ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤᠮᠳᠠ ᠲᠡᠦᠬᠡ ᠰᠣᠶᠣᠯ ᠤᠨ ᠥᠪ ᠢ ᠤᠯᠠᠮ ᠴᠢᠨᠠᠭᠰᠢᠳᠠ ᠰᠢᠰᠲ᠋ᠧᠮ ᠲᠠᠢ ᠬᠠᠮᠠᠭᠠᠯᠠᠵᠤ᠂ ᠠᠰᠢᠭᠯᠠᠵᠤ᠂ | ᠰᠠᠶᠢᠲᠤᠷ ᠤᠯᠠᠮᠵᠢᠯᠠᠵᠤ᠂ ᠲᠡᠦᠬᠡ ᠰᠣᠶᠣᠯ ᠢ ᠦᠷᠭᠦᠯᠵᠢᠯᠡᠭᠦᠯᠵᠦ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ᠂ ︽ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠣᠰᠬᠤᠨ ᠵᠡᠭᠡᠯᠢ ᠲᠣᠭᠤᠷᠢᠭ ᠤᠨ ᠲᠡᠦᠬᠡᠲᠦ ᠪᠠᠷᠢᠯᠭ᠎ᠠ ᠶᠢ | ᠬᠠᠮᠠᠭᠠᠯᠠᠬᠤ ᠠᠷᠭ᠎ᠠ︾ ︵ᠥᠪᠥᠷ ᠪᠠᠶᠢᠭᠤᠯᠤᠯᠲᠠ ᠬᠤᠲᠠ ﹇2020﹈ 42 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠤᠬᠠᠢ ᠶᠢᠨ | ᠲᠠᠯᠠᠪᠠᠶ ᠶᠢᠨ ᠪᠠᠶᠢᠴᠠᠭᠠᠯᠲᠠ᠂ ᠬᠠᠤᠯᠢ ᠶᠣᠰᠣᠴᠢ ᠴᠢᠨᠠᠷᠲᠠᠢ ᠬᠢᠨᠠᠨ ᠪᠠᠶᠢᠴᠠᠭᠠᠯᠲᠠ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠵᠡᠷᠭᠡ ᠶᠠᠪᠤᠴᠠ ᠪᠠᠷ ᠳᠡᠮᠵᠢᠨ᠂ | ᠬᠤᠲᠠ ᠶᠢᠨ ᠵᠠᠰᠠᠭ ᠤᠨ ᠣᠷᠳᠣᠨ ᠳᠤ ᠳᠡᠪᠰᠢᠭᠦᠯᠦᠨ ᠰᠤᠳᠤᠯᠤᠨ ᠬᠢᠨᠠᠨ ᠲᠣᠭᠲᠠᠭᠠᠯᠭᠠᠵᠤ᠂ ᠡᠳᠦᠭᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠦᠩᠯᠢᠶᠣᠣ ᠬᠤᠲᠠ ᠶᠢᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ 1 ᠳ᠋ᠦ᠋ᠭᠡᠷ ᠨᠣᠮᠧᠷᠲᠤ ᠠᠰᠠᠷ︾ ᠢ ᠲᠦᠩᠯᠢᠶᠣᠣ ᠬᠤᠲᠠ ᠶᠢᠨ ᠲᠡᠦᠬᠡᠲᠦ ᠪᠠᠷᠢᠯᠭ᠎ᠠ ᠶᠢᠨ | ᠪᠦᠷᠢᠳᠬᠡᠯ ᠳᠤ ᠣᠷᠣᠭᠤᠯᠬᠤ ᠪᠠᠷ ᠲᠣᠭᠲᠠᠬᠤ ᠶᠢᠨ ᠬᠠᠮᠲᠤ ᠨᠡᠶᠢᠲᠡᠯᠠᠪᠠ᠃ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠡᠷᠡᠲᠦ ᠬᠤᠲᠠ | ᠨᠡᠷᠡᠲᠦ ᠪᠠᠯᠭᠠᠰᠤ ᠨᠡᠷᠡᠲᠦ ᠲᠣᠰᠬᠤᠨ ᠢ ᠬᠠᠮᠠᠭᠠᠯᠠᠬᠤ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ᠡᠭᠦᠷᠭᠡ ᠲᠤᠰᠢᠶᠠᠯ ᠢᠶᠠᠨ ᠡᠭᠦᠷᠭᠡᠯᠡᠵᠦ᠂ | ᠬᠠᠷᠢᠭᠤᠴᠠᠯᠭ᠎ᠠ ᠪᠠᠨ ᠭᠦᠢᠴᠡᠳᠬᠡᠵᠦ᠂ ᠲᠡᠦᠬᠡᠲᠦ ᠪᠠᠷᠢᠯᠭ᠎ᠠ ᠶᠢᠨ ᠬᠠᠮᠠᠭᠠᠯᠠᠯᠲᠠ᠂ ᠬᠠᠮᠢᠶᠠᠷᠤᠯᠲᠠ ᠪᠠ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠲᠡᠦᠬᠡᠲᠦ ᠪᠠᠷᠢᠯᠭ᠎ᠠ ᠶᠢᠨ ᠬᠠᠮᠠᠭᠠᠯᠠᠯᠲᠠ ᠠᠰᠢᠭᠯᠠᠯᠲᠠ ᠶᠢᠨ ᠠᠷᠭ᠎ᠠ ᠬᠡᠮᠵᠢᠶ᠎ᠡ ᠶᠢ ᠢᠳᠡᠪᠬᠢᠲᠡᠢ ᠰᠤᠳᠤᠯᠤᠨ ᠰᠦᠪᠡᠭᠴᠢᠯᠡᠵᠦ᠂ ᠮᠠᠨ ᠤ ᠬᠤᠲᠠ ᠶᠢᠨ ᠲᠡᠦᠬᠡᠲᠦ | ᠪᠠᠷᠢᠯᠭ᠎ᠠ ᠶᠢᠨ ᠬᠠᠮᠠᠭᠠᠯᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ | | 2023 ᠣᠨ ᠤ 11 ᠳ᠋ᠦ᠋ᠭᠡᠷ ᠰᠠᠷ᠎ᠠ ᠶᠢᠨ 22 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ |