ᠲᠦᠷᠦᠭᠦᠸ 5 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 0.5% ᠨᠡᠮᠡᠭᠳᠡᠪᠡ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.0% | ᠨᠡᠮᠡᠭᠳᠡᠵᠦ᠂ ᠦᠢᠯᠡᠳᠬᠦ ᠦᠢᠯᠡᠰ 3.0% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 1.6% | ᠨᠡᠮᠡᠭᠳᠡᠪᠡ᠃ ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.7% ᠨᠡᠮᠡᠭᠳᠡᠪᠡ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 0.1% ᠨᠡᠮᠡᠭᠳᠡᠪᠡ︔ | ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 0.7% ᠪᠠᠭᠤᠷᠠᠪᠠ︔ | ᠬᠤᠪᠢ ᠶᠢᠨ ᠡᠵᠡᠩᠨᠡᠭᠰᠡᠨ ᠠᠵᠤ ᠠᠬᠤᠶᠢᠯᠠᠯ 17.3% ᠪᠠᠭᠤᠷᠠᠪᠠ᠃ | ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 26 ᠶᠡᠭᠡ ᠠᠵᠢᠯ ᠲᠥᠷᠥᠯ ᠤᠨ ᠳᠣᠲᠣᠷᠠᠬᠢ 13 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 5.4% ᠪᠠᠭᠤᠷᠠᠵᠤ | ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 11.2% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ ᠢ | ᠪᠣᠯᠪᠠᠰᠤᠷᠠᠭᠤᠯᠬᠤ ᠠᠵᠤ ᠦᠢᠯᠡᠰ 21.0% ᠨᠡᠮᠡᠭᠳᠡᠵᠦ᠂ ᠢᠳᠡᠭᠡᠨ ᠤ ᠦᠢᠯᠡᠳᠬᠦ ᠦᠢᠯᠡᠰ 12.7% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ | ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 2.2% ᠨᠡᠮᠡᠭᠳᠡᠵᠦ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 8.0% | ᠨᠡᠮᠡᠭᠳᠡᠪᠡ᠃ | ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 48 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 28 ᠵᠦᠢᠯ ᠤᠨ | ᠭᠠᠷᠤᠯᠲᠠ ᠨᠢ ᠨᠡᠮᠡᠭᠳᠡᠪᠡ᠃ ᠲᠦᠭᠦᠬᠡᠢ ᠬᠥᠩᠭᠡᠨᠴᠠᠭᠠᠨ ᠤ ᠭᠠᠷᠤᠯᠲᠠ 110.4 ᠲᠦᠮᠡᠨ ᠲᠣᠨ ᠬᠦᠷᠴᠦ᠂ 2.2% ᠨᠡᠮᠡᠭᠳᠡᠪᠡ︔ ᠠᠮᠲᠠᠨ ᠤᠭᠢ ᠶᠢᠨ ᠭᠠᠷᠤᠯᠲᠠ | 21.5 ᠲᠦᠮᠡᠨ ᠲᠣᠨ ᠬᠦᠷᠴᠦ᠂ 6.2% ᠪᠠᠭᠤᠷᠠᠪᠠ︔ ᠰᠦ ᠶᠢᠨ ᠭᠠᠷᠤᠯᠲᠠ 7.6 ᠲᠦᠮᠡᠨ ᠲᠣᠨ ᠬᠦᠷᠴᠦ᠂ 31.7% ᠨᠡᠮᠡᠭᠳᠡᠪᠡ︔ ᠬᠢᠲᠠᠳ ᠪᠡᠯᠡᠨ | ᠡᠮ ᠤᠨ ᠭᠠᠷᠤᠯᠲᠠ 357.4 ᠲᠣᠨ ᠬᠦᠷᠴᠦ᠂ 43.2% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 277.8 ᠲᠦᠮᠡᠨ ᠬᠦᠨᠳᠦ ᠬᠠᠶᠢᠷᠴᠠᠭ ᠬᠦᠷᠴᠦ᠂ | 10.1% ᠨᠡᠮᠡᠭᠳᠡᠪᠡ︔ ᠲᠡᠮᠦᠷ ᠤᠨ ᠬᠠᠶᠢᠯᠤᠰᠢ ᠶᠢᠨ ᠭᠠᠷᠤᠯᠲᠠ 12.3 ᠲᠦᠮᠡᠨ ᠲᠣᠨ ᠳᠤ ᠬᠦᠷᠴᠦ᠂ 15.5% ᠨᠡᠮᠡᠭᠳᠡᠪᠡ᠃ | |