦᠷᠪᠡᠨ ᠮᠢᠩᠭᠠᠨ ᠲᠦᠮᠡᠨ ᠮᠦ︾ ᠶᠢᠨ ᠢᠨᠵᠧᠨᠧᠷᠢᠩ ᠢ ᠣᠷᠣᠭᠰᠢᠳᠠᠢ ᠠᠬᠢᠭᠤᠯᠪᠠ᠃ ︽ᠬᠤᠶᠢᠳᠣ ᠬᠡᠰᠡᠭ ᠲᠤ ᠬᠠᠮᠠᠭᠠᠯᠠᠬᠤ᠂ ᠳᠣᠮᠳᠠᠳᠣ ᠬᠡᠰᠡᠭ ᠲᠤ | ᠣᠰᠤ ᠠᠷᠪᠢᠯᠠᠬᠤ᠂ ᠡᠮᠦᠨ᠎ᠡ ᠬᠡᠰᠡᠭ ᠲᠤ ᠡᠯᠡᠰᠦ ᠶᠢ ᠵᠠᠰᠠᠬᠤ︾ ᠶᠢ ᠪᠠᠷᠢᠮᠳᠠᠯᠠᠨ᠂ ᠪᠠᠶᠢᠭᠠᠯᠢᠯᠢᠭ ᠨᠣᠳᠤᠭ ᠪᠡᠯᠴᠢᠬᠡᠷ ᠢ 400 ᠲᠦᠮᠡᠨ ᠮᠦ ᠰᠡᠷᠭᠦᠭᠡᠵᠦ᠂ ᠬᠤᠶᠢᠳᠣ | ᠬᠡᠰᠡᠭ ᠲᠤ ᠣᠳᠣᠬᠢᠴᠢᠯᠠᠭᠰᠠᠨ ᠮᠠᠯ ᠤᠨ ᠠᠵᠣ ᠠᠬᠤᠢ ᠶᠢᠨ ᠲᠠᠭᠤᠷᠢᠶᠠᠯ ᠦᠵᠡᠬᠦᠯᠬᠦ ᠣᠷᠣᠨ ᠢ ᠡᠬᠢᠯᠡᠨ ᠪᠠᠶᠢᠭᠤᠯᠵᠣ᠂ 1080 ᠲᠦᠮᠡᠨ ᠮᠦ ᠮᠠᠯ ᠪᠡᠯᠴᠢᠭᠡᠷ ᠤᠨ | ᠲᠡᠩᠴᠡᠭᠦᠷᠢ ᠶᠢᠨ ᠣᠷᠣᠨ ᠳᠤ ᠪᠣᠭ ᠮᠠᠯ ᠢ ᠪᠦᠬᠦᠯᠢ ᠵᠢᠯ ᠪᠡᠯᠴᠢᠭᠡᠷᠯᠡᠬᠦᠯᠬᠦ ᠶᠢ ᠴᠠᠭᠠᠵᠠᠯᠠᠬᠤ᠂ ᠪᠣᠳᠠ ᠮᠠᠯ ᠢ ᠬᠠᠭᠠᠰ ᠬᠠᠰᠢᠶᠠᠯᠠᠵᠣ ᠬᠠᠭᠠᠰ ᠲᠡᠵᠢᠬᠡᠬᠦ ᠪᠠ ᠣᠷᠣᠨ | ᠬᠤᠪᠢᠶᠠᠨ ᠰᠡᠯᠬᠦᠨ ᠪᠡᠯᠴᠢᠭᠡᠷᠯᠡᠬᠦᠯᠬᠦ ᠪᠣᠯᠭᠠᠪᠠ᠃ ᠬᠦᠶᠦᠬᠡᠨ ᠪᠣᠯᠠᠵᠣ ᠲᠣᠰᠣᠯᠭᠠᠨ ᠣᠰᠣᠯᠠᠬᠤ ᠪᠠᠷ ᠭᠤᠣᠯ ᠪᠣᠯᠭᠠᠭᠰᠠᠨ ᠲᠠᠷᠢᠶᠠᠯᠠᠩ ᠤᠨ ᠦᠨᠳᠦᠷ ᠦᠷ᠎ᠡ | ᠠᠰᠢᠭᠳᠣ ᠤᠰᠤ ᠠᠷᠪᠢᠯᠠᠬᠤ ᠢᠨᠵᠧᠨᠧᠷᠢᠩ ᠢ 430 ᠲᠦᠮᠡᠨ ᠮᠦ ᠪᠠᠶᠢᠭᠤᠯᠪᠠ︔ ᠬᠦᠨᠳᠦ ᠨᠣᠴᠢᠳᠠᠢ ᠡᠯᠡᠰᠦᠷᠬᠡᠭᠵᠢᠭᠰᠡᠨ ᠣᠷᠣᠨ ᠳᠤ ᠶᠡᠷᠦᠩᠬᠡᠶᠢᠯᠡᠨ ᠵᠠᠰᠠᠬᠤ᠂ | ᠠᠮᠢ ᠠᠬᠤᠢ ᠶᠢᠨ ᠬᠤᠩᠭᠢᠯ᠂ ︽ᠵᠠᠭᠤᠨ ᠲᠦᠮᠡᠨ ᠮᠦ︾ ᠠᠵᠣ ᠠᠬᠤᠢ ᠶᠢᠨ ᠣᠢ ᠵᠡᠷᠬᠡ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠬᠦᠯᠵᠦ᠂ ᠬᠤᠷᠴᠢᠨ ᠤ | ᠡᠯᠡᠰᠦᠷᠬᠡᠭ ᠭᠠᠵᠠᠷ ᠢ 413 ᠲᠦᠮᠡᠨ ᠮᠦ ᠶᠡᠷᠦᠩᠬᠡᠶᠢᠯᠡᠨ ᠵᠠᠰᠠᠵᠣ᠂ ᠬᠦᠷᠢᠶ᠎ᠠ ᠬᠤᠰᠢᠭᠤ ᠶᠢᠨ ᠠᠭᠤᠯᠠ ᠣᠢ ᠰᠢᠭᠤᠢ ᠶᠢᠨ ᠲᠠᠯᠠᠪᠠᠢ ᠣᠯᠣᠰ ᠤᠨ ᠣᠢ ᠰᠢᠭᠤᠢ ᠶᠢᠨ | ᠴᠡᠴᠡᠷᠯᠢᠭ ᠢᠶᠠᠷ ᠨᠡᠷᠡᠯᠡᠭᠳᠡᠪᠡ᠃ | ᠠᠮᠢ ᠠᠬᠤᠢ ᠶᠢᠨ ᠲᠣᠰᠬᠠᠢ ᠵᠠᠰᠠᠯᠲᠠ ᠶᠢ ᠯᠠᠪᠳᠠᠭᠤᠨ ᠦᠷᠨᠢᠭᠦᠯᠪᠡ᠃ ᠬᠤᠤᠯᠢᠩᠭᠤᠤᠯ ᠵᠠᠳᠠᠭᠠᠢ ᠨᠡᠬᠦᠷᠡᠰᠦᠨ ᠠᠭᠤᠷᠬᠠᠢ ᠶᠢᠨ ᠠᠮᠢ ᠠᠬᠤᠢ ᠶᠢ ᠰᠡᠷᠬᠦᠭᠡᠨ | ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠰᠢᠨᠵᠢᠯᠡᠬᠦ ᠤᠬᠠᠭᠠᠨᠴᠢ ᠵᠠᠰᠠᠯᠳᠠ | ᠶᠢᠨ ᠲᠥᠰᠤᠪ ᠲᠤᠭᠳᠠᠭᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠴᠢᠩᠭᠠᠳᠬᠠᠨ ᠨᠠᠷᠢᠯᠢᠭᠵᠢᠭᠤᠯᠵᠤ᠂ ᠠᠵᠤ ᠠᠬᠤᠶᠢᠯᠠᠯ ᠤᠨ ᠤᠷᠤᠭᠤᠯᠤᠭᠰᠠᠨ | ᠴᠡᠭᠴᠡᠯᠡᠨ ᠵᠠᠰᠠᠬᠤ ᠪᠡᠯᠡ ᠮᠦᠩᠭᠦ 1.4 ᠳ᠋ᠦᠩᠰᠢᠭᠤᠷ ᠲᠦᠬᠦᠷᠢᠭ ᠬᠦᠷᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ | ᠲᠣᠭᠤᠶᠢᠯᠠᠩ ᠤᠨ ᠬᠠᠷᠢᠭᠤ ᠲᠣᠰᠬᠠᠭᠰᠠᠨ 463 ᠵᠦᠢᠯ ᠤᠨ ᠬᠠᠣᠯᠢ ᠪᠣᠰᠣ ᠪᠠᠷ ᠨᠣᠳᠤᠭ ᠪᠡᠯᠴᠢᠬᠡᠷ ᠢ ᠲᠠᠳᠠᠪᠣᠷᠢᠯᠠᠵᠣ ᠬᠡᠷᠡᠭᠯᠡᠭᠰᠡᠨ ᠠᠰᠠᠭᠤᠳᠠᠯ ᠢ ᠴᠡᠭᠴᠡᠯᠡᠨ | ᠦᠭᠡᠷᠡᠴᠢᠯᠡᠪᠡ᠃ ᠣᠢ ᠰᠢᠭᠤᠢ ᠶᠢᠨ ᠡᠬᠢ ᠪᠠᠶᠠᠯᠢᠭ ᠢ ᠡᠪᠳᠡᠭᠰᠡᠨ ᠬᠠᠣᠯᠢ ᠪᠣᠰᠣ ᠶᠢᠨ ᠶᠠᠯᠠᠳᠣ ᠠᠵᠢᠯᠯᠠᠭ᠎ᠠ ᠳᠤ ᠲᠣᠰᠬᠠᠢ ᠴᠣᠬᠢᠯᠲᠠ ᠦᠭᠬᠦ ᠠᠵᠢᠯᠯᠠᠭ᠎ᠠ ᠶᠢ | ᠬᠦᠨᠵᠡᠭᠡᠢ ᠦᠷᠨᠢᠬᠦᠯᠵᠦ᠂ ᠮᠣᠳᠣ ᠵᠠᠶᠢᠯᠠᠬᠤ ᠪᠠᠷ ᠨᠡᠷ᠎ᠡ ᠵᠢᠭᠠᠵᠣ ᠲᠠᠷᠢᠶ᠎ᠠ ᠲᠠᠷᠢᠭᠰᠠᠨ 142 ᠲᠦᠮᠡᠨ ᠮᠦ ᠭᠠᠵᠠᠷ ᠲᠤ ᠮᠣᠳᠣ ᠵᠠᠶᠢᠯᠠᠵᠣ ᠣᠶᠢᠵᠢᠭᠤᠯᠪᠠ᠃ | ᠠᠮᠢ ᠠᠬᠤᠢ ᠶᠢᠨ ᠪᠣᠯᠪᠠᠰᠤᠨ ᠤ ᠳᠦᠷᠢᠮ ᠲᠠᠰᠣᠷᠠᠯᠲᠠ ᠦᠭᠡᠢ ᠲᠡᠬᠦᠯᠳᠡᠷᠵᠢᠪᠡ᠃ ᠲᠠᠷᠢᠶ᠎ᠠ ᠶᠢᠨ ᠭᠠᠵᠠᠷ ᠢ ᠬᠠᠮᠠᠭᠠᠯᠠᠬᠤ᠂ ᠣᠰᠣᠨ ᠤ ᠰᠣᠷᠪᠣᠯᠵᠢ ᠶᠢ | ᠬᠠᠮᠢᠶᠠᠷᠬᠤ ᠬᠠᠮᠤᠭ ᠴᠢᠩᠭ᠎ᠠ ᠳᠦᠷᠢᠮ ᠢ ᠨᠠᠶᠢᠳᠠᠪᠣᠷᠢᠵᠢᠭᠤᠯᠵᠣ᠂ ︽ᠰᠠᠷᠠᠪᠴᠢᠳᠦ ᠭᠡᠷ︾ ᠤᠨ ᠠᠰᠠᠭᠤᠳᠠᠯ ᠢ ᠴᠡᠪᠡᠷᠯᠡᠨ ᠴᠡᠭᠴᠡᠯᠡᠬᠦ ᠠᠵᠢᠯ ᠳᠤ ᠱᠠᠳᠣᠴᠢ | ᠴᠢᠨᠠᠷᠳᠠᠢ ᠦᠷ᠎ᠡ ᠪᠦᠳᠦᠮᠵᠢ ᠣᠯᠵᠣ᠂ ᠣᠰᠣᠨ ᠰᠣᠷᠪᠣᠯᠵᠢ ᠶᠢᠨ ᠭᠠᠶᠢᠯᠢ ᠰᠦᠢᠳᠬᠡᠯ ᠤᠨ ᠦᠬᠡᠷᠡᠴᠢᠯᠡᠯᠳᠡ ᠶᠢᠨ ᠲᠣᠷᠰᠢᠯᠳᠠ ᠶᠢᠨ ᠴᠡᠭ ᠤᠨ ᠠᠵᠢᠯ ᠢ | ᠲᠠᠭᠤᠰᠬᠠᠪᠠ᠃ ᠭᠤᠣᠯ ᠨᠠᠭᠤᠷ ᠤᠨ ᠠᠬᠠᠯᠠᠭᠴᠢ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠭᠤᠣᠯᠳᠠᠯᠭ᠎ᠠ ᠲᠠᠢ ᠠᠵᠣ ᠠᠬᠤᠶᠢᠯᠠᠯ ᠪᠠ | ᠭᠤᠣᠯᠳᠠᠯᠭ᠎ᠠ ᠲᠠᠢ ᠪᠣᠬᠢᠷᠳᠣᠯ ᠤᠨ ᠡᠬᠢ ᠶᠢ ︽ᠭᠤᠷᠪᠠ ᠶᠢ ᠨᠢᠭᠡ ᠴᠣᠭᠴᠠᠵᠢᠭᠤᠯᠣᠨ︾ 24 ᠴᠠᠭ ᠠᠦ᠋ᠲ᠋ᠣ᠋ ᠬᠢᠨᠠᠨ ᠡᠵᠡᠮᠳᠡᠬᠦ ᠪᠠ ᠲᠣᠣᠷᠵᠢᠭᠰᠠᠨ ᠬᠠᠣᠯᠢ | ᠬᠡᠷᠡᠭᠵᠢᠬᠦᠯᠬᠦ ᠬᠢᠨᠡᠨ ᠬᠠᠮᠢᠶᠠᠷᠣᠯᠳᠠ ᠶᠢ ᠬᠠᠮᠣᠷᠣᠭᠤᠯᠪᠠ᠃ ᠣᠳᠣᠷᠢᠳᠬᠤ ᠺᠠᠳ᠋ᠷ ᠤᠨ ᠲᠣᠰᠢᠶᠠᠯ ᠤᠨ ᠬᠤᠭᠤᠴᠠᠭᠠᠨ ᠳᠤ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠥᠷᠥᠩᠭᠡ ᠶᠢ ᠬᠢᠨᠠᠨ ᠪᠣᠳᠣᠬᠤ ᠲᠣᠷᠰᠢᠯᠳᠠ ᠶᠢᠨ ᠴᠡᠭ ᠤᠨ ᠠᠵᠢᠯ ᠢ ᠲᠠᠭᠤᠰᠬᠠᠪᠠ᠃ | ︵ᠵᠢᠷᠭᠤᠭ᠎ᠠ︶ ᠠᠷᠠᠳ ᠲᠦᠮᠡᠨ ᠢᠶᠠᠷ ᠭᠤᠣᠯ ᠪᠣᠯᠭᠠᠭᠰᠠᠨ ᠬᠦᠭᠵᠢᠬᠦᠯᠦᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠠᠷᠠᠳ ᠤᠨ ᠠᠮᠢᠳᠣᠷᠠᠯ ᠤᠨ ᠵᠤᠯ | ᠵᠢᠷᠭᠠᠯ ᠲᠠᠰᠣᠷᠠᠯᠳᠠ ᠦᠭᠡᠢ ᠲᠡᠭᠡᠭᠰᠢᠯᠡᠪᠡ᠃ | ᠪᠣᠯᠪᠠᠰᠣᠨ ᠬᠤᠲᠠ ᠶᠢ ᠡᠬᠦᠳᠦᠨ ᠪᠠᠶᠢᠭᠤᠯᠣᠭᠰᠠᠨ ᠦᠷ᠎ᠡ ᠪᠦᠳᠦᠬᠡᠯ ᠢ ᠦᠷᠬᠦᠯᠵᠢᠯᠡᠨ ᠪᠠᠬᠢᠵᠢᠬᠦᠯᠪᠡ᠃ ︽ᠨᠠᠢᠮᠠᠨ ᠣᠷᠴᠢᠨ ᠲᠣᠭᠤᠷᠢᠨ︾ ᠤ | ᠪᠠᠶᠢᠭᠤᠯᠣᠯᠳᠠ ᠶᠢ ᠬᠦᠨᠵᠡᠬᠡᠢ ᠠᠬᠢᠭᠤᠯᠵᠣ᠂ ᠬᠤᠲᠠ ᠶᠢᠨ ᠰᠠᠯᠪᠢᠨ ᠵᠠᠰᠠᠯᠲᠠ᠂ ᠠᠮᠢ ᠠᠬᠤᠢ ᠶᠢᠨ ᠰᠡᠯᠪᠢᠨ ᠵᠠᠰᠠᠯᠲᠠ ᠶᠢ ᠦᠷᠨᠢᠬᠦᠯᠵᠦ᠂ ᠭᠤᠣᠯ ᠬᠤᠲᠠ ᠶᠢᠨ | ᠲᠣᠭᠤᠷᠢᠭ ᠲᠤ 94 ᠲᠠᠶᠠᠭᠳᠠᠭᠰᠠᠨ ᠲᠣᠯᠠᠭᠠᠨ ᠰᠣᠯᠢᠬᠤ ᠦᠷᠲᠡᠭᠡ᠂ ᠬᠠᠭᠤᠴᠢᠨ ᠲᠣᠭᠤᠷᠢᠭ ᠤᠨ 86 ᠲᠣᠯᠠᠭᠠᠨ ᠬᠠᠩᠭᠠᠬᠤ ᠬᠤᠭᠤᠯᠠᠢ ᠶᠢ ᠰᠢᠨᠡᠳᠭᠡᠨ ᠵᠠᠰᠠᠵᠦ᠂ | ᠭᠤᠣᠯ ᠬᠤᠲᠠ ᠲᠣᠭᠤᠷᠢᠭ ᠤᠨ ᠬᠤᠭᠤᠯᠠᠨ ᠭᠡᠷ ᠤᠨ ᠬᠤᠭ ᠨᠣᠪᠰᠢ ᠶᠢ ᠬᠤᠷᠢᠶᠠᠨ ᠠᠪᠴᠣ ᠵᠦᠭᠡᠭᠡᠪᠦᠷᠢᠯᠡᠵᠦ ᠰᠢᠢᠳᠪᠦᠷᠢᠯᠡᠬᠦ ᠶᠢ ᠴᠢᠩᠭᠠᠳᠬᠠᠵᠤ᠂ ᠬᠤᠭᠤᠯᠠᠨ | ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠪᠠᠶᠢᠭᠤᠯᠣᠨ ᠠᠰᠢᠭᠯᠠᠯᠲᠠ ᠳᠤ ᠣᠷᠣᠭᠤᠯᠪᠠ᠃ ᠬᠤᠲᠠ ᠪᠠᠯᠭᠠᠰᠣ ᠶᠢᠨ ᠪᠦᠷᠭᠡ ᠭᠡᠷ ᠤᠨ | ᠦᠭᠡᠷᠡᠴᠢᠯᠡᠯᠳᠡ ᠶᠢ 17484 ᠡᠷᠦᠬᠡ᠂ ᠬᠦᠳᠡᠭᠡ ᠲᠣᠰᠬᠤᠨ ᠮᠠᠯᠵᠢᠬᠤ ᠣᠷᠣᠨ ᠤ ᠠᠶᠣᠯᠳᠠᠢ ᠭᠡᠷ ᠪᠠᠶᠢᠰᠢᠩ ᠢ 5189 ᠡᠷᠦᠬᠡ ᠦᠭᠡᠷᠡᠴᠢᠯᠡᠨ ᠰᠠᠶᠢᠵᠢᠷᠠᠭᠤᠯᠪᠠ | ᠃ ᠬᠦᠳᠡᠭᠡ ᠲᠣᠰᠬᠤᠨ ᠮᠠᠯᠵᠢᠬᠤ ᠣᠷᠣᠨ ᠤ ᠣᠣᠭᠤᠬᠤ ᠣᠰᠣᠨ ᠤ ᠠᠶᠣᠯᠬᠦᠢ ᠶᠢ ᠪᠠᠬᠢᠵᠢᠬᠦᠯᠦᠨ ᠳᠡᠭᠡᠭᠰᠢᠯᠡᠬᠦᠯᠬᠦ ᠢᠨᠵᠧᠨᠧᠷᠢᠩ ᠢ 136 ᠪᠡᠶᠡᠯᠡᠬᠦᠯᠪᠡ᠃ | ᠬᠦᠳᠡᠭᠡ ᠲᠣᠰᠬᠤᠨ ᠮᠠᠯᠵᠢᠬᠤ ᠣᠷᠣᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠤ ᠴᠡᠭᠴᠡᠯᠡᠯᠳᠡ ᠶᠢ ᠯᠠᠪᠳᠠᠭᠤᠨ ᠠᠬᠢᠭᠤᠯᠵᠣ᠂ 1.5 ᠲᠦᠮᠡᠨ ᠡᠷᠦᠬᠡ ᠶᠢᠨ | ᠠᠮᠢᠳᠣᠷᠠᠯ ᠤᠨ ᠪᠣᠬᠢᠷ ᠣᠰᠤ ᠶᠢ ᠬᠤᠣᠷᠳᠠᠯ ᠦᠭᠡᠢ ᠪᠣᠯᠭᠠᠨ ᠰᠢᠢᠳᠪᠦᠷᠢᠯᠡᠵᠦ᠂ 2.5 ᠲᠦᠮᠡᠨ ᠡᠷᠦᠬᠡ ᠳᠤ ᠠᠷᠢᠭᠤᠨ ᠴᠡᠪᠡᠷ ᠵᠣᠷᠯᠣᠩ ᠲᠠᠢ ᠪᠣᠯᠭᠠᠪᠠ᠃ | ᠠᠵᠢᠯ ᠣᠯᠭᠤᠬᠤ ᠦᠢᠯᠡᠰ ᠪᠣᠰᠬᠠᠬᠤ ᠴᠢᠨᠠᠷ ᠴᠢᠨᠰᠠᠭ᠎ᠠ ᠲᠡᠬᠡᠭᠰᠢᠯᠡᠪᠡ᠃ 10 ᠲᠦᠮᠡᠨ ᠣᠶᠣᠲᠠᠨ ᠤ ᠠᠵᠢᠯ ᠣᠯᠬᠤ ᠦᠢᠯᠡᠰ ᠪᠣᠰᠬᠠᠬᠤ ᠲᠦᠯᠦᠪᠯᠡᠭᠡ ᠶᠢ | ᠬᠡᠷᠡᠭᠵᠢᠬᠦᠯᠵᠦ᠂ 1.5 ᠲᠦᠮᠡᠨ ᠶᠡᠭᠡ ᠰᠣᠷᠭᠠᠭᠤᠯᠢ ᠲᠡᠬᠦᠰᠦᠭᠰᠡᠨ ᠰᠣᠷᠣᠭᠴᠢ ᠠᠵᠢᠯ ᠣᠯᠵᠣ ᠦᠢᠯᠡᠰ ᠪᠣᠰᠬᠠᠪᠠ᠃ ᠲᠣᠮᠣ ᠮᠠᠶ᠋ᠢᠭ ᠤᠨ ᠡᠯᠰᠡᠬᠦ ᠲᠠᠨᠢᠯᠴᠠᠭᠤᠯᠬᠤ | ᠠᠵᠢᠯᠯᠠᠭ᠎ᠠ ᠶᠢ 83 ᠣᠳᠠᠭ᠎ᠠ ᠡᠷᠬᠢᠯᠡᠵᠦ᠂ 43 ᠦᠢᠯᠡᠰ ᠪᠣᠰᠬᠠᠬᠤ ᠲᠣᠭᠤᠷᠢᠭ ᠪᠠ ᠨᠡᠪᠴᠢᠬᠦᠯᠬᠦ ᠰᠠᠭᠤᠷᠢᠨ ᠭᠠᠵᠠᠷ ᠢ ᠰᠠᠶᠢᠵᠢᠷᠠᠭᠤᠯᠣᠨ ᠲᠡᠬᠦᠯᠳᠡᠷᠵᠢᠬᠦᠯᠵᠦ᠂ | ᠬᠤᠲᠠ ᠪᠠᠯᠭᠠᠰᠣᠨ ᠤ 1.73 ᠲᠦᠮᠡᠨ ᠬᠦᠮᠦᠨ ᠳᠤ ᠰᠢᠨ᠎ᠡ ᠪᠠᠷ ᠠᠵᠢᠯ ᠣᠯᠭᠤᠵᠣ᠂ ᠬᠤᠲᠠ ᠪᠠᠯᠭᠠᠰᠣᠨ ᠤ ᠳᠠᠩᠰᠠᠯᠠᠭᠤᠯᠣᠭᠰᠠ ᠠᠵᠢᠯ ᠠᠯᠳᠠᠭᠰᠠᠨ ᠨᠣᠷᠮ᠎ᠠ 3. | 58% ᠪᠣᠯᠪᠠ᠃ ᠠᠵᠢᠯ ᠠᠯᠳᠠᠭᠰᠠᠨ ᠲᠠᠭᠠᠳᠬᠠᠯ ᠠᠵᠣ ᠠᠬᠤᠶᠢᠯᠠᠯ ᠢ ᠲᠣᠰᠠᠯᠠᠵᠣ ᠠᠵᠢᠯ ᠤᠨ ᠪᠠᠶᠢᠷᠢ ᠶᠢ ᠲᠣᠭᠳᠠᠭᠤᠨ ᠪᠣᠯᠭᠠᠬᠤ ︽ᠬᠠᠮᠠᠭᠠᠯᠠᠬᠤ ᠠᠵᠢᠯᠯᠠᠭ᠎ᠠ︾ | ᠦᠷᠨᠢᠭᠦᠯᠵᠦ᠂ 2112 ᠲᠦᠮᠡᠨ ᠲᠦᠬᠦᠷᠢᠭ ᠪᠡᠯᠡ ᠮᠦᠩᠭᠦ ᠲᠠᠷᠬᠠᠭᠠᠪᠠ᠃ ᠴᠡᠷᠢᠭ ᠠᠴᠠ ᠬᠠᠯᠠᠭᠳᠠᠭᠰᠠᠳ ᠢ ᠲᠦᠪᠬᠢᠨᠡᠬᠦᠯᠬᠦ ᠠᠵᠢᠯ ᠢ ᠠᠬᠢᠭᠤᠯᠵᠣ᠂ | ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠬᠠᠮᠢᠶᠠᠷᠣᠯᠲᠠ ᠶᠢᠨ ᠠᠵᠢᠯ ᠣᠯᠠᠮ ᠢᠶᠠᠷ ᠴᠢᠩᠭᠠᠷᠠᠪᠠ᠃ | ᠰᠣᠷᠭᠠᠨ ᠬᠦᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢᠨ ᠴᠢᠳᠠᠪᠣᠷᠢ ᠴᠢᠩᠭᠠᠷᠠᠪᠠ᠃ ᠣᠯᠠᠨ ᠠᠷᠭ᠎ᠠ ᠬᠡᠯᠪᠡᠷᠢ ᠪᠠᠷ 515 ᠪᠠᠭᠰᠢ ᠨᠦᠬᠦᠪᠦᠷᠢᠯᠡᠪᠡ᠃ | ᠬᠠᠷᠠᠭᠠᠯᠵᠠᠯ ᠤᠨ ᠴᠢᠨᠠᠷᠳᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ 28 ᠰᠢᠨ᠎ᠡ ᠪᠠᠷ ᠨᠡᠮᠡᠭᠳᠡᠵᠦ᠂ ᠭᠤᠣᠯ ᠬᠤᠲᠠ ᠲᠣᠭᠤᠷᠢᠭ ᠲᠤ ᠪᠠᠭ᠎ᠠ | ᠰᠣᠷᠭᠠᠭᠤᠯᠢ᠂ ᠲᠣᠮᠳᠠᠳᠣ ᠰᠣᠷᠭᠠᠭᠤᠯᠢ 3 ᠰᠢᠨ᠎ᠡ ᠪᠠᠷ ᠨᠡᠮᠡᠭᠳᠡᠪᠡ᠃ ᠬᠤᠰᠢᠭᠤ ᠰᠢᠶᠠᠨ ᠤ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠲᠡᠩᠴᠡᠬᠦᠷᠢ ᠲᠠᠢ | ᠬᠦᠭᠵᠢᠬᠦᠯᠦᠯᠳᠡ ᠪᠦᠬᠦᠨ ᠢᠶᠠᠷ ᠢᠶᠠᠨ ᠣᠯᠣᠰ ᠤᠨ ᠬᠢᠨᠡᠨ ᠦᠨᠡᠯᠡᠯᠳᠡ ᠶᠢ ᠦᠩᠬᠡᠷᠡᠭᠦᠯᠵᠦ᠂ ᠡᠬᠢᠯᠡᠩᠭᠦᠲᠡ ︽ᠣᠯᠠᠨ ᠰᠣᠷᠣᠭᠴᠢ ᠲᠠᠢ ᠠᠩᠬᠢ︾ ᠶᠢ | ᠦᠨᠳᠦᠰᠦᠨ ᠳᠡᠭᠡᠨ ᠦᠬᠡᠶᠢᠰᠬᠡᠵᠦ᠂ ᠰᠣᠷᠭᠠᠭᠤᠯᠢ ᠶᠢᠨ ᠭᠠᠳᠠᠨᠠᠬᠢ ᠪᠣᠯᠪᠠᠰᠣᠷᠠᠭᠤᠯᠬᠤ ᠪᠠᠶᠢᠭᠤᠯᠣᠮᠵᠢ ᠶᠢ ᠵᠠᠰᠠᠭᠰᠠᠨ ᠠᠵᠢᠯ ᠠᠩᠬ᠎ᠠ ᠦᠷ᠎ᠡ ᠪᠦᠳᠦᠮᠵᠢ ᠣᠯᠪᠠ᠃ | ᠬᠤᠲᠠ ᠶᠢᠨ ᠠᠵᠣ ᠦᠢᠯᠡᠳᠪᠦᠷᠢ ᠶᠢᠨ ᠠᠵᠢᠯ ᠮᠡᠷᠬᠡᠵᠢᠯ ᠤᠨ ᠰᠣᠷᠭᠠᠭᠤᠯᠢ ᠠᠰᠢᠭᠯᠠᠯᠲᠠ ᠳᠤ ᠣᠷᠣᠵᠣ᠂ ᠲᠦᠩᠯᠢᠶᠣᠣ ᠶᠢᠨ ᠠᠵᠢᠯ ᠮᠡᠷᠬᠡᠵᠢᠯ ᠤᠨ ᠰᠣᠷᠭᠠᠭᠤᠯᠢ | ᠮᠣᠩᠭᠤᠯ ᠡᠮᠨᠡᠯᠭᠡ ᠶᠢᠨ ᠠᠨᠠᠭᠠᠬᠤ ᠣᠬᠠᠭᠠᠨ ᠪᠠ ᠠᠮᠠᠨ ᠬᠦᠨᠳᠡᠢ ᠶᠢᠨ ᠠᠨᠠᠭᠠᠬᠤ ᠣᠬᠠᠭᠠᠨ ᠤ ᠲᠣᠰᠬᠠᠢ ᠮᠡᠷᠬᠡᠵᠢᠯ ᠢ ᠲᠣᠬᠢᠷᠠᠭᠤᠯᠬᠤ ᠵᠦᠪᠰᠢᠶᠡᠷᠡᠯ ᠣᠯᠪᠠ᠃ | ᠡᠷᠡᠬᠦᠯ ᠬᠠᠮᠠᠭᠠᠯᠠᠯ ᠡᠷᠡᠬᠦᠯ ᠴᠢᠬᠢᠷᠠᠭ ᠤᠨ ᠦᠢᠯᠡᠴᠢᠯᠡᠭᠡ ᠲᠠᠰᠣᠷᠠᠯᠲᠠ ᠦᠬᠡᠢ ᠰᠠᠶᠢᠵᠢᠷᠠᠪᠠ᠃ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ | ᠶᠡᠷᠦᠩᠬᠡᠢ ᠦᠭᠡᠷᠡᠴᠢᠯᠡᠯᠳᠡ ᠶᠢ ᠲᠣᠭᠳᠠᠭᠤᠨ ᠠᠬᠢᠭᠤᠯᠵᠣ᠂ ᠺᠠᠩ ᠮᠸᠢ ︵ᠲᠦᠩᠯᠢᠶᠣᠣ︶ ᠡᠮᠨᠡᠯᠬᠡ ᠶᠢᠨ ᠬᠤᠷᠢᠶ᠎ᠠ ᠶᠢᠨ ᠬᠤᠷᠰᠢᠬᠤ ᠲᠦᠷᠦᠯ ᠵᠦᠢᠯ᠂ ᠬᠤᠷᠴᠢᠨ | ᠲᠣᠭᠤᠷᠢᠭ ᠤᠨ ᠲᠦᠷᠪᠡᠳᠦᠭᠡᠷ ᠡᠮᠨᠡᠯᠬᠡ ᠶᠢᠨ ᠬᠤᠷᠢᠶ᠎ᠠ ᠶᠢᠨ ᠡᠮᠨᠡᠬᠦ ᠰᠣᠪᠢᠯᠠᠬᠤ ᠶᠢ ᠣᠶᠠᠯᠳᠣᠭᠤᠯᠣᠭᠰᠠᠨ ᠲᠦᠷᠦᠯ ᠵᠦᠢᠯ ᠢ ᠡᠬᠢᠯᠡᠨ ᠪᠠᠶᠢᠭᠤᠯᠵᠣ᠂ 14 | ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠪᠠ 39 ᠰᠣᠮᠣ ᠪᠠᠯᠭᠠᠰᠣᠨ ᠤ ᠡᠷᠡᠬᠦᠯ ᠬᠠᠮᠠᠭᠠᠯᠠᠯ ᠤᠨ ᠬᠤᠷᠢᠶ᠎ᠠ ᠳᠤ ᠠᠯᠣᠰ ᠡᠵᠡᠮᠰᠢᠯᠳᠦ ᠡᠮᠨᠡᠯᠬᠡ ᠶᠢᠨ | ᠰᠢᠰᠲ᠋ᠧᠮ ᠨᠡᠪᠳᠡᠷᠡᠬᠦᠯᠵᠣ᠂ 15 ᠡᠮᠨᠡᠯᠬᠡ ᠶᠢᠨ ᠬᠤᠷᠢᠶ᠎ᠠ ᠮᠣᠵᠢ ᠠᠯᠣᠰᠯᠠᠨ ᠦᠬᠡᠷ᠎ᠡ ᠭᠠᠵᠠᠷ ᠡᠮᠨᠡᠭᠦᠯᠦᠬᠡᠳ ᠰᠢᠭᠤᠳ ᠲᠣᠭᠠᠴᠠᠭ᠎ᠠ ᠬᠢᠬᠦ ᠪᠣᠯᠪᠠ᠃ 6 ᠳ᠋ᠣᠭᠠᠷ | ᠣᠳᠠᠭ᠎ᠠ ︽ᠪᠦᠬᠦ ᠣᠯᠣᠰ ᠤᠨ ᠲᠦᠯᠦᠪᠦᠷᠢ ᠦᠬᠡᠢ ᠴᠢᠰᠣ ᠬᠠᠨᠳᠢᠪᠯᠠᠭᠰᠠᠨ ᠲᠡᠷᠢᠬᠦᠨ ᠤ ᠬᠤᠲᠠ︾ ᠶᠢᠨ ᠢᠷᠠᠭᠤ ᠠᠯᠳᠠᠷ ᠢ ᠣᠯᠪᠠ᠃ | ᠰᠣᠶᠣᠯ ᠪᠡᠶ᠎ᠡ ᠲᠠᠮᠢᠷ ᠤᠨ ᠦᠢᠯᠡᠰ ᠲᠦᠷᠬᠡᠨ ᠬᠦᠭᠵᠢᠪᠡ᠃ ᠦᠨᠳᠦᠰᠦᠳᠡᠨ ᠤ ᠣᠯᠠᠮᠵᠢᠯᠠᠯᠳᠣ ᠰᠣᠶᠣᠯ ᠢᠶᠠᠨ ᠵᠠᠯᠭᠠᠮᠵᠢᠯᠠᠨ ᠬᠦᠭᠵᠢᠬᠦᠯᠵᠦ᠂ ᠪᠣᠳᠠᠰ ᠤᠨ | ᠪᠤᠰᠣ ᠰᠣᠶᠣᠯ ᠤᠨ ᠥᠪ ᠤᠨ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠪᠠ᠃ ᠦᠪᠡᠷᠳᠡᠬᠡᠨ ᠵᠠᠰᠠᠬᠤ ᠣᠷᠣᠨ ᠤ ᠲᠡᠰ ᠤᠨ ᠮᠣᠷᠢᠨ ᠬᠤᠭᠤᠷ ᠵᠡᠷᠬᠡ | ᠰᠣᠶᠣᠯ ᠤᠨ ᠨᠡᠷᠡᠳᠦ ᠵᠦᠢᠯ ᠤᠨ ᠣᠷᠣᠯᠳᠣᠭᠠᠨ ᠢ ᠵᠣᠬᠢᠶᠠᠨ ᠪᠠᠶᠢᠭᠤᠯᠣᠨ ᠡᠷᠬᠢᠯᠡᠪᠡ᠃ ᠪᠦᠬᠦ ᠣᠷᠣᠨ ᠤ ᠣᠯᠠᠭᠠᠨᠮᠦ᠋ᠴᠢᠷ ᠤᠨ ᠵᠡᠬᠦᠨ ᠣᠷᠣᠨ ᠤ ᠪᠣᠯᠪᠠᠰᠣᠷᠠᠯ ᠤᠨ | ᠰᠠᠭᠤᠷᠢᠨ ᠭᠠᠵᠠᠷ ᠲᠦᠩᠯᠢᠶᠣᠣ ᠳᠤ ᠫᠠᠶᠢᠰᠠ ᠡᠯᠭᠦᠨ ᠡᠷᠦᠬᠡ ᠪᠠᠨ ᠰᠡᠬᠦᠭᠡᠪᠡ᠃ ᠲᠦᠩᠯᠢᠶᠣᠣ ᠬᠤᠲᠠ ᠶᠢᠨ ᠠᠷᠠᠳ ᠤᠨ ᠪᠡᠶ᠎ᠡ ᠴᠢᠬᠢᠷᠠᠭᠵᠢᠭᠤᠯᠬᠤ ᠲᠥᠪ ᠤᠨ | ᠭᠤᠣᠯ ᠴᠣᠭᠴᠠ ᠶᠢᠨ ᠪᠠᠷᠢᠯᠭ᠎ᠠ ᠶᠢ ᠲᠠᠭᠤᠰᠬᠠᠵᠣ᠂ ᠠᠩᠬᠠᠳᠣᠭᠠᠷ ᠬᠤᠭᠤᠴᠠᠭᠠᠨ ᠤ ᠬᠤᠷᠴᠢᠨ ᠤ ᠲᠠᠮᠢᠷ ᠤᠨ ᠣᠷᠣᠯᠳᠣᠭᠠᠨ ᠡᠷᠬᠢᠯᠡᠵᠦ᠂ ᠲᠠᠮᠢᠷ ᠢᠶᠠᠷ ᠪᠡᠶ᠎ᠡ | ᠴᠢᠬᠢᠷᠠᠭᠵᠢᠭᠤᠯᠬᠤ ᠶᠠᠪᠣᠳᠠᠯ ᠬᠤᠲᠠ ᠬᠦᠳᠡᠭᠡ ᠶᠢᠨ ᠠᠷᠠᠳ ᠲᠦᠮᠡᠨ ᠢ ᠬᠠᠮᠣᠷᠪᠠ᠃ ᠬᠥᠯ ᠪᠥᠮᠪᠦᠭᠡ ᠶᠢᠨ ᠥᠭᠡᠷᠡᠴᠢᠯᠡᠯᠲᠡ ᠬᠦᠭᠵᠢᠬᠦᠯᠦᠯᠳᠡ ᠲᠠᠰᠤᠷᠠᠯᠲᠠ ᠥᠭᠡᠢ | ᠬᠥᠨᠵᠡᠭᠡᠶᠢᠷᠡᠵᠤ᠂ ᠤᠯᠠᠨ ᠵᠥᠢᠯ ᠤᠨ ᠤᠷᠤᠯᠲᠤᠭᠠᠨ ᠳᠤ ᠲᠡᠷᠢᠬᠦᠯᠡᠪᠡ᠃ | ᠨᠡᠶᠢᠭᠡᠮ ᠤᠨ ᠪᠠᠲᠤᠯᠠᠭ᠎ᠠ ᠶᠢᠨ ᠲᠥᠪᠰᠢᠨ ᠯᠠᠪᠲᠠᠭᠤᠨ ᠢᠶᠠᠷ ᠲᠡᠭᠡᠭᠰᠢᠯᠡᠪᠡ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠬᠤᠲᠠ ᠬᠥᠲᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠰᠠᠷ᠎ᠠ ᠳᠤ ᠬᠥᠮᠤᠨ ᠪᠥᠷᠢ ᠲᠡᠭᠰᠢᠳᠭᠡᠭᠡᠳ 134.5 ᠲᠥᠬᠦᠷᠢᠭ᠂ 18 ᠲᠥᠬᠦᠷᠢᠭ ᠨᠡᠮᠡᠭᠲᠡᠪᠡ᠃ | ᠬᠤᠲᠠ ᠬᠥᠲᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ ᠳᠤ ᠡᠯ᠎ᠡ ᠱᠠᠲᠤᠨ ᠤ ᠡᠳ᠋ ᠤᠨ ᠵᠠᠰᠠᠭ ᠨᠥᠬᠦᠪᠥᠷᠢᠯᠡᠭᠡᠳ 490 ᠲᠥᠬᠦᠷᠢᠭ ᠪᠣᠯᠭᠠᠵᠣ᠂ | ᠥᠨᠲᠤᠰᠤᠨ ᠡᠮᠨᠡᠯᠭᠡ ᠶᠢᠨ ᠲᠠᠭᠠᠳᠬᠠᠯ᠂ ᠬᠥᠨᠲᠤ ᠡᠪᠡᠳᠴᠢᠨ ᠤ ᠲᠠᠭᠠᠳᠬᠠᠯ᠂ ᠡᠮᠨᠡᠯᠭᠡ ᠶᠢᠨ ᠠᠪᠤᠷᠠᠨ ᠲᠤᠰᠠᠯᠠᠬᠤ᠂ ᠠᠷᠠᠯᠵᠢᠶᠠᠨ ᠤ ᠨᠥᠬᠦᠪᠤᠷᠢ ᠲᠠᠭᠠᠳᠬᠠᠯ ᠵᠡᠷᠭᠡ | ᠤᠯᠠᠨ ᠵᠦᠢᠯ ᠢ ᠨᠢᠭᠡ ᠴᠤᠭᠴᠠᠵᠢᠭᠤᠯᠤᠭᠰᠠᠨ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠴᠢᠨᠠᠭᠰᠢᠲᠠ ᠲᠡᠭᠦᠯᠳᠡᠷᠵᠢᠪᠡ᠃ ᠬᠤᠲᠠ ᠶᠢᠨ ᠨᠠᠭᠠᠲᠤ ᠵᠠᠬ᠎ᠠ ᠶᠢᠨ | ᠠᠮᠢᠲᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠪᠠ ᠨᠥᠬᠦᠪᠤᠷᠢ ᠶᠢᠨ ᠲᠥᠪᠰᠢᠨ ᠰᠠᠷ᠎ᠠ ᠳᠤ ᠬᠥᠮᠥᠨ ᠪᠥᠷᠢ ᠲᠡᠭᠰᠢᠳᠭᠡᠭᠡᠳ 670 ᠲᠥᠬᠦᠷᠢᠭ᠂ 500 ᠲᠥᠬᠦᠷᠢᠭ | ᠬᠦᠷᠴᠦ᠂ ᠬᠥᠲᠡᠭᠡ ᠲᠤᠰᠬᠤᠨ ᠤ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠪᠠ ᠨᠥᠬᠦᠪᠤᠷᠢ ᠶᠢᠨ ᠲᠥᠪᠰᠢᠨ ᠵᠢᠯ ᠳᠤ ᠬᠥᠮᠤᠨ ᠪᠥᠷᠢ | ᠲᠡᠭᠰᠢᠳᠭᠡᠭᠡᠳ ᠲᠤᠰ ᠲᠣᠰ 5150 ᠲᠥᠬᠦᠷᠢᠭ᠂ 3200 ᠲᠥᠬᠦᠷᠢᠭ ᠪᠤᠯᠪᠠ᠃ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ | ᠪᠠᠨ ᠴᠢᠩᠭᠠᠳᠬᠠᠵᠤ᠂ ᠬᠠᠤᠯᠢ ᠲᠤᠭᠲᠠᠭᠠᠯ ᠠᠴᠠ ᠵᠥᠷᠢᠴᠡᠭᠰᠡᠨ ᠪᠡᠯᠡ ᠮᠦᠩᠭᠦ ᠶᠢ 1504 ᠲᠦᠮᠡᠨ ᠲᠥᠬᠦᠷᠢᠭ ᠨᠡᠭᠡᠨ ᠲᠤᠰᠢᠶᠠᠯᠭᠠᠪᠠ᠃ ᠪᠠᠷᠢᠯᠭ᠎ᠠ ᠶᠢᠨ ᠬᠥᠷᠢᠶ᠎ᠠ | ᠴᠠᠷᠠᠭ᠎ᠠ ᠳᠤ ᠲᠠᠷᠢᠶᠠᠴᠢᠨ ᠮᠠᠯᠴᠢᠨ ᠬᠥᠯᠥᠰᠤᠨ ᠠᠵᠢᠯᠴᠢᠨ ᠥᠨᠡᠨ ᠨᠡᠷ᠎ᠡ ᠪᠠᠷ ᠢᠶᠠᠨ ᠲᠠᠩᠰᠠᠯᠠᠭᠤᠯᠬᠤ ᠲᠥᠷᠢᠮ ᠢ ᠪᠥᠬᠦ ᠲᠠᠯ᠎ᠠ ᠪᠠᠷ ᠬᠡᠷᠡᠭᠵᠢᠬᠦᠯᠵᠦ᠂ ᠵᠥᠢ | ᠶᠤᠰᠤᠨ ᠤ ᠡᠷᠭᠡ ᠠᠰᠢᠭ ᠢ ᠪᠥᠲᠤᠮᠵᠢᠲᠡᠢ ᠬᠠᠮᠠᠭᠠᠯᠠᠪᠠ᠃ | ᠨᠡᠶᠢᠲᠡ ᠶᠢᠨ ᠠᠮᠤᠷ ᠲᠥᠪᠰᠢᠨ ᠤ ᠪᠠᠶᠢᠲᠠᠯ ᠲᠤᠭᠲᠠᠭᠤᠨ ᠢᠶᠠᠷ ᠰᠠᠶᠢᠵᠢᠷᠠᠪᠠ᠃ ᠠᠮᠤᠭᠤᠯᠠᠩ ᠲᠥᠩᠯᠢᠶᠤᠤ ᠶᠢᠨ ᠪᠠᠶᠢᠭᠤᠯᠤᠯᠲᠠ ᠶᠢ ᠥᠷᠬᠦᠯᠵᠢᠯᠡᠨ | ᠠᠬᠢᠭᠤᠯᠵᠤ᠂ ᠠᠶᠤᠯᠬᠦᠢ ᠥᠢᠯᠡᠳᠪᠤᠷᠢᠯᠠᠯ ᠤᠨ ᠭᠡᠨᠡᠳᠡᠯ ᠤᠨ ᠲᠤᠭ᠎ᠠ ᠪᠠ ᠠᠳᠡᠭᠰᠡᠨ ᠬᠥᠮᠤᠨ ᠤ ᠲᠤᠭ᠎ᠠ ᠲᠤᠰᠪᠤᠷᠢ 33.3% ᠪᠠ 13.4% ᠲᠤᠷᠤᠭᠰᠢᠯᠠᠵᠤ᠂ | ᠵᠠᠮ ᠬᠠᠷᠢᠯᠴᠠᠭᠠᠨ ᠤ ᠠᠲᠡᠯ ᠳᠤ ᠥᠬᠦᠭᠰᠡᠨ ᠬᠥᠮᠤᠨ ᠤ ᠲᠤᠭ᠎ᠠ ᠨᠢᠲᠤᠨᠤᠨ ᠤ ᠬᠢ ᠠᠴᠠ 209 ᠬᠥᠮᠤᠨ ᠪᠠᠭᠠᠰᠪᠠ᠃ ᠨᠢᠭᠡ ᠪᠥᠯᠥᠭ ᠤᠯᠠᠨ ᠵᠢᠯ ᠥᠯᠡᠲᠡᠵᠤ | ᠢᠷᠡᠭᠰᠡᠨ ᠵᠠᠬᠢᠲᠠᠯ ᠰᠤᠷᠪᠤᠯᠵᠢᠯᠠᠯ ᠤᠨ ᠠᠰᠠᠭᠤᠲᠠᠯ ᠢ ᠲᠥᠢᠯᠪᠤᠷᠢᠲᠡᠢ ᠰᠢᠢᠳᠪᠥᠷᠢᠯᠡᠪᠠ᠃ ᠢᠲᠡᠭᠡᠨ ᠡᠮ ᠤᠨ ᠵᠥᠢᠯ ᠳᠤ ᠬᠢᠨᠡᠯᠲᠡ ᠲᠠᠯᠪᠢᠬᠤ ᠪᠠᠨ ᠴᠢᠩᠭᠠᠳᠬᠠᠵᠤ᠂ | 1200 ︽ᠲᠠᠪᠤᠨ ᠪᠠᠭ᠎ᠠ ᠨᠢᠭᠡ ᠲᠠᠯᠠᠪᠠᠢ︾ ᠶᠢᠨ ᠲᠠᠰ ᠲᠡᠪᠰᠢᠭᠦᠯᠬᠦ ᠥᠭᠡᠷᠡᠴᠢᠯᠡᠯᠲᠡ ᠶᠢ ᠪᠡᠶᠡᠯᠡᠬᠦᠯᠵᠥ᠂ ᠶᠡᠷᠥᠩᠭᠡᠢ ᠲᠤᠭ᠎ᠠ ᠶᠢᠨ 50% ᠠᠴᠠ ᠲᠡᠭᠡᠭᠰᠢᠬᠢ ᠶᠢ | ᠡᠵᠡᠯᠡᠪᠡ᠃ ᠥᠬᠡᠷ ᠤᠨ ᠪᠣᠭᠤᠮ᠎ᠠ ᠡᠪᠡᠳᠴᠢᠨ ᠢ ᠪᠥᠲᠤᠮᠵᠢᠲᠡᠢ ᠰᠡᠷᠭᠡᠶᠢᠯᠡᠨ ᠬᠢᠵᠠᠭᠠᠷᠯᠠᠵᠤ᠂ ᠠᠹᠷᠢᠺᠠ ᠶᠢᠨ ᠭᠠᠭ᠋ᠠᠢ ᠶᠢᠨ ᠬᠢᠵᠢᠭ ᠤᠨ ᠪᠠᠶᠢᠲᠠᠯ ᠢ ᠬᠤᠷᠢᠭᠯᠠᠪᠠ᠃ | ᠬᠠᠷ᠎ᠠ ᠪᠥᠯᠥᠭᠲᠡᠨ ᠬᠠᠷᠬᠢᠰ ᠬᠥᠴᠤᠨ ᠢ ᠠᠷᠢᠯᠭᠠᠬᠤ ᠲᠤᠰᠬᠠᠢ ᠲᠡᠮᠡᠴᠡᠯ ᠢ ᠬᠥᠨᠵᠡᠭᠡᠢ ᠥᠷᠨᠢᠬᠦᠯᠵᠥ᠂ ᠬᠠᠷ᠎ᠠ ᠨᠡᠶᠢᠭᠡᠮ ᠤᠨ ᠴᠢᠨᠠᠷ ᠲᠠᠢ ᠵᠤᠬᠢᠶᠠᠨ ᠪᠠᠶᠢᠭᠤᠯᠤᠯᠲᠠ ᠶᠢ | 4᠂ ᠬᠠᠷᠬᠢᠰ ᠬᠦᠴᠦᠨ ᠤ ᠪᠦᠯᠬᠦᠮ 100᠂ ᠬᠠᠷᠬᠢᠰ ᠬᠥᠴᠤᠨ ᠤ ᠶᠠᠯᠠᠲᠤ ᠠᠵᠢᠯᠯᠠᠭ᠎ᠠ ᠳᠤ ᠬᠤᠯᠪᠤᠭᠲᠠᠭᠰᠠᠨ 10 ᠪᠦᠯᠦᠭᠯᠡᠯ ᠳᠤ ᠴᠤᠬᠢᠯᠲᠠ ᠥᠭᠪᠡ᠃ 31 | ᠠᠮᠢᠨ ᠬᠡᠷᠡᠭ ᠲᠤ ᠬᠤᠯᠪᠣᠭᠳᠠᠭᠰᠠᠨ ᠬᠡᠷᠡᠭ ᠢ ᠪᠦᠷ ᠲᠠᠩᠨᠠᠨ ᠢᠯᠡᠷᠡᠬᠦᠯᠵᠥ᠂ ᠡᠷᠡᠬᠦᠤ ᠶᠢᠨ ᠶᠠᠯᠠᠲᠤ ᠬᠡᠷᠡᠭ ᠤᠨ ᠰᠢᠨ᠎ᠡ ᠬᠡᠷᠡᠭ ᠤᠨ ᠰᠢᠢᠳᠪᠥᠷᠢᠯᠡᠯᠲᠡ ᠶᠢᠨ ᠨᠤᠷᠮ᠎ᠠ | 60.3% ᠳᠤ ᠬᠥᠷᠴᠤ᠂ 10 ᠵᠢᠯ ᠠᠴᠠ ᠲᠡᠭᠡᠭᠰᠢ ᠲᠠᠷᠤᠭᠲᠠᠭᠰᠠ ᠠᠮᠢᠨ ᠬᠡᠷᠡᠭ ᠢ 10 ᠲᠠᠩᠨᠠᠨ ᠢᠯᠡᠷᠡᠬᠦᠯᠵᠥ᠂ ᠠᠷᠠᠳ ᠤᠯᠠᠨ ᠤ ᠠᠮᠤᠷ ᠲᠥᠪᠰᠢᠨ ᠤ | ᠲᠥᠷᠥᠭᠲᠡᠯ ᠢ ᠤᠯᠠᠮ ᠨᠢᠭᠡ ᠠᠯᠬᠤᠮ ᠲᠡᠭᠡᠭᠰᠢᠯᠡᠬᠦᠯᠪᠡ᠃ | ᠡᠯ᠎ᠡ ᠲᠦᠷᠦᠯ ᠤᠨ ᠨᠡᠶᠢᠬᠡᠮ ᠤᠨ ᠦᠢᠯᠡᠰ ᠢ ᠪᠦᠬᠦ ᠲᠠᠯ᠎ᠠ ᠪᠠᠷ ᠠᠬᠢᠭᠤᠯᠪᠠ᠃ ᠦᠨᠳᠦᠰᠦᠳᠡᠨ ᠤ ᠪᠥᠯᠬᠦᠮᠲᠠᠯ ᠲᠠᠪᠰᠢᠯᠲᠠ ᠶᠢᠨ ᠡᠭᠦᠳᠦᠯᠳᠡ ᠶᠢᠨ | ᠠᠵᠢᠯᠯᠠᠭ᠎ᠠ ᠶᠢ ᠬᠥᠨᠵᠡᠭᠡᠢ ᠥᠷᠨᠢᠬᠦᠯᠵᠥ᠂ ᠱᠠᠰᠢᠨ ᠰᠤᠷᠳᠠᠬᠤᠨ ᠤ ᠶᠠᠪᠤᠳᠠᠯ ᠢ ᠬᠠᠤᠯᠢ ᠶᠤᠰᠤᠭᠠᠷ ᠬᠠᠮᠢᠶᠠᠷᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠲᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠴᠡᠷᠢᠭ ᠢᠶᠠᠨ ᠬᠥᠷᠢᠶᠡᠯᠡᠨ ᠴᠡᠷᠢᠭ ᠤᠨ ᠭᠡᠷ | ᠪᠥᠯᠢ ᠶᠢ ᠬᠠᠷᠠᠭᠠᠯᠵᠠᠬᠤ ᠠᠵᠢᠯ ᠢ ᠢᠲᠡᠪᠬᠢᠲᠡᠢ ᠥᠷᠨᠢᠬᠦᠯᠵᠥ᠂ ᠴᠡᠷᠢᠭ ᠠᠩᠬᠢ ᠶᠢᠨ ᠪᠠᠶᠢᠭᠤᠯᠤᠯᠲᠠ ᠶᠢ ᠲᠠᠮᠵᠢᠵᠤ᠂ ᠴᠡᠷᠢᠭ ᠵᠠᠰᠠᠭ ᠴᠡᠷᠢᠭ ᠠᠷᠠᠳ ᠤᠨ | ᠪᠥᠯᠬᠦᠮᠲᠡᠯ ᠢ ᠠᠬᠢᠭᠤᠯᠪᠠ᠃ ᠴᠠᠭ ᠠᠭᠤᠷ ᠭᠠᠵᠠᠷ ᠬᠥᠲᠡᠯᠤᠯᠲᠡ᠂ ᠰᠤᠨᠢᠨ ᠮᠡᠲᠡᠭᠡ ᠬᠡᠪᠯᠡᠯ᠂ ᠲᠡᠩᠰᠡ ᠡᠪᠬᠡᠮᠡᠯ ᠲᠡᠤᠭᠡ ᠥᠢᠯᠠᠯᠭ᠎ᠠ᠂ ᠭᠠᠲᠠᠭᠠᠲᠤ ᠶᠢᠨ ᠶᠠᠪᠤᠲᠠᠯ | ᠬᠠᠷᠢᠶᠠᠲᠤ ᠶᠢᠨ ᠶᠠᠪᠤᠲᠠᠯ᠂ ᠡᠮᠡᠭᠲᠡᠶᠢᠴᠦᠳ ᠬᠡᠤᠭᠡᠳ᠂ ᠣᠯᠠᠭᠠᠨ ᠵᠠᠭᠠᠯᠮᠠᠶᠢᠲᠠᠨ᠂ ᠨᠢᠬᠦᠯᠡᠰᠥᠩᠭᠦᠢ ᠨᠡᠶᠢᠲᠡ ᠶᠢᠨ ᠠᠰᠠᠷᠠᠮᠵᠢ᠂ ᠰᠢᠨᠵᠢᠯᠡᠬᠦ ᠤᠬᠠᠭᠠᠨ ᠤ ᠨᠡᠶᠢᠭᠡᠮᠯᠢᠭ᠂ | ᠨᠠᠰᠤᠲᠠᠶᠢᠴᠤᠤᠯ᠂ ᠦᠰᠪᠦᠷᠢ ᠶᠢᠨ ᠬᠡᠦᠬᠡᠳ ᠢ ᠬᠠᠯᠠᠮᠵᠢᠯᠠᠬᠤ ᠪᠠ ᠵᠡᠮᠲᠡᠭᠴᠥᠥᠨ ᠵᠡᠷᠭᠡ ᠥᠢᠯᠡᠰ ᠰᠢᠨ᠎ᠡ ᠥᠷ᠎ᠡ ᠪᠥᠲᠤᠮᠵᠢ ᠤᠯᠤᠭᠰᠠ ᠪᠠᠶᠢᠨ᠎ᠠ᠃ | ᠨᠢᠭᠡ ᠵᠢᠯ ᠤᠨ ᠲᠤᠷᠰᠢ᠂ ᠪᠢᠲᠠ ᠬᠠᠤᠯᠢ ᠴᠠᠭᠠᠵᠠ ᠶᠢᠨ ᠢᠲᠡᠭᠡᠯ ᠪᠢᠰᠢᠷᠡᠯ ᠪᠠ ᠬᠠᠤᠯᠢ ᠴᠠᠭᠠᠵᠠ ᠶᠢᠨ ᠰᠡᠳᠬᠢᠬᠦᠢ ᠶᠢ ᠥᠨᠡᠨᠬᠦ ᠴᠢᠩᠭᠠᠳᠬᠠᠵᠤ᠂ | ᠥᠨᠲᠤᠰᠤᠨ ᠬᠠᠤᠯᠢ ᠶᠣᠰᠣᠭᠠᠷ ᠵᠠᠰᠠᠭ ᠶᠠᠪᠣᠭᠤᠯᠵᠣ᠂ ᠬᠠᠤᠯᠢ ᠶᠣᠰᠣᠭᠠᠷ ᠵᠠᠰᠠᠭᠯᠠᠵᠤ᠂ ᠬᠠᠤᠯᠢ ᠪᠠᠷ ᠵᠠᠰᠠᠭᠰᠠᠨ ᠵᠠᠰᠠᠭ ᠤᠨ ᠤᠷᠲᠤᠨ ᠤ ᠪᠠᠶᠢᠭᠤᠯᠤᠯᠲᠠ ᠰᠢᠨ᠎ᠡ | ᠠᠬᠢᠴᠠ ᠲᠠᠢ ᠪᠤᠯᠪᠠ᠃ ᠠᠷᠠᠳ ᠤᠨ ᠶᠡᠭᠡ ᠬᠤᠷᠠᠯ ᠬᠢᠭᠡᠳ ᠲᠡᠬᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ | ᠤᠯᠤᠰ ᠲᠥᠷᠤ ᠶᠢᠨ ᠵᠥᠪᠯᠯᠡᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠥᠯᠢᠶᠡᠵᠤ᠂ ᠠᠷᠠᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 378 | ᠰᠠᠨᠠᠭᠤᠯᠭ᠎ᠠ ᠪᠠ ᠤᠯᠤᠰ ᠲᠥᠷᠤ ᠶᠢᠨ ᠵᠥᠪᠯᠡᠯᠭᠡᠨ ᠤ ᠬᠡᠰᠢᠬᠦᠨ ᠤ ᠲᠤᠷᠠᠲᠤᠯᠭ᠎ᠠ ᠶᠢ ᠴᠦᠮ ᠬᠥᠢᠴᠡᠳᠭᠡᠨ ᠬᠠᠷᠢᠭᠤᠯᠪᠠ᠃ ᠨᠠᠮ ᠤᠨ ᠪᠠᠶᠢᠭᠤᠯᠤᠯᠲᠠ᠂ ᠥᠵᠡᠯ | ᠤᠬᠠᠮᠰᠠᠷ ᠤᠨ ᠬᠡᠯᠪᠡᠷᠢ ᠶᠢᠨ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢ ᠬᠢᠨᠠᠮᠠᠭᠠᠢ ᠬᠥᠢᠴᠡᠳᠭᠡᠵᠤ᠂ ᠲᠥᠪ ᠬᠤᠷᠢᠶ᠎ᠠ ᠶᠢᠨ ᠨᠠᠢᠮᠠᠨ | ᠲᠤᠭᠲᠠᠭᠠᠯ ᠤᠨ ᠵᠤᠷᠢᠭ ᠰᠠᠨᠠᠭ᠎ᠠ ᠶᠢ ᠡᠷᠡᠰ ᠬᠡᠷᠡᠭᠵᠢᠬᠦᠯᠵᠥ᠂ ᠵᠠᠰᠠᠭ ᠤᠨ ᠤᠷᠲᠤᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠳᠠ ᠪᠠ | ᠢᠯᠵᠠᠷᠠᠯ ᠢ ᠡᠰᠡᠷᠬᠦᠴᠡᠬᠦ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠬᠡᠯᠪᠡᠷᠢ ᠶᠢᠨ ᠥᠵᠡᠯ ᠪᠠ ᠨᠤᠶᠠᠨᠴᠢ ᠥᠵᠡᠯ ᠢ ᠡᠷᠡᠰ ᠴᠡᠭᠴᠡᠯᠡᠵᠥ᠂ ᠠᠵᠢᠯ ᠬᠢᠵᠥ ᠥᠢᠯᠡᠰ | ᠪᠥᠲᠥᠭᠡᠬᠦ᠂ ᠪᠤᠲᠠᠲᠢ ᠶᠢ ᠡᠷᠬᠢᠮᠯᠡᠨ ᠡᠬᠦᠷᠭᠡᠯᠡᠬᠦ ᠪᠠᠶᠢᠳᠠᠯ ᠨᠡᠩ ᠰᠠᠶᠢᠵᠢᠷᠠᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠤᠨ ᠥᠷ᠎ᠡ ᠪᠥᠲᠥᠮᠵᠢ ᠪᠣᠯ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠣᠮᠳᠠᠳᠣ ᠣᠯᠣᠰ ᠤᠨ | ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢᠨ ᠵᠢᠯᠣᠭᠤᠳᠣᠯᠭ᠎ᠠ ᠳᠣᠣᠷ᠎ᠠ᠂ ᠪᠥᠬᠦ ᠬᠤᠲᠠ ᠶᠢᠨ ᠥᠨᠲᠥᠰᠤᠲᠡᠨ ᠨᠦᠭᠦᠳ ᠤᠨ ᠺᠠᠳ᠋ᠷ ᠤᠯᠠᠨ ᠲᠥᠮᠡᠨ ᠤ | ᠨᠢᠭᠡ ᠰᠡᠳᠬᠢᠯ ᠨᠢᠭᠡ ᠵᠣᠷᠢᠭ ᠢᠶᠠᠷ ᠡᠷᠡᠯᠬᠡᠭᠯᠡᠨ ᠲᠡᠮᠡᠴᠡᠭᠰᠡᠨ ᠤ ᠥᠷ᠎ᠡ ᠳ᠋ᠦᠩ ᠪᠤᠯᠤᠨ᠎ᠠ᠃ ᠠᠲᠡ ᠪᠢ ᠬᠤᠲᠠ ᠶᠢᠨ ᠠᠷᠠᠳ ᠤᠨ ᠵᠠᠰᠠᠭ ᠤᠨ ᠤᠷᠲᠤᠨ ᠢ | ᠲᠥᠯᠥᠭᠡᠯᠡᠵᠥ᠂ ᠪᠥᠬᠦ ᠬᠤᠲᠠ ᠶᠢᠨ ᠥᠨᠲᠥᠰᠥᠲᠡᠨ ᠨᠦᠭᠦᠳ ᠤᠨ ᠠᠷᠠᠳ ᠲᠥᠮᠡᠨ᠂ ᠲᠥᠩᠯᠢᠶᠤᠤ ᠶᠢᠨ ᠬᠥᠭᠵᠢᠯᠲᠡ ᠶᠢ ᠬᠠᠯᠠᠮᠵᠢᠯᠠᠠ ᠲᠡᠮᠵᠢᠭᠰᠡᠨ ᠨᠦᠭᠦᠳ | ᠨᠠᠶᠢᠵᠢ ᠨᠠᠷ ᠲᠠᠭᠠᠨ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠵᠦ ᠪᠠᠶᠢᠨ᠎ᠠ︕ | ᠨᠢᠭᠡ ᠵᠢᠯ ᠤᠨ ᠲᠤᠷᠰᠢᠬᠢ ᠠᠵᠢᠯ ᠢᠶᠠᠨ ᠡᠷᠭᠢᠴᠡᠬᠦᠯᠬᠦᠶᠡ᠂ ᠵᠠᠷᠢᠮ ᠬᠠᠷᠠᠯᠲᠠ ᠡᠭᠦᠷᠭᠡ ᠶᠢ ᠪᠡᠶᠡᠯᠡᠬᠦᠯᠥᠭᠰᠡᠡ ᠲᠡᠶᠢᠮᠦ ᠬᠠᠨᠣᠮᠵᠢᠳᠠᠢ ᠪᠢᠰᠢ᠂ | ᠬᠦᠭᠵᠢᠬᠦᠯᠦᠯᠳᠡ ᠶᠢᠨ ᠳᠣᠮᠳᠠ ᠮᠦᠨ ᠪᠠᠭ᠎ᠠ ᠪᠣᠰᠣ ᠬᠦᠴᠢᠷ ᠪᠠ ᠠᠰᠠᠭᠤᠳᠠᠯ ᠲᠣᠯᠭᠠᠷᠠᠵᠣ ᠪᠠᠶᠢᠨ᠎ᠠ ᠭᠡᠳᠡᠭ ᠢ ᠪᠢᠳᠡ ᠰᠡᠷᠬᠡᠭ ᠢᠶᠠᠷ ᠲᠠᠨᠢᠭᠰᠠᠨ ᠪᠠᠶᠢᠨ᠎ᠠ᠂ ᠡᠭᠦᠨ ᠤ | ᠲᠤᠪᠤᠶᠢᠮ᠎ᠠ ᠢᠯᠡᠷᠡᠯ ᠭᠡᠪᠡᠯ᠄ ᠲᠤᠭᠲᠠᠭᠤᠨ ᠢᠶᠠᠷ ᠨᠡᠮᠡᠭᠲᠡᠬᠦᠯᠬᠦ ᠲᠠᠷᠤᠯᠲᠠ ᠨᠡᠯᠢᠶᠡᠳ ᠶᠡᠭᠡ ᠪᠠᠶᠢᠵᠣ᠂ ᠲᠤᠯᠭᠠᠭᠤᠷᠢᠯᠠᠬᠤ ᠴᠢᠨᠡᠷ ᠲᠠᠢ ᠲᠤᠮᠤ ᠲᠦᠷᠦᠯ ᠵᠦᠢᠯ | ᠲᠤᠳᠠᠭᠳᠠᠨ᠂ ᠪᠡᠯᠡ ᠤᠷᠤᠭᠤᠯᠤᠯᠲᠠ ᠶᠢᠨ ᠨᠦᠬᠡᠴᠡ ᠬᠦᠷᠦᠯᠴᠠᠬᠦ ᠦᠭᠡᠢ ᠪᠠᠶᠢᠵᠣ᠂ ᠬᠡᠷᠡᠭᠯᠡᠭᠡ ᠶᠢᠨ ᠱᠠᠭᠠᠷᠲᠠᠯᠭ᠎ᠠ ᠬᠥᠢᠴᠡᠳ ᠥᠭᠡᠢ︔ ᠬᠡᠯᠪᠡᠷᠢ ᠪᠠᠨ | ᠬᠤᠪᠢᠷᠠᠭᠤᠯᠣᠨ ᠪᠦᠳᠦᠴᠠ ᠪᠠᠨ ᠲᠤᠬᠢᠷᠠᠭᠤᠯᠬᠤ ᠡᠬᠦᠷᠭᠡ ᠬᠠᠲᠠᠭᠤ ᠪᠡᠷᠬᠡᠰᠢᠶᠡᠯ ᠲᠠᠢ ᠪᠠᠶᠢᠵᠣ᠂ ᠰᠢᠨ᠎ᠡ ᠶᠢ ᠡᠬᠦᠳᠬᠦ ᠴᠢᠳᠡᠪᠦᠷᠢ ᠪᠠᠭᠤᠷᠠᠢ ᠪᠠᠶᠢᠨ᠎ᠠ︔ ᠡᠳ᠋ ᠤᠨ | ᠵᠠᠰᠠᠭ ᠤᠨ ᠤᠷᠤᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠠᠷᠠᠳ ᠤᠨ ᠠᠮᠢᠲᠤᠷᠠᠯ ᠤᠨ ᠬᠡᠪᠴᠢᠶᠡᠨ ᠳᠤ ᠬᠦᠷᠦᠯᠴᠡᠬᠦ ᠦᠬᠡᠢ ᠲᠠᠯ᠎ᠠ ᠪᠠᠶᠢᠵᠣ᠂ | ᠰᠤᠷᠭᠠᠨ ᠬᠥᠮᠥᠵᠢᠯ᠂ ᠡᠮ ᠡᠮᠨᠡᠯᠭᠡ ᠵᠡᠷᠭᠡ ᠲᠠᠯ᠎ᠠ ᠪᠠᠷ ᠣᠯᠠᠨ ᠲᠦᠮᠡᠨ ᠪᠠᠰᠠ ᠰᠡᠳᠬᠢᠯ ᠬᠠᠨᠤᠮᠵᠢ ᠥᠭᠡᠢ ᠪᠠᠶᠢᠨ᠎ᠠ︔ ᠤᠯᠠᠨ ᠬᠦᠷᠢᠶ᠎ᠡ ᠴᠠᠷᠠᠭ᠎ᠠ ᠳᠤ ᠠᠳᠡᠯᠢ ᠪᠤᠰᠤ | ᠬᠡᠮᠵᠢᠶ᠎ᠡ ᠶᠢᠨ ᠲᠦᠭᠰᠢᠬᠦᠷᠢ ᠶᠢᠨ ᠲᠠᠯᠳᠠ ᠭᠡᠮ ᠤᠷᠤᠰᠢᠵᠤ᠂ ᠲᠦᠭᠰᠢᠬᠦᠷᠢ ᠶᠢᠨ ᠦᠵᠡᠯ ᠤᠬᠠᠮᠰᠡᠷ ᠪᠠ ᠰᠡᠷᠬᠡᠶᠢᠯᠡᠨ ᠡᠵᠡᠮᠳᠡᠬᠦ ᠴᠢᠳᠡᠪᠦᠷᠢ ᠶᠢ ᠪᠠᠬᠢᠵᠢᠬᠦᠯᠬᠦ | ᠴᠢᠬᠤᠯᠡ ᠲᠠᠢ ᠪᠠᠶᠢᠨ᠎ᠠ︔ ᠵᠠᠰᠠᠭ ᠤᠨ ᠤᠷᠲᠤᠨ ᠤ ᠴᠢᠲᠠᠪᠬᠢ ᠶᠢ ᠬᠤᠪᠢᠷᠠᠭᠠᠭᠰᠠᠨ ᠢᠶᠠᠷ ᠬᠦᠷᠦᠯᠴᠡᠬᠦ ᠦᠬᠡᠢ᠂ ᠬᠠᠤᠯᠢ ᠴᠠᠭᠠᠵᠠ ᠶᠢᠨ ᠤᠬᠠᠮᠰᠠᠷ᠂ | ᠥᠢᠯᠡᠴᠢᠯᠡᠭᠡ ᠶᠢᠨ ᠤᠬᠠᠮᠰᠠᠷ ᠢ ᠮᠦᠨ ᠲᠡᠭᠡᠭᠰᠢᠯᠡᠬᠦᠯᠦᠰᠢᠲᠡᠢ᠂ ᠬᠤᠲᠠᠯᠲᠤᠭ᠎ᠠ ᠡᠵᠡᠩᠨᠡᠬᠦ ᠤᠷᠴᠢᠨ ᠲᠤᠭᠤᠷᠢᠨ ᠢ ᠴᠢᠨᠠᠭᠰᠢᠲᠠ ᠥᠭᠡᠷᠡᠴᠢᠯᠡᠨ ᠰᠠᠶᠢᠵᠢᠷᠠᠭᠤᠯᠬᠤ | ᠴᠢᠬᠤᠯᠠ ᠲᠠᠢ᠃ ᠡᠲᠡᠭᠡᠷ ᠠᠰᠠᠭᠤᠲᠠᠯ ᠳᠤ ᠬᠠᠨᠳᠣᠭᠤᠯᠣᠨ ᠪᠢᠳᠡ ᠬᠥᠴᠤᠨ ᠪᠦᠬᠦᠢ ᠠᠷᠭ᠎ᠠ ᠬᠡᠮᠵᠢᠶ᠎ᠠ ᠠᠪᠴᠤ ᠥᠨᠡᠨᠬᠦ ᠰᠢᠢᠳᠪᠤᠷᠢᠯᠡᠨ᠎ᠡ᠃ | | ᠬᠤᠶᠠᠷ᠂ 2019 ᠤᠨ ᠤ ᠠᠵᠢᠯ ᠤᠨ ᠲᠤᠬᠢᠷᠠᠭᠤᠯᠤᠯᠲᠠ | | ᠡᠨᠡ ᠵᠢᠯ ᠪᠤᠯ ᠰᠢᠨ᠎ᠡ ᠲᠤᠮᠲᠠᠲᠤ ᠤᠯᠤᠰ ᠪᠠᠶᠢᠭᠤᠯᠤᠭᠲᠠᠭᠰᠠᠨ 70 ᠤᠢ ᠪᠤᠯᠤᠨ᠎ᠠ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠠᠩᠬᠠᠨ ᠤ | ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠰᠶᠢᠳᠪᠤᠷᠢᠲᠤ ᠢᠯᠠᠯᠲᠠ ᠤᠯᠬᠤ ᠵᠠᠩᠬᠢᠯᠠᠭ᠎ᠠ ᠶᠢᠨ ᠵᠢᠯ ᠪᠤᠯᠤᠨ᠎ᠠ᠃ ᠴᠢᠨᠠᠷ ᠰᠠᠶᠢᠲᠠᠢ ᠬᠥᠭᠵᠢᠬᠦᠯᠥᠯᠲᠡ ᠶᠢ | ᠲᠦᠷᠭᠡᠳᠬᠡᠬᠦ ᠵᠠᠮ ᠲᠤᠲᠤᠷᠬᠠᠢ ᠪᠣᠯᠵᠤ᠂ ᠰᠢ ᠶᠢᠨ ᠫᠢᠩ ᠶᠡᠷᠦᠩᠬᠡᠢ ᠱᠥᠵᠢ ᠶᠢᠨ ᠥᠪᠥᠷ ᠮᠥᠩᠭᠤᠯ ᠳᠤ ᠬᠠᠨᠳᠣᠭᠤᠯᠣᠭᠰᠠᠨ ᠴᠢᠬᠤᠯᠠ ᠶᠠᠷᠢᠶ᠎ᠠ᠂ ᠴᠢᠬᠤᠯᠠ | ᠴᠤᠬᠤᠯᠠᠪᠤᠷᠢ ᠶᠢᠨ ᠵᠣᠷᠢᠭ ᠰᠠᠨᠠᠭ᠎ᠠ ᠮᠠᠨ ᠤ ᠬᠤᠶᠢᠰᠢᠲᠠ ᠶᠢᠨ ᠬᠥᠭᠵᠢᠬᠦᠯᠥᠯᠲᠡ ᠳᠤ ᠤᠯᠤᠰ ᠲᠥᠷᠤ ᠶᠢᠨ ᠵᠢᠷᠤᠮᠯᠠᠯ ᠤᠯᠭᠤᠵᠤ᠂ ᠤᠷᠤᠭᠰᠢᠯᠠᠬᠤ ᠴᠢᠭᠯᠡᠯᠳᠡ ᠶᠢ | ᠲᠤᠲᠤᠷᠬᠠᠢ ᠵᠢᠭᠠᠵᠣ ᠦᠭᠬᠦᠭᠰᠡᠨ ᠪᠠᠶᠢᠨ᠎ᠠ︔ ᠴᠢᠨᠠᠷ ᠰᠠᠶᠢᠲᠠᠢ ᠬᠥᠭᠵᠢᠬᠦᠯᠤᠯᠲᠡ ᠶᠢ ᠲᠦᠷᠭᠡᠳᠭᠡᠬᠦ ᠴᠠᠭ ᠡᠷᠡᠨ ᠬᠦᠷᠴᠦ ᠢᠷᠡᠵᠤ᠂ ᠣᠯᠣᠰ ᠵᠡᠬᠦᠨ ᠬᠤᠶᠢᠳᠣ | ᠣᠷᠣᠨ ᠢ ᠪᠦᠬᠦ ᠲᠠᠯ᠎ᠠ ᠪᠠᠷ ᠮᠠᠨᠳᠣᠭᠤᠯᠬᠤ ᠶᠢ ᠲᠡᠮᠵᠢᠵᠦ᠂ ᠦᠪᠡᠷᠳᠡᠬᠡᠨ ᠵᠠᠰᠠᠬᠤ ᠣᠷᠣᠨ ᠵᠡᠬᠦᠨ ᠬᠡᠰᠡᠭ ᠤᠨ ᠠᠶᠢᠮᠠᠭ ᠬᠤᠲᠠ ᠶᠢᠨ ᠬᠡᠯᠪᠡᠷᠢ ᠪᠠᠨ ᠬᠤᠪᠢᠷᠠᠭᠤᠯᠤᠨ | ᠲᠠᠪᠠᠯᠳᠠ ᠲᠠᠢ ᠬᠦᠭᠵᠢᠬᠦ ᠶᠢ ᠲᠡᠮᠵᠢᠵᠦ ᠪᠠᠶᠢᠬᠤ ᠪᠦᠬᠡᠳ ᠲᠥᠩᠯᠢᠶᠤᠤ ᠲᠦᠷᠭᠡᠨ ᠲᠡᠮᠤᠷ ᠵᠠᠮ ᠤᠨ ᠴᠠᠭ ᠥᠶ᠎ᠠ ᠳᠤ ᠤᠷᠤᠵᠤ᠂ ᠮᠠᠨ ᠤ ᠦᠨᠳᠦᠷ ᠲᠦᠪᠰᠢᠨ ᠲᠠᠢ | ᠨᠡᠬᠡᠬᠡᠯᠳᠡ ᠶᠢ ᠦᠷᠭᠡᠳᠭᠡᠬᠦ᠂ ᠤᠷᠤᠨ ᠪᠥᠰᠡ ᠶᠢᠨ ᠬᠥᠭᠵᠢᠬᠦᠯᠥᠯᠲᠡ ᠶᠢᠨ ᠶᠡᠭᠡ ᠪᠠᠶᠢᠲᠠᠯ ᠳᠤ ᠠᠭᠤᠰᠤᠯᠴᠠᠬᠤ ᠳᠤ ᠤᠯᠲᠠᠰᠢ ᠥᠭᠡᠢ ᠠᠵᠠ ᠲᠤᠬᠢᠶᠠᠯ ᠢ ᠬᠠᠩᠭᠠᠵᠤ | ᠦᠭᠬᠦᠭᠰᠡᠨ ᠪᠠᠶᠢᠨ᠎ᠠ︔ ᠴᠢᠨᠠᠷ ᠰᠠᠶᠢᠲᠠᠢ ᠬᠥᠭᠵᠢᠬᠦᠯᠥᠯᠲᠡ ᠶᠢ ᠲᠥᠷᠭᠡᠳᠭᠡᠬᠦ ᠰᠠᠭᠤᠷᠢ ᠶᠢ ᠲᠠᠯᠪᠢᠨ ᠦᠭᠴᠦ᠂ ᠬᠤᠲᠠ ᠶᠢᠨ ᠨᠠᠮ ᠤᠨ ᠬᠤᠷᠢᠶ᠎ᠠ ᠶᠢᠨ | ᠲᠣᠭᠳᠠᠭᠠᠭᠰᠠᠨ ᠬᠥᠭᠵᠢᠬᠦᠯᠥᠯᠲᠡ ᠶᠢᠨ ᠰᠡᠳᠬᠢᠴᠨ ᠪᠠ ᠬᠠᠷᠠᠯᠲᠠ ᠠᠷᠭ᠎ᠠ ᠠᠪᠴᠠᠯ ᠢᠶᠠᠷ ᠰᠡᠳᠬᠢᠯ ᠨᠢᠭᠡᠳᠭᠡᠨ ᠬᠥᠴᠤᠨ ᠢᠶᠠᠨ ᠲᠥᠪᠯᠡᠷᠡᠬᠦᠯᠵᠤ᠂ ᠰᠢᠨ᠎ᠡ | ᠬᠠᠭᠤᠴᠢᠨ ᠬᠥᠲᠡᠯᠭᠡᠭᠴᠢ ᠬᠦᠴᠦᠨ ᠤ ᠰᠣᠯᠢᠭᠳᠠᠯ ᠢ ᠦᠷᠬᠦᠯᠵᠢᠯᠡᠨ ᠬᠢᠵᠦ᠂ ᠬᠥᠭᠵᠢᠬᠦᠯᠥᠯᠲᠡ ᠶᠢᠨ ᠤᠷᠴᠢᠨ ᠲᠤᠭᠤᠷᠢᠨ ᠢ ᠥᠷᠬᠦᠯᠵᠢᠯᠡᠨ ᠥᠭᠡᠷᠡᠴᠢᠯᠡᠨ | ᠰᠠᠶᠢᠵᠢᠷᠠᠭᠤᠯᠵᠤ᠂ ᠮᠠᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ ᠭᠡᠳᠡᠭ ᠢ ᠪᠢᠳᠡ ᠭᠦᠢᠴᠡᠳ | ᠲᠠᠨᠢᠭᠰᠠᠨ ᠪᠠᠶᠢᠨ᠎ᠠ᠃ ᠪᠢᠳ᠋ᠨ ᠰᠠᠨᠠᠭᠠᠴᠢᠯᠠᠭ᠎ᠠ ᠲᠠᠢ᠂ ᠥᠨᠡᠨ ᠰᠡᠳᠬᠢᠯ ᠠᠴᠠ ᠪᠠᠨ ᠰᠠᠶᠢᠨ ᠠᠵᠢᠯᠯᠠᠵᠣ᠂ ᠥᠪᠡᠷ ᠤᠨ ᠠᠵᠢᠯ ᠢᠶᠠᠨ ᠨᠠᠷᠢᠨ ᠬᠢᠨᠠᠮᠠᠭᠠᠢ ᠬᠢᠳᠡᠭ ᠯᠠ | ᠶᠤᠮ ᠪᠣᠯ ᠤᠲᠤᠬᠢᠴᠢᠯᠠᠭᠰᠠᠨ ᠲᠥᠩᠯᠢᠶᠤᠤ ᠶᠢᠨ ᠰᠢᠨ᠎ᠡ ᠪᠠᠶᠢᠲᠠᠯ ᠢ ᠯᠠᠪᠳᠠᠢ ᠡᠬᠦᠳᠴᠦ ᠲᠡᠶᠢᠯᠥᠨ᠎ᠡ᠃ | ᠬᠤᠲᠠ ᠶᠢᠨ ᠵᠠᠰᠠᠭ ᠤᠨ ᠤᠷᠲᠤᠨ ᠤ ᠠᠵᠢᠯ ᠤᠨ ᠶᠡᠷᠥᠩᠭᠡᠢ ᠱᠠᠭᠠᠷᠲᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠥᠶ᠎ᠠ ᠶᠢᠨ ᠲᠤᠮᠲᠠᠲᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠤ᠂ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠪᠠ ᠠᠷᠪᠠ ᠶᠢᠰᠤᠲᠤᠭᠡᠷ | ᠬᠤᠭᠤᠴᠠᠭᠠᠨ ᠤ ᠬᠤᠶᠠᠲᠤᠭᠠᠷ᠂ ᠭᠤᠷᠪᠠᠲᠤᠭᠠᠷ ᠪᠥᠬᠦᠲᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠲᠥᠪ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠥᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠲᠤᠭᠠᠷ ᠬᠤᠭᠤᠴᠠᠭᠠᠨ ᠤ | ᠨᠠᠢᠮᠠᠲᠤᠭᠠᠷ ᠪᠥᠬᠦᠲᠡ ᠬᠤᠷᠠᠯ ᠵᠢᠴᠢ ᠪᠥᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠲᠤᠭᠠᠷ | ᠬᠤᠭᠤᠴᠠᠭᠠᠨ ᠤ ᠬᠤᠶᠠᠲᠤᠭᠠᠷ ᠤᠲᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠤᠲᠠ ᠶᠢᠨ ᠨᠠᠮ ᠤᠨ ᠬᠤᠷᠢᠶ᠎ᠠ ᠶᠢᠨ ᠲᠠᠪᠣᠳᠣᠭᠠᠷ | ᠬᠤᠭᠤᠴᠠᠭᠠᠨ ᠤ ᠲᠣᠯᠣᠳᠣᠭᠠᠷ ᠪᠦᠭᠦᠳᠡ ᠬᠤᠷᠠᠯ ᠵᠢᠴᠢ ᠪᠦᠬᠦ ᠬᠤᠲᠠ ᠶᠢᠨ ᠠᠵᠣ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠥᠬᠦ ᠲᠠᠯ᠎ᠠ ᠪᠠᠷ | ᠨᠠᠶᠢᠲᠠᠪᠤᠷᠢᠵᠢᠭᠤᠯᠵᠤ᠂ ︽ᠲᠠᠪᠤᠨ ᠨᠢᠭᠡ ᠴᠤᠭᠴᠠᠵᠢᠭᠤᠯᠤᠯᠲᠠ︾ ᠶᠢᠨ ᠶᠡᠷᠦᠩᠬᠡᠢ ᠪᠠᠶᠢᠷᠢᠯᠠᠭᠤᠯᠣᠯᠲᠠ ᠶᠢ ᠨᠢᠭᠡᠲᠤᠯᠲᠠᠢ ᠲᠥᠯᠥᠪᠵᠢᠬᠦᠯᠤᠨ ᠠᠬᠢᠭᠤᠯᠵᠤ᠂ ︽ | ᠲᠥᠷᠪᠡᠨ ᠪᠥᠬᠦ ᠲᠠᠯ᠎ᠠ︾ ᠶᠢᠨ ᠪᠠᠶᠢᠯᠲᠤᠬᠤ ᠪᠤᠲᠤᠯᠭ᠎ᠠ ᠶᠢᠨ ᠪᠠᠶᠢᠷᠢᠯᠠᠭᠤᠯᠣᠯᠲᠠ ᠶᠢ ᠵᠤᠬᠢᠴᠠᠭᠤᠯᠤᠨ ᠠᠬᠢᠭᠤᠯᠵᠤ᠂ ᠲᠤᠭᠲᠠᠭᠤᠨ ᠤ ᠲᠤᠮᠲᠠ ᠤᠷᠤᠭᠰᠢᠯᠠᠬᠤ | ᠠᠵᠢᠯ ᠤᠨ ᠶᠡᠷᠦᠩᠬᠡᠢ ᠬᠦᠭ ᠢ ᠪᠠᠷᠢᠮᠲᠠᠯᠠᠵᠤ᠂ ᠰᠢᠨ᠎ᠡ ᠬᠥᠭᠵᠢᠬᠦᠯᠥᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠴᠢᠨᠠᠷ ᠰᠠᠶᠢᠲᠠᠢ ᠬᠥᠭᠵᠢᠬᠦᠯᠥᠯᠲᠡ ᠶᠢ | ᠠᠬᠢᠭᠤᠯᠬᠤ ᠶᠢ ᠪᠠᠷᠢᠮᠲᠠᠯᠠᠵᠤ᠂ ᠬᠠᠩᠭᠠᠯᠭ᠎ᠠ ᠶᠢᠨ ᠪᠥᠲᠤᠴᠨ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠤᠯ ᠰᠢᠵᠢᠮ ᠪᠤᠯᠭᠠᠬᠤ ᠶᠢ ᠪᠠᠷᠢᠮᠲᠠᠯᠠᠵᠤ᠂ ᠵᠠᠬ᠎ᠠ | ᠲᠡᠯᠭᠡᠭᠦᠷᠴᠢᠯᠡᠯᠳᠡ ᠶᠢᠨ ᠥᠭᠡᠷᠡᠴᠢᠯᠡᠯᠲᠡ ᠶᠢ ᠭᠥᠨᠵᠡᠭᠡᠶᠢᠷᠡᠬᠦᠯᠬᠦ᠂ ᠲᠡᠭᠡᠲᠤ ᠲᠥᠪᠰᠢᠨ ᠲᠠᠢ ᠨᠡᠭᠡᠭᠡᠯᠲᠡ ᠶᠢ ᠥᠷᠭᠡᠳᠭᠡᠬᠦ ᠶᠢ ᠪᠠᠷᠢᠮᠲᠡᠯᠡᠵᠣ᠂ ᠪᠡᠯᠡ | ᠤᠷᠤᠭᠤᠯᠤᠯᠲᠠ ᠶᠢᠨ ᠲᠥᠷᠤᠯ ᠵᠥᠢᠯ ᠢ ᠲᠤᠪᠤᠶᠢᠯᠭᠠᠨ ᠠᠳᠬᠤᠵᠣ᠂ ᠠᠵᠤ ᠠᠬᠤᠢ ᠶᠢᠨ ᠲᠤᠭᠲᠠᠭᠤᠨ ᠨᠡᠮᠡᠭᠲᠡᠯᠲᠡ ᠶᠢ ᠠᠬᠢᠭᠤᠯᠤᠨ᠎ᠠ︔ ᠭᠤᠷᠪᠠᠨ | ᠰᠢᠪᠲᠤᠯᠤᠯᠲᠠ ᠶᠢ ᠦᠷᠬᠦᠯᠵᠢᠯᠡᠨ ᠰᠠᠶᠢᠳᠣᠷ ᠬᠢᠵᠤ᠂ ᠴᠢᠨᠡᠭᠡᠯᠢᠭ ᠨᠡᠶᠢᠭᠡᠮ ᠤᠨ ᠪᠥᠬᠦ ᠲᠠᠯ᠎ᠠ ᠶᠢᠨ ᠰᠡᠶᠢᠳᠪᠤᠷᠢᠲᠤ ᠢᠯᠠᠯᠲᠠ ᠶᠢ ᠡᠷᠡᠰ ᠲᠡᠮᠡᠴᠡᠨ ᠤᠯᠣᠨ᠎ᠠ︔ ᠰᠢᠨ᠎ᠡ | ᠡᠭᠦᠳᠦᠯᠳᠡ ᠪᠠᠷ ᠬᠥᠲᠡᠯᠭᠡᠬᠦᠷ ᠪᠣᠯᠭᠠᠭᠰᠠᠨ ᠬᠥᠭᠵᠢᠬᠦᠯᠥᠯᠲᠡ ᠶᠢᠨ ᠪᠠᠶᠢᠯᠲᠤᠬᠤ ᠪᠤᠲᠤᠯᠭ᠎ᠠ ᠶᠢ ᠬᠡᠷᠡᠭᠵᠢᠬᠦᠯᠥᠡ᠂ ᠰᠢᠨ᠎ᠡ ᠠᠵᠤ ᠥᠢᠯᠡᠰ ᠤᠨ ᠴᠤᠭᠯᠠᠷᠠᠯ ᠢ | ᠲᠠᠰᠤᠷᠠᠯᠲᠠ ᠥᠭᠡᠢ ᠪᠥᠢᠵᠢᠭᠤᠯᠤᠨᠠ︔ ᠬᠤᠲᠠᠯᠲᠤᠭ᠎ᠠ ᠡᠷᠬᠢᠯᠡᠬᠦ ᠤᠷᠴᠢᠨ ᠲᠤᠭᠤᠷᠢᠨ ᠢ ᠥᠷᠬᠦᠯᠵᠢᠯᠡᠨ ᠰᠢᠯᠢᠳᠡᠭᠵᠢᠬᠦᠯᠵᠦ᠂ ᠵᠠᠬ᠎ᠠ ᠲᠡᠯᠭᠡᠬᠦᠷ ᠤᠨ ᠭᠤᠤᠯ | ᠴᠤᠭᠴᠨ ᠶᠢᠨ ᠠᠮᠢᠵᠢᠷᠠᠯ ᠤᠨ ᠬᠥᠴᠤᠨ ᠢ ᠲᠠᠰᠤᠷᠠᠯᠲᠠ ᠥᠭᠡᠢ ᠤᠷᠮᠠᠰᠢᠭᠤᠯᠤᠨ᠎ᠠ︔ ᠬᠥᠲᠡᠭᠡ ᠲᠤᠰᠬᠤᠨ ᠢ ᠮᠠᠨᠲᠤᠭᠤᠯᠬᠤ ᠪᠠᠶᠢᠯᠳᠣᠬᠤ ᠪᠤᠲᠤᠯᠭ᠎ᠠ ᠶᠢ | ᠬᠡᠷᠡᠭᠵᠢᠬᠦᠯᠦᠨ᠂ ᠮᠠᠯ ᠲᠠᠷᠢᠶᠠᠯᠠᠩ ᠤᠨ ᠠᠵᠤ ᠠᠬᠤᠢ ᠪᠠ ᠬᠥᠲᠡᠭᠡ ᠲᠤᠰᠬᠤᠨ ᠮᠠᠯᠵᠢᠬᠤ ᠤᠷᠤᠨ ᠤ ᠤᠲᠤᠬᠢᠴᠢᠯᠠᠯᠲᠠ ᠶᠢ ᠲᠥᠷᠭᠡᠳᠭᠡᠨᠠ︔ ᠠᠷᠠᠳ ᠤᠨ | ᠠᠮᠢᠲᠤᠷᠠᠯ ᠤᠨ ᠵᠤᠯ ᠵᠢᠷᠭᠠᠯ ᠢ ᠲᠠᠰᠤᠷᠠᠯᠲᠠ ᠥᠭᠡᠢ ᠨᠡᠮᠡᠭᠲᠡᠬᠦᠯᠵᠥ᠂ ᠠᠷᠠᠳ ᠲᠥᠮᠡᠨ ᠤ ᠤᠯᠤᠯᠲᠠ ᠶᠢᠨ ᠲᠥᠷᠤᠭ᠍ᠲᠡᠯ᠂ ᠵᠤᠯ ᠵᠢᠷᠭᠠᠯ ᠤᠨ ᠲᠥᠷᠤᠭ᠍ᠲᠡᠯ᠂ ᠠᠮᠤᠷ | ᠲᠥᠪᠰᠢᠨ ᠤ ᠲᠥᠷᠤᠭ᠍ᠲᠡᠯ ᠢ ᠲᠡᠭᠡᠭᠰᠢᠯᠡᠬᠦᠯᠥᠨ᠂ ᠲᠤᠭᠲᠠᠭᠤᠨ ᠨᠡᠮᠡᠭᠲᠡᠬᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠥᠲᠤᠴᠨ ᠶᠢ ᠲᠤᠬᠢᠷᠠᠭᠤᠯᠬᠤ᠂ ᠠᠷᠠᠳ ᠤᠨ | ᠠᠮᠢᠲᠤᠷᠠᠯ ᠢ ᠬᠠᠷᠠᠭᠠᠯᠵᠠᠬᠤ᠂ ᠲᠥᠭᠰᠢᠬᠦᠷᠢ ᠶᠢ ᠰᠡᠷᠭᠡᠶᠢᠯᠡᠬᠦ ᠠᠵᠢᠯ ᠢ ᠨᠢᠭᠡᠲᠤᠯᠲᠠᠢ ᠲᠥᠯᠤᠪᠵᠢᠬᠦᠯᠥᠨ ᠠᠬᠢᠭᠤᠯᠵᠤ᠂ ᠠᠵᠤ ᠠᠬᠤᠢ ᠶᠢᠨ ᠠᠵᠢᠯᠯᠠᠭ᠎ᠠ ᠶᠢᠨ ᠵᠦᠢ | ᠵᠤᠬᠢᠰ ᠢ ᠪᠠᠳᠣᠯᠠᠵᠣ᠂ ︽ᠵᠢᠷᠭᠤᠭᠠᠨ ᠲᠤᠭᠳᠠᠭᠤᠨ︾ ᠤ ᠱᠠᠭᠠᠷᠳᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠠᠵᠣ ᠠᠬᠤᠢ ᠶᠢᠨ ᠥᠷᠬᠦᠯᠵᠢᠯᠡᠯ ᠡᠷᠡᠭᠦᠯ | ᠬᠥᠭᠵᠢᠬᠦᠯᠥᠯᠲᠡ ᠪᠠ ᠨᠡᠶᠢᠭᠡᠮ ᠤᠨ ᠶᠠᠷᠥᠩᠬᠡᠢ ᠪᠠᠶᠢᠲᠠᠯ ᠤᠨ ᠲᠤᠭᠲᠠᠭᠤᠨ ᠢ ᠪᠠᠲᠤᠯᠠᠵᠤ᠂ ᠰᠢᠯᠢᠲᠡᠭ ᠬᠢᠷᠢ ᠪᠥᠲᠤᠮᠵᠢ ᠪᠠᠷ ᠪᠥᠬᠦᠲᠡ ᠨᠠᠶᠢᠷᠠᠮᠲᠠᠬᠤ ᠲᠤᠮᠲᠠᠲᠤ | ᠠᠷᠠᠳ ᠤᠯᠤᠰ ᠪᠠᠶᠢᠭᠤᠯᠤᠭᠳᠠᠭᠰᠠᠨ 70 ᠤᠢ ᠶᠢ ᠪᠡᠯᠭᠡᠯᠡᠶ᠎ᠡ᠃ | ᠭᠤᠤᠯ ᠵᠢᠱᠢᠭᠰᠡᠨ ᠬᠠᠷᠠᠯᠲᠠ ᠪᠤᠯ᠄ ᠭᠠᠵᠠᠷ ᠤᠷᠤᠨ ᠤ ᠥᠢᠯᠡᠳᠪᠤᠷᠢᠯᠠᠯ ᠤᠨ ᠶᠡᠷᠦᠩᠬᠡᠢ ᠥᠷᠲᠡᠭ ᠢ 6% ᠤᠷᠴᠢᠮ ᠨᠡᠮᠡᠭᠳᠡᠭᠦᠯᠵᠦ᠂ ᠬᠢᠵᠠᠭᠠᠷᠯᠠᠭᠰᠠᠨ | ᠲᠤᠭ᠎ᠠ ᠠᠴᠠ ᠲᠡᠭᠡᠭᠰᠢᠬᠢ ᠲᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠶᠢ 10% ᠤᠷᠴᠢᠮ ᠨᠡᠮᠡᠭᠳᠡᠬᠦᠯᠵᠦ᠂ ᠨᠡᠶᠢᠭᠡᠮ ᠤᠨ ᠭᠡᠷᠡᠭᠯᠡᠭᠡᠨ ᠤ ᠵᠥᠢᠯ ᠤᠨ | ᠵᠢᠵᠢᠭᠯᠡᠨ ᠪᠤᠷᠤᠯᠠᠭᠤᠯᠤᠭᠰᠠᠨ ᠶᠡᠷᠥᠩᠭᠡᠢ ᠬᠡᠮᠵᠢᠶ᠎ᠠ ᠶᠢ 7% ᠡᠷᠴᠢᠮ ᠨᠡᠮᠡᠭᠲᠡᠬᠦᠯᠵᠥ᠂ ᠡᠩ ᠤᠨ ᠨᠡᠶᠢᠲᠡ ᠶᠢᠨ ᠲᠥᠰᠤᠪ ᠤᠨ ᠤᠷᠤᠯᠭ᠎ᠠ ᠶᠢ ᠠᠲᠠᠯᠢ ᠪᠠᠷᠢᠮᠵᠢᠶ᠎ᠠ ᠪᠠᠷ | 7% ᠨᠡᠮᠡᠭᠳᠡᠬᠦᠯᠵᠦ᠂ ᠬᠤᠲᠠ ᠬᠥᠲᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠥᠨ ᠪᠥᠷᠢ ᠶᠢᠨ ᠡᠵᠡᠮᠳᠡᠵᠦ ᠪᠣᠯᠬᠤᠶᠢᠴᠠ ᠤᠷᠤᠯᠭ᠎ᠠ ᠶᠢ ᠲᠤᠰ ᠲᠤᠰ | 7% ᠪᠠ 9% ᠨᠡᠮᠡᠭᠳᠡᠬᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠣᠭᠰᠠᠨ ᠠᠵᠢᠯ ᠠᠯᠲᠠᠭᠰᠠ ᠨᠤᠷᠮ᠎ᠠ ᠶᠢ 4.5% ᠲᠤᠲᠤᠷ᠎ᠠ ᠬᠢᠵᠠᠭᠠᠷᠯᠠᠠ᠂ ᠥᠪᠡᠷᠲᠡᠭᠡᠨ | ᠵᠠᠰᠠᠬᠤ ᠤᠷᠤᠨ ᠤ ᠪᠠᠭᠤᠯᠭᠠᠭᠰᠠᠨ ᠡᠯ᠎ᠡ ᠵᠥᠢᠯ ᠤᠨ ᠬᠢᠵᠠᠭᠠᠷᠯᠠᠬᠤ ᠴᠢᠨᠠᠷ ᠲᠠᠢ ᠭᠥᠢᠴᠡᠳᠭᠡᠬᠦ ᠲᠤᠭ᠎ᠠ ᠶᠢ ᠪᠥᠬᠦ ᠲᠠᠯ᠎ᠠ ᠪᠠᠷ ᠪᠡᠶᠡᠯᠡᠬᠦᠯᠦᠨ᠎ᠡ᠃ | ᠡᠮᠦᠨᠡᠬᠢ ᠬᠠᠷᠠᠯᠳᠠ ᠶᠢ ᠪᠡᠶᠡᠯᠡᠬᠦᠯᠬᠦ ᠶᠢᠨ ᠲᠦᠯᠦᠭᠡ ᠲᠠᠷᠠᠭᠠᠬᠢ ᠠᠵᠢᠯ ᠢ ᠬᠦᠴᠦᠯᠡᠨ ᠰᠠᠶᠢᠳᠦᠷ ᠬᠢᠨ᠎ᠡ ᠄ | ︵ᠨᠢᠬᠡ︶ ᠭᠤᠤᠯᠳᠠᠯᠭᠠᠳᠤ ᠠᠵᠢᠯ ᠢᠶᠠᠷ ᠰᠢᠪᠳᠤᠯᠤᠯᠳᠡ ᠪᠤᠯᠭᠠᠵᠤ᠂ ᠭᠤᠷᠪᠠᠨ ᠰᠢᠪᠳᠤᠯᠤᠯᠳᠡ ᠶᠢ ᠦᠷᠬᠦᠯᠵᠢᠯᠡᠨ ᠰᠠᠶᠢᠳᠦᠷ ᠦᠷᠨᠢᠬᠦᠯᠦᠨ᠎ᠡ᠃ ᠣᠨ ᠤ | ᠲᠦᠯᠦᠪᠯᠡᠭᠡ ᠶᠢ ᠨᠠᠶᠢᠳᠠᠪᠣᠷᠢᠵᠢᠭᠤᠯᠵᠣ᠂ ᠭᠤᠤᠯᠳᠠᠯᠭᠠᠳᠤ ᠠᠵᠢᠯ ᠢ ᠰᠠᠶᠢᠳᠦᠷ ᠦᠷᠨᠢᠬᠦᠯᠦᠮᠡᠨᠵᠢᠨ ᠰᠠᠶ᠋ᠢ ᠰᠢᠢᠳᠪᠦᠷᠢᠳᠦ ᠴᠢᠨᠡᠷ ᠲᠠᠢ ᠢᠯᠠᠯᠳᠡ ᠶᠢ ᠣᠯᠵᠣ ᠴᠢᠳᠠᠨ᠎ᠠ | ᠃ | ᠴᠢᠬᠤᠯᠠ ᠲᠣᠮᠣ ᠲᠦᠭᠰᠢᠭᠦᠷᠢ ᠶᠢ ᠰᠡᠷᠭᠡᠶᠢᠯᠡᠨ ᠡᠶᠡᠷᠡᠬᠦᠯᠦᠨᠡ᠃ ᠨᠠᠭᠠᠳᠣ ᠵᠠᠬ᠎ᠠ ᠶᠢᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠣ᠂ ᠵᠣᠪᠠᠨᠢᠬᠤ | ᠰᠡᠳᠬᠢᠯ ᠢᠶᠠᠨ ᠨᠡᠮᠡᠭᠳᠡᠬᠦᠯᠵᠦ᠂ ᠰᠡᠷᠬᠡᠶᠢᠯᠡᠨ ᠡᠵᠡᠮᠰᠢᠬᠦ ᠴᠢᠳᠠᠪᠣᠷᠢ ᠪᠠᠨ ᠳᠡᠭᠡᠭᠰᠢᠯᠡᠬᠦᠯᠵᠦ᠂ ᠰᠡᠷᠭᠡᠶᠢᠯᠡᠨ ᠡᠵᠮᠰᠢᠬᠦ ᠲᠤᠭᠳᠠᠴᠠ ᠶᠢ ᠲᠡᠬᠦᠯᠳᠡᠷᠵᠢᠭᠦᠯᠵᠦ᠂ ᠤᠯᠤᠰ | ᠲᠥᠷᠥ᠂ ᠠᠵᠤ ᠠᠬᠤᠢ ᠪᠠ ᠨᠡᠶᠢᠬᠡᠮ ᠵᠡᠷᠬᠡ ᠬᠦᠷᠢᠶ᠎ᠡ ᠬᠡᠪᠴᠢᠶ᠎ᠡ ᠶᠢᠨ ᠴᠢᠬᠤᠯᠠ ᠲᠣᠮᠣ ᠲᠦᠭᠰᠢᠭᠦᠷᠢ ᠶᠢ ᠰᠡᠷᠬᠡᠶᠢᠯᠡᠨ ᠡᠶᠡᠷᠡᠬᠦᠯᠬᠦ ᠠᠵᠢᠯ ᠢ ᠪᠣᠳᠠᠳᠠᠢ ᠨᠠᠷᠢᠯᠢᠭ | ᠰᠠᠶᠢᠨ ᠬᠢᠨ᠎ᠡ᠃ ᠵᠠᠰᠠᠭ ᠤᠨ ᠣᠷᠳᠣᠨ ᠤ ᠵᠢᠭᠡᠯᠡᠯᠭᠡ ᠶᠢ ᠵᠣᠬᠢᠰᠳᠠᠢ ᠡᠶᠡᠷᠡᠬᠦᠯᠵᠦ᠂ ︽ᠠᠷᠪᠠᠨ ᠪᠦᠷᠢᠨ︾ ᠤ ᠢᠨᠵᠧᠨᠧᠷᠢᠩ ᠤᠨ 10 ᠵᠦᠢᠯ ᠤᠨ ᠪᠠᠷᠢᠯᠭ᠎ᠠ ᠠᠴᠠ | ᠪᠣᠰᠣᠳ ᠰᠢᠭᠤᠳ ᠬᠤᠯᠪᠤᠭ᠎ᠠ ᠲᠠᠢ ᠲᠦᠷᠦᠯ ᠵᠦᠢᠯ ᠤᠨ ᠦᠷᠢᠳᠦᠵᠦ ᠪᠠᠶᠢᠭ᠎ᠠ ᠪᠠᠷᠢᠯᠭ᠎ᠠ ᠶᠢᠨ ᠵᠤᠭᠤᠰ ᠢ ᠡᠶᠡᠷᠡᠬᠦᠯᠬᠦ ᠡᠬᠦᠷᠭᠡ ᠶᠢ ᠪᠡᠶᠡᠯᠡᠬᠦᠯᠵᠦ᠂ ᠤᠯᠤᠰ ᠪᠠ | ᠦᠪᠡᠷᠳᠡᠭᠡᠨ ᠵᠠᠰᠠᠬᠤ ᠤᠷᠤᠨ ᠤ ᠬᠢᠵᠠᠭᠠᠷᠯᠠᠯ ᠲᠤᠳᠤᠷᠠᠬᠢ ᠲᠤᠰᠬᠠᠢ ᠵᠢᠭᠡᠯᠡᠯᠭᠡ ᠶᠢᠨ ᠲᠡᠮᠳᠡᠭᠳᠦ ᠶᠢᠨ ᠬᠦᠷᠢᠶ᠎ᠡ ᠬᠡᠪᠴᠢᠶ᠎ᠡ ᠶᠢ ᠢᠳᠡᠪᠬᠢᠳᠡᠢ ᠲᠡᠮᠡᠴᠡᠨ ᠤᠯᠵᠤ᠂ | ᠰᠤᠯᠡ ᠬᠦᠷᠦᠩᠭᠡ ᠶᠢ ᠪᠡᠯᠡᠨ ᠵᠤᠭᠤᠰ ᠬᠤᠪᠢᠷᠠᠭᠠᠬᠤ᠂ ᠭᠠᠵᠠᠷ ᠰᠢᠷᠦᠢ ᠶᠢ ᠬᠢᠮᠳᠡ ᠦᠨ᠎ᠡ ᠪᠠᠷ ᠬᠡᠷᠡᠭᠯᠡᠬᠦᠯᠬᠦ ᠵᠡᠷᠭᠡ ᠠᠷᠭ᠎ᠠ ᠠᠪᠴᠦ᠂ ᠴᠠᠭ ᠤᠨ ᠬᠢᠵᠠᠭᠠᠷᠯᠠᠯ ᠤᠨ | ᠱᠠᠭᠠᠷᠳᠠᠯᠭ᠎ᠠ ᠶᠢ ᠴᠢᠩᠭ᠎ᠠ ᠵᠢᠷᠦᠮᠯᠡᠨ ᠵᠢᠭᠡᠯᠡᠯᠭᠡ ᠡᠶᠡᠷᠡᠬᠦᠯᠬᠦ ᠵᠢᠯ ᠤᠨ ᠡᠬᠦᠷᠬᠡ ᠶᠢ ᠪᠡᠶᠡᠯᠡᠭᠦᠯᠤᠨ᠎ᠡ᠃ ᠬᠠᠤᠯᠢ ᠪᠤᠰᠤ ᠪᠡᠯᠡ ᠬᠤᠷᠠᠮᠳᠤᠭᠤᠯᠬᠤ᠂ ᠬᠦᠳᠡᠭᠡ ᠲᠤᠰᠬᠤᠨ | ᠮᠠᠯᠵᠢᠬᠤ ᠤᠷᠤᠨ ᠤ ᠦᠨᠳᠦᠷ ᠬᠦᠦ ᠲᠠᠢ ᠵᠢᠭᠡᠯᠡᠯᠭᠡ ᠪᠠ ᠬᠤᠣᠷ ᠤᠨ ᠰᠠᠨᠠᠭ᠎ᠠ ᠪᠠᠷ ᠦᠷᠢ ᠰᠢᠷᠢ ᠪᠠᠨ ᠲᠦᠯᠦᠬᠦ ᠠᠴᠠ ᠲᠠᠳᠠᠭᠠᠯᠵᠠᠬᠤ ᠠᠵᠢᠯᠯᠠᠭ᠎ᠠ ᠳᠤ ᠴᠢᠩᠭ᠎ᠠ | ᠴᠤᠬᠢᠯᠳᠠ ᠦᠭᠴᠦ᠂ ᠰᠢᠰᠲ᠋ᠧᠮᠳᠦ ᠴᠢᠨᠡᠷ ᠲᠠᠢ ᠲᠦᠭᠰᠢᠬᠦᠷᠢ ᠦᠯᠦ ᠡᠬᠦᠰᠬᠦ ᠬᠤᠷᠢᠭ᠎ᠠ ᠱᠤᠭᠤᠮ ᠢ ᠰᠠᠬᠢᠨ᠎ᠠ᠃ | ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢᠨ ᠶᠠᠰᠤ ᠴᠢᠨᠡᠷ ᠢ ᠲᠡᠭᠡᠭᠰᠢᠯᠡᠬᠦᠯᠦᠨ᠎ᠡ᠃ ᠲᠦᠪ ᠬᠤᠷᠢᠶᠡᠨ ᠤ ᠶᠠᠳᠠᠭᠤ ᠠᠴᠠ ᠠᠩᠭᠢᠵᠢᠷᠠᠭᠤᠯᠬᠤ | ᠰᠢᠪᠳᠤᠯᠤᠯᠳᠡ ᠶᠢ ᠲᠤᠰᠬᠠᠢ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠦᠬᠡᠷᠡᠴᠢᠯᠡᠬᠦ ᠠᠵᠢᠯ ᠢ ᠬᠢᠨᠠᠮᠠᠭᠠᠢ ᠰᠠᠶᠢᠳᠦᠷ ᠠᠳᠬᠤᠨ᠎ᠠ | ᠃ ᠡᠯ᠎ᠡ ᠱᠠᠳᠤᠨ ᠤ ᠡᠳ᠋ ᠤᠨ ᠵᠠᠰᠠᠭ ᠶᠠᠳᠠᠭᠤ ᠶᠢ ᠲᠡᠳᠬᠦᠬᠦ ᠪᠡᠯᠡ ᠮᠦᠩᠭᠦ 14.6 ᠳ᠋ᠦᠩᠰᠢᠭᠤᠷ ᠲᠦᠬᠦᠷᠢᠭ ᠤᠷᠤᠭᠤᠯᠤᠨ᠂ ᠡᠨᠡ ᠵᠢᠯ 2.78 ᠲᠦᠮᠡᠨ ᠲᠠᠩᠰᠠ | ᠵᠣᠬᠢᠶᠠᠵᠣ ᠺᠡᠷᠲ ᠲᠠᠭᠯᠠᠭᠰᠠᠨ ᠶᠠᠳᠠᠭᠤ ᠬᠦᠮᠦᠨ ᠠᠮᠠ ᠶᠢ ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠠᠳᠤᠯᠠᠵᠤ᠂ ᠬᠤᠷᠴᠢᠨ ᠵᠡᠬᠦᠨ ᠭᠠᠷᠤᠨ | ᠲᠤᠮᠳᠡᠳᠦ ᠬᠤᠰᠢᠭᠤ᠂ ᠬᠦᠷᠢᠶ᠎ᠡ ᠬᠤᠰᠢᠭᠤ᠂ ᠨᠡᠢᠮᠠᠨ ᠬᠤᠰᠢᠭᠤ ᠭᠤᠷᠪᠡᠨ ᠤᠯᠤᠰ ᠤᠨ ᠲᠡᠰ ᠤᠨ ᠶᠠᠳᠠᠭᠤ ᠬᠤᠰᠢᠭᠤ ᠶᠢ ᠶᠠᠳᠠᠭᠤ ᠨᠡᠷ᠎ᠡ ᠪᠠᠨ ᠲᠠᠶᠠᠭᠳᠠᠬᠤ | ᠪᠠᠷᠢᠮᠵᠢᠶ᠎ᠡ ᠳᠤ ᠬᠦᠷᠭᠡᠨ᠎ᠠ᠃ ᠠᠵᠦ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠪᠠᠨ ᠪᠠᠳᠤᠳᠬᠠᠨ᠂ ᠠᠯᠠᠰᠢᠨ ᠦᠬᠡᠷ ᠲᠡᠵᠢᠬᠡᠵᠦ ᠦᠷᠡᠵᠢᠬᠦᠯᠬᠦ᠂ | ᠤᠨᠴᠠᠯᠢᠭᠳᠦ ᠲᠠᠷᠢᠮᠠᠯ ᠠᠵᠣ ᠦᠢᠯᠡᠰ ᠢᠶᠠᠷ ᠶᠠᠳᠠᠭᠤ ᠶᠢ ᠲᠡᠳᠬᠦᠬᠦ ᠠᠷᠭ᠎ᠠ ᠠᠪᠴᠠᠯ ᠢ ᠭᠤᠣᠯᠳᠠᠯᠭ᠎ᠠ ᠲᠠᠢ ᠠᠳᠬᠤᠵᠣ᠂ ᠬᠦᠳᠡᠯᠮᠦᠷᠢ ᠶᠢᠨ ᠴᠢᠳᠡᠪᠦᠷᠢ ᠲᠠᠢ | ᠬᠦᠮᠦᠰ ᠲᠤ ᠠᠵᠦ ᠦᠢᠯᠡᠰ ᠲᠠᠢ᠂ ᠬᠦᠳᠡᠯᠮᠦᠷᠢ ᠶᠢᠨ ᠴᠢᠳᠡᠪᠦᠷᠢ ᠦᠭᠡᠢ ᠬᠦᠮᠦᠰ ᠲᠤ ᠤᠯᠵᠠᠪᠤᠷᠢ ᠲᠠᠢ ᠪᠤᠯᠭᠠᠵᠤ᠂ ᠶᠠᠳᠠᠭᠤ ᠬᠦᠮᠦᠨ ᠠᠮᠠ ᠶᠢᠨ ᠤᠷᠤᠯᠭ᠎ᠠ ᠶᠢ | 15% ᠠᠴᠠ ᠲᠡᠭᠡᠭᠰᠢ ᠨᠡᠮᠡᠭᠳᠡᠬᠦᠯᠬᠦ ᠶᠢ ᠪᠠᠳᠤᠯᠠᠨ᠎ᠠ᠃ ︽ᠲᠤᠯᠤᠭᠠᠨ ᠨᠢᠬᠡ︾ ᠶᠢᠨ ᠠᠵᠢᠯ ᠤᠨ ᠲᠤᠭᠳᠠᠴᠠ ᠪᠠᠶᠢᠭᠤᠯᠤᠨ ᠬᠡᠷᠡᠭᠵᠢᠬᠦᠯᠵᠦ᠂ ᠪᠡᠭᠡᠵᠢᠩ ᠦᠪᠦᠷ | ᠮᠤᠩᠭᠤᠯ ᠤᠨ ᠶᠠᠳᠠᠭᠤ ᠶᠢ ᠲᠡᠳᠬᠦᠬᠦ ᠬᠠᠮᠳᠤᠷᠠᠯᠴᠠᠭ᠎ᠠ ᠪᠤᠯᠤᠨ ᠲᠦᠪ ᠤᠨ ᠨᠢᠬᠡᠴᠡ ᠶᠢᠨ ᠴᠡᠭ ᠲᠤᠭᠳᠠᠭᠠᠨ ᠶᠠᠳᠠᠭᠤ ᠶᠢ ᠲᠡᠳᠬᠦᠬᠦ ᠶᠢ ᠬᠦᠨᠵᠡᠬᠡᠶᠢᠷᠡᠬᠦᠯᠦᠨ᠎ᠡ᠃ | ᠰᠣᠷᠭᠠᠨ ᠬᠦᠮᠦᠵᠢᠯ᠂ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠳᠣᠯᠠᠭ᠎ᠠ ᠶᠢᠨ ᠲᠦᠷᠦ ᠶᠢᠨ ᠪᠤᠳᠤᠯᠭ᠎ᠠ ᠶᠢᠨ | ᠲᠤᠭᠳᠠᠯᠴᠠᠭ᠎ᠠ ᠶᠢ ᠲᠦᠷᠭᠡᠨ ᠲᠡᠬᠦᠯᠳᠡᠷᠵᠢᠬᠦᠯᠵᠣ᠂ ᠶᠠᠳᠠᠭᠤ ᠠᠴᠠ ᠲᠤᠭᠳᠠᠭᠤᠨ ᠢᠶᠠᠷ ᠠᠩᠭᠢᠵᠢᠷᠠᠭᠤᠯᠬᠤ ᠪᠠᠶᠢᠩᠭᠤ ᠶᠢᠨ ᠲᠤᠭᠳᠠᠴᠠ ᠶᠢ ᠲᠡᠬᠦᠯᠳᠡᠷᠵᠢᠬᠦᠯᠦᠨ᠎ᠡ᠃ | ᠪᠤᠬᠢᠷᠳᠦᠯ ᠢ ᠰᠡᠷᠬᠡᠶᠢᠯᠡᠨ ᠵᠠᠰᠠᠬᠤ ᠶᠢ ᠦᠷᠬᠦᠯᠵᠢᠯᠡᠨ ᠠᠬᠢᠭᠤᠯᠤᠨ᠎ᠠ᠃ ᠠᠮᠢ ᠠᠬᠤᠢ ᠶᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠨ᠂ ᠪᠤᠬᠢᠷᠳᠦᠯ ᠦᠭᠡᠢ | ᠬᠦᠭᠵᠢᠬᠦᠯᠵᠦ᠂ ᠬᠥᠬᠡ ᠲᠩᠷᠢ ᠬᠦᠬᠡᠮᠳᠦᠭ ᠣᠰᠤ ᠴᠡᠪᠡᠷ ᠬᠦᠷᠦᠰᠦ ᠶᠢᠨ ᠬᠠᠮᠠᠭᠠᠯᠠᠯᠲᠠ ᠶᠢ ᠰᠠᠶᠢᠨ ᠬᠢᠨ᠎ᠡ᠃ ᠴᠠᠬᠢᠯᠭᠠᠨ ᠵᠠᠳᠠᠯᠣᠯᠳᠠ ᠶᠢᠨ ᠬᠦᠩᠭᠡᠨᠴᠡᠭᠠᠨ ᠤ | ᠣᠳᠤᠭ᠎ᠠ ᠣᠨᠢᠶᠠᠷ ᠤᠨ ᠬᠦᠨᠴᠠ ᠲᠠᠢ ᠵᠠᠰᠠᠯᠭ᠎ᠠ ᠶᠢ ᠬᠡᠷᠡᠭᠵᠢᠬᠦᠯᠵᠦ᠂ ᠭᠤᠣᠯᠳᠠᠯᠭ᠎ᠠ ᠲᠠᠢ ᠠᠵᠣ ᠠᠬᠤᠶᠢᠯᠠᠯ ᠤᠨ ᠪᠣᠬᠢᠷᠳᠣᠯ ᠭᠠᠳᠠᠭᠰᠢᠯᠠᠭᠤᠯᠬᠤ ᠶᠢ ᠪᠠᠭᠠᠰᠬᠠᠬᠤ ᠪᠠ | ᠲᠣᠭᠳᠠᠭᠤᠨ ᠢᠶᠠᠷ ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠬᠤ ᠶᠢ ᠪᠡᠶᠡᠯᠡᠬᠦᠯᠦᠨ᠎ᠡ᠃ ᠡᠪᠦᠯ ᠤᠨ ᠤᠯᠠᠷᠢᠯ ᠤᠨ ᠴᠡᠪᠡᠷ ᠢᠯᠴᠢ ᠬᠠᠩᠭᠠᠬᠤ ᠲᠦᠯᠦᠪᠯᠡᠭᠡ ᠶᠢ | ᠬᠡᠷᠡᠭᠵᠢᠬᠦᠯᠵᠦ᠂ ᠨᠡᠬᠦᠷᠡᠰᠦᠨ ᠣᠳᠤᠭ᠎ᠠ ᠣᠨᠢᠶᠠᠷ ᠤᠨ ᠲᠣᠰᠬᠠᠢ ᠵᠠᠰᠠᠯᠭ᠎ᠠ ᠦᠷᠨᠢᠬᠦᠯᠵᠦ᠂ ᠨᠡᠬᠦᠷᠡᠰᠦ ᠰᠢᠳᠠᠭᠠᠬᠤ ᠵᠤᠤᠬ᠎ᠠ ᠪᠠᠶᠢᠭᠤᠯᠬᠤ ᠶᠢ ᠪᠠᠷᠢᠮᠵᠢᠶ᠎ᠠ | ᠱᠠᠭᠠᠷᠳᠠᠯᠭ᠎ᠠ ᠶᠤᠰᠤᠭᠠᠷ ᠴᠢᠩᠭ᠎ᠠ ᠬᠢᠵᠠᠭᠠᠷᠯᠠᠵᠤ᠂ ᠢᠯᠴᠢ ᠶᠢᠨ ᠴᠠᠬᠢᠯᠭᠠᠨ ᠴᠣᠭᠴᠠᠯᠠᠪᠣᠷᠢ ᠶᠢᠨ ᠪᠣᠬᠢᠷᠳᠣᠯ ᠪᠠᠭ᠎ᠠ ᠭᠠᠳᠠᠭᠰᠢᠯᠠᠭᠤᠯᠬᠤ ᠶᠢ ᠪᠡᠶᠡᠯᠡᠬᠦᠯᠵᠦ᠂ ᠠᠭᠠᠷ | ᠮᠠᠨᠳᠠᠯ ᠤᠨ ᠴᠢᠨᠡᠷ ᠰᠠᠶᠢᠨ ᠬᠤᠨᠤᠭ ᠤᠨ ᠲᠤᠭ᠎ᠠ ᠶᠢ ᠦᠷᠬᠦᠯᠵᠢᠯᠡᠨ ᠨᠡᠮᠡᠭᠳᠡᠬᠦᠯᠦᠨ᠎ᠡ᠃ ᠭᠠᠵᠠᠷ ᠲᠤᠤᠷᠡᠬᠢ ᠤᠰᠤ ᠶᠢ ᠬᠡᠳᠦᠷᠭᠡᠢ ᠬᠡᠷᠡᠭᠯᠡᠭᠰᠡᠨ ᠤᠷᠤᠨ ᠤ ᠶᠡᠷᠦᠩᠭᠡᠢ | ᠵᠠᠰᠠᠯᠳᠠ ᠶᠢ ᠬᠦᠨᠵᠡᠬᠡᠶᠢᠷᠡᠬᠦᠯᠵᠦ᠂ ᠬᠡᠳᠦᠷᠭᠡᠢ ᠬᠡᠷᠡᠭᠯᠡᠬᠦ᠂ ᠲᠦᠷᠢᠮ ᠠᠴᠠ ᠵᠦᠷᠢᠴᠡᠨ ᠬᠡᠷᠡᠭᠯᠡᠬᠦ ᠵᠡᠷᠭᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠳᠭᠡᠨ᠎ᠡ᠃ ᠬᠤᠳᠠ | ᠪᠠᠯᠭᠠᠰᠤ᠂ ᠠᠵᠤ ᠦᠢᠯᠡᠳᠪᠦᠷᠢ ᠶᠢᠨ ᠬᠤᠷᠤᠭ᠎ᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ︽ᠭᠤᠷᠪᠠᠨ ᠨᠤᠷᠮ᠎ᠠ︾ ᠶᠢ ᠲᠡᠭᠡᠭᠰᠢᠯᠡᠬᠦᠯᠬᠦ ᠲᠤᠰᠬᠠᠢ | ᠠᠵᠢᠯᠯᠠᠭ᠎ᠠ ᠦᠷᠨᠢᠬᠦᠯᠦᠨ᠎ᠡ᠃ ᠭᠤᠤᠯ ᠨᠠᠭᠤᠷ ᠢ ᠪᠠᠶᠢᠩᠭᠤ ᠪᠠᠶᠢᠴᠠᠭᠠᠵᠤ᠂ ᠭᠤᠤᠯ ᠨᠠᠭᠤᠷ ᠤᠨ ︽ᠲᠦᠷᠪᠡᠨ ᠲᠣᠷ᠎ᠠ ᠪᠠᠷ︾ ᠢ ᠴᠡᠭᠴᠡᠯᠡᠬᠦ ᠲᠤᠰᠬᠠᠢ ᠠᠵᠢᠯᠯᠠᠭ᠎ᠠ | ᠦᠷᠬᠦᠯᠵᠢᠯᠡᠨ ᠦᠷᠨᠢᠬᠦᠯᠦᠨ᠎ᠡ᠃ ᠬᠦᠷᠦᠰᠦ ᠰᠢᠷᠦᠢ ᠶᠢᠨ ᠪᠤᠬᠢᠷᠳᠤᠯ ᠤᠨ ᠵᠠᠰᠠᠯᠲᠠ ᠰᠡᠷᠭᠦᠭᠡᠯᠲᠡ ᠶᠢ ᠠᠬᠢᠭᠤᠯᠵᠤ᠂ ᠮᠠᠯ ᠵᠢᠬᠦᠷᠳᠡᠨ ᠤ ᠢᠯᠭᠠᠳᠠᠰᠤ ᠶᠢ ᠡᠬᠢ | ᠪᠠᠶᠠᠯᠢᠭ ᠪᠣᠯᠭᠠᠨ ᠠᠰᠢᠭᠯᠠᠬᠤ ᠶᠢ ᠪᠦᠬᠦ ᠰᠢᠶᠠᠨ ᠢᠶᠠᠷ ᠠᠬᠢᠭᠤᠯᠬᠤ ᠲᠦᠷᠦᠯ ᠵᠦᠢᠯ ᠢ ᠬᠡᠷᠡᠭᠵᠢᠬᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠶᠠᠪᠣᠴᠠ ᠳᠠᠬᠢ | ᠪᠤᠬᠢᠷᠳᠦᠯ ᠢ ᠰᠡᠷᠬᠡᠶᠢᠯᠡᠨ ᠡᠵᠡᠮᠳᠡᠨ᠎ᠡ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠱᠠᠭᠠᠷᠳᠠᠨ ᠪᠠᠶᠢᠴᠠᠭᠠᠯᠳᠠ ᠪᠤᠯᠤᠨ ︽ᠡᠷᠭᠢᠨ ᠬᠠᠷᠠᠭᠠᠳ︾ | ᠬᠠᠷᠢᠭᠤ ᠲᠣᠰᠬᠠᠭᠰᠠᠨ ᠠᠰᠠᠭᠤᠳᠠᠯ ᠢ ᠴᠡᠭᠴᠡᠯᠡᠬᠦ ᠬᠦᠴᠦᠴᠡ ᠶᠢ ᠶᠡᠬᠡᠰᠭᠡᠵᠦ᠂ ᠬᠤᠤᠯᠢᠩᠭᠤᠤᠯ ᠤᠨ ᠵᠠᠳᠠᠭᠠᠢ ᠨᠡᠬᠦᠷᠡᠰᠦᠨ ᠠᠭᠤᠷᠬᠠᠢ ᠶᠢᠨ ᠠᠮᠢ ᠠᠬᠤᠢ ᠶᠢ | ᠰᠡᠷᠬᠦᠬᠡᠨ ᠵᠠᠰᠠᠬᠤ ᠶᠢ ᠲᠤᠪᠤᠶᠢᠯᠭᠠᠨ ᠠᠳᠬᠤᠨ᠎ᠠ᠃ ᠪᠤᠬᠢᠷᠳᠦᠯ ᠢ ᠰᠡᠷᠬᠡᠶᠢᠯᠡᠨ ᠵᠠᠰᠠᠬᠤ ᠠᠵᠢᠯ ᠤᠨ ᠲᠦᠷᠢᠮ ᠢᠶᠠᠨ ᠲᠡᠬᠦᠯᠳᠡᠷᠵᠢᠬᠦᠯᠵᠦ᠂ ᠤᠷᠴᠢᠨ ᠲᠤᠭᠤᠷᠢᠨ ᠤ | ᠬᠠᠮᠠᠭᠠᠯᠠᠯᠳᠠ ᠶᠢᠨ ︽ᠭᠤᠷᠪᠡᠨ ᠵᠡᠷᠭᠡᠪᠡᠷ︾ ᠢ ᠴᠢᠩᠭ᠎ᠠ ᠨᠠᠶᠢᠳᠠᠪᠤᠷᠢᠵᠢᠭᠤᠯᠤᠨ᠂ ᠶᠠᠮᠠᠷᠪᠠ ᠭᠠᠵᠠᠷ ᠤᠷᠤᠨ᠂ ᠶᠠᠮᠠᠷᠪᠠ ᠠᠵᠢᠯ ᠲᠦᠷᠦᠯ᠂ ᠶᠠᠮᠠᠷ ᠨᠢᠬᠡᠨ ᠰᠢᠯᠳᠠᠭᠠᠨ | ᠢᠶᠠᠷ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠠᠷᠢᠮᠵᠢᠶ᠎ᠠ ᠶᠢ ᠵᠦᠷᠢᠴᠠᠨ ᠲᠦᠷᠦᠯ ᠵᠦᠢᠯ ᠬᠡᠷᠡᠭᠵᠢᠬᠦᠯᠬᠦ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠠᠵᠦ ᠦᠢᠯᠡᠰ ᠤᠨ ᠪᠦᠷᠢᠨ ᠬᠡᠯᠬᠢᠶ᠎ᠡ ᠶᠢᠨ ᠬᠦᠭᠵᠢᠬᠦᠯᠦᠯᠳᠡ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠴᠢᠨᠡᠷ ᠰᠠᠶᠢᠳᠡᠢ ᠬᠦᠭᠵᠢᠬᠦᠯᠦᠯᠳᠡ | ᠶᠢᠨ ᠰᠠᠭᠤᠷᠢ ᠶᠢ ᠪᠠᠳᠤᠳᠬᠠᠨ᠎ᠠ᠃ ︽ᠶᠢᠰᠦᠨ ᠬᠡᠯᠬᠢᠶ᠎ᠡ ᠲᠠᠪᠤᠨ ᠬᠤᠳᠠ︾ ᠳᠤ ᠠᠩᠬᠠᠷᠣᠯ ᠢᠶᠠᠨ ᠲᠦᠪᠯᠡᠷᠡᠬᠦᠯᠦᠨ ᠲᠦᠷᠦᠯ ᠵᠦᠢᠯ ᠢ ᠠᠳᠬᠤᠨ ᠬᠡᠯᠬᠢᠶ᠎ᠡ ᠪᠠᠨ | ᠴᠢᠩᠭᠠᠷᠠᠭᠤᠯᠵᠤ᠂ ᠶᠠᠰᠤ ᠴᠢᠨᠡᠷ ᠤᠨ ᠬᠤᠪᠢᠰᠤᠯᠳᠠ᠂ ᠦᠷ᠎ᠡ ᠪᠦᠳᠦᠮᠵᠢ ᠶᠢᠨ ᠬᠤᠪᠢᠰᠤᠯᠳᠠ᠂ ᠬᠦᠳᠡᠯᠭᠡᠬᠦ ᠬᠦᠴᠦᠨ ᠤ ᠬᠤᠪᠢᠰᠤᠯᠳᠠ ᠶᠢ ᠠᠬᠢᠭᠤᠯᠵᠤ᠂ | ᠤᠳᠤᠬᠢᠴᠢ ᠠᠵᠦ ᠦᠢᠯᠡᠰ ᠤᠨ ᠲᠤᠭᠳᠠᠯᠴᠠᠭ᠎ᠠ ᠶᠢ ᠲᠦᠷᠭᠡᠨ ᠪᠠᠶᠢᠭᠤᠯᠤᠨ᠎ᠠ᠃ | ᠴᠢᠨᠡᠷ ᠰᠠᠶᠢᠳᠡᠢ ᠲᠦᠷᠦᠯ ᠵᠦᠢᠯ ᠢᠶᠠᠷ ᠠᠵᠦ ᠦᠢᠯᠡᠰ ᠤᠨ ᠪᠦᠯᠦᠭᠵᠢᠯ ᠪᠠᠶᠢᠭᠤᠯᠤᠨ᠎ᠠ᠃ 500 ᠲᠦᠮᠡᠨ ᠲᠦᠬᠦᠷᠢᠭ ᠢ ᠲᠠᠪᠠᠭ᠋ᠤ ᠠᠵᠦ ᠦᠢᠯᠡᠳᠪᠦᠷᠢ ᠶᠢᠨ | ᠭᠤᠤᠯᠳᠠᠯᠭᠠᠳᠤ ᠲᠦᠷᠦᠯ ᠵᠦᠢᠯ ᠢ 130 ᠠᠴᠠ ᠲᠡᠭᠡᠭᠰᠢ ᠬᠡᠷᠡᠭᠵᠢᠬᠦᠯᠵᠦ᠂ ᠠᠵᠤ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠡ ᠶᠢ | 170 ᠳ᠋ᠦᠩᠰᠢᠭᠤᠷ ᠲᠦᠬᠦᠷᠢᠭ ᠢ ᠲᠠᠪᠠᠭᠤᠯᠤᠨ᠂ 76 ᠲᠦᠷᠦᠯ ᠵᠦᠢᠯ ᠢ ᠪᠠᠷᠢᠯᠭ᠎ᠠ ᠲᠠᠭᠤᠰᠬᠠᠵᠤ ᠠᠰᠢᠭᠯᠠᠯᠳᠠ ᠳᠤ ᠤᠷᠤᠭᠤᠯᠵᠦ᠂ ᠬᠡᠪᠴᠢᠶᠡᠵᠢᠯ ᠠᠴᠠ | ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯᠲᠡ ᠶᠢ 6.5% ᠲᠠᠪᠠᠭᠤᠯᠤᠨ᠎ᠠ᠃ ᠬᠦᠩᠭᠡᠨᠴᠠᠭᠠᠨ ᠨᠢᠺᠧᠯ ᠴᠠᠬᠢᠭᠤᠷ ᠤᠨ ᠰᠢᠨ᠎ᠡ | ᠮᠠᠲ᠋ᠧᠷᠢᠶᠡᠯ ᠤᠨ ᠠᠵᠦ ᠦᠢᠯᠡᠰ ᠤᠨ ᠪᠦᠯᠦᠭᠵᠢᠯ ᠢ ᠲᠦᠷᠭᠡᠨ ᠪᠠᠶᠢᠭᠤᠯᠵᠤ᠂ ᠶᠢᠨ ᠯᠢᠶᠠᠨ ᠬᠦᠩᠭᠡᠨᠴᠠᠭᠠᠨ ᠤ ᠮᠠᠲ᠋ᠧᠷᠢᠶᠡᠯ᠂ ᠴᠤᠸᠠᠩ ᠶᠤᠸᠠᠨ ᠲᠡᠮᠦᠷᠯᠢᠭ ᠤᠨ | ᠦᠢᠯᠡᠳᠪᠦᠷᠢᠯᠡᠯ ᠢ ᠠᠰᠢᠭᠯᠠᠯᠳᠠ ᠳᠤ ᠤᠷᠤᠭᠤᠯᠵᠣ᠂ ᠯᠢᠶᠠᠨ ᠴᠧᠩ ᠳᠡᠭᠡᠳᠦ ᠨᠠᠷᠢᠯᠢᠭ ᠦᠷᠭᠡᠨ ᠬᠡᠳᠦ ᠨᠢᠮᠭᠡᠨ ᠬᠦᠩᠭᠡᠨᠴᠠᠭᠠᠨ ᠢᠯᠳᠠᠰᠤ᠂ ᠰᠢᠦᠢ ᠶᠠᠩ | ᠬᠦᠩᠭᠡᠨᠴᠠᠭᠠᠨ ᠤ ᠪᠦᠮᠪᠦᠭᠡᠯᠢᠭ ᠲᠠᠯᠬ᠎ᠠ᠂ ᠵᠢᠩ ᠠᠨ ᠨᠢᠺᠧᠯ ᠲᠡᠮᠦᠷ ᠤᠨ ᠬᠠᠶᠢᠯᠤᠰᠢ᠂ ᠮᠧᠩ ᠶᠤᠸᠠᠨ ᠨᠡᠬᠦᠷᠡᠰᠦᠳᠦ᠋ᠷᠦᠭᠴᠢᠳᠦ ᠮᠠᠲ᠋ᠧᠷᠢᠶᠡᠯ ᠤᠨ 60 ᠲᠦᠮᠡᠨ | ᠲᠤᠨ ᠲᠠᠪᠳᠠᠮᠠᠯ ᠬᠡᠦᠷᠰᠦ᠂ ᠯᠤ᠋ ᠰᠢᠶᠥᠥ ᠶᠢᠨ 150 ᠺᠢᠯᠤᠭ᠍ᠷᠡᠮ ᠲᠡᠰ ᠤᠨ ᠪᠢᠳᠦᠷᠢᠶ᠎ᠡ ᠶᠢᠨ ᠲᠠᠯᠠᠰᠳᠤ ᠪᠡᠶ᠎ᠡ ᠵᠡᠷᠭᠡ ᠲᠦᠷᠦᠯ ᠵᠦᠢᠯ ᠢ ᠪᠠᠶᠢᠭᠤᠯᠵᠦ ᠠᠰᠢᠭᠯᠠᠯᠳᠠ | ᠳᠤ ᠤᠷᠤᠭᠤᠯᠤᠨ᠎ᠠ᠃ ᠡᠷᠳᠡᠨᠢ ᠰᠢᠰᠢ ᠶᠢᠨ ᠠᠮᠢᠳᠤ ᠪᠤᠳᠡᠰ ᠤᠨ ᠠᠵᠤ ᠦᠢᠯᠡᠰ ᠤᠨ ᠪᠦᠯᠦᠭᠵᠢᠯ ᠢ ᠲᠦᠷᠭᠡᠨ ᠪᠠᠶᠢᠭᠤᠯᠵᠦ᠂ ᠮᠸᠢ ᠬᠤᠸᠠ ᠠᠮᠢᠳᠤ ᠪᠤᠳᠡᠰ ᠤᠨ | ᠲᠦᠮᠡᠨ ᠲᠤᠨ ᠲᠠᠯᠠᠢ ᠶᠢᠨ ᠵᠠᠮᠠᠭ ᠤᠨ ᠰᠢᠬᠢᠷ᠂ ᠵᠢᠩ ᠵᠢᠩ ᠡᠮ ᠤᠨ ᠦᠢᠯᠡᠰ ᠤᠨ ᠲᠦᠮᠡᠨ ᠲᠤᠨ ᠠᠽᠤᠲ ᠬᠦᠴᠢᠯ ᠵᠡᠷᠭᠡ ᠲᠦᠷᠦᠯ ᠵᠦᠢᠯ ᠢ ᠪᠠᠷᠢᠯᠭ᠎ᠠ | ᠡᠬᠢᠯᠡᠬᠦᠯᠵᠦ᠂ ᠱᠧᠩ ᠰᠢᠤᠸᠠᠢ ᠳ᠋ᠠ ᠴᠧᠩ ᠶᠡᠷᠦᠩᠭᠡᠢ ᠡᠮ ᠡᠮᠨᠡᠯᠬᠡ ᠶᠢᠨ ᠠᠩᠬᠠᠳᠤᠭᠠᠷ ᠬᠤᠭᠤᠴᠠᠭᠠᠨ ᠤ ᠪᠠᠷᠢᠯᠭ᠎ᠠ᠂ ᠤᠮᠠᠷᠠᠳᠤ ᠶᠢᠨ ᠡᠮ ᠦᠢᠯᠡᠳᠪᠦᠷᠢᠯᠡᠬᠦ | ᠠᠮᠢᠳᠤ ᠪᠤᠳᠡᠰ ᠤᠨ ᠢᠰᠬᠡᠬᠦ ᠲᠦᠷᠦᠯ ᠵᠦᠢᠯ ᠢ ᠪᠠᠶᠢᠭᠤᠯᠣᠨ ᠠᠰᠢᠭᠯᠠᠯᠳᠠ ᠳᠤ ᠤᠷᠤᠭᠤᠯᠤᠨ᠎ᠠ᠃ ᠠᠯᠠᠰᠢᠨ ᠦᠬᠡᠷ ᠤᠨ ᠠᠵᠤ ᠦᠢᠯᠡᠰ ᠤᠨ ᠪᠦᠯᠦᠭᠵᠢᠯ ᠢ | ᠲᠦᠷᠭᠡᠨ ᠪᠠᠶᠢᠭᠤᠯᠵᠤ᠂ ᠢ ᠰᠠᠢ ᠠᠯᠠᠰᠢᠨ ᠦᠬᠡᠷ ᠤᠨ ᠦᠢᠯᠡᠰ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠬᠤᠷᠴᠢᠨ ᠦᠬᠡᠷ ᠤᠨ ᠠᠯᠠᠰᠢᠨ ᠦᠬᠡᠷ ᠤᠨ | ᠠᠵᠤ ᠦᠢᠯᠡᠰ ᠤᠨ ᠬᠤᠷᠤᠭ᠎ᠠ ᠵᠡᠷᠭᠡ ᠲᠦᠷᠦᠯ ᠵᠦᠢᠯ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ 60 ᠲᠦᠮᠡᠨ ᠠᠯᠠᠰᠢᠨ ᠦᠬᠡᠷ ᠡᠳ᠋ᠰᠢᠬᠦᠯᠬᠦ ᠶᠢ | ᠪᠡᠶᠡᠯᠡᠬᠦᠯᠬᠦ ᠪᠠᠷ ᠴᠢᠷᠮᠠᠶᠢᠨ᠎ᠠ᠃ ᠮᠤᠩᠭᠤᠯ ᠡᠮ ᠡᠮᠨᠡᠯᠬᠡ ᠶᠢᠨ ᠠᠵᠤ ᠦᠢᠯᠡᠰ ᠤᠨ ᠪᠦᠯᠦᠭᠵᠢᠯ ᠢ ᠲᠦᠷᠭᠡᠨ ᠪᠠᠶᠢᠭᠤᠯᠵᠦ᠂ ᠰᠢᠦ ᠵᠧᠩ ᠬᠤᠷᠴᠢᠨ ᠤ ᠡᠮ ᠤᠨ | ᠦᠢᠯᠡᠰ ᠪᠤᠯᠤᠨ ᠢ ᠯᠢ ᠶᠢᠨ ᠡᠷᠡᠬᠦᠯ ᠮᠡᠨᠳᠤ ᠶᠢᠨ ᠡᠬᠢ ᠪᠠᠶᠠᠯᠢᠭ ᠤᠨ ᠬᠠᠮᠳᠤᠷᠠᠯᠴᠠᠭ᠎ᠠ ᠶᠢ ᠠᠬᠢᠭᠤᠯᠵᠤ᠂ ᠬᠠᠢ ᠲᠢᠶᠠᠨ ᠡᠮ ᠦᠢᠯᠡᠳᠬᠦ᠂ ᠲᠢᠶᠠᠨ ᠨᠠᠢ ᠡᠮ ᠤᠨ | ᠦᠢᠯᠡᠰ ᠵᠡᠷᠭᠡ ᠮᠤᠩᠭᠤᠯ ᠬᠢᠳᠡᠳ ᠡᠮ ᠡᠮᠨᠡᠯᠬᠡ ᠶᠢᠨ ᠬᠠᠮᠳᠤᠷᠠᠯᠴᠠᠭᠠᠨ ᠤ ᠲᠦᠷᠦᠯ ᠵᠦᠢᠯ ᠢ ᠬᠡᠷᠡᠭᠵᠢᠬᠦᠯᠵᠦ᠂ ᠮᠦᠩᠭᠡ ᠡᠮ ᠦᠢᠯᠡᠳᠬᠦ ᠲᠦᠷᠦᠯ ᠵᠦᠢᠯ ᠢ | ᠪᠠᠶᠢᠭᠤᠯᠣᠨ ᠠᠰᠢᠭᠯᠠᠯᠳᠠ ᠳᠤ ᠤᠷᠤᠭᠤᠯᠤᠨ᠎ᠠ᠃ ᠵᠠᠳᠠᠷᠠᠬᠤᠶᠢᠴᠠ ᠰᠢᠨ᠎ᠡ ᠮᠠᠲ᠋ᠧᠷᠢᠶᠡᠯ ᠤᠨ ᠠᠵᠤ ᠦᠢᠯᠡᠰ ᠤᠨ ᠪᠦᠯᠦᠭᠵᠢᠯ ᠤᠨ ᠪᠠᠶᠢᠭᠤᠯᠤᠯᠳᠠ ᠶᠢ ᠲᠦᠷᠭᠡᠳᠭᠡᠵᠦ | ᠂ ᠪᠦᠬᠡᠬᠡᠨᠡᠷᠡᠯ ᠡᠲ᠋ᠢᠯ ᠠᠯᠺᠤᠤᠯ ᠤᠨ ᠬᠦᠴᠢᠯ ᠤᠨ ᠬᠡᠪᠴᠢᠶᠡᠵᠢᠭᠰᠡᠨ ᠦᠢᠯᠡᠳᠪᠦᠷᠢᠯᠡᠯ ᠢ ᠪᠡᠶᠡᠯᠡᠬᠦᠯᠵᠦ᠂ ᠵᠠᠳᠠᠷᠠᠬᠤᠶᠢᠴᠠ ᠰᠢᠨ᠎ᠡ ᠮᠠᠲ᠋ᠧᠷᠢᠶᠡᠯ ᠤᠨ ᠠᠵᠤ ᠦᠢᠯᠡᠰ | ᠤᠨ ᠬᠤᠷᠤᠭ᠎ᠠ ᠶᠢᠨ ᠪᠠᠶᠢᠭᠤᠯᠤᠯᠳᠠ ᠶᠢ ᠰᠢᠪᠳᠤᠯᠤᠯᠳᠡ ᠶᠢᠨ ᠴᠢᠨᠡᠷ ᠲᠠᠢ ᠠᠬᠢᠭᠤᠯᠤᠨ᠎ᠠ᠃ | ᠰᠢᠨ᠎ᠡ ᠮᠠᠨᠳᠤᠭᠰᠠᠨ ᠠᠵᠤ ᠦᠢᠯᠡᠰ ᠢ ᠬᠦᠴᠦᠳᠡᠢ ᠬᠦᠭᠵᠢᠬᠦᠯᠦᠨ᠎ᠡ᠃ ᠤᠳᠤᠬᠢᠴᠢ ᠡᠨᠧᠷᠬᠢ ᠶᠢᠨ ᠠᠵᠣ ᠠᠬᠤᠢ ᠶᠢᠨ ᠲᠠᠭᠤᠷᠢᠶᠠᠯ ᠬᠤᠲᠠ ᠶᠢ ᠢᠳᠡᠪᠬᠢᠳᠡᠢ | ᠡᠬᠦᠳᠴᠦ᠂ ᠦᠪᠦᠷ ᠮᠣᠩᠭᠤᠯ ᠤᠨ ᠵᠡᠬᠦᠨ ᠬᠡᠰᠡᠭ ᠤᠨ ᠡᠨᠧᠷᠬᠢ ᠶᠢᠨ ᠳᠠᠭᠠᠭᠠᠴᠠ ᠶᠢᠨ ᠲᠥᠪ᠂ ᠴᠡᠪᠡᠷ ᠡᠨᠧᠷᠬᠢ ᠭᠠᠳᠠᠭᠰᠢ ᠲᠠᠮᠵᠢᠭᠤᠯᠬᠤ ᠲᠥᠪ᠂ ᠴᠠᠬᠢᠯᠭᠠᠨ | ᠬᠦᠴᠦᠨ ᠤ ᠠᠷᠠᠯᠵᠢᠶᠠᠨ ᠤ ᠲᠥᠪ ᠢ ᠲᠦᠷᠭᠡᠨ ᠪᠠᠶᠢᠭᠤᠯᠣᠨ᠎ᠠ᠃ ᠣᠳᠣᠬᠢᠴᠢ ᠲᠤᠨᠤᠭᠯᠠᠯ ᠦᠢᠯᠡᠳᠬᠦ ᠦᠢᠯᠡᠰ ᠢ ᠬᠦᠭᠵᠢᠬᠦᠯᠦᠨ᠂ ᠨᠡᠭᠡᠭᠡᠯᠳᠡ ᠶᠢᠨ ᠲᠤᠭᠤᠷᠢᠭ ᠤᠨ | ᠬᠤᠩ ᠷᠦᠩ ᠲᠤᠨᠤᠭᠯᠠᠯ ᠤᠨ ᠠᠵᠤ ᠦᠢᠯᠡᠰ ᠤᠨ ᠬᠤᠷᠤᠭ᠎ᠠ᠂ ᠬᠤᠷᠴᠢᠨ ᠲᠤᠭᠤᠷᠢᠭ ᠤᠨ ᠰᠢᠨ ᠲᠢᠶᠠᠨ ᠳ᠋ᠢ ᠴᠠᠬᠢᠯᠭᠠᠨ ᠤ ᠳᠣᠣᠷ᠎ᠠ ᠬᠦᠴᠦᠳᠡᠯᠲᠦ ᠬᠠᠶᠢᠷᠴᠠᠭ | ᠵᠡᠷᠭᠡ ᠲᠦᠷᠦᠯ ᠵᠦᠢᠯ ᠤᠨ ᠪᠠᠶᠢᠭᠤᠯᠤᠯᠳᠠ ᠶᠢ ᠠᠬᠢᠭᠤᠯᠤᠨ᠎ᠠ᠃ ᠲᠤᠭᠠᠴᠢᠯᠠᠭᠰᠠᠨ ᠠᠵᠤ ᠠᠬᠤᠢ ᠶᠢ ᠬᠦᠭᠵᠢᠬᠦᠯᠵᠦ᠂ ᠢᠨᠲ᠋ᠧᠷ ᠰᠦᠯᠵᠢᠶ᠎ᠡ᠂ ᠦᠭᠬᠦᠭᠳᠡᠯ᠂ | ᠵᠤᠬᠢᠶᠠᠮᠠᠯ ᠤᠶᠤᠨᠴᠢ ᠴᠢᠳᠡᠮᠵᠢ ᠪᠤᠯᠤᠨ ᠵᠤᠬᠢᠶᠠᠨ ᠦᠢᠯᠡᠳᠬᠦ ᠦᠢᠯᠡᠰ᠂ ᠮᠠᠯ ᠲᠠᠷᠢᠶᠠᠯᠠᠩ᠂ ᠦᠢᠯᠡᠴᠢᠯᠡᠭᠡᠨ ᠤ ᠦᠢᠯᠡᠰ ᠤᠨ ᠭᠦᠨᠴᠡ ᠲᠠᠢ ᠠᠭᠤᠰᠣᠯᠴᠠᠭ᠎ᠠ ᠶᠢ | ᠠᠬᠢᠭᠤᠯᠤᠨ᠎ᠠ᠃ ᠡᠨᠧᠷᠬᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠢ ᠬᠦᠭᠵᠢᠬᠦᠯᠵᠦ᠂ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤᠨ ᠤ | ᠸᠠᠨ ᠵᠦᠩ ᠠᠮᠢᠳᠤ ᠪᠤᠳᠡᠰ ᠤᠨ ᠪᠠᠶᠢᠭᠠᠯᠢ ᠶᠢᠨ ᠰᠢᠳᠠᠮᠠᠬᠠᠢ ᠬᠡᠢ᠂ ᠭᠤᠣᠯ ᠬᠤᠳᠠ ᠶᠢᠨ ᠲᠤᠭᠤᠷᠢᠭ ᠤᠨ ᠬᠤᠸᠠ ᠲᠦᠩ ᠠᠮᠢᠳᠤᠷᠠᠯ ᠤᠨ ᠬᠤᠭ ᠨᠤᠪᠰᠢ ᠶᠢ | ᠰᠢᠳᠠᠭᠠᠵᠤ ᠴᠠᠬᠢᠯᠭᠠᠨ ᠭᠠᠷᠭᠠᠬᠤ᠂ ᠬᠤᠷᠴᠢᠨ ᠲᠤᠭᠤᠷᠢᠭ ᠤᠨ ᠬᠠᠢ ᠯᠢᠨ ᠠᠮᠢᠳᠤ ᠪᠤᠳᠡᠰ ᠤᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠪᠠᠭ᠎ᠠ ᠲᠡᠵᠢᠬᠡᠯ | ᠪᠤᠷᠳᠤᠭ᠎ᠠ ᠶᠢᠨ ᠲᠦᠷᠦᠯ ᠵᠦᠢᠯ ᠢ ᠠᠰᠢᠭᠯᠠᠯᠳᠠ ᠳᠤ ᠤᠷᠤᠭᠤᠯᠵᠣ᠂ ᠪᠡᠭᠡᠵᠢᠩ ᠤᠨ ᠭᠤᠷᠪᠠᠨ ᠪᠦᠭᠡᠭᠡᠨᠡᠷᠡᠯᠲᠦ ᠤᠷᠴᠢᠨ ᠲᠤᠭᠤᠷᠢᠨ ᠢ ᠬᠠᠮᠠᠭᠠᠯᠠᠬᠤ ᠲᠦᠮᠡᠨ ᠲᠤᠨ | ᠤ ᠡᠰᠢ ᠰᠦᠷᠡᠯ ᠤᠨ ᠠᠮᠢᠳᠤ ᠪᠤᠳᠡᠰ ᠤᠨ ᠡᠳ᠋ ᠢ ᠶᠡᠷᠦᠩᠭᠡᠶᠢᠯᠡᠨ ᠠᠰᠢᠭᠯᠠᠬᠤ ᠲᠦᠷᠦᠯ ᠵᠦᠢᠯ ᠢ ᠪᠠᠷᠢᠯᠭ᠎ᠠ ᠡᠬᠢᠯᠡᠬᠦᠯᠦᠨ᠂ ᠰᠢᠨ᠎ᠡ ᠮᠡᠨᠳᠤᠭᠰᠠᠨ ᠠᠵᠤ ᠦᠢᠯᠡᠰ ᠤᠨ | ᠬᠦᠷᠢᠶ᠎ᠡ ᠬᠡᠪᠴᠢᠶ᠎ᠡ ᠬᠢᠷᠢ ᠲᠦᠪᠰᠢᠨ ᠤ ᠲᠡᠭᠡᠭᠰᠢᠯᠡᠯᠳᠡ ᠶᠢ ᠠᠬᠢᠭᠤᠯᠣᠨ᠎ᠠ᠃ | ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠡ ᠶᠢᠨ ᠬᠦᠳᠦᠯᠬᠦ ᠦᠢᠯᠡᠳᠦᠯ ᠢ ᠪᠠᠳᠠᠷᠠᠭᠤᠯᠤᠨ᠎ᠠ᠃ ᠲᠤᠮᠳᠡᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠴᠢᠩ ᠬᠤᠸᠠ ᠶᠡᠭᠡ ᠰᠤᠷᠭᠠᠭᠤᠯᠢ᠂ ᠬᠢᠷᠢᠨ ᠶᠡᠭᠡ ᠰᠤᠷᠭᠠᠭᠤᠯᠢ ᠵᠡᠷᠭᠡ ᠰᠢᠨᠵᠢᠯᠡᠭᠡ ᠮᠡᠷᠬᠡᠵᠢᠯ ᠤᠨ ᠲᠡᠭᠡᠳᠦ ᠰᠤᠷᠭᠠᠭᠤᠯᠢ ᠯᠤᠭ᠎ᠠ ᠶᠢᠨ ᠬᠠᠮᠳᠤᠷᠠᠯᠴᠠᠭ᠎ᠠ ᠶᠢ | ᠠᠬᠢᠭᠤᠯᠵᠤ᠂ ᠠᠵᠤ ᠦᠢᠯᠡᠰ ᠤᠨ ᠪᠦᠷᠢᠨ ᠬᠡᠯᠬᠢᠶ᠎ᠡ ᠶᠢᠨ ᠰᠢᠨᠵᠢᠯᠡᠭᠡ ᠮᠡᠷᠬᠡᠵᠢᠯ ᠤᠨ ᠰᠢᠪᠳᠤᠯᠤᠯᠳᠡ ᠶᠢ ᠴᠢᠩᠭᠠᠳᠬᠠᠨ᠎ᠠ᠃ ᠦᠪᠦᠷ ᠮᠤᠩᠭᠤᠯ ᠤᠨ ᠦᠨᠳᠦᠰᠦᠳᠡᠨ | ᠤ ᠶᠡᠭᠡ ᠰᠤᠷᠭᠠᠭᠤᠯᠢ ᠶᠢᠨ ᠮᠤᠩᠭᠤᠯ ᠡᠮ ᠡᠮᠨᠡᠯᠬᠡ ᠶᠢᠨ ᠤᠯᠤᠰ ᠤᠨ ᠭᠤᠤᠯᠳᠠᠯᠭᠠᠳᠤ ᠲᠤᠷᠰᠢᠯᠳᠠ ᠶᠢᠨ ᠲᠠᠰᠤᠭ ᠪᠤᠯᠤᠨ ᠤᠯᠤᠰ᠂ ᠤᠷᠤᠨ ᠨᠤᠳᠤᠭ ᠤᠨ | ᠬᠠᠮᠳᠤᠷᠠᠭᠰᠠᠨ ᠢᠨᠵᠧᠨᠧᠷᠢᠩ ᠤᠨ ᠰᠤᠳᠤᠯᠭᠠᠨ ᠤ ᠲᠦᠪ ᠤᠨ ᠪᠠᠶᠢᠭᠤᠯᠤᠯᠳᠡ ᠶᠢ ᠲᠡᠮᠵᠢᠵᠦ᠂ ᠦᠪᠦᠷ ᠮᠤᠩᠭᠤᠯ ᠤᠨ ᠮᠤᠩᠭᠤᠯ ᠡᠮ ᠡᠮᠨᠡᠯᠬᠡ ᠶᠢᠨ ᠢᠨᠵᠧᠨᠧᠷᠢᠩ | ᠤᠨ ᠮᠡᠷᠬᠡᠵᠢᠯ ᠤᠨ ᠰᠤᠳᠤᠯᠭᠠᠨ ᠤ ᠬᠦᠷᠢᠶᠡᠯᠡᠩ ᠤᠨ ᠰᠢᠨᠵᠢᠯᠡᠭᠡ ᠮᠡᠷᠬᠡᠵᠢᠯ ᠤᠨ ᠰᠤᠳᠤᠯᠭᠠᠨ ᠤ ᠴᠢᠳᠡᠪᠦᠷᠢ ᠶᠢ ᠲᠡᠭᠡᠭᠰᠢᠯᠡᠬᠦᠯᠦᠨ᠎ᠡ᠃ ᠦᠪᠦᠷ ᠮᠤᠩᠭᠤᠯ ᠤᠨ | ᠵᠡᠬᠦᠨ ᠬᠡᠰᠡᠭ ᠤᠨ ᠰᠢᠨᠵᠢᠯᠡᠭᠡ ᠮᠡᠷᠬᠡᠵᠢᠯ ᠤᠨ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠦᠪ ᠪᠠᠶᠢᠭᠤᠯᠵᠤ᠂ ᠰᠢᠨᠵᠢᠯᠡᠭᠡ ᠮᠡᠷᠬᠡᠵᠢᠯ ᠤᠨ ᠦᠷ᠎ᠡ ᠪᠦᠳᠦᠭᠡᠯ ᠢ | ᠤᠷᠤᠭᠤᠯᠤᠨ ᠠᠪᠴᠢᠷᠠᠵᠤ ᠬᠤᠪᠢᠷᠠᠭᠤᠯᠬᠤ ᠶᠢ ᠠᠬᠢᠭᠤᠯᠤᠨ᠎ᠠ᠃ ᠲᠦᠩᠯᠢᠶᠥᠥ ᠬᠤᠳᠠ ᠶᠢᠨ ᠰᠢᠨ᠎ᠡ ᠶᠢ ᠡᠬᠦᠳᠴᠦ ᠦᠢᠯᠡᠰ ᠪᠤᠰᠬᠠᠬᠤ ᠬᠤᠯᠪᠤᠭ᠎ᠠ ᠶᠢ ᠪᠠᠶᠢᠭᠤᠯᠵᠤ | ᠂ ᠪᠦᠬᠦ ᠬᠤᠳᠠ ᠶᠢᠨ ᠬᠤᠣᠰ ᠡᠭᠦᠳᠦᠯᠳᠡ ᠶᠢᠨ ᠡᠬᠢ ᠪᠠᠶᠠᠯᠢᠭ ᠢ ᠨᠢᠬᠡᠳᠦᠯᠳᠡᠢ ᠲᠦᠯᠦᠪᠵᠢᠬᠦᠯᠦᠨ ᠵᠤᠬᠢᠴᠠᠭᠤᠯᠵᠣ᠂ ᠠᠵᠤ ᠠᠬᠤᠶᠢᠯᠠᠯ ᠤᠨ ᠰᠢᠨᠵᠢᠯᠡᠭᠡ ᠮᠡᠷᠬᠡᠵᠢᠯ | ᠤᠨ ᠰᠢᠨ᠎ᠡ ᠡᠭᠦᠳᠦᠯᠲᠡ ᠶᠢᠨ ᠲᠠᠪᠴᠠᠩ ᠪᠠᠶᠢᠭᠤᠯᠬᠤ ᠶᠢ ᠵᠤᠷᠢᠭᠵᠢᠭᠤᠯᠤᠨ ᠬᠦᠳᠦᠯᠵᠦ᠂ ᠮᠡᠷᠭᠡᠵᠢᠯ ᠤᠨ ᠰᠣᠳᠣᠯᠣᠯ ᠢ ᠠᠬᠢᠭᠤᠯᠵᠣ᠂ ᠴᠢᠨᠠᠷ ᠴᠢᠨᠰᠠᠭ᠎ᠠ ᠶᠢ | ᠳᠡᠭᠡᠭᠰᠢᠯᠡᠬᠦᠯᠬᠦ ᠠᠵᠢᠯᠯᠠᠭ᠎ᠠ ᠦᠷᠨᠢᠬᠦᠯᠵᠦ᠂ ᠦᠷᠢᠰᠦᠯᠳᠦᠬᠡᠨ ᠤ ᠰᠢᠨ᠎ᠡ ᠲᠠᠪᠠᠭᠤᠯᠢᠭ ᠢ ᠡᠬᠦᠳᠦᠨ᠎ᠡ᠃ | ᠠᠵᠤ ᠦᠢᠯᠡᠳᠪᠦᠷᠢ ᠶᠢᠨ ᠬᠤᠷᠤᠭ᠎ᠠ ᠶᠢᠨ ᠡᠷᠴᠢᠮᠵᠢᠭᠰᠡᠨ ᠬᠦᠭᠵᠢᠬᠦᠯᠦᠯᠳᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠤᠷᠤᠭ᠎ᠠ ᠶᠢᠨ | ᠲᠦᠯᠦᠪᠵᠢᠬᠦᠯᠬᠡ ᠶᠢᠨ ᠪᠠᠶᠢᠷᠢᠯᠠᠭᠤᠯᠤᠯᠳᠠ ᠶᠢ ᠲᠡᠬᠦᠯᠳᠡᠷᠵᠢᠬᠦᠯᠵᠦ᠂ ᠠᠵᠦ ᠦᠢᠯᠡᠰ ᠤᠨ ᠤᠷᠤᠨ ᠪᠠᠶᠢᠷᠢ ᠶᠢ ᠲᠤᠳᠤᠷᠬᠠᠶᠢᠯᠠᠨ᠂ ᠡᠯ᠎ᠡ ᠲᠦᠷᠦᠯ ᠵᠦᠢᠯ ᠢ | ᠬᠤᠷᠤᠭ᠎ᠠ ᠳᠤ ᠴᠤᠭᠯᠠᠷᠠᠭᠤᠯᠵᠦ᠂ ᠲᠠᠪᠠᠭᠤᠯᠢᠭ ᠤᠨᠴᠠᠯᠢᠭ ᠢ ᠢᠯᠡᠷᠡᠬᠦᠯᠦᠨ᠂ ᠪᠠᠶᠢᠷᠢ ᠰᠤᠯᠢᠪᠴᠠᠭᠤᠯᠤᠨ ᠬᠦᠭᠵᠢᠬᠦᠯᠬᠦ ᠶᠢ ᠪᠡᠶᠡᠯᠡᠬᠦᠯᠦᠨ᠎ᠡ᠃ ᠠᠵᠤ ᠦᠢᠯᠡᠳᠪᠦᠷᠢ | ᠶᠢᠨ ᠬᠤᠷᠤᠭ᠎ᠠ ᠶᠢᠨ ᠰᠢᠨ᠎ᠡ ᠨᠢᠬᠡ ᠡᠬᠡᠯᠵᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠦᠨᠡᠯᠡᠯᠲᠡ ᠶᠢᠨ ᠠᠵᠢᠯ ᠦᠷᠨᠢᠬᠦᠯᠵᠦ᠂ ᠠᠵᠤ ᠦᠢᠯᠡᠳᠪᠦᠷᠢ ᠶᠢᠨ | ᠬᠤᠷᠤᠭ᠎ᠠ ᠶᠢᠨ ᠤᠷᠴᠢᠨ ᠲᠣᠭᠤᠷᠢᠨ ᠤ ᠬᠠᠮᠠᠭᠠᠯᠠᠯᠳᠡ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ︽ᠭᠤᠷᠪᠡᠨ ᠬᠠᠶᠠᠭᠳᠠᠮᠠᠯ︾ ᠢ | ᠴᠤᠭᠯᠠᠭᠤᠯᠤᠨ ᠰᠢᠢᠳᠪᠦᠷᠢᠯᠡᠬᠦ᠂ ᠬᠠᠳᠠᠭᠤ ᠪᠡᠶᠡᠳᠦ ᠬᠠᠶᠠᠭᠳᠠᠮᠠᠯ ᠰᠢᠭᠠᠷᠤ ᠶᠢᠨ ᠲᠠᠯᠠᠪᠤᠷ ᠵᠡᠷᠭᠡ ᠴᠢᠳᠡᠮᠵᠢᠳᠦ ᠤᠷᠤᠨ ᠤ ᠪᠠᠶᠢᠭᠤᠯᠤᠯᠳᠠ ᠶᠢ ᠠᠬᠢᠭᠤᠯᠵᠤ᠂ ︽ | ᠬᠤᠭ ᠨᠤᠪᠰᠢ ᠦᠭᠡᠢ ᠬᠤᠳᠠ︾ ᠶᠢᠨ ᠪᠠᠶᠢᠭᠤᠯᠤᠯᠳᠡ ᠶᠢᠨ ᠲᠤᠷᠰᠢᠯᠳᠡ ᠶᠢᠨ ᠴᠡᠭ ᠪᠤᠯᠬᠤ ᠪᠠᠷ ᠴᠢᠷᠮᠡᠶᠢᠨ᠎ᠡ᠃ ᠠᠵᠤ ᠦᠢᠯᠡᠳᠪᠦᠷᠢ ᠶᠢᠨ ᠬᠤᠷᠤᠭ᠎ᠠ ᠶᠢᠨ ᠡᠬᠢ | ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠬᠦᠯᠦᠨ᠂ ᠭᠠᠵᠠᠷ ᠰᠢᠷᠦᠢ ᠵᠡᠷᠭᠡ ᠰᠤᠯᠡ ᠬᠦᠷᠦᠩᠭᠡ ᠶᠢ ᠲᠦᠷᠭᠡᠨ ᠠᠮᠢᠯᠠᠭᠤᠯᠣᠨᠠ᠃ ᠬᠤᠤᠯᠢᠩᠭᠤᠤᠯ ᠤᠨ ᠠᠵᠤ | ᠦᠢᠯᠡᠳᠪᠦᠷᠢ ᠶᠢᠨ ᠬᠤᠷᠤᠭ᠎ᠠ ᠪᠤᠯᠤᠨ ᠵᠠᠬᠠᠨᠠᠭᠤᠷ ᠤᠨ ᠠᠵᠤ ᠦᠢᠯᠡᠳᠪᠦᠷᠢ ᠶᠢᠨ ᠬᠤᠷᠤᠭ᠎ᠠ ᠶᠢᠨ ᠬᠠᠮᠵᠢᠯᠴᠠᠨ ᠬᠦᠭᠵᠢᠬᠦ ᠶᠢ ᠠᠬᠢᠭᠤᠯᠵᠤ᠂ ᠵᠠᠷᠤᠳ ᠬᠤᠰᠢᠭᠤ᠂ | ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤ ᠶᠢᠨ ᠠᠳᠡᠯᠢ ᠪᠠᠯᠭᠠᠳ ᠤᠨ ᠠᠵᠤ ᠦᠢᠯᠡᠳᠪᠦᠷᠢ ᠶᠢᠨ ᠬᠤᠷᠤᠭ᠎ᠠ ᠶᠢ ᠲᠦᠷᠭᠡᠨ ᠨᠡᠶᠢᠯᠡᠬᠦᠯᠵᠦ᠂ ᠬᠤᠷᠴᠢᠨ ᠠᠵᠤ | ᠦᠢᠯᠡᠳᠪᠦᠷᠢ ᠶᠢᠨ ᠬᠤᠷᠤᠭ᠎ᠠ ᠶᠢᠨ ᠵᠡᠬᠦᠨ ᠲᠤᠭᠤᠷᠢᠭ ᠢ ᠨᠡᠬᠦᠯᠬᠡᠵᠦ ᠰᠢᠨᠡᠳᠭᠡᠬᠦ ᠠᠵᠢᠯ ᠢ ᠲᠦᠷᠭᠡᠳᠭᠡᠵᠦ᠂ ᠨᠢᠬᠡ ᠪᠦᠯᠦᠭ ᠦᠢᠯᠡᠳᠭᠡᠬᠦᠨ ᠤ ᠦᠷᠳᠡᠭ ᠵᠠᠭᠤᠨ | ᠳ᠋ᠦᠩᠰᠢᠭᠤᠷ ᠲᠦᠭᠦᠷᠢᠭ ᠲᠠᠪᠠᠭ᠋ᠤ ᠬᠤᠷᠤᠭ᠎ᠠ ᠶᠢᠨ ᠪᠠᠶᠢᠭᠤᠯᠣᠯᠳᠠ ᠶᠢ ᠲᠦᠷᠭᠡᠳᠭᠡᠵᠦ᠂ ᠦᠪᠡᠷᠳᠡᠬᠡᠨ ᠵᠠᠰᠠᠬᠤ ᠣᠷᠣᠨ ᠤ ᠲᠡᠰ ᠪᠠ ᠤᠯᠤᠰ ᠤᠨ ᠲᠡᠰ ᠤᠨ ᠲᠡᠭᠡᠳᠦ | ᠰᠢᠨ᠎ᠡ ᠮᠡᠷᠬᠡᠵᠢᠯ ᠤᠨ ᠠᠵᠦ ᠦᠢᠯᠡᠰ ᠤᠨ ᠨᠡᠬᠡᠬᠡᠯᠳᠡ ᠶᠢᠨ ᠬᠤᠷᠤᠭ᠎ᠠ ᠶᠢ ᠡᠬᠦᠳᠦᠨ᠎ᠡ᠃ | ︵ᠭᠤᠷᠪᠠ︶ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠮᠠᠯ ᠲᠠᠷᠢᠶᠠᠯᠠᠩ ᠪᠤᠯᠤᠨ ᠬᠦᠳᠡᠭᠡ | ᠲᠤᠰᠬᠤᠨ ᠮᠠᠯᠵᠢᠬᠤ ᠤᠷᠤᠨ ᠤ ᠤᠳᠤᠬᠢᠴᠢᠯᠠᠯᠳᠡ ᠶᠢ ᠲᠦᠷᠭᠡᠳᠭᠡᠨ᠎ᠡ᠃ ᠮᠠᠯ ᠲᠠᠷᠢᠶᠠᠯᠠᠩ ᠪᠤᠯᠤᠨ ᠬᠦᠳᠡᠭᠡ ᠲᠤᠰᠬᠤᠨ ᠮᠠᠯᠵᠢᠬᠤ ᠤᠷᠤᠨ ᠢ ᠣᠷᠢᠳᠠᠪᠠᠷ | ᠬᠦᠭᠵᠢᠬᠦᠯᠬᠦ ᠶᠢ ᠪᠠᠷᠢᠮᠳᠠᠯᠠᠨ᠂ ᠶᠠᠰᠤ ᠴᠢᠨᠡᠷ ᠢᠶᠠᠷ ᠲᠠᠷᠢᠶᠠᠯᠠᠩ ᠢ ᠬᠦᠭᠵᠢᠬᠦᠯᠬᠦ᠂ ᠪᠤᠬᠢᠷᠳᠦᠯ ᠦᠭᠡᠢ ᠲᠠᠷᠢᠶᠠᠯᠠᠩ ᠢ ᠬᠦᠭᠵᠢᠬᠦᠯᠬᠦ᠂ ᠱᠣᠱᠢᠭ᠎ᠠ ᠪᠠᠷ ᠲᠠᠷᠢᠶᠠᠯᠠᠩ ᠢ | ᠬᠦᠴᠦᠷᠭᠡᠭᠵᠢᠬᠦᠯᠬᠦ ᠶᠢ ᠠᠬᠢᠭᠤᠯᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠣᠭᠰᠠᠨ ᠤᠳᠤᠬᠢᠴᠢ ᠮᠠᠯ ᠲᠠᠷᠢᠶᠠᠯᠠᠩ ᠤᠨ ᠲᠠᠭᠤᠷᠢᠶᠠᠯ ᠤᠷᠤᠨ | ᠪᠠᠶᠢᠭᠤᠯᠤᠨ᠎ᠠ᠃ | ᠮᠠᠯ ᠲᠠᠷᠢᠶᠠᠯᠠᠩ ᠤᠨ ᠪᠦᠳᠦᠴᠠ ᠶᠢ ᠦᠷᠬᠦᠯᠵᠢᠯᠡᠨ ᠰᠢᠯᠢᠳᠡᠭᠵᠢᠬᠦᠯᠦᠨ᠎ᠡ᠃ ᠡᠷᠳᠡᠨᠢ ᠰᠢᠰᠢ ᠶᠢᠨ ᠲᠠᠷᠢᠶ᠎ᠠ ᠶᠢᠨ ᠲᠠᠯᠠᠪᠠᠢ ᠶᠢ 10 ᠲᠦᠮᠡᠨ ᠮᠤ᠋ ᠪᠠᠭᠠᠰᠬᠠᠵᠤ᠂ | ᠠᠵᠤ ᠠᠬᠤᠢ ᠶᠢᠨ ᠲᠠᠷᠢᠮᠠᠯ ᠢ 260 ᠲᠦᠮᠡᠨ ᠮᠤ᠋ ᠲᠠᠷᠢᠵᠤ᠂ ᠴᠢᠨᠡᠷ ᠰᠠᠶᠢᠳᠡᠢ ᠲᠡᠵᠢᠬᠡᠯ ᠪᠤᠷᠳᠤᠭᠠᠨ ᠤ ᠰᠠᠭᠤᠷᠢᠨ ᠢ 560 ᠲᠦᠮᠡᠨ ᠮᠤ᠋ ᠪᠠᠶᠢᠭᠤᠯᠤᠨ᠎ᠠ᠃ | ᠲᠠᠷᠢᠶᠠᠨ ᠭᠠᠵᠠᠷ ᠤᠨ ᠨᠦᠬᠡᠴᠡ ᠶᠢᠨ ᠪᠠᠶᠢᠭᠤᠯᠣᠯᠲᠠ ᠬᠠᠮᠢᠶᠠᠷᠤᠯᠳᠡ ᠪᠠᠨ ᠴᠢᠩᠭᠠᠳᠬᠠᠵᠤ᠂ ︽ᠰᠠᠷᠠᠪᠴᠢᠳᠤ ᠭᠡᠷ︾ ᠤᠨ ᠠᠰᠠᠭᠤᠳᠠᠯ ᠢ ᠲᠦᠢᠯᠪᠦᠷᠢᠳᠡᠢ ᠴᠡᠪᠡᠷᠯᠡᠨ | ᠴᠡᠭᠴᠡᠯᠡᠵᠦ᠂ ᠲᠠᠷᠢᠶᠠᠨ ᠭᠠᠵᠠᠷ ᠢ ᠲᠠᠷᠢᠶᠠᠯᠠᠩ ᠤᠨ ᠪᠣᠰᠣ ᠬᠡᠷᠡᠭᠯᠡᠭᠡ ᠳᠤ ᠬᠡᠷᠡᠭᠯᠡᠬᠦ ᠶᠢ ᠡᠷᠡᠰ ᠬᠤᠷᠢᠭᠯᠠᠨ᠎ᠠ᠃ ︽ᠬᠤᠨᠢ ᠢᠮᠠᠭ᠎ᠠ ᠶᠢ ᠲᠤᠭᠳᠠᠪᠤᠷᠢᠵᠢᠭᠤᠯᠣᠨ ᠦᠬᠡᠷ | ᠢ ᠨᠡᠮᠡᠭᠳᠡᠬᠦᠯᠬᠦ︾ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠦ᠂ ᠴᠢᠨᠡᠷ ᠰᠠᠶᠢᠳᠡᠢ ᠠᠯᠠᠰᠢᠨ ᠦᠬᠡᠷ ᠤᠨ ᠲᠤᠭ᠎ᠠ ᠶᠢ 10 ᠲᠦᠮᠡ ᠭᠠᠷᠣᠢ ᠨᠡᠮᠡᠭᠳᠡᠬᠦᠯᠦᠨ᠎ᠡ᠃ | ᠲᠦᠩᠯᠢᠶᠥᠥ ᠶᠢᠨ ᠤᠯᠤᠰ ᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠲᠤᠭᠤᠷᠢᠭ ᠰᠢᠯᠭᠠᠨ ᠬᠤᠷᠢᠶᠠᠯᠳᠠ ᠶᠢ ᠪᠠᠳᠣᠯᠠᠭ᠎ᠠ ᠲᠠᠢ ᠦᠩᠭᠡᠷᠡᠭᠡᠵᠦ᠂ | ᠤᠯᠤᠰ ᠤᠨ ᠲᠠᠷᠢᠶᠠᠯᠠᠩ ᠤᠨ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠠᠭᠤᠷᠢᠶᠠᠯ ᠤᠷᠤᠨ ᠢ ᠡᠭᠦᠳᠬᠦ ᠪᠠᠷ ᠴᠢᠷᠮᠠᠶᠢᠨ᠎ᠠ᠃ ᠲᠣᠭᠳᠠᠭᠰᠠᠨ ᠬᠤᠭᠤᠴᠠᠭ᠎ᠠ | ᠲᠤᠳᠤᠷ᠎ᠡ ᠬᠢᠵᠢᠭ ᠡᠬᠦᠰᠦᠭᠰᠡᠨ ᠦᠭᠡᠢ ᠤᠷᠤᠨ ᠤ ᠪᠠᠶᠢᠭᠤᠯᠤᠯᠳᠡ ᠶᠢ ᠠᠬᠢᠭᠤᠯᠵᠤ᠂ ᠠᠹᠷᠢᠺᠠ ᠶᠢᠨ ᠭᠠᠭ᠋ᠠᠢ ᠶᠢᠨ ᠬᠢᠵᠢᠭ ᠵᠡᠷᠭᠡ ᠠᠮᠢᠳᠠᠨ ᠤ ᠬᠢᠵᠢᠭ ᠢ ᠰᠡᠷᠬᠡᠶᠢᠯᠡᠨ | ᠡᠵᠡᠮᠳᠡᠬᠦ ᠠᠵᠢᠯ ᠢ ᠦᠷᠬᠦᠯᠵᠢᠯᠡᠨ ᠰᠠᠶᠢᠳᠦᠷ ᠠᠳᠬᠤᠨ᠂ ᠮᠠᠯ ᠤᠨ ᠠᠵᠤ ᠠᠬᠤᠢ ᠶᠢᠨ ᠦᠢᠯᠡᠳᠪᠦᠷᠢᠯᠡᠯ ᠤᠨ ᠡᠷᠡᠬᠦᠯ ᠬᠦᠭᠵᠢᠬᠦᠯᠦᠯᠳᠡ ᠪᠠ ᠣᠯᠠᠭᠠᠨ ᠢᠳᠡᠭᠡᠨ ᠤ | ᠠᠶᠤᠯᠬᠦᠢ ᠶᠢ ᠪᠠᠳᠤᠯᠠᠨ᠎ᠠ᠃ | ᠱᠣᠱᠢᠭᠠᠳᠣ ᠮᠠᠯ ᠲᠠᠷᠢᠶᠠᠯᠠᠩ ᠤᠨ ᠦᠢᠯᠡᠰ ᠢ ᠬᠦᠴᠦᠳᠡᠢ ᠬᠦᠭᠵᠢᠬᠦᠯᠦᠨ᠎ᠡ᠃ ᠮᠢᠩᠭᠠᠨ ᠳ᠋ᠦᠩᠰᠢᠭᠤᠷ ᠲᠡᠰ ᠤᠨ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠤᠷᠤᠨ ᠪᠦᠰᠡ ᠶᠢᠨ ᠨᠡᠶᠢᠳᠡ ᠶᠢᠨ ᠭᠡᠷᠡᠭᠯᠡᠭᠡᠨ ᠤ ᠱᠣᠱᠢᠭ᠎ᠠ ᠡᠬᠦᠳᠬᠦ ᠠᠵᠢᠯᠯᠠᠭ᠎ᠠ ᠶᠢ ᠬᠡᠷᠡᠭᠵᠢᠬᠦᠯᠵᠦ᠂ ᠲᠦᠩᠯᠢᠶᠣᠣ ᠶᠢᠨ ᠪᠣᠬᠢᠷᠳᠣᠯ ᠦᠭᠡᠢ | ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ︽ᠬᠤᠷᠴᠢᠨ︾ ᠬᠡᠮᠡᠬᠦ ᠠᠯᠳᠠᠨ ᠱᠣᠱᠢᠭ᠎ᠠ ᠶᠢ ᠡᠭᠦᠳᠦᠨ᠎ᠡ᠃ ︽ᠭᠤᠷᠪᠠᠨ ᠪᠦᠲᠦᠭᠡᠭᠳᠡᠭᠦᠨ ᠨᠢᠬᠡ | ᠲᠡᠮᠳᠡᠭ︾ ᠤᠨ ᠬᠡᠷᠡᠴᠢᠯᠡᠯ ᠤᠨ ᠱᠠᠩᠨᠠᠯ ᠨᠦᠬᠦᠪᠦᠷᠢ ᠶᠢᠨ ᠲᠤᠭᠳᠠᠴᠠ ᠪᠠᠶᠢᠭᠤᠯᠵᠤ᠂ ᠮᠠᠯ ᠲᠠᠷᠢᠶᠠᠯᠠᠩ ᠤᠨ ᠪᠦᠲᠦᠭᠡᠭᠳᠡᠭᠦᠨ ᠤ ᠪᠠᠷᠢᠮᠵᠢᠶ᠎ᠡ ᠶᠢᠨ ᠲᠣᠭᠳᠠᠯᠴᠠᠭ᠎ᠠ ᠪᠠ | ᠴᠢᠨᠠᠷ ᠴᠢᠨᠰᠠᠭ᠎ᠠ ᠶᠢᠨ ᠠᠶᠣᠯᠬᠦᠢ ᠶᠢᠨ ᠨᠡᠬᠡᠮᠵᠢᠯᠡᠯ ᠤᠨ ᠲᠣᠭᠳᠠᠯᠴᠠᠭ᠎ᠠ ᠶᠢ ᠲᠡᠭᠦᠯᠳᠡᠷᠵᠢᠬᠦᠯᠵᠦ᠂ ᠲᠤᠮᠳᠠᠳᠤ ᠤᠯᠤᠰ ᠤᠨ ᠤᠨᠴᠠᠯᠢᠭ ᠲᠠᠢ ᠲᠠᠷᠢᠶᠠᠯᠠᠩ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠲᠠᠪᠠᠭᠤᠯᠢᠭ ᠤᠷᠤᠨ ᠢ ᠭᠤᠶᠤᠴᠢᠯᠠᠨ ᠮᠡᠳᠡᠬᠦᠯᠬᠦ ᠠᠵᠢᠯ ᠢ ᠦᠷᠨᠢᠭᠦᠯᠵᠦ᠂ ᠣᠷᠣᠨ ᠨᠣᠳᠤᠭ ᠤᠨ ᠨᠡᠶᠢᠳᠡ ᠶᠢᠨ ᠬᠡᠷᠡᠭᠯᠡᠭᠡ ᠶᠢᠨ | ᠱᠣᠱᠢᠭ᠎ᠠ ᠶᠢᠨ ᠦᠷᠲᠡᠭ ᠪᠠ ᠨᠦᠯᠦᠭᠡ ᠶᠢ ᠳᠡᠭᠡᠭᠰᠢᠯᠡᠭᠦᠯᠦᠨ᠎ᠡ᠃ | ᠮᠠᠯ ᠲᠠᠷᠢᠶᠠᠯᠠᠩ ᠤᠨ ᠠᠵᠦ ᠦᠢᠯᠡᠰᠵᠢᠯᠳᠡ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠲᠠᠷᠢᠶᠠᠴᠢᠨ ᠡᠷᠦᠬᠡ ᠬᠢᠭᠡᠳ ᠣᠳᠣᠬᠢᠴᠢ ᠮᠠᠯ ᠲᠠᠷᠢᠶᠠᠯᠠᠩ ᠤᠨ | ᠦᠢᠯᠡᠰ ᠤᠨ ᠣᠷᠭᠠᠨᠢᠭ ᠵᠣᠯᠭᠠᠯᠴᠠᠭ᠎ᠠ ᠶᠢ ᠠᠬᠢᠭᠤᠯᠵᠣ᠂ ᠮᠠᠯ ᠲᠠᠷᠢᠶᠠᠯᠠᠩ ᠤᠨ ᠠᠵᠦ ᠦᠢᠯᠡᠰᠵᠢᠯᠳᠡ ᠶᠢᠨ ᠲᠦᠷᠦᠭᠦᠴᠢ ᠠᠵᠦ ᠠᠬᠤᠶᠢᠯᠠᠯ ᠢ ᠪᠤᠵᠠᠭᠠᠶᠢᠷᠠᠭᠤᠯᠤᠨ᠂ | ᠲᠤᠰᠬᠠᠢ ᠬᠤᠷᠰᠢᠶᠠᠵᠢᠯ ᠢ 150 ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠪᠤᠯᠤᠨ ᠠᠵᠤ ᠠᠬᠤᠶᠢᠯᠠᠯ ᠤᠨ ᠨᠢᠭᠳᠠ ᠬᠤᠯᠪᠤᠭᠠᠰᠤ ᠪᠠᠷ 33 ᠲᠦᠮᠡᠨ ᠮᠠᠯᠴᠢᠨ | ᠲᠠᠷᠢᠶᠠᠴᠢᠨ ᠡᠷᠦᠭᠡ ᠶᠢ ᠲᠠᠶᠢᠴᠢᠯᠠᠨ᠎ᠠ᠃ ᠰᠢᠨ᠎ᠡ ᠮᠠᠶ᠋ᠢᠭ ᠤᠨ ᠮᠠᠯ ᠲᠠᠷᠢᠶᠠᠯᠠᠩ ᠤᠨ ᠨᠡᠶᠢᠬᠡᠮᠴᠢᠯᠡᠭᠰᠡᠨ ᠦᠢᠯᠡᠴᠢᠯᠡᠭᠡᠨ ᠤ ᠲᠤᠭᠳᠠᠯᠴᠠᠭ᠎ᠠ ᠶᠢ ᠲᠡᠬᠦᠯᠳᠡᠷᠵᠢᠬᠦᠯᠵᠦ᠂ | ᠤᠯᠠᠨ ᠬᠡᠯᠪᠡᠷᠢ ᠶᠢᠨ ᠵᠣᠬᠢᠬᠤ ᠬᠡᠪᠴᠢᠶᠡᠳᠦ ᠡᠵᠡᠩᠨᠡᠯᠳᠡ ᠶᠢ ᠬᠦᠭᠵᠢᠬᠦᠯᠦᠨ᠎ᠡ᠃ ᠤᠶᠤᠨᠯᠢᠭ ᠮᠠᠯ ᠲᠠᠷᠢᠶᠠᠯᠠᠩ ᠤᠨ ᠪᠠᠶᠢᠭᠤᠯᠤᠯᠳᠠ ᠶᠢ ᠴᠢᠩᠭᠠᠳᠬᠠᠵᠤ᠂ ᠮᠠᠯ | ᠲᠠᠷᠢᠶᠠᠯᠠᠩ ᠤᠨ ᠴᠢᠳᠡᠪᠬᠢ ᠶᠢ ᠦᠷᠭᠡᠳᠭᠡᠨ᠂ ᠨᠢᠭᠡᠳᠦᠭᠡᠷ ᠬᠤᠶᠠᠳᠣᠭᠠᠷ ᠭᠤᠷᠪᠠᠳᠣᠭᠠᠷ ᠠᠵᠣ ᠦᠢᠯᠡᠰ ᠤᠨ ᠠᠭᠤᠰᠣᠯᠴᠠᠭ᠎ᠠ ᠲᠠᠢ ᠬᠦᠭᠵᠢᠬᠦᠯᠦᠯᠳᠡ ᠶᠢ | ᠠᠬᠢᠭᠤᠯᠣᠨ᠎ᠠ᠃ | ᠬᠦᠳᠡᠭᠡ ᠲᠤᠰᠬᠤᠨ ᠮᠠᠯᠵᠢᠬᠤ ᠤᠷᠤᠨ ᠤ ᠠᠷᠠᠳ ᠤᠨ ᠤᠷᠤᠰᠢᠨ ᠰᠠᠭᠤᠬᠤ ᠤᠷᠴᠢᠨ ᠢ ᠰᠠᠶᠢᠵᠢᠷᠠᠭᠤᠯᠤᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ | ᠠᠷᠠᠳ ᠤᠨ ᠤᠷᠤᠰᠢᠨ ᠰᠠᠭᠤᠬᠤ ᠤᠷᠴᠢᠨ ᠲᠣᠭᠤᠷᠢᠨ ᠤ ᠴᠡᠭᠴᠡᠯᠡᠯᠲᠡ ᠶᠢ ᠬᠦᠨᠵᠡᠬᠡᠢ ᠠᠬᠢᠭᠤᠯᠵᠤ᠂ ᠬᠤᠭ ᠨᠤᠪᠰᠢ ᠰᠢᠢᠳᠪᠦᠷᠢᠯᠡᠬᠦ᠂ ᠪᠣᠬᠢᠷ ᠤᠰᠤ | ᠰᠢᠢᠳᠪᠦᠷᠢᠯᠡᠬᠦ᠂ ᠵᠤᠷᠯᠤᠩ ᠤᠨ ᠬᠤᠪᠢᠰᠬᠠᠯ ᠵᠡᠷᠭᠡ ᠲᠤᠰᠬᠠᠢ ᠲᠦᠯᠦᠪᠵᠢᠬᠦᠯᠬᠡ ᠶᠢᠨ ᠨᠠᠶᠢᠷᠠᠭᠤᠯᠭ᠎ᠠ ᠶᠢ ᠪᠡᠶᠡᠯᠡᠬᠦᠯᠦᠨ᠎ᠡ᠃ ᠠᠶᠢᠯ ᠲᠤᠰᠬᠤᠨ ᠢ ᠴᠡᠪᠡᠷ ᠪᠣᠯᠭᠠᠬᠤ | ᠠᠵᠢᠯᠯᠠᠭ᠎ᠠ ᠶᠢ ᠡᠬᠢᠯᠡᠬᠦᠯᠵᠦ᠂ ︽ ᠭᠤᠷᠪᠠᠨ ᠴᠡᠪᠡᠷ ᠨᠢᠬᠡ ᠬᠤᠪᠢᠷᠠᠭᠤᠯᠬᠤ︾ ᠠᠵᠢᠯ ᠢ ᠭᠤᠤᠯᠳᠠᠯᠭ᠎ᠠ ᠲᠠᠢ ᠰᠠᠶᠢᠳᠦᠷ ᠬᠢᠨ᠎ᠡ᠃ ᠬᠦᠳᠡᠭᠡ ᠲᠤᠰᠬᠤᠨ ᠤ 680 | ᠺᠢᠯᠤᠮᠧᠲᠷ ᠵᠠᠰᠠᠮᠠᠯ ᠵᠠᠮ ᠢ ᠰᠢᠨᠡᠳᠭᠡᠨ ᠦᠭᠡᠷᠡᠴᠢᠯᠡᠵᠦ ᠦᠷᠭᠡᠳᠭᠡᠨ ᠪᠠᠶᠢᠭᠤᠯᠵᠣ᠂ ᠬᠠᠰᠤᠵᠤ ᠨᠡᠶᠢᠯᠡᠭᠦᠯᠦᠬᠡᠳ ᠰᠢᠨ᠎ᠡ ᠨᠡᠮᠡᠭᠳᠡᠭᠰᠡᠨ 99 ᠭᠠᠴᠠᠭ᠎ᠠ ᠲᠤᠰᠬᠤᠨ ᠳᠤ | ᠴᠠᠷᠳᠠᠮᠠᠯ ᠵᠠᠮ ︵ᠱᠦᠢᠨᠢ ᠵᠠᠮ︶ ᠨᠡᠪᠳᠡᠷᠡᠬᠦᠯᠦᠨ᠎ᠡ᠃ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠦᠢᠯᠭᠡᠭᠡᠨ ᠤ ᠲᠤᠤᠷ᠂ ᠦᠷᠭᠡᠨ ᠪᠦᠰᠡᠳᠦ | ᠬᠦᠳᠡᠭᠡ ᠲᠤᠰᠬᠤᠨ ᠵᠡᠷᠭᠡ ᠭᠤᠤᠯᠳᠠᠯᠭ᠎ᠠ ᠲᠠᠢ ᠪᠠᠷᠢᠯᠭ᠎ᠠ ᠶᠢ ᠲᠦᠷᠭᠡᠨ ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠰᠠᠭᠤᠷᠢ ᠲᠦᠬᠦᠭᠡᠷᠦᠮᠵᠢ ᠶᠢᠨ | ᠪᠠᠶᠢᠭᠤᠯᠤᠯᠳᠠ ᠶᠢᠨ ᠬᠠᠮᠢᠠᠶ᠋ᠷᠤᠯᠳᠡ ᠬᠠᠮᠠᠭᠠᠯᠠᠯᠳᠡ ᠶᠢᠨ ᠪᠠᠶᠢᠩᠭᠤ ᠶᠢᠨ ᠲᠤᠭᠳᠠᠴᠠ ᠶᠢ ᠲᠡᠬᠦᠯᠳᠡᠷᠵᠢᠬᠦᠯᠵᠦ᠂ ᠦᠵᠡᠰᠬᠦᠯᠡᠩ ᠰᠠᠶᠢᠬᠠᠨ ᠬᠦᠳᠡᠭᠡ ᠲᠤᠰᠬᠤᠨ ᠤ | ᠪᠠᠶᠢᠭᠤᠯᠤᠯᠳᠡ ᠶᠢᠨ ᠦᠷ᠎ᠡ ᠪᠦᠳᠦᠭᠡᠯ ᠢ ᠪᠠᠳᠤᠳᠬᠠᠨ᠎ᠠ᠃ | ︵ᠲᠦᠷᠪᠡ︶ ᠦᠢᠯᠡᠴᠢᠯᠡᠭᠡᠨ ᠤ ᠦᠢᠯᠡᠰ ᠤᠨ ᠬᠡᠮᠵᠢᠶ᠎ᠡ ᠶᠢᠨ ᠨᠡᠮᠡᠭᠳᠡᠭᠦᠯᠦᠯᠲᠡ ᠴᠢᠨᠡᠷ ᠤᠨ ᠳᠡᠭᠡᠭᠰᠢᠯᠡᠬᠦᠯᠦᠯᠳᠡ ᠶᠢ ᠠᠬᠢᠭᠤᠯᠵᠤ᠂ ᠰᠢᠨ᠎ᠡ ᠬᠦᠳᠡᠯᠬᠡᠬᠦ | ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠲᠦᠷᠭᠡᠨ ᠲᠡᠮᠦᠷ ᠵᠠᠮ ᠤᠨ ᠴᠠᠭ ᠦᠶ᠎ᠡ ᠪᠤᠯᠤᠨ ᠬᠡᠷᠡᠭᠯᠡᠭᠡ ᠲᠡᠰ ᠲᠡᠪᠰᠢᠭᠰᠡᠨ ᠰᠢᠨ᠎ᠡ ᠪᠠᠶᠢᠳᠠᠯ ᠲᠠᠢ ᠵᠤᠬᠢᠴᠠᠨ | ᠂ ᠦᠢᠯᠡᠳᠪᠦᠷᠢᠯᠡᠯ ᠤᠨ ᠴᠢᠨᠡᠷ ᠲᠠᠢ ᠦᠢᠯᠡᠴᠢᠯᠡᠭᠡᠨ ᠤ ᠦᠢᠯᠡᠰ ᠪᠤᠯᠤᠨ ᠠᠮᠢᠳᠤᠷᠠᠯ ᠤᠨ ᠴᠢᠨᠡᠷ ᠲᠠᠢ ᠦᠢᠯᠡᠴᠢᠯᠡᠭᠡᠨ ᠤ ᠦᠢᠯᠡᠰ ᠢ ᠵᠡᠷᠭᠡᠪᠡᠷ ᠴᠢᠬᠤᠯᠠᠴᠢᠯᠠᠬᠤ ᠶᠢ | ᠪᠠᠷᠢᠮᠳᠠᠯᠠᠨ᠂ ᠤᠳᠤᠬᠢᠴᠢ ᠦᠢᠯᠡᠴᠢᠯᠡᠭᠡᠨ ᠤ ᠦᠢᠯᠡᠰ ᠤᠨ ᠬᠦᠭᠵᠢᠬᠦᠯᠦᠯᠳᠡ ᠶᠢ ᠲᠦᠷᠭᠡᠳᠭᠡᠬᠦ᠂ ᠬᠠᠷᠢᠴᠠᠯ ᠢ ᠨᠡᠮᠡᠭᠳᠡᠬᠦᠯᠬᠦ᠂ ᠶᠠᠰᠤ ᠴᠢᠨᠡᠷ ᠢ ᠲᠡᠭᠡᠭᠰᠢᠯᠡᠬᠦᠯᠬᠦ ᠶᠢ | ᠠᠬᠢᠭᠤᠯᠤᠨ᠎ᠠ᠃ | ᠤᠳᠤᠬᠢᠴᠢ ᠪᠠᠷᠠᠭᠠᠨ ᠤ ᠬᠦᠢᠯᠭᠡᠭᠡᠨ ᠤ ᠦᠢᠯᠡᠰ ᠢ ᠲᠦᠷᠭᠡᠨ ᠬᠦᠭᠵᠢᠬᠦᠯᠦᠨ᠎ᠡ᠃ ︽ᠬᠤᠶᠠᠷ ᠰᠠᠭᠤᠷᠢᠨ︾᠂ ︽ᠵᠢᠷᠭᠤᠭᠠᠨ ᠲᠦᠪ︾ ᠤᠨ ᠪᠠᠶᠢᠭᠤᠯᠤᠯᠳᠠ | ᠶᠢ ᠠᠬᠢᠭᠤᠯᠵᠤ᠂ ᠭᠠᠳᠠᠭᠠᠳᠤ ᠠᠴᠠ ᠤᠷᠤᠭᠤᠯᠤᠭᠰᠠᠨ ᠪᠠᠷᠠᠭ᠎ᠠ ᠶᠢ ᠠᠷᠠᠯᠵᠢᠶᠠᠯᠠᠬᠤ᠂ ᠪᠤᠯᠪᠠᠰᠤᠷᠠᠭᠤᠯᠬᠤ᠂ ᠲᠦᠪᠯᠡᠷᠡᠬᠦᠯᠵᠦ ᠲᠠᠮᠵᠢᠭᠤᠯᠬᠤ ᠶᠢ ᠨᠢᠬᠡ | ᠴᠤᠭᠴᠠᠵᠢᠭᠤᠯᠤᠭᠰᠠᠨ ᠲᠤᠮᠳᠠᠳᠤ ᠡᠸᠦ᠋ᠷᠦᠫᠡ ︵ᠲᠦᠩᠯᠢᠶᠥᠥ ᠮᠠᠨᠵᠤᠤᠷ ᠡᠸᠦ᠋ᠷᠦᠫᠡ︶ ᠶᠢᠨ ᠡᠬᠡᠯᠵᠢ ᠶᠢᠨ ᠴᠤᠪᠤᠭ᠎ᠠ ᠲᠡᠷᠭᠡ ᠶᠢᠨ ᠪᠠᠷᠠᠭ᠎ᠠ ᠶᠢ ᠪᠤᠯᠪᠠᠰᠤᠷᠠᠭᠤᠯᠵᠤ | ᠭᠠᠳᠠᠭᠰᠢ ᠭᠠᠷᠭᠠᠬᠤ ᠰᠠᠭᠤᠷᠢᠨ ᠪᠠᠶᠢᠭᠤᠯᠵᠤ᠂ ᠲᠦᠩᠯᠢᠶᠥᠥ ᠨᠢᠰᠬᠡᠯ ᠤᠨ ᠪᠠᠭᠤᠳᠠᠯ ᠤᠨ ᠠᠭᠠᠷ ᠤᠨ ᠠᠶᠠᠯᠠᠯ ᠤᠨ ᠪᠤᠭᠤᠮᠳᠠ ᠶᠢ ᠲᠦᠷ ᠨᠡᠬᠡᠬᠡᠬᠦ ᠪᠠᠷ | ᠭᠤᠶᠤᠴᠢᠯᠠᠬᠤ ᠠᠵᠢᠯ ᠢ ᠡᠬᠢᠯᠡᠬᠦᠯᠵᠦ᠂ ᠠᠭᠠᠷ ᠤᠨ ᠲᠡᠭᠡᠭᠡᠪᠦᠷᠢ ᠶᠢᠨ ᠰᠠᠭᠤᠷᠢᠨ ᠢ ᠲᠦᠯᠦᠪᠵᠢᠬᠦᠯᠦᠨ ᠪᠠᠶᠢᠭᠤᠯᠣᠨ᠎ᠠ᠃ ᠲᠦᠩᠯᠢᠶᠥᠥ ᠶᠢᠨ ᠭᠠᠶᠢᠯᠢ ᠶᠢ ᠪᠠᠳᠤᠯᠠᠬᠤ | ᠪᠠᠷᠠᠭᠠᠨ ᠤ ᠬᠦᠢᠯᠭᠡᠭᠡᠨ ᠤ ᠲᠦᠪ ᠪᠤᠯᠤᠨ ᠤᠯᠠᠨ ᠬᠡᠯᠪᠡᠷᠢ ᠶᠢ ᠬᠠᠮᠳᠣᠷᠠᠭᠤᠯᠣᠭᠰᠠᠨ ᠲᠡᠭᠡᠭᠡᠪᠦᠷᠢ ᠶᠢᠨ ᠪᠤᠭᠤᠮᠳᠡ ᠶᠢᠨ ᠬᠢᠨᠡᠨ ᠬᠠᠮᠢᠶᠠᠷᠤᠯᠳᠡ ᠶᠢᠨ ᠲᠦᠪ ᠢ | ᠪᠠᠶᠢᠭᠤᠯᠵᠤ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ ᠱᠧᠨ ᠲᠦᠩ ᠪᠠᠷᠠᠭᠠᠨ ᠤ ᠬᠦᠢᠯᠭᠡᠭᠡᠨ ᠤ ᠬᠤᠷᠤᠭ᠎ᠠ ᠶᠢᠨ ᠬᠤᠶᠠᠳᠤᠭᠠᠷ ᠬᠤᠭᠤᠴᠠᠭᠠᠨ ᠤ | ᠪᠠᠷᠢᠯᠭ᠎ᠠ ᠶᠢ ᠬᠡᠷᠡᠭᠵᠢᠬᠦᠯᠵᠦ᠂ ᠵᠡᠬᠦᠨ ᠬᠤᠶᠢᠳᠦ ᠶᠢᠨ ᠦᠳᠦᠳᠦ ᠪᠠᠭᠯᠠᠭ᠎ᠠ ᠢᠯᠭᠠᠪᠤᠷᠢᠯᠠᠬᠤ ᠲᠦᠪ ᠪᠠᠶᠢᠭᠤᠯᠤᠨ᠎ᠠ᠃ ᠦᠪᠦᠷ ᠮᠤᠩᠭᠤᠯ ᠤᠨ ᠮᠤᠩᠭᠤᠯ ᠡᠮ ᠤᠨ | ᠲᠦᠭᠦᠬᠡᠢ ᠮᠠᠲ᠋ᠧᠷᠢᠶᠡᠯ ᠤᠨ ᠬᠤᠲᠠ ᠪᠠᠶᠢᠭᠤᠯᠵᠤ᠂ ᠮᠤᠩᠭᠤᠯ ᠡᠮ ᠰᠤᠳᠤᠯᠤᠨ ᠪᠦᠳᠦᠭᠡᠵᠦ ᠪᠤᠷᠤᠯᠠᠭᠤᠯᠬᠤ ᠪᠠ ᠬᠢᠳᠡᠳ ᠮᠣᠩᠭᠤᠯ ᠡᠮ ᠤᠨ ᠲᠦᠬᠦᠬᠡᠢ ᠮᠠᠲ᠋ᠧᠷᠢᠶᠡᠯ | ᠤᠨ ᠠᠷᠠᠯᠵᠢᠶᠠᠨ ᠤ ᠲᠦᠪ ᠢ ᠡᠬᠦᠳᠦᠨ᠎ᠡ᠃ ᠰᠦᠯᠵᠢᠶᠡᠨ ᠲᠡᠭᠡᠷ᠎ᠡ ᠠᠷᠠᠯᠵᠢᠶᠠᠯᠠᠬᠤ᠂ ᠰᠦᠯᠵᠢᠶᠠᠨ ᠠᠴᠠ ᠭᠠᠳᠠᠨ᠎ᠠ ᠬᠦᠯᠳᠡᠭᠡᠨ ᠬᠡᠯᠬᠢᠶ᠎ᠡ ᠪᠠᠷ ᠵᠦᠬᠡᠬᠡᠪᠦᠷᠢᠯᠡᠬᠦ ᠮᠠᠯ | ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠠᠷᠠᠯᠵᠢᠶᠠᠨ ᠤ ᠵᠠᠭᠪᠤᠷ ᠪᠠᠶᠢᠭᠤᠯᠵᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ | ᠠᠷᠠᠯᠵᠢᠶᠠᠨ ᠤ ᠲᠦᠪ ᠪᠠ ᠠᠯᠠᠰᠢᠨ ᠦᠬᠡᠷ ᠤᠨ ᠠᠷᠠᠯᠵᠢᠶᠠᠨ ᠤ ᠲᠦᠪ ᠤᠨ ᠠᠷᠠᠯᠵᠢᠶᠠᠯᠠᠬᠤ ᠬᠡᠪᠴᠢᠶ᠎ᠡ ᠶᠢ ᠦᠷᠭᠡᠳᠭᠡᠨ᠎ᠡ᠃ | ᠰᠢᠨ᠎ᠡ ᠮᠠᠨᠳᠣᠭᠰᠠᠨ ᠦᠢᠯᠡᠴᠢᠯᠡᠭᠡᠨ ᠤ ᠪᠠᠶᠢᠳᠠᠯ ᠢ ᠬᠦᠭᠵᠢᠬᠦᠯᠦᠨ᠎ᠡ᠃ ᠰᠤᠶᠤᠯ ᠪᠡᠶ᠎ᠡ ᠲᠡᠮᠢᠷ ᠵᠤᠭᠠᠴᠠᠯ ᠢ ᠠᠭᠤᠰᠤᠯᠴᠠᠭᠤᠯᠤᠨ ᠬᠦᠭᠵᠢᠬᠦᠯᠬᠦ ᠬᠢᠷᠢ | ᠲᠦᠪᠰᠢᠨ ᠢ ᠲᠡᠭᠡᠭᠰᠢᠯᠡᠬᠦᠯᠵᠦ᠂ ᠮᠢᠩᠭᠠᠨ ᠳ᠋ᠦᠩᠰᠢᠭᠤᠷ ᠲᠡᠰ ᠤᠨ ᠰᠤᠶᠤᠯ ᠵᠤᠭᠠᠴᠠᠯ ᠤᠨ ᠦᠢᠯᠡᠰ ᠢ ᠪᠤᠶᠢᠵᠢᠭᠤᠯᠤᠨ᠂ ᠨᠢᠰᠬᠡᠯ ᠤᠨ ᠪᠠᠭᠤᠳᠠᠯ᠂ ᠲᠦᠷᠭᠡᠨ | ᠭᠠᠯᠳᠣ ᠲᠡᠷᠬᠡ ᠠᠴᠠ ᠪᠠᠭᠤᠵᠣ ᠲᠡᠷᠭᠡ ᠪᠠᠷᠢᠵᠦ ᠵᠤᠭᠠᠴᠠᠬᠤ ᠦᠢᠯᠡᠴᠢᠯᠡᠬᠡᠨ ᠤ ᠰᠢᠰᠲ᠋ᠧᠮ ᠤᠨ ᠲᠦᠷᠦᠯ ᠵᠦᠢᠯ ᠢ ᠡᠬᠢᠯᠡᠬᠦᠯᠵᠦ᠂ ᠰᠤᠶᠤᠯ ᠵᠤᠭᠠᠴᠠᠯ ᠤᠨ | ᠬᠦᠭᠵᠢᠬᠦᠯᠦᠯᠳᠡ ᠪᠠ ᠲᠦᠷᠭᠡᠨ ᠲᠡᠮᠦᠷ ᠵᠠᠮ ᠤᠨ ᠴᠠᠭ ᠦᠶ᠎ᠡ ᠶᠢᠨ ᠤᠶᠠᠯᠳᠤᠯ ᠢ ᠠᠬᠢᠭᠤᠯᠤᠨ᠎ᠠ᠃ ᠲᠦᠩᠯᠢᠶᠣᠣ ᠶᠢᠨ ᠣᠯᠠᠨ ᠣᠯᠣᠰ ᠤᠨ ᠦᠵᠡᠬᠦᠯᠦᠯᠬᠡ ᠶᠢᠨ | ᠲᠥᠪ ᠢ ᠡᠬᠢᠯᠡᠨ ᠪᠠᠶᠢᠭᠤᠯᠵᠣ᠂ ᠣᠯᠠᠨ ᠣᠯᠣᠰ ᠤᠨ ᠮᠣᠩᠭᠤᠯ ᠡᠮ ᠡᠮᠨᠡᠯᠬᠡ ᠶᠢᠨ ᠠᠵᠣ ᠦᠢᠯᠡᠰ ᠤᠨ ᠦᠵᠡᠬᠦᠯᠦᠯᠬᠡ᠂ ᠣᠯᠠᠨ ᠣᠯᠣᠰ ᠤᠨ ᠠᠯᠠᠰᠢᠨ ᠦᠬᠡᠷ ᠤᠨ | ᠬᠤᠷᠠᠯ ᠵᠡᠷᠭᠡ ᠦᠵᠡᠬᠦᠯᠦᠯᠭᠡ ᠶᠢᠨ ᠠᠵᠢᠯᠯᠠᠭ᠎ᠠ ᠡᠷᠬᠢᠯᠡᠵᠦ᠂ ᠨᠢᠭᠡ ᠪᠦᠯᠦᠭ ᠣᠷᠣᠨ ᠪᠦᠰᠡ ᠶᠢᠨ ᠴᠢᠨᠠᠷᠳᠠᠢ᠂ ᠪᠦᠬᠦ ᠣᠯᠣᠰ ᠤᠨ ᠴᠢᠨᠠᠷᠳᠠᠢ ᠦᠵᠡᠬᠦᠯᠦᠯᠬᠡ ᠶᠢᠨ | ᠱᠣᠱᠢᠭ᠎ᠠ ᠶᠢ ᠡᠭᠦᠳᠦᠨ᠎ᠡ᠃ ᠨᠡᠶᠢᠬᠡᠮ ᠤᠨ ᠬᠦᠴᠦᠨ ᠢ ᠲᠠᠶᠢᠴᠢᠯᠠᠬᠤ ᠪᠠ ᠵᠣᠷᠢᠭᠵᠢᠭᠤᠯᠣᠨ ᠵᠣᠯ ᠵᠢᠷᠭᠠᠯᠳᠣ ᠠᠵᠣ ᠦᠢᠯᠡᠰ ᠤᠨ ᠪᠡᠯᠡ ᠣᠷᠣᠭᠤᠯᠣᠯᠳᠠ ᠶᠢ | ᠨᠡᠮᠡᠭᠳᠡᠬᠦᠯᠵᠦ᠂ ᠡᠷᠡᠬᠦᠯ᠂ ᠨᠠᠰᠣᠳᠠᠨ ᠤ ᠠᠰᠠᠷᠠᠮᠵᠢ᠂ ᠨᠢᠯᠬ᠎ᠠ ᠬᠡᠦᠬᠡᠳ ᠪᠣᠶᠢᠵᠢᠭᠤᠯᠬᠤ ᠵᠡᠷᠭᠡ ᠣᠯᠠᠨ ᠬᠡᠯᠪᠡᠷᠢ ᠶᠢᠨ ᠦᠢᠯᠡᠴᠢᠯᠡᠬᠡᠨ ᠤ ᠬᠠᠩᠭᠠᠯᠭ᠎ᠠ ᠶᠢ ᠣᠯᠠᠨ | ᠶᠠᠩᠵᠤ ᠪᠠᠷ ᠨᠡᠮᠡᠭᠳᠡᠬᠦᠯᠵᠦ᠂ ᠭᠡᠷ ᠤᠨ ᠶᠠᠪᠣᠳᠠᠯ᠂ ᠦᠳᠦᠳᠦ ᠪᠠᠭᠯᠠᠭ᠎ᠠ᠂ ᠬᠠᠣᠯᠢ ᠴᠠᠭᠠᠵᠠ ᠶᠢᠨ ᠯᠠᠪᠯᠠᠭ᠎ᠠ᠂ ᠰᠡᠳᠬᠢᠴᠡ ᠶᠢᠨ ᠵᠦᠪᠳᠡᠯᠴᠡᠭᠡ ᠵᠡᠷᠬᠡ | ᠦᠢᠯᠡᠴᠢᠯᠡᠭᠡ ᠶᠢᠨ ᠦᠢᠯᠡᠰ ᠤᠨ ᠲᠦᠷᠬᠡᠨ ᠬᠦᠭᠵᠢᠯᠳᠡ ᠶᠢ ᠠᠬᠢᠭᠤᠯᠣᠨ᠎ᠠ᠃ | ︵ᠲᠠᠪᠤ︶ ᠲᠦᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠬᠤ ᠬᠦᠴᠦᠴᠡ ᠪᠠᠨ ᠶᠡᠬᠡᠰᠬᠡᠵᠦ᠂ ᠠᠷᠠᠳ ᠤᠨ ᠡᠵᠡᠩᠨᠡᠯᠲᠡ ᠶᠢᠨ ᠠᠵᠣ ᠠᠬᠤᠢ ᠶᠢ ᠬᠦᠭᠵᠢᠬᠦᠯᠦᠨ | ᠪᠣᠵᠠᠭᠠᠶᠢᠷᠠᠭᠤᠯᠣᠨ᠎ᠠ᠃ ᠠᠷᠠᠳ ᠤᠨ ᠡᠵᠡᠩᠨᠡᠯᠳᠡ ᠶᠢᠨ ᠠᠵᠣ ᠠᠬᠤᠢ ᠶᠢᠨ ᠴᠢᠨᠠᠷ ᠰᠠᠶᠢᠲᠠᠢ ᠬᠦᠭᠵᠢᠬᠦᠯᠦᠯᠳᠡ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ | ᠪᠤᠳᠤᠯᠭ᠎ᠠ ᠠᠷᠭ᠎ᠠ ᠠᠪᠴᠢᠯ ᠢ ᠣᠨᠣᠪᠴᠢᠳᠠᠢ ᠪᠦᠳᠦᠮᠵᠢᠳᠡᠢ ᠨᠠᠶᠢᠳᠠᠪᠣᠷᠢᠵᠢᠭᠤᠯᠵᠣ᠂ ᠠᠷᠠᠳ ᠤᠨ ᠡᠵᠡᠩᠨᠡᠯᠳᠡ ᠶᠢᠨ ᠠᠵᠣ ᠠᠬᠤᠢ ᠶᠢᠨ ᠬᠦᠴᠢᠷᠳᠡᠯ ᠢ ᠦᠨᠡᠨᠬᠦ | ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠣ ᠠᠬᠤᠢ ᠶᠢᠨ ᠶᠡᠭᠡ ᠬᠦᠭᠵᠢᠬᠦᠯᠦᠯᠳᠡ ᠶᠢ ᠠᠬᠢᠭᠤᠯᠣᠨ᠎ᠠ᠃ | ᠠᠷᠠᠳ ᠤᠨ ᠡᠵᠡᠩᠨᠡᠯᠲᠡ ᠶᠢᠨ ᠠᠵᠣ ᠠᠬᠤᠢ ᠶᠢ ᠬᠦᠭᠵᠢᠬᠦᠯᠦᠨ ᠪᠣᠵᠠᠭᠠᠶᠢᠷᠠᠭᠤᠯᠣᠨ᠎ᠠ᠃ ᠠᠷᠠᠳ ᠤᠨ ᠡᠵᠡᠩᠨᠡᠯᠲᠡ ᠶᠢᠨ ᠠᠵᠣ ᠠᠬᠤᠢ ᠶᠢᠨ ᠲᠡᠰ | ᠲᠡᠪᠰᠢᠭᠦᠯᠦᠯᠳᠡ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠬᠦᠯᠵᠦ᠂ ᠰᠢᠨ᠎ᠡ ᠳᠠᠩᠰᠠᠯᠠᠭᠤᠯᠣᠭᠰᠠ ᠠᠷᠠᠳ ᠤᠨ ᠡᠵᠡᠩᠨᠡᠯᠳᠡ ᠶᠢᠨ ᠠᠵᠣ ᠠᠬᠤᠶᠢᠯᠠᠯ ᠢ 5000 | ᠬᠦᠷᠭᠡᠬᠦ ᠪᠠᠷ ᠴᠢᠷᠮᠠᠶᠢᠨ᠎ᠡ᠃ ᠲᠣᠭᠳᠠᠭᠰᠠᠨ ᠴᠡᠭ ᠲᠤ ᠠᠷᠠᠳ ᠤᠨ ᠡᠵᠡᠩᠨᠡᠯᠳᠡ ᠶᠢᠨ ᠠᠵᠣ ᠠᠬᠤᠶᠢᠯᠠᠯ ᠪᠠ ᠬᠤᠳᠠᠯᠳᠣᠭᠠᠨ ᠤ ᠨᠡᠶᠢᠬᠡᠮᠯᠢᠭ ᠤᠨ ᠵᠣᠬᠢᠶᠠᠨ | ᠪᠠᠶᠢᠭᠤᠯᠣᠯᠳᠠ ᠲᠠᠢ ᠬᠠᠷᠢᠯᠴᠠᠬᠤ ᠳᠦᠷᠢᠮ ᠢ ᠬᠡᠷᠡᠭᠵᠢᠬᠦᠯᠵᠦ᠂ ᠬᠦᠴᠢᠷᠳᠡᠢ ᠠᠷᠠᠳ ᠤᠨ ᠡᠵᠡᠩᠨᠡᠯᠳᠡ ᠶᠢᠨ ᠠᠵᠣ ᠠᠬᠤᠶᠢᠯᠠᠯ ᠢ ︽ᠨᠢᠭᠡ ᠨᠢᠬᠡ︾ ᠪᠠᠷ ᠣᠨᠤᠭ᠎ᠠ | ᠲᠡᠳᠬᠦᠬᠦ ᠶᠢ ᠬᠡᠷᠡᠭᠵᠢᠬᠦᠯᠦᠨ᠎ᠡ᠃ ᠣᠳᠣᠬᠢᠴᠢ ᠠᠵᠣ ᠠᠬᠤᠶᠢᠯᠠᠯ ᠤᠨ ᠲᠦᠷᠢᠮ ᠤᠨ ᠪᠠᠶᠢᠭᠤᠯᠣᠯᠳᠠ ᠶᠢ ᠲᠦᠷᠬᠡᠳᠬᠡᠵᠦ᠂ ᠠᠷᠠᠳ ᠤᠨ ᠡᠵᠡᠩᠨᠡᠯᠲᠡ ᠶᠢᠨ ᠠᠵᠣ | ᠠᠬᠤᠶᠢᠯᠠᠯ ᠤᠨ ᠰᠢᠨ᠎ᠡ ᠡᠭᠦᠳᠦᠯᠳᠡ ᠲᠠᠢ ᠬᠦᠭᠵᠢᠬᠦᠯᠦᠯᠳᠡ ᠶᠢ ᠲᠡᠮᠵᠢᠵᠦ᠂ ᠳᠡᠭᠡᠳᠦ ᠰᠢᠨ᠎ᠡ ᠮᠡᠷᠬᠡᠵᠢᠯ ᠤᠨ ᠠᠵᠣ ᠠᠬᠤᠶᠢᠯᠠᠯ ᠢ ᠲᠠᠬᠢᠨ ᠢᠶᠠᠷ ᠨᠡᠮᠡᠭᠳᠡᠬᠦᠯᠬᠦ | ᠲᠦᠯᠦᠪᠯᠡᠭᠡ ᠶᠢ ᠬᠡᠷᠡᠭᠵᠢᠬᠦᠯᠵᠦ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠡᠪᠴᠢᠶ᠎ᠡ ᠶᠢ ᠦᠷᠭᠡᠳᠬᠡᠬᠦ ᠶᠢ ᠠᠬᠢᠭᠤᠯᠵᠤ᠂ ᠨᠢᠭᠡ ᠪᠦᠯᠦᠭ | ᠲᠠᠭᠠᠭᠤᠯᠬᠤ ᠲᠠᠶᠢᠴᠢᠯᠠᠬᠤ ᠲᠣᠯᠭᠠᠭᠤᠷᠢᠯᠠᠬᠤ ᠦᠢᠯᠡᠳᠦᠯ ᠲᠠᠢ ᠲᠣᠮᠣ ᠬᠡᠯᠪᠡᠷᠢ ᠶᠢᠨ ᠠᠷᠠᠳ ᠤᠨ ᠡᠵᠡᠩᠨᠡᠯᠳᠡ ᠶᠢᠨ ᠠᠵᠣ ᠠᠬᠤᠶᠢᠯᠠᠯ ᠢ ᠲᠦᠷᠭᠡᠨ ᠪᠣᠶᠢᠵᠢᠭᠤᠯᠣᠨ᠎ᠠ | ᠃ ᠠᠵᠤ ᠠᠬᠤᠶᠢᠯᠠᠯᠳᠠᠨ ᠤ ᠬᠡᠪ ᠪᠣᠯᠪᠠᠰᠣᠷᠠᠯ ᠢ ᠲᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠵᠦ᠂ ᠠᠵᠤ ᠠᠬᠤᠶᠢᠯᠠᠯᠳᠠᠨ ᠤ ᠡᠩᠨᠡᠭᠡ ᠶᠢᠨ ᠪᠠᠶᠢᠭᠤᠯᠤᠯᠳᠠ ᠶᠢ | ᠴᠢᠩᠭᠠᠳᠬᠠᠵᠤ᠂ ᠤᠷᠠᠨ ᠲᠠᠷᠬᠠᠳ ᠤᠨ ᠵᠤᠷᠢᠭ ᠰᠠᠨᠠᠭ᠎ᠠ ᠪᠠ ᠠᠵᠤ ᠠᠬᠤᠶᠢᠯᠠᠯᠳᠠᠨ ᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠨᠢᠬᠡ ᠪᠦᠯᠦᠭ ᠠᠷᠠᠳ ᠤᠨ | ᠡᠵᠡᠩᠨᠡᠯᠳᠡ ᠶᠢᠨ ᠰᠢᠯᠢᠳᠡᠭ ᠠᠵᠤ ᠠᠬᠤᠶᠢᠯᠠᠯᠳᠡᠨ ᠢ ᠬᠦᠮᠦᠵᠢᠬᠦᠯᠦᠨ᠎ᠡ᠃ | ᠠᠷᠠᠳ ᠤᠨ ᠡᠵᠡᠩᠨᠡᠯᠳᠡ ᠶᠢᠨ ᠠᠵᠣ ᠠᠬᠤᠶᠢᠯᠠᠯ ᠤᠨ ᠪᠡᠯᠡ ᠨᠡᠶᠢᠯᠡᠬᠦᠯᠬᠦ ᠬᠠᠩᠭᠠᠯᠭ᠎ᠠ ᠶᠢ ᠦᠷᠭᠡᠳᠭᠡᠨ᠎ᠡ᠃ ᠠᠷᠠᠳ ᠤᠨ ᠡᠵᠡᠩᠨᠡᠯᠳᠡ ᠶᠢᠨ ᠠᠵᠣ | ᠠᠬᠤᠶᠢᠯᠠᠯ ᠤᠨ ᠬᠦᠳᠡᠯᠦᠩᠭᠦᠢ ᠴᠢᠨᠠᠷᠳᠠᠢ ᠲᠦᠭᠰᠢᠭᠦᠷᠢ ᠶᠢ ᠰᠡᠷᠭᠡᠶᠢᠯᠡᠬᠦ ᠰᠠᠭᠤᠷᠢ ᠮᠦᠩᠭᠦ ᠭᠠᠷᠭᠠᠵᠣ᠂ ᠨᠦᠬᠦᠴᠡᠯ ᠳᠤ ᠨᠡᠶᠢᠴᠡᠭᠰᠡᠨ ᠠᠷᠠᠳ ᠤᠨ ᠡᠵᠡᠩᠨᠡᠯᠳᠡ ᠶᠢᠨ | ᠠᠵᠣ ᠠᠬᠤᠶᠢᠯᠠᠯ ᠳᠤ ᠵᠢᠭᠡᠯᠡᠯᠭᠡ ᠰᠢᠯᠵᠢᠬᠦᠯᠦᠨ ᠬᠦᠴᠢᠷ ᠢ ᠲᠠᠪᠠᠭ᠋ᠣ ᠦᠢᠯᠡᠴᠢᠯᠡᠭᠡ ᠬᠠᠩᠭᠠᠨ᠎ᠠ᠃ ︽ᠪᠠᠳᠤᠯᠠᠭ᠎ᠠ ᠶᠢᠨ ᠲᠤᠰᠠᠯᠠᠮᠵᠢᠳᠤ ᠵᠢᠬᠡᠯᠡᠯᠬᠡ︾ ᠶᠢᠨ | ᠦᠢᠯᠡᠳᠦᠯ ᠢ ᠪᠠᠳᠠᠷᠠᠭᠤᠯᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠰᠲ᠋ᠣᠺ ᠤᠨ ᠵᠠᠬ᠎ᠠ ᠲᠡᠯᠬᠡᠬᠦᠷ ᠲᠤ ᠭᠠᠷᠴᠤ ᠫᠠᠶᠢᠰᠠ ᠡᠯᠬᠦᠬᠦ ᠠᠵᠢᠯᠯᠠᠭ᠎ᠠ ᠶᠢᠨ | ᠲᠦᠯᠦᠪᠵᠢᠬᠦᠯᠬᠡ ᠶᠢ ᠬᠡᠷᠡᠭᠵᠢᠬᠦᠯᠵᠦ᠂ ᠠᠵᠤ ᠠᠬᠤᠶᠢᠯᠠᠯ ᠤᠨ ᠤᠯᠠᠨ ᠱᠠᠳᠤ ᠲᠠᠪᠬᠤᠷᠭ᠎ᠠ ᠶᠢᠨ ᠬᠦᠷᠦᠩᠭᠡ ᠶᠢᠨ ᠵᠠᠬ᠎ᠠ ᠲᠡᠯᠬᠡᠬᠦᠷ ᠢ ᠰᠠᠶᠢᠳᠦᠷ ᠬᠡᠷᠡᠭᠯᠡᠬᠦ ᠶᠢ | ᠵᠤᠷᠢᠭᠵᠢᠭᠤᠯᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠪᠡᠯᠡ ᠨᠡᠶᠢᠯᠡᠬᠦᠯᠬᠦ ᠬᠡᠪᠴᠢᠶ᠎ᠡ ᠶᠢ ᠦᠷᠭᠡᠳᠭᠡᠨ᠎ᠡ᠃ ᠲᠠᠭᠠᠭᠠᠯᠳᠠ ᠬᠢᠬᠦ ᠴᠢᠳᠠᠪᠦᠷᠢ ᠶᠢᠨ | ᠪᠠᠶᠢᠭᠤᠯᠤᠯᠳᠠ ᠪᠠᠨ ᠴᠢᠩᠭᠠᠳᠬᠠᠵᠤ᠂ ᠮᠦᠩᠭᠦᠨ ᠬᠦᠢᠯᠬᠡᠬᠡ ᠶᠢᠨ ᠲᠠᠭᠠᠭᠠᠯᠲᠠ ᠶᠢᠨ ᠬᠡᠮᠵᠢᠶ᠎ᠡ ᠶᠢ 20 ᠳ᠋ᠥᠩᠰᠢᠭᠤᠷ ᠲᠦᠬᠦᠷᠢᠭ ᠬᠦᠷᠬᠡᠬᠦ ᠪᠠᠷ ᠴᠢᠷᠮᠠᠶᠢᠨ᠎ᠠ᠃ | ᠠᠷᠠᠳ ᠤᠨ ᠡᠵᠡᠩᠨᠡᠯᠳᠡ ᠶᠢᠨ ᠠᠵᠣ ᠠᠬᠤᠶᠢᠯᠠᠯ ᠤᠨ ᠬᠦᠭᠵᠢᠬᠦᠯᠦᠯᠳᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠣᠨ᠎ᠠ᠃ ︽ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠰᠠᠶᠢᠵᠢᠷᠠᠭᠤᠯᠬᠤ ᠵᠢᠯ︾ ᠤᠨ ᠠᠵᠢᠯᠯᠠᠭ᠎ᠠ ᠦᠷᠨᠢᠬᠦᠯᠦᠨ᠎ᠡ᠃ ᠵᠠᠰᠠᠭ ᠪᠠᠩᠭᠢ ᠠᠵᠤ ᠠᠬᠤᠶᠢᠯᠠᠯ ᠤᠨ ᠪᠠᠶᠢᠩᠭᠤ ᠶᠢᠨ ᠪᠦᠳᠦᠮᠵᠢᠳᠦ | ᠬᠠᠮᠵᠢᠯᠴᠠᠭ᠎ᠠ ᠶᠢ ᠴᠢᠩᠭᠠᠳᠬᠠᠨ᠎ᠠ᠃ ᠠᠵᠣ ᠠᠬᠤᠶᠢᠯᠠᠯ ᠲᠠᠢ ᠬᠤᠯᠪᠣᠭᠳᠠᠬᠤ ᠰᠦᠢᠳᠬᠡᠯ ᠬᠤᠷᠢᠶᠠᠬᠤ ᠶᠢ ᠴᠡᠪᠡᠷᠯᠡᠨ᠂ ᠠᠵᠣ ᠠᠬᠤᠶᠢᠯᠠᠯ ᠲᠠᠢ ᠬᠤᠯᠪᠣᠭᠳᠠᠬᠤ ᠵᠠᠰᠠᠭ | ᠵᠠᠬᠢᠷᠭ᠎ᠠ ᠠᠵᠢᠯ ᠦᠢᠯᠡᠰ ᠤᠨ ᠴᠢᠨᠠᠷᠳᠠᠢ ᠰᠦᠢᠳᠬᠡᠯ ᠬᠤᠷᠢᠶᠠᠬᠤ ᠪᠠ ᠵᠠᠰᠠᠭ ᠤᠨ ᠣᠷᠳᠣᠨ ᠤ ᠴᠢᠨᠠᠷᠳᠠᠢ ᠰᠠᠭᠤᠷᠢ ᠮᠦᠩᠭᠦ ᠶᠢᠨ ᠭᠠᠷᠴᠠᠭ ᠢ ᠨᠡᠶᠢᠳᠡᠯᠡᠬᠦ ᠳᠦᠷᠢᠮ ᠢ | ᠬᠡᠷᠡᠭᠵᠢᠬᠦᠯᠵᠦ᠂ ᠨᠠᠷᠢᠨ ᠳᠠᠩᠰᠠ ᠠᠴᠠ ᠭᠠᠳᠠᠨ᠎ᠠ ︽ᠰᠦᠢᠳᠬᠡᠯ ᠬᠤᠷᠢᠶᠠᠬᠤ ᠦᠭᠡᠢ︾ ᠶᠢ ᠦᠨᠡᠨᠬᠦ ᠪᠠᠳᠣᠯᠠᠨ᠎ᠠ᠃ ᠵᠠᠬ᠎ᠠ ᠲᠡᠯᠬᠡᠭᠦᠷ ᠲᠤ ᠣᠷᠣᠭᠤᠯᠬᠤ ᠨᠠᠵᠠᠭᠠᠢ | ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠪᠦᠬᠦ ᠲᠠᠯ᠎ᠠ ᠪᠠᠷ ᠲᠡᠯᠭᠡᠷᠡᠬᠦᠯᠵᠦ᠂ ︽ᠬᠤᠷᠢᠭ᠎ᠠ ᠦᠬᠡᠢ ᠵᠦᠢᠯ ᠢ ᠣᠷᠣᠭᠤᠯᠬᠤ︾ ᠶᠢ ᠨᠡᠶᠢᠳᠡᠮ | ᠨᠡᠶᠢᠳᠠᠪᠣᠷᠢᠵᠢᠭᠤᠯᠣᠨᠠ᠃ ᠠᠷᠠᠳ ᠤᠨ ᠡᠵᠡᠩᠨᠡᠯᠳᠡ ᠶᠢᠨ ᠠᠵᠣ ᠠᠬᠤᠶᠢᠯᠠᠯ ᠤᠨ ᠶᠡᠷᠦᠩᠬᠡᠶᠢᠯᠡᠭᠰᠡᠨ ᠮᠡᠳᠡᠭᠡ ᠵᠠᠩᠬᠢ ᠶᠢᠨ ᠦᠢᠯᠡᠴᠢᠯᠡᠭᠡ ᠶᠢᠨ ᠲᠠᠪᠴᠠᠩ ᠪᠠ | ᠠᠷᠠᠳ ᠤᠨ ᠡᠵᠡᠩᠨᠡᠯᠳᠡ ᠶᠢᠨ ᠠᠵᠣ ᠠᠬᠤᠢ ᠶᠢ ᠬᠦᠭᠵᠢᠬᠦᠯᠬᠦ ᠠᠵᠢᠯ ᠤᠨ ᠬᠤᠯᠪᠣᠭᠠᠳᠣ ᠬᠤᠷᠠᠯ ᠤᠨ ᠳᠦᠷᠢᠮ ᠢ ᠪᠠᠶᠢᠭᠤᠯᠵᠣ᠂ ᠵᠠᠰᠠᠭ ᠬᠤᠳᠠᠯᠳᠤᠭ᠎ᠠ ᠶᠢᠨ | ᠲᠣᠳᠣᠨᠣ ᠠᠷᠢᠭᠤᠨ ᠴᠢᠬᠡᠴᠢ ᠰᠢᠨ᠎ᠡ ᠮᠠᠶ᠋ᠢᠭ ᠤᠨ ᠬᠠᠷᠢᠴᠠᠭ᠎ᠠ ᠶᠢ ᠪᠠᠶᠢᠭᠤᠯᠣᠨ᠎ᠠ᠃ ᠪᠠᠶᠢᠭᠤᠯᠭ᠎ᠠ ᠨᠢᠭᠡᠴᠡ ᠪᠠ ᠣᠯᠣᠰ ᠤᠨ ᠦᠮᠴᠢᠯᠡᠯᠳᠦ ᠠᠵᠣ ᠠᠬᠤᠶᠢᠯᠠᠯ ᠤᠨ | ᠠᠷᠠᠳ ᠤᠨ ᠡᠵᠡᠩᠨᠡᠯᠳᠡ ᠶᠢᠨ ᠠᠵᠣ ᠠᠬᠤᠶᠢᠯᠠᠯ ᠳᠤ ᠦᠷᠢᠳᠦᠵᠦ ᠪᠠᠶᠢᠭ᠎ᠠ ᠪᠡᠯᠡ ᠮᠦᠩᠭᠦ ᠶᠢᠨ ᠠᠰᠠᠭᠤᠳᠠᠯ ᠢ ᠲᠣᠰᠬᠠᠶᠢᠯᠠᠨ ᠴᠡᠭᠴᠡᠯᠡᠵᠦ᠂ ᠠᠵᠣ ᠠᠬᠤᠶᠢᠯᠠᠯᠳᠠᠨ ᠤ | ᠵᠦᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ︵ᠵᠢᠷᠭᠤᠭ᠎ᠠ︶ ᠬᠦᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠣᠵᠢᠯᠲᠠ ᠶᠢ ᠠᠬᠢᠭᠤᠯᠵᠣ᠂ ᠣᠷᠣᠰᠢᠨ ᠰᠠᠭᠤᠬᠤ ᠳᠤ ᠲᠣᠬᠢᠷᠠᠮᠵᠢ | ᠲᠠᠢ ᠬᠤᠲᠠ ᠶᠢ ᠪᠠᠶᠢᠭᠤᠯᠣᠨ᠎ᠠ᠃ ᠣᠷᠢᠳᠠᠪᠠᠷ ᠲᠦᠯᠦᠪᠵᠢᠬᠦᠯᠬᠡ ᠬᠢᠬᠦ᠂ ᠡᠷᠴᠢᠮᠵᠢᠬᠦᠯᠦᠨ ᠬᠦᠭᠵᠢᠬᠦᠯᠬᠦ᠂ ᠨᠠᠷᠢᠯᠢᠭᠵᠢᠭᠤᠯᠣᠨ ᠬᠠᠮᠢᠶᠠᠷᠬᠤ ᠶᠢ ᠪᠠᠷᠢᠮᠳᠠᠯᠠᠨ᠂ ᠬᠤᠲᠠ | ᠪᠠᠯᠭᠠᠰᠤ ᠶᠢᠨ ᠴᠢᠨᠠᠷ ᠰᠠᠶᠢᠲᠠᠢ ᠬᠦᠭᠵᠢᠬᠦᠯᠦᠯᠳᠡ ᠶᠢ ᠠᠬᠢᠭᠤᠯᠵᠣ᠂ ᠠᠷᠠᠳ ᠲᠦᠮᠡᠨ ᠢ ᠨᠡᠩ ᠲᠦᠭᠦᠮ᠂ ᠨᠡᠩ ᠲᠠᠭᠠᠯᠠᠮᠵᠢᠳᠠᠢ᠂ ᠨᠡᠩ ᠰᠠᠶᠢᠨ ᠰᠠᠶᠢᠬᠠᠨ ᠢᠶᠠᠷ | ᠬᠤᠲᠠ ᠳᠤ ᠠᠮᠢᠳᠣᠷᠠᠭᠤᠯᠣᠨ᠎ᠠ᠃ | ᠲᠦᠯᠦᠪᠵᠢᠬᠦᠯᠬᠡ ᠶᠢᠨ ᠬᠠᠮᠢᠶᠠᠷᠴᠤ ᠡᠵᠡᠮᠳᠡᠬᠦ ᠴᠢᠳᠠᠪᠣᠷᠢ ᠶᠢ ᠳᠡᠭᠡᠭᠰᠢᠯᠡᠬᠦᠯᠦᠨ᠎ᠡ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠦᠢ ᠶᠢᠨ | ᠪᠠᠶᠢᠴᠠᠭᠠᠯᠳᠠ ᠶᠢᠨ ᠦᠷ᠎ᠡ ᠳ᠋ᠦᠩ ᠲᠠᠢ ᠤᠶᠠᠯᠳᠤᠭᠤᠯᠵᠤ᠂ ᠡᠬᠢ ᠪᠠᠶᠠᠯᠢᠭ ᠤᠷᠴᠢᠨ ᠲᠤᠭᠤᠷᠢᠨ ᠤ ᠲᠠᠭᠠᠭᠠᠴᠠ ᠶᠢᠨ ᠴᠢᠳᠡᠪᠦᠷᠢ ᠪᠠ ᠤᠯᠤᠰ ᠤᠨ ᠭᠠᠵᠠᠷ ᠰᠢᠷᠦᠢ | ᠶᠢᠨ ᠤᠷᠤᠨ ᠵᠡᠢ ᠶᠢ ᠨᠡᠬᠡᠬᠡᠨ ᠠᠰᠢᠭᠯᠠᠬᠤ ᠲᠤᠬᠢᠷᠠᠯᠴᠠᠬᠤ ᠴᠢᠨᠡᠷ ᠤᠨ ︽ᠬᠤᠤᠰ ᠦᠨᠡᠯᠡᠯᠳᠡ︾ ᠦᠷᠨᠢᠬᠦᠯᠵᠦ᠂ ᠬᠤᠳᠠ ᠶᠢᠨ ᠶᠡᠷᠦᠩᠭᠡᠢ ᠲᠦᠯᠦᠪᠵᠢᠬᠦᠯᠬᠡ ᠶᠢᠨ | ᠬᠡᠷᠡᠭᠵᠢᠬᠦᠯᠦᠯᠳᠡ ᠶᠢ ᠦᠨᠡᠯᠡᠬᠦ ᠠᠵᠢᠯᠯᠠᠭ᠎ᠠ ᠦᠷᠨᠢᠬᠦᠯᠵᠦ᠂ ᠲᠦᠩᠯᠢᠶᠥᠥ ᠬᠤᠳᠠ ᠶᠢᠨ ᠤᠷᠤᠨ ᠵᠠᠢ ᠶᠢ ᠲᠦᠯᠦᠪᠵᠢᠬᠦᠯᠬᠦ ᠶᠢ ᠬᠡᠷᠡᠭᠵᠢᠬᠦᠯᠬᠦ ᠬᠦᠳᠦᠯᠪᠦᠷᠢ | ᠨᠠᠶᠢᠷᠠᠭᠤᠯᠬᠤ ᠠᠵᠢᠯ ᠢ ᠲᠠᠭᠤᠰᠬᠠᠨ᠎ᠠ᠃ ︽ᠣᠯᠠᠨ ᠲᠦᠯᠦᠪᠵᠢᠬᠦᠯᠬᠡ ᠶᠢ ᠨᠢᠭᠡ ᠪᠣᠯᠭᠠᠬᠤ︾ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠬᠤᠲᠠ ᠪᠠᠯᠭᠠᠰᠣ ᠶᠢᠨ | ᠨᠡᠬᠡᠬᠡᠨ ᠬᠦᠭᠵᠢᠬᠦᠯᠬᠦ ᠵᠠᠭᠠᠭ ᠱᠣᠭᠤᠮ ᠢ ᠰᠢᠨᠵᠢᠯᠡᠬᠦ ᠣᠬᠠᠭᠠᠨᠴᠢ ᠪᠠᠷ ᠲᠣᠭᠳᠠᠭᠠᠵᠣ᠂ ᠲᠦᠯᠦᠪᠵᠢᠭᠦᠯᠬᠡ ᠶᠢᠨ ᠬᠦᠲᠦᠴᠢ ᠬᠠᠮᠢᠶᠠᠷᠴᠣ ᠡᠵᠡᠮᠳᠡᠬᠦ ᠦᠢᠯᠡᠳᠦᠯ ᠢ | ᠪᠠᠳᠠᠷᠠᠭᠤᠯᠵᠤ᠂ ᠬᠤᠲᠠ ᠬᠦᠳᠡᠭᠡ ᠶᠢᠨ ᠲᠦᠯᠦᠪᠵᠢᠬᠦᠯᠬᠡ ᠶᠢᠨ ᠲᠥᠪ ᠴᠢᠩᠭ᠎ᠠ ᠴᠢᠨᠠᠷ ᠢ ᠴᠢᠩᠭᠠᠷᠠᠭᠤᠯᠣᠨ᠎ᠠ᠃ ᠬᠤᠲᠠ ᠶᠢᠨ ᠨᠡᠶᠢᠳᠡ ᠶᠢᠨ ᠲᠣᠨᠤᠭ | ᠲᠦᠬᠦᠬᠡᠷᠦᠮᠵᠢ ᠶᠢᠨ ᠪᠠᠶᠢᠷᠢᠯᠠᠭᠤᠯᠣᠯᠳᠠ ᠶᠢ ᠰᠢᠯᠢᠳᠡᠭᠵᠢᠬᠦᠯᠦᠨ᠂ ᠨᠡᠶᠢᠳᠡ ᠶᠢᠨ ᠲᠣᠨᠤᠭ ᠲᠦᠬᠦᠬᠡᠷᠦᠮᠵᠢ ᠪᠠ ᠨᠡᠶᠢᠳᠡ ᠶᠢᠨ ᠦᠢᠯᠡᠴᠢᠯᠡᠭᠡ ᠳᠤ ᠬᠡᠷᠡᠭᠯᠡᠬᠦ ᠭᠠᠵᠠᠷ ᠤᠨ | ᠬᠠᠩᠭᠠᠯᠭ᠎ᠠ ᠶᠢ ᠨᠡᠮᠡᠭᠳᠡᠬᠦᠯᠦᠨ᠎ᠡ᠃ | ᠭᠤᠣᠯ ᠬᠤᠲᠠ ᠶᠢᠨ ᠲᠣᠭᠤᠷᠢᠭ ᠤᠨ ᠦᠢᠯᠡᠴᠢᠯᠡᠭᠡ ᠶᠢᠨ ᠴᠢᠳᠠᠪᠣᠷᠢ ᠶᠢ ᠲᠡᠭᠦᠯᠳᠡᠷᠡᠵᠢᠬᠦᠯᠦᠨᠡ᠃ ᠬᠠᠭᠤᠴᠢᠨ ᠲᠣᠭᠤᠷᠢᠭ ᠢ ᠲᠦᠷᠬᠡᠨ ᠲᠡᠮᠦᠷ ᠵᠠᠮ ᠢᠶᠠᠷ | ᠲᠥᠪ ᠪᠣᠯᠭᠠᠨ᠂ ᠲᠦᠷᠬᠡᠨ ᠲᠡᠮᠦᠷ ᠵᠠᠮ ᠤᠨ ᠠᠵᠣ ᠠᠬᠤᠢ ᠶᠢᠨ ᠲᠣᠭᠤᠷᠢᠭ ᠪᠠᠶᠢᠭᠤᠯᠵᠣ᠂ ᠲᠦᠷᠬᠡᠨ ᠲᠡᠮᠦᠷ ᠵᠠᠮ ᠤᠨ ᠦᠷᠳᠡᠭᠡ ᠶᠢᠨ ᠡᠮᠦᠨᠡᠬᠢ ᠠᠭᠤᠳᠠᠮ | ᠲᠠᠯᠠᠪᠠᠢ ᠶᠢᠨ ᠭᠤᠣᠯ ᠪᠠᠷᠢᠯᠭ᠎ᠠ ᠶᠢ ᠲᠠᠭᠤᠰᠬᠠᠵᠣ᠂ ᠭᠤᠣᠯ ᠬᠤᠲᠠ ᠶᠢᠨ ᠲᠣᠭᠤᠷᠢᠭ ᠤᠨ ᠲᠦᠷᠭᠡᠨ ᠳᠣᠭᠤᠢ ᠵᠠᠮ ᠢ ᠲᠦᠯᠦᠪᠯᠡᠨ ᠬᠡᠷᠡᠭᠵᠢᠬᠦᠯᠵᠦ᠂ ᠳ᠋ᠠ ᠰᠢᠩ | ᠵᠠᠮ ᠠᠴᠠ ᠳ᠋ᠠᠴᠢᠩ— ᠭᠤᠸᠠᠩᠵᠸᠦ ᠬᠦᠷᠬᠦ ᠲᠦᠷᠬᠡᠨ ᠵᠠᠮ ᠤᠨ ᠡᠮᠦᠨ᠎ᠡ ᠬᠠᠭᠠᠯᠭ᠎ᠠ ᠶᠢᠨ ᠵᠠᠮ ᠤᠨ ᠪᠠᠷᠢᠯᠭ᠎ᠠ ᠶᠢ ᠡᠬᠢᠯᠡᠬᠦᠯᠵᠦ᠂ ᠠᠷᠠᠳᠴᠢᠯᠠᠯ ᠵᠠᠮ ᠪᠠ ᠪᠠᠭᠠᠷᠢᠨ | ᠲᠠᠷᠢᠶ᠎ᠠ ᠵᠠᠭᠡᠯᠢ ᠶᠢᠨ ᠵᠠᠰᠠᠮᠠᠯ ᠵᠠᠮ ᠲᠡᠮᠦᠷ ᠵᠠᠮ ᠤᠨ ᠵᠦᠷᠢᠯᠢᠭ ᠤᠨ ᠬᠦᠲᠦᠯᠦᠭᠡ ᠵᠠᠮ᠂ ᠰᠢᠨ᠎ᠡ ᠡᠷᠡᠨ ᠬᠦᠬᠦᠷᠬᠡ ᠶᠢᠨ ᠵᠠᠯᠭᠠᠯᠲᠠ ᠱᠣᠭᠤᠮ ᠵᠢᠴᠢ ᠵᠦᠷᠢᠯᠢᠭ ᠤᠨ | ᠪᠠᠷᠢᠯᠭ᠎ᠠ ᠶᠢ ᠪᠡᠶᠡᠯᠡᠭᠦᠯᠵᠦ᠂ ᠬᠤᠩ ᠭᠤᠸᠠᠩ ᠬᠦᠬᠦᠷᠬᠡ ᠶᠢᠨ ᠪᠠᠷᠢᠯᠭ᠎ᠠ ᠲᠠᠭᠤᠰᠴᠣ ᠲᠡᠷᠭᠡ ᠨᠡᠪᠳᠡᠷᠡᠬᠦᠯᠵᠦ᠂ ᠰᠢᠨ ᠭᠦᠩ ᠬᠤᠶᠠᠳᠣᠭᠠᠷ ᠵᠠᠮ᠂ ᠹᠦ᠋ ᠯᠢ ᠵᠠᠮ ᠤᠨ | ᠪᠠᠷᠢᠯᠭ᠎ᠠ ᠶᠢᠨ ᠪᠠᠶᠢᠭᠤᠯᠣᠯᠳᠠ ᠶᠢ ᠠᠬᠢᠭᠤᠯᠣᠨ᠎ᠠ᠃ ᠬᠠᠭᠤᠴᠢᠨ ᠬᠤᠲᠠ ᠲᠣᠭᠤᠷᠢᠭ ᠤᠨ ᠢᠯᠴᠢ ᠬᠠᠩᠭᠠᠬᠤ ᠬᠤᠭᠤᠯᠠᠢ᠂ ᠣᠰᠤ ᠬᠠᠩᠭᠠᠬᠤ ᠣᠰᠤ ᠵᠠᠯᠠᠬᠤ᠂ | ᠪᠣᠬᠢᠷᠳᠣᠯ ᠢ ᠰᠢᠢᠳᠪᠦᠷᠢᠯᠡᠬᠦ ᠵᠡᠷᠭᠡ ᠬᠤᠲᠠ ᠶᠢᠨ ᠶᠠᠪᠣᠳᠠᠯ ᠤᠨ ᠲᠦᠬᠦᠭᠡᠷᠦᠮᠵᠢ ᠶᠢ ᠦᠭᠡᠷᠡᠴᠢᠯᠡᠨ ᠰᠢᠨᠡᠳᠬᠡᠬᠦ ᠶᠢ ᠲᠦᠷᠬᠡᠳᠬᠡᠵᠦ᠂ ᠢᠯᠴᠢ ᠬᠠᠩᠭᠠᠬᠤ ᠬᠤᠭᠤᠯᠠᠢ | ᠱᠣᠭᠤᠮ ᠢ ᠬᠤᠯᠪᠣᠨ ᠨᠡᠪᠲᠡᠷᠡᠭᠦᠯᠬᠦ ᠪᠠ ᠯᠣᠤᠬ᠎ᠠ ᠶᠢᠨ ᠭᠤᠣᠯ ᠢ ᠰᠣᠨᠳᠠᠯᠠᠭᠰᠠᠨ ᠵᠡᠷᠬᠡ ᠭᠤᠣᠯᠳᠠᠯᠭ᠎ᠠ ᠲᠠᠢ ᠢᠯᠴᠢ ᠬᠠᠩᠭᠠᠬᠤ ᠢᠨᠵᠧᠨᠧᠷᠢᠩ ᠤᠨ ᠪᠠᠶᠢᠭᠤᠯᠣᠯᠳᠠ ᠶᠢ | ᠨᠢᠬᠡᠳᠦᠯᠳᠡᠢ ᠲᠦᠯᠦᠪᠯᠡᠨ ᠠᠬᠢᠭᠤᠯᠣᠨ᠎ᠠ᠃ ᠰᠢᠨ᠎ᠡ ᠬᠤᠲᠠ ᠶᠢᠨ ᠲᠣᠭᠤᠷᠢᠭ ᠲᠤ ᠵᠠᠰᠠᠭ ᠵᠠᠬᠢᠷᠭᠠᠨ ᠤ ᠠᠯᠪᠠ ᠬᠠᠭᠠᠬᠤ ᠲᠣᠭᠤᠷᠢᠭ ᠢᠶᠠᠷ ᠭᠤᠣᠯ ᠪᠣᠯᠭᠠᠨ᠂ | ᠠᠯᠪᠠᠯᠠᠬᠤ ᠦᠢᠯᠡᠴᠢᠯᠡᠭᠡ᠂ ᠠᠷᠠᠯᠵᠢᠶ᠎ᠠ ᠬᠤᠳᠠᠯᠳᠤᠭ᠎ᠠ᠂ ᠰᠣᠷᠭᠠᠨ ᠬᠦᠮᠦᠵᠢᠯ ᠡᠮ ᠡᠮᠨᠡᠯᠬᠡ᠂ ᠪᠡᠶ᠎ᠡ ᠲᠠᠮᠢᠷ ᠰᠡᠯᠡᠬᠦᠴᠡᠯ ᠵᠡᠷᠬᠡ ᠦᠢᠯᠡᠴᠢᠯᠡᠭᠡ ᠶᠢᠨ ᠴᠢᠳᠠᠪᠣᠷᠢ ᠶᠢ | ᠲᠦᠷᠬᠡᠨ ᠲᠡᠬᠦᠯᠳᠡᠷᠵᠢᠬᠦᠯᠵᠦ᠂ ᠹᠦ᠋ ᠯᠢ ᠬᠡᠮᠡᠬᠦ ᠲᠠᠪᠣᠨ ᠣᠳᠣᠨ ᠲᠡᠰ ᠤᠨ ᠪᠠᠭᠤᠳᠠᠯ᠂ ᠶᠠ ᠴᠢ ᠪᠦᠯᠦᠭᠯᠡᠯ ᠤᠨ ᠲᠦᠩᠯᠢᠶᠣᠣ ᠳᠠᠬᠢ ᠣᠯᠠᠨ ᠣᠯᠣᠰ ᠤᠨ ᠪᠠᠷᠠᠭᠠᠨ ᠤ | ᠬᠦᠢᠯᠬᠡᠬᠡ ᠶᠢᠨ ᠠᠷᠠᠯᠵᠢᠶ᠎ᠠ ᠬᠤᠳᠠᠯᠳᠤᠭ᠎ᠠ ᠶᠢᠨ ᠬᠤᠲᠠ ᠶᠢ ᠡᠬᠢᠯᠡᠨ ᠪᠠᠶᠢᠭᠤᠯᠣᠨ᠎ᠠ᠃ ᠦᠪᠦᠷ ᠮᠣᠩᠭᠤᠯ ᠤᠨ ᠦᠨᠳᠦᠰᠦᠳᠡᠨ ᠤ ᠶᠡᠭᠡ ᠰᠣᠷᠭᠠᠭᠤᠯᠢ ᠶᠢᠨ ᠰᠢᠨ᠎ᠡ | ᠰᠣᠷᠭᠠᠭᠤᠯᠢ ᠶᠢᠨ ᠲᠣᠭᠤᠷᠢᠭ ᠤᠨ ᠪᠠᠶᠢᠭᠤᠯᠣᠯᠳᠠ ᠶᠢ ᠲᠦᠷᠬᠡᠳᠬᠡᠵᠦ᠂ ᠬᠤᠲᠠ ᠶᠢᠨ ᠰᠢᠨᠵᠢᠯᠡᠭᠡ ᠮᠡᠷᠬᠡᠵᠢᠯ ᠤᠨ ᠬᠤᠷᠤᠭ᠎ᠠ᠂ ᠨᠣᠮ ᠤᠨ ᠰᠠᠩ ᠢ ᠡᠨᠡ ᠵᠢᠯ ᠳᠤ | ᠪᠠᠷᠢᠯᠭ᠎ᠠ ᠲᠠᠭᠤᠰᠬᠠᠵᠣ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠭᠤᠣᠯ ᠬᠤᠲᠠ ᠲᠣᠭᠤᠷᠢᠭ ᠤᠨ ᠵᠡᠭᠦᠨ ᠬᠠᠭᠠᠯᠭ᠎ᠠ ᠶᠢᠨ ᠵᠠᠮ ᠤᠨ ᠦᠭᠡᠷᠡᠴᠢᠯᠡᠯᠳᠡ ᠶᠢ | ᠲᠦᠷᠬᠡᠳᠬᠡᠵᠦ᠂ ᠵᠠᠷᠢᠮ ᠬᠦᠬᠦᠷᠬᠡ ᠠᠴᠠ ᠵᠡᠬᠦᠨᠰᠢ ᠭᠠᠳᠠᠷ ᠳᠣᠭᠤᠢ ᠵᠠᠮ ᠤᠨ ᠬᠦᠬᠦᠷᠬᠡ ᠬᠦᠷᠳᠡᠯᠡᠬᠢ ᠬᠡᠰᠡᠭ ᠤᠨ ᠯᠣᠤᠬ᠎ᠠ ᠶᠢᠨ ᠭᠤᠣᠯ ᠤᠨ ᠰᠠᠪᠠ ᠶᠢ ᠵᠠᠰᠠᠬᠤ | ᠢᠨᠵᠧᠨᠧᠷᠢᠩ ᠢ ᠬᠡᠷᠡᠭᠵᠢᠬᠦᠯᠦᠨ᠎ᠡ᠃ | ᠣᠨᠴᠠᠯᠢᠭᠳᠣ ᠪᠠᠯᠭᠠᠰᠣ ᠶᠢ ᠦᠨᠳᠦᠷ ᠪᠠᠷᠢᠮᠵᠢᠶ᠎ᠠ ᠪᠠᠷ ᠪᠠᠶᠢᠭᠤᠯᠣᠨ᠎ᠠ᠃ ᠬᠦᠭᠵᠢᠬᠦᠯᠦᠯᠳᠡ ᠶᠢᠨ ᠲᠦᠯᠦᠪᠵᠢᠬᠦᠯᠬᠡ ᠲᠤᠭᠳᠠᠭᠠᠨ ᠲᠡᠬᠦᠯᠳᠡᠷᠵᠢᠬᠦᠯᠵᠦ᠂ | ᠤᠨᠴᠠᠯᠢᠭᠳᠤ ᠠᠵᠣ ᠦᠢᠯᠡᠰ ᠢ ᠲᠦᠪᠯᠡᠷᠡᠬᠦᠯᠦᠨ᠂ ᠰᠣᠶᠣᠯ᠂ ᠵᠣᠭᠠᠴᠠᠯ᠂ ᠡᠷᠡᠬᠦᠯ ᠴᠢᠬᠢᠷᠠᠭ ᠠᠰᠠᠷᠠᠮᠵᠢ ᠵᠡᠷᠬᠡ ᠴᠢᠳᠠᠪᠬᠢ ᠶᠢ ᠨᠡᠶᠢᠯᠡᠭᠦᠯᠵᠦ᠂ ᠨᠠᠢᠮᠠᠨ ᠤ ᠮᠣᠩᠭᠤᠯ | ᠬᠢᠳᠡᠳ ᠡᠮ ᠤᠨ ᠪᠠᠯᠭᠠᠰᠣ᠂ ᠦᠷᠢᠯᠳᠦ ᠠᠭᠤᠯᠠ ᠶᠢᠨ ᠰᠢᠬᠢᠷ ᠲᠦᠮᠦᠰᠦ ᠶᠢᠨ ᠪᠠᠯᠭᠠᠰᠣ᠂ ᠠᠭᠤᠯᠠ ᠶᠢᠨ ︽ᠨᠢᠭᠡ ᠪᠦᠰᠡ ᠨᠢᠭᠡ ᠵᠠᠮ · ᠣᠪᠣᠭᠠᠨ ᠲᠡᠷᠭᠡᠳᠡᠬᠢ | ᠠᠭᠤᠯᠵᠠᠯᠳᠠ︾ ᠬᠡᠮᠡᠬᠦ ᠰᠣᠶᠣᠯ ᠵᠣᠭᠠᠴᠠᠯ ᠤᠨ ᠭᠤᠣᠯ ᠰᠡᠳᠦᠪᠳᠣ ᠪᠠᠯᠭᠠᠰᠣ᠂ ᠱᠧᠪᠡᠷᠳᠦ ᠶᠢᠨ ᠠᠯᠠᠰᠢᠨ ᠦᠬᠡᠷ ᠤᠨ ᠪᠠᠯᠭᠠᠰᠣ᠂ ᠳ᠋ᠦᠩ ᠹᠧᠩ ᠣᠯᠠᠭᠠᠨ | ᠯᠠᠵᠣᠣ ᠶᠢᠨ ᠪᠠᠯᠭᠠᠰᠣ ᠵᠡᠷᠭᠡ ᠣᠨᠴᠠᠯᠢᠭᠳᠣ ᠪᠠᠯᠭᠠᠰᠣᠨ ᠤ ᠪᠠᠶᠢᠭᠤᠯᠣᠯᠳᠠ ᠶᠢ ᠲᠦᠷᠬᠡᠳᠬᠡᠵᠦ᠂ ᠣᠯᠠᠨ ᠶᠠᠩᠵᠤ ᠶᠢᠨ ᠬᠤᠲᠠ ᠪᠠᠯᠭᠠᠰᠣᠨ ᠤ ᠬᠦᠭᠵᠢᠬᠦᠯᠦᠯᠳᠡ ᠶᠢ | ᠲᠦᠷᠬᠡᠨ ᠪᠦᠷᠢᠯᠳᠦᠭᠦᠯᠵᠦ᠂ ᠰᠢᠨ᠎ᠡ ᠮᠠᠶ᠋ᠢᠭ ᠤᠨ ᠬᠤᠲᠠ ᠪᠠᠯᠭᠠᠰᠣᠵᠢᠯᠳᠠ ᠪᠠᠷ ᠬᠤᠲᠠ ᠬᠦᠳᠡᠭᠡ ᠶᠢᠨ ᠠᠭᠤᠰᠣᠯᠴᠠᠭ᠎ᠠ ᠶᠢ ᠠᠬᠢᠭᠤᠯᠵᠣ᠂ ᠠᠵᠤ ᠠᠬᠤᠢ ᠨᠡᠶᠢᠬᠡᠮ | ᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠲᠠᠶᠢᠴᠢᠯᠠᠨ᠎ᠠ᠃ | ᠣᠶᠣᠨᠯᠢᠭ ᠬᠤᠲᠠ ᠶᠢᠨ ᠪᠠᠶᠢᠭᠤᠯᠣᠯᠳᠠ ᠶᠢ ᠠᠬᠢᠭᠤᠯᠣᠨ᠎ᠠ᠃ ︽ᠡᠬᠢ ᠪᠠᠶᠠᠯᠢᠭ ᠢ ᠨᠡᠶᠢᠯᠡᠬᠦᠯᠬᠦ᠂ ᠲᠤᠭ᠎ᠠ ᠪᠠᠷᠢᠮᠳᠠ ᠶᠢ ᠨᠡᠶᠢᠯᠡᠬᠦᠯᠬᠦ᠂ ᠬᠡᠷᠡᠭᠯᠡᠭᠡ ᠶᠢ | ᠨᠡᠶᠢᠯᠡᠬᠦᠯᠬᠦ︾ ᠪᠠᠷ ᠭᠤᠣᠯ ᠪᠣᠯᠭᠠᠵᠣ᠂ ︽ᠲᠠᠪᠴᠠᠩ ᠨᠡᠪᠳᠡᠷᠡᠭᠰᠡᠨ᠂ ᠲᠤᠭ᠎ᠠ ᠪᠠᠷᠢᠮᠳᠠ ᠨᠡᠪᠳᠡᠷᠡᠭᠰᠡᠨ᠂ ᠬᠡᠷᠡᠭᠯᠡᠭᠡ ᠨᠡᠪᠳᠡᠷᠡᠭᠰᠡᠨ︾ ᠣᠶᠣᠨᠯᠢᠭ ᠬᠤᠲᠠ ᠶᠢᠨ | ᠰᠢᠰᠲ᠋ᠧᠮ ᠢ ᠪᠠᠶᠢᠭᠤᠯᠣᠨ᠎ᠠ᠃ ᠬᠤᠸᠠ ᠸᠧᠢ᠂ ᠱᠤ᠋ ᠭᠤᠸᠠᠩ ᠬᠤᠷᠠᠮᠠᠭ ᠪᠣᠳᠣᠯᠲᠠ ᠶᠢᠨ ᠲᠥᠪ ᠪᠠ ᠸᠢᠳᠢᠣ᠋ ᠮᠡᠳᠡᠭᠡ ᠵᠠᠩᠬᠢ ᠶᠢ ᠬᠠᠮᠳᠣᠪᠠᠷ ᠡᠳ᠋ᠯᠡᠬᠦ ᠲᠠᠪᠴᠠᠩ ᠢ | ᠠᠰᠢᠭᠯᠠᠯᠲᠠ ᠳᠤ ᠣᠷᠣᠭᠤᠯᠵᠣ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠣᠪᠠᠷ ᠡᠳ᠋ᠯᠡᠬᠦ᠂ ᠣᠶᠣᠨᠯᠢᠭ ᠵᠠᠮ ᠬᠠᠷᠢᠯᠴᠠᠭ᠎ᠠ᠂ ᠣᠶᠣᠨᠯᠢᠭ | ᠬᠤᠲᠠ ᠶᠢᠨ ᠬᠠᠮᠢᠶᠠᠷᠣᠯᠳᠠ᠂ ᠣᠶᠣᠨᠯᠢᠭ ᠲᠣᠳᠣᠭᠠᠳᠣ ᠶᠢ ᠬᠠᠮᠠᠭᠠᠯᠠᠬᠤ᠂ ᠣᠶᠣᠨᠯᠢᠭ ᠰᠣᠷᠭᠠᠨ ᠬᠦᠮᠦᠵᠢᠯ᠂ ᠣᠶᠣᠨᠯᠢᠭ ᠡᠮ ᠡᠮᠨᠡᠯᠭᠡ᠂ ᠣᠶᠣᠨᠯᠢᠭ ᠨᠡᠶᠢᠬᠡᠮ ᠤᠨ | ᠪᠠᠳᠣᠯᠠᠭ᠎ᠠ᠂ ︽ᠨᠢᠭᠡ ᠺᠠᠷᠲ ᠲᠠᠷᠬᠠᠭᠠᠬᠤ︾ ᠲᠦᠷᠦᠯ ᠵᠦᠢᠯ ᠢ ᠪᠠᠶᠢᠭᠤᠯᠵᠦ᠂ ᠲᠤᠭ᠎ᠠ ᠪᠠᠷᠢᠮᠳᠠ ᠶᠢ ᠢᠯᠡᠬᠦᠦ ᠲᠠᠮᠵᠢᠭᠤᠯᠵᠣ᠂ ᠣᠯᠠᠨ ᠲᠦᠮᠡᠨ ᠴᠦᠬᠡᠨ | ᠬᠦᠶᠦᠯᠭᠡᠬᠦ᠂ ᠣᠶᠣᠨᠴᠢᠯᠡᠯᠳᠡ ᠪᠠᠷ ᠠᠮᠢᠳᠣᠷᠠᠯ ᠤᠨ ᠲᠦᠬᠦᠮᠴᠢᠯᠡᠯᠳᠡ᠂ ᠦᠢᠯᠡᠴᠢᠯᠡᠬᠡᠨ ᠤ ᠣᠳᠣᠬᠢᠴᠢᠯᠡᠯᠳᠡ ᠶᠢ ᠠᠬᠢᠭᠤᠯᠣᠨ᠎ᠠ᠃ | ᠬᠤᠲᠠ ᠪᠠᠯᠭᠠᠰᠣᠨ ᠤ ᠬᠠᠮᠢᠶᠠᠷᠣᠯᠳᠠ ᠶᠢᠨ ᠲᠦᠪᠰᠢᠨ ᠢ ᠳᠡᠭᠡᠭᠰᠢᠯᠡᠬᠦᠯᠦᠨ᠎ᠡ᠃ ︽ᠬᠤᠣᠰ ᠬᠤᠲᠠ ᠶᠢᠨ ᠴᠣᠭᠴᠠᠯᠠᠯᠳᠠ︾ ᠤᠨ ᠦᠷ᠎ᠡ ᠪᠦᠲᠦᠮᠵᠢ ᠶᠢ | ᠦᠷᠬᠦᠯᠵᠢᠯᠡᠨ ᠪᠠᠬᠢᠵᠢᠬᠦᠯᠵᠦ᠂ ᠠᠮᠢᠳᠣᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠪᠦᠬᠦ ᠲᠠᠯ᠎ᠠ ᠪᠠᠷ ᠡᠬᠢᠯᠡᠬᠦᠯᠵᠦ᠂ ︽ᠦᠵᠡᠰᠭᠦᠯᠡᠩ ᠰᠠᠶᠢᠬᠠᠨ | ᠵᠡᠬᠡᠯᠢ ᠭᠤᠳᠣᠮᠵᠢ︾ ︽ᠬᠠᠣᠯᠢ ᠠᠴᠠ ᠵᠦᠷᠢᠴᠡᠭᠰᠡᠨ ᠪᠠᠷᠢᠯᠭ᠎ᠠ ᠦᠬᠡᠢ ᠬᠤᠷᠤᠭ᠎ᠠ︾ ︽ᠦᠢᠯᠡᠴᠢᠯᠡᠭᠡ ᠶᠢᠨ ᠵᠢᠱᠢᠶᠡᠴᠢ︾ ᠵᠡᠷᠬᠡ ᠡᠭᠦᠳᠦᠨ ᠪᠠᠶᠢᠭᠤᠯᠬᠤ | ᠠᠵᠢᠯᠯᠠᠭ᠎ᠠ ᠦᠷᠨᠢᠬᠦᠯᠵᠦ᠂ ᠬᠤᠲᠠ ᠶᠢ ᠨᠠᠷᠢᠨ ᠨᠢᠮᠪᠠᠢ ᠬᠠᠮᠢᠶᠠᠷᠣᠨ᠎ᠠ᠃ ︽ᠲᠦᠩᠯᠢᠶᠣᠣ ᠬᠤᠲᠠ ᠶᠢᠨ ᠪᠠᠯᠭᠠᠳ ᠤᠨ ᠲᠦᠷᠰᠦ ᠪᠠᠶᠢᠳᠠᠯ ᠣᠷᠴᠢᠨ ᠲᠣᠭᠤᠷᠢᠨ ᠤ | ᠠᠷᠢᠭᠤᠨ ᠴᠡᠪᠡᠷ ᠤᠨ ᠬᠠᠮᠢᠶᠠᠷᠣᠯᠳᠠ ᠶᠢᠨ ᠲᠦᠷᠢᠮ︾ ᠢ ᠴᠢᠩᠭ᠎ᠠ ᠬᠡᠷᠡᠭᠵᠢᠬᠦᠯᠦᠨ᠂ ᠬᠠᠷᠢᠭᠤᠴᠠᠯᠭ᠎ᠠ ᠡᠷᠬᠡ ᠠᠰᠢᠭ ᠢ ᠨᠢᠬᠡᠳᠬᠡᠬᠦ᠂ ᠡᠳ᠋ ᠤᠨ ᠡᠷᠬᠡ ᠠᠵᠢᠯ ᠤᠨ | ᠡᠷᠬᠡ ᠲᠣᠬᠢᠷᠠᠯᠴᠠᠭᠰᠠᠨ ᠵᠠᠷᠴᠢᠮ ᠢ ᠪᠠᠷᠢᠮᠳᠠᠯᠠᠵᠣ᠂ ᠬᠤᠲᠠ ᠲᠣᠭᠤᠷᠢᠭ ᠤᠨ ᠬᠤᠶᠠᠷ ᠱᠠᠳᠣᠨ ᠤ ᠬᠤᠲᠠ ᠶᠢᠨ ᠬᠠᠮᠢᠶᠠᠷᠣᠯᠳᠠ ᠶᠢᠨ ᠪᠠᠶᠢᠭᠤᠯᠣᠮᠵᠢ ᠶᠢ | ᠰᠢᠯᠣᠭᠤᠳᠬᠠᠵᠣ᠂ ᠬᠤᠲᠠ ᠶᠢᠨ ᠨᠠᠷᠢᠯᠢᠭᠵᠢᠭᠤᠯᠣᠯᠲᠠ᠂ ᠬᠠᠣᠯᠢᠵᠢᠭᠤᠯᠣᠯᠳᠠ ᠶᠢᠨ ᠬᠠᠮᠢᠶᠠᠷᠣᠯᠲᠠ ᠶᠢᠨ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠬᠦᠯᠦᠨ᠎ᠡ᠃ | ︵ᠲᠣᠯᠤᠭ᠎ᠠ︶ ᠦᠭᠡᠷᠡᠴᠢᠯᠡᠯᠳᠡ ᠨᠡᠬᠡᠬᠡᠯᠳᠡ ᠶᠢ ᠬᠦᠨᠵᠡᠭᠡᠶᠢᠷᠡᠬᠦᠯᠵᠦ᠂ ᠬᠦᠭᠵᠢᠬᠦᠯᠦᠯᠳᠡ ᠶᠢᠨ ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ | ᠲᠠᠰᠣᠷᠠᠯᠳᠠ ᠦᠬᠡᠢ ᠨᠡᠮᠡᠭᠳᠡᠬᠦᠯᠦᠨ᠎ᠡ᠃ ᠦᠬᠡᠷᠡᠴᠢᠯᠡᠯᠳᠡ ᠶᠢᠨ ᠭᠦᠨᠵᠡᠭᠡᠶᠢᠷᠡᠬᠦ ᠪᠣᠳᠠᠳᠠᠶᠢᠵᠢᠬᠤ᠂ ᠨᠡᠬᠡᠬᠡᠯᠳᠡ ᠶᠢᠨ ᠣᠯᠠᠮ ᠴᠢᠯᠦᠭᠡ ᠲᠠᠢ ᠪᠣᠯᠬᠤ ᠶᠢ ᠠᠬᠢᠭᠤᠯᠵᠣ᠂ | ︽ᠨᠢᠭᠡ ᠪᠦᠰᠡ ᠨᠢᠭᠡ ᠵᠠᠮ︾ ᠤᠨ ᠲᠠᠯ᠎ᠠ ᠨᠣᠳᠤᠭ ᠤᠨ ᠨᠡᠷᠡᠳᠦ ᠬᠤᠲᠠ ᠶᠢᠨ ᠡᠭᠦᠳᠦᠯᠳᠡ ᠶᠢ ᠲᠦᠷᠭᠡᠳᠬᠡᠨ᠎ᠡ᠃ | ᠭᠤᠤᠯᠳᠠᠯᠭ᠎ᠠ ᠲᠠᠢ ᠭᠦᠷᠢᠶ᠎ᠡ ᠴᠠᠷᠠᠭ᠎ᠠ ᠶᠢᠨ ᠦᠬᠡᠷᠡᠴᠢᠯᠡᠯᠳᠡ ᠶᠢ ᠭᠦᠨᠵᠡᠬᠡᠶᠢᠷᠡᠭᠦᠯᠤᠨᠡ᠃ ︽ᠨᠢᠭᠡ ᠰᠦᠯᠵᠢᠶ᠎ᠡ ᠨᠢᠭᠡ ᠭᠡᠷ ᠨᠢᠭᠡ ᠣᠳᠠᠭ᠎ᠠ︾ ᠪᠠᠷ | ᠭᠤᠣᠯᠳᠠᠯᠭ᠎ᠠ ᠪᠤᠯᠭᠠᠵᠤ᠂ ᠵᠠᠰᠠᠭ ᠤᠨ ᠶᠠᠪᠤᠳᠠᠯ ᠤᠨ ᠠᠯᠬᠤᠮ ᠲᠠᠷᠠᠭ᠎ᠠ ᠶᠢ ᠲᠠᠬᠢᠨ ᠠᠮᠢᠯᠠᠭᠤᠯᠬᠤ ᠪᠠ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ | ᠶᠢ ᠠᠬᠢᠭᠤᠯᠵᠤ᠂ ︽ᠢᠨᠲ᠋ᠧᠷ ᠰᠦᠯᠵᠢᠶ᠎ᠡ +︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠲᠦᠷᠭᠡᠨ ᠪᠠᠶᠢᠭᠤᠯᠵᠤ᠂ ᠡᠩ ᠤᠨ ᠠᠵᠤ | ᠠᠬᠤᠶᠢᠯᠠᠯ ᠤᠨ ᠪᠡᠯᠡ ᠣᠷᠣᠭᠤᠯᠣᠯᠲᠠ ᠶᠢᠨ ᠲᠦᠷᠦᠯ ᠵᠦᠢᠯ ᠡᠬᠢᠯᠡᠬᠦ ᠠᠴᠠ ᠡᠮᠦᠨ᠎ᠡ ︽ᠨᠢᠬᠡ ᠯᠡ ᠤᠳᠠᠭ᠎ᠠ ᠬᠦᠶᠦᠬᠦ︾᠂ ︽ᠬᠠᠮᠤᠭ ᠤᠳᠠᠭᠠᠨ ᠳᠠᠭᠠᠨ 30 | ᠬᠤᠨᠤᠭ ᠲᠤ ᠭᠦᠢᠴᠡᠳᠭᠡᠬᠦ︾ ᠶᠢ ᠪᠡᠶᠡᠯᠡᠬᠦᠯᠦᠨ᠎ᠡ᠃ ᠬᠤᠳᠠ ᠶᠢᠨ ᠤᠯᠤᠰ ᠤᠨ ᠦᠮᠴᠢᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠣᠯᠲᠠ ᠶᠢᠨ ᠵᠦᠪᠯᠡᠯ | ᠪᠠᠶᠢᠭᠤᠯᠤᠨ᠂ ᠡᠵᠡᠩᠨᠡᠯᠳᠡ ᠶᠢᠨ ᠴᠢᠨᠡᠷ ᠲᠠᠢ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠲᠦᠪᠯᠡᠷᠡᠬᠦᠯᠦᠨ ᠨᠢᠬᠡᠳᠦᠯᠳᠡᠢ ᠬᠢᠨᠡᠨ ᠬᠠᠮᠢᠶᠠᠷᠬᠤ ᠶᠢ | ᠪᠡᠶᠡᠯᠡᠬᠦᠯᠦᠨ᠎ᠡ᠃ ᠵᠠᠰᠠᠭ ᠤᠨ ᠤᠷᠳᠤᠨ ᠤ ᠪᠡᠯᠡ ᠨᠡᠶᠢᠯᠡᠬᠦᠯᠬᠦ ᠲᠠᠪᠴᠠᠩ ᠤᠨ ᠪᠤᠳᠠᠳᠠᠶᠢᠵᠢᠭᠤᠯᠤᠯᠳᠠ᠂ ᠵᠠᠬ᠎ᠠ ᠲᠡᠯᠬᠡᠬᠦᠷᠴᠢᠯᠡᠯᠳᠡ ᠶᠢᠨ ᠬᠤᠪᠢᠷᠠᠯᠳᠠ ᠶᠢ | ᠠᠬᠢᠭᠤᠯᠣᠨ᠎ᠠ᠃ ᠬᠦᠳᠡᠭᠡ ᠲᠤᠰᠬᠤᠨ ᠤ ᠭᠠᠵᠠᠷ ᠰᠢᠷᠦᠢ ᠶᠢᠨ ᠡᠷᠭᠡ ᠶᠢ ᠲᠤᠭᠳᠠᠭᠠᠨ ᠲᠠᠩᠰᠠᠯᠠᠵᠤ ᠦᠨᠡᠮᠯᠡᠯ ᠤᠯᠭᠤᠬᠤ ᠠᠵᠢᠯ᠂ ᠬᠠᠩᠭᠠᠨ ᠪᠤᠷᠤᠯᠠᠭᠤᠯᠬᠤ | ᠬᠤᠷᠰᠢᠶᠠᠨ ᠤ ᠶᠡᠷᠦᠩᠭᠡᠶᠢᠯᠡᠭᠰᠡᠨ ᠦᠬᠡᠷᠡᠴᠢᠯᠡᠯᠳᠡ᠂ ᠲᠠᠷᠢᠶᠠᠯᠠᠩ ᠤᠨ ᠠᠳᠡᠷ ᠬᠠᠭᠠᠯᠪᠤᠷᠢᠯᠠᠯᠳᠠ ᠶᠢᠨ ᠦᠬᠡᠷᠡᠴᠢᠯᠡᠯᠳᠡ᠂ ᠤᠯᠤᠰ ᠤᠨ ᠦᠮᠴᠢᠯᠡᠯ ᠤᠨ ᠤᠢ ᠰᠢᠭᠤᠢ | ᠶᠢᠨ ᠲᠠᠯᠠᠪᠠᠢ ᠶᠢᠨ ᠦᠬᠡᠷᠡᠴᠢᠯᠡᠯᠳᠡ ᠶᠢᠨ ᠦᠷ᠎ᠡ ᠪᠦᠲᠦᠮᠵᠢ ᠶᠢ ᠪᠠᠬᠢᠵᠢᠬᠦᠯᠵᠦ᠂ ᠭᠠᠵᠠᠷ ᠰᠢᠷᠦᠢ ᠶᠢᠨ ︽ᠭᠤᠷᠪᠡᠨ ᠡᠷᠭᠡ︾ ᠶᠢ ᠰᠠᠯᠭᠠᠬᠤ ᠦᠬᠡᠷᠡᠴᠢᠯᠡᠯᠳᠡ ᠶᠢᠨ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠣ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠭᠡᠶᠢᠯᠡᠭᠰᠡᠨ ᠦᠬᠡᠷᠡᠴᠢᠯᠡᠯᠳᠡ ᠶᠢ ᠲᠤᠭᠳᠠᠭᠤᠨ ᠠᠬᠢᠭᠤᠯᠤᠨ᠎ᠠ᠃ | | ᠪᠦᠬᠦ ᠲᠠᠯ᠎ᠠ ᠶᠢᠨ ᠴᠢᠯᠦᠭᠡᠳᠡᠢ ᠶᠠᠪᠣᠯᠴᠠᠭ᠎ᠠ ᠶᠢ ᠦᠷᠭᠡᠳᠭᠡᠨ᠎ᠡ᠃ ︽ᠨᠢᠬᠡ ᠪᠦᠰᠡ ᠨᠢᠬᠡ ᠵᠠᠮ︾ ᠤᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ | ᠤᠷᠤᠯᠴᠠᠵᠤ᠂ ᠤᠷᠤᠰ ᠮᠤᠩᠭᠤᠯ ᠯᠤᠭ᠎ᠠ ᠶᠢᠨ ᠬᠠᠮᠵᠢᠯᠴᠠᠭ᠎ᠠ ᠪᠠᠨ ᠬᠦᠨᠵᠡᠬᠡᠶᠢᠷᠡᠬᠦᠯᠵᠦ᠂ ᠲᠤᠮᠳᠡᠳᠦ ᠤᠯᠤᠰ ᠤᠨ ᠤᠯᠠᠨ ᠤᠯᠤᠰ ᠠᠴᠠ ᠤᠷᠤᠭᠤᠯᠬᠤ | ᠦᠵᠡᠭᠦᠯᠦᠯᠭᠡ᠂ ᠲᠤᠮᠳᠡᠳᠤ ᠮᠤᠩᠭᠤᠯ ᠤᠨ ᠦᠵᠡᠭᠦᠯᠦᠯᠭᠡ᠂ ᠲᠤᠮᠳᠡᠳᠦ ᠮᠤᠩᠭᠤᠯ ᠤᠨ ︽3 + 3︾ ᠤᠨ ᠤᠷᠤᠨ ᠪᠦᠰᠡ ᠶᠢᠨ ᠬᠠᠮᠵᠢᠯᠴᠠᠭᠠᠨ ᠤ ᠬᠤᠷᠠᠯ | ᠵᠡᠷᠭᠡ ᠦᠵᠡᠭᠦᠯᠦᠯᠭᠡ᠂ ᠵᠦᠪᠳᠡᠯᠴᠡᠭᠡᠷ ᠤᠨ ᠠᠵᠢᠯᠯᠠᠭ᠎ᠠ ᠳᠤ ᠢᠳᠡᠪᠬᠢᠳᠡᠢ ᠤᠷᠤᠯᠴᠠᠨ᠎ᠠ᠃ ᠲᠦᠷᠭᠡᠨ ᠲᠡᠮᠦᠷ ᠵᠠᠮ ᠤᠨ ᠠᠵᠤ ᠠᠬᠤᠢ ᠶᠢᠨ ᠪᠦᠰᠡ ᠶᠢ ᠲᠦᠷᠭᠡᠨ | ᠲᠦᠯᠦᠪᠵᠢᠭᠦᠯᠦᠨ ᠪᠠᠶᠢᠭᠤᠯᠵᠤ᠂ ᠵᠡᠬᠦᠨ ᠬᠤᠶᠢᠳᠦ ᠶᠢᠨ ᠭᠤᠷᠪᠡᠨ ᠮᠤᠵᠢ ᠶᠢᠨ ᠲᠠᠪᠠᠭᠤᠯᠢᠭ ᠠᠵᠤ ᠦᠢᠯᠡᠰ ᠪᠠ ᠤᠬᠢ ᠰᠠᠶᠢᠨ ᠬᠦᠴᠦᠨ ᠵᠦᠢᠯ ᠲᠠᠢ ᠪᠦᠬᠦ ᠲᠠᠯ᠎ᠠ | ᠪᠠᠷ ᠵᠣᠯᠭᠠᠭᠤᠯᠵᠣ᠂ ᠣᠯᠣᠰ ᠤᠨ ᠲᠡᠰ ᠤᠨ ᠵᠡᠬᠦᠨ ᠬᠤᠶᠢᠳᠣ ᠶᠢ ᠮᠠᠨᠳᠣᠭᠤᠯᠬᠤ ᠲᠠᠭᠤᠷᠢᠶᠠᠯ ᠣᠷᠣᠨ ᠢ ᠲᠦᠷᠭᠡᠨ ᠪᠠᠶᠢᠭᠤᠯᠣᠨ᠎ᠠ᠃ ᠵᠡᠬᠦᠨ ᠬᠤᠶᠢᠳᠦ ᠠᠽᠢᠶ᠎ᠠ᠂ | ᠪᠦᠸᠧᠬᠠᠢ ᠲᠠᠩᠭᠢᠰ ᠲᠠᠭᠠᠣ᠂ ᠪᠡᠭᠡᠵᠢᠩ ᠲᠢᠶᠠᠨᠵᠢᠨ ᠾᠧᠪᠸᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠭᠡ | ᠭᠠᠵᠠᠷ ᠤᠷᠤᠨ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠠᠵᠤ ᠦᠢᠯᠡᠰ ᠤᠨ ᠰᠢᠯᠵᠢᠯᠳᠡ ᠶᠢ ᠢᠳᠡᠪᠬᠢᠳᠡᠢ ᠬᠦᠯᠢᠶᠡᠨ ᠠᠪᠤᠨ᠎ᠠ᠃ ᠬᠤᠳᠠᠯᠳᠣᠭᠠᠴᠢᠨ | ᠣᠷᠢᠵᠣ ᠪᠡᠯᠡ ᠣᠷᠣᠭᠤᠯᠬᠤ ᠠᠷᠭ᠎ᠠ ᠪᠠᠨ ᠰᠢᠨᠡᠴᠢᠯᠡᠵᠦ᠂ ᠬᠤᠳᠠ ᠬᠤᠰᠢᠭᠤ ᠬᠤᠶᠠᠷ ᠱᠠᠳᠤᠨ ᠤ ᠤᠳᠤᠷᠢᠳᠤᠯᠭ᠎ᠠ ᠬᠤᠳᠠᠯᠳᠣᠭᠠᠴᠢᠨ ᠣᠷᠢᠬᠤ ᠶᠢ ᠠᠳᠬᠤᠬᠤ | ᠬᠠᠷᠠᠯᠳᠠ ᠡᠬᠦᠷᠭᠡ ᠶᠢ ᠨᠠᠶᠢᠳᠠᠪᠤᠷᠢᠵᠢᠭᠤᠯᠤᠨ᠂ ᠬᠤᠳᠠᠯᠳᠣᠭᠠᠴᠢᠨ ᠤᠷᠢᠬᠤ ᠲᠦᠷᠦᠯ ᠵᠦᠢᠯ ᠤᠨ ᠪᠦᠬᠦ ᠶᠠᠪᠤᠴᠠ ᠶᠢ ᠮᠦᠷᠳᠡᠨ ᠲᠠᠭᠠᠬᠤ ᠦᠢᠯᠡᠴᠢᠯᠡᠭᠡ ᠶᠢ ᠦᠨᠡᠯᠡᠬᠦ | ᠰᠢᠰᠲ᠋ᠧᠮ ᠢ ᠲᠡᠬᠦᠯᠳᠡᠷᠵᠢᠬᠦᠯᠵᠦ᠂ ᠲᠦᠷᠦᠯ ᠵᠦᠢᠯ ᠤᠨ ᠭᠡᠷ᠎ᠡ ᠶᠢ ᠬᠦᠢᠴᠡᠳᠭᠡᠬᠦ ᠨᠤᠷᠮ᠎ᠠ᠂ ᠠᠵᠢᠯ ᠡᠬᠢᠯᠡᠬᠦᠯᠬᠦ ᠨᠤᠷᠮ᠎ᠠ᠂ ᠠᠰᠢᠭᠯᠠᠯᠳᠠ ᠳᠤ ᠤᠷᠤᠭᠤᠯᠬᠤ ᠨᠤᠷᠮ᠎ᠠ | ᠶᠢ ᠦᠨᠡᠨᠬᠦ ᠲᠡᠭᠡᠭᠰᠢᠯᠡᠬᠦᠯᠦᠨ᠎ᠡ᠃ ᠳ᠋ᠦᠩᠰᠢᠭᠤᠷ ᠲᠦᠬᠦᠷᠢᠭ ᠢ ᠲᠠᠪᠠᠭᠰᠠᠨ ᠲᠦᠷᠦᠯ ᠵᠦᠢᠯ ᠤᠨ ᠬᠡᠷ᠎ᠡ ᠶᠢ 100 ᠲᠣᠭᠳᠠᠭᠠᠵᠣ᠂ ᠳ᠋ᠦᠩᠰᠢᠭᠤᠷ ᠲᠦᠬᠦᠷᠢᠭ ᠢ | ᠲᠠᠪᠠᠭᠰᠠᠨ 100 ᠲᠦᠷᠦᠯ ᠵᠦᠢᠯ ᠢ ᠠᠵᠢᠯ ᠡᠬᠢᠯᠡᠬᠦᠯᠦᠨ᠎ᠡ᠃ | ︵ᠨᠠᠢᠮᠠ︶ ᠠᠮᠢ ᠠᠬᠤᠢ ᠪᠠ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠬᠦᠭᠵᠢᠬᠦᠯᠦᠯᠳᠡ ᠶᠢᠨ ᠪᠠᠳᠤᠯᠠᠭ᠎ᠠ ᠶᠢᠨ | ᠴᠢᠳᠡᠪᠦᠷᠢ ᠶᠢ ᠲᠡᠭᠡᠭᠰᠢᠯᠡᠬᠦᠯᠦᠨ᠎ᠡ᠃ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠪᠠ ᠪᠠᠭᠤᠷᠠᠢ ᠭᠤᠭᠴᠤᠭ᠎ᠠ ᠳᠤ ᠴᠢᠭᠯᠡᠬᠦᠯᠦᠨ᠂ ᠬᠦᠷᠦᠯᠴᠡᠬᠦ ᠦᠭᠡᠢ ᠲᠠᠯ᠎ᠠ ᠪᠠᠨ | ᠨᠦᠬᠦᠪᠦᠷᠢᠯᠡᠵᠦ᠂ ᠨᠦᠬᠡᠴᠡ ᠬᠦᠴᠦᠨ ᠢᠶᠠᠨ ᠨᠡᠮᠡᠭᠳᠡᠬᠦᠯᠵᠦ᠂ ᠪᠤᠬᠢᠷᠳᠦᠯ ᠦᠭᠡᠢ ᠬᠦᠭᠵᠢᠬᠦᠯᠦᠯᠳᠡ ᠪᠠ ᠦᠷᠬᠦᠯᠵᠢᠯᠡᠯ ᠬᠦᠭᠵᠢᠬᠦᠯᠦᠯᠳᠡ ᠶᠢᠨ ᠲᠦᠪᠰᠢᠨ ᠢᠶᠠᠨ | ᠲᠡᠭᠡᠭᠰᠢᠯᠡᠬᠦᠯᠦᠨ᠎ᠡ᠃ | ᠠᠮᠢ ᠠᠬᠤᠢ ᠶᠢᠨ ᠤᠷᠴᠢᠨ ᠲᠣᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ᠃ ᠡᠸᠦ᠋ᠷᠦᠫᠡ ᠶᠢᠨ ᠪᠡᠯᠡ ᠤᠷᠤᠭᠤᠯᠬᠤ ᠪᠠᠩᠭᠢ ᠶᠢᠨ ᠵᠢᠬᠡᠯᠡᠯᠬᠡ᠂ ︽ | ᠭᠤᠷᠪᠠᠨ ᠤᠮᠠᠷᠠᠳᠤ︾ ᠶᠢᠨ ᠬᠠᠯᠬᠠᠪᠴᠢ ᠤᠢ ᠶᠢᠨ ᠢᠨᠵᠧᠨᠧᠷᠢᠩ ᠵᠡᠷᠭᠡ ᠲᠦᠷᠦᠯ ᠵᠦ᠋ᠶᠢᠯ ᠤᠨ ᠪᠡᠯᠡ ᠮᠦᠩᠭᠦ ᠶᠢ ᠢᠳᠡᠪᠬᠢᠳᠡᠢ ᠭᠤᠶᠤᠴᠢᠯᠠᠨ ᠣᠯᠵᠣ ᠰᠠᠶᠢᠳᠦᠷ | ᠬᠡᠷᠡᠭᠯᠡᠨ᠂ ︽ᠲᠦᠷᠪᠡᠨ ᠮᠢᠩᠭᠠᠨ ᠲᠦᠮᠡᠨ ᠮᠤ᠋︾ ᠠᠮᠢ ᠠᠬᠤᠢ ᠶᠢ ᠰᠡᠷᠬᠦᠭᠡᠨ ᠬᠠᠮᠠᠭᠠᠯᠠᠬᠤ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠦ᠂ ᠬᠤᠷᠴᠢᠨ ᠤ | ᠡᠯᠡᠰᠦᠷᠭᠡᠭ ᠭᠠᠵᠠᠷ ᠢ 330 ᠲᠦᠮᠡᠨ ᠮᠤ᠋ ᠵᠠᠰᠠᠵᠤ᠂ ᠪᠠᠶᠢᠭᠠᠯᠢ ᠶᠢᠨ ᠨᠤᠳᠤᠭ ᠪᠡᠯᠴᠢᠭᠡᠷ ᠢ 300 ᠲᠦᠮᠡᠨ ᠮᠤ᠋ ᠰᠡᠷᠭᠦᠭᠡᠨ᠂ ᠮᠤᠳᠤ ᠵᠠᠶᠢᠯᠠᠬᠤ ᠪᠠᠷ ᠨᠡᠷ᠎ᠡ ᠵᠢᠭᠠᠵᠤ | ᠲᠠᠷᠢᠶ᠎ᠠ ᠲᠠᠷᠢᠭᠰᠠᠨ ᠭᠠᠵᠠᠷ ᠢ 100 ᠲᠦᠮᠡᠨ ᠮᠤ᠋ ᠤᠶᠢᠵᠢᠭᠤᠯᠤᠨ᠎ᠠ᠃ ᠠᠭᠤᠷᠬᠠᠢ ᠶᠢᠨ ᠤᠷᠴᠢᠨ ᠲᠤᠭᠤᠷᠢᠨ ᠢ ᠰᠡᠷᠬᠦᠭᠡᠨ ᠵᠠᠰᠠᠬᠤ ᠰᠠᠭᠤᠷᠢ ᠮᠦᠩᠭᠦ ᠪᠠᠶᠢᠭᠤᠯᠵᠤ | ᠂ ᠠᠭᠤᠷᠬᠠᠢ ᠶᠢᠨ ᠡᠷᠭᠡ ᠶᠢ ᠪᠤᠴᠠᠭᠠᠨ ᠠᠪᠬᠤ ᠡᠭᠡ ᠲᠠᠩᠰᠠ ᠭᠠᠷᠭᠠᠵᠤ᠂ ᠵᠠᠰᠠᠵᠤ ᠰᠡᠷᠬᠦᠬᠡᠬᠦ ᠲᠦᠰᠦᠯ ᠢ ᠨᠠᠶᠢᠳᠠᠪᠤᠷᠢᠵᠢᠭᠤᠯᠵᠤ᠂ ᠪᠣᠬᠢᠷᠳᠣᠯ ᠦᠭᠡᠢ ᠠᠭᠤᠷᠬᠠᠢ | ᠶᠢᠨ ᠪᠠᠶᠢᠭᠤᠯᠤᠯᠳᠠ ᠶᠢ ᠲᠦᠷᠭᠡᠳᠭᠡᠨ᠎ᠡ᠃ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠨᠤᠭᠤ ᠭᠠᠵᠠᠷ ᠪᠠ ᠨᠤᠳᠤᠭ ᠪᠡᠯᠴᠢᠭᠡᠷ ᠤᠨ ᠬᠠᠮᠠᠭᠠᠯᠠᠯᠳᠠ ᠪᠠᠨ | ᠴᠢᠩᠭᠠᠳᠬᠠᠵᠤ᠂ ᠤᠢ ᠰᠢᠭᠤᠢ ᠨᠤᠳᠤᠭ ᠪᠡᠯᠴᠢᠭᠡᠷ ᠪᠠ ᠭᠡᠭᠡᠷ᠎ᠡ ᠶᠢᠨ ᠠᠮᠢᠳᠠᠨ ᠢ ᠠᠩᠨᠠᠵᠤ ᠠᠯᠠᠭᠰᠠᠨ ᠬᠠᠤᠯᠢ ᠪᠤᠰᠤ ᠠᠵᠢᠯᠯᠠᠭ᠎ᠠ ᠳᠤ ᠴᠤᠬᠢᠯᠳᠠ ᠦᠭᠭᠦᠨ᠎ᠡ᠃ | ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠡᠮᠵᠢᠳᠦ ᠤᠷᠤᠨ ᠳᠤ ᠠᠵᠤ ᠦᠢᠯᠡᠰ ᠤᠷᠤᠭᠤᠯᠬᠤ ᠶᠢ ᠵᠦᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ | ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢ ᠬᠠᠮᠠᠭᠠᠯᠠᠬᠤ ᠬᠤᠷᠢᠭ᠎ᠠ ᠱᠤᠭᠤᠮ᠂ ᠤᠷᠴᠢᠨ ᠲᠤᠭᠤᠷᠢᠨ ᠤ ᠶᠠᠰᠤ ᠴᠢᠨᠡᠷ ᠤᠨ ᠨᠠᠭᠠᠳᠤ ᠵᠠᠬ᠎ᠠ | ᠶᠢᠨ ᠱᠤᠭᠤᠮ᠂ ᠡᠬᠢ ᠪᠠᠶᠠᠯᠢᠭ ᠬᠡᠷᠡᠭᠯᠡᠬᠦ ᠬᠠᠮᠤᠭ ᠦᠨᠳᠦᠷ ᠱᠤᠭᠤᠮ ᠢ ᠴᠢᠩᠭ᠎ᠠ ᠰᠠᠬᠢᠵᠤ᠂ ᠭᠤᠤᠯ ᠴᠤᠭᠴᠠ ᠶᠢᠨ ᠴᠢᠳᠡᠪᠬᠢ ᠶᠢᠨ ᠲᠤᠭᠳᠠᠭᠠᠯ ᠳᠤ ᠨᠡᠶᠢᠴᠡᠬᠦ | ᠦᠭᠡᠢ ᠡᠯ᠎ᠡ ᠲᠦᠷᠦᠯ ᠤᠨ ᠨᠡᠬᠡᠬᠡᠯᠳᠡ ᠬᠢᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠦᠷᠢ ᠶᠢᠨ | ᠬᠦᠰᠦᠨᠦᠭ ᠨᠠᠶᠢᠷᠠᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠤ ᠬᠤᠬᠢᠷᠠᠯ ᠢ ᠲᠦᠯᠦᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ | ᠬᠡᠷᠡᠭᠵᠢᠬᠦᠯᠵᠦ᠂ ᠠᠮᠢ ᠠᠬᠤᠢ ᠶᠢᠨ ᠤᠷᠴᠢᠨ ᠤ ᠶᠠᠰᠤ ᠴᠢᠨᠡᠷ ᠢ ᠦᠷᠬᠦᠯᠵᠢᠯᠡᠨ ᠰᠠᠶᠢᠵᠢᠷᠠᠭᠤᠯᠬᠤ ᠶᠢ ᠪᠠᠳᠤᠯᠠᠨ᠎ᠠ᠃ | ᠰᠠᠭᠤᠷᠢ ᠲᠦᠬᠦᠭᠡᠷᠦᠮᠵᠢ ᠶᠢᠨ ᠲᠤᠳᠠᠭᠳᠠᠯ ᠢ ᠨᠦᠬᠦᠪᠦᠷᠢᠯᠡᠨ᠎ᠡ᠃ ᠤᠯᠤᠰ ᠮᠤᠵᠢ ᠶᠢᠨ ᠲᠡᠰ ᠤᠨ ᠭᠤᠤᠯ ᠵᠠᠮ ᠢ 700 ᠺᠢᠯᠤᠮᠧᠲᠷ ᠰᠢᠨ᠎ᠡ ᠵᠠᠰᠠᠬᠤ ᠪᠤᠶᠤ | ᠦᠷᠭᠡᠳᠭᠡᠨ ᠰᠢᠨᠡᠳᠭᠡᠵᠦ᠂ ᠲᠠᠴᠠ ᠶᠢᠨ ᠲᠠᠯ᠎ᠠ ᠠᠴᠠ ᠪᠠᠢ ᠵᠢᠶᠠ ᠸᠠᠨᠽᠢ ᠬᠦᠷᠬᠦ ᠲᠦᠷᠭᠡᠨ ᠵᠠᠮ᠂ ᠱᠧᠪᠡᠷᠳᠦ ᠠᠴᠠ ᠬᠠᠭ ᠤᠨ ᠰᠦᠮ᠎ᠡ ᠬᠦᠷᠬᠦ ᠨᠢᠬᠡᠳᠦᠭᠡᠷ ᠲᠡᠰ | ᠤᠨ ᠵᠠᠰᠠᠮᠠᠯ ᠵᠠᠮ᠂ ᠯᠦᠪᠸᠢ ᠠᠴᠠ ᠺᠠᠶᠢᠯᠤ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠢ ᠵᠠᠰᠠᠨ ᠨᠡᠪᠳᠡᠷᠡᠬᠦᠯᠵᠣ᠂ ᠪᠡᠭᠡᠵᠢᠩ ᠲᠦᠩᠯᠢᠶᠥᠥ ᠶᠢᠨ ᠲᠡᠮᠦᠷ ᠵᠠᠮ ᠢ | ᠴᠠᠬᠢᠯᠭᠠᠨᠵᠢᠭᠤᠯᠬᠤ ᠦᠬᠡᠷᠡᠴᠢᠯᠡᠯᠳᠡ ᠶᠢ ᠪᠡᠶᠡᠯᠡᠬᠦᠯᠵᠦ᠂ ᠲᠦᠩᠯᠢᠶᠥᠥ ᠶᠢᠨ ᠨᠢᠰᠬᠡᠯ ᠤᠨ ᠪᠠᠭᠤᠳᠠᠯ ᠤᠨ ᠨᠢᠰᠦᠯᠲᠡ ᠶᠢᠨ ᠲᠤᠭᠤᠷᠢᠭ ᠢ ᠦᠷᠭᠡᠳᠭᠡᠨ ᠪᠠᠶᠢᠭᠤᠯᠬᠤ | ᠪᠠᠷᠢᠯᠭ᠎ᠠ ᠶᠢ ᠲᠠᠭᠤᠰᠬᠠᠵᠤ ᠠᠰᠢᠭᠯᠠᠯᠳᠠ ᠳᠤ ᠤᠷᠤᠭᠤᠯᠵᠣ᠂ ᠨᠡᠢᠮᠠᠨ ᠤ ᠨᠡᠶᠢᠳᠡ ᠪᠠᠷ ᠭᠡᠷᠡᠭᠯᠡᠬᠦ ᠨᠢᠰᠬᠡᠯ ᠤᠨ ᠪᠠᠭᠤᠳᠠᠯ ᠤᠨ ᠭᠤᠤᠯ ᠴᠤᠭᠴᠠ ᠶᠢᠨ ᠪᠠᠷᠢᠯᠭ᠎ᠠ ᠶᠢ | ᠲᠠᠭᠤᠰᠬᠠᠵᠤ᠂ ᠲᠦᠩᠯᠢᠶᠥᠥ ᠠᠴᠠ ᠬᠤᠤᠯᠢᠩᠭᠤᠤᠯ ᠬᠦᠷᠬᠦ ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠭᠤᠯᠠᠢ ᠶᠢ ᠤᠭᠰᠠᠷᠠᠵᠤ ᠲᠠᠭᠤᠰᠬᠠᠨ ᠠᠰᠢᠭᠯᠠᠯᠳᠠ ᠳᠤ | ᠤᠷᠤᠭᠤᠯᠵᠤ᠂ ᠨᠡᠢᠮᠡᠨ ᠤ 500 ᠺᠢᠯᠤᠸᠤᠯᠲ ᠴᠠᠬᠢᠯᠭᠠᠨ ᠬᠦᠷᠭᠡᠬᠦ ᠬᠦᠴᠦᠳᠡᠯ ᠦᠬᠡᠷᠡᠴᠢᠯᠡᠬᠦ ᠪᠠᠷᠢᠯᠭ᠎ᠠ ᠶᠢ ᠡᠬᠢᠯᠡᠬᠦᠯᠦᠨ᠂ ᠲᠠᠷᠢᠶᠠᠯᠠᠩ ᠤᠨ ᠴᠠᠬᠢᠯᠭᠠᠨ ᠤ ᠲᠤᠤᠷ | ᠢ ᠰᠢᠨᠡᠴᠢᠯᠡᠨ ᠲᠡᠰ ᠲᠡᠪᠰᠢᠬᠦᠯᠬᠦ ᠪᠠᠷᠢᠯᠭ᠎ᠠ ᠶᠢ ᠬᠡᠷᠡᠭᠵᠢᠬᠦᠯᠦᠨ᠎ᠡ᠃ ᠨᠢᠬᠡ ᠪᠦᠯᠦᠭ ᠰᠠᠭᠤᠷᠢ ᠲᠦᠬᠦᠭᠡᠷᠦᠮᠵᠢ ᠶᠢᠨ ᠬᠦᠷᠢᠶ᠎ᠡ ᠴᠠᠷᠠᠭ᠎ᠠ ᠶᠢᠨ ᠲᠤᠳᠠᠭᠳᠠᠯ ᠢᠶᠠᠨ | ᠨᠦᠬᠦᠪᠦᠷᠢᠯᠡᠬᠦ ᠴᠢᠬᠤᠯᠡ ᠲᠤᠮᠤ ᠲᠦᠷᠦᠯ ᠵᠦᠢᠯ ᠢ ᠨᠦᠬᠡᠴᠡᠯᠡᠵᠦ᠂ ᠲᠦᠩᠯᠢᠶᠥᠥ ᠠᠴᠠ ᠴᠢᠴᠢᠬᠠᠷ ᠬᠦᠷᠬᠦ᠂ ᠲᠦᠩᠯᠢᠶᠥᠥ ᠠᠴᠠ ᠴᠠᠩᠴᠦ᠋ᠨ ᠬᠦᠷᠬᠦ ᠲᠦᠷᠭᠡᠨ | ᠲᠡᠮᠦᠷ ᠵᠠᠮ᠂ ᠵᠢᠨᠢᠩ ᠲᠦᠩᠯᠢᠶᠥᠥ ᠶᠢᠨ ᠲᠡᠮᠦᠷ ᠵᠠᠮ ᠢ ᠴᠠᠬᠢᠯᠭᠠᠨᠵᠢᠭᠤᠯᠬᠤ ᠦᠬᠡᠷᠡᠴᠢᠯᠡᠯᠳᠡ᠂ ᠭᠠᠨᠵᠤᠭ᠎ᠠ ᠠᠴᠠ ᠬᠦᠷᠢᠶ᠎ᠡ ᠬᠦᠷᠬᠦ ᠲᠡᠮᠦᠷ ᠵᠠᠮ ᠤᠨ ᠬᠤᠶᠠᠳᠣᠭᠠᠷ | ᠬᠤᠭᠤᠴᠠᠭ᠎ᠠ᠂ ᠯᠦᠪᠸᠢ ᠠᠴᠠ ᠬᠤᠣᠯᠢᠩᠭᠤᠣᠯ ᠬᠦᠷᠬᠦ ᠲᠦᠷᠬᠡᠨ ᠵᠠᠮ᠂ ᠪᠤᠤ ᠺᠠᠩ ᠠᠴᠠ ᠱᠧᠪᠡᠷᠳᠦ ᠬᠦᠷᠬᠦ ᠨᠢᠬᠡᠳᠦᠭᠡᠷ ᠲᠡᠰ ᠤᠨ ᠵᠠᠮ ᠤᠨ ᠡᠮᠦᠨᠡᠬᠢ | ᠬᠤᠭᠤᠴᠠᠭᠠᠨ ᠤ ᠠᠵᠢᠯ ᠢ ᠠᠬᠢᠭᠤᠯᠤᠨ᠎ᠠ᠃ | ᠤᠰᠤᠨ ᠤ ᠰᠤᠷᠪᠤᠯᠵᠢ ᠶᠢ ᠪᠠᠳᠤᠯᠠᠬᠤ ᠴᠢᠳᠠᠪᠦᠷᠢ ᠶᠢ ᠲᠡᠭᠡᠭᠰᠢᠯᠡᠬᠦᠯᠦᠨ᠎ᠡ᠃ ᠲᠠᠷᠢᠶᠠᠯᠠᠩ ᠤᠨ ᠦᠨᠳᠦᠷ ᠦᠷ᠎ᠡ ᠠᠰᠢᠭᠳᠤ ᠤᠰᠤ ᠠᠷᠪᠢᠯᠠᠬᠤ ᠢᠨᠵᠧᠨᠧᠷᠢᠩ | ᠤᠨ ᠵᠢᠯ ᠤᠨ ᠡᠬᠦᠷᠭᠡ ᠪᠠᠨ ᠪᠡᠶᠡᠯᠡᠬᠦᠯᠵᠦ᠂ ᠲᠠᠷᠢᠶ᠎ᠠ ᠤᠰᠤᠯᠠᠬᠤ ᠳᠤ ᠬᠡᠷᠡᠭᠯᠡᠬᠦ ᠤᠰᠤᠨ ᠠᠰᠢᠭᠯᠠᠯᠳᠡ ᠶᠢᠨ ᠢᠯᠡᠳᠭᠡᠮᠵᠢ ᠶᠢ 0.64 ᠬᠦᠷᠭᠡᠨ᠎ᠡ᠃ LXB ᠤᠰᠤ | ᠬᠠᠩᠭᠠᠬᠤ ᠰᠠᠯᠪᠤᠷᠢ ᠱᠤᠭᠤᠮ ᠤᠨ ᠢᠨᠵᠧᠨᠧᠷᠢᠩ ᠢ ᠡᠨᠡ ᠵᠢᠯ ᠪᠠᠷᠢᠯᠭ᠎ᠠ ᠡᠬᠢᠯᠡᠬᠦᠯᠬᠦ ᠪᠠᠷ ᠴᠢᠷᠮᠡᠶᠢᠵᠤ᠂ ︽ᠴᠤᠤᠯ ᠭᠤᠤᠯ ᠤᠨ ᠤᠰᠤ ᠶᠢ ᠲᠠᠳᠠᠵᠤ ᠯᠤᠤᠬ᠎ᠠ ᠶᠢᠨ | ᠭᠤᠤᠯ ᠳᠤ ᠤᠷᠤᠭᠤᠯᠬᠤ︾ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠡᠮᠦᠨᠡᠬᠢ ᠠᠵᠢᠯ ᠢ ᠲᠦᠷᠭᠡᠳᠭᠡᠨ᠎ᠡ᠃ ᠭᠤᠤᠯ ᠬᠤᠳᠠ ᠶᠢᠨ ᠲᠤᠭᠤᠷᠢᠭ ᠤᠨ | ᠴᠡᠪᠡᠷᠯᠡᠭᠰᠡᠨ ᠪᠣᠬᠢᠷ ᠤᠰᠤ ᠶᠢ ᠠᠰᠢᠭᠯᠠᠬᠤ ᠲᠦᠯᠦᠪᠯᠡᠭᠡ ᠶᠢ ᠡᠬᠢᠯᠡᠬᠦᠯᠦᠨ᠂ ᠤᠳᠤ ᠪᠠᠶᠢᠭ᠎ᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠦᠬᠦᠨ ᠤ | ᠭᠠᠳᠠᠭᠰᠢᠯᠠᠭᠤᠯᠬᠤ ᠤᠰᠤ ᠶᠢ ᠪᠠᠷᠢᠮᠵᠢᠶ᠎ᠠ ᠳᠤ ᠬᠦᠷᠭᠡᠬᠦ ᠶᠢ ᠠᠬᠢᠭᠤᠯᠵᠤ᠂ ᠪᠠᠶᠢᠭᠤᠯᠵᠤ ᠪᠦᠬᠦᠢ ᠪᠣᠬᠢᠷ ᠤᠰᠤ ᠰᠢᠢᠳᠪᠦᠷᠢᠯᠡᠬᠦ᠂ ᠴᠡᠪᠡᠷᠯᠡᠭᠰᠡᠨ ᠪᠣᠬᠢᠷ ᠤᠰᠤ ᠶᠢ | ᠲᠠᠬᠢᠨ ᠬᠡᠷᠡᠭᠯᠡᠬᠦ ᠲᠦᠬᠦᠭᠡᠷᠦᠮᠵᠢ ᠶᠢ ᠠᠰᠢᠭᠯᠠᠯᠳᠠ ᠳᠤ ᠤᠷᠤᠭᠤᠯᠵᠦ᠂ ᠭᠤᠤᠯ ᠬᠤᠳᠠ ᠶᠢᠨ ᠲᠤᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠪᠠ ᠴᠡᠪᠡᠷᠯᠡᠭᠰᠡᠨ | ᠪᠣᠬᠢᠷ ᠤᠰᠤ ᠶᠢ ᠠᠰᠢᠭᠯᠠᠬᠤ ᠨᠤᠷᠮ᠎ᠡ ᠶᠢ ᠲᠤᠰᠪᠤᠷᠢ 94% ᠪᠠ 50% ᠶᠢ ᠲᠠᠪᠠᠭᠤᠯᠤᠨ᠎ᠠ᠃ ᠲᠦᠩᠯᠢᠶᠥᠥ ᠶᠢᠨ ᠴᠠᠬᠢᠯᠭᠠᠨ ᠭᠠᠷᠭᠠᠬᠤ ᠶᠡᠷᠦᠩᠭᠡᠢ ᠦᠢᠯᠡᠳᠪᠦᠷᠢ | ᠂ ᠲᠦᠩᠯᠢᠶᠥᠥ ᠶᠢᠨ ᠢᠯᠴᠢᠳᠦ ᠴᠠᠬᠢᠯᠭᠠᠨ ᠤ ᠺᠤᠮᠫᠠᠨᠢ ᠶᠢᠨ ᠠᠵᠤ ᠦᠢᠯᠡᠳᠪᠦᠷᠢ ᠶᠢᠨ ᠬᠡᠷᠡᠭᠯᠡᠬᠦ ᠤᠰᠤ ᠶᠢ ᠰᠢᠭᠤᠳ ᠰᠤᠯᠢᠬᠤ ᠶᠢ ᠪᠡᠶᠡᠯᠡᠬᠦᠯᠦᠨ᠎ᠡ᠃ ᠤᠤᠭᠤᠬᠤ | ᠤᠰᠤᠨ ᠤ ᠰᠤᠷᠪᠤᠯᠵᠢ ᠶᠢᠨ ᠬᠠᠮᠠᠭᠠᠯᠠᠯᠳᠡ ᠶᠢ ᠴᠢᠩᠭᠠᠳᠬᠠᠵᠤ᠂ ᠤᠤᠭᠤᠬᠤ ᠤᠰᠤᠨ ᠤ ᠰᠤᠷᠪᠤᠯᠵᠢ ᠶᠢᠨ ᠤᠷᠤᠨ ᠢ ᠴᠡᠭᠴᠡᠯᠡᠨ ᠵᠠᠰᠠᠬᠤ ᠡᠬᠦᠷᠭᠡ ᠪᠠᠨ | ᠪᠡᠶᠡᠯᠡᠬᠦᠯᠵᠦ᠂ ᠰᠠᠨ ᠢ ᠲᠠᠩ ᠤᠰᠤᠨ ᠤ ᠰᠤᠷᠪᠤᠯᠵᠢ ᠶᠢᠨ ᠤᠷᠤᠨ ᠤ ᠤᠰᠤ ᠬᠠᠩᠭᠠᠬᠤ ᠪᠠ ᠲᠦᠩ ᠰᠢᠨ ᠤᠰᠤᠨ ᠦᠢᠯᠡᠳᠪᠦᠷᠢ ᠶᠢ ᠰᠢᠨᠡᠳᠭᠡᠨ ᠦᠷᠭᠡᠳᠭᠡᠵᠦ | ᠪᠠᠶᠢᠭᠤᠯᠬᠤ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠤ᠂ ᠬᠦᠳᠡᠭᠡ ᠲᠤᠰᠬᠤᠨ ᠮᠠᠯᠵᠢᠬᠤ ᠤᠷᠤᠨ ᠤ 8 ᠲᠦᠮᠡᠨ ᠬᠦᠮᠦᠨ ᠤ ᠤᠤᠭᠤᠬᠤ ᠤᠰᠤᠨ ᠤ | ᠠᠶᠤᠯᠬᠦᠢ ᠶᠢ ᠪᠠᠳᠣᠯᠠᠨ᠎ᠠ᠃ | ︵ᠶᠢᠰᠦ︶ ᠠᠷᠠᠳ ᠤᠨ ᠠᠮᠢᠳᠤᠷᠠᠯ ᠢ ᠦᠷᠬᠦᠯᠵᠢᠯᠡᠨ ᠪᠠᠳᠣᠯᠠᠨ ᠰᠠᠶᠢᠵᠢᠷᠠᠭᠤᠯᠵᠣ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ | ᠶᠢ ᠴᠢᠷᠮᠠᠶᠢᠨ ᠬᠠᠩᠭᠠᠨ᠎ᠠ᠃ ᠲᠦᠬᠡᠮᠡᠯ ᠬᠠᠷᠠᠭᠠᠯᠵᠠᠯ ᠤᠨ ᠴᠢᠨᠡᠷ᠂ ᠰᠠᠭᠤᠷᠢ ᠴᠢᠨᠡᠷ᠂ ᠪᠠᠳᠤᠯᠠᠭ᠎ᠠ ᠶᠢᠨ ᠴᠢᠨᠡᠷ ᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠳᠠ ᠶᠢ | ᠴᠢᠩᠭᠠᠳᠬᠠᠵᠤ᠂ ᠠᠷᠠᠳ ᠲᠦᠮᠡᠨ ᠤ ᠤᠯᠤᠯᠳᠡ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠦᠷ ᠲᠦᠪᠰᠢᠨ ᠤ ᠲᠦᠷᠦᠭᠳᠡᠯ ᠢ ᠦᠨᠡᠨᠬᠦ | ᠲᠡᠭᠡᠭᠰᠢᠯᠡᠬᠦᠯᠦᠨ᠎ᠡ᠃ | ᠲᠣᠭᠳᠠᠭᠤᠨ ᠠᠵᠢᠯ ᠣᠯᠭᠤᠯᠳᠠ ᠶᠢ ᠲᠣᠪᠣᠶᠢᠮ᠎ᠠ ᠪᠠᠶᠢᠷᠢᠨ ᠳᠤ ᠲᠠᠯᠪᠢᠨ᠎ᠠ᠃ ᠠᠵᠢᠯ ᠣᠯᠭᠤᠵᠣ ᠦᠢᠯᠡᠰ ᠪᠣᠰᠬᠠᠬᠤ ᠶᠢ ᠲᠡᠳᠬᠦᠬᠦ ᠲᠦᠷᠥ ᠶᠢᠨ | ᠪᠣᠳᠣᠯᠭ᠎ᠠ ᠶᠢ ᠲᠡᠬᠦᠯᠳᠡᠷᠵᠢᠬᠦᠯᠵᠦ᠂ ᠬᠤᠲᠠ ᠪᠠᠯᠭᠠᠰᠣᠨ ᠤ 1.55 ᠲᠦᠮᠡᠨ ᠬᠦᠮᠦᠨ ᠳᠤ ᠰᠢᠨ᠎ᠡ ᠪᠠᠷ ᠠᠵᠢᠯ ᠣᠯᠭᠤᠨ᠎ᠠ᠃ ᠲᠣᠮᠣ ᠲᠣᠮᠲᠠ ᠬᠡᠯᠪᠡᠷᠢ ᠶᠢᠨ ᠠᠵᠢᠯ | ᠣᠯᠭᠤᠬᠤ ᠲᠠᠨᠢᠯᠴᠠᠭᠤᠯᠭ᠎ᠠ ᠶᠢ 50 ᠢᠯᠡᠬᠦᠦ ᠤᠳᠠᠭ᠎ᠠ ᠡᠷᠬᠢᠯᠡᠵᠦ᠂ 3 ᠲᠦᠮᠡ ᠠᠴᠠ ᠳᠡᠭᠡᠭᠰᠢ ᠠᠵᠢᠯ ᠤᠨ ᠪᠠᠶᠢᠷᠢ ᠬᠠᠩᠭᠠᠨ᠎ᠠ᠃ ᠶᠡᠭᠡ ᠳᠡᠭᠡᠳᠦ ᠰᠣᠷᠭᠠᠭᠤᠯᠢ | ᠲᠡᠬᠦᠰᠦᠭᠰᠡᠨ ᠰᠣᠷᠣᠭᠴᠢ᠂ ᠴᠡᠷᠢᠭ ᠠᠴᠠ ᠬᠠᠯᠠᠭᠳᠠᠭᠴᠢ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠳᠠ ᠶᠢ ᠰᠠᠶᠢᠳᠣᠷ ᠠᠳᠬᠤᠵᠣ᠂ 1.75 ᠲᠦᠮᠡᠨ | ᠶᠡᠭᠡ ᠳᠡᠭᠡᠳᠦ ᠰᠣᠷᠭᠠᠭᠤᠯᠢ ᠲᠡᠭᠦᠰᠦᠭᠰᠡᠨ ᠰᠣᠷᠣᠭᠴᠢ ᠶᠢᠨ ᠠᠵᠢᠯ ᠣᠯᠭᠤᠯᠲᠠ ᠶᠢ ᠪᠡᠶᠡᠯᠡᠬᠦᠯᠦᠨ᠎ᠡ᠃ ᠬᠦᠳᠡᠯᠮᠦᠷᠢ ᠶᠢᠨ ᠨᠡᠷᠡᠳᠦ ᠲᠡᠮᠳᠡᠭ ᠡᠬᠦᠳᠴᠦ᠂ 46 | ᠲᠦᠮᠡᠨ ᠮᠠᠯᠴᠢᠨ ᠲᠠᠷᠢᠶᠠᠴᠢᠨ ᠢ ᠰᠢᠯᠵᠢᠬᠦᠯᠦᠨ ᠪᠦᠳᠦᠮᠵᠢ ᠲᠠᠢ ᠠᠵᠢᠯ ᠣᠯᠭᠤᠨ᠎ᠠ᠃ ᠲᠡᠬᠡᠳᠦ ᠵᠡᠷᠬᠡ ᠶᠢᠨ ᠣᠷ᠎ᠠ ᠴᠢᠳᠠᠪᠣᠷᠢᠳᠠᠨ ᠢ ᠬᠦᠮᠦᠵᠢᠬᠦᠯᠬᠦ ᠲᠦᠯᠦᠪᠯᠡᠭᠡ | ᠬᠡᠷᠡᠭᠵᠢᠬᠦᠯᠵᠦ᠂ ᠳᠡᠭᠡᠳᠦ ᠵᠡᠷᠬᠡ ᠶᠢᠨ ᠣᠷ᠎ᠠ ᠴᠢᠳᠠᠪᠣᠷᠢᠳᠠᠨ ᠢ 1400 ᠨᠡᠮᠡᠭᠳᠡᠬᠦᠯᠦᠨ᠎ᠡ᠃ | ᠠᠷᠠᠳ ᠲᠦᠮᠡᠨ ᠤ ᠰᠡᠳᠬᠢᠯ ᠬᠠᠨᠣᠮᠵᠢ ᠲᠠᠢ ᠰᠣᠷᠭᠠᠨ ᠬᠦᠮᠦᠵᠢᠯ ᠢ ᠰᠠᠶᠢᠳᠣᠷ ᠡᠷᠬᠢᠯᠡᠨ᠎ᠠ᠃ ᠰᠣᠷᠭᠠᠨ ᠬᠦᠮᠦᠵᠢᠯ ᠤᠨ ᠬᠦᠷᠢᠶ᠎ᠠ ᠴᠠᠷᠠᠭ᠎ᠠ ᠶᠢᠨ ᠶᠡᠷᠦᠩᠬᠡᠢ | ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠰᠣᠷᠭᠠᠨ ᠬᠦᠮᠦᠵᠢᠯ ᠤᠨ ᠣᠷᠣᠭᠤᠯᠣᠯᠳᠠ ᠶᠢ ᠨᠡᠮᠡᠭᠳᠡᠬᠦᠯᠵᠦ᠂ ᠡᠯ᠎ᠡ ᠱᠠᠳᠤ ᠡᠯ᠎ᠡ ᠲᠦᠷᠦᠯ ᠤᠨ ᠰᠣᠷᠭᠠᠨ ᠬᠦᠮᠦᠵᠢᠯ ᠤᠨ | ᠵᠣᠬᠢᠴᠠᠩᠭᠤᠢ ᠬᠦᠭᠵᠢᠬᠦᠯᠦᠯᠳᠡ ᠶᠢ ᠠᠬᠢᠭᠤᠯᠣᠨ᠎ᠠ᠃ ᠰᠢᠨ᠎ᠡ ᠴᠠᠭ ᠥᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠣᠯᠳᠠ ᠶᠢ ᠴᠢᠩᠭᠠᠳᠬᠠᠵᠣ᠂ ᠨᠡᠷᠡᠳᠦ ᠪᠠᠭᠰᠢ᠂ | ᠨᠡᠷᠡᠳᠦ ᠵᠠᠬᠢᠷᠣᠯ ᠬᠦᠮᠦᠵᠢᠬᠦᠯᠬᠦ ᠢᠨᠵᠧᠨᠧᠷᠢᠩ ᠢ ᠬᠡᠷᠡᠭᠵᠢᠬᠦᠯᠵᠦ᠂ ᠪᠠᠭᠰᠢ ᠶᠢᠨ ᠬᠡᠪ ᠪᠣᠯᠪᠠᠰᠣᠷᠠᠯ ᠢ ᠳᠡᠭᠡᠭᠰᠢᠯᠡᠬᠦᠯᠵᠦ᠂ ᠡᠷᠬᠢᠮ ᠳᠡᠭᠡᠳᠦ ᠪᠠᠭᠰᠢ ᠶᠢᠨ ᠮᠣᠷᠠᠯ ᠢ | ᠪᠠᠳᠠᠷᠠᠭᠤᠯᠣᠨ᠎ᠠ᠃ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠲᠦᠬᠡᠮᠡᠯ ᠬᠠᠷᠠᠭᠠᠯᠵᠠᠯ ᠲᠠᠢ ᠬᠦᠭᠵᠢᠬᠦᠯᠦᠯᠳᠡ ᠶᠢ ᠠᠬᠢᠭᠤᠯᠵᠣ᠂ ᠠᠯᠪᠠᠨ ᠠᠴᠠ | ᠡᠷᠬᠢᠯᠡᠭᠰᠡᠨ ᠴᠡᠴᠡᠷᠯᠢᠭ ᠢ ᠶᠡᠬᠡᠪᠡᠷ ᠬᠦᠭᠵᠢᠬᠦᠯᠵᠦ᠂ ᠲᠥᠭᠡᠮᠡᠯ ᠬᠠᠷᠠᠭᠠᠯᠵᠠᠯ ᠤᠨ ᠴᠢᠨᠠᠷ ᠲᠠᠢ ᠠᠷᠠᠳ ᠤᠨ ᠡᠷᠬᠢᠯᠡᠭᠰᠡᠨ ᠴᠡᠴᠡᠷᠯᠢᠭ ᠢ ᠢᠳᠡᠪᠬᠢᠳᠡᠢ ᠲᠡᠮᠵᠢᠵᠣ᠂ | ᠠᠷᠠᠳ ᠤᠨ ᠡᠷᠬᠢᠯᠡᠭᠰᠡᠨ ᠠᠰᠢᠭ ᠣᠯᠵᠠᠪᠣᠷᠢ ᠲᠠᠢ ᠴᠡᠴᠡᠷᠯᠢᠭ ᠤᠨ ᠬᠦᠭᠵᠢᠬᠦᠯᠦᠯᠳᠡ ᠶᠢ ᠵᠢᠷᠣᠮᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠥᠵᠢᠯ ᠤᠨ | ᠥᠨᠲᠤᠰᠤᠨ ᠲᠡᠩᠴᠡᠬᠦᠷᠢ ᠲᠠᠢ ᠬᠥᠭᠵᠢᠯᠲᠡ ᠶᠢᠨ ᠥᠷ᠎ᠡ ᠪᠥᠲᠥᠭᠡᠯ ᠢ ᠪᠠᠲᠤᠳᠬᠠᠨ᠂ ᠠᠯᠪᠠᠨ ᠵᠢᠷᠤᠮ ᠤᠨ ᠰᠣᠷᠭᠠᠨ ᠬᠥᠮᠥᠵᠢᠯ ᠤᠨ ᠰᠢᠯᠢᠲᠡᠭ ᠲᠠᠩᠴᠡᠬᠦᠷᠢᠲᠤ | ᠬᠥᠭᠵᠢᠬᠦᠯᠥᠯᠲᠡ ᠶᠢᠨ ᠠᠵᠢᠯ ᠢ ᠠᠬᠢᠭᠤᠯᠵᠣ᠂ ︽ᠰᠤᠷᠭᠠᠭᠤᠯᠢ ᠰᠢᠯᠢᠨ ᠠᠩᠬᠢ ᠰᠤᠩᠭᠤᠬᠤ ᠬᠠᠯᠠᠮᠰᠢᠯ︾᠂ ᠲᠣᠮᠳᠠᠳᠣ ᠪᠠᠭ᠎ᠠ ᠰᠤᠷᠭᠠᠭᠤᠯᠢ ᠶᠢᠨ ᠰᠤᠷᠤᠭᠴᠢ ᠶᠢᠨ | ᠡᠬᠦᠷᠭᠡ ᠬᠥᠨᠲᠤ ᠵᠡᠷᠭᠡ ᠲᠤᠪᠤᠶᠢᠮ᠎ᠠ ᠠᠰᠠᠭᠤᠲᠠᠯ ᠢ ᠭᠤᠤᠯᠲᠠᠯᠭ᠎ᠠ ᠲᠠᠢ ᠰᠢᠢᠳᠪᠥᠷᠢᠯᠡᠵᠤ᠂ ᠰᠤᠷᠭᠠᠭᠤᠯᠢ ᠶᠢᠨ ᠭᠠᠲᠠᠨᠠᠬᠢ ᠪᠤᠯᠪᠠᠰᠤᠷᠠᠯ ᠤᠨ ᠪᠠᠶᠢᠭᠤᠯᠤᠮᠵᠢ ᠪᠠ ︽ | ᠰᠣᠷᠣᠭᠴᠢ ᠶᠢᠨ ᠬᠤᠭᠤᠯᠠᠨ ᠰᠢᠷᠡᠭᠡ︾ ᠶᠢ ᠬᠡᠪᠰᠢᠬᠦᠯᠥᠨ ᠵᠠᠰᠠᠨ᠎ᠠ᠃ ᠥᠨᠲᠤᠰᠤᠲᠡᠨ ᠤ ᠰᠤᠷᠭᠠᠨ ᠬᠥᠮᠥᠵᠢᠯ ᠤᠨ ᠠᠭᠤᠯᠤᠭᠲᠠᠬᠤᠨ ᠤ ᠬᠥᠭᠵᠢᠭᠦᠯᠥᠯᠲᠡ ᠶᠢ | ᠠᠬᠢᠭᠤᠯᠤᠨ᠂ ᠲᠥᠩᠯᠢᠶᠤᠤ ᠶᠢᠨ ᠮᠤᠩᠭᠤᠯ ᠲᠤᠮᠲᠠᠲᠤ ᠰᠤᠷᠭᠠᠭᠤᠯᠢ ᠶᠢ ᠥᠭᠡᠷᠡᠴᠢᠯᠡᠨ ᠥᠷᠭᠡᠳᠭᠡᠵᠤ ᠪᠠᠶᠢᠭᠤᠯᠬᠤ ᠶᠢ ᠲᠥᠷᠭᠡᠳᠭᠡᠨᠠ᠃ ᠡᠩ ᠤᠨ ᠲᠡᠭᠡᠲᠤ | ᠵᠡᠷᠭᠡ ᠶᠢᠨ ᠲᠤᠮᠲᠠᠲᠤ ᠰᠤᠷᠭᠠᠭᠤᠯᠢ ᠶᠢᠨ ᠰᠢᠯᠢᠲᠡᠭ ᠤᠨᠴᠠᠯᠢᠭ ᠲᠠᠢ ᠬᠥᠭᠵᠢᠯᠲᠡ ᠶᠢ ᠠᠬᠢᠭᠤᠯᠵᠤ᠂ ᠬᠤᠰᠢᠭᠤ ᠰᠢᠶᠠᠨ ᠬᠤᠲᠠ ᠲᠤᠭᠤᠷᠢᠭ ᠪᠥᠷᠢ ᠨᠢᠭᠡ ᠲᠡᠭᠡᠲᠤ | ᠵᠡᠷᠭᠡ ᠶᠢᠨ ᠲᠠᠭᠤᠷᠢᠶᠠᠯ ᠲᠤᠮᠲᠠᠲᠤ ᠰᠤᠷᠭᠠᠭᠤᠯᠢ ᠶᠢ ᠰᠠᠶᠢᠲᠤᠷ ᠡᠷᠬᠢᠯᠡᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠶᠠᠰᠤ ᠴᠢᠨᠠᠷ ᠢ ᠳᠡᠭᠡᠭᠰᠢᠯᠡᠬᠦᠯᠵᠦ᠂ | ᠠᠵᠤ ᠥᠢᠯᠡᠰ ᠰᠤᠷᠭᠠᠨ ᠬᠥᠮᠥᠵᠢᠯ ᠤᠨ ᠣᠶᠠᠯᠳᠣᠯ᠂ ᠰᠤᠷᠭᠠᠭᠤᠯᠢ ᠠᠵᠤ ᠠᠬᠤᠶᠢᠯᠠᠯ ᠤᠨ ᠬᠤᠷᠰᠢᠯᠴᠠᠭ᠎ᠠ ᠶᠢ ᠭᠥᠨᠵᠡᠭᠡᠶᠢᠷᠡᠬᠦᠯᠥᠨᠡ᠃ | ︽ᠡᠷᠡᠭᠦᠯ ᠴᠢᠬᠢᠷᠠᠭ ᠲᠥᠩᠯᠢᠶᠤᠤ︾ ᠶᠢᠨ ᠪᠠᠶᠢᠯᠲᠤᠬᠤ ᠪᠤᠲᠤᠯᠭ᠎ᠠ ᠶᠢ ᠬᠡᠷᠡᠭᠵᠢᠬᠦᠯᠥᠨ᠎ᠡ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ | ᠶᠡᠷᠥᠩᠭᠡᠢ ᠥᠭᠡᠷᠡᠴᠢᠯᠡᠯᠲᠡ ᠶᠢ ᠬᠥᠨᠵᠡᠭᠡᠶᠢᠷᠡᠬᠦᠯᠥᠨ᠂ ᠲᠠᠰ ᠬᠤᠪᠢᠶᠠᠨ ᠡᠮᠴᠢᠯᠡᠬᠦ ᠲᠥᠷᠢᠮ ᠢ ᠲᠡᠬᠦᠯᠲᠡᠷᠵᠢᠬᠦᠯᠵᠥ᠂ ᠦᠨᠳᠦᠰᠦᠨ ᠱᠠᠳᠣᠨ ᠤ ᠡᠮᠴᠢᠯᠡᠭᠡ ᠶᠢᠨ ᠬᠢᠷᠢ | ᠬᠡᠮᠵᠢᠶ᠎ᠡ ᠪᠠ ᠴᠢᠳᠠᠪᠣᠷᠢ ᠶᠢ ᠳᠡᠭᠡᠭᠰᠢᠯᠡᠬᠦᠯᠦᠨ᠎ᠡ᠃ ᠪᠡᠭᠡᠵᠢᠩ ᠲᠦᠩᠯᠢᠶᠣᠣ ᠵᠡᠷᠭᠡ ᠶᠢᠨ ᠡᠮᠨᠡᠯᠭᠡ ᠡᠷᠡᠭᠦᠯ ᠬᠠᠮᠠᠭᠠᠯᠠᠯ ᠤᠨ ᠬᠠᠮᠳᠣᠷᠠᠯᠴᠠᠭ᠎ᠠ ᠶᠢ ᠬᠥᠨᠵᠡᠭᠡᠶᠢᠷᠡᠬᠦᠯᠵᠣ᠂ | ᠣᠨᠳᠣᠣ ᠭᠠᠵᠠᠷ ᠡᠮᠨᠡᠭᠦᠯᠦᠬᠡᠳ ᠴᠠᠭ ᠲᠣᠬᠠᠢ ᠳᠤᠨᠢ ᠲᠠᠰᠣᠯᠣᠨ ᠪᠣᠳᠣᠬᠤ ᠬᠡᠪᠴᠢᠶ᠎ᠡ ᠶᠢ ᠦᠷᠬᠡᠳᠬᠡᠨ᠎ᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠠᠵᠢᠯ | ᠲᠥᠷᠤᠯ ᠤᠨ ᠶᠡᠷᠥᠩᠭᠡᠢ ᠬᠢᠨᠡᠨ ᠬᠠᠮᠢᠶᠠᠷᠤᠯᠲᠠ ᠶᠢᠨ ᠲᠥᠷᠢᠮ ᠢ ᠲᠡᠬᠦᠯᠲᠡᠷᠵᠢᠬᠦᠯᠵᠥ᠂ ᠡᠮ ᠡᠮᠨᠡᠯᠭᠡ ᠶᠢᠨ ᠥᠢᠯᠡᠴᠢᠯᠡᠭᠡ ᠶᠢᠨ ᠠᠵᠢᠯᠯᠠᠭ᠎ᠠ ᠶᠢ ᠲᠥᠷᠢᠮᠵᠢᠬᠦᠯᠬᠦ | ᠲᠤᠰᠬᠠᠢ ᠴᠡᠭᠴᠡᠯᠡᠯᠲᠡ ᠶᠢ ᠥᠷᠨᠢᠬᠦᠯᠤᠨᠠ᠃ ᠨᠡᠶᠢᠳᠡ ᠶᠢᠨ ᠡᠷᠠᠬᠦᠯ ᠬᠠᠮᠠᠭᠠᠯᠠᠯ ᠤᠨ ᠥᠢᠯᠡᠴᠢᠯᠡᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ | ᠬᠥᠨᠲᠤ ᠰᠥᠷᠡᠬᠡᠢ ᠬᠠᠯᠲᠠᠪᠤᠷᠢᠲᠤ ᠡᠪᠡᠳᠴᠢᠨ᠂ ᠭᠠᠵᠠᠷ ᠤᠷᠤᠨ ᠤ ᠡᠪᠡᠳᠴᠢᠨ ᠢ ᠰᠡᠷᠭᠡᠶᠢᠯᠡᠨ ᠵᠠᠰᠠᠬᠤ ᠶᠢ ᠰᠠᠶᠢᠲᠤᠷ ᠠᠳᠬᠤᠨ᠎ᠠ᠃ ᠮᠤᠩᠭᠤᠯ ᠬᠢᠲᠠᠳ ᠡᠮ | ᠡᠮᠨᠡᠯᠭᠡ ᠶᠢᠨ ᠥᠢᠯᠡᠴᠢᠯᠡᠭᠡ ᠶᠢᠨ ᠴᠢᠲᠠᠪᠤᠷᠢ ᠶᠢ ᠲᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠥᠡ᠂ ︽ᠨᠡᠷᠡᠲᠤ ᠡᠮᠨᠡᠯᠭᠡ ᠶᠢᠨ ᠬᠤᠷᠢᠶ᠎ᠠ ᠨᠡᠷᠡᠲᠦ ᠰᠠᠯᠠᠭ᠎ᠠ ᠨᠡᠷᠡᠲᠦ | ᠡᠮᠴᠢ︾ ᠶᠢ ᠡᠭᠦᠲᠤᠨ ᠪᠠᠶᠢᠭᠤᠯᠬᠤ ᠠᠵᠢᠯᠯᠠᠭ᠎ᠠ ᠶᠢ ᠥᠷᠬᠦᠯᠵᠢᠯᠡᠨ ᠥᠷᠨᠢᠬᠦᠯᠥᠨ᠎ᠠ᠃ ᠡᠮ ᠤᠨ ᠵᠥᠢᠯ ᠤᠨ ᠠᠶᠤᠯᠬᠦᠢ ᠬᠠᠮᠢᠶᠠᠷᠤᠯᠲᠠ ᠪᠠ ᠶᠠᠰᠤ ᠴᠢᠨᠠᠷ ᠤᠨ | ᠲᠡᠭᠡᠭᠰᠢᠯᠡᠯᠲᠡ ᠶᠢ ᠠᠬᠢᠭᠤᠯᠤᠨ᠂ ᠤᠯᠤᠰ ᠤᠨ ᠢᠲᠡᠭᠡᠨ ᠤ ᠵᠥᠢᠯ ᠤᠨ ᠠᠶᠥᠯᠬᠦᠢ ᠲᠠᠭᠤᠷᠢᠶᠠᠯ ᠬᠤᠲᠠ ᠶᠢ ᠡᠬᠦᠲᠤᠨ ᠪᠠᠶᠢᠭᠤᠯᠤᠨ᠎ᠠ᠃ ᠬᠥᠯ ᠪᠥᠮᠪᠦᠭᠡ ᠶᠢᠨ | ᠬᠥᠲᠡᠯᠭᠡᠭᠡᠨ ᠤ ᠠᠵᠤ ᠦᠢᠯᠡᠰᠵᠢᠬᠦᠯᠦᠯᠳᠡ ᠶᠢᠨ ᠠᠯᠬᠤᠭ᠎ᠠ ᠶᠢ ᠲᠥᠷᠭᠡᠳᠭᠡᠨ᠂ ᠥᠪᠤᠷ ᠮᠤᠩᠭᠤᠯ ᠤᠨ ᠵᠡᠬᠦᠨ ᠬᠡᠰᠡᠭ ᠤᠨ ᠵᠠᠯᠠᠭᠤᠴᠤᠳ ᠪᠠᠭᠠᠠᠴᠤᠤᠨ ᠤᠨ ᠬᠥᠯ | ᠪᠥᠮᠪᠦᠭᠡ ᠶᠢᠨ ᠪᠤᠯᠪᠠᠰᠤᠷᠠᠯ ᠤᠨ ᠲᠥᠪ ᠢ ᠡᠬᠢᠯᠡᠬᠦᠯᠥᠨ ᠪᠠᠶᠢᠭᠤᠯᠤᠨ᠎ᠠ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠢ ᠲᠡᠯᠭᠡᠷᠡᠩᠭᠦᠢ ᠦᠷᠨᠢᠬᠦᠯᠵᠦ᠂ | ᠬᠤᠶᠠᠲᠤᠭᠠᠷ ᠬᠤᠭᠤᠴᠠᠭᠠᠨ ᠤ ᠬᠤᠷᠴᠢᠨ ᠤ ᠲᠠᠮᠢᠷ ᠤᠨ ᠴᠤᠭᠯᠠᠭᠠᠨ ᠵᠡᠷᠭᠡ ᠲᠤᠮᠤ ᠬᠡᠯᠪᠡᠷᠢ ᠶᠢᠨ ᠤᠯᠠᠨ ᠲᠥᠮᠡᠨᠴᠢ ᠲᠠᠮᠢᠷ ᠤᠨ ᠴᠤᠭᠯᠠᠭᠠᠨ ᠡᠷᠬᠢᠯᠡᠨ᠎ᠡ᠃ | ᠰᠤᠶᠤᠯ ᠤᠨ ᠬᠡᠶᠢᠰᠪᠣᠷᠢ ᠬᠥᠴᠤᠨ ᠢ ᠪᠥᠬᠦ ᠲᠠᠯ᠎ᠠ ᠪᠠᠷ ᠲᠡᠭᠡᠭᠰᠢᠯᠡᠬᠦᠯᠥᠨ᠎ᠡ᠃ ᠤᠲᠤᠬᠢᠴᠢ ᠤᠯᠠᠨ ᠨᠡᠶᠢᠲᠡ ᠶᠢᠨ ᠰᠤᠶᠤᠯ ᠤᠨ ᠥᠢᠯᠡᠴᠢᠯᠡᠭᠡ ᠶᠢᠨ | ᠰᠢᠰᠲ᠋ᠧᠮ ᠢ ᠲᠥᠷᠭᠡᠳᠭᠡᠨ ᠪᠠᠶᠢᠭᠤᠯᠵᠤ᠂ ᠤᠯᠠᠨ ᠨᠡᠶᠢᠳᠡ ᠶᠢᠨ ᠰᠤᠶᠤᠯ ᠤᠨ ᠦᠨᠳᠦᠰᠦᠨ ᠦᠢᠯᠡᠴᠢᠯᠡᠭᠡ ᠶᠢᠨ ᠪᠠᠷᠢᠮᠵᠢᠶᠠᠵᠢᠯᠳᠠ ᠲᠡᠩᠴᠡᠬᠦᠷᠢᠰᠢᠯᠳᠡ ᠶᠢ | ᠠᠬᠢᠭᠤᠯᠤᠨ᠎ᠠ᠃ ᠲᠤᠮᠲᠠᠲᠤ ᠶᠢᠨ ᠪᠤᠯᠪᠠᠰᠤᠨ ᠤ ᠡᠬᠢ ᠶᠢ ᠰᠦᠪᠡᠭᠴᠢᠯᠡᠭᠰᠡᠨ ᠢᠨᠵᠧᠨᠧᠷᠢᠩ ᠤᠨ ᠥᠷ᠎ᠡ ᠪᠥᠲᠥᠭᠡᠯ ᠲᠠᠢ ᠤᠶᠠᠯᠲᠤᠭᠤᠯᠤᠨ᠂ ︽ᠲᠥᠩᠯᠢᠶᠤᠤ ᠶᠢᠨ | ᠲᠡᠤᠭᠡ︾ ᠶᠢ ᠨᠠᠶᠢᠷᠠᠭᠤᠯᠬᠤ ᠵᠡᠷᠬᠡ ᠰᠢᠷᠢᠰ ᠮᠦᠷᠳᠡᠯᠳᠡ ᠶᠢᠨ ᠠᠵᠢᠯ ᠢ ᠡᠬᠢᠯᠡᠬᠦᠯᠦᠨ᠎ᠡ᠃ ᠰᠤᠶᠤᠯ ᠤᠷᠠᠯᠢᠭ ᠤᠨ ᠰᠣᠳᠣᠨ ᠪᠥᠲᠤᠭᠡᠯ ᠤᠨ ᠵᠤᠬᠢᠶᠠᠨ | ᠪᠦᠳᠦᠭᠡᠯᠭᠡ ᠶᠢ ᠲᠡᠳᠬᠦᠨ᠎ᠡ᠃ ᠰᠤᠶᠤᠯ ᠤᠨ ᠥᠪ ᠭᠦᠷᠤᠩᠬᠡ ᠶᠢᠨ ᠬᠠᠮᠠᠭᠠᠯᠠᠯᠳᠠ ᠪᠠ ᠠᠰᠢᠭᠯᠠᠯᠳᠠ ᠶᠢ ᠴᠢᠩᠭᠠᠳᠬᠠᠵᠣ᠂ ᠪᠣᠳᠠᠰ ᠤᠨ ᠪᠣᠰᠣ ᠰᠣᠶᠣᠯ ᠤᠨ | ᠥᠪ ᠤᠨ ᠲᠦᠷᠤᠯ ᠵᠦᠢᠯ ᠵᠢᠴᠢ ᠣᠯᠠᠮᠵᠢᠯᠠᠭᠴᠢ ᠶᠢ ᠦᠷᠭᠦᠯᠵᠢᠯᠡᠨ ᠲᠡᠳᠭᠦᠵᠤ᠂ ᠬᠤᠷᠴᠢᠨ ᠤ ᠰᠤᠶᠤᠯ ᠤᠨ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠢ | ᠢᠳᠡᠪᠬᠢᠳᠠᠢ ᠭᠤᠶᠤᠴᠢᠯᠠᠨ ᠪᠠᠶᠢᠭᠤᠯᠤᠨ᠎ᠠ᠃ ᠦᠨᠳᠦᠰᠦᠳᠡᠨ ᠤ ᠰᠢᠯᠢᠳᠡᠭ ᠤᠯᠠᠮᠵᠢᠯᠠᠯᠳᠤ ᠰᠤᠶᠤᠯ ᠢ ᠰᠢᠨᠡᠴᠢᠯᠡᠨ ᠬᠦᠭᠵᠢᠬᠦᠯᠵᠦ᠂ ᠣᠯᠠᠨ ᠣᠯᠣᠰ ᠤᠨ | ᠦᠯᠢᠭᠡᠷ ᠤᠨ ᠶᠠᠷᠢᠶ᠎ᠠ ᠶᠢᠨ ᠲᠠᠪᠴᠠᠩ ᠡᠷᠬᠢᠯᠡᠨ᠎ᠡ᠃ | ᠨᠡᠶᠢᠬᠡᠮ ᠤᠨ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠥᠨ᠎ᠡ᠃ ᠨᠡᠶᠢᠭᠡᠮ ᠤᠨ ᠲᠠᠭᠠᠳᠬᠠᠯ ᠳᠤ ᠣᠷᠣᠯᠴᠠᠭᠰᠠᠨ ᠬᠠᠮᠣᠷᠣᠯᠲᠠ ᠶᠢᠨ ᠬᠡᠪᠴᠢᠶ᠎ᠠ ᠶᠢ | ᠥᠷᠬᠦᠯᠵᠢᠯᠡᠨ ᠥᠷᠭᠡᠳᠭᠡᠨ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠬᠦᠯᠲᠡᠷᠵᠢᠬᠦᠯᠥᠨ᠂ ᠠᠪᠤᠷᠠᠨ ᠲᠤᠰᠠᠯᠠᠬᠤ ᠬᠢᠷᠢ ᠲᠥᠪᠰᠢᠨ ᠢ ᠲᠡᠭᠡᠭᠰᠢᠯᠡᠬᠦᠯᠥᠨ᠎ᠡ᠃ | ᠨᠠᠰᠤᠲᠠᠨ ᠢ ᠠᠰᠠᠷᠠᠬᠤ ᠥᠢᠯᠡᠴᠢᠯᠡᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ ᠲᠡᠬᠦᠯᠲᠡᠷᠵᠢᠬᠦᠯᠵᠦ᠂ ᠡᠯ᠎ᠡ ᠲᠦᠷᠦᠯ ᠤᠨ ᠨᠡᠶᠢᠭᠡᠮ ᠤᠨ | ᠬᠥᠷᠥᠩᠭᠡ ᠶᠢᠨ ᠨᠠᠰᠤᠲᠠᠨ ᠤ ᠠᠰᠠᠷᠠᠮᠵᠢ ᠶᠢᠨ ᠵᠠᠬ᠎ᠠ ᠲᠡᠯᠭᠡᠬᠦᠷ ᠲᠤ ᠤᠷᠤᠭᠤᠯᠬᠤ ᠶᠢ ᠵᠤᠷᠢᠭᠵᠢᠭᠤᠯᠤᠨ᠂ ᠨᠠᠰᠤᠲᠠᠨ ᠢ ᠠᠰᠠᠷᠠᠬᠤ 10 ᠬᠤᠷᠢᠶ᠎ᠠ ᠶᠢ ᠨᠡᠶᠢᠯᠡᠬᠦᠯᠦᠨ | ᠴᠢᠨᠠᠷ ᠢ ᠲᠡᠭᠡᠭᠰᠢᠯᠡᠬᠦᠯᠵᠤ᠂ ᠲᠥᠩᠯᠢᠶᠤᠤ ᠬᠤᠲᠠ ᠶᠢᠨ ᠨᠠᠰᠤᠲᠠᠨ ᠢ ᠠᠰᠠᠷᠠᠨ ᠰᠤᠪᠢᠯᠠᠬᠤ ᠲᠥᠪ ᠢ ᠠᠰᠢᠭᠯᠠᠯᠲᠠ ᠳᠤ ᠤᠷᠤᠭᠤᠯᠣᠨ᠎ᠠ᠃ ᠪᠥᠷᠭᠡ ᠭᠡᠷ ᠤᠨ | ᠥᠭᠡᠷᠡᠴᠢᠯᠡᠯᠲᠡ᠂ ᠬᠥᠲᠡᠭᠡ ᠲᠤᠰᠬᠤᠨ ᠮᠠᠯᠵᠢᠬᠤ ᠤᠷᠤᠨ ᠤ ᠠᠶᠣᠯ ᠲᠠᠢ ᠭᠡᠷ ᠤᠨ ᠥᠭᠡᠷᠡᠴᠢᠯᠡᠯᠲᠡ ᠶᠢᠨ ᠵᠢᠯ ᠤᠨ ᠡᠬᠦᠷᠭᠡ ᠶᠢ ᠪᠠᠶᠡᠯᠡᠬᠦᠯᠥᠨ᠎ᠡ᠃ ᠮᠠᠯᠴᠢᠨ | ᠲᠡᠷᠢᠶᠠᠴᠢᠨ ᠬᠥᠯᠥᠰᠤᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠲᠦᠷᠢᠮ ᠢ ᠡᠯ᠎ᠡ ᠬᠦᠷᠢᠶ᠎ᠡ ᠴᠠᠷᠠᠭ᠎ᠠ ᠳᠤ ᠬᠠᠮᠣᠷᠣᠭᠤᠯᠬᠤ ᠶᠢ ᠥᠨᠲᠤᠰᠤᠨ ᠳᠡᠭᠡᠨ | ᠪᠡᠶᠡᠯᠡᠬᠦᠯᠥᠨ᠎ᠡ᠃ | ᠡᠯ᠎ᠡ ᠵᠦᠢᠯ ᠤᠨ ᠨᠡᠶᠢᠬᠡᠮ ᠤᠨ ᠦᠢᠯᠡᠰ ᠢ ᠬᠦᠭᠵᠢᠬᠦᠯᠦᠨ᠎ᠡ᠃ ᠥᠨᠲᠤᠰᠤᠲᠡᠡ ᠤ ᠪᠦᠯᠬᠦᠮᠳᠡᠯ ᠲᠠᠪᠰᠢᠯᠲᠠ ᠶᠢᠨ ᠡᠭᠦᠲᠤᠯᠲᠡ ᠶᠢᠨ ᠠᠵᠢᠯᠯᠠᠭ᠎ᠠ ᠶᠢ ᠭᠦᠨᠵᠡᠭᠡᠢ | ᠥᠷᠨᠢᠬᠦᠯᠵᠥ᠂ ᠪᠠᠯᠭᠠᠳ ᠤᠨ ᠥᠨᠲᠤᠰᠤᠲᠡᠨ ᠤ ᠠᠵᠢᠯ ᠢ ᠴᠢᠩᠭᠠᠳᠬᠠᠨ᠂ ᠪᠥᠬᠦ ᠤᠯᠤᠰ ᠤᠨ ᠥᠨᠲᠤᠰᠤᠲᠠᠨ ᠤ ᠪᠦᠯᠬᠦᠮᠳᠡᠯ ᠲᠠᠪᠰᠢᠯᠲᠡ ᠶᠢᠨ ᠲᠠᠭᠤᠷᠢᠶᠠᠯ | ᠬᠤᠲᠠ ᠶᠢ ᠢᠲᠡᠪᠬᠢᠲᠡᠢ ᠡᠬᠦᠲᠤᠨ᠎ᠠ᠃ ᠴᠡᠷᠢᠭ ᠠᠴᠠ ᠬᠠᠯᠠᠭᠳᠠᠭᠰᠠᠳ ᠤᠨ ᠥᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠤ᠂ ᠴᠡᠷᠢᠭ ᠢᠶᠠᠨ | ᠬᠥᠷᠢᠶᠡᠯᠡᠵᠥ ᠴᠡᠷᠢᠭ ᠤᠨ ᠭᠡᠷ ᠪᠥᠯᠢ ᠶᠢ ᠬᠠᠷᠠᠭᠠᠯᠵᠠᠬᠤ ᠠᠵᠢᠯᠯᠠᠭ᠎ᠠ ᠥᠷᠨᠢᠬᠦᠯᠤᠨ᠂ ᠠᠰᠠᠷᠠᠮᠵᠢ ᠶᠢᠨ ᠮᠥᠩᠬᠦ ᠶᠢᠨ ᠨᠥᠬᠦᠪᠤᠷᠢ ᠶᠢᠨ ᠪᠠᠷᠢᠮᠵᠢᠶ᠎ᠠ ᠶᠢ | ᠲᠡᠭᠡᠭᠰᠢᠯᠡᠬᠦᠯᠥᠨ᠂ ᠴᠢᠷᠢᠭ ᠠᠷᠠᠳ ᠠᠭᠤᠰᠤᠯᠴᠠᠨ ᠬᠥᠭᠵᠢᠭᠰᠡᠨ ᠰᠢᠨ᠎ᠡ ᠪᠠᠶᠢᠳᠠᠯ ᠢ ᠡᠬᠦᠳᠦᠨ᠎ᠡ᠃ ᠪᠥᠬᠦ ᠤᠯᠤᠰ ᠤᠨ ᠬᠤᠤᠰ ᠬᠥᠷᠢᠶᠠᠯᠠᠯ ᠤᠨ ᠲᠠᠭᠤᠷᠢᠶᠠᠯ | ᠬᠤᠲᠠ ᠶᠢ ᠴᠢᠷᠮᠠᠶᠢᠨ ᠡᠬᠦᠳᠴᠦ᠂ ︽ᠲᠠᠪᠤᠨᠲᠠ ᠮᠠᠩᠯᠠᠶᠢᠯᠠᠬᠤ︾ ᠬᠠᠷᠠᠯᠲᠠ ᠶᠢ ᠪᠡᠶᠡᠯᠡᠬᠦᠯᠬᠦ ᠪᠠᠷ ᠴᠢᠷᠮᠡᠶᠢᠨ᠎ᠡ᠃ ᠬᠠᠤᠯᠢ ᠶᠤᠰᠤᠭᠠᠷ ᠲᠤᠭ᠎ᠠ ᠪᠥᠷᠢᠳᠭᠡᠯ ᠢ ᠵᠠᠰᠠᠬᠤ | ᠶᠢ ᠪᠠᠷᠢᠮᠳᠠᠯᠠᠵᠤ᠂ ᠲᠥᠷᠪᠡᠲᠤᠭᠡᠷ ᠬᠤᠭᠤᠴᠠᠭᠠᠨ ᠤ ᠪᠦᠬᠦ ᠣᠯᠣᠰ ᠤᠨ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠶᠢ ᠰᠠᠶᠢᠲᠤᠷ ᠬᠢᠵᠤ᠂ ᠰᠢᠨ᠎ᠡ ᠠᠵᠤ | ᠠᠬᠤᠢ ᠶᠢᠨ ᠲᠤᠭ᠎ᠠ ᠪᠦᠷᠢᠳᠬᠡᠯ ᠢ ᠥᠷᠨᠢᠬᠦᠯᠥᠨ᠎ᠡ᠃ ᠲᠥᠩᠯᠢᠶᠤᠤ ᠶᠢᠨ ᠲᠡᠭᠡᠳᠦ ᠢᠯᠭᠠᠮᠵᠢ ᠲᠠᠢ ᠴᠠᠭ ᠠᠭᠤᠷ ᠤᠨ ᠬᠤᠪᠢᠶᠠᠷᠢ ᠲᠥᠪ ᠤᠨ ᠪᠠᠶᠢᠭᠤᠯᠣᠯᠳᠠ ᠶᠢ | ᠲᠦᠷᠭᠡᠳᠬᠡᠵᠦ᠂ ᠬᠤᠲᠠ ᠲᠤᠭᠤᠷᠢᠭ ᠬᠤᠶᠠᠷ ᠱᠠᠲᠤᠨ ᠤ ᠴᠠᠭ ᠠᠭᠤᠷ ᠤᠨ ᠲᠤᠪᠴᠢᠶ᠎ᠠ ᠥᠷᠲᠡᠭᠡ ᠶᠢ ᠪᠥᠬᠦᠯᠢ ᠴᠤᠭᠴᠨ ᠪᠠᠷ ᠨᠡᠭᠦᠯᠭᠡᠨ ᠪᠠᠶᠢᠭᠤᠯᠬᠤ ᠲᠥᠷᠤᠯ | ᠵᠥᠢᠯ ᠢ ᠬᠡᠷᠡᠭᠵᠢᠬᠦᠯᠦᠨ᠎ᠡ᠃ ᠣᠯᠣᠰ ᠤᠨ ᠪᠠᠲᠣᠯᠠᠨ ᠬᠠᠮᠠᠭᠠᠯᠠᠯᠳᠠ ᠶᠢᠨ ᠲᠠᠶᠢᠴᠢᠯᠡᠯᠳᠡ᠂ ᠣᠯᠣᠰ ᠤᠨ ᠪᠠᠲᠣᠯᠠᠨ ᠬᠠᠮᠠᠭᠠᠯᠠᠯᠳᠠ ᠶᠢᠨ ᠬᠦᠮᠦᠵᠢᠯ ᠢ ᠴᠢᠩᠭᠠᠳᠬᠠᠵᠣ᠂ | ᠠᠷᠠᠳ ᠤᠨ ᠠᠭᠠᠷ ᠤᠨ ᠰᠡᠷᠬᠡᠶᠢᠯᠡᠯᠲᠡ᠂ ᠭᠠᠵᠠᠷ ᠬᠥᠲᠤᠯᠥᠯᠲᠡ ᠶᠢ ᠰᠡᠷᠬᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠤᠨ ᠬᠢᠷᠢ ᠲᠥᠪᠰᠢᠨ ᠢ ᠲᠡᠭᠡᠭᠰᠢᠯᠡᠬᠦᠯᠥᠨ᠎ᠡ | ᠃ ᠡᠮᠡᠭᠲᠡᠶᠢᠴᠦᠳ ᠬᠡᠤᠭᠡᠳ ᠪᠠᠭᠠᠠᠴᠤᠤᠨ᠂ ᠦᠰᠪᠦᠷᠢ ᠶᠢᠨ ᠬᠡᠦᠬᠡᠳ ᠤᠨ ᠡᠷᠭᠡ ᠠᠰᠢᠭ ᠤᠨ ᠪᠠᠲᠤᠯᠠᠭ᠎ᠠ ᠶᠢᠨ ᠠᠵᠢᠯ ᠢ ᠴᠢᠩᠭᠠᠳᠬᠠᠨ᠂ ᠵᠡᠮᠲᠡᠭᠴᠥᠥᠨ ᠤᠨ | ᠬᠤᠯᠪᠤᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠨᠢᠬᠦᠯᠡᠰᠥᠩᠭᠦᠢ ᠠᠰᠠᠷᠠᠮᠵᠢ ᠶᠢᠨ ᠥᠢᠯᠡᠰ ᠤᠨ ᠬᠥᠭᠵᠢᠬᠦᠯᠥᠯᠲᠡ ᠶᠢ ᠲᠡᠮᠵᠢᠨ᠎ᠡ᠃ | ᠨᠡᠶᠢᠭᠡᠮ ᠤᠨ ᠵᠠᠰᠠᠯᠳᠠ ᠶᠢ ᠴᠢᠩᠭᠠᠳᠬᠠᠨ ᠰᠢᠨᠡᠴᠢᠯᠡᠨ᠎ᠡ᠃ ᠡᠮ ᠡᠮᠨᠡᠯᠬᠡ ᠡᠷᠡᠬᠦᠯ ᠬᠠᠮᠠᠭᠠᠯᠠᠯ᠂ ᠢᠳᠡᠭᠡᠨ ᠤ ᠵᠦᠢᠯ ᠤᠨ ᠠᠮᠤᠷ ᠲᠦᠪᠰᠢᠨ᠂ ᠠᠶᠤᠯᠬᠦᠢ | ᠦᠢᠯᠡᠳᠪᠦᠷᠢᠯᠡᠯ᠂ ᠪᠠᠷᠢᠯᠭ᠎ᠠ ᠶᠢᠨ ᠭᠠᠵᠠᠷ᠂ ᠵᠠᠮ ᠬᠠᠷᠢᠯᠴᠠᠭ᠎ᠠ ᠵᠡᠷᠭᠡ ᠡᠯ᠎ᠡ ᠲᠠᠯ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠳᠦᠷ ᠬᠢᠵᠦ᠂ ᠴᠢᠬᠤᠯᠡ ᠲᠤᠮᠤ | ᠲᠦᠭᠰᠢᠬᠦᠷᠢ ᠶᠢᠨ ᠲᠠᠯᠳᠠ ᠭᠡᠮ ᠤᠨ ᠬᠢᠨᠠᠨ ᠪᠠᠶᠢᠴᠠᠭᠠᠯᠳᠠ ᠶᠢ ᠬᠠᠮᠤᠷᠤᠭᠤᠯᠵᠦ᠂ ᠲᠦᠭᠰᠢᠬᠦᠷᠢ ᠶᠢ ᠰᠡᠷᠬᠡᠶᠢᠯᠡᠨ ᠡᠵᠡᠮᠳᠡᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠬᠢᠨᠠᠨ ᠪᠠᠶᠢᠴᠠᠭᠠᠵᠤ ᠡᠶᠡᠷᠡᠬᠦᠯᠬᠦ ᠠᠵᠢᠯ ᠤᠨ ᠲᠤᠭᠳᠠᠴᠠ ᠶᠢ ᠪᠦᠷᠢᠨᠰᠢᠬᠦᠯᠵᠦ᠂ ᠡᠬᠢ ᠠᠴᠠ ᠨᠢ ᠵᠠᠰᠠᠬᠤ ᠶᠢ ᠴᠢᠩᠭᠠᠷᠠᠭᠤᠯᠵᠤ᠂ ᠤᠨᠴᠠ | ᠲᠤᠮᠤ ᠠᠳᠡᠯ ᠡᠬᠦᠰᠬᠦ ᠶᠢ ᠡᠷᠡᠰ ᠬᠤᠷᠢᠭᠯᠡᠨᠡ᠃ ᠵᠠᠬᠢᠳᠠᠯ ᠰᠤᠷᠪᠤᠯᠵᠢᠯᠠᠭ᠎ᠠ ᠶᠢᠨ ᠡᠮᠬᠢ ᠲᠢᠭᠯᠢᠮ ᠢ ᠬᠠᠤᠯᠢ ᠶᠤᠰᠤᠭᠠᠷ ᠵᠢᠷᠦᠮᠵᠢᠭᠤᠯᠵᠤ᠂ ︽ᠤᠴᠢᠷ ᠢ | ᠰᠢᠢᠳᠪᠦᠷᠢᠯᠡᠬᠦ︾ ᠶᠢ ᠠᠬᠢᠭᠤᠯᠤᠨ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠯᠤᠭ᠎ᠠ ᠬᠤᠯᠪᠣᠭ᠎ᠠ ᠲᠠᠢ ᠠᠰᠠᠭᠤᠳᠠᠯ ᠢ ᠬᠦᠴᠦ ᠲᠠᠯᠪᠢᠨ ᠰᠠᠶᠢᠳᠦᠷ | ᠰᠢᠢᠳᠪᠦᠷᠢᠯᠡᠨ᠎ᠡ᠃ ︽7·5︾ ᠶᠢᠨ ᠬᠠᠤᠯᠢ ᠲᠦᠭᠡᠮᠡᠯᠵᠢᠬᠦᠯᠬᠦ ᠲᠦᠯᠦᠪᠵᠢᠬᠦᠯᠬᠡ ᠶᠢ ᠬᠦᠨᠵᠡᠬᠡᠢ ᠬᠡᠷᠡᠭᠵᠢᠬᠦᠯᠵᠦ᠂ ᠪᠦᠬᠦ ᠠᠷᠠᠳ ᠤᠨ ᠬᠠᠤᠯᠢ ᠪᠠᠷ ᠵᠠᠰᠠᠬᠤ | ᠤᠬᠠᠮᠰᠡᠷ ᠢ ᠴᠢᠩᠭᠠᠳᠬᠠᠨ᠎ᠠ᠃ ︽ᠠᠮᠤᠭᠤᠯᠠᠩ ᠲᠦᠩᠯᠢᠶᠥᠥ︾ ᠶᠢᠨ ᠪᠠᠶᠢᠭᠤᠯᠤᠯᠳᠠ ᠶᠢ ᠬᠦᠨᠵᠡᠬᠡᠶᠢᠷᠡᠬᠦᠯᠵᠦ᠂ ᠪᠣᠰᠣᠭᠠᠴᠢᠯᠠᠯᠲᠠ ᠵᠠᠩᠭᠢᠴᠢᠯᠠᠯᠳᠡ ᠶᠢᠨ ᠨᠡᠶᠢᠬᠡᠮ | ᠤᠨ ᠠᠮᠤᠷ ᠢ ᠬᠠᠮᠠᠭᠠᠯᠠᠬᠤ ᠰᠡᠷᠬᠡᠶᠢᠯᠡᠯᠳᠡ ᠶᠢᠨ ᠲᠤᠭᠳᠠᠯᠴᠠᠭ᠎ᠠ ᠶᠢ ᠰᠢᠨᠡᠴᠢᠯᠡᠨ ᠲᠡᠬᠦᠯᠳᠡᠷᠵᠢᠬᠦᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ | ᠲᠤᠰᠬᠠᠢ ᠲᠡᠮᠡᠴᠡᠯ ᠢ ᠬᠦᠨᠴᠡ ᠲᠠᠢ ᠠᠬᠢᠭᠤᠯᠵᠤ᠂ ᠡᠯ᠎ᠡ ᠲᠦᠷᠦᠯ ᠤᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠵᠠᠮ | ᠬᠠᠷᠢᠯᠴᠠᠭᠠᠨ ᠤ ᠠᠳᠡᠯ ᠠᠴᠠ ᠪᠤᠯᠵᠤ ᠠᠳᠡᠭᠰᠡᠳ ᠢ ᠦᠷᠬᠦᠯᠵᠢᠯᠡᠨ ᠪᠠᠭᠠᠰᠬᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠡ ᠶᠢᠨ ᠲᠤᠭᠳᠠᠯᠴᠠᠭ᠎ᠠ ᠶᠢᠨ | ᠪᠠᠶᠢᠭᠤᠯᠤᠯᠳᠠ ᠶᠢ ᠴᠢᠩᠭᠠᠳᠬᠠᠵᠤ᠂ ᠭᠡᠨᠡᠳᠳᠡ ᠶᠢᠨ ᠬᠡᠷᠡᠭ ᠢ ᠰᠢᠢᠳᠪᠦᠷᠢᠯᠡᠬᠦ ᠪᠠ ᠶᠡᠷᠦᠩᠭᠡᠢ ᠠᠪᠤᠷᠠᠨ ᠲᠤᠰᠠᠯᠠᠬᠤ ᠴᠢᠳᠡᠪᠦᠷᠢ ᠶᠢ ᠲᠡᠭᠡᠭᠰᠢᠯᠡᠬᠦᠯᠦᠨ᠎ᠡ᠃ | ︵ᠠᠷᠪᠠ︶ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠠᠬᠢᠷᠣᠭᠤᠯᠵᠣ᠂ ᠵᠠᠰᠠᠭ ᠤᠨ ᠤᠷᠲᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ | ᠥᠨᠡᠨᠬᠦ ᠴᠢᠩᠭᠠᠳᠬᠠᠨ᠎ᠠ᠃ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ ᠳᠤ ᠡᠯ᠎ᠡ ᠱᠠᠲᠤᠨ ᠤ ᠵᠠᠰᠠᠭ ᠤᠨ ᠤᠷᠲᠤᠨ ᠤᠯᠤᠰ ᠲᠥᠷᠤ ᠶᠢᠨ ᠪᠠᠶᠢᠭᠤᠯᠤᠯᠲᠠ ᠶᠢ | ᠡᠷᠬᠡᠪᠰᠢ ᠲᠥᠷᠤᠬᠦᠨ ᠪᠠᠶᠢᠷᠢ ᠳᠤ ᠲᠠᠯᠪᠢᠵᠤ᠂ ︽ᠲᠥᠷᠪᠡᠨ ᠤᠬᠠᠮᠰᠠᠷ︾ ᠢ ᠥᠨᠡᠨᠬᠦ ᠴᠢᠩᠭᠠᠷᠠᠭᠤᠯᠤᠨ᠂ ︽ᠲᠥᠷᠪᠡᠨ ᠢᠲᠡᠭᠡᠯ︾ ᠢ ᠪᠠᠲᠤ ᠪᠤᠯᠭᠠᠨ᠂ ︽ᠬᠤᠶᠠᠷ | ᠬᠠᠮᠠᠭᠠᠯᠠᠯᠲᠠ︾ ᠶᠢ ᠡᠷᠡᠰ ᠰᠢᠭᠤᠷᠬᠠᠢ ᠬᠢᠵᠤ᠂ ᠰᠢ ᠶᠢᠨ ᠫᠢᠩ ᠤᠨ ᠰᠢᠨ᠎ᠡ ᠴᠠᠭ ᠥᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠥᠵᠡᠯ ᠰᠠᠨᠠᠭ᠎ᠠ ᠪᠠ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠨᠠᠮ ᠤᠨ ᠲᠥᠪ | ᠬᠤᠷᠢᠶ᠎ᠠ ᠶᠢᠨ ᠴᠢᠬᠤᠯᠠ ᠶᠡᠭᠡ ᠰᠶᠢᠳᠪᠥᠷᠢᠲᠤ ᠪᠤᠲᠤᠯᠭ᠎ᠠ ᠶᠢᠨ ᠪᠠᠶᠢᠷᠢᠯᠠᠭᠤᠯᠣᠯᠳᠠ ᠶᠢ ᠨᠠᠶᠢᠲᠠᠪᠤᠷᠢᠵᠢᠭᠤᠯᠵᠣ᠂ ᠦᠷ᠎ᠡ ᠪᠦᠳᠦᠮᠵᠢ ᠲᠠᠢ ᠪᠣᠯᠭᠠᠨ᠎ᠠ᠃ ᠬᠤᠲᠠ ᠶᠢᠨ | ᠵᠠᠰᠠᠭ ᠤᠨ ᠤᠷᠲᠤᠨ ︽ᠪᠠᠶᠢᠯᠳᠣᠭᠠᠨ ᠤ ᠬᠡᠯᠳᠡᠰ︾ ᠪᠤᠯᠤᠭᠰᠠᠨ ᠤ ᠬᠤᠪᠢ ᠳᠤ ᠪᠤᠲᠠᠲᠢ ᠬᠢᠬᠦ ᠶᠢ ᠴᠢᠬᠤᠯᠠᠴᠢᠯᠠᠨ᠂ ᠬᠡᠷᠡᠭᠵᠢᠬᠦᠯᠥᠯᠲᠡ ᠶᠢ ᠴᠢᠩᠭᠠᠳᠬᠠᠨ᠂ | ᠨᠠᠶᠢᠲᠠᠪᠤᠷᠢᠵᠢᠭᠤᠯᠤᠯᠲᠠ ᠶᠢ ᠠᠳᠬᠤᠨ᠂ ᠬᠡᠪ ᠲᠠᠭᠤᠷᠢᠶᠠᠯ ᠪᠤᠯᠵᠤ᠂ ᠴᠠᠭ ᠥᠶ᠎ᠠ ᠪᠠ ᠠᠷᠠᠳ ᠲᠦᠮᠡᠨ ᠳᠤ ᠣᠰᠣᠯᠳᠣᠭᠰᠠᠨ ᠦᠭᠡᠢ ᠠᠵᠢᠯ ᠤᠨ ᠠᠮᠵᠢᠯᠳᠠ | ᠣᠯᠬᠤ ᠪᠠᠷ ᠴᠢᠷᠮᠠᠶᠢᠨ᠎ᠠ ᠃ | ᠥᠢᠯᠡᠴᠢᠯᠡᠭᠡ ᠶᠢᠨ ᠬᠡᠯᠪᠡᠷᠢ ᠶᠢᠨ ᠵᠠᠰᠠᠭ ᠤᠨ ᠤᠷᠲᠤᠨ ᠢ ᠪᠠᠶᠢᠭᠤᠯᠤᠨ᠎ᠠ᠃ ᠠᠷᠠᠳ ᠲᠥᠮᠡᠨ ᠢᠶᠠᠷ ᠭᠤᠤᠯ ᠪᠤᠯᠭᠠᠭᠰᠠᠨ ᠬᠥᠭᠵᠢᠬᠦᠯᠥᠯᠲᠡ ᠶᠢᠨ ᠥᠵᠡᠯ | ᠰᠠᠨᠠᠭ᠎ᠠ ᠶᠢ ᠵᠠᠰᠠᠭ ᠤᠨ ᠤᠷᠲᠤᠨ ᠤ ᠠᠵᠢᠯ ᠤᠨ ᠪᠥᠬᠦ ᠶᠠᠪᠤᠴᠠ ᠳᠤ ᠥᠨᠡᠨᠬᠦ ᠠᠭᠤᠰᠬᠠᠵᠣ᠂ ᠪᠠᠶᠢᠴᠠᠭᠠᠨ ᠰᠣᠳᠣᠯᠣᠯᠳᠠ ᠶᠢ ᠴᠢᠩᠭᠠᠳᠬᠠᠵᠣ᠂ ᠦᠨᠳᠦᠰᠦᠨ ᠱᠠᠳᠤ᠂ | ᠪᠣᠳᠠᠳᠣ ᠪᠠᠶᠢᠳᠠᠯ᠂ ᠣᠯᠠᠨ ᠲᠦᠮᠡᠨ ᠤ ᠳᠣᠮᠳᠠ ᠬᠦᠨᠵᠡᠭᠡᠶᠢᠷᠡᠵᠦ᠂ ᠡᠯ᠎ᠡ ᠡᠳᠡᠬᠡᠳ ᠤᠨ ᠰᠠᠨᠠᠯ ᠰᠠᠨᠠᠭᠤᠯᠭ᠎ᠠ ᠶᠢ ᠲᠠᠷᠣᠤ ᠬᠢᠴᠢᠶᠡᠩᠭᠦᠢ ᠰᠣᠨᠣᠰᠴᠣ᠂ ᠤᠯᠠᠨ | ᠲᠥᠮᠡᠨ ᠶᠠᠭᠤ ᠪᠤᠲᠤᠵᠤ ᠪᠠᠶᠢᠬᠤ᠂ ᠶᠠᠭᠤ ᠬᠥᠰᠡᠵᠤ ᠪᠠᠶᠢᠬᠤ᠂ ᠮᠠᠨ ᠢᠶᠠᠷ ᠶᠠᠭᠤ ᠬᠢᠯᠬᠡᠬᠦ ᠭᠡᠵᠦ ᠪᠠᠶᠢᠬᠤ ᠶᠢ ᠵᠢᠩᠬᠢᠨᠢ ᠲᠤᠲᠤᠷᠬᠠᠢ ᠥᠢᠯᠠᠭᠠᠵᠤ᠂ ᠥᠨᠲᠤᠷ ᠠᠴᠠ | ᠪᠠᠷᠠᠯᠠᠵᠤ᠂ ᠪᠣᠳᠠᠳᠠᠢ ᠬᠢᠵᠤ᠂ ᠬᠢᠵᠤ ᠲᠡᠶᠢᠯᠬᠦ ᠮᠥᠷᠲᠡᠭᠡᠨ ᠰᠠᠶᠢᠲᠤᠷ ᠬᠢᠵᠤ᠂ ᠥᠪᠡᠷ ᠤᠨ ᠪᠡᠶ᠎ᠡ ᠪᠠᠷ ᠢᠶᠠᠨ ᠬᠢᠵᠦ᠂ ᠠᠷᠠᠳ ᠤᠨ ᠠᠮᠢᠲᠤᠷᠠᠯ ᠤᠨ ᠪᠤᠲᠠᠲᠤ | ᠶᠠᠪᠤᠲᠠᠯ ᠢ ᠵᠢᠩᠬᠢᠨᠢ ᠰᠠᠶᠢᠲᠤᠷ ᠬᠢᠵᠤ᠂ ᠪᠤᠲᠠᠲᠠᠢ ᠠᠵᠢᠯ ᠤᠨ ᠥᠷ᠎ᠡ ᠪᠦᠳᠦᠮᠵᠢ ᠪᠠᠷ ᠪᠥᠬᠦ ᠬᠤᠲᠠ ᠶᠢᠨ ᠠᠷᠠᠳ ᠲᠥᠮᠡᠨ ᠳᠤ ᠪᠤᠶᠠᠨ ᠦᠢᠯᠡᠳᠦᠨ᠎ᠡ᠃ | ᠬᠠᠤᠯᠢ ᠪᠠᠷ ᠵᠠᠰᠠᠭᠰᠠᠨ ᠵᠠᠰᠠᠭ ᠤᠨ ᠤᠷᠲᠤᠨ ᠢ ᠪᠠᠶᠢᠭᠤᠯᠤᠨ᠎ᠠ᠃ ᠬᠠᠤᠯᠢ ᠶᠤᠰᠤᠭᠠᠷ ᠵᠠᠰᠠᠭ ᠪᠠᠷᠢᠬᠤ ᠶᠢ ᠪᠠᠷᠢᠮᠳᠠᠯᠠᠵᠤ᠂ ᠵᠠᠰᠠᠭ ᠤᠨ ᠤᠷᠲᠤᠨ ᠤ ᠠᠵᠢᠯ ᠢ | ᠬᠠᠤᠯᠢ ᠴᠠᠭᠠᠵᠠ ᠪᠠᠷ ᠵᠠᠰᠠᠬᠤ ᠵᠢᠮ ᠳᠤ ᠪᠦᠬᠦ ᠲᠠᠯ᠎ᠠ ᠪᠠᠷ ᠣᠷᠣᠭᠤᠯᠵᠣ᠂ ᠬᠠᠤᠯᠢ ᠳᠤ ᠲᠣᠭᠳᠠᠭᠠᠭᠰᠠᠨ ᠡᠷᠭᠡ ᠶᠢᠨ ᠬᠡᠪᠴᠢᠶ᠎ᠠ ᠳᠤ ᠲᠣᠰᠢᠶᠠᠯ ᠬᠠᠷᠢᠭᠤᠴᠠᠯᠭ᠎ᠠ ᠪᠠᠨ | ᠴᠢᠩᠭ᠎ᠠ ᠬᠥᠢᠴᠡᠳᠭᠡᠵᠤ᠂ ᠬᠠᠤᠯᠢ ᠶᠤᠰᠤᠭᠠᠷ ᠰᠢᠢᠳᠪᠦᠷᠢ ᠲᠤᠭᠳᠠᠭᠠᠬᠤ ᠲᠤᠭᠳᠠᠯᠴᠠᠭ᠎ᠠ ᠪᠠ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠦᠪᠯᠡᠭᠴᠢ ᠶᠢᠨ | ᠲᠦᠷᠢᠮ ᠪᠠᠶᠢᠭᠤᠯᠤᠨ ᠲᠡᠬᠦᠯᠳᠡᠷᠵᠢᠬᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠶᠢ ᠤᠬᠠᠮᠰᠠᠷ ᠠᠴᠠ ᠪᠠᠨ | ᠬᠥᠯᠢᠶᠡᠵᠦ᠂ ᠤᠯᠤᠰ ᠲᠥᠷᠤ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠥᠯᠢᠶᠠᠵᠤ᠂ ᠨᠡᠶᠢᠭᠡᠮ ᠤᠨ ᠬᠢᠨᠠᠯᠲᠠ ᠪᠠ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠥᠷᠭᠡᠨ ᠬᠡᠪᠴᠢᠶ᠎ᠠ ᠪᠠᠷ ᠬᠥᠯᠢᠶᠠᠵᠣ᠂ ᠡᠯ᠎ᠡ ᠠᠷᠠᠳᠴᠢᠯᠠᠭᠰᠠᠨ ᠨᠠᠮ ᠪᠥᠯᠥᠭ᠂ ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ | ᠨᠠᠮ ᠤᠨ ᠭᠠᠳᠠᠨᠠᠬᠢ ᠬᠦᠮᠦᠰ ᠪᠠ ᠠᠷᠠᠳ ᠤᠨ ᠪᠥᠯᠬᠦᠮ ᠤᠨ ᠰᠠᠨᠠᠯ ᠢ ᠬᠢᠨᠠᠮᠠᠭᠠᠢ ᠰᠤᠨᠤᠰᠴᠤ᠂ ᠤᠯᠠᠨ ᠲᠥᠮᠡᠨ ᠤ ᠪᠠᠶᠢᠲᠠᠯ ᠢ ᠣᠶᠢᠯᠠᠭᠠᠬᠤ ᠡᠷᠭᠡ᠂ ᠤᠷᠤᠯᠴᠠᠬᠤ | ᠡᠷᠭᠡ᠂ ᠢᠯᠡᠳᠭᠡᠬᠦ ᠡᠷᠬᠡ ᠪᠠ ᠬᠢᠨᠠᠯᠲᠠ ᠶᠢᠨ ᠡᠷᠭᠡ ᠶᠢ ᠪᠠᠲᠤᠯᠠᠨ᠎ᠡ᠃ | ᠢᠳᠡᠭᠡᠯ ᠲᠠᠢ ᠵᠠᠰᠠᠭ ᠤᠨ ᠤᠷᠳᠤᠨ ᠪᠠᠶᠢᠭᠤᠯᠤᠨ᠎ᠠ᠃ ᠤᠳᠤᠷᠢᠳᠬᠤ ᠺᠠᠳ᠋ᠷ ᠤᠨ ᠢᠳᠡᠭᠡᠯ ᠤᠨ ᠦᠵᠡᠯ ᠤᠬᠠᠮᠰᠡᠷ ᠢ ᠴᠢᠩᠭᠠᠳᠬᠠᠵᠤ᠂ ᠦᠨᠡᠨ ᠠᠴᠠ ᠵᠦᠪ ᠢ | ᠡᠷᠢᠬᠦ ᠶᠢ ᠢᠮᠠᠭᠳᠠ ᠪᠠᠷᠢᠮᠳᠠᠯᠠᠨ᠂ ᠡᠯ᠎ᠡ ᠵᠦᠢᠯ ᠤᠨ ᠢᠳᠡᠭᠡᠯ ᠤᠨ ᠲᠦᠷᠢᠮ ᠢ ᠲᠡᠬᠦᠯᠳᠡᠷᠵᠢᠬᠦᠯᠵᠦ᠂ ᠵᠠᠰᠠᠭ ᠤᠨ ᠶᠠᠪᠤᠳᠠᠯ ᠤᠨ ᠢᠳᠡᠭᠡᠯ ᠤᠨ ᠬᠢᠨᠡᠯᠳᠡ ᠪᠠ ᠢᠳᠡᠭᠡᠯ | ᠠᠯᠳᠠᠭᠰᠠᠨ ᠢ ᠲᠤᠷᠭᠠᠵᠤ ᠵᠠᠯᠬᠠᠭᠠᠬᠤ ᠲᠤᠭᠳᠠᠴᠠ ᠪᠠᠶᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ᠂ ᠵᠠᠰᠠᠭ ᠤᠨ ᠤᠷᠳᠤᠨ ᠤ ᠵᠢᠬᠡᠯᠡᠯᠬᠡ ᠵᠡᠷᠭᠡ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠰᠠᠭ ᠤᠨ ᠶᠠᠪᠤᠳᠠᠯ ᠤᠨ ᠢᠳᠡᠭᠡᠯ ᠤᠨ ᠪᠠᠶᠢᠭᠤᠯᠤᠯᠳᠡ ᠶᠢ ᠴᠢᠩᠭᠠᠳᠬᠠᠵᠤ᠂ ᠵᠠᠰᠠᠭ ᠤᠨ ᠤᠷᠳᠤᠨ ᠤ ᠠᠮᠠᠯᠳᠠᠯᠭ᠎ᠠ ᠪᠠ | ᠡᠯ᠎ᠡ ᠲᠦᠷᠦᠯ ᠤᠨ ᠬᠡᠷ᠎ᠡ ᠶᠢᠨ ᠵᠦᠪᠳᠡᠯᠴᠡᠭᠡᠷ ᠢ ᠬᠠᠤᠯᠢ ᠲᠤᠭᠳᠠᠭᠠᠯ ᠶᠤᠰᠤᠭᠠᠷ ᠬᠦᠢᠴᠡᠳᠭᠡᠵᠦ᠂ ᠬᠡᠷ᠎ᠡ ᠶᠢ ᠡᠪᠳᠡᠨ ᠢᠳᠡᠭᠡᠯ ᠠᠯᠳᠠᠬᠤ ᠶᠢ ᠡᠷᠡᠰ ᠲᠡᠪᠴᠢᠨ᠂ | ᠢᠳᠡᠭᠡᠯ ᠢ ᠡᠷᠬᠢᠮᠯᠡᠨ ᠬᠡᠯᠡᠭᠰᠡᠨ ᠳᠡᠭᠡᠨ ᠵᠠᠪᠠᠯ ᠬᠦᠷᠦᠨ᠎ᠡ᠃ | ᠥᠨᠲᠤᠷ ᠪᠥᠲᠥᠮᠵᠢ ᠲᠠᠢ ᠵᠠᠰᠠᠭ ᠤᠨ ᠤᠷᠲᠤᠨ ᠢ ᠪᠠᠶᠢᠭᠤᠯᠤᠨ᠎ᠠ᠃ ᠵᠠᠰᠠᠭ ᠤᠨ ᠤᠷᠲᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠪᠡᠶᠡᠯᠡᠬᠦᠯᠵᠦ᠂ ︽ᠭᠤᠷᠪᠠᠨ ᠲᠣᠭᠳᠠᠭᠠᠯ︾ ᠤᠨ ᠲᠥᠰᠤᠪ ᠶᠤᠰᠤᠭᠠᠷ ᠰᠢᠨᠵᠢᠯᠡᠬᠦ ᠤᠬᠠᠭᠠᠨᠴᠢ ᠪᠠᠷ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠵᠤ᠂ | ᠤᠷᠤᠨ ᠲᠤᠭ᠎ᠠ ᠠᠵᠢᠯᠳᠡᠨ ᠤ ᠶᠠᠪᠤᠳᠠᠯ ᠤᠨ ᠬᠠᠮᠢᠶᠠᠷᠤᠯᠳᠡ ᠶᠢ ᠴᠢᠩᠭᠠᠳᠬᠠᠵᠤ᠂ ᠰᠠᠯᠠᠭ᠎ᠠ ᠮᠦᠴᠢᠷ ᠤᠨ ᠠᠵᠢᠯ ᠤᠨ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠦ | ᠂ ᠲᠣᠰᠢᠶᠠᠯ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠨ᠎ᠡ᠃ ᠰᠢᠨ᠎ᠡ ᠪᠠᠶᠢᠳᠠᠯ ᠪᠠ ᠰᠢᠨ᠎ᠡ ᠡᠭᠦᠷᠭᠡ ᠶᠢᠨ ᠡᠮᠦᠨ᠎ᠡ᠂ ᠪᠢᠳᠡ ᠲᠦᠭᠰᠢᠭᠦᠷᠢ ᠶᠢᠨ ᠣᠬᠠᠮᠰᠠᠷ ᠢᠶᠠᠨ | ᠴᠢᠩᠭᠠᠳᠬᠠᠵᠣ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠤᠯᠭᠠᠵᠤ᠂ ᠲᠡᠮᠡᠴᠡᠬᠦ ᠵᠤᠷᠢᠭ ᠢᠶᠠᠨ ᠡᠷᠴᠢᠯᠡᠵᠦ᠂ ᠬᠦᠴᠢᠷ ᠢ ᠲᠡᠰᠪᠦᠷᠢᠯᠡᠨ ᠰᠢᠷᠭᠠᠭᠤ ᠠᠵᠢᠯᠯᠠᠵᠤ᠂ | ᠠᠶᠤᠯ ᠲᠦᠭᠰᠢᠬᠦᠷᠢ ᠶᠢ ᠠᠵᠠ ᠲᠤᠬᠢᠶᠠᠯ ᠪᠤᠯᠭᠠᠨ᠎ᠠ᠃ ᠬᠡᠯᠪᠡᠷᠢᠴᠢ ᠦᠵᠡᠯ ᠨᠤᠶᠠᠨᠴᠢ ᠰᠤᠷᠳᠠᠯ ᠢ ᠡᠷᠡᠰ ᠲᠡᠪᠴᠢᠵᠦ᠂ ᠠᠯᠢᠪᠠ ᠶᠠᠪᠤᠲᠠᠯ ᠳᠤ ᠤᠷᠤ ᠮᠥᠷ | ᠥᠯᠡᠲᠡᠭᠡᠬᠦ ᠠᠪᠳᠠᠯ ᠢ ᠵᠠᠯᠠᠷᠠᠭᠤᠯᠵᠤ᠂ ᠡᠯ᠎ᠡ ᠱᠠᠲᠤᠨ ᠤ ᠺᠠᠳ᠋ᠷ ᠨᠡᠩ ᠠᠷᠪᠢᠨ ᠴᠠᠭ ᠪᠠ ᠤᠶᠤᠨ ᠴᠢᠲᠠᠯ ᠢᠶᠠᠨ ᠵᠠᠷᠣᠴᠠᠭᠤᠯᠣᠨ ᠠᠵᠢᠯ ᠢᠶᠠᠨ ᠰᠤᠲᠤᠯᠵᠤ᠂ | ᠨᠠᠶᠢᠳᠠᠪᠣᠷᠢᠵᠢᠭᠤᠯᠣᠯᠳᠠ ᠶᠢ ᠠᠬᠢᠭᠤᠯᠣᠨ᠎ᠠ᠃ | ᠠᠷᠢᠭᠤᠨ ᠴᠢᠭᠡᠴᠢ ᠵᠠᠰᠠᠭ ᠤᠨ ᠤᠷᠲᠤᠨ ᠢ ᠪᠠᠶᠢᠭᠤᠯᠤᠨ᠎ᠠ᠃ ᠵᠠᠰᠠᠭ ᠤᠨ ᠤᠷᠲᠤᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠨ᠂ ᠨᠠᠮ ᠢ ᠴᠢᠩᠭ᠎ᠠ ᠵᠠᠰᠠᠬᠤ ᠴᠢᠩᠭ᠎ᠠ ᠬᠠᠮᠢᠶᠠᠷᠬᠤ ᠤᠯᠤᠰ ᠲᠥᠷᠤ ᠶᠢᠨ ᠬᠠᠷᠢᠭᠤᠴᠠᠯᠭ᠎ᠠ ᠶᠢ ᠬᠢᠨᠠᠮᠠᠭᠠᠢ ᠭᠥᠢᠴᠡᠳᠭᠡᠨ᠂ ᠲᠥᠪ ᠬᠤᠷᠢᠶ᠎ᠠ ᠶᠢᠨ ᠨᠠᠢᠮᠠᠨ | ᠲᠤᠭᠲᠠᠭᠠᠯ ᠤᠨ ᠵᠤᠷᠢᠭ ᠰᠠᠨᠠᠭ᠎ᠠ ᠪᠠ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠲᠥᠭᠦᠷ ᠲᠤᠭᠲᠠᠭᠠᠯ ᠢ ᠴᠢᠩᠭ᠎ᠠ | ᠨᠠᠶᠢᠲᠠᠪᠤᠷᠢᠵᠢᠭᠤᠯᠤᠨ᠂ ︽ᠲᠥᠷᠪᠠᠨ ᠰᠤᠷᠲᠠᠯ︾ ᠢ ᠢᠮᠠᠭᠲᠠ ᠵᠠᠯᠠᠷᠠᠭᠤᠯᠣᠨ᠎ᠠ᠃ ᠤᠯᠠᠨ ᠨᠡᠶᠢᠲᠡ ᠶᠢᠨ ᠪᠡᠯᠡ ᠮᠥᠩᠬᠦ᠂ ᠤᠯᠤᠰ ᠤᠨ ᠦᠮᠴᠢᠳᠦ ᠬᠥᠷᠥᠩᠭᠡ᠂ | ᠤᠯᠤᠰ ᠤᠨ ᠥᠮᠴᠢᠯᠡᠯᠲᠤ ᠠᠵᠤ ᠠᠬᠤᠶᠢᠯᠠᠯ ᠪᠠ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠡᠨ ᠪᠤᠲᠤᠯᠲᠠ ᠶᠢᠨ ᠬᠢᠨᠠᠯᠲᠠ ᠶᠢ | ᠴᠢᠩᠭᠠᠷᠠᠭᠤᠯᠵᠣ᠂ ᠠᠰᠠᠭᠤᠲᠠᠯ ᠢᠯᠡᠷᠡᠬᠦᠯᠪᠡᠯ ᠡᠷᠡᠰ ᠲᠠᠰᠤᠷᠬᠠᠢ ᠪᠠᠶᠢᠴᠠᠭᠠᠨ ᠰᠢᠳᠭᠡᠨ᠎ᠠ᠃ ᠭᠠᠷ ᠲᠠᠲᠠᠭᠤ ᠠᠮᠢᠳᠣᠷᠠᠯ ᠤᠨ ᠥᠵᠡᠯ ᠰᠠᠨᠠᠭ᠎ᠠ ᠶᠢ ᠪᠤᠢ ᠪᠤᠯᠭᠠᠨ᠂ | ᠠᠵᠢᠯᠴᠢ ᠠᠷᠪᠢᠴᠢ ᠪᠠᠷ ᠠᠷᠪᠢᠯᠠᠨ ᠭᠠᠮᠨᠠᠵᠤ᠂ ᠡᠩ ᠤᠨ ᠵᠠᠷᠤᠯᠭ᠎ᠠ ᠶᠢ ᠶᠡᠭᠡᠪᠡᠷ ᠪᠠᠭᠠᠰᠬᠠᠨ᠂ ︽ᠭᠤᠷᠪᠠᠨ ᠠᠯᠪᠠᠨ ᠵᠠᠷᠤᠲᠠᠯ︾ ᠢ ᠪᠠᠭᠤᠷᠠᠭᠤᠯᠬᠤ ᠠᠴᠠ ᠪᠢᠰᠢ | ᠨᠡᠮᠡᠭᠲᠡᠬᠦᠯᠬᠦ ᠦᠭᠡᠢ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠠᠬᠢᠭᠤᠯᠵᠤ᠂ ᠡᠷᠬᠡ ᠶᠢ ᠢᠯᠡ ᠬᠡᠷᠡᠭᠵᠢᠬᠦᠯᠦᠨ᠎ᠡ᠃ | ᠲᠥᠯᠥᠭᠡᠯᠡᠭᠴᠢᠳ ᠡ᠂ ᠲᠥᠩᠯᠢᠶᠤᠤ ᠰᠢᠨ᠎ᠡ ᠴᠠᠭ ᠥᠶ᠎ᠠ ᠳᠤ ᠠᠯᠬᠤᠨ ᠤᠷᠤᠵᠤ᠂ ᠪᠢᠲᠠ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠤᠭᠰᠤᠯ᠎ᠠ᠃ ᠪᠢᠲᠠ ᠰᠢ | ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠶᠢᠨ ᠲᠤᠭᠤᠷᠢᠨ ᠳᠤ ᠣᠯᠠᠮ ᠢᠯᠡᠭᠦᠦ ᠨᠢᠭᠳᠠᠷᠠᠨ ᠪᠦᠯᠬᠦᠮᠳᠡᠵᠦ᠂ ᠤᠭ ᠰᠠᠨᠠᠭ᠎ᠠ ᠪᠠᠨ | ᠥᠯᠤ ᠮᠠᠷᠲᠠᠨ᠂ ᠡᠭᠦᠷᠬᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠣᠳᠠᠳᠠᠢ ᠶᠢ ᠡᠷᠬᠢᠮᠯᠡᠨ ᠰᠢᠷᠭᠠᠭᠤ ᠬᠠᠳᠠᠭᠤᠵᠢᠯᠳᠠᠢ ᠠᠵᠢᠯᠯᠠᠵᠣ᠂ ᠴᠢᠨᠡᠭᠡᠯᠢᠭ ᠨᠡᠶᠢᠭᠡᠮ ᠢ | ᠪᠥᠬᠦ ᠲᠠᠯ᠎ᠠ ᠪᠠᠷ ᠪᠠᠶᠢᠭᠤᠯᠵᠣ᠂ ︽ᠥᠵᠡᠰᠭᠦᠯᠡᠩᠲᠤ ᠰᠠᠶᠢᠬᠠᠨ ᠥᠪᠥᠷ ᠮᠣᠩᠭᠤᠯ ᠢᠶᠠᠨ ᠪᠦᠳᠦᠬᠡᠨ ᠪᠠᠶᠢᠭᠤᠯᠵᠣ᠂ ᠠᠭᠤᠤ ᠶᠡᠭᠡ ᠲᠤᠮᠲᠠᠲᠤ ᠶᠢᠨ ᠬᠦᠰᠡᠯ ᠢᠶᠠᠨ | ᠬᠠᠮᠲᠤᠪᠠᠷ ᠪᠡᠶᠡᠯᠡᠬᠦᠯᠬᠦ︾ ᠳᠤ ᠡᠷᠭᠦᠪᠡᠰᠦ ᠵᠤᠬᠢᠬᠤ ᠬᠤᠪᠢ ᠨᠡᠮᠡᠷᠢ ᠪᠠᠨ ᠡᠷᠭᠦᠵᠤ᠂ ᠰᠢᠯᠢᠲᠡᠭ ᠬᠢᠷᠢ ᠪᠥᠲᠤᠮᠵᠢ ᠪᠠᠷ ᠪᠥᠬᠦᠲᠡ ᠨᠠᠶᠢᠷᠠᠮᠲᠠᠬᠤ ᠲᠤᠮᠲᠠᠲᠤ ᠠᠷᠠᠳ | ᠤᠯᠤᠰ ᠪᠠᠶᠢᠭᠤᠯᠤᠭᠲᠠᠭᠰᠠᠨ 70 ᠣᠢ ᠶᠢ ᠪᠡᠯᠭᠡᠯᠡᠶ᠎ᠠ︕ |