ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 0.2% ᠨᠡᠮᠡᠭᠳᠡᠪᠡ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.1% | ᠨᠡᠮᠡᠭᠳᠡᠵᠦ᠂ ᠦᠢᠯᠡᠳᠬᠦ ᠦᠢᠯᠡᠰ 3.6% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 3.6% | ᠨᠡᠮᠡᠭᠳᠡᠪᠡ᠃ ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.1% ᠨᠡᠮᠡᠭᠳᠡᠪᠡ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 0.3% ᠨᠡᠮᠡᠭᠳᠡᠪᠡ︔ | ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 2.9% ᠪᠠᠭᠤᠷᠠᠪᠠ︔ | ᠬᠤᠪᠢ ᠶᠢᠨ ᠡᠵᠡᠩᠨᠡᠭᠰᠡᠨ ᠠᠵᠤ ᠠᠬᠤᠶᠢᠯᠠᠯ 11.3% ᠪᠠᠭᠤᠷᠠᠪᠠ᠃ | ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 25 ᠶᠡᠭᠡ ᠠᠵᠢᠯ ᠲᠥᠷᠥᠯ ᠤᠨ ᠳᠣᠲᠣᠷᠠᠬᠢ 11 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 7.4% ᠪᠠᠭᠤᠷᠠᠵᠤ | ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 12.5% ᠨᠡᠮᠡᠭᠳᠡᠵᠦ᠂ ᠲᠠᠷᠢᠶᠠᠯᠠᠩ ᠤᠨ ᠬᠤᠯᠢᠰᠢᠨ ᠢᠳᠡᠭᠡᠨ ᠢ | ᠪᠣᠯᠪᠠᠰᠤᠷᠠᠭᠤᠯᠬᠤ ᠠᠵᠤ ᠦᠢᠯᠡᠰ 21.0% ᠨᠡᠮᠡᠭᠳᠡᠵᠦ᠂ ᠢᠳᠡᠭᠡᠨ ᠤ ᠦᠢᠯᠡᠳᠬᠦ ᠦᠢᠯᠡᠰ 7.7% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 3.5% ᠨᠡᠮᠡᠭᠳᠡᠵᠦ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 18.8% ᠨᠡᠮᠡᠭᠳᠡᠪᠡ᠃ | ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 48 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 32 ᠵᠦᠢᠯ ᠤᠨ | ᠭᠠᠷᠤᠯᠲᠠ ᠨᠢ ᠨᠡᠮᠡᠭᠳᠡᠪᠡ᠃ ᠲᠦᠭᠦᠬᠡᠢ ᠬᠥᠩᠭᠡᠨᠴᠠᠭᠠᠨ ᠤ ᠭᠠᠷᠤᠯᠲᠠ 65.9 ᠲᠦᠮᠡᠨ ᠲᠣᠨ ᠬᠦᠷᠴᠦ᠂ 3.0% ᠨᠡᠮᠡᠭᠳᠡᠪᠡ︔ ᠠᠮᠲᠠᠨ ᠤᠭᠢ ᠶᠢᠨ ᠭᠠᠷᠤᠯᠲᠠ | 13.4 ᠲᠦᠮᠡᠨ ᠲᠣᠨ ᠬᠦᠷᠴᠦ᠂ 1.8% ᠪᠠᠭᠤᠷᠠᠪᠠ︔ ᠰᠦ ᠶᠢᠨ ᠭᠠᠷᠤᠯᠲᠠ 4.4 ᠲᠦᠮᠡᠨ ᠲᠣᠨ ᠬᠦᠷᠴᠦ᠂ 48.8% ᠨᠡᠮᠡᠭᠳᠡᠪᠡ︔ ᠬᠢᠲᠠᠳ ᠪᠡᠯᠡᠨ | ᠡᠮ ᠤᠨ ᠭᠠᠷᠤᠯᠲᠠ 221.6 ᠲᠣᠨ ᠬᠦᠷᠴᠦ᠂ 33.7% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 161.8 ᠲᠦᠮᠡᠨ ᠬᠦᠨᠳᠦ ᠬᠠᠶᠢᠷᠴᠠᠭ ᠬᠦᠷᠴᠦ᠂ 4. | 1% ᠨᠡᠮᠡᠭᠳᠡᠪᠡ︔ ᠲᠡᠮᠦᠷ ᠤᠨ ᠬᠠᠶᠢᠯᠤᠰᠢ ᠶᠢᠨ ᠭᠠᠷᠤᠯᠲᠠ 8.5 ᠲᠦᠮᠡᠨ ᠲᠣᠨ ᠳᠤ ᠬᠦᠷᠴᠦ᠂ 32.9% ᠨᠡᠮᠡᠭᠳᠡᠪᠡ᠃ |