ᠵᠢᠭᠡᠯᠡᠯᠭᠡ ᠶᠢᠨ ᠭᠠᠷ ᠭᠦᠢᠴᠡᠳᠭᠡᠯ ᠬᠢᠬᠦ ᠳᠤ ᠨᠢᠭᠡ ᠯᠡ ᠤᠳᠠᠭ᠎ᠠ ᠳᠤ ᠮᠡᠳᠡᠭᠳᠡᠬᠦ ᠬᠠᠭᠤᠳᠠᠰᠤ | | | ᠨᠢᠭᠡᠳᠦᠭᠡᠷ᠂ ᠭᠡᠷ ᠪᠠᠶᠢᠰᠢᠩ ᠬᠤᠳᠠᠯᠳᠤᠨ ᠠᠪᠬᠤ ᠳᠤ ᠬᠡᠷᠡᠭᠰᠡᠬᠦ ᠮᠠᠲ᠋ᠧᠷᠢᠶᠠᠯ ᠨᠢ ᠳᠣᠣᠷᠠᠬᠢ ᠮᠡᠲᠦ᠄ | ᠰᠢᠨ᠎ᠡ ᠭᠡᠷ ᠬᠤᠳᠠᠯᠳᠤᠨ ᠠᠪᠬᠤ ︵ᠨᠡᠭᠡᠭᠡᠭᠰᠡᠨ ᠬᠤᠳᠠᠯᠳᠤᠭᠠᠴᠢᠨ ᠠᠴᠠ ᠬᠤᠳᠠᠯᠳᠤᠨ ᠠᠪᠬᠤ︶ | 1᠂ ᠭᠡᠷ ᠪᠠᠶᠢᠰᠢᠩ ᠬᠤᠳᠠᠯᠳᠤᠨ ᠠᠪᠬᠤ ᠭᠡᠷ᠎ᠡ ᠶᠢᠨ ᠤᠭ ᠮᠠᠲ᠋ᠧᠷᠢᠶᠠᠯ ᠨᠢᠭᠡ ᠬᠤᠪᠢ ︵ᠭᠡᠷ᠎ᠡ ᠲᠣᠭᠲᠠᠭᠰᠠᠨ ᠡᠳᠦᠷ ᠬᠤᠭᠤᠴᠠᠭ᠎ᠠ ᠠᠴᠠ ᠪᠣᠳᠣᠵᠤ᠂ ᠣᠯᠠᠨ | ᠳᠠᠪᠬᠤᠷᠭ᠎ᠠ ᠲᠠᠢ ᠭᠡᠷ ᠪᠠᠶᠢᠰᠢᠩ ᠬᠤᠳᠠᠯᠳᠤᠨ ᠠᠪᠬᠤ ᠭᠡᠷ᠎ᠡ ᠲᠤᠭᠲᠠᠭᠠᠭᠰᠠᠨ ᠭᠤᠷᠪᠠᠨ ᠵᠢᠯ ᠤᠨ ᠳᠣᠲᠣᠷ᠎ᠠ᠂ ᠥᠨᠳᠥᠷ ᠳᠠᠪᠬᠤᠷᠭ᠎ᠠ ᠲᠠᠢ ᠭᠡᠷ ᠪᠠᠶᠢᠰᠢᠩ | ᠬᠤᠳᠠᠯᠳᠤᠨ ᠠᠪᠬᠤ ᠭᠡᠷ᠎ᠡ ᠲᠤᠭᠲᠠᠭᠠᠭᠰᠠᠨ ᠳᠥᠷᠪᠡᠨ ᠵᠢᠯ ᠤᠨ ᠳᠣᠲᠣᠷ᠎ᠠ ᠪᠠᠶᠢᠬᠤ ᠬᠡᠷᠡᠭᠲᠡᠢ︶︔ | 2᠂ ᠲᠠᠸᠠᠷ ᠤᠨ ᠭᠡᠷ ᠪᠠᠶᠢᠰᠢᠩ ᠠᠪᠬᠤ ᠳᠤ ᠠᠩᠬ᠎ᠠ ᠲᠤᠰᠢᠶᠠᠭᠰᠠᠨ ᠵᠣᠭᠤᠰ ᠤᠨ ᠪᠠᠷᠢᠮᠲᠠ ᠶᠢᠨ ᠤᠭ ᠮᠠᠲ᠋ᠧᠷᠢᠶᠠᠯ ︵ᠠᠩᠬ᠎ᠠ ᠲᠤᠰᠢᠶᠠᠭᠰᠠᠨ ᠵᠣᠭᠤᠰ ᠤᠨ | ᠬᠠᠷᠢᠴᠠᠯ ᠭᠡᠷ ᠬᠥᠷᠥᠩᠭᠡ ᠶᠢᠨ ᠶᠡᠷᠦᠩᠬᠡᠢ ᠦᠨ᠎ᠡ ᠶᠢᠨ ᠵᠠᠭᠤᠨ ᠤ ᠬᠤᠷᠢ ᠠᠴᠠ ᠪᠠᠭ᠎ᠠ ᠪᠠᠶᠢᠵᠤ ᠪᠣᠯᠬᠤ ᠦᠭᠡᠢ︶︔ | 3᠂ ᠥᠯᠥ ᠬᠥᠳᠡᠯᠬᠦ ᠬᠥᠷᠥᠩᠭᠡ ᠳᠠᠩᠰᠠᠯᠠᠭᠤᠯᠤᠭᠰᠠᠨ ᠭᠡᠷᠡᠴᠢ ︵ᠪᠤᠶᠤ ᠤᠷᠢᠳᠴᠢᠯᠠᠨ ᠮᠡᠳᠡᠭᠳᠡᠭᠰᠡᠨ ᠳᠠᠩᠰᠠᠯᠠᠭᠤᠯᠤᠭᠰᠠᠨ ᠭᠡᠷᠡᠴᠢ︶ ᠶᠢᠨ ᠤᠭ ᠮᠠᠲ᠋ᠧᠷᠢᠶᠠᠯ︔ | 4᠂ ᠨᠡᠭᠡᠭᠡᠭᠰᠡᠨ ᠬᠤᠳᠠᠯᠳᠤᠭᠠᠴᠢᠨ ᠤ ᠭᠠᠷᠭᠠᠵᠤ ᠥᠭᠭᠦᠭᠰᠡᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ | ᠬᠠᠭᠤᠯᠪᠤᠷᠢ ︵ᠨᠡᠭᠡᠭᠡᠭᠰᠡᠨ ᠬᠤᠳᠠᠯᠳᠤᠭᠠᠴᠢᠨ ᠤ ᠠᠯᠪᠠᠨ ᠲᠠᠮᠠᠭ᠎ᠠ ᠳᠠᠷᠤᠨ᠎ᠠ︶︔ | ᠭᠠᠷ ᠳᠠᠮᠵᠢᠭᠰᠠᠨ ᠭᠡᠷ ᠪᠠᠶᠢᠰᠢᠩ ᠬᠤᠳᠠᠯᠳᠤᠨ ᠠᠪᠬᠤ ︵ᠭᠡᠷ ᠪᠠᠶᠢᠰᠢᠩ ᠤᠨ ᠦᠨᠡᠮᠯᠡᠯ ᠢ ᠰᠢᠯᠵᠢᠭᠦᠯᠬᠦ︶ | 1᠂ ᠡᠷᠦᠬᠡ ᠰᠣᠯᠢᠭᠰᠠᠨ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ︵ᠪᠤᠶᠤ ᠭᠡᠷ ᠪᠠᠶᠢᠰᠢᠩ ᠤᠨ ᠦᠨᠡᠮᠯᠡᠯ︶ ᠤᠨ ᠤᠭ ᠮᠠᠲ᠋ᠧᠷᠢᠶᠠᠯ︔ | 2᠂ ᠭᠡᠷ᠎ᠡ ᠶᠢᠨ ᠭᠠᠶᠢᠯᠢ ᠲᠤᠰᠢᠶᠠᠭᠰᠠᠨ ᠭᠡᠷᠡᠴᠢ ᠪᠠᠷᠢᠮᠲᠠ ᠪᠠ ᠦᠷᠳᠡᠭ ᠤᠨ ᠨᠡᠮᠡᠭᠳᠡᠯ ᠭᠠᠶᠢᠯᠢ ᠶᠢᠨ ᠪᠠᠷᠢᠮᠲᠠ ᠶᠢᠨ ᠤᠭ ᠮᠠᠲ᠋ᠧᠷᠢᠶᠠᠯ ︵ᠦᠷᠳᠡᠭ ᠤᠨ ᠨᠡᠮᠡᠭᠳᠡᠯ | ᠭᠠᠶᠢᠯᠢ ᠶᠢᠨ ᠪᠠᠷᠢᠮᠲᠠ ᠶᠢ ᠳᠠᠷᠤᠮᠠᠯᠯᠠᠭᠰᠠᠨ ᠡᠳᠦᠷ ᠬᠤᠭᠤᠴᠠᠭ᠎ᠠ ᠠᠴᠠ ᠡᠬᠢᠯᠡᠨ ᠬᠤᠶᠠᠷ ᠵᠢᠯ ᠤᠨ ᠲᠤᠲᠤᠷᠠᠬᠢ ᠶᠢ ᠪᠤᠳᠤᠨ᠎ᠠ︶︔ | | | | ᠬᠤᠶᠠᠳᠤᠭᠠᠷ᠂ ᠵᠣᠭᠤᠰ ᠵᠢᠭᠡᠯᠡᠭᠴᠢ ᠬᠠᠩᠭᠠᠬᠤ ᠴᠢᠬᠤᠯᠠᠲᠠᠢ ᠮᠠᠲ᠋ᠧᠷᠢᠶᠠᠯ ᠨᠢ ᠳᠣᠣᠷᠠᠬᠢ ᠮᠡᠲᠦ᠄ | 1᠂ ᠵᠣᠭᠤᠰ ᠵᠢᠭᠡᠯᠡᠭᠴᠢ ᠶᠢᠨ ᠪᠡᠶ᠎ᠡ ᠶᠢᠨ ᠦᠨᠡᠮᠯᠡᠯ᠂ ᠵᠣᠭᠤᠰ ᠪᠤᠴᠠᠭᠠᠬᠤ ᠪᠠᠩᠬᠢ ᠶᠢᠨ ᠺᠠᠷᠲ ︵ᠳᠤᠮᠳᠠᠳᠤ᠂ ᠲᠠᠷᠢᠶᠠᠯᠠᠩ᠂ ᠪᠦᠲᠦᠭᠡᠨ ᠪᠠᠶᠢᠭᠤᠯᠤᠯᠲᠠ᠂ ᠠᠵᠤ | ᠦᠢᠯᠡᠳᠪᠦᠷᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠮᠥᠷᠲᠡᠭᠡᠨ ᠵᠣᠭᠤᠰ ᠵᠢᠭᠡᠯᠡᠭᠴᠢ ᠶᠢᠨ ᠪᠡᠶ᠎ᠡ ᠶᠢᠨ ᠦᠨᠡᠮᠯᠡᠯ ᠢᠶᠠᠷ ᠳᠠᠩᠰᠠ ᠨᠡᠭᠡᠭᠡᠭᠰᠡᠨ ᠪᠠᠶᠢᠬᠤ | ᠬᠡᠷᠡᠭᠲᠡᠢ︶᠂ ᠡᠷᠦᠬᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ︔ | 2᠂ ᠤᠷᠤᠬ ᠤᠨ ᠪᠠᠶᠢᠳᠠᠯ ᠤᠨ ᠭᠡᠷᠡᠴᠢ ︵ᠤᠷᠤᠭᠯᠠᠭᠰᠠᠳ ᠤᠷᠤᠬ ᠤᠨ ᠦᠨᠡᠮᠯᠡᠯ ᠤᠨ ᠤᠭ ᠮᠠᠲ᠋ᠧᠷᠢᠶᠠᠯ ᠬᠠᠩᠭᠠᠬᠤ ᠬᠡᠷᠡᠭᠲᠡᠢ︔ ᠤᠷᠤᠭ ᠰᠠᠯᠤᠭᠰᠠᠳ ᠤᠷᠤᠭ | ᠰᠠᠯᠤᠭᠰᠠᠨ ᠦᠨᠡᠮᠯᠡᠯ ᠤᠨ ᠤᠭ ᠮᠠᠲ᠋ᠧᠷᠢᠶᠠᠯ ᠪᠠ ᠠᠪᠠᠯᠢ ᠶᠢᠨ ᠡᠷᠦᠬᠡ ᠠᠮᠠ ᠶᠢᠨ ᠳᠠᠩᠰᠠ ᠪᠠᠨ ᠰᠢᠯᠵᠢᠭᠦᠯᠵᠦ ᠭᠠᠷᠭᠠᠭᠰᠠᠨ ᠭᠡᠷᠡᠴᠢ᠂ ᠬᠤᠯᠪᠣᠰᠤ ᠪᠠᠨ | ᠠᠯᠳᠠᠭᠰᠠᠳ ᠬᠤᠯᠪᠣᠰᠤ ᠶᠢᠨ ᠦᠬᠦᠭᠰᠡᠨ ᠭᠡᠷᠡᠴᠢ ᠪᠤᠶᠤ ᠭᠠᠯ ᠢᠶᠠᠷ ᠳᠡᠭᠳᠡᠭᠡᠭᠰᠡᠨ ᠭᠡᠷᠡᠴᠢ ᠶᠢᠨ ᠤᠭ ᠮᠠᠲ᠋ᠧᠷᠢᠶᠠᠯ ᠬᠠᠩᠭᠠᠬᠤ ᠬᠡᠷᠡᠭᠲᠡᠢ︶︔ | 3᠂ ᠠᠷᠠᠳ ᠤᠨ ᠪᠠᠩᠬᠢ ᠶᠢᠨ ᠭᠠᠷᠭᠠᠭᠰᠠᠨ ᠬᠤᠪᠢ ᠬᠥᠮᠥᠨ ᠤ ᠢᠲᠡᠭᠡᠮᠵᠢ ᠶᠢᠨ ᠮᠡᠳᠡᠭᠦᠯᠦᠯᠲᠡ ᠶᠢᠨ ᠨᠠᠷᠢᠨ ᠬᠡᠪᠯᠡᠯ ᠨᠢᠭᠡ ᠬᠤᠪᠢ ᠪᠢᠴᠢᠵᠦ᠂ ᠲᠤᠬᠠᠢ ᠶᠢᠨ | ᠭᠠᠵᠠᠷ ᠲᠤᠨᠢ ᠳᠠᠷᠤᠮᠠᠯᠯᠠᠨ᠎ᠠ ︵ᠲᠤᠰ ᠮᠡᠳᠡᠭᠦᠯᠦᠯᠲᠡ ᠪᠣᠯ ᠬᠤᠪᠢ ᠬᠥᠮᠥᠨ ᠤ ᠥᠷᠢᠲᠦᠯ ᠤᠨ ᠪᠠᠶᠢᠳᠠᠯ ᠤᠨ ᠴᠣᠷ ᠤᠨ ᠭᠠᠭᠴᠠ ᠭᠡᠷᠡᠴᠢᠯᠡᠯ ᠤᠨ ᠮᠠᠲ᠋ᠧᠷᠢᠶᠠᠯ | ᠪᠣᠯᠣᠨ᠎ᠠ︶ | 4᠂ ᠵᠣᠭᠤᠰ ᠬᠤᠷᠢᠶᠠᠬᠤ ᠳᠠᠩᠰᠠᠨ ᠨᠣᠮᠧᠷ ᠵᠢᠴᠢ ᠳᠠᠩᠰᠠ ᠨᠡᠭᠡᠭᠡᠭᠰᠡᠨ ᠪᠠᠩᠬᠢ ᠶᠢᠨ ᠮᠡᠳᠡᠭᠡ ᠵᠠᠩᠭᠢ ︵ᠬᠤᠪᠢ ᠬᠥᠮᠥᠨ ᠤ ᠳᠠᠩᠰᠠᠨ ᠳᠡᠭᠡᠷ᠎ᠡ ᠵᠣᠭᠤᠰ ᠰᠠᠯᠭᠠᠨ | ᠦᠭᠬᠦ ᠳᠤ ᠬᠤᠪᠢ ᠬᠥᠮᠥᠨ ᠤ ᠨᠢᠭᠡᠳᠦᠭᠡᠷ ᠲᠥᠷᠥᠯ ᠤᠨ ᠺᠠᠷᠲ ᠬᠠᠩᠭᠠᠬᠤ ᠬᠡᠷᠡᠭᠲᠡᠢ︔ ᠨᠡᠭᠡᠭᠡᠭᠰᠡᠨ ᠬᠤᠳᠠᠯᠳᠤᠭᠠᠴᠢᠨ ᠤ ᠲᠠᠩᠰᠠᠨ ᠳᠡᠭᠡᠷ᠎ᠡ ᠵᠤᠭᠤᠰ ᠰᠠᠯᠭᠠᠨ | ᠥᠭᠬᠦ ᠳᠤ ᠨᠡᠭᠡᠭᠡᠭᠰᠡᠨ ᠬᠤᠳᠠᠯᠳᠤᠭᠠᠴᠢᠨ ᠤ ᠳᠠᠩᠰᠠᠯᠠᠭᠤᠯᠤᠭᠰᠠᠨ ᠳᠠᠩᠰᠠ ᠶᠢ ᠬᠠᠩᠭᠠᠬᠤ ᠬᠡᠷᠡᠭᠲᠡᠢ︶︔ | 5᠂ ᠵᠢᠭᠡᠯᠡᠯᠭᠡ ᠠᠪᠤᠭᠰᠠᠨ ᠣᠨ ᠵᠢᠯ ᠬᠢᠭᠡᠳ ᠵᠣᠭᠤᠰ ᠵᠢᠭᠡᠯᠡᠭᠴᠢ ᠶᠢᠨ ᠨᠠᠰᠤᠨ ᠤ ᠨᠡᠶᠢᠯᠡᠪᠦᠷᠢ ᠨᠢ ᠪᠦᠬᠦᠯᠢ 50 ᠨᠠᠰᠤᠨ ᠠᠴᠠ ᠬᠡᠲᠦᠷᠡᠭᠰᠡᠨ ᠡᠮᠡᠭᠲᠡᠢ ᠠᠵᠢᠯᠲᠠᠨ | ᠠᠵᠢᠯᠴᠢᠨ᠂ ᠳᠦᠷᠢᠮᠲᠦ ᠬᠤᠪᠢ ᠬᠥᠮᠥᠨ ᠤ ᠺᠠᠳ᠋ᠷ ᠤᠨ ᠨᠠᠮᠲᠠᠷ ᠤᠨ ᠬᠦᠰᠦᠨᠦᠭ ᠬᠠᠩᠭᠠᠬᠤ ᠴᠢᠬᠤᠯᠠᠲᠠᠢ ︵ᠠᠵᠢᠯᠯᠠᠵᠤ ᠪᠠᠶᠢᠭ᠎ᠠ ᠨᠢᠭᠡᠴᠢ ᠨᠢ ᠬᠠᠩᠭᠠᠵᠤ ᠳᠡᠶᠢᠯᠬᠦ | ᠦᠭᠡᠢ ᠪᠣᠯ᠂ ᠵᠣᠭᠤᠰ ᠵᠢᠭᠡᠯᠡᠭᠴᠢ ᠶᠢᠨ ᠠᠵᠢᠯᠯᠠᠵᠤ ᠪᠠᠶᠢᠭ᠎ᠠ ᠨᠢᠭᠡᠴᠢ ᠶᠢᠨ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠭᠡᠷᠡᠴᠢ ᠭᠠᠷᠭᠠᠵᠤ ᠥᠭᠬᠦ ᠶᠢᠨ ᠬᠠᠮᠲᠤ | ᠠᠵᠢᠯᠯᠠᠵᠤ ᠪᠠᠶᠢᠭ᠎ᠠ ᠨᠢᠭᠡᠴᠢ ᠶᠢᠨ ᠬᠠᠤᠯᠢ ᠶᠢᠨ ᠬᠥᠮᠥᠨ ᠢᠶᠠᠷ ᠭᠠᠷ ᠤᠨ ᠦᠰᠦᠭ ᠵᠢᠷᠤᠭᠤᠯᠵᠤ ᠨᠤᠲᠠᠯᠠᠭᠤᠯᠤᠨ᠎ᠠ︶︔ ᠪᠦᠬᠦᠯᠢ 60 ᠨᠠᠰᠤ ᠬᠦᠷᠦᠭᠡᠳ | ᠠᠵᠢᠯ ᠠᠴᠠ ᠪᠠᠨ ᠪᠠᠭᠤᠵᠤ ᠠᠮᠠᠷᠠᠭᠰᠠᠨ ᠡᠮᠡᠭᠲᠡᠢ ᠠᠵᠢᠯᠲᠠᠨ ᠠᠵᠢᠯᠴᠢᠨ ︵ᠳᠡᠳ᠋︶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠤᠭ | ᠮᠠᠲ᠋ᠧᠷᠢᠶᠠᠯ ᠪᠤᠶᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠠᠭᠤᠯᠪᠤᠷᠢ ︵ᠨᠢᠭᠡᠴᠢ ᠶᠢᠨ ᠠᠯᠪᠠᠨ | ᠲᠠᠮᠠᠭ᠎ᠠ ᠳᠠᠷᠤᠨ᠎ᠠ︶ ᠬᠠᠩᠭᠠᠬᠤ ᠶᠢᠨ ᠬᠠᠮᠲᠤ ᠲᠣᠰ ᠠᠵᠢᠯᠲᠠᠨ ᠠᠵᠢᠯᠴᠢᠨ ᠤ ᠪᠦᠬᠦᠯᠢ 60 ᠨᠠᠰᠤ ᠬᠦᠷᠦᠭᠡᠳ ᠠᠵᠢᠯ ᠠᠴᠠ ᠪᠠᠨ ᠪᠠᠭᠤᠵᠤ ᠠᠮᠠᠷᠠᠭᠰᠠᠨ | ᠨᠢᠭᠡᠴᠢ ᠶᠢᠨ ᠬᠠᠤᠯᠢ ᠶᠢᠨ ᠬᠥᠮᠥᠨ ᠤ ᠭᠠᠷ ᠤᠨ ᠥᠰᠥᠭ ᠵᠢᠷᠤᠵᠤ ᠨᠤᠲᠠᠯᠠᠭᠰᠠᠨ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠢ︔ | 6᠂ ᠵᠣᠭᠤᠰ ᠵᠢᠭᠡᠯᠡᠭᠴᠢ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠭᠰᠠᠨ ᠭᠠᠵᠠᠷ ᠤᠨ ᠡᠷᠦᠬᠡ ᠠᠮᠠ ᠶᠢᠨ ᠳᠠᠩᠰᠠ ᠦᠭᠡᠢ | ᠪᠣᠯ᠂ ᠡᠷᠦᠬᠡ ᠠᠮᠠ ᠪᠠᠶᠢᠭ᠎ᠠ ᠭᠠᠵᠠᠷ ᠤᠨ ᠭᠡᠷ ᠬᠥᠷᠥᠩᠭᠡ ᠶᠢᠨ ᠰᠠᠯᠠᠭ᠎ᠠ ᠮᠥᠴᠢᠷ ᠢᠶᠠᠷ ᠲᠤᠰ ᠬᠥᠮᠥᠨ ᠵᠢᠴᠢ ᠠᠳᠠᠯᠢ ᠡᠷᠦᠬᠡ ᠠᠮᠠ ᠶᠢᠨ ᠳᠠᠩᠰᠠᠨ ᠳᠠᠬᠢ | ᠦᠰᠪᠦᠷᠢ ᠶᠢᠨ ᠬᠡᠦᠬᠡᠳ ᠤᠨ ᠭᠡᠷ ᠪᠠᠶᠢᠰᠢᠩ ᠤᠨ ᠲᠤᠭ᠎ᠠ ᠶᠢᠨ ᠭᠡᠷᠡᠴᠢ ᠪᠢᠴᠢᠭᠦᠯᠬᠦ ᠬᠡᠷᠡᠭᠲᠡᠢ︔ | 7. ᠲᠦᠩᠯᠢᠶᠣᠣ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠭᠠᠳᠠᠨᠠᠬᠢ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠭᠰᠠᠨ | ᠠᠵᠢᠯᠲᠠᠨ ᠠᠵᠢᠯᠴᠢᠨ᠂ ᠲᠦᠩᠯᠢᠶᠣᠣ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠭᠡᠷ ᠪᠠᠶᠢᠰᠢᠩ ᠬᠤᠳᠠᠯᠳᠤᠨ ᠠᠪᠬᠤ ᠶᠢᠨ ᠬᠠᠮᠲᠤ ᠣᠨᠳᠣᠣ | ᠭᠠᠵᠠᠷ ᠲᠤ ᠵᠢᠭᠡᠯᠡᠯᠭᠡ ᠭᠤᠶᠤᠴᠢᠯᠠᠬᠤ ᠳᠤ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠭᠰᠠᠨ ᠭᠠᠵᠠᠷ ᠤᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠠᠷᠭᠠᠭᠰᠠᠨ ︽ᠣᠨᠳᠣᠣ ᠭᠠᠵᠠᠷ ᠲᠤ ᠵᠢᠭᠡᠯᠡᠯᠭᠡ | ᠵᠢᠭᠡᠯᠡᠭᠰᠡᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠭᠰᠠᠨ ᠭᠡᠷᠡᠴᠢ︾᠂ ᠵᠢᠭᠡᠯᠡᠯᠭᠡ | ᠭᠤᠶᠤᠴᠢᠯᠠᠬᠤ ᠠᠴᠠ ᠡᠮᠦᠨ᠎ᠡ ᠵᠢᠷᠭᠤᠭᠠᠨ ᠰᠠᠷ᠎ᠠ ᠳᠠᠷᠠᠭᠠᠯᠠᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠭᠰᠠᠨ ᠴᠤᠪᠤᠷᠠᠯ | ᠳᠠᠩᠰᠠ ᠵᠢᠴᠢ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠭᠰᠠᠨ ᠭᠠᠵᠠᠷ ᠤᠨ ᠭᠡᠷ ᠬᠥᠷᠥᠩᠭᠡ ᠪᠠ ᠥᠯᠥ ᠬᠥᠳᠡᠯᠬᠦ | ᠬᠥᠷᠥᠩᠭᠡ ᠶᠢᠨ ᠰᠠᠯᠠᠭ᠎ᠠ ᠮᠥᠴᠢᠷ ᠤᠨ ᠭᠠᠷᠭᠠᠭᠰᠠᠨ ᠭᠡᠷ ᠪᠠᠶᠢᠰᠢᠩ ᠤᠨ ᠲᠤᠭ᠎ᠠ ᠶᠢᠨ ᠭᠡᠷᠡᠴᠢ ᠬᠠᠩᠭᠠᠬᠤ ᠬᠡᠷᠡᠭᠲᠡᠢ᠃ ᠵᠣᠭᠤᠰ ᠵᠢᠭᠡᠯᠡᠭᠴᠢ ᠨᠢ ᠵᠠᠰᠠᠭ ᠵᠠᠬᠢᠷᠭ᠎ᠠ | ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠪᠠᠶᠢᠪᠠᠯ᠂ ᠠᠵᠢᠯᠯᠯᠠᠵᠤ ᠪᠠᠶᠢᠭ᠎ᠠ ᠨᠢᠭᠡᠴᠢ ᠶᠢᠨ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ | ᠭᠠᠷᠭᠠᠭᠰᠠᠨ ᠵᠢᠩᠬᠢᠨᠢ ᠣᠷᠣᠨ ᠲᠤᠭ᠎ᠠ ᠳᠤ ᠪᠠᠶᠢᠭ᠎ᠠ ᠠᠵᠢᠯ ᠤᠨ ᠪᠠᠶᠢᠷᠢ ᠳᠤ ᠪᠠᠶᠢᠬᠤ ᠭᠡᠷᠡᠴᠢ ᠮᠠᠲ᠋ᠧᠷᠢᠶᠠᠯ ᠬᠠᠩᠭᠠᠬᠤ ᠴᠢᠬᠤᠯᠠᠲᠠᠢ ᠪᠠᠶᠢᠵᠤ᠂ ᠠᠵᠢᠯᠯᠠᠵᠤ ᠪᠠᠶᠢᠭ᠎ᠠ | ᠨᠢᠭᠡᠴᠢ ᠶᠢᠨ ᠬᠠᠤᠯᠢ ᠶᠢᠨ ᠬᠥᠮᠥᠨ ᠢᠶᠠᠷ ᠭᠠᠷ ᠤᠨ ᠦᠰᠦᠭ ᠵᠢᠷᠤᠭᠤᠯᠵᠤ ᠨᠢᠭᠡᠴᠢ ᠶᠢᠨ ᠠᠯᠪᠠᠨ ᠲᠠᠮᠠᠭ᠎ᠠ ᠳᠠᠷᠤᠵᠤ ᠨᠤᠲᠠᠯᠠᠭᠤᠯᠬᠤ ᠬᠡᠷᠡᠭᠲᠡᠢ᠃ ︵ᠲᠠᠶᠢᠯᠪᠤᠷᠢ᠄ | ᠣᠨᠳᠣᠣ ᠭᠠᠵᠠᠷ ᠲᠤ ᠵᠢᠭᠡᠯᠡᠯᠭᠡ ᠭᠤᠶᠤᠴᠢᠯᠠᠭᠰᠠᠨ ᠵᠣᠭᠤᠰ ᠵᠢᠭᠡᠯᠡᠭᠴᠢ ᠪᠤᠶᠤ ᠬᠤᠯᠪᠣᠰᠤ ᠶᠢᠨ ᠨᠠᠭᠠᠲᠤ ᠵᠠᠬ᠎ᠠ ᠳᠠᠭᠠᠨ ᠨᠢᠭᠡ ᠡᠲᠡᠭᠡᠳ ᠨᠢ ᠲᠦᠩᠯᠢᠶᠣᠣ | ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠷᠦᠬᠡ ᠠᠮᠠ ᠶᠢᠨ ᠬᠠᠷᠢᠶ᠎ᠠ ᠲᠠᠢ ᠪᠠᠶᠢᠬᠤ ᠬᠡᠷᠡᠭᠲᠡᠢ︶︔ | | | | ᠭᠤᠷᠪᠠᠳᠤᠭᠠᠷ᠂ ᠵᠣᠭᠤᠰ ᠵᠢᠭᠡᠯᠡᠭᠴᠢ ᠶᠢᠨ ᠬᠤᠯᠪᠣᠰᠤ ᠶᠢᠨ ᠬᠠᠩᠭᠠᠬᠤ ᠴᠢᠬᠤᠯᠠᠲᠠᠢ ᠮᠠᠲ᠋ᠧᠷᠢᠶᠠᠯ ᠨᠢ ᠳᠣᠣᠷᠠᠬᠢ ᠮᠡᠲᠦ᠄ | 1᠂ ᠵᠣᠭᠤᠰ ᠵᠢᠭᠡᠯᠡᠭᠴᠢ ᠶᠢᠨ ᠬᠤᠯᠪᠣᠰᠤ ᠬᠤᠪᠢ ᠬᠥᠮᠥᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ ᠬᠠᠩᠭᠠᠬᠤ ᠬᠡᠷᠡᠭᠲᠡᠢ︔ | 2᠂ ᠬᠡᠷᠪᠡ ᠬᠤᠯᠪᠣᠰᠤ ᠨᠢ ᠪᠤᠰᠤᠳ ᠲᠥᠪ ᠲᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠭᠰᠠᠨ ᠪᠠᠶᠢᠪᠠᠯ᠂ ᠬᠤᠯᠪᠣᠰᠤ ᠶᠢᠨ ᠲᠤᠰᠢᠶᠠᠭᠰᠠᠨ ᠰᠠᠯᠠᠭ᠎ᠠ | ᠮᠥᠴᠢᠷ ᠤᠨ ᠭᠠᠷᠭᠠᠭᠰᠠᠨ ︽ᠣᠨᠳᠣᠣ ᠭᠠᠵᠠᠷ ᠲᠤ ᠵᠢᠭᠡᠯᠡᠯᠭᠡ ᠵᠢᠭᠡᠯᠡᠬᠦ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠲᠤᠰᠢᠶᠠᠭᠰᠠᠨ ᠭᠡᠷᠡᠴᠢ︾᠂ ᠵᠢᠭᠡᠯᠡᠯᠭᠡ ᠭᠤᠶᠤᠴᠢᠯᠠᠬᠤ ᠠᠴᠠ ᠡᠮᠦᠨ᠎ᠡ ᠵᠢᠷᠭᠤᠭᠠᠨ ᠰᠠᠷ᠎ᠠ ᠳᠠᠷᠠᠭᠠᠯᠠᠭᠰᠠᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠲᠤᠰᠢᠶᠠᠭᠰᠠᠨ ᠴᠤᠪᠤᠷᠠᠯ ᠳᠠᠩᠰᠠ ᠵᠢᠴᠢ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠭᠰᠠᠨ | ᠭᠠᠵᠠᠷ ᠤᠨ ᠭᠡᠷ ᠬᠥᠷᠥᠩᠭᠡ ᠪᠠ ᠥᠯᠥ ᠬᠥᠳᠡᠯᠬᠦ ᠬᠥᠷᠥᠩᠭᠡ ᠶᠢᠨ ᠰᠠᠯᠠᠭ᠎ᠠ ᠮᠥᠴᠢᠷ ᠤᠨ ᠭᠠᠷᠭᠠᠭᠰᠠᠨ ᠭᠡᠷ ᠪᠠᠶᠢᠰᠢᠩ ᠤᠨ ᠲᠣᠭᠠᠨ ᠤ ᠭᠡᠷᠡᠴᠢ ᠬᠠᠩᠭᠠᠬᠤ ᠬᠡᠷᠡᠭᠲᠡᠢ | ︔ | 3᠂ ᠠᠷᠠᠳ ᠤᠨ ᠪᠠᠩᠬᠢ ᠶᠢᠨ ᠭᠠᠷᠭᠠᠭᠰᠠᠨ ᠬᠤᠪᠢ ᠬᠥᠮᠥᠨ ᠤ ᠢᠲᠡᠭᠡᠮᠵᠢ ᠶᠢᠨ ᠮᠡᠳᠡᠭᠦᠯᠦᠯᠲᠡ ᠶᠢᠨ ᠨᠠᠷᠢᠨ ᠬᠡᠪᠯᠡᠯ ᠨᠢᠭᠡ ᠬᠤᠪᠢ ᠪᠢᠴᠢᠵᠦ᠂ ᠲᠤᠬᠠᠢ ᠶᠢᠨ | ᠭᠠᠵᠠᠷ ᠲᠤᠨᠢ ᠳᠠᠷᠤᠮᠠᠯᠯᠠᠨ᠎ᠠ ︵ᠲᠤᠰ ᠮᠡᠳᠡᠭᠦᠯᠦᠯᠲᠡ ᠪᠣᠯ ᠬᠤᠪᠢ ᠬᠥᠮᠥᠨ ᠤ ᠥᠷᠢᠲᠦᠯ ᠤᠨ ᠪᠠᠶᠢᠳᠠᠯ ᠤᠨ ᠴᠣᠷ ᠤᠨ ᠭᠠᠭᠴᠠ ᠭᠡᠷᠡᠴᠢᠯᠡᠯ ᠤᠨ ᠮᠠᠲ᠋ᠧᠷᠢᠶᠠᠯ | ᠪᠣᠯᠣᠨ᠎ᠠ︶ | 4᠂ ᠵᠣᠭᠤᠰ ᠵᠢᠭᠡᠯᠡᠭᠴᠢ ᠶᠢᠨ ᠬᠤᠯᠪᠣᠰᠤ ᠵᠢᠭᠡᠯᠡᠯᠭᠡ ᠵᠢᠭᠡᠯᠡᠬᠦ ᠭᠠᠵᠠᠷ ᠤᠨ ᠡᠷᠦᠬᠡ ᠠᠮᠠ ᠶᠢᠨ ᠳᠠᠩᠰᠠ ᠪᠢᠰᠢ ᠪᠣᠯ᠂ ᠡᠷᠦᠬᠡ ᠠᠮᠠ ᠪᠠᠶᠢᠭ᠎ᠠ ᠭᠠᠵᠠᠷ ᠤᠨ ᠭᠡᠷ | ᠬᠥᠷᠥᠩᠭᠡ ᠶᠢᠨ ᠰᠠᠯᠠᠭ᠎ᠠ ᠮᠥᠴᠢᠷ ᠠᠴᠠ ᠭᠠᠷᠭᠠᠭᠰᠠᠨ ᠲᠤᠰ ᠬᠥᠮᠥᠨ ᠵᠢᠴᠢ ᠠᠳᠠᠯᠢ ᠡᠷᠦᠬᠡ ᠠᠮᠠ ᠶᠢᠨ ᠳᠠᠩᠰᠠᠨ ᠳᠡᠭᠡᠷᠡᠬᠢ ᠦᠰᠪᠦᠷᠢ ᠶᠢᠨ ᠬᠡᠦᠬᠡᠳ ᠤᠨ ᠭᠡᠷ | ᠪᠠᠶᠢᠰᠢᠩ ᠤᠨ ᠲᠣᠭᠠᠨ ᠤ ᠭᠡᠷᠡᠴᠢ ᠪᠢᠴᠢᠭᠦᠯᠬᠦ ᠬᠡᠷᠡᠭᠲᠡᠢ︔ | | | ᠳᠦᠷᠪᠡᠳᠦᠭᠡᠷ᠂ ᠪᠠᠷᠢᠴᠠᠭᠠᠯᠠᠭᠴᠢ ︵ᠪᠠᠷᠢᠴᠠᠭᠠᠯᠠᠭᠰᠠᠨ ᠭᠡᠷ ᠬᠥᠷᠥᠩᠭᠡ ᠶᠢᠨ ᠡᠵᠡᠨ︶ ᠬᠠᠩᠭᠠᠬᠤ ᠴᠢᠬᠤᠯᠠᠲᠠᠢ ᠮᠠᠲ᠋ᠧᠷᠢᠶᠠᠯ ᠨᠢ ᠳᠣᠣᠷᠠᠬᠢ ᠮᠡᠲᠦ᠄ | 1᠂ ᠪᠠᠷᠢᠴᠠᠭᠠᠯᠠᠭᠴᠢ ᠪᠠ ᠪᠠᠷᠢᠴᠠᠭᠠᠯᠠᠭᠴᠢ ᠶᠢᠨ ᠬᠤᠯᠪᠣᠰᠤ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠤᠷᠤᠭ ᠤᠨ ᠪᠠᠶᠢᠳᠠᠯ ᠤᠨ ᠭᠡᠷᠡᠴᠢ ︵ | ᠤᠷᠤᠭᠯᠠᠭᠰᠠᠳ ᠤᠷᠤᠬ ᠤᠨ ᠦᠨᠡᠮᠯᠡᠯ ᠤᠨ ᠤᠭ ᠮᠠᠲ᠋ᠧᠷᠢᠶᠠᠯ ᠬᠠᠩᠭᠠᠬᠤ ᠬᠡᠷᠡᠭᠲᠡᠢ︔ ᠤᠷᠤᠭ ᠰᠠᠯᠤᠭᠰᠠᠳ ᠤᠷᠤᠭ ᠰᠠᠯᠤᠭᠰᠠᠨ ᠦᠨᠡᠮᠯᠡᠯ ᠤᠨ ᠤᠭ ᠮᠠᠲ᠋ᠧᠷᠢᠶᠠᠯ | ᠪᠠ ᠠᠪᠠᠯᠢ ᠶᠢᠨ ᠡᠷᠦᠬᠡ ᠠᠮᠠ ᠶᠢᠨ ᠳᠠᠩᠰᠠ ᠪᠠᠨ ᠰᠢᠯᠵᠢᠭᠦᠯᠵᠦ ᠭᠠᠷᠭᠠᠭᠰᠠᠨ ᠭᠡᠷᠡᠴᠢ᠂ ᠬᠤᠯᠪᠣᠰᠤ ᠪᠠᠨ ᠠᠯᠳᠠᠭᠰᠠᠳ ᠬᠤᠯᠪᠣᠰᠤ ᠶᠢᠨ ᠦᠬᠦᠭᠰᠡᠨ ᠭᠡᠷᠡᠴᠢ ᠪᠤᠶᠤ | ᠭᠠᠯ ᠢᠶᠠᠷ ᠳᠡᠭᠳᠡᠭᠡᠭᠰᠡᠨ ᠭᠡᠷᠡᠴᠢ ᠶᠢᠨ ᠤᠭ ᠮᠠᠲ᠋ᠧᠷᠢᠶᠠᠯ ᠬᠠᠩᠭᠠᠬᠤ ᠬᠡᠷᠡᠭᠲᠡᠢ︶︔ | 2᠂ ᠪᠠᠷᠢᠴᠠᠭᠠᠯᠠᠭᠰᠠᠨ ᠭᠡᠷ ᠪᠠᠶᠢᠰᠢᠩ ᠤᠨ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ︵ᠪᠤᠶᠤ ᠭᠡᠷ ᠪᠠᠶᠢᠰᠢᠩ ᠤᠨ ᠦᠨᠡᠮᠯᠡᠯ︶ ᠤᠨ ᠤᠭ ᠮᠠᠲ᠋ᠧᠷᠢᠶᠠᠯ︔ | | | ᠲᠠᠪᠤᠳᠤᠭᠠᠷ᠂ ᠪᠠᠲᠤᠯᠠᠭᠴᠢ ᠶᠢᠨ ᠬᠠᠩᠭᠠᠬᠤ ᠴᠢᠬᠤᠯᠠᠲᠠᠢ ᠮᠠᠲ᠋ᠧᠷᠢᠶᠠᠯ ᠨᠢ ᠳᠣᠣᠷᠠᠬᠢ ᠮᠡᠲᠦ᠄ | 1᠂ ᠪᠠᠲᠤᠯᠠᠭᠴᠢ ᠶᠢᠨ ᠲᠤᠰ ᠬᠥᠮᠥᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ ᠬᠠᠩᠭᠠᠬᠤ ᠬᠡᠷᠡᠭᠲᠡᠢ︔ | 2᠂ ᠪᠠᠲᠤᠯᠠᠭ᠎ᠠ ᠶᠢᠨ ᠵᠢᠯ ᠬᠤᠭᠤᠴᠠᠭ᠎ᠠ ᠪᠣᠯᠣᠨ ᠪᠠᠲᠤᠯᠠᠭᠴᠢ ᠶᠢᠨ ᠨᠠᠰᠤᠨ ᠤ ᠨᠡᠶᠢᠯᠡᠪᠦᠷᠢ ᠨᠢ ᠪᠦᠬᠦᠯᠢ 50 ᠨᠠᠰᠤᠨ ᠠᠴᠠ ᠬᠡᠲᠦᠷᠡᠭᠰᠡᠨ ᠡᠮᠡᠭᠲᠡᠢ ᠠᠵᠢᠯᠲᠠᠨ | ᠠᠵᠢᠯᠴᠢᠨ᠂ ᠡᠷᠬᠡᠪᠰᠢ ᠳᠦᠷᠢᠮᠲᠦ ᠬᠤᠪᠢ ᠬᠥᠮᠥᠨ ᠤ ᠺᠠᠳ᠋ᠷ ᠤᠨ ᠨᠠᠮᠲᠠᠷ ᠤᠨ ᠬᠦᠰᠦᠨᠦᠭ ᠬᠠᠩᠭᠠᠬᠤ ᠬᠡᠷᠡᠭᠲᠡᠢ ︵ᠬᠠᠩᠭᠠᠵᠤ ᠳᠡᠶᠢᠯᠬᠦ ᠦᠭᠡᠢ ᠪᠣᠯ᠂ ᠠᠵᠢᠯᠯᠠᠵᠤ | ᠪᠠᠶᠢᠭ᠎ᠠ ᠨᠢᠭᠡᠴᠢ ᠶᠢᠨ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠭᠡᠷᠡᠴᠢ ᠭᠠᠷᠭᠠᠵᠤ ᠥᠭᠬᠦ ᠶᠢᠨ ᠬᠠᠮᠲᠤ ᠠᠵᠢᠯᠯᠠᠵᠤ ᠪᠠᠶᠢᠭ᠎ᠠ ᠨᠢᠭᠡᠴᠢ ᠶᠢᠨ ᠬᠠᠤᠯᠢ ᠶᠢᠨ | ᠬᠥᠮᠥᠨ ᠢᠶᠠᠷ ᠭᠠᠷ ᠤᠨ ᠦᠰᠦᠭ ᠵᠢᠷᠤᠭᠤᠯᠵᠤ ᠨᠤᠲᠠᠯᠠᠭᠤᠯᠤᠨ᠎ᠠ︶︔ ᠪᠦᠬᠦᠯᠢ 60 ᠨᠠᠰᠤᠨ ᠳᠤ ᠠᠵᠢᠯ ᠠᠴᠠ ᠪᠠᠨ ᠪᠠᠭᠤᠵᠤ ᠠᠮᠠᠷᠠᠭᠰᠠᠨ ᠡᠮᠡᠭᠲᠡᠢ ᠠᠵᠢᠯᠲᠠᠨ | ᠠᠵᠢᠯᠴᠢᠨ ᠳᠡᠭᠡᠳᠦ ︵ᠳᠡᠳ᠋ ᠳᠡᠭᠡᠳᠦ︶ ᠵᠡᠷᠭᠡ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠤᠭ ᠮᠠᠲ᠋ᠧᠷᠢᠶᠠᠯ ᠪᠤᠶᠤ ᠠᠵᠢᠯᠲᠠᠨ ᠤ ᠶᠠᠪᠤᠳᠠᠯ ᠤᠨ | ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠠᠭᠤᠯᠪᠤᠷᠢ ︵ᠨᠢᠭᠡᠴᠢ ᠶᠢᠨ ᠠᠯᠪᠠᠨ ᠲᠠᠮᠠᠭ᠎ᠠ ᠳᠠᠷᠤᠨ᠎ᠠ︶ ᠬᠠᠩᠭᠠᠬᠤ ᠶᠢᠨ ᠬᠠᠮᠲᠤ ᠲᠣᠰ | ᠠᠵᠢᠯᠲᠠᠨ ᠠᠵᠢᠯᠴᠢᠨ ᠤ ᠪᠦᠬᠦᠯᠢ 60 ᠨᠠᠰᠤᠨ ᠳᠤ ᠠᠵᠢᠯ ᠠᠴᠠ ᠪᠠᠨ ᠪᠠᠭᠤᠵᠤ ᠠᠮᠠᠷᠠᠭᠰᠠᠨ ᠨᠢᠭᠡᠴᠢ ᠶᠢᠨ ᠬᠠᠤᠯᠢ ᠶᠢᠨ ᠬᠥᠮᠥᠨ ᠤ ᠭᠠᠷ ᠤᠨ ᠥᠰᠥᠭ ᠵᠢᠷᠤᠵᠤ | ᠨᠤᠲᠠᠯᠠᠭᠰᠠᠨ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠢ︔ | 3᠂ ᠠᠷᠠᠳ ᠤᠨ ᠪᠠᠩᠬᠢ ᠶᠢᠨ ᠭᠠᠷᠭᠠᠭᠰᠠᠨ ᠬᠤᠪᠢ ᠬᠥᠮᠥᠨ ᠤ ᠢᠲᠡᠭᠡᠮᠵᠢ ᠶᠢᠨ ᠮᠡᠳᠡᠭᠦᠯᠦᠯᠲᠡ ᠶᠢᠨ ᠨᠠᠷᠢᠨ ᠬᠡᠪᠯᠡᠯ ᠨᠢᠭᠡ ᠬᠤᠪᠢ ᠪᠢᠴᠢᠵᠦ᠂ ᠲᠤᠬᠠᠢ ᠶᠢᠨ | ᠭᠠᠵᠠᠷ ᠲᠤᠨᠢ ᠳᠠᠷᠤᠮᠠᠯᠯᠠᠨ᠎ᠠ ︵ᠲᠤᠰ ᠮᠡᠳᠡᠭᠦᠯᠦᠯᠲᠡ ᠪᠣᠯ ᠬᠤᠪᠢ ᠬᠥᠮᠥᠨ ᠤ ᠥᠷᠢᠲᠦᠯ ᠤᠨ ᠪᠠᠶᠢᠳᠠᠯ ᠤᠨ ᠴᠣᠷ ᠤᠨ ᠭᠠᠭᠴᠠ ᠭᠡᠷᠡᠴᠢᠯᠡᠯ ᠤᠨ ᠮᠠᠲ᠋ᠧᠷᠢᠶᠠᠯ | ᠪᠣᠯᠣᠨ᠎ᠠ︶ | | | ᠢᠯᠡᠷᠬᠡᠶᠢᠯᠡᠯ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠦᠩᠬᠦ ᠲᠤᠰᠢᠶᠠᠭᠰᠠᠨ ᠠᠵᠢᠯᠲᠠᠨ ᠠᠵᠢᠯᠴᠢᠨ ᠲᠣᠰ ᠮᠡᠳᠡᠭᠳᠡᠯ ᠳᠠᠬᠢ ᠠᠭᠤᠯᠭ᠎ᠠ ᠶᠢᠨ ᠶᠣᠰᠣᠭᠠᠷ ᠵᠢᠭᠡᠯᠡᠯᠭᠡ ᠭᠤᠶᠤᠴᠢᠯᠠᠬᠤ ᠮᠠᠲ᠋ᠧᠷᠢᠶᠠᠯ ᠢᠶᠠᠨ ᠪᠦᠷᠢᠨ ᠭᠦᠢᠴᠡᠳ | ᠪᠡᠯᠡᠳᠬᠡᠭᠰᠡᠨ ᠤ ᠳᠠᠷᠠᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠭᠦᠢᠴᠡᠳᠬᠡᠨ᠎ᠡ᠃ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠳᠤ ᠭᠡᠷ ᠪᠦᠯᠢ ᠶᠢᠨ ᠭᠤᠷᠪᠠᠳᠤᠭᠠᠷ ᠤᠳᠠᠭ᠎ᠠ ᠵᠢᠴᠢ ᠲᠡᠭᠦᠨ ᠠᠴᠠ ᠳᠡᠭᠡᠭᠰᠢᠬᠢ ᠵᠢᠭᠡᠯᠡᠯᠭᠡ | ᠲᠠᠯᠪᠢᠬᠤ ᠶᠢ ᠨᠢᠭᠡᠨᠲᠡ ᠵᠣᠭᠰᠣᠭᠠᠵᠤ᠂ ᠣᠲᠣ ᠶᠢᠨ ᠪᠠᠶᠢᠭ᠎ᠠ ᠭᠤᠷᠪᠠᠳᠤᠭᠠᠷ ᠢᠵᠢ ᠵᠢᠴᠢ ᠲᠡᠭᠦᠨ ᠠᠴᠠ ᠳᠡᠭᠡᠭᠰᠢᠬᠢ ᠤᠷᠤᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠬᠦ ᠲᠤᠰᠢᠶᠠᠭᠰᠠᠨ ᠠᠵᠢᠯᠲᠠᠨ ᠠᠵᠢᠯᠴᠢᠨ ᠤ ᠭᠡᠷ ᠪᠦᠯᠢ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠵᠢᠭᠡᠯᠡᠯᠭᠡ ᠲᠠᠯᠪᠢᠬᠤ ᠶᠢ ᠵᠤᠭᠰᠤᠭᠠᠪᠠ᠃ ᠬᠡᠷᠪᠡ ᠭᠡᠷ ᠪᠠᠶᠢᠰᠢᠩ ᠬᠤᠳᠠᠯᠳᠤᠨ ᠠᠪᠤᠭᠰᠠᠨ ᠪᠣᠳᠠᠲᠤ ᠶᠠᠪᠤᠳᠠᠯ ᠣᠷᠣᠰᠢᠬᠤ ᠦᠭᠡᠢ᠂ ᠬᠤᠳᠠᠯ ᠬᠠᠭᠤᠷᠮᠠᠭ ᠮᠡᠳᠡᠭᠡ | ᠵᠠᠩᠭᠢ ᠬᠠᠩᠭᠠᠬᠤ᠂ ᠮᠠᠲ᠋ᠧᠷᠢᠶᠠᠯ ᠬᠠᠩᠭᠠᠬᠤ ᠳᠤ ᠬᠠᠭᠤᠷᠮᠠᠭᠯᠠᠨ ᠤᠷᠤᠭᠤᠯᠬᠤ᠂ ᠬᠠᠭᠤᠷᠮᠠᠭᠯᠠᠨ ᠵᠣᠬᠢᠶᠠᠬᠤ ᠦᠵᠡᠭᠳᠡᠯ ᠭᠠᠷᠪᠠᠯ ᠵᠢᠭᠡᠯᠡᠯᠭᠡ ᠮᠡᠬᠡᠯᠡᠭᠰᠡᠨ ᠦᠶᠯᠡ | ᠠᠵᠢᠯᠯᠠᠭ᠎ᠠ ᠳᠤ ᠲᠣᠭᠠᠴᠠᠭᠳᠠᠨ᠎ᠠ᠂ ᠡᠨᠡ ᠶᠠᠪᠤᠳᠠᠯ ᠢ ᠢᠯᠡᠷᠡᠭᠦᠯᠦᠭᠰᠡᠨ ᠪᠠᠶᠢᠪᠠᠯ᠂ ᠮᠠᠨ ᠤ ᠲᠦᠪ ᠵᠢᠭᠡᠯᠡᠯᠭᠡ ᠶᠢᠨ ᠭᠤᠶᠤᠴᠢᠯᠠᠯ ᠢ ᠳᠠᠭᠢᠵᠤ ᠭᠥᠯᠢᠶᠡᠨ ᠠᠪᠴᠤ | ᠰᠢᠢᠳᠪᠦᠷᠢᠯᠡᠬᠦ ᠦᠭᠡᠢ᠂ 5 ᠵᠢᠯ ︵ᠪᠠᠭᠲᠠᠨ᠎ᠠ︶ ᠤᠨ ᠳᠣᠲᠣᠷ᠎ᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠪᠠ ᠵᠢᠭᠡᠯᠡᠯᠭᠡ ᠵᠢᠭᠡᠯᠡᠬᠦ | ᠲᠤᠬᠠᠶᠢᠯᠠᠭᠰᠠᠨ ᠠᠵᠢᠯ ᠡᠷᠭᠢᠯᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠡᠷᠬᠡ ᠶᠢ ᠨᠢ ᠦᠯᠡᠳᠡᠭᠡᠨ᠎ᠡ᠃ | | ᠲᠠᠶᠢᠯᠪᠤᠷᠢ᠄ 1᠂ ᠪᠠᠶᠢᠭᠠᠯᠢ ᠬᠥᠮᠥᠨ ᠤ ᠪᠠᠲᠤᠯᠠᠭ᠎ᠠ ᠲᠠᠢ ᠵᠢᠭᠡᠯᠡᠯᠭᠡ ᠳᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ᠂ ᠲᠠᠪᠤᠳᠤᠭᠠᠷ ᠵᠦᠢᠯ ᠤᠨ ᠮᠠᠲ᠋ᠧᠷᠢᠶᠠᠯ | ᠪᠡᠯᠡᠳᠬᠡᠬᠦ ᠴᠢᠬᠤᠯᠠᠲᠠᠢ ︵ᠠᠯᠪᠠᠨ ᠪᠠᠶᠢᠭᠤᠯᠭ᠎ᠠ ᠠᠵᠢᠯ ᠦᠢᠯᠡᠰ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠢᠭᠡᠴᠢ ᠶᠢᠨ ᠭᠡᠷ᠎ᠡ ᠶᠢᠨ ᠳᠦᠷᠢᠮ ᠤᠨ | ᠠᠵᠢᠯᠲᠠᠨ ᠠᠵᠢᠯᠴᠢᠨ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠪᠤᠶᠤ ᠣᠨᠳᠣᠣ | ᠭᠠᠵᠠᠷ ᠲᠤ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠨᠥᠬᠦᠴᠡᠯ ᠳᠤ | ᠨᠡᠶᠢᠴᠡᠬᠦ ᠬᠤᠶᠠᠷ ᠪᠠᠲᠤᠯᠠᠭᠴᠢ ᠬᠠᠩᠭᠠᠬᠤ ᠬᠡᠷᠡᠭᠲᠡᠢ︶︔ | 2᠂ ᠪᠠᠷᠢᠴᠠᠭᠠᠯᠠᠬᠤ ᠠᠷᠭ᠎ᠠ ᠮᠠᠶ᠋ᠢᠭ ᠤᠨ ᠵᠢᠭᠡᠯᠡᠯᠭᠡ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ ᠵᠦᠢᠯ ᠤᠨ ᠮᠠᠲ᠋ᠧᠷᠢᠶᠠᠯ ᠪᠡᠯᠡᠳᠬᠡᠬᠦ | ᠴᠢᠬᠤᠯᠠᠲᠠᠢ ︵ᠠᠯᠪᠠᠨ ᠪᠠᠶᠢᠭᠤᠯᠭ᠎ᠠ ᠠᠵᠢᠯ ᠦᠢᠯᠡᠰ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠢᠭᠡᠴᠢ ᠶᠢᠨ ᠭᠡᠷ᠎ᠡ ᠶᠢᠨ ᠳᠦᠷᠢᠮ ᠤᠨ ᠠᠵᠢᠯᠲᠠᠨ | ᠠᠵᠢᠯᠴᠢᠨ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠪᠤᠶᠤ ᠣᠨᠳᠣᠣ ᠭᠠᠵᠠᠷ ᠲᠤ ᠤᠷᠤᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠷᠢᠴᠠᠭᠠᠯᠠᠬᠤ ᠭᠡᠷ ᠬᠥᠷᠥᠩᠭᠡ ᠶᠢᠨ | ᠪᠠᠷᠢᠴᠠᠭᠠᠯᠠᠬᠤ ᠥᠷᠳᠡᠭ ᠬᠠᠮᠤᠭ ᠤᠨ ᠥᠨᠳᠥᠷ ᠲᠡᠭᠡᠨ ᠪᠠᠷᠢᠴᠠᠭᠠᠯᠠᠬᠤ ᠭᠡᠷ ᠬᠥᠷᠥᠩᠭᠡ ᠶᠢᠨ ᠣᠳᠣᠬᠢ ᠥᠷᠳᠡᠭ ᠤᠨ 50% ᠠᠴᠠ ᠬᠡᠲᠦᠷᠡᠭᠦᠯᠵᠦ ᠪᠣᠯᠬᠤ ᠦᠭᠡᠢ᠃ | ᠬᠡᠷᠪᠡ ᠪᠡᠷᠢᠴᠠᠭᠠᠨ ᠤ ᠥᠷᠲᠡᠭ ᠨᠢ ᠬᠦᠷᠦᠯᠴᠡᠬᠦ ᠦᠭᠡᠢ ᠪᠣᠯ᠂ ᠠᠰᠲᠠᠭᠠᠨ ᠨᠢᠭᠡ ᠭᠡᠷ ᠬᠥᠷᠥᠩᠭᠡ ᠪᠤᠶᠤ ᠪᠠᠲᠤᠯᠠᠭ᠎ᠠ ᠬᠢᠬᠦ ᠨᠥᠬᠦᠴᠡᠯ ᠳᠤ ᠨᠡᠶᠢᠴᠡᠬᠦ ᠵᠠᠰᠠᠭ | ᠵᠠᠬᠢᠷᠭ᠎ᠠ ᠠᠵᠢᠯ ᠦᠢᠯᠡᠰ ᠤᠨ ᠨᠢᠭᠡᠴᠢ ᠳᠤ ᠵᠢᠩᠬᠢᠨᠢ ᠪᠠᠷ ᠣᠷᠣᠨ ᠲᠤᠭ᠎ᠠ ᠲᠠᠢ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠢᠶᠠᠷ ᠪᠠᠲᠤᠯᠠᠭ᠎ᠠ ᠬᠢᠯᠭᠡᠵᠦ | ᠪᠣᠯᠣᠨ᠎ᠠ᠃︶ | 3᠂ ᠳᠠᠭᠠᠭᠠᠯᠲᠠ ᠶᠢᠨ ᠺᠣᠮᠫᠠᠨᠢ ᠪᠠᠷ ᠳᠠᠭᠠᠭᠠᠯᠭᠠᠭᠰᠠᠨ ᠵᠢᠭᠡᠯᠡᠯᠭᠡ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠵᠦᠢᠯ ᠤᠨ ᠮᠠᠲ᠋ᠧᠷᠢᠶᠠᠯ ᠪᠡᠯᠡᠳᠬᠡᠬᠦ ᠬᠡᠷᠡᠭᠲᠡᠢ᠃ | |