— 2023 ᠣᠨ ᠤ 1 ᠰᠠᠷ᠎ᠠ ᠶᠢᠨ 1 ᠳᠤ ᠲᠦᠩᠯᠢᠶᠣᠤ ᠬᠤᠲᠠ ᠶᠢᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | | | ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠳᠠᠷᠤᠭ᠎ᠠ | ᠭᠦᠸᠧ ᠢᠦᠢ ᠹᠧᠩ | | | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ | ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃ | | ᠨᠢᠭᠡ᠂ 2022 ᠣᠨ ᠤ ᠠᠵᠢᠯ ᠤᠨ ᠡᠷᠭᠢᠴᠡᠭᠦᠯᠦᠯ | | 2022 ᠣᠨ ᠪᠣᠯ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠴᠢᠬᠤᠯᠠ ᠨᠢᠭᠡ ᠵᠢᠯ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ | ᠬᠤᠷᠠᠯᠳᠤᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠲᠥᠰᠥᠪ ᠢ ᠵᠢᠷᠤᠭᠯᠠᠭᠰᠠᠨ ᠪᠠᠶᠢᠨ᠎ᠠ᠃ | ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠯᠠᠪᠳᠠᠭᠤᠨ ᠪᠠᠲᠤᠲᠠᠢ | ᠨᠠᠶᠢᠳᠠᠪᠤᠷᠢᠵᠢᠭᠤᠯᠵᠤ᠂ ︽ᠬᠢᠵᠢᠭ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ | ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠤᠯᠠᠨ ᠡᠭᠡᠯᠵᠢ ᠶᠢᠨ ᠬᠢᠵᠢᠭ ᠢ ᠢᠳᠡᠪᠬᠢᠲᠡᠢ ᠠᠷᠭᠠᠴᠠᠨ ᠰᠢᠢᠳᠪᠦᠷᠢᠯᠡᠵᠦ᠂ ᠲᠣᠭᠲᠠᠭᠤᠨ ᠪᠠᠶᠢᠳᠠᠯ ᠢ ᠪᠠᠲᠤᠯᠠᠵᠤ | ᠠᠬᠢᠭᠤᠯᠬᠤ ᠰᠢᠪᠲᠤᠯᠤᠯᠲᠠ ᠶᠢᠨ ᠲᠠᠶᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠠᠵᠤ | ᠠᠬᠤᠢ ᠶᠢᠨ ᠭᠤᠣᠯ ᠭᠦᠢᠴᠡᠳᠬᠡᠬᠦ ᠲᠤᠭ᠎ᠠ ᠦᠷᠭᠦᠯᠵᠢᠯᠡᠨ ᠰᠡᠷᠭᠦᠵᠦ᠂ ᠠᠷᠠᠳ ᠤᠨ ᠠᠮᠢᠳᠤᠷᠠᠯ ᠤᠨ ᠠᠷᠪᠠᠨ ᠲᠠᠯ᠎ᠠ ᠶᠢᠨ ᠪᠣᠳᠠᠲᠤ ᠶᠠᠪᠤᠳᠠᠯ ᠢ ᠪᠦᠷ ᠪᠡᠶᠡᠯᠡᠭᠦᠯᠵᠦ᠂ | ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠬᠤ ᠶᠢ ᠪᠠᠲᠤᠯᠠᠪᠠ᠃ | ᠨᠢᠭᠡ ᠵᠢᠯ ᠤᠨ ᠲᠤᠷᠰᠢ᠂ ᠪᠢᠳᠡ ᠪᠡᠯᠡ ᠣᠷᠣᠭᠤᠯᠤᠯᠲᠠ ᠪᠠᠷ ᠳᠠᠶᠢᠴᠢᠯᠠᠬᠤ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢᠨ ᠬᠠᠮᠵᠢᠯᠴᠠᠨ | ᠬᠦᠴᠦᠯᠡᠬᠦ ᠶᠢ ᠪᠠᠷᠢᠮᠲᠠᠯᠠᠵᠤ᠂ ᠠᠵᠤ ᠠᠬᠤᠢ ᠶᠢᠨ ᠨᠡᠮᠡᠭᠳᠡᠯ ᠲᠣᠭᠲᠠᠭᠤᠨ ᠢᠶᠠᠷ ᠳᠡᠭᠡᠭᠰᠢᠯᠡᠪᠡ᠃ ᠤᠷᠢᠳ ᠬᠤᠵᠢᠳ ᠠᠵᠤ ᠠᠬᠤᠢ ᠶᠢ ᠲᠣᠭᠲᠠᠪᠤᠷᠢᠵᠢᠭᠤᠯᠬᠤ 66 | ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ᠂ 64 ᠵᠠᠯᠭᠠᠮᠵᠢ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠯᠠᠰᠢᠨ ᠦᠬᠡᠷ᠂ ᠠᠵᠤ ᠦᠢᠯᠡᠳᠪᠦᠷᠢ᠂ ᠮᠥᠩᠭᠦᠨ | ᠭᠦᠢᠯᠭᠡᠭᠡ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠵᠡᠷᠭᠡ ᠬᠦᠷᠢᠶᠡᠨ ᠳᠠᠬᠢ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠬᠠᠨᠳᠤᠯᠭᠠᠲᠤ ᠴᠢᠨᠠᠷᠲᠠᠢ ᠪᠠᠷ ᠨᠡᠶᠢᠲᠡᠯᠡᠨ ᠬᠡᠷᠡᠭᠵᠢᠭᠦᠯᠵᠦ᠂ ᠵᠠᠰᠠᠭ ᠤᠨ ᠣᠷᠳᠣᠨ ᠮᠦᠩᠭᠦᠨ ᠭᠦᠢᠯᠭᠡᠭᠡ ᠠᠵᠤ ᠠᠬᠤᠶᠢᠯᠠᠯ ᠤᠨ ᠬᠡᠷᠡᠭᠯᠡᠭᠡ ᠶᠢ | ᠳᠡᠭᠡᠭᠰᠢᠯᠡᠭᠦᠯᠬᠦ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 4% ᠣᠷᠴᠢᠮ | ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠬᠤᠭᠤᠴᠠᠭᠠᠨ ᠤ ᠬᠢ ᠠᠴᠠ 8% ᠨᠡᠮᠡᠭᠳᠡᠭᠦᠯᠦᠨ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢ 3% ᠨᠡᠮᠡᠭᠳᠡᠭᠦᠯᠪᠡ᠃ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠰᠠᠶᠢᠵᠢᠷᠠᠭᠤᠯᠬᠤ | ᠠᠵᠢᠯ ᠢ ᠡᠷᠡᠰ ᠰᠠᠶᠢᠲᠤᠷ ᠬᠢᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 30% ᠠᠴᠠ ᠳᠡᠭᠡᠭᠰᠢ ᠨᠡᠮᠡᠭᠳᠡᠭᠦᠯᠵᠦ᠂ ᠬᠤᠶᠠᠷ ᠵᠢᠯ ᠳᠠᠷᠠᠭᠠᠯᠠᠨ ᠪᠦᠬᠦ | ᠣᠷᠣᠨ ᠤ ᠠᠳᠠᠭ ᠲᠤ ᠤᠷᠤᠭᠰᠠᠨ ᠪᠠᠶᠢᠳᠠᠯ ᠢ ᠬᠤᠪᠢᠷᠠᠭᠤᠯᠪᠠ᠃ ︽ᠲᠦᠷᠦᠯ ᠵᠦᠢᠯ ᠢ ᠲᠡᠷᠢᠭᠦᠨ ᠳᠤ ᠲᠠᠯᠪᠢᠵᠤ᠂ ᠬᠤᠳᠠᠯᠳᠤᠭᠠᠴᠢᠨ ᠤᠷᠢᠬᠤ ᠶᠢ ᠴᠢᠬᠤᠯᠠᠴᠢᠯᠠᠵᠤ | ︾ ᠶᠢ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠡᠯᠡ ᠤᠷᠤᠭᠤᠯᠤᠭᠰᠠᠨ ᠪᠡᠯᠡ ᠮᠦᠩᠬᠦ ᠪᠠᠷᠤᠭ 300 ᠳ᠋ᠦᠩᠰᠢᠭᠤᠷ ᠲᠦᠭᠦᠷᠢᠭ ᠬᠦᠷᠴᠦ᠂ 86% ᠨᠡᠮᠡᠭᠳᠡᠪᠡ᠃ | ᠲᠥᠷᠥᠯ ᠵᠦᠢᠯ ᠲᠣᠭᠲᠠᠭᠠᠵᠤ ᠲᠡᠮᠡᠴᠡᠨ ᠤᠯᠤᠭᠰᠠᠨ ᠪᠡᠯᠡ ᠮᠥᠩᠭᠦ ᠶᠢ 10% ᠨᠡᠮᠡᠭᠳᠡᠭᠦᠯᠵᠦ᠂ ᠣᠶᠢᠷ᠎ᠠ ᠶᠢᠨ ᠵᠢᠯ ᠤᠨ ᠰᠢᠨ᠎ᠡ ᠲᠡᠮᠳᠡᠭᠯᠡᠯ ᠢ ᠡᠭᠦᠳᠪᠡ᠃ | ᠰᠤᠳᠤᠯᠤᠨ ᠨᠡᠭᠡᠭᠡᠬᠦ ᠣᠷᠣᠭᠤᠯᠤᠯᠲᠠ ᠶᠢᠨ ᠰᠢᠪᠲᠤᠯᠤᠯᠲᠠ᠂ ︽ᠬᠤᠶᠠᠷ ᠳᠠᠬᠢᠨ ᠨᠡᠮᠡᠭᠳᠡᠭᠦᠯᠬᠦ︾ ︽ᠨᠢᠭᠡ ᠶᠢ ᠳᠡᠭᠡᠭᠰᠢᠯᠡᠭᠦᠯᠬᠦ︾ ᠠᠵᠢᠯᠯᠠᠭ᠎ᠠ ᠶᠢ ᠥᠷᠨᠢᠭᠦᠯᠵᠦ᠂ | ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ 31.4% ᠨᠡᠮᠡᠭᠳᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ 35 | ᠪᠠᠶᠢᠭᠤᠯᠵᠤ᠂ ᠮᠡᠷᠭᠡᠵᠢᠯ ᠤᠨ ᠠᠷᠠᠯᠵᠢᠶᠠᠨ ᠤ ᠲᠤᠭ᠎ᠠ ᠠᠩᠬ᠎ᠠ ᠤᠳᠠᠭ᠎ᠠ ᠳ᠋ᠦᠩᠰᠢᠭᠤᠷ ᠲᠥᠭᠦᠷᠢᠭ ᠢ ᠳᠠᠪᠠᠪᠠ᠃ ᠠᠵᠤ ᠠᠬᠤᠶᠢᠯᠠᠯ ᠢ ᠳᠡᠮᠵᠢᠨ ᠠᠵᠤ ᠠᠬᠤᠶᠢᠯᠠᠯ ᠳᠤ | ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠮᠤᠭ ᠤᠨ ᠦᠨᠳᠦᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ 28 ᠳ᠋ᠦᠩᠰᠢᠭᠤᠷ ᠲᠥᠭᠦᠷᠢᠭ ᠠᠴᠠ ᠳᠡᠭᠡᠭᠰᠢ ᠬᠥᠩᠭᠡᠷᠡᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ | ᠭᠤᠣᠯ ᠴᠣᠭᠴᠠ 2.4 ᠲᠦᠮᠡᠨ ᠡᠷᠦᠬᠡ ᠴᠡᠪᠡᠷ ᠨᠡᠮᠡᠭᠳᠡᠨ᠂ 29 ᠲᠦᠮᠡᠨ ᠡᠷᠦᠬᠡ ᠬᠥᠷᠪᠡ᠃ | ᠨᠢᠭᠡ ᠵᠢᠯ ᠤᠨ ᠲᠤᠷᠰᠢ᠂ ᠪᠢᠳᠡ ᠤᠯᠠᠮᠵᠢᠯᠠᠯᠲᠤ ᠠᠵᠤ ᠦᠢᠯᠡᠰ ᠪᠣᠯᠣᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠮᠵᠢᠯᠴᠠᠨ ᠬᠦᠴᠦᠯᠡᠬᠦ ᠶᠢ | ᠪᠠᠷᠢᠮᠲᠠᠯᠠᠵᠤ᠂ ᠠᠵᠤ ᠦᠢᠯᠡᠰ ᠤᠨ ᠰᠠᠭᠤᠷᠢ ᠤᠯᠠᠨ ᠡᠰᠢᠵᠢᠨ ᠪᠠᠲᠤᠵᠢᠪᠠ᠃ ᠤᠰᠤ ᠠᠷᠪᠢᠯᠠᠵᠤ ᠠᠮᠤ ᠪᠤᠳᠠᠭ᠎ᠠ ᠨᠡᠮᠡᠭᠳᠡᠭᠦᠯᠬᠦ᠂ ᠰᠠᠭᠠᠯᠢ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ᠂ ︽ᠢᠳᠡᠰᠢᠨ ᠨᠣᠭᠤᠭ᠎ᠠ︾ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ 11 ᠵᠦᠢᠯ ᠤᠨ ᠠᠵᠢᠯᠯᠠᠭ᠎ᠠ ᠶᠢ | ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 27 ᠲᠦᠮᠡᠨ ᠮᠦ ᠰᠢᠨ᠎ᠡ ᠪᠠᠶᠢᠭᠤᠯᠵᠤ᠂ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ ᠣᠷᠣᠨ ᠤ ᠨᠢᠭᠡᠴᠢ | ᠲᠠᠯᠠᠪᠠᠶ ᠶᠢᠨ ᠤᠨᠠᠯᠲᠠ ᠵᠡᠭᠦᠨ ᠬᠤᠶᠢᠲᠤ ᠶᠢᠨ ᠭᠠᠷᠤᠯᠲᠠ ᠶᠢᠨ ᠣᠷᠣᠨ ᠤ ᠲᠡᠮᠳᠡᠭᠯᠡᠯ ᠢ ᠡᠭᠦᠳᠴᠦ᠂ ᠠᠮᠤ ᠪᠤᠳᠠᠭᠠᠨ ᠤ ᠦᠢᠯᠡᠳᠪᠦᠷᠢᠯᠡᠯ ︽ᠠᠷᠪᠠ ᠶᠢᠰᠦᠨ ᠵᠢᠯ | ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠵᠦ᠂ ᠠᠯᠠᠰᠢᠨ ᠦᠬᠡᠷ᠂ ᠭᠠᠭ᠋ᠠᠢ ᠲᠡᠵᠢᠭᠡᠨ ᠦᠷᠡᠵᠢᠭᠦᠯᠬᠦ ᠬᠡᠪᠴᠢᠶ᠎ᠡ ᠪᠥᠬᠦ ᠣᠷᠣᠨ ᠤ ᠲᠡᠷᠢᠭᠦᠨ ᠳᠤ | ᠯᠠᠪᠳᠠᠭᠤᠨ ᠢᠶᠠᠷ ᠣᠷᠣᠪᠠ᠃ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠴᠢᠩᠭᠠᠳᠬᠠᠬᠤ ᠪᠠ ᠠᠵᠤ ᠠᠬᠤᠶᠢᠯᠠᠯ ᠤᠨ | ᠪᠡᠯᠡ ᠪᠠᠨ ᠨᠡᠮᠡᠭᠳᠡᠭᠦᠯᠦᠨ ᠦᠢᠯᠡᠳᠪᠦᠷᠢᠯᠡᠯ ᠢᠶᠠᠨ ᠥᠷᠭᠡᠳᠬᠡᠬᠦ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠤᠶᠤᠯᠢᠭ ᠦᠢᠯᠡᠳᠬᠦ ᠲᠦᠷᠦᠯ ᠵᠦᠢᠯ ᠢ | 300᠂ ᠮᠢᠩᠭᠠᠨ ᠲᠦᠮᠡᠨ ᠺᠢᠯᠣᠸᠠᠲ ᠤᠨ ᠲᠡᠰ ᠤᠨ ᠰᠠᠯᠬᠢ ᠭᠡᠷᠡᠯ ᠤᠨ ᠡᠨᠧᠷᠬᠢ ᠶᠢ ᠤᠰᠤᠲᠥ᠋ᠷᠥᠭᠴᠢ ᠰᠢᠪᠲᠤᠷ ᠪᠤᠯᠭᠠᠨ ᠨᠥᠭᠡᠴᠡᠯᠡᠬᠦ ᠶᠢ ᠨᠢᠭᠡ | ᠴᠣᠭᠴᠠᠵᠢᠭᠤᠯᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠭᠡᠢ ᠠᠵᠤ ᠦᠢᠯᠡᠰ ᠤᠨ ᠬᠦᠷᠢᠶᠡᠯᠡᠩ᠂ ᠺᠠᠯᠼ ᠲᠢᠲ᠋ᠠᠨ ᠠᠭᠤᠷᠬᠠᠢ ᠶᠢᠨ ᠨᠢᠮᠭᠡᠨ | ᠪᠦᠷᠬᠦᠭᠦᠯᠲᠦ ᠨᠡᠷᠡᠨ ᠡᠨᠧᠷᠭᠢ ᠶᠢᠨ ᠭᠡᠷᠡᠯ ᠴᠡᠨᠡᠭ ᠤᠨ ᠲᠤᠨᠤᠭᠯᠠᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ | ᠪᠣᠳᠠᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 40 | ᠂ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ 4 ᠰᠢᠨ᠎ᠡ ᠪᠠᠷ ᠨᠡᠮᠡᠭᠳᠡᠵᠦ᠂ ᠡᠵᠡᠩᠨᠡᠯᠲᠡ ᠶᠢᠨ ᠣᠷᠣᠯᠭ᠎ᠠ ᠨᠢ ᠵᠠᠭᠤᠨ ᠳ᠋ᠦᠩᠰᠢᠭᠤᠷ ᠢ ᠳᠠᠪᠠᠭᠰᠠᠨ | ᠠᠵᠤ ᠠᠬᠤᠶᠢᠯᠠᠯ 5 ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠪᠠᠷᠤᠭ 5% ᠨᠡᠮᠡᠭᠳᠡᠬᠦ ᠪᠣᠯᠣᠨ᠎ᠠ᠃ ᠬᠦᠷᠢᠶᠡᠯᠡᠩ | ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠠᠰᠢᠭᠯᠠᠯᠲᠠ ᠳᠤ ᠣᠷᠣᠭᠤᠯᠵᠤ᠂ ᠣᠶᠤᠨᠲᠤ ᠬᠦᠷᠢᠶᠡᠯᠡᠩ ᠲᠣᠭᠤᠷᠢᠭ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ 25.8 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ | ᠪᠠᠶᠢᠰᠢᠩ ᠰᠢᠨ᠎ᠡ ᠪᠠᠷ ᠨᠡᠮᠡᠭᠳᠡᠪᠡ᠃ ᠺᠠᠶᠢᠯᠤ ᠶᠢᠨ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ 28 ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠲᠦᠷᠦᠯ ᠵᠦᠢᠯ ᠢ ᠡᠬᠢᠯᠡᠨ ᠬᠡᠷᠡᠭᠵᠢᠭᠦᠯᠵᠦ᠂ ᠬᠠᠮᠪᠤ ᠶᠢᠨ ᠪᠠᠭᠤᠷᠢ ᠶᠢᠨ ᠬᠠᠭᠤᠴᠢ ᠰᠤᠳᠤᠯᠤᠯ ᠤᠨ ᠴᠡᠴᠡᠷᠯᠢᠭ᠂ ᠪᠤᠭᠲᠤ ᠶᠢᠨ | ᠡᠯᠡᠰᠦᠨ ᠴᠦᠯ ᠤᠨ ᠵᠢᠭᠤᠯᠴᠢᠯᠠᠯ ᠤᠨ ᠣᠷᠣᠨ ᠢ ᠤᠯᠤᠰ ᠤᠨ 4A ᠳᠡᠰ ᠤᠨ ᠦᠵᠡᠮᠵᠢ ᠶᠢᠨ ᠣᠷᠣᠨ ᠪᠣᠯᠭᠠᠪᠠ᠃ ᠴᠠᠩ ᠬᠤᠢ ᠠᠮᠢᠳᠤ ᠪᠣᠳᠠᠰ ᠰᠢᠨ᠎ᠡ | ᠭᠤᠷᠪᠠᠳᠤᠭᠠᠷ ᠰᠠᠮᠪᠠᠷ᠎ᠠ ᠳᠤ ᠵᠢᠩᠬᠢᠨᠢ ᠪᠠᠷ ᠫᠠᠶᠢᠰᠠ ᠡᠯᠭᠦᠵᠦ᠂ ᠲᠦᠩᠯᠢᠶᠣᠣ ᠶᠢᠨ ᠲᠣᠰ ᠭᠠᠵᠠᠷ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ | ᠭᠠᠷᠬᠤ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠠ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠪᠠ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠵᠣᠬᠢᠴᠠᠭᠤᠯᠤᠨ | ᠬᠦᠴᠦᠯᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠬᠥᠳᠡᠯᠭᠡᠭᠦ ᠬᠦᠴᠦᠨ ᠦᠷᠭᠦᠯᠵᠢᠯᠡᠨ ᠴᠢᠩᠭᠠᠷᠠᠪᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠴᠦ᠂ ᠰᠢᠨ ᠲᠦᠩ ᠡᠨᠧᠷᠭᠢ ᠶᠢᠨ ᠺᠣᠮᠫᠠᠨᠢ ᠶᠢ ᠵᠣᠬᠢᠶᠠᠨ ᠪᠠᠶᠢᠭᠤᠯᠤᠨ | ᠡᠵᠡᠩᠨᠡᠵᠦ᠂ ᠬᠤᠳᠠ ᠶᠢᠨ ᠬᠠᠷᠢᠶᠠᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠷᠢᠲᠦᠯ ᠤᠨ ᠶᠡᠷᠦᠩᠬᠡᠢ ᠲᠤᠭ᠎ᠠ ᠪᠠ ᠥᠷᠢᠲᠦᠯ ᠤᠨ ᠨᠤᠷᠮ᠎ᠠ ᠶᠢᠨ ︽ | ᠬᠤᠣᠰ ᠪᠠᠭᠤᠷᠠᠯᠲᠠ︾ ᠶᠢ ᠪᠡᠶᠡᠯᠡᠭᠦᠯᠵᠦ᠂ ᠡᠵᠡᠩᠨᠡᠯᠲᠡ ᠶᠢᠨ ᠣᠷᠣᠯᠭ᠎ᠠ ᠪᠠ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠶᠢᠨ ︽ᠬᠤᠣᠰ ᠨᠡᠮᠡᠭᠳᠡᠯ︾ ᠢ | ᠪᠡᠶᠡᠯᠡᠭᠦᠯᠪᠡ᠃ ᠡᠳ᠋ ᠤᠨ ᠵᠠᠰᠠᠭ ᠤᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠲᠤᠷᠰᠢᠯᠲᠠ ᠶᠢ ᠡᠬᠢᠯᠡᠭᠦᠯᠵᠦ᠂ 10 ᠳ᠋ᠦᠩᠰᠢᠭᠤᠷ ᠲᠥᠭᠦᠷᠢᠭ ᠤᠨ | ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠤᠨ᠂ ᠲᠦᠩᠯᠢᠶᠣᠣ ᠬᠤᠲᠠ ᠶᠢᠨ ᠳᠠᠭᠠᠭᠠᠯᠲᠠ ᠶᠢᠨ ᠪᠦᠯᠦᠭᠯᠡᠯ ᠢ ᠪᠠᠶᠢᠭᠤᠯᠵᠤ᠂ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠡᠬᠢᠯᠡᠨ ᠪᠠᠶᠢᠭᠤᠯᠪᠠ᠃ ᠡᠵᠡᠩᠨᠡᠯᠲᠡ ᠶᠢᠨ ᠣᠷᠴᠢᠨ ᠲᠤᠭᠤᠷᠢᠨ ᠢ | ᠰᠢᠯᠢᠳᠡᠭᠵᠢᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠣᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠬᠦ ᠳᠤ ᠬᠡᠷᠡᠭᠰᠡᠬᠦ ᠴᠠᠭ ᠢ | 0.5 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠪᠥᠬᠦ ᠶᠠᠪᠤᠴᠠ ᠳᠤ ︽ᠨᠢᠭᠡ ᠰᠦᠯᠵᠢᠶ᠎ᠡ ᠪᠠᠷ ᠪᠦᠬᠦᠨ ᠢ | ᠭᠦᠢᠴᠡᠳᠬᠡᠬᠦ︾ ︽ᠨᠢᠭᠤᠷ ᠵᠣᠯᠭᠠᠬᠤ ᠦᠭᠡᠢ ᠪᠠᠷ ᠳᠠᠭᠠᠭᠠᠴᠢᠯᠠᠯᠲᠠ ᠨᠡᠶᠢᠲᠡᠯᠡᠬᠦ︾ ᠶᠢ ᠪᠡᠶᠡᠯᠡᠭᠦᠯᠵᠦ᠂ 1.8 ᠳ᠋ᠦᠩᠰᠢᠭᠤᠷ ᠲᠥᠭᠦᠷᠢᠭ ᠤᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠬᠠᠤᠯᠢ ᠲᠣᠭᠲᠠᠭᠠᠯ ᠶᠣᠰᠣᠭᠠᠷ ᠠᠮᠠᠯᠠᠭᠰᠠᠨ ᠢᠶᠠᠨ ᠪᠡᠶᠡᠯᠡᠭᠦᠯᠪᠡ᠃ ᠬᠢᠩᠭᠠᠨ ᠠᠶᠢᠮᠠᠭ ᠤᠨ ᠰᠢᠨ᠎ᠡ ᠡᠨᠧᠷᠭᠢ ᠶᠢᠨ | ᠠᠵᠤ ᠦᠢᠯᠡᠰ ᠤᠨ ᠬᠥᠭᠵᠢᠯᠲᠡ ᠶᠢᠨ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠤᠯᠠᠭᠠᠨᠬᠠᠳᠠ | ᠬᠤᠲᠠ ᠯᠤᠭ᠎ᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ᠂ ᠡᠮᠴᠢᠯᠡᠭᠡᠨ ᠤ ᠳᠠᠭᠠᠳᠬᠠᠯ ᠤᠨ ᠬᠤᠯᠪᠤᠭᠠᠯᠠᠨ | ᠳ᠋ᠦᠩᠨᠡᠨ ᠪᠤᠳᠤᠬᠤ ᠶᠢ ᠪᠤᠲᠠᠲᠠᠶᠢᠵᠢᠭᠤᠯᠪᠠ᠃ | ᠨᠢᠭᠡ ᠵᠢᠯ ᠤᠨ ᠲᠤᠷᠰᠢ᠂ ᠪᠢᠳᠡ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠵᠣᠬᠢᠴᠠᠭᠤᠯᠤᠨ ᠬᠦᠴᠦᠯᠡᠬᠦ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠬᠥᠭᠵᠢᠯᠲᠡ ᠡᠳᠦᠷ ᠢᠷᠡᠬᠦᠶ᠎ᠡ ᠵᠣᠬᠢᠴᠠᠩᠭᠤᠢ ᠪᠣᠯᠪᠠ᠃ ᠬᠤᠳᠠ ᠶᠢᠨ ᠣᠷᠴᠢᠨ | ᠲᠤᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠬᠠᠮᠢᠶᠠᠷᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠬᠤᠳᠠ ᠶᠢᠨ ᠶᠠᠪᠤᠳᠠᠯ ᠤᠨ | ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ 72 ᠲᠦᠷᠦᠯ ᠵᠦᠢᠯ ᠢ ᠬᠡᠷᠡᠭᠵᠢᠭᠦᠯᠵᠦ᠂ 127 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠪᠠᠶᠢᠭᠤᠯᠵᠤ᠂ 1270 ᠡᠷᠦᠬᠡ ᠪᠦᠷᠭᠡ ᠶᠢᠨ ᠲᠣᠭᠤᠷᠢᠭ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 104 ᠺᠢᠯᠣᠮᠧᠲᠷ ᠢᠯᠴᠢ ᠬᠠᠩᠭᠠᠬᠤ ᠬᠤᠭᠤᠯᠠᠢ ᠶᠢᠨ | ᠲᠣᠣᠷ ᠢ ᠰᠢᠨ᠎ᠡ ᠪᠠᠷ ᠥᠭᠡᠷᠡᠴᠢᠯᠡᠨ ᠪᠠᠶᠢᠭᠤᠯᠪᠠ᠂ ᠭᠤᠤᠯ ᠬᠤᠳᠠ ᠶᠢᠨ ᠲᠣᠭᠤᠷᠢᠭ ᠤᠨ ᠬᠤᠳᠠ ᠶᠢᠨ ᠶᠠᠪᠤᠳᠠᠯ ᠤᠨ ᠴᠡᠴᠡᠷᠯᠢᠭ ᠤᠨ ᠬᠠᠮᠢᠶᠠᠷᠤᠯᠲᠠ | ᠬᠠᠮᠠᠭᠠᠯᠠᠯᠲᠠ ᠶᠢ ᠵᠠᠬ᠎ᠠ ᠳᠡᠯᠭᠡᠭᠦᠷᠴᠢᠯᠡᠬᠦ᠂ ᠣᠷᠴᠢᠨ ᠲᠤᠭᠤᠷᠢᠨ ᠢ ᠬᠠᠮᠠᠭᠠᠯᠠᠬᠤ ᠪᠠ ᠠᠷᠢᠭᠤᠨ ᠴᠡᠪᠡᠷ ᠢ ᠡᠷᠬᠢᠮᠯᠡᠬᠦ ᠶᠢ ᠨᠢᠭᠡ ᠴᠣᠭᠴᠠᠵᠢᠭᠤᠯᠬᠤ | ᠥᠭᠡᠷᠡᠴᠢᠯᠡᠯᠲᠡ ᠶᠢ ᠪᠡᠶᠡᠯᠡᠭᠦᠯᠵᠦ᠂ ᠪᠦᠬᠦ ᠬᠤᠳᠠ ᠶᠢᠨ ᠠᠳᠠᠯ ᠠᠬᠤᠢ ᠦᠭᠡᠢ 1167 ᠰᠠᠭᠤᠭᠠᠯᠢ ᠲᠣᠭᠤᠷᠢᠭ ᠲᠤ ᠠᠳᠠᠯ ᠠᠬᠤᠢ ᠶᠢᠨ ᠬᠠᠮᠢᠶᠠᠷᠤᠯᠲᠠ ᠶᠢ | ᠨᠡᠶᠢᠳᠡᠮ ᠬᠠᠮᠤᠷᠬᠤ ᠶᠢ ᠪᠡᠶᠡᠯᠡᠭᠦᠯᠪᠡ᠃ ᠲᠦᠩᠯᠢᠶᠣᠣ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠡᠭᠡᠳᠦ ᠰᠤᠷᠭᠠᠭᠤᠯᠢ᠂ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠰᠤᠳᠤᠯᠭᠠᠨ ᠤ ᠲᠥᠪ ᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠲᠥᠷᠥᠯ ᠵᠦᠢᠯ ᠢ 335 | ᠬᠡᠷᠡᠭᠵᠢᠭᠦᠯᠵᠦ᠂ ᠬᠥᠳᠡᠭᠡ ᠲᠣᠰᠬᠤᠨ ᠤ ᠴᠠᠬᠢᠯᠭᠠᠨ ᠲᠣᠣᠷ ᠢ 1845 ᠺᠢᠯᠣᠮᠧᠲᠷ ᠲᠠᠰ ᠳᠡᠪᠰᠢᠭᠦᠯᠦᠨ᠂ 863 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ᠂ | 1.57 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠲᠥᠷᠥᠯ ᠵᠦᠢᠯ ᠢ 88 | ᠬᠡᠷᠡᠭᠵᠢᠭᠦᠯᠵᠦ᠂ 2.7 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠢ ᠰᠢᠰᠲ᠋ᠧᠮ ᠢᠶᠠᠷ ᠢᠶᠠᠨ ᠪᠣᠷᠣᠯᠠᠭᠤᠯᠪᠠ᠃ LXB ᠶᠢᠨ ᠤᠰᠤ | ᠬᠠᠩᠭᠠᠬᠤ ᠲᠦᠩᠯᠢᠶᠣᠣ ᠶᠢᠨ ᠰᠠᠯᠪᠤᠷᠢ ᠱᠤᠭᠤᠮ ᠤᠨ ᠢᠨᠵᠧᠨᠧᠷᠢᠩ ᠢ ᠡᠬᠢᠯᠡᠨ ᠪᠠᠶᠢᠭᠤᠯᠵᠤ᠂ ᠲᠦᠩᠯᠢᠶᠣᠣ ᠴᠢᠴᠢᠬᠠᠷ ᠤᠨ ᠲᠦᠷᠭᠡᠨ ᠲᠡᠮᠦᠷ ᠵᠠᠮ᠂ | ᠵᠢᠨᠢᠩ ᠤᠯᠠᠭᠠᠨᠬᠠᠳᠠ ᠲᠦᠩᠯᠢᠶᠣᠣ ᠴᠠᠩᠴᠦ᠋ᠨ ᠤ ᠲᠦᠷᠭᠡᠨ ᠲᠡᠮᠦᠷ ᠵᠠᠮ ᠢ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠡᠮᠦᠷ | ᠵᠠᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠵᠢᠭᠰᠠᠭᠠᠨ ᠣᠷᠣᠭᠤᠯᠵᠤ᠂ ᠬᠦᠷᠢᠶ᠎ᠡ ᠠᠴᠠ ᠨᠠᠢᠮᠠᠨ ᠬᠦᠷᠬᠦ ᠬᠤᠶᠠᠳᠤᠭᠠᠷ ᠳᠡᠰ ᠤᠨ ᠵᠠᠮ᠂ ᠪᠦᠦ ᠺᠠᠩ ᠠᠴᠠ | ᠱᠧᠪᠡᠷᠲᠦ ᠬᠦᠷᠬᠦ ᠵᠠᠰᠠᠮᠠᠯ ᠵᠠᠮ ᠤᠨ ᠭᠠᠳᠠᠷᠭᠤ ᠶᠢ ᠥᠭᠡᠷᠡᠴᠢᠯᠡᠨ ᠵᠠᠰᠠᠵᠤ᠂ ᠲᠦᠩᠯᠢᠶᠣᠣ ᠶᠢᠨ ᠲᠦᠷᠭᠡᠨ ᠲᠡᠮᠦᠷ ᠵᠠᠮ ᠤᠨ ᠥᠷᠲᠡᠭᠡ ᠬᠢᠭᠡᠳ ᠳ᠋ᠠᠴᠢᠩ | ᠭᠤᠸᠠᠩᠵᠧᠦ ᠶᠢᠨ ᠲᠦᠷᠭᠡᠨ ᠵᠠᠮ ᠤᠨ ᠬᠤᠯᠪᠣᠬᠤ ᠱᠤᠭᠤᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ 5G ᠶᠢᠨ ᠰᠠᠭᠤᠷᠢ ᠦᠷᠲᠡᠭᠡ ᠶᠢ 1473 | ᠰᠢᠨ᠎ᠡ ᠪᠠᠶᠢᠭᠤᠯᠵᠤ᠂ 5G ᠶᠢᠨ ᠲᠣᠣᠷ ᠰᠦᠯᠵᠢᠶ᠎ᠡ ᠶᠢ ︽ᠲᠠᠪᠤᠨ ᠣᠷᠣᠨ︾ ᠳᠤ ᠪᠦᠷᠬᠦᠭᠦᠯᠬᠦ ᠶᠢ ᠪᠤᠲᠠᠲᠠᠶᠢᠵᠢᠭᠤᠯᠪᠠ᠃ | ᠨᠢᠭᠡ ᠵᠢᠯ ᠤᠨ ᠲᠤᠷᠰᠢ᠂ ᠪᠢᠳᠡ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠲᠠᠢ ᠬᠠᠮᠠᠭᠠᠯᠠᠯᠲᠠ ᠶᠢ ᠵᠣᠬᠢᠴᠠᠭᠤᠯᠤᠨ ᠬᠦᠴᠦᠯᠡᠬᠦ ᠶᠢ | ᠪᠠᠷᠢᠮᠲᠠᠯᠠᠭᠰᠠᠨ ᠠᠴᠠ ᠪᠣᠬᠢᠷᠳᠤᠯ ᠦᠭᠡᠢ ᠰᠠᠭᠤᠷᠢ ᠤᠯᠠᠮ ᠭᠦᠨ ᠵᠤᠵᠠᠭᠠᠨ ᠪᠤᠯᠪᠠ᠃ ︽ᠭᠤᠷᠪᠠᠨ ᠣᠷᠣᠨ ᠭᠤᠷᠪᠠᠨ ᠱᠤᠭᠤᠮ︾ ᠢ ᠬᠤᠪᠢᠶᠠᠷᠢᠯᠠᠨ | ᠲᠣᠭᠲᠠᠭᠠᠭᠰᠠᠨ ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠡᠷᠡᠭᠯᠡᠵᠦ᠂ ᠳᠥᠷᠪᠡᠨ ᠱᠠᠲᠤᠨ ᠤ ︽ᠣᠶ ᠰᠢᠭᠤᠢ ᠶᠢᠨ ᠳᠠᠷᠤᠭ᠎ᠠ ᠶᠢᠨ ᠳᠦᠷᠢᠮ︾ ᠤᠨ ᠰᠢᠰᠲ᠋ᠧᠮᠵᠢ ᠶᠢ | ᠪᠥᠬᠦ ᠲᠠᠯ᠎ᠠ ᠪᠠᠷ ᠪᠠᠶᠢᠭᠤᠯᠪᠠ᠃ 259 ᠲᠦᠮᠡᠨ ᠮᠦ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠵᠠᠰᠠᠯᠲᠠ ᠶᠢ ᠪᠡᠶᠡᠯᠡᠭᠦᠯᠵᠦ᠂ ᠠᠵᠤ ᠠᠬᠤᠢ ᠶᠢᠨ | ᠣᠶ ᠶᠢᠨ ᠲᠠᠯᠠᠪᠠᠶ 100 ᠲᠦᠮᠡᠨ ᠮᠦ ᠶᠢ ᠳᠠᠪᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠳᠡᠭᠡᠭᠰᠢᠯᠡᠨ 64.86% ᠬᠥᠷᠪᠡ᠃ | ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠲᠥᠪ ᠤᠨ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ | ᠰᠢᠢᠳᠪᠦᠷᠢᠯᠡᠵᠦ ᠳᠠᠭᠤᠰᠬᠠᠭᠰᠠᠨ ᠨᠤᠷᠮ᠎ᠠ 98% ᠬᠦᠷᠪᠡ᠃ ᠰᠢᠨ᠎ᠡ ᠡᠨᠧᠷᠭᠢ ᠶᠢ ᠲᠠᠬᠢᠨ ᠢᠶᠠᠷ ᠨᠡᠮᠡᠭᠳᠡᠭᠦᠯᠬᠦ᠂ ᠪᠤᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ | ᠠᠵᠢᠯᠯᠠᠭ᠎ᠠ ᠶᠢ ᠬᠡᠷᠡᠭᠵᠢᠭᠦᠯᠵᠦ᠂ ᠪᠦᠬᠦ ᠵᠢᠯ ᠳᠤ 723 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠭᠦᠢᠴᠡᠳᠬᠡᠯ ᠲᠤᠭ᠎ᠠ ᠶᠢᠨ ᠵᠦᠪᠰᠢᠶᠡᠷᠡᠯ ᠢ ᠣᠯᠵᠤ᠂ | 309 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ ᠶᠢ ᠪᠠᠶᠢᠭᠤᠯᠤᠨ ᠪᠦᠲᠦᠭᠡᠵᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠡᠵᠡᠯᠡᠬᠦ ᠬᠠᠷᠢᠴᠠᠯ | 54% ᠬᠦᠷᠴᠦ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠪᠠ᠃ ᠬᠤᠤᠯᠢᠩᠭᠤᠤᠯ᠂ ᠨᠠᠢᠮᠠᠨ ᠤ ᠨᠡᠮᠡᠭᠳᠡᠯ ᠴᠠᠬᠢᠯᠭᠠᠨ | ᠲᠦᠭᠡᠭᠡᠬᠦ ᠲᠦᠷᠦᠯ ᠵᠦᠢᠯ ᠡᠵᠡᠩᠨᠡᠯᠲᠡ ᠳᠤ ᠣᠷᠣᠵᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠢᠵᠢ ᠴᠡᠪᠡᠷ ᠤᠰᠤᠳᠦ᠋ᠷᠦᠭᠴᠢ ᠪᠠᠷ ᠬᠦᠳᠡᠯᠭᠡᠭᠦᠷ | ᠪᠣᠯᠭᠠᠭᠰᠠᠨ ᠮᠠᠰᠢᠨ ᠤ ᠵᠢᠱᠢᠶ᠎ᠡ ᠦᠵᠡᠭᠦᠯᠬᠦ ᠲᠦᠷᠦᠯ ᠵᠦᠢᠯ ᠲᠦᠩᠯᠢᠶᠣᠣ ᠳᠤ ᠨᠤᠲᠤᠭᠰᠢᠪᠠ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠠᠰᠠᠭᠤᠳᠠᠯ ᠲᠥᠷᠥᠯ ᠵᠦᠢᠯ ᠢ ᠮᠢᠩᠭ᠎ᠠ ᠢᠯᠡᠭᠦᠦ ᠰᠢᠢᠳᠪᠦᠷᠢᠯᠡᠵᠦ᠂ 2 ᠲᠦᠮᠡᠨ ᠮᠦ ᠰᠢᠬᠠᠮ ᠭᠠᠵᠠᠷ ᠰᠢᠷᠣᠢ ᠶᠢ ᠠᠮᠢᠳᠤᠯᠢᠭ | ᠪᠣᠯᠭᠠᠵᠤ᠂ 1.35 ᠳ᠋ᠦᠩᠰᠢᠭᠤᠷ ᠲᠥᠭᠦᠷᠢᠭ ᠤᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠢᠯᠭᠠᠷᠠᠭᠤᠯᠤᠨ ᠲᠤᠰᠢᠶᠠᠵᠠᠢ᠃ ᠠᠵᠤ ᠦᠢᠯᠡᠳᠪᠦᠷᠢ᠂ ᠵᠠᠮ | ᠬᠠᠷᠢᠯᠴᠠᠭ᠎ᠠ᠂ ᠪᠠᠷᠢᠯᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ | ᠪᠠᠭᠠᠰᠬᠠᠬᠤ ᠶᠢ ᠭᠦᠨᠵᠡᠭᠡᠢ ᠲᠦᠯᠬᠢᠨ ᠠᠬᠢᠭᠤᠯᠵᠤ᠂ 74 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢᠨ ᠡᠨᠧᠷᠭᠢ ᠶᠢᠨ ᠬᠤᠷᠣᠭᠳᠠᠯ ᠢ ᠠᠷᠪᠢᠯᠠᠵᠤ᠂ | ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 222 ᠲᠦᠮᠡᠨ ᠲᠣᠨ ᠪᠠᠭᠠᠰᠬᠠᠪᠠ᠃ | ᠨᠢᠭᠡ ᠵᠢᠯ ᠤᠨ ᠲᠤᠷᠰᠢ᠂ ᠪᠢᠳᠡ ᠨᠡᠶᠢᠭᠡᠮ ᠤᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠠᠮᠵᠢᠯᠴᠠᠨ ᠬᠦᠴᠦᠯᠡᠬᠦ ᠶᠢ | ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠨᠡᠶᠢᠳᠡᠮ ᠨᠡᠮᠡᠭᠳᠡᠭᠦᠯᠪᠡ᠃ ᠠᠷᠪᠢᠯᠠᠨ ᠭᠠᠮᠨᠠᠵᠤ ᠠᠷᠠᠳ ᠢ ᠪᠠᠶᠠᠵᠢᠭᠤᠯᠬᠤ ᠵᠠᠮ ᠢ ᠪᠠᠲᠤ ᠰᠠᠬᠢᠵᠤ᠂ | ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠵᠡᠯᠡᠬᠦ ᠬᠠᠷᠢᠴᠠᠯ 70.3% ᠬᠦᠷᠴᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠥᠨ ᠪᠦᠷᠢ ᠶᠢᠨ ᠳᠤᠮᠳᠠᠴᠢ ᠪᠠᠷ ᠡᠵᠡᠮᠳᠡᠵᠦ ᠪᠣᠯᠬᠤ ᠣᠷᠣᠯᠭ᠎ᠠ ᠪᠠᠷᠤᠭ ᠲᠤᠰ ᠲᠤᠰ 5% ᠪᠠ 8% ᠨᠡᠮᠡᠭᠳᠡᠪᠡ᠃ ᠲᠦᠩᠯᠢᠶᠣᠣ ᠶᠢᠨ ᠬᠥᠮᠥᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠢ ᠪᠠᠶᠢᠭᠤᠯᠵᠤ᠂ ᠬᠤᠲᠠ ᠪᠠᠯᠭᠠᠰᠤ ᠶᠢᠨ ᠰᠢᠨ᠎ᠡ ᠪᠠᠷ | ᠨᠡᠮᠡᠭᠳᠡᠭᠰᠡᠨ ᠠᠵᠢᠯ ᠣᠯᠭᠤᠯᠲᠠ ᠶᠢᠨ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ 1.7 ᠲᠦᠮᠡᠨ ᠶᠡᠭᠡ ᠰᠤᠷᠭᠠᠭᠤᠯᠢ ᠲᠡᠭᠦᠰᠦᠭᠰᠡᠨ ᠤᠶᠤᠲᠠᠳ ᠳᠤ ᠠᠵᠢᠯ | ᠤᠯᠭᠤᠵᠤ᠂ 36 ᠲᠦᠮᠡᠨ ᠮᠠᠯᠴᠢᠨ ᠲᠠᠷᠢᠶᠠᠴᠢᠨ ᠢ ᠲᠣᠭᠲᠠᠭᠤᠨ ᠢᠶᠠᠷ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠪᠠ᠃ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠢ 16 ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠰᠤᠷᠤᠭᠴᠢ ᠡᠯᠰᠡᠬᠦ ᠲᠤᠭ᠎ᠠ 1705᠂ ᠬᠡᠤᠬᠡᠳ ᠡᠯᠰᠡᠬᠦ ᠲᠤᠭ᠎ᠠ 2190 ᠰᠢᠨ᠎ᠡ ᠪᠠᠷ | ᠨᠡᠮᠡᠭᠳᠡᠭᠦᠯᠵᠦ᠂ 2029 ᠪᠠᠭᠰᠢ ᠡᠯᠰᠡᠪᠡ᠃ ᠤᠯᠤᠰ ᠤᠨ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠨ ᠠᠯᠪᠠᠨ ᠵᠢᠷᠤᠮ ᠤᠨ ᠰᠤᠷᠭᠠᠨ ᠬᠥᠮᠦᠵᠢᠯ ᠪᠠ ᠥᠨᠳᠥᠷ ᠳᠤᠮᠳᠠᠳᠤ ᠶᠢᠨ ᠨᠢᠭᠡᠳᠦᠭᠡᠷ ᠣᠨ ᠳᠤ | ᠪᠦᠷᠬᠦᠭᠦᠯᠬᠦ ᠶᠢ ᠪᠡᠶᠡᠯᠡᠭᠦᠯᠪᠡ᠃ ︽ᠭᠤᠷᠪᠠᠨ ᠡᠮᠴᠢᠯᠡᠭᠡ ᠶᠢ ᠬᠤᠯᠪᠣᠯᠳᠤᠭᠤᠯᠬᠤ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ︽ᠨᠢᠭᠡᠳᠦᠭᠡᠷ ᠲᠥᠷᠥᠯ ᠤᠨ ᠪᠠᠲᠤᠯᠠᠭ᠎ᠠ᠂ ᠬᠤᠶᠠᠳᠤᠭᠠᠷ ᠲᠥᠷᠥᠯ ᠤᠨ ᠬᠠᠮᠢᠶᠠᠷᠤᠯᠲᠠ︾ ᠶᠢ | ᠪᠡᠶᠡᠯᠡᠭᠦᠯᠪᠡ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠪᠡ᠃ ᠨᠡᠶᠢᠭᠡᠮ ᠤᠨ ᠪᠠᠲᠤᠯᠠᠭ᠎ᠠ᠂ | ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ | ᠲᠤᠰᠠᠯᠠᠬᠤ ᠶᠣᠰᠣᠲᠠᠢ ᠶᠢ ᠨᠢ ᠪᠦᠬᠦᠨ ᠢ ᠲᠤᠰᠠᠯᠠᠬᠤ ᠶᠢ ᠪᠡᠶᠡᠯᠡᠭᠦᠯᠪᠡ᠃ ᠭᠡᠷ ᠲᠡᠭᠡᠨ ᠠᠰᠠᠷᠠᠬᠤ ᠨᠡᠶᠢᠭᠡᠮ ᠲᠣᠭᠤᠷᠢᠭ ᠪᠣᠯᠣᠨ ᠮᠠᠯᠵᠢᠬᠤ ᠲᠠᠷᠢᠶᠠᠯᠠᠬᠤ ᠣᠷᠣᠨ ᠤ | ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ 98 ᠪᠠᠶᠢᠭᠤᠯᠵᠤ᠂ ᠬᠤᠰᠢᠭᠤ ᠰᠢᠶᠠᠨ ᠪᠦᠬᠦᠨ ᠳᠤ ᠨᠡᠶᠢᠳᠡᠮ ᠬᠠᠷᠠᠭᠠᠯᠵᠠᠬᠤ ᠴᠢᠨᠠᠷᠲᠠᠢ ᠨᠠᠶᠢᠳᠠᠨ ᠬᠥᠮᠥᠵᠢᠭᠦᠯᠬᠦ | ᠵᠢᠱᠢᠶ᠎ᠡ ᠦᠵᠡᠭᠦᠯᠬᠦ ᠲᠥᠪ ᠢ ᠪᠠᠶᠢᠭᠤᠯᠪᠠ᠃ 369 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠡᠯᠡᠳᠬᠡᠨ ᠪᠠᠶᠢᠭᠤᠯᠵᠤ᠂ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠦ ᠶᠢᠨ ᠪᠣᠳᠣᠯᠭ᠎ᠠ ᠪᠠᠷ ᠣᠷᠣᠨ ᠰᠠᠭᠤᠴᠠ ᠶᠢᠨ ᠬᠦᠴᠢᠷᠳᠡᠯ ᠲᠠᠢ 2.7 ᠲᠦᠮᠡᠨ ᠡᠷᠦᠬᠡ ᠳᠤ ᠠᠰᠢᠭ | ᠬᠦᠷᠲᠡᠭᠡᠪᠡ᠃ ᠪᠥᠬᠦ ᠤᠯᠤᠰ ᠤᠨ ᠠᠩᠬᠠᠳᠠᠭᠴᠢ ᠲᠦᠢᠯ ᠤᠨ ᠴᠠᠭ ᠠᠭᠤᠷ ᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠬᠤ ︽ᠲᠦᠩᠯᠢᠶᠣᠣ | ᠬᠤᠲᠠ ᠶᠢᠨ ᠲᠦᠢᠯ ᠤᠨ ᠴᠠᠭ ᠠᠭᠤᠷ ᠢ ᠠᠷᠭᠠᠴᠠᠬᠤ ᠳᠦᠷᠢᠮ︾ ᠢ ᠨᠡᠶᠢᠲᠡᠯᠡᠨ ᠬᠡᠷᠡᠭᠵᠢᠭᠦᠯᠪᠡ᠃ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ | ᠲᠣᠭᠲᠠᠭᠤᠨ ᠪᠠᠶᠢᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠠᠶᠢᠳᠠᠯ ᠦᠷᠭᠦᠯᠵᠢᠯᠡᠨ ᠪᠠᠬᠢᠵᠢᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ | ᠲᠣᠭᠲᠠᠭᠤᠨ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠬᠦ᠂ | ᠳᠠᠷᠤᠭᠳᠠᠵᠤ ᠪᠠᠶᠢᠭ᠎ᠠ ᠠᠮᠢᠨ ᠬᠡᠷᠡᠭ ᠢ ᠲᠠᠩᠨᠠᠨ ᠢᠯᠡᠷᠡᠭᠦᠯᠬᠦ ᠠᠵᠢᠯ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠤᠨ ᠠᠯᠪᠠ ᠠᠴᠠ ᠪᠠᠭᠤᠭᠰᠠᠳ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠠᠳᠠᠭᠠᠳᠤ | ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠷᠠᠳᠢᠣ᠋ ᠲᠧᠯᠸᠢᠰ᠂ ᠲᠡᠦᠬᠡ ᠣᠶᠢᠯᠠᠯᠭ᠎ᠠ ᠲᠠᠩᠰᠠ ᠡᠪᠬᠡᠮᠡᠯ᠂ ᠬᠥᠮᠥᠨ ᠠᠮᠠ | ᠲᠥᠯᠥᠪᠯᠡᠭᠡᠲᠦ ᠦᠷᠡᠵᠢᠯ᠂ ᠭᠠᠵᠠᠷ ᠬᠥᠳᠡᠯᠦᠯᠲᠡ᠂ ᠴᠠᠭ ᠠᠭᠤᠷ᠂ ᠬᠠᠩᠭᠠᠨ ᠪᠣᠷᠤᠯᠠᠭᠤᠯᠭ᠎ᠠ᠂ ᠰᠢᠤᠳᠠᠨ᠂ ᠬᠢᠯᠢ ᠶᠢᠨ ᠪᠣᠭᠤᠮᠲᠠ ᠵᠡᠷᠭᠡ ᠠᠵᠢᠯ ᠰᠢᠨ᠎ᠡ | ᠲᠠᠪᠰᠢᠯᠳᠠ ᠲᠠᠢ ᠪᠣᠯᠵᠤ᠂ ᠨᠠᠰᠤᠲᠠᠶᠢᠴᠤᠳ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠵᠡᠮᠳᠡᠭᠴᠦᠳ᠂ ᠠᠵᠢᠯᠴᠢᠨ ᠤ ᠡᠪᠯᠡᠯ᠂ | ᠨᠢᠭᠦᠯᠡᠰᠦᠩᠭᠦᠢ ᠶᠢᠨ ᠦᠢᠯᠡᠰ᠂ ᠤᠯᠠᠭᠠᠨ ᠵᠠᠭᠠᠯᠮᠠᠶᠢᠳᠠᠨ᠂ ᠰᠠᠶᠢᠨ ᠳᠤᠷ᠎ᠠ ᠶᠢᠨ ᠦᠢᠯᠡᠴᠢᠯᠡᠭᠡ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠵᠡᠷᠭᠡ ᠠᠵᠢᠯ | ᠦᠢᠯᠡᠰ ᠰᠢᠨ᠎ᠡ ᠬᠥᠭᠵᠢᠯᠲᠡ ᠲᠠᠢ ᠪᠣᠯᠪᠠ᠃ | ᠨᠢᠭᠡ ᠵᠢᠯ ᠤᠨ ᠲᠤᠷᠰᠢ᠂ ᠪᠢᠳᠡ ᠲᠥᠯᠥᠭᠡᠯᠡᠭᠴᠢᠳ ᠤᠨ ᠬᠦᠨᠳᠦ ᠨᠠᠶᠢᠳᠠᠯᠭ᠎ᠠ᠂ ᠤᠯᠠᠨ ᠲᠦᠮᠡᠨ ᠤ ᠬᠦᠰᠡᠯ ᠡᠷᠡᠮᠡᠯᠵᠡᠯ ᠢ ᠢᠮᠠᠭᠲᠠ ᠪᠠᠲᠤ ᠴᠡᠭᠡᠵᠢᠯᠡᠵᠦ᠂ | ᠵᠠᠰᠠᠭ ᠤᠨ ᠣᠷᠳᠣᠨ ᠤ ᠠᠵᠢᠯ ᠤᠨ ᠲᠦᠪᠰᠢᠨ ᠢ ᠴᠢᠷᠮᠠᠶᠢᠨ ᠳᠡᠭᠡᠭᠰᠢᠯᠡᠭᠦᠯᠪᠡ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ᠂ ︽ ᠬᠤᠤᠰ ᠲᠤᠭᠲᠠᠭᠠᠯ︾ ᠢ ᠡᠷᠡᠰ ᠬᠦᠷᠢᠶᠡᠯᠡᠵᠦ᠂ ︽ᠬᠤᠤᠰ ᠬᠠᠮᠠᠭᠠᠯᠠᠯ︾ ᠢ ᠡᠷᠡᠰ ᠪᠡᠶᠡᠯᠡᠭᠦᠯᠪᠡ᠃ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ︽ᠭᠤᠷᠪᠠ ᠶᠢ ᠪᠦᠷᠢᠳᠬᠡᠨ ᠳᠠᠩᠰᠠᠯᠠᠬᠤ᠂ ᠨᠢᠭᠡ ᠶᠢ ᠨᠢᠭᠡᠳᠦᠯᠲᠡᠢ ᠲᠥᠯᠥᠪᠯᠡᠬᠦ︾ ᠲᠣᠭᠲᠠᠴᠠ ᠶᠢ ᠪᠠᠶᠢᠭᠤᠯᠤᠨ ᠵᠢᠷᠤᠮᠵᠢᠭᠤᠯᠵᠤ᠂ ᠪᠥᠬᠦ | ᠣᠷᠣᠨ ᠳᠤ ᠡᠩ ᠲᠡᠷᠢᠭᠦᠨ ᠳᠤ ︽ᠠᠯᠠᠭᠠᠨ ᠳᠡᠭᠡᠷᠡᠬᠢ ᠵᠠᠰᠠᠭ ᠵᠠᠬᠢᠷᠭᠠᠨ ᠤ ᠳᠠᠬᠢᠨ ᠵᠥᠪᠯᠡᠬᠦ︾ ᠶᠢ ᠬᠡᠷᠡᠭᠵᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠶᠣᠰᠣᠨ ᠤ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 129 ᠰᠠᠨᠠᠭᠤᠯᠭ᠎ᠠ᠂ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ 206 | ᠳᠤᠷᠠᠳᠤᠯᠭ᠎ᠠ ᠶᠢ ᠰᠢᠢᠳᠪᠦᠷᠢᠯᠡᠵᠦ ᠬᠠᠷᠢᠭᠤ ᠥᠭᠴᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ | ᠤᠯᠤᠰ ᠲᠦᠷᠦ ᠶᠢᠨ ᠵᠥᠪᠯᠡᠯᠭᠡᠨ ᠳᠤ ᠬᠤᠯᠪᠣᠭᠳᠠᠯ ᠪᠦᠬᠦᠢ ᠠᠵᠢᠯ ᠢ 30 ᠤᠳᠠᠭ᠎ᠠ ᠮᠡᠳᠡᠭᠦᠯᠪᠡ᠃ ᠬᠢᠨᠠᠨ ᠪᠤᠳᠤᠬᠤ ᠬᠢᠨᠠᠯᠲᠠ ᠶᠢ ᠴᠢᠩᠭᠠᠷᠠᠭᠤᠯᠵᠤ᠂ | ᠲᠣᠭᠲᠠᠭᠠᠯ ᠠᠴᠠ ᠵᠥᠷᠢᠴᠡᠭᠰᠡᠨ ᠵᠢᠴᠢ ᠬᠠᠮᠢᠶᠠᠷᠤᠯᠲᠠ ᠨᠢ ᠵᠢᠷᠤᠮᠵᠢᠯ ᠦᠭᠡᠢ 501 ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ 6.08 ᠳ᠋ᠦᠩᠰᠢᠭᠤᠷ | ᠲᠥᠭᠦᠷᠢᠭ ᠤᠨ ᠣᠷᠣᠯᠭ᠎ᠠ ᠨᠡᠮᠡᠭᠳᠡᠭᠦᠯᠦᠨ ᠵᠠᠷᠤᠯᠭ᠎ᠠ ᠠᠷᠪᠢᠯᠠᠬᠤ ᠶᠢ ᠠᠬᠢᠭᠤᠯᠪᠠ᠃ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠵᠠᠰᠠᠭ ᠤᠨ ᠣᠷᠳᠣᠨ ᠤ ᠰᠢᠰᠲ᠋ᠧᠮ ᠤᠨ ︽1+9+N︾ | ᠨᠠᠶᠢᠳᠠᠪᠤᠷᠢᠵᠢᠭᠤᠯᠤᠯᠲᠠ ᠶᠢ ᠠᠳᠬᠤᠬᠤ ᠲᠣᠭᠲᠠᠴᠠ ᠶᠢᠨ ᠰᠢᠰᠲ᠋ᠧᠮ ᠢ ᠪᠠᠶᠢᠭᠤᠯᠵᠤ᠂ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠡᠯ᠎ᠡ ᠲᠦᠷᠦᠯ ᠤᠨ | ᠬᠢᠨᠠᠯᠲᠠ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠰᠤᠷᠲᠠᠯ ᠤᠨ ᠪᠠᠶᠢᠭᠤᠯᠤᠯᠲᠠ᠂ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠵᠡᠷᠭᠡ ᠠᠵᠢᠯ ᠳᠤ ᠢᠯᠡᠳᠲᠡ ᠦᠷ᠎ᠡ ᠪᠦᠲᠦᠮᠵᠢ ᠣᠯᠪᠠ᠃ | ᠬᠡᠷᠡᠭ ᠶᠠᠪᠤᠳᠠᠯ ᠢ ᠥᠩᠭᠡᠷᠡᠭᠡᠬᠦ ᠦᠭᠡᠢ ᠪᠣᠯ ᠬᠦᠴᠢᠷ ᠪᠡᠷᠬᠡ ᠶᠢ ᠮᠡᠳᠡᠬᠦ ᠦᠭᠡᠢ᠂ ᠪᠦᠲᠦᠭᠡᠬᠦ ᠳᠤ ᠬᠢᠯᠪᠡᠷ ᠪᠣᠯᠪᠠᠴᠤ ᠬᠦᠴᠢᠷ ᠪᠡᠷᠬᠡᠰᠢᠶᠡᠯ ᠲᠠᠢ ᠪᠠᠶᠢᠳᠠᠭ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦᠶ᠎ᠡ᠂ ᠪᠢᠳᠡ ᠰᠡᠳᠬᠢᠯ ᠨᠢᠭᠡᠳᠦᠨ ᠬᠢᠵᠢᠭ ᠢ ᠡᠰᠡᠷᠭᠦᠴᠡᠵᠦ᠂ ᠪᠦᠬᠦ ᠬᠦᠴᠦᠨ ᠢᠶᠠᠷ ᠢᠶᠠᠨ ᠶᠡᠭᠡ ᠪᠠᠶᠢᠳᠠᠯ ᠢ | ᠲᠣᠭᠲᠠᠪᠤᠷᠢᠵᠢᠭᠤᠯᠵᠤ᠂ ᠶᠡᠭᠡ ᠲᠠᠶᠢᠨ ᠶᠡᠭᠡ ᠰᠢᠯᠭᠠᠯᠲᠠ ᠳᠤ ᠳᠠᠷᠤᠯᠲᠠ ᠶᠢ ᠲᠤᠯᠵᠤ᠂ ᠬᠥᠭᠵᠢᠯᠲᠡ ᠶᠢ ᠲᠡᠮᠡᠴᠡᠨ ᠣᠯᠪᠠ᠃ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠪᠣᠯ ᠪᠢᠳᠡᠨ ᠢ ᠬᠥᠲᠥᠯᠥᠨ ᠳᠠᠭᠠᠭᠤᠯᠵᠤ ᠲᠠᠬᠢᠨ ᠲᠠᠪᠲᠠᠨ ᠢᠯᠠᠯᠲᠠ ᠤᠯᠤᠭᠤᠯᠤᠭᠰᠠᠨ ᠲᠦᠰᠢᠭ ᠲᠤᠯᠭᠠᠭᠤᠷᠢ ᠮᠥᠨ | ᠭᠡᠰᠡᠨ ᠢ ᠪᠢᠳᠡ ᠭᠦᠨᠵᠡᠭᠡᠢ ᠰᠡᠷᠡᠵᠦ ᠮᠡᠳᠡᠪᠡ︔ 287 ᠲᠦᠮᠡᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠪᠦᠯᠬᠦᠮᠳᠡᠯ ᠲᠡᠮᠡᠴᠡᠯ ᠪᠣᠯ ᠪᠢᠳᠡᠨ ᠤ | ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠶᠢᠨ ᠬᠦᠳᠡᠯᠭᠡᠬᠦ ᠬᠦᠴᠦᠨ ᠤ ᠡᠬᠢ ᠰᠤᠷᠪᠤᠯᠵᠢ ᠮᠥᠨ᠃ ᠠᠳᠡ᠂ ᠪᠢ ᠬᠤᠳᠠ ᠶᠢᠨ ᠠᠷᠠᠳ ᠤᠨ | ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠣᠨ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ᠂ ᠬᠤᠳᠠ ᠳᠤ ᠰᠠᠭᠤᠭ᠎ᠠ ᠲᠦᠪ ᠪᠠ ᠣᠷᠣᠨ ᠤ ᠰᠢᠭᠤᠳ ᠬᠠᠷᠢᠶ᠎ᠠ ᠨᠢᠭᠡᠴᠡ᠂ ᠴᠢᠯᠦᠭᠡᠯᠡᠬᠦ | ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠤᠷᠤᠯᠴᠠᠵᠤ ᠬᠠᠯᠠᠮᠵᠢᠯᠠᠨ ᠳᠡᠮᠵᠢᠭᠰᠡᠨ | ᠪᠤᠢ ᠪᠦᠬᠦᠢ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠠ᠋᠂ ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠮᠣᠷᠳᠠᠬᠤ ᠳᠤ ᠪᠠᠰᠠ ᠴᠥᠭᠡᠨ ᠪᠤᠰᠤ | ᠬᠦᠴᠢᠷᠳᠡᠯ᠂ ᠠᠰᠠᠭᠤᠳᠠᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ ᠭᠡᠳᠡᠭ ᠢ ᠪᠢᠳᠡ ᠰᠡᠷᠭᠡᠭ ᠢᠶᠠᠷ ᠲᠠᠨᠢᠵᠤ ᠣᠯᠪᠠ᠃ ᠮᠠᠨ ᠤ ᠬᠤᠲᠠ ᠶᠢᠨ ᠬᠥᠭᠵᠢᠯᠲᠡ | ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠮᠥᠨ ᠬᠦ ᠲᠣᠪᠣᠶᠢᠮ᠎ᠠ ᠪᠠᠶᠢᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠪᠣᠳᠠᠲᠤ ᠬᠦᠴᠦᠨ | ᠴᠢᠩᠭ᠎ᠠ ᠪᠢᠰᠢ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠨᠢ ᠤᠳᠠᠭᠠᠨ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ | ᠳᠤᠲᠠᠭᠤᠳᠠᠯ ᠢᠯᠡᠷᠬᠡᠢ᠂ ᠬᠥᠭᠵᠢᠯᠲᠡ ᠶᠢᠨ ᠨᠦᠬᠡᠴᠡ ᠬᠦᠴᠦᠨ ᠢ ᠦᠷᠬᠦᠯᠵᠢᠯᠡᠭᠦᠯᠬᠦ ᠲᠠᠯ᠎ᠠ ᠶᠢᠨ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠠᠵᠤ | ᠠᠬᠤᠢ ᠳᠠᠷᠤᠯᠲᠠ ᠶᠢ ᠳᠠᠭᠠᠭᠠᠨ ᠤᠷᠤᠭᠰᠢᠯᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠬᠦᠴᠦᠨ ᠮᠡᠬᠦᠰᠳᠡᠵᠦ᠂ ᠬᠡᠷᠡᠭᠯᠡᠭᠡᠨ ᠤ ᠪᠦᠲᠦᠴᠡ ᠰᠢᠯᠢᠳᠡᠭ | ᠪᠢᠰᠢ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠠᠶᠢᠵᠤ᠂ ᠵᠠᠷᠢᠮ ᠳᠤᠮᠳᠠᠳᠤ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠠᠶᠢᠵᠤ᠂ ᠬᠡᠰᠡᠭ ᠠᠵᠤ ᠠᠬᠤᠢ ᠶᠢᠨ ᠭᠦᠢᠴᠡᠳᠬᠡᠬᠦ ᠲᠤᠭ᠎ᠠ ᠶᠢᠨ | ᠨᠡᠮᠡᠭᠳᠡᠯ ᠨᠢ ᠵᠢᠱᠢᠯᠲᠡ ᠳᠤ ᠬᠦᠷᠦᠭᠰᠡᠨ ᠦᠭᠡᠢ᠃ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠠᠰᠠ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ | ᠪᠠᠶᠢᠵᠤ᠂ ᠭᠠᠵᠠᠷ ᠰᠢᠷᠤᠢ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠪᠡᠯᠡ ᠬᠤᠷᠠᠮᠳᠤᠭᠤᠯᠭ᠎ᠠ ᠶᠢᠨ ᠦᠢᠯᠡᠴᠢᠯᠡᠭᠡ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢᠲᠦ | ᠪᠠᠶᠢᠭᠤᠯᠤᠯᠲᠠ ᠵᠡᠷᠭᠡ ᠲᠠᠯ᠎ᠠ ᠪᠠᠷ ᠳᠤᠲᠠᠭᠤᠳᠠᠯ ᠪᠠᠭᠤᠷᠠᠢ ᠵᠦᠢᠯ ᠣᠷᠣᠰᠢᠵᠤ ᠪᠠᠶᠢᠨ᠎ᠠ᠃ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ | ᠨᠠᠶᠢᠳᠠᠯᠭ᠎ᠠ ᠶᠢᠨ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ︽ᠪᠠᠴᠢᠮ ᠪᠡᠷᠬᠡ ᠵᠣᠪᠠᠨᠢᠯ | ᠬᠦᠰᠡᠯ︾ ᠤᠨ ᠠᠰᠠᠭᠤᠳᠠᠯ ᠢ ᠮᠥᠨ ᠯᠡ ᠶᠡᠭᠡ ᠬᠦᠴᠦ ᠣᠷᠣᠭᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ | ᠠᠷᠢᠯᠭᠠᠬᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠠᠷᠤᠭᠠᠰᠤ ᠬᠦᠩᠭᠡᠷᠡᠭᠰᠡᠨ ᠦᠭᠡᠢ ᠪᠠᠶᠢᠵᠤ᠂ ᠨᠢᠭᠡᠳᠦᠯᠲᠡᠢ | ᠲᠥᠯᠥᠪᠵᠢᠭᠦᠯᠦᠨ ᠬᠥᠭᠵᠢᠭᠦᠯᠬᠦ ᠪᠠ ᠠᠮᠤᠷ ᠲᠦᠪᠰᠢᠨ ᠤ ᠱᠠᠭᠠᠷᠳᠠᠯᠭ᠎ᠠ ᠨᠡᠩ ᠥᠨᠳᠥᠷ᠂ ᠬᠦᠴᠢᠷᠳᠡᠯ ᠨᠡᠩ ᠶᠡᠭᠡ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ | ᠪᠠᠰᠠ ᠴᠢᠩᠭᠠᠳᠬᠠᠬᠤ ᠪᠠ ᠰᠠᠶᠢᠵᠢᠷᠠᠭᠤᠯᠬᠤ ᠴᠢᠬᠤᠯᠠᠲᠠᠢ ᠵᠦᠢᠯ ᠴᠥᠭᠡᠨ ᠪᠤᠰᠤ ᠪᠠᠶᠢᠨ᠎ᠠ᠂ ᠵᠠᠰᠠᠭ ᠤᠨ ᠣᠷᠳᠣᠨ ᠤ ᠵᠠᠷᠢᠮ ᠠᠵᠢᠯᠲᠠᠨ ᠤ ᠦᠵᠡᠯ ᠰᠠᠨᠠᠭ᠎ᠠ | ᠬᠤᠴᠤᠷᠤᠩᠭᠤᠢ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠴᠢᠩᠭ᠎ᠠ ᠪᠢᠰᠢ᠂ ᠭᠠᠪᠰᠢᠭᠠᠶᠢᠯᠠᠬᠤ ᠡᠷᠴᠢ ᠵᠣᠷᠢᠭ ᠬᠦᠷᠦᠯᠴᠡᠬᠦ ᠦᠭᠡᠢ ᠪᠠᠶᠢᠨ᠎ᠠ᠃ ᠪᠢᠳᠡ | ᠠᠰᠠᠭᠤᠳᠠᠯ ᠳᠤ ᠰᠢᠭᠤᠳ ᠬᠠᠨᠳᠤᠵᠤ᠂ ᠡᠷᠴᠢᠮ ᠢᠶᠠᠨ ᠴᠢᠩᠭᠠᠷᠠᠭᠤᠯᠤᠨ ᠰᠢᠢᠳᠪᠦᠷᠢᠯᠡᠵᠦ᠂ ᠪᠦᠬᠦ ᠬᠦᠴᠦᠨ ᠢᠶᠠᠷ ᠢᠶᠠᠨ ᠰᠠᠶᠢᠲᠤᠷ ᠠᠵᠢᠯᠯᠠᠵᠤ᠂ ᠪᠦᠬᠦ ᠬᠤᠳᠠ ᠶᠢᠨ | ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ᠃ | | ᠬᠤᠶᠠᠷ᠂ 2023 ᠤᠨ ᠤ ᠭᠤᠤᠯ ᠠᠵᠢᠯ | | | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ | ᠮᠥᠨ᠂ ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ ᠵᠢᠯ ᠮᠥᠨ᠃ ᠵᠠᠰᠠᠭ ᠤᠨ ᠣᠷᠳᠣᠨ ᠤ ᠠᠵᠢᠯ ᠢ | ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠤᠨ ᠪᠠ ᠪᠦᠬᠦ ᠣᠷᠣᠨ ᠤ | ᠠᠵᠤ ᠠᠬᠤᠢ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ | ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠢᠵᠢᠭ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠢ ᠲᠥᠯᠥᠪᠯᠡᠵᠦ᠂ ᠮᠠᠯ ᠲᠠᠷᠢᠶᠠᠯᠠᠩ ᠤᠨ ᠠᠵᠤ ᠠᠬᠤᠢ ᠶᠢᠨ ᠰᠢᠨ᠎ᠡ ᠶᠢ ᠡᠭᠦᠳᠦᠨ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠳᠬᠦ ᠦᠢᠯᠡᠰ ᠢ | ᠬᠥᠭᠵᠢᠭᠦᠯᠦᠨ ᠮᠠᠨᠳᠤᠭᠤᠯᠬᠤ᠂ ᠦᠢᠯᠡᠴᠢᠯᠡᠭᠡᠨ ᠤ ᠦᠢᠯᠡᠰ ᠢ ᠭᠦᠢᠴᠡᠳ ᠬᠥᠭᠵᠢᠭᠦᠯᠬᠦ᠂ ᠰᠠᠭᠤᠷᠢ ᠲᠥᠬᠦᠭᠡᠷᠦᠮᠵᠢ ᠶᠢ ᠲᠦᠷᠭᠡᠨ ᠲᠡᠭᠦᠯᠳᠡᠷᠵᠢᠭᠦᠯᠬᠦ ᠶᠢ ᠬᠦᠴᠦ ᠪᠠᠨ | ᠲᠥᠪᠯᠡᠷᠡᠭᠦᠯᠦᠨ ᠠᠬᠢᠭᠤᠯᠵᠤ᠂ ᠠᠷᠠᠳ ᠤᠨ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠭᠤᠶᠢᠪᠢᠰᠢ ᠦᠭᠡᠢ ᠰᠠᠶᠢᠲᠤᠷ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠦᠴᠢᠷ ᠢ ᠦᠷᠬᠦᠯᠵᠢᠯᠡᠨ | ᠰᠢᠢᠳᠪᠦᠷᠢᠯᠡᠵᠦ᠂ ᠠᠷᠭ᠎ᠠ ᠵᠠᠮ ᠢ ᠰᠦᠪᠡᠭᠴᠢᠯᠡᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠠᠵᠤ ᠠᠬᠤᠢ ᠶᠢᠨ ᠠᠵᠢᠯᠯᠠᠭᠠᠨ ᠢ ᠪᠥᠬᠦ | ᠲᠠᠯ᠎ᠠ ᠪᠠᠷ ᠵᠦᠢ ᠵᠣᠬᠢᠰᠲᠠᠢ ᠣᠷᠣᠨ ᠪᠠᠶᠢᠷᠢ ᠳᠤ ᠪᠤᠴᠠᠭᠠᠬᠤ ᠶᠢ ᠠᠬᠢᠭᠤᠯᠵᠤ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ | ᠨᠡᠮᠡᠭᠳᠡᠭᠦᠯᠬᠦ ᠶᠢ ᠪᠡᠶᠡᠯᠡᠭᠦᠯᠵᠦ᠂ ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ ᠰᠠᠶᠢᠨ ᠡᠬᠢᠯᠡᠯᠲᠡ ᠲᠠᠢ | ᠪᠣᠯᠭᠠᠨ᠎ᠠ᠃ | ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 7% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 30% ᠨᠡᠮᠡᠭᠳᠡᠭᠦᠯᠦᠨ᠎ᠡ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 9% ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ | ᠲᠤᠭ᠎ᠠ ᠶᠢ 7% ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 7% ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% ᠪᠠ 8% ᠨᠡᠮᠡᠭᠳᠡᠭᠦᠯᠦᠨ᠎ᠡ︔ ᠬᠤᠳᠠ ᠪᠠᠯᠭᠠᠰᠤᠨ ᠤ 1.2 | ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ | ᠬᠢᠵᠠᠭᠠᠷᠯᠠᠨ᠎ᠠ︔ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠤᠭ᠎ᠠ ᠶᠢ ᠪᠡᠶᠡᠯᠡᠭᠦᠯᠦᠨ᠎ᠡ᠃ | ᠡᠮᠦᠨ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠲᠤ | ᠡᠵᠡᠮᠳᠡᠵᠦ᠂ ᠪᠦᠬᠦ ᠬᠦᠴᠦᠨ ᠢᠶᠠᠷ ᠢᠶᠠᠨ ᠪᠡᠯᠡ ᠣᠷᠣᠭᠤᠯᠤᠯᠲᠠ ᠶᠢ ᠥᠷᠭᠡᠳᠬᠡᠵᠦ᠂ ᠬᠡᠷᠡᠭᠯᠡᠭᠡ ᠶᠢ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠵᠤ᠂ ᠠᠵᠤ | ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠵᠤ᠂ ᠵᠦᠢ ᠵᠣᠬᠢᠰᠲᠠᠢ ᠣᠷᠣᠨ ᠪᠠᠶᠢᠷᠢ ᠳᠤ ᠪᠣᠴᠠᠭᠠᠬᠤ ᠶᠢ ᠠᠬᠢᠭᠤᠯᠤᠨ᠎ᠠ︔ | ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠬᠥᠭᠵᠢᠯᠲᠡ ᠶᠢᠨ ᠬᠦᠴᠦᠯᠡᠬᠦ ᠴᠡᠭ ᠢ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠬᠦ ᠳᠡᠭᠡᠷ᠎ᠡ ᠲᠠᠯᠪᠢᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠬᠤᠪᠢᠷᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠥᠭᠡᠳ ᠰᠠᠶᠢᠲᠤᠷ ᠵᠠᠮᠨᠠᠨ᠎ᠠ︔ | ᠠᠷᠠᠳ ᠲᠦᠮᠡᠨ ᠢ ᠳᠡᠭᠡᠳᠦᠯᠡᠬᠦ ᠦᠨᠳᠦᠰᠦᠨ ᠦᠷᠳᠡᠭ ᠤᠨ ᠤᠳᠤᠷᠢᠳᠤᠮᠵᠢ ᠶᠢ ᠪᠠᠲᠤ ᠡᠵᠡᠮᠳᠡᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠨᠡᠩ | ᠴᠢᠩᠭ᠎ᠠ ᠰᠠᠬᠢᠵᠤ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠵᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠴᠢᠷᠮᠠᠶᠢᠨ᠎ᠠ︔ ᠰᠢᠰᠲ᠋ᠧᠮᠲᠦ ᠦᠵᠡᠯᠲᠡ ᠶᠢᠨ ᠦᠨᠳᠦᠰᠦᠨ | ᠠᠵᠢᠯᠯᠠᠬᠤ ᠠᠷᠭ᠎ᠠ᠂ ᠪᠠᠷᠠᠭᠠᠯᠬᠢᠯᠠᠯ ᠤᠨ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠥᠯᠦᠪᠵᠢᠭᠦᠯᠭᠡ᠂ ᠪᠦᠬᠦᠯᠢ ᠴᠣᠭᠴᠠ ᠶᠢᠨ ᠴᠢᠨᠠᠷᠲᠠᠢ ᠡᠯ᠎ᠡ | ᠵᠦᠢᠯ ᠤᠨ ᠦᠢᠯᠡᠰ ᠢ ᠠᠬᠢᠭᠤᠯᠬᠤ ᠶᠢ ᠪᠠᠲᠤ ᠡᠵᠡᠮᠳᠡᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ | ᠵᠠᠰᠠᠬᠤ ᠶᠢ ᠬᠠᠪᠰᠤᠷᠭᠠᠬᠤ᠂ ᠬᠤᠯᠠ ᠣᠶᠢᠷ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ | ᠱᠤᠭᠤᠮ ᠢ ᠪᠠᠲᠤ ᠰᠠᠬᠢᠨ᠎ᠠ᠃ | ︵ᠨᠢᠭᠡ︶ ᠤᠷᠤᠭᠰᠢᠯᠠᠯᠲᠠ ᠪᠠᠷ ᠲᠣᠭᠲᠠᠭᠤᠨ ᠢ ᠲᠣᠭᠲᠠᠪᠤᠷᠢᠵᠢᠭᠤᠯᠵᠤ᠂ ᠲᠣᠭᠲᠠᠭᠤᠨ ᠢᠶᠠᠷ ᠶᠠᠰᠤ ᠴᠢᠨᠠᠷ ᠢ ᠳᠡᠭᠡᠭᠰᠢᠯᠡᠭᠦᠯᠵᠦ᠂ ᠬᠤᠲᠠ ᠶᠢᠨ | ᠬᠡᠪᠴᠢᠶᠡᠨ ᠤ ᠠᠵᠤ ᠠᠬᠤᠢ ᠶᠢᠨ ᠪᠠᠭᠲᠠᠭᠠᠮᠵᠢ ᠶᠢ ᠬᠦᠴᠦᠯᠡᠨ ᠪᠤᠵᠠᠭᠠᠶᠢᠷᠠᠭᠤᠯᠤᠨ᠎ᠠ᠃ ᠲᠦᠷᠦᠯ ᠵᠦᠢᠯ ᠤᠨ ︽ᠵᠠᠩᠭᠢᠯᠠᠭ᠎ᠠ︾ ᠶᠢ ᠴᠢᠩᠭ᠎ᠠ ᠠᠳᠬᠤᠵᠤ᠂ | ᠬᠡᠷᠡᠭᠯᠡᠭᠡ ᠶᠢᠨ ︽ᠰᠠᠭᠤᠷᠢ︾ ᠶᠢ ᠪᠠᠲᠤ ᠴᠣᠭᠴᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ︽ᠦᠨᠳᠦᠰᠦᠨ ᠪᠠᠶᠢᠳᠠᠯ︾ ᠢ ᠪᠤᠵᠠᠭᠠᠶᠢᠷᠠᠭᠤᠯᠵᠤ᠂ ᠠᠵᠤ | ᠠᠬᠤᠢ ᠶᠢᠨ ᠴᠢᠨᠠᠷ ᠴᠢᠨᠰᠠᠭ᠎ᠠ ᠦᠷ᠎ᠡ ᠠᠰᠢᠭ ᠢ ᠵᠡᠷᠭᠡᠪᠡᠷ ᠨᠡᠮᠡᠭᠳᠡᠭᠦᠯᠬᠦ᠂ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠥᠷᠭᠡᠳᠬᠡᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ | ᠣᠨ ᠤ ᠠᠵᠢᠯᠯᠠᠭ᠎ᠠ ᠶᠢ ᠬᠡᠷᠡᠭᠵᠢᠭᠦᠯᠵᠦ᠂ ︽ᠲᠦᠩᠯᠢᠶᠣᠣ ᠬᠤᠲᠠ ᠶᠢᠨ ᠲᠥᠷᠥᠯ ᠵᠦᠢᠯ ᠪᠠ ᠪᠡᠯᠡ ᠣᠷᠣᠭᠤᠯᠤᠯᠲᠠ ᠶᠢ ᠭᠦᠨᠵᠡᠭᠡᠢ ᠠᠬᠢᠭᠤᠯᠬᠤ ᠠᠵᠢᠯ ᠤᠨ | ᠲᠥᠰᠥᠯ︾ ᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ | ᠳᠡᠭᠡᠳᠦ ᠱᠠᠲᠤᠨ ᠤ ᠪᠡᠯᠡ ᠮᠥᠩᠭᠦ ᠶᠢᠨ ᠳᠡᠮᠵᠢᠯᠭᠡ ᠶᠢᠨ ᠲᠥᠷᠥᠯ ᠵᠦᠢᠯ᠂ ᠲᠥᠷᠥᠯ ᠵᠦᠢᠯ ᠲᠣᠭᠲᠠᠭᠠᠵᠤ ᠪᠡᠯᠡ ᠮᠦᠩᠭᠦ ᠲᠡᠮᠡᠴᠡᠨ ᠤᠯᠬᠤ ᠲᠥᠷᠥᠯ ᠵᠦᠢᠯ᠂ | ᠨᠥᠭᠡᠴᠡᠯᠡᠬᠦ ᠲᠥᠷᠥᠯ ᠵᠦᠢᠯ ᠵᠡᠷᠭᠡ ︽ᠲᠠᠪᠤᠨ ᠨᠠᠷᠢᠨ ᠳᠠᠩᠰᠠ︾ ᠶᠢ ᠪᠠᠶᠢᠭᠤᠯᠵᠤ᠂ ᠬᠢᠨᠠᠨ ᠵᠥᠪᠰᠢᠶᠡᠷᠡᠵᠦ ᠬᠢᠨᠠᠨ ᠬᠠᠷᠭᠤᠭᠤᠯᠬᠤ᠂ ᠬᠦᠴᠦᠨ ᠵᠦᠢᠯ ᠢ | ᠪᠠᠲᠤᠯᠠᠬᠤ᠂ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠵᠡᠷᠭᠡ ᠠᠰᠠᠭᠤᠳᠠᠯ ᠢ ᠪᠥᠬᠦ ᠦᠶᠡᠯᠡᠯ ᠤᠨ ᠬᠤᠭᠤᠴᠠᠭᠠᠨ ᠳᠤ ᠮᠥᠷᠳᠡᠨ ᠰᠢᠢᠳᠪᠦᠷᠢᠯᠡᠵᠦ᠂ | ᠭᠤᠣᠯᠳᠠᠯᠭ᠎ᠠ ᠲᠠᠢ ᠲᠥᠷᠥᠯ ᠵᠦᠢᠯ ᠢ 540 ᠠᠴᠠ ᠳᠡᠭᠡᠭᠰᠢ ᠬᠡᠷᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 450 ᠳ᠋ᠦᠩᠰᠢᠭᠤᠷ | ᠲᠥᠭᠦᠷᠢᠭ ᠳᠠᠪᠠᠭᠤᠯᠬᠤ ᠪᠠᠷ ᠴᠢᠷᠮᠠᠶᠢᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠪᠠᠲᠤᠯᠠᠵᠤ᠂ ᠭᠤᠣᠯᠳᠠᠯᠭ᠎ᠠ ᠲᠠᠢ ᠠᠵᠤ ᠦᠢᠯᠡᠰ ᠤᠨ | ᠲᠥᠷᠥᠯ ᠵᠦᠢᠯ ᠤᠨ ᠬᠤᠲᠠ ᠶᠢᠨ ᠬᠡᠪᠴᠢᠶ᠎ᠡ ᠳᠤ ᠨᠢᠭᠡᠳᠦᠯᠲᠡᠢ ᠲᠥᠯᠥᠪᠯᠡᠬᠦ ᠲᠣᠭᠲᠠᠴᠠ ᠶᠢ ᠪᠠᠶᠢᠭᠤᠯᠤᠨ᠂ ︽ᠴᠢᠳᠠᠪᠤᠷᠢᠲᠠᠨ ᠲᠦᠩᠯᠢᠶᠣᠣ ᠳᠠᠭᠠᠨ ᠪᠤᠴᠠᠬᠤ︾ | ᠵᠡᠷᠭᠡ ᠭᠤᠣᠯ ᠰᠡᠳᠦᠪᠲᠦ ᠠᠷᠠᠯᠵᠢᠶᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠶᠢ ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨᠴᠢ ᠪᠠᠷ᠂ ᠨᠠᠷᠢᠯᠢᠭ ᠣᠨᠣᠴᠠᠲᠠᠢ᠂ | ᠪᠦᠲᠦᠮᠵᠢᠲᠡᠶ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠵᠤ᠂ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 570 ᠠᠴᠠ ᠳᠡᠭᠡᠭᠰᠢ | ᠣᠷᠣᠭᠤᠯᠵᠤ᠂ ᠪᠤᠳᠠᠳᠠᠶᠢᠵᠢᠭᠤᠯᠬᠤ ᠪᠡᠯᠡ ᠮᠥᠩᠭᠦ ᠶᠢᠨ ᠨᠡᠮᠡᠭᠳᠡᠯ ᠢ 30% ᠳᠠᠪᠠᠭᠤᠯᠤᠨ᠎ᠠ᠃ ᠲᠥᠷᠥᠯ ᠵᠦᠢᠯ ᠲᠣᠭᠲᠠᠭᠠᠵᠤ ᠪᠡᠯᠡ ᠮᠥᠩᠭᠦ ᠲᠡᠮᠡᠴᠡᠨ ᠤᠯᠬᠤ | ᠰᠠᠷ᠎ᠠ ᠶᠢᠨ ᠵᠦᠪᠳᠡᠯᠴᠡᠨ ᠰᠤᠳᠤᠯᠠᠵᠤ ᠮᠠᠭᠠᠳᠯᠠᠬᠤ ᠲᠣᠭᠲᠠᠴᠠ ᠶᠢ ᠪᠠᠶᠢᠭᠤᠯᠵᠤ᠂ ᠳᠡᠭᠡᠳᠦ ᠱᠠᠲᠤᠨ ᠤ ᠪᠡᠯᠡ ᠮᠥᠩᠭᠦ ᠶᠢ ᠲᠡᠮᠡᠴᠡᠨ ᠤᠯᠬᠤ ᠨᠡᠮᠡᠭᠳᠡᠯ ᠢ 10% | ᠳᠠᠪᠠᠭᠤᠯᠬᠤ ᠪᠠᠷ ᠴᠢᠷᠮᠠᠶᠢᠨ᠎ᠠ᠃ | ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠬᠡᠷᠡᠭᠯᠡᠭᠡ ᠶᠢ ᠰᠡᠷᠭᠦᠭᠡᠵᠦ ᠥᠷᠭᠡᠳᠬᠡᠬᠦ ᠶᠢ ᠲᠡᠷᠢᠭᠦᠨ | ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠨᠢᠭᠡ ᠮᠥᠴᠡ ᠶᠠᠪᠤᠪᠠᠯ ᠬᠦᠷᠬᠦ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ︾ ᠶᠢᠨ | ᠲᠤᠷᠰᠢᠯᠲᠠ ᠶᠢᠨ ᠴᠡᠭ ᠤᠨ ᠬᠤᠲᠠ ᠶᠢ ᠢᠳᠡᠪᠬᠢᠲᠡᠢ ᠡᠭᠦᠳᠦᠨ ᠪᠠᠶᠢᠭᠤᠯᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ | ᠣᠷᠣᠨ ᠪᠦᠰᠡ ᠶᠢᠨ ᠴᠢᠨᠠᠷᠲᠠᠢ ᠲᠤᠰᠬᠠᠢ ᠵᠠᠬ᠎ᠠ ᠳᠡᠯᠭᠡᠭᠦᠷ ᠢ ᠪᠣᠶᠢᠵᠢᠭᠤᠯᠵᠤ᠂ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠤ ᠲᠣᠣᠷ ᠰᠦᠯᠵᠢᠶ᠎ᠡ ᠶᠢ | ᠰᠢᠯᠢᠳᠡᠭᠵᠢᠭᠦᠯᠦᠨ᠂ ᠬᠡᠷᠡᠭᠯᠡᠭᠡᠨ ᠤ ᠬᠠᠩᠭᠠᠯᠭ᠎ᠠ ᠶᠢᠨ ︽ᠪᠢᠴᠢᠯ ᠣᠷᠴᠢᠯ︾ ᠢ ᠠᠬᠢᠭᠤᠯᠤᠨ᠎ᠠ᠃ ᠪᠣᠳᠠᠲᠤ ᠴᠣᠭᠴᠠ ᠶᠢᠨ ᠬᠤᠳᠠᠯᠳᠤᠭᠠᠨ ᠤ ᠲᠣᠭᠠᠴᠢᠯᠠᠭᠰᠠᠨ | ᠣᠶᠤᠨᠴᠢᠯᠠᠭᠰᠠᠨ ᠬᠡᠯᠪᠡᠷᠢ ᠶᠢᠨ ᠬᠤᠪᠢᠷᠠᠯᠲᠠ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠠᠵᠤ ᠠᠬᠤᠶᠢᠯᠠᠯ ᠢ 40 ᠠᠴᠠ | ᠳᠡᠭᠡᠭᠰᠢ ᠪᠤᠶᠢᠵᠢᠭᠤᠯᠤᠨ᠎ᠠ᠃ ᠬᠡᠷᠡᠭᠯᠡᠭᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠵᠠᠰᠠᠭ ᠤᠨ ᠣᠷᠳᠣᠨ ᠮᠦᠩᠭᠦᠨ | ᠭᠦᠢᠯᠭᠡᠭᠡ ᠠᠵᠤ ᠠᠬᠤᠶᠢᠯᠠᠯ ᠤᠨ ᠬᠡᠷᠡᠭᠯᠡᠭᠡ ᠶᠢ ᠦᠷᠭᠡᠳᠭᠡᠬᠦ ᠲᠤᠰᠬᠠᠢ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ︽ᠬᠤᠷᠴᠢᠨ ᠤ ᠰᠢᠭᠤᠳ | ᠨᠡᠪᠲᠡᠷᠡᠭᠦᠯᠭᠡ · ᠬᠡᠷᠡᠭᠯᠡᠭᠡ ᠶᠢ ᠠᠬᠢᠭᠤᠯᠬᠤ ᠤᠯᠠᠷᠢᠯ︾ ᠬᠡᠮᠡᠬᠦ ᠪᠣᠷᠤᠯᠠᠭᠤᠯᠭ᠎ᠠ ᠶᠢ ᠠᠬᠢᠭᠤᠯᠬᠤ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠪᠣᠬᠢᠷᠳᠤᠯ ᠦᠭᠡᠢ | ᠣᠶᠤᠨᠲᠤ ᠭᠡᠷ ᠤᠨ ᠴᠠᠬᠢᠯᠭᠠᠨ ᠬᠡᠷᠡᠭᠰᠡᠯ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠪᠥᠭᠡᠮ ᠢᠶᠠᠷ | ᠬᠤᠳᠠᠯᠳᠤᠬᠤ᠂ ᠵᠢᠵᠢᠭᠯᠡᠨ ᠬᠤᠳᠠᠯᠳᠤᠬᠤ᠂ ᠬᠤᠨᠤᠭ ᠪᠠᠭᠤᠴᠠ ᠬᠤᠭᠤᠯᠠ ᠤᠮᠳᠠ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ ᠬᠡᠷᠡᠭᠯᠡᠭᠡᠨ ᠤ ᠬᠡᠪ ᠤᠨ | ᠪᠠᠶᠢᠳᠠᠯ ᠤᠨ ᠰᠡᠷᠭᠦᠭᠡᠯᠲᠡ ᠶᠢ ᠲᠦᠯᠬᠢᠨ ᠠᠬᠢᠭᠤᠯᠤᠨ᠎ᠠ᠃ ᠬᠢᠵᠢᠭ ᠤᠨ ᠳᠠᠷᠠᠭᠠᠬᠢ ᠬᠡᠷᠡᠭᠯᠡᠭᠡ ᠨᠥᠬᠦᠪᠦᠷᠢᠯᠡᠬᠦ ︽ᠰᠢᠨ᠎ᠡ ᠲᠤᠬᠢᠶᠠᠯ︾ ᠢ ᠨᠠᠷᠢᠯᠢᠭ ᠣᠨᠣᠴᠠᠲᠠᠢ ᠪᠠᠷ | ᠡᠵᠡᠮᠳᠡᠵᠦ᠂ ᠡᠷᠡᠭᠦᠯᠵᠢᠯ ᠤᠨ ᠬᠡᠷᠡᠭᠯᠡᠭᠡ᠂ ᠨᠠᠰᠤᠵᠢᠯ ᠤᠨ ᠠᠰᠠᠷᠠᠮᠵᠢ ᠶᠢᠨ ᠬᠡᠷᠡᠭᠯᠡᠭᠡ᠂ ᠠᠮᠠᠷᠠᠯᠲᠠ ᠶᠢᠨ ᠡᠳᠦᠷ ᠤᠨ ᠬᠡᠷᠡᠭᠯᠡᠭᠡ ᠵᠡᠷᠭᠡ ᠬᠡᠷᠡᠭᠯᠡᠭᠡᠨ ᠤ ᠬᠠᠯᠠᠮᠰᠢᠯ ᠢ | ᠢᠳᠡᠪᠬᠢᠲᠡᠢ ᠪᠣᠶᠢᠵᠢᠭᠤᠯᠵᠤ᠂ ᠬᠡᠷᠡᠭᠯᠡᠭᠡ ᠶᠢᠨ ᠲᠡᠰ ᠲᠡᠪᠰᠢᠯᠳᠠ ᠶᠢ ᠲᠦᠷᠭᠡᠳᠭᠡᠵᠦ ᠲᠦᠯᠬᠢᠨ ᠠᠬᠢᠭᠤᠯᠤᠨ᠎ᠠ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ︽ᠬᠤᠶᠠᠷ ᠭᠤᠶᠢᠪᠢᠰᠢ ᠦᠭᠡᠢ︾ ᠶᠢ ᠦᠨᠡᠨᠬᠦ ᠨᠠᠶᠢᠳᠠᠪᠤᠷᠢᠵᠢᠭᠤᠯᠵᠤ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠲᠠᠭᠤᠨ ᠡᠷᠡᠭᠦᠯ ᠢᠶᠠᠷ ᠬᠦᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ | ᠬᠡᠷᠡᠭᠵᠢᠭᠦᠯᠵᠦ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ᠶᠢ ᠬᠡᠷᠡᠭᠵᠢᠭᠦᠯᠦᠨ᠂ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠷᠨᠢᠩᠭᠦᠢ ᠬᠦᠭᠵᠢᠯᠲᠡ ᠶᠢ ᠬᠠᠤᠯᠢ ᠶᠣᠰᠣᠭᠠᠷ ᠬᠠᠮᠠᠭᠠᠯᠠᠵᠤ᠂ ᠨᠠᠩ ᠰᠠᠶᠢᠲᠤᠷ ᠳᠡᠮᠵᠢᠨ᠎ᠡ᠃ ᠵᠠᠰᠠᠭ ᠤᠨ | ᠣᠷᠳᠣᠨ ᠮᠦᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠠᠵᠢᠯ ᠢ ᠨᠠᠷᠢᠯᠢᠭ ᠣᠨᠣᠴᠠᠲᠠᠢ ᠥᠷᠨᠢᠭᠦᠯᠵᠦ᠂ ᠵᠠᠰᠠᠭ ᠤᠨ ᠣᠷᠳᠣᠨ ᠤ ᠴᠢᠨᠠᠷᠲᠠᠢ ᠪᠡᠯᠡ | ᠬᠤᠷᠠᠮᠳᠤᠭᠤᠯᠭ᠎ᠠ ᠶᠢᠨ ᠳᠠᠭᠠᠭᠠᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ | ᠦᠢᠯᠡᠴᠢᠯᠡᠭᠡ ᠶᠢ ᠰᠠᠶᠢᠳᠤᠷ ᠬᠢᠵᠦ᠂ ᠰᠠᠭᠤᠷᠢ ᠮᠥᠩᠭᠦᠨ ᠤ ᠪᠡᠯᠡ ᠣᠷᠣᠭᠤᠯᠤᠯᠲᠠ᠂ ᠳᠠᠭᠠᠭᠠᠯᠲᠠ ᠶᠢᠨ ᠵᠢᠭᠡᠯᠡᠯᠭᠡ ᠶᠢᠨ ᠬᠡᠪᠴᠢᠶ᠎ᠡ ᠶᠢ 30 ᠳ᠋ᠦᠩᠰᠢᠭᠤᠷ | ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ᠂ ᠦᠢᠯᠡᠳᠬᠦ | ᠦᠢᠯᠡᠰ ᠤᠨ ᠤᠷᠲᠤᠪᠲᠤᠷ ᠪᠠ ᠤᠷᠲᠤ ᠬᠤᠭᠤᠴᠠᠭᠠᠨ ᠤ ᠵᠢᠭᠡᠯᠡᠯᠭᠡ ᠶᠢ ᠲᠤᠰ ᠲᠤᠰ 10%᠂ 12% ᠪᠠ 13% ᠠᠴᠠ ᠳᠡᠭᠡᠭᠰᠢ ᠨᠡᠮᠡᠭᠳᠡᠭᠦᠯᠦᠨ᠎ᠡ᠃ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠵᠠᠰᠠᠭ ᠤᠨ ᠣᠷᠳᠣᠨ ᠤ ᠠᠵᠢᠯᠲᠠᠨ ᠤ ︽ᠵᠢᠷᠭᠤᠭ᠎ᠠ ᠶᠢ ᠥᠯᠥ | ᠵᠥᠪᠰᠢᠶᠡᠷᠡᠬᠦ᠂ ᠵᠢᠷᠭᠤᠭ᠎ᠠ ᠶᠢ ᠡᠷᠬᠡᠪᠰᠢ ᠬᠡᠷᠡᠭᠵᠢᠭᠦᠯᠬᠦ︾ ᠦᠢᠯᠡᠴᠢᠯᠡᠭᠡᠨ ᠤ ᠳᠦᠷᠢᠮ ᠢ ᠴᠢᠩᠭ᠎ᠠ ᠬᠡᠷᠡᠭᠵᠢᠭᠦᠯᠵᠦ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠢ | ᠬᠠᠪᠰᠤᠷᠤᠨ ᠬᠦᠴᠢᠷ ᠢ ᠨᠢ ᠰᠢᠢᠳᠪᠦᠷᠢᠯᠡᠵᠦ᠂ ᠪᠣᠶ ᠪᠦᠬᠦᠢ ᠪᠡᠯᠡ ᠤᠷᠤᠭᠤᠯᠤᠭᠴᠢ ᠶᠢ ᠲᠦᠩᠯᠢᠶᠣᠣ ᠳᠤ ᠬᠠᠶᠢᠷᠠᠲᠠᠢ ᠪᠣᠯᠭᠠᠵᠤ᠂ ᠲᠦᠩᠯᠢᠶᠣᠣ ᠠᠰᠢᠭ | ᠬᠦᠷᠲᠡᠭᠡᠨ᠎ᠡ᠃ | ︵ᠬᠤᠶᠠᠷ︶ ᠠᠵᠤ ᠦᠢᠯᠡᠰ ᠲᠤ ᠬᠦᠴᠦ ᠲᠠᠯᠪᠢᠨ᠂ ᠠᠵᠤ ᠦᠢᠯᠡᠳᠪᠦᠷᠢ ᠶᠢᠨ ᠰᠢᠢᠳᠪᠦᠷᠢᠲᠦ ᠪᠠᠶᠢᠯᠳᠤᠭᠠᠨ ᠬᠢᠵᠦ᠂ ᠣᠨᠴᠠᠯᠢᠭ ᠲᠠᠢ ᠳᠠᠪᠠᠭᠤᠯᠢᠭ | ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ ︽ᠨᠢᠭᠡ ᠲᠦᠪ ᠭᠤᠷᠪᠠᠨ ᠭᠤᠤᠯᠳᠠᠯᠭ᠎ᠠ︾ ᠶᠢ ᠲᠣᠪᠤᠶᠢᠯᠭᠠᠨ᠂ ᠪᠣᠳᠠᠲᠤ ᠴᠣᠭᠴᠠ ᠶᠢᠨ | ᠠᠵᠤ ᠠᠬᠤᠢ ᠳᠤ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠵᠠᠭᠤᠨ ᠳ᠋ᠦᠩᠰᠢᠭᠤᠷ ᠤᠨ ᠠᠵᠤ ᠦᠢᠯᠡᠰ᠂ ᠮᠢᠩᠭᠠᠨ ᠳ᠋ᠦᠩᠰᠢᠭᠤᠷ ᠤᠨ ᠬᠦᠷᠢᠶᠡᠯᠡᠩ ᠲᠣᠭᠤᠷᠢᠭ ᠢ | ᠪᠣᠶᠢᠵᠢᠭᠤᠯᠤᠨ᠂ ᠣᠨᠴᠠᠯᠢᠭᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠢ ᠪᠠᠷ ᠪᠣᠶ | ᠪᠣᠯᠭᠠᠨ᠎ᠠ᠃ | ᠮᠠᠯ ᠲᠠᠷᠢᠶᠠᠯᠠᠩ ᠤᠨ ᠠᠵᠤ ᠠᠬᠤᠢ ᠶᠢᠨ ᠰᠢᠨ᠎ᠡ ᠶᠢ ᠡᠭᠦᠳᠦᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠤᠯᠤᠰ ᠤᠨ ᠰᠢᠨ᠎ᠡ ᠨᠢᠭᠡ | ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠰᠠᠶᠢᠨ ᠡᠭᠦᠯᠳᠡᠷ᠂ ᠰᠠᠶᠢᠨ ᠲᠠᠷᠢᠶᠠᠨ ᠭᠠᠵᠠᠷ᠂ ᠰᠠᠶᠢᠨ ᠠᠷᠭ᠎ᠠ᠂ ᠰᠠᠶᠢᠨ ᠲᠣᠬᠢᠶᠠᠯ᠂ ᠰᠠᠶᠢᠨ ᠳᠦᠷᠢᠮ ᠢ ᠠᠭᠤᠰᠤᠯᠴᠠᠭᠤᠯᠤᠨ ᠢᠵᠢ | ᠪᠦᠷᠢᠳᠦᠭᠦᠯᠬᠦ ᠶᠢ ᠠᠬᠢᠭᠤᠯᠵᠤ᠂ 55 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ 570 ᠲᠦᠮᠡᠨ ᠮᠦ | ᠲᠡᠵᠢᠭᠡᠯ ᠪᠣᠷᠳᠣᠭᠠᠨ ᠤ ᠰᠠᠭᠤᠷᠢᠨ ᠢ ᠪᠦᠲᠦᠭᠡᠨ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 180 ᠳ᠋ᠦᠩᠰᠢᠭᠤᠷ ᠵᠢᠩ ᠠᠴᠠ ᠳᠡᠭᠡᠭᠰᠢ ᠲᠣᠭᠲᠠᠪᠤᠷᠢᠵᠢᠭᠤᠯᠤᠨ᠂ | ᠠᠯᠠᠰᠢᠨ ᠤ ᠭᠠᠷᠭᠠᠯᠲᠠ ᠶᠢ 900 ᠲᠦᠮᠨ ᠬᠦᠷᠭᠡᠬᠦ ᠶᠢ ᠦᠨᠡᠨᠬᠦ ᠪᠠᠲᠤᠯᠠᠵᠤ᠂ ︽ᠳᠤᠮᠳᠠᠳᠤ ᠶᠢᠨ ᠠᠶᠠᠭ᠎ᠠ︾ ᠳᠤ ᠨᠠᠩ ᠣᠯᠠᠨ ︽ᠲᠦᠩᠯᠢᠶᠣᠣ ᠶᠢᠨ ᠠᠮᠤ | ᠪᠤᠳᠠᠭ᠎ᠠ︾ ᠠᠶᠠᠭᠠᠯᠠᠬᠤ ᠶᠢ ᠪᠠᠲᠤᠯᠠᠨ᠎ᠠ᠃ ᠪᠣᠬᠢᠷᠳᠤᠯ ᠦᠭᠡᠢ ᠣᠨᠴᠠᠯᠢᠭᠲᠤ᠂ ᠤᠰᠤ ᠠᠷᠪᠢᠯᠠᠬᠤ ᠥᠨᠳᠥᠷ ᠪᠦᠲᠦᠮᠵᠢᠲᠡᠶ᠂ ᠭᠠᠮᠰᠢᠭ ᠠᠴᠠ ᠰᠡᠷᠭᠡᠶᠢᠯᠡᠬᠦ ᠭᠠᠮᠰᠢᠭ | ᠠᠴᠠ ᠵᠠᠶᠢᠯᠠᠬᠤ ᠬᠡᠯᠪᠡᠷᠢ ᠶᠢᠨ ᠮᠠᠯ ᠲᠠᠷᠢᠶᠠᠯᠠᠩ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠡᠷᠳᠡᠨᠢ ᠰᠢᠰᠢ᠂ ᠠᠯᠠᠰᠢᠨ ᠦᠬᠡᠷ᠂ ᠠᠯᠠᠰᠢᠨ ᠬᠤᠨᠢ ᠢᠮᠠᠭ᠎ᠠ᠂ | ᠰᠠᠭᠠᠯᠢ ᠶᠢᠨ ᠦᠢᠯᠡᠰ᠂ ᠭᠠᠭ᠋ᠠᠢ᠂ ᠬᠠᠳᠠᠭᠠᠭᠰᠠᠨ ᠤᠯᠠᠭᠠᠨ ᠯᠠᠵᠤᠤ᠂ ᠰᠠᠭᠠᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠬᠥᠭᠵᠢᠯᠲᠡ ᠶᠢ ᠬᠦᠴᠦᠯᠡᠨ ᠠᠬᠢᠭᠤᠯᠵᠤ | ᠂ ᠨᠢᠭᠡ ᠪᠦᠯᠦᠭ ᠬᠤᠲᠠ ᠶᠢᠨ ᠲᠠᠰ ᠤᠨ ᠣᠨᠴᠠᠯᠢᠭᠲᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠣᠷᠣᠨ ᠢ ᠪᠣᠶ ᠪᠣᠯᠭᠠᠵᠤ᠂ | ᠤᠯᠤᠰ ᠤᠨ ᠳᠠᠪᠠᠭᠤᠯᠢᠭ ᠣᠨᠴᠠᠯᠢᠭᠲᠤ ᠡᠷᠳᠡᠨᠢ ᠰᠢᠰᠢ ᠶᠢᠨ ᠠᠵᠤ ᠦᠢᠯᠡᠰ ᠤᠨ ᠰᠦᠷᠦᠭᠵᠢᠯ ᠢ ᠴᠢᠷᠮᠠᠶᠢᠨ ᠪᠣᠶ ᠪᠣᠯᠭᠠᠨ᠎ᠠ᠃ ᠮᠠᠯ ᠲᠠᠷᠢᠶᠠᠯᠠᠩ ᠤᠨ ᠠᠵᠤ | ᠠᠬᠤᠢ ᠶᠢᠨ ᠬᠡᠪᠴᠢᠶᠡᠵᠢᠯᠲᠡ᠂ ᠠᠵᠤ ᠦᠶᠢᠯᠡᠰᠵᠢᠯᠲᠡ᠂ ᠱᠤᠰᠢᠭᠠᠵᠢᠯᠲᠠ ᠶᠢ ᠲᠦᠷᠭᠡᠳᠬᠡᠨ ᠠᠬᠢᠭᠤᠯᠵᠤ᠂ ︽ᠠᠮᠤ ᠪᠤᠳᠠᠭ᠎ᠠ ᠶᠢᠨ ᠰᠢᠨ᠎ᠡ ᠦᠢᠯᠡᠳᠪᠦᠷᠢᠯᠡᠭᠴᠢ︾ | ᠶᠢᠨ ᠡᠩᠨᠡᠭᠡ ᠶᠢ ᠪᠤᠵᠠᠭᠠᠶᠢᠷᠠᠭᠤᠯᠤᠨ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ᠂ ᠠᠵᠤ ᠦᠶᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠴᠢᠨᠠᠷ | ᠰᠠᠶᠢᠲᠠᠢ ᠪᠣᠶᠢᠵᠢᠭᠤᠯᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠭᠡᠳᠬᠡᠨ᠂ ᠣᠶᠤᠨᠴᠢ ᠮᠠᠯ ᠲᠠᠷᠢᠶᠠᠯᠠᠩ ᠤᠨ ᠠᠵᠤ ᠠᠬᠤᠢ ᠶᠢ ᠬᠥᠭᠵᠢᠭᠦᠯᠵᠦ | ᠂ ᠤᠳᠤᠬᠢᠴᠢᠯᠠᠭᠰᠠᠨ ᠮᠠᠯ ᠲᠠᠷᠢᠶᠠᠯᠠᠩ ᠤᠨ ᠠᠵᠤ ᠠᠬᠤᠢ ᠶᠢᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠤᠨ᠎ᠠ᠃ | ᠦᠢᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ᠎ᠡ᠃ ︽ᠠᠵᠤ ᠦᠢᠯᠡᠳᠪᠦᠷᠢ ᠶᠢ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ | ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ︽1 ᠵᠢᠷᠤᠭ ᠤᠨ ᠵᠢᠭᠰᠠᠯ︾ ︽N ᠨᠠᠷᠢᠨ ᠲᠠᠩᠰᠠ︾ ᠶᠢ ᠪᠣᠳᠠᠲᠠᠶᠢᠵᠢᠭᠤᠯᠵᠤ᠂ ᠦᠶᠯᠡᠳᠬᠦ ᠦᠢᠯᠡᠰ ᠤᠨ | ᠲᠥᠷᠥᠯ ᠵᠦᠢᠯ ᠢ 132 ᠡᠬᠢᠯᠡᠭᠦᠯᠦᠨ ᠰᠡᠷᠭᠦᠭᠡᠵᠦ᠂ 60 ᠠᠴᠠ ᠳᠡᠭᠡᠭᠰᠢ ᠶᠢ ᠨᠢ ᠠᠰᠢᠭᠯᠠᠯᠲᠠ ᠳᠤ ᠣᠷᠣᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠢ 30 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠣᠷᠣᠰᠢᠨ ᠲᠣᠭᠲᠠᠨᠢᠬᠤ ᠴᠢᠳᠠᠪᠤᠷᠢ ᠬᠥᠭᠵᠢᠯᠲᠡ ᠶᠢᠨ ᠬᠦᠴᠦᠨ ᠢ | ᠨᠡᠮᠡᠭᠳᠡᠭᠦᠯᠬᠦ ᠪᠠᠷ ᠴᠢᠭᠯᠡᠯ ᠪᠣᠯᠭᠠᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠪᠣᠬᠢᠷᠳᠤᠯ ᠦᠭᠡᠢ ᠮᠠᠯ ᠲᠠᠷᠢᠶᠠᠯᠠᠩ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠬᠥᠩᠭᠡᠨ ᠴᠠᠭᠠᠨ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ᠂ ᠡᠷᠳᠡᠨᠢ ᠰᠢᠰᠢ ᠶᠢᠨ ᠠᠮᠢᠳᠤ ᠪᠣᠳᠠᠰ ᠤᠨ | ᠠᠵᠤ ᠦᠢᠯᠡᠰ ᠢ ᠳᠤᠮᠳᠠᠳᠤ ᠳᠡᠭᠡᠳᠦ ᠲᠠᠰ ᠳᠠᠰᠢ ᠤᠷᠲᠤᠳᠬᠠᠬᠤ ᠶᠢ ᠠᠬᠢᠭᠤᠯᠵᠤ᠂ ᠴᠠᠬᠢᠭᠤᠷ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ᠂ | ᠤᠳᠤᠬᠢᠴᠢᠯᠠᠭᠰᠠᠨ ᠨᠡᠭᠦᠷᠡᠰᠦ ᠶᠢᠨ ᠬᠢᠮᠢ ᠶᠢᠨ ᠠᠵᠤ ᠦᠢᠯᠡᠳᠪᠦᠷᠢ᠂ ᠤᠳᠤᠬᠢᠴᠢᠯᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ | ᠦᠢᠯᠡᠰ ᠤᠨ ᠰᠢᠪᠲᠤᠯᠤᠯᠲᠠ ᠶᠢ ᠲᠦᠷᠭᠡᠳᠬᠡᠨ᠎ᠡ᠃ ᠪᠦᠯᠦᠭᠵᠢᠬᠦ ᠬᠡᠪᠴᠢᠶᠡᠵᠢᠬᠦ ᠴᠢᠭᠯᠡᠯ ᠢᠶᠠᠷ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ | ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠶᠢ ᠪᠠᠷᠢᠮᠲᠠᠯᠠᠵᠤ᠂ ᠰᠠᠯᠬᠢ ᠭᠡᠷᠡᠯ ᠤᠨ ᠡᠨᠧᠷᠬᠢ ᠶᠢ ᠤᠰᠤᠳᠥ᠋ᠷᠥᠭᠴᠢ ᠰᠢᠪᠲᠤᠷ ᠪᠤᠯᠭᠠᠨ ᠨᠦᠬᠡᠴᠡᠯᠡᠬᠦ ᠶᠢ ᠨᠢᠭᠡ | ᠴᠤᠭᠴᠠᠵᠢᠭᠤᠯᠤᠭᠰᠠᠨ ᠨᠡᠭᠦᠷᠡᠰᠦᠳᠥ᠋ᠷᠦᠭᠴᠢ ᠶᠢᠨ ᠳᠠᠪᠬᠤᠷ ᠢᠰᠦᠯ ᠦᠭᠡᠢ ᠠᠵᠤ ᠦᠢᠯᠡᠰ ᠤᠨ ᠬᠦᠷᠢᠶᠡᠯᠡᠩ᠂ ᠺᠠᠯᠼ ᠲᠢᠲ᠋ᠠᠨ ᠠᠭᠤᠷᠬᠠᠢ ᠶᠢᠨ ᠨᠢᠮᠭᠡᠨ | ᠪᠦᠷᠬᠦᠭᠦᠯᠲᠦ ᠨᠠᠷᠠᠨ ᠤ ᠡᠨᠧᠷᠬᠢ ᠶᠢᠨ ᠭᠡᠷᠡᠯ ᠴᠡᠨᠡᠭ ᠤᠨ ᠲᠤᠨᠤᠭᠯᠠᠯ ᠤᠨ ᠠᠵᠤ ᠦᠢᠯᠡᠰ ᠤᠨ ᠬᠦᠷᠢᠶᠡᠯᠡᠩ ᠢ ᠲᠦᠷᠭᠡᠪᠴᠢᠯᠡᠨ ᠪᠠᠶᠢᠭᠤᠯᠵᠤ᠂ ᠰᠠᠯᠬᠢᠨ ᠬᠦᠴᠦᠨ ᠤ | ᠴᠠᠬᠢᠯᠭᠠᠨ ᠲᠣᠨᠤᠭ ᠦᠶᠯᠡᠳᠬᠦ ᠠᠵᠤ ᠦᠢᠯᠡᠰ ᠤᠨ ᠵᠢᠯ ᠳᠤ 2000 ᠰᠠᠭᠤᠷᠢ ᠰᠠᠯᠬᠢᠨ ᠬᠦᠴᠦᠨ ᠤ ᠮᠠᠰᠢᠨ ᠦᠢᠯᠡᠳᠪᠦᠷᠢᠯᠡᠬᠦ ᠴᠢᠳᠠᠪᠤᠷᠢ ᠶᠢ ᠪᠣᠶ ᠪᠣᠯᠭᠠᠬᠤ ᠶᠢ | ᠠᠬᠢᠭᠤᠯᠵᠤ᠂ ᠰᠢᠨ᠎ᠡ ᠡᠨᠧᠷᠭᠢ ᠶᠢᠨ ᠬᠤᠰᠢᠭᠤᠷᠠᠯ ᠮᠡᠷᠭᠡᠵᠢᠯ ᠢ ᠬᠤᠪᠢᠷᠠᠭᠤᠯᠬᠤ᠂ ᠬᠡᠷᠡᠭᠯᠡᠭᠡᠨ ᠤ ᠲᠠᠯᠠᠪᠤᠷ ᠢ ᠥᠷᠭᠡᠳᠬᠡᠬᠦ ᠶᠢ ᠠᠬᠢᠭᠤᠯᠤᠨ᠂ ᠰᠠᠯᠬᠢᠨ ᠭᠡᠷᠡᠯ | ᠤᠰᠤᠲᠥ᠋ᠷᠥᠭᠴᠢ ᠶᠢ ᠬᠠᠳᠠᠭᠠᠯᠠᠬᠤ ᠠᠵᠤ ᠦᠢᠯᠡᠰ ᠤᠨ ᠪᠦᠷᠢᠨ ᠬᠡᠯᠬᠢᠶ᠎ᠡ ᠶᠢᠨ ᠲᠣᠨᠤᠭ ᠲᠥᠬᠦᠭᠡᠷᠦᠮᠵᠢ ᠦᠶᠯᠡᠳᠬᠦ ᠰᠠᠭᠤᠷᠢᠨ ᠢ ᠪᠥᠬᠦ ᠬᠦᠴᠦᠨ ᠢᠶᠠᠷ ᠢᠶᠠᠨ | ᠪᠠᠶᠢᠭᠤᠯᠤᠨ᠎ᠠ᠃ ᠲᠣᠮᠣ ᠦᠭᠭᠦᠭᠳᠡᠯ ᠤᠨ ᠪᠦᠯᠦᠭᠯᠡᠯ ᠢ ᠵᠣᠬᠢᠶᠠᠨ ᠪᠠᠶᠢᠭᠤᠯᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ | ᠲᠣᠭᠠᠴᠢᠯᠠᠯᠲᠠ ᠶᠢᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢ ᠥᠷᠨᠢᠭᠦᠯᠦᠨ᠎ᠡ᠃ ᠣᠶᠤᠨᠴᠢᠯᠠᠭᠰᠠᠨ ᠪᠣᠬᠢᠷᠳᠤᠯ ᠦᠭᠡᠢ ᠪᠣᠯᠭᠠᠬᠤ ᠪᠠᠷ ᠴᠢᠭᠯᠡᠯ ᠪᠣᠯᠭᠠᠬᠤ ᠶᠢ | ᠪᠠᠷᠢᠮᠲᠠᠯᠠᠵᠤ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠬᠦ ᠶᠢ ᠬᠥᠲᠥᠯᠥᠨ ᠵᠢᠯᠤᠭᠤᠳᠴᠤ ᠳᠡᠮᠵᠢᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ | ᠳᠦᠷᠪᠡᠨ ᠵᠦᠢᠯ ᠤᠨ ᠠᠵᠢᠯᠯᠠᠭ᠎ᠠ︾ ᠶᠢ ᠪᠣᠶᠢᠵᠢᠭᠤᠯᠬᠤ᠂ ᠮᠡᠷᠭᠡᠵᠢᠯ ᠢ ᠥᠭᠡᠷᠡᠴᠢᠯᠡᠨ ᠲᠡᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠵᠤ᠂ ᠠᠵᠤ | ᠠᠬᠤᠶᠢᠯᠠᠯ ᠤᠨ ᠲᠤᠭᠠᠴᠢᠯᠠᠭᠰᠠᠨ ᠤᠶᠤᠨᠴᠢᠯᠠᠭᠰᠠᠨ ᠥᠭᠡᠷᠡᠴᠢᠯᠡᠯᠲᠡ᠂ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ᠂ ᠡᠨᠧᠷᠭᠢ ᠠᠷᠪᠢᠯᠠᠬᠤ ᠤᠰᠤ ᠠᠷᠪᠢᠯᠠᠬᠤ | ᠥᠭᠡᠷᠡᠴᠢᠯᠡᠯᠲᠡ ᠶᠢᠨ 68 ᠲᠦᠷᠦᠯ ᠵᠦᠢᠯ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠲᠤᠭᠠᠴᠢᠯᠠᠭᠰᠠᠨ ᠦᠢᠯᠡᠳᠪᠦᠷᠢ ᠶᠢᠨ ᠲᠠᠰᠤᠭ᠂ ᠣᠶᠤᠨᠴᠢ ᠦᠢᠯᠡᠳᠪᠦᠷᠢ᠂ | ᠣᠶᠤᠨᠲᠤ ᠠᠭᠤᠷᠬᠠᠢ᠂ ᠪᠣᠬᠢᠷᠳᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠨᠢᠭᠡᠴᠡ ᠶᠢ ᠲᠦᠷᠭᠡᠨ ᠪᠠᠶᠢᠭᠤᠯᠬᠤ ᠶᠢ ᠳᠡᠮᠵᠢᠨ᠎ᠡ᠃ ᠲᠥᠪᠯᠡᠷᠡᠭᠦᠯᠵᠦ | ᠡᠷᠴᠢᠮᠵᠢᠭᠦᠯᠬᠦ ᠪᠠᠷ ᠴᠢᠭᠯᠡᠯ ᠪᠣᠯᠭᠠᠬᠤ ᠶᠢ ᠪᠠᠷᠢᠮᠲᠠᠯᠠᠨ ᠬᠦᠷᠢᠶᠡᠯᠡᠩ ᠲᠣᠭᠤᠷᠢᠭ ᠤᠨ ᠰᠠᠭᠤᠷᠢ ᠶᠢ ᠪᠠᠲᠤᠳᠬᠠᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ | ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠲᠦᠬᠦᠭᠡᠷᠥᠮᠵᠢ ᠶᠢᠨ ᠳᠤᠲᠠᠭᠤᠳᠠᠯ ᠢ ᠨᠥᠬᠦᠪᠦᠷᠢᠯᠡᠬᠦ 20 ᠲᠥᠷᠥᠯ ᠵᠦᠢᠯ ᠢ ᠬᠡᠷᠡᠭᠵᠢᠭᠦᠯᠵᠦ᠂ 31 ᠲᠦᠮᠡᠨ | ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠡᠷᠭᠢᠯᠳᠡᠲᠥ ᠥᠭᠡᠷᠡᠴᠢᠯᠡᠯᠲᠡ ᠶᠢ ᠡᠬᠢᠯᠡᠭᠦᠯᠵᠦ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ︽ᠪᠠᠷᠢᠮᠵᠢᠶᠠᠲᠤ ᠭᠠᠵᠠᠷ︾ ᠢ | ᠰᠢᠯᠵᠢᠭᠦᠯᠦᠨ ᠬᠤᠳᠠᠯᠳᠤᠬᠤ ᠥᠭᠡᠷᠡᠴᠢᠯᠡᠯᠲᠡ ᠶᠢ ᠠᠬᠢᠭᠤᠯᠤᠨ᠂ ᠬᠦᠷᠢᠶᠡᠯᠡᠩ ᠲᠣᠭᠤᠷᠢᠭ ᠤᠨ ᠡᠵᠡᠮᠳᠡᠬᠦ ᠴᠢᠨᠠᠷᠲᠠᠢ ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠵᠤ | ᠂ ᠬᠦᠷᠢᠶᠡᠯᠡᠩ ᠲᠣᠭᠤᠷᠢᠭ ᠤᠨ ᠳᠠᠭᠠᠭᠠᠴᠠ ᠪᠠ ᠭᠠᠷᠭᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ | ᠦᠢᠯᠡᠴᠢᠯᠡᠭᠡᠨ ᠤ ᠦᠢᠯᠡᠰ ᠤᠨ ᠭᠦᠢᠴᠡᠳ ᠬᠥᠭᠵᠢᠯᠲᠡ ᠶᠢ ᠠᠬᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠦᠢᠯᠡᠰ ᠤᠨ ᠬᠦᠭᠵᠢᠭᠦᠯᠦᠯᠲᠡ ᠶᠢᠨ ᠤᠷᠤᠨ | ᠵᠠᠢ ᠶᠢᠨ ᠪᠠᠶᠢᠷᠢᠰᠢᠯ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠰᠠᠨᠠᠯ ᠢ ᠨᠡᠶᠢᠲᠡᠯᠡᠵᠦ᠂ ᠳᠤᠲᠠᠭᠤᠳᠠᠯ ᠢ ᠨᠦᠬᠦᠪᠦᠷᠢᠯᠡᠨ᠂ ᠬᠢᠯᠬᠢᠶ᠎ᠡ ᠶᠢ ᠬᠦᠴᠦᠷᠬᠡᠭᠵᠢᠭᠦᠯᠬᠦ ᠨᠢᠭᠡ ᠪᠦᠯᠦᠭ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠢ | ᠬᠡᠷᠡᠭᠵᠢᠭᠦᠯᠵᠦ᠂ ᠬᠤᠷᠴᠢᠨ ᠲᠣᠭᠤᠷᠢᠭ᠂ ᠬᠤᠤᠯᠢᠩᠭᠤᠤᠯ ᠬᠤᠲᠠ᠂ ᠺᠠᠶᠢᠯᠦ ᠰᠢᠶᠠᠨ᠂ ᠨᠠᠢᠮᠠᠨ ᠬᠤᠰᠢᠭᠤᠨ ᠤ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ | ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢ ᠪᠣᠶ ᠪᠣᠯᠭᠠᠵᠤ᠂ ᠤᠯᠤᠰ ᠤᠨ ᠨᠢᠷᠤᠭᠤᠪᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠰᠠᠭᠤᠷᠢᠨ ᠢ ᠪᠦᠲᠦᠭᠡᠨ ᠪᠠᠶᠢᠭᠤᠯᠬᠤ ᠪᠠᠷ ᠮᠡᠳᠡᠭᠦᠯᠦᠨ᠎ᠡ᠃ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ ᠶᠢ | ᠪᠠᠷᠢᠮᠲᠠᠯᠠᠵᠤ᠂ ᠴᠤᠩᠬᠢᠶᠠᠯ ᠤᠨ ᠵᠤᠭᠠᠴᠠᠯ ᠤᠨ ᠣᠷᠣᠨ ᠤ 5A ᠳᠡᠰ ᠢ ᠡᠭᠦᠳᠦᠨ ᠪᠠᠶᠢᠭᠤᠯᠬᠤ᠂ ᠵᠢᠷᠦᠬᠡ ᠪᠤᠯᠤᠨ ᠰᠤᠭᠤ ᠶᠢᠨ ᠪᠤᠯᠠᠭ ᠤᠨ ᠡᠯᠡᠰᠦᠨ ᠴᠦᠯ ᠤᠨ | ᠵᠤᠭᠠᠴᠠᠯ ᠤᠨ ᠣᠷᠣᠨ ᠤ 4A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠰᠢᠶᠣᠣ ᠵᠤᠸᠠᠩ ᠾᠧ ᠰᠣᠶᠣᠯ ᠵᠢᠭᠤᠯᠴᠢᠯᠠᠯ | ᠰᠡᠯᠡᠭᠦᠴᠡᠯ ᠤᠨ ᠵᠡᠭᠡᠯᠢ ᠲᠣᠭᠤᠷᠢᠭ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠡ ᠪᠦᠯᠦᠭ ᠣᠶᠢᠷ᠎ᠠ | ᠲᠡᠭᠦᠷᠭᠡ ᠶᠢᠨ ᠰᠡᠯᠡᠭᠦᠴᠡᠯ᠂ ᠬᠥᠳᠡᠭᠡ ᠲᠣᠰᠬᠤᠨ ᠤ ᠠᠷᠠᠳ ᠤᠨ ᠪᠠᠭᠤᠴᠠ᠂ ᠠᠮᠢ ᠠᠬᠤᠢ ᠶᠢᠨ ᠡᠷᠡᠭᠦᠯᠵᠢᠯ ᠰᠤᠪᠢᠯᠠᠯᠲᠠ᠂ ᠠᠮᠠᠷᠠᠯᠲᠠ ᠦᠩᠭᠡᠷᠡᠭᠦᠯᠬᠦ ᠬᠡᠭᠡᠷ᠎ᠡ ᠶᠢᠨ | ᠪᠠᠭᠤᠴᠠ ᠶᠢᠨ ᠰᠣᠳᠣᠨ ᠦᠵᠡᠮᠵᠢ ᠶᠢᠨ ᠣᠷᠣᠨ ᠢ ᠪᠣᠶ ᠪᠣᠯᠭᠠᠵᠤ᠂ ᠨᠢᠭᠡ ᠪᠦᠯᠦᠭ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠵᠠᠮ ᠱᠤᠭᠤᠮ ᠢ | ᠪᠣᠶᠢᠵᠢᠭᠤᠯᠤᠨ᠂ ᠨᠢᠭᠡ ᠪᠦᠯᠦᠭ ︽ᠲᠦᠩᠯᠢᠶᠣᠣ ᠶᠢᠨ ᠨᠠᠨᠳᠢᠨ ᠪᠡᠯᠡᠭ︾ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠵᠤᠬᠢᠶᠠᠵᠤ᠂ ︽ᠪᠠᠷᠠᠭᠤᠨ | ᠯᠤᠤᠬ᠎ᠠ ᠶᠢᠨ ᠭᠤᠣᠯ ᠤᠨ ᠪᠣᠯᠪᠠᠰᠤᠨ ᠢ ᠬᠠᠶᠢᠬᠤ᠂ ᠬᠤᠷᠴᠢᠨ ᠤ ᠦᠵᠡᠮᠵᠢᠲᠦ ᠣᠷᠣᠨ ᠢᠶᠠᠷ ᠵᠤᠷᠴᠢᠬᠤ︾ ᠰᠣᠶᠣᠯ ᠤᠨ ᠵᠢᠭᠤᠯᠴᠢᠯᠠᠯ ᠤᠨ ᠱᠤᠰᠢᠭ᠎ᠠ ᠶᠢ ᠭᠠᠷᠭᠠᠨ᠎ᠠ | ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠵᠤ ᠦᠢᠯᠡᠰ ᠤᠨ ᠬᠡᠯᠬᠢᠶᠡᠵᠢᠭᠰᠡᠨ ᠮᠥᠩᠭᠦᠨ ᠭᠦᠢᠯᠭᠡᠭᠡ ᠶᠢ ᠶᠡᠬᠡᠪᠡᠷ | ᠬᠥᠭᠵᠢᠭᠦᠯᠵᠦ᠂ ᠵᠢᠵᠢᠭ ᠪᠢᠴᠢᠯ ᠠᠵᠤ ᠠᠬᠤᠶᠢᠯᠠᠯ᠂ ᠰᠢᠨᠵᠢᠯᠡᠭᠡ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠳᠤᠯ ᠦᠭᠡᠢ ᠬᠥᠭᠵᠢᠯᠲᠡ ᠵᠡᠷᠭᠡ ᠬᠦᠷᠢᠶ᠎ᠡ | ᠴᠠᠷᠠᠭ᠎ᠠ ᠳᠠᠬᠢ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠵᠢᠭᠡᠯᠡᠯᠭᠡ ᠶᠢᠨ ᠦᠯᠡᠳᠡᠪᠦᠷᠢ ᠶᠢ 10% ᠠᠴᠠ ᠳᠡᠭᠡᠭᠰᠢ ᠨᠡᠭᠡᠭᠡᠭᠳᠡᠭᠦᠯᠦᠨ᠎ᠡ᠃ | ᠮᠡᠳᠡᠭᠡ ᠵᠠᠩᠭᠢ ᠶᠢᠨ ᠮᠡᠷᠭᠡᠵᠢᠯ᠂ ᠰᠤᠳᠤᠯᠤᠨ ᠨᠡᠬᠡᠬᠡᠬᠦ ᠵᠢᠷᠤᠵᠤ ᠲᠦᠯᠦᠪᠯᠡᠬᠦ᠂ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡ᠂ ᠡᠯᠧᠺᠲᠷᠣᠨ ᠬᠤᠳᠠᠯᠳᠤᠭᠠᠨ ᠤ | ᠶᠠᠪᠤᠳᠠᠯ᠂ ᠬᠤᠷᠠᠯ ᠦᠵᠡᠰᠬᠦᠯᠡᠩ ᠤᠨ ᠠᠵᠤ ᠠᠬᠤᠢ ᠵᠡᠷᠭᠡ ᠰᠢᠨ᠎ᠡ ᠪᠠᠷ ᠪᠣᠶ ᠪᠣᠯᠤᠭᠰᠠᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠪᠠᠷ ᠪᠣᠶᠢᠵᠢᠭᠤᠯᠤᠨ᠎ᠠ᠃ | ︵ᠭᠤᠷᠪᠠ︶ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠵᠤ᠂ ᠥᠭᠡᠷᠡᠴᠢᠯᠡᠯᠲᠡ ᠪᠠᠷ ᠴᠢᠳᠠᠪᠤᠷᠢ ᠣᠯᠭᠤᠵᠤ᠂ ᠬᠥᠭᠵᠢᠯᠲᠡ ᠶᠢᠨ ᠳᠣᠲᠣᠭᠠᠳᠤ | ᠬᠥᠳᠡᠯᠭᠡᠭᠦ ᠬᠦᠴᠦᠨ ᠤ ᠬᠥᠳᠡᠯᠭᠡᠭᠦᠷ ᠢ ᠬᠥᠭᠵᠢᠭᠡᠨ᠎ᠡ᠃ ᠰᠢᠨ᠎ᠡ ᠶᠢ ᠡᠭᠦᠳᠬᠦ ᠠᠴᠠ ᠬᠦᠳᠡᠯᠭᠡᠬᠦ ᠬᠦᠴᠦᠨ ᠣᠯᠬᠤ᠂ ᠥᠭᠡᠷᠡᠴᠢᠯᠡᠯᠲᠡ ᠠᠴᠠ ᠠᠮᠢᠵᠢᠷᠠᠯ ᠤᠨ | ᠬᠦᠴᠦᠨ ᠣᠯᠬᠤ᠂ ᠨᠡᠭᠡᠭᠡᠯᠲᠡ ᠠᠴᠠ ᠠᠰᠢᠭ ᠣᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ | ᠲᠥᠪᠯᠡᠷᠡᠭᠦᠯᠦᠨ᠎ᠡ᠃ | ᠰᠢᠨ᠎ᠡ ᠶᠢ ᠡᠭᠦᠳᠬᠦ ᠶᠢ ᠨᠡᠩ ᠶᠡᠭᠡ ᠡᠷᠴᠢᠮ ᠢᠶᠠᠷ ᠲᠦᠯᠬᠢᠨ ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ 28 | ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ︽ᠵᠢᠷᠭᠤᠭᠠᠨ ᠵᠦᠢᠯ ᠤᠨ ᠢᠨᠵᠧᠨᠧᠷᠢᠩ︾ ᠢ | ᠬᠡᠷᠡᠭᠵᠢᠭᠦᠯᠦᠨ᠎ᠡ᠃ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠰᠢᠨᠵᠢᠯᠡᠭᠡ ᠮᠡᠷᠭᠡᠵᠢᠯ ᠤᠨ ᠵᠠᠷᠤᠯᠭ᠎ᠠ ᠶᠢ 5000 ᠲᠦᠮᠡᠨ ᠲᠥᠭᠦᠷᠢᠭ ᠲᠣᠬᠢᠷᠠᠭᠤᠯᠵᠤ᠂ | ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ 50% ᠠᠴᠠ ᠳᠡᠭᠡᠭᠰᠢ ᠨᠡᠮᠡᠭᠳᠡᠭᠦᠯᠬᠦ ᠶᠢ ᠳᠠᠶᠢᠴᠢᠯᠠᠨ᠎ᠠ᠃ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ | ᠠᠵᠤ ᠠᠬᠤᠶᠢᠯᠠᠯ ᠤᠨ ᠱᠠᠲᠤᠯᠢᠭ ᠪᠤᠶᠢᠵᠢᠯᠲᠠ ᠶᠢᠨ ᠨᠥᠭᠡᠴᠡ ᠶᠢᠨ ᠬᠥᠮᠥᠷᠭᠡ ᠶᠢ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ︽ᠭᠤᠷᠪᠠ ᠶᠢ ᠲᠡᠭ ᠪᠣᠯᠭᠠᠬᠤ︾ ᠠᠵᠢᠯᠯᠠᠭ᠎ᠠ ᠶᠢ ᠥᠷᠨᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠢ 10 ᠰᠢᠨ᠎ᠡ ᠨᠡᠮᠡᠭᠳᠡᠭᠦᠯᠵᠦ᠂ ᠰᠢᠨᠵᠢᠯᠡᠭᠡ ᠮᠡᠷᠭᠡᠵᠢᠯ ᠤᠨ ᠬᠡᠯᠪᠡᠷᠢᠲᠦ ᠳᠤᠮᠳᠠᠳᠤ ᠵᠢᠵᠢᠭ 80 ᠠᠵᠤ ᠠᠬᠤᠶᠢᠯᠠᠯ ᠢ ᠳᠠᠩᠰᠠ ᠳᠤ ᠤᠷᠤᠭᠤᠯᠤᠨ᠎ᠠ | ᠃ ︽ᠴᠢᠳᠠᠪᠤᠷᠢᠲᠠᠨ ᠤ ᠣᠭᠤᠷᠴᠤᠭ ᠬᠠᠷᠢᠶ᠎ᠠ ᠭᠠᠵᠠᠷ︾ ︽ᠰᠤᠳᠤᠯᠤᠯᠲᠠ ᠶᠢᠨ ᠣᠭᠤᠷᠴᠤᠭ ᠬᠠᠷᠢᠶ᠎ᠠ ᠭᠠᠵᠠᠷ︾ ᠤᠨ ᠵᠠᠭᠪᠤᠷ ᠢ ᠬᠠᠶᠢᠨ ᠰᠦᠪᠡᠭᠴᠢᠯᠡᠵᠦ᠂ | ᠠᠺᠠᠳᠧᠮᠢᠴᠢ ᠶᠢᠨ ᠰᠢᠨ᠎ᠡ ᠶᠢ ᠡᠭᠦᠳᠬᠦ ᠪᠦᠯᠬᠦᠮ ᠢ ᠢᠳᠡᠪᠬᠢᠲᠡᠢ ᠪᠠᠷ ᠣᠷᠣᠭᠤᠯᠵᠤ᠂ ᠳ᠋ᠣᠺᠲ᠋ᠣᠷ ᠤᠨ ᠠᠵᠢᠯ ᠤᠨ ᠥᠷᠲᠡᠭᠡ ᠪᠠᠶᠢᠭᠤᠯᠤᠨ᠂ ᠠᠵᠤ | ᠠᠬᠤᠶᠢᠯᠠᠯ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ ᠲᠦᠩᠯᠢᠶᠣᠣ ᠶᠢᠨ ᠰᠢᠨᠵᠢᠯᠡᠭᠡ ᠮᠡᠷᠭᠡᠵᠢᠯ ᠤᠨ | ᠲᠣᠮᠣ ᠵᠠᠬ᠎ᠠ ᠳᠡᠯᠭᠡᠭᠦᠷ ᠢ ᠪᠠᠶᠢᠭᠤᠯᠤᠨ ᠬᠡᠷᠡᠭᠯᠡᠯᠲᠡ ᠳᠤ ᠤᠷᠤᠭᠤᠯᠤᠨ᠎ᠠ᠃ ᠳᠠᠪᠠᠭᠤᠯᠢᠭ ᠣᠨᠴᠠᠯᠢᠭᠲᠤ ᠠᠵᠤ ᠦᠢᠯᠡᠰ᠂ ︽ᠬᠤᠣᠰ ᠨᠡᠭᠦᠷᠡᠰᠦᠲᠥ᠋ᠷᠥᠭᠴᠢ︾ ᠵᠡᠷᠭᠡ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ 50 ᠵᠦᠢᠯ ᠠᠴᠠ ᠳᠡᠭᠡᠭᠰᠢ ᠰᠢᠨᠵᠢᠯᠡᠭᠡ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠬᠡᠷᠡᠭᠵᠢᠭᠦᠯᠦᠨ᠎ᠡ᠃ | ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠰᠢᠨ᠎ᠡ ᠶᠢ ᠡᠭᠦᠳᠬᠦ ᠬᠡᠯᠬᠢᠶ᠎ᠡ ᠪᠡᠯᠡ | ᠮᠥᠩᠭᠦ ᠶᠢᠨ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ | ᠲᠠᠯᠳᠠ ᠴᠢᠳᠠᠪᠤᠷᠢ ᠶᠢ ᠬᠥᠭᠵᠢᠭᠡᠨ᠎ᠡ᠃ | ᠨᠡᠩ ᠪᠣᠳᠠᠲᠠᠢ ᠠᠷᠭ᠎ᠠ ᠬᠡᠮᠵᠢᠶ᠎ᠡ ᠠᠪᠴᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ︽ᠭᠤᠷᠪᠠᠨ | ᠳᠦᠷᠢᠮ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠤᠯᠠᠨ ᠬᠦᠷᠢᠶ᠎ᠡ᠂ ᠭᠦᠨ | ᠳᠠᠪᠬᠤᠷᠭ᠎ᠠ ᠶᠢᠨ ᠠᠵᠤ ᠠᠬᠤᠢ ᠨᠡᠶᠢᠭᠡᠮ ᠤᠨ ᠪᠠᠶᠢᠭᠤᠯᠤᠯᠲᠠ ᠳᠤ ᠣᠷᠤᠯᠴᠠᠬᠤ ᠶᠢ ᠲᠡᠮᠵᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠡᠵᠡᠩᠨᠡᠯᠲᠡ ᠶᠢᠨ ᠴᠢᠨᠠᠷᠲᠠᠢ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠵᠠᠬ᠎ᠠ ᠳᠡᠯᠭᠡᠭᠦᠷ ᠲᠤ ᠣᠷᠣᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠺᠠᠶᠢᠯᠤ ᠰᠢᠶᠠᠨ ᠤ ᠪᠥᠬᠦ ᠤᠯᠤᠰ ᠤᠨ ᠬᠥᠳᠡᠭᠡ ᠲᠣᠰᠬᠤᠨ ᠤ ᠣᠷᠣᠨ ᠰᠠᠭᠤᠴᠠ ᠶᠢᠨ | ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢ ᠴᠢᠩᠭ᠎ᠠ ᠠᠳᠬᠤᠨ᠎ᠠ᠃ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠲᠤᠮᠳᠠᠳᠤ ᠳᠣᠣᠷ᠎ᠠ | ᠤᠨᠠᠯᠲᠠ ᠲᠠᠢ ᠲᠠᠷᠢᠶᠠᠨ ᠭᠠᠵᠠᠷ ᠢ ᠥᠭᠡᠷᠡᠴᠢᠯᠡᠬᠦ᠂ ᠠᠮᠢ ᠠᠬᠤᠢ ᠶᠢᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠠᠷᠠᠯᠵᠢᠶ᠎ᠠ ᠶᠢ ᠪᠦᠬᠦ ᠬᠤᠳᠠ ᠳᠤ ᠨᠢᠭᠡᠳᠦᠯᠲᠡᠢ | ᠲᠥᠯᠥᠪᠯᠡᠬᠦ ᠶᠢ ᠴᠢᠩᠭᠠᠳᠬᠠᠵᠤ᠂ ᠭᠠᠵᠠᠷ ᠰᠢᠷᠣᠢ ᠶᠢ ᠡᠵᠡᠩᠨᠡᠬᠦ ᠠᠵᠢᠯ ᠢ ᠰᠠᠶᠢᠲᠤᠷ ᠬᠢᠨ᠎ᠡ᠃ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ | ᠲᠣᠭᠲᠠᠴᠠ ᠶᠢᠨ ᠰᠢᠨ᠎ᠡ ᠶᠢ ᠡᠭᠦᠳᠴᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠮᠥᠩᠭᠦ ᠶᠢᠨ ᠦᠢᠯᠡᠳᠦᠯ ᠢ ᠥᠷᠭᠡᠳᠬᠡᠨ᠂ ᠡᠳ᠋ ᠤᠨ ᠵᠠᠰᠠᠭ ᠤᠨ ᠰᠲ᠋ᠣᠺ ᠤᠨ | ᠡᠷᠬᠡ ᠶᠢᠨ ᠪᠡᠯᠡ ᠣᠷᠣᠭᠤᠯᠤᠯᠲᠠ ᠶᠢᠨ ᠲᠤᠷᠰᠢᠯᠲᠠ ᠶᠢᠨ ᠴᠡᠭ ᠢ ᠥᠷᠭᠡᠳᠬᠡᠵᠦ᠂ ᠬᠤᠳᠠᠯᠳᠤᠨ ᠠᠪᠬᠤ ᠦᠢᠯᠡᠴᠢᠯᠡᠭᠡᠨ ᠤ ᠳᠦᠷᠢᠮ᠂ ᠪᠠᠶᠢᠭᠤᠯᠬᠤ ᠪᠠ | ᠡᠷᠭᠢᠯᠡᠬᠦ ᠶᠢ ᠰᠠᠯᠭᠠᠬᠤ ᠵᠠᠭᠪᠤᠷ ᠢ ᠰᠠᠶᠢᠲᠤᠷ ᠬᠡᠷᠡᠭᠯᠡᠨ᠂ PPP᠂ TOT᠂ REITs ᠵᠡᠷᠭᠡ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠠᠷᠭ᠎ᠠ | ᠮᠠᠶ᠋ᠢᠭ ᠢ ᠬᠡᠷᠡᠭᠯᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢ ᠠᠬᠢᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠵᠦ ᠰᠢᠯᠢᠳᠡᠭ ᠢ ᠲᠡᠮᠡᠴᠡᠬᠦ ᠣᠨ ᠤ ᠠᠵᠢᠯᠯᠠᠭ᠎ᠠ ᠶᠢ ᠥᠷᠨᠢᠭᠦᠯᠵᠦ᠂ ᠬᠤᠲᠠ ᠬᠤᠰᠢᠭᠤ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ︽ | ᠲᠠᠪᠤᠨ ᠨᠢᠭᠡᠲᠦᠯ︾ ᠢ ᠲᠦᠯᠬᠢᠨ ᠠᠬᠢᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ 4.0 ᠬᠡᠪᠯᠡᠯ ᠢ | ᠬᠡᠷᠡᠭᠵᠢᠭᠦᠯᠦᠨ᠂ ᠡᠯᠧᠺᠲᠷᠣᠨ ᠦᠨᠡᠮᠯᠡᠯ ᠤᠨ ᠲᠤᠭ᠎ᠠ ᠪᠠᠷᠢᠮᠲᠠ ᠶᠢ ᠲᠥᠪᠯᠡᠷᠡᠭᠦᠯᠦᠨ ᠴᠤᠭᠯᠠᠭᠤᠯᠵᠤ᠂ ᠪᠠᠭᠲᠠᠭᠠᠮᠵᠢᠲᠠᠢ ᠪᠣᠯᠭᠤᠮᠵᠢᠲᠠᠢ ᠬᠢᠨᠠᠨ ᠬᠠᠮᠢᠶᠠᠷᠴᠤ ᠬᠠᠤᠯᠢ | ᠬᠡᠷᠡᠭᠵᠢᠭᠦᠯᠬᠦ ︽ᠨᠢᠭᠡ ᠰᠠᠭᠤᠷᠢ ᠪᠠᠷᠢᠮᠵᠢᠶ᠎ᠠ᠂ ᠭᠤᠷᠪᠠᠨ ᠨᠠᠷᠢᠨ ᠳᠠᠩᠰᠠ︾ ᠶᠢ ᠨᠠᠶᠢᠳᠠᠪᠤᠷᠢᠵᠢᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠳᠤ ᠵᠠᠭᠤᠨ | ᠣᠨᠴᠠ ᠤᠷᠢᠭᠰᠠᠨ ᠬᠢᠨᠠᠯᠲᠠ ᠲᠠᠯᠪᠢᠭᠴᠢ ᠶᠢ ᠰᠣᠩᠭᠤᠨ ᠤᠷᠢᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠥᠬᠦ ᠲᠠᠯ᠎ᠠ ᠳᠤ ᠰᠢᠪᠲᠤᠯᠤᠯᠲᠠ ᠭᠠᠷᠭᠠᠬᠤ᠂ | ᠭᠤᠣᠯᠳᠠᠯᠭ᠎ᠠ ᠲᠠᠢ ᠳᠡᠭᠡᠭᠰᠢᠯᠡᠭᠦᠯᠬᠦ᠂ ᠪᠦᠬᠦᠯᠢ ᠴᠣᠭᠴᠠ ᠪᠠᠷ ᠢᠶᠠᠨ ᠰᠢᠯᠢᠳᠡᠭ ᠪᠣᠯᠬᠤ ᠪᠠᠷ ᠲᠡᠮᠡᠴᠡᠬᠦ ᠶᠢ ᠲᠦᠯᠬᠢᠨ ᠠᠬᠢᠭᠤᠯᠵᠤ᠂ ︽ᠰᠠᠭᠠᠳ ᠦᠭᠡᠢ | ᠰᠢᠢᠳᠪᠦᠷᠢᠯᠡᠬᠦ︾ ᠱᠤᠰᠢᠭ᠎ᠠ ᠶᠢ ᠪᠣᠶ ᠪᠣᠯᠭᠠᠨ᠎ᠠ᠃ | ᠨᠡᠭᠡᠭᠡᠯᠲᠡ ᠶᠢ ᠨᠡᠩ ᠥᠨᠳᠥᠷ ᠲᠦᠪᠰᠢᠨ ᠢᠶᠠᠷ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ | ᠠᠴᠠ ᠪᠠᠨ ᠠᠭᠤᠰᠤᠯᠴᠠᠵᠤ᠂ ᠵᠡᠭᠦᠨ ᠬᠤᠶᠢᠲᠤ ᠶᠢᠨ ᠡᠬᠡ ᠬᠠᠭᠤᠷᠠᠢ ᠪᠠ ᠲᠡᠯᠡᠶ ᠶᠢᠨ ᠰᠢᠨ᠎ᠡ ᠵᠠᠮ ᠤᠨ ᠬᠤᠯᠪᠣᠭ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠂ | ᠲᠦᠩᠯᠢᠶᠣᠣ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ᠂ ᠣᠯᠠᠨ ᠬᠡᠯᠪᠡᠷᠢ ᠶᠢᠨ ᠬᠤᠯᠪᠤᠭᠠᠯᠠᠨ ᠲᠡᠭᠡᠭᠡᠪᠦᠷᠢᠯᠡᠬᠦ ᠬᠢᠯᠢ ᠶᠢᠨ ᠪᠣᠭᠤᠮᠲᠠ ᠶᠢᠨ ᠬᠢᠨᠠᠯᠲᠠ | ᠬᠠᠮᠢᠶᠠᠷᠤᠯᠲᠠ ᠶᠢᠨ ᠲᠥᠪ ᠢ ᠪᠠᠶᠢᠭᠤᠯᠤᠨ ᠡᠵᠡᠩᠨᠡᠵᠦ᠂ ᠪᠣᠭᠤᠮᠲᠠ ᠳᠠᠪᠠᠨ ᠲᠡᠯᠡᠶ ᠳᠤ ᠨᠡᠪᠲᠡᠷᠡᠬᠦ ︽ᠤᠷᠤᠨ ᠪᠦᠰᠡ ᠶᠢᠨ ᠠᠵᠤ ᠠᠬᠤᠢ︾ ᠶᠢ ᠬᠥᠭᠵᠢᠭᠦᠯᠦᠨ᠎ᠡ᠃ | ᠪᠦᠧᠧᠬᠠᠢ ᠲᠠᠩᠭᠢᠰ ᠳᠠᠭᠠᠤ ᠤᠷᠤᠨ ᠤ ᠠᠵᠤ ᠠᠬᠤᠢ ᠶᠢᠨ ᠬᠦᠷᠢᠶ᠎ᠡ ᠳᠤ ᠭᠦᠨᠵᠡᠭᠡᠢ ᠠᠭᠤᠰᠤᠯᠴᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ | ᠮᠥᠷᠡᠨ ᠤ ᠭᠤᠷᠪᠠᠯᠵᠢᠨ ᠬᠤᠶᠢᠭ ᠢ ᠰᠠᠶᠢᠲᠤᠷ ᠠᠩᠬᠠᠷᠴᠤ᠂ ᠠᠵᠤ ᠦᠢᠯᠡᠰ ᠤᠨ ᠰᠢᠯᠵᠢᠯᠲᠡ ᠶᠢ ᠶᠡᠬᠡᠪᠡᠷ ᠭᠥᠯᠢᠶᠡᠨ ᠠᠪᠴᠤ᠂ ᠨᠡᠩ ᠥᠷᠭᠡᠨ ᠬᠦᠷᠢᠶᠡᠨ ᠤ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠬᠢᠩᠭᠠᠨ ᠠᠶᠢᠮᠠᠭ ᠯᠤᠭ᠎ᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠠᠮᠵᠢᠯᠴᠠᠭ᠎ᠠ ᠶᠢ ᠪᠣᠳᠠᠲᠠᠢ ᠥᠷᠨᠢᠭᠦᠯᠵᠦ᠂ | ᠲᠦᠩᠯᠢᠶᠣᠣ ᠤᠯᠠᠭᠠᠨᠬᠠᠳᠠ ᠶᠢᠨ ᠠᠵᠤ ᠦᠢᠯᠡᠰ ᠤᠨ ᠰᠢᠯᠵᠢᠯᠲᠡ ᠶᠢ ᠵᠠᠯᠭᠠᠨ ᠵᠣᠯᠭᠠᠭᠤᠯᠬᠤ ᠵᠢᠱᠢᠶ᠎ᠡ ᠦᠵᠡᠭᠦᠯᠬᠦ ᠣᠷᠣᠨ ᠤ ᠤᠯᠤᠰ ᠤᠨ ᠴᠣᠬᠤᠯᠠᠪᠤᠷᠢ ᠶᠢ | ᠣᠯᠬᠤ ᠪᠠᠷ ᠴᠢᠷᠮᠠᠶᠢᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠠᠳᠠᠭᠠᠳᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ | ᠠᠵᠤ ᠠᠬᠤᠶᠢᠯᠠᠯ ᠢ ᠪᠣᠶᠢᠵᠢᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ ᠬᠥᠭᠵᠢᠭᠦᠯᠵᠦ᠂ ᠨᠡᠭᠡᠭᠡᠯᠲᠡ ᠪᠠᠷ ᠰᠠᠨᠠᠭᠠᠴᠢᠯᠠᠭ᠎ᠠ ᠲᠠᠢ ᠪᠠᠷ ᠨᠠᠩ ᠶᠡᠭᠡ | ᠬᠥᠭᠵᠢᠯᠲᠡ ᠶᠢᠨ ᠰᠠᠨᠠᠭᠠᠴᠢᠯᠠᠭ᠎ᠠ ᠶᠢ ᠤᠯᠤᠨ᠎ᠠ᠃ | ︵ᠳᠥᠷᠪᠡ︶ ᠨᠢᠭᠡ ᠴᠣᠭᠴᠠᠵᠢᠭᠤᠯᠤᠨ ᠬᠠᠮᠠᠭᠠᠯᠠᠵᠤ᠂ ᠰᠢᠰᠲ᠋ᠧᠮ ᠲᠠᠢ ᠪᠠᠷ ᠵᠠᠰᠠᠵᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠳᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ᠃ ︽ᠬᠤᠶᠠᠷ ᠠᠭᠤᠯᠠ︾ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ᠂ ᠨᠡᠭᠦᠷᠡᠰᠦᠲᠥ᠋ᠷᠥᠭᠴᠢ ᠶᠢ | ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯᠲᠡ ᠶᠢ ᠬᠠᠮᠵᠢᠯᠴᠠᠨ ᠠᠬᠢᠭᠤᠯᠵᠤ᠂ ᠬᠥᠮᠥᠨ ᠪᠠᠶᠢᠭᠠᠯᠢ ᠶᠢᠨ ᠡᠶ᠎ᠡ | ᠵᠤᠬᠢᠴᠠᠩᠭᠤᠢ ᠬᠠᠮᠲᠤ ᠪᠠᠷ ᠣᠷᠣᠰᠢᠬᠤ ᠶᠢ ᠠᠬᠢᠭᠤᠯᠤᠨ᠂ ᠦᠵᠡᠰᠬᠦᠯᠡᠩᠲᠦ ᠰᠠᠶᠢᠬᠠᠨ ᠲᠦᠩᠯᠢᠶᠣᠣ ᠶᠢ ᠪᠦᠲᠦᠭᠡᠨ ᠪᠠᠶᠢᠭᠤᠯᠤᠨ᠎ᠠ᠃ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ | ᠨᠡᠭᠦᠷᠡᠰᠦᠳᠦᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠰᠠᠭᠠᠷᠮᠠᠭᠵᠢᠭᠤᠯᠬᠤ ︽1+N+X︾ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠡᠨᠧᠷᠭᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠪᠠᠭᠠᠰᠬᠠᠬᠤ᠂ ᠠᠵᠤ ᠦᠢᠯᠡᠳᠪᠦᠷᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ᠂ ᠠᠮᠢ ᠠᠬᠤᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠲᠣᠭᠲᠠᠪᠤᠷᠢᠵᠢᠭᠤᠯᠬᠤ᠂ ᠠᠮᠢᠳᠤᠷᠠᠯ ᠳᠤᠮᠳᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭ᠎ᠠ ᠭᠠᠳᠠᠭᠰᠢᠯᠠᠭᠤᠯᠬᠤ ᠶᠢ ᠰᠢᠰᠲ᠋ᠧᠮ ᠲᠠᠢ ᠪᠠᠷ ᠠᠬᠢᠭᠤᠯᠤᠨ᠎ᠠ᠃ | ᠪᠣᠬᠢᠷᠳᠤᠯ ᠦᠭᠡᠢ ᠴᠠᠬᠢᠯᠭᠠᠨ ᠢ ᠶᠡᠭᠡ ᠬᠡᠪᠴᠢᠶ᠎ᠡ ᠪᠠᠷ ᠣᠷᠣᠯᠠᠭᠤᠯᠬᠤ᠂ ᠥᠨᠳᠥᠷ ᠬᠠᠷᠢᠴᠠᠯ ᠢᠶᠠᠷ ᠲᠤᠬᠠᠢ ᠶᠢᠨ ᠭᠠᠵᠠᠷ ᠲᠤᠨᠢ ᠰᠢᠩᠭᠡᠬᠡᠨ ᠠᠪᠴᠤ ᠤᠯᠠᠷᠢᠭᠤᠯᠬᠤ ᠶᠢ | ᠠᠬᠢᠭᠤᠯᠵᠤ᠂ ᠰᠢᠨ᠎ᠡ ᠡᠨᠧᠷᠭᠢ ᠶᠢᠨ ᠲᠥᠷᠥᠯ ᠵᠦᠢᠯ ᠢ 27 ᠬᠡᠷᠡᠭᠵᠢᠭᠦᠯᠵᠦ᠂ 380 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ ᠶᠢ ᠰᠢᠨ᠎ᠡ ᠪᠠᠷ | ᠨᠡᠮᠡᠭᠳᠡᠭᠦᠯᠦᠨ᠂ ᠰᠢᠨ᠎ᠡ ᠡᠨᠧᠷᠭᠢ ᠶᠢᠨ ᠰᠢᠩᠭᠡᠬᠡᠨ ᠠᠪᠬᠤ ᠬᠤᠪᠢ ᠶᠢᠨ ᠵᠢᠩ ᠢ 3 ᠬᠤᠪᠢ ᠠᠴᠠ ᠢᠯᠡᠭᠦᠦ ᠳᠡᠭᠡᠭᠰᠢᠯᠡᠭᠦᠯᠦᠨ᠎ᠡ᠃ ᠬᠦᠩᠭᠡᠨᠴᠠᠭᠠᠨ ᠤ ᠠᠵᠢᠯ | ᠲᠥᠷᠥᠯ ᠤᠨ ᠨᠣᠭᠤᠭᠠᠨ ᠡᠨᠧᠷᠭᠢ ᠰᠢᠩᠭᠡᠭᠡᠬᠦ ᠣᠷᠴᠢᠨ ᠲᠣᠭᠤᠷᠢᠨ ᠤ ᠥᠷᠲᠡᠭ ᠤᠨ ᠰᠢᠰᠲ᠋ᠧᠮᠵᠢ ᠶᠢᠨ ᠭᠡᠷᠡᠴᠢᠯᠡᠭᠡ ᠶᠢ ᠥᠷᠨᠢᠭᠦᠯᠵᠦ᠂ ᠬᠤᠤᠯᠢᠩᠭᠤᠤᠯ᠂ ᠺᠠᠶᠢᠯᠤ᠂ | ᠨᠠᠢᠮᠠᠨ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ | ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ︽ᠬᠤᠶᠠᠷ ᠲᠡᠷᠢᠭᠦᠨ︾ ᠢ ᠬᠢᠨᠠᠨ ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠳᠣᠣᠷ᠎ᠠ ᠲᠡᠰ ᠤᠨ | ᠳᠤᠤᠷ᠎ᠠ ᠦᠷ᠎ᠡ ᠠᠰᠢᠭᠲᠤ ᠦᠢᠯᠡᠳᠪᠦᠷᠢᠯᠡᠬᠦ ᠴᠢᠳᠠᠪᠤᠷᠢ ᠶᠢ ᠲᠦᠷᠭᠡᠪᠴᠢᠯᠡᠨ ᠥᠭᠡᠷᠡᠴᠢᠯᠡᠨ ᠳᠡᠭᠡᠭᠰᠢᠯᠡᠭᠦᠯᠵᠦ᠂ ︽ᠬᠤᠶᠠᠷ ᠥᠨᠳᠥᠷ︾ ᠲᠦᠷᠦᠯ ᠵᠦᠢᠯ ᠤᠨ | ᠳᠣᠣᠷ᠎ᠠ ᠲᠦᠪᠰᠢᠨ ᠢᠶᠠᠷ ᠰᠣᠬᠤᠷ ᠪᠠᠯᠠᠢ ᠬᠥᠭᠵᠢᠬᠦ ᠶᠢ ᠡᠷᠡᠰ ᠬᠤᠷᠢᠭᠯᠠᠨ᠎ᠠ᠃ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ︽ᠲᠠᠪᠤ ᠶᠢ ᠲᠦᠢᠯᠪᠥᠷᠢᠲᠡᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠠᠶᠢᠭᠤᠯᠤᠭᠰᠠᠨ ᠣᠷᠣᠨ ᠰᠠᠭᠤᠴᠠ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠴᠢᠩᠭᠠᠳᠬᠠᠵᠤ᠂ ᠵᠠᠮ ᠲᠡᠭᠡᠭᠡᠪᠦᠷᠢ ᠶᠢᠨ ︽ᠵᠠᠰᠠᠮᠠᠯ ᠵᠠᠮ ᠢ ᠲᠡᠮᠦᠷ ᠵᠠᠮ ᠪᠤᠯᠭᠠᠨ ᠬᠤᠪᠢᠷᠠᠭᠤᠯᠬᠤ︾᠂ ︽ | ᠲᠠᠷᠠᠬᠠᠢ ᠶᠢ ᠲᠦᠪᠯᠡᠷᠡᠭᠦᠯᠬᠦ︾᠂ ︽ᠲᠣᠰᠣ ᠶᠢ ᠴᠠᠬᠢᠯᠭᠠᠨ ᠢᠶᠠᠷ ᠰᠣᠯᠢᠬᠤ︾ ᠶᠢ ᠲᠦᠯᠬᠢᠨ ᠠᠬᠢᠭᠤᠯᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠪᠦᠬᠦ | ᠲᠠᠯ᠎ᠠ ᠪᠠᠷ ᠡᠭᠦᠳᠦᠨ ᠪᠠᠶᠢᠭᠤᠯᠤᠨ᠎ᠠ᠃ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠮᠢ | ᠠᠬᠤᠢ ᠶᠢ ᠰᠡᠷᠭᠦᠭᠡᠬᠦ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ︽ᠠᠭᠠᠷ ᠮᠠᠨᠳᠠᠯ ᠪᠠ ᠡᠬᠡ ᠭᠠᠵᠠᠷ︾ ᠢ ᠨᠢᠭᠡ ᠴᠣᠭᠴᠠᠵᠢᠭᠤᠯᠤᠭᠰᠠᠨ ᠠᠮᠢ ᠠᠬᠤᠢ ᠶᠢᠨ | ᠣᠷᠴᠢᠨ ᠲᠤᠭᠤᠷᠢᠨ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠳᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠪᠠᠷᠠᠭᠤᠨ ᠯᠤᠤᠬ᠎ᠠ ᠶᠢᠨ ᠭᠤᠣᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠵᠦ | ᠂ ᠬᠤᠷᠴᠢᠨ ᠤ ᠨᠤᠲᠤᠭ ᠪᠡᠯᠴᠢᠭᠡᠷ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ | ᠰᠡᠷᠭᠦᠭᠡᠬᠦ ᠢᠨᠵᠧᠨᠧᠷᠢᠩ᠂ ᠡᠸᠦ᠋ᠷᠦᠫᠡ ᠲᠢᠪ ᠤᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠣᠶᠢᠵᠢᠭᠤᠯᠬᠤ ᠲᠥᠷᠥᠯ ᠵᠦᠢᠯ ᠢ ᠴᠢᠨᠠᠷ ᠰᠠᠶᠢᠲᠠᠢ | ᠪᠡᠶᠡᠯᠡᠭᠦᠯᠵᠦ᠂ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢ 400 ᠲᠦᠮᠡᠨ ᠮᠦ ᠰᠡᠷᠭᠦᠭᠡᠵᠦ᠂ ᠪᠣᠬᠢᠷᠳᠤᠯ ᠦᠭᠡᠢ ᠠᠭᠤᠷᠬᠠᠢ ᠶᠢ 11 | ᠰᠢᠨ᠎ᠡ ᠨᠡᠮᠡᠭᠳᠡᠭᠦᠯᠦᠨ᠎ᠡ᠃ ᠬᠤᠤᠯᠢᠩᠭᠤᠤᠯ ᠤᠨ ᠤᠯᠤᠰ ᠤᠨ ᠲᠠᠯ᠎ᠠ ᠨᠤᠲᠤᠭ ᠤᠨ ᠪᠠᠶᠢᠭᠠᠯᠢᠯᠢᠭ ᠴᠡᠴᠡᠷᠯᠢᠭ ᠢ ᠲᠦᠷᠭᠡᠳᠬᠡᠨ ᠪᠠᠶᠢᠭᠤᠯᠵᠤ᠂ ᠬᠤᠷᠴᠢᠨ ᠤ ᠬᠢᠶᠠᠭ | ᠡᠪᠡᠰᠦᠨ ᠤ ᠡᠭᠦᠯᠳᠡᠷ ᠤᠨ ᠦᠢᠯᠡᠰ ᠤᠨ ᠰᠠᠭᠤᠷᠢᠨ ᠢ ᠪᠦᠲᠦᠭᠡᠨ ᠪᠠᠶᠢᠭᠤᠯᠤᠨ᠎ᠠ᠃ ︽ᠭᠤᠷᠪᠠᠨ ᠱᠤᠭᠤᠮ ᠨᠢᠭᠡ ᠳᠠᠩᠰᠠ︾ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭ᠎ᠠ ᠬᠡᠷᠡᠭᠵᠢᠭᠦᠯᠵᠦ᠂ ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠡᠯᠴᠢᠭᠡᠷᠯᠡᠬᠦ ᠶᠢ ᠬᠢᠵᠠᠭᠠᠷᠯᠠᠵᠤ ᠪᠡᠯᠴᠢᠭᠡᠷᠯᠡᠬᠦ ᠶᠢ ᠵᠣᠭᠰᠤᠭᠠᠬᠤ ᠬᠠᠤᠯᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠣᠷᠴᠢᠨ ᠲᠤᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠤᠨ᠎ᠠ᠃ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢ ᠱᠠᠭᠠᠷᠳᠠᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠴᠢᠩᠭ᠎ᠠ ᠠᠳᠬᠤᠨ᠎ᠠ᠃ ᠴᠠᠬᠢᠯᠭᠠᠨ | ᠵᠠᠳᠠᠯᠤᠯ ᠤᠨ ᠬᠦᠩᠭᠡᠨᠴᠠᠭᠠᠨ ᠪᠠ ᠨᠢᠺᠧᠯ ᠲᠡᠮᠦᠷ ᠤᠨ ᠠᠵᠢᠯ ᠲᠥᠷᠥᠯ ᠤᠨ ᠤᠲᠤᠭ᠎ᠠ ᠶᠢ ᠲᠤᠶᠢᠯᠪᠤᠷᠢᠲᠠᠢ ᠵᠠᠰᠠᠬᠤ᠂ ᠠᠮᠢᠳᠤ ᠪᠣᠳᠠᠰ ᠤᠨ ᠢᠰᠬᠡᠯᠲᠡ ᠶᠢᠨ ᠠᠵᠤ | ᠦᠢᠯᠡᠳᠪᠦᠷᠢ ᠶᠢᠨ ᠬᠠᠴᠢᠨ ᠦᠨᠦᠷ ᠲᠠᠢ ᠪᠣᠬᠢᠷᠳᠤᠯ ᠢ ᠵᠠᠰᠠᠬᠤ ᠶᠢ ᠠᠬᠢᠭᠤᠯᠵᠤ᠂ ᠴᠡᠪᠡᠷ ᠳᠤᠯᠠᠭᠠᠯᠠᠭ᠎ᠠ ᠪᠠᠷ ᠣᠷᠣᠯᠠᠭᠤᠯᠬᠤ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠵᠦ᠂ ᠠᠭᠠᠷ ᠤᠨ ᠴᠡᠪᠡᠷᠴᠡ ᠶᠢᠨ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ ᠪᠣᠬᠢᠷ ᠤᠰᠤ ᠶᠢ | ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠭᠠᠵᠠᠷ ᠤᠨ ᠭᠠᠳᠠᠷᠭᠤ ᠶᠢᠨ | ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠬᠦ ᠪᠠᠷ ᠴᠡᠭᠴᠡᠯᠡᠨ ᠵᠠᠰᠠᠬᠤ ᠶᠢ ᠠᠬᠢᠭᠤᠯᠤᠨ᠂ ᠬᠤᠰᠢᠭᠤ ᠰᠢᠶᠠᠨ ᠤ ᠲᠥᠪᠯᠡᠷᠡᠩᠭᠦᠢ ᠤᠤᠭᠤᠬᠤ ᠤᠰᠤᠨ ᠤ | ᠰᠤᠷᠪᠤᠯᠵᠢ ᠶᠢᠨ ᠣᠷᠣᠨ ᠤ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠤᠰᠤᠨ ᠤ ᠣᠷᠴᠢᠨ ᠲᠣᠭᠤᠷᠢᠨ ᠢ ᠪᠠᠬᠢᠵᠢᠭᠦᠯᠦᠨ ᠮᠠᠭᠤ ᠶᠢ ᠪᠠᠭᠠᠰᠬᠠᠵᠤ | ᠪᠠᠶᠢᠭᠰᠠᠨ ᠠᠴᠠ ᠪᠠᠨ ᠪᠥᠬᠦ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠬᠦ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠮᠠᠯ ᠲᠠᠷᠢᠶᠠᠯᠠᠩ ᠤᠨ ᠠᠵᠤ ᠠᠬᠤᠢ ᠶᠢᠨ | ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ | ᠬᠠᠶᠠᠭᠳᠠᠮᠠᠯ ᠬᠠᠭᠤᠴᠢᠨ ᠡᠳ᠋ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠥᠷᠥᠰᠥ ᠰᠢᠷᠣᠢ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠲᠦᠩᠯᠢᠶᠣᠣ ᠶᠢᠨ ᠲᠡᠭᠷᠢ ᠶᠢ ᠨᠠᠩ ᠴᠡᠯᠮᠡᠭ᠂ ᠠᠭᠤᠯᠠ ᠶᠢ ᠨᠠᠩ ᠬᠥᠬᠡ᠂ ᠤᠰᠤ ᠶᠢ ᠨᠠᠩ | ᠲᠤᠩᠭᠠᠯᠠᠭ᠂ ᠣᠷᠴᠢᠨ ᠲᠣᠭᠤᠷᠢᠨ ᠢ ᠨᠠᠩ ᠭᠤᠶᠢᠳᠠ ᠰᠠᠶᠢᠬᠠᠨ ᠪᠣᠯᠭᠠᠨ᠎ᠠ᠃ | ︵ᠲᠠᠪᠤ︶ ᠬᠤᠲᠠ ᠬᠥᠳᠡᠭᠡ ᠶᠢ ᠠᠭᠤᠰᠤᠯᠴᠠᠭᠤᠯᠤᠨ᠂ ᠵᠣᠬᠢᠴᠠᠩᠭᠤᠢ ᠪᠠᠷ ᠬᠥᠭᠵᠢᠭᠦᠯᠵᠦ᠂ ᠣᠷᠣᠨ ᠪᠦᠰᠡ ᠶᠢᠨ ᠭᠤᠤᠯ ᠬᠤᠲᠠ ᠶᠢᠨ ᠴᠢᠳᠠᠪᠤᠷᠢ ᠶᠢᠨ | ᠲᠠᠰ ᠢ ᠳᠡᠭᠡᠭᠰᠢᠯᠡᠭᠦᠯᠦᠨ᠎ᠡ᠃ ᠬᠥᠮᠥᠨ ᠢᠶᠠᠷ ᠭᠤᠣᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠲᠦᠷᠭᠡᠳᠬᠡᠨ ᠠᠬᠢᠭᠤᠯᠵᠤ᠂ ᠣᠳᠣᠬᠢᠴᠢᠯᠠᠭᠰᠠᠨ | ᠣᠷᠣᠨ ᠪᠦᠰᠡ ᠶᠢᠨ ᠲᠥᠪ ᠬᠤᠲᠠ ᠶᠢ ᠴᠣᠭᠴᠠᠯᠠᠨ ᠪᠠᠶᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ | ᠬᠤᠳᠠ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠭᠤᠣᠯ ᠬᠤᠳᠠ ᠶᠢᠨ ᠲᠣᠭᠤᠷᠢᠭ ᠤᠨ | ᠨᠠᠷᠢᠨ ᠲᠥᠯᠦᠪᠵᠢᠭᠦᠯᠭᠡ᠂ ᠬᠤᠳᠠ ᠶᠢᠨ ᠰᠢᠨᠡᠴᠢᠯᠡᠯᠲᠡ ᠶᠢᠨ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠬᠤᠳᠠ ᠶᠢᠨ ᠰᠢᠨᠡᠴᠢᠯᠡᠯᠲᠡ ᠶᠢᠨ | ᠠᠵᠢᠯᠯᠠᠭ᠎ᠠ ᠶᠢ ᠲᠦᠷᠭᠡᠳᠬᠡᠨ᠂ ᠵᠠᠯᠭᠠᠯᠳᠤᠭᠰᠠᠨ ᠣᠷᠣᠨ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠬᠠᠭᠤᠴᠢᠨ ᠰᠠᠭᠤᠭᠠᠯᠢ ᠲᠣᠭᠤᠷᠢᠭ᠂ | ᠬᠤᠳᠠ ᠶᠢᠨ ᠶᠠᠪᠤᠳᠠᠯ ᠤᠨ ᠵᠠᠮ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ᠂ ᠴᠡᠴᠡᠷᠯᠢᠭ ᠵᠦᠯᠭᠡ ᠭᠠᠵᠠᠷ᠂ ᠢᠯᠴᠢ ᠬᠠᠩᠭᠠᠬᠤ ᠰᠢᠲᠠᠮᠠᠬᠠᠢ ᠬᠡᠢ ᠵᠡᠷᠭᠡ ᠰᠠᠭᠤᠷᠢ | ᠲᠥᠬᠦᠭᠡᠷᠦᠮᠵᠢ ᠪᠠ ᠠᠯᠪᠠᠨ ᠠᠴᠠ ᠪᠠᠶᠢᠭᠤᠯᠬᠤ ᠲᠦᠷᠦᠯ ᠵᠦᠢᠯ ᠢ 61 ᠬᠡᠷᠡᠭᠵᠢᠭᠦᠯᠵᠦ᠂ ᠪᠦᠬᠦ ᠤᠯᠤᠰ ᠤᠨ ᠪᠤᠯᠪᠠᠰᠤᠨ ᠬᠤᠳᠠ᠂ ᠤᠯᠤᠰ ᠤᠨ ᠠᠷᠢᠭᠤᠨ ᠴᠡᠪᠡᠷ | ᠬᠤᠳᠠ᠂ ᠤᠯᠤᠰ ᠤᠨ ᠴᠡᠴᠡᠷᠯᠢᠭᠵᠢᠭᠦᠯᠦᠭᠰᠡᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠣᠶᠤᠨᠲᠤ | ᠬᠤᠲᠠ ᠶᠢᠨ ᠬᠤᠶᠠᠳᠤᠭᠠᠷ ᠬᠤᠭᠤᠴᠠᠭ᠎ᠠ ᠶᠢ ᠡᠬᠢᠯᠡᠭᠦᠯᠵᠦ᠂ ᠣᠶᠤᠨᠲᠤ ᠬᠡᠷᠡᠭᠯᠡᠭᠡᠨ ᠤ ᠰᠢᠰᠲ᠋ᠧᠮ ᠢ 18 ᠪᠠᠶᠢᠭᠤᠯᠵᠤ᠂ ᠬᠡᠷᠡᠭᠴᠡᠭᠡ ᠶᠣᠰᠣᠭᠠᠷ 43 ᠠᠵᠢᠯ | ᠲᠥᠷᠥᠯ ᠤᠨ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ︽ᠨᠢᠭᠡ ᠳᠡᠯᠭᠡᠴᠡ ᠪᠠᠷ ᠪᠦᠬᠦᠨ ᠢ ᠦᠵᠡᠵᠦ᠂ ᠨᠢᠭᠡ | ᠰᠦᠯᠵᠢᠶ᠎ᠡ ᠪᠠᠷ ᠨᠢᠭᠡᠳᠦᠯᠲᠡᠢ ᠬᠠᠮᠢᠶᠠᠷᠴᠤ᠂ ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠬᠤᠲᠠ ᠶᠢᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠲᠡᠷᠭᠡ ᠵᠣᠭᠰᠤᠭᠠᠬᠤ ᠶᠢ | ᠵᠠᠰᠠᠬᠤ᠂ ᠨᠡᠶᠢᠲᠡ ᠶᠢᠨ ᠵᠣᠷᠯᠣᠩ ᠤᠨ ᠦᠢᠯᠡᠴᠢᠯᠡᠭᠡ᠂ ᠬᠤᠭ ᠨᠣᠪᠰᠢ ᠶᠢ ᠲᠥᠷᠥᠯ ᠬᠤᠪᠢᠶᠠᠬᠤ᠂ ᠠᠳᠠᠯ ᠠᠬᠤᠢ ᠶᠢᠨ ᠬᠠᠮᠢᠶᠠᠷᠤᠯᠲᠠ ᠶᠢ ᠨᠠᠷᠢᠨ ᠨᠢᠭᠲᠠ ᠬᠢᠵᠦ᠂ | ᠬᠤᠲᠠ ᠪᠠᠯᠭᠠᠰᠤ ᠶᠢᠨ ᠲᠣᠭᠲᠠᠭᠠᠯ ᠢ ᠵᠥᠷᠢᠴᠡᠨ ᠪᠠᠶᠢᠭᠤᠯᠤᠭᠰᠠᠨ ᠪᠠᠷᠢᠯᠭ᠎ᠠ᠂ ᠵᠠᠮ ᠬᠠᠷᠢᠯᠴᠠᠭ᠎ᠠ ᠶᠢᠨ ᠲᠦᠭᠵᠢᠷᠡᠯ᠂ ᠱᠤᠤᠬᠢᠶ᠎ᠠ ᠳᠠᠭᠤ ᠭᠠᠷᠭᠠᠨ ᠠᠷᠠᠳ ᠢ | ᠬᠠᠷᠰᠢᠯᠠᠬᠤ᠂ ᠤᠳᠠᠰᠤ ᠲᠠᠲᠠᠨ ᠴᠠᠬᠢᠯᠭᠠᠨ ᠴᠡᠨᠡᠭᠯᠡᠬᠦ᠂ ᠪᠣᠯᠪᠠᠰᠤᠨ ᠪᠤᠰᠤ ᠪᠠᠷ ᠨᠣᠬᠠᠢ ᠲᠤᠭᠤᠷᠢᠭᠤᠯᠬᠤ ᠵᠡᠷᠭᠡ ᠬᠤᠲᠠ ᠶᠢᠨ ᠠᠷᠬᠠᠭ ᠬᠡᠮ ᠢ ᠡᠮᠬᠢᠯᠡᠨ ᠴᠡᠭᠴᠡᠯᠡᠵᠦ᠂ | ᠵᠠᠮ᠂ ᠨᠣᠭᠤᠭᠠᠷᠠᠭᠤᠯᠤᠯᠲᠠ᠂ ᠬᠤᠲᠠ ᠶᠢᠨ ᠭᠡᠷ ᠤᠨ ᠬᠡᠷᠡᠭᠰᠡᠯ ᠢ ︽ᠨᠢᠭᠡ ᠯᠡ ᠱᠦᠭᠦᠷ ᠢᠶᠠᠷ ᠲᠤᠶᠢᠯᠪᠤᠷᠢᠲᠠᠢ ᠱᠦᠭᠦᠷᠳᠡᠬᠦ︾ ᠶᠢ ᠠᠬᠢᠭᠤᠯᠤᠨ᠂ ︽ᠬᠤᠲᠠ᠂ | ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠬᠤ︾ ᠶᠢ ᠴᠢᠷᠮᠠᠶᠢᠨ ᠪᠡᠶᠡᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠷᠳᠤᠴᠠ ᠶᠢ ᠲᠦᠷᠭᠡᠳᠭᠡᠨ᠎ᠡ᠃ ᠶᠠᠳᠠᠭᠤ ᠠᠴᠠ ᠠᠩᠬᠢᠵᠢᠷᠠᠭᠤᠯᠤᠭᠰᠠᠨ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ | ᠵᠣᠯᠭᠠᠭᠤᠯᠬᠤ ᠶᠢ ᠠᠬᠢᠭᠤᠯᠵᠤ᠂ ᠬᠥᠳᠡᠯᠦᠩᠭᠦᠢ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠣᠨᠣᠪᠴᠢᠲᠠᠶ ᠨᠠᠷᠢᠯᠢᠭ | ᠨᠠᠶᠢᠳᠠᠪᠤᠷᠢᠵᠢᠭᠤᠯᠬᠤ ᠶᠢ ᠠᠬᠢᠭᠤᠯᠤᠨ᠂ ᠠᠵᠤ ᠦᠢᠯᠡᠰ ᠤᠨ ᠬᠥᠭᠵᠢᠯᠲᠡ᠂ ᠦᠨᠳᠦᠰᠦᠨ ᠵᠦᠢᠯ ᠤᠨ ᠪᠠᠲᠤᠯᠠᠭ᠎ᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ | ᠵᠡᠷᠭᠡ 170 ᠲᠥᠷᠥᠯ ᠵᠦᠢᠯ ᠢ ᠬᠡᠷᠡᠭᠵᠢᠭᠦᠯᠵᠦ᠂ ᠬᠡᠪᠴᠢᠶ᠎ᠡ ᠲᠠᠢ ᠳᠠᠬᠢᠨ ᠶᠠᠳᠠᠭᠤᠷᠠᠬᠤ ᠶᠠᠪᠤᠳᠠᠯ ᠢ ᠦᠯᠦ ᠡᠭᠦᠰᠭᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ | ᠬᠥᠳᠡᠭᠡ ᠲᠣᠰᠬᠤᠨ ᠤ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠲᠤᠯᠤᠭᠠᠶᠢᠯᠠᠭᠴᠢ ᠶᠢ ᠬᠦᠴᠦᠷᠬᠡᠭᠵᠢᠭᠦᠯᠵᠦ᠂ ᠬᠢᠯᠬᠢᠶ᠎ᠡ ᠶᠢ ᠨᠦᠬᠦᠪᠦᠷᠢᠯᠡᠵᠤ᠂ ᠡᠵᠡᠩᠨᠡᠯᠲᠡ ᠶᠢ | ᠬᠦᠭᠵᠢᠭᠦᠯᠵᠦ᠂ ᠨᠡᠷᠡᠲᠦ ᠪᠦᠲᠦᠭᠡᠭᠳᠡᠭᠦᠨ ᠢ ᠪᠤᠢ ᠪᠤᠯᠭᠠᠬᠤ ᠶᠢ ᠪᠠᠷᠢᠮᠲᠠᠯᠠᠵᠤ᠂ ︽ᠨᠤᠲᠤᠭ ᠤᠨ ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ︽ᠮᠠᠯ | ᠲᠠᠷᠢᠶᠠᠯᠠᠩ ᠤᠨ ᠠᠵᠤ ᠠᠬᠤᠢ +︾ ᠣᠯᠠᠨ ᠡᠵᠡᠩᠨᠡᠯᠲᠡ ᠶᠢᠨ ᠬᠡᠯᠪᠡᠷᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ︽ᠠᠷᠪᠠᠨ ᠵᠦᠢᠯ ᠤᠨ ᠢᠨᠵᠧᠨᠧᠷᠢᠩ︾ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠴᠠᠬᠢᠯᠭᠠᠨ ᠲᠣᠣᠷ ᠢ 350 ᠺᠢᠯᠣᠮᠧᠲᠷ ᠲᠠᠰ | ᠳᠡᠪᠰᠢᠭᠦᠯᠦᠨ᠂ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ 40 ᠪᠠᠶᠢᠭᠤᠯᠵᠤ᠂ 8400 ᠠᠴᠠ ᠳᠡᠭᠡᠭᠰᠢ ᠡᠷᠦᠬᠡ ᠶᠢᠨ ᠵᠣᠷᠯᠣᠩ ᠢ ᠥᠭᠡᠷᠡᠴᠢᠯᠡᠨ | ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠥᠳᠡᠯᠦᠩᠭᠦᠢ ᠪᠠᠷ ᠳᠠᠭᠤᠰᠬᠠᠬᠤ ᠶᠢ | ᠪᠠᠲᠤᠯᠠᠨ᠂ ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠣᠷᠮ᠎ᠠ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ | ᠰᠢᠢᠳᠪᠦᠷᠢᠯᠡᠬᠦ ᠪᠦᠷᠬᠦᠴᠡ ᠶᠢᠨ ᠨᠣᠷᠮ᠎ᠠ ᠶᠢ ᠲᠣᠰ ᠲᠣᠰ 25% ᠪᠠ 50% ᠳᠤ ᠬᠦᠷᠦᠭᠦᠯᠵᠦ᠂ ᠬᠥᠳᠡᠭᠡ ᠲᠣᠰᠬᠤᠨ ᠢ ︽ ᠦᠵᠡᠰᠭᠦᠯᠡᠩ ᠰᠠᠶᠢᠬᠠᠨ︾ | ᠪᠦᠭᠡᠳ ︽ᠰᠦᠷ ᠰᠦᠯᠲᠡ︾ ᠲᠠᠢ ᠪᠣᠯᠭᠠᠨ᠎ᠠ᠃ | ᠰᠠᠭᠤᠷᠢ ᠳᠠᠭᠠᠭᠠᠴᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠵᠠᠷᠤᠳ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠡᠬᠢᠯᠡᠨ | ᠪᠦᠲᠦᠭᠡᠨ ᠪᠠᠶᠢᠭᠤᠯᠵᠤ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠢ ᠴᠠᠬᠢᠯᠭᠠᠨᠵᠢᠭᠤᠯᠬᠤ ᠥᠭᠡᠷᠡᠴᠢᠯᠡᠯᠲᠡ ᠶᠢ ᠪᠡᠶᠡᠯᠡᠭᠦᠯᠵᠦ᠂ ᠮᠤᠵᠢ ᠶᠢᠨ | ᠬᠤᠭᠤᠷᠣᠨᠳᠣᠬᠢ ᠳᠠᠷᠳᠠᠩ ᠵᠠᠮ ᠤᠨ ︽ᠨᠢᠭᠡᠳᠦᠭᠡᠷ ᠳᠡᠰ ᠤᠨ ᠵᠠᠮ ᠢ ᠲᠦᠷᠭᠡᠨ ᠵᠠᠮ ᠪᠣᠯᠭᠠᠨ ᠥᠭᠡᠷᠡᠴᠢᠯᠡᠬᠦ︾᠂ ᠮᠤᠵᠢ ᠶᠢᠨ ᠵᠠᠮ ᠤᠨ 503 ᠱᠤᠭᠤᠮ ᠤᠨ | ᠨᠠᠢᠮᠠᠨ ᠠᠴᠠ ᠹᠦᠰᠢᠨ ᠬᠦᠷᠬᠦ ᠬᠡᠰᠡᠭ ᠤᠨ ᠵᠠᠮ ᠤᠨ ᠭᠠᠳᠠᠷᠭᠤ ᠶᠢ ᠥᠭᠡᠷᠡᠴᠢᠯᠡᠬᠦ᠂ ᠳ᠋ᠠᠴᠢᠩ ᠠᠴᠠ ᠭᠤᠸᠠᠩᠵᠧᠦ ᠬᠦᠷᠬᠦ ᠲᠦᠷᠭᠡᠨ ᠵᠠᠮ ᠬᠢᠭᠡᠳ ᠲᠦᠩᠯᠢᠶᠣᠣ ᠶᠢᠨ | ᠲᠦᠷᠭᠡᠨ ᠲᠡᠮᠦᠷ ᠵᠠᠮ ᠤᠨ ᠥᠷᠳᠡᠭᠡ ᠶᠢᠨ ᠬᠠᠷᠢᠯᠴᠠᠨ ᠨᠡᠪᠲᠡᠷᠡᠯᠴᠡᠬᠦ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠮᠤᠵᠢ ᠶᠢᠨ ᠵᠠᠮ ᠤᠨ 305 | ᠱᠤᠭᠤᠮ ᠬᠢᠭᠡᠳ ᠬᠤᠯᠪᠤᠭ᠎ᠠ ᠠᠴᠠ ᠲᠦᠩᠯᠢᠶᠣᠣ ᠬᠦᠷᠬᠦ ᠲᠦᠷᠭᠡᠨ ᠵᠠᠮ ᠢ ᠬᠤᠯᠪᠤᠭᠰᠠᠨ ᠱᠤᠭᠤᠮ ᠤᠨ ᠨᠢᠭᠡᠳᠦᠭᠡᠷ ᠳᠡᠰ ᠤᠨ ᠵᠠᠮ᠂ ᠲᠠᠢ ᠫᠢᠩ ᠴᠤᠸᠠᠨ ᠠᠴᠠ | ᠪᠤᠯᠤᠩ ᠤᠨ ᠵᠣ ᠬᠦᠷᠬᠦ ᠬᠤᠶᠠᠳᠤᠭᠠᠷ ᠳᠡᠰ ᠤᠨ ᠵᠠᠮ ᠢ ᠪᠠᠶᠢᠭᠤᠯᠵᠤ ᠳᠠᠭᠤᠰᠬᠠᠨ᠎ᠠ᠃ LXB ᠶᠢᠨ ᠤᠰᠤ ᠬᠠᠩᠭᠠᠬᠤ ᠲᠦᠩᠯᠢᠶᠣᠣ ᠶᠢᠨ ᠰᠠᠯᠪᠤᠷᠢ ᠱᠤᠭᠤᠮ᠂ | ᠴᠤᠤᠯ ᠭᠤᠣᠯ ᠤᠨ ᠤᠰᠤ ᠶᠢ ᠲᠠᠲᠠᠵᠤ ᠯᠤᠤᠬ᠎ᠠ ᠶᠢᠨ ᠭᠤᠤᠯ ᠳᠤ ᠤᠷᠤᠭᠤᠯᠬᠤ ᠢᠨᠵᠧᠨᠧᠷᠢᠩ ᠤᠨ ᠬᠤᠶᠠᠳᠤᠭᠠᠷ ᠬᠤᠭᠤᠴᠠᠭ᠎ᠠ᠂ ᠬᠤᠲᠠ ᠶᠢᠨ ᠵᠡᠭᠦᠨ ᠬᠡᠰᠡᠭ ᠤᠨ | ᠤᠰᠤᠨ ᠤ ᠦᠢᠯᠡᠳᠪᠦᠷᠢ ᠶᠢᠨ ᠲᠥᠷᠥᠯ ᠵᠦᠢᠯ ᠤᠨ ᠪᠥᠬᠦ ᠠᠵᠢᠯ ᠢ ᠡᠬᠢᠯᠡᠭᠦᠯᠵᠦ᠂ ᠤᠯᠠᠭᠠᠨᠬᠠᠳᠠ ᠴᠥᠭᠦᠷᠥᠮ ᠤᠨ ᠰᠤᠳᠤᠯᠭᠠᠨ ᠤ ᠮᠡᠳᠡᠭᠦᠯᠦᠯᠲᠡ ᠥᠪᠡᠷᠲᠡᠭᠡᠨ | ᠵᠠᠰᠠᠬᠤ ᠣᠷᠣᠨ ᠤ ᠴᠤᠬᠤᠯᠠᠪᠤᠷᠢ ᠶᠢ ᠤᠯᠵᠤ ᠲᠥᠷᠥᠯ ᠵᠦᠢᠯ ᠢᠶᠠᠷ ᠲᠤᠭᠲᠠᠭᠠᠬᠤ ᠶᠢ ᠠᠬᠢᠭᠤᠯᠤᠨ᠎ᠠ᠃ 2×35 ᠲᠦᠮᠡᠨ ᠺᠢᠯᠣᠸᠠᠲ ᠤᠨ ᠣᠶᠤᠨᠲᠤ ᠢᠯᠴᠢ ᠶᠢᠨ | ᠴᠠᠬᠢᠯᠭᠠᠨ ᠤ ᠬᠤᠯᠪᠤᠭᠠᠯᠠᠨ ᠦᠢᠯᠡᠳᠪᠦᠷᠢᠯᠡᠬᠦ ᠵᠡᠷᠭᠡ ᠴᠠᠬᠢᠯᠭᠠᠨ ᠡᠭᠦᠰᠬᠡᠭᠴᠢ ᠴᠠᠬᠢᠯᠭᠠᠨ ᠲᠣᠣᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠭᠠᠨᠵᠤᠭ᠎ᠠ ᠠᠴᠠ ᠢ ᠯᠦᠩ ᠶᠦᠩ ᠬᠦᠷᠬᠦ ᠪᠠᠶᠢᠭᠠᠯᠢ ᠶᠢᠨ ᠰᠢᠲᠠᠮᠠᠬᠠᠢ ᠬᠡᠢ ᠶᠢ ᠳᠠᠮᠵᠢᠭᠤᠯᠬᠤ ᠬᠤᠭᠤᠯᠠᠢ ᠳᠡᠪᠢᠰᠬᠦ ᠠᠵᠢᠯ ᠢ ᠡᠬᠢᠯᠡᠭᠦᠯᠦᠨ᠎ᠡ᠃ | 5G ᠶᠢᠨ ᠰᠠᠭᠤᠷᠢ ᠥᠷᠲᠡᠭᠡ ᠶᠢ 700 ᠰᠢᠨ᠎ᠡ ᠪᠠᠶᠢᠭᠤᠯᠵᠤ᠂ 5G ᠶᠢᠨ ᠰᠦᠯᠵᠢᠶ᠎ᠡ ᠶᠢ ᠬᠤᠲᠠ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠳᠤ ᠬᠦᠷᠭᠡᠬᠦ ᠶᠢ | ᠲᠦᠷᠭᠡᠳᠬᠡᠵᠦ᠂ ᠮᠢᠩᠭᠠᠨ Mb ᠶᠢᠨ ᠬᠤᠲᠠ ᠶᠢ ᠪᠦᠲᠦᠭᠡᠨ ᠪᠠᠶᠢᠭᠤᠯᠤᠨ᠎ᠠ᠃ | ︵ᠵᠢᠷᠭᠤᠭ᠎ᠠ︶ ᠲᠡᠩᠴᠡᠭᠦᠷᠢ ᠲᠠᠢ ᠪᠠᠶᠢᠯᠭᠠᠵᠤ᠂ ᠪᠠᠲᠤᠯᠠᠭ᠎ᠠ ᠶᠢᠨ ᠲᠣᠣᠷ ᠢ ᠨᠢᠭᠲᠠᠷᠠᠭᠤᠯᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠷᠮᠠᠶᠢᠨ | ᠳᠡᠭᠡᠭᠰᠢᠯᠡᠭᠦᠯᠦᠨ᠎ᠡ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠬᠠᠮᠲᠤ ᠪᠠᠷ ᠴᠢᠨᠡᠭᠡᠯᠢᠭᠵᠢᠬᠦ ᠶᠢ | ᠯᠠᠪᠳᠠᠭᠤᠨ ᠢᠶᠠᠷ ᠠᠬᠢᠭᠤᠯᠵᠤ᠂ ᠬᠥᠭᠵᠢᠯᠲᠡ ᠶᠢ ᠨᠡᠩ ᠲᠠᠭᠠᠯᠠᠮᠵᠢᠲᠠᠢ᠂ ᠵᠣᠯ ᠵᠢᠷᠭᠠᠯ ᠢ ᠤᠯᠠᠮ ᠴᠢᠨᠠᠷ ᠴᠢᠨᠰᠠᠭ᠎ᠠ ᠲᠠᠢ ᠪᠣᠯᠭᠠᠨ᠎ᠠ᠃ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠵᠤ ᠠᠳᠠᠯ ᠦᠢᠯᠡᠰ ᠪᠤᠰᠬᠠᠬᠤ ᠶᠢ ᠠᠬᠢᠭᠤᠯᠤᠨ᠎ᠠ᠃ ᠠᠵᠢᠯ ᠣᠯᠭᠤᠬᠤ ᠶᠢ | ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠭᠤᠤᠯᠳᠠᠯᠭᠠᠲᠦ ᠬᠥᠮᠥᠰ ᠤᠨ ᠠᠵᠢᠯ ᠤᠯᠭᠤᠯᠲᠠ ᠶᠢ ᠳᠡᠮᠵᠢᠬᠦ ᠰᠢᠰᠲ᠋ᠧᠮ ᠢ | ᠪᠦᠷᠢᠨᠰᠢᠭᠦᠯᠵᠤ᠂ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠪᠣᠯᠪᠠᠰᠤᠷᠠᠭᠤᠯᠤᠯ ᠤᠨ ᠬᠤᠯᠪᠣᠭ᠎ᠠ ᠶᠢ ᠪᠠᠶᠢᠭᠤᠯᠤᠨ᠂ ᠠᠳᠠᠯ ᠦᠢᠯᠡᠰ ᠪᠤᠰᠬᠠᠬᠤ ᠲᠥᠷᠥᠯ | ᠵᠦᠢᠯ ᠢ ᠲᠠᠨᠢᠯᠴᠠᠭᠤᠯᠬᠤ ᠴᠤᠭᠯᠠᠭᠠᠨ ᠢ ᠡᠷᠭᠢᠯᠡᠵᠦ᠂ ᠬᠤᠰᠢᠭᠤ ᠰᠢᠶᠠᠨ ︽ᠰᠤᠯᠠ ᠠᠵᠢᠯᠲᠠᠳ ᠤᠨ ᠵᠠᠬ᠎ᠠ ᠳᠡᠯᠭᠡᠭᠦᠷ︾ ᠪᠠᠶᠢᠭᠤᠯᠬᠤ᠂ ᠬᠥᠳᠡᠯᠮᠦᠷᠢ | ᠦᠢᠯᠡᠴᠢᠯᠡᠭᠡᠨ ᠤ ᠱᠤᠰᠢᠭ᠎ᠠ ᠪᠤᠶᠢᠵᠢᠭᠤᠯᠬᠤ ᠶᠢ ᠳᠡᠮᠵᠢᠨ᠎ᠡ᠃ 1.1 ᠲᠦᠮᠡᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠰᠢᠨ᠎ᠡ ᠪᠠᠷ ᠠᠵᠢᠯ ᠣᠯᠭᠤᠵᠤ᠂ 40 | ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠵᠦ᠂ ᠠᠵᠢᠯ ᠤᠯᠤᠭᠠᠳᠤᠢ ᠭᠡᠷ ᠪᠦᠯᠢ ᠶᠢ ᠬᠥᠳᠡᠯᠦᠩᠭᠦᠢ ᠪᠠᠷ ᠠᠵᠢᠯ ᠤᠯᠭᠤᠬᠤ ᠶᠢ | ᠪᠠᠳᠤᠯᠠᠨ᠎ᠠ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠪᠠᠲᠤᠯᠠᠨ᠎ᠠ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠭᠤᠣᠯ ᠬᠤᠳᠠ ᠶᠢᠨ ᠲᠣᠭᠤᠷᠢᠭ ᠲᠤ ᠰᠤᠷᠤᠭᠴᠢ ᠡᠯᠰᠡᠬᠦ | ᠲᠤᠭ᠎ᠠ ᠶᠢ ᠰᠢᠨ᠎ᠡ ᠪᠠᠷ ᠨᠡᠮᠡᠭᠳᠡᠭᠦᠯᠬᠦ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠤᠷᠠᠢ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ 117 ᠲᠦᠷᠦᠯ ᠵᠦᠢᠯ ᠢ ᠬᠡᠷᠡᠭᠵᠢᠭᠦᠯᠵᠦ᠂ ︽ᠬᠤᠶᠠᠷ ᠢ ᠪᠠᠭᠠᠰᠬᠠᠬᠤ︾ ᠦᠷ᠎ᠡ | ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ ᠤᠨ ᠲᠦᠭᠡᠮᠡᠯ | ᠬᠠᠷᠠᠭᠠᠯᠵᠠᠯᠲᠤ ᠬᠥᠭᠵᠢᠯᠲᠡ ᠶᠢ ᠴᠢᠩᠭᠠᠳᠬᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠤᠯᠠᠨ ᠬᠡᠯᠪᠡᠷᠢᠵᠢᠭᠰᠡᠨ | ᠬᠥᠭᠵᠢᠯᠲᠡ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠲᠤᠬᠢᠷᠠᠭᠤᠯᠭ᠎ᠠ ᠶᠢ ᠰᠢᠯᠢᠳᠡᠭᠵᠢᠭᠦᠯᠵᠦ᠂ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ | ᠬᠦᠭᠵᠢᠭᠦᠯᠬᠦ ᠶᠢ ᠳᠡᠮᠵᠢᠬᠦ ᠪᠠ ᠵᠢᠷᠤᠮᠵᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠨ᠎ᠡ᠃ ᠪᠠᠭᠰᠢ ᠶᠢᠨ ᠶᠤᠰᠤ ᠮᠣᠷᠠᠯ ᠰᠤᠷᠲᠠᠯ ᠤᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠥᠷᠨᠢᠭᠦᠯᠵᠦ᠂ ᠥᠨᠳᠥᠷ ᠬᠡᠪ ᠪᠣᠯᠪᠠᠰᠤᠷᠠᠯ ᠲᠠᠢ | ᠪᠠᠭᠰᠢ ᠶᠢᠨ ᠡᠩᠨᠡᠭᠡ ᠶᠢ ᠪᠠᠶᠢᠭᠤᠯᠵᠤ᠂ ᠲᠥᠪ ᠭᠤᠣᠯᠴᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠢᠶᠠᠷ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ᠃ | ᠤᠯᠠᠨ ᠲᠦᠮᠡᠨ ᠤ ᠤᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠦᠨ᠎ᠡ᠃ ᠰᠣᠶᠣᠯ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ︽ᠲᠦᠩᠯᠢᠶᠣᠣ ᠶᠢᠨ ᠥᠯᠢᠭᠡᠷ︾ | ᠢ ᠰᠠᠶᠢᠲᠤᠷ ᠶᠠᠷᠢᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠡᠭᠦᠳᠦᠯᠲᠡ ᠲᠠᠢ ᠬᠡᠷᠡᠭᠵᠢᠭᠦᠯᠵᠦ᠂ ᠤᠯᠠᠭᠠᠨᠮᠥ᠋ᠴᠢᠷ ᠤᠨ ︽ | ᠰᠤᠷᠤᠯᠴᠠᠯᠭ᠎ᠠ · ᠡᠭᠦᠳᠦᠯᠲᠡ · ᠲᠣᠭᠯᠠᠯᠲᠠ︾ ᠶᠢᠨ ᠠᠵᠢᠯ ᠢ ᠰᠠᠶᠢᠲᠤᠷ ᠠᠳᠬᠤᠵᠤ᠂ ᠡᠯᠪᠡᠭ ᠪᠠᠶᠠᠯᠢᠭ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠰᠠᠶᠢᠲᠤᠷ | ᠡᠷᠭᠢᠯᠡᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠴᠢᠩᠭᠠᠳᠬᠠᠵᠤ᠂ ᠪᠠᠷᠠᠭᠤᠨ ᠯᠤᠤᠬ᠎ᠠ ᠶᠢᠨ | ᠭᠤᠣᠯ ᠤᠨ ᠪᠣᠯᠪᠠᠰᠤᠨ ᠤ ᠰᠤᠳᠤᠯᠭᠠᠨ ᠤ ᠤᠬᠠᠭᠤᠯᠭ᠎ᠠ ᠶᠢ ᠭᠦᠨᠵᠡᠭᠡᠶᠢᠷᠡᠭᠦᠯᠦᠨ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ | ᠦᠢᠯᠡᠳᠬᠡᠯ ᠤᠨ ᠭᠠᠵᠠᠷ᠂ ᠤᠯᠠᠮᠵᠢᠯᠠᠨ ᠵᠠᠯᠭᠠᠮᠵᠢᠯᠠᠬᠤ ᠰᠠᠭᠤᠷᠢᠨ ᠢ ᠡᠭᠦᠳᠦᠨ ᠪᠠᠶᠢᠭᠤᠯᠤᠨ᠎ᠠ᠃ ᠪᠥᠬᠦ ᠠᠷᠠᠳ ᠢᠶᠠᠷ ᠢᠶᠠᠨ ᠨᠣᠮ ᠤᠩᠰᠢᠬᠤ ᠶᠢ ᠰᠠᠨᠠᠭᠠᠴᠢᠯᠠᠵᠤ᠂ ︽ | ᠨᠤᠮ ᠤᠨ ᠴᠠᠭᠠᠨ ᠪᠤᠶᠠᠨᠲᠤ ᠲᠦᠩᠯᠢᠶᠣᠣ︾ ᠶᠢ ᠪᠦᠲᠦᠭᠡᠨ ᠪᠠᠶᠢᠭᠤᠯᠵᠤ᠂ ᠰᠢᠯᠢᠳᠡᠭ ᠰᠣᠶᠣᠯ ᠢᠶᠠᠷ ᠬᠤᠲᠠ ᠶᠢᠨ ᠪᠣᠯᠪᠠᠰᠤᠨ ᠢ ᠤᠮᠳᠠᠯᠠᠨ᠎ᠠ᠃ | ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠥᠭᠡᠷᠡᠴᠢᠯᠡᠯᠲᠡ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠴᠢᠷᠮᠠᠶᠢᠨ ᠣᠯᠵᠤ᠂ ᠬᠤᠲᠠ ᠶᠢᠨ ᠮᠣᠩᠭᠤᠯ ᠡᠮᠨᠡᠯᠭᠡ ᠶᠢᠨ | ᠬᠤᠷᠢᠶ᠎ᠠ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠠᠵᠢᠯ ᠡᠬᠢᠯᠡᠭᠦ᠂ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠬᠤᠷᠢᠶ᠎ᠠ ᠲᠣᠭᠤᠷᠢᠭ ᠢ ᠪᠦᠬᠦᠯᠢ | ᠴᠣᠭᠴᠠ ᠪᠠᠷ ᠪᠠᠷᠢᠯᠭ᠎ᠠ ᠳᠠᠭᠤᠰᠬᠠᠬᠤ ᠶᠢ ᠠᠬᠢᠭᠤᠯᠵᠤ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ᠂ ᠨᠡᠶᠢᠭᠡᠮ | ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠦᠷᠭᠡᠳᠭᠡᠨ ᠳᠤᠷᠤᠭᠰᠢ ᠪᠠᠭᠤᠯᠭᠠᠬᠤ ᠶᠢ ᠠᠬᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠣᠷᠣᠨ ᠲᠤᠭ᠎ᠠ ᠶᠢ ᠳᠠᠩᠰᠠᠯᠠᠬᠤ ᠳᠦᠷᠢᠮ᠂ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠡᠮᠴᠢ ᠶᠢᠨ | ᠣᠯᠠᠨ ᠴᠡᠭ ᠲᠤ ᠠᠵᠢᠯ ᠡᠷᠬᠢᠯᠡᠭᠦᠯᠬᠦ ᠪᠠ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ ᠶᠢ ᠥᠷᠨᠢᠭᠦᠯᠵᠦ᠂ ᠴᠢᠨᠠᠷ ᠰᠠᠶᠢᠲᠠᠢ ᠦᠢᠯᠡᠴᠢᠯᠡᠭᠡ ᠪᠠᠷ | ᠣᠯᠠᠨ ᠲᠦᠮᠡᠨ ᠤ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠪᠤᠨ ᠵᠢᠯ ᠤᠨ ᠲᠥᠯᠥᠪᠯᠡᠭᠡ ᠶᠢ ᠭᠦᠨᠵᠡᠭᠡᠢ | ᠬᠡᠷᠡᠭᠵᠢᠭᠦᠯᠵᠦ᠂ ᠵᠢᠷᠭᠤᠳᠤᠭᠠᠷ ᠬᠤᠭᠤᠴᠠᠭᠠᠨ ᠤ ᠬᠤᠷᠴᠢᠨ ᠤ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠵᠦ᠂ ᠣᠨᠴᠠᠯᠢᠭᠲᠤ ᠪᠡᠶ᠎ᠡ ᠶᠢᠨ ᠲᠠᠮᠢᠷ ᠤᠨ ᠠᠵᠤ | ᠦᠢᠯᠡᠰ ᠢ ᠪᠣᠶᠢᠵᠢᠭᠤᠯᠤᠨ ᠬᠥᠭᠵᠢᠭᠦᠯᠦᠨ᠎ᠡ᠃ | ᠠᠷᠠᠳ ᠤᠨ ᠦᠨᠳᠦᠰᠦᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠨ᠎ᠠ᠃ ᠨᠡᠶᠢᠭᠡᠮ ᠤᠨ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ | ᠥᠷᠭᠡᠳᠬᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ᠂ ᠬᠢᠵᠢᠭ ᠠᠴᠠ ᠪᠣᠯᠵᠤ ᠭᠠᠮᠰᠢᠭ ᠠᠴᠠ ᠪᠣᠯᠵᠤ ᠬᠦᠴᠢᠷᠳᠡᠯ ᠳᠤ ᠤᠴᠠᠷᠠᠭᠰᠠᠨ ᠤᠯᠠᠨ ᠲᠦᠮᠡᠨ ᠪᠠ ᠬᠥᠭᠰᠢᠨ ᠪᠠᠭᠤᠷᠠᠢ | ᠡᠪᠡᠳᠴᠢᠨ ᠲᠠᠢ ᠵᠡᠮᠳᠡᠭ ᠵᠡᠷᠭᠡ ᠣᠨᠴᠠᠭᠠᠶ ᠬᠥᠮᠥᠰ ᠤᠨ ᠦᠨᠳᠦᠰᠦᠨ ᠠᠮᠢᠳᠤᠷᠠᠯ ᠢ ᠦᠨᠡᠨ ᠬᠦ ᠰᠠᠶᠢᠲᠤᠷ ᠪᠠᠲᠤᠯᠠᠨ᠎ᠠ᠃ ᠡᠮᠡᠭᠲᠡᠶᠢᠴᠦᠳ ᠬᠡᠦᠬᠡᠳ ᠤᠨ ︽ᠬᠤᠶᠠᠷ | ᠬᠥᠲᠥᠯᠪᠦᠷᠢ︾ ᠶᠢᠨ ᠬᠠᠷᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠲᠦᠩᠯᠢᠶᠣᠣ ᠶᠢᠨ ᠭᠤᠤᠯ ᠠᠰᠠᠷᠠᠮᠵᠢ ᠶᠢᠨ ᠬᠦᠷᠢᠶᠡᠯᠡᠩ ᠲᠣᠭᠤᠷᠢᠭ ᠢ ᠲᠦᠷᠭᠡᠳᠬᠡᠨ | ᠪᠠᠶᠢᠭᠤᠯᠵᠤ᠂ ᠨᠢᠭᠡ ᠪᠦᠯᠦᠭ ᠰᠢᠶᠠᠩ ᠪᠠᠯᠭᠠᠰᠤ ᠶᠢᠨ ᠦᠰᠪᠦᠷᠢ ᠶᠢᠨ ᠬᠡᠤᠬᠡᠳ ᠢ ᠬᠠᠮᠠᠭᠠᠯᠠᠬᠤ ᠠᠵᠢᠯ ᠤᠨ ᠥᠷᠲᠡᠭᠡ ᠶᠢ ᠪᠠᠶᠢᠭᠤᠯᠤᠨ᠎ᠠ᠃ ︽ᠣᠷᠣᠨ ᠰᠠᠭᠤᠴᠠ ᠶᠢ | ᠰᠠᠷᠢᠭᠠᠯᠠᠬᠤ ᠦᠭᠡᠢ︾ ᠣᠷᠣᠨ ᠪᠠᠶᠢᠷᠢ ᠶᠢᠨ ᠲᠣᠭᠲᠠᠭᠠᠯᠲᠠ ᠶᠢ ᠪᠠᠷᠢᠮᠲᠠᠯᠠᠵᠤ᠂ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ | ᠬᠡᠷᠡᠭᠴᠡᠭᠡ ᠶᠢ ᠲᠡᠮᠵᠢᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠡᠮᠬᠢ ᠵᠢᠷᠤᠮ ᠲᠠᠢ ᠪᠠᠷ ᠨᠡᠮᠡᠭᠳᠡᠭᠦᠯᠦᠨ᠎ᠡ᠃ ᠠᠷᠠᠳ ᠤᠨ ᠬᠦᠰᠡᠯ | ᠡᠷᠡᠮᠡᠯᠵᠡᠯ ᠳᠤ ᠨᠡᠶᠢᠴᠡᠭᠦᠯᠦᠨ᠂ ᠬᠤᠳᠠ ᠶᠢᠨ ᠵᠠᠰᠠᠭ ᠤᠨ ᠣᠷᠳᠣᠨ ᠠᠷᠠᠳ ᠤᠨ ᠠᠮᠢᠳᠤᠷᠠᠯ ᠤᠨ ᠠᠷᠪᠠᠨ ᠲᠠᠯ᠎ᠠ ᠶᠢᠨ ᠪᠣᠳᠠᠲᠤ ᠶᠠᠪᠤᠳᠠᠯ ᠢ ᠢᠯᠡ ᠪᠠᠷ ᠡᠯᠰᠡᠨ | ᠴᠤᠭᠯᠠᠭᠤᠯᠪᠠ᠂ ᠪᠢᠳᠡ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠠᠷᠠᠳ ᠤᠨ ᠠᠮᠢᠳᠤᠷᠠᠯ ᠤᠨ ᠠᠵᠢᠯ ᠨᠢᠭᠡᠪᠦᠷᠢ ᠶᠢ ᠤᠯᠠᠨ ᠲᠦᠮᠡᠨ ᠤ ᠬᠦᠰᠡᠭᠰᠡᠨ ᠶᠤᠰᠤᠭᠠᠷ | ᠪᠡᠶᠡᠯᠡᠭᠦᠯᠬᠦ ᠪᠠᠷ ᠴᠢᠷᠮᠠᠶᠢᠨ᠎ᠠ᠃ | ︵ᠳᠣᠯᠤᠭ᠎ᠠ︶ ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠨᠠᠩ ᠥᠨᠳᠥᠷ ᠬᠢᠷᠢ ᠲᠦᠪᠰᠢᠨ ᠪᠦᠬᠦᠢ | ︽ᠠᠮᠤᠷ ᠠᠮᠤᠭᠤᠯᠠᠩ ᠲᠦᠩᠯᠢᠶᠣᠣ︾ ᠶᠢ ᠪᠦᠲᠦᠭᠡᠨ ᠪᠠᠶᠢᠭᠤᠯᠤᠨ᠎ᠠ᠃ ᠪᠦᠬᠦ ᠤᠯᠤᠰ ᠤᠨ ᠬᠤᠳᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠭᠰᠠᠨ ᠲᠤᠷᠰᠢᠯᠲᠠ ᠶᠢᠨ ᠬᠤᠳᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠳᠠ ᠶᠢ ᠲᠦᠷᠭᠡᠪᠴᠢᠯᠡᠨ | ᠡᠭᠦᠳᠦᠨ ᠪᠠᠶᠢᠭᠤᠯᠵᠤ᠂ ᠨᠡᠶᠢᠭᠡᠮ ᠤᠨ ᠡᠶ᠎ᠡ ᠵᠤᠬᠢᠴᠠᠩᠭᠤᠢ ᠲᠣᠭᠲᠠᠭᠤᠨ ᠢ ᠬᠠᠮᠠᠭᠠᠯᠠᠨ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ ᠰᠠᠬᠢᠨ | ᠬᠠᠮᠠᠭᠠᠯᠠᠨ᠎ᠠ᠃ | ᠤᠯᠠᠨ ᠨᠡᠶᠢᠲᠡ ᠶᠢᠨ ᠠᠮᠤᠷ ᠲᠦᠪᠰᠢᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠰᠢᠨ᠎ᠡ ᠱᠠᠲᠤᠨ ᠳᠠᠬᠢ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠶᠢ ᠰᠠᠶᠢᠲᠤᠷ ᠪᠠᠲᠤᠯᠠᠵᠤ᠂ ᠡᠷᠡᠭᠦᠯ ᠮᠡᠨᠳᠤ ᠶᠢ ᠬᠦᠴᠦᠯᠡᠨ ᠪᠠᠲᠤᠯᠠᠵᠤ | ᠂ ᠬᠦᠨᠳᠦ ᠡᠪᠡᠳᠴᠢᠨ ᠢ ᠬᠦᠴᠦᠯᠡᠨ ᠰᠡᠷᠭᠡᠶᠢᠯᠡᠨ᠎ᠡ᠃ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ | ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠵᠠᠮ ᠬᠠᠷᠢᠯᠴᠠᠭ᠎ᠠ | ᠲᠡᠭᠡᠭᠡᠪᠦᠷᠢ᠂ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶ᠎ᠠ ᠶᠢᠨ ᠬᠦᠷᠢᠶᠡᠨ ᠳᠠᠬᠢ ᠠᠮᠤᠷ ᠲᠦᠪᠰᠢᠨ ᠤ ᠠᠳᠡᠯ ᠢ ᠦᠨᠡᠨᠬᠦ ᠡᠵᠡᠮᠳᠡᠨ᠎ᠡ᠃ ᠴᠠᠭ ᠠᠭᠤᠷ ᠤᠨ | ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ︽ᠰᠡᠷᠭᠡᠶᠢᠯᠡᠯᠲᠡ ᠡᠰᠡᠷᠭᠦᠴᠡᠬᠦ ᠠᠪᠤᠷᠠᠯᠲᠠ︾ ᠶᠢ ᠨᠢᠭᠡ | ᠴᠣᠭᠴᠠᠵᠢᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠵᠠᠰᠠᠭ ᠤᠨ | ᠣᠷᠳᠣᠨ ᠤ ᠴᠢᠨᠠᠷᠲᠠᠢ ᠥᠷᠢ ᠥᠭᠴᠡᠭᠡ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠵᠤ᠂ ᠠᠶᠤᠯᠭᠦᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ︽ᠲᠠᠪᠤᠨ ᠬᠤᠷᠰᠢᠶ᠎ᠠ ᠬᠤᠯᠪᠤᠭᠠᠯᠠᠨ ᠬᠥᠳᠡᠯᠦᠯᠴᠡᠬᠦ︾ ᠲᠣᠭᠲᠠᠴᠠ ᠶᠢ ᠪᠠᠶᠢᠭᠤᠯᠤᠨ᠂ ︽ᠲᠣᠥᠷᠵᠢᠭᠤᠯᠤᠯᠲᠠ + ᠲᠣᠮᠣ ᠦᠭᠭᠦᠭᠳᠡᠯ + ᠲᠡᠮᠦᠷ | ᠭᠢᠰᠬᠢᠭᠦᠷ︾ ᠤᠨ ᠵᠠᠭᠪᠤᠷ ᠢ ᠬᠡᠷᠡᠭᠵᠢᠭᠦᠯᠵᠦ᠂ ᠲᠣᠥᠷᠵᠢᠭᠤᠯᠤᠭᠴᠢ ᠶᠢᠨ ᠴᠠᠯᠢᠩ ᠣᠯᠭᠤᠮᠵᠢ ᠶᠢ ᠳᠡᠭᠡᠭᠰᠢᠯᠡᠭᠦᠯᠦᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ | ᠦᠨᠳᠦᠰᠦᠨ ᠠᠴᠠ ᠨᠢ ᠵᠠᠰᠠᠵᠤ ᠡᠬᠢ ᠶᠢ ᠨᠢ ᠡᠵᠡᠮᠳᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠩᠬᠠᠨ ᠤ ᠵᠠᠬᠢᠳᠠᠯ ᠪᠠ ᠠᠩᠬᠠᠨ ᠤ ᠰᠣᠷᠪᠤᠯᠵᠢᠯᠠᠭ᠎ᠠ ᠶᠢᠨ ︽ | ᠳᠥᠷᠪᠡ ᠶᠢ ᠰᠢᠢᠳᠪᠦᠷᠢᠯᠡᠬᠦ︾ ᠲᠣᠭᠲᠠᠴᠠ ᠶᠢ ᠪᠠᠶᠢᠭᠤᠯᠵᠤ᠂ ᠬᠠᠮᠤᠭ ᠤᠨ ᠲᠦᠷᠭᠡᠨ᠂ ᠬᠠᠮᠤᠭ ᠤᠨ ᠰᠢᠯᠢᠳᠡᠭ ᠲᠥᠰᠥᠯ ᠢᠶᠠᠷ ᠤᠯᠠᠨ ᠲᠦᠮᠡᠨ ᠤ ᠵᠦᠢ ᠶᠣᠰᠣᠨ ᠤ | ᠱᠠᠭᠠᠷᠳᠠᠯᠭ᠎ᠠ ᠶᠢ ᠰᠢᠢᠳᠪᠦᠷᠢᠯᠡᠵᠦ᠂ ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠦᠭᠡᠢ ᠪᠠᠶᠢᠳᠠᠯ ᠢ | ᠡᠴᠦᠰᠯᠡᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ︽ᠠᠮᠤᠷ ᠠᠮᠤᠭᠤᠯᠠᠩ ᠲᠦᠩᠯᠢᠶᠣᠣ︾ ᠶᠢᠨ ᠶᠠᠰᠤ ᠴᠢᠨᠠᠷ ᠢ ᠨᠠᠩ ᠦᠨᠳᠦᠷ᠂ ᠰᠠᠭᠤᠷᠢ ᠶᠢ ᠨᠠᠩ ᠪᠠᠲᠤ ᠪᠣᠯᠭᠠᠨ᠎ᠠ᠃ | ᠪᠦᠯᠬᠦᠮᠳᠡᠯ ᠲᠠᠢ ᠡᠶ᠎ᠡ ᠵᠤᠬᠢᠴᠠᠩᠭᠤᠢ ᠶᠡᠭᠡ ᠲᠠᠯ᠎ᠠ ᠶᠢ ᠪᠠᠬᠢᠵᠢᠭᠦᠯᠦᠨ᠎ᠡ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ︽ᠠᠨᠠᠷ ᠤᠨ | ᠦᠷ᠎ᠡ︾ ᠶᠢᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ | ᠲᠤᠳᠤ ᠲᠥᠷᠥᠭᠳᠡᠯ ᠲᠠᠢ ᠪᠥᠭᠡᠳ ᠪᠦᠲᠦᠮᠵᠢᠲᠡᠶ ᠪᠠᠷ ᠪᠠᠲᠤ ᠪᠠᠬᠢ ᠪᠤᠢ ᠪᠣᠯᠭᠠᠵᠤ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠦᠲᠦᠭᠡᠨ | ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠴᠡᠷᠢᠭ᠂ | ᠴᠡᠷᠢᠭ ᠤᠨ ᠭᠡᠷ ᠪᠦᠯᠢ᠂ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠬᠠᠷᠠᠭᠠᠯᠵᠠᠬᠤ ᠡᠳᠡᠭᠡᠳ ᠤᠨ ᠬᠠᠷᠠᠭᠠᠯᠵᠠᠯ ᠤᠨ ᠭᠠᠷᠴᠠᠭ ᠳᠠᠩᠰᠠ ᠶᠢ ᠲᠤᠭᠳᠠᠭᠠᠵᠤ | ᠂ ᠲᠦᠩᠯᠢᠶᠣᠣ ᠶᠢᠨ ᠴᠡᠷᠢᠭ ᠤᠨ ᠬᠠᠩᠭᠠᠯᠭ᠎ᠠ ᠶᠢᠨ ᠶᠡᠷᠦᠩᠬᠡᠢ ᠦᠢᠯᠡᠴᠢᠯᠡᠭᠡᠨ ᠤ ᠠᠰᠠᠷ ᠢ ᠪᠠᠶᠢᠭᠤᠯᠤᠨ ᠳᠠᠭᠤᠰᠬᠠᠵᠤ᠂ ᠪᠦᠬᠦ ᠤᠯᠤᠰ ᠤᠨ ᠬᠤᠤᠰ ᠬᠦᠷᠢᠶᠡᠯᠡᠯ ᠤᠨ | ᠵᠢᠱᠢᠶᠡᠴᠢ ᠬᠤᠲᠠ ᠶᠢᠨ ᠠᠯᠳᠠᠷ ᠢ ᠬᠠᠮᠠᠭᠠᠯᠠᠨ᠎ᠠ᠃ | | ᠭᠤᠷᠪᠠ᠂ ᠠᠷᠠᠳ ᠲᠦᠮᠡᠨ ᠢ ᠰᠡᠳᠭᠢᠯ ᠬᠠᠨᠤᠮᠵᠢᠲᠠᠢ ᠪᠠᠶᠢᠯᠭᠠᠬᠤ ᠵᠠᠰᠠᠭ ᠤᠨ ᠤᠷᠳᠤᠨ ᠢ ᠪᠦᠲᠦᠭᠡᠨ ᠪᠠᠶᠢᠭᠤᠯᠤᠨ᠎ᠠ | | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠮᠣᠷᠳᠠᠬᠤ ᠳᠤ᠂ ᠬᠠᠷᠢᠭᠤᠴᠠᠯᠭ᠎ᠠ ᠡᠮᠦᠨ᠎ᠡ ᠪᠠᠶᠢᠵᠤ᠂ ᠬᠦᠨᠳᠦ ᠡᠭᠦᠷᠭᠡ ᠮᠥᠷᠥᠨ | ᠳᠡᠭᠡᠷ᠎ᠡ ᠪᠠᠶᠢᠨ᠎ᠠ᠃ ᠪᠢᠳᠡ ᠯᠠᠪᠳᠠᠭᠤᠨ ᠪᠠᠲᠤᠲᠠᠢ ᠦᠨᠡᠨ ᠪᠣᠳᠠᠲᠠᠢ ᠠᠵᠢᠯᠯᠠᠵᠤ᠂ ᠲᠦᠩᠯᠢᠶᠣᠣ ᠶᠢᠨ ᠤᠴᠢᠷ ᠶᠠᠪᠤᠳᠠᠯ᠂ ᠲᠦᠩᠯᠢᠶᠣᠣ ᠶᠢᠨ ᠠᠷᠠᠳ ᠢᠷᠭᠡᠳ ᠤᠨ | ᠤᠴᠢᠷ ᠶᠠᠪᠤᠳᠠᠯ ᠢ ᠰᠠᠶᠢᠲᠤᠷ ᠬᠢᠨ᠎ᠡ᠃ | ᠤᠯᠤᠰ ᠲᠦᠷᠦ ᠪᠠᠷ ᠬᠦᠲᠦᠯᠦᠨ ᠳᠠᠭᠠᠭᠤᠯᠬᠤ ᠶᠢ ᠴᠢᠩᠭᠠᠳᠬᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠰᠤᠷᠤᠯᠴᠠᠵᠤ᠂ ᠪᠦᠬᠦ ᠲᠠᠯ᠎ᠠ ᠪᠠᠷ ᠡᠵᠡᠮᠳᠡᠵᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ ᠬᠤᠤᠰ ᠲᠤᠭᠲᠠᠭᠠᠯ︾ ᠤᠨ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠬᠠᠮᠠᠭᠠᠯᠠᠯ︾ ᠢ ᠤᠬᠠᠮᠰᠠᠷ ᠠᠴᠠ ᠪᠠᠨ ᠡᠷᠡᠰ ᠪᠡᠶᠡᠯᠡᠭᠦᠯᠵᠦ᠂ ᠶᠡᠷᠦᠩᠬᠡᠢ | ᠱᠦᠵᠢ ᠶᠢ ᠰᠠᠯᠤᠯ ᠦᠭᠡᠢ ᠳᠠᠭᠠᠵᠤ᠂ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠲᠥᠪ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠠᠭᠠᠰ ᠲᠤᠲᠠᠭᠤ ᠪᠢᠰᠢ᠂ | ᠬᠤᠪᠢᠷᠠᠭᠤᠯᠬᠤ ᠦᠭᠡᠢ᠂ ᠥᠭᠡᠷᠡᠲᠦᠭᠦᠯᠬᠦ ᠦᠭᠡᠢ ᠪᠠᠷ ᠲᠤᠤᠱᠯᠭᠤᠯᠬᠤ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠶᠢᠨ ᠲᠠᠯ᠎ᠠ ᠪᠠᠷ | ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ᠃ | ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠦᠨᠵᠡᠭᠡᠶᠢᠷᠡᠭᠦᠯᠦᠨ᠎ᠡ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠲᠦᠷᠭᠡᠳᠭᠡᠵᠦ᠂ | ᠬᠠᠤᠯᠢ ᠶᠣᠰᠣᠭᠠᠷ ᠵᠢᠷᠤᠮ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠴᠢᠩᠳᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠶᠢ ᠴᠢᠩᠭᠠᠳᠬᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ ᠶᠢ ᠵᠠᠰᠠᠭ ᠤᠨ | ᠣᠷᠳᠣᠨ ᠤ ᠠᠵᠢᠯᠲᠠᠨ ᠨᠢᠭᠡᠪᠦᠷᠢ ᠶᠢᠨ ᠠᠵᠢᠯᠯᠠᠭᠠᠨ ᠤ ᠤᠬᠠᠮᠰᠠᠷ ᠪᠣᠯᠭᠠᠨ᠎ᠠ᠃ ᠭᠡᠷ᠎ᠡ ᠶᠢᠨ ᠵᠣᠷᠢᠭ ᠰᠠᠨᠠᠭ᠎ᠠ ᠶᠢ ᠬᠢᠴᠢᠶᠡᠩᠭᠦᠶᠢᠯᠡᠨ ᠰᠠᠬᠢᠵᠤ᠂ ᠰᠢᠨ᠎ᠡ ᠨᠣᠶᠠᠨ | ᠡᠷᠬᠡᠪᠰᠢ ᠬᠠᠭᠤᠴᠢᠨ ᠳᠠᠩᠰᠠ ᠶᠢ ᠰᠢᠢᠳᠪᠦᠷᠢᠯᠡᠵᠦ᠂ ᠪᠤᠰᠤᠳ ᠲᠤ ᠨᠠᠶᠢᠳᠠᠬᠤ ᠶᠢ ᠲᠠᠰᠤ ᠵᠣᠭᠰᠣᠭᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ᠂ | ᠡᠭᠦᠷᠭᠡᠯᠡᠯ ᠲᠠᠢ᠂ ᠵᠢᠳᠬᠦᠯ ᠴᠢᠷᠮᠠᠶᠢᠯᠭ᠎ᠠ ᠲᠠᠢ ᠳᠦᠷᠢ ᠲᠥᠷᠬᠦ ᠶᠢ ᠦᠨᠡᠨᠬᠦ ᠪᠤᠶ ᠪᠣᠯᠭᠠᠨ᠎ᠠ᠃ ᠬᠤᠳᠠ ᠶᠢᠨ ᠨᠠᠮ ᠤᠨ ᠬᠤᠷᠢᠶᠠᠨ ᠤ ᠲᠣᠭᠲᠠᠭᠠᠯ ᠢ ᠡᠷᠡᠰ | ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠵᠦ᠂ ᠡᠷᠬᠡ ᠶᠢ ᠢᠮᠠᠭᠲᠠ ᠢᠯᠡ ᠪᠠᠷ ᠬᠡᠷᠡᠭᠵᠢᠭᠦᠯᠦᠨ᠎ᠡ᠃ | ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃ | ᠠᠵᠢᠯᠯᠠᠬᠤ ᠰᠤᠷᠲᠠᠯ ᠢᠶᠠᠨ ᠳᠠᠪᠲᠠᠨ ᠪᠤᠯᠪᠠᠰᠤᠷᠠᠭᠤᠯᠤᠨ᠎ᠠ᠃ ᠬᠥᠭᠵᠢᠯᠲᠡ ᠶᠢᠨ ᠦᠵᠡᠯᠲᠡ ᠪᠠᠨ ᠲᠥᠪ ᠪᠣᠯᠭᠠᠵᠤ᠂ ︽ᠳᠤᠯᠤᠭ᠎ᠠ ᠶᠢ ᠲᠠᠶᠠᠭᠳᠠᠬᠤ︾ ᠶᠢ | ᠪᠡᠶᠡᠯᠡᠭᠦᠯᠵᠦ᠂ ᠲᠦᠷᠭᠡᠨ ᠬᠦᠭᠵᠢᠭᠦᠯᠬᠦ᠂ ᠴᠢᠨᠠᠷ ᠰᠠᠶᠢᠲᠠᠢ ᠬᠦᠭᠵᠢᠭᠦᠯᠬᠦ ᠶᠢ ᠬᠢᠵᠠᠭᠠᠷᠯᠠᠵᠤ ᠪᠠᠶᠢᠭ᠎ᠠ ᠦᠵᠡᠯ ᠰᠠᠨᠠᠭ᠎ᠠ ᠤᠶᠢᠯᠠᠭᠠᠭᠳᠠᠬᠤᠨ ᠢ ᠡᠷᠡᠰ ᠠᠷᠢᠯᠭᠠᠨ᠎ᠠ᠃ | ᠬᠤᠭᠤᠰᠤᠨ ᠶᠠᠷᠢᠭᠠᠳ ᠰᠠᠭᠤᠪᠠᠯ ᠲᠦᠷᠦ ᠭᠦᠷᠦᠨ ᠮᠥᠬᠦᠵᠦ᠂ ᠪᠣᠳᠠᠲᠠᠢ ᠠᠵᠢᠯᠯᠠᠪᠠᠯ ᠤᠯᠤᠰ ᠭᠦᠷᠦᠨ ᠮᠠᠨᠳᠤᠬᠤ ᠶᠢ ᠪᠠᠲᠤ ᠴᠡᠭᠡᠵᠢᠯᠡᠵᠦ᠂ ᠵᠠᠰᠠᠭ ᠤᠨ | ᠣᠷᠳᠣᠨ ᠤ ᠰᠢᠰᠲ᠋ᠧᠮ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ︽ᠭᠤᠷᠪᠠᠨ ᠤᠯᠠᠨ᠂ ᠭᠤᠷᠪᠠᠨ | ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠪᠣᠳᠠᠲᠠᠢ ᠰᠢᠢᠳᠪᠦᠷᠢᠯᠡᠵᠦ᠂ ᠴᠢᠩᠭᠠᠳᠬᠠᠬᠤ᠂ ᠬᠤᠷᠳᠤᠯᠠᠬᠤ᠂ ᠠᠵᠢᠯᠯᠠᠬᠤ ᠶᠢ ᠲᠡᠷᠢᠭᠦᠨ ᠪᠠᠶᠢᠷᠢᠨ ᠳᠤ ᠲᠠᠯᠪᠢᠨ᠂ | ᠪᠣᠳᠠᠲᠠᠢ ᠠᠵᠢᠯᠯᠠᠬᠤ ᠶᠢ ᠴᠢᠬᠤᠯᠠᠴᠢᠯᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠭᠤᠣᠯ ᠬᠦᠭ ᠠᠶᠠᠰ ᠪᠤᠯᠭᠠᠨ᠎ᠠ᠃ | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠰᠢᠢᠳᠪᠦᠷᠢᠯᠡᠬᠦ ᠰᠡᠳᠬᠢᠬᠦᠢ︾ ᠶᠢ ᠴᠢᠩᠭᠠᠳᠬᠠᠵᠤ᠂ ᠡᠮᠦᠨ᠎ᠡ ᠹᠷᠣᠨᠲ ᠤᠨ ᠠᠵᠢᠯ ᠤᠨ ᠠᠷᠭ᠎ᠠ ᠶᠢ | ᠪᠠᠷᠢᠮᠲᠠᠯᠠᠵᠤ᠂ ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠳᠤᠬᠢᠶᠠᠯᠳᠤᠪᠠᠯ ᠬᠥᠭᠦᠷᠭᠡ ᠲᠠᠯᠪᠢᠵᠤ᠂ ᠤᠴᠢᠷ ᠶᠠᠪᠤᠳᠠᠯ ᠳᠤ ᠬᠦᠴᠢᠷ ᠠᠴᠠ ᠵᠠᠶᠢᠯᠠᠬᠤ ᠦᠭᠡᠢ | ᠪᠠᠶᠢᠵᠤ᠂ ᠡᠴᠦᠰ ᠲᠤᠨᠢ ᠲᠤᠯᠲᠠᠯ᠎ᠠ ᠠᠳᠬᠤᠨ᠎ᠠ᠃ ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠷᠢᠯᠬᠢᠯᠡᠨ ᠬᠤᠪᠢᠷᠠᠯᠲᠠ ᠶᠢ ᠡᠷᠢᠯᠬᠢᠯᠡᠵᠦ᠂ ᠵᠣᠷᠢᠭᠲᠠᠢ ᠪᠠᠷ ᠬᠢᠵᠦ | ᠵᠣᠷᠢᠭᠲᠠᠢ ᠪᠠᠷ ᠲᠤᠷᠰᠢᠵᠤ᠂ ᠵᠣᠷᠢᠭᠲᠠᠢ ᠪᠠᠷ ᠲᠦᠷᠦᠭᠦᠯᠡᠵᠦ᠂ ᠬᠠᠷᠢᠭᠤᠴᠠᠯᠭ᠎ᠠ ᠲᠠᠢ ︽ᠠᠷᠰᠯᠠᠨ︾ ᠮᠠᠶ᠋ᠢᠭ ᠤᠨ ᠺᠠᠳ᠋ᠷ ᠪᠣᠯᠣᠨ᠎ᠠ︔ ᠰᠢᠷᠭᠠᠭᠤ ᠬᠠᠲᠠᠭᠤᠵᠢᠯᠲᠠᠢ | ᠠᠵᠢᠯᠯᠠᠵᠤ᠂ ᠴᠥᠭᠡᠨ ᠶᠠᠷᠢᠵᠤ ᠢᠯᠡᠭᠦᠦ ᠬᠢᠬᠦ ︽ᠠᠷᠠᠯ ᠤᠨ ᠱᠠᠷ︾ ᠮᠠᠶ᠋ᠢᠭ ᠤᠨ ᠺᠠᠳ᠋ᠷ ᠪᠣᠯᠤᠨ᠎ᠠ︔ ᠬᠠᠭᠤᠴᠢᠨ ᠢᠶᠠᠨ ᠦᠬᠦᠨ ᠪᠠᠷᠢᠮᠲᠠᠯᠠᠬᠤ ᠦᠭᠡᠢ᠂ | ᠬᠦᠴᠢᠷ ᠠᠴᠠ ᠵᠠᠶᠢᠯᠠᠵᠤ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠬᠤᠪᠢ ᠪᠠᠨ ᠰᠠᠬᠢᠭᠰᠠᠨ ︽ᠲᠡᠮᠡᠭᠡᠨ ᠬᠢᠷᠭᠤᠣᠯ︾᠂ ︽ᠪᠤᠷᠬᠠᠨ︾ ᠮᠠᠶ᠋ᠢᠭ ᠤᠨ ᠺᠠᠳ᠋ᠷ ᠪᠣᠯᠬᠤ ᠶᠢ | ᠰᠡᠷᠭᠡᠶᠢᠯᠡᠨ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠳᠤᠮᠳᠠ ᠬᠥᠭᠵᠢᠯᠲᠡ ᠶᠢᠨ ᠰᠢᠨ᠎ᠡ ᠣᠷᠣᠨ ᠵᠠᠢ ᠶᠢ ᠴᠢᠷᠮᠠᠶᠢᠨ ᠡᠭᠦᠳᠦᠨ᠎ᠡ᠃ | ᠠᠵᠢᠯᠴᠢ ᠬᠦᠳᠡᠯᠮᠦᠷᠢᠴᠢ ᠠᠷᠢᠭᠤᠨ ᠴᠢᠭᠡᠴᠢ ᠶᠢ ᠪᠠᠲᠤ ᠰᠠᠬᠢᠨ᠎ᠠ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠤᠨ | ᠰᠠᠨᠠᠭᠠᠰᠢᠷᠠᠯ ᠢ ᠰᠠᠨᠠᠭᠠᠯᠵᠠᠵᠤ᠂ ᠠᠷᠠᠳ ᠤᠨ ᠬᠦᠰᠡᠯ ᠢ ᠭᠦᠢᠴᠡᠳᠬᠡᠵᠦ᠂ ᠤᠯᠠᠨ ᠲᠦᠮᠡᠨ ᠤ ᠪᠠᠭ᠎ᠠ ᠶᠠᠪᠤᠳᠠᠯ ᠢ ᠶᠡᠭᠡ ᠶᠠᠪᠤᠳᠠᠯ ᠢᠶᠠᠷ ᠦᠵᠡᠵᠦ᠂ ᠤᠯᠠᠨ ᠲᠦᠮᠡᠨ ᠤ | ᠪᠠᠴᠢᠮ ᠶᠠᠪᠤᠳᠠᠯ ᠬᠦᠴᠢᠷ ᠶᠠᠪᠤᠳᠠᠯ ᠢ ᠴᠢᠬᠤᠯᠠ ᠶᠠᠪᠤᠳᠠᠯ ᠢᠶᠠᠷ ᠦᠵᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠬᠦᠴᠦᠨ ᠢ | ᠨᠢᠭᠲᠠᠷᠠᠭᠤᠯᠬᠤ᠂ ᠠᠷᠠᠳ ᠤᠨ ᠰᠡᠳᠬᠢᠯ ᠢ ᠰᠠᠬᠢᠨ᠎ᠠ᠃ ᠨᠢᠮᠪᠠᠢ ᠲᠥᠯᠥᠪᠯᠡᠨ ᠭᠠᠮᠨᠠᠵᠤ ᠠᠮᠢᠳᠤᠷᠠᠬᠤ ᠶᠢ ᠪᠠᠷᠢᠮᠲᠠᠯᠠᠨ᠂ ᠦᠨᠳᠦᠰᠦᠨ ᠱᠠᠲᠤᠨ ᠤ ︽ᠭᠤᠷᠪᠠ ᠶᠢ | ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠵᠣᠭᠤᠰ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤ ᠵᠠᠷᠤᠴᠠᠭᠤᠯᠤᠨ᠎ᠠ᠃ ᠲᠥᠪ ᠬᠤᠷᠢᠶᠠᠨ ᠤ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ ︽ᠲᠦᠷᠪᠡᠨ ᠰᠤᠷᠲᠠᠯ︾ | ᠢ ᠦᠷᠭᠦᠯᠵᠢᠯᠡᠨ ᠵᠠᠯᠠᠷᠠᠭᠤᠯᠵᠤ᠂ ᠠᠵᠢᠯ ᠤᠨ ᠳᠤᠮᠳᠠ ᠱᠠᠲᠤ ᠱᠠᠲᠤ ᠪᠠᠷ ᠰᠢᠨ᠎ᠡ ᠱᠠᠭᠠᠷᠳᠠᠯᠭ᠎ᠠ ᠳᠤᠷᠠᠳᠬᠤ᠂ ᠮᠢᠨᠴᠦᠭᠦᠷᠡᠨ ᠰᠤᠯᠠᠷᠠᠬᠤ᠂ ᠡᠷᠬᠡ ᠪᠠᠨ | ᠳᠤᠷ᠎ᠠ ᠪᠠᠷ ᠢᠶᠠᠨ ᠬᠡᠷᠡᠭᠯᠡᠬᠦ᠂ ᠬᠠᠷᠢᠭᠤᠴᠠᠨ ᠠᠵᠢᠯᠯᠠᠬᠤ ᠦᠭᠡᠢ ᠵᠡᠷᠭᠡ ᠠᠰᠠᠭᠤᠳᠠᠯ ᠢ ᠬᠠᠷᠢᠭᠤᠴᠠᠯᠭ᠎ᠠ ᠲᠠᠢ ᠪᠠᠷ ᠴᠡᠭᠴᠡᠯᠡᠨ ᠵᠠᠰᠠᠨ᠎ᠠ᠃ ᠨᠠᠮ ᠢ ᠬᠠᠮᠢᠶᠠᠷᠴᠤ ᠨᠠᠮ ᠢ | ᠵᠠᠰᠠᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶᠠᠯᠠᠭᠳᠠᠭᠰᠠᠳ ᠢ ᠴᠢᠩᠭ᠎ᠠ | ᠬᠠᠮᠢᠶᠠᠷᠴᠤ᠂ ᠡᠭᠦᠷᠢᠳᠡ ᠵᠣᠭᠰᠣᠰᠢ ᠦᠭᠡᠢ ᠰᠡᠷᠭᠡᠭ ᠢᠶᠠᠷ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠭᠰᠡᠨ ᠠᠷᠢᠭᠤᠨ ᠴᠢᠬᠡᠴᠢ ᠵᠠᠰᠠᠭ ᠤᠨ ᠣᠷᠳᠣᠨ ᠢ | ᠪᠠᠶᠢᠭᠤᠯᠤᠨ᠎ᠠ᠃ | ᠲᠥᠯᠥᠭᠡᠯᠡᠭᠴᠢᠳ ᠠ᠋᠂ ᠡᠭᠦᠷᠭᠡ ᠬᠠᠷᠢᠭᠤᠴᠠᠯᠭ᠎ᠠ ᠨᠢ ᠬᠠᠷᠢᠭᠤᠴᠠᠯᠭ᠎ᠠ ᠡᠭᠦᠷᠭᠡᠯᠡᠬᠦ ᠶᠢ ᠤᠷᠢᠶᠠᠯᠠᠵᠤ᠂ ᠲᠡᠮᠡᠴᠡᠯ ᠨᠢ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ | ᠬᠦᠰᠡᠨ ᠱᠠᠭᠠᠷᠳᠠᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ | ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠵᠤᠷᠢᠭ ᠢᠶᠠᠨ | ᠬᠦᠪᠴᠢᠯᠡᠨ᠂ ᠡᠷᠡᠯᠬᠡᠭᠯᠡᠨ ᠤᠷᠤᠭᠰᠢᠯᠠᠵᠤ᠂ ᠰᠢᠨ᠎ᠡ ᠬᠠᠷᠠᠯᠲᠠ ᠲᠡᠰᠢ ᠤᠷᠤᠭᠰᠢᠯᠠᠵᠤ᠂ ᠰᠢᠨ᠎ᠡ ᠠᠶᠠᠨ ᠵᠠᠮ ᠳᠤ ᠭᠠᠪᠢᠶ᠎ᠠ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ | ᠪᠢᠴᠢᠭᠯᠡᠶ᠎ᠡ᠃ |