ᠲᠦᠩᠯᠢᠶᠤᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/9/30
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠲᠦᠩᠯᠢᠶᠣᠣ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠲᠦᠩᠯᠢᠶᠣᠣ ᠬᠤᠲᠠ ᠶᠢᠨ ᠳᠠᠷᠤᠮᠠᠯᠯᠠᠨ ᠲᠠᠷᠬᠠᠭᠠᠭᠰᠠᠨ ︽ᠲᠦᠩᠯᠢᠶᠣᠣ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠦᠩᠯᠢᠶᠣᠣ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢ ᠵᠣᠬᠢᠶᠠᠨ ᠪᠠᠶᠢᠭᠤᠯᠵᠤ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠪᠠ᠃ 2019 ᠣᠨ ᠤ 3 ᠳ᠋ᠤᠭᠠᠷ ᠰᠠᠷ᠎ᠠ ᠶᠢᠨ 7 ᠳᠤ᠂ ᠲᠦᠩᠯᠢᠶᠣᠣ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠵᠢᠩᠬᠢᠨᠢ ᠭᠠᠵᠠᠷ ᠤᠨ ᠲᠠᠰ ᠤᠨ ᠪᠠᠷᠢᠮᠵᠢᠶ᠎ᠠ ᠪᠠᠷ ᠪᠠᠶᠢᠭᠤᠯᠤᠭᠳᠠᠪᠠ᠃      ᠨᠢᠭᠡ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠤ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ᠂ ᠪᠠᠷᠢᠮᠵᠢᠶ᠎ᠠ ᠶᠢ ᠨᠢᠭᠡᠳᠦᠯᠲᠡᠢ ᠲᠦᠯᠦᠪᠯᠡᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃      ︵ᠳᠥᠷᠪᠡ︶ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠲᠠᠪᠤ︶ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ᠃      ︵ᠲᠤᠯᠤᠭ᠎ᠠ︶ ᠡᠮᠴᠢᠯᠡᠭᠡᠨ ᠤ ᠪᠠᠲᠤᠯᠠᠭ᠎ᠠ ᠶᠢᠨ ᠬᠢᠨᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠨᠠᠢᠮᠠ︶ ᠡᠮᠴᠢᠯᠡᠭᠡᠨ ᠤ ᠪᠠᠲᠤᠯᠠᠭ᠎ᠠ ᠶᠢ ᠭᠠᠷᠲᠠᠨ ᠭᠦᠢᠴᠡᠳᠬᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ᠂ ᠰᠤᠷᠠᠭ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃      ︵ᠶᠢᠰᠦ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ       ᠡᠮᠦᠨ᠎ᠡ ᠲᠤᠭᠠᠴᠠᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠲᠦᠩᠯᠢᠶᠣᠣ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠣᠲᠤᠭᠠᠳᠤ ᠳᠤ ᠪᠠᠨ 5 ᠰᠠᠯᠠᠭ᠎ᠠ ᠲᠠᠰᠤᠭ ᠲᠤᠬᠢᠷᠠᠭᠤᠯᠪᠠ᠄      ︵ᠨᠢᠭᠡ︶ ᠨᠠᠮ ᠵᠠᠰᠠᠭ ᠤᠨ ᠠᠯᠪᠠᠨ ᠭᠡᠷ      ︵ᠬᠤᠶᠠᠷ︶ ᠬᠠᠷᠠᠭᠠᠯᠵᠠᠯ ᠤᠨ ᠪᠠᠲᠤᠯᠠᠭ᠎ᠠ ᠶᠢᠨ ᠰᠠᠯᠠᠭ᠎ᠠ      ︵ᠭᠤᠷᠪᠠ︶ ᠡᠮ ᠡᠮᠨᠡᠯᠭᠡ ᠶᠢᠨ ᠬᠠᠮᠢᠶᠠᠷᠤᠯᠲᠠ ᠶᠢᠨ ᠰᠠᠯᠠᠭ᠎ᠠ      ︵ᠳᠥᠷᠪᠡ︶ ᠲᠥᠯᠦᠪᠵᠢᠭᠦᠯᠭᠡ ᠡᠳ᠋ ᠤᠨ ᠶᠠᠪᠤᠳᠠᠯ ᠬᠢᠭᠡᠳ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ ᠰᠠᠯᠠᠭ᠎ᠠ      ︵ᠲᠠᠪᠤ︶ ᠲᠤᠯᠭᠠᠨ ᠪᠤᠳᠤᠬᠤ ᠰᠠᠯᠠᠭ᠎ᠠ      ᠲᠣᠣᠷ᠎ᠠ ᠪᠠᠨ 3 ᠰᠢᠭᠤᠳ ᠬᠠᠷᠢᠶ᠎ᠠ ᠨᠢᠭᠡᠴᠡ ᠲᠤᠬᠢᠷᠠᠭᠤᠯᠪᠠ᠄      ︵ᠨᠢᠭᠡ︶ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠶᠠᠪᠤᠳᠠᠯ ᠤᠨ ᠲᠥᠪ      ︵ᠬᠤᠶᠠᠷ︶ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢ ᠲᠤᠯᠭᠠᠨ ᠪᠤᠳᠤᠬᠤ ᠲᠥᠪ      ︵ᠭᠤᠷᠪᠠ︶ ᠬᠤᠲᠠ ᠶᠢᠨ ᠡᠮ ᠲᠣᠨᠤᠭ ᠬᠤᠳᠠᠯᠳᠤᠨ ᠠᠪᠬᠤ ᠬᠠᠮᠢᠶᠠᠷᠤᠯᠲᠠ ᠶᠢᠨ ᠲᠥᠪ᠃      ᠬᠠᠶ᠋ᠢᠭ᠄ ᠲᠦᠩᠯᠢᠶᠣᠣ ᠬᠤᠲᠠ ᠶᠢᠨ ᠵᠠᠰᠠᠭ ᠵᠠᠬᠢᠷᠭᠠᠨ ᠤ ᠲᠥᠪ ᠤᠨ 1 ᠳ᠋ᠦ᠋ᠭᠡᠷ ᠨᠣᠮᠧᠷᠲᠤ ᠠᠰᠠᠷ ᠤᠨ 18 ᠳ᠋ᠤᠭᠠᠷ ᠳᠠᠪᠬᠤᠷᠭ᠎ᠠ      ᠠᠯᠪᠠᠨ ᠤᠲᠠᠰᠤ᠄ 0475 - 8836278      ᠪᠠᠶᠢᠭᠤᠯᠭ᠎ᠠ ᠶᠢᠨ ᠬᠠᠷᠢᠭᠤᠴᠠᠯᠭᠠᠲᠠᠨ᠄ ᠵᠤ᠋ ᠽᠢ ᠪᠦᠸ᠋ᠸ᠋     ᠠᠵᠢᠯᠯᠠᠬᠤ ᠴᠠᠭ᠄ ᠦᠳᠡ ᠶᠢᠨ ᠡᠮᠦᠨ᠎ᠡ 8᠄ 30 ︱ 12᠄ 00᠂ ᠦᠳᠡ ᠶᠢᠨ ᠬᠤᠶᠢᠨ᠎ᠠ 2᠄ 30 ︱ 5᠄ 30
ᠢᠷᠡᠯᠲᠡ᠄ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠡᠭᠦᠳᠡᠴᠢ ᠰᠦᠯᠵᠢᠶ᠎ᠡ