ᠬᠤᠷᠴᠢᠨ ᠠᠴᠠ ᠲᠡᠬᠦᠯᠢᠬᠡ ᠱᠤᠩᠬᠤᠷ ᠤᠷᠠᠯᠢᠭ ᠢᠶᠠᠷ ᠳᠠᠭᠤᠷᠢᠰᠤᠭ᠎ᠠ ᠬᠠᠮᠲᠤᠯᠢᠬ
ᠨᠡᠶᠢᠲᠡᠯᠡᠭᠰᠡᠨ ᠴᠠᠭ᠄
2021/1/25
    ᠊᠊᠊᠊᠊᠊᠊᠊᠊ ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠤᠯᠠᠭᠠᠨᠮᠦ᠋ᠴᠢᠷ ᠤᠨ ︽ᠱᠤᠩᠬᠤᠷ︾ ᠬᠠᠮᠲᠤᠯᠢᠭ ᠢ ᠲᠡᠮᠲᠡᠭᠯᠡᠪᠡ
     ᠤᠢᠢᠷ᠎ᠠ ᠶᠢᠨ ᠬᠡᠳᠦᠨ ᠵᠢᠯ ᠳᠤ᠂ ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠤᠯᠠᠭᠠᠨᠮᠦ᠋ᠴᠢᠷ ᠤᠨ ᠨᠢᠬᠡ ᠪᠦᠯᠦᠭ ᠲᠤᠰᠬᠠᠢ ᠮᠡᠷᠭᠡᠵᠢᠯ ᠤᠨ ᠤᠷᠠᠯᠢᠭᠴᠢᠨ ᠵᠠᠯᠠᠭᠤᠴᠤᠳ ᠢᠶᠠᠷ ᠪᠦᠷᠢᠯᠳᠦᠭᠰᠡᠨ ︽ᠱᠤᠩᠬᠤᠷ ᠬᠠᠮᠲᠤᠯᠢᠬ︾ ᠨᠢ ᠤᠷᠠᠯᠢᠭ ᠤᠨ ᠲᠠᠶᠢᠰᠠᠨ ᠳᠤ ᠰᠢᠨ᠎ᠠ ᠤᠳᠤ ᠪᠤᠯᠤᠨ ᠬᠢᠯᠠᠯᠵᠠᠨ ᠪᠠᠶᠢᠭ᠎ᠠ ᠶᠢ ᠤᠷᠠᠯᠢᠭ ᠰᠤᠨᠢᠷᠬᠠᠳᠠᠭ ᠬᠦᠮᠦᠰ ᠶᠠᠭᠤᠨ ᠠᠨᠳᠠᠬᠤ ᠪᠢᠯᠠ⁈ ᠲᠤᠰ ᠬᠠᠮᠲᠤᠯᠢᠭ ᠨᠢ ᠴᠤᠭᠤᠷ᠂ ᠮᠤᠷᠢᠨ ᠬᠤᠭᠤᠷ᠂ ᠳᠦᠷᠪᠡᠨ ᠤᠳᠠᠰᠤᠲᠤ ᠬᠤᠭᠤᠷ᠂ ᠲᠤᠪᠰᠢᠭᠤᠷ ᠵᠡᠷᠭᠡ ᠮᠤᠩᠭᠤᠯ ᠦᠨᠳᠦᠰᠦᠲᠡᠨ ᠤ ᠬᠦᠭᠵᠢᠮᠳᠡᠬᠦᠷ ᠢᠶᠠᠷ ᠬᠤᠷᠴᠢᠨ ᠠᠷᠠᠳ ᠤᠨ ᠳᠠᠭᠤᠤ᠂ ᠦᠯᠢᠬᠡᠷ ᠬᠤᠯᠪᠤᠭ᠎ᠠ ᠵᠡᠷᠭᠡ ᠪᠠᠨ ᠢᠵᠠᠭᠤᠷ ᠤᠷᠠᠯᠢᠭ ᠤᠨ ᠬᠡᠯᠪᠡᠷᠢ ᠪᠠᠷ ᠭᠤᠴᠤ ᠰᠠᠶᠢᠬᠠᠨ ᠢᠯᠡᠳᠭᠡᠨ ᠬᠠᠷᠠᠭᠤᠯᠳᠠᠭ ᠢᠶᠠᠷ ᠢᠶᠠᠨ ᠦᠵᠡᠭᠴᠢ ᠲᠦᠮᠡᠨ ᠤ ᠪᠠᠨ ᠪᠠᠭ᠋ᠠᠷᠬᠠᠯ ᠢ ᠲᠠᠲᠠᠭᠰᠠᠭᠠᠷ ᠶᠠᠪᠤᠨ᠎ᠠ᠃ ᠬᠡᠷᠪᠡ ᠲᠠ ᠢᠳᠡᠭᠡᠬᠦ ᠦᠬᠡᠢ ᠪᠤᠯ ᠲᠡᠳᠡᠨ ᠤ ︽ᠭᠠᠶᠢᠬᠠᠮᠰᠢᠭᠲᠤ ᠱᠤᠩᠬᠤᠷ︾᠂ ︽ᠲᠠᠶᠠ ᠪᠦᠬᠡᠷ᠎ᠡ︾᠂ ︽ᠬᠦᠰᠡᠯ ᠪᠢᠯᠬᠠᠭᠰᠠᠨ ᠲᠠᠯ᠎ᠠ ᠨᠤᠲᠤᠭ︾᠂ ︽ᠤᠭ᠍ᠶᠤᠨᠽᠠᠨᠳᠠᠨ︾᠂ ︽ᠳ᠋ᠥ᠋ᠩ ᠱᠠᠨ ᠭᠡ ᠭᠡ︾᠂ ︽ᠳᠤᠮᠳᠠᠳᠤ ᠶᠢᠨ ᠮᠤᠷᠢᠨ ᠸᠠᠩ ᠤᠨ ᠮᠠᠭᠲᠠᠭᠠᠯ︾ ᠵᠡᠷᠭᠡ ᠭᠤᠴᠤ ᠲᠤᠭᠯᠠᠯᠳᠠ ᠠᠴᠠ ᠨᠢ ᠰᠤᠨᠢᠷᠬᠠᠭᠠᠳ ᠠᠪ᠂ ᠰᠤᠨᠤᠰᠤᠭᠠᠳ ᠦᠵᠡ︕ ᠰᠡᠳᠬᠢᠯ ᠢ ᠴᠢᠨᠢ ᠬᠦᠭᠰᠡᠬᠦᠯᠵᠦ᠂ ᠰᠦᠨᠡᠰᠦ ᠶᠢ ᠴᠢᠨᠢ ᠲᠦᠬᠡᠷᠢᠬᠦᠯᠦᠨ᠎ᠡ︔ ᠤᠶᠤᠨ ᠢ ᠴᠢᠨᠢ ᠤᠮᠳᠠᠯᠠᠵᠦ᠂ ᠤᠬᠠᠭᠠᠨ ᠢ ᠴᠢᠨᠢ ᠳᠤᠩᠭᠠᠯᠠᠭᠰᠢᠭᠤᠯᠤᠨ᠎ᠠ᠃ ᠲᠡᠭᠡᠪᠡᠯ ᠲᠡᠳᠡᠨ ᠤ ᠲᠤᠭᠯᠠᠯᠳᠠ ᠶᠠᠭᠠᠬᠢᠬᠤ ᠳᠤ ᠪᠠᠨ ᠲᠡᠶᠢᠮᠦ ᠷᠢᠳᠢ ᠰᠢᠳᠢ ᠲᠠᠢ ᠪᠠᠶᠢᠳᠠᠭ ᠪᠤᠯ︖ ᠤᠴᠢᠷ ᠨᠢ ᠲᠡᠳᠡ ᠲᠡᠳᠡᠭᠡᠷ ᠤᠤᠯ ᠳᠠᠭᠤᠤ ᠶᠢᠨ ᠬᠢᠨ ᠠᠶ᠎ᠠ ᠬᠦᠭᠵᠢᠮ᠂ ᠦᠬᠡ ᠰᠢᠯᠦᠭ ᠁ ᠪᠦᠬᠦ ᠵᠦᠢᠯ ᠳᠡᠭᠡᠷ᠎ᠡ ᠨᠢ ᠦᠪᠡᠷ ᠤᠨ ᠭᠡᠬᠦ ᠬᠦᠴᠦ ᠬᠦᠳᠡᠯᠮᠦᠷᠢ᠂ ᠤᠶᠤᠨ ᠤᠬᠠᠭᠠᠨ᠂ ᠤᠷ᠎ᠠ ᠠᠪᠢᠶᠠᠰ ᠢᠶᠠᠨ ᠰᠢᠬᠢᠳᠭᠡᠭᠰᠡᠨ ᠳᠤ ᠤᠷᠤᠰᠢᠨ᠎ᠠ᠃ ᠶᠠᠭ ᠡᠶᠢᠮᠦ ᠠᠴᠠ ᠲᠡᠳᠡᠭᠡᠷ ᠦᠨᠳᠦᠰᠦᠲᠡᠨ ᠤ ᠤᠷᠠᠯᠢᠭ ᠰᠤᠶᠤᠯ ᠳᠤ ᠪᠠᠨ ᠤᠴᠢᠷ ᠦᠬᠡᠢ ᠶᠡᠭᠡ ᠬᠠᠶᠢᠷᠠᠲᠠᠢ ᠶᠠᠪᠤᠭ᠎ᠠ ᠬᠦᠮᠦᠰ ᠲᠠᠢ ᠲᠠᠨᠢᠯᠴᠠᠵᠦ᠂ ᠲᠡᠳᠡᠨ ᠤ ᠲᠤᠬᠠᠢ ᠰᠤᠷᠪᠤᠯᠵᠢᠯᠠᠶᠤ ᠭᠡᠰᠡᠨ ᠬᠦᠰᠡᠯ 2021 ᠤᠨ ᠤ ᠠᠷᠭ᠎ᠠ ᠶᠢᠨ ᠤᠯᠠᠷᠢᠯ ᠤᠨ 1 ᠰᠠᠷ᠎ᠠ ᠶᠢᠨ 15 ᠤ ᠤᠷᠤᠢ᠂ ︽ᠱᠤᠩᠬᠤᠷ ᠬᠠᠮᠲᠤᠯᠢᠬ︾ ᠬᠤᠷᠴᠢᠨ ᠤ ᠳᠠᠭᠤᠤ ᠬᠦᠭᠵᠢᠮ ᠤᠨ ᠰᠢᠭᠤᠳ ᠨᠡᠪᠲᠡᠷᠡᠬᠦᠯᠬᠡ ᠳᠤ ᠠᠩᠬ᠎ᠠ ᠤᠳᠠᠭ᠎ᠠ ᠪᠠᠨ ᠤᠷᠢᠭᠳᠠᠨ ᠤᠷᠤᠯᠴᠠᠭᠰᠠᠨ ᠢᠶᠠᠷ ᠪᠡᠶᠡᠯᠡᠯ ᠢᠶᠠᠨ ᠤᠯᠤᠭᠰᠠᠨ ᠶᠤᠮ᠃      ᠊᠊᠊᠊᠊᠊ ᠮᠠᠨ ᠤ ︽ᠱᠤᠩᠬᠤᠷ ᠬᠠᠮᠲᠤᠯᠢᠬ︾ 2014 ᠤᠨ ᠳᠤ ᠪᠠᠶᠢᠭᠤᠯᠤᠭᠳᠠᠵᠠᠢ᠂ 10 ᠡᠷᠡᠭᠲᠡᠢ᠂ 2 ᠡᠮᠡᠭᠲᠡᠢ ᠨᠡᠶᠢᠲᠡ 12 ᠬᠡᠰᠢᠬᠦᠨ ᠲᠠᠢ᠃ ᠪᠢᠳᠡ ᠪᠦᠬᠦᠳᠡᠬᠡᠷ ᠢᠶᠠᠨ ᠪᠦᠷ ᠤᠯᠠᠭᠠᠨᠮᠦ᠋ᠴᠢᠷ ᠤᠨ ᠢᠶᠠᠨ ᠬᠦᠭᠵᠢᠮ ᠤᠨ ᠪᠦᠯᠬᠦᠮ ᠤᠨ ᠬᠡᠰᠢᠬᠦᠨ᠃ ᠮᠠᠨ ᠤ ᠡᠳᠡᠭᠡᠷ ᠬᠦᠮᠦᠰ ᠤᠨ ᠤᠯᠠᠭᠠᠨᠮᠦ᠋ᠴᠢᠷ ᠲᠤ ᠢᠷᠡᠵᠦ ᠠᠵᠢᠯᠯᠠᠭᠰᠠᠨ ᠴᠠᠭ ᠨᠢ ᠪᠠᠰᠠ ᠬᠤᠭᠤᠷᠤᠨᠳᠦ ᠪᠠᠨ ᠳᠡᠮᠡᠢ ᠵᠦᠷᠢᠬᠦ ᠦᠬᠡᠢ ᠪᠦᠬᠡᠳ ᠠᠯᠢ ᠨᠢᠬᠡᠨ ᠤ ᠬᠢᠨᠢ ᠶᠠᠮᠠᠷ ᠶᠠᠪᠤᠳᠠᠯ ᠲᠠᠢ ᠪᠤᠯ ᠪᠦᠬᠦᠳᠡᠭᠡᠷ ᠢᠶᠠᠨ ᠬᠦᠳᠡᠯᠦᠯᠴᠡᠵᠦ ᠰᠢᠢᠳᠪᠦᠷᠢᠯᠡᠳᠡᠭ ᠰᠠᠶᠢᠨ ᠨᠠᠶᠢᠵᠠ ᠨᠠᠷ᠃ ᠶᠠᠭ ᠲᠡᠶᠢᠮᠦ ᠪᠠᠷ ᠢᠶᠠᠨ ᠪᠦᠬᠦᠳᠡᠭᠡᠷ ᠢᠶᠠᠨ ᠬᠠᠮᠲᠤᠷᠠᠵᠦ ᠪᠠᠶᠢᠭᠠᠳ ᠬᠤᠷᠴᠢᠨ ᠤ ᠤᠷᠠᠯᠢᠭ ᠰᠤᠶᠤᠯ ᠢᠶᠠᠨ ᠰᠢᠨ᠎ᠡ ᠨᠢᠬᠡ ᠬᠡᠯᠪᠡᠷᠢ ᠪᠠᠷ ᠬᠦᠮᠦᠰ ᠲᠤ ᠲᠠᠨᠢᠭᠤᠯᠤᠶ᠎ᠠ ᠭᠡᠬᠦ ᠵᠤᠷᠢᠯᠭ᠎ᠠ ᠪᠠᠷ ᠨᠢᠬᠡᠲᠦᠯᠲᠡᠢ ᠵᠦᠪᠳᠡᠨ ᠲᠤᠬᠢᠷᠠᠭᠰᠠᠨ ᠢᠶᠠᠷ ᠮᠠᠨ ᠤ ᠬᠠᠮᠲᠤᠯᠢᠬ ᠪᠠᠶᠢᠭᠤᠯᠤᠭᠳᠠᠭᠰᠠᠨ ᠶᠤᠮ᠃ ᠬᠠᠮᠲᠤᠯᠢᠭ ᠤᠨ ᠢᠶᠠᠨ ᠨᠡᠷ᠎ᠡ ᠶᠢᠨ ᠬᠤᠪᠢ ᠳᠤ᠂ ᠱᠤᠩᠬᠤᠷ ᠭᠡᠳᠡᠭ ᠨᠡᠷ᠎ᠡ ᠶᠢ ᠠᠪᠤᠭᠰᠠᠨ ᠨᠢ ᠡᠶᠢᠮᠦ ᠬᠤᠶᠠᠷ ᠲᠠᠯ᠎ᠠ ᠶᠢᠨ ᠠᠭᠤᠯᠭ᠎ᠠ ᠲᠠᠢ᠃ ᠨᠢᠬᠡ ᠳᠤ᠂ ᠱᠤᠩᠬᠤᠷ ᠭᠡᠳᠡᠭ ᠨᠢ ᠲᠠᠯ᠎ᠠ ᠨᠤᠲᠤᠭ ᠲᠤ ᠡᠷᠬᠡ ᠳᠤᠷ᠎ᠠ ᠪᠠᠷ ᠠᠮᠢᠳᠤᠷᠠᠳᠠᠭ᠂ ᠤᠷᠤᠰᠢᠨ ᠲᠤᠭᠲᠠᠨᠢᠬᠤ ᠴᠢᠳᠠᠪᠤᠷᠢ ᠲᠤᠩ ᠴᠢᠩᠭ᠎ᠠ ᠨᠢᠬᠡ ᠵᠦᠢᠯ ᠤᠨ ᠰᠢᠪᠠᠭᠤ ᠶᠢᠨ ᠨᠡᠷ᠎ᠡ᠃ ᠪᠠᠰᠠ ᠨᠢᠬᠡ ᠨᠢ᠂ ᠮᠠᠨ ᠤ ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠳᠤ ᠬᠤᠯᠠ ᠤᠢᠢᠷ᠎ᠠ ᠳᠤ ᠪᠠᠨ ᠠᠯᠳᠠᠷᠰᠢᠵᠦ᠂ ᠱᠤᠩᠬᠤᠷ ᠰᠢᠪᠠᠭᠤ ᠶᠢᠨ ᠲᠤᠮᠤᠭ ᠲᠠᠢ᠂ ᠬᠤᠷᠴᠢᠨ ᠨᠤᠲᠤᠭ ᠤᠨ ᠢᠶᠠᠨ ᠰᠦᠯᠳᠡ ᠪᠤᠯᠤᠭᠰᠠᠨ ᠱᠤᠩᠬᠤᠷ ᠤᠨ ᠠᠭᠤᠯᠠ ᠪᠤᠢ᠃ ᠶᠠᠭ ᠲᠡᠶᠢᠮᠦ ᠪᠠᠷ ᠢᠶᠠᠨ ᠪᠢᠳᠡ ᠡᠷᠡᠯᠬᠡᠭ ᠱᠤᠩᠬᠤᠷ ᠤᠨ ᠵᠤᠷᠢᠭ ᠢ ᠡᠪᠦᠷᠯᠡᠵᠦ᠂ ᠦᠨᠳᠦᠷ ᠠᠭᠤᠯᠠ ᠶᠢᠨ ᠢᠶᠠᠨ ᠰᠦᠷ ᠲᠤ ᠨᠢ ᠰᠢᠲᠦᠵᠦ ︽ᠱᠤᠩᠬᠤᠷ︾ ᠭᠡᠬᠦ ᠡᠨᠡ ᠨᠡᠷ᠎ᠡ ᠶᠢ ᠠᠪᠤᠭᠰᠠᠨ ᠶᠤᠮ ᠭᠡᠵᠦ ᠬᠠᠮᠲᠤᠯᠢᠭ ᠤᠨ ᠠᠬᠠᠯᠠᠭᠴᠢ ᠠᠯᠳᠠᠷᠲᠤ ᠰᠤᠷᠪᠤᠯᠵᠢᠯᠠᠭ᠎ᠠ ᠬᠦᠯᠢᠶᠡᠬᠦ ᠳᠤ ᠪᠠᠨ ᠡᠶᠢᠨ ᠬᠦ ᠲᠠᠨᠢᠯᠴᠠᠭᠤᠯᠪᠠ᠃      ᠬᠠᠮᠲᠤᠯᠢᠬ ᠭᠡᠭᠴᠢ ᠨᠢ ᠤᠯᠠᠨ ᠬᠦᠮᠦᠨ ᠬᠠᠮᠳᠤᠷᠠᠨ ᠪᠠᠶᠢᠵᠦ ᠨᠢᠬᠡ ᠠᠵᠢᠯ ᠢ ᠪᠡᠶᠡᠯᠡᠬᠦᠯᠳᠡᠭ ᠪᠤᠯᠬᠤᠷ ᠰᠠᠨᠠᠯ ᠪᠤᠳᠤᠯ ᠢᠶᠠᠨ ᠨᠢᠭᠡᠳᠭᠡᠬᠦ᠂ ᠬᠦᠴᠦ ᠪᠠᠨ ᠲᠦᠪᠯᠡᠷᠡᠬᠦᠯᠬᠦ ᠳᠡᠭᠡᠷ᠎ᠡ ᠰᠠᠶᠢᠲᠤᠷ ᠠᠵᠢᠯᠯᠠᠵᠦ ᠴᠢᠳᠠᠪᠠᠯ ᠰᠠᠶ᠋ᠢ ᠠᠮᠵᠢᠯᠲᠠ ᠳᠤ ᠬᠦᠷᠴᠦ ᠴᠢᠳᠠᠳᠠᠭ ᠨᠢ ᠮᠡᠳᠡᠭᠡᠵᠢ᠃ ᠭᠡᠬᠦ ᠳᠤ ᠪᠠᠨ ︽ᠱᠤᠩᠬᠤᠷ ᠬᠠᠮᠲᠤᠯᠢᠬ︾ ᠤᠨ ᠪᠦᠬᠦ ᠬᠡᠰᠢᠬᠦᠨ ᠨᠢ ᠪᠦᠬᠦᠨ ᠢᠶᠠᠷ ᠢᠶᠠᠨ ᠨᠢᠬᠡ ᠳᠤ ᠮᠡᠷᠭᠡᠰᠢᠵᠦ ᠤᠯᠠᠨ ᠳᠤ ᠴᠠᠭᠠᠷᠠᠭᠰᠠᠨ ᠲᠤᠰᠬᠠᠢ ᠮᠡᠷᠭᠡᠵᠢᠯ ᠤᠨ ᠲᠤᠭᠯᠠᠭᠴᠢ ᠪᠤᠯᠬᠤᠷ ᠪᠢᠴᠢᠬᠦ᠂ ᠳᠠᠭᠤᠯᠠᠬᠤ᠂ ᠬᠦᠭᠵᠢᠮᠳᠡᠬᠦ᠂ ᠪᠦᠵᠢᠭᠯᠡᠬᠦ ᠵᠡᠷᠭᠡ ᠤᠯᠠᠨ ᠲᠠᠯ᠎ᠠ ᠶᠢᠨ ᠴᠢᠳᠠᠪᠤᠷᠢ ᠶᠢ ᠢᠵᠢ ᠪᠦᠷᠢᠳᠦᠬᠦᠯᠦᠭᠰᠡᠨ ᠬᠦᠮᠦᠰ ᠪᠠᠶᠢᠵᠦ᠂ ᠪᠦᠬᠦᠳᠡᠭᠡᠷ ᠢᠶᠠᠨ ᠦᠪᠡᠷ ᠦᠪᠡᠷ ᠤᠨ ᠴᠢᠳᠠᠳᠠᠭ ᠤᠷ᠎ᠠ ᠠᠪᠢᠶᠠᠰ ᠪᠦᠬᠦᠨ ᠢᠶᠠᠨ ᠭᠠᠷᠭᠠᠵᠦ ᠪᠠᠶᠢᠭᠠᠳ ᠨᠢᠬᠡ ᠲᠤᠭᠯᠠᠯᠳᠠ ᠶᠢ ᠪᠡᠶᠡᠯᠡᠬᠦᠯᠳᠡᠭ᠃ ᠶᠠᠭᠠᠬᠢᠪᠠᠯ ᠲᠡᠷᠡ ᠳᠠᠭᠤᠤ ᠶᠢ ᠨᠡᠩ ᠡᠪᠯᠢᠭ ᠰᠤᠨᠤᠰᠪᠤᠷᠢᠲᠠᠢ ᠪᠤᠯᠭᠠᠵᠦ ᠴᠢᠳᠠᠬᠤ ᠪᠤᠢ︖ ᠶᠠᠭᠠᠬᠢᠵᠦ ᠠᠵᠢᠯᠯᠠᠪᠠᠯ ᠡᠨᠡ ᠠᠶ᠎ᠠ ᠶᠢ ᠤᠯᠠᠮ ᠢᠳᠡᠯᠢᠭ ᠬᠦᠭᠵᠢᠮᠯᠢᠭ ᠪᠤᠯᠭᠠᠵᠦ ᠳᠡᠶᠢᠯᠬᠦ ᠪᠤᠢ︖ ᠲᠡᠳᠡ ᠬᠤᠭᠤᠷᠤᠨᠳᠦ ᠪᠠᠨ ᠵᠦᠪᠳᠡᠯᠴᠡᠨ᠎ᠡ᠂ ᠪᠤᠯᠢᠶᠠᠯᠳᠤᠨ᠎ᠠ᠂ ᠮᠠᠷᠭᠤᠯᠳᠤᠨ᠎ᠠ᠃ ᠵᠠᠷᠢᠮ ᠳᠤ ᠪᠠᠨ ᠨᠢᠬᠡ ᠠᠶ᠎ᠠ ᠶᠢᠨ ᠨᠤᠭᠤᠯᠤᠭᠠᠰᠤ ᠶᠢ ᠵᠠᠰᠠᠬᠤ ᠶᠢᠨ ᠲᠦᠯᠦᠬᠡ᠂ ᠨᠢᠬᠡ ᠳᠠᠭᠤᠤ ᠶᠢᠨ ᠬᠦᠭᠵᠢᠮ ᠢ ᠨᠢ ᠦᠬᠡᠷᠡᠴᠢᠯᠡᠬᠦ ᠶᠢᠨ ᠲᠦᠯᠦᠬᠡ ᠬᠡᠳᠦᠬᠦᠯᠡ ᠶᠢᠨ ᠰᠠᠨᠠᠯ ᠪᠤᠳᠤᠯ ᠬᠤᠭᠤᠷᠤᠨᠳᠦ ᠪᠠᠨ ᠵᠦᠷᠢᠶᠡᠨ ᠲᠠᠢ ᠪᠤᠯᠵᠦ ᠰᠢᠷᠦᠬᠦᠨ ᠮᠠᠷᠭᠤᠯᠳᠤᠨ᠎ᠠ᠃ ᠭᠡᠬᠦ ᠳᠤ ᠪᠠᠨ ᠭᠡᠨ ᠨᠢᠬᠡᠨ ᠤ ᠬᠤᠪᠢ ᠶᠢᠨ ᠠᠰᠢᠭ ᠲᠤᠰᠠ ᠶᠢᠨ ᠲᠦᠯᠦᠬᠡ ᠪᠢᠰᠢ᠂ ᠬᠠᠷᠢᠨ ᠬᠠᠮᠲᠤᠯᠢᠬ ᠤᠨ ᠢᠶᠠᠨ ᠨᠡᠷ᠎ᠡ ᠲᠦᠷᠦ᠂ ᠨᠦᠯᠦᠬᠡᠯᠡᠬᠦ ᠬᠦᠴᠦᠨ ᠤ ᠲᠦᠯᠦᠬᠡ ᠪᠤᠯᠬᠤᠷ ᠬᠤᠭᠤᠷᠤᠨᠳᠤᠬᠢ ᠬᠠᠷᠢᠴᠠᠭ᠎ᠠ ᠪᠠᠨ ᠤᠭᠲᠤ ᠨᠦᠯᠦᠬᠡᠯᠡᠳᠡᠭ ᠦᠬᠡᠢ᠃ ᠠᠷᠪᠠᠨ ᠬᠤᠶᠠᠷ ᠬᠦᠮᠦᠨ ᠤ ᠪᠤᠳᠤᠯ ᠰᠡᠳᠬᠢᠯ ᠨᠢᠬᠡ ᠯᠠ ᠴᠡᠭ ᠲᠤ ᠲᠦᠪᠯᠡᠷᠡᠵᠦ᠂ ᠠᠷᠪᠠᠨ ᠬᠤᠶᠠᠷ ᠬᠦᠮᠦᠨ ᠤ ᠤᠬᠠᠭᠠᠨ ᠨᠢᠬᠡ ᠯᠠ ᠵᠦᠭ ᠲᠤ ᠬᠦᠭᠯᠡᠵᠦ᠂ ᠦᠪᠡᠷ ᠦᠪᠡᠷ ᠤᠨ ᠴᠢᠳᠠᠯ ᠤᠨ ᠬᠢᠷᠢ ᠪᠠᠷ ᠢᠶᠠᠨ ᠴᠢᠷᠮᠠᠶᠢᠨ ᠠᠵᠢᠯᠯᠠᠨ᠎ᠠ᠃ ᠬᠠᠮᠲᠤᠯᠢᠬ ᠤᠨ ᠴᠢᠬᠤᠯᠠᠴᠢᠯᠠᠭ᠎ᠠ ᠠᠴᠠ ᠪᠤᠯᠵᠦ ᠵᠠᠷᠢᠮ ᠨᠢ ᠮᠤᠷᠢᠨ ᠬᠤᠭᠤᠷ ᠰᠤᠷᠤᠭᠰᠠᠨ ᠪᠤᠯᠪᠠᠴᠤ ᠬᠡᠨᠭᠭᠡᠷᠭᠡᠴᠢᠨ ᠲᠤᠪᠰᠢᠭᠤᠷᠴᠢᠨ ᠪᠤᠯᠵᠦ᠂ ᠵᠠᠷᠢᠮ ᠨᠢ ᠬᠤᠯᠪᠤᠭ᠎ᠠ ᠬᠡᠯᠡᠳᠡᠭ ᠪᠤᠯᠪᠠᠴᠦ ᠪᠠᠰᠠ ᠮᠤᠷᠢᠨ ᠬᠤᠭᠤᠷ ᠲᠠᠲᠠᠳᠠᠭ ᠴᠤ ᠪᠤᠯᠪᠠ᠃ ᠪᠤᠰᠤᠳ ᠬᠦᠮᠦᠰ ᠴᠠᠭ ᠲᠤ ᠪᠠᠨ ᠠᠵᠢᠯ ᠳᠤ ᠪᠠᠨ ᠭᠠᠷᠴᠦ ᠠᠵᠢᠯ ᠠᠴᠠ ᠪᠠᠨ ᠪᠠᠭᠤᠬᠤ ᠳᠤ᠂ ︽ᠱᠤᠩᠬᠤᠷ ᠬᠠᠮᠲᠤᠯᠢᠬ︾ ᠤᠨ ᠬᠢᠨ ᠲᠤᠭᠯᠠᠯᠳᠠ ᠪᠠᠨ ᠪᠤᠯᠪᠠᠰᠤᠷᠠᠭᠠᠳ ᠦᠷ ᠴᠠᠶᠢᠯᠭᠠᠨ᠎ᠠ︔ ᠭᠠᠷᠠᠭ ᠤᠨ ᠡᠳᠦᠷ᠂ ᠠᠮᠠᠷᠠᠯᠳᠠ ᠶᠢᠨ ᠴᠠᠭ ᠢᠶᠠᠷ ᠴᠤ ᠭᠡᠰᠡᠨ ᠠᠩᠭ᠎ᠠ ᠬᠡᠦᠬᠡᠳ ᠢᠶᠠᠨ ᠳᠠᠭᠠᠭᠤᠯᠤᠭᠠᠳ ᠰᠢᠷᠭᠠᠭᠤ ᠪᠤᠯᠪᠠᠰᠤᠷᠠᠳᠠᠭ ᠲᠡᠳᠡᠨ ᠳᠤ ᠤᠨᠳᠠᠵᠦ ᠠᠮᠠᠷᠠᠬᠤ᠂ ᠰᠡᠯᠡᠬᠦᠴᠡᠵᠦ ᠵᠤᠭᠠᠴᠠᠬᠤ ᠵᠠᠪ ᠶᠡᠷᠦ ᠠᠴᠠ ᠬᠤᠮᠰᠠᠳᠠᠨ᠎ᠠ᠃ ᠤᠴᠢᠷ ᠨᠢ ᠲᠡᠳᠡᠨ ᠤ ᠮᠦᠷᠦᠨ ᠳᠡᠭᠡᠷ᠎ᠡ ᠪᠤᠰᠤᠳ ᠨᠦᠬᠦᠳ ᠠᠴᠠ ᠪᠠᠨ ᠢᠯᠡᠬᠦᠦ ᠨᠢᠬᠡ ᠠᠵᠢᠯ ᠡᠬᠦᠷᠭᠡ ᠲᠠᠯᠪᠢᠭᠳᠠᠵᠦ ᠪᠠᠶᠢᠳᠠᠭ᠂ ᠤᠴᠢᠷ ᠨᠢ ᠲᠡᠳᠡ ᠪᠤᠯ ︽ᠱᠤᠩᠬᠤᠷ ᠬᠠᠮᠲᠤᠯᠢᠬ︾ ᠤᠨ ᠬᠡᠰᠢᠬᠦᠳ᠃ ᠡᠨᠡ ᠬᠦ ᠤᠯᠠᠭᠠᠨᠮᠦ᠋ᠴᠢᠷ ᠬᠡᠮᠡᠬᠦ ᠬᠠᠶᠢᠷ᠎ᠠ ᠪᠢᠯᠬᠠᠭᠰᠠᠨ ᠲᠤᠮᠤ ᠭᠡᠷ ᠪᠦᠯᠢ ᠶᠢᠨ ᠢᠶᠠᠨ ᠳᠤᠲᠤᠷᠠᠬᠢ ᠨᠢᠬᠡ ᠵᠢᠵᠢᠭ ᠭᠡᠷ ᠪᠦᠯᠢ ᠪᠤᠯᠤᠭᠰᠠᠨ ︽ᠱᠤᠩᠬᠤᠷ ᠬᠠᠮᠲᠤᠯᠢᠬ︾ ᠨᠢ ᠦᠪᠡᠷ ᠤᠨ ᠢᠶᠠᠨ ᠬᠠᠮᠲᠤᠯᠢᠬ ᠤᠨ ᠢᠶᠠᠨ ᠨᠡᠷ᠎ᠡ ᠨᠢᠭᠤᠷ᠂ ᠤᠯᠠᠭᠠᠨᠮᠦ᠋ᠴᠢᠷ ᠤᠨ ᠢᠶᠠᠨ ᠨᠡᠷ᠎ᠡ ᠲᠦᠷᠦ᠂ ᠬᠤᠰᠢᠭᠤ ᠨᠤᠲᠤᠭ ᠤᠨ ᠢᠶᠠᠨ ᠠᠯᠳᠠᠷ ᠨᠡᠷ᠎ᠡ ᠶᠢ ᠬᠠᠮᠲᠤ ᠳᠤ ᠨᠢ ᠡᠷᠬᠦᠵᠦ ᠶᠠᠪᠤᠬᠤ ᠬᠠᠲᠠᠭᠤ ᠠᠶᠠᠨ ᠳᠤ ᠨᠢᠬᠡᠨᠳᠡ ᠲᠦᠷᠦᠬᠡ ᠵᠢᠬᠢᠨ ᠮᠤᠷᠳᠠᠴᠢᠬᠠᠭᠰᠠᠨ ᠪᠤᠯᠬᠤᠷ ᠶᠠᠭᠠᠬᠢᠭᠰᠠᠨ ᠴᠤ ᠭᠠᠷ ᠬᠤᠭᠤᠰᠤᠨ ᠭᠠᠨᠵᠤᠭ᠎ᠠ ᠲᠠᠲᠠᠭᠤ ᠪᠤᠴᠠᠵᠦ ᠪᠤᠯᠬᠤ ᠦᠬᠡᠢ ᠭᠡᠳᠡᠭ ᠢ ᠲᠡᠳᠡᠭᠡᠷ ᠠᠷᠪᠠᠨ ᠬᠤᠶᠠᠷ ᠬᠦᠮᠦᠨ ᠳᠤᠲᠤᠷᠬᠠᠢ ᠮᠡᠳᠡᠵᠦ ᠪᠠᠶᠢᠯ᠎ᠠ᠃ ᠶᠠᠭ ᠲᠡᠶᠢᠮᠦ ᠪᠠᠷ ᠢᠶᠠᠨ ᠨᠢᠬᠡ ᠰᠡᠳᠬᠢᠯ ᠭᠠᠭᠴᠠ ᠵᠤᠷᠢᠭ ᠢᠶᠠᠷ ᠤᠷᠤᠭᠰᠢ ᠪᠠᠨ ᠲᠡᠮᠡᠦᠯᠵᠦ᠂ ᠠᠷᠤ ᠭᠡᠷ᠂ ᠠᠳᠠᠯ ᠠᠮᠢᠳᠤᠷᠠᠯ᠂ ᠦᠯᠦᠬᠡᠢ ᠲᠠᠢ ᠨᠢᠯᠬ᠎ᠠ ᠪᠠᠨ ᠬᠦᠷᠳᠡᠯ᠎ᠡ ᠠᠷᠤ ᠳᠤ ᠪᠠᠨ ᠬᠠᠶᠠᠵᠦ᠂ ᠠᠯᠤᠰ ᠬᠤᠯᠠ ᠭᠠᠵᠠᠷ ᠤᠳ ᠢᠶᠠᠷ ᠬᠡᠳᠦ ᠬᠡᠳᠦᠨ ᠬᠤᠨᠤᠭ ᠢᠶᠠᠷ ᠲᠤᠭᠯᠠᠯᠳᠠ ᠭᠠᠷᠭᠠᠵᠦ ᠶᠠᠪᠤᠨ᠎ᠠ᠂ ᠤᠷᠤᠯᠳᠤᠭᠠᠨ ᠲᠡᠮᠡᠴᠡᠭᠡᠨ ᠳᠤ ᠤᠷᠤᠯᠴᠠᠨ᠎ᠠ᠃      ᠬᠠᠷ᠎ᠠ ᠬᠦᠯᠦᠰᠦᠨ ᠤ ᠦᠵᠦᠬᠦᠷ ᠲᠤ ᠲᠠᠨ᠎ᠠ ᠰᠤᠪᠤᠳ ᠪᠦᠮᠪᠦᠷᠢᠵᠦ᠂ ᠬᠠᠲᠠᠭᠤ ᠴᠢᠷᠮᠠᠶᠢᠯᠭ᠎ᠠ ᠶᠢᠨ ᠳ᠋ᠦᠡᠭ ᠳᠤ ᠦᠢᠯᠡᠰ ᠪᠦᠲᠦᠭᠡᠯ ᠰᠦᠮᠪᠦᠷᠯᠡᠳᠡᠭ ᠤᠴᠢᠷᠲᠠᠢ᠃ ᠬᠠᠮᠲᠤᠯᠢᠬ ᠪᠠᠶᠢᠭᠤᠯᠤᠭᠳᠠᠭᠰᠠᠨ ᠤᠬᠤᠷᠬᠠᠨ ᠬᠡᠳᠦᠨ ᠵᠢᠯ ᠤᠨ ᠲᠤᠷᠰᠢ᠂ ᠲᠡᠳᠡ ᠪᠤᠰᠤᠳ ᠠᠴᠠ ᠬᠡᠳᠦ᠋ᠢᠳᠦᠭᠰᠡᠨ ᠬᠠᠲᠠᠭᠤ ᠴᠢᠷᠮᠠᠶᠢᠯᠭ᠎ᠠ ᠨᠠᠨᠳᠢᠨ ᠵᠢᠳᠬᠦᠯ ᠢᠶᠠᠷ ᠢᠶᠠᠨ ᠠᠯᠢ ᠤᠯᠠᠨ ᠢᠷᠠᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠵᠦ ᠠᠮᠵᠢᠵᠠᠢ᠃ 2014 ᠤᠨ ᠤ 8 ᠰᠠᠷ᠎ᠠ ᠳᠤ ᠪᠤᠯᠤᠭᠰᠠᠨ ᠪᠦᠬᠦ ᠤᠷᠤᠨ ᠤ ᠵᠢᠷᠭᠤᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠲᠤ ᠤᠤᠭᠠᠯ ᠪᠦᠲᠦᠭᠡᠯ ︽ᠲᠠᠯ᠎ᠠ ᠨᠤᠲᠤᠭ ᠤᠨ ᠬᠦᠡᠭᠭᠡᠨ ᠮᠤᠷᠢᠲᠦ ᠴᠡᠷᠢᠭ︾ ᠢᠶᠠᠷ ᠵᠤᠬᠢᠶᠠᠨ ᠪᠦᠲᠦᠭᠡᠯᠬᠡ ᠶᠢᠨ ᠨᠢᠬᠡᠳᠦᠬᠡᠷ ᠳᠡᠰ ᠤᠨ ᠱᠠᠩᠨᠠᠯ ᠪᠠ ᠲᠤᠭᠯᠠᠯᠳᠠ ᠶᠢᠨ ᠨᠢᠬᠡᠳᠦᠬᠡᠷ ᠲᠡᠰ ᠤᠨ ᠱᠠᠩᠨᠠᠯ ᠢ ᠬᠦᠷᠳᠡᠵᠡᠢ᠃ 2015 ᠤᠨ ᠪᠤᠯᠤᠨ 2016 ᠤᠨ ᠳᠤ ᠬᠤᠶᠠᠷ ᠵᠢᠯ ᠳᠠᠷᠠᠭᠠᠯᠠᠨ ᠬᠢᠷᠢᠨ ᠮᠤᠵᠢ ᠶᠢᠨ ᠰᠢᠨ᠎ᠡ ᠵᠢᠯ ᠤᠨ ᠦᠳᠡᠰᠢᠯᠡᠭᠡ ᠳᠤ ᠤᠷᠢᠭᠳᠠᠨ ᠤᠷᠤᠯᠴᠠᠪᠠ᠃ 2017 ᠤᠨ ᠤ 5 ᠰᠠᠷ᠎ᠠ ᠳᠤ᠂ ᠤᠯᠤᠰ ᠤᠨ ᠰᠤᠶᠤᠯ ᠤᠨ ᠶᠠᠮᠤᠨ ᠤ ᠤᠨᠴᠠ ᠤᠷᠢᠯᠭ᠎ᠠ ᠪᠠᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠢ ᠲᠦᠯᠦᠬᠡᠯᠡᠨ ︽ᠤᠯᠤᠰ ᠢᠶᠠᠨ ᠬᠠᠶᠢᠷᠠᠯᠠᠵᠦ ᠳᠤᠮᠳᠠᠳᠤ ᠶᠢᠨ ᠵᠡᠬᠦᠳᠦ ᠶᠢ ᠲᠡᠷᠭᠡᠯᠰᠢᠬᠦᠯᠬᠦ︾ ᠪᠦᠬᠦ ᠤᠯᠤᠰ ᠤᠨ ᠪᠤᠯᠪᠠᠰᠤᠨ ᠲᠤᠰᠬᠤᠨ ᠪᠠᠯᠭᠠᠰᠤ ᠶᠢᠨ ᠤᠷᠠᠨ ᠰᠠᠶᠢᠬᠠᠨ ᠤ ᠦᠵᠡᠬᠦᠯᠬᠡ ᠳᠤ ᠤᠷᠤᠯᠴᠠᠵᠠᠢ᠃ 2017 ᠤᠨ ᠤ 8 ᠰᠠᠷ᠎ᠠ ᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠤᠷᠠᠨ ᠰᠠᠶᠢᠬᠠᠨ ᠤ ᠦᠵᠡᠬᠦᠯᠬᠡ ᠳᠤ ᠤᠷᠤᠯᠴᠠᠵᠠᠢ᠃ 2018 ᠤᠨ ᠤ 8 ᠰᠠᠷ᠎ᠠ ᠳᠤ᠂ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ · ᠦᠪᠦᠷ ᠮᠤᠩᠭᠤᠯ ᠤᠨ ᠲᠠᠯ᠎ᠠ ᠨᠤᠲᠤᠭ ᠤᠨ ᠰᠤᠶᠤᠯ ᠤᠨ ᠨᠠᠶᠢᠷ ᠤᠨ ︽ᠲᠠᠯ᠎ᠠ ᠨᠤᠲᠤᠭ ᠢᠶᠠᠨ ᠳᠠᠭᠤᠯᠠᠶ᠎ᠠ︾ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠷᠠᠯᠢᠭ ᠤᠨ ᠪᠦᠯᠬᠦᠮ ᠤᠨ ᠤᠷᠤᠯᠳᠤᠭᠠᠨ ᠳᠤ ᠤᠤᠭᠠᠯ ᠪᠦᠲᠦᠭᠡᠯ ︽ᠭᠠᠶᠢᠬᠠᠮᠰᠢᠬᠲᠤ ᠱᠤᠩᠬᠤᠷ︾ ᠢᠶᠠᠷ ᠢᠶᠠᠨ ᠤᠷᠤᠯᠴᠠᠵᠦ᠂ ᠪᠦᠬᠦ ᠤᠷᠤᠨ ᠤ 300 ᠭᠠᠷᠤᠢ ᠬᠠᠮᠲᠤᠯᠢᠬ ᠤᠨ ᠳᠤᠮᠳᠠ ᠠᠴᠠ ᠵᠤᠬᠢᠶᠠᠨ ᠪᠦᠲᠦᠭᠡᠯᠬᠡ ᠶᠢᠨ ᠨᠢᠬᠡᠳᠦᠬᠡᠷ ᠳᠡᠰ᠂ ᠲᠤᠭᠯᠠᠯᠳᠠ ᠶᠢᠨ ᠭᠤᠷᠪᠠᠳᠤᠭᠠᠷ ᠳᠡᠰ ᠤᠨ ᠱᠠᠩᠨᠠᠯ ᠬᠦᠷᠳᠡᠵᠡᠢ᠃ 2018 ᠤᠨ ᠤ 10 ᠰᠠᠷ᠎ᠠ ᠳᠤ᠂ ︽ᠨᠢᠬᠡ ᠪᠦᠰᠡ ᠨᠢᠬᠡ ᠵᠠᠮ · ᠤᠪᠤᠭᠠᠨ ᠳᠡᠷᠭᠡᠳᠡᠬᠢ ᠠᠭᠤᠯᠵᠠᠯᠳᠠ︾ ᠪᠦᠬᠦ ᠤᠷᠤᠨ ᠤ ᠠᠩᠬᠠᠳᠤᠭᠠᠷ ᠬᠤᠭᠤᠴᠠᠭᠠᠨ ᠤ ᠬᠤᠷᠴᠢᠨ ᠠᠷᠠᠳ ᠤᠨ ᠳᠠᠭᠤᠤ ᠶᠢᠨ ᠤᠷᠤᠯᠳᠤᠭᠠᠨ ᠳᠤ ᠬᠤᠷᠴᠢᠨ ᠠᠷᠠᠳ ᠤᠨ ᠳᠠᠭᠤᠤ ︽ᠪᠤᠨᠳᠠᠷᠸ᠎ᠠ ᠴᠡᠴᠡᠭ︾ ᠢᠶᠠᠷ ᠢᠶᠠᠨ ᠲᠤᠰᠬᠠᠢ ᠮᠡᠷᠭᠡᠵᠢᠯ ᠤᠨ ᠳᠤᠭᠤᠢᠢᠯᠠᠩ ᠳᠤ ᠬᠤᠶᠠᠳᠤᠭᠠᠷ ᠳᠡᠰ ᠲᠤ ᠲᠤᠳᠤᠷᠠᠵᠠᠢ᠃ 2018 ᠤᠨ ᠤ 12 ᠰᠠᠷ᠎ᠠ ᠳᠤ ᠪᠤᠯᠤᠭᠰᠠᠨ ︽ᠨᠢᠬᠡ ᠪᠦᠰᠡ ᠨᠢᠬᠡ ᠵᠠᠮ · ᠤᠪᠤᠭᠠᠨ ᠳᠡᠷᠭᠡᠳᠡᠬᠢ ᠠᠭᠤᠯᠵᠠᠯᠳᠠ︾ ᠪᠦᠬᠦ ᠤᠷᠤᠨ ᠤ ᠮᠤᠷᠢᠨ ᠬᠤᠭᠤᠷ ᠤᠨ ᠤᠷᠤᠯᠳᠤᠭᠠᠨ ᠳᠤ ᠤᠤᠭᠠᠯ ᠪᠦᠲᠦᠭᠡᠯ ︽ᠬᠦᠰᠡᠯ ᠪᠢᠯᠬᠠᠭᠰᠠᠨ ᠲᠠᠯ᠎ᠠ ᠨᠤᠲᠤᠭ︾ ᠢᠶᠠᠷ ᠢᠶᠠᠨ ᠲᠤᠭᠯᠠᠯᠳᠠ ᠶᠢᠨ ᠭᠤᠷᠪᠠᠳᠤᠭᠠᠷ ᠳᠡᠰ ᠤᠨ ᠱᠠᠩᠨᠠᠯ ᠬᠦᠷᠳᠡᠵᠡᠢ᠃ 2019 ᠤᠨ ᠳᠤ᠂ ︽ᠱᠤᠩᠬᠤᠷ︾ ᠬᠠᠮᠲᠤᠯᠢᠬ ᠨᠢ ᠦᠪᠡᠷᠲᠡᠭᠡᠨ ᠵᠠᠰᠠᠬᠤ ᠤᠷᠤᠨ᠂ ᠬᠤᠲᠠ᠂ ᠬᠤᠰᠢᠭᠤᠨ ᠳᠡᠰ ᠤᠨ ᠭᠤᠷᠪᠠᠨ ᠲᠠᠯᠠᠪᠠᠢ ᠲᠤᠰᠬᠠᠢ ᠲᠤᠭᠯᠠᠯᠳᠠ ᠪᠠᠨ ᠠᠮᠵᠢᠯᠲᠠᠲᠠᠢ ᠶᠠᠪᠤᠭᠳᠠᠭᠤᠯᠪᠠ᠃ 2020 ᠤᠨ ᠤ 8 ᠰᠠᠷ᠎ᠠ ᠳᠤ ᠨᠠᠢᠮᠠᠨ ᠮᠤᠵᠢ ᠤᠷᠤᠨ ᠤ ᠠᠩᠬᠠᠳᠤᠭᠠᠷ ᠬᠤᠭᠤᠴᠠᠭᠠᠨ ᠤ ᠬᠤᠷᠴᠢᠨ ᠦᠯᠢᠬᠡᠷᠲᠦ ᠠᠷᠠᠳ ᠤᠨ ᠳᠠᠭᠤᠤ ᠶᠢᠨ ᠤᠷᠤᠯᠳᠤᠭᠠᠨ ᠳᠤ ᠰᠢᠨ᠎ᠡ ᠨᠠᠶᠢᠷᠠᠭᠤᠯᠤᠨ ᠵᠤᠬᠢᠶᠠᠭᠰᠠᠨ ︽ᠳᠠᠶᠠ ᠪᠦᠬᠡᠷ᠎ᠡ︾ ᠪᠠᠷ ᠢᠶᠠᠨ ᠲᠤᠰᠬᠠᠢ ᠮᠡᠷᠭᠡᠵᠢᠯ ᠤᠨ ᠳᠤᠭᠤᠢᠢᠯᠠᠩ ᠤᠨ ᠨᠢᠬᠡᠳᠦᠬᠡᠷ ᠳᠡᠰ ᠲᠤ ᠲᠤᠳᠤᠷᠠᠵᠠᠢ᠃ 2020 ᠤᠨ ᠤ 8 ᠰᠠᠷ᠎ᠠ ᠳᠤ᠂ ᠪᠦᠬᠦ ᠬᠤᠲᠠ ᠶᠢᠨ ᠤᠯᠠᠭᠠᠨᠮᠦ᠋ᠴᠢᠷ ᠤᠨ ᠤᠷᠠᠨ ᠰᠠᠶᠢᠬᠠᠨ ᠤ ᠬᠠᠷᠢᠭᠤ ᠮᠡᠳᠡᠬᠦᠯᠦᠯᠲᠡ ᠶᠢᠨ ᠲᠤᠭᠯᠠᠯᠳᠠ ᠳᠤ ︽ᠱᠤᠩᠬᠤᠷ ᠬᠠᠮᠲᠤᠯᠢᠬ︾ ᠨᠢ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠱᠠᠩᠨᠠᠯ ᠲᠤᠰᠴᠤ᠂ ᠬᠤᠷᠴᠢᠨ ᠠᠷᠠᠳ ᠤᠨ ᠳᠠᠭᠤᠤ ︽ᠳ᠋ᠥ᠋ᠩ ᠱᠠᠨ ᠭᠡ ᠭᠡ︾ ᠪᠠᠷ ᠲᠤᠭᠯᠠᠯᠳᠠ ᠶᠢᠨ ᠨᠢᠬᠡᠳᠦᠬᠡᠷ ᠳᠡᠰ ᠤᠨ ᠱᠠᠩᠨᠠᠯ ᠬᠦᠷᠳᠡᠵᠡᠢ᠃ ᠡᠳᠡᠭᠡᠷ ᠢᠷᠠᠭᠤ ᠠᠯᠳᠠᠷ᠂ ᠱᠠᠩᠨᠠᠯ ᠬᠦᠬᠢᠬᠦᠯᠦᠯ ᠤᠳ ᠲᠤ ︽ᠱᠤᠩᠬᠤᠷ︾ ᠬᠠᠮᠲᠤᠯᠢᠬ ᠤᠨ ᠪᠦᠬᠦ ᠬᠡᠰᠢᠬᠦᠨ ᠤ ᠬᠠᠮᠲᠤᠯᠢᠭ ᠢᠶᠠᠨ ᠬᠡᠰᠡᠨ ᠬᠠᠯᠠᠭᠤᠨ ᠬᠠᠶᠢᠷ᠎ᠠ᠂ ᠤᠷᠠᠯᠢᠭ ᠢᠶᠠᠨ ᠬᠡᠰᠡᠨ ᠦᠨᠡᠨᠴᠢ ᠵᠢᠳᠬᠦᠯ ᠰᠢᠩᠭᠡᠭᠰᠡᠨ ᠪᠠᠶᠢᠬᠤ ᠤᠴᠢᠷᠲᠠᠢ᠃      ᠊᠊᠊᠊᠊᠊ ᠮᠠᠨ ᠤ ᠬᠠᠮᠲᠤᠯᠢᠬ ᠪᠠᠶᠢᠭᠤᠯᠤᠭᠳᠠᠭᠰᠠᠨ ᠠᠴᠠ ᠪᠠᠨ ᠠᠪᠤᠭᠠᠳ ᠦᠨᠦᠳᠦᠷ ᠤᠨ ᠡᠳᠦᠢ ᠲᠡᠳᠦᠢ ᠠᠮᠵᠢᠯᠲᠠ ᠳᠤ ᠬᠦᠷᠦᠭᠰᠡᠨ ᠨᠢ ᠲᠡᠳᠡᠭᠡᠷ ᠤᠯᠠᠨ ᠬᠠᠯᠠᠭᠤᠨ ᠰᠡᠳᠬᠢᠯᠲᠦ ᠬᠦᠮᠦᠨ ᠤ ᠬᠠᠪᠰᠤᠷᠤᠯᠭ᠎ᠠ ᠳᠡᠮᠵᠢᠯᠬᠡ ᠠᠴᠠ ᠰᠠᠯᠵᠦ ᠴᠢᠳᠠᠬᠤ ᠦᠬᠡᠢ ᠶᠤᠮ᠃ ᠮᠠᠨ ᠤ ᠭᠠᠵᠠᠷ ᠤᠷᠤᠨ ᠤ ᠨᠠᠮ ᠵᠠᠰᠠᠭ ᠤᠨ ᠤᠳᠤᠷᠢᠳᠤᠯᠭ᠎ᠠ ᠂ ᠪᠠᠶᠢᠭᠤᠯᠭ᠎ᠠ ᠠᠴᠠ ᠡᠬᠢᠯᠡᠬᠡᠳ ᠪᠢᠳᠡᠨ ᠢ ᠤᠳᠠᠭ᠎ᠠ ᠳᠠᠷᠠᠭᠠᠯᠠᠨ ᠬᠠᠯᠠᠭᠤᠨ ᠭᠠᠷ ᠢᠶᠠᠨ ᠰᠤᠩᠭᠠᠨ ᠬᠠᠪᠰᠤᠷᠤᠨ ᠳᠡᠮᠵᠢᠨ ᠵᠤᠷᠢᠭᠵᠢᠭᠤᠯᠤᠭᠰᠠᠭᠠᠷ ᠢᠷᠡᠭᠰᠡᠨ ᠪᠦᠬᠡᠳ ᠨᠡᠩ ᠢᠯᠠᠩᠭᠤᠶ᠎ᠠ ︽ᠠᠨᠳᠠ︾ ᠬᠠᠮᠲᠤᠯᠢᠬ ᠤᠨ ᠪᠠᠭᠰᠢ ᠨᠠᠷ ᠠᠬᠢᠨ ᠳᠠᠬᠢᠨ ᠢᠷᠡᠵᠦ ᠪᠢᠳᠡᠨ ᠳᠤ ᠪᠤᠯᠪᠠᠰᠤᠷᠠᠯ ᠬᠦᠷᠲᠡᠭᠡᠵᠦ ᠵᠢᠭᠠᠨ ᠵᠢᠯᠤᠭᠤᠳᠤᠭᠰᠠᠭᠠᠷ ᠢᠷᠡᠭᠰᠡᠨ ᠶᠤᠮ᠃ ᠪᠢᠳᠡ ᠲᠡᠳᠡᠭᠡᠷ ᠬᠦᠮᠦᠰ ᠤᠨ ᠢᠶᠠᠨ ᠬᠦᠰᠡᠯ ᠢ ᠶᠠᠭᠠᠬᠢᠭᠰᠠᠨ ᠴᠤ ᠬᠦᠰᠡᠷᠳᠡᠬᠦᠯᠬᠦ ᠦᠭᠡᠢ ᠪᠠᠷ ᠴᠢᠷᠮᠠᠶᠢᠨ᠎ᠠ᠃ ᠱᠤᠩᠬᠤᠷ ᠭᠡᠳᠡᠭ ᠤᠭᠲᠠᠷᠭᠤᠢ ᠶᠢᠨ ᠴᠡᠭᠡᠯ ᠢᠶᠠᠷ ᠡᠷᠭᠡ ᠳᠤᠷ᠎ᠠ ᠪᠠᠷ ᠨᠢᠰᠳᠡᠭ ᠡᠷᠡᠯᠭᠡᠭ ᠰᠢᠪᠠᠭᠤ᠂ ᠬᠠᠮᠲᠤᠯᠢᠭ ᠢᠶᠠᠨ ᠪᠢᠳᠡ ᠨᠢᠬᠡᠨ ᠱᠤᠩᠬᠤᠷ ᠰᠢᠪᠠᠭᠤ ᠪᠠᠷ ᠵᠦᠢᠷᠯᠡᠬᠦ ᠶᠤᠮ ᠪᠤᠯ ᠰᠠᠶ᠋ᠢᠬᠠᠨ ᠦᠳᠦ ᠰᠤᠳᠤ ᠨᠢ ᠪᠦᠷᠢᠳᠦᠬᠡᠳ ᠳᠡᠪᠳᠡᠷᠢᠨ ᠨᠢᠰᠴᠦ ᠪᠠᠶᠢᠭ᠎ᠠ ᠵᠤᠯᠵᠠᠭ᠎ᠠ ᠱᠤᠩᠬᠤᠷ ᠯᠠ ᠲᠡᠳᠦᠢ᠂ ᠦᠨᠳᠦᠷ ᠲᠤ ᠲᠡᠬᠦᠯᠢᠵᠦ ᠬᠤᠯᠠ ᠨᠢᠰᠬᠦ ᠶᠢᠨ ᠲᠦᠯᠦᠬᠡ ᠪᠢᠳᠡ ᠬᠠᠲᠠᠭᠤᠵᠢᠯᠲᠠᠢ ᠪᠤᠯᠪᠠᠰᠤᠷᠠᠵᠦ ᠦᠳᠦ ᠵᠢᠬᠦᠷ ᠢᠶᠠᠨ ᠬᠠᠲᠠᠭᠤᠷᠠᠭᠤᠯᠬᠤ ᠬᠡᠷᠡᠭᠲᠡᠢ ᠭᠡᠵᠦ ᠬᠠᠮᠲᠤᠯᠢᠭ ᠤᠨ ᠠᠬᠠᠯᠠᠭᠴᠢ ᠠᠯᠳᠠᠷᠲᠤ ᠳᠠᠷᠤᠤᠬᠠᠨ ᠪᠦᠬᠡᠳ ᠢᠲᠡᠭᠡᠯᠳᠡᠶᠢᠬᠡᠨ ᠶᠠᠷᠢᠵᠦ ᠪᠠᠶᠢᠯ᠎ᠠ᠃      ︽ᠱᠤᠩᠬᠤᠷ ᠬᠠᠮᠲᠤᠯᠢᠬ︾ ᠮᠠᠨᠢ ︽ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠦᠡᠭᠭᠡᠨ ᠮᠤᠷᠢᠲᠦ ᠴᠡᠷᠢᠭ︾ ᠤᠨ ᠰᠢᠯᠢᠳᠡᠭ ᠤᠳᠤᠮᠰᠢᠯ ᠢᠶᠠᠨ ᠦᠷᠬᠦᠯᠵᠢᠯᠡᠨ ᠪᠠᠳᠠᠷᠠᠭᠤᠯᠵᠦ᠂ ᠬᠤᠷᠴᠢᠨ ᠰᠤᠶᠤᠯ ᠲᠠᠢ ᠪᠠᠨ ᠤᠶᠠᠯᠳᠤᠭᠤᠯᠵᠦ᠂ ᠨᠡᠩ ᠤᠯᠠᠨ ᠭᠠᠵᠠᠷ ᠤᠷᠤᠨ ᠤ ᠤᠨᠴᠠᠯᠢᠬ ᠲᠠᠢ᠂ ᠳᠡᠯᠬᠡᠷᠡᠬᠦᠯᠦᠨ ᠲᠠᠷᠬᠠᠭᠠᠵᠦ ᠦᠪᠯᠡᠨ ᠦᠯᠡᠳᠡᠭᠡᠵᠦ ᠪᠤᠯᠬᠤᠢᠢᠴᠠ ᠰᠤᠳᠤᠨ ᠰᠠᠶᠢᠬᠠᠨ ᠤᠷᠠᠯᠢᠭ ᠤᠨ ᠪᠦᠲᠦᠭᠡᠯ ᠲᠦᠷᠦᠬᠦᠯᠬᠦ ᠪᠤᠯᠤᠨ᠎ᠠ ᠭᠡᠳᠡᠭ ᠲᠤ ᠢᠲᠡᠭᠡᠯᠲᠡᠢ ᠪᠠᠶᠢᠨ᠎ᠠ᠃ ᠲᠡᠭᠡᠯᠬᠦᠢ ᠴᠤ ᠶᠠᠭᠠᠬᠢᠬᠤᠪ⁈ ︽ᠱᠤᠩᠬᠤᠷ ᠬᠠᠮᠲᠤᠯᠢᠬ︾ ᠮᠠᠨᠢ ᠳᠤᠨᠳᠠᠷᠠᠰᠢ ᠦᠬᠡᠢ ᠳᠠᠯᠠᠢ ᠪᠠᠶᠠᠨ ᠬᠤᠷᠴᠢᠨ ᠰᠤᠶᠦᠯ ᠤᠨ ᠢᠶᠠᠨ ᠲᠠᠩᠰᠤᠭ ᠦᠪ ᠠᠴᠠ ᠡᠷᠴᠢ ᠠᠪᠴᠦ᠂ ᠰᠢᠨᠳᠠᠷᠠᠰᠢ ᠦᠬᠡᠢ ᠬᠠᠲᠠᠨ ᠵᠤᠷᠢᠬᠲᠤ ᠮᠤᠩᠭᠤᠯ ᠵᠠᠯᠠᠭᠤᠰ ᠤᠨ ᠤᠷ᠎ᠠ ᠠᠪᠢᠶᠠᠰ ᠤᠬᠠᠭᠠᠨ ᠲᠠᠮᠢᠷ ᠢᠶᠠᠷ ᠵᠢᠬᠦᠷ ᠬᠢᠵᠦ᠂ ᠦᠨᠳᠦᠷ ᠠᠴᠠ ᠦᠨᠳᠦᠷ᠂ ᠬᠤᠯᠠ ᠶᠢᠨ ᠬᠤᠯᠠ ᠳᠤ ᠨᠢᠰᠬᠦ ᠨᠢ ᠯᠠᠪᠲᠠᠢ ᠶᠤᠮ ᠡ᠃
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ