﹇ᠰᠣᠷᠪᠤᠯᠵᠢᠯᠠᠭ᠎ᠠ ᠶᠢᠨ ᠨᠡᠷᠡᠶᠢᠳᠦᠯ﹈ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠵᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠶ᠎ᠡ | | ﹇ᠰᠤᠷᠪᠤᠯᠵᠢᠯᠠᠭᠰᠠᠨ ᠴᠠᠭ﹈ 2022-07-05 | | ﹇ᠰᠣᠷᠪᠤᠯᠵᠢᠯᠠᠭ᠎ᠠ ᠬᠦᠯᠢᠶᠡᠭᠴᠢ﹈ ᠨᠠᠢᠮᠠᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦᠢ ᠵᠠᠨ ᠵᠢᠶᠦ᠋ᠨ | | ﹇ᠭᠤᠣᠯ ᠠᠭᠤᠯᠭ᠎ᠠ﹈ ᠨᠠᠢᠮᠠᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠨᠢᠭᠡ | ᠰᠦᠯᠵᠢᠶ᠎ᠡ ᠪᠠᠷ ᠭᠦᠢᠴᠡᠳᠬᠡᠬᠦ᠂ ᠭᠠᠷ ᠤᠲᠠᠰᠤᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ︾ ᠲᠠᠢ | ᠨᠢᠭᠲᠠ ᠤᠶᠠᠯᠳᠤᠭᠤᠯᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠯ ᠢ ᠠᠬᠢᠭᠤᠯᠵᠤ᠂ ᠪᠥᠬᠦ ᠬᠤᠰᠢᠭᠤᠨ ᠤ ᠰᠢᠯᠢᠳᠡᠭ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠳᠠᠬᠢᠨ | ᠰᠢᠯᠢᠳᠡᠭᠵᠢᠭᠦᠯᠵᠦ ᠳᠠᠬᠢᠨ ᠳᠡᠭᠡᠭᠰᠢᠯᠡᠭᠦᠯᠬᠦ ᠶᠢ ᠠᠬᠢᠭᠤᠯᠪᠠ᠃ | | | ﹇ᠬᠥᠲᠥᠯᠥᠭᠴᠢ﹈ ᠥᠨᠥᠳᠥᠷ ᠤᠨ ︽ᠰᠦᠯᠵᠢᠶ᠎ᠡ ᠶᠢᠨ ᠰᠣᠷᠪᠤᠯᠵᠢᠯᠠᠭ᠎ᠠ︾ ᠪᠤᠯᠤᠩ ᠳᠤ ᠤᠷᠢᠭᠳᠠᠭᠰᠠᠨ ᠵᠣᠴᠢᠨ ᠪᠣᠯ ᠬᠤᠰᠢᠭᠤᠨ ᠤ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦᠢ ᠵᠠᠨ ᠵᠢᠶᠦ᠋ᠨ ᠪᠣᠯᠣᠨ᠎ᠠ᠂ | ᠯᠢᠦᠢ ᠱᠦᠵᠢ ᠲᠠ ᠰᠠᠶᠢᠨ ᠦᠦ᠂ ᠮᠠᠨ ᠤ ᠫᠷᠣᠭ᠍ᠷᠠᠮ ᠳᠤ ᠰᠠᠭᠠᠲᠠᠭᠰᠠᠨ ᠳᠤ ᠪᠠᠶᠠᠷᠯᠠᠨ ᠤᠭᠲᠤᠵᠤ ᠪᠠᠶᠢᠨ᠎ᠠ᠃ ᠳᠠᠷᠠᠭ᠎ᠠ ᠪᠠᠷ ᠪᠢᠳᠡ ᠬᠠᠷᠢᠴᠠᠩᠭᠤᠢ ᠪᠠᠷ | ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠮᠦᠩᠬᠡ ᠰᠤᠪᠠᠭ ᠤᠨ ︽ᠳᠥᠷᠪᠡ ᠶᠢ ᠭᠦᠢᠴᠡᠳᠭᠡᠬᠦ︾ | ᠠᠵᠢᠯ᠂ ︽ᠣᠶᠢᠷ᠎ᠠ ᠬᠠᠪᠢ ᠳᠠᠭᠠᠨ ᠭᠦᠢᠴᠡᠳᠭᠡᠬᠦ︾ ᠥᠭᠡᠷᠡᠴᠢᠯᠡᠯᠲᠡ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠠᠵᠢᠯ ᠤᠨ ᠲᠤᠷᠰᠢᠯᠭ᠎ᠠ ᠠᠷᠭ᠎ᠠ ᠬᠡᠮᠵᠢᠶ᠎ᠡ ᠵᠢᠴᠢ ᠣᠯᠣᠭᠰᠠᠨ ᠦᠷ᠎ᠡ ᠪᠦᠲᠦᠮᠵᠢ ᠶᠢᠨ | ᠲᠤᠬᠠᠢ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠰᠦᠯᠵᠢᠶᠡᠴᠢᠨ ᠲᠠᠢ ᠰᠠᠨᠠᠯ ᠢᠶᠠᠨ ᠰᠣᠯᠢᠯᠴᠠᠶ᠎ᠠ᠃ | ﹇ᠯᠢᠦᠢ ᠵᠠᠨ ᠵᠢᠶᠦ᠋ᠨ﹈ ᠲᠠ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠦᠦ︕ | | | | | ﹇ᠬᠥᠲᠥᠯᠥᠭᠴᠢ﹈ ᠥᠪᠡᠷᠲᠡᠭᠡᠨ ᠵᠠᠰᠠᠬᠤ ᠣᠷᠣᠨ ᠤ ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠪᠣᠯᠤᠭᠰᠠᠨ ᠤ ᠬᠤᠪᠢ ᠳᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠲᠠᠯ᠎ᠠ ᠪᠠᠷ ᠶᠠᠮᠠᠷ ᠶᠠᠮᠠᠷ | ᠠᠵᠢᠯ ᠬᠢᠭᠰᠡᠨ ᠪᠤᠶ︖ | ﹇ᠯᠢᠦᠢ ᠵᠠᠨ ᠵᠢᠶᠦ᠋ᠨ﹈ ︽ᠨᠢᠭᠡ ᠪᠦᠯᠦᠭ ᠪᠤᠯᠪᠠᠰᠤᠷᠠᠩᠭᠤᠢ ᠪᠤᠯᠪᠠᠯ ᠨᠢᠭᠡ ᠪᠦᠯᠦᠭ ᠢ ᠰᠢᠯᠵᠢᠭᠦᠯᠬᠦ︾ ᠵᠠᠷᠴᠢᠮ ᠶᠣᠰᠣᠭᠠᠷ᠂ ᠬᠤᠰᠢᠭᠤᠨ ᠤ ᠵᠠᠰᠠᠭ ᠤᠨ ᠣᠷᠳᠣᠨ | ᠬᠤᠶᠠᠷ ᠪᠦᠯᠦᠭ ᠬᠤᠪᠢᠶᠠᠨ ᠮᠠᠨ ᠤ ᠬᠤᠰᠢᠭᠤᠨ ᠤ 16 ᠰᠠᠯᠠᠭ᠎ᠠ ᠮᠥᠴᠢᠷ ᠤᠨ 198 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠮᠠᠨ ᠤ | ᠲᠣᠪᠴᠢᠶ᠎ᠠ ᠳᠤ ᠰᠢᠯᠵᠢᠭᠦᠯᠦᠨ ᠥᠭᠴᠦ᠂ ᠣᠲᠣ 12 ᠰᠠᠯᠠᠭ᠎ᠠ ᠮᠥᠴᠢᠷ ᠤᠨ 162 ᠵᠦᠢᠯ ᠢ ᠭᠥᠯᠢᠶᠡᠨ ᠠᠪᠤᠭᠰᠠᠨ ᠪᠥᠭᠡᠳ ᠨᠠᠢᠮᠠᠨ ᠬᠤᠰᠢᠭᠤᠨ ᠤ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠤᠰᠬᠠᠢ | ᠲᠠᠮᠠᠭ᠎ᠠ ᠶᠢ ᠡᠬᠢᠯᠡᠨ ᠬᠡᠷᠡᠭᠯᠡᠵᠦ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠪᠡᠶᠡᠯᠡᠭᠦᠯᠪᠡ᠃ 2022 ᠣᠨ ᠤ 1 ︱ 6 ᠳ᠋ᠤᠭᠠᠷ | ᠰᠠᠷ᠎ᠠ ᠳᠤ᠂ ᠡᠯ᠎ᠡ ᠲᠥᠷᠥᠯ ᠤᠨ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ ᠨᠡᠶᠢᠲᠡ 12762 ᠬᠤᠪᠢ ᠭᠦᠢᠴᠡᠳᠬᠡᠵᠦ ᠳᠠᠭᠤᠰᠬᠠᠪᠠ᠂ ᠡᠭᠦᠨ ᠳᠤ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠤᠬᠠᠶᠢᠯᠠᠭᠰᠠᠨ ᠠᠵᠢᠯ ᠢ 5366 ᠬᠤᠪᠢ ᠭᠦᠢᠴᠡᠳᠬᠡᠵᠦ᠂ ᠨᠡᠶᠢᠭᠡᠮ ᠤᠨ ᠠᠵᠢᠯ ᠦᠢᠯᠡᠰ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ 7069 ᠬᠤᠪᠢ ᠭᠦᠢᠴᠡᠳᠬᠡᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠵᠦᠢᠯᠡᠰ ᠢ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ 72 ᠬᠤᠪᠢ ᠭᠦᠢᠴᠡᠳᠬᠡᠵᠦ᠂ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ | ᠲᠤᠬᠠᠶᠢᠯᠠᠭᠰᠠᠨ ᠠᠵᠢᠯ ᠢ 255 ᠬᠤᠪᠢ ᠭᠦᠢᠴᠡᠳᠬᠡᠭᠰᠡᠨ ᠪᠠᠶᠢᠨ᠎ᠠ᠃ | | | | | ﹇ᠬᠥᠲᠥᠯᠥᠭᠴᠢ﹈ ᠮᠦᠩᠬᠡ ᠰᠤᠪᠠᠭ ᠤᠨ ︽ᠨᠢᠭᠡ ᠰᠦᠯᠵᠢᠶ᠎ᠡ ᠪᠠᠷ ᠭᠦᠢᠴᠡᠳᠭᠡᠬᠦ︾ ᠶᠢ ᠭᠦᠨᠵᠡᠭᠡᠢ ᠲᠦᠯᠬᠢᠨ ᠠᠬᠢᠭᠤᠯᠬᠤ ᠲᠠᠯ᠎ᠠ ᠪᠠᠷ ᠪᠢᠳᠡ ᠶᠠᠮᠠᠷ ᠶᠠᠮᠠᠷ ᠠᠵᠢᠯ | ᠬᠢᠭᠰᠡᠨ ᠪᠤᠶ︖ | ﹇ᠯᠢᠦᠢ ᠵᠠᠨ ᠵᠢᠶᠦ᠋ᠨ﹈ ᠨᠢᠭᠡ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ 6 ᠲᠤᠰᠬᠠᠢ ᠲᠣᠭᠤᠷᠢᠭ ᠲᠤ 22 ︽ᠶᠡᠷᠦᠩᠬᠡᠶᠢᠯᠡᠭᠰᠡᠨ | ᠴᠤᠩᠬᠤᠪᠴᠢ︾ ᠪᠠᠶᠢᠭᠤᠯᠵᠤ᠂ 39 ᠶᠡᠷᠦᠩᠬᠡᠶᠢᠯᠡᠭᠰᠡᠨ ᠴᠤᠩᠬᠤᠪᠴᠢ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠲᠤᠬᠢᠷᠠᠭᠤᠯᠪᠠ︔ 16 ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ᠂ ᠲᠠᠯᠠᠪᠠᠶ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ︽ᠶᠡᠷᠦᠩᠬᠡᠶᠢᠯᠡᠭᠰᠡᠨ ᠴᠤᠩᠬᠤᠪᠴᠢ︾ | ᠪᠠᠶᠢᠭᠤᠯᠵᠤ᠂ 32 ᠶᠡᠷᠦᠩᠬᠡᠶᠢᠯᠡᠭᠰᠡᠨ ᠴᠤᠩᠬᠤᠪᠴᠢ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠲᠣᠬᠢᠷᠠᠭᠤᠯᠪᠠ︔ 4 ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ 21 ᠲᠤᠷᠰᠢᠯᠲᠠ ᠶᠢᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠳᠤ ︽ | ᠶᠡᠷᠦᠩᠬᠡᠶᠢᠯᠡᠭᠰᠡᠨ ᠴᠤᠩᠬᠤᠪᠴᠢ︾ ᠪᠠᠶᠢᠭᠤᠯᠵᠤ᠂ 21 ᠶᠡᠷᠦᠩᠬᠡᠶᠢᠯᠡᠭᠰᠡᠨ ᠴᠤᠩᠬᠤᠪᠴᠢ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠲᠤᠬᠢᠷᠠᠭᠤᠯᠪᠠ᠃ | ᠬᠤᠶᠠᠷ ᠲᠤ ︽ᠬᠦᠯᠢᠶᠡᠨ ᠠᠪᠤᠪᠠᠰᠤ ᠵᠤᠬᠢᠬᠤ ᠶᠢ ᠪᠦᠷᠢᠮᠦᠰᠦᠨ ᠬᠦᠯᠢᠶᠡᠨ ᠠᠪᠬᠤ︾ ᠵᠠᠷᠴᠢᠮ ᠶᠣᠰᠣᠭᠠᠷ᠂ 41 ᠬᠤᠰᠢᠭᠤᠨ ᠤ ᠰᠢᠭᠤᠳ ᠬᠠᠷᠢᠶ᠎ᠠ ᠰᠠᠯᠠᠭ᠎ᠠ | ᠮᠥᠴᠢᠷ ︵ᠨᠢᠭᠡᠴᠢ︶ ᠨᠢᠭᠡ ᠴᠣᠭᠴᠠᠵᠢᠭᠰᠠᠨ ᠲᠠᠪᠴᠠᠩ ᠳᠡᠭᠡᠷ᠎ᠡ 1679 ᠵᠦᠢᠯ ᠢ ᠬᠦᠯᠢᠶᠡᠨ ᠠᠪᠴᠤ᠂ ᠬᠦᠯᠢᠶᠡᠨ ᠠᠪᠤᠭᠰᠠᠨ ᠨᠣᠷᠮ᠎ᠠ 84.84 % ᠬᠦᠷᠴᠦ᠂ | ᠲᠦᠩᠯᠢᠶᠣᠣ ᠬᠤᠲᠠ ᠶᠢᠨ ᠲᠣᠭᠲᠠᠭᠠᠭᠰᠠᠨ ᠬᠤᠰᠢᠭᠤ ᠰᠢᠶᠠᠨ ᠤ ᠬᠦᠯᠢᠶᠡᠨ ᠠᠪᠬᠤ ᠨᠣᠷᠮ᠎ᠠ 75 % ᠠᠴᠠ ᠬᠡᠲᠦᠷᠡᠭᠰᠡᠨ ᠪᠠᠶᠢᠨ᠎ᠠ᠃ ᠡᠯ᠎ᠡ ᠰᠤᠮᠤ ᠰᠢᠶᠠᠩ | ᠪᠠᠯᠭᠠᠰᠤ ᠲᠠᠯᠠᠪᠠᠶ ᠳᠤᠮᠳᠠᠴᠢ ᠪᠠᠷ 609 ᠵᠦᠢᠯ ᠤᠨ ᠬᠡᠷᠡᠭ ᠶᠠᠪᠤᠳᠠᠯ ᠢ ᠨᠡᠶᠢᠲᠡᠯᠡᠵᠦ᠂ ᠨᠡᠶᠢᠲᠡᠯᠡᠭᠰᠡᠨ ᠨᠣᠷᠮ᠎ᠠ 97.58 % ᠳᠤ ᠬᠦᠷᠴᠡᠢ᠃ ᠭᠤᠷᠪᠠ ᠳᠤ | ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠰᠦᠯᠵᠢᠶ᠎ᠡ ᠪᠠᠷ ᠭᠦᠢᠴᠡᠳᠭᠡᠬᠦ ᠭᠦᠨᠴᠡ ᠶᠢᠨ ᠮᠡᠳᠡᠭᠡ ᠵᠠᠩᠭᠢ ᠨᠡᠶᠢᠲᠡᠯᠡᠬᠦ ᠨᠢᠭᠡᠳᠦᠭᠡᠷ ᠳᠡᠰ ᠤᠨ ᠬᠠᠷᠢᠴᠠᠯ | 100 % ᠳᠤ ᠬᠦᠷᠴᠦ᠂ ᠮᠠᠲ᠋ᠧᠷᠢᠶᠠᠯ ᠢ ᠤᠷᠢᠳᠴᠢᠯᠠᠨ ᠬᠢᠨᠠᠬᠤ ᠬᠤᠶᠠᠳᠤᠭᠠᠷ ᠳᠡᠰ ᠤᠨ ᠬᠠᠷᠢᠴᠠᠯ 97.72 % ᠲᠤ ᠬᠦᠷᠴᠦ᠂ ᠮᠠᠲ᠋ᠧᠷᠢᠶᠠᠯ ᠢ ᠬᠠᠷᠭᠤᠭᠤᠯᠤᠨ | ᠪᠠᠶᠢᠴᠠᠭᠠᠬᠤ ᠭᠤᠷᠪᠠᠳᠤᠭᠠᠷ ᠳᠡᠰ ᠤᠨ ᠬᠠᠷᠢᠴᠠᠯ 87.57 % ᠳᠤ ᠬᠦᠷᠴᠦ᠂ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠭᠡᠬᠦ ᠭᠦᠨᠴᠡ ᠶᠢᠨ ᠬᠤᠶᠠᠳᠤᠭᠠᠷ | ᠳᠡᠰ ᠤᠨ ᠬᠠᠷᠢᠴᠠᠯ 84.24 % ᠬᠦᠷᠴᠡᠢ︔ ᠰᠤᠮᠤ ᠰᠢᠶᠠᠩ ᠪᠠᠯᠭᠠᠰᠤ ᠶᠢᠨ ᠰᠦᠯᠵᠢᠶ᠎ᠡ ᠪᠠᠷ ᠭᠦᠢᠴᠡᠳᠭᠡᠬᠦ ᠭᠦᠨᠴᠡ ᠶᠢᠨ ᠮᠡᠳᠡᠭᠡ ᠵᠠᠩᠭᠢ ᠨᠡᠶᠢᠲᠡᠯᠡᠬᠦ᠂ | ᠮᠠᠲ᠋ᠧᠷᠢᠶᠠᠯ ᠢ ᠤᠷᠢᠳᠴᠢᠯᠠᠨ ᠬᠢᠨᠠᠬᠤ᠂ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ᠂ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠭᠡᠬᠦ ᠭᠦᠨᠴᠡ ᠶᠢᠨ ᠬᠠᠷᠢᠴᠠᠯ | ᠴᠥᠮ ᠲᠦᠩᠯᠢᠶᠣᠣ ᠬᠤᠲᠠ ᠶᠢᠨ ᠲᠣᠭᠲᠠᠭᠠᠭᠰᠠᠨ ᠣᠨ ᠤ ᠭᠦᠢᠴᠡᠳᠬᠡᠯ ᠲᠤᠭ᠎ᠠ ᠠᠴᠠ ᠥᠨᠳᠥᠷ ᠪᠤᠯᠪᠠ᠃ ᠳᠥᠷᠪᠡ ᠳᠤ ᠬᠦᠷᠢᠶ᠎ᠡ ᠴᠠᠷᠠᠭ᠎ᠠ ᠬᠤᠪᠢᠶᠠᠨ ᠪᠦᠬᠦᠨ ᠢ | ᠭᠥᠯᠢᠶᠡᠨ ᠠᠪᠴᠤ ᠰᠢᠢᠳᠪᠦᠷᠢᠯᠡᠬᠦ ᠶᠢ ᠭᠦᠨᠵᠡᠭᠡᠢ ᠠᠬᠢᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠦᠬᠦᠨ ᠢ ᠭᠥᠯᠢᠶᠡᠨ ᠠᠪᠴᠤ ᠰᠢᠢᠳᠪᠦᠷᠢᠯᠡᠬᠦ︾ | ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠲᠣᠪᠴᠢᠶ᠎ᠠ ᠶᠡᠷᠦᠩᠬᠡᠶᠢᠯᠡᠭᠰᠡᠨ ᠴᠤᠩᠬᠤᠪᠴᠢ ᠶᠢᠨ ᠠᠵᠢᠯᠲᠠᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ᠂ | ᠬᠦᠷᠢᠶ᠎ᠡ ᠴᠠᠷᠠᠭ᠎ᠠ ᠬᠤᠪᠢᠶᠠᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠪᠠ ᠲᠤᠰᠬᠠᠢ ᠲᠣᠭᠤᠷᠢᠭ ᠲᠤ ︽ᠵᠥᠷᠢᠶ᠎ᠡ ᠦᠭᠡᠢ︾ ᠪᠦᠬᠦᠨ ᠢ ᠭᠥᠯᠢᠶᠡᠨ | ᠠᠪᠴᠤ ᠰᠢᠢᠳᠪᠦᠷᠢᠯᠡᠬᠦ ᠵᠠᠭᠪᠤᠷ ᠢ ᠨᠡᠭᠡᠭᠡᠪᠡ᠃ ᠶᠡᠷᠦᠩᠬᠡᠶᠢᠯᠡᠭᠰᠡᠨ ᠴᠤᠩᠬᠤᠪᠴᠢ ᠶᠢᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ 15 ᠤᠳᠠᠭ᠎ᠠ | ᠬᠦᠷᠢᠶ᠎ᠡ ᠴᠠᠷᠠᠭ᠎ᠠ ᠬᠤᠪᠢᠶᠠᠨ ᠥᠷᠨᠢᠭᠦᠯᠵᠦ᠂ ᠶᠡᠷᠦᠩᠬᠡᠶᠢᠯᠡᠭᠰᠡᠨ ᠴᠤᠩᠬᠤᠪᠴᠢ ᠶᠢᠨ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ ᠬᠠᠮᠢᠶ᠎ᠠ ᠪᠦᠬᠦᠢ ᠬᠦᠷᠢᠶᠡᠨ ᠤ | ᠲᠤᠬᠠᠶᠢᠯᠠᠭᠰᠠᠨ ᠠᠵᠢᠯ ᠢ ᠭᠦᠢᠴᠡᠳᠬᠡᠬᠦ ᠣᠨᠣᠯ ᠤᠨ ᠮᠡᠳᠡᠯᠭᠡ ᠶᠢ ᠪᠣᠯᠪᠠᠰᠤᠷᠠᠩᠭᠤᠢ ᠡᠵᠡᠮᠰᠢᠪᠡ᠃ 5 ᠲᠤᠰᠬᠠᠢ ᠲᠣᠭᠤᠷᠢᠭ ᠲᠤ ︽ᠵᠥᠷᠢᠶ᠎ᠡ ᠦᠭᠡᠢ︾ ᠪᠦᠬᠦᠨ ᠢ | ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠥᠷᠨᠢᠭᠦᠯᠵᠦ᠂ ᠶᠡᠷᠦᠩᠬᠡᠶᠢᠯᠡᠭᠰᠡᠨ ᠴᠤᠩᠬᠤᠪᠴᠢ ᠶᠢᠨ ᠲᠤᠬᠠᠶᠢᠯᠠᠭᠰᠠᠨ ᠠᠵᠢᠯ ᠤᠨ ︽ᠲᠡᠭᠦᠰ ᠴᠢᠳᠠᠪᠤᠷᠢᠲᠠᠨ︾ ᠢ | ᠬᠥᠮᠥᠵᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠴᠤᠩᠬᠤᠪᠴᠢ ᠳᠤ 158 ᠵᠦᠢᠯ ᠤᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠭᠰᠡᠨ ᠴᠤᠩᠬᠤᠪᠴᠢ ᠳᠤ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ᠂ ᠮᠠᠨ ᠤ | ᠲᠣᠪᠴᠢᠶ᠎ᠠ ᠶᠢᠨ ᠠᠵᠤ ᠦᠢᠯᠡᠳᠪᠦᠷᠢ ᠶᠢᠨ ᠥᠭᠡᠷᠡᠴᠢᠯᠡᠯᠲᠡ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ᠂ ︽ᠨᠢᠭᠡ ᠰᠦᠯᠵᠢᠶ᠎ᠡ ᠪᠠᠷ ᠭᠦᠢᠴᠡᠳᠭᠡᠬᠦ︾ ᠵᠡᠷᠭᠡ 3 | ᠲᠤᠰᠬᠠᠢ ᠲᠣᠭᠤᠷᠢᠭ ᠲᠤ 218 ᠵᠦᠢᠯ ᠤᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠭᠰᠡᠨ ᠴᠤᠩᠬᠤᠪᠴᠢ ᠳᠤ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠪᠡ᠃ | ᠲᠠᠪᠤ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠤᠩᠬᠤᠪᠴᠢ ᠳᠤ 54 ᠬᠠᠪᠲᠠᠭᠠᠢ ᠦᠨᠡᠯᠡᠭᠦᠷ ᠢ ᠤᠭᠰᠠᠷᠠᠵᠤ᠂ ᠪᠥᠬᠦ ᠬᠤᠲᠠ ᠳᠤ ᠪᠣᠶ | ᠪᠦᠬᠦᠢ ᠴᠤᠩᠬᠤᠪᠴᠢ ᠳᠤ ᠴᠥᠮ ︽ᠮᠥᠷᠯᠡᠵᠦ ᠳ᠋ᠤᠭᠠᠷ ᠳᠠᠭᠤᠳᠠᠬᠤ︾ ᠪᠠ ︽ᠰᠠᠶᠢᠨ ᠮᠠᠭᠤ ᠶᠢᠨ ᠦᠨᠡᠯᠡᠯᠲᠡ︾ ᠶᠢᠨ ᠰᠢᠰᠲ᠋ᠧᠮ ᠤᠨ ᠬᠡᠷᠡᠭᠯᠡᠯᠲᠡ ᠶᠢ ᠤᠷᠢᠳᠠᠪᠠᠷ | ᠪᠡᠶᠡᠯᠡᠭᠦᠯᠵᠦ᠂ ᠳ᠋ᠤᠭᠠᠷ ᠳᠠᠭᠤᠳᠠᠬᠤ᠂ ᠮᠠᠲ᠋ᠧᠷᠢᠶᠠᠯ ᠭᠦᠢᠴᠡᠳᠬᠡᠬᠦ᠂ ᠦᠨᠡᠯᠡᠬᠦ ᠵᠡᠷᠭᠡ ᠭᠤᠭᠴᠣᠭᠠᠨ ᠤ ᠪᠥᠬᠦ ᠶᠠᠪᠤᠴᠠ ᠳᠤ ᠪᠢᠲᠡᠭᠦᠦ ᠴᠠᠭᠠᠷᠢᠭ ᠤᠨ ᠬᠢᠨᠠᠨ | ᠡᠵᠡᠮᠳᠡᠯ ᠢ ᠬᠡᠷᠡᠭᠵᠢᠭᠦᠯᠦᠨ᠂ ᠣᠲᠣ ᠪᠣᠯᠲᠠᠯ᠎ᠠ ︽ᠰᠠᠶᠢᠨ ᠮᠠᠭᠤ ᠶᠢᠨ ᠦᠨᠡᠯᠡᠯᠲᠡ︾ ᠶᠢᠨ ᠰᠢᠰᠲ᠋ᠧᠮ ᠢᠶᠠᠷ ᠳᠡᠮᠵᠢᠨ᠂ ᠨᠢᠭᠡᠨᠲᠡ 107990 ᠵᠤᠷᠪᠤᠰ ᠦᠨᠡᠯᠡᠯᠲᠡ | ᠲᠠᠢ ᠪᠤᠯᠵᠤ᠂ ᠮᠠᠭᠤ ᠦᠨᠡᠯᠡᠯᠲᠡ ᠭᠠᠷᠤᠭᠰᠠᠨ ᠦᠭᠡᠢ᠃ | | | | ﹇ᠬᠥᠲᠥᠯᠥᠭᠴᠢ﹈ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠲᠦᠯᠬᠢᠨ ᠠᠬᠢᠭᠤᠯᠬᠤ ᠳᠤ ᠶᠠᠮᠠᠷ ᠶᠠᠮᠠᠷ ᠪᠣᠳᠠᠲᠠᠢ ᠠᠵᠢᠯ ᠢ ᠬᠢᠭᠰᠡᠨ ᠪᠤᠢ︖ | ﹇ᠯᠢᠦᠢ ᠵᠠᠨ ᠵᠢᠶᠦ᠋ᠨ﹈ ᠨᠢᠭᠡ ᠳᠤ 101 ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠵᠦᠢᠯᠡᠰ ᠤᠨ ᠳᠣᠲᠣᠷ᠎ᠠ ᠠᠴᠠ 10 ᠵᠦᠢᠯ ᠤᠨ ᠥᠨᠳᠥᠷ | ᠳᠠᠪᠲᠠᠮᠵᠢᠲᠤ ᠵᠦᠢᠯᠡᠰ ᠢ ᠡᠮᠬᠢᠯᠡᠨ ᠭᠠᠷᠭᠠᠵᠤ᠂ ᠡᠭᠦᠨ ᠤ ᠰᠠᠭᠤᠷᠢᠨ ᠳᠡᠭᠡᠷ᠎ᠡ ᠪᠠᠰᠠ 10 ᠵᠦᠢᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠨᠡᠮᠡᠵᠦ | ᠂ 20 ᠪᠦᠷᠢᠨ ᠬᠡᠯᠬᠢᠶᠡᠲᠦ ᠥᠨᠳᠥᠷ ᠳᠠᠪᠲᠠᠮᠵᠢᠲᠤ ᠬᠠᠮᠲᠤᠷᠠᠨ ᠭᠦᠢᠴᠡᠳᠬᠡᠬᠦ ᠭᠤᠣᠯ ᠰᠡᠳᠦᠪᠲᠦ ᠦᠢᠯᠡᠴᠢᠯᠡᠭᠡᠨ ᠤ ᠵᠦᠢᠯᠡᠰ ᠢ ᠨᠢᠭᠡ ᠯᠡ ᠤᠳᠠᠭ᠎ᠠ ᠳᠤ | ᠭᠦᠢᠴᠡᠳᠭᠡᠵᠦ ᠳᠠᠭᠤᠰᠬᠠᠬᠤ ᠶᠢ ᠦᠨᠡᠨ ᠬᠦ ᠪᠠᠲᠤᠯᠠᠪᠠ᠃ ᠬᠤᠶᠠᠷ ᠲᠤ 101 ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠵᠦᠢᠯᠡᠰ ᠤᠨ ᠨᠠᠷᠢᠨ | ᠳᠠᠩᠰᠠ ᠶᠢᠨ 79 ᠵᠦᠢᠯ ᠢ ᠰᠢᠢᠳᠪᠦᠷᠢᠯᠡᠵᠦ᠂ ᠭᠦᠢᠴᠡᠳᠭᠡᠭᠰᠡᠨ ᠨᠤᠷᠮ᠎ᠠ 78 % ᠳᠤ ᠬᠦᠷᠴᠡᠢ᠂ ᠡᠭᠦᠨ ᠳᠤ ᠥᠨᠳᠥᠷ ᠳᠠᠪᠲᠠᠮᠵᠢᠲᠤ ᠵᠦᠢᠯᠡᠰ | ᠰᠢᠢᠳᠪᠦᠷᠢᠯᠡᠭᠰᠡᠨ ᠲᠤᠭ᠎ᠠ ᠶᠡᠷᠦᠩᠬᠡᠢ ᠲᠣᠭᠠᠨ ᠤ 93.6 % ᠶᠢ ᠡᠵᠡᠯᠡᠪᠡ᠃ ᠳᠡᠭᠡᠷ᠎ᠡ ᠬᠠᠭᠠᠰ ᠵᠢᠯ ᠳᠤ ᠨᠡᠶᠢᠲᠡ 7925 ᠬᠡᠷᠡᠭ ᠢ ᠰᠢᠢᠳᠪᠦᠷᠢᠯᠡᠵᠦ | ᠳᠠᠭᠤᠰᠬᠠᠪᠠ᠃ ᠭᠤᠷᠪᠠ ᠳᠤ ᠰᠠᠶ᠋ᠢ ᠲᠥᠷᠥᠭᠰᠡᠨ ᠬᠡᠦᠬᠡᠳ ᠤᠨ ︽ᠨᠢᠭᠡ ᠶᠠᠪᠤᠳᠠᠯ︾ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠰᠢᠭᠤ ᠪᠣᠯᠤᠭᠰᠠᠨ ᠤ | ᠬᠤᠪᠢ ᠳᠤ᠂ ᠦᠪᠡᠷᠲᠡᠭᠡᠨ ᠵᠠᠰᠠᠬᠤ ᠤᠷᠤᠨ᠂ ᠬᠤᠲᠠ᠂ ᠬᠤᠰᠢᠭᠤ ᠭᠤᠷᠪᠠᠨ ᠱᠠᠲᠤᠨ ᠤ ᠰᠢᠰᠲ᠋ᠧᠮ ᠤᠨ ᠭᠤᠯᠳᠤ ᠪᠠᠷ ᠬᠤᠯᠪᠤᠭᠠᠯᠠᠨ ᠬᠥᠳᠡᠯᠦᠯᠴᠡᠬᠦ᠂ ᠡᠷᠡᠭᠦᠯ | ᠬᠠᠮᠠᠭᠠᠯᠠᠯ᠂ ᠬᠥᠩᠭᠡᠵᠢᠭᠦᠯᠬᠦ ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ᠂ ᠡᠮᠴᠢᠯᠡᠭᠡᠨ ᠤ ᠳᠠᠭᠠᠳᠬᠠᠯ᠂ ᠨᠡᠶᠢᠭᠡᠮ ᠤᠨ ᠳᠠᠭᠠᠳᠬᠠᠯ᠂ ᠠᠷᠠᠳ ᠤᠨ ᠶᠠᠪᠤᠳᠠᠯ᠂ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠵᠡᠷᠭᠡ ᠰᠠᠯᠠᠭ᠎ᠠ ᠮᠥᠴᠢᠷ ᠤᠨ ᠬᠥᠨᠳᠡᠯᠡᠨ ᠢᠶᠠᠷ ᠬᠠᠷᠢᠯᠴᠠᠨ ᠬᠥᠳᠡᠯᠦᠯᠴᠡᠬᠦ ᠲᠠᠪᠴᠠᠩ ᠢ ᠢᠳᠡᠪᠬᠢᠲᠡᠢ ᠪᠠᠶᠢᠭᠤᠯᠵᠤ᠂ | ᠵᠢᠷᠬᠢᠶ᠎ᠡ ᠪᠠᠷ ᠠᠵᠢᠯᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠲᠤᠰᠬᠠᠢ ᠬᠥᠮᠥᠨ ᠲᠣᠮᠢᠯᠠᠨ ᠬᠥᠩᠭᠡᠵᠢᠭᠦᠯᠬᠦ ᠪᠠᠶᠢᠭᠤᠯᠤᠮᠵᠢ ᠶᠢ ᠠᠬᠤᠢ ᠲᠠᠯᠠᠪᠠᠢ ᠳᠤ ᠠᠵᠢᠯᠯᠠᠭᠤᠯᠤᠨ | ᠂ 4 ᠳ᠋ᠦ᠋ᠭᠡᠷ ᠰᠠᠷ᠎ᠠ ᠶᠢᠨ 20 ᠳᠤ ᠪᠥᠬᠦ ᠬᠤᠲᠠ ᠶᠢᠨ ᠠᠩᠬᠠᠳᠠᠭᠴᠢ ᠰᠠᠶ᠋ᠢ ᠲᠥᠷᠥᠭᠰᠡᠨ ᠬᠡᠦᠬᠡᠳ ᠤᠨ ︽ᠨᠢᠭᠡ ᠶᠠᠪᠤᠳᠠᠯ︾ ᠤᠨ ᠪᠥᠬᠦ ᠶᠠᠪᠤᠴᠠ᠂ ᠪᠥᠬᠦ | ᠬᠡᠯᠬᠢᠶᠡᠰᠦ ᠪᠠᠷ ᠰᠦᠯᠵᠢᠶᠡᠨ ᠳᠡᠭᠡᠷ᠎ᠡ ᠭᠦᠢᠴᠡᠳᠬᠡᠬᠦ ᠶᠢ ᠠᠮᠵᠢᠯᠲᠠ ᠲᠠᠢ ᠭᠦᠢᠴᠡᠳᠬᠡᠪᠡ᠃ ᠣᠲᠣ ᠪᠣᠯᠲᠠᠯ᠎ᠠ᠂ ᠰᠦᠯᠵᠢᠶᠡᠨ ᠳᠡᠭᠡᠷ᠎ᠡ 5 ᠵᠦᠢᠯ ᠢ ᠭᠥᠯᠢᠶᠡᠨ ᠠᠪᠴᠤ | ᠰᠢᠢᠳᠪᠦᠷᠢᠯᠡᠵᠦ᠂ 5 ᠵᠦᠢᠯ ᠢ ᠰᠢᠢᠳᠪᠦᠷᠢᠯᠡᠵᠦ ᠳᠠᠭᠤᠰᠬᠠᠪᠠ︔ ᠰᠦᠯᠵᠢᠶᠡᠨ ᠠᠴᠠ ᠭᠠᠳᠠᠨ᠎ᠠ 252 ᠵᠦᠢᠯ ᠢ ᠭᠦᠢᠴᠡᠳᠬᠡᠪᠡ᠃ | | | | | | ﹇ᠬᠥᠲᠥᠯᠥᠭᠴᠢ﹈ ︽ᠭᠠᠷ ᠤᠲᠠᠰᠤᠨ ᠳᠡᠭᠡᠷ᠎ᠡ ᠭᠦᠢᠴᠡᠳᠬᠡᠬᠦ︾ ᠠᠵᠢᠯ ᠤᠨ ᠲᠠᠯ᠎ᠠ ᠪᠠᠷ ᠪᠢᠳᠡ ᠬᠡᠷᠬᠢᠨ ᠬᠢᠭᠰᠡᠨ ᠪᠤᠢ︖ | ﹇ᠯᠢᠦᠢ ᠵᠠᠨ ᠵᠢᠶᠦ᠋ᠨ﹈ ᠨᠢᠭᠡ ᠳᠤ ︽ᠮᠦᠩᠬᠡ ᠰᠤᠪᠠᠭ︾ APP ᠳᠤ ᠠᠵᠤ ᠠᠬᠤᠶᠢᠯᠠᠯ ᠯᠤᠭ᠎ᠠ ᠬᠤᠯᠪᠤᠭ᠎ᠠ ᠲᠠᠢ ᠠᠷᠠᠳ ᠲᠤ ᠲᠥᠬᠦᠮ ᠦᠵᠡᠭᠦᠯᠬᠦ 245 | ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠨᠡᠪᠲᠡᠷᠡᠭᠦᠯᠦᠭᠰᠡᠨ ᠪᠥᠭᠡᠳ 7 ᠵᠦᠢᠯ ᠤᠨ ᠣᠨᠴᠠᠯᠢᠭᠲᠤ ᠬᠡᠷᠡᠭᠯᠡᠭᠡᠨ ᠢ ︽ᠮᠦᠩᠬᠡ ᠰᠤᠪᠠᠭ︾ | APP ᠳᠤ ᠵᠠᠯᠭᠠᠪᠠ᠃ ᠬᠤᠶᠠᠷ ᠲᠤ ︽︿ᠮᠦᠩᠬᠡ ᠰᠤᠪᠠᠭ﹀APP ᠶᠢ ᠳᠡᠯᠭᠡᠷᠡᠭᠦᠯᠬᠦ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠮᠡᠳᠡᠭᠳᠡᠯ︾ ᠤᠨ | ᠱᠠᠭᠠᠷᠳᠠᠯᠭ᠎ᠠ ᠶᠣᠰᠣᠭᠠᠷ᠂ ᠳᠠᠩᠰᠠᠯᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠲᠣᠪᠴᠢᠶ᠎ᠠ ᠶᠢᠨ ᠡᠯ᠎ᠡ ᠲᠠᠰᠤᠭ ᠭᠡᠷ ᠢ ᠲᠤᠬᠢᠷᠠᠭᠤᠯᠵᠤ | ᠭᠠᠷᠠᠭ ᠪᠦᠷᠢ ᠡᠯ᠎ᠡ ᠰᠤᠮᠤ ᠰᠢᠶᠠᠩ ᠪᠠᠯᠭᠠᠰᠤ ᠶᠢᠨ ᠮᠡᠳᠡᠭᠦᠯᠦᠭᠰᠡᠨ ᠮᠦᠩᠬᠡ ᠰᠤᠪᠠᠭ APP ᠳᠤ ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠬᠢᠨᠠᠨ | ᠬᠠᠷᠭᠤᠭᠤᠯᠬᠤ ᠶᠢᠨ ᠬᠠᠮᠲᠤ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠵᠠᠷᠯᠠᠨ ᠮᠡᠳᠡᠭᠳᠡᠵᠦ᠂ ᠳᠡᠭᠡᠭᠰᠢ | ᠮᠡᠳᠡᠭᠦᠯᠦᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠪᠠ᠃ ᠣᠳᠣᠬᠠᠨ ᠳᠤ ᠳᠠᠩᠰᠠᠯᠠᠭᠤᠯᠬᠤ ᠡᠭᠦᠷᠭᠡ ᠪᠠᠨ | ᠨᠢᠭᠡᠨᠲᠡ 80.81% ᠪᠡᠶᠡᠯᠡᠭᠦᠯᠵᠦ᠂ ᠳᠠᠩᠰᠠᠯᠠᠭᠤᠯᠤᠭᠰᠠᠨ ᠲᠤᠭ᠎ᠠ ᠨᠢ 16.6 ᠲᠦᠮᠡ ᠭᠠᠷᠤᠢ ᠬᠥᠮᠥᠨ ᠳᠤ ᠬᠦᠷᠴᠡᠢ᠃ | | | | | ﹇ᠬᠥᠲᠥᠯᠥᠭᠴᠢ﹈ ︽ᠲᠠᠨ ᠢ ᠬᠠᠪᠰᠤᠷᠤᠨ ᠭᠦᠢᠴᠡᠳᠭᠡᠬᠦ︾ ᠲᠠᠯ᠎ᠠ ᠪᠠᠷ ᠮᠠᠨ ᠤ ᠠᠵᠢᠯ ᠤᠨ ᠠᠬᠢᠴᠠ ᠶᠠᠮᠠᠷ ᠵᠡᠷᠭᠡ ᠪᠠᠶᠢᠬᠤ ᠪᠤᠶ︖ | ﹇ᠯᠢᠦᠢ ᠵᠠᠨ ᠵᠢᠶᠦ᠋ᠨ﹈ ᠨᠢᠭᠡ ᠳᠤ ︽ᠡᠩᠨᠡᠭᠡ︾ ᠶᠢ ᠰᠢᠯᠢᠳᠡᠭᠵᠢᠭᠦᠯᠪᠡ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ 26 ᠬᠥᠮᠥᠨ ᠤ ᠣᠷᠣᠯᠠᠨ ᠭᠦᠢᠴᠡᠳᠬᠡᠬᠦ | ᠬᠠᠪᠰᠤᠷᠤᠨ ᠭᠦᠢᠴᠡᠳᠬᠡᠬᠦ ᠡᠩᠨᠡᠭᠡ ᠶᠢ ᠰᠢᠨ᠎ᠡ ᠪᠠᠷ ᠵᠣᠬᠢᠶᠠᠨ ᠪᠠᠶᠢᠭᠤᠯᠬᠤ ᠶᠢᠨ ᠬᠠᠮᠲᠤ ᠣᠷᠣᠯᠠᠨ ᠭᠦᠢᠴᠡᠳᠬᠡᠬᠦ ᠠᠵᠢᠯᠲᠠᠨ ᠨᠢᠭᠡᠪᠦᠷᠢ ᠶᠢᠨ ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠨᠡᠶᠢᠲᠡᠯᠡᠵᠦ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠳᠤ ᠲᠣᠪ | ᠲᠣᠳᠣᠷᠬᠠᠢ ᠮᠡᠳᠡᠭᠦᠯᠪᠡ᠃ ︽ᠮᠦᠩᠬᠡ ᠰᠤᠪᠠᠭ ᠲᠠᠨ ᠢ ᠬᠠᠪᠰᠤᠷᠤᠨ ᠭᠦᠢᠴᠡᠳᠬᠡᠬᠦ︾ ᠦᠢᠯᠡᠴᠢᠯᠡᠭᠡᠨ ᠤ ᠠᠵᠢᠯᠲᠠᠨ ᠤ ᠮᠡᠳᠡᠭᠡ ᠵᠠᠩᠭᠢ ᠶᠢᠨ ᠬᠥᠮᠥᠷᠭᠡ ᠶᠢ | ᠪᠠᠶᠢᠭᠤᠯᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ︽ᠦᠢᠯᠡᠴᠢᠯᠡᠭᠡᠨ ᠤ ᠲᠤᠰᠬᠠᠢ ᠲᠤᠰᠢᠶᠠᠯᠲᠠᠨ︾ | ᠤ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠨᠢᠭᠡᠪᠦᠷᠢ ᠳᠤ ᠨᠢᠭᠡ ︽ᠦᠢᠯᠡᠴᠢᠯᠡᠭᠡᠨ ᠤ ᠲᠤᠰᠬᠠᠢ | ᠲᠤᠰᠢᠶᠠᠯᠲᠠᠨ︾ ᠲᠣᠬᠢᠷᠠᠭᠤᠯᠤᠨ᠂ ᠭᠤᠣᠯᠳᠠᠯᠭ᠎ᠠ ᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠪᠥᠬᠦ ᠶᠠᠪᠤᠴᠠ ᠶᠢᠨ ᠣᠷᠣᠯᠠᠨ ᠭᠦᠢᠴᠡᠳᠬᠡᠬᠦ ᠬᠠᠪᠰᠤᠷᠤᠨ | ᠭᠦᠢᠴᠡᠳᠬᠡᠬᠦ ᠦᠢᠯᠡᠴᠢᠯᠡᠭᠡ ᠬᠠᠩᠭᠠᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠭᠦᠨᠵᠡᠭᠡᠢ ᠠᠬᠢᠭᠤᠯᠬᠤ ᠳᠤ ᠰᠠᠭᠤᠷᠢ ᠪᠠᠲᠤᠯᠠᠭ᠎ᠠ | ᠬᠠᠩᠭᠠᠭᠰᠠᠨ ᠪᠠᠶᠢᠨ᠎ᠠ᠃ ᠬᠤᠶᠠᠷ ᠲᠤ ︽ᠲᠠᠩᠰᠠ ᠡᠪᠬᠡᠮᠡᠯ︾ ᠢ ᠨᠠᠶᠢᠷᠠᠭᠤᠯᠤᠨ ᠵᠤᠬᠢᠶᠠᠪᠠ᠃ ︽ᠨᠢᠭᠡ ᠲᠥᠷᠥᠯ ᠵᠦᠢᠯ ᠳᠤ ᠨᠢᠭᠡ ᠲᠠᠩᠰᠠ ᠡᠪᠬᠡᠮᠡᠯ᠂ ᠨᠢᠭᠡ | ᠤᠴᠢᠷ ᠶᠠᠪᠤᠳᠠᠯ ᠳᠤ ᠨᠢᠭᠡ ᠬᠦᠰᠦᠨᠦᠭᠲᠦ︾ ᠶᠢᠨ ᠦᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠠᠢᠮᠠᠨ ᠬᠤᠰᠢᠭᠤᠨ ᠤ 2022 | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ 70 ᠲᠠᠩᠰᠠ ᠡᠪᠬᠡᠮᠡᠯ ᠦᠢᠯᠡᠳᠴᠦ᠂ ᠲᠥᠷᠥᠯ ᠵᠦᠢᠯ ᠤᠨ ᠪᠣᠳᠠᠲᠠᠢ ᠪᠠᠶᠢᠳᠠᠯ ᠢ | ᠦᠨᠳᠦᠰᠦᠯᠡᠨ ᠲᠥᠷᠥᠯ ᠵᠦᠢᠯ ᠨᠢᠭᠡᠪᠦᠷᠢ ᠳᠤ ᠦᠢᠯᠡᠴᠢᠯᠡᠭᠡᠨ ᠤ ᠴᠤᠪᠤᠭ᠎ᠠ ᠵᠢᠷᠤᠭ ᠵᠣᠬᠢᠶᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠴᠠᠭ | ᠲᠤᠬᠠᠢ ᠳᠤᠨᠢ ᠨᠡᠶᠢᠲᠡᠯᠡᠵᠦ᠂ ᠴᠠᠭ ᠲᠤᠬᠠᠢ ᠳᠤᠨᠢ ᠰᠢᠨᠡᠳᠭᠡᠪᠡ᠃ ᠤᠷᠢᠳᠴᠢᠯᠠᠨ ᠬᠠᠷᠢᠯᠴᠠᠬᠤ᠂ ᠴᠠᠭ ᠲᠤᠬᠠᠢ ᠳᠤᠨᠢ ᠳᠠᠭᠠᠬᠤ ᠪᠠᠷ ᠳᠠᠮᠵᠢᠭᠤᠯᠤᠨ᠂ ᠪᠥᠬᠦ | ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠤ ᠠᠬᠤᠶᠢᠯᠠᠯ ᠤᠨ ᠪᠥᠬᠦ ᠶᠠᠪᠤᠴᠠ ᠶᠢᠨ ᠭᠠᠷ | ᠭᠦᠢᠴᠡᠳᠬᠡᠯ ᠢ ᠭᠦᠢᠴᠡᠳᠬᠡᠬᠦ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠣᠶᠢᠯᠠᠭᠠᠨ ᠡᠵᠡᠮᠰᠢᠬᠦ ᠶᠢᠨ ᠬᠠᠮᠲᠤ | ᠢᠳᠡᠪᠬᠢᠲᠡᠢ ᠪᠠᠷ ᠠᠬᠢᠭᠤᠯᠤᠨ ᠰᠢᠢᠳᠪᠦᠷᠢᠯᠡᠪᠡ᠃ ᠭᠤᠷᠪᠠ ᠳᠤ ︽ᠲᠡᠷᠢᠭᠦᠨ ᠤ ᠦᠢᠯᠡᠴᠢᠯᠡᠭᠡ︾ ᠶᠢ ᠪᠣᠶ ᠪᠤᠯᠭᠠᠪᠠ᠃ ︽ᠮᠦᠩᠬᠡ ᠰᠤᠪᠠᠭ ᠲᠠᠨ ᠢ ᠬᠠᠪᠰᠤᠷᠤᠨ | ᠭᠦᠢᠴᠡᠳᠬᠡᠬᠦ︾ ᠠᠵᠢᠯ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠴᠢᠨᠠᠷ ᠰᠠᠶᠢᠲᠠᠢ ᠦᠢᠯᠡᠴᠢᠯᠡᠭᠡ ᠶᠢ ᠦᠨᠡᠨ ᠬᠦ ᠡᠳ᠋ᠯᠡᠭᠦᠯᠵᠦ᠂ | ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠬᠦ ᠶᠢᠨ ᠲᠥᠯᠥᠭᠡ᠂ ᠣᠳᠣᠬᠠᠨ ᠳᠤ ᠵᠢᠷᠬᠢᠶ᠎ᠡ ᠪᠠᠷ ᠴᠠᠭ ᠢᠮᠠᠭᠲᠠ ᠬᠠᠷᠢᠯᠴᠠᠬᠤ᠂ ᠰᠦᠯᠵᠢᠶᠡᠨ ᠳᠡᠭᠡᠷ᠎ᠡ | ᠮᠠᠲ᠋ᠧᠷᠢᠶᠠᠯ ᠢ ᠤᠷᠢᠳᠴᠢᠯᠠᠨ ᠬᠢᠨᠠᠬᠤ᠂ ᠲᠤᠬᠠᠶᠢᠯᠠᠭᠰᠠᠨ ᠠᠵᠢᠯ ᠤᠨ ᠭᠦᠢᠴᠡᠳᠬᠡᠯ ᠢ ᠤᠷᠢᠳᠴᠢᠯᠠᠨ ᠪᠣᠯᠵᠣᠬᠤ᠂ ᠴᠠᠭ ᠢ ᠤᠷᠲᠤᠳᠬᠠᠭᠰᠠᠨ ᠦᠢᠯᠡᠴᠢᠯᠡᠭᠡ᠂ ᠭᠡᠷ | ᠲᠤᠨᠢ ᠬᠦᠷᠴᠦ ᠮᠠᠲ᠋ᠧᠷᠢᠶᠠᠯ ᠠᠪᠬᠤ ᠪᠠ ᠬᠦᠷᠭᠡᠬᠦ ᠵᠡᠷᠭᠡ ᠬᠠᠮᠢᠶ᠎ᠠ ᠪᠦᠬᠦᠢ ᠦᠢᠯᠡᠴᠢᠯᠡᠭᠡ ᠶᠢ ᠬᠠᠩᠭᠠᠵᠤ᠂ ᠲᠠᠷᠠᠭᠠᠴᠢ ᠶᠢᠨ ᠵᠦᠢᠯᠡᠰ ᠤᠨ ᠮᠠᠲ᠋ᠧᠷᠢᠶᠠᠯ ᠢ ᠳᠠᠭᠢᠵᠤ | ᠲᠤᠰᠢᠶᠠᠬᠤ ᠦᠭᠡᠢ᠂ ᠨᠢᠭᠡᠳ ᠨᠢᠭᠡ ᠪᠠᠷ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠳᠠᠭᠠᠬᠤ ᠶᠢ ᠪᠠᠲᠤᠯᠠᠪᠠ᠃ ᠳᠥᠷᠪᠡ ᠳᠤ ᠣᠷᠣᠯᠠᠨ ᠭᠦᠢᠴᠡᠳᠬᠡᠬᠦ | ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ᠃ ᠵᠢᠯ ᠤᠨ ᠡᠬᠢ ᠠᠴᠠ ᠣᠲᠣ ᠪᠣᠯᠲᠠᠯ᠎ᠠ᠂ ᠣᠷᠣᠯᠠᠨ ᠭᠦᠢᠴᠡᠳᠬᠡᠬᠦ | ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ ᠢ ᠨᠡᠶᠢᠲᠡ 182 ᠬᠤᠪᠢ ᠭᠦᠢᠴᠡᠳᠬᠡᠵᠡᠢ᠂ ᠡᠭᠦᠨ ᠳᠤ᠄ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ 39 ᠬᠤᠪᠢ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 86 ᠬᠤᠪᠢ᠂ ᠠᠵᠤ ᠦᠢᠯᠡᠳᠪᠦᠷᠢ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ 57 ᠬᠤᠪᠢ ᠪᠣᠶ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠬᠦ ᠶᠠᠪᠤᠴᠠ ᠶᠢᠨ | ᠳᠤᠮᠳᠠᠴᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠠᠭ 27.5 ᠠᠵᠢᠯᠯᠠᠬᠤ ᠡᠳᠦᠷ ᠪᠠᠶᠢᠵᠤ᠂ ᠠᠮᠠᠯᠠᠯᠲᠠ ᠶᠢᠨ ᠴᠠᠭ ᠤᠨ ᠬᠢᠵᠠᠭᠠᠷ ᠠᠴᠠ 18.5 ᠠᠵᠢᠯ ᠤᠨ | ᠡᠳᠦᠷ ᠠᠷᠪᠢᠯᠠᠵᠤ᠂ ᠠᠷᠪᠢᠯᠠᠭᠰᠠᠨ ᠨᠣᠷᠮ᠎ᠠ 40.2 % ᠬᠦᠷᠴᠦ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠬᠦ ᠶᠠᠪᠤᠴᠠ ᠶᠢᠨ ᠳᠤᠮᠳᠠᠴᠢ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠠᠭ 21.26 ᠠᠵᠢᠯᠯᠠᠬᠤ ᠡᠳᠦᠷ ᠪᠠᠶᠢᠵᠤ᠂ ᠠᠮᠠᠯᠠᠯᠲᠠ ᠶᠢᠨ ᠴᠠᠭ ᠤᠨ ᠬᠢᠵᠠᠭᠠᠷ ᠠᠴᠠ 13.74 ᠠᠵᠢᠯ ᠤᠨ ᠡᠳᠦᠷ | ᠠᠷᠪᠢᠯᠠᠵᠤ᠂ ᠠᠷᠪᠢᠯᠠᠭᠰᠠᠨ ᠨᠤᠷᠮ᠎ᠠ39.25% ᠪᠠᠶᠢᠵᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠪᠦᠬᠦ ᠶᠠᠪᠤᠴᠠ ᠶᠢᠨ | ᠳᠤᠮᠳᠠᠴᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠠᠭ 20.62 ᠠᠵᠢᠯ ᠤᠨ ᠡᠳᠦᠷ ᠪᠠᠶᠢᠵᠤ᠂ ᠠᠮᠠᠯᠠᠯᠲᠠ ᠶᠢᠨ ᠴᠠᠭ ᠤᠨ ᠬᠢᠵᠠᠭᠠᠷ ᠲᠠᠢ ᠬᠠᠷᠢᠴᠠᠭᠤᠯᠪᠠᠯ | ᠳᠤᠮᠳᠠᠴᠢ ᠪᠠᠷ 14.38 ᠠᠵᠢᠯ ᠤᠨ ᠡᠳᠦᠷ ᠠᠷᠪᠢᠯᠠᠵᠤ᠂ ᠠᠷᠪᠢᠯᠠᠭᠰᠠᠨ ᠨᠤᠷᠮ᠎ᠠ 41.08% ᠪᠠᠶᠢᠵᠤ᠂ ︽ᠠᠵᠤ ᠠᠬᠤᠶᠢᠯᠠᠯ ᠭᠦᠶᠦᠬᠦ︾ ᠪᠠᠶᠢᠭᠰᠠᠨ ᠠᠴᠠ ᠪᠠᠨ | ︽ᠵᠠᠰᠠᠭ ᠤᠨ ᠣᠷᠳᠣᠨ ᠭᠦᠶᠦᠬᠦ︾ ᠪᠣᠯᠵᠤ ᠬᠤᠪᠢᠷᠠᠪᠠ᠃ | | | | | ﹇ᠬᠥᠲᠥᠯᠥᠭᠴᠢ﹈ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ︽ᠣᠶᠢᠷ᠎ᠠ ᠬᠠᠪᠢ ᠳᠠᠭᠠᠨ ᠭᠦᠢᠴᠡᠳᠭᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠳᠤᠮᠳᠠ ᠶᠠᠮᠠᠷ ᠶᠠᠮᠠᠷ ᠠᠵᠢᠯ | ᠥᠷᠨᠢᠭᠦᠯᠦᠭᠰᠡᠨ ᠪᠤᠶ︖ | ﹇ᠯᠢᠦᠢ ᠵᠠᠨ ᠵᠢᠶᠦ᠋ᠨ﹈ ︽ᠣᠶᠢᠷ᠎ᠠ ᠬᠠᠪᠢ ᠳᠠᠭᠠᠨ ᠭᠦᠢᠴᠡᠳᠭᠡᠬᠦ︾ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠰᠠᠶᠢᠨ ᠬᠢᠵᠦ᠂ ᠣᠯᠠᠨ ᠲᠦᠮᠡᠨ ᠤ ᠠᠵᠢᠯ | ᠶᠠᠪᠤᠳᠠᠯ ᠭᠦᠢᠴᠡᠳᠬᠡᠬᠦ ᠳᠤ ︽ᠵᠠᠮ ᠬᠤᠯᠠ ᠶᠠᠪᠤᠬᠤ᠂ ᠴᠠᠭ ᠣᠯᠠᠨ ᠬᠡᠷᠡᠭᠯᠡᠬᠦ᠂ ᠣᠷᠳᠣ ᠮᠥᠷᠯᠡᠬᠦ︾ ᠵᠡᠷᠭᠡ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠣᠯᠠᠨ | ᠲᠦᠮᠡᠨ ᠤ ︽ᠣᠶᠢᠷ᠎ᠠ ᠬᠠᠪᠢ ᠳᠠᠭᠠᠨ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠬᠦ ᠶᠢᠨ ᠲᠥᠯᠥᠭᠡ᠂ ᠮᠠᠨ ᠤ ᠲᠣᠪᠴᠢᠶ᠎ᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠣᠶᠢᠷ᠎ᠠ ᠬᠠᠪᠢ ᠳᠠᠭᠠᠨ ᠭᠦᠢᠴᠡᠳᠬᠡᠬᠦ︾ ᠥᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠠᠷᠠᠳ ᠲᠤ | ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠥᠷᠭᠡᠳᠬᠡᠬᠦ ᠶᠢ ᠲᠦᠯᠬᠢᠨ ᠠᠬᠢᠭᠤᠯᠪᠠ᠃ ᠬᠤᠶᠠᠷ ᠪᠦᠯᠦᠭ ᠬᠤᠪᠢᠶᠠᠨ ᠠᠷᠠᠳ ᠲᠤ ᠳᠥᠭᠦᠮ | ᠦᠵᠡᠭᠦᠯᠬᠦ 75 ᠵᠦᠢᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ 16 ᠰᠤᠮᠤ ᠰᠢᠶᠠᠩ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠶᠢᠨ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ ᠪᠠᠭᠤᠯᠭᠠᠵᠤ᠂ ᠡᠭᠦᠨ ᠤ ᠬᠠᠮᠲᠤ 21 ᠲᠤᠷᠰᠢᠯᠲᠠ ᠶᠢᠨ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠬᠦᠷᠲᠡᠯ᠎ᠡ ᠦᠷᠭᠦᠯᠵᠢᠯᠡᠭᠦᠯᠦᠨ ᠲᠤᠬᠠᠶᠢᠯᠠᠭᠰᠠᠨ ᠠᠵᠢᠯ ᠢ ᠭᠥᠯᠢᠶᠡᠨ ᠠᠪᠴᠤ | ᠰᠢᠢᠳᠪᠦᠷᠢᠯᠡᠵᠦ᠂ ᠪᠦᠬᠦᠨ ᠢ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠤ ᠨᠠᠪᠲᠠᠷᠡᠭᠦᠯᠵᠦ᠂ ︽ᠣᠶᠢᠷ᠎ᠠ ᠬᠠᠪᠢ ᠳᠠᠭᠠᠨ ᠭᠦᠢᠴᠡᠳᠬᠡᠬᠦ︾ ᠵᠦᠢᠯᠡᠰ ᠳᠤ ︽ | ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠤᠩᠬᠤᠪᠴᠢ︾ ᠲᠣᠬᠢᠷᠠᠭᠤᠯᠤᠨ᠂ ᠶᠡᠷᠦᠩᠬᠡᠶᠢᠯᠡᠭᠰᠡᠨ ᠴᠤᠩᠬᠤᠪᠴᠢ ᠶᠢᠨ ᠠᠵᠢᠯᠲᠠᠨ ᠪᠠ ᠴᠢᠬᠤᠯᠠ ᠪᠦᠬᠦᠢ | ᠠᠯᠪᠠᠨ ᠠᠵᠢᠯ ᠤᠨ ᠲᠥᠬᠦᠭᠡᠷᠦᠮᠵᠢ ᠶᠢ ᠲᠣᠬᠢᠷᠠᠭᠤᠯᠵᠤ᠂ ︽ᠣᠶᠢᠷ᠎ᠠ ᠬᠠᠪᠢ ᠳᠠᠭᠠᠨ ᠭᠦᠢᠴᠡᠳᠬᠡᠬᠦ︾ ᠵᠦᠢᠯᠡᠰ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ | ᠡᠮᠬᠢ ᠵᠢᠷᠤᠮ ᠲᠠᠢ ᠭᠦᠢᠴᠡᠳᠬᠡᠬᠦ ᠶᠢ ᠢᠳᠡᠪᠬᠢᠲᠡᠢ ᠠᠬᠢᠭᠤᠯᠪᠠ᠃ ᠲᠦᠷᠦᠭᠦᠸ ᠬᠠᠭᠠᠰ ᠵᠢᠯ ᠳᠤ᠂ ᠨᠢᠭᠡ ᠴᠣᠭᠴᠠᠵᠢᠭᠤᠯᠤᠭᠰᠠᠨ ᠲᠠᠪᠴᠠᠩ ᠳᠡᠭᠡᠷ᠎ᠡ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠵᠢᠴᠢ ᠪᠤᠰᠤᠳ ᠡᠷᠬᠡ ᠣᠯᠭᠤᠭᠰᠠᠨ ᠵᠦᠢᠯᠡᠰ ᠢ 492 ᠬᠤᠪᠢ ᠭᠦᠢᠴᠡᠳᠬᠡᠵᠦ᠂ ᠰᠦᠯᠵᠢᠶᠡᠨ | ᠭᠠᠳᠠᠨ᠎ᠠ ᠬᠠᠮᠢᠶ᠎ᠠ ᠪᠦᠬᠦᠢ ᠵᠦᠢᠯᠡᠰ ᠢ 2586 ᠬᠤᠪᠢ ᠭᠦᠢᠴᠡᠳᠬᠡᠵᠡᠢ᠃ | | | | | ﹇ᠬᠦᠲᠦᠯᠦᠭᠴᠢ﹈ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠦᠯᠬᠢᠨ | ᠠᠬᠢᠭᠤᠯᠬᠤ ᠲᠠᠯ᠎ᠠ ᠪᠠᠷ ᠬᠡᠷᠬᠢᠨ ᠬᠢᠭᠰᠡᠨ ᠪᠤᠢ︖ | ﹇ᠯᠢᠦᠢ ᠵᠠᠨ ᠵᠢᠶᠦ᠋ᠨ﹈ ᠨᠢᠭᠡ ᠳᠤ ︽ᠨᠢᠭᠡ ᠯᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠬᠡᠷᠡᠭᠵᠢᠭᠦᠯᠪᠡ᠃ ᠬᠤᠰᠢᠭᠤᠨ ᠳᠡᠰ ᠤᠨ ᠤ 62 | ᠵᠦᠢᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠡᠮᠬᠢᠯᠡᠨ ᠳᠢᠭᠯᠡᠬᠦ ᠶᠢᠨ ᠬᠠᠮᠲᠤ | ᠨᠡᠶᠢᠲᠡᠯᠡᠵᠦ᠂ 62 ᠬᠤᠪᠢ ᠨᠢᠭᠡ ᠯᠠ ᠤᠳᠠᠭ᠎ᠠ ᠶᠢᠨ ᠴᠢᠨᠠᠷᠲᠠᠢ ᠮᠡᠳᠡᠭᠳᠡᠬᠦ ᠬᠠᠭᠤᠳᠠᠰᠤ ᠶᠢ ᠳᠠᠬᠢᠨ ᠰᠢᠯᠢᠳᠡᠭᠵᠢᠭᠦᠯᠦᠨ ᠦᠢᠯᠡᠳᠴᠦ᠂ ᠶᠡᠷᠦᠩᠬᠡᠶᠢᠯᠡᠨ ᠭᠥᠯᠢᠶᠡᠨ | ᠠᠪᠴᠤ ᠰᠢᠢᠳᠪᠦᠷᠢᠯᠡᠬᠦ ᠴᠤᠩᠬᠤᠪᠴᠢ ᠲᠣᠬᠢᠷᠠᠭᠤᠯᠤᠨ᠂ ︽ᠡᠮᠦᠨ᠎ᠡ ᠲᠠᠪᠴᠠᠩ ᠳᠤ ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ | ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠤᠩᠬᠤᠪᠴᠢ ᠪᠠᠷ ᠦᠨᠡᠮᠯᠡᠯ ᠣᠯᠭᠤᠬᠤ︾ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠣᠶ | ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠥᠮ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠵᠦ᠂ ᠨᠢᠭᠤᠷ ᠵᠣᠯᠭᠠᠬᠤ | ᠦᠭᠡᠢ ᠪᠠᠷ ᠬᠢᠨᠠᠨ ᠵᠥᠪᠰᠢᠶᠡᠷᠡᠬᠦ ᠶᠢ ᠪᠠᠲᠤᠯᠠᠪᠠ᠃ ᠬᠤᠶᠠᠷ ᠲᠤ ︽ᠨᠢᠭᠡ ᠭᠦᠰᠦᠨᠦᠭᠲᠦ︾ ᠶᠢ ᠰᠢᠯᠢᠳᠡᠭᠵᠢᠭᠦᠯᠪᠡ᠃ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ᠂ | ᠴᠢᠮᠡᠭᠡ ᠬᠤᠯᠪᠣᠭᠠᠨ ᠤ ᠮᠡᠳᠡᠭᠦᠯᠦᠨ ᠤᠭᠰᠠᠷᠠᠬᠤ ᠲᠤᠬᠠᠶᠢᠯᠠᠭᠰᠠᠨ ᠠᠵᠢᠯ ︵ᠴᠢᠮᠡᠭᠡ ᠬᠤᠯᠪᠣᠭᠠᠨ ᠤ ᠮᠡᠳᠡᠭᠦᠯᠦᠨ ᠤᠭᠰᠠᠷᠠᠬᠤ ᠲᠤᠬᠠᠶᠢᠯᠠᠭᠰᠠᠨ ᠠᠵᠢᠯ ᠤᠨ | ᠰᠢᠯᠵᠢᠮᠡᠯ ᠬᠤᠯᠪᠤᠭ᠎ᠠ᠂ ᠨᠢᠭᠡᠳᠦᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ᠂ ᠷᠠᠳᠢᠣ᠋ ᠲᠧᠯᠸᠢᠰ ᠪᠦᠷ ᠣᠷᠣᠵᠤ ᠰᠠᠭᠤᠭᠰᠠᠨ︶ ᠢ ᠨᠡᠶᠢᠯᠡᠭᠦᠯᠦᠨ ᠭᠦᠢᠴᠡᠳᠬᠡᠵᠦ᠂ | ᠭᠤᠶᠤᠴᠢᠯᠠᠯ ᠤᠨ ᠬᠦᠰᠦᠨᠦᠭᠲᠦ ᠶᠢ ᠬᠠᠮᠲᠤᠷᠠᠨ ᠭᠦᠢᠴᠡᠳᠬᠡᠬᠦ ᠶᠢ ᠪᠦᠷᠢᠯᠳᠦᠭᠦᠯᠬᠦ ᠶᠢᠨ ᠬᠠᠮᠲᠤ᠂ ᠲᠣᠰ ᠲᠤᠬᠠᠶᠢᠯᠠᠭᠰᠠᠨ ᠠᠵᠢᠯ ᠢ ᠨᠢᠭᠡ ᠴᠣᠭᠴᠠᠵᠢᠭᠤᠯᠤᠭᠰᠠᠨ | ᠲᠠᠪᠴᠠᠩ ᠪᠠ ᠲᠦᠩᠯᠢᠶᠣᠣ ᠬᠤᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠠᠮᠲᠤᠷᠠᠨ ᠬᠢᠨᠠᠨ ᠵᠥᠪᠰᠢᠶᠡᠷᠡᠬᠦ ᠰᠢᠰᠲ᠋ᠧᠮ ᠳᠤ | ᠳᠠᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ︾ ᠴᠤᠩᠬᠤᠪᠴᠢ ᠳᠤ ᠨᠢᠭᠡᠳᠦᠯᠲᠡᠢ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠬᠦ ᠶᠢᠨ | ᠬᠠᠮᠲᠤ ᠪᠥᠬᠦ ᠶᠠᠪᠤᠴᠠ ᠳᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠬᠠᠩᠭᠠᠪᠠ᠃ | | | | | ﹇ᠬᠥᠲᠥᠯᠥᠭᠴᠢ﹈ ᠠᠵᠤ ᠠᠬᠤᠶᠢᠯᠠᠯ ᠡᠷᠬᠢᠯᠡᠬᠦ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖ | ﹇ᠯᠢᠦᠢ ᠵᠠᠨ ᠵᠢᠶᠦ᠋ᠨ﹈ ᠨᠢᠭᠡ ᠳᠤ ᠬᠢᠨᠠᠨ ᠵᠥᠪᠰᠢᠶᠡᠷᠡᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠵᠤ | ᠠᠬᠤᠶᠢᠯᠠᠯ ᠢ ᠳᠡᠩᠰᠡᠯᠡᠨ ᠲᠡᠮᠳᠡᠭᠯᠡᠬᠦ᠂ ᠲᠠᠮᠠᠭ᠎ᠠ ᠰᠡᠶᠢᠯᠬᠦ᠂ ᠪᠠᠷᠢᠮᠲᠠ ᠭᠤᠶᠤᠴᠢᠯᠠᠨ ᠠᠪᠬᠤ ᠵᠡᠷᠭᠡ ᠣᠯᠠᠨ ᠭᠤᠭᠴᠤᠭ᠎ᠠ ᠶᠢ ᠨᠡᠶᠢᠯᠡᠭᠦᠯᠦᠭᠡᠳ ᠨᠢᠭᠡ ᠭᠤᠭᠴᠤᠭ᠎ᠠ | ᠪᠣᠯᠭᠠᠵᠤ᠂ ᠭᠦᠢᠴᠡᠳᠭᠡᠬᠦ ᠴᠠᠭ ᠢ ᠪᠥᠬᠦ ᠲᠠᠯ᠎ᠠ ᠪᠠᠷ ᠪᠠᠭᠠᠰᠬᠠᠭᠠᠳ 0.5 ᠠᠵᠢᠯᠯᠠᠬᠤ ᠡᠳᠦᠷ ᠪᠣᠯᠭᠠᠭᠰᠠᠨ ᠪᠥᠭᠡᠳ ᠡᠵᠡᠩᠨᠡᠯᠲᠡ ᠶᠢᠨ ᠦᠨᠡᠮᠯᠡᠯ᠂ ᠲᠠᠮᠠᠭ᠎ᠠ᠂ | ᠪᠠᠷᠢᠮᠲᠠ ᠵᠡᠷᠭᠡ ᠪᠥᠬᠦ ᠭᠠᠷᠳᠠᠮ ᠢ ᠰᠦᠯᠵᠢᠶᠡᠨ ᠭᠠᠳᠠᠨ᠎ᠠ ᠨᠢᠭᠡ ᠯᠡ ᠴᠤᠩᠬᠤᠪᠴᠢ ᠪᠠᠷ ᠭᠠᠷᠭᠠᠨ ᠠᠪᠴᠤ ᠪᠤᠯᠤᠨ᠎ᠠ᠃ ᠬᠤᠶᠠᠷ ᠲᠤ ᠠᠵᠤ ᠠᠬᠤᠶᠢᠯᠠᠯ ᠡᠷᠭᠢᠯᠡᠬᠦ ᠳᠤ | ᠥᠪᠡᠷ ᠤᠨ ᠥᠷᠲᠡᠭ ᠦᠭᠡᠢ ᠪᠠᠶᠢᠬᠤ ᠶᠢ ᠪᠡᠶᠡᠯᠡᠭᠦᠯᠪᠡ᠃ ᠠᠵᠤ ᠠᠬᠤᠶᠢᠯᠠᠯ ᠤᠨ ︽ᠵᠣᠭᠤᠰ︾ ᠢᠶᠠᠷ ᠲᠠᠮᠠᠭ᠎ᠠ ᠰᠡᠶᠢᠯᠦᠨ ᠦᠶᠯᠡᠳᠬᠦ ᠶᠢ ᠵᠠᠰᠠᠭ ᠤᠨ ᠣᠷᠳᠣᠨ | ᠠᠴᠠ ᠲᠣᠭᠠᠴᠠᠭ᠎ᠠ ᠬᠢᠬᠦ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠡᠷᠭᠢᠯᠡᠬᠦ ᠳᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ᠂ | ᠰᠦᠢᠳᠬᠡᠯ ᠬᠤᠷᠢᠶᠠᠬᠤ ᠦᠭᠡᠢ ᠪᠠᠷ ᠪᠠᠭᠤᠯᠭᠠᠬᠤ ᠦᠢᠯᠡᠴᠢᠯᠡᠭᠡ ᠬᠠᠩᠭᠠᠪᠠ᠃ | | | | | ﹇ᠬᠥᠲᠥᠯᠥᠭᠴᠢ﹈ 12345 ᠬᠤᠲᠠ ᠶᠢᠨ ᠠᠷᠠᠳ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠶ︖ | | ﹇ᠯᠢᠦᠢ ᠵᠠᠨ ᠵᠢᠶᠦ᠋ᠨ﹈ ᠨᠢᠭᠡ ᠳᠤ ︽ᠨᠢᠭᠡ ᠨᠣᠮᠧᠷ ᠢᠶᠠᠷ ᠨᠡᠶᠢᠳᠡᠮ ᠰᠢᠢᠳᠪᠦᠷᠢᠯᠡᠬᠦ᠂ ᠵᠡᠭᠡᠯᠢ ᠪᠠᠯᠭᠠᠰᠤ ᠨᠢᠭᠡᠳᠦᠯᠲᠡᠢ ᠰᠢᠢᠳᠪᠦᠷᠢᠯᠡᠬᠦ︾ ᠬᠤᠯᠪᠣᠭᠳᠠᠯ ᠪᠦᠬᠦᠢ | ᠤᠴᠢᠷ ᠶᠠᠪᠤᠳᠠᠯ ᠢ ᠰᠠᠶᠢᠲᠤᠷ ᠬᠢᠵᠦ᠂ ᠡᠯ᠎ᠡ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠲᠠᠢ ᠡᠯ᠎ᠡ ᠵᠦᠢᠯ ᠤᠨ ᠤᠴᠢᠷ ᠶᠠᠪᠤᠳᠠᠯ ᠢ ᠰᠠᠶᠢᠲᠤᠷ ᠵᠣᠯᠭᠠᠭᠤᠯᠵᠤ᠂ | ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠨᠢᠭᠡᠳᠦᠯᠲᠡᠢ ᠰᠢᠢᠳᠪᠦᠷᠢᠯᠡᠬᠦ ᠶᠢ ᠪᠠᠲᠤᠯᠠᠪᠠ᠃ ᠬᠤᠶᠠᠷ ᠲᠤ 12345 ᠬᠤᠳᠠ ᠶᠢᠨ ᠠᠷᠠᠳ ᠤᠨ ᠦᠢᠯᠡᠴᠢᠯᠡᠭᠡᠨ ᠤ | ᠬᠠᠯᠠᠮᠰᠢᠯ ᠤᠲᠠᠰᠤ ᠪᠠᠷ ᠠᠵᠢᠯ ᠤᠨ ᠬᠠᠭᠤᠳᠠᠰᠤ ᠲᠠᠷᠬᠠᠭᠠᠬᠤ ᠶᠢ ᠴᠤᠤᠷᠢᠶᠠᠲᠤᠨ ᠳᠠᠭᠠᠬᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠦᠢᠴᠡᠳᠬᠡᠵᠦ | ᠬᠠᠷᠢᠭᠤᠯᠲᠠ ᠥᠭᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ ᠤᠯᠠᠨ ᠰᠠᠯᠠᠭ᠎ᠠ ᠮᠥᠴᠢᠷ ᠬᠤᠯᠪᠣᠭᠠᠯᠠᠬᠤ ᠶᠢ ᠴᠢᠬᠤᠯᠠᠴᠢᠯᠠᠵᠤ᠂ ᠠᠵᠢᠯ | ᠶᠠᠪᠤᠳᠠᠯ ᠭᠦᠢᠴᠡᠳᠭᠡᠬᠦ ᠶᠠᠰᠤ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠭᠤᠷᠪᠠ ᠳᠤ | ᠨᠠᠢᠮᠠᠨ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠬᠠᠯᠠᠮᠰᠢᠯ | ᠤᠲᠠᠰᠤ ︵0475 ︱ 4512345︶ ᠭᠠᠷᠭᠠᠵᠤ᠂ ᠲᠤᠰᠬᠠᠢ ᠬᠥᠮᠥᠨ ᠲᠤᠬᠢᠷᠠᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠠᠩᠬᠠᠷᠬᠤ | ᠬᠥᠮᠥᠨ ᠲᠠᠢ ᠪᠥᠭᠡᠳ ᠰᠢᠢᠳᠪᠦᠷᠢᠯᠡᠬᠦ ᠬᠥᠮᠥᠨ ᠲᠠᠢ ᠪᠠᠶᠢᠬᠤ ᠶᠢ ᠦᠨᠡᠨ ᠬᠦ ᠪᠠᠲᠤᠯᠠᠪᠠ᠃ 1-6 ᠳ᠋ᠤᠭᠠᠷ ᠰᠠᠷ᠎ᠠ ᠳᠤ᠂ ᠮᠠᠨ ᠤ ᠬᠤᠰᠢᠭᠤ ᠲᠦᠩᠯᠢᠶᠣᠣ ᠬᠤᠲᠠ ᠶᠢᠨ | 12345 ᠬᠤᠲᠠ ᠶᠢᠨ ᠠᠷᠠᠳ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ 2031 ᠠᠵᠢᠯ ᠤᠨ ᠬᠠᠭᠤᠳᠠᠰᠤ ᠶᠢ ᠳᠠᠭᠠᠭᠠᠨ ᠭᠦᠢᠴᠡᠳᠬᠡᠵᠦ᠂ ᠤᠳᠤ ᠪᠤᠯᠲᠠᠯ᠎ᠠ | 1867 ᠶᠢ ᠰᠢᠢᠳᠪᠦᠷᠢᠯᠡᠵᠦ ᠳᠠᠭᠤᠰᠬᠠᠪᠠ᠂ ᠡᠭᠦᠨ ᠳᠤ 561 ᠵᠠᠭᠠᠯᠳᠤᠯᠭ᠎ᠠ ᠶᠢᠨ ᠵᠦᠢᠯ᠂ 1138 ᠲᠤᠰᠠᠯᠠᠮᠵᠢ ᠭᠤᠶᠤᠴᠢᠯᠠᠭᠰᠠᠨ ᠵᠦᠢᠯ᠂ 303 ᠵᠥᠪᠯᠡᠯᠭᠡ᠂ | 29 ᠰᠠᠨᠠᠭᠤᠯᠭ᠎ᠠ ᠶᠢᠨ ᠵᠦᠢᠯ ᠪᠣᠶ᠂ ᠬᠠᠷᠢᠭᠤ ᠰᠣᠷᠪᠤᠯᠵᠢᠯᠠᠭ᠎ᠠ ᠪᠠᠷ ᠳᠡᠮᠵᠢᠨ᠂ ᠬᠠᠭᠠᠰ ᠵᠢᠯ ᠤᠨ ᠲᠤᠷᠰᠢ᠂ ᠣᠯᠠᠨ ᠲᠦᠮᠡᠨ ᠤ ᠭᠤᠮᠣᠳᠠᠯ ᠲᠣᠭᠠᠴᠢᠯᠲᠠ ᠶᠢ | ᠰᠢᠢᠳᠪᠦᠷᠢᠯᠡᠭᠰᠡᠨ ᠬᠠᠷᠢᠭᠤᠯᠲᠠ ᠶᠢᠨ ᠬᠠᠨᠤᠮᠵᠢ ᠶᠢᠨ ᠨᠣᠷᠮ᠎ᠠ 98.63% ᠳᠤ ᠬᠦᠷᠪᠡ᠃ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠬᠠᠯᠠᠮᠰᠢᠯ | ᠤᠲᠠᠰᠤ ᠠᠵᠤ ᠠᠬᠤᠶᠢᠯᠠᠯ ᠤᠨ ᠲᠦᠪᠡᠭᠲᠡᠢ ᠠᠰᠠᠭᠤᠳᠠᠯ ᠢ ᠨᠡᠶᠢᠲᠡ 12 ᠬᠤᠪᠢ ᠰᠢᠢᠳᠪᠦᠷᠢᠯᠡᠵᠡᠢ᠃ | | | | | ﹇ᠬᠥᠲᠥᠯᠥᠭᠴᠢ﹈ ᠪᠦᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠢᠷᠢ ᠵᠡᠷᠭᠡ ᠥᠷᠨᠢᠭᠦᠯᠦᠭᠰᠡᠨ ᠪᠤᠶ︖ | ﹇ᠯᠢᠦᠢ ᠵᠠᠨ ᠵᠢᠶᠦ᠋ᠨ﹈ ᠨᠢᠭᠡ ᠳᠤ ᠬᠤᠰᠢᠭᠤᠨ ᠤ ᠵᠠᠰᠠᠭ ᠤᠨ ᠣᠷᠳᠣᠨ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ ᠤᠨ ᠠᠵᠢᠯ ᠤᠨ ᠬᠥᠳᠡᠯᠦᠩᠭᠦᠢ ᠪᠠᠶᠢᠳᠠᠯ ᠤᠨ ᠮᠡᠳᠡᠭᠡ ᠵᠠᠩᠭᠢ ᠶᠢ 1400 ᠭᠠᠷᠤᠢ ᠵᠤᠷᠪᠤᠰ ᠨᠡᠶᠢᠲᠡᠯᠡᠪᠡ︔ ᠠᠯᠪᠠᠳᠠᠯᠭ᠎ᠠ ᠶᠢᠨ ᠰᠢᠳᠬᠡᠯ᠂ ᠴᠢᠬᠤᠯᠠ ᠶᠡᠭᠡ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠤ 1000 ᠭᠠᠷᠤᠢ ᠮᠡᠳᠡᠭᠡ ᠵᠠᠩᠭᠢ ᠶᠢ | ᠢᠯᠡ ᠪᠣᠯᠭᠠᠪᠠ︔ ᠪᠡᠯᠡ ᠣᠷᠣᠭᠤᠯᠤᠯᠲᠠ ᠶᠢᠨ ᠬᠥᠳᠡᠯᠦᠯ ᠪᠠᠶᠢᠳᠠᠯ 50 ᠭᠠᠷᠤᠢ ᠵᠤᠷᠪᠤᠰ︔ 120 ᠭᠠᠷᠤᠢ ᠠᠯᠪᠠᠨ ᠵᠠᠷ ᠨᠡᠶᠢᠲᠡᠯᠡᠯ︔ ᠬᠢᠵᠢᠭ ᠢ ᠰᠡᠷᠭᠡᠶᠢᠯᠡᠨ | ᠡᠵᠡᠮᠳᠡᠬᠦ ᠬᠤᠯᠪᠣᠭᠳᠠᠯ ᠪᠦᠬᠦᠢ ᠮᠡᠳᠡᠭᠡ ᠵᠠᠩᠭᠢ 340 ᠭᠠᠷᠤᠢ ᠵᠦᠢᠯ ᠢᠯᠡ ᠨᠡᠶᠢᠲᠡᠯᠡᠪᠡ︔ ᠬᠤᠳᠠᠯᠳᠤᠭ᠎ᠠ ᠡᠵᠡᠩᠨᠡᠬᠦ ᠶᠢ ᠰᠢᠯᠢᠳᠡᠭᠵᠢᠭᠦᠯᠬᠦ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠪᠠ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ 290 ᠭᠠᠷᠤᠢ ᠮᠡᠳᠡᠭᠡ ᠵᠠᠩᠭᠢ ᠶᠢ ᠢᠯᠡ ᠪᠤᠯᠭᠠᠪᠠ︔ ᠵᠠᠰᠠᠭ ᠤᠨ | ᠣᠷᠳᠣᠨ ᠤ ᠪᠢᠴᠢᠭ ᠮᠠᠲ᠋ᠧᠷᠢᠶᠠᠯ ᠢ 36 ᠬᠤᠪᠢ ᠢᠯᠡ ᠪᠣᠯᠭᠠᠵᠤ᠂ 38 ᠬᠤᠪᠢ ᠦᠢᠯᠡᠳᠬᠦᠨ ᠤ ᠲᠠᠶᠢᠯᠤᠮᠵᠢ ᠨᠡᠶᠢᠲᠡᠯᠡᠵᠦ᠂ ᠰᠦᠯᠵᠢᠶ᠎ᠡ ᠶᠢᠨ ᠰᠤᠷᠪᠤᠯᠵᠢᠯᠠᠭ᠎ᠠ | ᠭᠤᠷᠪᠠᠨ ᠬᠤᠭᠤᠴᠠᠭ᠎ᠠ ᠬᠢᠵᠦ᠂ ᠰᠦᠯᠵᠢᠶᠡᠨ ᠳᠡᠭᠡᠷᠡᠬᠢ ᠪᠠᠶᠢᠴᠠᠭᠠᠯᠲᠠ ᠭᠤᠷᠪᠠᠨ ᠬᠤᠭᠤᠴᠠᠭ᠎ᠠ ᠬᠢᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ | ᠶᠣᠰᠣᠭᠠᠷ ᠢᠯᠡ ᠪᠤᠯᠭᠠᠬᠤ ᠶᠢ 5 ᠬᠤᠪᠢ ᠬᠦᠯᠢᠶᠠᠨ ᠠᠪᠴᠤ᠂ ᠬᠠᠤᠯᠢ ᠲᠣᠭᠲᠠᠭᠠᠯ ᠶᠣᠰᠣᠭᠠᠷ 5 ᠬᠤᠪᠢ ᠰᠢᠢᠳᠪᠦᠷᠢᠯᠡᠵᠦ ᠳᠠᠭᠤᠰᠬᠠᠪᠠ︔ ᠬᠤᠰᠢᠭᠤᠨ ᠤ | ᠵᠠᠰᠠᠭ ᠤᠨ ᠣᠷᠳᠣᠨ ᠤ ᠰᠦᠯᠵᠢᠶᠡᠨ ᠤ ᠨᠠᠶᠢᠵᠠ ᠨᠠᠷ ᠤᠨ ᠠᠰᠠᠭᠤᠯᠲᠠ ᠶᠢ 43 ᠬᠤᠪᠢ ᠬᠠᠷᠢᠭᠤᠯᠪᠠ︔ ᠬᠤᠶᠠᠷ ᠲᠤ ︽ᠲᠦᠩᠯᠢᠶᠣᠣ ᠬᠤᠲᠠ ᠶᠢᠨ 2022 | ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠢᠪᠲᠤᠯᠤᠯᠲᠠ ᠶᠢᠨ ᠣᠨ ᠤ ᠬᠡᠷᠡᠭᠵᠢᠭᠦᠯᠬᠦ ᠲᠥᠰᠥᠯ︾ ᠤᠨ ᠬᠠᠮᠢᠶ᠎ᠠ ᠪᠦᠬᠦᠢ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠨᠠᠢᠮᠠᠨ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠬᠤᠰᠢᠭᠤᠨ ᠤ ᠵᠠᠰᠠᠭ ᠤᠨ ᠣᠷᠳᠣᠨ ᠤ ᠡᠭᠦᠳᠡᠴᠢ ᠰᠦᠯᠵᠢᠶ᠎ᠡ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ | ᠠᠭᠤᠯᠭ᠎ᠠ ᠶᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠨᠠᠢᠮᠠᠨ ᠵᠠᠰᠠᠭ ᠢᠯᠡ ᠠᠯᠪᠠᠨ ᠥᠰᠥᠭ ﹇2022﹈ 3 | ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠨᠠᠢᠮᠠᠨ ᠬᠤᠰᠢᠭᠤᠨ ᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ | ᠳᠡᠭᠡᠭᠰᠢᠯᠡᠭᠦᠯᠪᠡ︔ ︽ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ | ᠡᠵᠡᠩᠨᠡᠯᠲᠡ ᠪᠠ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠮᠡᠳᠡᠭᠳᠡᠯ︾ ︵ᠨᠠᠢᠮᠠᠨ ᠵᠠᠰᠠᠭ ᠠᠯᠪᠠᠨ ᠥᠰᠥᠭ ﹇ | 2022﹈ 16 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ︔ ᠭᠤᠷᠪᠠ ᠳᠤ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠢᠨ᠎ᠡ | ᠵᠠᠭᠤᠴᠢᠯᠠᠭᠤᠷ ᠤᠨ ᠲᠠᠩᠰᠠᠨ ᠨᠣᠮᠧᠷ ︽ᠨᠠᠢᠮᠠᠨ ᠵᠠᠰᠠᠭ ᠤᠨ ᠶᠠᠪᠤᠳᠠᠯ︾ ᠢ ᠵᠢᠷᠤᠮᠵᠢᠭᠤᠯᠤᠨ ᠠᠵᠢᠯᠯᠠᠭᠤᠯᠵᠤ᠂ 1-6 ᠳ᠋ᠤᠭᠠᠷ ᠰᠠᠷ᠎ᠠ ᠳᠤ ᠤᠳᠤᠷᠢᠳᠤᠯᠭ᠎ᠠ ᠶᠢᠨ | ᠬᠥᠳᠡᠯᠦᠯ ᠪᠠᠶᠢᠳᠠᠯ᠂ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠮᠡᠳᠡᠭᠡ ᠵᠠᠩᠭᠢ 230 ᠭᠠᠷᠤᠢ ᠨᠡᠶᠢᠲᠡᠯᠡᠪᠡ︔ ᠪᠥᠬᠦ ᠬᠤᠰᠢᠭᠤᠨ ᠤ 48 ᠵᠠᠰᠠᠭ ᠤᠨ ᠣᠷᠳᠣᠨ ᠤ | ᠰᠢᠰᠲ᠋ᠧᠮ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠲᠤ ᠭᠠᠷᠠᠭ ᠤᠨ ᠮᠡᠳᠡᠭᠡᠯᠡᠯ᠂ ᠡᠳᠦᠷ ᠤᠨ ᠬᠢᠨᠠᠨ ᠬᠡᠮᠵᠢᠯᠲᠡ ᠬᠢᠵᠦ᠂ ᠪᠥᠬᠦ | ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠷᠡᠭᠦᠯ ᠢᠶᠠᠷ᠂ ᠡᠮᠬᠢ ᠵᠢᠷᠤᠮ ᠲᠠᠢ ᠬᠦᠭᠵᠢᠬᠦ ᠶᠢ | ᠠᠬᠢᠭᠤᠯᠪᠠ᠃ ᠳᠥᠷᠪᠡ ᠳᠤ ᠪᠥᠬᠦ ᠬᠤᠰᠢᠭᠤᠨ ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠭᠤᠷᠪᠠᠨ ᠶᠠᠪᠤᠳᠠᠯ ᠢ ᠢᠯᠡ ᠪᠣᠯᠭᠠᠬᠤ ᠲᠠᠪᠴᠠᠩ ᠢᠶᠠᠷ ᠵᠠᠰᠠᠭ ᠤᠨ | ᠶᠠᠪᠤᠳᠠᠯ ᠢ ᠢᠯᠡ ᠪᠣᠯᠭᠠᠬᠤ ᠮᠡᠳᠡᠭᠡ ᠵᠠᠩᠭᠢ ᠶᠢ ᠪᠢᠴᠢᠵᠦ ᠣᠷᠣᠭᠤᠯᠬᠤ ᠶᠢ ᠵᠢᠯᠤᠭᠤᠳᠤᠪᠠ᠃ | | | | | ﹇ᠬᠥᠲᠥᠯᠥᠭᠴᠢ﹈ ᠯᠢᠦᠢ ᠱᠦᠵᠢ ᠶᠢᠨ ᠨᠠᠷᠢᠨ ᠲᠠᠨᠢᠯᠴᠠᠭᠤᠯᠭ᠎ᠠ ᠬᠢᠭᠰᠡᠨ ᠳᠤ ᠲᠠᠯᠠᠷᠬᠠᠵᠤ ᠪᠠᠶᠢᠨ᠎ᠠ᠂ ᠥᠨᠥᠳᠥᠷ ᠤᠨ ᠰᠦᠯᠵᠢᠶ᠎ᠡ ᠶᠢᠨ ᠰᠣᠷᠪᠤᠯᠵᠢᠯᠠᠭ᠎ᠠ ᠠᠳᠡ | ᠬᠦᠷᠦᠭᠡᠳ ᠲᠡᠭᠦᠰᠬᠦ ᠪᠣᠯᠣᠯ᠎ᠠ᠂ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠨᠡᠩ ᠰᠠᠶᠢᠨ ᠤᠷᠤᠭᠰᠢᠯᠠᠨ ᠳᠠᠪᠰᠢᠬᠤ ᠶᠢ | ᠵᠦᠩᠨᠡᠶ᠎ᠡ︕ | ﹇ ᠯᠢᠦᠢ ᠵᠠᠨ ᠵᠢᠶᠦ᠋ᠨ﹈ ᠲᠠᠯᠠᠷᠬᠠᠯ᠎ᠠ︕ ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠨᠠᠶᠢᠵᠠ ᠨᠠᠷ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ | ᠳᠤᠷᠠᠳᠬᠤ ᠶᠢ ᠬᠦᠰᠡᠵᠦ ᠪᠠᠶᠢᠨ᠎ᠠ᠂ ᠪᠢᠳᠡ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠦᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠬᠦᠴᠦ | ᠲᠠᠯᠪᠢᠨ ᠰᠢᠯᠢᠳᠡᠭᠵᠢᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ | |