ᠲᠦᠩᠯᠢᠶᠣᠣ ᠬᠤᠲᠠ ᠶᠢᠨ ︽ᠲᠣᠪᠴᠢᠶᠠᠨ ᠳᠠᠷᠤᠭ᠎ᠠ ᠬᠠᠥᠯᠢ ᠬᠡᠷᠡᠭᠵᠢᠭᠦᠯᠬᠦ ᠪᠦᠬᠦ ᠶᠠᠪᠤᠴᠠ ᠳᠤ ᠤᠷᠤᠯᠴᠠᠬᠤ︾ ᠠᠵᠢᠯ ᠤᠨ ᠬᠡᠷᠡᠭᠵᠢᠭᠦᠯᠬᠦ ᠰᠠᠨᠠᠯ ᠢ | ᠳᠠᠷᠤᠮᠠᠯᠯᠠᠨ ᠲᠠᠷᠬᠠᠭᠠᠬᠤ ᠲᠤᠬᠠᠢ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠲᠦᠩᠯᠢᠶᠣᠣ ᠬᠤᠲᠠ ᠶᠢᠨ ︿ᠲᠣᠪᠴᠢᠶᠠᠨ ᠳᠠᠷᠤᠭ᠎ᠠ ᠬᠠᠥᠯᠢ | ᠬᠡᠷᠡᠭᠵᠢᠭᠦᠯᠬᠦ ᠪᠦᠬᠦ ᠶᠠᠪᠤᠴᠠ ᠳᠤ ᠤᠷᠤᠯᠴᠠᠬᠤ﹀ ᠠᠵᠢᠯ ᠤᠨ ᠬᠡᠷᠡᠭᠵᠢᠭᠦᠯᠬᠦ ᠰᠠᠨᠠᠯ︾ ᠢ ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | | | 2022 ᠣᠨ ᠤ 4 ᠳ᠋ᠦ᠋ᠭᠡᠷ ᠰᠠᠷ᠎ᠠ ᠶᠢᠨ 28 | | | ᠲᠦᠩᠯᠢᠶᠣᠣ ᠬᠤᠲᠠ ᠶᠢᠨ ︽ᠲᠣᠪᠴᠢᠶᠠᠨ ᠳᠠᠷᠤᠭ᠎ᠠ ᠬᠠᠥᠯᠢ ᠬᠡᠷᠡᠭᠵᠢᠭᠦᠯᠬᠦ ᠪᠦᠬᠦ ᠶᠠᠪᠤᠴᠠ ᠳᠤ ᠤᠷᠤᠯᠴᠠᠬᠤ︾ ᠠᠵᠢᠯ ᠤᠨ ᠬᠡᠷᠡᠭᠵᠢᠭᠦᠯᠬᠦ ᠰᠠᠨᠠᠯ | | ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ︽ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠭᠤᠮᠲᠠ ᠰᠢᠪᠲᠤᠯᠬᠤ ᠣᠨ ︾ ᠤ ᠠᠵᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠲᠦᠯᠬᠢᠨ | ᠠᠬᠢᠭᠤᠯᠵᠤ᠂ ᠦᠢᠯᠡᠴᠢᠯᠡᠭᠡᠨ ᠤ ᠶᠠᠪᠤᠴᠠ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠦᠢᠯᠡᠴᠢᠯᠡᠭᠡᠨ ᠤ ︽ᠲᠦᠭᠵᠢᠷᠡᠯ︾ ︽ᠬᠥᠴᠢᠷᠳᠡᠯ︾ ᠢ ᠨᠠᠪᠲᠠᠷᠡᠭᠦᠯᠵᠦ᠂ | ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ | ᠬᠡᠷᠡᠭᠵᠢᠭᠦᠯᠬᠦ ᠰᠠᠨᠠᠯ ᠢ ᠲᠣᠭᠲᠠᠭᠠᠪᠠ᠃ | ᠨᠢᠭᠡ᠂ ᠶᠡᠷᠦᠩᠬᠡᠢ ᠬᠠᠷᠠᠯᠲᠠ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠲᠠ ᠬᠤᠰᠢᠭᠤ ᠬᠤᠶᠠᠷ ᠱᠠᠲᠤᠨ ᠤ ᠡᠯ᠎ᠡ ᠰᠠᠯᠠᠭ᠎ᠠ | ᠮᠥᠴᠢᠷ ᠨᠢᠭᠡᠴᠡ ᠳᠤ ︽ᠲᠣᠪᠴᠢᠶᠠᠨ ᠳᠠᠷᠤᠭ᠎ᠠ ᠬᠠᠥᠯᠢ ᠬᠡᠷᠡᠭᠵᠢᠭᠦᠯᠬᠦ ᠪᠦᠬᠦ ᠶᠠᠪᠤᠴᠠ ᠳᠤ ᠤᠷᠤᠯᠴᠠᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠠᠬᠢᠭᠤᠯᠬᠤ ᠪᠠᠷ ᠠᠵᠢᠯ ᠤᠨ ᠭᠤᠣᠯ ᠱᠤᠭᠤᠮ ᠪᠣᠯᠭᠠᠵᠤ᠂ ᠳᠦᠷᠢᠮ | ᠲᠤᠭᠲᠠᠭᠠᠯ ᠤᠨ ᠣᠷᠴᠢᠨ ᠲᠣᠭᠤᠷᠢᠨ ᠪᠠ ᠤᠯᠤᠰ ᠲᠥᠷᠥ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠲᠡᠭᠦᠯᠳᠡᠷᠵᠢᠭᠦᠯᠦᠨ ᠰᠢᠯᠢᠳᠡᠭᠵᠢᠭᠦᠯᠬᠦ ᠪᠠᠷ ᠦᠨᠳᠦᠰᠦ | ᠪᠣᠯᠭᠠᠵᠤ᠂ ᠲᠢᠩᠬᠢᠮ ᠳᠤ ᠰᠠᠭᠤᠵᠤ ᠭᠦᠢᠴᠡᠳᠬᠡᠬᠦ᠂ ᠶᠠᠪᠤᠴᠠ ᠶᠢ ᠣᠶᠢᠯᠠᠭᠠᠬᠤ᠂ ᠮᠥᠷᠳᠡᠨ ᠬᠠᠤᠯᠢ ᠬᠡᠷᠡᠭᠵᠢᠭᠦᠯᠬᠦ᠂ ᠠᠵᠤ ᠠᠬᠤᠶᠢᠯᠠᠯ ᠲᠠᠢ ᠶᠠᠷᠢᠯᠴᠠᠬᠤ | ᠬᠤᠷᠠᠯ ᠢᠶᠠᠷ ᠠᠴᠢᠶᠠᠯᠠᠪᠤᠷᠢ ᠪᠣᠯᠭᠠᠵᠤ᠂ ᠰᠠᠯᠠᠭ᠎ᠠ ᠮᠥᠴᠢᠷ ᠤᠨ ᠳᠣᠲᠣᠭᠠᠳᠤ ᠶᠢᠨ ᠬᠤᠷᠠᠯ᠂ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠪᠣᠯᠣᠨ ᠵᠠᠰᠠᠭ ᠤᠨ | ᠣᠷᠳᠣᠨ ᠤ ᠨᠢᠭᠡᠳᠦᠯᠲᠡᠢ ᠲᠥᠯᠥᠪᠯᠡᠬᠦ ᠬᠤᠷᠠᠯ ᠤᠨ ᠵᠥᠪᠳᠡᠯᠴᠡᠬᠦ ᠪᠠᠷ ᠠᠷᠭ᠎ᠠ ᠵᠠᠮ ᠪᠣᠯᠭᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠪᠠ ᠬᠠᠷᠠᠯᠲᠠ ᠶᠢᠨ | ᠪᠡᠶᠡᠯᠡᠭᠳᠡᠯ ᠢᠶᠠᠷ ᠪᠠᠷᠢᠮᠵᠢᠶ᠎ᠠ ᠪᠣᠯᠭᠠᠵᠤ᠂ ᠶᠠᠪᠤᠴᠠ ᠶᠢ ᠳᠠᠬᠢᠨ ᠪᠦᠲᠦᠭᠡᠬᠦ ᠶᠢ ᠬᠦᠴᠦᠯᠡᠨ ᠠᠬᠢᠭᠤᠯᠵᠤ᠂ ᠨᠢᠭᠡ ᠪᠦᠯᠦᠭ ᠳᠦᠷᠢᠮ ᠳᠤ ᠲᠥᠪᠯᠡᠷᠡᠭᠦᠯᠦᠨ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ᠂ ᠺᠠᠳ᠋ᠷ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠶᠠᠪᠤᠳᠠᠯ ᠭᠦᠢᠴᠡᠳᠬᠡᠬᠦ | ᠶᠠᠪᠤᠴᠠ ᠳᠤ ᠲᠣᠬᠢᠶᠠᠯᠳᠤᠭᠰᠠᠨ ᠦᠢᠯᠡᠴᠢᠯᠡᠭᠡᠨ ᠤ ᠶᠠᠪᠤᠴᠠ ᠨᠡᠪᠲᠡᠷᠡᠬᠦ ᠦᠭᠡᠢ ᠲᠡᠭᠦᠯᠳᠡᠷ ᠪᠤᠰᠤ᠂ ᠦᠢᠯᠡᠴᠢᠯᠡᠭᠡᠨ ᠤ ᠵᠦᠭᠯᠡᠭᠦᠷ ᠨᠠᠷᠢᠯᠢᠭ ᠪᠢᠰᠢ ᠤᠶᠢᠯᠭᠠᠮᠵᠢ | ᠦᠭᠡᠢ᠂ ᠦᠢᠯᠡᠴᠢᠯᠡᠭᠡᠨ ᠤ ᠤᠶᠢᠯᠭᠠᠯᠲᠠ ᠮᠠᠭᠤ ᠤᠷᠤᠭᠰᠢᠲᠠᠢ ᠪᠢᠰᠢ ᠵᠡᠷᠭᠡ ᠲᠤᠰᠬᠠᠯ ᠶᠡᠬᠡᠲᠡᠢ ︽ᠵᠤᠪᠠᠨᠢᠯ︾ ︽ᠬᠥᠴᠢᠷᠳᠡᠯ︾ ︽ᠲᠦᠭᠵᠢᠷᠡᠯ︾ ᠤᠨ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ︽ᠡᠴᠦᠰ ᠤᠨ ᠨᠢᠭᠡ ᠺᠢᠯᠣᠮᠧᠲᠷ︾ ᠤᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠰᠠᠶᠢᠲᠤᠷ ᠬᠢᠵᠦ᠂ ᠪᠥᠬᠦ ᠬᠤᠲᠠ ᠶᠢᠨ ᠴᠢᠨᠠᠷ | ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤ ᠪᠠᠲᠤᠯᠠᠭ᠎ᠠ ᠬᠠᠩᠭᠠᠨ᠎ᠠ᠃ | ᠬᠤᠶᠠᠷ᠂ ᠬᠡᠷᠡᠭᠵᠢᠭᠦᠯᠬᠦ ᠭᠤᠣᠯ ᠴᠣᠭᠴᠠ ᠵᠢᠴᠢ ᠴᠠᠭ ᠬᠤᠭᠤᠴᠠᠭ᠎ᠠ | ᠬᠤᠲᠠ ᠬᠤᠰᠢᠭᠤ ᠬᠤᠶᠠᠷ ᠱᠠᠲᠤᠨ ᠤ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠣᠯ ᠤᠳᠤᠷᠢᠳᠤᠯᠭ᠎ᠠ᠂ ᠭᠤᠣᠯ ᠨᠢ ᠡᠯ᠎ᠡ ᠴᠣᠩᠬᠤᠪᠴᠢ ᠰᠠᠯᠠᠭ᠎ᠠ ᠮᠥᠴᠢᠷ | ᠨᠢᠭᠡᠴᠡ᠂ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠡᠭᠦᠷᠭᠡᠯᠡᠵᠦ | ᠪᠦᠬᠦᠢ ᠰᠠᠯᠠᠭ᠎ᠠ ᠮᠥᠴᠢᠷ ᠨᠢᠭᠡᠴᠡ ᠶᠢᠨ ᠭᠤᠣᠯ ᠤᠳᠤᠷᠢᠳᠤᠯᠭ᠎ᠠ ᠪᠣᠯᠣᠨ᠎ᠠ᠃ ᠵᠠᠷᠴᠢᠮ ᠢᠶᠠᠷ ᠢᠶᠠᠨ ᠤᠯᠠᠷᠢᠯ ᠪᠦᠷᠢ ᠳᠤ ᠨᠢᠭᠡ ᠤᠳᠠᠭ᠎ᠠ ᠥᠷᠨᠢᠭᠦᠯᠵᠦ᠂ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠤᠷᠢ ᠪᠤᠶᠤ ᠲᠣᠰ ᠬᠦᠷᠢᠶ᠎ᠡ ᠴᠠᠷᠠᠭ᠎ᠠ ᠶᠢᠨ | ᠭᠤᠣᠯᠳᠠᠯᠭ᠎ᠠ ᠲᠠᠢ ᠠᠵᠢᠯ ᠲᠠᠢ ᠪᠠᠨ ᠤᠶᠠᠯᠳᠤᠭᠤᠯᠤᠨ ᠴᠢᠭᠯᠡᠭᠦᠯᠬᠦ ᠴᠢᠨᠠᠷᠲᠠᠢ ᠪᠠᠷ ︽ᠬᠠᠥᠯᠢ ᠬᠡᠷᠡᠭᠵᠢᠭᠦᠯᠬᠦ ᠪᠦᠬᠦ ᠶᠠᠪᠤᠴᠠ ᠳᠤ ᠤᠷᠤᠯᠴᠠᠬᠤ︾ ᠠᠵᠢᠯ ᠢ | ᠥᠷᠨᠢᠭᠦᠯᠬᠦ ᠬᠡᠷᠡᠭᠲᠡᠢ᠃ | ᠭᠤᠷᠪᠠ᠂ ᠬᠡᠷᠡᠭᠵᠢᠭᠦᠯᠬᠦ ᠵᠦᠢᠯᠡᠰ | ︵ᠨᠢᠭᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠥᠨᠳᠥᠷ ᠲᠠᠪᠲᠠᠮᠵᠢᠲᠦ ᠵᠦᠢᠯᠡᠰ᠃ | ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ᠃ | ︵ᠭᠤᠷᠪᠠ︶ ᠴᠣᠩᠬᠤᠪᠴᠢ ᠪᠤᠰᠤ ᠴᠢᠬᠤᠯᠠ ᠦᠢᠯᠡᠴᠢᠯᠡᠭᠡᠨ ᠤ ᠵᠦᠢᠯᠡᠰ᠃ | ᠳᠥᠷᠪᠡ᠂ ᠬᠡᠷᠡᠭᠵᠢᠭᠦᠯᠬᠦ ᠠᠷᠭ᠎ᠠ ᠮᠠᠶ᠋ᠢᠭ | ︵ᠨᠢᠭᠡ︶ ᠲᠢᠩᠬᠢᠮ ᠳᠤ ᠰᠠᠭᠤᠵᠤ ᠰᠢᠢᠳᠪᠦᠷᠢᠯᠡᠨ᠎ᠡ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠣᠯ ᠤᠳᠤᠷᠢᠳᠤᠯᠭ᠎ᠠ ᠬᠢᠨᠠᠨ ᠵᠥᠪᠰᠢᠶᠡᠷᠡᠭᠴᠢ ᠶᠢᠨ | ᠬᠤᠪᠢ ᠪᠠᠷ ᠴᠣᠩᠬᠤᠪᠴᠢ ᠳᠤ ᠰᠠᠭᠤᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠭᠦᠨᠵᠡᠭᠡᠶᠢᠷᠡᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ | ᠵᠦᠢᠯᠡᠰ ᠢ ᠰᠢᠭᠤᠳ ᠭᠥᠯᠢᠶᠡᠨ ᠠᠪᠴᠤ ᠰᠢᠢᠳᠪᠦᠷᠢᠯᠡᠵᠦ᠂ ᠠᠵᠤ ᠠᠬᠤᠶᠢᠯᠠᠯ ᠤᠨ ᠠᠵᠢᠯᠲᠠᠨ ᠪᠠ ᠣᠯᠠᠨ ᠲᠦᠮᠡᠨ ᠳᠤ ᠪᠥᠬᠦ ᠶᠠᠪᠤᠴᠠ ᠶᠢᠨ ᠨᠢᠭᠤᠷᠲᠠᠨ | ᠦᠢᠯᠡᠴᠢᠯᠡᠬᠦ ᠦᠢᠯᠡᠴᠢᠯᠡᠭᠡ ᠬᠠᠩᠭᠠᠵᠤ᠂ ᠡᠭᠦᠨ ᠤ ᠳᠤᠮᠳᠠ ᠠᠴᠠ ᠶᠠᠪᠤᠴᠠ ᠰᠢᠯᠢᠳᠡᠭ ᠪᠤᠰᠤ᠂ ᠠᠵᠢᠯᠯᠠᠭᠠᠨ ᠰᠢᠯᠤᠭᠤᠨ ᠪᠤᠰᠤ ᠵᠡᠷᠭᠡ ᠠᠰᠠᠭᠤᠳᠠᠯ ᠢ | ᠢᠯᠡᠷᠡᠭᠦᠯᠦᠨ᠎ᠡ᠃ | ︵ᠬᠤᠶᠠᠷ︶ ᠶᠠᠪᠤᠴᠠ ᠶᠢ ᠪᠡᠶᠡᠴᠢᠯᠡᠨ ᠤᠶᠢᠯᠭᠠᠨ᠎ᠠ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠣᠯ ᠤᠳᠤᠷᠢᠳᠤᠯᠭ᠎ᠠ ᠶᠠᠪᠤᠳᠠᠯ ᠭᠦᠢᠴᠡᠳᠭᠡᠭᠴᠢ ᠶᠢᠨ | ᠬᠤᠪᠢ ᠪᠠᠷ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠭᠦᠢᠴᠡᠳᠬᠡᠬᠦ ᠪᠥᠬᠦ ᠶᠠᠪᠤᠴᠠ ᠶᠢ | ᠪᠡᠶᠡᠴᠢᠯᠡᠨ ᠣᠶᠢᠯᠠᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠶᠠᠪᠤᠳᠠᠯ ᠭᠦᠢᠴᠡᠳᠭᠡᠬᠦ ᠲᠥᠷᠥᠭᠳᠡᠯ ᠢ ᠭᠦᠢᠴᠡᠳ ᠣᠶᠢᠯᠠᠭᠠᠵᠤ᠂ ᠡᠭᠦᠨ ᠤ ᠳᠤᠮᠳᠠ ᠠᠴᠠ | ᠶᠠᠪᠤᠳᠠᠯ ᠭᠦᠢᠴᠡᠳᠬᠡᠬᠦ ᠳᠤ ᠳᠥᠭᠦᠮ ᠦᠭᠡᠢ᠂ ᠦᠷ᠎ᠡ ᠪᠦᠲᠦᠮᠵᠢ ᠥᠨᠳᠥᠷ ᠪᠢᠰᠢ ᠵᠡᠷᠭᠡ ᠠᠰᠠᠭᠤᠳᠠᠯ ᠢ ᠢᠯᠡᠷᠡᠭᠦᠯᠦᠨ᠎ᠡ᠃ | ︵ᠭᠤᠷᠪᠠ︶ ᠮᠥᠷᠳᠡᠨ ᠬᠠᠤᠯᠢ ᠬᠡᠷᠡᠭᠵᠢᠭᠦᠯᠦᠨ᠎ᠡ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠣᠯ ᠤᠳᠤᠷᠢᠳᠤᠯᠭ᠎ᠠ ᠬᠡᠷᠡᠭ ᠰᠢᠢᠳᠪᠦᠷᠢᠯᠡᠬᠦ ᠠᠵᠢᠯᠲᠠᠨ ᠤ | ᠬᠤᠪᠢ ᠪᠠᠷ ᠮᠥᠷᠳᠡᠨ ᠬᠠᠤᠯᠢ ᠬᠡᠷᠡᠭᠵᠢᠭᠦᠯᠵᠦ᠂ ᠲᠣᠰ ᠰᠠᠯᠠᠭ᠎ᠠ ᠮᠥᠴᠢᠷ ᠨᠢᠭᠡᠴᠡ ᠶᠢᠨ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠲᠠᠢ | ᠬᠠᠮᠲᠤ ᠪᠠᠷ ᠲᠤᠬᠠᠢ ᠶᠢᠨ ᠲᠠᠯᠠᠪᠤᠷ ᠲᠤ ᠬᠦᠷᠴᠦ ᠪᠠᠶᠢᠴᠠᠭᠠᠯᠲᠠ ᠬᠢᠬᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ᠂ ᠬᠡᠷᠡᠭ ᠰᠢᠭᠦᠬᠦ ᠵᠡᠷᠭᠡ ᠬᠡᠯᠪᠡᠷᠢ ᠪᠠᠷ | ᠬᠠᠤᠯᠢ ᠬᠡᠷᠡᠭᠵᠢᠭᠦᠯᠬᠦ ᠡᠯ᠎ᠡ ᠵᠠᠩᠭᠢᠯᠠᠭ᠎ᠠ ᠶᠢᠨ ᠠᠵᠢᠯ ᠢ ᠲᠣᠬᠠᠢ ᠶᠢᠨ ᠭᠠᠵᠠᠷ ᠲᠤᠨᠢ ᠣᠶᠢᠯᠠᠭᠠᠨ᠂ ᠡᠭᠦᠨ ᠤ ᠳᠤᠮᠳᠠ ᠠᠴᠠ ᠬᠠᠤᠯᠢ ᠬᠡᠷᠡᠭᠵᠢᠭᠦᠯᠦᠯᠲᠡ ᠨᠢ ᠵᠢᠷᠤᠮᠵᠢᠯ | ᠦᠭᠡᠢ᠂ ᠭᠤᠥᠯᠴᠢ ᠪᠤᠰᠤ ᠵᠡᠷᠭᠡ ᠠᠰᠠᠭᠤᠳᠠᠯ ᠢ ᠢᠯᠡᠷᠡᠭᠦᠯᠦᠨ᠎ᠡ᠃ | ︵ᠳᠥᠷᠪᠡ︶ ᠠᠵᠤ ᠠᠬᠤᠶᠢᠯᠠᠯ ᠲᠠᠢ ᠶᠠᠷᠢᠯᠴᠠᠨ᠎ᠠ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠣᠯ ᠤᠳᠤᠷᠢᠳᠤᠯᠭ᠎ᠠ ᠬᠠᠮᠢᠶ᠎ᠠ ᠪᠦᠬᠦᠢ ᠠᠵᠤ ᠠᠬᠤᠶᠢᠯᠠᠯ ᠢ | ᠴᠤᠭᠯᠠᠭᠤᠯᠤᠨ᠂ ᠠᠵᠤ ᠠᠬᠤᠶᠢᠯᠠᠯ ᠤᠨ ᠶᠠᠷᠢᠯᠴᠠᠬᠤ ᠬᠤᠷᠠᠯ ᠤᠨ ᠠᠷᠭ᠎ᠠ ᠮᠠᠶ᠋ᠢᠭ ᠢᠶᠠᠷ ᠭᠦᠢᠴᠡᠳᠬᠡᠬᠦ ᠶᠠᠪᠤᠴᠠ᠂ ᠭᠦᠢᠴᠡᠳᠬᠡᠬᠦ ᠭᠤᠭᠴᠤᠭ᠎ᠠ᠂ ᠭᠦᠢᠴᠡᠳᠬᠡᠬᠦ | ᠬᠤᠭᠤᠴᠠᠭ᠎ᠠ᠂ ᠴᠢᠬᠤᠯᠠ ᠨᠥᠬᠦᠴᠡᠯ ᠤᠨ ᠲᠤᠭ᠎ᠠ ᠬᠡᠮᠵᠢᠶ᠎ᠡ᠂ ᠭᠦᠶᠦᠭᠰᠡᠨ ᠤᠳᠠᠭ᠎ᠠ᠂ ᠦᠢᠯᠡᠴᠢᠯᠡᠬᠦ ᠣᠪᠣᠷ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ | ᠵᠢᠴᠢ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠶᠢ ᠴᠤᠭᠯᠠᠭᠤᠯᠤᠨ᠎ᠠ᠃ | ᠲᠠᠪᠤ᠂ ᠬᠡᠷᠡᠭᠵᠢᠭᠦᠯᠬᠦ ᠭᠤᠣᠯᠳᠠᠯᠭ᠎ᠠ | ᠡᠯ᠎ᠡ ᠭᠠᠵᠠᠷ ᠡᠯ᠎ᠡ ᠰᠠᠯᠠᠭ᠎ᠠ ᠮᠥᠴᠢᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ 20 ᠵᠦᠢᠯ ᠤᠨ ᠬᠢᠨᠠᠨ ᠰᠢᠯᠭᠠᠬᠤ ᠭᠦᠢᠴᠡᠳᠬᠡᠯ ᠲᠤᠭ᠎ᠠ ᠳᠤ | ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ 3.0 ᠠᠵᠢᠯᠯᠠᠭ᠎ᠠ ᠶᠢᠨ ᠲᠥᠰᠥᠯ ᠳᠤ ᠠᠩᠬᠠᠷᠤᠯ ᠢᠶᠠᠨ ᠲᠥᠪᠯᠡᠷᠡᠭᠦᠯᠵᠦ᠂ | ᠲᠦᠩᠯᠢᠶᠣᠣ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠣᠭᠤᠮᠲᠠ ᠰᠢᠪᠲᠤᠯᠬᠤ ᠣᠨ ᠤ ᠬᠡᠷᠡᠭᠵᠢᠭᠦᠯᠬᠦ ᠲᠥᠰᠥᠯ ᠵᠡᠷᠭᠡ ᠬᠠᠷᠠᠯᠲᠠ | ᠡᠭᠦᠷᠭᠡ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠯᠠᠪᠯᠠᠭ᠎ᠠ ᠥᠭᠬᠦ᠂ ᠭᠥᠯᠢᠶᠡᠨ ᠠᠪᠬᠤ᠂ | ᠭᠦᠢᠴᠡᠳᠬᠡᠬᠦ᠂ ᠬᠠᠷᠢᠭᠤ ᠲᠤᠰᠬᠠᠬᠤ᠂ ᠠᠰᠠᠭᠤᠨ ᠯᠠᠪᠯᠠᠬᠤ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠪᠦᠬᠦ ᠶᠠᠪᠤᠴᠠ ᠠᠴᠠ ᠭᠠᠷᠳᠠᠵᠤ᠂ | ᠤᠲᠠᠰᠤ ᠪᠠᠷ ᠠᠰᠠᠭᠤᠨ ᠯᠠᠪᠯᠠᠬᠤ᠂ ᠲᠤᠬᠠᠢ ᠶᠢᠨ ᠭᠠᠵᠠᠷ ᠲᠤᠨᠢ ᠠᠰᠠᠭᠤᠨ ᠯᠠᠪᠯᠠᠬᠤ᠂ ᠬᠠᠮᠢᠭ᠎ᠠ ᠣᠴᠢᠵᠤ ᠰᠢᠢᠳᠪᠦᠷᠢᠯᠡᠬᠦ᠂ ᠶᠠᠮᠠᠷ ᠶᠠᠮᠠᠷ ᠮᠠᠲ᠋ᠧᠷᠢᠶᠠᠯ ᠪᠡᠯᠡᠳᠬᠡᠬᠦ ᠶᠢ | ᠣᠶᠢᠯᠠᠭᠠᠬᠤ᠂ ᠥᠪᠡᠷ ᠢᠶᠠᠨ ᠭᠠᠷ ᠬᠥᠳᠡᠯᠦᠨ ᠮᠠᠲ᠋ᠧᠷᠢᠶᠠᠯ ᠪᠡᠯᠡᠳᠬᠡᠬᠦ᠂ ᠬᠦᠰᠦᠨᠦᠭ ᠲᠠᠭᠯᠠᠬᠤ᠂ ᠮᠥᠷᠯᠡᠨ ᠭᠦᠢᠴᠡᠳᠬᠡᠬᠦ ᠵᠡᠷᠭᠡ ᠭᠦᠢᠴᠡᠳᠭᠡᠬᠦ ᠶᠠᠪᠤᠳᠠᠯ ᠤᠨ | ᠬᠤᠯᠪᠤᠭᠳᠠᠯ ᠪᠦᠬᠦᠢ ᠮᠡᠳᠡᠭᠡ ᠵᠠᠩᠭᠢ ᠶᠢ ᠠᠰᠠᠭᠤᠨ ᠯᠠᠪᠯᠠᠬᠤ ᠠᠴᠠ ᠡᠬᠢᠯᠡᠨ᠂ ᠴᠣᠩᠬᠤᠪᠴᠢ ᠵᠢᠩᠬᠢᠨᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠦᠷ᠎ᠡ ᠳ᠋ᠦᠩ ᠢ | ᠣᠯᠬᠤ ᠬᠦᠷᠲᠡᠯ᠎ᠡ᠂ ᠠᠵᠤ ᠠᠬᠤᠶᠢᠯᠠᠯ ᠪᠠ ᠤᠯᠠᠨ ᠲᠦᠮᠡᠨ ᠤ ᠶᠠᠪᠤᠳᠠᠯ ᠰᠢᠢᠳᠪᠦᠷᠢᠯᠡᠬᠦ ᠳᠡᠭᠡᠨ ᠲᠣᠳᠣᠷᠬᠠᠢ ᠠᠰᠠᠭᠤᠵᠤ ᠴᠢᠳᠠᠬᠤ ᠡᠰᠡᠬᠦ᠂ ᠲᠣᠳᠣᠷᠬᠠᠢ ᠡᠷᠢᠵᠦ | ᠤᠯᠬᠤ ᠡᠰᠡᠬᠦ᠂ ᠲᠣᠳᠣᠷᠬᠠᠢ ᠭᠦᠢᠴᠡᠳᠭᠡᠵᠦ ᠴᠢᠳᠠᠬᠤ ᠡᠰᠡᠬᠦ ᠶᠢ ᠪᠦᠬᠦ ᠶᠠᠪᠤᠴᠠ ᠳᠤ ᠪᠡᠶᠡᠴᠢᠯᠡᠨ ᠣᠶᠢᠯᠭᠠᠨ᠎ᠠ᠃ | ︵ᠨᠢᠭᠡ︶ ᠭᠦᠢᠴᠡᠳᠬᠡᠬᠦ ᠶᠠᠪᠤᠴᠠ᠃ ᠶᠠᠪᠤᠳᠠᠯ ᠭᠦᠢᠴᠡᠳᠬᠡᠬᠦ ᠳᠤ ᠬᠡᠷᠡᠭᠰᠡᠬᠦ ᠮᠠᠲ᠋ᠧᠷᠢᠶᠠᠯ᠂ ᠬᠡᠷᠡᠭᠰᠡᠬᠦ ᠵᠦᠢᠯ ᠤᠨ ᠲᠤᠭ᠎ᠠ ᠬᠡᠮᠵᠢᠶ᠎ᠡ᠂ ᠭᠦᠢᠴᠡᠳᠬᠡᠬᠦ | ᠬᠤᠭᠤᠴᠠᠭ᠎ᠠ᠂ ᠭᠦᠢᠴᠡᠳᠬᠡᠬᠦ ᠭᠤᠭᠴᠤᠭ᠎ᠠ᠂ ᠭᠦᠶᠥᠬᠦ ᠤᠳᠠᠭ᠎ᠠ ᠪᠠ ᠰᠦᠯᠵᠢᠶᠡᠨ ᠳᠡᠭᠡᠷ᠎ᠡ ᠭᠦᠢᠴᠡᠳᠬᠡᠬᠦ ᠵᠡᠷᠭᠡ ᠬᠦᠴᠦᠨ ᠵᠦᠢᠯ ᠢ ᠭᠤᠣᠯᠳᠠᠯᠭ᠎ᠠ ᠲᠠᠢ ᠪᠡᠶᠡᠴᠢᠯᠡᠨ | ᠣᠶᠢᠯᠠᠭᠠᠵᠤ᠂ ᠬᠡᠷᠡᠭᠯᠡᠬᠦ ᠳᠤ ᠲᠥᠬᠦᠮ᠂ ᠵᠦᠢ ᠵᠣᠬᠢᠰᠲᠠᠢ ᠰᠢᠯᠢᠳᠡᠭᠵᠢᠭᠦᠯᠦᠭᠰᠡᠨ ᠡᠰᠡᠬᠦ᠂ ᠳᠡᠭᠡᠭᠰᠢᠯᠡᠭᠦᠯᠬᠦ ᠣᠷᠣᠨ ᠵᠠᠢ ᠪᠠᠶᠢᠬᠤ ᠡᠰᠡᠬᠦ ᠶᠢ ᠭᠤᠣᠯᠳᠠᠯᠭ᠎ᠠ ᠲᠠᠢ | ᠣᠶᠢᠯᠠᠭᠠᠬᠤ ᠬᠡᠷᠡᠭᠲᠡᠢ᠃ | ︵ᠬᠤᠶᠠᠷ︶ ᠢᠵᠢ ᠪᠦᠷᠢᠳᠦᠭᠦᠯᠬᠦ ᠦᠢᠯᠡᠴᠢᠯᠡᠭᠡ᠃ ᠬᠠᠯᠠᠮᠰᠢᠯ ᠤᠲᠠᠰᠤᠨ ᠤ ᠦᠢᠯᠡᠴᠢᠯᠡᠭᠡ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠯᠠᠪᠯᠠᠯᠲᠠ ᠪᠠᠷ | ᠬᠥᠲᠥᠯᠥᠨ ᠵᠢᠯᠤᠭᠤᠳᠬᠤ᠂ ᠦᠢᠯᠡᠴᠢᠯᠡᠭᠡᠨ ᠤ ᠵᠦᠭᠯᠡᠭᠦᠷ᠂ ᠶᠠᠪᠤᠳᠠᠯ ᠭᠦᠢᠴᠡᠳᠬᠡᠬᠦ ᠡᠮᠬᠢ ᠵᠢᠷᠤᠮ᠂ ᠠᠩᠬᠠᠨ ᠤ ᠯᠠᠪᠯᠠᠯᠲᠠ ᠳᠤ ᠬᠠᠷᠢᠭᠤᠴᠠᠬᠤ᠂ ᠨᠢᠭᠡ | ᠤᠳᠠᠭ᠎ᠠ ᠳᠤ ᠮᠡᠳᠡᠭᠳᠡᠬᠦ᠂ ᠬᠦᠰᠦᠨᠦᠭ ᠪᠠᠶᠢᠷᠢᠯᠠᠭᠤᠯᠬᠤ᠂ ᠥᠪᠡᠰᠦᠪᠡᠨ ᠭᠦᠢᠴᠡᠳᠭᠡᠬᠦ ᠪᠠ ᠵᠠᠭᠠᠯᠳᠤᠬᠤ ᠬᠢᠨᠠᠯᠲᠠ ᠲᠠᠯᠪᠢᠬᠤ ᠵᠡᠷᠭᠡ ᠬᠦᠴᠦᠨ ᠵᠦᠢᠯ ᠢ | ᠭᠤᠣᠯᠳᠠᠯᠭ᠎ᠠ ᠲᠠᠢ ᠪᠡᠶᠡᠴᠢᠯᠡᠨ ᠣᠶᠢᠯᠠᠭᠠᠵᠤ᠂ ᠳᠥᠭᠦᠮ ᠣᠶᠢᠯᠠᠭᠠᠮᠵᠢᠲᠠᠢ᠂ ᠠᠷᠠᠳ ᠲᠤ ᠠᠰᠢᠭᠲᠠᠢ ᠲᠥᠬᠦᠮ ᠪᠠᠶᠢᠬᠤ ᠡᠰᠡᠬᠦ ᠶᠢ ᠦᠵᠡᠵᠦ᠂ ᠦᠢᠯᠡᠴᠢᠯᠡᠭᠡ ᠶᠢ | ᠬᠡᠷᠬᠢᠨ ᠰᠠᠶᠢᠵᠢᠷᠠᠭᠤᠯᠬᠤ ᠶᠢ ᠰᠤᠳᠤᠯᠬᠤ ᠬᠡᠷᠡᠭᠲᠡᠢ᠃ | ︵ᠭᠤᠷᠪᠠ︶ ᠭᠡᠷᠡᠴᠢ ᠮᠠᠲ᠋ᠧᠷᠢᠶᠠᠯ᠃ ᠭᠡᠷᠡᠴᠢᠯᠡᠯ ᠤᠨ ᠦᠨᠳᠦᠰᠦᠯᠡᠯ᠂ ᠲᠣᠬᠢᠷᠠᠭᠤᠯᠬᠤ ᠴᠢᠬᠤᠯᠠᠲᠠᠢ ᠵᠦᠢᠯ ᠪᠠ ᠭᠡᠷᠡᠴᠢ ᠣᠯᠬᠤ ᠶᠢ ᠭᠤᠣᠯᠳᠠᠯᠭ᠎ᠠ ᠲᠠᠢ | ᠪᠡᠶᠡᠴᠢᠯᠡᠨ ᠤᠶᠢᠯᠭᠠᠬᠤ᠂ ᠬᠠᠴᠢᠨ ᠰᠣᠨᠢᠨ ᠭᠡᠷᠡᠴᠢ᠂ ᠡᠷᠭᠢᠯᠲᠡ ᠶᠢᠨ ᠭᠡᠷᠡᠴᠢ᠂ ᠳᠠᠪᠬᠤᠷᠳᠠᠭᠰᠠᠨ ᠭᠡᠷᠡᠴᠢ ᠪᠠᠶᠢᠬᠤ ᠡᠰᠡᠬᠦ ᠶᠢ ᠥᠵᠡᠵᠦ᠂ ᠬᠡᠷᠬᠢᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠪᠠᠷ ᠳᠠᠮᠵᠢᠨ ᠭᠡᠷᠡᠴᠢ ᠶᠢ ᠬᠢᠯᠪᠠᠷᠴᠢᠯᠠᠬᠤ ᠶᠢ ᠰᠤᠳᠤᠯᠬᠤ ᠬᠡᠷᠡᠭᠲᠡᠢ᠃ | ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠃ ᠬᠢᠨᠠᠨ ᠬᠠᠮᠢᠶᠠᠷᠴᠤ ᠪᠠᠶᠢᠴᠠᠭᠠᠬᠤ᠂ ᠪᠠᠶᠢᠴᠠᠭᠠᠵᠤ ᠭᠡᠷᠡᠴᠢ ᠠᠪᠬᠤ᠂ ᠵᠥᠪᠲᠥᠭᠡᠨ | ᠲᠤᠳᠤᠷᠬᠠᠶᠢᠯᠠᠵᠤ ᠭᠡᠷᠡᠴᠢᠯᠡᠭᠡ ᠰᠣᠨᠣᠰᠬᠤ᠂ ᠳᠠᠰᠤᠯᠤᠨ ᠲᠣᠭᠲᠠᠭᠠᠬᠤ᠂ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠬᠠᠤᠯᠢ ᠬᠡᠷᠡᠭᠵᠢᠭᠦᠯᠬᠦ ᠶᠠᠪᠤᠴᠠ ᠶᠢ | ᠭᠤᠣᠯᠳᠠᠯᠭ᠎ᠠ ᠲᠠᠢ ᠪᠡᠶᠡᠴᠢᠯᠡᠨ ᠣᠶᠢᠯᠠᠭᠠᠵᠤ᠂ ᠬᠠᠤᠯᠢ ᠬᠡᠷᠡᠭᠵᠢᠭᠦᠯᠦᠭᠰᠡᠨ ᠪᠦᠬᠦ ᠶᠠᠪᠤᠴᠠ ᠶᠢᠨ ᠲᠡᠮᠳᠡᠭᠯᠡᠯ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠥᠵᠡᠵᠦ᠂ ᠬᠠᠤᠯᠢ ᠬᠡᠷᠡᠭᠵᠢᠭᠦᠯᠬᠦ ᠠᠵᠢᠯ ᠢ ᠬᠡᠷᠬᠢᠨ ᠵᠢᠷᠤᠮᠵᠢᠭᠤᠯᠬᠤ ᠶᠢ ᠰᠤᠳᠤᠯᠬᠤ ᠬᠡᠷᠡᠭᠲᠡᠢ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ︽ᠲᠣᠪᠴᠢᠶᠠᠨ ᠳᠠᠷᠤᠭ᠎ᠠ ᠬᠠᠥᠯᠢ ᠬᠡᠷᠡᠭᠵᠢᠭᠦᠯᠬᠦ ᠪᠦᠬᠦ ᠶᠠᠪᠤᠴᠠ ᠳᠤ ᠣᠷᠤᠯᠴᠠᠬᠤ︾ ᠠᠵᠢᠯᠯᠠᠭ᠎ᠠ | ᠥᠷᠨᠢᠭᠦᠯᠬᠦ ᠪᠠᠷ ᠳᠠᠮᠵᠢᠨ᠂ ᠢᠯᠡᠷᠡᠭᠦᠯᠦᠭᠰᠡᠨ ᠠᠰᠠᠭᠤᠳᠠᠯ ᠪᠠ ᠠᠵᠤ ᠠᠬᠤᠶᠢᠯᠠᠯ ᠣᠯᠠᠨ ᠲᠦᠮᠡᠨ ᠤ ᠭᠤᠶᠤᠴᠢᠯᠠᠯ ᠢ ᠴᠠᠭ ᠲᠤᠬᠠᠢ ᠳᠤᠨᠢ ᠠᠰᠠᠭᠤᠳᠠᠯ ᠤᠨ ᠨᠠᠷᠢᠨ | ᠲᠠᠩᠰᠠ ︵ᠳᠠᠭᠠᠯᠳᠤᠭᠤᠯᠤᠯ ᠳᠤ ᠦᠵᠡ︶ ᠪᠣᠯᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠳᠤ ᠰᠠᠭᠤᠷᠢ ᠲᠠᠯᠪᠢᠬᠤ ᠬᠡᠷᠡᠭᠲᠡᠢ᠃ | ᠵᠢᠷᠭᠤᠭ᠎ᠠ᠂ ᠬᠡᠷᠡᠭᠵᠢᠭᠦᠯᠬᠦ ᠠᠷᠭ᠎ᠠ ᠵᠠᠮ | ︵ᠨᠢᠭᠡ︶ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠬᠤᠷᠠᠯ ᠬᠤᠷᠠᠯᠳᠤᠭᠤᠯᠵᠤ ᠠᠰᠠᠭᠤᠳᠠᠯ ᠢ | ᠰᠢᠢᠳᠪᠦᠷᠢᠯᠡᠨ᠎ᠡ᠃ ︽ᠲᠣᠪᠴᠢᠶᠠᠨ ᠳᠠᠷᠤᠭ᠎ᠠ ᠬᠠᠥᠯᠢ ᠬᠡᠷᠡᠭᠵᠢᠭᠦᠯᠬᠦ ᠪᠦᠬᠦ ᠶᠠᠪᠤᠴᠠ ᠳᠤ ᠤᠷᠤᠯᠴᠠᠬᠤ︾ ᠳᠠᠭᠤᠰᠤᠭᠰᠠᠨ ᠤ ᠳᠠᠷᠠᠭ᠎ᠠ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠲᠡᠷᠡ ᠳᠠᠷᠤᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠬᠤᠷᠠᠯ ᠬᠤᠷᠠᠯᠳᠤᠭᠤᠯᠵᠤ᠂ ᠠᠰᠠᠭᠤᠳᠠᠯ ᠤᠨ | ᠨᠠᠷᠢᠨ ᠲᠠᠩᠰᠠ ᠲᠠᠢ ᠬᠠᠷᠢᠴᠠᠭᠤᠯᠤᠨ ᠠᠰᠠᠭᠤᠳᠠᠯ ᠤᠨ ᠰᠢᠯᠲᠠᠭᠠᠨ ᠢ ᠨᠢᠭᠡᠳ ᠨᠢᠭᠡ ᠪᠠᠷ ᠰᠤᠳᠤᠯᠤᠨ ᠵᠠᠳᠠᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠲᠣᠭᠲᠠᠭᠠᠵᠤ᠂ | ᠲᠡᠷᠡ ᠳᠠᠷᠤᠢ ᠳᠤᠨᠢ ᠰᠠᠶᠢᠵᠢᠷᠠᠭᠤᠯᠵᠤ ᠳᠡᠶᠢᠯᠬᠦ ᠶᠢ ᠨᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠦᠷᠭᠦᠯᠵᠢᠯᠡᠨ ᠠᠬᠢᠭᠤᠯᠬᠤ ᠴᠢᠬᠤᠯᠠᠲᠠᠢ ᠵᠦᠢᠯ | ᠪᠠᠶᠢᠪᠠᠯ᠂ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠪᠡᠶᠡᠯᠡᠭᠦᠯᠬᠦ ᠬᠤᠭᠤᠴᠠᠭ᠎ᠠ ᠶᠢ | ᠲᠣᠳᠣᠷᠬᠠᠶᠢᠯᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ | ︵ᠬᠤᠶᠠᠷ︶ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ ᠠᠰᠠᠭᠤᠳᠠᠯ ᠢ ᠰᠢᠢᠳᠪᠦᠷᠢᠯᠡᠨ᠎ᠡ᠃ ᠣᠯᠠᠨ ᠰᠠᠯᠠᠭ᠎ᠠ ᠮᠥᠴᠢᠷ ᠵᠣᠬᠢᠴᠠᠭᠤᠯᠤᠨ | ᠰᠢᠢᠳᠪᠦᠷᠢᠯᠡᠬᠦ ᠳᠤ ᠬᠤᠯᠪᠣᠭᠳᠠᠭᠰᠠᠨ ᠠᠰᠠᠭᠤᠳᠠᠯ ᠪᠠᠶᠢᠪᠠᠯ᠂ ᠠᠰᠠᠭᠤᠳᠠᠯ ᠢ ᠢᠯᠡᠷᠡᠭᠦᠯᠦᠭᠰᠡᠨ ᠲᠦᠷᠦᠭᠦᠯᠡᠨ ᠬᠢᠭᠰᠡᠨ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠠᠮᠲᠤᠪᠠᠷ ᠰᠤᠳᠤᠯᠬᠤ ᠶᠢᠨ ᠬᠠᠮᠲᠤ | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠨ᠎ᠡ᠃ | ︵ᠭᠤᠷᠪᠠ︶ ᠵᠠᠰᠠᠭ ᠤᠨ ᠣᠷᠳᠣᠨ ᠤ ᠨᠢᠭᠡᠳᠦᠯᠲᠡᠢ ᠲᠥᠯᠥᠪᠯᠡᠬᠦ ᠬᠤᠷᠠᠯ ᠬᠤᠷᠠᠯᠳᠤᠭᠤᠯᠵᠤ ᠠᠰᠠᠭᠤᠳᠠᠯ ᠢ ᠰᠢᠢᠳᠪᠦᠷᠢᠯᠡᠨ᠎ᠡ᠃ ᠰᠠᠯᠠᠭ᠎ᠠ ᠮᠥᠴᠢᠷ ᠤᠨ | ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠬᠤᠷᠠᠯ ᠵᠢᠴᠢ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠢᠶᠠᠷ ᠰᠤᠳᠤᠯᠬᠤ ᠪᠠᠷ ᠳᠠᠮᠵᠢᠨ | ᠮᠥᠨ ᠴᠤ ᠰᠢᠢᠳᠪᠦᠷᠢᠯᠡᠬᠦ ᠳᠤ ᠪᠡᠷᠬᠡᠲᠡᠢ ᠠᠰᠠᠭᠤᠳᠠᠯ ᠪᠠᠶᠢᠪᠠᠯ᠂ ᠠᠰᠠᠭᠤᠳᠠᠯ ᠢ ᠢᠯᠡᠷᠡᠭᠦᠯᠦᠭᠰᠡᠨ ᠲᠦᠷᠦᠭᠦᠯᠡᠨ ᠬᠢᠭᠰᠡᠨ ᠰᠠᠯᠠᠭ᠎ᠠ ᠮᠥᠴᠢᠷ ᠠᠴᠠ ᠲᠣᠰ ᠱᠠᠲᠤᠨ ᠤ | ᠵᠠᠰᠠᠭ ᠤᠨ ᠣᠷᠳᠣᠨ ᠳᠤ ᠳᠡᠪᠰᠢᠭᠦᠯᠵᠦ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠰᠣᠳᠤᠯᠠᠬᠤ ᠶᠢᠨ ᠬᠠᠮᠲᠤ ᠬᠤᠷᠠᠯ ᠤᠨ ᠲᠣᠪᠴᠢ ᠲᠡᠮᠳᠡᠭᠯᠡᠯ ᠭᠠᠷᠭᠠᠵᠤ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠢ᠃ | ᠳᠣᠯᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ︽ᠲᠣᠪᠴᠢᠶᠠᠨ ᠳᠠᠷᠤᠭ᠎ᠠ | ᠬᠠᠥᠯᠢ ᠬᠡᠷᠡᠭᠵᠢᠭᠦᠯᠬᠦ ᠪᠦᠬᠦ ᠶᠠᠪᠤᠴᠠ ᠳᠤ ᠤᠷᠤᠯᠴᠠᠬᠤ︾ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ | ᠪᠠᠶᠢᠷᠢᠯᠠᠭᠤᠯᠤᠯᠲᠠ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ | ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠨᠳᠥᠷ ᠳᠠᠪᠲᠠᠮᠵᠢᠲᠤ ᠵᠦᠢᠯᠡᠰ᠂ ᠲᠦᠭᠵᠢᠷᠡᠯ ᠲᠠᠢ ᠵᠦᠢᠯᠡᠰ ᠢ ᠡᠷᠬᠡᠪᠰᠢ ︽ᠶᠠᠪᠤᠬᠤ︾ ᠶᠢ | ᠪᠠᠷᠢᠮᠲᠠᠯᠠᠵᠤ᠂ ᠳᠡᠭᠡᠷ᠎ᠡ ᠠᠴᠠ ᠳᠣᠷᠣᠭᠰᠢ ᠳᠠᠷᠤᠯᠲᠠ ᠥᠭᠴᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠡ ᠵᠣᠬᠢᠴᠠᠭᠤᠯᠤᠨ | ᠬᠠᠮᠵᠢᠯᠴᠠᠬᠤ ᠪᠠᠨ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠶᠢ ᠨᠢᠭᠡ ᠴᠣᠭᠴᠠᠵᠢᠭᠤᠯᠬᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ︽ | ᠲᠣᠪᠴᠢᠶᠠᠨ ᠳᠠᠷᠤᠭ᠎ᠠ ᠬᠠᠥᠯᠢ ᠬᠡᠷᠡᠭᠵᠢᠭᠦᠯᠬᠦ ᠪᠦᠬᠦ ᠶᠠᠪᠤᠴᠠ ᠳᠤ ᠤᠷᠤᠯᠴᠠᠬᠤ︾ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | ︵ᠬᠤᠶᠠᠷ︶ ᠮᠥᠷᠳᠡᠨ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ︽ᠬᠠᠥᠯᠢ ᠬᠡᠷᠡᠭᠵᠢᠭᠦᠯᠬᠦ ᠪᠦᠬᠦ | ᠶᠠᠪᠤᠴᠠ︾ ᠳᠤ ᠢᠯᠡᠷᠡᠭᠦᠯᠦᠭᠰᠡᠨ ᠠᠰᠠᠭᠤᠳᠠᠯ ᠪᠠ ᠠᠵᠤ ᠠᠬᠤᠶᠢᠯᠠᠯ ᠣᠯᠠᠨ ᠲᠦᠮᠡᠨ ᠤ ᠭᠤᠶᠤᠴᠢᠯᠠᠯ ᠤᠨ ᠨᠠᠷᠢᠨ ᠲᠠᠩᠰᠠ ᠳᠤ ᠴᠡᠭᠴᠡᠯᠡᠨ ᠰᠠᠶᠢᠵᠢᠷᠠᠭᠤᠯᠬᠤ ᠡᠬᠡ | ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠦᠷᠢ ᠡᠬᠡ ᠳᠠᠩᠰᠠ ᠠᠴᠠ ᠬᠠᠰᠤᠨ᠎ᠠ︔ ᠰᠠᠯᠠᠭ᠎ᠠ ᠮᠥᠴᠢᠷ ᠤᠳ ᠵᠣᠬᠢᠴᠠᠭᠤᠯᠤᠨ ᠰᠢᠢᠳᠪᠦᠷᠢᠯᠡᠬᠦ | ᠴᠢᠬᠤᠯᠠᠲᠠᠢ ᠵᠦᠢᠯ ᠪᠠᠶᠢᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠲᠤᠷᠠᠨ ᠵᠥᠪᠳᠡᠯᠴᠡᠵᠦ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠪᠠ ᠠᠯᠬᠤᠮ | ᠳᠠᠷᠠᠭ᠎ᠠ ᠶᠢ ᠲᠣᠳᠣᠷᠬᠠᠶᠢᠯᠠᠨ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ︔ ᠳᠦᠷᠢᠮ ᠲᠣᠭᠲᠠᠭᠠᠯ ᠲᠣᠭᠲᠠᠭᠠᠬᠤ ᠴᠢᠬᠤᠯᠠᠲᠠᠢ ᠵᠦᠢᠯ ᠪᠠᠶᠢᠪᠠᠯ᠂ | ᠬᠠᠨᠳᠤᠯᠭᠠᠲᠤ ᠴᠢᠨᠠᠷᠲᠠᠢ᠂ ᠬᠡᠷᠡᠭᠵᠢᠭᠦᠯᠵᠦ ᠪᠣᠯᠬᠤᠶᠢᠴᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠰᠤᠳᠤᠯᠤᠨ ᠲᠣᠭᠲᠠᠭᠠᠬᠤ ᠬᠡᠷᠡᠭᠲᠡᠢ | ᠃ ︽ᠲᠣᠪᠴᠢᠶᠠᠨ ᠳᠠᠷᠤᠭ᠎ᠠ ᠬᠠᠥᠯᠢ ᠬᠡᠷᠡᠭᠵᠢᠭᠦᠯᠬᠦ ᠪᠦᠬᠦ ᠶᠠᠪᠤᠴᠠ ᠳᠤ ᠤᠷᠤᠯᠴᠠᠬᠤ︾ ᠠᠵᠢᠯ ᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ᠂ ᠠᠰᠠᠭᠤᠳᠠᠯ ᠢ | ᠣᠯᠵᠤ ᠮᠡᠳᠡᠭᠡᠳ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠤᠭᠰᠠᠨ ᠦᠭᠡᠢ᠂ ᠬᠦᠨᠳᠦ ᠨᠣᠴᠢᠲᠠᠢ ᠬᠠᠰᠢ ᠶᠠᠰᠢ ᠥᠩᠭᠡᠷᠡᠭᠦᠯᠦᠭᠰᠡᠨ ᠰᠠᠯᠠᠭ᠎ᠠ ᠮᠥᠴᠢᠷ | ᠨᠢᠭᠡᠴᠡ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ︵ᠭᠤᠷᠪᠠ︶ ᠤᠬᠠᠭᠤᠯᠥᠨ ᠵᠢᠯᠤᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ︽ᠲᠣᠪᠴᠢᠶᠠᠨ ᠳᠠᠷᠤᠭ᠎ᠠ ᠬᠠᠥᠯᠢ | ᠬᠡᠷᠡᠭᠵᠢᠭᠦᠯᠬᠦ ᠪᠦᠬᠦ ᠶᠠᠪᠤᠴᠠ ᠳᠤ ᠤᠷᠤᠯᠴᠠᠬᠤ︾ ᠠᠵᠢᠯᠯᠠᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠭᠤᠣᠯ ᠵᠠᠭᠤᠴᠢᠯᠠᠭᠤᠷ ᠤᠨ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠰᠡᠳᠦᠪᠲᠦ ᠲᠤᠰᠬᠠᠢ ᠪᠤᠯᠤᠩ ᠳᠤ ᠲᠦᠰᠢᠭᠯᠡᠵᠦ᠂ ︽ᠪᠢᠴᠢᠯ ᠪᠦᠷᠭᠡ ᠸᠢᠴᠠᠲ | ᠬᠡᠷᠡᠭᠯᠡᠭᠴᠢ ᠶᠢᠨ ᠲᠠᠯ᠎ᠠ︾ ᠵᠡᠷᠭᠡ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠵᠤ᠂ ︽ᠲᠣᠪᠴᠢᠶᠠᠨ ᠳᠠᠷᠤᠭ᠎ᠠ ᠬᠠᠥᠯᠢ ᠬᠡᠷᠡᠭᠵᠢᠭᠦᠯᠬᠦ ᠪᠦᠬᠦ ᠶᠠᠪᠤᠴᠠ ᠳᠤ | ᠤᠷᠤᠯᠴᠠᠬᠤ︾ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠪᠦᠬᠦ ᠬᠤᠳᠠ ᠳᠤ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠠᠭᠤᠷ ᠠᠮᠢᠰᠬᠤᠯ ᠢ | ᠪᠤᠢ ᠪᠣᠯᠭᠠᠬᠤ ᠬᠡᠷᠡᠭᠲᠡᠢ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ︽ᠲᠣᠪᠴᠢᠶᠠᠨ ᠳᠠᠷᠤᠭ᠎ᠠ ᠬᠠᠥᠯᠢ ᠬᠡᠷᠡᠭᠵᠢᠭᠦᠯᠬᠦ ᠪᠦᠬᠦ ᠶᠠᠪᠤᠴᠠ ᠳᠤ ᠤᠷᠤᠯᠴᠠᠬᠤ︾ ᠠᠰᠠᠭᠤᠳᠠᠯ ᠤᠨ ᠨᠠᠷᠢᠨ | ᠲᠠᠩᠰᠠ᠂ ᠴᠡᠭᠴᠡᠯᠡᠨ ᠰᠠᠶᠢᠵᠢᠷᠠᠭᠤᠯᠤᠭᠰᠠᠨ ᠠᠬᠢᠴᠠ᠂ ᠳᠦᠷᠢᠮ ᠦᠷ᠎ᠡ ᠪᠦᠲᠦᠭᠡᠯ ᠵᠢᠴᠢ ᠠᠵᠢᠯ ᠤᠨ ᠦᠷ᠎ᠡ ᠪᠦᠲᠦᠮᠵᠢ ᠶᠢ ᠤᠯᠠᠷᠢᠯ ᠪᠦᠷᠢ ᠶᠢᠨ ᠰᠡᠭᠦᠯᠴᠢ ᠶᠢᠨ | 30 ᠤ ᠡᠳᠦᠷ ᠠᠴᠠ ᠡᠮᠦᠨ᠎ᠡ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠤᠨ ᠶᠠᠪᠤᠳᠠᠯ ᠤᠨ ᠨᠢᠭᠡᠳᠦᠭᠡᠷ ᠰᠠᠯᠠᠭ᠎ᠠ ᠳᠤ ᠮᠡᠳᠡᠭᠦᠯᠬᠦ ᠬᠡᠷᠡᠭᠲᠡᠢ᠃ | ᠬᠤᠲᠠ ᠶᠢᠨ ᠵᠠᠰᠠᠭ ᠤᠨ ᠣᠷᠳᠣᠨ ᠠᠴᠠ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠳᠠᠭᠠᠭᠠᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠡᠭᠦᠷᠭᠡ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ︽ᠲᠣᠪᠴᠢᠶᠠᠨ ᠳᠠᠷᠤᠭ᠎ᠠ ᠬᠠᠥᠯᠢ | ᠬᠡᠷᠡᠭᠵᠢᠭᠦᠯᠬᠦ ᠪᠦᠬᠦ ᠶᠠᠪᠤᠴᠠ ᠳᠤ ᠤᠷᠤᠯᠴᠠᠬᠤ︾ ᠠᠵᠢᠯᠯᠠᠭ᠎ᠠ ᠶᠢᠨ ᠬᠡᠮᠵᠢᠯᠲᠡ ᠶᠢᠨ ᠪᠠᠷᠢᠮᠵᠢᠶ᠎ᠠ ᠪᠣᠯᠭᠠᠨ᠎ᠠ᠃ | ᠳᠠᠭᠠᠯᠳᠤᠭᠤᠯᠤᠯ᠄ ᠲᠦᠩᠯᠢᠶᠣᠣ ᠬᠤᠲᠠ ᠶᠢᠨ ︽ᠲᠣᠪᠴᠢᠶᠠᠨ ᠳᠠᠷᠤᠭ᠎ᠠ ᠬᠠᠥᠯᠢ ᠬᠡᠷᠡᠭᠵᠢᠭᠦᠯᠬᠦ ᠪᠦᠬᠦ ᠶᠠᠪᠤᠴᠠ ᠳᠤ ᠤᠷᠤᠯᠴᠠᠬᠤ︾ ᠠᠰᠠᠭᠤᠳᠠᠯ ᠤᠨ ᠨᠠᠷᠢᠨ | ᠲᠠᠩᠰᠠ ︵ᠵᠠᠭᠪᠤᠷ︶ | | | ᠳᠠᠭᠠᠯᠳᠤᠭᠤᠯᠤᠯ᠄ | | | | | | ᠲᠠᠶᠢᠯᠪᠤᠷᠢ᠄ ᠥᠪᠡᠷᠲᠡᠭᠡᠨ ᠮᠥᠷ ᠨᠡᠮᠡᠵᠦ ᠪᠣᠯᠣᠨ᠎ᠠ᠃ ᠬᠡᠷᠡᠭᠵᠢᠭᠦᠯᠦᠭᠰᠡᠨ ᠠᠷᠭ᠎ᠠ ᠮᠠᠶ᠋ᠢᠭ ᠢᠶᠠᠨ ᠬᠠᠷᠠᠭᠠᠯᠵᠠᠭᠰᠠᠨ ᠠᠷᠭ᠎ᠠ ᠮᠠᠶ᠋ᠢᠭ ᠤᠨ ᠳᠣᠣᠷ᠎ᠠ ︽√︾ ᠵᠢᠷᠤᠵᠤ᠂ | ᠤᠯᠠᠨ ᠵᠦᠢᠯ ᠤᠨ ᠠᠷᠭ᠎ᠠ ᠮᠠᠶ᠋ᠢᠭ ᠢ ᠰᠣᠩᠭᠤᠵᠤ ᠪᠣᠯᠣᠨ᠎ᠠ᠃ | |