ᠵᠠᠰᠠᠭ ᠤᠨ ᠤᠷᠳᠤᠨ ᠤ ᠠᠵᠢᠯ ᠤᠨ ᠢᠯᠡᠳᠬᠡᠯ | | | — 2022 ᠣᠨ ᠤ 2 ᠰᠠᠷ᠎ᠠ ᠶᠢᠨ 12 ᠲᠤ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ | ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠳᠠᠷᠤᠭ᠎ᠠ | ᠭᠦᠸᠧ ᠢᠦᠢ ᠹᠧᠩ | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ | ᠂ ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ | ᠪᠤᠯᠪᠠᠤ᠃ | | ᠨᠢᠭᠡ᠂ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | | ᠲᠤᠰ ᠬᠤᠭᠤᠴᠠᠭᠠᠨ ᠤ ᠵᠠᠰᠠᠭ ᠤᠨ ᠣᠷᠳᠣᠨ 2018 ᠣᠨ ᠳᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠠᠴᠠ ᠨᠠᠰᠢ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ | ᠬᠤᠷᠢᠶ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ | ᠨᠢᠭᠲᠠᠷᠠᠨ ᠪᠦᠯᠬᠦᠮᠳᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠤᠳᠠᠭ᠎ᠠ ᠪᠦᠷᠢ ᠶᠢᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠡᠯ᠎ᠡ | ᠵᠦᠢᠯ ᠤᠨ ᠠᠵᠢᠯ ᠦᠢᠯᠡᠰ ᠲᠤ ᠰᠢᠨ᠎ᠡ ᠠᠮᠵᠢᠯᠲᠠ ᠪᠦᠲᠦᠮᠵᠢ ᠣᠯᠵᠤ᠂ ᠪᠥᠬᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠳᠤ ᠣᠷᠣᠪᠠ᠃ | ᠠᠵᠤ ᠠᠬᠤᠢ ᠶᠢᠨ ᠬᠥᠭᠵᠢᠯᠲᠡ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠪᠠ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ | ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠠᠵᠤ ᠠᠬᠤᠢ ᠶᠢ ᠠᠯᠬᠤᠮ ᠠᠯᠬᠤᠮ ᠢᠶᠠᠷ ᠰᠡᠷᠭᠦᠭᠡᠨ᠂ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢᠨ ᠵᠡᠷᠭᠡ ᠳᠤ ᠠᠬᠢᠯᠲᠠ ᠲᠠᠢ ᠪᠤᠯᠭᠠᠪᠠ᠃ | ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 1411.44 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ | ᠳᠤᠮᠳᠠᠴᠢ ᠪᠠᠷ 2.7% ᠪᠠᠷ ᠨᠡᠮᠡᠭᠳᠡᠨ᠂ ᠭᠤᠷᠪᠠᠨ ᠠᠵᠤ ᠦᠢᠯᠡᠰ ᠤᠨ ᠬᠤᠪᠢ ᠶᠢᠨ ᠵᠢᠩ ᠢ 23.6:31.9:44.5 ᠪᠣᠯᠭᠠᠨ ᠲᠣᠬᠢᠷᠠᠭᠤᠯᠪᠠ᠃ ᠮᠠᠯ | ᠲᠠᠷᠢᠶᠠᠯᠠᠩ ᠤᠨ ᠠᠵᠤ ᠠᠬᠤᠢ ᠦᠷᠭᠦᠯᠵᠢᠯᠡᠨ ᠲᠣᠭᠲᠠᠪᠤᠷᠢᠵᠢᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ 179.66 ᠳ᠋ᠦᠩᠰᠢᠭᠤᠷ ᠵᠢᠩ ᠳᠤ ᠬᠦᠷᠴᠦ᠂ | ᠮᠠᠯ ᠤᠨ ᠠᠵᠤ ᠠᠬᠤᠢ ᠶᠢᠨ ᠣᠨ ᠤ ᠮᠠᠯ ᠤᠨ ᠲᠤᠭ᠎ᠠ 1143.9 ᠲᠦᠮᠡ ᠳᠤ ᠬᠦᠷᠴᠦ᠂ ᠲᠦᠩᠯᠢᠶᠣᠣ ᠶᠢᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠯᠡᠩ ᠲᠣᠭᠤᠷᠢᠭ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ | ᠮᠠᠨ ᠤ ᠬᠤᠲᠠ ᠬᠤᠷᠴᠢᠨ ᠦᠬᠡᠷ ᠤᠨ ᠳᠤᠮᠳᠠᠳᠤ ᠤᠯᠤᠰ ᠤᠨ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢᠶᠠᠷ ᠲᠣᠭᠲᠠᠭᠠᠭᠳᠠᠵᠤ᠂ | ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠣᠷᠤᠨ ᠪᠦᠰᠡ ᠶᠢᠨ ᠨᠡᠶᠢᠲᠡ ᠶᠢᠨ ᠱᠣᠰᠢᠭ᠎ᠠ ᠶᠢᠨ ᠥᠷᠲᠡᠭ ᠥᠪᠡᠷᠲᠡᠭᠡᠨ ᠵᠠᠰᠠᠬᠤ ᠤᠷᠤᠨ ᠤ | ᠲᠡᠷᠢᠭᠦᠨ ᠤ ᠡᠩᠨᠡᠭᠡ ᠳᠤ ᠣᠷᠤᠭᠰᠠᠨ ᠪᠠᠶᠢᠨ᠎ᠠ᠃ ᠭᠤᠣᠯᠯᠠᠬᠤ ᠠᠵᠤ ᠦᠢᠯᠡᠰ ᠤᠨ ᠪᠥᠭᠡᠮᠨᠡᠷᠡᠯ ᠤᠨ ᠬᠠᠨᠳᠤᠰᠢ ᠪᠦᠷᠢᠯᠳᠦᠵᠦ᠂ ᠪᠤᠬᠢᠷᠲᠤᠯ ᠦᠭᠡᠢ ᠨᠡᠭᠦᠷᠡᠰᠦ | ᠴᠠᠬᠢᠯᠭᠠᠨ ᠬᠦᠩᠭᠡᠨᠴᠠᠭᠠᠨ᠂ ᠨᠤᠶᠠᠨ ᠰᠢᠰᠢ ᠶᠢᠨ ᠠᠮᠢᠳᠦ ᠪᠤᠳᠠᠰ ᠤᠨ ᠡᠮ ᠦᠢᠯᠡᠳᠬᠦ᠂ ᠬᠢᠲᠠᠳ ︵ᠮᠣᠩᠭᠤᠯ︶ ᠡᠮ ᠡᠮᠨᠡᠯᠭᠡ ᠵᠡᠷᠭᠡ ᠶᠢᠨ ᠠᠵᠤ ᠦᠢᠯᠡᠰ | ᠲᠣᠭᠲᠠᠭᠤᠨ ᠬᠦᠭᠵᠢᠵᠦ᠂ ᠨᠢᠺᠧᠯ ᠤᠨ ᠪᠦᠯᠦᠭ ᠤᠨ ᠰᠢᠨ᠎ᠡ ᠮᠠᠲ᠋ᠧᠷᠢᠶᠠᠯ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠣᠨᠤᠭᠯᠠᠯ ᠦᠢᠯᠡᠳᠬᠦ ᠵᠡᠷᠭᠡ ᠵᠠᠭᠤᠨ | ᠳ᠋ᠦᠩᠰᠢᠭᠤᠷ ᠤᠨ ᠲᠡᠰ ᠤᠨ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ︽ᠲᠠᠪᠤᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠦᠢᠯᠡᠳᠬᠦᠨ ᠤ | ᠦᠷᠳᠡᠭ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 94% ᠶᠢ ᠡᠵᠡᠯᠡᠪᠡ᠃ ᠲᠦᠩᠯᠢᠶᠣᠣ ᠶᠢᠨ ᠰᠢᠨ᠎ᠡ ᠡᠨᠧᠷᠬᠢ ᠶᠢᠨ ᠬᠦᠷᠢᠶᠡᠨ ᠳᠤ | ᠲᠤᠷᠰᠢᠯᠲᠡ ᠬᠢᠬᠦ ᠶᠢ ᠤᠯᠤᠰ ᠠᠴᠠ ᠳᠡᠮᠵᠢᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ ᠨᠢ 47% ᠳᠤ ᠬᠦᠷᠪᠡ᠃ | ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠮᠠᠨ ᠤ ᠬᠤᠲᠠ ᠤᠯᠤᠰ ᠤᠨ ᠨᠢᠷᠤᠭᠤᠪᠴᠢ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠰᠠᠭᠤᠷᠢᠨ ᠭᠠᠵᠠᠷ ᠤᠨ ᠬᠤᠶᠢᠲᠤ ᠬᠡᠰᠡᠭ ᠤᠨ ᠶᠡᠭᠡ ᠵᠠᠮ ᠤᠨ ᠠᠴᠢᠶᠠᠯᠠᠭᠴᠢ ᠬᠤᠲᠠ ᠪᠠᠷ ᠵᠢᠭᠰᠠᠭᠠᠭᠳᠠᠵᠤ᠂ ᠨᠡᠭᠡᠭᠡᠯᠲᠡ ᠶᠢᠨ ᠲᠣᠭᠤᠷᠢᠭ ᠤᠨ | ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠨᠢ ᠪᠥᠬᠦ ᠤᠯᠤᠰ ᠤᠨ ᠭᠤᠷᠪᠠᠳᠤᠭᠠᠷ ᠪᠦᠯᠦᠭ ᠤᠨ ᠵᠢᠱᠢᠶ᠎ᠡ ᠦᠵᠡᠭᠦᠯᠬᠦ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠢᠶᠠᠷ ᠵᠦᠪᠰᠢᠶᠡᠷᠡᠭᠳᠡᠵᠦ᠂ ᠬᠤᠷᠴᠢᠨ ᠤ 500 ᠺᠢᠯᠣᠮᠧᠲᠷ ᠤᠨ ᠦᠵᠡᠮᠵᠢ ᠶᠢᠨ ᠶᠡᠭᠡ ᠵᠠᠮ ᠨᠢ ︽ᠳᠤᠮᠳᠠᠳᠤ ᠤᠯᠤᠰ ᠤᠨ | ᠬᠠᠮᠤᠭ ᠤᠨ ᠬᠦᠷᠢᠶᠡᠯᠡᠯ ᠲᠠᠢ ᠲᠡᠷᠭᠡ ᠪᠠᠷᠢᠵᠤ ᠵᠤᠭᠠᠴᠠᠬᠤ ᠠᠷᠪᠠᠨ ᠶᠡᠭᠡ ᠱᠤᠭᠤᠮ︾ ᠢᠶᠠᠷ ᠦᠨᠡᠯᠡᠭᠳᠡᠵᠦ᠂ ᠬᠤᠤᠯᠢᠩᠭᠤᠤᠯ ᠬᠤᠲᠠ ᠥᠪᠡᠷᠲᠡᠭᠡᠨ ᠵᠠᠰᠠᠬᠤ | ᠤᠷᠤᠨ ᠳᠤ ᠤᠯᠤᠰ ᠤᠨ ᠠᠵᠤ ᠦᠢᠯᠡᠰ ᠮᠦᠩᠭᠦᠨ ᠭᠦᠢᠯᠭᠡᠭᠡ ᠶᠢᠨ ᠠᠭᠤᠰᠤᠯᠴᠠᠯ ᠤᠨ ᠲᠤᠷᠰᠢᠯᠲᠠ ᠶᠢᠨ ᠤᠤᠭᠠᠨ ᠬᠤᠲᠠ ᠪᠠᠷ ᠰᠣᠩᠭᠤᠭᠳᠠᠪᠠ᠃ | ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠰᠢᠢᠳᠪᠦᠷᠢᠲᠦ ᠢᠯᠠᠯᠲᠠ ᠶᠢ ᠣᠯᠪᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ | ᠠᠵᠢᠯ ᠠᠮᠵᠢᠯᠲᠠ ᠲᠠᠢ ᠲᠡᠭᠦᠰᠴᠦ᠂ ᠪᠦᠬᠦ ᠬᠤᠳᠠ ᠶᠢᠨ 22.49 ᠲᠦᠮᠡᠨ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠬᠦᠨ ᠢ | ᠶᠠᠳᠠᠭᠤ ᠠᠴᠠ ᠠᠩᠭᠢᠵᠢᠷᠠᠭᠤᠯᠵᠤ᠂ ᠲᠤᠶᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ | ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠢᠴᠢ ︽ᠡᠷᠭᠢᠵᠦ ᠬᠠᠷᠠᠵᠤ︾ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ | ᠴᠡᠭᠴᠡᠯᠡᠨ ᠵᠠᠰᠠᠵᠤ᠂ ᠬᠤᠤᠯᠢᠩᠭᠤᠤᠯ ᠤᠨ ᠵᠠᠳᠠᠭᠠᠢ ᠨᠡᠭᠦᠷᠡᠰᠦ ᠶᠢᠨ ᠠᠭᠤᠷᠬᠠᠢ ᠠᠮᠢ ᠠᠬᠤᠢ ᠶᠢᠨ ᠤᠷᠴᠢᠨ ᠲᠣᠭᠤᠷᠢᠨ ᠤ ᠶᠠᠮᠤᠨ ᠳᠤ ᠠᠭᠤᠷᠬᠠᠢ ᠶᠢᠨ ᠠᠮᠢ | ᠠᠬᠤᠢ ᠶᠢ ᠰᠡᠷᠭᠦᠭᠡᠭᠰᠡᠨ ᠨᠡᠶᠢᠲᠡᠯᠢᠭ ᠵᠢᠱᠢᠶ᠎ᠡ ᠪᠠᠷ ᠦᠨᠡᠯᠡᠭᠳᠡᠪᠡ᠃ ︽ᠳᠥᠷᠪᠡᠨ ᠮᠢᠩᠭᠠᠨ ᠲᠦᠮᠡᠨ ᠮᠦ︾ ᠶᠢᠨ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢᠨ | ᠢᠨᠵᠧᠨᠧᠷᠢᠩ ᠢ ᠪᠦᠲᠦᠮᠵᠢᠲᠡᠶ ᠬᠡᠷᠡᠭᠵᠢᠭᠦᠯᠵᠦ᠂ ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ 585 ᠲᠦᠮᠡᠨ ᠮᠦ᠂ ᠪᠣᠬᠢᠷᠳᠤᠯ | ᠦᠭᠡᠢ ᠠᠭᠤᠷᠬᠠᠢ ᠶᠢ 82 ᠪᠠᠶᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ 1060 ᠲᠦᠮᠡᠨ ᠮᠦ ᠶᠡᠷᠦᠩᠬᠡᠶᠢᠯᠡᠨ ᠵᠠᠰᠠᠵᠤ᠂ ᠪᠠᠶᠢᠭᠠᠯᠢ ᠶᠢᠨ ᠨᠤᠲᠤᠭ | ᠪᠡᠯᠴᠢᠭᠡᠷ ᠢ 1000 ᠲᠦᠮᠡᠨ ᠮᠦ ᠵᠠᠰᠠᠨ ᠰᠡᠷᠭᠦᠭᠡᠵᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ 23.78% ᠬᠦᠷᠴᠦ᠂ ᠨᠤᠲᠤᠭ ᠪᠡᠯᠴᠢᠭᠡᠷ ᠤᠨ | ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 62% ᠬᠥᠷᠪᠡ᠃ ᠪᠠᠷᠠᠭᠤᠨ ᠯᠤᠤᠬ᠎ᠠ ᠶᠢᠨ ᠭᠤᠤᠯ ᠤᠨ ᠤᠷᠤᠰᠬᠠᠯ ᠳᠠᠭᠠᠤ ᠠᠮᠢ ᠠᠬᠤᠢ ᠶᠢ | ᠵᠠᠰᠠᠬᠤ ᠠᠵᠢᠯ ᠤᠯᠤᠰ ᠤᠨ ᠬᠦᠨᠳᠦᠳᠬᠡᠯ ᠪᠠ ᠳᠡᠮᠵᠢᠯᠭᠡ ᠶᠢ ᠤᠯᠵᠤ᠂ ᠪᠠᠷᠠᠭᠤᠨ ᠯᠤᠤᠬ᠎ᠠ ᠶᠢᠨ ᠭᠤᠣᠯ ︽ᠡᠬᠡ ᠭᠤᠣᠯ︾ ᠬᠤᠷᠢᠨ ᠤᠨ ᠠᠯᠤᠰᠯᠠᠭᠠᠳ | ᠤᠷᠤᠰᠬᠠᠯ ᠲᠠᠢ ᠪᠤᠯᠪᠠ᠃ ᠡᠯ᠎ᠡ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠪᠥᠭᠡᠳ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠵᠠᠰᠠᠭ ᠤᠨ | ᠣᠷᠳᠣᠨ ᠤ ᠲᠠᠯᠳᠠ ᠥᠭᠴᠡᠭᠡᠨ ᠤ ᠬᠡᠪᠴᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠠᠶᠤᠯ ᠲᠦᠭᠰᠢᠭᠦᠷᠢ ᠶᠢ ᠶᠡᠷᠦᠩᠬᠡᠢ ᠳᠡᠭᠡᠨ ᠡᠵᠡᠮᠳᠡᠵᠦ ᠴᠢᠳᠠᠬᠤ ᠪᠣᠯᠭᠠᠪᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠥᠷᠨᠢᠭᠦᠯᠵᠦ᠂ ᠠᠷᠠᠳ ᠤᠯᠠᠨ ᠤ | ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠪᠠ᠃ | ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠪᠡ᠃ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ | ᠤᠯᠤᠰ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠳᠤ | ᠰᠢᠪᠲᠤᠯᠤᠯᠲᠠ ᠲᠠᠢ ᠪᠤᠯᠪᠠ᠃ ᠬᠤᠲᠠ ᠶᠢᠨ ᠵᠠᠰᠠᠭ ᠵᠠᠬᠢᠷᠭ᠎ᠠ ᠶᠢᠨ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ ᠶᠢ | ᠪᠠᠶᠢᠭᠤᠯᠵᠤ᠂ ᠬᠤᠲᠠ ᠶᠢᠨ ᠲᠣᠰ ᠱᠠᠲᠤᠨ ᠤ 249 ᠵᠠᠰᠠᠭ ᠵᠠᠬᠢᠷᠭᠠᠨ ᠤ ᠡᠷᠬᠡ ᠶᠢ ᠬᠦᠴᠦᠨ ᠦᠭᠡᠢ ᠪᠣᠯᠭᠠᠵᠤ ᠡᠷᠬᠡ ᠶᠢ ᠳᠣᠷᠣᠭᠰᠢ ᠪᠠᠭᠤᠯᠭᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ 13.59 ᠲᠦᠮᠡᠨ ᠡᠷᠦᠬᠡ ᠪᠠᠶᠢᠭᠰᠠᠨ ᠠᠴᠠ ᠪᠠᠨ 26.84 ᠲᠦᠮᠡᠨ ᠡᠷᠦᠬᠡ ᠪᠣᠯᠵᠤ ᠨᠡᠮᠡᠭᠳᠡᠪᠡ᠃ ᠰᠢᠨ᠎ᠡ ᠶᠢ ᠡᠭᠦᠳᠬᠦ | ᠬᠥᠭᠵᠢᠯᠲᠡ ᠶᠢᠨ ᠴᠢᠳᠠᠪᠤᠷᠢ ᠲᠣᠭᠲᠠᠭᠤᠨ ᠢᠶᠠᠷ ᠴᠢᠩᠭᠠᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ 28 | ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ | 218 ᠪᠣᠯᠭᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 44 ᠪᠣᠯᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ 33 ᠬᠦᠷᠲᠡᠵᠦ᠂ ᠪᠥᠬᠦ ᠣᠷᠣᠨ ᠤ ᠠᠩᠬᠠᠳᠠᠭᠴᠢ ᠠᠶᠢᠮᠠᠭ ᠬᠤᠲᠠ ᠶᠢᠨ ᠲᠠᠰ ᠤᠨ ᠥᠨᠳᠥᠷ ᠬᠤᠪᠢᠲᠤ ᠳᠠᠭᠠᠭᠤᠯᠢ | ᠣᠳᠣᠨ ᠤ ᠬᠡᠷᠡᠭᠯᠡᠭᠡᠨ ᠤ ᠲᠥᠪ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠤᠨ ᠤ ᠨᠣᠶᠠᠨ ᠰᠢᠰᠢ ᠪᠠ ᠠᠯᠠᠰᠢᠨ ᠦᠬᠡᠷ ᠤᠨ ᠡᠭᠦᠯᠳᠡᠷ ᠤᠨ ᠮᠡᠷᠭᠡᠵᠢᠯ ᠤᠨ | ᠰᠢᠨᠡᠴᠢᠯᠡᠯᠲᠡ ᠶᠢᠨ ᠲᠦᠪ᠂ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠲᠠᠳ ᠡᠮ ︵ᠮᠣᠩᠭᠤᠯ ᠡᠮ︶ ᠤᠨ ᠶᠠᠰᠤ ᠴᠢᠨᠠᠷ ᠢ | ᠬᠢᠨᠠᠨ ᠡᠵᠡᠮᠳᠡᠬᠦ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠲᠦᠩᠯᠢᠶᠣᠣ ᠳᠤ ᠪᠠᠶᠢᠭᠤᠯᠪᠠ᠃ ᠭᠠᠳᠠᠭᠠᠳᠤ ᠨᠡᠭᠡᠭᠡᠯᠲᠡ ᠶᠢᠨ ᠠᠯᠬᠤᠴᠠ ᠲᠦᠷᠭᠡᠳᠴᠦ᠂ | ᠮᠦᠭᠳᠡᠨ᠂ ᠴᠠᠩᠴᠦ᠋ᠨ ᠵᠡᠷᠭᠡ ᠬᠤᠲᠠ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠭᠠᠳᠠᠭᠠᠳᠤ ᠠᠴᠠ ᠣᠷᠣᠭᠤᠯᠵᠤ | ᠳᠣᠲᠣᠭᠠᠳᠤ ᠳᠠᠭᠠᠨ ᠬᠤᠯᠪᠤᠭᠠᠯᠠᠭᠰᠠᠨ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 675 ᠪᠠᠶᠢᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠳᠤ 698 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠪᠠ᠃ | ᠬᠤᠳᠠ ᠬᠥᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠬᠤᠲᠠ ᠪᠠᠯᠭᠠᠰᠤ ᠶᠢᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠳᠤ | ᠨᠡᠶᠢᠲᠡ 52 ᠳ᠋ᠦᠩᠰᠢᠭᠤᠷ ᠲᠥᠭᠦᠷᠢᠭ ᠣᠷᠣᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ 2.1 ᠲᠦᠮᠡᠨ ᠢᠵᠢ᠂ 560 ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠵᠤ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 50.03% ᠳᠤ ᠬᠥᠷᠪᠡ᠃ | ᠬᠥᠳᠡᠭᠡ ᠲᠣᠰᠬᠤᠨ ᠤ 1.5 ᠲᠦᠮᠡᠨ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠵᠤ᠂ 1/3 ᠠᠴᠠ ᠳᠡᠭᠡᠭᠰᠢᠬᠢ ᠮᠠᠯᠴᠢᠨ ᠲᠠᠷᠢᠶᠠᠴᠢᠨ ᠳᠤ | ᠠᠷᠢᠭᠤᠨ ᠴᠡᠪᠡᠷ ᠵᠣᠷᠯᠣᠩ ᠢ ᠬᠡᠷᠡᠭᠯᠡᠭᠦᠯᠵᠦ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠴᠥᠮ ᠬᠠᠲᠠᠭᠤᠷᠠᠭᠤᠯᠤᠭᠰᠠᠨ ᠵᠠᠮ ᠨᠠᠪᠲᠠᠷᠡᠭᠦᠯᠵᠦ᠂ ᠪᠤᠶᠢᠳᠠ | ᠪᠥᠭᠯᠡᠭᠦᠦ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠬᠦ ᠴᠠᠬᠢᠯᠭᠠᠨ ᠢ ᠲᠠᠰ ᠳᠡᠪᠰᠢᠭᠦᠯᠦᠨ ᠰᠢᠨᠡᠳᠬᠡᠨ ᠵᠠᠰᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ᠬᠤᠰᠢᠭᠤ | ᠰᠢᠶᠠᠨ ᠤ ᠭᠤᠤᠯ ᠬᠤᠲᠠ ᠲᠣᠭᠤᠷᠢᠭ ᠲᠤ 5G ᠰᠦᠯᠵᠢᠶ᠎ᠡ ᠶᠢ ᠨᠡᠪᠲᠡᠷᠡᠭᠦᠯᠵᠦ᠂ ᠴᠤᠤᠯ ᠭᠤᠣᠯ ᠢ ᠲᠠᠲᠠᠵᠤ ᠯᠤᠤᠬ᠎ᠠ ᠶᠢᠨ ᠭᠤᠣᠯ ᠳᠤ ᠣᠷᠤᠭᠤᠯᠬᠤ ᠵᠡᠷᠭᠡ | ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠳᠤᠮᠳᠠᠳᠤ ᠣᠷᠣᠰ ᠤᠨ ᠰᠢᠲᠠᠮᠠᠬᠠᠢ ᠬᠡᠢ ᠶᠢᠨ ᠵᠡᠭᠦᠨ ᠱᠤᠭᠤᠮ ᠤᠨ | ᠲᠦᠩᠯᠢᠶᠣᠣ ᠶᠢᠨ ᠬᠢᠵᠠᠭᠠᠷ ᠲᠠᠬᠢ ᠪᠠᠷᠢᠯᠭ᠎ᠠ ᠶᠢ ᠳᠠᠭᠤᠰᠬᠠᠨ ᠠᠰᠢᠭᠯᠠᠯᠲᠠ ᠳᠤ ᠣᠷᠤᠭᠤᠯᠵᠤ᠂ ᠮᠢᠨ ᠲᠦᠩ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ | ᠪᠥᠬᠦ ᠱᠤᠭᠤᠮ ᠢᠶᠠᠷ ᠨᠠᠪᠲᠠᠷᠡᠭᠦᠯᠵᠦ᠂ ᠳᠡᠭᠡᠳᠦ ᠳᠡᠰ ᠤᠨ ᠵᠠᠰᠠᠮᠠᠯ ᠵᠠᠮ ᠢ 585 ᠺᠢᠯᠣᠮᠧᠲᠷ ᠪᠠᠶᠢᠭᠤᠯᠵᠤ᠂ ᠭᠤᠣᠯ ᠱᠤᠭᠤᠮ ᠤᠨ ᠲᠡᠮᠦᠷ ᠵᠠᠮ ᠤᠨ | ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠲᠦᠩᠯᠢᠶᠣᠣ ᠠᠴᠠ ᠮᠦᠭᠳᠡᠨ ᠬᠦᠷᠬᠦ᠂ ᠪᠡᠭᠡᠵᠢᠩ ᠬᠦᠷᠬᠦ ᠲᠦᠷᠭᠡᠨ ᠲᠡᠮᠦᠷ | ᠵᠠᠮ ᠵᠠᠯᠭᠠᠭ᠎ᠠ ᠪᠠᠷ ᠨᠡᠪᠲᠡᠷᠡᠵᠦ᠂ ᠮᠠᠨ ᠤ ᠬᠤᠲᠠ ︽ᠲᠦᠷᠭᠡᠨ ᠲᠡᠮᠦᠷ ᠵᠠᠮ ᠤᠨ ᠴᠠᠭ ᠦᠶ᠎ᠡ︾ ᠳᠤ ᠣᠷᠣᠪᠠ᠃ | ᠠᠷᠠᠳ ᠤᠨ ᠠᠮᠢᠳᠤᠷᠠᠯ ᠤᠨ ᠪᠤᠶᠠᠨ ᠬᠡᠰᠢᠭ ᠦᠷᠭᠦᠯᠵᠢᠯᠡᠨ ᠨᠡᠮᠡᠭᠳᠡᠪᠡ᠃ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 75% ᠠᠴᠠ | ᠳᠡᠭᠡᠭᠰᠢᠬᠢ ᠶᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠪᠡ᠃ ᠬᠤᠲᠠ ᠪᠠᠯᠭᠠᠰᠤᠨ ᠤ ᠨᠡᠶᠢᠲᠡ 6.1 ᠲᠦᠮᠡᠨ ᠬᠥᠮᠥᠨ ᠳᠤ ᠰᠢᠨ᠎ᠡ ᠪᠠᠷ | ᠠᠵᠢᠯ ᠣᠯᠭᠤᠵᠤ᠂ ᠳᠡᠭᠡᠳᠦ ᠰᠤᠷᠭᠠᠭᠤᠯᠢ ᠲᠡᠭᠦᠰᠦᠭᠰᠡᠨ 6.6 ᠲᠦᠮᠡᠨ ᠬᠥᠮᠥᠨ ᠳᠤ ᠠᠵᠢᠯ ᠣᠯᠭᠤᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 37475 ᠲᠥᠭᠦᠷᠢᠭ ᠪᠠ 18405 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠲᠣᠰ | ᠲᠣᠰ 5.5% ᠪᠠ 10.1% ᠪᠠᠷ ᠨᠡᠮᠡᠭᠳᠡᠪᠡ᠃ ᠬᠤᠳᠠ ᠬᠥᠳᠡᠭᠡ ᠶᠢ ᠬᠠᠮᠤᠷᠤᠭᠰᠠᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠣᠶᠣᠯ᠂ ᠪᠡᠶ᠎ᠡ ᠶᠢᠨ ᠲᠠᠮᠢᠷ᠂ | ᠣᠷᠣᠨ ᠰᠠᠭᠤᠴᠠ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠦᠢᠯᠡᠰ ᠪᠦᠬᠦ ᠲᠠᠯ᠎ᠠ ᠪᠠᠷ ᠳᠠᠪᠰᠢᠵᠤ᠂ ᠪᠦᠬᠦ | ᠬᠤᠲᠠ ᠪᠠᠷ ᠢᠶᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ ᠰᠢᠶᠠᠨ ᠤ ᠦᠨᠡᠯᠡᠨ ᠵᠢᠱᠢᠯᠲᠡ ᠪᠠᠷ | ᠲᠠᠮᠵᠢᠨ ᠮᠠᠭᠠᠳᠯᠠᠨ ᠲᠣᠭᠲᠠᠭᠠᠭᠳᠠᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠠᠷᠢᠮᠵᠢᠶᠠᠵᠢᠭᠤᠯᠤᠨ | ᠲᠡᠩᠴᠡᠭᠦᠷᠢᠰᠢᠭᠦᠯᠬᠦ ᠪᠠᠶᠢᠭᠤᠯᠤᠯᠲᠠ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠪᠦᠬᠦ ᠤᠯᠤᠰ ᠤᠨ ᠴᠢᠰᠤ ᠬᠠᠨᠳᠢᠪᠯᠠᠭᠰᠠᠨ ᠲᠡᠷᠢᠭᠦᠨ ᠤ ᠬᠤᠲᠠ ᠪᠠᠷ | ᠦᠨᠡᠯᠡᠭᠳᠡᠵᠦ᠂ ᠬᠤᠤᠰ ᠬᠦᠷᠢᠶᠡᠯᠡᠯ ᠤᠨ ᠵᠢᠱᠢᠶᠡᠴᠢ ᠬᠤᠳᠠ ᠪᠠᠷ ᠲᠠᠪᠤᠨᠲᠠ ᠳᠠᠷᠠᠭᠠᠯᠠᠨ ᠮᠠᠩᠯᠠᠶᠢᠯᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠴᠢᠬᠤᠯᠠ | ᠶᠡᠭᠡ ᠦᠷ᠎ᠡ ᠪᠦᠲᠦᠭᠡᠯ ᠣᠯᠵᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ | ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠨᠢᠭᠡ | ᠪᠦᠯᠦᠭ ᠭᠤᠣᠯᠳᠠᠯᠭ᠎ᠠ ᠲᠠᠢ ᠬᠦᠴᠢᠷ ᠲᠦᠪᠡᠭᠲᠡᠢ ᠵᠠᠬᠢᠳᠠᠯ ᠰᠣᠷᠪᠤᠯᠵᠢᠯᠠᠭ᠎ᠠ ᠶᠢᠨ ᠶᠠᠪᠤᠳᠠᠯ ᠢ ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ | ᠪᠠᠶᠢᠳᠠᠯ ᠢ ᠤᠯᠠᠮ ᠴᠢᠨᠠᠭᠰᠢᠳᠠ ᠪᠠᠬᠢᠵᠢᠭᠦᠯᠵᠦ᠂ ᠮᠠᠨ ᠤ ᠬᠤᠳᠠ ᠶᠢ ᠬᠤᠶᠠᠳᠤᠭᠠᠷ ᠪᠦᠯᠦᠭ ᠤᠨ ᠪᠦᠬᠦ ᠤᠯᠤᠰ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ | ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠤᠳᠠ ᠪᠠᠷ ᠲᠣᠭᠲᠠᠭᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ | ᠬᠦᠷᠢᠶᠡᠯᠡᠨ ᠬᠠᠷᠠᠭᠠᠯᠵᠠᠬᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠰᠢᠨ᠎ᠡ ᠲᠠᠪᠰᠢᠯᠳᠠ ᠲᠠᠢ ᠪᠣᠯᠵᠤ᠂ | ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠲᠤᠭ᠎ᠠ ᠪᠦᠷᠢᠳᠬᠡᠯ ᠪᠠᠶᠢᠴᠠᠭᠠᠯᠲᠠ᠂ ᠷᠠᠳᠢᠣ᠋ ᠨᠡᠪᠲᠡᠷᠡᠭᠦᠯᠭᠡ ᠲᠧᠯᠸᠢᠰ᠂ ᠭᠠᠵᠠᠷ ᠬᠥᠳᠡᠯᠦᠯᠲᠡ ᠴᠠᠭ ᠠᠭᠤᠷ᠂ | ᠲᠡᠦᠬᠡ ᠣᠶᠢᠯᠠᠯᠭ᠎ᠠ ᠲᠠᠩᠰᠠ ᠡᠪᠬᠡᠮᠡᠯ ᠵᠡᠷᠭᠡ ᠦᠢᠯᠡᠰ ᠰᠢᠨ᠎ᠡ ᠬᠥᠭᠵᠢᠯᠲᠡ ᠲᠠᠢ ᠪᠣᠯᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯᠴᠢᠨ ᠤ ᠡᠪᠯᠡᠯ᠂ | ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ | ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠮᠠᠭᠠᠯᠠᠬᠤ ᠠᠵᠢᠯ ᠤᠨ ᠵᠦᠪᠯᠡᠯ᠂ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ | ᠴᠥᠮ ᠰᠢᠨ᠎ᠡ ᠠᠭᠤᠷ ᠠᠮᠢᠰᠬᠤᠯ ᠲᠠᠢ ᠪᠣᠯᠪᠠ᠃ | ᠲᠣᠰ ᠪᠡᠶ᠎ᠡ ᠶᠢᠨ ᠪᠠᠶᠢᠭᠤᠯᠤᠯᠲᠠ ᠪᠠᠨ ᠨᠠᠩ ᠴᠢᠩᠭ᠎ᠠ ᠪᠣᠳᠠᠲᠠᠢ ᠪᠣᠯᠭᠠᠪᠠ᠃ ᠨᠠᠮ ᠤᠨ ᠪᠠᠶᠢᠭᠤᠯᠤᠯᠲᠠ ᠪᠠᠷ ᠵᠠᠰᠠᠭ ᠤᠨ ᠣᠷᠳᠣᠨ ᠤ ᠠᠵᠢᠯ ᠢ | ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ | ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠬᠠᠮᠠᠭᠠᠯᠠᠯ︾ ᠢ | ᠦᠢᠯᠡᠳᠦᠯᠭᠡᠵᠢᠭᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠲᠠ ᠶᠢᠨ ᠵᠠᠰᠠᠭ ᠤᠨ | ᠣᠷᠳᠣᠨ ᠤ ᠠᠵᠢᠯ ᠤᠨ ᠳᠦᠷᠢᠮ᠂ ᠬᠡᠷᠡᠭ ᠵᠦᠪᠯᠡᠵᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ | ᠭᠤᠷᠪᠠᠨ ᠴᠢᠬᠤᠯᠠ ᠨᠢᠭᠡ ᠶᠡᠭᠡ︾ ᠶᠢᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠬᠤᠲᠠ | ᠰᠢᠶᠠᠨ ᠰᠢᠶᠠᠩ ᠲᠣᠰᠬᠤᠨ ᠳᠥᠷᠪᠡᠨ ᠱᠠᠲᠤ ᠳᠤ ᠬᠠᠤᠯᠢ ᠴᠠᠭᠠᠵᠠ ᠶᠢᠨ ᠵᠥᠪᠯᠡᠭᠴᠢ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ | ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠳᠤᠷᠠᠳᠤᠯᠭ᠎ᠠ ᠶᠢ ᠪᠦᠬᠦᠨ ᠢ ᠴᠠᠭ ᠲᠠᠭᠠᠨ ᠰᠢᠢᠳᠪᠦᠷᠢᠯᠡᠵᠤ ᠬᠠᠷᠢᠭᠤ ᠥᠭᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ | ᠲᠦᠷᠪᠡᠨ ᠰᠤᠷᠲᠠᠯ︾ ᠢ ᠵᠠᠯᠠᠷᠠᠭᠤᠯᠤᠨ ᠰᠢᠨ᠎ᠡ ᠰᠤᠷᠲᠠᠯ ᠢ ᠪᠤᠢ ᠪᠣᠯᠭᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ 2017 ᠣᠨ ᠤ | ᠬᠢ ᠠᠴᠠ 48% ᠪᠠᠷ ᠪᠠᠭᠠᠰᠬᠠᠪᠠ᠃ ᠣᠷᠴᠢᠨ ᠠᠬᠤᠢ ᠶᠢᠨ ᠬᠠᠮᠠᠭᠠᠯᠠᠯᠲᠠ᠂ ᠲᠤᠭ᠎ᠠ ᠪᠦᠷᠢᠳᠬᠡᠯ᠂ ᠨᠡᠭᠦᠷᠡᠰᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ | ᠵᠡᠷᠭᠡ ᠬᠦᠷᠢᠶᠡᠨ ᠳᠠᠬᠢ ᠦᠭᠡᠷᠡᠴᠢᠯᠡᠨ ᠵᠠᠰᠠᠬᠤ ᠠᠵᠢᠯ ᠢ ᠦᠨᠡᠨ ᠪᠣᠳᠠᠲᠠᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠳᠤ ᠰᠢᠨ᠎ᠡ ᠦᠷ᠎ᠡ ᠪᠦᠲᠦᠮᠵᠢ ᠣᠯᠪᠠ᠃ | ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ ᠪᠢᠳᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠵᠤ᠂ ᠳᠠᠷᠤᠯᠲᠠ ᠶᠢ ᠳᠠᠭᠠᠭᠠᠨ | ᠤᠷᠤᠭᠰᠢᠯᠠᠵᠤ᠂ ᠦᠨᠡᠨ ᠪᠣᠳᠠᠲᠠᠢ ᠠᠵᠢᠯᠯᠠᠨ ᠪᠣᠳᠠᠲᠤ ᠪᠦᠲᠦᠮᠵᠢ ᠪᠠᠷ ᠢᠶᠠᠨ ᠨᠠᠮ ᠤᠨ ᠵᠠᠭᠤᠨ ᠵᠢᠯ ᠤᠨ ᠤᠢ ᠶᠢ ᠪᠡᠯᠭᠡᠯᠡᠪᠡ᠃ ᠪᠢᠳᠡ ᠠᠵᠤ ᠠᠬᠤᠢ ᠶᠢᠨ | ᠰᠡᠷᠭᠦᠯᠲᠡ ᠶᠢᠨ ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠪᠠ᠃ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠠᠵᠤ ᠦᠢᠯᠡᠰ ᠤᠨ ᠬᠦᠴᠢᠷᠳᠡᠯ ᠢ ᠲᠠᠶᠢᠯᠵᠤ᠂ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ 8.9 ᠳ᠋ᠦᠩᠰᠢᠭᠤᠷ ᠲᠥᠭᠦᠷᠢᠭ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠵᠤ᠂ ᠭᠠᠶᠢᠯᠢ ᠶᠢᠨ ᠮᠥᠩᠭᠦ ᠶᠢ | 12.05 ᠳ᠋ᠦᠩᠰᠢᠭᠤᠷ ᠲᠥᠭᠦᠷᠢᠭ ᠬᠤᠶᠢᠰᠢᠯᠠᠭᠤᠯᠤᠨ ᠲᠣᠰᠢᠶᠠᠬᠤ ᠪᠤᠯᠭᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 91.7% ᠪᠠᠷ ᠨᠡᠮᠡᠭᠳᠡᠵᠦ᠂ ᠠᠰᠢᠭ ᠬᠤᠨᠵᠢᠪᠤᠷᠢ ᠶᠢᠨ ᠨᠤᠷᠮ᠎ᠠ 3.9 ᠬᠤᠪᠢ ᠪᠠᠷ ᠳᠡᠭᠡᠭᠰᠢᠯᠡᠪᠡ᠃ ᠪᠥᠬᠦ | ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 4% ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 14. | 95% ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 6.1% ᠨᠡᠮᠡᠭᠳᠡᠵᠦ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 65.3% ᠨᠡᠮᠡᠭᠳᠡᠪᠡ᠃ ᠪᠢᠳᠡ ᠬᠦᠨᠳᠦ ᠶᠡᠭᠡ ᠠᠶᠤᠯ ᠲᠦᠭᠰᠢᠭᠦᠷᠢ ᠶᠢ ᠯᠠᠪᠳᠠᠭᠤᠨ ᠢᠶᠠᠷ | ᠠᠷᠭᠠᠴᠠᠨ ᠠᠷᠢᠯᠭᠠᠪᠠ᠃ ︽11· 5︾ ᠳᠤ ᠬᠠᠮᠤᠭ ᠤᠨ ᠬᠦᠴᠦᠷᠬᠡᠭ ᠴᠠᠰᠤ ᠰᠢᠭᠤᠷᠭ᠎ᠠ ᠳᠠᠭᠠᠷᠢᠭᠰᠠᠨ ᠳᠤ ᠬᠤᠲᠠ ᠳᠠᠶᠠᠭᠠᠷ ᠢᠶᠠᠨ ᠴᠠᠰᠤ ᠪᠠᠷ ᠵᠠᠷᠯᠢᠭ ᠪᠤᠯᠭᠠᠵᠤ | ᠴᠠᠰᠤ ᠯᠤᠭ᠎ᠠ ᠰᠢᠷᠦᠭᠦᠨ ᠲᠡᠮᠡᠴᠡᠭᠰᠡᠨ ᠪᠠ ᠠᠬ᠎ᠠ ᠳᠡᠭᠦᠦ ᠠᠶᠢᠮᠠᠭ ᠬᠤᠲᠠ ᠠᠯᠤᠰ ᠬᠤᠯᠠ ᠠᠴᠠ ᠬᠦᠷᠦᠯᠴᠡᠨ ᠢᠷᠡᠵᠤ ᠲᠣᠰᠠᠯᠠᠵᠤ᠂ ᠲᠦᠮᠡᠨ ᠣᠯᠠᠨ ᠰᠡᠳᠬᠢᠯ | ᠨᠢᠭᠡᠳᠦᠨ ᠴᠠᠰᠤ ᠶᠢ ᠡᠰᠡᠷᠭᠦᠴᠡᠵᠦ ᠭᠠᠮᠰᠢᠭ ᠠᠴᠠ ᠠᠪᠤᠷᠠᠬᠤ ᠢᠯᠠᠯᠲᠠ ᠶᠢ ᠣᠯᠪᠠ᠃ ᠮᠠᠨᠵᠤᠤᠷ ᠲᠤ ᠬᠤᠯᠪᠤᠭᠳᠠᠭᠰᠠᠨ ᠬᠢᠵᠢᠭ ᠡᠭᠦᠰᠦᠭᠰᠡᠨ ᠳᠤ ᠪᠢᠳᠡ ᠵᠠᠷᠯᠢᠭ | ᠣᠯᠤᠮᠠᠭᠴᠠ ᠬᠦᠳᠡᠯᠦᠯᠴᠡᠵᠦ ᠴᠠᠭ ᠮᠥᠴᠡ ᠲᠠᠢ ᠤᠷᠤᠯᠳᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠨᠤᠪᠴᠢᠲᠠᠢ ᠡᠮᠬᠢ ᠳᠠᠷᠠᠭ᠎ᠠ ᠲᠠᠢ ᠬᠢᠵᠦ᠂ ᠣᠯᠠᠨ | ᠲᠦᠮᠡᠨ ᠤ ᠡᠷᠡᠭᠦᠯ ᠮᠡᠨᠳᠦ ᠶᠢ ᠦᠨᠡᠨ ᠪᠤᠲᠠᠲᠠᠢ ᠪᠠᠲᠤᠯᠠᠪᠠ᠃ ᠬᠡᠰᠡᠭ ᠬᠤᠰᠢᠭᠤ ᠰᠢᠶᠠᠨ ᠤ ᠲᠦᠷᠦᠯ ᠵᠦᠢᠯ ᠳᠠᠩᠰᠠᠯᠠᠭᠤᠯᠵᠤ ᠬᠢᠨᠠᠨ ᠵᠦᠪᠰᠢᠶᠡᠷᠡᠭᠦᠯᠬᠦ | ᠶᠠᠪᠤᠳᠠᠯ ᠳᠤ ᠰᠠᠭᠠᠳ ᠤᠴᠠᠷᠠᠭᠰᠠᠨ ᠳᠤ ᠬᠤᠲᠠ ᠬᠤᠰᠢᠭᠤ ᠬᠤᠶᠠᠷ ᠱᠠᠲᠤ ᠬᠠᠮᠲᠤᠷᠠᠨ ᠲᠦᠪᠡᠭ ᠲᠠᠢ ᠪᠠᠶᠢᠳᠠᠯ ᠢ ᠲᠠᠶᠢᠯᠵᠤ᠂ 6 ᠬᠤᠰᠢᠭᠤ ᠰᠢᠶᠠᠨ ᠲᠥᠪ ᠤᠨ | ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ︽ᠬᠠᠷ᠎ᠠ ᠲᠠᠩᠰᠠ︾ ᠠᠴᠠ ᠤᠬᠤᠷᠢᠨ ᠭᠠᠷᠪᠠ᠃ ᠪᠢᠳᠡ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠪᠴᠢᠯᠡᠨ ᠠᠬᠢᠭᠤᠯᠪᠠ᠃ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠨ | ᠰᠠᠭᠤᠷᠢ ᠵᠦᠢᠯᠡᠰ ᠢ ᠪᠠᠲᠤᠳᠬᠠᠬᠤ 156 ᠵᠦᠢᠯ ᠢ ᠬᠡᠷᠡᠭᠵᠢᠭᠦᠯᠵᠦ᠂ 26 ᠠᠵᠤ ᠠᠬᠤᠶᠢᠯᠠᠯ ᠢ ᠲᠣᠭᠲᠠᠭᠠᠯ ᠳᠤ ᠣᠷᠣᠭᠤᠯᠬᠤ ᠪᠠᠷᠢᠮᠵᠢᠶ᠎ᠠ ᠳᠤ ᠬᠦᠷᠭᠡᠪᠡ᠃ | ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ 20.3% ᠪᠠᠷ ᠨᠡᠮᠡᠭᠳᠡᠵᠦ᠂ ᠠᠵᠤ | ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠦᠢᠯᠡᠴᠢᠯᠡᠭᠡᠨ ᠤ ᠦᠢᠯᠡᠰ ᠤᠨ ᠬᠤᠪᠢ ᠨᠡᠮᠡᠷᠢ ᠶᠢᠨ ᠨᠤᠷᠮ᠎ᠠ 73.2% ᠲᠤ ᠬᠦᠷᠪᠡ᠃ ᠪᠢᠳᠡ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠬᠦᠴᠦᠯᠡᠨ ᠠᠬᠢᠭᠤᠯᠪᠠ᠃ ᠬᠤᠲᠠ ᠶᠢᠨ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠴᠢᠬᠤᠯᠠ ᠶᠡᠭᠡ ᠲᠥᠷᠥᠯ ᠵᠦᠢᠯ ᠢ ᠲᠦᠯᠬᠢᠨ ᠠᠬᠢᠭᠤᠯᠬᠤ ᠲᠥᠪ ᠢ ᠪᠠᠶᠢᠭᠤᠯᠵᠤ᠂ ᠨᠡᠶᠢᠲᠡ 100 ᠳ᠋ᠦᠩᠰᠢᠭᠤᠷ ᠲᠥᠭᠦᠷᠢᠭ ᠤᠨ ᠣᠷᠴᠢᠮ ᠪᠡᠯᠡ | ᠣᠷᠤᠭᠤᠯᠬᠤ ᠬᠤᠷᠴᠢᠨ ᠤ ᠨᠤᠲᠤᠭ ᠪᠡᠯᠴᠢᠭᠡᠷ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ | ᠪᠠ ᠵᠠᠰᠠᠨ ᠰᠡᠷᠭᠦᠭᠡᠬᠦ ᠢᠨᠵᠧᠨᠧᠷᠢᠩ᠂ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠣᠶᠢᠵᠢᠭᠤᠯᠬᠤ ᠲᠥᠷᠥᠯ ᠵᠦᠢᠯ ᠢ ᠠᠮᠵᠢᠯᠲᠠ ᠲᠠᠢ | ᠲᠡᠮᠡᠴᠡᠨ ᠣᠯᠬᠤ ᠶᠢᠨ ᠬᠠᠮᠲᠤ ᠡᠬᠢᠯᠡᠨ ᠬᠡᠷᠡᠭᠵᠢᠭᠦᠯᠪᠡ᠃ ᠡᠨᠧᠷᠭᠢ ᠶᠢᠨ ᠬᠤᠷᠣᠭᠳᠠᠭᠤᠯᠤᠯ ᠤᠨ ︽ᠬᠤᠤᠰ ᠡᠵᠡᠮᠳᠡᠯ︾ ᠢ ᠠᠬᠢᠭᠤᠯᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠵᠢᠯᠤᠭᠤᠳᠬᠤ ᠰᠠᠨᠠᠯ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠬᠤᠷᠣᠭᠳᠠᠭᠤᠯᠤᠯ ᠢ | ᠪᠠᠭᠠᠰᠬᠠᠬᠤ ᠡᠭᠦᠷᠭᠡ ᠶᠢ ᠪᠡᠶᠡᠯᠡᠭᠦᠯᠪᠡ᠃ ᠪᠢᠳᠡ ᠬᠤᠳᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠢᠷᠮᠠᠶᠢᠨ ᠰᠠᠶᠢᠵᠢᠷᠠᠭᠤᠯᠪᠠ᠃ | ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ 78 ᠵᠦᠢᠯᠡᠰ ᠢ ᠬᠡᠷᠡᠭᠵᠢᠭᠦᠯᠵᠦ᠂ ᠭᠤᠣᠯ ᠬᠤᠲᠠ ᠲᠣᠭᠤᠷᠢᠭ ᠤᠨ | ᠬᠤᠳᠠ ᠶᠢᠨ ᠶᠠᠪᠤᠳᠠᠯ ᠴᠡᠴᠡᠷᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠵᠠᠬ᠎ᠠ ᠳᠡᠯᠭᠡᠭᠦᠷᠴᠢᠯᠡᠬᠦ᠂ ᠣᠷᠴᠢᠨ ᠲᠣᠭᠤᠷᠢᠨ ᠤ ᠴᠡᠪᠡᠷᠯᠡᠭᠡ ᠶᠢ ᠨᠢᠭᠡ ᠴᠣᠭᠴᠠᠵᠢᠭᠤᠯᠬᠤ | ᠥᠭᠡᠷᠡᠴᠢᠯᠡᠯᠲᠡ ᠶᠢ ᠡᠬᠢᠯᠡᠭᠦᠯᠵᠦ᠂ ᠬᠠᠤᠯᠢ ᠶᠢ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠦᠬᠦ | ᠤᠯᠤᠰ ᠤᠨ ᠪᠣᠯᠪᠠᠰᠤᠨ ᠬᠤᠳᠠ᠂ ᠤᠯᠤᠰ ᠤᠨ ᠠᠷᠢᠭᠤᠨ ᠴᠡᠪᠡᠷ ᠬᠤᠳᠠ ᠶᠢᠨ ᠠᠯᠳᠠᠷ ᠢ ᠠᠮᠵᠢᠯᠲᠠ ᠲᠠᠢ ᠬᠠᠮᠠᠭᠠᠯᠠᠵᠤ᠂ ᠲᠦᠩᠯᠢᠶᠣᠣ ᠬᠤᠳᠠ ᠶᠢᠨ ᠢᠷᠠᠭᠤ | ᠠᠯᠳᠠᠷ ᠢ ᠬᠠᠮᠠᠭᠠᠯᠠᠪᠠ᠃ ᠪᠢᠳᠡ ᠦᠷᠭᠦᠯᠵᠢᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠪᠡ᠃ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠤᠨ ᠦᠢᠯᠡᠴᠢᠯᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠬᠦ 26 ᠵᠤᠷᠪᠤᠰ ᠠᠷᠭ᠎ᠠ ᠬᠡᠮᠵᠢᠶ᠎ᠡ ᠶᠢ ᠨᠡᠶᠢᠲᠡᠯᠡᠵᠦ᠂ | ᠬᠤᠲᠠ ᠶᠢᠨ ᠬᠠᠷᠢᠶ᠎ᠠ ᠲᠠᠪᠤᠨ ᠶᠡᠭᠡ ᠪᠦᠯᠦᠭᠯᠡᠯ ᠢ ᠰᠢᠯᠢᠳᠡᠭᠵᠢᠭᠦᠯᠦᠨ ᠳᠠᠬᠢᠨ ᠪᠠᠶᠢᠭᠤᠯᠵᠤ᠂ ︽ᠤᠯᠠᠭᠠᠨᠬᠠᠳᠠ ᠬᠤᠲᠠ ᠲᠦᠩᠯᠢᠶᠣᠣ ᠬᠤᠲᠠ ᠶᠢᠨ ᠬᠠᠮᠵᠢᠯᠴᠠᠨ | ᠬᠥᠭᠵᠢᠬᠦ ᠬᠠᠮᠲᠤᠷᠠᠯᠴᠠᠭᠠᠨ ᠤ ᠰᠠᠨᠠᠭᠤᠯᠤᠮᠵᠢ︾ ᠳᠤ ᠭᠠᠷ ᠤᠨ ᠥᠰᠥᠭ ᠵᠢᠷᠤᠵᠤ᠂ ᠪᠥᠬᠦ ᠠᠵᠢᠯᠲᠠᠨ ᠪᠥᠬᠦ ᠴᠠᠷᠠᠭ᠎ᠠ ᠪᠥᠬᠦ ᠤᠯᠠᠷᠢᠯ ᠳᠤ ᠬᠤᠳᠠᠯᠳᠤᠭᠠᠴᠢᠨ | ᠤᠷᠢᠬᠤ ᠳᠠᠭᠠᠷᠢᠯᠲᠠ ᠶᠢ ᠥᠷᠨᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠡᠷ᠎ᠡ ᠲᠣᠭᠲᠠᠭᠰᠠᠨ ᠲᠥᠷᠥᠯ ᠵᠦᠢᠯ᠂ ᠪᠣᠳᠠᠲᠠᠶᠢᠵᠢᠭᠤᠯᠤᠭᠰᠠᠨ ᠪᠡᠯᠡ | ᠮᠥᠩᠭᠦ ᠶᠢ ᠲᠣᠰ ᠲᠣᠰ 86% ᠪᠠ 18% ᠪᠠᠷ ᠨᠡᠮᠡᠭᠳᠡᠭᠦᠯᠪᠡ᠃ ᠪᠢᠳᠡ ᠦᠨᠡᠨ ᠰᠡᠳᠬᠢᠯᠭᠡ ᠪᠠᠷ ᠢᠶᠠᠨ ᠬᠦᠴᠦᠯᠡᠨ ᠴᠢᠷᠮᠠᠶᠢᠵᠤ ᠪᠠᠶᠢᠭᠠᠳ ᠴᠢᠨᠠᠷ ᠰᠠᠶᠢᠲᠠᠢ | ᠠᠮᠢᠳᠤᠷᠠᠯ ᠢ ᠴᠣᠭᠴᠠᠯᠠᠪᠠ᠃ ᠬᠤᠲᠠ ᠶᠢᠨ ᠵᠠᠰᠠᠭ ᠤᠨ ᠣᠷᠳᠣᠨ ᠠᠴᠠ ᠰᠠᠶᠢᠲᠤᠷ ᠬᠢᠬᠦ ᠪᠠᠷ ᠠᠮᠠᠯᠠᠭᠰᠠᠨ ᠶᠢᠰᠦᠨ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠪᠦᠲᠦᠮᠵᠢᠲᠡᠢ ᠬᠡᠷᠡᠭᠵᠢᠭᠦᠯᠵᠦ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ 42 ᠵᠦᠢᠯ ᠤᠨ | ᠠᠮᠠᠯᠠᠯᠲᠠ ᠶᠢᠨ ᠶᠠᠪᠤᠳᠠᠯ ᠢ ᠪᠦᠬᠦ ᠲᠠᠯ᠎ᠠ ᠪᠠᠷ ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠡᠷᠡᠭᠦᠯ ᠢᠶᠠᠷ ᠬᠥᠭᠵᠢᠵᠦ᠂ ᠨᠡᠶᠢᠭᠡᠮ ᠤᠨ ᠶᠡᠭᠡ ᠲᠠᠯ᠎ᠠ ᠲᠣᠭᠲᠠᠭᠤᠨ | ᠪᠠᠶᠢᠬᠤ ᠶᠢ ᠪᠠᠲᠤᠯᠠᠪᠠ᠃ | ᠲᠥᠯᠥᠭᠡᠯᠡᠭᠴᠢᠳ ᠠ᠋᠂ ᠥᠩᠭᠡᠷᠡᠭᠰᠡᠨ ᠲᠦᠷᠪᠡᠨ ᠵᠢᠯ ᠢᠶᠠᠨ ᠡᠷᠭᠢᠴᠡᠭᠦᠯᠬᠦᠶ᠎ᠡ᠂ ᠬᠦᠨᠳᠦ ᠰᠦᠷᠡᠬᠡᠢ ᠨᠠᠷᠢᠨ ᠪᠤᠳᠤᠯᠢᠶᠠᠨᠲᠠᠢ ᠬᠥᠭᠵᠢᠯᠲᠡ ᠶᠢᠨ | ᠬᠠᠨᠲᠣᠰᠢ ᠶᠢᠨ ᠡᠮᠦᠨ᠎ᠡ᠂ ᠪᠢᠳᠡ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠬᠦᠴᠢᠷ ᠪᠡᠷᠬᠡᠰᠢᠶᠡᠯ ᠢ ᠲᠤᠭᠤᠯᠤᠨ ᠤᠷᠤᠭᠰᠢᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠰᠢᠯᠭᠠᠯᠲᠠ ᠶᠢ ᠥᠩᠭᠡᠷᠡᠭᠡᠵᠦ᠂ ᠭᠤᠷᠪᠠᠨ ᠰᠢᠪᠲᠤᠯᠤᠯᠲᠠ ᠶᠢᠨ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠭᠡᠷᠡᠴᠢᠯᠡᠵᠦ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠨ ᠵᠠᠮ ᠢᠶᠠᠨ ᠡᠬᠢᠯᠡᠭᠦᠯᠪᠡ᠃ ᠳᠦᠷᠪᠡᠨ ᠵᠢᠯ ᠤᠨ ᠲᠡᠮᠡᠴᠡᠯ ᠳᠤ ᠪᠦᠬᠦ ᠬᠤᠲᠠ ᠶᠢᠨ | ᠬᠦᠭᠵᠢᠯᠲᠡ ᠣᠶᠢᠯᠠᠭᠠᠭᠳᠠᠬᠤᠨ ᠪᠠ ᠰᠡᠳᠭᠢᠬᠦᠢ ᠴᠢᠭᠯᠡᠯ ᠤᠯᠠᠮ ᠢᠯᠡᠭᠦᠦ ᠢᠯᠡ ᠲᠣᠳᠤ ᠪᠤᠯᠵᠤ᠂ ᠣᠨᠴᠠᠯᠢᠭ ᠳᠣᠪᠤᠶᠢᠮ᠎ᠠ᠂ ᠪᠥᠭᠡᠮᠨᠡᠷᠡᠨ ᠬᠦᠭᠵᠢᠬᠦ ᠠᠵᠤ | ᠦᠢᠯᠡᠰ ᠤᠨ ᠪᠠᠶᠢᠳᠠᠯ ᠠᠩᠬ᠎ᠠ ᠠᠯᠬᠤᠮ ᠪᠦᠷᠢᠯᠳᠦᠵᠦ᠂ ᠬᠦᠭᠵᠢᠯᠲᠡ ᠶᠢᠨ ᠣᠷᠴᠢᠨ ᠠᠬᠤᠢ ᠪᠠ ᠤᠯᠤᠰ ᠲᠦᠷᠦ ᠶᠢᠨ ᠣᠷᠴᠢᠨ ᠠᠬᠤᠢ ᠵᠡᠷᠭᠡ ᠲᠠᠯ᠎ᠠ ᠶᠢᠨ | ᠳᠣᠪᠤᠶᠢᠮ᠎ᠠ ᠠᠰᠠᠭᠤᠳᠠᠯ ᠶᠠᠭ ᠰᠠᠶᠢᠬᠠᠨ ᠪᠦᠲᠦᠮᠵᠢᠲᠡᠢ ᠰᠢᠢᠳᠪᠦᠷᠢᠯᠡᠭᠳᠡᠵᠦ᠂ ᠲᠦᠩᠯᠢᠶᠣᠣ ᠶᠢᠨ ᠬᠥᠭᠵᠢᠯᠲᠡ ᠲᠡᠤᠬᠡ ᠶᠢᠨ ᠰᠢᠨ᠎ᠡ ᠭᠠᠷᠤᠭ᠎ᠠ ᠳᠡᠭᠡᠷ᠎ᠡ ᠳᠠᠬᠢᠨ | ᠵᠣᠭᠰᠤᠭᠰᠠᠨ ᠪᠠᠶᠢᠨ᠎ᠠ᠃ | ᠲᠦᠷᠪᠡᠨ ᠵᠢᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠲᠡᠶᠢᠮᠦ ᠬᠢᠯᠪᠠᠷᠬᠠᠨ ᠢᠶᠠᠷ ᠣᠯᠣᠭᠰᠠᠨ ᠪᠢᠰᠢ᠂ ᠬᠠᠷᠢᠨ ᠬᠠᠲᠠᠭᠤᠵᠢᠯᠲᠠᠢ ᠲᠡᠮᠡᠴᠡᠭᠡᠳ | ᠣᠯᠤᠭᠰᠠᠨ ᠶᠤᠮ︕ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ | ᠳ᠋ᠦᠩ ᠮᠥᠨ᠂ ᠪᠦᠬᠦ ᠬᠤᠳᠠ ᠶᠢᠨ ᠠᠷᠠᠳ ᠲᠦᠮᠡᠨ ᠬᠤᠳᠠ ᠶᠢᠨ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ ᠪᠦᠯᠬᠦᠮᠳᠡᠨ ᠨᠢᠭᠡᠳᠴᠦ᠂ ᠲᠡᠰᠪᠦᠷᠢ | ᠬᠠᠲᠠᠭᠤᠵᠢᠯᠲᠠᠢ ᠪᠠᠷ ᠲᠡᠮᠡᠴᠡᠭᠰᠡᠨ ᠤ ᠦᠷ᠎ᠡ ᠳ᠋ᠦᠩ ᠮᠥᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ | ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠲᠦᠮᠵᠢᠲᠡᠶ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠃ ᠠᠳᠡ᠂ ᠪᠢ ᠬᠤᠳᠠ ᠶᠢᠨ | ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ᠂ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠪᠠ ᠲᠡᠭᠦᠨ ᠳᠤ ᠣᠷᠣᠯᠴᠠᠭᠰᠠᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠠ᠋᠂ ᠣᠩᠭᠤᠴᠠ ᠤᠷᠤᠰᠬᠠᠯ ᠤᠨ ᠳᠤᠮᠳᠠ ᠬᠦᠷᠬᠦ ᠳᠤ ᠳᠠᠪᠠᠯᠭᠠᠨ ᠤᠯᠠᠮ ᠶᠡᠬᠡᠰᠴᠦ᠂ ᠬᠥᠮᠥᠨ ᠠᠭᠤᠯᠠ ᠶᠢ ᠬᠠᠭᠠᠰ ᠠᠪᠠᠷᠢᠬᠤ ᠳᠤ | ᠵᠠᠮ ᠨᠡᠩ ᠡᠭᠴᠡ ᠪᠤᠯᠤᠮᠤᠢ᠃ ᠲᠦᠩᠯᠢᠶᠣᠣ ᠤᠳᠤ ᠶᠠᠭ ᠬᠦᠴᠢᠷ ᠪᠡᠷᠬᠡᠰᠢᠶᠡᠯ ᠲᠠᠢ ᠪᠥᠭᠡᠳ ᠲᠤᠶᠢᠯ ᠤᠨ ᠴᠢᠬᠤᠯᠠ ᠠᠵᠤ ᠠᠬᠤᠢ ᠶᠢᠨ ᠬᠡᠯᠪᠡᠷᠢ ᠶᠢᠨ | ᠬᠤᠪᠢᠷᠠᠯᠲᠠ ᠶᠢᠨ ᠬᠤᠭᠤᠴᠠᠭᠠᠨ ᠳᠤ ᠣᠷᠣᠰᠢᠵᠤ᠂ ᠤᠷᠤᠭᠰᠢᠯᠠᠯᠲᠠ ᠶᠢᠨ ᠵᠠᠮ ᠳᠤ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠬᠤ ᠶᠢ | ᠪᠢᠳᠡ ᠰᠡᠷᠭᠡᠭ ᠢᠶᠠᠷ ᠲᠠᠨᠢᠵᠤ ᠣᠯᠪᠠ᠃ ᠮᠠᠨ ᠤ ᠬᠤᠲᠠ ᠶᠢᠨ ᠬᠥᠭᠵᠢᠯᠲᠡ ᠪᠠᠷᠤᠭᠲᠠᠢ ᠬᠤᠲᠠ ᠶᠢᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠤᠭᠠᠳᠤᠢ᠂ | ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠨᠡᠯᠢᠶᠡᠳ ᠲᠣᠪᠣᠶᠢᠮ᠎ᠠ ᠪᠠᠶᠢᠵᠤ᠂ ᠲᠥᠷᠥᠯ ᠵᠦᠢᠯ ᠤᠨ ᠲᠤᠯᠭᠠᠭᠤᠷᠢᠯᠠᠯ ᠬᠦᠴᠦᠨ ᠮᠡᠬᠦᠰᠳᠡᠵᠦ᠂ | ᠪᠡᠯᠡ ᠣᠷᠣᠭᠤᠯᠤᠯᠲᠠ ᠦᠷᠭᠦᠯᠵᠢᠯᠡᠨ ᠮᠠᠭᠤᠳᠠᠵᠤ᠂ ᠵᠠᠷᠢᠮ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠣᠯᠵᠤ᠂ ᠠᠵᠤ ᠠᠬᠤᠢ ᠶᠢᠨ ᠨᠡᠮᠡᠭᠳᠡᠯ ᠢᠯᠡᠳᠲᠡ | ᠤᠳᠠᠭᠠᠰᠢᠷᠠᠵᠤ᠂ ᠬᠡᠰᠡᠭ ᠠᠵᠤ ᠠᠬᠤᠢ ᠶᠢᠨ ᠭᠦᠢᠴᠡᠳᠬᠡᠬᠦ ᠲᠤᠭ᠎ᠠ ᠵᠦᠢ ᠵᠣᠬᠢᠰᠲᠠᠢ ᠣᠷᠣᠨ ᠵᠠᠢ ᠳᠤ ᠬᠦᠷᠲᠡᠯ᠎ᠡ ᠰᠡᠷᠭᠦᠭᠡᠳᠦᠢ ᠪᠠᠶᠢᠭᠰᠠᠭᠠᠷ᠃ ᠰᠢᠶᠠᠨ ᠤ | ᠬᠡᠪᠴᠢᠶᠡᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠬᠦᠷᠦᠯᠴᠡᠬᠦ ᠦᠭᠡᠢ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠳᠠᠷᠤᠯᠲᠠ ᠯᠤᠲᠤ | ᠶᠡᠭᠡ ᠪᠠᠶᠢᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠵᠤ ᠠᠬᠤᠢ ᠶᠢ ᠲᠣᠬᠢᠷᠠᠭᠤᠯᠤᠨ ᠡᠵᠡᠮᠳᠡᠬᠦ ᠴᠢᠳᠠᠪᠤᠷᠢ ᠬᠦᠨᠳᠦ ᠨᠣᠴᠢᠲᠠᠢ ᠬᠢᠵᠠᠭᠠᠷᠯᠠᠭᠳᠠᠵᠤ | ᠪᠠᠶᠢᠨ᠎ᠠ᠃ ᠣᠨᠴᠠᠭᠠᠶ ᠠᠭᠤᠷ ᠠᠮᠢᠰᠬᠤᠯ ᠳᠤ ᠬᠤᠲᠠ ᠶᠢᠨ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠳᠤᠲᠠᠭᠤᠳᠠᠯ | ᠢᠯᠡᠷᠬᠡᠢ ᠢᠯᠡᠷᠡᠵᠦ ᠪᠠᠶᠢᠨ᠎ᠠ᠃ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ᠂ ᠣᠷᠣᠨ ᠰᠠᠭᠤᠴᠠ ᠵᠡᠷᠭᠡ ᠲᠠᠯ᠎ᠠ ᠪᠠᠷ | ᠤᠯᠠᠨ ᠲᠦᠮᠡᠨ ᠪᠠᠰᠠ ᠰᠡᠳᠬᠢᠯ ᠬᠠᠨᠤᠮᠵᠢ ᠦᠭᠡᠢ ᠪᠠᠶᠢᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠮᠥᠨ ᠬᠦ ᠰᠠᠶᠢᠵᠢᠷᠠᠭᠤᠯᠬᠤ ᠴᠢᠬᠤᠯᠠᠲᠠᠢ ᠪᠠᠶᠢᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠯᠣᠮᠵᠢᠲᠤ ᠴᠢᠨᠠᠷ᠂ ᠲᠥᠬᠦᠮ ᠨᠥᠬᠦᠴᠡᠯ ᠤᠨ ᠬᠡᠮᠵᠢᠶ᠎ᠡ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠰᠢᠨ᠎ᠡ | ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠵᠠᠰᠠᠭ ᠤᠨ ᠣᠷᠳᠣᠨ ᠤ ᠰᠢᠰᠲ᠋ᠧᠮ ᠤᠨ ᠵᠠᠷᠢᠮ ᠨᠠᠮ ᠤᠨ ᠭᠡᠰᠢᠭᠦᠨ ᠺᠠᠳ᠋ᠷᠴᠤᠳ ᠤᠨ ᠤᠴᠢᠷ ᠶᠠᠪᠤᠳᠠᠯ ᠢ ᠪᠦᠲᠦᠭᠡᠬᠦ | ᠴᠢᠳᠠᠪᠤᠷᠢ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠨᠢ ᠬᠦᠷᠦᠯᠴᠡᠬᠦ ᠦᠭᠡᠢ᠂ ᠦᠵᠡᠯ ᠰᠠᠨᠠᠭ᠎ᠠ ᠤᠬᠠᠮᠰᠠᠷ ᠨᠢ ᠳᠠᠭᠠᠵᠤ ᠠᠮᠵᠢᠬᠤ ᠦᠭᠡᠢ᠂ ᠴᠢᠳᠠᠪᠤᠷᠢ ᠨᠢ | ᠳᠠᠭᠠᠵᠤ ᠠᠮᠵᠢᠬᠤ ᠦᠭᠡᠢ᠂ ᠰᠤᠷᠤᠯᠴᠠᠬᠤ ᠣᠪᠣᠷ ᠰᠤᠷᠲᠠᠯ ᠨᠢ ᠳᠠᠭᠠᠵᠤ ᠠᠮᠵᠢᠬᠤ ᠦᠭᠡᠢ ᠠᠰᠠᠭᠤᠳᠠᠯ ᠢ ᠲᠦᠷᠭᠡᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠪᠢᠳᠡ | ᠠᠰᠠᠭᠤᠳᠠᠯ ᠳᠤ ᠰᠢᠭᠤᠳ ᠬᠠᠨᠳᠤᠵᠤ᠂ ᠦᠵᠡᠯ ᠰᠠᠨᠠᠭᠠᠨ ᠤ ᠲᠠᠯ᠎ᠠ ᠪᠠᠷ ᠰᠢᠪᠲᠤᠯᠤᠯᠲᠠ ᠭᠠᠷᠭᠠᠬᠤ᠂ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢᠨ ᠲᠠᠯ᠎ᠠ ᠪᠠᠷ | ᠰᠢᠪᠲᠤᠯᠤᠯᠲᠠ ᠭᠠᠷᠭᠠᠬᠤ ᠶᠢ ᠲᠦᠷᠭᠡᠳᠬᠡᠵᠦ᠂ ᠵᠠᠰᠠᠭ ᠤᠨ ᠣᠷᠳᠣᠨ ᠤ ᠠᠵᠢᠯ ᠢ ᠨᠡᠩ ᠰᠠᠶᠢᠲᠤᠷ ᠬᠢᠬᠦ ᠪᠠᠷ ᠴᠢᠷᠮᠠᠶᠢᠨ᠎ᠠ᠃ | | ᠬᠤᠶᠠᠷ᠂ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠡᠮᠡᠴᠡᠬᠦ ᠬᠠᠷᠠᠯᠲᠠ ᠪᠠ ᠭᠤᠣᠯ ᠡᠭᠦᠷᠭᠡ | | ᠢᠷᠡᠭᠡᠳᠦᠢ ᠶᠢᠨ ᠲᠠᠪᠤᠨ ᠵᠢᠯ ᠪᠣᠯ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠡᠷᠡᠯᠬᠡᠭᠯᠡᠨ ᠤᠷᠤᠭᠰᠢᠯᠠᠵᠤ᠂ | ᠰᠢᠨ᠎ᠡ ᠠᠶᠠᠨ ᠵᠠᠮ ᠢᠶᠠᠨ ᠡᠬᠢᠯᠡᠭᠦᠯᠵᠦ᠂ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ | ᠬᠤᠭᠤᠴᠠᠭ᠎ᠠ ᠮᠥᠨ᠂ ᠪᠠᠰᠠ ᠴᠤ ᠲᠦᠩᠯᠢᠶᠣᠣ ᠶᠢᠨ ᠳᠠᠪᠠᠯᠲᠠ ᠲᠠᠢ ᠪᠠᠷ ᠨᠡᠬᠡᠵᠦ ᠭᠦᠶᠴᠡᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠪᠠᠶᠢᠵᠤ | ᠂ ᠶᠡᠭᠡ ᠦᠢᠯᠡᠰ ᠪᠦᠲᠦᠭᠡᠵᠦ ᠪᠣᠯᠬᠤ ᠰᠢᠵᠢᠷ ᠠᠯᠲᠠᠨ ᠬᠥᠭᠵᠢᠯᠲᠡ ᠶᠢᠨ ᠬᠤᠭᠤᠴᠠᠭ᠎ᠠ ᠮᠥᠨ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ︽ᠤᠯᠠᠭᠠᠨᠬᠠᠳᠠ᠂ ᠲᠦᠩᠯᠢᠶᠣᠣ ᠶᠢᠨ ︿ᠬᠤᠤᠰ ᠬᠤᠲᠠ﹀ ᠶᠢ ᠭᠤᠣᠯᠳᠠᠯᠭ᠎ᠠ ᠲᠠᠢ ᠪᠦᠲᠦᠭᠡᠨ | ᠪᠠᠶᠢᠭᠤᠯᠬᠤ︾ ᠪᠠᠷ ᠲᠣᠳᠣᠷᠬᠠᠢ ᠳᠤᠷᠠᠳᠴᠤ᠂ ᠲᠦᠩᠯᠢᠶᠣᠣ ᠶᠢᠨ ᠬᠥᠭᠵᠢᠯᠲᠡ ᠳᠤ ᠰᠢᠨ᠎ᠡ ᠪᠠᠶᠢᠷᠢᠰᠢᠯ᠂ ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠡᠭᠦᠷᠭᠡ ᠶᠢ | ᠣᠯᠭᠤᠪᠠ︔ ᠬᠤᠲᠠ ᠶᠢᠨ ᠵᠢᠷᠭᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ︽ᠳᠣᠯᠣᠭᠠᠨ ᠠᠬᠢᠭᠤᠯᠤᠯᠲᠠ︾ ᠶᠢᠨ | ᠵᠠᠩᠭᠢᠯᠠᠭ᠎ᠠ ᠶᠢᠨ ᠪᠠᠶᠢᠷᠢ ᠲᠣᠭᠲᠠᠭᠠᠯᠲᠠ ᠪᠠ ᠭᠤᠣᠯᠳᠠᠯᠭ᠎ᠠ ᠲᠠᠢ ᠬᠠᠷᠠᠯᠲᠠ ᠶᠢ ᠲᠣᠳᠣᠷᠬᠠᠢ ᠳᠤᠷᠠᠳᠤᠨ ᠭᠠᠷᠭᠠᠵᠤ᠂ ᠬᠤᠶᠢᠰᠢᠳᠠ ᠶᠢᠨ ᠲᠠᠪᠤᠨ ᠵᠢᠯ ᠤᠨ ᠭᠤᠣᠯ | ᠡᠭᠦᠷᠭᠡ ᠪᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠰᠲ᠋ᠧᠮ ᠲᠠᠢ ᠪᠠᠶᠢᠷᠢᠯᠠᠭᠤᠯᠪᠠ᠃ ᠪᠢᠳᠡ ᠵᠠᠩᠭᠢᠯᠠᠭ᠎ᠠ ᠶᠢᠨ ᠪᠠᠶᠢᠷᠢ ᠲᠣᠭᠲᠠᠭᠠᠯᠲᠠ ᠪᠠᠨ ᠲᠣᠭᠲᠠᠭᠠᠵᠤ᠂ ᠭᠤᠣᠯ | ᠰᠢᠪᠲᠤᠯᠤᠯᠲᠠ ᠶᠢᠨ ᠴᠢᠭᠯᠡᠯ ᠢᠶᠠᠨ ᠪᠠᠲᠤᠳᠬᠠᠵᠤ᠂ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠬᠡᠷᠡᠭᠵᠢᠭᠦᠯᠵᠦ᠂ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ | ᠬᠥᠭᠵᠢᠯᠲᠡ ᠶᠢᠨ ᠪᠣᠳᠠᠲᠤ ᠦᠵᠡᠮᠵᠢ ᠪᠣᠯᠭᠠᠵᠤ᠂ ᠰᠢᠨ᠎ᠡ ᠨᠢᠭᠡ ᠡᠭᠡᠯᠵᠢ ᠶᠢᠨ ᠬᠥᠭᠵᠢᠯᠲᠡ ᠶᠢᠨ ᠥᠷᠢᠰᠦᠯᠳᠦᠭᠡᠨ ᠤ ᠳᠤᠮᠳᠠ ᠲᠦᠩᠯᠢᠶᠣᠣ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠳᠠᠪᠠᠭᠤᠯᠢᠭ ᠢ ᠡᠭᠦᠳᠦᠨ᠎ᠡ᠃ | ︱ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠪᠦᠬᠦ ᠲᠠᠯ᠎ᠠ ᠪᠠᠷ ᠬᠤᠪᠢᠷᠠᠭᠤᠯᠬᠤ ᠶᠢ ᠲᠦᠷᠭᠡᠳᠬᠡᠨ | ᠠᠬᠢᠭᠤᠯᠤᠨ᠎ᠠ᠃ ᠪᠡᠶᠡᠴᠢ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠮᠠᠷᠠᠲᠤ ᠬᠡᠰᠡᠭ᠂ ᠳᠤᠮᠳᠠᠳᠤ ᠬᠡᠰᠡᠭ᠂ | ᠡᠮᠦᠨᠡᠲᠦ ᠬᠡᠰᠡᠭ ᠤᠨ ᠣᠷᠣᠨ ᠪᠦᠰᠡ ᠶᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠢ ᠬᠦᠴᠦᠯᠡᠨ | ᠰᠠᠶᠢᠵᠢᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠬᠤ ᠶᠢ | ᠠᠬᠢᠭᠤᠯᠤᠨ᠎ᠠ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠬᠥᠬᠡ ᠲᠡᠭᠷᠢ ᠬᠥᠬᠡᠮᠳᠦᠭ ᠤᠰᠤ | ᠴᠡᠪᠡᠷ ᠬᠥᠷᠥᠰᠥ ᠶᠢ ᠰᠠᠬᠢᠨ ᠬᠠᠮᠠᠭᠠᠯᠠᠨ᠎ᠠ᠃ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ ᠤᠷᠬᠢᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ | ᠭᠠᠳᠠᠭᠰᠢᠯᠠᠭᠤᠯᠬᠤ ᠪᠠ ᠰᠢᠩᠭᠡᠭᠡᠨ ᠠᠪᠬᠤ ᠶᠢ ᠲᠡᠩᠴᠡᠭᠦᠷᠢ ᠲᠠᠢ ᠪᠤᠯᠭᠠᠬᠤ ᠬᠠᠷᠠᠯᠲᠠ ᠶᠢᠨ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠠᠷᠪᠢᠯᠠᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ᠂ ᠣᠷᠴᠢᠨ ᠠᠬᠤᠢ ᠳᠤ ᠡᠭᠡᠯᠢᠲᠡᠢ ᠬᠡᠯᠪᠡᠷᠢ ᠶᠢᠨ ᠨᠡᠶᠢᠭᠡᠮ ᠤᠨ | ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ᠃ | ︱ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ | ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠣᠨᠴᠠᠯᠢᠭᠲᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ | ᠣᠲᠣ ᠦᠶ᠎ᠡ ᠶᠢᠨ ᠮᠠᠯ ᠲᠠᠷᠢᠶᠠᠯᠠᠩ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ︽ᠪᠥᠬᠦ ᠠᠵᠤ ᠦᠢᠯᠡᠰ ᠤᠨ ᠬᠡᠯᠬᠢᠶ᠎ᠡ ᠶᠢ ᠨᠡᠭᠡᠭᠡᠨ ᠬᠥᠭᠵᠢᠭᠦᠯᠵᠦ᠂ ᠪᠥᠬᠦ | ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ︾ ᠮᠠᠯ ᠲᠠᠷᠢᠶᠠᠯᠠᠩ ᠤᠨ ᠠᠵᠤ ᠠᠬᠤᠢ ᠶᠢᠨ ᠣᠳᠣᠬᠢᠴᠢᠯᠠᠯᠲᠠ ᠶᠢᠨ ᠰᠢᠨ᠎ᠡ ᠵᠠᠮ ᠢ ᠨᠡᠭᠡᠭᠡᠵᠦ᠂ ᠴᠢᠨᠠᠷ ᠰᠠᠶᠢᠲᠠᠢ | ᠪᠣᠬᠢᠷᠳᠤᠯ ᠦᠭᠡᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠠᠵᠤ | ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠪᠴᠢᠯᠡᠨ ᠠᠬᠢᠭᠤᠯᠵᠤ᠂ ᠳᠡᠯᠡᠬᠡᠢ ᠶᠢᠨ ᠲᠡᠰ ᠤᠨ ᠭᠠᠷᠤᠯᠲᠠ ᠪᠠᠭ᠎ᠠ ᠲᠠᠢ ᠰᠢᠪᠲᠦᠷᠲᠦ | ᠬᠦᠴᠢᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠪᠦᠬᠦ ᠤᠯᠤᠰ ᠤᠨ ᠲᠦᠭᠦᠬᠡᠢ ᠮᠠᠲ᠋ᠧᠷᠢᠶᠠᠯ ᠤᠨ ᠡᠮ ᠪᠠ ᠡᠮ ᠡᠮᠨᠡᠯᠭᠡ ᠶᠢᠨ ᠵᠠᠪᠰᠠᠷ ᠤᠨ ᠴᠣᠭᠴᠠ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢ ᠲᠤᠬᠠᠢ ᠶᠢᠨ ᠭᠠᠵᠠᠷ ᠲᠤᠨᠢ ᠰᠢᠩᠭᠡᠬᠡᠨ ᠠᠪᠬᠤ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠪᠠ ᠪᠦᠬᠦ ᠤᠯᠤᠰ ᠤᠨ ᠲᠡᠷᠢᠭᠦᠨ ᠤ ᠪᠣᠬᠢᠷᠳᠤᠯ ᠦᠭᠡᠢ ᠡᠨᠧᠷᠭᠢ ᠶᠢᠨ ᠰᠤᠷᠪᠤᠯᠵᠢ ᠶᠢᠨ ᠲᠣᠨᠣᠭᠯᠠᠯ ᠦᠢᠯᠡᠳᠬᠦ ᠰᠠᠭᠤᠷᠢᠨ ᠭᠠᠵᠠᠷ ᠢ ᠪᠦᠲᠦᠭᠡᠨ | ᠪᠠᠶᠢᠭᠤᠯᠤᠨ᠎ᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ | ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠠᠴᠢᠶᠠᠯᠠᠪᠤᠷᠢ ᠶᠢᠨ ᠬᠤᠳᠠ ᠪᠠ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠭᠤᠣᠯᠯᠠᠭᠴᠢ ᠰᠠᠭᠤᠷᠢᠨ | ᠭᠠᠵᠠᠷ ᠢ ᠪᠠᠶᠢᠭᠤᠯᠵᠤ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ ᠰᠡᠯᠡᠭᠦᠴᠡᠯ ᠡᠷᠡᠭᠦᠯᠵᠢᠯ ᠰᠤᠪᠢᠯᠠᠯᠲᠠ ᠠᠮᠠᠷᠠᠯᠲᠠ ᠶᠢᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ | ︱ ᠥᠭᠡᠷᠡᠴᠢᠯᠡᠯᠲᠡ ᠨᠡᠭᠡᠭᠡᠯᠲᠡ ᠬᠢᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠦᠢᠯᠡᠴᠢᠯᠡᠬᠦ ᠪᠠ ᠠᠭᠤᠰᠤᠯᠴᠠᠬᠤ ᠳᠤᠮᠳᠠ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠪᠣᠶᠢᠵᠢᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠲᠦᠮᠵᠢᠲᠡᠢ ᠵᠠᠬ᠎ᠠ | ᠳᠡᠯᠭᠡᠭᠦᠷ ᠪᠣᠯᠣᠨ ᠦᠢᠯᠡᠰ ᠪᠦᠲᠦᠭᠡᠬᠦ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ᠂ ᠥᠭᠡᠷᠡᠴᠢᠯᠡᠯᠲᠡ ᠪᠣᠯᠣᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ | ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠠᠭᠤᠰᠤᠯᠴᠠᠵᠤ᠂ ᠵᠡᠭᠦᠨ ᠬᠤᠶᠢᠲᠤ ᠣᠷᠣᠨ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠵᠡᠭᠦᠨ ᠬᠤᠶᠢᠲᠤ ᠣᠷᠣᠨ ᠳᠤ ᠭᠦᠨᠵᠡᠭᠡᠢ ᠠᠵᠢᠯ ᠬᠢᠵᠤ᠂ ᠪᠡᠭᠡᠵᠢᠩ ᠲᠢᠶᠠᠨᠵᠢᠨ ᠾᠧᠪᠧᠢ ᠳᠤ ᠭᠤᠤᠯᠳᠠᠯᠭ᠎ᠠ ᠪᠠᠨ | ᠲᠠᠯᠪᠢᠵᠤ᠂ ᠪᠦᠧᠧᠬᠠᠢ ᠲᠠᠩᠭᠢᠰ ᠳᠠᠭᠠᠤ ᠣᠷᠣᠨ ᠳᠤ ᠬᠠᠨᠳᠤᠭᠤᠯᠤᠨ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ | ᠪᠤᠯᠤᠩ ᠤᠨ ᠣᠷᠣᠨ ᠲᠠᠢ ᠢᠳᠡᠪᠬᠢᠲᠡᠢ ᠵᠣᠯᠭᠠᠭᠤᠯᠵᠤ᠂ ᠤᠯᠠᠭᠠᠨᠬᠠᠳᠠ ᠬᠤᠲᠠ ᠲᠠᠢ ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ | ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠦᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠳᠣᠪᠤᠶᠢᠯᠭᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠬᠦ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ | ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ᠃ | ︱ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ ᠶᠢ ᠪᠠᠷᠢᠮᠲᠠᠯᠠᠵᠤ᠂ ᠣᠷᠣᠨ ᠪᠦᠰᠡ ᠶᠢᠨ | ᠭᠤᠣᠯ ᠬᠤᠳᠠ ᠶᠢᠨ ᠴᠢᠳᠠᠪᠤᠷᠢ ᠶᠢᠨ ᠲᠡᠰ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠮᠵᠢ ᠶᠢ ᠲᠦᠷᠭᠡᠨ ᠳᠡᠭᠡᠭᠰᠢᠯᠡᠭᠦᠯᠦᠨ᠎ᠡ᠃ | ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠨ ᠬᠥᠭᠵᠢᠭᠦᠯᠬᠦ ᠬᠤᠰᠢᠭᠤᠴᠢ ᠣᠷᠣᠨ᠂ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ᠂ ᠬᠠᠭᠤᠴᠢᠨ | ᠬᠤᠲᠠ ᠶᠢᠨ ᠲᠣᠭᠤᠷᠢᠭ ᠢ ᠥᠭᠡᠷᠡᠴᠢᠯᠡᠨ ᠳᠡᠰ ᠢ ᠳᠡᠭᠡᠭᠰᠢᠯᠡᠭᠦᠯᠬᠦ᠂ ᠰᠢᠨ᠎ᠡ ᠬᠤᠲᠠ ᠲᠣᠭᠤᠷᠢᠭ ᠲᠤ ᠳᠡᠭᠡᠳᠦ ᠲᠠᠰ ᠤᠨ ᠴᠢᠳᠠᠪᠤᠷᠢ ᠶᠢ ᠣᠯᠭᠤᠬᠤ ᠶᠢ ᠠᠬᠢᠭᠤᠯᠤᠨ᠂ | ᠵᠢᠷᠢᠮ ᠲᠣᠭᠤᠷᠢᠭ ᠪᠠᠶᠢᠭᠤᠯᠬᠤ ᠶᠢ ᠭᠤᠶᠤᠴᠢᠯᠠᠨ ᠮᠡᠳᠡᠭᠦᠯᠵᠦ᠂ ᠴᠢᠳᠠᠮᠵᠢ ᠲᠥᠪᠯᠡᠷᠡᠭᠰᠡᠨ᠂ ᠬᠦᠴᠦᠨ ᠵᠦᠢᠯ ᠪᠦᠷᠢᠨ᠂ ᠪᠡᠯᠡᠳᠬᠡᠮᠵᠢ ᠲᠡᠷᠢᠭᠦᠨ ᠤ᠂ ᠣᠷᠣᠰᠢᠨ | ᠰᠠᠭᠤᠵᠤ ᠠᠵᠢᠯ ᠦᠢᠯᠡᠰ ᠪᠦᠲᠦᠭᠡᠬᠦ ᠳᠤ ᠲᠣᠬᠢᠷᠠᠭᠰᠠᠨ ᠵᠠᠭᠤᠨ ᠲᠦᠮᠡᠨ ᠬᠥᠮᠥᠨ ᠠᠮᠠ ᠲᠠᠢ ᠲᠥᠪ ᠬᠤᠲᠠ ᠶᠢᠨ ᠲᠣᠭᠤᠷᠢᠭ ᠢ ᠪᠣᠶ ᠪᠣᠯᠭᠠᠨ᠎ᠠ᠃ ᠬᠤᠳᠠ | ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠠᠨ ᠲᠥᠪ ᠢᠶᠠᠷ ᠳᠠᠶᠢᠴᠢᠯᠠᠭᠰᠠᠨ᠂ ᠤᠯᠠᠨ ᠱᠠᠲᠤ ᠳᠠᠪᠬᠤᠷᠭ᠎ᠠ ᠪᠠᠷ ᠬᠤᠯᠪᠣᠯᠳᠤᠭᠰᠠᠨ᠂ ᠤᠯᠠᠨ | ᠵᠠᠩᠭᠢᠯᠠᠭ᠎ᠠ ᠶᠢᠨ ᠴᠡᠭ ᠢᠶᠠᠷ ᠬᠠᠷᠢᠯᠴᠠᠨ ᠬᠥᠳᠡᠯᠦᠯᠴᠡᠭᠰᠡᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠠᠶᠢᠷᠢᠰᠢᠯ ᠢ ᠪᠠᠶᠢᠭᠤᠯᠤᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠷ ᠰᠢᠨ᠎ᠡ ᠴᠠᠭ ᠦᠶ᠎ᠡ ᠶᠢᠨ ︽ᠭᠤᠷᠪᠠᠨ ᠮᠠᠯᠵᠢᠯ ᠭᠤᠷᠪᠠᠨ ᠲᠠᠷᠢᠶᠠᠯᠠᠩ︾ ᠤᠨ ᠠᠵᠢᠯ ᠢ ᠶᠡᠷᠦᠩᠬᠡᠶᠢᠯᠡᠨ ᠵᠢᠯᠤᠭᠤᠳᠬᠤ ᠶᠢ | ᠪᠠᠷᠢᠮᠲᠠᠯᠠᠵᠤ᠂ ᠮᠠᠯ ᠲᠠᠷᠢᠶᠠᠯᠠᠩ ᠤᠨ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠪᠤᠯᠬᠤ ᠶᠢ ᠠᠬᠢᠭᠤᠯᠤᠨ᠎ᠠ᠃ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠠᠶᠢᠷᠢᠰᠢᠯ ᠨᠢ ᠵᠦᠢ ᠵᠣᠬᠢᠰᠲᠠᠢ᠂ ᠬᠤᠯᠪᠣᠯᠳᠤᠨ ᠨᠡᠪᠲᠡᠷᠡᠯᠴᠡᠭᠰᠡᠨ | ᠤᠳᠤ ᠦᠶ᠎ᠡ ᠶᠢᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ | ︱ ᠠᠷᠠᠳ ᠲᠦᠮᠡᠨ ᠢᠶᠠᠷ ᠭᠤᠣᠯ ᠪᠣᠯᠭᠠᠬᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ ᠤᠯᠠᠨ ᠲᠦᠮᠡᠨ ᠤ ᠠᠮᠤᠷ ᠵᠢᠮᠤᠷ ᠠᠵᠤ ᠲᠦᠷᠦᠭᠦ᠂ ᠠᠮᠤᠷ | ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠢᠮᠠᠭᠲᠠ ᠰᠡᠳᠬᠢᠯ ᠳᠡᠭᠡᠨ ᠪᠤᠳᠤᠵᠤ᠂ ᠠᠷᠠᠳ ᠤᠨ ᠠᠮᠢᠳᠤᠷᠠᠯ ᠤᠨ ᠦᠢᠯᠡᠰ ᠲᠤ ᠰᠡᠳᠬᠢᠯ ᠲᠠᠯᠪᠢᠨ | ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠡᠷᠬᠢᠯᠡᠨ᠎ᠡ᠃ ᠠᠳᠠᠯ ᠦᠢᠯᠡᠰ ᠴᠣᠭᠴᠠᠯᠠᠬᠤ ᠠᠵᠢᠯ ᠣᠯᠭᠤᠯᠲᠠ ᠪᠠᠷ ᠣᠷᠣᠯᠭ᠎ᠠ ᠶᠢᠨ ᠨᠡᠮᠡᠭᠳᠡᠯ ᠢ | ᠦᠷᠭᠦᠯᠵᠢᠯᠡᠨ ᠲᠦᠯᠬᠢᠨ ᠠᠬᠢᠭᠤᠯᠵᠤ᠂ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ | ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ | ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠡᠷᠡᠭᠦᠯ ᠡᠩᠬᠡ ᠲᠦᠩᠯᠢᠶᠣᠣ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠣᠯᠠᠨ ᠲᠠᠰ ᠳᠠᠪᠬᠤᠷᠭ᠎ᠠ ᠲᠠᠢ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠦᠨᠡᠨᠬᠦ ᠴᠢᠩᠭᠠᠷᠠᠭᠤᠯᠤᠨ᠎ᠠ᠃ ᠨᠡᠶᠢᠭᠡᠮ | ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠰᠣᠶᠣᠯ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠣᠶᠣᠯ ᠤᠨ ᠦᠢᠯᠡᠰ᠂ | ᠰᠣᠶᠣᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠴᠢᠨᠠᠷ ᠰᠠᠶᠢᠲᠠᠢ ᠰᠣᠶᠣᠯ ᠤᠨ ᠬᠠᠩᠭᠠᠯᠭ᠎ᠠ ᠪᠠᠷ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠨ᠎ᠠ᠃ | ︱ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠬᠤᠳᠠ ᠶᠢᠨ ᠬᠡᠪᠴᠢᠶᠡᠨ ᠤ ᠵᠠᠰᠠᠯᠲᠠ ᠶᠢᠨ ᠰᠢᠰᠲ᠋ᠧᠮ | ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ | ᠪᠠᠬᠢᠵᠢᠭᠦᠯᠵᠦ᠂ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ | ᠤᠯᠤᠰ ᠤᠨ ᠠᠮᠤᠷ ᠲᠦᠪᠰᠢᠨ ᠬᠥᠭᠵᠢᠯᠲᠡ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠨ᠎ᠠ᠃ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ | ᠬᠦᠴᠦᠯᠡᠨ ᠳᠡᠭᠡᠭᠰᠢᠯᠡᠭᠦᠯᠵᠦ᠂ ︽ᠡᠷᠬᠢᠮ ᠰᠤᠷᠲᠠᠯ ᠢᠶᠠᠷ ᠬᠥᠲᠥᠯᠥᠨ ᠳᠠᠭᠠᠭᠤᠯᠬᠤ︾ ᠰᠢᠷᠢᠰ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠪᠥᠬᠦ | ᠤᠯᠤᠰ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ ᠲᠡᠩᠴᠡᠭᠰᠡᠨ ᠬᠤᠲᠠ ᠶᠢ ᠡᠭᠦᠳᠦᠨ | ᠪᠠᠶᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | | ᠭᠤᠷᠪᠠ᠂ 2022 ᠣᠨ ᠤ ᠠᠵᠢᠯ ᠤᠨ ᠲᠣᠬᠢᠷᠠᠭᠤᠯᠤᠯᠲᠠ | | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠂ ᠰᠢᠨ᠎ᠡ ᠨᠢᠭᠡ ᠬᠤᠭᠤᠴᠠᠭᠠᠨ ᠤ ᠬᠤᠳᠠ ᠶᠢᠨ ᠵᠠᠰᠠᠭ ᠤᠨ ᠣᠷᠳᠣᠨ ᠤ | ᠡᠬᠢᠯᠡᠯᠲᠡ ᠶᠢᠨ ᠵᠢᠯ ᠮᠥᠨ᠃ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ | ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠬᠤᠲᠠ ᠶᠢᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠠᠭᠤᠰᠤᠯᠴᠠᠨ ᠦᠢᠯᠡᠴᠢᠯᠡᠵᠦ᠂ | ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠶᠢ ᠪᠠᠷᠢᠮᠲᠠᠯᠠᠵᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ | ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠦᠬᠦ ᠲᠠᠯ᠎ᠠ ᠪᠠᠷ | ᠰᠡᠷᠭᠦᠭᠡᠬᠦ ᠶᠢ ᠲᠦᠯᠬᠢᠨ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠵᠤ᠂ ᠳᠠᠪᠠᠯᠲᠠ ᠲᠠᠢ ᠨᠡᠬᠡᠵᠤ ᠭᠦᠢᠴᠡᠬᠦ | ᠠᠯᠬᠤᠮ ᠢᠶᠠᠨ ᠦᠨᠡᠨ ᠬᠦ ᠲᠦᠷᠭᠡᠳᠬᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠪᠠᠷ ᠬᠤᠷᠠᠯᠳᠤᠬᠤ ᠶᠢ | ᠤᠭᠲᠤᠨ᠎ᠠ᠃ | ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 7% ᠪᠠᠷ ᠨᠡᠮᠡᠭᠳᠡᠭᠦᠯᠦᠨ᠎ᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 30% ᠪᠠᠷ | ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 7% ᠪᠠᠷ ᠨᠡᠮᠡᠭᠳᠡᠭᠦᠯᠦᠨ᠎ᠡ︔ ᠡᠩ ᠤᠨ ᠤᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ 8% ᠪᠠᠷ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢ ᠲᠤᠰ ᠲᠤᠰ 8% ᠪᠠ 9% ᠪᠠᠷ ᠨᠡᠮᠡᠭᠳᠡᠭᠦᠯᠦᠨ᠎ᠡ︔ ᠬᠤᠳᠠ ᠪᠠᠯᠭᠠᠰᠤᠨ ᠤ 1.2 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ | ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ︔ ᠠᠮᠢ ᠠᠬᠤᠢ ᠶᠢᠨ ᠣᠷᠴᠢᠨ ᠲᠣᠭᠤᠷᠢᠨ ᠤ | ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠲᠣᠭᠲᠠᠭᠤᠨ ᠤ | ᠳᠤᠮᠳᠠ ᠤᠷᠤᠭᠰᠢᠯᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠨᠡᠶᠢᠭᠡᠮ ᠤᠨ ᠦᠨᠳᠦᠰᠦᠨ ᠪᠠᠶᠢᠳᠠᠯ ᠢ | ᠲᠣᠭᠲᠠᠪᠤᠷᠢᠵᠢᠭᠤᠯᠵᠤ᠂ ᠪᠦᠬᠦ ᠬᠤᠳᠠ ᠶᠢᠨ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠶᠢ ᠠᠬᠢᠭᠤᠯᠵᠤ᠂ ᠵᠣᠬᠢᠰᠲᠠᠢ ᠣᠷᠣᠨ ᠵᠠᠢ ᠳᠤ ᠪᠤᠴᠠᠵᠤ ᠢᠷᠡᠬᠦ ᠶᠢ | ᠠᠬᠢᠭᠤᠯᠤᠨ᠎ᠠ︔ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢ ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠳᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ | ᠠᠬᠢᠭᠤᠯᠤᠨ᠎ᠠ︔ ᠲᠦᠷᠦᠯ ᠵᠦᠢᠯ ᠢᠶᠠᠷ ᠭᠤᠣᠯ ᠪᠣᠯᠭᠠᠬᠤ᠂ ᠠᠷᠠᠯᠵᠢᠶᠠᠴᠢᠨ ᠤᠷᠢᠬᠤ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ | ᠪᠡᠯᠡ ᠣᠷᠣᠭᠤᠯᠤᠯᠲᠠ ᠶᠢ ᠥᠷᠭᠡᠳᠬᠡᠬᠦ᠂ ᠪᠦᠲᠦᠴᠡ ᠶᠢ ᠲᠣᠬᠢᠷᠠᠭᠤᠯᠬᠤ᠂ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠳᠤ ᠲᠠᠰᠤᠷᠠᠯᠳᠡ ᠦᠭᠡᠢ ᠲᠦᠷᠦᠯ | ᠵᠦᠢᠯ ᠤᠨ ᠲᠤᠯᠭᠠᠭᠤᠷᠢᠯᠠᠯ ᠬᠠᠩᠭᠠᠨ᠎ᠠ︔ ᠰᠢᠰᠲ᠋ᠧᠮᠲᠦ ᠦᠵᠡᠯᠲᠡ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠮᠤᠷ ᠲᠦᠪᠰᠢᠨ ᠢᠶᠠᠷ ᠬᠥᠭᠵᠢᠭᠦᠯᠬᠦ | ᠡᠨᠡᠬᠦ ᠬᠥᠪᠴᠢ ᠶᠢ ᠢᠮᠠᠭᠲᠠ ᠴᠢᠩᠭᠠᠯᠠᠨ᠎ᠠ︔ ᠰᠢᠨ᠎ᠡ ᠶᠢ ᠡᠭᠦᠳᠦᠨ ᠪᠣᠳᠠᠲᠠᠢ ᠪᠠᠷ ᠠᠵᠢᠯᠯᠠᠬᠤ᠂ ᠬᠦᠴᠢᠷ ᠢ ᠢᠯᠠᠨ ᠳᠠᠪᠠᠵᠤ ᠪᠡᠷᠬᠡ ᠰᠡᠳᠦᠪ ᠢ ᠰᠢᠢᠳᠪᠦᠷᠢᠯᠡᠬᠦ ᠶᠢ | ᠪᠠᠷᠢᠮᠲᠠᠯᠠᠵᠤ᠂ ᠲᠠᠯ᠎ᠠ ᠲᠠᠯ᠎ᠠ ᠶᠢᠨ ᠡᠷᠴᠢ ᠵᠣᠷᠢᠭ ᠢ ᠭᠦᠢᠴᠡᠳ ᠪᠠᠳᠠᠷᠠᠭᠤᠯᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠥᠭᠵᠢᠯᠲᠡ ᠶᠢ ᠠᠬᠢᠭᠤᠯᠤᠨ᠎ᠠ᠃ | ︵ᠨᠢᠭᠡ︶ ᠪᠡᠯᠡ ᠣᠷᠣᠭᠤᠯᠤᠯᠲᠠ ᠪᠠᠷ ᠳᠠᠶᠢᠴᠢᠯᠠᠬᠤ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢᠨ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ | ᠂ ᠠᠵᠤ ᠠᠬᠤᠢ ᠶᠢᠨ ᠨᠡᠮᠡᠭᠳᠡᠯ ᠢ ᠪᠥᠬᠦ ᠬᠦᠴᠦᠨ ᠢᠶᠠᠷ ᠢᠶᠠᠨ ᠲᠣᠭᠲᠠᠭᠤᠨ ᠪᠠᠶᠢᠯᠭᠠᠨ᠎ᠠ᠃ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠪᠠ | ᠬᠡᠷᠡᠭᠯᠡᠭᠡᠨ ᠤ ᠰᠠᠭᠤᠷᠢ ᠦᠢᠯᠡᠳᠦᠯ ᠢ ᠪᠠᠳᠠᠷᠠᠭᠤᠯᠵᠤ᠂ ᠠᠵᠤ ᠠᠬᠤᠢ ᠶᠢᠨ ᠨᠡᠮᠡᠭᠳᠡᠯ ᠢ ᠬᠦᠴᠦᠨ ᠵᠦᠢᠯ ᠢᠶᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠲᠡᠰᠢ ᠬᠤᠪᠢᠷᠠᠭᠤᠯᠬᠤ ᠶᠢ ᠲᠦᠷᠭᠡᠳᠬᠡᠵᠦ᠂ ᠲᠣᠭᠲᠠᠭᠤᠨ ᠪᠠᠶᠢᠳᠠᠯ ᠢ ᠪᠠᠲᠤᠯᠠᠨ ᠠᠬᠢᠭᠤᠯᠬᠤ ᠬᠠᠲᠠᠭᠤ ᠳᠠᠶᠢᠯᠠᠯᠳᠤᠭᠠᠨ ᠤ | ᠢᠯᠠᠯᠲᠠ ᠶᠢ ᠰᠠᠶᠢᠲᠤᠷ ᠤᠯᠤᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ︽ᠲᠦᠷᠦᠯ ᠵᠦᠢᠯ ᠢᠶᠠᠷ ᠬᠤᠳᠠ ᠶᠢ ᠬᠥᠭᠵᠢᠭᠦᠯᠬᠦ︾ ᠶᠢ | ᠲᠤᠪᠤᠶᠢᠯᠭᠠᠵᠦ᠂ ᠠᠯᠢᠪᠠ ᠪᠦᠬᠦᠨ ᠲᠦᠷᠦᠯ ᠵᠦᠢᠯ ᠢ ᠲᠣᠭᠤᠷᠢᠨ ᠡᠷᠭᠢᠯᠳᠦᠵᠦ᠂ ᠬᠦᠴᠦᠨ ᠵᠦᠢᠯ ᠲᠦᠷᠦᠯ ᠵᠦᠢᠯ ᠢ ᠲᠠᠭᠠᠨ ᠤᠷᠤᠭᠰᠢᠯᠠᠵᠤ᠂ ᠠᠯᠢᠪᠠ ᠪᠦᠬᠦᠨ | ᠲᠦᠷᠦᠯ ᠵᠦᠢᠯ ᠤᠨ ᠲᠥᠯᠥᠭᠡ ᠠᠵᠢᠯᠯᠠᠵᠤ᠂ ᠪᠦᠬᠦ ᠶᠠᠪᠤᠴᠠ᠂ ᠪᠦᠬᠦ ᠦᠶᠡᠯᠡᠯ ᠤᠨ ᠬᠤᠭᠤᠴᠠᠭᠠᠨ ᠳᠤ ︽ᠲᠦᠷᠦᠯ ᠵᠦᠢᠯ ᠤᠨ ᠬᠠᠮᠢᠶᠠᠷᠤᠭᠴᠢ︾ ᠶᠢᠨ | ᠦᠢᠯᠡᠴᠢᠯᠡᠭᠡ ᠶᠢ ᠴᠢᠩᠭ᠎ᠠ ᠠᠳᠬᠤᠵᠤ᠂ ᠡᠷᠬᠡᠪᠰᠢ 350 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠠᠲᠤᠯᠠᠵᠤ᠂ ᠲᠦᠷᠦᠯ ᠵᠦᠢᠯ ᠤᠨ ᠪᠡᠯᠡ | ᠣᠷᠣᠭᠤᠯᠤᠯᠲᠠ ᠶᠢᠨ ᠲᠠᠯ᠎ᠠ ᠪᠠᠷ ᠭᠦᠢᠴᠡᠳ ᠦᠭᠡᠢ ᠪᠠᠶᠢᠳᠠᠯ ᠢ ᠪᠦᠬᠦ ᠬᠦᠴᠦᠨ ᠢᠶᠠᠷ ᠢᠶᠠᠨ ᠬᠤᠪᠢᠷᠠᠭᠤᠯᠤᠨ᠎ᠠ᠃ ᠲᠦᠷᠦᠯ ᠵᠦᠢᠯᠡᠰ ᠤᠨ ᠬᠥᠮᠥᠷᠭᠡ ᠶᠢ | ᠲᠣᠬᠢᠷᠠᠭᠤᠯᠤᠨ ᠲᠡᠰ ᠳᠡᠪᠰᠢᠭᠦᠯᠵᠦ᠂ ᠪᠡᠯᠡ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ | ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ᠂ ᠲᠡᠷᠢᠭᠦᠨ ᠤ ᠦᠢᠯᠡᠳᠬᠦ ᠦᠢᠯᠡᠰ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠪᠢᠷᠠᠭᠤᠯᠬᠤ ᠪᠡᠯᠡ ᠣᠷᠣᠭᠤᠯᠤᠯᠲᠠ ᠶᠢᠨ ᠢᠯᠡᠳᠲᠡ ᠨᠡᠮᠡᠭᠳᠡᠯ ᠢ ᠠᠬᠢᠭᠤᠯᠤᠨ᠎ᠠ᠃ ᠪᠡᠯᠡ ᠮᠥᠩᠭᠦ ᠲᠠᠲᠠᠵᠤ ᠲᠥᠷᠥᠯ | ᠵᠦᠢᠯ ᠲᠣᠭᠲᠠᠭᠠᠬᠤ ᠬᠠᠷᠢᠭᠤᠴᠠᠯᠭ᠎ᠠ ᠶᠢᠨ ᠬᠠᠷᠠᠯᠲᠠ ᠪᠠ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠠᠶᠢᠭᠤᠯᠵᠤ᠂ ᠳᠡᠭᠡᠳᠦ ᠱᠠᠲᠤᠨ ᠤ ᠲᠥᠷᠥᠯ ᠵᠦᠢᠯ ᠤᠨ ᠪᠡᠯᠡ | ᠮᠥᠩᠭᠦ ᠶᠢ 5% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠪᠥᠬᠦ ᠠᠵᠢᠯᠲᠠᠨ ᠪᠥᠬᠦ ᠴᠠᠷᠠᠭ᠎ᠠ ᠪᠥᠬᠦ ᠤᠯᠠᠷᠢᠯ ᠳᠤ ᠬᠤᠳᠠᠯᠳᠤᠭᠠᠴᠢᠨ ᠤᠷᠢᠬᠤ ᠶᠢ ᠡᠷᠡᠰ | ᠭᠤᠶᠢᠪᠢᠰᠢ ᠦᠭᠡᠢ ᠪᠠᠷ ᠠᠬᠢᠭᠤᠯᠵᠤ᠂ ︽ᠲᠠᠪᠤᠨ ᠨᠢᠭᠡ ᠪᠦᠯᠦᠭ︾ ᠤᠨ ᠱᠠᠩᠨᠠᠵᠤ ᠲᠣᠷᠭᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠭᠡᠷ᠎ᠡ | ᠲᠣᠭᠲᠠᠬᠤ ᠨᠣᠷᠮ᠎ᠠ᠂ ᠨᠠᠶᠢᠳᠠᠪᠤᠷᠢᠵᠢᠭᠤᠯᠬᠤ ᠨᠣᠷᠮ᠎ᠠ᠂ ᠠᠮᠵᠢᠯᠲᠠ ᠣᠯᠬᠤ ᠨᠣᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠮᠢᠩᠭᠠᠨ ᠲᠦᠮᠡᠨ | ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠨᠢᠭᠡ ᠳᠠᠬᠢᠨ ᠨᠡᠮᠡᠭᠳᠡᠭᠦᠯᠵᠦ᠂ 510 ᠠᠴᠠ ᠳᠡᠭᠡᠭᠰᠢ ᠪᠤᠯᠭᠠᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ | 10% ᠠᠴᠠ ᠳᠡᠭᠡᠭᠰᠢ ᠨᠡᠮᠡᠭᠳᠡᠭᠦᠯᠦᠨ᠎ᠡ᠃ | ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠤᠨ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠣᠭᠠᠴᠢᠯᠠᠭᠰᠠᠨ ᠮᠡᠷᠭᠡᠵᠢᠯ ᠰᠦᠯᠵᠢᠶᠡᠨ ᠠᠴᠠ ᠭᠠᠳᠠᠨ᠎ᠠ ᠴᠢᠳᠠᠪᠤᠷᠢ ᠣᠯᠭᠤᠬᠤ ᠶᠢ | ᠲᠦᠷᠭᠡᠳᠬᠡᠨ᠂ ᠬᠤᠲᠠ ᠪᠠᠯᠭᠠᠰᠤ ᠶᠢᠨ ᠣᠨᠴᠠᠯᠢᠭᠲᠤ ᠬᠤᠳᠠᠯᠳᠤᠭᠠᠨ ᠤ ᠬᠦᠷᠢᠶ᠎ᠡ᠂ ᠶᠠᠪᠠᠭᠠᠨ ᠵᠡᠭᠡᠯᠢ ᠶᠢ ᠲᠠᠰ ᠳᠡᠪᠰᠢᠭᠦᠯᠵᠦ᠂ ︽ᠦᠳᠦᠲᠦ ᠪᠠᠭᠯᠠᠭ᠎ᠠ ᠶᠢ | ᠲᠣᠰᠬᠤᠨ ᠳᠤ ᠣᠷᠣᠭᠤᠯᠬᠤ︾ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠵᠠᠬ᠎ᠠ | ᠳᠡᠯᠭᠡᠭᠦᠷ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠤᠯᠠᠮᠵᠢᠯᠠᠯᠲᠤ ᠬᠡᠷᠡᠭᠯᠡᠭᠡ ᠶᠢ ᠳᠡᠭᠡᠭᠰᠢᠯᠡᠭᠦᠯᠦᠨ᠂ ᠰᠢᠨ᠎ᠡ ᠬᠡᠯᠪᠡᠷᠢ ᠶᠢᠨ ᠬᠡᠷᠡᠭᠯᠡᠭᠡ ᠶᠢ | ᠥᠷᠭᠡᠳᠬᠡᠵᠦ᠂ ︽ᠬᠤᠷᠴᠢᠨ ᠤ ᠰᠢᠭᠤᠳ ᠨᠡᠪᠲᠡᠷᠡᠭᠦᠯᠭᠡ · ᠬᠡᠷᠡᠭᠯᠡᠭᠡ ᠶᠢ ᠠᠬᠢᠭᠤᠯᠬᠤ ᠤᠯᠠᠷᠢᠯ︾ ︽ᠲᠦᠩᠯᠢᠶᠣᠣ ᠶᠢᠨ ᠰᠦᠯᠵᠢᠶᠡᠨ ᠳᠡᠭᠡᠷᠡᠬᠢ ᠴᠠᠭᠠᠨ | ᠰᠠᠷ᠎ᠠ ᠶᠢᠨ ᠪᠠᠷᠠᠭᠠᠨ ᠤ ᠪᠠᠶᠠᠷ︾᠂ ᠡᠯᠧᠺᠲᠷᠣᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠲᠦᠪᠯᠡᠷᠡᠭᠦᠯᠦᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ | ᠥᠷᠨᠢᠭᠦᠯᠵᠦ᠂ ᠬᠦᠷᠦᠯᠴᠡᠬᠦ ᠬᠡᠯᠪᠡᠷᠢ ᠶᠢᠨ ᠬᠡᠷᠡᠭᠯᠡᠭᠡ ᠶᠢ ᠲᠦᠷᠭᠡᠳᠬᠡᠨ ᠰᠡᠷᠭᠦᠭᠡᠬᠦ ᠶᠢ ᠠᠬᠢᠭᠤᠯᠤᠨ᠎ᠠ᠃ ᠣᠷᠣᠨ ᠨᠤᠲᠤᠭ ᠤᠨ ᠡᠯᠧᠺᠲᠷᠣᠨ ᠬᠤᠳᠠᠯᠳᠤᠭᠠᠨ ᠤ ᠠᠵᠤ | ᠠᠬᠤᠶᠢᠯᠠᠯ ᠢ ᠲᠡᠳᠬᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢ ᠠᠮᠢᠳᠤᠯᠢᠭ ᠪᠣᠯᠭᠠᠵᠤ᠂ ︽ᠰᠠᠨᠠᠭ᠎ᠠ ᠠᠮᠤᠷ ᠬᠡᠷᠡᠭᠯᠡᠭᠡ︾ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠲᠦᠩᠯᠢᠶᠣᠣ ᠶᠢᠨ ᠰᠠᠶᠢᠨ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠪᠤᠷᠤᠯᠠᠭᠤᠯᠭ᠎ᠠ ᠰᠠᠶᠢᠲᠠᠢ ᠪᠤᠯᠭᠠᠨ᠎ᠠ᠃ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠲᠡᠳᠬᠦᠨ ᠪᠤᠵᠠᠭᠠᠶᠢᠷᠠᠭᠤᠯᠤᠨ᠎ᠠ᠃ ᠤᠯᠤᠰ ᠤᠨ ᠬᠠᠮ ᠬᠡᠯᠪᠡᠷᠢ ᠶᠢᠨ ᠬᠡᠪᠴᠢᠶᠡᠲᠦ ᠴᠢᠨᠠᠷᠲᠠᠢ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ | ᠰᠢᠭᠤᠳ ᠬᠡᠷᠡᠭᠵᠢᠭᠦᠯᠵᠦ᠂ ᠲᠦᠷᠭᠡᠨ ᠡᠳ᠋ᠯᠡᠬᠦ᠂ ᠡᠷᠲᠡᠬᠡᠨ ᠬᠦᠴᠦᠯᠡᠬᠦ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ | ᠬᠤᠷᠢᠶᠠᠯᠲᠠ ᠶᠢ ᠴᠢᠩᠭ᠎ᠠ ᠵᠢᠷᠤᠮᠵᠢᠭᠤᠯᠵᠤ᠂ ᠳᠤᠷ᠎ᠠ ᠪᠠᠷ ᠢᠶᠠᠨ ᠲᠡᠰᠬᠡᠨ ᠲᠠᠲᠠᠪᠤᠷᠢᠯᠠᠬᠤ ᠳᠤᠷ᠎ᠠ ᠪᠠᠷ ᠢᠶᠠᠨ ᠵᠣᠭᠤᠰ ᠲᠣᠷᠭᠠᠬᠤ ᠶᠢ ᠴᠢᠩᠭ᠎ᠠ ᠪᠠᠶᠢᠴᠠᠭᠠᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ ᠤᠳᠠᠭᠠᠰᠢᠷᠠᠭᠤᠯᠤᠨ ᠥᠷᠢᠲᠦᠬᠦ ᠶᠢ ᠴᠢᠩᠭ᠎ᠠ | ᠴᠠᠭᠠᠵᠠᠯᠠᠨ᠎ᠠ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠨᠠᠶᠢᠳᠠᠪᠤᠷᠢᠵᠢᠭᠤᠯᠵᠤ᠂ ᠪᠦᠬᠦ | ᠶᠠᠪᠤᠴᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠮᠴᠢᠯᠡᠬᠦ ᠡᠷᠬᠡ ᠪᠠ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ | ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠨ᠎ᠠ᠃ ᠮᠥᠩᠭᠦᠨ ᠭᠦᠢᠯᠭᠡᠭᠡᠨ ᠤ ᠰᠢᠰᠲ᠋ᠧᠮ ᠤᠨ ᠪᠣᠳᠠᠲᠤ ᠴᠣᠭᠴᠠ ᠶᠢᠨ ᠠᠵᠤ ᠠᠬᠤᠢ ᠳᠤ ᠠᠰᠢᠭ ᠣᠯᠭᠤᠬᠤ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠪᠦᠬᠦ ᠵᠢᠯ ᠳᠤ ᠡᠯ᠎ᠡ ᠵᠦᠢᠯ ᠤᠨ ᠵᠢᠭᠡᠯᠡᠯᠭᠡ ᠶᠢ 150 ᠳ᠋ᠦᠩᠰᠢᠭᠤᠷ | ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠨᠡᠩ ᠤᠯᠠᠨ ᠪᠡᠯᠡ ᠮᠦᠩᠭᠦ ᠬᠠᠩᠭᠠᠨ᠎ᠠ᠃ ︽ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠬᠤᠪᠢ ᠬᠥᠮᠥᠨ ᠤ ᠬᠢ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠠᠵᠢᠯᠯᠠᠭ᠎ᠠ ᠶᠢ ᠥᠷᠨᠢᠭᠦᠯᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ 20% ᠠᠴᠠ ᠳᠡᠭᠡᠭᠰᠢ ᠨᠡᠮᠡᠭᠳᠡᠭᠦᠯᠦᠨ᠂ 100 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠡᠳ ᠠᠵᠤ ᠠᠬᠤᠶᠢᠯᠠᠯ ᠪᠤᠯᠭᠠᠨ᠎ᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠰᠢᠪᠲᠤᠯᠤᠯᠲᠠ ᠶᠢᠨ | ᠠᠵᠢᠯᠯᠠᠭ᠎ᠠ ᠥᠷᠨᠢᠭᠦᠯᠵᠦ᠂ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ 49% ᠠᠴᠠ ᠳᠡᠭᠡᠭᠰᠢ ᠨᠡᠮᠡᠭᠳᠡᠭᠦᠯᠦᠨ᠎ᠡ᠃ ︽ᠬᠤᠶᠠᠷ ᠲᠠᠬᠢᠨ ᠢᠶᠠᠷ | ᠨᠡᠮᠡᠭᠳᠡᠭᠦᠯᠬᠦ︾᠂ ︽ᠨᠢᠭᠡ ᠶᠢ ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 20 ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠵᠦ᠂ 50 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠳᠠᠩᠰᠠ ᠳᠤ ᠣᠷᠤᠭᠤᠯᠤᠨ᠎ᠠ᠃ | ᠰᠤᠳᠤᠯᠤᠨ ᠨᠡᠭᠡᠭᠡᠬᠦ ᠪᠠᠶᠢᠭᠤᠯᠤᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠤᠨ ︽ᠬᠤᠣᠰ ᠵᠠᠭᠤᠨ︾ ᠤ ᠪᠣᠶᠢᠵᠢᠭᠤᠯᠤᠯᠲᠠ ᠶᠢᠨ ᠲᠥᠯᠥᠪᠯᠡᠭᠡ ᠶᠢ | ᠬᠡᠷᠡᠭᠵᠢᠭᠦᠯᠵᠦ᠂ ᠨᠢᠭᠡ ᠪᠦᠯᠦᠭ ᠬᠤᠳᠠ ᠶᠢᠨ ᠱᠠᠲᠤᠨ ᠤ ᠰᠢᠨ᠎ᠡ ᠶᠢ ᠡᠭᠦᠳᠬᠦ ᠲᠠᠪᠴᠠᠩ ᠢ ᠭᠡᠷᠡᠴᠢᠯᠡᠨ᠎ᠡ᠃ ᠭᠤᠣᠯᠳᠠᠯᠭ᠎ᠠ ᠲᠠᠢ ᠠᠵᠤ ᠦᠢᠯᠡᠰ᠂ ᠵᠠᠩᠭᠢᠯᠠᠭ᠎ᠠ ᠶᠢᠨ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ | ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢᠨ ᠠᠵᠢᠯ ᠢ ᠲᠥᠪᠯᠡᠷᠡᠭᠦᠯᠦᠨ ᠥᠷᠨᠢᠭᠦᠯᠦᠨ᠎ᠡ᠃ ︽ᠨᠤᠲᠤᠭ ᠲᠠᠭᠠᠨ ᠪᠤᠴᠠᠬᠤ︾ ᠲᠥᠯᠥᠪᠯᠡᠭᠡ ᠶᠢ | ᠬᠡᠷᠡᠭᠵᠢᠭᠦᠯᠵᠦ᠂ ︽ᠲᠦᠩᠯᠢᠶᠣᠣ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢᠨ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠨ ᠬᠡᠷᠡᠭᠵᠢᠭᠦᠯᠵᠦ᠂ ᠪᠥᠬᠦ | ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠂ ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ | ᠰᠢᠨ᠎ᠡ ᠶᠢ ᠡᠭᠦᠳᠬᠦ ᠶᠢ ᠠᠬᠢᠭᠤᠯᠤᠨ᠎ᠠ᠃ | ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠨᠢᠭᠡ ᠪᠦᠯᠦᠭ ᠢ ᠰᠣᠯᠢᠬᠤ᠂ ᠨᠢᠭᠡ ᠪᠦᠯᠦᠭ ᠲᠤ ᠳᠠᠮ ᠬᠦᠦ ᠥᠭᠬᠦ᠂ ᠨᠢᠭᠡ ᠪᠦᠯᠦᠭ ᠢ | ᠬᠤᠪᠢᠶᠠᠷᠢᠯᠠᠨ ᠰᠢᠯᠵᠢᠭᠦᠯᠬᠦ᠂ ᠨᠢᠭᠡ ᠪᠦᠯᠦᠭ ᠢ ᠲᠡᠭ ᠪᠣᠯᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠷᠢᠮᠵᠢᠶ᠎ᠠ ᠪᠤᠰᠤ ᠥᠨᠳᠥᠷ ᠬᠦᠦ ᠲᠠᠢ ᠥᠷᠢ | ᠥᠭᠴᠡᠭᠡ ᠶᠢ ᠰᠠᠯᠭᠠᠬᠤ᠂ ᠬᠦᠦ ᠮᠥᠩᠭᠦ ᠶᠢ ᠪᠠᠭᠤᠷᠠᠭᠤᠯᠬᠤ᠂ ᠬᠤᠭᠤᠴᠠᠭ᠎ᠠ ᠶᠢ ᠤᠷᠲᠤᠳᠬᠠᠬᠤ᠂ ᠬᠡᠯᠪᠡᠷᠢ ᠶᠢ ᠬᠤᠪᠢᠷᠠᠭᠤᠯᠬᠤ ᠲᠠᠪᠴᠠᠩ ᠤᠨ ᠺᠣᠮᠫᠠᠨᠢ ᠶᠢᠨ ᠥᠷᠢ | ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠬᠤᠰᠢᠭᠤ ᠰᠢᠶᠠᠨ ᠢ ᠪᠥᠬᠦ ᠬᠦᠴᠦᠨ ᠢᠶᠠᠷ ᠢᠶᠠᠨ ᠬᠠᠪᠰᠤᠷᠤᠨ ᠥᠷᠢ | ᠥᠭᠴᠡᠭᠡ ᠶᠢ ᠨᠢ ᠰᠢᠢᠳᠪᠦᠷᠢᠯᠡᠵᠦ᠂ ᠳᠠᠷᠤᠭᠠᠰᠤ ᠦᠭᠡᠢ ᠪᠠᠷ ᠠᠵᠢᠯᠯᠠᠭᠤᠯᠤᠨ᠎ᠠ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠬᠤ | ᠠᠵᠢᠯ ᠢ ᠥᠷᠨᠢᠭᠦᠯᠵᠦ᠂ ᠠᠶᠤᠯ ᠲᠦᠭᠰᠢᠭᠦᠷᠢ ᠶᠡᠬᠡᠲᠡᠢ ᠣᠷᠣᠨ ᠨᠤᠲᠤᠭ ᠤᠨ ᠬᠠᠤᠯᠢ ᠶᠢᠨ ᠬᠥᠮᠥᠨ ᠤ ᠪᠠᠩᠬᠢ ᠶᠢᠨ ᠦᠢᠯᠡᠰ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠲᠦᠯᠬᠢᠨ ᠠᠬᠢᠭᠤᠯᠵᠤ᠂ ᠡᠷᠡᠭᠦᠯ ᠪᠤᠰᠤ ᠵᠢᠭᠡᠯᠡᠯᠭᠡ ᠶᠢᠨ ᠨᠤᠷᠮ᠎ᠠ ᠶᠢ 4.5% ᠠᠴᠠ | ᠳᠣᠷᠣᠭᠰᠢ ᠪᠠᠭᠤᠷᠠᠭᠤᠯᠤᠨ᠎ᠠ᠃ ︽ᠣᠷᠣᠨ ᠰᠠᠭᠤᠴᠠ ᠶᠢ ᠰᠠᠷᠢᠭᠠᠯᠠᠬᠤ ᠦᠭᠡᠢ︾ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ | ᠦᠢᠯᠡᠰ ᠤᠨ ᠰᠠᠶᠢᠨ ᠣᠷᠴᠢᠯ ᠪᠠ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ︵ᠬᠤᠶᠠᠷ︶ ᠤᠯᠠᠮᠵᠢᠯᠠᠯᠲᠤ ᠠᠵᠤ ᠦᠢᠯᠡᠰ ᠪᠣᠯᠣᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ︽ᠨᠢᠭᠡ ᠴᠥᠮ᠎ᠡ ᠭᠤᠷᠪᠠᠨ ᠴᠢᠬᠤᠯᠠᠴᠢᠯᠠᠬᠤ︾ ᠶᠢ ᠲᠣᠪᠤᠶᠢᠯᠭᠠᠨ᠂ ᠠᠵᠤ | ᠦᠢᠯᠡᠰ ᠢ ᠬᠦᠴᠦᠯᠡᠨ ᠳᠠᠭᠠᠷᠢᠵᠤ᠂ ᠠᠵᠤ ᠦᠢᠯᠡᠳᠪᠦᠷᠢ ᠶᠢᠨ ᠰᠢᠢᠳᠪᠦᠷᠢᠲᠦ ᠪᠠᠶᠢᠯᠳᠤᠭᠠᠨ ᠢ ᠬᠢᠵᠦ᠂ ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ | ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠷᠭᠡᠳᠬᠡᠨ᠎ᠡ᠃ | ᠮᠠᠯ ᠲᠠᠷᠢᠶᠠᠯᠠᠩ ᠤᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠠᠮᠤ ᠪᠤᠳᠠᠭᠠᠨ ᠤ ᠠᠮᠤᠷ | ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭ᠎ᠠ ᠳᠠᠷᠢᠬᠤ ᠲᠠᠯᠠᠪᠠᠶ ᠪᠠ ᠤᠨᠠᠯᠲᠠ ᠶᠢ ᠲᠣᠭᠲᠠᠪᠤᠷᠢᠵᠢᠭᠤᠯᠤᠨ᠂ ᠥᠨᠳᠥᠷ ᠪᠦᠲᠦᠮᠵᠢᠲᠡᠶ | ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 20 ᠲᠦᠮᠡᠨ ᠮᠦ᠂ ᠬᠠᠭᠤᠷᠠᠢ ᠪᠠᠷ ᠳᠠᠷᠢᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 12 | ᠲᠦᠮᠡᠨ ᠮᠦ ᠪᠦᠲᠦᠭᠡᠨ ᠪᠠᠶᠢᠭᠤᠯᠵᠤ᠂ ᠬᠤᠵᠢᠷᠰᠢᠭᠰᠠᠨ ᠲᠠᠷᠢᠶᠠᠨ ᠭᠠᠵᠠᠷ ᠢ 16 ᠲᠦᠮᠡᠨ ᠮᠦ ᠰᠠᠶᠢᠵᠢᠷᠠᠭᠤᠯᠵᠤ᠂ 45 ᠲᠦᠮᠡᠨ ᠮᠦ ᠰᠢᠷ᠎ᠠ ᠪᠤᠷᠴᠠᠭ ᠳᠠᠷᠢᠬᠤ | ᠡᠭᠦᠷᠭᠡ ᠶᠢ ᠪᠡᠶᠡᠯᠡᠭᠦᠯᠦᠨ᠎ᠡ᠃ ᠮᠠᠯ ᠲᠠᠷᠢᠶᠠᠯᠠᠩ ᠤᠨ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠤᠰᠤ ᠠᠷᠪᠢᠯᠠᠬᠤ | ᠥᠨᠳᠥᠷ ᠦᠷ᠎ᠡ ᠠᠰᠢᠭ ᠲᠠᠢ ᠥᠪᠡᠷᠮᠢᠴᠡ ᠣᠨᠴᠠᠯᠢᠭ ᠲᠠᠢ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠵᠠᠶᠢᠯᠠᠬᠤ ᠬᠡᠯᠪᠡᠷᠢ ᠶᠢᠨ ᠲᠠᠷᠢᠶᠠᠯᠠᠩ ᠢ ᠭᠤᠣᠯᠳᠠᠯᠭ᠎ᠠ ᠲᠠᠢ | ᠬᠥᠭᠵᠢᠭᠦᠯᠵᠦ᠂ ᠨᠢᠭᠡ ᠪᠦᠯᠦᠭ ᠳᠠᠷᠢᠬᠤ᠂ ᠲᠡᠵᠢᠭᠡᠨ ᠦᠷᠡᠵᠢᠭᠦᠯᠬᠦ᠂ ᠣᠶ ᠵᠢᠮᠢᠰ ᠵᠡᠷᠭᠡ ᠣᠨᠴᠠᠯᠢᠭ ᠲᠠᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠳᠠᠪᠠᠭᠤᠯᠢᠭ ᠣᠷᠣᠨ ᠪᠠ ᠳᠠᠪᠠᠭᠤᠯᠢᠭ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠶᠢ ᠪᠣᠶ | ᠪᠣᠯᠭᠠᠵᠤ᠂ ᠨᠢᠭᠡ ᠪᠦᠯᠦᠭ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠵᠢᠱᠢᠶ᠎ᠡ ᠦᠵᠡᠭᠦᠯᠬᠦ ᠣᠷᠣᠨ ᠪᠠ ᠣᠶᠤᠨᠴᠢ ᠮᠠᠯ | ᠲᠠᠷᠢᠶᠠᠯᠠᠩ ᠤᠨ ᠠᠵᠤ ᠠᠬᠤᠢ ᠶᠢᠨ ᠲᠤᠷᠰᠢᠯᠲᠠ ᠶᠢᠨ ᠴᠢᠭ᠋ ᠤᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ᠂ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠯᠠᠰᠢᠨ ᠦᠬᠡᠷ ᠤᠨ ᠠᠵᠤ ᠦᠢᠯᠡᠰ ᠢ ᠴᠢᠨᠠᠷ ᠰᠠᠶᠢᠲᠠᠢ ᠬᠥᠭᠵᠢᠭᠦᠯᠬᠦ᠂ ᠭᠠᠷᠤᠯᠲᠠ ᠶᠢᠨ | ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠬᠦ᠂ ᠮᠠᠯ ᠲᠠᠷᠢᠶᠠᠯᠠᠩ ᠤᠨ ᠠᠵᠤ ᠠᠬᠤᠢ ᠶᠢᠨ ᠨᠠᠷᠠᠲᠤ ᠱᠣᠰᠢᠭ᠎ᠠ ᠶᠢ ᠪᠦᠲᠦᠭᠡᠨ ᠪᠠᠶᠢᠭᠤᠯᠬᠤ ᠰᠢᠷᠢᠰ ᠠᠵᠢᠯᠯᠠᠭ᠎ᠠ ᠶᠢ | ᠬᠡᠷᠡᠭᠵᠢᠭᠦᠯᠵᠦ᠂ ᠨᠢᠭᠡ ᠪᠦᠯᠦᠭ ᠦᠢᠯᠡᠳᠪᠦᠷᠢᠯᠡᠬᠦ ᠡᠳ᠋ᠰᠢᠭᠦᠯᠬᠦ ᠪᠣᠷᠣᠯᠠᠭᠤᠯᠬᠤ ᠬᠤᠯᠪᠤᠯᠳᠤᠭᠰᠠᠨ᠂ ᠲᠠᠷᠢᠶᠠᠯᠠᠩ ᠰᠣᠶᠣᠯ ᠵᠢᠭᠤᠯᠴᠢᠯᠠᠯ ᠠᠭᠤᠰᠤᠯᠴᠠᠨ ᠠᠵᠤ | ᠦᠢᠯᠡᠰᠵᠢᠭᠰᠡᠨ ᠬᠤᠯᠪᠣᠭᠠᠲᠤ ᠴᠣᠭᠴᠠ ᠶᠢ ᠪᠣᠶᠢᠵᠢᠭᠤᠯᠵᠤ᠂ ᠮᠠᠯ ᠲᠠᠷᠢᠶᠠᠯᠠᠩ ᠤᠨ ᠠᠵᠤ ᠠᠬᠤᠢ ᠶᠢᠨ ᠡᠷᠴᠢᠮᠵᠢᠭᠰᠡᠨ᠂ ᠬᠡᠪᠴᠢᠶᠡᠵᠢᠭᠰᠡᠨ᠂ ᠳᠡᠭᠡᠳᠦ | ᠦᠵᠦᠭᠦᠷᠵᠢᠭᠰᠡᠨ ᠬᠥᠭᠵᠢᠯᠲᠡ ᠶᠢ ᠠᠬᠢᠭᠤᠯᠤᠨ᠎ᠠ᠃ | ᠠᠵᠤ ᠦᠢᠯᠡᠳᠪᠦᠷᠢ ᠶᠢᠨ ᠨᠢᠷᠤᠭᠤ ᠲᠤᠯᠭᠠᠭᠤᠷᠢ ᠶᠢ ᠲᠦᠷᠭᠡᠪᠴᠢᠯᠡᠨ ᠪᠠᠶᠢᠭᠤᠯᠤᠨ᠎ᠠ᠃ ᠠᠵᠤ ᠦᠢᠯᠡᠰ ᠤᠨ ᠰᠠᠭᠤᠷᠢ ᠶᠢ ᠲᠠᠬᠢᠨ ᠪᠠᠶᠢᠭᠤᠯᠬᠤ ᠪᠠ ᠠᠵᠤ | ᠦᠢᠯᠡᠰ ᠤᠨ ᠬᠡᠯᠬᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ | ᠰᠢᠪᠲᠤᠯᠤᠯᠲᠠ ᠶᠢ ᠡᠬᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 7% ᠠᠴᠠ ᠳᠡᠭᠡᠭᠰᠢ ᠨᠡᠮᠡᠭᠳᠡᠭᠦᠯᠬᠦ ᠶᠢ ᠦᠨᠡᠨ | ᠬᠦ ᠪᠠᠲᠤᠯᠠᠨ᠎ᠠ᠃ ᠡᠷᠳᠡᠨᠢ ᠰᠢᠰᠢ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠪᠣᠬᠢᠷᠳᠤᠯ ᠦᠭᠡᠢ ᠬᠦᠩᠭᠡᠨᠴᠠᠭᠠᠨ ᠤ ᠪᠦᠯᠦᠭ ᠤᠨ ᠰᠢᠨ᠎ᠡ | ᠮᠠᠲ᠋ᠧᠷᠢᠶᠠᠯ᠂ ᠨᠢᠺᠧᠯ ᠤᠨ ᠪᠦᠯᠦᠭ ᠤᠨ ᠡᠷᠭᠢᠯᠲᠡᠲᠦ ᠰᠢᠨ᠎ᠡ ᠮᠠᠲ᠋ᠧᠷᠢᠶᠠᠯ᠂ ᠴᠠᠬᠢᠭᠤᠷ ᠤᠨ ᠪᠦᠯᠦᠭ ᠤᠨ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠢᠴᠢ ᠲᠣᠨᠤᠭ | ᠲᠥᠬᠦᠭᠡᠷᠦᠮᠵᠢ ᠦᠶᠯᠡᠳᠬᠦ᠂ ᠪᠣᠬᠢᠷᠳᠤᠯ ᠦᠭᠡᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠬᠦ᠂ ᠣᠲᠣ ᠦᠶ᠎ᠡ ᠶᠢᠨ | ᠬᠢᠲᠠᠳ ︵ᠮᠣᠩᠭᠤᠯ︶ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ | ᠬᠡᠯᠬᠢᠶᠡᠨ ᠤ ︽ᠬᠡᠯᠬᠢᠶᠡᠨ ᠤ ᠤᠷᠲᠤ ᠶᠢᠨ ᠳᠦᠷᠢᠮ︾᠂ ᠬᠥᠲᠥᠴᠢ ᠠᠵᠤ ᠠᠬᠤᠶᠢᠯᠠᠯ ᠤᠨ ︽ᠬᠡᠯᠬᠢᠶᠡᠨ ᠤ ᠭᠤᠣᠯ ᠳᠦᠷᠢᠮ︾ ᠢ ᠬᠡᠷᠡᠭᠵᠢᠭᠦᠯᠵᠦ᠂ ᠬᠡᠯᠬᠢᠶᠡᠨ ᠤ | ᠤᠷᠲᠤᠳᠬᠠᠯ ᠬᠡᠯᠬᠢᠶᠡᠨ ᠤ ᠨᠥᠬᠦᠪᠦᠷᠢ ᠬᠡᠯᠬᠢᠶᠡᠨ ᠤ ᠬᠦᠴᠦᠷᠬᠡᠭᠵᠢᠯ ᠤᠨ ᠲᠥᠷᠥᠯ ᠵᠦᠢᠯ ᠢ 186 ᠬᠡᠷᠡᠭᠵᠢᠭᠦᠯᠵᠦ᠂ 60 ᠲᠥᠷᠥᠯ ᠵᠦᠢᠯ ᠤᠨ ᠠᠰᠢᠭᠯᠠᠯᠲᠠ ᠳᠤ | ᠣᠷᠣᠵᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠣᠶᠤᠨᠴᠢᠯᠠᠯᠲᠠ᠂ ᠪᠣᠬᠢᠷᠳᠤᠯ ᠦᠭᠡᠢ ᠪᠣᠯᠭᠠᠬᠤ ᠥᠭᠡᠷᠡᠴᠢᠯᠡᠯᠲᠡ ᠶᠢ ᠠᠬᠢᠭᠤᠯᠵᠤ᠂ | ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠣᠬᠢᠷᠳᠤᠯ ᠦᠭᠡᠢ ᠴᠠᠬᠢᠯᠭᠠᠨ ᠤ ᠣᠷᠤᠯᠠᠭᠤᠯᠤᠯᠲᠠ ᠶᠢ ᠲᠦᠷᠭᠡᠳᠬᠡᠨ᠂ ᠨᠢᠭᠡ | ᠪᠦᠯᠦᠭ ᠮᠡᠷᠭᠡᠵᠢᠯ ᠤᠨ ᠥᠭᠡᠷᠡᠴᠢᠯᠡᠯᠲᠡ ᠶᠢ ᠲᠠᠰ ᠳᠡᠪᠰᠢᠭᠦᠯᠬᠦ᠂ ᠣᠶᠤᠨᠴᠢ ᠪᠠᠷ ᠦᠶᠯᠡᠳᠬᠦ᠂ ᠡᠨᠧᠷᠭᠢ ᠠᠷᠪᠢᠯᠠᠵᠤ ᠤᠰᠤ ᠠᠷᠪᠢᠯᠠᠬᠤ ᠥᠭᠡᠷᠡᠴᠢᠯᠡᠯᠲᠡ ᠶᠢᠨ | ᠲᠥᠷᠥᠯ ᠵᠦᠢᠯ ᠢ ᠬᠡᠷᠡᠭᠵᠢᠭᠦᠯᠵᠦ᠂ ᠨᠢᠭᠡ ᠪᠦᠯᠦᠭ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ᠂ ᠪᠣᠬᠢᠷᠳᠤᠯ ᠦᠭᠡᠢ ᠦᠢᠯᠡᠳᠪᠦᠷᠢ᠂ ᠣᠶᠤᠨᠲᠤ ᠠᠭᠤᠷᠬᠠᠢ ᠶᠢ | ᠡᠭᠦᠳᠦᠨ ᠪᠠᠶᠢᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠠᠶᠠᠯᠠᠯ ᠢ ᠬᠠᠮᠠᠭᠠᠯᠠᠬᠤ᠂ ︽ᠲᠤᠰᠬᠠᠢ ᠨᠠᠷᠢᠯᠢᠭ ᠣᠨᠴᠠ ᠰᠢᠨ᠎ᠡ︾ ᠪᠠ ︽ | ᠪᠠᠭ᠎ᠠ ᠠᠴᠠ ᠬᠡᠪᠴᠢᠶᠡᠵᠢᠯ ᠳᠤ ᠳᠡᠪᠰᠢᠭᠦᠯᠬᠦ︾ ᠠᠵᠤ ᠠᠬᠤᠶᠢᠯᠠᠯ ᠢ ᠪᠣᠶᠢᠵᠢᠭᠤᠯᠬᠤ ᠠᠵᠢᠯᠯᠠᠭ᠎ᠠ ᠶᠢ ᠥᠷᠨᠢᠭᠦᠯᠵᠦ᠂ ︽ᠲᠤᠰᠬᠠᠢ ᠨᠠᠷᠢᠯᠢᠭ ᠣᠨᠴᠠ ᠰᠢᠨ᠎ᠡ︾ | ᠠᠵᠤ ᠠᠬᠤᠶᠢᠯᠠᠯ ᠢ 4᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ᠬᠦᠷᠢᠶᠡᠯᠡᠩ ᠲᠣᠭᠤᠷᠢᠭ ᠤᠨ ᠰᠠᠭᠤᠷᠢ ᠶᠢ ᠪᠠᠲᠤᠳᠬᠠᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠣᠶᠤᠨᠲᠤ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ︵ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ | ᠦᠭᠡᠢ︶ ᠬᠦᠷᠢᠶᠡᠯᠡᠩ ᠲᠣᠭᠤᠷᠢᠭ ᠤᠨ ᠲᠤᠷᠰᠢᠯᠲᠠ ᠶᠢ ᠥᠷᠨᠢᠭᠦᠯᠦᠨ᠂ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠡᠶᠡᠯᠡᠭᠦᠯᠵᠦ᠂ | ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ 24 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ ᠶᠢ ᠠᠬᠢᠭᠤᠯᠤᠨ᠎ᠠ᠃ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠠᠴᠢᠶᠠᠯᠠᠬᠤ ᠬᠤᠲᠠ ᠶᠢ | ᠪᠦᠲᠦᠭᠡᠨ ᠪᠠᠶᠢᠭᠤᠯᠬᠤ ᠪᠠᠷ ᠮᠡᠳᠡᠭᠦᠯᠵᠦ᠂ ᠱᠠᠩᠬᠠᠢ ᠲᠦᠩᠯᠢᠶᠣᠣ ᠶᠢᠨ ᠲᠦᠷᠭᠡᠨ ᠬᠥᠮᠥᠷᠭᠡ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠯᠦᠩ ᠴᠧᠩ | ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠨᠡᠭᠡᠭᠡᠯᠲᠡ ᠶᠢᠨ ᠲᠣᠭᠤᠷᠢᠭ ᠪᠠ ᠺᠠᠶᠢᠯᠤ ᠶᠢᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠲᠦᠩᠯᠢᠶᠣᠣ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠥᠪ ᠢ ᠪᠠᠶᠢᠭᠤᠯᠵᠤ | ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠣᠶᠢᠷ᠎ᠠ ᠲᠡᠭᠦᠷᠭᠡ ᠶᠢᠨ ᠵᠢᠭᠤᠯᠴᠢᠯᠠᠯ᠂ ᠠᠮᠢ ᠠᠬᠤᠢ ᠶᠢᠨ ᠰᠡᠯᠡᠭᠦᠴᠡᠯ ᠤᠨ ᠵᠢᠭᠤᠯᠴᠢᠯᠠᠯ᠂ ᠬᠥᠳᠡᠭᠡ | ᠲᠣᠰᠬᠤᠨ ᠤ ᠠᠷᠠᠳ ᠤᠨ ᠵᠠᠩ ᠦᠶᠯᠡ ᠶᠢᠨ ᠵᠢᠭᠤᠯᠴᠢᠯᠠᠯ ᠢ ᠢᠳᠡᠪᠬᠢᠲᠡᠢ ᠪᠠᠷ ᠬᠥᠭᠵᠢᠭᠦᠯᠵᠦ᠂ ᠠᠭᠤᠯᠠ ᠵᠡᠷᠭᠡ ᠨᠢᠭᠡ ᠪᠦᠯᠦᠭ ᠣᠨᠴᠠᠯᠢᠭᠲᠤ ᠵᠢᠭᠤᠯᠴᠢᠯᠠᠯ ᠤᠨ | ᠲᠣᠰᠬᠤᠨ ᠪᠠᠯᠭᠠᠰᠤ ᠶᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠲᠠᠬᠢᠮᠳᠠᠭᠤ ᠠᠮᠤᠷᠯᠢᠩᠭᠤᠢ ᠭᠤᠤᠯ ᠤᠨ ᠰᠣᠶᠣᠯ ᠤᠨ ᠠᠵᠤ ᠦᠢᠯᠡᠰ ᠤᠨ ᠪᠦᠰᠡ ᠶᠢᠨ | ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ ᠡᠭᠦᠳᠦᠨ ᠪᠠᠶᠢᠭᠤᠯᠵᠤ᠂ ︽ᠲᠦᠩᠯᠢᠶᠣᠣ ᠶᠢᠨ ᠰᠠᠶᠢᠨ ᠪᠡᠯᠡᠭ︾ ᠤᠨ ᠰᠣᠶᠣᠯ ᠤᠨ | ᠡᠭᠦᠳᠦᠯᠲᠡ ᠶᠢᠨ ᠲᠠᠸᠠᠷ ᠤᠨ ᠪᠣᠳᠠᠲᠤ ᠴᠣᠭᠴᠠ ᠶᠢᠨ ᠳᠡᠯᠭᠡᠭᠦᠷ ᠢ ᠪᠦᠲᠦᠭᠡᠨ ᠪᠠᠶᠢᠭᠤᠯᠵᠤ᠂ ᠲᠠᠬᠢᠮᠳᠠᠭᠤ ᠠᠮᠤᠷᠯᠢᠩᠭᠤᠢ ᠭᠡᠭᠡᠨ ᠰᠣᠳᠣ ᠡᠰᠢ ᠬᠠᠲᠤᠨ ᠤ | ᠬᠦᠷᠢᠶᠡᠯᠡᠩ᠂ ᠴᠤᠩᠬᠢᠶᠠᠯ᠂ ᠬᠠᠮᠪᠤ ᠶᠢᠨ ᠪᠠᠭᠤᠷᠢ ᠵᠡᠷᠭᠡ ᠨᠠᠷᠠᠲᠤ ᠱᠤᠰᠢᠭ᠎ᠠ ᠶᠢᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠤ᠂ ᠬᠤᠷᠴᠢᠨ ᠲᠣᠭᠤᠷᠢᠭ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ | ᠳᠦᠷᠢᠮ ᠢᠶᠠᠨ ᠥᠭᠡᠷᠡᠴᠢᠯᠡᠨ ᠲᠠᠷᠢᠶᠠᠯᠠᠩ ᠤᠨ ᠬᠤᠳᠠᠯᠳᠤᠭᠠᠨ ᠤ ᠪᠠᠩᠬᠢ ᠪᠠᠶᠢᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠮᠥᠩᠭᠦᠨ ᠭᠦᠢᠯᠭᠡᠭᠡ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠢ ᠶᠡᠬᠡᠪᠡᠷ ᠬᠥᠭᠵᠢᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ | ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠡᠭᠦᠳᠦᠨ᠎ᠡ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢ ᠲᠠᠬᠢᠨ ᠢᠶᠠᠷ ᠨᠡᠮᠡᠭᠳᠡᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ ᠮᠠᠰᠢᠨ ᠴᠣᠭᠴᠠᠯᠠᠪᠤᠷᠢ ᠶᠢ 300 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠯᠦᠩ ᠮᠠ ᠬᠦᠨᠳᠦ ᠠᠵᠤ | ᠦᠢᠯᠡᠳᠪᠦᠷᠢ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠤ ᠲᠣᠨᠤᠭ ᠲᠥᠬᠦᠭᠡᠷᠦᠮᠵᠢ ᠦᠶᠯᠡᠳᠬᠦ | ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠤ | ᠪᠦᠬᠦᠯᠢ ᠤᠭᠰᠠᠷᠠᠯᠲᠠ ᠶᠢᠨ ᠦᠢᠯᠡᠳᠬᠦᠨ ᠢ ᠵᠢᠯ ᠤᠨ ᠳᠣᠲᠣᠷ᠎ᠠ ᠦᠢᠯᠡᠳᠪᠦᠷᠢᠯᠡᠨ ᠭᠠᠷᠭᠠᠬᠤ ᠶᠢ ᠬᠦᠴᠦᠯᠡᠨ ᠠᠬᠢᠭᠤᠯᠤᠨ᠎ᠠ᠃ ᠴᠠᠬᠢᠭᠤᠷᠲᠤ ᠡᠯᠡᠰᠦᠨ ᠤ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠴᠢᠨᠠᠷ ᠰᠠᠶᠢᠲᠠᠢ ᠨᠡᠭᠡᠭᠡᠨ ᠠᠰᠢᠭᠯᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠠᠬᠢᠭᠤᠷᠲᠤ ᠡᠯᠡᠰᠦ ᠶᠢ | ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠵᠤ᠂ ᠺᠠᠢ ᠱᠧᠩ᠂ ᠯᠠᠪᠠᠢ ᠶᠢᠨ ᠴᠠᠬᠢᠭᠤᠷ ᠤᠨ ᠪᠦᠯᠦᠭ ᠤᠨ ᠰᠢᠨ᠎ᠡ | ᠮᠠᠲ᠋ᠧᠷᠢᠶᠠᠯ ᠪᠠ ᠬᠡᠷᠡᠯ ᠤᠨ ᠴᠠᠬᠢᠯᠭᠠᠨ ᠤ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ᠎ᠡ᠃ ᠰᠦᠯᠵᠢᠶ᠎ᠡ ᠶᠢ ᠨᠥᠬᠦᠪᠦᠷᠢᠯᠡᠨ | ᠰᠦᠯᠵᠢᠶ᠎ᠡ ᠶᠢ ᠰᠢᠯᠢᠳᠡᠭᠵᠢᠭᠦᠯᠬᠦ 4G ᠶᠢᠨ ᠰᠠᠭᠤᠷᠢ ᠦᠷᠳᠡᠭᠡ ᠶᠢ 30 ᠪᠠᠶᠢᠭᠤᠯᠵᠤ᠂ 5G ᠶᠢᠨ ᠰᠠᠭᠤᠷᠢ ᠦᠷᠳᠡᠭᠡ ᠶᠢ 632 ᠰᠢᠨ᠎ᠡ ᠪᠠᠷ ᠪᠠᠶᠢᠭᠤᠯᠵᠤ᠂ ︽ | ᠲᠠᠪᠤᠨ ᠣᠷᠣᠨ︾ ᠳᠤ 5G ᠶᠢᠨ ᠰᠦᠯᠵᠢᠶ᠎ᠡ ᠶᠢ ᠪᠦᠲᠦᠮᠵᠢᠲᠡᠶ ᠬᠠᠮᠤᠷᠤᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠡᠯ᠎ᠡ | ᠬᠦᠷᠢᠶᠡᠨ ᠳᠤ ᠠᠭᠤᠰᠤᠯᠴᠠᠭᠤᠯᠤᠨ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ ᠶᠢᠨ ᠢᠦᠢ ᠹᠧᠩ ᠬᠠᠮ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ᠂ | ᠤᠮᠠᠷᠠᠲᠤ ᠶᠢᠨ ᠡᠮ ᠦᠶᠯᠡᠳᠬᠦ ᠠᠮᠢᠳᠤ ᠪᠣᠳᠠᠰ ᠤᠨ ᠢᠰᠬᠡᠯᠲᠡ ᠶᠢᠨ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | | ︵ᠭᠤᠷᠪᠠ︶ ᠥᠭᠡᠷᠡᠴᠢᠯᠡᠯᠲᠡ ᠨᠡᠭᠡᠭᠡᠯᠲᠡ ᠬᠢᠬᠦ ᠪᠠ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠴᠢᠨᠠᠷ | ᠰᠠᠶᠢᠲᠠᠢ ᠬᠥᠭᠵᠢᠯᠲᠡ ᠶᠢᠨ ᠬᠦᠴᠦᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ᠃ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠭᠤᠯᠬᠤ ᠳᠤ ᠰᠠᠭᠤᠷᠢᠯᠠᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠡᠭᠡᠭᠡᠯᠲᠡ ᠶᠢ ᠥᠷᠭᠡᠳᠬᠡᠬᠦ᠂ ᠣᠷᠴᠢᠨ ᠠᠬᠤᠢ ᠶᠢ ᠰᠢᠯᠢᠳᠡᠭᠵᠢᠭᠦᠯᠬᠦ ᠶᠢ | ᠢᠮᠠᠭᠲᠠ ᠲᠤᠤᠱᠯᠠᠭᠤᠯᠵᠤ᠂ ᠰᠢᠨ᠎ᠡ ᠬᠥᠳᠡᠯᠭᠡᠭᠴᠢ ᠡᠨᠧᠷᠭᠢ ᠶᠢ ᠬᠤᠷᠠᠮᠳᠤᠭᠤᠯᠵᠤ᠂ ᠰᠢᠨ᠎ᠡ ᠣᠷᠣᠨ ᠵᠠᠢ ᠶᠢ ᠥᠷᠭᠡᠳᠬᠡᠨ᠎ᠡ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠪᠡᠯᠡ ᠭᠠᠷᠭᠠᠨ ᠠᠵᠤ ᠠᠬᠤᠶᠢᠯᠠᠯ ᠢ ᠬᠢᠨᠠᠨ ᠬᠠᠮᠢᠶᠠᠷᠤᠭᠴᠢ ᠶᠡᠷᠦᠩᠬᠡᠢ | ᠨᠢᠭᠲᠠᠯᠠᠨ ᠪᠤᠳᠤᠭᠴᠢ ᠲᠣᠮᠢᠯᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠳᠠᠭᠠᠭᠠᠮᠠᠯ ᠤᠨ ᠳᠠᠪᠬᠤᠷᠭ᠎ᠠ ᠶᠢᠨ ᠪᠦᠷᠢᠯᠳᠦᠭᠦᠨ ᠤ ᠲᠤᠰᠢᠶᠠᠯ ᠤᠨ | ᠬᠤᠭᠤᠴᠠᠭᠠᠨ ᠤ ᠳᠦᠷᠢᠮ ᠪᠠ ᠭᠡᠷᠡᠲᠦ ᠬᠠᠮᠢᠶᠠᠷᠤᠯᠲᠠ ᠶᠢ ᠬᠡᠷᠡᠭᠵᠢᠭᠦᠯᠵᠦ᠂ ᠲᠤᠬᠠᠶᠢᠯᠠᠭᠰᠠᠨ ᠠᠵᠢᠯ ᠤᠨ ᠡᠵᠡᠩᠨᠡᠨ ᠬᠠᠮᠢᠶᠠᠷᠤᠭᠴᠢ ᠶᠢ ᠵᠠᠬ᠎ᠠ ᠳᠡᠯᠭᠡᠭᠦᠷᠴᠢᠯᠡᠨ | ᠰᠣᠩᠭᠤᠨ ᠤᠷᠢᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠰᠲ᠋ᠣᠺ ᠤᠨ ᠡᠷᠬᠡ ᠶᠢᠨ ᠪᠡᠯᠡ ᠤᠷᠤᠭᠤᠯᠤᠯᠲᠠ ᠶᠢᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠎ᠡ᠃ | ᠨᠡᠭᠦᠷᠡᠰᠦ ᠲᠦᠯᠡᠵᠦ ᠴᠠᠬᠢᠯᠭᠠᠨ ᠭᠠᠷᠭᠠᠬᠤ ᠲᠣᠣᠷ ᠲᠤ ᠣᠷᠣᠭᠤᠯᠬᠤ ᠴᠠᠬᠢᠯᠭᠠᠨ ᠤ ᠦᠨ᠎ᠡ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠤᠯᠤᠰ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠤᠤᠯᠢᠩᠭᠤᠤᠯ᠂ ᠨᠠᠢᠮᠠᠨ᠂ ᠨᠡᠭᠡᠭᠡᠯᠲᠡ ᠶᠢᠨ ᠳᠣᠭᠤᠷᠢᠭ ᠤᠨ ᠨᠡᠮᠡᠭᠳᠡᠯ ᠴᠠᠬᠢᠯᠭᠠᠨ ᠲᠦᠭᠡᠭᠡᠬᠦ | ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯᠯᠠᠭᠠᠨ ᠤ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠤᠨ᠎ᠠ᠃ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠳᠦᠷᠢᠮ ᠪᠠᠶᠢᠭᠤᠯᠬᠤ ᠶᠢ ᠰᠦᠪᠡᠭᠴᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ | ᠨᠡᠭᠡᠭᠡᠯᠲᠡ ᠬᠢᠵᠦ ᠬᠠᠮᠲᠤᠷᠠᠯᠴᠠᠬᠤ ᠶᠢ ᠦᠷᠭᠦᠯᠵᠢᠯᠡᠨ ᠥᠷᠭᠡᠳᠬᠡᠨ᠎ᠡ᠃ ︽ᠤᠮᠠᠷᠠᠰᠢ ᠨᠡᠭᠡᠭᠡᠯᠲᠡ ᠬᠢᠬᠦ︾ ᠪᠠᠶᠢᠯᠳᠤᠬᠤ ᠪᠣᠳᠣᠯᠭ᠎ᠠ ᠳᠤ ᠢᠳᠡᠪᠬᠢᠲᠡᠢ ᠪᠠᠷ | ᠠᠭᠤᠰᠤᠯᠴᠠᠨ᠂ ᠣᠷᠣᠰ ᠮᠣᠩᠭᠤᠯ ᠤᠨ ᠡᠳ᠋ ᠪᠠᠷᠠᠭ᠎ᠠ ᠶᠢ ᠳᠠᠮᠵᠢᠭᠤᠯᠬᠤ᠂ ᠡᠳ᠋ᠰᠢᠭᠦᠯᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠲᠠᠷᠬᠠᠭᠠᠬᠤ ᠰᠠᠭᠤᠷᠢᠨ ᠭᠠᠵᠠᠷ ᠢ | ᠪᠣᠶᠢᠵᠢᠭᠤᠯᠵᠤ᠂ ︽ᠵᠠᠮ ᠤᠨ ᠠᠵᠤ ᠠᠬᠤᠢ︾ ︽ᠪᠣᠳᠠᠲᠠᠶᠢᠵᠢᠭᠤᠯᠬᠤ ᠠᠵᠤ ᠠᠬᠤᠢ︾ ᠶᠢ ᠬᠥᠭᠵᠢᠭᠦᠯᠦᠨ᠎ᠡ᠃ ᠵᠡᠭᠦᠨ ᠬᠤᠶᠢᠲᠤ ᠣᠷᠣᠨ ᠤ ᠡᠬᠡ ᠬᠠᠭᠤᠷᠠᠢ ᠪᠠ | ᠲᠠᠯᠠᠢ ᠲᠠᠩᠭᠢᠰ ᠤᠨ ᠰᠢᠨ᠎ᠡ ᠵᠠᠮ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭ᠎ᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠠᠵᠤ | ᠠᠬᠤᠢ ᠶᠢᠨ ᠠᠵᠢᠯ ᠬᠤᠪᠢᠶᠠᠷᠢᠯᠠᠨ ᠬᠠᠮᠲᠤᠷᠠᠯᠴᠠᠬᠤ ᠳᠤ ᠳᠠᠯᠠᠶᠢᠴᠠᠲᠠᠢ ᠤᠷᠤᠯᠴᠠᠨ᠎ᠠ᠃ ᠲᠦᠩᠯᠢᠶᠣᠣ ᠤᠯᠠᠭᠠᠨᠬᠠᠳᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ | ᠪᠤᠵᠠᠭᠠᠶᠢᠷᠠᠭᠤᠯᠵᠤ᠂ ᠳᠦᠷᠪᠡᠨ ᠬᠥᠷᠢᠶ᠎ᠡ ᠬᠡᠪᠴᠢᠶ᠎ᠡ᠂ 29 ᠵᠦᠢᠯ ᠤᠨ ᠬᠠᠮᠲᠤᠷᠠᠯᠴᠠᠭ᠎ᠠ ᠶᠢ ᠬᠦᠴᠦ ᠪᠠᠨ ᠨᠡᠶᠢᠯᠡᠭᠦᠯᠦᠨ ᠠᠬᠢᠭᠤᠯᠵᠤ᠂ ᠴᠠᠩᠴᠦ᠋ᠨ ︱ | ᠲᠦᠩᠯᠢᠶᠣᠣ ︱ ᠤᠯᠠᠭᠠᠨᠬᠠᠳᠠ ᠶᠢᠨ ᠲᠦᠷᠭᠡᠨ ᠤ ᠲᠡᠮᠦᠷ ᠵᠠᠮ᠂ LXB ᠤᠰᠤ ᠬᠠᠩᠭᠠᠬᠤ ᠢᠨᠵᠧᠨᠧᠷᠢᠩ᠂ ᠤᠯᠤᠰ ᠤᠨ ᠠᠵᠤ ᠦᠢᠯᠡᠰ ᠤᠨ ᠰᠢᠯᠵᠢᠯᠲᠡ ᠶᠢ | ᠬᠥᠯᠢᠶᠡᠨ ᠠᠪᠬᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠪᠣᠳᠠᠲᠠᠢ ᠦᠷ᠎ᠡ ᠪᠦᠲᠦᠭᠡᠯ ᠣᠯᠵᠤ᠂ ᠤᠯᠠᠭᠠᠨᠬᠠᠳᠠ᠂ | ᠲᠦᠩᠯᠢᠶᠣᠣ ᠶᠢᠨ ︽ᠬᠤᠣᠰ ᠤᠳᠤᠨ︾ ᠢ ᠭᠡᠷᠡᠯᠳᠦᠭᠦᠯᠬᠦ ᠪᠠᠷ ᠴᠢᠷᠮᠠᠶᠢᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠤᠲᠠ ᠶᠢᠨ ᠲᠣᠰ ᠱᠠᠲᠤᠨ ᠤ 19 ᠰᠠᠯᠠᠭ᠎ᠠ ᠮᠥᠴᠢᠷ ᠤᠨ 135 ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ | ᠬᠤᠪᠢᠶᠠᠷᠢᠯᠠᠨ ᠰᠢᠯᠵᠢᠭᠦᠯᠵᠦ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠪᠡᠶᠡᠯᠡᠭᠦᠯᠦᠨ᠎ᠡ᠃ ᠳᠥᠷᠪᠡᠨ ᠱᠠᠲᠤᠨ ᠤ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ 103 ᠵᠦᠢᠯ ᠢ ︽ᠨᠢᠭᠡ ᠯᠡ ᠤᠳᠠᠭ᠎ᠠ ᠳᠤ ᠭᠦᠢᠴᠡᠳᠬᠡᠬᠦ︾᠂ 90% ᠠᠴᠠ ᠳᠡᠭᠡᠭᠰᠢᠬᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ᠠᠷᠠᠳ ᠤᠨ ᠠᠮᠢᠳᠤᠷᠠᠯ ᠤᠨ ᠨᠠᠩ ᠣᠯᠠᠨ | ᠦᠢᠯᠡᠴᠢᠯᠡᠭᠡᠨ ᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ ︽ᠨᠢᠭᠡ ᠪᠠᠶᠢᠭᠤᠯᠤᠯ ᠭᠤᠷᠪᠠᠨ ᠣᠳᠣᠬᠢᠴᠢᠯᠠᠯᠲᠠ︾ ᠶᠢᠨ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠤᠯᠠᠮ ᠨᠢᠭᠡ ᠠᠯᠬᠤᠮ | ᠪᠠᠭᠠᠰᠬᠠᠵᠤ᠂ ᠠᠵᠤ ᠠᠬᠤᠶᠢᠯᠠᠯ ᠳᠤ ᠬᠤᠯᠪᠣᠭᠳᠠᠬᠤ ᠵᠦᠢᠯᠡᠰ ᠢ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾᠂ ︽ᠪᠦᠬᠦ ᠬᠤᠳᠠ ᠳᠤ ᠨᠡᠶᠢᠳᠡᠮ | ᠰᠢᠢᠳᠪᠦᠷᠢᠯᠡᠬᠦ︾᠂ ︽ᠪᠦᠬᠦ ᠶᠠᠪᠤᠴᠠ ᠳᠤ ᠬᠠᠪᠰᠤᠷᠤᠨ ᠣᠷᠣᠯᠠᠨ ᠭᠦᠢᠴᠡᠳᠬᠡᠬᠦ︾ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠭᠤᠮᠣᠳᠠᠯ | ᠱᠠᠭᠠᠷᠳᠠᠯᠭ᠎ᠠ ᠶᠢ ᠰᠢᠢᠳᠪᠦᠷᠢᠯᠡᠬᠦ ᠪᠠ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ | ᠠᠬᠤᠶᠢᠯᠠᠯ ᠤᠨ ︽ᠱᠠᠭᠠᠷᠳᠠᠯᠭ᠎ᠠ ᠶᠢ ᠵᠠᠪᠠᠯ ᠬᠦᠯᠢᠶᠡᠵᠦ᠂ ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃ ᠠᠵᠤ ᠠᠬᠤᠶᠢᠯᠠᠯ᠂ | ᠣᠯᠠᠨ ᠲᠦᠮᠡᠨ ᠠᠴᠠ ᠭᠠᠵᠠᠷ ᠣᠷᠣᠨ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠤᠯᠠᠷᠢᠯ ᠢᠶᠠᠷ ᠬᠤᠪᠢ ᠥᠭᠴᠦ ᠰᠢᠯᠭᠠᠨ | ᠦᠨᠡᠯᠡᠬᠦ ᠳᠦᠷᠢᠮ ᠢ ᠬᠡᠷᠡᠭᠵᠢᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠡᠪᠳᠡᠭᠰᠡᠨ ᠦᠶᠯᠡ ᠠᠵᠢᠯᠯᠠᠭ᠎ᠠ ᠶᠢ ᠡᠷᠡᠰ ᠵᠠᠯᠬᠠᠭᠠᠨ ᠰᠢᠳᠭᠡᠵᠦ᠂ ᠪᠡᠯᠡ | ᠣᠷᠣᠭᠤᠯᠤᠭᠴᠢᠳ ᠢ ᠲᠦᠩᠯᠢᠶᠣᠣ ᠳᠤ ᠰᠠᠨᠠᠭ᠎ᠠ ᠠᠮᠤᠷ ᠪᠡᠯᠡ ᠣᠷᠣᠭᠤᠯᠵᠤ᠂ ᠰᠡᠳᠬᠢᠯ ᠠᠮᠤᠷ ᠠᠳᠠᠯ ᠦᠢᠯᠡᠰ ᠴᠣᠭᠴᠠᠯᠠᠨ᠂ ᠠᠮᠤᠷ ᠵᠢᠮᠤᠷ ᠬᠥᠭᠵᠢᠭᠦᠯᠦᠨ᠎ᠡ᠃ | ︵ᠳᠥᠷᠪᠡ︶ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠬᠢᠴᠠᠯᠳᠤᠭᠤᠯᠤᠨ | ᠬᠦᠴᠦᠯᠡᠬᠦ ᠶᠢ ᠪᠠᠷᠢᠮᠲᠠᠯᠠᠵᠤ᠂ ᠬᠤᠲᠠ ᠬᠥᠳᠡᠭᠡ ᠶᠢ ᠵᠣᠬᠢᠴᠠᠩᠭᠤᠢ ᠪᠠᠷ ᠬᠥᠭᠵᠢᠭᠦᠯᠬᠦ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠬᠤᠳᠠ ᠬᠥᠳᠡᠭᠡ ᠶᠢ | ᠨᠢᠭᠡ ᠴᠣᠭᠴᠠᠵᠢᠭᠤᠯᠤᠨ᠂ ᠬᠤᠶᠠᠷ ᠬᠦᠷᠳᠦ ᠪᠠᠷ ᠬᠥᠳᠡᠯᠭᠡᠭᠦᠷ ᠪᠣᠯᠭᠠᠵᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠠᠶᠢᠭᠤᠯᠵᠤ᠂ ᠬᠤᠳᠠ | ᠬᠥᠳᠡᠭᠡ ᠶᠢ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ᠂ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠨ᠎ᠠ᠃ | ᠬᠤᠲᠠ ᠶᠢᠨ ᠴᠢᠳᠠᠮᠵᠢ ᠶᠢᠨ ᠴᠢᠨᠠᠷ ᠳᠡᠰ ᠢ ᠳᠡᠭᠡᠭᠰᠢᠯᠡᠭᠦᠯᠦᠨ᠎ᠡ᠃ ᠰᠢᠨ᠎ᠡ ᠬᠡᠪᠯᠡᠯ ᠤᠨ ᠬᠤᠳᠠ ᠶᠢᠨ ᠨᠠᠷᠢᠨ ᠲᠥᠯᠦᠪᠵᠢᠭᠦᠯᠭᠡ ᠶᠢ ᠵᠠᠰᠠᠨ | ᠨᠠᠶᠢᠷᠠᠭᠤᠯᠬᠤ ᠶᠢ ᠪᠡᠶᠡᠯᠡᠭᠦᠯᠵᠦ᠂ ᠬᠠᠮᠤᠭ ᠤᠨ ᠰᠠᠶᠢᠨ ᠭᠠᠵᠠᠷ ᠢᠶᠠᠨ ᠭᠠᠷᠭᠠᠵᠤ ᠬᠥᠬᠡ ᠵᠦᠯᠭᠡ ᠪᠠᠶᠢᠭᠤᠯᠵᠤ᠂ ᠴᠡᠴᠡᠷᠯᠢᠭ ᠪᠠᠶᠢᠭᠤᠯᠵᠤ᠂ ᠬᠥᠬᠡ ᠥᠩᠭᠡ ᠪᠠᠷ | ᠪᠣᠯᠣᠳ ᠰᠢᠷᠪᠦᠰᠦᠲᠦ ᠱᠦᠢᠨᠢ ᠶᠢᠨ ᠠᠪᠴᠢᠷᠠᠭᠰᠠᠨ ᠳᠠᠷᠤᠯᠲᠠ ᠶᠢᠨ ᠲᠥᠷᠥᠭᠳᠡᠯ ᠢ ᠡᠶᠡᠷᠡᠭᠦᠯᠦᠨᠡ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠤᠢ | ᠰᠢᠭᠤᠢ ᠶᠢᠨ ᠴᠡᠴᠡᠷᠯᠢᠭ ᠤᠨ ᠰᠤᠪᠢᠯᠠᠵᠤ ᠠᠰᠠᠷᠠᠬᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠰᠢᠨ᠎ᠡ ᠭᠦᠩ ᠬᠤᠶᠠᠳᠤᠭᠠᠷ ᠵᠠᠮ ᠤᠨ ᠬᠡᠰᠡᠭ ᠭᠠᠵᠠᠷ ᠢ | ᠨᠡᠭᠡᠭᠡᠨ ᠬᠥᠭᠵᠢᠭᠦᠯᠬᠦ ᠠᠬᠢᠴᠠ ᠶᠢ ᠲᠦᠷᠭᠡᠳᠬᠡᠵᠦ᠂ ᠨᠢᠭᠡ ᠪᠦᠯᠦᠭ ᠭᠤᠣᠯ ᠬᠤᠳᠠ ᠶᠢᠨ ᠲᠣᠭᠤᠷᠢᠭ ᠤᠨ ᠵᠠᠮ ᠤᠨ ᠲᠣᠣᠷ ᠲᠡᠭᠦᠯᠳᠡᠷᠵᠢᠭᠰᠡᠨ᠂ ᠦᠶᠡᠷ ᠢ | ᠰᠡᠷᠭᠡᠶᠢᠯᠡᠵᠦ ᠤᠰᠤᠲᠤᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ᠂ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠭᠰᠡᠨ | ᠲᠦᠷᠦᠯ ᠵᠦᠢᠯ ᠢ ᠪᠦᠲᠦᠭᠡᠨ ᠪᠠᠶᠢᠭᠤᠯᠵᠤ᠂ ᠬᠤᠰᠢᠭᠤ ᠰᠢᠶᠠᠨ ᠤ ᠵᠠᠰᠠᠭ ᠰᠠᠭᠤᠭ᠎ᠠ ᠪᠠᠯᠭᠠᠰᠤ ᠶᠢᠨ ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠲᠦᠷᠦᠯ ᠵᠦᠢᠯ ᠢ | ᠰᠠᠶᠢᠵᠢᠷᠠᠭᠤᠯᠬᠤ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠦᠨ᠎ᠡ᠃ ︽ᠣᠶᠤᠨᠲᠤ | ᠬᠤᠲᠠ︾ ᠶᠢᠨ ᠪᠦᠲᠦᠭᠡᠨ ᠪᠠᠶᠢᠭᠤᠯᠤᠯᠲᠠ ᠵᠢᠴᠢ ᠠᠬᠤᠢ ᠲᠠᠯᠠᠪᠠᠶ ᠶᠢᠨ ᠬᠡᠷᠡᠭᠯᠡᠯᠲᠡ ᠶᠢ ᠴᠢᠩᠭᠠᠳᠬᠠᠵᠤ᠂ ᠲᠥᠪ ᠬᠤᠲᠠ ᠶᠢᠨ ᠲᠣᠭᠤᠷᠢᠭ ᠤᠨ ᠬᠤᠲᠠ ᠶᠢᠨ | ᠶᠠᠪᠤᠳᠠᠯ ᠴᠡᠴᠡᠷᠯᠢᠭ ᠤᠨ ᠬᠠᠮᠢᠶᠠᠷᠤᠯᠲᠠ ᠠᠷᠠᠴᠢᠯᠠᠯᠲᠠ ᠪᠠ ᠣᠷᠴᠢᠨ ᠲᠣᠭᠤᠷᠢᠨ ᠤ ᠴᠡᠪᠡᠷᠯᠡᠭᠡ ᠶᠢᠨ ᠵᠠᠬ᠎ᠠ ᠳᠡᠯᠭᠡᠭᠦᠷᠴᠢᠯᠡᠭᠰᠡᠨ ᠲᠣᠰᠬᠠᠶᠢᠵᠢᠭᠰᠠᠨ ᠨᠠᠷᠢᠯᠢᠭᠵᠢᠭᠰᠠᠨ | ᠬᠠᠮᠢᠶᠠᠷᠤᠯᠲᠠ ᠶᠢ ᠠᠬᠢᠭᠤᠯᠵᠦ᠂ ᠵᠠᠮ ᠬᠠᠷᠢᠯᠴᠠᠭᠠᠨ ᠤ ᠲᠦᠭᠵᠢᠷᠡᠯ᠂ ᠲᠡᠷᠭᠡ ᠵᠣᠭᠰᠣᠬᠤ ᠳᠤ ᠬᠦᠴᠢᠷ᠂ ᠣᠷᠴᠢᠨ ᠲᠣᠭᠤᠷᠢᠨ ᠤ ᠪᠤᠵᠠᠷ ᠰᠠᠮᠠᠭᠤᠨ ᠪᠠᠷᠤᠭᠲᠠᠢ | ᠵᠡᠷᠭᠡ ︽ᠬᠤᠲᠠ ᠶᠢᠨ ᠬᠡᠮ︾ ᠢ ᠰᠢᠰᠲ᠋ᠧᠮ ᠲᠠᠢ ᠴᠡᠭᠴᠡᠯᠡᠨ ᠵᠠᠰᠠᠵᠤ᠂ ᠪᠣᠯᠪᠠᠰᠤᠨ ᠬᠤᠲᠠ᠂ ᠠᠷᠢᠭᠤᠨ ᠴᠡᠪᠡᠷ ᠬᠤᠲᠠ᠂ ᠴᠡᠴᠡᠷᠯᠢᠭ ᠤᠨ ᠬᠤᠲᠠ ᠶᠢᠨ ︽ᠠᠯᠲᠠᠨ | ᠦᠰᠦᠭᠲᠦ ᠱᠤᠰᠢᠭ᠎ᠠ︾ ᠶᠢ ᠨᠠᠩ ᠢᠯᠡᠭᠦᠦ ᠬᠡᠷᠡᠯ ᠲᠠᠢ ᠪᠣᠯᠭᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠬᠤ ᠶᠢ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠪᠠ ᠠᠵᠤ ᠦᠢᠯᠡᠰ ᠢ | ᠳᠡᠭᠡᠭᠰᠢᠯᠡᠭᠦᠯᠬᠦ᠂ ᠪᠡᠭᠡᠵᠢᠩ ᠥᠪᠥᠷ ᠮᠣᠩᠭᠤᠯ ᠬᠠᠮᠵᠢᠯᠴᠠᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ | ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ | ᠠᠶᠢᠯ ᠲᠣᠰᠬᠤᠨ ᠢ ᠲᠥᠯᠥᠪᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠲᠣᠰᠬᠤᠨ᠂ ᠵᠢᠱᠢᠶ᠎ᠡ | ᠦᠵᠡᠭᠦᠯᠬᠦ ᠲᠣᠰᠬᠤᠨ ᠤ ᠲᠥᠯᠦᠪᠵᠢᠭᠦᠯᠭᠡ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ 1845 ᠺᠢᠯᠣᠮᠧᠲᠷ | ᠲᠠᠰ ᠳᠡᠪᠰᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠂ ᠪᠠᠶᠢᠭᠤᠯᠤᠯᠲᠠᠲᠤ | ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠲᠤᠷᠰᠢᠯᠲᠠ ᠶᠢᠨ ᠴᠢᠭ᠋ ᠤᠨ ᠢᠨᠵᠧᠨᠧᠷᠢᠩ ᠢ ᠡᠬᠢᠯᠡᠭᠦᠯᠵᠦ᠂ 18 ᠭᠠᠴᠠᠭ᠎ᠠ ᠲᠣᠰᠬᠤᠨ ᠤ ᠪᠣᠬᠢᠷ ᠤᠰᠤ ᠶᠢ | ᠰᠢᠢᠳᠪᠦᠷᠢᠯᠡᠬᠦ ᠲᠤᠷᠰᠢᠯᠲᠠ ᠶᠢᠨ ᠴᠢᠭ᠋ ᠤᠨ ᠲᠥᠷᠥᠯ ᠵᠦᠢᠯ ᠢ ᠪᠡᠶᠡᠯᠡᠭᠦᠯᠵᠦ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ | ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠤᠨ ᠪᠦᠷᠬᠦᠴᠡ ᠶᠢᠨ ᠨᠣᠷᠮ᠎ᠠ ᠶᠢ 40% ᠳᠤ ᠬᠦᠷᠭᠡᠨ᠎ᠡ᠃ ᠬᠥᠳᠡᠭᠡ ᠲᠣᠰᠬᠤᠨ ᠤ ᠵᠠᠰᠠᠯᠲᠠ᠂ ᠬᠥᠳᠡᠭᠡ | ᠲᠣᠰᠬᠤᠨ ᠤ ᠬᠥᠭᠵᠢᠯᠲᠡ ᠶᠢᠨ ᠠᠵᠢᠯᠯᠠᠭ᠎ᠠ ᠶᠢ ᠥᠷᠨᠢᠭᠦᠯᠵᠦ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ︽ᠭᠠᠳᠠᠷ ᠲᠠᠯ᠎ᠠ ᠶᠢᠨ ᠭᠤᠸ᠎ᠠ ᠰᠠᠶᠢᠬᠠᠨ︾ ᠪᠠ | ︽ᠳᠣᠲᠣᠭᠠᠳᠤ ᠲᠠᠯ᠎ᠠ ᠶᠢᠨ ᠭᠤᠸ᠎ᠠ ᠰᠠᠶᠢᠬᠠᠨ︾ ᠢ ᠣᠷᠭᠠᠨᠢᠭ ᠢᠶᠠᠷ ᠨᠢᠭᠡᠳᠬᠡᠭᠰᠡᠨ ᠰᠢᠨ᠎ᠡ ᠴᠠᠭ ᠦᠶ᠎ᠡ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠪᠦᠲᠦᠭᠡᠨ ᠪᠠᠶᠢᠭᠤᠯᠤᠨ᠎ᠠ᠃ | ᠰᠠᠭᠤᠷᠢ ᠳᠠᠭᠠᠭᠠᠴᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠴᠢᠴᠢᠬᠠᠷ︱ᠤᠯᠠᠭᠠᠨᠬᠤᠲᠠ︱ᠲᠦᠩᠯᠢᠶᠣᠣ ᠶᠢᠨ ᠲᠦᠷᠭᠡᠨ ᠲᠡᠮᠦᠷ ᠵᠠᠮ ᠤᠨ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ | ᠥᠭᠡᠷᠡᠴᠢᠯᠡᠯᠲᠡ ᠶᠢ ᠲᠦᠷᠭᠡᠳᠬᠡᠨ᠂ ᠬᠤᠩ ᠱᠢ ︱ ᠬᠦᠨᠳᠡᠢ ᠬᠦᠷᠬᠦ ᠨᠢᠭᠡᠳᠦᠭᠡᠷ ᠳᠡᠰ ᠤᠨ ᠵᠠᠮ᠂ ᠪᠦᠦ ᠺᠠᠩ ︱ ᠱᠧᠪᠡᠷᠲᠦ ᠬᠦᠷᠬᠦ ᠬᠤᠶᠠᠳᠤᠭᠠᠷ ᠳᠡᠰ ᠤᠨ | ᠵᠠᠮ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠲᠦᠩᠯᠢᠶᠣᠣ ᠶᠢᠨ ᠲᠦᠷᠭᠡᠨ ᠲᠡᠮᠦᠷ ᠵᠠᠮ ᠤᠨ | ᠥᠷᠲᠡᠭᠡ ᠬᠢᠭᠡᠳ ᠳ᠋ᠠᠴᠢᠩ ᠠᠴᠠ ᠭᠤᠸᠠᠩᠵᠧᠦ ᠬᠦᠷᠬᠦ ᠲᠦᠷᠭᠡᠨ ᠵᠠᠮ ᠢ ᠬᠤᠯᠪᠣᠬᠤ ᠱᠤᠭᠤᠮ ︵ᠳ᠋ᠡ ᠰᠢᠩ ᠵᠠᠮ︶ ᠢ ᠪᠠᠶᠢᠭᠤᠯᠵᠤ᠂ ᠨᠠᠢᠮᠠᠨ ᠤ ᠨᠡᠶᠢᠳᠡᠮ | ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠠᠶᠠᠯᠠᠯ ᠨᠡᠪᠲᠡᠷᠡᠬᠦ ᠶᠢ ᠪᠡᠶᠡᠯᠡᠭᠦᠯᠦᠨ᠎ᠡ᠃ ᠪᠣᠷᠣᠭᠠᠨ ᠤ ᠤᠰᠤ ᠶᠢ ᠴᠤᠭᠯᠠᠭᠤᠯᠬᠤ᠂ ᠪᠣᠬᠢᠷ ᠤᠰᠤ ᠶᠢ ᠰᠢᠢᠳᠪᠦᠷᠢᠯᠡᠬᠦ᠂ | ᠴᠡᠪᠡᠷᠯᠡᠭᠰᠡᠨ ᠤᠰᠤ ᠶᠢ ᠡᠭᠡᠭᠦᠯᠦᠨ ᠬᠡᠷᠡᠭᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠴᠤᠤᠯ | ᠭᠤᠣᠯ ᠤᠨ ᠤᠰᠤ ᠶᠢ ᠯᠤᠤᠬ᠎ᠠ ᠶᠢᠨ ᠭᠤᠤᠯ ᠳᠤ ᠤᠷᠤᠭᠤᠯᠬᠤ ᠬᠤᠶᠠᠳᠤᠭᠠᠷ ᠬᠤᠭᠤᠴᠠᠭ᠎ᠠ᠂ ᠤᠯᠠᠭᠠᠨᠬᠠᠳᠠ ᠴᠥᠭᠦᠷᠥᠮ ᠤᠨ ᠲᠥᠷᠥᠯ ᠵᠦᠢᠯ ᠢ ᠠᠬᠢᠭᠤᠯᠤᠨ᠂ | LXB ᠶᠢᠨ ᠤᠰᠤ ᠬᠠᠩᠭᠠᠬᠤ ᠲᠦᠩᠯᠢᠶᠣᠣ ᠶᠢᠨ ᠰᠠᠯᠪᠤᠷᠢ ᠱᠤᠭᠤᠮ ᠤᠨ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠰᠢᠨ᠎ᠡ ᠡᠨᠧᠷᠭᠢ ᠶᠢᠨ | ᠲᠥᠷᠥᠯ ᠵᠦᠢᠯ ᠳᠤ ᠲᠦᠬᠦᠭᠡᠷᠵᠢᠭᠦᠯᠦᠭᠰᠡᠨ ᠴᠠᠬᠢᠯᠭᠠᠨ ᠲᠣᠣᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠭᠠᠨᠵᠤᠭ᠎ᠠ︱ᠬᠦᠷᠢᠶ᠎ᠡ︱ᠢ ᠯᠦᠩ ᠶᠦᠩ ᠪᠠᠶᠢᠭᠠᠯᠢ ᠶᠢᠨ ᠰᠢᠲᠠᠮᠠᠬᠠᠢ ᠬᠡᠢ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠶᠢᠨ ᠲᠥᠷᠥᠯ ᠵᠦᠢᠯ ᠢ | ᠡᠬᠢᠯᠡᠭᠦᠯᠵᠦ᠂ ᠰᠢᠲᠠᠮᠠᠬᠠᠢ ᠬᠡᠢ ᠶᠢᠨ ᠬᠤᠭᠤᠯᠠᠢ ᠶᠢ ᠬᠤᠰᠢᠭᠤ ᠰᠢᠶᠠᠨ ᠳᠤ ᠣᠷᠣᠭᠤᠯᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠪᠦᠬᠦᠨ ᠢ ᠬᠠᠮᠤᠷᠬᠤ ᠶᠢ | ᠠᠬᠢᠭᠤᠯᠤᠨ᠎ᠠ᠃ | ︵ᠲᠠᠪᠤ︶ ᠴᠢᠨᠠᠷ ᠰᠠᠶᠢᠲᠠᠢ ᠬᠥᠭᠵᠢᠯᠲᠡ ᠬᠢᠭᠡᠳ ᠥᠨᠳᠥᠷ ᠬᠢᠷᠢ ᠲᠦᠪᠰᠢᠨ ᠲᠠᠢ ᠬᠠᠮᠠᠭᠠᠯᠠᠯᠲᠠ ᠶᠢᠨ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠬᠤᠣᠰ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ︾ ᠤᠨ ᠠᠬᠤᠢ ᠪᠠᠶᠢᠳᠠᠯ ᠳᠤ ᠰᠠᠭᠤᠷᠢᠯᠠᠵᠤ᠂ ᠠᠮᠢ ᠠᠬᠤᠢ ᠶᠢᠨ ᠳᠠᠪᠠᠭᠤᠯᠢᠭ ᠢ ᠵᠤᠵᠠᠭᠠᠳᠬᠠᠵᠤ᠂ ᠪᠣᠬᠢᠷᠳᠤᠯ ᠦᠭᠡᠢ | ᠬᠦᠳᠡᠯᠭᠡᠬᠦ ᠬᠦᠴᠦᠨ ᠢ ᠬᠥᠭᠵᠢᠭᠡᠵᠦ᠂ ᠪᠣᠬᠢᠷᠳᠤᠯ ᠦᠭᠡᠢ ᠪᠠᠶᠢᠬᠤ ᠶᠢ ᠲᠦᠩᠯᠢᠶᠣᠣ ᠶᠢᠨ ᠬᠥᠭᠵᠢᠯᠲᠡ ᠶᠢᠨ ᠬᠠᠮᠤᠭ ᠤᠨ ᠰᠡᠳᠬᠢᠯ ᠬᠥᠳᠡᠯᠭᠡᠮ᠎ᠡ ᠥᠩᠭᠡ ᠪᠤᠳᠤᠭ | ᠪᠤᠯᠭᠠᠨ᠎ᠠ᠃ | ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠣᠷᠣᠨ ᠬᠤᠪᠢᠶᠠᠨ | ᠨᠠᠷᠢᠯᠢᠭᠵᠢᠭᠤᠯᠤᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠳᠤᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ ᠭᠦᠨᠵᠡᠭᠡᠢ ᠴᠡᠭᠴᠡᠯᠡᠨ ᠵᠠᠰᠠᠨ᠎ᠠ᠃ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠰᠠᠶᠢᠲᠤᠷ | ᠠᠳᠬᠤᠵᠤ᠂ ᠠᠷᠤ ᠬᠥᠨᠳᠡᠯᠡᠨ᠂ ᠬᠤᠤᠯᠢᠩᠭᠤᠤᠯ ᠳᠤ ᠤᠯᠤᠰ ᠤᠨ ᠨᠤᠲᠤᠭ ᠪᠡᠯᠴᠢᠭᠡᠷ ᠤᠨ ᠪᠠᠶᠢᠭᠠᠯᠢ ᠶᠢᠨ ᠴᠡᠴᠡᠷᠯᠢᠭ ᠢ ᠭᠤᠶᠤᠴᠢᠯᠠᠨ ᠪᠦᠲᠦᠭᠡᠨ ᠪᠠᠶᠢᠭᠤᠯᠤᠨ᠎ᠠ᠃ | ᠬᠤᠷᠴᠢᠨ ᠤ ᠲᠠᠯ᠎ᠠ ᠨᠤᠲᠤᠭ ᠤᠨ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ | ᠰᠡᠷᠭᠦᠭᠡᠬᠦ ᠢᠨᠵᠧᠨᠧᠷᠢᠩ᠂ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠣᠶᠢᠵᠢᠭᠤᠯᠬᠤ ᠲᠥᠷᠥᠯ ᠵᠦᠢᠯ ᠢ ᠯᠠᠪᠳᠠᠭᠤᠨ ᠢᠶᠠᠷ | ᠠᠬᠢᠭᠤᠯᠵᠤ᠂ ᠪᠠᠶᠢᠭᠠᠯᠢ ᠶᠢᠨ ᠥᠭᠡᠬᠦᠨ ᠴᠢᠯᠠᠭᠤᠨ ᠡᠯᠡᠰᠦᠨ ᠠᠭᠤᠷᠬᠠᠢ ᠶᠢ ᠲᠤᠰᠬᠠᠶᠢᠯᠠᠨ ᠴᠡᠭᠴᠡᠯᠡᠨ ᠵᠠᠰᠠᠬᠤ᠂ ᠪᠥᠬᠦ ᠴᠠᠷᠠᠭ᠎ᠠ ᠶᠢᠨ ᠠᠭᠤᠷᠬᠠᠢ ᠶᠢ ᠰᠡᠷᠭᠦᠭᠡᠨ | ᠵᠠᠰᠠᠬᠤ ᠶᠢ ᠴᠢᠩᠭᠠᠳᠬᠠᠨ᠂ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠪᠠ ᠪᠠᠶᠢᠭᠠᠯᠢ ᠶᠢᠨ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ 200 | ᠲᠦᠮᠡᠨ ᠮᠦ ᠶᠢ ᠪᠡᠶᠡᠯᠡᠭᠦᠯᠵᠦ᠂ ᠪᠣᠬᠢᠷᠳᠤᠯ ᠦᠭᠡᠢ ᠠᠭᠤᠷᠬᠠᠢ ᠶᠢ 16 ᠪᠠᠶᠢᠭᠤᠯᠵᠤ᠂ ᠬᠤᠤᠯᠢᠩᠭᠤᠤᠯ ︱ ᠵᠠᠬᠠᠨᠠᠭᠤᠷ ᠢ ᠨᠢᠭᠡ ᠴᠣᠭᠴᠠᠵᠢᠭᠤᠯᠤᠭᠰᠠᠨ ᠪᠣᠬᠢᠷᠳᠤᠯ | ᠦᠭᠡᠢ ᠠᠭᠤᠷᠬᠠᠢ ᠶᠢᠨ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠭᠦᠨᠵᠡᠭᠡᠢ ᠰᠠᠶᠢᠲᠤᠷ ᠬᠢᠨ᠎ᠡ᠃ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ ᠪᠠᠷ ᠬᠠᠤᠯᠢ ᠶᠣᠰᠣᠭᠠᠷ | ᠪᠣᠬᠢᠷᠳᠤᠯ ᠢ ᠵᠠᠰᠠᠬᠤ ᠶᠢ ᠪᠠᠷᠢᠮᠲᠠᠯᠠᠵᠤ᠂ ᠬᠦᠨᠳᠦ ᠪᠣᠬᠢᠷᠳᠤᠯ ᠲᠠᠢ ᠴᠠᠭ ᠠᠭᠤᠷ ᠢ ᠠᠷᠢᠯᠭᠠᠬᠤ᠂ ᠣᠽᠣᠨ ᠤ ᠪᠣᠬᠢᠷᠳᠤᠯ ᠢ ᠰᠡᠷᠭᠡᠶᠢᠯᠡᠨ ᠵᠠᠰᠠᠬᠤ᠂ ᠱᠤᠤᠭᠢᠶᠠᠨ ᠤ | ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠡᠰᠢ ᠰᠦᠷᠡᠯ ᠢ ᠰᠢᠲᠠᠭᠠᠬᠤ ᠶᠢ ᠬᠠᠮᠢᠶᠠᠷᠤᠨ ᠡᠵᠡᠮᠳᠡᠬᠦ ᠪᠠ ᠳᠤᠯᠠᠭᠠᠯᠠᠭ᠎ᠠ ᠶᠢᠨ ᠰᠢᠲᠠᠭᠠᠯᠭ᠎ᠠ ᠶᠢᠨ | ᠨᠡᠭᠦᠷᠡᠰᠦ ᠶᠢᠨ ᠪᠣᠬᠢᠷᠳᠤᠯ᠂ ᠠᠵᠤ ᠦᠢᠯᠡᠳᠪᠦᠷᠢ ᠶᠢᠨ ᠪᠣᠬᠢᠷᠳᠤᠯ ᠤᠨ ᠡᠬᠢ᠂ ᠢᠰᠬᠡᠯᠲᠡ ᠶᠢᠨ ᠠᠵᠤ ᠠᠬᠤᠶᠢᠯᠠᠯ ᠤᠨ ᠣᠨᠳᠣᠣ ᠦᠨᠦᠷ ᠢ ᠵᠠᠰᠠᠬᠤ ᠶᠢ | ᠴᠢᠩᠭᠠᠳᠬᠠᠵᠤ᠂ ᠭᠤᠤᠯ ᠬᠤᠲᠠ ᠲᠣᠭᠤᠷᠢᠭ ᠲᠤ ᠫᠤᠤᠵᠢᠩ ᠲᠠᠯᠪᠢᠬᠤ ᠶᠢ ᠴᠠᠭᠠᠵᠠᠯᠠᠬᠤ ᠶᠢ ᠰᠠᠨᠠᠭᠠᠴᠢᠯᠠᠵᠤ᠂ ᠬᠤᠳᠠ ᠶᠢᠨ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠤᠨ᠎ᠠ᠃ ᠠᠵᠤ ᠦᠢᠯᠡᠳᠪᠦᠷᠢ ᠶᠢᠨ ᠬᠠᠶᠠᠭᠳᠠᠮᠠᠯ ᠤᠰᠤ᠂ ᠬᠤᠲᠠ ᠬᠥᠳᠡᠭᠡ ᠶᠢᠨ ᠪᠣᠬᠢᠷ ᠤᠰᠤ ᠶᠢ ᠵᠠᠰᠠᠬᠤ ᠶᠢ ᠴᠢᠩᠭᠠᠳᠬᠠᠵᠤ᠂ | ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠨᠦᠬᠡ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠤᠰᠤᠨ ᠤ ᠡᠬᠢ ᠰᠤᠷᠪᠤᠯᠵᠢ ᠶᠢᠨ ᠤᠷᠤᠨ ᠤ | ᠵᠢᠷᠤᠮᠵᠢᠭᠤᠯᠤᠭᠰᠠᠨ ᠪᠠᠶᠢᠭᠤᠯᠤᠯᠲᠠ ᠶᠢᠨ ᠬᠥᠴᠦᠨ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠤᠰᠤᠨ ᠤ ᠴᠢᠳᠠᠮᠵᠢᠲᠤ ᠣᠷᠣᠨ᠂ 10 ᠭᠠᠵᠠᠷ ᠤᠨ ᠭᠠᠳᠠᠷᠭᠤ ᠶᠢᠨ | ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠰᠤᠩᠭᠠᠷᠢ ᠮᠥᠷᠡᠨ ᠬᠢᠭᠡᠳ ᠯᠤᠤᠬ᠎ᠠ ᠶᠢᠨ ᠭᠤᠣᠯ ᠤᠨ ᠰᠠᠪᠠ ᠭᠠᠵᠠᠷ ᠤᠨ ᠤᠰᠤᠨ ᠤ | ᠠᠮᠢ ᠠᠬᠤᠢ ᠶᠢᠨ ᠣᠷᠴᠢᠨ ᠲᠣᠭᠤᠷᠢᠨ ᠢ ᠰᠢᠰᠲ᠋ᠧᠮ ᠲᠠᠢ ᠰᠠᠶᠢᠵᠢᠷᠠᠭᠤᠯᠤᠨ᠎ᠠ᠃ ᠮᠠᠯ ᠲᠠᠷᠢᠶᠠᠯᠠᠩ ᠤᠨ ᠠᠵᠤ ᠠᠬᠤᠢ ᠶᠢᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ | ᠵᠠᠰᠠᠬᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠠᠶᠤᠯᠲᠠᠢ ᠬᠠᠶᠠᠭᠳᠠᠮᠠᠯ ᠪᠣᠳᠠᠰ ᠡᠮᠴᠢᠯᠡᠭᠡᠨ ᠤ | ᠬᠠᠶᠠᠭᠳᠠᠮᠠᠯ ᠪᠣᠳᠠᠰ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠷᠠᠭᠤᠯᠵᠤ᠂ ᠲᠠᠷᠢᠶᠠᠯᠠᠩ ᠤᠨ ᠰᠦᠯᠢᠶᠥᠦ ᠪᠦᠷᠬᠦᠭᠦᠯ ᠢ ᠬᠤᠷᠢᠶᠠᠨ ᠠᠪᠬᠤ ᠨᠣᠷᠮ᠎ᠠ᠂ ᠮᠠᠯ | ᠵᠢᠭᠦᠷᠲᠡᠨ ᠤ ᠪᠠᠭᠠᠰᠤᠨ ᠪᠣᠬᠢᠷᠳᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠴᠢᠨᠠᠭᠰᠢᠲᠠ ᠳᠡᠭᠡᠭᠰᠢᠯᠡᠭᠦᠯᠵᠦ᠂ ᠲᠠᠷᠢᠶᠠᠯᠠᠩ ᠳᠤ ᠬᠡᠷᠡᠭᠯᠡᠬᠦ ᠭᠠᠵᠠᠷ | ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠳᠤᠯ ᠤᠨ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ | ᠠᠷᠪᠢᠲᠠᠢ ᠡᠷᠴᠢᠮᠯᠢᠭ ᠡᠷᠭᠢᠯᠲᠡᠲᠦ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠲᠦᠩᠯᠢᠶᠣᠣ ᠬᠤᠲᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠣᠷᠭᠢᠯ ᠳᠤ ᠬᠦᠷᠭᠡᠬᠦ ᠠᠵᠢᠯᠯᠠᠭ᠎ᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠪᠦᠲᠦᠴᠡ ᠶᠢᠨ ᠲᠠᠯ᠎ᠠ ᠪᠠᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠪᠠᠭᠠᠰᠬᠠᠬᠤ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠤᠷᠠᠭᠤᠯᠬᠤ᠂ ᠠᠮᠢ ᠠᠬᠤᠢ ᠶᠢᠨ ᠲᠠᠯ᠎ᠠ ᠪᠠᠷ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠭᠠᠳᠠᠭᠰᠢᠯᠠᠭᠤᠯᠬᠤ ᠶᠢ ᠲᠣᠭᠲᠠᠪᠤᠷᠢᠵᠢᠭᠤᠯᠬᠤ ᠶᠢ ᠰᠢᠰᠲ᠋ᠧᠮ ᠲᠠᠢ ᠰᠦᠪᠡᠭᠴᠢᠯᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠢ | ᠲᠡᠷᠢᠭᠦᠨ ᠳᠤ ᠲᠠᠯᠪᠢᠬᠤ︾ ︽ᠬᠤᠶᠠᠷ ᠢ ᠳᠠᠪᠠᠭᠤᠯᠬᠤ︾ ᠬᠠᠷᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠡᠭᠦᠷᠡᠰᠦ ᠶᠢ ᠴᠡᠪᠡᠷ ᠪᠥᠭᠡᠳ ᠥᠨᠳᠥᠷ ᠦᠷ᠎ᠡ | ᠪᠦᠲᠦᠮᠵᠢᠲᠡᠶ ᠪᠠᠷ ᠠᠰᠢᠭᠯᠠᠬᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠥᠨᠳᠥᠷ ᠬᠠᠷᠢᠴᠠᠯ ᠢᠶᠠᠷ ᠲᠤᠬᠠᠢ ᠶᠢᠨ ᠭᠠᠵᠠᠷ ᠲᠤᠨᠢ ᠰᠢᠩᠭᠡᠭᠡᠬᠦ ᠶᠢ | ᠠᠬᠢᠭᠤᠯᠤᠨ᠎ᠠ᠃ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ︽ᠬᠤᠶᠠᠷ ᠦᠨᠳᠦᠷ︾ ᠲᠦᠷᠦᠯ ᠵᠦᠢᠯ ᠤᠨ ᠬᠢᠷᠢ ᠪᠦᠲᠦᠮᠵᠢ ᠳᠤᠤᠷ᠎ᠠ | ᠰᠤᠬᠤᠷ ᠪᠠᠯᠠᠢ ᠬᠦᠭᠵᠢᠯᠲᠡ ᠶᠢ ᠡᠷᠡᠰ ᠬᠤᠷᠢᠭᠯᠠᠵᠤ᠂ ᠰᠢᠨ᠎ᠡ ᠪᠠᠶᠢᠭᠤᠯᠬᠤ ᠲᠦᠷᠦᠯ ᠵᠦᠢᠯ ᠳᠤ ᠴᠦᠮ ︽ᠬᠤᠶᠠᠷ ᠳᠡᠷᠢᠭᠦᠨ︾ ᠤ ᠪᠠᠷᠢᠮᠵᠢᠶ᠎ᠠ ᠶᠢ ᠡᠷᠡᠰ | ᠬᠡᠷᠡᠭᠵᠢᠭᠦᠯᠵᠦ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ᠂ ᠤᠯᠠᠨ ᠨᠡᠶᠢᠲᠡ ᠶᠢᠨ ᠪᠠᠶᠢᠭᠤᠯᠤᠮᠵᠢ ᠵᠡᠷᠭᠡ ᠭᠤᠤᠯᠳᠠᠯᠭ᠎ᠠ ᠲᠠᠢ ᠬᠥᠷᠢᠶ᠎ᠡ ᠬᠡᠪᠴᠢᠶ᠎ᠡ ᠶᠢᠨ | ᠡᠨᠧᠷᠭᠢ ᠠᠷᠪᠢᠯᠠᠬᠤ ᠶᠢ ᠰᠠᠶᠢᠲᠤᠷ ᠠᠳᠬᠤᠵᠤ᠂ ᠡᠨᠧᠷᠬᠢ ᠬᠡᠷᠡᠭᠯᠡᠬᠦ ᠤᠷᠤᠨ ᠵᠠᠢ ᠶᠢ ᠭᠠᠷᠭᠠᠬᠤ ᠳᠤ ᠪᠤᠬᠢᠷᠲᠤᠯ ᠦᠭᠡᠢ ᠤᠨᠴᠠᠯᠢᠭ ᠲᠠᠢ ᠳᠠᠪᠠᠭᠤᠯᠢᠭ ᠠᠵᠤ | ᠦᠢᠯᠡᠰ ᠢ ᠬᠦᠭᠵᠢᠭᠦᠯᠬᠦ ᠳᠤ ᠤᠷᠢᠳᠠᠪᠡᠷ ᠬᠡᠷᠡᠭᠯᠡᠨ᠎ᠡ᠃ ᠵᠦᠪᠰᠢᠶᠡᠷᠡᠭᠰᠡᠨ ᠴᠤ ᠬᠠᠩᠭᠠᠭᠠᠳᠤᠢ ᠪᠠ ᠰᠤᠯᠠ ᠪᠠᠶᠢᠬᠤ ᠭᠠᠵᠠᠷ ᠰᠢᠷᠣᠢ ᠶᠢ ᠰᠢᠢᠳᠪᠦᠷᠢᠯᠡᠬᠦ ᠡᠷᠴᠢᠮ ᠢ | ᠴᠢᠩᠭᠠᠷᠠᠭᠤᠯᠵᠤ᠂ ᠳᠣᠣᠷ᠎ᠠ ᠠᠰᠢᠭᠯᠠᠮᠵᠢ ᠲᠠᠢ ᠪᠠᠷ ᠭᠠᠵᠠᠷ ᠰᠢᠷᠣᠢ ᠶᠢ ᠲᠠᠬᠢᠨ ᠨᠡᠭᠡᠭᠡᠨ ᠠᠰᠢᠭᠯᠠᠬᠤ ᠪᠠ ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ ᠢ | ᠲᠠᠬᠢᠨ ᠬᠠᠭᠠᠯᠪᠤᠷᠢᠯᠠᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠬᠤ ᠶᠢ ᠪᠦᠬᠦ | ᠲᠠᠯ᠎ᠠ ᠪᠠᠷ ᠠᠬᠢᠭᠤᠯᠵᠤ᠂ ᠳᠥᠭᠦᠮ ᠪᠥᠭᠡᠳ ᠲᠣᠬᠢᠷᠠᠮᠵᠢᠲᠠᠢ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ | ᠶᠠᠪᠤᠳᠠᠯ ᠢ ᠴᠠᠭ ᠤᠨ ᠥᠩᠭᠡ ᠪᠣᠯᠭᠠᠨ᠎ᠠ᠃ | ︵ᠵᠢᠷᠭᠤᠭ᠎ᠠ︶ ᠨᠡᠶᠢᠭᠡᠮ ᠤᠨ ᠬᠥᠭᠵᠢᠯᠲᠡ ᠬᠢᠭᠡᠳ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠠᠷᠪᠢᠯᠠᠨ ᠭᠠᠮᠨᠠᠵᠤ ᠠᠷᠠᠳ ᠢ ᠪᠠᠶᠠᠵᠢᠭᠤᠯᠬᠤ ᠶᠣᠰᠣ ᠶᠢ ᠪᠠᠲᠤ ᠰᠠᠬᠢᠵᠤ᠂ | ᠠᠷᠠᠳ ᠤᠨ ᠠᠮᠢᠳᠤᠷᠠᠯ ᠤᠨ ᠵᠠᠷᠤᠯᠭ᠎ᠠ ᠶᠢ ᠤᠷᠢᠳ ᠢᠶᠠᠷ ᠪᠠᠲᠤᠯᠠᠵᠤ᠂ ︽ᠳᠠᠭᠠᠷᠠᠭᠰᠠᠨ ᠬᠥᠮᠥᠨ ᠳᠤ ᠳᠠᠬᠤ ᠬᠦᠷᠭᠡᠬᠦ︾ ᠪᠣᠳᠠᠲᠠᠢ ᠶᠠᠪᠤᠳᠠᠯ ᠢ ᠰᠠᠶᠢᠲᠤᠷ ᠬᠢᠵᠦ᠂ ︽ | ᠬᠡᠮᠡᠷᠯᠢᠭ ᠳᠡᠭᠡᠷ᠎ᠡ ᠬᠤᠸᠠᠷ ᠬᠠᠳᠬᠤᠭᠰᠠᠨ︾ ᠬᠡᠢ ᠬᠤᠭᠤᠰᠤᠨ ᠠᠵᠢᠯ ᠬᠢᠬᠦ ᠦᠭᠡᠢ ᠪᠠᠶᠢᠵᠤ᠂ ᠠᠷᠠᠳ ᠤᠨ ᠠᠮᠢᠳᠤᠷᠠᠯ ᠤᠨ ᠬᠠᠯᠠᠮᠵᠢᠯᠠᠯ ᠢᠶᠠᠷ ᠬᠥᠮᠥᠰ ᠤᠨ | ᠰᠡᠳᠬᠢᠯ ᠢ ᠳᠤᠯᠠᠭᠠᠴᠠᠭᠤᠯᠤᠨ᠎ᠠ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠶᠢ ᠬᠡᠷᠡᠭᠵᠢᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠᠨ ᠠᠴᠠ | ᠬᠠᠯᠠᠭᠳᠠᠭᠰᠠᠳ᠂ ᠠᠵᠢᠯ ᠠᠯᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠲᠦᠷᠦᠯ ᠬᠤᠪᠢᠶᠠᠨ ᠪᠠᠲᠤᠯᠠᠵᠤ᠂ ᠬᠦᠴᠢᠷᠳᠡᠯ ᠲᠠᠢ | ᠬᠥᠮᠥᠰ ᠲᠤ ᠠᠵᠢᠯ ᠣᠯᠭᠤᠬᠤ ᠶᠢ ᠨᠠᠭᠠᠲᠤ ᠵᠠᠬ᠎ᠠ ᠠᠴᠠ ᠨᠢ ᠬᠠᠪᠰᠤᠷᠤᠨ ᠲᠡᠳᠬᠦᠵᠦ᠂ ᠬᠠᠷᠢᠶ᠎ᠠ ᠭᠠᠵᠠᠷ ᠤᠨ ᠳᠡᠭᠡᠳᠦ ᠰᠤᠷᠭᠠᠭᠤᠯᠢ ᠶᠢᠨ ᠲᠤᠰᠬᠠᠢ ᠲᠠᠯᠠᠪᠤᠷ ᠤᠨ | ᠤᠷᠢᠬᠤ ᠠᠵᠢᠯ ᠢ ᠥᠷᠨᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠨ 1.5 ᠲᠦᠮᠡᠨ ᠬᠥᠮᠥᠨ ᠳᠤ ᠠᠵᠢᠯ ᠣᠯᠭᠤᠵᠤ᠂ 35 ᠲᠦᠮᠡᠨ ᠮᠠᠯᠴᠢᠨ ᠲᠠᠷᠢᠶᠠᠴᠢᠨ ᠢ | ᠲᠣᠭᠲᠠᠭᠤᠨ ᠢᠶᠠᠷ ᠰᠢᠯᠵᠢᠭᠦᠯᠦᠨ ᠠᠵᠢᠯ ᠤᠯᠭᠤᠨ᠎ᠠ᠃ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ | ᠠᠩᠬᠠᠳᠤᠭᠠᠷ ᠬᠤᠭᠤᠴᠠᠭᠠᠨ ᠤ ᠲᠦᠩᠯᠢᠶᠣᠣ ᠤᠯᠠᠭᠠᠨᠬᠠᠳᠠ ᠶᠢᠨ ᠬᠠᠮᠲᠤᠷᠠᠭᠰᠠᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠢ ᠡᠷᠭᠢᠯᠡᠵᠦ᠂ ᠲᠦᠩᠯᠢᠶᠣᠣ ᠶᠢᠨ | ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠪᠠᠶᠢᠭᠤᠯᠤᠨ᠎ᠠ᠃ ᠴᠠᠯᠢᠩ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯᠯᠠᠭ᠎ᠠ ᠶᠢ ᠲᠦᠯᠬᠢᠨ ᠠᠬᠢᠭᠤᠯᠵᠤ᠂ ᠬᠥᠯᠥᠰᠦᠨ ᠠᠵᠢᠯᠴᠢᠨ ᠤ ᠴᠠᠯᠢᠩ ᠬᠦᠯᠦᠰᠦ ᠶᠢᠨ ᠵᠣᠪᠠᠨᠢᠯ ᠢ ᠦᠭᠡᠢ | ᠪᠣᠯᠭᠠᠨ᠎ᠠ᠃ | ᠰᠤᠷᠭᠠᠨ ᠬᠥᠮᠦᠵᠢᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠲᠠᠯ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠢ 16 ᠥᠭᠡᠷᠡᠴᠢᠯᠡᠨ ᠥᠷᠭᠡᠳᠬᠡᠨ ᠪᠠᠶᠢᠭᠤᠯᠵᠤ᠂ ᠭᠤᠣᠯ ᠬᠤᠳᠠ ᠶᠢᠨ ᠲᠣᠭᠤᠷᠢᠭ ᠤᠨ ︽ᠰᠤᠷᠭᠠᠭᠤᠯᠢ ︵ᠴᠡᠴᠡᠷᠯᠢᠭ︶ | ᠳᠤ ᠣᠷᠣᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠭᠤᠷᠪᠠᠨ ᠵᠢᠯ ᠤᠨ ᠬᠤᠭᠤᠴᠠᠭ᠎ᠠ ᠶᠢ ᠬᠡᠷᠡᠭᠯᠡᠵᠦ ᠰᠢᠢᠳᠪᠦᠷᠢᠯᠡᠨ᠎ᠡ᠃ ︽ᠬᠤᠶᠠᠷ ᠢ ᠬᠥᠩᠭᠡᠷᠡᠭᠦᠯᠬᠦ︾ | ᠦᠷ᠎ᠡ ᠪᠦᠲᠦᠭᠡᠯ ᠢ ᠪᠠᠬᠢᠵᠢᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠳᠣᠬᠢᠲᠠᠢ ᠠᠬᠢᠭᠤᠯᠤᠨ᠎ᠠ᠃ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ︽ᠬᠤᠤᠰ ᠥᠨᠳᠦᠷ︾᠂ ︽ᠬᠤᠤᠰ ᠰᠢᠯᠢᠳᠡᠭ︾ ᠤᠨ ᠲᠦᠯᠦᠪᠯᠡᠭᠡ ᠶᠢ ᠬᠡᠷᠡᠭᠵᠢᠭᠦᠯᠦᠨ᠎ᠡ᠃ ᠣᠨᠴᠠᠭᠠᠶ ᠰᠤᠷᠭᠠᠨ ᠬᠥᠮᠦᠵᠢᠯ ᠤᠨ | ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠵᠢᠷᠤᠮᠵᠢᠭᠤᠯᠤᠨ ᠬᠥᠭᠵᠢᠭᠦᠯᠦᠨ᠎ᠡ᠃ | ᠡᠷᠡᠭᠦᠯ ᠡᠩᠬᠡ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠡᠮᠨᠡᠯᠭᠡ ᠶᠢᠨ | ᠬᠤᠷᠢᠶ᠎ᠠ ᠶᠢᠨ ᠭᠤᠣᠯ ᠴᠣᠭᠴᠠ ᠶᠢᠨ ᠵᠠᠰᠠᠵᠤ ᠴᠢᠮᠡᠭᠯᠡᠬᠦ ᠢᠨᠵᠧᠨᠧᠷᠢᠩ ᠢ ᠪᠡᠶᠡᠯᠡᠭᠦᠯᠵᠦ᠂ ᠬᠤᠲᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ᠂ | ᠮᠣᠩᠭᠤᠯ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | ᠬᠤᠲᠠ ᠶᠢᠨ ᠡᠮᠴᠢᠯᠡᠭᠡᠨ ᠤ ᠪᠦᠯᠦᠭᠯᠡᠯ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠪᠠ ᠡᠷᠡᠭᠦᠯ ᠮᠡᠨᠳᠦ ᠶᠢᠨ | ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠲᠣᠣᠷ ᠤᠨ ᠰᠠᠭᠤᠷᠢ ᠶᠢ ᠪᠠᠬᠢᠵᠢᠭᠦᠯᠵᠦ | ᠂ ᠠᠩᠬᠠᠳᠠᠭᠴᠢ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠨ᠎ᠠ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠥᠳᠡᠯᠦᠩᠭᠦᠢ | ᠲᠣᠬᠢᠷᠠᠭᠤᠯᠤᠯᠲᠠ ᠪᠠ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠣᠯᠠᠨ ᠲᠦᠮᠡᠨ ᠤ ᠡᠪᠡᠳᠴᠢᠨ | ᠦᠵᠡᠭᠦᠯᠬᠦ ᠳᠠᠷᠤᠭᠠᠰᠤ ᠶᠢ ᠴᠢᠷᠮᠠᠶᠢᠨ ᠬᠥᠩᠭᠡᠷᠡᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ ᠢ | ᠡᠬᠢᠯᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ | ᠪᠡᠶ᠎ᠡ ᠶᠢᠨ ᠲᠠᠮᠢᠷ ᠤᠨ ᠴᠤᠭᠯᠠᠭᠠᠨ ᠳᠤ ᠤᠷᠤᠯᠴᠠᠬᠤ ᠪᠠᠷ ᠪᠦᠬᠦ ᠬᠥᠴᠥᠨ ᠢᠶᠠᠷ ᠢᠶᠠᠨ ᠪᠡᠯᠡᠳᠭᠡᠨ᠎ᠡ᠃ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠴᠢᠩᠭᠠᠳᠬᠠᠨ᠎ᠠ᠃ ︽ᠨᠤᠮ ᠤᠨ ᠴᠠᠭᠠᠨ ᠪᠤᠶᠠᠨ ᠲᠠᠢ ᠲᠦᠩᠯᠢᠶᠣᠣ︾ ᠶᠢᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠨᠣᠮ ᠤᠨ ᠰᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠩ᠂ ᠮᠦᠽᠧᠢ ᠶᠢ ᠨᠡᠭᠡᠭᠡᠨ ᠡᠵᠡᠩᠨᠡᠬᠦ ᠪᠠ | ᠬᠤᠲᠠ ᠶᠢᠨ ᠰᠣᠶᠣᠯ ᠤᠨ ᠰᠠᠩ ᠢ ᠨᠡᠭᠦᠯᠭᠡᠵᠦ ᠪᠠᠷᠢᠮᠵᠢᠶ᠎ᠠ ᠳᠤ ᠬᠦᠷᠦᠭᠦᠯᠬᠦ ᠶᠢ ᠲᠦᠷᠭᠡᠳᠬᠡᠨ᠂ ︽ᠣᠶᠤᠨᠲᠤ ᠷᠠᠳᠢᠣ᠋ ᠲᠧᠯᠸᠢᠰ︾ ᠢ ᠪᠦᠬᠦᠨ ᠢ ᠬᠠᠮᠤᠷᠬᠤ ᠶᠢ | ᠠᠬᠢᠭᠤᠯᠤᠨ᠎ᠠ᠃ ᠬᠤᠷᠴᠢᠨ ᠰᠣᠶᠣᠯ ︵ᠲᠦᠩᠯᠢᠶᠣᠣ︶ ᠤᠨ ᠤᠷᠴᠢᠨ ᠠᠬᠤᠢ ᠶᠢᠨ ᠬᠠᠮᠠᠭᠠᠯᠠᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ | ᠪᠤᠳᠠᠰ ᠤᠨ ᠪᠤᠰᠤ ᠰᠤᠶᠤᠯ ᠤᠨ ᠥᠪ ᠢ ᠵᠠᠯᠭᠠᠮᠵᠢᠯᠠᠨ ᠬᠠᠮᠠᠭᠠᠯᠠᠬᠤ ᠪᠠ ᠠᠮᠢᠳᠤᠯᠢᠭ ᠠᠰᠢᠭᠯᠠᠬᠤ ᠶᠢ ᠴᠢᠩᠭᠠᠳᠬᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ | ᠭᠦᠨᠵᠡᠭᠡᠢ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠬᠥᠮᠥᠰ ᠤᠨ ᠨᠡᠶᠢᠭᠡᠮ ᠤᠨ ᠳᠠᠭᠠᠳᠬᠠᠯ ᠡᠮᠨᠡᠯᠭᠡ ᠶᠢᠨ ᠳᠠᠭᠠᠳᠬᠠᠯ ᠤᠨ ᠪᠦᠷᠬᠦᠴᠡ ᠶᠢ ᠦᠨᠳᠦᠰᠦᠨ ᠳᠡᠭᠡᠨ | ᠪᠡᠶᠡᠯᠡᠭᠦᠯᠦᠨ᠎ᠡ᠃ ᠨᠡᠶᠢᠭᠡᠮ ᠤᠨ ᠳᠠᠭᠠᠳᠬᠠᠯ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ | ᠲᠡᠭᠦᠯᠳᠡᠷᠵᠢᠭᠦᠯᠦᠨ᠎ᠡ᠃ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠ ᠨᠥᠬᠦᠪᠦᠷᠢ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ | ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ᠎ᠡ᠃ ᠡᠮᠡᠭᠲᠡᠶᠢᠴᠦᠳ ᠬᠡᠤᠬᠡᠳ ᠪᠠᠭᠠᠴᠤᠳ ᠤᠨ ︽ᠬᠤᠤᠰ ᠬᠦᠲᠦᠯᠪᠦᠷᠢ︾ ᠶᠢᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠵᠣᠯ ᠵᠢᠷᠭᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠦᠰᠪᠦᠷᠢ ᠬᠡᠤᠬᠡᠳ ᠤᠨ ᠭᠡᠷ ᠪᠦᠯᠢ᠂ ᠰᠤᠷᠭᠠᠭᠤᠯᠢ | ᠂ ᠨᠡᠶᠢᠭᠡᠮ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠬᠠᠶᠢᠷᠠᠯᠠᠨ ᠬᠠᠯᠠᠮᠵᠢᠯᠠᠬᠤ ᠲᠣᠭᠲᠠᠴᠠ ᠶᠢ ᠪᠠᠶᠢᠭᠤᠯᠵᠤ᠂ ︽ᠨᠠᠰᠤᠲᠠᠨ ᠪᠠᠭᠠᠴᠤᠳ︾ ᠪᠣᠯ ᠬᠡᠵᠢᠶᠡᠳᠡ | ᠮᠠᠨ ᠤ ᠠᠵᠢᠯ ᠤᠨ ᠭᠤᠣᠯᠳᠠᠯᠭ᠎ᠠ ᠪᠤᠯᠤᠨ᠎ᠠ᠃ | ᠨᠡᠶᠢᠭᠡᠮ ᠤᠨ ᠡᠶ᠎ᠡ ᠡᠪᠲᠡᠢ ᠲᠣᠭᠲᠠᠭᠤᠨ ᠢ ᠬᠠᠮᠠᠭᠠᠯᠠᠨ᠎ᠠ᠃ ᠠᠷᠠᠳ ᠲᠦᠮᠡᠨ ᠢ ᠬᠦᠨᠳᠦᠳᠭᠡᠵᠤ ᠠᠮᠢ ᠨᠠᠰᠤ ᠶᠢ ᠡᠷᠬᠢᠮᠯᠡᠬᠦ ᠶᠢ ᠪᠠᠷᠢᠮᠲᠠᠯᠠᠵᠤ᠂ ᠰᠢᠨᠵᠢᠯᠡᠬᠦ | ᠤᠬᠠᠭᠠᠨᠴᠢ ᠤᠨᠤᠪᠴᠢᠲᠠᠢ᠂ ᠲᠣᠲᠣᠷ᠎ᠠ ᠪᠠᠨ ᠴᠢᠩᠭ᠎ᠠ ᠭᠠᠳᠠᠨ᠎ᠠ ᠪᠠᠨ ᠰᠤᠯᠠ᠂ ᠤᠶᠠᠨ ᠬᠠᠳᠠᠨ ᠪᠠᠶᠢᠵᠤ᠂ ᠬᠥᠳᠡᠭᠡ ᠲᠤᠰᠬᠤᠨ ᠨᠡᠶᠢᠭᠡᠮ ᠲᠣᠭᠤᠷᠢᠭ ᠤᠨ ᠡᠷᠦᠬᠡ | ᠪᠦᠷᠢ ᠶᠢᠨ ᠬᠢᠵᠢᠭ ᠤᠨ ᠰᠡᠷᠭᠡᠶᠢᠯᠡᠯᠲᠡ ᠶᠢ ᠪᠤᠲᠠᠲᠠᠢ ᠠᠳᠬᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠬᠠᠮᠤᠭ ᠤᠨ ᠪᠠᠭ᠎ᠠ ᠬᠡᠪᠴᠢᠶ᠎ᠡ ᠶᠢᠨ ᠳᠡᠪᠵᠢᠶᠠᠨ ᠢᠶᠠᠷ ᠠᠵᠤ | ᠠᠬᠤᠢ ᠪᠠ ᠨᠡᠶᠢᠭᠡᠮ ᠤᠨ ᠬᠠᠮᠤᠭ ᠤᠨ ᠰᠠᠶᠢᠨ ᠪᠦᠲᠦᠮᠵᠢ ᠶᠢ ᠰᠤᠯᠢᠨ ᠠᠪᠴᠢᠷᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠦ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠤᠯ ᠰᠢᠵᠢᠮ ᠪᠤᠯᠭᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠡ ᠶᠢᠨ ᠳᠠᠭᠤᠷᠢᠶᠠᠯ ᠬᠤᠲᠠ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠠᠮᠤᠷ ᠲᠠᠶᠢᠪᠤᠩ ᠲᠦᠩᠯᠢᠶᠣᠣ ᠶᠢᠨ ᠪᠠᠶᠢᠭᠤᠯᠤᠯᠲᠠ ᠶᠢ ᠯᠠᠪᠳᠠᠭᠤᠨ | ᠠᠬᠢᠭᠤᠯᠵᠤ᠂ ᠬᠠᠤᠯᠢ ᠶᠢ ᠵᠦᠷᠢᠴᠡᠭᠰᠡᠨ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠦᠭᠴᠦ᠂ ᠠᠭᠠᠲᠠᠷ ᠪᠤᠷᠤᠭ᠎ᠠ᠂ ᠴᠠᠰᠤ ᠰᠢᠭᠤᠷᠭ᠎ᠠ ᠵᠡᠷᠭᠡ ᠪᠠᠶᠢᠭᠠᠯᠢ ᠶᠢᠨ | ᠭᠠᠢ ᠭᠠᠮᠰᠢᠭ ᠪᠠ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠭᠤᠤᠯᠯᠠᠨ ᠳᠡᠭᠡᠭᠰᠢᠯᠡᠭᠦᠯᠵᠦ᠂ ᠢᠳᠡᠭᠡᠨ ᠤ ᠵᠦᠢᠯ ᠡᠮ ᠤᠨ ᠵᠦᠢᠯ᠂ ᠬᠤᠲᠠ | ᠪᠠᠯᠭᠠᠰᠤ ᠶᠢᠨ ᠰᠢᠲᠠᠮᠠᠬᠠᠢ ᠬᠡᠢ᠂ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶ᠎ᠠ ᠵᠡᠷᠭᠡ ᠭᠤᠤᠯᠳᠠᠯᠭ᠎ᠠ ᠲᠠᠢ ᠬᠥᠷᠢᠶ᠎ᠡ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠨ᠎ᠠ᠃ ᠠᠮᠢᠳᠦ ᠪᠤᠳᠠᠰ ᠤᠨ ᠠᠮᠤᠷ ᠲᠦᠪᠰᠢᠨ ᠤ ᠲᠦᠭᠰᠢᠭᠦᠷᠢ ᠶᠢᠨ ᠰᠡᠷᠭᠡᠶᠢᠯᠡᠯᠲᠡ ᠶᠢ ᠴᠢᠩᠭᠠᠳᠬᠠᠨ᠎ᠠ᠃ ᠰᠢᠨ᠎ᠡ ᠴᠠᠭ ᠦᠭᠡ ᠶᠢᠨ | ︽ᠹᠧᠩ ᠴᠢᠶᠣᠣ ᠶᠢᠨ ᠲᠣᠷᠰᠢᠯᠭ᠎ᠠ︾ ᠶᠢ ᠪᠠᠷᠢᠮᠲᠠᠯᠠᠨ ᠬᠦᠭᠵᠢᠭᠦᠯᠵᠦ᠂ ᠳᠠᠬᠢᠨ ᠳᠠᠪᠲᠠᠨ ᠵᠠᠬᠢᠳᠠᠯ ᠰᠤᠷᠪᠤᠯᠵᠢᠯᠠᠭ᠎ᠠ ᠬᠢᠬᠦ ᠶᠠᠪᠤᠳᠠᠯ ᠢ ᠬᠥᠴᠦᠲᠡᠢ ᠵᠠᠰᠠᠵᠤ᠂ | ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠨ᠎ᠠ᠃ ︽8·5︾ ᠶᠢᠨ ᠬᠠᠤᠯᠢ ᠲᠦᠭᠡᠮᠡᠯᠵᠢᠭᠦᠯᠦᠯᠲᠡ ᠶᠢ ᠯᠠᠪᠳᠠᠭᠤᠨ ᠦᠷᠨᠢᠭᠦᠯᠦᠨ᠎ᠡ᠂ ᠬᠤᠲᠠ | ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠬᠡᠪᠴᠢᠶ᠎ᠡ ᠶᠢᠨ | ᠵᠠᠰᠠᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠠᠶᠢᠭᠤᠯᠤᠯᠲᠠ ᠶᠢ | ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠷᠠᠳ ᠤᠨ ᠠᠭᠤᠰᠤᠯᠴᠠᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ | ᠠᠵᠢᠯ ᠢ ᠰᠠᠶᠢᠳᠤᠷ ᠬᠢᠵᠦ᠂ ᠴᠡᠷᠢᠭ ᠵᠠᠰᠠᠭ ᠴᠡᠷᠢᠭ ᠠᠷᠠᠳ ᠨᠢᠭᠡ ᠰᠡᠳᠬᠢᠯ ᠢᠶᠠᠷ ᠪᠦᠯᠬᠦᠮᠳᠡᠨ ᠰᠠᠶᠢᠨ ᠰᠠᠶᠢᠬᠠᠨ ᠭᠡᠷ ᠬᠤᠷᠤᠭ᠎ᠠ ᠪᠠᠨ ᠬᠠᠮᠲᠦ ᠪᠠᠷ ᠪᠠᠶᠢᠭᠤᠯᠤᠨ᠎ᠠ᠃ | ᠲᠥᠯᠥᠭᠡᠯᠡᠭᠴᠢᠳ ᠠ᠋᠂ ᠠᠷᠠᠳ ᠲᠦᠮᠡᠨ ᠤ ᠬᠡᠷᠡᠭᠴᠡᠭᠡ ᠪᠣᠯ ᠵᠠᠰᠠᠭ ᠤᠨ ᠴᠢᠷᠮᠠᠶᠢᠯᠭ᠎ᠠ ᠶᠢᠨ ᠬᠠᠨᠳᠤᠰᠢ ᠮᠥᠨ᠃ ᠪᠢᠳᠡ ᠤᠯᠠᠨ ᠲᠦᠮᠡᠨ ᠤ ︽ | ᠪᠠᠴᠢᠮᠳᠠᠬᠤ᠂ ᠬᠦᠴᠢᠷᠳᠡᠬᠦ᠂ ᠵᠣᠪᠠᠭ᠋ᠤ᠂ ᠬᠦᠰᠡᠬᠦ︾ ᠶᠠᠪᠤᠳᠠᠯ ᠢ ᠮᠠᠨ ᠤ ᠶᠡᠭᠡ ᠶᠠᠪᠤᠳᠠᠯ ᠰᠡᠳᠬᠢᠯ ᠤᠨ ᠶᠠᠪᠤᠳᠠᠯ ᠢᠶᠠᠨ ᠪᠣᠯᠭᠠᠵᠤ᠂ ᠠᠷᠠᠳ ᠤᠨ ᠠᠮᠢᠳᠤᠷᠠᠯ ᠤᠨ | ᠠᠷᠪᠠᠨ ᠲᠠᠯ᠎ᠠ ᠶᠢᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠠᠳᠬᠤᠵᠤ᠂ ᠦᠨᠡᠨ ᠬᠦ ᠪᠣᠳᠠᠲᠤ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ | ᠪᠣᠳᠠᠲᠠᠢ ᠪᠠᠷ ᠬᠢᠵᠦ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠨᠡᠩ ᠬᠠᠯᠠᠭᠤᠨ ᠳᠤᠯᠠᠭᠠᠨ ᠪᠣᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠩ | ᠴᠢᠨᠠᠷ ᠰᠠᠶᠢᠲᠠᠢ ᠪᠣᠯᠭᠠᠨ᠎ᠠ᠃ | | ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠤᠨ᠎ᠠ | | ᠪᠢᠳᠡ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠥᠷᠯᠥᠭᠡ ᠦᠳᠡᠰᠢ ᠶᠢ ᠲᠡᠮᠡᠴᠡᠨ ᠠᠵᠢᠯᠯᠠᠵᠤ᠂ ᠪᠣᠳᠠᠲᠤ ᠠᠮᠵᠢᠯᠲᠠ ᠳᠠᠭᠠᠨ | ᠲᠦᠰᠢᠭᠯᠡᠨ ᠪᠣᠬᠢᠷᠳᠤᠯ ᠦᠭᠡᠢ ᠬᠥᠭᠵᠢᠯᠲᠡ ᠶᠢ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠶᠢ | ᠦᠢᠯᠡᠳᠦᠯᠭᠡᠵᠢᠭᠦᠯᠦᠨ᠎ᠡ᠃ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ | ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠣᠷᠣᠭᠤᠯᠤᠨ᠎ᠠ᠃ | ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠵᠦ᠂ ᠬᠢᠯᠪᠠᠷᠴᠢᠯᠠᠬᠤ᠂ ᠳᠤᠷ᠎ᠠ ᠪᠠᠷ ᠢᠶᠠᠨ | ᠦᠢᠯᠡᠳᠬᠦ ᠶᠢ ᠡᠷᠡᠰ ᠰᠡᠷᠭᠡᠶᠢᠯᠡᠨ᠎ᠡ᠃ ᠭᠡᠷ᠎ᠡ ᠶᠢᠨ ᠵᠣᠷᠢᠭ ᠰᠠᠨᠠᠭ᠎ᠠ ᠶᠢ ᠴᠢᠩᠭᠠᠳᠬᠠᠵᠤ᠂ ᠠᠮᠠᠯᠠᠯᠲᠠ ᠳᠤ ᠵᠠᠪᠠᠯ ᠠᠮᠠᠯᠠᠯᠲᠠ ᠪᠠᠨ ᠭᠦᠢᠴᠡᠳᠬᠡᠵᠦ᠂ ᠰᠢᠨ᠎ᠡ ᠨᠣᠶᠠᠨ | ᠡᠷᠬᠡᠪᠰᠢ ᠬᠠᠭᠤᠴᠢᠨ ᠳᠠᠩᠰᠠ ᠶᠢ ᠰᠢᠢᠳᠪᠦᠷᠢᠯᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ | ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ | ᠡᠷᠬᠡ ᠶᠢᠨ ᠠᠵᠢᠯᠯᠠᠭᠠᠨ ᠢ ᠢᠯᠡ ᠪᠠᠶᠢᠯᠭᠠᠨ᠎ᠠ᠃ | ᠥᠭᠡᠷᠡᠴᠢᠯᠡᠯᠲᠡ ᠬᠢᠵᠦ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠵᠠᠰᠠᠭ ᠤᠨ ᠣᠷᠳᠣᠨ ᠢ ᠪᠠᠶᠢᠭᠤᠯᠤᠨ᠎ᠠ᠃ ᠰᠤᠷᠤᠯᠴᠠᠯᠭ᠎ᠠ ᠶᠢ | ᠪᠦᠬᠦ ᠲᠠᠯ᠎ᠠ ᠪᠠᠷ ᠴᠢᠩᠭᠠᠳᠬᠠᠨ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠵᠦ᠂ ᠠᠵᠢᠯ ᠤᠨ ᠴᠢᠳᠠᠪᠤᠷᠢ ᠪᠠᠨ ᠨᠡᠮᠡᠭᠳᠡᠭᠦᠯᠦᠨ᠂ ᠴᠢᠳᠠᠪᠤᠷᠢ ᠬᠡᠪ ᠴᠢᠨᠠᠷ ᠪᠠ | ᠲᠤᠰᠬᠠᠶᠢᠵᠢᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠲᠦᠭᠰᠢᠭᠦᠷᠢ ᠶᠢᠨ ᠤᠬᠠᠮᠰᠠᠷ᠂ ᠬᠥᠭᠡᠭᠡᠵᠦ ᠭᠦᠢᠴᠡᠬᠦ ᠤᠬᠠᠮᠰᠠᠷ ᠢᠶᠠᠨ ᠨᠡᠮᠡᠭᠳᠡᠭᠦᠯᠵᠦ᠂ | ᠪᠣᠳᠠᠲᠠᠢ ᠶᠢ ᠡᠷᠬᠢᠮᠯᠡᠨ ᠲᠡᠷᠢᠭᠦᠨ ᠳᠤ ᠣᠷᠣᠵᠤ᠂ ᠵᠣᠷᠢᠭᠲᠠᠢ ᠪᠠᠷ ᠭᠠᠪᠰᠢᠭᠠᠶᠢᠯᠠᠨ᠂ ᠰᠢᠯᠢᠳᠡᠭ ᠠᠴᠠ ᠵᠣᠷᠢᠭᠲᠠᠢ ᠪᠠᠷ ᠰᠤᠷᠤᠯᠴᠠᠵᠤ᠂ ᠲᠦᠷᠭᠡᠨ ᠲᠠᠢ ᠠᠳᠠᠯᠢᠳᠬᠠᠵᠤ | ᠂ ᠬᠦᠴᠦᠷᠬᠡᠭ ᠲᠠᠢ ᠦᠷᠢᠰᠦᠯᠳᠦᠵᠦ᠂ ᠥᠨᠳᠥᠷ ᠲᠤ ᠮᠠᠴᠤᠬᠤ ᠶᠢ ᠴᠢᠩᠭᠠᠳᠬᠠᠵᠤ᠂ ᠵᠠᠬ᠎ᠠ ᠳᠡᠯᠭᠡᠭᠦᠷᠴᠢᠯᠡᠭᠰᠡᠨ ᠲᠣᠭᠲᠠᠴᠠ᠂ ᠥᠭᠡᠷᠡᠴᠢᠯᠡᠯᠲᠡ ᠶᠢᠨ ᠠᠷᠭ᠎ᠠ ᠪᠠᠷ | ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠪᠠᠶᠢᠳᠠᠯ ᠢ ᠨᠡᠭᠡᠭᠡᠬᠦ ᠳᠡᠭᠡᠨ ᠴᠢᠳᠠᠮᠠᠭᠠᠢ ᠪᠤᠯᠭᠠᠨ᠎ᠠ᠃ | ᠡᠭᠦᠷᠭᠡᠯᠡᠨ ᠠᠵᠢᠯ ᠬᠢᠬᠦ ᠶᠢ ᠪᠠᠷᠢᠮᠲᠠᠯᠠᠵᠤ᠂ ᠪᠣᠳᠠᠲᠠᠢ ᠠᠵᠢᠯᠯᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠭᠠᠷ ᠳᠠᠮᠵᠢᠬᠤ ᠪᠣᠯ ᠬᠠᠷᠢᠭᠤᠴᠠᠯᠭ᠎ᠠ ᠮᠥᠨ᠂ | ᠬᠠᠷᠢᠭᠤᠴᠠᠯᠭ᠎ᠠ ᠶᠢ ᠰᠡᠳᠬᠢᠯ ᠠᠴᠠ ᠪᠠᠨ ᠮᠡᠳᠡᠵᠦ᠂ ᠥᠪᠡᠷ ᠤᠨ ᠪᠡᠶ᠎ᠡ ᠳᠡᠭᠡᠨ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠠᠵᠢᠯᠯᠠᠵᠤ | ᠂ ᠣᠷᠣ ᠡᠵᠡᠯᠡᠭᠡᠳ ᠠᠵᠢᠯ ᠬᠢᠬᠦ ᠦᠭᠡᠢ᠂ ᠵᠥᠷᠢᠴᠡᠯ ᠲᠤᠯᠭᠠᠷᠠᠪᠠᠯ ᠲᠣᠭᠤᠷᠢᠵᠤ ᠶᠠᠪᠤᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃ ᠲᠦᠷᠦᠯ ᠵᠦᠢᠯ ᠤᠨ | ᠨᠠᠷᠢᠨ ᠲᠠᠩᠰᠠᠴᠢᠯᠠᠭᠰᠠᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ︽ᠨᠡᠪᠲᠡᠯᠬᠦ ᠮᠠᠶ᠋ᠢᠭ︾ ᠤᠨ ᠨᠢᠭᠡᠳᠦᠭᠡᠷ ᠹᠷᠣᠨᠲ ᠤᠨ ᠠᠵᠢᠯ ᠤᠨ ᠠᠷᠭ᠎ᠠ ᠶᠢ | ᠬᠡᠷᠡᠭᠵᠢᠭᠦᠯᠵᠦ᠂ ᠬᠤᠷᠠᠯ ᠤᠨ ᠲᠠᠯᠠᠪᠠᠢ ᠠᠴᠠ ᠭᠠᠷᠴᠤ᠂ ᠰᠢᠭᠤᠳ ᠲᠤᠬᠠᠢ ᠶᠢᠨ ᠲᠠᠯᠠᠪᠠᠢ ᠳᠤ ᠬᠦᠷᠴᠦ᠂ ᠲᠤᠤᠱᠲᠠᠢ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠬᠤ | ᠦᠭᠡᠢ᠂ ᠪᠣᠳᠠᠲᠠᠢ ᠨᠠᠶᠢᠳᠠᠪᠤᠷᠢᠵᠢᠭᠤᠯᠬᠤ ᠦᠭᠡᠢ ᠪᠠᠶᠢᠬᠤ ᠶᠢ ᠡᠷᠡᠰ ᠰᠡᠷᠭᠡᠶᠢᠯᠡᠨ᠎ᠡ᠃ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ ᠰᠤᠷᠲᠠᠯ ᠢ | ᠶᠡᠭᠡ ᠪᠠᠷ ᠳᠡᠯᠭᠡᠷᠡᠭᠦᠯᠵᠦ᠂ ᠳᠤᠲᠠᠭᠤ ᠶᠠᠷᠢᠵᠤ ᠢᠯᠡᠭᠦᠦ ᠬᠢᠵᠦ᠂ ᠪᠣᠳᠠᠲᠠᠢ ᠠᠵᠢᠯᠯᠠᠬᠤ ᠶᠢ ᠡᠷᠬᠢᠮᠯᠡᠨ᠂ ᠴᠢᠩᠭ᠎ᠠ ᠠᠳᠬᠤᠨ ᠲᠦᠷᠭᠡᠨ ᠬᠢᠵᠦ᠂ ᠳᠠᠷᠤᠢ ᠲᠦᠷᠭᠡᠨ | ᠬᠢᠵᠦ᠂ ᠨᠢᠭᠡ ᠨᠢᠭᠡ ᠪᠠᠷ ᠵᠠᠯᠭᠠᠨ ᠬᠢᠵᠦ᠂ ᠨᠢᠭᠡ ᠲᠤᠰᠢᠶᠠᠯ ᠤᠨ ᠬᠤᠭᠤᠴᠠᠭ᠎ᠠ ᠪᠠᠷ ᠵᠠᠯᠭᠠᠨ ᠬᠢᠵᠦ᠂ ᠨᠢᠭᠡ ᠵᠦᠢᠯ ᠢ ᠶᠠᠷᠢᠵᠤ᠂ ᠨᠢᠭᠡ ᠵᠦᠢᠯ ᠢ ᠬᠢᠵᠦ᠂ ᠨᠢᠭᠡ | ᠵᠦᠢᠯ ᠢ ᠪᠦᠲᠦᠭᠡᠬᠦ ᠶᠢ ᠦᠨᠡᠨ ᠬᠦ ᠪᠠᠲᠤᠯᠠᠨ᠎ᠠ᠃ | ᠠᠷᠠᠳ ᠤᠨ ᠲᠥᠯᠥᠭᠡ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠵᠠᠰᠠᠭ ᠤᠨ ᠣᠷᠳᠣᠨ ᠢ ᠪᠠᠶᠢᠭᠤᠯᠤᠨ᠎ᠠ᠃ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠨᠢ ᠠᠷᠠᠳ ᠤᠯᠠᠨ ᠳᠤ | ᠰᠢᠭᠤᠳ ᠨᠡᠪᠲᠡᠷᠡᠬᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠵᠠᠰᠠᠭ ᠤᠨ ᠣᠷᠳᠣᠨ ᠳᠤ ᠰᠢᠭᠤᠳ ᠬᠦᠷᠭᠡᠬᠦ ᠲᠣᠭᠲᠠᠴᠠ ᠶᠢ ᠪᠠᠶᠢᠭᠤᠯᠵᠤ᠂ ᠤᠯᠠᠨ ᠲᠦᠮᠡᠨ ᠤ | ᠳᠤᠮᠳᠠ ᠬᠦᠷᠴᠦ ᠵᠠᠰᠠᠭ ᠤᠨ ᠣᠷᠳᠣᠨ ᠤ ᠠᠵᠢᠯ ᠢ ᠬᠢᠵᠦ᠂ ᠤᠯᠠᠨ ᠲᠦᠮᠡᠨ ᠳᠤ ᠲᠦᠰᠢᠭᠯᠡᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠨ᠎ᠡ᠃ ᠦᠨᠡᠨᠴᠢ | ᠰᠢᠳᠤᠷᠭᠤ ᠪᠠᠷ ᠠᠵᠤ ᠠᠬᠤᠶᠢᠯᠠᠯᠲᠠᠨ ᠲᠠᠢ ᠨᠠᠶᠢᠵᠠᠯᠠᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠦᠢᠯᠡᠴᠢᠯᠡᠵᠦ᠂ ᠠᠷᠢᠭᠤᠨ ᠴᠢᠭᠡᠴᠢ ᠮᠦᠷᠲᠡᠭᠡᠨ | ᠳᠣᠲᠣᠨᠣ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢ ᠶᠢᠨ | ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠨ᠎ᠡ᠃ ︽ᠭᠤᠷᠪᠠᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ | ᠮᠦᠴᠢᠳ ᠵᠠᠷᠤᠯᠭ᠎ᠠ ᠪᠠᠷ ᠤᠯᠠᠨ ᠲᠦᠮᠡᠨ ᠤ ᠰᠠᠶᠢᠨ ᠠᠮᠢᠳᠤᠷᠠᠯ ᠢ ᠰᠤᠯᠢᠨ᠎ᠠ᠃ | ᠲᠥᠯᠥᠭᠡᠯᠡᠭᠴᠢᠳ ᠠ᠋᠂ ᠶᠢᠰᠦᠨ ᠳᠠᠪᠬᠤᠷ ᠲᠠᠶᠢᠰᠠ ᠰᠢᠷᠤᠢ ᠶᠢᠨ ᠤᠪᠤᠭ᠎ᠠ ᠠᠴᠠ ᠡᠬᠢᠯᠡᠮᠤᠢ᠂ ᠠᠶᠠᠨ ᠵᠠᠮ ᠤᠨ ᠤᠷᠳᠤ ᠤᠳᠠᠭᠠᠨ᠂ ᠲᠡᠮᠡᠴᠡᠯ ᠳᠤ ᠯᠡ | ᠠᠮᠤᠢ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠂ | ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠡᠷᠡᠯᠬᠡᠭᠯᠡᠨ ᠲᠡᠮᠡᠴᠡᠵᠦ᠂ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ | ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠲᠦᠷᠭᠡᠨ ᠪᠦᠲᠦᠭᠡᠨ ᠪᠠᠶᠢᠭᠤᠯᠵᠤ᠂ ᠲᠦᠩᠯᠢᠶᠣᠣ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠵᠠᠭᠠᠶ᠎ᠠ︕ |