| ᠲᠦᠩᠯᠢᠶᠣᠣ ᠵᠠᠰᠠᠭ ᠠᠯᠪᠠᠨ ᠲᠠᠷᠬᠠᠭᠠᠭᠰᠠᠨ ﹇2022﹈ 27 ᠳ᠋ᠤᠭᠠᠷ ᠲᠣᠭᠠᠲᠤ | | | ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠢ ᠤᠯᠠᠮ ᠨᠢᠭᠡ ᠠᠯᠬᠤᠮ ᠲᠦᠷᠢᠮᠵᠢᠭᠦᠯᠬᠦ ᠲᠣᠬᠠᠢ | ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠥᠬᠦᠪᠥᠷᠢ ᠮᠡᠳᠡᠭᠳᠡᠯ | | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠬᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | | ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ᠪᠠ ︽ᠥᠪᠡᠷᠲᠡᠭᠡᠨ ᠵᠠᠰᠠᠬᠤ | ᠣᠷᠣᠨ ᠤ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠢᠯᠡᠴᠢᠯᠡᠬᠦ ᠠᠵᠢᠯᠯᠠᠭ᠎ᠠ ᠶᠢᠨ | ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ | ᠵᠠᠰᠠᠭ ᠲᠠᠷᠬᠠᠭᠠᠭᠰᠠᠨ ﹇2022﹈ 4 ᠳ᠋ᠤᠭᠡᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠠᠵᠤ ᠠᠬᠤᠶᠢᠯᠠᠯ ᠳᠤ ᠬᠤᠯᠪᠣᠭᠳᠠᠬᠰᠠᠨ | ᠪᠢᠴᠢᠭ ᠮᠠᠲ᠋ᠧᠷᠢᠶᠠᠯ ᠲᠣᠭᠲᠠᠭᠠᠬᠤ ᠶᠢ ᠤᠯᠠᠮ ᠨᠢᠭᠡ ᠠᠯᠬᠤᠮ ᠲᠦᠷᠢᠮᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠠᠨᠠᠯ ᠢ ᠭᠦᠢᠴᠡᠳ ᠰᠣᠨᠣᠰᠴᠤ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠡᠳᠦᠭᠡ ᠵᠠᠰᠠᠭ ᠵᠠᠬᠢᠷᠭᠠᠨ ᠤ | ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠲᠤᠬᠠᠶ ᠨᠦᠬᠦᠪᠦᠷᠢ ᠮᠡᠳᠡᠭᠳᠡᠯ ᠲᠠᠷᠠᠭᠠᠬᠢ ᠮᠡᠲᠦ᠄ | ᠨᠢᠭᠡ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠬᠤᠯᠪᠣᠭᠳᠠᠬᠰᠠᠨ ᠵᠠᠰᠠᠭ ᠵᠠᠬᠢᠷᠭᠠᠨ ᠤ | ᠪᠢᠴᠢᠭ ᠮᠠᠲ᠋ᠧᠷᠢᠶᠠᠯ ᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠲᠣᠭᠲᠠᠭᠠᠬᠤ ᠳᠠᠭᠠᠨ ᠡᠷᠬᠡ ᠲᠡᠭᠰᠢ ᠪᠠᠷ ᠥᠷᠢᠰᠥᠯᠳᠦᠬᠦ | ᠬᠢᠨᠠᠨ ᠪᠠᠶᠢᠴᠠᠭᠠᠬᠤ ᠶᠠᠪᠣᠴᠠ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠰᠦᠯᠵᠢᠶᠡᠨ ᠳᠡᠭᠡᠷ᠎ᠡ ᠠᠯᠪᠠᠨ ᠵᠠᠷ | ᠨᠡᠶᠢᠲᠡᠯᠡᠬᠦ ᠵᠡᠷᠭᠡ ᠬᠡᠯᠪᠡᠷᠢ ᠪᠠᠷ ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ᠂ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠣᠯᠠᠨ ᠲᠦᠮᠡᠨ ᠤ ᠲᠥᠯᠥᠭᠡᠯᠡᠭᠴᠢ ᠵᠡᠷᠭᠡ ᠶᠢᠨ ᠰᠠᠨᠠᠯ ᠢ ᠭᠦᠢᠴᠡᠳ ᠰᠣᠨᠣᠰᠴᠤ᠂ ᠰᠠᠨᠠᠯ ᠢ ᠭᠥᠯᠢᠶᠡᠨ ᠠᠪᠤᠭᠰᠠᠨ ᠪᠠᠶᠢᠳᠠᠯ ᠳᠤ ᠲᠣᠳᠣᠷᠬᠠᠶ | ᠲᠠᠶᠢᠯᠪᠣᠷᠢᠯᠠᠯᠲᠠ ᠬᠢᠬᠦ ᠬᠡᠷᠡᠭᠲᠡᠶ᠃ | ᠬᠤᠶᠠᠷ᠂ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠬᠤ ᠶᠠᠪᠣᠴᠠ ᠬᠢᠭᠡᠳ ᠪᠣᠳᠠᠲᠤ ᠴᠣᠭᠴᠠ ᠶᠢᠨ ᠬᠢᠨᠠᠨ ᠬᠠᠷᠭᠤᠭᠤᠯᠤᠯᠲᠠ ᠶᠢ ᠵᠡᠷᠭᠡᠪᠡᠷ | ᠴᠢᠬᠤᠯᠠᠴᠢᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠳᠠᠷᠠᠭᠠᠬᠢ ᠪᠠᠶᠢᠳᠠᠯ ᠤᠨ ᠨᠢᠭᠡᠨ ᠳᠤᠨᠢ ᠲᠣᠬᠢᠷᠠᠯᠴᠠᠪᠠᠯ᠂ ᠶᠠᠪᠣᠴᠠ ᠨᠢ ᠲᠣᠭᠲᠠᠭᠠᠯ ᠳᠤ ᠨᠡᠶᠢᠴᠡᠬᠦ ᠥᠬᠡᠶ ᠳᠤ | ᠲᠣᠭᠠᠴᠠᠭᠳᠠᠵᠤ᠂ ᠲᠤᠭᠤᠷᠪᠢᠨ ᠪᠢᠴᠢᠭᠰᠡᠨ ᠰᠠᠯᠠᠭ᠎ᠠ ᠮᠥᠴᠢᠷ ᠲᠤ ᠪᠤᠴᠠᠭᠠᠵᠤ ᠨᠥᠬᠦᠪᠥᠷᠢᠯᠡᠨ ᠲᠡᠭᠦᠯᠳᠡᠷᠵᠢᠭᠦᠯᠬᠦ ᠬᠡᠷᠡᠭᠲᠡᠶ᠄ | ︵ᠨᠢᠭᠡ︶ ᠤᠯᠠᠨ ᠨᠡᠶᠢᠲᠡ ᠶᠢᠨ ᠰᠠᠨᠠᠯ ᠬᠤᠷᠢᠶᠠᠬᠤ ᠳᠤ 30 ᠬᠤᠨᠤᠭ ᠬᠦᠷᠦᠭᠰᠡᠨ ᠦᠬᠡᠢ︔ | ︵ᠬᠤᠶᠠᠷ︶ ᠵᠠᠬ᠎ᠠ ᠳᠡᠯᠭᠡᠭᠦᠷ ᠤᠨ ᠭᠤᠤᠯ ᠴᠣᠭᠴᠠ᠂ ᠬᠠᠮᠢᠶ᠎ᠠ ᠪᠥᠬᠦᠶ ᠠᠵᠤ ᠠᠬᠤᠶᠢᠯᠠᠯ ᠪᠠ ᠠᠵᠢᠯ ᠲᠥᠷᠥᠯ ᠤᠨ ᠨᠡᠶᠢᠭᠡᠮᠯᠢᠭ ᠤᠨ ᠰᠠᠨᠠᠯ ᠢ ᠭᠦᠢᠴᠡᠳ | ᠰᠣᠨᠣᠰᠤᠭᠰᠠᠨ ᠥᠬᠡᠶ︔ | ︵ᠭᠤᠷᠪᠠ︶ ᠭᠤᠣᠯᠴᠢ ᠪᠠᠷ ᠦᠷᠢᠰᠦᠯᠳᠦᠬᠦ ᠬᠢᠨᠠᠨ ᠪᠠᠶᠢᠴᠠᠭᠠᠬᠤ ᠶᠠᠪᠣᠴᠠ ᠶᠢ ᠭᠦᠢᠴᠡᠳᠬᠡᠭᠰᠡᠨ ᠦᠭᠡᠢ︔ | ︵ᠲᠦᠷᠪᠡ︶ ᠨᠡᠶᠢᠭᠡᠮ ᠤᠨ ᠠᠶᠤᠯ ᠲᠦᠭᠰᠢᠭᠦᠷᠢ ᠣᠷᠣᠰᠢᠵᠤ ᠪᠠᠶᠢᠲᠠᠯ᠎ᠠ ᠨᠡᠶᠢᠭᠡᠮ ᠤᠨ ᠠᠶᠤᠯ ᠲᠦᠭᠰᠢᠭᠦᠷᠢ ᠶᠢᠨ ᠦᠨᠡᠯᠡᠯᠲᠡ ᠵᠢᠱᠢᠯᠲᠡ ᠬᠢᠭᠰᠡᠨ ᠦᠭᠡᠢ︔ | ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠪᠤᠰᠤᠳ ᠪᠠᠶᠢᠳᠠᠯ ᠤᠳ᠃ | ᠭᠤᠷᠪᠠ᠂ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠪᠠ ᠵᠠᠷᠯᠢᠭ ᠤᠨ ᠦᠨᠳᠦᠰᠦᠯᠡᠯ ᠥᠬᠡᠶ | ᠪᠣᠯᠪᠠᠯ᠂ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠳᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠤᠷᠣᠭᠳᠠᠭᠤᠯᠵᠣ | ᠬᠤᠬᠢᠷᠠᠭᠤᠯᠬᠤ ᠪᠤᠶᠤ ᠡᠭᠦᠷᠭᠡ ᠨᠡᠮᠡᠭᠳᠡᠭᠦᠯᠵᠦ ᠪᠣᠯᠬᠤ ᠦᠭᠡᠢ᠂ ᠵᠠᠬ᠎ᠠ ᠳᠡᠯᠭᠡᠭᠦᠷ ᠲᠤ ᠣᠷᠣᠬᠤ ᠪᠣᠶᠣ ᠭᠠᠷᠬᠤ ᠳᠤ ᠨᠥᠬᠦᠴᠡᠯ ᠳᠣᠷᠠᠳᠴᠣ ᠪᠣᠯᠬᠤ ᠥᠬᠡᠶ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠭᠠᠷ ᠳᠦᠷᠦᠵᠦ ᠪᠣᠯᠬᠤ ᠥᠬᠡᠶ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠬᠡ ᠡᠭᠦᠷᠭᠡ ᠳᠤ ᠬᠤᠯᠪᠣᠭᠳᠠᠬᠰᠠᠨ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠠᠤᠯᠢ ᠳᠤ ᠲᠣᠭᠲᠠᠭᠠᠭᠰᠠᠨ | ᠱᠠᠭᠠᠷᠳᠠᠯᠭ᠎ᠠ ᠪᠠ ᠶᠠᠪᠣᠴᠠ ᠶᠣᠰᠣᠭᠠᠷ ᠨᠡᠶᠢᠲᠡᠯᠡᠬᠦ ᠬᠡᠷᠡᠭᠳᠡᠢ᠂ ᠨᠡᠶᠢᠲᠡᠯᠡᠭᠰᠡᠨ ᠥᠬᠡᠶ ᠪᠣᠯᠪᠠᠯ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ | ᠪᠣᠯᠬᠤ ᠥᠬᠡᠶ᠃ | ᠳᠥᠷᠪᠡ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ | ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠪᠠ ᠪᠢᠴᠢᠭ ᠮᠠᠲ᠋ᠧᠷᠢᠶᠠᠯ ᠲᠠᠷᠬᠠᠭᠠᠬᠤ ᠶᠢᠨ ᠴᠢᠬᠤᠯᠠ ᠴᠢᠨᠠᠷ ᠢ ᠪᠥᠬᠦ ᠲᠠᠯ᠎ᠠ ᠪᠠᠷ ᠦᠨᠡᠯᠡᠨ ᠵᠢᠱᠢᠵᠦ᠂ ᠲᠥᠷᠥ ᠶᠢᠨ | ᠪᠣᠳᠣᠯᠭ᠎ᠠ ᠳᠠᠪᠬᠤᠴᠠᠬᠤ ᠪᠤᠶᠤ ᠬᠠᠷᠢᠯᠴᠠᠨ ᠵᠣᠬᠢᠴᠠᠯᠳᠤᠬᠤ ᠥᠬᠡᠶ ᠠᠴᠠ ᠪᠣᠯᠵᠣ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠪ ᠤᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠳᠤ ᠠᠰᠢᠭ ᠥᠬᠡᠶ ᠨᠥᠯᠥᠭᠡ ᠤᠴᠠᠷᠠᠭᠤᠯᠬᠤ ᠠᠴᠠ ᠵᠠᠶᠢᠯᠠᠬᠤ ᠬᠡᠷᠡᠭᠲᠡᠶ᠃ | | | 2022 ᠣᠨ ᠤ 6 ᠳ᠋ᠣᠭᠠᠷ ᠰᠠᠷ᠎ᠠ ᠶᠢᠨ 28 | | | |