ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠳᠤᠮᠳᠠᠳᠦ ᠤᠷᠳᠤ ᠬᠤᠭᠤᠴᠠᠭᠠᠨ ᠤ | ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠤᠷᠸ᠎ᠠ ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠵᠤ᠂ ᠪᠦᠬᠦ ᠬᠤᠳᠠ ᠶᠢᠨ ᠤᠯᠤᠰ | ᠠᠷᠠᠳ ᠤᠨ ᠠᠵᠤ ᠠᠬᠤᠢ ᠶᠢ ᠬᠥᠭᠵᠢᠭᠦᠯᠬᠦ᠂ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠪᠠ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ᠂ | ᠲᠦᠷᠦ ᠶᠢᠨ ᠪᠣᠳᠣᠯᠭ᠎ᠠ ᠶᠢ ᠳᠤᠷᠠᠳᠤᠨ ᠭᠠᠷᠭᠠᠨ᠎ᠠ︔ ᠡᠯ᠎ᠡ ᠵᠦᠢᠯ ᠤᠨ ᠠᠵᠤ ᠠᠬᠤᠢ ᠶᠢᠨ ᠠᠷᠭ᠎ᠠ ᠪᠠᠷᠢᠯ ᠪᠠ ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠬᠦ | ᠲᠤᠬᠠᠢ ᠰᠠᠨᠠᠭᠤᠯᠭ᠎ᠠ ᠳᠤᠷᠠᠳᠤᠨ᠎ᠠ︔ ᠬᠤᠲᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢᠨ ᠮᠡᠳᠡᠭᠦᠯᠦᠯᠲᠡ ᠲᠤᠰᠢᠶᠠᠨ᠎ᠠ᠃ | ︵ᠬᠤᠶᠠᠷ︶ ᠪᠥᠬᠦ ᠬᠤᠲᠠ ᠶᠢᠨ ᠬᠤᠷᠸ᠎ᠠ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠬᠦ᠂ ᠤᠷᠢᠳᠴᠢᠯᠠᠨ ᠲᠥᠰᠥᠭᠡᠯᠡᠵᠦ | ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠤᠭᠤᠳᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠪᠥᠬᠦ ᠬᠤᠲᠠ ᠶᠢᠨ ᠬᠤᠷᠸ᠎ᠠ ᠠᠵᠤ ᠠᠬᠤᠢ ᠶᠢᠨ | ᠠᠵᠢᠯᠯᠠᠭᠠᠨ᠂ ᠠᠵᠤ ᠠᠬᠤᠢ ᠶᠢᠨ ᠠᠮᠤᠷ ᠲᠦᠪᠰᠢᠨ ᠪᠠ ᠠᠵᠤ ᠦᠢᠯᠡᠰ ᠤᠨ ᠠᠮᠤᠷ ᠲᠦᠪᠰᠢᠨ ᠵᠡᠷᠭᠡ ᠴᠢᠬᠤᠯᠠ ᠠᠰᠠᠭᠤᠳᠠᠯ ᠢ ᠰᠤᠳᠤᠯᠬᠤ ᠶᠢᠨ ᠬᠠᠮᠲᠤ | ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠳᠤᠮᠳᠠᠬᠢ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠵᠤ᠂ ᠴᠢᠬᠤᠯᠠ ᠡᠳ᠋ ᠪᠣᠳᠠᠰ ᠢ ᠪᠠᠴᠢᠮ ᠲᠣᠬᠢᠷᠠᠭᠤᠯᠬᠤ ᠪᠠ ᠵᠠᠮ ᠲᠡᠭᠡᠭᠡᠪᠦᠷᠢ ᠶᠢᠨ | ᠵᠣᠬᠢᠴᠠᠭᠤᠯᠭ᠎ᠠ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ | ︵ᠭᠤᠷᠪᠠ︶ ᠪᠦᠬᠦ ᠬᠤᠳᠠ ᠶᠢᠨ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠨ ᠵᠠᠳᠠᠯᠬᠤ ᠶᠢ ᠬᠠᠷᠢᠭᠤᠴᠠᠵᠤ᠂ | ᠪᠦᠬᠦ ᠬᠤᠳᠠ ᠶᠢᠨ ᠡᠳ᠋ ᠤᠨ ᠵᠠᠰᠠᠭ᠂ ᠮᠥᠩᠭᠦᠨ ᠭᠦᠢᠯᠭᠡᠭᠡ᠂ ᠭᠠᠵᠠᠷ ᠰᠢᠷᠣᠢ ᠶᠢᠨ ᠲᠦᠷᠦ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ︔ ᠪᠥᠬᠦ | ᠬᠤᠲᠠ ᠶᠢᠨ ᠡᠳ᠋ ᠤᠨ ᠵᠠᠰᠠᠭ᠂ ᠮᠥᠩᠭᠦᠨ ᠭᠦᠢᠯᠭᠡᠭᠡ᠂ ᠭᠠᠵᠠᠷ ᠰᠢᠷᠣᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ | ᠵᠠᠳᠠᠯᠤᠨ᠎ᠠ︔ ᠰᠲ᠋ᠣᠺ ᠤᠨ ᠵᠠᠬ᠎ᠠ ᠳᠡᠯᠭᠡᠭᠦᠷ ᠲᠤ ᠦᠯᠦ ᠭᠠᠷᠭᠠᠭᠰᠠᠨ ᠺᠣᠮᠫᠠᠨᠢ ᠶᠢᠨ ᠠᠵᠤ ᠠᠬᠤᠶᠢᠯᠠᠯ ︵ᠺᠣᠮᠫᠠᠨᠢ︶ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ | ᠠᠵᠢᠯ ᠤᠨ ᠬᠤᠪᠢᠶᠠᠷᠢᠯᠠᠯ ᠶᠣᠰᠣᠭᠠᠷ ᠬᠢᠨᠠᠨ ᠵᠥᠪᠰᠢᠶᠡᠷᠡᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠭᠰᠠᠨ ᠠᠵᠤ ᠠᠬᠤᠶᠢᠯᠠᠯ ᠢ ᠲᠠᠨᠢᠯᠴᠠᠭᠤᠯᠵᠤ ᠬᠢᠨᠠᠨ | ᠬᠠᠷᠭᠤᠭᠤᠯᠬᠤ ᠳᠤ ᠣᠷᠣᠯᠴᠠᠨ᠎ᠠ᠃ | ︵ᠳᠥᠷᠪᠡ︶ ᠤᠯᠤᠰ ᠤᠨ ᠦᠨ᠎ᠡ ᠬᠠᠩᠰᠢ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠪᠦᠬᠦ | ᠬᠤᠳᠠ ᠶᠢᠨ ᠦᠨ᠎ᠡ ᠬᠠᠩᠰᠢ ᠶᠢ ᠲᠣᠬᠢᠷᠠᠭᠤᠯᠬᠤ ᠬᠠᠷᠠᠯᠲᠠ ᠶᠢ ᠳᠤᠷᠠᠳᠤᠨ᠎ᠠ︔ ᠪᠦᠬᠦ ᠬᠤᠳᠠ ᠶᠢᠨ ᠬᠠᠮᠢᠶᠠᠷᠴᠤ ᠪᠠᠶᠢᠭ᠎ᠠ ᠲᠠᠸᠠᠷ ᠤᠨ ᠦᠢᠯᠡᠴᠢᠯᠡᠭᠡ ᠪᠠ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠲᠠᠭᠠᠬᠤ ᠪᠠ ᠲᠣᠬᠢᠷᠠᠭᠤᠯᠤᠨ᠎ᠠ︔ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠳᠤ | ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠ ᠦᠨ᠎ᠡ ᠬᠠᠩᠰᠢ ᠶᠢᠨ ᠭᠠᠭᠴᠠᠭᠠᠷ | ᠡᠵᠡᠮᠰᠢᠯ ᠤᠨ ᠦᠶᠯᠡ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃ | ︵ᠲᠠᠪᠤ︶ ᠪᠦᠬᠦ ᠬᠤᠳᠠ ᠶᠢᠨ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ ᠪᠦᠬᠦ ᠲᠠᠯ᠎ᠠ ᠪᠠᠷ ᠵᠣᠬᠢᠴᠠᠭᠤᠯᠬᠤ | ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠭᠠᠳᠠᠭᠰᠢ ᠨᠡᠭᠡᠭᠡᠯᠲᠡ ᠬᠢᠬᠦ ᠴᠢᠬᠤᠯᠠ ᠶᠡᠭᠡ ᠠᠰᠠᠭᠤᠳᠠᠯ ᠢ | ᠰᠤᠳᠤᠯᠤᠨ᠎ᠠ︔ ᠶᠡᠷᠦᠩᠬᠡᠶᠢᠯᠡᠭᠰᠡᠨ ᠴᠢᠨᠠᠷᠲᠠᠢ ᠠᠵᠤ ᠠᠬᠤᠢ ᠶᠢᠨ ᠪᠠᠶᠢᠭᠤᠯᠤᠮᠵᠢ ᠶᠢ ᠥᠭᠡᠷᠡᠴᠢᠯᠡᠬᠦ ᠲᠥᠰᠥᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ | ᠬᠤᠯᠪᠣᠭᠳᠠᠯ ᠪᠦᠬᠦᠢ ᠲᠤᠰᠬᠠᠢ ᠵᠦᠢᠯ ᠤᠨ ᠠᠵᠤ ᠠᠬᠤᠢ ᠶᠢᠨ ᠪᠠᠶᠢᠭᠤᠯᠤᠮᠵᠢ ᠶᠢ ᠥᠭᠡᠷᠡᠴᠢᠯᠡᠬᠦ ᠲᠥᠰᠥᠯ ᠢ ᠵᠤᠬᠢᠴᠠᠭᠤᠯᠤᠨ ᠲᠤᠬᠢᠷᠠᠭᠤᠯᠤᠨ᠎ᠠ︔ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠪᠦᠬᠦᠢ ᠲᠤᠰᠬᠠᠢ ᠵᠦᠢᠯ ᠤᠨ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠤᠭᠤᠷᠣᠨᠳᠣᠬᠢ | ᠠᠪᠴᠠᠯᠳᠤᠯ ᠢ ᠰᠠᠶᠢᠲᠤᠷ ᠬᠢᠨ᠎ᠡ︔ ᠠᠵᠤ ᠠᠬᠤᠢ ᠶᠢᠨ ᠪᠠᠶᠢᠭᠤᠯᠤᠮᠵᠢ ᠶᠢ ᠥᠭᠡᠷᠡᠴᠢᠯᠡᠬᠦ ᠲᠤᠷᠰᠢᠯᠲᠠ ᠶᠢᠨ ᠴᠡᠭ ᠪᠠ ᠲᠤᠷᠰᠢᠯᠲᠠ ᠶᠢᠨ ᠣᠷᠣᠨ ᠤ ᠠᠵᠢᠯ ᠢ | ᠵᠢᠯᠣᠭᠤᠳᠤᠨ᠎ᠠ᠃ | ︵ᠵᠢᠷᠭᠤᠭ᠎ᠠ︶ ᠪᠥᠬᠦ ᠬᠤᠲᠠ ᠶᠢᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠭᠤᠯᠤᠯᠲᠠ ᠶᠢ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ | ᠪᠠ ᠪᠡᠯᠡ ᠣᠷᠣᠭᠤᠯᠤᠯᠲᠠ ᠶᠢᠨ ᠪᠦᠲᠦᠴᠡ ᠶᠢᠨ ᠬᠠᠷᠠᠯᠲᠠ᠂ ᠲᠥᠷᠥ ᠶᠢᠨ ᠪᠣᠳᠣᠯᠭ᠎ᠠ ᠵᠢᠴᠢ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠤᠲᠠ ᠶᠢᠨ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠤᠯᠪᠣᠭᠳᠠᠬᠤ ᠲᠤᠰᠬᠠᠢ ᠵᠦᠢᠯ ᠤᠨ | ᠲᠥᠯᠦᠪᠵᠢᠭᠦᠯᠭᠡ ᠶᠢ ᠵᠣᠯᠭᠠᠭᠤᠯᠤᠨ ᠲᠡᠩᠴᠡᠭᠦᠯᠦᠨ᠎ᠡ︔ ᠤᠯᠤᠰ᠂ ᠥᠪᠡᠷᠲᠡᠭᠡᠨ ᠵᠠᠰᠠᠬᠤ ᠣᠷᠣᠨ ᠤ ᠬᠢᠨᠠᠨ ᠴᠤᠬᠤᠯᠠᠪᠤᠷᠢᠯᠠᠭᠰᠠᠨ ︵ᠬᠢᠨᠠᠨ ᠵᠥᠪᠰᠢᠶᠡᠷᠡᠭᠰᠡᠨ︶ | ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠶᠢᠨ ᠬᠠᠮᠲᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ︔ ᠴᠢᠬᠤᠯᠠ ᠶᠡᠭᠡ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠬᠢᠨᠠᠨ ᠴᠤᠬᠤᠯᠠᠪᠤᠷᠢᠯᠠᠵᠤ᠂ ᠬᠢᠨᠠᠨ ᠵᠦᠪᠰᠢᠶᠡᠷᠡᠵᠤ᠂ ᠬᠢᠨᠠᠨ | ᠬᠠᠷᠭᠤᠭᠤᠯᠤᠨ᠎ᠠ︔ ᠪᠦᠬᠦ ᠬᠤᠳᠠ ᠶᠢᠨ ᠭᠠᠳᠠᠭᠠᠳᠤ ᠶᠢᠨ ᠵᠢᠭᠡᠯᠡᠯᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢ ᠵᠢᠯᠣᠭᠤᠳᠤᠨ ᠬᠢᠨᠠᠨ᠎ᠠ | ︔ ᠠᠷᠠᠳ ᠤᠨ ᠪᠡᠯᠡ ᠣᠷᠣᠭᠤᠯᠤᠯᠲᠠ ᠶᠢᠨ ᠴᠢᠭᠯᠡᠯ ᠢ ᠬᠥᠲᠥᠯᠥᠨ ᠵᠢᠯᠣᠭᠤᠳᠤᠨ᠎ᠠ︔ ᠢᠨᠵᠧᠨᠧᠷᠢᠩ ᠤᠨ ᠯᠠᠪᠯᠠᠯᠭ᠎ᠠ ᠥᠭᠬᠦ ᠦᠢᠯᠡᠰ ᠤᠨ ᠬᠥᠭᠵᠢᠯᠲᠡ ᠶᠢ | ᠵᠢᠯᠤᠭᠤᠳᠤᠨ᠎ᠠ᠃ | ︵ᠳᠣᠯᠤᠭ᠎ᠠ︶ ᠪᠥᠬᠦ ᠬᠤᠲᠠ ᠶᠢᠨ ᠠᠵᠤ ᠠᠬᠤᠢ ᠶᠢᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠶᠢ ᠠᠬᠢᠭᠤᠯᠵᠤ᠂ | ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠤᠬᠢᠶᠠᠨ ᠪᠠᠶᠢᠭᠤᠯᠵᠤ ᠲᠤᠭᠤᠷᠪᠢᠨ ᠲᠤᠭᠲᠠᠭᠠᠨ᠎ᠠ︔ ᠪᠥᠬᠦ ᠬᠤᠲᠠ ᠶᠢᠨ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ | ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠯᠭᠠᠭᠤᠯᠤᠨ ᠲᠡᠩᠴᠡᠭᠦᠷᠢᠲᠡᠢ ᠪᠠᠶᠢᠯᠭᠠᠨ᠎ᠠ︔ ᠪᠥᠬᠦ ᠬᠤᠲᠠ ᠶᠢᠨ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠲᠥᠯᠥᠪᠯᠡᠭᠡ ᠲᠠᠢ ᠵᠣᠯᠭᠠᠭᠤᠯᠤᠨ ᠲᠡᠩᠴᠡᠭᠦᠷᠢᠲᠡᠢ ᠪᠠᠶᠢᠯᠭᠠᠬᠤ ᠠᠵᠢᠯ ᠢ ᠰᠠᠶᠢᠲᠤᠷ ᠬᠢᠨ᠎ᠡ︔ ᠮᠠᠯ | ᠲᠠᠷᠢᠶᠠᠯᠠᠩ ᠤᠨ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ | ᠵᠤᠬᠢᠴᠠᠭᠤᠯᠤᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ ᠦᠢᠯᠡᠴᠢᠯᠡᠭᠡᠨ ᠤ ᠦᠢᠯᠡᠰ᠂ ᠤᠳᠤᠬᠢᠴᠢᠯᠠᠭᠰᠠᠨ ᠪᠠᠷᠠᠭᠠᠨ ᠤ | ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠪᠠ ᠴᠢᠬᠤᠯᠠ ᠶᠡᠭᠡ ᠲᠦᠷᠦ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠪᠦᠬᠦ ᠬᠤᠲᠠ ᠶᠢᠨ ᠳᠡᠭᠡᠳᠦ ᠲᠧᠭᠨᠢᠭ ᠮᠡᠷᠭᠡᠵᠢᠯ ᠤᠨ | ᠠᠵᠤ ᠦᠢᠯᠡᠰ ᠤᠨ ᠬᠥᠭᠵᠢᠯᠲᠡ᠂ ᠠᠵᠤ ᠦᠢᠯᠡᠰ ᠤᠨ ᠲᠧᠭᠨᠢᠭ ᠮᠡᠷᠭᠡᠵᠢᠯ ᠤᠨ ᠳᠠᠪᠰᠢᠯᠲᠠ᠂ ᠠᠵᠤ ᠦᠢᠯᠡᠰ ᠤᠨ ᠳᠡᠰ ᠳᠡᠪᠰᠢᠬᠦ ᠲᠥᠯᠦᠪᠵᠢᠭᠦᠯᠭᠡ ᠪᠠ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠴᠢᠬᠤᠯᠠ ᠶᠡᠭᠡ ᠲᠧᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ ᠶᠢ | ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠨᠠᠢᠮᠠ︶ ᠲᠥᠪ ᠪᠠ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠦᠪᠵᠢᠭᠦᠯᠭᠡ ᠶᠢ ᠪᠣᠳᠠᠲᠠᠢ ᠬᠡᠷᠡᠭᠵᠢᠭᠦᠯᠬᠦ ᠪᠠ | ᠬᠢᠨᠠᠨ ᠬᠡᠮᠵᠢᠵᠦ ᠦᠨᠡᠯᠡᠨ ᠵᠢᠱᠢᠬᠦ ᠶᠢ ᠵᠤᠬᠢᠶᠠᠨ ᠪᠠᠶᠢᠭᠤᠯᠤᠨ ᠵᠤᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠪᠥᠬᠦ ᠬᠤᠲᠠ ᠶᠢᠨ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ︔ ᠤᠯᠤᠰ ᠤᠨ | ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ | ᠭᠠᠵᠠᠷ ᠢ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ︔ ᠪᠥᠬᠦ ᠬᠤᠲᠠ ᠶᠢᠨ | ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠭᠠᠵᠠᠷ | ᠣᠷᠣᠨ ᠤ ᠠᠵᠤ ᠠᠬᠤᠢ ᠶᠢᠨ ᠬᠠᠮᠵᠢᠯᠴᠠᠭ᠎ᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ︔ ᠪᠦᠬᠦ ᠬᠤᠲᠠ ᠶᠢᠨ ᠭᠠᠳᠠᠭᠠᠳᠤ ᠨᠡᠭᠡᠭᠡᠯᠲᠡ᠂ | ᠠᠵᠤ ᠠᠬᠤᠢ ᠶᠢᠨ ᠬᠠᠮᠵᠢᠯᠴᠠᠭᠠᠨ ᠤ ᠠᠵᠢᠯ ᠢ ᠡᠭᠦᠷᠭᠡᠯᠡᠨ᠎ᠡ᠃ | ︵ᠶᠢᠰᠦ︶ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠤᠨ ᠨᠥᠭᠡᠴᠡᠯᠡᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠨ᠎ᠠ︔ ᠪᠦᠬᠦ ᠬᠤᠳᠠ ᠶᠢᠨ | ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠢ ᠬᠤᠳᠠᠯᠳᠤᠨ ᠠᠪᠴᠤ ᠬᠠᠳᠠᠭᠠᠯᠠᠬᠤ᠂ ᠬᠡᠷᠡᠭᠯᠡᠬᠦ᠂ ᠡᠭᠡᠯᠵᠢᠯᠡᠨ ᠰᠣᠯᠢᠬᠤ ᠪᠠ ᠬᠠᠮᠢᠶᠠᠷᠬᠤ ᠶᠢ ᠬᠠᠷᠢᠭᠤᠴᠠᠨ ᠵᠣᠬᠢᠶᠠᠨ | ᠪᠠᠶᠢᠭᠤᠯᠤᠨ᠎ᠠ᠃ | ︵ᠠᠷᠪᠠ︶ ᠪᠥᠬᠦ ᠬᠤᠲᠠ ᠶᠢᠨ ᠨᠡᠶᠢᠭᠡᠮ ᠤᠨ ᠬᠥᠭᠵᠢᠯᠲᠡ ᠬᠢᠭᠡᠳ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ | ᠵᠣᠯᠭᠠᠯᠴᠠᠭ᠎ᠠ ᠶᠢ ᠬᠠᠷᠢᠭᠤᠴᠠᠨ᠎ᠠ︔ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ | ᠪᠠᠶᠢᠭᠤᠯᠵᠤ ᠲᠤᠭᠤᠷᠪᠢᠨ ᠲᠣᠭᠲᠠᠭᠠᠨ᠎ᠠ︔ ᠪᠦᠬᠦ ᠬᠤᠳᠠ ᠶᠢᠨ ᠨᠡᠶᠢᠭᠡᠮ ᠤᠨ ᠬᠥᠭᠵᠢᠯᠲᠡ ᠶᠢᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠲᠠᠭᠠᠬᠤ ᠳᠤ | ᠤᠷᠤᠯᠴᠠᠨ᠎ᠠ︔ ᠪᠥᠬᠦ ᠬᠤᠲᠠ ᠶᠢᠨ ᠠᠵᠢᠯ ᠣᠯᠭᠤᠯᠲᠠ ᠶᠢ ᠠᠬᠢᠭᠤᠯᠵᠤ᠂ ᠣᠷᠣᠯᠭ᠎ᠠ ᠶᠢᠨ ᠬᠤᠪᠢᠶᠠᠷᠢᠯᠠᠯᠲᠠ ᠳᠤ ᠲᠣᠬᠢᠷᠠᠭᠤᠯᠤᠯᠲᠠ ᠬᠢᠵᠦ᠂ ᠨᠡᠶᠢᠭᠡᠮ ᠤᠨ | ᠪᠠᠲᠤᠯᠠᠭ᠎ᠠ ᠬᠢᠭᠡᠳ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠲᠡᠭᠦᠯᠳᠡᠷᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠵᠤᠬᠢᠴᠠᠭᠤᠯᠤᠨ᠎ᠠ︔ | ᠨᠡᠶᠢᠭᠡᠮ ᠤᠨ ᠦᠢᠯᠡᠰ ᠤᠨ ᠬᠥᠭᠵᠢᠯᠲᠡ ᠪᠠ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠵᠢᠴᠢ ᠲᠦᠷᠦ ᠶᠢᠨ ᠪᠣᠳᠣᠯᠭ᠎ᠠ ᠶᠢ ᠵᠣᠬᠢᠴᠠᠭᠤᠯᠤᠨ᠎ᠠ᠃ | ︵ᠠᠷᠪᠠᠨ ᠨᠢᠭᠡ︶ ᠪᠥᠬᠦ ᠬᠤᠲᠠ ᠶᠢᠨ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠶᠡᠷᠦᠩᠬᠡᠶᠢᠯᠡᠨ | ᠵᠣᠬᠢᠴᠠᠭᠤᠯᠬᠤ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠣᠷᠴᠢᠯ ᠠᠵᠤ ᠠᠬᠤᠢ ᠶᠢᠨ ᠬᠥᠭᠵᠢᠯᠲᠡ᠂ ᠪᠥᠬᠦ ᠨᠡᠶᠢᠭᠡᠮ ᠤᠨ ᠡᠨᠧᠷᠭᠢ ᠡᠬᠢ ᠪᠠᠶᠠᠯᠢᠭ ᠢ | ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠲᠥᠯᠦᠪᠵᠢᠭᠦᠯᠭᠡ ᠵᠢᠴᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ | ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ︔ ᠪᠥᠬᠦ ᠬᠤᠲᠠ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠴᠠᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠡᠨᠧᠷᠭᠢ ᠡᠬᠢ ᠪᠠᠶᠠᠯᠢᠭ ᠢ ᠠᠷᠪᠢᠯᠠᠬᠤ | ᠪᠠ ᠶᠡᠷᠦᠩᠬᠡᠶᠢᠯᠡᠨ ᠠᠰᠢᠭᠯᠠᠬᠤ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ︔ ᠪᠥᠬᠦ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ | ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ | ︵ᠠᠷᠪᠠᠨ ᠬᠤᠶᠠᠷ︶ ᠤᠯᠤᠰ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠪᠠ | ᠲᠥᠷᠥ ᠶᠢᠨ ᠪᠣᠳᠣᠯᠭ᠎ᠠ ᠶᠢ ᠲᠦᠩᠯᠢᠶᠣᠣ ᠳᠤ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ᠎ᠠ︔ ᠪᠦᠬᠦ ᠬᠤᠳᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠬᠤ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃ | ︵ᠠᠷᠪᠠᠨ ᠭᠤᠷᠪᠠ︶ ᠤᠯᠤᠰ ᠤᠨ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ | ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠪᠥᠬᠦ ᠬᠤᠲᠠ ᠶᠢᠨ ᠤᠯᠤᠰ | ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠳᠥᠷᠪᠡ︶ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠠᠮᠢᠶ᠎ᠠ ᠪᠦᠬᠦᠢ | ᠠᠵᠢᠯ ᠲᠥᠷᠥᠯ ᠪᠠ ᠬᠤᠰᠢᠭᠤ ᠰᠢᠶᠠᠨ ᠬᠤᠲᠠ ᠲᠣᠭᠤᠷᠢᠭ ᠤᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠪᠠᠶᠢᠴᠠᠭᠠᠨ᠎ᠠ︔ ᠲᠥᠪ᠂ | ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠡᠳ᠋ ᠤᠨ ᠵᠠᠰᠠᠭ ᠤᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ | ᠲᠣᠬᠢᠷᠠᠭᠤᠯᠤᠯᠲᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠲᠠᠪᠤ︶ ᠲᠦᠩᠯᠢᠶᠣᠣ ᠬᠤᠲᠠ ᠶᠢᠨ ᠭᠠᠳᠠᠭᠠᠳᠤ ᠨᠡᠭᠡᠭᠡᠯᠲᠡ ᠶᠢᠨ ᠤᠳᠤᠷᠢᠳᠬᠤ ᠳᠤᠭᠤᠶᠢᠯᠠᠩ᠂ ᠪᠠᠷᠠᠭᠤᠨ ᠣᠷᠣᠨ ᠢ ᠶᠡᠬᠡᠪᠡᠷ ᠨᠡᠭᠡᠭᠡᠨ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠤᠳᠤᠷᠢᠳᠬᠤ ᠳᠤᠭᠤᠶᠢᠯᠠᠩ᠂ ᠲᠦᠩᠯᠢᠶᠣᠣ ᠬᠤᠲᠠ ᠶᠢᠨ ᠵᠡᠭᠦᠨ ᠣᠷᠣᠨ ᠤ ᠠᠵᠤ ᠠᠬᠤᠢ ᠶᠢ | ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ᠂ ᠲᠦᠩᠯᠢᠶᠣᠣ ᠬᠤᠲᠠ ᠶᠢᠨ ᠴᠠᠬᠢᠯᠭᠠᠨ ᠬᠦᠴᠦᠨ ᠤ ᠠᠵᠤ ᠦᠢᠯᠡᠳᠪᠦᠷᠢ ᠶᠢᠨ | ᠤᠳᠤᠷᠢᠳᠬᠤ ᠳᠤᠭᠤᠶᠢᠯᠠᠩ᠂ ᠲᠡᠮᠦᠷ ᠵᠠᠮ ᠤᠨ ᠭᠤᠣᠯᠳᠠᠯᠭ᠎ᠠ ᠲᠠᠢ ᠲᠥᠷᠥᠯ ᠵᠦᠢᠯ ᠢ ᠵᠣᠬᠢᠴᠠᠭᠤᠯᠤᠨ ᠤᠳᠤᠷᠢᠳᠬᠤ ᠳᠤᠭᠤᠶᠢᠯᠠᠩ᠂ ᠭᠤᠷᠪᠠᠳᠤᠭᠠᠷ ᠠᠵᠤ | ᠦᠢᠯᠡᠰ ᠤᠨ ᠬᠥᠭᠵᠢᠯᠲᠡ ᠶᠢᠨ ᠤᠳᠤᠷᠢᠳᠬᠤ ᠳᠤᠭᠤᠶᠢᠯᠠᠩ᠂ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠪᠣᠳᠠᠲᠠᠢ ᠠᠵᠢᠯ ᠢ ᠡᠭᠦᠷᠭᠡᠯᠡᠨ᠎ᠡ᠃ | ︵ᠠᠷᠪᠠᠨ ᠵᠢᠷᠭᠤᠭ᠎ᠠ︶ ᠬᠤᠲᠠ ᠶᠢᠨ ᠵᠠᠰᠠᠭ ᠤᠨ ᠣᠷᠳᠣᠨ ᠪᠣᠯᠣᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃ | | | ᠬᠤᠶᠠᠷ᠂ ᠳᠣᠲᠣᠭᠠᠳᠤ ᠪᠠᠶᠢᠭᠤᠯᠤᠮᠵᠢ | ᠡᠮᠦᠨ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠲᠦᠩᠯᠢᠶᠣᠣ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 23 | ᠳᠣᠲᠣᠭᠠᠳᠤ ᠪᠠᠶᠢᠭᠤᠯᠤᠮᠵᠢ ᠪᠠᠶᠢᠭᠤᠯᠪᠠ᠄ | ︵ᠨᠢᠭᠡ︶ ᠠᠯᠪᠠᠨ ᠭᠡᠷ | ︵ᠬᠤᠶᠠᠷ︶ ᠠᠵᠢᠯᠲᠠᠨ ᠤ ᠶᠠᠪᠤᠳᠠᠯ ᠤᠨ ᠰᠠᠯᠠᠭ᠎ᠠ | ︵ᠭᠤᠷᠪᠠ︶ ᠬᠥᠭᠵᠢᠭᠦᠯᠦᠯᠲᠡ ᠶᠢᠨ ᠲᠥᠯᠦᠪᠵᠢᠭᠦᠯᠭᠡ ᠬᠢᠭᠡᠳ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ | ︵ᠳᠥᠷᠪᠡ︶ ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠶᠢᠯᠡᠭᠰᠡᠨ ᠰᠠᠯᠠᠭ᠎ᠠ | ︵ᠲᠠᠪᠤ︶ ᠠᠵᠤ ᠠᠬᠤᠢ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠠᠯᠠᠭ᠎ᠠ | ︵ᠵᠢᠷᠭᠤᠭ᠎ᠠ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠰᠠᠯᠠᠭ᠎ᠠ | ︵ᠲᠤᠯᠤᠭ᠎ᠠ︶ ᠭᠠᠵᠠᠷ ᠣᠷᠣᠨ ᠤ ᠠᠵᠤ ᠠᠬᠤᠢ ᠶᠢᠨ ᠰᠠᠯᠠᠭ᠎ᠠ | ︵ᠨᠠᠢᠮᠠ︶ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠰᠠᠯᠠᠭ᠎ᠠ | ︵ᠶᠢᠰᠦ︶ ᠰᠠᠭᠤᠷᠢ ᠠᠵᠤ ᠦᠢᠯᠡᠰ ᠤᠨ ᠰᠠᠯᠠᠭ᠎ᠠ | ︵ᠠᠷᠪᠠ︶ ᠠᠵᠤ ᠦᠢᠯᠡᠰ ᠢ ᠵᠣᠬᠢᠴᠠᠭᠤᠯᠬᠤ ᠰᠠᠯᠠᠭ᠎ᠠ | ︵ᠠᠷᠪᠠᠨ ᠨᠢᠭᠡ︶ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠤᠭᠤᠷᠢᠨ ᠢ ᠬᠠᠮᠠᠭᠠᠯᠠᠬᠤ ᠰᠠᠯᠠᠭ᠎ᠠ | ︵ᠠᠷᠪᠠᠨ ᠬᠤᠶᠠᠷ︶ ᠳᠡᠭᠡᠳᠦ ᠮᠡᠷᠭᠡᠵᠢᠯ ᠤᠨ ᠠᠵᠤ ᠦᠢᠯᠡᠰ ᠤᠨ ᠰᠠᠯᠠᠭ᠎ᠠ | ︵ᠠᠷᠪᠠᠨ ᠭᠤᠷᠪᠠ︶ ᠨᠡᠶᠢᠭᠡᠮ ᠤᠨ ᠬᠥᠭᠵᠢᠯᠲᠡ ᠶᠢᠨ ᠰᠠᠯᠠᠭ᠎ᠠ | ︵ᠠᠷᠪᠠᠨ ᠳᠥᠷᠪᠡ︶ ᠠᠵᠤ ᠠᠬᠤᠢ ᠠᠷᠠᠯᠵᠢᠶᠠᠨ ᠤ ᠰᠠᠯᠠᠭ᠎ᠠ | ︵ᠠᠷᠪᠠᠨ ᠲᠠᠪᠤ︶ ᠡᠳ᠋ ᠤᠨ ᠵᠠᠰᠠᠭ ᠮᠥᠩᠭᠦᠨ ᠭᠦᠢᠯᠭᠡᠭᠡᠨ ᠤ ᠰᠠᠯᠠᠭ᠎ᠠ | ︵ᠠᠷᠪᠠᠨ ᠵᠢᠷᠭᠤᠭ᠎ᠠ︶ ᠦᠨ᠎ᠡ ᠬᠠᠩᠰᠢ ᠶᠢᠨ ᠰᠠᠯᠠᠭ᠎ᠠ | ︵ᠠᠷᠪᠠᠨ ᠲᠤᠯᠤᠭ᠎ᠠ︶ ᠰᠦᠢᠳᠬᠡᠯ ᠬᠤᠷᠢᠶᠠᠬᠤ ᠶᠢ ᠬᠠᠮᠢᠶᠠᠷᠬᠤ ᠰᠠᠯᠠᠭ᠎ᠠ | ︵ᠠᠷᠪᠠᠨ ᠨᠠᠢᠮᠠ︶ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ ᠰᠠᠯᠠᠭ᠎ᠠ | ︵ᠠᠷᠪᠠ ᠶᠢᠰᠦ︶ ᠵᠡᠭᠦᠨ ᠣᠷᠣᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ | ︵ᠬᠤᠷᠢ︶ ᠴᠢᠬᠤᠯᠠ ᠶᠡᠭᠡ ᠲᠥᠷᠥᠯ ᠵᠦᠢᠯ ᠢ ᠪᠠᠶᠢᠴᠠᠭᠠᠬᠤ ᠣᠨᠴᠠ ᠲᠣᠮᠢᠯᠠᠭᠳᠠᠭᠰᠠᠳ ᠤᠨ ᠠᠯᠪᠠᠨ ᠭᠡᠷ | ︵ᠬᠤᠷᠢᠨ ᠨᠢᠭᠡ︶ ᠭᠠᠳᠠᠭᠠᠳᠤ ᠨᠡᠭᠡᠭᠡᠯᠲᠡ ᠬᠢᠵᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠯᠪᠠᠨ ᠭᠡᠷ | 1. ᠬᠤᠳᠠᠯᠳᠤᠭᠠᠴᠢᠨ ᠤᠷᠢᠬᠤ ᠬᠠᠮᠲᠤᠷᠠᠯᠴᠠᠭᠠᠨ ᠤ ᠰᠠᠯᠠᠭ᠎ᠠ | 2. ᠭᠠᠵᠠᠷ ᠣᠷᠣᠨ ᠤ ᠠᠵᠤ ᠠᠬᠤᠢ ᠶᠢᠨ ᠬᠠᠮᠵᠢᠯᠴᠠᠭᠠᠨ ᠤ ᠰᠠᠯᠠᠭ᠎ᠠ | 3. ᠲᠥᠷᠥᠯ ᠵᠦᠢᠯ ᠤᠨ ᠲᠥᠯᠦᠪᠵᠢᠭᠦᠯᠭᠡ ᠶᠢᠨ ᠰᠠᠯᠠᠭ᠎ᠠ | ︵ᠬᠤᠷᠢᠨ ᠬᠤᠶᠠᠷ︶ ᠡᠨᠧᠷᠭᠢ ᠶᠢᠨ ᠲᠣᠪᠴᠢᠶ᠎ᠠ | ︵ᠬᠤᠷᠢᠨ ᠭᠤᠷᠪᠠ︶ ᠲᠡᠮᠦᠷ ᠵᠠᠮ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠠᠯᠪᠠᠨ ᠭᠡᠷ | | | ᠠᠵᠢᠯᠯᠠᠬᠤ ᠬᠠᠶ᠋ᠢᠭ᠄ ᠵᠠᠰᠠᠭ ᠵᠠᠬᠢᠷᠭᠠᠨ ᠤ ᠲᠥᠪ ᠤᠨ 1 ᠳ᠋ᠦ᠋ᠭᠡᠷ ᠨᠤᠮᠧᠷᠲᠦ ᠠᠰᠠᠷ ᠤᠨ 8 ᠳ᠋ᠤᠭᠠᠷ ᠳᠠᠪᠬᠤᠷᠭ᠎ᠠ | ᠠᠯᠪᠠᠨ ᠤᠲᠠᠰᠤ᠄ 0475 ︱ 8835501 | ᠨᠢᠭᠡᠴᠢ ᠶᠢᠨ ᠬᠠᠷᠢᠭᠤᠴᠠᠯᠭᠠᠲᠠᠨ᠄ ᠰᠢᠤᠢ ᠬᠤᠤ ᠲᠤᠤ | ᠠᠵᠢᠯᠯᠠᠬᠤ ᠴᠠᠭ᠄ ᠦᠳᠡ ᠶᠢᠨ ᠡᠮᠦᠨ᠎ᠡ 8᠄ 30 ︱ 12᠄ 00᠂ ᠦᠳᠡ ᠶᠢᠨ ᠬᠤᠶᠢᠨ᠎ᠠ 2᠄ 30 ︱ 5᠄ 30 | | |