2023 ᠣᠨ ᠤ 1 — 4 ᠳ᠋ᠦ᠋ᠭᠡᠷ ᠰᠠᠷ᠎ᠠ ᠶᠢᠨ ᠲᠦᠩᠯᠢᠶᠣᠣ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/11/30
      ᠲᠦᠷᠦᠭᠦᠸ 4 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 0.7% ᠨᠡᠮᠡᠭᠳᠡᠪᠡ᠃      ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.3% ᠨᠡᠮᠡᠭᠳᠡᠵᠦ᠂ ᠦᠢᠯᠡᠳᠬᠦ ᠦᠢᠯᠡᠰ 2.4% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 2.0% ᠨᠡᠮᠡᠭᠳᠡᠪᠡ᠃      ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠪᠡ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 0.4% ᠨᠡᠮᠡᠭᠳᠡᠪᠡ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 0.1% ᠨᠡᠮᠡᠭᠳᠡᠪᠡ︔ ᠬᠤᠪᠢ ᠶᠢᠨ ᠡᠵᠡᠩᠨᠡᠭᠰᠡᠨ ᠠᠵᠤ ᠠᠬᠤᠶᠢᠯᠠᠯ 14.2% ᠪᠠᠭᠤᠷᠠᠪᠠ᠃      ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 26 ᠶᠡᠭᠡ ᠠᠵᠢᠯ ᠲᠥᠷᠥᠯ ᠤᠨ ᠳᠣᠲᠣᠷᠠᠬᠢ 14 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 6.0% ᠪᠠᠭᠤᠷᠠᠵᠤ ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 7.7% ᠨᠡᠮᠡᠭᠳᠡᠵᠦ᠂ ᠲᠠᠷᠢᠶᠠᠯᠠᠩ ᠤᠨ ᠬᠤᠯᠢᠰᠢᠨ ᠢᠳᠡᠭᠡᠨ ᠢ ᠪᠣᠯᠪᠠᠰᠤᠷᠠᠭᠤᠯᠬᠤ ᠠᠵᠤ ᠦᠢᠯᠡᠰ 21.4% ᠨᠡᠮᠡᠭᠳᠡᠵᠦ᠂ ᠢᠳᠡᠭᠡᠨ ᠤ ᠦᠢᠯᠡᠳᠬᠦ ᠦᠢᠯᠡᠰ 7.9% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 3.3% ᠨᠡᠮᠡᠭᠳᠡᠵᠦ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 16.1% ᠨᠡᠮᠡᠭᠳᠡᠪᠡ᠃      ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 48 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 33 ᠵᠦᠢᠯ ᠤᠨ ᠭᠠᠷᠤᠯᠲᠠ ᠨᠢ ᠨᠡᠮᠡᠭᠳᠡᠪᠡ᠃ ᠲᠦᠭᠦᠬᠡᠢ ᠬᠥᠩᠭᠡᠨᠴᠠᠭᠠᠨ ᠤ ᠭᠠᠷᠤᠯᠲᠠ 87.7 ᠲᠦᠮᠡᠨ ᠲᠣᠨ ᠬᠦᠷᠴᠦ᠂ 2.5% ᠨᠡᠮᠡᠭᠳᠡᠪᠡ︔ ᠠᠮᠲᠠᠨ ᠤᠭᠢ ᠶᠢᠨ ᠭᠠᠷᠤᠯᠲᠠ 17.9 ᠲᠦᠮᠡᠨ ᠲᠣᠨ ᠬᠦᠷᠴᠦ᠂ 0.6% ᠪᠠᠭᠤᠷᠠᠪᠠ︔ ᠰᠦ ᠶᠢᠨ ᠭᠠᠷᠤᠯᠲᠠ 6.2 ᠲᠦᠮᠡᠨ ᠲᠣᠨ ᠬᠦᠷᠴᠦ᠂ 50.0% ᠨᠡᠮᠡᠭᠳᠡᠪᠡ︔ ᠬᠢᠲᠠᠳ ᠪᠡᠯᠡᠨ ᠡᠮ ᠤᠨ ᠭᠠᠷᠤᠯᠲᠠ 287.2 ᠲᠣᠨ ᠬᠦᠷᠴᠦ᠂ 38.5% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 216.0 ᠲᠦᠮᠡᠨ ᠬᠦᠨᠳᠦ ᠬᠠᠶᠢᠷᠴᠠᠭ ᠬᠦᠷᠴᠦ᠂ 6.7% ᠨᠡᠮᠡᠭᠳᠡᠪᠡ︔ ᠲᠡᠮᠦᠷ ᠤᠨ ᠬᠠᠶᠢᠯᠤᠰᠢ ᠶᠢᠨ ᠭᠠᠷᠤᠯᠲᠠ 10.4 ᠲᠦᠮᠡᠨ ᠲᠣᠨ ᠳᠤ ᠬᠦᠷᠴᠦ᠂ 30.0% ᠨᠡᠮᠡᠭᠳᠡᠪᠡ᠃
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ