| ᠲᠦᠩᠯᠢᠶᠣᠣ ᠵᠠᠰᠠᠭ ᠲᠠᠷᠬᠠᠭᠠᠭᠰᠠᠨ ﹇2022﹈ 85 ᠳ᠋ᠤᠭᠠᠷ ᠲᠣᠭᠠᠲᠤ | | | ᠮᠠᠨ ᠤ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠣᠬᠠᠢ ᠲᠦᠩᠯᠢᠶᠣᠤ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ | | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠬᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠦᠷᠢᠮ︾ ︽ | ᠲᠦᠩᠯᠢᠶᠣᠤ ᠬᠤᠲᠠ ᠶᠢᠨ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ | ᠲᠠᠷᠬᠠᠭᠠᠬᠤ ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠲᠦᠩᠯᠢᠶᠣᠣ ᠵᠠᠰᠠᠭ ᠲᠠᠷᠬᠠᠭᠠᠭᠰᠠᠨ ﹇2014﹈ 142 | ᠳ᠋ᠤᠭᠠᠷ ᠲᠣᠭᠠᠲᠤ︶ ᠪᠣᠯᠤᠨ ᠬᠠᠮᠢᠶ᠎ᠠ ᠪᠥᠬᠦᠶ ᠲᠥᠬᠦᠷ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠡᠮᠴᠢᠯᠡᠭᠡ ᠶᠢᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠠ᠄ | | ᠨᠢᠭᠡ᠂ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠢ ᠲᠣᠬᠢᠷᠠᠭᠤᠯᠪᠡ | | ︵ᠨᠢᠭᠡ︶ ᠳᠠᠭᠠᠳᠬᠠᠯ ᠳᠤ ᠣᠷᠣᠯᠴᠠᠭᠰᠠᠳ ᠳᠠᠭᠠᠳᠬᠠᠯ ᠳᠤ ᠣᠷᠣᠯᠴᠠᠭᠰᠠᠨ ᠭᠠᠵᠠᠷ ᠠᠴᠠ ᠭᠠᠳᠠᠨᠠᠬᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ | ᠪᠤᠰᠤᠳ ᠨᠢᠭᠡᠳᠦᠯᠲᠡᠶ ᠲᠥᠯᠥᠪᠯᠡᠬᠦ ᠣᠷᠣᠨ ᠤ ᠣᠨᠳᠣᠤ ᠭᠠᠵᠠᠷ ᠤᠨ ᠲᠣᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠬᠦ ᠦᠶ᠎ᠡ ᠳᠤ᠂ ᠳᠠᠭᠠᠳᠬᠠᠯ ᠳᠤ | ᠣᠷᠣᠯᠴᠠᠭᠰᠠᠨ ᠭᠠᠵᠠᠷ ᠤᠨ ᠠᠳᠠᠯᠢ ᠲᠠᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ︵ᠬᠤᠶᠠᠷ︶ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠬᠥᠮᠦᠰ ᠤᠨ ᠣᠨᠳᠣᠤ ᠭᠠᠵᠠᠷ ᠤᠨ ᠡᠮᠨᠡᠯᠭᠡ ᠳᠤ ᠰᠠᠭᠤᠵᠣ ᠡᠮᠨᠡᠭᠦᠯᠦᠭᠰᠡᠨ | ᠵᠠᠷᠤᠳᠠᠯ ᠢ ᠳᠣᠤᠷᠠᠬᠢ ᠲᠣᠭᠲᠠᠭᠠᠯ ᠶᠣᠰᠣᠭᠠᠷ ᠰᠠᠭᠤᠯᠭᠠᠨ ᠬᠠᠰᠤᠭᠰᠠᠨ ᠤ ᠳᠠᠷᠠᠭ᠎ᠠ ᠳᠥᠯᠥᠨ᠎ᠡ᠄ | ᠣᠨᠳᠣᠤ ᠭᠠᠵᠠᠷ ᠲᠤ ᠡᠮᠨᠡᠭᠦᠯᠬᠦ ᠪᠠᠷ ᠳᠠᠩᠰᠠᠯᠠᠭᠤᠯᠬᠤ ᠭᠠᠷᠳᠠᠮ ᠭᠦᠢᠴᠡᠳᠭᠡᠭᠰᠡᠨ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠡᠯ᠎ᠡ ᠬᠡᠰᠡᠭ ᠬᠤᠪᠢᠶᠠᠭᠰᠠᠨ ᠲᠠᠩᠰᠠ ᠲᠠᠶᠢᠯᠬᠤ ᠬᠠᠷᠢᠴᠠᠯ ᠢ 10 ᠬᠤᠪᠢ ᠪᠠᠭᠤᠷᠠᠭᠤᠯᠤᠨ᠎ᠠ︔ ᠣᠨᠳᠣᠣ ᠭᠠᠵᠠᠷ ᠲᠤ ᠡᠮᠨᠡᠭᠦᠯᠬᠦ ᠪᠠᠷ | ᠳᠠᠩᠰᠠᠯᠠᠭᠤᠯᠬᠤ ᠭᠠᠷᠳᠠᠮ ᠭᠦᠢᠴᠡᠳᠬᠡᠭᠰᠡᠨ ᠦᠭᠡᠢ ᠪᠠᠶᠢᠪᠠᠯ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠯ᠎ᠡ ᠬᠡᠰᠡᠭ ᠬᠤᠪᠢᠶᠠᠭᠰᠠᠨ ᠲᠠᠩᠰᠠ ᠲᠠᠶᠢᠯᠬᠤ | ᠬᠠᠷᠢᠴᠠᠯ ᠢ 15 ᠬᠤᠪᠢ ᠪᠠᠭᠤᠷᠠᠭᠤᠯᠤᠨ᠎ᠠ᠃ | ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠳ ᠤᠨ | ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ ᠤᠨ ᠬᠡᠰᠡᠭ ᠬᠤᠪᠢᠶᠠᠭᠰᠠᠨ ᠲᠠᠩᠰᠠ ᠲᠠᠶᠢᠯᠬᠤ ᠬᠠᠷᠢᠴᠠᠯ ᠢ ᠪᠠᠭᠤᠷᠠᠭᠤᠯᠵᠤ᠂ ᠲᠣᠰ ᠲᠣᠰ ᠡᠬᠢᠯᠡᠵᠦ ᠳᠥᠯᠥᠬᠦ | ᠲᠤᠭ᠎ᠠ ᠠᠴᠠ 3 ᠲᠦᠮᠡᠨ ᠲᠥᠭᠦᠷᠢᠭ ᠤᠨ ᠲᠠᠩᠰᠠ ᠲᠠᠶᠢᠯᠬᠤ ᠬᠠᠷᠢᠴᠠᠯ 60%᠂ 3 ᠲᠦᠮᠡᠨ ᠲᠥᠭᠦᠷᠢᠭ ᠠᠴᠠ 5 ᠲᠦᠮᠡᠨ ᠲᠥᠭᠦᠷᠢᠭ ᠤᠨ ᠲᠠᠩᠰᠠ ᠲᠠᠶᠢᠯᠬᠤ | ᠬᠠᠷᠢᠴᠠᠯ 65%᠂ 5 ᠲᠦᠮᠡᠨ ᠲᠥᠭᠦᠷᠢᠭ ᠠᠴᠠ 8 ᠲᠦᠮᠡᠨ ᠲᠥᠭᠦᠷᠢᠭ ᠤᠨ ᠲᠠᠩᠰᠠ ᠲᠠᠶᠢᠯᠬᠤ ᠬᠠᠷᠢᠴᠠᠯ 75%᠂ 8 ᠲᠦᠮᠡᠨ ᠲᠥᠭᠦᠷᠢᠭ ᠠᠴᠠ ᠳᠡᠭᠡᠭᠰᠢᠬᠢ | ᠲᠠᠩᠰᠠ ᠲᠠᠶᠢᠯᠬᠤ ᠬᠠᠷᠢᠴᠠᠯ 85% ᠪᠣᠯᠤᠨ᠎ᠠ᠃ | ︵ᠭᠤᠷᠪᠠ︶ ᠣᠨᠳᠣᠤ ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠪᠠᠭᠤᠵᠤ ᠠᠮᠠᠷᠠᠭᠰᠠᠳ᠂ ᠣᠨᠳᠣᠤ ᠭᠠᠵᠠᠷ ᠲᠤ ᠣᠷᠳᠣ ᠬᠤᠭᠤᠴᠠᠭ᠎ᠠ ᠪᠠᠷ | ᠰᠠᠭᠤᠷᠢᠰᠢᠭᠰᠠᠨ ᠬᠥᠮᠦᠰ᠂ ᠣᠨᠳᠣᠤ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠪᠠᠶᠢᠩᠭᠤ ᠰᠠᠭᠤᠭ᠎ᠠ ᠭᠠᠵᠠᠷ ᠤᠨ ᠳᠣᠭᠳᠠᠭᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠡᠮᠨᠡᠭᠦᠯᠬᠦ ᠦᠶ᠎ᠡ ᠳᠤ᠂ ᠳᠠᠭᠠᠳᠬᠠᠯ ᠳᠤ ᠣᠷᠣᠯᠴᠠᠭᠰᠠᠨ ᠭᠠᠵᠠᠷ ᠤᠨ ᠠᠳᠠᠯᠢ ᠲᠠᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | | ᠬᠤᠶᠠᠷ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢᠶᠠᠷ ᠡᠮᠨᠡᠯᠭᠡ ᠳᠤ ᠰᠠᠭᠤᠬᠤ ᠲᠦᠷᠥ ᠶᠢᠨ ᠪᠣᠳᠣᠯᠭ᠎ᠠ ᠶᠢ | ᠲᠣᠬᠢᠷᠠᠭᠤᠯᠪᠡ | | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︶ ᠶᠢᠨ ᠡᠮᠨᠡᠯᠭᠡ ᠳᠤ | ᠰᠠᠭᠤᠬᠤ ᠲᠦᠷᠥ ᠶᠢᠨ ᠪᠣᠳᠣᠯᠭ᠎ᠠ ᠶᠢ ᠲᠣᠬᠢᠷᠠᠭᠤᠯᠪᠠ᠃ ᠡᠬᠢᠯᠡᠨ ᠳᠥᠯᠥᠬᠦ ᠪᠠᠷᠢᠮᠵᠢᠶ᠎ᠠ ᠶᠢ 300 ᠲᠥᠭᠦᠷᠢᠭ ᠪᠠᠶᠢᠭᠰᠠᠨ ᠠᠴᠠ 200 ᠲᠥᠭᠦᠷᠢᠭ ᠪᠣᠯᠭᠠᠨ | ᠪᠠᠭᠤᠷᠠᠭᠤᠯᠵᠤ᠂ ᠡᠮᠨᠡᠯᠭᠡ ᠳᠤ ᠰᠠᠭᠤᠭᠰᠠᠨ ᠵᠠᠷᠤᠳᠠᠯ ᠢ 1.5 ᠲᠦᠮᠡᠨ ᠲᠥᠭᠦᠷᠢᠭ ︵1.5 ᠲᠦᠮᠡᠨ ᠲᠥᠭᠦᠷᠢᠭ ᠪᠠᠭᠲᠠᠨ᠎ᠠ︶ ᠠᠴᠠ ᠪᠠᠭ᠎ᠠ ᠲᠠᠩᠰᠠ ᠲᠠᠶᠢᠯᠬᠤ | ᠪᠠᠷᠢᠮᠵᠢᠶ᠎ᠠ ᠶᠢ 80% ᠪᠠᠶᠢᠭᠰᠠᠨ ᠠᠴᠠ 90% ᠪᠣᠯᠭᠠᠨ ᠳᠡᠭᠡᠭᠰᠢᠯᠡᠭᠦᠯᠦᠨ᠎ᠡ᠃ | | ᠭᠤᠷᠪᠠ᠂ ᠬᠥᠮᠦᠨ ᠬᠡᠷᠡᠭᠯᠡᠬᠦ ᠨᠢᠭᠡᠴᠡ ᠶᠢᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠬᠠᠷᠢᠴᠠᠯ ᠢ | ᠲᠣᠬᠢᠷᠠᠭᠤᠯᠪᠠ | | | ᠬᠥᠮᠦᠨ ᠬᠡᠷᠡᠭᠯᠡᠬᠦ ᠨᠢᠭᠡᠴᠡ ᠶᠢᠨ ᠲᠦᠩᠯᠢᠶᠣᠤ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ | ᠲᠤᠰᠢᠶᠠᠬᠤ ᠬᠠᠷᠢᠴᠠᠯ ᠢ 0.5 ᠬᠤᠪᠢ ᠪᠠᠭᠤᠷᠠᠭᠤᠯᠵᠤ᠂ 8% ᠪᠠᠶᠢᠭᠰᠠᠨ ᠠᠴᠠ 7.5% ᠪᠣᠯᠭᠠᠨ ᠳᠣᠭᠢᠷᠠᠭᠤᠯᠤᠨ᠎ᠠ ︵ᠡᠭᠦᠨ ᠳᠤ ᠬᠥᠮᠦᠨ ᠬᠡᠷᠡᠭᠯᠡᠬᠦ | ᠨᠢᠭᠡᠴᠡ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠬᠠᠷᠢᠴᠠᠯ ᠢ 7% ᠪᠣᠯᠭᠠᠨ ᠳᠣᠭᠢᠷᠠᠭᠤᠯᠵᠤ᠂ ᠬᠥᠮᠦᠨ ᠬᠡᠷᠡᠭᠯᠡᠬᠦ | ᠨᠢᠭᠡᠴᠡ ᠶᠢᠨ ᠦᠷᠡᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠬᠠᠷᠢᠴᠠᠯ ᠢ ᠮᠥᠨ 0.5% ᠪᠠᠷ ᠬᠡᠷᠡᠭᠵᠢᠭᠦᠯᠦᠨ᠎ᠡ︶᠃ ᠨᠡᠶᠢᠭᠡᠮ ᠤᠨ ᠨᠢᠭᠡᠳᠦᠯ ᠲᠠᠢ | ᠲᠦᠯᠦᠪᠯᠡᠬᠦ ᠪᠠ ᠬᠤᠪᠢ ᠬᠦᠮᠦᠨ ᠤ ᠲᠠᠩᠰᠠ ᠶᠢ ᠤᠶᠠᠯᠳᠤᠭᠤᠯᠤᠭᠰᠠᠨ ︵ᠲᠠᠪᠣᠨ ᠲᠦᠷᠦᠯ ᠤᠨ ᠳᠠᠭᠠᠳᠬᠠᠯ︶ ᠠᠮᠢᠳᠤᠯᠢᠭ ᠢᠶᠠᠷ ᠠᠵᠢᠯ ᠣᠯᠤᠭᠰᠠᠳ ᠲᠤ ᠳᠡᠭᠡᠷ᠎ᠡ | ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠢᠰᠲ᠋ᠧᠮ ᠤᠨ ᠬᠤᠲᠠ ᠪᠠᠯᠭᠠᠰᠤ ᠶᠢᠨ ᠨᠢᠭᠡᠴᠡ ᠶᠢᠨ ᠠᠵᠢᠯ ᠣᠯᠤᠭᠰᠠᠳ ᠤᠨ ᠳᠤᠮᠳᠠᠴᠢ ᠴᠠᠯᠢᠩ ᠤᠨ 9% ᠪᠠᠷ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠲᠤᠰᠢᠶᠠᠨ᠎ᠠ᠃ | | ᠳᠥᠷᠪᠡ᠂ ᠬᠤᠲᠠ ᠶᠢᠨ ᠳᠣᠲᠣᠷᠠᠬᠢ ᠬᠤᠤᠰ ᠴᠢᠭᠯᠡᠯ ᠢᠶᠠᠷ ᠡᠮᠨᠡᠯᠭᠡ ᠰᠣᠯᠢᠬᠤ ᠶᠢ ᠠᠬᠢᠭᠤᠯᠪᠠ | | | ᠳᠠᠭᠠᠳᠬᠠᠯ ᠳᠤ ᠣᠷᠣᠯᠴᠠᠭᠰᠠᠳ ᠡᠮᠨᠡᠯᠭᠡ ᠳᠤ ᠰᠠᠭᠤᠵᠤ ᠡᠮᠨᠡᠭᠦᠯᠦᠭᠰᠡᠨ ᠪᠠᠶᠢᠪᠠᠯ᠂ ᠲᠦᠩᠯᠢᠶᠣᠤ ᠬᠤᠲᠠ ᠶᠢᠨ ᠨᠢᠭᠡᠳᠦᠯᠲᠡᠶ ᠲᠥᠯᠥᠪᠯᠡᠬᠦ ᠣᠷᠣᠨ ᠤ | ᠳᠣᠲᠣᠷᠠᠬᠢ ᠲᠣᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣ ᠡᠮᠨᠡᠯᠭᠡ ᠰᠣᠯᠢᠵᠣ ᠰᠢᠯᠵᠢᠨ ᠡᠮᠨᠡᠯᠭᠡ ᠳᠤ ᠰᠠᠭᠤᠭᠰᠠᠨ ᠪᠠᠶᠢᠪᠠᠯ᠂ ᠨᠢᠭᠡ ᠯᠡ | ᠤᠳᠠᠭ᠎ᠠ ᠡᠮᠨᠡᠯᠭᠡ ᠳᠤ ᠰᠠᠭᠤᠭᠰᠠᠨ ᠢᠶᠠᠷ ᠰᠢᠢᠳᠪᠦᠷᠢᠯᠡᠨ᠎ᠡ᠂ ᠰᠢᠯᠵᠢᠨ ᠰᠠᠭᠤᠭᠰᠠᠨ ᠡᠮᠨᠡᠯᠭᠡ ᠶᠢᠨ ᠬᠤᠷᠢᠶ᠎ᠠ ᠡᠬᠢᠯᠡᠨ ᠳᠥᠯᠥᠬᠦ ᠪᠠᠷᠢᠮᠵᠢᠶ᠎ᠠ ᠶᠢ ᠳᠠᠭᠢᠵᠤ ᠲᠣᠭᠲᠠᠭᠠᠬᠤ | ᠥᠬᠡᠶ ︵ᠡᠪᠡᠳᠴᠢᠲᠡᠨ ᠤ ᠡᠮᠨᠡᠯᠭᠡ ᠠᠴᠠ ᠰᠢᠯᠵᠢᠨ ᠭᠠᠷᠴᠣ ᠪᠣᠰᠣᠳ ᠡᠮᠨᠡᠯᠭᠡ ᠳᠤ ᠰᠢᠯᠵᠢᠨ ᠰᠠᠭᠤᠬᠤ ᠬᠦᠴᠦᠨ ᠲᠠᠢ ᠬᠤᠭᠤᠴᠠᠭ᠎ᠠ 2 ᠬᠤᠨᠤᠭ ᠪᠣᠯᠤᠨ᠎ᠠ︶᠃ | ᠳᠡᠭᠡᠷᠡᠬᠢ ᠲᠥᠷᠥ ᠶᠢᠨ ᠪᠣᠳᠣᠯᠭ᠎ᠠ ᠶᠢ 2022 ᠣᠨ ᠤ 7 ᠳ᠋ᠣᠭᠠᠷ ᠰᠠᠷ᠎ᠠ ᠶᠢᠨ 1 ᠠᠴᠠ ᠡᠬᠢᠯᠡᠵᠦ ᠬᠡᠷᠡᠭᠵᠢᠭᠦᠯᠦᠨ᠎ᠡ᠂ ᠡᠭᠦᠨ ᠠᠴᠠ ᠡᠮᠦᠨ᠎ᠡ ᠨᠡᠶᠢᠲᠡᠯᠡᠭᠰᠡᠨ | ᠲᠣᠭᠲᠠᠭᠠᠯ ᠨᠢ ᠬᠡᠷᠪᠡ ᠲᠣᠰ ᠮᠡᠳᠡᠭᠳᠡᠯ ᠲᠠᠢ ᠬᠠᠷᠰᠢᠯᠳᠤᠪᠠᠯ᠂ ᠲᠣᠰ ᠮᠡᠳᠡᠭᠳᠡᠯ ᠤᠨ ᠶᠣᠰᠣᠭᠠᠷ ᠬᠡᠷᠡᠭᠵᠢᠭᠦᠯᠦᠨ᠎ᠡ᠃ | | | 2022 ᠣᠨ ᠤ 6 ᠳ᠋ᠤᠭᠠᠷ ᠰᠠᠷ᠎ᠠ ᠶᠢᠨ 23 | | | |