ᠨᠤᠳᠤᠭ ᠵᠤᠭᠠᠴᠠᠯ ᠤᠨ ᠤᠷᠤᠨ ᠊᠊᠊᠊᠊᠊᠊ ᠦᠵᠡᠰᠭᠦᠯᠡᠩᠳᠤ ᠰᠠᠶᠢᠬᠠᠨ ᠬᠦᠲᠡᠭᠡ ᠲᠤᠰᠬᠤᠨ ᠤ  ᠴᠤᠮᠬᠠᠳᠬᠠᠯ
ᠨᠡᠶᠢᠲᠡᠯᠡᠭᠰᠡᠨ ᠴᠠᠭ᠄
2019/5/31
   
             ᠬᠤᠨᠭ᠍ᠭᠤᠷᠪᠠᠭᠠᠳᠤᠷ ᠨᠤᠳᠤᠭ ᠵᠤᠭᠠᠴᠠᠯ ᠤᠨ ᠤᠷᠤᠨ               ᠢᠶᠠᠨ ᠲᠠᠨᠢᠯᠴᠠᠭᠤᠯᠤᠨ᠎ᠠ ︵ᠪᠠᠷᠠᠭᠤᠨ ᠠᠴᠠ ᠨᠢᠭᠡᠳᠦᠭᠡᠷ︶                ᠵᠠᠷᠤᠳ ᠬᠤᠰᠢᠭᠤ ᠠᠴᠠ ᠬᠤᠤᠯᠢᠩᠭᠤᠤᠯ ᠬᠤᠲᠠ ᠬᠦᠷᠬᠦ G304 ᠤᠯᠤᠰ ᠤᠨ ᠵᠠᠮ ᠤᠨ ᠬᠠᠵᠠᠭᠤ ᠳᠤ ᠨᠢᠬᠡᠨ ᠦᠵᠡᠰᠭᠦᠯᠡᠩᠳᠤ ᠰᠠᠶᠢᠬᠠᠨ ᠵᠤᠭᠠᠴᠠᠯ ᠤᠨ ᠤᠷᠤᠨ ᠪᠠᠶᠢᠳᠠᠭ᠃ ᠡᠨᠡ ᠨᠢ ᠲᠠᠷᠤᠢ ᠪᠠᠶᠠᠷᠳᠤᠬᠤᠰᠢᠭᠤ ᠪᠠᠯᠭᠠᠰᠤ ᠶᠢᠨ ᠲᠦᠪᠰᠢᠨ ᠭᠠᠴᠠᠭ᠎ᠠ ᠶᠢᠨ ᠬᠠᠷᠢᠶᠠᠨ ᠳᠠᠬᠢ ᠨᠤᠳᠤᠭ ᠵᠤᠭᠠᠴᠠᠯ ᠤᠨ ᠤᠷᠤᠨ ᠪᠤᠯᠬᠤ ᠶᠤᠮ᠃          ᠬᠤᠨᠭ᠍ᠭᠤᠷᠪᠠᠭᠠᠳᠤᠷ ᠭᠤᠸᠠᠢ ᠨᠢᠲᠦᠨᠤᠨ ᠵᠢᠯ ᠤᠨ ᠵᠤᠭᠠᠴᠠᠯ ᠤᠨ ᠤᠷᠤᠯᠭ᠎ᠠ ᠪᠠᠨ ᠡᠷᠬᠢᠴᠡᠬᠦᠯᠬᠦ ᠳᠤ ᠰᠡᠳᠬᠢᠯ ᠨᠢ ᠨᠢᠬᠡ ᠯᠡ ᠬᠠᠩᠬᠤᠯᠤᠭᠤᠨ᠃ 2018 ᠤᠨ ᠳᠤ ᠡᠵᠡᠩᠨᠡᠭᠰᠡᠨ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ ᠪᠠ ᠵᠤᠭᠠᠴᠠᠯ ᠤᠨ ᠺᠤᠮᠫᠠᠨᠢ ᠨᠢ 110 ᠢᠯᠡᠬᠦᠦ ᠲᠦᠮᠡᠨ ᠲᠦᠭᠦᠷᠢᠭ ᠤᠨ ᠤᠷᠤᠯᠭ᠎ᠠ ᠡᠭᠦᠳᠴᠤ ᠲᠡᠭᠦᠨ ᠢ ᠬᠠᠭ᠎ᠠ ᠪᠠᠶᠠᠷᠯᠠᠭᠤᠯᠵᠠᠢ᠃          ᠵᠠᠷᠤᠳ ᠬᠤᠰᠢᠭᠤᠨ ᠤ ᠪᠠᠶᠠᠷᠳᠤᠬᠤᠰᠢᠭᠤ ᠪᠠᠯᠭᠠᠰᠤ ᠶᠢᠨ ᠲᠦᠪᠰᠢᠨ ᠭᠠᠴᠠᠭ᠎ᠠ ᠶᠢᠨ ᠮᠠᠯᠴᠢᠨ ᠬᠤᠨᠭ᠍ᠭᠤᠷᠪᠠᠭᠠᠳᠤᠷ ᠠᠬ᠎ᠠ ᠪᠢᠯᠢᠬᠦᠨᠳᠠᠯᠠᠢ᠂ ᠬᠦᠷᠭᠡᠨ ᠠᠬ᠎ᠠ ᠰᠠᠶᠢᠬᠤᠢᠯᠵᠠᠢ ᠲᠠᠢ ᠪᠠᠨ ᠬᠤᠯᠪᠤᠭᠠᠯᠠᠨ ᠪᠠᠶᠢᠭᠤᠯᠤᠭᠰᠠᠨ ︽ᠪᠢᠯᠢᠭᠦᠨᠳᠡᠯᠠᠢ ᠬᠤᠯᠪᠤᠭᠠᠯᠠᠭᠰᠠᠨ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ︾ ᠨᠢ ᠨᠤᠳᠤᠭ ᠵᠤᠭᠠᠴᠠᠯ ᠤᠨ ᠤᠷᠤᠨ ᠳᠤ ᠪᠠᠶᠢᠷᠢᠯᠠᠵᠤ ᠪᠠᠶᠢᠳᠠᠭ᠃ ᠡ᠊ᠨᠳᠡ᠂ ᠪᠠᠷᠢᠮᠵᠢᠶᠠᠵᠢᠭᠰᠠᠨ ᠫᠧᠡᠭ ᠰᠠᠷᠠᠪᠴᠢ᠂ ᠬᠦᠬᠡ ᠲᠠᠷᠤᠰᠢ ᠶᠢᠨ ᠵᠤᠭᠤᠷᠢ᠂ ᠪᠤᠷᠳᠤᠭᠠᠨ ᠤ ᠬᠦᠮᠦᠷᠭᠡ ᠵᠡᠷᠭᠡ ᠰᠠᠭᠤᠷᠢ ᠲᠦᠬᠦᠭᠡᠷᠤᠮᠵᠢ ᠪᠦᠷᠢᠨ ᠲᠦᠭᠦᠷ ᠪᠠᠶᠢᠵᠤ᠂ ︽ᠨᠢᠭᠡᠳᠤᠯᠲᠠᠢ ᠲᠡᠵᠢᠭᠡᠨ ᠦᠷᠡᠵᠢᠭᠦᠯᠬᠦ᠂ ᠡᠷᠤᠬᠡ ᠬᠤᠪᠢᠶᠠᠨ ᠬᠠᠮᠢᠶᠠᠷᠬᠤ᠂ ᠦᠢᠯᠡᠳᠪᠦᠷᠢᠯᠡᠯ ᠲᠦᠬᠦᠭᠡᠷᠤᠮᠵᠢ ᠶᠢ ᠤᠶᠠᠯᠳᠤᠭᠤᠯᠬᠤ︾ ᠵᠠᠬᠪᠤᠷ ᠤᠨ ᠬᠤᠯᠪᠤᠭᠠᠯᠠᠭᠰᠠᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠨᠢᠳᠤᠨ ᠡᠮᠤᠨ᠎ᠠ ᠴᠢᠨᠢ ᠢᠯᠡᠷᠡᠳᠡᠭ ᠪᠠᠶᠢᠨ᠎ᠠ᠃     2017 ᠤᠨ ᠠᠴᠠ ᠨᠠᠭᠠᠰᠢ᠂ ᠬᠤᠨᠭ᠍ᠭᠤᠷᠪᠠᠭᠠᠳᠤᠷ ᠪᠦᠬᠦ ᠬᠤᠰᠢᠭᠤᠨ ᠤ ᠠᠮᠢ ᠠᠬᠤᠢ ᠶᠢ ᠬᠠᠮᠠᠭᠠᠯᠠᠨ ᠪᠡᠯᠴᠢᠭᠡᠷᠯᠡᠭᠦᠯᠤᠨ ᠮᠠᠯᠵᠢᠬᠤ ᠶᠢ ᠵᠤᠬᠰᠤᠭᠠᠨ ᠬᠠᠰᠢᠶᠠᠯᠠᠨ ᠲᠡᠵᠢᠭᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠵᠡᠩᠨᠡᠯᠲᠠ ᠶᠢᠨ ᠠᠷᠭ᠎ᠠ ᠪᠠᠷᠢᠯ ᠢᠶᠠᠨ ᠬᠤᠪᠢᠷᠠᠭᠤᠯᠤᠨ᠂ ᠰᠠᠨᠠᠭᠠᠴᠢᠯᠠᠭ᠎ᠠ ᠠᠴᠠ ᠪᠠᠨ ᠬᠤᠨᠢ ᠪᠠᠨ ᠪᠠᠭᠠᠰᠬᠠᠨ ᠦᠬᠡᠷ ᠤᠨ ᠲᠤᠭ᠎ᠠ ᠪᠠᠨ ᠨᠡᠮᠡᠭᠳᠡᠭᠦᠯᠵᠤ᠂ ᠬᠡᠪᠴᠢᠶᠠᠵᠢᠬᠦᠯᠵᠤ᠂ ᠪᠠᠷᠢᠮᠵᠢᠶᠠᠵᠢᠭᠰᠠᠨ ᠮᠠᠯ ᠠᠵᠤ ᠠᠬᠤᠢ ᠶᠢᠨ ᠦᠢᠯᠡᠰ ᠢ ᠬᠦᠭᠵᠢᠭᠦᠯᠵᠠᠢ᠃ 2018 ᠤᠨ ᠳᠤ 92 ᠲᠤᠯᠤᠭᠠᠢ ᠦᠬᠡᠷ ᠬᠠᠰᠢᠶᠠᠨ ᠠᠴᠠ ᠭᠠᠷᠭᠠᠵᠤ᠂ ᠮᠠᠯ ᠠᠵᠤ ᠠᠬᠤᠢ ᠶᠢᠨ ᠴᠡᠪᠡᠷ ᠤᠷᠤᠯᠭ᠎ᠠ 70 ᠲᠦᠮᠡᠨ ᠲᠦᠭᠦᠷᠢᠭ ᠲᠤ ᠬᠦᠷᠴᠠᠢ᠃ ︽ᠪᠢᠲᠠ ᠦᠶ᠎ᠠ ᠶᠢᠨ ᠦᠶ᠎ᠠ ᠳᠡᠭᠡᠨ ᠲᠠᠯ᠎ᠠ ᠨᠤᠳᠤᠭ ᠲᠠᠭᠠᠨ ᠠᠮᠢᠳᠤᠷᠠᠵᠤ᠂ ᠲᠠᠯ᠎ᠠ ᠨᠤᠳᠤᠭ ᠪᠤᠯ ᠮᠠᠨ ᠤ ᠦᠨᠳᠤᠰᠤ ᠰᠠᠭᠤᠷᠢ ᠪᠤᠯᠬᠤ ᠶᠤᠮ᠂ ᠦᠡᠭᠭᠡᠷᠡᠭᠰᠡᠨ ᠳᠤ ᠮᠠᠯᠵᠢᠯ ᠤᠨ ᠲᠠᠯᠠᠪᠠᠢ 1000 ᠢᠯᠡᠬᠦᠦ ᠲᠤᠯᠤᠭᠠᠢ ᠦᠬᠡᠷ ᠲᠡᠵᠢᠭᠡᠵᠤ᠂ ᠬᠡᠳᠤᠷᠡᠲᠡᠯ᠎ᠠ ᠮᠠᠯᠵᠢᠬᠰᠡᠨ ᠠᠴᠠ ᠨᠤᠳᠤᠭ ᠪᠡᠯᠴᠢᠭᠡᠷ ᠵᠩᠡ ᠡᠪᠲᠡᠭᠲᠡᠯ᠎ᠠ᠃ 2017 ᠤᠨ ᠳᠤ᠂ ᠪᠢᠲᠠ ᠬᠤᠰᠢᠭᠤᠨ ᠤ ︽ᠪᠡᠯᠴᠢᠬᠡᠷᠯᠡᠬᠦᠯᠤᠨ ᠮᠠᠯᠵᠢᠬᠤ ᠶᠢ ᠵᠤᠬᠰᠤᠭᠠᠨ ᠬᠠᠰᠢᠶᠠᠯᠠᠨ ᠲᠡᠵᠢᠭᠡᠬᠦ︾ ᠪᠠ ︽ᠬᠤᠨᠢ ᠶᠢ ᠪᠠᠭᠠᠰᠬᠠᠨ ᠦᠬᠡᠷ ᠢ ᠨᠡᠮᠡᠭᠳᠡᠬᠦᠯᠭᠦ︾ ᠤᠷᠢᠶᠠᠯᠠᠯ ᠲᠤᠤᠷ᠎ᠠ᠂ 90 ᠢᠯᠡᠬᠦᠦ ᠲᠤᠯᠤᠭᠠᠢ ᠦᠬᠡᠷ᠂ ᠤᠤᠯ ᠤᠨ ᠪᠠᠶᠢᠭᠰᠠᠨ 668 ᠬᠤᠨᠢ ᠶᠢ ᠪᠠᠨ ᠪᠦᠬᠦᠨ ᠢ ᠬᠠᠰᠢᠶᠠᠨ ᠠᠴᠠ ᠭᠠᠷᠭᠠᠵᠠᠢ᠃ ᠮᠠᠯ ᠤᠨ ᠲᠤᠭ᠎ᠠ ᠲᠤᠯᠤᠭᠠᠢ ᠶᠢ ᠪᠠᠭᠠᠰᠬᠠᠭᠰᠠᠨ ᠠᠴᠠ ᠨᠤᠳᠤᠭ ᠪᠡᠯᠴᠢᠭᠡᠷ ᠤᠨ ᠲᠠᠭᠠᠭᠠᠴᠠ ᠬᠦᠡᠭᠭᠡᠷᠡᠵᠤ᠂ ᠨᠤᠳᠤᠭ ᠪᠡᠯᠴᠢᠭᠡᠷ ᠠᠮᠢ ᠠᠬᠤᠢ ᠰᠠᠶᠢᠵᠢᠷᠠᠭᠰᠠᠨ ᠪᠠᠶᠢᠨ᠎ᠠ︾ ᠭᠡᠵᠤ ᠬᠤᠨᠭ᠍ᠭᠤᠷᠪᠠᠭᠠᠳᠤᠷ ᠶᠠᠷᠢᠵᠤ ᠪᠠᠶᠢᠯ᠎ᠠ᠃ 2017 ᠤᠨ ᠳᠤ᠂ ᠬᠤᠨᠭ᠍ᠭᠤᠷᠪᠠᠭᠠᠳᠤᠷ ᠬᠤᠷᠴᠢᠨ ᠤ 500 ᠺᠢᠯᠦᠮᠧᠲᠷ ᠤᠨ ᠰᠤᠶᠤᠯ ᠵᠤᠭᠠᠴᠠᠯ ᠤᠨ ᠦᠵᠡᠮᠵᠢ ᠶᠢᠨ ᠱᠤᠭᠤᠮ ᠢ ᠪᠦᠳᠦᠭᠡᠨ ᠪᠠᠶᠢᠭᠤᠯᠬᠤ ᠲᠤᠬᠢᠶᠠᠯ ᠢ ᠠᠳᠬᠤᠨ᠂ ᠦᠪᠡᠷ ᠤᠨ ᠭᠡᠷ ᠤᠨ ᠮᠠᠯᠵᠢᠯ ᠤᠨ ᠲᠠᠯᠠᠪᠠᠢ ᠲᠡᠭᠡᠷ᠎ᠠ ᠪᠠᠨ ᠰᠢᠨ᠎ᠠ ᠪᠠᠷ 12 ᠰᠠᠭᠤᠷᠢ ᠮᠤᠩᠭᠤᠯ ᠬᠡᠷ ᠪᠤᠰᠬᠠᠵᠤ᠂ ᠵᠤᠭᠠᠴᠠᠯ ᠤᠨ ᠦᠢᠯᠡᠰ ᠡᠷᠬᠢᠯᠡᠵᠤ᠂ ᠤᠯᠠᠨ ᠲᠦᠷᠦᠯ ᠤᠨ ᠡᠵᠡᠩᠨᠡᠯᠲᠠ ᠶᠢᠨ ᠰᠢᠨ᠎ᠠ ᠵᠠᠮ ᠢᠶᠠᠷ ᠵᠠᠮᠨᠠᠭᠰᠠᠨ ᠪᠠᠶᠢᠨ᠎ᠠ᠃ ᠠᠮᠢ ᠠᠬᠤᠢ ᠶᠢᠨ ᠵᠤᠭᠠᠴᠠᠯ ᠤᠨ ᠦᠢᠯᠡᠰ ᠢ ᠬᠦᠭᠵᠢᠭᠦᠯᠬᠦ ᠪᠠᠷ ᠲᠠᠮᠵᠢᠨ᠂ 2018 ᠤᠨ ᠳᠤ ᠵᠤᠭᠠᠴᠠᠯ ᠤᠨ ᠴᠡᠪᠡᠷ ᠤᠷᠤᠯᠭ᠎ᠠ 40 ᠲᠦᠮᠠᠨ ᠲᠦᠭᠦᠷᠢᠭ ᠲᠤ ᠬᠦᠷᠴᠠᠢ᠃ ᠵᠤᠭᠠᠴᠠᠯ ᠤᠨ ᠦᠢᠯᠡᠰ ᠨᠢ ᠬᠦᠭᠵᠢᠵᠤ᠂ ᠠᠵᠤ ᠠᠮᠢᠳᠤᠷᠠᠯ ᠨᠢ ᠡᠳᠤᠷ ᠠᠴᠠ ᠡᠳᠤᠷ ᠦᠭᠡᠳᠡᠯᠡᠨ ᠰᠠᠶᠢᠵᠢᠷᠠᠬᠤ ᠪᠠᠷ ᠬᠤᠨᠭ᠍ᠭᠤᠷᠪᠠᠭᠠᠳᠤᠷ ᠬᠠᠮᠤᠭ ᠲᠦᠷᠦᠭᠦᠦ ᠨᠤᠳᠤᠭ ᠤᠨ ᠶᠠᠲᠠᠭᠤ ᠵᠦᠲᠡᠬᠦᠦ ᠠᠬ᠎ᠠ ᠲᠡᠭᠦᠦ ᠨᠠᠷ ᠢᠶᠠᠨ ᠶᠠᠳᠠᠭᠤ ᠠᠴᠠ ᠠᠩᠬᠢᠵᠢᠷᠠᠭᠤᠯᠬᠤ ᠪᠠᠷ ᠰᠢᠢᠳᠴᠠᠢ᠃          2018 ᠤᠨ ᠤ 5 ᠰᠠᠷ᠎ᠠ ᠳᠤ᠂ ᠵᠤᠭᠠᠴᠠᠯ ᠤᠨ ᠤᠷᠤᠨ ᠨᠢ ᠰᠢᠷᠡᠬᠦᠦ ᠵᠡᠷᠭᠡ 5 ᠶᠠᠳᠠᠭᠤ ᠬᠦᠴᠢᠷᠲᠠᠢ ᠡᠷᠤᠬᠡ ᠳᠤ ᠠᠵᠢᠯ ᠤᠯᠭᠤᠵᠤ᠂ ᠲᠡᠲᠡᠨ ᠢ ᠬᠠᠪᠰᠤᠷᠤᠨ ᠲᠠᠮᠵᠢᠵᠤ ᠶᠠᠲᠠᠭᠤ ᠠᠴᠠ ᠠᠩᠬᠢᠵᠢᠷᠡᠭᠤᠯᠵᠡᠢ᠃ ᠬᠤᠶᠢᠰᠢᠲᠠ᠂ ᠵᠤᠭᠠᠴᠠᠯ ᠤᠨ ᠤᠷᠤᠨ ᠢᠶᠠᠨ ᠪᠦᠬᠦ ᠬᠦᠷᠢᠶ᠎ᠠ ᠴᠠᠷᠠᠭ᠎ᠠ ᠶᠢᠨ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ ᠵᠦᠭ ᠬᠦᠭᠵᠢᠭᠦᠯᠤᠨ᠂ ᠮᠠᠯᠴᠢᠨ ᠲᠠᠭᠤᠤ ᠬᠦᠭᠵᠢᠮ ᠤᠨ ᠠᠩᠬᠢ ᠶᠢ ᠵᠤᠬᠢᠶᠠᠨ ᠪᠠᠶᠢᠭᠤᠯᠬᠤ᠂ ᠮᠤᠷᠢᠨ ᠤ ᠲᠤᠭ᠎ᠠ ᠲᠤᠯᠤᠭᠠᠢ ᠪᠠᠨ ᠨᠡᠮᠡᠭᠳᠡᠭᠦᠯᠬᠦ ᠵᠡᠷᠭᠡ ᠠᠷᠭ᠎ᠠ ᠪᠠᠷᠢᠯ ᠢᠶᠠᠷ ᠲᠠᠮᠵᠢᠨ᠂ ᠨᠡᠩ ᠤᠯᠠᠨ ᠶᠠᠳᠠᠭᠤ ᠬᠦᠴᠢᠷᠲᠠᠢ ᠬᠦᠮᠦᠰ ᠲᠤ ᠠᠵᠢᠯ ᠤᠯᠭᠤᠨ᠎ᠠ ᠭᠡᠵᠤ ᠬᠤᠨᠭ᠍ᠭᠤᠷᠪᠠᠭᠠᠳᠤᠷ ᠲᠠᠷᠠᠭᠠᠴᠢ ᠶᠢᠨ ᠲᠦᠯᠦᠪᠯᠡᠭᠡ ᠪᠠᠨ ᠢᠲᠡᠬᠡᠯ ᠪᠠᠲᠦ ᠶᠠᠷᠢᠵᠤ ᠪᠠᠶᠢᠯ᠎ᠠ᠃                                                        
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ