| ᠵᠠᠰᠠᠭ ᠤᠨ ᠣᠷᠳᠣᠨ ᠤ ᠠᠵᠢᠯ ᠤᠨ ᠢᠯᠡᠳᠭᠡᠯ | | ᠊᠊᠊᠊᠊᠊᠊ 2021 ᠣᠨ ᠤ 2 ᠰᠠᠷ᠎ᠠ ᠶᠢᠨ 22 ᠤᠨ ᠡᠲᠦᠷ ᠲᠦᠩᠯᠢᠶᠣᠤ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠡᠭᠡᠷ᠎ᠡ | ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠳᠠᠷᠤᠭ᠎ᠠ | | | ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠡᠷᠭᠢᠴᠡᠭᠦᠯᠦᠯ | | | 2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠤᠯᠤᠰ ᠤᠨ ᠳᠣᠲᠣᠭᠠᠳᠤ | ᠭᠠᠳᠠᠭᠠᠳᠤ ᠶᠢᠨ ᠪᠠᠶᠢᠳᠠᠯ ᠤᠨ ᠡᠮᠦᠨ᠎ᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠨᠣᠴᠢᠲᠠᠶ ᠳᠠᠭᠠᠷᠢᠯᠲᠠ ᠳᠤᠤᠷ᠎ᠠ᠂ | ᠬᠤᠲᠠ ᠳᠠᠶᠠᠭᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ | ᠪᠠᠶᠢᠷᠢᠯᠠᠭᠤᠯᠤᠯᠲᠠ ᠶᠣᠰᠤᠭᠠᠷ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠢ ᠪᠠᠷᠢᠮᠲᠠᠯᠠᠵᠤ᠂ ︽ᠵᠢᠷᠭᠤᠭ᠎ᠠ ᠶᠢ ᠲᠤᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠭᠰᠡᠨ ᠠᠴᠠ ᠪᠦᠬᠦ ᠬᠤᠲᠠ ᠶᠢᠨ ᠠᠵᠤ ᠠᠬᠤᠶ ᠦᠷᠭᠦᠯᠵᠢᠯᠡᠨ ᠰᠡᠷᠭᠦᠵᠤ᠂ ᠨᠡᠶᠢᠭᠡᠮ ᠤᠨ ᠪᠠᠶᠢᠳᠠᠯ ᠡᠶ᠎ᠡ ᠵᠣᠬᠢᠴᠠᠯ ᠲᠠᠢ | ᠲᠣᠭᠲᠠᠭᠤᠨ ᠪᠤᠯᠪᠠ᠃ ᠪᠦᠬᠦ ᠵᠢᠯ ᠳᠤ᠂ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 1276.64 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠨᠢᠳᠤᠨᠤᠨ ᠤ ᠬᠢ ᠠᠴᠠ 0.9% ᠪᠠᠷ ᠪᠠᠭᠤᠷᠠᠵᠤ᠂ ᠠᠵᠤ ᠠᠬᠤᠶ ᠤᠯᠠᠷᠢᠯ ᠳᠠᠷᠠᠭᠠᠯᠠᠨ ᠳᠡᠭᠡᠭᠰᠢᠯᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 34782 ᠲᠥᠭᠦᠷᠢᠭ ᠪᠠ 16671 ᠲᠥᠭᠦᠷᠢᠭ ᠲᠤ ᠬᠦᠷᠴᠦ᠂ ᠲᠣᠰ ᠲᠣᠰ 1.9% ᠪᠠ 8. | 8% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 76.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 0.4% ᠪᠠᠷ ᠨᠡᠮᠡᠭᠲᠡᠪᠡ | ᠃ ᠬᠤᠲᠠ ᠪᠠᠯᠭᠠᠰᠤᠨ ᠤ 1.52 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ 3.95% ᠪᠣᠯᠪᠠ᠃ | ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠠᠵᠢᠯ | ᠴᠢᠬᠤᠯᠠ ᠶᠡᠭᠡ ᠦᠷ᠎ᠡ ᠪᠦᠲᠦᠭᠡᠯ ᠤᠯᠪᠠ᠃ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠪᠢᠳᠡ ᠠᠷᠠᠳ | ᠲᠦᠮᠡᠨ ᠢ ᠬᠦᠨᠳᠦᠳᠭᠡᠬᠦ᠂ ᠠᠮᠢ ᠨᠠᠰᠤ ᠶᠢ ᠡᠷᠬᠢᠮᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠣᠨᠣᠴᠠᠲᠠᠶ ᠠᠷᠭ᠎ᠠ ᠪᠣᠳᠣᠯᠭ᠎ᠠ | ᠬᠡᠷᠡᠭᠵᠢᠭᠦᠯᠵᠦ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠪᠠᠷ ᠢᠶᠠᠨ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠲᠦᠮᠡᠨ ᠣᠯᠠᠨ ᠢᠶᠠᠷ ᠢᠶᠠᠨ ᠲᠡᠮᠦᠷ | ᠬᠡᠷᠡᠮ ᠪᠣᠯᠵᠣ᠂ ᠬᠢᠵᠢᠭ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠴᠣᠭᠴᠠᠯᠠᠪᠠ᠃ ᠵᠥᠪᠬᠡᠨ 40 ᠬᠤᠨᠤᠭ ᠤᠨ ᠲᠣᠲᠤᠷ᠎ᠠ | ᠣᠨᠣᠰᠢᠯᠠᠭᠰᠠᠨ ᠡᠪᠡᠳᠴᠢᠲᠠᠨ ᠢ ᠪᠦᠷᠢᠮᠦᠰᠦᠨ ᠵᠠᠰᠠᠵᠤ ᠡᠳᠡᠭᠡᠷᠡᠭᠦᠯᠤᠨ᠂ ᠡᠪᠡᠳᠴᠢᠲᠠᠨ ︽ᠦᠬᠦᠭᠰᠡᠨ ᠦᠬᠡᠢ︾᠂ ᠡᠮᠴᠢ ᠰᠤᠪᠢᠯᠠᠭᠴᠢ ᠳᠤ ︽ᠬᠠᠯᠳᠠᠪᠤᠷᠢᠯᠠᠭᠰᠠᠨ | ᠦᠬᠡᠢ︾ ᠪᠠᠶᠢᠬᠤ ᠶᠢ ᠪᠡᠶᠡᠯᠡᠭᠦᠯᠪᠡ᠃ 49 ᠡᠮᠴᠢ ᠰᠤᠪᠢᠯᠠᠭᠴᠢ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠰᠥᠷᠥᠨ ᠤᠷᠤᠭᠰᠢᠯᠠᠵᠤ᠂ ᠦᠬᠦᠵᠤ ᠰᠡᠭᠡᠬᠦ ᠪᠠᠨ | ᠦᠯᠦ ᠪᠤᠳᠤᠨ ᠬᠤᠪᠸᠢ ᠶᠢ ᠲᠦᠷᠭᠡᠨ ᠲᠤᠰᠠᠯᠠᠵᠤ᠂ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠪᠠ᠃ ᠬᠡᠷᠡᠭᠯᠡᠭᠡ ᠶᠢ ᠬᠥᠭᠵᠢᠭᠡᠬᠦ᠂ ᠠᠵᠤ | ᠠᠬᠤᠢᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠵᠡᠷᠭᠡ ︽ᠵᠢᠷᠭᠤᠭᠠᠨ ᠶᠡᠭᠡ ᠲᠥᠪᠯᠡᠷᠡᠩᠭᠦᠢ ᠠᠵᠢᠯᠯᠠᠭ᠎ᠠ︾ ᠶᠢ ᠬᠡᠷᠡᠭᠵᠢᠭᠦᠯᠵᠦ᠂ ᠠᠵᠢᠯ | ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠭᠡᠪᠡ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ 10.9 ᠳ᠋ᠦᠩᠰᠢᠭᠤᠷ ᠲᠥᠭᠦᠷᠢᠭ | ᠰᠢᠨ᠎ᠡ ᠪᠠᠷ ᠨᠡᠮᠡᠭᠳᠡᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠᠷ ᠪᠤᠴᠠᠭᠠᠭᠰᠠᠨ ᠪᠡᠯᠡ ᠮᠥᠩᠭᠦ 1.27 ᠳ᠋ᠦᠩᠰᠢᠭᠤᠷ ᠲᠥᠭᠦᠷᠢᠭ ᠬᠦᠷᠴᠦ᠂ | ᠨᠡᠶᠢᠭᠡᠮ ᠤᠨ ᠳᠠᠭᠠᠳᠬᠠᠯ ᠤᠨ ᠰᠦᠢᠳᠬᠡᠯ ᠢ 10.5 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ ᠬᠢᠵᠢᠭ ᠤᠨ ᠬᠤᠭᠤᠴᠠᠭᠠᠨ ᠳᠤ ᠵᠢᠭᠡᠯᠡᠯᠭᠡ ᠶᠢ | ᠵᠣᠬᠢᠴᠠᠭᠤᠯᠤᠨ ᠲᠠᠯᠪᠢᠵᠤ᠂ ᠦᠷᠭᠦᠯᠵᠢᠯᠡᠨ ᠵᠢᠭᠡᠯᠡᠯᠭᠡ ᠲᠠᠯᠪᠢᠬᠤ ᠬᠤᠭᠤᠴᠠᠭ᠎ᠠ ᠶᠢ ᠤᠷᠲᠤᠳᠬᠠᠭᠰᠠᠨ ᠵᠢᠭᠡᠯᠡᠯᠭᠡ 100 ᠳ᠋ᠦᠩᠰᠢᠭᠤᠷ ᠲᠥᠭᠦᠷᠢᠭ ᠰᠢᠬᠠᠮ ᠬᠦᠷᠴᠦ | ᠂ ᠪᠦᠬᠦ ᠬᠤᠲᠠ ᠶᠢᠨ ᠠᠵᠤ ᠠᠬᠤᠢ ᠣᠬᠤᠷᠬᠠᠨ ᠬᠤᠭᠤᠴᠠᠭᠠᠨ ᠳᠤ ᠡᠮᠬᠢ ᠵᠢᠷᠤᠮ ᠲᠠᠢ ᠪᠠᠷ ᠰᠡᠷᠭᠦᠪᠡ᠃ | ︵ᠬᠤᠶᠠᠷ︶ ᠭᠤᠷᠪᠠᠨ ᠶᠡᠭᠡ ᠪᠤᠭᠤᠮᠲᠠ ᠰᠢᠪᠲᠤᠯᠬᠤ ᠲᠠᠶᠢᠯᠠᠯᠲᠤᠭᠠᠨ ᠳᠤ ᠰᠢᠢᠳᠪᠦᠷᠢᠯᠡᠬᠦ ᠴᠢᠨᠠᠷᠲᠠᠢ ᠠᠮᠵᠢᠯᠲᠠ ᠤᠯᠪᠠ᠃ ᠡᠯ᠎ᠡ ᠱᠠᠲᠤᠨ ᠤ ᠡᠳ᠋ ᠤᠨ | ᠵᠠᠰᠠᠭ ᠠᠴᠠ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠡᠶᠢᠲᠡ 65.49 ᠳ᠋ᠦᠩᠰᠢᠭᠤᠷ ᠲᠥᠭᠦᠷᠢᠭ ᠣᠷᠣᠭᠤᠯᠵᠤ᠂ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ | ᠲᠥᠷᠥᠯ ᠵᠦᠶᠯ ᠢ 2.84 ᠲᠦᠮᠡ ᠬᠡᠷᠡᠭᠵᠢᠭᠦᠯᠵᠦ᠂ ︽ᠬᠤᠶᠠᠷ ᠲᠤ ᠦᠯᠥ ᠵᠣᠪᠠᠭ᠋ᠤ ᠭᠤᠷᠪᠠ ᠶᠢ ᠪᠠᠳᠤᠯᠠᠬᠤ︾ ᠶᠢᠨ ᠳᠤᠲᠠᠭᠤᠳᠠᠯ ᠢ ᠪᠥᠬᠦ ᠲᠠᠯ᠎ᠠ ᠪᠠᠷ | ᠨᠥᠬᠦᠪᠥᠷᠢᠯᠡᠵᠦ᠂ ᠲᠠᠩᠰᠠᠯᠠᠵᠤ ᠺᠠᠷᠲᠯᠠᠬᠰᠠᠨ 25.65 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ | ᠶᠠᠳᠠᠭᠤ ᠬᠦᠴᠢᠷᠳᠡᠯᠲᠡᠶ 6 ᠬᠤᠰᠢᠭᠤ ᠰᠢᠶᠠᠨ ᠪᠣᠯᠤᠨ 626 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠪᠦᠷᠢᠮᠦᠰᠦᠨ ᠶᠠᠳᠠᠭᠤ ᠠᠴᠠ ᠠᠩᠭᠢᠵᠢᠷᠠᠭᠤᠯᠵᠤ᠂ | ᠣᠷᠣᠨ ᠪᠦᠰᠡ ᠶᠢᠨ ᠴᠢᠨᠠᠷᠲᠠᠶ ᠲᠦᠢᠯ ᠤᠨ ᠶᠠᠳᠠᠭᠤ ᠬᠦᠴᠢᠷᠳᠡᠯᠲᠡᠶ ᠪᠠᠶᠢᠬᠤ ᠠᠰᠠᠭᠤᠳᠠᠯ ᠢ ᠰᠢᠶᠳᠪᠦᠷᠢᠯᠡᠪᠡ᠃ ᠲᠥᠪ ᠤᠨ ᠴᠡᠭ ᠲᠣᠭᠲᠠᠭᠠᠨ ᠬᠠᠪᠰᠤᠷᠤᠨ | ᠲᠡᠳᠬᠦᠬᠦ ᠨᠢᠭᠡᠴᠢ ᠪᠠ ᠪᠡᠭᠡᠵᠢᠩ ᠬᠤᠲᠠ ᠲᠣᠰ ᠲᠣᠰ 3.6 ᠳ᠋ᠦᠩᠰᠢᠭᠤᠷ ᠲᠥᠭᠦᠷᠢᠭ ᠪᠠ 5.8 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠪᠠ᠃ | 203 ᠠᠵᠤ ᠠᠬᠤᠢᠢᠯᠠᠯ 339 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠬᠠᠪᠰᠤᠷᠤᠨ ᠲᠡᠳᠬᠦᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ | ᠤᠨ ᠬᠦᠴᠦᠨ ᠨᠡᠶᠢᠲᠡ 4.4 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠡᠳ᠋ ᠪᠣᠳᠠᠰ᠂ ᠪᠡᠯᠡ ᠮᠦᠩᠬᠦ ᠴᠤᠭᠯᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠲᠤᠭᠠᠨ ᠤ ᠢᠯᠠᠯᠲᠠ ᠶᠢ ᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠪᠣᠬᠢᠷᠲᠤᠯ ᠢ ᠰᠡᠷᠭᠡᠶᠢᠯᠡᠨ | ᠵᠠᠰᠠᠭᠰᠠᠨ ᠦᠷ᠎ᠡ ᠪᠦᠲᠦᠮᠵᠢ ᠢᠯᠡᠳᠲᠡ ᠪᠠᠶᠢᠵᠤ᠂ ᠪᠥᠬᠦ ᠬᠤᠲᠠ ᠶᠢᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ 333 ᠬᠤᠨᠤᠭ ᠪᠠᠶᠢᠵᠤ᠂ | ᠨᠢᠳᠤᠨᠤᠨ ᠤ ᠬᠢ ᠠᠴᠠ 6 ᠬᠤᠨᠤᠭ ᠨᠡᠮᠡᠭᠳᠡᠨ᠂ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 91% ᠳᠤ ᠬᠦᠷᠴᠦ᠂ ᠭᠠᠵᠠᠷ ᠤᠨ ᠭᠠᠳᠠᠷᠭᠤ ᠶᠢᠨ | ᠤᠰᠤᠨ ᠴᠣᠭᠴᠠ ᠶᠢᠨ ᠰᠢᠯᠢᠳᠡᠭ ᠰᠠᠶᠢᠨ ᠪᠠᠶᠢᠬᠤ ᠬᠠᠷᠢᠴᠠᠯ 75% ᠳᠤ ᠬᠦᠷᠴᠦ᠂ ᠬᠢᠮᠢ ᠶᠢᠨ ᠪᠣᠷᠲᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ ︽ᠬᠤᠤᠰ | ᠪᠠᠭᠤᠷᠠᠯᠲᠠ︾ ᠶᠢ ᠪᠡᠶᠡᠯᠡᠭᠦᠯᠪᠡ᠃ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠠᠷᠢᠯᠭᠠᠬᠤ ᠣᠨ ᠤ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠤᠯᠤᠰ ᠤᠨ | ᠦᠮᠴᠢᠯᠡᠯᠲᠦ ᠲᠠᠪᠴᠠᠩ ᠺᠣᠮᠫᠠᠨᠢ ᠶᠢᠨ ᠪᠡᠯᠡ ᠬᠤᠷᠠᠮᠳᠤᠭᠤᠯᠬᠤ ᠲᠦᠭᠰᠢᠭᠦᠷᠢ ᠶᠢ ᠢᠳᠡᠪᠬᠢᠲᠡᠢ ᠠᠷᠭᠠᠴᠠᠵᠤ᠂ ᠪᠦᠬᠦ ᠬᠤᠲᠠ ᠶᠢᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ 6.12% ᠪᠣᠯᠤᠨ ᠳᠣᠷᠣᠭᠰᠢᠯᠠᠪᠠ᠃ | ︵ᠭᠤᠷᠪᠠ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠲᠠᠯ᠎ᠠ ᠪᠠᠷ ᠴᠢᠬᠤᠯᠠ ᠠᠯᠬᠤᠮ ᠢ ᠠᠯᠬᠤᠪᠠ᠃ ︽ᠲᠠᠪᠤᠨ ᠶᠡᠭᠡ ᠠᠵᠤ | ᠦᠶᠯᠡᠰ ᠤᠨ ᠰᠦᠷᠦᠭᠵᠢᠯ︾ ᠨᠢ 52% ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠢᠢᠯᠠᠯ ᠢ ᠬᠤᠯᠪᠣᠵᠤ᠂ 85% ᠶᠢᠨ ᠠᠵᠤ | ᠦᠶᠯᠡᠳᠪᠦᠷᠢ ᠶᠢᠨ ᠦᠢᠯᠡᠳᠪᠦᠷᠢᠯᠡᠯ ᠤᠨ ᠥᠷᠲᠡᠭ ᠨᠡᠮᠡᠷᠢᠯᠡᠪᠡ᠃ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ | ᠠᠬᠤᠢᠢᠯᠠᠯ 6 ᠪᠠᠶᠢᠵᠤ᠂ 236 ᠪᠤᠯᠪᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠢᠢᠯᠠᠯ 37 ᠪᠣᠯᠵᠣ᠂ ᠳᠤᠮᠳᠠ ᠪᠠᠭ᠎ᠠ ᠠᠵᠤ ᠠᠬᠤᠢᠢᠯᠠᠯ ᠤᠨ ᠬᠤᠤᠰ | ᠡᠭᠦᠳᠦᠯᠲᠡ ᠶᠢᠨ ᠲᠠᠪᠴᠠᠩ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠳᠡᠮᠵᠢᠯᠭᠡ ᠶᠢ ᠣᠯᠵᠤ᠂ ᠡᠷᠳᠡᠨᠢ ᠰᠢᠰᠢ ᠶᠢᠨ ᠦᠷ᠎ᠡ ᠶᠢᠨ ᠦᠶᠯᠡᠰ᠂ ᠠᠯᠠᠰᠢᠨ ᠦᠬᠡᠷ | ᠤᠨ ᠦᠷ᠎ᠡ ᠶᠢᠨ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠭᠤᠤᠯᠳᠠᠯᠭ᠎ᠠ ᠲᠠᠢ ᠲᠤᠰᠬᠠᠶ ᠳᠡᠮᠵᠢᠯᠭᠡ ᠶᠢ ᠤᠯᠪᠠ᠃ ᠥᠪᠥᠷ ᠮᠣᠩᠭᠤᠯ ᠤᠨ ᠦᠨᠳᠦᠰᠦᠲᠡᠨ ᠤ ᠶᠡᠭᠡ | ᠰᠤᠷᠭᠠᠭᠤᠯᠢ ᠪᠠᠷ ᠨᠠᠶᠢᠲᠠᠨ ᠲᠦᠰᠢᠬᠦ ᠨᠢᠬᠡᠴᠢ ᠪᠤᠯᠭᠠᠭᠰᠠᠨ ᠬᠢᠲᠠᠳ ᠡᠮ ︵ᠮᠣᠩᠭᠤᠯ ᠡᠮ︶ ᠤᠨ ᠶᠠᠰᠤ ᠴᠢᠨᠠᠷ ᠢ ᠡᠵᠡᠮᠳᠡᠬᠦ ᠭᠤᠤᠯᠳᠠᠯᠭ᠎ᠠ ᠲᠠᠢ ᠲᠤᠷᠰᠢᠯᠲᠠ ᠶᠢᠨ | ᠲᠠᠰᠤᠭ ᠪᠥᠬᠦ ᠤᠯᠤᠰ ᠤᠨ ᠠᠩᠬᠠᠳᠠᠭᠴᠢ ᠲᠤᠰᠬᠠᠶ ᠭᠠᠵᠠᠷ ᠣᠷᠣᠨ ᠤ ᠲᠠᠰ ᠤᠨ ᠬᠤᠲᠠ ᠶᠢᠨ ᠤᠯᠤᠰ ᠤᠨ ᠡᠮ ᠤᠨ ᠵᠦᠶᠯᠡᠰ ᠤᠨ ᠬᠢᠨᠠᠠ ᠬᠠᠮᠢᠶᠠᠷᠤᠯᠲᠠ ᠶᠢᠨ | ᠲᠣᠪᠴᠢᠶ᠎ᠠ ᠶᠢᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢᠶᠠᠷ ᠵᠦᠪᠰᠢᠶᠡᠷᠡᠭᠳᠡᠪᠡ᠃ ᠲᠠᠷᠢᠶᠠᠯᠠᠩ ᠮᠠᠯ ᠠᠵᠤ ᠠᠬᠤᠢ ᠪᠣᠬᠢᠷᠲᠤᠯ ᠥᠬᠡᠶ ᠠᠮᠢ ᠠᠬᠤᠶ ᠳᠠᠶᠢᠰᠢ | ᠬᠡᠯᠪᠡᠷᠢ ᠪᠠᠨ ᠬᠤᠪᠢᠷᠠᠭᠤᠯᠵᠤ᠂ ᠭᠦᠶᠭᠡᠨ ᠪᠤᠯᠠᠵᠤ ᠳᠤᠰᠤᠯᠭᠠᠨ ᠤᠰᠤᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 17.37 ᠲᠦᠮᠡᠨ ᠮᠥ ᠪᠠᠶᠢᠭᠤᠯᠵᠤ᠂ | ᠠᠮᠤ ᠪᠤᠳᠠᠭᠠᠨ ᠤ ᠤᠨᠠᠯᠲᠠ 3.2 ᠳ᠋ᠦᠩᠰᠢᠭᠤᠷ ᠵᠢᠩ ᠰᠢᠨ᠎ᠡ ᠪᠠᠷ ᠨᠡᠮᠡᠭᠳᠡᠨ᠂ 173 ᠳ᠋ᠦᠩᠰᠢᠭᠤᠷ ᠵᠢᠩ ᠳᠤ ᠬᠦᠷᠴᠦ᠂ ᠮᠠᠯ ᠠᠵᠤ ᠠᠬᠤᠢ ᠶᠢᠨ ᠣᠨ ᠤ | ᠠᠯᠠᠰᠢᠨ ᠦᠬᠡᠷ ᠤᠨ ᠬᠠᠰᠢᠶᠠᠯᠠᠯᠲᠠ ᠰᠢᠨ᠎ᠡ ᠪᠠᠷ 53.8 ᠲᠦᠮᠡ ᠨᠡᠮᠡᠭᠳᠡᠨ᠂ 295.5 ᠲᠦᠮᠡ ᠳᠤ ᠬᠦᠷᠴᠦ᠂ ᠪᠣᠬᠢᠷᠲᠤᠯ ᠥᠬᠡᠶ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠦᠷᠦᠯ ᠲᠡᠮᠳᠡᠭ ᠤᠨ ᠦᠨ᠎ᠡ ᠥᠷᠲᠡᠭ ᠢᠶᠠᠷ | ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ | ᠪᠤᠷᠤᠯᠠᠭᠤᠯᠬᠤ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠶᠢᠳᠠᠯ ᠦᠳᠲᠡᠷ ᠲᠦᠷᠭᠡᠨ ᠬᠥᠭᠵᠢᠪᠡ᠃ ᠰᠣᠶᠣᠯ ᠵᠢᠭᠤᠯᠴᠢᠯᠠᠯ ᠤᠨ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠡᠳᠬᠦᠵᠦ ᠱᠠᠩᠨᠠᠬᠤ ᠠᠷᠭ᠎ᠠ ᠶᠢ ᠨᠡᠶᠢᠲᠡᠯᠡᠪᠡ᠃ ᠮᠥᠩᠭᠦᠨ ᠭᠦᠶᠯᠭᠡᠭᠡ ᠪᠠᠷ ᠪᠣᠳᠠᠲᠤ ᠴᠣᠭᠴᠠ ᠶᠢᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ 30 ᠵᠤᠷᠪᠤᠰ ᠠᠷᠭ᠎ᠠ ᠬᠡᠮᠵᠢᠶ᠎ᠡ ᠶᠢ ᠲᠣᠭᠲᠠᠭᠠᠵᠤ᠂ ᠪᠥᠬᠦ ᠤᠯᠤᠰ ᠤᠨ ᠠᠩᠬᠠᠳᠠᠭᠴᠢ ︽ᠦᠬᠡᠷ ᠤᠨ | ᠪᠠᠩᠬᠢ︾ ᠶᠢ ᠪᠠᠶᠢᠭᠤᠯᠪᠠ᠃ ᠪᠥᠬᠦ ᠬᠤᠲᠠ ᠶᠢᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 1400.4 | ᠳ᠋ᠦᠩᠰᠢᠭᠤᠷ ᠲᠦᠭᠦᠷᠢᠭ ᠲᠤ ᠬᠦᠷᠴᠦ᠂ 17.2% ᠢᠶᠠᠷ ᠨᠡᠮᠡᠭᠳᠡᠵᠦ᠂ ᠡᠯ᠎ᠡ ᠵᠦᠶᠯ ᠤᠨ ᠵᠢᠭᠡᠯᠡᠯᠭᠡ ᠶᠢᠨ ᠦᠯᠡᠳᠡᠪᠦᠷᠢ 1058.8 ᠳ᠋ᠦᠩᠰᠢᠭᠤᠷ ᠲᠥᠭᠦᠷᠢᠭ ᠲᠤ | ᠬᠦᠷᠴᠦ᠂ 2.4% ᠪᠠᠷ ᠨᠡᠮᠡᠭᠳᠡᠪᠡ᠃ ᠬᠦᠷᠢᠶ᠎ᠡ ᠬᠤᠰᠢᠭᠤᠨ ᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠫᠠᠶᠢᠰᠠ ᠡᠯᠭᠦᠨ ᠪᠠᠶᠢᠭᠤᠯᠤᠭᠳᠠᠵᠤ᠂ ᠺᠠᠶᠢᠯᠦ | ᠰᠢᠶᠠᠨ᠂ ᠵᠠᠷᠤᠳ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠪᠠᠶᠢᠭᠤᠯᠤᠯ ᠢ ᠥᠭᠡᠷᠡᠴᠢᠯᠡᠵᠦ ᠬᠥᠳᠡᠭᠡ ᠲᠣᠰᠬᠤᠨ ᠤ ᠬᠤᠳᠠᠯᠳᠤᠭᠠᠨ | ᠤ ᠪᠠᠩᠬᠢ ᠶᠢ ᠵᠣᠬᠢᠶᠠᠨ ᠪᠠᠶᠢᠭᠤᠯᠬᠤ ᠠᠵᠢᠯ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠯ ᠢ ᠣᠯᠪᠠ᠃ ᠬᠤᠤᠯᠢᠩᠭᠤᠤᠯ ᠬᠤᠲᠠ ᠪᠥᠬᠦ ᠣᠷᠣᠨ ᠤ ᠠᠩᠬᠠᠳᠠᠭᠴᠢ | ᠤᠯᠤᠰ ᠤᠨ ᠠᠵᠤ ᠦᠶᠯᠡᠰ ᠮᠥᠩᠭᠦᠨ ᠭᠦᠶᠯᠭᠡᠭᠡᠨ ᠤ ᠬᠠᠮᠲᠤᠷᠠᠯᠴᠠᠭᠠᠨ ᠤ ᠲᠤᠷᠰᠢᠯᠲᠠ ᠶᠢᠨ ᠴᠡᠭ ᠤᠨ ᠬᠤᠲᠠ ᠪᠣᠯᠪᠠ᠃ | ︵ᠳᠥᠷᠪᠡ︶ ᠰᠠᠭᠤᠷᠢ ᠲᠦᠬᠦᠬᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ ᠢᠯᠡᠳᠲᠡ ᠳᠡᠭᠡᠭᠰᠢᠯᠡᠪᠡ᠃ ᠲᠦᠩᠯᠢᠶᠣᠤ ᠠᠴᠠ ᠪᠡᠭᠡᠵᠢᠩ ᠬᠥᠷᠬᠦ ᠲᠦᠷᠭᠡᠨ ᠤ | ᠲᠡᠮᠦᠷ ᠵᠠᠮ ᠵᠢᠩᠬᠢᠨᠢ ᠪᠠᠷ ᠨᠡᠪᠲᠡᠷᠡᠵᠦ᠂ ᠨᠡᠶᠢᠰᠯᠡᠯ ᠤᠨ ︽4 ᠴᠠᠭ ᠤᠨ ᠵᠠᠮ ᠬᠠᠷᠢᠯᠴᠠᠭᠠᠨ ᠤ ᠲᠣᠭᠤᠷᠢᠭ︾ ᠲᠤ ᠠᠭᠤᠰᠤᠯᠴᠠᠪᠠ᠃ ᠲᠦᠷᠭᠡᠨ ᠲᠡᠮᠦᠷ ᠵᠠᠮ ᠤᠨ | ᠥᠷᠲᠡᠭᠡ ᠪᠠ ᠳ᠋ᠠᠴᠢᠩ ᠠᠴᠠ ᠭᠤᠸᠠᠩᠵᠧᠦ ᠬᠦᠷᠬᠦ ᠲᠦᠷᠭᠡᠨ ᠵᠠᠮ ᠢ ᠬᠤᠯᠪᠣᠬᠤ ᠪᠠᠷᠢᠯᠭ᠎ᠠ ᠶᠢ ᠠᠵᠢᠯ ᠡᠬᠢᠯᠡᠬᠦᠯᠦᠨ ᠪᠦᠲᠦᠭᠡᠨ ᠪᠠᠶᠢᠭᠤᠯᠵᠤ᠂ ᠶᠢᠨ ᠪᠤᠤ ᠳᠦᠨ | ᠠᠴᠠ ᠭᠠᠨᠵᠤᠭ᠎ᠠ ᠬᠦᠷᠬᠦ᠂ ᠳᠠᠯᠠᠩ ᠠᠴᠠ ᠺᠠᠩ ᠫᠢᠩ ᠬᠦᠷᠬᠦ ᠵᠡᠷᠭᠡ 4 ᠵᠤᠷᠪᠤᠰ ᠬᠤᠶᠠᠳᠤᠭᠠᠷ ᠳᠡᠰ ᠤᠨ ᠵᠠᠰᠠᠮᠠᠯ ᠵᠠᠮ ᠢ ᠪᠠᠶᠢᠭᠤᠯᠵᠤ᠂ ᠬᠥᠳᠡᠭᠡ ᠲᠣᠰᠬᠤᠨ ᠤ | ᠵᠠᠰᠠᠮᠠᠯ ᠵᠠᠮ ᠢ 1169.7 ᠺᠢᠯᠤᠮᠧᠲᠷ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠪᠡᠶᠡᠯᠡᠬᠦᠯᠪᠡ᠃ ᠨᠠᠶᠮᠠᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ | ᠤᠨ ᠭᠤᠤᠯ ᠴᠣᠭᠴᠠ ᠶᠢᠨ ᠠᠵᠢᠯ ᠢ ᠳᠠᠭᠤᠰᠬᠠᠵᠤ᠂ ᠲᠦᠩᠯᠢᠶᠣᠤ ᠶᠢᠨ ᠨᠢᠰᠬᠡᠯ ᠤᠨ ᠪᠠᠭᠤᠳᠠᠯ ᠤᠨ ᠥᠷᠭᠡᠳᠬᠡᠨ ᠪᠠᠶᠢᠭᠤᠯᠤᠭᠰᠠᠨ ᠭᠦᠶᠦᠯᠲᠡ ᠶᠢᠨ ᠵᠠᠮ ᠢ | ᠠᠰᠢᠭᠯᠠᠯᠲᠠ ᠳᠤ ᠣᠷᠣᠭᠤᠯᠵᠤ᠂ 20 ᠵᠤᠷᠪᠤᠰ ᠠᠶᠠᠯᠠᠯ ᠤᠨ ᠱᠤᠭᠤᠮ ᠢ ᠨᠡᠪᠲᠡᠷᠡᠭᠦᠯᠪᠡ᠃ 10 ᠺᠢᠯᠣᠸᠠᠲ ᠤᠨ ᠱᠤᠭᠤᠮ ᠢ 1104 ᠺᠢᠯᠤᠮᠧᠲᠷ᠂ ᠳᠣᠣᠷ᠎ᠠ | ᠬᠦᠴᠦᠳᠡᠯᠲᠦ ᠱᠤᠭᠤᠮ ᠢ 1681 ᠺᠢᠯᠤᠮᠧᠲᠷ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ᠂ ᠨᠡᠭᠡᠭᠡᠯᠲᠡ ᠶᠢᠨ ᠲᠤᠭᠤᠷᠢᠭ ᠤᠨ ᠨᠡᠮᠡᠭᠳᠡᠯ | ᠴᠠᠬᠢᠯᠭᠠᠨ ᠲᠦᠭᠡᠭᠡᠬᠦ ᠲᠣᠣᠷ ᠢ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠣᠷᠤᠭᠤᠯᠪᠠ᠃ ᠳᠤᠮᠳᠠᠳᠤ ᠣᠷᠣᠰ ᠤᠨ ᠪᠠᠶᠢᠭᠠᠯᠢ ᠶᠢᠨ | ᠰᠢᠲᠠᠮᠠᠬᠠᠶ ᠬᠡᠢ ᠶᠢᠨ ᠬᠤᠭᠤᠯᠠᠶ ᠶᠢᠨ ᠱᠤᠭᠤᠮ ᠤᠨ ᠳᠤᠮᠳᠠ ᠬᠡᠰᠡᠭ ᠤᠨ ᠲᠦᠩᠯᠢᠶᠣᠤ ᠶᠢᠨ ᠬᠢᠯᠢ ᠳᠣᠲᠣᠷᠠᠬᠢ ᠪᠠᠷᠢᠯᠭ᠎ᠠ ᠶᠢ ᠪᠠᠶᠢᠭᠤᠯᠵᠤ ᠳᠠᠭᠤᠰᠬᠠᠨ | ᠠᠰᠢᠭᠯᠠᠯᠲᠠ ᠳᠤ ᠣᠷᠣᠭᠤᠯᠵᠤ᠂ ᠪᠦᠬᠦ ᠬᠤᠲᠠ ᠶᠢᠨ ᠬᠤᠯᠠ ᠳᠠᠮᠵᠢᠭᠤᠯᠬᠤ ᠬᠤᠭᠤᠯᠠᠶ ᠱᠤᠭᠤᠮ 500 ᠺᠢᠯᠣᠮᠧᠲᠷ ᠲᠤ ᠬᠦᠷᠪᠡ᠃ ᠮᠠᠯᠵᠢᠬᠤ ᠲᠠᠷᠢᠶᠠᠯᠠᠬᠤ | ᠣᠷᠣᠨ ᠤ 4G ᠰᠠᠭᠤᠷᠢ ᠥᠷᠲᠡᠭᠡ ᠶᠢ 3939 ᠪᠠᠶᠢᠭᠤᠯᠵᠤ᠂ 5G ᠰᠠᠭᠤᠷᠢ ᠥᠷᠲᠡᠭᠡ ᠶᠢ 785 ᠨᠡᠪᠲᠡᠷᠡᠭᠦᠯᠵᠦ᠂ ᠬᠤᠲᠠ ᠰᠢᠶᠠᠨ ᠤ ᠭᠤᠤᠯ ᠬᠤᠲᠠ ᠶᠢᠨ | ᠲᠣᠭᠤᠷᠢᠭ ᠲᠤ 5G ᠰᠦᠯᠵᠢᠶ᠎ᠡ ᠶᠢ ᠪᠦᠷᠢᠨ ᠬᠠᠮᠤᠷᠤᠭᠤᠯᠪᠠ᠃ | ︵ᠲᠠᠪᠤ︶ ᠠᠷᠠᠯᠵᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠴᠢᠬᠤᠯᠠ ᠠᠬᠢᠴᠠ ᠲᠠᠢ ᠪᠣᠯᠪᠠ᠃ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠫᠠᠶᠢᠰᠠ ᠡᠯᠭᠦᠨ ᠪᠠᠶᠢᠭᠤᠯᠵᠤ᠂ ︽ᠨᠢᠭᠡ ᠲᠠᠮᠠᠭ᠎ᠠ ᠪᠠᠷ ᠬᠢᠨᠠᠨ | ᠵᠥᠪᠰᠢᠶᠡᠷᠡᠬᠦ ᠶᠢ ᠬᠠᠮᠢᠶᠠᠷᠬᠤ︾ ᠶᠢ ᠬᠡᠷᠡᠭᠵᠢᠭᠦᠯᠪᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠶᠯ ᠤᠨ ᠪᠦᠬᠦ ᠶᠠᠪᠤᠴᠠ ᠶᠢ 68 ᠠᠵᠢᠯᠯᠠᠬᠤ ᠡᠳᠦᠷ | ᠤᠨ ᠳᠣᠲᠣᠷ᠎ᠠ ᠭᠦᠶᠴᠡᠳᠬᠡᠵᠦ ᠳᠠᠭᠤᠰᠬᠠᠬᠤ ᠶᠢ ᠪᠡᠶᠡᠯᠡᠭᠦᠯᠵᠦ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠵᠦᠶᠯ ᠤᠨ ᠪᠦᠬᠦ ᠶᠠᠪᠤᠴᠠ ᠶᠢ 60 | ᠠᠵᠢᠯᠯᠠᠬᠤ ᠡᠳᠦᠷ ᠤᠨ ᠳᠣᠲᠣᠷ᠎ᠠ ᠭᠦᠶᠴᠡᠳᠬᠡᠵᠦ ᠳᠠᠭᠤᠰᠬᠠᠬᠤ ᠶᠢ ᠪᠡᠶᠡᠯᠡᠭᠦᠯᠪᠡ᠃ ᠠᠵᠤ ᠠᠬᠤᠢᠢᠯᠠᠯ ᠡᠷᠭᠢᠯᠡᠬᠦ ᠶᠢ 2 ᠠᠵᠢᠯᠯᠠᠬᠤ ᠡᠳᠦᠷ ᠪᠣᠯᠭᠠᠨ | ᠪᠣᠭᠤᠨᠢᠰᠬᠠᠵᠤ᠂ ᠲᠤᠭᠲᠠᠮᠠᠯ ᠬᠥᠷᠥᠩᠭᠡ ᠶᠢ ᠳᠡᠩᠰᠡᠯᠡᠨ ᠲᠡᠮᠳᠡᠭᠯᠡᠬᠦ ᠶᠢ 5 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ | ᠶᠢ ᠰᠢᠨ᠎ᠡ ᠪᠠᠷ 3.5 ᠲᠦᠮᠡᠨ ᠡᠷᠦᠬᠡ ᠨᠡᠮᠡᠭᠳᠡᠭᠦᠯᠵᠦ᠂ 25.76 ᠲᠦᠮᠡᠨ ᠡᠷᠦᠬᠡ ᠪᠣᠯᠭᠠᠪᠠ᠃ ᠬᠤᠳᠠᠯᠳᠤᠭᠠᠴᠢᠨ ᠤᠷᠢᠵᠤ ᠪᠡᠯᠡ ᠮᠦᠡᠭᠭᠦ ᠤᠷᠤᠭᠤᠯᠤᠨ | ᠠᠪᠴᠢᠷᠠᠬᠤ 16 ᠵᠤᠷᠪᠤᠰ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠤᠳᠠᠯᠳᠤᠭᠠᠴᠢᠨ ᠤᠷᠢᠵᠤ ᠪᠡᠯᠡ | ᠮᠦᠡᠭᠭᠦ ᠤᠷᠤᠭᠤᠯᠤᠠ ᠠᠪᠴᠢᠷᠠᠬᠤ 114 ᠲᠥᠷᠥᠯ ᠵᠦᠢᠯ ᠳᠤ ᠰᠢᠨ᠎ᠡ ᠪᠠᠷ ᠭᠡᠷ᠎ᠡ ᠲᠣᠭᠲᠠᠵᠤ᠂ 131 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠪᠣᠳᠠᠲᠠᠶᠢᠵᠢᠭᠤᠯᠪᠠ᠃ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠬᠡᠮᠵᠢᠶ᠎ᠡ ᠶᠢ 33.4 ᠳ᠋ᠦᠩᠰᠢᠭᠤᠷ ᠲᠥᠭᠦᠷᠢᠭ ᠲᠤ ᠬᠦᠷᠭᠡᠵᠦ᠂ | 42.6% ᠪᠠᠷ ᠨᠡᠮᠡᠭᠳᠡᠭᠦᠯᠪᠡ᠃ | ︵ᠵᠢᠷᠭᠤᠭ᠎ᠠ︶ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠦᠷᠭᠦᠯᠵᠢᠯᠡᠨ ᠠᠬᠢᠭᠤᠯᠪᠠ᠃ ︽ᠤᠮᠠᠷᠠᠲᠦ ᠶᠢ ᠬᠠᠮᠠᠭᠠᠯᠠᠬᠤ᠂ ᠲᠤᠮᠳᠠᠲᠤ ᠳᠤ ᠤᠰᠤ | ᠠᠷᠪᠢᠯᠠᠬᠤ᠂ ᠡᠮᠦᠨᠡᠲᠦ ᠶᠢ ᠵᠠᠰᠠᠬᠤ︾ ᠶᠢ ᠪᠠᠷᠢᠮᠲᠠᠯᠠᠨ᠂ ᠬᠤᠷᠴᠢᠨ ᠤ ᠡᠯᠡᠰᠦᠷᠬᠡᠭ ᠭᠠᠵᠠᠷ ᠢ 302 ᠲᠦᠮᠡᠨ ᠮᠦ ᠶᠡᠷᠦᠩᠬᠡᠶᠢᠯᠡᠨ ᠵᠠᠰᠠᠬᠤ᠂ ᠪᠠᠶᠢᠭᠠᠯᠢ ᠶᠢᠨ | ᠨᠤᠲᠤᠭ ᠪᠡᠯᠴᠢᠭᠡᠷ ᠢ 300 ᠲᠦᠮᠡᠨ ᠮᠦ ᠰᠡᠷᠭᠦᠭᠡᠬᠦ ᠶᠢ ᠪᠡᠶᠡᠯᠡᠭᠦᠯᠵᠦ᠂ 3326 ᠲᠦᠮᠡᠨ ᠮᠦ ᠨᠤᠲᠤᠭ ᠪᠡᠯᠴᠢᠭᠡᠷ ᠲᠤ ᠪᠡᠯᠴᠢᠭᠡᠷᠯᠡᠭᠦᠯᠤᠨ ᠮᠠᠯᠵᠢᠬᠤ ᠶᠢ | ᠴᠠᠭᠠᠵᠠᠯᠠᠬᠤ᠂ 1080 ᠲᠦᠮᠡᠨ ᠮᠦ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠬᠡᠷᠡᠭᠵᠢᠭᠦᠯᠪᠡ᠃ ᠨᠠᠢᠮᠠᠨ ᠤ ᠮᠧᠩ ᠵᠢᠶᠠ ᠳ᠋ᠤᠸᠠᠨ ᠤᠯᠤᠰ ᠤᠨ | ᠨᠤᠭᠤ ᠭᠠᠵᠠᠷ ᠤᠨ ᠴᠡᠴᠡᠷᠯᠢᠭ ᠲᠤᠷᠰᠢᠯᠲᠠ ᠶᠢᠨ ᠴᠡᠭ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠪᠡ᠃ ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠶ ᠶᠢᠨ | ᠣᠢᠢᠵᠢᠭᠤᠯᠤᠯᠲᠠ ᠶᠢᠨ ᠲᠥᠷᠥᠯ ᠵᠦᠶᠯ ᠧᠦ᠋ᠷᠣᠫᠠ ᠶᠢᠨ ᠪᠠᠯᠠ ᠣᠷᠣᠭᠤᠯᠤᠯᠲᠠ ᠶᠢᠨ ᠪᠠᠩᠬᠢ ᠶᠢᠨ 3 ᠳ᠋ᠦᠩᠰᠢᠭᠤᠷ ᠧᠦ᠋ᠷᠣᠫᠠ ᠲᠥᠭᠦᠷᠢᠭ ᠤᠨ ᠵᠢᠭᠡᠯᠡᠯᠭᠡ ᠤᠯᠪᠠ | ᠃ ᠬᠤᠤᠯᠢᠩᠭᠤᠤᠯ ᠤᠨ ᠵᠠᠳᠠᠭᠠᠶ ᠨᠡᠭᠦᠷᠡᠰᠦᠨ ᠠᠭᠤᠷᠬᠠᠶ ᠶᠢ ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ ᠠᠭᠤᠷᠬᠠᠶ ᠶᠢᠨ ᠠᠮᠢ ᠠᠬᠤᠶ ᠶᠢ ᠵᠠᠰᠠᠨ | ᠰᠡᠷᠭᠦᠭᠡᠭᠰᠡᠨ ᠨᠡᠶᠢᠲᠡᠯᠢᠭ ᠵᠢᠱᠢᠶ᠎ᠡ ᠪᠣᠯᠭᠠᠵᠤ᠂ ᠪᠥᠬᠦ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ | ᠮᠠᠨ ᠤ ᠬᠤᠲᠠ ᠳᠤ ᠬᠤᠷᠠᠯᠳᠤᠪᠠ᠃ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠶᠢ ᠡᠬᠢᠯᠡᠭᠦᠯᠦᠨ | ᠬᠡᠷᠡᠭᠵᠢᠭᠦᠯᠵᠦ᠂ ᠪᠠᠷᠠᠭᠤᠨ ᠯᠢᠶᠤᠤ ᠡᠾᠧ ᠭᠤᠣᠯ ᠤᠨ ᠭᠤᠣᠯ ᠤᠷᠤᠰᠬᠠᠯ ᠤᠨ ᠵᠠᠮ 20 ᠵᠢᠯ ᠤᠨ ᠳᠠᠷᠠᠭ᠎ᠠ ᠠᠩᠬ᠎ᠠ ᠤᠳᠠᠭ᠎ᠠ 1000 ᠲᠦᠮᠡᠨ ᠪᠣᠰᠤᠭ᠎ᠠ | ᠳᠥᠷᠪᠡᠯᠵᠢᠨ ᠮᠧᠲᠷ ᠤᠨ ᠠᠮᠢ ᠠᠬᠤᠶ ᠶᠢᠨ ᠤᠰᠤ ᠨᠦᠬᠦᠪᠦᠷᠢᠯᠡᠪᠡ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠪᠦᠬᠦ ᠬᠤᠲᠠ ᠶᠢᠨ ᠠᠷᠠᠳ ᠤᠨ ᠠᠮᠢᠳᠤᠷᠠᠯ ᠤᠨ | ᠵᠠᠷᠤᠯᠭ᠎ᠠ 285.7 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠠ ᠶᠢᠨ ᠲᠥᠰᠦᠪ ᠤᠨ ᠶᠡᠷᠦᠩᠬᠡᠢ ᠵᠠᠷᠤᠯᠭ᠎ᠠ ᠶᠢᠨ 74% ᠶᠢ ᠡᠵᠡᠯᠡᠪᠡ᠃ | 35.7 ᠲᠦᠮᠡᠨ ᠮᠠᠯᠴᠢᠨ ᠲᠠᠷᠢᠶᠠᠴᠢᠨ ᠢ ᠲᠣᠭᠲᠠᠭᠤᠨ ᠢᠶᠠᠷ ᠰᠢᠯᠵᠢᠭᠦᠯᠦᠨ ᠠᠵᠢᠯ ᠣᠯᠭᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 17546 ᠬᠥᠮᠦᠨ | ᠳᠤ ᠠᠵᠢᠯ ᠣᠯᠭᠤᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠡᠬᠢᠨ ᠤ ᠣᠨ ᠠᠴᠠ ︽ᠢᠯᠡ ᠪᠠᠷ ᠰᠤᠷᠤᠭᠴᠢ ᠡᠯᠰᠡᠬᠦ︾᠂ ︽ | ᠲᠡᠩᠴᠡᠭᠦᠷᠢᠲᠡᠶ ᠠᠩᠭᠢ ᠬᠤᠪᠢᠶᠠᠬᠤ︾ ᠶᠢ ᠪᠡᠶᠡᠯᠡᠭᠦᠯᠪᠡ᠃ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ ᠳᠠᠬᠢᠨ ᠪᠠᠶᠢᠭᠤᠯᠵᠤ᠂ ᠬᠤᠲᠠ | ᠶᠢᠨ 3 ᠡᠮᠴᠢᠯᠡᠭᠡᠨ ᠤ ᠪᠦᠯᠦᠭᠯᠡᠯ᠂ ᠰᠢᠶᠠᠨ ᠤ ᠬᠡᠪᠴᠢᠶᠡᠨ ᠤ 21 ᠡᠮᠴᠢᠯᠡᠭᠡᠨ ᠤ ᠬᠠᠮᠲᠤ ᠴᠣᠭᠴᠠ ᠶᠢ ᠪᠠᠶᠢᠭᠤᠯᠪᠠ᠃ ᠬᠤᠲᠠ ᠬᠥᠳᠡᠭᠡ ᠶᠢᠨ ᠨᠠᠭᠠᠳᠤ ᠵᠠᠬ᠎ᠠ | ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠨᠦᠬᠦᠪᠦᠷᠢ ᠶᠢᠨ ᠬᠡᠮᠵᠢᠶ᠎ᠡ ᠶᠢ ᠦᠷᠬᠦᠯᠵᠢᠯᠡᠨ ᠨᠡᠮᠡᠭᠳᠡᠬᠦᠯᠪᠡ᠃ ᠨᠠᠰᠤᠵᠢᠯ ᠤᠨ ᠠᠰᠠᠷᠠᠮᠵᠢ ᠶᠢᠨ ᠣᠷᠣ ᠶᠢ ᠰᠢᠨ᠎ᠡ | ᠪᠠᠷ 1000 ᠨᠡᠮᠡᠭᠳᠡᠭᠦᠯᠪᠡ᠃ 383 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠵᠦ᠂ 140 ᠲᠦᠮᠡᠨ ᠲᠡᠭᠰᠢ ᠳᠥᠷᠪᠡᠯᠵᠢᠨ ᠮᠧᠲᠷ ᠤᠨ | ᠬᠠᠭᠤᠴᠢᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠨ ᠰᠢᠨᠡᠳᠬᠡᠵᠦ᠂ ᠭᠡᠷ ᠭᠠᠵᠠᠷ ᠬᠥᠷᠥᠩᠭᠡ ᠶᠢᠨ ᠬᠦᠷᠢᠶᠡᠨ ᠤ ᠪᠤᠴᠠᠵᠤ | ᠨᠡᠬᠦᠬᠦ ᠳᠤ ᠬᠦᠴᠢᠷ᠂ ᠨᠡᠭᠦᠵᠤ ᠤᠷᠤᠬᠤ ᠳᠤ ᠬᠦᠴᠢᠷ᠂ ᠦᠨᠡᠮᠯᠡᠯ ᠠᠪᠬᠤ ᠳᠤ ᠬᠦᠴᠢᠷ ᠲᠠᠢ 239 ᠵᠦᠢᠯ ᠤᠨ 7.98 ᠲᠦᠮᠡᠨ ᠢᠵᠢ ᠰᠢᠢᠳᠪᠦᠷᠢᠯᠡᠪᠡ᠃ | ᠭᠤᠣᠯ ᠬᠤᠲᠠ ᠶᠢᠨ ᠲᠣᠭᠤᠷᠢᠭ ᠲᠤ 56 ᠰᠠᠭᠤᠷᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠭ᠂ ᠯᠢᠶᠤᠤ ᠾᠧ ᠭᠤᠤᠯ ᠤᠨ ᠨᠤᠭᠤ ᠭᠠᠵᠠᠷ ᠤᠨ | ᠴᠡᠴᠡᠷᠯᠢᠭ ᠤᠨ ᠶᠠᠪᠠᠭᠠᠨ ᠬᠥᠮᠦᠨ ᠤ ᠵᠠᠮ ᠤᠨ ᠰᠢᠰᠲ᠋ᠧᠮ ᠵᠡᠷᠭᠡ ᠨᠢᠭᠡ ᠪᠦᠯᠦᠭ ᠬᠤᠲᠠ ᠶᠢᠨ ᠴᠢᠳᠠᠪᠬᠢ ᠶᠢ ᠲᠡᠭᠦᠯᠳᠡᠷᠵᠢᠭᠦᠯᠬᠦ ᠢᠵᠢ ᠪᠦᠷᠢᠳᠦᠭᠦᠯᠬᠦ ᠲᠥᠷᠦᠯ | ᠵᠦᠢᠯ ᠠᠰᠢᠭᠯᠠᠯᠲᠠ ᠳᠤ ᠣᠷᠣᠪᠠ᠃ ᠤᠷᠤᠰᠢᠨ ᠰᠠᠭᠤᠷᠢᠰᠢᠬᠤ ᠣᠷᠴᠢᠨ ᠲᠤᠭᠤᠷᠢᠨ ᠢ ᠴᠡᠭᠴᠡᠯᠡᠬᠦ ᠭᠤᠷᠪᠠᠨ ᠵᠢᠯ ᠤᠨ ᠠᠵᠢᠯᠯᠠᠭ᠎ᠠ ᠶᠢ ᠦᠷᠨᠢᠭᠦᠯᠵᠤ᠂ ᠮᠠᠯᠵᠢᠬᠤ | ᠲᠠᠷᠢᠶᠠᠯᠠᠬᠤ ᠣᠷᠣᠨ ᠤ 16.1 ᠲᠦᠮᠡᠨ ᠡᠷᠦᠬᠡ ᠶᠢᠨ ᠵᠤᠷᠯᠤᠩ ᠢ ᠥᠭᠡᠷᠡᠴᠢᠯᠡᠨ ᠦᠭᠴᠤ᠂ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 4. | 7% ᠪᠠᠶᠢᠭᠰᠠᠨ ᠠᠴᠠ 35.4% ᠪᠣᠯᠲᠠᠯ᠎ᠠ ᠳᠡᠭᠡᠭᠰᠢᠯᠡᠬᠦᠯᠪᠡ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠶᠳᠪᠦᠷᠢᠯᠡᠬᠦ ᠣᠨ︾ ᠤ ᠲᠤᠰᠬᠠᠶ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠲᠦᠮᠵᠢᠲᠡᠶ ᠰᠢᠶᠳᠪᠦᠷᠢᠯᠡᠪᠡ᠃ ᠦᠨᠳᠦᠰᠦᠲᠡᠨ | ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠦᠷᠨᠢᠭᠦᠯᠪᠡ᠃ ︽ᠪᠥᠬᠦ ᠤᠯᠤᠰ ᠤᠨ | ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠲᠠᠪᠤᠨ ᠵᠢᠯ ᠳᠠᠷᠠᠭᠠᠯᠠᠨ ᠲᠡᠷᠢᠭᠦᠯᠡᠬᠦ ᠶᠢ ᠪᠡᠶᠡᠯᠡᠬᠦᠯᠪᠡ᠃ ᠳᠣᠯᠣᠳᠤᠭᠠᠷ ᠤᠳᠠᠭ᠎ᠠ ᠶᠢᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢ ᠪᠦᠬᠦ ᠲᠠᠯ᠎ᠠ ᠪᠠᠷ ᠦᠷᠨᠢᠭᠦᠯᠪᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ 141 ᠰᠠᠨᠠᠭᠤᠯᠭ᠎ᠠ᠂ ᠤᠯᠤᠰ | ᠲᠦᠷᠦ ᠶᠢᠨ ᠵᠦᠪᠯᠡᠯᠭᠡᠨ ᠤ ᠭᠡᠰᠢᠭᠦᠨ ᠤ 233 ᠲᠣᠷᠠᠳᠤᠯᠭᠠ ᠶᠢ ᠰᠢᠢᠳᠪᠦᠷᠢᠯᠡᠵᠤ᠂ ᠰᠢᠢᠳᠪᠦᠷᠢᠯᠡᠵᠤ ᠬᠠᠷᠢᠭᠤ ᠦᠭᠭᠦᠭᠰᠡᠨ ᠨᠤᠷᠮ᠎ᠠ ᠪᠤᠶᠤ 100% ᠳᠤ | ᠬᠦᠷᠪᠡ᠃ ᠷᠠᠳᠢᠣ᠋ ᠲᠧᠯᠸᠢᠰ᠂ ᠪᠡᠶ᠎ᠡ ᠶᠢᠨ ᠲᠠᠮᠢᠷ᠂ ᠳᠠᠩᠰᠠ ᠡᠪᠬᠡᠮᠡᠯ᠂ ᠲᠡᠦᠬᠡ ᠣᠢᠢᠯᠠᠯᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ᠂ | ᠴᠠᠭ ᠠᠭᠤᠷ ᠵᠡᠷᠭᠡ ᠠᠵᠢᠯ ᠢ ᠴᠢᠩᠭᠠᠳᠬᠠᠵᠤ᠂ ᠡᠮᠡᠭᠲᠡᠶᠢᠴᠦᠳ ᠬᠡᠦᠬᠡᠳ ᠪᠠᠭᠠᠴᠤᠤᠳ᠂ ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ᠂ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠨᠠᠰᠤᠲᠠᠶᠢᠴᠤᠳ ᠪᠣᠯᠤᠨ ᠵᠡᠮᠳᠡᠭᠴᠦᠳ ᠵᠡᠷᠭᠡ ᠶᠢᠨ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠪᠠ᠃ | ᠲᠥᠯᠥᠭᠡᠯᠡᠭᠴᠢᠳ ᠡ᠂ 2020 ᠣᠨ ᠤ ᠭᠤᠣᠯ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠶᠠᠪᠤᠳᠠᠯ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠤᠷᠤᠭᠰᠢᠲᠠᠢ ᠰᠡᠭᠦᠯ ᠬᠤᠷᠢᠶᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠬᠦ ᠰᠢᠢᠳᠪᠦᠷᠢᠲᠦ ᠴᠢᠨᠠᠷᠲᠠᠢ ᠢᠯᠠᠯᠲᠠ | ᠤᠯᠤᠭᠰᠠᠨ ᠭᠡᠳᠡᠭ ᠢ ᠬᠠᠷᠠᠭᠤᠯᠵᠤ ᠪᠠᠶᠢᠨ᠎ᠠ᠃ ᠲᠠᠪᠤᠨ ᠵᠢᠯ ᠤᠨ ᠲᠤᠷᠰᠢ᠂ ᠠᠵᠤ ᠠᠬᠤᠢ ᠨᠡᠶᠢᠭᠡᠮ ᠤᠨ ᠬᠦᠭᠵᠢᠯᠲᠡ ᠲᠤᠭᠲᠠᠭᠤᠨ ᠤ ᠲᠤᠮᠳᠠ ᠠᠬᠢᠴᠠ ᠲᠠᠢ | ᠪᠤᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠯ ᠪᠦᠷᠢ ᠳᠤᠮᠳᠠᠴᠢ ᠪᠠᠷ 2.8% ᠪᠠᠷ ᠨᠡᠮᠡᠭᠳᠡᠵᠦ᠂ ᠬᠤᠲᠠ ᠬᠥᠳᠡᠭᠡ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠢᠢᠴᠠ ᠣᠷᠣᠯᠭ᠎ᠠ ᠵᠢᠯ ᠪᠦᠷᠢ ᠳᠤᠮᠳᠠᠴᠢ ᠪᠠᠷ ᠲᠣᠰ ᠲᠣᠰ 6.5 % ᠪᠠ 9.2% | ᠢᠶᠠᠷ ᠨᠡᠮᠡᠭᠳᠡᠪᠡ᠃ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 50% ᠶᠢ ᠳᠠᠪᠠᠪᠠ᠃ ᠲᠠᠪᠤᠨ ᠵᠢᠯ ᠤᠨ ᠲᠤᠷᠰᠢ᠂ | ᠬᠥᠭᠵᠢᠯᠲᠡ ᠶᠢᠨ ᠠᠷᠭ᠎ᠠ ᠮᠠᠶ᠋ᠢᠭ ᠢᠶᠠᠨ ᠲᠦᠷᠭᠡᠳᠬᠡᠨ ᠬᠤᠪᠢᠷᠠᠭᠤᠯᠵᠤ᠂ ᠡᠬᠢ ᠪᠠᠶᠠᠯᠢᠭ ᠤᠨ ᠬᠡᠯᠪᠡᠷᠢ ᠪᠦᠬᠦᠢ ᠠᠵᠤ ᠦᠢᠯᠡᠰ ᠤᠨ ᠬᠡᠮᠵᠢᠶ᠎ᠡ ᠪᠠᠨ ᠪᠠᠭᠠᠰᠬᠠᠨ | ᠦᠢᠯᠡᠳᠪᠦᠷᠢᠯᠡᠬᠦ᠂ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠵᠤ᠂ ᠨᠡᠭᠦᠷᠡᠰᠦ ᠴᠠᠬᠢᠯᠭᠠᠨ ᠬᠥᠩᠭᠡᠨᠴᠠᠭᠠᠨ ᠢ ᠨᠢᠭᠡ ᠴᠤᠭᠴᠠᠵᠢᠭᠤᠯᠤᠨ | ᠡᠷᠬᠢᠯᠳᠤᠬᠦᠯᠤᠨ ᠬᠥᠭᠵᠢᠭᠦᠯᠬᠦ᠂ ᠬᠤᠤᠯᠢᠩᠭᠤᠤᠯ ᠤᠨ ᠡᠷᠬᠢᠯᠳᠡᠳᠤ ᠠᠵᠤ ᠠᠬᠤᠶ ᠶᠢᠨ ᠵᠢᠱᠢᠶ᠎ᠡ ᠦᠵᠡᠭᠦᠯᠬᠦ ᠢᠨᠵᠧᠨᠧᠷᠢᠩ ︽ᠤᠯᠤᠰ ᠤᠨ ᠴᠢᠨᠠᠷ ᠰᠠᠶᠢᠲᠠᠶ | ᠢᠨᠵᠧᠨᠧᠷᠢᠩ ᠤᠨ ᠱᠠᠩᠨᠠᠯ︾ ᠢ ᠬᠦᠷᠲᠡᠪᠡ᠃ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠡᠵᠡᠯᠡᠬᠦ ᠬᠠᠷᠢᠴᠠᠯ 43% ᠪᠣᠯᠤᠨ ᠳᠡᠭᠡᠭᠰᠢᠯᠡᠵᠦ᠂ ᠤᠯᠤᠰ | ᠠᠴᠠ ᠮᠠᠨ ᠤ ᠬᠤᠲᠠ ᠶᠢ ᠰᠢᠨ᠎ᠡ ᠡᠨᠧᠷᠭᠢ ᠶᠢᠨ ᠬᠦᠷᠢᠶ᠎ᠡ ᠬᠡᠪᠴᠢᠶᠡᠨ ᠤ ᠲᠤᠷᠰᠢᠯᠲᠠ ᠶᠢᠨ ᠴᠡᠭ ᠢᠶᠠᠷ ᠲᠣᠭᠲᠠᠭᠠᠪᠠ᠃ ᠭᠦᠢᠬᠡᠨ ᠪᠤᠯᠠᠵᠤ ᠲᠤᠰᠤᠯᠭᠠᠨ ᠤᠰᠤᠯᠠᠬᠤ | ᠪᠠᠷ ᠭᠤᠣᠯ ᠪᠣᠯᠭᠠᠭᠰᠠᠨ ᠥᠨᠳᠥᠷ ᠪᠦᠲᠦᠮᠵᠢᠲᠡᠢ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 572 ᠲᠦᠮᠡᠨ ᠮᠦ ᠪᠠᠶᠢᠭᠤᠯᠵᠤ᠂ ᠵᠢᠯ ᠳᠤ 10 | ᠳ᠋ᠦᠩᠰᠢᠭᠤᠷ ᠵᠢᠩ ᠠᠮᠤ ᠪᠤᠳᠠᠭ᠎ᠠ ᠨᠡᠮᠡᠭᠳᠡᠭᠦᠯᠵᠦ᠂ 6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠵᠤ᠂ ᠬᠤᠷᠴᠢᠨ ᠵᠡᠭᠦᠨ ᠭᠠᠷᠤᠨ ᠳᠤᠮᠳᠠᠳᠤ | ᠬᠤᠰᠢᠭᠤᠨ ᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠪᠣᠯᠭᠠᠨ ᠳᠡᠰ ᠳᠡᠪᠰᠢᠭᠦᠯᠵᠦ᠂ ᠺᠠᠶᠢᠯᠦ ᠰᠢᠶᠠᠨ ᠳᠤᠮᠳᠠᠳᠤ ᠤᠯᠤᠰ ᠤᠨ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠳᠥᠷᠪᠡᠳᠦᠭᠡᠷ ᠪᠦᠯᠦᠭ | ᠤᠨ ᠳᠠᠪᠠᠭᠤᠯᠢᠭ ᠣᠷᠣᠨ ᠢᠶᠠᠷ ᠦᠨᠡᠯᠡᠭᠳᠡᠪᠡ᠃ ᠮᠠᠨ ᠤ ᠬᠤᠲᠠ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠠᠯᠠᠰᠢᠨ ᠦᠬᠡᠷ ᠤᠨ ᠬᠤᠲᠠ︾᠂ ︽ᠳᠤᠮᠳᠠᠳᠤ | ᠤᠯᠤᠰ ᠤᠨ ᠮᠣᠩᠭᠤᠯ ᠡᠮ ᠡᠮᠨᠡᠯᠭᠡ ᠶᠢᠨ ᠬᠤᠲᠠ︾᠂ ︽ᠳᠤᠮᠳᠠᠳᠤ ᠤᠯᠤᠰ ᠤᠨ ᠮᠣᠩᠭᠤᠯ ᠬᠤᠭᠤᠯᠠᠨ ᠤ ᠬᠤᠲᠠ︾᠂ ︽ᠪᠦᠬᠦ ᠤᠯᠤᠰ ᠤᠨ ᠦᠪᠡᠰᠤᠪᠡᠨ | ᠲᠡᠷᠭᠡ ᠵᠢᠯᠣᠭᠤᠳᠴᠤ ᠵᠢᠭᠤᠯᠴᠢᠯᠠᠬᠤ ᠵᠣᠷᠢᠭᠰᠠᠨ ᠭᠠᠵᠠᠷ ᠤᠨ ᠲᠤᠷᠰᠢᠯᠲᠠ ᠶᠢᠨ ᠬᠤᠲᠠ︾᠂ ︽ᠥᠷᠭᠡᠨ ᠪᠦᠰᠡᠲᠦ ᠵᠢᠱᠢᠶ᠎ᠡ ᠦᠵᠡᠭᠦᠯᠬᠦ ᠬᠤᠲᠠ︾ ᠪᠠᠷ | ᠨᠡᠷᠡᠶᠢᠳᠦᠭᠳᠡᠪᠡ᠃ ᠲᠠᠪᠤᠨ ᠵᠢᠯ ᠤᠨ ᠲᠤᠷᠰᠢ᠂ ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠥᠬᠡᠶ ᠭᠦᠨᠵᠡᠭᠡᠶᠢᠷᠡᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠪᠤᠲᠠᠲᠠᠢ ᠠᠬᠢᠯᠲᠠ ᠲᠠᠢ ᠪᠤᠯᠵᠤ᠂ ᠤᠷᠤᠨ ᠨᠤᠲᠤᠭ ᠤᠨ ᠡᠵᠡᠩᠨᠡᠯᠲᠡ ᠶᠢᠨ ᠴᠢᠨᠠᠷᠲᠠᠢ ᠤᠯᠤᠰ ᠤᠨ ᠦᠮᠴᠢᠯᠡᠯ ᠤᠨ ᠡᠳ᠋ ᠬᠥᠷᠦᠩᠭᠡ | ᠲᠦᠪᠯᠡᠷᠡᠭᠦᠯᠤᠨ ᠨᠢᠭᠡᠲᠦᠯᠲᠡᠢ ᠬᠢᠨᠠᠠ ᠬᠠᠮᠢᠶᠠᠷᠤᠯᠲᠠ ᠬᠢᠬᠦ ᠶᠢ ᠪᠡᠶᠡᠯᠡᠭᠦᠯᠪᠡ᠃ ᠠᠵᠤ ᠠᠬᠤᠢᠢᠯᠠᠯ ᠤᠨ ᠳᠠᠷᠤᠭᠠᠰᠤ ᠶᠢ ᠬᠥᠩᠭᠡᠷᠡᠭᠦᠯᠵᠦ ᠦᠷ᠎ᠡ ᠠᠰᠢᠭ ᠢ | ᠨᠡᠮᠡᠭᠳᠡᠭᠦᠯᠦᠭᠰᠡᠨ ᠠᠵᠢᠯ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠳᠤ ᠰᠠᠶᠢᠰᠢᠶᠠᠬᠳᠠᠪᠠ᠃ | ᠪᠥᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠵᠦ᠂ ᠤᠯᠤᠰ ᠤᠨ ᠲᠠᠰ ᠤᠨ ᠠᠯᠠᠰᠢᠨ ᠦᠬᠡᠷ ᠤᠨ ᠭᠠᠳᠠᠭᠠᠳᠤ ᠠᠷᠠᠯᠵᠢᠶᠠᠨ ᠤ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠰᠠᠭᠤᠷᠢᠨ ᠭᠠᠵᠠᠷ ᠢᠶᠠᠷ ᠵᠥᠪᠰᠢᠶᠡᠷᠡᠭᠳᠡᠵᠦ᠂ ᠲᠠᠪᠤᠨ ᠵᠢᠯ ᠳᠤ ᠨᠡᠶᠢᠲᠡ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ 696 ᠲᠥᠷᠥᠯ ᠵᠦᠶᠯ ᠳᠤ ᠭᠠᠷ ᠤᠨ ᠥᠰᠥᠭ ᠵᠢᠷᠤᠵᠤ᠂ 1959.45 ᠳ᠋ᠦᠩᠰᠢᠭᠤᠷ ᠲᠥᠭᠦᠷᠢᠭ ᠤᠨ ᠪᠠᠯᠠ | ᠮᠥᠩᠭᠦ ᠶᠢ ᠪᠣᠳᠠᠲᠠᠶᠢᠵᠢᠭᠤᠯᠪᠠ᠃ ᠲᠠᠪᠤᠨ ᠵᠢᠯ ᠤᠨ ᠲᠤᠷᠰᠢ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠲᠥᠪ ᠤᠨ | ᠲᠣᠭᠤᠷᠢᠨ ᠪᠠᠶᠢᠴᠠᠭᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠵᠤ︾ ᠬᠠᠷᠢᠭᠤ ᠲᠤᠰᠬᠠᠭᠰᠠᠨ | ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠥᠭᠡᠷᠡᠴᠢᠯᠡᠨ ᠰᠠᠶᠢᠵᠢᠷᠠᠭᠤᠯᠬᠤ ᠪᠡᠯᠡ ᠮᠥᠩᠭᠦ ᠶᠢ ᠨᠡᠶᠢᠳᠡ | 76.86 ᠳ᠋ᠦᠩᠰᠢᠭᠤᠷ ᠲᠥᠭᠦᠷᠢᠭ ᠣᠷᠣᠭᠤᠯᠪᠠ᠃ ︽ᠳᠥᠷᠪᠡᠨ ᠮᠢᠩᠭᠠᠨ ᠲᠦᠮᠡᠨ ᠮᠦ︾ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ | ᠦᠨᠳᠦᠰᠦᠨ ᠳᠤ ᠪᠠᠨ ᠪᠡᠶᠡᠯᠡᠭᠦᠯᠵᠦ᠂ ᠪᠦᠬᠦ ᠬᠤᠲᠠ ᠶᠢᠨ ᠣᠢ ᠰᠢᠭᠤᠢ ᠶᠢᠨ ᠪᠦᠷᠬᠦᠴᠡ 23.78% ᠳᠤ ᠬᠦᠷᠴᠦ᠂ ᠨᠤᠲᠤᠭ ᠪᠡᠯᠴᠢᠭᠡᠷ ᠤᠨ ᠤᠷᠭᠤᠮᠠᠯ ᠤᠨ | ᠪᠦᠷᠬᠦᠴᠡ 62% ᠲᠤ ᠬᠦᠷᠴᠦ᠂ ︽ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠬᠤᠲᠠ︾ ᠪᠠᠷ ᠦᠨᠡᠯᠡᠭᠳᠡᠪᠡ᠃ ᠲᠠᠪᠤᠨ ᠵᠢᠯ ᠤᠨ ᠲᠤᠷᠰᠢ᠂ | ᠬᠤᠲᠠ ᠬᠥᠳᠡᠭᠡ ᠶᠢᠨ ᠳᠦᠷᠢ ᠲᠥᠷᠬᠦ ᠰᠢᠨᠡᠳᠴᠦ᠂ ᠤᠯᠤᠰ ᠤᠨ ᠡᠷᠡᠬᠦᠯ ᠬᠠᠮᠠᠭᠠᠯᠠᠯ ᠤᠨ ᠬᠤᠲᠠ᠂ ᠪᠦᠬᠦ ᠤᠯᠤᠰ ᠤᠨ ᠪᠣᠯᠪᠠᠰᠤᠨ ᠬᠤᠲᠠ ᠶᠢ ᠠᠮᠵᠢᠯᠲᠠᠲᠠᠢ | ᠡᠭᠦᠳᠦᠨ ᠪᠠᠶᠢᠭᠤᠯᠪᠠ᠃ ᠬᠤᠤᠯᠢᠨ ᠭᠤᠤᠯ ᠶᠡᠭᠡ ᠵᠡᠬᠡᠯᠢ ᠶᠢᠨ ᠵᠡᠬᠦᠨ ᠭᠠᠷᠬᠤ ᠵᠠᠮ ᠢ ᠦᠷᠬᠡᠳᠬᠡᠨ ᠪᠠᠶᠢᠭᠤᠯᠵᠤ᠂ ᠰᠢᠨ᠎ᠠ ᠡᠷᠢᠨ ᠵᠠᠭᠤᠨ ᠶᠡᠭᠡ ᠬᠦᠬᠦᠷᠬᠡ ᠶᠢᠨ | ᠵᠠᠯᠭᠠᠬᠤ ᠱᠤᠭᠤᠮ ᠪᠠ ᠬᠠᠷᠢᠯᠴᠠᠨ ᠨᠡᠪᠳᠡᠷᠡᠬᠦ ᠵᠦᠷᠢᠯᠯᠢᠭ ᠵᠠᠮ ᠵᠡᠷᠬᠡ ᠢᠨᠵᠧᠨ᠋ᠧᠷᠢᠩ ᠠᠰᠢᠬᠯᠠᠯᠳᠡ ᠳᠤ ᠤᠷᠤᠵᠤ ᠲᠡᠷᠬᠡ ᠨᠡᠪᠳᠡᠷᠡᠪᠡ᠃ ᠰᠢᠨ ᠮᠢᠨ ᠠᠴᠠ | ᠲᠦᠩᠯᠢᠶᠣᠣ ᠬᠦᠷᠬᠦ ᠲᠦᠷᠭᠡᠨ ᠤ ᠲᠡᠮᠦᠷ ᠵᠠᠮ ᠨᠡᠪᠲᠡᠷᠡᠵᠤ᠂ ᠲᠡᠬᠡᠳᠤ ᠲᠡᠰ ᠤᠨ ᠵᠠᠰᠠᠮᠠᠯ ᠵᠠᠮ ᠢ ᠰᠢᠨ᠎ᠡ ᠪᠠᠷ 867 ᠺᠢᠯᠣᠮᠧᠲᠷ ᠨᠡᠮᠡᠭᠳᠡᠵᠤ᠂ ᠭᠤᠤᠯ ᠬᠤᠲᠠ | ᠲᠣᠭᠤᠷᠢᠭ ᠠᠴᠠ ᠬᠤᠰᠢᠭᠤ ᠰᠢᠶᠠᠨ ᠬᠤᠲᠠ ᠶᠢᠨ ᠵᠠᠰᠠᠭ ᠵᠠᠬᠢᠷᠭᠠᠨ ᠤ ᠰᠠᠭᠤᠭ᠎ᠠ ᠪᠠᠯᠭᠠᠰᠤ ᠬᠦᠷᠲᠡᠯ᠎ᠡ ᠶᠢᠨ ᠪᠦᠷ ᠲᠡᠬᠡᠳᠤ ᠲᠡᠰ ᠤᠨ ᠵᠠᠰᠠᠮᠠᠯ ᠵᠠᠮ ᠨᠡᠪᠲᠡᠷᠡᠵᠦ᠂ | ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠪᠦᠬᠦᠨ ᠳᠤ ᠱᠦᠶᠨᠢ ᠶᠢᠨ ᠵᠠᠮ᠂ ᠡᠭᠡᠯᠵᠢ ᠶᠢᠨ ᠠᠶᠠᠨᠴᠢᠨ ᠤ ᠲᠡᠷᠭᠡ ᠨᠡᠪᠲᠡᠷᠡᠪᠡ᠃ ᠲᠠᠪᠤᠨ ᠵᠢᠯ ᠤᠨ ᠲᠤᠷᠰᠢ᠂ ᠠᠷᠠᠳ | ᠤᠨ ᠠᠮᠢᠳᠤᠷᠠᠯ ᠤᠨ ᠪᠤᠶᠠᠨ ᠬᠡᠰᠢᠭ ᠲᠠᠰᠤᠷᠠᠯᠲᠠ ᠦᠭᠡᠢ ᠴᠢᠩᠭᠠᠷᠠᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ | ᠤᠨ ᠪᠠᠷᠢᠮᠵᠢᠶᠠᠵᠢᠯᠲᠠ᠂ ᠲᠡᠩᠴᠡᠭᠦᠷᠢᠵᠢᠯᠲᠡ ᠶᠢᠨ ᠪᠠᠶᠢᠭᠤᠯᠤᠯᠲᠠ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ︽ᠪᠦᠬᠦ ᠤᠯᠤᠰ ᠤᠨ ᠦᠨ᠎ᠡ ᠲᠥᠯᠥᠪᠦᠷᠢ | ᠦᠭᠡᠢ ᠪᠠᠷ ᠴᠢᠰᠤ ᠬᠠᠨᠳᠢᠪᠯᠠᠬᠰᠠᠨ ᠲᠡᠷᠢᠭᠦᠨ ᠤ ᠬᠤᠲᠠ︾᠂ ︽ᠪᠦᠬᠦ ᠤᠯᠤᠰ ᠤᠨ ᠦᠨᠳᠦᠰᠦᠨ ᠱᠠᠲᠤᠨ ᠤ ᠮᠣᠩᠭᠤᠯ ᠬᠢᠲᠠᠳ ᠡᠮ ᠤᠨ ᠠᠵᠢᠯ ᠤᠨ ᠲᠡᠷᠢᠭᠦᠨ | ᠤ ᠬᠤᠲᠠ︾ ᠪᠠᠷ ᠦᠨᠡᠯᠡᠭᠳᠡᠪᠡ᠃ ᠬᠤᠰᠢᠭᠤ ᠰᠢᠶᠠᠨ ᠬᠤᠲᠠ ᠲᠤᠭᠤᠷᠢᠭ ᠪᠦᠷ ᠠᠯᠪᠠᠨ ᠵᠢᠷᠦᠮ ᠤᠨ ᠰᠤᠷᠭᠠᠨ ᠬᠥᠮᠦᠵᠢᠯ ᠤᠨ ᠬᠦᠭᠵᠢᠯᠲᠡ ᠶᠢᠨ ᠦᠨᠳᠦᠰᠦᠨ | ᠲᠡᠩᠴᠡᠭᠦᠷᠢᠲᠡᠢ ᠰᠢᠶᠠᠨ ᠢᠶᠠᠷ ᠤᠯᠤᠰ ᠤᠨ ᠵᠢᠭᠠᠨ ᠵᠢᠯᠤᠭᠤᠳᠤᠯᠭ᠎ᠠ ᠦᠨᠡᠯᠡᠯᠲᠡ ᠶᠢ ᠬᠦᠯᠢᠶᠡᠨ ᠠᠮᠵᠢᠯᠲᠠ ᠤᠯᠪᠠ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ | ᠤ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠪᠣᠯᠤᠨ ᠡᠮᠨᠡᠯᠭᠡ ᠶᠢᠨ ᠠᠪᠤᠷᠠᠨ ᠲᠤᠰᠠᠯᠠᠬᠤ ᠭᠤᠷᠪᠠᠨ | ᠳᠠᠪᠬᠤᠷ ᠪᠠᠲᠤᠯᠠᠭ᠎ᠠ ᠶᠢᠨ ᠳᠦᠷᠢᠮ ᠢ ᠦᠨᠳᠦᠰᠦᠨ ᠳᠤ ᠪᠠᠨ ᠪᠠᠶᠢᠭᠤᠯᠪᠠ᠃ ᠬᠠᠷ᠎ᠠ ᠪᠦᠯᠦᠭᠳᠡᠨ ᠤ ᠰᠢᠨᠵᠢ ᠴᠢᠨᠠᠷ ᠲᠠᠢ 13 ᠵᠣᠬᠢᠶᠠᠨ ᠪᠠᠶᠢᠭᠤᠯᠤᠯᠲᠠ᠂ ᠬᠠᠷᠭᠢᠰ | ᠬᠦᠴᠦᠨ ᠤ 17 ᠶᠠᠯᠠᠲᠤ ᠪᠦᠯᠦᠭᠯᠡᠯ᠂ 13 ᠬᠠᠷᠭᠢᠰ ᠬᠦᠴᠦᠨ ᠤ ᠶᠠᠯᠠᠲᠤ ᠪᠦᠯᠦᠭ ᠢ ᠠᠷᠢᠯᠭᠠᠵᠦ᠂ ᠣᠳᠣᠬᠠᠨ ᠳᠤ ᠠᠮᠢᠨ ᠬᠡᠷᠡᠭ ᠢ ᠪᠦᠷ ᠳᠡᠩᠨᠡᠨ ᠢᠯᠡᠷᠡᠭᠦᠯᠵᠦ᠂ | 55 ᠳᠠᠷᠤᠭᠳᠠᠭᠰᠠᠨ ᠠᠮᠢᠨ ᠬᠡᠷᠡᠭ ᠢ ᠢᠯᠡᠷᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ | ᠢᠯᠡᠳᠲᠡ ᠨᠡᠮᠡᠭᠳᠡᠭᠦᠯᠪᠡ᠃ | ᠲᠥᠯᠥᠭᠡᠯᠡᠭᠴᠢᠳ ᠡ᠂ ᠬᠦᠴᠢᠷ ᠪᠡᠷᠬᠡᠰᠢᠶᠡᠯ ᠤᠨ ᠡᠮᠦᠨ᠎ᠡ ᠡᠷᠡᠯᠬᠡᠭ ᠵᠣᠷᠢᠭ ᠢᠶᠠᠨ ᠢᠯᠡᠷᠡᠭᠦᠯᠵᠦ᠂ ᠬᠠᠲᠠᠭᠤᠵᠢᠨ ᠪᠣᠯᠪᠠᠰᠤᠷᠠᠪᠠᠯ ᠰᠠᠶ᠋ᠢ ᠠᠮᠵᠢᠯᠲᠠ ᠤᠯᠬᠤ | ᠶᠤᠮ᠃ ᠲᠠᠪᠤᠨ ᠵᠢᠯ ᠤᠨ ᠠᠶᠠᠨ ᠵᠠᠮ ᠬᠠᠲᠠᠭᠤ ᠪᠡᠷᠬᠡᠰᠢᠶᠡᠯ ᠢᠶᠠᠷ ᠳᠦᠭᠦᠷᠴᠦ᠂ ᠲᠡᠮᠡᠴᠡᠯ ᠤᠨ ᠦᠷ᠎ᠡ ᠪᠦᠲᠦᠭᠡᠯ ᠬᠢᠯᠪᠠᠷ ᠢᠶᠠᠷ ᠢᠷᠡᠭᠰᠡᠨ ᠦᠭᠡᠢ ᠶᠤᠮ᠃ ᠡᠨᠡ | ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ | ᠶᠢᠨ ᠦᠷ᠎ᠡ ᠳ᠋ᠦᠩ ᠮᠥᠨ᠂ ᠪᠢᠳᠡᠨ ᠤ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠥᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠠ ᠪᠢ ᠬᠤᠲᠠ ᠶᠢᠨ ᠵᠠᠰᠠᠭ ᠤᠨ ᠣᠷᠳᠣᠨ ᠤ ᠡᠮᠦᠨ᠎ᠡ ᠠᠴᠠ᠂ ᠪᠥᠬᠦ ᠬᠤᠲᠠ ᠶᠢᠨ | ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠡᠯ᠎ᠡ | ᠠᠷᠠᠳᠴᠢᠯᠠᠭᠰᠠᠨ ᠨᠠᠮ ᠪᠦᠯᠦᠭ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ | ᠲᠦᠩᠯᠢᠶᠣᠤ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ᠂ ᠲᠦᠩᠯᠢᠶᠣᠤ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠣᠶ ᠪᠥᠬᠦᠶ ᠨᠥᠬᠦᠳ᠂ | ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠠᠪᠤᠨ ᠵᠢᠯ ᠤᠨ ᠲᠤᠷᠰᠢᠬᠢ ᠠᠵᠢᠯ ᠢᠶᠠᠨ ᠡᠷᠭᠢᠴᠡᠭᠦᠯᠪᠡᠯ᠂ ᠮᠠᠨ ᠤ ᠬᠤᠲᠠ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠬᠥᠭᠵᠢᠯᠲᠡ ᠶᠢᠨ ᠴᠢᠨᠠᠷ | ᠴᠢᠨᠰᠠᠭ᠎ᠠ ᠳᠣᠣᠷ᠎ᠠ᠂ ᠬᠥᠮᠦᠨ ᠳᠤᠮᠳᠠᠴᠢ ᠶᠢᠨ ᠬᠡᠷᠡᠭᠯᠡᠵᠦ ᠪᠣᠯᠬᠤ ᠡᠳ᠋ ᠤᠨ ᠬᠦᠴᠦᠨ ᠪᠠᠭ᠎ᠠ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ | ᠮᠥᠨ ᠨᠡᠯᠢᠶᠡᠳ ᠳᠤᠪᠤᠶᠢᠮ᠎ᠠ ᠪᠠᠶᠢᠬᠤ ᠶᠢ ᠪᠢᠳᠡ ᠪᠠᠰᠠ ᠰᠡᠷᠭᠡᠭ ᠢᠶᠠᠷ ᠣᠯᠵᠤ ᠬᠠᠷᠠᠪᠠ᠃ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ ᠴᠢᠬᠤᠯᠠᠲᠠᠶ ᠪᠠᠶᠢᠵᠤ | ᠂ ᠨᠢᠭᠡᠳᠦᠭᠡᠷ ᠠᠵᠤ ᠦᠢᠯᠡᠰ ᠤᠨ ᠬᠠᠷᠢᠴᠠᠯ ᠶᠡᠭᠡ᠂ ᠪᠣᠳᠠᠲᠤ ᠬᠦᠴᠦᠨ ᠴᠢᠩᠭ᠎ᠠ ᠪᠤᠰᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠦᠷᠤᠯ ᠲᠡᠮᠳᠡᠭ ᠤᠨ ᠠᠯᠳᠠᠷᠰᠢᠯ ᠳᠣᠣᠷ᠎ᠠ ᠪᠠᠶᠢᠭᠰᠠᠭᠠᠷ︔ ᠬᠤᠶᠠᠳᠤᠭᠠᠷ ᠠᠵᠤ ᠦᠶᠯᠡᠰ ᠤᠨ ᠬᠤᠪᠢ ᠶᠢᠨ | ᠵᠢᠩ ᠪᠠᠭ᠎ᠠ᠂ ᠳᠠᠶᠢᠴᠢᠯᠠᠬᠤ ᠴᠢᠳᠠᠪᠤᠷᠢ ᠪᠠᠭᠤᠷᠠᠶ᠂ ᠠᠵᠤ ᠦᠶᠯᠡᠰ ᠤᠨ ᠬᠡᠯᠬᠢᠶ᠎ᠡ ᠣᠬᠤᠷ᠂ ᠦᠶᠯᠡᠳᠬᠦᠨ ᠤ ᠨᠡᠮᠡᠯᠲᠡ ᠥᠷᠲᠡᠭ ᠪᠠᠭ᠎ᠠ ᠪᠠᠶᠢᠨ᠎ᠠ︔ ᠭᠤᠷᠪᠠᠳᠤᠭᠠᠷ | ᠠᠵᠤ ᠦᠢᠯᠡᠰ ᠠᠮᠢᠳᠤᠯᠢᠭ ᠪᠤᠰᠤ᠂ ᠤᠯᠠᠮᠵᠢᠯᠠᠯᠲᠤ ᠡᠵᠡᠩᠨᠡᠯᠲᠡ ᠶᠢᠨ ᠬᠡᠯᠪᠡᠷᠢ ᠤᠯᠠᠨ ᠪᠠᠶᠢᠨ᠎ᠠ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ | ᠤᠳᠠᠭᠠᠨ ᠪᠠᠶᠢᠵᠤ᠂ ᠲᠥᠪ ᠬᠤᠲᠠ ᠲᠣᠭᠤᠷᠢᠭ ᠤᠨ ᠨᠥᠯᠥᠭᠡᠯᠡᠨ ᠳᠠᠶᠢᠴᠢᠯᠠᠬᠤ ᠦᠶᠯᠡᠳᠦᠯ ᠬᠦᠷᠦᠯᠴᠡᠬᠦ ᠥᠬᠡᠶ ᠪᠠᠶᠢᠨ᠎ᠠ᠃ ᠰᠢᠨ᠎ᠡ ᠶᠢ ᠡᠭᠦᠳᠬᠦ ᠴᠢᠳᠠᠪᠤᠷᠢ | ᠬᠦᠷᠦᠯᠴᠡᠬᠦ ᠦᠭᠡᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠲᠡᠭᠦᠯᠳᠡᠷᠵᠢᠭᠡᠳᠦᠢ᠂ ᠡᠷᠳᠡᠮ ᠰᠢᠨᠵᠢᠯᠡᠬᠡᠨ ᠤ | ᠣᠷᠣᠭᠤᠯᠤᠯᠲᠠ ᠪᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠴᠢᠳᠠᠪᠤᠷᠢ ᠴᠢᠩᠭ᠎ᠠ ᠪᠢᠰᠢ ᠪᠠᠶᠢᠨ᠎ᠠ᠃ ᠠᠮᠢ ᠠᠬᠤᠢ ᠶᠢᠨ | ᠣᠷᠴᠢᠨ ᠲᠣᠭᠤᠷᠢᠨ ᠮᠥᠨ ᠬᠦ ᠮᠠᠰᠢ ᠬᠡᠪᠡᠷᠡᠭ ᠪᠠᠶᠢᠵᠤ᠂ ᠤᠰᠤᠨ ᠤ ᠡᠬᠢ ᠪᠠᠶᠠᠯᠢᠭ ᠤᠨ ᠬᠢᠵᠠᠭᠠᠷᠯᠠᠯ ᠡᠳᠦᠷ ᠢᠷᠡᠬᠦᠶ᠎ᠡ ᠳᠣᠪᠤᠶᠢᠮ᠎ᠠ ᠪᠣᠯᠵᠤ᠂ ᠡᠨᠧᠷᠭᠢ ᠠᠷᠪᠢᠯᠠᠨ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠲᠦᠢᠯ ᠤᠨ ᠬᠠᠲᠠᠭᠤ ᠪᠡᠷᠬᠡ ᠪᠠᠶᠢᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ | ᠣᠯᠠᠨ ᠲᠦᠮᠡᠨ ᠤ ᠰᠠᠶᠢᠨ ᠰᠠᠶᠢᠬᠠᠨ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠨ᠎ᠠ᠃ ᠠᠷᠠᠯᠵᠢᠶ᠎ᠠ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ | ᠰᠠᠶᠢᠵᠢᠷᠠᠭᠤᠯᠤᠰᠢᠲᠠᠢ ᠪᠠᠶᠢᠨ᠎ᠠ᠃ ᠨᠡᠶᠢᠭᠡᠮ ᠤᠨ ᠵᠠᠰᠠᠯᠲᠠ ᠳᠤ ᠪᠠᠰᠠ ᠴᠥᠭᠡᠨ ᠪᠤᠰᠤ ᠪᠠᠭᠤᠷᠠᠶ ᠲᠠᠯ᠎ᠠ ᠪᠠᠶᠢᠨ᠎ᠠ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠪᠠᠲᠤ ᠪᠤᠢ ᠪᠣᠯᠭᠠᠭᠰᠠᠨ ᠦᠭᠡᠢ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠬᠦᠷᠦᠯᠴᠡᠬᠦ ᠦᠭᠡᠢ ᠪᠠᠶᠢᠨ᠎ᠠ᠃ ᠡᠭᠦᠨ ᠢ ᠪᠢᠳᠡ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠂ ᠪᠦᠬᠦ ᠬᠤᠲᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ | ᠬᠥᠰᠡᠷᠳᠡᠭᠦᠯᠬᠦ ᠦᠭᠡᠢ︕ | | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ | ᠭᠤᠤᠯ ᠬᠠᠷᠠᠯᠲᠠ | | | ᠲᠥᠯᠥᠭᠡᠯᠡᠭᠴᠢᠳ ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠪᠣᠯᠤᠨ᠎ᠠ᠃ ᠬᠤᠲᠠ ᠶᠢᠨ ᠨᠠᠮ | ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠤᠯᠤᠨ | 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠲᠦᠩᠯᠢᠶᠣᠤ ᠬᠤᠲᠠ ᠶᠢᠨ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠲᠠ | ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠶᠡᠭᠡ ᠬᠤᠷᠠᠯ ᠳᠤ ᠬᠢᠨᠠᠨ ᠪᠠᠶᠢᠴᠠᠭᠠᠯᠭᠠᠬᠤ ᠪᠠᠷ ᠳᠡᠪᠰᠢᠭᠦᠯᠪᠡ᠃ | ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠦᠭᠵᠢᠯᠲᠡ | ᠶᠢᠨ ᠶᠡᠷᠦᠩᠭᠡᠢ ᠱᠠᠭᠠᠷᠳᠠᠯᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠦᠨᠳᠦᠰᠦᠨ ᠣᠨᠣᠯ᠂ | ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ | ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠢᠢᠯᠠᠭᠠᠭᠳᠠᠬᠤᠨ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ | ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠢᠵᠠᠮ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠤᠯ ᠰᠡᠳᠦᠪ ᠪᠤᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ | ᠰᠢᠵᠢᠮ ᠪᠤᠯᠭᠠᠵᠤ᠂ ᠥᠭᠡᠷᠡᠴᠢᠯᠡᠯᠲᠡ ᠰᠢᠨᠡᠴᠢᠯᠡᠯᠳᠡ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠤᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠦᠯᠦᠪᠯᠡᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ | ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ︽ᠬᠤᠶᠠᠷ | ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠥᠬᠦ ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ | ᠲᠣᠭᠤᠷᠢᠨ ᠳᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠲᠦᠷᠤᠯ ᠲᠡᠮᠳᠡᠭ ᠤᠨ ᠪᠠᠶᠢᠭᠤᠯᠤᠯᠲᠠ ᠪᠠᠷ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠶᠢ ᠬᠥᠲᠥᠯᠥᠨ ᠳᠠᠭᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠴᠢᠯᠡᠭᠡᠨ ᠤ ᠦᠷ᠎ᠡ ᠠᠰᠢᠭ ᠢ ᠳᠡᠭᠡᠭᠰᠢᠯᠡᠭᠦᠯᠬᠦ᠂ | ᠴᠢᠳᠠᠪᠤᠷᠢᠲᠠᠨ ᠤ ᠵᠡᠷᠭᠡ ᠳᠡᠰ ᠢ ᠳᠡᠭᠡᠭᠰᠢᠯᠡᠭᠦᠯᠬᠦ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ᠂ ᠠᠮᠢ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠢᠩᠭᠠᠨ ᠳ᠋ᠦᠩᠰᠢᠭᠤᠷ ᠲᠠᠰ ᠤᠨ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ | ᠪᠣᠬᠢᠷᠲᠤᠯ ᠦᠭᠡᠶ ᠨᠡᠭᠦᠷᠡᠰᠦ ᠴᠠᠬᠢᠯᠭᠠᠨ ᠬᠥᠩᠭᠡᠨᠴᠠᠭᠠᠨ ᠤ ᠠᠵᠤ ᠦᠢᠯᠡᠰ ᠤᠨ ᠲᠥᠪᠯᠡᠷᠡᠯ ᠪᠣᠯᠤᠨ ᠵᠠᠭᠤᠨ ᠳ᠋ᠦᠩᠰᠢᠭᠤᠷ ᠲᠠᠰ ᠤᠨ ᠣᠳᠣ ᠦᠶ᠎ᠡ ᠶᠢᠨ ᠡᠨᠧᠷᠭᠢ | ᠶᠢᠨ ᠵᠢᠱᠢᠶ᠎ᠡ ᠦᠵᠡᠭᠦᠯᠬᠦ᠂ ᠨᠢᠺᠧᠯ ᠤᠨ ᠡᠷᠬᠢᠯᠳᠡᠳᠤ ᠠᠵᠤ ᠠᠬᠤᠶ᠂ ᠮᠣᠩᠭᠤᠯ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠲᠥᠪᠯᠡᠷᠡᠯ ᠢ ᠲᠦᠷᠭᠡᠳᠬᠡᠨ ᠪᠣᠶ | ᠪᠣᠯᠭᠠᠵᠤ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ ᠪᠣᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠤᠶ ᠪᠣᠯᠤᠭᠰᠠᠨ ᠠᠵᠤ | ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦᠯᠬᠦ᠂ ᠬᠤᠲᠠ ᠬᠥᠳᠡᠭᠡ ᠶᠢ ᠠᠭᠤᠰᠤᠯᠴᠠᠭᠤᠯᠤᠨ | ᠬᠥᠭᠵᠢᠭᠦᠯᠬᠦ ᠪᠠ ᠨᠡᠶᠢᠭᠡᠮ ᠤᠨ ᠵᠠᠰᠠᠯᠲᠠ ᠶᠢᠨ ᠬᠢᠷᠢ ᠬᠡᠮᠵᠢᠶ᠎ᠡ ᠶᠢᠨ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠶ ᠶᠢᠨ ᠯᠠᠪᠳᠠᠭᠤᠨ | ᠢᠶᠠᠷ ᠬᠤᠯᠠ ᠠᠶᠠᠯᠠᠬᠤ᠂ ᠨᠡᠶᠢᠭᠡᠮ ᠤᠨ ᠠᠮᠤᠷ ᠲᠣᠭᠲᠠᠭᠤᠨ ᠪᠥᠭᠡᠳ ᠡᠶ᠎ᠡ ᠵᠣᠬᠢᠴᠠᠯ ᠲᠠᠢ ᠪᠠᠶᠢᠬᠤ ᠶᠢ ᠪᠡᠶᠡᠯᠡᠭᠦᠯᠵᠦ᠂ ᠣᠳᠣᠬᠢᠴᠢᠯᠠᠭᠰᠠᠨ ᠣᠷᠣᠨ ᠪᠦᠰᠡ ᠶᠢᠨ | ᠴᠢᠨᠠᠷᠲᠠᠶ ᠲᠥᠪ ᠬᠤᠲᠠ ᠶᠢ ᠲᠦᠷᠭᠡᠳᠬᠡᠨ ᠪᠠᠶᠢᠭᠤᠯᠤᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ᠄ 2035 ᠣᠨ ᠤ | ᠠᠯᠤᠰ ᠤᠨ ᠬᠠᠷᠠᠯᠲᠠ ᠶᠢ ᠲᠣᠭᠲᠠᠭᠠᠵᠤ᠂ ᠣᠳᠣᠬᠢ ᠨᠥᠬᠦᠴᠡᠯ ᠪᠠ ᠬᠥᠭᠵᠢᠯᠲᠡ ᠶᠢᠨ ᠬᠠᠨᠳᠤᠰᠢ ᠶᠢ ᠶᠡᠷᠦᠩᠬᠡᠶᠢᠯᠡᠨ ᠪᠣᠳᠣᠯᠬᠢᠯᠠᠵᠤ᠂ ᠬᠠᠷᠠᠯᠲᠠ ᠶᠢᠨ | ᠤᠳᠤᠷᠢᠳᠤᠮᠵᠢ ᠪᠠ ᠠᠰᠠᠭᠤᠳᠠᠯ ᠤᠨ ᠤᠳᠤᠷᠢᠳᠤᠮᠵᠢ ᠶᠢ ᠬᠠᠷᠢᠯᠴᠡᠨ ᠤᠶᠠᠯᠳᠤᠭᠤᠯᠬᠤ ᠶᠢ ᠪᠠᠷᠢᠮᠳᠡᠯᠡᠵᠦ᠂ ᠪᠥᠬᠦ ᠣᠷᠣᠨ ᠤ ᠪᠠᠶᠢᠯᠳᠤᠬᠤ ᠪᠣᠳᠣᠯᠭ᠎ᠠ ᠶᠢᠨ ᠶᠡᠭᠡ | ᠪᠠᠶᠢᠳᠠᠯ ᠪᠠ ᠮᠠᠨ ᠤ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠳᠤᠯ ᠥᠬᠡᠶ ᠲᠠᠷᠢᠶᠠᠯᠡᠩ ᠤᠨ | ᠪᠦᠳᠦᠭᠡᠭᠳᠡᠬᠦᠨ ᠮᠠᠯ ᠤᠨ ᠠᠰᠢᠭ ᠰᠢᠮ᠎ᠡ᠂ ᠣᠳᠣ ᠦᠶ᠎ᠠ ᠶᠢᠨ ᠡᠨᠧᠷᠭᠢ ᠶᠢᠨ ᠬᠤᠶᠠᠷ ᠰᠠᠭᠤᠷᠢᠨ ᠭᠠᠵᠡᠷ ᠤᠨ ᠪᠦᠳᠦᠭᠡᠨ ᠪᠠᠶᠢᠭᠤᠯᠤᠯᠲᠠ ᠪᠠ ᠠᠮᠢ ᠠᠬᠤᠶ ᠶᠢᠨ | ᠵᠠᠰᠠᠯᠲᠠ᠂ ᠨᠡᠶᠢᠭᠡᠮ ᠤᠨ ᠵᠠᠰᠠᠯᠲᠠ ᠭᠡᠬᠦ ︽ᠬᠤᠶᠠᠷ ᠵᠠᠰᠠᠯᠲᠠ︾ ᠶᠢᠨ ᠲᠠᠯ᠎ᠠ ᠪᠠᠷ ᠪᠥᠬᠦ ᠣᠷᠣᠨ ᠤ ᠡᠮᠦᠨ᠎ᠡ ᠡᠩᠨᠡᠭᠡ ᠳᠤ ᠣᠷᠣᠬᠤ ᠪᠠᠷ ᠴᠢᠷᠮᠠᠶᠢᠵᠤ᠂ ᠠᠵᠤ | ᠠᠬᠤᠶ ᠶᠢᠨ ᠬᠥᠭᠵᠢᠯᠲᠡ ᠨᠠᠩ ᠥᠨᠳᠥᠷ ᠪᠦᠲᠦᠮᠵᠢᠲᠡᠶ᠂ ᠥᠭᠡᠷᠡᠴᠢᠯᠡᠯᠲᠡ ᠨᠡᠭᠡᠭᠡᠯᠲᠡ ᠨᠠᠩ ᠭᠦᠨᠵᠡᠭᠡᠶᠢᠷᠡᠵᠦ᠂ ᠬᠤᠲᠠ ᠬᠥᠳᠡᠭᠡ ᠶᠢᠨ ᠬᠥᠭᠵᠢᠯᠲᠡ ᠨᠠᠩ | ᠠᠭᠤᠰᠤᠯᠴᠠᠬᠰᠡᠨ᠂ ᠠᠮᠢ ᠠᠬᠤᠶ ᠶᠢᠨ ᠣᠷᠴᠢᠨ ᠲᠣᠭᠤᠷᠢᠨ ᠨᠠᠩ ᠭᠤᠶᠣ ᠰᠠᠶᠢᠨ᠂ ᠠᠷᠠᠳ ᠤᠨ ᠠᠮᠢᠳᠤᠷᠠᠯ ᠨᠠᠩ ᠵᠣᠯ ᠵᠢᠷᠭᠠᠯ ᠲᠠᠢ᠂ ᠵᠠᠰᠠᠯᠲᠠ ᠶᠢᠨ ᠦᠷ᠎ᠡ | ᠪᠦᠲᠦᠮᠵᠢ ᠨᠠᠩ ᠢᠯᠡᠷᠬᠡᠶ ᠪᠤᠯᠵᠦ᠂ ᠨᠠᠩ ᠴᠢᠨᠠᠷ ᠰᠠᠶᠢᠳᠡᠢ᠂ ᠨᠡᠩ ᠦᠷ᠎ᠠ ᠪᠦᠳᠦᠮᠵᠢ ᠲᠠᠢ᠂ ᠨᠠᠩ ᠭᠤᠤᠯᠴᠢ᠂ ᠨᠡᠩ ᠦᠷᠬᠦᠯᠵᠢᠯᠡᠬᠦ᠋ᠢᠴᠡ᠂ ᠨᠠᠩ ᠠᠮᠤᠷ | ᠲᠦᠪᠰᠢᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠡᠨᠡ ᠬᠦ ᠰᠠᠭᠤᠷᠢᠨ ᠳᠡᠭᠡᠷ᠎ᠡ᠂ 2035 ᠣᠨ ᠪᠣᠯᠬᠤ ᠳᠤ᠂ ᠣᠳᠣᠬᠢᠴᠢᠯᠠᠭᠰᠠᠨ | ᠣᠷᠣᠨ ᠪᠦᠰᠡ ᠶᠢᠨ ᠴᠢᠨᠠᠷᠲᠠᠶ ᠲᠥᠪ ᠬᠤᠲᠠ ᠶᠢᠨ ᠴᠢᠳᠡᠪᠬᠢ ᠶᠢ ᠭᠦᠶᠴᠡᠳ ᠳᠡᠭᠡᠭᠰᠢᠯᠡᠬᠦᠯᠵᠦ᠂ ᠪᠥᠬᠦ ᠤᠯᠤᠰ ᠪᠥᠬᠦ ᠣᠷᠣᠨ ᠲᠠᠢ ᠵᠡᠷᠭᠡ ᠪᠠᠷ ᠨᠡᠶᠢᠭᠡᠮ ᠵᠢᠷᠤᠮ | ᠤᠨ ᠣᠳᠣᠬᠢᠴᠢᠯᠠᠯᠲᠠ ᠶᠢ ᠦᠨᠳᠦᠰᠦᠨ ᠳᠤ ᠪᠡᠶᠡᠯᠡᠭᠦᠯᠦᠨ᠎ᠡ᠃ | | | ᠭᠤᠷᠪᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠠᠵᠢᠯ ᠢ ᠪᠥᠬᠦ ᠬᠦᠴᠦᠨ ᠢᠶᠠᠷ ᠰᠠᠶᠢᠳᠤᠷ ᠬᠢᠨ᠎ᠠ | | | 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠮᠥᠨ᠂ ᠨᠡᠶᠢᠭᠡᠮ ᠵᠢᠷᠤᠮ ᠤᠨ | ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠮᠥᠨ᠂ ᠪᠠᠰᠠ ᠴᠤ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠃ ᠡᠨᠡ ᠵᠢᠯ ᠤᠨ ᠠᠵᠢᠯ ᠢ ᠰᠠᠶᠢᠳᠤᠷ ᠬᠢᠬᠦ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ | ᠶᠤᠮ᠃ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠤᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ | ᠥᠷᠲᠡᠭ ᠢ 7% ᠣᠷᠴᠢᠮ ᠢᠶᠠᠷ ᠨᠡᠮᠡᠭᠳᠡᠭᠦᠯᠵᠦ᠂ ᠪᠥᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠯᠭᠠᠨ᠎ᠠ᠃ ᠪᠥᠬᠦ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠢᠢᠴᠡ ᠣᠷᠣᠯᠭ᠎ᠠ ᠶᠢ 8% ᠣᠷᠴᠢᠮ ᠢᠶᠠᠷ ᠨᠡᠮᠡᠭᠳᠡᠭᠦᠯᠵᠦ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ | ᠠᠴᠠ ᠥᠨᠳᠥᠷ ᠪᠣᠯᠭᠠᠨ᠎ᠠ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃ ᠠᠮᠢ | ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠡᠵᠦ᠂ ᠨᠢᠭᠡᠴᠢ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ | ᠡᠨᠧᠷᠭᠢ ᠶᠢᠨ ᠬᠤᠷᠣᠭᠳᠠᠯ ᠢ 3.2% ᠢᠶᠠᠷ ᠪᠠᠭᠤᠷᠠᠭᠤᠯᠵᠤ᠂ ᠭᠤᠤᠯ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ᠃ ᠠᠮᠤ | ᠪᠤᠳᠠᠭᠠᠨ ᠤ ᠤᠨᠠᠯᠲᠠ 170 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ | ᠲᠥᠯᠥᠭᠡᠯᠡᠭᠴᠢᠳ ᠡ᠂ ᠡᠨᠡ ᠬᠦ ᠬᠠᠷᠠᠯᠲᠠ ᠶᠢ ᠲᠣᠭᠲᠠᠭᠠᠭᠰᠠᠨ ᠨᠢ ᠬᠥᠭᠵᠢᠯᠲᠡ ᠶᠢᠨ ᠬᠡᠷᠡᠭᠴᠡᠭᠡ᠂ ᠬᠥᠭᠵᠢᠯᠲᠡ ᠶᠢᠨ ᠪᠣᠯᠤᠮᠵᠢ ᠪᠠ ᠬᠥᠭᠵᠢᠯᠲᠡ ᠶᠢᠨ | ᠵᠢᠱᠢᠯᠲᠡ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠭᠰᠠᠨ ᠪᠣᠯᠬᠤᠷ ᠰᠢᠨᠵᠢᠯᠡᠬᠦ ᠤᠬᠠᠭᠠᠨᠴᠢ ᠵᠦᠶ ᠵᠣᠬᠢᠰᠲᠠᠶ᠂ ᠪᠣᠯᠤᠮᠵᠢᠲᠠᠶ ᠶᠤᠮ᠂ ᠭᠡᠪᠡᠴᠦ ᠪᠠᠰᠠ ᠴᠥᠭᠡᠨ ᠪᠤᠰᠤ | ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠂ ᠡᠷᠬᠡᠪᠰᠢ ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠵᠦ᠂ ᠬᠥᠭᠵᠢᠯᠲᠡ ᠶᠢᠨ ᠶᠡᠭᠡ ᠬᠠᠨᠳᠤᠰᠢ ᠶᠢ | ᠡᠵᠡᠮᠳᠡᠵᠦ᠂ ᠬᠠᠷᠠᠯᠲᠠ ᠡᠭᠦᠷᠭᠡ ᠶᠢ ᠴᠢᠩᠭ᠎ᠠ ᠡᠵᠡᠮᠳᠡᠵᠦ᠂ ᠴᠢᠨᠠᠷ ᠰᠠᠶᠢᠳᠡᠢ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠦ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠤᠯᠴᠠᠭᠤᠯᠵᠤ᠂ ᠥᠨᠳᠥᠷ ᠦᠷ᠎ᠡ ᠪᠦᠲᠦᠮᠵᠢ ᠲᠠᠢ ᠵᠠᠰᠠᠯᠲᠠ ᠶᠢ ᠠᠬᠢᠭᠤᠯᠵᠤ᠂ ᠴᠢᠨᠠᠷ ᠰᠠᠶᠢᠳᠡᠢ ᠠᠮᠢᠳᠤᠷᠠᠯ ᠢ ᠴᠤᠬᠴᠡᠯᠡᠵᠦ᠂ ᠲᠦᠷᠦᠭᠦᠦ | ᠠᠯᠬᠤᠮ ᠢ ᠰᠠᠶᠢᠳᠤᠷ ᠠᠯᠬᠤᠵᠤ᠂ ᠰᠢᠨ᠎ᠡ ᠠᠭᠤᠷ ᠠᠮᠢᠰᠬᠤᠯ ᠢ ᠪᠤᠢ ᠪᠤᠯᠭᠠᠵᠦ᠂ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃ | ᠡᠮᠦᠨ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠳᠠᠷᠠᠭᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠳᠤᠷ ᠬᠢᠨ᠎ᠠ᠃ | ︵ᠨᠢᠬᠡ︶ ᠬᠦᠳᠡᠯᠭᠡᠭᠴᠢ ᠬᠦᠴᠦᠨ ᠤ ᠲᠤᠯᠭᠠᠭᠤᠷᠢ ᠶᠢ ᠴᠢᠩᠭᠠᠳᠬᠠᠵᠦ᠂ ᠠᠵᠦ ᠠᠬᠤᠢ ᠶᠢᠨ ᠨᠡᠮᠡᠭᠳᠡᠯ ᠢ ᠪᠥᠬᠦ ᠬᠦᠴᠦᠨ ᠢᠶᠠᠷ ᠲᠣᠭᠲᠠᠪᠤᠷᠢᠵᠢᠭᠤᠯᠤᠨ᠎ᠠ᠃ | ᠳᠣᠲᠣᠭᠠᠳᠤ ᠬᠡᠷᠡᠭᠴᠡᠭᠡ ᠪᠠᠷ ᠲᠠᠳᠠᠬᠤ ᠪᠠ ᠰᠢᠨ᠎ᠡ ᠶᠢ ᠡᠬᠦᠳᠬᠦ ᠪᠠᠷ ᠬᠦᠳᠡᠯᠭᠡᠬᠦ ᠬᠦᠴᠤᠨ ᠪᠤᠯᠭᠠᠬᠤ ᠶᠢ ᠬᠠᠮᠳᠦ ᠪᠠᠷ ᠬᠦᠴᠦᠯᠡᠬᠦ ᠶᠢ ᠪᠠᠷᠢᠮᠲᠠᠯᠠᠵᠤ᠂ ᠬᠠᠩᠭᠠᠯᠭ᠎ᠠ | ᠬᠡᠷᠡᠭᠴᠡᠭᠡ ᠶᠢᠨ ᠬᠤᠶᠠᠷ ᠲᠠᠯ᠎ᠠ ᠶᠢ ᠵᠠᠯᠭᠠᠯᠳᠤᠭᠤᠯᠬᠤ ᠶᠢ ᠠᠩᠬᠠᠷᠴᠤ᠂ ᠬᠡᠷᠡᠭᠯᠡᠭᠡ᠂ ᠪᠠᠯᠠ ᠣᠷᠣᠭᠤᠯᠤᠯᠲᠠ ᠪᠠᠷ ᠬᠥᠳᠡᠯᠭᠡᠬᠦ ᠬᠦᠴᠦᠨ ᠪᠣᠯᠭᠠᠵᠤ᠂ ᠰᠢᠨ᠎ᠡ | ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ ᠲᠦᠷᠭᠡᠳᠬᠡᠵᠦ᠂ ᠠᠵᠤ ᠠᠬᠤᠶ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠬᠦᠴᠦᠯᠡᠬᠦ ᠴᠡᠭ ᠢ ᠪᠣᠳᠠᠲᠤ ᠴᠣᠭᠴᠠ | ᠶᠢᠨ ᠠᠵᠤ ᠠᠬᠤᠶ ᠶᠢ ᠬᠥᠭᠵᠢᠭᠦᠯᠬᠦ ᠳᠡᠭᠡᠷ᠎ᠡ ᠲᠠᠯᠪᠢᠵᠤ᠂ ᠠᠵᠤ ᠠᠬᠤᠶ ᠶᠢᠨ ᠰᠡᠷᠭᠦᠯᠲᠡ ᠶᠢ ᠪᠥᠬᠦ ᠬᠦᠴᠦᠨ ᠢᠶᠠᠷ ᠠᠬᠢᠭᠤᠯᠤᠨ᠎ᠠ᠃ | ᠪᠦᠲᠦᠮᠵᠢᠲᠡᠶ ᠪᠠᠯᠠ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠨ᠎ᠡ᠃ ︽ᠲᠥᠷᠥᠯ ᠵᠦᠶᠯ ᠢᠶᠠᠷ ᠬᠤᠲᠠ ᠪᠠᠨ ᠮᠠᠨᠳᠤᠭᠤᠯᠬᠤ︾ ᠦᠵᠡᠯᠳᠡ ᠶᠢ ᠪᠠᠳᠦ | ᠪᠠᠬᠢ ᠪᠤᠢ ᠪᠤᠯᠭᠠᠵᠦ᠂ 301 ᠪᠥᠬᠦ ᠠᠵᠤ ᠦᠶᠯᠡᠰ ᠤᠨ ᠬᠡᠯᠬᠢᠶ᠎ᠡ ᠶᠢᠨ ᠭᠤᠤᠯᠳᠠᠯᠭ᠎ᠠ ᠲᠠᠢ ᠲᠥᠷᠥᠯ ᠵᠦᠶᠯ ᠢ ᠠᠬᠢᠭᠤᠯᠤᠨ᠎ᠠ᠃ 163 ᠵᠠᠮ ᠬᠠᠷᠢᠯᠴᠠᠭ᠎ᠠ | ᠲᠡᠭᠡᠭᠡᠪᠦᠷᠢ᠂ ᠰᠢᠨ᠎ᠡ ᠰᠠᠭᠤᠷᠢ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠬᠦᠯᠵᠦ᠂ ᠪᠤᠤᠺᠠᠩ ᠠᠴᠠ ᠱᠧᠪᠡᠷᠲᠦ | ᠬᠥᠷᠬᠦ᠂ ᠬᠤᠩ ᠱᠢ ᠠᠴᠠ ᠬᠥᠨᠳᠡᠶ ᠬᠥᠷᠬᠦ ᠨᠢᠭᠡᠳᠦᠭᠡᠷ ᠲᠠᠰ ᠤᠨ ᠵᠠᠰᠠᠮᠠᠯ ᠵᠠᠮ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠨᠠᠶᠮᠠᠨ ᠤ ᠨᠡᠶᠢᠳᠡᠮ ᠬᠡᠷᠡᠭᠯᠡᠭᠡᠨ | ᠤ ᠨᠢᠰᠬᠡᠯ ᠪᠠᠭᠤᠳᠠᠯ ᠢ ᠪᠠᠶᠢᠭᠤᠯᠤᠨ ᠳᠠᠭᠤᠰᠬᠠᠵᠤ᠂ ᠬᠦᠷᠢᠶ᠎ᠡ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠭᠤᠤᠯ ᠴᠣᠭᠴᠠ ᠶᠢᠨ ᠪᠠᠷᠢᠯᠭ᠎ᠠ ᠶᠢ | ᠪᠡᠶᠡᠯᠡᠭᠦᠯᠵᠦ᠂ ᠭᠠᠭ᠋ᠠᠶ ᠠᠭᠤᠯᠠ ᠴᠥᠭᠦᠷᠥᠮ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ LXB ᠤᠰᠤ ᠬᠠᠩᠭᠠᠬᠤ ᠲᠦᠩᠯᠢᠶᠣᠤ ᠶᠢᠨ ᠰᠠᠯᠪᠤᠷᠢ ᠱᠤᠭᠤᠮ | ᠤᠨ ᠢᠨᠵᠧᠨᠧᠷᠢᠩ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠲᠦᠩᠯᠢᠶᠣᠤ ᠠᠴᠠ ᠴᠢᠴᠢᠬᠠᠷ᠂ ᠴᠠᠩᠴᠦ᠋ᠨ᠂ ᠤᠯᠠᠭᠠᠨᠬᠠᠳᠠ ᠬᠥᠷᠬᠦ ᠲᠦᠷᠭᠡᠨ ᠤ ᠲᠡᠮᠦᠷ ᠵᠠᠮ | ᠂ ᠯᠦᠪᠸᠢ ᠠᠴᠠ ᠬᠤᠤᠯᠢᠩᠭᠤᠤᠯ ᠬᠥᠷᠬᠦ ᠲᠦᠷᠭᠡᠨ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ | ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ᠂ ᠰᠣᠶᠣᠯ᠂ ᠶᠠᠳᠠᠭᠤ ᠶᠢ ᠲᠡᠳᠬᠦᠬᠦ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ 101 ᠭᠤᠤᠯᠳᠠᠯᠭ᠎ᠠ | ᠲᠠᠢ ᠵᠦᠶᠯᠡᠰ ᠢ ᠰᠠᠶᠢᠳᠤᠷ ᠠᠳᠬᠤᠵᠤ᠂ ᠲᠦᠷᠦᠯ ᠵᠦᠢᠯ ᠢ ᠦᠨᠡᠨ ᠬᠦ ᠨᠡᠮᠡᠭᠳᠡᠯ ᠢ ᠲᠣᠭᠲᠠᠪᠤᠷᠢᠵᠢᠭᠤᠯᠬᠤ ᠪᠣᠳᠠᠲᠤ ᠦᠶᠯᠡᠳᠪᠦᠷᠢᠯᠡᠯ ᠤᠨ ᠬᠦᠴᠦᠨ ᠪᠠ ᠪᠠᠯᠠ | ᠣᠷᠣᠭᠤᠯᠤᠯᠲᠠ ᠶᠢᠨ ᠳᠠᠶᠢᠴᠢᠯᠠᠬᠤ ᠬᠦᠴᠦᠨ ᠪᠣᠯᠭᠠᠨ ᠬᠤᠪᠢᠷᠠᠭᠤᠯᠤᠨ᠎ᠠ᠃ | ᠬᠤᠲᠠ ᠬᠥᠳᠡᠭᠡ ᠶᠢᠨ ᠬᠡᠷᠡᠭᠯᠡᠭᠡ ᠶᠢ ᠪᠥᠬᠦ ᠲᠠᠯ᠎ᠠ ᠪᠠᠷ ᠬᠦᠭᠵᠢᠭᠡᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠪᠠ ᠳᠠᠯᠳᠠ | ᠬᠦᠴᠦᠨ ᠢ ᠠᠭᠤᠳᠠᠯᠵᠤ᠂ ᠴᠢᠨᠠᠷ ᠰᠠᠶᠢᠳᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠣᠤᠷ ᠰᠦᠯᠵᠢᠶ᠎ᠡ ᠪᠠᠷ ᠪᠣᠷᠣᠯᠠᠭᠤᠯᠬᠤ ᠶᠢ ᠠᠬᠢᠭᠤᠯᠵᠤ | ᠂ ᠠᠵᠤ ᠦᠶᠯᠡᠳᠪᠦᠷᠢ ᠶᠢᠨ ᠦᠶᠯᠡᠳᠬᠦᠨ ᠢ ᠬᠥᠳᠡᠭᠡ ᠪᠠᠭᠤᠯᠭᠠᠬᠤ᠂ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ ᠣᠷᠣᠭᠤᠯᠬᠤ ᠬᠤᠶᠠᠷ ᠲᠠᠯ᠎ᠠ ᠶᠢᠨ | ᠭᠦᠶᠯᠭᠡᠭᠡ ᠶᠢ ᠠᠬᠢᠭᠤᠯᠤᠨ᠎ᠠ᠃ ᠬᠡᠷᠡᠭᠯᠡᠭᠡ ᠶᠢᠨ ᠰᠦᠯᠵᠢᠶ᠎ᠡ ᠶᠢᠨ ᠳᠤᠲᠠᠭᠤᠳᠠᠯ ᠢ ᠨᠥᠬᠦᠪᠥᠷᠢᠯᠡᠬᠦ᠂ ᠲᠦᠭᠵᠢᠷᠡᠯ ᠢ ᠨᠡᠪᠲᠡᠷᠡᠭᠦᠯᠬᠦ ᠨᠢᠭᠡ ᠪᠦᠯᠦᠭ ᠲᠥᠷᠥᠯ ᠵᠦᠶᠯ ᠢ | ᠬᠡᠷᠡᠭᠵᠢᠭᠦᠯᠵᠦ᠂ ᠪᠣᠳᠠᠲᠤ ᠴᠣᠭᠴᠠ ᠶᠢᠨ ᠬᠤᠳᠠᠯᠳᠤᠭᠠᠨ ᠤ ᠦᠶᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠦ᠂ ᠨᠠᠷᠠᠲᠤ ᠲᠡᠮᠳᠡᠭ | ᠤᠨ ᠬᠡᠯᠬᠢᠶᠡᠵᠢᠭᠰᠡᠨ ᠲᠥᠬᠦᠮ ᠳᠡᠯᠭᠡᠭᠦᠷ ᠤᠨ ᠬᠥᠭᠵᠢᠯᠲᠡ ᠶᠢ ᠳᠡᠮᠵᠢᠵᠦ᠂ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠠᠶ ᠶᠢ ᠡᠭᠦᠳᠦᠨ ᠪᠠᠶᠢᠭᠤᠯᠬᠤ᠂ | ᠣᠨᠴᠠᠯᠢᠭᠲᠤ ᠶᠠᠪᠠᠭᠠᠨ ᠵᠡᠭᠡᠯᠢ ᠶᠢ ᠥᠭᠡᠷᠡᠴᠢᠯᠡᠨ ᠪᠠᠶᠢᠭᠤᠯᠬᠤ ᠶᠢ ᠠᠬᠢᠭᠤᠯᠵᠦ᠂ ᠬᠤᠲᠠ ᠬᠥᠳᠡᠭᠡ ᠶᠢᠨ ᠬᠡᠷᠡᠭᠯᠡᠭᠡ ᠶᠢᠨ ᠲᠣᠤᠷ ᠴᠡᠭ ᠪᠠ ᠲᠣᠬᠢᠷᠠᠭᠤᠯᠤᠨ ᠬᠦᠷᠭᠡᠬᠦ | ᠲᠣᠤᠷ ᠰᠦᠯᠵᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠡᠨᠡᠬᠢ ᠬᠡᠷᠡᠭᠯᠡᠭᠡ ᠶᠢᠨ ᠣᠷᠭᠠᠨᠢᠭ ᠠᠭᠤᠰᠤᠯᠴᠠᠯ ᠢ | ᠠᠬᠢᠭᠤᠯᠵᠤ᠂ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠢᠵᠢ ᠲᠦᠭᠦᠷᠵᠢᠬᠦᠯᠦᠭᠰᠡᠨ ᠲᠤᠨᠤᠭ ᠲᠦᠭᠦᠭᠡᠷᠦᠮᠵᠢ ᠶᠢ ᠲᠡᠭᠦᠯᠳᠡᠷᠵᠢᠭᠦᠯᠵᠦ᠂ ᠰᠦᠯᠵᠢᠶᠡᠵᠢᠭᠰᠡᠨ ᠠᠵᠤ | ᠠᠬᠤᠶ ᠶᠢ ᠬᠥᠭᠵᠢᠭᠦᠯᠬᠦ ᠶᠢ ᠵᠣᠷᠢᠭᠵᠢᠭᠤᠯᠵᠤ᠂ ᠨᠢᠭᠡ ᠪᠦᠯᠦᠭ ᠰᠢᠭᠤᠳ ᠨᠡᠪᠲᠡᠷᠡᠭᠦᠯᠭᠡ ᠪᠠᠷ ᠪᠠᠷᠠᠭ᠎ᠠ ᠳᠠᠭᠠᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ᠃ ︽ | ᠲᠦᠷᠭᠡᠨ ᠤ ᠲᠡᠮᠦᠷ ᠵᠠᠮ ᠤᠨ ᠠᠵᠤ ᠠᠬᠤᠶ︾ ︽ᠨᠡᠰᠤᠳᠡᠶᠢᠴᠤᠳ ᠲᠤ ᠥᠢᠯᠡᠴᠢᠯᠡᠬᠦ ᠠᠵᠤ ᠠᠬᠤᠶ︾ ᠶᠢᠨ ᠰᠢᠨ᠎ᠠ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠵᠤ᠂ | ᠠᠮᠠᠷᠠᠯᠲᠠ ᠶᠢᠨ ᠡᠳᠦᠷ ᠤᠨ ᠬᠡᠷᠡᠭᠯᠡᠭᠡ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠪᠠ ᠰᠢᠨ᠎ᠡ ᠵᠠᠭᠪᠤᠷ ᠢ | ᠢᠳᠡᠪᠬᠢᠲᠡᠶ ᠬᠥᠭᠵᠢᠭᠦᠯᠵᠦ᠂ ᠦᠶᠯᠡᠴᠢᠯᠡᠭᠡ ᠬᠡᠷᠡᠭᠯᠡᠭᠡ ᠶᠢᠨ ᠰᠢᠨ᠎ᠡ ᠬᠢᠯᠠᠰ ᠴᠡᠭ ᠢ ᠪᠦᠷᠢᠯᠳᠦᠬᠦᠯᠤᠨ᠎ᠠ᠃ | ᠠᠵᠤ ᠠᠬᠤᠢᠢᠯᠠᠯ ᠤᠨ ᠪᠡᠶᠡᠴᠢ ᠴᠣᠭᠴᠠ ᠶᠢᠨ ᠦᠶᠯᠡᠳᠦᠯ ᠢ ᠪᠠᠳᠠᠷᠠᠭᠤᠯᠤᠨ᠎ᠠ᠃ ︽ᠵᠢᠵᠢᠭ ᠠᠵᠦ ᠠᠬᠤᠢᠢᠯᠡᠯ ᠢ ᠬᠡᠪᠴᠢᠶᠡᠵᠢᠯ ᠠᠴᠠ ᠲᠡᠭᠡᠭᠰᠢᠬᠢ ᠠᠵᠦ | ᠠᠬᠤᠢᠢᠯᠡᠯ ᠪᠤᠯᠭᠠᠨ ᠲᠡᠪᠰᠢᠬᠦᠯᠬᠦ︾ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠢᠢᠯᠠᠯ ᠢ | ᠰᠢᠨ᠎ᠡ ᠪᠠᠷ 10 ᠨᠡᠮᠡᠭᠳᠡᠬᠦᠯᠤᠨ᠎ᠠ᠃ ︽ᠲᠤᠰᠬᠠᠶ ᠨᠠᠷᠢᠯᠢᠭ ᠣᠨᠴᠠ ᠰᠢᠨ᠎ᠡ︾ ᠵᠢᠵᠢᠭ ᠠᠵᠤ ᠠᠬᠤᠢᠢᠯᠠᠯ ᠢ ᠪᠤᠶᠢᠵᠢᠭᠤᠯᠵᠤ᠂ ᠰᠢᠭᠡᠰᠦᠨ ᠬᠤᠤᠷ ᠢ ᠠᠷᠢᠯᠭᠠᠬᠤ | ᠮᠥᠬᠦᠯᠢᠭ᠂ ᠪᠢᠨᠳᠡᠷᠢᠶ᠎ᠡ᠂ ᠰᠢᠷ᠎ᠠ ᠲᠦᠭᠦᠬᠡᠶ ᠴᠠᠪᠠᠤ᠂ ᠠᠯᠠᠭ ᠮᠠᠭᠠᠵᠢ ᠶᠢᠨ ᠲᠣᠰᠣᠨ ᠤ ᠡᠭᠦᠰᠦᠮᠡᠯ ᠡᠳ᠋᠂ ᠰᠢᠪᠲᠦᠷ ᠥᠬᠡᠶ ᠣᠷᠴᠢᠨ ᠲᠣᠭᠤᠷᠢᠨ ᠢ ᠬᠠᠮᠠᠭᠠᠯᠠᠬᠤ | ᠬᠡᠯᠪᠡᠷᠢ ᠶᠢᠨ ᠪᠦᠷᠬᠦᠪᠴᠢᠳᠦ ᠡᠯᠡᠰᠦ᠂ ᠭᠤᠮ ᠤᠨ ᠲᠤᠰᠠᠯᠠᠭᠴᠢ ᠡᠳ᠋ ᠵᠡᠷᠭᠡ ᠨᠡᠮᠡᠯᠲᠡ ᠥᠷᠲᠡᠭ ᠥᠨᠳᠥᠷ᠂ ᠵᠠᠬ᠎ᠠ ᠳᠡᠯᠭᠡᠭᠦᠷ ᠤᠨ ᠳᠠᠯᠳᠠ ᠬᠦᠴᠦᠨ ᠴᠢᠩᠭ᠎ᠠ᠂ | ᠦᠷ᠎ᠡ ᠠᠰᠢᠭ ᠰᠠᠶᠢᠨ ᠦᠶᠯᠡᠳᠬᠦᠨ ᠦᠶᠯᠡᠳᠪᠦᠷᠢᠯᠡᠬᠦ ᠠᠵᠤ ᠠᠬᠤᠢᠢᠯᠠᠯ ᠢ ᠵᠣᠷᠢᠭᠵᠢᠭᠤᠯᠵᠤ᠂ ᠠᠵᠢᠯ ᠲᠥᠷᠥᠯ ᠤᠨ ᠳᠠᠭᠠᠭᠤᠯᠤᠭᠴᠢ ᠲᠦᠷᠦᠯ ᠲᠡᠮᠳᠡᠭ ᠢ | ᠡᠭᠦᠳᠦᠨ᠎ᠠ᠃ ᠣᠯᠠᠨ ᠢᠶᠠᠷ ᠢᠶᠠᠨ ᠥᠢᠯᠡᠰ ᠪᠤᠰᠬᠠᠵᠦ᠂ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠵᠦ᠂ ᠭᠠᠶᠢᠯᠢ ᠶᠢ ᠬᠥᠩᠭᠡᠯᠡᠵᠦ ᠰᠦᠶᠳᠬᠡᠯ ᠢ | ᠪᠠᠭᠤᠷᠠᠭᠤᠯᠬᠤ ᠵᠡᠷᠭᠡ ᠠᠵᠤ ᠠᠬᠤᠢᠢᠯᠠᠯ ᠳᠤ ᠬᠤᠯᠪᠣᠭᠳᠠᠭᠰᠠᠨ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠣᠳᠠᠲᠤ ᠴᠣᠭᠴᠠ ᠶᠢᠨ | ᠠᠵᠤ ᠠᠬᠤᠶ ᠶᠢᠨ ᠬᠥᠭᠵᠢᠯᠲᠡ ᠶᠢ ᠳᠡᠮᠵᠢᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠡᠷᠦᠩᠬᠡᠶ ᠬᠡᠮᠵᠢᠶ᠎ᠡ ᠶᠢ 30 ᠲᠦᠮᠡᠨ ᠡᠷᠦᠬᠡ ᠳᠤ ᠬᠦᠷᠭᠡᠬᠦ ᠪᠠᠷ | ᠬᠦᠴᠦᠯᠡᠨ ᠴᠢᠷᠮᠠᠶᠢᠨ᠎ᠠ᠃ | ᠰᠢᠨ᠎ᠡ ᠶᠢ ᠡᠬᠦᠳᠬᠦ ᠪᠠᠷ ᠬᠦᠭᠵᠢᠯᠳᠡ ᠶᠢ ᠠᠬᠢᠭᠤᠯᠤᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠶᠯᠡᠰ ᠤᠨ | ᠳᠡᠭᠡᠭᠰᠢᠯᠡᠯᠳᠡ ᠶᠢ ᠬᠠᠮᠳᠤ ᠪᠠᠷ ᠬᠦᠳᠡᠯᠤᠯᠴᠡᠬᠦ ᠶᠢ ᠪᠥᠬᠦ ᠬᠦᠴᠦᠨ ᠢᠶᠠᠷ ᠠᠬᠢᠭᠤᠯᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ | ᠣᠷᠣᠭᠤᠯᠤᠯᠲᠠ ᠶᠢᠨ ᠬᠦᠴᠦᠴᠡ ᠪᠠᠨ ᠶᠡᠬᠡᠰᠭᠡᠵᠦ᠂ ᠠᠵᠤ ᠠᠬᠤᠢᠢᠯᠠᠯ ᠤᠨ ᠰᠤᠳᠤᠯᠤᠨ ᠨᠡᠬᠡᠬᠡᠵᠦ ᠪᠡᠯᠡ ᠤᠷᠤᠭᠤᠯᠬᠤ ᠬᠦᠴᠦᠴᠡ ᠪᠠᠨ ᠳᠡᠭᠡᠭᠰᠢᠯᠡᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠲᠦᠷᠭᠡᠳᠬᠡᠨ ᠳᠡᠭᠡᠭᠰᠢᠯᠡᠭᠦᠯᠵᠦ᠂ ︽ᠲᠠᠪᠤᠨ ᠶᠡᠭᠡ ᠠᠵᠤ ᠦᠶᠯᠡᠰ ᠤᠨ ᠲᠥᠪᠯᠡᠷᠡᠯ︾ | ᠤᠨ ᠥᠷᠢᠰᠥᠯᠳᠦᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠢᠢᠯᠠᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠭᠦᠨᠵᠡᠭᠡᠶ | ᠬᠡᠷᠡᠭᠵᠢᠭᠦᠯᠵᠦ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ︵ᠪᠡᠭᠡᠵᠢᠩ︶ ᠤᠨ ᠲᠦᠩᠯᠢᠶᠣᠤ ᠶᠢᠨ ᠬᠤᠪᠢᠶᠠᠷᠢ ᠲᠥᠪ | ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠮᠠᠨ ᠤ ᠬᠤᠲᠠ ᠪᠤᠯᠤᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ᠂ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠵᠡᠷᠭᠡ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠤᠨ᠎ᠠ᠃ ᠲᠦᠩᠯᠢᠶᠣᠤ ᠶᠢᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠲᠤᠭᠤᠷᠢᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠨ ᠲᠦᠷᠭᠡᠳᠭᠡᠵᠦ᠂ ᠲᠦᠩᠯᠢᠶᠣᠤ ᠶᠢᠨ ᠳᠡᠭᠡᠳᠦ ᠰᠢᠨ᠎ᠡ | ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠭᠠᠬᠤ ᠶᠢ ᠠᠬᠢᠭᠤᠯᠵᠤ᠂ | ᠡᠷᠳᠡᠨᠢ ᠰᠢᠰᠢ᠂ ᠠᠯᠠᠰᠢᠨ ᠦᠬᠡᠷ ᠤᠨ ᠦᠷ᠎ᠡ ᠶᠢᠨ ᠦᠶᠯᠡᠰ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠤᠨ ᠰᠢᠨᠡᠴᠢᠯᠡᠯᠲᠡ ᠶᠢᠨ ᠲᠥᠪ ᠢ ᠳᠡᠭᠡᠳᠦ | ᠪᠠᠷᠢᠮᠵᠢᠶ᠎ᠠ ᠪᠠᠷ ᠪᠠᠶᠢᠭᠤᠯᠤᠨ᠎ᠠ᠃ ︽ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠵᠤ ᠦᠶᠯᠡᠰ ᠤᠨ | ᠰᠢᠨ᠎ᠡ ᠶᠢ ᠡᠭᠦᠳᠬᠦ ᠲᠠᠪᠴᠠᠩ ᠪᠠ ᠰᠢᠨ᠎ᠡ ᠡᠭᠦᠳᠦᠯᠲᠡ ᠲᠠᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠲᠦᠷᠭᠡᠳᠬᠡᠵᠦ᠂ ᠲᠦᠩᠯᠢᠶᠣᠤ ᠬᠤᠲᠠ ᠶᠢᠨ ᠬᠥᠮᠦᠨ | ᠤ ᠬᠦᠴᠦᠨ ᠤ ᠡᠬᠢ ᠪᠠᠶᠠᠯᠢᠭ ᠤᠨ ᠦᠶᠯᠡᠴᠢᠯᠡᠭᠡᠨ ᠤ ᠠᠵᠤ ᠦᠶᠯᠡᠰ ᠤᠨ ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠣᠷᠣᠨ ᠪᠦᠰᠡ ᠶᠢᠨ | ᠴᠢᠨᠠᠷᠲᠠᠶ ᠴᠢᠳᠠᠪᠤᠷᠢᠲᠠᠨ ᠤ ᠰᠢᠨ᠎ᠡ ᠶᠢ ᠡᠭᠦᠳᠬᠦ ᠭᠠᠵᠠᠷ ᠪᠣᠯᠭᠠᠨ᠎ᠠ᠃ | ︵ᠬᠤᠶᠡᠷ︶ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠣᠲᠣ ᠦᠶ᠎ᠡ ᠶᠢᠨ ᠠᠵᠤ ᠦᠶᠯᠡᠰ ᠤᠨ ᠰᠢᠰᠲ᠋ᠧᠮ ᠢ ᠢᠳᠡᠪᠬᠢᠲᠡᠶ ᠪᠠᠶᠢᠭᠤᠯᠤᠨ᠎ᠠ᠃ | ᠤᠯᠠᠮᠵᠢᠯᠠᠯᠲᠤ ᠠᠵᠤ ᠦᠶᠯᠡᠰ ᠪᠠ ᠰᠢᠨ᠎ᠡ ᠮᠠᠨᠳᠤᠬᠰᠡᠨ ᠠᠵᠤ ᠦᠶᠯᠡᠰ ᠤᠨ ᠬᠠᠮᠲᠤ ᠪᠠᠷ ᠬᠦᠴᠦᠯᠡᠬᠦ ᠶᠢ ᠪᠠᠷᠢᠮᠲᠠᠯᠠᠵᠤ ᠰᠢᠨ᠎ᠡ ᠮᠠᠶ᠋ᠢᠭ ᠤᠨ ᠠᠵᠤ | ᠦᠶᠯᠡᠳᠪᠦᠷᠢᠵᠢᠯᠲᠡ ᠪᠠᠷ ᠭᠤᠤᠯ ᠪᠣᠯᠭᠠᠵᠦ ᠣᠲᠣ ᠦᠶ᠎ᠡ ᠶᠢᠨ ᠲᠠᠷᠢᠶᠠᠯᠡᠩ ᠮᠠᠯ ᠠᠵᠤ ᠠᠬᠤᠶ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠪᠠ ᠰᠢᠨ᠎ᠡ ᠪᠠᠷ | ᠮᠠᠨᠳᠤᠬᠰᠡᠨ ᠠᠵᠤ ᠦᠶᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠨᠢᠭᠡ ᠬᠤᠶᠠᠷ ᠭᠤᠷᠪᠠᠳᠤᠭᠠᠷ ᠠᠵᠤ ᠦᠶᠯᠡᠰ ᠤᠨ ᠠᠭᠤᠰᠤᠯᠴᠡᠯ ᠬᠥᠭᠵᠢᠯᠲᠡ ᠶᠢ | ᠲᠦᠷᠭᠡᠳᠬᠡᠵᠦ᠂ ᠪᠣᠬᠢᠷᠲᠤᠯ ᠥᠬᠡᠶ ᠣᠨᠴᠠᠯᠢᠭᠲᠤ ᠳᠠᠪᠠᠭᠤᠯᠢᠭ ᠣᠲᠣ ᠦᠶ᠎ᠡ ᠶᠢᠨ ᠠᠵᠤ ᠦᠶᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ | ᠰᠢᠨ᠎ᠡ ᠬᠡᠯᠪᠡᠷᠢ ᠶᠢᠨ ᠠᠵᠤ ᠦᠶᠯᠡᠳᠪᠦᠷᠢᠵᠢᠯᠲᠡᠠ ᠤ ᠬᠦᠴᠤ ᠪᠠᠨ ᠲᠥᠪᠯᠡᠷᠡᠭᠦᠯᠦᠨ᠎ᠡ᠃ ᠠᠵᠦ ᠦᠢᠯᠡᠰ ᠲᠤ ᠰᠢᠪᠳᠤᠯᠤᠯᠳᠡ ᠬᠢᠵᠤ᠂ ᠠᠵᠦ ᠥᠢᠯᠡᠳᠪᠤᠷᠢ | ᠳᠤ ᠰᠢᠢᠳᠪᠤᠷᠢᠳᠤ ᠳᠡᠶᠢᠯᠡᠯᠳᠤᠭᠠᠨ ᠬᠢᠬᠦ ᠶᠢ ᠪᠠᠷᠢᠮᠲᠠᠯᠠᠵᠤ᠂ ᠠᠵᠤ ᠦᠶᠯᠡᠳᠪᠦᠷᠢ ᠶᠢᠨ ᠲᠤᠯᠭᠠᠭᠤᠷᠢ ᠠᠵᠤ ᠥᠢᠯᠡᠰ ᠢ ᠲᠦᠷᠭᠡᠨ ᠴᠤᠬᠴᠡᠯᠡᠵᠤ᠂ ︽ᠨᠢᠭᠡ ᠦᠶᠯᠡᠰ | ᠢᠶᠠᠷ ᠤᠯᠡᠨ ᠦᠶᠯᠡᠰ ᠢ ᠳᠠᠶᠢᠴᠢᠯᠠᠨ ᠮᠠᠨᠳᠤᠭᠤᠯᠬᠤ︾ ᠶᠢ ᠪᠡᠶᠡᠯᠡᠭᠦᠯᠦᠨ᠎ᠡ᠃ ᠠᠵᠤ ᠦᠶᠯᠡᠳᠪᠦᠷᠢ ᠶᠢᠨ ᠰᠥᠷᠥᠭᠵᠢᠯ ᠬᠥᠭᠵᠢᠯᠳᠡ ᠶᠢ ᠠᠬᠢᠭᠤᠯᠵᠤ᠂ ᠨᠡᠭᠦᠷᠡᠰᠦ | ᠴᠠᠬᠢᠯᠭᠠᠨ ᠬᠥᠩᠭᠡᠨᠴᠠᠭᠠᠨ ᠤ ᠠᠵᠤ ᠦᠶᠯᠡᠰ ᠤᠨ ᠰᠠᠭᠤᠷᠢ ᠪᠠᠨ ᠴᠢᠩᠭᠠᠳᠬᠠᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠳᠣᠪᠤᠶᠢᠯᠭᠠᠵᠤ᠂ ᠤᠯᠤᠰ ᠤᠨ ᠴᠠᠬᠢᠯᠭᠠᠨ | ᠤ ᠪᠠᠯᠠ ᠤᠷᠤᠭᠤᠯᠤᠯᠳᠡ ᠶᠢᠨ ᠵᠠᠬᠠᠨᠠᠭᠤᠷ ᠤᠨ ᠬᠥᠩᠭᠡᠨᠴᠠᠭᠠᠨ ᠤ ᠬᠤᠶᠠᠳᠤᠭᠠᠷ ᠬᠤᠭᠤᠴᠠᠭ᠎ᠠ᠂ ᠴᠤᠸᠠᠩ ᠶᠤᠸᠠᠨ ᠲᠡᠮᠦᠷᠯᠢᠭ ᠤᠨ ᠮᠠᠰᠢᠨ ᠲᠡᠷᠭᠡᠨ ᠳᠤ ᠬᠡᠷᠡᠭᠯᠡᠬᠦ | ᠬᠥᠩᠭᠡᠨᠴᠠᠭᠠᠨ ᠤ ᠬᠠᠶᠢᠯᠤᠰᠢ᠂ ᠶᠠ ᠰᠢᠨ ᠬᠥᠩᠭᠡᠨᠴᠠᠭᠠᠨ ᠤ ᠬᠠᠪᠲᠠᠰᠤ ᠵᠡᠷᠭᠡ ᠬᠥᠩᠭᠡᠨᠴᠠᠭᠠᠨ ᠢ ᠨᠠᠷᠢᠯᠢᠭ ᠭᠦᠨ ᠡᠳ᠋ᠰᠢᠬᠦᠯᠬᠦ ᠲᠥᠷᠥᠯ ᠵᠦᠶᠯ ᠢ ᠪᠠᠷᠢᠯᠭ᠎ᠠ | ᠡᠬᠢᠯᠡᠭᠦᠯᠦᠨ ᠪᠥᠲᠥᠭᠡᠨ ᠪᠠᠶᠢᠭᠤᠯᠬᠤ ᠶᠢ ᠭᠤᠤᠯᠳᠠᠯᠭ᠎ᠠ ᠲᠠᠢ ᠠᠬᠢᠭᠤᠯᠵᠤ᠂ ᠯᠢᠶᠠᠨ ᠱᠧᠩ ᠥᠨᠳᠥᠷ ᠨᠠᠷᠢᠯᠢᠭ ᠥᠷᠭᠡᠨ ᠬᠡᠲᠦ ᠨᠢᠮᠭᠡᠨ ᠬᠥᠩᠭᠡᠨᠴᠠᠭᠠᠨ ᠴᠠᠭᠠᠰᠤ᠂ | ᠶᠢᠨ ᠬᠤᠶ ᠬᠥᠩᠭᠡᠨᠴᠠᠭᠠᠨ ᠤ ᠨᠤᠨᠲᠠᠭ ᠵᠡᠷᠭᠡ ᠲᠥᠷᠥᠯ ᠵᠦᠶᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ︔ ᠨᠢᠺᠧᠯ ᠤᠨ ᠣᠷᠴᠢᠯ ᠠᠵᠤ ᠠᠬᠤᠶ ᠶᠢᠨ | ᠠᠵᠤ ᠦᠶᠯᠡᠰ ᠤᠨ ᠬᠡᠯᠬᠢᠶᠡᠵᠢᠯ ᠢ ᠤᠷᠲᠤᠳᠬᠠᠨ ᠨᠥᠬᠦᠪᠥᠷᠢᠯᠡᠬᠦ ᠶᠢ ᠰᠠᠶᠢᠳᠤᠷ ᠠᠳᠬᠤᠵᠤ᠂ ᠵᠢᠩ ᠠᠨ ᠤ ᠨᠢᠭᠡᠳᠦᠭᠡᠷ ᠬᠤᠭᠤᠴᠠᠭᠠᠨ ᠤ 18 ᠨᠢᠺᠧᠯ ᠲᠡᠮᠦᠷ ᠤᠨ | ᠦᠶᠯᠡᠳᠪᠦᠷᠢᠯᠡᠯ ᠤᠨ ᠱᠤᠭᠤᠮ ᠤᠨ ᠵᠠᠯᠭᠠᠭ᠎ᠠ ᠪᠠᠷ ᠠᠰᠢᠭᠯᠠᠯᠲᠠ ᠳᠤ ᠣᠷᠣᠬᠤ ᠶᠢ ᠭᠤᠤᠯᠳᠠᠯᠭ᠎ᠠ ᠲᠠᠢ ᠠᠬᠢᠭᠤᠯᠵᠤ᠂ ᠵᠢᠪᠡᠷᠡᠬᠦ ᠥᠬᠡᠶ ᠪᠣᠯᠣᠳ ᠲᠡᠮᠦᠷ ᠤᠨ | ᠲᠥᠷᠥᠯ ᠵᠦᠶᠯ ᠤᠨ ᠪᠠᠷᠢᠯᠭ᠎ᠠ ᠶᠢᠨ ᠠᠵᠢᠯ ᠢ ᠳᠠᠭᠤᠰᠬᠠᠬᠤ ᠶᠢᠨ ᠬᠠᠮᠲᠤ᠂ ᠲᠣᠨᠤᠭ ᠲᠥᠬᠦᠭᠡᠷᠦᠮᠵᠢ ᠶᠢ ᠤᠭᠰᠠᠷᠠᠨ᠎ᠠ︔ ᠪᠣᠬᠢᠷᠲᠤᠯ ᠥᠬᠡᠶ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠶᠯᠡᠰ ᠢ ᠴᠢᠨᠠᠷ ᠰᠠᠶᠢᠳᠡᠢ ᠥᠨᠳᠥᠷ ᠪᠦᠲᠦᠮᠵᠢᠲᠡᠶ ᠪᠠᠷ ᠬᠡᠯᠪᠡᠷᠢ ᠶᠢ ᠬᠤᠪᠢᠷᠠᠭᠤᠯᠵᠤ᠂ ᠡᠷᠳᠡᠨᠢ ᠰᠢᠰᠢ ᠶᠢ | ᠪᠥᠬᠦ ᠲᠠᠯ᠎ᠠ ᠪᠠᠷ ᠨᠡᠭᠡᠭᠡᠨ ᠬᠥᠭᠵᠢᠭᠦᠯᠬᠦ᠂ ᠠᠯᠡᠰᠢᠨ ᠦᠬᠡᠷ ᠢ ᠪᠥᠬᠦ ᠲᠠᠯ᠎ᠠ ᠪᠠᠷ ᠠᠰᠢᠭᠯᠠᠬᠤ ᠶᠢ ᠠᠬᠢᠭᠤᠯᠵᠤ᠂ ᠮᠧᠶ ᠬᠤᠸᠠ ᠠᠮᠢᠳᠤ ᠪᠣᠳᠠᠰ ᠤᠨ ᠨᠡᠶᠢᠯᠡᠮᠡᠯ | ᠰᠢᠪᠲᠦᠷ᠂ ᠬᠤᠸᠠ ᠰᠢᠨ ᠡᠮ ᠤᠨ ᠦᠶᠯᠡᠰ ᠤᠨ ᠳᠡᠭᠡᠳᠦ ᠲᠠᠰ ᠤᠨ ᠡᠮ ᠡᠮᠨᠡᠯᠭᠡ ᠶᠢᠨ ᠲᠦᠭᠦᠬᠡᠶ ᠮᠠᠲ᠋ᠧᠷᠢᠶᠠᠯ᠂ ᠯᠦᠩ ᠰᠢ ᠪᠦᠯᠦᠭᠯᠡᠯ ᠤᠨ ᠠᠯᠠᠰᠢᠨ ᠦᠬᠡᠷ ᠤᠨ | ᠠᠵᠤ ᠦᠶᠯᠡᠰ ᠤᠨ ᠪᠥᠬᠦ ᠬᠡᠯᠬᠢᠶᠡᠰᠤ᠂ ᠶᠤᠸᠠᠨ ᠮᠥ ᠢᠳᠡᠭᠡᠨ ᠤ 400 ᠲᠦᠮᠡᠨ ᠭᠠᠭ᠋ᠠᠶ ᠨᠢᠲᠤᠯᠬᠤ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ | ᠭᠤᠤᠯᠳᠠᠯᠭ᠎ᠠ ᠲᠠᠢ ᠠᠬᠢᠭᠤᠯᠵᠤ᠂ ᠬᠤᠸᠠ ᠱᠦ ᠠᠮᠢᠳᠤ ᠪᠣᠳᠠᠰ ᠤᠨ ᠬᠤᠶᠠᠳᠤᠭᠠᠷ ᠬᠤᠭᠤᠴᠠᠭᠠᠨ ᠤ ᠰᠢᠷᠣᠶ ᠶᠢᠨ ᠬᠥᠭᠡᠴᠦ ᠱᠦᠯᠲᠦ᠂ ᠬᠠ ᠯᠢᠨ ᠮᠢᠬᠠᠨ ᠤ | ᠦᠶᠯᠡᠰ ᠤᠨ ᠠᠯᠡᠰᠢᠨ ᠦᠬᠡᠷ ᠡᠳ᠋ᠰᠢᠭᠦᠯᠬᠦ᠂ ᠮᠧᠩ ᠨᠢᠤ ᠰᠦ ᠶᠢᠨ ᠦᠶᠯᠡᠰ ᠤᠨ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ ᠵᠦᠶᠯ ᠢ ᠠᠰᠢᠭᠯᠠᠯᠲᠠ ᠳᠤ | ᠣᠷᠣᠭᠤᠯᠵᠤ᠂ ᠬᠤᠷᠴᠢᠨ ᠤ ᠪᠣᠬᠢᠷᠲᠤᠯ ᠥᠬᠡᠶ ᠢᠳᠡᠭᠡᠨ ᠤ ᠰᠢᠨ᠎ᠡ ᠶᠢ ᠡᠭᠦᠳᠬᠦ ᠠᠵᠤ ᠦᠶᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠵᠤ᠂ ᠲᠠᠷᠢᠶᠠᠯᠠᠩ | ᠤᠨ ᠲᠠᠭᠠᠯᠳᠡ ᠢᠳᠡᠭᠡᠨ ᠤ ᠵᠦᠢᠯᠡᠰ ᠡᠳ᠋ᠰᠢᠬᠦᠯᠬᠦ ᠠᠵᠤ ᠦᠶᠯᠡᠰ ᠢ ᠲᠦᠷᠭᠡᠳᠬᠡᠨ ᠬᠥᠭᠵᠢᠭᠦᠯᠦᠨ᠎ᠡ︔ ᠣᠲᠣ ᠦᠶ᠎ᠡ ᠶᠢᠨ ᠡᠨᠧᠷᠭᠢ ᠶᠢᠨ ᠵᠢᠱᠢᠶ᠎ᠡ ᠦᠵᠡᠭᠦᠯᠬᠦ ᠠᠵᠤ | ᠦᠶᠯᠡᠰ ᠤᠨ ᠪᠣᠬᠢᠷᠲᠤᠯ ᠥᠬᠡᠶ ᠳᠡᠭᠡᠳᠦ ᠲᠠᠰ ᠤᠨ ᠬᠥᠭᠵᠢᠯᠲᠡ ᠶᠢ ᠠᠬᠢᠭᠤᠯᠵᠤ᠂ ᠬᠤᠶᠢᠳᠦ ᠬᠡᠰᠡᠭ ᠤᠨ ︽ᠴᠠᠬᠢᠯᠭᠠᠨ ᠡᠨᠧᠷᠬᠢ ᠴᠡᠬᠢᠯᠭᠠᠨ ᠲᠤᠤᠷ ᠴᠡᠬᠢᠯᠭᠠᠨ ᠤ | ᠳᠠᠭᠠᠭᠠᠴᠠ ᠨᠥᠭᠡᠴᠡ ᠴᠡᠬᠢᠯᠭᠠᠨ︾ ᠤ ᠬᠠᠮᠵᠢᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠯᠦ ᠬᠥ᠋ ᠲᠣᠭᠲᠠᠮᠠᠯ | ᠭᠦᠶᠦᠳᠡᠯ ᠤᠨ ᠵᠠᠭᠤᠨ ᠲᠦᠮᠡᠨ ᠺᠢᠯᠣᠸᠠᠲ ᠤᠨ ᠭᠠᠳᠠᠭᠰᠢ ᠬᠦᠷᠭᠡᠬᠦ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠲᠥᠷᠥᠯ ᠵᠦᠶᠯ ᠢ ᠠᠵᠢᠯ | ᠡᠬᠢᠯᠡᠭᠦᠯᠦᠨ ᠪᠥᠲᠥᠭᠡᠨ ᠪᠠᠶᠢᠭᠤᠯᠵᠤ᠂ ᠵᠢᠯ ᠤᠨ ᠳᠣᠲᠣᠷ᠎ᠠ ᠳᠠᠬᠢᠨ ᠠᠰᠢᠬᠯᠡᠵᠤ ᠪᠣᠯᠬᠤ ᠡᠨᠧᠷᠭᠢ ᠶᠢᠨ ᠮᠠᠰᠢᠨ ᠴᠣᠭᠴᠠᠯᠠᠪᠤᠷᠢ ᠶᠢ ᠰᠢᠨ᠎ᠡ ᠪᠠᠷ 100 ᠲᠦᠮᠡᠨ | ᠺᠢᠯᠣᠸᠠᠲ ᠨᠡᠮᠡᠭᠳᠡᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠠᠵᠤ ᠦᠶᠯᠡᠰ ᠤᠨ ᠡᠮᠴᠢᠯᠡᠭᠡ ᠡᠷᠡᠭᠦᠯᠵᠢᠯ ᠰᠤᠪᠢᠯᠠᠯᠲᠠ ᠶᠢ ᠨᠢᠭᠡ ᠴᠣᠭᠴᠠᠵᠢᠭᠤᠯᠤᠨ | ᠬᠥᠭᠵᠢᠭᠦᠯᠵᠦ᠂ ᠬᠠᠶ ᠲᠢᠶᠠᠨ ᠡᠮ ᠦᠶᠯᠡᠳᠬᠦ ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠠᠩᠬ᠎ᠠ ᠡᠳ᠋ᠰᠢᠬᠦᠯᠤᠯᠳᠡ ᠪᠠ ᠬᠢᠲᠠᠳ ᠴᠢᠨᠠᠬᠤ ᠡᠮ᠂ ᠮᠣᠩᠭᠤᠯ ᠡᠮ | ᠤᠨ ᠬᠤᠪᠢ ᠣᠷᠣᠭᠤᠯᠤᠭᠰᠠᠨ ᠮᠣᠩᠭᠤᠯ ᠡᠮ ᠤᠨ ᠡᠷᠳᠡᠨᠢ ᠦᠷᠢᠯ ᠤᠨ ᠣᠶᠤᠨᠴᠢ ᠦᠶᠯᠡᠳᠪᠦᠷᠢᠯᠡᠯ ᠤᠨ ᠱᠤᠭᠤᠮ ᠤᠨ ᠮᠡᠷᠭᠡᠵᠢᠯ ᠤᠨ ᠥᠭᠡᠷᠡᠴᠢᠯᠡᠯᠲᠡ ᠵᠡᠷᠭᠡ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠥᠪᠥᠷ ᠮᠣᠩᠭᠤᠯ ︵ᠲᠦᠩᠯᠢᠶᠣᠤ︶ ᠤᠨ ᠳᠣᠯᠣᠳᠤᠭᠠᠷ ᠬᠤᠭᠤᠴᠠᠭᠠᠨ ᠤ | ᠬᠢᠲᠠᠳ ᠮᠣᠩᠭᠤᠯ ᠡᠮ ᠡᠮᠨᠡᠯᠭᠡ ᠶᠢᠨ ᠠᠵᠤ ᠦᠶᠯᠡᠰ ᠤᠨ ᠦᠵᠡᠰᠬᠦᠯᠡᠩ ᠢ ᠡᠷᠭᠢᠯᠡᠨ᠎ᠡ᠃ ᠠᠵᠤ ᠦᠶᠯᠡᠳᠪᠦᠷᠢ ᠶᠢᠨ ᠲᠣᠭᠠᠴᠢᠯᠠᠭᠰᠠᠨ᠂ ᠤᠶᠤᠨᠴᠢᠯᠠᠭᠰᠠᠨ᠂ | ᠪᠣᠬᠢᠷᠳᠤᠯ ᠦᠭᠡᠶ ᠥᠭᠡᠷᠡᠴᠢᠯᠡᠯᠲᠡ ᠶᠢ ᠠᠬᠢᠭᠤᠯᠵᠤ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠢᠨᠠᠷ ᠰᠠᠶᠢᠳᠡᠢ ᠬᠥᠭᠵᠢᠯᠲᠡ | ᠶᠢᠨ ᠲᠥᠯᠥᠪᠵᠢᠭᠦᠯᠭᠡ ᠶᠢ ᠲᠣᠭᠲᠠᠭᠠᠨ ᠨᠡᠶᠢᠲᠡᠯᠡᠵᠤ᠂ ᠪᠣᠬᠢᠷᠲᠤᠯ ᠥᠬᠡᠶ ᠬᠦᠷᠢᠶᠡᠯᠡᠩ ᠲᠤᠭᠤᠷᠢᠭ᠂ ᠪᠣᠬᠢᠷᠲᠤᠯ ᠥᠬᠡᠶ ᠦᠶᠯᠡᠳᠪᠦᠷᠢ ᠶᠢ ᠡᠭᠦᠳᠦᠨ ᠪᠠᠶᠢᠭᠤᠯᠤᠨ᠎ᠠ᠃ | ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠤᠨ ᠬᠠᠷᠠᠯᠲᠠ ᠳᠤ ᠠᠩᠬᠠᠷᠤᠯ ᠲᠥᠪᠯᠡᠷᠡᠭᠦᠯᠵᠦ᠂ ᠠᠵᠤ ᠦᠶᠯᠡᠰ ᠤᠨ ᠪᠦᠲᠦᠴᠡ ᠪᠠ ᠡᠨᠧᠷᠭᠢ ᠶᠢᠨ | ᠪᠦᠲᠦᠴᠡ ᠶᠢ ᠵᠣᠷᠢᠭ ᠰᠢᠭᠤᠳᠤᠨ ᠲᠣᠬᠢᠷᠠᠭᠤᠯᠵᠤ᠂ ᠬᠠᠳᠠᠭᠠᠯᠠᠮᠵᠢ ᠶᠢ ᠰᠢᠯᠢᠳᠡᠭᠵᠢᠭᠦᠯᠦᠨ ᠣᠷᠣᠨ ᠵᠠᠶ ᠭᠠᠷᠭᠠᠵᠤ᠂ ᠪᠣᠬᠢᠷᠲᠤᠯ ᠥᠬᠡᠶ ᠡᠨᠧᠷᠭᠢ ᠶᠢᠨ ᠣᠷᠣᠨ ᠵᠠᠶ | ᠶᠢ ᠥᠷᠬᠡᠳᠬᠡᠵᠤ᠂ ᠪᠣᠬᠢᠷᠲᠤᠯ ᠥᠬᠡᠶ ᠰᠢᠨ᠎ᠡ ᠬᠡᠯᠪᠡᠷᠢ ᠶᠢᠨ ᠠᠵᠤ ᠦᠶᠯᠡᠳᠪᠦᠷᠢᠵᠢᠯᠲᠡ ᠶᠢᠨ ᠵᠠᠮ ᠢᠶᠠᠷ ᠴᠢᠷᠮᠠᠶᠢᠨ ᠵᠠᠮᠨᠠᠨ᠎ᠠ᠃ | ᠣᠲᠣ ᠦᠶ᠎ᠡ ᠶᠢᠨ ᠮᠠᠯ ᠲᠠᠷᠢᠶᠠᠯᠠᠩ ᠥᠢᠯᠡᠰ ᠢ ᠶᠡᠭᠡ ᠬᠦᠴᠦᠨ ᠢᠶᠠᠷ ᠬᠥᠭᠵᠢᠭᠦᠯᠦᠨ᠎ᠡ᠃ ᠤᠯᠤᠰ ᠤᠨ ᠴᠢᠨᠠᠷ ᠰᠠᠶᠢᠳᠡᠢ ᠪᠣᠬᠢᠷᠲᠤᠯ ᠥᠬᠡᠶ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠭᠠᠵᠡᠷ ᠢ ᠪᠥᠲᠥᠭᠡᠨ ᠪᠠᠶᠢᠭᠤᠯᠬᠤ ᠲᠣᠭᠤᠷᠢᠨ ᠳᠤ᠂ ᠲᠠᠷᠢᠶᠠᠯᠡᠩ ᠮᠠᠯ ᠠᠵᠤ ᠠᠬᠤᠶ | ᠶᠢᠨ ᠬᠦᠷᠢᠶᠡᠯᠡᠩ ᠲᠣᠭᠤᠷᠢᠭ ᠤᠨ ᠪᠠᠶᠢᠷᠢᠯᠡᠭᠤᠯᠤᠯᠲᠠ ᠶᠢ ᠠᠬᠢᠭᠤᠯᠵᠤ᠂ ᠤᠯᠤᠰ ᠤᠨ ᠪᠣᠬᠢᠷᠲᠤᠯ ᠥᠬᠡᠶ ᠡᠷᠳᠡᠨᠢ ᠰᠢᠰᠢ ᠶᠢᠨ ᠪᠠᠷᠢᠮᠵᠢᠶᠠᠳᠤ ᠦᠶᠯᠡᠳᠪᠦᠷᠢᠯᠡᠯ ᠤᠨ | ᠰᠠᠭᠤᠷᠢᠨ ᠭᠠᠵᠡᠷ᠂ ᠦᠬᠡᠷ ᠬᠤᠨᠢᠨ ᠮᠢᠬᠠᠨ ᠤ ᠦᠶᠯᠡᠳᠪᠦᠷᠢᠯᠡᠯ ᠤᠨ ᠰᠠᠭᠤᠷᠢᠨ ᠭᠠᠵᠡᠷ᠂ ᠴᠢᠨᠠᠷ ᠰᠠᠶᠢᠳᠡᠢ ᠴᠠᠭᠠᠨ ᠢᠳᠡᠭᠡᠨ ᠤ ᠦᠶᠯᠡᠳᠪᠦᠷᠢᠯᠡᠯ ᠤᠨ ᠰᠠᠭᠤᠷᠢᠨ | ᠭᠠᠵᠡᠷ᠂ ᠬᠦᠶᠲᠡᠨ ᠰᠡᠷᠢᠭᠦᠨ ᠭᠠᠵᠠᠷ ᠣᠷᠣᠨ ᠤ ᠪᠣᠬᠢᠷᠲᠤᠯ ᠥᠬᠡᠶ ᠵᠢᠮᠢᠰ ᠢᠳᠡᠰᠢᠨ ᠨᠣᠭᠤᠭ᠎ᠠ ᠶᠢᠨ ᠦᠶᠯᠡᠳᠪᠦᠷᠢᠯᠡᠯ ᠤᠨ ᠰᠠᠭᠤᠷᠢᠨ ᠭᠠᠵᠡᠷ ᠢ ᠪᠥᠲᠥᠭᠡᠨ | ᠪᠠᠶᠢᠭᠤᠯᠵᠤ᠂ ᠤᠯᠤᠰ ᠤᠨ ᠲᠠᠷᠢᠶᠠᠯᠠᠩ ᠤᠨ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢᠨ | ᠬᠤᠰᠢᠭᠤᠴᠢ ᠣᠷᠣᠨ ᠢ ᠡᠭᠦᠳᠦᠨ ᠪᠠᠶᠢᠭᠤᠯᠤᠨ᠎ᠠ᠃ ᠵᠠᠳᠠᠭᠠᠢ ᠭᠠᠵᠡᠷ ᠤᠨ ᠢᠳᠡᠰᠢᠨ ᠨᠤᠭᠤᠭ᠎ᠠ ᠪᠠ ᠲᠦᠭᠦᠭᠡᠷᠤᠮᠵᠢᠳᠦ ᠲᠠᠷᠢᠶᠠᠯᠠᠩ ᠤᠨ ᠲᠠᠯᠠᠪᠠᠶ ᠶᠢ 83.5 | ᠲᠦᠮᠡᠨ ᠮᠥ ᠳᠤ ᠬᠦᠷᠭᠡᠨ᠎ᠡ᠃ ᠪᠦᠬᠦ ᠵᠢᠯ ᠤᠨ ᠠᠯᠠᠰᠢᠨ ᠦᠬᠡᠷ ᠤᠨ ᠬᠠᠰᠢᠶᠠᠯᠡᠯᠳᠡ ᠶᠢ 310 ᠲᠦᠮᠡ ᠳᠤ ᠬᠦᠷᠭᠡᠵᠦ᠂ ᠬᠡᠪᠴᠢᠶᠡᠵᠢᠳᠤ ᠲᠡᠵᠢᠭᠡᠨ ᠦᠷᠡᠵᠢᠭᠦᠯᠬᠦ | ᠬᠠᠷᠢᠴᠡᠯ ᠢ 43% ᠳᠤ ᠬᠦᠷᠭᠡᠨ᠎ᠡ᠃ ᠨᠢᠭᠡ ᠦᠬᠡᠷ ᠵᠡᠬᠢᠶᠡᠯᠡᠨ ᠲᠡᠵᠢᠭᠡᠬᠦ ᠰᠠᠭᠠᠯᠢ ᠶᠢᠨ ᠦᠶᠯᠡᠰ ᠤᠨ ᠠᠵᠤ ᠦᠶᠯᠡᠰ ᠤᠨ ᠬᠦᠷᠢᠶᠡᠯᠡᠩ ᠪᠠᠶᠢᠭᠤᠯᠵᠤ᠂ ᠲᠦᠮᠠᠡ | ᠮᠡᠯ ᠳᠡᠵᠢᠬᠡᠪᠤᠷᠢ ᠲᠠᠢ ᠮᠠᠯᠵᠢᠯ ᠤᠨ ᠲᠠᠯᠠᠪᠠᠶ ᠶᠢ ᠰᠢᠨ᠎ᠡ ᠪᠠᠷ 10 ᠪᠠᠶᠢᠭᠤᠯᠤᠨ᠎ᠠ᠃ ᠲᠠᠷᠢᠶᠠᠯᠡᠩ ᠮᠠᠯ ᠠᠵᠤ ᠠᠬᠤᠶ ᠶᠢᠨ ᠪᠣᠬᠢᠷᠲᠤᠯ ᠥᠬᠡᠶ ᠬᠥᠭᠵᠢᠯᠲᠡ ᠶᠢ | ᠠᠬᠢᠭᠤᠯᠵᠤ᠂ ᠲᠠᠷᠢᠶᠡᠨ ᠭᠠᠵᠠᠷ ᠢ ᠬᠠᠮᠠᠭᠠᠯᠠᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠵᠤ᠂ ᠥᠨᠳᠥᠷ ᠪᠦᠲᠦᠮᠵᠢᠲᠤ ᠤᠰᠤ ᠠᠷᠪᠢᠯᠠᠬᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ 20 ᠲᠦᠮᠡᠨ ᠮᠥ ᠪᠠᠶᠢᠭᠤᠯᠤᠨ᠎ᠠ᠃ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠬᠢᠮᠢ ᠶᠢᠨ ᠪᠣᠷᠲᠣᠭᠤᠷ ᠬᠡᠷᠡᠭᠯᠡᠬᠦ ᠬᠡᠮᠵᠢᠶ᠎ᠡ ᠶᠢ 4.8 ᠲᠦᠮᠡᠨ ᠲᠣᠨ ᠠᠴᠠ ᠳᠡᠭᠡᠭᠰᠢ ᠪᠠᠭᠠᠰᠬᠠᠵᠤ᠂ ᠲᠠᠷᠢᠶᠠᠨ ᠡᠮ ᠬᠡᠷᠡᠭᠯᠡᠬᠦ | ᠬᠡᠮᠵᠢᠶ᠎ᠡ ᠶᠢ 1950 ᠲᠣᠨ ᠬᠦᠷᠲᠡᠯ᠎ᠡ ᠪᠠᠭᠤᠷᠠᠭᠤᠯᠵᠤ᠂ ᠤᠰᠤ ᠪᠣᠷᠲᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠶ ᠶᠢ 600 ᠲᠦᠮᠡᠨ ᠮᠥ ᠳᠤ ᠬᠦᠷᠭᠡᠨ᠎ᠡ᠃ | ᠲᠠᠷᠢᠶᠠᠯᠡᠩ ᠮᠠᠯ ᠠᠵᠤ ᠠᠬᠤᠶ ᠶᠢ ᠲᠦᠷᠦᠯ ᠲᠡᠮᠳᠡᠭᠴᠢᠯᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ ᠪᠣᠬᠢᠷᠲᠤᠯ ᠥᠬᠡᠶ ᠣᠷᠭᠠᠨᠢᠭ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠦᠨᠡᠯᠡᠨ ᠲᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠬᠦᠯᠵᠤ᠂ ᠲᠠᠷᠢᠶᠠᠯᠡᠩ ᠮᠠᠯ ᠠᠵᠤ ᠠᠬᠤᠶ ᠶᠢᠨ ᠦᠶᠯᠡᠳᠪᠦᠷᠢᠯᠡᠯ ᠤᠨ | ᠪᠠᠷᠢᠮᠵᠢᠶᠠᠳᠤ ᠠᠵᠢᠯᠯᠠᠭ᠎ᠠ ᠥᠷᠨᠢᠭᠦᠯᠵᠦ᠂ ᠬᠤᠷᠴᠢᠨ ᠦᠬᠡᠷ᠂ ᠲᠦᠩᠯᠢᠶᠣᠤ ᠶᠢᠨ ᠰᠢᠷ᠎ᠠ ᠡᠷᠳᠡᠨᠢ ᠰᠢᠰᠢ᠂ ᠴᠠᠭᠠᠨ ᠢᠳᠡᠭᠡᠡ ᠵᠡᠷᠭᠡ ᠶᠢᠨ ᠪᠠᠷᠢᠮᠵᠢᠶᠠᠲᠤ ᠰᠢᠰᠲ᠋ᠧᠮ ᠢ | ᠲᠡᠭᠦᠯᠳᠡᠷᠵᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠨᠢᠭᠡᠳᠦᠯᠲᠡᠶ ᠲᠠᠪᠴᠠᠩ ᠪᠠᠶᠢᠭᠤᠯᠵᠦ᠂ ᠭᠤᠤᠯ | ᠪᠣᠯᠬᠤ ᠲᠠᠷᠢᠮᠠᠯ ᠤᠨ ᠵᠦᠶᠯ ᠤᠨ ᠪᠠᠷᠢᠮᠵᠢᠶᠠᠳᠤ ᠦᠶᠯᠡᠳᠪᠦᠷᠢᠯᠡᠯ ᠤᠨ ᠲᠠᠯᠠᠪᠠᠶ ᠶᠢ 1189 ᠲᠦᠮᠡᠨ ᠮᠥ ᠳᠤ ᠬᠦᠷᠬᠡᠵᠤ᠂ ᠪᠠᠷᠢᠮᠵᠢᠶᠠᠳᠤ ᠦᠢᠯᠡᠳᠪᠦᠷᠢᠯᠡᠯ ᠤᠨ ᠮᠠᠯ | ᠲᠡᠵᠢᠭᠡᠪᠦᠷᠢ ᠶᠢᠨ ᠬᠡᠮᠵᠢᠶ᠎ᠡ ᠶᠢ 560 ᠲᠦᠮᠡ ᠳᠤ ᠬᠦᠷᠭᠡᠨ᠎ᠡ᠃ ᠠᠯᠠᠰᠢᠨ ᠦᠬᠡᠷ ᠤᠨ ᠠᠵᠤ ᠦᠶᠯᠡᠰ ᠤᠨ ᠦᠵᠡᠰᠬᠦᠯᠡᠩ ᠢ ᠦᠷᠭᠦᠯᠵᠢᠯᠡᠨ ᠡᠷᠭᠢᠯᠡᠨ᠎ᠡ᠃ | ᠲᠠᠷᠢᠶᠠᠯᠡᠩ ᠤᠨ ᠠᠵᠤ ᠦᠢᠯᠡᠰᠵᠢᠯᠲᠡ ᠬᠥᠭᠵᠢᠯᠲᠡ ᠶᠢ ᠠᠬᠢᠭᠤᠯᠵᠤ᠂ ᠬᠤᠲᠠ ᠶᠢᠨ ᠲᠠᠰ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠢᠯᠡᠰᠵᠢᠭᠰᠡᠨ ᠲᠣᠯᠣᠭᠠᠢᠢᠯᠠᠭᠴᠢ ᠠᠵᠤ ᠠᠬᠤᠢᠢᠯᠠᠯ ᠢ ᠰᠢᠨ᠎ᠡ ᠪᠠᠷ 8 ᠨᠡᠮᠡᠭᠳᠡᠭᠦᠯᠵᠦ᠂ ᠨᠡᠶᠢᠳᠡ107 ᠳᠤ ᠬᠦᠷᠭᠡᠨ᠎ᠡ᠃ ᠲᠠᠷᠢᠶᠠᠯᠡᠩ ᠮᠠᠯ ᠠᠵᠤ ᠠᠬᠤᠶ ᠶᠢᠨ | ᠣᠶᠤᠨᠴᠢ ᠬᠢᠷᠢ ᠬᠡᠮᠵᠢᠶ᠎ᠡ ᠶᠢ ᠳᠡᠬᠡᠭᠰᠢᠯᠡᠬᠦᠯᠵᠤ᠂ ᠣᠲᠣ ᠦᠶ᠎ᠡ ᠶᠢᠨ ᠲᠠᠷᠢᠶᠠᠯᠡᠩ ᠮᠠᠯ ᠠᠵᠤ ᠠᠬᠤᠶ ᠶᠢᠨ ᠵᠢᠯᠣᠭᠤᠳᠤᠨ ᠲᠣᠬᠢᠷᠠᠭᠤᠯᠬᠤ ᠲᠥᠪ ᠢ ᠥᠭᠡᠷᠡᠴᠢᠯᠡᠨ | ᠲᠡᠭᠦᠯᠳᠡᠷᠵᠢᠭᠦᠯᠵᠦ᠂ ᠪᠥᠬᠦ ᠬᠤᠲᠠ ᠶᠢᠨ ᠲᠠᠷᠢᠮᠡᠯ ᠤᠨ ᠦᠶᠯᠡᠰ ᠤᠨ ᠲᠣᠭᠠᠴᠢᠯᠠᠭᠰᠠᠨ ᠭᠠᠵᠠᠷ ᠤᠨ ᠵᠢᠷᠤᠭ ᠪᠠ ᠡᠭᠦᠯᠡᠨ ᠲᠠᠪᠴᠠᠩ ᠢ ᠪᠠᠶᠢᠭᠤᠯᠵᠤ᠂ | ᠲᠣᠭᠠᠴᠢᠯᠠᠭᠰᠠᠨ ᠲᠠᠷᠢᠶᠠᠯᠠᠩ᠂ ᠣᠶᠤᠨᠴᠢ ᠲᠠᠷᠢᠶᠠᠯᠠᠩ ᠢ ᠲᠦᠷᠭᠡᠳᠬᠡᠨ ᠬᠥᠭᠵᠢᠭᠦᠯᠦᠨ᠎ᠡ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠮᠤᠵᠢᠬᠦᠯᠤᠨ ᠪᠤᠵᠠᠭᠠᠢᠢᠷᠠᠭᠤᠯᠤᠨ᠎ᠠ᠃ ᠦᠶᠯᠡᠴᠢᠯᠡᠭᠡᠨ ᠤ ᠦᠶᠯᠡᠰ ᠦ᠋ᠨ ᠬᠥᠭᠵᠢᠯᠲᠡ ᠶᠢᠨ ᠬᠠᠷᠠᠭᠠᠯᠵᠠᠯ | ᠤᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠦᠶᠯᠡᠳᠪᠦᠷᠢᠯᠡᠯ ᠦ᠋ᠨ ᠴᠢᠨᠠᠷᠲᠠᠶ ᠦᠶᠯᠡᠴᠢᠯᠡᠭᠡᠨ ᠤ ᠦᠶᠯᠡᠰ ᠢ ᠲᠤᠰᠬᠠᠢᠢᠵᠢᠯᠳᠡ ᠪᠠ ᠥᠷᠲᠡᠭ ᠦ᠋ᠨ ᠬᠡᠯᠬᠢᠶ᠎ᠡ | ᠶᠢᠨ ᠦᠵᠦᠬᠦᠷᠯᠢᠭ ᠳᠠᠶᠢᠰᠢ ᠤᠷᠲᠤᠳᠬᠠᠵᠤ᠂ ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠢ ᠨᠠᠷᠢᠯᠢᠭᠵᠢᠯᠳᠡ ᠦᠨᠳᠤᠷ ᠴᠢᠨᠠᠷ ᠳᠡᠰ ᠳᠠᠶᠢᠰᠢ | ᠬᠤᠪᠢᠷᠠᠭᠤᠯᠬᠤ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠦᠢᠯᠡᠰ ᠢ ᠶᠡᠭᠡ ᠪᠠᠷ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠦ᠋ᠨ ᠬᠥᠭᠵᠢᠯᠲᠡ | ᠶᠢᠨ ᠭᠤᠷᠪᠠᠨ ᠵᠢᠯ ᠦ᠋ᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠬᠤᠷᠴᠢᠨ ᠰᠣᠶᠣᠯ ᠤᠨ ᠨᠡᠷᠡᠲᠦ ᠲᠦᠷᠦᠯ ᠲᠡᠮᠳᠡᠭ ᠢ ᠡᠬᠦᠳᠴᠤ᠂ ᠰᠣᠶᠣᠯ | ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠠᠵᠢᠯ ᠲᠥᠷᠥᠯ ᠦ᠋ᠨ ᠳᠣᠲᠣᠷᠠᠬᠢ ᠳᠠᠭᠠᠭᠤᠯᠤᠭᠴᠢ ᠠᠵᠤ ᠠᠬᠤᠢᠢᠯᠠᠯ ᠪᠣᠯᠤᠨ ᠰᠢᠯᠢᠳᠡᠭ ᠪᠦᠯᠬᠦᠮ | ᠢ ᠶᠡᠭᠡ ᠪᠠᠷ ᠣᠷᠣᠭᠤᠯᠤᠨ ᠠᠪᠴᠢᠷᠠᠵᠤ᠂ ᠱᠧᠨᠵᠧᠨ ᠤ ᠵᠡᠭᠦᠨ ᠬᠡᠰᠡᠭ ᠦ᠋ᠨ ᠳᠤᠮᠳᠠᠳᠤ ᠶᠢᠨ ᠬᠠᠷᠢᠶᠠᠲᠤ ᠶᠢᠨ ᠬᠤᠲᠠ ᠵᠡᠷᠭᠡ ᠠᠵᠤ ᠠᠬᠤᠢᠢᠯᠠᠯ ᠯᠤᠭ᠎ᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠷᠴᠢᠨ ᠤ 500 ᠺᠢᠯᠣᠮᠧᠲᠷ ᠦ᠋ᠨ ᠦᠵᠡᠮᠵᠢ ᠶᠢᠨ ᠶᠡᠭᠡ ᠵᠠᠮ ᠤᠨ ᠪᠥᠷᠢᠨ ᠳᠥᠬᠦᠷ ᠦᠶᠯᠡᠴᠢᠯᠡᠭᠡᠨ ᠤ ᠬᠢᠷᠢ ᠲᠦᠪᠰᠢᠨ | ᠢ ᠳᠡᠭᠡᠭᠰᠢᠯᠡᠭᠦᠯᠵᠦ᠂ ᠲᠠᠬᠢᠮᠳᠠᠭᠤ ᠠᠮᠤᠷᠯᠢᠩᠭᠤᠢ ᠬᠡᠬᠡᠨ ᠰᠦᠳᠦ ᠬᠤᠸᠠᠩᠬᠡᠦ ᠶᠢᠨ ᠬᠦᠷᠢᠶᠡᠯᠡᠩ᠂ ᠶᠡᠭᠡ ᠴᠦᠩᠬᠦᠯ ᠤᠨ ᠭᠤᠤ ᠶᠢᠨ 5A ᠳᠡᠰ ᠤᠨ ᠦᠵᠡᠮᠵᠢ ᠶᠢᠨ | ᠤᠷᠤᠨ ᠪᠠᠶᠢᠭᠤᠯᠬᠤ ᠶᠢ ᠳᠡᠮᠵᠢᠵᠤ᠂ ᠵᠤᠭᠠᠴᠠᠬᠰᠠᠳ ᠢ ᠲᠥᠪᠯᠡᠷᠡᠭᠦᠯᠤᠨ ᠲᠠᠷᠬᠠᠭᠠᠬᠤ ᠲᠥᠪ᠂ ᠣᠳᠣᠨ ᠲᠠᠰ ᠤᠨ ᠪᠠᠭᠤᠳᠠᠯ᠂ ᠬᠤᠪᠢ ᠪᠠᠷ ᠢᠶᠠᠨ ᠲᠡᠷᠭᠡ | ᠵᠢᠯᠣᠭᠤᠳᠴᠤ ᠪᠠᠭᠤᠳᠠᠯᠯᠠᠬᠤ ᠭᠠᠵᠠᠷ᠂ ᠥᠷᠲᠡᠭᠡ᠂ ᠵᠣᠷᠯᠣᠩ ᠵᠡᠷᠭᠡ ᠦᠶᠯᠡᠴᠢᠯᠡᠭᠡᠨ ᠤ ᠲᠦᠬᠦᠭᠡᠷᠤᠮᠵᠢ ᠶᠢ ᠲᠡᠭᠦᠯᠳᠡᠷᠵᠢᠭᠦᠯᠵᠦ᠂ ᠦᠵᠡᠭᠦᠯᠭᠡ ᠶᠢᠨ ᠲᠠᠷᠢᠶᠠᠯᠠᠩ᠂ | ᠠᠷᠠᠳ ᠤᠨ ᠰᠤᠳᠤᠨ ᠰᠠᠶᠢᠬᠠᠨ ᠤᠷᠤᠨ ᠰᠠᠭᠤᠴᠠ᠂ ᠤᠢ ᠰᠢᠭᠤᠢ ᠶᠢᠨ ᠡᠷᠡᠭᠦᠯᠵᠢᠯ ᠰᠤᠪᠢᠯᠠᠯᠲᠠ ᠵᠡᠷᠭᠡ ᠰᠢᠨ᠎ᠡ ᠦᠢᠯᠡᠰ ᠢ ᠢᠳᠡᠪᠬᠢᠲᠡᠶ ᠬᠥᠭᠵᠢᠭᠦᠯᠵᠦ᠂ | ᠬᠤᠷᠴᠢᠨ ᠤ ᠵᠢᠭᠤᠯᠴᠢᠯᠠᠯ ᠤᠨ ᠰᠣᠶᠣᠯ ᠤᠨ ᠨᠠᠶᠢᠷ᠂ ᠬᠤᠷᠴᠢᠨ ᠤ ᠮᠠᠷᠠᠰᠤᠨ ᠤᠷᠤᠯᠳᠤᠭᠠᠨ᠂ ᠵᠠᠰᠠᠮᠠᠯ ᠵᠠᠮ ᠤᠨ ᠳᠤᠭᠤᠶ ᠲᠡᠷᠭᠡᠨ ᠤ ᠤᠷᠤᠯᠳᠤᠭᠠᠨ ᠵᠡᠷᠭᠡ ᠰᠢᠷᠢᠰ | ᠠᠵᠢᠯᠯᠠᠭ᠎ᠠ ᠶᠢ ᠡᠷᠭᠢᠯᠡᠨ᠎ᠡ᠃ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠶᠢ ᠵᠣᠷᠢᠭᠵᠢᠭᠤᠯᠬᠤ ᠲᠦᠷ ᠬᠡᠷᠡᠭᠵᠢᠭᠦᠯᠬᠦ ᠠᠷᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠷᠴᠢᠨ ᠲᠣᠭᠤᠷᠢᠭ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠳᠦᠷᠢᠮ ᠢᠶᠠᠨ ᠥᠭᠡᠷᠡᠴᠢᠯᠡᠨ ᠬᠥᠳᠡᠭᠡ | ᠲᠤᠰᠬᠤᠨ ᠤ ᠬᠤᠳᠠᠯᠳᠤᠭᠠᠨ ᠤ ᠪᠠᠩᠬᠢ ᠪᠠᠶᠢᠭᠤᠯᠬᠤ ᠶᠢ ᠪᠡᠶᠡᠯᠡᠭᠦᠯᠦᠨ᠎ᠡ᠃ ᠣᠲᠣ ᠦᠶ᠎ᠡ ᠶᠢᠨ ᠪᠠᠷᠠᠭᠠᠨ ᠤ ᠭᠦᠶᠯᠭᠡᠭᠡ ᠶᠢ ᠲᠦᠷᠭᠡᠳᠬᠡᠨ ᠬᠥᠭᠵᠢᠭᠦᠯᠵᠦ᠂ | ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠪᠠᠷᠠᠭᠠᠨ ᠤ ᠭᠦᠶᠯᠭᠡᠭᠡ ᠶᠢᠨ ᠬᠦᠷᠢᠶᠡᠯᠡᠩ ᠲᠣᠭᠤᠷᠢᠭ᠂ ᠬᠤᠷᠴᠢᠨ ᠤ ᠣᠲᠣ ᠦᠶ᠎ᠡ ᠶᠢᠨ ᠪᠠᠷᠠᠭᠠᠨ ᠤ | ᠭᠦᠶᠯᠭᠡᠭᠡ ᠶᠢᠨ ᠬᠦᠷᠢᠶᠡᠯᠡᠩ ᠲᠣᠭᠤᠷᠢᠭ᠂ ᠲᠦᠩᠯᠢᠶᠣᠤ ᠶᠢᠨ ᠠᠭᠠᠷ ᠤᠨ ᠭᠠᠷᠠᠮ ᠤᠨ ᠪᠠᠷᠠᠭᠠᠨ ᠤ ᠭᠦᠶᠯᠭᠡᠭᠡ ᠶᠢᠨ ᠬᠦᠷᠢᠶᠡᠯᠡᠩ ᠲᠣᠭᠤᠷᠢᠭ᠂ ᠮᠡᠯᠡᠬᠡᠶᠢᠲᠦ ᠶᠢᠨ | ᠠᠵᠤ ᠦᠶᠯᠡᠳᠪᠦᠷᠢ ᠶᠢᠨ ᠪᠠᠷᠠᠭᠠᠨ ᠤ ᠭᠦᠶᠯᠭᠡᠭᠡ ᠶᠢᠨ ᠬᠦᠷᠢᠶᠡᠯᠡᠩ ᠲᠣᠭᠤᠷᠢᠭ ᠪᠣᠯᠤᠨ ᠥᠪᠥᠷ ᠮᠣᠩᠭᠤᠯ ᠤᠨ ᠵᠡᠭᠦᠨ ᠬᠡᠰᠡᠭ ᠦ᠋ᠨ ᠨᠡᠭᠦᠷᠡᠰᠦᠨ ᠤ ᠶᠡᠷᠦᠩᠬᠡᠶ | ᠪᠠᠷᠠᠭᠠᠨ ᠤ ᠭᠦᠶᠯᠭᠡᠭᠡ ᠶᠢᠨ ᠬᠦᠷᠢᠶᠡᠯᠡᠩ ᠲᠣᠭᠤᠷᠢᠭ ᠤᠨ ᠴᠢᠨᠠᠷ ᠢ ᠨᠢ ᠲᠡᠭᠡᠭᠰᠢᠯᠡᠬᠦᠯᠦᠨ ᠲᠠᠰ ᠳᠡᠪᠰᠢᠭᠦᠯᠵᠦ᠂ ᠲᠦᠩᠯᠢᠶᠣᠤ ᠪᠣᠯᠤᠨ ᠬᠤᠷᠴᠢᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠵᠤ ᠦᠶᠯᠡᠰ ᠦ᠋ᠨ ᠬᠦᠷᠢᠶᠡᠯᠡᠩ ᠲᠣᠭᠤᠷᠢᠭ ᠤᠨ ᠴᠢᠳᠠᠮᠵᠢ ᠶᠢ ᠳᠡᠭᠡᠭᠰᠢᠯᠡᠭᠦᠯᠦᠨ᠂ ᠬᠤᠰᠢᠭᠤ ᠰᠢᠶᠡᠨ ᠤ ᠬᠡᠪᠴᠢᠶᠡᠨ ᠤ | ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠲᠥᠪ ᠦ᠋ᠨ ᠬᠥᠭᠵᠢᠯᠲᠡ ᠶᠢ ᠠᠬᠢᠭᠤᠯᠵᠤ᠂ ᠵᠢᠩ ᠳ᠋ᠦᠩ ᠪᠦᠯᠦᠭᠯᠡᠯ ᠦ᠋ᠨ ᠬᠦᠶᠲᠡᠨ ᠬᠡᠯᠬᠢᠶᠡᠨ ᠤ ᠪᠠᠷᠠᠭᠠᠨ ᠤ | ᠭᠦᠶᠯᠭᠡᠭᠡ᠂ ᠱᠧᠨ ᠲᠦᠩ ᠪᠠᠷᠠᠭᠠᠨ ᠤ ᠭᠦᠶᠯᠭᠡᠭᠡ ᠶᠢᠨ ᠬᠤᠶᠠᠳᠤᠭᠠᠷ ᠬᠤᠭᠤᠴᠠᠭᠠᠨ ᠤ ︽ᠱᠠᠩᠬᠠᠶ ᠲᠦᠩᠯᠢᠶᠣᠣ ᠶᠢᠨ ᠡᠭᠦᠯᠡᠨ ᠬᠥᠮᠥᠷᠭᠡ︾ ᠵᠡᠷᠭᠡ ᠲᠥᠷᠥᠯ | ᠵᠦᠶᠯ ᠦ᠋ᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠪᠠᠷᠠᠭᠠᠨ ᠤ ᠭᠦᠶᠯᠭᠡᠭᠡ ᠶᠢ ᠡᠬᠦᠷᠬᠡᠯᠡᠬᠦ ᠬᠦᠶᠰᠦ ᠬᠤᠲᠠ ᠪᠠ ᠭᠤᠤᠯᠯᠠᠬᠤ ᠬᠦᠢᠲᠡᠨ | ᠬᠡᠯᠬᠢᠶ᠎ᠡ ᠶᠢᠨ ᠰᠠᠭᠤᠷᠢᠨ ᠭᠠᠵᠠᠷ ᠢ ᠡᠭᠦᠳᠦᠨ᠎ᠡ᠃ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ 5G᠂ ᠠᠵᠤ ᠦᠶᠯᠡᠳᠪᠦᠷᠢ ᠶᠢᠨ ᠢᠨᠲ᠋ᠧᠷᠨᠧᠲ ᠰᠦᠯᠵᠢᠶ᠎ᠡ᠂ ᠶᠡᠭᠡ ᠲᠤᠭ᠎ᠠ | ᠪᠠᠷᠢᠮᠳᠠ ᠶᠢᠨ ᠲᠥᠪ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠤᠮᠵᠢ ᠶᠢᠨ ᠪᠠᠶᠢᠷᠢᠯᠠᠭᠤᠯᠤᠯᠳᠠ ᠶᠢ ᠲᠦᠷᠭᠡᠳᠬᠡᠨ᠂ 5G ᠶᠢᠨ ᠰᠠᠭᠤᠷᠢ ᠥᠷᠲᠡᠭᠡ ᠶᠢ | ᠰᠢᠨ᠎ᠡ ᠪᠠᠷ 806 ᠨᠡᠮᠡᠭᠳᠡᠭᠦᠯᠵᠦ᠂ ᠤᠯᠤᠰ ᠤᠨ ᠵᠠᠰᠠᠭ ᠤᠨ ᠶᠠᠪᠤᠳᠠᠯ ᠤᠨ ︽ᠡᠭᠦᠯᠡ︾ ᠶᠢᠨ ᠤᠮᠠᠷᠠᠲᠤ ᠶᠢᠨ ᠵᠠᠩᠭᠢᠯᠠᠭ᠎ᠠ ᠴᠡᠭ ᠪᠠ ᠪᠣᠬᠢᠷᠲᠤᠯ ᠥᠬᠡᠶ ᠪᠤᠳᠤᠬᠤ | ᠬᠦᠴᠦᠨ ᠤ ᠲᠥᠪ ᠢ ᠪᠠᠶᠢᠭᠤᠯᠤᠨ᠂ ᠴᠢ ᠠᠨ ᠰᠢᠨ ᠲᠣᠭᠠᠴᠢᠯᠠᠭᠰᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠤ ᠦᠶᠯᠡᠰ ᠦ᠋ᠨ ᠬᠦᠷᠢᠶᠡᠯᠡᠩ ᠦ᠋ᠨ ᠲᠥᠷᠥᠯ | ᠵᠦᠶᠯ ᠢ ᠲᠦᠯᠬᠢᠨ ᠠᠬᠢᠭᠤᠯᠤᠨ᠎ᠠ᠃ ᠪᠢ ᠶᠠ ᠳ᠋ᠢ ᠰᠢᠨ᠎ᠡ ᠡᠨᠧᠷᠬᠢ ᠶᠢᠨ ᠰᠤᠷᠪᠤᠯᠵᠢ᠂ ᠭᠦᠸᠧ ᠲᠠᠢ ᠰᠢᠨ᠎ᠡ ᠡᠨᠧᠷᠭᠢ ᠶᠢᠨ ᠰᠤᠷᠪᠤᠯᠵᠢ ᠵᠡᠷᠭᠡ ᠠᠵᠤ ᠠᠬᠤᠢᠢᠯᠠᠯ | ᠲᠠᠢ ᠭᠦᠨᠵᠡᠭᠡᠢ ᠬᠠᠮᠲᠤᠷᠠᠯᠴᠠᠬᠤ ᠶᠢ ᠠᠬᠢᠭᠤᠯᠵᠤ᠂ ᠰᠢᠨ᠎ᠡ ᠡᠨᠧᠷᠬᠢ ᠶᠢᠨ ᠰᠤᠷᠪᠤᠯᠵᠢ ᠶᠢᠨ ᠮᠠᠰᠢᠨ ᠲᠡᠷᠭᠡᠨ ᠤ ᠬᠦᠷᠢᠶᠡᠯᠡᠩ ᠢ ᠪᠠᠶᠢᠭᠤᠯᠤᠨ᠎ᠠ᠃ ᠯᠦᠩ ᠮᠠ | ᠦᠵᠦᠬᠦᠷᠯᠢᠭ ᠲᠣᠨᠣᠭᠯᠠᠯ ᠦᠢᠯᠡᠳᠬᠦ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠦ᠋ᠨ ᠰᠠᠯᠬᠢᠨ ᠬᠦᠴᠦᠨ ᠤ ᠮᠠᠰᠢᠨ ᠦᠢᠯᠡᠳᠬᠦ ᠲᠦᠷᠦᠯ ᠵᠦᠢᠯ ᠤᠨ ᠪᠥᠳᠤᠬᠡᠨ | ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠴᠠᠬᠢᠭᠤᠷ ᠡᠯᠡᠰᠦ ᠶᠢᠨ ᠳᠡᠭᠡᠳᠦ ᠲᠡᠰ ᠤᠨ ᠴᠢᠳᠬᠤᠯᠲᠠ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ | ᠵᠡᠷᠭᠡ ᠲᠥᠷᠥᠯ ᠵᠦᠢᠯ ᠢ ᠡᠷᠲᠡ ᠲᠦᠯᠦᠪᠵᠢᠬᠦᠯᠵᠤ᠂ ᠳᠡᠭᠡᠳᠦ ᠲᠡᠰ ᠤᠨ ᠬᠥᠩᠭᠡᠨᠴᠠᠭᠠᠨ ᠨᠢᠺᠧᠯ ᠤᠨ ᠬᠠᠶᠢᠯᠤᠰᠢ᠂ ᠪᠢᠨᠳᠡᠷᠢᠶ᠎ᠡ ᠶᠢᠨ ᠲᠠᠯᠠᠰᠲᠤ᠂ ᠪᠥᠭᠡᠭᠡᠨᠡᠷᠡᠯ | ᠠᠯᠺᠦᠦᠯ ᠬᠦᠴᠢᠯ ᠦ᠋ᠨ ᠵᠠᠳᠠᠷᠠᠬᠤᠢᠢᠴᠠ ᠮᠠᠲ᠋ᠧᠷᠢᠶᠠᠯ᠂ ᠣᠨᠴᠠ ᠲᠥᠷᠥᠯ ᠦ᠋ᠨ ᠰᠢᠯ ᠵᠡᠷᠭᠡ ᠨᠠᠷᠢᠯᠢᠭ ᠭᠦᠨ ᠡᠳ᠋ᠰᠢᠭᠦᠯᠬᠦ ᠲᠥᠷᠥᠯ ᠵᠦᠢᠯ ᠢ ᠢᠳᠡᠪᠬᠢᠲᠡᠢ | ᠣᠷᠣᠭᠤᠯᠤᠨ ᠠᠪᠴᠢᠷᠠᠵᠤ ᠪᠤᠶᠢᠵᠢᠭᠤᠯᠤᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ | ᠲᠦᠷᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠤᠨ ᠦᠷᠭᠡᠳᠭᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠳᠤᠷ ᠬᠢᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠶ | ᠥᠨᠳᠥᠷ ᠦᠷ᠎ᠡ ᠪᠦᠲᠦᠮᠵᠢᠲᠡᠶ᠂ ᠬᠥᠳᠡᠭᠡ ᠲᠣᠰᠬᠤᠨ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ ᠪᠠᠶᠢᠬᠤ᠂ ᠮᠠᠯᠴᠢᠨ ᠲᠠᠷᠢᠶᠠᠴᠢᠨ ᠢ ᠪᠠᠶᠠᠵᠢᠨ ᠴᠢᠨᠡᠭᠡᠯᠢᠭᠵᠢᠬᠦᠯᠬᠦ | ᠶᠢ ᠠᠬᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠶ ᠬᠢᠨᠠᠨ ᠬᠡᠮᠵᠢᠬᠦ ᠪᠠ ᠣᠷᠳᠣ ᠬᠤᠭᠤᠴᠠᠭᠠᠨ ᠤ ᠪᠦᠲᠦᠮᠵᠢᠲᠡᠶ ᠬᠠᠪᠰᠤᠷᠤᠨ ᠲᠡᠳᠬᠦᠬᠦ ᠲᠣᠭᠲᠠᠴᠠ ᠶᠢ ᠲᠡᠬᠦᠯᠳᠡᠷᠵᠢᠬᠦᠯᠵᠤ᠂ ᠳᠠᠬᠢᠨ ᠶᠠᠳᠠᠭᠤᠷᠠᠬᠤ ᠪᠠ | ᠶᠠᠳᠠᠭᠤᠷᠠᠬᠤ ᠲᠦᠭᠰᠢᠭᠦᠷᠢ ᠲᠠᠢ ᠬᠥᠮᠦᠨ ᠠᠮᠠ ᠶᠢ ᠤᠷᠢᠳᠴᠢᠯᠠᠨ ᠰᠡᠷᠭᠡᠶᠢᠯᠡᠬᠦ᠂ ᠠᠪᠤᠷᠠᠨ ᠲᠤᠰᠠᠯᠠᠬᠤ ᠠᠵᠢᠯ ᠢ ᠴᠠᠭ ᠲᠤᠬᠠᠶ ᠳᠤ ᠨᠢ ᠥᠷᠨᠢᠭᠦᠯᠦᠨ᠎ᠡ᠃ ᠣᠨᠳᠣᠣ | ᠭᠠᠵᠠᠷ ᠨᠡᠭᠦᠯᠭᠡᠡ ᠰᠢᠯᠵᠢᠬᠦᠯᠥᠭᠰᠡᠨ ᠤ ᠳᠡᠷᠡᠭᠠᠬᠢ ᠲᠡᠳᠬᠦᠮᠵᠢ ᠶᠢ ᠴᠢᠩᠭᠠᠳᠬᠠᠨ᠎ᠠ᠃ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ | ᠵᠦᠶᠯ ᠳᠠᠷᠠᠭᠠᠯᠠᠨ ᠲᠥᠷᠥᠯ ᠬᠤᠪᠢᠶᠠᠨ ᠰᠢᠯᠢᠳᠡᠭᠵᠢᠭᠦᠯᠦᠨ ᠲᠣᠬᠢᠷᠠᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠶᠯ ᠦ᠋ᠨ ᠪᠠᠯᠠ ᠮᠥᠩᠭᠦ ᠶᠢᠨ ᠬᠠᠮᠢᠶᠠᠷᠤᠯᠲᠠ ᠶᠢ | ᠴᠢᠩᠭᠠᠳᠬᠠᠵᠤ ᠡᠬᠢ ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠳᠡᠮᠵᠢᠵᠦ ᠪᠠᠶᠢᠭᠰᠠᠨ ᠠᠴᠠ ᠬᠥᠳᠡᠭᠡ ᠲᠣᠰᠬᠤᠨ | ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠡᠶᠢᠰᠢ ᠲᠣᠭᠲᠠᠭᠤᠨ ᠢᠶᠠᠷ ᠰᠢᠯᠵᠢᠬᠦ ᠶᠢ ᠪᠡᠶᠡᠯᠡᠭᠦᠯᠦᠨ᠎ᠡ᠃ ᠲᠥᠪ ᠦ᠋ᠨ ᠨᠢᠭᠡᠴᠢ ᠶᠢᠨ ᠴᠡᠭ | ᠲᠣᠭᠲᠠᠭᠠᠨ ᠬᠠᠪᠰᠤᠷᠤᠨ ᠲᠡᠳᠬᠦᠬᠦ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠤ ᠦᠶᠯᠡᠰ᠂ | ᠴᠢᠳᠠᠪᠤᠷᠢᠲᠠᠨ ᠵᠡᠷᠭᠡ ᠶᠢᠨ ᠤᠷᠲᠤ ᠬᠤᠭᠤᠴᠠᠭᠠᠨ ᠤ ᠥᠷ᠎ᠡ ᠪᠦᠲᠦᠮᠵᠢᠲᠡᠶ ᠵᠣᠯᠭᠠᠭᠤᠯᠤᠨ ᠬᠠᠮᠲᠤᠷᠠᠯᠴᠠᠬᠤ ᠲᠣᠭᠲᠠᠴᠠ ᠶᠢ ᠪᠠᠶᠢᠭᠤᠯᠤᠨ᠎ᠠ᠃ | ᠬᠥᠳᠡᠭᠡ ᠲᠣᠰᠬᠤᠨ ᠤ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠲᠠᠷᠢᠶᠠᠯᠠᠬᠤ ᠳᠤ ᠲᠣᠬᠢᠷᠠᠮᠵᠢᠲᠠᠢ ᠪᠣᠯ ᠲᠠᠷᠢᠶᠠᠯᠡᠵᠤ᠂ ᠮᠠᠯᠵᠢᠬᠤ ᠳᠤ | ᠲᠣᠬᠢᠷᠠᠮᠵᠢᠲᠠᠢ ᠪᠣᠯ ᠮᠠᠯᠵᠢᠵᠤ᠂ ᠵᠤᠭᠠᠴᠠᠬᠤ ᠳᠤ ᠲᠣᠬᠢᠷᠠᠮᠵᠢᠲᠠᠢ ᠪᠣᠯ ᠵᠢᠭᠤᠯᠴᠢᠯᠠᠯ ᠤᠨ ᠥᠢᠯᠡᠰ ᠡᠷᠬᠢᠯᠡᠬᠦ ᠶᠢ ᠪᠠᠷᠢᠮᠲᠠᠯᠠᠵᠤ᠂ ᠬᠥᠳᠡᠭᠡ ᠲᠤᠰᠬᠤᠨ ᠤ | ᠣᠨᠴᠠᠯᠢᠭᠲᠤ ᠠᠵᠤ ᠦᠢᠯᠡᠰ ᠢ ᠪᠤᠶᠢᠵᠢᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠭᠦ ᠶᠢ ᠬᠥᠲᠥᠯᠥᠨ ᠵᠢᠯᠣᠭᠤᠳᠴᠤ᠂ ︽ᠨᠢᠭᠡ ᠲᠣᠰᠬᠤᠨ | ᠨᠢᠭᠡ ᠲᠥᠷᠦᠯ ᠵᠦᠢᠯ ᠲᠠᠢ︾᠂ ︽ᠨᠢᠭᠡ ᠰᠢᠶᠠᠩ ᠳᠤ ᠨᠢᠭᠡ ᠦᠢᠯᠡᠰ ᠲᠠᠢ︾ ᠪᠤᠯᠭᠠᠨ᠎ᠡ᠃ ᠬᠥᠳᠡᠭᠡ ᠲᠣᠰᠬᠤᠨ ᠤ ᠣᠯᠠᠨ ᠵᠦᠶᠯ ᠦ᠋ᠨ ᠴᠢᠳᠠᠮᠵᠢ ᠶᠢ | ᠠᠭᠤᠳᠠᠯᠤᠨ ᠢᠯᠡᠷᠡᠬᠦᠯᠵᠤ᠂ ᠰᠡᠯᠡᠭᠦᠴᠡᠯ ᠦ᠋ᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠢᠨᠵᠧᠨᠧᠷᠢᠩ ᠢ ᠬᠡᠷᠡᠭᠵᠢᠭᠦᠯᠵᠦ᠂ ᠨᠢᠭᠡ | ᠪᠦᠯᠦᠭ ᠲᠦᠬᠦᠭᠡᠷᠤᠮᠵᠢ ᠨᠢ ᠪᠦᠷᠢᠨ ᠲᠡᠭᠦᠯᠳᠡᠷ᠂ ᠴᠢᠳᠠᠮᠵᠢ ᠨᠢ ᠣᠯᠠᠨ ᠶᠠᠩᠵᠤ ᠶᠢᠨ ᠰᠡᠯᠡᠭᠦᠴᠡᠯ ᠵᠤᠭᠠᠴᠠᠯ ᠤᠨ ᠬᠦᠷᠢᠶᠡᠯᠡᠩ ᠲᠣᠭᠤᠷᠢᠭ᠂ ᠬᠥᠳᠡᠭᠡ ᠨᠤᠲᠤᠭ ᠤᠨ | ᠶᠡᠷᠦᠩᠬᠡᠶᠢᠯᠡᠭᠰᠡᠨ ᠴᠣᠭᠴᠠ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ᠂ ᠲᠠᠯ᠎ᠠ ᠨᠤᠲᠤᠭ ᠤᠨ ᠠᠶᠢᠯ ᠡᠷᠦᠬᠡ ᠪᠠ ᠡᠷᠡᠭᠦᠯᠵᠢᠯ ᠰᠤᠪᠢᠯᠠᠯᠲᠠ ᠶᠢᠨ | ᠰᠠᠭᠤᠷᠢᠨ ᠭᠠᠵᠠᠷ ᠢ ᠡᠬᠦᠳᠴᠤ᠂ ᠨᠢᠭᠡ ᠪᠦᠯᠦᠭ ᠦᠵᠡᠰᠬᠦᠯᠡᠩᠲᠦ ᠰᠠᠶᠢᠬᠠᠨ ᠰᠡᠯᠡᠭᠦᠴᠡᠯ ᠦ᠋ᠨ ᠲᠣᠰᠬᠤᠨ᠂ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠤᠯᠳᠠᠯᠭ᠎ᠠ ᠲᠠᠢ ᠲᠣᠰᠬᠤᠨ ᠢ ᠪᠤᠶᠢᠵᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠰᠢᠨ᠎ᠡ ᠣᠷᠣᠨ ᠵᠠᠶ ᠶᠢ ᠥᠷᠭᠡᠳᠬᠡᠨ᠎ᠡ᠃ | ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ | ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ | ᠳᠠᠬᠢᠭᠠᠳ 30 ᠵᠢᠯ ᠤᠷᠲᠤᠳᠬᠠᠬᠤ ᠳᠤ ᠳᠡᠮᠵᠢᠯᠭᠡ ᠦᠵᠡᠬᠦᠯᠦᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠡᠶᠢᠳᠡ ᠶᠢᠨ ᠥᠮᠴᠢᠯᠡᠯ ᠦ᠋ᠨ ᠡᠷᠬᠡ ᠶᠢᠨ ᠲᠦᠷᠢᠮ ᠦ᠋ᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠳᠡ ᠶᠢᠨ ᠡᠳ᠋ ᠬᠥᠷᠥᠩᠭᠡ ᠶᠢᠨ ᠬᠤᠪᠢ ᠣᠷᠣᠭᠤᠯᠤᠯᠲᠠ ᠶᠢᠨ ᠡᠷᠬᠡ ᠴᠢᠳᠠᠮᠵᠢ | ᠶᠢ ᠲᠡᠭᠦᠯᠳᠡᠷᠵᠢᠭᠦᠯᠦᠨ᠂ ᠨᠡᠶᠢᠳᠡ ᠶᠢᠨ ᠠᠵᠤ ᠠᠬᠤᠶ ᠶᠢᠨ ᠣᠷᠣᠯᠭ᠎ᠠ 10 ᠲᠦᠮᠡᠨ ᠲᠥᠭᠦᠷᠢᠭ ᠢ ᠳᠠᠪᠠᠭᠰᠠᠨ ᠭᠠᠴᠠᠭ᠎ᠠ ᠲᠣᠰᠬᠤᠨ ᠤ ᠡᠵᠡᠯᠡᠬᠦ ᠬᠠᠷᠢᠴᠠᠯ ᠢ | 60% ᠶᠢ ᠳᠠᠪᠠᠭᠤᠯᠤᠨ᠎ᠠ᠃ ᠮᠠᠯᠴᠢᠨ ᠲᠠᠷᠢᠶᠠᠴᠢᠡ ᠤ ᠬᠤᠷᠰᠢᠶᠡᠵᠢᠯ ᠢ 600 ᠪᠤᠶᠢᠵᠢᠭᠤᠯᠤᠨ ᠬᠥᠭᠵᠢᠭᠦᠯᠵᠦ᠂ ᠡᠯ᠎ᠡ ᠲᠡᠰ ᠤᠨ ᠵᠢᠱᠢᠶ᠎ᠡ ᠦᠵᠡᠭᠦᠯᠬᠦ ᠭᠡᠷ ᠪᠦᠯᠢ | ᠶᠢᠨ ᠮᠠᠯᠵᠢᠯ ᠲᠠᠷᠢᠶᠠᠯᠠᠩ ᠤᠨ ᠲᠠᠯᠠᠪᠠᠢ ᠶᠢ 450 ᠳᠤ ᠬᠦᠷᠭᠡᠨ᠎ᠡ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠨᠤᠲᠤᠭ ᠪᠡᠯᠴᠢᠭᠡᠷ ᠢ ᠲᠦᠷᠢᠮᠵᠢᠯ ᠲᠠᠢ ᠡᠮᠬᠢ ᠵᠢᠷᠤᠮ ᠲᠠᠢ ᠰᠢᠯᠵᠢᠭᠦᠯᠬᠦ ᠶᠢ ᠠᠬᠢᠭᠤᠯᠵᠤ᠂ ᠨᠤᠲᠤᠭ ᠪᠡᠯᠴᠢᠭᠡᠷ ᠦ᠋ᠨ ᠡᠬᠢ ᠪᠠᠶᠠᠯᠢᠭ ᠢ | ᠰᠢᠨᠵᠢᠯᠡᠬᠦ ᠤᠬᠠᠭᠠᠨᠴᠢ ᠪᠠᠷ ᠠᠰᠢᠭᠯᠠᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ ᠨᠤᠲᠤᠭ ᠪᠡᠯᠴᠢᠭᠡᠷ ᠦ᠋ᠨ ᠳᠠᠭᠠᠳᠬᠠᠯ ᠤᠨ ᠲᠤᠷᠰᠢᠯᠲᠠ ᠶᠢ ᠥᠷᠨᠢᠭᠦᠯᠵᠦ᠂ | ᠠᠯᠠᠰᠢᠨ ᠦᠬᠡᠷ᠂ ᠡᠷᠳᠡᠨᠢ ᠰᠢᠰᠢ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠤᠨ ᠬᠠᠮᠤᠷᠬᠤ ᠬᠡᠪᠴᠢᠶ᠎ᠡ ᠶᠢ | ᠥᠷᠭᠡᠳᠬᠡᠨ᠂ ᠪᠥᠬᠦ ᠬᠤᠲᠠ ᠶᠢᠨ ᠭᠠᠴᠠᠭ᠎ᠠ ᠲᠣᠰᠬᠤᠨ ᠤ ᠮᠥᠩᠭᠦᠨ ᠭᠦᠶᠯᠭᠡᠭᠡᠨ ᠤ ᠶᠡᠷᠦᠩᠬᠡᠶᠢᠯᠡᠭᠰᠡᠨ ᠦᠶᠯᠡᠴᠢᠯᠡᠭᠡᠨ ᠤ ᠥᠷᠤᠬᠡ ᠶᠢᠨ ᠪᠥᠷᠬᠦᠴᠡ ᠶᠢ 80% | ᠶᠢ ᠳᠠᠪᠠᠭᠤᠯᠵᠤ᠂ ᠢᠲᠡᠭᠡᠮᠵᠢᠲᠦ ᠭᠠᠴᠠᠭ᠎ᠠ ᠲᠣᠰᠬᠤᠨ ᠤ ᠡᠵᠡᠯᠡᠬᠦ ᠬᠠᠷᠢᠴᠠᠯ ᠢ 70% ᠶᠢ ᠳᠠᠪᠠᠭᠤᠯᠤᠨ᠎ᠠ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠤᠷᠢᠳ ᠢᠶᠠᠷ ᠲᠥᠯᠥᠪᠵᠢᠭᠦᠯᠵᠦ ᠳᠠᠷᠠᠭ᠎ᠠ ᠨᠢ ᠪᠦᠲᠦᠭᠡᠨ | ᠪᠠᠶᠢᠭᠤᠯᠬᠤ ᠶᠢ ᠪᠠᠷᠢᠮᠲᠠᠯᠠᠨ᠂ ᠬᠥᠳᠡᠭᠡ ᠲᠣᠰᠬᠤᠨ ᠤ ᠣᠨᠴᠠᠯᠢᠭ ᠪᠦᠬᠦᠢ ᠳᠦᠷᠰᠦ ᠪᠠᠶᠢᠳᠠᠯ ᠢ ᠦᠯᠡᠳᠡᠭᠡᠬᠦ ᠶᠢ ᠴᠢᠬᠤᠯᠠᠴᠢᠯᠠᠵᠤ᠂ ᠪᠤᠶ ᠪᠦᠬᠦᠢ ᠵᠠᠰᠠᠭ ᠵᠠᠬᠢᠷᠭᠠᠨ | ᠤ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ 3918 ᠬᠡᠷ ᠪᠠᠶᠢᠰᠢᠩ ᠢ | ᠥᠭᠡᠷᠡᠴᠢᠯᠡᠨ ᠪᠠᠶᠢᠭᠤᠯᠵᠤ᠂ 75% ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠲᠦᠷᠭᠡᠨ ᠬᠦᠷᠭᠡᠯᠳᠡ ᠶᠢ ᠬᠠᠮᠤᠷᠤᠭᠤᠯᠤᠨ᠎ᠠ᠃ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠳᠠ ᠶᠢ ᠠᠬᠢᠭᠤᠯᠵᠤ᠂ ᠲᠣᠰᠬᠤᠨ ᠤ ᠲᠡᠰ ᠤᠨ ᠠᠮᠢᠳᠤᠷᠠᠯ ᠤᠨ ᠬᠤᠭ ᠨᠣᠪᠰᠢ ᠶᠢ | ᠰᠢᠢᠳᠪᠦᠷᠢᠯᠡᠬᠦ ᠲᠠᠯᠠᠪᠠᠢ ᠶᠢ ᠲᠣᠰᠪᠣᠷᠢ ᠰᠢᠨ᠎ᠡ ᠪᠠᠷ 39 ᠪᠠᠶᠢᠭᠤᠯᠬᠤ ᠪᠤᠶᠤ ᠥᠭᠡᠷᠡᠴᠢᠯᠡᠨ᠎ᠡ᠃ ︽ᠦᠬᠡᠷ ᠢ ᠬᠠᠰᠢᠶᠠᠨ ᠠᠴᠠ ᠭᠠᠷᠭᠠᠵᠤ᠂ ᠮᠣᠳᠣ ᠶᠢ ᠬᠠᠰᠢᠶᠠᠨ | ᠳᠤ ᠣᠷᠣᠭᠤᠯᠬᠤ︾ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠬᠥᠮᠦᠨ ᠮᠠᠯ ᠢ ᠰᠠᠯᠭᠠᠬᠤ ᠲᠡᠵᠢᠭᠡᠨ ᠦᠷᠡᠵᠢᠭᠦᠯᠬᠦ ᠲᠣᠭᠤᠷᠢᠭ ᠢ 300 ᠪᠥᠲᠥᠭᠡᠨ ᠪᠠᠶᠢᠭᠤᠯᠤᠨ᠎ᠠ᠃ | ︵ᠳᠦᠷᠪᠡ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠵᠤ᠂ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠭᠤᠤᠯ ᠬᠤᠲᠠ ᠶᠢ | ᠲᠦᠷᠭᠡᠳᠬᠡᠨ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠬᠢᠭᠡᠳ ᠣᠷᠣᠨ ᠪᠦᠰᠡ ᠶᠢᠨ ᠴᠢᠨᠠᠷᠲᠠᠢ ᠭᠤᠤᠯ ᠬᠤᠲᠠ ᠶᠢ ᠪᠦᠲᠦᠭᠡᠨ ᠪᠠᠶᠢᠭᠤᠯᠬᠤ | ᠶᠢ ᠬᠠᠮᠵᠢᠯᠴᠠᠭᠤᠯᠤᠨ ᠬᠦᠴᠦᠯᠡᠬᠦ ᠶᠢ ᠪᠠᠷᠢᠮᠲᠠᠯᠠᠵᠤ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ᠂ ᠬᠤᠲᠠ ᠬᠥᠳᠡᠭᠡ ᠶᠢ ᠵᠣᠬᠢᠴᠠᠩᠭᠤᠢ ᠬᠥᠭᠵᠢᠭᠦᠯᠬᠦ ᠶᠢ | ᠨᠢᠭᠡᠳᠦᠯᠲᠡᠢ ᠲᠦᠯᠦᠪᠵᠢᠭᠦᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠵᠢᠯᠯᠠᠵᠤ ᠵᠢᠭᠤᠯᠴᠢᠯᠠᠬᠤ ᠳᠤ ᠲᠣᠬᠢᠷᠠᠮᠵᠢᠲᠠᠢ ᠣᠳᠣᠬᠢᠴᠢᠯᠠᠭᠰᠠᠨ ᠣᠷᠣᠨ ᠪᠦᠰᠡ | ᠶᠢᠨ ᠴᠢᠨᠠᠷᠲᠠᠢ ᠭᠤᠤᠯ ᠬᠤᠲᠠ ᠶᠢ ᠪᠦᠲᠦᠭᠡᠨ ᠪᠠᠶᠢᠭᠤᠯᠵᠤ᠂ ᠬᠥᠨᠳᠡᠯᠡᠨ ᠢᠶᠠᠷ ᠬᠤᠯᠪᠣᠯᠳᠤᠨ ᠬᠥᠳᠡᠯᠦᠯᠴᠡᠭᠰᠡᠨ᠂ ᠲᠥᠪ ᠢᠶᠠᠷ ᠳᠠᠶᠢᠴᠢᠯᠠᠭᠤᠯᠤᠭᠰᠠᠨ᠂ ᠤᠯᠠᠨ | ᠴᠡᠭ ᠢᠶᠠᠷ ᠦᠢᠯᠡᠳᠦᠯᠴᠡᠭᠰᠡᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠷᠢᠰᠢᠯ ᠢ ᠳᠥᠷᠬᠡᠳᠬᠡᠨ ᠪᠥᠷᠢᠯᠳᠥᠬᠦᠯᠤᠨᠡ᠃ | ᠬᠤᠲᠠ ᠪᠠᠯᠭᠠᠰᠤᠨ ᠤ ᠲᠥᠯᠥᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠲᠦᠩᠯᠢᠶᠣᠤ ᠬᠤᠳᠠ ᠶᠢᠨ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ︵2020 ᠊᠊᠊᠊᠊ 2035 ᠣᠨ︶︾ ᠶᠢ ᠨᠠᠶᠢᠷᠠᠭᠤᠯᠤᠨ ᠵᠣᠬᠢᠶᠠᠵᠤ᠂ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠬᠤᠳᠠ ᠶᠢᠨ ᠵᠢᠷᠤᠭ ᠲᠥᠯᠥᠪᠯᠡᠭᠡ᠂ ᠲᠤᠰᠬᠠᠢ ᠲᠥᠯᠥᠪᠵᠢᠭᠦᠯᠭᠡ ᠲᠠᠢ | ᠵᠣᠯᠭᠠᠭᠤᠯᠬᠤ ᠶᠢ ᠴᠢᠩᠭᠠᠳᠬᠠᠵᠤ᠂ ᠪᠦᠬᠦ ᠣᠷᠣᠨ ᠪᠦᠰᠡ ᠶᠢᠨ ︽ᠨᠢᠭᠡ ᠬᠠᠭᠤᠳᠠᠰᠤ ᠵᠢᠷᠤᠭ︾ ᠢ ᠪᠦᠷᠢᠯᠳᠦᠭᠦᠯᠵᠦ᠂ ︽ᠲᠩᠷᠢ ᠭᠠᠵᠠᠷ ᠤᠨ ᠵᠢᠷᠤᠭ︾ ᠭᠠᠵᠠᠷ | ᠵᠦᠢ ᠶᠢᠨ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠲᠠᠪᠴᠠᠩ ᠢ ᠪᠠᠶᠢᠭᠤᠯᠤᠨ᠎ᠠ᠃ ᠭᠤᠣᠯ ᠴᠣᠭᠴᠠ ᠶᠢᠨ ᠴᠢᠳᠠᠮᠵᠢᠳᠤ ᠣᠷᠣᠨ ᠤ ᠲᠥᠯᠥᠪᠵᠢᠭᠦᠯᠭᠡ ᠶᠢ | ᠨᠠᠶᠢᠳᠠᠪᠤᠷᠢᠵᠢᠭᠤᠯᠵᠤ᠂ ︽ᠭᠤᠷᠪᠠᠨ ᠲᠣᠭᠤᠷᠢᠭ ᠭᠤᠷᠪᠠᠨ ᠱᠤᠭᠤᠮ︾ ᠢ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠴᠢᠩᠭ᠎ᠠ ᠰᠠᠬᠢᠵᠤ᠂ ᠬᠤᠲᠠ ᠶᠢᠨ | ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢᠨ ᠪᠠᠶᠢᠷᠢᠯᠠᠭᠤᠯᠤᠯᠳᠠ ᠶᠢ ᠨᠢᠭᠡᠳᠦᠯᠲᠡᠢ ᠲᠥᠯᠥᠪᠯᠡᠨ᠂ ᠭᠤᠤᠯ ᠬᠤᠲᠠ᠂ ᠬᠤᠳᠠ ᠶᠢᠨ ᠪᠤᠭᠤᠮᠳᠠ ᠪᠠᠯᠭᠠᠰᠤ᠂ ᠵᠢᠵᠢᠭ | ᠬᠤᠲᠠ ᠪᠠᠯᠭᠠᠰᠤ ᠶᠢᠨ ᠴᠢᠳᠠᠮᠵᠢ ᠪᠠᠷ ᠬᠠᠷᠢᠯᠴᠠᠨ ᠨᠥᠬᠦᠪᠥᠷᠢᠯᠡᠭᠰᠡᠨ᠂ ᠵᠣᠬᠢᠴᠠᠩᠭᠤᠢ ᠬᠥᠭᠵᠢᠭᠰᠡᠨ ᠬᠤᠲᠠ ᠪᠠᠯᠭᠠᠰᠤᠵᠢᠯᠲᠠ ᠶᠢᠨ ᠪᠠᠶᠢᠷᠢᠰᠢᠯ ᠢ ᠪᠠᠶᠢᠭᠤᠯᠤᠨ᠎ᠠ᠃ | ᠭᠤᠣᠯ ᠬᠤᠲᠠ ᠶᠢᠨ ᠨᠦᠯᠦᠭᠡᠯᠡᠯ ᠤᠨ ᠦᠢᠯᠡᠳᠦᠯ ᠢ ᠪᠠᠳᠠᠷᠠᠭᠤᠯᠤᠨ᠎ᠠ᠃ ᠭᠤᠣᠯ ᠬᠤᠲᠠ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ | ᠦᠢᠯᠡᠴᠢᠯᠡᠭᠡ᠂ ᠠᠵᠤ ᠦᠢᠯᠡᠰ ᠦ᠋ᠨ ᠲᠤᠯᠭᠠᠭᠤᠷᠢᠯᠠᠯ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠰᠣᠶᠣᠯ ᠰᠤᠷᠭᠠᠨ ᠬᠥᠮᠦᠵᠢᠯ ᠦ᠋ᠨ | ᠬᠥᠲᠥᠯᠥᠨ ᠳᠠᠭᠠᠭᠤᠯᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠠ᠃ ᠬᠤᠲᠠ ᠶᠢᠨ ᠵᠠᠮ ᠤᠨ ᠲᠣᠣᠷ ᠢ ᠲᠡᠭᠦᠯᠳᠡᠷᠵᠢᠭᠦᠯᠵᠦ᠂ ᠮᠤᠬᠤᠷ ᠵᠠᠮ ᠢ ᠳᠠᠷᠤᠢ | ᠲᠦᠷᠭᠡᠨ ᠨᠡᠪᠲᠡᠷᠡᠭᠦᠯᠵᠦ᠂ ︽ᠪᠣᠭᠤᠮᠢ ᠵᠠᠮ︾ ᠢ ᠥᠷᠭᠡᠳᠬᠡᠵᠦ᠂ ᠲᠦᠷᠭᠡᠨ ᠵᠠᠮ ᠢ ᠪᠦᠲᠦᠭᠡᠨ ᠪᠠᠶᠢᠭᠤᠯᠵᠤ᠂ ᠳᠣᠲᠣᠷ᠎ᠠ ᠭᠠᠳᠠᠨᠠᠬᠢ ᠲᠣᠭᠤᠷᠢᠯ ᠵᠠᠮ ᠪᠠ ᠣᠷᠣᠵᠤ | ᠭᠠᠷᠬᠤ ᠡᠬᠦᠳᠡ ᠶᠢ ᠰᠢᠯᠤᠭᠤᠳᠬᠠᠨ᠎ᠠ᠃ ᠱᠧᠩᠯᠢ ᠵᠡᠮ ᠤᠨ ᠬᠤᠶᠢᠲᠤ ᠬᠡᠰᠡᠭ᠂ ᠬᠤᠩ ᠭᠤᠸᠠᠩ ᠶᠡᠭᠡ ᠵᠡᠭᠡᠯᠢ ᠵᠡᠷᠭᠡ ᠵᠠᠮ ᠢ ᠰᠢᠨ᠎ᠡ ᠪᠠᠷ ᠪᠠᠶᠢᠭᠤᠯᠬᠤ | ᠢᠨᠵᠧᠨᠧᠷᠢᠩ ᠵᠢᠴᠢ ᠭᠤᠣᠯ ᠬᠤᠲᠠ ᠶᠢᠨ ᠲᠣᠭᠤᠷᠢᠭ ᠤᠨ ᠭᠠᠵᠠᠷ ᠳᠣᠣᠷᠠᠬᠢ ᠨᠡᠪᠲᠡᠷᠡᠯ ᠵᠠᠮ ᠪᠠ ᠬᠠᠭᠤᠴᠢᠨ ᠬᠤᠲᠠ ᠶᠢᠨ ᠲᠣᠭᠤᠷᠢᠭ ᠤᠨ ᠪᠣᠷᠣᠭᠠᠨ ᠤᠰᠤᠲᠤᠯ ᠢ | ᠰᠡᠷᠭᠡᠶᠢᠯᠡᠨ ᠭᠠᠳᠠᠭᠰᠢᠯᠠᠭᠤᠯᠬᠤ ᠵᠡᠷᠭᠡ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ ᠬᠤᠷᠴᠢᠨ ᠵᠡᠭᠡᠯᠢ᠂ | ᠪᠢᠨ ᠾᠧ ᠵᠡᠭᠡᠯᠢ ᠵᠡᠷᠭᠡ ᠭᠤᠣᠯᠳᠠᠯᠭ᠎ᠠ ᠲᠠᠢ ᠵᠠᠮ ᠵᠡᠭᠡᠯᠢ ᠶᠢ ᠰᠢᠨᠡᠳᠬᠡᠨ ᠵᠠᠰᠠᠬᠤ ᠪᠠ ᠥᠭᠡᠷᠡᠴᠢᠯᠡᠬᠦ ᠶᠢ ᠪᠡᠶᠡᠯᠡᠭᠦᠯᠵᠦ᠂ ᠨᠣᠮ ᠤᠨ ᠰᠠᠩ ᠰᠢᠨᠵᠢᠯᠡᠬᠦ ᠤᠬᠠᠭᠠᠨ | ᠮᠡᠷᠭᠡᠵᠢᠯ ᠦ᠋ᠨ ᠣᠷᠳᠣᠨ ᠤ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ ᠳᠠᠭᠠᠯᠲᠠ ᠢᠨᠵᠧᠨᠧᠷᠢᠩ᠂ ᠪᠠᠷᠠᠭᠤᠨ ᠯᠢᠶᠤᠤ ᠾᠧ ᠭᠤᠣᠯ ᠤᠨ ᠭᠤᠣᠯ ᠤᠨ ᠵᠠᠮ ᠢ | ᠵᠠᠰᠠᠬᠤ ᠵᠡᠷᠭᠡ ᠲᠥᠷᠥᠯ ᠵᠦᠢᠯ ᠦ᠋ᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠦᠨ᠎ᠡ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ | ᠪᠦᠬᠦ ᠬᠤᠲᠠ ᠶᠢᠨ 181 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠵᠦ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠤᠭᠤᠷᠢᠭ ᠢ 1086 ᠢᠵᠢ | ᠦᠭᠡᠷᠡᠴᠢᠯᠡᠨ᠎ᠡ᠃ ᠬᠤᠰᠢᠭᠤ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠬᠤᠰᠢᠭᠤ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠦᠶᠯᠡᠴᠢᠯᠡᠭᠡᠨ ᠤ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ | ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ᠃ | ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠴᠡᠭᠴᠡᠯᠡᠨ | ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠰᠠᠶᠢᠲᠤᠷ ᠠᠳᠬᠤᠵᠤ᠂ ᠤᠯᠤᠰ ᠤᠨ ᠡᠷᠡᠬᠦᠯ ᠬᠠᠮᠠᠭᠠᠯᠠᠯ ᠤᠨ ᠬᠤᠲᠠ ᠶᠢᠨ ᠳᠠᠬᠢᠨ ᠬᠢᠨᠠᠯᠲᠠ ᠶᠢ ᠤᠭᠲᠤᠨ᠎ᠠ᠃ ︽ | ᠲᠦᠩᠯᠢᠶᠣᠤ ᠬᠤᠲᠠ ᠶᠢᠨ ᠬᠤᠳᠠ ᠶᠢᠨ ᠲᠦᠷᠢ ᠲᠦᠷᠬᠦ ᠪᠠ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ᠢ ᠴᠢᠩᠭ᠎ᠠ | ᠬᠡᠷᠡᠭᠵᠢᠭᠦᠯᠵᠦ᠂ ᠲᠥᠪᠯᠡᠷᠡᠭᠦᠯᠦᠨ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠨ᠂ ᠪᠣᠯᠪᠠᠰᠤᠨ ᠪᠤᠰᠤ ᠪᠠᠷ ᠨᠣᠬᠠᠶ ᠲᠡᠵᠢᠭᠡᠬᠦ᠂ ᠬᠠᠤᠯᠢ ᠠᠴᠠ ᠵᠥᠷᠢᠴᠡᠭᠰᠡᠨ | ᠪᠠᠷᠢᠯᠭ᠎ᠠ ᠵᠡᠷᠭᠡ ᠳᠤ ᠲᠤᠰᠬᠠᠶ ᠵᠦᠶᠯ ᠦ᠋ᠨ ᠵᠠᠰᠠᠯᠲᠠ ᠬᠢᠨ᠎ᠡ᠃ ᠡᠵᠡᠯᠡᠬᠦᠨ ᠤ ᠨᠣᠷᠮ᠎ᠠ᠂ ᠪᠠᠷᠢᠯᠭ᠎ᠠ ᠶᠢᠨ ᠥᠨᠳᠥᠷ ᠦ᠋ᠨ ᠬᠡᠮᠵᠢᠶ᠎ᠠ ᠪᠠᠷᠢᠯᠭ᠎ᠠ ᠶᠢᠨ ᠨᠢᠭᠲᠠᠴᠠ ᠶᠢ | ᠴᠢᠩᠭ᠎ᠠ ᠬᠢᠵᠠᠭᠠᠷᠯᠠᠵᠤ᠂ ᠭᠤᠣᠯ ᠬᠤᠲᠠ ᠶᠢᠨ ᠲᠣᠭᠤᠷᠢᠭ ᠤᠨ ᠬᠤᠲᠠ ᠶᠢᠨ ᠴᠢᠨᠠᠷ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠷᠦᠭᠦᠨ ᠪᠣᠷᠣᠭᠠᠨ᠂ ᠴᠠᠰᠤ | ᠰᠢᠭᠤᠷᠭ᠎ᠠ ᠵᠡᠷᠭᠡ ᠣᠨᠴᠠᠭᠠᠢ ᠴᠠᠭ ᠠᠭᠤᠷ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠰᠤ ᠠᠭᠤᠰᠬᠤᠢᠢᠴᠠ ᠬᠤᠲᠠ᠂ ᠤᠶᠠᠨ ᠬᠠᠳᠠᠨ ᠬᠤᠲᠠ ᠶᠢ | ᠪᠦᠲᠦᠭᠡᠨ ᠪᠠᠶᠢᠭᠤᠯᠵᠤ᠂ ᠬᠤᠲᠠ ᠶᠢᠨ ᠣᠯᠠᠨ ᠨᠡᠶᠢᠲᠡ ᠶᠢᠨ ᠲᠥᠬᠦᠭᠡᠷᠦᠮᠵᠢ᠂ ᠣᠷᠴᠢᠨ ᠠᠬᠤᠢ ᠶᠢᠨ ᠡᠷᠡᠬᠦᠯ ᠬᠠᠮᠠᠭᠠᠯᠠᠯ ᠠᠷᠢᠭᠤᠨ ᠴᠡᠪᠡᠷ᠂ ᠴᠡᠴᠡᠷᠯᠢᠭ ᠤᠨ | ᠨᠣᠭᠤᠭᠠᠷᠠᠭᠤᠯᠤᠯᠲᠠ᠂ ᠵᠠᠮ ᠱᠤᠭᠤᠮ ᠤᠨ ᠬᠠᠮᠠᠭᠠᠯᠠᠯᠳᠡ᠂ ᠵᠢᠵᠢᠭ ᠲᠣᠭᠤᠷᠢᠭ ᠤᠨ ᠠᠳᠠᠯ ᠠᠬᠤᠢ ᠵᠡᠷᠭᠡ ᠶᠢᠨ ᠲᠤᠰᠬᠠᠶ ᠬᠠᠮᠢᠶᠠᠷᠤᠯᠲᠠ ᠶᠢᠨ ᠬᠢᠷᠢ ᠲᠦᠪᠰᠢᠨ ᠢ | ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠣᠷᠣᠨ ᠰᠠᠭᠤᠴᠠ ᠶᠢ ᠰᠠᠷᠢᠭᠠᠯᠠᠬᠤ ᠥᠬᠡᠶ︾ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠦ᠋ᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠣᠷᠣᠨ ᠰᠠᠭᠤᠴᠠ ᠲᠦᠷᠢᠶᠡᠰᠦᠯᠡᠬᠦ ᠵᠠᠬ᠎ᠠ ᠳᠡᠯᠭᠡᠭᠦᠷ ᠢ | ᠲᠦᠷᠢᠮᠵᠢᠬᠦᠯᠦᠨ ᠬᠥᠭᠵᠢᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷ︾ ᠠᠰᠠᠭᠤᠳᠠᠯ ᠢ ᠦᠷᠭᠦᠯᠵᠢᠯᠡᠨ | ᠰᠢᠶᠳᠪᠦᠷᠢᠯᠡᠨ᠎ᠡ᠃ | ᠬᠤᠲᠠ ᠶᠢᠨ ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠎ᠡ᠃ ᠲᠦᠩᠯᠢᠶᠣᠣ ᠤᠯᠠᠭᠠᠨᠬᠠᠳᠠ ᠶᠢᠨ ᠬᠤᠭᠤᠷᠣᠨᠳᠣᠬᠢ ᠠᠶᠡᠨᠴᠢᠳ ᠤᠨ ᠤᠷᠬᠢᠯ ᠤᠨ | ᠬᠤᠭᠤᠴᠠᠭᠠᠨ ᠳᠤ ᠠᠶᠡᠨᠴᠢᠳ ᠤᠨ ᠭᠠᠯᠲᠤ ᠲᠡᠷᠭᠡ ᠨᠡᠮᠡᠵᠦ ᠨᠡᠪᠲᠡᠷᠡᠭᠦᠯᠬᠦ ᠶᠢ ᠰᠦᠪᠡᠭᠴᠢᠯᠡᠵᠦ᠂ ᠨᠡᠶᠢᠲᠡ ᠶᠢᠨ ᠮᠠᠰᠢᠨᠴᠢᠯᠠᠭᠰᠠᠨ ᠡᠵᠡᠩᠨᠡᠯᠲᠡ ᠶᠢ ᠪᠡᠶᠡᠯᠡᠭᠦᠯᠬᠦ ᠶᠢ | ᠠᠬᠢᠭᠤᠯᠤᠨ᠎ᠠ᠃ ᠲᠦᠷᠭᠡᠨ ᠤ ᠲᠡᠮᠦᠷ ᠵᠠᠮ ᠤᠨ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠲᠦᠷᠭᠡᠨ ᠤ ᠲᠡᠮᠦᠷ ᠵᠠᠮ ᠳᠠᠭᠠᠤ ᠶᠢᠨ ᠬᠥᠭᠵᠢᠯᠲᠡ ᠶᠢᠨ ᠰᠠᠭᠤᠷᠢ᠂ | ᠵᠠᠮ ᠬᠠᠷᠢᠯᠴᠠᠭ᠎ᠠ ᠶᠢᠨ ᠨᠥᠬᠦᠴᠡᠯ ᠪᠠ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠳᠤ ᠰᠠᠭᠤᠷᠢᠯᠠᠨ᠂ ᠳᠠᠪᠠᠭᠤᠯᠢᠭ ᠠᠵᠤ ᠦᠶᠯᠡᠰ ᠪᠠ ᠡᠬᠢ ᠪᠠᠶᠠᠯᠢᠭ ᠲᠤ | ᠲᠦᠰᠢᠭᠯᠡᠵᠦ᠂ ︽ᠨᠢᠭᠡ ᠪᠦᠰᠡ ᠬᠤᠶᠠᠷ ᠲᠣᠭᠤᠷᠢᠭ᠂ ᠣᠯᠠᠨ ᠠᠵᠢᠯ ᠲᠥᠷᠥᠯ ᠠᠭᠤᠰᠤᠯᠴᠠᠭᠰᠠᠨ︾ ᠲᠦᠷᠭᠡᠨ ᠤ ᠲᠡᠮᠦᠷ ᠵᠠᠮ ᠤᠨ ᠠᠵᠤ ᠠᠬᠤᠢ ᠶᠢᠨ ᠪᠦᠰᠡ ᠶᠢ | ᠪᠠᠶᠢᠭᠤᠯᠤᠨ ᠪᠦᠷᠢᠯᠳᠦᠭᠦᠯᠦᠨ᠎ᠡ᠃ ᠰᠢᠨ᠎ᠡ ᠬᠤᠲᠠ ᠶᠢᠨ ᠲᠣᠭᠤᠷᠢᠭ ᠤᠨ ᠲᠦᠷᠭᠡᠨ ᠤ ᠲᠡᠮᠦᠷ ᠵᠠᠮ ᠤᠨ ᠥᠷᠲᠡᠭᠡ ᠶᠢ ᠲᠥᠯᠥᠪᠵᠢᠭᠦᠯᠵᠦ᠂ ᠬᠠᠭᠤᠴᠢᠨ ᠬᠤᠲᠠ | ᠶᠢᠨ ᠲᠣᠭᠤᠷᠢᠭ ᠤᠨ ᠲᠦᠷᠭᠡᠨ ᠤ ᠲᠡᠮᠦᠷ ᠵᠠᠮ ᠤᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠢ᠂ ᠲᠦᠷᠭᠡᠨ ᠤ ᠲᠡᠮᠦᠷ ᠵᠠᠮ ᠤᠨ ᠥᠷᠲᠡᠭᠡ ᠲᠦᠷᠭᠡᠨ ᠵᠠᠮ ᠢ | ᠬᠠᠷᠢᠯᠴᠠᠨ ᠨᠡᠪᠲᠡᠷᠡᠯᠴᠡᠬᠦᠯᠬᠦ ᠢᠨᠵᠧᠨᠧᠷᠢᠩ ᠢ ᠲᠦᠷᠭᠡᠳᠬᠡᠵᠦ᠂ ᠪᠦᠬᠦ ᠲᠠᠯ᠎ᠠ ᠶᠢᠨ᠂ ᠰᠢᠰᠲ᠋ᠧᠮ ᠲᠠᠢ᠂ ᠣᠯᠠᠨ ᠴᠢᠳᠠᠪᠬᠢ ᠲᠠᠢ ᠲᠦᠷᠭᠡᠨ ᠤ ᠲᠡᠮᠦᠷ ᠵᠠᠮ ᠤᠨ ᠠᠵᠤ | ᠠᠬᠤᠢ ᠶᠢᠨ ᠴᠠᠭᠠᠷᠢᠬ ᠢ ᠪᠦᠷᠢᠯᠳᠦᠭᠦᠯᠬᠦ ᠶᠢ ᠠᠬᠢᠭᠤᠯᠤᠨ᠎ᠠ᠃ | ᠤᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠲᠦᠩᠯᠢᠶᠣᠤ ᠬᠤᠲᠠ ᠶᠢᠨ ᠤᠶᠤᠨᠴᠢ ᠬᠤᠲᠠ ᠶᠢᠨ ᠶᠡᠷᠦᠩᠬᠡᠶ | ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ︽ᠨᠢᠭᠡ ᠲᠥᠪ ᠬᠤᠶᠠᠷ ᠵᠢᠭᠦᠷ︾ ᠤᠨ ᠤᠶᠤᠨᠴᠢ ᠬᠤᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ | ︽ᠬᠤᠲᠠ ᠶᠢᠨ ᠲᠤᠭ᠎ᠠ ᠪᠠᠷᠢᠮᠲᠠ ᠶᠢᠨ ᠨᠠᠭᠤᠷ︾ ᠪᠠ ︽ᠬᠤᠲᠠ ᠶᠢᠨ ᠶᠡᠭᠡ ᠲᠠᠷᠢᠬᠢ︾ ᠶᠢ ᠡᠬᠦᠳᠴᠤ᠂ ᠨᠢᠭᠡ ᠪᠦᠯᠦᠭ ᠭᠤᠤᠯ ᠰᠡᠳᠦᠪᠲᠦ ᠬᠥᠮᠥᠷᠭᠡ᠂ ᠲᠤᠰᠬᠠᠶ | ᠬᠥᠮᠥᠷᠭᠡ᠂ ᠰᠠᠭᠤᠷᠢ ᠬᠥᠮᠥᠷᠭᠡ ᠶᠢ ᠪᠠᠶᠢᠭᠤᠯᠤᠨ᠂ ᠲᠤᠭ᠎ᠠ ᠪᠠᠷᠢᠮᠲᠠ ᠶᠢ ᠰᠠᠯᠠᠭ᠎ᠠ ᠮᠥᠴᠢᠷ ᠠᠯᠤᠰᠯᠠᠨ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠪᠠ | ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠵᠤ᠂ ᠠᠵᠤ ᠦᠶᠯᠡᠳᠪᠦᠷᠢ ᠶᠢᠨ ᠡᠭᠦᠯᠡᠨ ᠲᠠᠪᠴᠠᠩ ᠢ ᠣᠷᠣᠭᠤᠯᠤᠨ ᠠᠪᠴᠢᠷᠠᠵᠤ᠂ ᠣᠲᠣ ᠦᠶ᠎ᠡ ᠶᠢᠨ ᠮᠡᠳᠡᠭᠡ ᠵᠠᠩᠭᠢ | ᠶᠢᠨ ᠮᠡᠷᠭᠡᠵᠢᠯ ᠢ ᠠᠰᠢᠭᠯᠠᠨ ᠰᠤᠷᠭᠠᠨ ᠬᠥᠮᠦᠵᠢᠯ᠂ ᠡᠮ ᠡᠮᠨᠡᠯᠬᠡ᠂ ᠵᠠᠰᠠᠭ ᠤᠨ ᠣᠷᠳᠣᠨ ᠤ ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠦᠶᠯᠡᠴᠢᠯᠡᠭᠡ ᠳᠤ | ᠴᠢᠳᠠᠪᠬᠢ ᠣᠯᠭᠤᠨ᠎ᠠ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠶᠯᠡᠴᠢᠯᠡᠬᠦ ᠪᠠ | ᠠᠭᠤᠰᠤᠯᠴᠠᠨ᠎ᠠ᠃ ᠥᠭᠡᠷᠡᠴᠢᠯᠡᠯᠲᠡ ᠶᠢ ᠬᠦᠨᠵᠡᠭᠡᠶᠢᠷᠡᠬᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠬᠠᠮᠵᠢᠯᠴᠠᠭᠤᠯᠤᠨ | ᠬᠦᠴᠦᠯᠡᠵᠦ᠂ ᠴᠢᠨᠠᠷ ᠰᠠᠶᠢᠲᠠᠶ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠪᠠᠶᠢᠭᠤᠯᠵᠤ᠂ ᠬᠤᠤᠰ ᠣᠷᠴᠢᠯᠲᠦ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠬᠤ ᠲᠤᠮᠳᠠ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠶ ᠪᠣᠯᠭᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠵᠤ᠂ ᠨᠡᠩ ᠶᠡᠭᠡ | ᠡᠷᠴᠢᠮ ᠪᠠ ᠴᠠᠭᠠᠷᠠᠭᠰᠠᠨ ᠠᠷᠭ᠎ᠠ ᠠᠪᠴᠠᠯ ᠢᠶᠠᠷ ᠬᠤᠳᠠᠯᠳᠤᠭ᠎ᠠ ᠡᠵᠡᠩᠨᠡᠬᠦ ᠤᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ | ᠴᠡᠪᠡᠷᠰᠢᠭᠦᠯᠬᠦ ᠪᠦᠬᠦᠶ ᠯᠠ ᠴᠣᠭᠴᠠ ᠶᠢᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠨ᠎ᠡ᠃ ᠲᠦᠭᠦᠮᠴᠢᠯᠡᠯᠲᠡ᠂ ᠵᠠᠬ᠎ᠠ ᠳᠡᠯᠭᠡᠭᠦᠷᠴᠢᠯᠡᠯᠲᠡ᠂ | ᠬᠠᠤᠯᠢᠵᠢᠯᠳᠠ᠂ ᠳᠡᠯᠡᠬᠡᠶᠢᠵᠢᠯᠳᠡ ᠶᠢᠨ ᠵᠠᠷᠴᠢᠮ ᠢ ᠪᠠᠷᠢᠮᠲᠠᠯᠠᠵᠤ᠂ ᠤᠯᠤᠰ ᠤᠨ ᠲᠣᠲᠣᠭᠠᠳᠤ ᠭᠠᠳᠠᠭᠠᠳᠤ ᠶᠢᠨ ᠲᠡᠷᠢᠭᠦᠨ ᠤ ᠬᠢ ᠲᠠᠢ ᠬᠠᠷᠢᠴᠠᠭᠤᠯᠤᠨ᠂ ᠠᠵᠤ | ᠠᠬᠤᠢᠢᠯᠠᠯ ᠪᠠ ᠤᠯᠠᠨ ᠲᠦᠮᠡᠨ ᠤ ᠬᠡᠷᠡᠭ ᠡᠷᠬᠢᠯᠡᠬᠦ ᠬᠦᠴᠢᠷ ᠴᠡᠭ᠂ ᠲᠦᠭᠵᠢᠷᠡᠯ ᠴᠡᠭ᠂ ᠪᠠᠯᠠᠢ ᠴᠡᠭ᠂ ᠰᠠᠨᠠᠭᠠᠰᠢᠷᠠᠬᠤ ᠴᠡᠭ ᠲᠤ ᠠᠩᠬᠠᠷᠤᠯ ᠢᠶᠠᠨ ᠲᠦᠪᠯᠡᠷᠡᠬᠦᠯᠵᠤ | ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠦᠷᠬᠦᠯᠵᠢᠯᠡᠨ ᠬᠦᠨᠵᠡᠭᠡᠶᠢᠷᠡᠬᠦᠯᠵᠤ᠂ ᠴᠠᠭ ᠤᠨ ᠬᠢᠵᠠᠭᠠᠷ ᠬᠠᠮᠤᠭ ᠤᠬᠤᠷ᠂ ᠭᠤᠭᠴᠤᠭ᠎ᠠ ᠨᠢ | ᠬᠠᠮᠤᠭ ᠲᠦᠬᠦᠮ᠂ ᠮᠠᠲ᠋ᠧᠷᠢᠶᠠᠯ ᠬᠠᠮᠤᠭ ᠪᠠᠭ᠎ᠠ᠂ ᠦᠢᠯᠡᠴᠢᠯᠡᠭᠡ ᠬᠠᠮᠤᠭ ᠰᠠᠶᠢᠨ ᠬᠤᠳᠠᠯᠳᠤᠭ᠎ᠠ ᠡᠷᠬᠢᠯᠡᠬᠦ ᠤᠷᠴᠢᠨ ᠨᠥᠬᠦᠴᠡᠯ ᠢ ᠪᠦᠬᠦ ᠬᠦᠴᠦᠨ ᠢᠶᠠᠷ ᠡᠬᠦᠳᠦᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠦ᠋ᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠳᠥᠷᠪᠡᠨ | ᠲᠡᠰ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠶᠢ | ᠭᠦᠨᠵᠡᠭᠡᠶᠢᠷᠡᠭᠦᠯᠦᠨ᠎ᠡ᠃ ᠡᠨᠡ ᠰᠠᠭᠤᠷᠢᠨ ᠳᠡᠭᠡᠷ᠎ᠡ᠂ ︽ᠬᠡᠳᠤᠷᠡᠬᠦ ᠳᠤ ᠪᠠᠨ ᠨᠢᠬᠡ ᠤᠳᠠᠭ᠎ᠠ ᠭᠦᠶᠦᠯᠭᠡᠬᠦ︾ ᠦᠭᠡᠷᠡᠴᠢᠯᠡᠯᠲᠡ᠂ ︽ᠨᠢᠭᠡ ᠴᠤᠩᠬᠤᠪᠴᠢ ᠪᠠᠷ | ᠬᠦᠯᠢᠶᠡᠨ ᠠᠪᠴᠤ᠂ ᠡᠷᠴᠢᠮᠵᠢᠭᠦᠯᠦᠨ ᠦᠢᠯᠡᠴᠢᠯᠡᠬᠦ︾ ᠶᠢ ᠠᠬᠢᠭᠤᠯᠵᠤ᠂ ᠬᠠᠮᠤᠭ ᠡᠴᠤᠰ ᠲᠤ ︽ᠪᠦᠬᠦ ᠶᠠᠪᠤᠴᠠ ᠶᠢ ᠰᠦᠯᠵᠢᠶ᠎ᠡ ᠪᠠᠷ ᠬᠦᠢᠴᠡᠳᠬᠡᠬᠦ︾ ᠶᠢ | ᠪᠡᠶᠡᠯᠡᠭᠦᠯᠦᠨ᠎ᠡ᠃ ᠣᠯᠠᠨ ᠲᠥᠯᠥᠪᠵᠢᠭᠦᠯᠭᠡ ᠶᠢ ᠨᠢᠭᠡᠳᠬᠡᠬᠦ᠂ ᠣᠯᠠᠨ ᠬᠢᠨᠠᠯᠲᠠ ᠶᠢ ᠨᠢᠭᠡᠳᠬᠡᠬᠦ᠂ ᠣᠯᠠᠨ ᠦᠨᠡᠮᠯᠡᠯ ᠢ ᠨᠢᠭᠡᠳᠬᠡᠬᠦ ᠥᠭᠡᠷᠡᠴᠢᠯᠡᠯᠲᠡ ᠶᠢ ᠲᠦᠷᠭᠡᠳᠬᠡᠨ | ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠦ᠋ᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠤᠭᠤᠨᠢᠰᠬᠠᠨ᠎ᠠ᠃ ᠡᠨᠡ | ᠵᠢᠯ ᠤᠨ ᠲᠡᠭᠡᠷ᠎ᠠ ᠬᠠᠭᠠᠰ ᠵᠢᠯ ᠳᠤ᠂ ᠬᠤᠰᠢᠭᠤ ᠰᠢᠶᠠᠨ ᠬᠤᠲᠠ ᠲᠤᠭᠤᠷᠢᠭ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠣᠷᠤᠨ ᠪᠦᠰᠡ ᠶᠢᠨ ᠦᠨᠡᠯᠡᠨ | ᠵᠢᠱᠢᠯᠲᠡ ᠶᠢ ᠪᠡᠶᠡᠯᠡᠭᠦᠯᠦᠨ᠎ᠡ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠦ᠋ᠨ ᠡᠷᠬᠡ ᠶᠢᠨ ᠥᠭᠡᠷᠡᠴᠢᠯᠡᠯᠲᠡ ᠶᠢ ᠦᠷᠭᠦᠯᠵᠢᠯᠡᠨ | ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠲᠦᠷᠭᠡᠳᠬᠡᠵᠦ᠂ ᠵᠢᠯ ᠦ᠋ᠨ ᠰᠡᠭᠦᠯᠴᠢ ᠪᠤᠯᠳᠠᠯ᠎ᠠ | ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ 72 ᠵᠦᠶᠯ ᠢ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠶᠢ ᠪᠡᠶᠡᠯᠡᠭᠦᠯᠦᠨ᠎ᠡ᠃ | ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠶᠢ ᠭᠦᠨᠵᠡᠭᠡᠶᠢᠷᠡᠭᠦᠯᠦᠨ᠎ᠡ᠃ ᠡᠨᠡ ᠰᠠᠭᠤᠷᠢᠨ ᠳᠡᠭᠡᠷ᠎ᠡ᠂ ︽ᠨᠢᠭᠡ ᠯᠡ ᠤᠳᠠᠭ᠎ᠠ ᠭᠦᠶᠦᠯᠭᠡᠬᠦ︾ | ᠥᠭᠡᠷᠡᠴᠢᠯᠡᠯᠲᠡ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ᠂ ᠡᠷᠴᠢᠮᠵᠢᠭᠦᠯᠦᠨ ᠦᠶᠯᠡᠴᠢᠯᠡᠬᠦ︾ ᠶᠢ ᠠᠬᠢᠭᠤᠯᠵᠤ᠂ ᠡᠴᠦᠰ ᠲᠤ ᠪᠠᠨ ︽ᠪᠦᠷᠢᠮᠦᠰᠦᠨ | ᠰᠦᠯᠵᠢᠶ᠎ᠡ ᠪᠠᠷ ᠬᠦᠢᠴᠡᠳᠬᠡᠬᠦ︾ ᠶᠢ ᠪᠡᠶᠡᠯᠡᠭᠦᠯᠦᠨ᠎ᠡ᠃ ᠣᠯᠠᠨ ᠲᠥᠯᠥᠪᠵᠢᠭᠦᠯᠭᠡ ᠶᠢ ᠨᠢᠭᠡᠳᠬᠡᠬᠦ᠂ ᠣᠯᠠᠨ ᠬᠢᠨᠠᠯᠲᠠ ᠶᠢ ᠨᠢᠭᠡᠳᠬᠡᠬᠦ᠂ ᠣᠯᠠᠨ ᠦᠨᠡᠮᠯᠡᠯ ᠢ | ᠨᠢᠭᠡᠳᠬᠡᠬᠦ ᠥᠭᠡᠷᠡᠴᠢᠯᠡᠯᠲᠡ ᠶᠢ ᠲᠦᠷᠭᠡᠳᠬᠡᠨ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ | ᠤᠯᠠᠮ ᠨᠢᠭᠡ ᠠᠯᠬᠤᠮ ᠪᠣᠭᠤᠨᠢᠰᠬᠠᠨ᠎ᠠ᠃ ᠡᠨᠡ ᠵᠢᠯ ᠤᠨ ᠲᠡᠬᠡᠷ᠎ᠠ ᠬᠠᠭᠠᠰ ᠵᠢᠯ ᠳᠤ ᠬᠤᠰᠢᠭᠤ ᠰᠢᠶᠠᠨ ᠬᠤᠲᠠ ᠲᠣᠭᠤᠷᠢᠭ ᠤᠨ ᠠᠵᠤ ᠦᠶᠯᠡᠰ ᠤᠨ ᠬᠦᠷᠢᠶᠡᠯᠡᠩ | ᠤᠨ ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠡᠶᠡᠯᠡᠭᠦᠯᠦᠨ᠎ᠡ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠤᠭ᠎ᠠ ᠪᠠᠷᠢᠮᠲᠠ ᠶᠢ ᠬᠠᠮᠲᠤ ᠪᠠᠷ ᠠᠰᠢᠬᠯᠠᠬᠤ ᠶᠢ | ᠲᠦᠷᠭᠡᠳᠬᠡᠵᠦ᠂ ᠵᠢᠯ ᠤᠨ ᠰᠡᠭᠦᠯᠴᠢ ᠪᠣᠯᠲᠠᠯ᠎ᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ 72 ᠵᠦᠶᠯ ᠢ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ | ᠶᠢ ᠪᠡᠶᠡᠯᠡᠭᠦᠯᠦᠨ᠎ᠡ᠃ | ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠢᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠤᠲᠠ ᠶᠢᠨ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠢᠢᠯᠠᠯ ᠢ ᠰᠢᠯᠢᠳᠡᠭᠵᠢᠭᠦᠯᠦᠨ | ᠳᠠᠬᠢᠨ ᠵᠣᠬᠢᠶᠠᠨ ᠪᠠᠶᠢᠭᠤᠯᠵᠤ᠂ ᠣᠲᠣ ᠦᠶ᠎ᠡ ᠶᠢᠨ ᠠᠵᠤ ᠠᠬᠤᠢᠢᠯᠠᠯ ᠤᠨ ᠲᠦᠷᠢᠮ ᠪᠠ ᠬᠥᠷᠥᠩᠭᠡ ᠬᠠᠮᠢᠶᠠᠷᠬᠤ ᠪᠠᠷ ᠭᠤᠤᠯ ᠪᠣᠯᠭᠠᠭᠰᠠᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯᠢ ᠲᠡᠭᠦᠯᠳᠡᠷᠵᠢᠭᠦᠯᠦᠨ᠎ᠡ᠃ ᠴᠠᠬᠢᠯᠭᠠᠨ ᠬᠦᠴᠦᠨ ᠤ ᠪᠠᠶᠢᠭᠤᠯᠤᠯ ᠤᠨ ᠥᠭᠡᠷᠡᠴᠢᠯᠡᠯᠲᠡ | ᠶᠢ ᠭᠦᠨᠵᠡᠭᠡᠶᠢᠷᠡᠭᠦᠯᠵᠦ᠂ ᠨᠠᠶᠮᠠᠨ᠂ ᠬᠤᠤᠯᠢᠩᠭᠤᠤᠯ᠂ ᠨᠡᠭᠡᠭᠡᠯᠲᠡ ᠶᠢᠨ ᠲᠣᠭᠤᠷᠢᠭ ᠤᠨ ᠨᠡᠮᠡᠭᠳᠡᠯ ᠴᠠᠬᠢᠯᠭᠠᠨ ᠲᠣᠤᠷ ᠢ ᠵᠢᠯ ᠤᠨ ᠳᠣᠲᠣᠷ᠎ᠠ ᠴᠠᠬᠢᠯᠭᠠᠨ ᠬᠠᠩᠭᠠᠬᠤ | ᠶᠢ ᠪᠡᠶᠡᠯᠡᠭᠦᠯᠦᠨ᠎ᠡ᠃ ᠬᠤᠲᠠ ᠬᠤᠰᠢᠭᠤ ᠬᠤᠶᠠᠷ ᠱᠠᠲᠤᠨ ᠤ ᠡᠳ᠋ ᠤᠨ ᠵᠠᠰᠠᠬ ᠤᠨ ᠡᠷᠬᠡ᠂ ᠠᠵᠢᠯ ᠶᠠᠪᠤᠳᠠᠯ ᠤᠨ ᠡᠷᠬᠡ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ | ᠤᠨ ᠥᠭᠡᠷᠡᠴᠢᠯᠡᠯᠲᠡ ᠶᠢ ᠠᠬᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠦᠭᠰᠢᠭᠦᠷᠢ ᠶᠢᠨ ᠦᠨᠡᠯᠡᠨ ᠵᠢᠱᠢᠯᠲᠡ ᠪᠠ ᠰᠡᠷᠡᠮᠵᠢ | ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠮᠥᠩᠭᠦᠨ ᠭᠦᠶᠯᠭᠡᠭᠡ ᠪᠠ ᠵᠠᠰᠠᠭ ᠤᠨ ᠣᠷᠳᠣᠨ ᠤ ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠨ᠎ᠡ᠃ | ︽ᠨᠢᠭᠡ ᠪᠦᠰᠡ ᠨᠢᠭᠡ ᠵᠠᠮ︾ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ | ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠮᠠᠨᠵᠤᠤᠷ᠂ ᠵᠡᠭᠦᠨ ᠬᠠᠲᠠᠪᠴᠢ ᠪᠣᠭᠤᠮᠲᠠ ᠯᠤᠭ᠎ᠠ ᠶᠢᠨ ᠬᠠᠮᠵᠢᠯᠴᠠᠭ᠎ᠠ ᠶᠢ ᠠᠬᠢᠭᠤᠯᠤᠨ᠂ ᠵᠢᠨᠵᠧᠦ | ᠭᠠᠷᠠᠮ᠂ ᠳ᠋ᠠᠯᠢᠶᠠᠨ ᠭᠠᠷᠠᠮ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠲᠦᠩᠯᠢᠶᠣᠤ ᠶᠢᠨ ᠭᠠᠶᠢᠯᠢ ᠪᠠᠲᠤᠯᠠᠬᠤ ᠪᠠᠷᠠᠭᠠᠨ ᠤ ᠭᠦᠶᠯᠭᠡᠭᠡᠨ ᠤ ᠲᠥᠪ ︵B | ᠬᠡᠯᠪᠡᠷᠢ︶᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠲᠥᠪ ᠵᠢᠴᠢ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠢ ᠲᠦᠷᠭᠡᠳᠬᠡᠨ | ᠪᠠᠶᠢᠭᠤᠯᠵᠤ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠴᠤᠪᠤᠭ᠎ᠠ ᠲᠡᠷᠭᠡ ( ᠲᠦᠩᠯᠢᠶᠣᠤ ) ᠪᠠ ᠳ᠋ᠠᠯᠢᠶᠠᠨ ᠭᠠᠷᠠᠮ ᠤᠨ ᠴᠢᠩᠭᠡᠯᠢᠭ ᠤᠨ ᠡᠭᠡᠯᠵᠢ ᠶᠢᠨ ᠭᠠᠯᠲᠤ | ᠲᠡᠷᠭᠡ ᠶᠢᠨ ᠡᠵᠡᠩᠨᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠦᠩᠯᠢᠶᠣᠤ ᠶᠢᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠠᠭᠠᠷ ᠤᠨ ᠠᠶᠠᠯᠠᠯ ᠤᠨ | ᠪᠣᠭᠤᠮᠲᠠ ᠶᠢ ᠭᠤᠶᠤᠴᠢᠯᠠᠨ ᠮᠡᠳᠡᠭᠦᠯᠵᠦ ᠪᠥᠲᠥᠭᠡᠨ ᠪᠠᠶᠢᠭᠤᠯᠤᠨ᠂ ᠡᠮᠦᠨᠡᠰᠢ ᠭᠠᠷᠠᠮ ᠲᠠᠢ ᠬᠤᠯᠪᠣᠬᠤ᠂ ᠤᠮᠠᠷᠠᠰᠢ ᠧᠦ᠋ᠷᠣᠫᠠ ᠳᠤ ᠨᠡᠪᠲᠡᠷᠡᠭᠦᠯᠬᠦ ᠣᠯᠠᠨ ᠬᠡᠯᠪᠡᠷᠢ | ᠶᠢᠨ ᠬᠤᠯᠪᠣᠭᠠᠯᠠᠨ ᠲᠡᠭᠡᠭᠡᠪᠦᠷᠢᠯᠡᠬᠦ ᠵᠠᠮ ᠢ ᠨᠡᠪᠲᠡᠷᠡᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠢᠳᠡᠪᠬᠢᠲᠡᠶ ᠬᠥᠭᠵᠢᠭᠦᠯᠵᠦ᠂ | ᠭᠠᠳᠠᠭᠠᠳᠤ ᠠᠴᠠ ᠣᠷᠣᠭᠤᠯᠤᠭᠰᠠᠨ ᠡᠬᠢ ᠪᠠᠶᠠᠯᠢᠭ ᠢ ᠡᠳ᠋ᠰᠢᠭᠦᠯᠬᠦ ᠲᠣᠭᠤᠷᠢᠭ ᠢ ᠲᠥᠯᠥᠪᠵᠢᠭᠦᠯᠦᠨ ᠪᠠᠶᠢᠭᠤᠯᠵᠤ᠂ ᠳᠤᠮᠳᠠ ᠠᠴᠠ ᠨᠢ ᠰᠢᠯᠵᠢᠭᠦᠯᠦᠨ ᠡᠳ᠋ᠰᠢᠭᠦᠯᠬᠦ᠂ | ᠪᠠᠷᠠᠭᠠᠨ ᠤ ᠭᠦᠶᠯᠭᠡᠭᠡᠨ ᠢ ᠲᠥᠪᠯᠡᠷᠡᠭᠦᠯᠵᠦ ᠲᠠᠷᠬᠠᠭᠠᠬᠤ ᠵᠡᠷᠭᠡ ᠲᠥᠷᠥᠯ ᠵᠦᠶᠯ ᠢ ᠰᠦᠪᠡᠭᠴᠢᠯᠡᠵᠦ᠂ ︽ᠰᠠᠭᠤᠷᠢᠰᠢᠮᠠᠯ ᠠᠵᠤ ᠠᠬᠤᠶ︾ ᠶᠢ ᠶᠡᠭᠡ ᠪᠠᠷ | ᠬᠥᠭᠵᠢᠭᠦᠯᠦᠨ᠎ᠡ᠃ | ᠣᠷᠣᠨ ᠪᠦᠰᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠤᠯᠠᠭᠠᠨᠬᠠᠳᠠ ᠯᠤᠭ᠎ᠠ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠤᠯᠠᠭᠠᠨᠬᠠᠳᠠ——ᠲᠦᠩᠯᠢᠶᠣᠤ ᠶᠢᠨ ᠣᠷᠣᠨ ᠪᠦᠰᠡ ᠶᠢᠨ ᠴᠢᠨᠠᠷᠲᠠᠶ ᠲᠥᠪ ᠬᠤᠲᠠ ᠪᠠ ᠤᠯᠤᠰ ᠤᠨ ᠲᠠᠰ ᠤᠨ ᠠᠵᠤ ᠦᠶᠯᠡᠰ ᠤᠨ ᠰᠢᠯᠵᠢᠯᠲᠡ ᠶᠢ ᠵᠠᠯᠭᠠᠨ | ᠵᠣᠯᠭᠠᠭᠤᠯᠬᠤ ᠵᠢᠱᠢᠶ᠎ᠡ ᠦᠵᠡᠭᠦᠯᠬᠦ ᠣᠷᠣᠨ ᠢ ᠬᠠᠮᠲᠤ ᠪᠠᠷ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ︽ᠬᠤᠤᠰ ᠣᠳᠣᠨ︾ ᠪᠣᠯᠭᠠᠨ᠎ᠠ᠃ | ᠬᠥᠬᠡᠬᠤᠲᠠ ᠯᠤᠭ᠎ᠠ ᠶᠢᠨ ᠨᠥᠬᠦᠷᠰᠡᠭ ᠬᠤᠲᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠢ ᠨᠠᠶᠢᠳᠠᠪᠤᠷᠢᠵᠢᠭᠤᠯᠤᠨ᠎ᠠ᠃ ᠵᠡᠭᠦᠨ ᠬᠤᠶᠢᠲᠦ ᠣᠷᠣᠨ ᠢ | ᠬᠥᠭᠵᠢᠭᠦᠯᠦᠨ ᠮᠠᠨᠳᠤᠭᠤᠯᠬᠤ ᠲᠠᠢ ᠭᠦᠨᠵᠡᠭᠡᠶ ᠠᠭᠤᠰᠤᠯᠴᠠᠵᠤ᠂ ᠮᠦᠭᠳᠡᠨ᠂ ᠴᠠᠩᠴᠦ᠋ᠨ ᠵᠡᠷᠭᠡ ᠬᠤᠲᠠ ᠶᠢᠨ ᠪᠦᠯᠦᠭᠵᠢᠯ ᠤᠨ ᠨᠥᠯᠥᠭᠡᠯᠡᠯ ᠢ ᠰᠠᠨᠠᠭᠠᠴᠢᠯᠠᠭ᠎ᠠ ᠠᠴᠠ | ᠪᠠᠨ ᠬᠦᠯᠢᠶᠡᠵᠦ᠂ ︽ᠵᠡᠭᠦᠨ ᠬᠤᠶᠢᠲᠦ ᠶᠢᠨ ᠲᠡᠯᠡᠶ ᠬᠠᠭᠤᠷᠠᠶ ᠶᠢᠨ ᠰᠢᠨ᠎ᠡ ᠵᠠᠮ︾ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠪᠡᠭᠡᠵᠢᠩ | ᠲᠢᠶᠠᠨᠵᠢᠨ ᠾᠧᠪᠧᠶ᠂ ᠪᠦᠸᠧᠬᠠᠶ ᠲᠠᠩᠭᠢᠰ ᠳᠠᠭᠠᠤ ᠭᠠᠵᠠᠷ ᠣᠷᠣᠨ ᠤ ᠨᠥᠯᠥᠭᠡᠯᠡᠨ ᠳᠠᠶᠢᠴᠢᠯᠠᠬᠤ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠬᠥᠬᠡᠮᠥ᠋ᠷᠡᠨ | ᠤ ᠭᠤᠷᠪᠠᠯᠵᠢᠨ ᠬᠤᠶᠢᠬ᠂ ᠭᠤᠸᠠᠩᠳᠦ᠋ᠩ ᠰᠢᠶᠠᠩᠭᠠᠩ ᠣᠣᠮᠧᠨ ᠤ ᠪᠤᠯᠤᠩ ᠤᠨ ᠣᠷᠣᠨ ᠯᠤᠭ᠎ᠠ ᠶᠢᠨ ᠵᠣᠯᠭᠠᠯᠴᠠᠭ᠎ᠠ ᠬᠠᠷᠢᠯᠴᠠᠭ᠎ᠠ ᠶᠢ ᠴᠢᠩᠭᠠᠳᠬᠠᠵᠤ᠂ | ᠬᠠᠮᠲᠤᠷᠠᠯᠴᠠᠨ ᠬᠠᠮᠲᠤ ᠪᠠᠷ ᠠᠰᠢᠭ ᠭᠥᠷᠳᠡᠬᠦ ︽ᠨᠠᠶᠢᠵᠠ ᠶᠢᠨ ᠲᠣᠭᠤᠷᠢᠭ︾ ᠢ ᠥᠷᠭᠡᠳᠬᠡᠨ᠎ᠡ᠃ ᠨᠠᠷᠢᠯᠢᠭ ᠣᠨᠣᠴᠠᠲᠠᠶ ᠲᠤᠰᠬᠠᠶ ᠠᠷᠠᠯᠵᠢᠶᠠᠴᠢᠨ ᠤᠷᠢᠬᠤ ᠶᠢ | ᠢᠳᠡᠪᠬᠢᠲᠡᠶ ᠥᠷᠨᠢᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠨᠤᠲᠤᠭ ᠲᠤ ᠪᠠᠨ ᠪᠤᠴᠠᠬᠤ︾ | ᠲᠥᠯᠥᠪᠯᠡᠭᠡ ᠶᠢ ᠡᠬᠢᠯᠡᠭᠦᠯᠦᠨ᠂ ᠳᠥᠷᠪᠡᠨ ᠵᠦᠭ ᠨᠠᠶᠮᠠᠨ ᠵᠣᠪᠬᠢᠰ ᠲᠤ ᠪᠠᠶᠢᠭ᠎ᠠ ᠲᠦᠩᠯᠢᠶᠣᠤ ᠶᠢᠨ ᠬᠥᠮᠦᠰ ᠤᠨ ᠨᠤᠲᠤᠭ ᠲᠤ ᠪᠠᠨ ᠪᠤᠴᠠᠵᠤ ᠪᠠᠯᠠ ᠣᠷᠣᠭᠤᠯᠤᠨ | ᠠᠳᠠᠯ ᠦᠶᠯᠡᠰ ᠪᠤᠰᠬᠠᠬᠤ ᠶᠢ ᠵᠣᠬᠢᠶᠠᠨ ᠪᠠᠶᠢᠭᠤᠯᠤᠨ ᠤᠷᠢᠶᠠᠯᠠᠨ᠎ᠠ᠃ | ︵ᠵᠢᠷᠭᠤᠭ᠎ᠠ︶ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠨ᠎ᠠ᠃ ᠬᠥᠭᠵᠢᠭᠦᠯᠬᠦ ᠪᠠ ᠬᠠᠮᠠᠭᠠᠯᠠᠬᠤ ᠶᠢ ᠬᠠᠮᠵᠢᠯᠴᠠᠭᠤᠯᠬᠤ ᠶᠢ ᠪᠠᠷᠢᠮᠲᠠᠯᠠᠵᠤ᠂ ᠠᠮᠢ ᠠᠬᠤᠶ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ | ᠠᠬᠤᠶ ᠶᠢᠨ ᠳᠠᠪᠠᠭᠤᠯᠢᠭ ᠢ ᠤᠯᠠᠮ ᠬᠦᠨᠵᠡᠭᠡᠢ ᠪᠤᠯᠭᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠶ ᠪᠠᠷ ᠬᠠᠮᠲᠤ ᠣᠷᠣᠰᠢᠬᠤ ᠶᠢ ᠠᠬᠢᠭᠤᠯᠵᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠲᠦᠩᠯᠢᠶᠣᠤ ᠶᠢᠨ ᠬᠤᠪᠢ ᠨᠡᠮᠡᠷᠢ | ᠦᠵᠡᠭᠦᠯᠦᠨ᠎ᠡ᠃ | ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ | ᠰᠡᠷᠭᠦᠭᠡᠬᠦ ᠲᠥᠯᠥᠪᠵᠢᠭᠦᠯᠭᠡ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ︽ᠭᠤᠷᠪᠠᠨ | ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠠ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠪᠠ ᠭᠠᠵᠠᠷ ᠢ ᠠᠷᠪᠢᠲᠠᠶ ᠡᠷᠴᠢᠮᠯᠢᠭ | ᠬᠡᠷᠡᠭᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠠᠰᠠᠭᠤᠳᠠᠯ ᠢ ᠲᠤᠰᠬᠠᠶ ᠴᠡᠭᠴᠡᠯᠡᠨ | ᠵᠠᠰᠠᠬᠤ ᠠᠵᠢᠯ ᠢ ᠭᠦᠨᠵᠡᠭᠡᠶ ᠥᠷᠨᠢᠭᠦᠯᠦᠨ᠎ᠡ᠃ ᠠᠮᠢ ᠠᠬᠤᠶ ᠶᠢ ᠰᠡᠷᠭᠦᠭᠡᠨ ᠵᠠᠰᠠᠬᠤ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠡᠬᠢᠯᠡᠭᠦᠯᠵᠦ᠂ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠲᠣᠤᠷ ᠢ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠣᠭᠲᠠᠭᠠᠵᠤ᠂ ᠨᠤᠲᠤᠭ ᠪᠡᠯᠴᠢᠭᠡᠷ ᠣᠶ ᠰᠢᠭᠤᠶ ᠶᠢ ᠡᠪᠳᠡᠭᠰᠡᠨ᠂ ᠬᠠᠤᠯᠢ ᠲᠦᠷᠢᠮ ᠢ ᠵᠥᠷᠢᠴᠡᠭᠰᠡᠨ ᠠᠵᠢᠯᠯᠠᠭ᠎ᠠ ᠶᠢ | ᠲᠤᠰᠬᠠᠶ ᠴᠡᠭᠴᠡᠯᠡᠬᠦ ᠠᠵᠢᠯᠯᠠᠭ᠎ᠠ ᠥᠷᠨᠢᠭᠦᠯᠦᠨ᠎ᠡ᠃ | ᠴᠢᠬᠤᠯᠠ ᠶᠡᠭᠡ ᠠᠮᠢ ᠠᠬᠤᠶ ᠶᠢᠨ ᠬᠠᠮᠠᠭᠠᠯᠠᠯᠲᠠ ᠰᠡᠷᠭᠦᠭᠡᠯᠲᠡ ᠶᠢ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ | ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠᠨ ᠴᠢᠩᠭᠠᠳᠬᠠᠨ᠂ ᠤᠰᠤ ᠬᠡᠷᠡᠭᠯᠡᠬᠦ ᠤᠯᠠᠭᠠᠨ | ᠱᠤᠭᠤᠮ ᠢ ᠬᠤᠪᠢᠶᠠᠷᠢᠯᠠᠨ ᠲᠣᠭᠲᠠᠭᠠᠵᠤ᠂ ᠤᠰᠤ ᠶᠡᠭᠡ ᠬᠤᠷᠣᠭᠳᠠᠭᠤᠯᠬᠤ ᠲᠥᠷᠥᠯ ᠵᠦᠶᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠨᠠᠭᠤᠷ | ᠴᠥᠭᠦᠷᠥᠮ ᠨᠤᠭᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠪᠠᠷᠠᠭᠤᠨ ᠯᠢᠶᠤᠤ ᠾᠧ ᠭᠤᠤᠯ ᠤᠨ ᠰᠠᠪᠠ ᠭᠠᠵᠠᠷ ᠤᠨ ᠤᠰᠤᠨ ᠤ ᠠᠮᠢ ᠠᠬᠤᠶ ᠶᠢ ᠵᠠᠰᠠᠨ | ᠰᠡᠷᠭᠦᠭᠡᠬᠦ ᠶᠢ ᠠᠬᠢᠭᠤᠯᠤᠨ᠎ᠠ᠃ ᠤᠯᠤᠰ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦᠨ ᠤ ᠠᠮᠢ ᠠᠬᠤᠶ ᠶᠢ | ᠰᠡᠷᠭᠦᠭᠡᠬᠦ ᠪᠠ ᠬᠠᠮᠠᠭᠠᠯᠠᠬᠤ ᠢᠨᠵᠧᠨᠧᠷᠢᠩ ᠤᠨ ᠲᠥᠷᠥᠯ ᠵᠦᠶᠯ ᠢ ᠤᠯᠬᠤ ᠪᠠᠷ ᠢᠳᠡᠪᠬᠢᠲᠡᠶ ᠴᠢᠷᠮᠠᠶᠢᠵᠤ᠂ ᠧᠦ᠋ᠷᠣᠫᠠ ᠶᠢᠨ ᠪᠠᠯᠠ ᠣᠷᠣᠭᠤᠯᠤᠯᠲᠠ ᠶᠢᠨ ᠪᠠᠩᠬᠢ | ᠶᠢᠨ ᠵᠢᠭᠡᠯᠡᠯᠭᠡ ᠪᠠᠷ ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠶ ᠶᠢᠨ ᠣᠢᠢᠵᠢᠭᠤᠯᠤᠯᠲᠠ ᠶᠢᠨ ᠲᠥᠷᠥᠯ ᠵᠦᠶᠯ ᠪᠠ ᠬᠤᠷᠴᠢᠨ ᠤ ᠲᠠᠴᠢᠷᠳᠠᠭᠰᠠᠨ ᠨᠤᠲᠤᠭ | ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠨᠤᠲᠤᠭ ᠪᠡᠯᠴᠢᠭᠡᠷ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠢ | ᠥᠷᠨᠢᠭᠦᠯᠦᠨ᠎ᠡ᠃ ᠬᠤᠷᠴᠢᠨ ᠤ ᠡᠯᠡᠰᠦᠷᠬᠡᠭ ᠭᠠᠵᠠᠷ ᠢ 200 ᠲᠦᠮᠡᠨ ᠮᠥ ᠶᠡᠷᠦᠩᠬᠡᠶᠢᠯᠡᠨ ᠵᠠᠰᠠᠵᠤ᠂ 200 ᠲᠦᠮᠡᠨ ᠮᠥ ᠪᠠᠶᠢᠭᠠᠯᠢ ᠶᠢᠨ ᠨᠤᠲᠤᠭ ᠪᠡᠯᠴᠢᠭᠡᠷ ᠢ | ᠰᠡᠷᠭᠦᠭᠡᠬᠦ ᠶᠢ ᠪᠡᠶᠡᠯᠡᠭᠦᠯᠵᠦ᠂ 20 ᠲᠦᠮᠡᠨ ᠮᠥ ᠠᠵᠤ ᠠᠬᠤᠶ ᠶᠢᠨ ᠣᠶ ᠶᠢ ᠬᠥᠭᠵᠢᠭᠦᠯᠦᠨ᠎ᠡ᠃ ᠪᠣᠬᠢᠷᠲᠤᠯ ᠥᠬᠡᠶ ᠠᠭᠤᠷᠬᠠᠶ ᠶᠢ 10 ᠪᠠᠶᠢᠭᠤᠯᠤᠨ᠂ | ᠬᠤᠤᠯᠢᠩᠭᠤᠤᠯ ᠵᠠᠬᠠᠨᠠᠭᠤᠷ ᠤᠨ ᠨᠢᠭᠡ ᠴᠣᠭᠴᠠᠵᠢᠭᠰᠠᠨ ᠪᠣᠬᠢᠷᠲᠤᠯ ᠥᠬᠡᠶ ᠠᠭᠤᠷᠬᠠᠶ ᠶᠢᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ᠪᠣᠬᠢᠷᠲᠤᠯ ᠥᠬᠡᠶ | ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠥᠬᠡᠶ ᠣᠶᠤᠨᠴᠢ ᠬᠥᠮᠦᠨ ᠥᠬᠡᠶ ᠠᠭᠤᠷᠬᠠᠶ ᠶᠢ ᠪᠠᠶᠢᠭᠤᠯᠤᠨ᠎ᠠ᠃ | ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠨ᠎ᠠ᠃ ᠨᠡᠭᠦᠷᠡᠰᠦ ᠰᠢᠲᠠᠭᠠᠭᠰᠠᠠ ᠠᠴᠠ ᠪᠤᠯᠤᠬᠰᠡᠨ ᠠᠭᠠᠷ ᠮᠠᠨᠳᠠᠯ ᠤᠨ | ᠪᠣᠬᠢᠷᠲᠤᠯ ᠢ ᠵᠠᠰᠠᠬᠤ ᠪᠠᠨ ᠴᠢᠩᠭᠠᠳᠬᠠᠵᠤ᠂ ᠢᠯᠴᠢ ᠶᠢᠨ ᠴᠠᠬᠢᠯᠭᠠᠨ ᠤ ᠦᠶᠯᠡᠳᠪᠦᠷᠢᠯᠡᠯ ᠢ ᠢᠯᠴᠢ ᠬᠠᠩᠭᠠᠬᠤ ᠮᠠᠰᠢᠨ ᠴᠣᠭᠴᠠᠯᠠᠪᠤᠷᠢ ᠪᠣᠯᠭᠠᠬᠤ ︽ᠲᠣᠮᠣ ᠶᠢ ᠨᠢ | ᠠᠪᠴᠤ ᠵᠢᠵᠢᠭ ᠢ ᠨᠢ ᠬᠠᠰᠤᠬᠤ︾ ᠥᠭᠡᠷᠡᠴᠢᠯᠡᠯᠲᠡ ᠶᠢᠨ ᠲᠥᠷᠥᠯ ᠵᠦᠶᠯ ᠢ ᠬᠡᠷᠡᠭᠵᠢᠭᠦᠯᠵᠦ᠂ ᠭᠤᠤᠯᠳᠠᠯᠭ᠎ᠠ ᠲᠠᠢ ᠠᠵᠤ ᠠᠬᠤᠢᠢᠯᠠᠯ ᠤᠨ ᠴᠡᠪᠡᠷ ᠡᠨᠧᠷᠭᠢ ᠪᠠᠷ | ᠣᠷᠣᠯᠠᠭᠤᠯᠬᠤ ᠶᠢ ᠠᠬᠢᠭᠤᠯᠵᠤ᠂ ᠭᠤᠤᠯ ᠬᠤᠲᠠ ᠲᠣᠭᠤᠷᠢᠭ ᠤᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ᠂ ᠨᠡᠭᠦᠷᠡᠰᠦ ᠶᠢ ᠬᠡᠶ ᠪᠣᠯᠭᠠᠨ ᠥᠭᠡᠷᠡᠴᠢᠯᠡᠬᠦ | ᠵᠡᠷᠭᠡ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠥᠬᠡᠶ ᠪᠠᠷ | ᠭᠠᠳᠠᠭᠰᠢᠯᠠᠭᠤᠯᠬᠤ᠂ ᠢᠰᠬᠡᠬᠦ ᠠᠵᠤ ᠠᠬᠤᠢᠢᠯᠠᠯ ᠤᠨ ᠡᠲᠡᠭᠡᠳ ᠦᠨᠦᠷ ᠢ ᠭᠦᠨᠵᠡᠭᠡᠶ ᠵᠠᠰᠠᠵᠤ᠂ ᠡᠰᠢ ᠰᠦᠷᠡᠯ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃ ᠣᠶ | ᠰᠢᠭᠤᠶ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠠᠪᠠ ᠭᠠᠵᠠᠷ ᠤᠨ ᠤᠰᠤᠨ ᠤ ᠠᠮᠢ ᠠᠬᠤᠶ ᠶᠢᠨ | ᠣᠷᠴᠢᠨ ᠨᠥᠬᠦᠴᠡᠯ ᠤᠨ ᠵᠠᠰᠠᠯᠲᠠ ᠶᠢ ᠴᠢᠩᠭᠠᠳᠬᠠᠨ᠎ᠠ᠃ ᠤᠤᠭᠤᠬᠤ ᠤᠰᠤᠨ ᠤ ᠲᠥᠪᠯᠡᠷᠡᠭᠰᠡᠨ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠵᠤ᠂ ᠤᠰᠤᠨ ᠰᠤᠷᠪᠤᠯᠵᠢ ᠶᠢᠨ ᠭᠠᠵᠠᠷ ᠤᠨ ᠠᠮᠤᠷ ᠲᠦᠪᠰᠢᠨ ᠤ ᠪᠠᠲᠤᠯᠠᠭ᠎ᠠ ᠶᠢ ᠪᠠᠷᠢᠮᠵᠢᠶ᠎ᠠ ᠳᠤ ᠬᠦᠷᠦᠭᠦᠯᠬᠦ ᠪᠠ ᠤᠰᠤᠨ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ ᠤ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠮᠬᠡᠳᠡᠭ ᠰᠢᠷᠣᠶ ᠶᠢᠨ | ᠲᠠᠯᠠᠪᠠᠶ ᠶᠢᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ | ᠰᠢᠶᠳᠪᠦᠷᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠳᠣᠯᠤᠭ᠎ᠠ︶ ᠬᠤᠲᠠ ᠶᠢᠨ ᠵᠣᠷᠢᠭ ᠰᠠᠨᠠᠭ᠎ᠠ ᠶᠢ ᠪᠤᠶᠢᠵᠢᠭᠤᠯᠵᠤ᠂ ᠰᠣᠶᠣᠯᠲᠤ ᠲᠦᠩᠯᠢᠶᠣᠤ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ | ᠠᠬᠢᠭᠤᠯᠤᠨ᠎ᠠ᠃ ᠪᠦᠲᠦᠭᠡᠯᠴᠢ ᠴᠢᠨᠠᠷᠲᠠᠶ ᠥᠭᠡᠷᠡᠴᠢᠯᠡᠬᠦ ᠪᠠ ᠰᠢᠨ᠎ᠡ ᠶᠢ ᠡᠭᠦᠳᠬᠦ ᠴᠢᠨᠠᠷᠲᠠᠶ ᠬᠥᠭᠵᠢᠭᠦᠯᠬᠦ ᠶᠢ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠰᠣᠶᠣᠯ | ᠢᠶᠠᠷ ᠬᠤᠲᠠ ᠶᠢᠨ ᠬᠡᠪ ᠨᠠᠮᠪᠠ ᠶᠢ ᠬᠠᠳᠠᠭᠠᠯᠠᠵᠤ᠂ ᠬᠤᠲᠠ ᠶᠢᠨ ᠣᠭ ᠦᠨᠳᠦᠰᠦ ᠶᠢ ᠤᠮᠳᠠᠯᠠᠵᠤ᠂ ᠬᠤᠲᠠ ᠶᠢᠨ ᠵᠣᠷᠢᠭ ᠰᠠᠨᠠᠭ᠎ᠠ ᠶᠢ ᠡᠭᠦᠳᠦᠨ ᠪᠤᠶᠢᠵᠢᠭᠤᠯᠵᠤ᠂ | ᠰᠣᠶᠣᠯ ᠤᠨ ᠵᠦᠬᠡᠯᠡᠨ ᠪᠤᠲᠠᠲᠦ ᠬᠦᠴᠦᠨ ᠢ ᠴᠢᠨᠠᠷ ᠰᠠᠶᠢᠲᠡᠢ ᠬᠥᠭᠵᠢᠯᠲᠡ ᠶᠢᠨ ᠬᠠᠲᠠᠭᠤ ᠲᠤᠯᠭᠠᠭᠤᠷᠢᠯᠠᠯ ᠪᠣᠯᠭᠠᠨ ᠬᠤᠪᠢᠷᠠᠭᠤᠯᠤᠨ᠎ᠠ᠃ | ᠪᠥᠬᠦ ᠨᠡᠶᠢᠭᠡᠮ ᠤᠨ ᠪᠣᠯᠪᠠᠰᠤᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠳᠡᠭᠡᠳᠦ ᠪᠠᠷᠢᠮᠵᠢᠶ᠎ᠠ᠂ ᠪᠠᠶᠢᠩᠭᠤᠵᠢᠯᠲᠠ ᠶᠢ ᠪᠠᠷᠢᠮᠲᠠᠯᠠᠵᠤ᠂ ᠪᠥᠬᠦ ᠤᠯᠤᠰ ᠤᠨ | ᠪᠣᠯᠪᠠᠰᠤᠨ ᠬᠤᠲᠠ ᠶᠢ ᠡᠭᠦᠳᠬᠦ ᠶᠢᠨ ᠦᠷ᠎ᠡ ᠪᠦᠲᠦᠮᠵᠢ ᠶᠢ ᠪᠠᠲᠤᠳᠬᠠᠨ ᠳᠡᠭᠡᠭᠰᠢᠯᠡᠭᠦᠯᠦᠨ᠎ᠡ᠃ ᠪᠥᠬᠦ ᠠᠷᠠᠳ ᠢᠶᠠᠷ ᠢᠶᠠᠨ ᠨᠤᠮ ᠤᠩᠰᠢᠬᠤ ᠶᠢ ᠡᠷᠬᠢᠮᠯᠡᠬᠦ ᠶᠢ | ᠰᠠᠨᠠᠭᠠᠴᠢᠯᠠᠵᠤ᠂ ︽ᠨᠣᠮ ᠲᠠᠢ ᠲᠦᠩᠯᠢᠶᠣᠤ︾ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠲᠥᠪ ᠤᠨ | ᠪᠠᠶᠢᠭᠤᠯᠤᠯᠲᠠ ᠶᠢ ᠴᠢᠩᠭᠠᠳᠬᠠᠵᠤ᠂ ᠡᠬᠡᠯ ᠠᠷᠠᠳ ᠤᠨ ᠰᠠᠶᠢᠠ ᠶᠠᠪᠤᠳᠠᠯ ᠢ ᠤᠬᠠᠭᠤᠯᠵᠤ᠂ ᠪᠣᠯᠪᠠᠰᠤᠨ ᠬᠡᠪ ᠰᠤᠷᠲᠠᠯ ᠤᠨ ᠪᠤᠶᠢᠵᠢᠯᠲᠠ ᠶᠢ ᠠᠬᠢᠭᠤᠯᠤᠨ᠎ᠠ᠃ | ᠬᠤᠲᠠ ᠶᠢᠨ ᠳᠦᠷᠢ ᠲᠥᠷᠬᠦ ᠶᠢᠨ ᠲᠥᠯᠥᠪᠯᠡᠭᠡ ᠥᠷᠨᠢᠭᠦᠯᠵᠦ᠂ ᠬᠤᠲᠠ ᠶᠢᠨ ᠵᠣᠷᠢᠭ ᠰᠠᠨᠠᠭ᠎ᠠ ᠶᠢ ᠠᠭᠤᠳᠠᠯᠤᠨ ᠪᠣᠯᠪᠠᠰᠤᠷᠠᠭᠤᠯᠵᠤ᠂ ᠬᠥᠭᠵᠢᠯᠲᠡ ᠶᠢᠨ ᠨᠡᠶᠢᠯᠡᠮᠡᠯ | ᠬᠦᠴᠦᠨ ᠢ ᠨᠢᠭᠲᠠᠷᠠᠭᠤᠯᠵᠤ᠂ ᠲᠦᠩᠯᠢᠶᠣᠤ ᠶᠢ ᠨᠠᠩ ᠢᠯᠡᠭᠦᠦ ᠰᠣᠶᠣᠯ ᠢ ᠬᠦᠨᠳᠦᠳᠬᠡᠵᠦ ᠶᠣᠰᠣ ᠰᠤᠷᠲᠠᠬᠤᠨ ᠢ ᠡᠷᠬᠢᠮᠯᠡᠭᠰᠡᠨ᠂ ᠪᠣᠳᠠᠲᠠᠶ ᠶᠢ ᠡᠷᠬᠢᠮᠯᠡᠨ ᠰᠢᠨ᠎ᠡ | ᠡᠭᠦᠳᠦᠯᠲᠡ ᠲᠠᠢ᠂ ᠴᠢᠯᠥᠭᠡᠲᠡᠶ ᠶᠠᠪᠤᠯᠴᠠᠬᠤ ᠪᠠ ᠡᠶ᠎ᠡ ᠡᠪ ᠲᠠᠢ ᠪᠣᠯᠭᠠᠨ᠎ᠠ᠃ | ᠰᠣᠶᠣᠯ ᠤᠨ ᠵᠣᠬᠢᠶᠠᠨ ᠪᠦᠲᠦᠭᠡᠯᠭᠡ ᠤᠯᠠᠮᠵᠢᠯᠠᠯ ᠢ ᠠᠬᠢᠭᠤᠯᠤᠨ᠎ᠠ᠃ ᠨᠠᠮ ᠪᠠᠶᠢᠭᠤᠯᠤᠭᠳᠠᠭᠰᠠᠨ100 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠶᠢ | ᠦᠪᠡᠳᠡᠭᠰᠢ ᠡᠷᠭᠢᠯᠡᠵᠦ᠂ ᠨᠢᠭᠡ ᠪᠦᠯᠦᠭ ᠰᠣᠳᠣᠨ ᠪᠦᠲᠦᠭᠡᠯ ᠭᠠᠷᠭᠠᠵᠤ᠂ ︽ᠲᠦᠩᠯᠢᠶᠣᠤ ᠶᠢᠨ ᠥᠯᠢᠭᠡᠷ︾ ᠢ ᠤᠬᠠᠭᠤᠯᠵᠤ᠂ ᠦᠨᠳᠦᠰᠦᠲᠡᠨ ᠤ ᠵᠠᠩ ᠦᠶᠯᠡ | ᠶᠢᠨ ᠶᠠᠷᠢᠶᠠᠲᠤ ᠵᠦᠴᠦᠭᠡ ︽ᠠᠨᠳᠠᠶ ᠶᠢᠨ ᠲᠣᠮᠤᠭ︾ ᠢ ᠵᠣᠬᠢᠶᠠᠨ ᠪᠦᠲᠦᠭᠡᠨ᠎ᠡ᠃ ︽ᠬᠤᠷᠴᠢᠨ ᠤ ᠰᠣᠶᠣᠯ ᠤᠨ ᠴᠤᠪᠤᠷᠠᠯ ᠪᠢᠴᠢᠭ︾ ᠪᠠ ︽ᠲᠦᠩᠯᠢᠶᠣᠤ ᠶᠢᠨ | ᠲᠡᠦᠬᠡ︾ ᠶᠢ ᠨᠠᠶᠢᠷᠠᠭᠤᠯᠤᠨ ᠬᠡᠪᠯᠡᠨ᠎ᠡ᠃ ᠬᠤᠷᠴᠢᠨ ᠤ ᠰᠣᠶᠣᠯ ︵ᠲᠦᠩᠯᠢᠶᠣᠤ︶ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠠᠶᠢᠭᠤᠯᠤᠯᠲᠠ ᠶᠢᠨ | ᠠᠵᠢᠯ ᠢ ᠭᠦᠨᠵᠡᠭᠡᠶ ᠠᠬᠢᠭᠤᠯᠤᠨ᠎ᠠ᠃ ᠳᠤᠮᠳᠠᠳᠤ ᠶᠢᠨ ᠪᠣᠯᠪᠠᠰᠤᠨ ᠤ ᠡᠬᠢ ᠡᠬᠦᠰᠦᠯ ᠢ ᠬᠠᠶᠢᠬᠤ ᠢᠨᠵᠧᠨᠧᠷᠢᠩ ᠪᠤᠯᠬᠤ ᠪᠠᠷᠠᠭᠤᠨ ᠯᠢᠶᠤᠤ ᠾᠧ ᠭᠤᠤᠯ ᠤᠨ | ᠪᠣᠯᠪᠠᠰᠤᠨ ᠪᠠ ᠬᠠᠮᠪᠤ ᠶᠢᠨ ᠪᠠᠭᠤᠷᠢ ᠶᠢ ᠤᠯᠤᠰ ᠤᠨ ᠲᠠᠰ ᠤᠨ ᠬᠠᠮᠠᠭᠠᠯᠠᠯᠲᠠ ᠶᠢᠨ ᠢᠨᠵᠧᠨᠧᠷᠢᠩ ᠢᠶᠠᠷ ᠮᠡᠳᠡᠭᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ | ᠪᠣᠳᠠᠰ ᠤᠨ ᠪᠤᠰᠤ ᠰᠣᠶᠣᠯ ᠤᠨ ᠥᠪ ᠪᠠ ᠤᠯᠠᠮᠵᠢᠯᠠᠯᠲᠤ ᠵᠠᠩ ᠦᠶᠯᠡ ᠶᠢ ᠨᠢᠭᠡᠳᠦᠯᠲᠡᠶ ᠲᠥᠯᠥᠪᠯᠡᠨ ᠬᠠᠮᠠᠭᠠᠯᠠᠵᠤ᠂ ᠬᠤᠲᠠ ᠶᠢᠨ ᠰᠣᠶᠣᠯ ᠤᠨ ᠥᠪ ᠢ | ᠬᠠᠮᠠᠭᠠᠯᠠᠬᠤ ᠲᠥᠪ ᠢ ᠪᠠᠶᠢᠭᠤᠯᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠢᠶᠠᠷ ᠠᠵᠢᠯ ᠣᠯᠭᠤᠬᠤ ᠦᠶᠯᠡᠳᠬᠡᠯ᠂ ᠪᠣᠳᠠᠰ ᠤᠨ ᠪᠤᠰᠤ ᠰᠣᠶᠣᠯ ᠤᠨ | ᠥᠪ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠢ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠠᠮᠢᠳᠤᠯᠢᠭ ᠢᠶᠠᠷ ᠠᠰᠢᠭᠯᠠᠬᠤ ᠶᠢ ᠠᠬᠢᠭᠤᠯᠤᠨ᠎ᠠ᠃ | | ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠣᠶᠣᠯ ᠢᠶᠠᠷ ᠠᠷᠠᠳ ᠲᠤ ᠬᠠᠷᠠᠭᠠᠯᠵᠠᠯ ᠦᠵᠡᠭᠦᠯᠬᠦ | ᠢᠨᠵᠧᠨᠧᠷᠢᠩ ᠢ ᠬᠦᠨᠵᠡᠭᠡᠶᠢᠷᠡᠭᠦᠯᠵᠤ᠂ ︽ᠰᠢ ᠵᠦᠴᠦᠭᠡ ᠶᠢ ᠬᠥᠳᠡᠭᠡ ᠳᠤ ᠬᠦᠷᠭᠡᠬᠦ︾ ᠲᠣᠭᠯᠠᠯᠲᠠ ᠶᠢ 500 ᠲᠠᠯᠠᠪᠤᠷ ᠠᠴᠠ ᠲᠡᠬᠡᠭᠰᠢ ᠭᠠᠷᠭᠠᠵᠤ᠂ ᠡᠯ᠎ᠡ | ᠱᠠᠲᠤᠨ ᠤ ᠣᠯᠠᠨ ᠲᠦᠮᠡᠨ ᠤ ᠤᠷᠠᠯᠢᠭ ᠤᠨ ᠬᠡᠷ ᠪᠠ ᠠᠷᠠᠳ ᠤᠨ ᠤᠷᠠᠯᠢᠭ ᠤᠨ ᠪᠦᠯᠬᠦᠮ ᠤᠨ ᠬᠥᠳᠡᠭᠡ ᠪᠠᠭᠤᠭᠰᠠᠨ ᠲᠣᠭᠯᠠᠯᠲᠠ ᠶᠢ 3500 ᠲᠠᠯᠠᠪᠤᠷ ᠠᠴᠠ | ᠲᠡᠬᠡᠭᠰᠢ ᠲᠤᠬᠯᠠᠨᠠ᠃ ᠣᠶᠤᠨᠯᠢᠭ ᠷᠠᠳᠢᠣ᠋ ᠲᠧᠯᠸᠢᠰ ᠤᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠮᠦᠽᠧᠶ ᠶᠢᠨ ᠰᠢᠨᠡᠴᠢᠯᠡᠯᠲᠡ᠂ ᠨᠣᠮ ᠤᠨ ᠰᠠᠩ ᠤᠨ | ᠨᠡᠭᠦᠯᠲᠡ᠂ ᠤᠯᠠᠭᠠᠨᠮᠥ᠋ᠴᠢᠷ ᠤᠨ ᠭᠠᠵᠠᠷ ᠤᠨ ᠲᠥᠷᠥᠯ ᠵᠦᠶᠯ ᠤᠨ ᠪᠠᠶᠢᠭᠤᠯᠤᠯᠲᠠ ᠶᠢ ᠲᠦᠷᠭᠡᠳᠬᠡᠵᠦ᠂ ᠦᠨᠳᠦᠰᠦᠨ ᠱᠠᠲᠤᠨ ᠤ ᠶᠠᠷᠦᠩᠬᠡᠶᠢᠯᠡᠭᠰᠡᠨ ᠰᠣᠶᠣᠯ ᠤᠨ | ᠦᠶᠯᠡᠴᠢᠯᠡᠭᠡᠨ ᠤ ᠲᠥᠪ ᠤᠨ ᠴᠢᠳᠠᠪᠤᠷᠢ ᠶᠢ ᠲᠡᠭᠦᠯᠳᠡᠷᠵᠢᠭᠦᠯᠦᠨ᠎ᠡ᠃ ᠤᠯᠤᠰ ᠤᠨ ᠦᠮᠴᠢᠯᠠᠯᠲᠦ ᠤᠷᠠᠯᠢᠭ ᠤᠨ ᠪᠦᠯᠬᠦᠮ ᠤᠨ ᠥᠭᠡᠷᠡᠴᠢᠯᠡᠯᠲᠡ ᠶᠢ ᠥᠷᠨᠢᠭᠦᠯᠵᠦ᠂ | ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠶᠢ ᠳᠡᠮᠵᠢᠨ᠎ᠡ᠃ | ︵ᠨᠠᠶᠮᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠲᠦᠮᠡᠨ ᠤ ᠰᠠᠶᠢᠠ ᠰᠠᠶᠢᠬᠠᠨ ᠠᠮᠢᠳᠤᠷᠠᠯ ᠤᠨ ᠰᠢᠨ᠎ᠡ ᠬᠦᠰᠡᠯ | ᠡᠷᠡᠮᠡᠯᠵᠡᠯ ᠢ ᠨᠠᠩ ᠰᠠᠶᠢᠠ ᠪᠠᠶᠠᠯᠠᠬᠦᠯᠤᠨ᠎ᠠ᠃ ᠠᠵᠤ ᠠᠬᠤᠶ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠡᠭᠤᠯᠬᠤ ᠯᠤᠭ᠎ᠠ ᠶᠢᠨ ᠬᠠᠮᠵᠢᠯᠴᠠᠨ | ᠬᠦᠴᠦᠯᠡᠬᠦ ᠶᠢ ᠪᠠᠷᠢᠮᠲᠠᠯᠠᠵᠤ᠂ ᠣᠶᠤᠨ ᠴᠢᠳᠠᠯ ᠢᠶᠠᠨ ᠲᠥᠪᠯᠡᠷᠡᠭᠦᠯᠦᠨ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠦᠨᠳᠦᠰᠦᠨ ᠵᠦᠶᠯ ᠢ ᠪᠠᠲᠤᠯᠠᠬᠤ ᠴᠢᠨᠠᠷᠲᠠᠶ᠂ | ᠰᠠᠭᠤᠷᠢ ᠴᠢᠨᠠᠷᠲᠠᠶ ᠠᠷᠠᠳ ᠤᠨ ᠠᠮᠢᠳᠤᠷᠠᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠦᠷ ᠠᠳᠬᠤᠵᠤ᠂ ᠬᠥᠭᠵᠢᠯᠲᠡ ᠶᠢ ᠨᠠᠩ ᠬᠠᠯᠠᠭᠤᠨ ᠳᠤᠯᠠᠭᠠᠨ᠂ ᠣᠯᠠᠨ | ᠲᠦᠮᠡᠨ ᠤ ᠠᠮᠢᠳᠤᠷᠠᠯ ᠢ ᠨᠠᠩ ᠴᠢᠨᠠᠷ ᠴᠢᠨᠰᠠᠭ᠎ᠠ ᠲᠠᠢ ᠪᠣᠯᠭᠠᠨ᠎ᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ | ᠶᠢ ᠨᠠᠶᠢᠳᠠᠪᠤᠷᠢᠵᠢᠭᠤᠯᠤᠨ᠂ ᠠᠷᠪᠠᠨ ᠲᠦᠮᠡᠨ ᠤᠶᠤᠲᠠᠨ ᠳᠤ ᠠᠵᠢᠯ ᠣᠯᠭᠤᠵᠤ ᠦᠶᠯᠡᠰ ᠪᠤᠰᠬᠠᠬᠤ ᠴᠤᠭᠯᠠᠷᠠᠯ ᠤᠨ ᠲᠥᠯᠥᠪᠯᠡᠭᠡ᠂ ᠮᠠᠯᠴᠢᠨ ᠲᠠᠷᠢᠶᠠᠴᠢᠳ ᠢ | ᠰᠢᠯᠵᠢᠭᠦᠯᠦᠨ ᠠᠵᠢᠯ ᠣᠯᠭᠤᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠦᠶᠯᠡᠰ ᠪᠤᠰᠬᠠᠬᠤ ᠪᠠᠷ ᠠᠵᠢᠯ ᠣᠯᠭᠤᠯᠲᠠ | ᠶᠢ ᠳᠠᠶᠢᠴᠢᠯᠠᠬᠤ᠂ ᠠᠮᠢᠳᠤᠯᠢᠭ ᠢᠶᠠᠷ ᠠᠵᠢᠯ ᠣᠯᠭᠤᠬᠤ ᠪᠠ ᠰᠢᠨ᠎ᠡ ᠠᠵᠢᠯ ᠣᠯᠭᠤᠬᠤ ᠬᠡᠯᠪᠡᠷᠢ ᠪᠠᠶᠢᠳᠠᠯ ᠢ ᠳᠡᠮᠵᠢᠨ᠂ ᠳᠡᠭᠡᠳᠦ ᠰᠤᠷᠭᠠᠭᠤᠯᠢ ᠲᠡᠭᠦᠰᠦᠭᠰᠡᠳ ᠲᠤ | ᠠᠵᠢᠯ ᠣᠯᠭᠤᠬᠤ ᠪᠤᠶᠤ ᠠᠵᠢᠯ ᠣᠯᠭᠤᠬᠤ ᠬᠠᠨᠳᠤᠰᠢ ᠶᠢ 1.5 ᠲᠦᠮᠡᠨ ᠬᠥᠮᠦᠨ᠂ 40 ᠲᠦᠮᠡᠨ ᠮᠠᠯᠴᠢᠨ ᠲᠠᠷᠢᠶᠠᠴᠢᠨ ᠢ ᠲᠣᠭᠲᠠᠭᠤᠨ ᠢᠶᠠᠷ ᠰᠢᠯᠵᠢᠭᠦᠯᠦᠨ | ᠠᠵᠢᠯ ᠣᠯᠭᠤᠬᠤ ᠶᠢ ᠪᠡᠶᠡᠯᠡᠭᠦᠯᠵᠦ᠂ ᠡᠯ᠎ᠡ ᠲᠥᠷᠥᠯ ᠤᠨ ᠤᠷ᠎ᠠ ᠮᠡᠷᠭᠡᠰᠢᠯᠳᠦ ᠴᠢᠳᠠᠪᠤᠷᠢᠲᠠᠨ ᠢ 3 ᠲᠦᠮᠡᠨ ᠬᠥᠮᠦᠨ ᠤᠳᠠᠭ᠎ᠠ ᠠᠴᠠ ᠳᠡᠭᠡᠭᠰᠢ ᠪᠣᠯᠪᠠᠰᠤᠷᠠᠭᠤᠯᠤᠨ᠂ | ᠬᠤᠲᠠ ᠪᠠᠯᠭᠠᠰᠤ ᠶᠢᠨ 1.5 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠲᠠᠢ ᠬᠥᠮᠦᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠥᠬᠡᠶ | ᠪᠣᠯᠭᠠᠬᠤ ᠶᠢ ᠦᠨᠡᠨ ᠬᠦ ᠪᠠᠲᠤᠯᠠᠨ᠎ᠠ᠃ ᠴᠠᠯᠢᠩ ᠤᠨ ᠵᠦᠶ ᠵᠣᠬᠢᠰᠲᠠᠶ ᠨᠡᠮᠡᠭᠳᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠣᠷᠣᠯᠭ᠎ᠠ ᠪᠠᠭᠠᠲᠠᠶ ᠬᠦᠮᠤᠰ ᠤᠨ | ᠣᠷᠣᠯᠭ᠎ᠠ ᠶᠢ ᠳᠡᠭᠡᠭᠰᠢᠯᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠦᠮᠤᠰ ᠢ ᠨᠡᠮᠡᠭᠳᠡᠭᠦᠯᠦᠨ᠎ᠡ᠃ ᠬᠥᠯᠥᠰᠥᠨ ᠠᠵᠢᠯᠴᠢᠨ ᠤ ᠴᠠᠯᠢᠩ ᠥᠭᠬᠦ ᠪᠠᠲᠤᠯᠠᠭ᠎ᠠ ᠶᠢ | ᠴᠢᠩᠭᠠᠷᠠᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ | ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠦᠷ ᠡᠷᠭᠢᠯᠡᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ ᠬᠥᠭᠵᠢᠯᠲᠡ ᠶᠢ ᠠᠬᠢᠭᠤᠯᠵᠤ᠂ ᠪᠥᠬᠦ ᠬᠤᠲᠠ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ | ᠤᠨ ᠪᠦᠷᠬᠦᠴᠡ ᠶᠢᠨ ᠨᠣᠷᠮ᠎ᠠ ᠶᠢ 82% ᠠᠴᠠ ᠳᠡᠭᠡᠭᠰᠢ ᠲᠣᠭᠲᠠᠪᠤᠷᠢᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠡᠢ | ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠤᠯᠪᠣᠭ᠎ᠠ ᠶᠢ ᠴᠢᠨᠠᠷ ᠰᠠᠶᠢᠲᠡᠢ ᠪᠠᠶᠢᠭᠤᠯᠤᠨ᠎ᠠ᠃ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ ᠶᠠᠩᠵᠤᠴᠢᠯᠠᠭᠰᠠᠨ ᠣᠨᠴᠠᠯᠢᠭᠲᠤ ᠬᠥᠭᠵᠢᠯᠲᠡ ᠶᠢ ᠠᠬᠢᠭᠤᠯᠵᠤ᠂ ᠬᠤᠲᠠ ᠶᠢᠨ ᠲᠠᠰ ᠤᠨ ᠰᠢᠯᠢᠳᠡᠭ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ 2 ᠡᠭᠦᠳᠦᠨ ᠪᠠᠶᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ | ᠬᠡᠪᠴᠢᠶ᠎ᠡ ᠶᠢ ᠥᠷᠭᠡᠳᠬᠡᠵᠦ᠂ ᠠᠵᠢᠯ ᠮᠡᠷᠭᠡᠵᠢᠯ ᠪᠠ ᠡᠩ ᠤᠨ ᠰᠤᠷᠭᠠᠨ ᠬᠥᠮᠦᠵᠢᠯ ᠤᠨ ᠠᠭᠤᠰᠤᠯᠴᠠᠯ᠂ ᠦᠶᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ | ᠢ ᠭᠦᠨᠵᠡᠭᠡᠶᠢᠷᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠣᠭ᠎ᠠ ᠶᠢ ᠪᠠᠶᠢᠭᠤᠯᠤᠨ᠎ᠠ᠃ ᠥᠪᠥᠷ ᠮᠣᠩᠭᠤᠯ ᠤᠨ ᠦᠨᠳᠦᠰᠦᠲᠡᠨ ᠤ ᠶᠡᠭᠡ | ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ | ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠣᠨᠴᠠᠭᠠᠶ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠵᠦ᠂ ᠪᠥᠬᠦ ᠠᠷᠠᠳ ᠤᠨ ᠨᠠᠰᠤᠨ ᠲᠤᠷᠰᠢᠳᠠ | ᠶᠢᠨ ᠰᠤᠷᠤᠯᠴᠠᠯᠭ᠎ᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ | ᠰᠠᠶᠢᠨ ᠬᠢᠨ᠎ᠠ᠃ | ᠡᠷᠡᠭᠦᠯ ᠡᠩᠬᠡ ᠲᠦᠩᠯᠢᠶᠣᠤ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠦᠨᠳᠦ ᠶᠡᠭᠡ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠲᠣᠭᠲᠠᠴᠠ ᠪᠣᠯᠤᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠲᠠᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ | ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠠᠯᠤᠰ ᠠᠴᠠ ᠬᠠᠮᠲᠤᠷᠠᠨ ᠣᠨᠣᠰᠢᠯᠠᠬᠤ᠂ ᠣᠶᠤᠨᠴᠢ ᠲᠦᠷᠭᠡᠨ ᠠᠪᠤᠷᠠᠯᠳᠠ᠂ ᠣᠶᠤᠨᠴᠢ | ᠡᠮᠴᠢᠯᠡᠭᠡᠨ ᠤ ᠳᠠᠭᠠᠳᠬᠠᠯ ᠵᠡᠷᠭᠡ ᠡᠮᠴᠢᠯᠡᠭᠡᠨ ᠤ ᠮᠡᠳᠡᠭᠡ ᠵᠠᠩᠭᠢᠵᠢᠯᠲᠠ ᠶᠢᠨ ᠦᠶᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ | ᠡᠮᠴᠢᠯᠡᠭᠡᠨ ᠤ ᠬᠤᠯᠪᠣᠭᠠᠲᠤ ᠴᠣᠭᠴᠠ ᠪᠠ ᠬᠥᠳᠡᠭᠡ ᠲᠣᠰᠬᠤᠨ ᠤ ︽30 ᠮᠢᠨᠦ᠋ᠲ ᠤᠨ ᠲᠦᠷᠭᠡᠨ ᠠᠪᠤᠷᠠᠯᠳᠠ ᠶᠢᠨ ᠲᠣᠭᠤᠷᠢᠭ︾ ᠢ ᠪᠠᠶᠢᠭᠤᠯᠤᠨ᠎ᠠ᠃ ︽ | ᠭᠤᠷᠪᠠᠨ ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ | ᠡᠮᠨᠡᠯᠭᠡ ᠪᠠ ᠡᠮᠨᠡᠯᠭᠡ ᠳᠤ ᠰᠠᠭᠤᠭᠰᠠᠨ ᠵᠠᠷᠤᠳᠠᠯ ᠢ ᠬᠤᠲᠠ ᠶᠢᠨ ᠬᠡᠪᠴᠢᠶᠡᠨ ᠳᠤ ︽ᠨᠢᠭᠡ ᠥᠷᠲᠡᠭᠡ ᠮᠠᠶ᠋ᠢᠭ︾ ᠢᠶᠠᠷ ᠳ᠋ᠦᠩᠨᠡᠨ ᠪᠤᠳᠤᠬᠤ ᠶᠢ ᠪᠡᠶᠡᠯᠡᠭᠦᠯᠦᠨ᠎ᠡ᠃ | ᠪᠥᠬᠦ ᠣᠷᠣᠨ ᠤ ᠪᠡᠶ᠎ᠡ ᠶᠢᠨ ᠲᠠᠮᠢᠷ ᠪᠠ ᠡᠮᠨᠡᠯᠭᠡ ᠶᠢ ᠠᠭᠤᠰᠤᠯᠴᠠᠭᠤᠯᠬᠤ ᠲᠤᠷᠰᠢᠯᠲᠠ ᠶᠢᠨ ᠴᠡᠭ ᠢ ᠥᠷᠨᠢᠭᠦᠯᠵᠦ᠂ ᠳᠥᠷᠪᠡᠳᠦᠭᠡᠷ ᠬᠤᠭᠤᠴᠠᠭᠠᠨ ᠤ ᠬᠤᠷᠴᠢᠨ ᠤ | ᠪᠡᠶ᠎ᠡ ᠶᠢᠨ ᠲᠠᠮᠢᠷ ᠤᠨ ᠶᠡᠭᠡ ᠬᠤᠷᠠᠯ ᠢ ᠰᠠᠶᠢᠲᠦᠷ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ | ᠶᠢᠨ ᠪᠣᠯᠪᠠᠰᠤᠷᠠᠯ ᠤᠨ ᠰᠠᠭᠤᠷᠢᠨ ᠭᠠᠵᠠᠷ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠎ᠡ᠃ | ᠨᠡᠶᠢᠭᠡᠮ ᠤᠨ ᠪᠠᠲᠤᠯᠠᠭ᠎ᠠ ᠶᠢᠨ ᠲᠣᠤᠷ ᠢ ᠨᠢᠭᠲᠠ ᠪᠥᠭᠡᠳ ᠪᠠᠬᠢ ᠪᠠᠶᠢᠭᠤᠯᠤᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ | ᠶᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠎ᠡ᠃ ᠲᠠᠲᠠᠪᠤᠷᠢᠯᠠᠬᠤ ᠪᠠ ᠰᠠᠭᠤᠷᠢ ᠮᠥᠩᠭᠦ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠪᠥᠭᠡᠳ ᠦᠷᠭᠦᠯᠵᠢᠯᠡᠨ ᠠᠵᠢᠯᠯᠠᠬᠤ ᠶᠢ | ᠦᠨᠡᠨ ᠬᠦ ᠪᠠᠲᠤᠯᠠᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠪᠠ ᠣᠷᠣᠯᠭ᠎ᠠ ᠪᠠᠭᠠᠲᠠᠶ ᠬᠡᠷ ᠪᠦᠯᠢ ᠶᠢ ᠮᠠᠭᠠᠳᠯᠠᠨ ᠲᠣᠭᠲᠠᠭᠠᠬᠤ | ᠠᠷᠭ᠎ᠠ ᠶᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠ ᠨᠥᠬᠦᠪᠥᠷᠢ ᠶᠢᠨ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠲᠦᠷ ᠴᠠᠭ ᠤᠨ ᠠᠪᠤᠷᠠᠨ ᠲᠤᠰᠠᠯᠠᠬᠤ ᠵᠣᠭᠤᠰ ᠢ ᠬᠠᠮᠤᠭ ᠤᠨ ᠠᠷᠪᠢᠨ ᠳᠤ ᠪᠠᠨ 2 ᠲᠦᠮᠡᠨ ᠲᠥᠭᠦᠷᠢᠭ ᠪᠠᠶᠢᠭᠰᠠᠨ ᠠᠴᠠ 5 | ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠨᠠᠰᠤᠵᠢᠯ ᠤᠨ ᠦᠶᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 30 ᠰᠠᠭᠤᠷᠢ | ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠶᠯᠡᠴᠢᠯᠡᠭᠡᠨ ᠤ ᠲᠥᠪ ᠢ ᠪᠠᠶᠢᠭᠤᠯᠤᠨ᠎ᠠ᠃ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡᠨ ᠤ | ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ᠂ ᠴᠡᠷᠢᠭ ᠠᠷᠠᠳ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠬᠤᠲᠠ ᠲᠣᠭᠤᠷᠢᠭ ᠬᠤᠶᠠᠷ ᠱᠠᠲᠤᠨ ᠤ ᠴᠠᠭ ᠠᠭᠤᠷ ᠤᠨ ᠲᠣᠪᠴᠢᠶ᠎ᠠ | ᠥᠷᠲᠡᠭᠡ ᠶᠢᠨ ᠨᠡᠭᠦᠯᠭᠡᠨ ᠪᠠᠶᠢᠭᠤᠯᠬᠤ ᠶᠢ ᠪᠡᠶᠡᠯᠡᠭᠦᠯᠦᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ | ᠬᠤᠷᠠᠯ ᠵᠡᠷᠭᠡ ᠠᠷᠠᠳ ᠤᠨ ᠪᠦᠯᠬᠦᠮ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠶᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠭᠠᠳᠠᠭᠠᠳᠤ ᠶᠠᠪᠤᠳᠠᠯ | ᠬᠠᠷᠢᠶᠠᠲᠤ ᠨᠠᠷ ᠤᠨ ᠶᠠᠪᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠠᠩᠰᠠ ᠡᠪᠬᠡᠮᠡᠯ᠂ ᠵᠡᠮᠳᠡᠭᠴᠦᠳ ᠨᠠᠰᠤᠲᠠᠶᠢᠴᠤᠳ᠂ ᠠᠬᠠᠮᠠᠳ ᠺᠠᠳ᠋ᠷᠴᠤᠳ᠂ ᠬᠤᠶᠢᠴᠢ | ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠢ ᠴᠢᠩᠭᠠᠳᠬᠠᠨ᠎ᠠ᠃ | ᠦᠨᠳᠦᠰᠦᠲᠡᠨ ᠤ ᠪᠦᠯᠬᠦᠮᠳᠡᠯ ᠡᠶ᠎ᠡ ᠡᠪ ᠢ ᠠᠬᠢᠭᠤᠯᠤᠨ᠎ᠠ᠃ ᠨᠠᠮ ᠤᠨ ᠦᠨᠳᠦᠰᠦᠲᠡᠨ ᠤ ᠲᠤᠬᠠᠶ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ | ᠭᠦᠨᠵᠡᠭᠡᠶ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠯᠲᠡ ᠶᠢ ᠭᠦᠨᠵᠡᠭᠡᠶᠢᠷᠡᠭᠦᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ | ᠴᠣᠭᠴᠠ ᠶᠢᠨ ᠤᠬᠠᠮᠰᠠᠷ ᠢ ᠪᠠᠬᠢᠵᠢᠭᠦᠯᠵᠦ᠂ ︽ᠭᠤᠷᠪᠠᠨ ᠰᠠᠯᠵᠤ ᠪᠣᠯᠤᠰᠢ ᠥᠬᠡᠶ︾ ︽ᠲᠠᠪᠤᠨ ᠲᠠᠨᠢᠯᠲᠠ︾ ᠶᠢᠨ ᠦᠵᠡᠯ ᠰᠠᠨᠠᠭ᠎ᠠ ᠶᠢ ᠦᠨᠳᠦᠰᠦᠲᠡᠨ ᠨᠦᠭᠦᠳ | ᠤᠨ ᠣᠯᠠᠨ ᠲᠦᠮᠡᠨ ᠤ ᠰᠡᠳᠬᠢᠯ ᠳᠤ ᠰᠢᠩᠭᠡᠭᠡᠵᠦ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠡᠪ ᠲᠠᠢ ᠨᠡᠶᠢᠭᠡᠮ ᠵᠢᠷᠤᠮᠲᠤ | ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠦᠨ᠎ᠡ᠃ ᠮᠠᠷᠺᠰ ᠤᠨ ᠦᠵᠡᠯ ᠤᠨ ᠡᠬᠡ ᠤᠷᠤᠨᠴᠢ ᠦᠵᠡᠯᠲᠡ ᠦᠨᠳᠦᠰᠦᠲᠡᠨ ᠤ ᠦᠵᠡᠯᠲᠡ ᠰᠣᠶᠣᠯ | ᠤᠨ ᠦᠵᠡᠯᠲᠡ᠂ ᠲᠡᠦᠬᠡ ᠶᠢᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠭᠤᠶᠢᠪᠢᠰᠢ ᠥᠬᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠮᠲᠤ ᠰᠠᠭᠤᠷᠢᠰᠢᠨ᠂ ᠬᠠᠮᠲᠤ ᠰᠤᠷᠤᠯᠴᠠᠨ ᠬᠠᠮᠲᠤ ᠠᠵᠢᠯᠯᠠᠵᠤ᠂ ᠬᠠᠮᠲᠤ ᠵᠢᠷᠭᠠᠬᠤ ᠶᠢ ᠠᠬᠢᠭᠤᠯᠤᠨ ᠶᠠᠪᠤᠯᠴᠠᠵᠤ ᠰᠣᠯᠢᠯᠴᠠᠵᠤ ᠠᠭᠤᠰᠤᠯᠴᠠᠵᠤ᠂ ᠭᠠᠷ ᠬᠥᠯ | ᠮᠡᠲᠦ ᠢᠨᠠᠭ ᠳᠣᠲᠣᠨᠣ᠂ ᠰᠠᠬᠢᠨ ᠪᠡᠷᠡᠯᠡᠯᠴᠡᠵᠦ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠵᠦ᠂ | ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠠᠮᠢ ᠨᠠᠰᠤᠨ ᠤ ᠱᠤᠭᠤᠮ ᠢ ᠡᠷᠡᠰ ᠰᠠᠬᠢᠨ᠎ᠠ᠃ | ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠨ ᠬᠢᠨ᠎ᠠ᠃ ᠨᠢᠭᠡ ᠳᠤ ᠬᠦᠷᠢᠶ᠎ᠡ ᠠᠴᠠ ᠨᠠᠶᠮᠠᠨ ᠬᠥᠷᠬᠦ᠂ ᠲᠠᠢ ᠫᠢᠩ ᠴᠤᠸᠠᠨ ᠠᠴᠠ ᠪᠤᠤ ᠯᠦᠩ | ᠱᠠᠨ ᠬᠥᠷᠬᠦ ᠬᠤᠶᠠᠳᠤᠭᠠᠷ ᠲᠠᠰ ᠤᠨ ᠵᠠᠰᠠᠮᠠᠯ ᠵᠠᠮ ᠢ ᠪᠠᠶᠢᠭᠤᠯᠤᠨ ᠲᠡᠷᠭᠡ ᠨᠡᠪᠲᠡᠷᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 300 | ᠺᠢᠯᠣᠮᠧᠲᠷ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ 50 ᠪᠠᠶᠢᠭᠠᠯᠢᠯᠢᠬ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠦᠨ᠎ᠡ᠃ | ᠬᠤᠶᠠᠷ ᠲᠤ ᠬᠥᠳᠡᠭᠡ ᠲᠣᠰᠬᠤᠨ ᠤ ᠴᠠᠬᠢᠯᠭᠠᠨ ᠲᠣᠤᠷ ᠢ 1296 ᠺᠢᠯᠣᠮᠧᠲᠷ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠤᠨ᠎ᠠ᠃ ᠭᠤᠷᠪᠠ ᠳᠤ | ᠮᠠᠯᠵᠢᠬᠤ ᠣᠷᠣᠨ ᠤ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠤᠯᠠᠮᠵᠢᠯᠠᠯᠲᠤ ᠵᠢᠱᠢᠶ᠎ᠡ ᠦᠵᠡᠭᠦᠯᠬᠦ 100 ᠡᠷᠦᠬᠡ ᠶᠢ ᠳᠡᠮᠵᠢᠵᠦ ᠰᠣᠶᠣᠯ ᠠᠮᠢ ᠠᠬᠤᠶ | ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠭᠠᠴᠠᠭ᠎ᠠ ᠶᠢ 4 ᠪᠠᠶᠢᠭᠤᠯᠤᠨ᠎ᠠ᠃ ᠳᠥᠷᠪᠡ ᠳᠤ ᠮᠠᠯᠵᠢᠬᠤ ᠲᠠᠷᠢᠶᠠᠯᠠᠬᠤ ᠣᠷᠣᠨ ᠤ 7 ᠲᠦᠮᠡᠨ ᠡᠷᠦᠬᠡ ᠶᠢᠨ ᠵᠣᠷᠯᠣᠩ | ᠢ ᠥᠭᠡᠷᠡᠴᠢᠯᠡᠨ᠎ᠡ᠃ ᠲᠠᠪᠤ ᠳᠤ ᠭᠤᠤᠯ ᠬᠤᠲᠠ ᠲᠣᠭᠤᠷᠢᠭ ᠤᠨ ᠰᠢᠨ ᠬᠥᠩ ᠬᠤᠶᠠᠳᠤᠭᠠᠷ ᠵᠠᠮ ᠢ ᠨᠡᠪᠲᠡᠷᠡᠭᠦᠯᠦᠨ᠎ᠡ᠃ ᠵᠢᠷᠭᠤᠭ᠎ᠠ ᠳᠤ ᠭᠤᠤᠯ ᠬᠤᠲᠠ ᠲᠣᠭᠤᠷᠢᠭ | ᠤᠨ ᠴᠧᠩ ᠳ᠋ᠦᠩ ᠤᠰᠤᠨ ᠤ ᠦᠶᠯᠡᠳᠪᠦᠷᠢ ᠶᠢ ᠪᠠᠶᠢᠭᠤᠯᠤᠨ᠎ᠠ᠃ ᠳᠣᠯᠤᠭ᠎ᠠ ᠳᠤ ᠬᠤᠲᠠ ᠶᠢᠨ ᠡᠮᠨᠡᠯᠭᠡ ᠶᠢᠨ ᠬᠤᠷᠢᠶᠠᠨ ᠤ ᠰᠢᠨ᠎ᠡ ᠬᠦᠷᠢᠶ᠎ᠡ ᠲᠣᠭᠤᠷᠢᠭ ᠤᠨ | ᠭᠤᠤᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠵᠦ᠂ ᠬᠤᠲᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠪᠠ ᠬᠤᠲᠠ ᠶᠢᠨ ᠮᠣᠩᠭᠤᠯ ᠡᠮᠨᠡᠯᠭᠡ | ᠶᠢᠨ ᠬᠤᠷᠢᠶ᠎ᠠ ᠶᠢ ᠡᠬᠢᠯᠡᠨ ᠪᠠᠶᠢᠭᠤᠯᠤᠨ᠎ᠠ᠃ ᠨᠠᠶᠮᠠ ᠳᠤ ᠪᠥᠬᠦ ᠬᠤᠲᠠ ᠳᠤ ᠰᠢᠨ᠎ᠡ ᠪᠠᠷ 1 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ 2 ᠪᠠᠭ᠎ᠠ ᠰᠤᠷᠭᠠᠭᠤᠯᠢ᠂ | 13 ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠪᠠᠶᠢᠭᠤᠯᠵᠤ᠂ ᠲᠦᠩᠯᠢᠶᠣᠤ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠢ | ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠲᠦᠩᠯᠢᠶᠣᠤ ᠶᠢᠨ ᠮᠣᠩᠭᠤᠯ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠡᠬᠢᠯᠡᠨ ᠪᠠᠶᠢᠭᠤᠯᠤᠨ᠎ᠠ᠃ | ᠶᠢᠰᠦ ᠳᠤ ᠬᠤᠲᠠ ᠶᠢᠨ ᠣᠶ ᠰᠢᠭᠤᠶ ᠶᠢᠨ ᠴᠡᠴᠡᠷᠯᠢᠭ ᠤᠨ ᠡᠷᠡᠭᠦᠯᠵᠢᠯ ᠰᠤᠪᠢᠯᠠᠯᠲᠠ ᠶᠢᠨ ᠨᠡᠶᠢᠭᠡᠮ ᠲᠣᠭᠤᠷᠢᠭ ᠤᠨ ᠲᠥᠷᠥᠯ ᠵᠦᠶᠯ ᠢ ᠡᠬᠢᠯᠡᠨ ᠬᠡᠷᠡᠭᠵᠢᠭᠦᠯᠦᠨ᠎ᠡ᠃ | ᠪᠢᠳᠡ ᠡᠷᠬᠡᠪᠰᠢ ᠨᠢᠭᠡᠳ ᠨᠢᠭᠡ ᠪᠠᠷ ᠠᠩᠬᠠᠷᠴᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ ᠦᠨᠡᠨ ᠬᠦ ᠰᠠᠶᠢᠨ ᠶᠠᠪᠤᠳᠠᠯ ᠢ ᠰᠠᠶᠢᠨ ᠬᠢᠵᠦ᠂ ᠶᠠᠪᠤᠳᠠᠯ ᠢ ᠪᠣᠳᠠᠲᠠᠶ | ᠬᠢᠵᠦ᠂ ᠪᠥᠬᠦ ᠬᠤᠲᠠ ᠶᠢᠨ ᠠᠷᠠᠳ ᠲᠦᠮᠡᠨ ᠳᠤ ᠲᠥᠪ ᠴᠢᠩᠭ᠎ᠠ ᠪᠠᠷ ᠠᠮᠠᠯᠳᠠᠭᠰᠠᠨ ᠠᠮᠠᠯᠠᠯᠲᠠ ᠪᠠᠨ ᠪᠡᠶᠡᠯᠡᠭᠦᠯᠦᠨ᠎ᠡ᠃ | ︵ᠶᠢᠰᠦ︶ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠦᠨ᠎ᠡ᠃ ︽ | ᠴᠢᠬᠡᠴᠢ ᠰᠤᠷᠲᠠᠯ ᠢᠶᠠᠷ ᠬᠥᠲᠥᠯᠥᠨ ᠳᠠᠭᠠᠭᠤᠯᠬᠤ︾ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠰᠠᠶᠢᠨ ᠬᠠᠤᠯᠢ ᠪᠠᠷ ᠰᠠᠶᠢᠨ ᠵᠠᠰᠠᠭᠰᠠᠨ ᠲᠦᠩᠯᠢᠶᠣᠤ ᠶᠢᠨ ᠵᠠᠭᠪᠤᠷ ᠢ | ᠰᠦᠪᠡᠭᠴᠢᠯᠡᠨ ᠰᠢᠨ᠎ᠡ ᠶᠢ ᠡᠭᠦᠳᠴᠦ᠂ ᠴᠢᠨᠠᠷ ᠰᠠᠶᠢᠲᠡᠢ ᠬᠥᠭᠵᠢᠯᠲᠡ ᠪᠠ ᠥᠨᠳᠥᠷ ᠲᠦᠪᠰᠢᠨ ᠪᠥᠬᠦᠶ ᠠᠮᠤᠷ ᠲᠦᠪᠰᠢᠨ ᠤ ᠰᠠᠶᠢᠨ ᠦᠶᠯᠡᠳᠦᠯᠴᠡᠯ ᠢ ᠴᠢᠷᠮᠠᠶᠢᠨ | ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠠᠷᠠᠳ ᠲᠦᠮᠡᠨ ᠢ ᠨᠠᠩ ᠵᠣᠯ | ᠵᠢᠷᠭᠠᠯ ᠲᠠᠢ᠂ ᠨᠡᠶᠢᠭᠡᠮ ᠢ ᠨᠠᠩ ᠠᠮᠤᠷ ᠠᠮᠤᠭᠤᠯᠠᠩ ᠪᠣᠯᠭᠠᠨ᠎ᠠ᠃ | ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠪᠣᠯᠭᠤᠮᠵᠢᠲᠠᠶ ᠰᠠᠶᠢᠨ ᠠᠳᠬᠤᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ︽ᠳᠥᠷᠪᠡᠨ ᠲᠠᠯ᠎ᠠ ᠶᠢᠨ | ᠬᠠᠷᠢᠭᠤᠴᠠᠯᠭ᠎ᠠ︾ ᠶᠢ ᠴᠢᠩᠭ᠎ᠠ ᠪᠣᠳᠠᠲᠠᠶᠢᠵᠢᠭᠤᠯᠵᠤ᠂ ︽ᠳᠥᠷᠪᠡ ᠶᠢ ᠡᠷᠲᠡ ᠪᠠᠶᠢᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠥᠮᠦᠨ᠂ ᠪᠣᠳᠠᠰ᠂ | ᠣᠷᠴᠢᠨ ᠲᠣᠭᠤᠷᠢᠨ ᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠵᠤ᠂ ︽ᠭᠤᠷᠪᠠᠨ ᠳᠠᠪᠬᠤᠷ ᠨᠢᠭᠡ ᠬᠡᠯᠬᠢᠶ᠎ᠡ︾ ᠶᠢᠨ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠣᠯᠭ᠎ᠠ ᠶᠢ ᠴᠢᠩᠭᠠᠳᠬᠠᠨ᠎ᠠ᠃ ᠲᠦᠷᠭᠡᠨ ᠲᠤᠰᠬᠠᠯ ᠭᠠᠷᠭᠠᠬᠤ | ᠲᠣᠭᠲᠠᠴᠠ ᠶᠢ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠳᠠᠪᠤᠷᠢ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠸᠠᠺᠼᠢᠨ ᠤ ᠲᠠᠷᠢᠯᠭ᠎ᠠ | ᠶᠢᠨ ᠠᠵᠢᠯ ᠢ ᠡᠮᠬᠢ ᠵᠢᠷᠤᠮ ᠲᠠᠢ ᠰᠠᠶᠢᠨ ᠬᠢᠵᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠣᠨᠣᠴᠠᠲᠠᠶ ᠬᠠᠮᠢᠶᠠᠷᠤᠨ ᠡᠵᠡᠮᠳᠡᠵᠦ᠂ ᠬᠢᠵᠢᠭ ᠢ | ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠭᠦᠯᠦᠨ᠎ᠡ᠃ | ᠠᠶᠤᠯᠬᠦᠢ ᠦᠶᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠠᠶᠤᠯᠭᠦᠢ ᠦᠶᠯᠡᠳᠪᠦᠷᠢᠯᠡᠯ ᠢ ᠲᠤᠰᠬᠠᠶ ᠲᠦᠷᠦᠯ ᠢᠶᠠᠷ ᠴᠡᠭᠴᠡᠯᠡᠨ | ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠪᠯᠡᠷᠡᠩᠭᠦᠶ ᠰᠢᠪᠲᠤᠯᠤᠯᠲᠠ ᠶᠢ ᠭᠦᠨᠵᠡᠭᠡᠶ ᠥᠷᠨᠢᠭᠦᠯᠵᠦ᠂ ᠠᠶᠤᠯ ᠶᠡᠬᠡᠲᠡᠶ ᠠᠵᠢᠯ ᠲᠥᠷᠥᠯ ᠤᠨ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠪᠠ ᠭᠤᠤᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠪᠤᠰᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠢ | ᠥᠷᠨᠢᠭᠦᠯᠵᠦ᠂ ᠬᠤᠲᠠ ᠬᠤᠰᠢᠭᠤ ᠬᠤᠶᠠᠷ ᠱᠠᠲᠤᠨ ᠤ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠵᠦ ᠨᠡᠶᠢᠲᠡᠯᠡᠬᠦ ᠰᠢᠰᠲ᠋ᠧᠮ ᠢ ᠪᠠᠶᠢᠭᠤᠯᠵᠤ᠂ ᠬᠤᠲᠠ ᠶᠢᠨ | ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠤᠨ ᠲᠥᠷᠥᠯ ᠵᠦᠶᠯ ᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ | ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠢᠳᠡᠭᠡᠨ ᠤ ᠵᠦᠢᠯ ᠪᠠ ᠡᠮ ᠤᠨ ᠵᠦᠶᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠵᠤ᠂ ︽ᠲᠦᠩᠯᠢᠶᠣᠤ ᠶᠢᠨ ᠰᠠᠶᠢᠨ ᠲᠣᠭᠤᠭᠠᠨ ᠬᠡᠷ︾ ᠤᠨ ᠢᠯᠡ ᠬᠢᠨᠠᠨ ᠬᠠᠮᠢᠶᠠᠷᠤᠯᠲᠠ ᠶᠢ ᠲᠠᠰ ᠳᠡᠪᠰᠢᠭᠦᠯᠬᠦ ᠶᠢ ᠠᠬᠢᠭᠤᠯᠤᠨ᠂ ᠤᠯᠤᠰ ᠤᠨ | ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠦᠷᠭᠦᠯᠵᠢᠯᠡᠨ ᠡᠭᠦᠳᠦᠨ ᠪᠠᠶᠢᠭᠤᠯᠤᠨ᠎ᠠ᠃ | ᠠᠮᠤᠷ ᠠᠮᠤᠭᠤᠯᠠᠩ ᠲᠦᠩᠯᠢᠶᠣᠤ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ | ᠶᠢᠨ ᠲᠤᠷᠰᠢᠯᠭ᠎ᠠ︾ ᠶᠢ ᠰᠤᠷᠤᠯᠴᠠᠨ ᠲᠣᠯᠢ ᠪᠣᠯᠭᠠᠵᠤ᠂ ᠨᠡᠶᠢᠭᠡᠮ ᠤᠨ ᠵᠥᠷᠢᠴᠡᠯ ᠢ ᠣᠯᠠᠨ ᠡᠰᠢᠵᠢᠭᠦᠯᠦᠨ ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ | ᠶᠢ ᠠᠬᠢᠭᠤᠯᠤᠨ᠎ᠠ᠃ ᠮᠡᠳᠡᠭᠡ ᠵᠠᠩᠭᠢ ᠶᠢᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠶᠳᠪᠦᠷᠢᠯᠡᠵᠦ ᠲᠣᠭᠲᠠᠭᠤᠨ ᠪᠠᠶᠢᠳᠠᠯ ᠢ ᠬᠠᠮᠠᠭᠠᠯᠠᠬᠤ | ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠨᠢᠭᠡ ᠪᠦᠯᠦᠭ | ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠲᠥᠪᠯᠡᠷᠡᠭᠦᠯᠦᠨ ᠰᠢᠶᠳᠪᠦᠷᠢᠯᠡᠨ᠎ᠡ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ | ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠢ ᠲᠤᠮᠳᠠᠳᠤᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ | ᠶᠣᠰᠣᠭᠠᠷ ᠬᠠᠮᠢᠶᠠᠷᠴᠤ᠂ ᠱᠠᠰᠢᠨ ᠰᠤᠷᠲᠠᠬᠤᠨ ᠢ ᠢᠳᠡᠪᠬᠢᠲᠡᠶ ᠵᠢᠯᠣᠭᠤᠳᠤᠨ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠯᠳᠤᠭᠤᠯᠤᠨ᠎ᠠ᠃ ᠤᠯᠤᠰ ᠲᠥᠷᠥ ᠶᠢᠨ | ᠬᠦᠷᠢᠶ᠎ᠡ ᠬᠡᠪᠴᠢᠶ᠎ᠠ᠂ ᠦᠵᠡᠯ ᠤᠬᠠᠮᠰᠠᠷ ᠤᠨ ᠬᠡᠯᠪᠡᠷᠢ᠂ ᠡᠳ᠋ ᠤᠨ ᠵᠠᠰᠠᠭ ᠮᠥᠩᠭᠦᠨ ᠭᠦᠶᠯᠭᠡᠭᠡᠨ ᠵᠡᠷᠭᠡ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠡᠷᠡᠰ | ᠰᠡᠷᠭᠡᠶᠢᠯᠡᠨ ᠠᠷᠢᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠣᠲᠣ ᠪᠠᠶᠢᠭ᠎ᠠ ᠠᠮᠢᠨ ᠬᠡᠷᠡᠭ ᠢ ᠵᠠᠪᠠᠯ ᠢᠯᠡᠷᠡᠭᠦᠯᠬᠦ ᠶᠢ ᠪᠠᠲᠤᠯᠠᠵᠤ᠂ | ᠠᠮᠤᠭᠤᠯᠠᠩ ᠲᠦᠩᠯᠢᠶᠣᠤ ᠶᠢ ᠥᠨᠳᠥᠷ ᠬᠢᠷᠢ ᠬᠡᠮᠵᠢᠶ᠎ᠡ ᠪᠠᠷ ᠪᠠᠶᠢᠭᠤᠯᠤᠨ᠎ᠠ᠃ | | ᠳᠥᠷᠪᠡ᠂ ᠵᠠᠰᠠᠭ ᠤᠨ ᠣᠷᠳᠣᠨ ᠤ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | | ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠪᠢᠳᠡ ᠵᠠᠰᠠᠭ ᠤᠨ ᠣᠷᠳᠣᠨ ᠤ ᠲᠣᠰ ᠪᠡᠶ᠎ᠡ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠤᠯᠤᠰ | ᠲᠥᠷᠥ ᠶᠢᠨ ᠴᠢᠳᠠᠪᠤᠷᠢ᠂ ᠪᠠᠶᠢᠯᠳᠤᠬᠤ ᠪᠣᠳᠣᠯᠭ᠎ᠠ ᠶᠢᠨ ᠬᠠᠷᠠᠴᠠ᠂ ᠲᠤᠰᠬᠠᠶ ᠮᠡᠷᠭᠡᠵᠢᠯ ᠤᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠠᠰᠠᠭ ᠤᠨ | ᠣᠷᠳᠣᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ | ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠬᠢᠨᠠᠮᠠᠭᠠᠶ ᠥᠷᠨᠢᠭᠦᠯᠵᠦ᠂ ᠤᠯᠤᠰ ᠲᠥᠷᠥ | ᠶᠢᠨ ᠵᠣᠭᠰᠣᠴᠠ᠂ ᠣᠨᠣᠯ ᠤᠨ ᠵᠣᠭᠰᠣᠴᠠ᠂ ᠴᠠᠭ ᠦᠶ᠎ᠡ ᠶᠢᠨ ᠵᠣᠭᠰᠣᠴᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠤᠯᠤᠰ ᠲᠥᠷᠥ ᠶᠢᠨ ᠪᠠᠷᠢᠮᠵᠢᠶ᠎ᠠ | ᠪᠣᠯᠤᠨ ᠤᠯᠤᠰ ᠲᠥᠷᠥ ᠶᠢᠨ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠳᠤ ᠢᠮᠠᠭᠲᠠ ᠲᠤᠭᠤᠰᠢᠯᠠᠭᠤᠯᠵᠤ᠂ ᠬᠡᠬᠦᠳᠡᠭ ᠴᠡᠭᠡᠵᠢᠨ ᠳᠤ ᠪᠠᠨ ︽ᠬᠤᠶᠠᠷ ᠶᠡᠭᠡ | ᠲᠠᠯ᠎ᠠ︾ ᠶᠢ ᠪᠠᠭᠲᠠᠭᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ | ᠴᠢᠳᠠᠪᠤᠷᠢ ᠪᠠᠨ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠦᠨ᠎ᠡ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ | ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠷᠯᠢᠭ ᠴᠠᠭᠠᠵᠠ ᠶᠢ ᠳᠠᠭᠠᠬᠤ᠂ ᠵᠠᠰᠠᠭ ᠤᠨ ᠵᠠᠷᠯᠢᠭ | ᠰᠠᠭᠠᠳ ᠥᠬᠡᠶ ᠶᠠᠪᠤᠭᠳᠠᠬᠤ ᠶᠢ ᠪᠡᠶᠡᠯᠡᠭᠦᠯᠦᠨ᠎ᠡ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ | ᠲᠣᠭᠲᠠᠭᠠᠵᠤ᠂ ᠬᠠᠤᠯᠢᠵᠢᠯ ᠵᠠᠰᠠᠭ ᠤᠨ ᠣᠷᠳᠣᠨ᠂ ᠢᠲᠡᠭᠡᠯ ᠲᠠᠢ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠤᠨ ᠳᠣᠲᠣᠭᠠᠳᠤ ᠶᠢᠨ ᠬᠢᠨᠠᠯᠲᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠨᠠᠶᠢᠭᠡᠮ ᠤᠨ ᠶᠠᠷᠢᠶ᠎ᠠ | ᠬᠡᠯᠡᠯᠴᠡᠭᠡ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ | ᠪᠦᠯᠦᠭ ᠤᠨ ᠪᠤᠰᠤ ᠬᠥᠮᠦᠰ ᠵᠢᠴᠢ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠶᠴᠡᠳᠬᠡᠬᠦ ᠴᠢᠨᠠᠷ ᠴᠢᠨᠰᠠᠭ᠎ᠠ | ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠲᠦᠷᠢᠮ︾ | ᠢ ᠨᠠᠶᠢᠳᠠᠪᠤᠷᠢᠵᠢᠭᠤᠯᠵᠤ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ︽ᠨᠠᠶᠮᠠᠳᠤᠭᠠᠷ ᠲᠠᠪᠤᠨ ᠵᠢᠯ︾ | ᠤᠨ ᠬᠠᠤᠯᠢ ᠲᠦᠭᠡᠮᠡᠯᠵᠢᠭᠦᠯᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠢᠷᠭᠡᠨ ᠤ ᠬᠠᠤᠯᠢ ᠶᠢᠨ ᠪᠢᠴᠢᠭ ᠢ ᠲᠦᠩᠯᠢᠶᠣᠤ ᠳᠤ ᠪᠥᠬᠦ ᠲᠠᠯ᠎ᠠ ᠪᠠᠷ ᠪᠦᠲᠦᠮᠵᠢᠲᠡᠶ | ᠬᠡᠷᠡᠭᠵᠢᠭᠦᠯᠵᠦ᠂ ᠬᠠᠤᠯᠢᠵᠢᠯ ᠨᠡᠶᠢᠭᠡᠮ ᠢ ᠪᠠᠶᠢᠭᠤᠯᠤᠨ᠎ᠠ᠃ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠰᠤᠨ ᠲᠤᠷᠰᠢᠳᠠ ᠰᠤᠷᠤᠯᠴᠠᠬᠤ ᠳᠠᠳᠬᠠᠯ ᠢ ᠪᠣᠶ ᠪᠣᠯᠭᠠᠵᠤ᠂ ᠮᠡᠳᠡᠯᠭᠡ ᠪᠠ ᠦᠵᠡᠯᠲᠡ ᠶᠢᠨ | ᠰᠢᠨᠡᠴᠢᠯᠡᠯᠲᠡ ᠶᠢ ᠲᠦᠷᠭᠡᠳᠬᠡᠨ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠪᠠ ᠲᠤᠰᠬᠠᠢᠢᠵᠢᠭᠰᠠᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠢᠴᠠᠭᠠᠨ ᠰᠤᠳᠤᠯᠤᠯᠲᠠ ᠶᠢ | ᠴᠢᠬᠤᠯᠠᠴᠢᠯᠠᠵᠤ᠂ ᠵᠣᠷᠢᠭᠲᠠᠶ ᠡᠭᠦᠷᠭᠡᠯᠡᠯ ᠢ ᠴᠢᠩᠭᠠᠳᠬᠠᠵᠤ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠬᠡᠷᠡᠭᠵᠢᠭᠦᠯᠵᠦ᠂ ᠠᠰᠠᠭᠤᠳᠠᠯ ᠢ | ᠰᠢᠶᠳᠪᠦᠷᠢᠯᠡᠬᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠵᠣᠷᠢᠭᠲᠠᠶ ᠪᠠᠷ ᠰᠢᠪᠲᠤᠯᠤᠨ ᠵᠣᠷᠢᠭᠲᠠᠶ ᠪᠠᠷ ᠲᠤᠷᠰᠢᠵᠤ | ᠂ ᠵᠣᠷᠢᠭᠲᠠᠶ ᠪᠠᠷ ᠲᠦᠷᠦᠭᠦᠯᠡᠨ ᠬᠢᠬᠦ ᠶᠢ ᠪᠠᠷᠢᠮᠲᠠᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠠᠵᠠ ᠲᠣᠬᠢᠶᠠᠯ ᠢ ᠣᠯᠵᠤ᠂ ᠨᠠᠩ | ᠣᠯᠠᠨ ᠠᠵᠢᠯ ᠢ ᠪᠥᠬᠦ ᠣᠷᠣᠨ ᠪᠥᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ | ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠲᠦᠪᠡᠭᠳᠡᠵᠦ ᠪᠠᠶᠢᠭ᠎ᠠ ᠶᠠᠪᠤᠳᠠᠯ ᠢ ᠰᠡᠳᠬᠢᠯ ᠲᠠᠯᠪᠢᠵᠤ ᠬᠦᠴᠦ ᠣᠷᠣᠭᠤᠯᠤᠨ ᠰᠢᠶᠳᠪᠦᠷᠢᠯᠡᠨ᠎ᠡ᠃ ᠦᠨᠡᠨ | ᠠᠳᠬᠤᠵᠤ ᠪᠣᠳᠠᠲᠠᠶ ᠬᠢᠬᠦ ᠰᠤᠷᠲᠠᠯ ᠢ ᠶᠡᠭᠡ ᠪᠠᠷ ᠰᠤᠷᠲᠠᠯᠴᠢᠯᠠᠵᠤ᠂ ᠠᠵᠢᠯ ᠢᠶᠠᠨ ᠲᠥᠷᠥᠯ ᠵᠦᠶᠯᠵᠢᠬᠦᠯᠵᠤ ᠲᠦᠷᠦᠯ ᠵᠦᠢᠯ ᠢᠶᠠᠨ ᠨᠠᠷᠢᠯᠢᠬᠵᠢᠭᠤᠯᠤᠨ᠎ᠠ᠃ ᠠᠯᠪᠠᠨ | ᠪᠢᠴᠢᠭ ᠢ ᠴᠣᠮᠬᠠᠳᠬᠠᠨ ᠬᠤᠷᠠᠯ ᠢ ᠴᠥᠭᠡᠴᠢᠯᠡᠵᠦ᠂ ᠪᠠᠶᠢᠴᠠᠭᠠᠨ ᠰᠤᠳᠤᠯᠤᠯᠲᠠ ᠶᠢ ᠥᠭᠡᠷᠡᠴᠢᠯᠡᠵᠦ᠂ ᠰᠢᠪᠠᠲᠠᠨ ᠪᠠᠶᠢᠴᠠᠭᠠᠯᠲᠠ᠂ ᠬᠢᠨᠠᠨ ᠪᠠᠶᠢᠴᠠᠭᠠᠯᠲᠠ ᠶᠢ | ᠨᠢᠭᠡᠳᠦᠯᠲᠡᠶ ᠲᠥᠯᠥᠪᠵᠢᠭᠦᠯᠵᠦ᠂ ᠦᠨᠳᠦᠰᠦᠨ ᠱᠠᠲᠤᠨ ᠤ ᠨᠠᠩ ᠠᠷᠪᠢᠨ ᠣᠶᠤᠨ ᠤᠬᠠᠭᠠᠨ ᠬᠦᠴᠦ ᠴᠢᠳᠠᠯ ᠢᠶᠠᠨ ᠠᠵᠢᠯ ᠢᠶᠠᠨ ᠠᠳᠬᠤᠵᠤ ᠬᠥᠭᠵᠢᠯᠲᠡ ᠶᠢ | ᠠᠬᠢᠭᠤᠯᠬᠤ ᠳᠡᠭᠡᠷ᠎ᠡ ᠲᠠᠯᠪᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠪᠠᠶᠢᠭᠤᠯᠭ᠎ᠠ ᠶᠢᠨ ᠦᠶᠯᠡᠳᠦᠯ ᠴᠢᠳᠠᠪᠤᠷᠢ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠦᠬᠡᠨᠴᠡ ᠵᠠᠰᠠᠭ ᠵᠠᠯᠬᠠᠭᠤ ᠵᠠᠰᠠᠭ ᠬᠤᠶᠢᠷᠭᠤ | ᠵᠠᠰᠠᠭ ᠢ ᠴᠡᠭᠴᠡᠯᠡᠨ ᠠᠷᠢᠯᠭᠠᠵᠤ᠂ ᠪᠣᠳᠠᠲᠠᠶ ᠠᠵᠢᠯᠯᠠᠬᠤ ᠪᠠᠷ ᠤᠳᠤᠷᠢᠳᠤᠮᠵᠢ ᠪᠣᠯᠭᠠᠬᠤ ᠶᠢ ᠡᠷᠬᠢᠮᠯᠡᠵᠦ᠂ ᠵᠥᠪ ᠲᠠᠯ᠎ᠠ ᠶᠢᠨ ᠵᠣᠷᠢᠭᠵᠢᠭᠤᠯᠤᠯ ᠢ ᠴᠢᠩᠭᠠᠳᠬᠠᠵᠤ᠂ | ᠠᠵᠢᠯ ᠬᠢᠵᠦ ᠦᠶᠯᠡᠰ ᠪᠤᠰᠬᠠᠬᠤ ᠠᠭᠤᠷ ᠠᠮᠢᠰᠬᠤᠯ ᠢ ᠪᠣᠶ ᠪᠣᠯᠭᠠᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ | ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠠᠬᠢᠭᠤᠯᠤᠨ᠂ ᠬᠢᠨᠠᠨ ᠵᠥᠪᠰᠢᠶᠡᠷᠡᠬᠦ ᠦᠶᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ ᠵᠡᠷᠭᠡ ᠭᠤᠤᠯᠳᠠᠯᠭ᠎ᠠ | ᠲᠠᠢ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠳᠤ ᠬᠢᠨᠠᠨ ᠪᠤᠳᠤᠯᠲᠠ ᠬᠢᠵᠦ ᠬᠢᠨᠠᠯᠲᠠ | ᠲᠠᠯᠪᠢᠬᠤ ᠶᠢ ᠴᠢᠩᠭᠠᠷᠠᠭᠤᠯᠤᠨ᠎ᠠ᠃ ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ᠎ᠠ᠃ ᠵᠠᠰᠠᠭ ᠤᠨ ᠣᠷᠳᠣᠨ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠪᠠᠲᠤᠯᠠᠭ᠎ᠠ ᠶᠢᠨ ᠴᠢᠨᠠᠷᠲᠠᠶ | ᠪᠤᠰᠤ ᠵᠠᠷᠤᠯᠭ᠎ᠠ ᠶᠢ ᠪᠠᠭᠠᠰᠬᠠᠵᠤ᠂ ᠬᠢᠵᠠᠭᠠᠷ ᠲᠠᠢ ᠵᠣᠭᠤᠰ ᠢᠶᠠᠨ ᠣᠨᠢᠨ ᠳᠡᠭᠡᠷ᠎ᠡ ᠨᠢ ᠬᠡᠷᠡᠭᠯᠡᠬᠦ ᠶᠢ ᠪᠠᠲᠤᠯᠠᠨ᠎ᠠ᠃ | ᠲᠥᠯᠥᠭᠡᠯᠡᠭᠴᠢᠳ ᠡ᠂ ᠵᠢᠷᠤᠭ ᠲᠥᠯᠥᠪᠯᠡᠭᠡ ᠶᠢ ᠲᠥᠯᠥᠪᠯᠡᠯᠡ᠂ ᠬᠦᠰᠡᠯ ᠢᠶᠠᠨ ᠪᠡᠶᠡᠯᠡᠭᠦᠯᠬᠦ ᠳᠤ ᠰᠢᠨᠲᠠᠷᠠᠰᠢ ᠥᠬᠡᠶ ᠠᠵᠢᠯᠯᠠᠬᠤ ᠳᠤ ᠲᠦᠰᠢᠭᠯᠡᠨᠡᠮ᠃ | ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠤᠷᠢᠳᠤᠬᠢ | ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠦᠷᠭᠦᠯᠵᠢᠯᠡᠨ ᠲᠡᠮᠡᠴᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ | ᠪᠡᠶᠡᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ᠲᠦᠩᠯᠢᠶᠣᠤ ᠶᠢᠨ ᠴᠢᠨᠠᠷ ᠰᠠᠶᠢᠲᠠᠢ ᠬᠥᠭᠵᠢᠯᠲᠡ | ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠰᠦᠭᠡᠶ︕ | | ︵ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠴᠢᠭᠤᠯᠬᠤ ᠭᠡᠷ ᠣᠷᠴᠢᠭᠤᠯᠪᠠ︶ |