ᠵᠠᠰᠠᠭ ᠤᠨ ᠣᠷᠳᠣᠨ ᠤ ᠠᠵᠢᠯ ᠤᠨ ᠢᠯᠡᠳᠭᠡᠯ | — 2020 ᠤᠨ ᠤ 4 ᠳ᠋ᠦ᠋ᠭᠡᠷ ᠰᠠᠷ᠎ᠠ ᠶᠢᠨ 11 ᠳᠤ ᠲᠦᠩᠯᠢᠶᠤᠤ ᠬᠤᠲᠠ ᠶᠢᠨ ᠲᠠᠪᠤᠲᠤᠭᠠᠷ ᠬᠤᠭᠤᠴᠠᠭ᠎ᠠ ᠶᠢᠨ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠲᠤᠭᠠᠷ ᠬᠤᠷᠠᠯᠳᠣᠭᠠᠨ ᠲᠡᠬᠡᠷ᠎ᠠ | | | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠥᠪᠯᠡᠬᠦ ᠪᠤᠯᠪᠠᠥ᠂ | ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠤᠯᠪᠠᠥ᠃ | | ᠨᠢᠭᠡ᠂ 2019 ᠣᠨ ᠤ ᠠᠵᠢᠯ ᠤᠨ ᠡᠷᠭᠢᠴᠡᠭᠦᠯᠦᠯ | | 2019 ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠣᠢ ᠪᠣᠯᠬᠤ ᠪᠥᠭᠡᠳ ᠮᠦᠨ ᠴᠤ ᠮᠠᠨ ᠤ ᠬᠤᠲᠠ ᠶᠢᠨ ᠬᠦᠭᠵᠢᠬᠦᠯᠦᠯᠳᠡ ᠶᠢᠨ | ᠶᠠᠪᠤᠴᠠ ᠳᠠᠬᠢ ᠴᠢᠬᠤᠯᠠ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ | ᠳᠣᠤᠷ᠎ᠠ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠬᠢᠨᠠᠯᠲᠠ ᠲᠡᠮᠵᠢᠯᠭᠡ ᠲᠣᠣᠷ᠎ᠠ᠂ | ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠎ᠠ ᠶᠢᠨ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠦᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠦᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠬᠦᠴᠦᠨ ᠢᠶᠠᠷ | ᠨᠠᠶᠢᠳᠠᠪᠦᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨ᠎ᠡ ᠬᠦᠭᠵᠢᠬᠦᠯᠦᠯᠳᠡ ᠶᠢᠨ | ᠣᠨᠣᠯᠵᠢᠬᠤᠨ ᠢ ᠦᠢᠯᠡᠳᠦᠯᠭᠡᠵᠢᠭᠦᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠬᠤᠲᠠ ᠶᠢᠨ | ᠠᠵᠤ ᠠᠬᠤᠶ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠳᠥᠷᠪᠡᠳᠦᠭᠡᠷ ᠣᠳᠠᠭ᠎ᠠ ᠶᠢᠨ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ | ᠲᠡᠭᠦᠰ ᠠᠮᠵᠢᠯᠲᠠ ᠲᠠᠢ ᠪᠡᠶᠡᠯᠡᠬᠦᠯᠵᠦ᠂ ᠪᠠᠶᠢᠲᠠᠯ ᠢ ᠬᠠᠤᠯᠢ ᠶᠣᠰᠣ ᠪᠠᠷ ᠰᠢᠨᠵᠢᠯᠡᠬᠦ ᠤᠬᠠᠭᠠᠨᠴᠢ ᠪᠠᠷ ᠪᠥᠬᠦ ᠲᠠᠯ᠎ᠠ ᠪᠠᠷ ᠲᠣᠳᠣᠷᠬᠠᠶ ᠣᠶᠢᠯᠠᠭᠠᠪᠠ᠃ ᠪᠦᠬᠦ ᠬᠤᠲᠠ | ᠶᠢᠨ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 1267.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠬᠢ ᠠᠴᠠ 4% ᠪᠠᠷ | ᠨᠡᠮᠡᠭᠳᠡᠨ᠂ ᠭᠤᠷᠪᠠᠨ ᠠᠵᠤ ᠦᠢᠯᠡᠰ ᠤᠨ ᠬᠤᠪᠢ ᠶᠢᠨ ᠵᠢᠩ 22᠄ 31᠄ 47 ᠪᠣᠯᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 76.2 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠪᠠᠷᠢᠮᠵᠢᠶ᠎ᠠ ᠪᠠᠷ 12.6% ᠪᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢ 467.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠬᠢ ᠠᠴᠠ 11% ᠨᠡᠮᠡᠭᠳᠡᠪᠡ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 325.9 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠨᠢᠳᠤᠨᠤᠨ ᠤ ᠬᠢ ᠠᠴᠠ 3.1% ᠪᠠᠷ | ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠤᠷᠤᠯᠭ᠎ᠠ ᠲᠣᠰ ᠲᠣᠰ 34127 | ᠲᠥᠭᠦᠷᠢᠭ ᠪᠠ 15323 ᠲᠥᠭᠦᠷᠢᠭ ᠬᠦᠷᠴᠦ᠂ ᠲᠣᠰ ᠲᠣᠰ 6.9% ᠪᠠ 11.1% ᠨᠡᠮᠡᠭᠳᠡᠪᠡ᠃ ᠲᠠᠩᠰᠠ ᠵᠤᠬᠢᠶᠠᠵᠤ ᠺᠠᠷᠲ ᠲᠠᠭᠯᠠᠭᠰᠠᠨ ᠶᠠᠳᠠᠭᠤ | ᠬᠦᠴᠢᠷᠳᠡᠯᠲᠡᠶ ᠡᠷᠦᠬᠡ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 11112 ᠲᠥᠭᠦᠷᠢᠭ ᠬᠦᠷᠴᠦ᠂ ᠣᠶᠢᠷ᠎ᠠ ᠶᠢᠨ ᠭᠤᠷᠪᠠᠨ ᠵᠢᠯ ᠤᠨ ᠳᠤᠮᠳᠠᠴᠢ | ᠨᠡᠮᠡᠭᠲᠡᠯ ᠤᠨ ᠬᠡᠮᠵᠢᠶ᠎ᠡ 42.4% ᠪᠣᠯᠪᠠ᠃ | ᠨᠢᠭᠡ ᠵᠢᠯ ᠤᠨ ᠲᠤᠷᠰᠢ᠂ ᠪᠢᠳᠡ ᠭᠤᠤᠯᠳᠠᠭᠤ ᠲᠠᠷᠠᠭᠠᠬᠢ ᠠᠵᠢᠯ ᠤᠳ ᠢ ᠬᠢᠪᠡ᠄ | ︵ᠨᠢᠭᠡ︶ ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ | ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠲᠤᠤᠱᠯᠠᠭᠤᠯᠤᠨ ᠨᠠᠶᠢᠳᠠᠪᠦᠷᠢᠵᠢᠭᠤᠯᠪᠠ᠃ ᠬᠤᠳᠠ ᠶᠢᠨ ᠵᠠᠰᠠᠭ ᠤᠨ ᠣᠷᠳᠣᠨ ᠵᠢᠴᠢ | ᠠᠵᠢᠯ ᠤᠨ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠤᠯᠤᠰ ᠲᠦᠷᠦ ᠶᠢᠨ ᠵᠥᠪ ᠴᠢᠭᠯᠡᠯ ᠢ ᠢᠮᠠᠭᠲᠠ ᠪᠠᠷᠢᠮᠲᠠᠯᠠᠵᠤ᠂ ᠦᠵᠡᠯ ᠰᠠᠨᠠᠭ᠎ᠠ ᠤᠯᠤᠰ | ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠤᠬᠠᠮᠰᠠᠷ ᠠᠴᠠ ᠪᠠᠨ ᠲᠡᠭᠡᠲᠤ | ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠬᠠᠮᠠᠭᠠᠯᠠᠯ︾ ᠢ ᠪᠡᠶᠡᠯᠡᠭᠦᠯᠵᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠢᠮᠠᠭᠲᠠ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠭᠦᠨᠵᠡᠭᠡᠢ ᠰᠤᠷᠤᠯᠴᠠᠨ | ᠦᠨᠡᠨᠴᠢ ᠰᠢᠳᠤᠷᠭᠤ ᠪᠠᠷ ᠬᠡᠷᠡᠭᠯᠡᠵᠦ᠂ ᠮᠡᠳᠡᠬᠦᠢ ᠬᠢᠬᠦᠢ ᠶᠢ ᠨᠢᠭᠡᠳᠬᠡᠵᠦ᠂ ᠦᠨᠡᠨ ᠬᠦ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠬᠤ᠂ | ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠢᠮᠠᠭᠲᠠ ᠰᠤᠷᠤᠯᠴᠠᠨ ᠲᠤᠤᠱᠯᠠᠭᠤᠯᠬᠤ ᠶᠢ ᠦᠨᠳᠦᠰᠦᠨ ᠤᠯᠤᠰ ᠲᠥᠷᠥ ᠶᠢᠨ ᠶᠣᠰᠣ ᠲᠦᠷᠢᠮ | ᠪᠣᠯᠭᠠᠵᠤ᠂ ᠴᠠᠭ ᠲᠤᠬᠠᠶ ᠳᠤᠨᠢ ᠰᠤᠷᠤᠯᠴᠠᠨ ᠤᠯᠠᠮᠵᠢᠯᠠᠵᠤ᠂ ᠴᠠᠭ ᠲᠤᠬᠠᠶ ᠳᠤᠨᠢ ᠰᠤᠳᠤᠯᠤᠨ ᠨᠠᠶᠢᠳᠠᠪᠤᠷᠢᠵᠢᠭᠤᠯᠵᠤ᠂ ︽ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ | ᠬᠦᠭᠵᠢᠭᠦᠯᠦᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠶ ᠬᠦᠭᠵᠢᠬᠦᠯᠦᠯᠲᠡ ᠶᠢ ᠠᠬᠢᠭᠤᠯᠬᠤ ᠲᠤᠬᠠᠶ ᠠᠵᠢᠯᠯᠠᠭᠠᠨ ᠤ ᠲᠥᠰᠦᠯ︾ ᠵᠡᠷᠭᠡ ᠰᠢᠷᠢᠰ | ᠲᠥᠷᠥ ᠶᠢᠨ ᠪᠤᠲᠤᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠵᠦ᠂ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠮᠥᠷᠳᠡᠨ ᠠᠬᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ | ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃ | ᠰᠢᠨ᠎ᠡ ᠬᠦᠭᠵᠢᠭᠦᠯᠦᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠤᠨ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠭᠦᠯᠦᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ︽ᠲᠠᠪᠤ ᠶᠢ ᠤᠶᠠᠯᠳᠤᠭᠤᠯᠬᠤ︾ ᠠᠵᠤ ᠠᠬᠤᠢ ᠶᠢᠨ ᠬᠦᠭᠵᠢᠭᠦᠯᠦᠯᠲᠡ ᠶᠢᠨ ᠠᠷᠭ᠎ᠠ ᠮᠠᠶ᠋ᠢᠭ ᠢ | ᠲᠦᠷᠭᠡᠨ ᠬᠤᠪᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠨᠠᠶᠢᠲᠠᠪᠦᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠤᠲᠤᠯᠬᠢᠯᠠᠨ᠂ ᠪᠣᠬᠢᠷᠲᠤᠯ ᠦᠭᠡᠢ | ᠬᠦᠭᠵᠢᠭᠦᠯᠦᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠦᠭᠵᠢᠭᠦᠯᠦᠯᠲᠡ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠪᠠ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠲᠤᠷᠢᠲᠤᠮᠵᠢ ᠪᠣᠯᠭᠠᠬᠤ ᠶᠢ ᠪᠠᠷᠢᠮᠲᠠᠯᠠᠵᠤ᠂ ᠲᠥᠪ ᠤᠨ ᠲᠣᠭᠤᠷᠢᠨ | ᠪᠠᠶᠢᠴᠠᠭᠠᠯᠲᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾᠂ ᠲᠥᠪ ᠤᠨ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠵᠡᠷᠭᠡ ᠶᠢᠨ ᠬᠠᠷᠢᠭᠤ ᠲᠤᠰᠬᠠᠯ ᠪᠠ ᠢᠯᠡᠷᠡᠭᠦᠯᠦᠭᠰᠡᠨ ᠠᠰᠠᠭᠤᠳᠠᠯ ᠳᠤ | ᠴᠢᠭᠯᠡᠭᠦᠯᠦᠨ᠂ ᠪᠢᠳᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠳᠠᠷᠤᠯᠲᠠ ᠶᠢ ᠬᠥᠳᠡᠯᠭᠡᠬᠦ | ᠬᠦᠴᠦᠨ ᠪᠣᠯᠭᠠᠵᠤ᠂ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠳᠤ ᠪᠠᠳᠣ ᠪᠠᠬᠢ ᠰᠠᠭᠤᠷᠢ ᠲᠠᠯᠪᠢᠪᠠ᠃ | ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠭᠦᠯᠦᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠣᠯᠠᠨ ᠲᠦᠮᠡᠨ ᠤ ᠰᠠᠨᠠᠭᠠᠰᠢᠷᠠᠵᠤ᠂ | ᠪᠤᠲᠤᠯᠭᠠᠰᠢᠷᠠᠵᠤ᠂ ᠵᠤᠪᠠᠨᠢᠵᠤ ᠪᠠᠶᠢᠭ᠎ᠠ ᠶᠠᠪᠤᠳᠠᠯ ᠢ ᠬᠦᠴᠦᠯᠡᠨ ᠰᠢᠢᠳᠪᠦᠷᠢᠯᠡᠵᠦ᠂ ᠤᠭ ᠰᠠᠨᠠᠭ᠎ᠠ ᠪᠠᠨ ᠰᠠᠬᠢᠬᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ | ᠠᠰᠠᠭᠤᠳᠠᠯ ᠤᠨ ᠨᠠᠷᠢᠨ ᠬᠠᠭᠤᠳᠠᠰᠤ ᠪᠠ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ ᠡᠮᠬᠢᠯᠡᠨ᠂ ᠪᠦᠬᠦ ᠲᠠᠯ᠎ᠠ ᠪᠠᠷ ᠴᠡᠭᠴᠡᠯᠡᠨ ᠴᠢᠩᠭᠠᠳᠬᠠᠵᠣ᠂ ︽ᠨᠢᠭᠡ | ᠨᠣᠮᠧᠷ ᠲᠤ ᠪᠦᠬᠦᠨ ᠢ ᠭᠦᠢᠴᠡᠳᠬᠡᠬᠦ᠂ ᠵᠡᠭᠡᠯᠢ ᠭᠤᠳᠤᠮᠵᠢ ᠳᠤ ᠨᠢᠭᠡᠳᠦᠯᠲᠡᠢ ᠭᠦᠢᠴᠡᠳᠭᠡᠬᠦ︾ ᠣᠯᠠᠨ ᠲᠦᠮᠡᠨ ᠤ ᠠᠵᠢᠯ ᠤᠨ ᠲᠣᠭᠲᠠᠴᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ︽12345︾ ᠬᠡᠮᠡᠬᠦ ᠬᠤᠲᠠ ᠶᠢᠨ ᠠᠷᠠᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠪᠲᠡᠷᠡᠭᠦᠯᠵᠤ᠂ ᠤᠯᠠᠨ ᠲᠦᠮᠡᠨ ᠤ ᠲᠤᠰᠬᠠᠭᠰᠠᠨ | ᠬᠤᠲᠠ ᠶᠢᠨ ᠬᠠᠮᠢᠶᠠᠷᠤᠯᠲᠠ᠂ ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡ ᠵᠡᠷᠭᠡ ᠡᠯ᠎ᠡ ᠲᠥᠷᠥᠯ ᠤᠨ ᠬᠠᠯᠠᠮᠰᠢᠯ ᠵᠦᠢᠯ ᠢ ᠨᠡᠶᠢᠲᠡ 3.38 ᠲᠦᠮᠡ | ᠰᠢᠢᠳᠪᠦᠷᠢᠯᠡᠵᠤ᠂ 3.48 ᠲᠦᠮᠡᠨ ᠡᠷᠦᠬᠡ ᠳᠤ ᠬᠤᠯᠪᠤᠭᠳᠠᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠭ᠎ᠠ ᠳᠠᠬᠢ ᠪᠤᠴᠠᠵᠤ ᠨᠡᠭᠦᠬᠦ ᠳᠤ ᠬᠦᠴᠢᠷ᠂ | ᠣᠷᠣᠵᠤ ᠰᠠᠭᠤᠬᠤ ᠳᠤ ᠬᠦᠴᠢᠷ᠂ ᠦᠨᠡᠮᠯᠡᠯ ᠭᠦᠢᠴᠡᠳᠭᠡᠬᠦ ᠳᠤ ᠬᠦᠴᠢᠷᠲᠡᠶ 104 ᠲᠡᠤᠬᠡ ᠶᠢᠨ ᠠᠰᠠᠭᠤᠳᠠᠯ ᠢ ᠣᠶᠤᠨ ᠴᠢᠳᠠᠯ ᠢᠶᠠᠨ ᠲᠥᠪᠯᠡᠷᠡᠭᠦᠯᠦᠨ | ᠰᠢᠢᠳᠪᠦᠷᠢᠯᠡᠪᠡ᠃ | ︵ᠬᠤᠶᠠᠷ︶ ᠣᠨᠣᠴᠠᠲᠠᠶ ᠪᠦᠲᠦᠮᠵᠢᠲᠡᠶ ᠠᠷᠭ᠎ᠠ ᠪᠤᠳᠤᠯᠭ᠎ᠠ ᠬᠡᠷᠡᠭᠵᠢᠭᠦᠯᠵᠦ᠂ ᠭᠤᠷᠪᠠᠨ ᠰᠢᠪᠲᠤᠯᠤᠯᠲᠠ ᠵᠠᠩᠭᠢᠯᠠᠭ᠎ᠠ ᠶᠢᠨ ᠠᠬᠢᠴᠠ ᠲᠠᠢ ᠪᠣᠯᠪᠠ᠃ | ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢ ᠴᠢᠩᠳᠠᠯᠠᠵᠤ᠂ ᠥᠷᠢ ᠰᠢᠷᠢ ᠶᠢ ᠠᠷᠢᠯᠭᠠᠬᠤ 20 ᠰᠠᠨᠠᠯ ᠢ | ᠨᠠᠶᠢᠳᠠᠪᠤᠷᠢᠵᠢᠭᠤᠯᠵᠤ᠂ ᠣᠨ ᠤ ᠥᠷᠢ ᠰᠢᠷᠢ ᠶᠢ ᠠᠷᠢᠯᠭᠠᠬᠤ ᠡᠭᠦᠷᠭᠡ ᠪᠠᠨ ᠲᠠᠪᠠᠭᠤᠯᠤᠨ ᠪᠡᠶᠡᠯᠡᠭᠦᠯᠵᠦ᠂ ︽ᠠᠷᠪᠠᠨ ᠪᠦᠷᠢᠨ︾ ᠯᠦᠭᠡ ᠰᠢᠭᠤᠳ ᠬᠤᠯᠪᠣᠭᠳᠠᠯ | ᠪᠦᠬᠦᠢ ᠪᠠᠷᠢᠯᠭ᠎ᠠ ᠶᠢᠨ ᠮᠦᠩᠭᠦ ᠶᠢ ᠪᠥᠷ ᠲᠦᠯᠦᠵᠤ ᠳᠠᠭᠤᠰᠬᠠᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠤᠵᠤ ᠪᠠᠶᠢᠭᠰᠠᠨ ᠥᠷᠢ ᠰᠢᠷᠢ ᠶᠢ ᠨᠡᠶᠢᠳᠡ 74.9 ᠳ᠋ᠦᠩᠰᠢᠭᠤᠷ ᠲᠦᠭᠦᠷᠢᠭ ᠲᠦᠯᠦᠵᠦ ᠳᠠᠭᠤᠰᠬᠠᠪᠠ᠃ | ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ᠂ ᠮᠠᠭᠤ ᠰᠠᠨᠠᠭ᠎ᠠ ᠲᠠᠢ ᠪᠠᠷ ᠥᠷᠢ ᠥᠭᠴᠡᠭᠡ ᠪᠠᠨ ᠲᠥᠯᠥᠬᠦ ᠠᠴᠠ ᠵᠠᠶᠢᠯᠠᠭᠰᠠ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ 12.4 ᠳ᠋ᠦᠩᠰᠢᠭᠤᠷ ᠲᠥᠭᠦᠷᠢᠭ ᠤᠨ ᠡᠷᠡᠭᠦᠯ ᠪᠤᠰᠤ ᠵᠢᠭᠡᠯᠡᠯᠭᠡ ᠶᠢ ᠴᠡᠪᠡᠷᠯᠡᠨ ᠬᠤᠷᠢᠶᠠᠵᠤ᠂ ᠮᠠᠯᠵᠢᠬᠤ ᠲᠠᠷᠢᠶᠠᠯᠠᠬᠤ ᠣᠷᠣᠨ ᠤ 2. | 85 ᠳ᠋ᠦᠩᠰᠢᠭᠤᠷ ᠲᠥᠭᠦᠷᠢᠭ ᠤᠨ ᠥᠨᠳᠥᠷ ᠬᠦᠦ ᠲᠠᠢ ᠵᠢᠭᠡᠯᠡᠯᠭᠡ ᠶᠢ ᠰᠢᠢᠳᠪᠦᠷᠢᠯᠡᠪᠡ᠃ | ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠤ᠂ ᠬᠠᠷᠠᠯᠲᠠ ᠪᠠᠷᠢᠮᠵᠢᠶ᠎ᠠ ᠶᠢ | ᠪᠠᠷᠢᠮᠲᠠᠯᠠᠨ᠂ ᠪᠥᠬᠦ ᠲᠠᠯ᠎ᠠ ᠪᠠᠷ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠶ | ᠲᠣᠭᠤᠷᠢᠨ ᠪᠠᠶᠢᠴᠠᠭᠠᠯᠲᠠ ᠪᠠ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ | ᠲᠤᠰᠬᠠᠭᠰᠠᠨ 79 ᠪᠣᠳᠠᠲᠠᠶ ᠠᠰᠠᠭᠤᠳᠠᠯ ᠢ ᠪᠦᠷ ᠴᠠᠭ ᠤᠨ ᠳᠠᠷᠠᠭᠠᠯᠠᠯ ᠢᠶᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠪᠡ᠃ ᠨᠤᠷᠠᠬᠤ ᠠᠶᠤᠯᠲᠠᠶ ᠬᠡᠷ | ᠪᠠᠶᠢᠰᠢᠩ ᠢ ᠥᠭᠡᠷᠡᠴᠢᠯᠡᠨ ᠵᠠᠰᠠᠬᠤ᠂ ᠤᠤᠭᠤᠬᠤ ᠤᠰᠤᠨ ᠤ ᠠᠮᠤᠷ ᠲᠦᠪᠰᠢᠨ ᠵᠡᠷᠭᠡ ᠠᠷᠪᠠᠨ ᠵᠦᠢᠯ ᠤᠨ ︽ᠴᠡᠪᠡᠷᠯᠡᠨ ᠠᠷᠢᠯᠭᠠᠵᠤ ᠪᠠᠷᠢᠮᠵᠢᠶ᠎ᠠ ᠳᠤ ᠬᠦᠷᠭᠡᠬᠦ︾ | ᠡᠭᠦᠷᠭᠡ ᠶᠢ ᠪᠦᠷ ᠪᠡᠶᠡᠯᠡᠭᠦᠯᠪᠡ᠃ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ 15.2 ᠳ᠋ᠦᠩᠰᠢᠭᠤᠷ ᠲᠥᠭᠦᠷᠢᠭ ᠡᠮᠬᠢᠯᠡᠨ | ᠨᠡᠶᠢᠯᠡᠭᠦᠯᠵᠦ᠂ ᠠᠵᠤ ᠦᠢᠯᠡᠰ᠂ ᠣᠨᠳᠣᠣ ᠭᠠᠵᠠᠷ ᠲᠤ ᠨᠡᠭᠦᠯᠭᠡᠬᠦ ᠵᠡᠷᠭᠡ ᠶᠠᠳᠠᠭᠤ ᠶᠢ ᠲᠡᠳᠬᠦᠬᠦ ᠲᠥᠷᠥᠯ ᠵᠦᠢᠯ ᠢ 266 ᠬᠡᠷᠡᠭᠵᠢᠭᠦᠯᠪᠡ᠃ 1.52 ᠲᠦᠮᠡᠨ | ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠤᠷᠤᠭᠴᠢᠳ ᠲᠤ 4031 ᠲᠦᠮᠡᠨ ᠲᠥᠭᠦᠷᠢᠭ ᠤᠨ ᠰᠤᠷᠭᠠᠨ ᠬᠦᠮᠦᠵᠢᠯ ᠤᠨ ᠨᠥᠬᠦᠪᠥᠷᠢ ᠪᠠᠯᠠ ᠮᠥᠩᠭᠦ ᠲᠠᠷᠬᠠᠭᠠᠵᠤ᠂ | ᠶᠠᠳᠠᠭᠤ ᠬᠦᠴᠢᠷᠳᠡᠯᠲᠡᠶ ᠡᠪᠡᠳᠴᠢᠲᠡᠨ ᠤ ᠡᠮᠨᠡᠯᠭᠡ ᠳᠤ ᠰᠠᠭᠤᠬᠤ ᠵᠠᠷᠤᠳᠠᠯ ᠤᠨ ᠥᠪᠡᠰᠦᠪᠡᠨ ᠳᠥᠯᠥᠬᠦ ᠳᠤᠮᠳᠠᠴᠢ ᠬᠠᠷᠢᠴᠠᠯ ᠢ 10% ᠣᠷᠴᠢᠮ ᠪᠣᠯᠭᠠᠨ | ᠪᠠᠭᠤᠷᠠᠭᠤᠯᠵᠤ᠂ ᠨᠦᠭᠦᠴᠡᠯ ᠳᠤ ᠨᠡᠶᠢᠴᠡᠭᠰᠡᠨ 1.54 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠨᠠᠭᠠᠳᠤ ᠵᠠᠬ᠎ᠠ ᠶᠢᠨ ᠠᠮᠢᠲᠤᠷᠠᠯ ᠤᠨ ᠪᠠᠲᠤᠯᠠᠭ᠎ᠠ ᠪᠠ | ᠣᠨᠴᠠ ᠬᠦᠴᠢᠷᠳᠡᠯᠲᠡᠶ ᠬᠥᠮᠦᠰ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯ ᠢ | ᠭᠦᠨᠵᠡᠭᠡᠢ ᠲᠦᠯᠬᠢᠨ ᠠᠬᠢᠭᠤᠯᠵᠤ᠂ ᠪᠡᠭᠡᠵᠢᠩ ᠬᠤᠲᠠ ᠶᠢᠨ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ 1.58 ᠳ᠋ᠦᠩᠰᠢᠭᠤᠷ ᠲᠥᠭᠦᠷᠢᠭ ᠬᠦᠷᠴᠦ᠂ | ᠶᠠᠳᠠᠭᠤ ᠶᠢ ᠲᠡᠳᠭᠦᠬᠦ ᠦᠢᠯᠡᠳᠪᠦᠷᠢ ᠶᠢᠨ ᠲᠠᠰᠤᠭ᠂ ᠬᠥᠳᠡᠯᠮᠦᠷᠢ ᠬᠦᠴᠦ ᠶᠢᠨ ᠠᠵᠢᠯ ᠣᠯᠭᠤᠬᠤ ᠬᠠᠮᠵᠢᠯᠴᠠᠭ᠎ᠠ ᠵᠡᠷᠭᠡ ᠵᠢᠯ ᠤᠨ ᠲᠤᠰᠠᠯᠠᠮᠵᠢ ᠶᠢᠨ ᠲᠥᠷᠥᠯ | ᠵᠦᠢᠯ ᠢ 83 ᠬᠡᠷᠡᠭᠵᠢᠭᠦᠯᠪᠡ᠃ ᠲᠥᠪ ᠤᠨ ᠴᠡᠭ ᠲᠣᠭᠲᠠᠭᠠᠨ ᠶᠠᠳᠠᠭᠤ ᠶᠢ ᠲᠡᠳᠭᠦᠭᠰᠡᠨ ᠨᠢᠭᠡᠴᠡ 1170 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠠᠯᠠ | ᠮᠥᠩᠭᠦ ᠶᠢ ᠰᠢᠭᠤᠳ ᠣᠷᠣᠭᠤᠯᠵᠤ᠂ 1024 ᠲᠦᠮᠡᠨ ᠲᠥᠭᠦᠷᠢᠭ ᠤᠨ ᠨᠡᠶᠢᠭᠡᠮ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢ ᠣᠷᠣᠭᠤᠯᠤᠨ ᠠᠪᠴᠢᠷᠠᠵᠤ᠂ | 4900 ᠭᠠᠷᠤᠢ ᠦᠨᠳᠦᠰᠦᠨ ᠱᠠᠲᠤᠨ ᠤ ᠺᠠᠳ᠋ᠷ ᠪᠠ ᠮᠡᠷᠭᠡᠵᠢᠯᠲᠡᠨ ᠢ ᠣᠶᠤᠨ ᠤᠬᠠᠭᠠᠨ ᠢᠶᠠᠷ ᠬᠠᠪᠰᠤᠷᠤᠨ ᠲᠡᠳᠬᠦᠵᠦ ᠪᠣᠯᠪᠠᠰᠤᠷᠠᠭᠤᠯᠪᠠ᠃ ᠶᠠᠳᠠᠭᠤ ᠠᠴᠠ | ᠠᠩᠭᠢᠵᠢᠷᠠᠭᠤᠯᠤᠨ ᠡᠩᠨᠡᠭᠡ ᠠᠴᠠ ᠭᠠᠷᠭᠠᠬᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠦᠬᠦ ᠵᠢᠯ ᠳᠤ ᠲᠠᠩᠰᠠ ᠵᠤᠬᠢᠶᠠᠨ ᠺᠠᠷᠲ ᠲᠠᠭᠯᠠᠭᠰᠠᠨ | 27660 ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠪᠤᠯᠬᠤ ᠨᠤᠷᠮ᠎ᠠ 0.08% ᠪᠣᠯᠲᠠᠯ᠎ᠠ | ᠪᠠᠭᠤᠷᠠᠭᠤᠯᠵᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠨᠠᠢᠮᠠᠨ ᠬᠤᠰᠢᠭᠤ᠂ ᠬᠦᠷᠢᠶ᠎ᠡ ᠬᠤᠰᠢᠭᠤ ᠶᠢᠨ ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠪᠡ᠃ | ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢᠨ ᠤᠯᠠᠭᠠᠨ ᠦᠬᠡᠷ ᠤᠨ ᠠᠵᠤ ᠦᠢᠯᠡᠰ ᠢᠶᠠᠷ ᠶᠠᠳᠠᠭᠤ ᠶᠢ ᠣᠨᠤᠭ᠎ᠠ ᠲᠡᠳᠭᠦᠭᠰᠡᠨ᠂ ᠵᠠᠷᠤᠳ ᠬᠤᠰᠢᠭᠤ ᠶᠢᠨ | ᠤᠯᠠᠨ ᠲᠦᠮᠡᠨ ᠤ ᠶᠠᠳᠠᠭᠤ ᠶᠢ ᠰᠢᠭᠦᠮᠵᠢᠯᠡᠨ ᠶᠠᠷᠢᠯᠴᠠᠬᠤ ᠬᠤᠷᠠᠯ ᠤᠨ ᠲᠦᠷᠢᠮ ᠪᠦᠬᠦ ᠪᠥᠮᠪᠥᠷᠴᠡᠭ ᠤᠨ ᠶᠠᠳᠠᠭᠤ ᠶᠢ ᠲᠡᠳᠭᠦᠭᠰᠡᠨ ᠰᠢᠯᠢᠳᠡᠭ ᠬᠡᠷᠡᠭ ᠤᠨ | ᠵᠢᠱᠢᠶ᠎ᠡ ᠪᠠᠷ ᠦᠨᠡᠯᠡᠭᠳᠡᠪᠡ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠢᠳᠡᠪᠬᠢᠲᠡᠢ ᠠᠬᠢᠴᠠ ᠲᠠᠢ ᠪᠣᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ 22 ᠠᠰᠠᠭᠤᠲᠠᠯ ᠤᠨ 19 ᠶᠢ ᠴᠡᠭᠴᠡᠯᠡᠨ ᠰᠠᠶᠢᠵᠢᠷᠠᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ ᠪᠦᠳᠦᠭᠦᠯᠢᠭ ᠨᠡᠭᠡᠭᠡᠨ ᠠᠰᠢᠭᠯᠠᠭᠰᠠᠨ᠂ ᠬᠤᠷᠴᠢᠨ ᠲᠣᠭᠤᠷᠢᠭ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠳᠠᠬᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠪᠤᠴᠠᠭᠠᠨ ᠭᠠᠷᠭᠠᠭᠰᠠᠨ ᠵᠡᠷᠭᠡ ᠠᠰᠠᠭᠤᠳᠠᠯ ᠤᠨ ᠲᠠᠯ᠎ᠠ ᠪᠠᠷ ᠵᠢᠯ ᠤᠨ | ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ | ᠬᠠᠷᠠᠭᠠᠳ︾ ᠬᠠᠷᠢᠭᠤ ᠲᠤᠰᠬᠠᠭᠰᠠᠨ 24 ᠠᠰᠠᠭᠤᠳᠠᠯ ᠤᠨ 15 ᠶᠢ ᠴᠡᠭᠴᠡᠯᠡᠨ ᠰᠠᠶᠢᠵᠢᠷᠠᠭᠤᠯᠵᠤ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ᠂ | ᠬᠤᠷᠤᠭ᠎ᠠ ᠶᠢᠨ ᠲᠤᠲᠤᠷᠠᠬᠢ ᠤᠷᠴᠢᠨ ᠤ ᠪᠠᠶᠢᠭᠤᠯᠤᠯᠲᠠ ᠵᠡᠷᠭᠡ 9 ᠠᠰᠠᠭᠤᠳᠠᠯ ᠢ ᠶᠠᠭ ᠴᠠᠭ ᠤᠨ ᠳᠠᠷᠠᠭᠠᠯᠠᠯ ᠢᠶᠠᠷ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃ | ᠬᠥᠩᠭᠡᠨ ᠴᠠᠭᠠᠨ ᠤ ᠴᠠᠬᠢᠯᠭᠠᠨ ᠵᠠᠲᠠᠯᠤᠯᠲᠠ ᠶᠢᠨ ᠲᠣᠭᠤᠰᠣ ᠠᠷᠢᠯᠭᠠᠬᠤ᠂ ᠵᠤᠭᠠᠩ ᠤᠨ ᠠᠷᠭ᠎ᠠ ᠪᠠᠷ ᠬᠦᠬᠦᠷ ᠦᠭᠡᠶᠢᠳᠡᠭᠦᠯᠦᠨ ᠹᠯᠣᠷ ᠦᠭᠡᠶᠢᠳᠡᠭᠦᠯᠬᠦ ᠮᠡᠷᠭᠡᠵᠢᠯ | ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠨᠢᠭᠡᠳᠦᠭᠡᠷ ᠳᠡᠰ ᠤᠨ ᠱᠠᠩᠨᠠᠯ ᠢ | ᠬᠦᠷᠲᠡᠪᠡ᠃ ᠢᠯᠴᠢ ᠶᠢᠨ ᠴᠠᠬᠢᠯᠭᠠᠨ ᠤ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢᠨ ᠬᠡᠲᠦ ᠪᠠᠭ᠎ᠠ ᠪᠤᠬᠢᠷᠲᠤᠯ ᠭᠠᠳᠠᠭᠰᠢᠯᠠᠭᠤᠯᠬᠤ ᠥᠭᠡᠷᠡᠴᠢᠯᠡᠯᠲᠡ ᠪᠠ | ᠨᠡᠭᠦᠷᠡᠰᠦ ᠶᠢ ᠰᠢᠭᠤᠤᠨ ᠰᠢᠲᠠᠭᠠᠬᠤ ᠵᠠᠰᠠᠯᠲᠠ ᠶᠢ ᠲᠦᠯᠬᠢᠨ ᠠᠬᠢᠭᠤᠯᠤᠭᠰᠠᠨ ᠠᠴᠠ ᠠᠭᠠᠷ ᠮᠠᠨᠲᠠᠯ ᠤᠨ ᠰᠢᠯᠢᠳᠡᠭ ᠰᠠᠶᠢᠨ ᠡᠳᠦᠷ ᠤᠨ ᠲᠤᠭ᠎ᠠ 317 ᠬᠤᠨᠤᠭ | ᠪᠤᠯᠵᠤ᠂ 89.8% ᠶᠢ ᠡᠵᠡᠯᠡᠪᠡ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 157 ᠭᠤᠤᠯ | ᠮᠥᠷᠡᠨ ᠨᠠᠭᠤᠷ ᠴᠥᠭᠦᠷᠥᠮ ᠤᠨ ︽ᠳᠥᠷᠪᠡᠨ ᠡᠷᠦᠶ ᠬᠤᠷᠤᠶ ᠥᠬᠡᠶ ᠪᠠᠶᠢᠬᠤ︾ ᠠᠰᠠᠭᠤᠳᠠᠯ ᠢ ᠪᠦᠷ ᠴᠡᠭᠴᠡᠯᠡᠨ ᠰᠠᠶᠢᠵᠢᠷᠠᠭᠤᠯᠪᠠ᠃ ᠬᠤᠲᠠ ᠪᠠᠯᠭᠠᠤᠨ ᠤᠨ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠦᠷᠢᠮᠦᠰᠦᠨ ᠪᠠᠷᠢᠮᠵᠢᠶ᠎ᠠ ᠳᠤ ᠬᠦᠷᠭᠡᠵᠦ᠂ ᠰᠠᠩ ᠳ᠋ᠧ ᠬᠡᠮᠡᠬᠦ ᠤᠰᠤᠨ ᠤ ᠶᠠᠪᠤᠳᠠᠯ ᠤᠨ ᠺᠣᠮᠫᠠᠨᠢ ᠡᠳᠦᠷ ᠲᠤ 8 | ᠲᠦᠮᠡᠨ ᠲᠣᠨ ᠤᠰᠤ ᠴᠡᠪᠡᠷᠯᠡᠬᠦ ᠪᠠᠷᠢᠮᠵᠢᠶ᠎ᠠ ᠶᠢ ᠳᠡᠭᠡᠭᠰᠢᠯᠡᠭᠦᠯᠦᠨ ᠥᠷᠭᠡᠳᠬᠡᠨ ᠪᠠᠶᠢᠭᠤᠯᠬᠤ ᠪᠠᠷᠢᠯᠭ᠎ᠠ ᠶᠢ ᠪᠠᠶᠢᠭᠤᠯᠤᠨ ᠠᠵᠢᠯᠯᠠᠭᠤᠯᠵᠤ᠂ ᠭᠤᠤᠯ ᠬᠤᠲᠠ | ᠲᠣᠭᠤᠷᠢᠭ ᠲᠠᠬᠢ ᠴᠡᠪᠡᠷᠯᠡᠭᠰᠡᠨ ᠤᠰᠤ ᠶᠢ ᠪᠤᠴᠠᠭᠠᠨ ᠬᠡᠷᠡᠭᠯᠡᠬᠦ ᠨᠣᠷᠮ᠎ᠠ 25% ᠬᠥᠷᠪᠡ᠃ ᠲᠠᠷᠢᠶᠠᠯᠠᠩ ᠤᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ | ᠠᠬᠢᠭᠤᠯᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ ᠬᠡᠷᠡᠭᠯᠡᠬᠦ | ᠬᠡᠮᠵᠢᠶ᠎ᠡ ᠶᠢ ᠲᠤᠰ ᠲᠤᠰ 3.1% ᠪᠠ 4.1% ᠪᠠᠭᠤᠷᠠᠪᠠ᠃ ᠪᠦᠬᠦ ᠬᠤᠲᠠ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠡᠳᠦᠷ ᠲᠤ ᠰᠢᠢᠳᠪᠦᠷᠢᠯᠡᠬᠦ ᠴᠢᠳᠠᠪᠤᠷᠢ | 22.4 ᠲᠣᠨ ᠬᠦᠷᠴᠦ᠂ ᠡᠳᠦᠷ ᠤᠨ ᠭᠠᠷᠭᠠᠭᠰᠠᠨ ᠢ ᠡᠲᠦᠷ ᠲᠤ ᠴᠡᠪᠡᠷᠯᠡᠬᠦ᠂ ᠳᠦᠷᠢᠮᠵᠢᠭᠦᠯᠦᠨ ᠬᠤᠷᠢᠶᠠᠨ ᠰᠢᠯᠵᠢᠭᠦᠯᠬᠦ᠂ ᠠᠮᠤᠷ ᠲᠦᠪᠰᠢᠨ ᠢᠶᠠᠷ | ᠰᠢᠢᠳᠪᠦᠷᠢᠯᠡᠬᠦ ᠶᠢ ᠪᠡᠶᠡᠯᠡᠭᠦᠯᠪᠠ᠃ | ︵ᠭᠤᠷᠪᠠ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠰᠢᠨ᠎ᠡ ᠠᠯᠬᠤᠮ ᠢ ᠠᠯᠬᠤᠪᠠ᠃ ᠤᠰᠤᠨ ᠤ ᠬᠡᠮᠵᠢᠶ᠎ᠡ ᠪᠠᠷ ᠠᠵᠢᠯᠯᠠᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠠᠮᠢ ᠠᠬᠤᠢ ᠶᠢᠨ | ᠮᠠᠯ ᠲᠠᠷᠢᠶᠠᠯᠠᠩ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠮᠢᠩᠭᠠᠨ ᠲᠦᠮᠡᠨ ᠮᠦ ᠲᠠᠷᠢᠶᠠᠯᠠᠩ ᠤᠨ ᠥᠨᠳᠥᠷ ᠦᠷ᠎ᠡ ᠠᠰᠢᠭᠲᠤ ᠤᠰᠤ ᠠᠷᠪᠢᠯᠠᠬᠤ | ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠠᠮᠤ ᠪᠤᠳᠠᠭᠠᠨ ᠤ ᠬᠤᠷᠢᠶᠠᠯᠲᠠ 169.7 ᠳ᠋ᠦᠩᠰᠢᠭᠤᠷ ᠵᠢᠩ ᠬᠥᠷᠴᠤ᠂ 6.4 ᠳ᠋ᠦᠩᠰᠢᠭᠤᠷ ᠵᠢᠩ | ᠨᠡᠮᠡᠭᠲᠡᠪᠡ᠃ ᠮᠠᠯ ᠲᠠᠷᠢᠶᠠᠯᠠᠩ ᠤᠨ ᠠᠵᠤ ᠠᠬᠤᠢ ᠶᠢᠨ ᠪᠠᠷᠢᠮᠵᠢᠶᠠᠵᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠷᠴᠢᠨ ᠤ ᠦᠬᠡᠷ | ᠠᠷᠠᠴᠢᠯᠠᠨ ᠬᠠᠮᠢᠶᠠᠷᠬᠤ ᠵᠡᠷᠭᠡ 10 ᠮᠡᠷᠭᠡᠵᠢᠯ ᠤᠨ ᠳᠦᠷᠢᠮ ᠢ ᠲᠣᠭᠲᠠᠭᠠᠨ ᠬᠡᠷᠡᠭᠵᠢᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠪᠠᠷᠢᠮᠵᠢᠶ᠎ᠠ ᠪᠤᠯᠭᠠᠪᠠ᠃ ᠮᠠᠯ ᠤᠨ ᠠᠵᠤ ᠠᠬᠤᠢ ᠶᠢᠨ ᠤᠨ ᠤ ᠲᠤᠭᠠᠯᠠᠯᠭ᠎ᠠ ᠳᠤ ᠠᠯᠠᠰᠢᠨ ᠦᠬᠡᠷ 241.7 ᠲᠦᠮᠡ ᠬᠦᠷᠴᠦ᠂ ᠨᠢᠲᠤᠨᠤᠨ ᠤ ᠬᠢ ᠠᠴᠠ 15.8% | ᠨᠡᠮᠡᠭᠳᠡᠪᠡ᠃ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ 1698 ᠰᠢᠨ᠎ᠡ ᠪᠠᠷ ᠨᠡᠮᠡᠭᠲᠡᠵᠤ᠂ 6813 ᠪᠤᠯᠪᠠ᠃ ᠬᠤᠲᠠ ᠶᠢᠨ ᠱᠠᠲᠤᠨ ᠠᠴᠠ | ᠳᠡᠭᠡᠭᠰᠢᠬᠢ ᠮᠠᠯ ᠲᠠᠷᠢᠶᠠᠯᠠᠩ ᠤᠨ ᠠᠵᠤ ᠠᠬᠤᠶ ᠶᠢᠨ ᠠᠵᠤ ᠦᠶᠢᠯᠡᠰᠵᠢᠭᠰᠡᠨ ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ 107 ᠪᠤᠯᠵᠤ᠂ 33 ᠲᠦᠮᠡᠨ | ᠡᠷᠦᠬᠡ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠪᠠ᠃ ︽ᠭᠤᠷᠪᠠᠨ ᠪᠦᠲᠦᠭᠡᠭᠳᠡᠬᠦᠨ︾ ᠤ ᠭᠡᠷᠡᠴᠢᠯᠡᠭᠡ ᠲᠠᠢ 34 ᠦᠢᠯᠡᠳᠭᠦᠨ ᠰᠢᠨ᠎ᠡ ᠪᠠᠷ ᠨᠡᠮᠡᠭᠳᠡᠵᠦ᠂ | 460 ᠪᠣᠯᠵᠣ᠂ ᠪᠣᠬᠢᠷᠲᠤᠯ ᠥᠬᠡᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠱᠤᠱᠢᠭ᠎ᠠ ᠶᠢᠨ ᠦᠨ᠎ᠡ ᠥᠷᠲᠡᠭ ᠪᠠ ᠨᠥᠯᠥᠭᠡᠯᠡᠬᠦ | ᠬᠦᠴᠦᠨ ᠤᠯᠠᠮ ᠨᠢᠭᠡ ᠠᠯᠬᠤᠮ ᠲᠡᠭᠡᠭᠰᠢᠯᠡᠪᠡ᠃ ᠲᠦᠩᠯᠢᠶᠣᠤ ᠶᠢᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠤᠭ᠎ᠠ ᠰᠢᠨᠵᠢᠯᠡᠬᠦ | ᠤᠬᠠᠭᠠᠨ ᠮᠡᠷᠭᠡᠵᠢᠯ ᠤᠨ ᠶᠠᠮᠤᠨ ᠤ ᠰᠢᠯᠭᠠᠯᠲᠠ ᠶᠢ ᠥᠩᠭᠡᠷᠡᠭᠡᠪᠡ᠃ | ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠦ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠨ᠂ | ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ 209 ᠬᠡᠷᠡᠭᠵᠢᠭᠦᠯᠵᠦ᠂ ᠠᠵᠤ ᠦᠢᠡᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 214.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ 15.2% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ 46% ᠶᠢ ᠡᠵᠡᠯᠡᠪᠡ᠃ | ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 11 ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ 221 ᠪᠤᠯᠵᠤ᠂ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠨᠢᠲᠤᠨᠤᠨ ᠤ ᠬᠢ ᠠᠴᠠ 3.2% ᠨᠡᠮᠡᠭᠳᠡᠵᠦ᠂ ᠠᠵᠤ ᠠᠬᠤᠶᠢᠯᠠᠯ ᠤᠨ ᠭᠤᠣᠯ ᠡᠵᠡᠩᠨᠡᠯᠲᠡ ᠶᠢᠨ ᠣᠷᠣᠯᠭ᠎ᠠ 21.4% | ᠨᠡᠮᠡᠭᠳᠡᠵᠦ᠂ ᠠᠰᠢᠭ ᠬᠤᠨᠵᠢᠪᠣᠷᠢ ᠶᠢᠨ ᠶᠡᠷᠦᠩᠬᠡᠢ ᠬᠡᠮᠵᠢᠶ᠎ᠡ 11.5% ᠨᠡᠮᠡᠭᠳᠡᠪᠡ᠃ ᠪᠣᠬᠢᠷᠲᠤᠯ ᠥᠬᠡᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ | ᠂ ᠪᠣᠬᠢᠷᠲᠤᠯ ᠥᠬᠡᠶ ᠨᠡᠭᠦᠷᠡᠰᠦ ᠴᠠᠬᠢᠯᠭᠠᠨ ᠬᠦᠩᠭᠡᠨᠴᠠᠭᠠᠨ᠂ ᠨᠢᠺᠧᠯ ᠤᠨ ᠣᠷᠴᠢᠯ ᠵᠡᠷᠭᠡ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ 9 ᠰᠢᠨ᠎ᠡ | ᠦᠢᠯᠡᠳᠭᠦᠨ ᠢ ᠨᠡᠭᠡᠭᠡᠨ ᠬᠥᠭᠵᠢᠭᠦᠯᠵᠦ᠂ ᠱᠧᠩ ᠰᠢᠤᠸᠠᠢ ᠳ᠋ᠠ ᠴᠧᠩ ᠬᠡᠮᠡᠬᠦ ᠶᠡᠷᠦᠩᠬᠡᠶᠢᠯᠡᠭᠰᠡᠨ ᠲᠥᠷᠥᠯ ᠤᠨ ᠡᠮ ᠡᠮᠨᠡᠯᠭᠡ ᠶᠢᠨ ᠠᠵᠤ ᠦᠢᠯᠡᠰ ᠤᠨ ᠨᠢᠭᠡᠳᠦᠭᠡᠷ | ᠬᠤᠭᠤᠴᠠᠭ᠎ᠠ᠂ ᠰᠢᠤᠢ ᠶᠠᠩ ᠬᠡᠮᠡᠬᠦ 5 ᠲᠦᠮᠡᠨ ᠲᠣᠨ ᠪᠥᠮᠪᠥᠭᠡᠯᠢᠭ ᠬᠥᠩᠭᠡᠨ ᠴᠠᠭᠠᠨ ᠤ ᠨᠤᠨᠲᠠᠭ ᠤᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠵᠢᠩ ᠠᠨ ᠬᠡᠮᠡᠬᠦ ᠨᠢᠺᠧᠯ ᠤᠨ ᠰᠠᠭᠤᠷᠢ ᠬᠠᠶᠢᠯᠤᠰᠢ ᠶᠢᠨ ᠨᠢᠭᠡᠳᠦᠭᠡᠷ ᠬᠤᠭᠤᠴᠠᠭᠠᠨ ᠤ 18 ᠵᠤᠷᠪᠤᠰ ᠵᠢᠯ ᠳᠤ | 120 ᠲᠦᠮᠡᠨ ᠲᠣᠨ ᠨᠢᠺᠧᠯ ᠲᠡᠮᠦᠷ ᠤᠨ ᠦᠢᠯᠡᠳᠪᠤᠷᠢᠯᠡᠯ ᠤᠨ ᠱᠤᠭᠤᠮ᠂ ᠯᠢᠶᠠᠨ ᠱᠧᠩ ᠬᠤᠤᠰ ᠲᠡᠭ ᠤᠨ ᠪᠠᠷᠢᠮᠵᠢᠶ᠎ᠠ ᠲᠠᠢ ᠴᠠᠭᠠᠰᠤ ᠦᠢᠯᠡᠳᠪᠤᠷᠢᠯᠡᠭᠦ ᠲᠥᠷᠥᠯ | ᠵᠦᠢᠯ ᠤᠨ ᠭᠤᠤᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠪᠡ᠃ 14 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠰᠢᠨ᠎ᠡ ᠪᠠᠷ ᠨᠡᠮᠡᠭᠰᠡᠨ ᠪᠠ ᠪᠠᠳᠤᠯᠠᠵᠤ᠂ | 34 ᠪᠣᠯᠵᠣ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠨᠢᠳᠤᠨᠤᠨ ᠤ ᠬᠢ ᠠᠴᠠ 6.4% ᠨᠡᠮᠡᠭᠳᠡᠪᠡ᠃ ᠮᠠᠨ ᠤ ᠬᠤᠲᠠ ᠶᠢ | ᠤᠯᠤᠰ ᠠᠴᠠ ᠤᠳᠤᠬᠢᠴᠢ ᠡᠨᠧᠷᠭᠢ ᠶᠢᠨ ᠬᠦᠷᠢᠶ᠎ᠡ ᠴᠠᠷᠠᠭ᠎ᠠ ᠶᠢᠨ ᠲᠤᠷᠰᠢᠯᠲᠠ ᠶᠢᠨ ᠴᠡᠭ ᠢᠶᠠᠷ ᠲᠣᠭᠲᠠᠭᠠᠪᠠ᠃ ᠲᠦᠩᠯᠢᠶᠣᠤ ᠶᠢᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠲᠡᠬᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ | ᠪᠤᠯᠭᠠᠪᠠ᠃ | ᠤᠲᠤᠬᠢᠴᠢ ᠦᠢᠯᠡᠴᠢᠯᠡᠭᠡᠨ ᠤ ᠦᠢᠯᠡᠰ ᠲᠦᠷᠭᠡᠨ ᠦᠰᠦᠨ ᠪᠤᠶᠢᠵᠢᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ | 26 ᠰᠢᠨ᠎ᠡ ᠪᠠᠷ ᠨᠡᠮᠡᠭᠳᠡᠵᠦ᠂ 104 ᠪᠣᠯᠵᠤ᠂ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠠᠷᠠᠯᠵᠢᠶᠠᠨ ᠤ ᠠᠵᠤ ᠠᠬᠤᠶᠢᠯᠠᠯ 52 ᠰᠢᠨ᠎ᠡ ᠪᠠᠷ ᠨᠡᠮᠡᠭᠳᠡᠵᠦ᠂ | 206 ᠪᠣᠯᠪᠠ᠃ ᠪᠦᠬᠦ ᠵᠢᠯ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ 927.3 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ | ᠨᠢᠳᠤᠨᠤᠨ ᠤ ᠬᠢ ᠠᠴᠠ 21.9% ᠪᠠᠷ ᠨᠡᠮᠡᠭᠳᠡᠵᠦ᠂ ᠲᠡᠮᠦᠷ ᠵᠠᠮ ᠤᠨ ᠵᠢᠯ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠮᠢᠩᠭᠠᠨ ᠲᠦᠮᠡᠨ ᠬᠥᠮᠦᠨ ᠤᠳᠠᠭ᠎ᠠ ᠶᠢ | ᠳᠠᠪᠠᠵᠤ᠂ ᠲᠦᠩᠯᠢᠶᠣᠤ ᠶᠢᠨ ᠨᠢᠰᠬᠡᠯ ᠤᠨ ᠪᠠᠭᠤᠲᠠᠯ ᠤᠨ ᠵᠢᠯ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠵᠠᠭᠤᠨ ᠲᠦᠮᠡᠨ ᠬᠥᠮᠦᠨ ᠤ ᠡᠩᠨᠡᠭᠡᠨ ᠳᠤ ᠣᠷᠣᠪᠠ᠃ | ᠱᠧᠨ ᠲᠦᠩ ᠬᠡᠮᠡᠬᠦ ᠪᠠᠷᠠᠭᠠᠨ ᠤ ᠬᠦᠢᠯᠭᠡᠭᠡᠨ ᠤ ᠬᠤᠷᠤᠭ᠎ᠠ᠂ ᠮᠧᠩ ᠸᠠᠩ ᠬᠡᠮᠡᠬᠦ ᠡᠮ ᠡᠮᠨᠡᠯᠭᠡ ᠶᠢᠨ ᠪᠠᠷᠠᠭᠠᠨ ᠤ ᠭᠦᠢᠯᠭᠡᠭᠡᠨ ᠤ ᠬᠤᠷᠤᠭ᠎ᠠ ᠶᠢᠨ ᠨᠢᠭᠡᠳᠦᠭᠡᠷ | ᠬᠤᠭᠤᠴᠠᠭᠠᠨ ᠤ ᠢᠨᠵᠧᠨᠧᠷᠢᠩ᠂ ᠶᠦᠨ ᠳ᠋ᠡ ᠬᠡᠮᠡᠬᠦ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠲᠥᠪ ᠤᠨ ᠭᠤᠷᠪᠠᠳᠤᠭᠠᠷ | ᠬᠤᠭᠤᠴᠠᠭᠠᠨ ᠤ ᠢᠨᠵᠧᠨᠧᠷᠢᠩ ᠢ ᠠᠰᠢᠭᠯᠠᠯᠲᠠ ᠳᠤ ᠤᠷᠤᠭᠤᠯᠵᠤ᠂ ᠸᠢᠺᠲ᠋ᠤᠷᠢ ᠬᠡᠮᠡᠬᠦ ᠪᠦᠯᠦᠭᠯᠡᠯ ᠡᠷᠦᠬᠡ ᠪᠠᠨ ᠰᠡᠬᠦᠵᠤ᠂ ᠲᠦᠩᠯᠢᠶᠣᠤ ᠶᠢᠨ ᠭᠠᠶᠢᠯᠢ ᠪᠠᠲᠤᠯᠠᠬᠤ | ᠪᠠᠷᠠᠭᠠᠨ ᠤ ᠭᠦᠢᠯᠭᠡᠭᠡᠨ ᠤ ᠲᠥᠪ ︵B ᠬᠡᠯᠪᠡᠷᠢ︶ ᠥᠪᠡᠷᠲᠡᠭᠡᠨ ᠵᠠᠰᠠᠬᠤ ᠣᠷᠣᠨ ᠤ ᠴᠣᠬᠤᠯᠠᠪᠤᠷᠢ ᠶᠢ ᠤᠯᠪᠠ᠃ ᠨᠠᠢᠮᠠᠨ ᠬᠤᠰᠢᠭᠤ ᠶᠢᠨ ᠸᠠᠩ ᠤᠨ | ᠬᠤᠷᠤᠭ᠎ᠠ ᠶᠢᠨ ᠮᠦᠽᠧᠶ ᠶᠢ ᠤᠯᠤᠰ ᠤᠨ 4A ᠲᠠᠰ ᠤᠨ ᠦᠵᠡᠮᠵᠢ ᠶᠢᠨ ᠣᠷᠣᠨ ᠪᠣᠯᠭᠠᠨ ᠲᠡᠪᠰᠢᠭᠦᠯᠵᠤ᠂ ᠬᠠᠮᠪᠤ ᠶᠢᠨ ᠬᠠᠭᠤᠴᠢ ᠰᠤᠳᠤᠯᠤᠯ ᠤᠨ ᠪᠠᠭᠤᠷᠢ ᠶᠢᠨ | ᠴᠡᠴᠡᠷᠯᠢᠭ᠂ ᠰᠤᠭᠤ ᠶᠢᠨ ᠠᠶᠢᠯ ᠤᠨ ᠡᠯᠡᠰᠦᠨ ᠴᠥᠯ ᠤᠨ ᠦᠵᠡᠮᠵᠢ ᠶᠢᠨ ᠣᠷᠣᠨ ᠤᠯᠤᠰ ᠤᠨ 3A ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ | ᠬᠤᠷᠴᠢᠨ ᠤ 500 ᠺᠢᠯᠣᠮᠧᠲᠷ ᠲᠠᠷᠳᠠᠩ ᠵᠠᠮ ᠤᠨ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠲᠡᠪᠰᠢᠭᠦᠯᠵᠤ᠂ ︽ᠳᠤᠮᠳᠠᠳᠤ ᠤᠯᠤᠰ ᠤᠨ | ᠣᠨᠴᠠᠯᠢᠭ ᠪᠥᠬᠦᠶ ᠲᠠᠯ᠎ᠠ ᠨᠤᠲᠤᠭ ᠲᠤ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ ᠵᠣᠷᠢᠭᠰᠠᠨ ᠭᠠᠵᠠᠷ︾ ᠵᠡᠷᠭᠡ ᠢᠷᠠᠭᠤ ᠠᠯᠳᠠᠷ ᠢ ᠭᠥᠷᠳᠡᠪᠡ᠃ | ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠲᠠ ᠶᠢᠨ ᠬᠡᠪᠴᠢᠶ᠎ᠡ᠂ | ᠦᠪᠡᠷᠳᠡᠭᠡᠨ ᠵᠠᠰᠠᠬᠤ ᠣᠷᠣᠨ ᠠᠴᠠ ᠭᠠᠷᠬᠤ ᠲᠦᠷᠭᠡᠨ ᠵᠠᠮ ᠢ ᠪᠦᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ 1170 | ᠺᠢᠯᠣᠮᠧᠲᠷ ᠰᠢᠨ᠎ᠡ ᠪᠤᠶᠤ ᠥᠭᠡᠷᠡᠴᠢᠯᠡᠨ ᠪᠠᠶᠢᠭᠤᠯᠵᠤ᠂ ᠲᠦᠩᠯᠢᠶᠣᠤ ᠶᠢᠨ ᠨᠢᠰᠬᠡᠯ ᠤᠨ ᠪᠠᠭᠤᠳᠠᠯ ᠤᠨ ᠨᠢᠰᠦᠯᠲᠡ ᠶᠢᠨ ᠲᠣᠭᠤᠷᠢᠭ ᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠴᠤ᠂ ᠪᠡᠭᠡᠵᠢᠩ — ᠲᠦᠩᠯᠢᠶᠤᠤ ᠶᠢᠨ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ | ᠥᠭᠡᠷᠡᠴᠢᠯᠡᠯᠲᠡ ᠶᠢᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠲᠦᠩᠯᠢᠶᠣᠤ ᠠᠴᠠ ᠬᠤᠤᠯᠢᠨ ᠭᠤᠤᠯ ᠬᠦᠷᠬᠦ ᠪᠠᠶᠢᠭᠠᠯᠢ ᠶᠢᠨ ᠰᠢᠲᠠᠮᠠᠬᠠᠶ ᠬᠡᠢ ᠶᠢᠨ | ᠬᠤᠭᠤᠯᠠᠶ ᠶᠢ ᠪᠠᠶᠢᠭᠤᠯᠤᠨ ᠬᠡᠷᠡᠭᠯᠡᠵᠥ᠂ ᠨᠠᠢᠮᠠᠨ ᠤ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠠᠶᠢᠭᠤᠯᠤᠨ | ᠠᠵᠢᠯᠯᠠᠭᠤᠯᠵᠤ᠂ ᠪᠤᠶᠢᠳᠠ ᠪᠥᠭᠯᠡᠭᠦᠤ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠬᠡᠷᠡᠭᠯᠡᠬᠦ ᠳᠡᠰ ᠲᠡᠪᠰᠢᠭᠦᠯᠬᠦ ᠥᠭᠡᠷᠡᠴᠢᠯᠡᠯᠲᠡ ᠶᠢ ᠪᠦᠷᠢᠮᠦᠰᠦᠨ ᠪᠡᠶᠡᠯᠡᠭᠦᠯᠪᠡ᠃ | ᠭᠤᠣᠯ ᠬᠤᠲᠠ ᠲᠣᠭᠤᠷᠢᠭ ᠤᠨ ᠰᠢᠨ᠎ᠡ ᠵᠠᠭᠤᠨ ᠬᠡᠮᠡᠬᠦ ᠬᠥᠭᠦᠷᠭᠡ ᠶᠢᠨ ᠵᠠᠯᠭᠠᠯᠲᠠ ᠱᠤᠭᠤᠮ ᠵᠢᠴᠢ ᠵᠦᠷᠢᠯᠢᠭ ᠬᠦᠭᠦᠷᠭᠡ᠂ ᠬᠤᠣᠯᠢᠨ ᠭᠤᠣᠯ ᠵᠡᠭᠡᠯᠢ ᠶᠢᠨ ᠵᠡᠭᠦᠨ | ᠬᠠᠭᠠᠯᠭ᠎ᠠ ᠶᠢ ᠦᠷᠭᠡᠳᠭᠡᠨ ᠥᠭᠡᠷᠡᠴᠢᠯᠡᠬᠦ᠂ ᠬᠤᠩ ᠭᠤᠸᠠᠩ ᠬᠥᠭᠦᠷᠭᠡ ᠵᠡᠷᠭᠡ 7 ᠵᠦᠢᠯ ᠤᠨ ᠭᠤᠣᠯᠳᠠᠯᠭ᠎ᠠ ᠲᠠᠢ ᠵᠠᠮ ᠬᠥᠭᠦᠷᠭᠡ ᠶᠢᠨ ᠢᠨᠵᠧᠨᠧᠷᠢᠩ ᠢ ᠪᠠᠶᠢᠭᠤᠯᠤᠨ | ᠲᠡᠭᠦᠰᠭᠡᠵᠤ ᠲᠡᠷᠭᠡ ᠨᠡᠪᠲᠡᠷᠡᠭᠦᠯᠵᠦ᠂ ᠢᠯᠴᠢ ᠬᠠᠩᠭᠠᠬᠤ ᠬᠤᠭᠤᠯᠠᠢ ᠶᠢᠨ ᠯᠣᠤᠬ᠎ᠠ ᠭᠤᠣᠯ ᠢ ᠰᠤᠨᠳᠠᠯᠠᠭᠰᠠᠨ ᠢᠨᠵᠧᠨᠧᠷᠢᠩ᠂ ᠰᠢᠨ᠎ᠡ ᠬᠤᠲᠠ ᠲᠣᠭᠤᠷᠢᠭ ᠤᠨ | ᠢᠯᠴᠢ ᠬᠠᠩᠭᠠᠬᠤ ᠬᠤᠭᠤᠯᠠᠢ ᠱᠤᠭᠤᠮ ᠤᠨ ᠬᠤᠯᠪᠤᠨ ᠨᠡᠪᠲᠡᠷᠡᠬᠦᠯᠬᠦ ᠢᠨᠵᠧᠨᠧᠷᠢᠩ ᠤᠨ ᠠᠵᠢᠯ ᠳᠠᠭᠤᠰᠴᠤ᠂ ᠬᠤᠲᠠ ᠶᠢᠨ ᠪᠣᠷᠣ ᠲᠥᠯᠥᠪ ᠪᠠ ᠢᠵᠢ | ᠪᠦᠷᠢᠳᠦᠭᠦᠯᠬᠦ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | ︵ᠳᠥᠷᠪᠡ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠠᠶᠢᠵᠢᠷᠠᠭᠤᠯᠪᠠ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠪᠦᠬᠦ ᠲᠠᠯ᠎ᠠ ᠪᠠᠷ ᠡᠮᠬᠢᠯᠡᠬᠦ ᠶᠢᠨ | ᠬᠠᠮᠲᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ 71 ᠵᠠᠰᠠᠭ ᠵᠠᠬᠢᠷᠭᠠᠨ ᠤ ᠡᠷᠬᠡ ᠶᠢᠨ ᠵᠥᠢᠯ ᠢ ᠬᠠᠤᠯᠢ ᠶᠣᠰᠣᠭᠠᠷ ᠬᠦᠴᠦᠨ ᠦᠭᠡᠢ ᠪᠣᠯᠭᠠᠪᠠ᠃ ︽ | ᠬᠤᠶᠠᠷ ᠲᠠᠰᠢᠷᠠᠮ ᠳᠠᠭᠠᠤ᠂ ᠨᠢᠭᠡ ᠢᠯᠡ ᠪᠣᠯᠭᠠᠬᠤ︾ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠦᠢᠯᠡᠴᠢᠯᠡᠭᠡ ᠪᠠ ᠬᠢᠨᠠᠯᠲᠠ | ᠬᠠᠮᠢᠶᠠᠷᠤᠯᠲᠠ ᠶᠢ ᠪᠥᠷᠢᠮᠰᠤᠨ ᠪᠡᠶᠡᠯᠡᠭᠦᠯᠪᠠ᠃ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠣᠨ︾ ᠤ ᠠᠵᠢᠯᠯᠠᠭ᠎ᠠ ᠥᠷᠨᠢᠭᠦᠯᠵᠦ᠂ ᠠᠵᠤ | ᠠᠬᠤᠶᠢᠯᠠᠯ ᠡᠷᠬᠢᠯᠡᠬᠦ ᠭᠠᠷᠲᠠᠮ ᠭᠦᠢᠴᠡᠳᠭᠡᠬᠦ ᠴᠠᠭ ᠢ ᠬᠤᠲᠠ ᠶᠢᠨ ᠲᠣᠰ ᠱᠠᠲᠤᠨ ᠳᠤ 3 ᠴᠠᠭ ᠤᠨ ᠳᠣᠲᠣᠷ᠎ᠠ ᠭᠦᠢᠴᠡᠳᠬᠡᠬᠦ ᠶᠢ ᠪᠡᠶᠡᠯᠡᠭᠦᠯᠵᠤ᠂ ᠤᠰᠤ ᠴᠠᠬᠢᠯᠭᠠᠨ | ᠬᠡᠢ ᠳᠤᠯᠠᠭᠠᠯᠠᠭ᠎ᠠ ᠶᠢᠨ ᠭᠠᠷᠲᠠᠮ ᠭᠦᠢᠴᠡᠳᠬᠡᠬᠦ ᠴᠠᠭ ᠤᠨ ᠬᠢᠵᠠᠭᠠᠷ ᠢ ᠶᠡᠭᠡ ᠪᠠᠷ ᠪᠠᠭᠠᠰᠬᠠᠬᠤ ᠶᠢᠨ ᠬᠠᠮᠲᠤ ︽ᠨᠢᠭᠡ ᠴᠣᠩᠬᠤ ᠪᠠᠷ ᠨᠡᠶᠢᠳᠡᠮ ᠭᠦᠢᠴᠡᠳᠬᠡᠬᠦ︾ ᠶᠢ | ᠪᠡᠶᠡᠯᠡᠭᠦᠯᠵᠦ᠂ 70% ᠠᠴᠠ ᠳᠡᠭᠡᠭᠰᠢᠬᠢ ᠭᠠᠶᠢᠯᠢ ᠳᠤ ᠬᠤᠯᠪᠣᠭᠳᠠᠬᠤ ᠵᠦᠢᠯ ᠢ ᠨᠢᠭᠡ ᠯᠡ ᠤᠳᠠᠭ᠎ᠠ ᠳᠤ ᠭᠦᠢᠴᠡᠳᠬᠡᠨ᠂ ᠨᠢᠭᠡ ᠴᠣᠭᠴᠠᠵᠢᠭᠤᠯᠤᠭᠰᠠᠨ | ᠲᠠᠪᠴᠠᠩ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠥᠢᠯ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 92.4% ᠬᠦᠷᠪᠡ᠃ ︽ᠲᠦᠩᠯᠢᠶᠤᠤ | ᠰᠤᠪᠠᠭ︾ ︽ᠰᠦᠯᠵᠢᠶᠡᠨ ᠳᠡᠭᠡᠷ᠎ᠡ ᠭᠦᠢᠴᠡᠳᠭᠡᠪᠡᠯ ᠨᠢᠭᠡ ᠯᠡ ᠤᠳᠠᠭ᠎ᠠ ᠳᠤ ᠰᠢᠢᠳᠪᠦᠷᠢᠯᠡᠬᠦ᠂ ᠠᠯᠠᠭᠠᠨ ᠳᠡᠭᠡᠷ᠎ᠡ ᠭᠦᠢᠴᠡᠳᠭᠡᠪᠡᠯ᠂ ᠬᠤᠷᠤᠭᠤ ᠬᠦᠲᠡᠯᠬᠦ ᠪᠠᠷ | ᠭᠦᠢᠴᠡᠳᠭᠡᠬᠦ︾ ᠶᠢ ᠪᠡᠶᠡᠯᠡᠭᠦᠯᠵᠤ᠂ ᠣᠯᠠᠨ ᠲᠦᠮᠡᠨ ᠤ ᠠᠷᠪᠢᠨ ᠭᠦᠢᠴᠡᠳᠭᠡᠬᠦ ᠵᠥᠢᠯ ᠢ ︽ᠨᠢᠭᠡ ᠯᠡ ᠡᠭᠦᠳᠡ ᠪᠠᠷ ᠣᠷᠣᠭᠤᠯᠬᠤ︾᠂ ︽ᠨᠢᠭᠡ ᠯᠡ ᠤᠳᠠᠭ᠎ᠠ ᠳᠤ | ᠭᠦᠢᠴᠡᠳᠭᠡᠬᠦ︾ ᠶᠢ ᠪᠡᠶᠡᠯᠡᠭᠦᠯᠵᠦ᠂ ᠲᠤᠭᠲᠠᠮᠠᠯ ᠬᠥᠷᠥᠩᠭᠡ ᠶᠢᠨ ᠠᠷᠠᠯᠵᠢᠶᠠᠨ ᠤ ᠳᠡᠩᠰᠡᠯᠡᠯᠲᠡ ᠶᠢ ︽ᠨᠢᠭᠡ ᠴᠣᠩᠬᠤ ᠪᠠᠷ ᠭᠥᠯᠢᠶᠡᠨ ᠠᠪᠴᠤ ᠵᠡᠷᠭᠡᠪᠡᠷ | ᠭᠦᠢᠴᠡᠳᠭᠡᠬᠦ︾ ᠶᠢ ᠪᠡᠶᠡᠯᠡᠭᠦᠯᠵᠦ᠂ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠥᠬᠦ ᠣᠷᠣᠨ ᠤ ᠶᠡᠷᠦᠩᠬᠡᠶᠢᠯᠡᠭᠰᠡᠨ ᠵᠢᠭᠰᠠᠭᠠᠯᠲᠠ ᠳᠤ | 7 ᠪᠠᠶᠢᠷᠢ ᠲᠡᠭᠡᠭᠰᠢᠯᠡᠬᠦᠯᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠭᠦᠯᠦᠯᠲᠡ ᠶᠢ ᠠᠬᠢᠭᠤᠯᠬᠤ ᠰᠠᠨᠠᠯ ᠢ ᠨᠡᠶᠢᠳᠡᠯᠡᠵᠤ᠂ | ᠬᠤᠲᠠ ᠬᠤᠰᠢᠭᠤ ᠬᠤᠶᠠᠷ ᠱᠠᠲᠤᠨ ᠤ ᠡᠳ᠋ ᠤᠨ ᠵᠠᠰᠠᠭ ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠷᠡᠭᠦᠯᠦᠨ 8.52 ᠳ᠋ᠦᠩᠰᠢᠭᠤᠷ ᠲᠥᠭᠦᠷᠢᠭ ᠤᠨ ᠠᠰᠢᠭ | ᠬᠦᠷᠲᠡᠭᠡᠵᠦ᠂ ᠠᠷᠠᠳ ᠤᠨ ᠪᠡᠯᠡ ᠣᠷᠣᠭᠤᠯᠤᠯᠲᠠ 31% ᠨᠡᠮᠡᠭᠳᠡᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 22.4 ᠲᠦᠮᠡ ᠪᠤᠯᠪᠠ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ | ᠤᠯᠤᠰ ᠤᠨ ᠥᠮᠴᠢᠯᠡᠯ ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠠᠵᠤ ᠠᠬᠤᠶᠢᠯᠠᠯ ᠤᠨ ᠬᠡᠯᠪᠡᠷᠢ ᠶᠢ ᠬᠤᠪᠢᠷᠠᠭᠤᠯᠤᠨ ᠬᠦᠭᠵᠢᠭᠦᠯᠬᠦ ᠵᠡᠷᠭᠡ 11 ᠵᠦᠢᠯ ᠤᠨ | ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠵᠤ᠂ ᠮᠢᠩᠭᠠᠨ ᠳ᠋ᠦᠩᠰᠢᠭᠤᠷ ᠰᠢᠬᠠᠮ ᠬᠤᠳᠠ ᠶᠢᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ | ᠡᠵᠡᠩᠨᠡᠯᠲᠡ ᠶᠢᠨ ᠴᠢᠨᠠᠷᠲᠠᠶ ᠡᠳ᠋ ᠬᠦᠷᠦᠩᠭᠡ ᠳᠤ ᠲᠥᠪᠯᠡᠷᠡᠩᠭᠦᠶ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠪᠡ᠃ ᠬᠥᠳᠡᠭᠡ ᠲᠣᠰᠬᠤᠨ ᠤ ᠭᠠᠵᠠᠷ | ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠤᠯᠭᠤᠭᠰᠠᠨ ᠨᠤᠷᠮ᠎ᠠ 98% ᠬᠦᠷᠴᠦ᠂ ᠥᠪᠡᠷᠲᠡᠭᠡᠨ ᠵᠠᠰᠠᠬᠤ ᠣᠷᠣᠨ ᠤ 5 | ᠲᠤᠷᠰᠢᠯᠲᠠ ᠶᠢᠨ ᠬᠤᠰᠢᠭᠤ ᠰᠢᠶᠠᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠡᠭᠦᠷᠭᠡ ᠶᠢ | ᠦᠨᠳᠦᠰᠦᠨ ᠳᠡᠭᠡᠨ ᠪᠡᠶᠡᠯᠡᠭᠦᠯᠪᠠ᠃ ᠤᠯᠤᠰ ᠤᠨ ᠥᠮᠴᠢᠯᠡᠯ ᠤᠨ ᠤᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ | ᠳᠤᠮᠳᠠᠳᠤ ᠧᠦ᠋ᠷᠣᠫᠠ ︵ᠲᠦᠩᠯᠢᠶᠤᠤ ᠮᠠᠨᠵᠤᠤᠷ ᠧᠦ᠋ᠷᠣᠫᠠ︶ ᠡᠭᠡᠯᠵᠢ ᠶᠢᠨ ᠴᠤᠪᠤᠭ᠎ᠠ ᠲᠡᠷᠭᠡ ᠶᠢ ᠨᠡᠶᠢᠲᠡ 83 ᠤᠲᠠᠭ᠎ᠠ ᠶᠠᠪᠤᠭᠤᠯᠵᠤ᠂ ᠭᠤᠷᠪᠠᠳᠤᠭᠠᠷ | ᠬᠤᠭᠤᠴᠠᠭ᠎ᠠ ᠶᠢᠨ ᠳᠤᠮᠳᠠᠳᠤ ᠮᠣᠩᠭᠤᠯ ᠤᠨ ᠦᠵᠡᠬᠦᠯᠦᠯᠭᠡ ᠶᠢᠨ ᠣᠯᠠᠨ ᠤᠯᠤᠰ ᠤᠨ ᠳᠤᠮᠳᠠᠳᠤ ᠮᠣᠩᠭᠤᠯ ᠤᠨ ᠡᠮ ᠡᠮᠨᠡᠯᠭᠡ ᠶᠢᠨ ᠠᠵᠤ ᠦᠢᠯᠡᠰ ᠤᠨ | ᠬᠦᠭᠵᠢᠬᠦᠯᠦᠯᠳᠡ ᠶᠢᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠭᠢᠯᠡᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠲᠠᠰᠤᠷᠠᠯᠲᠠ | ᠦᠭᠡᠢ ᠴᠢᠩᠭᠠᠷᠠᠵᠤ᠂ ᠶᠠ ᠴᠢ ᠬᠡᠮᠡᠬᠦ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠤ ᠬᠤᠲᠠ᠂ ᠬᠠᠨ ᠵᠢᠶᠠ ᠬᠡᠮᠡᠬᠦ ᠰᠢᠯ | ᠰᠢᠷᠬᠡᠭ ᠤᠨ ᠠᠵᠤ ᠦᠢᠯᠡᠰ ᠤᠨ ᠬᠤᠷᠤᠭ᠎ᠠ ᠵᠡᠷᠭᠡ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠷᠠᠯᠵᠢᠶᠠᠴᠢᠨ ᠤᠷᠢᠵᠤ ᠪᠡᠯᠡ ᠤᠷᠤᠭᠤᠯᠤᠭᠰᠠᠨ ᠲᠥᠷᠦᠯ ᠵᠦᠢᠯ ᠢ | ᠰᠢᠨ᠎ᠡ ᠪᠠᠷ 118 ᠠᠵᠢᠯ ᠡᠬᠢᠯᠡᠭᠦᠯᠵᠦ᠂ 224.5 ᠳ᠋ᠦᠩᠰᠢᠭᠤᠷ ᠲᠥᠭᠦᠷᠢᠭ ᠤᠨ ᠪᠡᠯᠡ ᠮᠦᠩᠭᠦ ᠶᠢ ᠪᠣᠳᠠᠲᠠᠶᠢᠵᠢᠭᠤᠯᠪᠠ᠃ | ︵ᠲᠠᠪᠤ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠮᠢ ᠠᠬᠤᠶ ᠶᠢᠨ ᠤᠷᠴᠢᠨ ᠲᠣᠭᠤᠷᠢᠨ ᠤ ᠶᠠᠰᠤ ᠴᠢᠨᠠᠷ | ᠲᠠᠰᠤᠷᠠᠯᠲᠠ ᠥᠬᠡᠶ ᠳᠡᠭᠡᠭᠰᠢᠯᠡᠪᠡ᠃ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ᠂ ᠲᠦᠮᠡᠨ ᠭᠠᠵᠠᠷ ᠤᠨ ᠪᠤᠬᠢᠷᠲᠤᠯ | ᠦᠭᠡᠢ ᠤᠷᠲᠤ ᠴᠠᠭᠠᠨ ᠬᠡᠷᠡᠮ ᠢ ᠴᠣᠭᠴᠠᠯᠠᠬᠤ ᠪᠠᠷ ᠤᠳᠤᠷᠢᠳᠤᠮᠵᠢ ᠪᠣᠯᠭᠠᠨ᠂ ᠠᠭᠤᠯᠠ ᠤᠰᠤ ᠣᠢ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠢ ᠲᠦᠯᠦᠪᠵᠢᠭᠦᠯᠵᠤ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ | ᠪᠠᠶᠢᠴᠠᠭᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠡᠬᠢᠯᠡᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ᠢ ᠠᠩᠬ᠎ᠠ ᠠᠯᠬᠤᠮ ᠬᠤᠪᠢᠶᠠᠷᠢᠯᠠᠨ ᠲᠤᠭᠲᠠᠭᠠᠪᠠ᠃ 300 ᠲᠦᠮᠡᠨ ᠮᠦ ᠪᠠᠶᠢᠭᠠᠯᠢᠯᠢᠬ ᠨᠤᠲᠤᠭ | ᠪᠡᠯᠴᠢᠭᠡᠷ ᠢ ᠵᠠᠰᠠᠨ ᠰᠡᠷᠭᠦᠭᠡᠵᠦ᠂ 341ᠲᠦᠮᠡᠨ ᠮᠦ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ ᠮᠤᠲᠤ ᠲᠠᠷᠢᠬᠤ ᠪᠠᠷ ᠨᠡᠷ᠎ᠡ ᠵᠢᠭᠠᠭᠰᠠᠨ | ᠪᠤᠯᠪᠠᠴᠤ ᠮᠤᠲᠤ ᠦᠭᠡᠢ 115 ᠲᠦᠮᠡᠨ ᠮᠦ ᠭᠠᠵᠠᠷ ᠢ ᠰᠡᠷᠭᠦᠭᠡᠨ ᠤᠶᠢᠵᠢᠭᠤᠯᠪᠠ᠃ 88 ᠪᠣᠬᠢᠷᠲᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢᠨ ᠡᠭᠦᠷᠭᠡ ᠶᠢ | ᠪᠡᠶᠡᠯᠡᠭᠦᠯᠵᠦ᠂ ᠬᠤᠤᠯᠢᠨ ᠭᠤᠤᠯ ᠤᠨ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ | ᠪᠦᠲᠦᠮᠵᠢ ᠣᠯᠪᠠ᠃ ᠪᠠᠷᠠᠭᠤᠨ ᠯᠣᠤᠬ᠎ᠠ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠶᠡᠷᠥᠩᠭᠡᠢ ᠵᠠᠰᠠᠯᠲᠠ ᠶᠢ ᠤᠯᠤᠰ ᠬᠥᠨᠲᠤᠳᠭᠡᠨ ᠴᠢᠬᠤᠯᠠᠴᠢᠯᠠᠵᠤ | ᠤᠰᠤᠨ ᠠᠰᠢᠭᠯᠠᠯᠲᠠ ᠶᠢᠨ ᠶᠠᠮᠤᠨ ᠯᠣᠤᠬ᠎ᠠ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠬᠠᠮᠢᠶᠠᠷᠤᠨ ᠡᠵᠡᠮᠳᠡᠬᠦ ᠬᠠᠷᠠᠯᠲᠠ ᠶᠢ ᠲᠣᠳᠣᠷᠬᠠᠶ | ᠳᠤᠷᠠᠳᠤᠨ ᠭᠠᠷᠭᠠᠪᠠ᠃ ᠤᠯᠤᠰ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠳᠤ ᠠᠵᠤ ᠦᠢᠯᠡᠰ ᠢ ᠵᠥᠪᠰᠢᠶᠡᠷᠡᠨ ᠤᠷᠤᠭᠤᠯᠬᠤ ᠨᠠᠵᠠᠭᠠᠢ | ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠴᠢᠩᠭ᠎ᠠ ᠨᠠᠶᠢᠲᠠᠪᠦᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠭᠤᠷᠪᠠᠨ ᠵᠡᠷᠭᠡᠪᠡᠷ︾᠂ | ᠳᠣᠣᠷᠴᠢᠯᠠᠭᠰᠠᠨ ᠬᠠᠮᠢᠶᠠᠷᠤᠯᠲᠠ ᠪᠠ ︽ᠭᠤᠷᠪᠠᠨ ᠨᠢᠭᠡ ᠴᠤᠭᠴᠠᠵᠢᠭᠤᠯᠤᠯᠲᠠ︾ ᠶᠢᠨ 24 ᠴᠠᠭ ᠰᠦᠯᠵᠢᠶ᠎ᠡ ᠳᠡᠭᠡᠷ᠎ᠡ ᠬᠢᠨᠠᠨ ᠬᠡᠮᠵᠢᠬᠦ ᠶᠢ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ ᠳᠤ ᠠᠩᠬᠠᠳᠠᠭᠴᠢ ᠠᠶᠢᠮᠠᠭ ᠬᠤᠲᠠ ᠶᠢᠨ ᠲᠡᠰ ᠤᠨ ᠳᠡᠭᠡᠳᠦ ᠢᠯᠭᠠᠮᠵᠢᠲᠤ ᠳᠠᠭᠠᠭᠤᠯᠢ ᠣᠳᠣᠨ ᠤ ᠬᠡᠷᠡᠭᠯᠡᠭᠡᠨ ᠤ ᠲᠥᠪ ᠪᠠᠶᠢᠭᠤᠯᠵᠤ | ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠴᠢᠩᠭᠠᠳᠬᠠᠬᠤ ᠳᠤ ᠮᠡᠷᠭᠡᠵᠢᠯ ᠤᠨ ᠲᠤᠯᠭᠠᠭᠤᠷᠢᠯᠠᠯ | ᠬᠠᠩᠭᠠᠪᠠ᠃ ᠡᠯ᠎ᠡ ᠱᠠᠲᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠨᠤᠭᠤ ᠭᠠᠵᠠᠷ ᠤᠨ ᠴᠡᠴᠡᠷᠯᠢᠭ ᠢ ᠬᠠᠮᠠᠭᠠᠯᠠᠬᠤ ᠡᠷᠴᠢᠮ ᠢᠶᠠᠨ | ᠬᠠᠤᠯᠢ ᠶᠣᠰᠣᠭᠠᠷ ᠴᠢᠩᠭᠠᠷᠠᠭᠤᠯᠵᠤ᠂ ᠬᠠᠮᠠᠭᠠᠯᠠᠯᠲᠠ ᠶᠢᠨ ᠬᠡᠮᠵᠢᠶ᠎ᠡ 900 ᠲᠦᠮᠡᠨ ᠮᠤ᠋ ᠬᠦᠷᠴᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠲᠦᠷᠭᠡᠳᠬᠡᠨ | ᠰᠡᠷᠭᠦᠭᠡᠪᠠ᠃ | ︵ᠵᠢᠷᠭᠤᠭ᠎ᠠ︶ ᠨᠡᠶᠢᠭᠡᠮ ᠤᠨ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠨᠡᠮᠡᠭᠳᠡᠪᠡ᠃ ᠪᠦᠬᠦ | ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 71.2% ᠢ ᠡᠵᠡᠯᠡᠪᠡ᠃ ᠬᠤᠲᠠ ᠪᠠᠯᠭᠠᠰᠤᠨ ᠤ | 1.71 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠤᠨ ᠤᠨ ᠳᠠᠩᠰᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.67% ᠳᠤ | ᠬᠢᠵᠠᠭᠠᠷᠯᠠᠪᠠ᠃ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠲᠠᠭᠠᠳᠬᠠᠯ ᠳᠤ ᠤᠷᠤᠭᠤᠯᠪᠠᠰᠤ ᠵᠤᠬᠢᠬᠤ ᠵᠦᠢᠯ ᠢ ᠲᠠᠭᠠᠳᠬᠠᠯ ᠳᠤ ᠤᠷᠤᠭᠤᠯᠬᠤ ᠶᠢ | ᠦᠨᠳᠦᠰᠦᠨ ᠳᠡᠭᠡᠨ ᠪᠡᠶᠡᠯᠡᠬᠦᠯᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ 5.9% ᠪᠠ 5. | 8% ᠨᠡᠮᠡᠭᠳᠡᠭᠦᠯᠵᠦ᠂ ᠨᠥᠬᠦᠪᠥᠷᠢ ᠶᠢᠨ ᠬᠢᠷᠢ ᠬᠡᠮᠵᠢᠶ᠎ᠡ ᠶᠢ ᠲᠣᠰ ᠲᠣᠰ ᠰᠠᠷ᠎ᠠ ᠪᠦᠷᠢ 20 ᠲᠥᠭᠦᠷᠢᠭ ᠪᠠ ᠵᠢᠯ ᠪᠦᠷᠢ 200 ᠲᠥᠭᠦᠷᠢᠭ ᠳᠡᠭᠡᠭᠰᠢᠯᠡᠭᠦᠯᠵᠦ᠂ | ᠰᠠᠷ᠎ᠠ ᠪᠦᠷᠢ 520 ᠲᠥᠭᠦᠷᠢᠭ ᠪᠠ ᠵᠢᠯ ᠪᠦᠷᠢ 3400 ᠲᠥᠭᠦᠷᠢᠭ ᠬᠦᠷᠭᠡᠵᠦ᠂ ᠪᠦᠬᠦ ᠵᠢᠯ ᠳᠤ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ | ᠪᠠᠲᠤᠯᠠᠭ᠎ᠠ ᠶᠢᠨ ᠪᠡᠯᠡ ᠮᠥᠩᠭᠦ ᠶᠢ 10.8 ᠳ᠋ᠦᠩᠰᠢᠭᠤᠷ ᠲᠥᠭᠦᠷᠢᠭ ᠲᠠᠷᠬᠠᠭᠠᠪᠠ᠃ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠭ᠎ᠠ ᠨᠠᠰᠤᠲᠠᠶᠢᠴᠤᠳ ᠢ ᠠᠰᠠᠷᠠᠬᠤ | 10 ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠵᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ | ᠰᠢᠨ᠎ᠡ ᠪᠠᠷ 13 ᠨᠡᠮᠡᠭᠳᠡᠭᠦᠯᠵᠦ᠂ ᠪᠦᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢ ᠰᠢᠨ᠎ᠡ ᠪᠠᠷ 728 ᠨᠡᠮᠡᠭᠳᠡᠭᠦᠯᠵᠦ᠂ ᠨᠡᠶᠢᠲᠡ 29885 ᠳᠤ | ᠬᠦᠷᠭᠡᠪᠠ᠃ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠪᠠᠭᠰᠢ ᠶᠢᠨ ᠬᠠᠮᠢᠶᠠᠷᠤᠯᠲᠠ ᠶᠢᠨ | ᠪᠠᠶᠢᠭᠤᠯᠤᠯ ᠢ ᠠᠩᠬ᠎ᠠ ᠠᠯᠬᠤᠮ ᠵᠢᠷᠤᠮᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠠᠩᠭᠢ ᠬᠤᠪᠢᠶᠠᠬᠤ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ | ᠲᠡᠩᠴᠡᠭᠦᠷᠢᠲᠡᠶ ᠬᠡᠷᠡᠭᠵᠢᠭᠦᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠶᠠᠳᠠᠭᠤ | ᠬᠦᠴᠢᠷᠳᠡᠯᠲᠡᠢ 44 ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ 118 ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ | ᠪᠠᠷᠢᠮᠵᠢᠶᠠᠵᠢᠭᠰᠠᠨ ᠥᠭᠡᠷᠡᠴᠢᠯᠡᠯᠲᠡ ᠶᠢ ᠪᠦᠷ ᠪᠠᠷᠢᠮᠵᠢᠶ᠎ᠠ ᠳᠤ ᠬᠦᠷᠭᠡᠪᠠ᠃ ᠣᠷᠣᠨ ᠪᠦᠰᠡ ᠶᠢᠨ ᠴᠢᠨᠠᠷᠲᠠᠢ ᠦᠨᠳᠦᠰᠦᠲᠡᠨ ᠤ ᠰᠣᠶᠣᠯ ᠤᠨ ᠰᠤᠳᠤᠯᠭᠠᠨ ᠢ | ᠴᠢᠩᠭᠠᠳᠬᠠᠵᠤ᠂ ᠪᠠᠷᠠᠭᠤᠨ ᠯᠤᠤᠬ᠎ᠠ ᠭᠤᠣᠯ ᠤᠨ ᠰᠠᠪᠠ ᠭᠠᠵᠠᠷ ᠤᠨ ᠪᠣᠯᠪᠠᠰᠤᠨ ᠤ ᠰᠤᠳᠤᠯᠭᠠᠨ ᠤ ᠲᠤᠰᠬᠠᠢ ᠮᠡᠷᠭᠡᠵᠢᠯᠲᠡᠨ ᠤ ᠠᠵᠢᠯᠯᠠᠬᠤ ᠦᠷᠲᠡᠭᠡ ᠶᠢ | ᠪᠠᠶᠢᠭᠤᠯᠵᠤ᠂ ᠬᠤᠭᠤᠷ ᠤᠨ ᠦᠯᠢᠭᠡᠷ ᠤᠨ ᠣᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠵᠦ᠂ ︽ᠲᠦᠩᠯᠢᠶᠣᠤ ᠶᠢᠨ | ᠲᠡᠦᠬᠡ︾ ᠶᠢ ᠨᠠᠶᠢᠷᠠᠭᠤᠯᠤᠨ ᠪᠢᠴᠢᠵᠦ᠂ ︽ᠬᠤᠷᠴᠢᠨ ᠤ ᠰᠣᠶᠣᠯ ᠤᠨ ᠴᠤᠪᠤᠷᠠᠯ ᠪᠢᠴᠢᠭ︾ ᠢ ᠬᠡᠪᠯᠡᠭᠦᠯᠵᠦ᠂ ᠰᠡᠩᠭᠡᠷᠢᠨᠴᠢᠨ ᠤ ᠮᠦᠽᠧᠢ ᠶᠢᠨ ᠭᠤᠣᠯ ᠴᠣᠭᠴᠠ | ᠪᠠᠷᠢᠯᠭ᠎ᠠ ᠳᠠᠭᠤᠰᠴᠤ᠂ ᠤᠯᠠᠭᠠᠨᠮᠥ᠋ᠴᠢᠷ ᠤᠨ ᠣᠷᠳᠣᠨ ᠢ ᠠᠵᠢᠯ ᠡᠬᠢᠯᠡᠭᠦᠯᠦᠨ ᠪᠠᠶᠢᠭᠤᠯᠵᠤ᠂ ᠬᠤᠲᠠ ᠶᠢᠨ ᠮᠦᠽᠧᠢ ᠶᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ | ᠡᠬᠢᠯᠡᠭᠦᠯᠵᠦ᠂ ᠬᠠᠮᠪᠤ ᠶᠢᠨ ᠪᠠᠭᠤᠷᠢ ᠶᠢ ᠨᠠᠢᠮᠠᠳᠤᠭᠠᠷ ᠪᠦᠯᠦᠭ ᠤᠨ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠨᠢᠭᠡᠴᠡ ᠳᠤ ᠣᠷᠣᠭᠤᠯᠪᠠ᠃ | ︽ᠠᠮᠣᠭᠤᠯᠠᠩ ᠲᠦᠩᠯᠢᠶᠤᠤ︾ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ | ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠪᠠ ᠡᠮ ᠤᠨ ᠵᠦᠢᠯ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠠᠮᠤᠷ | ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ | ᠪᠠᠶᠢᠨ᠎ᠠ᠃ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ ᠬᠢᠵᠢᠭ ᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠪᠠ᠃ ᠵᠠᠮ ᠬᠠᠷᠢᠯᠴᠠᠭᠠᠨ ᠤ ᠠᠳᠡᠯ ᠳᠤ | ᠬᠦᠮᠦᠨ ᠭᠡᠨᠡᠳᠡᠭᠰᠡᠨ ᠲᠤᠭ᠎ᠠ ᠨᠢᠳᠤᠨᠤᠨ ᠤ ᠬᠢ ᠠᠴᠠ 35% ᠪᠠᠷ ᠪᠠᠭᠤᠷᠠᠵᠤ᠂ ᠠᠳᠡᠭᠰᠡᠨ ᠬᠥᠮᠦᠨ ᠤ ᠲᠤᠭ᠎ᠠ 38% ᠪᠠᠷ ᠪᠠᠭᠤᠷᠠᠪᠠ᠃ 20 ᠵᠢᠯ ᠠᠴᠠ | ᠳᠡᠭᠡᠭᠰᠢ ᠳᠠᠷᠤᠭᠳᠠᠭᠰᠠᠨ 11 ᠠᠮᠢᠨ ᠬᠡᠷᠡᠭ ᠢ ᠲᠠᠩᠨᠠᠨ ᠢᠯᠡᠷᠡᠭᠦᠯᠵᠦ᠂ ᠤᠳᠤᠬᠠᠨ ᠳᠤ ᠭᠠᠷᠤᠭᠰᠠᠨ ᠠᠮᠢᠨ ᠬᠡᠷᠡᠭ ᠢ ᠪᠦᠷ ᠲᠠᠩᠨᠠᠨ ᠢᠯᠡᠷᠡᠭᠦᠯᠪᠠ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠬᠠᠤᠯᠢ ᠶᠢ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ | ᠬᠠᠤᠯᠢ ᠶᠣᠰᠣᠭᠠᠷ ᠴᠣᠬᠢᠯᠲᠠ ᠥᠭᠴᠦ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢᠯᠡᠳᠲᠡ ᠳᠡᠭᠡᠭᠰᠢᠯᠡᠪᠡ᠃ | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠢ ᠡᠭᠦᠳᠦᠨ ᠪᠠᠶᠢᠭᠤᠯᠵᠤ᠂ 3 ᠬᠠᠮᠲᠤ ᠪᠠ | 3 ᠬᠤᠪᠢ ᠬᠥᠮᠦᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠ ᠵᠢᠱᠢᠶᠡᠴᠢ ᠬᠤᠪᠢ ᠬᠥᠮᠦᠨ ᠤ ᠴᠣᠯᠠ ᠶᠢ | ᠬᠦᠷᠲᠡᠪᠡ᠃ ᠨᠠᠮ ᠤᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ | ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠪᠠ᠃ ︽ᠬᠤᠶᠠᠷ ᠬᠦᠷᠢᠶᠡᠯᠡᠯ︾ ᠤᠨ ᠠᠵᠢᠯ ᠢ ᠭᠦᠨᠵᠡᠭᠡᠢ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠤᠨ | ᠲᠥᠷᠦ ᠶᠢᠨ ᠪᠤᠲᠤᠯᠭ᠎ᠠ ᠶᠢ ᠪᠦᠲᠦᠮᠵᠢᠲᠡᠢ ᠨᠠᠶᠢᠲᠠᠪᠦᠷᠢᠵᠢᠭᠤᠯᠪᠠ᠃ ᠷᠠᠳᠢᠣ᠋ ᠲᠧᠯᠸᠢᠰ᠂ ᠪᠡᠶ᠎ᠡ ᠶᠢᠨ ᠲᠠᠮᠢᠷ᠂ ᠳᠠᠩᠰᠠ ᠡᠪᠬᠡᠮᠡᠯ᠂ ᠲᠡᠤᠬᠡ ᠣᠶᠢᠯᠠᠯᠭ᠎ᠠ᠂ ᠠᠷᠠᠳ ᠤᠨ | ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ᠂ ᠴᠠᠭ ᠠᠭᠤᠷ ᠵᠡᠷᠭᠡ ᠠᠵᠢᠯ ᠴᠢᠩᠭᠠᠳᠬᠠᠭᠳᠠᠵᠤ᠂ ᠡᠮᠡᠭᠲᠡᠶᠢᠴᠦᠳ ᠬᠡᠥᠬᠡᠳ ᠪᠠᠭᠠᠴᠤᠤᠨ᠂ ᠡᠪ ᠬᠠᠮᠲᠤ | ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ᠂ ᠨᠠᠰᠤᠲᠠᠶᠢᠴᠤᠳ ᠪᠣᠯᠤᠨ ᠵᠡᠮᠳᠡᠭᠴᠦᠳ ᠵᠡᠷᠭᠡ ᠦᠢᠯᠡᠰ ᠰᠢᠨ᠎ᠡ ᠳᠠᠪᠰᠢᠯᠲᠠ ᠲᠠᠢ ᠪᠣᠯᠪᠠ᠃ | ︵ᠳᠣᠯᠤᠭ᠎ᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ | ᠲᠠᠰᠤᠷᠠᠯᠲᠠ ᠦᠭᠡᠢ ᠳᠡᠭᠡᠭᠰᠢᠯᠡᠪᠡ᠃ ᠬᠠᠤᠯᠢ ᠪᠠᠷ ᠵᠠᠰᠠᠬᠤ ᠢᠲᠡᠭᠡᠯ ᠪᠢᠰᠢᠷᠡᠯ ᠪᠠ ᠬᠠᠤᠯᠢ ᠪᠠᠷ ᠵᠠᠰᠠᠬᠤ ᠰᠡᠳᠬᠢᠬᠦᠶ ᠶᠢ ᠪᠠᠲᠤ ᠪᠠᠬᠢ ᠪᠤᠢ ᠪᠣᠯᠭᠠᠵᠤ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠦᠲᠦᠯᠪᠦᠷᠢ ᠶᠢᠨ ᠲᠣᠪᠴᠢ ᠶᠢ ᠬᠢᠨᠠᠮᠠᠭᠠᠶ ᠲᠤᠤᠱᠯᠠᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠵᠠᠰᠠᠭ | ᠵᠠᠬᠢᠷᠭᠠᠨ ᠤ ᠰᠢᠢᠳᠪᠦᠷᠢᠲᠤ ᠪᠣᠳᠣᠯᠭ᠎ᠠ ᠲᠣᠭᠲᠠᠭᠠᠬᠤ ᠳᠡᠰ ᠲᠠᠷᠠᠭᠠᠯᠠᠯ ᠢ ᠴᠢᠩᠭ᠎ᠠ ᠭᠦᠢᠴᠡᠳᠭᠡᠵᠤ᠂ ᠬᠤᠲᠠ ᠬᠤᠰᠢᠭᠤ ᠰᠤᠮᠤ ᠭᠠᠴᠠᠭ᠎ᠠ ᠳᠥᠷᠪᠡᠨ ᠱᠠᠲᠤᠨ ᠳᠤ | ᠬᠠᠤᠯᠢ ᠴᠠᠭᠠᠵᠠ ᠶᠢᠨ ᠵᠦᠪᠯᠡᠭᠴᠢ ᠶᠢ ᠪᠦᠷᠢᠨ ᠬᠠᠮᠤᠷᠤᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ | ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ 109 ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ 267 ᠳᠣᠷᠠᠳᠣᠯᠭ᠎ᠠ ᠶᠢ ᠪᠦᠷ ᠰᠢᠢᠳᠪᠦᠷᠢᠯᠡᠵᠤ ᠬᠠᠷᠢᠭᠤᠯᠲᠠ | ᠥᠭᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠵᠤ᠂ ᠤᠯᠠᠨ ᠲᠦᠮᠡᠨ ᠪᠠ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ | ᠲᠤᠬᠠᠶ ᠳᠤᠨᠢ ᠬᠠᠷᠢᠭᠤᠯᠲᠠ ᠥᠭᠪᠡ᠃ ᠵᠠᠰᠠᠭ ᠤᠨ ᠣᠷᠳᠣᠨ ᠤ ᠥᠮᠴᠢᠯᠡᠬᠦ ᠡᠷᠬᠡ ᠳᠤ ᠬᠤᠯᠪᠣᠭᠳᠠᠭᠰᠠᠨ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ ᠵᠠᠰᠠᠭ ᠤᠨ ᠣᠷᠳᠣᠨ ᠤ ᠭᠦᠢᠴᠡᠳᠭᠡᠬᠦ ᠳᠤ ᠬᠤᠯᠪᠣᠭᠳᠠᠭᠰᠠᠨ ᠬᠦᠴᠢᠷᠲᠡᠢ ᠳᠠᠷᠤᠭᠳᠠᠮᠠᠯ ᠬᠡᠷᠡᠭ ᠢ ᠪᠦᠷ ᠢᠯᠭᠠᠷᠠᠭᠤᠯᠤᠨ ᠲᠢᠭᠯᠡᠪᠡ᠃ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠬᠠᠤᠯᠢ ᠶᠤᠰᠤᠭᠠᠷ ᠴᠢᠩᠭᠠᠳᠬᠠᠵᠤ᠂ ᠪᠦᠬᠦ ᠣᠷᠣᠨ ᠤ ᠠᠩᠬᠠᠳᠠᠭᠴᠢ | ᠠᠶᠢᠮᠠᠭ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠲᠣᠮᠣ ᠥᠭᠬᠦᠭᠲᠡᠯ ᠤᠨ ᠬᠢᠨᠠᠨ ᠪᠣᠳᠣᠬᠤ ᠲᠠᠪᠴᠠᠩ ᠢ ᠪᠠᠶᠢᠭᠤᠯᠵᠤ᠂ ᠲᠥᠰᠦᠪ ᠤᠨ ᠨᠢᠭᠡᠴᠡ ᠳᠤ ᠬᠢᠨᠠᠨ | ᠪᠣᠳᠣᠵᠤ ᠬᠢᠨᠠᠯᠲᠠ ᠲᠠᠯᠪᠢᠬᠤ ᠬᠠᠮᠣᠷᠣᠯ ᠢ ᠪᠡᠶᠡᠯᠡᠭᠦᠯᠪᠠ᠃ | ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠠᠯᠠᠭ᠎ᠠ ᠮᠦᠴᠢᠷ ᠤᠨ ᠡᠷᠬᠡ ᠬᠠᠷᠢᠭᠤᠴᠠᠯᠭ᠎ᠠ ᠶᠢᠨ | ᠨᠠᠷᠢᠨ ᠬᠠᠭᠤᠳᠠᠰᠤ ᠶᠢ ᠲᠣᠳᠣᠷᠬᠠᠶᠢᠯᠠᠨ᠂ ᠬᠡᠷᠡᠭ ᠡᠷᠬᠢᠯᠡᠬᠦ ᠶᠠᠪᠤᠴᠠ ᠶᠢ ᠳᠠᠬᠢᠨ ᠪᠠᠶᠢᠭᠤᠯᠵᠤ᠂ ᠳᠦᠷᠢᠮ ᠲᠣᠭᠲᠠᠭᠠᠯ ᠢ ᠪᠦᠷᠢᠨᠰᠢᠭᠦᠯᠵᠦ᠂ ᠵᠠᠰᠠᠭ ᠵᠠᠬᠢᠷᠭᠠᠨ ᠤ | ᠦᠢᠯᠡ ᠠᠵᠢᠯᠯᠠᠭ᠎ᠠ ᠶᠢ ᠵᠢᠷᠤᠮᠵᠢᠭᠤᠯᠪᠠ᠃ ᠮᠡᠳᠡᠭᠡ ᠵᠠᠩᠭᠢᠵᠢᠯᠲᠠ ᠪᠠᠷ ᠵᠠᠰᠠᠭ ᠤᠨ ᠣᠷᠳᠣᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠸᠠ | ᠸᠧᠶ᠂ ᠱᠤ᠋ ᠭᠤᠸᠠᠩ ᠬᠡᠮᠡᠬᠦ ᠰᠥᠯᠵᠢᠶ᠎ᠠ ᠶᠢᠨ ᠪᠤᠲᠤᠯᠭ᠎ᠠ ᠪᠠ ᠲᠦᠩᠯᠢᠶᠣᠤ ᠶᠢᠨ ᠸᠢᠳᠢᠣ᠋ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠤᠨ ᠲᠣᠮᠣ | ᠥᠭᠬᠦᠭᠲᠡᠯ ᠤᠨ ᠲᠥᠪ ᠢ ᠪᠠᠶᠢᠭᠤᠯᠵᠤ᠂ ᠤᠶᠤᠨᠲᠤ ᠵᠠᠰᠠᠭ ᠤᠨ ᠶᠠᠪᠤᠳᠠᠯ᠂ ᠤᠶᠤᠨᠲᠤ ᠰᠤᠷᠭᠠᠨ ᠬᠥᠮᠦᠵᠢᠯ᠂ ᠤᠶᠤᠨᠲᠤ ᠡᠮᠴᠢᠯᠡᠭᠡ᠂ ᠤᠶᠤᠨᠲᠤ ᠵᠠᠮ ᠬᠠᠷᠢᠯᠴᠠᠭ᠎ᠠ᠂ | ᠤᠶᠤᠨᠲᠤ ᠳᠣᠲᠣᠭᠠᠳᠤ ᠶᠢ ᠬᠠᠮᠠᠭᠠᠯᠠᠬᠤ ᠵᠡᠷᠭᠡ 8 ᠲᠥᠷᠥᠯ ᠵᠦᠢᠯ ᠢ ᠪᠠᠶᠢᠭᠤᠯᠤᠨ ᠬᠡᠷᠡᠭᠯᠡᠯᠲᠡ ᠳᠤ ᠣᠷᠣᠭᠤᠯᠪᠠ᠃ | ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ | ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠴᠢᠩᠭ᠎ᠠ ᠨᠠᠶᠢᠲᠠᠪᠦᠷᠢᠵᠢᠭᠤᠯᠵᠤ᠂ ᠰᠠᠬᠢᠯᠭ᠎ᠠ ᠪᠠᠲᠤ ᠪᠠ ᠳᠦᠷᠢᠮ ᠲᠣᠭᠲᠠᠭᠠᠯ ᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠪᠦᠬᠦ ᠬᠤᠲᠠ ᠶᠢᠨ ︽ | ᠭᠤᠷᠪᠠᠨ ᠠᠯᠪᠠᠨ ᠵᠠᠷᠤᠳᠠᠯ︾ ᠤᠨ ᠵᠠᠷᠤᠯᠭ᠎ᠠ ᠶᠢ 20% ᠪᠠᠷ ᠪᠠᠭᠠᠰᠬᠠᠪᠠ᠃ ︽ᠲᠦᠷᠪᠡᠨ ᠰᠤᠷᠲᠠᠯ︾ ᠢ ᠰᠢᠨᠲᠠᠷᠠᠰᠢ ᠦᠭᠡᠢ ᠡᠰᠡᠷᠭᠦᠴᠡᠵᠦ᠂ ᠬᠡᠯᠪᠡᠷᠢ ᠶᠢᠨ | ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠥᠷᠨᠢᠭᠦᠯᠵᠦ᠂ ᠵᠠᠰᠠᠭ ᠤᠨ ᠤᠷᠳᠤᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ᠂ | ᠭᠦᠢᠴᠡᠳᠭᠡᠬᠦ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠪᠠ᠃ | ᠲᠥᠯᠥᠭᠡᠯᠡᠭᠴᠢᠳ ᠡ᠂ ᠨᠢᠭᠡ ᠵᠢᠯ ᠤᠨ ᠲᠤᠷᠰᠢ ᠣᠯᠤᠭᠰᠠᠨ ᠠᠮᠵᠢᠯᠲᠠ ᠪᠦᠲᠦᠮᠵᠢ ᠬᠢᠯᠪᠡᠷ ᠢᠶᠠᠷ ᠢᠷᠡᠭᠰᠡᠨ ᠪᠢᠰᠢ ᠶᠣᠮ᠂ ᠡᠨᠡ ᠪᠣᠯ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ | ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ | ᠤᠳᠤᠷᠢᠳᠤᠭᠰᠠᠨ ᠤ ᠦᠷ᠎ᠡ ᠳ᠋ᠦᠩ ᠮᠥᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠲᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠲᠦᠩᠯᠢᠶᠣᠤ ᠶᠢᠨ ᠬᠦᠭᠵᠢᠬᠦᠯᠦᠯᠳᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ | ᠡᠷᠬᠢᠮ ᠲᠠᠭᠡᠳᠤ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ ᠪᠢᠳᠡ ᠬᠦᠭᠵᠢᠬᠦᠯᠦᠯᠳᠡ ᠶᠢᠨ ᠳᠤᠮᠳᠠ ᠪᠠᠰᠠ ᠵᠠᠷᠢᠮ ᠣᠮᠲᠣᠭᠠᠶᠢᠯᠠᠵᠤ ᠪᠣᠯᠤᠰᠢ ᠦᠭᠡᠢ ᠵᠥᠷᠢᠴᠡᠯ ᠪᠠ | ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠣᠭᠰᠠᠨ ᠪᠠᠶᠢᠨ᠎ᠠ᠄ ᠠᠵᠤ ᠠᠬᠤᠢ ᠶᠢᠨ ᠪᠠᠶᠢᠳᠠᠯ ᠬᠦᠨᠳᠦ ᠨᠣᠴᠢᠲᠠᠢ ᠲᠦᠪᠡᠭ ᠪᠤᠳᠤᠯᠢᠶᠠᠨᠲᠠᠢ᠂ | ᠤᠷᠤᠭᠤᠳᠠᠬᠤ ᠳᠠᠷᠤᠯᠲᠠ ᠦᠷᠭᠦᠯᠵᠢᠯᠡᠨ ᠶᠡᠬᠡᠰᠴᠦ᠂ ᠨᠡᠮᠡᠭᠳᠡᠯ ᠢ ᠲᠣᠭᠲᠠᠪᠤᠷᠢᠵᠢᠭᠤᠯᠬᠤ ᠰᠠᠭᠤᠷᠢ ᠲᠠᠶᠢᠮᠦ ᠪᠠᠲᠤ ᠪᠠᠬᠢ ᠪᠢᠰᠢ᠂ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠨ᠎ᠠ︔ ᠭᠤᠷᠪᠠᠨ ᠰᠢᠪᠲᠤᠯᠤᠯᠲᠠ ᠶᠢᠨ ᠡᠭᠦᠷᠭᠡ ᠮᠥᠨ ᠬᠦ ᠬᠠᠲᠠᠭᠤ ᠪᠡᠷᠬᠡ ᠪᠠᠶᠢᠵᠤ᠂ ᠥᠷᠢ ᠰᠢᠷᠢ ᠶᠢ ᠠᠷᠢᠯᠭᠠᠬᠤ ᠪᠡᠯᠡ | ᠮᠥᠩᠭᠦ ᠶᠢᠨ ᠳᠣᠳᠠᠭᠳᠠᠯ ᠨᠡᠯᠢᠶᠡᠳ ᠠᠷᠪᠢᠨ ᠪᠠᠶᠢᠵᠣ᠂ ᠶᠠᠳᠠᠭᠤ ᠠᠴᠠ ᠲᠣᠭᠲᠠᠭᠤᠨ ᠢᠶᠠᠷ ᠠᠩᠭᠢᠵᠢᠷᠠᠭᠤᠯᠬᠤ ᠪᠠᠶᠢᠩᠭᠤ ᠶᠢᠨ ᠪᠦᠲᠦᠮᠵᠢᠲᠦ ᠲᠣᠭᠲᠠᠴᠠ ᠪᠠᠰᠠ | ᠲᠡᠭᠦᠯᠳᠡᠷᠵᠢᠭᠡᠳᠦᠢ᠂ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠦᠨᠳᠦ ᠵᠠᠮ ᠬᠤᠯᠠ ᠪᠠᠶᠢᠭᠰᠠᠭᠠᠷ︔ ᠠᠮᠢ ᠠᠬᠤᠢ ᠶᠢᠨ ᠣᠷᠴᠢᠨ ᠲᠣᠭᠤᠷᠢᠨ ᠮᠥᠨ ᠬᠦ ᠮᠠᠰᠢ | ᠬᠡᠪᠡᠷᠡᠭ ᠪᠠᠶᠢᠵᠤ᠂ ᠪᠠᠷᠠᠭᠤᠨ ᠯᠣᠤᠬ᠎ᠠ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠪᠠ ᠬᠤᠷᠴᠢᠨ ᠤ ᠡᠯᠡᠰᠦᠷᠬᠡᠭ ᠭᠠᠵᠠᠷ ᠢ | ᠰᠡᠷᠭᠡᠶᠢᠯᠡᠨ ᠵᠠᠰᠠᠬᠤ ᠡᠭᠦᠷᠭᠡ ᠬᠠᠲᠠᠭᠤ ᠪᠡᠷᠬᠡ ᠪᠠᠶᠢᠭᠰᠠᠭᠠᠷ︔ ᠠᠷᠠᠳ ᠤᠨ ᠠᠮᠢᠳᠤᠷᠠᠯ ᠤᠨ ᠬᠦᠷᠢᠶᠡᠨ ᠳᠤ ᠮᠥᠨ ᠯᠡ ᠴᠥᠭᠡᠨ ᠪᠤᠰᠤ ᠲᠣᠳᠠᠭᠳᠠᠯ ᠣᠷᠣᠰᠢᠵᠤ᠂ | ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠬᠦᠷᠢᠶ᠎ᠡ ᠳᠠᠬᠢ ᠬᠦᠭᠵᠢᠬᠦᠯᠦᠯᠳᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ | ᠠᠰᠠᠭᠤᠳᠠᠯ ᠪᠠᠰᠠ ᠨᠡᠯᠢᠶᠡᠳ ᠲᠤᠪᠤᠶᠢᠮ᠎ᠠ ᠪᠠᠶᠢᠨ᠎ᠠ︔ ᠵᠠᠰᠠᠭ ᠤᠨ ᠣᠷᠳᠣᠨ ᠤ ᠠᠵᠢᠯ ᠤᠨ ᠰᠤᠷᠲᠠᠯ ᠢ ᠰᠠᠶᠢᠵᠢᠷᠠᠭᠤᠯᠬᠤ ᠴᠢᠬᠤᠯᠠᠲᠠᠢ᠂ ᠣᠳᠣᠬᠢᠴᠢᠯᠠᠭᠰᠠᠨ | ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ᠃ ᠡᠭᠦᠨ ᠳᠤ ᠪᠢᠳᠡ ᠵᠠᠪᠠᠯ ᠠᠰᠠᠭᠤᠳᠠᠯ ᠤᠨ ᠲᠤᠬᠠᠶ ᠤᠬᠠᠮᠰᠠᠷ ᠢ ᠪᠤᠢ | ᠪᠣᠯᠭᠠᠵᠤ᠂ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ | ᠰᠢᠢᠳᠪᠦᠷᠢᠯᠡᠨ᠎ᠡ᠃ | | ᠬᠤᠶᠠᠷ᠂ 2020 ᠤᠨ ᠤ ᠠᠵᠢᠯ ᠤᠨ ᠲᠣᠬᠢᠷᠠᠭᠤᠯᠤᠯᠲᠠ | | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽13 · 5︾ ᠶᠢᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠮᠥᠨ᠂ ︽ | 14 · 5︾ ᠶᠢᠨ ᠲᠦᠯᠦᠪᠯᠡᠭᠡ ᠶᠢ ᠲᠥᠯᠥᠪᠵᠢᠭᠦᠯᠬᠦ᠂ ᠴᠢᠨᠠᠷ ᠰᠠᠶᠢᠲᠠᠢ ᠬᠦᠭᠵᠢᠭᠦᠯᠦᠯᠲᠡ ᠶᠢ ᠠᠬᠢᠭᠤᠯᠬᠤ ᠵᠠᠩᠭᠢᠯᠠᠭ᠎ᠠ ᠶᠢᠨ ᠵᠢᠯ ᠮᠥᠨ᠃ ᠵᠠᠰᠠᠭ ᠤᠨ ᠣᠷᠳᠣᠨ ᠤ | ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠨᠠᠮ ᠤᠨ ᠦᠨᠳᠦᠰᠦᠨ | ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠣ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠬᠠᠮᠠᠭᠠᠯᠠᠯ︾ ᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ | ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ | ᠰᠢᠨ᠎ᠡ ᠬᠦᠭᠵᠢᠬᠦᠯᠦᠯᠳᠡ ᠶᠢᠨ ᠣᠨᠣᠯᠵᠢᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ | ᠪᠣᠯᠭᠠᠵᠤ᠂ ᠥᠭᠡᠷᠡᠴᠢᠯᠡᠯᠲᠡ ᠨᠡᠭᠡᠭᠡᠯᠲᠠ ᠪᠠᠷ ᠬᠥᠳᠡᠯᠭᠡᠬᠦ ᠬᠦᠴᠦᠨ ᠪᠣᠯᠭᠠᠵᠤ᠂ ᠭᠤᠷᠪᠠᠨ ᠶᠡᠭᠡ ᠰᠢᠪᠲᠤᠯᠤᠯᠲᠠ ᠶᠢᠨ ᠢᠯᠠᠯᠲᠠ ᠶᠢ ᠡᠷᠡᠰ ᠲᠡᠮᠡᠴᠡᠨ ᠣᠯᠵᠤ᠂ ︽ | ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠤᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠶᠢ ᠨᠢᠭᠡᠳᠦᠯᠲᠡᠶ | ᠲᠦᠯᠦᠪᠯᠡᠨ ᠠᠬᠢᠭᠤᠯᠵᠤ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠠᠰᠢᠭ ᠥᠬᠡᠶ ᠨᠥᠯᠥᠭᠡ ᠶᠢ ᠴᠢᠷᠮᠠᠶᠢᠨ ᠲᠡᠪᠴᠢᠵᠦ᠂ ᠭᠤᠤᠯᠳᠠᠯᠭ᠎ᠠ ᠶᠢ ᠳᠣᠪᠤᠶᠢᠯᠭᠠᠨ᠂ ᠨᠢᠭᠡᠳᠦᠯᠲᠡᠶ | ᠲᠥᠯᠥᠪᠯᠡᠨ ᠨᠡᠶᠢᠳᠡᠮ ᠳᠤᠨᠢ ᠬᠠᠷᠠᠭᠠᠯᠵᠠᠵᠤ᠂ ᠲᠥᠷᠥᠯ ᠬᠤᠪᠢᠶᠠᠨ ᠵᠢᠯᠣᠭᠤᠳᠴᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠶ | ᠨᠡᠶᠢᠭᠡᠮ ᠤᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠶᠢ ᠦᠨᠡᠨ ᠬᠦ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽13 · 5︾ ᠶᠢᠨ | ᠲᠦᠯᠦᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨ ᠬᠦ ᠪᠠᠲᠤᠯᠠᠨ᠎ᠠ᠃ | ᠡᠨᠡ ᠵᠢᠯ ᠤᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5% ᠣᠷᠴᠢᠮ ᠨᠡᠮᠡᠭᠳᠡᠭᠦᠯᠦᠨ᠎ᠡ︔ | ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6% ᠪᠠᠷ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 7.5% ᠨᠡᠮᠡᠭᠳᠡᠭᠦᠯᠦᠨ᠎ᠡ︔ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ | 4.5% ᠶᠢᠨ ᠳᠣᠲᠣᠷ᠎ᠠ ᠬᠢᠵᠠᠭᠠᠷᠯᠠᠨ᠎ᠠ︔ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠤᠷᠤᠯᠭ᠎ᠠ ᠶᠢ ᠲᠤᠰ ᠲᠤᠰ 7% ᠪᠠ 9% ᠪᠠᠷ ᠨᠡᠮᠡᠭᠳᠡᠭᠦᠯᠦᠨ᠎ᠡ᠃ | ᠰᠢᠨ᠎ᠡ ᠴᠠᠭ ᠦᠶ᠎ᠡ ᠶᠢᠨ ᠬᠦᠭᠵᠢᠬᠦᠯᠦᠯᠲᠡ ᠶᠢ ᠠᠳᠬᠤᠬᠤ ᠳᠤ ᠡᠷᠬᠡᠪᠰᠢ ᠰᠢᠨ᠎ᠡ ᠬᠦᠭᠵᠢᠭᠦᠯᠦᠯᠲᠡ ᠶᠢᠨ ᠤᠢᠢᠯᠠᠭᠠᠭᠳᠠᠬᠤᠨ ᠢ ᠭᠤᠶᠢᠪᠢᠰᠢ ᠦᠭᠡᠢ | ᠲᠤᠤᠱᠯᠠᠭᠤᠯᠣᠨᠠ᠃ ᠪᠢᠳᠡ ᠰᠢᠨ᠎ᠡ ᠶᠢ ᠡᠭᠦᠳᠬᠦ ᠪᠠᠷ ᠬᠦᠭᠵᠢᠬᠦᠯᠦᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ | ᠣᠶᠢᠯᠠᠭᠠᠭᠳᠠᠬᠤᠨ᠂ ᠲᠦᠷᠢᠮ᠂ ᠪᠠᠶᠢᠭᠤᠯᠤᠯ᠂ ᠲᠣᠭᠲᠠᠴᠠ ᠵᠡᠷᠭᠡ ᠪᠦᠬᠦ ᠲᠠᠯ᠎ᠠ ᠶᠢᠨ ᠰᠢᠨ᠎ᠡ ᠡᠭᠦᠳᠦᠯᠲᠡ ᠶᠢ ᠰᠢᠰᠲ᠋ᠧᠮ ᠲᠠᠢ ᠠᠬᠢᠭᠤᠯᠵᠤ᠂ ᠰᠢᠨ᠎ᠡ ᠶᠢ ᠡᠭᠦᠳᠬᠦ | ᠬᠡᠯᠪᠡᠷᠢ ᠶᠢᠨ ᠲᠦᠩᠯᠢᠶᠣᠤ ᠶᠢ ᠲᠦᠷᠭᠡᠪᠴᠢᠯᠡᠨ ᠪᠠᠶᠢᠭᠤᠯᠣᠨ᠎ᠠ︔ ᠣᠷᠣᠨ ᠪᠦᠰᠡ ᠶᠢ ᠵᠣᠬᠢᠴᠠᠩᠭᠤᠶ ᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ | ᠬᠦᠭᠵᠢᠬᠦᠯᠦᠯᠲᠡ ᠶᠢᠨ ᠪᠠᠶᠢᠷᠢ ᠲᠣᠭᠲᠠᠭᠠᠯᠲᠠ ᠶᠢ ᠡᠵᠡᠮᠳᠡᠵᠦ᠂ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠰᠢᠯᠢᠳᠡᠭᠵᠢᠭᠦᠯᠵᠦ᠂ ᠵᠡᠭᠦᠨ ᠬᠤᠶᠢᠲᠤ ᠣᠷᠣᠨ ᠢ | ᠬᠥᠭᠵᠢᠭᠦᠯᠣᠨ ᠮᠠᠨᠳᠣᠭᠤᠯᠬᠤ ᠳᠤ ᠠᠭᠤᠰᠤᠯᠴᠠᠭᠤᠯᠵᠤ᠂ ᠬᠤᠳᠠ ᠬᠥᠳᠡᠭᠡ ᠶᠢᠨ ᠬᠦᠭᠵᠢᠬᠦᠯᠦᠯᠲᠠ ᠶᠢ ᠨᠢᠭᠡᠳᠦᠯᠲᠡᠶ ᠲᠥᠯᠥᠪᠯᠡᠨ᠂ ᠶᠡᠷᠦᠩᠬᠡᠶᠢᠯᠡᠭᠰᠡᠨ ᠪᠣᠳᠠᠲᠤ | ᠬᠦᠴᠦᠨ ᠪᠠ ᠥᠷᠢᠰᠥᠯᠳᠦᠬᠦ ᠬᠦᠴᠦᠨ ᠢ ᠴᠢᠩᠭᠠᠷᠠᠭᠤᠯᠵᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠲᠦᠷᠭᠡᠪᠴᠢᠯᠡᠨ ᠪᠠᠶᠢᠭᠤᠯᠤᠨ᠎ᠠ︔ | ᠬᠥᠮᠦᠨ ᠪᠣᠯᠤᠨ ᠪᠠᠶᠢᠭᠠᠯᠢ ᠡᠶ᠎ᠡ ᠡᠪ ᠲᠠᠢ ᠬᠠᠮᠲᠤ ᠣᠷᠣᠰᠢᠬᠤ ᠶᠢ ᠪᠠᠷᠢᠮᠲᠠᠯᠠᠵᠤ᠂ ᠠᠮᠢ ᠠᠬᠤᠢ ᠶᠢ ᠤᠷᠢᠲᠠᠪᠠᠷ ᠪᠣᠳᠣᠯᠬᠢᠯᠠᠬᠤ᠂ ᠪᠣᠬᠢᠷᠲᠤᠯ ᠦᠭᠡᠢ | ᠬᠦᠭᠵᠢᠬᠦᠯᠦᠯᠲᠠ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠦᠭᠵᠢᠭᠦᠯᠦᠯᠲᠡ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠤᠮᠠᠷᠠᠲᠤ ᠬᠢᠯᠢ ᠶᠢᠨ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠲᠦᠮᠡᠨ ᠭᠠᠵᠠᠷ ᠤᠨ ᠪᠣᠬᠢᠷᠲᠤᠯ ᠦᠭᠡᠢ ᠤᠷᠳᠤ ᠴᠠᠭᠠᠨ ᠬᠡᠷᠡᠮ ᠢ ᠪᠠᠶᠢᠭᠤᠯᠵᠤ᠂ ᠪᠣᠬᠢᠷᠲᠤᠯ ᠦᠭᠡᠢ | ᠲᠦᠩᠯᠢᠶᠣᠤ ᠶᠢ ᠲᠦᠷᠭᠡᠳᠬᠡᠨ ᠪᠠᠶᠢᠭᠤᠯᠤᠨ᠎ᠠ︔ ᠦᠬᠡᠷᠡᠴᠢᠯᠡᠯᠳᠡ ᠨᠡᠭᠡᠭᠡᠯᠲᠡ ᠶᠢ ᠪᠠᠷᠢᠮᠳᠠᠯᠠᠵᠣ᠂ ᠦᠵᠡᠯ ᠰᠠᠨᠠᠭ᠎ᠠ ᠪᠠᠨ ᠴᠢᠯᠥᠭᠡᠯᠡᠨ᠂ ᠦᠨᠡᠨ ᠠᠴᠠ ᠵᠦᠪ ᠢ | ᠡᠷᠢᠵᠦ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠳᠡᠯᠡᠬᠡᠶ ᠶᠢᠨ ᠬᠠᠷᠠᠴᠠ᠂ ᠶᠡᠭᠡ ᠲᠠᠯ᠎ᠠ ᠶᠢᠨ ᠤᠬᠠᠮᠰᠠᠷ ᠢ ᠪᠤᠢ ᠪᠤᠯᠭᠠᠵᠤ᠂ ︽ᠨᠢᠭᠡ ᠪᠦᠰᠡ ᠨᠢᠭᠡ ᠵᠠᠮ︾ | ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠭᠠᠳᠠᠭᠠᠳᠤ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠥᠷᠭᠡᠳᠬᠡᠵᠦ᠂ ᠨᠡᠭᠡᠭᠡᠯᠲᠡ ᠲᠠᠢ ᠲᠦᠩᠯᠢᠶᠣᠤ ᠶᠢ | ᠲᠦᠷᠭᠡᠪᠴᠢᠯᠡᠨ ᠪᠠᠶᠢᠭᠤᠯᠤᠨ᠎ᠠ︔ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠬᠦᠯᠥᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠷᠠᠳ ᠤᠨ | ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠥᠭᠡᠷᠡᠴᠢᠯᠡᠯᠲᠡ ᠬᠦᠭᠵᠢᠭᠦᠯᠦᠯᠲᠡ ᠶᠢᠨ | ᠦᠷ᠎ᠡ ᠪᠦᠲᠦᠭᠡᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠦᠷᠦᠭᠳᠡᠯ ᠵᠤᠯ ᠵᠢᠷᠭᠠᠯᠲᠤ ᠲᠦᠷᠦᠭᠳᠡᠯ | ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠵᠠ ᠵᠢᠷᠭᠠᠯᠲᠤ ᠲᠦᠩᠯᠢᠶᠣᠤ ᠶᠢ ᠲᠦᠷᠭᠡᠳᠬᠡᠨ ᠪᠠᠶᠢᠭᠤᠯᠤᠨ᠎ᠠ᠃ | ᠵᠢᠯ ᠤᠨ ᠡᠬᠢᠨ ᠳᠤ᠂ ᠰᠢᠨ᠎ᠡ ᠪᠠᠷ ᠡᠬᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠪᠢᠳᠡ ︽ᠢᠲᠡᠭᠡᠯ ᠵᠣᠷᠢᠭ ᠢᠶᠠᠨ | ᠪᠠᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠣᠨᠣᠴᠠᠲᠠᠶ ᠠᠷᠭ᠎ᠠ ᠪᠣᠳᠣᠯᠭ᠎ᠠ | ᠬᠡᠷᠡᠭᠵᠢᠭᠦᠯᠬᠦ︾ ᠶᠡᠷᠦᠩᠬᠡᠶ ᠱᠠᠭᠠᠷᠲᠠᠯᠭ᠎ᠠ ᠶᠣᠰᠣᠭᠠᠷ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠲᠠᠶᠢᠴᠢᠯᠠᠨ᠂ ᠪᠥᠬᠦ ᠲᠠᠯ᠎ᠠ ᠪᠠᠷ | ᠪᠠᠶᠢᠷᠢᠯᠠᠭᠤᠯᠵᠤ᠂ ᠪᠥᠬᠦ ᠲᠠᠯ᠎ᠠ ᠪᠠᠷ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ | ᠪᠠᠷᠢᠮᠲᠠᠯᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠬᠢᠵᠦ᠂ ᠬᠢᠵᠢᠭ ᠢ ᠰᠡᠷᠭᠡᠶᠢᠯᠡᠨ ᠡᠵᠡᠮᠳᠡᠬᠦ ᠱᠠᠲᠤ ᠦᠶ᠎ᠡ ᠶᠢᠨ ᠴᠢᠨᠠᠷᠲᠠᠶ ᠢᠯᠠᠯᠲᠠ ᠶᠢ ᠤᠯᠪᠠ᠃ | ᠣᠳᠣᠬᠠᠨ ᠳᠤ᠂ ᠣᠯᠣᠰ ᠤᠨ ᠲᠣᠳᠣᠭᠠᠳᠣᠬᠢ ᠬᠢᠵᠢᠭ ᠢ ᠦᠨᠳᠦᠰᠦᠨ ᠳᠡᠭᠡᠨ ᠬᠤᠷᠢᠭᠯᠠᠵᠣ᠂ ᠬᠢᠯᠢ ᠶᠢᠨ ᠭᠠᠳᠠᠨᠠᠬᠢ ᠬᠢᠵᠢᠭ ᠦᠷᠬᠦᠯᠵᠢᠯᠡᠨ ᠳᠡᠯᠭᠡᠷᠡᠵᠦ᠂ ᠬᠢᠵᠢᠭ ᠢ | ᠰᠡᠷᠭᠡᠶᠢᠯᠡᠨ ᠡᠵᠡᠮᠳᠡᠬᠦ ᠳᠤ ᠮᠠᠰᠢ ᠣᠯᠠᠨ ᠲᠣᠭᠳᠠᠭᠤᠨ ᠪᠣᠰᠣ ᠬᠦᠴᠦᠨ ᠵᠦᠢᠯ ᠣᠷᠣᠰᠢᠵᠣ᠂ ᠠᠵᠣ ᠠᠬᠤᠢ ᠲᠣᠷᠣᠭᠰᠢᠯᠠᠬᠤ ᠲᠦᠭᠰᠢᠬᠦᠷᠢ ᠶᠡᠬᠡᠳᠦᠭᠰᠡᠨ ᠪᠠᠶᠢᠨ᠎ᠠ᠂ | ᠡᠨᠡ ᠪᠣᠯ ᠨᠢᠬᠡᠨ ᠣᠳᠠᠭ᠎ᠠ ᠶᠢᠨ ᠲᠡᠦᠬᠡᠳᠦ ᠴᠢᠨᠠᠷ ᠲᠠᠢ ᠲᠦᠭᠰᠢᠬᠦᠷᠢ ᠶᠢᠨ ᠰᠢᠯᠭᠠᠯᠲᠠ ᠪᠣᠯᠣᠨ᠎ᠠ᠃ ᠪᠢᠳᠡ ᠪᠠᠶᠢᠯᠳᠤᠬᠤ ᠪᠣᠳᠣᠯᠭ᠎ᠠ ᠶᠢᠨ ᠴᠢᠬᠤᠯᠠ ᠠᠵᠠ | ᠲᠣᠬᠢᠶᠠᠯᠳᠤ ᠬᠤᠭᠤᠴᠠᠭ᠎ᠠ ᠪᠠ ᠵᠠᠭᠤᠨ ᠵᠢᠯ ᠳᠤ ᠲᠤᠬᠢᠶᠠᠯᠳᠤᠭ᠎ᠠ ᠥᠬᠡᠶ ᠶᠡᠭᠡ ᠬᠤᠪᠢᠷᠠᠯᠲᠠ ᠠᠴᠠ ᠪᠣᠯᠤᠭᠰᠠᠨ ᠲᠡᠤᠬᠡᠲᠦ ᠴᠢᠨᠠᠷᠲᠠᠶ ᠠᠵᠠ ᠲᠣᠬᠢᠶᠠᠯ ᠢ ᠭᠦᠢᠴᠡᠳ | ᠡᠵᠡᠮᠳᠡᠵᠦ᠂ ᠬᠤᠪᠢᠷᠠᠯᠲᠠ ᠶᠢ ᠣᠨᠣᠪᠴᠢᠲᠠᠶ ᠲᠠᠨᠢᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠬᠤ ᠶᠢ ᠡᠷᠢᠯᠬᠢᠯᠡᠵᠦ᠂ | ᠨᠢᠳᠦᠨ ᠡᠮᠦᠨᠡᠬᠢ ᠬᠢᠮᠤᠷᠠᠯ᠂ ᠨᠢᠳᠦᠨ ᠡᠮᠦᠨᠡᠬᠢ ᠬᠦᠴᠢᠷᠳᠡᠯ ᠤᠨ ᠳᠤᠮᠳᠠ ᠠᠴᠠ ᠴᠠᠭ ᠲᠣᠬᠢᠶᠠᠯ ᠢ ᠡᠵᠡᠮᠳᠡᠬᠦ ᠳᠡᠭᠡᠨ ᠴᠢᠳᠠᠮᠠᠭᠠᠶ ᠪᠠᠶᠢᠵᠤ᠂ ᠬᠦᠭᠵᠢᠬᠦᠯᠦᠯᠲᠡ ᠶᠢᠨ | ᠶᠡᠭᠡ ᠲᠠᠯ᠎ᠠ ᠶᠡᠭᠡ ᠬᠠᠨᠳᠤᠰᠢ ᠶᠢᠨ ᠳᠤᠮᠳᠠ ᠠᠴᠠ ᠰᠢᠨ᠎ᠡ ᠬᠦᠭᠵᠢᠬᠦᠯᠦᠯᠲᠡ ᠶᠢ ᠡᠷᠢᠯᠬᠢᠯᠡᠵᠦ᠂ ᠴᠠᠭ ᠢᠮᠠᠭᠲᠠ ᠪᠠᠶᠢᠳᠠᠯ ᠢ ᠦᠨᠳᠦᠰᠦᠯᠡᠨ ᠰᠡᠷᠭᠡᠶᠢᠯᠡᠨ ᠡᠵᠡᠮᠳᠡᠬᠦ | ᠠᠷᠭ᠎ᠠ ᠪᠣᠳᠣᠯᠭ᠎ᠠ ᠪᠠ ᠠᠷᠭᠠᠴᠠᠬᠤ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠵᠦ᠂ ᠬᠢᠵᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠪᠠᠭ᠎ᠠ ᠬᠡᠮᠵᠢᠶᠡᠨ ᠳᠤ | ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠦᠭᠵᠢᠬᠦᠯᠦᠯᠳᠡ ᠶᠢᠨ ᠬᠠᠷᠠᠯᠲᠠ ᠶᠢᠨ ᠬᠤᠤᠰ | ᠢᠯᠠᠯᠲᠠ ᠶᠢ ᠲᠡᠮᠡᠴᠡᠨ ᠣᠯᠬᠤ ᠪᠠᠷ ᠴᠢᠷᠮᠠᠶᠢᠨ᠎ᠠ᠃ ᠡᠶᠢᠮᠦ ᠠᠴᠠ᠂ ᠪᠢᠳᠡ ᠳᠠᠷᠠᠭᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠦᠭᠵᠢᠬᠦᠯᠦᠯᠳᠡ ᠶᠢᠨ ᠡᠯ᠎ᠡ | ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ᠎ᠡ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ | ᠲᠤᠤᠱᠯᠠᠭᠤᠯᠵᠤ᠂ ︽ᠭᠠᠳᠠᠭᠠᠳᠤ ᠠᠴᠠ ᠣᠷᠣᠵᠣ ᠢᠷᠡᠬᠦ ᠶᠢ ᠰᠡᠷᠬᠡᠶᠢᠯᠡᠵᠦ᠂ ᠳᠣᠲᠣᠭᠠᠳᠤ ᠳᠠᠭᠠᠨ ᠲᠠᠬᠢᠬᠤ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ | ᠪᠣᠳᠣᠯᠭ᠎ᠠ ᠶᠢ ᠪᠠᠲᠤ ᠪᠠᠷᠢᠮᠲᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠡᠬᠢᠨ ᠠᠴᠠ ᠳᠠᠭᠤᠰᠲᠠᠯ᠎ᠠ ᠥᠴᠦᠬᠡᠨ ᠴᠦ ᠰᠤᠯᠠᠷᠠᠭᠤᠯᠤᠯ ᠥᠬᠡᠶ ᠴᠢᠩᠭ᠎ᠠ | ᠠᠳᠬᠤᠵᠤ ᠨᠠᠷᠢᠯᠢᠭ ᠠᠳᠬᠤᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠨ᠎ᠡ᠃ | ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠬᠢᠯᠢ ᠶᠢᠨ ᠭᠠᠲᠠᠨ᠎ᠠ ᠠᠴᠠ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠶᠢ | ᠴᠢᠬᠤᠯᠠ ᠠᠴᠠ ᠴᠢᠬᠤᠯᠠ ᠵᠦᠢᠯ ᠪᠣᠯᠭᠠᠵᠤ᠂ ᠬᠢᠯᠢ ᠶᠢᠨ ᠭᠠᠳᠠᠨ᠎ᠠ ᠠᠴᠠ ᠲᠦᠩᠯᠢᠶᠣᠣ ᠳᠤ ᠢᠷᠡᠭᠴᠢ ᠶᠢᠨ ᠬᠠᠮᠢᠶᠠᠷᠤᠯᠲᠠ ᠶᠢ ᠴᠢᠩᠭ᠎ᠠ ᠨᠢᠭᠲᠠ ᠰᠠᠶᠢᠲᠤᠷ ᠬᠢᠵᠦ᠂ | ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠢ ᠰᠢᠭᠰᠢᠨ ᠪᠠᠶᠢᠴᠠᠭᠠᠬᠤ ᠬᠠᠮᠢᠶᠠᠷᠤᠯᠲᠠ ᠶᠢᠨ ᠠᠵᠢᠯ ᠤᠨ ᠡᠷᠴᠢᠮ ᠢ ᠴᠢᠩᠭᠠᠷᠠᠭᠤᠯᠤᠨ᠂ ᠰᠤᠷᠭᠠᠭᠤᠯᠢ᠂ | ᠡᠮᠨᠡᠯᠭᠡ ᠶᠢᠨ ᠬᠤᠷᠢᠶ᠎ᠠ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠪᠣᠯᠤᠨ ᠬᠥᠮᠦᠨ ᠣᠯᠠᠨ ᠴᠤᠭᠯᠠᠷᠠᠬᠤ ᠭᠠᠵᠠᠷ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠢ ᠴᠠᠭ ᠲᠤᠬᠠᠶ ᠳᠤᠨᠢ ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠨᠠᠷᠢᠯᠢᠭ ᠣᠨᠣᠴᠠᠲᠠᠶ ᠪᠠᠷ ᠬᠠᠮᠢᠶᠠᠷᠤᠨ ᠡᠵᠡᠮᠳᠡᠬᠦ᠂ | ᠪᠦᠲᠦᠮᠵᠢᠲᠡᠶ ᠠᠪᠤᠷᠠᠨ ᠵᠠᠰᠠᠬᠤ ᠬᠡᠪᠰᠢᠭᠰᠡᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠬᠦᠯᠵᠦ᠂ ᠭᠠᠳᠠᠨ᠎ᠠ ᠠᠴᠠ ᠣᠷᠣᠵᠣ ᠢᠷᠡᠬᠦ ᠪᠠ ᠳᠠᠬᠢᠬᠤ ᠶᠢ | ᠰᠡᠷᠭᠡᠶᠢᠯᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠣᠨ᠎ᠠ᠃ ᠬᠢᠵᠢᠭ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠨᠥᠬᠦᠴᠡᠯ ᠳᠣᠤᠷ᠎ᠠ᠂ ᠠᠵᠤ | ᠠᠬᠤᠶ ᠨᠡᠶᠢᠭᠡᠮ ᠤᠨ ᠡᠮᠬᠢ ᠵᠢᠷᠤᠮ ᠢ ᠪᠦᠬᠦ ᠲᠠᠯ᠎ᠠ ᠪᠠᠷ ᠰᠡᠷᠭᠦᠭᠡᠵᠦ᠂ ᠴᠢᠬᠤᠯᠠ ᠶᠡᠭᠡ ᠵᠦᠢᠯᠡᠰ ᠤᠨ ᠡᠮᠦᠨᠡᠬᠢ ᠬᠤᠭᠤᠴᠠᠭ᠎ᠠ ᠶᠢ ᠲᠦᠷᠭᠡᠳᠬᠡᠵᠦ᠂ ᠲᠦᠷᠦᠯ | ᠵᠦᠢᠯ ᠤᠨ ᠠᠵᠢᠯ ᠡᠬᠢᠯᠡᠬᠦᠯᠬᠦ ᠶᠢ ᠠᠬᠢᠭᠤᠯᠵᠣ᠂ ᠠᠵᠢᠯ ᠦᠢᠯᠡᠳᠪᠦᠷᠢᠯᠡᠯ ᠰᠤᠷᠤᠯᠭ᠎ᠠ ᠪᠠᠨ ᠡᠮᠬᠢ ᠵᠢᠷᠤᠮ ᠲᠠᠢ ᠰᠡᠷᠭᠦᠭᠡᠨ᠎ᠡ᠃ ᠡᠯ᠎ᠡ ᠲᠥᠷᠥᠯ ᠤᠨ ᠠᠮᠤᠷ | ᠲᠦᠪᠰᠢᠨ ᠤ ᠳᠠᠯᠳᠠ ᠭᠡᠮ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠢᠰᠲ᠋ᠧᠮ ᠢ ᠦᠷᠭᠦᠯᠵᠢᠯᠡᠨ | ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠵᠡᠭᠦᠨ ᠬᠡᠰᠡᠭ ᠤᠨ ᠪᠠᠴᠢᠮ ᠪᠠᠶᠢᠳᠠᠯ ᠢ | ᠠᠷᠭᠠᠴᠠᠬᠤ ᠡᠳ᠋ ᠪᠠᠷᠠᠭ᠎ᠠ ᠦᠢᠯᠡᠳᠪᠦᠷᠢᠯᠡᠵᠤ ᠨᠦᠬᠡᠴᠡᠯᠡᠬᠦ ᠰᠠᠭᠤᠷᠢᠨ ᠭᠠᠵᠠᠷ ᠢ ᠭᠤᠶᠤᠴᠢᠯᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ | ᠨᠦᠬᠡᠴᠡᠯᠡᠬᠦ ᠲᠥᠷᠥᠯ ᠵᠦᠢᠯ ᠪᠣᠯᠤᠨ ᠬᠡᠪᠴᠢᠶ᠎ᠡ ᠶᠢ ᠥᠷᠭᠡᠳᠬᠡᠨ᠎ᠡ᠃ ᠪᠣᠭᠤᠮ᠎ᠠ ᠡᠪᠡᠳᠴᠢᠨ᠂ ᠬᠤᠯᠤᠭᠠᠨ᠎ᠠ ᠬᠢᠵᠢᠭ ᠵᠡᠷᠭᠡ ᠬᠥᠮᠦᠨ ᠮᠠᠯ ᠳᠤ ᠪᠦᠷ ᠲᠤᠰᠳᠠᠭ | ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠲᠤᠭᠲᠠᠭᠰᠠᠨ ᠬᠤᠭᠤᠴᠠᠭ᠎ᠠ ᠳᠤ ᠬᠢᠵᠢᠭ ᠲᠡᠯᠭᠡᠷᠡᠭᠰᠡᠨ ᠥᠭᠡᠢ ᠣᠷᠣᠨ ᠤ ᠪᠠᠶᠢᠭᠤᠯᠤᠯᠲᠠ ᠶᠢ | ᠠᠬᠢᠭᠤᠯᠵᠤ᠂ ᠬᠦᠨᠳᠦ ᠶᠡᠭᠡ ᠠᠮᠣᠷ ᠲᠦᠪᠰᠢᠨ ᠤ ᠠᠳᠡᠯ ᠭᠠᠷᠬᠤ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ | ᠬᠤᠷᠢᠭᠯᠠᠨ᠎ᠡ᠃ | ︵ᠬᠤᠶᠠᠷ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠳᠦ ᠢᠯᠠᠯᠲᠠ ᠶᠢ ᠤᠯᠤᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠬᠤ ᠪᠣᠯ ᠮᠠᠨ ᠤ ᠨᠠᠮ ᠤᠨ ᠠᠷᠠᠳ ᠲᠦᠮᠡᠨ᠂ ᠲᠡᠥᠬᠡ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠂ ᠡᠨᠡ ᠵᠢᠯ ᠤᠨ ᠲᠡᠷᠢᠭᠦᠨ ᠴᠢᠬᠤᠯᠠ ᠶᠠᠪᠤᠳᠠᠯ ᠪᠠ | ᠲᠡᠷᠢᠭᠦᠨ ᠴᠢᠬᠤᠯᠠ ᠡᠭᠦᠷᠭᠡ ᠮᠥᠨ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠣᠳᠠᠭᠳᠠᠯ ᠢ ᠲᠦᠷᠭᠡᠨ ᠨᠥᠬᠦᠪᠥᠷᠢᠯᠡᠬᠦ ᠡᠭᠦᠷᠭᠡ ᠶᠢᠨ ᠠᠵᠢᠯ ᠤᠨ | ᠬᠤᠪᠢᠶᠠᠷᠢᠯᠠᠯ ᠤᠨ ᠲᠥᠰᠦᠯ ᠢ ᠨᠠᠶᠢᠳᠠᠪᠤᠷᠢᠵᠢᠭᠤᠯᠵᠤ᠂ ᠪᠡᠶᠡᠯᠡᠭᠦᠯᠦᠭᠰᠡᠨ ᠬᠥᠮᠦᠨ ᠲᠤᠮᠳᠠᠴᠢ ᠶᠢᠨ GDP ᠵᠡᠷᠭᠡ 28 ᠵᠦᠢᠯ ᠤᠨ ᠭᠦᠢᠴᠡᠳᠭᠡᠯ ᠲᠤᠭ᠎ᠠ ᠶᠢ | ᠪᠠᠬᠢᠵᠢᠭᠦᠯᠦᠨ ᠥᠷᠭᠡᠳᠬᠡᠨ᠎ᠡ︔ ᠪᠠᠶᠢᠯᠳᠤᠬᠤ ᠪᠣᠳᠣᠯᠭ᠎ᠠ ᠶᠢᠨ ᠴᠢᠨᠠᠷ ᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ᠂ ᠰᠣᠶᠣᠯ ᠤᠨ ᠠᠵᠤ ᠦᠢᠯᠡᠰ ᠤᠨ ᠨᠡᠮᠡᠭᠳᠡᠯ | ᠥᠷᠲᠡᠭ ᠵᠡᠷᠭᠡ 24 ᠵᠦᠢᠯ ᠤᠨ ᠭᠦᠢᠴᠡᠳᠭᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠪᠠ ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠵᠤ | ᠂ ᠲᠣᠳᠠᠭᠳᠠᠯ ᠪᠠᠭᠤᠷᠠᠶ ᠲᠠᠯ᠎ᠠ ᠶᠢ ᠨᠥᠬᠦᠪᠥᠷᠢᠯᠡᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠠᠮᠤᠭ ᠤᠨ ᠰᠠᠶᠢᠨ ᠦᠷ᠎ᠡ ᠳ᠋ᠦᠩ ᠢ ᠲᠠᠮᠡᠴᠠᠨ ᠣᠯᠵᠤ᠂ ᠴᠢᠨᠡᠭᠡᠯᠢᠭ | ᠨᠠᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠨᠠᠩ ᠰᠠᠶᠢᠨ ᠴᠢᠨᠠᠷ᠂ ᠦᠨ᠎ᠡ ᠴᠠᠨ᠎ᠠ ᠪᠠᠷ ᠨᠠᠩ ᠥᠨᠳᠥᠷ ᠪᠠᠶᠢᠵᠤ᠂ ᠠᠷᠠᠳ ᠲᠦᠮᠡᠨ ᠳᠤ ᠮᠡᠳᠡᠷᠡᠭᠳᠡᠵᠦ᠂ | ᠲᠡᠤᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠨ᠎ᠠ᠃ | ︵ᠭᠤᠷᠪᠠ︶ ᠭᠤᠷᠪᠠᠨ ᠶᠡᠭᠡ ᠰᠢᠪᠲᠤᠯᠤᠯᠲᠠ ᠶᠢ ᠡᠷᠡᠰ ᠰᠠᠶᠢᠲᠤᠷ ᠬᠢᠵᠦ ᠢᠯᠠᠯᠲᠠ ᠣᠯᠤᠨ᠎ᠠ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ | ᠰᠢᠪᠳᠣᠯᠣᠯᠲᠠ ᠶᠢᠨ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠭᠰᠠᠨ︾᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ 2020 ᠣᠨ ᠤ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠦᠷᠢᠵᠢᠭᠤᠯᠵᠤ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠳᠤ ᠠᠩᠬᠠᠷᠤᠯ ᠢᠶᠠᠨ | ᠲᠥᠪᠯᠡᠷᠡᠭᠦᠯᠵᠦ᠂ ᠭᠤᠤᠯᠲᠠᠯᠭ᠎ᠠ ᠲᠠᠢ ᠰᠢᠪᠳᠣᠯᠣᠯᠲᠠ ᠥᠷᠨᠢᠭᠦᠯᠦᠨ᠎ᠡ᠃ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠳᠡᠯᠦᠩᠭᠦᠶ ᠬᠠᠮᠢᠶᠠᠷᠤᠯᠲᠠ ᠶᠢ | ᠴᠢᠩᠭᠠᠳᠬᠠᠨ᠂ ᠤᠬᠤᠷᠢᠨ ᠭᠠᠷᠬᠤ ᠪᠠᠷᠢᠮᠵᠢᠶ᠎ᠠ ᠪᠠ ᠳᠡᠰ ᠳᠠᠷᠠᠭᠠᠯᠠᠯ ᠢ ᠴᠢᠩᠳᠠᠯᠠᠵᠤ᠂ ᠪᠥᠬᠦ ᠬᠤᠲᠠ ᠶᠢᠨ 650 ᠭᠠᠴᠠᠭ᠎ᠠ ᠲᠣᠰᠬᠤᠨ ᠳᠤ ᠱᠠᠲᠤ ᠬᠤᠪᠢᠶᠠᠨ | ᠫᠠᠶᠢᠰᠠ ᠡᠯᠭᠦᠨ ᠰᠢᠮᠳᠠᠭᠤᠯᠵᠤ᠂ 527 ᠡᠷᠦᠬᠡ᠂ 1542 ᠲᠠᠩᠰᠠ ᠵᠤᠬᠢᠶᠠᠵᠤ ᠺᠠᠷᠲ ᠲᠠᠭᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤ | ᠬᠦᠴᠢᠷᠳᠡᠯᠲᠡᠶ ᠪᠣᠯᠤᠭᠰᠠᠨ ᠰᠢᠯᠲᠠᠭᠠᠨ ᠢ ᠨᠢᠭᠡᠳ ᠨᠢᠭᠡ ᠪᠠᠷ ᠵᠠᠳᠠᠯᠵᠤ᠂ ︽ᠴᠡᠭ ᠠᠴᠠ ᠴᠡᠭ ᠲᠤ ᠲᠤᠰᠠᠯᠠᠬᠤ︾ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ | ᠲᠤᠭᠲᠠᠪᠦᠷᠢᠲᠠᠶ ᠪᠤᠰᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠵᠠᠬ᠎ᠠ ᠬᠢᠵᠠᠭᠠᠷ ᠤᠨ ᠬᠥᠮᠦᠨ ᠠᠮᠠ ᠶᠢ ᠬᠢᠨᠠᠨ ᠬᠡᠮᠵᠢᠬᠦ ᠶᠢ ᠰᠠᠶᠢᠲᠤᠷ ᠬᠢᠵᠦ᠂ ᠳᠠᠬᠢᠨ | ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠦᠨ ᠠᠮᠠ ᠶᠢ ᠴᠠᠭ ᠲᠤᠬᠠᠶ ᠳᠤᠨᠢ ᠬᠠᠪᠰᠤᠷᠤᠨ ᠲᠡᠳᠬᠦᠬᠦ ᠬᠡᠪᠴᠢᠶᠡᠨ ᠳᠤ ᠣᠷᠣᠭᠤᠯᠵᠤ᠂ ᠦᠨᠳᠦᠰᠦᠨ ᠵᠦᠢᠯ ᠢ | ᠪᠠᠲᠤᠯᠠᠬᠤ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢᠨ ᠦᠨᠳᠦᠰᠦ ᠠᠴᠠ ᠨᠢ | ᠵᠠᠰᠠᠬᠤ ᠦᠢᠯᠡᠲᠦᠯ ᠢ ᠳᠣᠪᠤᠶᠢᠯᠭᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠡᠯᠡ | ᠮᠥᠩᠭᠦ ᠶᠢᠨ ᠣᠷᠣᠭᠤᠯᠤᠯᠲᠠ ᠪᠠ ᠲᠥᠷᠥᠯ ᠵᠥᠢᠯ ᠤᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ | ᠲᠥᠪ ᠤᠨ ᠨᠢᠭᠡᠴᠡ ᠶᠢᠨ ᠴᠡᠭ ᠲᠣᠭᠲᠠᠭᠠᠨ ᠶᠠᠳᠠᠭᠤ ᠶᠢ ᠲᠡᠳᠬᠦᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠪᠦᠬᠦ ᠲᠠᠯ᠎ᠠ ᠪᠠᠷ ᠶᠠᠳᠠᠭᠤ ᠠᠴᠠ | ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠭᠤᠯᠤᠯᠲᠠ ᠶᠢᠨ ᠪᠤᠳᠤᠯᠭ᠎ᠠ ᠶᠢᠨ ᠣᠷᠭᠠᠨᠢᠭ ᠵᠤᠯᠭᠠᠭᠤᠯᠤᠯᠲᠠ ᠶᠢ ᠠᠬᠢᠭᠤᠯᠵᠤ᠂ | ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ᠎ᠠ᠃ | ᠬᠥᠬᠡ ᠣᠭᠲᠠᠷᠭᠤᠶ ᠬᠥᠬᠡᠮᠳᠦᠭ ᠤᠰᠤ ᠴᠡᠪᠡᠷ ᠬᠥᠷᠥᠰᠥ ᠶᠢᠨ ᠬᠠᠮᠠᠭᠠᠯᠠᠯᠲᠠ ᠶᠢᠨ ᠢᠯᠠᠯᠲᠠ ᠶᠢ ᠵᠠᠪᠠᠯ ᠣᠯᠣᠨ᠎ᠠ᠃ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠭᠠᠳ︾ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠯᠳᠡ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠣᠳᠠᠲᠤ ᠦᠷ᠎ᠡ ᠪᠦᠲᠦᠮᠵᠢ ᠤᠯᠬᠤ ᠶᠢ ᠥᠨᠡᠡ ᠬᠦ ᠪᠠᠲᠤᠯᠠᠨ᠎ᠠ᠃ 2020 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠳᠣᠯᠣᠯᠲᠠ ᠶᠢᠨ ᠢᠯᠠᠯᠲᠠ ᠶᠢ ᠤᠯᠬᠤ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠠᠭᠠᠷ ᠮᠠᠨᠳᠠᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ | ᠭᠤᠤᠯᠲᠠᠯᠠᠭ᠎ᠠ ᠲᠠᠢ ᠠᠵᠤ ᠠᠬᠤᠶᠢᠯᠠᠯ ᠲᠣᠷ᠎ᠠ ᠪᠠᠷ ᠪᠣᠬᠢᠷᠳᠣᠯ ᠭᠠᠳᠠᠭᠰᠢᠯᠠᠭᠤᠯᠬᠤ ᠶᠢ ᠵᠠᠰᠠᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠲᠦᠯᠡᠰᠢᠨ ᠨᠡᠭᠦᠷᠡᠰᠦᠨ ᠤ | ᠪᠣᠬᠢᠷᠲᠤᠯ ᠢ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠵᠦ᠂ 300 ᠰᠠᠶ᠎ᠠ ᠸᠠᠲ ᠠᠴᠠ ᠳᠡᠭᠡᠭᠰᠢᠬᠢ ᠲᠦᠯᠡᠰᠢᠨ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ ᠶᠢᠨ ᠬᠡᠳᠤ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ︾ | ᠲᠠᠢ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠠᠭᠠᠷ ᠮᠠᠨᠳᠠᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠤᠰᠤᠨ ᠤ ᠡᠬᠢ | ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢᠶᠠᠷ ᠬᠠᠮᠤᠭ ᠤᠨ ᠶᠡᠭᠡ ᠬᠤᠪᠢᠷᠠᠰᠢ ᠦᠬᠡᠢ ᠬᠢᠵᠠᠭᠠᠷᠯᠠᠯ | ᠪᠣᠯᠭᠠᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠭᠠᠵᠠᠷ ᠳᠣᠤᠷᠠᠬᠢ ᠤᠰᠤᠨ ᠤ ᠲᠦᠪᠰᠢᠨ ᠢ ᠬᠠᠮᠢᠶᠠᠷᠤᠨ ᠡᠵᠡᠮᠳᠡᠬᠦ ᠬᠠᠷᠠᠯᠲᠠ ᠶᠢ ᠨᠠᠶᠢᠳᠠᠪᠤᠷᠢᠵᠢᠭᠤᠯᠤᠨ᠂ | ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠵᠤ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠤᠬᠢᠶᠠᠬᠤ ᠶᠢ ᠪᠡᠶᠡᠯᠡᠭᠦᠯᠦᠨ᠎ᠡ᠃ | ᠠᠵᠤ ᠥᠢᠯᠡᠳᠪᠤᠷᠢ ᠶᠢᠨ ᠬᠤᠷᠤᠭ᠎ᠠ ᠶᠢᠨ ᠪᠣᠬᠢᠷ ᠤᠰᠤ ᠶᠢ ᠰᠢᠢᠳᠪᠤᠷᠢᠯᠡᠬᠦ ᠥᠢᠯᠡᠳᠪᠤᠷᠢ ᠪᠦᠷ ᠪᠠᠷᠢᠮᠵᠢᠶ᠎ᠠ ᠳᠤ ᠲᠣᠭᠲᠠᠭᠤᠨ ᠢᠶᠠᠷ ᠬᠥᠷᠭᠡᠨ ᠭᠠᠳᠠᠭᠰᠢᠯᠠᠭᠤᠯᠵᠤ᠂ | ᠲᠦᠩᠯᠢᠶᠣᠤ ᠶᠢᠨ ᠤᠰᠤᠨ ᠤ ᠶᠠᠪᠤᠳᠠᠯ ᠤᠨ ᠶᠡᠷᠥᠩᠬᠡᠶᠢᠯᠡᠭᠰᠡᠨ ᠤᠰᠤ ᠶᠢ ᠰᠢᠢᠳᠪᠤᠷᠢᠯᠡᠬᠦ ᠥᠢᠯᠡᠳᠪᠤᠷᠢ ᠶᠢᠨ ᠲᠥᠷᠥᠯ ᠵᠥᠢᠯ ᠢ ᠪᠠᠶᠢᠭᠤᠯᠵᠣ᠂ ᠴᠡᠪᠡᠷᠯᠡᠭᠰᠡᠨ ᠤᠰᠤ | ᠳᠠᠮᠵᠢᠭᠤᠯᠬᠤ ᠬᠤᠭᠤᠯᠠᠶ ᠶᠢ 32.7 ᠺᠢᠯᠣᠮᠧᠲᠷ ᠰᠢᠨ᠎ᠡ ᠪᠠᠷ ᠨᠡᠮᠡᠭᠳᠡᠭᠦᠯᠵᠦ᠂ ᠴᠡᠪᠡᠷᠯᠡᠭᠰᠡᠨ ᠤᠰᠤ ᠶᠢ ᠪᠦᠷ ᠠᠰᠢᠭᠯᠠᠯᠲᠠ ᠳᠤ ᠤᠷᠤᠭᠤᠯᠤᠨ᠎ᠠ᠃ ︽ᠲᠦᠮᠡᠨ | ᠬᠥᠮᠦᠨ ᠮᠢᠩᠭᠠᠨ ᠲᠣᠨ︾ ᠤ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠤᠨ ᠲᠤᠰᠬᠠᠢ ᠴᠡᠭᠴᠡᠯᠡᠨ ᠵᠠᠰᠠᠬᠤ ᠠᠵᠢᠯ ᠢ | ᠲᠥᠪᠯᠡᠷᠡᠭᠦᠯᠦᠨ ᠥᠷᠨᠢᠭᠦᠯᠵᠦ᠂ 26 ᠲᠥᠪᠯᠡᠷᠡᠩᠭᠦᠶ ᠮᠠᠶ᠋ᠢᠭ ᠤᠨ ᠤᠰᠤᠨ ᠤ ᠰᠤᠷᠪᠤᠯᠵᠢ ᠶᠢᠨ ᠭᠠᠵᠠᠷ ᠤᠨ ᠵᠢᠷᠤᠮᠵᠢᠭᠰᠠᠨ ᠪᠠᠶᠢᠭᠤᠯᠤᠯᠲᠠ ᠶᠢ ᠪᠡᠶᠡᠯᠡᠭᠦᠯᠦᠨ᠎ᠡ᠃ | ᠠᠵᠤ ᠥᠢᠯᠡᠳᠪᠤᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠵᠤ ᠰᠢᠢᠳᠪᠤᠷᠢᠯᠡᠬᠦ᠂ ᠬᠤᠲᠠ ᠬᠥᠳᠡᠭᠡ ᠶᠢᠨ ᠬᠤᠭ ᠨᠣᠪᠰᠢ ᠶᠢᠨ | ᠲᠠᠯᠠᠪᠠᠢ ᠶᠢ ᠵᠢᠷᠤᠮᠵᠢᠭᠤᠯᠤᠨ ᠪᠠᠶᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠮᠠᠯ ᠵᠢᠭᠦᠷᠲᠡᠨ ᠤ ᠢᠯᠭᠠᠳᠠᠰᠤ ᠶᠢ ᠰᠢᠢᠳᠪᠤᠷᠢᠯᠡᠬᠦ ᠢᠨᠵᠧᠨᠧᠷᠢᠩ ᠢ ᠬᠡᠷᠡᠭᠵᠢᠭᠦᠯᠵᠦ᠂ | ᠬᠤᠰᠢᠭᠤ ᠰᠢᠶᠠᠨ ᠬᠤᠲᠠ ᠲᠣᠭᠤᠷᠢᠭ ᠪᠦᠬᠦᠨ ᠳᠤ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠲᠥᠬᠦᠭᠡᠷᠤᠮᠵᠢ ᠪᠠᠶᠢᠭᠤᠯᠤᠨ᠎ᠠ᠃ | 2020 ᠤᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯᠯᠠᠭ᠎ᠠ ᠶᠢᠨ ᠲᠥᠯᠥᠪᠯᠡᠭᠡ ᠶᠢ ᠨᠠᠶᠢᠲᠠᠪᠤᠷᠢᠵᠢᠭᠤᠯᠵᠤ᠂ ᠵᠠᠰᠠᠭ ᠤᠨ | ᠣᠷᠳᠣᠨ ᠤ ᠳᠠᠯᠳᠠ ᠥᠷᠢ ᠥᠭᠴᠡᠭᠡ ᠶᠢᠨ ᠬᠠᠳᠠᠭᠠᠯᠠᠭᠳᠠᠴᠠ ᠶᠢ ᠯᠠᠪᠳᠠᠭᠤᠨ ᠢᠶᠠᠷ ᠰᠢᠢᠳᠪᠦᠷᠢᠯᠡᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ | ᠠᠵᠤ ᠠᠬᠤᠶᠢᠯᠠᠯ ᠤᠨ ᠦᠷᠢ ᠦᠭᠴᠡᠭᠡ ᠶᠢ ᠬᠤᠭᠤᠴᠠᠭ᠎ᠠ ᠶᠣᠰᠣᠭᠠᠷ ᠲᠥᠯᠥᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠴᠢᠷᠮᠠᠶᠢᠨ | ᠪᠠᠭᠤᠷᠠᠭᠤᠯᠤᠨ᠎ᠠ᠃ ᠲᠥᠰᠦᠪ ᠤᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠲᠥᠰᠦᠪ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠨᠠᠶᠢᠷᠠᠭᠤᠯᠤᠨ ᠵᠣᠬᠢᠶᠠᠵᠤ᠂ | ᠲᠥᠰᠦᠪ ᠢ ᠭᠥᠢᠴᠡᠳᠭᠡᠬᠦ ᠬᠢᠵᠠᠭᠠᠷᠯᠠᠯ ᠢ ᠴᠢᠩᠭᠠᠳᠬᠠᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠠᠮᠵᠢᠯᠲᠠ ᠪᠥᠲᠤᠮᠵᠢ ᠶᠢᠨ ᠥᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ | ᠭᠥᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢ ᠢᠯᠭᠠᠷᠠᠭᠤᠯᠤᠨ ᠰᠢᠢᠳᠪᠤᠷᠢᠯᠡᠵᠤ᠂ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠤ ᠲᠠᠢ | ᠵᠢᠭᠡᠯᠡᠯᠭᠡ ᠶᠢ ᠶᠡᠷᠦᠩᠬᠡᠶᠢᠯᠡᠨ ᠵᠠᠰᠠᠵᠤ᠂ ᠡᠯ᠎ᠡ ᠵᠥᠢᠯ ᠤᠨ ᠬᠠᠤᠯᠢ ᠪᠤᠰᠤ ᠮᠥᠩᠭᠦᠨ ᠭᠥᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ | ᠴᠢᠨᠠᠷᠲᠠᠶ ᠮᠥᠩᠭᠦᠨ ᠭᠥᠢᠯᠭᠡᠭᠡᠨ ᠤ ᠲᠦᠭᠰᠢᠭᠦᠷᠢ ᠥᠯᠥ ᠡᠭᠦᠰᠭᠡᠬᠦ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ | ︵ᠲᠦᠷᠪᠡ︶ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠬᠠᠨᠳᠤᠰᠢ ᠳᠤ ᠵᠣᠬᠢᠴᠠᠭᠤᠯᠤᠨ᠂ ᠣᠳᠣ ᠶᠢᠨ ᠪᠠᠶᠢᠭ᠎ᠠ ᠠᠵᠤ | ᠦᠢᠯᠡᠰ ᠤᠨ ᠰᠠᠭᠤᠷᠢ ᠳᠤ ᠰᠠᠭᠤᠷᠢᠯᠠᠨ᠂ ᠠᠵᠤ ᠦᠢᠯᠡᠰ ᠤᠨ ᠠᠭᠤᠰᠤᠯᠴᠠᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠮᠢᠩᠭᠠᠨ ᠳ᠋ᠦᠩᠰᠢᠭᠤᠷ᠂ ᠵᠠᠭᠤᠨ | ᠳ᠋ᠦᠩᠰᠢᠭᠤᠷ ᠤᠨ ᠲᠡᠰ ᠤᠨ ᠠᠵᠤ ᠦᠢᠯᠡᠰ ᠨᠦᠭᠦᠳ ᠢ ᠪᠤᠶᠢᠵᠢᠭᠤᠯᠤᠨ᠎ᠠ᠃ ᠤᠮᠠᠷᠠᠲᠤ ᠣᠷᠣᠨ ᠬᠡᠮᠡᠭᠦ ᠡᠮ ᠥᠢᠯᠡᠳᠬᠦ ᠰᠢᠷᠢᠰ ᠥᠢᠯᠡᠳᠬᠦᠨ᠂ ᠱᠧᠩ ᠰᠢᠤᠸᠠᠢ | ᠳ᠋ᠠ ᠴᠧᠩ ᠬᠡᠮᠡᠭᠦ ᠲᠡᠭᠡᠲᠤ ᠲᠡᠰ ᠤᠨ ᠡᠮ ᠡᠮᠨᠡᠯᠭᠡ ᠵᠡᠷᠭᠡ ᠲᠥᠷᠥᠯ ᠵᠥᠢᠯ ᠤᠨ ᠪᠠᠶᠢᠭᠤᠯᠤᠯᠲᠠ ᠶᠢ ᠠᠬᠢᠭᠤᠯᠵᠤ᠂ ᠡᠷᠳᠡᠨᠢ ᠰᠢᠰᠢ ᠶᠢᠨ ᠠᠮᠢᠳᠤ ᠪᠣᠳᠠᠰ᠂ ᠲᠡᠭᠡᠲᠤ | ᠲᠡᠰ ᠤᠨ ᠰᠥ ᠮᠢᠬ᠎ᠠ ᠵᠡᠷᠭᠡ ᠳᠤ ᠬᠤᠯᠪᠣᠭᠳᠠᠬᠤ ᠠᠵᠤ ᠥᠢᠯᠡᠰ ᠢ ᠵᠡᠷᠭᠡᠪᠡᠷ ᠭᠦᠭᠵᠢᠭᠦᠯᠵᠤ᠂ ᠪᠦᠬᠦᠯᠢ ᠦᠬᠡᠷ ᠤᠨ ᠪᠦᠲᠦᠭᠡᠭᠳᠡᠬᠦᠨ ᠢ ᠨᠡᠭᠡᠭᠡᠨ ᠠᠰᠢᠭᠯᠠᠬᠤ᠂ | ᠡᠷᠳᠡᠨᠢ ᠰᠢᠰᠢ ᠶᠢᠨ ᠪᠦᠬᠦᠯᠢ ᠰᠠᠭᠤᠷᠢ ᠶᠢ ᠭᠦᠨᠵᠡᠭᠡᠶ ᠬᠤᠪᠢᠷᠠᠭᠤᠯᠬᠤ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠤᠢ ᠪᠣᠯᠭᠠᠵᠤ᠂ ᠨᠠᠷᠢᠯᠢᠭ ᠡᠳ᠋ᠰᠢᠭᠦᠯᠤᠨ | ᠪᠤᠯᠪᠠᠰᠤᠷᠠᠭᠤᠯ ᠢ ᠢᠳᠡᠭᠡᠨ ᠤ ᠳᠡᠰ᠂ ᠡᠮ ᠤᠨ ᠵᠥᠢᠯ ᠤᠨ ᠲᠡᠰ ᠤᠨ ᠲᠡᠭᠡᠲᠤ ᠲᠡᠰ ᠤᠨ ᠥᠢᠯᠡᠳᠬᠦᠨ ᠲᠡᠰᠢ ᠤᠷᠲᠤᠳᠬᠠᠬᠤ ᠶᠢ ᠠᠬᠢᠭᠤᠯᠵᠤ᠂ ᠮᠢᠩᠭᠠᠨ | ᠳ᠋ᠦᠩᠰᠢᠭᠤᠷ ᠲᠡᠰ ᠤᠨ ᠪᠣᠬᠢᠷᠲᠤᠯ ᠦᠭᠡᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠨᠦᠭᠦᠳ ᠢ ᠪᠤᠢ ᠪᠣᠯᠭᠠᠨ᠎ᠠ᠃ ᠨᠡᠭᠦᠷᠡᠰᠦ | ᠴᠠᠬᠢᠯᠭᠠᠨ ᠤ ᠬᠤᠯᠪᠣᠭᠠᠯᠠᠨ ᠡᠵᠡᠩᠨᠡᠬᠦ ᠶᠢ ᠲᠦᠯᠬᠢᠨ ᠠᠬᠢᠭᠤᠯᠵᠤ᠂ ᠴᠠᠬᠢᠯᠭᠠᠨ ᠤ ᠬᠢᠮᠲᠠ ᠥᠨ᠎ᠡ ᠶᠢᠨ ᠳᠠᠪᠠᠭᠤᠯᠢᠭ ᠢ ᠥᠷᠭᠡᠳᠬᠡᠨ᠂ ᠰᠢᠨ᠎ᠡ ᠬᠡᠯᠪᠡᠷᠢ ᠶᠢᠨ | ᠬᠥᠩᠭᠡᠨ ᠴᠠᠭᠠᠨ ᠤ ᠮᠠᠲ᠋ᠧᠷᠢᠶᠠᠯ᠂ ᠲᠡᠭᠡᠲᠤ ᠴᠢᠳᠠᠪᠬᠢᠲᠤ ᠬᠠᠶᠢᠯᠤᠰᠢ ᠵᠡᠷᠭᠡ ᠲᠡᠭᠡᠲᠤ ᠲᠡᠰ ᠤᠨ ᠥᠢᠯᠡᠳᠬᠦᠨ ᠢ ᠲᠦᠷᠭᠡᠳᠬᠡᠨ ᠨᠡᠭᠡᠭᠡᠨ ᠬᠥᠭᠵᠢᠭᠦᠯᠵᠦ᠂ ᠮᠢᠩᠭᠠᠨ | ᠳ᠋ᠥᠩᠰᠢᠭᠤᠷ ᠲᠡᠰ ᠤᠨ ᠪᠣᠬᠢᠷᠲᠤᠯ ᠦᠭᠡᠢ ᠨᠡᠭᠦᠷᠡᠰᠦ ᠴᠠᠬᠢᠯᠭᠠᠨ ᠬᠥᠩᠭᠡᠨ ᠴᠠᠭᠠᠨ ᠤ ᠠᠵᠤ ᠦᠢᠯᠡᠰ ᠨᠦᠭᠦᠳ ᠢ ᠪᠣᠢ ᠪᠣᠯᠭᠠᠨ᠎ᠠ᠃ ᠵᠢᠩ ᠠᠨ ᠬᠡᠮᠡᠭᠦ ᠨᠢᠺᠧᠯ ᠤᠨ | ᠰᠠᠭᠤᠷᠢ ᠬᠠᠶᠢᠯᠤᠰᠢ ᠶᠢᠨ ᠲᠥᠷᠥᠯ ᠵᠥᠢᠯ ᠢ ᠲᠦᠷᠭᠡᠳᠬᠡᠨ ᠪᠠᠶᠢᠭᠤᠯᠵᠤ᠂ ᠲᠠᠭᠡᠲᠤ ᠳᠣᠣᠷᠠᠳᠤ ᠬᠡᠯᠬᠢᠶ᠎ᠠ ᠶᠢᠨ ᠲᠥᠷᠥᠯ ᠵᠥᠢᠯ ᠤᠨ ᠢᠵᠢ ᠪᠥᠷᠢᠯᠲᠤᠯ ᠢ ᠰᠠᠶᠢᠲᠤᠷ | ᠠᠳᠬᠤᠵᠤ᠂ ᠴᠢᠨᠠᠷ ᠰᠠᠶᠢᠲᠠᠶ ᠤᠨᠴᠠᠭᠠᠢ ᠪᠣᠯᠣᠳ᠂ ᠴᠢᠨᠠᠷ ᠰᠠᠶᠢᠲᠠᠶ ᠵᠢᠪᠡᠷᠡᠬᠦ ᠥᠬᠡᠶ ᠪᠣᠯᠣᠳ ᠤᠨ ᠪᠦᠲᠦᠭᠡᠭᠳᠡᠬᠦᠨ ᠵᠡᠷᠭᠡ ᠲᠡᠭᠡᠲᠤ ᠲᠡᠰ ᠤᠨ ᠥᠩᠭᠡᠲᠦ | ᠲᠡᠮᠦᠷᠯᠢᠭ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠵᠠᠭᠤᠨ ᠳ᠋ᠦᠩᠰᠢᠭᠤᠷ ᠲᠡᠰ ᠤᠨ ᠨᠢᠺᠧᠯ ᠤᠨ ᠣᠷᠴᠢᠯ ᠠᠵᠤ ᠠᠬᠤᠢ ᠶᠢᠨ ᠠᠵᠤ | ᠦᠢᠯᠡᠰ ᠨᠦᠭᠦᠳ ᠢ ᠪᠤᠢ ᠪᠣᠯᠭᠠᠨ᠎ᠠ᠃ ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠰᠠᠨ ᠲᠠᠷᠢᠮᠠᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ | ᠂ ᠺᠠᠩ ᠴᠧᠨ ᠡᠮ ᠤᠨ ᠥᠢᠯᠡᠰ᠂ ᠮᠣᠩᠭᠤᠯ ᠡᠮ ᠤᠨ ᠬᠤᠪᠢ ᠣᠷᠣᠭᠤᠯᠤᠭᠰᠠᠨ ᠵᠡᠷᠭᠡ ᠠᠵᠤ ᠠᠬᠤᠶᠢᠯᠠᠯ ᠤᠨ ᠳᠡᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ | ᠂ ᠥᠪᠥᠷ ᠮᠣᠩᠭᠤᠯ ᠤᠨ ᠮᠣᠩᠭᠤᠯ ᠡᠮ ᠤᠨ ᠮᠠᠲ᠋ᠧᠷᠢᠶᠠᠯ ᠤᠨ ᠬᠤᠲᠠ᠂ ᠬᠠᠢ ᠲᠢᠶᠠᠨ ᠬᠡᠮᠡᠭᠦ ᠬᠢᠲᠠᠳ ᠡᠮ ᠤᠨ ᠴᠢᠨᠠᠬᠤ ᠡᠮ ᠡᠳ᠋ᠰᠢᠭᠦᠯᠬᠦ ᠵᠡᠷᠭᠡ ᠲᠥᠷᠥᠯ ᠵᠥᠢᠯ ᠢ | ᠪᠠᠶᠢᠭᠤᠯᠤᠨ ᠡᠵᠡᠩᠨᠡᠵᠤ᠂ ᠮᠣᠩᠭᠤᠯ ᠬᠢᠲᠠᠳ ᠡᠮ ᠤᠨ ᠳᠠᠪᠠᠭᠤᠯᠢᠭ ᠲᠣᠮᠣ ᠲᠥᠷᠥᠯ ᠵᠥᠢᠯ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠶᠢ ᠰᠠᠶᠢᠲᠤᠷ ᠠᠳᠬᠤᠵᠤ᠂ | ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠡᠮ ᠤᠨ ᠵᠥᠢᠯ ᠪᠠ ᠢᠳᠡᠭᠡᠨ ᠤ ᠵᠥᠢᠯ ᠡᠷᠡᠭᠦᠯ ᠮᠡᠨᠳᠦ ᠪᠠ ᠰᠤᠪᠢᠯᠠᠯᠲᠠ ᠶᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠲᠦᠯᠬᠢᠨ ᠠᠬᠢᠭᠤᠯᠵᠤ᠂ ᠵᠠᠭᠤᠨ ᠳ᠋ᠥᠩᠰᠢᠭᠤᠷ ᠲᠡᠰ ᠤᠨ ᠮᠣᠩᠭᠤᠯ ᠬᠢᠲᠠᠳ ᠡᠮ ᠡᠮᠨᠡᠯᠭᠡ ᠶᠢᠨ ᠠᠵᠤ ᠦᠢᠯᠡᠰ ᠨᠦᠭᠦᠳ ᠢ ᠪᠤᠢ ᠪᠣᠯᠭᠠᠨ᠎ᠠ᠃ | ᠵᠠᠬᠠᠨᠠᠭᠤᠷ ᠤᠨ ᠣᠯᠠᠨ ᠡᠨᠧᠷᠬᠢ ᠬᠠᠷᠢᠯᠴᠠᠨ ᠨᠥᠬᠦᠪᠥᠷᠢᠯᠡᠭᠰᠡᠨ᠂ ᠨᠡᠮᠡᠭᠳᠡᠯ ᠤᠨ ᠴᠠᠬᠢᠯᠭᠠᠨ ᠲᠣᠣᠷ ᠤᠨ ᠲᠤᠷᠰᠢᠯᠲᠡ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ | ᠰᠠᠯᠬᠢ ᠬᠡᠷᠡᠯ ᠢᠯᠴᠢ ᠶᠢᠨ ᠣᠯᠠᠨ ᠡᠨᠧᠷᠭᠢ ᠪᠠᠷ ᠬᠠᠷᠢᠯᠴᠠᠨ ᠨᠥᠬᠦᠪᠥᠷᠢᠯᠡᠭᠰᠡᠨ᠂ ᠣᠯᠠᠨ ᠲᠣᠣᠷ ᠲᠤ ᠲᠤᠯᠭᠠᠭᠤᠷᠢᠯᠠᠭᠰᠠᠨ᠂ ᠣᠯᠠᠨ ᠡᠰᠢ ᠪᠠᠷ ᠰᠢᠩᠭᠡᠭᠡᠭᠰᠡᠨ | ᠤᠲᠤᠬᠢᠴᠢ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠤᠲᠤᠬᠢᠴᠢ ᠡᠨᠧᠷᠭᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠵᠤ᠂ | ᠵᠠᠭᠤᠨ ᠳ᠋ᠦᠩᠰᠢᠭᠤᠷ ᠲᠡᠰ ᠤᠨ ᠣᠳᠣ ᠦᠶ᠎ᠡ ᠶᠢᠨ ᠡᠨᠧᠷᠭᠢ ᠶᠢᠨ ᠵᠢᠱᠢᠶ᠎ᠡ ᠦᠵᠡᠭᠦᠯᠬᠦ ᠠᠵᠤ ᠦᠢᠯᠡᠰ ᠨᠦᠭᠦᠳ ᠢ ᠪᠠᠶᠢᠭᠤᠯᠤᠨ᠎ᠠ᠃ | ᠲᠣᠭᠠᠴᠢᠯᠠᠭᠰᠠᠨ ᠠᠵᠤ ᠠᠬᠤᠶ ᠶᠢ ᠬᠥᠭᠵᠢᠭᠦᠯᠵᠦ᠂ ᠲᠣᠭᠠᠴᠢᠯᠠᠭᠰᠠᠨ ᠲᠦᠩᠯᠢᠶᠣᠤ ᠶᠢ ᠪᠥᠲᠥᠭᠡᠨ ᠪᠠᠶᠢᠭᠤᠯᠤᠨ᠎ᠠ᠃ ᠤᠯᠠᠮᠵᠢᠯᠠᠯᠲᠤ ᠠᠵᠤ ᠥᠢᠯᠡᠰ ᠤᠨ | ᠲᠣᠭᠠᠴᠢᠯᠠᠭᠰᠠᠨ ᠬᠡᠯᠪᠡᠷᠢ ᠲᠡᠰᠢ ᠬᠤᠪᠢᠷᠠᠭᠤᠯᠬᠤ ᠶᠢ ᠠᠬᠢᠭᠤᠯᠵᠤ᠂ ᠪᠣᠳᠠᠲᠤ ᠴᠤᠭᠴᠠ ᠶᠢᠨ ᠠᠵᠤ ᠠᠬᠤᠶ ᠬᠢᠭᠡᠳ ᠢᠨᠲ᠋ᠧᠷ ᠰᠦᠯᠵᠢᠶ᠎ᠡ ᠶᠢᠨ ᠭᠦᠨᠵᠡᠭᠡᠶ | ᠠᠭᠤᠰᠤᠯᠴᠠᠯ ᠢ ᠠᠬᠢᠭᠤᠯᠤᠨ᠎ᠠ᠃ ᠠᠵᠤ ᠥᠢᠯᠡᠳᠪᠤᠷᠢ ᠶᠢᠨ ᠢᠨᠲ᠋ᠧᠷ ᠰᠦᠯᠵᠢᠶ᠎ᠡ ᠶᠢ ᠬᠥᠭᠵᠢᠭᠦᠯᠵᠦ᠂ ︽ᠲᠦᠮᠡᠨ ᠠᠵᠤ ᠠᠬᠤᠶᠢᠯᠠᠯ ᠡᠭᠦᠯᠡᠨ ᠳᠡᠭᠡᠷ᠎ᠡ ᠭᠠᠷᠬᠤ︾ | ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ︽ᠢᠨᠲ᠋ᠧᠷ ᠰᠦᠯᠵᠢᠶ᠎ᠡ + ᠮᠡᠯ ᠲᠠᠷᠢᠶᠠᠯᠠᠩ ᠤᠨ ᠠᠵᠤ ᠠᠬᠤᠶ︾ ᠶᠢ ᠬᠡᠷᠡᠭᠵᠢᠭᠦᠯᠵᠦ᠂ ᠮᠡᠳᠡᠭᠡ ᠵᠠᠩᠭᠢ ᠶᠢ ᠲᠣᠰᠬᠤᠨ | ᠡᠷᠦᠬᠡ ᠳᠤ ᠣᠷᠣᠭᠤᠯᠬᠤ ᠶᠢ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠷᠭᠡᠳᠬᠡᠨ ᠬᠥᠭᠵᠢᠭᠦᠯᠵᠦ᠂ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ | ᠪᠠᠶᠢᠳᠠᠯ ᠢ ᠪᠤᠶᠢᠵᠢᠭᠤᠯᠤᠨ᠂ ᠲᠣᠭᠠᠴᠢᠯᠠᠭᠰᠠᠨ ᠬᠤᠷᠠᠮᠠᠯ ᠬᠡᠷᠡᠭᠯᠡᠯᠲᠡ ᠶᠢ ᠠᠬᠢᠭᠤᠯᠵᠤ᠂ ᠠᠵᠤ ᠥᠢᠯᠡᠰ ᠤᠨ ᠲᠣᠭᠠᠴᠢᠯᠠᠭᠰᠠᠨ᠂ ᠰᠦᠯᠵᠢᠶᠡᠵᠢᠭᠰᠡᠨ᠂ | ᠤᠶᠤᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠲᠦᠷᠭᠡᠳᠬᠡᠵᠦ᠂ | 5G ᠶᠢᠨ ᠰᠠᠭᠤᠷᠢ ᠥᠷᠲᠡᠭᠡ ᠪᠠ ᠲᠣᠮᠣ ᠥᠭᠬᠦᠭᠲᠡᠯ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠭᠦᠭᠡᠷᠥᠮᠵᠢ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ 5G ᠶᠢᠨ 785 ᠥᠷᠲᠡᠭᠡ ᠪᠠᠶᠢᠭᠤᠯᠵᠤ᠂ ᠭᠤᠤᠯ ᠬᠤᠲᠠ ᠲᠣᠭᠤᠷᠢᠭ ᠪᠠ ᠬᠤᠰᠢᠭᠤ ᠰᠢᠶᠠᠨ ᠤ ᠵᠠᠰᠠᠭ ᠤᠨ ᠣᠷᠳᠣᠨ ᠤ | ᠰᠠᠭᠤᠭ᠎ᠠ ᠭᠠᠵᠠᠷ ᠤᠨ ᠭᠤᠤᠯᠳᠠᠯᠭ᠎ᠠ ᠲᠠᠢ ᠣᠷᠣᠨ ᠪᠦᠰᠡ ᠳᠤ 5G ᠰᠦᠯᠵᠢᠶ᠎ᠡ ᠶᠢ ᠪᠦᠷᠬᠦᠭᠦᠯᠦᠨ᠎ᠡ᠃ ᠲᠣᠭᠲᠠᠮᠠᠯ ᠥᠷᠭᠡᠨ ᠪᠦᠰᠡ ᠶᠢ 6.39 ᠲᠦᠮᠡᠨ ᠡᠷᠦᠬᠡ | ᠳᠤ ᠰᠢᠨ᠎ᠡ ᠪᠠᠷ ᠤᠷᠤᠭᠤᠯᠵᠤ᠂ 82.9 ᠲᠦᠮᠡᠨ ᠡᠷᠦᠬᠡ ᠳᠤ ᠭᠦᠷᠬᠡᠵᠤ᠂ ᠮᠠᠯᠵᠢᠬᠤ ᠲᠠᠷᠢᠶᠠᠯᠠᠬᠤ ᠣᠷᠣᠨ ᠳᠤ 4G ᠰᠥᠯᠵᠢᠶ᠎ᠠ ᠶᠢᠨ 124 ᠥᠷᠲᠡᠭᠡ | ᠰᠢᠨ᠎ᠡ ᠪᠠᠷ ᠪᠠᠶᠢᠭᠤᠯᠵᠤ᠂ 3807 ᠪᠤᠯᠭᠠᠵᠤ᠂ ᠢᠨᠲ᠋ᠧᠷ ᠰᠦᠯᠵᠢᠶ᠎ᠡ ᠶᠢᠨ ᠪᠥᠷᠬᠦᠬᠦᠯᠲᠡ ᠶᠢ ᠪᠡᠶᠡᠯᠡᠭᠦᠯᠦᠨ᠎ᠡ᠃ | ᠠᠵᠤ ᠥᠢᠯᠡᠳᠪᠤᠷᠢ ᠶᠢᠨ ᠬᠤᠷᠤᠭ᠎ᠠ ᠶᠢᠨ ᠪᠣᠬᠢᠷᠲᠤᠯ ᠥᠬᠡᠶ ᠴᠢᠨᠠᠷ ᠰᠠᠶᠢᠲᠠᠶ ᠬᠦᠭᠵᠢᠬᠦᠯᠦᠯᠳᠡ ᠶᠢ ᠠᠬᠢᠭᠤᠯᠤᠨ᠎ᠠ᠃ ᠲᠥᠯᠥᠪᠵᠢᠭᠦᠯᠭᠡ ᠪᠠᠷ ᠬᠥᠲᠥᠯᠥᠨ | ᠳᠠᠭᠠᠭᠤᠯᠬᠤ ᠶᠢ ᠪᠠᠷᠢᠮᠲᠠᠯᠠᠵᠤ᠂ ᠠᠵᠤ ᠥᠢᠯᠡᠳᠪᠤᠷᠢ ᠶᠢᠨ ᠬᠤᠷᠤᠭ᠎ᠠ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠵᠤ ᠦᠢᠯᠡᠳᠪᠤᠷᠢ ᠶᠢᠨ | ᠬᠤᠷᠤᠭ᠎ᠠ ᠶᠢᠨ ᠡᠯ᠎ᠡ ᠵᠦᠢᠯ ᠤᠨ ᠲᠤᠰᠬᠠᠢ ᠲᠦᠯᠤᠪᠵᠢᠭᠦᠯᠬᠡ ᠶᠢ ᠲᠡᠭᠦᠯᠳᠡᠷᠵᠢᠭᠦᠯᠵᠤ᠂ ᠠᠵᠤ ᠦᠢᠯᠡᠳᠪᠤᠷᠢ ᠶᠢᠨ ᠬᠤᠷᠤᠭ᠎ᠠ ᠶᠢᠨ ᠣᠷᠣᠨ ᠵᠠᠶ ᠶᠢᠨ | ᠪᠠᠶᠢᠷᠢᠰᠢᠭᠤᠯᠤᠯ ᠢ ᠰᠢᠯᠢᠳᠡᠭᠵᠢᠭᠦᠯᠦᠨ᠂ ᠬᠤᠷᠤᠭ᠎ᠠ ᠶᠢᠨ ᠵᠦᠷᠢᠶᠡᠴᠢᠯᠡᠭᠰᠡᠨ ᠪᠠᠶᠢᠷᠢ ᠲᠤᠭᠲᠠᠭᠠᠯᠲᠠ᠂ ᠠᠵᠤ ᠦᠢᠯᠡᠰ ᠤᠨ ᠣᠨᠴᠠᠯᠢᠬᠵᠢᠭᠰᠠᠨ ᠬᠥᠭᠵᠢᠬᠦᠯᠥᠯᠲᠡ ᠶᠢ | ᠠᠬᠢᠭᠤᠯᠤᠨ᠎ᠠ᠃ ᠠᠵᠤ ᠥᠢᠯᠡᠳᠪᠤᠷᠢ ᠶᠢᠨ ᠬᠤᠷᠤᠭ᠎ᠠ ᠶᠢᠨ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠬᠤᠰᠢᠭᠤ ᠰᠢᠶᠠᠨ ᠬᠤᠲᠠ ᠲᠣᠭᠤᠷᠢᠭ ᠨᠢᠭᠡᠪᠦᠷᠢ ᠳᠤ ᠨᠢᠭᠡ | ᠠᠵᠤ ᠥᠢᠯᠡᠳᠪᠤᠷᠢ ᠶᠢᠨ ᠬᠤᠷᠤᠭ᠎ᠠ ᠦᠯᠡᠳᠡᠭᠡᠵᠦ᠂ 2 ~ 3 ᠭᠤᠤᠯᠯᠠᠬᠤ ᠠᠵᠤ ᠥᠢᠯᠡᠰ ᠢ ᠭᠤᠤᠯᠳᠠᠯᠭ᠎ᠠ ᠲᠠᠢ ᠪᠤᠶᠢᠵᠢᠭᠤᠯᠤᠨ᠎ᠠ᠃ ᠠᠵᠤ ᠥᠢᠯᠡᠳᠪᠤᠷᠢ ᠶᠢᠨ | ᠬᠤᠷᠤᠭ᠎ᠠ ᠶᠢᠨ ᠰᠤᠯᠠ ᠲᠠᠯᠪᠢᠵᠤ ᠪᠠᠶᠢᠭ᠎ᠠ ᠦᠷ᠎ᠡ ᠠᠰᠢᠭ ᠢᠶᠠᠷ ᠳᠣᠤᠷ᠎ᠠ ᠭᠠᠵᠠᠷ ᠢ ᠲᠤᠰᠬᠠᠶ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ︽ᠥᠬᠦᠮᠠᠯ ᠠᠵᠤ | ᠠᠬᠤᠶᠢᠯᠠᠯ︾ ᠪᠠ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ︾ ᠲᠠᠢ ᠠᠵᠤ ᠠᠬᠤᠶᠢᠯᠠᠯ ᠢ ᠰᠢᠢᠳᠪᠤᠷᠢᠯᠡᠬᠦ ᠡᠷᠴᠢᠮ ᠢᠶᠠᠨ ᠨᠡᠮᠡᠭᠳᠡᠭᠦᠯᠵᠦ᠂ | ᠲᠠᠯᠠᠪᠠᠢ ᠨᠢᠭᠡᠴᠢ ᠶᠢᠨ ᠭᠠᠷᠤᠯᠲᠠ ᠶᠢᠨ ᠨᠣᠷᠮ᠎ᠠ ᠪᠠᠨ ᠳᠡᠭᠡᠭᠰᠢᠯᠡᠭᠦᠯᠦᠨ᠂ ᠪᠤᠬᠢᠷᠲᠤᠯ ᠦᠭᠡᠢ ᠥᠢᠯᠡᠳᠪᠤᠷᠢ ᠶᠢ ᠪᠠᠶᠢᠭᠤᠯᠵᠤ᠂ ᠬᠤᠷᠤᠭ᠎ᠠ ᠶᠢ ᠡᠷᠴᠢᠮᠵᠢᠭᠦᠯᠦᠨ | ᠲᠥᠪᠯᠡᠷᠡᠬᠦᠯᠵᠤ᠂ ᠥᠢᠯᠡᠳᠪᠤᠷᠢᠯᠡᠵᠤ ᠭᠠᠷᠭᠠᠬᠤ ᠨᠢ ᠥᠨᠳᠥᠷ ᠦᠷ᠎ᠡ ᠪᠦᠲᠦᠮᠵᠢᠲᠡᠶ᠂ ᠡᠷᠭᠢᠯᠳᠦᠭᠦᠯᠦᠨ ᠬᠥᠭᠵᠢᠭᠦᠯᠬᠦ ᠬᠡᠪ ᠲᠠᠭᠤᠷᠢᠶᠠᠯ ᠪᠣᠯᠭᠠᠨ᠎ᠠ᠃ | ︵ᠲᠠᠪᠤ︶ ᠪᠣᠬᠢᠷᠲᠤᠯ ᠥᠬᠡᠶ ᠠᠮᠢ ᠠᠬᠤᠶ ᠶᠢᠨ ᠮᠠᠯ ᠲᠠᠷᠢᠶᠠᠯᠠᠩ ᠤᠨ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠰᠢᠨ᠎ᠡ ᠴᠠᠭ ᠦᠶ᠎ᠡ ᠶᠢᠨ ︽ᠮᠠᠯ ᠤᠨ ᠠᠵᠤ ᠠᠬᠤᠶ ᠮᠠᠯᠵᠢᠬᠤ ᠤᠷᠤᠨ ᠮᠠᠯᠴᠢᠨ ᠲᠠᠷᠢᠶᠠᠯᠠᠩ | ᠲᠠᠷᠢᠶᠠᠯᠠᠬᠤ ᠤᠷᠤᠨ ᠲᠠᠷᠢᠶᠠᠴᠢᠨ︾ ᠤ ᠠᠵᠢᠯ ᠤᠨ ᠶᠡᠷᠦᠩᠬᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠠᠵᠤ ᠥᠢᠯᠡᠰ ᠢ ᠬᠥᠭᠵᠢᠭᠦᠯᠦᠨ ᠮᠠᠨᠳᠤᠭᠤᠯᠬᠤ᠂ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠶᠢᠯ ᠲᠣᠰᠬᠤᠨ ᠤ ᠰᠤᠷᠲᠠᠯ ᠪᠣᠯᠪᠠᠰᠤᠨ ᠵᠡᠷᠭᠡ ᠲᠣᠳᠠᠭᠳᠠᠯ ᠪᠠᠭᠤᠷᠠᠶ ᠵᠥᠢᠯᠡᠰ ᠢ | ᠲᠦᠷᠭᠡᠳᠬᠡᠨ ᠨᠥᠬᠦᠪᠥᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠥᠢᠯ ᠤᠨ ᠡᠭᠦᠷᠭᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠠᠯ | ᠲᠠᠷᠢᠶᠠᠯᠠᠩ ᠤᠨ ᠠᠵᠤ ᠠᠬᠤᠶ ᠶᠢ ᠪᠥᠬᠦ ᠲᠠᠯ᠎ᠠ ᠪᠠᠷ ᠲᠠᠰ ᠳᠡᠪᠰᠢᠭᠦᠯᠬᠦ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠢ ᠪᠥᠬᠦ ᠲᠠᠯ᠎ᠠ ᠪᠠᠷ ᠳᠠᠪᠰᠢᠭᠤᠯᠵᠤ᠂ | ᠮᠠᠯᠴᠢᠨ ᠲᠠᠷᠢᠶᠠᠴᠢᠨ ᠢ ᠪᠥᠬᠦ ᠲᠠᠯ᠎ᠠ ᠪᠠᠷ ᠬᠥᠭᠵᠢᠭᠦᠯᠦᠨ᠎ᠡ᠃ | ᠲᠥᠯᠥᠪᠵᠢᠭᠦᠯᠭᠡ ᠶᠢᠨ ᠬᠥᠲᠤᠴᠢ ᠶᠢᠨ ᠥᠢᠯᠡᠲᠤᠯ ᠢ ᠴᠢᠩᠳᠠᠯᠠᠵᠤ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ | ᠪᠠᠶᠢᠯᠭᠠᠬᠤ ᠶᠢ ᠪᠠᠷᠢᠮᠲᠠᠯᠠᠵᠤ᠂ ᠮᠠᠯ ᠲᠠᠷᠢᠶᠠᠯᠠᠩ ᠤᠨ ᠠᠵᠤ ᠠᠬᠤᠢ ᠶᠢᠨ ᠤᠷᠤᠨ ᠪᠦᠰᠡ ᠶᠢᠨ ᠪᠠᠶᠢᠷᠢᠯᠠᠭᠤᠯᠤᠯᠲᠠ ᠪᠠ ᠠᠵᠤ ᠦᠢᠯᠡᠰ ᠤᠨ ᠪᠦᠲᠦᠴᠡ ᠶᠢ | ᠲᠤᠬᠢᠷᠠᠭᠤᠯᠤᠨ ᠰᠢᠯᠢᠳᠡᠭᠵᠢᠭᠦᠯᠵᠦ᠂ ᠪᠤᠬᠢᠷᠲᠤᠯ ᠦᠭᠡᠢ ᠠᠮᠢ ᠠᠬᠤᠢ ᠶᠢᠨ ᠮᠠᠯ ᠲᠠᠷᠢᠶᠠᠯᠠᠩ ᠤᠨ ᠠᠵᠤ ᠠᠬᠤᠶ ᠶᠢ ᠲᠦᠷᠭᠡᠳᠬᠡᠨ ᠬᠥᠭᠵᠢᠭᠦᠯᠦᠨ᠎ᠡ᠃ ᠠᠮᠤ ᠪᠤᠳᠠᠭ᠎ᠠ | ᠠᠵᠤ ᠠᠬᠤᠶ ᠶᠢᠨ ᠲᠠᠷᠢᠮᠠᠯ ᠪᠣᠷᠳᠤᠭ᠎ᠠ ᠶᠢ ᠨᠢᠭᠡᠳᠦᠯᠲᠡᠶ ᠲᠥᠯᠥᠪᠯᠡᠬᠦ᠂ ᠲᠠᠷᠢᠵᠤ ᠲᠡᠵᠢᠭᠡᠬᠦ ᠪᠠ ᠪᠤᠯᠪᠠᠰᠤᠷᠠᠭᠤᠯᠬᠤ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠵᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠠᠬᠢᠭᠤᠯᠬᠤ ᠪᠠᠷ ᠭᠤᠤᠯᠳᠠᠯᠭ᠎ᠠ ᠪᠣᠯᠭᠠᠨ᠂ ᠣᠳᠣᠬᠢᠴᠢ ᠲᠠᠷᠢᠶᠠᠯᠠᠩ ᠤᠨ ᠵᠢᠱᠢᠶ᠎ᠡ ᠦᠵᠡᠭᠦᠯᠬᠦ | ᠣᠷᠣᠨ᠂ ᠬᠤᠵᠢᠷᠯᠢᠭ ᠭᠠᠵᠠᠷ ᠢ ᠰᠠᠶᠢᠵᠢᠷᠠᠭᠤᠯᠤᠭᠰᠠᠨ ᠵᠢᠱᠢᠶ᠎ᠡ ᠦᠵᠡᠭᠦᠯᠬᠦ ᠣᠷᠣᠨ ᠢ ᠪᠤᠢ ᠪᠤᠯᠭᠠᠵᠤ᠂ ᠠᠮᠤ ᠪᠤᠳᠠᠭᠠᠨ ᠤ ᠥᠢᠯᠡᠳᠪᠥᠷᠢᠯᠡᠯ ᠢ | ᠲᠣᠭᠲᠠᠪᠤᠷᠢᠵᠢᠭᠤᠯᠤᠨ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠡᠪᠡᠰᠦ ᠪᠡᠯᠴᠢᠭᠡᠷ ᠢᠶᠠᠷ ᠮᠠᠯ ᠤᠨᠤᠭ᠎ᠠ ᠶᠢ ᠲᠣᠭᠲᠠᠭᠠᠬᠤ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠪᠠᠷᠢᠮᠲᠠᠯᠠᠵᠤ᠂ ᠲᠡᠵᠢᠭᠡᠬᠦ ᠶᠢᠨ ᠲᠥᠯᠥᠭᠡ ᠲᠠᠷᠢᠬᠤ᠂ ᠮᠠᠯ ᠲᠠᠷᠢᠶᠠᠯᠠᠩ ᠤᠨ ᠠᠵᠤ ᠠᠬᠤᠶ ᠶᠢ ᠤᠶᠠᠯᠳᠤᠭᠤᠯᠬᠤ ᠶᠢ | ᠲᠤᠪᠤᠶᠢᠯᠭᠠᠵᠤ᠂ ᠣᠳᠣᠬᠢᠴᠢ ᠮᠠᠯ ᠤᠨ ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠪᠦᠬᠦ ᠬᠤᠲᠠ ᠶᠢᠨ ᠠᠯᠠᠰᠢᠨ ᠦᠬᠡᠷ ᠤᠨ ᠠᠵᠤ | ᠦᠢᠯᠡᠰ ᠤᠨ ᠬᠦᠭᠵᠢᠬᠦᠯᠦᠯᠳᠡ ᠶᠢᠨ ᠲᠥᠯᠥᠪᠵᠢᠭᠦᠯᠭᠡ ᠶᠢ ᠨᠠᠶᠢᠷᠠᠭᠤᠯᠵᠣ᠂ ᠬᠤᠷᠴᠢᠨ ᠤ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶᠡᠵᠢᠯ ᠤᠨ | ᠬᠥᠭᠵᠢᠬᠦᠯᠥᠯᠲᠡ ᠶᠢ ᠰᠠᠶᠢᠳᠤᠷ ᠠᠳᠬᠤᠨ᠎ᠠ᠃ ︽ᠬᠤᠷᠴᠢᠨ ᠤ ᠠᠯᠠᠰᠢᠨ ᠦᠬᠡᠷ ᠤᠨ ᠪᠠᠷᠢᠮᠵᠢᠶ᠎ᠠ︾ ᠶᠢ ᠳᠡᠯᠭᠡᠷᠡᠭᠦᠯᠦᠨ ᠬᠡᠷᠡᠭᠵᠢᠬᠦᠯᠬᠦ ᠶᠢ ᠴᠢᠩᠭᠠᠳᠬᠠᠵᠤ᠂ | ᠬᠡᠪᠴᠢᠶᠡᠵᠢᠬᠦᠯᠥᠨ ᠲᠡᠵᠢᠭᠡᠨ ᠦᠷᠡᠵᠢᠭᠦᠯᠬᠦ ᠬᠤᠪᠢ ᠶᠢᠨ ᠵᠢᠩ ᠢ 40% ᠲᠠᠪᠠᠭᠤᠯᠵᠤ᠂ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠴᠢᠳᠠᠪᠤᠷᠢ ᠪᠠᠨ ᠪᠠᠳᠠᠷᠠᠭᠤᠯᠬᠤ ᠶᠢ ᠲᠡᠮᠵᠢᠵᠤ᠂ ᠠᠵᠤ ᠦᠢᠯᠡᠰ ᠤᠨ ᠬᠡᠯᠬᠢᠶ᠎ᠡ ᠶᠢ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠨᠡᠮᠡᠭᠳᠡᠯ ᠤᠨ | ᠠᠰᠢᠭ ᠣᠷᠣᠯᠭ᠎ᠠ ᠶᠢ ᠳᠡᠭᠡᠭᠰᠢᠯᠡᠭᠦᠯᠦᠨ᠎ᠡ᠃ ᠰᠥ ᠶᠢᠨ ᠥᠢᠯᠡᠰ ᠤᠨ ᠬᠥᠭᠵᠢᠬᠦᠯᠥᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠴᠢᠨᠠᠷ ᠰᠠᠶᠢᠲᠠᠶ | ᠰᠥ ᠶᠢᠨ ᠢᠷᠡᠯᠲᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠢᠯᠢ᠂ ᠮᠧᠩ ᠨᠢᠤ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠪᠠ ᠴᠠᠭᠠᠨ ᠢᠳᠡᠭᠡ | ᠡᠳ᠋ᠰᠢᠭᠦᠯᠬᠦ ᠲᠥᠷᠥᠯ ᠵᠥᠢᠯ ᠢ ᠰᠠᠶᠢᠲᠤᠷ ᠠᠳᠬᠤᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠥᠢᠯᠡᠰ ᠤᠨ ᠡᠷᠡᠭᠦᠯ ᠬᠥᠭᠵᠢᠬᠦᠯᠥᠯᠲᠡ ᠶᠢ | ᠠᠬᠢᠭᠤᠯᠤᠨ᠎ᠠ᠃ ᠶᠢᠨ ᠯᠥᠸᠧ ᠵᠡᠷᠭᠡ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠥᠢᠯᠡᠲᠤᠯ ᠢ ᠪᠠᠲᠠᠷᠠᠭᠤᠯᠵᠤ᠂ ᠨᠥᠬᠦᠨ ᠲᠡᠵᠢᠭᠡᠬᠦ | ᠪᠠ ᠬᠢᠵᠢᠭ ᠢ ᠰᠡᠷᠭᠡᠶᠢᠯᠡᠨ ᠡᠵᠡᠮᠳᠡᠬᠦ ᠶᠢ ᠬᠠᠷᠢᠯᠴᠠᠨ ᠤᠶᠠᠯᠲᠤᠭᠤᠯᠬᠤ ᠶᠢ ᠪᠠᠷᠢᠮᠲᠠᠯᠠᠵᠤ᠂ ᠭᠠᠭ᠋ᠠᠶ ᠶᠢᠨ ᠥᠢᠯᠡᠳᠪᠤᠷᠢᠯᠡᠯ ᠢ ᠲᠡᠳᠬᠦᠬᠦ ᠡᠯ᠎ᠡ ᠵᠥᠢᠯ ᠤᠨ ᠲᠥᠷᠥ ᠶᠢᠨ | ᠪᠤᠲᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠣᠷᠴᠢᠨ ᠲᠣᠭᠤᠷᠢᠨ ᠤ ᠦᠨᠡᠯᠡᠯᠲᠡ᠂ ᠭᠠᠵᠠᠷ ᠬᠡᠷᠡᠭᠯᠡᠬᠦ᠂ ᠢᠲᠡᠭᠡᠮᠵᠢᠲᠦ ᠵᠢᠭᠡᠯᠡᠯᠭᠡ ᠵᠡᠷᠭᠡ ᠪᠣᠭᠤᠮᠢ ᠶᠢ | ᠨᠡᠪᠲᠡᠷᠡᠭᠦᠯᠵᠦ᠂ ᠭᠠᠭ᠋ᠠᠶ ᠶᠢᠨ ᠬᠡᠪᠴᠢᠶᠡᠵᠢᠭᠰᠡᠨ ᠪᠣᠬᠢᠷᠲᠤᠯ ᠥᠬᠡᠶ ᠬᠥᠭᠵᠢᠬᠦᠯᠥᠯᠲᠡ ᠶᠢ ᠠᠬᠢᠭᠤᠯᠤᠨ᠎ᠠ᠃ | ᠬᠤᠷᠴᠢᠨ ᠤ ᠪᠣᠬᠢᠷᠲᠤᠯ ᠦᠭᠡᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠱᠤᠱᠢᠭ᠎ᠠ ᠶᠢ ᠲᠦᠷᠭᠡᠳᠬᠡᠨ ᠪᠠᠶᠢᠭᠤᠯᠤᠨ᠎ᠠ᠃ ᠵᠣᠬᠢᠬᠤ | ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ᠂ ᠣᠳᠣ ᠦᠶ᠎ᠡ ᠶᠢᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠡᠵᠢᠭᠡᠨ ᠦᠷᠡᠵᠢᠭᠦᠯᠬᠦ ᠲᠠᠯᠠᠪᠠᠢ ᠶᠢ | ᠪᠠᠶᠢᠭᠤᠯᠬᠤ ᠪᠠᠷᠢᠮᠵᠢᠶ᠎ᠠ ᠶᠢ ᠲᠣᠭᠲᠠᠭᠠᠵᠤ᠂ 384 ᠲᠠᠷᠢᠵᠤ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠤᠷᠰᠢᠶ᠎ᠠ ᠶᠢ ᠵᠣᠬᠢᠶᠠᠨ ᠪᠠᠶᠢᠭᠤᠯᠵᠤ᠂ ᠲᠠᠷᠢᠵᠤ | ᠲᠡᠵᠢᠭᠡᠨ ᠦᠷᠡᠵᠢᠭᠦᠯᠬᠦ ᠦᠢᠯᠡᠰ ᠤᠨ ᠬᠡᠪᠴᠢᠶᠡᠵᠢᠨ ᠬᠥᠭᠵᠢᠬᠦᠯᠬᠦ ᠶᠢ ᠠᠬᠢᠭᠤᠯᠤᠨ᠎ᠠ᠃ ᠮᠠᠯ ᠲᠠᠷᠢᠶᠠᠯᠠᠩ ᠤᠨ ᠠᠵᠤ ᠠᠬᠤᠢ ᠶᠢᠨ ᠣᠷᠣᠨ ᠨᠤᠲᠤᠭ ᠤᠨ | ᠪᠠᠷᠢᠮᠵᠢᠶ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠲᠡᠷᠵᠢᠬᠦᠯᠵᠤ᠂ ᠥᠢᠯᠡᠳᠪᠤᠷᠢᠯᠡᠯ ᠤᠨ ᠪᠠᠷᠢᠮᠵᠢᠶᠠᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ | ᠮᠠᠯ ᠲᠠᠷᠢᠶᠠᠯᠠᠩ ᠤᠨ ᠠᠵᠤ ᠠᠬᠤᠢ ᠶᠢᠨ ᠠᠵᠤ ᠦᠶᠢᠯᠡᠰᠵᠢᠭᠰᠡᠨ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠵᠤ᠂ ᠲᠠᠷᠢᠶᠠᠯᠠᠩ ᠠᠵᠤ ᠠᠬᠤᠶᠢᠯᠠᠯ ᠤᠨ ᠠᠰᠢᠭ | ᠲᠤᠰᠠ ᠶᠢ ᠬᠤᠯᠪᠣᠬᠤ ᠲᠣᠭᠲᠠᠴᠠ ᠶᠢ ᠨᠢᠭᠳᠠᠷᠠᠭᠤᠯᠤᠨ᠎ᠠ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠮᠠᠯ ᠲᠠᠷᠢᠶᠠᠯᠠᠩ ᠤᠨ | ᠠᠰᠢᠭ ᠰᠢᠮ᠎ᠠ ᠶᠢᠨ ᠪᠦᠲᠦᠭᠡᠭᠳᠡᠬᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠮᠠᠯ ᠲᠠᠷᠢᠶᠠᠯᠠᠩ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠬᠤᠰᠢᠭᠤ ᠶᠢᠨ ᠡᠭᠦᠳᠦᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠢᠳᠡᠰᠢᠨ ᠤ | ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠪᠠ ︽ᠬᠠᠷ᠎ᠠ ᠲᠠᠩᠰᠠ︾ ᠶᠢᠨ ᠲᠦᠷᠢᠮ ᠢ ᠪᠠᠶᠢᠭᠤᠯᠵᠤ᠂ ᠲᠠᠷᠢᠶᠠᠨ | ᠭᠠᠵᠠᠷ ᠮᠠᠯᠵᠢᠯ ᠤᠨ ᠲᠠᠯᠠᠪᠠᠶ ᠠᠴᠠ ᠬᠤᠭᠤᠯᠠᠨ ᠰᠢᠷᠡᠭᠡ ᠬᠦᠷᠲᠡᠯᠡᠬᠢ ᠶᠠᠰᠤ ᠴᠢᠨᠠᠷ ᠢ ᠮᠥᠷᠳᠡᠨ ᠤᠬᠤᠴᠢᠯᠠᠬᠤ ᠰᠢᠰᠲ᠋ᠧᠮ ᠢ ᠪᠦᠷᠢᠨᠰᠢᠬᠦᠯᠵᠦ᠂ ᠴᠢᠨᠠᠷ ᠰᠠᠶᠢᠲᠠᠶ ᠮᠠᠯ | ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ︽ᠦᠨᠡᠮᠯᠡᠯ︾ ᠲᠠᠢ ᠪᠣᠯᠭᠠᠨ᠎ᠠ᠃ ᠪᠥᠬᠦ ᠵᠢᠯ ᠳᠤ ᠪᠣᠬᠢᠷᠲᠤᠯ ᠥᠬᠡᠶ ᠣᠷᠭᠠᠨᠢᠭ ᠢᠳᠡᠭᠡᠨ ᠤ | ᠭᠡᠷᠡᠴᠢᠯᠡᠯ ᠤᠨ ᠪᠦᠲᠦᠭᠡᠭᠳᠡᠬᠦᠨ ᠢ 20 ᠨᠡᠮᠡᠭᠳᠡᠭᠦᠯᠵᠦ᠂ ᠥᠢᠯᠡᠳᠬᠦᠨ ᠤ ᠭᠠᠷᠤᠯᠲᠠ ᠶᠢ 4 ᠲᠦᠮᠡᠨ ᠲᠣᠨ ᠪᠤᠯᠭᠠᠵᠤ᠂ ︽ᠪᠣᠬᠢᠷᠲᠤᠯ ᠥᠬᠡᠶ ᠬᠤᠷᠴᠢᠨ︾ ᠬᠡᠮᠡᠭᠦ | ᠱᠤᠱᠢᠭ᠎ᠠ ᠶᠢ ᠪᠥᠬᠦ ᠤᠯᠤᠰ᠂ ᠳᠡᠯᠡᠬᠡᠶ ᠳᠤ ᠠᠯᠲᠠᠷᠰᠢᠭᠤᠯᠤᠨᠠ᠃ | ︵ᠵᠢᠷᠭᠤᠭ᠎ᠠ︶ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠥᠷᠭᠡᠳᠬᠡᠨ᠎ᠡ᠃ ᠬᠡᠷᠡᠭᠯᠡᠭᠡ ᠶᠢᠨ ᠰᠠᠭᠤᠷᠢ ᠴᠢᠨᠠᠷᠲᠠᠶ ᠦᠢᠯᠡᠳᠦᠯ ᠢ ᠪᠠᠳᠠᠷᠠᠭᠤᠯᠵᠤ | ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠠᠰ ᠳᠡᠪᠰᠢᠬᠦ ᠬᠠᠨᠳᠤᠰᠢ ᠳᠤ ᠵᠣᠬᠢᠴᠠᠭᠤᠯᠤᠨ᠂ ᠬᠡᠷᠡᠭᠯᠡᠭᠡ ᠶᠢ ᠠᠬᠢᠭᠤᠯᠬᠤ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠡᠷᠡᠭᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠤᠨ ᠣᠷᠴᠢᠯ ᠢ ᠰᠢᠯᠤᠭᠤᠳᠬᠠᠨ᠂ | ᠬᠡᠷᠡᠭᠯᠡᠭᠡ ᠶᠢᠨ ᠳᠠᠯᠳᠠ ᠬᠦᠴᠦᠨ ᠢ ᠠᠭᠤᠳᠠᠯᠠᠵᠣ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠳᠠᠶᠢᠴᠢᠯᠠᠨ᠎ᠠ᠃ ᠤᠯᠠᠮᠵᠢᠯᠠᠯᠲᠤ ᠬᠡᠷᠡᠭᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠵᠦ᠂ ᠬᠤᠨᠣᠵᠤ ᠬᠡᠪᠲᠡᠬᠦ ᠢᠳᠡᠭᠡᠨ ᠤᠮᠳᠠᠭᠠᠨ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠦᠢᠯᠡᠴᠢᠯᠡᠭᠡᠨ ᠤ ᠦᠢᠯᠡᠰ ᠤᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ︽ᠳᠤᠮᠳᠠᠳᠤ ᠤᠯᠤᠰ ᠤᠨ ᠮᠣᠩᠭᠤᠯ ᠬᠤᠭᠤᠯᠠᠨ ᠤ ᠬᠤᠲᠠ︾ ᠬᠡᠮᠡᠬᠦ ᠱᠤᠱᠢᠭ᠎ᠠ ᠶᠢ ᠬᠦᠴᠦᠷᠬᠡᠭᠵᠢᠭᠦᠯᠦᠨ | ᠪᠤᠵᠠᠭᠠᠶᠢᠷᠠᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠳᠤᠮᠳᠠ ᠬᠤᠷᠢᠭᠯᠠᠭᠳᠠᠭᠰᠠᠨ᠂ ᠴᠡᠪᠳᠡᠭᠰᠢᠭᠦᠯᠦᠭᠰᠡᠨ ᠬᠡᠷᠡᠭᠯᠡᠭᠡ ᠶᠢ ᠭᠦᠭᠵᠢᠬᠡᠨᠡ᠃ ᠰᠢᠨ᠎ᠡ ᠬᠡᠯᠪᠡᠷᠢ ᠶᠢᠨ | ᠬᠡᠷᠡᠭᠯᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠡᠷᠡᠭᠦᠯᠵᠢᠯ ᠨᠠᠰᠤᠵᠢᠯ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠡᠮᠴᠢᠯᠡᠭᠡ᠂ ᠡᠷᠡᠭᠦᠯᠵᠢᠯ᠂ | ᠰᠡᠯᠡᠭᠦᠴᠡᠯ᠂ ᠠᠮᠠᠷᠠᠯᠲᠠ ᠵᠡᠷᠭᠡ ᠠᠵᠤ ᠦᠢᠯᠡᠰ ᠤᠨ ᠲᠥᠷᠥᠯ ᠵᠦᠢᠯ ᠢ ᠲᠥᠪᠯᠡᠷᠡᠭᠦᠯᠦᠨ ᠨᠡᠭᠡᠭᠡᠨ ᠬᠥᠭᠵᠢᠭᠦᠯᠵᠦ᠂ ᠡᠮᠴᠢᠯᠡᠭᠡ ᠡᠷᠡᠭᠦᠯᠵᠢᠯ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ ᠣᠯᠠᠨ ᠤᠯᠤᠰ ᠤᠨ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠦᠵᠡᠬᠦᠯᠦᠯᠬᠡ᠂ ᠠᠯᠠᠰᠢᠨ ᠦᠬᠡᠷ ᠤᠨ ᠠᠵᠤ ᠦᠢᠯᠡᠰ ᠤᠨ | ᠦᠵᠡᠬᠦᠯᠦᠯᠬᠡ ᠵᠡᠷᠭᠡ ᠱᠣᠱᠢᠭ᠎ᠠ ᠶᠢᠨ ᠦᠵᠡᠬᠦᠯᠦᠯᠬᠡ ᠶᠢ ᠰᠠᠶᠢᠲᠤᠷ ᠡᠷᠭᠢᠯᠡᠵᠦ᠂ ᠮᠥᠩᠭᠦᠨ ᠭᠦᠢᠯᠭᠡᠭᠡ᠂ ᠬᠡᠷ ᠤᠨ ᠶᠠᠪᠤᠳᠠᠯ᠂ ᠥᠲᠤᠲᠤ ᠪᠤᠭᠤᠲᠠᠯ᠂ ᠬᠠᠤᠯᠢ | ᠴᠠᠭᠠᠵᠠ ᠶᠢᠨ ᠵᠦᠪᠯᠡᠯᠭᠡ ᠵᠡᠷᠭᠡ ᠣᠳᠣᠬᠢᠴᠢ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠎ᠡ᠃ | ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠡᠭᠦᠳᠦᠨ ᠪᠠᠶᠢᠭᠤᠯᠵᠤ᠂ ᠪᠠᠷᠠᠭᠤᠨ ᠯᠤᠤᠬ᠎ᠠ ᠭᠤᠤᠯ ᠤᠨ | ᠪᠣᠯᠪᠠᠰᠤᠨ ᠪᠠ ᠬᠤᠷᠴᠢᠨ ᠤ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠠᠵᠣ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠦᠭᠵᠢᠬᠦᠯᠦᠯᠲᠡ ᠶᠢᠨ ᠰᠠᠭᠤᠷᠢ ᠮᠥᠩᠭᠦ ᠪᠠ ᠲᠥᠷᠥᠯ ᠵᠦᠢᠯ ᠤᠨ ᠬᠥᠮᠥᠷᠭᠡ ᠶᠢ ᠪᠠᠶᠢᠭᠤᠯᠤᠨ᠂ | ᠰᠣᠶᠣᠯ ᠵᠢᠭᠤᠯᠴᠢᠯᠠᠯ ᠤᠨ ᠪᠦᠯᠦᠭᠯᠡᠯ ᠺᠣᠮᠫᠠᠨᠢ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡᠳᠦᠯ ᠢ ᠲᠦᠷᠭᠡᠳᠬᠡᠨ ᠪᠠᠳᠠᠷᠠᠭᠤᠯᠵᠤ᠂ ᠵᠠᠬ᠎ᠠ | ᠳᠡᠯᠭᠡᠭᠦᠷᠴᠢᠯᠡᠭᠰᠡᠨ᠂ ᠠᠵᠤ ᠠᠬᠤᠶᠢᠴᠢᠯᠠᠭᠰᠠᠨ ᠠᠷᠭ᠎ᠠ ᠮᠠᠶ᠋ᠢᠭ ᠢᠶᠠᠷ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠣᠶᠣᠯ ᠤᠨ | ᠰᠤᠳᠠᠰᠤ ᠶᠢ ᠡᠮᠬᠢᠯᠡᠵᠦ᠂ ᠬᠤᠳᠠᠯᠳᠤᠭᠠᠨ ᠤ ᠰᠤᠳᠠᠰᠤ ᠶᠢ ᠨᠡᠪᠲᠡᠷᠡᠭᠦᠯᠵᠦ᠂ ᠰᠣᠶᠣᠯ ᠵᠢᠭᠤᠯᠴᠢᠯᠠᠯ ᠠᠭᠤᠰᠤᠯᠴᠠᠭᠰᠠᠨ ᠶᠡᠭᠡ ᠬᠥᠭᠵᠢᠬᠦᠯᠥᠯᠲᠡ ᠶᠢ ᠠᠬᠢᠭᠤᠯᠤᠨ᠎ᠠ᠃ | ᠮᠡᠳᠡᠭᠡ ᠵᠠᠩᠭᠢ ᠶᠢᠨ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠰᠣᠶᠣᠯ ᠤᠨ ᠠᠭᠤᠯᠤᠭᠳᠠᠬᠤᠨ ᠪᠠ ᠦᠨᠳᠦᠰᠦᠲᠡᠨ ᠤ ᠣᠨᠴᠠᠯᠢᠭ ᠲᠠᠢ ᠰᠣᠶᠣᠯ ᠵᠢᠭᠤᠯᠴᠢᠯᠠᠯ ᠤᠨ | ᠪᠦᠲᠦᠭᠡᠯᠴᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠬᠤᠷᠴᠢᠨ ᠤ 500 ᠺᠢᠯᠣᠮᠧᠲᠷ ᠤᠨ ᠦᠵᠡᠮᠵᠢ ᠶᠢᠨ ᠲᠠᠷᠳᠠᠩ ᠵᠠᠮ ᠤᠨ ᠰᠣᠶᠣᠯ ᠤᠨ | ᠠᠭᠤᠯᠤᠭᠳᠠᠬᠤᠨ ᠢ ᠳᠡᠭᠡᠭᠰᠢᠯᠡᠭᠦᠯᠦᠨ᠂ 8 · 18 ᠵᠢᠷᠢᠮ ᠤᠨ ᠮᠣᠷᠢᠨ ᠣᠷᠣᠯᠳᠣᠭᠠᠨ ᠵᠡᠷᠭᠡ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠪᠡᠶ᠎ᠡ ᠶᠢᠨ ᠲᠠᠮᠢᠷ | ᠪᠡᠶ᠎ᠡ ᠴᠢᠭᠢᠷᠠᠭᠵᠢᠭᠤᠯᠬᠤ ᠠᠵᠤ ᠦᠢᠯᠡᠰ ᠤᠨ ᠵᠠᠬ᠎ᠠ ᠳᠡᠯᠭᠡᠭᠦᠷᠴᠢᠯᠡᠯᠲᠡ ᠶᠢ ᠠᠬᠢᠭᠤᠯᠵᠤ᠂ ᠬᠤᠷᠴᠢᠨ ᠤ ᠰᠣᠶᠣᠯ ᠵᠢᠭᠤᠯᠴᠢᠯᠠᠯ ᠤᠨ ᠣᠨᠴᠠᠯᠢᠭᠲᠤ ᠱᠣᠱᠢᠭ᠎ᠠ ᠶᠢ ᠪᠣᠶ | ᠪᠣᠯᠭᠠᠨ᠎ᠠ᠃ | ᠵᠡᠭᠦᠨ ᠬᠤᠶᠢᠲᠤ ᠶᠢᠨ ᠣᠷᠣᠨ ᠪᠦᠰᠡ ᠶᠢᠨ ᠴᠢᠨᠠᠷᠲᠠᠶ ᠪᠠᠷᠠᠭ᠎ᠠ ᠶᠢᠨ ᠭᠦᠢᠯᠭᠡᠭᠡᠨ ᠤ ᠵᠠᠩᠭᠢᠶᠠᠰᠤ ᠬᠤᠲᠠ ᠳᠤ ᠰᠠᠭᠤᠷᠢᠯᠠᠵᠤ᠂ ᠪᠠᠷᠠᠭ᠎ᠠ ᠶᠢᠨ ᠭᠦᠢᠯᠭᠡᠭᠡᠨ ᠤ | ᠦᠢᠯᠡᠰ ᠤᠨ ᠬᠦᠭᠵᠢᠬᠦᠯᠦᠯᠲᠡ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠂ ᠬᠤᠷᠴᠢᠨ ᠬᠡᠮᠡᠬᠦ ᠶᠡᠷᠦᠩᠬᠡᠶᠢᠯᠡᠭᠰᠡᠨ ᠪᠠᠷᠠᠭ᠎ᠠ ᠶᠢᠨ ᠭᠦᠢᠯᠭᠡᠭᠡᠨ ᠤ ᠬᠤᠷᠤᠭ᠎ᠠ᠂ | ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠪᠠᠷᠠᠭ᠎ᠠ ᠶᠢᠨ ᠭᠦᠢᠯᠭᠡᠭᠡᠨ ᠤ ᠬᠤᠷᠤᠭ᠎ᠠ᠂ ᠮᠡᠯᠡᠬᠡᠶᠢᠲᠦ ᠶᠢᠨ ᠠᠵᠤ ᠦᠢᠯᠡᠳᠪᠦᠷᠢ ᠶᠢᠨ ᠪᠠᠷᠠᠭᠠᠨ ᠤ | ᠭᠦᠢᠯᠭᠡᠭᠡᠨ ᠤ ᠬᠤᠷᠤᠭ᠎ᠠ᠂ ᠠᠭᠠᠷ ᠤᠨ ᠭᠠᠷᠠᠮ ᠤᠨ ᠪᠠᠷᠠᠭ᠎ᠠ ᠶᠢᠨ ᠭᠦᠢᠯᠭᠡᠭᠡᠨ ᠤ ᠬᠤᠷᠤᠭ᠎ᠠ᠂ ᠥᠪᠥᠷ ᠮᠣᠩᠭᠤᠯ ᠤᠨ ᠵᠡᠭᠦᠨ ᠬᠡᠰᠡᠭ ᠤᠨ ᠨᠡᠭᠦᠷᠡᠰᠦᠨ ᠤ | ᠪᠠᠷᠠᠭ᠎ᠠ ᠶᠢᠨ ᠭᠦᠢᠯᠭᠡᠭᠡᠨ ᠤ ᠬᠤᠷᠤᠭ᠎ᠠ ᠵᠡᠷᠭᠡ ᠲᠠᠪᠤᠨ ᠶᠡᠭᠡ ᠪᠠᠷᠠᠭ᠎ᠠ ᠶᠢᠨ ᠭᠦᠢᠯᠭᠡᠭᠡᠨ ᠤ ᠲᠠᠪᠴᠠᠩ ᠢ ᠭᠤᠤᠯᠳᠠᠯᠭ᠎ᠠ ᠲᠠᠢ ᠪᠤᠶᠢᠵᠢᠭᠤᠯᠤᠨ ᠬᠥᠭᠵᠢᠭᠦᠯᠵᠦ᠂ ᠶᠠ ᠴᠢ | ᠬᠡᠮᠡᠬᠦ ᠣᠯᠠᠨ ᠤᠯᠤᠰ ᠤᠨ ᠠᠷᠠᠯᠵᠢᠶ᠎ᠠ ᠬᠤᠲᠠᠯᠲᠤᠭ᠎ᠠ ᠶᠢᠨ ᠪᠠᠷᠠᠭ᠎ᠠ ᠶᠢᠨ ᠭᠦᠢᠯᠭᠡᠭᠡᠨ ᠤ ᠬᠤᠲᠠ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠂ | ᠤᠯᠤᠰ ᠤᠨ ᠨᠡᠭᠦᠷᠡᠰᠦ ᠨᠥᠭᠡᠴᠡᠯᠡᠬᠦ ᠰᠠᠭᠤᠷᠢᠨ ᠭᠠᠵᠠᠷ ᠢ ᠭᠤᠶᠤᠴᠢᠯᠠᠨ ᠪᠠᠶᠢᠭᠤᠯᠵᠤ᠂ ᠲᠦᠩᠯᠢᠶᠣᠤ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ | ︵B ᠬᠡᠯᠪᠡᠷᠢ︶᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠲᠥᠪ ᠪᠠ ᠬᠢᠯᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠢ | ᠪᠠᠶᠢᠭᠤᠯᠤᠨ᠎ᠠ᠃ ᠬᠦᠢᠳᠡᠨ ᠬᠡᠯᠬᠢᠶᠡᠰᠦ ᠪᠠᠷᠠᠭᠠᠨ ᠤ ᠭᠦᠢᠯᠭᠡᠭᠡ᠂ ᠤᠶᠤᠨᠲᠤ ᠪᠠᠷᠠᠭᠠᠨ ᠤ ᠭᠦᠢᠯᠭᠡᠭᠡ ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠵᠠᠭᠪᠤᠷ ᠢ | ᠢᠳᠡᠪᠬᠢᠲᠡᠶ ᠬᠥᠭᠵᠢᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠯᠪᠡᠷᠢ ᠶᠢᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠣᠤᠷ ᠰᠦᠯᠵᠢᠶ᠎ᠡ ᠶᠢᠨ | ᠰᠢᠰᠲ᠋ᠧᠮ ᠢ ᠲᠡᠭᠦᠯᠳᠡᠷᠵᠢᠭᠦᠯᠦᠨ᠂ ᠬᠡᠷᠡᠭᠯᠡᠭᠡᠨ ᠤ ᠢᠨᠲ᠋ᠧᠷ ᠰᠦᠯᠵᠢᠶ᠎ᠡ ᠪᠠ ᠠᠵᠤ ᠦᠢᠯᠡᠰ ᠤᠨ ᠢᠨᠲ᠋ᠧᠷ ᠰᠦᠯᠵᠢᠶ᠎ᠡ ᠶᠢ ᠵᠣᠯᠭᠠᠭᠤᠯᠬᠤ ᠶᠢ ᠠᠬᠢᠭᠤᠯᠵᠤ᠂ ᠣᠷᠣᠨ | ᠨᠤᠲᠤᠭ ᠤᠨ ᠤᠨᠴᠠᠯᠢᠭ ᠲᠠᠢ ᠳᠠᠪᠠᠭᠤᠯᠢᠭ ᠦᠢᠯᠡᠳᠭᠦᠨ ᠪᠣᠷᠣᠯᠠᠭᠤᠯᠬᠤ ᠲᠠᠪᠴᠠᠩ ᠢ ᠪᠠᠶᠢᠭᠤᠯᠵᠤ᠂ ᠣᠳᠣᠬᠢᠴᠢ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ | ᠬᠦᠭᠵᠢᠬᠦᠯᠦᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ | ︵ᠳᠣᠯᠤᠭ᠎ᠠ︶ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠶᠢ ᠲᠦᠷᠭᠡᠳᠬᠡᠨ ᠪᠠᠶᠢᠭᠤᠯᠤᠨ᠎ᠠ᠃ ︽ᠭᠤᠷᠪᠠᠨ ᠵᠠᠭᠤᠨ ᠲᠦᠮᠡ︾ ᠶᠢᠨ ᠬᠥᠮᠦᠨ ᠠᠮᠠ ᠶᠢᠨ | ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠤᠨ ᠲᠣᠭᠲᠠᠴᠠ ᠪᠠ ᠲᠥᠷᠥ ᠶᠢᠨ | ᠪᠣᠳᠣᠯᠭ᠎ᠠ ᠶᠢᠨ ᠰᠢᠰᠲ᠋ᠧᠮ ᠢ ᠪᠦᠷᠢᠨ ᠪᠣᠯᠭᠠᠨ ᠲᠡᠭᠦᠯᠳᠡᠷᠵᠢᠭᠦᠯᠵᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠡᠷᠦᠬᠡ ᠠᠮᠠ ᠣᠷᠣᠬᠤ ᠬᠢᠵᠠᠭᠠᠷᠯᠠᠯ ᠢ ᠪᠥᠬᠦ | ᠲᠠᠯ᠎ᠠ ᠪᠠᠷ ᠬᠦᠴᠦᠨ ᠥᠬᠡᠶ ᠪᠣᠯᠭᠠᠵᠤ᠂ ᠬᠤᠲᠠ ᠬᠥᠳᠡᠭᠡ ᠶᠢᠨ ᠡᠯ᠎ᠡ ᠲᠥᠷᠥᠯ ᠤᠨ ᠡᠯᠧᠮᠧᠨ᠋ᠲ ᠤᠨ ᠬᠤᠤᠰ ᠴᠢᠭᠯᠡᠯ ᠢᠶᠠᠷ ᠰᠢᠯᠵᠢᠬᠦ᠂ ᠵᠦᠶ ᠵᠣᠬᠢᠰᠲᠠᠶ | ᠲᠣᠬᠢᠷᠠᠭᠤᠯᠬᠤ ᠶᠢ ᠬᠥᠲᠥᠯᠥᠨ ᠵᠢᠯᠣᠭᠤᠳᠴᠤ᠂ ᠭᠤᠤᠯ ᠬᠤᠲᠠ᠂ ᠬᠤᠰᠢᠭᠤ ᠶᠢᠨ ᠲᠥᠪ ᠰᠠᠭᠤᠭ᠎ᠠ ᠭᠤᠤᠯᠳᠠᠯᠭ᠎ᠠ ᠲᠠᠢ ᠪᠠᠯᠭᠠᠰᠤ᠂ ᠣᠨᠴᠠᠯᠢᠭᠲᠤ ᠪᠠᠯᠭᠠᠳ ᠪᠠ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠬᠠᠷᠢᠯᠴᠠᠨ ᠠᠪᠴᠠᠯᠳᠤᠬᠤ᠂ ᠨᠢᠭᠡ ᠴᠣᠭᠴᠠᠵᠢᠭᠤᠯᠤᠨ ᠬᠥᠭᠵᠢᠭᠦᠯᠥᠭᠰᠡᠨ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠭᠤᠣᠯ ᠬᠤᠲᠠ ᠲᠣᠭᠤᠷᠢᠭ ᠤᠨ ᠬᠤᠲᠠ ᠶᠢᠨ ᠶᠠᠪᠣᠳᠠᠯ ᠤᠨ ᠰᠠᠭᠤᠷᠢ ᠲᠦᠬᠦᠬᠡᠷᠦᠮᠵᠢ ᠶᠢ | ᠲᠡᠭᠦᠯᠳᠡᠷᠵᠢᠭᠦᠯᠵᠦ᠂ ᠲᠦᠷᠬᠡᠨ ᠲᠡᠮᠦᠷ ᠵᠠᠮ ᠤᠨ ᠥᠷᠲᠡᠭᠡᠨ ᠤ ᠬᠡᠰᠡᠭ ᠲᠤ ᠬᠤᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ᠂ ᠲᠦᠷᠬᠡᠨ ᠲᠡᠮᠦᠷ ᠵᠠᠮ ᠤᠨ | ᠦᠷᠲᠡᠭᠡ ᠶᠢᠨ ᠡᠮᠦᠨ᠎ᠡ ᠲᠠᠯᠠᠪᠠᠢ ᠶᠢᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠵᠦ᠂ ᠬᠤᠲᠠ ᠶᠢᠨ ᠬᠠᠭᠠᠯᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ | ᠥᠭᠡᠷᠡᠴᠢᠯᠡᠵᠦ᠂ ᠳ᠋ᠠ ᠰᠢᠩ ᠬᠡᠮᠡᠬᠦ ᠵᠠᠮ ᠪᠠ G45 ᠲᠦᠷᠬᠡᠨ ᠬᠠᠭᠠᠯᠭ᠎ᠠ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠬᠦᠯᠵᠥ᠂ ᠠᠰᠠᠷᠠᠮᠵᠢ | ᠬᠡᠮᠡᠬᠦ ᠵᠠᠮ᠂ ᠰᠢᠨ ᠵᠢᠶᠠᠨ ᠬᠡᠮᠡᠬᠦ ᠵᠡᠭᠡᠯᠢ ᠵᠡᠷᠭᠡ 5 ᠵᠠᠮ ᠢ ᠦᠬᠡᠷᠡᠴᠢᠯᠡᠨ ᠪᠠᠶᠢᠭᠤᠯᠤᠨ᠎ᠠ᠃ ᠢᠯᠡᠯᠳᠡ ᠬᠡᠮᠡᠬᠦ ᠬᠥᠭᠦᠷᠭᠡ᠂ ᠪᠠᠷᠠᠭᠤᠨ ᠯᠣᠤᠬ᠎ᠠ ᠭᠤᠣᠯ ᠤᠨ ᠬᠥᠭᠦᠷᠭᠡ | ᠵᠡᠷᠭᠡ 3 ᠬᠥᠭᠦᠷᠭᠡ ᠶᠢ ᠰᠡᠯᠪᠢᠨ ᠵᠠᠰᠠᠵᠤ᠂ ᠭᠤᠣᠯ ᠬᠤᠲᠠ ᠲᠣᠭᠤᠷᠢᠭ ᠤᠨ ᠯᠣᠤᠬ᠎ᠠ ᠭᠤᠣᠯ ᠤᠨ ᠭᠤᠯᠳᠣᠷᠢᠯ ᠢ ᠵᠠᠰᠠᠬᠤ᠂ ᠲᠦᠩᠯᠢᠶᠣᠤ ᠬᠡᠮᠡᠬᠦ ᠵᠡᠭᠡᠯᠢ ᠶᠢᠨ | ᠪᠠᠶᠢᠭᠤᠯᠤᠯᠲᠠ᠂ ᠢᠯᠴᠢ ᠶᠢᠨ ᠰᠤᠷᠪᠤᠯᠵᠢ ᠰᠢᠨ᠎ᠡ ᠪᠠᠷ ᠨᠡᠮᠡᠭᠳᠡᠬᠦᠯᠬᠦ ᠵᠢᠴᠢ ᠢᠵᠢ ᠪᠦᠷᠢᠳᠦᠭᠰᠡᠨ ᠬᠤᠭᠤᠯᠠᠢ ᠲᠣᠣᠷ᠂ ᠪᠣᠬᠢᠷ ᠤᠰᠤ ᠪᠣᠷᠣᠭᠠᠨ ᠤ ᠤᠰᠤᠨ ᠤ | ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠬᠤ ᠵᠡᠷᠭᠡ ᠬᠤᠲᠠ ᠶᠢᠨ ᠶᠠᠪᠤᠳᠠᠯ ᠤᠨ ᠢᠨᠵᠧᠨᠧᠷᠢᠩ ᠢ ᠡᠬᠢᠯᠡᠭᠦᠯᠵᠦ᠂ ᠡᠳᠦᠷ ᠲᠤ 20 ᠲᠦᠮᠡᠨ ᠲᠣᠨ ᠤᠰᠤ | ᠬᠠᠩᠭᠠᠬᠤ ᠬᠤᠲᠠ ᠶᠢᠨ ᠵᠡᠭᠦᠨᠳᠡᠬᠢ ᠤᠰᠤᠨ ᠤ ᠦᠢᠯᠡᠳᠪᠦᠷᠢ ᠶᠢ ᠠᠵᠢᠯ ᠡᠬᠢᠯᠡᠭᠦᠯᠦᠨ ᠪᠠᠶᠢᠭᠤᠯᠵᠤ᠂ ᠰᠣᠶᠣᠯ ᠲᠠᠮᠢᠷ ᠤᠨ ᠠᠭᠤᠳᠠᠮ ᠲᠠᠯᠠᠪᠠᠢ᠂ ᠯᠢᠦ ᠶᠢᠨ | ᠪᠠᠷᠠᠭᠤᠨ ᠵᠠᠮ ᠵᠡᠷᠭᠡ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠦᠨ᠎ᠡ᠃ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠪᠠᠨ ᠨᠡᠮᠡᠭᠲᠡᠬᠦᠯᠵᠥ᠂ ᠨᠠᠢᠮᠠᠨ ᠤ ᠨᠡᠶᠢᠳᠡᠮ ᠬᠡᠷᠡᠭᠯᠡᠭᠡ ᠶᠢᠨ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠭᠠᠳ | ᠠᠶᠠᠯᠠᠯ ᠨᠡᠪᠳᠡᠷᠡᠭᠦᠯᠵᠦ᠂ ᠤᠯᠤᠰ ᠤᠨ ᠵᠠᠮ 505 ᠱᠣᠭᠤᠮ ᠤᠨ ᠬᠦᠷᠢᠶ᠎ᠡ ᠠᠴᠠ ᠨᠠᠢᠮᠠᠨ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ ᠭᠤᠣᠯ ᠴᠣᠭᠴᠠ ᠶᠢ | ᠵᠠᠰᠠᠵᠣ ᠳᠠᠭᠤᠰᠬᠠᠨ᠂ ᠶᠢᠨ ᠪᠦᠦ ᠳᠦᠨ ᠠᠴᠠ ᠭᠠᠨᠵᠤᠭ᠎ᠠ ᠬᠦᠷᠬᠦ᠂ ᠲᠠᠯᠠᠩ ᠠᠴᠠ ᠺᠠᠩ ᠫᠢᠩ ᠬᠦᠷᠬᠦ᠂ ᠲᠠᠢ ᠫᠢᠩ ᠴᠤᠸᠠᠨ ᠠᠴᠠ ᠪᠣᠯᠣᠩ ᠤᠨ ᠵᠤ ᠬᠦᠷᠬᠦ | ᠬᠤᠶᠠᠳᠤᠭᠠᠷ ᠳᠡᠰ ᠤᠨ ᠵᠠᠰᠠᠮᠠᠯ ᠵᠠᠮ ᠢ ᠪᠠᠶᠢᠭᠤᠯᠵᠤ ᠲᠡᠷᠭᠡ ᠨᠡᠪᠳᠡᠷᠡᠬᠦᠯᠦᠨ᠎ᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠳᠬᠡᠨ ᠪᠠᠶᠢᠭᠤᠯᠵᠤ᠂ | 2103 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ᠂ ᠬᠥᠳᠡᠭᠡ | ᠲᠣᠰᠬᠤᠨ ᠤ ᠴᠠᠬᠢᠯᠭᠠᠨ ᠲᠣᠣᠷ ᠢ ᠳᠡᠰ ᠳᠡᠪᠰᠢᠭᠦᠯᠦᠨ ᠥᠭᠡᠷᠡᠴᠢᠯᠡᠬᠦ ᠵᠡᠷᠭᠡ ᠢᠨᠵᠧᠨᠧᠷᠢᠩ ᠢ ᠠᠬᠢᠭᠤᠯᠵᠤ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ | ᠢ ᠪᠠᠶᠢᠭᠤᠯᠵᠤ᠂ ᠠᠶᠢᠯ ᠲᠣᠰᠬᠤᠨ ᠤ ᠵᠠᠮ ᠢ 690 ᠺᠢᠯᠦᠮᠧᠲᠷ ᠳᠡᠰ ᠳᠡᠪᠰᠢᠭᠦᠯᠦᠨ ᠥᠭᠡᠷᠡᠴᠢᠯᠡᠨ᠎ᠡ᠃ | ᠨᠡᠶᠢᠭᠡᠮ ᠤᠨ ᠵᠠᠰᠠᠯᠲᠠ ᠶᠢᠨ ᠬᠡᠯᠪᠡᠷᠢ ᠶᠢᠨ ᠬᠤᠪᠢᠷᠠᠯᠲᠠ ᠪᠣᠯᠤᠨ ᠬᠤᠲᠠ ᠶᠢᠨ ᠠᠷᠠᠳ ᠤᠨ ᠡᠷᠡᠭᠦᠯ ᠮᠡᠨᠳᠦ ᠣᠷᠣᠰᠢᠨ ᠠᠮᠢᠳᠤᠷᠠᠬᠤ ᠳᠤ ᠲᠠᠯᠪᠢᠭᠰᠠᠨ ᠰᠢᠨ᠎ᠡ | ᠬᠦᠰᠡᠯ ᠱᠠᠭᠠᠷᠳᠠᠯᠭ᠎ᠠ ᠳᠤ ᠵᠣᠬᠢᠴᠠᠭᠤᠯᠣᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠤᠰ ᠤᠨ ᠠᠷᠢᠭᠤᠨ | ᠴᠡᠪᠡᠷ ᠬᠤᠲᠠ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠪᠠᠳᠣᠳᠬᠠᠨ᠎ᠠ᠃ ︽ᠲᠦᠩᠯᠢᠶᠣᠤ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ | ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠲᠦᠷᠢᠮ︾ ᠢ ᠴᠢᠩᠭ᠎ᠠ ᠬᠡᠷᠡᠭᠵᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ | ᠣᠨ ᠤ ᠠᠵᠢᠯᠯᠠᠭ᠎ᠠ ᠶᠢ ᠥᠷᠨᠢᠭᠦᠯᠦᠨ᠂ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ ᠵᠢᠷᠤᠮᠵᠢᠭᠤᠯᠵᠤ᠂ | ᠲᠤᠷ᠎ᠠ ᠪᠠᠷ ᠢᠶᠠᠨ ᠪᠠᠶᠢᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ᠂ ᠬᠤᠲᠠ ᠪᠠᠯᠭᠠᠰᠤ ᠶᠢᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠲᠤᠰᠬᠠᠶ ᠵᠦᠢᠯ ᠢᠶᠠᠷ ᠢᠯᠭᠠᠷᠠᠭᠤᠯᠤᠨ ᠴᠡᠭᠴᠡᠯᠡᠨ ᠵᠠᠰᠠᠬᠤ ᠶᠢ ᠬᠡᠷᠡᠭᠵᠢᠭᠦᠯᠦᠨ᠎ᠡ᠃ ᠭᠤᠣᠯ ᠬᠤᠲᠠ ᠲᠣᠭᠤᠷᠢᠭ ᠤᠨ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠲᠡᠭᠦᠯᠲᠡᠷᠵᠢᠬᠦᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠶᠢ | ᠪᠦᠷᠢᠮᠦᠰᠦᠨ ᠬᠠᠮᠣᠷᠣᠭᠤᠯᠣᠨᠠ᠃ ᠪᠣᠬᠢᠷᠲᠤᠯ ᠥᠬᠡᠶ ᠠᠷᠠᠳ ᠲᠤ ᠲᠥᠬᠦᠮ ᠦᠵᠡᠭᠦᠯᠬᠦ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠬᠡᠷᠡᠭᠵᠢᠭᠦᠯᠵᠦ᠂ ᠬᠠᠮᠲᠤ ᠪᠠᠷ | ᠡᠳ᠋ᠯᠡᠬᠦ ᠳᠤᠭᠤᠶ ᠲᠡᠷᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ ᠬᠤᠲᠠ ᠲᠣᠭᠤᠷᠢᠭ ᠬᠤᠶᠠᠷ ᠱᠠᠲᠤᠨ ᠤ ᠬᠤᠲᠠ ᠶᠢᠨ ᠵᠠᠰᠠᠯᠲᠠ ᠶᠢᠨ ᠡᠷᠬᠡ ᠬᠠᠷᠢᠴᠠᠭᠤᠯᠭ᠎ᠠ ᠶᠢ | ᠰᠢᠯᠤᠭᠤᠳᠬᠠᠵᠤ᠂ ᠨᠠᠷᠢᠯᠢᠭᠵᠢᠭᠰᠠᠨ᠂ ᠬᠠᠤᠯᠢᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠤᠯᠤᠰ ᠤᠨ ᠪᠣᠯᠪᠠᠰᠤᠨ ᠬᠤᠲᠠ ᠶᠢᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠪᠠᠳᠤᠳᠬᠠᠨ᠎ᠠ᠃ | ᠤᠶᠤᠨᠲᠤ ᠬᠤᠲᠠ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ᠂ ᠪᠠᠶᠢᠭᠤᠯᠵᠤ ᠬᠡᠷᠡᠭᠯᠡᠬᠦ ᠶᠢ | ᠤᠶᠠᠯᠳᠤᠭᠤᠯᠬᠤ᠂ ᠬᠡᠷᠡᠭᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠥᠭᠬᠦᠭᠲᠡᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠮᠡᠲᠡᠭᠡ ᠵᠠᠩᠭᠢ ᠶᠢ ᠬᠠᠮᠲᠤᠪᠠᠷ | ᠭᠥᠷᠳᠡᠬᠦ ᠶᠢ ᠴᠢᠩᠭᠠᠷᠠᠭᠤᠯᠤᠨ᠂ ᠵᠠᠰᠠᠭ ᠤᠨ ᠶᠠᠪᠤᠳᠠᠯ ᠤᠨ ᠥᠢᠯᠡᠴᠢᠯᠡᠭᠡ᠂ ᠠᠵᠤ ᠥᠢᠯᠡᠰ ᠤᠨ ᠬᠥᠭᠵᠢᠭᠦᠯᠥᠯᠲᠡ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠥᠢᠯᠡᠰ᠂ ᠨᠡᠶᠢᠭᠡᠮ ᠤᠨ ᠵᠠᠰᠠᠯᠲᠠ ᠵᠡᠷᠭᠡ ᠡᠯ᠎ᠡ ᠬᠥᠷᠢᠶ᠎ᠠ ᠳᠠᠬᠢ ᠶᠡᠭᠡ ᠥᠭᠬᠦᠭᠲᠡᠯ ᠤᠨ ᠰᠢᠨ᠎ᠡ ᠶᠢ ᠡᠭᠦᠳᠦᠨ | ᠬᠡᠷᠡᠭᠯᠡᠬᠦ ᠶᠢ ᠪᠥᠬᠦ ᠲᠠᠯ᠎ᠠ ᠪᠠᠷ ᠠᠬᠢᠭᠤᠯᠵᠤ᠂ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠨ᠂ ᠤᠶᠤᠨᠲᠤ | ᠬᠤᠲᠠ ᠶᠢᠨ ᠵᠢᠯᠣᠭᠤᠳᠤᠨ ᠳᠣᠭᠢᠷᠠᠭᠤᠯᠬᠤ ᠲᠥᠪ ᠪᠠ ᠠᠵᠢᠯᠯᠠᠭᠠᠨ ᠢ ᠬᠠᠮᠠᠭᠠᠯᠠᠬᠤ ᠲᠥᠪ ᠢ ᠪᠠᠶᠢᠭᠤᠯᠵᠤ᠂ ᠲᠡᠭᠡᠲᠤ ᠢᠯᠭᠠᠮᠵᠢᠲᠤ ᠥᠭᠬᠦᠭᠲᠡᠯ ᠤᠨ ᠬᠡᠷᠡᠭᠯᠡᠯᠲᠡ ᠶᠢ | ᠥᠷᠭᠡᠳᠬᠡᠨ᠂ ᠬᠤᠲᠠ ᠶᠢᠨ ᠬᠠᠮᠢᠶᠠᠷᠣᠯᠲᠠ ᠪᠠ ᠨᠡᠶᠢᠬᠡᠮ ᠤᠨ ᠵᠠᠰᠠᠯᠲᠠ ᠳᠤ ︽ᠤᠶᠤᠨᠲᠤ ᠶᠡᠭᠡ ᠲᠠᠷᠢᠬᠢ︾ ᠤᠭᠰᠠᠷᠠᠨ᠎ᠠ᠃ | ︵ᠨᠡᠢᠮᠠ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠮᠢ ᠠᠬᠤᠶ ᠶᠢᠨ ᠣᠷᠣᠨ ᠵᠠᠶ ᠶᠢᠨ ᠰᠢᠨ᠎ᠡ ᠪᠠᠶᠢᠷᠢᠰᠢᠯ ᠢ ᠲᠦᠷᠭᠡᠳᠬᠡᠨ | ᠪᠠᠶᠢᠭᠤᠯᠵᠤ᠂ ︽ᠭᠤᠷᠪᠠᠨ ᠣᠷᠣᠨ ᠭᠤᠷᠪᠠᠨ ᠱᠤᠭᠤᠮ︾ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠴᠢᠩᠭ᠎ᠠ ᠰᠠᠬᠢᠵᠤ᠂ | ᠪᠠᠶᠢᠭᠠᠯᠢ ᠶᠢᠨ ᠠᠮᠢ ᠠᠬᠤᠶ ᠶᠢᠨ ᠲᠡᠩᠴᠡᠭᠦᠷᠢ ᠶᠢ ᠡᠪᠳᠡᠭᠰᠡᠨ ᠨᠡᠭᠡᠭᠡᠯᠲᠡ᠂ ᠣᠷᠴᠢᠨ ᠲᠣᠭᠤᠷᠢᠨ ᠤ ᠲᠠᠭᠠᠭᠠᠴᠠ ᠠᠴᠠ ᠬᠡᠲᠦᠷᠡᠭᠰᠡᠨ ᠢᠨᠵᠧᠨᠧᠷᠢᠩ ᠪᠠᠶᠢᠭᠤᠯᠬᠤ | ᠦᠭᠡᠶ᠂ ᠡᠬᠢ ᠪᠠᠶᠠᠯᠢᠭ ᠤᠨ ᠳᠠᠭᠠᠭᠠᠴᠠ ᠶᠢᠨ ᠡᠷᠴᠢᠮ ᠢ ᠳᠠᠪᠠᠭᠤᠯᠣᠭᠰᠠᠨ ᠲᠥᠷᠥᠯ ᠵᠥᠢᠯ ᠢ ᠡᠷᠡᠰ ᠬᠢᠬᠦ ᠦᠭᠡᠶ᠃ ᠤᠮᠠᠷᠠᠲᠤ ᠬᠡᠰᠡᠭ ᠤᠨ ᠨᠤᠲᠤᠭ ᠪᠡᠯᠴᠢᠭᠡᠷ ᠤᠢ | ᠰᠢᠭᠤᠶ ᠶᠢ ᠬᠠᠮᠠᠭᠠᠯᠠᠬᠤ᠂ ᠲᠤᠮᠲᠠᠲᠤ ᠬᠡᠰᠡᠭ ᠤᠨ ᠲᠠᠷᠢᠶᠠᠯᠠᠩ ᠤᠨ ᠤᠰᠤ ᠠᠷᠪᠢᠯᠠᠬᠤ᠂ ᠡᠮᠦᠨᠡᠲᠦ ᠬᠡᠰᠡᠭ ᠤᠨ ᠡᠯᠡᠰᠦᠷᠬᠡᠭ ᠭᠠᠵᠠᠷ ᠢ ᠰᠡᠷᠭᠡᠶᠢᠯᠡᠨ ᠵᠠᠰᠠᠬᠤ ᠶᠢ | ᠪᠠᠷᠢᠮᠲᠠᠯᠠᠨ᠎ᠠ᠃ ᠬᠠᠨ ᠠᠭᠤᠯᠠ ᠵᠡᠷᠭᠡ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠵᠤ᠂ ᠤᠰᠤᠨ ᠤ ᠡᠬᠢ | ᠰᠤᠷᠪᠤᠯᠵᠢ ᠶᠢ ᠬᠠᠳᠠᠭᠠᠯᠠᠬᠤ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ | ᠵᠠᠭᠤᠨ ᠲᠦᠮᠡᠨ ᠮᠥ ᠬᠥᠮᠦᠨ ᠥᠬᠡᠶ ᠣᠷᠣᠨ᠂ ᠮᠢᠩᠭᠠᠨ ᠲᠦᠮᠡᠨ ᠮᠥ ᠪᠠᠶᠢᠭᠠᠯᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠭᠰᠡᠨ ᠦᠷ᠎ᠡ | ᠪᠦᠲᠦᠭᠡᠯ ᠢ ᠪᠠᠬᠢᠵᠢᠭᠦᠯᠵᠦ᠂ 300 ᠲᠦᠮᠡᠨ ᠮᠥ ᠪᠠᠶᠢᠭᠠᠯᠢ ᠶᠢᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠶᠢ ᠪᠡᠶᠡᠯᠡᠭᠦᠯᠵᠦ᠂ ᠲᠦᠩᠯᠢᠶᠣᠤ ᠶᠢᠨ ᠬᠤᠶᠢᠲᠤ | ᠬᠡᠰᠡᠭ ᠤᠨ ᠠᠮᠢ ᠠᠬᠤᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ ︽ᠴᠤᠤᠯ ᠭᠤᠤᠯ ᠤᠨ ᠣᠰᠣ ᠶᠢ ᠯᠣᠤᠬ᠎ᠠ ᠭᠤᠤᠯ ᠳᠤ | ᠣᠷᠣᠭᠤᠯᠬᠤ︾ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠪᠠ LXB ᠬᠡᠮᠡᠬᠦ ᠲᠦᠩᠯᠢᠶᠣᠤ ᠳᠤ ᠤᠰᠤ ᠬᠠᠩᠭᠠᠬᠤ ᠰᠠᠯᠪᠤᠷᠢ ᠱᠤᠭᠤᠮ ᠤᠨ ᠢᠨᠵᠧᠨᠧᠷᠢᠩ ᠤᠨ | ᠪᠠᠶᠢᠭᠤᠯᠤᠯᠲᠠ ᠶᠢ ᠠᠬᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠨ ᠢ ᠴᠡᠪᠡᠷᠯᠡᠬᠦ︾ ᠲᠤᠰᠬᠠᠶ ᠴᠡᠭᠴᠡᠯᠡᠨ ᠵᠠᠰᠠᠬᠤ ᠠᠵᠢᠯ ᠢ | ᠴᠢᠩᠭᠠᠳᠬᠠᠨ᠂ ᠤᠰᠤ ᠬᠡᠷᠡᠭᠯᠡᠬᠦ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠢ ᠬᠥᠭᠵᠢᠭᠦᠯᠦᠨ᠂ | ᠠᠵᠤ ᠥᠢᠯᠡᠳᠪᠤᠷᠢ ᠶᠢᠨ ᠬᠡᠷᠡᠭᠯᠡᠬᠦ ᠤᠰᠤᠨ ᠤ ᠡᠬᠢ ᠰᠤᠷᠪᠤᠯᠵᠢ ᠶᠢ ᠰᠣᠯᠢᠬᠤ ᠶᠢ ᠠᠬᠢᠭᠤᠯᠵᠤ᠂ ᠪᠠᠷᠠᠭᠤᠨ ᠯᠣᠤᠬ᠎ᠠ ᠭᠤᠤᠯ ︽ᠡᠬᠢ ᠭᠤᠤᠯ︾ ᠢ ᠰᠠᠶᠢᠲᠤᠷ | ᠬᠠᠮᠠᠭᠠᠯᠠᠵᠤ᠂ ᠪᠠᠷᠠᠭᠤᠨ ᠯᠣᠤᠬ᠎ᠠ ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠤᠨ᠎ᠠ᠃ | ᠬᠤᠷᠴᠢᠨ ᠤ ᠡᠯᠡᠰᠦᠷᠬᠡᠭ ᠭᠠᠵᠠᠷ ᠤᠨ ᠪᠦᠬᠦ ᠣᠷᠣᠨ ᠪᠦᠰᠡ ᠶᠢᠨ ᠵᠠᠰᠠᠯᠲᠠ ᠶᠢᠨ ᠪᠠᠶᠢᠯᠳᠤᠬᠤ ᠪᠣᠳᠣᠯᠭ᠎ᠠ ᠶᠢᠨ ᠰᠤᠲᠤᠯᠤᠯ ᠢ ᠥᠷᠨᠢᠭᠦᠯᠵᠦ᠂ ᠰᠠᠶᠢᠨ ᠰᠠᠶᠢᠬᠠᠨ | ᠡᠷᠭᠢᠯᠲᠡ ᠲᠠᠢ ᠪᠤᠯᠤᠭᠰᠠᠨ ᠬᠠᠨᠳᠤᠰᠢ ᠶᠢ ᠪᠠᠬᠢᠵᠢᠭᠦᠯᠦᠨ᠂ ᠶᠡᠭᠡ ᠬᠡᠪᠴᠢᠶ᠎ᠠ ᠶᠢᠨ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠦᠷᠭᠦᠯᠵᠢᠯᠡᠨ | ᠰᠠᠶᠢᠲᠤᠷ ᠠᠳᠬᠤᠵᠤ᠂ ᠧᠦ᠋ᠷᠣᠫᠠ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠢ ᠶᠢᠨ | ᠣᠶᠢᠵᠢᠭᠤᠯᠤᠯᠲᠠ ᠶᠢ ᠳᠡᠮᠵᠢᠬᠦ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠢ᠂ ᠲᠠᠷᠢᠶᠠᠯᠠᠬᠤ ᠶᠢ ᠵᠣᠭᠰᠣᠭᠠᠵᠤ | ᠣᠶᠢᠵᠢᠭᠤᠯᠬᠤ ᠵᠡᠷᠭᠡ ᠢᠨᠵᠧᠨᠧᠷᠢᠩ ᠤᠨ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠤᠨ 270 ᠲᠦᠮᠡᠨ ᠮᠦ | ᠵᠠᠰᠠᠯᠲᠠ ᠶᠢ ᠪᠡᠶᠡᠯᠡᠭᠦᠯᠦᠨ᠎ᠡ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠬᠢᠨᠠᠨ ᠬᠠᠮᠢᠶᠠᠷᠬᠤ ᠤᠷᠲᠤ ᠬᠤᠭᠤᠴᠠᠭᠠᠨ ᠤ ᠪᠥᠲᠤᠮᠵᠢᠲᠠᠢ | ᠲᠣᠭᠲᠠᠴᠠ ᠶᠢ ᠪᠠᠶᠢᠭᠤᠯᠵᠤ᠂ ᠪᠦᠬᠦ ᠣᠷᠣᠨ ᠪᠦᠰᠡ ᠳᠤ ᠪᠣᠬᠢᠷᠲᠤᠯ ᠦᠭᠡᠢ ᠠᠭᠤᠷᠬᠠᠢ ᠶᠢ ᠪᠠᠶᠢᠭᠤᠯᠵᠤ᠂ ᠬᠥᠬᠡ ᠠᠭᠤᠯᠠ ᠮᠥᠩᠬᠡ ᠪᠠᠶᠢᠵᠣ᠂ ᠨᠣᠭᠤᠭᠠᠨ ᠤᠰᠤ | ᠦᠷᠭᠦᠯᠵᠢ ᠤᠷᠤᠰᠬᠤ᠂ ᠠᠭᠤᠷ ᠠᠮᠢᠰᠬᠤᠯ ᠪᠠᠶᠢᠩᠭᠤ ᠰᠢᠨ᠎ᠡ ᠦᠵᠡᠰᠬᠦᠯᠡᠩᠲᠦ ᠰᠠᠶᠢᠬᠠᠨ ᠲᠦᠩᠯᠢᠶᠣᠤ ᠶᠢ ᠴᠢᠷᠮᠠᠶᠢᠨ ᠪᠠᠶᠢᠭᠤᠯᠤᠨ᠎ᠠ᠃ | ᠪᠣᠬᠢᠷᠲᠤᠯ ᠦᠭᠡᠢ ᠬᠦᠭᠵᠢᠬᠦᠯᠦᠯᠳᠡ ᠶᠢᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠤᠨ ᠪᠦᠷᠢᠯᠳᠦᠯ ᠢ ᠠᠬᠢᠭᠤᠯᠤᠨ᠎ᠠ᠃ ᠪᠣᠬᠢᠷᠲᠤᠯ ᠦᠭᠡᠢ | ᠡᠷᠬᠢᠯᠳᠡᠳᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠬᠦᠯᠥᠯᠲᠡ ᠶᠢ ᠪᠠᠷᠢᠮᠲᠠᠯᠠᠨ᠂ ᠡᠨᠧᠷᠭᠢ ᠶᠢᠨ ᠬᠤᠷᠣᠭᠳᠠᠯ ᠶᠡᠬᠡᠲᠡᠶ ᠠᠵᠤ ᠥᠢᠯᠡᠰ ᠤᠨ | ᠵᠥᠢᠯᠡᠰ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠬᠠᠷᠢᠴᠠᠯ ᠢ | 20% ᠲᠠᠪᠠᠭᠤᠯᠬᠤ ᠪᠠᠷ ᠴᠢᠷᠮᠠᠶᠢᠵᠤ᠂ ᠴᠡᠪᠡᠷ ᠡᠨᠧᠷᠭᠢ ᠶᠢᠨ ᠰᠤᠷᠪᠤᠯᠵᠢ ᠪᠠᠷ ᠢᠯᠴᠢ ᠬᠠᠩᠭᠠᠬᠤ ︽ᠲᠠᠪᠦ ᠨᠢᠭᠡ︾ ᠶᠢᠨ ᠵᠢᠱᠢᠶ᠎ᠡ ᠦᠵᠡᠭᠦᠯᠬᠦ ᠢᠨᠵᠧᠨᠧᠷᠢᠩ | ᠬᠡᠷᠡᠭᠵᠢᠭᠦᠯᠬᠦ ᠶᠢ ᠠᠬᠢᠭᠤᠯᠵᠤ᠂ ᠵᠢᠯ ᠤᠨ ᠳᠣᠲᠣᠷ᠎ᠠ ᠠᠷᠢᠭᠤᠨ ᠴᠡᠪᠡᠷ ᠢᠯᠴᠢ ᠬᠠᠩᠭᠠᠬᠤ ᠴᠢᠳᠠᠪᠤᠷᠢ ᠶᠢ 450 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ | ᠨᠡᠮᠡᠭᠳᠡᠭᠦᠯᠦᠨ᠎ᠡ᠃ ᠤᠯᠠᠨ ᠨᠡᠶᠢᠲᠡ ᠶᠢᠨ ᠡᠨᠧᠷᠭᠢ ᠠᠷᠪᠢᠯᠠᠬᠤ ᠠᠵᠢᠯᠯᠠᠭ᠎ᠠ ᠥᠷᠨᠢᠭᠦᠯᠵᠦ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ | ᠪᠠᠶᠢᠭᠤᠯᠵᠤ᠂ ᠪᠣᠬᠢᠷᠲᠤᠯ ᠦᠭᠡᠢ ᠰᠤᠷᠭᠠᠭᠤᠯᠢ᠂ ᠪᠣᠬᠢᠷᠲᠤᠯ ᠦᠭᠡᠢ ᠨᠡᠶᠢᠭᠡᠮ ᠲᠣᠭᠤᠷᠢᠭ ᠢ ᠪᠠᠶᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠮᠢᠳᠤᠷᠠᠯ ᠢ ᠰᠠᠨᠠᠭᠠᠴᠢᠯᠠᠨ᠂ ᠪᠣᠬᠢᠷᠲᠤᠯ ᠦᠭᠡᠢ ᠪᠠᠶᠢᠬᠤ ᠶᠢ ᠴᠢᠨᠠᠷ ᠰᠠᠶᠢᠲᠠᠶ ᠬᠦᠭᠵᠢᠬᠦᠯᠦᠯᠳᠡ ᠶᠢᠨ ᠢᠯᠡ ᠲᠣᠳᠣ ᠰᠠᠭᠤᠷᠢ ᠪᠣᠯᠭᠠᠨ᠎ᠠ᠃ | ︵ᠶᠢᠰᠦ︶ ᠥᠭᠡᠷᠡᠴᠢᠯᠡᠯᠲᠡ ᠬᠢᠵᠦ ᠰᠢᠨ᠎ᠡ ᠡᠭᠦᠳᠦᠯᠳᠡ ᠶᠢ ᠭᠦᠨᠵᠡᠭᠡᠶᠢᠷᠡᠭᠦᠯᠦᠨ᠎ᠡ᠃ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠥᠭᠡᠷᠡᠴᠢᠯᠡᠯᠲᠡ ᠬᠢᠬᠦ ᠭᠤᠷᠪᠠᠨ ᠵᠢᠯ ᠤᠨ ᠠᠵᠢᠯᠯᠠᠭᠠᠨ ᠤ | ᠲᠥᠰᠦᠯ ᠢ ᠡᠬᠢᠯᠡᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠶᠢᠨ ᠪᠠᠶᠢᠷᠢᠰᠢᠯ ᠢ ᠰᠢᠯᠢᠳᠡᠭᠵᠢᠭᠦᠯᠦᠨ ᠲᠣᠬᠢᠷᠠᠭᠤᠯᠵᠤ᠂ ᠤᠯᠤᠰ ᠤᠨ ᠥᠮᠴᠢᠯᠡᠯ ᠤᠨ | ᠬᠦᠷᠦᠩᠭᠡ ᠶᠢᠨ ᠬᠤᠪᠢ ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ ᠵᠠᠰᠠᠭ ᠤᠨ ᠣᠷᠳᠣᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠳᠤ ᠤᠯᠤᠰ ᠤᠨ ᠥᠮᠴᠢᠯᠡᠯᠲᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢᠶᠠᠨ ᠮᠡᠳᠡᠭᠦᠯᠬᠦ ᠳᠦᠷᠢᠮ ᠢ | ᠨᠠᠶᠢᠳᠠᠪᠤᠷᠢᠵᠢᠭᠤᠯᠤᠨ᠎ᠠ᠃ ᠣᠷᠣᠨ ᠨᠤᠲᠤᠭ ᠤᠨ ᠤᠯᠤᠰ ᠤᠨ ᠥᠮᠴᠢᠯᠡᠯ ᠤᠨ ᠮᠥᠩᠭᠦᠨ ᠭᠥᠢᠯᠭᠡᠭᠡᠨ ᠤ ᠬᠦᠷᠦᠩᠭᠡ ᠶᠢᠨ ᠬᠠᠮᠢᠶᠠᠷᠤᠯᠲᠠ ᠶᠢᠨ ᠬᠡᠷᠡᠭᠵᠢᠬᠦᠯᠬᠦ ᠰᠠᠨᠠᠯ ᠢ | ᠨᠡᠶᠢᠲᠡᠯᠡᠵᠦ᠂ ᠤᠯᠤᠰ ᠤᠨ ᠥᠮᠴᠢᠯᠡᠯ ᠤᠨ ᠮᠥᠩᠭᠦᠨ ᠭᠥᠢᠯᠭᠡᠭᠡᠨ ᠤ ᠬᠦᠷᠦᠩᠭᠡ ᠶᠢᠨ ᠲᠥᠪᠯᠡᠷᠡᠩᠭᠦᠢ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠴᠠᠬᠢᠯᠭᠠᠨ ᠪᠣᠷᠣᠯᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠠᠬᠢᠯᠭᠠᠨ ᠨᠡᠮᠡᠭᠳᠡᠭᠦᠯᠬᠦ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢ | ᠡᠮᠬᠢ ᠵᠢᠷᠤᠮ ᠲᠠᠢ ᠠᠬᠢᠭᠤᠯᠤᠨ᠎ᠠ᠃ ᠭᠠᠵᠠᠷ ᠰᠢᠷᠣᠶ ᠶᠢᠨ ︽ᠭᠤᠷᠪᠠᠨ ᠡᠷᠬᠡ ᠶᠢ ᠰᠠᠯᠭᠠᠨ ᠲᠣᠬᠢᠷᠠᠭᠤᠯᠬᠤ︾ ᠥᠭᠡᠷᠡᠴᠢᠯᠡᠯᠲᠡ ᠶᠢᠨ ᠲᠥᠷᠥ ᠶᠢᠨ ᠪᠤᠲᠤᠯᠭ᠎ᠠ ᠶᠢ | ᠨᠠᠶᠢᠳᠠᠪᠤᠷᠢᠵᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠬᠦ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠬᠠᠮᠲᠤ ᠶᠢᠨ | ᠠᠵᠤ ᠠᠬᠤᠶ ᠶᠢ ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠳ ᠤᠨ ᠡᠳ᠋ ᠬᠥᠷᠥᠩᠭᠡ ᠶᠢᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠦᠨ᠎ᠡ᠃ ᠲᠠᠷᠢᠶᠠᠯᠠᠩ ᠤᠨ ᠤᠰᠤᠨ ᠤ | ᠦᠨ᠎ᠡ ᠬᠠᠩᠰᠢ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠬᠥᠳᠡᠭᠡ ᠲᠣᠰᠬᠤᠨ ᠤ | ᠢᠲᠡᠭᠡᠮᠵᠢ ᠶᠢᠨ ᠬᠤᠷᠰᠢᠶ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠬᠥᠲᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢ ᠪᠠᠶᠢᠭᠤᠯᠤᠨ᠎ᠠ᠃ | ᠵᠠᠮ ᠬᠠᠷᠢᠯᠴᠠᠭ᠎ᠠ ᠲᠡᠭᠡᠭᠡᠪᠦᠷᠢ᠂ ᠮᠠᠯ ᠲᠠᠷᠢᠶᠠᠯᠠᠩ ᠤᠨ ᠠᠵᠤ ᠠᠬᠤᠶ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠰᠣᠶᠣᠯ ᠤᠨ ᠵᠠᠬ᠎ᠠ ᠳᠡᠯᠭᠡᠭᠦᠷ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠥᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠨᠡᠶᠢᠭᠡᠮ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠡᠬᠢ ᠪᠠᠶᠠᠯᠢᠭ ᠤᠨ | ᠲᠤᠬᠢᠷᠠᠭᠤᠯᠤᠯᠳᠡ ᠶᠢ ᠰᠢᠯᠢᠳᠡᠭᠵᠢᠭᠦᠯᠵᠦ᠂ ᠴᠠᠯᠢᠩ ᠢ ᠬᠡᠪ ᠤᠨ ᠶᠣᠰᠣᠭᠠᠷ ᠲᠣᠬᠢᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ | ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠵᠤ᠂ ᠨᠡᠶᠢᠭᠡᠮ ᠤᠨ ᠲᠥᠪ ᠭᠤᠤᠯᠴᠢ ᠪᠠᠶᠢᠬᠤ ᠶᠢ ᠠᠬᠢᠭᠤᠯᠤᠨ᠎ᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠴᠢᠩᠭᠠᠷᠠᠭᠤᠯᠤᠨ᠎ᠠ᠃ ︽14 · 5︾ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠬᠦᠯᠦᠯᠳᠡ ᠶᠢᠨ ᠲᠥᠯᠥᠪᠵᠢᠭᠦᠯᠭᠡ ᠶᠢ ᠲᠣᠭᠲᠠᠭᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠤᠰᠬᠠᠶ ᠪᠡᠯᠡ ᠮᠥᠩᠭᠦ ᠶᠢ ᠪᠠᠶᠢᠭᠤᠯᠤᠨ᠎ᠠ᠃ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠪᠠ | ᠲᠡᠭᠡᠲᠤ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠣᠬᠢᠷᠲᠤᠯ ᠦᠭᠡᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ᠂ ᠪᠣᠬᠢᠷᠲᠤᠯ ᠦᠭᠡᠢ ᠨᠡᠭᠦᠷᠡᠰᠦ ᠴᠠᠬᠢᠯᠭᠠᠨ ᠬᠥᠩᠭᠡᠨ ᠴᠠᠭᠠᠨ᠂ ᠮᠣᠩᠭᠤᠯ ᠬᠢᠲᠠᠳ ᠡᠮ ᠡᠮᠨᠡᠯᠭᠡ ᠵᠡᠷᠭᠡ ᠳᠠᠪᠠᠭᠤᠯᠢᠭ ᠭᠤᠤᠯᠯᠠᠬᠤ ᠠᠵᠤ | ᠦᠢᠯᠡᠰ ᠤᠨ ᠮᠡᠷᠭᠡᠵᠢᠯ ᠤᠨ ᠰᠢᠪᠳᠣᠯᠣᠯᠲᠠ ᠶᠢ ᠥᠷᠨᠢᠬᠦᠯᠥᠨ᠎ᠡ᠃ ᠥᠪᠥᠷ ᠮᠣᠩᠭᠤᠯ ᠤᠨ ᠮᠣᠩᠭᠤᠯ ᠡᠮ ᠡᠮᠨᠡᠯᠭᠡ ᠶᠢᠨ ᠭᠤᠤᠯᠳᠠᠯᠭ᠎ᠠ ᠲᠠᠢ ᠲᠤᠷᠰᠢᠯᠲᠠ ᠶᠢᠨ | ᠲᠠᠰᠤᠭ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ ᠶᠢ ᠡᠬᠢᠯᠡᠭᠦᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠤᠨ ᠬᠦᠭᠵᠢᠭᠦᠯᠦᠨ᠎ᠡ᠃ | ᠲᠦᠩᠯᠢᠶᠣᠤ ᠶᠢᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠤᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠤᠨ | ᠨᠡᠮᠡᠭᠳᠡᠯᠳᠡ ᠶᠢ ᠠᠬᠢᠭᠤᠯᠤᠨ᠎ᠠ᠃ ᠲᠦᠩᠯᠢᠶᠣᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠣᠨᠴᠠ ᠲᠣᠮᠢᠯᠠᠭᠳᠠᠭᠰᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ︽ᠡᠴᠦᠰ ᠤᠨ ᠵᠠᠢ︾ ᠶᠢ ᠨᠡᠪᠲᠡᠷᠡᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠳᠦᠷᠢᠮ ᠢ ᠰᠢᠯᠢᠳᠡᠭᠵᠢᠭᠦᠯᠵᠦ᠂ ᠬᠤᠳᠠᠯᠳᠤᠭ᠎ᠠ ᠡᠵᠡᠩᠨᠡᠬᠦ ᠤᠷᠴᠢᠨ ᠲᠣᠭᠤᠷᠢᠨ ᠢ ᠰᠢᠯᠢᠳᠡᠭᠵᠢᠭᠦᠯᠬᠦ ︽ | ᠵᠠᠭᠤᠨ ᠬᠤᠨᠤᠭ ᠤᠨ ᠰᠢᠪᠳᠣᠯᠣᠯᠲᠠ︾ ᠶᠢᠨ ᠠᠵᠢᠯᠯᠠᠭ᠎ᠠ ᠶᠢ ᠬᠡᠷᠡᠭᠵᠢᠬᠦᠯᠵᠥ᠂ ᠢᠨᠵᠧᠨᠧᠷᠢᠩ ᠤᠨ ᠪᠠᠶᠢᠭᠤᠯᠤᠯᠲᠠ ᠶᠢᠨ ᠲᠥᠷᠥᠯ ᠵᠥᠢᠯ ᠢ ᠮᠡᠳᠡᠭᠦᠯᠦᠨ ᠪᠠᠶᠢᠭᠤᠯᠬᠤ | ᠂ ᠤᠰᠤ ᠴᠠᠬᠢᠯᠭᠠᠨ ᠰᠢᠲᠠᠮᠠᠬᠠᠶ ᠬᠡᠶ ᠳᠤᠯᠠᠭᠠᠯᠠᠭ᠎ᠠ ᠶᠢᠨ ᠮᠡᠳᠡᠭᠦᠯᠦᠨ ᠤᠭᠰᠠᠷᠠᠬᠤ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠲᠠᠪᠤᠨ ᠲᠤᠰᠬᠠᠶ | ᠠᠵᠢᠯᠯᠠᠭ᠎ᠠ ᠶᠢ ᠭᠤᠤᠯᠳᠠᠯᠭ᠎ᠠ ᠲᠠᠢ ᠥᠷᠨᠢᠭᠦᠯᠦᠨ᠎ᠡ᠃ ︽ᠪᠠᠭᠤᠯᠭᠠᠬᠤ ᠬᠠᠮᠢᠶᠠᠷᠬᠤ ᠥᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ᠂ ᠬᠤᠰᠢᠭᠤ | ᠬᠤᠶᠠᠷ ᠱᠠᠲᠤᠨ ᠤ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠲᠤᠬᠢᠷᠠᠭᠤᠯᠤᠨ ᠨᠡᠶᠢᠲᠡᠯᠡᠵᠦ᠂ ᠵᠠᠰᠠᠭ ᠤᠨ | ᠶᠠᠪᠤᠳᠠᠯ ᠤᠨ ᠥᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠠᠶᠢᠭᠤᠯᠤᠯᠲᠠ ᠶᠢᠨ ᠲᠥᠷᠥᠯ ᠵᠥᠢᠯ ᠤᠨ | ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠯᠡ ᠣᠷᠣᠭᠤᠯᠤᠯᠲᠠ ᠶᠢᠨ ᠲᠥᠷᠥᠯ ᠵᠥᠢᠯ ᠤᠨ ᠠᠮᠠᠯᠠᠯᠲᠠ ᠶᠢᠨ ᠳᠦᠷᠢᠮ ᠪᠣᠯᠤᠨ | ᠰᠠᠯᠠᠭ᠎ᠠ ᠮᠥᠴᠢᠷ ᠤᠨ ᠣᠷᠣᠯᠠᠨ ᠭᠥᠢᠴᠡᠳᠭᠡᠬᠦ ᠳᠦᠷᠢᠮ ᠢ ᠬᠡᠷᠡᠭᠵᠢᠭᠦᠯᠦᠨ᠎ᠡ᠃ ᠨᠢᠭᠡ ᠴᠣᠭᠴᠠᠵᠢᠭᠤᠯᠤᠭᠰᠠᠨ ᠰᠥᠯᠵᠢᠶ᠎ᠠ ᠳᠡᠭᠡᠷᠡᠬᠢ ᠥᠢᠯᠡᠴᠢᠯᠡᠭᠡᠨ ᠤ | ᠲᠠᠪᠴᠠᠩ ᠤᠨ ᠪᠠᠶᠢᠭᠤᠯᠤᠯᠲᠠ ᠶᠢ ᠲᠥᠷᠭᠡᠳᠭᠡᠵᠤ᠂ ᠠᠵᠤ ᠠᠬᠤᠶᠢᠯᠠᠯ ᠡᠷᠬᠢᠯᠡᠬᠦ ᠴᠠᠭ ᠢ 3 ᠠᠵᠢᠯᠯᠠᠬᠤ ᠡᠳᠦᠷ ᠤᠨ ᠳᠣᠲᠣᠷ᠎ᠠ ᠭᠦᠢᠴᠡᠳᠭᠡᠬᠦ ᠪᠤᠯᠭᠠᠵᠤ᠂ | ᠲᠣᠭᠳᠠᠮᠠᠯ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠴᠠᠭ ᠢ 5 ᠠᠵᠢᠯᠯᠠᠬᠤ ᠡᠳᠦᠷ ᠤᠨ ᠳᠣᠲᠣᠷ᠎ᠠ ᠭᠦᠢᠴᠡᠳᠭᠡᠬᠦ ᠪᠤᠯᠭᠠᠵᠤ᠂ ᠵᠠᠰᠠᠭ ᠤᠨ ᠶᠠᠪᠤᠲᠠᠯ ᠤᠨ | ᠥᠢᠯᠡᠴᠢᠯᠡᠭᠡᠨ ᠤ ᠵᠥᠢᠯᠡᠰ ᠢ ᠪᠦᠬᠦ ᠤᠯᠤᠰ ᠤᠨ ᠬᠡᠪᠴᠢᠶᠡᠨ ᠳᠤ ᠨᠢᠭᠡ ᠰᠦᠯᠵᠢᠶ᠎ᠡ ᠪᠠᠷ ᠨᠡᠶᠢᠳᠡᠮ ᠭᠥᠢᠴᠡᠳᠭᠡᠵᠤ᠂ ᠣᠨᠳᠣᠤ ᠭᠠᠵᠠᠷ ᠲᠤ ᠭᠥᠢᠴᠡᠳᠭᠡᠵᠤ | ᠪᠣᠯᠬᠤ ᠶᠢ ᠪᠡᠶᠡᠯᠡᠬᠦᠯᠦᠨ ᠠᠬᠢᠭᠤᠯᠤᠨ᠎ᠠ᠃ | ᠠᠷᠠᠳ ᠤᠨ ᠡᠵᠡᠩᠨᠡᠭᠰᠡᠨ ᠠᠵᠤ ᠠᠬᠤᠢ ᠶᠢᠨ ᠡᠷᠡᠭᠦᠯ ᠬᠦᠭᠵᠢᠬᠦᠯᠦᠯᠳᠡ ᠶᠢ ᠠᠬᠢᠭᠤᠯᠤᠨ᠎ᠠ᠃ ᠭᠠᠶᠢᠯᠢ ᠬᠥᠩᠭᠡᠯᠡᠵᠦ ᠰᠥᠢᠳᠭᠡᠯ ᠪᠠᠭᠤᠷᠠᠭᠤᠯᠬᠤ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠥᠪᠡᠷ ᠤᠨ ᠦᠷᠳᠡᠭ ᠤᠨ ᠵᠠᠷᠤᠳᠠᠯ ᠢ ᠦᠨᠡᠨ ᠬᠦ ᠪᠠᠭᠤᠷᠠᠭᠤᠯᠤᠨ᠎ᠠ᠃ ᠮᠥᠩᠭᠦᠨ ᠭᠥᠢᠯᠭᠡᠭᠡᠨ ᠢᠶᠠᠷ | ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠬᠦᠯᠥᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠤᠲᠠ ᠶᠢᠨ | ᠱᠠᠲᠤᠨ ᠤ ᠳᠤᠮᠳᠠ ᠵᠢᠵᠢᠭ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠤᠮᠫᠠᠨᠢ ᠪᠠᠶᠢᠭᠤᠯᠵᠤ᠂ ︽ᠳᠠᠭᠠᠭᠠᠯᠲᠠ ᠳᠤ ᠲᠤᠰᠠᠯᠠᠬᠤ ᠵᠢᠭᠡᠯᠡᠯᠭᠡ | ︾ ᠶᠢᠨ ᠲᠤᠬᠠᠶᠢᠯᠠᠭᠰᠠᠨ ᠠᠵᠢᠯ ᠢ ᠪᠣᠳᠠᠲᠠᠶ ᠬᠢᠵᠦ᠂ ᠳᠤᠮᠳᠠ ᠵᠢᠵᠢᠭ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠤᠨ᠎ᠠ᠃ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠬᠦ ᠶᠢ ᠢᠯᠭᠠᠷᠠᠭᠤᠯᠤᠨ ᠬᠤᠷᠢᠭᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ | ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠠᠷᠠᠳ ᠤᠨ ᠡᠵᠡᠩᠨᠡᠭᠰᠡᠨ ᠠᠵᠤ ᠠᠬᠤᠶᠢᠯᠠᠯᠲᠠᠨ ᠤ ᠡᠷᠡᠭᠦᠯ ᠪᠣᠶᠢᠵᠢᠯᠲᠠ ᠶᠢ | ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠣᠷᠳᠣᠨ ᠤ | ᠢᠲᠡᠭᠡᠮᠵᠢ ᠠᠯᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠪᠠ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠬᠤᠲᠠᠯᠲᠤᠭᠠᠴᠢᠨ ᠢ ᠬᠥᠨᠲᠤᠳᠭᠡᠵᠤ᠂ ᠬᠤᠳᠠᠯᠳᠤᠭᠠᠴᠢᠨ ᠢ | ᠳᠣᠲᠣᠨᠣᠴᠢᠯᠠᠬᠤ᠂ ᠬᠤᠳᠠᠯᠳᠤᠭᠠᠴᠢᠨ ᠢ ᠠᠮᠤᠷᠵᠢᠭᠤᠯᠬᠤ ᠤᠷᠴᠢᠨ ᠲᠣᠭᠤᠷᠢᠨ ᠤ ᠠᠭᠤᠷ ᠠᠮᠢᠰᠬᠤᠯ ᠢ ᠪᠤᠢ ᠪᠣᠯᠭᠠᠨ᠎ᠠ᠃ | ︽ᠨᠢᠭᠡ ᠪᠦᠰᠡ ᠨᠢᠭᠡ ᠵᠠᠮ︾ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ | ᠪᠠᠶᠢᠭᠤᠯᠤᠯᠲᠠ ᠳᠤ ᠣᠷᠣᠯᠴᠠᠵᠤ᠂ ᠳᠤᠮᠳᠠᠳᠤ ᠮᠣᠩᠭᠤᠯ ᠤᠨ ︽3 + 3︾ ᠤᠷᠤᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠲᠦᠩᠯᠢᠶᠣᠤ ᠶᠢᠨ | ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠠᠭᠠᠷ ᠤᠨ ᠠᠶᠠᠯᠠᠯ ᠤᠨ ᠪᠣᠭᠤᠮᠲᠠ ᠪᠠᠶᠢᠭᠤᠯᠬᠤ ᠪᠠᠷ ᠭᠤᠶᠤᠴᠢᠯᠠᠨ ᠮᠡᠳᠡᠭᠦᠯᠬᠦ ᠶᠢ ᠡᠬᠢᠯᠡᠭᠦᠯᠵᠦ᠂ ᠳᠤᠮᠳᠠᠳᠤ | ᠧᠦ᠋ᠷᠣᠫᠠ ︵ᠲᠦᠩᠯᠢᠶᠣᠣ ᠮᠠᠨᠵᠣᠣᠷ ᠧᠦ᠋ᠷᠣᠫᠠ︶ ᠵᠢᠱᠢᠶᠡᠨ ᠤ ᠭᠠᠯᠲᠤ ᠲᠡᠷᠭᠡ ᠪᠠ ᠳ᠋ᠠᠯᠢᠶᠠᠨ ᠭᠠᠷᠠᠮ ᠤᠨ ᠴᠢᠩᠬᠡᠯᠢᠭᠲᠦ ᠵᠢᠱᠢᠶᠡᠨ ᠤ ᠭᠠᠯᠲᠤ ᠲᠡᠷᠭᠡ ᠶᠢᠨ | ᠡᠵᠡᠩᠨᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠠᠭᠤᠷᠢᠰᠢᠭᠤᠯᠤᠨ ᠡᠳ᠋ᠰᠢᠭᠦᠯᠬᠦ ᠲᠤᠬᠠᠶᠢᠯᠠᠭᠰᠠᠨ ᠠᠵᠢᠯ ᠢ ᠥᠷᠭᠡᠳᠬᠡᠨ᠂ ︽ᠰᠠᠭᠤᠷᠢᠰᠢᠭᠰᠠᠨ ᠠᠵᠤ | ᠠᠬᠤᠶ︾ ᠶᠢ ᠲᠦᠷᠭᠡᠳᠬᠡᠨ ᠬᠥᠭᠵᠢᠭᠦᠯᠦᠨ᠎ᠡ᠃ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠪᠡᠭᠡᠵᠢᠩ ᠲᠢᠶᠠᠨᠵᠢᠨ ᠾᠧᠪᠧᠢ ᠶᠢ ᠬᠠᠮᠵᠢᠯᠴᠠᠨ | ᠬᠥᠭᠵᠢᠬᠦᠯᠬᠦ ᠳᠤ ᠭᠦᠨᠵᠡᠭᠡᠢ ᠠᠭᠤᠰᠤᠯᠴᠠᠭᠤᠯᠵᠤ᠂ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠲᠣᠭᠤᠷᠢᠭ ᠢ | ᠪᠠᠶᠢᠭᠤᠯᠵᠤ᠂ ᠰᠢᠯᠢ ᠶᠢᠨ ᠭᠤᠣᠯ ᠤᠯᠠᠭᠠᠨᠬᠠᠳᠠ ᠲᠦᠩᠯᠢᠶᠣᠤ ᠴᠣᠣᠶᠠᠩ ᠵᠢᠨᠵᠸᠦ ᠶᠢᠨ ᠬᠠᠭᠤᠷᠠᠢ ᠳᠠᠯᠠᠢ ᠪᠠᠷ ᠨᠡᠪᠲᠡᠷᠡᠬᠦ ᠵᠠᠮ ᠵᠡᠷᠭᠡ ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠢᠷᠡᠭᠦᠯᠦᠨ᠎ᠡ᠃ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ | ᠤᠤᠮᠧᠨ ᠤ ᠶᠡᠭᠡ ᠪᠤᠯᠤᠩ ᠤᠨ ᠣᠷᠣᠨ ᠵᠡᠷᠭᠡ ᠬᠥᠭᠵᠢᠭᠰᠡᠨ ᠭᠠᠵᠠᠷ ᠣᠷᠣᠨ ᠯᠤᠭ᠎ᠠ ᠶᠢᠨ ᠬᠤᠳᠠᠯᠳᠤᠭᠠᠴᠢᠨ ᠤᠷᠢᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ︽ | ᠨᠢᠰᠦᠮᠡᠯ ᠭᠠᠵᠠᠷ ᠤᠨ ᠠᠵᠤ ᠠᠬᠤᠶ︾ ᠶᠢ ᠲᠦᠷᠭᠡᠪᠴᠢᠯᠡᠨ ᠬᠥᠭᠵᠢᠭᠦᠯᠦᠨ᠎ᠡ᠃ ᠲᠦᠷᠬᠡᠨ ᠲᠡᠮᠦᠷ ᠵᠠᠮ ᠤᠨ ᠠᠵᠤ ᠠᠬᠤᠶ ᠶᠢᠨ ᠬᠦᠭᠵᠢᠬᠦᠯᠦᠯᠲᠠ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠵᠤ᠂ ᠲᠦᠷᠬᠡᠨ ᠲᠡᠮᠦᠷ ᠵᠠᠮ ᠤᠨ ᠥᠷᠲᠡᠭᠡ ᠲᠠᠯᠠᠪᠤᠷ ᠤᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠶᠢᠨ ᠲᠣᠤᠷ | ᠰᠦᠯᠵᠢᠶ᠎ᠡ ᠶᠢ ᠪᠠᠶᠢᠷᠢᠰᠢᠭᠤᠯᠤᠨ᠂ ᠲᠦᠷᠬᠡᠨ ᠲᠡᠮᠦᠷ ᠵᠠᠮ ᠤᠨ ᠵᠠᠩᠭᠢᠯᠠᠭ᠎ᠠ ᠶᠢᠨ ᠠᠵᠤ ᠠᠬᠤᠶ ᠶᠢᠨ ᠬᠦᠷᠢᠶ᠎ᠡ ᠶᠢ ᠪᠠᠶᠢᠭᠤᠯᠵᠤ᠂ ᠪᠥᠬᠦ ᠣᠷᠣᠨ ᠪᠦᠰᠡ ᠪᠠᠷ ᠢᠶᠠᠨ | ᠠᠮᠢ ᠠᠬᠤᠶ ᠶᠢᠨ ᠮᠠᠯ ᠲᠠᠷᠢᠶᠠᠯᠠᠩ ᠤᠨ ᠠᠵᠤ ᠠᠬᠤᠶ ᠶᠢᠨ ᠦᠵᠡᠮᠵᠢ ᠶᠢᠨ ᠪᠦᠰᠡ᠂ ᠰᠣᠶᠣᠯ ᠵᠢᠭᠤᠯᠴᠢᠯᠠᠯ ᠤᠨ ᠦᠵᠡᠮᠵᠢ ᠶᠢᠨ ᠪᠦᠰᠡ ᠪᠠ ᠤᠨᠴᠠᠯᠢᠬᠳᠤ ᠬᠤᠲᠠ | ᠪᠠᠯᠭᠠᠳ ᠤᠨ ᠪᠦᠰᠡ ᠶᠢ ᠪᠠᠶᠢᠭᠤᠯᠵᠤ᠂ ︽ᠲᠦᠷᠬᠡᠨ ᠲᠡᠮᠦᠷ ᠵᠠᠮ ᠤᠨ ᠠᠵᠤ ᠠᠬᠤᠶ︾ ᠶᠢ ᠲᠦᠷᠭᠡᠳᠬᠡᠨ ᠬᠥᠭᠵᠢᠭᠦᠯᠵᠦ᠂ ᠥᠨᠳᠥᠷ ᠲᠦᠪᠰᠢᠨ ᠪᠥᠬᠦᠶ | ᠨᠡᠭᠡᠭᠡᠯᠲᠡ ᠪᠠᠷ ᠴᠢᠨᠠᠷ ᠰᠠᠶᠢᠲᠠᠶ ᠬᠥᠭᠵᠢᠭᠦᠯᠥᠯᠲᠡ ᠶᠢ ᠠᠬᠢᠭᠤᠯᠤᠨ᠎ᠠ᠃ | ︵ᠠᠷᠪᠠ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠤᠨ᠎ᠠ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ | ᠂ ᠪᠢᠳᠡ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠢᠳᠡᠪᠬᠢᠲᠡᠶ ᠠᠷᠭᠠᠴᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠤᠲᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ ᠠᠯᠳᠠᠭᠰᠠᠳ ᠢ ᠬᠢᠵᠠᠭᠠᠷᠯᠠᠬᠤ᠂ ᠠᠳᠠᠯ | ᠥᠢᠯᠡᠰ ᠴᠣᠭᠴᠠᠯᠠᠬᠤ ᠶᠢ ᠠᠬᠢᠭᠤᠯᠬᠤ ᠶᠡᠷᠦᠩᠬᠡᠶᠢᠯᠡᠭᠰᠡᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠵᠢᠯ | ᠣᠯᠭᠤᠯᠲᠠ ᠶᠢᠨ ᠪᠦᠬᠦ ᠲᠠᠯ᠎ᠠ ᠶᠢᠨ ᠥᠢᠯᠡᠴᠢᠯᠡᠭᠡ ᠶᠢ ᠠᠬᠢᠭᠤᠯᠵᠤ᠂ ᠪᠦᠬᠦ ᠵᠢᠯ ᠳᠤ ᠭᠤᠤᠯᠳᠠᠯᠭ᠎ᠠ ᠲᠠᠢ ᠬᠠᠮᠲᠤᠯᠢᠭ ᠤᠨ ᠨᠥᠬᠦᠪᠥᠷᠢ ᠶᠢᠨ ᠴᠢᠨᠠᠷᠲᠠᠶ ᠠᠵᠢᠯ | ᠮᠡᠷᠭᠡᠵᠢᠯ ᠤᠨ ᠪᠣᠯᠪᠠᠰᠤᠷᠠᠯ ᠪᠠ ᠤᠷ᠎ᠠ ᠴᠢᠳᠠᠪᠤᠷᠢ ᠶᠢ 3 ᠲᠦᠮᠡᠨ ᠬᠥᠮᠦᠨ ᠤᠳᠠᠭ᠎ᠠ ᠠᠴᠠ ᠲᠠᠪᠠᠭᠤᠯᠤᠨ᠎ᠠ᠃ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠤ | ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠤᠲᠠ ᠪᠠᠯᠭᠠᠰᠤᠨ ᠤ 1.5 | ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠦᠨ᠎ᠡ᠃ 10 ᠲᠦᠮᠡᠨ ᠣᠶᠤᠲᠠᠨ ᠤ ᠠᠵᠢᠯ ᠣᠯᠵᠤ ᠠᠳᠠᠯ ᠥᠢᠯᠡᠰ ᠴᠣᠭᠴᠠᠯᠠᠬᠤ | ᠴᠤᠭᠯᠠᠷᠠᠯ ᠤᠨ ᠲᠥᠯᠥᠪᠯᠡᠭᠡ ᠶᠢ ᠭᠦᠨᠵᠡᠭᠡᠶ ᠬᠡᠷᠡᠭᠵᠢᠬᠦᠯᠵᠥ᠂ 1.7 ᠲᠦᠮᠡᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠪᠤᠶᠤ ᠠᠵᠢᠯ ᠣᠯᠭᠤᠬᠤ | ᠬᠠᠨᠳᠤᠰᠢ ᠶᠢ ᠨᠠᠶᠢᠲᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠬᠤᠲᠠ ᠬᠤᠰᠢᠭᠤ ᠬᠤᠶᠠᠷ ᠱᠠᠲᠤᠨ ᠤ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ | ᠦᠢᠯᠡᠴᠢᠯᠡᠭᠡᠨ ᠤ ᠲᠥᠪ ᠢ ᠪᠠᠶᠢᠭᠤᠯᠵᠤ᠂ ᠵᠣᠬᠢᠶᠠᠨ ᠪᠠᠶᠢᠭᠤᠯᠤᠯᠲᠠ ᠲᠠᠢ ᠪᠠᠷ ︽ᠴᠡᠭ ᠢᠶᠠᠷ ᠬᠤᠯᠪᠣᠬᠤ︾ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ | ᠡᠷᠴᠢᠮ ᠢᠶᠠᠨ ᠴᠢᠩᠭᠠᠷᠠᠭᠤᠯᠵᠤ᠂ 30 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠬᠦᠯᠥᠨ᠎ᠡ᠃ ᠠᠵᠢᠯ ᠤᠯᠬᠤ ᠳᠤ ᠬᠦᠴᠢᠷᠲᠡᠶ | ᠬᠥᠮᠦᠰ ᠢ ︽ᠨᠢᠭᠡ ᠳᠤ ᠨᠢᠭᠡ︾ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠶᠢ ᠬᠥᠳᠡᠯᠦᠩᠭᠦᠶ ᠪᠠᠷ | ᠠᠷᠢᠯᠭᠠᠬᠤ ᠶᠢ ᠪᠠᠲᠤᠯᠠᠨ᠎ᠠ᠃ ᠪᠢᠳᠡ ᠪᠠᠰᠠ ᠣᠷᠣᠨ ᠰᠠᠭᠤᠴᠠ ᠶᠢᠨ ᠳᠤᠯᠠᠭᠠᠯᠠᠭ᠎ᠠ ᠶᠢᠨ ᠢᠨᠵᠧᠨᠧᠷᠢᠩ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠥᠷᠢᠶ᠎ᠠ ᠳᠠᠬᠢ | ᠦᠯᠡᠳᠡᠭᠳᠡᠯ ᠠᠰᠠᠭᠤᠳᠠᠯ ᠢ ᠰᠶᠢᠳᠪᠥᠷᠢᠯᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠢᠯᠡ ᠪᠠᠷ ᠰᠣᠷᠣᠭᠴᠢ ᠡᠯᠰᠡᠬᠦ᠂ ᠵᠣᠷᠯᠣᠩ ᠤᠨ | ᠬᠤᠪᠢᠰᠬᠠᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ᠂ ᠨᠠᠰᠤᠵᠢᠯ ᠤᠨ ᠠᠰᠠᠷᠠᠮᠵᠢ ᠶᠢᠨ ᠥᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠲᠡᠬᠦᠯᠬᠦ᠂ ᠣᠶᠣᠨᠴᠢ ᠲᠦᠷᠭᠡᠨ ᠠᠪᠤᠷᠠᠯᠲᠠ᠂ ᠠᠵᠢᠯ ᠮᠡᠷᠭᠡᠵᠢᠯ ᠤᠨ ᠪᠣᠯᠪᠠᠰᠤᠷᠠᠯ ᠪᠠ ᠤᠷ᠎ᠠ ᠴᠢᠳᠠᠪᠤᠷᠢ ᠶᠢᠨ ᠳᠡᠭᠡᠭᠰᠢᠯᠡᠯᠲᠡ᠂ ᠠᠵᠤ ᠠᠬᠤᠶᠢᠯᠠᠯ ᠳᠤ | ᠠᠰᠢᠭᠲᠠᠶ ᠠᠷᠠᠳ ᠲᠤ ᠲᠥᠬᠦᠮ ᠥᠵᠡᠬᠦᠯᠬᠦ ᠵᠥᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠥᠢᠴᠡᠳᠭᠡᠬᠦ︾᠂ ᠵᠡᠮᠳᠡᠭ ᠬᠡᠤᠬᠡᠳ ᠢ ᠡᠷᠡᠬᠦᠯᠵᠢᠬᠦᠯᠥᠨ ᠠᠪᠤᠷᠠᠨ | ᠲᠤᠰᠠᠯᠠᠬᠤ᠂ ᠢᠨᠲ᠋ᠧᠷ ᠰᠦᠯᠵᠢᠶ᠎ᠡ ᠶᠢ ᠨᠡᠶᠢᠳᠡᠮ ᠬᠠᠮᠤᠷᠤᠭᠤᠯᠬᠤ ᠵᠡᠷᠭᠡ ᠠᠷᠠᠳ ᠤᠨ ᠠᠮᠢᠳᠤᠷᠠᠯ ᠤᠨ 11 ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ | ᠣᠯᠠᠨ ᠤ ᠠᠮᠢᠳᠤᠷᠠᠯ ᠢ ᠨᠠᠩ ᠲᠠᠭᠠᠯᠠᠮᠵᠢᠲᠠᠶ ᠪᠣᠯᠭᠠᠵᠤ᠂ ᠨᠠᠩ ᠵᠣᠯ ᠵᠢᠷᠭᠠᠯ ᠲᠠᠢ ᠪᠣᠯᠭᠠᠨ᠎ᠠ᠃ | ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠥᠨᠵᠡᠭᠡᠶᠢᠷᠡᠬᠦᠯᠵᠥ᠂ ᠰᠤᠷᠭᠠᠭᠤᠯᠢ ᠶᠢᠨ ᠵᠠᠬᠢᠷᠤᠯ ᠤᠨ | ᠲᠤᠰᠢᠶᠠᠯ ᠲᠡᠰ ᠤᠨ ᠳᠦᠷᠢᠮ ᠢ ᠰᠦᠪᠡᠭᠴᠢᠯᠡᠨ ᠬᠡᠷᠡᠭᠵᠢᠭᠦᠯᠵᠦ᠂ ᠲᠤᠮᠲᠠᠲᠤ ᠪᠠᠭ᠎ᠠ ᠰᠤᠷᠭᠠᠭᠤᠯᠢ ᠶᠢᠨ ᠪᠠᠭᠰᠢ ᠶᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ | ᠤᠷᠢᠬᠤ︾ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯ ᠢ | ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠪᠠᠶᠢᠷᠢ ᠳᠤ | ᠰᠠᠭᠤᠬᠤ ᠳᠦᠷᠢᠮᠲᠦ ᠰᠤᠷᠭᠠᠭᠤᠯᠢ ᠪᠠ ᠪᠠᠭ᠎ᠠ ᠬᠡᠪᠴᠢᠶᠡᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ ᠶᠠᠩᠵᠤᠯᠠᠭᠰᠠᠨ ᠣᠨᠴᠠᠯᠢᠭ ᠲᠠᠢ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠰᠢᠭᠤ ᠰᠢᠶᠠᠨ | ᠬᠤᠲᠠ ᠲᠣᠭᠤᠷᠢᠭ ᠨᠢᠭᠡᠪᠦᠷᠢ ᠳᠤ ᠵᠢᠱᠢᠶ᠎ᠡ ᠦᠵᠡᠭᠦᠯᠬᠦ ᠴᠢᠨᠠᠷᠲᠠᠶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ 1 ᠪᠠᠶᠢᠭᠤᠯᠤᠨ᠎ᠠ᠃ ᠦᠨᠳᠦᠰᠦᠲᠡᠨ ᠤ | ᠰᠤᠷᠭᠠᠨ ᠬᠥᠮᠦᠵᠢᠯ ᠢ ᠡᠩ ᠲᠡᠷᠢᠭᠦᠨ ᠳᠤ ᠭᠤᠤᠯᠳᠠᠯᠭ᠎ᠠ ᠲᠠᠢ ᠬᠥᠭᠵᠢᠭᠦᠯᠬᠦ ᠲᠥᠷᠥ ᠶᠢᠨ ᠪᠤᠲᠤᠯᠭ᠎ᠠ ᠶᠢ ᠨᠠᠶᠢᠳᠠᠪᠤᠷᠢᠵᠢᠭᠤᠯᠵᠣ᠂ ᠤᠨᠴᠠᠭᠠᠢ ᠰᠤᠷᠭᠠᠨ ᠬᠥᠮᠦᠵᠢᠯ ᠢ | ᠰᠠᠶᠢᠲᠤᠷ ᠡᠷᠬᠢᠯᠡᠵᠦ᠂ ᠠᠷᠠᠳ ᠤᠨ ᠡᠷᠬᠢᠯᠡᠭᠰᠡᠨ ᠰᠤᠷᠭᠠᠨ ᠬᠥᠮᠦᠵᠢᠯ ᠢ ᠳᠡᠮᠵᠢᠬᠦ ᠪᠠ ᠵᠢᠷᠤᠮᠵᠢᠭᠤᠯᠤᠨ᠂ ᠲᠡᠭᠡᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ | ᠰᠣᠷᠣᠭᠴᠢ ᠥᠷᠭᠡᠳᠬᠡᠨ ᠡᠯᠰᠡᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠥᠷᠨᠢᠬᠦᠯᠥᠨ᠎ᠡ᠃ ᠥᠪᠥᠷ ᠮᠣᠩᠭᠤᠯ ᠤᠨ ᠦᠨᠳᠦᠰᠦᠲᠡᠨ ᠤ | ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠲᠣᠭᠤᠷᠢᠭ ᠢ ᠶᠡᠷᠥᠩᠭᠡᠶᠢᠯᠡᠨ ᠥᠭᠡᠷᠡᠴᠢᠯᠡᠬᠦ ᠲᠥᠷᠥᠯ ᠵᠥᠢᠯ ᠢ ᠬᠡᠷᠡᠭᠵᠢᠭᠦᠯᠦᠨ᠂ ᠲᠦᠩᠯᠢᠶᠣᠤ ᠶᠢᠨ ᠮᠣᠩᠭᠤᠯ ᠳᠤᠮᠳᠠᠳᠤ | ᠰᠤᠷᠭᠠᠭᠤᠯᠢ ᠶᠢ ᠥᠭᠡᠷᠡᠴᠢᠯᠡᠨ ᠥᠷᠭᠡᠳᠬᠡᠨ ᠪᠠᠶᠢᠭᠤᠯᠬᠤ ᠶᠢ ᠲᠦᠷᠭᠡᠳᠬᠡᠨ᠎ᠡ᠃ | ᠪᠠᠷᠠᠭᠤᠨ ᠯᠣᠤᠬ᠎ᠠ ᠭᠤᠣᠯ ᠤᠨ ᠪᠣᠯᠪᠠᠰᠤᠨ ᠤ ᠭᠤᠣᠯᠯᠠᠬᠤ ᠣᠷᠣᠨ ᠪᠦᠰᠡ ᠶᠢᠨ ᠰᠤᠳᠤᠯᠭᠠᠨ ᠢ ᠭᠦᠨᠵᠡᠭᠡᠶᠢᠷᠡᠭᠦᠯᠵᠦ᠂ ᠬᠤᠷᠴᠢᠨ ᠤ ᠰᠣᠶᠣᠯ ᠤᠨ ᠠᠮᠢ | ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠤᠯᠤᠯᠲᠠ ᠶᠢ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠪᠣᠳᠠᠰ ᠤᠨ | ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ ᠤᠯᠠᠭᠠᠨᠮᠥ᠋ᠴᠢᠷ ᠤᠨ ᠦᠢᠯᠡᠰ ᠢ ᠬᠥᠭᠵᠢᠭᠦᠯᠵᠦ᠂ ᠤᠯᠠᠭᠠᠨᠮᠥ᠋ᠴᠢᠷ ᠤᠨ ᠣᠷᠳᠣᠨ ᠤ | ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠦᠨ᠎ᠡ᠃ ᠰᠡᠩᠭᠡᠷᠢᠨᠴᠢᠨ ᠤ ᠮᠦᠽᠧᠢ ᠶᠢ ᠲᠤᠰᠢᠶᠠᠨ ᠬᠡᠷᠡᠭᠯᠡᠭᠦᠯᠵᠦ᠂ ᠬᠤᠲᠠ ᠶᠢᠨ ᠨᠣᠮ ᠤᠨ ᠰᠠᠩ ᠤᠨ ᠰᠢᠨ᠎ᠡ | ᠰᠠᠩ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠢ ᠪᠠᠶᠢᠭᠤᠯᠵᠤ᠂ ᠬᠤᠲᠠ ᠶᠢᠨ ᠮᠦᠽᠧᠢ ᠶᠢ ᠥᠭᠡᠷᠡᠴᠢᠯᠡᠨ ᠳᠡᠰ ᠲᠡᠪᠰᠢᠬᠦᠯᠬᠦ ᠶᠢᠨ ᠬᠠᠮᠲᠤ | ᠡᠷᠦᠬᠡ ᠰᠡᠬᠦᠬᠡᠬᠦ ᠶᠢ ᠪᠡᠶᠡᠯᠡᠭᠦᠯᠵᠦ᠂ ᠬᠤᠰᠢᠭᠤ ᠰᠢᠶᠠᠨ ᠬᠤᠲᠠ ᠲᠣᠭᠤᠷᠢᠭ ᠪᠣᠯᠤᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠣᠯᠠᠨ ᠨᠡᠶᠢᠲᠡ ᠶᠢᠨ | ᠰᠣᠶᠣᠯ ᠤᠨ ᠲᠥᠬᠦᠭᠡᠷᠥᠮᠵᠢ ᠶᠢᠨ ᠲᠠᠯᠠᠪᠤᠷ ᠢ ᠦᠨᠳᠦᠰᠦᠨ ᠳᠡᠭᠡᠨ ᠪᠠᠷᠢᠮᠵᠢᠶ᠎ᠠ ᠳᠤ ᠬᠦᠷᠭᠡᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠤ ᠤᠶᠤᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ | ᠡᠷᠡᠭᠦᠯ ᠡᠩᠬᠡ ᠲᠦᠩᠯᠢᠶᠣᠤ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ︽ᠭᠤᠷᠪᠠᠨ ᠡᠮᠴᠢᠯᠡᠭᠡ︾ ᠶᠢᠨ ᠬᠤᠯᠪᠣᠭᠠᠯᠠᠨ ᠬᠥᠳᠡᠯᠦᠯᠴᠡᠬᠦ | ᠥᠭᠡᠷᠡᠴᠢᠯᠡᠯᠲᠡ ᠶᠢ ᠠᠬᠢᠭᠤᠯᠵᠤ᠂ ᠪᠥᠬᠦ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ ᠶᠢ | ᠪᠡᠶᠡᠯᠡᠬᠦᠯᠵᠥ᠂ ᠬᠤᠲᠠ ᠶᠢᠨ ᠡᠮᠴᠢᠯᠡᠭᠡᠨ ᠤ ᠪᠦᠯᠦᠭᠯᠡᠯ ᠪᠠ ᠨᠢᠭᠲᠠ ᠬᠡᠯᠪᠡᠷᠢ ᠶᠢᠨ ᠰᠢᠶᠠᠨ ᠤ ᠬᠡᠪᠴᠢᠶ᠎ᠠ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ | ᠲᠤᠷᠰᠢᠯᠲᠠ ᠶᠢᠨ ᠴᠡᠭ ᠢ ᠪᠠᠶᠢᠭᠤᠯᠵᠤ᠂ ᠡᠮᠴᠢᠯᠡᠭᠡᠨ ᠤ ᠥᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠪᠠ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ | ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠢᠵᠢᠭ ᠢ ᠰᠡᠷᠭᠡᠶᠢᠯᠡᠨ ᠡᠵᠡᠮᠳᠡᠬᠦ ᠰᠢᠰᠲ᠋ᠧᠮ ᠪᠠ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠥᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠣᠷᠣᠨ ᠪᠦᠰᠡ ᠶᠢᠨ ᠴᠢᠨᠠᠷᠲᠠᠶ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ ᠲᠥᠪ ᠢ ᠲᠥᠷᠭᠡᠳᠭᠡᠨ ᠪᠠᠶᠢᠭᠤᠯᠣᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ | ᠪᠠᠶᠢᠭᠤᠯᠤᠨ ᠬᠡᠷᠡᠭᠯᠡᠵᠦ᠂ ᠭᠤᠷᠪᠠᠲᠤᠭᠠᠷ ᠬᠤᠭᠤᠴᠠᠭ᠎ᠠ ᠶᠢᠨ ᠬᠤᠷᠴᠢᠨ ᠤ ᠬᠥᠳᠡᠯᠭᠡᠭᠡᠨ ᠤ ᠶᠡᠭᠡ ᠬᠤᠷᠠᠯ ᠢ ᠡᠷᠭᠢᠯᠡᠵᠦ᠂ ᠬᠥᠯ ᠪᠥᠮᠪᠦᠭᠡ ᠶᠢᠨ ᠥᠭᠡᠷᠡᠴᠢᠯᠡᠯᠲᠡ | ᠬᠥᠭᠵᠢᠬᠦᠯᠥᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠵᠠᠯᠠᠭᠤᠴᠤᠳ ᠪᠠᠭᠠᠴᠤᠳ ᠤᠨ | ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ | ᠨᠡᠶᠢᠭᠡᠮ ᠤᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠯᠡᠬᠦ ᠲᠥᠷᠥ ᠶᠢᠨ ᠪᠤᠲᠤᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠦ᠂ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠲᠠᠲᠠᠪᠤᠷᠢᠯᠠᠬᠤ ᠡᠷᠴᠢᠮ ᠢ ᠴᠢᠩᠭᠠᠷᠠᠭᠤᠯᠤᠨ᠂ ᠰᠠᠭᠤᠷᠢ ᠮᠥᠩᠭᠦᠨ ᠤ | ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨᠬᠦ ᠪᠠᠲᠤᠯᠠᠨ᠎ᠠ᠃ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠣᠯᠤᠨ ᠨᠥᠬᠦᠪᠥᠷᠢ ᠥᠭᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠨᠠᠰᠤᠲᠠᠨ ᠢ ᠠᠰᠠᠷᠠᠬᠤ ᠬᠦᠷᠢᠶᠡᠯᠡᠩ ᠢ ᠡᠮᠬᠢᠯᠡᠨ ᠨᠡᠶᠢᠯᠡᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠲᠥᠯᠥᠪᠵᠢᠭᠦᠯᠭᠡ ᠶᠢᠨ ᠡᠭᠦᠷᠭᠡ ᠶᠢ ᠪᠡᠶᠡᠯᠡᠭᠦᠯᠵᠦ | ᠂ ᠬᠤᠲᠠ ᠶᠢᠨ ᠨᠠᠰᠤᠲᠠᠶᠢᠴᠤᠳ ᠤᠨ ᠰᠤᠪᠢᠯᠠᠯᠲᠠ ᠶᠢᠨ ᠲᠥᠪ ᠢ ᠠᠰᠢᠭᠯᠠᠯᠲᠠ ᠳᠤ ᠤᠷᠤᠭᠤᠯᠵᠤ᠂ ᠬᠤᠰᠢᠭᠤ ᠰᠢᠶᠠᠨ ᠨᠢᠭᠡᠪᠦᠷᠢ ᠳᠤ ᠥᠨᠳᠥᠷ ᠪᠠᠷᠢᠮᠵᠢᠶᠠᠲᠤ | ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ 1 ᠪᠠᠶᠢᠭᠤᠯᠵᠤ᠂ 1000 ᠨᠠᠰᠤᠵᠢᠯ ᠤᠨ ᠣᠷᠣ ᠰᠢᠨ᠎ᠡ ᠪᠠᠷ ᠨᠡᠮᠡᠭᠳᠡᠭᠦᠯᠦᠨ᠎ᠡ᠃ ᠬᠠᠷᠠᠭᠠᠯᠵᠠᠨ ᠲᠥᠪᠬᠢᠨᠡᠭᠦᠯᠬᠦ᠂ | ᠨᠡᠶᠢᠭᠡᠮ ᠤᠨ ᠠᠰᠠᠷᠠᠮᠵᠢ᠂ ᠨᠢᠭᠦᠯᠡᠰᠦᠩᠭᠦᠶ ᠶᠢᠨ ᠥᠢᠯᠡᠰ ᠵᠡᠷᠭᠡ ᠲᠦᠷᠢᠮ ᠢ ᠲᠡᠭᠦᠯᠲᠡᠷᠵᠢᠬᠦᠯᠵᠤ᠂ ᠴᠡᠷᠢᠭ ᠠᠴᠠ ᠬᠠᠯᠠᠭᠳᠠᠭᠰᠠᠳ ᠤᠨ ᠥᠢᠯᠡᠴᠢᠯᠡᠭᠡ | ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠶᠢᠴᠦᠳ ᠤᠨ ᠭᠦᠭᠵᠢᠬᠦᠯᠦᠯᠲᠡ ᠶᠢᠨ ᠬᠦᠳᠦᠯᠪᠣᠷᠢ ᠶᠢᠨ ᠲᠣᠪᠴᠢ ᠪᠠ ᠬᠡᠤᠬᠡᠳ ᠤᠨ | ᠭᠦᠭᠵᠢᠬᠦᠯᠦᠯᠲᠡ ᠶᠢᠨ ᠬᠦᠳᠦᠯᠪᠣᠷᠢ ᠶᠢᠨ ᠲᠣᠪᠴᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮᠡᠭᠲᠡᠶᠢᠴᠦᠳ᠂ ᠬᠡᠤᠬᠡᠳ ᠪᠠᠭᠠᠴᠤᠤᠨ᠂ ᠨᠠᠰᠤᠲᠠᠶᠢᠴᠤᠳ ᠪᠠ | ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ︽ᠠᠮᠣᠭᠤᠯᠠᠩ ᠲᠦᠩᠯᠢᠶᠣᠤ︾ ᠶᠢᠨ | ᠪᠠᠶᠢᠭᠤᠯᠤᠯᠲᠠ ᠶᠢ ᠭᠦᠨᠵᠡᠭᠡᠢᠷᠡᠭᠦᠯᠵᠦ᠂ ︽ᠨᠢᠭᠡ ᠯᠡ ᠨᠣᠮᠧᠷ ᠢᠶᠠᠷ ᠨᠢᠭᠡᠲᠤᠯᠲᠡᠢ ᠬᠦᠢᠴᠡᠳᠭᠡᠬᠦ᠂ ᠪᠠᠯᠭᠠᠰᠤ ᠵᠡᠭᠡᠯᠢ ᠭᠤᠳᠤᠮᠵᠢ ᠶᠢ ᠨᠢᠭᠡᠳᠦᠯᠲᠡᠢ ᠬᠦᠢᠴᠡᠳᠭᠡᠬᠦ︾ | ᠣᠯᠠᠨ ᠲᠦᠮᠡᠨ ᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠵᠥᠷᠢᠴᠡᠯ ᠢ ᠭᠦᠨᠵᠡᠭᠡᠢ ᠪᠠᠶᠢᠴᠠᠭᠠᠨ ᠰᠢᠢᠳᠪᠤᠷᠢᠯᠡᠨ᠎ᠡ᠃ ᠪᠣᠰᠤᠭ᠎ᠠ ᠴᠣᠭᠴᠠᠲᠤ | ᠮᠡᠳᠡᠭᠡ ᠵᠠᠩᠬᠢᠴᠢᠯᠠᠭᠰᠠᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠵᠤ᠂ ᠵᠠᠮ ᠬᠠᠷᠢᠯᠴᠠᠭᠠᠨ ᠤ ᠬᠥᠮᠦᠨ ᠦᠭᠦᠭᠰᠡᠨ ᠠᠳᠡᠯ ᠢ ᠦᠷᠭᠦᠯᠵᠢᠯᠡᠨ ᠴᠢᠳᠠᠬᠤᠶᠢᠴᠠ ᠪᠠᠭᠤᠷᠠᠭᠤᠯᠤᠨ᠂ | ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ᠃ ᠠᠶᠣᠯᠬᠦᠢ ᠥᠢᠯᠡᠳᠪᠤᠷᠢᠯᠡᠯ ᠤᠨ ᠲᠣᠰᠬᠠᠢ ᠴᠡᠭᠴᠡᠯᠡᠯᠳᠡ ᠶᠢᠨ ᠭᠤᠷᠪᠠᠨ | ᠵᠢᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠠᠶᠤᠯᠬᠦᠢ ᠥᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠣᠯᠬᠦᠢ | ᠥᠢᠯᠡᠳᠪᠤᠷᠢᠯᠡᠯ ᠤᠨ ᠬᠢᠨᠠᠯᠲᠠ ᠬᠠᠮᠢᠶᠠᠷᠤᠯᠲᠠ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠷᠠᠭᠤᠯᠵᠤ᠂ ᠬᠦᠨᠳᠦ ᠣᠨᠴᠠ ᠶᠡᠭᠡ | ᠠᠳᠡᠯ ᠢ ᠡᠷᠡᠰ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠬᠤᠲᠠ ᠬᠤᠰᠢᠭᠤ ᠬᠤᠶᠠᠷ ᠱᠠᠳᠣ ᠬᠡᠨᠡᠳᠳᠡ | ᠡᠬᠦᠰᠦᠭᠰᠡᠨ ᠬᠡᠷᠡᠭ ᠢ ᠰᠡᠷᠡᠮᠵᠢᠯᠡᠬᠦᠯᠦᠨ ᠨᠡᠶᠢᠳᠡᠯᠡᠬᠦ ᠰᠢᠰᠲ᠋ᠧᠮ ᠤᠨ ᠪᠠᠶᠢᠭᠤᠯᠣᠯᠲᠠ ᠶᠢ ᠡᠬᠢᠯᠡᠬᠦᠯᠵᠦ᠂ ᠣᠯᠠᠨ ᠡᠰᠢᠵᠢᠭᠰᠡᠨ ᠭᠠᠮᠰᠢᠭ ᠠᠴᠠ ᠠᠪᠤᠷᠠᠬᠤ | ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ | ᠃ ᠬᠤᠲᠠ ᠲᠣᠭᠤᠷᠢᠭ ᠬᠤᠶᠠᠷ ᠱᠠᠲᠤᠨ ᠤ ᠴᠠᠭ ᠠᠭᠤᠷ ᠤᠨ ᠲᠣᠪᠴᠢᠶ᠎ᠠ ᠥᠷᠲᠡᠭᠡ ᠶᠢᠨ ᠪᠦᠬᠦᠯᠢ ᠴᠣᠭᠴᠠ ᠪᠠᠷ ᠨᠡᠬᠦᠯᠭᠡᠬᠦ ᠰᠠᠭᠤᠷᠢ ᠲᠦᠬᠦᠭᠡᠷᠦᠮᠵᠢ ᠶᠢᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠱᠠᠰᠢᠨ ᠰᠤᠷᠲᠠᠬᠤᠨ ᠤ ᠡᠶ᠎ᠡ ᠡᠪ ᠲᠠᠢ | ᠪᠠᠶᠢᠬᠤ ᠶᠢ ᠠᠬᠢᠭᠤᠯᠤᠨ᠎ᠠ᠃ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ᠂ ᠪᠦᠬᠦ ᠤᠯᠤᠰ ᠤᠨ ᠦᠨᠳᠦᠰᠦᠲᠡᠨ ᠤ ᠪᠥᠯᠬᠦᠮᠲᠠᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠪᠣᠯᠤᠨ ︽ᠬᠤᠣᠰ ᠬᠦᠷᠢᠶᠡᠯᠡᠯ ᠤᠨ ᠵᠢᠱᠢᠶᠡᠴᠢ ᠬᠤᠲᠠ︾ ᠶᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠵᠦ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ | ᠠᠷᠠᠳ ᠤᠨ ᠠᠭᠠᠷ ᠤᠨ ᠰᠡᠷᠭᠡᠶᠢᠯᠡᠯᠲᠡ᠂ ᠲᠡᠤᠬᠡ ᠣᠶᠢᠯᠠᠯᠭ᠎ᠠ ᠳᠠᠩᠰᠠ ᠡᠪᠬᠡᠮᠡᠯ᠂ ᠭᠠᠵᠠᠷ ᠬᠥᠳᠡᠯᠦᠯᠲᠡ ᠴᠠᠭ ᠠᠭᠤᠷ ᠵᠡᠷᠭᠡ ᠡᠯ᠎ᠡ ᠵᠥᠢᠯ ᠤᠨ ᠠᠵᠢᠯ ᠢ ᠪᠦᠬᠦ | ᠲᠠᠯ᠎ᠠ ᠪᠠᠷ ᠴᠢᠩᠭᠠᠳᠬᠠᠨ᠎ᠠ᠃ | ︽14 · 5︾ ᠶᠢᠨ ᠲᠥᠯᠥᠪᠵᠢᠭᠦᠯᠭᠡ ᠶᠢ ᠴᠢᠨᠠᠷ ᠰᠠᠶᠢᠲᠠᠢ ᠨᠠᠶᠢᠷᠠᠭᠤᠯᠵᠤ᠂ ᠮᠠᠨ ᠤ ᠬᠤᠲᠠ ᠶᠢᠨ ᠪᠣᠳᠠᠲᠤ ᠪᠠᠶᠢᠲᠠᠯ ᠪᠠ ᠬᠥᠭᠵᠢᠬᠦᠯᠥᠯᠲᠡ ᠶᠢᠨ | ᠬᠡᠷᠡᠭᠴᠡᠭᠡ ᠳᠤ ᠰᠠᠭᠤᠷᠢᠯᠠᠨ᠂ ᠤᠯᠤᠰ ᠤᠨ ᠪᠠᠶᠢᠯᠲᠤᠬᠤ ᠪᠣᠳᠣᠯᠭ᠎ᠠ ᠳᠤ ᠦᠢᠯᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠲᠦᠩᠯᠢᠶᠣᠤ ᠠᠴᠠ ᠴᠢᠴᠢᠬᠠᠷ ᠲᠤ ᠬᠦᠷᠬᠦ ᠲᠦᠷᠬᠡᠨ ᠲᠡᠮᠦᠷ ᠵᠠᠮ ᠵᠡᠷᠭᠡ ᠰᠠᠭᠤᠷᠢ ᠶᠢ ᠴᠢᠩᠭᠠᠷᠠᠭᠤᠯᠬᠤ᠂ ᠰᠡᠯᠭᠦᠬᠦ ᠬᠦᠴᠦᠨ ᠢ ᠨᠡᠮᠡᠭᠲᠡᠬᠦᠯᠬᠦ | ᠲᠣᠮᠣ ᠲᠥᠷᠦᠯ ᠵᠦᠢᠯ ᠰᠠᠶᠢᠨ ᠲᠥᠷᠦᠯ ᠵᠦᠢᠯ ᠢ ᠤᠯᠤᠰ ᠤᠨ ︽14 · 5︾ ᠶᠢᠨ ᠲᠥᠯᠥᠪᠵᠢᠭᠦᠯᠭᠡ ᠳᠤ ᠣᠷᠣᠭᠤᠯᠬᠤ ᠶᠢ ᠭᠤᠣᠯᠳᠠᠯᠭ᠎ᠠ ᠲᠠᠢ ᠠᠬᠢᠭᠤᠯᠤᠨ᠎ᠠ᠃ | | | ᠭᠤᠷᠪᠠ᠂ ᠵᠠᠰᠠᠭ ᠤᠨ ᠣᠷᠳᠣᠨ ᠤ ᠵᠠᠰᠠᠯᠲᠠ ᠪᠠ ᠥᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠲᠡᠭᠡᠭᠰᠢᠯᠡᠭᠦᠯᠥᠨ᠎ᠡ | | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠤ᠂ ᠤᠲᠤᠬᠢᠴᠢᠯᠠᠭᠰᠠᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ ᠪᠣᠯ ᠰᠢᠨ᠎ᠡ ᠴᠠᠭ | ᠦᠶ᠎ᠡ ᠠᠴᠠ ᠪᠢᠳᠡᠨ ᠳᠤ ᠳᠠᠭᠠᠭᠠᠯᠭᠠᠭᠰᠠᠨ ᠰᠢᠨ᠎ᠡ ᠡᠭᠦᠷᠭᠡ ᠮᠥᠨ᠃ ᠰᠢᠨ᠎ᠡ ᠲᠡᠦᠬᠡ ᠶᠢᠨ ᠵᠠᠩᠭᠢᠯᠠᠭ᠎ᠠ ᠶᠢᠨ ᠴᠡᠭ ᠳᠡᠭᠡᠷ᠎ᠡ ᠵᠣᠭᠰᠣᠵᠤ᠂ ᠪᠢᠳᠠ ᠡᠷᠬᠡᠪᠰᠢ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠰᠢᠨ᠎ᠡ ᠱᠠᠭᠠᠷᠳᠠᠯᠭ᠎ᠠ ᠳᠤ ᠵᠣᠬᠢᠴᠠᠬᠤ ᠶᠢ ᠲᠦᠷᠭᠡᠳᠭᠡᠵᠤ᠂ ᠰᠤᠷᠤᠯᠴᠠᠬᠤ | ᠴᠢᠳᠠᠪᠤᠷᠢ᠂ ᠲᠡᠮᠡᠴᠡᠬᠦ ᠴᠢᠳᠠᠪᠤᠷᠢ ᠪᠠᠨ ᠴᠢᠩᠭᠠᠳᠬᠠᠵᠤ᠂ ᠬᠡᠷᠡᠭᠵᠢᠭᠦᠯᠬᠦ ᠬᠦᠴᠦᠨ ᠪᠠ ᠨᠡᠶᠢᠳᠠᠪᠣᠷᠢᠵᠢᠭᠤᠯᠬᠤ ᠬᠦᠴᠦᠨ ᠢᠶᠠᠨ ᠳᠡᠭᠡᠭᠰᠢᠯᠡᠭᠦᠯᠵᠦ᠂ ᠠᠷᠠᠳ ᠲᠦᠮᠡᠨ ᠤ | ᠰᠡᠳᠬᠢᠯ ᠬᠠᠨᠤᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠰᠢᠯᠭᠠᠯᠲᠠ ᠶᠢᠨ ᠰᠡᠳᠦᠪ | ᠬᠠᠷᠢᠭᠤᠯᠤᠭᠴᠢ ᠪᠣᠯᠬᠤ ᠪᠠᠷ ᠴᠢᠷᠮᠠᠶᠢᠨ᠎ᠠ᠃ | ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠲᠥᠪ ᠬᠤᠷᠢᠶ᠎ᠠ ᠶᠢᠨ ᠰᠠᠨᠠᠯ ᠢ ᠨᠠᠷᠢᠨ ᠬᠢᠨᠠᠮᠠᠭᠠᠶ ᠲᠣᠣᠱᠯᠠᠭᠤᠯᠵᠣ᠂ ᠵᠠᠰᠠᠭ ᠤᠨ ᠣᠷᠳᠣᠨ ᠵᠢᠴᠢ ᠠᠵᠢᠯ ᠤᠨ ᠰᠠᠯᠠᠭ᠎ᠠ ᠮᠥᠴᠢᠷ ᠤᠨ | ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢᠨ ᠠᠵᠢᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ | ᠡᠭᠦᠷᠭᠡᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠢᠭᠡᠲᠤᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠎ᠡ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠤᠶᠢᠪᠢᠰᠢ ᠦᠭᠡᠢ ᠪᠠᠷ ᠰᠤᠷᠤᠯᠴᠠᠨ | ᠲᠣᠣᠱᠯᠠᠭᠤᠯᠬᠤ ᠶᠢ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠭᠠᠵᠤ᠂ ᠶᠡᠷᠥᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠣᠣᠱᠯᠠᠭᠤᠯᠣᠨ ᠨᠠᠶᠢᠳᠠᠪᠤᠷᠢᠵᠢᠭᠤᠯᠬᠤ ᠶᠢ ᠦᠨᠳᠦᠰᠦᠨ ᠤᠯᠤᠰ ᠲᠦᠷᠦ ᠶᠢᠨ ᠶᠣᠰᠣ ᠲᠦᠷᠢᠮ | ᠪᠣᠯᠭᠠᠵᠤ᠂ ᠰᠢᠨ᠎ᠡ ᠬᠦᠭᠵᠢᠬᠦᠯᠦᠯᠳᠡ ᠶᠢᠨ ᠣᠶᠢᠯᠠᠭᠠᠭᠳᠠᠬᠤᠨ ᠢ ᠡᠷᠡᠰ ᠲᠣᠣᠱᠯᠠᠭᠤᠯᠵᠣ᠂ ᠪᠠᠷᠢᠮᠵᠢᠶᠠᠯᠠᠨ ᠬᠠᠷᠭᠤᠭᠤᠯᠵᠤ᠂ ᠲᠡᠷᠡ ᠶᠤᠰᠤᠭᠠᠷ ᠨᠢ ᠬᠡᠷᠡᠭᠵᠢᠭᠦᠯᠵᠦ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠵᠠᠷᠯᠢᠭ ᠴᠠᠭᠠᠵᠠ ᠶᠢ ᠳᠠᠭᠠᠬᠤ᠂ ᠵᠠᠰᠠᠭ ᠤᠨ ᠵᠠᠷᠯᠢᠭ ᠰᠠᠭᠠᠳ ᠦᠭᠡᠢ ᠶᠠᠪᠤᠭᠳᠠᠬᠤ ᠶᠢ ᠪᠡᠶᠡᠯᠡᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠢᠯᠡᠷᠬᠡᠶᠢᠯᠡᠨ᠎ᠡ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠬᠠᠥᠯᠢ ᠪᠠᠷ ᠵᠠᠰᠠᠬᠤ ᠢᠲᠡᠭᠡᠯ ᠪᠢᠰᠢᠷᠡᠯ ᠪᠠ ᠬᠠᠤᠯᠢ ᠪᠠᠷ ᠵᠠᠰᠠᠬᠤ ᠰᠡᠳᠬᠢᠬᠦᠶ ᠶᠢ ᠪᠠᠲᠤ | ᠪᠠᠬᠢ ᠪᠤᠢ ᠪᠣᠯᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠡᠷᠡᠭᠵᠢᠭᠦᠯᠬᠦ ᠬᠥᠲᠥᠯᠪᠦᠷᠢ ᠶᠢᠨ ᠡᠯ᠎ᠡ ᠵᠥᠢᠯ ᠤᠨ ᠬᠠᠷᠠᠯᠲᠠ ᠡᠭᠦᠷᠭᠡ ᠶᠢ | ᠪᠡᠶᠡᠯᠡᠭᠦᠯᠵᠦ᠂ ︽7 · 5︾ ᠶᠢᠨ ᠬᠠᠤᠯᠢ ᠲᠦᠭᠡᠮᠡᠯᠵᠢᠭᠦᠯᠬᠦ ᠰᠢᠯᠭᠠᠨ ᠠᠪᠬᠤ ᠵᠡᠷᠭᠡ ᠠᠵᠢᠯ ᠢ ᠰᠠᠶᠢᠲᠤᠷ ᠬᠢᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ | ᠬᠠᠤᠯᠢ ᠶᠣᠰᠣᠭᠠᠷ ᠠᠵᠢᠯ ᠬᠡᠷᠡᠭ ᠡᠷᠬᠢᠯᠡᠬᠦ᠂ ᠬᠠᠤᠯᠢ ᠶᠣᠰᠣᠭᠠᠷ ᠵᠠᠰᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠷᠬᠡ ᠶᠢᠨ ᠨᠠᠷᠢᠨ | ᠬᠠᠭᠤᠳᠠᠰᠤ ᠶᠢᠨ ᠬᠠᠮᠢᠶᠠᠷᠤᠯᠲᠠ ᠶᠢ ᠴᠢᠩᠳᠠᠯᠠᠵᠤ᠂ ᠡᠷᠬᠡ ᠬᠡᠷᠡᠭᠯᠡᠬᠦ ᠠᠵᠢᠯᠯᠠᠭ᠎ᠠ ᠶᠢᠨ ᠬᠢᠨᠠᠯᠲᠠ ᠶᠢ ᠴᠢᠩᠭᠠᠳᠬᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠬᠢᠭᠡᠳ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠨᠡᠶᠢᠭᠡᠮ ᠤᠨ | ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ | ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠵᠦ᠂ ᠬᠠᠤᠯᠢ ᠶᠣᠰᠣᠭᠠᠷ ᠭᠠᠷᠭᠠᠭᠰᠠᠨ ᠠᠮᠠᠯᠠᠯᠲᠠ ᠪᠠᠨ ᠬᠢᠨᠠᠮᠠᠭᠠᠢ ᠭᠥᠢᠴᠡᠳᠭᠡᠨᠠ᠃ | | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠠ᠃ ︽ᠲᠤᠬᠢᠶᠠᠨ ᠳ᠋ᠧᠩ︾ ᠤᠨ ᠤᠬᠠᠮᠰᠠᠷ ᠢᠶᠠᠨ ᠴᠢᠩᠭᠠᠳᠬᠠᠵᠤ᠂ | ︽ᠬᠢᠷᠢ ᠪᠦᠲᠦᠮᠵᠢ ᠶᠢᠨ ᠬᠠᠭᠤᠳᠠᠰᠤ︾ ᠶᠢᠨ ᠬᠠᠮᠢᠶᠠᠷᠤᠯᠲᠠ ᠶᠢ ᠴᠢᠩᠳᠠᠯᠠᠵᠤ᠂ ︽ᠲᠡᠭᠦᠰᠬᠡᠬᠦ︾ ᠴᠢᠳᠠᠪᠤᠷᠢ ᠪᠠᠨ ᠳᠡᠭᠡᠭᠰᠢᠯᠡᠭᠦᠯᠵᠦ᠂ ᠤᠷᠢᠳᠴᠢᠯᠠᠨ ᠲᠥᠯᠥᠪᠯᠡᠵᠦ | ᠂ ᠦᠷᠭᠦᠯᠵᠢᠯᠡᠨ ᠠᠩᠬᠠᠷᠴᠤ ᠨᠠᠶᠢᠳᠠᠪᠤᠷᠢᠵᠢᠭᠤᠯᠤᠨ᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠮᠢᠶᠠᠷᠪᠠᠰᠣ ᠵᠣᠬᠢᠬᠤ ᠶᠠᠪᠤᠳᠠᠯ ᠢᠶᠠᠨ | ᠰᠠᠶᠢᠲᠤᠷ ᠬᠠᠮᠢᠶᠠᠷᠴᠤ᠂ ᠬᠢᠪᠡᠰᠦ ᠵᠣᠬᠢᠬᠤ ᠠᠵᠢᠯ ᠢᠶᠠᠨ ᠪᠣᠳᠠᠲᠠᠶ ᠬᠢᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ | ᠭᠥᠢᠴᠡᠳᠭᠡᠨ᠎ᠡ᠃ ᠠᠶᠤᠯ ᠲᠦᠭᠰᠢᠭᠦᠷᠢ ᠶᠢᠨ ᠤᠬᠠᠮᠰᠠᠷ ᠪᠠ ᠲᠡᠮᠡᠴᠡᠯ ᠤᠨ ᠵᠣᠷᠢᠭ ᠰᠠᠨᠠᠭ᠎ᠠ ᠶᠢ ᠴᠢᠩᠭᠠᠳᠬᠠᠵᠤ᠂ ᠲᠡᠦᠬᠡ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠰᠢᠢᠳᠪᠦᠷᠢᠯᠡᠵᠦ ᠬᠦᠴᠢᠷ ᠢ ᠰᠦᠷᠦᠨ ᠤᠷᠤᠭᠰᠢᠯᠠᠵᠤ᠂ ᠭᠡᠨᠡᠳᠲᠡ ᠡᠭᠦᠰᠦᠭᠰᠡᠨ ᠬᠡᠷᠡᠭ ᠢ ᠰᠢᠢᠳᠪᠦᠷᠢᠯᠡᠬᠦ ᠳᠡᠭᠡᠨ ᠡᠮᠦᠨ᠎ᠡ ᠨᠢ ᠵᠢᠯᠣᠭᠤᠳᠴᠤ᠂ | ᠨᠤᠲᠤᠭ ᠤᠰᠤ ᠪᠠᠨ ᠰᠠᠬᠢᠨ ᠬᠠᠷᠢᠭᠤᠴᠠᠯᠭ᠎ᠠ ᠪᠠᠨ ᠡᠭᠦᠷᠭᠡᠯᠡᠨ᠎ᠡ᠃ ᠤᠭ ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠭᠤᠣᠯ | ᠰᠡᠳᠦᠪᠲᠦ ᠬᠥᠮᠤᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ᠂ | ᠥᠪᠡᠷ ᠤᠨ ᠪᠡᠶ᠎ᠡ ᠳᠡᠭᠡᠨ ᠳᠠᠷᠤᠯᠲᠠ ᠦᠭᠴᠦ᠂ ᠲᠡᠷᠢᠭᠦᠨ ᠤ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠬᠠᠷᠢᠭᠤᠴᠠᠯᠭ᠎ᠠ ᠡᠭᠦᠷᠭᠡᠯᠡᠭᠴᠢ ᠳᠤ ᠬᠠᠷᠢᠭᠤᠴᠠᠵᠤ᠂ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠤᠷᠤᠭᠰᠢᠯᠠᠨ ᠲᠠᠪᠰᠢᠬᠤ᠂ ᠵᠠᠮ ᠨᠡᠭᠡᠭᠡᠨ | ᠰᠢᠨ᠎ᠡ ᠶᠢ ᠡᠭᠦᠳᠬᠦ ᠴᠤᠭ ᠰᠦᠯᠳᠡ ᠪᠣᠯᠭᠠᠨ ᠬᠤᠪᠢᠷᠠᠭᠤᠯᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠶᠢᠨ ᠡᠬᠢ | ᠡᠭᠦᠰᠦᠯ ᠤᠨ ᠬᠥᠳᠡᠯᠭᠡᠬᠦ ᠬᠦᠴᠦᠨ ᠪᠣᠯᠭᠠᠨ᠎ᠠ᠃ | ᠠᠷᠢᠭᠤᠨ ᠴᠢᠬᠡᠴᠢ ᠪᠠᠶᠢᠬᠤ ᠶᠢ ᠪᠠᠲᠤᠯᠠᠨ᠎ᠠ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠲᠣᠭᠲᠠᠭᠠᠯ ᠢ | ᠨᠠᠶᠢᠲᠠᠪᠤᠷᠢᠵᠢᠭᠤᠯᠤᠨ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠨᠠᠮ ᠤᠨ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ︽ᠳᠥᠷᠪᠡᠨ ᠰᠤᠷᠲᠠᠯ︾ ᠢᠯᠠᠩᠭᠤᠶ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ | ᠴᠡᠭᠴᠡᠯᠡᠨ ᠵᠠᠰᠠᠬᠤ ᠰᠶᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠬᠢᠬᠦ ᠥᠬᠡᠶ᠂ ᠤᠳᠠᠭᠠᠨ | ᠬᠢᠬᠦ᠂ ᠬᠠᠭᠤᠷᠮᠠᠭ ᠢᠶᠠᠷ ᠥᠢᠯᠡᠳᠬᠦ᠂ ᠳᠤᠷ᠎ᠠ ᠪᠠᠷ ᠢᠶᠠᠨ ᠥᠢᠯᠡᠳᠬᠦ ᠶᠢ ᠴᠢᠩᠭ᠎ᠠ ᠪᠠᠶᠢᠴᠠᠭᠠᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ | ᠬᠦᠷᠢᠶᠡᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠥᠷᠢᠶ᠎ᠠ ᠳᠠᠬᠢ | ᠲᠦᠷᠢᠮ ᠲᠣᠭᠲᠠᠭᠠᠯ ᠬᠠᠤᠯᠢ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠤ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠲᠥᠪ ᠬᠤᠷᠢᠶ᠎ᠠ ᠶᠢᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠢᠵᠢ ᠪᠦᠷᠢᠳᠦᠬᠦᠯᠦᠭᠰᠡᠨ | ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠬᠦᠯᠵᠥ᠂ ᠠᠷᠪᠢᠯᠠᠨ ᠭᠠᠮᠨᠠᠵᠤ ᠠᠯᠢᠪᠠ ᠦᠢᠯᠡᠰ ᠢ ᠡᠷᠬᠢᠯᠡᠬᠦ ᠶᠢ ᠪᠠᠷᠢᠮᠲᠠᠯᠠᠵᠤ᠂ ᠡᠨᠡ ᠵᠢᠯ ᠬᠤᠲᠠ ᠶᠢᠨ ᠲᠣᠰ ᠱᠠᠲᠤᠨ ᠤ | ᠡᠩ ᠤᠨ ᠴᠢᠨᠠᠷᠲᠠᠢ ᠵᠠᠷᠤᠯᠭ᠎ᠠ ᠶᠢ ᠬᠠᠰᠤᠬᠤ ᠠᠴᠠ ᠪᠢᠰᠢ ᠨᠡᠮᠡᠭᠳᠡᠭᠦᠯᠬᠦ ᠦᠭᠡᠢ᠃ | ᠲᠥᠯᠥᠭᠡᠯᠡᠭᠴᠢᠳ ᠡ᠂ ᠬᠠᠷᠢᠭᠤᠴᠠᠯᠭ᠎ᠠ ᠡᠭᠦᠷᠭᠡᠯᠡᠬᠦ ᠪᠣᠯ ᠦᠨᠡᠨᠴᠢ ᠰᠢᠳᠤᠷᠭᠤ ᠶᠢᠨ ᠢᠯᠡᠷᠡᠯ ᠮᠦᠨ᠂ ᠪᠣᠳᠠᠲᠠᠢ ᠠᠵᠢᠯᠯᠠᠪᠠᠰᠤ ᠬᠦᠰᠡᠯ ᠢᠶᠠᠨ ᠪᠡᠶᠡᠯᠡᠭᠦᠯᠤᠨ᠎ᠡ | ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠢᠯᠡᠭᠦᠤ ᠨᠢᠭᠲᠠᠷᠠᠨ ᠪᠦᠯᠬᠦᠮᠳᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠥᠷᠯᠥᠭᠡ ᠦᠳᠡᠰᠢ ᠶᠢ ᠲᠡᠮᠡᠴᠡᠵᠦ᠂ ᠵᠠᠯᠠᠭᠤ ᠨᠠᠰᠤᠨ ᠲᠠᠭᠠᠨ ᠣᠰᠣᠯᠳᠠᠬᠤ ᠦᠬᠡᠢ ᠪᠠᠶᠢᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠲᠠᠰᠤᠷᠠᠯᠳᠠ ᠦᠬᠡᠢ ᠢᠯᠠᠨ ᠳᠠᠪᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠵᠤ᠂ ᠦᠵᠡᠰᠬᠦᠯᠡᠩᠲᠦ ᠰᠠᠶᠢᠬᠠᠨ | ᠥᠪᠥᠷ ᠮᠣᠩᠭᠤᠯ ᠢ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ︕ | | ︵ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠴᠢᠭᠤᠯᠬᠤ ᠭᠡᠷ ᠣᠷᠴᠢᠭᠤᠯᠪᠠ︶ |