ᠲᠦᠩᠯᠢᠶᠣᠣ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠢ ᠴᠢᠭᠯᠡᠯᠲᠡ ᠲᠥᠷᠥ ᠶᠢᠨ | ᠪᠣᠳᠣᠯᠭ᠎ᠠ ᠪᠠ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠠᠬᠢ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠣᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠳᠦᠷᠢᠮ | ᠲᠣᠭᠲᠠᠭᠠᠯ ᠤᠨ ᠲᠥᠰᠥᠯ ᠢ ᠲᠤᠭᠤᠷᠪᠢᠵᠤ᠂ ᠶᠠᠰᠤ ᠴᠢᠨᠠᠷ ᠢᠶᠠᠷ ᠬᠤᠳᠠ ᠶᠢ ᠬᠦᠴᠦᠷᠬᠡᠭᠵᠢᠭᠦᠯᠬᠦ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠪᠠᠶᠢᠬᠤ ᠪᠠ | ᠪᠠᠷᠢᠮᠵᠢᠶᠠᠵᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠲᠥᠯᠦᠪᠵᠢᠭᠦᠯᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠤᠨ ᠬᠠᠮᠠᠭᠠᠯᠠᠵᠤ᠂ ᠦᠨᠡᠨᠴᠢ ᠢᠲᠡᠭᠡᠮᠵᠢᠲᠡᠢ | ᠪᠠᠶᠢᠬᠤ᠂ ᠭᠤᠣᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ | ︵ᠬᠤᠶᠠᠷ︶ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠢ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ᠃ ᠡᠯ᠎ᠡ ᠲᠥᠷᠥᠯ ᠤᠨ ᠠᠵᠤ | ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠪᠣᠯᠣᠨ ᠡᠵᠡᠩᠨᠡᠯᠲᠡ ᠶᠢᠨ ᠠᠵᠢᠯᠯᠠᠭ᠎ᠠ ᠡᠷᠭᠢᠯᠡᠵᠦ ᠪᠠᠶᠢᠭ᠎ᠠ ᠨᠢᠭᠡᠴᠡ᠂ ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠦᠷᠢᠳᠬᠡᠨ ᠳᠠᠩᠰᠠᠯᠠᠬᠤ ᠠᠵᠢᠯ ᠢ ᠬᠠᠷᠢᠭᠤᠴᠠᠬᠤ ᠪᠠ ᠵᠢᠯᠣᠭᠤᠳᠤᠨ᠎ᠠ᠃ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ | ᠬᠠᠤᠯᠢ ᠶᠣᠰᠣᠭᠠᠷ ᠢᠯᠡ ᠨᠡᠶᠢᠲᠡᠯᠡᠬᠦ ᠪᠠ ᠬᠠᠮᠲᠤᠪᠠᠷ ᠡᠳ᠋ᠯᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠪᠠ | ᠵᠢᠯᠤᠭᠤᠳᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ | ᠨᠢᠭᠡᠳᠭᠡᠬᠦ ᠪᠠ ᠪᠦᠲᠦᠭᠡᠨ ᠪᠠᠶᠢᠭᠤᠯᠬᠤ ᠶᠢ ᠵᠢᠯᠤᠭᠤᠳᠴᠤ᠂ ᠨᠢᠭᠡᠳᠦᠯᠲᠡᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ | ᠡᠷᠬᠡ ᠶᠢᠨ ᠬᠡᠪᠴᠢᠶ᠎ᠡ ᠶᠣᠰᠣᠭᠠᠷ ᠬᠦᠨᠳᠦ ᠶᠡᠭᠡ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠣᠷᠣᠨ ᠪᠦᠰᠡ | ᠠᠯᠤᠰᠯᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠵᠣᠬᠢᠴᠠᠭᠤᠯᠤᠨ ᠪᠠᠶᠢᠴᠠᠭᠠᠨ ᠰᠢᠢᠳᠪᠦᠷᠢᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ | ︵ᠳᠥᠷᠪᠡ︶ ᠥᠷᠢᠰᠦᠯᠳᠦᠭᠡᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠭᠤᠣᠯᠴᠢ | ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠵᠢᠯᠣᠭᠤᠳᠤᠨ ᠬᠡᠷᠡᠭᠵᠢᠭᠦᠯᠦᠨ᠎ᠡ᠃ ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠨᠠᠶᠢᠳᠠᠯᠭ᠎ᠠ ᠶᠢ ᠦᠨᠳᠦᠰᠦᠯᠡᠨ᠂ ᠡᠵᠡᠩᠨᠡᠭᠴᠢ ᠶᠢ ᠲᠥᠪᠯᠡᠷᠡᠭᠦᠯᠬᠦ ᠠᠵᠢᠯᠯᠠᠭ᠎ᠠ ᠳᠤ ᠭᠠᠭᠴᠠᠭᠠᠷ ᠡᠵᠡᠮᠰᠢᠯ ᠢ ᠡᠰᠡᠷᠭᠦᠴᠡᠬᠦ ᠬᠢᠨᠠᠨ ᠪᠠᠶᠢᠴᠠᠭᠠᠯᠲᠠ | ᠬᠢᠵᠦ᠂ ᠭᠠᠭᠴᠠᠭᠠᠷ ᠡᠵᠡᠮᠰᠢᠯ ᠤᠨ ᠵᠥᠪᠯᠡᠯᠴᠡᠭᠡᠷ᠂ ᠵᠠᠬ᠎ᠠ ᠳᠡᠯᠭᠡᠭᠦᠷ ᠤᠨ ᠵᠠᠬᠢᠷᠬᠤ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠬᠡᠷᠡᠭᠯᠡᠬᠦ ᠪᠠ ᠵᠠᠰᠠᠭ ᠵᠠᠬᠢᠷᠭᠠᠨ ᠤ | ᠡᠷᠬᠡ ᠶᠢ ᠳᠤᠷ᠎ᠠ ᠪᠠᠷ ᠢᠶᠠᠨ ᠬᠡᠷᠡᠭᠯᠡᠵᠦ ᠭᠠᠳᠠᠭᠤᠷᠴᠢᠯᠠᠬᠤ᠂ ᠥᠷᠢᠰᠦᠯᠳᠦᠭᠡᠨ ᠢ ᠬᠢᠵᠠᠭᠠᠷᠯᠠᠬᠤ ᠵᠢᠴᠢ ᠦᠨ᠎ᠡ ᠬᠠᠩᠰᠢ ᠶᠢᠨ ᠭᠠᠭᠴᠠᠭᠠᠷ ᠡᠵᠡᠮᠰᠢᠯ ᠢ ᠬᠢᠵᠠᠭᠠᠷᠯᠠᠬᠤ | ᠵᠡᠷᠭᠡ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃ | ︵ᠲᠠᠪᠤ︶ ᠵᠠᠬ᠎ᠠ ᠳᠡᠯᠭᠡᠭᠦᠷ ᠤᠨ ᠡᠮᠬᠢ ᠳᠢᠭᠯᠢᠮ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ | ᠠᠵᠢᠯᠯᠠᠭ᠎ᠠ ᠶᠢ ᠬᠠᠤᠯᠢ ᠶᠣᠰᠣᠭᠠᠷ ᠬᠢᠨᠠᠵᠤ ᠬᠠᠮᠢᠶᠠᠷᠤᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠨ᠎ᠡ ᠬᠠᠩᠰᠢ ᠶᠢᠨ ᠰᠦᠢᠳᠬᠡᠯ ᠬᠤᠷᠢᠶᠠᠯᠲᠠ᠂ ᠵᠦᠢ | ᠪᠤᠰᠤ ᠪᠠᠷ ᠥᠷᠢᠰᠦᠯᠳᠦᠬᠦ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ ᠲᠠᠸᠠᠷ ᠤᠨ ᠲᠡᠮᠳᠡᠭ ᠤᠨ ᠲᠤᠰᠬᠠᠢ ᠠᠰᠢᠭ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠦᠢᠯᠡᠳᠭᠦᠨ ᠦᠢᠯᠡᠳᠦᠨ ᠪᠣᠷᠣᠯᠠᠭᠤᠯᠤᠭᠰᠠᠨ ᠦᠶᠯᠡ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠢᠯᠤᠭᠤᠳᠴᠤ ᠪᠠᠶᠢᠴᠠᠭᠠᠨ ᠰᠢᠢᠳᠪᠦᠷᠢᠯᠡᠨ᠎ᠡ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢ ᠵᠢᠯᠤᠭᠤᠳᠴᠤ᠂ ᠵᠠᠷ | ᠮᠡᠳᠡᠭᠡᠨ ᠤ ᠠᠵᠢᠯᠯᠠᠭ᠎ᠠ ᠶᠢ ᠬᠢᠨᠠᠵᠤ ᠬᠠᠮᠢᠶᠠᠷᠤᠨ᠎ᠠ᠃ ᠪᠠᠲᠤᠯᠠᠪᠤᠷᠢ ᠦᠭᠡᠢ ᠪᠠᠷ ᠦᠢᠯᠡᠳᠪᠦᠷᠢᠯᠡᠵᠦ ᠡᠵᠡᠩᠨᠡᠬᠦ ᠪᠠ ᠬᠠᠮᠢᠶ᠎ᠠ ᠪᠦᠬᠦᠢ ᠦᠨᠡᠮᠯᠡᠯ ᠦᠭᠡᠢ ᠪᠠᠷ | ᠦᠢᠯᠡᠳᠪᠦᠷᠢᠯᠡᠵᠦ ᠡᠵᠡᠩᠨᠡᠬᠦ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ᠎ᠠ᠃ ᠲᠦᠩᠯᠢᠶᠣᠣ ᠬᠤᠲᠠ ᠶᠢᠨ ᠬᠡᠷᠡᠭᠯᠡᠭᠴᠢᠳ ᠤᠨ | ᠨᠡᠶᠢᠭᠡᠮᠯᠢᠭ ᠤᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃ | ︵ᠵᠢᠷᠭᠤᠭ᠎ᠠ︶ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠶᠢᠨ ᠳᠦᠷᠢᠮ ᠠᠷᠭ᠎ᠠ ᠬᠡᠮᠵᠢᠶ᠎ᠡ ᠶᠢ | ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠤᠨ᠎ᠠ᠃ ᠶᠠᠰᠤ ᠴᠢᠨᠠᠷ ᠤᠨ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠢ ᠲᠥᠯᠥᠪᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ | ᠬᠦᠨᠳᠦ ᠶᠡᠭᠡ ᠠᠳᠡᠯ ᠤᠨ ᠪᠠᠶᠢᠴᠠᠭᠠᠯᠲᠠ ᠶᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠣᠬᠢᠶᠠᠨ ᠪᠠᠶᠢᠭᠤᠯᠵᠤ᠂ ᠵᠡᠷᠡᠮᠳᠡᠭ ᠦᠢᠯᠡᠳᠬᠦᠨ ᠢ ᠡᠭᠡᠭᠦᠯᠦᠨ | ᠠᠪᠴᠢᠷᠠᠬᠤ ᠳᠦᠷᠢᠮ ᠢ ᠪᠠᠶᠢᠭᠤᠯᠬᠤ ᠶᠢᠨ ᠬᠠᠮᠲᠤ ᠨᠢᠭᠡᠳᠦᠯᠲᠡᠢ ᠬᠡᠷᠡᠭᠵᠢᠭᠦᠯᠵᠦ᠂ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃ | ︵ᠲᠤᠯᠤᠭ᠎ᠠ︶ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ ᠶᠠᠰᠤ ᠴᠢᠨᠠᠷ ᠤᠨ | ᠠᠶᠤᠯ ᠦᠭᠡᠢ ᠶᠢᠨ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠ ᠬᠢᠷᠢ ᠲᠡᠩᠴᠡᠬᠦ ᠦᠭᠡᠢ ᠦᠢᠯᠡᠳᠬᠦᠨ ᠢ ᠰᠢᠢᠳᠪᠦᠷᠢᠯᠡᠬᠦ | ᠠᠵᠢᠯ ᠢ ᠬᠠᠮᠢᠶᠠᠷᠴᠤ᠂ ᠦᠢᠯᠡᠳᠬᠦᠨ ᠤ ᠶᠠᠰᠤ ᠴᠢᠨᠠᠷ ᠤᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠦᠢᠯᠡᠳᠬᠦᠨ ᠤ ᠶᠠᠰᠤ ᠴᠢᠨᠠᠷ ᠢ ᠬᠥᠨᠳᠡᠯᠡᠨ ᠠᠴᠠ ᠲᠠᠰᠤᠯᠬᠤ᠂ ᠰᠢᠯᠭᠠᠨ ᠪᠠᠶᠢᠴᠠᠭᠠᠬᠤ᠂ ᠬᠢᠨᠠᠨ ᠲᠣᠭᠲᠠᠭᠠᠬᠤ ᠠᠵᠢᠯ ᠢ ᠬᠢᠨᠠᠵᠤ ᠬᠠᠮᠢᠶᠠᠷᠤᠨ᠎ᠠ᠃ᠪᠥᠬᠦ ᠬᠤᠲᠠ ᠶᠢᠨ | ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠲᠠᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠮᠤᠷ ᠲᠦᠪᠰᠢᠨ ᠤ ᠨᠡᠬᠡᠮᠵᠢᠯᠡᠬᠦ ᠳᠦᠷᠢᠮ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠪᠠ | ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ︵ᠨᠠᠢᠮᠠ︶ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯ ᠦᠭᠡᠢ ᠶᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠢᠨ | ᠬᠤᠷᠣᠭᠳᠠᠭᠤᠯᠤᠯ ᠶᠡᠬᠡᠲᠡᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠣᠯᠣᠨ ᠭᠦᠸᠧᠯᠦ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ | ︵ᠶᠢᠰᠦ︶ ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ | ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠬᠠᠷᠢᠭᠤᠴᠠᠬᠤ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠶᠡᠷᠦᠩᠬᠡᠢ | ᠬᠠᠷᠢᠭᠤᠴᠠᠯᠭ᠎ᠠ ᠶᠢ ᠬᠠᠷᠢᠭᠤᠴᠠᠬᠤ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠬᠦ ᠶᠢ ᠠᠬᠢᠭᠤᠯᠬᠤ ᠬᠡᠷᠡᠭᠲᠡᠢ᠃ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ | ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠶᠢᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠪᠠ | ᠡᠮ ᠤᠨ ᠵᠦᠢᠯ ᠤᠨ ᠠᠶᠤᠯ ᠦᠭᠡᠢ ᠶᠢᠨ ᠴᠢᠬᠤᠯᠠ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ | ᠪᠠᠶᠢᠭᠤᠯᠤᠨ ᠪᠦᠷᠢᠨᠰᠢᠭᠦᠯᠦᠨ᠎ᠡ᠃ᠲᠦᠩᠯᠢᠶᠣᠣ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠡᠳᠦᠷ | ᠲᠤᠲᠤᠮ ᠤᠨ ᠠᠵᠢᠯ ᠢ ᠬᠠᠷᠢᠭᠤᠴᠠᠨ᠎ᠠ᠃ | ︵ᠠᠷᠪᠠ︶ ᠢᠳᠡᠭᠡᠨ ᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ᠢᠳᠡᠭᠡᠨ ᠤ ᠦᠢᠯᠡᠳᠪᠦᠷᠢᠯᠡᠯ᠂ ᠭᠦᠢᠯᠭᠡᠭᠡᠨ᠂ ᠬᠡᠷᠡᠭᠯᠡᠭᠡ ᠶᠢᠨ | ᠪᠥᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ | ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ᠢᠳᠡᠭᠡᠨ ᠦᠢᠯᠡᠳᠪᠦᠷᠢᠯᠡᠵᠦ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠨᠡᠬᠡᠮᠵᠢᠯᠡᠬᠦ ᠰᠢᠰᠲ᠋ᠧᠮ ᠢ ᠪᠦᠷᠢᠨᠰᠢᠭᠦᠯᠦᠨ᠎ᠡ᠃ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠰᠢᠯᠭᠠᠬᠤ᠂ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠪᠠ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠲᠦᠭᠰᠢᠭᠦᠷᠢ ᠶᠢᠨ ᠲᠤᠬᠠᠢ ᠲᠤᠷᠰᠢᠯᠭ᠎ᠠ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠢᠳᠡᠰᠢᠨ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠤᠨᠴᠠᠭᠠᠢ ᠢᠳᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠪᠥᠬᠦ ᠬᠤᠲᠠ ᠶᠢᠨ ᠢᠳᠡᠭᠡᠨ ᠤ ᠦᠢᠯᠡᠳᠪᠦᠷᠢᠯᠡᠯ᠂ ᠡᠵᠡᠩᠨᠡᠯᠲᠡ ︵ᠭᠦᠢᠯᠭᠡᠭᠡᠨ᠂ ᠢᠳᠡᠭᠡᠨ ᠤᠮᠳᠠᠭᠠᠨ ᠤ ᠦᠢᠯᠡᠴᠢᠯᠡᠭᠡ︶ | ᠶᠢᠨ ᠵᠠᠰᠠᠭ ᠵᠠᠬᠢᠷᠭᠠᠨ ᠤ ᠵᠥᠪᠰᠢᠶᠡᠷᠡᠯ ᠪᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ᠠᠷᠢᠬᠢᠨ ᠤ ᠵᠦᠢᠯ ᠤᠨ | ᠢᠳᠡᠭᠡᠨ ᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠢᠭᠡ︶ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠣᠲᠣᠷᠠᠬᠢ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ | ᠭᠤᠶᠣᠯᠠᠯ ᠤᠨ ᠡᠳ᠋ ᠤᠨ ᠵᠥᠪᠰᠢᠶᠡᠷᠡᠯ᠂ ᠳᠠᠩᠰᠠᠯᠠᠯᠲᠠ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠭᠤᠶᠣᠯᠠᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠤᠯᠤᠰ ᠤᠨ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠭᠤᠶᠤᠯᠠᠯ ᠤᠨ ᠡᠳ᠋ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ᠂ | ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠦᠢᠯᠡᠳᠪᠦᠷᠢᠯᠡᠬᠦ᠂ ᠡᠵᠡᠩᠨᠡᠬᠦ᠂ | ᠬᠡᠷᠡᠭᠯᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠵᠣᠬᠢᠶᠠᠨ ᠪᠠᠶᠢᠭᠤᠯᠬᠤ ᠪᠠ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠡᠮ ᠤᠨ ᠵᠦᠢᠯ ᠪᠠ ᠡᠮᠴᠢᠯᠡᠭᠡᠨ ᠤ | ᠪᠠᠭᠠᠵᠢ ᠬᠡᠷᠡᠭᠰᠡᠯ ᠤᠨ ᠦᠢᠯᠡᠳᠬᠦᠨ ᠤ ᠬᠠᠤᠯᠢ ᠪᠠᠷ ᠲᠣᠭᠲᠠᠭᠠᠭᠰᠠᠨ ᠪᠠᠷᠢᠮᠵᠢᠶ᠎ᠠ᠂ ᠲᠥᠷᠥᠯ ᠬᠤᠪᠢᠶᠠᠨ ᠬᠠᠮᠢᠶᠠᠷᠬᠤ ᠳᠦᠷᠢᠮ ᠢ ᠬᠡᠷᠡᠭᠵᠢᠭᠦᠯᠬᠦ ᠳᠤ ᠬᠢᠨᠠᠯᠲᠠ | ᠲᠠᠯᠪᠢᠬᠤ ᠶᠢ ᠬᠠᠷᠢᠭᠤᠴᠠᠨ᠎ᠠ᠃ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠡᠵᠡᠩᠨᠡᠬᠦ ᠵᠠᠰᠠᠭ ᠵᠠᠬᠢᠷᠭᠠᠨ ᠤ ᠵᠥᠪᠰᠢᠶᠡᠷᠡᠯ ᠢ ᠡᠷᠬᠡ ᠲᠤᠰᠢᠶᠠᠯ ᠤᠨ ᠢᠶᠠᠨ | ᠶᠣᠰᠣᠭᠠᠷ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠤᠰᠢᠭᠤ ︵ᠰᠢᠶᠠᠨ᠂ ᠲᠣᠭᠤᠷᠢᠭ︶ ᠶᠢᠨ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ | ᠭᠤᠶᠣᠯᠠᠯ ᠤᠨ ᠡᠳ᠋ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠬᠤ ᠪᠠ ᠵᠢᠯᠤᠭᠤᠳᠬᠤ ᠶᠢ ᠬᠠᠷᠢᠭᠤᠴᠠᠨ᠎ᠠ᠃ ᠠᠰᠠᠭᠤᠳᠠᠯ ᠲᠠᠢ ᠦᠢᠯᠡᠳᠬᠦᠨ ᠢ | ᠡᠭᠡᠭᠦᠯᠦᠨ ᠠᠪᠴᠢᠷᠠᠬᠤ ᠪᠠ ᠰᠢᠢᠳᠪᠦᠷᠢᠯᠡᠬᠦ ᠳᠦᠷᠢᠮ ᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ | ᠬᠠᠮᠵᠢᠯᠴᠠᠨ ᠬᠡᠷᠡᠭᠵᠢᠭᠦᠯᠦᠨ᠎ᠡ᠃ ᠡᠮ ᠤᠨ ᠵᠦᠢᠯ᠂ ᠭᠤᠶᠤᠯᠠᠯ ᠤᠨ ᠡᠳ᠋ ᠤᠨ ᠮᠠᠭᠤ ᠲᠤᠰᠬᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠬᠡᠪ ᠤᠨ ᠪᠤᠰᠤ ᠬᠡᠷᠡᠭ ᠢ | ᠬᠢᠨᠠᠨ ᠬᠡᠮᠵᠢᠬᠦ᠂ ᠦᠨᠡᠯᠡᠬᠦ ᠪᠠ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠭᠤᠷᠪᠠ︶ ᠬᠡᠮᠵᠢᠯᠲᠡ ᠶᠢᠨ ᠠᠵᠢᠯ ᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ ᠬᠡᠮᠵᠢᠯᠲᠡ ᠶᠢᠨ ᠳᠦᠷᠢᠮ ᠢ | ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠡ ᠶᠢ ᠬᠡᠷᠡᠭᠵᠢᠭᠦᠯᠦᠨ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠶ᠎ᠡ ᠶᠢ | ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ | ᠬᠢᠨᠠᠯᠲᠠ ᠲᠠᠯᠪᠢᠨ᠎ᠠ᠃ | ︵ᠠᠷᠪᠠᠨ ᠳᠥᠷᠪᠡ︶ ᠪᠥᠬᠦ ᠬᠤᠲᠠ ᠶᠢᠨ ᠪᠠᠷᠢᠮᠵᠢᠶᠠᠵᠢᠭᠤᠯᠤᠯᠲᠠ ᠶᠢᠨ ᠠᠵᠢᠯ ᠢ ᠨᠢᠭᠡᠳᠦᠯᠲᠡᠢ ᠬᠠᠮᠢᠶᠠᠷᠬᠤ ᠪᠠ ᠵᠢᠯᠤᠭᠤᠳᠬᠤ ᠶᠢ ᠬᠠᠷᠢᠭᠤᠴᠠᠨ᠎ᠠ᠃ | ᠣᠷᠣᠨ ᠨᠤᠲᠤᠭ ᠤᠨ ᠪᠠᠷᠢᠮᠵᠢᠶ᠎ᠠ ᠶᠢᠨ ᠰᠡᠳᠦᠪ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠤᠯᠤᠰ ᠤᠨ ᠪᠠᠷᠢᠮᠵᠢᠶ᠎ᠠ᠂ | ᠠᠵᠢᠯ ᠲᠦᠷᠦᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢᠨ ᠮᠡᠳᠡᠭᠡ ᠵᠠᠩᠭᠢ ᠶᠢ ᠬᠠᠷᠢᠭᠤ ᠲᠤᠰᠬᠠᠬᠤ ᠪᠠ ᠦᠨᠡᠯᠡᠨ ᠵᠢᠱᠢᠬᠦ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠠᠵᠢᠯ ᠢ ᠬᠠᠤᠯᠢ ᠶᠣᠰᠣᠭᠠᠷ | ᠵᠣᠬᠢᠴᠠᠭᠤᠯᠤᠨ ᠵᠢᠯᠤᠭᠤᠳᠬᠤ ᠪᠠ ᠬᠢᠨᠠᠯᠲᠠ ᠲᠠᠯᠪᠢᠬᠤ ᠶᠢᠨ ᠬᠠᠮᠲᠤ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ | ︵ᠠᠷᠪᠠᠨ ᠲᠠᠪᠤ︶ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ | ᠵᠢᠷᠤᠮᠵᠢᠭᠤᠯᠤᠨ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠲᠦᠷᠦᠯ ᠤᠨ | ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃ | ︵ᠠᠷᠪᠠᠨ ᠵᠢᠷᠭᠤᠭ᠎ᠠ︶ ᠪᠥᠬᠦ ᠬᠤᠲᠠ ᠶᠢᠨ ᠭᠡᠷᠡᠴᠢᠯᠡᠵᠦ ᠵᠥᠪᠰᠢᠶᠡᠷᠡᠬᠦ ᠠᠵᠢᠯ ᠢ ᠨᠢᠭᠡᠳᠦᠯᠲᠡᠢ ᠬᠠᠮᠢᠶᠠᠷᠬᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ | ᠵᠣᠬᠢᠴᠠᠭᠤᠯᠬᠤ ᠶᠢ ᠬᠠᠷᠢᠭᠤᠴᠠᠨ᠎ᠠ᠃ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠡᠷᠡᠴᠢᠯᠡᠵᠦ ᠵᠥᠪᠰᠢᠶᠡᠷᠡᠬᠦ ᠪᠠ ᠬᠢᠷᠢ ᠲᠡᠩᠴᠡᠬᠦ ᠶᠢ ᠦᠨᠡᠯᠡᠨ | ᠲᠣᠭᠲᠠᠭᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠠᠷᠪᠠᠨ ᠳᠣᠯᠤᠭ᠎ᠠ︶ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ | ᠬᠠᠮᠢᠶᠠᠷᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ᠲᠦᠩᠯᠢᠶᠣᠣ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ | ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠯᠪᠣᠭᠳᠠᠯ | ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠥᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠤᠭᠤᠷᠪᠢᠨ ᠪᠢᠴᠢᠵᠦ᠂ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ | ︵ᠠᠷᠪᠠᠨ ᠨᠠᠢᠮᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠰᠥᠯ ᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠠᠬᠢᠭᠤᠯᠤᠨ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠲᠦᠭᠡᠨ | ᠪᠠᠶᠢᠭᠤᠯᠬᠤ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶᠡᠴᠢ ᠠᠵᠢᠯ ᠢ ᠦᠷᠨᠢᠭᠦᠯᠦᠨ᠎ᠡ᠃ ᠲᠦᠩᠯᠢᠶᠣᠣ | ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠬᠠᠮᠢᠶᠠᠷᠴᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠤᠯᠠᠷᠢᠭᠤᠯᠬᠤ ᠴᠢᠬᠤᠯᠠ ᠶᠡᠭᠡ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ | ᠡᠷᠬᠡ ᠶᠢᠨ ᠰᠢᠨᠵᠢᠨ ᠬᠤᠪᠢᠷᠠᠬᠤ ᠶᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠢ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠬᠤ ᠶᠢ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠶᠢ | ᠵᠢᠯᠤᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠶᠠᠯᠠᠲᠤ ᠠᠵᠢᠯᠯᠠᠭ᠎ᠠ ᠶᠢ ᠬᠠᠤᠯᠢ ᠪᠠᠷ ᠪᠠᠶᠢᠴᠠᠭᠠᠨ ᠰᠢᠢᠳᠪᠦᠷᠢᠯᠡᠨ᠎ᠡ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠪᠠ ᠭᠠᠳᠠᠭᠠᠳᠤ ᠳᠤ ᠬᠤᠯᠪᠣᠭᠳᠠᠬᠤ ᠵᠡᠷᠭᠡ ᠠᠵᠢᠯ ᠢ ᠵᠤᠬᠢᠶᠠᠨ ᠪᠠᠶᠢᠭᠤᠯᠤᠨ | ᠵᠢᠯᠤᠭᠤᠳᠤᠨ᠎ᠠ᠃ | ︵ᠠᠷᠪᠠ ᠶᠢᠰᠦ︶ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠬᠤᠪᠢ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ᠂ ᠡᠪᠯᠡᠯ ᠤᠨ ᠪᠠᠶᠢᠭᠤᠯᠤᠯᠲᠠ ᠶᠢᠨ ᠠᠵᠢᠯ ᠥᠷᠨᠢᠭᠦᠯᠬᠦ ᠶᠢ ᠵᠢᠯᠣᠭᠤᠳᠤᠨ᠎ᠠ᠃ | | ︵ᠬᠤᠷᠢ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ | ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃ | ︵ᠬᠤᠷᠢᠨ ᠨᠢᠭᠡ︶ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ︵ᠨᠢᠭᠡ︶ ᠠᠯᠪᠠᠨ ᠭᠡᠷ᠃ | ︵ᠬᠤᠶᠠᠷ︶ ᠶᠡᠷᠦᠩᠬᠡᠢ ᠲᠥᠯᠦᠪᠵᠢᠭᠦᠯᠭᠡ ᠪᠠ ᠰᠣᠨᠢᠨ ᠮᠡᠳᠡᠭᠡ ᠤᠬᠠᠭᠤᠯᠬᠤ ᠰᠠᠯᠠᠭ᠎ᠠ᠃ | ︵ᠭᠤᠷᠪᠠ︶ ᠬᠠᠤᠯᠢ ᠲᠣᠭᠲᠠᠭᠠᠯ ᠤᠨ ᠰᠠᠯᠠᠭ᠎ᠠ᠃ | ︵ᠳᠥᠷᠪᠡ︶ ᠬᠠᠤᠯᠢ ᠬᠡᠷᠡᠭᠵᠢᠭᠦᠯᠬᠦ ᠶᠢ ᠬᠢᠨᠠᠨ ᠪᠠᠶᠢᠴᠠᠭᠠᠬᠤ ᠲᠣᠪᠴᠢᠶ᠎ᠠ᠃ | ︵ᠲᠠᠪᠤ︶ ᠪᠦᠷᠢᠳᠬᠡᠨ ᠳᠠᠩᠰᠠᠯᠠᠬᠤ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ᠃ | ︵ᠵᠢᠷᠭᠤᠭ᠎ᠠ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ | ︵ᠳᠣᠯᠤᠭ᠎ᠠ︶ ᠬᠡᠷᠡᠭᠯᠡᠭᠡᠨ ᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠯᠠᠭ᠎ᠠ᠃ | ︵ᠨᠠᠢᠮᠠ︶ ᠦᠨ᠎ᠡ ᠬᠠᠩᠰᠢ ᠶᠢ ᠬᠢᠨᠠᠵᠤ ᠪᠠᠶᠢᠴᠠᠭᠠᠬᠤ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠲᠣᠪᠴᠢᠶ᠎ᠠ ︵ᠭᠠᠭᠴᠠᠭᠠᠷ ᠡᠵᠡᠮᠰᠢᠯ ᠢ ᠡᠰᠡᠷᠭᠦᠴᠡᠬᠦ | ᠲᠣᠪᠴᠢᠶ᠎ᠠ︶᠃ | ︵ᠶᠢᠰᠦ︶ ᠰᠦᠯᠵᠢᠶᠡᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠬᠢᠨᠠᠯᠲᠠ ᠲᠠᠯᠪᠢᠵᠤ ᠬᠠᠮᠢᠶᠠᠷᠬᠤ ᠰᠠᠯᠠᠭ᠎ᠠ᠃ | (ᠠᠷᠪᠠ) ᠵᠡᠷ ᠮᠡᠳᠡᠭᠡ ᠳᠤ ᠬᠢᠨᠠᠯᠲᠠ ᠲᠠᠯᠪᠢᠵᠤ ᠬᠠᠮᠢᠶᠠᠷᠬᠤ ᠰᠠᠯᠠᠭ᠎ᠠ᠃ | ︵ᠠᠷᠪᠠᠨ ᠨᠢᠭᠡ︶ ᠶᠠᠰᠤ ᠴᠢᠨᠠᠷ ᠢ ᠬᠥᠭᠵᠢᠭᠦᠯᠬᠦ ᠰᠠᠯᠠᠭ᠎ᠠ᠃ | ︵ᠠᠷᠪᠠᠨ ᠬᠤᠶᠠᠷ︶ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ | ︵ᠠᠷᠪᠠᠨ ᠭᠤᠷᠪᠠ︶ ᠢᠳᠡᠭᠡᠨ ᠤ ᠠᠶᠤᠯ ᠦᠭᠡᠢ ᠶᠢ ᠵᠣᠬᠢᠴᠠᠭᠤᠯᠬᠤ ᠪᠠ ᠰᠤᠭᠤᠴᠠᠨ ᠪᠠᠶᠢᠴᠠᠭᠠᠵᠤ ᠬᠢᠨᠠᠨ ᠬᠡᠮᠵᠢᠬᠦ ᠰᠠᠯᠠᠭ᠎ᠠ᠃ | ︵ᠠᠷᠪᠠᠨ ᠳᠥᠷᠪᠡ︶ ᠢᠳᠡᠭᠡᠨ ᠤ ᠦᠢᠯᠡᠳᠪᠦᠷᠢᠯᠡᠯ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ | ︵ᠠᠷᠪᠠᠨ ᠲᠠᠪᠤ︶ ᠢᠳᠡᠭᠡᠨ ᠤ ᠭᠦᠢᠯᠭᠡᠭᠡᠨ ᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ | ︵ᠠᠷᠪᠠᠨ ᠵᠢᠷᠭᠤᠭ᠎ᠠ︶ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ | ︵ᠠᠷᠪᠠᠨ ᠲᠤᠯᠤᠭ᠎ᠠ︶ ᠢᠳᠡᠭᠡᠨ ᠤ ᠠᠶᠤᠯᠭᠦᠢ ᠶᠢᠨ ᠣᠨᠴᠠᠭᠠᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ | ︵ᠠᠷᠪᠠᠨ ᠨᠠᠢᠮᠠ︶ ᠡᠮ ᠤᠨ ᠵᠦᠢᠯ ᠢ ᠳᠡᠩᠰᠡᠯᠡᠨ ᠦᠢᠯᠡᠳᠪᠦᠷᠢᠯᠡᠬᠦ ᠶᠢ ᠬᠢᠨᠠᠨ ᠬᠠᠮᠢᠶᠠᠷᠬᠤ ᠰᠠᠯᠠᠭ᠎ᠠ᠃ | ︵ᠠᠷᠪᠠ ᠶᠢᠰᠦ︶ ᠡᠮ ᠤᠨ ᠵᠦᠢᠯ ᠭᠤᠶᠣᠯᠠᠯ ᠤᠨ ᠡᠳ᠋ ᠤᠨ ᠭᠦᠢᠯᠭᠡᠭᠡᠨ ᠢ ᠬᠢᠨᠠᠨ ᠬᠠᠮᠢᠶᠠᠷᠬᠤ ᠰᠠᠯᠠᠭ᠎ᠠ᠃ | ︵ᠬᠤᠷᠢ︶ ᠡᠮ ᠤᠨ ᠵᠦᠢᠯ ᠬᠢᠭᠡᠳ ᠡᠮᠴᠢᠯᠡᠭᠡᠨ ᠤ ᠪᠠᠭᠠᠵᠢ ᠬᠡᠷᠡᠭᠰᠡᠯ ᠤᠨ ᠬᠡᠪ ᠤᠨ ᠪᠤᠰᠤ ᠳᠤᠰᠬᠠᠯ ᠢ ᠬᠢᠨᠠᠨ ᠬᠡᠮᠵᠢᠬᠦ ᠰᠠᠯᠠᠭ᠎ᠠ᠃ | ︵ᠬᠤᠷᠢᠨ ᠨᠢᠭᠡ︶ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ | ︵ᠬᠤᠷᠢᠨ ᠬᠤᠶᠠᠷ︶ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠲᠣᠪᠴᠢᠶ᠎ᠠ᠃ | ︵ᠬᠤᠷᠢᠨ ᠭᠤᠷᠪᠠ︶ ᠬᠡᠮᠵᠢᠯᠲᠡ ᠶᠢᠨ ᠰᠠᠯᠠᠭ᠎ᠠ᠃ | ︵ᠬᠤᠷᠢᠨ ᠳᠥᠷᠪᠡ︶ ᠪᠠᠷᠢᠮᠵᠢᠶᠠᠵᠢᠭᠤᠯᠬᠤ ᠰᠠᠯᠠᠭ᠎ᠠ᠃ | ︵ᠬᠤᠷᠢᠨ ᠲᠠᠪᠤ︶ ᠭᠡᠷᠡᠴᠢᠯᠡᠵᠦ ᠵᠥᠪᠰᠢᠶᠡᠷᠡᠬᠦ ᠪᠠ ᠰᠢᠯᠭᠠᠨ ᠪᠠᠶᠢᠴᠠᠭᠠᠵᠤ ᠬᠡᠮᠵᠢᠬᠦ ᠳᠤ ᠬᠢᠨᠠᠯᠲᠠ ᠲᠠᠯᠪᠢᠵᠤ ᠬᠠᠮᠢᠶᠠᠷᠬᠤ ᠰᠠᠯᠠᠭ᠎ᠠ᠃ | ︵ᠬᠤᠷᠢᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠥᠭᠵᠢᠭᠦᠯᠵᠦ ᠬᠠᠮᠠᠭᠠᠯᠠᠬᠤ ᠰᠠᠯᠠᠭ᠎ᠠ᠃ | ︵ᠬᠤᠷᠢᠨ ᠳᠣᠯᠤᠭ᠎ᠠ︶ ᠰᠢᠨᠵᠢᠯᠡᠭᠡ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ᠃ | ︵ᠬᠤᠷᠢᠨ ᠨᠠᠢᠮᠠ︶ ᠡᠳ᠋ ᠤᠨ ᠶᠠᠪᠤᠳᠠᠯ ᠤᠨ ᠰᠠᠯᠠᠭ᠎ᠠ᠃ | ︵ᠬᠤᠷᠢ ᠶᠢᠰᠦ︶ ᠨᠡᠶᠢᠲᠡ ᠶᠢᠨ ᠪᠤᠰᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ | ︵ᠭᠤᠴᠢ︶ ᠠᠵᠢᠯᠲᠠᠨ ᠤ ᠶᠠᠪᠤᠳᠠᠯ ᠤᠨ ᠰᠠᠯᠠᠭ᠎ᠠ᠃ | ᠪᠠᠶᠢᠭᠤᠯᠭ᠎ᠠ ᠶᠢᠨ ᠨᠠᠮ ᠤᠨ ᠬᠤᠷᠢᠶᠠᠨ ᠤ ᠠᠯᠪᠠᠨ ᠭᠡᠷ᠃ | ᠠᠵᠢᠯᠯᠠᠬᠤ ᠬᠠᠶ᠋ᠢᠭ᠄ ᠲᠦᠩᠯᠢᠶᠣᠣ ᠬᠤᠲᠠ ᠶᠢᠨ ᠵᠠᠰᠠᠭ ᠵᠠᠬᠢᠷᠭᠠᠨ ᠤ ᠲᠥᠪ ᠤᠨ 1 ᠳ᠋ᠦ᠋ᠭᠡᠷ ᠠᠰᠠᠷ ᠤᠨ ᠳᠥᠷᠪᠡᠳᠦᠭᠡᠷ ᠠᠰᠠᠷ ᠤᠨ ᠵᠡᠭᠦᠨ ᠲᠠᠯ᠎ᠠ | ᠠᠯᠪᠠᠨ ᠤᠲᠠᠰᠤ᠄ 0475 ︱ 8835742 | ᠨᠢᠭᠡᠴᠡ ᠶᠢᠨ ᠬᠠᠷᠢᠭᠤᠴᠠᠯᠭᠠᠲᠠᠨ᠄ ᠸᠠᠩ ᠵᠧᠨ ᠴᠧᠩ | ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ᠠᠴᠠ 12᠄ 00᠂ ᠦᠳᠡ ᠶᠢᠨ ᠬᠤᠶᠢᠨᠠᠬᠢ 2᠄ 30 ᠠᠴᠠ 5᠄ 30 |