ᠨᠢᠭᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ | 1. ᠠᠰᠠᠭᠤᠯᠲᠠ᠄ ᠶᠠᠭᠤ ᠶᠢ ︽1+X︾ ᠦᠨᠡᠮᠯᠡᠯ ᠤᠨ ᠳᠦᠷᠢᠮ ᠭᠡᠬᠦ ᠪᠣᠢ︖ | ᠬᠠᠷᠢᠭᠤᠯᠲᠠ᠄ ︽1+X︾ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠨᠡᠮᠯᠡᠯ ᠤᠨ ᠳᠦᠷᠢᠮ ᠤᠨ ᠠᠵᠢᠯ ᠪᠣᠯ ᠲᠥᠷᠥ ᠶᠢᠨ ᠶᠠᠪᠤᠳᠠᠯ ᠤᠨ | ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠥᠯ︾ ︵︽ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ 20 ᠵᠤᠷᠪᠤᠰ︾ ᠭᠡᠵᠦ ᠲᠣᠪᠴᠢᠯᠠᠨ᠎ᠠ︶ ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ ᠶᠠᠪᠤᠳᠠᠯ ᠤᠨ ᠬᠤᠷᠢᠶᠠᠨ ᠤ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠰᠤᠳᠤᠯᠤᠨ ᠪᠠᠲᠤᠯᠠᠵᠤ᠂ ᠶᠡᠭᠡ ᠳᠡᠭᠡᠳᠦ | ᠰᠤᠷᠭᠠᠭᠤᠯᠢ ᠳᠤ ︽ᠰᠤᠷᠤᠯᠭ᠎ᠠ ᠶᠢᠨ ᠨᠠᠮᠲᠠᠷ ᠤᠨ ᠦᠨᠡᠮᠯᠡᠯ + ᠡᠳᠦᠢ ᠲᠡᠳᠦᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ︾ ᠤᠨ | ᠳᠦᠷᠢᠮ ᠤᠨ ᠲᠤᠷᠰᠢᠯᠲᠠ ᠶᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ ︽ᠶᠡᠭᠡ ᠳᠡᠭᠡᠳᠦ | ᠰᠤᠷᠭᠠᠭᠤᠯᠢ ᠳᠤ ︿ᠰᠤᠷᠤᠯᠭ᠎ᠠ ᠶᠢᠨ ᠨᠠᠮᠲᠠᠷ ᠤᠨ ᠦᠨᠡᠮᠯᠡᠯ + ᠡᠳᠦᠢ ᠲᠡᠳᠦᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠲᠠᠰ ᠤᠨ ᠦᠨᠡᠮᠯᠡᠯ﹀ ᠤᠨ | ᠳᠦᠷᠢᠮ ᠢ ᠬᠡᠷᠡᠭᠵᠢᠭᠦᠯᠬᠦ ᠲᠤᠬᠠᠢ ᠲᠤᠷᠰᠢᠯᠲᠠ ᠶᠢᠨ ᠲᠥᠰᠥᠯ︾ ᠢ ᠪᠠᠭᠤᠯᠭᠠᠵᠤ᠂ ︽ᠰᠤᠷᠤᠯᠭ᠎ᠠ ᠶᠢᠨ ᠨᠠᠮᠲᠠᠷ ᠤᠨ ᠦᠨᠡᠮᠯᠡᠯ + ᠡᠳᠦᠢ ᠲᠡᠳᠦᠢ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠲᠠᠰ ᠤᠨ ᠦᠨᠡᠮᠯᠡᠯ︾ ᠤᠨ ᠳᠦᠷᠢᠮ ᠤᠨ ᠲᠤᠷᠰᠢᠯᠲᠠ ᠶᠢᠨ ᠠᠵᠢᠯ ᠢ ᠪᠠᠶᠢᠷᠢᠯᠠᠭᠤᠯᠤᠨ ᠡᠬᠢᠯᠡᠭᠦᠯᠦᠭᠰᠡᠨ ᠪᠠᠶᠢᠨ᠎ᠠ︔ | ᠡᠭᠦᠨ ᠳᠤ ︽ᠰᠤᠷᠤᠯᠭ᠎ᠠ ᠶᠢᠨ ᠨᠠᠮᠲᠠᠷ ᠤᠨ ᠦᠨᠡᠮᠯᠡᠯ + ᠡᠳᠦᠢ ᠲᠡᠳᠦᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ︾ ᠢ | ᠳᠥᠭᠦᠮᠴᠢᠯᠡᠭᠡᠳ ︽1+X︾ ᠦᠨᠡᠮᠯᠡᠯ ᠤᠨ ᠳᠦᠷᠢᠮ ᠭᠡᠳᠡᠭ᠃ | ᠰᠤᠷᠤᠯᠭ᠎ᠠ ᠶᠢᠨ ᠨᠠᠮᠲᠠᠷ ᠤᠨ ᠦᠨᠡᠮᠯᠡᠯ ᠪᠤᠯ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠬᠥᠮᠥᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ | ᠲᠤᠰᠬᠠᠵᠤ᠂ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠳᠤ ᠲᠤᠲᠠᠭᠳᠠᠵᠤ ᠪᠣᠯᠣᠰᠢ ᠦᠭᠡᠢ ᠰᠠᠭᠤᠷᠢ ᠴᠢᠨᠠᠷᠲᠠᠢ ᠦᠢᠯᠡᠳᠦᠯ | ᠦᠵᠡᠭᠦᠯᠵᠦ ᠪᠠᠶᠢᠳᠠᠭ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠪᠣᠯ ᠲᠡᠭᠦᠰᠦᠭᠰᠡᠨ ᠰᠤᠷᠤᠭᠴᠢ᠂ ᠨᠡᠶᠢᠭᠡᠮ ᠤᠨ ᠪᠦᠷᠢᠯᠳᠦᠭᠦᠨ ᠤ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠤ ᠭᠡᠷᠡᠴᠢ ᠪᠠᠷᠢᠮᠲᠠ ᠮᠥᠨ᠂ ᠠᠵᠢᠯ ᠮᠡᠷᠭᠡᠵᠢᠯ ᠤᠨ ᠠᠵᠢᠯᠯᠠᠭ᠎ᠠ ᠪᠠ ᠬᠤᠪᠢ ᠬᠥᠮᠥᠨ ᠤ ᠠᠵᠢᠯ | ᠮᠡᠷᠭᠡᠵᠢᠯ ᠤᠨ ᠬᠥᠭᠵᠢᠯᠲᠡ ᠳᠤ ᠱᠠᠭᠠᠷᠳᠠᠭᠳᠠᠬᠤ ᠶᠡᠷᠦᠩᠬᠡᠶᠢᠯᠡᠭᠰᠡᠨ ᠴᠢᠳᠠᠪᠤᠷᠢ ᠶᠢ ᠲᠤᠰᠬᠠᠳᠠᠭ᠃ | ᠨᠢᠭᠡᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠳᠦᠷᠢᠮ ᠤᠨ ᠵᠢᠷᠤᠭ ᠲᠥᠯᠥᠪᠯᠡᠭᠡ ᠪᠣᠯᠤᠭᠰᠠᠨ ᠤ ᠬᠤᠪᠢ ᠳᠤ᠂ ᠲᠤᠷᠰᠢᠯᠲᠠ ᠪᠠᠷ | ᠳᠠᠮᠵᠢᠭᠤᠯᠤᠨ ᠯᠠᠪᠳᠠᠭᠤᠨ ᠢᠶᠠᠷ ᠠᠬᠢᠭᠤᠯᠬᠤ ᠴᠢᠬᠤᠯᠠᠲᠠᠢ ᠶᠤᠮ᠃ ᠲᠤᠷᠰᠢᠯᠲᠠ ᠶᠢᠨ ᠠᠵᠢᠯ ᠳᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠦᠢᠯᠡᠳᠦᠯ ᠢ ᠤᠯᠠᠮ | ᠨᠢᠭᠡ ᠠᠯᠬᠤᠮ ᠰᠠᠶᠢᠲᠤᠷ ᠪᠠᠳᠠᠷᠠᠭᠤᠯᠵᠤ᠂ ᠰᠤᠷᠤᠭᠴᠢᠳ ᠤᠨ ᠦᠷᠭᠦᠯᠵᠢᠯᠡᠬᠦ ᠬᠥᠭᠵᠢᠯᠲᠡ ᠶᠢᠨ ᠰᠠᠭᠤᠷᠢ ᠶᠢ ᠪᠠᠲᠤᠳᠬᠠᠨ᠂ ᠰᠤᠷᠤᠭᠴᠢᠳ ᠤᠨ ᠰᠤᠷᠤᠯᠭ᠎ᠠ ᠶᠢᠨ | ᠨᠠᠮᠲᠠᠷ ᠤᠨ ᠦᠨᠡᠮᠯᠡᠯ ᠣᠯᠬᠤ ᠶᠢᠨ ᠬᠠᠮᠲᠤ᠂ ᠣᠯᠠᠨ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠲᠠᠰ ᠤᠨ ᠦᠨᠡᠮᠯᠡᠯ ᠢ ᠢᠳᠡᠪᠬᠢᠲᠡᠢ | ᠣᠯᠬᠤ ᠶᠢ ᠵᠣᠷᠢᠭᠵᠢᠭᠤᠯᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠥᠷᠭᠡᠳᠬᠡᠨ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ | ᠵᠥᠷᠢᠴᠡᠯ ᠢ ᠨᠠᠮᠳᠠᠭᠤᠯᠬᠤ ᠶᠠᠪᠤᠳᠠᠯ ᠪᠤᠯᠤᠨ᠎ᠠ᠃ | ︽1+X︾ ᠦᠨᠡᠮᠯᠡᠯ ᠪᠣᠯ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠴᠢᠬᠤᠯᠠ ᠪᠠᠶᠢᠷᠢᠯᠠᠭᠤᠯᠤᠯᠲᠠ ᠮᠥᠨ᠂ ᠪᠠᠰᠠ ᠴᠤ ᠰᠤᠷᠭᠠᠨ ᠬᠥᠮᠦᠵᠢᠯ ᠤᠨ | ᠪᠠᠶᠢᠭᠤᠯᠤᠯ ᠤᠨ ᠲᠠᠯ᠎ᠠ ᠪᠠᠷ ᠬᠢ ᠰᠢᠨ᠎ᠡ ᠡᠭᠦᠳᠦᠯᠲᠡ ᠮᠥᠨ᠂ ᠲᠣᠰ ᠠᠷᠭ᠎ᠠ ᠬᠡᠮᠵᠢᠶ᠎ᠡ ᠨᠢ ᠣᠲᠣ ᠶᠢᠨ ᠰᠤᠷᠤᠯᠭ᠎ᠠ ᠶᠢᠨ ᠨᠠᠮᠲᠠᠷ ᠲᠠᠢ ᠴᠢᠳᠠᠪᠤᠷᠢᠲᠠᠨ ᠢ | ᠬᠥᠮᠥᠵᠢᠭᠦᠯᠬᠦ ᠶᠢ ᠪᠠᠲᠤᠯᠠᠭᠰᠠᠨ ᠤᠷᠢᠲᠠᠯ ᠳᠣᠣᠷ᠎ᠠ᠂ ᠵᠠᠬ᠎ᠠ ᠳᠡᠯᠭᠡᠭᠦᠷ ᠤᠨ ᠬᠡᠷᠡᠭᠴᠡᠭᠡ᠂ ᠠᠵᠤ ᠠᠬᠤᠶᠢᠯᠠᠯ ᠤᠨ ᠬᠡᠷᠡᠭᠴᠡᠭᠡ ᠵᠢᠴᠢ ᠠᠵᠢᠯ ᠣᠯᠬᠤ ᠳᠤ ᠬᠡᠷᠡᠭᠰᠡᠬᠦ | ᠠᠵᠢᠯ ᠮᠡᠷᠭᠡᠵᠢᠯ ᠤᠨ ᠴᠢᠳᠠᠪᠤᠷᠢ ᠶᠢᠨ ᠳᠡᠭᠡᠭᠰᠢᠯᠡᠯᠲᠡ ᠶᠢᠨ ᠦᠢᠯᠡᠴᠢᠯᠡᠭᠡ ᠶᠢᠨ ᠲᠣᠭᠤᠷᠢᠨ ᠳᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠪᠣᠯᠪᠠᠰᠤᠷᠠᠭᠤᠯᠤᠯ ᠤᠨ ᠠᠵᠢᠯ ᠢ ᠭᠤᠣᠯᠳᠠᠯᠭ᠎ᠠ ᠲᠠᠢ ᠥᠷᠨᠢᠭᠦᠯᠬᠦ ᠶᠢᠨ ᠲᠥᠯᠥᠭᠡ ᠶᠤᠮ᠃ | | | 2.ᠠᠰᠠᠭᠤᠯᠲᠠ᠄ ︽1+X︾ ᠦᠨᠡᠮᠯᠡᠯ ᠤᠨ ᠳᠦᠷᠢᠮ ᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠨᠢ ᠶᠠᠭᠤ ᠪᠣᠢ︖ | ᠬᠠᠷᠢᠭᠤᠯᠲᠠ᠄ ᠨᠢᠭᠡ ᠳᠤ ᠴᠢᠳᠠᠪᠤᠷᠢᠲᠠᠨ ᠢ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠦᠨ᠃ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠢ ᠪᠠᠶᠢᠭᠤᠯᠬᠤ ᠪᠠ ᠨᠡᠩ ᠴᠢᠨᠠᠷ ᠰᠠᠶᠢᠲᠠᠢ ᠨᠡᠩ ᠭᠦᠢᠴᠡᠳ ᠠᠵᠢᠯ ᠣᠯᠭᠤᠯᠲᠠ ᠶᠢᠨ ᠬᠡᠷᠡᠭᠴᠡᠭᠡ ᠶᠢ ᠪᠡᠶᠡᠯᠡᠭᠦᠯᠬᠦ ᠳᠤ ᠰᠠᠶᠢᠲᠤᠷ ᠦᠢᠯᠡᠴᠢᠯᠡᠬᠦ | ᠪᠣᠯ ᠰᠢᠨ᠎ᠡ ᠴᠠᠭ ᠦᠶ᠎ᠡ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠣᠯᠭᠤᠭᠰᠠᠨ ᠰᠢᠨ᠎ᠡ ᠡᠭᠦᠷᠭᠡ ᠪᠣᠯᠣᠨ᠎ᠠ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠤᠪᠢᠰᠬᠠᠯ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢᠨ ᠲᠠᠰᠤᠷᠠᠯᠲᠠ ᠦᠭᠡᠢ ᠲᠦᠷᠭᠡᠳᠬᠦ ᠶᠢ ᠳᠠᠭᠠᠯᠳᠤᠨ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠴᠢᠳᠠᠪᠤᠷᠢᠲᠠᠨ ᠢ ᠬᠥᠮᠥᠵᠢᠭᠦᠯᠬᠦ ᠶᠢᠨ ᠵᠣᠬᠢᠴᠠᠬᠤ ᠴᠢᠨᠠᠷ᠂ ᠵᠣᠬᠢᠴᠠᠬᠤ ᠬᠡᠮᠵᠢᠶ᠎ᠡ᠂ ᠪᠠᠷᠠᠭᠠᠯᠬᠢᠯᠠᠯ ᠤᠨ ᠴᠢᠨᠠᠷ ᠤᠨ | ᠲᠠᠯ᠎ᠠ ᠪᠠᠷ ᠪᠠᠰᠠ ᠵᠣᠬᠢᠬᠤ ᠵᠥᠷᠢᠶ᠎ᠡ ᠲᠠᠢ ᠪᠤᠯᠤᠭᠰᠠᠨ ᠪᠠᠶᠢᠨ᠎ᠠ᠃ ᠰᠤᠷᠭᠠᠭᠤᠯᠢ ᠨᠤᠭᠤᠳ ᠨᠡᠶᠢᠭᠡᠮᠴᠢᠯᠡᠭᠰᠡᠨ ᠲᠣᠭᠲᠠᠴᠠ ᠪᠠᠷ ᠪᠠᠶᠢᠭᠤᠯᠤᠭᠰᠠᠨ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠢ ᠬᠥᠲᠥᠯᠥᠨ ᠵᠢᠯᠤᠭᠤᠳᠬᠤ ᠪᠠᠷ ᠳᠠᠮᠵᠢᠭᠤᠯᠤᠨ᠂ ᠴᠢᠳᠠᠪᠤᠷᠢᠲᠠᠨ ᠤ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠷᠭᠡᠳᠬᠡᠬᠦ ᠨᠢ ᠴᠢᠳᠠᠪᠤᠷᠢᠲᠠᠨ ᠢ ᠬᠥᠮᠥᠵᠢᠭᠦᠯᠬᠦ ᠪᠠ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ | ᠬᠡᠮᠵᠢᠶ᠎ᠡ ᠶᠢ ᠨᠡᠮᠡᠭᠳᠡᠭᠦᠯᠦᠨ᠂ ᠬᠠᠮ ᠬᠡᠯᠪᠡᠷᠢ ᠶᠢᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ | ᠴᠢᠳᠠᠪᠤᠷᠢ ᠶᠢ ᠥᠷᠭᠡᠳᠬᠡᠬᠦ ᠳᠤ ᠠᠰᠢᠭᠲᠠᠢ ᠶᠤᠮ᠃ | ᠬᠤᠶᠠᠷ ᠲᠤ ᠴᠢᠳᠠᠪᠤᠷᠢᠲᠠᠨ ᠢ ᠬᠥᠮᠥᠵᠢᠭᠦᠯᠦᠨ ᠪᠣᠯᠪᠠᠰᠤᠷᠠᠭᠤᠯᠬᠤ ᠵᠠᠭᠪᠤᠷ ᠪᠠ ᠦᠨᠡᠯᠡᠬᠦ ᠵᠠᠭᠪᠤᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ | ᠠᠷᠭ᠎ᠠ ᠵᠠᠮ ᠪᠣᠯᠣᠨ᠎ᠠ᠃ 1+X ᠦᠨᠡᠮᠯᠡᠯ ᠤᠨ ᠳᠦᠷᠢᠮ ᠤᠨ ᠲᠤᠷᠰᠢᠯᠲᠠ ᠶᠢ ᠬᠡᠷᠡᠭᠵᠢᠭᠦᠯᠬᠦ ᠪᠠᠷ ᠳᠡᠮᠵᠢᠨ᠂ ᠨᠡᠶᠢᠭᠡᠮ ᠤᠨ ᠬᠦᠴᠦᠨ ᠤ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠳᠤ ᠣᠷᠤᠯᠴᠠᠬᠤ ᠢᠳᠡᠪᠬᠢᠵᠢᠯ ᠢ ᠳᠠᠶᠢᠴᠢᠯᠠᠵᠤ᠂ ᠬᠥᠮᠥᠵᠢᠭᠦᠯᠦᠨ ᠪᠣᠯᠪᠠᠰᠤᠷᠠᠭᠤᠯᠬᠤ ᠵᠠᠭᠪᠤᠷ ᠪᠠ ᠦᠨᠡᠯᠡᠬᠦ ᠵᠠᠭᠪᠤᠷ ᠤᠨ ᠰᠢᠨ᠎ᠡ ᠶᠢ | ᠡᠭᠦᠳᠬᠦ ᠶᠢ ᠬᠥᠲᠥᠯᠥᠨ ᠳᠠᠭᠠᠭᠤᠯᠵᠤ᠂ ᠪᠠᠭᠰᠢ᠂ ᠵᠢᠭᠠᠬᠤ ᠮᠠᠲ᠋ᠧᠷᠢᠶᠠᠯ᠂ ᠵᠢᠭᠠᠬᠤ ᠠᠷᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠠᠮᠲᠤ᠂ ᠶᠡᠭᠡ | ᠳᠡᠭᠡᠳᠦ ᠰᠤᠷᠭᠠᠭᠤᠯᠢ ᠶᠢᠨ ᠬᠥᠮᠥᠵᠢᠭᠦᠯᠦᠨ ᠪᠣᠯᠪᠠᠰᠤᠷᠠᠭᠤᠯᠬᠤ ᠶᠢ ᠤᠶᠠᠯᠳᠤᠭᠤᠯᠬᠤ᠂ ᠳᠠᠪᠠᠭᠤᠯᠢᠭ ᠳᠤᠲᠠᠭᠳᠠᠯ ᠢ ᠤᠶᠠᠯᠳᠤᠭᠤᠯᠬᠤ᠂ ᠳᠣᠲᠣᠭᠠᠳᠤ ᠭᠠᠳᠠᠭᠠᠳᠤ ᠶᠢ | ᠤᠶᠠᠯᠳᠤᠭᠤᠯᠬᠤ ᠶᠢ ᠬᠥᠲᠥᠯᠥᠨ ᠵᠢᠯᠤᠭᠤᠳᠴᠤ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠬᠢᠭᠡᠳ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠡᠷᠭᠡ ᠪᠠᠷ | ᠴᠢᠬᠤᠯᠠᠴᠢᠯᠠᠬᠤ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠨᠡᠶᠢᠭᠡᠮ ᠤᠨ ᠪᠣᠯᠪᠠᠰᠤᠷᠠᠭᠤᠯᠤᠯ ᠢ | ᠴᠢᠨᠠᠷ ᠰᠠᠶᠢᠲᠠᠢ ᠥᠷᠨᠢᠭᠦᠯᠦᠨ᠎ᠡ᠃ | ᠭᠤᠷᠪᠠ ᠳᠤ ᠤᠯᠤᠰ ᠤᠨ ᠬᠢᠷᠢ ᠬᠡᠮ ᠤᠨ ᠪᠣᠷᠣ ᠲᠥᠯᠥᠪ ᠢ ᠰᠦᠪᠡᠭᠴᠢᠯᠡᠨ ᠪᠠᠶᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠮᠦᠨ᠃ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠪᠣᠯ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠤ ᠭᠡᠷᠡᠴᠢ ᠪᠠᠷᠢᠮᠲᠠ ᠮᠥᠨ᠂ ᠪᠠᠰᠠ ᠴᠤ | ᠰᠤᠷᠤᠯᠭ᠎ᠠ ᠶᠢᠨ ᠦᠷ᠎ᠡ ᠪᠦᠲᠦᠭᠡᠯ ᠶᠢᠨ ᠮᠠᠭᠠᠳᠯᠠᠨ ᠲᠤᠭᠲᠠᠭᠠᠯᠲᠠ ᠮᠥᠨ᠃ 1+X ᠦᠨᠡᠮᠯᠡᠯ ᠤᠨ ᠳᠦᠷᠢᠮ ᠤᠨ ᠲᠤᠷᠰᠢᠯᠲᠠ ᠶᠢ ᠬᠡᠷᠡᠭᠵᠢᠭᠦᠯᠬᠦ ᠲᠠᠢ | ᠤᠶᠠᠯᠳᠤᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ︽ᠰᠤᠷᠤᠯᠭ᠎ᠠ ᠶᠢᠨ ᠬᠤᠪᠢ ᠶᠢᠨ ᠪᠠᠩᠬᠢ︾ ᠶᠢ ᠬᠠᠶᠢᠨ ᠰᠦᠪᠡᠭᠴᠢᠯᠡᠬᠦ ᠶᠢ | ᠢᠳᠡᠪᠬᠢᠲᠡᠢ ᠠᠬᠢᠭᠤᠯᠵᠤ᠂ ᠳᠦᠷᠢᠮ ᠤᠨ ᠵᠢᠷᠤᠭ ᠲᠥᠯᠥᠪᠯᠡᠭᠡ ᠶᠢ ᠤᠯᠤᠰ ᠤᠨ ᠬᠢᠷᠢ ᠬᠡᠮ ᠤᠨ ᠪᠣᠷᠣ ᠲᠥᠯᠥᠪ ᠢ ᠪᠠᠶᠢᠭᠤᠯᠬᠤ ᠯᠤᠭ᠎ᠠ ᠬᠠᠷᠢᠯᠴᠠᠨ ᠵᠣᠯᠭᠠᠭᠤᠯᠵᠤ᠂ | ᠤᠷ᠎ᠠ ᠮᠡᠷᠭᠡᠵᠢᠯ ᠲᠠᠢ ᠴᠢᠳᠠᠪᠤᠷᠢᠲᠠᠨ ᠤ ᠦᠰᠦᠨ ᠪᠣᠶᠢᠵᠢᠬᠤ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ | | | 3.ᠠᠰᠠᠭᠤᠯᠲᠠ᠄ ︽1+X︾ ᠦᠨᠡᠮᠯᠡᠯ ᠤᠨ ᠳᠦᠷᠢᠮ ᠤᠨ ᠬᠠᠷᠠᠯᠲᠠ ᠡᠭᠦᠷᠭᠡ ᠨᠢ ᠶᠠᠭᠤ ᠪᠣᠢ︖ | ᠬᠠᠷᠢᠭᠤᠯᠲᠠ᠄ 2019 ᠣᠨ ᠠᠴᠠ ᠡᠬᠢᠯᠡᠨ᠂ ᠭᠤᠣᠯᠳᠠᠭᠤ ᠤᠯᠤᠰ ᠤᠨ ᠬᠡᠷᠡᠭᠴᠡᠭᠡ᠂ ᠵᠠᠬ᠎ᠠ ᠳᠡᠯᠭᠡᠭᠦᠷ ᠤᠨ ᠬᠡᠷᠡᠭᠴᠡᠭᠡ᠂ ᠰᠣᠷᠣᠭᠴᠢ ᠶᠢᠨ ᠠᠵᠢᠯ | ᠣᠯᠬᠤ ᠴᠢᠳᠠᠪᠤᠷᠢ ᠶᠢᠨ ᠳᠡᠭᠡᠭᠰᠢᠯᠡᠯᠲᠡ ᠳᠤ ᠦᠢᠯᠡᠴᠢᠯᠡᠬᠦ ᠲᠣᠭᠤᠷᠢᠨ ᠳᠤ᠂ 10 ᠭᠠᠷᠤᠢ ᠬᠦᠷᠢᠶᠡᠨ ᠠᠴᠠ ᠡᠬᠢᠯᠡᠵᠦ᠂ 1+X ᠦᠨᠡᠮᠯᠡᠯ ᠤᠨ ᠳᠦᠷᠢᠮ ᠤᠨ | ᠲᠤᠷᠰᠢᠯᠲᠠ ᠶᠢᠨ ᠠᠵᠢᠯ ᠢ ᠡᠬᠢᠯᠡᠭᠦᠯᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠨᠡᠶᠢᠭᠡᠮᠴᠢᠯᠡᠭᠰᠡᠨ ᠲᠣᠭᠲᠠᠴᠠ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠢ ᠦᠨᠡᠯᠡᠬᠦ ᠵᠣᠬᠢᠶᠠᠨ ᠪᠠᠶᠢᠭᠤᠯᠤᠯᠲᠠ ︵ᠳᠣᠷᠣᠭᠰᠢ | ᠪᠣᠯᠪᠠᠰᠤᠷᠠᠭᠤᠯᠤᠯ ᠢ ᠦᠨᠡᠯᠡᠬᠦ ᠵᠣᠬᠢᠶᠠᠨ ᠪᠠᠶᠢᠭᠤᠯᠤᠯᠲᠠ ᠭᠡᠵᠦ ᠲᠣᠪᠴᠢᠯᠠᠨ᠎ᠠ︶ ᠶᠢ ᠡᠯᠰᠡᠨ ᠴᠤᠭᠯᠠᠭᠤᠯᠵᠤ᠂ ᠡᠳᠦᠢ ᠲᠡᠳᠦᠢ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠵᠡᠷᠭᠡ ᠲᠠᠰ ᠤᠨ ᠪᠠᠷᠢᠮᠵᠢᠶ᠎ᠠ ᠪᠠ ᠦᠨᠡᠮᠯᠡᠯ ᠢ ᠨᠡᠭᠡᠭᠡᠨ ᠬᠥᠭᠵᠢᠭᠦᠯᠦᠨ᠎ᠡ᠃ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠨᠤᠭᠤᠳ 1+X | ᠦᠨᠡᠮᠯᠡᠯ ᠤᠨ ᠳᠦᠷᠢᠮ ᠤᠨ ᠲᠤᠷᠰᠢᠯᠲᠠ ᠶᠢ ᠲᠤᠰᠬᠠᠢ ᠮᠡᠷᠭᠡᠵᠢᠯ ᠤᠨ ᠪᠠᠶᠢᠭᠤᠯᠤᠯᠲᠠ᠂ ᠬᠢᠴᠢᠶᠡᠯᠡᠯᠭᠡ ᠶᠢᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠵᠡᠷᠭᠡ ᠲᠠᠢ ᠨᠢᠭᠲᠠ ᠤᠶᠠᠯᠳᠤᠭᠤᠯᠵᠤ᠂ ︽1︾ ᠪᠠ ︽X︾ ᠢ ᠣᠷᠭᠠᠨᠢᠭ ᠢᠶᠠᠷ ᠵᠣᠯᠭᠠᠭᠤᠯᠬᠤ ᠶᠢ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠶᠠᠰᠤ ᠴᠢᠨᠠᠷ ᠪᠠ ᠰᠣᠷᠣᠭᠴᠢ ᠶᠢᠨ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠷᠰᠢᠯᠲᠠ ᠬᠢᠬᠦ ᠪᠠᠷ ᠳᠠᠮᠵᠢᠭᠤᠯᠤᠨ᠂ ᠪᠠᠭᠰᠢ᠂ | ᠵᠢᠭᠠᠬᠤ ᠮᠠᠲ᠋ᠧᠷᠢᠶᠠᠯ᠂ ᠵᠢᠭᠠᠬᠤ ᠠᠷᠭ᠎ᠠ ᠵᠡᠷᠭᠡ ︽ᠭᠤᠷᠪᠠᠨ ᠬᠦᠮᠦᠵᠢᠯ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠤᠨ᠎ᠠ︔ ᠳᠠᠳᠤᠯᠭ᠎ᠠ ᠪᠣᠯᠪᠠᠰᠤᠷᠠᠯ ᠤᠨ ᠰᠠᠭᠤᠷᠢᠨ ᠢ ᠰᠠᠶᠢᠲᠤᠷ ᠪᠠᠶᠢᠭᠤᠯᠵᠤ ᠰᠠᠶᠢᠲᠤᠷ ᠬᠡᠷᠡᠭᠯᠡᠬᠦ ᠬᠡᠷᠡᠭᠲᠡᠢ︔ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ︽ᠰᠤᠷᠤᠯᠭ᠎ᠠ ᠶᠢᠨ ᠬᠤᠪᠢ ᠶᠢᠨ ᠪᠠᠩᠬᠢ︾ ᠶᠢ ᠰᠦᠪᠡᠭᠴᠢᠯᠡᠨ ᠪᠠᠶᠢᠭᠤᠯᠵᠤ᠂ ᠤᠯᠤᠰ ᠤᠨ ᠬᠢᠷᠢ ᠬᠡᠮ ᠤᠨ | ᠪᠣᠷᠣ ᠲᠥᠯᠥᠪ ᠢ ᠪᠣᠶ ᠪᠣᠯᠭᠠᠨ᠎ᠠ᠃ | | | 4. ᠠᠰᠠᠭᠤᠯᠲᠠ᠄ ︽1+X︾ ᠦᠨᠡᠮᠯᠡᠯ ᠤᠨ ᠳᠦᠷᠢᠮ ᠤᠨ ᠲᠤᠷᠰᠢᠯᠲᠠ ᠶᠢᠨ ᠬᠦᠷᠢᠶ᠎ᠡ ᠬᠡᠪᠴᠢᠶ᠎ᠡ ᠨᠢ ᠶᠠᠮᠠᠷ ᠪᠤᠶ︖ | ᠬᠠᠷᠢᠭᠤᠯᠲᠠ᠄ ᠨᠢᠭᠡ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠦᠷᠢᠶᠡᠨ ᠳᠤ ᠲᠤᠷᠰᠢᠯᠲᠠ ᠬᠢᠨ᠎ᠡ᠃ ᠤᠳᠤᠬᠢᠴᠢᠯᠠᠭᠰᠠᠨ ᠲᠠᠷᠢᠶᠠᠯᠠᠩ᠂ | ᠲᠡᠷᠢᠭᠦᠨ ᠤ ᠦᠢᠯᠡᠳᠬᠦ ᠦᠢᠯᠡᠰ᠂ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ | ᠦᠢᠯᠡᠰ ᠵᠡᠷᠭᠡ ᠤᠷ᠎ᠠ ᠮᠡᠷᠭᠡᠵᠢᠯ ᠤᠨ ᠴᠢᠳᠠᠪᠤᠷᠢᠲᠠᠨ ᠲᠤᠲᠠᠭᠳᠠᠵᠤ ᠪᠠᠶᠢᠭ᠎ᠠ 20 ᠬᠦᠷᠢᠶᠡᠨ ᠳᠤ ᠬᠠᠨᠳᠤᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | 10 ᠭᠠᠷᠤᠢ ᠬᠦᠷᠢᠶᠡᠨ ᠳᠤ ᠤᠷᠢᠳᠠᠪᠠᠷ ᠲᠤᠷᠰᠢᠨ᠎ᠠ᠃ ᠬᠤᠶᠠᠷ ᠲᠤ ᠲᠤᠷᠰᠢᠯᠲᠠ ᠶᠢᠨ ᠳᠡᠭᠡᠳᠦ ᠰᠤᠷᠭᠠᠭᠤᠯᠢ ᠪᠤᠯᠤᠨ᠎ᠠ᠃ ᠲᠤᠷᠰᠢᠯᠲᠠ ᠶᠢᠨ ᠶᠡᠭᠡ ᠳᠡᠭᠡᠳᠦ | ᠰᠤᠷᠭᠠᠭᠤᠯᠢ ᠨᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠤᠮᠳᠠᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ | ᠠᠵᠢᠯᠴᠢᠨ ᠤ ᠰᠤᠷᠭᠠᠭᠤᠯᠢ ᠪᠠᠭᠲᠠᠬᠤ ᠦᠭᠡᠢ︶ ᠪᠠᠷ ᠭᠤᠣᠯ ᠪᠣᠯᠭᠠᠵᠤ᠂ ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ᠂ ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠵᠢᠴᠢ ᠤᠯᠤᠰ ᠤᠨ ᠨᠡᠭᠡᠭᠡᠯᠲᠡᠲᠤ ᠶᠡᠭᠡ | ᠰᠤᠷᠭᠠᠭᠤᠯᠢ ᠵᠡᠷᠭᠡ ᠢᠳᠡᠪᠬᠢᠲᠡᠢ ᠣᠷᠣᠯᠴᠠᠵᠤ᠂ ᠮᠤᠵᠢ ᠶᠢᠨ ᠱᠠᠲᠤ ᠵᠢᠴᠢ ᠲᠡᠭᠦᠨ ᠠᠴᠠ ᠳᠡᠭᠡᠭᠰᠢᠬᠢ ᠵᠢᠱᠢᠶᠡᠴᠢ ︵ᠭᠤᠣᠯᠯᠠᠭᠴᠢ᠂ ᠴᠢᠨᠠᠷ ᠰᠠᠶᠢᠲᠠᠢ︶ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ︽ᠳᠤᠮᠳᠠᠳᠤ ᠤᠯᠤᠰ ᠤᠨ ᠣᠨᠴᠠᠯᠢᠭ ᠪᠦᠬᠦᠢ ᠥᠨᠳᠥᠷ ᠬᠢᠷᠢ ᠲᠦᠪᠰᠢᠨ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠪᠠ ᠲᠤᠰᠬᠠᠢ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ︾ ᠳᠤ ᠰᠣᠩᠭᠤᠭᠳᠠᠭᠰᠠᠨ ᠰᠤᠷᠭᠠᠭᠤᠯᠢ ᠨᠤᠭᠤᠳ | ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ | | | ᠬᠤᠶᠠᠷ᠂ ᠳᠤᠮᠳᠠᠳᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽3+2︾ ᠬᠡᠯᠪᠡᠷᠢ ᠶᠢᠨ ᠰᠣᠷᠣᠭᠴᠢ ᠡᠯᠰᠡᠨ ᠬᠦᠮᠦᠵᠢᠭᠦᠯᠬᠦ ᠳᠦᠷᠢᠮ | 1. ᠠᠰᠠᠭᠤᠯᠲᠠ᠄ ᠶᠠᠭᠤ ᠶᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽3+2︾ ᠬᠡᠯᠪᠡᠷᠢ ᠶᠢᠨ ᠰᠤᠷᠤᠭᠴᠢ ᠡᠯᠰᠡᠬᠦ ᠭᠡᠬᠦ ᠪᠤᠶ︖ | | ᠬᠠᠷᠢᠭᠤᠯᠲᠠ᠄ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽3+2︾ ᠬᠡᠯᠪᠡᠷᠢ ᠶᠢᠨ ᠰᠣᠷᠣᠭᠴᠢ ᠡᠯᠰᠡᠬᠦ ᠭᠡᠳᠡᠭ ᠢ ᠳᠥᠭᠦᠮᠬᠡᠨ ᠢᠶᠠᠷ | ᠬᠡᠯᠡᠪᠡᠯ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠡᠯᠰᠡᠭᠳᠡᠭᠰᠡᠨ ᠦᠭᠡᠢ ᠪᠤᠯ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠣᠴᠢᠵᠤ 3 ᠵᠢᠯ ᠳᠤᠮᠳᠠᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢᠶᠠᠨ ᠳᠠᠭᠤᠰᠬᠠᠭᠰᠠᠨ ᠤ | ᠳᠠᠷᠠᠭ᠎ᠠ ᠳᠠᠭᠢᠵᠤ 2 ᠵᠢᠯ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠵᠦ᠂ ᠲᠡᠭᠦᠰᠦᠭᠰᠡᠨ ᠤ ᠳᠠᠷᠠᠭ᠎ᠠ ᠵᠤᠬᠢᠬᠤ ᠳᠤᠮᠳᠠᠳᠦ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠦᠨᠡᠮᠯᠡᠯ ᠵᠢᠴᠢ ᠬᠠᠮᠢᠶ᠎ᠠ ᠪᠦᠬᠦᠢ ᠠᠵᠢᠯ ᠮᠡᠷᠭᠡᠵᠢᠯ ᠤᠨ ᠵᠡᠷᠭᠡ ᠳᠡᠰ ︵ | ᠬᠢᠷᠢ ᠬᠡᠮ︶ ᠤᠨ ᠦᠨᠡᠮᠯᠡᠯ ᠤᠯᠬᠤ ᠪᠤᠯᠤᠨ᠎ᠠ᠃ | 2. ᠠᠰᠠᠭᠤᠯᠲᠠ᠄ ᠶᠠᠮᠠᠷ ᠶᠠᠩᠵᠤ ᠶᠢᠨ ᠰᠣᠷᠣᠭᠴᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽3+2︾ ᠬᠡᠯᠪᠡᠷᠢ ᠶᠢᠨ ᠡᠷᠡᠮᠡᠯᠵᠡᠯ ᠢ | ᠲᠠᠭᠯᠠᠨ ᠮᠡᠳᠡᠭᠦᠯᠵᠦ ᠪᠣᠯᠬᠤ ᠪᠣᠶ︖ | ᠬᠠᠷᠢᠭᠤᠯᠲᠠ᠄ ᠲᠤᠬᠠᠢ ᠶᠢᠨ ᠵᠢᠯ ᠳᠤ ᠡᠷᠬᠡᠪᠰᠢ ᠪᠥᠬᠦ ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠰᠦᠯᠵᠢᠶᠡᠨ ᠳᠡᠭᠡᠷ᠎ᠡ | ᠨᠢᠭᠡᠳᠦᠯᠲᠡᠢ ᠨᠡᠷ᠎ᠡ ᠮᠡᠳᠡᠭᠦᠯᠦᠭᠰᠡᠨ ᠪᠥᠭᠡᠳ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠭᠠᠳ ᠡᠯᠰᠡᠭᠳᠡᠭᠰᠡᠨ ᠦᠭᠡᠢ | ᠰᠢᠯᠭᠠᠭᠤᠯᠤᠭᠴᠢ᠃ | 3. ᠠᠰᠠᠭᠤᠯᠲᠠ᠄ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽3+2︾ ᠬᠡᠯᠪᠡᠷᠢ ᠶᠢᠨ ᠰᠤᠷᠤᠭᠴᠢ ᠡᠯᠰᠡᠬᠦ ᠳᠡᠭᠡᠳᠦ ᠰᠤᠷᠭᠠᠭᠤᠯᠢ | ᠠᠯᠢ ᠠᠯᠢ ᠪᠠᠶᠢᠬᠤ ᠪᠤᠶ︖ | ᠬᠠᠷᠢᠭᠤᠯᠲᠠ᠄ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽3+2︾ ᠬᠡᠯᠪᠡᠷᠢ ᠶᠢᠨ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠪᠣᠯ | ᠴᠥᠮ ᠣᠷᠣᠨ ᠤ ᠳᠣᠲᠣᠷᠠᠬᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ᠎ᠠ᠃ | 4. ᠠᠰᠠᠭᠤᠯᠲᠠ᠄ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽3+2︾ ᠬᠡᠯᠪᠡᠷᠢ ᠶᠢᠨ ᠡᠷᠡᠮᠡᠯᠵᠡᠯ ᠢ ᠬᠡᠷᠬᠢᠨ ᠲᠠᠭᠯᠠᠬᠤ ᠪᠤᠶ︖ | ᠬᠠᠷᠢᠭᠤᠯᠲᠠ᠄ ᠵᠢᠯ ᠪᠦᠷᠢ ᠶᠢᠨ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠳᠠᠭᠤᠰᠤᠭᠰᠠᠨ ᠤ ᠳᠠᠷᠠᠭ᠎ᠠ᠂ 8 ᠳ᠋ᠤᠭᠠᠷ ᠰᠠᠷ᠎ᠠ ᠶᠢᠨ 7 | ᠠᠴᠠ 10 ᠪᠣᠯᠲᠠᠯ᠎ᠠ ᠰᠦᠯᠵᠢᠶᠡᠨ ᠳᠡᠭᠡᠷ᠎ᠡ ᠡᠯᠰᠡᠨ᠎ᠡ᠃ | 5. ᠠᠰᠠᠭᠤᠯᠲᠠ᠄ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽3+2︾ ᠬᠡᠯᠪᠡᠷᠢ ᠶᠢᠨ ᠰᠤᠷᠤᠭᠴᠢ ᠶᠠᠮᠠᠷ ᠬᠡᠯᠪᠡᠷᠢ ᠪᠠᠷ ᠳᠡᠪᠰᠢᠬᠦ | ᠪᠤᠶ︖ | ᠬᠠᠷᠢᠭᠤᠯᠲᠠ᠄ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽3+2︾ ᠬᠡᠯᠪᠡᠷᠢ ᠶᠢᠨ ᠡᠯᠰᠡᠭᠰᠡᠨ ᠰᠣᠷᠣᠭᠴᠢ ᠵᠢᠭᠠᠨ ᠰᠤᠷᠭᠠᠯᠲᠠ ᠶᠢᠨ | ᠲᠥᠯᠥᠪᠯᠡᠭᠡ ᠶᠣᠰᠣᠭᠠᠷ 3 ᠵᠢᠯ ᠤᠨ ᠳᠤᠮᠳᠠᠳᠦ ᠵᠡᠷᠭᠡ ᠶᠢᠨ ᠠᠵᠢᠯ ᠮᠡᠷᠭᠡᠵᠢᠯ ᠤᠨ ᠲᠣᠭᠲᠠᠭᠠᠯ ᠶᠣᠰᠣᠭᠠᠷ ᠬᠢᠴᠢᠶᠡᠯ ᠰᠣᠷᠣᠭᠰᠠᠨ ᠤ ᠳᠠᠷᠠᠭ᠎ᠠ᠂ ᠬᠢᠷᠢ | ᠲᠡᠩᠴᠡᠭᠰᠡᠳ ᠵᠤᠬᠢᠬᠤ ︵ᠲᠣᠰ ᠰᠤᠷᠭᠠᠭᠤᠯᠢ︶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ᠵᠣᠬᠢᠶᠠᠨ | ᠪᠠᠶᠢᠭᠤᠯᠤᠭᠰᠠᠨ ᠳᠡᠪᠰᠢᠬᠦ ᠰᠢᠯᠭᠠᠯᠲᠠ ᠳᠤ ᠣᠷᠣᠯᠴᠠᠵᠤ ︵ᠲᠤᠬᠠᠢ ᠶᠢᠨ ᠵᠢᠯ ᠤᠨ ᠪᠡᠶ᠎ᠡ ᠪᠠᠨ ᠳᠠᠭᠠᠭᠠᠵᠤ ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠤᠨ᠎ᠠ︶᠂ | ᠰᠢᠯᠢᠭᠳᠡᠬᠦ ᠨᠣᠷᠮ᠎ᠠ ᠶᠢ ᠡᠩ ᠤᠨ ᠪᠠᠶᠢᠳᠠᠯ ᠳᠤ 5% ᠠᠴᠠ ᠬᠡᠲᠦᠷᠡᠭᠦᠯᠬᠦ ᠦᠭᠡᠢ᠃ ᠰᠢᠯᠭᠠᠯᠲᠠ ᠳᠤ ᠬᠢᠷᠢ ᠲᠡᠩᠴᠡᠭᠰᠡᠨ ᠰᠤᠷᠤᠭᠴᠢᠳ ᠵᠤᠬᠢᠬᠤ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠣᠷᠣᠵᠤ ᠰᠤᠷᠤᠯᠴᠠᠵᠤ ᠪᠣᠯᠣᠨ᠎ᠠ᠃ | 6. ᠠᠰᠠᠭᠤᠯᠲᠠ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠬᠡᠳᠦᠢ ᠬᠤᠪᠢ ᠣᠯᠣᠭᠰᠠᠨ ᠰᠤᠷᠤᠭᠴᠢᠳ ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ︽3+2︾ ᠬᠡᠯᠪᠡᠷᠢ ᠶᠢᠨ ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠵᠦ ᠪᠣᠯᠬᠤ ᠪᠤᠶ︖ | ᠬᠠᠷᠢᠭᠤᠯᠲᠠ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ | ᠶᠣᠰᠣᠭᠠᠷ ᠨᠤᠭᠤᠯᠤᠨ ᠪᠤᠳᠤᠭᠰᠠᠨ ᠤ ᠳᠠᠷᠠᠭ᠎ᠠ 100 ᠬᠤᠪᠢ ᠤᠯᠤᠭᠰᠠᠨ ᠰᠤᠷᠤᠭᠴᠢᠳ ᠨᠡᠷ᠎ᠡ ᠮᠡᠳᠡᠭᠦᠯᠵᠦ ᠪᠤᠯᠤᠨ᠎ᠠ᠃ ︵ᠥᠨᠳᠥᠷ ᠳᠤᠮᠳᠠᠳᠤ ᠳᠤ ᠰᠢᠯᠭᠠᠭᠤᠯᠬᠤ | ᠪᠡᠶ᠎ᠡ ᠶᠢᠨ ᠲᠠᠮᠢᠷ ᠵᠢᠴᠢ ᠹᠢᠽᠢᠺ ᠬᠢᠮᠢ ᠠᠮᠢᠳᠦ ᠪᠤᠳᠠᠰ ᠤᠨ ᠲᠤᠷᠰᠢᠯᠲᠠ ᠶᠢᠨ ᠠᠵᠢᠯᠯᠠᠭᠠᠨ ᠤ ᠬᠢᠷᠢ ᠪᠦᠲᠦᠮᠵᠢ ᠶᠢ ᠪᠠᠭᠲᠠᠭᠠᠬᠤ ᠦᠭᠡᠢ︶ | | ᠲᠠᠶᠢᠯᠤᠮᠵᠢ ᠬᠢᠭᠰᠡᠨ ᠨᠢᠭᠡᠴᠡ᠄ ᠲᠦᠩᠯᠢᠶᠣᠣ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ | ᠲᠠᠶᠢᠯᠤᠮᠵᠢ ᠬᠢᠭᠴᠢ᠄ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ | ᠬᠠᠷᠢᠯᠴᠠᠬᠤ ᠤᠲᠠᠰᠤ᠄ 0475 ︱ 8835286 |