﹇ᠰᠣᠷᠪᠤᠯᠵᠢᠯᠠᠭ᠎ᠠ ᠶᠢᠨ ᠨᠡᠷᠡᠶᠢᠳᠦᠯ﹈ ᠬᠤᠷᠴᠢᠨ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠬᠢᠭᠰᠡᠨ ᠠᠵᠢᠯ | ᠤᠨ ᠲᠠᠨᠢᠯᠴᠠᠭᠤᠯᠭ᠎ᠠ | | ﹇ᠰᠤᠷᠪᠤᠯᠵᠢᠯᠠᠭᠰᠠᠨ ᠴᠠᠭ﹈ 2022-04-05 | ﹇ᠰᠣᠷᠪᠤᠯᠵᠢᠯᠠᠭ᠎ᠠ ᠬᠦᠯᠢᠶᠡᠭᠴᠢ﹈ ᠬᠤᠷᠴᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠦ ᠵᠢᠶᠦ᠋ᠨ | ﹇ᠭᠤᠣᠯ ᠠᠭᠤᠯᠭ᠎ᠠ﹈ ᠬᠤᠷᠴᠢᠨ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠬᠢᠭᠰᠡᠨ ᠠᠵᠢᠯ | ﹇ᠬᠥᠲᠥᠯᠥᠭᠴᠢ﹈ ᠶᠢᠦ ᠲᠣᠪᠴᠢᠶᠠᠨ ᠳᠠᠷᠤᠭ᠎ᠠ ᠲᠠ ᠰᠠᠶᠢᠨ ᠦᠦ᠂ ᠵᠠᠰᠠᠭ ᠤᠨ ᠣᠷᠳᠣᠨ ᠤ ᠡᠭᠦᠳᠡᠴᠢ ᠰᠦᠯᠵᠢᠶ᠎ᠡ ᠶᠢᠨ ︽ᠰᠦᠯᠵᠢᠶ᠎ᠡ ᠶᠢᠨ ᠰᠣᠷᠪᠤᠯᠵᠢᠯᠠᠭ᠎ᠠ︾ | ᠪᠤᠯᠤᠩ ᠤᠨ ᠤᠷᠢᠯᠭ᠎ᠠ ᠶᠢ ᠭᠥᠯᠢᠶᠡᠨ ᠠᠪᠤᠭᠰᠠᠨ ᠳᠤ ᠲᠠᠯᠠᠷᠬᠠᠵᠤ ᠪᠠᠶᠢᠨ᠎ᠠ᠃ | ﹇ᠶᠢᠦ ᠵᠢᠶᠦ᠋ᠨ﹈ ᠬᠥᠲᠥᠯᠥᠭᠴᠢ ᠰᠠᠶᠢᠨ ᠦᠦ᠂ ᠰᠦᠯᠵᠢᠶᠡᠨ ᠤ ᠨᠠᠶᠢᠵᠠ ᠨᠠᠷ ᠰᠠᠶᠢᠨ ᠦᠦ᠂ ᠵᠠᠰᠠᠭ ᠤᠨ ᠣᠷᠳᠣᠨ ᠤ ᠡᠬᠦᠳᠡᠴᠢ ᠰᠦᠯᠵᠢᠶ᠎ᠡ ᠶᠢᠨ ᠰᠣᠷᠪᠤᠯᠵᠢᠯᠠᠭ᠎ᠠ | ᠶᠢᠨ ᠪᠤᠯᠤᠩ ᠳᠤ ᠣᠷᠤᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ | ﹇ᠬᠥᠲᠥᠯᠥᠭᠴᠢ﹈ ᠲᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠳᠠᠲᠠᠢ ᠠᠵᠢᠯ ᠤᠨ ᠲᠣᠬᠢᠷᠠᠭᠤᠯᠤᠯᠲᠠ ᠶᠢᠨ ᠲᠤᠬᠠᠢ ᠶᠠᠷᠢᠭᠠᠳ | ᠦᠭᠭᠦᠨ᠎ᠡ ᠦᠦ︖ | ﹇ᠶᠢᠦ ᠵᠢᠶᠦ᠋ᠨ﹈ ᠡᠨᠡ ᠵᠢᠯ ᠪᠣᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠵᠢᠯ ᠤᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠮᠥᠨᠴᠦ | ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠢᠪᠲᠤᠯᠤᠯᠲᠠ ᠶᠢᠨ ᠣᠨ ᠤ ᠴᠢᠬᠤᠯᠠ ᠬᠤᠭᠤᠴᠠᠭ᠎ᠠ ᠪᠣᠯᠣᠨ᠎ᠠ᠂ | ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠲᠤᠶᠢᠯ ᠤᠨ ᠨᠦᠰᠡᠷ ᠬᠦᠨᠳᠦ ᠪᠠᠶᠢᠨ᠎ᠠ᠃ ᠨᠢᠭᠡ ᠳᠤ᠂ ᠡᠨᠡ ᠵᠢᠯ ᠤᠨ ᠭᠤᠣᠯᠳᠠᠯᠭ᠎ᠠ ᠲᠠᠢ ᠠᠵᠢᠯ ᠢ ᠨᠠᠷᠢᠨ ᠨᠢᠮᠪᠠᠢ | ᠡᠮᠬᠢᠯᠡᠨ ᠳᠢᠭᠯᠡᠵᠦ᠂ ᠢᠯᠠᠩᠭᠤᠶ᠎ᠠ ᠲᠦᠩᠯᠢᠶᠣᠣ ᠬᠤᠲᠠ ᠶᠢᠨ ᠪᠠᠭᠤᠯᠭᠠᠭᠰᠠᠨ ᠬᠤᠰᠢᠭᠤ ᠰᠢᠶᠠᠨ ᠤ ᠱᠠᠲᠤᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ | ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠡᠬᠡ ᠲᠠᠩᠰᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠶᠣᠰᠣᠭᠠᠷ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ | ᠴᠠᠭ ᠤᠨ ᠬᠦᠰᠦᠨᠦᠭᠲᠦ ᠶᠢᠨ ᠶᠣᠰᠣᠭᠠᠷ ᠴᠢᠩᠭ᠎ᠠ ᠨᠠᠶᠢᠳᠠᠪᠤᠷᠢᠵᠢᠭᠤᠯᠤᠨ ᠠᠬᠢᠭᠤᠯᠤᠨ᠎ᠠ︔ ᠬᠤᠶᠠᠷ ᠲᠤ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ | ᠪᠣᠳᠠᠲᠠᠶᠢᠵᠢᠭᠤᠯᠬᠤ︾ ᠠᠵᠢᠯ ᠢ ᠮᠥᠨ ᠬᠦ ᠴᠥᠬᠦᠷᠡᠰᠢ ᠦᠭᠡᠢ ᠪᠠᠶᠢᠩᠭᠤ ᠠᠳᠬᠤᠵᠤ᠂ ᠣᠨᠴᠠ ᠵᠠᠷᠢᠮ ︽ᠳᠦᠷᠢᠮ ᠢ ᠵᠦᠷᠢᠴᠡᠭᠰᠡᠨ ᠤᠷᠴᠢᠯ︾ ᠤᠨ ᠵᠦᠢᠯᠡᠰ ᠢ | ᠡᠷᠬᠡᠪᠰᠢ ᠵᠣᠯᠭᠠᠭᠤᠯᠤᠨ ᠵᠣᠬᠢᠴᠠᠭᠤᠯᠵᠤ ᠪᠠᠶᠢᠭᠠᠳ ᠪᠦᠬᠦᠨ ᠢ ᠣᠷᠣᠭᠤᠯᠵᠤ ᠠᠪᠴᠢᠷᠠᠨ᠎ᠠ︔ ᠭᠤᠷᠪᠠ ᠳᠤ᠂ ᠶᠡᠭᠡ ᠲᠢᠩᠬᠢᠮ ᠢ ᠥᠭᠡᠷᠡᠴᠢᠯᠡᠬᠦ ᠶᠠᠪᠤᠳᠠᠯ᠂ | ᠣᠳᠣᠬᠠᠨ ᠳᠤ ᠵᠢᠷᠤᠭ ᠲᠥᠯᠥᠪᠯᠡᠭᠡ ᠶᠢ ᠬᠢᠨᠠᠬᠤ ᠱᠠᠲᠤᠨ ᠳᠤ ᠣᠷᠣᠵᠤ᠂ ᠠᠵᠢᠯ ᠤᠨ ᠬᠤᠪᠢᠶᠠᠷᠢᠯᠠᠯ ᠵᠢᠴᠢ ᠣᠷᠣᠨ ᠬᠤᠪᠢᠶᠠᠬᠤ ᠱᠠᠭᠠᠷᠳᠠᠯᠭ᠎ᠠ ᠶᠣᠰᠣᠭᠠᠷ | ᠥᠭᠡᠷᠡᠴᠢᠯᠡᠬᠦ ᠰᠠᠨᠠᠭᠤᠯᠭ᠎ᠠ ᠪᠠ ᠲᠥᠰᠥᠯ ᠳᠤᠷᠠᠳᠤᠨ᠎ᠠ︔ ᠳᠥᠷᠪᠡ ᠳᠤ ︽ᠮᠦᠩᠬᠡ ᠰᠤᠪᠠᠭ︾ APP ᠶᠢ ᠪᠠᠭᠤᠯᠭᠠᠬᠤ ᠶᠠᠪᠤᠳᠠᠯ ᠳᠤ ᠠᠵᠢᠯ ᠤᠨ ᠵᠠᠩᠭᠢᠯᠠᠭ᠎ᠠ ᠶᠢ | ᠡᠷᠢᠵᠦ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠡᠯ᠎ᠡ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠤᠨ᠂ ᠬᠠᠮᠤᠭ ᠤᠨ ᠶᠡᠭᠡ ᠳᠡᠮᠵᠢᠯᠭᠡ ᠶᠢ | ᠣᠯᠬᠤ ᠪᠠᠷ ᠴᠢᠷᠮᠠᠶᠢᠵᠤ᠂ ᠣᠬᠤᠷ ᠬᠤᠭᠤᠴᠠᠭᠠᠨ ᠳᠣᠲᠣᠷ᠎ᠠ ᠦᠨᠡᠨ ᠪᠣᠳᠠᠲᠠᠢ ᠠᠬᠢᠯᠲᠠ ᠲᠠᠢ ᠪᠤᠯᠭᠠᠨ᠎ᠠ᠃ ᠲᠠᠪᠤ ᠳᠤ᠂ ︽ᠶᠠᠷᠦᠩᠬᠡᠶᠢᠯᠡᠭᠰᠡᠨ ᠨᠢᠭᠡ ᠴᠣᠩᠬᠤᠪᠴᠢ︾ | ᠶᠢ ᠲᠣᠬᠢᠷᠠᠭᠤᠯᠬᠤ ᠶᠠᠪᠤᠳᠠᠯ ᠳᠤ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠡᠮᠦᠨ᠎ᠡ ᠲᠠᠪᠴᠠᠩ ᠤᠨ | ᠵᠠᠯᠭᠠᠭᠤᠯᠬᠤ ᠵᠦᠢᠯ ᠵᠢᠴᠢ ᠰᠢᠩᠭᠡᠭᠡᠬᠦ ᠵᠦᠢᠯ᠂ ᠡᠷᠭᠢᠯᠳᠦᠭᠦᠯᠬᠦ ᠵᠡᠷᠭᠡ ᠠᠵᠢᠯ ᠢ ᠭᠥᠯᠢᠶᠡᠨ ᠠᠪᠬᠤ ᠶᠢ ᠪᠣᠳᠣᠯᠬᠢᠯᠠᠵᠤ᠂ ᠡᠯ᠎ᠡ ᠲᠠᠰᠤᠭ ᠪᠣᠳᠠᠲᠠᠢ ᠠᠵᠢᠯ ᠠᠴᠠ ᠪᠠᠨ | ᠡᠭᠦᠰᠴᠦ᠂ ᠴᠣᠩᠬᠤ ᠪᠠᠨ ᠵᠦᠢ ᠵᠣᠬᠢᠰᠲᠠᠢ ᠲᠤᠬᠢᠷᠠᠭᠤᠯᠵᠤ ᠂ ᠠᠵᠢᠯᠲᠠᠨ ᠤ ᠬᠡᠷᠡᠭᠴᠡᠭᠡ ᠱᠠᠭᠠᠷᠳᠠᠯᠭ᠎ᠠ ᠵᠢᠴᠢ ᠵᠦᠢᠯᠡᠰ ᠤᠨ ᠲᠤᠭ᠎ᠠ ᠪᠠᠷᠢᠮᠲᠠ ᠶᠢ ᠳᠤᠷᠠᠳᠤᠨ᠎ᠠ︔ | ᠵᠢᠷᠭᠤᠭ᠎ᠠ ᠳᠤ᠂ ᠲᠤᠭᠤᠷᠢᠭ ᠤᠨ ᠨᠠᠮ ᠤᠨ ᠬᠤᠷᠢᠶ᠎ᠠ ᠪᠠ ᠲᠤᠭᠤᠷᠢᠭ ᠤᠨ ᠵᠠᠰᠠᠭ ᠤᠨ ᠣᠷᠳᠣᠨ ︽ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠡᠷᠬᠡ︾ ᠶᠢᠨ ᠥᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠬᠤ ᠪᠠᠷ ᠵᠣᠷᠢᠭ ᠰᠢᠭᠤᠳᠴᠤ᠂ ᠣᠳᠣᠬᠠᠨ ᠳᠤ ᠲᠤᠭᠤᠷᠪᠢᠨ ᠪᠢᠴᠢᠭᠰᠡᠨ | ᠲᠥᠰᠥᠯ ᠪᠠ ᠬᠤᠪᠢᠶᠠᠷᠢᠯᠠᠨ ᠰᠢᠯᠵᠢᠭᠦᠯᠬᠦ ᠪᠠᠷ ᠪᠠᠶᠢᠭ᠎ᠠ ᠵᠦᠢᠯᠡᠰ ᠤᠨ ᠨᠠᠷᠢᠨ ᠲᠠᠩᠰᠠ ᠶᠢ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠯᠪᠠᠨ ᠭᠡᠷ ᠲᠠᠢ | ᠢᠳᠡᠪᠬᠢᠲᠡᠢ ᠪᠠᠷ ᠵᠣᠯᠭᠠᠭᠤᠯᠵᠤ᠂ ᠡᠮᠬᠢᠯᠡᠨ ᠲᠣᠳᠣᠷᠬᠠᠶᠢᠯᠠᠵᠤ ᠪᠠᠶᠢᠨ᠎ᠠ᠃ | ﹇ᠬᠥᠲᠥᠯᠥᠭᠴᠢ﹈ ︽ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠶᠠᠮᠠᠷ | ᠨᠥᠯᠥᠭᠡ ᠲᠠᠢ ᠪᠤᠯᠬᠤ ᠶᠢ ᠶᠠᠷᠢᠭᠠᠳ ᠦᠭᠭᠦᠨ᠎ᠡ ᠦᠦ︖ | ﹇ᠶᠢᠦ ᠵᠢᠶᠦ᠋ᠨ﹈ ︽ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠪᠣᠯ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠴᠢᠬᠤᠯᠠ ᠠᠷᠭ᠎ᠠ ᠬᠡᠮᠵᠢᠶ᠎ᠡ ᠮᠥᠨ᠂ ᠡᠷᠬᠡᠪᠰᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠮᠠᠭᠠᠢ ᠬᠠᠨᠳᠤᠵᠤ᠂ ᠤᠯᠠᠨ ᠲᠦᠮᠡᠨ ᠳᠤ ᠦᠢᠯᠡᠴᠢᠯᠡᠬᠦ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ | ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠴᠣᠩᠬᠤᠪᠴᠢ ᠶᠢᠨ ᠠᠵᠢᠯᠲᠠᠳ ᠳᠦᠷᠢ ᠲᠥᠷᠬᠦ ᠲᠥᠪ᠂ ᠬᠥᠳᠡᠯᠦᠯ ᠪᠠᠷᠢᠯ ᠪᠣᠯᠪᠠᠰᠤᠨ᠂ ᠠᠵᠢᠯ | ᠶᠠᠪᠤᠳᠠᠯ ᠰᠢᠢᠳᠪᠦᠷᠢᠯᠡᠬᠦ ᠳᠡᠭᠡᠨ ᠲᠥᠪ ᠭᠤᠥᠯᠴᠢ᠂ ᠦᠢᠯᠡᠴᠢᠯᠡᠭᠡ ᠴᠢᠨᠠᠷ ᠰᠠᠶᠢᠲᠠᠢ ᠪᠠᠶᠢᠬᠤ ᠶᠢ ᠪᠡᠶᠡᠯᠡᠭᠦᠯᠵᠦ᠂ ᠣᠯᠠᠨ ᠲᠦᠮᠡᠨ ᠢ ᠢᠳᠡᠪᠬᠢᠲᠡᠢ ᠪᠥᠭᠡᠳ | ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠤᠭᠤᠳᠴᠤ ᠪᠠᠶᠢᠭᠠᠳ ︽ᠰᠠᠶᠢᠨ ᠮᠠᠭᠤ ᠶᠢᠨ ᠦᠨᠡᠯᠡᠯᠲᠡ︾ ᠥᠷᠨᠢᠭᠦᠯᠵᠦ᠂ ᠣᠯᠠᠨ ᠲᠦᠮᠡᠨ ᠤ ᠮᠠᠭᠲᠠᠭᠠᠯ ᠰᠠᠶᠢᠰᠢᠶᠠᠯ᠂ | ᠠᠵᠤ ᠠᠬᠤᠶᠢᠯᠠᠯ ᠤᠨ ᠰᠠᠨᠠᠯ ᠢ ᠠᠵᠢᠯ ᠢᠶᠠᠨ ᠦᠷᠭᠦᠯᠵᠢᠯᠡᠨ ᠰᠠᠶᠢᠵᠢᠷᠠᠭᠤᠯᠬᠤ ᠶᠢᠨ ᠬᠦᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠭᠦᠨ ᠤ ᠤᠯᠠᠮ ᠢᠶᠠᠷ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃ | ﹇ᠬᠥᠲᠥᠯᠥᠭᠴᠢ﹈ ︽ᠣᠶᠢᠷ᠎ᠠ ᠬᠠᠪᠢ ᠳᠠᠭᠠᠨ ᠭᠦᠢᠴᠡᠳᠬᠡᠬᠦ︾ ᠠᠵᠢᠯ ᠤᠨ ᠣᠯᠣᠭᠰᠠᠨ ᠪᠣᠳᠠᠲᠠᠢ ᠦᠷ᠎ᠡ ᠪᠦᠲᠦᠮᠵᠢ ᠶᠢ ᠲᠠ ᠶᠠᠷᠢᠭᠠᠳ ᠥᠭᠭᠦᠨ᠎ᠡ ᠦᠦ︖ | ﹇ᠶᠢᠦ ᠵᠢᠶᠦ᠋ᠨ﹈ ︽ᠣᠶᠢᠷ᠎ᠠ ᠬᠠᠪᠢ ᠳᠠᠭᠠᠨ ᠭᠦᠢᠴᠡᠳᠬᠡᠬᠦ︾ ᠭᠡᠳᠡᠭ ᠨᠢ ᠣᠯᠠᠨ ᠲᠦᠮᠡᠨ ᠳᠤ ᠳᠥᠭᠦᠮ ᠦᠵᠡᠭᠦᠯᠵᠦ᠂ ︽ᠮᠡᠳᠡᠭᠡ ᠵᠠᠩᠬᠢ ᠪᠠᠷ ᠢᠯᠡᠭᠦᠬᠡᠨ | ᠰᠢᠢᠳᠪᠦᠷᠢᠯᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠤ ᠳᠥᠭᠦᠮ ᠦᠢᠯᠡᠴᠢᠯᠡᠭᠡ ᠬᠠᠩᠭᠠᠵᠤ ᠪᠠᠶᠢᠭ᠎ᠠ | ᠶᠠᠪᠤᠳᠠᠯ ᠪᠣᠯᠣᠨ᠎ᠠ᠃ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠬᠤᠯᠠ ᠵᠠᠮ ᠶᠠᠪᠤᠬᠤ᠂ ᠢᠯᠡᠭᠦᠦ ᠴᠠᠭ ᠬᠡᠷᠡᠭᠯᠡᠬᠦ᠂ ᠤᠷᠳᠤ ᠮᠥᠷᠯᠡᠬᠦ︾ ᠵᠡᠷᠭᠡ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠤ ︽ᠣᠶᠢᠷ᠎ᠠ ᠬᠠᠪᠢ ᠳᠠᠭᠠᠨ ᠭᠦᠢᠴᠡᠳᠬᠡᠬᠦ︾ ᠳᠤ ᠦᠨᠡᠨ ᠬᠦ ᠲᠦᠬᠦᠮ ᠦᠵᠡᠭᠦᠯᠪᠡ᠃ ᠡᠭᠦᠨ ᠤ | ᠵᠡᠷᠭᠡᠪᠡᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠦᠨᠡᠨ ᠬᠦ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠳᠥᠭᠦᠮᠴᠢᠯᠡᠨ ᠲᠦᠷᠭᠡᠨ ᠰᠢᠢᠳᠪᠦᠷᠢᠯᠡᠵᠦ᠂ ᠨᠠᠷᠢᠨ ᠨᠢᠮᠪᠠᠢ ᠪᠥᠭᠡᠳ ᠳᠣᠲᠣᠨᠣ ᠪᠠᠶᠢᠵᠤ᠂ ᠤᠯᠠᠨ | ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ᠃ | ﹇ᠬᠥᠲᠥᠯᠥᠭᠴᠢ﹈ ᠶᠢᠦ ᠲᠣᠪᠴᠢᠶᠠᠨ ᠳᠠᠷᠤᠭ᠎ᠠ ᠶᠠᠭᠠᠷᠠᠤ ᠪᠠᠶᠢᠭᠰᠠᠨ ᠴᠦ ᠪᠢᠳᠡᠨ ᠳᠤ ᠡᠶᠢᠮᠦ ᠨᠠᠷᠢᠨ ᠲᠣᠳᠣᠷᠬᠠᠢ ᠲᠠᠶᠢᠯᠪᠤᠷᠢᠯᠠᠯᠲᠠ ᠬᠢᠭᠰᠡᠨ ᠳᠤ ᠲᠠᠯᠠᠷᠬᠠᠵᠤ | ᠪᠠᠶᠢᠨ᠎ᠠ᠂ ᠡᠭᠦᠨ ᠤ ᠬᠠᠮᠲᠤ ᠥᠷᠭᠡᠨ ᠣᠯᠠᠨ ᠰᠦᠯᠵᠢᠶᠡᠨ ᠨᠠᠶᠢᠵᠠ ᠨᠠᠷ ᠤᠨ ᠠᠩᠬᠠᠷᠤᠯ ᠬᠠᠨᠳᠤᠭᠤᠯᠤᠭᠰᠠᠨ ᠳᠤ ᠲᠠᠯᠠᠷᠬᠠᠵᠤ ᠪᠠᠶᠢᠨ᠎ᠠ᠂ ᠪᠠᠶᠠᠷᠲᠠᠢ︕ | | |