2023 ᠣᠨ ᠤ 1 — 2 ᠳ᠋ᠤᠭᠠᠷ ᠰᠠᠷ᠎ᠠ ᠶᠢᠨ ᠲᠦᠩᠯᠢᠶᠣᠣ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/11/29
      ᠲᠦᠷᠦᠭᠦᠸ ᠬᠤᠶᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.0% ᠪᠠᠭᠤᠷᠠᠪᠠ᠃      ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.0% ᠨᠡᠮᠡᠭᠳᠡᠵᠦ᠂ ᠦᠢᠯᠡᠳᠬᠦ ᠦᠢᠯᠡᠰ 7.5% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 2.0% ᠨᠡᠮᠡᠭᠳᠡᠪᠡ᠃      ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.2% ᠨᠡᠮᠡᠭᠳᠡᠪᠡ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 2.9% ᠪᠠᠭᠤᠷᠠᠪᠠ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 5.2% ᠪᠠᠭᠤᠷᠠᠪᠠ︔ ᠬᠤᠪᠢ ᠶᠢᠨ ᠡᠵᠡᠩᠨᠡᠭᠰᠡᠨ ᠠᠵᠤ ᠠᠬᠤᠶᠢᠯᠠᠯ 9.4% ᠪᠠᠭᠤᠷᠠᠪᠠ᠃      ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 25 ᠶᠡᠭᠡ ᠠᠵᠢᠯ ᠲᠥᠷᠥᠯ ᠤᠨ ᠳᠣᠲᠣᠷᠠᠬᠢ 11 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 11.8% ᠪᠠᠭᠤᠷᠠᠵᠤ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 16.7% ᠨᠡᠮᠡᠭᠳᠡᠵᠦ᠂ ᠲᠠᠷᠢᠶᠠᠯᠠᠩ ᠤᠨ ᠬᠤᠯᠢᠰᠢᠨ ᠢᠳᠡᠭᠡᠨ ᠢ ᠪᠣᠯᠪᠠᠰᠤᠷᠠᠭᠤᠯᠬᠤ ᠠᠵᠤ ᠦᠢᠯᠡᠰ 21.6% ᠨᠡᠮᠡᠭᠳᠡᠵᠦ᠂ ᠢᠳᠡᠭᠡᠨ ᠤ ᠦᠢᠯᠡᠳᠬᠦ ᠦᠢᠯᠡᠰ 9.2% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 2.0% ᠨᠡᠮᠡᠭᠳᠡᠵᠦ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 16.9% ᠨᠡᠮᠡᠭᠳᠡᠪᠡ᠃      ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 47 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 29 ᠵᠦᠢᠯ ᠤᠨ ᠭᠠᠷᠤᠯᠲᠠ ᠨᠢ ᠨᠡᠮᠡᠭᠳᠡᠪᠡ᠃ ᠲᠦᠭᠦᠬᠡᠢ ᠬᠥᠩᠭᠡᠨᠴᠠᠭᠠᠨ ᠤ ᠭᠠᠷᠤᠯᠲᠠ 43.0 ᠲᠦᠮᠡᠨ ᠲᠣᠨ ᠬᠦᠷᠴᠦ᠂ 2.9% ᠨᠡᠮᠡᠭᠳᠡᠪᠡ︔ ᠠᠮᠲᠠᠨ ᠤᠭᠢ ᠶᠢᠨ ᠭᠠᠷᠤᠯᠲᠠ 8.9 ᠲᠦᠮᠡᠨ ᠲᠣᠨ ᠬᠦᠷᠴᠦ᠂ 1.1% ᠨᠡᠮᠡᠭᠳᠡᠪᠡ︔ ᠰᠦ ᠶᠢᠨ ᠭᠠᠷᠤᠯᠲᠠ 2.7 ᠲᠦᠮᠡᠨ ᠲᠣᠨ ᠬᠦᠷᠴᠦ᠂ 60.7% ᠨᠡᠮᠡᠭᠳᠡᠪᠡ︔ ᠬᠢᠲᠠᠳ ᠪᠡᠯᠡᠨ ᠡᠮ ᠤᠨ ᠭᠠᠷᠤᠯᠲᠠ 148.0 ᠲᠣᠨ ᠬᠦᠷᠴᠦ᠂ 44.7% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 111.6 ᠲᠦᠮᠡᠨ ᠬᠦᠨᠳᠦ ᠬᠠᠶᠢᠷᠴᠠᠭ ᠬᠦᠷᠴᠦ᠂ 10.3% ᠨᠡᠮᠡᠭᠳᠡᠪᠡ︔ ᠲᠡᠮᠦᠷ ᠤᠨ ᠬᠠᠶᠢᠯᠤᠰᠢ ᠶᠢᠨ ᠭᠠᠷᠤᠯᠲᠠ 6.0 ᠲᠦᠮᠡᠨ ᠲᠣᠨ ᠳᠤ ᠬᠦᠷᠴᠦ᠂ 41.8% ᠨᠡᠮᠡᠭᠳᠡᠪᠡ᠃
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ