ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠪᠦᠬᠦ ᠬᠤᠲᠠ ᠶᠢᠨ ᠬᠢᠨᠠᠨ ᠪᠣᠳᠣᠬᠤ ᠠᠵᠢᠯ ᠢ ᠭᠤᠣᠯᠯᠠᠨ ᠬᠠᠮᠢᠶᠠᠷᠤᠨ᠎ᠠ᠃ ᠲᠦᠩᠯᠢᠶᠣᠣ ᠬᠤᠲᠠ ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ | ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠬᠤ ᠬᠢᠨᠠᠯᠲᠠ ᠲᠠᠯᠪᠢᠬᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ | ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠢ᠂ ᠬᠠᠤᠯᠢ ᠳᠤ ᠨᠡᠶᠢᠴᠡᠬᠦ ᠡᠰᠡᠬᠦ ᠪᠠ ᠦᠷ᠎ᠡ ᠠᠰᠢᠭ ᠲᠤ ᠬᠢᠨᠠᠨ ᠪᠤᠳᠤᠬᠤ ᠬᠢᠨᠠᠯᠲᠠ ᠲᠠᠯᠪᠢᠬᠤ ᠶᠢ | ᠬᠠᠷᠢᠭᠤᠴᠠᠨ᠎ᠠ᠃ ᠬᠢᠨᠠᠨ ᠪᠤᠳᠤᠬᠤ᠂ ᠲᠤᠰᠬᠠᠢ ᠵᠦᠢᠯ ᠢᠶᠠᠷ ᠬᠢᠨᠠᠨ ᠪᠤᠳᠤᠵᠤ ᠪᠠᠶᠢᠴᠠᠭᠠᠯᠲᠠ ᠬᠢᠬᠦ ᠪᠠ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠮᠢᠶ᠎ᠠ | ᠪᠦᠬᠦᠢ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ ᠬᠢᠨᠠᠨ ᠪᠣᠳᠣᠯᠲᠠ | ᠬᠢᠯᠭᠡᠭᠰᠡᠨ ᠨᠢᠭᠡᠴᠢ ᠶᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠲᠠᠢ᠃ | ︵ᠬᠤᠶᠠᠷ︶ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠣᠨ ᠤ ᠬᠤᠲᠠ ᠶᠢᠨ ᠱᠠᠲᠤᠨ ᠤ ᠲᠥᠰᠥᠪ ᠢ ᠭᠦᠢᠴᠡᠳᠬᠡᠭᠰᠡᠨ ᠪᠠ | ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠲᠤᠰᠢᠶᠠᠨ᠎ᠠ᠃ ᠲᠦᠩᠯᠢᠶᠣᠣ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠲᠦᠩᠯᠢᠶᠣᠣ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ ᠬᠤᠲᠠ ᠶᠢᠨ ᠱᠠᠲᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠬᠤ | ᠠᠵᠢᠯ ᠤᠨ ᠮᠡᠳᠡᠭᠦᠯᠦᠯᠲᠡ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠵᠠᠯᠠᠷᠠᠭᠤᠯᠤᠭᠰᠠᠨ ᠪᠠ ᠰᠢᠢᠳᠪᠦᠷᠢᠯᠡᠭᠰᠡᠨ ᠦᠷ᠎ᠡ ᠳ᠋ᠦᠩ ᠤᠨ ᠮᠡᠳᠡᠭᠦᠯᠦᠯᠲᠡ ᠶᠢ | ᠲᠤᠰᠢᠶᠠᠨ᠎ᠠ᠃ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠪᠤᠰᠤᠳ ᠵᠦᠢᠯᠡᠰ ᠤᠨ ᠬᠢᠨᠠᠨ ᠪᠤᠳᠤᠬᠤ ᠪᠠ ᠲᠤᠰᠬᠠᠢ ᠵᠦᠢᠯ ᠤᠨ ᠬᠢᠨᠠᠨ | ᠪᠤᠳᠤᠬᠤ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ᠃ ᠬᠢᠨᠠᠨ ᠪᠤᠳᠤᠭᠰᠠᠨ ᠦᠷ᠎ᠡ ᠳ᠋ᠦᠩ ᠢ ᠬᠠᠤᠯᠢ ᠶᠣᠰᠣᠭᠠᠷ ᠨᠡᠶᠢᠭᠡᠮ ᠳᠤ | ᠨᠡᠶᠢᠲᠡᠯᠡᠨ᠎ᠡ᠃ | ︵ᠭᠤᠷᠪᠠ︶ ᠳᠣᠣᠷ᠎ᠠ ᠵᠢᠭᠰᠠᠭᠠᠭᠰᠠᠨ ᠵᠦᠢᠯᠡᠰ ᠢ ᠰᠢᠭᠤᠳ ᠬᠢᠨᠠᠨ ᠪᠤᠳᠤᠵᠤ᠂ ᠬᠢᠨᠠᠨ ᠪᠤᠳᠤᠭᠰᠠᠨ ᠮᠡᠳᠡᠭᠦᠯᠦᠯᠲᠡ ᠭᠠᠷᠭᠠᠨ᠂ ᠬᠠᠤᠯᠢ ᠳᠤ ᠲᠣᠭᠲᠠᠭᠠᠭᠰᠠᠨ | ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ ᠪᠤᠳᠤᠭᠰᠠᠨ ᠲᠣᠭᠲᠠᠭᠠᠯ ᠭᠠᠷᠭᠠᠬᠤ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠢᠳᠪᠦᠷᠢᠯᠡᠬᠦ ᠪᠠ | ᠲᠣᠷᠭᠠᠬᠤ ᠰᠠᠨᠠᠭᠤᠯᠭ᠎ᠠ ᠳᠤᠷᠠᠳᠤᠨ᠎ᠠ᠄ | 1᠂ ᠲᠦᠩᠯᠢᠶᠣᠣ ᠶᠢᠨ ᠬᠤᠲᠠ ᠶᠢᠨ ᠱᠠᠲᠤᠨ ᠤ ᠲᠥᠰᠥᠪ ᠤᠨ ᠬᠡᠷᠡᠭᠵᠢᠭᠦᠯᠦᠯᠲᠡ ᠶᠢᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ᠂ | ᠬᠤᠲᠠ ᠶᠢᠨ ᠱᠠᠲᠤᠨ ᠤ ᠡᠯ᠎ᠡ ᠰᠠᠯᠠᠭ᠎ᠠ ᠮᠥᠴᠢᠷ ᠤᠨ ᠲᠥᠰᠥᠪ ᠤᠨ ᠬᠡᠷᠡᠭᠵᠢᠭᠦᠯᠦᠭᠰᠡᠨ ᠪᠠᠶᠢᠳᠠᠯ᠂ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ | ᠤᠷᠤᠯᠭ᠎ᠠ ᠵᠠᠷᠤᠯᠭ᠎ᠠ᠃ | 2᠂ ᠬᠤᠰᠢᠭᠤ ᠰᠢᠶᠠᠨ ᠬᠤᠲᠠ ᠲᠣᠭᠤᠷᠢᠭ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠥᠰᠥᠪ ᠤᠨ ᠬᠡᠷᠡᠭᠵᠢᠭᠦᠯᠦᠭᠰᠡᠨ ᠪᠠᠶᠢᠳᠠᠯ᠂ | ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠰᠢᠯᠵᠢᠭᠦᠯᠵᠦ ᠥᠭᠬᠦ ᠪᠡᠯᠡ ᠮᠥᠩᠭᠦ᠃ | 3᠂ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠬᠡᠷᠡᠭᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ ᠪᠦᠯᠬᠦᠮ ᠤᠨ | ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃ | 4᠂ ᠬᠤᠲᠠ ᠶᠢᠨ ᠪᠡᠯᠡ ᠤᠷᠤᠭᠤᠯᠤᠯᠲᠠ ᠪᠠ ᠬᠤᠲᠠ ᠶᠢᠨ ᠪᠡᠯᠡ ᠣᠷᠤᠯᠠᠭᠤᠯᠤᠯᠲᠠ ᠪᠠᠷ ᠭᠤᠣᠯ ᠪᠤᠯᠭᠠᠭᠰᠠᠨ ᠪᠠᠶᠢᠭᠤᠯᠤᠯᠲᠠ ᠶᠢᠨ ᠵᠦᠢᠯ ᠤᠨ ᠲᠥᠰᠥᠪ ᠢ | ᠬᠡᠷᠡᠭᠵᠢᠭᠦᠯᠦᠭᠰᠡᠨ ᠪᠠᠶᠢᠳᠠᠯ ᠪᠠ ᠲᠥᠰᠥᠪ ᠤᠨ ᠭᠦᠢᠴᠡᠳᠬᠡᠯ᠃ | 5᠂ ᠲᠦᠩᠯᠢᠶᠣᠣ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠮᠥᠩᠭᠦᠨ ᠭᠥᠯᠭᠡᠭᠡᠨ ᠤ ᠪᠠᠶᠢᠭᠤᠯᠤᠮᠵᠢ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯᠲᠦ ᠬᠥᠷᠥᠩᠭᠡ ᠬᠤᠪᠢ ᠤᠷᠤᠭᠤᠯᠤᠯᠲᠠ ᠶᠢ ᠡᠷᠬᠡᠰᠢᠶᠡᠭᠰᠡᠨ ᠪᠤᠶᠤ ᠭᠤᠣᠯᠯᠠᠬᠤ ᠪᠠᠶᠢᠷᠢ | ᠰᠠᠭᠤᠷᠢ ᠶᠢ ᠡᠵᠡᠯᠡᠭᠰᠡᠨ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠥᠭᠴᠡᠭᠡ ᠪᠠ ᠤᠷᠤᠵᠠ ᠭᠠᠷᠤᠵᠠ᠃ | 6᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠪᠠ ᠵᠠᠰᠠᠭ ᠤᠨ ᠣᠷᠳᠣᠨ ᠪᠠ ᠲᠡᠭᠦᠨ ᠤ ᠰᠠᠯᠠᠭ᠎ᠠ ᠮᠥᠴᠢᠷ ᠤᠨ ᠨᠠᠶᠢᠲᠡᠯᠭᠠ ᠪᠠᠷ | ᠨᠡᠶᠢᠭᠡᠮ ᠤᠨ ᠪᠥᠯᠬᠦᠮ ᠳᠤ ᠬᠠᠮᠢᠶᠠᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠮᠥᠩᠭᠦ᠂ | ᠨᠡᠶᠢᠭᠡᠮ ᠤᠨ ᠬᠠᠨᠳᠢᠪᠯᠠᠭᠰᠠᠨ ᠪᠡᠯᠡ ᠮᠥᠩᠭᠦ ᠵᠢᠴᠢ ᠪᠤᠰᠤᠳ ᠬᠤᠯᠪᠣᠭᠳᠠᠯ ᠪᠦᠬᠦᠢ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠤᠷᠤᠯᠭ᠎ᠠ | ᠵᠠᠷᠤᠯᠭ᠎ᠠ᠃ | 7᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠵᠢᠨᠵᠥ᠋ᠢᠯ ᠤᠨ ᠡᠳ᠋ ᠤᠨ | ᠶᠠᠪᠤᠳᠠᠯ ᠤᠨ ᠤᠷᠤᠯᠭ᠎ᠠ ᠵᠠᠷᠤᠯᠭ᠎ᠠ᠃ | 8᠂ ᠬᠢᠨᠠᠨ ᠪᠣᠳᠣᠬᠤ ᠲᠢᠩᠬᠢᠮ ᠠᠴᠠ ᠬᠢᠨᠠᠨ ᠪᠣᠳᠣᠬᠤ ᠡᠷᠬᠡ ᠣᠯᠭᠤᠭᠰᠠᠨ ᠪᠤᠰᠤᠳ ᠬᠢᠨᠠᠨ ᠪᠣᠳᠣᠬᠤ ᠵᠦᠢᠯ᠃ | 9᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠬᠢᠨᠠᠨ ᠪᠤᠳᠤᠬᠤ ᠲᠣᠪᠴᠢᠶ᠎ᠠ ᠠᠴᠠ ᠬᠢᠨᠠᠨ ᠪᠤᠳᠤᠬᠤ ᠬᠡᠷᠡᠭᠲᠡᠢ ᠭᠡᠵᠦ ᠲᠣᠭᠲᠠᠭᠠᠭᠰᠠᠨ | ᠪᠤᠰᠤᠳ ᠵᠦᠢᠯ᠃ | ︵ᠳᠥᠷᠪᠡ︶ ᠲᠣᠭᠲᠠᠭᠠᠯ ᠶᠣᠰᠣᠭᠠᠷ ᠲᠦᠩᠯᠢᠶᠣᠣ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠰᠢᠭᠤ ᠰᠢᠶᠠᠨ ᠬᠤᠲᠠ ᠲᠣᠭᠤᠷᠢᠭ ᠤᠨ ᠨᠠᠮ | ᠵᠠᠰᠠᠭ ᠤᠨ ᠤᠳᠤᠷᠢᠳᠬᠤ ᠺᠠᠳ᠋ᠷ ᠵᠢᠴᠢ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠪᠤᠰᠤᠳ ᠨᠢᠭᠡᠴᠢ ᠶᠢᠨ ᠭᠤᠣᠯ | ᠬᠠᠷᠢᠭᠤᠴᠠᠯᠭᠠᠲᠠᠨ ᠳᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢ ᠬᠡᠷᠡᠭᠵᠢᠭᠦᠯᠦᠨ᠎ᠡ᠃ | ︵ᠲᠠᠪᠤ︶ ᠤᠯᠤᠰ ᠤᠨ ᠡᠳ᠋ ᠤᠨ ᠵᠠᠰᠠᠭ ᠠᠵᠤ ᠠᠬᠤᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠷᠤ ᠶᠢᠨ ᠪᠣᠳᠣᠯᠭ᠎ᠠ ᠪᠠ | ᠬᠤᠷᠸ᠎ᠠ ᠲᠣᠬᠢᠷᠠᠭᠤᠯᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠪᠤᠶᠤ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ | ᠲᠣᠭᠲᠠᠭᠠᠭᠰᠠᠨ ᠬᠡᠷᠡᠭ ᠶᠠᠪᠤᠳᠠᠯ ᠳᠤ ᠲᠤᠰᠬᠠᠢ ᠵᠦᠢᠯ ᠤᠨ ᠬᠢᠨᠠᠨ ᠪᠤᠳᠤᠬᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠡᠬᠢ | ᠪᠠᠶᠠᠯᠢᠭ᠂ ᠪᠡᠯᠡ ᠮᠥᠩᠭᠦ ᠪᠠ ᠵᠢᠭᠡᠯᠡᠯᠭᠡ ᠶᠢ ᠬᠡᠷᠡᠭᠯᠡᠬᠦ ᠪᠤᠶᠤ ᠤᠯᠤᠰ ᠤᠨ ᠭᠠᠶᠢᠯᠢ ᠲᠠᠲᠠᠪᠤᠷᠢ ᠳᠤ ᠬᠤᠯᠪᠣᠭᠳᠠᠬᠤ ᠪᠤᠰᠤᠳ ᠨᠢᠭᠡᠴᠢ ᠳᠤ ᠬᠢᠨᠠᠨ ᠪᠤᠳᠤᠬᠤ | ᠪᠠᠶᠢᠴᠠᠭᠠᠯᠲᠠ ᠬᠢᠨ᠎ᠡ᠃ | ︵ᠵᠢᠷᠭᠤᠭ᠎ᠠ︶ ᠬᠢᠨᠠᠨ ᠪᠤᠳᠤᠬᠤ ᠰᠢᠢᠳᠪᠦᠷᠢ ᠶᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ | ᠠᠰᠠᠭᠤᠳᠠᠯ ᠢ ᠰᠢᠮᠳᠠᠭᠤᠯᠤᠨ ᠵᠠᠯᠠᠷᠠᠭᠤᠯᠬᠤ ᠪᠠ ᠰᠢᠢᠳᠪᠦᠷᠢᠯᠡᠵᠦ᠂ ᠬᠢᠨᠠᠭᠳᠠᠭᠰᠠᠨ ᠨᠢᠭᠡᠴᠢ ᠶᠢᠨ ᠬᠢᠨᠠᠨ ᠪᠤᠳᠤᠬᠤ ᠰᠢᠢᠳᠪᠦᠷᠢ ᠳᠤ ᠬᠠᠨᠳᠤᠭᠤᠯᠤᠭᠰᠠᠨ ᠵᠠᠰᠠᠭ | ᠵᠠᠬᠢᠷᠭᠠᠨ ᠤ ᠲᠠᠬᠢᠨ ᠵᠥᠪᠳᠡᠯᠴᠡᠯ᠂ ᠵᠠᠰᠠᠭ ᠵᠠᠬᠢᠷᠭᠠᠨ ᠤ ᠵᠠᠭᠠᠯᠳᠤᠯᠭ᠎ᠠ ᠪᠤᠶᠤ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠰᠤᠯᠤᠯᠲᠠ ᠶᠢᠨ | ᠬᠤᠯᠪᠣᠭᠳᠠᠯ ᠪᠦᠬᠦᠢ ᠵᠦᠢᠯ ᠢ ᠬᠠᠤᠯᠢ ᠶᠣᠰᠣᠭᠠᠷ ᠰᠢᠢᠳᠪᠦᠷᠢᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠬᠦᠨᠳᠦ | ᠬᠡᠴᠡᠭᠦᠦ ᠬᠡᠷᠡᠭ ᠢ ᠪᠠᠶᠢᠴᠠᠭᠠᠬᠤ ᠳᠤ ᠬᠠᠪᠰᠤᠷᠤᠨ ᠲᠡᠮᠵᠢᠨ᠎ᠡ᠃ | ︵ᠲᠤᠯᠤᠭ᠎ᠠ︶ ᠳᠤᠲᠤᠭᠠᠳᠤ ᠬᠢᠨᠠᠨ ᠪᠣᠳᠣᠯᠲᠠ ᠶᠢᠨ ᠠᠵᠢᠯ ᠢ ᠵᠢᠯᠤᠭᠤᠲᠤᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠣᠳᠣᠯᠲᠠ ᠶᠢᠨ | ᠪᠠᠶᠢᠭᠤᠯᠤᠮᠵᠢ ᠶᠢᠨ ᠬᠠᠤᠯᠢ ᠶᠣᠰᠣᠨ ᠤ ᠬᠢᠨᠠᠨ ᠪᠣᠳᠣᠯᠲᠠ ᠶᠢᠨ ᠡᠲᠡᠭᠡᠳ ᠲᠤ ᠬᠠᠷᠢᠶᠠᠯᠠᠭᠳᠠᠬᠤ ᠨᠢᠭᠡᠴᠢ ᠶᠢᠨ ᠭᠠᠷᠭᠠᠵᠤ ᠦᠭᠭᠦᠭᠰᠡᠨ ᠬᠤᠯᠪᠣᠭᠳᠠᠯ ᠪᠦᠬᠦᠢ ᠬᠢᠨᠠᠨ | ᠪᠣᠳᠣᠯᠲᠠ ᠶᠢᠨ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠨ᠎ᠠ᠃ | ︵ᠨᠠᠢᠮᠠ︶ ᠬᠤᠰᠢᠭᠤ ᠰᠢᠶᠠᠨ ᠬᠤᠲᠠ ᠲᠣᠭᠤᠷᠢᠭ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠯᠤᠭ᠎ᠠ ᠬᠠᠮᠲᠤᠪᠠᠷ ᠬᠤᠰᠢᠭᠤ ᠰᠢᠶᠠᠨ ᠬᠤᠲᠠ | ᠲᠣᠭᠤᠷᠢᠭ ᠤᠨ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢ ᠤᠳᠤᠷᠢᠳᠤᠨ᠎ᠠ᠃ ᠬᠤᠰᠢᠭᠤ ᠰᠢᠶᠠᠨ ᠬᠤᠲᠠ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢᠨ | ᠲᠤᠬᠠᠶᠢᠯᠠᠭᠰᠠᠨ ᠠᠵᠢᠯ ᠢ ᠬᠠᠤᠯᠢ ᠶᠣᠰᠣᠭᠠᠷ ᠤᠳᠤᠷᠢᠳᠬᠤ ᠪᠠ ᠬᠢᠨᠠᠯᠲᠠ ᠲᠠᠯᠪᠢᠵᠤ᠂ ᠬᠤᠰᠢᠭᠤ ᠰᠢᠶᠠᠨ ᠬᠤᠲᠠ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢ | ᠵᠣᠬᠢᠶᠠᠨ ᠪᠠᠶᠢᠭᠤᠯᠤᠨ ᠣᠨᠴᠠ ᠲᠣᠭᠲᠠᠭᠠᠭᠰᠠᠨ ᠲᠥᠷᠥᠯ ᠵᠦᠢᠯ ᠤᠨ ᠲᠤᠰᠬᠠᠢ ᠵᠦᠢᠯ ᠤᠨ ᠬᠢᠨᠠᠨ ᠪᠤᠳᠤᠬᠤ ᠪᠤᠶᠤ ᠬᠢᠨᠠᠨ ᠪᠤᠳᠤᠬᠤ ᠪᠠᠶᠢᠴᠠᠭᠠᠯᠲᠠ ᠶᠢ | ᠬᠡᠷᠡᠭᠵᠢᠭᠦᠯᠵᠦ᠂ ᠬᠤᠰᠢᠭᠤ ᠰᠢᠶᠠᠨ ᠬᠤᠲᠠ ᠲᠣᠭᠤᠷᠢᠭ ᠤᠨ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠤᠯᠤᠰ ᠤᠨ ᠲᠣᠭᠲᠠᠭᠠᠯ ᠠᠴᠠ ᠵᠥᠷᠢᠴᠡᠵᠦ | ᠭᠠᠷᠭᠠᠭᠰᠠᠨ ᠬᠢᠨᠠᠨ ᠪᠤᠳᠤᠬᠤ ᠲᠣᠭᠲᠠᠭᠠᠯ ᠢ ᠵᠠᠯᠠᠷᠠᠭᠤᠯᠬᠤ ᠪᠤᠶᠤ ᠳᠠᠭᠠᠭᠠᠯᠭᠠᠵᠤ ᠵᠠᠯᠠᠷᠠᠭᠤᠯᠤᠨ᠎ᠠ᠃ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ | ᠬᠤᠰᠢᠭᠤ ᠰᠢᠶᠠᠨ ᠬᠤᠲᠠ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠢ ᠬᠠᠮᠵᠢᠨ ᠬᠠᠮᠢᠶᠠᠷᠤᠨ᠎ᠠ᠃ | ︵ᠶᠢᠰᠦ︶ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠭᠡᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ᠡᠮᠦᠨ᠎ᠡ ᠲᠤᠭᠠᠴᠠᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠲᠦᠩᠯᠢᠶᠣᠣ ᠬᠤᠲᠠ ᠶᠢᠨ ᠬᠢᠨᠠᠨ ᠪᠤᠳᠤᠯᠲᠠ ᠶᠢᠨ ᠲᠣᠪᠴᠢᠶ᠎ᠠ 13 | ᠳᠣᠲᠣᠭᠠᠳᠤ ᠪᠠᠶᠢᠭᠤᠯᠤᠮᠵᠢ ᠲᠤᠬᠢᠷᠠᠭᠤᠯᠪᠠ᠄ | ︵ᠨᠢᠭᠡ︶ ᠠᠯᠪᠠᠨ ᠭᠡᠷ | ︵ᠬᠤᠶᠠᠷ︶ ᠬᠠᠤᠯᠢ ᠳᠦᠷᠢᠮ ᠤᠨ ᠰᠠᠯᠠᠭ᠎ᠠ | ︵ᠭᠤᠷᠪᠠ︶ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠬᠢᠨᠠᠨ ᠪᠣᠳᠣᠬᠤ ᠰᠠᠯᠠᠭ᠎ᠠ | ︵ᠳᠥᠷᠪᠡ︶ ᠵᠠᠰᠠᠭ ᠵᠠᠬᠢᠷᠭ᠎ᠠ ᠠᠵᠢᠯ ᠦᠢᠯᠡᠰ ᠤᠨ ᠬᠢᠨᠠᠨ ᠪᠣᠳᠣᠬᠤ ᠰᠠᠯᠠᠭ᠎ᠠ | ︵ᠲᠠᠪᠤ︶ ᠲᠠᠷᠢᠶᠠᠯᠠᠩ ᠬᠢᠭᠡᠳ ᠡᠬᠢ ᠪᠠᠶᠠᠯᠢᠭ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠣᠳᠣᠬᠤ ᠰᠠᠯᠠᠭ᠎ᠠ | ︵ᠵᠢᠷᠭᠤᠭ᠎ᠠ︶ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠶᠢᠨ ᠬᠢᠨᠠᠨ ᠪᠤᠳᠤᠬᠤ ᠰᠠᠯᠠᠭ᠎ᠠ | ︵ᠲᠤᠯᠤᠭ᠎ᠠ︶ ᠮᠥᠩᠭᠦᠨ ᠭᠦᠢᠯᠭᠡᠭᠡᠨ ᠤ ᠬᠢᠨᠠᠨ ᠪᠤᠳᠤᠬᠤ ᠰᠠᠯᠠᠭ᠎ᠠ | ︵ᠨᠠᠢᠮᠠ︶ ᠠᠵᠤ ᠠᠬᠤᠢ ᠠᠷᠠᠯᠵᠢᠶ᠎ᠠ ᠶᠢᠨ ᠬᠢᠨᠠᠨ ᠪᠤᠳᠤᠬᠤ ᠰᠠᠯᠠᠭ᠎ᠠ | ︵ᠶᠢᠰᠦ︶ ᠨᠡᠶᠢᠭᠡᠮ ᠤᠨ ᠪᠠᠲᠤᠯᠠᠭ᠎ᠠ ᠶᠢᠨ ᠬᠢᠨᠨᠠ ᠪᠤᠳᠤᠬᠤ ᠰᠠᠯᠠᠭ᠎ᠠ | ︵ᠠᠷᠪᠠ︶ ᠭᠠᠳᠠᠭᠠᠳᠤ ᠪᠡᠯᠡ ᠶᠢᠨ ᠬᠢᠨᠠᠨ ᠪᠤᠳᠤᠬᠤ ᠰᠠᠯᠠᠭ᠎ᠠ | ︵ᠠᠷᠪᠠᠨ ᠨᠢᠭᠡ︶ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠰᠠᠯᠠᠭ᠎ᠠ | ︵ᠠᠷᠪᠠᠨ ᠬᠤᠶᠠᠷ︶ ᠰᠢᠭᠦᠨ ᠰᠢᠢᠳᠪᠦᠷᠢᠯᠡᠬᠦ ᠰᠠᠯᠠᠭ᠎ᠠ | ︵ᠠᠷᠪᠠᠨ ᠭᠤᠷᠪᠠ︶ ᠨᠡᠭᠡᠭᠡᠯᠲᠡ ᠶᠢᠨ ᠲᠣᠭᠤᠷᠢᠭ ᠤᠨ ᠬᠢᠨᠠᠨ ᠪᠤᠳᠤᠬᠤ ᠬᠤᠪᠢᠶᠠᠷᠢ ᠲᠣᠪᠴᠢᠶ᠎ᠠ | ᠬᠠᠶ᠋ᠢᠭ᠄ ᠲᠦᠩᠯᠢᠶᠣᠣ ᠬᠤᠲᠠ ᠶᠢᠨ ᠵᠠᠰᠠᠭ ᠵᠠᠬᠢᠷᠭᠠᠨ ᠤ ᠲᠥᠪ ᠤᠨ 1 ᠳ᠋ᠦ᠋ᠭᠡᠷ ᠨᠣᠮᠧᠷᠲᠤ ᠠᠰᠠᠷ ᠤᠨ 10 ᠳ᠋ᠤᠭᠠᠷ ᠳᠠᠪᠬᠤᠷᠭ᠎ᠠ | ᠠᠯᠪᠠᠨ ᠤᠲᠠᠰᠤ᠄ 0475 - 8836937 | ᠪᠠᠶᠢᠭᠤᠯᠭ᠎ᠠ ᠶᠢᠨ ᠬᠠᠷᠢᠭᠤᠴᠠᠯᠭᠠᠲᠠᠨ᠄ ᠵᠤᠸᠠᠩ ᠯᠦ ᠺᠧ | ᠠᠵᠢᠯᠯᠠᠬᠤ ᠴᠠᠭ᠄ ᠦᠳᠡ ᠶᠢᠨ ᠡᠮᠦᠨ᠎ᠡ 8᠄ 30 ︱ 12᠄ 00᠂ ᠦᠳᠡ ᠶᠢᠨ ᠬᠤᠶᠢᠨ᠎ᠠ 2᠄ 30 ︱ 5᠄ 30 |