ᠣᠳᠣᠬᠠᠨ᠎ᠠ ᠵᠢᠭᠤᠯᠴᠢᠯᠠᠯ ᠤᠨ ᠣᠢᠢᠯᠡᠰ ᠨᠢ ᠬᠦᠮᠦᠰ ᠤᠨ ᠰᠤᠶᠤᠯ ᠤᠨ ᠠᠮᠢᠳᠤᠷᠠᠯ ᠤᠨ ᠴᠢᠬᠤᠯᠠ ᠨᠢᠭᠡᠨ ᠠᠭᠤᠯᠭ᠎ᠠ ᠪᠤᠯᠵᠦ᠂ ᠡᠳ᠋ ᠪᠤᠳᠠᠰ ᠤᠨ | ᠪᠤᠯᠪᠠᠰᠤᠨ ᠢ ᠨᠦᠬᠦᠪᠦᠷᠢᠯᠡᠬᠦ ᠤᠶᠤᠨ ᠰᠠᠨᠠᠭᠠᠨ ᠤ ᠬᠦᠮᠦᠵᠢᠯ ᠪᠠ ᠬᠦᠷᠲᠡᠭᠡᠯ ᠤᠨ ᠦᠪᠡᠷᠮᠢᠴᠡ ᠬᠡᠯᠪᠡᠷᠢ ᠶᠢ ᠪᠦᠷᠢᠯᠳᠦᠭᠦᠯᠦᠭᠰᠡᠨ ᠪᠠᠶᠢᠨ᠎ᠠ᠃ ᠵᠢᠭᠤᠯᠴᠢᠯᠠᠯ ᠨᠢ | ᠵᠢᠭᠤᠯᠴᠢᠯᠠᠭᠴᠢᠳ ᠲᠤ ᠪᠠᠶᠢᠭᠠᠯᠢ ᠠᠬᠤᠢ ᠶᠢᠨ ᠦᠩᠭᠡ ᠦᠵᠡᠮᠵᠢ᠂ ᠬᠦᠮᠦᠨ ᠠᠷᠠᠳ ᠤᠨ ᠰᠤᠶᠤᠯ ᠲᠡᠦᠬᠡ᠂ ᠤᠷᠤᠨ ᠪᠦᠰᠡ ᠶᠢᠨ ᠠᠵᠦ ᠠᠬᠤᠢ ᠡᠳ᠋ | ᠠᠭᠤᠷᠰᠤᠨ ᠤ ᠪᠠᠶᠠᠯᠢᠭ ᠢ ᠰᠤᠨᠢᠷᠬᠠᠭᠤᠯᠵᠦ᠂ ᠦᠪᠡᠷᠮᠢᠴᠠ ᠰᠣᠨᠢᠨ ᠭᠠᠶᠢᠬᠠᠮᠰᠢᠭ ᠢᠶᠠᠷ ᠤᠶᠤᠨ ᠰᠠᠨᠠᠭ᠎ᠠ ᠴᠤᠭ ᠰᠦᠯᠳᠡ ᠪᠠᠨ ᠬᠦᠭᠵᠢᠭᠡᠵᠣ᠂ ᠤᠨᠲᠠᠷᠠᠰᠢ ᠦᠭᠡᠢ | ᠬᠦᠰᠡᠯ ᠲᠡᠮᠡᠦᠯᠤᠯ᠂ ᠭᠤᠶᠤ ᠰᠠᠶᠢᠬᠠᠨ ᠤ ᠬᠦᠷᠲᠡᠭᠡᠯ ᠤᠯᠳᠠᠭ ᠪᠦᠭᠡᠳ ᠵᠢᠭᠤᠯᠴᠢᠯᠠᠯ ᠤᠨ ᠤᠷᠤᠨ ᠤ ᠨᠡᠷ᠎ᠡ ᠲᠦᠷᠦ ᠶᠢ ᠮᠠᠨᠳᠤᠭᠤᠯᠵᠦ᠂ ᠠᠵᠦ ᠠᠬᠤᠢ ᠶᠢᠨ | ᠤᠷᠤᠯᠭ᠎ᠠ ᠶᠢ ᠨᠡᠮᠡᠭᠳᠡᠬᠦᠯᠳᠡᠭ᠃ ᠲᠡᠶᠢᠮᠦ ᠪᠤᠯᠬᠤᠷ ᠬᠦᠮᠦᠰ ᠵᠢᠭᠤᠯᠴᠢᠯᠠᠯ ᠤᠨ ᠣᠢᠢᠯᠡᠰ ᠢ ︽ᠤᠲᠤᠭ᠎ᠠ ᠦᠭᠡᠢ ᠦᠢᠯᠡᠳᠪᠦᠷᠢ︾ ᠭᠡᠵᠦ ᠡᠷᠬᠢᠮᠯᠡᠨ ᠴᠢᠬᠤᠯᠠᠴᠢᠯᠠᠬᠤ | ᠪᠤᠯᠵᠦ᠂ ᠭᠠᠵᠠᠷ ᠪᠤᠯᠭᠠᠨ ᠳᠤ ︽ᠵᠢᠭᠤᠯᠴᠢᠯᠠᠯ ᠢᠶᠠᠷ ᠬᠤᠰᠢᠭᠤ ᠪᠠᠨ ᠮᠠᠨᠳᠤᠭᠤᠯᠤᠨ᠎ᠠ︾᠂ ︽ᠵᠢᠭᠤᠯᠴᠢᠯᠠᠯ ᠢᠶᠠᠷ ᠡᠬᠡ ᠤᠷᠤᠨ ᠢᠶᠠᠨ ᠬᠦᠴᠦᠷᠬᠡᠭᠵᠢᠭᠦᠯᠦᠨ᠎ᠡ︾᠂ ︽ | ᠵᠢᠭᠤᠯᠴᠢᠯᠠᠯ ᠢᠶᠠᠷ ᠠᠷᠠᠳ ᠢᠶᠠᠨ ᠪᠠᠶᠠᠵᠢᠭᠤᠯᠤᠨ᠎ᠠ︾ ᠭᠡᠰᠡᠨ ᠤᠷᠢᠶᠠᠯᠠᠯ ᠬᠦᠭᠵᠢᠶᠡᠨ ᠲᠠᠢ ᠦᠷᠨᠢᠵᠦ᠂ ︽ᠠᠮᠢ ᠠᠬᠤᠢ ᠶᠢᠨ ᠵᠢᠭᠤᠯᠴᠢᠯᠠᠯ ᠤᠨ ᠭᠠᠵᠠᠷ︾ | ᠪᠠᠶᠢᠭᠤᠯᠬᠤ ᠶᠢ ᠣᠷᠤᠨ ᠨᠣᠳᠤᠭ ᠪᠣᠶᠣ ᠠᠷᠠᠳ ᠣᠯᠠᠨ ᠤ ᠤᠷᠤᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠬᠡᠯᠪᠡᠷᠢ ᠪᠤᠯᠭᠠᠵᠦ᠂ ᠳᠡᠭᠡᠷ᠎ᠡ ᠠᠴᠠ ᠳᠤᠷᠤᠭᠰᠢ ᠡᠯ᠎ᠡ | ᠵᠦᠢᠯ ᠤᠨ ᠲᠦᠷᠦ ᠶᠢᠨ ᠪᠤᠳᠤᠯᠭ᠎ᠠ ᠶᠢᠨ ᠵᠢᠯᠤᠭᠤᠳᠤᠮᠵᠢ ᠬᠦᠲᠦᠯᠦᠮᠵᠢ ᠲᠠᠢ ᠪᠠᠷ ᠬᠢᠵᠦ ᠪᠠᠶᠢᠨ᠎ᠠ᠃ ᠭᠡᠪᠡᠴᠦ ᠵᠢᠭᠤᠯᠴᠢᠯᠠᠯ ᠭᠡᠭᠴᠢ ᠶᠠᠭᠤ ᠪᠤᠯᠬᠤ ᠶᠢ ᠮᠡᠳᠡᠬᠦ ᠦᠭᠡᠢ | ᠂ ᠵᠢᠭᠤᠯᠴᠢᠯᠠᠯ ᠢ ᠦᠪᠡᠷ ᠤᠨ ᠭᠠᠵᠠᠷ ᠤᠷᠤᠨ ᠤ ᠪᠠᠨ ᠪᠤᠳᠠᠲᠤ ᠪᠠᠶᠢᠳᠠᠯ ᠳᠤ ᠵᠤᠬᠢᠴᠠᠭᠤᠯᠤᠨ ᠤᠶᠠᠯᠳᠤᠭᠤᠯᠤᠭᠰᠠᠨ ᠢᠶᠠᠷ ᠬᠦᠷᠦᠯᠴᠡᠬᠦ ᠦᠭᠡᠢ᠂ ᠲᠤᠬᠠᠶᠢᠯᠠᠭᠰᠠᠨ | ᠠᠵᠢᠯ ᠤᠨ ᠮᠡᠳᠡᠯᠭᠡ ᠪᠠ ᠬᠦᠭᠵᠢᠯᠲᠡ ᠶᠢᠨ ᠲᠦᠰᠦᠪ ᠲᠦᠯᠦᠪᠯᠡᠭᠡ ᠦᠭᠡᠢ ᠵᠡᠷᠭᠡ ᠤᠯᠠᠨ ᠵᠦᠢᠯ ᠠᠴᠠ ᠰᠢᠯᠲᠠᠭᠠᠯᠠᠭᠳᠠᠨ ᠵᠢᠭᠤᠯᠴᠢᠯᠠᠯ ᠨᠢ ᠠᠮᠢ ᠠᠬᠤᠢ ᠶᠢ ᠡᠪᠳᠡᠬᠦ᠂ | ᠪᠤᠬᠢᠷᠳᠣᠭᠤᠯᠬᠤ ᠵᠡᠷᠭᠡ ᠰᠢᠨ᠎ᠡ ᠠᠷᠬᠠᠭ ᠭᠡᠮ ᠲᠠᠭᠠᠯᠳᠤᠨ ᠪᠤᠢ ᠪᠤᠯᠵᠤ ᠪᠠᠶᠢᠭ᠎ᠠ ᠶᠢ ᠪᠢᠳᠡ ᠠᠩᠬᠠᠷᠤᠭᠤᠰᠢᠲᠠᠢ ᠪᠠᠶᠢᠨ᠎ᠠ᠃ | ᠠᠮᠢ ᠠᠬᠤᠢ ᠶᠢᠨ ᠵᠢᠭᠤᠯᠴᠢᠯᠠᠯ ᠭᠡᠵᠦ ᠶᠠᠭᠤ ᠪᠤᠢ | ᠤᠯᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠤᠭᠠᠨ ︵IUCN︶ ᠤ ᠤᠨᠴᠠ ᠳᠡᠰ ᠤᠨ ᠵᠦᠪᠯᠡᠭᠴᠢ᠂ ᠮᠤᠰᠢᠺᠦ ᠶᠢᠨ ᠬᠠ᠊ · ᠰᠤᠪᠠᠶᠢᠷᠰ · | ᠯᠠᠰᠺᠦᠷᠢᠨ ᠭᠡᠳᠡᠭ ᠡᠷᠳᠡᠮᠲᠡᠨ 1983 ᠤᠨ ᠳᠤ ︽ᠠᠮᠢ ᠠᠬᠤᠢ ᠶᠢᠨ ᠵᠢᠭᠤᠯᠴᠢᠯᠠᠯ ᠤᠨ ᠤᠬᠠᠬᠳᠠᠬᠤᠨ︾ ᠢ ᠠᠩᠬ᠎ᠠ ᠳᠤᠷᠠᠳᠬᠤ ᠳᠠᠭᠠᠨ ︽ᠪᠠᠶᠢᠭᠠᠯᠢᠯᠢᠭ ᠦᠩᠭᠡ | ᠦᠵᠡᠮᠵᠢ ᠶᠢ ᠰᠤᠨᠢᠷᠬᠠᠨ ᠦᠵᠡᠬᠦ ᠵᠢᠭᠤᠯᠴᠢᠯᠠᠯ ᠨᠢ ᠦᠵᠡᠵᠦ ᠰᠤᠨᠢᠷᠬᠠᠵᠦ ᠪᠠᠶᠢᠭ᠎ᠠ ᠵᠦᠢᠯ ᠳᠡᠭᠡᠨ ᠶᠠᠮᠠᠷᠴᠤ ᠬᠤᠬᠢᠷᠠᠯ ᠤᠴᠠᠷᠠᠭᠤᠯᠬᠤ ᠦᠭᠡᠢ ᠪᠠᠶᠢᠬᠤ ᠠᠶᠠᠯᠠᠯ | ᠵᠢᠭᠤᠯᠴᠢᠯᠠᠯ ᠢ ᠬᠡᠯᠡᠵᠦ ᠪᠠᠶᠢᠨ᠎ᠠ︾ ᠬᠡᠮᠡᠨ ᠵᠢᠭᠠᠵᠦ ᠭᠠᠷᠭᠠᠪᠠ᠃ ᠡᠷᠳᠡᠮᠲᠡᠨ ᠴᠧᠨ ᠶᠢᠦ ᠵᠦᠡᠭ 1996 ᠤᠨ ᠳᠤ᠂ ︽ᠪᠠᠶᠢᠭᠠᠯᠢ ᠶᠢ ᠰᠡᠷᠡᠨ ᠮᠡᠳᠡᠷᠡᠵᠦ ᠬᠡᠰᠢᠭ | ᠬᠦᠷᠲᠡᠭᠡᠯ ᠡᠳ᠋ᠯᠡᠬᠦ ᠪᠠ ᠪᠠᠶᠢᠭᠠᠯᠢ ᠶᠢ ᠲᠠᠨᠢᠬᠤ ᠪᠤᠯᠤᠨ ᠰᠤᠳᠤᠯᠬᠤ ᠶᠢ ᠤᠶᠠᠯᠳᠤᠭᠤᠯᠬᠤ ᠵᠢᠴᠢ ᠪᠠᠶᠢᠭᠠᠯᠢ ᠶᠢ ᠬᠠᠮᠠᠭᠠᠯᠠᠬᠤ ᠪᠠ ᠬᠦᠭᠵᠢᠭᠦᠯᠬᠦ ᠠᠵᠢᠯᠯᠠᠭ᠎ᠠ ᠶᠢᠨ | ᠨᠢᠭᠡᠳᠦᠯᠲᠡᠢ ᠴᠤᠭᠴᠠ ᠶᠢ ᠠᠮᠢ ᠠᠬᠤᠢ ᠶᠢᠨ ᠵᠢᠭᠤᠯᠴᠢᠯᠠᠯ ᠭᠡᠨ᠎ᠡ︾ ᠬᠡᠮᠡᠨ ᠳᠤᠷᠠᠳᠪᠠ᠃ 21 ᠳ᠋ᠤᠭᠡᠷ ᠵᠠᠭᠤᠨ ᠤ ᠡᠬᠢᠨ ᠳᠤ᠂ ᠳᠡᠯᠡᠬᠡᠢ ᠶᠢᠨ ᠵᠢᠭᠤᠯᠴᠢᠯᠠᠯ ᠤᠨ | ᠦᠢᠯᠡᠰ ᠤᠨ ᠵᠤᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠹᠷᠠᠩᠺᠠᠷᠢ ︽ᠠᠮᠢ ᠠᠬᠤᠢ ᠶᠢᠨ ᠵᠢᠭᠤᠯᠴᠢᠯᠠᠯ ᠪᠤᠯᠤᠨ ᠦᠷᠭᠦᠯᠵᠢᠯᠡᠨ ᠬᠦᠭᠵᠢᠭᠦᠯᠬᠦ ᠨᠢ | ᠲᠤᠯᠭᠠᠮ ᠪᠠᠴᠢᠮ ᠲᠡᠦᠬᠡᠲᠦ ᠡᠭᠦᠷᠭᠡ ᠪᠤᠯᠵᠦ᠂ ᠠᠵᠦ ᠠᠬᠤᠢ ᠶᠢᠨ ᠠᠵᠢᠯᠯᠠᠭ᠎ᠠ ᠶᠢ ᠤᠷᠮᠠᠰᠢᠭᠤᠯᠵᠦ᠂ ᠶᠠᠳᠠᠭᠤᠷᠠᠯ ᠢ ᠪᠠᠭᠠᠰᠬᠠᠬᠤ᠂ ᠬᠠᠮᠤᠭ ᠤᠨ ᠶᠠᠳᠠᠭᠤ ᠪᠠᠭᠤᠷᠠᠢ | ᠬᠦᠮᠦᠰ ᠲᠤ ᠠᠮᠢᠳᠤᠷᠠᠯ ᠤᠨ ᠵᠠᠮ ᠤᠯᠭᠤᠬᠤ ᠠᠷᠭ᠎ᠠ ᠬᠡᠯᠪᠡᠷᠢ ᠪᠤᠯᠵᠦ ᠪᠠᠶᠢᠨ᠎ᠠ︾ ᠭᠡᠰᠡᠨ ᠪᠠᠶᠢᠨ᠎ᠠ᠃ | ᠦᠪᠦᠷ ᠮᠤᠩᠭᠤᠯ ᠤᠨ ᠠᠮᠢ ᠠᠬᠤᠢ ᠶᠢᠨ ᠵᠢᠭᠤᠯᠴᠢᠯᠠᠯ ᠶᠠᠮᠠᠷ ᠪᠤᠢ | ᠦᠨᠳᠦᠰᠦᠨ ᠤᠬᠠᠬᠳᠠᠬᠤᠨ ᠤ ᠲᠠᠯ᠎ᠠ ᠪᠠᠷ ᠲᠤᠳᠤᠷᠬᠠᠢ ᠵᠦᠪ ᠤᠶᠢᠯᠠᠭᠠᠯᠲᠠ ᠲᠠᠢ ᠪᠤᠯᠵᠦ ᠴᠢᠳᠠᠭ᠎ᠠ ᠦᠭᠡᠢ ᠠᠴᠠ ᠤᠯᠠᠨ ᠠᠷᠪᠢᠨ ᠪᠠᠯᠠᠷᠬᠠᠢ ᠵᠦᠢᠯ ᠨᠢ | ᠰᠠᠭᠠᠳ ᠲᠤᠳᠬᠠᠷ ᠪᠤᠯᠵᠦ ᠪᠠᠶᠢᠨ᠎ᠠ᠃ | ᠦᠪᠡᠷ ᠤᠨ ᠪᠡᠶ᠎ᠡ ᠪᠠ ᠤᠷᠤᠰᠢᠨ ᠪᠠᠶᠢᠭ᠎ᠠ ᠭᠠᠵᠠᠷ ᠤᠷᠤᠨ ᠤ ᠪᠠᠨ ︽ᠠᠮᠢ ᠠᠬᠤᠢ ᠶᠢᠨ ᠬᠠᠷᠢᠴᠠᠭ᠎ᠠ︾ ᠶᠢ ᠲᠤᠩ ᠢᠪᠴᠤᠤ ᠲᠠᠯ᠎ᠠ ᠠᠴᠠ ᠤᠶᠢᠯᠠᠭᠠᠵᠦ᠂ | ᠵᠢᠭᠤᠯᠴᠢᠯᠠᠯ ᠤᠨ ᠦᠢᠯᠡᠰ ᠨᠢ ᠪᠦᠬᠦ ᠲᠠᠯ᠎ᠠ ᠳᠤ ᠶᠠᠭᠤ ᠪᠤᠯᠬᠤ ᠶᠢ ᠰᠡᠳᠭᠢᠨ ᠪᠤᠳᠤᠬᠤ ᠪᠠᠷ ᠲᠣᠳᠠᠮᠠᠭ ᠪᠠᠶᠢᠨ᠎ᠠ᠃ | ᠵᠦᠪᠬᠡᠨ ᠲᠠᠯ᠎ᠠ ᠨᠤᠲᠤᠭ ᠤᠨ ᠢᠶᠠᠨ ᠡᠪᠡᠰᠦ ᠤᠷᠭᠤᠮᠠᠯ ᠢ ᠯᠡ ᠠᠮᠢ ᠠᠬᠤᠢ ᠶᠢᠨ ᠵᠦᠢᠯ ᠢᠶᠠᠷ ᠦᠵᠡᠵᠦ᠂ ᠢᠷᠡᠬᠦ ᠵᠤᠴᠢᠳ ᠢᠶᠠᠨ ᠠᠮᠢ ᠠᠬᠤᠢ ᠶᠢᠨ ᠬᠦᠷᠢᠶ᠎ᠡ | ᠬᠡᠪᠴᠢᠶᠡᠨ ᠳᠤ ᠪᠠᠭᠲᠠᠭᠠᠬᠤ ᠦᠭᠡᠢ᠂ ᠵᠢᠭᠤᠯᠴᠢᠯᠠᠭᠴᠢᠳ ᠤᠨ ᠦᠢᠯᠡ ᠬᠦᠳᠡᠯᠭᠡᠭᠡᠨ ᠢ ᠨᠢ ᠠᠮᠢ ᠠᠬᠤᠢ ᠶᠢᠨ ᠬᠠᠮᠠᠭᠠᠯᠠᠯᠲᠠ ᠲᠠᠢ ᠠᠮᠢᠳᠣᠯᠢᠭ ᠢᠶᠠᠷ | ᠣᠶᠠᠯᠳᠣᠭᠤᠯᠬᠤ ᠶᠢ ᠪᠤᠳᠤᠯᠬᠢᠯᠠᠬᠤ ᠦᠭᠡᠢ ᠪᠠᠶᠢᠨ᠎ᠠ᠃ ᠦᠪᠡᠷ ᠤᠨ ᠪᠡᠶᠡᠴᠢ ᠲᠠᠯ᠎ᠠ ᠶᠢ ᠴᠢᠬᠤᠯᠠᠴᠢᠯᠠᠵᠦ᠂ ᠠᠮᠢ ᠠᠬᠤᠢ ᠤᠷᠴᠢᠨ ᠲᠤᠭᠤᠷᠢᠨ ᠢᠶᠠᠨ ᠵᠦᠪᠬᠡᠨ | ᠦᠪᠡᠷ ᠤᠨ ᠤᠴᠢᠷ ᠶᠠᠪᠤᠳᠠᠯ ᠢᠶᠠᠷ ᠦᠵᠡᠵᠦ ᠪᠠᠶᠢᠨ᠎ᠠ᠃ | ᠠᠵᠦ ᠠᠬᠤᠢ ᠶᠢᠨ ᠦᠷ᠎ᠡ ᠠᠰᠢᠭ ᠢ ᠬᠡᠲᠦ ᠴᠢᠬᠤᠯᠠᠴᠢᠯᠠᠵᠦ᠂ ᠠᠮᠢ ᠠᠬᠤᠢ ᠪᠠ ᠤᠷᠴᠢᠨ ᠲᠤᠭᠤᠷᠢᠨ ᠤ ᠡᠪᠳᠡᠭᠳᠡᠯ ᠢ ᠠᠩᠬᠠᠷᠬᠤ ᠦᠭᠡᠢ ᠪᠠᠶᠢᠨ᠎ᠠ᠃ | ᠵᠢᠭᠤᠯᠴᠢᠯᠠᠬᠴᠢᠳ ᠢᠷᠡᠭᠰᠡᠨ ᠤ ᠲᠠᠷᠠᠭ᠎ᠠ ᠵᠦᠪᠬᠡᠨ ᠢᠳᠡᠭᠦᠯᠵᠣ ᠣᠣᠭᠤᠯᠭᠠᠬᠤ ᠪᠠᠷ ᠭᠤᠤᠯᠳᠠᠭᠤᠯᠵᠦ᠂ ᠦᠢᠯᠡᠴᠢᠯᠡᠭᠡᠨ ᠤ ᠲᠠᠯ᠎ᠠ ᠪᠠᠷ ᠲᠣᠬᠠᠢ ᠶᠢᠨ ᠭᠠᠵᠠᠷ | ᠣᠷᠣᠨ ᠤ ᠪᠠᠨ ᠲᠡᠦᠬᠡ ᠰᠤᠶᠤᠯ᠂ ᠵᠠᠩ ᠦᠢᠯᠡ᠂ ᠭᠤᠸ᠎ᠠ ᠰᠠᠶᠢᠬᠠᠨ ᠢ ᠲᠠᠨᠢᠯᠴᠠᠭᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ᠃ | ᠤᠷᠤᠨ ᠨᠤᠲᠤᠭ ᠤᠨ ᠦᠪᠡᠷᠮᠢᠴᠡ ᠤᠨᠴᠠᠯᠢᠭᠲᠤ ᠵᠢᠭᠤᠯᠴᠢᠯᠠᠯ ᠤᠨ ᠦᠢᠯᠡᠴᠢᠯᠡᠭᠡ ᠲᠤᠲᠠᠭᠤ᠂ ᠪᠦᠷ ᠢᠵᠢᠯᠢ ᠨᠢᠭᠡᠨ ᠵᠠᠭᠪᠤᠷ ᠪᠣᠯᠵᠦ᠂ ᠤᠷᠤᠨ | ᠨᠤᠲᠤᠭ ᠤᠨ ᠦᠨᠳᠦᠰᠦᠲᠡᠨ ᠤ ᠤᠨᠴᠠᠯᠢᠭ ᠢᠶᠠᠨ ᠠᠯᠳᠠᠵᠣ ᠪᠠᠶᠢᠨ᠎ᠠ᠃ | ᠤᠬᠠᠬᠳᠠᠬᠤᠨ ᠤ ᠲᠠᠯ᠎ᠠ ᠶᠢᠨ ᠪᠤᠷᠤᠭᠤ ᠦᠵᠡᠯᠲᠡ ᠲᠠᠨᠢᠯᠲᠠ ᠠᠴᠠ ᠪᠤᠯᠵᠦ᠂ ᠦᠪᠦᠷ ᠮᠤᠩᠭᠤᠯ ᠤᠨ ᠲᠠᠯ᠎ᠠ ᠨᠤᠲᠤᠭ ᠤᠨ ᠠᠮᠢ ᠠᠬᠤᠢ ᠶᠢᠨ ᠨᠡᠭᠡᠭᠡᠨ | ᠬᠦᠭᠵᠢᠭᠦᠯᠦᠯᠲᠡ ᠶᠢᠨ ᠤᠳᠤᠬᠢ ᠪᠠᠶᠢᠳᠠᠯ ᠳᠤ ᠳᠤᠤᠷᠠᠬᠢ ᠮᠡᠳᠣ ᠠᠰᠠᠭᠤᠳᠠᠯ ᠮᠠᠰᠢ ᠲᠦᠪᠯᠡᠷᠡᠩᠭᠦᠢ ᠤᠷᠤᠰᠢᠵᠦ ᠪᠠᠶᠢᠨ᠎ᠠ᠃ ᠴᠦᠯᠪᠡᠨ ᠳᠡᠭᠡᠷᠡᠮᠳᠡᠬᠦ ᠬᠡᠯᠪᠡᠷᠢ ᠪᠠᠷ | ᠡᠵᠡᠩᠨᠡᠵᠦ ᠪᠠᠶᠢᠨ᠎ᠠ᠃ ᠮᠠᠯᠴᠢᠳ ᠤᠨ ᠨᠤᠲᠤᠭ ᠪᠡᠯᠴᠢᠭᠡᠷ ᠪᠣᠶᠣ ᠤᠩᠭᠤᠨ ᠳᠠᠷᠬᠠᠨ ᠠᠭᠤᠯᠠ ᠤᠰᠤ ᠶᠢ ᠵᠢᠭᠤᠯᠴᠢᠯᠠᠯ ᠤᠨ ᠨᠡᠷ᠎ᠡ ᠪᠠᠷ ᠡᠵᠡᠯᠡᠨ ᠠᠪᠴᠤ᠂ | ᠦᠵᠡᠮᠵᠢ ᠶᠢᠨ ᠤᠷᠤᠨ ᠪᠤᠯᠭᠠᠬᠤ ᠨᠡᠷ᠎ᠡ ᠪᠠᠷ ᠪᠠᠶᠢᠭᠠᠯᠢᠯᠢᠭ ᠳᠦᠷᠰᠦ ᠪᠠᠶᠢᠳᠠᠯ ᠢ ᠨᠢ ᠬᠤᠪᠢᠷᠠᠭᠤᠯᠤᠨ᠂ ᠡᠳ᠋ ᠪᠤᠳᠠᠰ ᠢ ᠪᠦᠷᠢᠯᠭᠡᠨ ᠰᠦᠢᠳᠭᠡᠵᠦ᠂ ᠦᠨᠳᠦᠰᠦᠲᠡᠨ ᠤ | ᠲᠡᠦᠬᠡ ᠰᠤᠶᠤᠯ ᠢ ᠤᠰᠠᠳᠬᠠᠨ᠂ ᠠᠷᠠᠳ ᠤᠨ ᠵᠠᠩ ᠦᠢᠯᠡ ᠶᠢ ᠲᠠᠯᠬᠢᠬᠳᠠᠵᠦ ᠪᠠᠶᠢᠨ᠎ᠠ᠃ ᠬᠦᠯᠦᠨ ᠪᠤᠶᠢᠷ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠ | ᠠᠭᠤᠯᠠ ᠪᠣᠯ ᠪᠠᠷᠭᠤ ᠲᠦᠮᠡᠨ ᠤ ᠰᠦᠭ ᠰᠦᠯᠳᠡ ᠪᠤᠯᠤᠭᠰᠠᠨ ᠲᠡᠦᠬᠡᠨ ᠳᠤᠷᠠᠰᠬᠠᠯᠲᠤ ᠭᠠᠵᠠᠷ ᠪᠣᠯᠬᠤ ᠶᠤᠮ᠃ ᠤᠳᠤ ᠵᠢᠭᠤᠯᠴᠢᠯᠠᠯ ᠢ ᠬᠦᠭᠵᠢᠭᠦᠯᠬᠦ ᠨᠡᠷ᠎ᠡ ᠪᠠᠷ | ᠤᠩᠭᠤᠨ ᠳᠠᠷᠬᠠᠨ ᠪᠠᠶᠢᠭᠠᠯᠢᠯᠢᠭ ᠳᠦᠷᠰᠦ ᠪᠠᠶᠢᠳᠠᠯ ᠢ ᠨᠢ ᠡᠮᠣᠨ᠎ᠠ ᠤᠷᠣᠨ ᠤ ᠵᠢᠭᠤᠯᠴᠢᠯᠠᠯ ᠤᠨ ᠠᠭᠤᠯᠠ ᠮᠡᠲᠦ ᠦᠭᠡᠷᠡᠴᠢᠯᠡᠨ ᠬᠤᠪᠢᠷᠠᠭᠤᠯᠵᠦ᠂ ᠱᠠᠲᠤ | ᠳᠡᠪᠢᠰᠴᠦ ᠬᠦᠷᠢᠶ᠎ᠡ ᠲᠠᠲᠠᠭᠠᠳ᠂ ᠢᠵᠠᠭᠤᠷ ᠰᠤᠶᠤᠯ ᠢ ᠬᠠᠰᠢᠶᠠᠯᠠᠨ ᠤᠰᠠᠳᠬᠠᠬᠤ ᠵᠠᠮ ᠳᠤ ᠰᠢᠬᠠᠨ ᠤᠷᠤᠭᠤᠯᠤᠭᠰᠠᠨ ᠪᠠᠶᠢᠨ᠎ᠠ᠃ | ᠵᠦᠪᠬᠡᠨ ᠢᠳᠡᠵᠣ ᠤᠤᠭᠤᠬᠤ ᠲᠦᠭᠦᠭᠡᠷᠦᠮᠵᠢ ᠳᠡᠭᠡᠨ ᠪᠡᠯᠡ ᠣᠷᠣᠭᠤᠯᠵᠣ᠂ ᠮᠤᠩᠭᠤᠯ ᠠᠮᠢᠳᠤᠷᠠᠯ ᠪᠠᠶᠢᠭᠠᠯᠢ ᠠᠬᠤᠢ ᠲᠠᠢ ᠪᠠᠨ ᠬᠡᠷᠬᠢᠨ ᠵᠤᠬᠢᠴᠠᠵᠦ | ᠪᠠᠶᠢᠳᠠᠭ ᠢ ᠤᠮᠳᠤᠭᠠᠶᠢᠯᠠᠵᠦ ᠪᠠᠶᠢᠨ᠎ᠠ᠃ | ᠠᠮᠢ ᠠᠬᠤᠢ ᠶᠢᠨ ᠵᠢᠭᠤᠯᠴᠢᠯᠠᠯ ᠤᠨ ᠨᠡᠷ᠎ᠡ ᠶᠢ ᠡᠷᠭᠦᠭᠡᠳ ᠠᠮᠢ ᠠᠬᠤᠢ ᠪᠠᠨ ᠡᠪᠳᠡᠬᠦ ᠠᠵᠢᠯᠯᠠᠭ᠎ᠠ ᠬᠢᠵᠦ ᠪᠠᠶᠢᠨ᠎ᠠ᠃ ᠵᠢᠱᠢᠶᠡᠯᠡᠪᠡᠯ ᠬᠢᠮᠡᠯ ᠤᠪᠤᠭ᠎ᠠ᠂ ᠬᠢᠮᠡᠯ | ᠨᠠᠭᠤᠷ᠂ ᠬᠢᠮᠡᠯ ᠦᠵᠡᠮᠵᠢ ᠭᠠᠷᠭᠠᠵᠦ ᠪᠠᠶᠢᠭᠠᠯᠢᠯᠢᠭ ᠪᠠᠶᠢᠳᠠᠯ ᠢ ᠡᠪᠳᠡᠵᠦ ᠪᠠᠶᠢᠨ᠎ᠠ᠃ | ᠤᠯᠠᠩᠭᠢ ᠵᠢᠭᠤᠯᠴᠢᠯᠠᠯ ᠤᠨ ᠭᠠᠵᠠᠷ ᠢ ᠦᠨᠳᠦᠰᠦᠲᠡᠨ ᠤ ᠰᠤᠶᠤᠯ ᠲᠡᠦᠬᠡ ᠶᠢ ᠮᠡᠳᠡᠳᠡᠭ ᠪᠤᠶᠤ ᠬᠦᠨᠳᠦᠳᠭᠡᠳᠡᠭ ᠬᠦᠮᠦᠨ ᠡᠷᠬᠢᠯᠡᠵᠦ ᠪᠠᠶᠢᠭ᠎ᠠ ᠪᠢᠰᠢ᠂ | ᠬᠠᠷᠢᠨ ᠵᠤᠭᠤᠰ ᠤᠯᠬᠤ ᠵᠤᠷᠢᠯᠲᠠ ᠠᠴᠠ ᠡᠭᠦᠰᠦᠭᠰᠡᠨ ᠬᠦᠮᠦᠰ ᠡᠷᠬᠢᠯᠡᠵᠦ᠂ ᠮᠤᠩᠭᠤᠯ ᠬᠦᠮᠦᠨ ᠮᠤᠩᠭᠤᠯ ᠭᠠᠵᠠᠷ ᠢ ᠲᠠᠨᠢᠯᠴᠠᠭᠤᠯᠬᠤ ᠪᠢᠰᠢ᠂ ᠬᠢᠲᠠᠳ | ᠰᠤᠶᠤᠯ ᠢᠶᠠᠷ ᠮᠤᠩᠭᠤᠯ ᠵᠠᠩ ᠦᠢᠯᠡ ᠲᠡᠦᠬᠡ ᠰᠤᠶᠤᠯ ᠢ ᠤᠷᠤᠯᠠᠭᠤᠯᠵᠦ᠂ ᠮᠤᠩᠭᠤᠯ ᠤᠨ ᠲᠡᠦᠬᠡᠲᠦ ᠬᠡᠷᠡᠭ ᠲᠡᠦᠬᠡᠲᠦ ᠬᠦᠮᠦᠨ ᠪᠤᠯᠤᠨ ᠮᠤᠩᠭᠤᠯ ᠵᠠᠩ ᠦᠢᠯᠡ ᠶᠢ | ᠭᠠᠵᠢᠭᠤᠳᠠᠭᠤᠯᠤᠨ ᠪᠤᠷᠤᠭᠤ ᠵᠦᠷᠢᠭᠦᠦ ᠶᠠᠷᠢᠵᠦ᠂ ᠬᠤᠳᠠᠯ ᠶᠠᠭᠤᠮ᠎ᠠ ᠪᠠᠷ ᠵᠢᠭᠤᠯᠴᠢᠯᠠᠬᠴᠢᠳ ᠢ ᠮᠡᠬᠡᠯᠡᠨ᠂ ᠮᠤᠩᠭᠤᠯ ᠬᠦᠮᠦᠨ ᠤ ᠨᠡᠷ᠎ᠡ ᠲᠦᠷᠦ ᠶᠢ ᠭᠤᠲᠤᠭᠠᠨ᠂ | ᠮᠤᠩᠭᠤᠯ ᠲᠡᠦᠬᠡ ᠰᠤᠶᠤᠯ ᠢ ᠤᠰᠠᠳᠬᠠᠨ ᠰᠦᠢᠷᠡᠭᠦᠯᠬᠦ ᠳᠤ ᠬᠦᠷᠴᠦ ᠪᠠᠶᠢᠨ᠎ᠠ᠃ | ᠮᠠᠯᠵᠢᠬᠤ ᠤᠷᠤᠨ ᠤ ᠠᠮᠢ ᠠᠬᠤᠢ ᠶᠢᠨ ᠵᠢᠭᠤᠯᠴᠢᠯᠠᠯ ᠤᠨ ᠡᠬᠢ ᠪᠠᠶᠠᠯᠢᠭ ᠵᠢᠴᠢ ᠦᠨᠳᠦᠰᠦᠨ ᠤᠨᠴᠠᠯᠢᠭ | ᠮᠣᠩᠭᠤᠯ ᠣᠷᠣᠨ ᠳᠤ ᠲᠠᠯ᠎ᠠ ᠨᠤᠲᠤᠭ᠂ ᠮᠠᠯ ᠰᠦᠷᠦᠭ᠂ ᠮᠠᠯᠴᠢᠨ ᠭᠤᠷᠪᠠ ᠪᠠᠶᠢᠳᠠᠭ᠃ ᠠᠭᠤᠯᠠ ᠤᠰᠤ᠂ ᠡᠪᠡᠰᠦ ᠤᠷᠭᠤᠮᠠᠯ᠂ ᠨᠠᠷᠠ ᠰᠠᠯᠬᠢ ᠮᠡᠳᠣ ᠶᠢᠨ | ᠪᠠᠶᠢᠭᠠᠯᠢ ᠳᠡᠯᠡᠬᠡᠢ ᠶᠢᠨ ᠤᠯᠠᠨ ᠠᠷᠪᠢᠨ ᠦᠵᠡᠭᠳᠡᠯ ᠵᠢᠴᠢ ᠠᠮᠢᠲᠠᠨ ᠠᠷᠢᠶᠠᠲᠠᠨ ᠬᠢᠭᠡᠳ ᠲᠡᠳᠡᠨ ᠤ ᠤᠷᠤᠰᠢᠨ ᠠᠮᠢᠳᠤᠷᠠᠬᠤ ᠤᠷᠴᠢᠨ ᠠᠬᠤᠢ᠂ ᠠᠮᠢᠳᠤᠷᠠᠬᠤ | ᠤᠬᠠᠭᠠᠨ᠂ ᠠᠷᠭ᠎ᠠ ᠬᠡᠯᠪᠡᠷᠢ ᠠᠯᠢᠪᠠ ᠪᠦᠬᠦᠨ ᠨᠢ ᠲᠠᠯ᠎ᠠ ᠨᠤᠲᠤᠭ ᠭᠡᠳᠡᠭ ᠠᠷᠢᠭᠤᠨ ᠳᠠᠷᠬᠠᠨ ᠤᠷᠤᠨ ᠤ ᠪᠦᠲᠦᠴᠡ ᠪᠦᠷᠢᠯᠳᠦᠬᠦᠨ ᠮᠥᠨ᠃ ᠡᠪᠡᠰᠦ ᠪᠡᠯᠴᠢᠭᠡᠷ᠂ | ᠤᠰᠤ ᠴᠢᠭᠢᠭ᠂ ᠨᠠᠷᠠ ᠰᠠᠷ᠎ᠠ᠂ ᠤᠳᠤᠨ ᠭᠠᠷᠠᠭ᠂ ᠰᠠᠯᠬᠢ ᠵᠢᠪᠠᠷ᠂ ᠳᠠᠭᠤ ᠴᠢᠮᠡᠭᠡ ᠵᠡᠷᠭᠡ ᠪᠠᠶᠢᠭᠠᠯᠢ ᠠᠬᠤᠢ ᠠᠴᠠ ᠪᠠᠨ ᠰᠢᠮ᠎ᠡ ᠲᠡᠵᠢᠭᠡᠯ ᠬᠦᠷᠳᠡᠨ ᠬᠦᠴᠦ ᠲᠠᠷᠭᠤ | ᠠᠪᠴᠤ ᠣᠷᠴᠢᠨ ᠲᠣᠭᠤᠷᠢᠨ ᠲᠠᠢ ᠪᠠᠨ ᠵᠤᠬᠢᠴᠠᠨ ᠠᠮᠢᠳᠤᠷᠠᠵᠦ᠂ ᠦᠷᠡᠵᠢᠨ ᠲᠦᠯᠵᠢᠵᠣ᠂ ᠤᠯᠳᠠᠰᠢ ᠦᠭᠡᠢ ᠬᠤᠪᠤᠷ ᠴᠤᠬᠠᠭ ᠡᠷᠳᠡᠨᠢᠰ ᠤᠨ ᠭᠠᠷᠤᠯᠲᠠ ᠪᠠ | ᠠᠰᠢᠭ ᠰᠢᠮ᠎ᠡ ᠪᠠᠨ ᠬᠦᠮᠦᠨ ᠠᠷᠠᠳ ᠲᠤ ᠬᠠᠷᠠᠮ ᠦᠭᠡᠢ ᠬᠠᠨᠳᠢᠪᠯᠠᠳᠠᠭ ᠲᠠᠪᠣᠨ ᠬᠤᠰᠢᠭᠤ ᠪᠣᠯ ᠮᠠᠨ ᠤ ᠬᠡᠯᠡᠳᠡᠭ ᠮᠠᠯ ᠰᠦᠷᠦᠭ ᠮᠥᠨ᠃ | ᠪᠠᠶᠢᠭᠠᠯᠢ ᠠᠬᠤᠢ᠂ ᠭᠠᠵᠠᠷ ᠵᠦᠢ ᠪᠣᠯᠣᠨ ᠠᠭᠤᠷ ᠠᠮᠢᠰᠬᠤᠯ ᠢᠶᠠᠨ ᠠᠯᠠᠭᠠᠨ ᠤ ᠪᠠᠨ ᠵᠢᠷᠤᠭᠠᠰᠤ ᠰᠢᠬ ᠣᠢᠢᠯᠠᠭᠠᠵᠣ᠂ ᠮᠠᠯ ᠰᠦᠷᠦᠭ ᠤᠨ ᠢᠶᠠᠨ ᠠᠭᠠᠰᠢ | ᠠᠷᠠᠨᠰᠢᠨ᠂ ᠦᠰᠦᠯᠲᠡ ᠦᠷᠡᠵᠢᠯᠲᠡ ᠵᠡᠷᠭᠡ ᠶᠢ ᠪᠠᠶᠢᠭᠠᠯᠢ ᠳᠡᠯᠡᠬᠡᠢ ᠲᠠᠢ ᠪᠠᠨ ᠵᠤᠬᠢᠴᠠᠭᠤᠯᠵᠦ᠂ ᠦᠪᠡᠷ ᠢ ᠪᠠᠨ ᠪᠠᠶᠢᠭᠠᠯᠢ ᠪᠠ ᠮᠠᠯ ᠤᠨ ᠵᠤᠬᠢᠴᠠᠯᠳᠤᠯ ᠳᠤ | ᠴᠢᠳᠠᠮᠠᠭᠠᠢ ᠪᠠᠷ ᠦᠢᠯᠡᠴᠢᠯᠡᠭᠦᠯᠵᠦ ᠴᠢᠳᠠᠳᠠᠭ ᠠᠳᠤᠭᠤᠴᠢᠨ᠂ ᠬᠤᠨᠢᠴᠢᠨ᠂ ᠦᠬᠡᠷᠴᠢᠨ᠂ ᠲᠡᠮᠡᠭᠡᠴᠢᠨ᠂ ᠠᠷᠭᠠᠯᠢᠴᠢᠨ᠂ ᠤᠰᠤᠴᠢᠨ ᠭᠡᠵᠣ ᠠᠵᠢᠯ ᠲᠦᠷᠦᠯ ᠢᠯᠭᠠᠯ | ᠦᠭᠡᠢ ᠬᠢᠵᠦ ᠭᠦᠢᠴᠡᠳᠭᠡᠵᠦ ᠪᠠᠶᠢᠳᠠᠭ ᠮᠠᠯ ᠮᠠᠯᠵᠢᠯ ᠳᠤ ᠴᠠᠭᠠᠷᠠᠭᠰᠠᠨ ᠮᠤᠩᠭᠤᠯ ᠮᠡᠷᠭᠡᠵᠢᠯᠲᠡᠨ ᠢ ᠮᠠᠯᠴᠢᠨ ᠭᠡᠳᠡᠭ ᠶᠤᠮ᠃ | ᠪᠠᠶᠢᠭᠠᠯᠢ᠂ ᠮᠠᠯᠴᠢᠨ᠂ ᠮᠠᠯ ᠭᠤᠷᠪᠠ ᠬᠠᠷᠢᠯᠴᠠᠨ ᠲᠦᠰᠢᠯᠴᠡᠵᠦ᠂ ᠬᠠᠷᠢᠯᠴᠠᠨ ᠦᠢᠯᠡᠴᠢᠯᠡᠵᠦ᠂ ᠬᠠᠮᠲᠤ ᠪᠠᠷ ᠮᠤᠩᠭᠤᠯ ᠭᠠᠵᠠᠷ ᠤᠨ ᠬᠡᠶᠢᠮᠤᠷᠢ ᠰᠦᠯᠳᠡ ᠶᠢ | ᠪᠤᠰᠬᠠᠬᠰᠠᠨ ᠶᠤᠮ᠃ ᠪᠠᠶᠢᠭᠠᠯᠢ ᠪᠠᠶᠢᠬᠤ ᠦᠬᠡᠢ ᠪᠣᠯ ᠮᠠᠯ᠂ ᠮᠠᠯᠴᠢᠨ ᠪᠠᠶᠢᠵᠦ ᠴᠢᠳᠠᠬᠤ ᠦᠭᠡᠢ᠃ ᠮᠠᠯ ᠪᠠᠶᠢᠬᠤ ᠦᠭᠡᠢ ᠪᠣᠯ ᠪᠠᠶᠢᠭᠠᠯᠢᠯᠢᠭ ᠪᠡᠯᠴᠢᠭᠡᠷ ᠦᠩᠭᠡ ᠪᠠᠨ | ᠠᠯᠳᠠᠨ ᠡᠯᠡᠢ ᠬᠤᠯᠠᠢ ᠡᠭᠡᠷᠡᠮ᠎ᠡ ᠲᠠᠯ᠎ᠠ ᠪᠤᠯᠵᠦ᠂ ᠠᠮᠢᠵᠢᠷᠠᠯ ᠦᠭᠡᠢ ᠪᠤᠯᠤᠨ᠎ᠠ᠃ ᠮᠠᠯ ᠦᠭᠡᠢ ᠪᠣᠯ ᠮᠠᠯᠴᠢᠨ ᠭᠡᠵᠦ ᠨᠡᠩ ᠪᠠᠶᠢᠬᠤ ᠦᠭᠡᠢ ᠪᠤᠯᠤᠨ᠎ᠠ᠃ ᠮᠠᠯᠴᠢᠨ | ᠪᠠᠶᠢᠬᠤ ᠦᠭᠡᠢ ᠪᠣᠯ ᠮᠠᠯ ᠵᠡᠷᠯᠢᠭᠰᠢᠵᠦ᠂ ᠡᠷᠳᠡᠨᠢᠲᠦ ᠠᠰᠢᠭ ᠰᠢᠮ᠎ᠡ ᠨᠢ ᠲᠠᠯᠠᠭᠠᠷ ᠰᠦᠢᠳᠬᠦ ᠪᠦᠭᠡᠳ ᠪᠠᠶᠢᠭᠠᠯᠢ ᠳᠡᠯᠡᠬᠡᠢ ᠶᠢᠨ ᠭᠠᠮᠰᠢᠭ ᠪᠤᠯᠬᠤ ᠶᠤᠮ᠃ ᠡᠶᠢᠨ ᠬᠦ | ᠮᠤᠩᠭᠤᠯ ᠭᠠᠵᠠᠷ ᠤᠨ ᠵᠢᠭᠤᠯᠴᠢᠯᠠᠯ ᠨᠢ ᠠᠮᠢ ᠠᠮᠢᠵᠢᠷᠠᠯ ᠲᠠᠢ ᠦᠭᠡᠳᠡᠷᠬᠡᠭ ᠪᠠᠶᠢᠶ᠎ᠠ ᠭᠡᠪᠡᠯ ᠪᠠᠶᠢᠭᠠᠯᠢ᠂ ᠮᠠᠯ᠂ ᠮᠠᠯᠴᠢᠨ ᠳᠤ ᠲᠦᠰᠢᠭᠰᠡᠨ ᠮᠤᠩᠭᠤᠯ ᠦᠨᠦᠷ ᠠᠮᠲᠠ | ᠦᠩᠭᠡ ᠪᠤᠳᠤᠭ ᠲᠠᠢ ᠪᠠᠶᠢᠪᠠᠯ ᠲᠠᠭᠠᠷᠠᠬᠤ ᠪᠢᠰᠢᠥ︕ | ︽ᠵᠢᠭᠤᠯᠴᠢᠯᠠᠬᠴᠢᠳ ᠶᠠᠭᠤᠨ ᠳᠤ ᠮᠤᠩᠭᠤᠯ ᠭᠠᠵᠠᠷ ᠢᠷᠡᠵᠦ ᠪᠠᠶᠢᠭ᠎ᠠ ᠪᠤᠢ︖ ᠲᠡᠳᠡ ᠵᠦᠪᠬᠡᠨ ᠮᠢᠬ᠎ᠠ ᠢᠳᠡᠨ᠂ ᠠᠷᠢᠬᠢ ᠤᠤᠭᠤᠵᠦ᠂ ᠳᠠᠭᠤᠤ | ᠰᠤᠨᠤᠰᠤᠨ᠂ ᠭᠡᠷᠡᠯ ᠵᠢᠷᠤᠭ ᠰᠡᠭᠦᠳᠡᠷᠯᠡᠬᠦ ᠭᠡᠵᠦ ᠯᠡ ᠮᠤᠩᠭᠤᠯ ᠭᠠᠵᠠᠷ ᠢᠷᠡᠵᠦ ᠪᠠᠶᠢᠭ᠎ᠠ ᠭᠡᠵᠦ ᠤᠤ︖ ᠪᠢᠰᠢ ᠪᠠᠶᠢᠬ᠎ᠠ᠃ ᠮᠤᠩᠭᠤᠯᠴᠤᠳ ᠬᠦᠳᠡᠭᠡ ᠬᠡᠬᠡᠷ᠎ᠡ | ᠲᠠᠯ᠎ᠠ ᠭᠠᠵᠠᠷ ᠤᠨ ᠲᠡᠶᠢᠮᠦ ᠬᠠᠲᠠᠭᠤ ᠪᠡᠷᠬᠡ ᠤᠷᠴᠢᠨ ᠳᠤ ᠶᠠᠭᠠᠬᠢᠵᠣ ᠦᠶ᠎ᠡ ᠤᠯᠠᠷᠢᠨ ᠠᠵᠦ ᠲᠦᠷᠦᠨ ᠠᠮᠢᠳᠤᠷᠠᠵᠦ᠂ ᠪᠠᠶᠢᠭᠠᠯᠢ ᠳᠡᠯᠡᠬᠡᠢ ᠪᠠᠨ ᠤᠩᠭᠤᠨ ᠳᠠᠷᠬᠠᠨ | ᠪᠠᠶᠢᠯᠭᠠᠵᠦ ᠴᠢᠳᠠᠳᠠᠭ ᠤᠨ ᠲᠣᠬᠠᠢ ᠪᠣᠶᠣ ᠦᠷᠭᠦᠯᠵᠢ ᠪᠠᠶᠠᠰᠤᠩᠭᠤᠢ᠂ ᠠᠭᠤᠵᠢᠮ ᠪᠠᠭᠲᠠᠭᠠᠮᠵᠢ ᠲᠠᠢ᠂ ᠦᠨᠡᠨᠴᠢ ᠨᠦᠬᠦᠷᠰᠡᠭ ᠪᠠᠶᠢᠳᠠᠭ ᠤᠨ ᠲᠣᠬᠠᠢ᠂ ᠡᠰᠡᠬᠦᠯ᠎ᠠ | ᠳᠡᠯᠡᠬᠡᠢ ᠶᠢᠨ ᠬᠠᠭᠠᠰ ᠢ ᠠᠭᠲᠠ ᠶᠢᠨ ᠲᠤᠭᠤᠷᠠᠢ ᠪᠠᠷ ᠲᠣᠷᠬᠢᠭᠤᠯᠣᠭᠰᠠᠨ ᠤᠳᠤᠮᠲᠤ ᠮᠤᠩᠭᠤᠯᠴᠣᠳ ᠦᠨᠦᠳᠦᠷ ᠶᠠᠭᠠᠬᠢᠵᠦ ᠠᠵᠦ ᠲᠦᠷᠦᠵᠦ ᠠᠮᠢᠳᠤᠷᠠᠵᠦ ᠪᠠᠶᠢᠭ᠎ᠠ | ᠲᠣᠬᠠᠢ ᠤᠶᠢᠯᠠᠭᠠᠬᠤ ᠪᠠᠷ ᠲᠠᠯ᠎ᠠ ᠨᠤᠲᠤᠭ ᠲᠤ ᠵᠢᠭᠤᠯᠴᠢᠯᠠᠵᠦ ᠶᠠᠪᠤᠨ᠎ᠠ︾ ᠭᠡᠵᠣ ᠪᠢ ᠬᠤᠪᠢᠨ ᠳᠠᠭᠠᠨ ᠪᠣᠳᠣᠳᠠᠭ᠃ | ᠬᠦᠯᠦᠨ ᠪᠤᠶᠢᠷ ᠤᠨ ᠰᠢᠨ᠎ᠡ ᠪᠠᠷᠭᠤ ᠵᠡᠭᠦᠨ ᠬᠤᠰᠢᠭᠤᠨ ᠤ ᠦᠪᠦᠷᠪᠤᠯᠠᠭ ᠰᠤᠮᠤ ᠶᠢᠨ ᠳᠤᠯᠤᠭᠠᠳᠤ ᠳᠤ ︽ᠪᠠᠷᠭᠤ ᠵᠠᠩᠰᠢᠯ ᠤᠨ ᠠᠶᠢᠯ︾ ᠨᠡᠷᠡᠮᠵᠢᠲᠦ | ᠵᠢᠭᠤᠯᠴᠢᠯᠠᠯ ᠤᠨ ᠭᠠᠵᠠᠷ ᠪᠠᠶᠢᠳᠠᠭ᠃ ᠲᠡᠡᠳᠡ ᠢᠳᠡᠵᠦ ᠤᠤᠭᠤᠬᠤ᠂ ᠬᠤᠨᠤᠵᠦ ᠬᠡᠪᠳᠡᠭᠦ ᠪᠦᠷᠢᠨ ᠲᠦᠬᠦᠭᠡᠷᠦᠮᠵᠢ ᠲᠠᠢ ᠪᠦᠭᠡᠳ ᠮᠤᠩᠭᠤᠯ ᠵᠠᠩ ᠵᠠᠩᠰᠢᠯ ᠪᠣᠯᠣᠨ | ᠲᠡᠦᠬᠡ ᠰᠤᠶᠤᠯ ᠢᠶᠠᠨ ᠲᠠᠨᠢᠯᠴᠠᠭᠤᠯᠬᠤ ᠲᠠᠯ᠎ᠠ ᠪᠠᠷ ᠨᠡᠯᠢᠶᠡᠳ ᠪᠦᠲᠦᠮᠵᠢᠲᠡᠢ ᠬᠢᠵᠦ ᠪᠠᠶᠢᠨ᠎ᠠ᠃ ᠦᠢᠯᠡᠴᠢᠯᠡᠭᠴᠢ ᠨᠢ ᠪᠦᠷ ᠮᠤᠩᠭᠤᠯ ᠬᠡᠯᠡ ᠪᠠᠷ ᠤᠷᠤᠰᠤᠮ᠎ᠠ | ᠰᠠᠶᠢᠬᠠᠨ ᠶᠠᠷᠢᠵᠦ᠂ ᠬᠤᠪᠴᠠᠰᠤ ᠬᠤᠨᠠᠷ ᠡᠮᠦᠰᠭᠡᠯ ᠵᠡᠭᠦᠯᠲᠡ ᠨᠢ ᠪᠦᠷ ᠪᠠᠷᠭᠤ ᠬᠡᠪ ᠢᠶᠠᠷ ᠢᠶᠠᠨ᠂ ᠴᠠᠢ ᠬᠤᠭᠤᠯᠠ᠂ ᠵᠤᠴᠢᠯᠠᠯ ᠤᠨ ᠬᠡᠪ ᠨᠠᠮᠪᠠ ᠪᠠᠨ ᠪᠦᠷ | ᠨᠤᠲᠤᠭ ᠤᠨ ᠵᠠᠩᠰᠢᠯ ᠢᠶᠠᠷ ᠢᠶᠠᠨ ᠶᠠᠪᠤᠭᠤᠯᠵᠦ᠂ ᠭᠠᠳᠠᠨ᠎ᠠ ᠶᠢᠨ ᠬᠦᠮᠦᠨ ᠳᠤ ᠮᠠᠰᠢ ᠰᠤᠨᠢᠷᠬᠠᠯᠲᠠᠢ ᠲᠠᠭᠠᠯᠠᠭᠳᠠᠵᠦ᠂ ᠨᠡᠩ ᠴᠦ ᠮᠠᠯ ᠮᠠᠯᠵᠢᠯ ᠤᠨ ᠠᠮᠢᠳᠤᠷᠠᠯ | ᠲᠠᠳᠬᠠᠯᠵᠢᠯ ᠤᠨ ᠠᠭᠤᠯᠭ᠎ᠠ ᠨᠢ ᠵᠢᠭᠤᠯᠴᠢᠯᠠᠭᠴᠢᠳ ᠤᠨ ᠪᠠᠭ᠋ᠠᠷᠠᠯ ᠰᠣᠨᠢᠷᠬᠠᠯ ᠢ ᠶᠡᠬᠡᠳᠡ ᠲᠠᠳᠠᠵᠣ ᠪᠠᠶᠢᠨ᠎ᠠ᠃ ᠲᠡᠳᠡᠨ ᠤ ᠦᠢᠯᠡᠴᠢᠯᠡᠭᠡ ᠶᠢᠨ ᠠᠭᠤᠯᠭ᠎ᠠ ᠬᠡᠯᠪᠡᠷᠢ ᠪᠠ | ᠠᠷᠭ᠎ᠠ ᠪᠠᠷᠢᠯ ᠨᠢ ᠮᠤᠩᠭᠤᠯ ᠵᠠᠩ ᠦᠢᠯᠡ ᠶᠢᠨ ᠡᠬᠡ ᠪᠠᠶᠢᠭᠠᠯᠢ ᠪᠠᠨ ᠳᠡᠭᠡᠳᠦᠯᠡᠨ ᠰᠢᠲᠦᠭᠰᠡᠨ ᠬᠦᠨᠳᠦᠳᠭᠡᠯ ᠤᠨ ᠠᠷᠢᠭᠤᠨ ᠳᠠᠷᠬᠠᠨ ᠢ ᠬᠠᠷᠠᠭᠤᠯᠵᠦ ᠪᠠᠶᠢᠳᠠᠭ᠃ | ᠪᠠᠷᠭᠤ ᠮᠤᠩᠭᠤᠯᠴᠤᠳ ︽ᠡᠴᠢᠭᠡ ᠲᠡᠭᠷᠢ ᠡᠬᠡ ᠳᠡᠯᠡᠬᠡᠢ︾ ᠭᠡᠵᠦ ᠠᠮᠢ ᠨᠠᠰᠤᠨ ᠤ ᠳᠠᠭᠠᠳᠬᠠᠯ ᠮᠦᠷᠭᠦᠯ ᠬᠢᠬᠦ ᠳᠡᠭᠡᠨ ᠬᠢᠵᠠᠭᠠᠯᠠᠰᠢ ᠦᠭᠡᠢ ᠪᠢᠰᠢᠷᠡᠨ | ᠬᠦᠨᠳᠦᠳᠭᠡᠭᠰᠡᠨ ᠬᠠᠶᠢᠷ᠎ᠠ ᠰᠡᠳᠭᠢᠯᠭᠡ ᠪᠠᠨ ᠨᠡᠪᠴᠢᠭᠡᠨ ᠰᠢᠩᠭᠡᠭᠡᠵᠦ᠂ ᠤᠩᠭᠤᠨ ᠳᠠᠷᠬᠠᠨ ᠪᠠᠶᠢᠭᠠᠯᠢ ᠪᠠᠨ ᠠᠮᠢ ᠪᠡᠶ᠎ᠡ ᠲᠠᠢ ᠪᠠᠨ ᠬᠤᠯᠪᠤᠭᠰᠠᠨ ᠪᠠᠶᠢᠳᠠᠭ᠃ | ᠡᠶᠢᠮᠦ ᠠᠴᠠ ᠮᠤᠩᠭᠤᠯ ᠭᠠᠵᠠᠷ ᠤᠨ ᠤᠪᠤᠭ᠎ᠠ ᠨᠢ ᠳᠤᠷ᠎ᠠ ᠶᠢᠨ ᠨᠢᠭᠡᠨ ᠬᠦᠮᠦᠨ ᠤ ᠴᠢᠯᠠᠭᠤ ᠤᠪᠤᠭᠠᠯᠠᠨ ᠬᠠᠳᠠᠭ ᠤᠶᠠᠭᠠᠳ ᠯᠡ ᠪᠤᠯᠴᠢᠬᠠᠳᠠᠭ ᠶᠠᠭᠤᠮ᠎ᠠ ᠪᠢᠰᠢ᠃ | ᠬᠠᠷᠢᠨ ᠰᠡᠳᠭᠢᠯ ᠳᠤᠨᠢ ᠡᠭᠦᠷᠢᠳᠡ ᠬᠠᠳᠠᠩᠰᠢᠭᠰᠠᠨ ᠤᠳᠤᠮ ᠰᠤᠳᠤᠷ ᠤᠨ ᠨᠢᠭᠤᠴᠠᠬᠠᠢ ᠪᠠᠶᠢᠳᠠᠭ ᠶᠤᠮ᠃ ᠵᠠᠷᠢᠮ ᠨᠢ ᠮᠤᠩᠭᠤᠯ ᠬᠦᠮᠦᠨ ᠠᠶᠤᠬᠤ ᠳᠠᠭᠠᠨ ᠲᠡᠭᠡᠵᠦ | ᠪᠠᠶᠢᠭ᠎ᠠ ᠭᠡᠵᠦ ᠬᠡᠯᠡᠬᠦ ᠶᠤᠮ᠃ ᠮᠤᠩᠭᠤᠯ ᠠᠮᠢᠳᠤᠷᠠᠯ ᠢ ᠮᠡᠳᠡᠬᠦ ᠦᠭᠡᠢ ᠬᠦᠮᠦᠨ ᠶᠠᠭᠤ ᠭᠡᠵᠦ ᠬᠡᠯᠡᠭᠰᠡᠨ ᠴᠦ ᠶᠠᠭᠠᠬᠢᠬᠤᠪ︕ ᠮᠤᠩᠭᠤᠯ ᠬᠦᠮᠦᠨ ᠯᠡ ᠶᠤᠮ ᠪᠣᠯ | ᠪᠠᠶᠢᠭᠠᠯᠢ ᠪᠠᠨ ᠲᠡᠭᠡᠳᠣᠯᠡᠵᠣ ᠬᠠᠶᠢᠷᠠᠯᠠᠵᠣ ᠶᠠᠪᠤᠳᠠᠭ ᠨᠢ ᠡᠨᠡ ᠦᠨᠳᠦᠰᠦᠲᠡᠨ ᠶᠠᠰᠤᠲᠠᠨ ᠤ ᠶᠡᠭᠡ ᠪᠠᠶᠢᠭᠠᠯᠢ ᠲᠠᠢ ᠪᠠᠨ ᠵᠤᠬᠢᠴᠠᠵᠦ ᠢᠷᠡᠭᠰᠡᠨ ᠪᠠᠯᠠᠷᠠᠰᠢ ᠦᠭᠡᠢ | ᠬᠦᠴᠦᠨ ᠴᠢᠳᠠᠯ ᠭᠡᠳᠡᠭ ᠢ ᠤᠶᠢᠯᠠᠭᠠᠬᠤ ᠶᠣᠮ᠃ | ᠮᠠᠯᠵᠢᠬᠤ ᠤᠷᠤᠨ ᠤ ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠢ ᠬᠦᠭᠵᠢᠭᠦᠯᠬᠦ ᠲᠤᠬᠠᠢ ᠵᠦᠪᠯᠡᠮᠵᠢ | ᠮᠠᠯᠵᠢᠬᠤ ᠤᠷᠤᠨ ᠪᠣᠯ ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠢ ᠬᠦᠭᠵᠢᠭᠦᠯᠬᠦ ᠬᠠᠮᠤᠭ ᠤᠨ ᠰᠢᠨᠵᠢᠯᠡᠬᠦ ᠤᠬᠠᠭᠠᠨᠴᠢ ᠰᠤᠩᠭᠤᠯᠲᠠ ᠶᠢᠨ ᠭᠠᠵᠠᠷ ᠮᠥᠨ | ᠃ ᠤᠴᠢᠷ ᠨᠢ᠂ ᠮᠠᠯᠵᠢᠬᠤ ᠤᠷᠤᠨ ᠪᠣᠯ ᠬᠦᠮᠦᠨ ᠲᠦᠷᠦᠯᠬᠢᠲᠡᠨ ᠤ ᠠᠮᠢ ᠠᠬᠤᠢ ᠶᠢᠨ ᠪᠤᠯᠪᠠᠰᠤᠨ ᠤ ᠦᠯᠦᠭᠡᠢ ᠪᠤᠯᠬᠤ ᠪᠦᠭᠡᠳ ᠠᠮᠢ ᠠᠬᠤᠢ ᠶᠢᠨ ᠪᠤᠯᠪᠠᠰᠤᠨ ᠢ | ᠠᠮᠲᠠᠷᠬᠠᠨ ᠰᠤᠨᠢᠷᠬᠠᠬᠴᠢᠳ ᠤᠨ ᠲᠠᠲᠤᠯᠭᠠᠵᠢᠯ ᠤᠨ ᠭᠠᠵᠠᠷ ᠪᠤᠯᠬᠤ ᠶᠤᠮ᠃ ᠮᠦᠨ ᠴᠦ ᠬᠦᠮᠦᠨ ᠲᠦᠷᠦᠯᠬᠢᠲᠡᠨ ᠤ ᠬᠠᠮᠤᠭ ᠤᠨ ᠤᠬᠢ ᠰᠢᠯᠢᠳᠡᠭ ᠵᠠᠩ ᠠᠷᠠᠨᠰᠢᠨ | ᠪᠤᠯᠬᠤ ᠡᠶ᠎ᠡ ᠵᠤᠬᠢᠴᠠᠯ ᠢ ᠡᠷᠬᠢᠮᠯᠡᠬᠦ ᠬᠡᠪ ᠰᠤᠷᠲᠠᠯ ᠡ᠊ᠨᠳᠡ ᠠᠴᠠ ᠡᠭᠦᠰᠦᠨ ᠬᠦᠭᠵᠢᠵᠣ᠂ ᠠᠮᠢ ᠠᠬᠤᠢ ᠶᠢᠨ ᠤᠶᠤᠨ ᠮᠡᠳᠡᠯᠭᠡ ᠪᠤᠯᠤᠨ ᠦᠢᠯᠡᠳᠪᠦᠷᠢᠯᠡᠯ ᠤᠨ | ᠮᠡᠷᠭᠡᠵᠢᠯ ᠤᠷᠭᠤᠨ ᠲᠦᠯᠵᠢᠭᠰᠡᠨ ᠭᠠᠵᠠᠷ ᠮᠥᠨ᠃ ᠮᠠᠯᠵᠢᠬᠤ ᠤᠷᠤᠨ ᠤ ᠵᠢᠭᠤᠯᠴᠢᠯᠠᠯ ᠤᠨ ᠦᠢᠯᠡᠰ ᠢ ᠡᠷᠬᠢᠯᠡᠨ ᠬᠢᠬᠦ ᠭᠤᠤᠯ ᠴᠤᠭᠴᠠ ᠨᠢ ᠮᠠᠯᠴᠢᠳ ᠦᠪᠡᠷ ᠢᠶᠠᠨ | ᠪᠤᠶᠤ ᠮᠠᠯᠵᠢᠬᠤ ᠤᠷᠤᠨ ᠤ ᠰᠤᠶᠤᠯ ᠲᠡᠦᠬᠡ ᠶᠢ ᠰᠠᠶᠢᠨ ᠮᠡᠳᠡᠭᠰᠡᠨ ᠬᠦᠮᠦᠨ ᠪᠠᠶᠢᠬᠤ ᠬᠡᠷᠡᠭᠲᠡᠢ᠃ ᠠᠮᠢ ᠠᠬᠤᠢ ᠶᠢᠨ ᠵᠢᠭᠤᠯᠴᠢᠯᠠᠯ ᠤᠨ ᠣᠢᠢᠯᠡᠰ ᠢ ᠡᠷᠬᠢᠯᠡᠭᠴᠢᠳ | ᠠᠰᠢᠭ ᠤᠷᠤᠯᠭ᠎ᠠ ᠪᠠᠨ ᠦᠨᠳᠦᠰᠦᠲᠡᠨ ᠤ ᠲᠡᠦᠬᠡ ᠰᠣᠶᠣᠯ ᠢᠶᠠᠨ ᠬᠦᠭᠵᠢᠬᠦᠯᠦᠨ ᠮᠠᠨᠳᠣᠭᠤᠯᠬᠤ ᠲᠠᠢ ᠣᠶᠠᠯᠳᠣᠭᠤᠯᠬᠤ ᠬᠡᠷᠡᠭᠲᠡᠢ᠃ ᠠᠮᠢ ᠠᠬᠤᠢ ᠶᠢᠨ | ᠵᠢᠭᠤᠯᠴᠢᠯᠠᠯ ᠢ ᠡᠷᠬᠢᠯᠡᠬᠦ ᠳᠡᠭᠡᠨ ᠮᠠᠯᠵᠢᠬᠤ ᠡᠷᠦᠬᠡ ᠪᠠᠷ ᠦᠨᠳᠦᠰᠦᠨ ᠨᠢᠭᠡᠴᠢ ᠪᠤᠯᠭᠠᠵᠦ᠂ ᠮᠠᠯᠴᠢᠳ ᠤᠨ ᠠᠮᠢᠳᠤᠷᠠᠯ ᠦᠢᠯᠡᠳᠪᠦᠷᠢᠯᠡᠯ ᠪᠠ ᠮᠠᠯ ᠠᠵᠣ ᠠᠬᠤᠢ ᠵᠢᠴᠢ | ᠮᠠᠯᠴᠢᠨ ᠤ ᠡᠳᠦᠷ ᠲᠤᠲᠤᠮ ᠤᠨ ᠠᠮᠢᠳᠤᠷᠠᠯ ᠤᠨ ᠳᠠᠲᠤᠯᠭᠠᠵᠢᠯ ᠢᠶᠠᠷ ᠠᠭᠤᠯᠭ᠎ᠠ ᠬᠡᠯᠪᠡᠷᠢ ᠪᠤᠯᠭᠠᠵᠦ ︽ᠨᠢᠭᠡ ᠡᠳᠦᠷ ᠤᠨ ᠮᠠᠯᠴᠢᠨ ᠤ ᠠᠮᠢᠳᠤᠷᠠᠯ︾ ᠪᠣᠶᠣ ︽ᠨᠢᠭᠡ | ᠵᠦᠢᠯ ᠤᠨ ᠮᠠᠯᠵᠢᠬᠤ ᠦᠢᠯᠡᠳᠪᠦᠷᠢᠯᠡᠯ ᠳᠤ ᠤᠷᠤᠯᠴᠠᠬᠤ︾ ᠵᠡᠷᠭᠡ ᠠᠮᠢᠳᠤ ᠪᠤᠳᠠᠲᠠᠢ ᠠᠭᠤᠯᠭ᠎ᠠ ᠬᠡᠯᠪᠡᠷᠢ ᠪᠠᠷ ᠵᠢᠭᠤᠯᠴᠢᠯᠠᠯ ᠢᠶᠠᠨ ᠪᠠᠶᠠᠯᠢᠬᠵᠢᠭᠤᠯᠪᠠᠯ ᠵᠤᠬᠢᠨ᠎ᠠ᠃ | ᠲᠤᠨᠤᠭ ᠲᠦᠭᠦᠭᠡᠷᠦᠮᠵᠢ ᠪᠦᠷᠢᠨ ᠲᠡᠭᠦᠯᠲᠡᠷ ᠠᠮᠢ ᠠᠬᠤᠢ ᠶᠢᠨ ᠲᠤᠮᠤᠬᠠᠨ ᠰᠢᠬ ᠵᠢᠭᠤᠯᠴᠢᠯᠠᠯ ᠤᠨ ᠭᠠᠵᠠᠷ ᠨᠢ᠂ ᠮᠠᠯᠵᠢᠬᠤ ᠡᠷᠦᠬᠡ ᠲᠠᠢ ᠬᠤᠯᠪᠤᠭᠠᠯᠠᠨ | ᠨᠢᠭᠡᠨ ᠴᠤᠭᠴᠠ ᠪᠤᠯᠵᠦ᠂ ᠠᠮᠢᠳᠤᠷᠠᠯ ᠳᠤ ᠭᠦᠨᠵᠡᠭᠡᠶᠢᠷᠡᠬᠦ ᠪᠠᠷ ᠱᠠᠭᠠᠷᠳᠠᠭᠰᠠᠨ ᠵᠢᠭᠤᠯᠴᠢᠯᠠᠬᠴᠢᠳ ᠲᠤ ᠮᠤᠩᠭᠤᠯ ᠭᠡᠷ᠂ ᠲᠡᠷᠭᠡ ᠵᠢᠴᠢ ᠮᠠᠯ ᠰᠦᠷᠦᠭ ᠤᠨ | ᠨᠦᠭᠦᠴᠡᠯ ᠬᠠᠩᠭᠠᠨ ᠦᠭᠴᠦ᠂ ᠳᠠᠭᠠᠭᠤᠯᠤᠨ ᠬᠢᠬᠦ ᠪᠠ ᠦᠢᠯᠡᠴᠢᠯᠡᠭᠡ ᠶᠢ ᠤᠶᠠᠯᠳᠤᠭᠤᠯᠤᠭᠰᠠᠨ ᠮᠠᠯᠴᠢᠨ ᠦᠢᠯᠡᠴᠢᠯᠡᠭᠴᠢ ᠶᠢ ᠲᠤᠬᠢᠷᠠᠭᠤᠯᠤᠨ᠂ | ᠵᠢᠭᠤᠯᠴᠢᠯᠠᠬᠴᠢᠳ ᠤᠨ ᠠᠶᠤᠯ ᠦᠭᠡᠢ ᠪᠠ ᠳᠤᠷ᠎ᠠ ᠰᠤᠨᠢᠷᠬᠠᠯ ᠨᠢ ᠭᠦᠢᠴᠡᠳ ᠬᠠᠩᠭᠠᠮᠵᠢᠲᠠᠢ ᠪᠠᠶᠢᠬᠤ ᠶᠢ ᠪᠠᠳᠣᠯᠠᠪᠠᠯ ᠵᠣᠬᠢᠨ᠎ᠠ᠃ ᠵᠢᠭᠤᠯᠴᠢᠯᠠᠭᠴᠢᠳ ᠲᠤ ᠪᠠᠰᠠ | ᠦᠪᠡᠷ ᠤᠨ ᠭᠠᠷ ᠢᠶᠠᠷ ᠢᠶᠠᠨ ᠮᠤᠩᠭᠤᠯ ᠢᠳᠡᠭᠡᠨ ᠢ ᠪᠤᠯᠪᠠᠰᠤᠷᠠᠭᠤᠯᠤᠨ ᠬᠢᠬᠦ ᠣᠷᠣᠨ ᠵᠠᠢ ᠬᠠᠩᠭᠠᠵᠣ ᠪᠤᠯᠤᠨ᠎ᠠ᠃ ᠮᠤᠩᠭᠤᠯ ᠭᠡᠷ ᠲᠤ ᠬᠤᠨᠤᠬᠤ᠂ ᠦᠨᠢᠶ᠎ᠡ ᠰᠠᠭᠠᠬᠤ | ᠂ ᠬᠤᠨᠢ ᠬᠠᠷᠢᠭᠤᠯᠠᠬᠤ ᠨᠢ ᠪᠦᠷ ᠵᠢᠭᠤᠯᠴᠢᠯᠠᠯ ᠤᠨ ᠠᠭᠤᠯᠭ᠎ᠠ ᠪᠤᠯᠵᠦ ᠪᠤᠯᠬᠤ ᠶᠤᠮ᠃ ᠡᠨᠡ ᠮᠡᠲᠦ ᠶᠢᠨ ᠦᠢᠯᠡᠳᠪᠦᠷᠢᠯᠡᠯ ᠠᠮᠢᠳᠤᠷᠠᠯ ᠲᠠᠢ ᠤᠶᠠᠯᠳᠤᠭᠰᠠᠨ | ᠵᠢᠭᠤᠯᠴᠢᠯᠠᠯ ᠨᠢ ︽ᠮᠤᠩᠭᠤᠯ ᠠᠮᠢᠳᠤᠷᠠᠯ ᠢ ᠤᠶᠢᠯᠠᠭᠠᠶ᠎ᠠ᠂ ᠮᠤᠩᠭᠤᠯ ᠵᠠᠩ ᠠᠷᠠᠨᠰᠢᠨ ᠲᠠᠢ ᠲᠠᠨᠢᠯᠴᠠᠶ᠎ᠠ︾ ᠭᠡᠰᠡᠨ ᠬᠦᠰᠡᠯ ᠡᠷᠡᠮᠠᠯᠵᠡᠯ ᠪᠦᠬᠦᠢ | ᠵᠢᠭᠤᠯᠴᠢᠯᠠᠭᠴᠢᠳ ᠲᠤ ᠤᠯᠳᠠᠰᠢ ᠦᠭᠡᠢ ᠠᠵᠠ ᠵᠠᠪᠰᠢᠶᠠᠨ ᠪᠤᠯᠬᠤ ᠶᠤᠮ᠃ | ᠮᠠᠯᠴᠢᠳ ᠲᠤ ᠨᠡᠩ ᠰᠠᠶᠢᠨ ᠦᠢᠯᠡᠴᠢᠯᠡᠭᠡᠨ ᠤ ᠨᠦᠭᠦᠴᠡᠯ ᠪᠦᠷᠢᠯᠳᠦᠭᠦᠯᠦᠨ ᠦᠭᠴᠦ᠂ ᠵᠢᠭᠤᠯᠴᠢᠯᠠᠯ ᠤᠨ ᠦᠢᠯᠡᠰ ᠢ ᠬᠦᠭᠵᠢᠭᠦᠯᠬᠦ ᠳᠤ᠂ ᠤᠷᠤᠨ ᠪᠠ ᠡᠯ᠎ᠡ | ᠠᠶᠢᠮᠠᠭ ᠬᠤᠲᠠ ᠶᠢᠨ ᠵᠠᠰᠠᠭ ᠤᠨ ᠭᠠᠵᠠᠷ ᠠᠴᠠ ᠠᠶᠠᠯᠠᠯ ᠵᠢᠭᠤᠯᠴᠢᠯᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠣᠢᠢᠯᠡᠴᠢᠯᠡᠭᠡ ᠬᠢᠵᠣ᠂ ᠰᠤᠨᠢᠨ | ᠮᠡᠳᠡᠭᠡ ᠶᠢᠨ ᠬᠢᠨ ᠳᠤ ᠵᠠᠷ ᠰᠤᠷᠲᠠᠯᠴᠢᠯᠠᠭ᠎ᠠ ᠬᠢᠬᠦ ᠡᠭᠦᠷᠭᠡ ᠪᠠᠭᠤᠯᠭᠠᠨ ᠳᠡᠮᠵᠢᠯᠭᠡ ᠦᠵᠡᠭᠦᠯᠬᠦ ᠪᠣᠯᠪᠠᠣ ᠬᠡᠵᠣ ᠬᠦᠰᠡᠶ᠎ᠠ᠃ ᠵᠢᠭᠤᠯᠴᠢᠯᠠᠯ ᠤᠨ ᠣᠢᠢᠯᠡᠰ ᠢ | ᠮᠠᠯᠴᠢᠳ ᠲᠤ ᠬᠠᠨᠳᠤᠭᠤᠯᠵᠦ᠂ ᠨᠡᠩ ᠤᠯᠠᠨ ᠵᠢᠭᠤᠯᠴᠢᠯᠠᠭᠴᠢᠳ ᠢ ᠮᠠᠯᠴᠢᠳ ᠤᠨ ᠭᠡᠷ ᠲᠤ ᠲᠤᠬᠢᠷᠠᠭᠤᠯᠬᠤ ᠠᠵᠢᠯ ᠢ ᠬᠦᠴᠦᠲᠡᠢ ᠵᠤᠬᠢᠶᠠᠨ ᠪᠠᠶᠢᠭᠤᠯᠪᠠᠯ ᠲᠠᠭᠠᠷᠠᠨ᠎ᠠ | ᠃ ᠮᠠᠯᠴᠢᠳ ᠤᠯᠠᠨ ᠵᠢᠭᠤᠯᠴᠢᠯᠠᠭᠴᠢᠳ ᠢ ᠬᠦᠯᠢᠶᠡᠨ ᠠᠪᠴᠤ ᠪᠠᠶᠢᠪᠠᠯ ᠤᠷᠤᠯᠭ᠎ᠠ ᠨᠢ ᠴᠦ ᠨᠡᠮᠡᠭᠳᠡᠬᠦ ᠪᠤᠯᠤᠨ᠎ᠠ᠃ ᠡᠨᠡ ᠠᠵᠢᠯ ᠨᠢ ᠡᠯ᠎ᠡ ᠱᠠᠲᠤᠨ ᠤ ᠵᠠᠰᠠᠭ ᠤᠨ | ᠭᠠᠵᠠᠷ ᠤᠨ ᠰᠢᠭᠤᠳ ᠤᠷᠤᠯᠴᠠᠯᠭ᠎ᠠ ᠳᠤᠤᠷ᠎ᠠ ᠡᠯ᠎ᠡ ᠭᠠᠵᠠᠷ ᠤᠨ ᠵᠢᠭᠤᠯᠴᠢᠯᠠᠯ ᠤᠨ ᠬᠠᠮᠢᠶᠠᠷᠤᠯᠲᠠ ᠶᠢᠨ ᠲᠤᠪᠴᠢᠶᠠᠨ ᠤ ᠬᠦᠴᠦᠲᠡᠢ ᠳᠡᠮᠵᠢᠯᠭᠡ ᠳᠤᠤᠷ᠎ᠠ ᠰᠠᠶ᠋ᠢ | ᠪᠡᠶᠡᠯᠡᠭᠳᠡᠬᠦ ᠶᠤᠮ᠃ ᠬᠦᠴᠣᠨ ᠮᠡᠬᠦᠰ ᠬᠤᠪᠢ ᠡᠷᠦᠬᠡ ᠵᠢᠭᠤᠯᠴᠢᠯᠠᠯ ᠤᠨ ᠣᠢᠢᠯᠡᠰ ᠢ ᠡᠷᠬᠢᠯᠡᠭᠡᠳ ᠠᠮᠵᠢᠯᠲᠠ ᠤᠯᠬᠤ ᠳᠤ ᠬᠦᠴᠢᠷ ᠪᠠᠶᠢᠳᠠᠭ᠂ ᠬᠤᠷᠰᠢᠶᠠᠵᠢᠯ ᠤᠨ | ᠬᠡᠯᠪᠡᠷᠢ ᠪᠠᠷ ᠵᠤᠬᠢᠶᠠᠨ ᠪᠠᠶᠢᠭᠤᠯᠤᠨ᠂ ᠬᠡᠳᠦᠨ ᠡᠷᠦᠬᠡ ᠬᠠᠮᠵᠢᠯᠴᠠᠨ ᠡᠷᠬᠢᠯᠡᠪᠡᠯ᠂ ᠤᠯᠠᠨ ᠵᠦᠢᠯ ᠤᠨ ᠡᠬᠢ ᠪᠠᠶᠠᠯᠢᠭ ᠢᠶᠠᠨ ᠨᠢᠭᠡᠳᠭᠡᠨ ᠨᠡᠶᠢᠯᠡᠭᠦᠯᠵᠦ ᠦᠷ᠎ᠡ | ᠠᠰᠢᠭ ᠢᠶᠠᠨ ᠳᠡᠭᠡᠭᠰᠢᠯᠡᠭᠦᠯᠵᠦ ᠪᠤᠯᠬᠤ ᠶᠤᠮ᠃ | ᠭᠠᠵᠠᠷ ᠰᠠᠢ ᠦᠭᠡᠢ ᠲᠣᠷ᠎ᠠ ᠪᠠᠷ ᠢᠶᠠᠨ ᠪᠠᠶᠢᠭ᠎ᠠ ᠵᠢᠭᠤᠯᠴᠢᠯᠠᠯ ᠤᠨ ᠭᠠᠵᠠᠷ ᠢ ᠴᠡᠭᠴᠡᠯᠡᠨ᠂ ᠡ᠊ᠨᠳᠡ ᠲᠡᠨᠳᠡ ᠭᠡᠷ ᠪᠠᠶᠢᠰᠢᠩ ᠪᠠᠷᠢᠬᠤ ᠪᠠ ᠦᠵᠡᠮᠵᠢ ᠶᠢᠨ | ᠭᠠᠵᠠᠷ ᠭᠠᠷᠭᠠᠬᠤ ᠶᠢ ᠬᠤᠷᠢᠭᠯᠠᠨ ᠵᠤᠭᠰᠤᠭᠠᠵᠦ᠂ ᠠᠮᠢ ᠠᠬᠤᠢ ᠶᠢᠨ ᠪᠤᠵᠠᠷᠳᠣᠯ ᠢ ᠠᠷᠢᠯᠭᠠᠬᠤ ᠳᠤ ᠬᠦᠴᠦᠲᠡᠢ ᠠᠷᠭ᠎ᠠ ᠬᠡᠮᠵᠢᠶ᠎ᠡ ᠠᠪᠬᠤ ᠴᠢᠬᠤᠯᠠᠲᠠᠢ ᠪᠠᠶᠢᠨ᠎ᠠ᠃ | ᠮᠤᠩᠭᠤᠯ ᠭᠡᠷ ᠪᠣᠯ ᠬᠠᠮᠤᠭ ᠤᠨ ᠰᠠᠶᠢᠨ ᠭᠡᠷ ᠬᠤᠷᠤᠭ᠎ᠠ ᠪᠤᠯᠬᠤ ᠶᠤᠮ᠂ ᠪᠠᠶᠢᠩᠭᠤ ᠶᠢᠨ ᠪᠠᠷᠢᠯᠭ᠎ᠠ ᠤᠯᠠᠨ ᠪᠤᠯᠪᠠᠯ ᠪᠤᠵᠠᠷᠳᠣᠯ ᠬᠤᠭ ᠨᠤᠪᠰᠢ ᠶᠡᠭᠡ ᠪᠤᠯᠤᠨ᠎ᠠ᠃ | ᠮᠠᠯᠴᠢᠳ ᠪᠣᠯ ᠮᠠᠯᠵᠢᠬᠤ ᠤᠷᠤᠨ ᠤ ᠭᠤᠤᠯ ᠴᠤᠭᠴᠠ ᠮᠥᠨ᠃ ᠡᠶᠢᠮᠣ ᠠᠴᠠ ᠠᠮᠢ ᠠᠬᠤᠢ ᠶᠢᠨ ᠵᠢᠭᠤᠯᠴᠢᠯᠠᠯ ᠨᠢ ᠮᠠᠯᠴᠢᠳ ᠠᠴᠠ ᠰᠠᠯᠵᠣ ᠦᠯᠦ ᠪᠣᠯᠣᠨ᠎ᠠ᠃ | ᠨᠠᠶᠢᠷᠠᠭᠤᠯᠣᠭᠰᠠᠨ ᠤ ᠲᠠᠷᠠᠭ᠎ᠠ᠄ ᠠᠮᠢ ᠠᠬᠤᠢ ᠶᠢᠨ ᠵᠢᠭᠤᠯᠴᠢᠯᠠᠯ ᠤᠨ ᠣᠢᠢᠯᠡᠰ ᠢ ᠡᠷᠬᠢᠯᠡᠬᠦ ᠳᠤ᠂ ᠠᠮᠢ ᠠᠬᠤᠢ ᠪᠣᠯᠣᠨ ᠵᠢᠭᠤᠯᠴᠢᠯᠠᠯ ᠢ ᠠᠳᠠᠯᠢ ᠲᠡᠭᠰᠢᠬᠡᠨ | ᠪᠠᠶᠢᠷᠢᠨ ᠳᠤ ᠲᠠᠯᠪᠢᠬᠤ ᠳᠠᠭᠠᠨ ᠲᠠᠭᠠᠷᠠᠨ᠎ᠠ᠃ ᠣᠴᠢᠷ ᠨᠢ ᠠᠮᠢ ᠠᠬᠤᠢ ᠶᠢᠨ ᠵᠢᠭᠤᠯᠴᠢᠯᠠᠯ ᠤᠨ ᠣᠷᠢᠳᠠᠯ ᠨᠢ ᠲᠠᠷᠣᠢ ᠠᠮᠢ ᠠᠬᠤᠢ ᠳᠠᠭᠠᠨ ᠪᠠᠶᠢᠭ᠎ᠠ᠃ ᠭᠡᠳᠡᠯ᠎ᠠ | ᠣᠳᠣᠬᠠᠨ ᠤ ᠪᠠᠶᠢᠳᠠᠯ ᠠᠴᠠ ᠦᠵᠡᠪᠡᠯ ᠠᠵᠣ ᠠᠬᠤᠢ ᠶᠢᠨ ᠦᠷ᠎ᠠ ᠠᠰᠢᠭ ᠢ ᠬᠡᠳᠣ ᠴᠢᠬᠤᠯᠠᠴᠢᠯᠠᠵᠣ᠂ ᠠᠮᠢ ᠠᠬᠤᠢ ᠶᠢ ᠪᠣᠬᠢᠷᠳᠣᠭᠤᠯᠬᠤ ᠪᠣᠶᠣ ᠡᠪᠳᠡᠨ ᠲᠠᠯᠬᠢᠵᠣ | ᠪᠠᠶᠢᠭ᠎ᠠ ᠪᠠᠶᠢᠳᠠᠯ ᠵᠠᠷᠢᠮ ᠭᠠᠵᠠᠷ ᠲᠤ ᠨᠣᠴᠢᠳᠠᠢ ᠣᠷᠣᠰᠢᠵᠣ ᠪᠠᠶᠢᠭ᠎ᠠ ᠭᠡᠳᠡᠭ ᠢ ᠠᠩᠬᠠᠷᠣᠯ ᠳᠠᠭᠠᠨ ᠠᠪᠣᠪᠠᠯ ᠵᠣᠬᠢᠨ᠎ᠠ᠃ ᠠᠮᠢᠳᠣᠷᠠᠨ ᠣᠷᠣᠰᠢᠬᠤ ᠶᠢᠨ ᠡᠬᠢ | ᠰᠣᠷᠪᠣᠯᠵᠢ ᠪᠣᠯᠣᠭᠰᠠᠨ ᠣᠷᠣᠯᠭ᠎ᠠ ᠶᠢᠨ ᠬᠤᠪᠢ ᠠᠴᠠ ᠠᠪᠴᠣ ᠬᠡᠯᠡᠪᠡᠯ ᠠᠵᠣ ᠠᠬᠤᠢ ᠶᠢᠨ ᠦᠷ᠎ᠠ ᠠᠰᠢᠭ ᠢ ᠴᠢᠬᠤᠯᠠᠴᠢᠯᠠᠬᠤ ᠨᠢ ᠬᠡᠯᠡᠯᠭᠡᠨ ᠦᠭᠡᠢ ᠲᠠᠭᠠᠷᠠᠨ᠎ᠠ᠂ | ᠭᠡᠪᠡᠴᠣ ᠠᠮᠢ ᠠᠬᠤᠢ ᠪᠠᠷ ᠦᠷᠡᠭᠳᠡᠯ ᠪᠣᠯᠭᠠᠬᠤ ᠦᠭᠡᠢ᠃ ᠠᠮᠢ ᠠᠬᠤᠢ ᠪᠠᠨ ᠠᠯᠳᠠᠴᠢᠬᠠᠪᠠᠯ ᠵᠢᠭᠤᠯᠴᠢᠯᠠᠯ ᠭᠡᠵᠣ ᠦᠭᠡᠢ ᠪᠣᠯᠣᠨ᠎ᠠ᠃ | ᠪᠠᠶᠢᠭᠠᠯᠢ᠂ ᠮᠠᠯᠴᠢᠨ᠂ ᠮᠠᠯ ᠰᠦᠷᠦᠭ ᠭᠤᠷᠪᠠ ᠶᠢᠨ ᠣᠶᠠᠯᠳᠣᠯ ᠲᠣᠣᠷ᠎ᠠ ᠮᠣᠩᠭᠤᠯ ᠭᠠᠵᠠᠷ ᠤᠨ ᠬᠡᠶᠢᠮᠣᠷᠢ ᠰᠦᠯᠳᠠ ᠮᠠᠨᠳᠣᠳᠠᠭ᠃ ᠡᠶᠢᠮᠣ ᠠᠴᠠ ᠮᠣᠩᠭᠤᠯ | ᠭᠠᠵᠠᠷ ᠤᠨ ᠠᠭᠤᠯᠠ ᠣᠰᠣ᠂ ᠡᠪᠡᠰᠣ ᠣᠷᠭᠤᠮᠠᠯ᠂ ᠠᠮᠢᠳᠠᠨ ᠵᠢᠭᠦᠷᠳᠡᠨ᠂ ᠲᠡᠣᠬᠡ ᠰᠣᠶᠣᠯ᠂ ᠵᠠᠩ ᠠᠷᠠᠨᠰᠢᠨ ᠤ ᠠᠯᠢ ᠨᠢ ᠴᠥ ᠲᠣᠳᠠᠵᠣ ᠦᠯᠦ ᠪᠣᠯᠣᠨ᠎ᠠ᠃ | ᠮᠠᠯᠵᠢᠬᠤ ᠣᠷᠣᠨ ᠪᠣᠯ ᠠᠮᠢ ᠠᠬᠤᠢ ᠶᠢᠨ ᠵᠢᠭᠤᠯᠴᠢᠯᠠᠯ ᠤᠨ ᠣᠢᠢᠯᠡᠰ ᠢ ᠬᠦᠭᠵᠢᠭᠦᠯᠬᠦ ᠬᠠᠮᠤᠭ ᠤᠨ ᠰᠢᠨᠵᠢᠯᠡᠬᠦ ᠣᠬᠠᠭᠠᠨᠴᠢ ᠰᠣᠩᠭᠤᠯᠳᠠ ᠶᠢᠨ ᠭᠠᠵᠠᠷ ᠤᠨ ᠨᠢᠭᠡ ᠨᠢ | ᠪᠣᠯᠣᠨ᠎ᠠ᠂ ᠣᠴᠢᠷ ᠨᠢ ᠮᠠᠯᠵᠢᠬᠤ ᠣᠷᠣᠨ ᠪᠣᠯ ᠬᠦᠮᠦᠨ ᠲᠦᠷᠦᠯᠬᠢᠳᠡᠨ ᠤ ᠠᠮᠢ ᠠᠬᠤᠢ ᠶᠢᠨ ᠪᠣᠯᠪᠠᠰᠣᠨ ᠤ ᠦᠯᠦᠬᠡᠢ ᠶᠢᠨ ᠴᠢᠬᠤᠯᠠ ᠰᠠᠭᠤᠷᠢ ᠪᠣᠯᠬᠤ ᠮᠦᠷᠳᠡᠭᠡᠨ | ᠮᠦᠨᠴᠣ ᠬᠦᠮᠦᠨ ᠲᠦᠷᠦᠯᠬᠢᠳᠡᠨ ᠤ ᠬᠠᠮᠤᠭ ᠣᠬᠢ ᠰᠢᠯᠢᠳᠡᠭ ᠵᠠᠩ ᠠᠷᠠᠨᠰᠢᠨ ᠪᠣᠯᠬᠤ ᠡᠶ᠎ᠡ ᠵᠣᠬᠢᠴᠠᠯ ᠤᠨ ᠡᠬᠦᠰᠣᠨ ᠬᠦᠭᠵᠢᠭᠰᠡᠨ ᠭᠠᠵᠠᠷ ᠪᠣᠯᠣᠨ᠎ᠠ᠃ ᠡᠶᠢᠮᠣ ᠠᠴᠠ | ᠵᠢᠭᠤᠯᠴᠢᠯᠠᠯ ᠤᠨ ᠣᠢᠢᠯᠡᠰ ᠢ ᠬᠦᠭᠵᠢᠭᠦᠯᠬᠦ ᠳᠤ ᠦᠪᠡᠷ ᠤᠨ ᠦᠨᠳᠣᠰᠣᠳᠠᠨ ᠤ ᠭᠠᠵᠠᠷ ᠣᠷᠣᠨ᠂ ᠲᠡᠣᠬᠡ ᠰᠣᠶᠣᠯ᠂ ᠵᠠᠩ ᠠᠷᠠᠨᠰᠢᠨ ᠳᠤ ᠵᠣᠬᠢᠴᠠᠭᠤᠯᠵᠣ ᠠᠮᠢ | ᠠᠬᠤᠢ ᠪᠣᠯᠣᠨ ᠵᠢᠭᠤᠯᠴᠢᠯᠠᠯ ᠤᠨ ᠬᠤᠣᠰ ᠦᠷ᠎ᠠ ᠠᠰᠢᠭ ᠢ ᠣᠯᠪᠠᠯ ᠵᠣᠬᠢᠨ᠎ᠠ᠃ |