ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠲᠦᠩᠯᠢᠶᠣᠣ ᠬᠤᠲᠠ ᠶᠢᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ﹀ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠤᠨ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 8 ᠳ᠋ᠤᠭᠠᠷ ᠰᠠᠷ᠎ᠠ ᠶᠢᠨ 30 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | ᠲᠦᠩᠯᠢᠶᠣᠣ ᠬᠤᠲᠠ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠤᠨ ᠲᠥᠰᠥᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠨ᠂ ᠡᠳᠦᠭᠡ ᠳᠠᠷᠠᠭᠠᠬᠢ ᠮᠡᠲᠦ ᠠᠵᠢᠯ ᠤᠨ ᠲᠥᠰᠥᠯ ᠢ | ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠯᠭᠡ ᠲᠡᠮᠳᠡᠭ | ᠮᠥᠨ᠂ ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠨᠢᠭᠡᠪᠦᠷᠢ ᠴᠥᠮ ᠤᠯᠤᠰ ᠤᠨ ᠲᠤᠭ ᠢ ᠬᠦᠨᠳᠦᠳᠬᠡᠨ ᠬᠠᠶᠢᠷᠠᠯᠠᠬᠤ ᠬᠡᠷᠡᠭᠲᠡᠢ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠠᠵᠢᠯ ᠢ ᠤᠯᠠᠮ ᠨᠢᠭᠡ ᠠᠯᠬᠤᠮ | ᠵᠢᠷᠤᠮᠵᠢᠭᠤᠯᠵᠤ᠂ ᠤᠯᠤᠰ ᠤᠨ ᠲᠤᠭ ᠡᠯᠭᠦᠵᠦ ᠮᠠᠨᠳᠤᠭᠤᠯᠬᠤ ᠪᠠᠶᠢᠭᠤᠯᠤᠮᠵᠢ ᠶᠢ ᠱᠠᠭᠠᠷᠳᠠᠵᠤ ᠥᠪᠡᠷ ᠤᠨ ᠬᠠᠷᠢᠶᠠᠨ ᠳᠠᠬᠢ ᠤᠯᠤᠰ ᠤᠨ ᠲᠤᠭ ᠡᠯᠭᠦᠵᠦ | ᠮᠠᠨᠳᠤᠭᠤᠯᠬᠤ᠂ ᠬᠡᠷᠡᠭᠯᠡᠬᠦ ᠪᠠ ᠬᠤᠷᠢᠶᠠᠨ ᠠᠪᠬᠤ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠶᠠᠪᠤᠭᠤᠯᠵᠤ᠂ ᠪᠥᠬᠦ ᠬᠤᠲᠠ ᠶᠢᠨ ᠤᠯᠤᠰ ᠤᠨ ᠲᠤᠭ ᠡᠯᠭᠦᠵᠦ | ᠮᠠᠨᠳᠤᠭᠤᠯᠬᠤ ᠪᠠ ᠬᠡᠷᠡᠭᠯᠡᠬᠦ ᠶᠢ ᠵᠢᠷᠤᠮᠵᠢᠭᠤᠯᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠶᠠᠷ᠂ ᠠᠵᠢᠯ ᠤᠨ ᠠᠭᠤᠯᠭ᠎ᠠ ᠵᠢᠴᠢ ᠦᠨᠳᠦᠰᠦᠯᠡᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ | ᠤᠨ ᠭᠤᠷᠪᠠᠳᠤᠭᠠᠷ ᠵᠦᠢᠯ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠤ ᠪᠠᠨ | ᠳᠣᠲᠣᠷᠠᠬᠢ ᠤᠯᠤᠰ ᠤᠨ ᠲᠤᠭ ᠡᠯᠭᠦᠵᠦ ᠮᠠᠨᠳᠤᠭᠤᠯᠬᠤ᠂ ᠬᠡᠷᠡᠭᠯᠡᠬᠦ ᠶᠢ ᠬᠢᠨᠠᠨ ᠬᠠᠮᠢᠶᠠᠷᠤᠨ᠎ᠠ᠃ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ︵ᠬᠤᠳᠠ ᠶᠢᠨ ᠬᠠᠮᠢᠶᠠᠷᠤᠯᠲᠠ︶᠂ ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠣᠭᠳᠠᠯ | ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠰᠤᠷᠭᠠᠨ ᠬᠥᠮᠦᠵᠢᠯ᠂ ᠰᠣᠶᠣᠯ ᠪᠠ ᠵᠢᠭᠤᠯᠴᠢᠯᠠᠯ᠂ ᠭᠠᠳᠠᠭᠠᠳᠤ ᠶᠠᠪᠤᠳᠠᠯ ᠵᠡᠷᠭᠡ ᠠᠵᠢᠯ ᠲᠦᠷᠦᠯ ᠤᠨ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠤᠯᠤᠰ ᠤᠨ ᠲᠤᠭ ᠢ ᠦᠢᠯᠡᠳᠬᠦ᠂ | ᠪᠣᠷᠣᠯᠠᠭᠤᠯᠬᠤ᠂ ᠡᠯᠭᠦᠵᠦ ᠮᠠᠨᠳᠤᠭᠤᠯᠬᠤ᠂ ᠬᠡᠷᠡᠭᠯᠡᠬᠦ ᠵᠡᠷᠭᠡ ᠵᠠᠩᠭᠢᠯᠠᠭ᠎ᠠ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ︾᠃ | ᠭᠤᠷᠪᠠ᠂ ᠪᠣᠳᠠᠲᠠᠢ ᠱᠠᠲᠤ ᠦᠶ᠎ᠡ | ᠵᠢᠭᠰᠠᠭᠠᠨ ᠪᠠᠶᠢᠴᠠᠭᠠᠬᠤ ᠠᠵᠢᠯ ᠢ 8 ᠳ᠋ᠤᠭᠠᠷ ᠰᠠᠷ᠎ᠠ ᠶᠢᠨ 28 ᠠᠴᠠ 10 ᠳ᠋ᠤᠭᠠᠷ ᠰᠠᠷ᠎ᠠ ᠶᠢᠨ 18 ᠪᠣᠯᠲᠠᠯ᠎ᠠ᠂ ᠳᠠᠷᠠᠭᠠᠬᠢ ᠮᠡᠲᠦ ᠭᠤᠷᠪᠠᠨ ᠱᠠᠲᠤ ᠦᠶ᠎ᠡ | ᠬᠤᠪᠢᠶᠠᠨ᠎ᠠ᠄ | ︵ᠨᠢᠭᠡ︶ ᠬᠠᠤᠯᠢ ᠲᠦᠭᠡᠮᠡᠯᠵᠢᠭᠦᠯᠬᠦ ᠰᠤᠷᠤᠯᠴᠠᠯᠭ᠎ᠠ ᠪᠠ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠱᠠᠲᠤ ᠦᠶ᠎ᠡ ︵8 ᠳ᠋ᠤᠭᠠᠷ ᠰᠠᠷ᠎ᠠ ᠶᠢᠨ | 28 ︱ 9 ᠳ᠋ᠦ᠋ᠭᠡᠷ ᠰᠠᠷ᠎ᠠ ᠶᠢᠨ 6︶ | 1. ᠬᠠᠤᠯᠢ ᠲᠦᠭᠡᠮᠡᠯᠵᠢᠭᠦᠯᠬᠦ ᠰᠤᠷᠤᠯᠴᠠᠯᠭ᠎ᠠ ᠶᠢᠨ ᠱᠠᠲᠤ ᠦᠶ᠎ᠡ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ | ᠦᠨᠡᠨᠬᠦ ᠴᠢᠩᠭᠠᠳᠬᠠᠵᠤ᠂ ᠣᠯᠠᠨ ᠵᠦᠢᠯ ᠤᠨ ᠬᠡᠯᠪᠡᠷᠢ ᠪᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠢ | ᠤᠬᠠᠮᠰᠠᠷ ᠠᠴᠠ ᠪᠠᠨ ᠰᠤᠷᠤᠯᠴᠠᠵᠤ᠂ ᠤᠯᠤᠰ ᠤᠨ ᠲᠤᠬ ᠢ ᠬᠠᠶᠢᠷᠠᠯᠠᠬᠤ᠂ ᠤᠯᠤᠰ ᠤᠨ ᠲᠤᠬ ᠢ ᠬᠦᠨᠳᠦᠳᠬᠡᠬᠦ ᠦᠵᠡᠯ ᠤᠬᠠᠮᠰᠠᠷ ᠪᠠ ᠬᠠᠶᠢᠷ᠎ᠠ ᠰᠡᠳᠬᠢᠯᠭᠡ ᠪᠠᠨ | ᠲᠡᠰᠦᠷᠡᠯᠳᠠ ᠤᠶᠢᠭᠡᠢ ᠴᠢᠩᠭᠠᠳᠬᠠᠵᠤ᠂ ᠥᠷᠭᠡᠨ ᠤᠯᠡᠠ ᠬᠤᠳᠠ ᠶᠢᠨ ᠠᠷᠠᠳ ᠢ ᠬᠥᠲᠥᠯᠥᠨ ᠵᠢᠯᠤᠭᠤᠳᠴᠤ ᠤᠯᠤᠰ ᠤᠨ ᠲᠤᠬ ᠤᠨ ᠨᠡᠷ᠎ᠡ ᠬᠦᠨᠳᠦ ᠶᠢ | ᠤᠬᠠᠮᠰᠠᠷ ᠠᠴᠠ ᠪᠠᠨ ᠬᠠᠮᠠᠭᠠᠯᠠᠬᠤ᠂ ᠤᠯᠤᠰ ᠤᠨ ᠲᠤᠬ ᠡᠯᠭᠦᠵᠦ ᠮᠠᠨᠳᠤᠭᠤᠯᠬᠤ ᠪᠠ ᠬᠡᠷᠡᠭᠯᠡᠬᠦ ᠶᠢ ᠵᠢᠷᠤᠮᠵᠢᠭᠤᠯᠤᠨ᠂ ᠬᠠᠤᠯᠢ ᠲᠦᠭᠡᠮᠡᠯᠵᠢᠭᠦᠯᠬᠦ ᠰᠤᠷᠤᠯᠴᠠᠯᠭ᠎ᠠ ᠶᠢ | ᠢᠮᠠᠭᠲᠠ ᠲᠤᠤᠱᠯᠠᠭᠤᠯᠵᠤ᠂ ᠨᠡᠶᠢᠭᠡᠮ ᠳᠠᠶᠠᠭᠠᠷ ᠤᠯᠤᠰ ᠤᠨ ᠲᠤᠬ ᠢ ᠬᠦᠨᠳᠦᠳᠬᠡᠬᠦ ᠪᠠ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠢ᠃ | 2.ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠱᠠᠲᠤ ᠦᠶ᠎ᠡ | ︵1︶ ᠡᠯ᠎ᠡ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠨᠢ ᠲᠤᠰ ᠨᠢᠭᠡᠴᠡ᠂ ᠰᠠᠯᠠᠭ᠎ᠠ ᠮᠥᠴᠢᠷ ᠵᠢᠴᠢ | ᠬᠠᠷᠢᠶ᠎ᠠ ᠬᠤᠶᠠᠳᠤᠭᠠᠷ ᠳᠡᠰ ᠤᠨ ᠨᠢᠭᠡᠴᠡ ᠶᠢᠨ ᠢᠶᠠᠨ ᠤᠯᠤᠰ ᠤᠨ ᠲᠤᠬ ᠢ ᠬᠡᠷᠡᠭᠯᠡᠬᠦ ᠠᠵᠢᠯ ᠢ ᠳᠦᠷᠢᠮᠵᠢᠭᠦᠯᠦᠨ ᠪᠠᠶᠢᠴᠠᠭᠠᠬᠤ ᠠᠵᠢᠯ ᠢ ᠬᠠᠷᠢᠭᠤᠴᠠᠵᠤ᠂ | ᠲᠣᠭᠲᠠᠭᠠᠯ ᠶᠣᠰᠣᠭᠠᠷ ᠤᠯᠤᠰ ᠤᠨ ᠲᠤᠬ ᠡᠯᠭᠦᠵᠦ ᠮᠠᠨᠳᠤᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠤᠷᠠᠭᠳᠠᠭᠰᠠᠨ᠂ ᠭᠬᠢᠷᠳᠦᠭᠰᠡᠨ᠂ ᠥᠩᠭᠡ ᠨᠢ ᠤᠨᠠᠭᠰᠠᠨ | ᠪᠤᠶᠤ ᠬᠡᠪ ᠪᠠᠷᠢᠮᠵᠢᠶ᠎ᠠ ᠳᠤ ᠦᠯᠦ ᠨᠡᠶᠢᠴᠡᠬᠦ ᠤᠯᠤᠰ ᠤᠨ ᠲᠤᠬ ᠢ ᠴᠠᠭ ᠲᠤᠬᠠᠢ ᠳᠤᠨᠢ ᠬᠤᠷᠢᠶᠠᠨ ᠠᠪᠬᠤ ᠶᠢ ᠬᠠᠷᠢᠭᠤᠴᠠᠨ᠎ᠠ᠃ ᠡᠭᠦᠨ ᠤ ᠬᠠᠮᠲᠤ᠂ | ᠬᠠᠷᠢᠶᠠᠯᠠᠭᠳᠠᠬᠤ ᠡᠲᠡᠭᠡᠳ ᠤᠨ ᠢᠶᠠᠨ ᠤᠯᠤᠰ ᠤᠨ ᠲᠤᠭ ᠢ ᠵᠢᠷᠤᠮᠵᠢᠭᠤᠯᠤᠨ ᠬᠡᠷᠡᠭᠯᠡᠬᠦ ᠪᠠ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ | ᠬᠠᠷᠢᠭᠤᠴᠠᠨ ᠵᠢᠯᠣᠭᠤᠳᠤᠨ᠎ᠠ᠃ | ︵2︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠬᠠᠷᠢᠶ᠎ᠠ ᠣᠷᠣᠨ ᠤ ᠪᠠᠨ ᠤᠯᠤᠰ ᠤᠨ ᠲᠤᠭ ᠢ ᠵᠢᠷᠤᠮᠵᠢᠭᠤᠯᠤᠨ ᠬᠡᠷᠡᠭᠯᠡᠬᠦ ᠪᠠ | ᠬᠤᠷᠢᠶᠠᠨ ᠠᠪᠬᠤ ᠠᠵᠢᠯ ᠢ ᠨᠢᠭᠡᠳᠦᠯᠲᠡᠢ ᠲᠥᠯᠥᠪᠯᠡᠬᠦ ᠶᠢ ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠤᠳ ᠤᠷᠠᠭᠳᠠᠭᠰᠠᠨ᠂ ᠭᠬᠢᠷᠲᠦᠭᠰᠡᠨ᠂ ᠥᠩᠭᠡ ᠨᠢ ᠤᠨᠠᠭᠰᠠᠨ | ᠪᠤᠶᠤ ᠬᠡᠪ ᠪᠠᠷᠢᠮᠵᠢᠶ᠎ᠠ ᠳᠤ ᠥᠯᠥ ᠨᠡᠶᠢᠴᠡᠬᠦ ᠤᠯᠤᠰ ᠤᠨ ᠲᠤᠭ ᠢ ᠬᠤᠷᠢᠶᠠᠨ ᠠᠪᠤᠭᠰᠠᠨ ᠳᠠᠷᠠᠭ᠎ᠠ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ︵ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠵᠠᠰᠠᠭ ᠤᠨ | ᠠᠯᠪᠠᠨ ᠭᠡᠷ︶ ᠳᠤ ᠬᠦᠷᠭᠡᠨ ᠲᠤᠰᠢᠶᠠᠵᠤ ᠨᠢᠭᠡᠳᠦᠯᠲᠡᠢ ᠰᠢᠢᠳᠪᠦᠷᠢᠯᠡᠭᠦᠯᠬᠦ ᠬᠡᠷᠡᠭᠲᠡᠢ᠂ ᠶᠠᠮᠠᠷᠪᠠ ᠨᠢᠭᠡᠴᠡ ᠪᠠ ᠬᠤᠪᠢ ᠬᠥᠮᠥᠨ ᠳᠤᠷ᠎ᠠ ᠪᠠᠷ ᠢᠶᠠᠨ ᠰᠢᠢᠳᠪᠦᠷᠢᠯᠡᠵᠦ | ᠪᠣᠯᠬᠤ ᠦᠭᠡᠢ᠃ | ︵ᠬᠤᠶᠠᠷ︶ ᠲᠤᠰᠬᠠᠢ ᠵᠦᠢᠯ ᠤᠨ ᠪᠠᠶᠢᠴᠠᠭᠠᠯᠲᠠ ᠶᠢᠨ ᠱᠠᠲᠤ ᠦᠶ᠎ᠡ ︵9 ᠳ᠋ᠦ᠋ᠭᠡᠷ ᠰᠠᠷ᠎ᠠ ᠶᠢᠨ 7 ︱ 9 ᠳ᠋ᠦ᠋ᠭᠡᠷ ᠰᠠᠷ᠎ᠠ ᠶᠢᠨ 29︶ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ ᠲᠤᠬ ᠢ ᠮᠠᠨᠳᠤᠭᠤᠯᠤᠭᠰᠠᠨ᠂ ᠬᠡᠷᠡᠭᠯᠡᠵᠦ ᠪᠠᠶᠢᠭ᠎ᠠ | ᠪᠠᠶᠢᠳᠠᠯ ᠳᠤ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠯᠲᠠ ᠬᠢᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠭᠰᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠪᠠ ᠰᠤᠷᠭᠠᠨ ᠬᠥᠮᠦᠵᠢᠯ᠂ ᠰᠣᠶᠣᠯ ᠪᠠ ᠵᠢᠭᠤᠯᠴᠢᠯᠠᠯ᠂ ᠭᠠᠳᠠᠭᠠᠳᠤ ᠶᠠᠪᠤᠳᠠᠯ ᠵᠡᠷᠭᠡ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠢᠶᠠᠷ ᠪᠦᠷᠢᠯᠳᠦᠭᠦᠨ ᠪᠣᠯᠭᠠᠭᠰᠠᠨ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ ᠢ ᠪᠠᠶᠢᠭᠤᠯᠵᠤ᠂ ᠤᠯᠤᠰ ᠤᠨ ᠲᠤᠭ ᠢ ᠵᠢᠷᠤᠮᠵᠢᠭᠤᠯᠤᠨ | ᠬᠡᠷᠡᠭᠯᠡᠬᠦ ᠲᠤᠰᠬᠠᠢ ᠪᠠᠶᠢᠴᠠᠭᠠᠯᠲᠠ ᠥᠷᠨᠢᠭᠦᠯᠦᠨ᠂ ᠠᠰᠠᠭᠤᠳᠠᠯ ᠢ ᠢᠯᠡᠷᠡᠭᠦᠯᠦᠮᠡᠭᠴᠡ ᠴᠠᠭ ᠲᠤᠬᠠᠢ ᠳᠤᠨᠢ ᠡᠷᠡᠰ ᠵᠠᠯᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ | ᠬᠡᠷᠡᠭᠲᠡᠢ᠃ | ︵ᠭᠤᠷᠪᠠ︶ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠱᠠᠲᠤ ᠦᠶ᠎ᠡ ︵10 ᠳ᠋ᠤᠭᠠᠷ ᠰᠠᠷ᠎ᠠ ᠶᠢᠨ 9 ︱ 10 ᠳ᠋ᠤᠭᠠᠷ ᠰᠠᠷ᠎ᠠ ᠶᠢᠨ 16︶ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠪᠠᠶᠢᠴᠠᠭᠠᠯᠲᠠ ᠶᠢᠨ ᠶᠠᠪᠤᠴᠠ ᠳᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠤᠨ ᠠᠷᠪᠠᠨ | ᠲᠠᠪᠤᠳᠤᠭᠠᠷ ᠵᠦᠢᠯ ᠤᠨ ᠦᠶᠯᠡ ᠠᠵᠢᠯᠯᠠᠭ᠎ᠠ ᠣᠷᠣᠰᠢᠵᠤ ᠪᠠᠶᠢᠪᠠᠯ᠂ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠬᠤ ᠬᠡᠷᠡᠭᠲᠡᠢ᠃ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠠᠷᠢᠶ᠎ᠠ ᠣᠷᠣᠨ ᠤ ᠪᠠᠨ ᠡᠯ᠎ᠡ ᠪᠠᠶᠢᠭᠤᠯᠭ᠎ᠠ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ᠂ ᠪᠤᠰᠤᠳ ᠵᠣᠬᠢᠶᠠᠨ ᠪᠠᠶᠢᠭᠤᠯᠤᠯᠲᠠ ᠵᠢᠴᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ | ᠶᠢᠨ ᠬᠠᠤᠯᠢ ᠲᠦᠭᠡᠮᠡᠯᠵᠢᠭᠦᠯᠬᠦ ᠰᠤᠷᠤᠯᠴᠠᠯᠭ᠎ᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠨᠢᠭᠡᠳᠦᠯᠲᠡᠢ | ᠬᠤᠷᠢᠶᠠᠩᠭᠤᠶᠢᠯᠠᠵᠤ ᠮᠡᠳᠡᠭᠦᠯᠦᠯᠲᠡ ᠪᠢᠴᠢᠨ᠎ᠡ︔ ᠬᠤᠲᠠ ᠶᠢᠨ ᠱᠠᠲᠤᠨ ᠤ ᠡᠯ᠎ᠡ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ︵ᠰᠤᠷᠭᠠᠭᠤᠯᠢ ᠶᠢᠨ ᠬᠢᠨ ᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢᠭᠡᠳᠦᠯᠲᠡᠢ ᠬᠤᠷᠢᠶᠠᠩᠭᠤᠶᠢᠯᠠᠨ᠎ᠠ︶ ᠬᠠᠤᠯᠢ ᠲᠦᠭᠡᠮᠡᠯᠵᠢᠭᠦᠯᠬᠦ | ᠰᠤᠷᠤᠯᠴᠠᠯᠭ᠎ᠠ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠪᠢᠴᠢᠨ᠎ᠡ︔ 10 ᠳ᠋ᠤᠭᠠᠷ ᠰᠠᠷ᠎ᠠ ᠶᠢᠨ 16 ᠠᠴᠠ ᠡᠮᠦᠨ᠎ᠡ | ᠬᠤᠲᠠ ᠶᠢᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠵᠥᠪᠯᠡᠯ ᠤᠨ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠬᠤ | ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ᠎ᠡ ︵ᠬᠠᠷᠢᠯᠴᠠᠬᠤ ᠤᠲᠠᠰᠤ᠄ 8835461᠂ ᠢᠮᠧᠯ tlszfjd@163.com︶᠃ | ᠳᠥᠷᠪᠡ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠲᠤᠭ ᠤᠨ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠯ ᠬᠠᠤᠯᠢ ᠪᠠᠷ ᠵᠠᠰᠠᠬᠤ ᠠᠵᠢᠯ ᠤᠨ ᠦᠨᠳᠦᠰᠦ ᠰᠠᠭᠤᠷᠢ ᠶᠢ | ᠪᠠᠲᠤᠳᠬᠠᠬᠤ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠭᠦᠢᠴᠡᠳ ᠲᠠᠨᠢᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠨᠡᠬᠦ ᠠᠵᠢᠯ ᠢ | ᠭᠤᠣᠯᠳᠠᠯᠭ᠎ᠠ ᠲᠠᠢ ᠠᠵᠢᠯ ᠢᠶᠠᠨ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠯᠤᠰ ᠤᠨ ᠲᠤᠭ ᠢ ᠵᠢᠷᠤᠮᠵᠢᠭᠤᠯᠤᠨ ᠬᠡᠷᠡᠭᠯᠡᠬᠦ ᠶᠢ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠲᠣᠭᠲᠠᠭᠰᠠᠨ ᠬᠤᠭᠤᠴᠠᠭ᠎ᠠ ᠲᠠᠢ ᠥᠷᠨᠢᠭᠦᠯᠵᠦ᠂ ᠤᠷᠠᠭᠳᠠᠭᠰᠠᠨ᠂ ᠭᠬᠢᠷᠳᠦᠭᠰᠡᠨ᠂ ᠥᠩᠭᠡ ᠨᠢ ᠤᠨᠠᠭᠰᠠᠨ ᠪᠤᠶᠤ ᠬᠡᠪ | ᠪᠠᠷᠢᠮᠵᠢᠶ᠎ᠠ ᠳᠤ ᠦᠯᠦ ᠨᠡᠶᠢᠴᠡᠬᠦ ᠵᠡᠷᠭᠡ ᠠᠰᠠᠭᠤᠳᠠᠯ ᠢ ᠢᠯᠡᠷᠡᠭᠦᠯᠪᠡᠯ ᠲᠡᠷᠡ ᠳᠠᠷᠤᠢ ᠳᠤᠨᠢ ᠵᠠᠯᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠬᠡᠷᠡᠭᠲᠡᠢ᠃ | ︵ᠬᠤᠶᠠᠷ︶ ᠨᠢᠭᠡᠳᠦᠯᠲᠡᠢ ᠲᠥᠯᠥᠪᠯᠡᠨ᠂ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠨᠢᠭᠡᠳᠦᠯᠲᠡᠢ | ᠲᠥᠯᠥᠪᠯᠡᠬᠦ ᠪᠠᠨ ᠴᠢᠩᠭᠠᠳᠬᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ᠂ ᠰᠤᠷᠤᠯᠴᠠᠨ ᠤᠬᠠᠭᠤᠯᠬᠤ ᠪᠠ ᠲᠤᠰᠬᠠᠢ ᠵᠦᠢᠯ ᠢᠶᠠᠷ ᠪᠠᠶᠢᠴᠠᠭᠠᠬᠤ ᠵᠡᠷᠭᠡ ᠶᠢ ᠭᠦᠨᠵᠡᠭᠡᠢ ᠰᠠᠶᠢᠲᠤᠷ ᠠᠬᠢᠭᠤᠯᠵᠤ᠂ ᠪᠥᠬᠦ ᠠᠷᠠᠳ ᠤᠨ | ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠬᠦ ᠬᠡᠷᠡᠭᠲᠡᠢ᠃ | ︵ᠭᠤᠷᠪᠠ︶ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠢ ᠵᠥᠷᠢᠴᠡᠭᠰᠡᠨ ᠦᠶᠯᠡ ᠠᠵᠢᠯᠯᠠᠭ᠎ᠠ ᠶᠢ ᠣᠯᠵᠤ ᠮᠡᠳᠡᠭᠰᠡᠨ ᠶᠠᠮᠠᠷᠪᠠ | ᠨᠢᠭᠡᠴᠡ ᠪᠠ ᠬᠤᠪᠢ ᠬᠥᠮᠥᠨ ᠤᠯᠤᠰ ᠤᠨ ᠲᠤᠭ ᠡᠯᠭᠦᠵᠦ ᠮᠠᠨᠳᠤᠭᠤᠯᠬᠤ᠂ ᠬᠡᠷᠡᠭᠯᠡᠬᠦ ᠨᠢᠭᠡᠴᠡ ᠪᠤᠶᠤ ᠬᠤᠪᠢ ᠬᠥᠮᠥᠨ ᠳᠤ ᠵᠠᠯᠠᠷᠠᠭᠤᠯᠬᠤ ᠰᠠᠨᠠᠭᠤᠯᠭ᠎ᠠ ᠳᠤᠷᠠᠳᠬᠤ | ᠪᠤᠶᠤ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠡᠷᠬᠡ ᠲᠠᠢ᠃ ᠬᠤᠯᠪᠣᠭᠳᠠᠯ ᠪᠦᠬᠦᠢ | ᠠᠷᠠᠳ ᠤᠨ ᠵᠠᠰᠠᠭ ᠤᠨ ᠣᠷᠳᠣᠨ᠂ ᠰᠠᠯᠠᠭ᠎ᠠ ᠮᠥᠴᠢᠷ ᠪᠠ ᠨᠢᠭᠡᠴᠡ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ |