ᠠᠵᠢᠯ ᠣᠯᠬᠤ ᠳᠤ ᠬᠦᠴᠢᠷᠲᠡᠢ ᠬᠥᠮᠥᠰ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠲᠥᠷᠦ ᠶᠢᠨ ᠪᠣᠳᠣᠯᠭ᠎ᠠ
ᠨᠡᠶᠢᠲᠡᠯᠡᠭᠰᠡᠨ ᠴᠠᠭ᠄
2022/10/26
ᠨᠢᠭᠡ᠂ ᠶᠠᠮᠠᠷ ᠶᠠᠮᠠᠷ ᠬᠥᠮᠥᠰ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠬᠦᠷᠲᠡᠵᠦ ᠪᠣᠯᠬᠤ ᠪᠤᠢ︖1 . ᠠᠵᠢᠯ ᠣᠯᠬᠤ ᠳᠤ ᠬᠦᠴᠢᠷᠲᠡᠢ ᠬᠥᠮᠥᠰ ᠢ ᠡᠯᠰᠡᠨ ᠬᠡᠷᠡᠭᠯᠡᠬᠦ ᠵᠢᠴᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ ᠳᠠᠮᠵᠢᠨ ᠠᠵᠢᠯ ᠣᠯᠬᠤ ᠳᠤ ᠬᠦᠴᠢᠷᠲᠡᠢ ᠬᠥᠮᠥᠰ ᠢ ᠲᠥᠪᠬᠢᠨᠡᠭᠦᠯᠵᠦ᠂ ᠲᠡᠭᠦᠨ ᠲᠠᠢ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠨᠢᠭᠡᠴᠡ᠃2 . ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠥᠪᠡᠰᠦᠪᠡᠨ ᠲᠤᠰᠢᠶᠠᠬᠤ ᠶᠢᠨ ᠬᠠᠮᠲᠤ ᠠᠮᠢᠳᠤᠯᠢᠭ ᠢᠶᠠᠷ ᠠᠵᠢᠯ ᠣᠯᠬᠤ ᠶᠢ ᠪᠡᠶᠡᠯᠡᠭᠦᠯᠦᠭᠰᠡᠨ ᠠᠵᠢᠯ ᠣᠯᠬᠤ ᠳᠤ ᠬᠦᠴᠢᠷᠲᠡᠢ ᠬᠥᠮᠥᠰ᠃ᠬᠤᠶᠠᠷ᠂ ᠬᠡᠨ ᠢ ᠠᠵᠢᠯ ᠣᠯᠬᠤ ᠳᠤ ᠬᠦᠴᠢᠷᠲᠡᠢ ᠬᠥᠮᠥᠰ ᠭᠡᠬᠦ ᠪᠤᠢ︖ᠠᠵᠢᠯ ᠣᠯᠬᠤ ᠳᠤ ᠬᠦᠴᠢᠷᠲᠡᠢ ᠬᠥᠮᠥᠰ ᠭᠡᠳᠡᠭ ᠨᠢ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠥᠮᠥᠰ ᠤᠨ ᠳᠣᠲᠣᠷᠠᠬᠢ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠳᠤ ᠪᠠᠭᠲᠠᠬᠤ᠂ ᠬᠥᠳᠡᠯᠮᠦᠷᠢᠯᠡᠬᠦ ᠴᠢᠳᠠᠪᠤᠷᠢ ᠲᠠᠢ ᠮᠥᠷᠲᠡᠭᠡᠨ ᠠᠵᠢᠯ ᠣᠯᠬᠤ ᠬᠦᠰᠡᠯ ᠲᠠᠢ ᠪᠥᠭᠡᠳ ᠠᠵᠢᠯ ᠠᠯᠳᠠᠭᠰᠠᠨ ᠢᠶᠠᠨ ᠳᠠᠩᠰᠠᠯᠠᠭᠤᠯᠤᠭᠰᠠᠨ ᠲᠠᠷᠠᠭ᠎ᠠ ᠵᠢᠭᠰᠠᠭᠠᠭᠰᠠᠨ 6 ᠲᠥᠷᠥᠯ ᠤᠨ ᠬᠥᠮᠥᠰ ᠢ ᠵᠢᠭᠠᠵᠤ ᠪᠣᠶ᠃︵ᠨᠢᠭᠡ︶ ᠨᠠᠰᠤ ᠠᠬᠢᠭᠰᠠᠨ ᠠᠵᠢᠯ ᠠᠯᠳᠠᠭᠰᠠᠳ᠃ ᠪᠠᠶᠢᠩᠭᠤ ᠰᠠᠭᠤᠭ᠎ᠠ ᠭᠠᠵᠠᠷ ᠲᠠᠭᠠᠨ ᠵᠠᠯᠭᠠᠭ᠎ᠠ ᠪᠠᠷ 6 ᠰᠠᠷ᠎ᠠ ᠠᠴᠠ ᠳᠡᠭᠡᠭᠰᠢ ᠰᠠᠭᠤᠭᠰᠠᠨ ᠪᠥᠭᠡᠳ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠳᠤ ᠣᠷᠣᠯᠴᠠᠭᠠᠳ 1 ᠵᠢᠯ ᠠᠴᠠ ᠳᠡᠭᠡᠭᠰᠢ ᠪᠣᠯᠤᠭᠰᠠᠨ ᠪᠦᠬᠦᠯᠢ 40 ᠬᠦᠷᠦᠭᠰᠡᠨ ᠡᠮᠡᠭᠲᠡᠢ᠂ ᠪᠦᠬᠦᠯᠢ 50 ᠬᠦᠷᠦᠭᠰᠡᠨ ᠡᠷᠡᠭᠲᠡᠢ ᠵᠢᠴᠢ ᠳᠡᠭᠡᠭᠰᠢᠬᠢ ᠨᠠᠰᠣᠨ ᠤ ᠠᠵᠢᠯ ᠠᠯᠳᠠᠭᠰᠠᠳ ᠢ ᠵᠢᠭᠠᠵᠤ ᠪᠣᠶ᠃︵ᠬᠤᠶᠠᠷ︶ ᠵᠡᠮᠳᠡᠭ ᠬᠥᠮᠥᠰ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠲᠠᠢ ᠵᠡᠮᠳᠡᠭᠴᠦᠳ ᠢ ᠵᠢᠭᠠᠵᠤ ᠪᠤᠶ᠃︵ᠭᠤᠷᠪᠠ︶ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ ᠶᠢᠨ ᠪᠦᠷᠢᠯᠳᠦᠭᠦᠨ᠃ ᠠᠳᠠᠯᠢ ᠨᠢᠭᠡᠨ ᠭᠡᠷ ᠪᠦᠯᠢ ᠶᠢᠨ ᠡᠷᠦᠬᠡ ᠠᠮᠠ ᠶᠢᠨ ᠲᠠᠩᠰᠠᠨ ᠳᠤ 2 ᠪᠤᠶᠤ 2 ᠠᠴᠠ ᠳᠡᠭᠡᠭᠰᠢ ᠬᠠᠮᠲᠤ ᠠᠮᠢᠳᠤᠷᠠᠵᠤ ᠪᠠᠶᠢᠭ᠎ᠠ ᠪᠦᠷᠢᠯᠳᠦᠭᠦᠨ ᠲᠠᠢ ᠪᠥᠭᠡᠳ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠳᠤ ᠪᠠᠭᠲᠠᠬᠤ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠬᠦᠰᠡᠯ ᠲᠠᠢ ᠭᠡᠷ ᠪᠦᠯᠢ ᠶᠢᠨ ᠪᠦᠷᠢᠯᠳᠦᠭᠦᠨ ᠴᠥᠮ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ ᠮᠥᠷᠲᠡᠭᠡᠨ ᠡᠵᠡᠩᠨᠡᠯᠲᠡ ᠶᠢᠨ ᠴᠢᠨᠠᠷᠲᠠᠢ᠂ ᠪᠡᠯᠡ ᠣᠷᠣᠭᠤᠯᠤᠯᠲᠠ ᠶᠢᠨ ᠴᠢᠨᠠᠷᠲᠠᠢ ᠣᠷᠣᠯᠭ᠎ᠠ ᠦᠭᠡᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠬᠥᠮᠥᠰ ᠢ ᠵᠢᠭᠠᠵᠤ ᠪᠣᠶ᠃︵ᠳᠥᠷᠪᠡ︶ ᠭᠠᠵᠠᠷ ᠰᠢᠷᠣᠢ ᠪᠠᠨ ᠠᠯᠳᠠᠭᠰᠠᠨ ᠮᠠᠯᠴᠢᠨ ᠲᠠᠷᠢᠶᠠᠴᠢᠨ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠨᠢᠭᠡᠳᠦᠯᠲᠡᠢ ᠭᠠᠵᠠᠷ ᠲᠠᠲᠠᠪᠤᠷᠢᠯᠠᠬᠤ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠤᠯ ᠤᠨ ᠳᠠᠭᠠᠭᠠᠴᠢᠯᠠᠭᠰᠠᠨ ᠲᠠᠷᠢᠶᠠᠨ ᠭᠠᠵᠠᠷ ᠪᠤᠶᠤ ᠨᠤᠲᠤᠭ ᠪᠡᠯᠴᠢᠭᠡᠷ ᠢᠶᠠᠨ ᠪᠦᠷᠢᠮᠦᠰᠦᠨ ᠠᠯᠳᠠᠭᠰᠠᠨ᠂ ᠪᠦᠬᠦᠯᠢ 40 ᠬᠦᠷᠦᠭᠰᠡᠨ ᠡᠮᠡᠭᠲᠡᠢ᠂ ᠪᠦᠬᠦᠯᠢ 50 ᠬᠦᠷᠦᠭᠰᠡᠨ ᠡᠷᠡᠭᠲᠡᠢ ᠵᠢᠴᠢ ᠳᠡᠭᠡᠭᠰᠢᠬᠢ ᠨᠠᠰᠤᠨ ᠤ ᠮᠠᠯᠴᠢᠨ ᠲᠠᠷᠢᠶᠠᠴᠢᠨ ᠢ ᠵᠢᠭᠠᠵᠤ ᠪᠣᠶ᠃ ᠶᠠᠭ ᠰᠠᠶ᠋ᠢᠬᠠᠨ ᠡᠳ᠋ᠯᠡᠵᠦ ᠪᠠᠶᠢᠭ᠎ᠠ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠰᠠᠷ᠎ᠠ ᠶᠢᠨ ᠪᠠᠷᠢᠮᠵᠢᠶ᠎ᠠ ᠨᠢ ᠲᠤᠬᠠᠢ ᠶᠢᠨ ᠭᠠᠵᠠᠷ ᠤᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠠᠴᠠ ᠥᠨᠳᠥᠷ ᠪᠠᠶᠢᠬᠤ ᠬᠦᠮᠦᠰ ᠢ ᠪᠠᠭᠲᠠᠭᠠᠬᠤ ᠦᠭᠡᠢ᠃︵ᠲᠠᠪᠤ︶ ᠤᠷᠳᠤ ᠬᠤᠭᠤᠴᠠᠭ᠎ᠠ ᠪᠠᠷ ᠠᠵᠢᠯ ᠠᠯᠳᠠᠭᠰᠠᠳ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ ᠬᠦᠷᠲᠡᠵᠦ ᠪᠠᠶᠢᠭ᠎ᠠ ᠮᠥᠷᠲᠡᠭᠡᠨ ᠵᠠᠯᠭᠠᠭ᠎ᠠ ᠪᠠᠷ 1 ᠵᠢᠯ ᠠᠴᠠ ᠳᠡᠭᠡᠭᠰᠢ ᠠᠵᠢᠯ ᠠᠯᠳᠠᠭᠰᠠᠨ ᠢᠶᠠᠷ ᠳᠠᠩᠰᠠᠯᠠᠭᠤᠯᠤᠭᠠᠳ ᠪᠦᠬᠦᠯᠢ 35 ᠬᠦᠷᠦᠭᠰᠡᠨ ᠡᠮᠡᠭᠲᠡᠢ᠂ ᠪᠦᠬᠦᠯᠢ 45 ᠬᠦᠷᠦᠭᠰᠡᠨ ᠡᠷᠡᠭᠲᠡᠢ ᠠᠵᠢᠯ ᠠᠯᠳᠠᠭᠰᠠᠳ ᠢ ᠵᠢᠭᠠᠵᠤ ᠪᠣᠶ︔︵ᠵᠢᠷᠭᠤᠭ᠎ᠠ︶ ᠠᠵᠢᠯ ᠣᠯᠬᠤ ᠳᠤ ᠬᠦᠴᠢᠷᠲᠡᠢ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ᠃ ᠰᠤᠷᠭᠠᠭᠤᠯᠢ ᠲᠡᠭᠦᠰᠦᠭᠡᠳ 2 ᠵᠢᠯ ᠪᠤᠶᠤ 2 ᠵᠢᠯ ᠠᠴᠠ ᠳᠡᠭᠡᠭᠰᠢ ᠪᠣᠯᠲᠠᠯ᠎ᠠ ᠶᠡᠷᠦ ᠠᠴᠠ ᠠᠵᠢᠯ ᠣᠯᠣᠭᠰᠠᠨ ᠦᠭᠡᠢ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ ︵ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ ᠭᠡᠳᠡᠭ ᠨᠢ ᠭᠤᠣᠯᠳᠠᠭᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠶᠢ ᠵᠢᠭᠠᠵᠤ ᠪᠣᠶ︶ ᠢ ᠵᠢᠭᠠᠵᠤ ᠪᠣᠶ᠃ᠡᠮᠦᠨ᠎ᠡ ᠳᠤᠷᠠᠳᠤᠭᠰᠠᠨ ᠨᠥᠬᠦᠴᠡᠯ ᠤᠨ ᠨᠢᠭᠡ ᠳᠤᠨᠢ ᠨᠡᠶᠢᠴᠡᠪᠡᠯ ᠪᠠᠶᠢᠩᠭᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ﹇ᠨᠡᠶᠢᠭᠡᠮ ᠲᠣᠭᠤᠷᠢᠭ ᠦᠭᠡᠢ ᠪᠣᠯ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠠᠪᠴᠠᠩ﹈ ᠳᠤ ᠭᠤᠶᠤᠴᠢᠯᠠᠯ ᠢᠶᠠᠨ ᠳᠡᠪᠰᠢᠭᠦᠯᠵᠦ ᠪᠣᠯᠣᠨ᠎ᠠ᠃ᠭᠤᠷᠪᠠ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠪᠠᠷᠢᠮᠵᠢᠶ᠎ᠠ ᠵᠢᠴᠢ ᠭᠥᠷᠳᠡᠬᠦ ᠬᠤᠭᠤᠴᠠᠭ᠎ᠠ1 . ᠠᠵᠤ ᠠᠬᠤᠶᠢᠯᠠᠯ ᠠᠵᠢᠯ ᠣᠯᠬᠤ ᠳᠤ ᠬᠦᠴᠢᠷᠲᠡᠢ ᠬᠥᠮᠥᠰ ᠢ ᠡᠯᠰᠡᠨ ᠬᠡᠷᠡᠭᠯᠡᠬᠦ ᠵᠢᠴᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ ᠳᠡᠮᠵᠢᠨ ᠠᠵᠢᠯ ᠣᠯᠬᠤ ᠳᠤ ᠬᠦᠴᠢᠷᠲᠡᠢ ᠬᠥᠮᠥᠰ ᠢ ᠲᠥᠪᠬᠢᠨᠡᠭᠦᠯᠵᠦ᠂ ᠲᠡᠭᠦᠨ ᠲᠠᠢ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠪᠥᠭᠡᠳ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠨᠢᠭᠡᠴᠡ ᠳᠤ ᠲᠡᠭᠦᠨ ᠤ ᠠᠵᠢᠯ ᠣᠯᠬᠤ ᠳᠤ ᠬᠦᠴᠢᠷᠲᠡᠢ ᠬᠥᠮᠥᠰ ᠤᠨ ᠪᠣᠳᠠᠲᠠᠢ ᠲᠤᠰᠢᠶᠠᠭᠰᠠᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠪᠠ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ ᠶᠣᠰᠣᠭᠠᠷ ᠨᠥᠬᠦᠪᠦᠷᠢ ᠥᠭᠭᠦᠨ᠎ᠡ᠂ ᠡᠭᠦᠨ ᠳᠤ ᠠᠵᠢᠯ ᠣᠯᠬᠤ ᠳᠤ ᠬᠦᠴᠢᠷᠲᠡᠢ ᠬᠥᠮᠥᠰ ᠤᠨ ᠬᠤᠪᠢ ᠬᠥᠮᠥᠨ ᠤ ᠲᠤᠰᠢᠶᠠᠪᠠᠰᠤ ᠵᠣᠬᠢᠬᠤ ᠬᠡᠰᠡᠭ ᠢ ᠪᠠᠭᠲᠠᠭᠠᠬᠤ ᠦᠭᠡᠢ᠃2 . ᠠᠮᠢᠳᠤᠯᠢᠭ ᠢᠶᠠᠷ ᠠᠵᠢᠯ ᠣᠯᠬᠤ ᠶᠢ ᠪᠡᠶᠡᠯᠡᠭᠦᠯᠦᠭᠰᠡᠨ ᠠᠵᠢᠯ ᠣᠯᠬᠤ ᠳᠤ ᠬᠦᠴᠢᠷᠲᠡᠢ ᠬᠥᠮᠥᠰ ᠲᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠵᠤ᠂ ᠨᠥᠬᠦᠪᠦᠷᠢ ᠶᠢᠨ ᠪᠠᠷᠢᠮᠵᠢᠶ᠎ᠠ ᠶᠢ ᠪᠠᠶᠢᠩᠭᠤ ᠰᠠᠭᠤᠭ᠎ᠠ ᠭᠠᠵᠠᠷ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠨᠠᠭᠠᠲᠤ ᠵᠠᠬ᠎ᠠ ᠶᠢᠨ ᠪᠠᠷᠢᠮᠵᠢᠶ᠎ᠠ ᠶᠢᠨ 2/3 ᠢᠶᠠᠷ ᠨᠥᠬᠦᠪᠦᠷᠢ ᠥᠭᠭᠦᠨ᠎ᠡ᠂ ᠬᠡᠷᠪᠡ ᠬᠤᠪᠢ ᠬᠥᠮᠥᠨ ᠤ ᠰᠦᠢᠳᠬᠡᠯ ᠲᠤᠰᠢᠶᠠᠬᠤ ᠲᠤᠭ᠎ᠠ ᠬᠡᠮᠵᠢᠶ᠎ᠡ ᠨᠢ ᠪᠠᠶᠢᠩᠭᠤ ᠰᠠᠭᠤᠭ᠎ᠠ ᠭᠠᠵᠠᠷ ᠤᠨ ᠨᠡᠶᠢᠭᠡᠮ ᠤᠨ ᠳᠠᠭᠠᠳᠬᠠᠯ ᠤᠨ ᠪᠠᠷᠢᠮᠵᠢᠶ᠎ᠠ ᠠᠴᠠ ᠳᠣᠣᠷ᠎ᠠ ᠪᠠᠶᠢᠪᠠᠯ᠂ ᠬᠤᠪᠢ ᠬᠥᠮᠥᠨ ᠤ ᠪᠣᠳᠠᠲᠠᠢ ᠲᠤᠰᠢᠶᠠᠭᠰᠠᠨ ᠰᠦᠢᠳᠬᠡᠯ ᠤᠨ 2/3 ᠪᠠᠷ ᠨᠥᠬᠦᠪᠦᠷᠢ ᠥᠭᠭᠦᠨ᠎ᠡ᠃3 . ᠨᠥᠬᠦᠪᠦᠷᠢ ᠥᠭᠬᠦ ᠬᠤᠭᠤᠴᠠᠭ᠎ᠠ ᠶᠢ ᠲᠡᠭᠦᠨ ᠤ ᠠᠩᠬ᠎ᠠ ᠤᠳᠠᠭ᠎ᠠ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠭᠥᠷᠳᠡᠬᠦ ᠦᠶ᠎ᠡ ᠶᠢᠨ ᠨᠠᠰᠤ ᠪᠠᠷ ᠬᠢᠨᠠᠨ ᠲᠣᠭᠲᠠᠭᠠᠬᠤ ᠪᠠᠷᠢᠮᠵᠢᠶ᠎ᠠ ᠪᠣᠯᠭᠠᠨ᠎ᠠ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠬᠦᠷᠲᠡᠯ᠎ᠡ 5 ᠵᠢᠯ ᠬᠦᠷᠬᠦ ᠦᠭᠡᠢ ᠠᠵᠢᠯ ᠣᠯᠬᠤ ᠳᠤ ᠬᠦᠴᠢᠷᠲᠡᠢ ᠬᠥᠮᠥᠰ ᠢ ᠠᠵᠢᠯ ᠠᠴᠠ ᠪᠠᠨ ᠪᠠᠭᠤᠵᠤ ᠠᠮᠠᠷᠠᠬᠤ ᠪᠣᠯᠲᠠᠯ᠎ᠠ ᠤᠷᠳᠤᠳᠬᠠᠵᠤ ᠪᠤᠯᠬᠤᠷ ᠪᠠᠷ ᠪᠠᠷᠠᠬᠤ ᠦᠭᠡᠢ᠂ ᠪᠤᠰᠤᠳ ᠬᠥᠮᠥᠰ ᠢ ᠨᠡᠶᠢᠯᠡᠭᠦᠯᠦᠭᠡᠳ ᠬᠠᠮᠤᠭ ᠤᠨ ᠣᠷᠳᠣ ᠳᠠᠭᠠᠨ 3 ᠵᠢᠯ ᠠᠴᠠ ᠬᠡᠳᠦᠷᠡᠭᠦᠯᠬᠦ ᠦᠭᠡᠢ᠃ᠳᠥᠷᠪᠡ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠬᠠᠮᠢᠭ᠎ᠠ ᠠᠴᠠ ᠭᠤᠶᠤᠴᠢᠯᠠᠬᠤ ᠪᠣᠶ︖ᠠᠵᠢᠯ ᠣᠯᠬᠤ ᠳᠤ ᠬᠦᠴᠢᠷᠲᠡᠢ ᠬᠥᠮᠥᠰ ᠢ ᠡᠯᠰᠡᠵᠦ ᠬᠡᠷᠡᠭᠯᠡᠭᠰᠡᠨ ᠠᠵᠤ ᠠᠬᠤᠶᠢᠯᠠᠯ ᠠᠵᠤ ᠠᠬᠤᠶᠢᠯᠠᠯ ᠤᠨ ᠪᠠᠶᠢᠭ᠎ᠠ ᠭᠠᠵᠠᠷ ᠤᠨ ᠠᠵᠢᠯ ᠣᠯᠭᠤᠬᠤ ᠦᠢᠯᠡᠴᠢᠯᠡᠭᠡᠨ ᠤ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠭᠤᠶᠤᠴᠢᠯᠠᠯ ᠤᠨ  ᠮᠠᠲ᠋ᠧᠷᠢᠶᠠᠯ ᠢᠶᠠᠨ ᠲᠤᠰᠢᠶᠠᠨ᠎ᠠ᠃ᠠᠮᠢᠳᠤᠯᠢᠭ ᠢᠶᠠᠷ ᠠᠵᠢᠯ ᠣᠯᠣᠭᠰᠠᠨ ᠠᠵᠢᠯ ᠣᠯᠬᠤ ᠳᠤ ᠬᠦᠴᠢᠷᠲᠡᠢ ᠬᠥᠮᠥᠰ ᠪᠠᠶᠢᠩᠭᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠬᠥᠳᠡᠯᠮᠦᠷᠢ ᠶᠢᠨ ᠪᠠᠲᠤᠯᠠᠭ᠎ᠠ ᠶᠢᠨ ᠠᠵᠢᠯ ᠤᠨ ᠥᠷᠲᠡᠭᠡ ᠳᠤ ᠭᠤᠶᠤᠴᠢᠯᠠᠯ ᠢᠶᠠᠨ ᠳᠡᠪᠰᠢᠭᠦᠯᠦᠨ᠎ᠡ᠃
ᠢᠷᠡᠯᠲᠡ᠄ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ