︽ᠲᠦᠩᠯᠢᠶᠣᠣ ᠬᠤᠲᠠ ᠶᠢᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/11/29
ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄     ︽ᠲᠦᠩᠯᠢᠶᠣᠣ ᠬᠤᠲᠠ ᠶᠢᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃                   2023 ᠣᠨ ᠤ 8 ᠳ᠋ᠤᠭᠠᠷ ᠰᠠᠷ᠎ᠠ ᠶᠢᠨ 30︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠲᠦᠩᠯᠢᠶᠣᠣ ᠬᠤᠲᠠ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠥᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠨ᠂ ᠡᠳᠦᠭᠡ ᠳᠠᠷᠠᠭᠠᠬᠢ ᠮᠡᠲᠦ ᠠᠵᠢᠯ ᠤᠨ ᠲᠥᠰᠥᠯ ᠢ ᠲᠣᠭᠲᠠᠭᠠᠪᠠ᠃     ᠨᠢᠭᠡ᠂ ᠠᠵᠢᠯ ᠤᠨ ᠬᠠᠷᠠᠯᠲᠠ     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠯᠭᠡ ᠲᠡᠮᠳᠡᠭ ᠮᠥᠨ᠂ ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠨᠢᠭᠡᠪᠦᠷᠢ ᠴᠥᠮ ᠤᠯᠤᠰ ᠤᠨ ᠲᠤᠭ ᠢ ᠬᠦᠨᠳᠦᠳᠬᠡᠨ ᠬᠠᠶᠢᠷᠠᠯᠠᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠯᠤᠰ ᠤᠨ ᠲᠤᠭ ᠡᠯᠭᠦᠵᠦ ᠮᠠᠨᠳᠤᠭᠤᠯᠬᠤ ᠪᠠᠶᠢᠭᠤᠯᠤᠮᠵᠢ ᠶᠢ ᠱᠠᠭᠠᠷᠳᠠᠵᠤ ᠥᠪᠡᠷ ᠤᠨ ᠬᠠᠷᠢᠶᠠᠨ ᠳᠠᠬᠢ ᠤᠯᠤᠰ ᠤᠨ ᠲᠤᠭ ᠡᠯᠭᠦᠵᠦ ᠮᠠᠨᠳᠤᠭᠤᠯᠬᠤ᠂ ᠬᠡᠷᠡᠭᠯᠡᠬᠦ ᠪᠠ ᠬᠤᠷᠢᠶᠠᠨ ᠠᠪᠬᠤ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠶᠠᠪᠤᠭᠤᠯᠵᠤ᠂ ᠪᠥᠬᠦ ᠬᠤᠲᠠ ᠶᠢᠨ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠶᠢ ᠵᠢᠷᠤᠮᠵᠢᠭᠤᠯᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃     ᠬᠤᠶᠠᠷ᠂ ᠠᠵᠢᠯ ᠤᠨ ᠠᠭᠤᠯᠭ᠎ᠠ ᠵᠢᠴᠢ ᠦᠨᠳᠦᠰᠦᠯᠡᠯ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠤᠨ ᠭᠤᠷᠪᠠᠳᠤᠭᠠᠷ ᠵᠦᠢᠯ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠯᠤᠰ ᠤᠨ ᠲᠤᠭ ᠡᠯᠭᠦᠵᠦ ᠮᠠᠨᠳᠤᠭᠤᠯᠬᠤ᠂ ᠬᠡᠷᠡᠭᠯᠡᠬᠦ ᠶᠢ ᠬᠢᠨᠠᠨ ᠬᠠᠮᠢᠶᠠᠷᠤᠨ᠎ᠠ᠃ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ︵ᠬᠤᠳᠠ ᠶᠢᠨ ᠬᠠᠮᠢᠶᠠᠷᠤᠯᠲᠠ︶᠂ ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠰᠤᠷᠭᠠᠨ ᠬᠥᠮᠦᠵᠢᠯ᠂ ᠰᠣᠶᠣᠯ ᠪᠠ ᠵᠢᠭᠤᠯᠴᠢᠯᠠᠯ᠂ ᠭᠠᠳᠠᠭᠠᠳᠤ ᠶᠠᠪᠤᠳᠠᠯ ᠵᠡᠷᠭᠡ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠤᠯᠤᠰ ᠤᠨ ᠲᠤᠭ ᠢ ᠦᠢᠯᠡᠳᠬᠦ᠂ ᠪᠣᠷᠣᠯᠠᠭᠤᠯᠬᠤ᠂ ᠡᠯᠭᠦᠵᠦ ᠮᠠᠨᠳᠤᠭᠤᠯᠬᠤ᠂ ᠬᠡᠷᠡᠭᠯᠡᠬᠦ ᠵᠡᠷᠭᠡ ᠵᠠᠩᠭᠢᠯᠠᠭ᠎ᠠ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ︾᠃     ᠭᠤᠷᠪᠠ᠂ ᠪᠣᠳᠠᠲᠠᠢ ᠱᠠᠲᠤ ᠦᠶ᠎ᠡ     ᠵᠢᠭᠰᠠᠭᠠᠨ ᠪᠠᠶᠢᠴᠠᠭᠠᠬᠤ ᠠᠵᠢᠯ ᠢ 8 ᠳ᠋ᠤᠭᠠᠷ ᠰᠠᠷ᠎ᠠ ᠶᠢᠨ 28 ᠠᠴᠠ 10 ᠳ᠋ᠤᠭᠠᠷ ᠰᠠᠷ᠎ᠠ ᠶᠢᠨ 18 ᠪᠣᠯᠲᠠᠯ᠎ᠠ᠂ ᠳᠠᠷᠠᠭᠠᠬᠢ ᠮᠡᠲᠦ ᠭᠤᠷᠪᠠᠨ ᠱᠠᠲᠤ ᠦᠶ᠎ᠡ ᠬᠤᠪᠢᠶᠠᠨ᠎ᠠ᠄     ︵ᠨᠢᠭᠡ︶ ᠬᠠᠤᠯᠢ ᠲᠦᠭᠡᠮᠡᠯᠵᠢᠭᠦᠯᠬᠦ ᠰᠤᠷᠤᠯᠴᠠᠯᠭ᠎ᠠ ᠪᠠ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠱᠠᠲᠤ ᠦᠶ᠎ᠡ ︵8 ᠳ᠋ᠤᠭᠠᠷ ᠰᠠᠷ᠎ᠠ ᠶᠢᠨ 28 ︱ 9 ᠳ᠋ᠦ᠋ᠭᠡᠷ ᠰᠠᠷ᠎ᠠ ᠶᠢᠨ 6︶     1. ᠬᠠᠤᠯᠢ ᠲᠦᠭᠡᠮᠡᠯᠵᠢᠭᠦᠯᠬᠦ ᠰᠤᠷᠤᠯᠴᠠᠯᠭ᠎ᠠ ᠶᠢᠨ ᠱᠠᠲᠤ ᠦᠶ᠎ᠡ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠣᠯᠠᠨ ᠵᠦᠢᠯ ᠤᠨ ᠬᠡᠯᠪᠡᠷᠢ ᠪᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠢ ᠤᠬᠠᠮᠰᠠᠷ ᠠᠴᠠ ᠪᠠᠨ ᠰᠤᠷᠤᠯᠴᠠᠵᠤ᠂ ᠤᠯᠤᠰ ᠤᠨ ᠲᠤᠬ ᠢ ᠬᠠᠶᠢᠷᠠᠯᠠᠬᠤ᠂ ᠤᠯᠤᠰ ᠤᠨ ᠲᠤᠬ ᠢ ᠬᠦᠨᠳᠦᠳᠬᠡᠬᠦ ᠦᠵᠡᠯ ᠤᠬᠠᠮᠰᠠᠷ ᠪᠠ ᠬᠠᠶᠢᠷ᠎ᠠ ᠰᠡᠳᠬᠢᠯᠭᠡ ᠪᠠᠨ ᠲᠡᠰᠦᠷᠡᠯᠳᠠ ᠤᠶᠢᠭᠡᠢ ᠴᠢᠩᠭᠠᠳᠬᠠᠵᠤ᠂ ᠥᠷᠭᠡᠨ ᠤᠯᠡᠠ ᠬᠤᠳᠠ ᠶᠢᠨ ᠠᠷᠠᠳ ᠢ ᠬᠥᠲᠥᠯᠥᠨ ᠵᠢᠯᠤᠭᠤᠳᠴᠤ ᠤᠯᠤᠰ ᠤᠨ ᠲᠤᠬ ᠤᠨ ᠨᠡᠷ᠎ᠡ ᠬᠦᠨᠳᠦ ᠶᠢ ᠤᠬᠠᠮᠰᠠᠷ ᠠᠴᠠ ᠪᠠᠨ ᠬᠠᠮᠠᠭᠠᠯᠠᠬᠤ᠂ ᠤᠯᠤᠰ ᠤᠨ ᠲᠤᠬ ᠡᠯᠭᠦᠵᠦ ᠮᠠᠨᠳᠤᠭᠤᠯᠬᠤ ᠪᠠ ᠬᠡᠷᠡᠭᠯᠡᠬᠦ ᠶᠢ ᠵᠢᠷᠤᠮᠵᠢᠭᠤᠯᠤᠨ᠂ ᠬᠠᠤᠯᠢ ᠲᠦᠭᠡᠮᠡᠯᠵᠢᠭᠦᠯᠬᠦ ᠰᠤᠷᠤᠯᠴᠠᠯᠭ᠎ᠠ ᠶᠢ ᠢᠮᠠᠭᠲᠠ ᠲᠤᠤᠱᠯᠠᠭᠤᠯᠵᠤ᠂ ᠨᠡᠶᠢᠭᠡᠮ ᠳᠠᠶᠠᠭᠠᠷ ᠤᠯᠤᠰ ᠤᠨ ᠲᠤᠬ ᠢ ᠬᠦᠨᠳᠦᠳᠬᠡᠬᠦ ᠪᠠ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃     2.ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠱᠠᠲᠤ ᠦᠶ᠎ᠡ     ︵1︶ ᠡᠯ᠎ᠡ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠨᠢ ᠲᠤᠰ ᠨᠢᠭᠡᠴᠡ᠂ ᠰᠠᠯᠠᠭ᠎ᠠ ᠮᠥᠴᠢᠷ ᠵᠢᠴᠢ ᠬᠠᠷᠢᠶ᠎ᠠ ᠬᠤᠶᠠᠳᠤᠭᠠᠷ ᠳᠡᠰ ᠤᠨ ᠨᠢᠭᠡᠴᠡ ᠶᠢᠨ ᠢᠶᠠᠨ ᠤᠯᠤᠰ ᠤᠨ ᠲᠤᠬ ᠢ ᠬᠡᠷᠡᠭᠯᠡᠬᠦ ᠠᠵᠢᠯ ᠢ ᠳᠦᠷᠢᠮᠵᠢᠭᠦᠯᠦᠨ ᠪᠠᠶᠢᠴᠠᠭᠠᠬᠤ ᠠᠵᠢᠯ ᠢ ᠬᠠᠷᠢᠭᠤᠴᠠᠵᠤ᠂ ᠲᠣᠭᠲᠠᠭᠠᠯ ᠶᠣᠰᠣᠭᠠᠷ ᠤᠯᠤᠰ ᠤᠨ ᠲᠤᠬ ᠡᠯᠭᠦᠵᠦ ᠮᠠᠨᠳᠤᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠤᠷᠠᠭᠳᠠᠭᠰᠠᠨ᠂ ᠭᠬᠢᠷᠳᠦᠭᠰᠡᠨ᠂ ᠥᠩᠭᠡ ᠨᠢ ᠤᠨᠠᠭᠰᠠᠨ ᠪᠤᠶᠤ ᠬᠡᠪ ᠪᠠᠷᠢᠮᠵᠢᠶ᠎ᠠ ᠳᠤ ᠦᠯᠦ ᠨᠡᠶᠢᠴᠡᠬᠦ ᠤᠯᠤᠰ ᠤᠨ ᠲᠤᠬ ᠢ ᠴᠠᠭ ᠲᠤᠬᠠᠢ ᠳᠤᠨᠢ ᠬᠤᠷᠢᠶᠠᠨ ᠠᠪᠬᠤ ᠶᠢ ᠬᠠᠷᠢᠭᠤᠴᠠᠨ᠎ᠠ᠃ ᠡᠭᠦᠨ ᠤ ᠬᠠᠮᠲᠤ᠂ ᠬᠠᠷᠢᠶᠠᠯᠠᠭᠳᠠᠬᠤ ᠡᠲᠡᠭᠡᠳ ᠤᠨ ᠢᠶᠠᠨ ᠤᠯᠤᠰ ᠤᠨ ᠲᠤᠭ ᠢ ᠵᠢᠷᠤᠮᠵᠢᠭᠤᠯᠤᠨ ᠬᠡᠷᠡᠭᠯᠡᠬᠦ ᠪᠠ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠬᠠᠷᠢᠭᠤᠴᠠᠨ ᠵᠢᠯᠣᠭᠤᠳᠤᠨ᠎ᠠ᠃     ︵2︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠬᠠᠷᠢᠶ᠎ᠠ ᠣᠷᠣᠨ ᠤ ᠪᠠᠨ ᠤᠯᠤᠰ ᠤᠨ ᠲᠤᠭ ᠢ ᠵᠢᠷᠤᠮᠵᠢᠭᠤᠯᠤᠨ ᠬᠡᠷᠡᠭᠯᠡᠬᠦ ᠪᠠ ᠬᠤᠷᠢᠶᠠᠨ ᠠᠪᠬᠤ ᠠᠵᠢᠯ ᠢ ᠨᠢᠭᠡᠳᠦᠯᠲᠡᠢ ᠲᠥᠯᠥᠪᠯᠡᠬᠦ ᠶᠢ ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠤᠳ ᠤᠷᠠᠭᠳᠠᠭᠰᠠᠨ᠂ ᠭᠬᠢᠷᠲᠦᠭᠰᠡᠨ᠂ ᠥᠩᠭᠡ ᠨᠢ ᠤᠨᠠᠭᠰᠠᠨ ᠪᠤᠶᠤ ᠬᠡᠪ ᠪᠠᠷᠢᠮᠵᠢᠶ᠎ᠠ ᠳᠤ ᠥᠯᠥ ᠨᠡᠶᠢᠴᠡᠬᠦ ᠤᠯᠤᠰ ᠤᠨ ᠲᠤᠭ ᠢ ᠬᠤᠷᠢᠶᠠᠨ ᠠᠪᠤᠭᠰᠠᠨ ᠳᠠᠷᠠᠭ᠎ᠠ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ︵ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠵᠠᠰᠠᠭ ᠤᠨ ᠠᠯᠪᠠᠨ ᠭᠡᠷ︶ ᠳᠤ ᠬᠦᠷᠭᠡᠨ ᠲᠤᠰᠢᠶᠠᠵᠤ ᠨᠢᠭᠡᠳᠦᠯᠲᠡᠢ ᠰᠢᠢᠳᠪᠦᠷᠢᠯᠡᠭᠦᠯᠬᠦ ᠬᠡᠷᠡᠭᠲᠡᠢ᠂ ᠶᠠᠮᠠᠷᠪᠠ ᠨᠢᠭᠡᠴᠡ ᠪᠠ ᠬᠤᠪᠢ ᠬᠥᠮᠥᠨ ᠳᠤᠷ᠎ᠠ ᠪᠠᠷ ᠢᠶᠠᠨ ᠰᠢᠢᠳᠪᠦᠷᠢᠯᠡᠵᠦ ᠪᠣᠯᠬᠤ ᠦᠭᠡᠢ᠃      ︵ᠬᠤᠶᠠᠷ︶ ᠲᠤᠰᠬᠠᠢ ᠵᠦᠢᠯ ᠤᠨ ᠪᠠᠶᠢᠴᠠᠭᠠᠯᠲᠠ ᠶᠢᠨ ᠱᠠᠲᠤ ᠦᠶ᠎ᠡ ︵9 ᠳ᠋ᠦ᠋ᠭᠡᠷ ᠰᠠᠷ᠎ᠠ ᠶᠢᠨ 7 ︱ 9 ᠳ᠋ᠦ᠋ᠭᠡᠷ ᠰᠠᠷ᠎ᠠ ᠶᠢᠨ 29︶     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ ᠲᠤᠬ ᠢ ᠮᠠᠨᠳᠤᠭᠤᠯᠤᠭᠰᠠᠨ᠂ ᠬᠡᠷᠡᠭᠯᠡᠵᠦ ᠪᠠᠶᠢᠭ᠎ᠠ ᠪᠠᠶᠢᠳᠠᠯ ᠳᠤ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠯᠲᠠ ᠬᠢᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠭᠰᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠰᠤᠷᠭᠠᠨ ᠬᠥᠮᠦᠵᠢᠯ᠂ ᠰᠣᠶᠣᠯ ᠪᠠ ᠵᠢᠭᠤᠯᠴᠢᠯᠠᠯ᠂ ᠭᠠᠳᠠᠭᠠᠳᠤ ᠶᠠᠪᠤᠳᠠᠯ ᠵᠡᠷᠭᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠪᠦᠷᠢᠯᠳᠦᠭᠦᠨ ᠪᠣᠯᠭᠠᠭᠰᠠᠨ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ ᠢ ᠪᠠᠶᠢᠭᠤᠯᠵᠤ᠂ ᠤᠯᠤᠰ ᠤᠨ ᠲᠤᠭ ᠢ ᠵᠢᠷᠤᠮᠵᠢᠭᠤᠯᠤᠨ ᠬᠡᠷᠡᠭᠯᠡᠬᠦ ᠲᠤᠰᠬᠠᠢ ᠪᠠᠶᠢᠴᠠᠭᠠᠯᠲᠠ ᠥᠷᠨᠢᠭᠦᠯᠦᠨ᠂ ᠠᠰᠠᠭᠤᠳᠠᠯ ᠢ ᠢᠯᠡᠷᠡᠭᠦᠯᠦᠮᠡᠭᠴᠡ ᠴᠠᠭ ᠲᠤᠬᠠᠢ ᠳᠤᠨᠢ ᠡᠷᠡᠰ ᠵᠠᠯᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃     ︵ᠭᠤᠷᠪᠠ︶ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠱᠠᠲᠤ ᠦᠶ᠎ᠡ ︵10 ᠳ᠋ᠤᠭᠠᠷ ᠰᠠᠷ᠎ᠠ ᠶᠢᠨ 9 ︱ 10 ᠳ᠋ᠤᠭᠠᠷ ᠰᠠᠷ᠎ᠠ ᠶᠢᠨ 16︶     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠪᠠᠶᠢᠴᠠᠭᠠᠯᠲᠠ ᠶᠢᠨ ᠶᠠᠪᠤᠴᠠ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠤᠨ ᠠᠷᠪᠠᠨ ᠲᠠᠪᠤᠳᠤᠭᠠᠷ ᠵᠦᠢᠯ ᠤᠨ ᠦᠶᠯᠡ ᠠᠵᠢᠯᠯᠠᠭ᠎ᠠ ᠣᠷᠣᠰᠢᠵᠤ ᠪᠠᠶᠢᠪᠠᠯ᠂ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠬᠤ ᠬᠡᠷᠡᠭᠲᠡᠢ᠃     ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠠᠷᠢᠶ᠎ᠠ ᠣᠷᠣᠨ ᠤ ᠪᠠᠨ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ᠂ ᠪᠤᠰᠤᠳ ᠵᠣᠬᠢᠶᠠᠨ ᠪᠠᠶᠢᠭᠤᠯᠤᠯᠲᠠ ᠵᠢᠴᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠤᠯᠢ ᠲᠦᠭᠡᠮᠡᠯᠵᠢᠭᠦᠯᠬᠦ ᠰᠤᠷᠤᠯᠴᠠᠯᠭ᠎ᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠨᠢᠭᠡᠳᠦᠯᠲᠡᠢ ᠬᠤᠷᠢᠶᠠᠩᠭᠤᠶᠢᠯᠠᠵᠤ ᠮᠡᠳᠡᠭᠦᠯᠦᠯᠲᠡ ᠪᠢᠴᠢᠨ᠎ᠡ︔ ᠬᠤᠲᠠ ᠶᠢᠨ ᠱᠠᠲᠤᠨ ᠤ ᠡᠯ᠎ᠡ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ︵ᠰᠤᠷᠭᠠᠭᠤᠯᠢ ᠶᠢᠨ ᠬᠢᠨ ᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢᠭᠡᠳᠦᠯᠲᠡᠢ ᠬᠤᠷᠢᠶᠠᠩᠭᠤᠶᠢᠯᠠᠨ᠎ᠠ︶ ᠬᠠᠤᠯᠢ ᠲᠦᠭᠡᠮᠡᠯᠵᠢᠭᠦᠯᠬᠦ ᠰᠤᠷᠤᠯᠴᠠᠯᠭ᠎ᠠ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠪᠢᠴᠢᠨ᠎ᠡ︔ 10 ᠳ᠋ᠤᠭᠠᠷ ᠰᠠᠷ᠎ᠠ ᠶᠢᠨ 16 ᠠᠴᠠ ᠡᠮᠦᠨ᠎ᠡ ᠬᠤᠲᠠ ᠶᠢᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠵᠥᠪᠯᠡᠯ ᠤᠨ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ᠎ᠡ ︵ᠬᠠᠷᠢᠯᠴᠠᠬᠤ ᠤᠲᠠᠰᠤ᠄ 8835461᠂ ᠢᠮᠧᠯ tlszfjd@163.com︶᠃     ᠳᠥᠷᠪᠡ᠂ ᠬᠠᠮᠢᠶ᠎ᠠ ᠪᠦᠬᠦᠢ ᠱᠠᠭᠠᠷᠳᠠᠯᠭ᠎ᠠ     ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠯ ᠬᠠᠤᠯᠢ ᠪᠠᠷ ᠵᠠᠰᠠᠬᠤ ᠠᠵᠢᠯ ᠤᠨ ᠦᠨᠳᠦᠰᠦ ᠰᠠᠭᠤᠷᠢ ᠶᠢ ᠪᠠᠲᠤᠳᠬᠠᠬᠤ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠭᠦᠢᠴᠡᠳ ᠲᠠᠨᠢᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠨᠡᠬᠦ ᠠᠵᠢᠯ ᠢ ᠭᠤᠣᠯᠳᠠᠯᠭ᠎ᠠ ᠲᠠᠢ ᠠᠵᠢᠯ ᠢᠶᠠᠨ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠯᠤᠰ ᠤᠨ ᠲᠤᠭ ᠢ ᠵᠢᠷᠤᠮᠵᠢᠭᠤᠯᠤᠨ ᠬᠡᠷᠡᠭᠯᠡᠬᠦ ᠶᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠭᠲᠠᠭᠰᠠᠨ ᠬᠤᠭᠤᠴᠠᠭ᠎ᠠ ᠲᠠᠢ ᠥᠷᠨᠢᠭᠦᠯᠵᠦ᠂ ᠤᠷᠠᠭᠳᠠᠭᠰᠠᠨ᠂ ᠭᠬᠢᠷᠳᠦᠭᠰᠡᠨ᠂ ᠥᠩᠭᠡ ᠨᠢ ᠤᠨᠠᠭᠰᠠᠨ ᠪᠤᠶᠤ ᠬᠡᠪ ᠪᠠᠷᠢᠮᠵᠢᠶ᠎ᠠ ᠳᠤ ᠦᠯᠦ ᠨᠡᠶᠢᠴᠡᠬᠦ ᠵᠡᠷᠭᠡ ᠠᠰᠠᠭᠤᠳᠠᠯ ᠢ ᠢᠯᠡᠷᠡᠭᠦᠯᠪᠡᠯ ᠲᠡᠷᠡ ᠳᠠᠷᠤᠢ ᠳᠤᠨᠢ ᠵᠠᠯᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠬᠡᠷᠡᠭᠲᠡᠢ᠃     ︵ᠬᠤᠶᠠᠷ︶ ᠨᠢᠭᠡᠳᠦᠯᠲᠡᠢ ᠲᠥᠯᠥᠪᠯᠡᠨ᠂ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠨᠢᠭᠡᠳᠦᠯᠲᠡᠢ ᠲᠥᠯᠥᠪᠯᠡᠬᠦ ᠪᠠᠨ ᠴᠢᠩᠭᠠᠳᠬᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠰᠤᠷᠤᠯᠴᠠᠨ ᠤᠬᠠᠭᠤᠯᠬᠤ ᠪᠠ ᠲᠤᠰᠬᠠᠢ ᠵᠦᠢᠯ ᠢᠶᠠᠷ ᠪᠠᠶᠢᠴᠠᠭᠠᠬᠤ ᠵᠡᠷᠭᠡ ᠶᠢ ᠭᠦᠨᠵᠡᠭᠡᠢ ᠰᠠᠶᠢᠲᠤᠷ ᠠᠬᠢᠭᠤᠯᠵᠤ᠂ ᠪᠥᠬᠦ ᠠᠷᠠᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠬᠦ ᠬᠡᠷᠡᠭᠲᠡᠢ᠃     ︵ᠭᠤᠷᠪᠠ︶ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠢ ᠵᠥᠷᠢᠴᠡᠭᠰᠡᠨ ᠦᠶᠯᠡ ᠠᠵᠢᠯᠯᠠᠭ᠎ᠠ ᠶᠢ ᠣᠯᠵᠤ ᠮᠡᠳᠡᠭᠰᠡᠨ ᠶᠠᠮᠠᠷᠪᠠ ᠨᠢᠭᠡᠴᠡ ᠪᠠ ᠬᠤᠪᠢ ᠬᠥᠮᠥᠨ ᠤᠯᠤᠰ ᠤᠨ ᠲᠤᠭ ᠡᠯᠭᠦᠵᠦ ᠮᠠᠨᠳᠤᠭᠤᠯᠬᠤ᠂ ᠬᠡᠷᠡᠭᠯᠡᠬᠦ ᠨᠢᠭᠡᠴᠡ ᠪᠤᠶᠤ ᠬᠤᠪᠢ ᠬᠥᠮᠥᠨ ᠳᠤ ᠵᠠᠯᠠᠷᠠᠭᠤᠯᠬᠤ ᠰᠠᠨᠠᠭᠤᠯᠭ᠎ᠠ ᠳᠤᠷᠠᠳᠬᠤ ᠪᠤᠶᠤ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠡᠷᠬᠡ ᠲᠠᠢ᠃ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ᠂ ᠰᠠᠯᠠᠭ᠎ᠠ ᠮᠥᠴᠢᠷ ᠪᠠ ᠨᠢᠭᠡᠴᠡ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ 
ᠢᠷᠡᠯᠲᠡ᠄ ᠲᠣᠲᠣᠷᠬᠠᠢ ᠦᠭᠡᠢ