| ᠲᠦᠩᠯᠢᠶᠣᠣ ᠵᠠᠰᠠᠭ ᠦᠰᠦᠭ ﹇2022﹈ 45 ᠳ᠋ᠤᠭᠠᠷ ᠲᠣᠭᠠᠲᠤ | | | ᠲᠦᠩᠯᠢᠶᠣᠤ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠲᠡᠳᠬᠦᠬᠦ ᠠᠷᠭ᠎ᠠ ︵ᠵᠠᠰᠠᠪᠤᠷᠢ | ᠣᠷᠣᠭᠤᠯᠣᠭᠰᠠᠨ︶ ᠶᠢᠨ ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠬᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | | | ︽ᠲᠦᠩᠯᠢᠶᠣᠤ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠲᠡᠳᠬᠦᠬᠦ ᠠᠷᠭ᠎ᠠ ︵ᠵᠠᠰᠠᠪᠤᠷᠢ | ᠣᠷᠣᠭᠤᠯᠤᠭᠰᠠᠨ︶︾ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠵᠤ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | | | 2022 ᠣᠨ ᠤ 6 ᠳ᠋ᠣᠭᠠᠷ ᠰᠠᠷ᠎ᠠ ᠶᠢᠨ 16 | | | | ᠲᠦᠩᠯᠢᠶᠣᠤ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠣ ᠣᠯᠠᠮᠵᠢᠯᠠᠨ ᠵᠠᠯᠭᠠᠮᠵᠢᠯᠠᠬᠤ ᠶᠢ ᠲᠡᠳᠬᠦᠬᠦ ᠠᠷᠭ᠎ᠠ ︵ᠵᠠᠰᠠᠪᠤᠷᠢ | ᠣᠷᠣᠭᠤᠯᠤᠭᠰᠠᠨ︶ | | | ᠨᠢᠭᠡᠳᠦᠭᠡᠷ ᠪᠦᠯᠦᠭ ᠶᠡᠷᠦᠩᠬᠡᠢ ᠲᠦᠷᠢᠮ | | | ᠨᠢᠭᠡᠳᠦᠭᠡᠷ ᠵᠣᠷᠪᠣᠰ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠷᠢᠮ︾ ᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠪᠥᠬᠦ ᠬᠤᠳᠠ ᠶᠢᠨ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠮᠠᠨ ᠤ ᠬᠤᠳᠠ ᠶᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠣᠷᠪᠣᠰ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠡᠶᠢᠭᠡᠮ ᠵᠢᠷᠤᠮ ᠤᠨ | ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ ︽ᠬᠠᠮᠠᠭᠠᠯᠠᠬᠤ ᠪᠠᠷ ᠭᠤᠣᠯ ᠪᠣᠯᠭᠠᠬᠤ᠂ ᠠᠪᠤᠷᠠᠬᠤ ᠶᠢ ᠲᠡᠷᠢᠭᠦᠨ ᠳᠤ ᠲᠠᠯᠪᠢᠬᠤ᠂ | ᠵᠣᠬᠢᠰᠲᠠᠶ ᠠᠰᠢᠭᠯᠠᠬᠤ᠂ ᠤᠯᠠᠮᠵᠢᠯᠠᠨ ᠬᠥᠭᠵᠢᠭᠦᠯᠬᠦ︾ ᠴᠢᠭᠯᠡᠯᠲᠡ ᠶᠢ ᠲᠤᠤᠱᠯᠠᠭᠤᠯᠵᠤ᠂ ᠬᠠᠤᠯᠢ ᠶᠣᠰᠣᠭᠠᠷ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ | ᠤᠯᠠᠮᠵᠢᠯᠠᠨ ᠵᠠᠯᠭᠠᠮᠵᠢᠯᠠᠬᠤ ᠵᠠᠷᠴᠢᠮ ᠢ ᠪᠠᠷᠢᠮᠲᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ᠂ | ᠤᠯᠠᠮᠵᠢᠯᠠᠨ ᠵᠠᠯᠭᠠᠮᠵᠢᠯᠠᠬᠤ ᠰᠠᠭᠤᠷᠢᠨ᠂ ᠤᠯᠠᠮᠵᠢᠯᠠᠨ ᠰᠤᠷᠭᠠᠬᠤ ᠭᠠᠵᠠᠷ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ ᠦᠢᠯᠡᠳᠬᠡᠯ ᠤᠨ ᠭᠠᠵᠠᠷ᠂ | ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠬᠠᠮᠢᠶ᠎ᠠ ᠪᠥᠬᠦᠶ ᠰᠣᠶᠣᠯ ᠵᠢᠭᠤᠯᠴᠢᠯᠠᠯ ᠢ | ᠠᠭᠤᠰᠤᠯᠴᠠᠭᠤᠯᠬᠤ ᠲᠥᠷᠥᠯ ᠵᠦᠢᠯ ᠢ ᠲᠡᠳᠬᠦᠨ ᠳᠡᠮᠵᠢᠵᠦ᠂ ᠨᠢᠭᠡ ᠪᠦᠯᠦᠭ ᠴᠢᠬᠤᠯᠠ ᠵᠢᠱᠢᠶ᠎ᠡ ᠦᠵᠡᠭᠦᠯᠬᠦ᠂ ᠬᠥᠲᠥᠯᠦᠨ ᠵᠢᠯᠣᠭᠤᠳᠬᠤ᠂ ᠳᠠᠶᠢᠴᠢᠯᠠᠬᠤ | ᠦᠢᠯᠡᠳᠦᠯ ᠲᠠᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠬᠠᠮᠠᠭᠠᠯᠠᠨ ᠤᠯᠠᠮᠵᠢᠯᠠᠨ᠎ᠠ᠃ | ᠭᠤᠷᠪᠠᠳᠤᠭᠠᠷ ᠵᠣᠷᠪᠣᠰ ᠬᠤᠳᠠ ᠶᠢᠨ ᠵᠠᠰᠠᠭ ᠤᠨ ᠣᠷᠳᠣᠨ ᠵᠢᠯ ᠪᠦᠷᠢ ᠡᠳ᠋ ᠤᠨ ᠵᠠᠰᠠᠭ ᠤᠨ ᠲᠥᠰᠦᠪ ᠲᠤ 200 ᠲᠦᠮᠡᠨ ᠲᠥᠭᠦᠷᠢᠭ ᠣᠷᠣᠭᠤᠯᠵᠤ᠂ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ ᠳᠤ ᠲᠤᠰᠬᠠᠶ ᠬᠡᠷᠡᠭᠯᠡᠨ᠎ᠡ᠃ | | ᠬᠤᠶᠠᠳᠤᠭᠠᠷ ᠪᠦᠯᠦᠭ ᠲᠡᠳᠬᠦᠨ ᠳᠡᠮᠵᠢᠬᠦ ᠬᠦᠷᠢᠶ᠎ᠡ ᠬᠡᠪᠴᠢᠶ᠎ᠡ | | | ᠳᠥᠷᠪᠡᠳᠦᠭᠡᠷ ᠵᠣᠷᠪᠣᠰ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ᠂ ᠤᠯᠠᠮᠵᠢᠯᠠᠨ ᠵᠠᠯᠭᠠᠮᠵᠢᠯᠠᠬᠤ ᠳᠠᠭᠠᠨ ᠲᠡᠭᠦᠨ ᠤ ᠲᠥᠯᠥᠭᠡᠯᠡᠬᠦ ᠴᠢᠨᠠᠷᠲᠠᠶ | ᠲᠥᠷᠥᠯ ᠵᠦᠢᠯ ᠤᠨ ᠤᠷ᠎ᠠ ᠮᠡᠷᠭᠡᠵᠢᠯ ᠢ ᠪᠣᠯᠪᠠᠰᠤᠷᠠᠩᠭᠤᠶ ᠡᠵᠡᠮᠰᠢᠵᠦ᠂ ᠲᠤᠰ ᠬᠦᠷᠢᠶ᠎ᠡ ᠪᠤᠶᠤ ᠣᠷᠣᠨ ᠪᠦᠰᠡ ᠶᠢᠨ ᠳᠣᠲᠣᠷ᠎ᠠ ᠤᠯᠠᠨ ᠳᠤ ᠮᠡᠳᠡᠷᠡᠭᠳᠡᠭᠰᠡᠨ | ᠲᠥᠯᠥᠭᠡᠯᠡᠬᠦ ᠴᠢᠨᠠᠷ ᠪᠠ ᠨᠥᠯᠥᠭᠡᠯᠡᠬᠦ ᠬᠦᠴᠦᠨ ᠲᠠᠢ᠂ ᠲᠤᠰ ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ | ᠶᠠᠪᠣᠴᠠ ᠳᠤ ᠭᠤᠣᠯᠯᠠᠬᠤ ᠦᠢᠯᠡᠳᠦᠯ ᠲᠠᠢ ᠪᠠᠶᠢᠵᠤ᠂ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠵᠠᠯᠭᠠᠮᠵᠢᠯᠠᠭᠴᠢ ᠴᠢᠳᠠᠪᠤᠷᠢᠲᠠᠨ ᠢ | ᠬᠥᠮᠦᠵᠢᠭᠦᠯᠦᠨ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ ᠤᠯᠤᠰ ᠢᠶᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠮᠣᠷᠠᠯ ᠤᠷᠠᠯᠢᠭ ᠢ | ᠬᠤᠣᠰᠯᠠᠭᠤᠯᠵᠤ᠂ ᠵᠢᠱᠢᠶ᠎ᠡ ᠦᠵᠡᠭᠦᠯᠬᠦ᠂ ᠬᠥᠲᠥᠯᠥᠨ ᠵᠢᠯᠣᠭᠤᠳᠬᠤ᠂ ᠳᠠᠶᠢᠴᠢᠯᠠᠬᠤ ᠴᠢᠬᠤᠯᠠ ᠦᠢᠯᠡᠳᠦᠯ ᠢ ᠪᠠᠳᠠᠷᠠᠭᠤᠯᠤᠭᠰᠠᠨ ᠬᠤᠳᠠ ᠶᠢᠨ ᠲᠡᠰ ᠠᠴᠠ | ᠳᠡᠭᠡᠭᠰᠢᠬᠢ ︵ᠬᠤᠳᠠ ᠶᠢᠨ ᠲᠡᠰ ᠢ ᠪᠠᠭᠲᠠᠭᠠᠨ᠎ᠠ︶ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ | ᠬᠥᠮᠦᠵᠢᠭᠦᠯᠦᠨ᠎ᠡ᠃ | ᠲᠠᠪᠤᠳᠤᠭᠠᠷ ᠵᠣᠷᠪᠣᠰ ᠬᠠᠮᠠᠭᠠᠯᠠᠬᠤ ᠤᠯᠠᠮᠵᠢᠯᠠᠨ ᠵᠠᠯᠭᠠᠮᠵᠢᠯᠠᠬᠤ ᠠᠵᠢᠯ ᠤᠨ ᠳᠤᠮᠳᠠ ᠴᠢᠬᠤᠯᠠ ᠦᠢᠯᠡᠳᠦᠯ ᠪᠠᠳᠠᠷᠠᠭᠤᠯᠵᠤ᠂ ᠥᠷᠭᠡᠨ ᠳᠡᠯᠭᠡᠷ | ᠨᠥᠯᠥᠭᠡ ᠲᠠᠢ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ᠂ ᠬᠤᠲᠠ ᠶᠢᠨ ᠲᠡᠰ ᠵᠢᠴᠢ ᠲᠡᠭᠦᠨ ᠠᠴᠠ ᠳᠡᠭᠡᠭᠰᠢᠬᠢ ᠤᠯᠠᠮᠵᠢᠯᠠᠨ ᠵᠠᠯᠭᠠᠮᠵᠢᠯᠠᠬᠤ | ᠰᠠᠭᠤᠷᠢᠨ᠂ ᠤᠯᠠᠮᠵᠢᠯᠠᠨ ᠰᠣᠷᠭᠠᠬᠤ ᠭᠠᠵᠠᠷ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ ᠦᠢᠯᠡᠳᠬᠡᠯ ᠤᠨ ᠭᠠᠵᠠᠷ᠃ | ᠵᠢᠷᠭᠤᠳᠤᠭᠠᠷ ᠵᠣᠷᠪᠣᠰ ᠦᠨ᠎ᠡ ᠦᠷᠳᠡᠭ ᠲᠠᠢ ᠪᠣᠳᠠᠰ ᠤᠨ ᠪᠤᠰᠤ ᠰᠣᠶᠣᠯ ᠤᠨ ᠥᠪ ᠤᠨ ᠬᠤᠯᠪᠣᠭᠳᠠᠯ ᠪᠦᠬᠦᠢ ᠪᠣᠳᠠᠲᠤ ᠶᠠᠭᠤᠮ᠎ᠠ᠂ ᠮᠠᠲ᠋ᠧᠷᠢᠶᠠᠯ | ᠴᠤᠭᠯᠠᠭᠤᠯᠵᠤ᠂ ᠵᠣᠬᠢᠬᠤ ᠤᠯᠠᠮᠵᠢᠯᠠᠨ ᠵᠠᠯᠭᠠᠮᠵᠢᠯᠠᠬᠤ ᠦᠨ᠎ᠡ ᠦᠷᠳᠡᠭ ᠲᠠᠢ ᠲᠤᠯᠭᠤᠷ ᠪᠢᠴᠢᠭ᠂ ᠲᠡᠦᠬᠡ ᠶᠢᠨ ᠮᠠᠲ᠋ᠧᠷᠢᠶᠠᠯ᠂ ᠨᠣᠮ ᠰᠣᠳᠣᠷ ᠢ ᠡᠮᠬᠢᠳᠬᠡᠨ | ᠴᠣᠭᠯᠠᠭᠤᠯᠵᠣ ᠳᠠᠷᠣᠮᠠᠯᠯᠠᠵᠣ ᠬᠡᠪᠯᠡᠭᠦᠯᠦᠨ᠎ᠡ᠃ | ᠳᠣᠯᠣᠳᠤᠭᠠᠷ ᠵᠣᠷᠪᠣᠰ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ᠂ ᠤᠯᠠᠮᠵᠢᠯᠠᠯ᠂ ᠬᠦᠭᠵᠢᠭᠦᠯᠦᠯᠲᠡ ᠳᠤ ᠴᠢᠬᠤᠯᠠ ᠨᠥᠯᠥᠭᠡ ᠲᠠᠢ | ᠪᠣᠯᠪᠠᠰᠤᠷᠠᠭᠤᠯᠤᠯ᠂ ᠤᠷᠤᠯᠳᠤᠭᠠᠨ᠂ ᠲᠣᠭᠯᠠᠯᠲᠠ ᠦᠵᠡᠭᠦᠯᠦᠯᠭᠡ᠂ ᠤᠬᠠᠭᠤᠯᠤᠨ ᠤᠯᠠᠮᠵᠢᠯᠠᠬᠤ ᠵᠡᠷᠭᠡ ᠠᠵᠢᠯᠯᠠᠭ᠎ᠠ ᠪᠠ ᠪᠣᠳᠠᠰ ᠤᠨ ᠪᠤᠰᠤ ᠰᠣᠶᠣᠯ ᠤᠨ ᠥᠪ ᠤᠨ | ᠲᠡᠮᠳᠡᠭᠯᠡᠯ ᠤᠨ ᠢᠨᠵᠧᠨᠧᠷᠢᠩ᠂ ᠪᠣᠳᠠᠰ ᠤᠨ ᠪᠤᠰᠤ ᠰᠣᠶᠣᠯ ᠤᠨ ᠥᠪ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠶᠢᠭᠤᠯᠤᠯᠲᠠ᠂ ᠪᠣᠳᠠᠰ ᠤᠨ ᠪᠤᠰᠤ ᠰᠣᠶᠣᠯ ᠤᠨ | ᠥᠪ ᠤᠨ ᠰᠤᠳᠤᠯᠭᠠᠨ ᠤ ᠰᠠᠭᠤᠷᠢᠨ ᠵᠡᠷᠭᠡ ᠰᠠᠭᠤᠷᠢ ᠶᠢᠨ ᠴᠢᠨᠠᠷᠲᠠᠶ ᠢᠨᠵᠧᠨᠧᠷᠢᠩ᠂ ᠠᠵᠢᠯ᠃ | ᠨᠠᠢᠮᠠᠳᠤᠭᠠᠷ ᠵᠣᠷᠪᠣᠰ ᠪᠤᠰᠤᠳ ᠪᠣᠳᠠᠰ ᠤᠨ ᠪᠤᠰᠤ ᠰᠣᠶᠣᠯ ᠤᠨ ᠥᠪ ᠢ ᠰᠣᠶᠣᠯ ᠵᠢᠭᠤᠯᠴᠢᠯᠠᠯ ᠲᠠᠢ ᠤᠶᠠᠯᠳᠤᠭᠤᠯᠤᠭᠰᠠᠨ ᠭᠤᠣᠯᠳᠠᠯᠭ᠎ᠠ ᠲᠠᠢ ᠲᠦᠷᠦᠯ | ᠵᠦᠢᠯ᠂ ᠢᠨᠵᠧᠨᠧᠷᠢᠩ᠃ | | ᠭᠤᠷᠪᠠᠳᠤᠭᠠᠷ ᠪᠦᠯᠦᠭ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ | | ᠶᠢᠰᠦᠳᠦᠭᠡᠷ ᠵᠣᠷᠪᠣᠰ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠳᠤ᠂ | ᠣᠨ ᠤ ᠦᠨᠡᠯᠡᠨ ᠵᠢᠱᠢᠯᠲᠡ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠᠶᠢᠪᠠᠯ᠂ ᠬᠥᠮᠦᠨ ᠪᠦᠷᠢ ᠵᠢᠯ ᠳᠤ 5000 ᠲᠥᠭᠦᠷᠢᠭ ᠤᠨ ᠤᠯᠠᠮᠵᠢᠯᠠᠨ ᠰᠣᠷᠭᠠᠬᠤ | ᠨᠥᠬᠦᠪᠥᠷᠢ ᠥᠭᠴᠦ᠂ ᠲᠣᠭᠯᠠᠯᠲᠠ ᠦᠵᠡᠭᠦᠯᠦᠯᠭᠡ᠂ ᠮᠠᠲ᠋ᠧᠷᠢᠶᠠᠯ ᠡᠮᠬᠢᠳᠬᠡᠬᠦ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ᠂ ᠱᠠᠪᠢ ᠳᠠᠭᠠᠭᠤᠯᠤᠨ ᠮᠡᠷᠭᠡᠵᠢᠯ | ᠰᠣᠷᠭᠠᠬᠤ ᠵᠡᠷᠭᠡ ᠬᠠᠮᠠᠭᠠᠯᠠᠨ ᠵᠠᠯᠭᠠᠮᠵᠢᠯᠠᠬᠤ ᠠᠵᠢᠯᠯᠠᠭ᠎ᠠ ᠳᠤ ᠬᠡᠷᠡᠭᠯᠡᠭᠦᠯᠦᠨ᠎ᠡ᠃ | ᠠᠷᠪᠠᠳᠤᠭᠠᠷ ᠵᠣᠷᠪᠣᠰ ᠭᠤᠤᠯᠳᠠᠯᠭ᠎ᠠ ᠲᠠᠢ ᠲᠡᠳᠬᠦᠬᠦ ᠪᠣᠳᠠᠰ ᠤᠨ ᠪᠤᠰᠤ ᠰᠣᠶᠣᠯ ᠤᠨ ᠥᠪ ᠤᠨ ᠣᠯᠠᠮᠵᠢᠯᠠᠨ ᠵᠠᠯᠭᠠᠮᠵᠢᠯᠠᠬᠤ ᠰᠠᠭᠤᠷᠢᠨ᠂ ᠤᠯᠠᠮᠵᠢᠯᠠᠨ | ᠰᠣᠷᠭᠠᠬᠤ ᠭᠠᠵᠠᠷ ᠲᠤ 2 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ | ᠠᠷᠪᠠᠨ ᠨᠢᠭᠡᠳᠦᠭᠡᠷ ᠵᠣᠷᠪᠣᠰ ᠭᠤᠤᠯᠳᠠᠯᠭ᠎ᠠ ᠲᠠᠢ ᠲᠡᠳᠬᠦᠬᠦ ᠬᠤᠲᠠ ᠶᠢᠨ ᠲᠡᠰ ᠠᠴᠠ ᠳᠡᠭᠡᠭᠰᠢᠬᠢ ︵ᠬᠤᠲᠠ ᠶᠢᠨ ᠲᠡᠰ ᠢ ᠪᠠᠭᠲᠠᠭᠠᠨ᠎ᠠ︶ ᠰᠣᠶᠣᠯ ᠤᠨ | ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠳᠤ 5 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ | ᠠᠷᠪᠠᠨ ᠬᠤᠶᠠᠳᠤᠭᠠᠷ ᠵᠣᠷᠪᠣᠰ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠤᠪᠤᠶᠢᠮ᠎ᠠ ᠲᠥᠯᠥᠭᠡᠯᠡᠬᠦ | ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠪᠠ ᠲᠦᠷᠦᠯ ᠵᠦᠢᠯ ᠤᠨ ᠬᠠᠮᠠᠭᠠᠯᠠᠯᠲᠠ ᠶᠢᠨ ᠨᠢᠭᠡᠴᠡ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ | ᠲᠡᠷᠢᠭᠦᠨ ᠤ ᠬᠠᠮᠲᠤ ᠶᠢᠨ ᠥᠷᠨᠢᠭᠦᠯᠬᠦ ᠬᠠᠮᠠᠭᠠᠯᠠᠬᠤ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠶᠢ ᠲᠡᠳᠬᠦᠨ ᠳᠡᠮᠵᠢᠨ᠎ᠡ᠃ | ᠠᠷᠪᠠᠨ ᠭᠤᠷᠪᠠᠳᠤᠭᠠᠷ ᠵᠣᠷᠪᠣᠰ ᠬᠤᠳᠠ ᠶᠢᠨ ᠲᠡᠰ ᠠᠴᠠ ᠳᠡᠭᠡᠭᠰᠢᠬᠢ ︵ᠬᠤᠳᠠ ᠶᠢᠨ ᠲᠡᠰ ᠢ ᠪᠠᠭᠲᠠᠭᠠᠨ᠎ᠠ︶ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠲᠦᠷᠦᠯ ᠵᠦᠢᠯ ᠢ ᠦᠢᠯᠡᠳᠪᠦᠷᠢᠯᠡᠬᠦ᠂ ᠡᠭᠦᠰᠦᠮᠡᠯ ᠪᠦᠲᠦᠭᠡᠭᠳᠡᠭᠦᠨ ᠢ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠠᠵᠤ ᠠᠬᠤᠶᠢᠯᠠᠯ ᠪᠠ | ᠬᠤᠯᠪᠣᠭᠳᠠᠯ ᠪᠦᠬᠦᠢ ᠨᠢᠭᠡᠴᠡ ᠶᠢ ᠲᠡᠳᠬᠦᠨ ᠳᠡᠮᠵᠢᠨ᠎ᠡ᠃ | ᠠᠷᠪᠠᠨ ᠳᠥᠷᠪᠡᠳᠦᠭᠡᠷ ᠵᠣᠷᠪᠣᠰ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠬᠠᠮᠠᠭᠠᠯᠠᠯᠲᠠ ᠶᠢᠨ ᠨᠢᠭᠡᠴᠡ | ᠪᠤᠶᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢᠨ ᠤᠯᠤᠰ ᠤᠨ ᠳᠣᠲᠣᠭᠠᠳᠤ ᠭᠠᠳᠠᠭᠠᠳᠤ ᠳᠤ ᠲᠣᠭᠯᠠᠯᠲᠠ | ᠦᠵᠡᠭᠦᠯᠦᠯᠭᠡ ᠶᠢᠨ ᠠᠵᠢᠯᠯᠠᠭ᠎ᠠ ᠳᠤ ᠤᠷᠣᠯᠴᠠᠬᠤ ᠪᠤᠶᠤ ᠦᠷᠨᠢᠬᠦᠯᠵᠦ᠂ ᠨᠡᠯᠢᠶᠡᠳ ᠶᠡᠭᠡ ᠨᠥᠯᠥᠭᠡ ᠭᠠᠷᠭᠠᠭᠰᠠᠨ ᠪᠠᠶᠢᠪᠠᠯ ᠲᠡᠳᠬᠦᠨ ᠳᠡᠮᠵᠢᠨ᠎ᠡ᠃ | ᠠᠷᠪᠠᠨ ᠲᠠᠪᠤᠳᠤᠭᠠᠷ ᠵᠣᠷᠪᠣᠰ ᠭᠤᠣᠯᠳᠠᠯᠭ᠎ᠠ ᠲᠠᠢ ᠪᠠᠷ ᠲᠡᠳᠬᠦᠨ ᠳᠡᠮᠵᠢᠬᠦ ᠬᠤᠳᠠ ᠶᠢᠨ ᠲᠡᠰ ᠠᠴᠠ ᠳᠡᠭᠡᠭᠰᠢᠬᠢ ︵ᠬᠤᠳᠠ ᠶᠢᠨ ᠲᠡᠰ ᠢ ᠪᠠᠭᠲᠠᠭᠠᠨ᠎ᠠ︶ | ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠭᠠᠨ ᠤ ᠰᠠᠭᠤᠷᠢᠨ ᠢ ᠲᠡᠳᠬᠦᠨ ᠳᠡᠮᠵᠢᠨ᠎ᠡ᠃ ᠭᠤᠣᠯᠳᠠᠯᠭ᠎ᠠ ᠲᠠᠢ ᠬᠥᠮᠦᠵᠢᠭᠦᠯᠦᠭᠰᠡᠨ ᠪᠣᠳᠠᠰ ᠤᠨ ᠪᠤᠰᠤ | ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠪᠤᠶᠤ ᠵᠣᠬᠢᠬᠤ ᠲᠤᠰᠬᠠᠶ ᠮᠡᠷᠭᠡᠵᠢᠯ ᠲᠠᠢ ᠱᠠᠪᠢ ᠳᠡᠭᠡᠳᠦ ᠰᠤᠷᠭᠠᠭᠤᠯᠢ ᠪᠤᠶᠤ | ᠰᠢᠨᠵᠢᠯᠡᠭᠡ ᠰᠣᠳᠣᠯᠣᠯ ᠤᠨ ᠪᠠᠶᠢᠭᠤᠯᠤᠮᠵᠢ ᠳᠤ ᠣᠴᠢᠵᠤ ᠰᠤᠷᠤᠯᠴᠠᠨ ᠰᠣᠳᠣᠯᠬᠤ ᠳᠤ ᠲᠡᠳᠬᠦᠮᠵᠢ ᠦᠵᠡᠭᠦᠯᠦᠨ᠎ᠡ᠃ | ᠠᠷᠪᠠᠨ ᠵᠢᠷᠭᠤᠳᠤᠭᠠᠷ ᠵᠣᠷᠪᠣᠰ ᠮᠡᠳᠡᠭᠦᠯᠬᠦ ᠨᠢᠭᠡᠴᠡ ᠨᠢᠭᠡᠪᠦᠷᠢ ᠪᠤᠶᠤ ᠮᠡᠳᠡᠭᠦᠯᠬᠦ ᠲᠥᠷᠥᠯ ᠵᠦᠢᠯ ᠳᠤ ᠵᠢᠯ ᠪᠦᠷᠢ ᠣᠯᠭᠤᠬᠤ ᠪᠠᠯᠠ ᠮᠥᠩᠭᠦ ᠶᠢᠨ | ᠳᠡᠮᠵᠢᠯᠭᠡ ᠶᠢ 20 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ | ᠠᠷᠪᠠᠨ ᠳᠣᠯᠣᠳᠤᠭᠠᠷ ᠵᠣᠷᠪᠣᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠤᠲᠠ ᠶᠢᠨ ᠲᠡᠰ ᠠᠴᠠ ᠳᠡᠭᠡᠭᠰᠢᠬᠢ ︵ᠬᠤᠲᠠ ᠶᠢᠨ ᠲᠡᠰ ᠢ ᠪᠠᠭᠲᠠᠭᠠᠨ᠎ᠠ︶ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ᠂ ᠪᠣᠳᠠᠰ ᠤᠨ ᠪᠤᠰᠤ ᠰᠣᠶᠣᠯ ᠤᠨ ᠥᠪ ᠤᠨ ᠰᠠᠭᠤᠷᠢᠨ᠂ | ᠤᠯᠠᠮᠵᠢᠯᠠᠨ ᠰᠣᠷᠭᠠᠬᠤ ᠭᠠᠵᠠᠷ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ ᠦᠢᠯᠡᠳᠬᠡᠯ ᠤᠨ ᠭᠠᠵᠠᠷ ᠲᠤ ᠮᠥᠩᠭᠦᠨ ᠭᠦᠢᠯᠭᠡᠭᠡᠨ ᠤ ᠳᠡᠮᠵᠢᠯᠭᠡ | ᠦᠵᠡᠭᠦᠯᠬᠦ ᠶᠢ ᠬᠥᠲᠥᠯᠦᠨ ᠵᠢᠯᠣᠭᠤᠳᠴᠣ ᠵᠣᠷᠢᠭᠵᠢᠭᠤᠯᠣᠨ᠎ᠠ᠃ | | ᠳᠥᠷᠪᠡᠳᠦᠭᠡᠷ ᠪᠦᠯᠦᠭ ᠲᠡᠳᠬᠦᠨ ᠬᠠᠮᠢᠶᠠᠷᠬᠤ | | ᠠᠷᠪᠠᠨ ᠨᠠᠢᠮᠠᠳᠣᠭᠠᠷ ᠵᠣᠷᠪᠣᠰ ᠲᠡᠳᠬᠦᠮᠵᠢ ᠭᠥᠷᠳᠡᠭᠰᠡᠨ ᠬᠤᠲᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ | ᠤᠯᠠᠮᠵᠢᠯᠠᠨ ᠵᠠᠯᠭᠠᠮᠵᠢᠯᠠᠭᠴᠢ ᠨᠢ ︽ᠲᠦᠩᠯᠢᠶᠣᠤ ᠬᠤᠲᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ | ᠵᠠᠯᠭᠠᠮᠵᠢᠯᠠᠭᠴᠢ ᠶᠢ ᠮᠠᠭᠠᠳᠯᠠᠬᠤ ᠪᠠ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠡᠭᠦᠷᠭᠡ ᠪᠠᠨ ᠭᠦᠢᠴᠡᠳᠬᠡᠵᠦ᠂ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠶᠢ ᠥᠷᠨᠢᠭᠦᠯᠦᠨ᠎ᠡ᠃ ᠬᠤᠲᠠ ᠶᠢᠨ ᠲᠡᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠦᠨᠡᠯᠡᠨ ᠵᠢᠱᠢᠵᠦ ᠰᠢᠯᠭᠠᠨ ᠬᠢᠨᠠᠬᠤ ᠳᠤ ᠬᠢᠷᠢ ᠲᠡᠩᠴᠡᠭᠰᠡᠨ ᠥᠬᠡᠶ ᠬᠥᠮᠦᠰ ᠲᠤ | ᠲᠣᠰ ᠵᠢᠯ ᠤᠨ ᠤᠯᠠᠮᠵᠢᠯᠠᠨ ᠵᠠᠯᠭᠠᠮᠵᠢᠯᠠᠭᠴᠢ ᠶᠢᠨ ᠤᠯᠠᠮᠵᠢᠯᠠᠨ ᠰᠣᠷᠭᠠᠬᠤ ᠨᠥᠬᠦᠪᠥᠷᠢ ᠣᠯᠭᠤᠬᠤ ᠶᠢ ᠵᠣᠭᠰᠣᠭᠠᠨ᠎ᠠ᠃ | ᠠᠷᠪᠠ ᠶᠢᠰᠦᠳᠦᠭᠡᠷ ᠵᠣᠷᠪᠣᠰ ᠬᠤᠲᠠ ᠶᠢᠨ ᠰᠣᠶᠣᠯ ᠵᠢᠭᠤᠯᠴᠢᠯᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠯ ᠪᠦᠷᠢ | ᠬᠤᠲᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ᠂ ᠤᠯᠠᠮᠵᠢᠯᠠᠨ ᠵᠠᠯᠭᠠᠮᠵᠢᠯᠠᠬᠤ ᠰᠠᠭᠤᠷᠢᠨ | ᠭᠠᠵᠠᠷ᠂ ᠤᠯᠠᠮᠵᠢᠯᠠᠨ ᠰᠣᠷᠭᠠᠬᠤ ᠭᠠᠵᠠᠷ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ ᠦᠢᠯᠡᠳᠬᠡᠯ ᠤᠨ ᠭᠠᠵᠠᠷ᠂ ᠰᠣᠶᠣᠯ ᠤᠨ ᠠᠮᠢ | ᠠᠬᠤᠶ ᠶᠢᠨ ᠬᠠᠮᠠᠭᠠᠯᠠᠯᠲᠠ ᠶᠢᠨ ᠣᠷᠣᠨ ᠢ ᠦᠨᠡᠯᠡᠨ ᠵᠢᠱᠢᠵᠦ ᠬᠢᠨᠠᠨ ᠰᠢᠯᠭᠠᠨ᠎ᠠ᠃ | ᠬᠤᠷᠢᠳᠤᠭᠠᠷ ᠵᠣᠷᠪᠣᠰ ᠪᠤᠰᠤᠳ ᠲᠡᠳᠬᠦᠬᠦ ᠴᠢᠬᠤᠯᠠ ᠲᠠᠢ ᠲᠥᠷᠥᠯ ᠵᠦᠢᠯ ᠪᠤᠶᠤ ᠠᠵᠢᠯᠯᠠᠭ᠎ᠠ ᠶᠢ ᠬᠠᠮᠢᠶ᠎ᠠ ᠪᠥᠬᠦᠢ ᠲᠤᠰᠬᠠᠶ ᠮᠡᠷᠭᠡᠵᠢᠯᠲᠡᠨ ᠢᠶᠠᠷ ᠦᠨᠡᠯᠡᠨ | ᠵᠢᠱᠢᠭᠦᠯᠵᠦ ᠨᠤᠲᠠᠯᠠᠭᠤᠯᠦᠨᠡ᠃ | ᠬᠤᠷᠢᠨ ᠨᠢᠭᠡᠳᠦᠭᠡᠷ ᠵᠣᠷᠪᠣᠰ ᠲᠡᠳᠬᠦᠮᠵᠢ ᠶᠢᠨ ᠱᠠᠩᠨᠠᠯ ᠣᠯᠤᠭᠰᠠᠨ ᠨᠢᠭᠡᠴᠡ ᠪᠣᠯᠤᠨ ᠬᠤᠪᠢ ᠬᠥᠮᠦᠨ ᠡᠷᠬᠡᠪᠰᠢ ᠲᠡᠳᠬᠦᠮᠵᠢ ᠶᠢᠨ ᠪᠡᠯᠡ ᠮᠥᠩᠭᠦ ᠶᠢᠨ | ᠵᠠᠷᠤᠯᠭ᠎ᠠ ᠶᠢᠨ ᠬᠡᠪᠴᠢᠶ᠎ᠡ ᠪᠣᠯᠤᠨ ᠲᠥᠷᠥᠯ ᠵᠦᠢᠯ ᠤᠨ ᠠᠭᠤᠯᠭ᠎ᠠ ᠶᠢ ᠴᠢᠩᠭ᠎ᠠ ᠵᠢᠷᠤᠮᠯᠠᠨ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠬᠡᠷᠡᠭᠲᠡᠶ᠂ ᠬᠡᠷᠪᠡ | ᠬᠤᠳᠠᠯ ᠢᠶᠠᠷ ᠮᠡᠳᠡᠭᠦᠯᠬᠦ᠂ ᠳᠤᠮᠳᠠ ᠠᠴᠠ ᠨᠢ ᠦᠯᠡᠳᠡᠭᠡᠬᠦ᠂ ᠨᠡᠭᠦᠯᠭᠡᠨ ᠬᠡᠷᠡᠭᠯᠡᠬᠦ ᠵᠡᠷᠭᠡ ᠪᠠᠶᠢᠳᠠᠯ ᠲᠠᠢ ᠪᠣᠯ ᠵᠣᠭᠤᠰ ᠥᠭᠬᠦ ᠶᠢ ᠵᠣᠭᠰᠣᠭᠠᠵᠤ᠂ ᠰᠠᠯᠭᠠᠨ ᠥᠭᠭᠦᠭᠰᠡᠨ | ᠲᠡᠳᠬᠦᠮᠵᠢ ᠶᠢᠨ ᠪᠡᠯᠡ ᠮᠥᠩᠭᠦ ᠶᠢ ᠬᠤᠷᠢᠶᠠᠨ ᠠᠪᠬᠤ ᠶᠢᠨ ᠬᠠᠮᠲᠤ ᠵᠣᠬᠢᠬᠤ ᠬᠠᠷᠢᠭᠤᠴᠠᠯᠭ᠎ᠠ ᠨᠡᠬᠡᠮᠵᠢᠯᠡᠨ᠎ᠡ᠃ | | ᠲᠠᠪᠤᠳᠤᠭᠠᠷ ᠪᠦᠯᠦᠭ ᠳᠠᠭᠠᠯᠳᠣᠭᠤᠯᠣᠭᠰᠠᠨ ᠲᠦᠷᠢᠮ | | ᠬᠤᠷᠢᠨ ᠬᠤᠶᠠᠳᠤᠭᠠᠷ ᠵᠣᠷᠪᠣᠰ ᠬᠤᠲᠠ ᠶᠢᠨ ᠰᠣᠶᠣᠯ ᠵᠢᠭᠤᠯᠴᠢᠯᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠳᠠᠲᠠᠶ | ᠲᠡᠳᠬᠦᠬᠦ ᠨᠠᠷᠢᠨ ᠲᠦᠷᠢᠮ ᠢ ᠲᠣᠭᠲᠠᠭᠠᠨ ᠨᠡᠶᠢᠲᠡᠯᠡᠬᠦ ᠶᠢ ᠬᠠᠷᠢᠭᠤᠴᠠᠬᠤ ᠶᠢᠨ ᠬᠠᠮᠲᠤ ᠲᠡᠳᠬᠦᠬᠦ ᠠᠵᠢᠯ ᠳᠤ ᠬᠠᠷᠠᠯᠲᠠᠲᠤ ᠬᠢᠨᠠᠨ ᠰᠢᠯᠭᠠᠯᠲᠠ ᠪᠠ ᠡᠳᠦᠷ | ᠲᠤᠲᠤᠮ ᠤᠨ ᠬᠠᠮᠢᠶᠠᠷᠤᠯᠲᠠ ᠬᠢᠨ᠎ᠡ᠃ | ᠬᠤᠷᠢᠨ ᠭᠤᠷᠪᠠᠳᠤᠭᠠᠷ ᠵᠣᠷᠪᠣᠰ ᠲᠣᠰ ᠠᠷᠭ᠎ᠠ ᠶᠢ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠠᠷᠢᠭᠤᠴᠠᠨ | ᠲᠠᠶᠢᠯᠪᠤᠷᠢᠯᠠᠨ᠎ᠠ᠃ | ᠬᠤᠷᠢᠨ ᠳᠥᠷᠪᠡᠳᠦᠭᠡᠷ ᠵᠣᠷᠪᠣᠰ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ ᠤ ᠳᠠᠭᠠᠣ᠂ 2016 | ᠣᠨ ᠤ 12 ᠳ᠋ᠤᠭᠠᠷ ᠰᠠᠷ᠎ᠠ ᠶᠢᠨ 15 ᠳᠤ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠩᠯᠢᠶᠣᠤ | ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠲᠡᠳᠬᠦᠬᠦ ᠠᠷᠭ᠎ᠠ︾ ᠶᠢ ᠬᠦᠴᠦᠨ ᠥᠬᠡᠶ ᠪᠣᠯᠭᠠᠨ᠎ᠠ᠃ | | | |