︽ᠣᠯᠢᠮᠫᠢᠺ ᠤᠨ ᠲᠤᠭᠠᠨ ᠤ ᠤᠷᠤᠯᠳᠤᠭᠠᠨ ᠤ ᠬᠢᠷᠢ ᠪᠦᠲᠦᠮᠵᠢ ᠶᠢ ᠨᠢᠭᠡ ᠦᠶ᠎ᠡ ᠪᠠᠭ᠎ᠠ ᠰᠤᠷᠭᠠᠭᠤᠯᠢ ᠠᠴᠠ ᠠᠩᠬ᠎ᠠ ᠲᠤᠮᠳᠠᠳᠤ ᠰᠤᠷᠭᠠᠭᠤᠯᠢ ᠳᠤ | ᠲᠡᠪᠰᠢᠬᠦ ᠳᠤ ᠯᠠᠪᠯᠠᠯᠲᠠ ᠪᠣᠯᠭᠠᠵᠤ ᠪᠠᠶᠢᠵᠠᠢ᠃ ᠤᠶᠢᠷ᠎ᠡ ᠶᠢᠨ ᠵᠢᠯ ᠤᠳ ᠲᠤ ᠬᠠᠮᠢᠶᠠᠷᠤᠯᠲᠠ ᠶᠢ ᠵᠢᠷᠤᠮᠵᠢᠭᠤᠯᠬᠤ ᠪᠠᠷ ᠲᠠᠮᠵᠢᠭᠠᠳ ᠤᠯᠢᠮᠫᠢᠺ ᠤᠨ ᠲᠤᠭᠠᠨ ᠤ | ᠤᠷᠤᠯᠳᠤᠭᠠᠨ ᠳᠤ ᠤᠷᠤᠯᠴᠠᠬᠤ ᠬᠠᠯᠠᠮᠰᠢᠯ ᠪᠠᠭᠤᠷᠠᠪᠠ᠂ ᠬᠡᠪᠡᠴᠦ ᠬᠡᠰᠡᠭ ᠬᠤᠭᠤᠴᠠᠭ᠎ᠠ ᠨᠠᠮ ᠵᠢᠮ ᠪᠣᠯᠤᠭᠰᠠᠨ ᠤ ᠳᠠᠷᠠᠭ᠎ᠠ᠂ ᠲᠠᠬᠢᠨ ᠠᠷᠭ᠎ᠠ ᠭᠡᠯᠪᠡᠷᠢ ᠪᠠᠨ | ᠦᠭᠡᠷᠡᠳᠦᠬᠦᠯᠦᠨ ᠣᠯᠢᠮᠫᠢᠺ ᠤᠨ ᠲᠤᠭᠠᠨ ᠤ ᠤᠷᠤᠯᠳᠤᠭᠠᠨ ᠵᠠᠷᠢᠮ ᠭᠠᠵᠠᠷ ᠲᠤ ᠳᠠᠬᠢᠨ ᠭᠠᠷᠴᠤ ᠢᠷᠡᠭᠰᠡᠨ ᠢᠶᠠᠷ ᠭᠡᠷ ᠤᠨ ᠠᠬᠠᠮᠠᠳ ᠤᠳ ᠬᠡᠦᠬᠡᠳ ᠲᠡᠭᠡᠨ ᠨᠡᠷ᠎ᠡ | ᠮᠡᠳᠡᠭᠦᠯᠤᠨ ᠥᠭᠴᠦ ᠪᠤᠢ᠂ ᠡᠨᠡ ᠶᠠᠪᠤᠳᠠᠯ ᠨᠢ ᠰᠠᠶ᠋ᠢᠬᠠᠨ ᠬᠡᠷᠡᠭᠵᠢᠬᠦᠯᠦᠭᠡᠳ ᠵᠢᠯ ᠭᠠᠷᠤᠶᠢᠬᠠᠨ ᠪᠤᠯᠵᠤ ᠪᠠᠶᠢᠭ᠎ᠠ ᠪᠠᠭ᠎ᠠ ᠰᠤᠷᠭᠠᠭᠤᠯᠢ ᠠᠴᠠ ᠠᠩᠬ᠎ᠠ ᠲᠤᠮᠳᠠᠳᠤ | ᠰᠤᠷᠭᠠᠭᠤᠯᠢ ᠳᠤ ᠲᠠᠪᠰᠢᠬᠦ ᠳᠤ ᠪᠦᠬᠦ ᠲᠠᠯ᠎ᠠ ᠪᠠᠷ ᠮᠠᠰᠢᠨ ᠢᠶᠠᠷ ᠨᠤᠮᠧᠷ ᠰᠤᠩᠭᠤᠬᠤ ᠲᠦᠷᠦ ᠶᠢᠨ ᠪᠤᠳᠤᠯᠭ᠎ᠠ ᠶᠢ ᠪᠠᠭ᠋ᠠᠨ ᠰᠤᠯᠠᠷᠠᠭᠤᠯᠵᠤ ᠮᠡᠳᠡᠬᠦ ᠪᠤᠯ ᠤᠤ︖ | ᠭᠡᠵᠦ ᠴᠦᠭᠡᠨ ᠪᠤᠰᠤ ᠬᠦᠮᠦᠨ ᠰᠡᠵᠢᠭᠯᠡᠵᠦ ᠪᠠᠶᠢᠨ᠎ᠠ︾᠃ ᠥᠨᠥᠳᠥᠷ ︵31 ᠤ ᠡᠳᠦᠷ︶ ᠤᠨ ᠦᠳᠡ ᠶᠢᠨ ᠡᠮᠦᠨ᠎ᠡ ᠶᠠᠪᠤᠭᠳᠠᠭᠰᠠᠨ ᠲᠥᠷᠥ ᠶᠢᠨ ᠶᠠᠪᠤᠳᠠᠯ ᠤᠨ | ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠡᠭᠦᠨ ᠤ ᠲᠤᠬᠠᠢ ᠠᠰᠠᠭᠤᠪᠠ᠃ | ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠤ ᠳᠠᠷᠤᠭ᠎ᠠ ᠯᠢᠦᠢ ᠢᠦᠢ ᠭᠠᠩ ᠬᠡᠯᠡᠬᠦ ᠳᠡᠭᠡᠨ᠄ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠢᠯᠭᠠᠬᠤ ᠦᠭᠡᠢ ᠪᠠᠷ ᠤᠶᠢᠷ᠎ᠠ ᠬᠠᠪᠢ ᠳᠤᠨᠢ ᠰᠤᠷᠭᠠᠭᠤᠯᠢ ᠳᠤ ᠣᠷᠣᠭᠤᠯᠬᠤ ᠲᠣᠭᠲᠠᠭᠠᠯ ᠪᠠ ︽ᠠᠯᠪᠠᠨ ᠠᠴᠠ ᠡᠷᠬᠢᠯᠡᠭᠰᠡᠨ ᠰᠤᠷᠭᠠᠭᠤᠯᠢ | ᠪᠠ ᠠᠷᠠᠳ ᠠᠴᠠ ᠡᠷᠬᠢᠯᠡᠭᠰᠡᠨ ᠰᠤᠷᠭᠠᠭᠤᠯᠢ ᠠᠳᠠᠯᠢ ᠠᠯᠬᠤᠮ ᠢᠶᠠᠷ ᠰᠤᠷᠤᠬᠴᠢ ᠡᠯᠰᠡᠬᠦ︾ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ | ᠳᠤᠮᠳᠠᠳᠤ ᠪᠠᠭ᠎ᠠ ᠰᠤᠷᠭᠠᠭᠤᠯᠢ ᠳᠤ ᠰᠤᠷᠤᠬᠴᠢ ᠡᠯᠰᠡᠬᠦ ᠳᠤ ᠶᠠᠮᠠᠷᠪᠠ ᠬᠡᠯᠪᠡᠷᠢ ᠶᠢᠨ ᠨᠡᠶᠢᠭᠡᠮ ᠤᠨ ᠤᠷᠤᠯᠳᠤᠭᠠᠨ ᠯᠤᠭ᠎ᠠ ᠬᠤᠯᠪᠣᠬᠤ ᠶᠢ ᠴᠢᠩᠭ᠎ᠠ ᠬᠤᠷᠢᠬᠯᠠᠵᠤ᠂ | ᠡᠨᠡᠬᠦ ᠠᠰᠢᠭ ᠲᠤᠰᠠ ᠶᠢᠨ ᠬᠡᠯᠬᠢᠶ᠎ᠡ ᠶᠢ ᠡᠷᠡᠰ ᠲᠠᠰᠤᠯᠬᠤ ᠬᠡᠷᠡᠭᠲᠡᠢ ᠬᠡᠪᠡ᠃ | ᠯᠢᠦᠢ ᠢᠦᠢ ᠭᠠᠩ ᠲᠠᠨᠢᠯᠴᠠᠭᠤᠯᠬᠤ ᠳᠠᠭᠠᠨ᠄ ᠨᠡᠶᠢᠭᠡᠮ ᠤᠨ ᠤᠷᠤᠯᠳᠤᠭᠠᠨ ᠤ ᠲᠥᠷᠥᠯ ᠵᠦᠢᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠪᠣᠯ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠶᠢᠨ ᠬᠦᠨᠳᠦ ᠳᠠᠷᠤᠭᠠᠰᠤ ᠶᠢ ᠬᠥᠩᠭᠡᠷᠡᠭᠦᠯᠬᠦ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ 2018 ᠣᠨ ᠳᠤ | ᠰᠤᠷᠭᠠᠨ ᠬᠥᠮᠦᠵᠢᠯ ᠤᠨ ᠶᠠᠮᠤᠨ ᠠᠴᠠ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠳᠤ ᠬᠠᠨᠳᠤᠭᠤᠯᠤᠭᠰᠠᠨ ᠨᠡᠶᠢᠭᠡᠮ ᠤᠨ ᠤᠷᠤᠯᠳᠤᠭᠠᠨ ᠤ | ᠬᠠᠮᠢᠶᠠᠷᠤᠯᠲᠠ ᠶᠢᠨ ᠠᠷᠭ᠎ᠠ︾ ᠶᠢ ᠲᠤᠬᠳᠠᠭᠠᠨ ᠨᠡᠶᠢᠳᠡᠯᠡᠵᠦ᠂ 2019 ᠣᠨ ᠠᠴᠠ ᠡᠬᠢᠯᠡᠨ ᠬᠢᠨᠠᠨ ᠰᠢᠯᠭᠠᠬᠤ ᠶᠢᠨ ᠬᠠᠮᠲᠤ ᠤᠷᠤᠯᠳᠤᠭᠠᠨ ᠤ ᠨᠡᠷᠡᠰ ᠢ ᠨᠡᠶᠢᠭᠡᠮ | ᠲᠠᠶᠠᠭᠠᠷ ᠲᠤ ᠨᠡᠶᠢᠳᠡᠯᠡᠵᠦ᠂ ᠤᠷᠤᠯᠳᠤᠭᠠᠨ ᠤ ᠲᠥᠷᠥᠯ ᠵᠦᠢᠯ ᠤᠨ ᠲᠤᠭ᠎ᠠ ᠶᠢ ᠴᠢᠩᠭ᠎ᠠ ᠬᠢᠵᠠᠭᠠᠷᠯᠠᠪᠠ᠃ ᠤᠤᠯ ᠤᠨ 105 ᠲᠥᠷᠥᠯ ᠪᠠᠶᠢᠬᠰᠠᠨ ᠢ 35 ᠵᠦᠢᠯ | ᠪᠤᠯᠭᠠᠨ ᠬᠠᠰᠤᠵᠠᠢ᠃ ᠡᠨᠡ ᠬᠦ ᠶᠠᠪᠤᠴᠠ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠢᠨᠵᠢᠯᠡᠭᠡᠨ ᠤ ᠲᠥᠷᠥᠯ ᠤᠨ ᠤᠷᠤᠯᠳᠤᠭᠠᠨ ᠤ ᠲᠥᠷᠥᠯ | ᠵᠦᠢᠯ ᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠵᠤ᠂ ᠬᠡᠪ ᠴᠢᠨᠠᠷ ᠤᠨ ᠰᠤᠷᠭᠠᠨ ᠬᠦᠮᠦᠵᠢᠯ ᠤᠨ ᠤᠳᠤᠷᠢᠳᠤᠮᠵᠢ ᠶᠢ ᠴᠢᠨᠠᠬᠰᠢᠳᠠ ᠲᠤᠪᠤᠶᠢᠯᠭᠠᠵᠤ᠂ ᠣᠳᠣ | ᠪᠠᠶᠢᠭ᠎ᠠ ᠲᠠᠪᠤᠨ ᠲᠥᠷᠥᠯ ᠤᠨ ᠣᠯᠢᠮᠫᠢᠺ ᠤᠨ ᠲᠤᠭᠠᠨ ᠤ ᠤᠷᠤᠯᠳᠤᠭᠠᠨ ᠢ ᠵᠥᠪᠬᠡᠨ ᠦᠨᠳᠦᠷ ᠵᠡᠷᠭᠡ ᠶᠢᠨ ᠰᠤᠷᠭᠠᠭᠤᠯᠢ ᠶᠢᠨ ᠱᠠᠲᠤᠨ ᠤ ᠰᠤᠷᠤᠭᠴᠢᠳ ᠲᠤ | ᠬᠠᠨᠳᠤᠭᠤᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠤᠭᠴᠢᠳ ᠲᠤ ᠬᠠᠨᠳᠤᠭᠤᠯᠬᠤ ᠦᠭᠡᠢ ᠪᠤᠯᠪᠠ᠃ ᠲᠡᠷᠡᠴᠢᠯᠡᠨ ᠱᠠᠩᠨᠠᠯ ᠬᠦᠷᠲᠡᠭᠰᠡᠨ | ᠬᠢᠷᠢ ᠪᠦᠲᠦᠮᠵᠢ ᠶᠢ ᠪᠠᠭᠲᠠᠭᠠᠭᠰᠠᠨ ᠶᠠᠮᠠᠷᠪᠠ ᠤᠷᠤᠯᠳᠤᠭᠠᠨ ᠤ ᠲᠥᠷᠥᠯ ᠵᠦᠢᠯ ᠢ ᠴᠥᠮ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠦᠨᠳᠦᠰᠦᠯᠡᠯ | ᠪᠣᠯᠭᠠᠵᠤ ᠪᠣᠯᠬᠤ ᠦᠭᠡᠢ ᠭᠡᠵᠦ ᠤᠨᠴᠠᠭᠠᠶᠢᠯᠠᠨ ᠴᠢᠬᠤᠯᠠᠴᠢᠯᠠᠪᠠ ᠬᠡᠵᠡᠢ᠃ | ᠯᠢᠦᠢ ᠢᠦᠢ ᠭᠠᠩ᠄ ᠳᠠᠷᠠᠭᠠᠴᠢ ᠶᠢᠨ ᠠᠯᠬᠤᠮ ᠳᠤ ᠠᠵᠢᠯ ᠤᠨ ᠡᠷᠴᠢᠮ ᠢᠶᠠᠨ ᠴᠢᠨᠠᠬᠰᠢᠳᠠ ᠴᠢᠩᠭᠠᠷᠠᠭᠤᠯᠤᠨ᠎ᠡ ᠬᠡᠵᠦ ᠬᠡᠯᠡᠪᠡ᠃ | ᠨᠢᠭᠡ ᠳᠤ ᠤᠷᠤᠯᠳᠤᠭᠠᠨ ᠤ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠤᠷᠤᠯᠳᠤᠭᠠᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠵᠢᠷᠤᠮᠵᠢᠯ | ᠪᠠ ᠡᠷᠬᠢᠯᠡᠬᠦ ᠲᠠᠯ᠎ᠠ ᠶᠢᠨ ᠠᠮᠠᠯᠠᠯᠲᠠ ᠶᠢᠨ ᠶᠣᠰᠣᠭᠠᠷ ᠤᠷᠤᠯᠳᠤᠭᠠᠨ ᠤ ᠲᠥᠷᠥᠯ ᠵᠦᠢᠯ ᠤᠨ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ | ᠤᠷᠤᠯᠳᠤᠭᠠᠨ ᠤ ᠲᠥᠷᠥᠯ ᠵᠦᠢᠯ ᠤᠨ ᠬᠠᠤᠯᠢ ᠲᠣᠭᠲᠠᠭᠠᠯ ᠶᠣᠰᠣᠭᠠᠷ ᠶᠠᠪᠤᠭᠳᠠᠬᠤ ᠶᠢ ᠪᠠᠲᠤᠯᠠᠨ᠎ᠠ︔ | ᠲᠣᠭᠲᠠᠭᠠᠯ ᠠᠴᠠ ᠵᠥᠷᠢᠴᠡᠭᠰᠡᠨ ᠤᠷᠤᠯᠳᠤᠭᠠᠨ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠢᠨᠠᠨ ᠰᠢᠯᠭᠠᠯᠲᠠ ᠶᠢ ᠥᠩᠭᠡᠷᠡᠭᠡᠭᠰᠡᠨ ᠦᠭᠡᠢ ᠤᠷᠤᠯᠳᠤᠭᠠᠨ ᠤ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠨᠢᠭᠡ ᠶᠢ ᠣᠯᠵᠤ ᠮᠡᠳᠡᠪᠡᠯ ᠨᠢᠭᠡ ᠶᠢ ᠨᠢ ᠪᠠᠶᠢᠴᠠᠭᠠᠨ ᠰᠢᠢᠳᠪᠦᠷᠢᠯᠡᠵᠦ᠂ ᠳᠤᠮᠳᠠᠳᠤ ᠪᠠᠭ᠎ᠠ | ᠰᠤᠷᠭᠠᠭᠤᠯᠢ᠂ ᠨᠡᠶᠢᠭᠡᠮ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠵᠤ ᠲᠣᠭᠲᠠᠭᠠᠯ ᠠᠴᠠ | ᠵᠥᠷᠢᠴᠡᠨ ᠤᠷᠤᠯᠳᠤᠭᠠᠨ ᠳᠤ ᠣᠷᠣᠯᠴᠠᠭᠤᠯᠬᠤ ᠶᠢ ᠡᠷᠡᠰ ᠬᠤᠷᠢᠬᠯᠠᠨ᠎ᠠ︔ | ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠬᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠠᠯᠪᠠᠨ ᠠᠴᠠ | ᠡᠷᠬᠢᠯᠡᠭᠰᠡᠨ ᠰᠤᠷᠭᠠᠭᠤᠯᠢ ᠪᠠ ᠠᠷᠠᠳ ᠠᠴᠠ ᠡᠷᠬᠢᠯᠡᠭᠰᠡᠨ ᠰᠤᠷᠭᠠᠭᠤᠯᠢ ᠠᠳᠠᠯᠢ ᠠᠯᠬᠤᠮ ᠢᠶᠠᠷ ᠰᠤᠷᠤᠬᠴᠢ ᠡᠯᠰᠡᠬᠦ︾ ᠲᠥᠷᠥ ᠶᠢᠨ ᠪᠣᠳᠣᠯᠭ᠎ᠠ ᠶᠢ ᠡᠷᠡᠰ ᠭᠤᠢᠪᠢᠰᠢ | ᠦᠭᠡᠢ ᠪᠠᠷ ᠬᠡᠷᠡᠭᠵᠢᠭᠦᠯᠵᠦ᠂ ᠶᠠᠮᠠᠷᠴᠤ ᠬᠤᠪᠢᠷᠠᠯᠳᠠ ᠭᠠᠷᠭᠠᠬᠤ ᠦᠭᠡᠢ᠃ | ︽ᠨᠡᠶᠢᠭᠡᠮ ᠤᠨ ᠡᠯ᠎ᠡ ᠡᠲᠡᠭᠡᠳ ᠪᠣᠯᠤᠨ ᠵᠠᠭᠤᠴᠢᠯᠠᠭᠤᠷ ᠤᠨ ᠨᠠᠶᠢᠵᠠ ᠨᠠᠷ᠂ ᠥᠷᠭᠡᠨ ᠣᠯᠠᠨ ᠭᠡᠷ ᠤᠨ ᠠᠬᠠᠮᠠᠳ ᠤᠳ ᠬᠢᠨᠠᠯᠲᠠ ᠲᠠᠯᠪᠢᠵᠤ᠂ ᠪᠢᠳᠡ ᠬᠠᠮᠳᠤ | ᠪᠠᠷ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠢ ᠶᠢ ᠬᠠᠮᠠᠭᠠᠯᠠᠬᠤ ᠶᠢ ᠬᠦᠰᠡᠵᠦ ᠪᠠᠶᠢᠨ᠎ᠠ︾ ᠬᠡᠵᠦ ᠯᠢᠦᠢ ᠢᠦᠢ ᠭᠠᠩ ᠬᠡᠯᠡᠪᠡ᠃ |