| ᠲᠦᠩᠯᠢᠶᠣᠣ ᠵᠠᠰᠠᠭ ᠠᠯᠪᠠᠨ ᠥᠰᠥᠭ ﹇2022﹈ 89 ᠳ᠋ᠦ᠋ᠭᠡᠷ ᠲᠣᠭᠠᠲᠤ | | | ᠲᠦᠩᠯᠢᠶᠣᠤ ᠬᠤᠲᠠ ᠶᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠴᠤᠭᠯᠠᠭᠤᠯᠬᠤ ᠶᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ | ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠳᠤ᠄ | | | ᠡᠳᠦᠭᠡ ︽ᠲᠦᠩᠯᠢᠶᠣᠤ ᠬᠤᠲᠠ ᠶᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠴᠤᠭᠯᠠᠭᠤᠯᠬᠤ ᠶᠢ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ | ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠰᠠᠶᠢᠳᠣᠷ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | | | 2022 ᠣᠨ ᠤ 6 ᠳ᠋ᠤᠭᠠᠷ ᠰᠠᠷ᠎ᠠ ᠶᠢᠨ 28 | | | | | | ᠲᠦᠩᠯᠢᠶᠣᠤ ᠬᠤᠲᠠ ᠶᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠴᠤᠭᠯᠠᠭᠤᠯᠬᠤ ᠶᠢ ᠬᠡᠷᠡᠭᠵᠢᠭᠦᠯᠬᠦ ᠲᠥᠰᠦᠯ | | | ︽ᠪᠦᠬᠦ ᠤᠯᠤᠰ ᠤᠨ ᠨᠢᠭᠡ ᠴᠤᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠣ᠂ ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢ ᠬᠠᠮᠳᠣ ᠪᠠᠷ ᠡᠳ᠋ᠯᠡᠬᠦ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠣᠯᠲᠠ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠴᠤᠭᠯᠠᠭᠤᠯᠬᠤ᠂ ᠬᠠᠮᠳᠣ ᠪᠠᠷ ᠨᠡᠬᠡᠭᠡᠨ ᠡᠳ᠋ᠯᠡᠬᠦ ᠪᠠ ᠨᠡᠭᠡᠭᠡᠨ ᠠᠰᠢᠭᠯᠠᠬᠤ ᠶᠢ ᠠᠬᠢᠭᠤᠯᠵᠤ᠂ ᠪᠥᠬᠦ ᠬᠤᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ | ︾ ᠥᠭᠡᠷᠡᠴᠢᠯᠡᠯᠲᠡ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠵᠠᠰᠠᠭ ᠤᠨ ᠣᠷᠳᠣᠨ ᠤ ᠵᠠᠰᠠᠬᠤ | ᠴᠢᠳᠠᠪᠤᠷᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠮᠡᠳᠡᠭᠡ ᠵᠠᠩᠭᠢᠵᠢᠯᠲᠠ ᠶᠢᠨ ᠬᠦᠭᠵᠢᠭᠦᠯᠦᠯᠲᠡ ᠶᠢᠨ ᠲᠥᠯᠥᠪᠵᠢᠭᠦᠯᠭᠡ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ︾ ᠶᠢ | ᠦᠨᠳᠦᠰᠦᠯᠡᠵᠦ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃ | | ᠨᠢᠭᠡ᠂ ᠵᠢᠯᠣᠭᠤᠳᠬᠤ ᠦᠵᠡᠯ ᠰᠠᠨᠠᠭ᠎ᠠ | | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠰᠢ ᠶᠢᠨ ᠫᠢᠩ ᠶᠡᠷᠦᠩᠬᠡᠶ ᠱᠦᠵᠢ ᠶᠢᠨ ᠲᠣᠭᠠᠴᠢᠯᠠᠭᠰᠠᠨ ᠳᠤᠮᠳᠠᠳᠤ ᠤᠯᠤᠰ ᠤᠨ ᠲᠤᠬᠠᠶ ᠴᠢᠬᠤᠯᠠ ᠥᠭᠦᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠰᠲ᠋ᠧᠮᠲᠦ ᠰᠡᠳᠬᠢᠬᠦᠶ ᠶᠢ ᠪᠠᠷᠢᠮᠲᠠᠯᠠᠨ᠂ ᠹᠢᠽᠢᠺ ᠤᠨ ᠲᠠᠷᠠᠬᠠᠶ ᠪᠤᠲᠠᠷᠬᠠᠶ᠂ ᠯᠣᠭᠢᠭ ᠲᠥᠪᠯᠡᠷᠡᠩᠭᠦᠶ᠂ ᠡᠬᠢ ᠪᠠᠶᠠᠯᠢᠭ ᠢ ᠬᠠᠮᠳᠣ ᠪᠠᠷ | ᠡᠳ᠋ᠯᠡᠬᠦ᠂ ᠵᠠᠰᠠᠭ ᠠᠵᠤ ᠠᠬᠤᠶᠢᠯᠠᠯ ᠬᠠᠷᠢᠯᠴᠠᠨ ᠬᠤᠯᠪᠣᠭᠠᠯᠠᠬᠤ᠂ ᠠᠮᠤᠷ ᠲᠦᠪᠰᠢᠨ ᠡᠵᠡᠮᠳᠡᠵᠦ ᠪᠣᠯᠬᠤ ᠵᠠᠷᠴᠢᠮ ᠶᠣᠰᠣᠭᠠᠷ᠂ ᠬᠤᠲᠠ ᠶᠢᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠢ ᠬᠠᠮᠳᠣ ᠪᠠᠷ ᠡᠳ᠋ᠯᠡᠬᠦ ᠰᠣᠯᠢᠯᠴᠠᠭᠠᠨ ᠤ ᠲᠠᠪᠴᠠᠩ᠂ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠳᠣ ᠪᠠᠷ ᠨᠡᠬᠡᠬᠡᠨ ᠡᠳ᠋ᠯᠡᠬᠦ ᠶᠢ ᠠᠬᠢᠭᠤᠯᠤᠨ᠎ᠠ᠃ ᠲᠣᠭᠠᠴᠢᠯᠠᠭᠰᠠᠨ ᠠᠵᠤ | ᠠᠬᠤᠶ ᠶᠢᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠬᠢ ᠵᠠᠰᠠᠭ ᠤᠨ ᠶᠠᠪᠤᠳᠠᠯ ᠤᠨ | ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠲᠦᠷᠭᠡᠳᠬᠡᠬᠦ᠂ ᠵᠠᠰᠠᠭ ᠤᠨ ᠣᠷᠳᠣᠨ ᠤ ᠵᠠᠰᠠᠬᠤ ᠴᠢᠳᠠᠪᠤᠷᠢ ᠪᠠ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠬᠦᠴᠦᠲᠡᠶ ᠲᠤᠯᠭᠠᠭᠤᠷᠢᠯᠠᠯ | ᠬᠠᠩᠭᠠᠨ᠎ᠠ᠃ | | ᠬᠤᠶᠠᠷ᠂ ᠠᠵᠢᠯ ᠤᠨ ᠬᠠᠷᠠᠯᠲᠠ | | 2022 ᠣᠨ ᠤ 8 ᠳ᠋ᠣᠭᠠᠷ ᠰᠠᠷ᠎ᠠ ᠶᠢᠨ ᠰᠡᠭᠦᠯᠴᠢ ᠪᠣᠯᠬᠤ ᠳᠤ᠂ ᠨᠢᠭᠡᠨ ᠢᠵᠢ ᠨᠢᠭᠡᠳᠦᠯᠲᠡᠶ ᠲᠥᠯᠥᠪᠯᠡᠵᠤ ᠥᠨᠳᠥᠷ ᠪᠦᠲᠦᠮᠵᠢᠲᠡᠶ ᠲᠤᠭ᠎ᠠ ᠪᠠᠷᠢᠮᠲᠠ | ᠴᠤᠭᠯᠠᠭᠤᠯᠤᠨ ᠬᠠᠮᠲᠤ ᠪᠠᠷ ᠡᠳ᠋ᠯᠡᠬᠦ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠲᠤᠭ᠎ᠠ ᠪᠠᠷᠢᠮᠲᠠ ᠶᠢᠨ ᠢᠷᠡᠯᠲᠡ ᠨᠢ ᠡᠷᠬᠡ ᠰᠦᠷ ᠲᠠᠢ᠂ ᠴᠠᠭ ᠲᠤᠬᠠᠶ ᠳᠤᠨᠢ | ᠰᠢᠨᠡᠳᠬᠡᠵᠦ ᠬᠠᠮᠠᠭᠠᠯᠠᠭᠰᠠᠨ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠭᠰᠠᠨ ᠪᠥᠬᠦ ᠬᠤᠲᠠ ᠶᠢᠨ ᠬᠥᠮᠦᠨ ᠠᠮᠠ᠂ ᠬᠠᠤᠯᠢ ᠶᠢᠨ ᠡᠷᠬᠡᠲᠡᠨ᠂ ᠬᠤᠷᠸ᠎ᠠ | ᠠᠵᠤ ᠠᠬᠤᠶ᠂ ᠣᠷᠣᠨ ᠵᠠᠶ ᠶᠢᠨ ᠭᠠᠵᠠᠷ ᠵᠦᠶ ᠶᠢᠨ ᠮᠡᠳᠡᠭᠡ ᠵᠠᠩᠭᠢ ᠶᠢᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ᠂ ᠵᠢᠴᠢ ᠵᠠᠰᠠᠭ ᠤᠨ | ᠶᠠᠪᠤᠳᠠᠯ ᠤᠨ ᠦᠢᠯᠡᠴᠢᠯᠡᠭᠡ᠂ ᠠᠵᠤ ᠠᠬᠤᠶ ᠶᠢᠨ ᠠᠵᠢᠯᠯᠠᠭᠠᠨ ᠵᠡᠷᠭᠡ ᠠᠯᠢ ᠣᠯᠠᠨ ᠭᠤᠤᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ | ᠠᠩᠬ᠎ᠠ ᠠᠯᠬᠤᠮ ᠪᠠᠶᠢᠭᠤᠯᠵᠤ᠂ ︽ᠨᠢᠭᠡ ᠢᠵᠢ ᠲᠣᠭᠲᠠᠴᠠ ᠳᠥᠷᠪᠡᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ N ᠭᠤᠤᠯ ᠰᠡᠳᠦᠪᠲᠦ | ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ︾ ᠶᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠴᠤᠭᠯᠠᠭᠤᠯᠬᠤ ᠰᠢᠰᠲ᠋ᠧᠮᠵᠢ ᠶᠢ ᠪᠦᠷᠢᠯᠳᠦᠭᠦᠯᠵᠦ᠂ ︽ | ᠬᠠᠷᠢᠯᠴᠠᠨ ᠬᠤᠯᠪᠣᠭᠠᠯᠠᠵᠤ ᠬᠠᠮᠲᠤ ᠪᠠᠷ ᠡᠳ᠋ᠯᠡᠬᠦ︾ ᠶᠢ ᠪᠡᠶᠡᠯᠡᠭᠦᠯᠵᠦ᠂ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠳᠤ ᠬᠦᠷᠦᠭᠦᠯᠵᠦ᠂ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠬᠡᠷᠡᠭᠴᠡᠭᠡ ᠱᠠᠭᠠᠷᠳᠠᠯᠭ᠎ᠠ ᠶᠢ ᠪᠡᠶᠡᠯᠡᠭᠦᠯᠦᠨ᠎ᠡ᠃ ᠡᠭᠦᠨ ᠤ ᠬᠠᠮᠲᠤ ᠠᠯᠬᠤᠮ | ᠠᠯᠬᠤᠮ ᠢᠶᠠᠷ ᠥᠷᠭᠡᠳᠬᠡᠨ ᠲᠡᠭᠦᠯᠳᠡᠷᠵᠢᠭᠦᠯᠵᠦ᠂ ︽ᠬᠤᠲᠠ ᠶᠢᠨ ᠣᠶᠣᠨᠴᠢᠯᠠᠯᠲᠠ ᠶᠢᠨ ᠬᠠᠮᠢᠶᠠᠷᠣᠯᠲᠠ ᠶᠢᠨ ᠰᠢᠰᠲ᠋ᠧᠮ︾ ᠤᠨ ᠲᠤᠭ᠎ᠠ ᠪᠠᠷᠢᠮᠲᠠ ᠶᠢᠨ | ᠬᠥᠮᠥᠷᠭᠡ ᠪᠠᠷ ᠭᠤᠤᠯ ᠠᠴᠢᠶᠠᠯᠠᠪᠤᠷᠢ ᠪᠣᠯᠭᠠᠭᠰᠠᠨ᠂ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ | ᠰᠣᠯᠢᠯᠴᠠᠭᠠᠨ ᠤ ᠲᠠᠪᠴᠠᠩ ᠢᠶᠠᠷ ᠬᠦᠢᠰᠦ ᠪᠣᠯᠭᠠᠭᠰᠠᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠᠶᠢᠷᠢᠰᠢᠯ ᠢ ᠪᠠᠶᠢᠭᠤᠯᠵᠤ᠂ ᠲᠤᠭ᠎ᠠ ᠪᠠᠷᠢᠮᠲᠠ ᠳᠤ ᠴᠢᠳᠠᠮᠵᠢ | ᠣᠯᠭᠤᠵᠤ ᠬᠡᠷᠡᠭᠯᠡᠬᠦ ᠶᠢ ᠴᠢᠩᠭᠠᠳᠬᠠᠨ᠎ᠠ᠃ | | ᠭᠤᠷᠪᠠ᠂ ᠪᠥᠳᠥᠭᠡᠨ ᠪᠠᠶᠢᠭᠤᠯᠤᠯᠲᠠ ᠶᠢᠨ ᠵᠠᠷᠴᠢᠮ | | ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠨ᠎ᠠ᠃ ᠬᠤᠲᠠ ᠶᠢᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠶᠢᠨ ᠳᠣᠤᠷ᠎ᠠ᠂ ᠡᠷᠬᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶ ᠪᠣᠯᠭᠠᠵᠤ᠂ ᠪᠠᠷᠢᠮᠵᠢᠶ᠎ᠠ ᠶᠢᠨ ᠲᠦᠷᠢᠮᠵᠢᠯ ᠢ ᠨᠢᠭᠡᠳᠦᠯᠲᠡᠶ ᠪᠣᠯᠭᠠᠵᠤ᠂ ᠭᠠᠷᠴᠠᠭ ᠤᠨ ᠬᠠᠮᠢᠶᠠᠷᠤᠯᠲᠠ ᠶᠢ | ᠨᠢᠭᠡᠳᠦᠯᠲᠡᠶ ᠪᠣᠯᠭᠠᠵᠤ᠂ ︽ᠨᠢᠭᠡ ᠲᠤᠭ᠎ᠠ ᠨᠢᠭᠡ ᠢᠷᠡᠯᠲᠡ ᠲᠠᠢ᠂ ᠨᠢᠭᠡ ᠢᠷᠡᠯᠲᠡ ᠶᠢ ᠣᠯᠠᠨ ᠲᠠᠯ᠎ᠠ ᠳᠤ ᠬᠡᠷᠡᠭᠯᠡᠬᠦ︾ ᠶᠢ ᠬᠡᠷᠡᠭᠵᠢᠭᠦᠯᠦᠨ᠂ ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢ ᠨᠢᠭᠡ ᠯᠡ ᠤᠳᠠᠭ᠎ᠠ ᠳᠤ ᠴᠤᠭᠯᠠᠭᠤᠯᠵᠤ᠂ ᠬᠠᠮᠲᠤ ᠪᠠᠷ ᠡᠳ᠋ᠯᠡᠵᠦ ᠬᠡᠷᠡᠭᠯᠡᠬᠦ ᠶᠢ ᠪᠡᠶᠡᠯᠡᠭᠦᠯᠦᠨ᠎ᠡ᠃ | ᠬᠠᠮᠲᠤ ᠪᠠᠷ ᠨᠡᠬᠡᠭᠡᠨ ᠡᠳ᠋ᠯᠡᠬᠦ ᠶᠢ ᠪᠠᠷᠢᠮᠲᠠᠯᠠᠨ᠎ᠠ᠃ ︽ᠬᠠᠮᠲᠤ ᠪᠠᠷ ᠡᠳ᠋ᠯᠡᠬᠦ ᠪᠠᠷ ᠵᠠᠷᠴᠢᠮ ᠪᠣᠯᠭᠠᠵᠤ᠂ ᠬᠠᠮᠳᠣ ᠪᠠᠷ ᠡᠳ᠋ᠯᠡᠵᠦ ᠲᠡᠶᠢᠯᠬᠦ ᠥᠬᠡᠶ ᠶᠢ ᠣᠨᠴᠠᠭᠠᠶ | ᠪᠠᠶᠢᠳᠠᠯ ᠢᠶᠠᠷ ᠦᠵᠡᠬᠦ︾ ᠵᠠᠷᠴᠢᠮ ᠢ ᠵᠢᠷᠤᠮᠯᠠᠨ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠳᠤ ᠬᠠᠮᠲᠤ ᠪᠠᠷ | ᠡᠳ᠋ᠯᠡᠵᠦ ᠲᠡᠶᠢᠯᠬᠦ ᠥᠬᠡᠶ ᠭᠡᠵᠦ ᠲᠣᠳᠣᠳᠬᠠᠭᠰᠠᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠠᠴᠠ ᠭᠠᠳᠠᠨ᠎ᠠ᠂ ᠲᠠᠰ ᠳᠠᠪᠬᠤᠷᠭ᠎ᠠ | ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ ᠠᠯᠤᠰᠯᠠᠭᠰᠠᠨ | ᠬᠠᠮᠲᠤ ᠪᠠᠷ ᠭᠥᠷᠳᠡᠬᠦ ᠪᠤᠶᠤ ᠬᠠᠮᠲᠤ ᠪᠠᠷ ᠡᠳ᠋ᠯᠡᠵᠦ ᠪᠣᠯᠬᠤ ᠨᠦᠬᠦᠴᠡᠯ ᠲᠠᠢ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ︽ᠨᠡᠭᠡᠭᠡᠯᠲᠡ ᠲᠠᠢ ᠶᠢ ᠪᠠᠶᠢᠩᠭᠤ ᠪᠣᠯᠭᠠᠵᠤ᠂ | ᠨᠡᠭᠡᠭᠡᠯᠲᠡ ᠲᠠᠢ ᠪᠠᠶᠢᠯᠭᠠᠵᠣ ᠲᠡᠶᠢᠯᠬᠦ ᠥᠬᠡᠶ ᠶᠢ ᠣᠨᠴᠠᠭᠠᠶ ᠪᠠᠶᠢᠳᠠᠯ ᠢᠶᠠᠷ ᠦᠵᠡᠬᠦ︾ ᠵᠠᠷᠴᠢᠮ ᠢ ᠵᠢᠷᠤᠮᠯᠠᠨ᠂ ᠨᠡᠭᠡᠭᠡᠯᠲᠡ ᠲᠠᠢ ᠪᠠᠶᠢᠯᠭᠠᠵᠣ ᠲᠡᠶᠢᠯᠬᠦ ᠥᠬᠡᠶ᠂ | ᠨᠥᠬᠦᠴᠡᠯ ᠲᠠᠢ ᠪᠠᠷ ᠨᠡᠭᠡᠭᠡᠯᠲᠡ ᠲᠠᠢ ᠪᠠᠶᠢᠯᠭᠠᠬᠤ᠂ ᠨᠥᠬᠦᠴᠡᠯ ᠥᠬᠡᠶ ᠪᠠᠷ ᠨᠡᠭᠡᠭᠡᠯᠲᠡ ᠲᠠᠢ ᠪᠠᠶᠢᠯᠭᠠᠬᠤ ᠭᠤᠷᠪᠠᠨ ᠲᠥᠷᠥᠯ ᠢᠶᠠᠷ᠂ ᠵᠠᠰᠠᠭ ᠤᠨ ᠶᠠᠪᠤᠳᠠᠯ ᠤᠨ | ᠲᠤᠭ᠎ᠠ ᠪᠠᠷᠢᠮᠲᠠ ᠶᠢ ᠨᠡᠶᠢᠭᠡᠮ ᠪᠤᠶᠤ ᠨᠥᠬᠦᠴᠡᠯ ᠳᠤ ᠨᠡᠶᠢᠴᠡᠬᠦ ᠭᠤᠤᠯ ᠴᠣᠭᠴᠠ ᠳᠤ ᠡᠮᠬᠢ ᠵᠢᠷᠤᠮ ᠲᠠᠢ ᠪᠠᠷ ᠨᠡᠭᠡᠭᠡᠯᠲᠡ ᠲᠠᠢ ᠪᠠᠶᠢᠯᠭᠠᠨ᠎ᠠ᠃ | ᠬᠠᠮᠵᠢᠯᠴᠠᠨ ᠪᠥᠳᠥᠭᠡᠨ ᠪᠠᠶᠢᠭᠤᠯᠬᠤ ᠶᠢ ᠪᠠᠷᠢᠮᠲᠠᠯᠠᠨ᠎ᠠ᠃ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠦᠷ᠎ᠡ | ᠪᠦᠲᠦᠮᠵᠢ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠣ᠂ ᠭᠤᠣᠯᠯᠠᠨ ᠲᠦᠷᠦᠭᠦᠯᠡᠬᠦ ᠨᠢᠭᠡᠴᠡ ᠭᠤᠤᠯ ᠬᠠᠷᠢᠭᠤᠴᠠᠯᠭ᠎ᠠ ᠶᠢ ᠡᠭᠦᠷᠭᠡᠯᠡᠬᠦ᠂ ᠣᠷᠣᠯᠴᠠᠬᠴᠢ ᠨᠢᠭᠡᠴᠡ | ᠬᠠᠮᠲᠤᠪᠠᠷ ᠬᠠᠷᠢᠭᠤᠴᠠᠬᠤ ᠬᠠᠮᠵᠢᠯᠴᠠᠨ ᠪᠥᠲᠥᠭᠡᠨ ᠪᠠᠶᠢᠭᠤᠯᠬᠤ ᠲᠣᠭᠲᠠᠴᠠ ᠶᠢ ᠪᠠᠶᠢᠭᠤᠯᠤᠨ᠎ᠠ᠃ ︽ᠬᠡᠨ ᠴᠤᠭᠯᠠᠭᠤᠯᠪᠠᠯ ᠬᠡᠨ ᠬᠠᠷᠢᠭᠤᠴᠠᠬᠤ︾ ︽ᠬᠡᠨ ᠵᠠᠰᠠᠪᠠᠯ | ᠬᠡᠨ ᠬᠠᠷᠢᠭᠤᠴᠠᠬᠤ︾ ︽ᠬᠡᠨ ᠬᠠᠷᠭᠤᠭᠤᠯᠣᠨ ᠬᠢᠨᠠᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠮᠲᠤᠪᠠᠷ ᠬᠠᠮᠠᠭᠠᠯᠠᠵᠤ᠂ ᠠᠮᠤᠷ ᠲᠦᠪᠰᠢᠨ ᠥᠨᠳᠥᠷ ᠪᠦᠲᠦᠮᠵᠢᠲᠡᠶ ︽ | ᠬᠤᠲᠠ ᠶᠢᠨ ᠣᠶᠣᠨᠴᠢᠯᠠᠯᠲᠠ ᠶᠢᠨ ᠬᠠᠮᠢᠶᠠᠷᠣᠯᠲᠠ ᠶᠢᠨ ᠰᠢᠰᠲ᠋ᠧᠮ︾ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠤᠨ᠎ᠠ᠃ | | ᠳᠥᠷᠪᠡ᠂ ᠭᠤᠤᠯᠳᠠᠯᠭ᠎ᠠ ᠲᠠᠢ ᠡᠭᠦᠷᠭᠡ | | | ︵ᠨᠢᠭᠡ︶ ᠨᠢᠭᠡᠳᠦᠯᠲᠡᠢ ᠲᠥᠯᠥᠪᠵᠢᠭᠦᠯᠦᠭᠰᠡᠨ ᠥᠨᠳᠥᠷ ᠪᠦᠲᠦᠮᠵᠢᠲᠡᠢ ᠲᠤᠭ᠎ᠠ ᠪᠠᠷᠢᠮᠲᠠ ᠴᠤᠭᠯᠠᠭᠤᠯᠬᠤ ᠬᠠᠮᠳᠣ ᠪᠠᠷ ᠡᠳ᠋ᠯᠡᠬᠦ ᠬᠠᠮᠵᠢᠯᠴᠠᠭᠠᠨ ᠤ | ᠲᠣᠭᠲᠠᠴᠠ ᠶᠢ ᠪᠠᠶᠢᠭᠤᠯᠤᠨ᠎ᠠ | 1. ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠬᠤᠲᠠ ᠶᠢᠨ ᠵᠠᠰᠠᠭ ᠤᠨ | ᠣᠷᠳᠣᠨ ᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ | ᠰᠠᠯᠠᠭ᠎ᠠ ᠮᠥᠴᠢᠷ ᠪᠠ ᠨᠢᠭᠡᠴᠡ ᠪᠠᠷ ᠪᠦᠷᠢᠯᠳᠦᠬᠦᠨ ᠪᠣᠯᠭᠠᠭᠰᠠᠨ ᠲᠦᠩᠯᠢᠶᠣᠤ ᠬᠤᠲᠠ ᠶᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠴᠤᠭᠯᠠᠭᠤᠯᠬᠤ ᠶᠢ | ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠣᠳᠣᠭᠠᠳᠣ ᠶᠢᠨ ᠠᠯᠪᠠᠨ ᠬᠡᠷ ᠢ ᠬᠤᠲᠠ ᠶᠢᠨ ᠲᠣᠮᠣ ᠳ᠋ᠠᠶᠢᠲ᠋ᠠ ᠶᠢᠨ ᠲᠥᠪ ᠲᠤ | ᠳᠣᠭᠢᠷᠠᠭᠤᠯᠵᠤ᠂ ᠡᠳᠦᠷ ᠲᠤᠲᠤᠮ ᠤᠨ ᠠᠵᠢᠯ ᠢ ᠬᠠᠷᠢᠭᠤᠴᠠᠨ ᠰᠢᠢᠳᠪᠦᠷᠢᠯᠡᠭᠦᠯᠦᠨ᠎ᠡ᠃ ᠤᠳᠤᠷᠢᠳᠬᠤ ᠳᠤᠭᠤᠶᠢᠯᠠᠩ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ | ᠲᠤᠭ᠎ᠠ ᠪᠠᠷᠢᠮᠲᠠ ᠴᠤᠭᠯᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠠᠬᠢᠭᠤᠯᠬᠤ ᠶᠢ ᠬᠠᠷᠢᠭᠤᠴᠠᠨ᠎ᠠ︔ ᠠᠵᠢᠯ ᠤᠨ ᠠᠬᠢᠴᠠ ᠶᠢᠨ ᠳᠤᠮᠳᠠᠬᠢ | ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠨᠡ︔ ᠡᠯ᠎ᠡ ᠱᠠᠲᠤ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠱᠠᠭᠠᠷᠳᠠᠵᠤ ᠲᠤᠭ᠎ᠠ ᠪᠠᠷᠢᠮᠲᠠ ᠴᠤᠭᠯᠠᠭᠤᠯᠬᠤ | ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ︔ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠴᠤᠭᠯᠠᠭᠤᠯᠬᠤ ᠲᠦᠷᠦ ᠶᠢᠨ ᠪᠤᠳᠤᠯᠭ᠎ᠠ ᠲᠦᠷᠢᠮ᠂ | ᠪᠠᠷᠢᠮᠵᠢᠶ᠎ᠠ ᠶᠢᠨ ᠲᠦᠷᠢᠮᠵᠢᠯ ᠪᠠ ᠠᠮᠤᠷ ᠲᠦᠪᠰᠢᠨ ᠤ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠵᠠᠰᠠᠭ ᠤᠨ ᠣᠷᠳᠣᠨ ᠤ ᠠᠯᠪᠠᠨ ᠬᠡᠷ᠂ ᠲᠣᠮᠣ ᠳ᠋ᠠᠶᠢᠲ᠋ᠠ ᠶᠢᠨ ᠲᠥᠪ᠂ ᠬᠤᠲᠠ ᠶᠢᠨ ᠬᠦᠭᠵᠢᠬᠦᠯᠦᠯᠲᠡ ᠶᠢᠨ ᠪᠦᠯᠦᠭᠯᠡᠯ︔ ᠪᠡᠶᠡᠯᠡᠭᠦᠯᠬᠦ ᠴᠠᠭ ᠬᠤᠭᠤᠴᠠᠭ᠎ᠠ᠄ | 2022 ᠣᠨ ᠤ 6 ᠳ᠋ᠤᠭᠠᠷ ᠰᠠᠷ᠎ᠠ ᠶᠢᠨ 30 ᠠᠴᠠ ᠡᠮᠦᠨ᠎ᠡ︶ | 2. ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠴᠤᠭᠯᠠᠭᠤᠯᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠳᠬᠠᠨᠠ᠃ ᠬᠤᠲᠠ ᠶᠢᠨ ᠵᠠᠰᠠᠭ ᠤᠨ | ᠣᠷᠳᠣᠨ ᠤ ᠠᠯᠪᠠᠨ ᠬᠡᠷ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠴᠤᠭᠯᠠᠭᠤᠯᠬᠤ ᠶᠢ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠬᠤᠲᠠ ᠶᠢᠨ ᠲᠣᠮᠣ | ᠳ᠋ᠠᠶᠢᠲ᠋ᠠ ᠶᠢᠨ ᠲᠥᠪ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ | ᠲᠤᠭ᠎ᠠ ᠪᠠᠷᠢᠮᠲᠠ ᠴᠤᠭᠯᠠᠭᠤᠯᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠤᠲᠠ ᠶᠢᠨ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠲᠤᠭ᠎ᠠ ᠪᠦᠷᠢᠳᠬᠡᠯ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ | ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ ᠲᠠᠢ ᠬᠠᠮᠳᠣᠷᠠᠯᠴᠠᠨ ᠬᠥᠮᠦᠨ ᠠᠮᠠ᠂ ᠬᠠᠤᠯᠢ ᠶᠢᠨ | ᠡᠷᠬᠡᠲᠡᠨ᠂ ᠬᠤᠷᠸ᠎ᠠ ᠠᠵᠤ ᠠᠬᠤᠶ᠂ ᠣᠷᠣᠨ ᠵᠠᠶ ᠶᠢᠨ ᠭᠠᠵᠠᠷ ᠵᠦᠶ ᠶᠢᠨ ᠮᠡᠳᠡᠭᠡ ᠵᠠᠩᠭᠢ ᠵᠡᠷᠭᠡ ᠳᠥᠷᠪᠡᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ | ᠬᠥᠮᠥᠷᠭᠡ ᠶᠢ ᠲᠦᠷᠭᠡᠳᠬᠡᠨ ᠪᠠᠶᠢᠭᠤᠯᠵᠤ ᠲᠡᠭᠦᠯᠳᠡᠷᠵᠢᠭᠦᠯᠦᠨ᠎ᠡ︔ ᠪᠤᠰᠤᠳ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠴᠤᠭᠯᠠᠭᠤᠯᠬᠤ᠂ ᠵᠠᠰᠠᠬᠤ᠂ ᠬᠠᠷᠭᠤᠭᠤᠯᠤᠨ ᠬᠢᠨᠠᠬᠤ᠂ ᠰᠢᠨᠡᠳᠬᠡᠬᠦ᠂ ᠬᠡᠷᠡᠭᠯᠡᠬᠦ ᠵᠡᠷᠭᠡ | ᠬᠤᠯᠪᠣᠭᠳᠠᠯ ᠪᠥᠬᠦᠶ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠭᠤᠤᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ | ᠬᠤᠯᠪᠣᠭᠳᠠᠯ ᠪᠥᠬᠦᠶ ᠲᠦᠷᠦᠭᠦᠯᠡᠨ ᠬᠢᠵᠦ ᠪᠠᠶᠢᠭ᠎ᠠ ᠰᠠᠯᠠᠭ᠎ᠠ ᠮᠥᠴᠢᠷ ᠢ ᠬᠠᠮᠵᠢᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠲᠣᠮᠣ ᠳ᠋ᠠᠶᠢᠲ᠋ᠠ ᠶᠢᠨ ᠲᠥᠪ᠂ ᠬᠤᠲᠠ ᠶᠢᠨ | ᠬᠥᠭᠵᠢᠭᠦᠯᠦᠯᠲᠡ ᠶᠢᠨ ᠪᠦᠯᠦᠭᠯᠡᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠬᠤᠭᠤᠴᠠᠭ᠎ᠠ᠄ 2022 ᠣᠨ ᠤ 6 ᠳ᠋ᠤᠭᠠᠷ ᠰᠠᠷ᠎ᠠ ᠶᠢᠨ | 30 ᠠᠴᠠ ᠡᠮᠦᠨ᠎ᠡ︶ | 3. ᠪᠠᠷᠢᠮᠵᠢᠶ᠎ᠠ ᠶᠢᠨ ᠲᠦᠷᠢᠮᠵᠢᠯ ᠤᠨ ᠲᠣᠭᠳᠠᠯᠴᠠᠭ᠎ᠠ ᠶᠢ ᠨᠢᠭᠡᠳᠬᠡᠨ᠎ᠡ᠃ ︽ᠬᠤᠲᠠ ᠶᠢᠨ ᠣᠶᠣᠨᠴᠢᠯᠠᠯᠲᠠ ᠶᠢᠨ ᠬᠠᠮᠢᠶᠠᠷᠣᠯᠲᠠ ᠶᠢᠨ ᠰᠢᠰᠲ᠋ᠧᠮ︾ ᠤᠨ | ᠲᠤᠭ᠎ᠠ ᠪᠠᠷᠢᠮᠲᠠ ᠶᠢᠨ ᠬᠥᠮᠥᠷᠭᠡ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠳᠤ ᠰᠠᠭᠤᠷᠢᠯᠠᠨ᠂ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠶᠢᠭᠤᠯᠤᠯᠲᠠ ᠶᠢᠨ | ᠲᠦᠷᠢᠮᠵᠢᠭᠰᠡᠨ ᠲᠣᠭᠳᠠᠯᠴᠠᠭ᠎ᠠ ᠶᠢ ᠲᠣᠭᠲᠠᠭᠠᠵᠤ ᠲᠡᠭᠦᠯᠳᠡᠷᠵᠢᠭᠦᠯᠦᠨ᠎ᠡ᠃ ᠬᠤᠲᠠ ᠶᠢᠨ ᠲᠣᠮᠣ ᠳ᠋ᠠᠶᠢᠲ᠋ᠠ ᠶᠢᠨ ᠲᠥᠪ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ | ᠬᠤᠷᠠᠮᠳᠣᠭᠤᠯᠬᠤ᠂ ᠴᠤᠭᠯᠠᠭᠤᠯᠬᠤ᠂ ᠬᠠᠮᠲᠤ ᠪᠠᠷ ᠡᠳ᠋ᠯᠡᠬᠦ᠂ ᠨᠡᠭᠡᠭᠡᠯᠲᠡ ᠲᠠᠢ ᠵᠢᠴᠢ ᠶᠠᠰᠤ ᠴᠢᠨᠠᠷ ᠪᠠ ᠠᠮᠤᠷ ᠲᠦᠪᠰᠢᠨ ᠤ ᠬᠠᠮᠢᠶᠠᠷᠤᠯᠲᠠ ᠵᠡᠷᠭᠡ ᠰᠠᠭᠤᠷᠢ | ᠴᠢᠨᠠᠷᠲᠠᠶ᠂ ᠨᠡᠶᠢᠳᠡᠮ ᠬᠡᠷᠡᠭᠯᠡᠬᠦ ᠴᠢᠨᠠᠷᠲᠠᠶ ᠪᠠᠷᠢᠮᠵᠢᠶ᠎ᠠ ᠶᠢᠨ ᠲᠦᠷᠢᠮᠵᠢᠯ ᠢ ᠲᠣᠭᠲᠠᠭᠠᠬᠤ ᠶᠢ ᠬᠠᠷᠢᠭᠤᠴᠠᠨ᠎ᠠ︔ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠣᠰ ᠵᠠᠰᠠᠭ ᠵᠠᠬᠢᠷᠭᠠᠨ ᠤ ᠣᠷᠣᠨ ᠤ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠠᠮᠤᠷ ᠲᠦᠪᠰᠢᠨ ᠤ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠪᠠ ᠬᠢᠨᠠᠯᠲᠠ | ᠲᠠᠯᠪᠢᠬᠤ ᠶᠢ ᠬᠠᠷᠢᠭᠤᠴᠠᠵᠤ᠂ ᠲᠠᠭᠠᠭᠠᠴᠢᠯᠠᠨ ᠡᠷᠬᠢᠯᠡᠭᠰᠡᠨ ᠨᠢᠭᠡᠴᠡ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠤᠨ ᠲᠦᠷᠢᠮᠵᠢᠯ ᠢ ᠲᠣᠭᠲᠠᠭᠠᠵᠤ᠂ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠠᠶᠣᠯᠭᠦᠢ ᠬᠡᠷᠡᠭᠯᠡᠭᠡ ᠶᠢᠨ ᠲᠥᠷᠢᠮ ᠢ ᠪᠠᠶᠢᠭᠤᠯᠣᠨ᠎ᠠ︔ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠲᠣᠰ | ᠰᠠᠯᠠᠭ᠎ᠠ ᠮᠥᠴᠢᠷ ᠤᠨ ᠢᠶᠠᠨ ᠲᠤᠭ᠎ᠠ ᠪᠠᠷᠢᠮᠲᠠ ᠶᠢ ᠴᠤᠭᠯᠠᠭᠤᠯᠬᠤ ᠲᠥᠷᠢᠮᠵᠢᠯ ᠢ ᠲᠣᠭᠲᠠᠭᠠᠵᠤ᠂ ᠲᠣᠰ ᠰᠠᠯᠠᠭ᠎ᠠ ᠮᠥᠴᠢᠷ ᠤᠨ ᠢᠶᠠᠨ ᠲᠤᠭ᠎ᠠ ᠪᠠᠷᠢᠮᠲᠠ ᠶᠢ | ᠴᠤᠭᠯᠠᠭᠤᠯᠬᠤ᠂ ᠵᠠᠰᠠᠬᠤ᠂ ᠬᠠᠷᠭᠤᠭᠤᠯᠤᠨ ᠬᠢᠨᠠᠬᠤ ᠪᠠ ᠪᠤᠷᠤᠭᠤ ᠲᠤᠭ᠎ᠠ ᠪᠠᠷᠢᠮᠲᠠ ᠶᠢ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠨ᠎ᠠ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠬᠡᠷ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠶᠢᠨ ᠪᠦᠯᠦᠭᠯᠡᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ | ᠬᠤᠭᠤᠴᠠᠭ᠎ᠠ᠄ 2022 ᠣᠨ ᠤ 6 ᠳ᠋ᠤᠭᠠᠷ ᠰᠠᠷ᠎ᠠ ᠶᠢᠨ 30 ᠠᠴᠠ ᠡᠮᠦᠨ᠎ᠡ︶ | 4. ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠢᠭᠡᠳᠦᠯᠲᠡᠶ ᠪᠠᠶᠢᠭᠤᠯᠤᠨ᠎ᠠ᠃ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ | ᠮᠥᠴᠢᠷ ᠪᠥᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠲᠥᠷᠢᠮᠵᠢᠯ ᠪᠠ ᠬᠤᠯᠪᠣᠭᠳᠠᠯ | ᠪᠥᠬᠦᠶ ᠰᠢᠨᠡᠳᠬᠡᠬᠦ ᠲᠣᠭᠲᠠᠴᠠ ᠶᠢᠨ ᠶᠣᠰᠣᠭᠠᠷ᠂ ᠡᠭᠦᠷᠭᠡ ᠴᠢᠳᠠᠪᠬᠢ ᠪᠠᠨ ᠭᠦᠢᠴᠡᠳᠬᠡᠬᠦ ᠱᠠᠭᠠᠷᠳᠠᠯᠭ᠎ᠠ ᠪᠠ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ | ᠪᠠᠶᠢᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠬᠠᠮᠳᠣ ᠪᠠᠷ ᠡᠳ᠋ᠯᠡᠬᠦ ᠵᠠᠷᠴᠢᠮ ᠶᠣᠰᠣᠭᠠᠷ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠰᠢᠨᠡᠳᠬᠡᠬᠦ᠂ ᠬᠠᠮᠠᠭᠠᠯᠠᠬᠤ ᠪᠠ ᠨᠡᠶᠢᠲᠡᠯᠡᠬᠦ ᠶᠢᠨ ᠬᠠᠮᠲᠤ ᠪᠥᠬᠦ ᠬᠤᠲᠠ ᠶᠢᠨ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠲᠤ ᠣᠷᠣᠭᠤᠯᠬᠤ ᠬᠡᠷᠡᠭᠲᠡᠶ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠬᠤᠲᠠ ᠶᠢᠨ ᠲᠡᠰ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠢ ᠬᠠᠮᠲᠤ ᠪᠠᠷ ᠡᠳ᠋ᠯᠡᠬᠦ ᠰᠣᠯᠢᠯᠴᠠᠭᠠᠨ ᠤ ᠲᠠᠪᠴᠠᠩ ᠢᠶᠠᠷ ᠳᠠᠮᠵᠢᠭᠤᠯᠤᠨ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠤᠨ ᠭᠠᠷᠴᠠᠭ ᠢ ᠬᠢᠨᠠᠨ ᠬᠠᠷᠭᠤᠭᠤᠯᠣᠨ ᠨᠡᠶᠢᠳᠭᠡᠵᠦ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ᠂ ᠲᠣᠭᠳᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠬᠤ ᠪᠠ | ᠡᠯᠧᠺᠲᠷᠣᠨ ᠢᠶᠠᠷ ᠱᠠᠭᠠᠷᠳᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠡᠮᠵᠢᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ | ᠨᠠᠶᠢᠷᠠᠭᠤᠯᠤᠨ ᠵᠣᠬᠢᠶᠠᠬᠤ᠂ ᠬᠤᠷᠠᠮᠳᠣᠭᠤᠯᠣᠨ ᠴᠤᠭᠯᠠᠭᠤᠯᠬᠤ᠂ ᠬᠠᠮᠲᠤᠪᠠᠷ ᠡᠳ᠋ᠯᠡᠵᠦ ᠨᠡᠭᠡᠭᠡᠯᠲᠡ ᠲᠠᠢ᠂ ᠨᠡᠭᠡᠭᠡᠨ ᠠᠰᠢᠭᠯᠠᠬᠤ ᠵᠡᠷᠭᠡ ᠪᠠᠶᠢᠳᠠᠯ ᠳᠤ ᠬᠢᠨᠠᠯᠲᠠ | ᠲᠠᠯᠪᠢᠨ ᠰᠢᠯᠭᠠᠨ ᠬᠢᠨᠠᠵᠤ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ ᠬᠤᠲᠠ ᠶᠢᠨ | ᠬᠥᠭᠵᠢᠭᠦᠯᠦᠯᠲᠡ ᠶᠢᠨ ᠪᠦᠯᠦᠭᠯᠡᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠬᠤᠭᠤᠴᠠᠭ᠎ᠠ᠄ 2022 ᠣᠨ ᠤ 7 ᠳ᠋ᠤᠭᠠᠷ ᠰᠠᠷ᠎ᠠ ᠶᠢᠨ | 30 ᠠᠴᠠ ᠡᠮᠦᠨ᠎ᠡ︶ | 5. ᠲᠤᠭ᠎ᠠ ᠪᠠᠷᠢᠮᠲᠠ ᠶᠢᠨ ᠨᠠᠷᠢᠨ ᠲᠠᠩᠰᠨ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠲᠣᠰ ᠰᠠᠯᠠᠭ᠎ᠠ ᠮᠥᠴᠢᠷ ᠤᠨ ᠢᠶᠠᠨ ᠪᠤᠰᠤᠳ ᠰᠠᠯᠠᠭ᠎ᠠ ᠮᠥᠴᠢᠷ ᠲᠤ ᠬᠠᠮᠲᠤᠪᠠᠷ ᠡᠳ᠋ᠯᠡᠵᠦ ᠪᠣᠯᠬᠤ | ᠲᠤᠭ᠎ᠠ ᠪᠠᠷᠢᠮᠲᠠ ᠶᠢᠨ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠳᠣᠷᠬᠠᠶᠢᠯᠠᠨ᠎ᠠ︔ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠪᠤᠰᠤᠳ ᠰᠠᠯᠠᠭ᠎ᠠ | ᠮᠥᠴᠢᠷ ᠤᠨ ᠬᠠᠮᠳᠣ ᠪᠠᠷ ᠡᠳ᠋ᠯᠡᠬᠦ ᠴᠢᠬᠤᠯᠠᠲᠠᠶ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠳᠠᠩᠰᠠ ᠶᠢ ᠲᠣᠳᠣᠷᠬᠠᠶᠢᠯᠠᠨ᠎ᠠ︔ ᠬᠤᠯᠪᠣᠭᠳᠠᠯ | ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠠᠮᠲᠤ ᠪᠠᠷ ᠡᠳ᠋ᠯᠡᠬᠦ ᠥᠬᠡᠶ ᠲᠤᠭ᠎ᠠ | ᠪᠠᠷᠢᠮᠲᠠ ᠶᠢᠨ ᠨᠠᠵᠠᠭᠠᠶ ᠨᠠᠷᠢᠨ ᠲᠠᠩᠰᠠ ᠶᠢ ᠲᠣᠳᠣᠷᠬᠠᠶᠢᠯᠠᠨ᠎ᠠ︔ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠠ ᠲᠤᠬᠠᠶᠢᠯᠠᠭᠰᠠᠨ | ᠠᠵᠢᠯ ᠤᠨ ᠬᠡᠷᠡᠭᠴᠡᠭᠡ ᠱᠠᠭᠠᠷᠳᠠᠯᠭ᠎ᠠ ᠲᠠᠢ ᠬᠠᠷᠢᠴᠠᠭᠤᠯᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠨᠠᠷᠢᠨ | ᠳᠠᠩᠰᠠ ᠶᠢ ᠨᠠᠶᠢᠷᠠᠭᠤᠯᠣᠨ ᠲᠣᠭᠳᠠᠭᠠᠵᠤ ᠪᠣᠷᠢᠯᠳᠣᠭᠦᠯᠦᠨᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ ᠬᠤᠲᠠ ᠶᠢᠨ | ᠬᠥᠭᠵᠢᠭᠦᠯᠦᠯᠲᠡ ᠶᠢᠨ ᠪᠦᠯᠦᠭᠯᠡᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠬᠤᠭᠤᠴᠠᠭ᠎ᠠ᠄ 2022 ᠣᠨ ᠤ 7 ᠳ᠋ᠤᠭᠠᠷ ᠰᠠᠷ᠎ᠠ ᠶᠢᠨ | 30 ᠠᠴᠠ ᠡᠮᠦᠨ᠎ᠡ︶ | ︵ᠬᠤᠶᠠᠷ︶ ᠳᠥᠷᠪᠡᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ᠎ᠠ | 1. ᠬᠥᠮᠦᠨ ᠠᠮᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ᠎ᠠ᠃ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ᠂ ᠪᠥᠬᠦ | ᠬᠥᠮᠦᠨ ᠠᠮᠠ ᠶᠢᠨ ᠦᠨᠳᠦᠰᠦᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠳᠤ ᠰᠠᠭᠤᠷᠢᠯᠠᠵᠣ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠠᠮᠢᠶ᠎ᠠ ᠪᠥᠬᠦᠶ ᠮᠡᠳᠡᠭᠡ ᠵᠠᠩᠭᠢ ᠶᠢᠨ ᠡᠬᠢ ᠪᠠᠶᠠᠯᠢᠭ ᠢ ᠠᠯᠬᠤᠮ ᠠᠯᠬᠤᠮ ᠢᠶᠠᠷ ᠠᠭᠤᠰᠤᠯᠴᠠᠭᠤᠯᠤᠨ᠂ ᠠᠷᠠᠳ ᠢᠷᠭᠡᠳ ᠤᠨ ᠪᠡᠶ᠎ᠡ ᠶᠢᠨ ᠦᠨᠡᠮᠯᠡᠯ ᠤᠨ | ᠨᠣᠮᠧᠷ ᠢᠶᠠᠷ ᠲᠡᠮᠳᠡᠭ ᠪᠣᠯᠭᠠᠭᠰᠠᠨ ᠬᠥᠮᠦᠨ ᠠᠮᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠪᠥᠬᠦ ᠬᠤᠲᠠ ᠶᠢᠨ ᠬᠥᠮᠦᠨ | ᠠᠮᠠ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠥᠪᠯᠡᠷᠡᠭᠦᠯᠦᠭᠰᠡᠨ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠰᠠᠯᠠᠭ᠎ᠠ ᠮᠥᠴᠢᠷ ᠪᠠ ᠬᠤᠯᠪᠣᠭᠳᠠᠯ ᠪᠥᠬᠦᠶ ᠨᠢᠭᠡᠴᠡ ᠳᠤ ᠲᠤᠭ᠎ᠠ ᠪᠠᠷᠢᠮᠲᠠ ᠶᠢᠨ ᠦᠢᠯᠡᠴᠢᠯᠡᠭᠡ ᠬᠠᠩᠭᠠᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠵᠢᠴᠢ | ᠬᠠᠮᠵᠢᠯᠴᠠᠬᠤ ᠰᠠᠯᠠᠭ᠎ᠠ ᠮᠥᠴᠢᠷ ᠬᠥᠮᠦᠨ ᠠᠮᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢᠨ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢᠨ | ᠨᠠᠷᠢᠨ ᠳᠠᠩᠰᠠ ᠶᠢᠨ ᠲᠣᠭᠤᠷᠢᠨ ᠳᠤ᠂ ᠲᠣᠰ ᠰᠠᠯᠠᠭ᠎ᠠ ᠮᠥᠴᠢᠷ ᠤᠨ ᠢᠶᠠᠨ ᠲᠤᠭ᠎ᠠ ᠪᠠᠷᠢᠮᠲᠠ ᠶᠢᠨ ᠬᠥᠳᠡᠯᠦᠩᠭᠦᠶ ᠰᠢᠨᠡᠴᠢᠯᠡᠯᠲᠡ ᠶᠢ ᠦᠷᠭᠦᠯᠵᠢᠯᠡᠨ ᠰᠠᠶᠢᠲᠤᠷ ᠬᠢᠵᠦ | ᠂ ᠬᠥᠮᠦᠨ ᠠᠮᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠬᠢᠭᠡᠳ ᠬᠠᠮᠳᠣ ᠪᠠᠷ ᠡᠳ᠋ᠯᠡᠵᠦ ᠬᠡᠷᠡᠭᠯᠡᠬᠦ ᠳᠤ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠬᠤᠲᠠ ᠶᠢᠨ ᠬᠥᠭᠵᠢᠭᠦᠯᠦᠯᠲᠡ ᠶᠢᠨ ᠪᠦᠯᠦᠭᠯᠡᠯ︔ ᠬᠠᠮᠵᠢᠯᠴᠠᠬᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ | ᠰᠢᠭᠤᠳ ᠬᠠᠷᠢᠶ᠎ᠠ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ︔ ᠪᠡᠶᠡᠯᠡᠭᠦᠯᠬᠦ ᠴᠠᠭ ᠬᠤᠭᠤᠴᠠᠭ᠎ᠠ᠄ 2022 ᠣᠨ ᠤ 7 ᠳ᠋ᠤᠭᠠᠷ ᠰᠠᠷ᠎ᠠ ᠶᠢᠨ | 30 ᠠᠴᠠ ᠡᠮᠦᠨ᠎ᠡ︶ | 2. ᠬᠠᠤᠯᠢ ᠶᠢᠨ ᠡᠷᠬᠡᠲᠡᠨ ᠤ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ᠂ ᠵᠠᠬ᠎ᠠ | ᠳᠡᠯᠭᠡᠭᠦᠷ ᠤᠨ ᠭᠤᠤᠯ ᠴᠣᠭᠴᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠪᠠᠷ ᠰᠠᠭᠤᠷᠢ | ᠪᠣᠯᠭᠠᠵᠤ᠂ ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠤᠯᠢ ᠶᠢᠨ ᠡᠷᠬᠡᠲᠡᠨ ᠤ ᠬᠠᠷᠭᠤᠭᠤᠯᠤᠨ ᠬᠢᠨᠠᠭᠰᠠᠨ ᠮᠡᠳᠡᠭᠡ ᠵᠠᠩᠭᠢ ᠪᠠ ᠲᠤᠬᠠᠶᠢᠯᠠᠭᠰᠠᠨ ᠠᠵᠢᠯ ᠤᠨ | ᠥᠷᠭᠡᠳᠬᠡᠭᠰᠡᠨ ᠮᠡᠳᠡᠭᠡ ᠵᠠᠩᠭᠢ ᠶᠢ ᠴᠤᠭᠯᠠᠭᠤᠯᠵᠤ᠂ ᠬᠠᠤᠯᠢ ᠶᠢᠨ ᠡᠷᠬᠡᠲᠡᠨ ᠤ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠡᠯ᠎ᠡ | ᠱᠠᠲᠤᠨ ᠤ ᠰᠠᠯᠠᠭ᠎ᠠ ᠮᠥᠴᠢᠷ ᠪᠠ ᠨᠢᠭᠡᠴᠡ ᠳᠤ ᠲᠤᠭ᠎ᠠ ᠪᠠᠷᠢᠮᠲᠠ ᠶᠢᠨ ᠦᠢᠯᠡᠴᠢᠯᠡᠭᠡ ᠬᠠᠩᠭᠠᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠵᠢᠴᠢ ᠬᠠᠮᠵᠢᠯᠴᠠᠬᠤ ᠰᠠᠯᠠᠭ᠎ᠠ | ᠮᠥᠴᠢᠷ ᠬᠠᠤᠯᠢ ᠶᠢᠨ ᠡᠷᠬᠡᠲᠡᠨ ᠤ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢᠨ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ | ᠳᠠᠩᠰᠠ ᠶᠢᠨ ᠲᠣᠭᠤᠷᠢᠨ ᠳᠤ᠂ ᠲᠣᠰ ᠰᠠᠯᠠᠭ᠎ᠠ ᠮᠥᠴᠢᠷ ᠤᠨ ᠢᠶᠠᠨ ᠲᠤᠭ᠎ᠠ ᠪᠠᠷᠢᠮᠲᠠ ᠶᠢᠨ ᠬᠥᠳᠡᠯᠦᠩᠭᠦᠶ ᠰᠢᠨᠡᠴᠢᠯᠡᠯᠲᠡ ᠶᠢ ᠦᠷᠭᠦᠯᠵᠢᠯᠡᠨ ᠰᠠᠶᠢᠲᠤᠷ ᠬᠢᠵᠦ᠂ | ᠬᠠᠤᠯᠢ ᠶᠢᠨ ᠡᠷᠬᠡᠲᠡᠨ ᠤ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠬᠢᠭᠡᠳ ᠬᠠᠮᠳᠣ ᠪᠠᠷ ᠡᠳ᠋ᠯᠡᠵᠦ ᠬᠡᠷᠡᠭᠯᠡᠬᠦ ᠳᠤ ᠲᠤᠭ᠎ᠠ | ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠶᠢᠨ ᠪᠦᠯᠦᠭᠯᠡᠯ︔ ᠬᠠᠮᠵᠢᠯᠴᠠᠬᠤ ᠨᠢᠭᠡᠴᠡ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ | ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ︔ ᠪᠡᠶᠡᠯᠡᠭᠦᠯᠬᠦ ᠴᠠᠭ ᠬᠤᠭᠤᠴᠠᠭ᠎ᠠ᠄ 2022 ᠣᠨ ᠤ 7 | ᠳ᠋ᠤᠭᠠᠷ ᠰᠠᠷ᠎ᠠ ᠶᠢᠨ 30 ᠠᠴᠠ ᠡᠮᠦᠨ᠎ᠡ︶ | 3. ᠬᠤᠷᠸ᠎ᠠ ᠠᠵᠤ ᠠᠬᠤᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ᠎ᠠ᠃ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠤᠨ ᠲᠥᠷᠥ ᠶᠢᠨ ᠪᠣᠳᠣᠯᠭ᠎ᠠ ᠶᠢᠨ ᠬᠠᠷᠠᠯᠲᠠ ᠶᠣᠰᠣᠭᠠᠷ᠂ ᠡᠯ᠎ᠡ ᠰᠠᠯᠠᠭ᠎ᠠ ᠮᠥᠴᠢᠷ ᠤᠨ ᠠᠵᠤ ᠠᠬᠤᠶ ᠶᠢᠨ ᠠᠵᠢᠯᠯᠠᠭᠠᠨ ᠤ ᠲᠤᠭ᠎ᠠ ᠪᠠᠷᠢᠮᠲᠠ ᠶᠢᠨ ᠡᠬᠢ | ᠪᠠᠶᠠᠯᠢᠭ ᠢ ᠬᠥᠳᠡᠯᠦᠩᠭᠦᠶ ᠪᠠᠷ ᠴᠤᠭᠯᠠᠭᠤᠯᠵᠤ ᠬᠤᠲᠠ ᠶᠢᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠣ ᠪᠠᠷ ᠡᠳ᠋ᠯᠡᠬᠦ ᠰᠣᠯᠢᠯᠴᠠᠭᠠᠨ ᠤ | ᠲᠠᠪᠴᠠᠩ ᠳᠤ ᠲᠦᠰᠢᠭᠯᠡᠵᠦ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠠᠵᠤ ᠠᠬᠤᠶ ᠶᠢᠨ ᠠᠵᠢᠯᠯᠠᠭᠠᠨ ᠤ ᠲᠠᠯ᠎ᠠ ᠶᠢᠨ ᠣᠨ ᠤ ᠲᠤᠭ᠎ᠠ | ᠪᠠᠷᠢᠮᠲᠠ᠂ ᠰᠠᠷ᠎ᠠ ᠶᠢᠨ ᠲᠤᠭ᠎ᠠ ᠪᠠᠷᠢᠮᠲᠠ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠ ᠲᠤᠰᠬᠠᠶ ᠰᠡᠳᠦᠪᠲᠦ ᠲᠤᠭ᠎ᠠ ᠪᠠᠷᠢᠮᠲᠠ ᠶᠢ ᠪᠥᠬᠦ ᠲᠠᠯ᠎ᠠ ᠪᠠᠷ | ᠡᠮᠬᠢᠯᠡᠨ ᠴᠤᠭᠯᠠᠭᠤᠯᠵᠤ᠂ ᠠᠵᠤ ᠦᠢᠯᠡᠰ ᠤᠨ ᠠᠵᠤ ᠠᠬᠤᠶ᠂ ᠭᠠᠵᠠᠷ ᠣᠷᠣᠨ ᠤ ᠠᠵᠤ ᠠᠬᠤᠶ ᠶᠢᠨ ᠦᠨᠳᠦᠰᠦᠨ ᠠᠵᠢᠯᠯᠠᠭᠠᠨ ᠤ ᠲᠤᠭ᠎ᠠ ᠪᠠᠷᠢᠮᠲᠠ ᠶᠢᠨ ᠮᠡᠳᠡᠭᠡ | ᠵᠠᠩᠭᠢ ᠶᠢ ᠴᠤᠭᠯᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠭᠠᠵᠠᠷ ᠣᠷᠣᠨ ᠤ ᠠᠵᠤ ᠠᠬᠤᠶ ᠶᠢᠨ ᠠᠵᠢᠯᠯᠠᠭᠠᠨ ᠳᠤ ᠬᠥᠳᠡᠯᠦᠩᠭᠦᠶ ᠪᠠᠷ ᠬᠢᠨᠠᠨ | ᠰᠢᠨᠵᠢᠵᠦ ᠵᠠᠳᠠᠯᠤᠯᠲᠠ ᠬᠢᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠵᠢᠴᠢ | ᠬᠠᠮᠵᠢᠯᠴᠠᠬᠤ ᠰᠠᠯᠠᠭ᠎ᠠ ᠮᠥᠴᠢᠷ ᠬᠤᠷᠸ᠎ᠠ ᠠᠵᠤ ᠠᠬᠤᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢᠨ ᠲᠤᠭ᠎ᠠ ᠪᠠᠷᠢᠮᠲᠠ ᠶᠢᠨ ᠬᠡᠷᠡᠭᠴᠡᠭᠡ | ᠱᠠᠭᠠᠷᠳᠠᠯᠭ᠎ᠠ ᠶᠢᠨ ᠨᠠᠷᠢᠨ ᠳᠠᠩᠰᠠ ᠶᠢᠨ ᠲᠣᠭᠤᠷᠢᠨ ᠳᠤ᠂ ᠲᠣᠰ ᠰᠠᠯᠠᠭ᠎ᠠ ᠮᠥᠴᠢᠷ ᠤᠨ ᠢᠶᠠᠨ ᠲᠤᠭ᠎ᠠ ᠪᠠᠷᠢᠮᠲᠠ ᠶᠢᠨ ᠬᠥᠳᠡᠯᠦᠩᠭᠦᠶ ᠰᠢᠨᠡᠴᠢᠯᠡᠯᠲᠡ ᠶᠢ | ᠦᠷᠭᠦᠯᠵᠢᠯᠡᠨ ᠰᠠᠶᠢᠲᠤᠷ ᠬᠢᠵᠦ᠂ ᠬᠤᠷᠸ᠎ᠠ ᠠᠵᠤ ᠠᠬᠤᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠬᠢᠭᠡᠳ ᠬᠠᠮᠳᠣ ᠪᠠᠷ | ᠡᠳ᠋ᠯᠡᠵᠦ ᠬᠡᠷᠡᠭᠯᠡᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ | ᠬᠥᠭᠵᠢᠭᠦᠯᠦᠯᠲᠡ ᠶᠢᠨ ᠪᠦᠯᠦᠭᠯᠡᠯ︔ ᠬᠠᠮᠵᠢᠯᠴᠠᠬᠤ ᠨᠢᠭᠡᠴᠢ᠄ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ︔ | ᠪᠡᠶᠡᠯᠡᠭᠦᠯᠬᠦ ᠴᠠᠭ ᠬᠤᠭᠤᠴᠠᠭ᠎ᠠ᠄ 2022 ᠣᠨ ᠤ 8 ᠳ᠋ᠤᠭᠠᠷ ᠰᠠᠷ᠎ᠠ ᠶᠢᠨ 30 ᠠᠴᠠ ᠡᠮᠦᠨ᠎ᠡ︶ | 4. ᠣᠷᠣᠨ ᠵᠠᠶ ᠶᠢᠨ ᠭᠠᠵᠠᠷ ᠵᠦᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ᠎ᠠ᠃ ᠭᠠᠵᠠᠷ ᠤᠨ ᠨᠡᠷ᠎ᠡ ᠶᠢᠨ ᠮᠡᠳᠡᠭᠡ ᠵᠠᠩᠭᠢ᠂ | ᠵᠠᠭᠠᠭ ᠬᠢᠵᠠᠭᠠᠷ ᠤᠨ ᠮᠡᠳᠡᠭᠡ ᠵᠠᠩᠭᠢ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠮᠡᠳᠡᠭᠡ ᠵᠠᠩᠭᠢ ᠵᠡᠷᠭᠡ ᠦᠨᠳᠦᠰᠦᠨ ᠲᠤᠭ᠎ᠠ ᠪᠠᠷᠢᠮᠲᠠ ᠪᠠᠷ ᠲᠦᠰᠢᠭ ᠪᠣᠯᠭᠠᠵᠤ᠂ | ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠶᠢᠯᠡᠭᠦᠯᠵᠦ᠂ ᠮᠠᠨ ᠤ | ᠬᠤᠲᠠ ᠶᠢᠨ ᠣᠷᠣᠨ ᠨᠤᠲᠤᠭ ᠤᠨ ᠣᠨᠴᠠᠯᠢᠭ ᠲᠠᠢ ᠣᠷᠣᠨ ᠵᠠᠶ ᠶᠢᠨ ᠭᠠᠵᠠᠷ ᠵᠦᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠦᠷᠢᠯᠳᠦᠭᠦᠯᠵᠦ᠂ | ᠬᠤᠲᠠ ᠶᠢᠨ ᠲᠡᠰ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠣᠷᠣᠨ ᠵᠠᠶ ᠶᠢᠨ ᠭᠠᠵᠠᠷ ᠵᠦᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠠᠭ ᠲᠤᠬᠠᠶ ᠳᠤᠨᠢ | ᠬᠠᠮᠳᠣ ᠪᠠᠷ ᠡᠳ᠋ᠯᠡᠬᠦ ᠶᠢ ᠪᠡᠶᠡᠯᠡᠭᠦᠯᠬᠦ ᠶᠢᠨ ᠲᠤᠰᠠᠳᠠ᠂ ᠪᠠᠶᠢᠭᠠᠯᠢ ᠶᠢᠨ ᠡᠬᠢ ᠪᠠᠶᠠᠯᠢᠭ ᠢ ᠨᠥᠭᠡᠴᠡᠯᠡᠬᠦ ᠪᠠ ᠨᠡᠭᠡᠭᠡᠨ ᠠᠰᠢᠭᠯᠠᠵᠤ ᠪᠠᠶᠢᠭ᠎ᠠ ᠪᠠᠶᠢᠳᠠᠯ᠂ ᠬᠥᠮᠦᠰ ᠤᠨ | ᠣᠷᠣᠰᠢᠨ ᠰᠠᠭᠤᠷᠢᠰᠢᠬᠤ ᠣᠷᠴᠢᠨ ᠲᠣᠭᠤᠷᠢᠨ᠂ ᠠᠮᠢ ᠠᠬᠤᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠭᠠᠮᠰᠢᠭ᠂ ᠵᠠᠮ ᠬᠠᠷᠢᠯᠴᠠᠭᠠᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠪᠠ ᠪᠠᠷᠠᠭᠠᠨ ᠤ ᠭᠦᠢᠯᠭᠡᠭᠡ ᠶᠢᠨ ᠳᠣᠭᠢᠷᠠᠭᠤᠯᠤᠨ ᠬᠦᠷᠭᠡᠬᠦ ᠦᠷ᠎ᠡ ᠪᠦᠲᠦᠮᠵᠢ ᠳᠤ ᠬᠢᠨᠠᠨ ᠰᠢᠨᠵᠢᠵᠦ ᠵᠠᠳᠠᠯᠤᠯᠲᠠ ᠬᠢᠬᠦ ᠪᠠ ᠦᠨᠡᠯᠡᠯᠳᠡ ᠬᠢᠵᠦ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠮᠡᠳᠡᠭᠡ ᠵᠠᠩᠭᠢ ᠶᠢᠨ ᠳᠡᠮᠵᠢᠯᠭᠡ ᠬᠠᠩᠭᠠᠵᠤ᠂ ᠤᠯᠤᠰ ᠤᠨ ᠨᠣᠳᠤᠭ ᠳᠡᠪᠢᠰᠭᠡᠷ ᠤᠨ ᠣᠷᠣᠨ ᠵᠠᠶ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠯ᠎ᠡ ᠬᠠᠷᠢᠭᠤᠴᠠᠯᠭᠠᠲᠤ ᠨᠢᠭᠡᠴᠡ ᠵᠢᠴᠢ ᠬᠠᠮᠵᠢᠯᠴᠠᠬᠤ ᠰᠠᠯᠠᠭ᠎ᠠ ᠮᠥᠴᠢᠷ ᠣᠷᠣᠨ | ᠵᠠᠶ ᠶᠢᠨ ᠭᠠᠵᠠᠷ ᠵᠦᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢᠨ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠳᠠᠩᠰᠠ ᠶᠢᠨ | ᠲᠣᠭᠤᠷᠢᠨ ᠳᠤ᠂ ᠲᠣᠰ ᠰᠠᠯᠠᠭ᠎ᠠ ᠮᠥᠴᠢᠷ ᠤᠨ ᠢᠶᠠᠨ ᠲᠤᠭ᠎ᠠ ᠪᠠᠷᠢᠮᠲᠠ ᠶᠢᠨ ᠬᠥᠳᠡᠯᠦᠩᠭᠦᠶ ᠰᠢᠨᠡᠴᠢᠯᠡᠯᠲᠡ ᠶᠢ ᠦᠷᠭᠦᠯᠵᠢᠯᠡᠨ ᠰᠠᠶᠢᠲᠤᠷ ᠬᠢᠵᠦ᠂ ᠣᠷᠣᠨ ᠵᠠᠶ ᠶᠢᠨ | ᠭᠠᠵᠠᠷ ᠵᠦᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠬᠢᠭᠡᠳ ᠬᠠᠮᠳᠣ ᠪᠠᠷ ᠡᠳ᠋ᠯᠡᠵᠦ ᠬᠡᠷᠡᠭᠯᠡᠬᠦ ᠳᠤ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠬᠤᠲᠠ ᠶᠢᠨ ᠬᠥᠭᠵᠢᠭᠦᠯᠦᠯᠲᠡ ᠶᠢᠨ ᠪᠦᠯᠦᠭᠯᠡᠯ︔ ᠬᠠᠮᠵᠢᠯᠴᠠᠬᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠵᠠᠰᠠᠭ ᠤᠨ | ᠶᠠᠪᠤᠳᠠᠯ ᠤᠨ ᠰᠠᠯᠠᠭ᠎ᠠ ᠮᠥᠴᠢᠷ︔ ᠪᠡᠶᠡᠯᠡᠭᠦᠯᠬᠦ ᠴᠠᠭ ᠬᠤᠭᠤᠴᠠᠭ᠎ᠠ᠄ 2022 ᠣᠨ ᠤ 8 ᠳ᠋ᠤᠭᠠᠷ ᠰᠠᠷ᠎ᠠ ᠶᠢᠨ 30 ᠠᠴᠠ ᠡᠮᠦᠨ᠎ᠡ︶ | ︵ᠭᠤᠷᠪᠠ︶ ᠭᠤᠣᠯᠳᠠᠯᠭ᠎ᠠ ᠲᠠᠢ ᠭᠤᠣᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ᠎ᠠ | ᠳᠥᠷᠪᠡᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠶᠢᠨ ᠰᠠᠭᠤᠷᠢᠨ ᠳᠡᠭᠡᠷ᠎ᠡ᠂ ᠡᠯ᠎ᠡ ᠵᠠᠰᠠᠭ ᠤᠨ ᠶᠠᠪᠤᠳᠠᠯ ᠤᠨ | ᠰᠠᠯᠠᠭ᠎ᠠ ᠮᠥᠴᠢᠷ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢᠨ ᠲᠣᠭᠤᠷᠢᠨ ᠳᠤ᠂ ᠬᠤᠲᠠ ᠶᠢᠨ ᠲᠦᠢᠮᠣ ᠪᠠᠶᠢᠳᠠᠯ᠂ ᠬᠤᠲᠠ ᠶᠢᠨ ᠬᠡᠷᠡᠭ ᠶᠠᠪᠤᠳᠠᠯ | ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠮᠢ ᠠᠬᠤᠶ ᠶᠢᠨ ᠪᠣᠯᠪᠠᠰᠤᠨ᠂ ᠠᠵᠤ ᠠᠬᠤᠶ ᠶᠢᠨ ᠠᠵᠢᠯᠯᠠᠭᠠᠨ᠂ ᠠᠵᠤ ᠦᠢᠯᠡᠰ ᠤᠨ ᠬᠦᠭᠵᠢᠭᠦᠯᠦᠯᠲᠡ᠂ | ᠵᠠᠬ᠎ᠠ ᠳᠡᠯᠭᠡᠭᠦᠷ ᠤᠨ ᠭᠤᠤᠯ ᠴᠣᠭᠴᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠭᠤᠤᠯᠳᠠᠯᠭ᠎ᠠ ᠲᠠᠢ ᠲᠥᠷᠥᠯ ᠵᠦᠢᠯ | ᠵᠡᠷᠭᠡ ᠭᠤᠤᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠬᠤᠲᠠ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠬᠦ ᠳᠤ | ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ᠂ ᠬᠤᠲᠠ ᠶᠢᠨ ᠬᠤᠲᠠ ᠶᠢᠨ ᠬᠡᠪᠴᠢᠶᠡᠨ ᠤ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ | ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠭᠤᠤᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢᠨ ᠲᠤᠭ᠎ᠠ ᠪᠠᠷᠢᠮᠲᠠ ᠶᠢᠨ | ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠳᠠᠩᠰᠠ ᠶᠢᠨ ᠲᠣᠭᠤᠷᠢᠨ ᠳᠤ᠂ ᠲᠣᠰ ᠰᠠᠯᠠᠭ᠎ᠠ ᠮᠥᠴᠢᠷ ᠤᠨ ᠢᠶᠠᠨ ᠲᠤᠭ᠎ᠠ ᠪᠠᠷᠢᠮᠲᠠ ᠶᠢᠨ ᠬᠥᠳᠡᠯᠦᠩᠭᠦᠶ ᠰᠢᠨᠡᠴᠢᠯᠡᠯᠲᠡ ᠶᠢ | ᠦᠷᠭᠦᠯᠵᠢᠯᠡᠨ ᠰᠠᠶᠢᠲᠤᠷ ᠬᠢᠵᠦ᠂ ᠭᠤᠤᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠬᠢᠭᠡᠳ ᠬᠠᠮᠳᠣ ᠪᠠᠷ ᠡᠳ᠋ᠯᠡᠵᠦ | ᠬᠡᠷᠡᠭᠯᠡᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ ᠬᠤᠲᠠ ᠶᠢᠨ | ᠬᠥᠭᠵᠢᠭᠦᠯᠦᠯᠲᠡ ᠶᠢᠨ ᠪᠦᠯᠦᠭᠯᠡᠯ︔ ᠬᠠᠮᠵᠢᠯᠴᠠᠬᠤ ᠰᠠᠯᠠᠭ᠎ᠠ ᠮᠥᠴᠢᠷ᠄ ᠡᠯ᠎ᠡ ᠭᠤᠤᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠲᠤᠬᠠᠶᠢᠯᠠᠭᠰᠠᠨ | ᠠᠵᠢᠯ ᠤᠨ ᠰᠠᠯᠠᠭ᠎ᠠ ᠮᠥᠴᠢᠷ︔ ᠪᠡᠶᠡᠯᠡᠭᠦᠯᠬᠦ ᠴᠠᠭ ᠬᠤᠭᠤᠴᠠᠭ᠎ᠠ᠄ 2022 ᠣᠨ ᠤ 8 ᠳ᠋ᠤᠭᠠᠷ ᠰᠠᠷ᠎ᠠ ᠶᠢᠨ 30 ᠠᠴᠠ ᠡᠮᠦᠨ᠎ᠡ︶ | ︵ᠲᠥᠷᠪᠡ︶ ᠠᠶᠤᠯ ᠥᠭᠡᠢ ᠶᠢᠨ ᠬᠠᠮᠠᠭᠠᠯᠠᠯᠲᠠ ᠶᠢᠨ ᠲᠥᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ | ᠰᠦᠯᠵᠢᠶᠡᠨ ᠤ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ | ᠬᠠᠮᠳᠣ ᠪᠠᠷ ᠡᠳ᠋ᠯᠡᠬᠦ ᠲᠦᠭᠰᠢᠭᠦᠷᠢ ᠶᠢ ᠦᠨᠡᠯᠡᠨ ᠵᠢᠱᠢᠬᠦ ᠪᠠ ᠰᠦᠯᠵᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠬᠢᠨᠠᠨ ᠵᠢᠯᠣᠭᠤᠳᠴᠣ ᠠᠬᠢᠭᠤᠯᠣᠨ᠎ᠠ᠃ | ᠬᠤᠲᠠ ᠶᠢᠨ ᠲᠣᠮᠣ ᠳ᠋ᠠᠶᠢᠲ᠋ᠠ ᠶᠢᠨ ᠲᠥᠪ ᠪᠠ ᠬᠤᠲᠠ ᠶᠢᠨ ᠰᠢᠭᠤᠳ ᠬᠠᠷᠢᠶ᠎ᠠ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ | ᠱᠠᠭᠠᠷᠳᠠᠯᠭ᠎ᠠ ᠶᠣᠰᠣᠭᠠᠷ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠪᠠ ᠮᠡᠷᠭᠡᠵᠢᠯ ᠤᠨ ᠰᠡᠷᠭᠡᠶᠢᠯᠡᠨ | ᠬᠠᠮᠠᠭᠠᠯᠠᠬᠤ ᠠᠷᠭ᠎ᠠ ᠬᠡᠮᠵᠢᠶ᠎ᠡ ᠶᠢ ᠪᠠᠶᠢᠭᠤᠯᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠣᠨ᠎ᠠ᠃ ᠡᠯ᠎ᠡ ᠵᠠᠰᠠᠭ ᠤᠨ | ᠶᠠᠪᠤᠳᠠᠯ ᠤᠨ ᠰᠠᠯᠠᠭ᠎ᠠ ᠮᠥᠴᠢᠷ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠭ᠎ᠠ | ᠪᠠᠷᠢᠮᠲᠠ ᠶᠢᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠬᠠᠩᠭᠠᠬᠤ ᠡᠲᠡᠭᠡᠳ ᠪᠠ ᠲᠤᠭ᠎ᠠ ᠪᠠᠷᠢᠮᠲᠠ ᠬᠡᠷᠡᠭᠯᠡᠬᠦ | ᠡᠲᠡᠭᠡᠳ ᠢᠶᠠᠷ ᠢᠶᠠᠨ ᠬᠡᠯᠡᠯᠴᠡᠭᠡᠷ ᠲᠣᠭᠳᠠᠭᠠᠵᠣ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠮᠢᠶ᠎ᠠ ᠪᠥᠬᠦᠶ ᠠᠵᠢᠯᠲᠠᠳ ︽ᠲᠤᠭ᠎ᠠ ᠪᠠᠷᠢᠮᠲᠠ ᠶᠢᠨ ᠨᠢᠭᠤᠴᠠ ᠶᠢ | ᠬᠠᠮᠠᠭᠠᠯᠠᠬᠤ ᠬᠡᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠠᠵᠢᠯᠯᠠᠭᠤᠯᠬᠤ ᠪᠠᠲᠤᠯᠠᠬᠤ ᠡᠳᠡᠬᠡᠳ ᠲᠠᠪᠴᠠᠩ ᠤᠨ ᠠᠮᠤᠷ ᠲᠦᠪᠰᠢᠨ ᠤ ᠬᠠᠮᠠᠭᠠᠯᠠᠯᠲᠠ ᠶᠢ | ᠰᠠᠶᠢᠲᠤᠷ ᠬᠢᠵᠦ᠂ ᠡᠯ᠎ᠡ ᠡᠲᠡᠭᠡᠳ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠲᠤᠭ᠎ᠠ ᠪᠠᠷᠢᠮᠲᠠ ᠶᠢ ᠴᠤᠭᠯᠠᠭᠤᠯᠬᠤ | ᠠᠵᠢᠯ ᠢᠶᠠᠨ ᠠᠮᠤᠷ ᠲᠦᠪᠰᠢᠨ ᠦᠷᠨᠢᠭᠦᠯᠬᠦ ᠶᠢ ᠦᠨᠡᠨᠬᠦ ᠪᠠᠳᠣᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ ᠬᠤᠲᠠ ᠶᠢᠨ | ᠬᠥᠭᠵᠢᠭᠦᠯᠦᠯᠲᠡ ᠶᠢᠨ ᠪᠦᠯᠦᠭᠯᠡᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠬᠤᠭᠤᠴᠠᠭ᠎ᠠ᠄ 2022 ᠣᠨ ᠤ 7 ᠳ᠋ᠤᠭᠠᠷ ᠰᠠᠷ᠎ᠠ ᠶᠢᠨ | 30 ᠠᠴᠠ ᠡᠮᠦᠨ᠎ᠡ︶ | | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | | ︵ᠨᠢᠭᠡ︶ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠬᠤᠲᠠ ᠬᠤᠰᠢᠭᠤ ᠬᠤᠶᠠᠷ ᠱᠠᠲᠤ ᠵᠠᠷᠤᠳᠠᠯ ᠳᠣᠭᠢᠷᠠᠭᠤᠯᠤᠨ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠠᠵᠢᠯ ᠢ ᠳᠡᠮᠵᠢᠵᠦ᠂ ᠬᠤᠯᠪᠣᠭᠳᠠᠯ ᠪᠥᠬᠦᠶ ᠲᠥᠷᠥᠯ ᠵᠦᠢᠯ ᠤᠨ ᠪᠠᠶᠢᠭᠤᠯᠤᠯᠲᠠ ᠶᠢᠨ ᠪᠠᠯᠠ ᠮᠥᠩᠭᠦ ᠶᠢ | ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠪᠠᠯᠠ ᠣᠷᠣᠭᠤᠯᠤᠯᠲᠠ ᠳᠤ ᠣᠷᠣᠭᠤᠯᠵᠤ᠂ ᠠᠵᠢᠯ ᠤᠨ ᠵᠠᠷᠤᠳᠠᠯ ᠢ ᠣᠨ ᠤ ᠡᠳ᠋ ᠤᠨ ᠵᠠᠰᠠᠭ ᠤᠨ | ᠲᠥᠰᠦᠪ ᠲᠤ ᠣᠷᠣᠭᠤᠯᠤᠨ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠳᠣ ᠪᠠᠷ ᠡᠳ᠋ᠯᠡᠬᠦ ᠬᠤᠯᠪᠣᠭᠳᠠᠯ | ᠪᠥᠬᠦᠶ ᠵᠠᠷᠤᠳᠠᠯ ᠤᠨ ᠪᠥᠬᠦ ᠶᠠᠪᠤᠴᠠ ᠳᠤ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠠᠵᠢᠯ ᠤᠨ ᠪᠦᠲᠦᠮᠵᠢ ᠶᠢᠨ | ᠬᠠᠮᠢᠶᠠᠷᠤᠯᠲᠠ ᠪᠠᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠬᠠᠮᠢᠶᠠᠷᠤᠯᠲᠠ ᠶᠢ ᠰᠠᠶᠢᠵᠢᠷᠠᠭᠤᠯᠬᠤ ᠪᠠ ᠲᠥᠰᠦᠪ ᠢ ᠳᠣᠭᠢᠷᠠᠭᠤᠯᠬᠤ ᠶᠢᠨ ᠴᠢᠬᠤᠯᠠ | ᠦᠨᠳᠦᠰᠦᠯᠡᠯ ᠪᠣᠯᠭᠠᠨ᠎ᠠ᠃ | ︵ᠬᠤᠶᠠᠷ︶ ᠲᠦᠷᠢᠮ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠬᠤᠲᠠ ᠬᠤᠰᠢᠭᠤ ᠬᠤᠶᠠᠷ ᠱᠠᠲᠤ ᠲᠦᠷᠢᠮ ᠪᠠ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯᠳᠡᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠮᠡᠳᠡᠭᠡ ᠵᠠᠩᠭᠢᠴᠢᠯᠠᠯᠲᠠ᠂ ᠲᠤᠭ᠎ᠠ ᠪᠠᠷᠢᠮᠲᠠ ᠵᠡᠷᠭᠡ ᠬᠦᠷᠢᠶᠡᠨ ᠤ ᠮᠡᠷᠭᠡᠵᠢᠯᠳᠡᠨ ᠢ ᠰᠢᠩᠭᠡᠭᠡᠨ ᠠᠪᠬᠤ ᠪᠠ | ᠬᠥᠮᠦᠵᠢᠭᠦᠯᠵᠦ᠂ ᠪᠣᠯᠪᠠᠰᠤᠷᠠᠭᠤᠯᠤᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠭ᠎ᠠ ᠪᠠᠷᠢᠮᠲᠠ ᠶᠢ ᠬᠠᠮᠳᠣ ᠪᠠᠷ ᠡᠳ᠋ᠯᠡᠬᠦ ᠠᠵᠢᠯ ᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠰᠠᠯᠠᠭ᠎ᠠ ᠮᠥᠴᠢᠷ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠭ᠎ᠠ | ᠪᠠᠷᠢᠮᠲᠠ ᠶᠢᠨ ᠬᠥᠮᠥᠷᠭᠡ ᠶᠢᠨ ᠪᠠᠶᠢᠭᠤᠯᠤᠯᠲᠠ ᠶᠢ ᠲᠣᠰ ᠰᠠᠯᠠᠭ᠎ᠠ ᠮᠥᠴᠢᠷ ᠤᠨ ᠢᠶᠠᠨ ᠭᠤᠤᠯᠳᠠᠯᠭ᠎ᠠ ᠲᠠᠢ ᠠᠵᠢᠯ ᠪᠣᠯᠭᠠᠵᠤ᠂ ᠲᠤᠰᠬᠠᠶ ᠬᠦᠴᠦᠨ ᠢ ᠵᠣᠬᠢᠶᠠᠨ | ᠪᠠᠶᠢᠭᠤᠯᠤᠨ᠂ ᠨᠢᠭᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠪᠣᠳᠠᠲᠠᠶ ᠬᠠᠷᠢᠭᠤᠴᠠᠬᠤ ᠠᠵᠢᠯᠲᠠᠨ ᠲᠣᠬᠢᠷᠠᠭᠤᠯᠵᠣ᠂ ᠠᠵᠢᠯ ᠢᠶᠠᠨ ᠡᠮᠬᠢ ᠵᠢᠷᠤᠮ ᠲᠠᠢ | ᠦᠷᠨᠢᠬᠦᠯᠬᠦ ᠶᠢ ᠦᠨᠡᠨᠬᠦ ᠪᠠᠲᠤᠯᠠᠨ᠎ᠠ᠃ 2022 ᠣᠨ ᠤ 8 ᠳ᠋ᠣᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠥᠮᠦᠨ ᠠᠮᠠ᠂ ᠬᠠᠤᠯᠢ ᠶᠢᠨ ᠡᠷᠬᠡᠲᠡᠨ᠂ ᠬᠤᠷᠸ᠎ᠠ | ᠠᠵᠤ ᠠᠬᠤᠶ᠂ ᠣᠷᠣᠨ ᠵᠠᠶ ᠶᠢᠨ ᠭᠠᠵᠠᠷ ᠵᠦᠶ ᠶᠢᠨ ᠮᠡᠳᠡᠭᠡ ᠵᠠᠩᠭᠢ ᠵᠡᠷᠭᠡ ᠳᠥᠷᠪᠡᠨ ᠰᠠᠭᠤᠷᠢ ᠬᠥᠮᠥᠷᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠵᠤ | ᠠᠬᠤᠶ ᠶᠢᠨ ᠠᠵᠢᠯᠯᠠᠭᠠᠨ ᠵᠡᠷᠭᠡ ᠭᠤᠤᠯ ᠰᠡᠳᠦᠪᠲᠦ ᠬᠥᠮᠥᠷᠭᠡ ᠶᠢ ᠪᠠᠶᠢᠭᠤᠯᠵᠤ᠂ ᠲᠤᠭ᠎ᠠ ᠪᠠᠷᠢᠮᠲᠠ ᠶᠢ ᠬᠠᠮᠳᠣ ᠪᠠᠷ ᠡᠳ᠋ᠯᠡᠵᠦ ᠬᠡᠷᠡᠭᠯᠡᠬᠦ ᠶᠢ ᠪᠡᠶᠡᠯᠡᠭᠦᠯᠦᠨ᠎ᠡ᠃ | ︵ᠳᠥᠷᠪᠡ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢ ᠬᠠᠮᠳᠣ ᠪᠠᠷ ᠡᠳ᠋ᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ᠂ | ᠬᠤᠲᠠ ᠶᠢᠨ ᠲᠣᠮᠣ ᠳ᠋ᠠᠶᠢᠲ᠋ᠠ ᠶᠢᠨ ᠲᠥᠪ ᠲᠣᠭᠳᠠᠭᠰᠠᠨ ᠬᠤᠭᠤᠴᠠᠭ᠎ᠠ ᠲᠠᠢ ᠪᠠᠷ ᠳᠣᠭᠢᠷᠠᠭᠤᠯᠬᠤ᠂ ᠪᠠᠶᠢᠴᠠᠭᠠᠬᠤ᠂ ᠵᠠᠷᠯᠠᠬᠤ ᠶᠢᠨ ᠬᠠᠮᠲᠤ᠂ ᠡᠯ᠎ᠡ ᠰᠠᠯᠠᠭ᠎ᠠ | ᠮᠥᠴᠢᠷ ᠤᠨ ᠲᠤᠭ᠎ᠠ ᠪᠠᠷᠢᠮᠲᠠ ᠶᠢᠨ ᠬᠤᠷᠠᠮᠳᠣᠭᠤᠯᠣᠯ᠂ ᠲᠤᠭ᠎ᠠ ᠪᠠᠷᠢᠮᠲᠠ ᠶᠢᠨ ᠶᠠᠰᠤ ᠴᠢᠨᠠᠷ᠂ ᠲᠤᠭ᠎ᠠ ᠪᠠᠷᠢᠮᠲᠠ ᠶᠢᠨ ᠰᠢᠨᠡᠳᠭᠡᠯ᠂ ᠲᠤᠭ᠎ᠠ ᠪᠠᠷᠢᠮᠲᠠ ᠶᠢ | ᠬᠠᠮᠳᠣ ᠪᠠᠷ ᠡᠳ᠋ᠯᠡᠭᠰᠡᠨ ᠪᠠᠶᠢᠳᠠᠯ ᠢ ᠣᠨ ᠤ ᠠᠵᠢᠯ ᠤᠨ ᠪᠦᠲᠦᠮᠵᠢ ᠶᠢᠨ ᠰᠢᠯᠭᠠᠷᠠᠭᠤᠯᠣᠯᠲᠠ ᠳᠤ ᠣᠷᠣᠭᠤᠯᠵᠤ᠂ ᠱᠠᠭᠠᠷᠳᠠᠯᠭ᠎ᠠ ᠶᠣᠰᠣᠭᠠᠷ ᠡᠭᠦᠷᠭᠡ ᠪᠠᠨ | ᠪᠡᠶᠡᠯᠡᠭᠦᠯᠦᠭᠰᠡᠨ ᠥᠬᠡᠶ ᠨᠢᠭᠡᠴᠡ ᠳᠤ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠯᠲᠠ ᠬᠢᠵᠦ ᠵᠠᠷᠯᠠᠨ᠎ᠠ᠃ | | | ᠳᠠᠭᠠᠯᠳᠤᠭᠤᠯᠤᠯ᠄ ᠲᠦᠩᠯᠢᠶᠣᠤ ᠬᠤᠲᠠ ᠶᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠤ ᠵᠢᠭᠰᠠᠭᠠᠯᠲᠠ | | | | | ᠳᠠᠭᠠᠯᠳᠤᠭᠤᠯᠤᠯ᠄ | | ᠲᠦᠩᠯᠢᠶᠣᠤ ᠬᠤᠲᠠ ᠶᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ | ᠵᠢᠭᠰᠠᠭᠠᠯᠲᠠ | | | ᠳᠤᠭᠤᠶᠢᠯᠠᠩ ᠤᠨ ᠳᠠᠷᠤᠭ᠎ᠠ᠄ | ᠨᠢᠦ ᠸᠧᠨ ᠵᠢᠶᠦ᠋ᠨ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠯᠢ ᠴᠢᠩ ᠳ᠋ᠦᠩ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ | ᠰᠦᠨ ᠶᠠᠨ ᠬᠤᠲᠠ ᠶᠢᠨ ᠲᠣᠮᠣ ᠳ᠋ᠠᠶᠢᠲ᠋ᠠ ᠶᠢᠨ ᠲᠥᠪ ᠤᠨ ᠡᠷᠬᠢᠯᠡᠭᠴᠢ | ᠯᠦ ᠴᠦᠨ ᠢᠦᠶ ᠬᠤᠲᠠ ᠶᠢᠨ ᠬᠦᠭᠵᠢᠭᠦᠯᠦᠯᠲᠡ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠡᠷᠡᠭ ᠮᠡᠳᠡᠭᠴᠢᠳ ᠤᠨ ᠳᠡᠳ᠋ | ᠳᠠᠷᠤᠭ᠎ᠠ | ᠪᠦᠷᠢᠯᠳᠦᠬᠦᠨ᠄ | ᠰᠦᠨ ᠱᠤ᠋ ᠵᠢᠶᠦ᠋ᠨ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ | ᠸᠠᠩ ᠵᠢᠩ ᠯᠢᠨ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠳᠡᠳ᠋ ᠡᠷᠬᠢᠯᠡᠭᠴᠢ | ᠸᠠᠩ ᠬᠤᠩ ᠵᠢᠶᠧ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ | ᠪᠠᠢ ᠰᠡᠴᠡᠨ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ | ᠰᠢᠶᠤᠤ ᠯᠢ ᠵᠥᠩ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠢᠩᠬᠢᠨᠢ ᠭᠠᠵᠠᠷ ᠤᠨ ᠲᠠᠰ ᠤᠨ ᠺᠠᠳ᠋ᠷ | ᠸᠠᠩ ᠶᠦᠩ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠯᠢᠦ ᠽᠢ ᠷᠦ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ | ᠪᠠᠢ ᠪᠠᠭᠠᠲᠤᠷ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ | ᠯᠢᠦ ᠱᠢ ᠳ᠋ᠦᠸᠧ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ | ᠴᠢ ᠭᠧᠨ ᠵᠦ ᠬᠤᠲᠠ ᠶᠢᠨ ᠦᠨᠳᠦᠰᠦᠳᠡᠨ ᠤ ᠵᠥᠪᠯᠡᠯ ᠤᠨ ᠳᠡᠳ᠋ ᠡᠷᠬᠢᠯᠡᠭᠴᠢ | ᠼᠦᠢ ᠳ᠋ᠠ ᠹᠧᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ | ᠳ᠋ᠦ᠋ ᠴᠧᠨ ᠬᠤᠢ ᠬᠤᠲᠠ ᠶᠢᠨ ᠠᠷᠠᠳ ᠤᠨ ᠶᠠᠪᠣᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ | ᠵᠠᠩ ᠫᠢᠨ ᠬᠤᠸᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠲᠠᠷᠤᠭ᠎ᠠ | ᠢᠦᠢ ᠢᠤ ᡁᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ | ᠵᠠᠩ ᠰᠢ ᠹᠦ᠋ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ | ᠵᠣᠣ ᠵᠢᠶᠠᠨ ᠬᠤᠸᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ | ᠬᠤᠩ ᠫᠧᠩ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ | ᠵᠢᠶᠠᠩ ᠪᠥᠸᠧ ᠲᠤᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ | ᠵᠧᠦ ᠬᠠᠶ ᠬᠠᠩ ᠬᠤᠲᠠ ᠶᠢᠨ ᠬᠢᠨᠠᠨ ᠪᠤᠲᠤᠬᠤ ᠲᠣᠪᠴᠢᠶ᠎ᠠ ᠶᠢᠨ ᠳᠡᠳ᠋ ᠳᠠᠷᠤᠭ᠎ᠠ | ᠪᠦᠦ ᠪᠠᠶ ᠱᠦᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ | ᠯᠢᠶᠠᠩ ᠬᠤᠩ ᠯᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ | ᠯᠢᠦ ᠭᠤᠸᠠᠩ ᠢ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠡᠳ᠋ ᠳᠠᠷᠤᠭ᠎ᠠ | ᠪᠦᠦ ᠰᠡᠴᠡᠨᠬᠦᠦ ᠬᠤᠲᠠ ᠶᠢᠨ ᠮᠠᠯ ᠲᠠᠷᠢᠶᠠᠯᠠᠩ ᠤᠨ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ | ᠬᠤᠸᠠᠩ ᠯᠸᠢ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ | ᠪᠦ᠋ ᠹᠠᠨ ᠴᠢᠶᠠᠩ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠡᠦ ᠢᠦᠢ ᠭᠦᠸᠧ ᠬᠤᠲᠠ ᠶᠢᠨ ᠤᠢ ᠰᠢᠭᠤᠶ ᠨᠣᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ | ᠪᠦᠦ ᠬᠠᠨ ᠰᠥᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠳᠠᠷᠤᠭ᠎ᠠ | ᠳ᠋ᠦᠩ ᠴᠧᠩ ᠢᠦᠶ ᠬᠤᠲᠠ ᠶᠢᠨ ᠴᠡᠷᠢᠭ ᠠᠴᠠ ᠪᠠᠭᠤᠭᠰᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ | ᠳ᠋ᠦᠩ ᠵᠧᠨ ᠰᠢᠤᠸᠠᠢ ᠬᠤᠲᠠ ᠶᠢᠨ ᠡᠮᠴᠢᠯᠡᠭᠡ ᠶᠢᠨ ᠪᠠᠳᠣᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ | ᠱᠢ ᠯᠸᠢ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠳᠡᠳ᠋ ᠡᠷᠬᠢᠯᠡᠭᠴᠢ | ᠵᠠᠩ ᠵᠢᠩ ᠴᠣᠤ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ | ᠳ᠋ᠧ ᠯᠢᠨ ᠬᠤᠲᠠ ᠶᠢᠨ ᠬᠢᠲᠠᠳ ᠡᠮ ᠤᠨ ᠠᠯᠪᠠᠨ ᠭᠡᠷ ᠤᠨ ᠳᠡᠳ᠋ ᠡᠷᠬᠢᠯᠡᠭᠴᠢ | ᠵᠦ ᠰᠢᠶᠤᠤ ᠶᠢᠩ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶ᠎ᠠ ᠶᠢᠨ ᠳᠡᠳ᠋ ᠳᠠᠷᠤᠭ᠎ᠠ | ᠪᠦᠦ ᠭᠦᠸᠧ ᠴᠢᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ | ᠤᠳᠤᠷᠢᠳᠬᠤ ᠲᠣᠭᠤᠶᠢᠯᠠᠩ ᠤᠨ ᠪᠦᠷᠢᠯᠳᠦᠭᠦᠨ | ᠵᠧᠦ ᠰᠢᠶᠠᠩ ᠬᠤᠩ ᠬᠤᠲᠠ ᠶᠢᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠠ ᠬᠠᠮᠢᠶᠠᠷᠤᠯᠲᠠ ᠶᠢᠨ ᠵᠦᠪᠯᠡᠯ ᠤᠨ ᠨᠠᠮ ᠤᠨ ᠬᠤᠷᠢᠶ᠎ᠠ ᠶᠢᠨ | ᠬᠡᠰᠢᠭᠦᠨ | ᠯᠢ ᠱᠢ ᠶᠢᠩ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠥᠪ ᠤᠨ ᠡᠷᠬᠢᠯᠡᠭᠴᠢ | ᠯᠦ ᠵᠢᠶᠦ᠋ᠨ ᠳ᠋ᠡ ᠬᠤᠲᠠ ᠶᠢᠨ ᠲᠣᠮᠣ ᠳ᠋ᠠᠶᠢᠲ᠋ᠠ ᠶᠢᠨ ᠲᠥᠪ ᠤᠨ ᠳᠡᠳ᠋ ᠡᠷᠬᠢᠯᠡᠭᠴᠢ | ᠽᠧᠤ ᠶᠠᠨ ᠳ᠋ᠦᠩ ᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠳᠡᠳ᠋ ᠳᠠᠷᠤᠭ᠎ᠠ | ᠬᠠᠨ ᠸᠧᠶ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠳᠡᠳ᠋ ᠡᠷᠬᠢᠯᠡᠭᠴᠢ | ᠢᠦᠶ ᠴᠠᠩ ᠵᠢᠶᠠᠩ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡ ᠶᠢᠨ ᠲᠥᠪ ᠤᠨ ᠳᠡᠳ᠋ ᠡᠷᠬᠢᠯᠡᠭᠴᠢ | ᠰᠢ ᡁᠢ ᠭᠠᠩ ᠬᠤᠲᠠ ᠶᠢᠨ ᠡᠳ᠋ ᠤᠨ ᠵᠠᠰᠠᠭ ᠤᠨ ᠠᠵᠢᠯ ᠦᠢᠯᠡᠰ ᠤᠨ ᠬᠦᠭᠵᠢᠬᠦᠯᠦᠯᠲᠡ ᠶᠢᠨ ᠲᠥᠪ ᠤᠨ ᠡᠷᠬᠢᠯᠡᠭᠴᠢ | ᠵᠠᠩ ᡁᠢ ᠴᠢᠶᠠᠩ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢ ᠶᠢᠨ ᠳᠡᠳ᠋ ᠳᠠᠷᠤᠭ᠎ᠠ | ᠸᠠᠩ ᠱᠧᠩ ᠯᠢ ᠬᠤᠲᠠ ᠶᠢᠨ ᠠᠷᠠᠳ ᠤᠨ ᠲᠣᠮᠳᠠᠳᠣ ᠵᠡᠷᠭᠡ ᠶᠢᠨ ᠰᠢᠭᠦᠬᠦ ᠬᠤᠷᠢᠶ᠎ᠠ ᠶᠢᠨ ᠳᠡᠳ᠋ ᠳᠠᠷᠤᠭ᠎ᠠ | ᠵᠣᠣ ᠰᠢᠤᠢ ᠸᠠᠩ ᠬᠤᠲᠠ ᠶᠢᠨ ᠭᠠᠶᠢᠯᠢ ᠶᠢᠨ ᠶᠠᠪᠣᠳᠠᠯ ᠤᠨ ᠲᠣᠪᠴᠢᠶ᠎ᠠ ᠶᠢᠨ ᠶᠡᠷᠦᠩᠬᠡᠶ ᠠᠵᠤ ᠠᠬᠤᠶᠢᠴᠢ | ᠰᠦᠨ ᠵᠧ ᠲᠦᠩᠯᠢᠶᠣᠤ ᠶᠢᠨ ᠬᠢᠯᠢ ᠶᠢᠨ ᠪᠣᠭᠤᠮᠲᠠ ᠶᠢᠨ ᠳᠡᠳ᠋ ᠳᠠᠷᠤᠭ᠎ᠠ | ᠪᠦᠦ ᠶᠠ ᠬᠤᠩ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ | ᠶᠢᠨ ᠱᠢ ᠯᠦᠩ ᠬᠤᠲᠠ ᠶᠢᠨ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ ᠶᠢᠨ ᠳᠡᠳ᠋ ᠳᠠᠷᠤᠭ᠎ᠠ | ᠯᠢ ᠴᠠᠩ ᠴᠦᠨ ᠠᠷᠠᠳ ᠤᠨ ᠪᠠᠩᠬᠢ ᠶᠢᠨ ᠲᠦᠩᠯᠢᠶᠣᠤ ᠬᠤᠲᠠ ᠶᠢᠨ ᠲᠥᠪ ᠰᠠᠯᠪᠤᠷᠢ ᠪᠠᠩᠬᠢ ᠶᠢᠨ ᠳᠡᠳ᠋ ᠳᠠᠷᠤᠭ᠎ᠠ | ᠮᠠ ᠯᠢ ᠨᠠ ᠲᠦᠩᠯᠢᠶᠣᠤ ᠶᠢᠨ ᠤᠶᠤᠨᠴᠢ ᠡᠨᠧᠷᠭᠢ ᠶᠢᠨ ᠺᠣᠮᠫᠠᠨᠢ ᠶᠢᠨ ᠭᠦᠢᠴᠡᠳᠭᠡᠬᠦ ᠬᠡᠷᠡᠭ ᠮᠡᠳᠡᠭᠴᠢ᠂ ᠶᠡᠷᠦᠩᠬᠡᠶ ᠳᠠᠭᠠᠭᠠᠮᠠᠯ | | | |