ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ᠄ | 2011 ᠣᠨ ᠳᠤ᠂ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠬᠡᠭᠡᠷ᠎ᠡ ᠶᠢᠨ ᠵᠡᠭᠡᠷᠭᠡᠨ᠎ᠡ ᠰᠢᠬᠢᠷ ᠡᠪᠡᠰᠦ ᠪᠠ ᠲᠤᠭᠤᠯ ᠡᠪᠡᠰᠦ ᠶᠢ | ᠴᠤᠭᠯᠠᠭᠤᠯᠬᠤ ᠬᠤᠳᠠᠯᠳᠤᠨ ᠠᠪᠬᠤ ᠶᠢ ᠴᠠᠭᠠᠵᠠᠯᠠᠬᠤ ᠲᠤᠬᠠᠢ ᠮᠡᠳᠡᠭᠳᠡᠯ︾ ︵ᠲᠦᠩᠯᠢᠶᠣᠣ ᠵᠠᠰᠠᠭ ᠦᠰᠦᠭᠲᠦ ﹇2011﹈ 191 ᠳ᠋ᠦ᠋ᠭᠡᠷ ᠲᠣᠭᠠᠲᠤ︶ ᠢ | ᠳᠠᠷᠤᠮᠠᠯᠯᠠᠨ ᠲᠠᠷᠬᠠᠭᠠᠪᠠ᠂ ᠪᠢᠴᠢᠭ ᠮᠠᠲ᠋ᠧᠷᠢᠶᠠᠯ ᠳᠤ ᠵᠡᠭᠡᠷᠭᠡᠨ᠎ᠡ ᠴᠤᠭᠯᠠᠭᠤᠯᠬᠤ ᠦᠨᠡᠮᠯᠡᠯ ᠪᠠ ᠬᠤᠳᠠᠯᠳᠤᠨ ᠠᠪᠬᠤ ᠦᠨᠡᠮᠯᠡᠯ ᠣᠯᠭᠤᠬᠤ ᠶᠢ ᠵᠣᠭᠰᠤᠭᠠᠬᠤ ᠬᠡᠷᠡᠭᠲᠡᠢ | ᠭᠡᠵᠦ ᠱᠠᠭᠠᠷᠳᠠᠪᠠ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠠ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠪᠠ ᠴᠢᠮᠡᠭᠡ ᠵᠠᠩᠬᠢᠴᠢᠯᠠᠯᠲᠠ ᠶᠢᠨ ᠲᠢᠩᠬᠢᠮ ᠲᠣᠰ ᠲᠣᠰ ︽ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠢ | ᠴᠤᠭᠯᠠᠭᠤᠯᠬᠤ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠮᠡᠳᠡᠭᠳᠡᠯ︾ ︵ᠥᠪᠥᠷ ᠣᠶ ᠨᠤᠲᠤᠭ ᠨᠠᠮᠤᠭ ﹇2023﹈ 77 ᠳ᠋ᠤᠭᠠᠷ ᠲᠣᠭᠠᠲᠤ︶ ᠪᠠ ︽ᠵᠡᠭᠡᠷᠭᠡᠨ᠎ᠡ ᠶᠢ ᠬᠤᠳᠠᠯᠳᠤᠨ ᠠᠪᠬᠤ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠴᠢᠮᠡᠭᠡ | ᠵᠠᠩᠬᠢᠴᠢᠯᠠᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠦᠢᠯᠡᠳᠪᠦᠷᠢ ᠴᠢᠮᠡᠭᠡ ᠬᠡᠷᠡᠭᠯᠡᠭᠡ ᠦᠢᠯᠡᠳᠪᠦᠷᠢ ᠦᠰᠦᠭᠲᠦ ﹇2023﹈ 375 ᠳ᠋ᠤᠭᠠᠷ ᠲᠣᠭᠠᠲᠤ︶ ᠢ | ᠳᠠᠷᠤᠮᠠᠯᠯᠠᠨ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠲᠣᠭᠲᠠᠭᠠᠯ ᠪᠠ ᠣᠳᠣᠬᠠᠨ ᠳᠤ ᠮᠠᠨ ᠤ ᠬᠤᠲᠠ ᠶᠢᠨ | ᠵᠡᠭᠡᠷᠭᠡᠨ᠎ᠡ ᠶᠢᠨ ᠲᠠᠷᠬᠠᠯᠲᠠ ᠶᠢᠨ ᠣᠷᠣᠨ ᠤ ᠠᠮᠢᠳᠤ ᠪᠣᠳᠠᠰ ᠤᠨ ᠬᠡᠮᠵᠢᠶ᠎ᠡ ᠨᠢ ᠵᠣᠬᠢᠬᠤ ᠬᠡᠪᠴᠢᠶᠡᠨ ᠤ ᠴᠤᠭᠯᠠᠭᠤᠯᠵᠤ ᠠᠰᠢᠭᠯᠠᠬᠤ ᠶᠢ ᠬᠠᠩᠭᠠᠵᠤ ᠳᠡᠶᠢᠯᠬᠦ | ᠪᠠᠶᠢᠳᠠᠯ ᠢ ᠦᠨᠳᠦᠰᠦᠯᠡᠵᠦ᠂ ᠡᠳᠦᠭᠡ ︽ᠬᠡᠭᠡᠷ᠎ᠡ ᠶᠢᠨ ᠵᠡᠭᠡᠷᠭᠡᠨ᠎ᠡ ᠰᠢᠬᠢᠷ ᠡᠪᠡᠰᠦ ᠪᠣᠯᠣᠨ ᠲᠤᠭᠤᠯ ᠡᠪᠡᠰᠦ ᠶᠢ ᠴᠤᠭᠯᠠᠭᠤᠯᠬᠤ ᠬᠤᠳᠠᠯᠳᠤᠨ ᠠᠪᠬᠤ ᠶᠢ | ᠴᠠᠭᠠᠵᠠᠯᠠᠬᠤ ᠲᠤᠬᠠᠢ ᠲᠦᠩᠯᠢᠶᠣᠣ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠲᠦᠩᠯᠢᠶᠣᠣ ᠵᠠᠰᠠᠭ ᠦᠰᠦᠭᠲᠦ ﹇2011﹈ 191 | ᠳ᠋ᠦ᠋ᠭᠡᠷ ᠲᠣᠭᠠᠲᠤ︶ ᠢ ᠬᠦᠴᠦᠨ ᠦᠭᠡᠢ ᠪᠣᠯᠭᠠᠵᠤ᠂ ᠵᠡᠭᠡᠷᠭᠡᠨ᠎ᠡ ᠵᠡᠷᠭᠡ ᠶᠢ ᠴᠤᠭᠯᠠᠭᠤᠯᠬᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠰᠡᠷᠭᠦᠭᠡᠵᠦ᠂ | ᠰᠡᠷᠭᠦᠭᠡᠭᠰᠡᠨ ᠤ ᠳᠠᠷᠠᠭᠠᠬᠢ ᠪᠣᠳᠠᠲᠠᠢ ᠴᠤᠭᠯᠠᠭᠤᠯᠬᠤ ᠬᠤᠳᠠᠯᠳᠤᠨ ᠠᠪᠬᠤ ᠱᠠᠭᠠᠷᠳᠠᠯᠭ᠎ᠠ ᠶᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠦᠴᠦᠨ ᠦᠭᠡᠢ ᠪᠣᠯᠭᠠᠨ᠎ᠠ᠃ | 2023 ᠣᠨ ᠤ 10 ᠳ᠋ᠤᠭᠠᠷ ᠰᠠᠷ᠎ᠠ ᠶᠢᠨ 22 |