2023 ᠣᠨ ᠤ 1 ︱ 3 ᠳ᠋ᠤᠭᠠᠷ ᠰᠠᠷ᠎ᠠ ᠳᠤ ᠲᠦᠩᠯᠢᠶᠣᠣ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠠᠰᠢᠭ ᠬᠤᠨᠵᠢᠪᠤᠷᠢ 39.1% ᠪᠠᠭᠤᠷᠠᠪᠠ᠃ | 2023 ᠣᠨ ᠤ ᠨᠢᠭᠡᠳᠦᠭᠡᠷ ᠤᠯᠠᠷᠢᠯ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ | ᠬᠤᠨᠵᠢᠪᠤᠷᠢ ᠶᠢᠨ ᠪᠥᠬᠦ ᠬᠡᠮᠵᠢᠶ᠎ᠡ 28.5 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 39.1% ᠪᠠᠭᠤᠷᠠᠪᠠ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 382.0 ᠳ᠋ᠤᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ | ᠬᠢ ᠠᠴᠠ 5.1% ᠪᠠᠭᠤᠷᠠᠪᠠ︔ ᠡᠵᠡᠩᠨᠡᠯᠲᠡ ᠶᠢᠨ ᠥᠪᠡᠷ ᠤᠨ ᠥᠷᠲᠡᠭ 330.2 ᠳ᠋ᠦᠩᠰᠢᠭᠤᠷ ᠲᠥᠭᠦᠷᠢᠭ ᠬᠦᠷᠴᠦ᠂ 0.2% ᠨᠡᠮᠡᠭᠳᠡᠪᠡ︔ | ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠤᠷᠢ ᠶᠢᠨ ᠨᠣᠷᠮ᠎ᠠ 7.47% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.17 ᠬᠤᠪᠢ ᠪᠠᠭᠤᠷᠠᠪᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠶᠢᠨ ᠳᠣᠲᠣᠷᠠᠬᠢ | ᠥᠪᠡᠷ ᠤᠨ ᠥᠷᠲᠡᠭ ᠨᠢ 86.44 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.64 ᠲᠥᠭᠦᠷᠢᠭ ᠨᠡᠮᠡᠭᠳᠡᠪᠡ︔ ᠵᠠᠭᠤᠨ ᠲᠥᠭᠦᠷᠢᠭ ᠪᠦᠷᠢ ᠶᠢᠨ | ᠡᠵᠡᠩᠨᠡᠯᠲᠡ ᠶᠢᠨ ᠣᠷᠣᠯᠭ᠎ᠠ ᠶᠢᠨ ᠳᠣᠲᠣᠷᠠᠬᠢ ᠵᠠᠷᠤᠳᠠᠯ ᠨᠢ 4.89 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.25 ᠲᠥᠭᠦᠷᠢᠭ ᠪᠠᠭᠠᠰᠴᠠᠢ᠃ | ᠠᠭᠤᠷᠬᠠᠢ ᠮᠠᠯᠲᠠᠬᠤ ᠦᠢᠯᠡᠰ ᠤᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 14.6 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ | ᠬᠢ ᠠᠴᠠ 22.7% ᠨᠡᠮᠡᠭᠳᠡᠪᠡ︔ ᠦᠢᠯᠡᠳᠬᠦ ᠦᠢᠯᠡᠰ ᠤᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 4.7 ᠳ᠋ᠦᠩᠰᠢᠭᠤᠷ ᠲᠥᠭᠦᠷᠢᠭ ᠬᠦᠷᠴᠦ᠂ 81. | 7% ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠠᠰᠢᠭ | ᠬᠤᠨᠵᠢᠪᠤᠷᠢ ᠶᠢᠨ ᠶᠡᠷᠦᠩᠬᠡᠢ ᠬᠡᠮᠵᠢᠶ᠎ᠡ 9.3 ᠳ᠋ᠦᠩᠰᠢᠭᠤᠷ ᠲᠥᠭᠦᠷᠢᠭ ᠬᠦᠷᠴᠦ᠂ 0.9% ᠪᠠᠭᠤᠷᠠᠪᠠ᠃ | 23 ᠠᠵᠤ ᠦᠢᠯᠡᠳᠪᠦᠷᠢ ᠶᠢᠨ ᠶᠡᠭᠡ ᠲᠥᠷᠥᠯ ᠤᠨ ᠳᠣᠲᠣᠷ᠎ᠠ᠂ 4 ᠠᠵᠢᠯ ᠲᠥᠷᠥᠯ ᠤᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠵᠦ᠂ 19 ᠠᠵᠢᠯ ᠲᠥᠷᠥᠯ ᠪᠠᠭᠤᠷᠠᠪᠠ᠃ ᠭᠤᠣᠯ ᠪᠣᠯᠬᠤ ᠠᠵᠢᠯ ᠲᠥᠷᠥᠯ ᠤᠨ ᠠᠰᠢᠭ ᠬᠤᠨᠵᠢᠪᠤᠷᠢ ᠶᠢᠨ ᠪᠠᠶᠢᠳᠠᠯ ᠳᠠᠷᠠᠭᠠᠬᠢ | ᠮᠡᠲᠦ᠄ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 89.6% ᠪᠠᠭᠤᠷᠠᠪᠠ︔ | ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ 23.1% ᠨᠡᠮᠡᠭᠳᠡᠪᠡ︔ ᠢᠳᠡᠭᠡᠨ ᠤ ᠦᠢᠯᠡᠳᠬᠦ ᠦᠢᠯᠡᠰ 23.9% ᠪᠠᠭᠤᠷᠠᠪᠠ︔ ᠡᠮ ᠡᠮᠨᠡᠯᠭᠡ ᠶᠢᠨ | ᠦᠢᠯᠡᠳᠬᠦ ᠦᠢᠯᠡᠰ 18.5% ᠪᠠᠷ ᠨᠡᠮᠡᠭᠳᠡᠪᠡ︔ ᠲᠠᠷᠢᠶᠠᠯᠠᠩ ᠤᠨ ᠬᠤᠯᠢᠰᠢᠨ ᠢᠳᠡᠭᠡᠨ ᠢ ᠪᠣᠯᠪᠠᠰᠤᠷᠠᠭᠤᠯᠬᠤ ᠦᠢᠯᠡᠰ 34.8% ᠪᠠᠭᠤᠷᠠᠪᠠ︔ ᠴᠠᠬᠢᠯᠭᠠᠨ | ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 3.4% ᠪᠠᠭᠤᠷᠠᠪᠠ᠃ |