ᠲᠦᠩᠯᠢᠶᠤᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
ᠨᠡᠶᠢᠲᠡᠯᠡᠭᠰᠡᠨ ᠴᠠᠭ᠄
2022/9/29
ᠨᠢᠭᠡ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠨᠠᠮ ᠪᠠ ᠵᠠᠰᠠᠭ ᠤᠨ ᠣᠷᠳᠣᠨ ᠤ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔      ︵ᠬᠤᠶᠠᠷ︶ ᠰᠣᠶᠣᠯ᠂ ᠵᠢᠭᠤᠯᠴᠢᠯᠠᠯ ᠪᠠ ᠷᠠᠳᠢᠣ᠋ ᠲᠧᠯᠸᠢᠰ ᠤᠨ ᠦᠢᠯᠡᠰ᠂ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠎ᠡ︔      ︵ᠭᠤᠷᠪᠠ︶ ᠪᠥᠬᠦ ᠬᠤᠲᠠ ᠶᠢᠨ ᠴᠢᠨᠠᠷᠲᠠᠢ ᠴᠢᠬᠤᠯᠠ ᠶᠡᠭᠡ ᠰᠣᠶᠣᠯ ᠤᠨ ᠵᠢᠭᠤᠯᠴᠢᠯᠠᠯ ᠤᠨ ᠬᠦᠳᠡᠯᠭᠡᠭᠡᠨ ᠢ ᠵᠣᠬᠢᠴᠠᠭᠤᠯᠤᠨ ᠬᠠᠮᠢᠶᠠᠷᠴᠤ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ︔      ︵ᠳᠥᠷᠪᠡ︶ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠯᠣᠭᠤᠳᠤᠨ ᠬᠢᠨᠠᠨ ᠬᠠᠮᠢᠶᠠᠷᠤᠨ᠎ᠠ︔      ︵ᠲᠠᠪᠤ︶ ᠣᠲᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ︔      ︵ᠵᠢᠷᠭᠤᠭ᠎ᠠ︶ ᠪᠦᠬᠦ ᠬᠤᠳᠠ ᠶᠢᠨ ᠤᠷᠠᠯᠢᠭ ᠤᠨ ᠲᠤᠰᠬᠠᠢ ᠠᠵᠢᠯ ᠢ ᠵᠢᠯᠣᠭᠤᠳᠤᠨ ᠬᠠᠮᠢᠶᠠᠷᠤᠨ᠎ᠠ︔      ︵ᠲᠤᠯᠤᠭ᠎ᠠ︶ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ︔      ︵ᠨᠠᠢᠮᠠ︶ ᠪᠦᠬᠦ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯ ᠢ ᠨᠡᠭᠡᠭᠡᠨ ᠢᠯᠡᠷᠡᠭᠦᠯᠬᠦ᠂ ᠬᠠᠮᠠᠭᠠᠯᠠᠬᠤ᠂ ᠬᠠᠮᠢᠶᠠᠷᠬᠤ᠂ ᠠᠰᠢᠭᠯᠠᠬᠤ ᠶᠢ ᠬᠠᠷᠢᠭᠤᠴᠠᠨ᠎ᠠ︔      ︵ᠶᠢᠰᠦ︶ ᠪᠦᠬᠦ ᠬᠤᠳᠠ ᠶᠢᠨ ᠤᠳᠬ᠎ᠠ ᠵᠣᠬᠢᠶᠠᠯ ᠤᠷᠠᠯᠢᠭ ᠤᠨ ᠦᠢᠯᠡᠰ ᠬᠢᠭᠡᠳ ᠤᠳᠬ᠎ᠠ ᠵᠣᠬᠢᠶᠠᠯ ᠤᠷᠠᠯᠢᠭ ᠤᠨ ᠵᠣᠬᠢᠶᠠᠨ ᠪᠦᠲᠦᠭᠡᠬᠦ ᠠᠵᠢᠯ ᠢ ᠵᠢᠯᠣᠭᠤᠳᠤᠨ ᠬᠠᠮᠢᠶᠠᠷᠤᠨ᠎ᠠ︔      ︵ᠠᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠢᠨ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠪᠡᠶᠡᠯᠡᠭᠦᠯᠦᠨ᠎ᠡ︔      ︵ᠠᠷᠪᠠᠨ ᠨᠢᠭᠡ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃ᠬᠤᠶᠠᠷ᠂ ᠳᠣᠲᠣᠭᠠᠳᠤ ᠪᠠᠶᠢᠭᠤᠯᠤᠮᠵᠢ      ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠣᠲᠣᠭᠠᠳᠤ ᠳᠠᠭᠠᠨ 14 ᠰᠠᠯᠠᠭ᠎ᠠ ᠲᠠᠰᠤᠭ ᠲᠤᠬᠢᠷᠠᠭᠤᠯᠪᠠ᠃      ︵ᠨᠢᠭᠡ︶ ᠠᠯᠪᠠᠨ ᠭᠡᠷ      ︵ᠬᠤᠶᠠᠷ︶ ᠨᠠᠮ ᠤᠨ ᠪᠠᠶᠢᠭᠤᠯᠤᠯᠲᠠ ᠶᠢᠨ ᠠᠯᠪᠠᠨ ᠭᠡᠷ      ︵ᠭᠤᠷᠪᠠ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ      ︵ᠳᠥᠷᠪᠡ︶ ᠡᠳ᠋ ᠤᠨ ᠶᠠᠪᠤᠳᠠᠯ ᠲᠤᠭ᠎ᠠ ᠪᠦᠷᠢᠳᠬᠡᠯ ᠤᠨ ᠰᠠᠯᠠᠭ᠎ᠠ      ︵ᠲᠠᠪᠤ︶ ᠤᠷᠠᠯᠢᠭ ᠤᠨ ᠰᠠᠯᠠᠭ᠎ᠠ      ︵ᠵᠢᠷᠭᠤᠭ᠎ᠠ︶ ᠤᠯᠠᠨ ᠨᠡᠶᠢᠲᠡ ᠶᠢᠨ ᠦᠢᠯᠡᠴᠢᠯᠡᠭᠡᠨ ᠤ ᠰᠠᠯᠠᠭ᠎ᠠ      ︵ᠲᠤᠯᠤᠭ᠎ᠠ︶ ᠪᠣᠳᠠᠰ ᠤᠨ ᠪᠤᠰᠤ ᠰᠣᠶᠣᠯ ᠤᠨ ᠥᠪ ᠤᠨ ᠰᠠᠯᠠᠭ᠎ᠠ      ︵ᠨᠠᠢᠮᠠ︶ ᠲᠡᠦᠬᠡ ᠶᠢᠨ ᠳᠤᠷᠠᠰᠬᠠᠯᠲᠤ ᠵᠦᠢᠯ ᠤᠨ ᠰᠠᠯᠠᠭ᠎ᠠ      ︵ᠶᠢᠰᠦ︶ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠠᠯᠠᠭ᠎ᠠ      ︵ᠠᠷᠪᠠ︶ ᠠᠵᠤ ᠦᠢᠯᠡᠰ ᠤᠨ ᠬᠦᠭᠵᠢᠭᠦᠯᠦᠯᠲᠡ ᠶᠢᠨ ᠰᠠᠯᠠᠭ᠎ᠠ      ︵ᠠᠷᠪᠠᠨ ᠨᠢᠭᠡ︶ ᠡᠬᠢ ᠪᠠᠶᠠᠯᠢᠭ ᠨᠡᠭᠡᠭᠡᠬᠦ ᠰᠠᠯᠠᠭ᠎ᠠ      ︵ᠠᠷᠪᠠᠨ ᠬᠤᠶᠠᠷ︶ ᠰᠢᠨᠵᠢᠯᠡᠭᠡ ᠬᠥᠮᠦᠵᠢᠯ ᠤᠨ ᠤᠬᠠᠭᠤᠯᠭ᠎ᠠ ᠶᠢᠨ ᠰᠠᠯᠠᠭ᠎ᠠ      ︵ᠠᠷᠪᠠᠨ ᠭᠤᠷᠪᠠ︶ ᠷᠠᠳᠢᠣ᠋ ᠲᠧᠯᠸᠢᠰ ᠤᠨ ᠮᠡᠷᠭᠡᠵᠢᠯ ᠤᠨ ᠰᠠᠯᠠᠭ᠎ᠠ      ︵ᠠᠷᠪᠠᠨ ᠳᠥᠷᠪᠡ︶ ᠳᠠᠮᠵᠢᠭᠤᠯᠬᠤ ᠵᠠᠭᠤᠴᠢ ᠶᠢᠨ ᠬᠠᠮᠢᠶᠠᠷᠤᠯᠲᠠ ᠶᠢᠨ ᠰᠠᠯᠠᠭ᠎ᠠ      ᠬᠠᠶ᠋ᠢᠭ᠄ ᠲᠦᠩᠯᠢᠶᠣᠣ ᠬᠤᠲᠠ ᠶᠢᠨ ᠵᠠᠰᠠᠭ ᠵᠠᠬᠢᠷᠭᠠᠨ ᠤ ᠲᠥᠪ ᠤᠨ ᠵᠡᠭᠦᠨ ᠳᠠᠭᠠᠯᠲᠠ ᠠᠰᠠᠷ ᠤᠨ ᠭᠤᠷᠪᠠᠳᠤᠭᠠᠷ ᠳᠠᠪᠬᠤᠷᠭ᠎ᠠ      ᠠᠯᠪᠠᠨ ᠤᠲᠠᠰᠤ᠄ 0475 - 8836280      ᠪᠠᠶᠢᠭᠤᠯᠭ᠎ᠠ ᠶᠢᠨ ᠬᠠᠷᠢᠭᠤᠴᠠᠯᠭᠠᠲᠠᠨ᠄  ᠵᠸᠤ ᠭᠦᠸ᠋ᠸ ᠭᠠᠩ     ᠠᠵᠢᠯᠯᠠᠬᠤ ᠴᠠᠭ᠄ ᠦᠳᠡ ᠶᠢᠨ ᠡᠮᠦᠨᠡᠬᠢ 8᠄ 30   ᠠᠴᠠ 12᠄ 00᠂ ᠦᠳᠡ ᠶᠢᠨ ᠬᠤᠶᠢᠨᠠᠬᠢ 2᠄ 30   ᠠᠴᠠ 5᠄ 30
ᠢᠷᠡᠯᠲᠡ᠄ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠡᠭᠦᠳᠡᠴᠢ ᠰᠦᠯᠵᠢᠶ᠎ᠡ