1—8 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 0.2% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠰᠠᠷ᠎ᠠ ᠶᠢᠨ ᠬᠢ ᠠᠴᠠ 0.3 ᠬᠤᠪᠢ ᠪᠠᠭᠤᠷᠠᠪᠠ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.6% | ᠨᠡᠮᠡᠭᠳᠡᠵᠦ᠂ ᠦᠢᠯᠡᠳᠬᠦ ᠦᠢᠯᠡᠰ 4.0% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 5.7% | ᠨᠡᠮᠡᠭᠳᠡᠪᠡ᠃ ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.1% ᠨᠡᠮᠡᠭᠳᠡᠪᠡ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 0.0% ᠨᠡᠮᠡᠭᠳᠡᠪᠡ︔ | ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 3.9% ᠪᠠᠭᠤᠷᠠᠪᠠ︔ | ᠬᠤᠪᠢ ᠶᠢᠨ ᠡᠵᠡᠩᠨᠡᠭᠰᠡᠨ ᠠᠵᠤ ᠠᠬᠤᠶᠢᠯᠠᠯ 21.9% ᠪᠠᠭᠤᠷᠠᠪᠠ᠃ | ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 26 ᠶᠡᠭᠡ ᠠᠵᠢᠯ ᠲᠥᠷᠥᠯ ᠤᠨ ᠳᠣᠲᠣᠷᠠᠬᠢ 12 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 5.0% ᠪᠠᠭᠤᠷᠠᠵᠤ | ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 37.5% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ ᠢ | ᠪᠣᠯᠪᠠᠰᠤᠷᠠᠭᠤᠯᠬᠤ ᠠᠵᠤ ᠦᠢᠯᠡᠰ 21.9% ᠨᠡᠮᠡᠭᠳᠡᠵᠦ᠂ ᠢᠳᠡᠭᠡᠨ ᠤ ᠦᠢᠯᠡᠳᠬᠦ ᠦᠢᠯᠡᠰ 6.6% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 2.9% ᠨᠡᠮᠡᠭᠳᠡᠵᠦ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 2.5% ᠪᠠᠭᠤᠷᠠᠪᠠ᠃ | ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 48 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 27 ᠵᠦᠢᠯ ᠤᠨ | ᠭᠠᠷᠤᠯᠲᠠ ᠨᠢ ᠨᠡᠮᠡᠭᠳᠡᠪᠡ᠃ ᠲᠦᠭᠦᠬᠡᠢ ᠬᠥᠩᠭᠡᠨᠴᠠᠭᠠᠨ ᠤ ᠭᠠᠷᠤᠯᠲᠠ 177.4 ᠲᠦᠮᠡᠨ ᠲᠣᠨ ᠬᠦᠷᠴᠦ᠂ 1.4% ᠨᠡᠮᠡᠭᠳᠡᠪᠡ︔ ᠠᠮᠲᠠᠨ ᠤᠭᠢ ᠶᠢᠨ ᠭᠠᠷᠤᠯᠲᠠ | 35.7 ᠲᠦᠮᠡᠨ ᠲᠣᠨ ᠬᠦᠷᠴᠦ᠂ 1.4% ᠪᠠᠭᠤᠷᠠᠪᠠ︔ ᠰᠦ ᠶᠢᠨ ᠭᠠᠷᠤᠯᠲᠠ 12.0 ᠲᠦᠮᠡᠨ ᠲᠣᠨ ᠬᠦᠷᠴᠦ᠂ 64.5% ᠨᠡᠮᠡᠭᠳᠡᠪᠡ︔ ᠬᠢᠲᠠᠳ ᠪᠡᠯᠡᠨ | ᠡᠮ ᠤᠨ ᠭᠠᠷᠤᠯᠲᠠ 539.3 ᠲᠣᠨ ᠬᠦᠷᠴᠦ᠂ 31.3% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 447.0 ᠲᠦᠮᠡᠨ ᠬᠦᠨᠳᠦ ᠬᠠᠶᠢᠷᠴᠠᠭ ᠬᠦᠷᠴᠦ᠂ 8. | 4% ᠨᠡᠮᠡᠭᠳᠡᠪᠡ︔ ᠲᠡᠮᠦᠷ ᠤᠨ ᠬᠠᠶᠢᠯᠤᠰᠢ ᠶᠢᠨ ᠭᠠᠷᠤᠯᠲᠠ 17.9 ᠲᠦᠮᠡᠨ ᠲᠣᠨ ᠳᠤ ᠬᠦᠷᠴᠦ᠂ 10.0% ᠪᠠᠭᠤᠷᠠᠪᠠ᠃ |