ᠲᠦᠩᠯᠢᠶᠣᠣ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠦᠯᠵᠢᠶ᠎ᠡ ᠶᠢᠨ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2022/8/17
ᠲᠦᠩᠯᠢᠶᠣᠣ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠦᠯᠵᠢᠶ᠎ᠡ ᠶᠢᠨ ᠰᠤᠷᠪᠤᠯᠵᠢᠯᠠᠭ᠎ᠠᠰᠣᠷᠪᠤᠯᠵᠢᠯᠠᠭ᠎ᠠ ᠶᠢᠨ ᠨᠡᠷᠡᠶᠢᠳᠦᠯ᠄ ᠲᠦᠩᠯᠢᠶᠣᠣ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠦᠯᠵᠢᠶ᠎ᠡ ᠶᠢᠨ ᠰᠤᠷᠪᠤᠯᠵᠢᠯᠠᠭ᠎ᠠᠰᠤᠷᠪᠤᠯᠵᠢᠯᠠᠭᠰᠠᠨ ᠴᠠᠭ᠄ 2022 ︱ 02 ︱ 24  15᠄ 49ᠰᠤᠷᠪᠤᠯᠵᠢᠯᠠᠭ᠎ᠠ ᠬᠦᠯᠢᠶᠡᠭᠴᠢ᠄ ᠲᠦᠩᠯᠢᠶᠣᠣ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠦ᠋ ᠬᠤᠩ ᠶᠦᠨᠰᠣᠷᠪᠤᠯᠵᠢᠯᠠᠭ᠎ᠠ ᠶᠢᠨ ᠪᠠᠶᠢᠳᠠᠯ᠄ ᠰᠤᠷᠪᠤᠯᠵᠢᠯᠠᠭ᠎ᠠ ᠲᠡᠭᠦᠰᠪᠡᠭᠤᠣᠯ ᠠᠭᠤᠯᠭ᠎ᠠ᠄ 2021 ᠣᠨ ᠳᠤ᠂ ᠲᠦᠩᠯᠢᠶᠣᠣ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠥᠪᠥᠷ ᠮᠣᠩᠭᠤᠯ ᠤᠨ ᠠᠵᠢᠯ ᠪᠣᠯᠣᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠬᠤ ᠶᠢ ᠪᠠᠷᠢᠮᠲᠠᠯᠠᠵᠤ᠂ ᠲᠤᠭ᠎ᠠ ᠪᠦᠷᠢᠳᠬᠡᠯ ᠢ ᠬᠠᠤᠯᠢ ᠶᠣᠰᠣᠭᠠᠷ ᠵᠠᠰᠠᠬᠤ ᠭᠤᠣᠯ ᠱᠤᠭᠤᠮ ᠢ ᠲᠣᠪᠤᠶᠢᠯᠭᠠᠨ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠶᠢ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂  ᠪᠦᠷᠢᠳᠭᠡᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠪᠠ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠣᠨᠣᠪᠴᠢᠲᠠᠶ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠪᠠ ᠨᠠᠩ ᠨᠠᠶᠢᠳᠠᠪᠤᠷᠢᠲᠠᠢ ᠲᠤᠭ᠎ᠠ ᠪᠦᠷᠢᠳᠬᠡᠯ ᠤᠨ ᠦᠢᠯᠡᠴᠢᠯᠡᠭᠡ ᠶᠢ  ᠬᠠᠩᠭᠠᠪᠠ᠃﹇ᠬᠥᠲᠥᠯᠥᠭᠴᠢ﹈ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠡᠬᠢᠯᠡᠯᠲᠡ ᠶᠢᠨ ᠵᠢᠯ ᠪᠣᠯᠣᠨ᠎ᠠ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠲᠡᠭᠡᠪᠡᠯ ᠶᠠᠮᠠᠷ ᠬᠦᠴᠦᠨ ᠵᠦᠢᠯ ᠨᠢ ᠴᠢᠬᠤᠯᠠ ᠦᠢᠯᠡᠳᠦᠯ ᠦᠵᠡᠭᠦᠯᠦᠭᠰᠡᠨ ᠪᠣᠢ︖ ᠪᠦᠷᠢᠳᠭᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠲᠦᠩᠯᠢᠶᠣᠣ ᠬᠤᠲᠠ ᠶᠢᠨ ᠪᠥᠬᠦ ᠵᠢᠯ ᠤᠨ ᠠᠵᠤ ᠠᠬᠤᠢ ᠶᠢᠨ ᠶᠡᠷᠦᠩᠬᠡᠢ ᠠᠵᠢᠯᠯᠠᠭᠠᠨ ᠤ ᠪᠠᠶᠢᠳᠠᠯ ᠬᠢᠷᠢ ᠵᠡᠷᠭᠡ ᠪᠣᠶ︖﹇ᠹᠦ᠋ ᠬᠤᠩ ᠶᠦᠨ﹈  2021 ᠣᠨ ᠪᠣᠯ ᠲᠤᠶᠢᠯ ᠤᠨ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠮᠥᠨ᠂ ᠪᠠᠰᠠ ᠴᠤ ᠲᠦᠩᠯᠢᠶᠣᠣ ᠶᠢᠨ ᠬᠥᠭᠵᠢᠯᠲᠡ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠠᠵᠤ ᠠᠬᠤᠢ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ᠂ ᠬᠢᠵᠢᠭ ᠤᠨ ᠪᠠᠶᠢᠳᠠᠯ ᠤᠨ ᠲᠠᠷᠬᠠᠯᠲᠠ᠂ ᠡᠨᠧᠷᠭᠢ ᠶᠢᠨ ᠬᠤᠷᠣᠭᠳᠠᠯ ᠣᠷᠴᠢᠨ ᠠᠬᠤᠢ ᠶᠢᠨ ᠬᠠᠮᠠᠭᠠᠯᠠᠯᠲᠠ ᠶᠢᠨ ᠬᠢᠵᠠᠭᠠᠷᠯᠠᠯ ᠲᠠᠰᠤᠷᠠᠯᠲᠠ ᠦᠭᠡᠢ ᠴᠢᠩᠭᠠᠷᠠᠵᠤ᠂ ᠣᠨᠴᠠᠭᠠᠶ ᠴᠠᠭ ᠠᠭᠤᠷ ᠤᠯᠠᠨᠲᠠ ᠡᠭᠦᠰᠦᠭᠰᠡᠨ ᠵᠡᠷᠭᠡ ᠠᠶᠤᠯ ᠲᠦᠭᠰᠢᠭᠦᠷᠢ ᠶᠢᠨ ᠥᠷᠢᠰᠦᠯᠳᠦᠭᠡᠨ ᠳᠤ ᠲᠤᠯᠭᠠᠷᠠᠭᠰᠠᠨ ᠳᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠬᠤᠳᠠ ᠶᠢᠨ ᠺᠠᠳ᠋ᠷ ᠤᠯᠠᠨ ᠲᠦᠮᠡᠨ ᠢ ᠡᠷᠡᠰ ᠲᠠᠶᠢᠴᠢᠯᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠦᠢᠯ ᠤᠨ ᠬᠦᠴᠢᠷᠳᠡᠯ ᠪᠣᠯᠣᠨ ᠥᠷᠢᠰᠦᠯᠳᠦᠭᠡᠨ ᠢ ᠢᠳᠡᠪᠬᠢᠲᠡᠢ ᠠᠷᠭᠠᠴᠠᠵᠤ᠂ ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠢᠵᠢᠮ ᠪᠣᠯᠭᠠᠵᠤ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠤᠨ ᠡᠬᠢᠯᠡᠯᠲᠡ ᠶᠢᠨ ᠵᠢᠯ ᠤᠨ ᠡᠯ᠎ᠡ ᠵᠦᠢᠯ ᠤᠨ ᠠᠵᠢᠯ ᠳᠤ ᠢᠳᠡᠪᠬᠢᠲᠡᠢ ᠦᠷ᠎ᠡ ᠪᠦᠲᠦᠮᠵᠢ ᠣᠯᠪᠠ᠃ ᠪᠦᠷᠢᠳᠭᠡᠭᠰᠡᠨ ᠲᠤᠭ᠎ᠠ ᠪᠠᠷᠢᠮᠲᠠ ᠠᠴᠠ ᠦᠵᠡᠪᠡᠯ᠄﹇ᠹᠦ᠋ ᠬᠤᠩ ᠶᠦᠨ﹈  ᠭᠠᠵᠠᠷ ᠣᠷᠣᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠤᠩᠬᠡᠢ ᠥᠷᠲᠡᠭ 1411.44 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠲᠦᠷᠦᠭᠦᠸ ᠵᠢᠯ ᠤᠨ ᠬᠢ ᠠᠴᠠ 4% ᠪᠠᠷ ᠨᠡᠮᠡᠭᠳᠡᠪᠡ᠃﹇ᠹᠦ᠋ ᠬᠤᠩ ᠶᠦᠨ﹈  ᠨᠢᠭᠡ ᠳᠤ ᠭᠤᠷᠪᠠᠨ ᠠᠵᠤ ᠦᠢᠯᠡᠰ ᠠᠴᠠ ᠦᠵᠡᠪᠡᠯ᠄ ᠨᠢᠭᠡᠳᠦᠭᠡᠷ ᠠᠵᠤ ᠦᠢᠯᠡᠰ ᠤᠨ ᠰᠠᠭᠤᠷᠢ ᠪᠣᠯᠬᠤ ᠪᠠᠶᠢᠷᠢ ᠰᠠᠭᠤᠷᠢ ᠨᠢ ᠨᠡᠩ ᠪᠠᠲᠤ ᠪᠠᠬᠢ ᠪᠣᠯᠵᠠᠢ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 333.34 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠪᠡ᠃ ᠪᠦᠬᠦ ᠵᠢᠯ ᠤᠨ ᠠᠮᠤ ᠪᠤᠳᠠᠭᠠᠨ ᠤ ᠤᠨᠠᠯᠲᠠ 179.66 ᠳ᠋ᠦᠩᠰᠢᠭᠤᠷ ᠵᠢᠩ ᠳᠤ ᠬᠦᠷᠴᠦ᠂ ᠲᠦᠷᠦᠭᠦᠦ ᠵᠢᠯ ᠤᠨ ᠬᠢ ᠠᠴᠠ 3.9% ᠪᠠᠷ ᠨᠡᠮᠡᠭᠳᠡᠵᠦ᠂ 6.7 ᠳ᠋ᠦᠩᠰᠢᠭᠤᠷ ᠵᠢᠩ ᠨᠡᠮᠡᠭᠳᠡᠵᠡᠢ᠃ ᠠᠮᠤ ᠪᠤᠳᠠᠭᠠᠨ ᠤ ᠨᠢᠭᠡᠴᠢ ᠲᠠᠯᠠᠪᠠᠢ ᠶᠢᠨ  ᠤᠨᠠᠯᠲᠠ ᠮᠦ ᠪᠦᠷᠢ ᠳᠡᠭᠡᠨ 965.66 ᠵᠢᠩ ᠬᠦᠷᠴᠦ᠂ ᠲᠦᠷᠦᠭᠦᠦ ᠵᠢᠯ ᠤᠨ ᠮᠦ ᠪᠦᠷᠢ ᠶᠢᠨ ᠤᠨᠠᠯᠲᠠ ᠠᠴᠠ 31.88 ᠵᠢᠩ ᠨᠡᠮᠡᠭᠳᠡᠵᠡᠢ᠃ ᠮᠠᠯ ᠤᠨ ᠠᠵᠤ ᠠᠬᠤᠢ ᠶᠢᠨ ᠣᠨ ᠤ  ᠮᠠᠯ ᠤᠨᠤᠭ᠎ᠠ ᠶᠢᠨ ᠲᠤᠭ᠎ᠠ 1143.9 ᠲᠦᠮᠡ ᠬᠦᠷᠴᠦ᠂ ᠠᠳᠠᠯᠢ ᠬᠤᠭᠤᠴᠠᠭᠠᠨ ᠤ ᠬᠢ ᠠᠴᠠ 19% ᠪᠠᠷ ᠨᠡᠮᠡᠭᠳᠡᠪᠡ᠃ ᠠᠮᠤ ᠪᠤᠳᠠᠭ᠎ᠠ ᠡᠯᠪᠡᠭ ᠮᠠᠯ ᠤᠨᠤᠭ᠎ᠠ ᠤᠯᠠᠨ ᠪᠤᠯᠤᠭᠠᠳ ᠮᠠᠯ ᠲᠠᠷᠢᠶᠠᠯᠠᠩ ᠤᠨ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠲᠠᠰᠤᠷᠠᠯᠲᠠ ᠦᠭᠡᠢ ᠪᠠᠬᠢᠵᠢᠵᠤ ᠪᠠᠶᠢᠭ᠎ᠠ ᠶᠢ ᠬᠠᠷᠠᠭᠤᠯᠪᠠ᠃ ᠬᠤᠶᠠᠳᠤᠭᠠᠷ ᠠᠵᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠪᠠ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 449.91 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1% ᠨᠡᠮᠡᠭᠳᠡᠪᠡ᠂ ᠡᠭᠦᠨ ᠳᠤ ᠪᠥᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠦᠶᠯᠡᠳᠬᠦ ᠦᠢᠯᠡᠰ ᠦᠷᠭᠦᠯᠵᠢᠯᠡᠨ ᠤᠯᠠᠨ ᠰᠠᠷ᠎ᠠ ᠨᠡᠮᠡᠭᠳᠡᠯ ᠤᠨ ᠬᠠᠨᠳᠤᠰᠢ ᠪᠠᠨ ᠪᠠᠲᠤᠯᠠᠵᠤ᠂ ᠨᠡᠮᠡᠭᠳᠡᠯ ᠥᠷᠲᠡᠭ ᠨᠢ 2.7% ᠪᠠᠷ ᠨᠡᠮᠡᠭᠳᠡᠵᠦ᠂ ᠰᠦ᠂ ᠰᠢᠨ᠎ᠡ ᠰᠣᠷᠭᠤᠭ ᠬᠦᠢᠲᠡᠨ ᠢᠶᠠᠷ ᠬᠠᠳᠠᠭᠠᠯᠠᠭᠰᠠᠨ ᠮᠢᠬᠠᠨ ᠤ ᠭᠠᠷᠤᠯᠲᠠ ᠲᠣᠰ ᠲᠣᠰ 31.5%᠂ 33.0% ᠪᠠᠷ ᠨᠡᠮᠡᠭᠳᠡᠵᠦ᠂ ᠲᠠᠷᠢᠶᠠᠯᠠᠩ ᠬᠤᠯᠢᠰᠢᠨ ᠢᠳᠡᠭᠡᠨ ᠡᠳ᠋ᠰᠢᠭᠦᠯᠬᠦ ᠦᠢᠯᠡᠰ ᠲᠦᠷᠭᠡᠨ ᠢᠶᠠᠷ ᠬᠥᠭᠵᠢᠵᠦ᠂ ᠨᠢᠭᠡᠳᠦᠭᠡᠷ ᠠᠵᠤ ᠦᠢᠯᠡᠰ ᠤᠨ ᠰᠠᠭᠤᠷᠢ ᠪᠣᠯᠬᠤ ᠪᠠᠶᠢᠷᠢ ᠰᠠᠭᠤᠷᠢ ᠶᠢ ᠬᠦᠴᠦᠲᠡᠢ ᠪᠠᠲᠤᠯᠠᠬᠤ ᠶᠢᠨ ᠬᠠᠮᠲᠤ ᠣᠷᠴᠢᠯ ᠠᠵᠤ ᠦᠢᠯᠡᠰ ᠤᠨ ᠬᠡᠯᠬᠢᠶ᠎ᠡ ᠶᠢ ᠰᠠᠭᠠᠳ ᠦᠭᠡᠢ ᠨᠡᠪᠲᠡᠷᠡᠭᠦᠯᠬᠦ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠦᠷᠭᠦᠯᠵᠢᠯᠡᠨ ᠴᠢᠩᠭᠠᠷᠠᠪᠠ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 628.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠨᠡᠮᠡᠭᠳᠡᠪᠡ᠃ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠥᠷᠨᠢᠨ ᠬᠦᠭᠵᠢᠪᠡ᠃ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠴᠥᠮ 20%ᠳᠡᠭᠡᠭᠰᠢ ᠪᠣᠯᠪᠠ᠃ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ᠂ ᠥᠯᠥ ᠬᠦᠷᠦᠯᠴᠡᠬᠦ ᠮᠠᠶ᠋ᠢᠭ ᠤᠨ ᠬᠡᠷᠡᠭᠯᠡᠭᠡ ᠦᠷᠭᠦᠯᠵᠢᠯᠡᠨ ᠰᠠᠶᠢᠵᠢᠷᠠᠵᠤ᠂ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠤᠨ ᠲᠦᠷᠭᠡᠨ ᠬᠥᠭᠵᠢᠯᠲᠡ ᠶᠢ ᠳᠠᠶᠢᠴᠢᠯᠠᠪᠠ᠃ ᠪᠥᠬᠦ ᠵᠢᠯ ᠤᠨ ᠰᠢᠤᠳᠠᠨ ᠤ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠣᠷᠣᠯᠭ᠎ᠠ ︵ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠰᠢᠭᠤᠳ ᠡᠵᠡᠩᠨᠡᠯᠲᠡ ᠶᠢᠨ ᠣᠷᠣᠯᠭ᠎ᠠ ᠪᠠᠭᠲᠠᠬᠤ ᠦᠭᠡᠢ︶ ᠨᠡᠶᠢᠲᠡ 5.81 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠪᠡ︔ ᠲᠤᠬᠠᠶᠢᠯᠠᠭᠰᠠᠨ ᠠᠵᠢᠯ ᠤᠨ ᠶᠡᠷᠦᠩᠬᠡᠢ ᠬᠡᠮᠵᠢᠶ᠎ᠡ ᠨᠡᠶᠢᠲᠡ 4.86 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.1% ᠨᠡᠮᠡᠭᠳᠡᠪᠡ᠃﹇ᠹᠦ᠋ ᠬᠤᠩ ᠶᠦᠨ﹈ ᠬᠤᠶᠠᠷ ᠲᠤ ᠬᠡᠷᠡᠭᠴᠡᠭᠡ ᠶᠢᠨ ᠲᠠᠯ᠎ᠠ ᠠᠴᠠ ᠦᠵᠡᠪᠡᠯ᠄ ᠴᠢᠨᠠᠷ ᠰᠠᠶᠢᠲᠠᠢ ᠬᠥᠭᠵᠢᠯᠲᠡ ᠶᠢᠨ ᠪᠡᠯᠡ ᠣᠷᠣᠭᠤᠯᠤᠯᠲᠠ ᠶᠢᠨ ᠬᠠᠨᠳᠤᠰᠢ ᠰᠠᠶᠢᠨ ᠪᠠᠶᠢᠨ᠎ᠠ᠃ ᠪᠥᠬᠦ ᠵᠢᠯ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠢᠯ ᠲᠥᠷᠥᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.7  ᠬᠤᠪᠢ ᠲᠡᠭᠡᠭᠰᠢᠯᠡᠪᠡ᠂ ᠡᠭᠦᠨ ᠳᠤ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 30.9%  ᠨᠡᠮᠡᠭᠳᠡᠪᠡ᠃ ᠳᠤᠲᠠᠭᠤᠳᠠᠯ ᠲᠠᠢ ᠴᠠᠷᠠᠭᠠᠨ ᠳᠠᠬᠢ ᠪᠡᠯᠡ ᠣᠷᠣᠭᠤᠯᠤᠯᠲᠠ ᠴᠢᠩᠭᠠᠷᠠᠪᠠ᠃ ᠨᠡᠶᠢᠭᠡᠮ ᠤᠨ ᠬᠦᠷᠢᠶᠡᠨ ᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 16.1% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 7.5% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.1 ᠬᠤᠪᠢ ᠳᠡᠭᠡᠭᠰᠢᠯᠡᠵᠡᠢ᠂ ᠡᠭᠦᠨ ᠳᠤ᠂ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 85% ᠪᠠᠷ ᠨᠡᠮᠡᠭᠳᠡᠵᠡᠢ᠃ ᠬᠡᠷᠡᠭᠯᠡᠭᠡᠨ ᠤ ᠬᠡᠷᠡᠭᠴᠡᠭᠡ ᠶᠢᠨ ᠳᠠᠯᠳᠠ ᠬᠦᠴᠦᠨ ᠲᠠᠰᠤᠷᠠᠯᠲᠠ ᠦᠭᠡᠢ ᠪᠠᠳᠠᠷᠠᠵᠤ ᠪᠠᠶᠢᠨ᠎ᠠ᠃ ᠪᠥᠬᠦ ᠵᠢᠯ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 326.28 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠤᠨ ᠢᠯᠡᠳᠲᠡ ᠦᠷ᠎ᠡ ᠪᠦᠲᠦᠮᠵᠢ ᠣᠯᠬᠤ ᠶᠢ ᠳᠠᠭᠠᠯᠳᠤᠨ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠵᠢᠯ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 296.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 5.3% ᠪᠠᠷ ᠨᠡᠮᠡᠭᠳᠡᠪᠡ᠃﹇ᠹᠦ᠋ ᠬᠤᠩ ᠶᠦᠨ﹈  ᠭᠤᠷᠪᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠠᠴᠠ ᠦᠵᠡᠪᠡᠯ᠄ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠪᠥᠬᠦ ᠬᠤᠲᠠ ᠶᠢᠨ ᠬᠤᠲᠠ ᠪᠠᠯᠭᠠᠰᠤᠨ ᠳᠤ 11371 ᠬᠥᠮᠥᠨ ᠳᠤ ᠰᠢᠨ᠎ᠡ ᠪᠠᠷ ᠠᠵᠢᠯ ᠣᠯᠭᠤᠵᠤ᠂ 5039 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠣᠨ ᠤ ᠡᠭᠦᠷᠭᠡ ᠪᠠᠨ ᠪᠡᠶᠡᠯᠡᠭᠦᠯᠪᠡ︔ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠨᠢ 4.11% ᠪᠠᠶᠢᠵᠤ᠂ ᠥᠪᠡᠷᠲᠡᠭᠡᠨ ᠵᠠᠰᠠᠬᠤ ᠣᠷᠣᠨ ᠤ ᠡᠵᠡᠮᠳᠡᠬᠦ ᠬᠠᠷᠠᠯᠲᠠ ᠠᠴᠠ 0.89 ᠬᠤᠪᠢ ᠳᠣᠣᠷ᠎ᠠ ᠪᠠᠶᠢᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠳᠡᠭᠡᠭᠰᠢᠯᠡᠪᠡ᠃ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 26657 ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 8.8% ᠪᠠᠷ ᠨᠡᠮᠡᠭᠳᠡᠪᠡ᠃ ᠡᠭᠦᠨ ᠳᠤ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 37475 ᠲᠥᠭᠦᠷᠢᠭ ᠲᠤ ᠬᠦᠷᠴᠦ᠂ 7.7% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 18405 ᠲᠥᠭᠦᠷᠢᠭ ᠲᠤ ᠬᠦᠷᠴᠦ᠂ 10.4% ᠪᠠᠷ ᠨᠡᠮᠡᠭᠳᠡᠪᠡ᠃ ᠶᠡᠷᠦᠩᠬᠡᠢ ᠳᠤᠨᠢ ᠦᠵᠡᠪᠡᠯ᠂ ᠪᠥᠬᠦ ᠬᠤᠲᠠ ᠶᠢᠨ ᠠᠵᠤ ᠠᠬᠤᠢ ᠲᠡᠰᠪᠦᠷᠢ ᠲᠡᠪᠴᠢᠶᠡᠷᠢ ᠪᠠᠷ ᠰᠢᠨ᠎ᠡ ᠪᠠᠶᠢᠳᠠᠯ ᠢ ᠨᠡᠭᠡᠭᠡᠵᠦ᠂ ᠶᠡᠷᠦᠩᠬᠡᠢ ᠳᠡᠭᠡᠨ ᠲᠣᠭᠲᠠᠭᠤᠨ ᠢᠶᠠᠷ ᠬᠥᠭᠵᠢᠬᠦ ᠪᠠᠶᠢᠳᠠᠯ ᠲᠠᠢ ᠪᠠᠶᠢᠵᠤ᠂ ᠨᠡᠯᠢᠶᠡᠳ ᠴᠢᠩᠭ᠎ᠠ ᠤᠶᠠᠨ ᠬᠠᠲᠠᠨ ᠠᠮᠢᠳᠤᠯᠢᠭ ᠬᠦᠴᠦᠨ ᠲᠠᠢ ᠪᠠᠶᠢᠬᠤ ᠶᠢ ᠢᠯᠡᠷᠡᠭᠦᠯᠪᠡ᠃ ᠭᠡᠪᠡᠴᠦ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠮᠥᠨ ᠯᠡ ᠪᠠᠲᠤ ᠪᠠᠬᠢ ᠪᠢᠰᠢ ᠪᠠᠶᠢᠵᠤ᠂ ᠬᠡᠰᠡᠭ ᠭᠦᠢᠴᠡᠳᠬᠡᠬᠦ ᠲᠤᠭ᠎ᠠ ᠮᠥᠨ ᠯᠡ ᠵᠦᠢ ᠵᠣᠬᠢᠰᠲᠠᠢ ᠣᠷᠣᠨ ᠵᠠᠢ ᠳᠤ ᠬᠦᠷᠲᠡᠯ᠎ᠡ ᠰᠡᠷᠭᠦᠭᠡᠳᠦᠢ ᠪᠠᠶᠢᠬᠤ ᠶᠢᠨ ᠵᠡᠷᠭᠡᠴᠡᠭᠡᠪᠡᠷ ᠭᠠᠳᠠᠭᠠᠳᠤ ᠣᠷᠴᠢᠨ ᠨᠥᠬᠦᠴᠡᠯ ᠨᠢ ᠨᠡᠩ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠣᠯᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ᠂ ᠣᠶᠢᠷ᠎ᠠ ᠳᠤ ᠬᠤᠷᠠᠯᠳᠤᠭᠰᠠᠨ ᠲᠦᠩᠯᠢᠶᠣᠣ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠤ᠂ 2022 ᠣᠨ ᠤ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ  ᠤᠭᠲᠤᠨ᠎ᠠ᠃﹇ᠬᠥᠲᠥᠯᠥᠭᠴᠢ﹈ ᠲᠤᠭ᠎ᠠ ᠪᠦᠷᠢᠳᠬᠡᠯ ᠤᠨ ᠲᠣᠪᠴᠢᠶ᠎ᠠ ᠪᠣᠯ ᠵᠠᠰᠠᠭ ᠤᠨ ᠣᠷᠳᠣᠨ ᠢ ᠲᠥᠯᠥᠭᠡᠯᠡᠨ ᠪᠦᠷᠢᠳᠭᠡᠭᠰᠡᠨ ᠲᠤᠭ᠎ᠠ ᠪᠠᠷᠢᠮᠲᠠ ᠶᠢ ᠨᠡᠶᠢᠲᠡᠯᠡᠬᠦ ᠡᠷᠬᠡ ᠰᠦᠷᠲᠦ ᠰᠠᠯᠠᠭ᠎ᠠ ᠮᠥᠴᠢᠷ ᠮᠥᠨ᠂ ᠲᠡᠭᠡᠪᠡᠯ ᠮᠠᠨ ᠤ ᠬᠤᠲᠠ ᠶᠢᠨ ᠪᠦᠷᠢᠳᠭᠡᠭᠰᠡᠨ ᠲᠤᠭ᠎ᠠ ᠪᠠᠷᠢᠮᠲᠠ ᠶᠢ  ᠬᠠᠮᠢᠶᠠᠷᠬᠤ ᠨᠡᠶᠢᠲᠡᠯᠡᠬᠦ ᠳᠤ ᠶᠠᠮᠠᠷ ᠶᠠᠮᠠᠷ ᠠᠷᠭ᠎ᠠ ᠵᠠᠮ ᠪᠠᠶᠢᠳᠠᠭ ᠪᠣᠢ︖﹇ᠹᠦ᠋ ᠬᠤᠩ ᠶᠦᠨ﹈ ᠪᠦᠷᠢᠳᠭᠡᠭᠰᠡᠨ ᠲᠤᠭ᠎ᠠ ᠪᠠᠷᠢᠮᠲᠠ ᠶᠢ ᠠᠷᠠᠳ ᠠᠴᠠ ᠠᠪᠴᠤ᠂ ᠠᠷᠠᠳ ᠲᠤ ᠦᠢᠯᠡᠴᠢᠯᠡᠨ᠎ᠡ᠃ ᠣᠶᠢᠷ᠎ᠠ ᠶᠢᠨ ᠵᠢᠯ ᠳᠤ᠂ ᠲᠥᠪ ᠠᠴᠠ ᠣᠷᠣᠨ ᠨᠤᠲᠤᠭ ᠬᠦᠷᠲᠡᠯ᠎ᠡ᠂ ᠡᠯ᠎ᠡ ᠱᠠᠲᠤᠨ ᠤ ᠵᠠᠰᠠᠭ ᠤᠨ ᠣᠷᠳᠣᠨ ᠠᠴᠠ ᠨᠡᠶᠢᠭᠡᠮ ᠨᠡᠶᠢᠲᠡ᠂ ᠠᠵᠤ ᠠᠬᠤᠶᠢᠯᠠᠯ ᠠᠴᠠ ᠬᠤᠪᠢ ᠬᠥᠮᠥᠨ ᠬᠦᠷᠲᠡᠯ᠎ᠡ᠂ ᠪᠦᠷᠢᠳᠭᠡᠭᠰᠡᠨ ᠲᠤᠭ᠎ᠠ ᠪᠠᠷᠢᠮᠲᠠ ᠶᠢ ᠠᠩᠬᠠᠷᠬᠤ ᠬᠡᠮᠵᠢᠶ᠎ᠡ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ 2021 ᠣᠨ ᠳᠤ᠂ ᠲᠦᠩᠯᠢᠶᠣᠣ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ︽ᠦᠢᠯᠡᠴᠢᠯᠡᠭᠡᠨ ᠤ ᠬᠡᠯᠪᠡᠷᠢ︾ ᠶᠢᠨ ᠲᠤᠭ᠎ᠠ ᠪᠦᠷᠢᠳᠬᠡᠯ ᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠩᠯᠢᠶᠣᠣ ᠶᠢᠨ ᠪᠣᠳᠠᠲᠤ ᠪᠠᠶᠢᠳᠠᠯ ᠲᠠᠢ ᠤᠯᠠᠮ ᠨᠢᠭᠡ ᠠᠯᠬᠤᠮ ᠤᠶᠠᠯᠳᠤᠭᠤᠯᠤᠨ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠦᠢᠯᠡᠳᠬᠦᠨ ᠪᠠ ᠲᠤᠭ᠎ᠠ ᠪᠦᠷᠢᠳᠬᠡᠯ ᠤᠨ ᠪᠠᠶᠢᠴᠠᠭᠠᠨ ᠰᠤᠳᠤᠯᠤᠯᠲᠠ ᠶᠢ ᠰᠢᠯᠢᠳᠡᠭᠵᠢᠭᠦᠯᠬᠦ ᠪᠠᠷ ᠬᠦᠴᠦᠯᠡᠨ ᠴᠢᠷᠮᠠᠶᠢᠵᠤ᠂ ᠠᠷᠠᠳ ᠣᠯᠠᠨ ᠤ ︽ᠪᠠᠴᠢᠮ ᠪᠡᠷᠬᠡ ᠵᠤᠪᠠᠭᠤᠷᠢ ᠬᠦᠰᠡᠯ︾ ᠤᠨ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠪᠠ᠃ ᠨᠢᠭᠡ ᠳᠤ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠥᠷᠭᠡᠴᠡ ᠶᠢ ᠤᠯᠠᠮ ᠨᠢᠭᠡ ᠠᠯᠬᠤᠮ ᠦᠷᠭᠡᠳᠭᠡᠪᠡ᠃ ︽ᠲᠦᠩᠯᠢᠶᠣᠣ ᠶᠢᠨ ᠡᠳᠦᠷ ᠤᠨ ᠰᠣᠨᠢᠨ︾᠂ ︽ᠬᠤᠷᠴᠢᠨ ᠬᠤᠲᠠ ᠶᠢᠨ ᠰᠣᠨᠢᠨ︾᠂ ᠲᠦᠩᠯᠢᠶᠣᠣ ᠶᠢᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠲᠦᠩᠯᠢᠶᠣᠣ ᠰᠦᠯᠵᠢᠶ᠎ᠡ᠂ ᠥᠨᠥᠳᠥᠷ ᠤᠨ ᠲᠡᠷᠢᠭᠦᠨ ᠵᠤᠷᠪᠤᠰ ᠵᠡᠷᠭᠡ ᠣᠯᠠᠨ ᠭᠤᠣᠯ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ᠂ ᠠᠵᠤ ᠠᠬᠤᠢ ᠶᠢᠨ ᠠᠵᠢᠯᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠰᠠᠨᠠᠭᠠᠴᠢᠯᠠᠭ᠎ᠠ   ᠠᠴᠠ ᠪᠠᠨ ᠨᠡᠶᠢᠲᠡᠯᠡᠭᠰᠡᠨ ᠪᠥᠭᠡᠳ ᠲᠤᠭ᠎ᠠ ᠪᠠᠷᠢᠮᠲᠠ ᠶᠢᠨ ᠲᠠᠶᠢᠯᠤᠮᠵᠢ ᠬᠢᠭᠰᠡᠨ ᠪᠠᠶᠢᠨ᠎ᠠ᠃ ᠬᠤᠶᠠᠷ ᠲᠤ ᠲᠤᠭ᠎ᠠ ᠪᠦᠷᠢᠳᠬᠡᠯ ᠤᠨ ᠦᠢᠯᠡᠴᠢᠯᠡᠭᠡ ᠶᠢᠨ ᠭᠦᠨᠴᠡ ᠶᠢ ᠤᠯᠠᠮ ᠨᠢᠭᠡ ᠠᠯᠬᠤᠮ  ᠲᠡᠭᠡᠭᠰᠢᠯᠡᠭᠦᠯᠪᠡ᠃ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠶᠢᠨ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ︾ ᠪᠤᠯᠤᠩ ᠤᠨ ᠲᠤᠭ᠎ᠠ ᠪᠦᠷᠢᠳᠬᠡᠯ ᠤᠨ ᠠᠭᠤᠯᠭ᠎ᠠ ᠶᠢ ᠴᠠᠭ ᠲᠤᠬᠠᠢ ᠳᠤᠨᠢ ᠰᠢᠨᠡᠳᠬᠡᠵᠦ᠂ ᠲᠦᠩᠯᠢᠶᠤᠤ ᠶᠢᠨ ᠲᠤᠭ᠎ᠠ ᠪᠦᠷᠢᠳᠭᠡᠯ ᠤᠨ ᠪᠢᠴᠢᠯ ᠮᠡᠳᠡᠭᠡ᠂ ᠲᠦᠩᠯᠢᠶᠣᠣ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠯᠪᠠᠨ ᠰᠦᠯᠵᠢᠶ᠎ᠡ᠂ ᠠᠷᠠᠳ ᠤᠨ ᠰᠦᠯᠵᠢᠶ᠎ᠡ ᠵᠡᠷᠭᠡ ᠲᠠᠪᠴᠠᠩ ᠢ ᠭᠦᠢᠴᠡᠳ ᠠᠰᠢᠭᠯᠠᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ᠂ ᠲᠤᠭ᠎ᠠ ᠪᠦᠷᠢᠳᠬᠡᠯ ᠤᠨ ᠮᠡᠳᠡᠭᠡ ᠵᠠᠩᠭᠢ᠂ ᠠᠵᠢᠯ ᠤᠨ ᠬᠥᠳᠡᠯᠦᠯ ᠪᠠᠶᠢᠳᠠᠯ ᠪᠠ ᠲᠤᠭ᠎ᠠ ᠪᠦᠷᠢᠳᠬᠡᠯ ᠤᠨ ᠠᠯᠪᠠᠨ ᠮᠡᠳᠡᠭᠡ ᠵᠡᠷᠭᠡ 421 ᠵᠤᠷᠪᠤᠰ ᠠᠭᠤᠯᠭ᠎ᠠ ᠶᠢ ᠨᠡᠶᠢᠲᠡᠯᠡᠵᠦ᠂ ᠲᠤᠭ᠎ᠠ ᠪᠦᠷᠢᠳᠬᠡᠯ ᠤᠨ ᠤᠬᠠᠭᠤᠯᠭ᠎ᠠ᠂ ᠮᠡᠳᠡᠭᠡ ᠵᠠᠩᠭᠢ ᠶᠢᠨ ᠯᠠᠪᠯᠠᠭ᠎ᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠠᠩᠬᠠᠷᠤᠯ ᠳᠤ ᠢᠳᠡᠪᠬᠢᠲᠡᠢ ᠬᠠᠷᠢᠭᠤ ᠲᠤᠰᠬᠠᠪᠠ᠃ 2022 ᠣᠨ ᠳᠤ᠂ ᠪᠢᠳᠡ ᠲᠤᠭ᠎ᠠ ᠪᠠᠷᠢᠮᠲᠠ ᠨᠡᠶᠢᠲᠡᠯᠡᠬᠦ ᠪᠠ ᠲᠠᠶᠢᠯᠪᠤᠷᠢᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠵᠤ᠂ ᠤᠯᠠᠨ ᠨᠡᠶᠢᠲᠡ ᠶᠢᠨ ᠲᠤᠭ᠎ᠠ ᠪᠦᠷᠢᠳᠬᠡᠯ ᠤᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠲᠤᠭ᠎ᠠ ᠪᠦᠷᠢᠳᠬᠡᠯ ᠤᠨ ᠦᠷ᠎ᠡ ᠪᠦᠲᠦᠭᠡᠯ ᠢ ᠪᠦᠬᠦ ᠨᠡᠶᠢᠭᠡᠮ ᠳᠤ ᠬᠠᠮᠤᠭ ᠤᠨ ᠶᠡᠭᠡ ᠬᠡᠮᠵᠢᠶ᠎ᠡ ᠪᠠᠷ ᠬᠦᠷᠲᠡᠭᠡᠨ᠎ᠡ᠃ ᠠᠳᠡ ᠪᠢ ᠲᠦᠩᠯᠢᠶᠣᠣ ᠬᠤᠳᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢ ᠲᠥᠯᠥᠭᠡᠯᠡᠨ ᠤᠯᠠᠨ ᠨᠡᠶᠢᠲᠡ ᠶᠢᠨ ᠤᠷᠳᠤ ᠬᠤᠭᠤᠴᠠᠭᠠᠨ ᠤ ᠲᠤᠷᠰᠢ ᠲᠤᠭ᠎ᠠ ᠪᠦᠷᠢᠳᠬᠡᠯ ᠤᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠶ᠎ᠡ᠂ ᠬᠤᠶᠢᠰᠢᠳᠠ ᠤᠯᠠᠨ ᠢᠶᠠᠷ ᠢᠶᠠᠨ ᠲᠤᠭ᠎ᠠ ᠪᠦᠷᠢᠳᠬᠡᠯ ᠤᠨ ᠨᠡᠩ ᠤᠯᠠᠨ ᠮᠡᠳᠡᠭᠡ ᠵᠠᠩᠭᠢ ᠶᠢ ᠣᠶᠢᠯᠠᠭᠠᠶ᠎ᠠ ᠭᠡᠪᠡᠯ ᠤᠲᠠᠰᠤ ᠪᠠᠷ ᠯᠠᠪᠯᠠᠬᠤ᠂ ᠰᠦᠯᠵᠢᠶᠡᠨ ᠳᠡᠭᠡᠷ᠎ᠡ ᠦᠭᠡ ᠦᠯᠡᠳᠡᠭᠡᠬᠦ᠂ ᠵᠠᠭᠤᠴᠢᠯᠠᠭᠤᠷ ᠤᠨ ᠰᠣᠨᠢᠨ ᠮᠡᠳᠡᠭᠡᠨ ᠤ ᠮᠡᠳᠡᠭᠡᠯᠡᠯ ᠢ ᠠᠩᠬᠠᠷᠬᠤ ᠵᠡᠷᠭᠡ ᠪᠠᠷ ᠳᠠᠮᠵᠢᠨ ᠣᠶᠢᠯᠠᠭᠠᠵᠤ ᠪᠣᠯᠣᠨ᠎ᠠ᠃ ᠲᠠᠷᠠᠭᠠᠴᠢ ᠪᠠᠷ᠂ ᠪᠢᠳᠡ ᠪᠠᠰᠠ ᠲᠤᠭ᠎ᠠ ᠪᠦᠷᠢᠳᠬᠡᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ︽ᠲᠤᠭ᠎ᠠ ᠪᠠᠷᠢᠮᠲᠠ ᠶᠢᠨ ᠲᠦᠩᠯᠢᠶᠣᠣ︾ APP ᠶᠢ ᠬᠦᠴᠦᠯᠡᠨ ᠡᠭᠦᠳᠴᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠶᠢᠨ ᠭᠠᠷ ᠤᠲᠠᠰᠤ ᠪᠠᠷ ᠪᠡᠶ᠎ᠡ ᠪᠠᠨ ᠳᠠᠭᠠᠭᠠᠵᠤ ᠪᠠᠶᠢᠴᠠᠭᠠᠨ ᠯᠠᠪᠯᠠᠬᠤ᠂ ᠰᠦᠯᠵᠢᠶᠡᠨ ᠳᠡᠭᠡᠷ᠎ᠡ  ᠲᠤᠷᠠᠳᠤᠭᠰᠠᠨ ᠠᠰᠠᠭᠤᠯᠲᠠ ᠳᠤ ᠬᠠᠷᠢᠭᠤᠯᠲᠠ ᠥᠭᠬᠦ ᠳᠤ ᠲᠥᠬᠦᠮ ᠦᠵᠡᠭᠦᠯᠦᠨ᠎ᠡ᠂ ᠲᠠᠯᠠᠷᠬᠠᠯ᠎ᠠ︕﹇ᠬᠥᠲᠥᠯᠥᠭᠴᠢ﹈ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠪᠣᠯ ᠲᠤᠲᠠᠭᠳᠠᠵᠤ ᠪᠣᠯᠣᠰᠢ ᠦᠭᠡᠢ ᠨᠢᠭᠡᠨ ᠭᠤᠭᠴᠤᠭ᠎ᠠ ᠮᠥᠨ᠂ ᠡᠳᠦᠷ ᠲᠤᠳᠤᠮ ᠤᠨ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ ᠪᠢᠳᠡ ᠪᠦᠷᠢᠳᠭᠡᠭᠰᠡᠨ ᠲᠤᠭ᠎ᠠ ᠪᠠᠷᠢᠮᠲᠠ ᠶᠢ ᠵᠠᠳᠠᠯᠤᠨ ᠰᠤᠳᠤᠯᠵᠤ ᠮᠠᠭᠠᠳᠯᠠᠬᠤ ᠪᠠᠨ ᠬᠡᠷᠬᠢᠨ ᠴᠢᠩᠭᠠᠳᠬᠠᠵᠤ᠂ ᠮᠡᠳᠡᠭᠡ ᠵᠠᠩᠭᠢ᠂  ᠵᠠᠳᠠᠯᠤᠯᠲᠠ ᠶᠢᠨ ᠮᠡᠳᠡᠭᠦᠯᠦᠯᠲᠡ ᠶᠢ ᠪᠢᠴᠢᠬᠦ ᠡᠷᠴᠢᠮ ᠢᠶᠠᠨ ᠬᠡᠷᠬᠢᠨ   ᠴᠢᠩᠭᠠᠷᠠᠭᠤᠯᠤᠭᠰᠠᠨ ᠪᠤᠢ︖﹇ᠹᠦ᠋ ᠬᠤᠩ ᠶᠦᠨ﹈  ᠪᠢᠳᠡ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠠᠵᠢᠯ ᠤᠨ ᠴᠢᠬᠤᠯᠠ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠰᠡᠷᠭᠡᠭ ᠢᠶᠠᠷ ᠲᠠᠨᠢᠪᠠ᠂ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠮᠡᠳᠡᠭᠦᠯᠦᠯᠲᠡ ᠪᠣᠯ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠴᠢᠬᠤᠯᠠ ᠦᠨᠳᠦᠰᠦᠯᠡᠯ ᠮᠥᠨ᠃ ᠰᠢᠨ᠎ᠡ ᠪᠠᠶᠢᠳᠠᠯ ᠤᠨ ᠳᠣᠣᠷᠠᠬᠢ ᠲᠤᠭ᠎ᠠ ᠪᠦᠷᠢᠳᠬᠡᠯ ᠤᠨ ᠤᠬᠠᠭᠤᠯᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠲᠦᠩᠯᠢᠶᠣᠣ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠪᠥᠬᠦ ᠲᠠᠯᠠᠲᠤ ᠴᠢᠨᠠᠷ᠂ ᠨᠠᠷᠢᠯᠢᠭ ᠣᠨᠣᠴᠠᠲᠠᠢ ᠴᠢᠨᠠᠷ᠂ ᠪᠠᠷᠠᠯᠠᠯᠲᠦ ᠴᠢᠨᠠᠷ ᠤᠨ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠭᠤᠣᠯᠳᠠᠯᠭ᠎ᠠ ᠶᠢ ᠲᠣᠪᠤᠶᠢᠯᠭᠠᠨ᠂ ᠰᠢᠨ᠎ᠡ ᠬᠡᠯᠪᠡᠷᠢ ᠶᠢ ᠡᠭᠦᠳᠴᠦ᠂ ᠪᠣᠳᠠᠲᠤ ᠦᠷ᠎ᠡ ᠪᠦᠲᠦᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃ ᠨᠢᠭᠡ ᠳᠤ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠪᠠ᠃ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠳᠤ ᠴᠢᠭᠯᠡᠭᠦᠯᠵᠦ᠂ ᠨᠠᠮ ᠵᠠᠰᠠᠭ ᠤᠨ ᠤᠳᠤᠷᠢᠳᠤᠯᠭ᠎ᠠ ᠶᠢᠨ ᠠᠩᠬᠠᠷᠴᠤ ᠪᠠᠶᠢᠭ᠎ᠠ ᠭᠤᠣᠯᠳᠠᠯᠭ᠎ᠠ ᠲᠠᠢ ᠵᠦᠢᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠯᠠᠭᠤᠮᠰᠢᠯ ᠠᠰᠠᠭᠤᠳᠠᠯ᠂ ᠡᠪᠡᠷᠰᠢᠶᠡᠯ ᠤᠨ ᠴᠡᠭ᠂ ᠲᠦᠭᠵᠢᠷᠡᠯ ᠤᠨ ᠴᠡᠭ᠂ ᠴᠢᠨᠠᠷ ᠰᠠᠶᠢᠲᠠᠢ ᠬᠥᠭᠵᠢᠯᠲᠡ ᠶᠢᠨ ᠳᠤᠲᠠᠭᠤᠳᠠᠯ ᠪᠠᠭᠤᠷᠠᠢ ᠵᠦᠢᠯ᠂ ᠠᠷᠠᠳ ᠤᠯᠠᠨ ᠤ ︽ᠪᠠᠴᠢᠮ ᠬᠦᠴᠢᠷ ᠵᠣᠪᠠᠭᠤᠷᠢ ᠬᠦᠰᠡᠯ︾ ᠤᠨ ᠠᠰᠠᠭᠤᠳᠠᠯ ᠳᠤ ᠪᠠᠶᠢᠴᠠᠭᠠᠯᠲᠠ ᠬᠢᠵᠦ᠂ ᠭᠦᠨᠵᠡᠭᠡᠢ ᠵᠠᠳᠠᠯᠤᠨ ᠰᠤᠳᠤᠯᠵᠤ᠂ ᠰᠡᠳᠦᠪ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ᠂ ᠲᠤᠭ᠎ᠠ ᠪᠦᠷᠢᠳᠬᠡᠯ ᠤᠨ ᠮᠡᠳᠡᠭᠦᠯᠦᠯᠲᠡ᠂ ᠲᠤᠭ᠎ᠠ ᠪᠦᠷᠢᠳᠬᠡᠯ ᠤᠨ ᠵᠠᠳᠠᠯᠤᠯᠲᠠ᠂ ᠲᠤᠭ᠎ᠠ ᠪᠦᠷᠢᠳᠬᠡᠯ ᠤᠨ ᠲᠤᠰᠬᠠᠢ ᠮᠡᠳᠡᠭᠦᠯᠦᠯᠲᠡ᠂ ᠲᠤᠭ᠎ᠠ ᠪᠦᠷᠢᠳᠬᠡᠯ ᠤᠨ ᠪᠠᠶᠢᠴᠠᠭᠠᠨ ᠰᠤᠳᠤᠯᠤᠯᠲᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ᠂ ᠲᠤᠰᠬᠠᠢ ᠮᠡᠳᠡᠭᠦᠯᠦᠯᠲᠡ ᠵᠡᠷᠭᠡ ᠶᠢ ᠪᠠᠭᠲᠠᠭᠠᠵᠤ᠂ ᠲᠤᠭ᠎ᠠ ᠪᠠᠷᠢᠮᠲᠠ ᠶᠢᠨ ᠲᠠᠶᠢᠯᠤᠮᠵᠢ᠂ ᠬᠠᠤᠯᠢ ᠴᠠᠭᠠᠵᠠ ᠬᠠᠤᠯᠢ ᠲᠣᠭᠲᠠᠭᠠᠯ᠂ ᠠᠵᠢᠯ ᠤᠨ ᠬᠥᠳᠡᠯᠦᠯ ᠪᠠᠶᠢᠳᠠᠯ ᠵᠡᠷᠭᠡ ᠠᠭᠤᠯᠭ᠎ᠠ ᠶᠢᠨ ᠤᠬᠠᠭᠤᠯᠭ᠎ᠠ ᠶᠢ ᠴᠠᠭ ᠲᠤᠬᠠᠢ ᠳᠤᠨᠢ ᠥᠷᠨᠢᠭᠦᠯᠬᠦ ᠶᠢᠨ ᠬᠠᠮᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠬᠠᠷᠢᠯᠴᠠᠨ ᠦᠢᠯᠡᠳᠦᠯᠴᠡᠵᠦ ᠬᠠᠷᠢᠭᠤᠯᠲᠠ ᠥᠭᠬᠦ ᠶᠢ ᠰᠠᠶᠢᠲᠤᠷ ᠬᠢᠪᠡ᠃ ᠬᠤᠶᠠᠷ ᠲᠤ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠪᠠ᠃ ᠲᠤᠭ᠎ᠠ ᠪᠦᠷᠢᠳᠬᠡᠯ ᠤᠨ ᠲᠣᠮᠣ ᠬᠢᠴᠢᠶᠡᠯ ᠤᠨ ᠲᠠᠩᠬᠢᠮ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠤᠰᠬᠠᠢ ᠮᠡᠷᠭᠡᠵᠢᠯ ᠤᠨ ᠬᠠᠷᠢᠭᠤᠴᠠᠯᠭᠠᠲᠠᠨ ᠲᠤᠬᠠᠶᠢᠯᠠᠭᠰᠠᠨ ᠠᠵᠢᠯ ᠤᠨ ᠮᠡᠳᠡᠯᠭᠡ ᠪᠠᠨ ᠰᠢᠰᠲ᠋ᠧᠮ ᠲᠠᠢ ᠲᠠᠶᠢᠯᠪᠤᠷᠢᠯᠠᠨ᠂ ᠪᠥᠬᠦ ᠠᠵᠢᠯᠲᠠᠨ ᠦᠷᠭᠡᠨ ᠢᠶᠠᠷ ᠤᠷᠤᠯᠴᠠᠵᠤ ᠭᠦᠨᠵᠡᠭᠡᠢ ᠰᠤᠯᠢᠯᠴᠠᠨ᠂ ᠲᠤᠰᠬᠠᠢ ᠮᠡᠷᠭᠡᠵᠢᠯ ᠤᠨ ᠬᠤᠭᠤᠷᠣᠨᠳᠣᠬᠢ ᠪᠠᠬᠢᠯᠡᠯᠲᠡ ᠶᠢ ᠡᠪᠳᠡᠵᠦ᠂ ᠪᠦᠷᠢᠳᠭᠡᠭᠰᠡᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠰᠠᠶᠢᠲᠤᠷ ᠬᠡᠷᠡᠭᠯᠡᠨ᠂ ᠪᠦᠷᠢᠳᠭᠡᠭᠰᠡᠨ ᠲᠤᠭ᠎ᠠ ᠪᠠᠷᠢᠮᠲᠠ ᠶᠢ ᠠᠮᠢᠳᠤᠯᠢᠭᠵᠢᠭᠤᠯᠵᠤ᠂ ᠪᠥᠬᠦ ᠠᠵᠢᠯᠲᠠᠨ ᠤ ᠲᠤᠭ᠎ᠠ ᠪᠦᠷᠢᠳᠬᠡᠯ ᠤᠨ ᠵᠠᠳᠠᠯᠤᠯᠲᠠ ᠪᠢᠴᠢᠬᠦ ᠴᠢᠳᠠᠪᠤᠷᠢ ᠶᠢ  ᠲᠡᠭᠡᠭᠰᠢᠯᠡᠭᠦᠯᠪᠡ᠃ ᠭᠤᠷᠪᠠ ᠳᠤ ᠤᠷᠮᠠᠰᠢᠭᠤᠯᠬᠤ ᠲᠣᠭᠲᠠᠴᠠ ᠶᠢ ᠴᠢᠩᠭᠠᠳᠬᠠᠪᠠ᠃ ᠲᠦᠩᠯᠢᠶᠣᠣ ᠬᠤᠳᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠮᠡᠳᠡᠭᠡ ᠵᠠᠩᠭᠢ ᠲᠤᠭᠤᠷᠪᠢᠨ ᠪᠢᠴᠢᠬᠦ ᠬᠢᠨᠠᠨ ᠰᠢᠯᠭᠠᠬᠤ ᠳᠦᠷᠢᠮ ᠢ ᠲᠣᠭᠲᠠᠭᠠᠵᠤ᠂ ᠪᠦᠬᠦ ᠵᠢᠯ ᠤᠨ ᠠᠵᠢᠯ ᠪᠣᠯᠣᠨ ᠪᠣᠳᠠᠲᠠᠢ ᠪᠠᠷᠢᠮᠵᠢᠶ᠎ᠠ ᠳᠤ ᠲᠣᠳᠣᠷᠬᠠᠢ ᠱᠠᠭᠠᠷᠳᠠᠯᠭ᠎ᠠ ᠲᠠᠯᠪᠢᠬᠤ ᠶᠢᠨ ᠬᠠᠮᠲᠤ ᠲᠤᠭ᠎ᠠ ᠬᠡᠮᠵᠢᠶᠡᠵᠢᠭᠦᠯᠵᠦ᠂ ᠮᠡᠳᠡᠭᠡ ᠵᠠᠩᠭᠢ ᠶᠢ ᠪᠡᠶᠡᠯᠡᠭᠦᠯᠦᠭᠰᠡᠨ ᠪᠠᠶᠢᠳᠠᠯ ᠪᠣᠯᠣᠨ ᠵᠢᠯ ᠤᠨ ᠡᠴᠦᠰ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠠᠢ ᠤᠶᠠᠯᠳᠤᠭᠤᠯᠵᠤ᠂ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠵᠤ᠂ ᠺᠠᠳ᠋ᠷᠴᠤᠳ ᠤᠨ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ ᠴᠢᠩᠭᠠᠳᠬᠠᠵᠠᠢ᠃ ᠡᠨᠡ ᠵᠢᠯ᠂ ᠪᠢᠳᠡ ︽ᠭᠤᠷᠪᠠᠨ ᠨᠢᠭᠡ︾ ᠶᠢᠨ ᠠᠵᠢᠯ ᠤᠨ ᠠᠷᠭ᠎ᠠ ᠮᠠᠶ᠋ᠢᠭ ᠢ ᠲᠦᠯᠬᠢᠨ ᠠᠬᠢᠭᠤᠯᠤᠨ᠎ᠠ᠄ ᠨᠢᠭᠡᠳᠦᠭᠡᠷ 1/3 ᠴᠠᠭ ᠪᠣᠯ ᠰᠠᠷ᠎ᠠ ᠪᠦᠷᠢ ᠶᠢᠨ ᠰᠢᠨᠡᠳ ᠢᠶᠠᠷ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠮᠡᠳᠡᠭᠦᠯᠦᠨ᠎ᠡ︔ ᠬᠤᠶᠠᠳᠤᠭᠠᠷ 1/3 ᠴᠠᠭ ᠪᠤᠯ ᠠᠷᠪᠠᠳ ᠢᠶᠠᠷ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠠᠶᠢᠴᠠᠭᠠᠯᠲᠠ ᠬᠢᠨ᠎ᠡ︔ ᠭᠤᠷᠪᠠᠳᠤᠭᠠᠷ 1/3 ᠴᠠᠭ ᠪᠣᠯ ᠬᠤᠷᠢᠳ ᠢᠶᠠᠷ ᠬᠦᠴᠦᠨ ᠢᠶᠠᠨ ᠲᠥᠪᠯᠡᠷᠡᠭᠦᠯᠦᠨ ᠲᠤᠭ᠎ᠠ ᠪᠠᠷᠢᠮᠲᠠ ᠶᠢ ᠭᠦᠨᠵᠡᠭᠡᠢ ᠠᠭᠤᠳᠠᠯᠵᠤ᠂ ᠲᠤᠭ᠎ᠠ ᠪᠦᠷᠢᠳᠬᠡᠯ ᠤᠨ ᠵᠠᠳᠠᠯᠤᠯᠲᠠ ᠰᠤᠳᠤᠯᠭᠠᠨ ᠤ ᠠᠵᠢᠯ ᠢ ᠰᠠᠶᠢᠲᠤᠷ ᠬᠢᠵᠦ᠂ ᠡᠯ᠎ᠡ ᠵᠠᠭᠤᠴᠢᠯᠠᠭᠤᠷ᠂ ᠰᠦᠯᠵᠢᠶᠡᠨ ᠳᠤ ᠲᠤᠭ᠎ᠠ ᠪᠦᠷᠢᠳᠬᠡᠯ ᠤᠨ ᠤᠬᠠᠭᠤᠯᠭ᠎ᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠵᠠᠳᠠᠯᠤᠯᠲᠠ ᠶᠢᠨ ︽ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ︾ ᠶᠢ ᠲᠦᠯᠬᠢᠨ ᠠᠬᠢᠭᠤᠯᠵᠤ᠂ ᠡᠯ᠎ᠡ ᠱᠠᠲᠤᠨ ᠤ ᠤᠳᠤᠷᠢᠳᠤᠯᠭ᠎ᠠ ᠪᠠ ᠨᠡᠶᠢᠭᠡᠮ ᠤᠨ ᠡᠯ᠎ᠡ ᠡᠲᠡᠭᠡᠳ ᠲᠤ ᠲᠤᠭ᠎ᠠ ᠪᠦᠷᠢᠳᠬᠡᠯ ᠤᠨ ᠠᠵᠢᠯ ᠢ ᠲᠠᠨᠢᠬᠤ ᠪᠠ ᠣᠶᠢᠯᠠᠭᠠᠬᠤ ᠳᠤ ᠳᠥᠭᠦᠮ ᠳᠥᠲᠡ ᠪᠦᠲᠦᠮᠵᠢᠲᠡᠶ ᠠᠷᠭ᠎ᠠ ᠵᠠᠮ ᠬᠠᠩᠭᠠᠵᠤ᠂ ᠲᠤᠭ᠎ᠠ ᠪᠦᠷᠢᠳᠬᠡᠯ ᠤᠨ ᠠᠵᠢᠯ ᠤᠨ ᠨᠥᠯᠥᠭᠡᠯᠡᠬᠦ ᠬᠦᠴᠦᠨ ᠢ ᠥᠷᠭᠡᠳᠬᠡᠨ᠎ᠡ᠃﹇ᠬᠥᠲᠥᠯᠥᠭᠴᠢ﹈ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠲᠠᠯ᠎ᠠ ᠪᠠᠷ ᠪᠢᠳᠡ ᠶᠠᠮᠠᠷ ᠠᠵᠢᠯ ᠥᠷᠨᠢᠭᠦᠯᠦᠭᠰᠡᠨ ᠪᠣᠢ︖﹇ᠹᠦ᠋ ᠬᠤᠩ ᠶᠦᠨ﹈  2021 ᠣᠨ ᠳᠤ᠂ ᠲᠦᠩᠯᠢᠶᠣᠣ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠪᠥᠬᠦ ᠬᠤᠲᠠ ᠶᠢᠨ 118 ᠰᠦᠯᠵᠢᠶ᠎ᠡ ᠪᠠᠷ ᠰᠢᠭᠤᠳ ᠮᠡᠳᠡᠭᠦᠯᠬᠦ ᠠᠵᠤ ᠠᠬᠤᠶᠢᠯᠠᠯ ᠳᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠢᠨᠠᠨ ᠪᠠᠶᠢᠴᠠᠭᠠᠯᠲᠠ ᠥᠷᠨᠢᠭᠦᠯᠵᠦ᠂ ᠰᠠᠯᠠᠭ᠎ᠠ ᠮᠥᠴᠢᠷ ᠲᠠᠢ ᠬᠤᠯᠪᠤᠭᠠᠯᠠᠨ 5 ᠠᠵᠤ ᠠᠬᠤᠶᠢᠯᠠᠯ ᠳᠤ ︽ᠬᠤᠣᠰ ᠲᠣᠬᠢᠶᠠᠯᠳᠤᠯ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠶᠢ ᠪᠡᠶᠡᠯᠡᠭᠦᠯᠪᠡ᠃12 ᠠᠵᠤ ᠠᠬᠤᠶᠢᠯᠠᠯ ᠳᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠶᠢ ᠢᠯᠡᠷᠡᠭᠦᠯᠦᠭᠰᠡᠨ ᠪᠥᠭᠡᠳ ᠰᠢᠳᠬᠡᠬᠦ ᠵᠢᠷᠤᠮ ᠢ ᠡᠬᠢᠯᠡᠭᠦᠯᠵᠦ᠂ 2 ᠠᠵᠤ ᠠᠬᠤᠶᠢᠯᠠᠯ ᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 6 ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠰᠡᠷᠡᠮᠵᠢ ᠥᠭᠴᠦ᠂ 4 ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠰᠡᠷᠡᠮᠵᠢ ᠥᠭᠬᠦ ᠶᠢᠨ ᠬᠠᠮᠲᠤ ᠵᠣᠭᠤᠰ ᠢᠶᠠᠷ ᠲᠣᠷᠭᠠᠵᠤ᠂ ᠲᠤᠭ᠎ᠠ ᠪᠦᠷᠢᠳᠬᠡᠯ ᠢ ᠬᠠᠤᠯᠢ ᠪᠠᠷ ᠵᠠᠰᠠᠬᠤ ᠠᠵᠢᠯ ᠤᠨ ᠬᠦᠴᠦᠨ ᠴᠢᠳᠠᠪᠤᠷᠢ ᠶᠢ ᠳᠡᠭᠡᠭᠰᠢᠯᠡᠭᠦᠯᠪᠡ᠃﹇ᠬᠥᠲᠥᠯᠥᠭᠴᠢ﹈ ᠣᠳᠣᠬᠠᠨ ᠤ ᠪᠦᠷᠢᠳᠭᠡᠭᠰᠡᠨ ᠲᠤᠭ᠎ᠠ ᠪᠠᠷᠢᠮᠲᠠ‌ᠡᠴᠡ ᠦᠵᠡᠪᠡᠯ᠂ ᠣᠳᠣᠬᠠᠨ ᠳᠤ ᠲᠦᠩᠯᠢᠶᠣᠣ ᠬᠤᠲᠠ ᠶᠢᠨ ᠭᠡᠷ ᠪᠠᠶᠢᠰᠢᠩ ᠤᠨ ᠦᠨ᠎ᠡ   ᠶᠢᠨ ᠬᠠᠨᠳᠤᠰᠢ ᠶᠠᠮᠠᠷ ᠪᠠᠶᠢᠭ᠎ᠠ ᠪᠤᠶ︖﹇ᠹᠦ᠋ ᠬᠤᠩ ᠶᠦᠨ﹈ ᠭᠡᠷ ᠪᠠᠶᠢᠰᠢᠩ ᠤᠨ ᠦᠨ᠎ᠡ ᠶᠢᠨ ᠠᠰᠠᠭᠤᠳᠠᠯ ᠨᠢ ᠰᠠᠭᠤᠭᠠᠯᠢ ᠠᠷᠠᠳ ᠨᠢᠭᠡᠪᠦᠷᠢ ᠶᠢᠨ ᠠᠮᠢ  ᠬᠤᠪᠢ ᠶᠢᠨ ᠠᠰᠢᠭ ᠲᠤᠰᠠ ᠲᠠᠢ ᠬᠤᠯᠪᠣᠭᠳᠠᠬᠤ ᠪᠥᠭᠡᠳ ᠭᠡᠷ ᠪᠠᠶᠢᠰᠢᠩ ᠭᠠᠵᠠᠷ  ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠬᠥᠭᠵᠢᠯᠲᠡ ᠲᠠᠢ ᠬᠤᠯᠪᠣᠭᠳᠠᠨ᠎ᠠ᠂ 2021 ᠣᠨ ᠳᠤ ᠮᠠᠨ ᠤ ᠬᠤᠳᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠶᠡᠷᠦᠩᠬᠡᠢ ᠳᠡᠭᠡᠨ ᠲᠣᠭᠲᠠᠭᠤᠨ ᠪᠠᠶᠢᠪᠠ᠃ 2021 ᠣᠨ ᠤ ᠪᠦᠷᠢᠳᠬᠡᠭᠰᠡᠨ ᠲᠤᠭ᠎ᠠ ᠪᠠᠷᠢᠮᠲᠠ ᠶᠢᠨ ᠪᠠᠶᠢᠳᠠᠯ ᠠᠴᠠ ᠦᠵᠡᠪᠡᠯ᠂ ᠪᠥᠬᠦ ᠬᠤᠲᠠ ᠶᠢᠨ ᠲᠠᠸᠠᠷ ᠤᠨ ᠭᠡᠷ ᠪᠠᠶᠢᠰᠢᠩ ᠤᠨ ᠳᠤᠮᠳᠠᠴᠢ ᠦᠨ᠎ᠡ ᠲᠡᠭᠰᠢ ᠳᠥᠷᠪᠡᠯᠵᠢᠨ ᠮᠧᠲᠷ ᠪᠦᠷᠢ ᠳᠡᠭᠡᠨ 5001 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠨ᠂ ᠭᠡᠷ ᠪᠠᠶᠢᠰᠢᠩ ᠤᠨ ᠦᠨ᠎ᠡ ᠶᠢᠨ ᠬᠠᠨᠳᠤᠰᠢ ᠬᠠᠷᠢᠴᠠᠩᠭᠤᠢ ᠪᠠᠷ ᠲᠣᠭᠲᠠᠭᠤᠨ ᠪᠠᠶᠢᠨ᠎ᠠ᠃ ᠪᠣᠷᠣᠯᠠᠭᠤᠯᠤᠯᠲᠠ ᠶᠢᠨ ᠪᠠᠶᠢᠳᠠᠯ ᠠᠴᠠ ᠦᠵᠡᠪᠡᠯ᠂ ᠪᠥᠬᠦ ᠬᠤᠲᠠ ᠶᠢᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 200 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠪᠡ︔ ᠪᠣᠷᠣᠯᠠᠭᠤᠯᠤᠯᠲᠠ ᠶᠢᠨ ᠬᠡᠮᠵᠢᠶ᠎ᠡ 100.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4% ᠨᠡᠮᠡᠭᠳᠡᠵᠦ᠂ ᠪᠣᠷᠣᠯᠠᠭᠤᠯᠤᠯᠲᠠ ᠶᠢᠨ ᠬᠡᠮᠵᠢᠶ᠎ᠡ ᠦᠷᠭᠦᠯᠵᠢᠯᠡᠨ ᠨᠡᠮᠡᠭᠳᠡᠪᠡ᠃﹇ᠬᠥᠲᠥᠯᠥᠭᠴᠢ﹈ ᠥᠨᠥᠳᠥᠷ ᠹᠦ᠋ ᠱᠦᠵᠢ ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠤᠯᠤᠩ ᠳᠤ ᠰᠠᠭᠠᠲᠠᠭᠰᠠᠨ ᠳᠤ ᠲᠠᠯᠠᠷᠬᠠᠯ᠎ᠠ᠂ ᠥᠨᠥᠳᠥᠷ ᠤᠨ ᠰᠣᠷᠪᠤᠯᠵᠢᠯᠠᠭ᠎ᠠ ᠶᠢᠨ ᠫᠷᠣᠭ᠍ᠷᠠᠮ ᠢ ᠠᠳᠡ ᠬᠦᠷᠭᠡᠭᠡᠳ ᠦᠨᠳᠦᠷᠯᠡᠭᠦᠯᠦᠶ᠎ᠡ  ᠂  ᠪᠠᠶᠠᠷᠲᠠᠢ᠃
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ