ᠳᠡᠭᠡᠷ᠎ᠡ ᠬᠠᠭᠠᠰ ᠵᠢᠯ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 0.5% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠰᠠᠷ᠎ᠠ ᠶᠢᠨ ᠬᠢ ᠠᠴᠠ 0.2 ᠬᠤᠪᠢ ᠪᠠᠭᠤᠷᠠᠪᠠ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.8% | ᠨᠡᠮᠡᠭᠳᠡᠵᠦ᠂ ᠦᠢᠯᠡᠳᠬᠦ ᠦᠢᠯᠡᠰ 3.1% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 4.6% | ᠨᠡᠮᠡᠭᠳᠡᠪᠡ᠃ ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.8% ᠨᠡᠮᠡᠭᠳᠡᠪᠡ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 0.4% ᠨᠡᠮᠡᠭᠳᠡᠪᠡ︔ | ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 4.7% ᠪᠠᠭᠤᠷᠠᠪᠠ︔ | ᠬᠤᠪᠢ ᠶᠢᠨ ᠡᠵᠡᠩᠨᠡᠭᠰᠡᠨ ᠠᠵᠤ ᠠᠬᠤᠶᠢᠯᠠᠯ 20.0% ᠪᠠᠭᠤᠷᠠᠪᠠ᠃ | ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 26 ᠶᠡᠭᠡ ᠠᠵᠢᠯ ᠲᠥᠷᠥᠯ ᠤᠨ ᠳᠣᠲᠣᠷᠠᠬᠢ 13 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 4.3% ᠪᠠᠭᠤᠷᠠᠵᠤ | ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 34.2% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ ᠢ | ᠪᠣᠯᠪᠠᠰᠤᠷᠠᠭᠤᠯᠬᠤ ᠠᠵᠤ ᠦᠢᠯᠡᠰ 23.0% ᠨᠡᠮᠡᠭᠳᠡᠵᠦ᠂ ᠢᠳᠡᠭᠡᠨ ᠤ ᠦᠢᠯᠡᠳᠬᠦ ᠦᠢᠯᠡᠰ 9.7% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 3.4% ᠨᠡᠮᠡᠭᠳᠡᠵᠦ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 0.5% ᠨᠡᠮᠡᠭᠳᠡᠪᠡ᠃ | ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 48 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 28 ᠵᠦᠢᠯ ᠤᠨ | ᠭᠠᠷᠤᠯᠲᠠ ᠨᠢ ᠨᠡᠮᠡᠭᠳᠡᠪᠡ᠃ ᠲᠦᠭᠦᠬᠡᠢ ᠬᠥᠩᠭᠡᠨᠴᠠᠭᠠᠨ ᠤ ᠭᠠᠷᠤᠯᠲᠠ 154.8 ᠲᠦᠮᠡᠨ ᠲᠣᠨ ᠬᠦᠷᠴᠦ᠂ 1.5% ᠨᠡᠮᠡᠭᠳᠡᠪᠡ︔ ᠠᠮᠲᠠᠨ ᠤᠭᠢ ᠶᠢᠨ ᠭᠠᠷᠤᠯᠲᠠ | 31.0 ᠲᠦᠮᠡᠨ ᠲᠣᠨ ᠬᠦᠷᠴᠦ᠂ 2.5% ᠪᠠᠭᠤᠷᠠᠪᠠ︔ ᠰᠦ ᠶᠢᠨ ᠭᠠᠷᠤᠯᠲᠠ 10.4 ᠲᠦᠮᠡᠨ ᠲᠣᠨ ᠬᠦᠷᠴᠦ᠂ 43.5% ᠨᠡᠮᠡᠭᠳᠡᠪᠡ︔ ᠬᠢᠲᠠᠳ ᠪᠡᠯᠡᠨ | ᠡᠮ ᠤᠨ ᠭᠠᠷᠤᠯᠲᠠ 496.6 ᠲᠣᠨ ᠬᠦᠷᠴᠦ᠂ 42.1% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 396.6 ᠲᠦᠮᠡᠨ ᠬᠦᠨᠳᠦ ᠬᠠᠶᠢᠷᠴᠠᠭ ᠬᠦᠷᠴᠦ᠂ | 10.7% ᠨᠡᠮᠡᠭᠳᠡᠪᠡ︔ ᠲᠡᠮᠦᠷ ᠤᠨ ᠬᠠᠶᠢᠯᠤᠰᠢ ᠶᠢᠨ ᠭᠠᠷᠤᠯᠲᠠ 15.9 ᠲᠦᠮᠡᠨ ᠲᠣᠨ ᠳᠤ ᠬᠦᠷᠴᠦ᠂ 6.7% ᠪᠠᠭᠤᠷᠠᠪᠠ᠃ |