﹇ᠰᠣᠷᠪᠤᠯᠵᠢᠯᠠᠭ᠎ᠠ ᠶᠢᠨ ᠨᠡᠷᠡᠶᠢᠳᠦᠯ﹈ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ | ᠰᠠᠷ᠎ᠠ | ﹇ᠰᠤᠷᠪᠤᠯᠵᠢᠯᠠᠭᠰᠠᠨ ᠴᠠᠭ﹈ 2022 - 10 - 17 | ﹇ᠰᠣᠷᠪᠤᠯᠵᠢᠯᠠᠭ᠎ᠠ ᠬᠦᠯᠢᠶᠡᠭᠴᠢ﹈ ᠲᠦᠩᠯᠢᠶᠣᠣ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠳᠡᠳ᠋ ᠳᠠᠷᠤᠭ᠎ᠠ ᠸᠠᠩ ᡁᠢ ᠭᠠᠩ | ﹇ᠭᠤᠣᠯ ᠠᠭᠤᠯᠭ᠎ᠠ﹈ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ | ᠨᠡᠶᠢᠭᠡᠮ ᠤᠨ ᠤᠶᠢᠯᠠᠭᠠᠯᠲᠠ ᠪᠤᠯᠤᠨ ᠮᠡᠳᠡᠷᠡᠬᠦ ᠬᠡᠮᠵᠢᠶ᠎ᠡ ᠶᠢ ᠨᠡᠮᠡᠭᠳᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ | ᠠᠮᠵᠢᠯᠲᠠ ᠶᠢ ᠭᠦᠢᠴᠡᠳ ᠬᠠᠷᠠᠭᠤᠯᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠵᠢᠯ ᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠶᠢ | ᠠᠬᠢᠭᠤᠯᠬᠤ ᠶᠢᠨ ᠲᠥᠯᠥᠭᠡ᠂ ᠲᠦᠩᠯᠢᠶᠣᠣ ᠬᠤᠳᠠ ᠡᠨᠡ ᠵᠢᠯ ᠤᠨ 10 ᠳ᠋ᠤᠭᠠᠷ ᠰᠠᠷ᠎ᠠ ᠶᠢ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠰᠠᠷ᠎ᠠ︾ ᠪᠠᠷ ᠲᠣᠭᠲᠠᠭᠠᠪᠠ᠃ ᠲᠣᠰ ᠤᠳᠠᠭᠠᠨ ᠤ ᠠᠵᠢᠯᠯᠠᠭ᠎ᠠ ᠳᠤ ︽ᠬᠤᠳᠠᠯᠳᠤᠭ᠎ᠠ ᠡᠵᠡᠩᠨᠡᠬᠦ ᠶᠢ | ᠴᠢᠬᠤᠯᠠᠴᠢᠯᠠᠬᠤ᠂ ᠣᠷᠴᠢᠨ ᠲᠤᠭᠤᠷᠢᠨ ᠢ ᠡᠭᠦᠳᠬᠦ᠂ ᠦᠢᠯᠡᠴᠢᠯᠡᠭᠡ ᠶᠢ ᠰᠢᠯᠢᠳᠡᠭᠵᠢᠭᠦᠯᠬᠦ︾ ᠪᠠᠷ ᠭᠤᠣᠯ ᠰᠡᠳᠦᠪ ᠪᠣᠯᠭᠠᠵᠤ᠂ ︽ᠰᠤᠷᠤᠯᠴᠠᠯᠭ᠎ᠠ ᠬᠦᠮᠦᠵᠢᠯ ᠢ | ᠵᠣᠬᠢᠶᠠᠨ ᠪᠠᠶᠢᠭᠤᠯᠬᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠬᠦ᠂ ᠨᠡᠶᠢᠲᠡᠯᠢᠭ ᠵᠢᠱᠢᠶ᠎ᠡ ᠥᠯᠢᠭᠡᠷ ᠳᠠᠭᠤᠷᠢᠶᠠᠯ ᠢ ᠰᠣᠩᠭᠤᠨ | ᠭᠠᠷᠭᠠᠬᠤ᠂ ᠤᠬᠠᠭᠤᠯᠭ᠎ᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠬᠦ᠂ ᠠᠰᠠᠭᠤᠳᠠᠯ ᠤᠨ ᠲᠤᠬᠠᠢ ᠰᠠᠨᠠᠭᠤᠯᠭ᠎ᠠ ᠴᠤᠭᠯᠠᠭᠤᠯᠬᠤ︾ ᠵᠡᠷᠭᠡ ᠲᠠᠪᠤᠨ ᠵᠦᠢᠯ ᠤᠨ | ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠪᠠ᠃ | ﹇ᠬᠥᠲᠥᠯᠥᠭᠴᠢ﹈ ᠥᠨᠥᠳᠥᠷ ᠤᠨ ︽ᠰᠦᠯᠵᠢᠶ᠎ᠡ ᠶᠢᠨ ᠰᠣᠷᠪᠤᠯᠵᠢᠯᠠᠭ᠎ᠠ︾ ᠪᠤᠯᠤᠩ ᠳᠤ ᠤᠷᠢᠭᠳᠠᠭᠰᠠᠨ ᠵᠣᠴᠢᠨ ᠪᠣᠯ ᠲᠦᠩᠯᠢᠶᠣᠣ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ ᠸᠠᠩ ᡁᠢ ᠭᠠᠩ ᠪᠣᠯᠣᠨ᠎ᠠ᠂ ᠸᠠᠩ | ᠲᠣᠪᠴᠢᠶᠠᠨ ᠳᠠᠷᠤᠭ᠎ᠠ ᠲᠠ ᠰᠠᠶᠢᠨ ᠦᠦ᠂ ᠮᠠᠨ ᠤ ᠫᠷᠣᠭ᠍ᠷᠠᠮ ᠳᠤ ᠰᠠᠭᠠᠲᠠᠭᠰᠠᠨ ᠳᠤ ᠪᠠᠶᠠᠷᠯᠠᠨ ᠤᠭᠲᠤᠵᠤ ᠪᠠᠶᠢᠨ᠎ᠠ᠃10 ᠳ᠋ᠤᠭᠠᠷ ᠰᠠᠷ᠎ᠠ ᠶᠢ ᠬᠤᠳᠠᠯᠳᠤᠭ᠎ᠠ | ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠰᠠᠷ᠎ᠠ ᠪᠤᠯᠭᠠᠭᠰᠠᠨ ᠤᠴᠢᠷ᠂ ᠣᠲᠣ ᠪᠢᠳᠡ | ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠠᠭᠤᠯᠭ᠎ᠠ ᠶᠢᠨ ᠲᠠᠯ᠎ᠠ ᠪᠠᠷ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠰᠦᠯᠵᠢᠶᠡᠨ ᠤ | ᠠᠷᠠᠳ ᠲᠠᠢ ᠰᠠᠨᠠᠯ ᠢᠶᠠᠨ ᠰᠣᠯᠢᠯᠴᠠᠶ᠎ᠠ᠃ | ﹇ᠸᠠᠩ ᡁᠢ ᠭᠠᠩ﹈ ᠲᠠ ᠰᠠᠶᠢᠨ ᠦᠦ᠂ ᠰᠦᠯᠵᠢᠶᠡᠨ ᠤ ᠨᠠᠶᠢᠵᠠ ᠨᠠᠷ ᠡ᠂ ᠲᠠ ᠪᠦᠬᠦᠨ ᠰᠠᠶᠢᠨ ᠦᠦ︖ | ﹇ᠬᠦᠲᠦᠯᠦᠭᠴᠢ﹈ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠤ ᠠᠵᠢᠯ ᠤᠨ ᠲᠠᠯ᠎ᠠ ᠪᠠᠷ ᠲᠦᠩᠯᠢᠶᠣᠣ ᠬᠤᠳᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠡᠷᠬᠢᠨ ᠲᠤᠤᠱᠯᠠᠭᠤᠯᠤᠭᠰᠠᠨ ᠪᠤᠢ︖ | ﹇ᠸᠠᠩ ᡁᠢ ᠭᠠᠩ﹈ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠪᠣᠯ ᠨᠢᠭᠡ ᠭᠠᠵᠠᠷ ᠣᠷᠣᠨ ᠤ ᠵᠥᠭᠡᠯᠡᠨ ᠪᠣᠳᠠᠲᠤ ᠬᠦᠴᠦᠨ᠂ ᠥᠷᠢᠰᠦᠯᠳᠦᠬᠦ ᠬᠦᠴᠦᠨ ᠪᠣᠯᠣᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠥᠪᠯᠡᠷᠡᠩᠭᠦᠢ ᠢᠯᠡᠷᠡᠯ ᠮᠥᠨ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠥᠨᠳᠥᠷ ᠬᠢᠷᠢ | ᠲᠦᠪᠰᠢᠨ ᠪᠦᠬᠦᠢ ᠨᠡᠭᠡᠭᠡᠯᠲᠡ ᠶᠢ ᠲᠦᠷᠭᠡᠳᠬᠡᠬᠦ᠂ ᠥᠨᠳᠥᠷ ᠬᠢᠷᠢ ᠲᠦᠪᠰᠢᠨ ᠪᠦᠬᠦᠢ ᠴᠢᠨᠠᠷ ᠰᠠᠶᠢᠲᠠᠢ ᠠᠮᠢᠳᠤᠷᠠᠯ ᠢ ᠪᠤᠶ ᠪᠣᠯᠭᠠᠬᠤ᠂ ᠥᠨᠳᠥᠷ ᠪᠦᠲᠦᠮᠵᠢᠲᠡᠶ | ᠵᠠᠰᠠᠯᠲᠠ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠭᠤᠯᠭ᠎ᠠ ᠮᠥᠨ᠂ ᠥᠪᠡᠷᠲᠡᠭᠡᠨ ᠵᠠᠰᠠᠬᠤ ᠣᠷᠣᠨ ᠤ ᠭᠤᠣᠯ ᠤᠳᠤᠷᠢᠳᠤᠯᠭ᠎ᠠ ᠬᠤᠶᠠᠷ ᠵᠢᠯ ᠳᠠᠷᠠᠭᠠᠯᠠᠨ ᠴᠠᠭᠠᠨ | ᠰᠠᠷ᠎ᠠ ᠶᠢᠨ ᠳᠠᠷᠠᠭᠠᠬᠢ ᠲᠦᠷᠦᠭᠦᠦ ᠡᠳᠦᠷ ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠶᠡᠭᠡ ᠬᠤᠷᠠᠯ ᠬᠢᠵᠦ᠂ ᠲᠤᠲᠤᠭᠠᠳᠦ ᠳᠤ ᠪᠠᠨ | ᠬᠤᠳᠠᠯᠳᠤᠭ᠎ᠠ ᠡᠵᠡᠩᠨᠡᠬᠦ ᠶᠢ ᠴᠢᠩᠭ᠎ᠠ ᠠᠳᠬᠤᠵᠤ᠂ ᠲᠦᠷᠭᠡᠨ ᠪᠦᠭᠡᠳ ᠯᠠᠪᠳᠠᠭᠤᠨ ᠢᠶᠠᠷ ᠦᠭᠡᠷᠡᠴᠢᠯᠡᠯᠲᠡ ᠶᠢ ᠠᠳᠬᠤᠬᠤ ᠴᠢᠩᠭ᠎ᠠ ᠳᠤᠬᠢᠶ᠎ᠠ ᠲᠠᠯᠪᠢᠬᠤ ᠶᠢᠨ ᠬᠠᠮᠲᠦ | ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ 3.0 ᠲᠡᠰ ᠳᠡᠪᠰᠢᠭᠦᠯᠬᠦ ᠠᠵᠢᠯᠯᠠᠭ᠎ᠠ ᠶᠢᠨ ᠲᠥᠰᠥᠯ ᠢ ᠲᠣᠭᠲᠠᠭᠠᠨ ᠳᠠᠷᠤᠮᠠᠯᠯᠠᠨ | ᠲᠠᠷᠬᠠᠭᠠᠵᠤ᠂ ᠪᠦᠬᠦ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠦᠴᠢᠷᠳᠡᠯ ᠢ ᠰᠢᠪᠲᠤᠯᠬᠤ᠂ ᠳᠠᠪᠠᠯᠲᠠ ᠲᠠᠢ ᠨᠡᠭᠡᠭᠡᠬᠦ ᠶᠢ ᠲᠦᠷᠭᠡᠳᠬᠡᠬᠦ ᠳᠤ | ᠦᠨᠳᠦᠰᠦᠨ ᠵᠢᠷᠤᠮᠯᠠᠯ ᠪᠠ ᠭᠤᠣᠯ ᠠᠷᠭ᠎ᠠ ᠵᠠᠮ ᠢ ᠬᠠᠩᠭᠠᠭᠰᠠᠨ ᠪᠠᠶᠢᠨ᠎ᠠ᠃ ᠲᠦᠩᠯᠢᠶᠣᠣ ᠬᠤᠲᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠭᠰᠠᠨ ᠨᠢ ᠭᠤᠤᠯᠳᠠᠭᠤ ᠳᠠᠷᠠᠭᠠᠬᠢ ᠭᠤᠷᠪᠠᠨ ᠲᠠᠯ᠎ᠠ ᠪᠠᠷ ᠢᠯᠡᠷᠡᠨ᠎ᠡ᠄ ᠨᠢᠭᠡ ᠳᠤ ᠨᠢᠭᠡᠳᠦᠯᠲᠡᠢ ᠲᠥᠯᠥᠪᠯᠡᠨ | ᠰᠦᠪᠡᠭᠴᠢᠯᠡᠬᠦ ᠶᠢ ᠴᠢᠩᠭᠠᠷᠠᠭᠤᠯᠪᠠ᠃ ᠰᠢᠰᠲ᠋ᠧᠮ ᠲᠠᠢ ᠪᠠᠷ ᠪᠠᠶᠢᠷᠢᠰᠢᠭᠤᠯᠬᠤ᠂ ᠪᠦᠬᠦᠯᠢ ᠴᠣᠭᠴᠠ ᠪᠠᠷ ᠨᠢ ᠲᠥᠯᠥᠪᠵᠢᠭᠦᠯᠬᠦ ᠶᠢ ᠪᠠᠷᠢᠮᠲᠠᠯᠠᠵᠤ᠂ ᠡᠨᠡ ᠵᠢᠯ ᠢ ︽ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠢᠪᠲᠤᠯᠤᠯᠲᠠ ᠶᠢᠨ ᠣᠨ︾ ᠪᠣᠯᠭᠠᠬᠤ ᠪᠠᠷ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ ᠤ | 3.0 ᠲᠥᠰᠥᠯ ᠢ ᠲᠣᠭᠲᠠᠭᠠᠨ ᠬᠡᠷᠡᠭᠵᠢᠭᠦᠯᠬᠦ ᠰᠢᠪᠲᠤᠯᠤᠯᠲᠠ ᠶᠢᠨ ᠣᠨ ᠤ ᠶᠡᠷᠦᠩᠬᠡᠢ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ 257 | ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠪᠠ᠃ ᠡᠭᠦᠨ ᠤ ᠬᠠᠮᠲᠤ᠂ ᠠᠰᠠᠭᠤᠳᠠᠯ ᠲᠣᠪᠣᠶᠢᠮ᠎ᠠ ᠪᠠᠶᠢᠭ᠎ᠠ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ | ᠥᠭᠡᠷᠡᠴᠢᠯᠡᠯᠲᠡ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ ᠬᠠᠤᠯᠢ | ᠴᠠᠭᠠᠵᠠ᠂ ᠲᠥᠷᠥᠯ ᠵᠦᠢᠯ ᠤᠨ ᠭᠠᠷᠳᠠᠮ ᠭᠦᠢᠴᠡᠳᠬᠡᠬᠦ᠂ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ᠂ ᠦᠨᠡᠨᠴᠢ | ᠢᠲᠡᠭᠡᠮᠵᠢᠲᠦ ᠵᠠᠰᠠᠭ ᠤᠨ ᠣᠷᠳᠣᠨ ᠤ ᠪᠠᠶᠢᠭᠤᠯᠤᠯᠲᠠ᠂ ᠮᠥᠩᠭᠦᠨ ᠭᠦᠢᠯᠭᠡᠭᠡᠨ ᠤ ᠠᠮᠢ ᠠᠬᠤᠢ ᠶᠢᠨ ᠣᠷᠴᠢᠨ ᠲᠣᠭᠤᠷᠢᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠣᠶᠢᠷ᠎ᠠ ᠬᠠᠪᠢ ᠳᠠᠭᠠᠨ ᠭᠦᠢᠴᠡᠳᠬᠡᠬᠦ︾᠂ ︽ᠮᠦᠩᠬᠡ ᠰᠤᠪᠠᠭ · ᠠᠯᠠᠭᠠᠨ ᠳᠡᠭᠡᠷ᠎ᠡ ᠭᠦᠢᠴᠡᠳᠭᠡᠬᠦ︾ ᠶᠢ ᠬᠡᠷᠡᠭᠵᠢᠭᠦᠯᠬᠦ᠂ ᠤᠶᠤᠨᠴᠢ | ᠵᠠᠰᠠᠭ ᠤᠨ ᠶᠠᠪᠤᠳᠠᠯ ᠤᠨ ᠪᠠᠶᠢᠭᠤᠯᠤᠯᠲᠠ ᠵᠡᠷᠭᠡ 10 ᠬᠦᠷᠢᠶᠡᠨ ᠳᠤ ᠭᠤᠣᠯᠳᠠᠯᠭ᠎ᠠ ᠲᠠᠢ ᠪᠠᠷ ᠲᠤᠰᠬᠠᠢ ᠵᠦᠢᠯ ᠤᠨ ᠰᠢᠪᠲᠤᠯᠤᠯᠲᠠ ᠶᠢᠨ ᠠᠵᠢᠯᠯᠠᠭ᠎ᠠ ᠦᠷᠨᠢᠭᠦᠯᠪᠡ᠃ | ᠨᠢᠭᠡ ᠵᠢᠯ ᠤᠨ ᠬᠤᠭᠤᠴᠠᠭ᠎ᠠ ᠶᠢ ᠠᠰᠢᠭᠯᠠᠨ ᠲᠥᠪᠯᠡᠷᠡᠭᠦᠯᠦᠨ ᠵᠠᠰᠠᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠰᠬᠠᠯ ᠴᠢᠩᠭ᠎ᠠ ᠪᠠᠶᠢᠭ᠎ᠠ | ︽ᠡᠪᠡᠷᠰᠢᠶᠡᠯ ᠲᠠᠢ ᠭᠠᠵᠠᠷ︾ ︽ᠲᠦᠭᠵᠢᠷᠡᠯ ᠲᠠᠢ ᠭᠠᠵᠠᠷ︾ ︽ᠬᠦᠴᠢᠷᠳᠡᠯ ᠲᠠᠢ ᠭᠠᠵᠠᠷ︾ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠪᠡ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠲᠤᠰᠬᠠᠢ ᠵᠦᠢᠯ ᠢᠶᠠᠷ ᠳᠠᠭᠠᠭᠠᠴᠢᠯᠠᠨ | ᠬᠤᠯᠪᠣᠭᠠᠯᠠᠬᠤ᠂ ᠲᠤᠰᠬᠠᠢ ᠵᠦᠢᠯ ᠢᠶᠠᠷ ᠬᠢᠨᠠᠯᠲᠠ ᠲᠠᠯᠪᠢᠬᠤ᠂ ᠲᠤᠰᠬᠠᠢ ᠵᠦᠢᠯ ᠢᠶᠠᠷ ᠱᠠᠭᠠᠷᠳᠠᠨ ᠪᠠᠶᠢᠴᠠᠭᠠᠬᠤ᠂ ᠲᠤᠰᠬᠠᠢ ᠵᠦᠢᠯ ᠢᠶᠠᠷ ᠬᠢᠨᠠᠨ ᠰᠢᠯᠭᠠᠬᠤ᠂ | ᠲᠤᠰᠬᠠᠢ ᠵᠦᠢᠯ ᠢᠶᠠᠷ ᠲᠣᠬᠢᠷᠠᠭᠤᠯᠬᠤ᠂ ᠲᠤᠰᠬᠠᠢ ᠵᠦᠢᠯ ᠢᠶᠠᠷ ᠪᠠᠶᠢᠴᠠᠭᠠᠬᠤ᠂ ᠲᠤᠰᠬᠠᠢ ᠵᠦᠢᠯ ᠢᠶᠠᠷ ᠲᠣᠭᠤᠷᠢᠨ ᠪᠠᠶᠢᠴᠠᠭᠠᠬᠤ ᠵᠡᠷᠭᠡ 7 ᠵᠦᠢᠯ ᠤᠨ ᠠᠵᠢᠯ ᠤᠨ | ᠲᠣᠭᠲᠠᠴᠠ ᠶᠢ ᠪᠠᠶᠢᠭᠤᠯᠵᠤ᠂ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠪᠠᠲᠤᠯᠠᠪᠠ᠃ ᠬᠤᠶᠠᠷ ᠲᠤ ᠴᠢᠬᠤᠯᠠᠴᠢᠯᠠᠨ ᠠᠬᠢᠭᠤᠯᠬᠤ ᠶᠢ ᠴᠢᠩᠭᠠᠳᠬᠠᠪᠠ᠃ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠵᠢᠯ ᠤᠨ ᠡᠭᠦᠷᠭᠡ ᠶᠢ ᠪᠥᠬᠦ ᠬᠤᠲᠠ ᠶᠢᠨ ᠠᠵᠢᠯ ᠤᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠥᠪᠡᠷᠲᠡᠭᠡᠨ | ᠵᠠᠰᠠᠬᠤ ᠣᠷᠣᠨ ᠤ 3.0 ᠡᠭᠦᠷᠭᠡ ᠪᠠ ᠮᠠᠨ ᠤ ᠬᠤᠲᠠ ᠶᠢᠨ ᠰᠢᠪᠲᠤᠯᠤᠯᠲᠠ ᠶᠢᠨ ᠣᠨ ᠤ ᠲᠥᠰᠥᠯ ᠤᠨ ᠲᠣᠭᠤᠷᠢᠨ ᠳᠤ ᠡᠭᠦᠷᠭᠡ ᠲᠣᠭᠲᠠᠭᠠᠵᠤ᠂ ᠭᠤᠣᠯ | ᠤᠳᠤᠷᠢᠳᠤᠯᠭ᠎ᠠ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠵᠢᠯᠤᠭᠤᠳᠴᠤ᠂ ᠪᠡᠶ᠎ᠡ ᠪᠠᠷ ᠢᠶᠠᠨ ᠰᠢᠪᠠᠳᠠᠨ ᠵᠢᠯᠤᠭᠤᠳᠴᠤ᠂ ᠪᠥᠬᠦ ᠵᠢᠯ ᠤᠨ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠤ ᠠᠵᠢᠯ ᠢ ᠰᠢᠰᠲ᠋ᠧᠮ ᠲᠠᠢ ᠲᠥᠯᠥᠪᠵᠢᠭᠦᠯᠵᠦ᠂ ᠡᠯ᠎ᠡ ᠲᠠᠯ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠪᠣᠳᠠᠳᠠᠶᠢᠵᠢᠭᠤᠯᠪᠠ᠃ ᠬᠤᠲᠠ ᠶᠢᠨ ᠬᠤᠳᠠᠯᠳᠤᠭ᠎ᠠ ᠡᠵᠡᠩᠨᠡᠯᠲᠡ ᠶᠢᠨ ᠶᠠᠪᠤᠳᠠᠯ ᠤᠨ ᠠᠯᠪᠠᠨ ᠭᠡᠷ ᠤᠨ ᠭᠠᠷᠠᠭ ᠤᠨ ᠲᠣᠬᠢᠷᠠᠭᠤᠯᠤᠯᠲᠠ᠂ ᠬᠤᠲᠠ ᠶᠢᠨ ᠵᠠᠰᠠᠭ ᠤᠨ | ᠣᠷᠳᠣᠨ ᠤ ᠠᠯᠪᠠᠨ ᠭᠡᠷ ᠤᠨ ᠰᠠᠷ᠎ᠠ ᠶᠢᠨ ᠲᠣᠬᠢᠷᠠᠭᠤᠯᠤᠯᠲᠠ ᠶᠢᠨ ᠲᠣᠭᠲᠠᠴᠠ ᠶᠢ ᠪᠠᠷᠢᠮᠲᠠᠯᠠᠵᠤ᠂ ᠵᠢᠯ ᠤᠨ ᠡᠬᠢᠨ ᠠᠴᠠ ᠨᠠᠰᠢ ᠤᠷᠢᠳ ᠬᠤᠵᠢᠳ 6 ᠤᠳᠠᠭ᠎ᠠ | ᠲᠣᠬᠢᠷᠠᠭᠤᠯᠤᠯᠲᠠ ᠶᠢᠨ ᠬᠤᠷᠠᠯ᠂ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠵᠤ᠂ ᠮᠥᠷᠳᠡᠨ ᠲᠣᠬᠢᠷᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠡᠮᠬᠢᠯᠡᠨ ᠰᠢᠢᠳᠪᠦᠷᠢᠯᠡᠪᠡ᠃ ᠭᠤᠷᠪᠠ ᠳᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ 2021 ᠣᠨ ᠤ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠤ ᠦᠨᠡᠯᠡᠯᠲᠡ ᠶᠢᠨ ᠮᠡᠳᠡᠭᠦᠯᠦᠯᠲᠡ ᠶᠢ ᠦᠨᠳᠦᠰᠦᠯᠡᠨ᠂ ᠠᠵᠢᠯ ᠤᠨ ᠱᠠᠭᠠᠷᠳᠠᠨ ᠪᠠᠶᠢᠴᠠᠭᠠᠯᠲᠠ ᠳᠤ ᠢᠯᠡᠷᠡᠭᠦᠯᠦᠭᠰᠡᠨ ᠪᠣᠳᠠᠲᠠᠢ | ᠠᠰᠠᠭᠤᠳᠠᠯ ᠲᠠᠢ ᠤᠶᠠᠯᠳᠤᠭᠤᠯᠤᠨ᠂ ᠪᠦᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠪᠠᠶᠢᠷᠢᠯᠠᠭᠤᠯᠤᠯᠲᠠ ᠶᠢᠨ ᠬᠤᠷᠠᠯ ᠢ ᠲᠤᠰᠬᠠᠢ ᠰᠡᠳᠦᠪ ᠢᠶᠠᠷ ᠬᠤᠷᠠᠯᠳᠤᠭᠤᠯᠵᠤ᠂ ᠬᠤᠰᠢᠭᠤ ᠰᠢᠶᠠᠨ ᠪᠣᠯᠣᠨ ᠰᠠᠯᠠᠭ᠎ᠠ ᠮᠥᠴᠢᠷ ᠤᠨ ᠠᠵᠢᠯ ᠢ | ᠴᠢᠬᠤᠯᠠᠴᠢᠯᠠᠭᠰᠠᠨ ᠬᠡᠮᠵᠢᠶ᠎ᠡ᠂ ᠬᠡᠷᠡᠭᠵᠢᠭᠦᠯᠦᠭᠰᠡᠨ ᠡᠷᠴᠢᠮ᠂ ᠠᠬᠢᠭᠤᠯᠤᠭᠰᠠᠨ ᠭᠦᠨᠴᠡ ᠵᠡᠷᠭᠡ ᠲᠠᠯ᠎ᠠ ᠶᠢᠨ ᠲᠣᠪᠣᠶᠢᠮ᠎ᠠ ᠠᠰᠠᠭᠤᠳᠠᠯ ᠢ ᠲᠥᠪ ᠴᠢᠩᠭ᠎ᠠ ᠪᠠᠷ | ᠨᠡᠶᠢᠲᠡᠯᠡᠨ ᠰᠢᠭᠦᠮᠵᠢᠯᠡᠵᠦ᠂ ᠬᠤᠲᠠ ᠶᠢᠨ ᠱᠠᠲᠦ ᠪᠤᠯᠤᠨ 9 ᠬᠤᠰᠢᠭᠤ ᠰᠢᠶᠠᠨ᠂ 19 ᠰᠠᠯᠠᠭ᠎ᠠ ᠮᠥᠴᠢᠷ ᠨᠢᠭᠡᠴᠡ ᠯᠦᠭᠡ ᠨᠢᠭᠡᠳ ᠨᠢᠭᠡ ᠪᠠᠷ ᠬᠠᠷᠢᠭᠤᠴᠠᠯᠭ᠎ᠠ ᠶᠢᠨ | ᠪᠢᠴᠢᠭ ᠲᠤ ᠭᠠᠷ ᠤᠨ ᠥᠰᠥᠭ ᠵᠢᠷᠤᠵᠤ᠂ ᠪᠠᠲᠤᠯᠠᠭ᠎ᠠ ᠶᠢᠨ ᠪᠢᠴᠢᠭ ᠤᠨ ᠬᠡᠯᠪᠡᠷᠢ ᠪᠠᠷ ᠬᠠᠷᠢᠭᠤᠴᠠᠯᠭᠠᠲᠤ ᠨᠢᠭᠡᠴᠡ ᠳᠤ ᠨᠢᠭᠡ ᠠᠴᠠ ᠨᠦᠭᠦᠭᠡ ᠶᠢ ᠮᠡᠳᠡᠬᠦ᠂ | ᠭᠦᠨᠵᠡᠭᠡᠢ ᠪᠠᠶᠢᠴᠠᠭᠠᠨ ᠦᠵᠡᠬᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠡᠯ᠎ᠡ ᠵᠦᠢᠯ ᠤᠨ | ᠪᠠᠶᠢᠷᠢᠯᠠᠭᠤᠯᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠳᠠᠶᠢᠴᠢᠯᠠᠪᠠ᠃ 8 ᠳ᠋ᠤᠭᠠᠷ ᠰᠠᠷ᠎ᠠ ᠶᠢᠨ 29 ᠳᠤ ᠲᠥᠷᠥ ᠶᠢᠨ | ᠶᠠᠪᠤᠳᠠᠯ ᠤᠨ ᠬᠤᠷᠢᠶ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠰᠠᠨ ᠤ ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠲᠡᠷᠡ ᠳᠠᠷᠤᠶᠢᠬᠠᠨ ᠪᠦᠬᠦ ᠬᠤᠲᠠ ᠶᠢᠨ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠱᠠᠲᠤ ᠦᠶ᠎ᠡ ᠶᠢᠨ ᠴᠢᠨᠠᠷᠲᠠᠢ ᠣᠷᠣᠰᠢᠵᠤ ᠪᠠᠶᠢᠭ᠎ᠠ | ᠭᠤᠣᠯᠳᠠᠯᠭ᠎ᠠ ᠲᠠᠢ ᠠᠰᠠᠭᠤᠳᠠᠯ ᠢ ᠵᠠᠷᠯᠠᠨ ᠮᠡᠳᠡᠭᠳᠡᠵᠦ ᠵᠠᠳᠠᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ ᠵᠠᠰᠠᠬᠤ᠂ ᠠᠵᠤ ᠠᠬᠤᠶᠢᠯᠠᠯ ᠳᠤ ᠬᠤᠯᠪᠣᠭᠳᠠᠭᠰᠠᠨ | ᠦᠢᠯᠡᠴᠢᠯᠡᠭᠡ᠂ ᠦᠨᠡᠯᠡᠨ ᠵᠢᠱᠢᠵᠦ ᠦᠷ᠎ᠡ ᠪᠦᠲᠦᠮᠵᠢ ᠶᠢ ᠠᠰᠠᠭᠤᠬᠤ᠂ ᠠᠵᠢᠯ ᠤᠨ ᠱᠠᠩᠨᠠᠯ ᠲᠤᠷᠭᠠᠭᠤᠯᠢ ᠵᠡᠷᠭᠡ ᠳᠥᠷᠪᠡᠨ ᠲᠠᠯ᠎ᠠ ᠪᠠᠷ ᠪᠠᠶᠢᠷᠢᠯᠠᠭᠤᠯᠤᠯᠲᠠ | ᠲᠣᠬᠢᠷᠠᠭᠤᠯᠤᠯᠲᠠ ᠬᠢᠵᠦ᠂ ᠪᠥᠬᠦ ᠬᠤᠲᠠ ᠶᠢ ᠳᠠᠶᠢᠴᠢᠯᠠᠨ᠂ ᠬᠡᠪ ᠳᠠᠭᠤᠷᠢᠶᠠᠯ ᠲᠣᠭᠲᠠᠭᠠᠵᠤ᠂ ᠬᠦᠴᠦᠨ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ᠂ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠬᠦᠷᠢᠶᠡᠨ ᠳᠠᠬᠢ | ᠪᠤᠯᠪᠠᠰᠤᠷᠠᠭᠤᠯᠤᠯ ᠢᠶᠠᠨ ᠴᠢᠩᠭᠠᠳᠬᠠᠵᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠲᠦᠷᠭᠡᠳᠬᠡᠪᠡ᠃ | ᠶᠡᠷᠦᠩᠬᠡᠢ ᠳᠤᠨᠢ ᠠᠪᠴᠤ ᠦᠵᠡᠪᠡᠯ᠂ ᠵᠢᠯ ᠤᠨ ᠡᠬᠢᠨ ᠠᠴᠠ ᠨᠠᠰᠢᠬᠢ ᠪᠥᠬᠦ ᠬᠤᠲᠠ ᠶᠢᠨ ᠳᠡᠭᠡᠳᠦ ᠳᠣᠣᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ | ᠳᠡᠮᠵᠢᠨ᠂ ᠰᠢᠪᠲᠤᠯᠤᠯᠲᠠ ᠶᠢᠨ ᠣᠨ ᠤ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠬᠤᠷᠳᠤᠴᠠ ᠴᠥᠮ ᠴᠠᠭ ᠤᠨ ᠬᠢᠵᠠᠭᠠᠷ ᠤᠨ ᠱᠠᠭᠠᠷᠳᠠᠯᠭ᠎ᠠ ᠠᠴᠠ ᠲᠦᠷᠭᠡᠨ | ᠪᠠᠶᠢᠵᠤ᠂ ᠥᠪᠡᠷᠲᠡᠭᠡᠨ ᠵᠠᠰᠠᠬᠤ ᠣᠷᠣᠨ ᠤ ᠱᠠᠲᠤ ᠦᠶ᠎ᠡ ᠶᠢᠨ ᠴᠢᠨᠠᠷᠲᠠᠢ ᠬᠢᠨᠠᠨ ᠰᠢᠯᠭᠠᠯᠲᠠ ᠶᠢᠨ ᠪᠠᠶᠢᠷᠢ ᠳᠠᠷᠠᠭᠠᠯᠠᠯ ᠴᠤ ᠳᠡᠭᠡᠭᠰᠢᠯᠡᠵᠦ᠂ ᠪᠥᠬᠦ ᠬᠤᠲᠠ ᠶᠢᠨ ᠡᠯ᠎ᠡ | ᠱᠠᠲᠤᠨ ᠤ ᠺᠠᠳ᠋ᠷᠴᠤᠳ ᠰᠡᠳᠬᠢᠯ ᠨᠢᠭᠡᠳᠦᠨ᠂ ᠱᠠᠲᠤ ᠱᠠᠲᠤ ᠪᠠᠷ ᠬᠠᠷᠢᠭᠤᠴᠠᠵᠤ᠂ ᠡᠴᠦᠰ ᠲᠤᠨᠢ ᠲᠤᠯᠲᠠᠯ᠎ᠠ ᠬᠠᠷᠢᠭᠤᠴᠠᠬᠤ ᠰᠠᠶᠢᠨ ᠰᠠᠶᠢᠬᠠᠨ ᠪᠠᠶᠢᠳᠠᠯ ᠢ ᠶᠠᠭ | ᠲᠦᠷᠭᠡᠨ ᠪᠣᠶ ᠪᠣᠯᠭᠠᠵᠤ ᠪᠠᠶᠢᠨ᠎ᠠ᠃ | ﹇ᠬᠥᠲᠥᠯᠥᠭᠴᠢ﹈ ᠸᠠᠩ ᠲᠣᠪᠴᠢᠶᠠᠨ ᠳᠠᠷᠤᠭ᠎ᠠ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠵᠤ ᠨᠡᠶᠢᠲᠡᠯᠡᠭᠰᠡᠨ ᠠᠷᠪᠠᠨ ᠶᠡᠭᠡ | ᠰᠢᠪᠲᠤᠯᠤᠯᠲᠠ ᠶᠢᠨ ᠠᠵᠢᠯᠯᠠᠭ᠎ᠠ ᠳᠤ ᠭᠤᠣᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠳᠠᠭ ᠪᠤᠢ︖ ᠭᠤᠣᠯᠳᠠᠭᠤ ᠶᠠᠮᠠᠷ ᠶᠠᠮᠠᠷ ᠠᠰᠠᠭᠤᠳᠠᠯ ᠢ ᠰᠢᠢᠳᠪᠦᠷᠢᠯᠡᠬᠦ ᠪᠤᠢ︖ | | ﹇ᠸᠠᠩ ᡁᠢ ᠭᠠᠩ﹈ ᠠᠷᠪᠠᠨ ᠶᠡᠭᠡ ᠲᠤᠰᠬᠠᠢ ᠲᠦᠷᠦᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠮᠠᠨ ᠤ ᠬᠤᠳᠠ ᠶᠢᠨ ᠪᠣᠳᠠᠲᠤ ᠪᠠᠶᠢᠳᠠᠯ ᠲᠠᠢ ᠭᠦᠢᠴᠡᠳ | ᠤᠶᠠᠯᠳᠤᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ᠂ ᠲᠣᠪᠣᠶᠢᠮ᠎ᠠ ᠠᠰᠠᠭᠤᠳᠠᠯ ᠳᠤ ᠲᠥᠪᠯᠡᠷᠡᠭᠦᠯᠦᠨ ᠲᠤᠭᠲᠠᠭᠠᠭᠰᠠᠨ ᠶᠤᠮ᠂ ᠡᠭᠦᠨ ᠤ | ᠵᠣᠷᠢᠯᠭ᠎ᠠ ᠨᠢ ᠳᠠᠷᠤᠢ ᠭᠤᠣᠯᠳᠠᠯᠭ᠎ᠠ ᠲᠠᠢ ᠰᠢᠪᠲᠤᠯᠤᠯᠲᠠ ᠪᠠᠷ ᠳᠠᠮᠵᠢᠭᠤᠯᠵᠤ᠂ ᠴᠡᠭ ᠢᠶᠠᠷ ᠪᠦᠬᠦ ᠲᠠᠯ᠎ᠠ ᠶᠢ ᠲᠠᠶᠢᠴᠢᠯᠠᠵᠤ᠂ ᠭᠡᠮ ᠠᠷᠬᠠᠭ ᠢ ᠦᠨᠳᠦᠰᠦᠨ ᠠᠴᠠ ᠨᠢ | ᠠᠷᠢᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠲᠦᠪᠰᠢᠨ ᠢ ᠳᠡᠭᠡᠭᠰᠢᠯᠡᠭᠦᠯᠬᠦ ᠶᠢᠨ | ᠲᠥᠯᠥᠭᠡ ᠶᠤᠮ᠃ ᠨᠢᠭᠡ ᠳᠤ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠦᠷᠨᠢᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠲᠠᠲᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠦᠭᠡᠢ᠂ ᠬᠠᠮᠲᠤᠷᠠᠯᠴᠠᠭᠠᠨ ᠤ ᠬᠡᠯᠡᠯᠴᠡᠭᠡᠷ ᠢ ᠬᠡᠷᠡᠭᠵᠢᠭᠦᠯᠬᠦ ᠦᠭᠡᠢ᠂ | ᠲᠠᠩᠰᠠᠨ ᠵᠣᠭᠤᠰ ᠢ ᠪᠣᠳᠠᠲᠠᠶᠢᠵᠢᠭᠤᠯᠤᠭᠰᠠᠨ ᠦᠭᠡᠢ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠢᠨᠠᠯᠲᠠ ᠪᠦᠷᠢᠨ ᠪᠤᠰᠤ ᠵᠡᠷᠭᠡ ᠲᠣᠪᠣᠶᠢᠮ᠎ᠠ | ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠨ᠎ᠡ᠃ ᠬᠤᠶᠠᠷ ᠲᠤ ᠪᠠᠷᠢᠯᠭ᠎ᠠ ᠶᠢᠨ ᠢᠨᠵᠧᠨᠧᠷᠢᠩ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠤᠨ ᠬᠠᠮᠢᠶᠠᠷᠬᠤ ᠰᠢᠪᠲᠤᠯᠤᠯᠲᠠ ᠶᠢᠨ ᠠᠵᠢᠯᠯᠠᠭ᠎ᠠ ᠦᠷᠨᠢᠭᠦᠯᠦᠨ᠎ᠡ᠃ ᠡᠯ᠎ᠡ ᠲᠥᠷᠥᠯ ᠤᠨ | ᠵᠠᠬ᠎ᠠ ᠳᠡᠯᠭᠡᠭᠦᠷ ᠤᠨ ᠭᠤᠣᠯ ᠴᠣᠭᠴᠠ ᠳᠤ ᠵᠦᠢ ᠵᠣᠬᠢᠰ ᠦᠭᠡᠢ ᠬᠢᠵᠠᠭᠠᠷᠯᠠᠯ ᠪᠠ ᠪᠠᠬᠢᠯᠡᠯᠲᠡ ᠪᠠᠶᠢᠷᠢᠯᠠᠭᠤᠯᠬᠤ ᠶᠢ ᠢᠯᠭᠠᠷᠠᠭᠤᠯᠤᠨ ᠵᠠᠯᠠᠷᠠᠭᠤᠯᠵᠤ᠂ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠬᠤ᠂ ᠳᠠᠭᠠᠭᠠᠴᠢᠯᠠᠯᠲᠠ ᠶᠢ ᠬᠦᠷᠢᠶᠡᠯᠡᠨ ᠳᠠᠭᠠᠭᠠᠴᠢᠯᠠᠯᠲᠠ ᠲᠠᠢ ᠰᠥᠯᠪᠡᠭᠡᠯᠳᠦᠬᠦ᠂ ᠢᠯᠡ ᠪᠠᠷ ᠡᠯᠰᠡᠵᠦ ᠳᠠᠯᠳᠠᠭᠤᠷ ᠲᠣᠭᠲᠠᠭᠠᠬᠤ᠂ | ᠳᠠᠭᠠᠭᠠᠴᠢᠯᠠᠯᠲᠠ ᠶᠢ ᠦᠨᠡᠯᠡᠬᠦ ᠳᠤ ᠭᠤᠥᠯᠴᠢ ᠪᠤᠰᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ | ᠭᠤᠷᠪᠠ ᠳᠤ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠰᠢᠪᠲᠤᠯᠤᠯᠲᠠ ᠶᠢᠨ ᠠᠵᠢᠯᠯᠠᠭ᠎ᠠ ᠦᠷᠨᠢᠭᠦᠯᠦᠨ᠎ᠡ᠃ ᠠᠵᠤ | ᠠᠬᠤᠶᠢᠯᠠᠯ ᠳᠤ ᠬᠤᠯᠪᠣᠭᠳᠠᠭᠰᠠᠨ ᠬᠡᠷᠡᠭ ᠳᠠᠷᠤᠭᠳᠠᠮᠠᠯ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠳᠠᠮᠫᠤᠷᠠᠯ ᠢ ᠰᠢᠢᠳᠪᠦᠷᠢᠯᠡᠬᠦ ᠪᠠ ᠭᠡᠷ᠎ᠡ ᠶᠢ ᠭᠦᠢᠴᠡᠳᠬᠡᠬᠦ ᠶᠢ | ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠵᠤ᠂ ᠠᠵᠤ ᠠᠬᠤᠶᠢᠯᠠᠯ ᠤᠨ | ᠡᠷᠬᠡ ᠠᠰᠢᠭ ᠲᠤ ᠬᠠᠯᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ ᠳᠥᠷᠪᠡ ᠳᠤ ᠠᠵᠤ ᠦᠢᠯᠡᠳᠪᠦᠷᠢ ᠶᠢᠨ | ᠲᠣᠭᠤᠷᠢᠭ ᠤᠨ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠰᠢᠪᠲᠤᠯᠤᠯᠲᠠ ᠶᠢᠨ ᠠᠵᠢᠯᠯᠠᠭ᠎ᠠ ᠦᠷᠨᠢᠭᠦᠯᠦᠨ᠎ᠡ᠃ ᠡᠯ᠎ᠡ | ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠢᠵᠢ ᠪᠥᠷᠢᠳᠦᠭᠦᠯᠦᠯᠲᠡ ᠶᠢ ᠪᠣᠳᠠᠲᠠᠶᠢᠵᠢᠭᠤᠯᠤᠭᠰᠠᠨ ᠦᠭᠡᠢ᠂ ᠣᠷᠣᠨ ᠪᠦᠰᠡ ᠶᠢᠨ | ᠦᠨᠡᠯᠡᠨ ᠵᠢᠱᠢᠭᠰᠡᠨ ᠦᠷ᠎ᠡ ᠪᠦᠲᠦᠭᠡᠯ ᠢ ᠭᠦᠢᠴᠡᠳ ᠬᠡᠷᠡᠭᠯᠡᠭᠰᠡᠨ ᠦᠭᠡᠢ᠂ ᠭᠠᠵᠠᠷ ᠰᠢᠷᠣᠢ ᠶᠢ ᠰᠤᠯᠠ ᠲᠠᠯᠪᠢᠭᠰᠠᠨ᠂ ᠵᠥᠪᠰᠢᠶᠡᠷᠡᠭᠦᠯᠦᠭᠡᠳᠦᠢ ᠪᠠᠷ ᠤᠷᠢᠳᠠᠪᠠᠷ | ᠪᠠᠶᠢᠭᠤᠯᠤᠭᠰᠠᠨ ᠵᠡᠷᠭᠡ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠨ᠎ᠡ᠃ ᠲᠠᠪᠤ ᠳᠤ ᠤᠶᠤᠨᠴᠢ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢᠨ | ᠰᠢᠪᠲᠤᠯᠤᠯᠲᠠ ᠶᠢᠨ ᠠᠵᠢᠯᠯᠠᠭ᠎ᠠ ᠦᠷᠨᠢᠭᠦᠯᠦᠨ᠎ᠡ᠃ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢᠨ ᠮᠠᠲ᠋ᠧᠷᠢᠶᠠᠯ ᠢᠶᠠᠨ ᠬᠠᠷᠢᠯᠴᠠᠨ ᠰᠤᠯᠢᠯᠴᠠᠬᠤ | ᠦᠭᠡᠢ᠂ ᠦᠪᠡᠷ ᠦᠪᠡᠷ ᠢᠶᠠᠨ ᠲᠤᠭ ᠪᠤᠰᠬᠠᠬᠤ ᠦᠵᠡᠭᠳᠡᠯ ᠢ ᠭᠤᠣᠯᠳᠠᠯᠭ᠎ᠠ ᠲᠠᠢ ᠡᠪᠳᠡᠵᠦ᠂ ᠪᠦᠬᠦᠯᠢ ᠴᠣᠭᠴᠠ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ᠂ | ᠥᠨᠳᠥᠷ ᠪᠦᠲᠦᠮᠵᠢᠲᠡᠶ ᠬᠠᠮᠵᠢᠯᠴᠠᠭᠰᠠᠨ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ ᠬᠠᠮᠲᠤᠪᠠᠷ ᠡᠳ᠋ᠯᠡᠬᠦ ᠶᠢ ᠲᠦᠷᠭᠡᠳᠬᠡᠨ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠪᠦᠲᠦᠮᠵᠢᠲᠡᠶ ᠬᠠᠷᠢᠯᠴᠠᠨ | ᠬᠤᠯᠪᠣᠯᠳᠤᠭᠤᠯᠤᠨ ᠬᠠᠷᠢᠯᠴᠠᠨ ᠨᠡᠪᠲᠡᠷᠡᠯᠴᠡᠭᠦᠯᠬᠦ ᠶᠢ ᠪᠡᠶᠡᠯᠡᠭᠦᠯᠦᠨ᠎ᠡ᠃ ᠵᠢᠷᠭᠤᠭ᠎ᠠ ᠳᠤ ᠮᠥᠩᠭᠦᠨ ᠭᠦᠢᠯᠭᠡᠭᠡᠨ ᠤ ᠠᠵᠤ ᠦᠢᠯᠡᠰ ᠤᠨ ᠪᠣᠳᠠᠲᠤ ᠴᠣᠭᠴᠠ ᠶᠢᠨ ᠠᠵᠤ | ᠠᠬᠤᠢ ᠳᠤ ᠦᠢᠯᠡᠴᠢᠯᠡᠬᠦ ᠰᠢᠪᠲᠤᠯᠤᠯᠲᠠ ᠶᠢᠨ ᠠᠵᠢᠯᠯᠠᠭ᠎ᠠ ᠥᠷᠨᠢᠭᠦᠯᠦᠨ᠎ᠡ᠃ ᠪᠡᠯᠡ ᠬᠤᠷᠠᠮᠳᠤᠭᠤᠯᠬᠤ ᠳᠤ ᠬᠦᠴᠢᠷᠲᠡᠢ᠂ ᠪᠡᠯᠡ ᠬᠤᠷᠠᠮᠳᠤᠭᠤᠯᠬᠤ ᠳᠤ ᠦᠨᠡᠲᠡᠢ᠂ | ᠪᠡᠯᠡ ᠬᠤᠷᠠᠮᠳᠤᠭᠤᠯᠬᠤ ᠳᠤ ᠤᠳᠠᠭᠠᠨ ᠪᠠᠶᠢᠬᠤ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠪᠡᠯᠡ ᠬᠤᠷᠠᠮᠳᠤᠭᠤᠯᠭ᠎ᠠ ᠶᠢᠨ ᠶᠡᠷᠦᠩᠬᠡᠢ ᠬᠡᠮᠵᠢᠶ᠎ᠡ ᠶᠢ | ᠨᠡᠮᠡᠭᠳᠡᠭᠦᠯᠬᠦ᠂ ᠪᠡᠯᠡ ᠬᠤᠷᠠᠮᠳᠤᠭᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ᠂ ᠪᠡᠯᠡ ᠬᠤᠷᠠᠮᠳᠤᠭᠤᠯᠭ᠎ᠠ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ᠂ ᠪᠡᠯᠡ | ᠬᠤᠷᠠᠮᠳᠤᠭᠤᠯᠭ᠎ᠠ ᠶᠢᠨ ᠣᠷᠴᠢᠨ ᠲᠤᠭᠤᠷᠢᠨ ᠢ ᠰᠠᠶᠢᠵᠢᠷᠠᠭᠤᠯᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ ᠲᠤᠯᠤᠭ᠎ᠠ ᠳᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠶᠡᠷᠦᠩᠬᠡᠶᠢᠯᠡᠭᠰᠡᠨ ᠨᠢᠭᠡ ᠴᠤᠩᠬᠤᠪᠴᠢ︾ ᠶᠢᠨ ᠥᠭᠡᠷᠡᠴᠢᠯᠡᠯᠲᠡ ᠶᠢᠨ ᠰᠢᠪᠲᠤᠯᠤᠯᠲᠠ ᠶᠢᠨ ᠠᠵᠢᠯᠯᠠᠭ᠎ᠠ ᠥᠷᠨᠢᠭᠦᠯᠦᠨ᠎ᠡ᠃ ᠭᠤᠣᠯᠳᠠᠭᠤ | ᠤᠯᠠᠨ ᠲᠦᠮᠡᠨ ᠤ ᠲᠤᠰᠬᠠᠯ ᠶᠡᠬᠡᠲᠡᠢ ᠪᠠᠶᠢᠭ᠎ᠠ ᠤᠴᠢᠷ ᠶᠠᠪᠤᠳᠠᠯ ᠭᠦᠢᠴᠡᠳᠭᠡᠬᠦ ᠳᠤ ᠬᠦᠴᠢᠷᠲᠡᠢ᠂ ᠤᠴᠢᠷ ᠶᠠᠪᠤᠳᠠᠯ ᠭᠦᠢᠴᠡᠳᠭᠡᠬᠦ ᠳᠤ ᠤᠳᠠᠭᠠᠨ᠂ ᠤᠴᠢᠷ ᠶᠠᠪᠤᠳᠠᠯ | ᠭᠦᠢᠴᠡᠳᠭᠡᠬᠦ ᠳᠤ ᠪᠤᠳᠤᠯᠢᠶᠠᠨᠲᠠᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ︽ᠨᠢᠭᠡ ᠯᠡ ᠴᠤᠩᠬᠤᠪᠴᠢ ᠪᠠᠷ ᠪᠦᠬᠦᠨ ᠢ ᠭᠦᠢᠴᠡᠳᠭᠡᠬᠦ︾ ᠶᠢ ᠪᠡᠶᠡᠯᠡᠭᠦᠯᠦᠨ᠎ᠡ | ᠃ ᠨᠠᠢᠮᠠ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠣᠶᠢᠷ᠎ᠠ ᠬᠠᠪᠢ ᠳᠠᠭᠠᠨ ᠭᠦᠢᠴᠡᠳᠭᠡᠬᠦ︾ ᠥᠭᠡᠷᠡᠴᠢᠯᠡᠯᠲᠡ ᠶᠢᠨ ᠰᠢᠪᠲᠤᠯᠤᠯᠲᠠ ᠶᠢᠨ | ᠠᠵᠢᠯᠯᠠᠭ᠎ᠠ ᠥᠷᠨᠢᠭᠦᠯᠦᠨ᠎ᠡ᠃ ᠠᠷᠠᠳ ᠲᠤ ᠲᠥᠬᠦᠮ ᠦᠵᠡᠭᠦᠯᠬᠦ ᠦᠨᠳᠦᠷ ᠳᠠᠪᠲᠠᠮᠵᠢᠲᠦ ᠤᠴᠢᠷ ᠶᠠᠪᠤᠳᠠᠯ ᠢ ᠪᠦᠯᠦᠭ ᠬᠤᠪᠢᠶᠠᠨ ᠳᠣᠷᠣᠭᠰᠢ ᠪᠠᠭᠤᠯᠭᠠᠵᠤ᠂ ᠣᠯᠠᠨ | ᠲᠦᠮᠡᠨ ᠶᠠᠪᠤᠳᠠᠯ ᠭᠦᠢᠴᠡᠳᠭᠡᠬᠦ ᠳᠤ ︽ᠣᠶᠢᠷ᠎ᠠ ᠬᠠᠪᠢ ᠳᠠᠭᠠᠨ ᠭᠦᠢᠴᠡᠳᠭᠡᠵᠦ ᠳᠡᠶᠢᠯᠬᠦ᠂ ᠠᠰᠠᠷ ᠠᠴᠠ ᠪᠠᠭᠤᠮᠠᠭᠴᠠ ᠭᠦᠢᠴᠡᠳᠭᠡᠵᠦ ᠳᠡᠶᠢᠯᠬᠦ᠂ ᠣᠯᠠᠨ | ᠭᠠᠵᠠᠷ ᠲᠤ ᠭᠦᠢᠴᠡᠳᠭᠡᠵᠦ ᠳᠡᠶᠢᠯᠬᠦ᠂ ᠳᠤᠲᠠᠭᠤ ᠭᠦᠶᠦᠯᠭᠡᠵᠦ ᠲᠦᠷᠭᠡᠨ ᠭᠦᠢᠴᠡᠳᠭᠡᠵᠦ ᠳᠡᠶᠢᠯᠬᠦ︾ ᠪᠣᠯᠭᠠᠵᠤ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠪᠠᠨ ᠮᠢᠨᠦ᠋ᠲ ᠤᠨ ᠲᠣᠭᠤᠷᠢᠭ︾ ᠢ ᠪᠣᠶ ᠪᠣᠯᠭᠠᠨ᠎ᠠ᠃ ᠶᠢᠰᠦ ᠳᠤ ︽ᠮᠦᠩᠬᠡ ᠰᠤᠪᠠᠭ · ᠠᠯᠠᠭᠠᠨ ᠳᠡᠭᠡᠷ᠎ᠡ ᠭᠦᠢᠴᠡᠳᠭᠡᠬᠦ︾ ᠢ ᠪᠥᠬᠦ ᠲᠠᠯ᠎ᠠ ᠪᠠᠷ ᠬᠡᠷᠡᠭᠵᠢᠭᠦᠯᠬᠦ | ᠰᠢᠪᠲᠤᠯᠤᠯᠲᠠ ᠶᠢᠨ ᠠᠵᠢᠯᠯᠠᠭ᠎ᠠ ᠥᠷᠨᠢᠭᠦᠯᠦᠨ᠎ᠡ᠃ ᠮᠠᠨ ᠤ ᠬᠤᠲᠠ ᠶᠢᠨ ᠳᠠᠩᠰᠠᠯᠠᠭᠤᠯᠤᠭᠰᠠᠨ ᠬᠡᠷᠡᠭᠯᠡᠭᠴᠢ ᠶᠢᠨ ᠬᠠᠷᠢᠴᠠᠯ ᠪᠠ ᠰᠢᠯᠵᠢᠮᠡᠯ ᠬᠤᠯᠪᠣᠭᠠᠨ ᠳᠤ | ᠭᠦᠢᠴᠡᠳᠭᠡᠵᠦ ᠪᠣᠯᠬᠤ ᠵᠦᠢᠯᠡᠰ ᠤᠨ ᠬᠠᠷᠢᠴᠠᠯ ᠳᠣᠣᠷ᠎ᠠ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ︽ᠠᠯᠠᠭᠠᠨ ᠳᠡᠭᠡᠷ᠎ᠡ ᠭᠦᠢᠴᠡᠳᠬᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠠᠷᠪᠠ ᠳᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ | ᠭᠦᠢᠴᠡᠳᠬᠡᠬᠦ ᠬᠤᠷᠳᠤᠴᠠ ᠶᠢ ᠲᠦᠷᠭᠡᠳᠭᠡᠬᠦ ᠰᠢᠪᠲᠤᠯᠤᠯᠲᠠ ᠶᠢᠨ ᠠᠵᠢᠯᠯᠠᠭ᠎ᠠ ᠥᠷᠨᠢᠭᠦᠯᠦᠨ᠎ᠡ᠃ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ | ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠂ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠵᠠᠷᠤᠴᠠᠭᠤᠯᠬᠤ ᠴᠠᠭ ᠨᠢ ᠣᠷᠳᠣ᠂ ᠭᠤᠶᠤᠴᠢᠯᠠᠭᠴᠢ ᠨᠢ ︽ᠣᠯᠠᠨ ᠲᠠᠯ᠎ᠠ ᠳᠤ ᠭᠦᠶᠦᠬᠦ︾ ︽ | ᠣᠯᠠᠨ ᠤᠳᠠᠭ᠎ᠠ ᠭᠦᠶᠦᠬᠦ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ﹇ᠬᠥᠲᠥᠯᠥᠭᠴᠢ﹈ ᠬᠠᠭᠠᠰ ᠵᠢᠯ ᠤᠨ ᠲᠦᠪᠯᠡᠷᠡᠩᠭᠦᠢ ᠰᠢᠪᠲᠤᠯᠤᠯᠲᠠ ᠪᠠᠷ ᠳᠠᠮᠵᠢᠨ᠂ ᠲᠦᠩᠯᠢᠶᠣᠣ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠳᠤ | ᠶᠠᠮᠠᠷ ᠶᠠᠮᠠᠷ ᠨᠡᠶᠢᠲᠡᠯᠢᠭ ᠵᠢᠱᠢᠶ᠎ᠡ ᠪᠠ ᠲᠣᠪᠣᠶᠢᠮ᠎ᠠ ᠬᠢᠯᠡᠰ ᠴᠡᠭ ᠪᠠᠶᠢᠬᠤ ᠪᠤᠢ︖ | ﹇ᠸᠠᠩ ᡁᠢ ᠭᠠᠩ﹈ ᠲᠦᠩᠯᠢᠶᠣᠣ ᠬᠤᠲᠠ ︽ᠳᠤᠲᠠᠭᠤᠳᠠᠯ ᠢ ᠨᠥᠬᠦᠪᠦᠷᠢᠯᠡᠬᠦ︾ ᠪᠠ ︽ᠳᠠᠪᠠᠭᠤᠯᠢᠭ ᠢᠶᠠᠨ ᠪᠠᠳᠠᠷᠠᠭᠤᠯᠬᠤ︾ ᠶᠢ ᠤᠶᠠᠯᠳᠤᠭᠤᠯᠬᠤ ᠶᠢ | ᠪᠠᠷᠢᠮᠲᠠᠯᠠᠵᠤ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠲᠤ ᠡᠷᠬᠡᠪᠰᠢ ︽ᠬᠦᠲᠦᠴᠢ ᠪᠦᠲᠦᠭᠡᠭᠳᠡᠬᠦᠨ ᠢ ᠪᠦᠲᠦᠭᠡᠬᠦ︾ ᠬᠠᠲᠠᠭᠤ ᠬᠠᠷᠠᠯᠲᠠ᠂ ᠬᠠᠲᠠᠭᠤ ᠡᠭᠦᠷᠭᠡ ᠶᠢ | ᠳᠤᠷᠠᠳᠤᠭᠰᠠᠨ ᠪᠠᠶᠢᠨ᠎ᠠ᠃ ᠣᠳᠣᠬᠠᠨ ᠤ ᠪᠠᠶᠢᠳᠠᠯ ᠠᠴᠠ ᠦᠵᠡᠪᠡᠯ᠂ ᠬᠤᠲᠠ ᠬᠤᠰᠢᠭᠤ ᠬᠤᠶᠠᠷ ᠱᠠᠲᠤᠨ ᠳᠤ ᠨᠢᠭᠡ ᠪᠦᠯᠦᠭ ᠰᠢᠪᠲᠤᠯᠤᠯᠲᠠ ᠶᠢᠨ ᠴᠢᠨᠠᠷᠲᠠᠢ᠂ | ᠰᠢᠨ᠎ᠡ ᠶᠢ ᠡᠭᠦᠳᠬᠦ ᠴᠢᠨᠠᠷᠲᠠᠢ᠂ ᠪᠠᠷᠠᠭᠠᠯᠬᠢᠯᠠᠯ ᠤᠨ ᠴᠢᠨᠠᠷᠲᠠᠢ ᠭᠢᠯᠠᠰ ᠴᠡᠭ ᠤᠨ ᠣᠨᠴᠠᠯᠢᠭ ᠢ ᠪᠦᠷᠢᠯᠳᠦᠭᠦᠯᠦᠭᠰᠡᠨ ᠪᠠᠶᠢᠨ᠎ᠠ᠃ ᠬᠠᠤᠯᠢ ᠪᠠᠷ ᠵᠠᠰᠠᠬᠤ ᠣᠷᠴᠢᠨ | ᠲᠤᠭᠤᠷᠢᠨ ᠤ ᠲᠠᠯ᠎ᠠ ᠪᠠᠷ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠰᠢᠭᠦᠬᠦ ᠬᠤᠷᠢᠶ᠎ᠠ᠂ ᠮᠥᠩᠭᠦᠨ ᠭᠦᠢᠯᠭᠡᠭᠡᠨ ᠤ | ᠠᠯᠪᠠᠨ ᠭᠡᠷ ᠬᠤᠯᠪᠤᠭᠠᠯᠠᠨ ᠬᠦᠴᠦᠯᠡᠵᠦ᠂ ᠪᠥᠬᠦ ᠣᠷᠣᠨ ᠤ ᠠᠩᠬᠠᠳᠠᠭᠴᠢ ︽ᠡᠶᠡᠳᠡᠭᠦᠯᠬᠦ ᠰᠢᠭᠦᠨ ᠲᠠᠰᠤᠯᠬᠤ ᠬᠥᠨᠳᠡᠯᠡᠨ ᠠᠴᠠ ᠲᠠᠰᠤᠯᠬᠤ︾ ᠭᠤᠷᠪᠠ ᠶᠢ ᠨᠢᠭᠡ | ᠴᠣᠭᠴᠠᠵᠢᠭᠤᠯᠤᠭᠰᠠᠨ ᠮᠥᠩᠭᠦᠨ ᠭᠦᠢᠯᠭᠡᠭᠡᠨ ᠤ ᠡᠶᠡᠳᠡᠭᠦᠯᠬᠦ ᠲᠥᠪ ᠪᠠᠶᠢᠭᠤᠯᠵᠤ᠂ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠨᠢᠭᠡ ᠯᠡ ᠤᠳᠠᠭ᠎ᠠ ᠳᠤ | ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠬᠤ ᠪᠠ ᠵᠣᠭᠤᠰ ᠪᠤᠴᠠᠭᠠᠬᠤ | ᠬᠤᠭᠤᠴᠠᠭ᠎ᠠ ᠶᠢ ᠪᠣᠭᠤᠨᠢᠰᠬᠠᠵᠤ᠂ ᠣᠳᠣᠬᠠᠨ ᠳᠤ ᠨᠢᠭᠡᠨᠲᠡ 274 ᠬᠡᠷᠡᠭ ᠢ ᠠᠮᠵᠢᠯᠲᠠᠲᠠᠢ ᠡᠶᠡᠳᠡᠭᠦᠯᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ 1. | 9 ᠳ᠋ᠦᠩᠰᠢᠭᠤᠷ ᠲᠥᠭᠦᠷᠢᠭ ᠲᠤ ᠬᠦᠷᠴᠡᠢ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠥᠬᠦ ᠣᠷᠣᠨ ᠤ ᠠᠩᠬᠠᠳᠠᠭᠴᠢ ᠵᠠᠰᠠᠭ ᠵᠠᠬᠢᠷᠭᠠᠨ ᠤ ᠳᠠᠬᠢᠨ | ᠵᠥᠪᠯᠡᠬᠦ ᠳᠦᠭᠦᠮ ᠬᠡᠷᠡᠭᠯᠡᠭᠡ ᠶᠢ ᠪᠡᠶ᠎ᠡ ᠪᠠᠨ ᠳᠠᠭᠠᠭᠠᠨ ᠰᠤᠳᠤᠯᠤᠨ ᠨᠡᠭᠡᠭᠡᠵᠦ᠂ ᠰᠦᠯᠵᠢᠶᠡᠨ ᠳᠡᠭᠡᠷ᠎ᠡ ᠭᠤᠶᠤᠴᠢᠯᠠᠬᠤ ᠪᠠ ᠬᠡᠷᠡᠭ ᠰᠢᠢᠳᠪᠦᠷᠢᠯᠡᠬᠦ ᠶᠢ ᠵᠠᠪᠰᠠᠷ ᠦᠭᠡᠢ | ᠵᠣᠯᠭᠠᠭᠤᠯᠬᠤ ᠶᠢ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠪᠠᠷ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ | ᠲᠣᠪᠴᠢᠶ᠎ᠠ ᠠᠵᠤ ᠠᠬᠤᠶᠢᠯᠠᠯ ᠳᠤ ᠬᠤᠯᠪᠣᠭᠳᠠᠭᠰᠠᠨ ᠵᠠᠭᠠᠯᠳᠤᠯᠭ᠎ᠠ ᠪᠠ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠤᠰᠬᠠᠢ ᠱᠤᠭᠤᠮ ᠭᠠᠷᠭᠠᠵᠤ᠂ ᠠᠵᠤ | ᠠᠬᠤᠶᠢᠯᠠᠯ ᠣᠯᠠᠨ ᠲᠦᠮᠡᠨ ᠤ ᠲᠤᠰᠬᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠲᠣᠪᠣᠶᠢᠮ᠎ᠠ ᠠᠰᠠᠭᠤᠳᠠᠯ ᠢ ᠪᠥᠬᠦ ᠶᠠᠪᠤᠴᠠ ᠳᠤ | ᠮᠥᠷᠳᠡᠨ ᠱᠠᠭᠠᠷᠳᠠᠵᠤ᠂ ᠵᠠᠰᠠᠭ ᠠᠵᠤ ᠠᠬᠤᠶᠢᠯᠠᠯ ᠤᠨ ᠬᠠᠮᠲᠤᠷᠠᠭᠰᠠᠨ ᠬᠤᠷᠠᠯᠳᠤᠭᠠᠨ ᠤ ᠲᠣᠭᠲᠠᠴᠠ ᠶᠢ ᠪᠠᠶᠢᠭᠤᠯᠵᠤ᠂ ᠲᠤᠭᠲᠠᠭᠰᠠᠨ ᠬᠤᠭᠤᠴᠠᠭ᠎ᠠ ᠲᠠᠢ ᠪᠠᠷ ᠠᠵᠤ | ᠠᠬᠤᠶᠢᠯᠠᠯ ᠢ ᠤᠷᠢᠨ ᠶᠠᠷᠢᠯᠴᠠᠬᠤ ᠬᠤᠷᠠᠯ ᠬᠢᠵᠦ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠳᠤ ᠬᠤᠪᠢ ᠥᠭᠴᠦ ᠰᠢᠯᠭᠠᠨ ᠦᠨᠡᠯᠡᠭᠰᠡᠨ ᠠᠴᠠ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠲᠤᠰᠬᠠᠯ ᠮᠠᠰᠢ ᠰᠠᠶᠢᠨ ᠪᠣᠯᠪᠠ︔ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠬᠦ ᠦᠶᠡᠯᠡᠯ ᠤᠨ ᠬᠤᠭᠤᠴᠠᠭᠠᠨ ᠤ | ᠦᠢᠯᠡᠴᠢᠯᠡᠭᠡᠨ ᠤ ᠲᠠᠯ᠎ᠠ ᠪᠠᠷ᠂ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠰᠢᠨ᠎ᠡ ᠶᠢ ᠡᠭᠦᠳᠦᠨ ︽ᠮᠥᠩᠭᠦᠨ ᠭᠦᠢᠯᠭᠡᠭᠡᠨ ᠤ ᠬᠠᠮ ᠲᠡᠷᠭᠡ︾ ᠶᠢ | ᠪᠠᠶᠢᠴᠠᠭᠠᠨ ᠰᠤᠳᠤᠯᠵᠤ ᠵᠣᠯᠭᠠᠭᠤᠯᠬᠤ ᠠᠵᠢᠯ ᠢ ᠥᠷᠨᠢᠭᠦᠯᠵᠦ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠲᠠᠢ ᠬᠠᠮᠲᠤᠷᠠᠨ | ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠭᠦᠨᠵᠡᠭᠡᠶᠢᠷᠡᠨ ᠭᠤᠣᠯᠳᠠᠯᠭ᠎ᠠ ᠲᠠᠢ 50 ᠭᠠᠷᠤᠢ ᠠᠵᠤ ᠠᠬᠤᠶᠢᠯᠠᠯ ᠢ ᠪᠠᠶᠢᠴᠠᠭᠠᠨ ᠰᠤᠳᠤᠯᠵᠤ ᠵᠣᠯᠭᠠᠭᠤᠯᠵᠤ᠂ 7 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ ᠢᠲᠡᠭᠡᠮᠵᠢ ᠣᠯᠭᠤᠬᠤ ᠶᠢ ᠠᠬᠢᠭᠤᠯᠤᠨ᠂ ︽ᠠᠵᠤ ᠠᠬᠤᠶᠢᠯᠠᠯ ᠪᠡᠯᠡ ᠮᠥᠩᠭᠦ ᠡᠷᠢᠬᠦ︾ ᠪᠠᠶᠢᠭᠰᠠᠨ ᠠᠴᠠ ᠪᠠᠨ | ︽ᠪᠡᠯᠡ ᠮᠥᠩᠭᠦ ᠠᠵᠤ ᠠᠬᠤᠶᠢᠯᠠᠯ ᠡᠷᠢᠬᠦ︾ ᠪᠣᠯᠤᠭᠰᠠᠨ ᠬᠦᠴᠦᠲᠡᠢ ᠬᠤᠪᠢᠷᠠᠯᠲᠠ ᠶᠢ ᠪᠡᠶᠡᠯᠡᠭᠦᠯᠪᠡ᠃ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ | ᠲᠠᠯ᠎ᠠ ᠪᠠᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ︽ᠪᠠᠭᠲᠠᠭᠠᠮᠵᠢᠲᠠᠢ ᠬᠢᠨᠠᠯᠲᠠ | ᠬᠠᠮᠢᠶᠠᠷᠤᠯᠲᠠ︾ ︽ᠬᠦᠨᠳᠡᠬᠦ ᠮᠠᠶ᠋ᠢᠭ︾ ᠤᠨ ᠬᠢᠨᠠᠯᠲᠠ ᠬᠠᠮᠢᠶᠠᠷᠤᠯᠲᠠ ᠶᠢ ᠰᠦᠪᠡᠭᠴᠢᠯᠡᠨ ᠥᠷᠨᠢᠭᠦᠯᠵᠦ᠂ ︽︿ᠳᠥᠷᠪᠡᠨ ᠰᠢᠨ᠎ᠡ﹀ ᠪᠠ ᠳᠤᠮᠳᠠ ᠵᠢᠵᠢᠭ ᠪᠢᠴᠢᠯ | ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠲᠤᠬᠠᠢ ᠮᠡᠳᠡᠭᠳᠡᠯ︾ ᠢ | ᠳᠠᠷᠤᠮᠠᠯᠯᠠᠨ ᠲᠠᠷᠬᠠᠭᠠᠵᠤ᠂ ︽ᠠᠩᠬ᠎ᠠ ᠤᠳᠠᠭ᠎ᠠ ᠬᠠᠤᠯᠢ ᠶᠢ ᠬᠥᠩᠭᠡᠪᠲᠦᠷ ᠵᠥᠷᠢᠴᠡᠭᠰᠡᠨ ᠦᠶᠯᠡ ᠠᠵᠢᠯᠯᠠᠭ᠎ᠠ ᠶᠢ ᠲᠣᠷᠭᠠᠬᠤ ᠠᠴᠠ ᠬᠡᠯᠲᠦᠷᠢᠭᠦᠯᠬᠦ ᠨᠠᠷᠢᠨ ᠳᠠᠩᠰᠠ︾ | ᠪᠠ ︽ᠬᠠᠤᠯᠢ ᠶᠢ ᠬᠥᠩᠭᠡᠪᠲᠦᠷ ᠵᠥᠷᠢᠴᠡᠭᠰᠡᠨ ᠦᠶᠯᠡ ᠠᠵᠢᠯᠯᠠᠭ᠎ᠠ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠥᠯᠥ ᠬᠡᠷᠡᠭᠵᠢᠭᠦᠯᠬᠦ ᠨᠠᠷᠢᠨ ᠳᠠᠩᠰᠠ︾ ᠶᠢ | ᠲᠣᠭᠲᠠᠭᠠᠨ ᠨᠡᠶᠢᠲᠡᠯᠡᠵᠦ᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ ᠰᠢᠨ᠎ᠡ ᠶᠢ | ᠡᠭᠦᠳᠦᠭᠰᠡᠨ ᠪᠤᠰᠤᠳ ᠭᠢᠯᠠᠰ ᠴᠡᠭ ᠪᠠᠰᠠ ᠮᠠᠰᠢ ᠤᠯᠠᠨ ᠪᠠᠶᠢᠨ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠢ ᠪᠠᠭᠲᠠᠭᠠᠭᠰᠠᠨ ᠥᠪᠡᠷᠮᠢᠴᠡ ᠣᠨᠴᠠᠯᠢᠭ ᠲᠠᠢ | ᠂ ᠲᠣᠪᠣᠶᠢᠮ᠎ᠠ ᠦᠷ᠎ᠡ ᠪᠦᠲᠦᠮᠵᠢ ᠲᠠᠢ ᠰᠢᠨ᠎ᠡ ᠶᠢ ᠡᠭᠦᠳᠦᠭᠰᠡᠨ ᠠᠵᠢᠯ ᠤᠳ ᠢ ᠡ᠊ᠨᠳᠡ ᠨᠢᠭᠡᠳ ᠨᠢᠭᠡ ᠪᠠᠷ ᠲᠠᠨᠢᠯᠴᠠᠭᠤᠯᠬᠤ ᠪᠠᠨ ᠪᠣᠯᠢᠶ᠎ᠠ᠃ | ﹇ᠬᠥᠲᠥᠯᠥᠭᠴᠢ﹈ ᠬᠦᠨᠳᠦ ᠬᠡᠴᠡᠭᠦᠦ ᠪᠠᠶᠢᠳᠠᠯ ᠳᠤᠤᠷ᠎ᠠ᠂ ᠲᠦᠩᠯᠢᠶᠣᠣ ᠬᠤᠲᠠ ᠬᠡᠷᠬᠢᠨ ᠰᠢᠨ᠎ᠡ ᠨᠢᠭᠡ ᠡᠭᠡᠯᠵᠢ ᠶᠢᠨ ᠬᠥᠭᠵᠢᠯᠲᠡ ᠶᠢᠨ ᠥᠷᠢᠰᠦᠯᠳᠦᠭᠡᠨ ᠤ ᠳᠤᠮᠳᠠ | ᠰᠠᠨᠠᠭᠠᠴᠢᠯᠠᠭᠠᠲᠤ ᠡᠷᠬᠡ ᠶᠢ ᠣᠯᠵᠤ᠂ ᠠᠵᠠ ᠲᠣᠬᠢᠶᠠᠯ ᠢ ᠠᠮᠵᠢᠵᠤ᠂ ᠨᠡᠩ ᠰᠠᠶᠢᠨ ᠬᠠᠲᠠᠭᠤ ᠣᠷᠴᠢᠨ᠂ ᠨᠡᠩ ᠰᠢᠯᠢᠳᠡᠭ ᠵᠥᠭᠡᠯᠡᠨ ᠣᠷᠴᠢᠨ᠂ ᠨᠡᠩ ᠪᠣᠳᠠᠲᠠᠢ | ᠲᠦᠷᠦ ᠶᠢᠨ ᠪᠣᠳᠣᠯᠭ᠎ᠠ ᠶᠢᠨ ᠣᠷᠴᠢᠨ ᠲᠠᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠪᠤᠢ︖ | ﹇ᠸᠠᠩ ᡁᠢ ᠭᠠᠩ﹈ ᠨᠢᠭᠡ ᠳᠤ ᠳᠦᠷᠢᠮ ᠢᠶᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠨ᠎ᠠ᠃ ᠨᠢᠭᠡ ᠲᠠᠯ᠎ᠠ ᠪᠠᠷ ᠣᠳᠣᠬᠠᠨ ᠤ ᠬᠡᠰᠡᠭ ᠠᠵᠢᠯ ᠳᠤ ᠤᠷᠤᠰᠢᠵᠤ | ᠪᠠᠶᠢᠭ᠎ᠠ ᠨᠠᠶᠢᠳᠠᠪᠤᠷᠢᠵᠢᠭᠤᠯᠬᠤ ᠦᠭᠡᠢ᠂ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ᠂ ᠲᠦᠷᠭᠡᠨ ᠨᠠᠶᠢᠳᠠᠪᠤᠷᠢᠵᠢᠭᠤᠯᠬᠤ ᠦᠭᠡᠢ ᠵᠡᠷᠭᠡ ᠠᠰᠠᠭᠤᠳᠠᠯ ᠳᠤ | ᠴᠢᠭᠯᠡᠭᠦᠯᠦᠨ᠂ ᠬᠤᠲᠠ ᠶᠢᠨ ᠵᠠᠰᠠᠭ ᠤᠨ ᠣᠷᠳᠣᠨ ︽ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠬᠡᠷᠡᠭᠵᠢᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠨ ᠨᠡᠶᠢᠲᠡᠯᠡᠵᠦ᠂ ᠬᠤᠳᠠ ᠶᠢᠨ ᠵᠠᠰᠠᠭ ᠤᠨ | ᠣᠷᠳᠣᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ ᠰᠢᠰᠲ᠋ᠧᠮ ᠤᠨ ᠠᠵᠢᠯ ᠤᠨ ᠲᠣᠭᠲᠠᠴᠠ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠨᠠᠶᠢᠳᠠᠪᠤᠷᠢᠵᠢᠭᠤᠯᠤᠯᠲᠠ ᠶᠢ ᠠᠳᠬᠤᠬᠤ ᠲᠤᠰᠬᠠᠢ ᠠᠵᠢᠯ ᠤᠨ ᠲᠣᠭᠲᠠᠴᠠ ᠶᠢ ᠪᠠᠶᠢᠭᠤᠯᠵᠤ᠂ ᠳᠠᠭᠠᠭᠠᠨ ᠭᠦᠢᠴᠡᠳᠬᠡᠬᠦ ᠠᠴᠠ ᠠᠪᠤᠭᠠᠳ ᠪᠢᠲᠡᠭᠦᠮᠵᠢᠯᠡᠨ | ᠭᠦᠢᠴᠡᠳᠬᠡᠬᠦ ᠬᠠᠮᠢᠶᠠᠷᠤᠯᠲᠠ ᠶᠢᠨ ︽1N︾ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠰᠢᠰᠲ᠋ᠧᠮ ᠢ ᠶᠡᠷᠦᠩᠬᠡᠢ ᠳᠤᠨᠢ ᠪᠠᠶᠢᠭᠤᠯᠵᠤ᠂ ᠪᠦᠬᠦ ᠬᠤᠳᠠ ᠶᠢᠨ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠪᠠᠶᠢᠩᠭᠤᠵᠢᠭᠤᠯᠬᠤ᠂ ᠰᠢᠨᠵᠢᠯᠡᠬᠦ ᠤᠬᠠᠭᠠᠨᠴᠢᠯᠠᠬᠤ ᠶᠢ ᠠᠬᠢᠭᠤᠯᠵᠤ᠂ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠨᠥᠭᠦᠭᠡ ᠲᠠᠯ᠎ᠠ ᠪᠠᠷ᠂ ᠣᠶᠢᠷ᠎ᠠ ᠶᠢᠨ ᠬᠤᠭᠤᠴᠠᠭᠠᠨ ᠳᠤ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠣᠷᠢᠭᠵᠢᠭᠤᠯᠬᠤ ᠠᠷᠪᠠᠨ ᠬᠤᠶᠠᠷ ᠵᠦᠢᠯ ᠤᠨ | ᠠᠷᠭ᠎ᠠ ᠬᠡᠮᠵᠢᠶ᠎ᠡ︾ ᠪᠠ ︽ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠠᠵᠢᠯ ᠢ ᠤᠯᠠᠮ ᠨᠢᠭᠡ ᠠᠯᠬᠤᠮ ᠲᠦᠯᠬᠢᠨ | ᠠᠬᠢᠭᠤᠯᠬᠤ ᠲᠤᠬᠠᠢ ᠰᠠᠨᠠᠯ︾ ᠨᠡᠶᠢᠲᠡᠯᠡᠪᠡ᠂ ᠮᠠᠨ ᠤ ᠬᠤᠲᠠ ᠡᠭᠦᠨ ᠢᠶᠠᠷ ᠭᠠᠷᠳᠠᠴᠠ ᠪᠣᠯᠭᠠᠵᠤ᠂ ᠠᠵᠢᠯ ᠤᠨ ᠱᠠᠩᠨᠠᠯ ᠲᠣᠷᠭᠠᠭᠤᠯᠢ ᠶᠢ ᠴᠢᠩᠳᠠᠯᠠᠵᠤ᠂ | ᠤᠷᠮᠠᠰᠢᠭᠤᠯᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠬᠡᠪᠴᠢᠶ᠎ᠡ᠂ ᠪᠠᠶᠢᠳᠠᠯ ᠪᠠ ᠶᠠᠪᠤᠴᠠ ᠵᠡᠷᠭᠡ ᠵᠠᠩᠭᠢᠯᠠᠭ᠎ᠠ ᠶᠢᠨ ᠬᠦᠴᠦᠨ ᠵᠦᠢᠯ ᠢ | ᠨᠠᠷᠢᠯᠢᠭᠵᠢᠭᠤᠯᠤᠨ ᠲᠣᠳᠣᠷᠬᠠᠶᠢᠯᠠᠨ᠎ᠠ᠃ ᠡᠯ᠎ᠡ ᠱᠠᠲᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠦᠷᠢᠶᠡᠨ ᠳᠠᠬᠢ ᠺᠠᠳ᠋ᠷᠴᠤᠳ ᠤᠨ ᠠᠵᠢᠯ ᠬᠢᠵᠦ | ᠦᠢᠯᠡᠰ ᠪᠣᠰᠬᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠲᠦᠯᠬᠢᠨ ᠠᠬᠢᠭᠤᠯᠤᠨ᠎ᠠ᠃ | ᠬᠤᠶᠠᠷ ᠲᠤ ᠡᠭᠦᠷᠭᠡ ᠬᠠᠷᠠᠯᠲᠠ ᠳᠤ ᠠᠩᠬᠠᠷᠤᠯ ᠢᠶᠠᠨ ᠲᠦᠪᠯᠡᠷᠡᠭᠦᠯᠦᠨ᠎ᠡ᠃ ᠡᠭᠦᠨ ᠢ ᠬᠤᠷᠢᠶᠠᠩᠭᠤᠶᠢᠯᠠᠪᠠᠯ ᠳᠠᠷᠤᠢ ᠭᠤᠷᠪᠠᠨ ᠠᠩᠬᠠᠷᠤᠯ ᠤᠨ ᠲᠥᠪ ᠪᠣᠯᠣᠨ᠎ᠠ | ᠃ ᠨᠢᠭᠡ ᠳᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠢᠪᠲᠤᠯᠤᠯᠲᠠ ᠶᠢᠨ ᠣᠨ ᠤ 257 ᠵᠦᠢᠯ ᠤᠨ ᠠᠷᠭ᠎ᠠ ᠬᠡᠮᠵᠢᠶ᠎ᠡ ᠳᠤ ᠠᠩᠬᠠᠷᠤᠯ ᠢᠶᠠᠨ | ᠲᠥᠪᠯᠡᠷᠡᠭᠦᠯᠵᠦ᠂ 10 ᠶᠡᠭᠡ ᠰᠢᠪᠲᠤᠯᠤᠯᠲᠠ ᠶᠢᠨ ᠠᠵᠢᠯᠯᠠᠭ᠎ᠠ ᠶᠢ ᠠᠬᠢᠭᠤᠯᠵᠤ᠂ ᠪᠠᠷᠢᠮᠵᠢᠶ᠎ᠠ ᠶᠢ ᠲᠣᠭᠲᠠᠭᠠᠬᠤ᠂ ᠶᠠᠪᠤᠴᠠ ᠶᠢ ᠲᠠᠬᠢᠨ ᠪᠦᠲᠦᠭᠡᠬᠦ᠂ ᠲᠤᠭ᠎ᠠ | ᠪᠠᠷᠢᠮᠲᠠ ᠪᠠᠷ ᠴᠢᠳᠠᠪᠤᠷᠢ ᠣᠯᠭᠤᠬᠤ ᠵᠡᠷᠭᠡ ᠤᠯᠠᠨ ᠲᠠᠯ᠎ᠠ ᠪᠠᠷ ᠬᠦᠴᠦᠯᠡᠵᠦ᠂ ᠡᠭᠦᠷᠭᠡ ᠶᠢ ᠨᠠᠶᠢᠳᠠᠪᠤᠷᠢᠵᠢᠭᠤᠯᠬᠤ᠂ ᠬᠠᠷᠠᠯᠲᠠ ᠶᠢ ᠪᠡᠶᠡᠯᠡᠭᠦᠯᠬᠦ᠂ ᠰᠢᠰᠲ᠋ᠧᠮ ᠤᠨ | ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢ ᠪᠠᠲᠤᠯᠠᠨ᠎ᠠ᠃ ᠬᠤᠶᠠᠷ ᠲᠤ ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠨᠡᠯᠡᠯᠲᠡ ᠶᠢᠨ ᠮᠡᠳᠡᠭᠦᠯᠦᠯᠲᠡ︾ ᠳᠤ ᠲᠣᠳᠣᠷᠬᠠᠶᠢᠯᠠᠭᠰᠠᠨ 83 ᠲᠠᠯ᠎ᠠ ᠶᠢᠨ ᠠᠰᠠᠭᠤᠳᠠᠯ ᠪᠠ 86 ᠲᠠᠯ᠎ᠠ ᠶᠢᠨ | ᠰᠢᠯᠢᠳᠡᠭᠵᠢᠭᠦᠯᠬᠦ ᠰᠠᠨᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠦᠢᠯ ᠳᠠᠷᠠᠭᠠᠯᠠᠨ ᠬᠠᠷᠢᠴᠠᠭᠤᠯᠤᠨ ᠵᠠᠳᠠᠯᠵᠤ᠂ ᠳᠤᠲᠠᠭᠤᠳᠠᠯ ᠢᠶᠠᠨ ᠪᠠᠶᠢᠴᠠᠭᠠᠨ ᠨᠥᠬᠦᠪᠦᠷᠢᠯᠡᠵᠦ᠂ | ᠡᠭᠦᠷᠭᠡ ᠢᠶᠠᠨ ᠪᠡᠶᠡᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠭᠤᠷᠪᠠ ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠢᠯᠠᠩᠭᠤᠶ᠎ᠠ ᠣᠶᠢᠷ᠎ᠠ ᠶᠢᠨ ᠨᠢᠭᠡ ᠵᠢᠯ ᠳᠤ | ᠨᠡᠶᠢᠲᠡᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠠᠯᠢ ᠤᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠳᠤ ᠠᠩᠬᠠᠷᠤᠯ ᠢᠶᠠᠨ | ᠲᠥᠪᠯᠡᠷᠡᠭᠦᠯᠵᠦ᠂ ᠨᠠᠶᠢᠳᠠᠪᠤᠷᠢᠵᠢᠭᠤᠯᠤᠯᠲᠠ ᠶᠢ ᠰᠢᠰᠲ᠋ᠧᠮ ᠲᠠᠢ ᠰᠠᠶᠢᠲᠤᠷ ᠠᠳᠬᠤᠵᠤ᠂ ᠬᠠᠮ ᠦᠢᠯᠡᠳᠦᠯ ᠢ ᠦᠨᠡᠨ ᠬᠦ ᠪᠠᠳᠠᠷᠠᠭᠤᠯᠤᠨ᠂ ᠠᠵᠤ ᠠᠬᠤᠶᠢᠯᠠᠯ ᠳᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠢᠭᠤᠳ ᠬᠦᠷᠭᠡᠨ ᠲᠦᠷᠭᠡᠨ ᠡᠳ᠋ᠯᠡᠭᠦᠯᠬᠦ᠂ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠭᠦᠯᠬᠦ ᠶᠢ ᠲᠦᠯᠬᠢᠨ | ᠠᠬᠢᠭᠤᠯᠤᠨ᠎ᠠ᠃ | ᠭᠤᠷᠪᠠ ᠳᠤ ᠬᠢᠨᠠᠯᠲᠠ ᠲᠠᠯᠪᠢᠵᠤ ᠦᠷ᠎ᠡ ᠪᠦᠲᠦᠮᠵᠢ ᠤᠯᠬᠤ ᠶᠢ ᠴᠢᠩᠭᠠᠳᠬᠠᠨ᠎ᠠ᠃ ᠰᠢᠪᠲᠤᠯᠤᠯᠲᠠ ᠶᠢᠨ ᠣᠨ ᠤ ᠬᠡᠷᠡᠭᠵᠢᠭᠦᠯᠬᠦ ᠲᠥᠰᠥᠯ᠂ ᠥᠪᠡᠷᠲᠡᠭᠡᠨ | ᠵᠠᠰᠠᠬᠤ ᠣᠷᠣᠨ ᠤ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠬᠠᠷᠢᠭᠤᠴᠠᠯᠭ᠎ᠠ ᠶᠢᠨ ᠪᠢᠴᠢᠭ ᠵᠡᠷᠭᠡ | ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠪᠦᠬᠦ ᠶᠠᠪᠤᠴᠠ ᠪᠦᠬᠦ ᠦᠶᠡᠯᠡᠯ ᠤᠨ ᠬᠤᠭᠤᠴᠠᠭᠠᠨ ᠳᠤ ᠬᠢᠨᠠᠯᠲᠠ ᠲᠠᠯᠪᠢᠬᠤ ᠶᠢ ᠦᠷᠭᠦᠯᠵᠢᠯᠡᠨ ᠬᠡᠷᠡᠭᠵᠢᠭᠦᠯᠵᠦ᠂ | ᠱᠠᠭᠠᠷᠳᠠᠨ ᠪᠠᠶᠢᠴᠠᠭᠠᠵᠤ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠦᠷ᠎ᠡ ᠪᠦᠲᠦᠮᠵᠢ ᠶᠢᠨ ᠰᠢᠯᠭᠠᠨ ᠦᠨᠡᠯᠡᠯᠲᠡ ᠪᠠ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠳᠬᠠᠵᠤ᠂ ᠱᠠᠭᠠᠷᠳᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠬᠢᠨᠠᠨ ᠰᠢᠯᠭᠠᠬᠤ᠂ ᠬᠢᠨᠠᠯᠲᠠ ᠲᠠᠯᠪᠢᠬᠤ᠂ ᠭᠤᠷᠪᠠᠳᠤᠭᠠᠷ ᠲᠠᠯ᠎ᠠ ᠶᠢᠨ ᠪᠠᠶᠢᠭᠤᠯᠤᠮᠵᠢ ᠶᠢᠨ | ᠪᠠᠶᠢᠴᠠᠭᠠᠯᠲᠠ ᠬᠢᠬᠦ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠤᠯᠠᠷᠢᠯ ᠤᠨ ᠰᠢᠯᠭᠠᠨ ᠦᠨᠡᠯᠡᠯᠲᠡ᠂ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠤ ᠱᠠᠭᠠᠷᠳᠠᠨ ᠪᠠᠶᠢᠴᠠᠭᠠᠭᠴᠢ ᠪᠣᠯᠣᠨ ᠠᠳᠠᠭ ᠤᠨ ᠬᠥᠮᠥᠰ ᠤᠨ ᠪᠣᠯᠵᠣᠨ ᠶᠠᠷᠢᠯᠴᠠᠵᠤ ᠲᠣᠬᠢᠷᠠᠭᠤᠯᠤᠯᠲᠠ ᠬᠢᠬᠦ ᠵᠡᠷᠭᠡ ᠠᠷᠭ᠎ᠠ ᠬᠡᠮᠵᠢᠶ᠎ᠡ ᠪᠠᠷ | ᠠᠵᠢᠯᠯᠠᠬᠤ ᠪᠠ ᠠᠵᠢᠯᠯᠠᠬᠤ ᠦᠭᠡᠢ ᠠᠳᠠᠯᠢ ᠦᠭᠡᠢ᠂ ᠤᠯᠠᠨ ᠠᠵᠢᠯᠯᠠᠬᠤ ᠪᠠ ᠴᠥᠭᠡᠨ ᠠᠵᠢᠯᠯᠠᠬᠤ ᠠᠳᠠᠯᠢ ᠦᠭᠡᠢ᠂ ᠰᠠᠶᠢᠨ ᠠᠵᠢᠯᠯᠠᠬᠤ ᠮᠠᠭᠤ ᠠᠵᠢᠯᠯᠠᠬᠤ | ᠠᠳᠠᠯᠢ ᠦᠭᠡᠢ ᠪᠠᠶᠢᠬᠤ ᠠᠵᠢᠯ ᠤᠨ ᠤᠳᠤᠷᠢᠳᠤᠮᠵᠢ ᠶᠢ ᠦᠨᠡᠨ ᠬᠦ ᠢᠯᠡᠷᠡᠭᠦᠯᠵᠦ᠂ ᠴᠢᠩᠭ᠎ᠠ ᠬᠢᠨᠠᠯᠲᠠ ᠲᠠᠯᠪᠢᠬᠤ᠂ ᠴᠢᠩᠭ᠎ᠠ ᠰᠢᠯᠭᠠᠨ ᠦᠨᠡᠯᠡᠯᠲᠡ ᠪᠠᠷ ᠡᠭᠦᠷᠭᠡ ᠶᠢ | ᠨᠠᠶᠢᠳᠠᠪᠤᠷᠢᠵᠢᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨ ᠬᠦ | ᠳᠡᠭᠡᠭᠰᠢᠯᠡᠭᠦᠯᠦᠨ᠎ᠡ᠃ | ﹇ᠬᠥᠲᠥᠯᠥᠭᠴᠢ﹈ ᠸᠠᠩ ᠲᠣᠪᠴᠢᠶᠠᠨ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠬᠢᠭᠰᠡᠨ ᠳᠤ ᠲᠠᠯᠠᠷᠬᠠᠵᠤ ᠪᠠᠶᠢᠨ᠎ᠠ᠂ ᠥᠨᠥᠳᠥᠷ ᠤᠨ ᠰᠦᠯᠵᠢᠶ᠎ᠡ ᠶᠢᠨ | ᠰᠣᠷᠪᠤᠯᠵᠢᠯᠠᠭ᠎ᠠ ᠠᠳᠡ ᠬᠦᠷᠦᠭᠡᠳ ᠲᠡᠭᠦᠰᠬᠦ ᠪᠣᠯᠣᠯ᠎ᠠ᠂ ᠮᠠᠨ ᠤ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠪᠣᠯᠣᠨ ᠬᠤᠳᠠᠯᠳᠤᠭ᠎ᠠ | ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠠᠵᠢᠯ ᠨᠡᠩ ᠰᠠᠶᠢᠨ᠂ ᠨᠡᠩ ᠰᠢᠯᠢᠳᠡᠭ ᠲᠠᠪᠰᠢᠯᠳᠠ ᠲᠠᠢ ᠪᠣᠯᠬᠤ ᠶᠢ ᠵᠥᠩᠨᠡᠶ᠎ᠡ︕ | ﹇ᠸᠠᠩ ᡁᠢ ᠭᠠᠩ﹈ ᠪᠠᠶᠠᠷᠯᠠᠯ᠎ᠠ︕ ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠨᠠᠶᠢᠵᠠ ᠨᠠᠷ ᠪᠢᠳᠡᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ | ᠳᠤᠷᠠᠳᠬᠤ ᠶᠢ ᠬᠦᠰᠡᠵᠦ ᠪᠠᠶᠢᠨ᠎ᠠ᠂ ᠪᠢᠳᠡ ᠦᠷᠭᠦᠯᠵᠢᠯᠡᠨ ᠴᠢᠷᠮᠠᠶᠢᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠦᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠬᠦᠴᠦ ᠲᠠᠯᠪᠢᠨ | ᠰᠢᠯᠢᠳᠡᠭᠵᠢᠭᠦᠯᠵᠦ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ |