﹇ᠰᠣᠷᠪᠤᠯᠵᠢᠯᠠᠭ᠎ᠠ ᠶᠢᠨ ᠨᠡᠷᠡᠶᠢᠳᠦᠯ﹈ ᠲᠦᠩᠯᠢᠶᠣᠣ ᠬᠤᠲᠠ ᠶᠢᠨ ᠬᠢᠨᠠᠨ ᠪᠣᠳᠣᠯᠲᠠ ᠶᠢᠨ ᠲᠣᠪᠴᠢᠶ᠎ᠠ ᠶᠢᠨ ᠰᠦᠯᠵᠢᠶ᠎ᠡ ᠶᠢᠨ ᠰᠣᠷᠪᠤᠯᠵᠢᠯᠠᠭ᠎ᠠ | ﹇ᠰᠤᠷᠪᠤᠯᠵᠢᠯᠠᠭᠰᠠᠨ ᠴᠠᠭ﹈ 2022-11-2 | ﹇ᠰᠣᠷᠪᠤᠯᠵᠢᠯᠠᠭ᠎ᠠ ᠬᠦᠯᠢᠶᠡᠭᠴᠢ﹈ ᠲᠦᠩᠯᠢᠶᠣᠣ ᠬᠤᠲᠠ ᠶᠢᠨ ᠬᠢᠨᠠᠨ ᠪᠣᠳᠣᠯᠲᠠ ᠶᠢᠨ ᠲᠣᠪᠴᠢᠶᠠᠨ ᠤ ᠳᠠᠷᠤᠭ᠎ᠠ ᠵᠤᠸᠠᠩ ᠯᠦ ᠺᠧ᠂ ᠲᠦᠩᠯᠢᠶᠣᠣ ᠬᠤᠲᠠ ᠶᠢᠨ | ᠬᠢᠨᠠᠨ ᠪᠣᠳᠣᠯᠲᠠ ᠶᠢᠨ ᠲᠣᠪᠴᠢᠶᠠᠨ ᠤ ᠳᠡᠳ᠋ ᠳᠠᠷᠤᠭ᠎ᠠ ᠵᠤᠤ ᠵᠧ ᠰᠢᠶᠠᠨ | ﹇ᠭᠤᠣᠯ ᠠᠭᠤᠯᠭ᠎ᠠ﹈ ᠬᠢᠨᠠᠨ ᠪᠣᠳᠣᠯᠲᠠ ᠶᠢᠨ ᠰᠠᠯᠠᠭ᠎ᠠ ᠮᠥᠴᠢᠷ ᠤᠨ ᠪᠠᠳᠠᠷᠠᠭᠤᠯᠤᠭᠰᠠᠨ ᠪᠦᠲᠦᠭᠡᠯᠴᠢ ᠴᠢᠨᠠᠷᠲᠠᠢ ᠦᠢᠯᠡᠳᠦᠯ᠂ ᠲᠥᠰᠥᠪ ᠤᠨ ᠭᠦᠢᠴᠡᠳᠬᠡᠯ ᠤᠨ | ᠬᠢᠨᠠᠨ ᠪᠣᠳᠣᠯᠲᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠬᠢᠨᠠᠨ ᠪᠣᠳᠣᠯᠲᠠ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ | ᠪᠣᠳᠣᠯᠲᠠ ᠵᠡᠷᠭᠡ ᠰᠡᠳᠦᠪ ᠤᠨ ᠲᠣᠭᠤᠷᠢᠨ ᠳᠤ ᠰᠤᠷᠪᠤᠯᠵᠢᠯᠠᠨ ᠶᠠᠷᠢᠯᠴᠠᠨ᠎ᠠ᠃ ᠡᠭᠦᠨ ᠤ ᠬᠠᠮᠲᠤ᠂ ᠬᠢᠨᠠᠨ ᠪᠣᠳᠣᠯᠲᠠ ᠶᠢᠨ ᠡᠩᠨᠡᠭᠡ ᠶᠢᠨ ᠪᠠᠶᠢᠭᠤᠯᠤᠯᠲᠠ ᠵᠡᠷᠭᠡ | ᠪᠠᠶᠢᠳᠠᠯ ᠢ ᠤᠬᠠᠭᠤᠯᠤᠨ ᠲᠠᠶᠢᠯᠪᠤᠷᠢᠯᠠᠵᠤ᠂ ᠬᠢᠨᠠᠨ ᠪᠣᠳᠣᠯᠲᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠤᠨ | ᠲᠣᠭᠤᠷᠢᠨ ᠳᠤ᠂ ᠨᠡᠶᠢᠭᠡᠮ ᠠᠵᠤ ᠠᠬᠤᠢ ᠶᠢᠨ ᠴᠢᠨᠠᠷ ᠰᠠᠶᠢᠲᠠᠢ ᠬᠦᠭᠵᠢᠭᠦᠯᠦᠯᠲᠡ ᠳᠤ ᠦᠢᠯᠡᠴᠢᠯᠡᠬᠦ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠡᠭᠦᠷᠭᠡ | ᠴᠢᠳᠠᠪᠤᠷᠢ ᠪᠠᠨ ᠭᠦᠢᠴᠡᠳᠬᠡᠬᠦ ᠲᠠᠯ᠎ᠠ ᠪᠠᠷ ᠣᠯᠣᠭᠰᠠᠨ ᠠᠮᠵᠢᠯᠲᠠ ᠪᠦᠲᠦᠮᠵᠢ ᠶᠢ ᠲᠠᠨᠢᠯᠴᠠᠭᠤᠯᠪᠠ᠃ | ﹇ᠬᠥᠲᠥᠯᠥᠭᠴᠢ﹈ ᠥᠨᠥᠳᠥᠷ ᠤᠨ ︽ᠰᠦᠯᠵᠢᠶ᠎ᠡ ᠶᠢᠨ ᠰᠣᠷᠪᠤᠯᠵᠢᠯᠠᠭ᠎ᠠ︾ ᠪᠤᠯᠤᠩ ᠳᠤ ᠤᠷᠢᠭᠳᠠᠭᠰᠠᠨ ᠵᠣᠴᠢᠨ ᠪᠣᠯ ᠲᠦᠩᠯᠢᠶᠣᠣ ᠬᠤᠲᠠ ᠶᠢᠨ ᠬᠢᠨᠠᠨ | ᠪᠣᠳᠣᠯᠲᠠ ᠶᠢᠨ ᠲᠣᠪᠴᠢᠶᠠᠨ ᠤ ᠳᠠᠷᠤᠭ᠎ᠠ ᠵᠤᠸᠠᠩ ᠯᠦ ᠺᠧ᠂ ᠲᠦᠩᠯᠢᠶᠣᠣ ᠬᠤᠲᠠ ᠶᠢᠨ ᠬᠢᠨᠠᠨ ᠪᠣᠳᠣᠯᠲᠠ ᠶᠢᠨ ᠲᠣᠪᠴᠢᠶᠠᠨ ᠤ ᠳᠡᠳ᠋ ᠳᠠᠷᠤᠭ᠎ᠠ ᠵᠣᠣ ᠵᠧ ᠰᠢᠶᠠᠨ | ᠪᠣᠯᠣᠨ᠎ᠠ᠂ ᠲᠠ ᠬᠤᠶᠠᠭᠤᠯᠠ ᠶᠢᠨ ᠮᠠᠨ ᠤ ᠫᠷᠣᠭ᠍ᠷᠠᠮ ᠳᠤ ᠤᠷᠤᠯᠴᠠᠭᠰᠠᠨ ᠳᠤ ᠪᠠᠶᠠᠷᠯᠠᠨ ᠤᠭᠲᠤᠵᠤ ᠪᠠᠶᠢᠨ᠎ᠠ᠃ ᠳᠣᠣᠷ᠎ᠠ ᠪᠢᠳᠡ ᠬᠢᠨᠠᠨ ᠪᠤᠳᠤᠬᠤ ᠠᠭᠤᠯᠭ᠎ᠠ ᠶᠢᠨ | ᠲᠠᠯ᠎ᠠ ᠪᠠᠷ ᠨᠡᠶᠢᠭᠡᠮ ᠤᠨ ᠡᠯ᠎ᠡ ᠡᠲᠡᠭᠡᠳ ᠪᠣᠯᠣᠨ ᠥᠷᠭᠡᠨ ᠤᠯᠠᠨ ᠰᠦᠯᠵᠢᠶᠡᠨ ᠤ ᠠᠷᠠᠳ ᠲᠠᠢ ᠰᠠᠨᠠᠯ ᠢᠶᠠᠨ ᠰᠣᠯᠢᠯᠴᠠᠶ᠎ᠠ᠃ | ﹇ᠵᠤᠸᠠᠩ ᠯᠦ ᠺᠧ﹈ ᠲᠠ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠦᠦ︖ | ﹇ᠬᠥᠲᠥᠯᠥᠭᠴᠢ﹈ ᠮᠠᠨ ᠤ ᠬᠤᠲᠠ ᠶᠢᠨ ᠬᠢᠨᠠᠨ ᠪᠣᠳᠣᠬᠤ ᠰᠠᠯᠠᠭ᠎ᠠ ᠮᠥᠴᠢᠷ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ᠂ ᠡᠳ᠋ ᠤᠨ ᠵᠠᠰᠠᠭ ᠠᠵᠤ ᠠᠬᠤᠢ ᠶᠢᠨ ᠡᠮᠬᠢ ᠳᠢᠭᠯᠢᠮ ᠢ ᠬᠠᠮᠠᠭᠠᠯᠠᠬᠤ᠂ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠬᠢᠭᠤᠯᠬᠤ᠂ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ | ᠢᠳᠡᠪᠬᠢᠲᠡᠢ ᠦᠢᠯᠡᠳᠦᠯ ᠦᠵᠡᠭᠦᠯᠪᠡ᠃ 2022 ᠣᠨ ᠠᠴᠠ ᠨᠠᠰᠢ ᠬᠤᠲᠠ ᠶᠢᠨ ᠬᠢᠨᠠᠨ ᠪᠣᠳᠣᠯᠲᠠ ᠶᠢᠨ ᠲᠣᠪᠴᠢᠶ᠎ᠠ ᠶᠠᠮᠠᠷ ᠶᠠᠮᠠᠷ ᠭᠤᠣᠯᠳᠠᠯᠭ᠎ᠠ ᠲᠠᠢ ᠠᠵᠢᠯ ᠢ | ᠪᠡᠶᠡᠯᠡᠭᠦᠯᠦᠭᠰᠡᠨ ᠪᠣᠶ︖ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠢ︖ | ﹇ᠵᠤᠸᠠᠩ ᠯᠦ ᠺᠧ﹈ ᠡᠨᠡ ᠵᠢᠯ ᠠᠴᠠ ᠨᠠᠰᠢ᠂ ᠮᠠᠨ ᠤ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠪᠠ ᠤᠯᠠᠨ ᠲᠦᠮᠡᠨ ᠤ | ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠨ ᠲᠤᠭᠤᠷᠢᠨ ᠳᠤ᠂ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠮᠥᠷᠳᠡᠨ ᠬᠢᠨᠠᠨ | ᠪᠤᠳᠤᠬᠤ᠂ ᠲᠥᠰᠥᠪ ᠤᠨ ᠬᠡᠷᠡᠭᠵᠢᠭᠦᠯᠦᠯᠲᠡ ᠶᠢ ᠬᠢᠨᠠᠨ ᠪᠤᠳᠤᠬᠤ ᠵᠡᠷᠭᠡ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠵᠢᠯ ᠤᠨ ᠡᠬᠢᠨ ᠤ ᠵᠢᠱᠢᠭᠰᠡᠨ ᠬᠠᠷᠠᠯᠲᠠ ᠪᠠᠨ | ᠪᠡᠶᠡᠯᠡᠭᠦᠯᠵᠦ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠦᠢᠴᠡᠳ ᠨᠤᠲᠠᠯᠠᠯᠲᠠ ᠶᠢ ᠤᠯᠵᠠᠢ᠂ ᠤᠳᠤ ᠪᠣᠯᠲᠠᠯ᠎ᠠ᠂ 36 ᠬᠢᠨᠠᠨ ᠪᠤᠳᠤᠬᠤ ᠲᠦᠷᠦᠯ | ᠵᠦᠢᠯ ᠤᠨ ᠲᠤᠬᠠᠢ ᠶᠢᠨ ᠲᠠᠯᠠᠪᠠᠢ ᠶᠢᠨ ᠬᠢᠨᠠᠨ ᠪᠣᠳᠣᠯᠲᠠ ᠶᠢ ᠪᠡᠶᠡᠯᠡᠭᠦᠯᠵᠡᠢ︔ ᠬᠡᠷᠡᠭᠵᠢᠭᠦᠯᠦᠭᠰᠡᠨ ᠡᠮᠴᠢᠯᠡᠭᠡᠨ ᠤ ᠳᠠᠭᠠᠳᠬᠠᠯ ᠤᠨ ᠬᠢᠨᠠᠨ ᠪᠤᠳᠤᠬᠤ ᠲᠥᠷᠥᠯ | ᠵᠦᠢᠯ ᠢ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠯᠲᠠ ᠶᠢᠨ ᠲᠢᠩᠬᠢᠮ ᠪᠥᠬᠦ ᠣᠷᠣᠨ ᠤ ᠰᠢᠯᠢᠳᠡᠭ ᠬᠢᠨᠠᠨ ᠪᠣᠳᠣᠯᠲᠠ ᠶᠢᠨ ᠲᠥᠷᠥᠯ ᠵᠦᠢᠯ ᠤᠨ ᠨᠢᠭᠡᠳᠦᠭᠡᠷ | ᠳᠡᠰ ᠤᠨ ᠱᠠᠩᠨᠠᠯ ᠢᠶᠠᠷ ᠦᠨᠡᠯᠡᠬᠦ ᠶᠢᠨ ᠬᠠᠮᠲᠤ ᠤᠯᠤᠰ ᠤᠨ ᠬᠢᠨᠠᠨ ᠪᠣᠳᠣᠯᠲᠠ ᠶᠢᠨ ᠵᠠᠬᠢᠷᠭ᠎ᠠ ᠳᠤ ᠮᠡᠳᠡᠭᠦᠯᠦᠨ ᠪᠥᠬᠦ ᠤᠯᠤᠰ ᠤᠨ ᠰᠢᠯᠢᠳᠡᠭ ᠬᠢᠨᠠᠨ ᠪᠣᠳᠣᠯᠲᠠ ᠶᠢᠨ | ᠲᠥᠷᠥᠯ ᠵᠦᠢᠯ ᠢᠶᠠᠷ ᠦᠨᠡᠯᠡᠭᠦᠯᠬᠦ ᠪᠠᠷ ᠪᠤᠢ᠃ ᠡᠭᠦᠨ ᠳᠤ ᠳᠠᠷᠠᠭᠠᠬᠢ ᠮᠡᠲᠦ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠪᠠᠷ ᠪᠡᠶᠡᠯᠡᠭᠦᠯᠵᠡᠢ᠄ | ᠨᠢᠭᠡᠳᠦᠭᠡᠷ ᠲᠠᠯ᠎ᠠ ᠪᠠᠷ᠂ ᠴᠢᠬᠤᠯᠠ ᠶᠡᠭᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠨ ᠪᠤᠳᠤᠯᠲᠠ ᠶᠢᠨ | ᠬᠢᠨᠠᠯᠲᠠ ᠲᠠᠯᠪᠢᠬᠤ ᠶᠢ ᠴᠢᠩᠭᠠᠳᠬᠠᠪᠠ᠃ ᠨᠢᠭᠡ ᠳᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠬᠢᠨᠠᠨ ᠪᠣᠳᠣᠯᠲᠠ ᠶᠢ ᠦᠷᠨᠢᠭᠦᠯᠪᠡ᠃ | ᠬᠤᠶᠠᠷ ᠲᠤ ᠬᠢᠨᠠᠨ ᠪᠣᠳᠣᠯᠲᠠ ᠶᠢᠨ ᠲᠢᠩᠬᠢᠮ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠦᠯᠡᠳᠡᠭᠡᠯ ᠪᠡᠯᠡ ᠮᠥᠩᠭᠦ ᠶᠢ ᠠᠮᠢᠯᠠᠭᠤᠯᠬᠤ ᠲᠤᠰᠬᠠᠢ ᠵᠦᠢᠯ ᠤᠨ | ᠬᠢᠨᠠᠨ ᠪᠣᠳᠣᠯᠲᠠ ᠶᠢᠨ ᠪᠠᠶᠢᠴᠠᠭᠠᠯᠲᠠ᠂ 2021 ᠣᠨ ᠤ ᠲᠥᠷᠥ ᠶᠢᠨ ᠪᠣᠳᠣᠯᠭ᠎ᠠ ᠶᠢᠨ ᠮᠥᠷᠳᠡᠨ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠤᠨ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ︽ᠡᠷᠭᠢᠵᠦ ᠦᠵᠡᠬᠦ︾᠂ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ | ᠲᠤᠤᠱᠯᠠᠭᠤᠯᠬᠤ ᠪᠠ ︽ᠭᠠᠮᠨᠠᠵᠤ ᠠᠮᠢᠳᠤᠷᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠨ ᠪᠤᠳᠤᠯᠲᠠ ᠬᠢᠬᠦ ᠵᠡᠷᠭᠡ ᠲᠦᠷᠦᠯ ᠵᠦᠢᠯ ᠢ | ᠪᠡᠶᠡᠯᠡᠭᠦᠯᠪᠡ᠃ ᠭᠤᠷᠪᠠ ᠳᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠨ ᠪᠣᠳᠣᠯᠲᠠ | ᠪᠠᠶᠢᠴᠠᠭᠠᠯᠲᠠ ᠬᠢᠵᠦ᠂ ᠭᠠᠵᠠᠷ ᠰᠢᠷᠣᠢ ᠶᠢᠨ ᠬᠠᠩᠭᠠᠯᠭ᠎ᠠ ᠪᠠ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠢ ᠭᠤᠣᠯᠳᠠᠯᠭ᠎ᠠ ᠲᠠᠢ ᠠᠩᠬᠠᠷᠴᠤ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠦᠷ᠎ᠡ ᠪᠦᠲᠦᠮᠵᠢ ᠪᠠᠷ ᠲᠥᠷᠥ ᠶᠢᠨ ᠪᠣᠳᠣᠯᠭ᠎ᠠ ᠶᠢ ᠪᠤᠳᠠᠲᠠᠢ | ᠨᠠᠶᠢᠳᠠᠪᠤᠷᠢᠵᠢᠭᠤᠯᠬᠤ ᠶᠢ ᠠᠬᠢᠭᠤᠯᠪᠠ᠃ | ᠬᠤᠶᠠᠳᠤᠭᠠᠷ ᠲᠠᠯ᠎ᠠ ᠪᠠᠷ᠂ ᠡᠳ᠋ ᠤᠨ ᠵᠠᠰᠠᠭ ᠤᠨ ᠪᠡᠯᠡ ᠮᠥᠩᠭᠦ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠦᠨ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠪᠠ᠃ ᠨᠢᠭᠡ ᠳᠤ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠤᠳᠠ ᠶᠢᠨ | ᠰᠢᠭᠤᠳ ᠬᠠᠷᠢᠶ᠎ᠠ 14 ᠰᠠᠯᠠᠭ᠎ᠠ ᠮᠥᠴᠢᠷ ᠲᠤ ᠲᠥᠰᠥᠪ ᠤᠨ ᠭᠦᠢᠴᠡᠳᠬᠡᠯ ᠤᠨ ᠬᠢᠨᠠᠨ ᠪᠣᠳᠣᠯᠲᠠ ᠶᠢ ᠥᠷᠨᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠪᠦᠲᠦᠮᠵᠢ ᠶᠢ ᠭᠤᠣᠯᠳᠠᠯᠭ᠎ᠠ ᠲᠠᠢ ᠠᠩᠬᠠᠷᠴᠤ᠂ ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠪᠠ ᠠᠬᠢᠴᠠ ᠶᠢ ᠬᠦᠴᠦᠯᠡᠨ ᠪᠠᠶᠢᠴᠠᠭᠠᠪᠠ᠃ | ᠬᠢᠨᠠᠨ ᠪᠤᠳᠤᠬᠤ ᠶᠠᠪᠤᠴᠠ ᠳᠤ᠂ ᠰᠠᠨᠠᠭᠠᠴᠢᠯᠠᠭ᠎ᠠ ᠠᠴᠠ ᠪᠠᠨ ᠬᠤᠲᠠ ᠶᠢᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠭᠡᠷ ᠲᠠᠢ ᠬᠠᠷᠢᠯᠴᠠᠵᠤ᠂ | ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠲᠥᠰᠥᠪ ᠤᠨ ᠭᠦᠢᠴᠡᠳᠬᠡᠯ ᠤᠨ ᠬᠢᠨᠠᠨ ᠪᠣᠳᠣᠯᠲᠠ ᠪᠠ ᠲᠤᠭᠤᠷᠢᠨ ᠪᠠᠶᠢᠴᠠᠭᠠᠬᠤ ᠠᠵᠢᠯ ᠢ ᠬᠠᠷᠢᠯᠴᠠᠨ | ᠤᠶᠠᠯᠳᠤᠭᠤᠯᠵᠤ᠂ ᠠᠵᠢᠯᠲᠠᠨ ᠤ ᠬᠦᠴᠦᠨ ᠢ ᠡᠮᠬᠢᠯᠡᠨ ᠨᠡᠶᠢᠯᠡᠭᠦᠯᠵᠦ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃ ᠬᠤᠶᠠᠷ ᠲᠤ ᠬᠤᠲᠠ ᠶᠢᠨ | ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠮᠡᠳᠡᠭᠦᠯᠦᠭᠰᠡᠨ ᠪᠠᠶᠢᠳᠠᠯ ᠳᠤ ᠲᠤᠰᠬᠠᠢ | ᠵᠦᠢᠯ ᠤᠨ ᠬᠢᠨᠠᠨ ᠪᠣᠳᠣᠯᠲᠠ ᠶᠢᠨ ᠪᠠᠶᠢᠴᠠᠭᠠᠯᠲᠠ ᠬᠢᠵᠦ᠂ ᠰᠠᠯᠠᠭ᠎ᠠ ᠮᠥᠴᠢᠷ ᠤᠨ ᠡᠳ᠋ ᠬᠥᠷᠥᠩᠭᠡ᠂ ᠥᠷᠢ ᠥᠭᠴᠡᠭᠡ᠂ ᠣᠷᠣᠯᠭ᠎ᠠ᠂ ᠵᠠᠷᠤᠳᠠᠯ᠂ ᠰᠠᠯᠠᠭ᠎ᠠ | ᠮᠥᠴᠢᠷ ᠤᠨ ᠡᠳ᠋ ᠤᠨ ᠶᠠᠪᠤᠳᠠᠯ ᠤᠨ ᠠᠵᠢᠯᠯᠠᠭᠠᠨ᠂ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠮᠡᠳᠡᠭᠦᠯᠦᠭᠰᠡᠨ ᠵᠢᠴᠢ ᠨᠡᠶᠢᠲᠡᠯᠡᠭᠰᠡᠨ ᠵᠡᠷᠭᠡ | ᠪᠠᠶᠢᠳᠠᠯ ᠢ ᠭᠤᠣᠯᠳᠠᠯᠭ᠎ᠠ ᠲᠠᠢ ᠠᠩᠬᠠᠷᠤᠭᠰᠠᠨ ᠪᠠᠶᠢᠨ᠎ᠠ᠃ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠦᠨᠡᠨ ᠪᠣᠳᠠᠲᠤ ᠴᠢᠨᠠᠷ᠂ ᠵᠥᠪ | ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠳᠦᠷᠢᠮᠵᠢᠯᠲᠦ ᠴᠢᠨᠠᠷ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠢᠯᠡᠷᠡᠭᠦᠯᠦᠨ ᠵᠢᠭᠠᠵᠤ | ᠭᠠᠷᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠠ᠃ ᠭᠤᠷᠪᠠ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠵᠢᠯᠴᠠᠨ | ᠳᠠᠷᠤᠭᠳᠠᠮᠠᠯ ᠡᠳ᠋ ᠤᠨ ᠵᠠᠰᠠᠭ ᠤᠨ ᠪᠡᠯᠡ ᠮᠥᠩᠭᠦ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠡᠯ᠎ᠡ ᠨᠢᠭᠡᠴᠡ ᠶᠢᠨ ᠥᠪᠡᠰᠦᠪᠡᠨ ᠪᠠᠶᠢᠴᠠᠭᠠᠭᠰᠠᠨ | ᠰᠠᠭᠤᠷᠢᠨ ᠳᠡᠭᠡᠷ᠎ᠡ᠂ ᠬᠢᠨᠠᠨ ᠪᠤᠳᠤᠬᠤ ᠺᠠᠳ᠋ᠷᠴᠤᠳ ᠢ ᠵᠣᠬᠢᠶᠠᠨ ᠪᠠᠶᠢᠭᠤᠯᠤᠨ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ 10 ᠳ᠋ᠤᠭᠠᠷ ᠰᠠᠷ᠎ᠠ ᠶᠢᠨ | 28 ᠪᠣᠯᠲᠠᠯ᠎ᠠ᠂ ᠡᠯ᠎ᠡ ᠨᠢᠭᠡᠴᠡ ᠶᠢ ᠱᠠᠭᠠᠷᠳᠠᠨ 2.1 ᠳ᠋ᠦᠩᠰᠢᠭᠤᠷ ᠲᠥᠭᠦᠷᠢᠭ ᠳᠠᠷᠤᠭᠳᠠᠮᠠᠯ ᠪᠡᠯᠡ ᠮᠥᠩᠭᠦ ᠶᠢ ᠲᠤᠰᠢᠶᠠᠯᠭᠠᠵᠤ᠂ 298 ᠲᠠᠩᠰᠠᠨ ᠡᠷᠦᠬᠡ ᠶᠢ | ᠬᠦᠴᠦᠨ ᠦᠭᠡᠢ ᠪᠣᠯᠭᠠᠪᠠ᠃ | ᠭᠤᠷᠪᠠᠳᠤᠭᠠᠷ ᠲᠠᠯ᠎ᠠ ᠪᠠᠷ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠨ ᠪᠣᠳᠣᠯᠲᠠ ᠶᠢᠨ | ᠬᠢᠨᠠᠯᠲᠠ ᠲᠠᠯᠪᠢᠬᠤ ᠶᠢ ᠴᠢᠩᠭᠠᠳᠬᠠᠪᠠ᠃ ᠨᠢᠭᠡ ᠳᠤ᠂ ᠪᠥᠬᠦ ᠬᠤᠲᠠ ᠶᠢᠨ 2019 ︱ 2021 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠰᠬᠠᠢ ᠬᠢᠨᠠᠨ ᠪᠣᠳᠣᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠰᠡᠭ ᠬᠤᠰᠢᠭᠤ ᠰᠢᠶᠠᠨ ᠳᠤ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ︽ᠲᠠᠷᠢᠶᠠᠯᠠᠩ ᠤᠨ ᠪᠤᠰᠤ᠂ ᠠᠮᠤ ᠪᠤᠳᠠᠭᠠᠨ ᠤ ᠪᠤᠰᠤ︾ ᠪᠠᠶᠢᠳᠠᠯ ᠣᠷᠣᠰᠢᠵᠤ ᠪᠠᠶᠢᠬᠤ ᠶᠢ ᠵᠢᠭᠠᠨ ᠭᠠᠷᠭᠠᠪᠠ︔ | ᠲᠥᠷᠥᠯ ᠵᠦᠢᠯ ᠤᠨ ᠶᠠᠰᠤ ᠴᠢᠨᠠᠷ ᠵᠢᠴᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠭᠰᠠᠨ ᠢᠶᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠳᠤ ᠲᠣᠰ | ᠲᠣᠰ ᠬᠠᠨᠳᠤᠯᠭᠠᠲᠤ ᠴᠢᠨᠠᠷᠲᠠᠢ ᠪᠠᠷ ᠬᠢᠨᠠᠨ ᠪᠤᠳᠤᠬᠤ ᠰᠠᠨᠠᠭᠤᠯᠭ᠎ᠠ ᠳᠤᠷᠠᠳᠤᠭᠰᠠᠨ ᠪᠥᠭᠡᠳ ᠡᠯ᠎ᠡ ᠭᠠᠵᠠᠷ ᠤᠨ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠢ | ᠲᠦᠯᠬᠢᠨ ᠠᠬᠢᠭᠤᠯᠵᠤ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠪᠠᠷ ᠠᠮᠤ ᠪᠤᠳᠠᠭᠠᠨ ᠤ ᠠᠮᠤᠷ ᠲᠦᠪᠰᠢᠨ ᠢ ᠠᠬᠢᠭᠤᠯᠪᠠ᠃ ᠬᠤᠶᠠᠷ ᠲᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠢᠨᠠᠨ ᠪᠣᠳᠣᠯᠲᠠ ᠶᠢ ᠦᠷᠨᠢᠭᠦᠯᠪᠡ᠃ ᠳᠡᠭᠡᠷ᠎ᠡ ᠬᠠᠭᠠᠰ ᠵᠢᠯ ᠳᠤ᠂ ᠬᠢᠨᠠᠨ ᠪᠣᠳᠣᠯᠲᠠ ᠶᠢᠨ ᠲᠢᠩᠬᠢᠮ ᠤᠨ ᠨᠢᠭᠡᠳᠦᠯᠲᠡᠢ ᠵᠣᠬᠢᠶᠠᠨ | ᠪᠠᠶᠢᠭᠤᠯᠤᠯᠲᠠ ᠶᠣᠰᠣᠭᠠᠷ᠂ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠳᠤ ᠬᠦᠷᠴᠦ ᠬᠤᠲᠠ ᠶᠢᠨ ᠬᠤᠳᠠᠯᠳᠤᠭᠠᠨ ᠤ ᠪᠠᠩᠬᠢ ᠶᠢᠨ ᠥᠭᠡᠷᠡᠴᠢᠯᠡᠯᠲᠡ ᠶᠢᠨ | ᠲᠦᠭᠰᠢᠭᠦᠷᠢ ᠶᠢ ᠠᠷᠢᠯᠭᠠᠬᠤ ᠲᠤᠰᠬᠠᠢ ᠠᠵᠢᠯᠯᠠᠭ᠎ᠠ ᠳᠤ ᠣᠷᠣᠯᠴᠠᠪᠠ᠃ᠣᠳᠣᠬᠠᠨ ᠳᠤ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠰᠢᠰᠲ᠋ᠧᠮ ᠤᠨ | ᠡᠳ᠋ ᠬᠥᠷᠥᠩᠭᠡ ᠶᠢᠨ ᠥᠷᠢ ᠭᠠᠷᠤᠵᠠ ᠶᠢ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ | ᠰᠡᠷᠭᠡᠶᠢᠯᠡᠭᠰᠡᠨ ᠪᠠᠶᠢᠳᠠᠯ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠪᠠᠶᠢᠳᠠᠯ᠂ ᠪᠣᠳᠠᠲᠤ ᠴᠣᠭᠴᠠ ᠶᠢᠨ | ᠠᠵᠤ ᠠᠬᠤᠢ ᠳᠤ ᠦᠢᠯᠡᠴᠢᠯᠡᠭᠰᠡᠨ ᠪᠠᠶᠢᠳᠠᠯ ᠵᠢᠴᠢ ᠮᠥᠩᠭᠦᠨ ᠭᠦᠢᠯᠭᠡᠭᠡᠨ ᠤ ᠬᠦᠷᠢᠶᠡᠨ ᠳᠠᠬᠢ ᠡᠷᠦᠢ ᠬᠤᠷᠤᠢ ᠦᠭᠡᠢ ᠦᠵᠡᠭᠳᠡᠯ ᠪᠠ ᠢᠯᠵᠠᠷᠠᠮᠠᠯ ᠦᠶᠯᠡ | ᠠᠵᠢᠯᠯᠠᠭ᠎ᠠ ᠶᠢ ᠭᠤᠣᠯᠳᠠᠯᠭ᠎ᠠ ᠲᠠᠢ ᠠᠩᠬᠠᠷᠴᠤ ᠪᠠᠶᠢᠨ᠎ᠠ᠃ | ᠳᠥᠷᠪᠡᠳᠦᠭᠡᠷ ᠲᠠᠯ᠎ᠠ ᠪᠠᠷ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠨ ᠪᠤᠳᠤᠯᠲᠠ ᠶᠢᠨ ᠬᠢᠨᠠᠯᠲᠠ | ᠲᠠᠯᠪᠢᠬᠤ ᠶᠢ ᠴᠢᠩᠭᠠᠳᠬᠠᠪᠠ᠃ ᠨᠢᠭᠡ ᠳᠤ ᠬᠠᠭᠤᠴᠢᠨ ᠵᠢᠵᠢᠭ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠬᠢᠨᠠᠨ ᠪᠣᠳᠣᠯᠲᠠ ᠶᠢᠨ | ᠪᠠᠶᠢᠴᠠᠭᠠᠯᠲᠠ ᠶᠢ ᠥᠷᠨᠢᠭᠦᠯᠵᠦ᠂ ᠲᠦᠩᠯᠢᠶᠣᠣ ᠬᠤᠲᠠ ᠶᠢᠨ ᠬᠠᠭᠤᠴᠢᠨ ᠵᠢᠵᠢᠭ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ | ᠬᠡᠷᠡᠭᠵᠢᠭᠦᠯᠦᠯᠲᠡ ᠶᠢᠨ ᠠᠬᠢᠴᠠ᠂ ᠲᠥᠷᠥᠯ ᠵᠦᠢᠯ ᠤᠨ ᠪᠡᠯᠡ ᠮᠥᠩᠭᠦ ᠶᠢᠨ ᠦᠷ᠎ᠡ ᠪᠦᠲᠦᠮᠵᠢ ᠵᠢᠴᠢ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ | ᠵᠡᠷᠭᠡ ᠪᠠᠶᠢᠳᠠᠯ ᠢ ᠭᠤᠣᠯᠳᠠᠯᠭ᠎ᠠ ᠲᠠᠢ ᠠᠩᠬᠠᠷᠴᠤ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠲᠥᠷᠥᠯ ᠵᠦᠢᠯ ᠤᠨ ᠪᠡᠯᠡ | ᠮᠥᠩᠭᠦ ᠶᠢ ᠵᠦᠢ ᠵᠣᠬᠢᠰᠲᠠᠢ ᠬᠡᠷᠡᠭᠯᠡᠬᠦ ᠶᠢ ᠪᠠᠲᠤᠯᠠᠪᠠ᠃ ᠬᠤᠶᠠᠷ ᠲᠤ ᠪᠦᠬᠦ ᠬᠤᠲᠠ ᠶᠢᠨ ᠲᠥᠪ ᠠᠴᠠ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ | ᠲᠡᠳᠬᠦᠨ ᠬᠥᠭᠵᠢᠭᠦᠯᠬᠦ ᠪᠠ ᠬᠤᠪᠢᠰᠬᠠᠯᠲᠤ ᠲᠣᠰᠬᠤᠨ ᠢ ᠵᠣᠬᠢᠶᠠᠨ ᠪᠠᠶᠢᠭᠤᠯᠵᠤ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ | ᠬᠢᠨᠠᠨ ᠪᠣᠳᠣᠯᠲᠠ ᠶᠢᠨ ᠪᠠᠶᠢᠴᠠᠭᠠᠯᠲᠠ ᠶᠢ ᠪᠡᠶᠡᠯᠡᠭᠦᠯᠵᠦ᠂ 2021 ᠣᠨ ᠤ ᠪᠥᠬᠦ ᠬᠤᠲᠠ ᠶᠢᠨ ᠲᠥᠪ ᠠᠴᠠ ᠲᠡᠳᠭᠦᠨ ᠬᠦᠭᠵᠢᠭᠦᠯᠦᠭᠰᠡᠨ 93 ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ᠂ 1 ᠬᠤᠪᠢᠰᠬᠠᠯᠲᠤ ᠲᠣᠰᠬᠤᠨ ᠢ ᠵᠣᠬᠢᠶᠠᠨ ᠪᠠᠶᠢᠭᠤᠯᠤᠨ ᠬᠦᠭᠵᠢᠭᠦᠯᠵᠦ ᠮᠠᠨᠳᠤᠭᠤᠯᠤᠭᠰᠠᠨ ᠪᠠᠶᠢᠳᠠᠯ ᠳᠤ ᠬᠢᠨᠠᠨ | ᠪᠣᠳᠣᠯᠲᠠ ᠶᠢᠨ ᠪᠠᠶᠢᠴᠠᠭᠠᠯᠲᠠ ᠬᠢᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠵᠢᠷᠤᠮᠵᠢᠭᠤᠯᠤᠨ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠲᠤᠰᠬᠠᠢ ᠪᠡᠯᠡ | ᠮᠥᠩᠭᠦ ᠶᠢᠨ ᠠᠮᠤᠷ ᠲᠦᠪᠰᠢᠨ ᠤ ᠵᠢᠷᠤᠮᠵᠢᠯ ᠪᠠ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠦᠨᠡᠨ ᠬᠦ ᠪᠠᠲᠤᠯᠠᠪᠠ᠃ | ᠲᠠᠪᠤᠳᠤᠭᠠᠷ ᠲᠠᠯ᠎ᠠ ᠪᠠᠷ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠪᠠ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠳᠤ ᠠᠩᠬᠠᠷᠤᠯ ᠢᠶᠠᠨ | ᠲᠥᠪᠯᠡᠷᠡᠭᠦᠯᠦᠨ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠪᠠ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠨᠠᠶᠢᠳᠠᠯᠭ᠎ᠠ ᠪᠠᠷ᠂ ᠮᠠᠨ ᠤ ᠲᠣᠪᠴᠢᠶ᠎ᠠ 15 ᠨᠢᠭᠡᠴᠡ᠂ ᠭᠠᠵᠠᠷ ᠤᠨ ᠲᠠᠰ ᠤᠨ 20 ᠤᠳᠤᠷᠢᠳᠬᠤ ᠺᠠᠳ᠋ᠷ ᠲᠤ ᠲᠤᠰᠢᠶᠠᠯ ᠤᠨ ᠬᠤᠭᠤᠴᠠᠭᠠᠨ ᠤ ᠠᠵᠤ ᠠᠬᠤᠢ ᠶᠢᠨ | ᠬᠠᠷᠢᠭᠤᠴᠠᠯᠭ᠎ᠠ ᠶᠢᠨ ᠬᠢᠨᠠᠨ ᠪᠣᠳᠣᠯᠲᠠ ᠬᠢᠵᠦ᠂ ᠤᠳᠤᠷᠢᠳᠬᠤ ᠺᠠᠳ᠋ᠷᠴᠤᠳ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠢᠴᠢᠶᠡᠨ ᠴᠢᠷᠮᠠᠶᠢᠵᠤ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠦᠯᠬᠢᠨ ᠠᠬᠢᠭᠤᠯᠪᠠ᠃ ᠣᠲᠣ ᠪᠣᠯᠲᠠᠯ᠎ᠠ᠂ ᠲᠤᠬᠠᠢ ᠶᠢᠨ ᠲᠠᠯᠠᠪᠤᠷ ᠤᠨ ᠬᠢᠨᠠᠨ ᠪᠣᠳᠣᠯᠲᠠ ᠶᠢ ᠦᠨᠳᠦᠰᠦᠨ ᠳᠡᠭᠡᠨ | ᠪᠡᠶᠡᠯᠡᠭᠦᠯᠪᠡ᠃ | ﹇ᠬᠦᠲᠦᠯᠦᠭᠴᠢ﹈ ᠶᠡᠷᠦᠩᠬᠡᠢ ᠱᠦᠵᠢ ᠰᠢ ᠶᠢᠨ ᠫᠢᠩ ᠲᠥᠪ ᠤᠨ ᠬᠢᠨᠠᠨ ᠪᠣᠳᠣᠯᠲᠠ ᠶᠢᠨ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠳᠡᠭᠡᠷ᠎ᠡ᠂ | ᠲᠥᠪᠯᠡᠷᠡᠩᠭᠦᠢ ᠨᠢᠭᠡᠳᠦᠯᠲᠡᠢ᠂ ᠪᠦᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠥᠨᠳᠥᠷ ᠪᠦᠲᠦᠮᠵᠢᠲᠡᠢ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ | ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠲᠠ ᠶᠢᠨ ᠬᠢᠨᠠᠨ ᠪᠤᠳᠤᠬᠤ ᠲᠣᠪᠴᠢᠶ᠎ᠠ ᠲᠥᠪᠯᠡᠷᠡᠩᠭᠦᠢ ᠨᠢᠭᠡᠳᠦᠯᠲᠡᠢ᠂ ᠪᠥᠬᠦ ᠲᠠᠯ᠎ᠠ ᠶᠢ | ᠬᠠᠮᠤᠷᠤᠭᠰᠠᠨ᠂ ᠡᠷᠬᠡ ᠰᠦᠷ ᠲᠠᠢ ᠥᠨᠳᠥᠷ ᠪᠦᠲᠦᠮᠵᠢᠲᠡᠶ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠬᠤ᠂ ᠬᠢᠨᠠᠨ ᠪᠤᠳᠤᠬᠤ | ᠣᠶᠢᠯᠠᠭᠠᠭᠳᠠᠬᠤᠨ᠂ ᠰᠡᠳᠬᠢᠴᠡ᠂ ᠠᠷᠭ᠎ᠠ᠂ ᠳᠦᠷᠢᠮ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠬᠤ᠂ ᠬᠢᠨᠠᠨ ᠪᠤᠳᠤᠬᠤ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠴᠢᠩᠭᠠᠳᠬᠠᠬᠤ᠂ ᠬᠠᠤᠯᠢ ᠪᠠᠷ ᠵᠠᠰᠠᠬᠤ ᠰᠡᠳᠬᠢᠬᠦᠢ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠬᠤ᠂ ᠬᠢᠨᠠᠬᠤ ᠶᠣᠰᠣᠲᠠᠢ ᠶᠢ | ᠨᠢ ᠴᠥᠮ ᠬᠢᠨᠠᠬᠤ᠂ ᠬᠢᠨᠠᠬᠤ ᠶᠢ ᠵᠠᠪᠠᠯ ᠴᠢᠩᠳᠠᠯᠠᠬᠤ ᠵᠡᠷᠭᠡ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | ﹇ᠵᠤᠸᠠᠩ ᠯᠦ ᠺᠧ﹈ ᠣᠶᠢᠷ᠎ᠠ ᠶᠢᠨ ᠬᠡᠳᠦᠨ ᠵᠢᠯ ᠳᠤ᠂ ᠮᠠᠨ ᠤ ᠲᠣᠪᠴᠢᠶ᠎ᠠ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢᠨ | ᠲᠣᠭᠤᠷᠢᠨ ᠳᠤ᠂ ᠠᠵᠢᠯ ᠤᠨ ᠰᠡᠳᠬᠢᠴᠡ ᠪᠠᠨ ᠳᠠᠰᠤᠷᠠᠯᠳᠠ ᠦᠭᠡᠢ ᠰᠢᠨᠡᠴᠢᠯᠡᠵᠦ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠪᠦᠬᠦ | ᠲᠠᠯ᠎ᠠ ᠪᠠᠷ ᠭᠦᠢᠴᠡᠳᠬᠡᠵᠦ᠂ ᠬᠢᠨᠠᠨ ᠪᠤᠳᠤᠬᠤ ᠡᠲᠡᠭᠡᠳ᠂ ᠬᠢᠨᠠᠨ ᠪᠤᠳᠤᠬᠤ ᠠᠷᠭ᠎ᠠ ᠬᠡᠯᠪᠡᠷᠢ᠂ ᠬᠢᠨᠠᠨ ᠪᠤᠳᠤᠭᠰᠠᠨ ᠦᠷ᠎ᠡ ᠳ᠋ᠦᠩ ᠳᠤ ︽ᠭᠤᠷᠪᠠᠨ ᠬᠡᠮᠵᠢᠯᠲᠡ︾ | ᠶᠢᠨ ᠠᠷᠭ᠎ᠠ ᠶᠢ ᠬᠡᠷᠡᠭᠯᠡᠨ ᠬᠢᠨᠠᠨ ᠪᠣᠳᠣᠯᠲᠠ ᠪᠠᠷ ᠪᠦᠬᠦᠨ ᠢ ᠬᠠᠮᠤᠷᠬᠤ ᠶᠢ ᠡᠮᠬᠢ ᠵᠢᠷᠤᠮ ᠲᠠᠢ ᠠᠬᠢᠭᠤᠯᠵᠤ᠂ ᠬᠢᠨᠠᠨ ᠪᠣᠳᠣᠯᠲᠠ ᠶᠢᠨ ︽ᠡᠭᠡᠯᠢᠯᠡᠭᠡ ᠶᠢᠨ ᠰᠢᠰᠲ᠋ᠧᠮ | ︾ ᠤᠨ ᠴᠢᠳᠠᠪᠬᠢ ᠶᠢ ᠭᠦᠢᠴᠡᠳ ᠪᠠᠳᠠᠷᠠᠭᠤᠯᠪᠠ᠃ | ᠨᠢᠭᠡᠳᠦᠭᠡᠷ ᠲᠠᠯ᠎ᠠ ᠪᠠᠷ᠂ ᠬᠢᠨᠠᠨ ᠪᠤᠳᠤᠬᠤ ᠡᠲᠡᠭᠡᠳ ᠤᠨ ᠲᠠᠯ᠎ᠠ ᠪᠠᠷ ᠭᠤᠣᠯᠳᠠᠯᠭ᠎ᠠ ᠲᠠᠢ ᠠᠯᠬᠤᠮ ᠳᠠᠷᠠᠭ᠎ᠠ ᠲᠠᠢ ᠪᠠᠷ ᠪᠦᠬᠦᠨ ᠢ ᠬᠠᠮᠤᠷᠬᠤ ᠶᠢ ᠪᠡᠶᠡᠯᠡᠭᠦᠯᠪᠡ᠃ | ︽ᠲᠦᠩᠯᠢᠶᠣᠣ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠢᠨᠠᠨ ᠪᠣᠳᠣᠯᠲᠠ ᠶᠢᠨ ᠠᠵᠢᠯ ᠤᠨ ᠬᠦᠭᠵᠢᠭᠦᠯᠦᠯᠲᠡ ᠶᠢᠨ ᠲᠥᠯᠦᠪᠵᠢᠭᠦᠯᠭᠡ︾ ᠶᠢ | ᠲᠣᠭᠲᠠᠭᠠᠨ ᠨᠡᠶᠢᠲᠡᠯᠡᠵᠦ᠂ ᠬᠢᠨᠠᠨ ᠪᠤᠳᠤᠬᠤ ᠲᠥᠷᠥᠯ ᠵᠦᠢᠯ ᠤᠨ ᠬᠥᠮᠥᠷᠭᠡ ᠶᠢ ᠪᠠᠶᠢᠭᠤᠯᠤᠨ᠂ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠵᠦ᠂ ᠣᠷᠳᠣ | ᠬᠤᠭᠤᠴᠠᠭ᠎ᠠ ᠪᠠᠷ ᠲᠥᠯᠦᠪᠵᠢᠭᠦᠯᠭᠡ ᠲᠠᠢ᠂ ᠣᠬᠤᠷ ᠬᠤᠭᠤᠴᠠᠭ᠎ᠠ ᠪᠠᠷ ᠲᠥᠯᠥᠪᠯᠡᠭᠡ ᠲᠠᠢ ᠪᠠᠶᠢᠬᠤ ᠶᠢ ᠪᠡᠶᠡᠯᠡᠭᠦᠯᠦᠨ᠂ ᠬᠢᠨᠠᠨ ᠪᠤᠳᠤᠬᠤ ᠬᠠᠷᠢᠶᠠᠯᠠᠯ ᠤᠨ | ᠬᠡᠪᠴᠢᠶᠡᠨ ᠳᠠᠬᠢ ᠪᠣᠶ ᠪᠦᠬᠦᠢ ᠬᠢᠨᠠᠨ ᠪᠤᠳᠤᠬᠤ ᠡᠲᠡᠭᠡᠳ ᠲᠤ ᠪᠠᠶᠢᠴᠠᠭᠠᠨ ᠰᠤᠳᠤᠯᠤᠯᠲᠠ ᠬᠢᠵᠦ᠂ ᠡᠮᠬᠢᠯᠡᠨ ᠳᠢᠭᠯᠡᠵᠦ᠂ ᠵᠢᠯ ᠪᠦᠷᠢ ᠵᠠᠪᠠᠯ ᠬᠢᠨᠠᠬᠤ ᠲᠥᠷᠥᠯ ᠵᠦᠢᠯ | ᠂ 2 ᠠᠴᠠ 3 ᠵᠢᠯ ᠳᠤ ᠨᠢᠭᠡ ᠤᠳᠠᠭ᠎ᠠ ᠬᠢᠨᠠᠨ ᠪᠤᠳᠤᠬᠤ ᠲᠥᠷᠥᠯ ᠵᠦᠢᠯ ᠢ ᠲᠣᠭᠲᠠᠭᠠᠵᠤ᠂ ᠲᠥᠯᠥᠪᠯᠡᠭᠡ ᠶᠣᠰᠣᠭᠠᠷ᠂ ᠲᠥᠷᠥᠯ ᠵᠦᠢᠯ ᠤᠨ ᠬᠥᠮᠥᠷᠭᠡ ᠳᠠᠬᠢ | ᠲᠥᠷᠥᠯ ᠵᠦᠢᠯ ᠢ 5 ᠵᠢᠯ ᠤᠨ ᠳᠣᠲᠣᠷ᠎ᠠ ᠵᠠᠪᠠᠯ ᠨᠢᠭᠡ ᠤᠳᠠᠭ᠎ᠠ ᠬᠢᠨᠠᠨ᠎ᠠ᠃ ᠡᠷᠬᠡᠲᠦ ᠰᠠᠯᠠᠭ᠎ᠠ ᠮᠥᠴᠢᠷ᠂ ᠪᠡᠯᠡ ᠮᠥᠩᠭᠦ ᠬᠤᠪᠢᠶᠠᠷᠢᠯᠠᠬᠤ ᠡᠷᠬᠡ ᠲᠠᠢ ᠨᠢᠭᠡᠴᠡ ᠵᠢᠴᠢ | ᠠᠷᠠᠳ ᠤᠨ ᠠᠮᠢᠳᠤᠷᠠᠯ ᠤᠨ ᠪᠡᠯᠡ ᠮᠥᠩᠭᠦ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ | ᠰᠠᠯᠠᠭ᠎ᠠ ᠮᠥᠴᠢᠷ᠂ ᠭᠤᠣᠯᠳᠠᠯᠭ᠎ᠠ ᠲᠠᠢ ᠪᠡᠯᠡ ᠮᠥᠩᠭᠦ ᠶᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠪᠠᠶᠢᠩᠭᠤᠵᠢᠭᠤᠯᠬᠤ ᠶᠢ ᠦᠨᠡᠨ ᠬᠦ ᠪᠠᠲᠤᠯᠠᠪᠠ᠃ᠡᠭᠦᠨ ᠤ | ᠵᠡᠷᠭᠡᠪᠡᠷ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠤᠭᠤᠳᠬᠤ ᠪᠠ ᠲᠡᠭᠦᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠤᠯᠤᠰ ᠤᠨ ᠬᠢᠨᠠᠨ ᠪᠤᠳᠤᠬᠤ | ᠠᠵᠢᠯ ᠤᠨ ᠪᠦᠲᠦᠮᠵᠢᠲᠡᠶ ᠨᠥᠬᠦᠪᠦᠷᠢ ᠶᠢ ᠪᠤᠢ ᠪᠤᠯᠭᠠᠪᠠ᠃ | ᠬᠤᠶᠠᠳᠤᠭᠠᠷ ᠲᠠᠯ᠎ᠠ ᠪᠠᠷ᠂ ᠬᠢᠨᠠᠨ ᠪᠤᠳᠤᠬᠤ ᠠᠷᠭ᠎ᠠ ᠬᠡᠯᠪᠡᠷᠢ ᠶᠢᠨ ᠲᠠᠯ᠎ᠠ ᠪᠠᠷ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠨᠢᠭᠡ ᠳᠤ ᠬᠢᠨᠠᠨ ᠪᠤᠳᠤᠬᠤ ᠠᠷᠭ᠎ᠠ | ᠬᠡᠯᠪᠡᠷᠢ ᠶᠢᠨ ᠲᠠᠯ᠎ᠠ ᠪᠠᠷ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢᠨ ᠦᠨᠡᠨ ᠪᠣᠳᠠᠲᠠᠢ ᠴᠢᠨᠠᠷ ᠪᠠ ᠬᠤᠭᠤᠴᠠᠭᠠᠲᠤ ᠴᠢᠨᠠᠷ ᠢ ᠳᠡᠭᠡᠭᠰᠢᠯᠡᠭᠦᠯᠬᠦ ᠶᠢ | ᠴᠢᠬᠤᠯᠠᠴᠢᠯᠠᠵᠤ᠂ ᠣᠷᠳᠣ ᠬᠤᠭᠤᠴᠠᠭᠠᠨ ᠤ ᠲᠤᠷᠰᠢᠬᠢ ᠬᠡᠷᠡᠭ ᠤᠨ ᠳᠠᠷᠠᠭ᠎ᠠ ᠬᠢᠨᠠᠯᠲᠠ ᠲᠠᠯᠪᠢᠬᠤ ᠠᠷᠭ᠎ᠠ ᠬᠢᠳᠡᠯ ᠢ ᠬᠤᠪᠢᠷᠠᠭᠤᠯᠵᠤ᠂ ᠬᠡᠷᠡᠭ ᠤᠨ ᠡᠮᠦᠨ᠎ᠡ᠂ | ᠬᠡᠷᠡᠭ ᠤᠨ ᠳᠤᠮᠳᠠ ᠬᠢᠨᠠᠯᠲᠠ ᠲᠠᠯᠪᠢᠬᠤ ᠲᠣᠭᠲᠠᠴᠠ ᠶᠢ ᠢᠳᠡᠪᠬᠢᠲᠡᠢ ᠡᠭᠦᠳᠦᠨ ᠪᠠᠶᠢᠭᠤᠯᠵᠤ᠂ ᠤᠷᠢᠳᠴᠢᠯᠠᠨ ᠣᠷᠣᠯᠴᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ᠂ | ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠪᠠ ᠤᠳᠤᠷᠢᠳᠬᠤ ᠺᠠᠳ᠋ᠷ ᠤᠨ ᠠᠵᠤ ᠠᠬᠤᠢ ᠶᠢᠨ | ᠬᠠᠷᠢᠭᠤᠴᠠᠯᠭ᠎ᠠ ᠵᠡᠷᠭᠡ ᠲᠠᠯ᠎ᠠ ᠪᠠᠷ ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠳᠠᠷᠠᠭ᠎ᠠ ᠬᠢᠨᠠᠯᠲᠠ ᠲᠠᠯᠪᠢᠵᠤ᠂ ︽ᠡᠭᠡᠯᠢᠯᠡᠭᠡ ᠶᠢᠨ ᠰᠢᠰᠲ᠋ᠧᠮ︾ ᠤᠨ | ᠴᠢᠳᠠᠮᠵᠢ ᠶᠢ ᠪᠦᠲᠦᠮᠵᠢᠲᠡᠶ ᠪᠠᠳᠠᠷᠠᠭᠤᠯᠪᠠ᠃ ᠬᠤᠶᠠᠷ ᠲᠤ ᠬᠢᠨᠠᠨ ᠪᠤᠳᠤᠬᠤ ᠠᠷᠭ᠎ᠠ ᠶᠢᠨ ᠲᠠᠯ᠎ᠠ ᠪᠠᠷ᠂ ᠺᠣᠮᠫᠢᠦ᠋ᠲ᠋ᠧᠷ ᠤᠨ ᠬᠢᠨᠠᠨ ᠪᠣᠳᠣᠬᠤ ᠮᠡᠷᠭᠡᠵᠢᠯ ᠤᠨ ᠬᠢᠨᠠᠨ | ᠪᠣᠳᠣᠬᠤ ᠲᠥᠷᠥᠯ ᠵᠦᠢᠯ ᠳᠠᠬᠢ ᠬᠡᠷᠡᠭᠯᠡᠯᠲᠡ ᠶᠢ ᠢᠳᠡᠪᠬᠢᠲᠡᠢ ᠪᠠᠷ ᠰᠦᠪᠡᠭᠴᠢᠯᠡᠨ ᠠᠬᠢᠭᠤᠯᠵᠤ᠂ ᠤᠷᠢᠳ ᠬᠤᠵᠢᠳ ᠪᠦᠬᠦ ᠣᠷᠣᠨ ᠤ ᠠᠩᠬᠠᠳᠠᠭᠴᠢ ᠠᠶᠢᠮᠠᠭ | ᠬᠤᠲᠠ ᠶᠢᠨ ᠳᠡᠰ ᠤᠨ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠤᠨ ᠲᠣᠮᠣ ᠦᠭᠭᠦᠭᠳᠡᠯ ᠤᠨ ᠬᠢᠨᠠᠨ ᠪᠣᠳᠣᠯᠲᠠ ᠶᠢᠨ ᠲᠠᠪᠴᠠᠩ ᠪᠠ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠰᠢᠯᠭᠠᠬᠤ ᠲᠠᠪᠴᠠᠩ ᠢ ᠪᠠᠶᠢᠭᠤᠯᠵᠤ᠂ ᠲᠤᠭ᠎ᠠ ᠪᠠᠷᠢᠮᠲᠠ ᠶᠢ ᠮᠡᠳᠡᠭᠦᠯᠦᠨ | ᠬᠦᠷᠭᠡᠬᠦ᠂ ᠴᠤᠭᠯᠠᠭᠤᠯᠬᠤ᠂ ᠲᠥᠷᠥᠯ ᠬᠤᠪᠢᠶᠠᠬᠤ᠂ ᠵᠠᠳᠠᠯᠬᠤ᠂ ᠬᠡᠷᠡᠭᠯᠡᠬᠦ᠂ ᠨᠢᠭᠤᠴᠠ ᠶᠢ ᠬᠠᠮᠠᠭᠠᠯᠠᠬᠤ ᠵᠡᠷᠭᠡ ᠡᠯ᠎ᠡ ᠲᠠᠯ᠎ᠠ ᠶᠢᠨ ᠳᠦᠷᠢᠮ ᠢ ᠪᠠᠶᠢᠭᠤᠯᠵᠤ᠂ ᠬᠢᠨᠠᠨ | ᠪᠣᠳᠣᠯᠲᠠ ᠶᠢᠨ ᠲᠣᠮᠣ ᠦᠭᠭᠦᠭᠳᠡᠯ ᠤᠨ ᠵᠠᠳᠠᠯᠤᠯᠲᠠ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠲᠣᠮᠣ ᠦᠭᠭᠦᠭᠳᠡᠯ ᠤᠨ ᠬᠢᠨᠠᠨ ᠪᠣᠳᠣᠯᠲᠠ ᠶᠢᠨ ᠳᠠᠪᠠᠭᠤᠯᠢᠭ ᠢ | ᠪᠠᠳᠠᠷᠠᠭᠤᠯᠤᠨ᠂ ᠲᠤᠭ᠎ᠠ ᠪᠠᠷᠢᠮᠲᠠ ᠶᠢᠨ ᠲᠠᠰ ᠳᠠᠪᠬᠤᠷᠭ᠎ᠠ ᠳᠤ ᠬᠤᠲᠠ ᠬᠤᠰᠢᠭᠤ ᠬᠤᠶᠠᠷ ᠱᠠᠲᠤᠨ ᠤ ᠲᠥᠰᠥᠪ ᠤᠨ ᠨᠢᠭᠡᠴᠡ ᠪᠠ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠳᠤ ᠪᠦᠬᠦ ᠲᠠᠯ᠎ᠠ ᠪᠠᠷ ᠨᠡᠶᠢᠳᠡᠮ ᠬᠢᠨᠠᠯᠲᠠ ᠲᠠᠯᠪᠢᠬᠤ ᠶᠢ ᠪᠡᠶᠡᠯᠡᠭᠦᠯᠪᠡ᠃ | ᠭᠤᠷᠪᠠᠳᠤᠭᠠᠷ ᠲᠠᠯ᠎ᠠ ᠪᠠᠷ᠂ ᠬᠢᠨᠠᠨ ᠪᠣᠳᠣᠯᠲᠠ ᠶᠢᠨ ᠦᠷ᠎ᠡ ᠳ᠋ᠦᠩ ᠤᠨ ᠬᠡᠷᠡᠭᠯᠡᠯᠲᠡ ᠶᠢᠨ ᠲᠠᠯ᠎ᠠ ᠪᠠᠷ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠣᠶᠢᠷ᠎ᠠ ᠶᠢᠨ | ᠬᠡᠳᠦᠨ ᠵᠢᠯ ᠳᠤ᠂ ᠮᠠᠨ ᠤ ᠲᠣᠪᠴᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠣᠳᠣᠯᠲᠠ ᠪᠠᠷ ᠴᠡᠭᠴᠡᠯᠡᠨ ᠰᠠᠶᠢᠵᠢᠷᠠᠭᠤᠯᠬᠤ ᠲᠤᠬᠠᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠣᠯᠣᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠢᠳᠡᠪᠬᠢᠲᠡᠢ ᠬᠠᠷᠭᠤᠭᠤᠯᠵᠤ᠂ ᠪᠦᠲᠦᠮᠵᠢᠲᠡᠢ | ᠠᠷᠭ᠎ᠠ ᠬᠡᠮᠵᠢᠶ᠎ᠡ ᠠᠪᠴᠤ᠂ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ | ᠨᠢᠭᠡ ᠳᠤ ᠰᠢᠰᠲ᠋ᠧᠮᠲᠦ ᠰᠡᠳᠬᠢᠬᠦᠢ ᠶᠢ ᠬᠡᠷᠡᠭᠯᠡᠨ ᠠᠰᠠᠭᠤᠳᠠᠯ ᠢ ᠢᠯᠡᠷᠡᠭᠦᠯᠬᠦ᠂ ᠬᠠᠮᠢᠶᠠᠷᠤᠯᠲᠠ ᠶᠢ ᠵᠢᠷᠤᠮᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ᠬᠢᠨᠠᠨ ᠪᠣᠳᠣᠭᠳᠠᠬᠤ ᠨᠢᠭᠡᠴᠢ ᠶᠢᠨ ᠠᠯᠳᠠᠰᠢ ᠭᠠᠷᠬᠤ ᠶᠢ ᠬᠤᠷᠢᠭᠯᠠᠬᠤ᠂ ᠳᠦᠷᠢᠮ ᠢ ᠲᠡᠭᠦᠯᠳᠡᠷᠵᠢᠭᠦᠯᠬᠦ᠂ ᠦᠨᠳᠦᠰᠦᠨ ᠠᠴᠠ ᠨᠢ | ᠠᠰᠠᠭᠤᠳᠠᠯ ᠢ ᠰᠢᠢᠳᠪᠦᠷᠢᠯᠡᠬᠦ ᠶᠢ ᠬᠠᠨᠳᠤᠯᠭᠠᠲᠤ ᠴᠢᠨᠠᠷᠲᠠᠢ ᠪᠠᠷ ᠲᠦᠯᠬᠢᠨ ᠠᠬᠢᠭᠤᠯᠪᠠ᠃ ᠬᠤᠶᠠᠷ ᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠢᠨᠠᠯᠲᠠ ᠲᠠᠯᠪᠢᠬᠤ᠂ ᠲᠣᠭᠤᠷᠢᠨ ᠪᠠᠶᠢᠴᠠᠭᠠᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠨᠠᠮ ᠵᠠᠰᠠᠭ ᠤᠨ ᠱᠠᠭᠠᠷᠳᠠᠨ ᠪᠠᠶᠢᠴᠠᠭᠠᠬᠤ ᠵᠡᠷᠭᠡ ᠲᠠᠢ | ᠢᠳᠡᠪᠬᠢᠲᠡᠢ ᠪᠠᠷ ᠨᠡᠪᠲᠡᠷᠡᠯᠴᠡᠨ ᠬᠠᠮᠵᠢᠯᠴᠠᠵᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠳᠡᠭᠡᠭᠰᠢᠯᠡᠭᠦᠯᠪᠡ᠃ ᠭᠤᠷᠪᠠ ᠳᠤ ︽ᠲᠦᠩᠯᠢᠶᠣᠣ ᠬᠤᠲᠠ ᠶᠢᠨ ᠬᠢᠨᠠᠨ | ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤᠷᠠᠨ ᠬᠥᠳᠡᠯᠦᠯᠴᠡᠬᠦ ᠠᠵᠢᠯ ᠤᠨ ᠠᠷᠭ᠎ᠠ︾ ᠶᠢ ᠳᠠᠷᠤᠮᠠᠯᠯᠠᠨ | ᠲᠠᠷᠬᠠᠭᠠᠪᠠ᠃ ᠪᠥᠬᠦ ᠬᠤᠲᠠ ᠶᠢᠨ ᠬᠡᠪᠴᠢᠶᠡᠨ ᠳᠤ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠲᠦᠷᠦᠭᠦᠯᠡᠨ ᠬᠢᠭᠰᠡᠨ᠂ ᠬᠢᠨᠠᠨ ᠪᠣᠳᠣᠯᠲᠠ | ᠬᠢᠯᠭᠡᠭᠰᠡᠨ ᠨᠢᠭᠡᠴᠡ ᠶᠢᠨ ᠨᠠᠶᠢᠳᠠᠪᠤᠷᠢᠵᠢᠭᠤᠯᠤᠭᠰᠠᠨ ᠴᠡᠭᠴᠡᠯᠡᠨ ᠰᠠᠶᠢᠵᠢᠷᠠᠭᠤᠯᠬᠤ ᠬᠤᠯᠪᠤᠭᠠᠯᠠᠨ ᠬᠥᠳᠡᠯᠦᠯᠴᠡᠬᠦ ᠠᠵᠢᠯ ᠤᠨ ᠰᠢᠰᠲ᠋ᠧᠮᠵᠢ ᠪᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠨ ᠪᠠᠶᠢᠴᠠᠭᠠᠬᠤ᠂ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠨ ᠬᠠᠮᠲᠤ ᠪᠠᠷ | ᠣᠷᠣᠯᠴᠠᠭᠰᠠᠨ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠪᠠ᠃ | ﹇ᠬᠥᠲᠥᠯᠥᠭᠴᠢ﹈ ᠵᠤᠤ ᠲᠣᠪᠴᠢᠶᠠᠨ ᠳᠠᠷᠤᠭ᠎ᠠ᠂ ᠬᠤᠳᠠ ᠶᠢᠨ ᠬᠢᠨᠠᠨ ᠪᠣᠳᠣᠯᠲᠠ ᠶᠢᠨ ᠲᠣᠪᠴᠢᠶ᠎ᠠ ᠬᠡᠷᠬᠢᠨ ᠡᠳ᠋ ᠤᠨ ᠵᠠᠰᠠᠭ ᠤᠨ ᠲᠥᠰᠥᠪ ᠢ ᠭᠦᠢᠴᠡᠳᠬᠡᠬᠦ ᠡᠨᠡ | ᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠡᠨᠡ ᠬᠦ ᠬᠠᠷᠠᠯᠲᠠ ᠶᠢ | ᠲᠣᠭᠲᠠᠭᠠᠵᠤ᠂ ᠲᠥᠰᠥᠪ ᠤᠨ ᠬᠠᠮᠢᠶᠠᠷᠤᠯᠲᠠ ᠶᠢ ᠵᠢᠷᠤᠮᠵᠢᠭᠤᠯᠬᠤ ᠶᠢ ᠢᠳᠡᠪᠬᠢᠲᠡᠢ ᠠᠬᠢᠭᠤᠯᠵᠤ᠂ ᠡᠳ᠋ ᠤᠨ ᠵᠠᠰᠠᠭ ᠤᠨ ᠲᠥᠰᠥᠪ ᠢ ᠭᠦᠢᠴᠡᠳᠬᠡᠬᠦ ᠬᠢᠨᠠᠨ | ᠪᠣᠳᠣᠯᠲᠠ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠭᠰᠠᠨ | ᠪᠤᠢ︖ | ﹇ᠵᠤᠤ ᠵᠧ ᠰᠢᠶᠠᠨ﹈ ᠮᠠᠨ ᠤ ᠲᠣᠪᠴᠢᠶ᠎ᠠ ᠡᠳ᠋ ᠤᠨ ᠵᠠᠰᠠᠭ ᠤᠨ ᠲᠥᠰᠥᠪ ᠢ ᠭᠦᠢᠴᠡᠳᠬᠡᠬᠦ ᠡᠨᠡᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠲᠥᠰᠥᠪ ᠤᠨ | ᠬᠠᠮᠢᠶᠠᠷᠤᠯᠲᠠ ᠶᠢ ᠵᠢᠷᠤᠮᠵᠢᠭᠤᠯᠬᠤ ᠶᠢ ᠠᠬᠢᠭᠤᠯᠬᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ | ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠤᠨ ᠬᠢᠨᠠᠨ ᠪᠣᠳᠣᠯᠲᠠ ᠶᠢ ᠭᠦᠨᠵᠡᠭᠡᠶᠢᠷᠡᠭᠦᠯᠵᠦ᠂ ᠬᠤᠪᠢᠷᠠᠭᠤᠯᠬᠤ ᠶᠢ ᠲᠦᠷᠭᠡᠳᠬᠡᠬᠦ᠂ ᠳᠠᠪᠠᠯᠲᠠ ᠲᠠᠢ | ᠬᠥᠭᠵᠢᠯᠲᠡ ᠪᠠᠷ ᠭᠤᠣᠯ ᠱᠤᠭᠤᠮ ᠪᠣᠯᠭᠠᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠪᠡᠯᠡ ᠮᠥᠩᠭᠦ ᠶᠢᠨ ᠬᠢᠨᠠᠨ | ᠪᠣᠳᠣᠯᠲᠠ ᠶᠢ ᠴᠢᠩᠭᠠᠳᠬᠠᠵᠤ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠳ᠋ ᠤᠨ ᠵᠠᠰᠠᠭ ᠤᠨ | ᠪᠡᠯᠡ ᠮᠥᠩᠭᠦ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠨᠢᠭᠡ᠂ ᠭᠤᠣᠯ ᠬᠢᠭᠰᠡᠨ ᠠᠷᠭ᠎ᠠ ᠶᠢᠨ ᠲᠠᠯ᠎ᠠ ᠪᠠᠷ | ᠨᠢᠭᠡ ᠳᠤ ᠰᠤᠳᠤᠯᠭᠠᠨ ᠤ ᠬᠡᠯᠪᠡᠷᠢ ᠶᠢᠨ ᠬᠢᠨᠠᠨ ᠪᠣᠳᠣᠯᠲᠠ ᠶᠢ ᠥᠷᠨᠢᠭᠦᠯᠵᠦ᠂ ᠠᠭᠤᠰᠤᠯᠴᠠᠭᠤᠯᠬᠤ ᠬᠡᠯᠪᠡᠷᠢ ᠶᠢᠨ᠂ ᠤᠶᠠᠯᠳᠤᠭᠤᠯᠬᠤ ᠬᠡᠯᠪᠡᠷᠢ ᠶᠢᠨ | ᠠᠷᠭ᠎ᠠ ᠶᠢ ᠰᠦᠪᠡᠭᠴᠢᠯᠡᠨ ᠬᠡᠷᠡᠭᠯᠡᠪᠡ᠃ ᠪᠡᠯᠡ ᠮᠥᠩᠭᠦᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠪᠠᠷ ᠬᠦᠴᠦᠯᠡᠬᠦ ᠴᠡᠭ ᠪᠣᠯᠭᠠᠵᠤ᠂ ᠡᠳ᠋ ᠤᠨ | ᠵᠠᠰᠠᠭ ᠤᠨ ᠲᠥᠰᠥᠪ ᠤᠨ ᠬᠢᠨᠠᠨ ᠪᠣᠳᠣᠯᠲᠠ ᠪᠠᠷ ᠭᠤᠣᠯ ᠰᠢᠵᠢᠮ ᠪᠣᠯᠭᠠᠵᠤ᠂ ︽1N︾ ᠤᠨ ᠬᠢᠨᠠᠨ ᠪᠤᠳᠤᠬᠤ ᠵᠠᠭᠪᠤᠷ ᠢᠶᠠᠷ ᠳᠠᠮᠵᠢᠭᠤᠯᠤᠨ᠂ ᠲᠥᠰᠥᠪ ᠤᠨ | ᠭᠦᠢᠴᠡᠳᠭᠡᠯ ᠤᠨ ᠬᠢᠨᠠᠨ ᠪᠣᠳᠣᠯᠲᠠ ᠪᠠ ᠦᠯᠡᠳᠡᠭᠡᠯ ᠪᠡᠯᠡ ᠮᠥᠩᠭᠦ᠂ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠵᠡᠷᠭᠡ ᠲᠤᠰᠬᠠᠢ ᠵᠦᠢᠯ ᠤᠨ | ᠬᠢᠨᠠᠨ ᠪᠣᠳᠣᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠠᠳᠠᠯᠢ ᠱᠠᠲᠤᠨ ᠤ ᠬᠢᠨᠠᠨ ᠪᠣᠳᠣᠯᠲᠠ᠂ ᠲᠤᠰᠬᠠᠢ ᠵᠦᠢᠯ ᠤᠨ ᠬᠢᠨᠠᠨ ᠪᠣᠳᠣᠯᠲᠠ ᠪᠠ ᠰᠠᠯᠠᠭ᠎ᠠ | ᠮᠥᠴᠢᠷ ᠤᠨ ᠲᠥᠰᠥᠪ ᠤᠨ ᠬᠢᠨᠠᠨ ᠪᠣᠳᠣᠯᠲᠠ ᠵᠡᠷᠭᠡ ᠠᠳᠠᠯᠢ ᠪᠤᠰᠤ ᠲᠥᠷᠥᠯ ᠬᠡᠯᠪᠡᠷᠢ ᠶᠢᠨ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠠᠭᠤᠰᠤᠯᠴᠠᠭᠤᠯᠬᠤ ᠪᠠ | ᠬᠠᠷᠢᠯᠴᠠᠨ ᠵᠣᠯᠭᠠᠭᠤᠯᠬᠤ ᠶᠢ ᠴᠢᠩᠭᠠᠳᠬᠠᠵᠤ᠂ ︽ᠨᠢᠭᠡ ᠬᠢᠨᠠᠯᠲᠠ ᠳᠤ ᠣᠯᠠᠨ ᠲᠦᠷᠦᠯ ᠵᠦᠢᠯ︾᠂ ︽ ᠨᠢᠭᠡ ᠬᠢᠨᠠᠯᠲᠠ ᠳᠤ ᠤᠯᠠᠨ ᠦᠷ᠎ᠡ ᠳ᠋ᠦᠩ︾᠂ ︽ᠨᠢᠭᠡ | ᠦᠷ᠎ᠡ ᠳ᠋ᠦᠩ ᠳᠤ ᠣᠯᠠᠨ ᠦᠢᠯᠡᠳᠦᠯ︾ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠥᠷᠭᠡᠴᠡ ᠪᠠ ᠭᠦᠨᠴᠡ ᠶᠢ | ᠲᠠᠰᠤᠷᠠᠯᠲᠠ ᠦᠭᠡᠢ ᠦᠷᠭᠡᠳᠭᠡᠪᠡ᠃ | ᠬᠤᠶᠠᠷ ᠲᠤ ︽ᠲᠣᠮᠣ ᠦᠭᠭᠦᠭᠳᠡᠯ︾ ᠢᠶᠠᠷ ᠲᠤᠯᠭᠠᠭᠤᠷᠢᠯᠠᠭᠤᠯᠵᠤ᠂ ᠡᠳ᠋ ᠤᠨ ᠵᠠᠰᠠᠭ ᠤᠨ ᠬᠢᠨᠠᠨ ᠪᠤᠳᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠲᠣᠮᠣ ᠦᠭᠭᠦᠭᠳᠡᠯ ᠢ ᠬᠡᠷᠡᠭᠯᠡᠨ ᠬᠢᠨᠠᠨ ᠪᠣᠳᠣᠯᠲᠠ ᠪᠠᠷ ᠴᠦᠮ ᠬᠠᠮᠤᠷᠤᠭᠤᠯᠬᠤ ᠶᠢ ᠠᠬᠢᠭᠤᠯᠵᠤ᠂ ᠡᠳ᠋ ᠤᠨ ᠵᠠᠰᠠᠭ ᠤᠨ ᠲᠤᠭ᠎ᠠ ᠪᠠᠷᠢᠮᠲᠠ ᠶᠢ ᠪᠦᠬᠦ ᠲᠠᠯ᠎ᠠ ᠪᠠᠷ | ᠴᠤᠭᠯᠠᠭᠤᠯᠤᠨ ᠵᠢᠷᠤᠮᠵᠢᠭᠤᠯᠵᠤ ᠪᠠᠷᠢᠮᠵᠢᠶᠠᠵᠢᠭᠤᠯᠤᠨ ᠰᠢᠢᠳᠪᠦᠷᠢᠯᠡᠵᠦ᠂ ︽ᠪᠦᠬᠦ ᠲᠠᠯ᠎ᠠ ᠪᠠᠷ ᠬᠢᠨᠠᠨ ᠪᠣᠳᠣᠬᠤ ᠤᠷᠲᠤᠳᠬᠠᠨ ᠬᠢᠨᠠᠨ ᠪᠠᠶᠢᠴᠠᠭᠠᠬᠤ ᠭᠤᠣᠯᠳᠠᠯᠭ᠎ᠠ | ᠲᠠᠢ ᠲᠤᠰᠬᠠᠢ ᠵᠦᠢᠯ︾ ᠤᠨ ᠠᠷᠭ᠎ᠠ ᠶᠢ ᠠᠪᠴᠤ᠂ ᠲᠣᠮᠣ ᠦᠭᠭᠦᠭᠳᠡᠯ ᠤᠨ ᠮᠡᠷᠭᠡᠵᠢᠯ ᠢ ᠬᠡᠷᠡᠭᠯᠡᠨ ᠬᠤᠯᠪᠣᠭᠳᠠᠬᠤ ᠵᠠᠳᠠᠯᠤᠯᠲᠠ ᠬᠢᠵᠦ᠂ ᠡᠯ᠎ᠡ ᠲᠥᠷᠥᠯ ᠤᠨ | ᠲᠤᠰᠬᠠᠢ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠵᠢᠴᠢ ᠣᠯᠠᠨ ᠲᠦᠮᠡᠨ ᠤ ᠠᠩᠬᠠᠷᠴᠤ ᠪᠠᠶᠢᠭ᠎ᠠ᠂ ᠨᠡᠶᠢᠭᠡᠮ ᠤᠨ ᠠᠩᠬᠠᠷᠤᠯ ᠪᠤᠯᠤᠭᠰᠠᠨ ᠬᠠᠯᠠᠮᠰᠢᠯ | ᠠᠰᠠᠭᠤᠳᠠᠯ ᠪᠠ ᠭᠤᠣᠯᠳᠠᠯᠭ᠎ᠠ ᠲᠠᠢ ᠬᠦᠷᠢᠶ᠎ᠡ ᠶᠢ ᠭᠤᠤᠯᠴᠢᠯᠠᠨ ᠠᠩᠬᠠᠷᠴᠤ᠂ ᠮᠠᠨ ᠤ ᠬᠤᠲᠠ ᠶᠢᠨ ᠡᠳ᠋ ᠤᠨ ᠵᠠᠰᠠᠭ ᠤᠨ ᠠᠵᠢᠯᠯᠠᠭᠠᠨ ᠤ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠢ ᠨᠡᠩ ᠭᠦᠨ ᠳᠠᠪᠬᠤᠷᠭ᠎ᠠ ᠠᠴᠠ ᠠᠭᠤᠳᠠᠯᠤᠨ ᠢᠯᠡᠷᠡᠭᠦᠯᠵᠦ᠂ ᠠᠵᠤ ᠠᠬᠤᠢ ᠶᠢᠨ ᠠᠵᠢᠯᠯᠠᠭᠠᠨ ᠤ ᠠᠮᠤᠷ ᠲᠦᠪᠰᠢᠨ ᠤ ᠬᠠᠮᠠᠭᠠᠯᠠᠭᠴᠢ ᠪᠣᠯᠬᠤ | ᠬᠢᠨᠠᠨ ᠪᠣᠳᠣᠯᠲᠠ ᠶᠢᠨ ᠦᠢᠯᠡᠳᠦᠯ ᠢ ᠦᠨᠡᠨ ᠬᠦ ᠪᠠᠳᠠᠷᠠᠭᠤᠯᠪᠠ᠃ | ᠭᠤᠷᠪᠠ ᠳᠤ ᠭᠤᠣᠯᠳᠠᠯᠭ᠎ᠠ ᠲᠠᠢ ᠬᠦᠷᠢᠶ᠎ᠡ ᠪᠠ ᠭᠤᠣᠯᠳᠠᠯᠭ᠎ᠠ ᠲᠠᠢ ᠲᠦᠷᠦᠯ ᠵᠦᠢᠯ ᠢ ᠠᠩᠬᠠᠷᠴᠤ᠂ ᠡᠳ᠋ ᠤᠨ ᠵᠠᠰᠠᠭ ᠤᠨ ᠪᠡᠯᠡ ᠮᠥᠩᠭᠦᠨ ᠤ ᠠᠮᠤᠷ | ᠲᠦᠪᠰᠢᠨ ᠢ ᠬᠠᠮᠠᠭᠠᠯᠠᠵᠤ᠂ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ᠃ ᠲᠥᠰᠥᠪ ᠢ ᠭᠦᠢᠴᠡᠳᠬᠡᠬᠦ ᠬᠢᠨᠠᠨ ᠪᠤᠳᠤᠬᠤ ᠶᠠᠪᠤᠴᠠ ᠳᠤ | ᠭᠤᠣᠯᠳᠠᠭᠤ ᠠᠵᠤ ᠠᠬᠤᠢ ᠶᠢᠨ ᠠᠵᠢᠯᠯᠠᠭᠠᠨ ᠤ ᠭᠤᠣᠯᠳᠠᠯᠭ᠎ᠠ ᠲᠠᠢ ᠬᠦᠷᠢᠶ᠎ᠡ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠤᠷᠢᠨ ᠳᠤ ᠬᠢᠨᠠᠨ ᠪᠣᠳᠣᠯᠲᠠ ᠶᠢᠨ | ᠬᠢᠨᠠᠯᠲᠠ ᠲᠠᠯᠪᠢᠬᠤ ᠡᠷᠴᠢᠮ ᠪᠠ ᠳᠠᠪᠲᠠᠮᠵᠢ ᠶᠢ ᠴᠢᠩᠭᠠᠷᠠᠭᠤᠯᠵᠤ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠭᠦᠨᠴᠡ ᠪᠠ ᠥᠷᠭᠡᠴᠡ ᠶᠢ ᠥᠷᠭᠡᠳᠬᠡᠵᠦ᠂ | ᠲᠦᠷᠦᠯ ᠵᠦᠢᠯ ᠤᠨ ᠪᠡᠯᠡ ᠮᠥᠩᠭᠦ ᠥᠭᠬᠦ ᠠᠬᠢᠴᠠ ᠶᠢ ᠲᠦᠷᠭᠡᠪᠴᠢᠯᠡᠨ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ᠂ ᠤᠯᠤᠰ ᠤᠨ ᠦᠮᠴᠢᠯᠡᠯᠲᠦ ᠡᠳ᠋ | ᠬᠥᠷᠥᠩᠭᠡ᠂ ᠤᠯᠤᠰ ᠤᠨ ᠦᠮᠴᠢᠯᠡᠯᠲᠦ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ᠃ | ᠬᠤᠶᠠᠷ᠂ ᠦᠷ᠎ᠡ ᠪᠦᠲᠦᠮᠵᠢ ᠤᠯᠤᠭᠰᠠᠨ ᠲᠠᠯ᠎ᠠ ᠪᠠᠷ | ᠨᠢᠭᠡ ᠳᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠪᠠ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ | ᠭᠦᠭᠵᠢᠭᠦᠯᠦᠯᠲᠡ ᠶᠢ ᠠᠬᠢᠭᠤᠯᠪᠠ᠃ ᠰᠢᠨ᠎ᠡ ᠪᠠᠷ ᠨᠡᠮᠡᠭᠳᠡᠭᠰᠡᠨ ᠡᠳ᠋ ᠤᠨ ᠬᠦᠴᠦᠨ ᠢ ᠡᠩ ᠲᠡᠷᠢᠭᠦᠨ ᠳᠤ ᠦᠨᠳᠦᠰᠦᠨ ᠠᠷᠠᠳ ᠤᠨ ᠠᠮᠢᠳᠤᠷᠠᠯ ᠲᠡᠰᠢ | ᠬᠡᠯᠪᠡᠶᠢᠯᠭᠡᠬᠦ ᠶᠢ ᠠᠬᠢᠭᠤᠯᠵᠤ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ ᠵᠡᠷᠭᠡ ᠭᠤᠣᠯᠳᠠᠯᠭ᠎ᠠ ᠲᠠᠢ ᠵᠠᠷᠤᠯᠭ᠎ᠠ ᠶᠢᠨ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠪᠠ︔ ᠪᠡᠯᠡ ᠮᠥᠩᠭᠦ ᠶᠢᠨ ᠬᠤᠪᠢᠶᠠᠷᠢᠯᠠᠯᠲᠠ ᠪᠠ ᠬᠡᠷᠡᠭᠯᠡᠯᠲᠡ ᠵᠡᠷᠭᠡ ᠭᠤᠭᠴᠤᠭ᠎ᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠣᠷᠣᠨ ᠨᠤᠲᠤᠭ ᠤᠨ ᠠᠵᠤ ᠠᠬᠤᠢ ᠳᠤ | ᠦᠢᠯᠡᠴᠢᠯᠡᠬᠦ ᠴᠢᠳᠠᠪᠤᠷᠢ ᠶᠢ ᠴᠢᠩᠭᠠᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠭᠦᠭᠵᠢᠭᠦᠯᠦᠯᠲᠡ ᠶᠢ ᠪᠥᠬᠦ ᠲᠠᠯ᠎ᠠ ᠪᠠᠷ ᠠᠬᠢᠭᠤᠯᠪᠠ᠃ | ᠬᠤᠶᠠᠷ ᠲᠤ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠡᠳ᠋ ᠤᠨ | ᠵᠠᠰᠠᠭ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠳ᠋ ᠤᠨ ᠵᠠᠰᠠᠭ ᠤᠨ | ᠵᠠᠷᠤᠯᠭ᠎ᠠ ᠶᠢᠨ ᠦᠷ᠎ᠡ ᠪᠦᠲᠦᠮᠵᠢ ᠶᠢ ᠦᠨᠡᠯᠡᠨ ᠬᠠᠮᠢᠶᠠᠷᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠰᠥᠪ ᠤᠨ ᠬᠠᠮᠢᠶᠠᠷᠤᠯᠲᠠ ᠵᠡᠷᠭᠡ ᠳᠦᠷᠢᠮ | ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠲᠥᠰᠥᠪ ᠤᠨ ᠥᠭᠡᠷᠡᠴᠢᠯᠡᠯᠲᠡ ᠶᠢᠨ ᠰᠠᠭᠤᠷᠢ ᠠᠵᠢᠯ ᠢ ᠲᠠᠰᠤᠷᠠᠯᠲᠠ ᠦᠭᠡᠢ | ᠪᠠᠬᠢᠵᠢᠭᠦᠯᠵᠦ᠂ ᠲᠥᠰᠥᠪ ᠢ ᠨᠠᠶᠢᠷᠠᠭᠤᠯᠤᠨ ᠵᠣᠬᠢᠶᠠᠬᠤ ᠶᠢᠨ ᠵᠢᠷᠤᠮᠵᠢᠭᠤᠯᠤᠯᠲᠠ ᠪᠠ ᠪᠦᠷᠢᠨ ᠪᠦᠲᠦᠨ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠭᠤᠷᠪᠠ ᠳᠤ ᠰᠠᠯᠠᠭ᠎ᠠ ᠮᠥᠴᠢᠷ ᠤᠨ ᠲᠥᠰᠥᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠨᠡᠮᠡᠭᠳᠡᠭᠦᠯᠬᠦ ᠶᠢ ᠲᠦᠯᠬᠢᠨ ᠠᠬᠢᠭᠤᠯᠪᠠ᠃ ᠡᠯ᠎ᠡ ᠰᠠᠯᠠᠭ᠎ᠠ ᠮᠥᠴᠢᠷ ᠲᠥᠰᠥᠪ ᠤᠨ | ᠦᠵᠡᠯᠲᠡ ᠪᠠ ᠲᠥᠰᠥᠪ ᠤᠨ ᠬᠠᠲᠠᠭᠤ ᠬᠢᠵᠠᠭᠠᠷᠯᠠᠯ ᠤᠨ ᠤᠬᠠᠮᠰᠠᠷ ᠢᠶᠠᠨ ᠴᠢᠩᠭᠠᠳᠬᠠᠵᠤ᠂ ᠲᠥᠰᠥᠪ ᠤᠨ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ | ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠥᠰᠥᠪ ᠤᠨ ᠠᠵᠢᠯᠯᠠᠭ᠎ᠠ ᠶᠢ ᠪᠦᠲᠦᠮᠵᠢᠲᠡᠢ ᠬᠢᠵᠠᠭᠠᠷᠯᠠᠵᠤ᠂ ᠲᠥᠰᠥᠪ ᠤᠨ ᠬᠠᠮᠢᠶᠠᠷᠤᠯᠲᠠ ᠶᠢᠨ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠳᠤ ᠬᠦᠴᠦᠨ ᠨᠡᠮᠡᠷᠢᠯᠡᠪᠡ᠃ | ﹇ᠬᠦᠲᠦᠯᠦᠭᠴᠢ﹈ ᠪᠢᠳᠡᠨ ᠤ ᠣᠶᠢᠯᠠᠭᠠᠭᠰᠠᠨ ᠢᠶᠠᠷ᠂ ᠬᠤᠲᠠ ᠶᠢᠨ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠶᠢ | ᠶᠡᠭᠡ ᠪᠠᠷ ᠲᠦᠯᠬᠢᠨ ᠠᠬᠢᠭᠤᠯᠬᠤ ᠶᠢ ᠣᠳᠣᠬᠠᠨ ᠤ ᠨᠢᠭᠡᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠳᠠᠭ᠂ ᠬᠢᠨᠠᠨ ᠪᠤᠳᠤᠬᠤ ᠣᠶᠢᠯᠠᠭᠠᠭᠳᠠᠬᠤᠨ᠂ | ᠠᠷᠭ᠎ᠠ ᠬᠡᠯᠪᠡᠷᠢ᠂ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠵᠡᠷᠭᠡ ᠲᠠᠯ᠎ᠠ ᠪᠠᠷ᠂ ᠬᠤᠲᠠ ᠶᠢᠨ ᠬᠢᠨᠠᠨ ᠪᠤᠳᠤᠬᠤ ᠲᠣᠪᠴᠢᠶ᠎ᠠ ᠬᠡᠷᠬᠢᠨ ᠰᠢᠨ᠎ᠡ ᠰᠡᠳᠬᠢᠮᠵᠢ᠂ ᠰᠢᠨ᠎ᠡ | ᠠᠷᠭ᠎ᠠ ᠬᠡᠮᠵᠢᠶ᠎ᠡ ᠶᠢ ᠰᠦᠪᠡᠭᠴᠢᠯᠡᠨ ᠦᠢᠯᠡᠳᠦᠯᠭᠡᠵᠢᠭᠦᠯᠵᠦ᠂ ᠥᠭᠡᠷᠡᠴᠢᠯᠡᠯᠲᠡ ᠶᠢᠨ ᠱᠠᠭᠠᠷᠳᠠᠯᠭ᠎ᠠ ᠳᠤ ᠨᠡᠶᠢᠴᠡᠭᠦᠯᠬᠦ ᠶᠢᠨ ᠲᠥᠯᠥᠭᠡ ᠶᠠᠮᠠᠷ ᠶᠠᠮᠠᠷ ᠠᠵᠢᠯ ᠤᠳ ᠢ | ᠬᠢᠭᠰᠡᠨ ᠪᠣᠶ︖ | ﹇ᠵᠤᠸᠠᠩ ᠯᠦ ᠺᠧ﹈ ᠮᠠᠨ ᠤ ᠲᠣᠪᠴᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠳᠤ ᠡᠩ | ᠲᠡᠷᠢᠭᠦᠨ ᠳᠤ ᠠᠵᠤ ᠠᠬᠤᠢ ᠶᠢᠨ ᠬᠢᠨᠠᠯᠲᠠ ᠲᠠᠯᠪᠢᠬᠤ︾ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ | ᠵᠠᠷᠤᠯᠭ᠎ᠠ ᠶᠢᠨ ᠦᠨᠡᠨ ᠪᠣᠳᠠᠲᠠᠢ ᠬᠠᠤᠯᠢ ᠶᠣᠰᠣᠨ ᠤ ᠦᠷ᠎ᠡ ᠠᠰᠢᠭ ᠤᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ | ᠬᠥᠭᠵᠢᠯᠲᠡ ᠶᠢᠨ ᠱᠠᠲᠤᠨ ᠳᠤ ᠤᠷᠤᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠨ | ᠪᠠᠶᠢᠭᠤᠯᠬᠤ ᠳᠤᠮᠳᠠᠬᠢ ᠬᠢᠨᠠᠨ ᠪᠤᠳᠤᠬᠤ ᠠᠵᠢᠯ ᠳᠤ ᠳᠤᠷᠠᠳᠤᠭᠰᠠᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ | ᠡᠵᠡᠮᠳᠡᠨ᠂ ᠬᠢᠨᠠᠨ ᠪᠤᠳᠤᠬᠤ ᠣᠨᠣᠯᠵᠢᠬᠤᠨ᠂ ᠠᠷᠭ᠎ᠠ ᠮᠠᠶ᠋ᠢᠭ᠂ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠵᠡᠷᠭᠡ ᠲᠠᠯ᠎ᠠ ᠪᠠᠷ ᠠᠰᠢᠭᠲᠠᠢ ᠰᠦᠪᠡᠭᠴᠢᠯᠡᠯᠲᠡ ᠬᠢᠵᠦ᠂ | ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠢᠯᠡᠳᠲᠡ ᠪᠣᠯᠪᠠ᠃ | ᠨᠢᠭᠡ ᠳᠤ ᠬᠢᠨᠠᠨ ᠪᠤᠳᠤᠬᠤ ᠣᠶᠢᠯᠠᠭᠠᠭᠳᠠᠬᠤᠨ ᠤ ᠲᠠᠯ᠎ᠠ ᠪᠠᠷ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠰᠤᠳᠤᠯᠭᠠᠨ ᠤ ᠬᠡᠯᠪᠡᠷᠢ ᠶᠢᠨ ᠬᠢᠨᠠᠨ | ᠪᠣᠳᠣᠯᠲᠠ ᠶᠢ ᠦᠷᠨᠢᠭᠦᠯᠪᠡ᠃ ᠰᠢᠰᠲ᠋ᠧᠮᠲᠦ ᠤᠨᠤᠯ ᠤᠨ ᠠᠷᠭ᠎ᠠ ᠪᠠᠷ ᠠᠵᠢᠯ ᠢᠶᠠᠨ ᠰᠡᠳᠬᠢᠨ ᠪᠣᠳᠣᠯᠬᠢᠯᠠᠵᠤ᠂ ᠠᠰᠠᠭᠤᠳᠠᠯ ᠢ ᠪᠠᠶᠢᠴᠠᠭᠠᠬᠤ ᠪᠠ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ᠂ ᠨᠢᠭᠡᠨᠲᠡ ᠡᠪᠡᠳᠴᠢᠯᠡᠭᠰᠡᠨ ᠢ ᠵᠠᠰᠠᠬᠤ ᠪᠠ ᠡᠪᠡᠳᠴᠢᠯᠡᠬᠦ ᠠᠴᠠ ᠡᠮᠦᠨᠡᠬᠢ ᠶᠢ ᠰᠡᠷᠭᠡᠶᠢᠯᠡᠬᠦ᠂ ᠣᠳᠣᠬᠢ ᠪᠠᠶᠢᠳᠠᠯ ᠢ ᠵᠠᠰᠠᠬᠤ ᠪᠠ | ᠠᠯᠤᠰ ᠬᠡᠳᠤ ᠶᠢ ᠬᠠᠮᠢᠶᠠᠷᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠨᠢᠭᠡ ᠴᠣᠭᠴᠠᠵᠢᠭᠤᠯᠤᠨ | ᠨᠠᠶᠢᠳᠠᠪᠤᠷᠢᠵᠢᠭᠤᠯᠵᠤ᠂ ᠬᠢᠨᠠᠨ ᠪᠤᠳᠤᠬᠤ ᠠᠵᠢᠯ ᠤᠨ ᠪᠠᠷᠠᠭᠠᠯᠬᠢᠯᠠᠯᠳᠤ ᠴᠢᠨᠠᠷ᠂ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠴᠢᠩᠭᠠᠳᠬᠠᠪᠠ᠃ ᠬᠢᠨᠠᠨ ᠪᠤᠳᠤᠬᠤ | ᠠᠵᠢᠯ ᠤᠨ ᠳᠤᠮᠳᠠ᠂ ᠪᠢᠳᠡ ᠰᠤᠳᠤᠯᠬᠤ ᠰᠡᠳᠬᠢᠬᠦᠢ᠂ ᠬᠠᠷᠠᠭᠠᠰᠤ ᠪᠠ ᠠᠷᠭ᠎ᠠ ᠪᠠᠨ ᠬᠢᠨᠠᠨ ᠪᠤᠳᠤᠬᠤ ᠪᠥᠬᠦ ᠶᠠᠪᠤᠴᠠ ᠳᠤ ᠬᠡᠷᠡᠭᠯᠡᠵᠦ᠂ ︽ᠤᠯᠤᠰ ᠲᠥᠷᠥ ︱ | ᠲᠥᠷᠥ ᠶᠢᠨ ᠪᠣᠳᠣᠯᠭ᠎ᠠ ︱ ᠲᠥᠷᠥᠯ ᠵᠦᠢᠯ ︱ ᠪᠡᠯᠡ ᠮᠥᠩᠭᠦ︾ ᠬᠡᠮᠡᠬᠦ ᠱᠤᠭᠤᠮ ᠢᠶᠠᠷ ᠰᠤᠳᠤᠯᠤᠨ ᠰᠡᠳᠦᠪ ᠲᠣᠭᠲᠠᠭᠠᠵᠤ᠂ ᠠᠷᠭ᠎ᠠ ᠰᠦᠪᠡᠭᠴᠢᠯᠡᠨ | ᠬᠡᠷᠡᠭᠵᠢᠭᠦᠯᠦᠨ᠎ᠡ︔ ︽ᠪᠡᠯᠡ ᠮᠥᠩᠭᠦ ︱ ᠲᠥᠷᠥᠯ ᠵᠦᠢᠯ ︱ ᠲᠥᠷᠥ ᠶᠢᠨ ᠪᠣᠳᠣᠯᠭ᠎ᠠ ︱ ᠤᠯᠤᠰ ᠲᠥᠷᠥ︾ ᠬᠡᠮᠡᠬᠦ ᠱᠤᠭᠤᠮ ᠢᠶᠠᠷ ᠵᠠᠳᠠᠯᠤᠨ | ᠪᠣᠯᠪᠠᠰᠤᠷᠠᠭᠤᠯᠵᠤ᠂ ᠰᠠᠨᠠᠭᠤᠯᠭ᠎ᠠ ᠳᠤᠷᠠᠳᠴᠤ᠂ ᠨᠢᠭᠡ ᠭᠤᠣᠯ ᠱᠤᠭᠤᠮ ᠢ ᠬᠤᠣᠰ ᠴᠢᠭᠯᠡᠯ ᠢᠶᠠᠷ ᠨᠡᠪᠲᠡᠷᠡᠭᠦᠯᠦᠨ᠂ ᠡᠬᠢ ᠠᠳᠠᠭ ᠢ ᠡᠷᠭᠢᠯᠳᠦᠭᠦᠯᠦᠨ᠂ ᠵᠥᠪ | ᠪᠤᠷᠤᠭᠤ ᠶᠢ ᠰᠥᠷᠴᠦ ᠪᠣᠯᠬᠤ ᠶᠢ ᠪᠡᠶᠡᠯᠡᠭᠦᠯᠪᠡ᠃ ᠬᠢᠨᠠᠨ ᠪᠤᠳᠤᠬᠤ ᠶᠠᠪᠤᠴᠠ ᠳᠤ ᠬᠤᠯᠪᠣᠭᠳᠠᠬᠤ ᠬᠢᠨᠠᠨ ᠪᠤᠳᠤᠬᠤ ᠣᠶᠢᠯᠠᠭᠠᠭᠳᠠᠬᠤᠨ ᠢ ᠪᠣᠶ ᠪᠣᠯᠭᠠᠬᠤ ᠪᠠᠷ | ᠳᠠᠮᠵᠢᠭᠤᠯᠤᠨ᠂ ᠬᠤᠮᠠᠬᠢ ᠲᠠᠯ᠎ᠠ ᠶᠢᠨ ᠠᠰᠠᠭᠤᠳᠠᠯ ᠪᠠ ᠠᠶᠤᠯ ᠲᠦᠭᠰᠢᠭᠦᠷᠢ ᠶᠢᠨ ᠳᠠᠯᠳᠠ ᠭᠡᠮ ᠢ ᠢᠯᠡᠷᠡᠭᠦᠯᠬᠦ ᠶᠢᠨ ᠬᠠᠮᠲᠤ᠂ ᠬᠤᠷᠸ᠎ᠠ ᠲᠠᠯ᠎ᠠ ᠠᠴᠠ ᠳ᠋ᠦᠩᠨᠡᠵᠦ᠂ | ᠪᠣᠯᠪᠠᠰᠤᠷᠠᠭᠤᠯᠵᠤ᠂ ᠳᠡᠭᠡᠭᠰᠢᠯᠡᠭᠦᠯᠵᠦ᠂ ᠬᠢᠨᠠᠨ ᠪᠤᠳᠤᠬᠤ ᠦᠢᠯᠡᠳᠦᠯᠭᠡ ᠪᠠ ᠣᠨᠣᠯ ᠤᠨ ᠰᠤᠳᠤᠯᠭᠠᠨ ᠤ ᠬᠠᠷᠢᠯᠴᠠᠨ ᠠᠬᠢᠭᠤᠯᠬᠤ ᠶᠢ ᠪᠡᠶᠡᠯᠡᠭᠦᠯᠪᠡ᠃ ᠬᠢᠨᠠᠨ | ᠪᠣᠳᠣᠯᠲᠠ ᠶᠢᠨ ᠦᠷ᠎ᠡ ᠳ᠋ᠦᠩ ᠢ ᠪᠣᠳᠠᠲᠤ ᠶᠠᠪᠤᠳᠠᠯ ᠲᠠᠢ ᠲᠤᠭ᠎ᠠ ᠪᠠᠷᠢᠮᠲᠠ ᠲᠠᠢ ᠪᠥᠭᠡᠳ ᠢᠳᠡ ᠬᠦᠴᠦᠨ ᠲᠠᠢ ᠪᠣᠯᠭᠠᠭᠰᠠᠨ ᠪᠥᠭᠡᠳ ᠵᠣᠭᠰᠣᠴᠠ ᠲᠠᠢ ᠦᠨᠳᠦᠷᠴᠡ | ᠲᠠᠢ ᠰᠡᠳᠬᠢᠴᠡ ᠲᠠᠢ ᠪᠣᠯᠭᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠤ | ᠨᠠᠶᠢᠳᠠᠪᠤᠷᠢᠲᠠᠢ ᠦᠨᠳᠦᠰᠦ ᠪᠠᠷᠢᠮᠲᠠ ᠪᠠ ᠴᠢᠬᠤᠯᠠ ᠯᠠᠪᠯᠠᠯᠲᠠ ᠬᠠᠩᠭᠠᠭᠰᠠᠨ ᠪᠠᠶᠢᠨ᠎ᠠ᠃ | ᠬᠤᠶᠠᠷ ᠲᠤ ᠬᠢᠨᠠᠨ ᠪᠤᠳᠤᠬᠤ ᠶᠠᠰᠤ ᠴᠢᠨᠠᠷ ᠤᠨ ᠲᠠᠯ᠎ᠠ ᠪᠠᠷ᠂ ᠪᠢᠳᠡ ᠬᠢᠨᠠᠨ ᠪᠤᠳᠤᠬᠤ ᠶᠠᠰᠤ ᠴᠢᠨᠠᠷ ᠭᠡᠬᠦ ︽ᠠᠮᠢᠨ ᠰᠤᠳᠠᠰᠤ︾ ᠶᠢ ᠢᠮᠠᠭᠲᠠ ᠴᠢᠩᠭ᠎ᠠ | ᠠᠳᠬᠤᠵᠤ᠂ ᠰᠢᠯᠢᠳᠡᠭ ᠬᠢᠨᠠᠨ ᠪᠤᠳᠤᠭᠰᠠᠨ ᠲᠥᠷᠥᠯ ᠵᠦᠢᠯ ᠢᠶᠠᠷ ᠦᠨᠡᠯᠡᠭᠳᠡᠬᠦ ᠪᠠᠷ ᠭᠠᠷᠳᠠᠴᠠ ᠪᠣᠯᠭᠠᠵᠤ᠂ ︽ᠬᠢᠷᠢ ᠪᠦᠲᠦᠮᠵᠢ ᠶᠢᠨ ᠬᠠᠭᠤᠳᠠᠰᠤ︾ ᠶᠢᠨ | ᠤᠬᠠᠮᠰᠠᠷ ᠢ ᠪᠠᠲᠤ ᠪᠣᠶ ᠪᠣᠯᠭᠠᠵᠤ᠂ ᠬᠢᠨᠠᠨ ᠪᠣᠳᠣᠯᠲᠠ ᠠᠴᠠ ᠡᠮᠦᠨ᠎ᠡ᠂ ᠬᠢᠨᠠᠨ ᠪᠣᠳᠣᠯᠲᠠ ᠳᠤᠮᠳᠠ᠂ ᠬᠢᠨᠠᠨ ᠪᠣᠳᠣᠯᠲᠠ ᠶᠢᠨ ᠳᠠᠷᠠᠭ᠎ᠠ ᠨᠡᠪᠲᠡᠷᠡᠭᠦᠯᠬᠦ ᠶᠢ | ᠴᠢᠬᠤᠯᠠᠴᠢᠯᠠᠵᠤ᠂ ᠤᠷᠢᠳᠴᠢᠯᠠᠨ ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠪᠡᠶᠡᠯᠡᠭᠦᠯᠪᠡ | ᠃ ᠰᠢᠨ᠎ᠡ ᠶᠢ ᠡᠭᠦᠳᠬᠦ ᠦᠢᠯᠡᠳᠦᠯᠭᠡ ᠶᠢ ᠢᠳᠡᠪᠬᠢᠲᠡᠢ ᠥᠷᠨᠢᠭᠦᠯᠵᠦ᠂ ᠬᠢᠨᠠᠨ ᠪᠤᠳᠤᠬᠤ ᠶᠠᠰᠤ ᠴᠢᠨᠠᠷ᠂ ᠦᠷ᠎ᠡ ᠪᠦᠲᠦᠮᠵᠢ᠂ ᠬᠦᠳᠡᠯᠭᠡᠬᠦ ᠬᠦᠴᠦᠨ ᠤ | ᠬᠤᠪᠢᠰᠤᠯᠲᠠ ᠶᠢ ᠪᠡᠶᠡᠯᠡᠭᠦᠯᠬᠦ ᠶᠢ ᠠᠬᠢᠭᠤᠯᠵᠤ᠂ ᠬᠢᠨᠠᠨ ᠪᠤᠳᠤᠬᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃2019 ᠣᠨ ᠠᠴᠠ ᠨᠠᠰᠢ᠂ ᠮᠠᠨ ᠤ | ᠲᠣᠪᠴᠢᠶ᠎ᠠ 1 ᠪᠥᠬᠦ ᠤᠯᠤᠰ ᠤᠨ ᠰᠢᠯᠢᠳᠡᠭ ᠬᠢᠨᠠᠨ ᠪᠤᠳᠤᠭᠰᠠᠨ ᠲᠥᠷᠥᠯ ᠵᠦᠢᠯ᠂ 3 ᠤᠳᠠᠭ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠢᠳᠡᠭ ᠬᠢᠨᠠᠨ | ᠪᠤᠳᠤᠬᠤ ᠲᠥᠷᠥᠯ ᠵᠦᠢᠯ ᠤᠨ ᠨᠢᠭᠡᠳᠦᠭᠡᠷ ᠳᠡᠰ ᠤᠨ ᠱᠠᠩᠨᠠᠯ ᠢ ᠬᠦᠷᠲᠡᠵᠦ᠂ ᠬᠤᠲᠠ ᠶᠢᠨ ᠲᠠᠰ ᠤᠨ ᠰᠢᠯᠢᠳᠡᠭ ᠬᠢᠨᠠᠨ ᠪᠤᠳᠤᠭᠰᠠᠨ ᠲᠥᠷᠥᠯ ᠵᠦᠢᠯ ᠢ 30 | ᠰᠢᠯᠭᠠᠷᠠᠭᠤᠯᠪᠠ᠃ | ᠭᠤᠷᠪᠠ ᠳᠤ ᠬᠢᠨᠠᠨ ᠪᠤᠳᠤᠬᠤ ᠠᠷᠭ᠎ᠠ ᠬᠡᠯᠪᠡᠷᠢ ᠶᠢᠨ ᠲᠠᠯ᠎ᠠ ᠪᠠᠷ᠂ ᠲᠣᠮᠣ ᠦᠭᠭᠦᠭᠳᠡᠯ ᠤᠨ ᠬᠢᠨᠠᠨ ᠪᠤᠳᠤᠬᠤ ᠮᠡᠷᠭᠡᠵᠢᠯ ᠢ ᠳᠡᠯᠭᠡᠷᠡᠭᠦᠯᠬᠦ ᠶᠢ ᠪᠠᠷᠢᠮᠲᠠᠯᠠᠵᠤ᠂ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠭᠠᠷ ᠢᠶᠠᠷ ᠲᠠᠩᠰᠠ ᠪᠠᠶᠢᠴᠠᠭᠠᠬᠤ ᠤᠯᠠᠮᠵᠢᠯᠠᠯᠲᠤ ᠠᠷᠭ᠎ᠠ ᠮᠠᠶ᠋ᠢᠭ ᠢ ᠡᠪᠳᠡᠵᠦ᠂ ᠲᠣᠮᠣ ᠦᠭᠭᠦᠭᠳᠡᠯ ᠤᠨ | ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ᠂ ᠲᠦᠷᠭᠡᠨ ᠴᠢᠨᠠᠷ ᠢ ᠡᠳᠦᠷ ᠲᠤᠲᠤᠮ ᠤᠨ ᠬᠢᠨᠠᠨ ᠪᠣᠳᠣᠯᠲᠠ ᠳᠤ ᠬᠡᠷᠡᠭᠯᠡᠵᠦ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ᠂ ᠴᠢᠬᠤᠯᠠ ᠲᠠᠰ ᠳᠠᠪᠬᠤᠷᠭ᠎ᠠ ᠶᠢᠨ ᠬᠢᠨᠠᠨ ᠪᠤᠳᠤᠬᠤ ᠡᠲᠡᠭᠡᠳ ᠤᠨ ᠲᠤᠭ᠎ᠠ ᠪᠠᠷᠢᠮᠲᠠ ᠳᠤ ᠬᠤᠯᠪᠣᠭᠳᠠᠬᠤ ᠴᠢᠨᠠᠷᠲᠠᠢ | ᠪᠦᠷᠢᠨ ᠬᠡᠮᠵᠢᠯᠲᠦ ᠵᠠᠳᠠᠯᠤᠯᠲᠠ ᠬᠢᠬᠦ ᠪᠠᠷ ᠳᠠᠮᠵᠢᠭᠤᠯᠤᠨ᠂ ᠴᠡᠭ ᠢᠶᠠᠷ ᠨᠡᠶᠢᠳᠡᠮ ᠢ ᠳᠠᠶᠢᠴᠢᠯᠠᠨ᠂ ᠴᠡᠭ ᠨᠡᠶᠢᠳᠡᠮ ᠢ ᠤᠶᠠᠯᠳᠤᠭᠤᠯᠤᠨ ᠬᠢᠨᠠᠨ ᠪᠣᠳᠣᠯᠲᠠ ᠶᠢᠨ ᠲᠤᠭ᠎ᠠ | ᠪᠠᠷᠢᠮᠲᠠ ᠶᠢ ᠵᠠᠳᠠᠯᠬᠤ ᠠᠵᠢᠯ ᠢ ᠪᠡᠶᠡᠯᠡᠭᠦᠯᠪᠡ᠃ ᠡᠭᠦᠨ ᠤ ᠬᠠᠮᠲᠤ᠂ ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠯᠪᠡᠷᠢ ᠳᠤ ᠢᠳᠡᠪᠬᠢᠲᠡᠢ ᠪᠠᠷ ᠰᠢᠨ᠎ᠡ ᠶᠢ ᠡᠭᠦᠳᠴᠦ᠂ | ︽1N︾᠂ ︽ᠰᠢᠭᠢᠳᠬᠡᠯ ᠬᠡᠯᠪᠡᠷᠢ︾᠂ ︽ᠰᠣᠯᠪᠢᠴᠠᠭᠤᠯᠤᠨ ᠬᠢᠨᠠᠬᠤ︾᠂ ︽ᠳᠡᠭᠡᠳᠦ ᠱᠠᠲᠤ ᠨᠢ ᠳᠤᠤᠷᠠᠲᠤ ᠱᠠᠲᠤ ᠪᠠᠨ ᠬᠢᠨᠠᠬᠤ︾ ᠵᠡᠷᠭᠡ ᠵᠣᠬᠢᠶᠠᠨ | ᠪᠠᠶᠢᠭᠤᠯᠤᠯᠲᠠ ᠶᠢᠨ ᠠᠷᠭ᠎ᠠ ᠬᠡᠯᠪᠡᠷᠢ ᠶᠢ ᠠᠪᠴᠤ᠂ ᠨᠢᠭᠡ ᠬᠢᠨᠠᠯᠲᠠ ᠳᠤ ᠣᠯᠠᠨ ᠲᠦᠷᠦᠯ ᠵᠦᠢᠯ᠂ ᠨᠢᠭᠡ ᠬᠢᠨᠠᠯᠲᠠ ᠳᠤ ᠤᠯᠠᠨ ᠦᠷ᠎ᠡ ᠳ᠋ᠦᠩ ᠣᠯᠵᠤ᠂ ᠪᠦᠬᠦᠯᠢ | ᠴᠣᠭᠴᠠ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠬᠢᠨᠠᠨ ᠪᠣᠳᠣᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠳᠥᠷᠪᠡ ᠳᠤ ᠬᠢᠨᠠᠨ ᠪᠣᠳᠣᠯᠲᠠ ᠶᠢᠨ ᠦᠷ᠎ᠡ ᠪᠦᠲᠦᠭᠡᠯ ᠤᠨ ᠠᠵᠢᠯᠯᠠᠭᠠᠨ ᠤ ᠲᠠᠯ᠎ᠠ ᠪᠠᠷ᠂ ᠬᠠᠤᠯᠢ ᠶᠣᠰᠣᠭᠠᠷ ᠬᠢᠨᠠᠨ ᠪᠤᠳᠤᠬᠤ ᠪᠠ ᠬᠥᠭᠵᠢᠯᠲᠡ ᠶᠢ | ᠠᠬᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠤᠷᠢᠭᠵᠢᠭᠤᠯᠪᠠ᠃ ᠬᠢᠨᠠᠨ ᠪᠤᠳᠤᠬᠤ ᠡᠷᠬᠡ ᠶᠢᠨ ᠵᠠᠭᠠᠭ | ᠬᠢᠵᠠᠭᠠᠷ ᠢ ᠴᠢᠩᠭ᠎ᠠ ᠰᠠᠬᠢᠵᠤ᠂ ᠬᠠᠤᠯᠢ ᠳᠤ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ | ᠡᠷᠬᠡᠪᠰᠢ ᠭᠦᠢᠴᠡᠳᠬᠡᠬᠦ ᠶᠢ ᠪᠡᠶᠡᠯᠡᠭᠦᠯᠪᠡ᠃ ᠡᠭᠦᠨ ᠤ ᠵᠡᠷᠭᠡᠪᠡᠷ᠂ ︽ᠭᠤᠷᠪᠠ ᠶᠢ ᠢᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠥᠭᠡᠷᠡᠴᠢᠯᠡᠯᠲᠡ | ᠬᠥᠭᠵᠢᠯᠲᠡ ᠶᠢᠨ ᠳᠤᠮᠳᠠ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠵᠥᠪ ᠡᠵᠡᠮᠳᠡᠵᠦ᠂ ᠪᠤᠰᠤᠳᠴᠢ ᠲᠥᠪ ᠭᠤᠣᠯᠴᠢ ᠵᠣᠭᠰᠣᠯᠲᠠ ᠶᠢ ᠪᠠᠷᠢᠮᠲᠠᠯᠠᠨ᠂ | ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠪᠦᠬᠦ ᠲᠠᠯ᠎ᠠ ᠪᠠᠷ᠂ ᠲᠡᠦᠬᠡ ᠶᠢᠨ᠂ ᠬᠤᠪᠢᠰᠤᠩᠭᠤᠢ ᠪᠠᠷ ᠦᠵᠡᠬᠦ ᠳᠡᠭᠡᠨ ᠴᠢᠳᠠᠮᠠᠭᠠᠢ ᠪᠠᠶᠢᠵᠤ᠂ ᠤᠯᠤᠰ | ᠲᠦᠷᠦ ᠶᠢᠨ ᠬᠠᠷᠠᠭᠠᠰᠤ ᠠᠴᠠ ᠠᠰᠠᠭᠤᠳᠠᠯ ᠢ ᠵᠠᠳᠠᠯᠤᠨ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠪᠣᠳᠠᠲᠠᠢ ᠠᠴᠠ ᠡᠭᠦᠰᠴᠦ᠂ ᠺᠠᠳ᠋ᠷᠴᠤᠳ ᠤᠨ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠤᠷᠢᠭᠵᠢᠭᠤᠯᠪᠠ᠃ | ﹇ᠬᠥᠲᠥᠯᠥᠭᠴᠢ﹈ ᠵᠠᠰᠠᠭ ᠤᠨ ᠣᠷᠳᠣᠨ ᠤ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠴᠢᠬᠤᠯᠠ ᠶᠡᠭᠡ ᠲᠦᠷᠦᠯ ᠵᠦᠢᠯ ᠤᠨ ᠬᠢᠨᠠᠨ ᠪᠣᠳᠣᠯᠲᠠ ᠪᠣᠯ ᠬᠢᠨᠠᠨ | ᠪᠤᠳᠤᠯᠲᠠ ᠶᠢᠨ ᠬᠢᠨᠠᠯᠲᠠ ᠲᠠᠯᠪᠢᠬᠤ ᠴᠢᠬᠤᠯᠠ ᠲᠠᠯ᠎ᠠ ᠪᠣᠯᠣᠨ᠎ᠠ᠃ ᠡᠨᠡ ᠲᠠᠯ᠎ᠠ ᠶᠢᠨ ᠪᠠᠶᠢᠳᠠᠯ ᠢ ᠪᠣᠳᠠᠲᠠᠢ ᠪᠠᠷ ᠲᠠᠨᠢᠯᠴᠠᠭᠤᠯᠤᠭᠠᠳ ᠦᠭᠭᠦᠨ᠎ᠡ ᠦᠦ︖ | ﹇ᠵᠤᠤ ᠵᠧ ᠰᠢᠶᠠᠨ﹈ ᠮᠠᠨ ᠤ ᠲᠣᠪᠴᠢᠶ᠎ᠠ ︽ᠬᠢᠨᠠᠨ ᠪᠤᠳᠤᠬᠤ ᠪᠠᠶᠢᠭᠤᠯᠭ᠎ᠠ ᠡᠩ ᠲᠡᠷᠢᠭᠦᠨ ᠳᠤ ᠤᠯᠤᠰ ᠲᠦᠷᠦ ᠶᠢᠨ ᠪᠠᠶᠢᠭᠤᠯᠭ᠎ᠠ︾ ᠶᠢᠨ ᠵᠣᠭᠰᠣᠴᠠ ᠶᠢ | ᠪᠠᠲᠤᠳᠬᠠᠵᠤ᠂ ︽ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠳᠤ ᠡᠩ ᠲᠡᠷᠢᠭᠦᠨ ᠳᠤ ᠠᠵᠤ ᠠᠬᠤᠢ ᠶᠢᠨ ᠬᠢᠨᠠᠯᠲᠠ ᠲᠠᠯᠪᠢᠬᠤ︾ ᠶᠢᠨ ᠪᠠᠶᠢᠷᠢ ᠲᠣᠭᠲᠠᠭᠠᠯᠲᠠ ᠳᠤ | ᠰᠠᠭᠤᠷᠢᠯᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠬᠢᠨᠠᠨ ᠪᠤᠳᠤᠬᠤ ᠲᠠᠯ᠎ᠠ ᠪᠠᠷ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠭᠲᠠᠭᠠᠭᠰᠠᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠠᠷᠭ᠎ᠠ ᠬᠡᠮᠵᠢᠶ᠎ᠡ᠂ ᠴᠢᠬᠤᠯᠠ ᠶᠡᠭᠡ ᠲᠦᠷᠦᠯ ᠵᠦᠢᠯ ᠤᠨ ᠬᠢᠨᠠᠨ ᠪᠤᠳᠤᠬᠤ ᠡᠷᠴᠢᠮ ᠢ ᠲᠠᠰᠤᠷᠠᠯᠳᠡ | ᠦᠭᠡᠢ ᠴᠢᠩᠭᠠᠷᠠᠭᠤᠯᠵᠤ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃ | 2022 ᠣᠨ ᠳᠤ᠂ ᠬᠤᠳᠠ ᠬᠤᠰᠢᠭᠤ ᠬᠤᠶᠠᠷ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠪᠦᠬᠦ ᠬᠤᠳᠠ ᠶᠢᠨ ᠪᠡᠯᠡ ᠣᠷᠣᠭᠤᠯᠤᠯᠲᠠ ᠶᠢ ᠪᠦᠲᠦᠮᠵᠢᠲᠡᠢ | ᠥᠷᠭᠡᠳᠬᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠨ ᠪᠣᠳᠣᠯᠲᠠ ᠶᠢᠨ ᠪᠠᠶᠢᠴᠠᠭᠠᠯᠲᠠ ᠬᠢᠪᠡ᠃10 ᠳ᠋ᠤᠭᠠᠷ ᠰᠠᠷ᠎ᠠ ᠪᠣᠯᠲᠠᠯ᠎ᠠ᠂ | ᠪᠥᠬᠦ ᠬᠤᠲᠠ ᠳᠤ 37 ᠲᠥᠷᠥᠯ ᠵᠦᠢᠯ ᠤᠨ ᠬᠢᠨᠠᠨ ᠪᠣᠳᠣᠯᠲᠠ ᠶᠢ ᠪᠡᠶᠡᠯᠡᠭᠦᠯᠵᠦ᠂ ᠪᠡᠯᠡ ᠮᠥᠩᠭᠦ ᠶᠢᠨ ᠬᠡᠪᠴᠢᠶ᠎ᠡ 150 ᠳ᠋ᠦᠩᠰᠢᠭᠤᠷ ᠲᠥᠭᠦᠷᠢᠭ ᠲᠤ ᠬᠦᠷᠴᠡᠢ᠃ | | ᠬᠢᠨᠠᠨ ᠪᠣᠳᠣᠯᠲᠠ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠳᠤᠮᠳᠠ᠂ ᠪᠦᠬᠦ ᠬᠤᠲᠠ ᠶᠢᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠴᠢᠬᠤᠯᠠ ᠶᠡᠭᠡ ᠢᠨᠵᠧᠨᠧᠷᠢᠩ ᠤᠨ ᠲᠤᠭᠤᠷᠢᠨ ᠳᠤ ᠵᠠᠰᠠᠭ ᠤᠨ ᠣᠷᠳᠣᠨ ᠤ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠳᠤ ᠲᠦᠪᠯᠡᠷᠡᠭᠦᠯᠦᠨ᠂ ᠲᠥᠪ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠪᠣᠯᠣᠨ ᠲᠦᠩᠯᠢᠶᠣᠣ ᠬᠤᠲᠠ ᠶᠢᠨ ᠡᠯ᠎ᠡ ᠵᠦᠢᠯ ᠤᠨ ᠪᠡᠯᠡ ᠣᠷᠣᠭᠤᠯᠤᠯᠲᠠ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠴᠢᠬᠤᠯᠠ ᠶᠡᠭᠡ ᠲᠥᠷᠥᠯ ᠵᠦᠢᠯ ᠢ | ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠠᠩᠬᠠᠷᠴᠤ᠂ ᠪᠥᠬᠦ ᠬᠤᠲᠠ ᠶᠢᠨ ᠤᠯᠤᠰ᠂ | ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠬᠤ ᠳᠤᠮᠳᠠᠬᠢ ᠬᠦᠴᠢᠷᠳᠡᠯ ᠪᠠ ᠲᠦᠭᠵᠢᠮᠡᠯ ᠴᠡᠭ ᠢ ᠴᠠᠭ | ᠲᠤᠬᠠᠢ ᠳᠤᠨᠢ ᠢᠯᠡᠷᠡᠭᠦᠯᠦᠨ ᠲᠤᠰᠬᠠᠵᠤ᠂ ᠪᠡᠯᠡ ᠣᠷᠣᠭᠤᠯᠤᠯᠲᠠ ᠪᠠ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠴᠢᠬᠤᠯᠠ ᠶᠡᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠠᠵᠢᠯ ᠤᠨ ᠨᠠᠩ ᠦᠷ᠎ᠡ ᠪᠦᠲᠦᠮᠵᠢ ᠲᠠᠢ᠂ ᠨᠠᠩ | ᠦᠷᠭᠦᠯᠵᠢᠯᠡᠬᠦᠶᠢᠴᠡ᠂ ᠨᠠᠩ ᠴᠢᠨᠠᠷ ᠰᠠᠶᠢᠲᠠᠢ ᠪᠠᠶᠢᠬᠤ ᠶᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠳᠤᠮᠳᠠᠬᠢ ᠲᠤᠯᠭᠠᠭᠤᠷᠢᠯᠠᠬᠤ ᠴᠢᠨᠠᠷᠲᠠᠢ ᠦᠢᠯᠡᠳᠦᠯ ᠢ ᠦᠨᠡᠨ ᠬᠦ ᠪᠠᠳᠠᠷᠠᠭᠤᠯᠪᠠ᠃ | ﹇ᠬᠥᠲᠥᠯᠥᠭᠴᠢ﹈ ᠣᠯᠠᠨ ᠲᠦᠮᠡᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠡᠷᠬᠡ ᠪᠠᠨ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ | ᠲᠤᠶᠢᠯ ᠢᠶᠠᠷ ᠠᠩᠬᠠᠷᠴᠤ ᠪᠠᠶᠢᠨ᠎ᠠ᠂ ᠬᠢᠨᠠᠨ ᠪᠤᠳᠤᠬᠤ ᠰᠠᠯᠠᠭ᠎ᠠ ᠮᠥᠴᠢᠷ ᠪᠣᠯ ᠶᠠᠭ ᠮᠠᠨ ᠤ ᠤᠯᠤᠰ ᠤᠨ ᠤᠳᠤᠷᠢᠳᠬᠤ ᠺᠠᠳ᠋ᠷᠴᠤᠳ ᠤᠨ ᠡᠷᠬᠡ ᠶᠢᠨ ᠬᠢᠨᠠᠨ | ᠬᠠᠮᠢᠶᠠᠷᠤᠯᠲᠠ ᠶᠢᠨ ᠰᠢᠰᠲ᠋ᠧᠮ ᠳᠠᠬᠢ ᠮᠠᠰᠢ ᠴᠢᠬᠤᠯᠠ ᠨᠢᠭᠡᠨ ᠭᠤᠭᠴᠤᠭ᠎ᠠ ᠮᠥᠨ᠂ ᠬᠢᠨᠠᠨ ᠪᠤᠳᠤᠬᠤ ᠰᠠᠯᠠᠭ᠎ᠠ ᠮᠥᠴᠢᠷ ᠬᠡᠷᠬᠢᠨ ᠠᠵᠤ ᠠᠬᠤᠢ ᠶᠢᠨ ᠬᠠᠷᠢᠭᠤᠴᠠᠯᠭ᠎ᠠ | ᠶᠢᠨ ᠬᠢᠨᠠᠨ ᠪᠣᠳᠣᠯᠲᠠ ᠪᠠᠷ ᠳᠠᠮᠵᠢᠭᠤᠯᠤᠨ ᠤᠳᠤᠷᠢᠳᠬᠤ ᠺᠠᠳ᠋ᠷᠴᠤᠳ ᠤᠨ ᠡᠷᠬᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠭᠰᠠᠨ ᠪᠤᠶ︖ | ﹇ᠵᠤᠸᠠᠩ ᠯᠦ ᠺᠧ﹈ ᠮᠠᠨ ᠤ ᠲᠣᠪᠴᠢᠶ᠎ᠠ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠤᠳᠤᠷᠢᠳᠬᠤ ᠺᠠᠳ᠋ᠷᠴᠤᠳ ᠲᠤ ᠬᠢᠨᠠᠯᠲᠠ ᠲᠠᠯᠪᠢᠬᠤ | ᠳᠤᠮᠳᠠᠬᠢ ︽ᠠᠵᠤ ᠠᠬᠤᠢ ᠶᠢᠨ ᠪᠠᠶᠢᠴᠠᠭᠠᠯᠲᠠ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠬᠡ ᠶᠢᠨ ᠠᠵᠢᠯᠯᠠᠭᠠᠨ ᠤ ᠵᠠᠩᠭᠢᠯᠠᠭ᠎ᠠ ᠶᠢᠨ ᠭᠤᠭᠴᠤᠭ᠎ᠠ | ᠪᠠ ᠠᠶᠤᠯ ᠲᠦᠭᠰᠢᠭᠦᠷᠢ ᠶᠢᠨ ᠴᠡᠭ ᠤᠨ ᠲᠤᠭᠤᠷᠢᠨ ᠳᠤ᠂ ᠰᠢᠨ᠎ᠡ ᠴᠠᠭ ᠦᠶ᠎ᠡ᠂ ᠰᠢᠨ᠎ᠡ ᠪᠠᠶᠢᠳᠠᠯ ᠠᠴᠠ ᠤᠳᠤᠷᠢᠳᠬᠤ ᠺᠠᠳ᠋ᠷᠴᠤᠳ ᠲᠤ ᠠᠵᠤ ᠠᠬᠤᠢ ᠶᠢᠨ | ᠬᠢᠨᠠᠯᠲᠠ ᠲᠠᠯᠪᠢᠬᠤ ᠲᠠᠯ᠎ᠠ ᠪᠠᠷ ᠳᠤᠷᠠᠳᠤᠭᠰᠠᠨ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠢᠨᠠᠨ ᠪᠣᠳᠣᠯᠲᠠ ᠶᠢᠨ ᠠᠷᠭ᠎ᠠ ᠬᠡᠮᠵᠢᠶ᠎ᠡ ᠶᠢᠨ ᠰᠢᠨ᠎ᠡ ᠶᠢ | ᠡᠭᠦᠳᠴᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠴᠢᠷᠮᠠᠶᠢᠨ | ᠳᠡᠭᠡᠭᠰᠢᠯᠡᠭᠦᠯᠪᠡ᠃ | ᠨᠢᠭᠡ ᠳᠤ ᠬᠢᠨᠠᠯᠲᠠ ᠲᠠᠯᠪᠢᠬᠤ ᠴᠢᠭᠯᠡᠯ ᠢ ᠲᠣᠳᠣᠷᠬᠠᠶᠢᠯᠠᠵᠤ᠂ ᠡᠷᠬᠡ ᠶᠢᠨ ᠠᠵᠢᠯᠯᠠᠭᠠᠨ ᠤ ᠬᠢᠨᠠᠨ ᠪᠣᠳᠣᠯᠲᠠ ᠳᠤ ᠠᠩᠬᠠᠷᠤᠯ ᠢᠶᠠᠨ ᠲᠦᠪᠯᠡᠷᠡᠭᠦᠯᠪᠡ᠃ | ᠤᠳᠤᠷᠢᠳᠬᠤ ᠺᠠᠳ᠋ᠷᠴᠤᠳ ᠤᠨ ᠡᠭᠦᠷᠭᠡ ᠲᠤᠰᠢᠶᠠᠯ ᠬᠠᠷᠢᠭᠤᠴᠠᠯᠭ᠎ᠠ ᠶᠢᠨ ᠣᠨᠴᠠᠯᠢᠭ ᠢ ᠦᠨᠳᠦᠰᠦᠯᠡᠨ᠂ ︽ᠡᠷᠬᠡ ᠶᠢ ᠬᠡᠷᠡᠭᠵᠢᠭᠦᠯᠬᠦ︾ ᠪᠠ ︽ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ︾ ᠶᠢᠨ ᠲᠤᠭᠤᠷᠢᠨ ᠳᠤ᠂ ᠭᠤᠣᠯ ᠠᠵᠢᠯ ᠬᠠᠷᠢᠭᠤᠴᠠᠯᠭ᠎ᠠ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ᠂ ᠡᠳ᠋ ᠤᠨ | ᠶᠠᠪᠤᠳᠠᠯ ᠤᠨ ᠬᠠᠮᠢᠶᠠᠷᠤᠯᠲᠠ ᠵᠡᠷᠭᠡ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠨ ᠪᠤᠳᠤᠬᠤ ᠠᠵᠢᠯ ᠢ ᠦᠷᠨᠢᠭᠦᠯᠪᠡ᠃ ᠤᠳᠤᠷᠢᠳᠬᠤ ᠺᠠᠳ᠋ᠷᠴᠤᠳ ᠤᠨ | ᠨᠠᠮ ᠪᠠ ᠤᠯᠤᠰ ᠤᠨ ᠠᠵᠤ ᠠᠬᠤᠢ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ | ᠭᠤᠣᠯᠳᠠᠯᠭ᠎ᠠ ᠲᠠᠢ ᠠᠩᠬᠠᠷᠴᠤ᠂ ᠡᠷᠬᠡ ᠶᠢᠨ ᠠᠵᠢᠯᠯᠠᠭᠠᠨ ᠤ ᠳᠤᠮᠳᠠᠬᠢ ᠡᠬᠢ ᠪᠠᠶᠠᠯᠢᠭ ᠤᠨ ᠬᠤᠪᠢᠶᠠᠷᠢᠯᠠᠯᠲᠠ᠂ ᠲᠥᠷᠥᠯ ᠵᠦᠢᠯ ᠤᠨ ᠬᠢᠨᠠᠨ ᠵᠥᠪᠰᠢᠶᠡᠷᠡᠯ᠂ ᠪᠡᠯᠡ | ᠮᠥᠩᠭᠦ ᠶᠢᠨ ᠬᠤᠪᠢᠶᠠᠷᠢᠯᠠᠯᠲᠠ ᠵᠡᠷᠭᠡ ᠴᠢᠬᠤᠯᠠ ᠶᠡᠭᠡ ᠠᠵᠤ ᠠᠬᠤᠢ ᠶᠢᠨ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠭᠤᠣᠯᠳᠠᠯᠭ᠎ᠠ ᠲᠠᠢ ᠬᠢᠨᠠᠨ ᠪᠤᠳᠤᠬᠤ | ᠬᠡᠪᠴᠢᠶᠡᠨ ᠳᠤ ᠣᠷᠣᠭᠤᠯᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠠᠵᠢᠯᠯᠠᠭᠠᠨ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠᠬᠢ ᠬᠢᠨᠠᠨ ᠪᠣᠳᠣᠯᠲᠠ ᠶᠢᠨ | ᠪᠠᠲᠤᠯᠠᠭ᠎ᠠ ᠶᠢᠨ ᠦᠢᠯᠡᠳᠦᠯ ᠢ ᠣᠯᠠᠨ ᠲᠠᠯ᠎ᠠ ᠠᠴᠠ ᠪᠠᠳᠠᠷᠠᠭᠤᠯᠪᠠ᠃ | ᠬᠤᠶᠠᠷ ᠲᠤ ᠬᠢᠨᠠᠨ ᠪᠣᠳᠣᠯᠲᠠ ᠶᠢᠨ ᠪᠣᠭᠤᠮᠲᠠ ᠶᠢ ᠤᠷᠢᠳᠴᠢᠯᠠᠭᠤᠯᠵᠤ᠂ ᠬᠡᠷᠡᠭ ᠤᠨ ᠲᠠᠷᠠᠭ᠎ᠠ ᠬᠢᠨᠠᠯᠲᠠ ᠲᠠᠯᠪᠢᠬᠤ ᠶᠢ ᠬᠡᠷᠡᠭ ᠤᠨ ᠡᠮᠦᠨ᠎ᠡ ᠰᠡᠷᠭᠡᠶᠢᠯᠡᠬᠦ | ᠪᠣᠯᠭᠠᠨ ᠬᠤᠪᠢᠷᠠᠭᠤᠯᠵᠤ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠡᠷᠲᠡᠬᠡᠨ ᠪᠡᠶᠡᠯᠡᠭᠦᠯᠦᠨ᠎ᠡ᠃ ᠮᠠᠨ ᠤ ᠲᠣᠪᠴᠢᠶ᠎ᠠ 3 ᠵᠢᠯ | ᠳᠠᠷᠠᠭᠠᠯᠠᠨ ︽ᠬᠢᠨᠠᠨ ᠪᠤᠳᠤᠬᠤ ᠬᠢᠴᠢᠶᠡᠯ ᠤᠨ ᠲᠠᠩᠬᠢᠮ︾ ᠢ ᠨᠠᠮ ᠤᠨ ᠰᠤᠷᠭᠠᠭᠤᠯᠢ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠪᠡ᠃ ︽ᠨᠡᠶᠢᠲᠡᠯᠢᠭ ᠠᠩᠭᠢ︾ | ᠶᠢ ᠰᠣᠩᠭᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠣᠨᠣᠯ ᠤᠨ ᠮᠡᠳᠡᠯᠭᠡ ᠶᠢ ᠲᠦᠭᠡᠮᠡᠯᠵᠢᠭᠦᠯᠬᠦ ᠲᠤᠰᠬᠠᠢ ᠰᠡᠳᠦᠪᠲᠦ ᠬᠢᠴᠢᠶᠡᠯ ᠢ ᠥᠷᠨᠢᠭᠦᠯᠵᠦ᠂ ᠳᠡᠷᠭᠡᠳᠡᠬᠢ | ᠦᠨᠡᠨ ᠪᠣᠳᠠᠲᠠᠢ ᠬᠡᠷᠡᠭ ᠤᠨ ᠵᠢᠱᠢᠶ᠎ᠡ ᠪᠠ ᠦᠢᠯᠡᠳᠦᠯᠭᠡ ᠶᠢᠨ ᠳᠤᠮᠳᠠ ᠠᠮᠠᠷᠬᠠᠨ ᠠᠰᠠᠭᠤᠳᠠᠯ ᠭᠠᠷᠬᠤ ᠳᠠᠯᠳᠠ ᠬᠡᠮ ᠪᠠ ᠲᠦᠭᠰᠢᠭᠦᠷᠢ ᠶᠢᠨ ᠴᠡᠭ ᠲᠠᠢ | ᠤᠶᠠᠯᠳᠤᠭᠤᠯᠤᠨ᠂ ᠬᠢᠴᠢᠶᠡᠯᠯᠡᠬᠦ ᠠᠭᠤᠯᠭ᠎ᠠ ᠶᠢ ᠨᠠᠷᠢᠯᠢᠭ ᠣᠨᠣᠴᠠᠲᠠᠢ ᠪᠠᠷ ᠵᠣᠬᠢᠶᠠᠨ ᠪᠠᠶᠢᠭᠤᠯᠵᠤ᠂ ᠠᠵᠤ ᠠᠬᠤᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠪᠠ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠪᠡ᠃ ᠡᠨᠡ ᠵᠢᠯ᠂ ᠬᠢᠨᠠᠨ ᠪᠤᠳᠤᠬᠤ ᠮᠡᠳᠡᠯᠭᠡ ᠶᠢ ᠨᠠᠮ ᠤᠨ ᠰᠤᠷᠭᠠᠭᠤᠯᠢ ᠶᠢᠨ ᠬᠢᠴᠢᠶᠡᠯ ᠤᠨ | ᠲᠠᠩᠬᠢᠮ ᠳᠤ ᠣᠷᠣᠭᠤᠯᠬᠤ ᠠᠵᠢᠯ ᠢ 3 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠰᠠᠯᠠᠭᠠᠨ ᠤ ᠲᠠᠰ ᠠᠴᠠ ᠳᠣᠷᠣᠭᠰᠢᠬᠢ 200 ᠭᠠᠷᠤᠢ ᠺᠠᠳ᠋ᠷ ᠢ | ᠪᠣᠯᠪᠠᠰᠤᠷᠠᠭᠤᠯᠪᠠ᠃ | ᠭᠤᠷᠪᠠ ᠳᠤ ᠬᠢᠨᠠᠨ ᠪᠤᠳᠤᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠬᠢᠨᠠᠯᠲᠠ ᠲᠠᠯᠪᠢᠬᠤ ᠳᠤ ᠪᠠᠯᠠᠢ ᠣᠷᠣᠨ ᠦᠯᠡᠳᠡᠭᠡᠬᠦ ᠦᠭᠡᠢ ᠪᠠᠶᠢᠬᠤ ᠶᠢ ᠦᠨᠡᠨ ᠬᠦ | ᠪᠠᠲᠤᠯᠠᠪᠠ᠃ ᠬᠢᠨᠠᠨ ᠪᠣᠳᠣᠯᠲᠠ ᠶᠢᠨ ︽ᠪᠦᠬᠦᠨ ᠢ ᠬᠠᠮᠤᠷᠬᠤ︾ ᠬᠠᠷᠠᠯᠲᠠ ᠲᠣᠭᠲᠠᠭᠠᠯᠲᠠ ᠶᠣᠰᠣᠭᠠᠷ᠂ ᠬᠢᠨᠠᠨ ᠪᠣᠳᠣᠯᠲᠠ ᠶᠢᠨ ᠶᠠᠰᠤ ᠴᠢᠨᠠᠷ ᠢ ᠪᠠᠲᠤᠯᠠᠬᠤ ᠶᠢᠨ | ᠬᠠᠮᠲᠤ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠭᠤᠣᠯᠳᠠᠯᠭ᠎ᠠ ᠲᠠᠢ | ᠰᠠᠯᠠᠭ᠎ᠠ ᠮᠥᠴᠢᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠭᠤᠣᠯᠳᠠᠯᠭ᠎ᠠ ᠲᠠᠢ ᠤᠳᠤᠷᠢᠳᠬᠤ ᠺᠠᠳ᠋ᠷ ᠢ 5 ᠵᠢᠯ ᠤᠨ ᠳᠣᠲᠣᠷ᠎ᠠ ᠨᠢᠭᠡ ᠤᠳᠠᠭ᠎ᠠ ᠡᠭᠡᠯᠵᠢᠯᠡᠨ | ᠬᠢᠨᠠᠬᠤ ᠶᠢ ᠦᠨᠡᠨ ᠬᠦ ᠪᠠᠲᠤᠯᠠᠨ᠎ᠠ᠃ | ᠳᠥᠷᠪᠡ ᠳᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠠᠮᠵᠢᠯᠴᠠᠨ ᠬᠢᠨᠠᠯᠲᠠ ᠲᠠᠯᠪᠢᠬᠤ ᠬᠠᠮᠲᠤᠷᠠᠯ ᠤᠨ ᠬᠦᠴᠦᠨ ᠢ ᠴᠢᠩᠭᠠᠳᠬᠠᠪᠠ᠃ | ᠣᠶᠢᠷ᠎ᠠ ᠶᠢᠨ ᠵᠢᠯ ᠤᠳ ᠲᠤ᠂ ᠮᠠᠨ ᠤ ᠲᠣᠪᠴᠢᠶ᠎ᠠ ᠠᠵᠢᠯᠲᠠᠨ ᠤ ᠶᠠᠪᠤᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ | ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ | ᠨᠠᠷᠢᠨ ᠳᠠᠩᠰᠠ ᠶᠢ ᠤᠷᠢᠳ ᠢᠶᠠᠷ ᠲᠤᠭᠤᠷᠪᠢᠨ ᠲᠣᠭᠲᠠᠭᠠᠵᠤ᠂ ᠣᠨ ᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠲᠥᠯᠥᠪᠯᠡᠭᠡ ᠶᠢ | ᠬᠠᠮᠲᠤ ᠪᠠᠷ ᠵᠥᠪᠳᠡᠯᠴᠡᠨ ᠲᠣᠭᠲᠠᠭᠠᠵᠤ᠂ ᠬᠡᠷᠡᠭ ᠶᠠᠪᠤᠳᠠᠯ ᠤᠨ ᠳᠤᠮᠳᠠ ᠵᠥᠪᠳᠡᠯᠴᠡᠨ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠬᠢᠨᠠᠭᠰᠠᠨ ᠤ ᠳᠠᠷᠠᠭᠠᠬᠢ | ᠦᠷ᠎ᠡ ᠳ᠋ᠦᠩ ᠢ ᠲᠤᠰ ᠲᠤᠰ ᠲᠤᠨᠢ ᠬᠦᠷᠭᠡᠵᠦ᠂ ︽ᠬᠢᠨᠠᠬᠤ ᠠᠴᠠ ᠡᠮᠦᠨ᠎ᠡ ᠵᠥᠪᠳᠡᠯᠴᠡᠬᠦ᠂ ᠬᠢᠨᠠᠬᠤ ᠶᠠᠪᠤᠴᠠ ᠳᠤ ᠬᠠᠮᠵᠢᠯᠴᠠᠬᠤ᠂ ᠬᠢᠨᠠᠭᠰᠠᠨ ᠤ ᠲᠠᠷᠠᠭ᠎ᠠ | ᠬᠠᠮᠲᠤ ᠪᠠᠷ ᠡᠳ᠋ᠯᠡᠬᠦ︾ ᠪᠦᠬᠦ ᠶᠠᠪᠤᠴᠠ ᠶᠢᠨ ᠬᠠᠮᠵᠢᠯᠴᠠᠬᠤ ᠲᠣᠭᠲᠠᠴᠠ ᠶᠢ ᠪᠤᠢ ᠪᠣᠯᠭᠠᠵᠤ᠂ ᠡᠯ᠎ᠡ ᠡᠭᠦᠷᠭᠡ ᠴᠢᠳᠠᠪᠤᠷᠢᠲᠤ ᠪᠡᠶᠡᠴᠢ ᠴᠣᠭᠴᠠ ᠶᠢᠨ ᠬᠤᠭᠤᠷᠣᠨᠳᠣᠬᠢ | ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠡᠶᠡᠯᠡᠭᠦᠯᠪᠡ᠃ | ﹇ᠬᠥᠲᠥᠯᠥᠭᠴᠢ﹈ ᠶᠠᠮᠠᠷᠪᠠ ᠠᠵᠢᠯ ᠢ ᠬᠢᠬᠦ ᠳᠤ ᠬᠥᠮᠥᠨ ᠪᠣᠯ ᠰᠢᠢᠳᠪᠦᠷᠢᠯᠡᠭᠴᠢ ᠬᠦᠴᠦᠨ ᠵᠦᠢᠯ ᠮᠥᠨ᠂ ᠲᠦᠩᠯᠢᠶᠣᠣ ᠬᠤᠲᠠ ᠶᠢᠨ ᠬᠢᠨᠠᠨ ᠪᠣᠳᠣᠯᠲᠠ ᠶᠢᠨ | ᠲᠣᠪᠴᠢᠶ᠎ᠠ ᠬᠢᠨᠠᠨ ᠪᠣᠳᠣᠬᠤ ᠠᠵᠢᠯᠲᠠᠨ ᠤ ᠬᠠᠮᠢᠶᠠᠷᠤᠯᠲᠠ ᠶᠢ ᠬᠡᠷᠬᠢᠨ ᠴᠢᠩᠭᠠᠳᠬᠠᠳᠠᠭ ᠪᠣᠢ︖ | ﹇ᠵᠤᠤ ᠵᠧ ᠰᠢᠶᠠᠨ﹈ ᠮᠠᠨ ᠤ ᠲᠣᠪᠴᠢᠶ᠎ᠠ ᠶᠡᠷᠦᠩᠬᠡᠢ ᠱᠦᠵᠢ ᠰᠢ ᠶᠢᠨ ᠫᠢᠩ ᠤᠨ ︽ᠬᠢᠨᠠᠨ ᠪᠤᠳᠤᠬᠤ ᠵᠣᠷᠢᠭ ᠰᠠᠨᠠᠭ᠎ᠠ ᠪᠠᠷ ᠪᠡᠶ᠎ᠡ ᠪᠠᠨ ᠲᠣᠭᠲᠠᠨᠢᠭᠤᠯᠵᠤ᠂ | ᠰᠢᠨ᠎ᠡ ᠶᠢ ᠡᠭᠦᠳᠬᠦ ᠵᠢᠷᠤᠮᠵᠢᠯ ᠢᠶᠠᠷ ᠦᠢᠯᠡᠰ ᠪᠣᠰᠬᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠷ ᠢᠶᠠᠨ ᠢᠲᠡᠭᠡᠯ ᠲᠠᠢ ᠪᠣᠯᠬᠤ︾ ᠴᠢᠬᠤᠯᠠ ᠵᠢᠭᠠᠪᠤᠷᠢ ᠶᠢᠨ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠬᠢᠨᠠᠨ ᠪᠤᠳᠤᠬᠤ ᠡᠩᠨᠡᠭᠡ ᠶᠢ ᠴᠢᠷᠮᠠᠶᠢᠨ ᠪᠠᠶᠢᠭᠤᠯᠪᠠ | ᠃ | ᠨᠢᠭᠡ ᠳᠤ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠠᠮ ᠤᠨ ᠴᠢᠬᠤᠯᠠ ᠶᠡᠭᠡ ᠰᠢᠨ᠎ᠡ ᠶᠢ ᠡᠭᠦᠳᠬᠦ | ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠪᠠᠷᠢᠮᠳᠠᠯᠠᠪᠠ᠃ ᠤᠯᠤᠰ ᠲᠥᠷᠥ ᠶᠢᠨ | ᠤᠳᠤᠷᠢᠳᠤᠮᠵᠢ᠂ ᠤᠯᠤᠰ ᠲᠥᠷᠥ ᠶᠢᠨ ᠱᠠᠭᠠᠷᠳᠠᠯᠭ᠎ᠠ ᠶᠢ ᠬᠢᠨᠠᠨ ᠪᠤᠳᠤᠬᠤ ᠠᠵᠢᠯ ᠳᠤ ᠢᠮᠠᠭᠲᠠ ᠲᠤᠤᠱᠯᠠᠭᠤᠯᠵᠤ᠂ ᠤᠯᠤᠰ ᠲᠥᠷᠥ ᠶᠢᠨ ᠬᠠᠷᠠᠴᠠ ᠪᠠᠷ ᠠᠵᠤ | ᠠᠬᠤᠢ ᠨᠡᠶᠢᠭᠡᠮ ᠤᠨ ᠠᠰᠠᠭᠤᠳᠠᠯ ᠢ ᠠᠵᠢᠭᠯᠠᠬᠤ ᠪᠠ ᠵᠠᠳᠠᠯᠬᠤ ᠴᠢᠳᠠᠪᠤᠷᠢ ᠶᠢ ᠢᠳᠡᠪᠬᠢᠲᠡᠢ ᠪᠠᠷ ᠬᠥᠮᠥᠵᠢᠭᠦᠯᠦᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ | ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠭᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠬᠤᠶᠠᠷ ᠲᠤ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠪᠠ᠃ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ | ᠪᠣᠳᠠᠲᠠᠢ ᠬᠠᠤᠯᠢ ᠶᠣᠰᠣᠨ ᠤ ᠦᠷ᠎ᠡ ᠠᠰᠢᠭ ᠲᠤ ᠭᠤᠤᠯᠯᠠᠭᠤᠯᠤᠨ᠂ ᠬᠢᠨᠠᠨ ᠪᠣᠳᠣᠯᠲᠠ ᠶᠢᠨ ᠡᠷᠳᠡᠮ ᠴᠢᠳᠠᠪᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ | ᠱᠠᠲᠤᠨ ᠳᠤ ᠲᠤᠰᠢᠶᠠᠯ ᠡᠭᠦᠷᠭᠡᠯᠡᠭᠦᠯᠦᠨ ᠳᠣᠣᠷᠠᠳᠤ ᠱᠠᠲᠤᠨ ᠳᠤ ᠲᠣᠮᠢᠯᠠᠬᠤ᠂ ᠠᠬᠠᠮᠠᠳ ᠢᠶᠠᠷ ᠰᠢᠨ᠎ᠡ ᠶᠢ ᠳᠠᠶᠢᠴᠢᠯᠠᠬᠤ᠂ ᠬᠢᠨᠠᠨ ᠪᠤᠳᠤᠯᠲᠠ ᠪᠠᠷ ᠪᠣᠯᠪᠠᠰᠤᠷᠠᠯ ᠢ | ᠣᠷᠣᠯᠠᠭᠤᠯᠬᠤ ᠵᠡᠷᠭᠡ ᠠᠷᠭ᠎ᠠ ᠬᠡᠯᠪᠡᠷᠢ ᠶᠢ ᠠᠪᠴᠤ᠂ ᠵᠠᠯᠠᠭᠤ ᠬᠢᠨᠠᠨ ᠪᠣᠳᠣᠯᠲᠠ ᠶᠢᠨ ᠺᠠᠳ᠋ᠷ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠢᠨᠠᠨ | ᠪᠣᠳᠣᠯᠲᠠ ᠶᠢᠨ ᠺᠠᠳ᠋ᠷ ᠤᠨ ︽ᠪᠠᠶᠢᠴᠠᠭᠠᠬᠤ᠂ ᠶᠠᠷᠢᠬᠤ᠂ ᠪᠢᠴᠢᠬᠦ︾ ᠴᠢᠳᠠᠪᠤᠷᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠵᠦ᠂ ᠵᠠᠯᠠᠭᠤ ᠺᠠᠳ᠋ᠷᠴᠤᠳ ᠢ ᠬᠢᠨᠠᠨ | ᠪᠣᠳᠣᠯᠲᠠ ᠶᠢᠨ ᠨᠢᠭᠡᠳᠦᠭᠡᠷ ᠹᠷᠣᠨᠲ ᠲᠤ ᠲᠠᠪᠲᠠᠨ ᠪᠤᠯᠪᠠᠰᠤᠷᠠᠭᠤᠯᠪᠠ᠃ | ᠭᠤᠷᠪᠠ ᠳᠤ ᠱᠠᠲᠤᠯᠵᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠪᠡ᠃ ᠲᠤᠰᠢᠶᠠᠯ ᠳᠡᠪᠰᠢᠬᠦ᠂ ᠮᠡᠷᠭᠡᠵᠢᠯ ᠤᠨ ᠴᠣᠯᠠ ᠤᠷᠢᠵᠤ ᠲᠣᠮᠢᠯᠠᠬᠤ ᠬᠤᠶᠠᠷ | ᠠᠷᠭ᠎ᠠ ᠵᠠᠮ ᠢ ᠦᠷᠭᠦᠯᠵᠢᠯᠡᠨ ᠰᠠᠭᠠᠳ ᠦᠭᠡᠢ ᠨᠠᠪᠲᠠᠷᠡᠭᠦᠯᠵᠦ᠂ ᠺᠠᠳ᠋ᠷ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠺᠠᠳ᠋ᠷ ᠢ ᠬᠢᠨᠠᠨ ᠰᠢᠯᠭᠠᠵᠤ | ᠦᠨᠡᠯᠡᠬᠦ ᠬᠠᠮᠢᠶᠠᠷᠤᠯᠲᠠ ᠶᠢᠨ ᠠᠷᠭ᠎ᠠ ᠪᠠ ᠳᠤᠮᠳᠠᠳᠦ ᠤᠷᠲᠤ ᠬᠤᠭᠤᠴᠠᠭᠠᠨ ᠤ ᠬᠥᠮᠥᠵᠢᠭᠦᠯᠬᠦ ᠲᠥᠯᠥᠪᠯᠡᠭᠡ ᠶᠢ ᠲᠣᠭᠲᠠᠭᠠᠵᠤ᠂ ᠲᠥᠯᠥᠪᠯᠡᠭᠡ ᠲᠠᠢ ᠪᠠᠷ ᠦᠨᠡᠯᠡᠨ | ᠲᠤᠭᠳᠠᠭᠠᠵᠤ ᠤᠷᠢᠵᠤ ᠳᠡᠪᠰᠢᠭᠦᠯᠦᠨ ᠰᠢᠯᠵᠢᠭᠦᠯᠵᠦ᠂ ᠬᠢᠨᠠᠨ ᠪᠤᠳᠤᠬᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ᠂ ᠠᠵᠢᠯ ᠬᠢᠵᠦ ᠦᠢᠯᠡᠰ ᠪᠣᠰᠬᠠᠬᠤ ᠶᠢ | ᠬᠦᠭᠵᠢᠭᠡᠪᠡ᠃ | ﹇ᠬᠥᠲᠥᠯᠥᠭᠴᠢ﹈ ᠬᠤᠲᠠ ᠶᠢᠨ ᠬᠢᠨᠠᠨ ᠪᠣᠳᠣᠯᠲᠠ ᠶᠢᠨ ᠲᠣᠪᠴᠢᠶ᠎ᠠ ᠬᠡᠷᠬᠢᠨ ᠬᠢᠨᠠᠨ ᠪᠤᠳᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠥᠨᠳᠥᠷᠴᠡ᠂ ᠭᠦᠨᠴᠡ | ᠪᠠ ᠥᠷᠭᠡᠴᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠠᠵᠤ ᠠᠬᠤᠢ ᠶᠢᠨ ᠪᠠᠶᠢᠴᠠᠭᠠᠯᠲᠠ︾ ᠶᠢᠨ ᠪᠠᠶᠢᠩᠭᠤ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ | ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠨᠡᠩ ᠰᠠᠶᠢᠨ ᠦᠢᠯᠡᠴᠢᠯᠡᠬᠦ ᠪᠤᠶ︖ | ﹇ᠵᠤᠸᠠᠩ ᠯᠦ ᠺᠧ﹈ ᠣᠳᠣᠬᠠᠨ ᠳᠤ᠂ ᠪᠦᠬᠦ ᠬᠤᠲᠠ ᠶᠢᠨ ᠠᠵᠤ ᠠᠬᠤᠢ ᠶᠠᠭ ᠳᠠᠪᠠᠭ᠎ᠠ ᠳᠠᠪᠠᠭ᠋ᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠬᠢᠵᠢᠭ ᠵᠡᠷᠭᠡ | ᠡᠯᠧᠮᠧᠨ᠋ᠲ ᠶᠢᠨ ᠨᠥᠯᠥᠭᠡ ᠠᠴᠠ ᠪᠣᠯᠵᠤ᠂ ᠠᠵᠤ ᠠᠬᠤᠢ ᠪᠠᠭᠤᠷᠠᠬᠤ ᠳᠠᠷᠤᠯᠲᠠ ᠮᠥᠨᠬᠦ ᠣᠷᠣᠰᠢᠵᠤ᠂ ᠴᠢᠬᠤᠯᠠ ᠶᠡᠭᠡ ᠲᠦᠷᠦᠯ ᠵᠦᠢᠯ ᠤᠨ ᠪᠡᠯᠡ | ᠣᠷᠣᠭᠤᠯᠤᠯᠲᠠ ᠶᠢᠨ ᠳᠠᠶᠢᠴᠢᠯᠠᠯᠲᠠ ᠤᠳᠠᠭᠠᠰᠢᠷᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠭᠦᠯᠦᠯᠲᠡ ᠶᠢ ᠴᠢᠨᠠᠭᠰᠢᠳᠠ ᠠᠬᠢᠭᠤᠯᠬᠤ ᠴᠢᠬᠤᠯᠠᠲᠠᠢ ᠪᠠᠶᠢᠨ᠎ᠠ᠃ | ᠬᠢᠨᠠᠨ ᠪᠣᠳᠣᠯᠲᠠ ᠶᠢᠨ ᠲᠤᠪᠴᠢᠶ᠎ᠠ ᠤᠯᠤᠰ ᠲᠦᠷᠦ ᠶᠢᠨ ᠪᠠᠶᠢᠭᠤᠯᠭ᠎ᠠ ᠪᠠ ᠬᠤᠷᠸ᠎ᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠳᠠᠷᠠᠭᠠᠬᠢ | ᠭᠤᠷᠪᠠᠨ ᠲᠠᠯ᠎ᠠ ᠪᠠᠷ ᠦᠢᠯᠡᠳᠦᠯ ᠢᠶᠠᠨ ᠭᠤᠣᠯᠳᠠᠯᠭ᠎ᠠ ᠲᠠᠢ ᠪᠠᠳᠠᠷᠠᠭᠤᠯᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠨᠡᠩ | ᠰᠠᠶᠢᠲᠤᠷ ᠦᠢᠯᠡᠴᠢᠯᠡᠬᠦ ᠪᠠᠷ ᠪᠤᠢ᠃ | ᠨᠢᠭᠡᠳᠦᠭᠡᠷ ᠲᠤ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠬᠦᠴᠦ | ᠨᠡᠮᠡᠷᠢᠯᠡᠨ᠎ᠡ᠃ ᠪᠢᠳᠡ ᠲᠣᠰ ᠪᠡᠶ᠎ᠡ ᠶᠢᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠠᠰᠢᠭᠯᠠᠨ᠂ ᠥᠷᠢ ᠥᠭᠴᠡᠭᠡ ᠶᠢᠨ ᠬᠢᠨᠠᠨ ᠪᠣᠳᠣᠯᠲᠠ ᠶᠢ ᠭᠦᠨᠵᠡᠭᠡᠶᠢᠷᠡᠭᠦᠯᠦᠨ᠂ | ᠵᠠᠩᠭᠢᠯᠠᠭ᠎ᠠ ᠶᠢᠨ ᠤᠬᠠᠮᠰᠠᠷ ᠢᠶᠠᠨ ᠴᠢᠩᠭᠠᠷᠠᠭᠤᠯᠵᠤ᠂ ᠬᠠᠷᠠᠯᠲᠠ ᠶᠢᠨ ᠴᠢᠭᠯᠡᠯ ᠢᠶᠠᠷ ᠬᠦᠴᠦᠯᠡᠨ ᠴᠢᠷᠮᠠᠶᠢᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠳᠤ ᠬᠦᠴᠦᠨ ᠨᠡᠮᠡᠷᠢᠯᠡᠨ᠎ᠡ᠃ ᠡᠳ᠋ ᠤᠨ ᠵᠠᠰᠠᠭ᠂ ᠮᠥᠩᠭᠦᠨ ᠭᠦᠢᠯᠭᠡᠭᠡ᠂ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ᠂ ᠤᠯᠤᠰ ᠤᠨ | ᠦᠮᠴᠢᠯᠡᠯᠲᠦ ᠠᠵᠤ ᠠᠬᠤᠶᠢᠯᠠᠯ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠪᠠᠭᠤᠷᠠᠢ ᠭᠤᠭᠴᠤᠭ᠎ᠠ ᠶᠢ ᠨᠢᠭᠲᠠ ᠠᠩᠬᠠᠷᠴᠤ᠂ ᠠᠶᠤᠯ ᠲᠦᠭᠰᠢᠭᠦᠷᠢ ᠶᠢᠨ ᠲᠠᠯᠳᠠ | ᠭᠡᠮ ᠢ ᠢᠯᠡᠷᠡᠭᠦᠯᠦᠨ᠎ᠡ︔ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠶᠢ ᠠᠩᠬᠠᠷᠴᠤ᠂ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ | ᠳᠠᠭᠠᠭᠠᠯᠲᠠ ᠶᠢᠨ ᠬᠡᠯᠬᠢᠶ᠎ᠡ ᠪᠠ ᠪᠡᠯᠡ ᠮᠥᠩᠭᠦᠨ ᠤ ᠬᠡᠯᠬᠢᠶ᠎ᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ︔ PPP ᠲᠦᠷᠦᠯ ᠵᠦᠢᠯ᠂ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠵᠠᠰᠠᠭ ᠤᠨ ᠣᠷᠳᠣᠨ ᠤ ᠳᠠᠯᠳᠠ ᠥᠭᠴᠡᠭᠡ ᠣᠷᠣᠰᠢᠵᠤ ᠮᠡᠳᠡᠬᠦ ᠰᠢᠨ᠎ᠡ ᠪᠠᠷ ᠨᠡᠮᠡᠭᠳᠡᠭᠰᠡᠨ ᠬᠦᠷᠢᠶ᠎ᠡ ᠶᠢ | ᠠᠩᠬᠠᠷᠴᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠤᠪᠢᠷᠠᠯᠲᠠ ᠶᠢ ᠠᠩᠬᠠᠷᠴᠤ᠂ ᠬᠤᠯᠪᠣᠭᠳᠠᠯ ᠪᠦᠬᠦᠢ | ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠬᠤ ᠶᠢ ᠲᠦᠯᠬᠢᠨ ᠠᠬᠢᠭᠤᠯᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠪᠠᠷ ᠣᠷᠣᠨ ᠨᠤᠲᠤᠭ ᠤᠨ ᠵᠠᠰᠠᠭ ᠤᠨ | ᠣᠷᠳᠣᠨ ᠤ ᠥᠭᠴᠡᠭᠡᠨ ᠤ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠣᠷᠣᠨ ᠨᠤᠲᠤᠭ ᠤᠨ | ᠵᠠᠰᠠᠭ ᠤᠨ ᠣᠷᠳᠣᠨ ᠤ ᠲᠠᠯᠳᠠ ᠥᠭᠴᠡᠭᠡ ᠶᠢ ᠠᠷᠢᠯᠭᠠᠬᠤ ᠲᠥᠯᠥᠪᠯᠡᠭᠡ ᠶᠢ ᠨᠠᠶᠢᠳᠠᠪᠤᠷᠢᠵᠢᠭᠤᠯᠤᠨ᠂ ᠥᠭᠴᠡᠭᠡᠨ ᠤ ᠠᠶᠤᠯ ᠲᠦᠭᠰᠢᠭᠦᠷᠢ ᠶᠢ ᠡᠳᠦᠷ ᠲᠤᠳᠤᠮ ᠤᠨ | ᠬᠢᠨᠠᠨ ᠡᠵᠡᠮᠳᠡᠬᠦ ᠪᠠ ᠵᠠᠳᠠᠯᠬᠤ ᠶᠢ ᠴᠢᠩᠭᠠᠳᠬᠠᠵᠤ᠂ ᠥᠭᠴᠡᠭᠡᠨ ᠤ ᠠᠶᠤᠯ ᠲᠦᠭᠰᠢᠭᠦᠷᠢ ᠶᠢ ᠰᠡᠷᠡᠮᠵᠢᠯᠡᠭᠦᠯᠬᠦ ᠲᠣᠭᠲᠠᠴᠠ ᠪᠠ ᠠᠷᠭᠠᠴᠠᠬᠤ ᠪᠡᠯᠡᠳᠬᠡᠯ ᠲᠥᠰᠥᠯ ᠢ | ᠪᠠᠶᠢᠭᠤᠯᠤᠨ ᠲᠡᠭᠦᠯᠳᠡᠷᠵᠢᠭᠦᠯᠦᠨ᠎ᠡ᠃ | ᠬᠤᠶᠠᠳᠤᠭᠠᠷ ᠲᠠᠯ᠎ᠠ ᠪᠠᠷ᠂ ︽ᠭᠤᠷᠪᠠᠨ ᠶᠡᠭᠡ ᠬᠤᠪᠢᠰᠤᠯᠲᠠ︾ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠴᠢᠨᠠᠷ ᠰᠠᠶᠢᠲᠠᠢ | ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠤᠨ᠎ᠠ᠃ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ | ᠬᠦᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠦᠩᠭᠡᠷᠡᠬᠦ ᠵᠠᠩᠭᠢᠯᠠᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠪᠣᠯᠣᠨ᠎ᠠ᠃ | ᠨᠢᠭᠡ ᠳᠤ ᠪᠢᠳᠡ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠴᠢᠬᠤᠯᠠ ᠶᠡᠭᠡ ᠲᠦᠷᠦ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠤᠨ᠎ᠠ᠃ ᠠᠵᠤ | ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠳᠣᠣᠷ᠎ᠠ᠂ ᠬᠠᠷᠠᠯᠲᠠ ᠡᠭᠦᠷᠭᠡ ᠪᠣᠳᠠᠲᠠᠢ ᠠᠴᠠ ᠰᠠᠯᠤᠩᠬᠢᠷᠠᠭᠰᠠᠨ᠂ ᠲᠦᠷᠦ ᠶᠢᠨ ᠪᠣᠳᠣᠯᠭ᠎ᠠ ᠶᠢ ᠰᠣᠩᠭᠤᠯᠲᠠ ᠲᠠᠢ ᠪᠠᠷ | ᠬᠡᠷᠡᠭᠵᠢᠭᠦᠯᠬᠦ ᠵᠡᠷᠭᠡ ᠲᠣᠪᠣᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠢᠯᠡᠴᠢᠯᠡᠵᠦ᠂ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠬᠦᠴᠦᠯᠡᠨ ᠠᠷᠢᠯᠭᠠᠵᠤ᠂ | ᠬᠥᠭᠵᠢᠯᠲᠡ ᠶᠢᠨ ᠰᠢᠨ᠎ᠡ ᠬᠦᠳᠡᠯᠭᠡᠬᠦ ᠬᠦᠴᠦᠨ ᠢ ᠬᠥᠭᠵᠢᠭᠡᠵᠦ᠂ ᠴᠢᠬᠤᠯᠠ ᠶᠡᠭᠡ ᠲᠦᠷᠦ ᠶᠢᠨ ᠪᠣᠳᠣᠯᠭ᠎ᠠ ᠶᠢ ᠪᠤᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠲᠦᠷᠦ ᠶᠢᠨ ᠪᠣᠳᠣᠯᠭ᠎ᠠ ᠶᠢᠨ ᠪᠦᠬᠦᠯᠢ ᠴᠣᠭᠴᠠᠲᠤ ᠴᠢᠨᠠᠷ ᠰᠢᠰᠲ᠋ᠧᠮᠲᠦ ᠴᠢᠨᠠᠷ ᠬᠠᠮᠵᠢᠯᠴᠠᠬᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ | ᠬᠦᠭᠵᠢᠭᠦᠯᠦᠯᠲᠡ ᠶᠢ ᠠᠬᠢᠭᠤᠯᠤᠨ᠎ᠠ᠃ ᠬᠤᠶᠠᠷ ᠲᠤ ᠰᠠᠭᠤᠷᠢ ᠴᠢᠨᠠᠷᠲᠠᠢ ᠵᠠᠩᠭᠢᠯᠠᠭ᠎ᠠ ᠶᠢᠨ ᠬᠦᠷᠢᠶ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠴᠢᠬᠤᠯᠠ ᠬᠦᠷᠢᠶ᠎ᠡ᠂ ᠴᠢᠬᠤᠯᠠ | ᠲᠦᠷᠦᠯ ᠵᠦᠢᠯ᠂ ᠴᠢᠬᠤᠯᠠ ᠪᠡᠯᠡ ᠮᠥᠩᠭᠦ ᠶᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠣᠯᠠᠨ ᠨᠡᠶᠢᠲᠡ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ ᠬᠦᠨᠳᠦ ᠶᠡᠭᠡ ᠵᠥᠷᠢᠴᠡᠭᠰᠡᠨ᠂ ᠬᠦᠨᠳᠦ ᠶᠡᠭᠡ ᠬᠤᠬᠢᠷᠠᠭᠤᠯᠤᠨ ᠪᠦᠷᠢᠯᠭᠡᠭᠰᠡᠨ᠂ | ᠬᠦᠨᠳᠦ ᠶᠡᠭᠡ ᠠᠮᠤᠷ ᠲᠦᠪᠰᠢᠨ ᠤ ᠲᠠᠯᠳᠠ ᠭᠡᠮ ᠢ ᠢᠯᠡᠴᠢᠯᠡᠬᠦ ᠶᠢ ᠴᠢᠬᠤᠯᠠᠴᠢᠯᠠᠨ᠎ᠠ᠃ ᠭᠤᠷᠪᠠ ᠳᠤ ᠤᠯᠤᠰ ᠤᠨ ᠦᠮᠴᠢᠯᠡᠯᠲᠦ ᠠᠵᠤ ᠠᠬᠤᠶᠢᠯᠠᠯ ᠪᠠ ᠤᠯᠤᠰ ᠤᠨ | ᠦᠮᠴᠢᠯᠡᠯᠲᠦ ᠬᠥᠷᠥᠩᠭᠡ ᠶᠢᠨ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠵᠦ᠂ ᠤᠯᠤᠰ ᠤᠨ ᠦᠮᠴᠢᠯᠡᠯᠲᠦ ᠠᠵᠤ ᠠᠬᠤᠢ ᠶᠢᠨ ᠠᠮᠢᠵᠢᠷᠠᠯ ᠤᠨ | ᠬᠦᠴᠦᠨ᠂ ᠡᠵᠡᠮᠳᠡᠬᠦ ᠬᠦᠴᠦᠨ᠂ ᠨᠥᠯᠥᠭᠡᠯᠡᠬᠦ ᠬᠦᠴᠦᠨ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠳᠥᠷᠪᠡ ᠳᠤ | ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠪᠦᠷᠭᠡ ᠶᠢᠨ ᠲᠤᠭᠤᠷᠢᠭ ᠤᠨ ᠥᠭᠡᠷᠡᠴᠢᠯᠡᠯᠲᠡ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ | ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠪᠡᠯᠡ ᠮᠥᠩᠭᠦ ᠪᠠ ᠲᠦᠷᠦᠯ ᠵᠦᠢᠯ ᠤᠨ ᠬᠢᠨᠠᠨ ᠪᠤᠳᠤᠬᠤ ᠡᠷᠴᠢᠮ ᠢ ᠴᠢᠩᠭᠠᠷᠠᠭᠤᠯᠵᠤ᠂ ᠤᠯᠠᠨ | ᠨᠡᠶᠢᠲᠡ ᠶᠢᠨ ᠪᠡᠯᠡ ᠮᠥᠩᠭᠦ᠂ ᠤᠯᠠᠨ ᠨᠡᠶᠢᠲᠡ ᠶᠢᠨ ᠡᠳ᠋ ᠬᠥᠷᠥᠩᠭᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠭᠤᠣᠯᠴᠢ ᠪᠥᠭᠡᠳ ᠵᠦᠢ ᠵᠣᠬᠢᠰᠲᠠᠢ | ᠬᠤᠪᠢᠶᠠᠷᠢᠯᠠᠯᠲᠠ ᠶᠢ ᠨᠡᠩ ᠠᠩᠬᠠᠷᠴᠤ᠂ ᠤᠯᠤᠰ ᠤᠨ ᠠᠷᠠᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ ᠲᠦᠷᠦ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠥᠭᠵᠢᠯᠲᠡ ᠶᠢ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ᠃ | ᠭᠤᠷᠪᠠᠳᠤᠭᠠᠷ ᠲᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤᠷᠢᠳᠬᠤ ᠺᠠᠳ᠋ᠷᠴᠤᠳ ᠤᠨ ᠴᠢᠨᠠᠷ ᠰᠠᠶᠢᠲᠠᠢ | ᠬᠦᠭᠵᠢᠭᠦᠯᠦᠯᠲᠡ ᠳᠤ ᠬᠦᠴᠦᠨ ᠢᠶᠠᠨ ᠲᠦᠪᠯᠡᠷᠡᠭᠦᠯᠬᠦ ᠶᠢ ᠠᠬᠢᠭᠤᠯᠤᠨ᠎ᠠ᠃ ᠪᠢᠳᠡ ᠤᠳᠤᠷᠢᠳᠬᠤ ᠺᠠᠳ᠋ᠷᠴᠤᠳ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ | ᠪᠣᠳᠣᠯᠲᠠ ᠶᠢ ᠭᠦᠨᠵᠡᠭᠡᠶᠢᠷᠡᠭᠦᠯᠬᠦ ᠪᠠᠷ ᠲᠤᠯᠬᠤ ᠴᠡᠭ ᠪᠣᠯᠭᠠᠵᠤ᠂ ᠤᠳᠤᠷᠢᠳᠬᠤ ᠺᠠᠳ᠋ᠷᠴᠤᠳ ᠤᠨ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ | ᠬᠦᠭᠵᠢᠭᠦᠯᠦᠯᠲᠡ ᠳᠤ ᠠᠩᠬᠠᠷᠤᠯ ᠢᠶᠠᠨ ᠲᠥᠪᠯᠡᠷᠡᠭᠦᠯᠬᠦ ᠶᠢ ᠠᠬᠢᠭᠤᠯᠤᠨ᠎ᠠ᠃ ᠤᠳᠤᠷᠢᠳᠬᠤ ᠺᠠᠳ᠋ᠷᠴᠤᠳ ᠤᠨ ᠲᠥᠪ ᠤᠨ ᠦᠨᠳᠦᠰᠦᠨ ᠪᠣᠳᠣᠯᠭ᠎ᠠ ᠴᠢᠭᠯᠡᠯᠲᠡ ᠪᠣᠯᠣᠨ | ᠣᠷᠣᠨ ᠨᠤᠲᠤᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ᠂ ︽ | ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠢ ᠦᠢᠯᠡᠳᠦᠯᠭᠡᠵᠢᠭᠦᠯᠬᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠭᠠᠷᠳᠠᠯᠭ᠎ᠠ ᠶᠢ | ᠦᠢᠯᠡᠳᠦᠯᠭᠡᠵᠢᠭᠦᠯᠬᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ᠂ ︽ᠬᠦᠬᠡ ᠠᠭᠤᠯᠠ ᠬᠥᠬᠡᠮᠳᠦᠭ | ᠤᠰᠤ ᠪᠣᠯ ᠠᠯᠲᠠ ᠮᠥᠩᠭᠦᠨ ᠠᠭᠤᠯᠠ ᠮᠦᠨ︾ ᠵᠡᠷᠭᠡ ᠶᠢ ᠦᠢᠯᠡᠳᠦᠯᠭᠡᠵᠢᠭᠦᠯᠦᠭᠰᠡᠨ ᠪᠠᠶᠢᠳᠠᠯ ᠢ ᠬᠢᠨᠠᠨ ᠪᠣᠳᠣᠯᠲᠠ ᠶᠢᠨ ᠬᠦᠴᠦᠯᠡᠬᠦ ᠴᠡᠭ ᠪᠣᠯᠭᠠᠵᠤ᠂ | ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠰᠢᠨ᠎ᠡ ᠶᠢ ᠡᠭᠦᠳᠦᠨ ᠬᠥᠭᠵᠢᠭᠦᠯᠬᠦ᠂ ᠲᠡᠩᠴᠡᠭᠦᠷᠢᠲᠡᠢ ᠬᠥᠭᠵᠢᠭᠦᠯᠬᠦ ᠶᠢ ᠠᠬᠢᠭᠤᠯᠤᠨ᠎ᠠ᠃ ᠬᠢᠨᠠᠨ ᠪᠤᠳᠤᠬᠤ | ᠶᠠᠪᠤᠴᠠ ᠳᠤ ᠪᠢᠳᠡ ᠵᠣᠷᠢᠭᠲᠠᠢ ᠪᠠᠷ ᠬᠢᠨᠠᠯᠲᠠ ᠲᠠᠯᠪᠢᠵᠤ᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠢᠶᠠᠷ | ᠢᠯᠡᠷᠡᠭᠦᠯᠦᠨ ᠪᠠᠶᠢᠴᠠᠭᠠᠨ ᠰᠢᠢᠳᠪᠦᠷᠢᠯᠡᠵᠦ᠂ ᠨᠠᠮ ᠤᠨ ᠰᠠᠬᠢᠯᠭ᠎ᠠ ᠪᠠᠲᠦ ᠤᠯᠤᠰ ᠤᠨ ᠬᠠᠤᠯᠢ ᠶᠢᠨ ᠡᠷᠬᠡ ᠰᠦᠷ ᠢ ᠬᠠᠮᠠᠭᠠᠯᠠᠨ᠎ᠠ︔ ᠪᠠᠰᠠ ᠬᠢᠨᠠᠯᠲᠠ | ᠲᠠᠯᠪᠢᠬᠤ ᠳᠠᠭᠠᠨ ᠴᠢᠳᠠᠮᠠᠭᠠᠢ ᠪᠠᠶᠢᠵᠤ᠂ ᠪᠣᠯᠭᠤᠮᠵᠢᠲᠠᠢ ᠪᠠᠷ ᠰᠢᠢᠳᠪᠦᠷᠢᠯᠡᠬᠦ ᠰᠢᠳᠬᠡᠯ ᠥᠭᠴᠦ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ | ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠭᠤᠷᠪᠠ ᠶᠢ ᠢᠯᠭᠠᠬᠤ︾ ᠪᠠᠷ ᠠᠰᠠᠭᠤᠳᠠᠯ ᠤᠨ ᠰᠢᠨᠵᠢ ᠴᠢᠨᠠᠷ ᠢ ᠲᠣᠭᠲᠠᠭᠠᠵᠤ | ᠬᠠᠷᠢᠭᠤᠴᠠᠯᠭ᠎ᠠ ᠶᠢ ᠲᠣᠭᠲᠠᠭᠠᠬᠤ ᠶᠢᠨ ᠵᠢᠯᠤᠭᠤᠳᠬᠤ ᠦᠨᠳᠦᠰᠦᠯᠡᠯ ᠪᠣᠯᠭᠠᠬᠤ ᠶᠢ ᠪᠠᠷᠢᠮᠲᠠᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠺᠠᠳ᠋ᠷᠴᠤᠳ ᠲᠤ | ᠬᠠᠷᠢᠭᠤᠴᠠᠵᠤ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠡᠪ ᠵᠠᠭᠪᠤᠷ ᠢ ᠬᠠᠮᠠᠭᠠᠯᠠᠬᠤ ᠶᠢ ᠨᠡᠩ ᠴᠢᠬᠤᠯᠠᠴᠢᠯᠠᠵᠤ᠂ ᠬᠠᠤᠯᠢ | ᠶᠣᠰᠣᠭᠠᠷ ᠬᠢᠨᠠᠨ ᠪᠤᠳᠤᠬᠤ ᠡᠷᠴᠢᠮ ᠲᠠᠢ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠳᠤ ︽ᠳᠤᠲᠤᠨᠤᠰᠤᠭ︾ | ᠪᠠᠶᠢᠬᠤ ᠶᠢ ᠪᠡᠶᠡᠯᠡᠭᠦᠯᠵᠦ᠂ ᠠᠵᠢᠯ ᠦᠢᠯᠡᠰ ᠪᠣᠰᠬᠠᠬᠤ ᠶᠢ ᠵᠣᠷᠢᠭᠵᠢᠭᠤᠯᠬᠤ ᠪᠠ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠣᠷᠴᠢᠨ | ᠲᠣᠭᠤᠷᠢᠨ ᠢ ᠪᠤᠢ ᠪᠣᠯᠭᠠᠵᠤ᠂ ᠺᠠᠳ᠋ᠷᠴᠤᠳ ᠤᠨ ᠠᠵᠢᠯ ᠬᠢᠬᠦ ᠶᠢ ᠪᠤᠳᠤᠬᠤ᠂ ᠵᠣᠷᠢᠭᠲᠠᠢ ᠪᠠᠷ ᠠᠵᠢᠯ ᠬᠢᠬᠦ᠂ ᠦᠨᠡᠨ ᠬᠦ ᠠᠵᠢᠯ ᠬᠢᠬᠦ᠂ ᠠᠵᠢᠯ ᠬᠢᠵᠦ ᠪᠦᠲᠦᠭᠡᠬᠦ ᠶᠢ | ᠠᠬᠢᠭᠤᠯᠵᠤ᠂ ᠴᠢᠨᠠᠷ ᠰᠠᠶᠢᠲᠠᠢ ᠬᠦᠭᠵᠢᠭᠦᠯᠦᠯᠲᠡ ᠶᠢ ᠨᠡᠩ ᠰᠠᠶᠢᠲᠤᠷ ᠠᠬᠢᠭᠤᠯᠤᠨ᠎ᠠ᠃ | ﹇ᠬᠦᠲᠦᠯᠦᠭᠴᠢ﹈ ᠬᠤᠳᠠ ᠶᠢᠨ ᠬᠢᠨᠠᠨ ᠪᠤᠳᠤᠯᠲᠠ ᠶᠢᠨ ᠲᠣᠪᠴᠢᠶ᠎ᠠ ᠬᠡᠷᠬᠢᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠭᠤᠣᠯᠳᠠᠯᠭ᠎ᠠ ᠲᠠᠢ ᠠᠵᠢᠯ ᠤᠨ | ᠲᠣᠭᠤᠷᠢᠨ ᠳᠤ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠳᠡᠭᠡᠷ᠎ᠡ ᠦᠷᠭᠦᠯᠵᠢᠯᠡᠨ ᠬᠦᠴᠦᠯᠡᠵᠦ᠂ ᠬᠢᠨᠠᠨ ᠪᠤᠳᠤᠬᠤ ᠡᠭᠦᠷᠭᠡ | ᠴᠢᠳᠠᠪᠤᠷᠢ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠯᠠᠨ ᠤ ᠠᠮᠢ | ᠪᠡᠶ᠎ᠡ ᠶᠢᠨ ᠠᠰᠢᠭ ᠲᠤᠰᠠ ᠶᠢ ᠪᠦᠬᠦ ᠬᠦᠴᠦᠨ ᠢᠶᠠᠷ ᠢᠶᠠᠨ ᠬᠠᠮᠠᠭᠠᠯᠠᠭᠰᠠᠨ ᠪᠤᠢ︖ | ﹇ᠵᠤᠤ ᠵᠧ ᠰᠢᠶᠠᠨ﹈ ᠮᠠᠨ ᠤ ᠲᠣᠪᠴᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠶᠠᠳᠠᠭᠤ ᠶᠢ ᠲᠡᠳᠬᠦᠬᠦ᠂ ᠡᠮᠴᠢᠯᠡᠭᠡᠨ ᠤ ᠳᠠᠭᠠᠳᠬᠠᠯ᠂ | ᠢᠯᠴᠢ ᠬᠠᠩᠭᠠᠬᠤ ᠬᠤᠭᠤᠯᠠᠢ ᠶᠢᠨ ᠥᠭᠡᠷᠡᠴᠢᠯᠡᠯᠲᠡ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠵᠡᠷᠭᠡ ᠭᠤᠣᠯᠳᠠᠯᠭ᠎ᠠ ᠲᠠᠢ | ᠠᠷᠠᠳ ᠤᠨ ᠠᠮᠢᠳᠤᠷᠠᠯ ᠤᠨ ᠲᠦᠷᠦᠯ ᠵᠦᠢᠯ ᠪᠠ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠬᠢᠨᠠᠨ ᠪᠣᠳᠣᠯᠲᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ | ᠥᠷᠨᠢᠭᠦᠯᠵᠦ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠠᠷᠠᠳ ᠤᠨ ᠠᠮᠢᠳᠤᠷᠠᠯ ᠤᠨ ᠲᠦᠷᠦᠯ ᠵᠦᠢᠯ ᠪᠠ ᠪᠡᠯᠡ ᠮᠥᠩᠭᠦ ᠶᠢᠨ ︽ᠡᠴᠦᠰ ᠤᠨ ᠨᠢᠭᠡ | ᠺᠢᠯᠣᠮᠧᠲᠷ︾ ᠲᠤ ᠬᠦᠷᠦᠭᠦᠯᠬᠦ ᠪᠠᠷ ᠴᠢᠷᠮᠠᠶᠢᠵᠤ᠂ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠰᠠᠶᠢᠲᠤᠷ ᠬᠡᠷᠡᠭᠯᠡᠬᠦ ᠶᠢ ᠠᠬᠢᠭᠤᠯᠬᠤ ᠶᠠᠪᠤᠳᠠᠯ ᠢ ᠠᠷᠠᠳ ᠤᠨ | ᠲᠥᠯᠥᠭᠡ ᠬᠢᠨᠠᠨ ᠪᠤᠳᠤᠬᠤ ᠬᠠᠮᠤᠭ ᠤᠨ ᠶᠡᠭᠡ ᠬᠠᠶᠢᠷ᠎ᠠ ᠰᠡᠳᠬᠢᠯᠭᠡ ᠪᠣᠯᠭᠠᠪᠠ᠃ ᠡᠨᠡ ᠵᠢᠯ ᠬᠠᠭᠤᠴᠢᠨ ᠵᠢᠵᠢᠭ ᠰᠠᠭᠤᠭᠠᠯᠢ ᠲᠤᠭᠤᠷᠢᠭ ᠤᠨ ᠥᠭᠡᠷᠡᠴᠢᠯᠡᠯᠲᠡ ᠶᠢᠨ | ᠲᠥᠷᠥᠯ ᠵᠦᠢᠯ ᠤᠨ ᠬᠢᠨᠠᠨ ᠪᠣᠳᠣᠯᠲᠠ ᠶᠢᠨ ᠪᠠᠶᠢᠴᠠᠭᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠢᠨᠠᠨ ᠪᠣᠳᠣᠯᠲᠠ ᠵᠡᠷᠭᠡ ᠶᠢ ᠭᠤᠣᠯᠳᠠᠯᠭ᠎ᠠ ᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠨ ᠪᠣᠳᠣᠯᠲᠠ ᠪᠠᠷ ᠳᠠᠮᠵᠢᠭᠤᠯᠤᠨ᠂ ᠲᠥᠷᠥᠯ ᠵᠦᠢᠯ ᠤᠨ ᠭᠤᠣᠯᠴᠢᠯᠠᠨ | ᠬᠠᠮᠢᠶᠠᠷᠬᠤ ᠨᠢᠭᠡᠴᠡ ᠪᠣᠯᠣᠨ ᠬᠡᠷᠡᠭᠵᠢᠭᠦᠯᠬᠦ ᠭᠤᠣᠯ ᠴᠣᠭᠴᠠ ᠳᠤ ᠬᠢᠨᠠᠯᠲᠠ ᠲᠠᠯᠪᠢᠵᠤ ᠪᠠᠶᠢᠭᠠᠳ ᠬᠠᠮᠢᠶ᠎ᠠ ᠪᠦᠬᠦᠢ ᠲᠣᠭᠲᠠᠭᠠᠯ ᠪᠣᠯᠣᠨ ᠭᠦᠢᠴᠡᠳᠭᠡᠬᠦ ᠶᠠᠪᠤᠴᠠ ᠶᠢ | ᠴᠢᠩᠭ᠎ᠠ ᠵᠢᠷᠤᠮᠯᠠᠭᠤᠯᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠲᠤᠭᠲᠠᠭᠠᠯ ᠢ ᠵᠦᠷᠢᠴᠡᠬᠦ᠂ ᠬᠤᠪᠢᠷᠠᠯᠲᠠ ᠭᠠᠷᠬᠤ᠂ | ᠪᠠᠭ᠎ᠠ ᠠᠯᠳᠠᠭ᠎ᠠ ᠶᠢ ᠤᠮᠳᠠᠭᠠᠶᠢᠯᠠᠬᠤ᠂ ᠠᠯᠳᠠᠭ᠎ᠠ ᠭᠠᠷᠬᠤ︾ ᠪᠠ ︽ᠲᠥᠷᠥᠯ ᠰᠠᠳᠤᠨ ᠨᠠᠶᠢᠵᠠ ᠨᠥᠬᠦᠳ ᠢᠶᠠᠨ ᠬᠠᠷᠠᠭᠠᠯᠵᠠᠬᠤ︾ ᠶᠢ ᠰᠡᠷᠭᠡᠶᠢᠯᠡᠨ ᠬᠤᠷᠢᠭᠯᠠᠵᠤ᠂ | ᠠᠷᠠᠳ ᠤᠨ ᠠᠮᠢᠳᠤᠷᠠᠯ ᠤᠨ ᠰᠠᠶᠢᠵᠢᠷᠠᠯᠲᠠ ᠬᠢᠭᠡᠳ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠂ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠨᠢᠭᠲᠠ ᠪᠥᠭᠡᠳ ᠪᠠᠲᠤ ᠰᠦᠯᠵᠢᠬᠦ ᠶᠢ ᠠᠬᠢᠭᠤᠯᠤᠨ᠎ᠠ | ᠃ | ﹇ᠬᠥᠲᠥᠯᠥᠭᠴᠢ﹈ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ︾ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠵᠡᠷᠭᠡ ᠶᠢ ᠤᠬᠠᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠢ ᠥᠷᠨᠢᠭᠦᠯᠦᠭᠰᠡᠨ ᠪᠤᠶ︖ | ﹇ᠵᠤᠤ ᠵᠧ ᠰᠢᠶᠠᠨ﹈ ᠮᠠᠨ ᠤ ᠲᠣᠪᠴᠢᠶ᠎ᠠ ᠭᠤᠣᠯᠳᠠᠭᠤ ᠳᠠᠷᠠᠭᠠᠬᠢ ᠠᠷᠭ᠎ᠠ ᠮᠠᠶ᠋ᠢᠭ ᠢᠶᠠᠷ ᠬᠢᠨᠠᠨ ᠪᠤᠳᠤᠬᠤ ᠬᠠᠤᠯᠢ ᠶᠢᠨ ᠤᠬᠠᠭᠤᠯᠭ᠎ᠠ ᠶᠢ ᠦᠷᠨᠢᠭᠦᠯᠪᠡ᠄ | ᠨᠢᠭᠡ ᠳᠤ ᠲᠦᠩᠯᠢᠶᠣᠣ ᠶᠢᠨ ︽ᠬᠢᠨᠠᠨ ᠪᠤᠳᠤᠬᠤ ᠬᠢᠴᠢᠶᠡᠯ ᠤᠨ ᠲᠠᠩᠬᠢᠮ︾ ᠢᠶᠠᠷ ᠠᠴᠢᠶᠠᠯᠠᠪᠤᠷᠢ ᠪᠣᠯᠭᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ | ᠬᠢᠨᠠᠨ ᠪᠤᠳᠤᠬᠤ ᠬᠠᠤᠯᠢ︾ ᠳᠤ ᠲᠤᠰᠬᠠᠢ ᠰᠡᠳᠦᠪ ᠢᠶᠠᠷ ᠲᠠᠶᠢᠯᠤᠮᠵᠢ ᠬᠢᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠪᠠ ᠬᠠᠤᠯᠢ ᠴᠠᠭᠠᠵᠠ | ᠬᠠᠤᠯᠢ ᠲᠣᠭᠲᠠᠭᠠᠯ ᠤᠨ ᠮᠡᠳᠡᠯᠭᠡ ᠶᠢᠨ ᠤᠷᠤᠯᠳᠤᠭᠠᠨ ᠥᠷᠨᠢᠭᠦᠯᠵᠦ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠵᠡᠷᠭᠡ ᠠᠵᠢᠯᠯᠠᠭ᠎ᠠ ᠳᠤ ᠢᠳᠡᠪᠬᠢᠲᠡᠢ | ᠣᠷᠣᠯᠴᠠᠵᠤ᠂ ᠡᠯ᠎ᠡ ᠱᠠᠲᠤᠨ ᠤ ᠬᠢᠨᠠᠨ ᠪᠤᠳᠤᠬᠤ ᠠᠵᠢᠯᠲᠠᠳ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠪᠡ᠃ | ᠬᠤᠶᠠᠷ ᠲᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠡᠳᠦᠷ ᠲᠤᠲᠤᠮ ᠤᠨ ᠬᠢᠨᠠᠨ ᠪᠤᠳᠤᠬᠤ ᠲᠦᠷᠦᠯ ᠵᠦᠢᠯ ᠳᠤ ᠠᠭᠤᠰᠬᠠᠨ᠂ ᠬᠢᠨᠠᠨ | ᠪᠣᠳᠣᠯᠲᠠ ᠶᠢ ᠬᠠᠮᠢᠭ᠎ᠠ ᠬᠦᠷᠲᠡᠯ᠎ᠡ ᠦᠷᠭᠦᠯᠵᠢᠯᠡᠭᠦᠯᠪᠡᠯ᠂ ᠬᠠᠤᠯᠢ ᠴᠠᠭᠠᠵᠠ ᠶᠢᠨ ᠤᠬᠠᠭᠤᠯᠭ᠎ᠠ ᠶᠢ ᠲᠡᠨᠳᠡ ᠬᠦᠷᠲᠡᠯ᠎ᠡ ᠬᠢᠵᠦ᠂ ᠬᠢᠨᠠᠨ ᠪᠤᠳᠤᠬᠤ ᠠᠵᠢᠯᠲᠠᠨ ᠬᠠᠮᠢᠭ᠎ᠠ | ᠣᠴᠢᠪᠠᠯ ᠤᠬᠠᠭᠤᠯᠭ᠎ᠠ ᠶᠢᠨ ᠠᠵᠢᠯᠯᠠᠭ᠎ᠠ ᠶᠢ ᠲᠡᠨᠳᠡ ᠬᠦᠷᠲᠡᠯ᠎ᠡ ᠦᠷᠨᠢᠭᠦᠯᠪᠡ᠃ ᠬᠢᠨᠠᠨ ᠪᠤᠳᠤᠬᠤ ᠶᠠᠪᠤᠴᠠ ᠳᠤ ︽ᠬᠢᠨᠠᠨ ᠪᠤᠳᠤᠬᠤ ᠬᠠᠤᠯᠢ︾ ᠵᠢᠴᠢ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠤᠯᠤᠰ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠪᠠ᠃ | | ᠭᠤᠷᠪᠠ ᠳᠤ ᠡᠭᠦᠳᠡᠴᠢ ᠰᠦᠯᠵᠢᠶ᠎ᠡ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠰᠦᠯᠵᠢᠶ᠎ᠡ ᠪᠠᠷ ᠳᠠᠮᠵᠢᠭᠤᠯᠤᠨ᠂ ᠬᠢᠨᠠᠨ ᠪᠣᠳᠣᠯᠲᠠ ᠶᠢᠨ ᠬᠥᠳᠡᠯᠦᠯ ᠪᠠᠶᠢᠳᠠᠯ | ᠂ ᠬᠢᠨᠠᠨ ᠪᠣᠳᠣᠯᠲᠠ ᠶᠢᠨ ᠦᠷ᠎ᠡ ᠪᠦᠲᠦᠭᠡᠯ᠂ ᠬᠢᠨᠠᠨ ᠪᠣᠳᠣᠯᠲᠠ ᠶᠢᠨ ᠲᠤᠷᠰᠢᠯᠭ᠎ᠠ ᠪᠠ ᠮᠡᠷᠭᠡᠵᠢᠯ ᠤᠨ ᠠᠷᠭ᠎ᠠ ᠶᠢ ᠴᠠᠭ ᠲᠤᠬᠠᠢ ᠳᠤᠨᠢ ᠢᠯᠡ ᠪᠣᠯᠭᠠᠵᠤ᠂ ᠪᠣᠳᠠᠲᠠᠢ | ᠬᠡᠷᠡᠭ ᠤᠨ ᠵᠢᠱᠢᠶ᠎ᠡ ᠶᠢᠨ ᠬᠡᠯᠪᠡᠷᠢ ᠪᠠᠷ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠪᠡ᠃ | ᠳᠥᠷᠪᠡ ᠳᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠮᠡᠳᠡᠯᠭᠡ ᠶᠢ ᠨᠠᠮ ᠤᠨ ᠰᠤᠷᠭᠠᠭᠤᠯᠢ ᠶᠢᠨ ᠬᠢᠴᠢᠶᠡᠯ ᠤᠨ ᠲᠠᠩᠬᠢᠮ ᠳᠤ | ᠣᠷᠣᠭᠤᠯᠬᠤ ᠶᠢ ᠦᠷᠭᠦᠯᠵᠢᠯᠡᠨ ᠠᠬᠢᠭᠤᠯᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠤᠳᠤᠷᠢᠳᠬᠤ ᠺᠠᠳ᠋ᠷᠴᠤᠳ ᠤᠨ ᠠᠩᠬᠠᠷᠤᠯ ᠳᠤ ᠭᠤᠤᠯᠯᠠᠭᠤᠯᠤᠨ᠂ ᠠᠵᠤ | ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠮᠡᠳᠡᠯᠭᠡ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠠᠵᠢᠯ ᠤᠨ ᠳᠤᠮᠳᠠᠬᠢ ᠦᠨᠡᠨ | ᠪᠣᠳᠠᠲᠠᠢ ᠬᠢᠨᠠᠨ ᠪᠣᠳᠣᠯᠲᠠ ᠶᠢᠨ ᠬᠡᠷᠡᠭ ᠤᠨ ᠵᠢᠱᠢᠶ᠎ᠡ ᠪᠠᠷ ᠬᠠᠥᠯᠢ ᠶᠢ ᠶᠠᠷᠢᠵᠤ ᠲᠠᠶᠢᠯᠪᠤᠷᠢᠯᠠᠬᠤ ᠲᠠᠢ ᠤᠶᠠᠯᠳᠤᠭᠤᠯᠵᠤ᠂ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠤᠨ ᠬᠠᠤᠯᠢ ᠶᠢ ᠰᠠᠬᠢᠬᠤ᠂ ᠰᠠᠬᠢᠯᠭ᠎ᠠ ᠪᠠᠲᠤ ᠶᠢ ᠰᠠᠬᠢᠬᠤ᠂ ᠳᠦᠷᠢᠮ ᠲᠣᠭᠲᠠᠭᠠᠯ ᠢ ᠰᠠᠬᠢᠬᠤ ᠶᠢ ᠠᠬᠢᠭᠤᠯᠵᠤ᠂ ᠠᠵᠤ ᠠᠬᠤᠢ ᠶᠢᠨ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃ | ᠲᠠᠪᠤ ᠳᠤ ᠳᠣᠲᠣᠭᠠᠳᠤ ᠬᠢᠨᠠᠯᠲᠠ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠨᠢᠭᠡᠴᠡ ᠶᠢᠨ ᠳᠣᠲᠣᠭᠠᠳᠤ ᠬᠢᠨᠠᠯᠲᠠ ᠶᠢᠨ | ᠠᠵᠢᠯᠲᠠᠨ ᠳᠤ ︽ᠬᠢᠨᠠᠨ ᠪᠤᠳᠤᠬᠤ ᠬᠠᠤᠯᠢ︾ ᠵᠡᠷᠭᠡ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠪᠠ᠃ | ﹇ᠬᠥᠲᠥᠯᠥᠭᠴᠢ﹈ ᠬᠤᠶᠠᠷ ᠲᠣᠪᠴᠢᠶᠠᠨ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠳᠤ ᠲᠠᠯᠠᠷᠬᠠᠵᠤ ᠪᠠᠶᠢᠨ᠎ᠠ᠂ ᠥᠨᠥᠳᠥᠷ ᠤᠨ ᠰᠦᠯᠵᠢᠶ᠎ᠡ ᠶᠢᠨ ᠰᠣᠷᠪᠤᠯᠵᠢᠯᠠᠭ᠎ᠠ | ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠤ ᠨᠠᠶᠢᠵᠠ ᠨᠠᠷ ᠡ᠂ ᠪᠢᠳᠡ ᠳᠠᠷᠠᠭᠠᠴᠢ ᠶᠢᠨ ᠬᠤᠭᠤᠴᠠᠭᠠᠨ ᠳᠤ ᠳᠠᠬᠢᠨ ᠠᠭᠤᠯᠵᠠᠶ᠎ᠠ᠃ |